ᠠᠮᠧᠷᠢᠺᠠ ᠶᠢᠨ ᠬᠠᠹᠦ᠋ ᠶᠡᠭᠡ ᠰᠤᠷᠭᠠᠭᠤᠯᠢ ᠶᠢᠨ ᠠᠨᠠᠭᠠᠬᠤ ᠤᠬᠠᠭᠠᠨ ᠤ ᠲᠡᠭᠡᠳᠦ ᠰᠤᠷᠭᠠᠭᠤᠯᠢ ᠶᠢᠨ ᠨᠢᠭᠡᠨ | ᠰᠢᠨ᠎ᠡ ᠰᠤᠳᠤᠯᠭᠠᠨ ᠳᠤ ᠬᠠᠷᠠᠭᠤᠯᠤᠭᠰᠠᠨ ᠢᠶᠠᠷ᠂ ᠭᠠᠷᠠᠭ ᠪᠦᠷᠢ ᠲᠦᠷᠪᠡ ᠤᠳᠠᠭ᠎ᠠ ᠲᠦᠮᠦᠰᠦ ᠢᠳᠡᠪᠡᠯ ᠴᠢᠰᠤᠨ | ᠳᠠᠷᠤᠯᠳᠠ ᠦᠨᠳᠦᠷᠵᠢᠬᠦ ᠨᠤᠷᠮ᠎ᠠ ᠶᠢ ᠨᠡᠮᠡᠭᠳᠡᠬᠦᠯᠳᠡᠭ᠃ ᠰᠤᠳᠤᠯᠭᠠᠳᠠᠳ 18.7 ᠲᠦᠮᠡᠨ ᠳᠤᠷᠰᠢᠯᠳᠠ ᠳᠤ | ᠤᠷᠤᠯᠴᠠᠭᠴᠢ ᠶᠢ 20 ᠵᠢᠯ ᠮᠦᠷᠲᠡᠨ ᠪᠠᠶᠢᠴᠠᠭᠠᠯᠳᠠ ᠬᠢᠭᠰᠡᠨ ᠳᠤᠭ᠎ᠠ ᠪᠠᠷᠢᠮᠳᠠ ᠳᠤ ᠵᠠᠳᠠᠯᠤᠯᠳᠠ ᠬᠢᠭᠰᠡᠨ ᠤ | ᠳ᠋ᠦᠩ ᠳᠤ᠂ ᠰᠠᠷ᠎ᠠ ᠪᠦᠷᠢ ᠨᠢᠭᠡ ᠤᠳᠠᠭ᠎ᠠ ᠠᠴᠠ ᠢᠯᠡᠬᠦᠦ ᠲᠦᠮᠦᠰᠦ ᠢᠳᠡᠳᠡᠭ ᠦᠭᠡᠢ ᠬᠦᠮᠦᠰ ᠲᠠᠢ ᠬᠠᠷᠢᠴᠠᠭᠤᠯᠪᠠᠯ | ᠭᠠᠷᠠᠭ ᠪᠦᠷᠢ ᠨᠠᠭᠠᠳᠤ ᠵᠠᠬ᠎ᠠ ᠳᠠᠭᠠᠨ ᠲᠦᠷᠪᠡ ᠤᠳᠠᠭ᠎ᠠ ᠲᠦᠮᠦᠰᠦ ᠪᠠᠷ ᠬᠢᠭᠰᠡᠨ ᠢᠳᠡᠭᠡᠨ ᠢᠳᠡᠳᠡᠭ ᠬᠦᠮᠦᠰ ᠤᠨ | ᠴᠢᠰᠤᠨ ᠳᠠᠷᠤᠯᠳᠠ ᠦᠨᠳᠦᠷᠵᠢᠬᠦ ᠨᠤᠷᠮ᠎ᠠ 11% ᠪᠠᠷ ᠦᠨᠳᠦᠷ ᠪᠠᠶᠢᠪᠠ᠃ ᠭᠠᠷᠠᠭ ᠪᠦᠷᠢ ᠨᠠᠭᠠᠳᠤ ᠵᠠᠬ᠎ᠠ ᠳᠠᠭᠠᠨ | ᠲᠦᠷᠪᠡ ᠤᠳᠠᠭ᠎ᠠ ᠲᠤᠰᠣᠨ ᠳᠤ ᠪᠤᠴᠠᠯᠭᠠᠬᠰᠠᠨ ᠲᠦᠮᠦᠰᠦ ᠶᠢᠨ ᠭᠡᠷᠴᠢᠮᠡᠯ ᠢᠳᠡᠳᠡᠭ ᠬᠦᠮᠦᠰ ᠤᠨ ᠴᠢᠰᠤᠨ | ᠳᠠᠷᠤᠯᠳᠠ ᠦᠨᠳᠦᠷᠵᠢᠬᠦ ᠨᠤᠷᠮ᠎ᠠ 17% ᠪᠠᠷ ᠦᠨᠳᠦᠷ ᠪᠤᠯᠳᠠᠭ᠃ ᠭᠡᠷᠪᠡ ᠡᠳᠦᠷ ᠪᠦᠷᠢ ᠴᠠᠷᠳᠠᠭᠤᠯ ᠤᠨ ᠪᠤᠰᠤ | ᠢᠳᠡᠰᠢᠨ ᠨᠤᠭᠤᠭ᠎ᠠ ᠪᠠᠷ ᠲᠦᠮᠦᠰᠦ ᠶᠢ ᠤᠷᠤᠯᠠᠭᠤᠯᠵᠤ ᠢᠳᠡᠪᠡᠯ ᠴᠢᠰᠤᠨ ᠳᠠᠷᠤᠯᠳᠠ ᠦᠨᠳᠦᠷᠵᠢᠬᠦ ᠨᠤᠷᠮ᠎ᠠ ᠶᠢ | 7% ᠪᠠᠷ ᠪᠠᠭᠤᠷᠠᠭᠤᠯᠤᠨ᠎ᠠ᠃ | ᠤᠴᠢᠷ ᠨᠢ ᠲᠦᠮᠦᠰᠦᠨ ᠳᠤ ᠶᠡᠭᠡ ᠭᠡᠮᠵᠢᠶᠡᠨ ᠤ ᠴᠠᠷᠳᠠᠭᠤᠯ ᠠᠭᠤᠯᠤᠭᠳᠠᠵᠤ᠂ ᠰᠢᠬᠢᠷ ᠢ ᠨᠡᠮᠡᠭᠳᠡᠬᠦᠯᠬᠦ | ᠵᠢᠭᠠᠯᠳᠠ ᠳᠤᠭ᠎ᠠ ᠨᠢ ᠦᠨᠳᠦᠷ᠂ ᠰᠢᠬᠢᠷ ᠨᠡᠮᠡᠭᠳᠡᠬᠦᠯᠳᠡᠭ ᠢᠳᠡᠭᠡᠨ ᠨᠢ ᠳᠠᠬᠢᠭᠠᠳ ᠴᠢᠰᠤᠨ ᠤ ᠰᠢᠬᠢᠷ ᠢ ᠭᠡᠨᠡᠳᠳᠡ ᠪᠠᠷ | ᠨᠡᠮᠡᠭᠳᠡᠬᠦᠯᠳᠡᠭ᠃ ᠲᠦᠮᠦᠰᠦ ᠶᠢᠨ ᠳᠤᠳᠤᠷ᠎ᠠ ᠶᠡᠭᠡ ᠭᠡᠮᠵᠢᠶᠡᠨ ᠤ ᠸᠢᠲ᠋ᠠᠮᠢᠨ C ᠪᠠ ᠺᠠᠯᠢ ᠵᠡᠷᠭᠡ ᠤᠯᠠᠨ ᠲᠦᠷᠦᠯ ᠤᠨ | ᠰᠢᠮ᠎ᠡ ᠲᠡᠵᠢᠭᠡᠯᠳᠦ ᠡᠳ᠋ ᠠᠭᠤᠯᠤᠭᠳᠠᠳᠠᠭ ᠳᠤᠯᠠ ᠭᠡᠮᠵᠢᠶ᠎ᠡ ᠲᠠᠢ ᠢᠳᠡᠪᠡᠯ ᠬᠠᠷᠢᠨ ᠰᠢᠮ᠎ᠡ ᠲᠡᠵᠢᠭᠡᠯ ᠰᠠᠶᠢᠳᠠᠢ | ᠪᠤᠯᠳᠠᠭ᠃ | |