ᠶᠠᠩ ᠭᠤᠸᠠᠩ ᠲᠢᠶᠠᠨ ᠢᠦᠢ ᠶᠢᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2018/11/27
     
       ᠦᠬᠠᠢ ᠬᠤᠲᠠ ᠶᠢᠨ ᠶᠠᠩ ᠭᠤᠸᠠᠩ ᠲᠢᠶᠠᠨ ᠢᠦᠢ ᠲᠠᠷᠢᠶᠠᠯᠠᠩ ᠤᠨ ᠦᠢᠯᠡᠰ ᠰᠢᠨᠵᠢᠯᠡᠭᠡ ᠮᠡᠷᠭᠡᠵᠢᠯ ᠤᠨ ᠬᠦᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠤᠯ ᠨᠢᠭᠡᠨ ᠲᠡᠵᠢᠭᠡᠪᠦᠷᠢ᠂ ᠣᠨᠴᠠᠯᠢᠬᠲᠤ ᠲᠠᠷᠢᠶᠠᠯᠠᠩ᠂ ᠠᠮᠢ ᠠᠬᠤᠢ ᠶᠢᠨ ᠵᠢᠭᠤᠯᠴᠢᠯᠠᠯ᠂ ᠲᠤᠭᠤᠷᠢᠨ ᠵᠤᠭᠠᠴᠠᠵᠦ ᠲᠡᠭᠦᠬᠦ ᠪᠤᠯᠤᠨ ᠦᠵᠦᠮ ᠲᠠᠷᠢᠬᠤ ᠶᠢ ᠨᠢᠭᠡ ᠴᠤᠬᠴᠠᠵᠢᠭᠤᠯᠤᠬᠰᠠᠨ ᠶᠡᠷᠦᠩᠬᠡᠶᠢᠯᠡᠭᠰᠡᠨ ᠴᠢᠨᠠᠷᠲᠠᠢ ᠲᠠᠷᠢᠶᠠᠯᠠᠩ ᠤᠨ ᠦᠢᠯᠡᠰ ᠤᠨ ᠺᠤᠮᠫᠠᠨᠢ ᠪᠤᠯᠤᠨ᠎ᠠ᠃ ᠠᠵᠦ ᠠᠬᠤᠶᠢᠯᠠᠯ ᠪᠠᠶᠢᠭᠤᠯᠤᠬᠳᠠᠬᠰᠠᠨ ᠠᠴᠠ ᠨᠠᠰᠢ᠂ ᠣᠷᠢᠳ ᠬᠤᠵᠢᠳ ᠰᠠᠶᠢᠬᠠᠬᠤᠰᠤ ᠲᠤᠰᠬᠤᠨ ᠤ ᠡᠷᠬᠢᠨ ᠲᠤᠰᠬᠤᠨ ᠤ 10000 ᠢᠯᠡᠭᠦᠦ ᠮᠦ ᠭᠠᠵᠠᠷ ᠰᠢᠷᠤᠢ ᠶᠢ ᠳᠠᠭᠠᠭᠠᠴᠢᠯᠠᠨ ᠠᠪᠤᠵᠦ ᠦᠵᠦᠮ᠂ ᠵᠢᠮᠢᠰ ᠤᠨ ᠮᠤᠳᠤ ᠵᠡᠷᠭᠡ7000 ᠢᠯᠡᠭᠦᠦ ᠮᠦ ᠠᠵᠦ ᠠᠬᠤᠢ ᠶᠢᠨ ᠤᠢ ᠶᠢ ᠲᠠᠷᠢᠵᠦ ᠤᠶᠢᠵᠢᠭᠤᠯᠤᠨ᠂ ᠺᠤᠮᠫᠠᠨᠢ + ᠲᠠᠷᠢᠶᠠᠴᠢᠨ ᠡᠷᠦᠬᠡ + ᠨᠡᠶᠢᠭᠡᠮᠯᠢᠭ ᠤᠨ ᠡᠵᠡᠩᠨᠡᠬᠦ ᠬᠡᠯᠪᠡᠷᠢ ᠶᠢ ᠠᠩᠬ᠎ᠠ ᠠᠯᠬᠤᠮ ᠪᠦᠷᠢᠯᠳᠦᠭᠦᠯᠪᠡ᠃ ᠰᠢᠨ᠎ᠡ ᠪᠠᠷ 450 ᠠᠵᠢᠯ ᠤᠨ ᠪᠠᠶᠢᠷᠢ  ᠶᠢ ᠨᠡᠮᠡᠭᠳᠡᠭᠦᠯᠵᠦ᠂ ᠭᠤᠤᠯᠳᠠᠭᠤ ᠲᠤᠬᠠᠢ ᠶᠢᠨ ᠭᠠᠵᠠᠷ ᠤᠨ ᠰᠢᠯᠵᠢᠮᠡᠯ ᠬᠦᠳᠡᠯᠮᠦᠷᠢ ᠬᠦᠴᠦ ᠶᠢ ᠬᠦᠯᠢᠶᠡᠨ ᠠᠪᠬᠤ ᠪᠠᠷ ᠭᠤᠤᠯᠯᠠᠵᠦ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ ᠪᠠᠶᠠᠵᠢᠨ ᠴᠢᠨᠡᠭᠡᠯᠢᠭᠵᠢᠭᠦᠯᠬᠦ ᠶᠢ ᠢᠳᠡᠪᠬᠢᠲᠡᠢ ᠠᠬᠢᠭᠤᠯᠪᠠ᠃ ᠶᠠᠩ ᠭᠤᠸᠠᠩ ᠲᠢᠶᠠᠨ ᠢᠦᠢ ᠦᠵᠦᠮ ᠤᠨ ᠠᠷᠢᠬᠢᠨ ᠤ ᠬᠦᠷᠢᠶᠡᠯᠡᠩ ᠤᠨ ᠵᠦᠢᠯᠴᠢᠯᠡᠯ ᠨᠢ 2014 ᠣᠨ ᠤ 4 ᠳ᠋ᠣᠭᠡᠷ ᠰᠠᠷ᠎ᠠ ᠠᠴᠠ ᠠᠵᠢᠯ ᠡᠬᠢᠯᠡᠨ ᠪᠠᠶᠢᠭᠤᠯᠵᠦ᠂ 4600 ᠲᠡᠭᠰᠢ ᠳᠦᠷᠪᠡᠯᠵᠢᠨ ᠮᠧᠲᠷ ᠤᠨ ᠭᠤᠤᠯ ᠠᠷᠢᠬᠢᠨ ᠴᠠᠶᠢᠵᠠ᠂ 6520 ᠲᠡᠭᠰᠢ ᠳᠦᠷᠪᠡᠯᠵᠢᠨ ᠮᠧᠲᠷ ᠤᠨ ᠦᠢᠯᠡᠳᠪᠦᠷᠢᠯᠡᠯ ᠤᠨ ᠲᠠᠰᠤᠭ᠂ 5000 ᠲᠡᠭᠰᠢ ᠳᠦᠷᠪᠡᠯᠵᠢᠨ ᠮᠧᠲᠷ ᠤᠨ ᠭᠠᠵᠠᠷ ᠳᠤᠤᠷᠠᠬᠢ ᠠᠷᠢᠬᠢᠨ ᠤ ᠵᠤᠭᠤᠷᠢ  ᠶᠢ ᠪᠠᠶᠢᠭᠤᠯᠬᠤ ᠪᠠᠷ ᠲᠦᠯᠦᠪᠯᠡᠵᠦ᠂ ᠪᠠᠶᠢᠭᠤᠯᠵᠦ ᠪᠠᠷᠠᠬᠰᠠᠨ ᠤ ᠳᠠᠷᠠᠭ᠎ᠠ 1000 ᠲᠤᠨ ᠤ ᠢᠰᠭᠡᠬᠦ ᠴᠢᠳᠠᠪᠤᠷᠢ᠂ 3000 ᠲᠤᠨ ᠤ ᠠᠷᠢᠬᠢ ᠬᠠᠳᠠᠭᠠᠯᠠᠬᠤ ᠴᠢᠳᠠᠪᠤᠷᠢ ᠶᠢᠨ ᠬᠡᠮᠵᠢᠶ᠎ᠡ ᠬᠦᠷᠴᠦ ᠳᠡᠶᠢᠯᠦᠨ᠎ᠡ᠃ ᠲᠤᠰ ᠠᠷᠢᠬᠢᠨ ᠤ ᠬᠦᠷᠢᠶᠡᠯᠡᠩ ᠨᠢ 2014 ᠣᠨ ᠤ 10 ᠳ᠋ᠣᠭᠠᠷ ᠰᠠᠷ᠎ᠠ ᠠᠴᠠ ᠡᠬᠢᠯᠡᠨ ᠠᠷᠢᠬᠢ ᠨᠡᠷᠡᠵᠦ᠂ ᠲᠡᠷᠢᠭᠦᠨ ᠪᠦᠯᠦᠭ ᠦᠵᠦᠮ  ᠤᠨ ᠠᠷᠢᠬᠢ ᠨᠢ ᠨᠢᠭᠡᠨᠲᠡ ᠵᠠᠬ᠎ᠠ ᠳᠡᠯᠭᠡᠭᠦᠷ ᠲᠤ ᠭᠠᠷᠪᠠ᠃ ᠲᠤᠰ ᠠᠷᠢᠬᠢᠨ ᠤ ᠬᠦᠷᠢᠶᠡᠯᠡᠩ ᠨᠢ ᠳᠡᠯᠡᠬᠡᠢ ᠶᠢᠨ ᠠᠩᠬᠠᠳᠠᠬᠴᠢ ᠣᠷᠭᠤᠮᠠᠯ ᠤᠨ ᠡᠰᠢ ᠶᠢ ᠠᠷᠢᠯᠭᠠᠵᠦ ᠬᠡᠮᠬᠡᠯᠡᠬᠦ ᠦᠢᠯᠡᠳᠪᠦᠷᠢᠯᠡᠯ ᠤᠨ ᠲᠦᠭᠦᠭᠡᠷᠦᠮᠵᠢ ᠶᠢ ᠬᠡᠷᠡᠭᠯᠡᠭᠰᠡᠨ᠂ ᠣᠯᠣᠰ ᠤᠨ ᠳᠤᠲᠤᠭᠠᠲᠤ ᠶᠢᠨ ᠠᠩᠬᠠᠳᠠᠨᠬᠴᠢ ︽ᠪᠠᠶᠢᠭᠠᠯᠢ ᠶᠢᠨ ᠬᠦᠨᠳᠦ ᠶᠢᠨ ᠬᠦᠴᠦᠨ︾ ᠤ ᠠᠷᠭ᠎ᠠ ᠶᠢ ᠬᠡᠷᠡᠭᠯᠡᠨ ᠠᠷᠢᠬᠢ ᠨᠡᠷᠡᠬᠦ  ᠵᠡᠷᠭᠡ ᠣᠯᠠᠨ ᠨᠢᠭᠡᠳᠦᠭᠡᠷ ᠢ ᠡᠭᠦᠳᠪᠡ᠂ ᠪᠠᠰᠠ ᠪᠠᠷᠠᠭᠤᠨ ᠣᠷᠣᠨ ᠤ ᠴᠣᠷ ᠤᠨ ᠭᠠᠭᠴᠠ ᠠᠷᠢᠬᠢ ᠦᠢᠯᠡᠳᠪᠦᠷᠢᠯᠡᠬᠦ ᠠᠵᠦ ᠠᠬᠤᠶᠢᠯᠠᠯ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号