ᠬᠠᠶᠢᠨᠠᠨ ᠲᠤᠭᠤᠷᠢᠭ ᠦᠬᠠᠢ ᠬᠤᠲᠠ ᠶᠢᠨ ᠡᠮᠦᠨ᠎ᠡ ᠬᠡᠰᠡᠭ ᠲᠤ ᠪᠠᠶᠢᠷᠢᠯᠠᠵᠦ ᠪᠠᠶᠢᠳᠠᠭ᠃ ᠵᠡᠭᠦᠨ᠂ ᠡᠮᠦᠨ᠎ᠡ | ᠬᠤᠶᠠᠷ ᠲᠠᠯ᠎ᠠ ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠣᠲᠤᠭ | ᠬᠤᠰᠢᠭᠤ ᠲᠠᠢ ᠬᠦᠷᠰᠢᠯᠡᠵᠦ᠂ ᠪᠠᠷᠠᠭᠤᠨ ᠡᠮᠦᠨᠡᠰᠢ ᠪᠠᠨ ᠨᠢᠩᠰᠢᠶᠠ ᠶᠢᠨ ᠬᠤᠲᠤᠩ ᠦᠨᠳᠦᠰᠦᠲᠡᠨ ᠤ ᠦᠪᠡᠷᠲᠡᠭᠡᠨ | ᠵᠠᠰᠠᠬᠤ ᠣᠷᠣᠨ ᠤ ᠲᠤᠤ ᠯᠧ ᠰᠢᠶᠠᠨ ᠲᠠᠢ ᠵᠠᠬ᠎ᠠ ᠨᠡᠶᠢᠯᠡᠵᠦ᠂ ᠪᠠᠷᠠᠭᠤᠨᠰᠢ ᠬᠠᠲᠤᠨ ᠭᠤᠤᠯ ᠪᠤᠯᠤᠨᠨᠢᠩᠰᠢᠶᠠ ᠶᠢᠨ | ᠬᠤᠲᠤᠩ ᠦᠨᠳᠦᠰᠦᠲᠡᠨ ᠤ ᠦᠪᠡᠷᠲᠡᠭᠡᠨ ᠵᠠᠰᠠᠬᠤ ᠣᠷᠣᠨ ᠤ ᠬᠠᠷᠠᠬᠤᠲᠠ᠂ ᠦᠪᠦᠷ ᠮᠤᠩᠭᠤᠯ ᠤᠨ ᠦᠪᠡᠷᠲᠡᠭᠡᠨ | ᠵᠠᠰᠠᠬᠤ ᠣᠷᠣᠨ ᠤ ᠦᠬᠠᠢ ᠬᠤᠲᠠ ᠶᠢᠨ ᠣᠳᠠ ᠲᠤᠭᠤᠷᠢᠭ᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤ ᠲᠠᠢ | ᠭᠤᠤᠯ ᠠᠯᠤᠰᠯᠠᠨ ᠬᠠᠷᠢᠯᠴᠠᠨ ᠪᠠᠷᠠᠯᠠᠵᠦ᠂ ᠣᠮᠠᠷᠠᠰᠢ ᠪᠠᠨ ᠦᠬᠠᠢ ᠬᠤᠲᠠ ᠶᠢᠨ ᠬᠠᠶᠢᠷᠤᠪ ᠤᠨ ᠲᠤᠬᠤᠢ ᠲᠤᠭᠤᠷᠢᠭ | ᠲᠠᠢ ᠵᠠᠯᠭᠠᠯᠳᠤᠵᠦ ᠪᠠᠶᠢᠳᠠᠭ᠃ ᠡᠮᠦᠨ᠎ᠡ ᠣᠮᠠᠷ᠎ᠠ ᠶᠢᠨ ᠣᠷᠲᠤ ᠨᠢ ᠪᠠᠷᠤᠭ 50 ᠺᠢᠯᠤᠮᠧᠲᠷ᠂ ᠵᠡᠭᠦᠨ ᠪᠠᠷᠠᠭᠤᠨ ᠤ | ᠦᠷᠭᠡᠨ ᠨᠢ ᠪᠠᠷᠤᠭ 20 ᠺᠢᠯᠤᠮᠧᠲᠷ᠂ ᠶᠡᠷᠦᠩᠬᠡᠢ ᠲᠠᠯᠠᠪᠠᠢ1005 ᠺᠦᠸᠠᠳ᠋ ᠺᠢᠯᠤᠮᠧᠲᠷ ᠪᠠᠶᠢᠵᠦ᠂ ᠦᠬᠠᠢ ᠬᠤᠲᠠ | ᠶᠢᠨ ᠶᠡᠷᠦᠩᠬᠡᠢ ᠲᠠᠯᠠᠪᠠᠢ ᠶᠢᠨ 57.29% ᠢ ᠡᠵᠡᠯᠡᠨ᠎ᠡ᠃ ᠭᠠᠵᠠᠷ ᠵᠦᠢ ᠶᠢᠨ ᠰᠤᠯᠪᠢᠴᠠᠯ ᠨᠢ ᠣᠮᠠᠷᠠᠲᠤ ᠦᠷᠭᠡᠷᠢᠭ | ᠤᠨ 39°15′~39°32′᠂ ᠵᠡᠭᠦᠨ ᠣᠷᠳᠣᠷᠢᠭ ᠤᠨ106°40′~107°09′ ᠪᠠᠶᠢᠵᠦ᠂ | ᠳᠤᠮᠳᠠᠴᠢ ᠳᠠᠯᠠᠢ ᠶᠢᠨ ᠲᠦᠪᠰᠢᠨ ᠤ ᠦᠨᠳᠦᠷ1200 ᠮᠧᠲᠷ ᠪᠤᠯᠤᠨ᠎ᠠ᠃ | ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠷᠠᠰᠢᠵᠦ᠋ᠩ ᠨᠢ ᠦᠬᠠᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠬᠠᠶᠢᠷᠤᠪ ᠤᠨ ᠲᠤᠬᠤᠢ ᠲᠤᠭᠤᠷᠢᠭ ᠠᠴᠠ | 28 ᠺᠢᠯᠤᠮᠧᠲᠷ ᠵᠠᠢ ᠲᠠᠢ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠲᠦᠪ ᠬᠦᠬᠡᠬᠤᠲᠠ ᠠᠴᠠ550 | ᠺᠢᠯᠤᠮᠧᠲᠷ ᠵᠠᠢ ᠲᠠᠢ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠳ᠋ᠦᠩᠱᠧᠩ | ᠲᠤᠭᠤᠷᠢᠭ ᠠᠴᠠ 330 ᠺᠢᠯᠤᠮᠧᠲᠷ ᠵᠠᠢ ᠲᠠᠢ᠃ ᠨᠢᠩᠰᠢᠶᠠ ᠶᠢᠨ ᠬᠤᠲᠤᠩ ᠦᠨᠳᠦᠰᠦᠲᠡᠨ ᠤ ᠦᠪᠡᠷᠲᠡᠭᠡᠨ ᠵᠠᠰᠠᠬᠤ | ᠣᠷᠣᠨ ᠤ ᠲᠦᠪ ᠶᠢᠨᠴᠤᠸᠠᠨ ᠲᠠᠢ128 ᠺᠢᠯᠤᠮᠧᠲᠷ ᠵᠠᠢ ᠲᠠᠢ᠃ |