10 ᠳ᠋ᠣᠭᠠᠷ ᠰᠠᠷ᠎ᠠ ᠶᠢᠨ 29 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ | ᠬᠥᠮᠦᠵᠢᠯ ︵ᠴᠠᠭ ᠤᠨ ᠪᠠᠶᠢᠳᠠᠯ ᠲᠥᠷᠦ ᠶᠢᠨ ᠪᠣᠳᠣᠯᠭ᠎ᠠ ᠶᠢᠨ ᠬᠥᠮᠦᠵᠢᠯ︶ ᠵᠢᠴᠢ ᠲᠤᠭᠤᠷᠢᠭ ᠤᠨ ᠨᠠᠮ ᠤᠨ | ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯ ᠳᠣᠭᠤᠶᠢᠯᠠᠩ ︵ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︶ | ᠤᠨ ᠰᠤᠷᠤᠯᠴᠠᠯᠭ᠎ᠠ ᠶᠢᠨ ᠥᠷᠭᠡᠳᠬᠡᠭᠰᠡᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠬᠡᠯᠲᠡᠰ ᠤᠨ ᠡᠷᠬᠢᠯᠡᠭᠴᠢ ᠰᠦᠨ ᠵᠢᠶᠧ ᠶᠢ | ᠣᠨᠴᠠᠭᠠᠶᠢᠯᠠᠨ ᠣᠷᠢᠵᠦ ᠬᠠᠪᠰᠤᠷᠤᠨ ᠵᠢᠯᠤᠭᠤᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠭᠤᠤᠯ | ᠳᠤᠭᠤᠢᠯᠠᠩ ᠤᠨ ᠪᠦᠷᠢᠯᠳᠦᠬᠦᠨ᠂ ᠳᠡᠳ᠋ ᠰᠠᠯᠠᠭᠠᠨ ᠳᠡᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠡᠯ᠎ᠡ ᠪᠠᠯᠭᠠᠰᠤ᠂ | ᠵᠡᠭᠡᠯᠢ ᠭᠤᠳᠤᠮᠵᠢ ᠶᠢᠨ ᠶᠠᠷᠢᠶᠠᠨ ᠤ ᠲᠠᠩᠬᠢᠮ ᠤᠨ ᠬᠠᠷᠢᠭᠤᠴᠠᠯᠭᠠᠲᠠᠨ᠂ ᠤᠨᠤᠯ ᠤᠨ ᠤᠬᠠᠭᠤᠯᠤᠨ ᠲᠠᠶᠢᠯᠪᠤᠷᠢᠯᠠᠭᠴᠢᠳ | ᠬᠤᠷᠠᠯ ᠳᠤ ᠣᠷᠣᠯᠴᠠᠪᠠ᠃ | | ᠰᠦᠨ ᠫᠷᠣᠹᠧᠰᠰᠣᠷ ᠭᠤᠤᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ᠂ ᠤᠭ ᠰᠠᠨᠠᠭ᠎ᠠ | ᠪᠣᠯᠤᠨ ᠡᠭᠦᠷᠭᠡ ᠬᠠᠷᠢᠭᠤᠴᠠᠯᠭ᠎ᠠ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠡᠵᠡᠮᠳᠡᠬᠦ᠂ ᠤᠭ ᠰᠠᠨᠠᠭ᠎ᠠ ᠪᠠᠨ | ᠪᠠᠷᠢᠮᠲᠠᠯᠠᠵᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠦᠢᠯᠡᠳᠦᠯᠭᠡ ᠶᠢᠨ ᠠᠷᠭ᠎ᠠ ᠵᠠᠮ ᠢ ᠣᠶᠢᠯᠠᠭᠠᠵᠤ᠂ ᠭᠤᠤᠯ | ᠰᠡᠳᠦᠪᠲᠦ ᠰᠤᠷᠭᠠᠨ ᠬᠥᠮᠦᠵᠢᠯ ᠢ ᠬᠡᠷᠬᠢᠨ ᠯᠠᠪᠳᠠᠭᠤᠨ ᠪᠠᠲᠤᠲᠠᠶ ᠦᠷ᠎ᠡ ᠪᠦᠲᠦᠮᠵᠢ ᠣᠯᠬᠤ ᠵᠡᠷᠭᠡ ᠳᠥᠷᠪᠡᠨ | ᠲᠠᠯ᠎ᠠ ᠪᠠᠷ ᠶᠡᠭᠡ ᠬᠡᠮᠵᠢᠶᠡᠨ ᠤ ᠤᠨᠤᠯ ᠤᠨ ᠵᠠᠳᠠᠯᠤᠯᠲᠠ ᠪᠠ ᠰᠣᠳᠣᠯᠣᠯᠲᠠ ᠶᠢᠨ ᠪᠦᠲᠦᠮᠵᠢ ᠶᠢᠨ ᠵᠠᠳᠠᠯᠤᠯᠲᠠ ᠶᠢ | ᠠᠰᠢᠭᠯᠠᠵᠤ᠂ ᠰᠢᠰᠲ᠋ᠧᠮ ᠲᠠᠢ ᠲᠠᠶᠢᠯᠪᠤᠷᠢᠯᠠᠯᠲᠠ ᠬᠢᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠲᠤ ᠦᠵᠡᠯ | ᠰᠠᠨᠠᠭᠠᠨ ᠤ ᠲᠠᠯ᠎ᠠ ᠪᠠᠷ ᠣᠯᠤᠯᠲᠠ ᠲᠠᠢ᠂ ᠤᠨᠤᠯ ᠤᠨ ᠲᠠᠯ᠎ᠠ ᠪᠠᠷ ᠳᠡᠭᠡᠭᠰᠢᠯᠡᠯᠲᠡ ᠲᠠᠢ ᠪᠣᠯᠭᠠᠵᠤ᠂ ᠭᠤᠤᠯ ᠰᠡᠳᠦᠪᠲᠦ | ᠰᠤᠷᠭᠠᠨ ᠬᠥᠮᠦᠵᠢᠯ ᠢ ᠰᠠᠶᠢᠲᠤᠷ ᠥᠷᠨᠢᠭᠦᠯᠬᠦ ᠳᠤ ᠤᠨᠤᠯ ᠤᠨ ᠰᠤᠷᠤᠯᠴᠠᠯᠭ᠎ᠠ ᠶᠢᠨ ᠰᠠᠭᠤᠷᠢ ᠶᠢ ᠲᠠᠯᠪᠢᠵᠤ ᠥᠭᠴᠡᠶ᠃ | | | ᠲᠤᠭᠤᠷᠢᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ︵ᠴᠠᠭ ᠤᠨ ᠪᠠᠶᠢᠳᠠᠯ ᠲᠥᠷᠦ ᠶᠢᠨ | ᠪᠣᠳᠣᠯᠭ᠎ᠠ ᠶᠢᠨ ᠬᠥᠮᠦᠵᠢᠯ︶ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ | ᠭᠤᠤᠯ ᠳᠤᠭᠤᠢᠯᠠᠩ ︵ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︶ ᠤᠨ ᠦᠷᠭᠡᠳᠭᠡᠭᠰᠡᠨ ᠰᠤᠷᠤᠯᠴᠠᠯᠭ᠎ᠠ ᠶᠢᠨ | ᠳᠠᠷᠠᠭ᠎ᠠ᠂ ᠤᠨᠤᠯ ᠤᠨ ᠰᠤᠷᠤᠯᠴᠠᠯᠭ᠎ᠠ ᠶᠢᠨ ᠪᠣᠳᠠᠲᠤ ᠪᠠᠶᠢᠳᠠᠯ ᠢ ᠰᠢᠯᠭᠠᠬᠤ ᠶᠢᠨ ᠲᠥᠯᠥᠭᠡ᠂ 10 ᠰᠠᠯᠠᠭᠠᠨ ᠲᠡᠰ ᠤᠨ | ᠺᠠᠳ᠋ᠷ ᠢ ᠲᠣᠬᠢᠶᠠᠯᠳᠤᠯ ᠢᠶᠠᠷ ᠰᠣᠩᠭᠤᠨ ᠠᠪᠴᠤ᠂ ᠤᠨᠤᠯ ᠤᠨ ᠮᠡᠳᠡᠯᠭᠡ ᠶᠢᠨ ᠪᠠᠭ᠎ᠠ ᠰᠢᠯᠭᠠᠯᠲᠠ ᠬᠢᠵᠡᠶ᠃ | ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠰᠤᠳᠤᠯᠤᠨ | ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠵᠦᠩ ᠴᠢᠶᠠᠩ | ᠠᠴᠠ ᠱᠢ ᠸᠠᠨ ᠵᠢᠶᠦ᠋ᠨ ᠱᠦᠵᠢ ᠶᠢᠨ ᠪᠦᠬᠦ ᠬᠤᠲᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠨᠠᠮ ᠤᠨ | ᠬᠢᠴᠢᠶᠡᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ᠲᠤᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ | ᠵᠥᠪᠯᠡᠯ ᠤᠨ ᠡᠷᠬᠢᠯᠡᠭᠴᠢ ᠯᠢ ᠶᠠᠨ ᠷᠦᠩ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ | ᠮᠡᠳᠡᠭᠳᠡᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | | ᠳᠠᠷᠠᠭ᠎ᠠ ᠨᠢ᠂ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠬᠦᠰᠡᠯᠡᠩ ᠢᠲᠡᠭᠡᠯ ᠪᠢᠰᠢᠷᠡᠯ᠂ ᠵᠣᠷᠢᠯᠲᠠ ᠶᠢᠨ | ᠤᠬᠠᠮᠰᠠᠷ︾ ᠭᠡᠬᠦ ᠭᠤᠷᠪᠠᠨ ᠲᠤᠰᠬᠠᠶ ᠰᠡᠳᠦᠪ ᠲᠤ ᠰᠣᠳᠣᠯᠣᠯᠲᠠ ᠶᠠᠷᠢᠯᠴᠠᠭ᠎ᠠ ᠬᠢᠪᠡ᠃ ᠬᠤᠷᠠᠯ ᠳᠤ ᠣᠷᠣᠯᠴᠠᠭᠰᠠᠨ | ᠤᠳᠤᠷᠢᠳᠤᠯᠭ᠎ᠠ ᠲᠤᠰᠬᠠᠶ ᠰᠡᠳᠦᠪ ᠤᠨ ᠲᠣᠭᠤᠷᠢᠨ ᠳᠤ ᠥᠪᠡᠷ ᠥᠪᠡᠷ ᠤᠨ ᠰᠠᠨᠠᠯ ᠢᠶᠠᠨ ᠰᠣᠯᠢᠯᠴᠠᠨ ᠶᠠᠷᠢᠶ᠎ᠠ | ᠲᠠᠯᠪᠢᠪᠠ᠃ | |