ᠬᠠᠶᠢᠨᠠᠨ ᠲᠤᠭᠤᠷᠢᠭ ᠤᠨ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠨ ᠬᠦᠭᠵᠢᠭᠦᠯᠬᠦ ᠬᠠᠷᠠᠯᠲᠠ ᠶᠢᠨ ᠬᠠᠷᠢᠭᠤᠴᠠᠯᠭᠠᠲᠤ ᠳᠦᠷᠢᠮ ᠤᠨ ᠣᠳᠣᠷᠢᠳᠬᠤ ᠳᠣᠭᠤᠶᠢᠯᠠᠩ ᠢ ᠦᠭᠡᠷᠡᠴᠢᠯᠡᠨ ᠲᠤᠬᠢᠷᠠᠭᠤᠯᠬᠤ ᠲᠤᠬᠠᠢ ᠮᠡᠳᠡᠭᠳᠡᠯ — ᠬᠠᠶᠢᠨᠠᠨ ᠵᠠᠰᠠᠭ ᠠᠯᠪᠠᠨ ﹇2018﹈ 51 ᠳ᠋ᠣᠭᠡᠷ ᠲᠤᠭᠠᠲᠤ
ᠨᠡᠶᠢᠲᠡᠯᠡᠭᠰᠡᠨ ᠴᠠᠭ᠄
2018/9/12
ᠬᠠᠶᠢᠨᠠᠨ ᠲᠤᠭᠤᠷᠢᠭ ᠤᠨ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠨ ᠬᠦᠭᠵᠢᠭᠦᠯᠬᠦ ᠬᠠᠷᠠᠯᠲᠠ ᠶᠢᠨ ᠬᠠᠷᠢᠭᠤᠴᠠᠯᠭᠠᠲᠤ ᠳᠦᠷᠢᠮ ᠤᠨ ᠣᠳᠣᠷᠢᠳᠬᠤ ᠳᠣᠭᠤᠶᠢᠯᠠᠩ ᠢ ᠦᠭᠡᠷᠡᠴᠢᠯᠡᠨ ᠲᠤᠬᠢᠷᠠᠭᠤᠯᠬᠤ ᠲᠤᠬᠠᠢ ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ      ᠡᠯ᠎ᠡ ᠪᠠᠯᠭᠠᠰᠤ᠂ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ᠂ ᠲᠤᠭᠤᠷᠢᠭ ᠤᠨ ᠬᠠᠷᠢᠶᠠᠲᠤ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠤᠭᠤᠷᠢᠭ ᠲᠤ ᠰᠠᠭᠤᠭ᠎ᠠ ᠡᠯ᠎ᠡ ᠬᠤᠯᠪᠤᠬᠳᠠᠯ ᠪᠦᠬᠦᠢ ᠨᠢᠭᠡᠴᠡ ᠳᠤ:      ᠠᠵᠢᠯ ᠤᠨ ᠱᠠᠭᠠᠷᠳᠠᠯᠭ᠎ᠠ ᠠᠴᠠ᠂ ᠲᠤᠭᠤᠷᠢᠭ ᠤᠨ ᠵᠠᠰᠠᠭ ᠤᠨ ᠣᠷᠳᠣᠨ ᠠᠴᠠ ᠬᠠᠶᠢᠨᠠᠨ ᠲᠤᠭᠤᠷᠢᠭ ᠤᠨ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠨ ᠬᠦᠭᠵᠢᠭᠦᠯᠬᠦ ᠬᠠᠷᠠᠯᠲᠠ ᠶᠢᠨ ᠬᠠᠷᠢᠭᠤᠴᠠᠯᠭᠠᠲᠤ ᠳᠦᠷᠢᠮ ᠤᠨ ᠣᠳᠣᠷᠢᠳᠬᠤ ᠳᠣᠭᠤᠶᠢᠯᠠᠩ ︵ᠲᠤᠤᠷ᠎ᠠ ᠣᠳᠣᠷᠢᠳᠬᠤ ᠳᠣᠭᠤᠶᠢᠯᠠᠩ ᠭᠡᠵᠦ ᠲᠤᠪᠴᠢᠯᠠᠨ᠎ᠠ︶ ᠢ ᠦᠭᠡᠷᠡᠴᠢᠯᠡᠨ ᠲᠤᠬᠢᠷᠠᠭᠤᠯᠬᠤ ᠪᠠᠷ ᠲᠤᠭᠳᠠᠵᠠᠢ᠂ ᠡᠳᠦᠭᠡ ᠬᠠᠮᠢᠶ᠎ᠠ ᠪᠦᠬᠦᠢ ᠠᠵᠢᠯ ᠤᠨ ᠲᠤᠬᠠᠢ ᠲᠤᠤᠷᠠᠭᠢ ᠮᠡᠳᠦ ᠮᠡᠳᠡᠭᠳᠡᠶ᠎ᠡ᠄      ᠨᠢᠭᠡ᠂ ᠣᠳᠣᠷᠢᠳᠬᠤ ᠳᠤᠭᠤᠶᠢᠯᠠᠩ ᠤᠨ ᠪᠦᠷᠢᠯᠳᠦᠭᠦᠨ ᠬᠡᠰᠢᠭᠦᠨ      ᠳᠣᠭᠤᠶᠢᠯᠠᠩ ᠤᠨ ᠳᠠᠷᠤᠭ᠎ᠠ᠄ ᠵᠠᠩ ᠢᠦᠢ ᠲᠢᠶᠠᠨ     ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠲᠠᠷᠤᠭ᠎ᠠ      ᠲᠡᠳ᠋ ᠳᠣᠭᠤᠶᠢᠯᠠᠩ ᠤᠨ ᠳᠠᠷᠤᠭ᠎ᠠ᠄ ᠯᠢᠦ ᠭᠥᠸᠧ ᡁᠢ     ᠲᠤᠭᠤᠷᠢᠭ ᠤᠨ ᠲᠠᠷᠢᠶᠠᠯᠠᠩ ᠮᠠᠯ ᠠᠵᠦ ᠠᠬᠤᠢ ᠣᠢ ᠰᠢᠭᠤᠢ ᠶᠢᠨ ᠲᠤᠪᠴᠢᠶᠠᠨ ᠤ ᠲᠤᠪᠴᠢᠶᠠᠨ ᠳᠠᠷᠤᠭ᠎ᠠ     ᠶᠠᠳᠠᠭᠤ ᠶᠢ ᠲᠡᠳᠭᠦᠭᠦ ᠠᠯᠪᠠᠨ ᠭᠡᠷ ᠤᠨ ᠡᠷᠬᠢᠯᠡᠭᠴᠢ      ᠬᠡᠰᠢᠬᠦᠨ᠄  ᠯᠢᠦ ᠰᠢᠶᠠᠩ ᠶᠠᠩ   ᠲᠤᠭᠤᠷᠢᠭ ᠤᠨ ᠨᠠᠮ ᠤᠨ ᠬᠤᠷᠢᠶᠠᠨ ᠤ ᠣᠬᠠᠭᠤᠯᠬᠤ ᠬᠡᠯᠲᠡᠰ ᠤᠨ ᠳᠡᠳ᠋ ᠬᠡᠯᠲᠡᠰ ᠤᠨ ᠳᠠᠷᠤᠭ᠎ᠠ                 ᠮᠠ ᠺᠠᠢ     ᠪᠠᠶᠠᠨᠲᠤᠬᠤᠢ ᠪᠠᠯᠭᠠᠰᠤᠨ ᠤ ᠪᠠᠯᠭᠠᠰᠣᠨ ᠲᠠᠷᠤᠭ᠎ᠠ                 ᠯᠢᠦ ᠶᠢᠨ ᡁᠢ    ᠷᠠᠰᠠᠩ ᠰᠦᠮ᠎ᠡ ᠪᠠᠯᠭᠠᠰᠤᠨ ᠤ ᠪᠠᠯᠭᠠᠰᠣᠨ ᠲᠠᠷᠤᠭ᠎ᠠ                 ᠵᠠᠩ ᠾᠧᠩ     ᠷᠠᠰᠠᠩ ᠰᠦᠮ᠎ᠡ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ                 ᠰᠢᠶᠦ᠋ᠩ ᠯᠢ ᠪᠥᠸᠧ    ᠪᠠᠷᠠᠭᠤᠨ ᠣᠷᠠᠨᠳᠦ᠋ᠰᠢ ᠠᠭᠤᠯᠠᠨ ᠤ ᠵᠠᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ                 ᠵᠤᠤ ᠬᠠᠢ ᠪᠥᠸᠧ     ᠲᠤᠭᠤᠷᠢᠭ ᠤᠨ ᠦᠭᠡᠷᠡᠴᠢᠯᠡᠯᠲᠡ ᠬᠢᠭᠡᠳ ᠬᠦᠭᠵᠢᠭᠦᠯᠦᠯᠲᠡ ᠶᠢᠨ ᠲᠤᠪᠴᠢᠶᠠᠨ ᠤ ᠲᠤᠪᠴᠢᠶᠠᠨ ᠳᠠᠷᠤᠭ᠎ᠠ                 ᠯᠢᠦᠢ ᠵᠢᠶᠦ᠋ᠨ    ᠲᠤᠭᠤᠷᠢᠭ ᠤᠨ ᠡᠳ᠋ ᠤᠨ ᠵᠠᠰᠠᠭ ᠤᠨ ᠲᠤᠪᠴᠢᠶᠠᠨ ᠤ ᠳᠡᠳ᠋ ᠲᠤᠪᠴᠢᠶᠠᠨ ᠳᠠᠷᠤᠭ᠎ᠠ                 ᠭᠤᠣ ᠶᠥᠩ ᠮᠢᠩ   ᠲᠤᠭᠤᠷᠢᠭ ᠤᠨ ᠣᠰᠣᠨ ᠠᠰᠢᠬᠯᠠᠯᠲᠠ ᠶᠢᠨ ᠲᠤᠪᠴᠢᠶᠠᠨ ᠤ ᠳᠡᠳ᠋ ᠲᠤᠪᠴᠢᠶᠠᠨ ᠳᠠᠷᠤᠭ᠎ᠠ                 ᠬᠤ᠋ ᠾᠧ ᠫᠢᠩ    ᠲᠤᠭᠤᠷᠢᠭ ᠤᠨ ᠬᠢᠨᠠᠨ ᠪᠤᠳᠤᠯᠲᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ                 ᠵᠦ ᠵᠢᠶᠧ    ᠲᠤᠭᠤᠷᠢᠭ ᠤᠨ ᠣᠷᠣᠨ ᠰᠠᠭᠤᠴᠠ ᠬᠢᠭᠡᠳ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ                 ᠯᠢ ᠶᠢᠨ ᠸᠧᠨ   ᠲᠤᠭᠤᠷᠢᠭ ᠤᠨ  ᠣᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶᠠᠨ  ᠤ ᠲᠤᠪᠴᠢᠶᠠᠨ ᠳᠠᠷᠤᠭ᠎ᠠ                 ᠶᠠᠩ ᠵᠢᠶᠦ᠋ᠨ    ᠬᠠᠶᠢᠨᠠᠨ ᠤ ᠣᠯᠣᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠬᠤᠪᠢᠶᠠᠷᠢ ᠲᠤᠪᠴᠢᠶᠠᠨ ᠤ ᠲᠤᠪᠴᠢᠶᠠᠨ ᠳᠠᠷᠤᠭ᠎ᠠ                 ᠰᠢᠨ ᠬᠤᠩ      ᠬᠠᠶᠢᠨᠠᠨ ᠤ ᠲᠦᠯᠦᠪᠵᠢᠭᠦᠯᠭᠡ ᠶᠢᠨ ᠬᠤᠪᠢᠶᠠᠷᠢ ᠲᠤᠪᠴᠢᠶᠠᠨ ᠤ ᠲᠤᠪᠴᠢᠶᠠᠨ ᠳᠠᠷᠤᠭ᠎ᠠ                 ᠵᠢᠶᠠ ᠰᠢ ᠵᠦᠩ    ᠬᠠᠶᠢᠨᠠᠨ ᠤ  ᠠᠵᠦ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠦᠪᠯᠡᠯ ᠤᠨ ᠴᠡᠴᠡᠷᠯᠢᠭ ᠤᠨ ᠨᠤᠭᠤᠭᠠᠷᠠᠭᠤᠯᠤᠯᠲᠠ ᠶᠢᠨ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ      ᠬᠤᠶᠠᠷ᠂ ᠣᠳᠣᠷᠢᠳᠬᠤ ᠳᠤᠭᠤᠶᠢᠯᠠᠩ ᠤᠨ ᠠᠯᠪᠠᠨ ᠭᠡᠷ      ᠣᠳᠣᠷᠢᠳᠬᠤ ᠳᠤᠭᠤᠶᠢᠯᠠᠩ ᠳᠤ ᠠᠯᠪᠠᠨ ᠭᠡᠷ ᠲᠤᠬᠢᠷᠠᠭᠤᠯᠤᠨ᠎ᠠ᠃ ᠠᠯᠪᠠᠨ ᠭᠡᠷ ᠢ ᠲᠤᠭᠤᠷᠢᠭ ᠤᠨ ᠲᠠᠷᠢᠶᠠᠯᠠᠩ ᠮᠠᠯ ᠠᠵᠦ ᠠᠬᠤᠢ ᠤᠢ ᠰᠢᠭᠤᠢ ᠶᠢᠨ ᠲᠤᠪᠴᠢᠶᠠᠨ ᠳᠤ ᠲᠤᠬᠢᠷᠠᠭᠤᠯᠤᠨ᠂ ᠪᠦᠬᠦ ᠲᠤᠭᠤᠷᠢᠭ ᠤᠨ ᠣᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠬᠦᠭᠵᠢᠭᠦᠯᠦᠯᠲᠡ ᠶᠢᠨ ᠲᠦᠯᠦᠪᠵᠢᠭᠦᠯᠭᠡ᠂ ᠬᠠᠮᠢᠶᠠᠷᠤᠯᠲᠠ᠂ ᠵᠢᠯᠤᠭᠤᠳᠬᠤ᠂ ᠵᠤᠬᠢᠴᠠᠭᠤᠯᠬᠤ᠂ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠵᠦ᠂ ᠠᠯᠪᠠᠨ ᠭᠡᠷ ᠤᠨ ᠡᠷᠭᠢᠯᠡᠭᠴᠢ ᠶᠢᠨ ᠲᠤᠰᠢᠶᠠᠯ ᠢ ᠯᠢᠦ ᠭᠥᠸᠧ ᡁᠢ ᠬᠠᠪᠰᠣᠷᠣᠨ ᠡᠭᠦᠷᠭᠡᠯᠡᠨ᠎ᠡ᠃      ᠭᠤᠷᠪᠠ᠂ ᠬᠤᠯᠪᠤᠬᠳᠠᠯ ᠪᠦᠬᠦᠢ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ      ︵ᠨᠢᠭᠡ︶ ᠪᠠᠯᠭᠠᠰᠤ᠂ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ᠂ ᠬᠠᠶᠢᠨᠠᠨ ᠤ ᠠᠵᠦ ᠦᠢᠯᠡᠳᠪᠦᠷᠢ  ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠦᠪᠯᠡᠯ      ᠣᠢ ᠰᠢᠭᠤᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠰᠢᠶᠠᠨ ᠦᠭᠭᠦᠭᠰᠡᠨ ᠣᠶᠢᠵᠢᠭᠤᠯᠤᠨ ᠨᠤᠭᠤᠭᠠᠷᠠᠭᠤᠯᠬᠤ ᠡᠭᠦᠷᠭᠡ ᠶᠢ ᠪᠡᠶᠡᠯᠡᠭᠦᠯᠵᠦ᠂ ᠬᠡᠭᠡᠷ᠎ᠡ ᠶᠢᠨ ᠠᠮᠢᠲᠠᠨ ᠣᠷᠭᠤᠮᠠᠯ ᠤᠨ ᠬᠠᠮᠢᠶᠠᠷᠤᠯᠲᠠ  ᠶᠢ ᠴᠢᠩᠭᠠᠳᠬᠠᠨ᠂ ᠠᠮᠢᠲᠠᠨ ᠤ ᠣᠯᠠᠨ ᠶᠠᠩᠵᠤᠲᠤ ᠴᠢᠨᠠᠷ ᠢ ᠬᠠᠮᠠᠭᠠᠯᠠᠵᠦ᠂ ᠣᠢ ᠰᠢᠭᠤᠢ ᠶᠢᠨ ᠡᠪᠡᠳᠴᠢᠨ ᠬᠤᠷᠤᠬᠠᠢ  ᠶᠢᠨ ᠬᠦᠨᠦᠭᠡᠯ ᠢ ᠪᠦᠲᠦᠮᠵᠢᠲᠡᠢ ᠰᠡᠷᠭᠡᠶᠢᠯᠡᠨ ᠵᠠᠰᠠᠬᠤ ᠨᠤᠷᠮ᠎ᠠ ᠶᠢ ᠱᠠᠭᠠᠷᠳᠠᠯᠭ᠎ᠠ ᠪᠠᠷ ᠪᠡᠶᠡᠯᠡᠭᠦᠯᠵᠦ᠂ ᠬᠠᠷᠢᠶ᠎ᠠ ᠣᠷᠣᠨ  ᠤ ᠬᠡᠪᠴᠢᠶᠡᠨ ᠳᠤᠲᠤᠷ᠎ᠠ ᠣᠢ ᠮᠤᠲᠤ ᠶᠢ ᠬᠤᠯᠠᠭᠠᠶᠢᠯᠠᠨ ᠣᠬᠲᠤᠯᠬᠤ᠂ ᠳᠤᠷ᠎ᠠ ᠪᠠᠷ ᠣᠬᠲᠤᠯᠬᠤ᠂ ᠣᠢ ᠰᠢᠭᠤᠢ ᠶᠢᠨ ᠭᠠᠵᠠᠷ ᠢ ᠬᠠᠭᠠᠯᠪᠤᠷᠢᠯᠠᠬᠤ ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠦᠭᠡᠢ ᠶᠢ ᠪᠠᠲᠤᠯᠠᠨ᠎ᠠ᠃      ︵ᠬᠤᠶᠠᠷ︶ ᠲᠤᠭᠤᠷᠢᠭ ᠤᠨ ᠲᠠᠷᠢᠶᠠᠯᠠᠩ ᠮᠠᠯ ᠠᠵᠦ ᠠᠬᠤᠢ ᠣᠢ ᠰᠢᠭᠤᠢ ᠶᠢᠨ ᠲᠤᠪᠴᠢᠶ᠎ᠠ      ᠡᠯ᠎ᠡ ᠰᠠᠯᠠᠭ᠎ᠠ ᠮᠦᠴᠢᠷ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠬᠰᠠᠨ ᠵᠢᠴᠢ ᠠᠬᠢᠴᠠ ᠶᠢᠨ ᠪᠠᠶᠢᠳᠠᠯ ᠢ ᠬᠢᠨᠠᠨ ᠪᠠᠶᠢᠴᠠᠭᠠᠨ᠎ᠠ᠃      ︵ᠭᠤᠷᠪᠠ︶ ᠬᠠᠶᠢᠨᠠᠨ ᠤ ᠣᠯᠣᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠬᠤᠪᠢᠶᠠᠷᠢ ᠲᠤᠪᠴᠢᠶ᠎ᠠ᠂ ᠲᠤᠭᠤᠷᠢᠭ ᠤᠨ ᠣᠰᠣᠨ ᠠᠰᠢᠬᠯᠠᠯᠲᠠ ᠶᠢᠨ ᠲᠤᠪᠴᠢᠶ᠎ᠠ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠪᠴᠢᠶ᠎ᠠ      ᠢᠳᠡᠪᠬᠢᠲᠡᠢ ᠪᠠᠷ ᠬᠤᠲᠠ ᠶᠢᠨ ᠬᠦᠷᠦᠰᠦ ᠰᠢᠷᠤᠢ᠂ ᠣᠰᠣ᠂ ᠠᠭᠠᠷ ᠮᠠᠨᠳᠠᠯ ᠤᠨ ᠣᠷᠴᠢᠨ ᠲᠤᠭᠤᠷᠢᠨ ᠢ ᠰᠠᠶᠢᠵᠢᠷᠠᠭᠤᠯᠬᠤ ᠪᠤᠯᠤᠨ ᠬᠠᠮᠠᠭᠠᠯᠠᠵᠦ᠂ ᠣᠰᠣ ᠬᠦᠷᠦᠰᠦᠨ ᠤ ᠣᠷᠣᠰᠬᠠᠭᠳᠠᠯ ᠪᠤᠯᠤᠨ ᠲᠤᠭᠤᠰᠤᠨ ᠤ ᠬᠦᠨᠦᠭᠡᠯ ᠢ ᠪᠠᠭᠠᠰᠬᠠᠵᠦ᠂ ᠡᠯ᠎ᠡ ᠲᠦᠷᠦᠯ ᠤᠨ ᠡᠬᠢ ᠪᠠᠶᠠᠯᠢᠭ ᠤᠨ ᠬᠠᠮᠠᠭᠠᠯᠠᠯᠲᠠ ᠵᠤᠬᠢᠰᠲᠠᠢ᠂ ᠠᠮᠢ ᠠᠬᠤᠢ ᠶᠢᠨ ᠪᠤᠯᠪᠠᠰᠤᠨ ᠰᠠᠶᠢᠨ ᠮᠦᠷᠲᠡᠭᠡᠨ ᠲᠦᠷᠭᠡᠨ ᠬᠦᠭᠵᠢᠬᠦ ᠶᠢ ᠪᠠᠲᠤᠯᠠᠨ᠎ᠠ᠃      ︵ᠳᠦᠷᠪᠡ︶ ᠲᠤᠭᠤᠷᠢᠭ ᠤᠨ ᠣᠷᠣᠨ ᠰᠠᠭᠤᠴᠠ ᠬᠢᠭᠡᠳ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ  ᠶᠢᠨ ᠲᠤᠪᠴᠢᠶ᠎ᠠ᠂ ᠬᠠᠶᠢᠨᠠᠨ ᠤ ᠲᠦᠯᠦᠪᠵᠢᠭᠦᠯᠭᠡ ᠶᠢᠨ ᠬᠤᠪᠢᠶᠠᠷᠢ ᠲᠤᠪᠴᠢᠶ᠎ᠠ      ᠲᠤᠰ ᠭᠠᠵᠠᠷ ᠣᠷᠣᠨ ᠳᠤ ᠲᠤᠬᠢᠷᠠᠬᠰᠠᠨ ᠣᠨ ᠤ ᠵᠢᠴᠢ ᠳᠤᠮᠳᠠ ᠬᠤᠯᠠ ᠶᠢᠨ ᠬᠤᠭᠤᠴᠠᠭᠠᠨ ᠤ ᠲᠦᠯᠦᠪᠵᠢᠭᠦᠯᠭᠡ ᠶᠢ ᠲᠤᠬᠲᠠᠭᠠᠵᠦ᠂ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠮᠵᠢ ᠶᠢ ᠴᠢᠩᠭᠠᠳᠬᠠᠵᠦ᠂ ᠲᠡᠭᠦᠷᠭᠡ ᠶᠢᠨ ᠬᠦᠳᠡᠭᠡ ᠲᠤᠰᠬᠤᠨ ᠤ ᠨᠤᠭᠤᠭᠠᠷᠠᠭᠤᠯᠤᠯᠲᠠ᠂ ᠴᠢᠮᠡᠭᠯᠡᠯᠲᠡ ᠶᠢᠨ ᠪᠦᠲᠦᠭᠡᠨ ᠪᠠᠶᠢᠭᠤᠯᠤᠯᠲᠠ ᠪᠤᠯᠤᠨ ᠪᠡᠶ᠎ᠡ ᠴᠢᠬᠢᠷᠠᠬᠵᠢᠭᠤᠯᠬᠤ᠂ ᠰᠣᠯᠠ ᠰᠡᠯᠡᠭᠦᠦ ᠲᠡᠭᠦᠬᠦ᠂ ᠲᠤᠭᠤᠷᠢᠨ ᠵᠤᠭᠠᠴᠠᠬᠤ ᠵᠡᠷᠭᠡ ᠤᠯᠠᠨ ᠵᠦᠢᠯ ᠤᠨ ᠬᠡᠯᠪᠡᠷᠢ ᠶᠢᠨ ᠠᠮᠢ ᠠᠬᠤᠢ ᠶᠢᠨ ᠵᠢᠭᠤᠯᠴᠢᠯᠠᠯ ᠢ ᠬᠠᠷᠢᠯᠴᠠᠨ ᠣᠶᠠᠯᠳᠤᠭᠤᠯᠬᠤ ᠶᠢ ᠴᠢᠬᠤᠯᠠᠴᠢᠯᠠᠨ᠎ᠠ᠃      ︵ᠲᠠᠪᠤ︶ ᠲᠤᠭᠤᠷᠢᠭ ᠤᠨ ᠨᠠᠮ ᠤᠨ ᠬᠤᠷᠢᠶᠠᠨ ᠤ ᠣᠬᠠᠭᠤᠯᠬᠤ ᠬᠡᠯᠲᠡᠰ      ᠣᠳᠣ ᠶᠢᠨ ᠪᠠᠶᠢᠭ᠎ᠠ ᠲᠠᠪᠴᠠᠩ ᠢ ᠠᠰᠢᠬᠯᠠᠵᠦ᠂ ᠣᠢ ᠰᠢᠭᠤᠢ ᠶᠢᠨ ᠡᠬᠢ ᠪᠠᠶᠠᠯᠢᠭ ᠤᠨ ᠬᠦᠭᠵᠢᠯᠲᠡ ᠶᠢᠨ ᠴᠢᠬᠤᠯᠠ ᠴᠢᠨᠠᠷ ᠢ ᠢᠳᠡᠪᠬᠢᠲᠡᠢ ᠤᠬᠠᠭᠤᠯᠤᠨ᠎ᠠ᠃      ︵ᠵᠢᠷᠭᠤᠭ᠎ᠠ︶ ᠲᠤᠭᠤᠷᠢᠭ ᠤᠨ ᠦᠭᠡᠷᠡᠴᠢᠯᠡᠯᠲᠡ ᠬᠢᠭᠡᠳ ᠬᠦᠭᠵᠢᠭᠦᠯᠦᠯᠲᠡ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠬᠢᠨᠠᠨ ᠪᠤᠳᠤᠯᠲᠠ ᠶᠢᠨ ᠲᠤᠪᠴᠢᠶ᠎ᠠ      ᠠᠵᠢᠯ ᠤᠨ ᠵᠠᠷᠣᠳᠠᠯ ᠢ ᠴᠤᠬᠯᠠᠭᠤᠯᠤᠨ᠂ ᠪᠡᠯᠡ ᠮᠦᠩᠭᠦᠨ ᠤ ᠡᠷᠭᠢᠯᠲᠡ ᠶᠢ ᠬᠢᠨᠠᠨ ᠬᠠᠮᠢᠶᠠᠷᠤᠨ᠎ᠠ᠃                                                                        2018 ᠣᠨ ᠤ 9 ᠳ᠋ᠣᠭᠡᠷ ᠰᠠᠷ᠎ᠠ ᠶᠢᠨ 11 ᠤ ᠡᠳᠦᠷ      ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠠᠯᠪᠠᠨ ᠭᠡᠷ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠳᠤ ᠬᠠᠭᠤᠯᠤᠨ ᠬᠦᠷᠭᠡᠨ᠎ᠡ᠃
 
ᠢᠷᠡᠯᠲᠡ᠄ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号