ᠬᠠᠶᠢᠨᠠᠨ ᠲᠤᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ
ᠨᠡᠶᠢᠲᠡᠯᠡᠭᠰᠡᠨ ᠴᠠᠭ᠄
2018/11/27
    ᠲᠦᠷᠦ ᠶᠢᠨ ᠶᠠᠪᠤᠳᠠᠯ ᠤᠨ ᠬᠤᠷᠢᠶ᠎ᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ《 ᠬᠤᠰᠢᠭᠤ ᠰᠢᠶᠠᠨ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠠᠵᠢᠯ ᠢ ᠰᠠᠶᠢᠲᠤᠷ ᠬᠢᠬᠦ ᠲᠤᠬᠠᠢ》ᠵᠢᠭᠠᠪᠤᠷᠢ ᠶᠢᠨ ᠵᠤᠷᠢᠭ ᠰᠠᠨᠠᠭ᠎ᠠ ᠶᠢ ᠦᠨᠳᠦᠰᠦᠯᠡᠵᠦ᠂ ᠦᠬᠠᠢ ᠬᠤᠲᠠ ᠬᠦᠷᠰᠢ ᠵᠡᠷᠭᠡᠯᠳᠡᠭᠡ ᠭᠠᠵᠠᠷ ᠣᠷᠣᠨ ᠲᠠᠢ ᠬᠠᠮᠲᠤ ᠠᠷᠪᠠᠭᠠᠳ ᠵᠢᠯ ᠬᠠᠮᠲᠤᠪᠡᠷ ᠴᠢᠷᠮᠠᠶᠢᠵᠦ᠂ ᠬᠠᠮᠲᠤᠪᠡᠷ ᠬᠠᠶᠢᠵᠦ᠂ ᠬᠠᠮᠲᠤᠪᠡᠷ ᠵᠦᠪᠳᠡᠯᠴᠡᠬᠦ ᠪᠠᠷ ᠳᠠᠮᠵᠢᠨ᠂1999 ᠣᠨ ᠳᠤ ᠦᠬᠠᠢ ᠬᠤᠲᠠ ᠪᠤᠯᠤᠨ ᠠᠯᠠᠱᠠ ᠠᠶᠢᠮᠠᠭ᠂ ᠣᠷᠳᠣᠰ ᠬᠤᠲᠠ ᠶᠢᠨ ᠵᠠᠭᠠᠭ ᠤᠨ ᠬᠠᠶᠢᠨ ᠲᠤᠭᠲᠠᠭᠠᠬᠤ ᠠᠵᠢᠯ ᠢ ᠪᠦᠬᠦᠳᠡᠭᠡᠷ ᠪᠡᠶᠡᠯᠡᠭᠦᠯᠪᠡ᠃ ᠬᠠᠶᠢᠨᠠᠨ ᠲᠤᠭᠤᠷᠢᠭ ᠤᠨ ᠲᠤᠭᠤᠷᠢᠭ ᠤᠨ ᠵᠠᠭᠠᠭ ᠨᠢ᠄ ᠵᠡᠭᠦᠨ᠂ ᠡᠮᠦᠨ᠎ᠡ ᠬᠤᠶᠠᠷ ᠲᠠᠯ᠎ᠠ ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠣᠲᠤᠭ ᠬᠤᠰᠢᠭᠤ ᠲᠠᠢ ᠬᠦᠷᠰᠢᠯᠡᠵᠦ᠂ ᠪᠠᠷᠠᠭᠤᠨ ᠡᠮᠦᠨᠡᠰᠢ ᠪᠠᠨ ᠨᠢᠩᠰᠢᠶᠠ ᠶᠢᠨ ᠬᠤᠲᠤᠩ ᠦᠨᠳᠦᠰᠦᠲᠡᠨ ᠤ ᠦᠪᠡᠷᠲᠡᠭᠡᠨ ᠵᠠᠰᠠᠬᠤ ᠣᠷᠣᠨ ᠤ ᠲᠤᠤ ᠯᠧ ᠰᠢᠶᠠᠨ ᠲᠠᠢ ᠵᠠᠬ᠎ᠠ ᠨᠡᠶᠢᠯᠡᠵᠦ᠂ ᠪᠠᠷᠠᠭᠤᠨᠰᠢ ᠬᠠᠲᠤᠨ ᠭᠤᠤᠯ ᠪᠤᠯᠤᠨ ᠨᠢᠩᠰᠢᠶᠠ ᠶᠢᠨ ᠬᠤᠲᠤᠩ ᠦᠨᠳᠦᠰᠦᠲᠡᠨ ᠤ ᠦᠪᠡᠷᠲᠡᠭᠡᠨ ᠵᠠᠰᠠᠬᠤ ᠣᠷᠣᠨ ᠤ ᠬᠠᠷᠠᠬᠤᠲᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠣᠳᠠ ᠲᠤᠭᠤᠷᠢᠭ᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤ ᠲᠠᠢ ᠭᠤᠤᠯ ᠠᠯᠤᠰᠯᠠᠨ ᠬᠠᠷᠢᠯᠴᠠᠨ ᠪᠠᠷᠠᠯᠠᠵᠦ᠂ ᠣᠮᠠᠷᠠᠰᠢ ᠪᠠᠨ ᠦᠬᠠᠢ ᠬᠤᠲᠠ ᠶᠢᠨ ᠬᠠᠶᠢᠷᠤᠪ ᠤᠨ ᠲᠤᠬᠤᠢ ᠲᠤᠭᠤᠷᠢᠭ ᠲᠠᠢ ᠵᠠᠯᠭᠠᠯᠳᠤᠵᠦ ᠪᠠᠶᠢᠳᠠᠭ᠃ ᠡᠮᠦᠨ᠎ᠡ ᠣᠮᠠᠷ᠎ᠠ ᠶᠢᠨ ᠣᠷᠲᠤ ᠨᠢ ᠪᠠᠷᠤᠭ 50 ᠺᠢᠯᠤᠮᠧᠲᠷ᠂ ᠵᠡᠭᠦᠨ ᠪᠠᠷᠠᠭᠤᠨ ᠤ ᠦᠷᠭᠡᠨ ᠨᠢ ᠪᠠᠷᠤᠭ 20 ᠺᠢᠯᠤᠮᠧᠲᠷ᠂ ᠶᠡᠷᠦᠩᠬᠡᠢ ᠲᠠᠯᠠᠪᠠᠢ1005 ᠺᠦᠸᠠᠳ᠋ ᠺᠢᠯᠤᠮᠧᠲᠷ᠃ 2008 ᠣᠨ ᠤ ᠵᠢᠯ ᠤᠨ ᠡᠴᠦᠰ ᠪᠤᠯᠲᠠᠯ᠎ᠠ᠂ ᠬᠠᠶᠢᠨᠠᠨ ᠲᠤᠭᠤᠷᠢᠭ ᠤᠨ ᠲᠤᠤᠷᠠᠬᠢ ᠬᠠᠷᠢᠶᠠᠨ ᠳᠤ 3 ᠪᠠᠯᠭᠠᠰᠤ᠂ 2 ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠪᠠᠶᠢᠵᠦ᠂ ᠶᠡᠷᠦᠩᠬᠡᠢ ᠬᠦᠮᠦᠨ ᠠᠮᠠ 10.5 ᠲᠦᠮᠡᠨ ᠬᠦᠮᠦᠨ ᠪᠠᠶᠢᠨ᠎ᠠ᠃      ᠵᠠᠰᠠᠭ ᠵᠠᠬᠢᠷᠭᠠᠨ ᠤ ᠬᠤᠪᠢᠶᠠᠷᠢ ᠬᠢᠭᠡᠳ ᠰᠠᠭᠤᠭᠠᠯᠢ ᠠᠷᠠᠳ ᠤᠨ ᠰᠠᠭᠤᠭ᠎ᠠ ᠭᠠᠵᠠᠷ ᠷᠠᠰᠢᠵᠦ᠋ᠩ᠄ ᠲᠤᠰ ᠭᠠᠵᠠᠷ ᠣᠷᠣᠨ ᠳᠤ ᠷᠠᠰᠢᠵᠦ᠋ᠩ ᠰᠦᠮ᠎ᠡ ᠶᠢᠨ ᠡᠷᠲᠡᠨ ᠤ ᠪᠠᠭᠤᠷᠢ ᠪᠠᠶᠢᠳᠠᠭ᠃ ᠷᠠᠰᠢᠵᠦ᠋ᠩ ᠰᠦᠮ᠎ᠡ ᠶᠢᠨ ᠡᠷᠲᠡᠨ ᠤ  ᠪᠠᠭᠤᠷᠢ ᠨᠢ ᠷᠠᠰᠢᠵᠦ᠋ᠩ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠶᠠᠳᠤᠭᠠᠷ ᠰᠠᠭᠤᠭᠠᠯᠢ ᠠᠷᠠᠳ  ᠤᠨ ᠲᠤᠭᠤᠷᠢᠭ ᠤᠨ ᠳᠤᠲᠤᠷ᠎ᠠ ᠪᠠᠶᠢᠵᠦ᠂ ᠲᠤᠰ ᠰᠦᠮ᠎ᠡ ᠶᠢᠨ ᠪᠠᠷᠠᠭᠤᠨ ᠡᠮᠦᠨ᠎ᠡ ᠬᠡᠰᠡᠭ ᠲᠤ ᠷᠠᠰᠠᠩ ᠰᠦᠮ᠎ᠡ ᠪᠠᠶᠢᠨ᠎ᠠ᠃ ᠲᠡᠤᠬᠡᠨ ᠳᠡᠭᠡᠷ᠎ᠡ᠂ ᠷᠠᠰᠢᠵᠦᠩ ᠰᠦᠮ᠎ᠡ ᠶᠢᠨ ᠬᠡᠪᠴᠢᠶ᠎ᠡ ᠨᠢ ᠷᠠᠰᠠᠩ ᠰᠦᠮ᠎ᠡ ᠠᠴᠠ ᠳᠤᠤᠷ᠎ᠠ ᠪᠠᠶᠢᠵᠦ᠂ ᠬᠠᠭᠤᠴᠢᠨ ᠨᠡᠷ᠎ᠡ ᠷᠠᠰᠢᠵᠦ᠋ᠩ ᠰᠦᠮ᠎ᠡ᠃1976 ᠣᠨ ᠠᠴᠠ ᠡᠬᠢᠯᠡᠵᠦ᠂ ᠷᠠᠰᠢᠵᠦ᠋ᠩ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠠᠭᠤᠭ᠎ᠠ ᠭᠠᠵᠠᠷ᠂ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠪᠤᠯᠪᠠ᠃      ᠷᠠᠰᠠᠩ ᠰᠦᠮ᠎ᠡ ᠶᠢᠨ ᠷᠠᠰᠠᠩ ᠨᠢ ᠲᠦᠪᠡᠳ ᠦᠭᠡ᠂ ᠬᠢᠲᠠᠳ ᠢᠶᠠᠷ ᠣᠷᠴᠢᠭᠤᠯᠪᠠᠯ ᠠᠷᠢᠭᠤᠨ ᠳᠠᠷᠬᠠᠨ ᠭᠡᠵᠦ᠂ ᠠᠷᠢᠭᠤᠨ ᠳᠠᠷᠬᠠᠨ ᠰᠦᠮ᠎ᠡ ᠭᠡᠰᠡᠨ ᠣᠳᠬ᠎ᠠ ᠲᠠᠢ᠂ ᠬᠢᠵᠠᠭᠠᠷ ᠳᠤᠲᠤᠷᠠᠬᠢ ᠡᠷᠬᠡᠲᠡᠨ ᠠᠭᠤᠯᠠᠨ ᠪᠠᠯ ᠳᠡᠭᠡᠷ᠎ᠡ ᠷᠠᠰᠠᠩ ᠰᠦᠮ᠎ᠡ ᠶᠢ ᠪᠠᠶᠢᠭᠤᠯᠤᠬᠰᠠᠨ ᠣᠴᠢᠷ ᠠᠴᠠ ᠲᠡᠭᠡᠵᠦ ᠨᠡᠷᠡᠯᠡᠪᠡ᠃ ᠷᠠᠰᠠᠩ ᠰᠦᠮ᠎ᠡ ᠨᠢ ᠣᠷᠢᠳᠠ ᠳᠤ ︽ᠮᠠᠨᠪᠠ ᠷᠠᠰᠠᠩ︾ ᠭᠡᠵᠦ ᠯᠠᠮᠠ᠂ ᠡᠮᠴᠢ ᠶᠢ ᠬᠦᠮᠦᠵᠢᠭᠦᠯᠬᠦ ᠳᠡᠭᠡᠳᠦ ᠰᠣᠷᠭᠠᠭᠤᠯᠢ ᠪᠤᠯᠤᠨ᠎ᠠ᠃ ᠳᠡᠭᠡᠳᠦ ᠰᠤᠷᠭᠠᠭᠤᠯᠢ ᠨᠢ ᠠᠳᠠᠯᠢᠬᠠᠨ ᠦᠪᠡᠳᠡᠭᠰᠢ ᠠᠷᠢᠭᠤᠨ ᠳᠠᠷᠬᠠᠨ ᠭᠡᠰᠡᠨ ᠣᠳᠬ᠎ᠠ ᠲᠠᠢ᠃ ᠬᠠᠶᠢᠨᠠᠨ ᠲᠤᠭᠤᠷᠢᠭ ᠤᠨ ᠠᠷᠠᠳ ᠤᠨ ᠵᠠᠰᠠᠭ  ᠤᠨ ᠣᠷᠳᠣᠨ ᠤ ᠡᠮᠦᠨ᠎ᠠ ᠬᠡᠰᠡᠭ᠂ ᠬᠠᠢ ᠯᠠ ᠵᠠᠰᠠᠮᠠᠯ ᠵᠠᠮ ᠤᠨ 44 ᠺᠢᠯᠤᠮᠧᠲᠷ ᠲᠤ ᠪᠠᠶᠢᠷᠢᠰᠢᠵᠦ ᠪᠠᠶᠢᠳᠠᠭ᠃ ᠵᠡᠭᠦᠨᠰᠢ ᠬᠦᠬᠤᠰᠤ ᠶᠢᠨ ᠡᠮᠦᠨ᠎ᠡ ᠭᠤᠯᠳᠤᠷᠢᠯ ᠪᠤᠯᠤᠨ ᠦᠵᠦᠯᠢᠨ ᠭᠤᠤ ᠶᠢᠨ ᠪᠠᠯᠴᠢᠷ ᠢᠶᠠᠷ ᠵᠠᠭᠠᠬᠯᠠᠵᠦ᠂ ᠪᠠᠷᠠᠭᠤᠨᠰᠢ ᠳ᠋ᠦᠩ ᠹᠧᠩ ᠲᠠᠷᠢᠶᠠᠯᠠᠩ ᠤᠨ ᠲᠠᠯᠠᠪᠠᠢ ᠲᠠᠢ ᠬᠦᠷᠰᠢᠯᠡᠵᠦ᠂ ᠡᠮᠦᠨᠡᠰᠢ ᠦᠵᠦᠯᠢᠨ ᠭᠤᠤ ᠬᠦᠷᠴᠦ᠂ ᠣᠮᠠᠷᠠᠰᠢ ᠯᠤᠤ ᠱᠢ ᠳ᠋ᠠᠨ ᠪᠠᠯᠭᠠᠰᠤ ᠲᠠᠢ ᠵᠠᠯᠭᠠᠯᠳᠤᠵᠦ᠂ ᠷᠠᠰᠠᠩ ᠰᠦᠮ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠪᠤᠯᠤᠨ᠎ᠠ᠃      ᠬᠦᠬᠤᠰᠤ᠄ ︽ᠬᠦᠬᠤᠰᠤ︾ ᠭᠡᠳᠡᠭ ᠨᠢ ᠮᠤᠩᠭᠤᠯ ᠦᠭᠡ ᠪᠤᠯᠤᠨ᠎ᠠ᠂ ᠬᠢᠲᠠᠳ ᠢᠶᠠᠷ ᠣᠷᠴᠢᠭᠤᠯᠪᠠᠯ ᠬᠦᠨ ᠤᠰᠤ ᠭᠡᠵᠦ᠂ ᠲᠡᠭᠦᠨ ᠤ ᠦᠭᠡ ᠶᠢᠨ ᠣᠳᠬ᠎ᠠ ᠶᠢᠨ ᠢᠷᠡᠯᠲᠡ ᠨᠢ ᠲᠤᠳᠤᠷᠬᠠᠢ ᠦᠭᠡᠢ᠃ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠠᠴᠠ ᠵᠡᠭᠦᠨ ᠡᠮᠦᠨᠡᠰᠢ 11 ᠺᠢᠯᠤᠮᠧᠲᠷ᠂ ᠬᠦᠵᠦᠭᠦᠪᠴᠢᠨ ᠰᠢᠯᠢ ᠶᠢᠨ ᠡᠮᠦᠨ᠎ᠡ ᠬᠤᠷᠮᠤᠢ ᠶᠢᠨ ᠳᠤᠪᠤᠷᠬᠠᠭ ᠣᠷᠣᠨ ᠳᠤ ᠪᠠᠶᠢᠷᠢᠰᠢᠵᠦ ᠪᠠᠶᠢᠳᠠᠭ᠃ ᠵᠡᠭᠦᠨᠰᠢ ᠣᠲᠤᠭ ᠬᠤᠰᠢᠭᠤ  ᠪᠠᠷ ᠵᠠᠭᠠᠬᠯᠠᠵᠦ᠂ ᠡᠮᠦᠨᠡᠰᠢ ᠪᠠᠶᠠᠨᠲᠤᠬᠤᠢ ᠪᠠᠯᠭᠠᠰᠤ ᠲᠠᠢ ᠬᠦᠷᠰᠢᠯᠡᠵᠦ᠂ ᠪᠠᠷᠠᠭᠤᠨᠰᠢ ᠷᠠᠰᠠᠩ ᠰᠦᠮ᠎ᠡ ᠪᠠᠯᠭᠠᠰᠤ ᠲᠠᠢ ᠵᠠᠯᠭᠠᠯᠳᠤᠵᠦ᠂ ᠬᠦᠬᠤᠰᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠪᠤᠯᠤᠨ᠎ᠠ᠃      ᠯᠤᠬᠰᠢᠳᠤᠷ᠄ ᠮᠤᠩᠭᠤᠯ ᠦᠭᠡ᠂ ᠣᠣᠯ ᠤᠨ ᠨᠡᠷ᠎ᠡ ︽ᠯᠤᠬᠰᠢ ᠳᠦᠭᠦᠷᠡᠩ︾᠂ ᠮᠤᠷᠢ ᠲᠠᠶᠢᠪᠤᠭᠤᠨ ᠳᠠᠪᠬᠢᠬᠤ ᠭᠡᠰᠡᠨ ᠤᠳᠬ᠎ᠠ ᠲᠠᠢ᠃ ᠣᠯᠠᠮᠵᠢᠯᠠᠬᠳᠠᠬᠰᠠᠨ ᠢᠶᠠᠷ᠂ ᠲᠤᠬᠠᠢ ᠶᠢᠨ ᠦᠶ᠎ᠡ ᠳᠤ᠂ ᠴᠢᠩᠬᠢᠰ ᠬᠠᠭᠠᠨ ᠲᠠᠩᠭᠤᠳ ᠢ ᠪᠡᠶ᠎ᠡ  ᠪᠠᠷ ᠢᠶᠠᠨ ᠳᠠᠶᠢᠯᠠᠵᠦ ᠬᠠᠷᠠᠬᠤᠲᠠ ᠠᠴᠠ ᠭᠤᠤᠯ ᠭᠠᠲᠤᠯᠬᠤ ᠦᠶ᠎ᠡ ᠳᠤ᠂ ᠲᠤᠰ ᠭᠠᠵᠠᠷ ᠢᠶᠠᠷ ᠭᠠᠷᠬᠤ ᠳᠤ ᠠᠳᠡᠬᠢ ᠮᠤᠳᠤ ᠨᠤᠭᠤᠭᠠᠷᠠᠨ ᠡᠪᠡᠰᠦ ᠬᠦᠬᠡᠷᠡᠵᠦ᠂ ᠬᠤᠸᠠᠷ ᠴᠡᠴᠡᠭ ᠳᠡᠯᠭᠡᠷᠡᠵᠦ ᠪᠠᠶᠢᠬᠤ ᠶᠢ ᠣᠯᠵᠦ ᠬᠠᠷᠠᠪᠠ᠃ ᠲᠡᠭᠡᠭᠡᠳ ᠮᠤᠷᠢᠨ ᠤ ᠠᠶ᠎ᠠ ᠪᠠᠷ ᠵᠤᠷᠴᠢᠨ ᠶᠠᠪᠤᠵᠦ᠂ ᠨᠢᠭᠡ ᠵᠠᠮ ᠭᠤᠶᠤ ᠦᠵᠡᠮᠵᠢ ᠰᠤᠨᠢᠷᠬᠠᠪᠠ᠃ ᠬᠤᠶᠢᠨ᠎ᠠ ᠨᠢ᠂ ᠬᠦᠮᠦᠰ ᠤᠩᠰᠢᠬᠤ ᠳᠤ ᠬᠦᠰᠢᠭᠦᠨ ᠣᠴᠢᠷ ᠠᠴᠠ ᠠᠭᠠᠵᠢᠮ ᠢᠶᠠᠷ ᠣᠳᠣ ᠶᠢᠨ ᠨᠡᠷ᠎ᠡ ᠪᠤᠯᠵᠦ ᠬᠤᠪᠢᠷᠠᠪᠠ᠃      ᠪᠠᠷᠠᠭᠤᠨ ᠣᠷᠠᠨᠳᠦ᠋ᠰᠢ᠄ ᠰᠣᠨᠤᠰᠬᠤᠯᠠᠷ᠂ ᠪᠠᠷᠠᠭᠤᠨ ᠣᠷᠠᠨᠳᠦ᠋ᠰᠢ ᠱᠦᠢᠨᠢ ᠶᠢᠨ ᠦᠢᠯᠡᠳᠪᠦᠷᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠦ ᠡᠬᠢᠯᠡᠮᠡᠭᠴᠡ᠂ ᠲᠤᠰ ᠭᠠᠵᠠᠷ ᠣᠷᠠᠨᠳᠦ᠋ᠰᠢ ᠠᠭᠤᠯᠠ ᠶᠢᠨ ᠪᠠᠷᠠᠭᠤᠨ ᠪᠠᠶᠢᠷᠢᠰᠢᠵᠦ ᠪᠠᠶᠢᠬᠤ ᠶᠢ ᠪᠤᠳᠤᠯᠬᠢᠯᠠᠬᠰᠠᠨ ᠣᠴᠢᠷ ᠠᠴᠠ ᠪᠠᠷᠠᠭᠤᠨ ᠣᠷᠠᠨᠳᠦ᠋ᠰᠢ ᠱᠦᠢᠨᠢ ᠶᠢᠨ ᠦᠢᠯᠡᠳᠪᠦᠷᠢ ᠭᠡᠵᠦ ᠨᠡᠷᠡᠯᠡᠪᠡ᠃ ᠭᠠᠳᠠᠷ ᠭᠠᠵᠠᠷ ᠲᠤ ᠲᠠᠮᠠᠭ᠎ᠠ ᠰᠡᠶᠢᠯᠬᠦ ᠦᠶ᠎ᠡ ᠳᠤ ︽桌︾  ᠦᠰᠦᠭ ᠢ ︽卓︾ ᠭᠡᠵᠦ ᠠᠳᠡᠭᠦᠦ ᠪᠤᠷᠣᠭᠤ ᠰᠡᠶᠢᠯᠦᠭᠰᠡᠨ ᠣᠴᠢᠷ ᠠᠴᠠ ᠲᠤᠬᠠᠢ ᠶᠢᠨ ᠦᠶ᠎ᠡ ᠳᠤ ᠵᠠᠮ ᠬᠠᠷᠢᠯᠴᠠᠭ᠎ᠠ ᠳᠦᠭᠦᠮ ᠦᠭᠡᠢ ᠨᠦᠭᠦᠴᠡᠯ ᠳᠤᠤᠷ᠎ᠠ᠂ ᠲᠠᠮᠠᠭ᠎ᠠ ᠡᠬᠢᠯᠡᠨ ᠬᠡᠷᠡᠭᠯᠡᠬᠦ ᠦᠶ᠎ᠡ ᠳᠤ ᠠᠯᠳᠠᠭ᠎ᠠ ᠪᠤᠷᠤᠭᠤ ᠶᠢ ᠣᠯᠵᠦ ᠮᠡᠳᠡᠭᠰᠡᠨ ᠴᠦ ᠴᠠᠭ ᠲᠤᠬᠠᠢ ᠳᠤᠨᠢ ᠭᠠᠳᠠᠷ ᠭᠠᠵᠠᠷ ᠲᠤ ᠣᠴᠢᠵᠦ ᠳᠠᠬᠢᠨᠲᠠ ᠰᠡᠶᠢᠯᠵᠦ ᠳᠡᠶᠢᠯᠬᠦ ᠦᠭᠡᠢ ᠣᠴᠢᠷ ᠠᠴᠠ ᠣᠳᠣ ᠪᠤᠯᠲᠠᠯ᠎ᠠ ᠪᠤᠷᠤᠭᠤ ᠪᠠᠷ ᠬᠡᠷᠡᠭᠯᠡᠵᠦ ᠪᠠᠶᠢᠨ᠎ᠠ᠃1984 ᠣᠨ ᠤ 10 ᠳ᠋ᠣᠭᠠᠷ ᠰᠠᠷ᠎ᠠ ᠳᠤ᠂ ᠦᠬᠠᠢ ᠬᠤᠲᠠ ᠶᠢᠨ ᠭᠠᠵᠠᠷ ᠤᠨ ᠨᠡᠷ᠎ᠡ ᠶᠢᠨ ᠠᠯᠪᠠᠨ ᠭᠡᠷ ᠠᠴᠠ ᠡᠯ᠎ᠡ ᠲᠤᠭᠤᠷᠢᠭ ᠤᠨ ᠭᠠᠵᠠᠷ ᠤᠨ ᠨᠡᠷ᠎ᠡ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠮᠵᠢ  ᠶᠢ ᠰᠢᠯᠭᠠᠨ ᠠᠪᠬᠤ ᠦᠶ᠎ᠡ ᠳᠤ᠂ ︽西桌子山︾ ᠭᠡᠵᠦ ᠵᠠᠯᠠᠷᠠᠭᠤᠯᠪᠠ᠃ ᠭᠡᠲᠡᠯ᠎ᠡ ︽西卓子山︾ ᠭᠡᠳᠡᠭ ᠨᠢ ᠤᠯᠠᠨ ᠲᠦᠮᠡᠨ ᠤ ᠬᠡᠪᠰᠢᠭᠰᠡᠨ ᠳᠠᠳᠮᠠᠭᠠᠢ ᠴᠢᠨᠠᠷᠲᠠᠢ ᠨᠡᠷᠡᠶᠢᠳᠦᠯ ᠪᠤᠯᠤᠬᠰᠠᠨ ᠣᠴᠢᠷ ᠠᠴᠠ ︽卓︾ ᠦᠰᠦᠭ ᠨᠢ ᠣᠣᠯ ᠬᠡᠪ ᠢᠶᠠᠷ ᠪᠠᠶᠢᠵᠦ᠂ ᠵᠠᠯᠠᠷᠠᠭᠤᠯᠵᠦ ᠳᠡᠶᠢᠯᠦᠭᠰᠡᠨ ᠦᠭᠡᠢ᠃ ᠲᠡᠭᠦᠨ ᠤ ᠦᠭᠡ ᠶᠢᠨ ᠣᠳᠬ᠎ᠠ ᠨᠢ ᠡᠬᠡ ᠤᠯᠤᠰ ᠤᠨ ᠪᠠᠷᠠᠭᠤᠨ ᠣᠷᠣᠨ ᠤ ᠭᠠᠷᠮᠠᠭᠠᠢ ᠡᠷᠡᠴᠤᠳ ᠤᠨ ᠭᠠᠪᠢᠶ᠎ᠠ ᠪᠠᠶᠢᠭᠤᠯᠵᠦ ᠦᠢᠯᠡᠰ ᠪᠦᠲᠦᠭᠡᠬᠦ ᠠᠭᠤᠯᠠ ᠭᠡᠵᠦ ᠣᠶᠢᠯᠠᠭᠠᠵᠦ ᠪᠤᠯᠤᠨ᠎ᠠ᠃ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠣᠨ ᠤ ᠰᠠᠭᠤᠭ᠎ᠠ ᠭᠠᠵᠠᠷ ᠠᠴᠠ ᠪᠠᠷᠠᠭᠤᠨᠰᠢ 4 ᠺᠢᠯᠤᠮᠧᠲᠷ ᠲᠤ ᠪᠠᠶᠢᠷᠢᠰᠢᠵᠦ᠂ ᠵᠡᠭᠦᠨᠰᠢ ᠬᠠᠢ ᠯᠠ ᠲᠡᠮᠦᠷ ᠵᠠᠮ ᠠᠴᠠ ᠡᠬᠢᠯᠡᠵᠦ᠂ ᠪᠠᠷᠠᠭᠤᠨᠰᠢ ᠬᠠᠲᠤᠨ ᠭᠤᠤᠯ ᠲᠠᠢ ᠬᠦᠷᠰᠢᠯᠡᠵᠦ᠂ ᠡᠮᠦᠨᠡᠰᠢ ᠯᠤᠬᠰᠢᠳᠤᠷ ᠪᠠᠯᠭᠠᠰᠤ ᠬᠦᠷᠴᠦ᠂ ᠣᠮᠠᠷᠠᠰᠢ ᠬᠠᠶᠢᠷᠤᠪ ᠤᠨ ᠲᠤᠬᠤᠢ ᠲᠤᠭᠤᠷᠢᠭ ᠤᠨ ᠴᠠᠪᠴᠢᠷ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠬᠦᠷᠴᠦ ᠪᠠᠶᠢᠳᠠᠭ᠃1958 ᠣᠨ ᠳᠤ᠂ ᠪᠠᠷᠠᠭᠤᠨ ᠣᠷᠠᠨᠳᠦ᠋ᠰᠢ ᠱᠦᠢᠨᠢ ᠶᠢᠨ ᠦᠢᠯᠡᠳᠪᠦᠷᠢ ᠲᠤᠰ ᠭᠠᠵᠠᠷ ᠲᠤ ᠪᠠᠶᠢᠭᠤᠯᠬᠤ ᠪᠠᠷ ᠪᠡᠯᠡᠳᠭᠡᠭᠰᠡᠨ ᠮᠦᠷᠲᠡᠭᠡᠨ ᠠᠭᠠᠵᠢᠮ ᠢᠶᠠᠷ ᠬᠦᠭᠵᠢᠭᠡᠳ ᠨᠡᠷ᠎ᠡ ᠭᠠᠷᠪᠠ᠃1981 ᠣᠨ ᠤ 3 ᠳ᠋ᠣᠭᠠᠷ ᠰᠠᠷ᠎ᠠ ᠳᠤ᠂ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠷᠠᠭᠤᠨ ᠣᠷᠠᠨᠳᠦ᠋ᠰᠢ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠢ ᠪᠠᠶᠢᠭᠤᠯᠪᠠ᠃      ᠪᠠᠶᠠᠨᠲᠤᠬᠤᠢ᠄ ᠮᠤᠩᠭᠤᠯ ᠨᠡᠷᠡᠶᠢᠳᠦᠯ᠂ ᠬᠢᠲᠠᠳ ᠢᠶᠠᠷ ᠣᠷᠴᠢᠭᠤᠯᠪᠠᠯ ︽ᠳᠡᠯᠭᠡᠷ ᠪᠠᠶᠠᠨ ᠭᠤᠤᠯ ᠤᠨ ᠲᠤᠬᠤᠢ︾ ᠭᠡᠳᠡᠭ ᠣᠳᠬ᠎ᠠ ᠲᠠᠢ᠃ ᠬᠠᠶᠢᠨᠠᠨ ᠲᠤᠭᠤᠷᠢᠭ ᠤᠨ ᠡᠮᠦᠨ᠎ᠡ ᠬᠡᠰᠡᠭ ᠲᠤ ᠪᠠᠶᠢᠷᠢᠰᠢᠵᠦ᠂ ᠵᠡᠭᠦᠨ᠂ ᠪᠠᠷᠠᠭᠤᠨ᠂ ᠡᠮᠦᠨ᠎ᠡ ᠬᠡᠰᠡᠭ ᠨᠢ ᠣᠲᠤᠭ ᠬᠤᠰᠢᠭᠤ ᠲᠠᠢ ᠬᠢᠯᠢ ᠵᠠᠯᠭᠠᠵᠦ᠂ ᠪᠠᠷᠠᠭᠤᠨᠰᠢ ᠬᠠᠲᠤᠨ ᠭᠤᠤᠯ ᠲᠠᠢ ᠬᠦᠷᠰᠢᠯᠡᠵᠦ᠂ ᠪᠠᠷᠠᠭᠤᠨ ᠡᠮᠦᠨᠡᠰᠢ ᠨᠢᠩᠰᠢᠶ᠎ᠠ ᠶᠢᠨ ᠲᠤᠤ ᠯᠧ ᠰᠢᠶᠠᠨ ᠪᠠᠷ ᠵᠠᠭᠠᠬᠯᠠᠵᠦ ᠪᠠᠶᠢᠳᠠᠭ᠃ ᠪᠠᠶᠠᠨᠲᠤᠬᠤᠢ ᠶᠢᠨ ᠭᠠᠵᠠᠷ ᠣᠷᠣᠨ ᠳᠤ ᠲᠤᠰᠪᠤᠷᠢ ᠪᠠᠶᠠᠨᠲᠤᠬᠤᠢ᠂ ᠳ᠋ᠦᠩ ᠬᠤᠩ᠂ ᠶᠢᠩ ᠾᠧ᠂ ᠰᠾᠢ ᠳ᠋ᠣᠣ ᠴᠢᠤᠸᠠᠨ ᠽᠢ᠂ ᠯᠢᠦᠢ ᠬᠤᠸᠠ᠂ ᠳ᠋ᠦᠩ ᠹᠧᠩ᠂ ᠳ᠋ᠦᠩ ᠹᠠᠩ ᠬᠤᠩ᠂ ᠢ ᠺᠧ ᠱᠦ᠂ ᠰᠢᠨ ᠴᠢᠦᠢ᠂ ᠰᠢᠨ ᠪᠠ᠂ ᠰᠢᠨ ᠱᠧᠩ᠂ ᠲᠤᠰᠲᠤ᠂ ᠰᠢᠨ ᠵᠢᠶᠠᠨ᠂ ᠵᠢᠢ ᠵᠢᠩ᠂ ᠬᠤᠩ ᠳ᠋ᠦᠨ᠂ ᠰᠢᠨ ᠹᠧᠩ ᠪᠠᠷ ᠨᠡᠷᠡᠶᠢᠳᠦᠭᠰᠡᠨ16 ᠲᠤᠰᠬᠤᠨ ᠤ ᠰᠠᠭᠤᠭᠠᠯᠢ ᠠᠷᠠᠳ ᠤᠨ ᠰᠠᠭᠤᠭ᠎ᠠ ᠭᠠᠵᠠᠷ ᠲᠠᠷᠬᠠᠵᠦ ᠪᠠᠶᠢᠳᠠᠭ᠃ ᠪᠠᠶᠠᠨᠲᠤᠬᠤᠢ ᠲᠤᠰᠬᠤᠨ ᠨᠢ ᠪᠠᠶᠠᠨᠲᠤᠬᠤᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠪᠤᠯᠤᠨ᠎ᠠ᠃
 
ᠢᠷᠡᠯᠲᠡ᠄ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号