ᠬᠠᠶᠢᠨᠠᠨ ᠲᠤᠭᠤᠷᠢᠭ ᠤᠨ ᠭᠠᠵᠠᠷ ᠵᠦᠢ ᠶᠢᠨ ᠪᠠᠶᠢᠷᠢᠰᠢᠯ
ᠨᠡᠶᠢᠲᠡᠯᠡᠭᠰᠡᠨ ᠴᠠᠭ᠄
2018/11/27
     ᠬᠠᠶᠢᠨᠠᠨ ᠲᠤᠭᠤᠷᠢᠭ ᠦᠬᠠᠢ ᠬᠤᠲᠠ ᠶᠢᠨ ᠡᠮᠦᠨ᠎ᠡ ᠬᠡᠰᠡᠭ ᠲᠤ ᠪᠠᠶᠢᠷᠢᠯᠠᠵᠦ ᠪᠠᠶᠢᠳᠠᠭ᠃ ᠵᠡᠭᠦᠨ᠂ ᠡᠮᠦᠨ᠎ᠡ ᠬᠤᠶᠠᠷ ᠲᠠᠯ᠎ᠠ ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠣᠲᠤᠭ ᠬᠤᠰᠢᠭᠤ ᠲᠠᠢ ᠬᠦᠷᠰᠢᠯᠡᠵᠦ᠂ ᠪᠠᠷᠠᠭᠤᠨ ᠡᠮᠦᠨᠡᠰᠢ ᠪᠠᠨ ᠨᠢᠩᠰᠢᠶᠠ ᠶᠢᠨ ᠬᠤᠲᠤᠩ ᠦᠨᠳᠦᠰᠦᠲᠡᠨ ᠤ ᠦᠪᠡᠷᠲᠡᠭᠡᠨ ᠵᠠᠰᠠᠬᠤ ᠣᠷᠣᠨ ᠤ ᠲᠤᠤ ᠯᠧ ᠰᠢᠶᠠᠨ ᠲᠠᠢ ᠵᠠᠬ᠎ᠠ ᠨᠡᠶᠢᠯᠡᠵᠦ᠂ ᠪᠠᠷᠠᠭᠤᠨᠰᠢ ᠬᠠᠲᠤᠨ ᠭᠤᠤᠯ ᠪᠤᠯᠤᠨ‌ᠨᠢᠩᠰᠢᠶᠠ ᠶᠢᠨ ᠬᠤᠲᠤᠩ ᠦᠨᠳᠦᠰᠦᠲᠡᠨ ᠤ ᠦᠪᠡᠷᠲᠡᠭᠡᠨ ᠵᠠᠰᠠᠬᠤ ᠣᠷᠣᠨ ᠤ ᠬᠠᠷᠠᠬᠤᠲᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠣᠳᠠ ᠲᠤᠭᠤᠷᠢᠭ᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤ ᠲᠠᠢ ᠭᠤᠤᠯ ᠠᠯᠤᠰᠯᠠᠨ ᠬᠠᠷᠢᠯᠴᠠᠨ ᠪᠠᠷᠠᠯᠠᠵᠦ᠂ ᠣᠮᠠᠷᠠᠰᠢ ᠪᠠᠨ ᠦᠬᠠᠢ ᠬᠤᠲᠠ ᠶᠢᠨ ᠬᠠᠶᠢᠷᠤᠪ ᠤᠨ ᠲᠤᠬᠤᠢ ᠲᠤᠭᠤᠷᠢᠭ  ᠲᠠᠢ ᠵᠠᠯᠭᠠᠯᠳᠤᠵᠦ ᠪᠠᠶᠢᠳᠠᠭ᠃ ᠡᠮᠦᠨ᠎ᠡ ᠣᠮᠠᠷ᠎ᠠ ᠶᠢᠨ ᠣᠷᠲᠤ ᠨᠢ ᠪᠠᠷᠤᠭ 50 ᠺᠢᠯᠤᠮᠧᠲᠷ᠂ ᠵᠡᠭᠦᠨ ᠪᠠᠷᠠᠭᠤᠨ ᠤ ᠦᠷᠭᠡᠨ ᠨᠢ ᠪᠠᠷᠤᠭ 20 ᠺᠢᠯᠤᠮᠧᠲᠷ᠂ ᠶᠡᠷᠦᠩᠬᠡᠢ ᠲᠠᠯᠠᠪᠠᠢ 1005 ᠺᠦᠸᠠᠳ᠋ ᠺᠢᠯᠤᠮᠧᠲᠷ ᠪᠠᠶᠢᠵᠦ᠂ ᠦᠬᠠᠢ ᠬᠤᠲᠠ  ᠶᠢᠨ ᠶᠡᠷᠦᠩᠬᠡᠢ ᠲᠠᠯᠠᠪᠠᠢ ᠶᠢᠨ 57.29% ᠢ ᠡᠵᠡᠯᠡᠨ᠎ᠡ᠃ ᠭᠠᠵᠠᠷ ᠵᠦᠢ ᠶᠢᠨ ᠰᠤᠯᠪᠢᠴᠠᠯ ᠨᠢ ᠣᠮᠠᠷᠠᠲᠤ ᠦᠷᠭᠡᠷᠢᠭ  ᠤᠨ 39°15′~39°32′᠂ ᠵᠡᠭᠦᠨ ᠣᠷᠳᠣᠷᠢᠭ ᠤᠨ106°40′~107°09′ ᠪᠠᠶᠢᠵᠦ᠂ ᠳᠤᠮᠳᠠᠴᠢ ᠳᠠᠯᠠᠢ ᠶᠢᠨ ᠲᠦᠪᠰᠢᠨ ᠤ ᠦᠨᠳᠦᠷ1200 ᠮᠧᠲᠷ ᠪᠤᠯᠤᠨ᠎ᠠ᠃      ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠷᠠᠰᠢᠵᠦ᠋ᠩ ᠨᠢ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠬᠠᠶᠢᠷᠤᠪ ᠤᠨ ᠲᠤᠬᠤᠢ ᠲᠤᠭᠤᠷᠢᠭ ᠠᠴᠠ 28 ᠺᠢᠯᠤᠮᠧᠲᠷ ᠵᠠᠢ ᠲᠠᠢ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠲᠦᠪ ᠬᠦᠬᠡᠬᠤᠲᠠ ᠠᠴᠠ 550 ᠺᠢᠯᠤᠮᠧᠲᠷ ᠵᠠᠢ ᠲᠠᠢ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠳ᠋ᠦᠩᠱᠧᠩ ᠲᠤᠭᠤᠷᠢᠭ ᠠᠴᠠ 330 ᠺᠢᠯᠤᠮᠧᠲᠷ ᠵᠠᠢ ᠲᠠᠢ᠃ ᠨᠢᠩᠰᠢᠶᠠ ᠶᠢᠨ ᠬᠤᠲᠤᠩ ᠦᠨᠳᠦᠰᠦᠲᠡᠨ ᠤ ᠦᠪᠡᠷᠲᠡᠭᠡᠨ ᠵᠠᠰᠠᠬᠤ ᠣᠷᠣᠨ ᠤ ᠲᠦᠪ ᠶᠢᠨᠴᠤᠸᠠᠨ ᠲᠠᠢ 128  ᠺᠢᠯᠤᠮᠧᠲᠷ ᠵᠠᠢ ᠲᠠᠢ᠃
 
ᠢᠷᠡᠯᠲᠡ᠄ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号