ᠰᠢᠨ᠎ᠡ ᠡᠷᠢᠯ ᠬᠦᠰᠡᠯ
ᠨᠡᠶᠢᠲᠡᠯᠡᠭᠰᠡᠨ ᠴᠠᠭ᠄
2018/12/6
ᠵᠣᠬᠢᠶᠠᠭᠴᠢ᠄  ᠨᠡᠭᠦᠳᠡᠯᠴᠢᠨᠲᠥᠷᠦ ᠶᠢᠨ ᠪᠣᠳᠣᠯᠭ᠎ᠠ ᠶᠢ ᠲᠠᠭᠠᠵᠤ       ᠲᠦᠮᠡᠨ ᠤ ᠠᠮᠢᠳᠣᠷᠠᠯ ᠪᠠᠶᠠᠯᠢᠭᠵᠢᠯ᠎ᠠ       ᠲᠡᠣᠬᠡ ᠶᠢᠨ ᠠᠯᠳᠠᠨ ᠬᠠᠭᠤᠳᠠᠰᠣᠨ ᠳᠤ       ᠪᠠᠰᠠ ᠨᠢᠭᠡᠨ ᠬᠤᠪᠢᠷᠠᠯᠲᠠ ᠭᠠᠷᠣᠯ᠎ᠠ︕        ᠬᠥᠳᠡᠭᠡ ᠨᠣᠲᠤᠭ ᠤᠨ ᠠᠮᠢᠳᠣᠷᠠᠯ ᠳᠤ       ᠬᠦᠭᠵᠢᠯᠲᠡ ᠪᠦᠷᠬᠦᠵᠢᠭᠦᠯᠬᠦ ᠭᠡᠵᠦ ᠡᠭᠦᠰᠦᠯ᠎ᠡ       ᠬᠦᠮᠦᠨ ᠪᠠᠶᠢᠭᠠᠯᠢ ᠶᠢᠨ ᠠᠮᠢ ᠠᠬᠤᠢ ᠶᠢ       ᠬᠥᠰᠡᠵᠦ ᠵᠠᠰᠠᠵᠤ ᠲᠣᠬᠢᠷᠠᠭᠤᠯᠵᠤ ᠡᠬᠢᠯᠡᠯ᠎ᠡ︕        ᠨᠠᠮ ᠵᠠᠰᠠᠭ ᠤᠨ ᠣᠳᠣᠷᠢᠳᠣᠯᠭ᠎ᠠ ᠨᠠᠷ       ᠨᠠᠶᠢᠳᠠᠪᠣᠷᠢᠳᠠᠢ ᠪᠠᠳᠣᠯᠠᠭ᠎ᠠ ᠲᠠᠢ ᠪᠣᠯᠣᠯ᠎ᠠ       ᠨᠠᠷᠠᠨ ᠤ ᠭᠢᠯᠪᠠᠭ᠎ᠠ ᠰᠠᠴᠣᠷᠠᠭᠰᠠᠨ       ᠮᠡᠷᠭᠡᠨ ᠭᠡᠭᠡᠨ ᠰᠣᠷᠭᠠᠯ ᠵᠢᠭᠠᠪᠣᠷᠢᠯᠠᠯ᠎ᠠ︕        ᠡᠯᠳᠡᠪ ᠵᠦᠢᠯ ᠤᠨ ᠣᠷᠣᠯᠭ᠎ᠠ ᠶᠢ       ᠦᠨᠡᠨ ᠪᠣᠳᠠᠳᠣ ᠪᠠᠶᠢᠳᠠᠯ ᠲᠠᠢ ᠪᠤᠯᠭᠠᠯ᠎ᠠ       ᠡᠬᠡ ᠪᠠᠶᠢᠭᠠᠯᠢ ᠶᠢᠨ ᠬᠠᠮᠠᠭᠠᠯᠠᠯᠲᠠ ᠳᠤ       ᠡᠷᠡᠰ ᠬᠠᠲᠠᠭᠤ ᠲᠥᠷᠢᠮ ᠲᠤᠭᠳᠠᠭᠠᠯ ᠦᠭᠭᠦᠯ᠎ᠡ︕ ᠬᠥᠳᠡᠭᠡ ᠨᠣᠲᠤᠭ ᠤᠨ ᠠᠵᠤ ᠠᠬᠤᠢ ᠶᠢ       ᠬᠦᠨᠳᠦᠳᠭᠡᠵᠦ ᠦᠵᠡᠯ᠎ᠡ ᠨᠠᠮ ᠵᠠᠰᠠᠭ ᠮᠢᠨᠢ       ᠬᠥᠬᠡ ᠨᠣᠭᠤᠭᠠᠨ ᠤ ᠣᠷᠴᠢᠨ ᠲᠤᠭᠤᠷᠢᠨ ᠢ       ᠬᠢᠴᠢᠶᠡᠵᠦ ᠬᠠᠮᠠᠭᠠᠯᠠᠵᠤ ᠪᠠᠶᠢᠭᠤᠯᠤᠯ᠎ᠠ︕        ᠠᠷᠪᠠ ᠶᠢᠰᠦᠳᠦᠭᠡᠷ ᠬᠤᠷᠠᠯ ᠮᠢᠨᠢ       ᠠᠷᠠᠳ ᠤᠨ ᠠᠮᠢᠳᠤᠷᠠᠯ ᠢ ᠠᠩᠬᠠᠷᠤᠯ᠎ᠠ       ᠠᠮᠢ ᠠᠬᠤᠢ ᠶᠢᠨ ᠲᠡᠩᠴᠡᠭᠦᠷᠢ ᠭᠡᠵᠦ       ᠤᠨᠴᠠᠭᠠᠢ ᠲᠤᠷᠠᠳᠣᠵᠤ ᠭᠠᠷᠭᠠᠯ᠎ᠠ︕        ᠣᠯᠠᠨ ᠲᠦᠮᠡᠨᠴᠢ ᠱᠣᠭᠤᠮ ᠢᠶᠠᠨ ᠪᠠᠷᠢᠮᠳᠠᠯᠠᠵᠤ       ᠣᠷᠴᠢᠯᠠᠩ ᠤᠨ ᠪᠠᠶᠢᠳᠠᠯ ᠳᠤ ᠲᠣᠬᠢᠷᠠᠭᠤᠯᠤᠯ᠎ᠠ       ᠣᠷᠣᠨ ᠨᠣᠲᠤᠭ ᠤᠨ ᠣᠷᠣᠯᠭ᠎ᠠ ᠶᠢ ᠨᠡᠮᠡᠭᠳᠡᠭᠦᠯᠬᠦ       ᠣᠯᠠᠨ ᠠᠷᠪᠢᠨ ᠠᠷᠭ᠎ᠠ ᠬᠡᠮᠵᠢᠶ᠎ᠡ ᠰᠦᠪᠡᠭᠴᠢᠯᠡᠯ᠎ᠡ︕   ᠰᠢ ᠲᠡᠷᠢᠭᠦᠯᠡᠭᠴᠢ ᠶᠢᠨ ᠵᠥᠪ ᠣᠳᠣᠷᠢᠳᠣᠯᠭ᠎ᠠ       ᠰᠢᠨ᠎ᠡ ᠨᠢᠭᠡᠨ ᠴᠠᠭ ᠦᠶ᠎ᠡ ᠶᠢ ᠭᠡᠶᠢᠭᠦᠯᠦᠯ᠎ᠡ       ᠰᠢᠨᠵᠢᠯᠡᠬᠦ ᠣᠬᠠᠭᠠᠨᠴᠢ ᠪᠣᠳᠣᠯ ᠰᠡᠳᠭᠢᠬᠦᠢ ᠪᠠᠷ       ᠴᠡᠴᠡᠭᠯᠡᠨ ᠬᠦᠭᠵᠢᠭᠦᠯᠬᠦ ᠶᠢ ᠠᠬᠢᠭᠤᠯᠤᠯ᠎ᠠ︕        ᠨᠠᠮ ᠵᠠᠰᠠᠭ ᠤᠨ ᠴᠡᠴᠡᠭᠯᠡᠯᠲᠡ ᠶᠢ ᠠᠳᠬᠤᠵᠤ       ᠢᠯᠵᠢᠷᠡᠨ ᠲᠣᠷᠣᠶᠢᠲᠠᠬᠤ ᠶᠢ ᠴᠠᠭᠠᠵᠠᠯᠠᠯ᠎ᠠ       ᠨᠡᠶᠢᠭᠡᠮ ᠤᠨ ᠬᠦᠭᠵᠢᠯᠲᠡ ᠶᠢ ᠠᠩᠬᠠᠷᠴᠤ       ᠨᠡᠶᠢᠲᠡ ᠶᠢᠨ ᠠᠮᠤᠷ ᠲᠦᠪᠰᠢᠨ ᠢ ᠪᠠᠳᠣᠯᠠᠯ᠎ᠠ︕       ᠨᠣᠶᠠᠨᠴᠢ ᠰᠣᠷᠳᠠᠯ ᠢ ᠠᠷᠢᠯᠭᠠᠵᠤ ᠬᠠᠶᠠᠨ       ᠨᠣᠲᠤᠭ ᠬᠥᠳᠡᠭᠡ ᠦᠨᠳᠦᠰᠦᠨ ᠱᠠᠳᠣᠨ ᠳᠤ ᠪᠠᠭᠤᠯ᠎ᠠ       ᠨᠡᠶᠢᠲᠡ ᠣᠯᠠᠨ ᠤ ᠠᠮᠢᠳᠣᠷᠠᠯ ᠢ ᠣᠶᠢᠯᠠᠭᠠᠵᠤ       ᠨᠢᠭᠡ ᠨᠢᠭᠡ ᠪᠠᠷ ᠠᠰᠠᠭᠤᠳᠠᠯ ᠢ ᠰᠣᠳᠣᠯᠣᠯ᠎ᠠ︕        ᠠᠷᠪᠠ ᠶᠢᠰᠦᠳᠦᠭᠡᠷ ᠬᠤᠷᠠᠯ ᠤᠨ ᠵᠢᠭᠠᠪᠣᠷᠢ       ᠠᠮᠢᠳᠣᠷᠠᠯ ᠬᠠᠶᠢᠷ᠎ᠠ ᠶᠢᠨ ᠵᠢᠯᠣᠭᠤᠴᠢ ᠪᠣᠯᠣᠯ᠎ᠠ       ᠠᠷᠪᠠᠨ ᠵᠦᠭ ᠢ ᠭᠡᠶᠢᠭᠦᠯᠦᠭᠰᠡᠨᠠᠯᠲᠠᠨ ᠨᠠᠷᠠᠨ ᠤ ᠣᠯᠠᠭᠠᠨ ᠲᠤᠶᠠᠭ᠎ᠠ ᠶᠤᠮ ᠡ︕
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号