ᠲᠦᠷᠦ ᠶᠢᠨ ᠶᠠᠪᠤᠳᠠᠯ ᠤᠨ ᠬᠤᠷᠢᠶ᠎ᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ《 ᠬᠤᠰᠢᠭᠤ ᠰᠢᠶᠠᠨ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ | ᠠᠵᠢᠯ ᠢ ᠰᠠᠶᠢᠲᠤᠷ ᠬᠢᠬᠦ ᠲᠤᠬᠠᠢ》ᠵᠢᠭᠠᠪᠤᠷᠢ ᠶᠢᠨ ᠵᠤᠷᠢᠭ ᠰᠠᠨᠠᠭ᠎ᠠ ᠶᠢ ᠦᠨᠳᠦᠰᠦᠯᠡᠵᠦ᠂ ᠦᠬᠠᠢ ᠬᠤᠲᠠ ᠬᠦᠷᠰᠢ | ᠵᠡᠷᠭᠡᠯᠳᠡᠭᠡ ᠭᠠᠵᠠᠷ ᠣᠷᠣᠨ ᠲᠠᠢ ᠬᠠᠮᠲᠤ ᠠᠷᠪᠠᠭᠠᠳ ᠵᠢᠯ ᠬᠠᠮᠲᠤᠪᠡᠷ ᠴᠢᠷᠮᠠᠶᠢᠵᠦ᠂ ᠬᠠᠮᠲᠤᠪᠡᠷ ᠬᠠᠶᠢᠵᠦ᠂ ᠬᠠᠮᠲᠤᠪᠡᠷ | ᠵᠦᠪᠳᠡᠯᠴᠡᠬᠦ ᠪᠠᠷ ᠳᠠᠮᠵᠢᠨ᠂1999 ᠣᠨ ᠳᠤ ᠦᠬᠠᠢ ᠬᠤᠲᠠ ᠪᠤᠯᠤᠨ ᠠᠯᠠᠱᠠ ᠠᠶᠢᠮᠠᠭ᠂ ᠣᠷᠳᠣᠰ ᠬᠤᠲᠠ ᠶᠢᠨ | ᠵᠠᠭᠠᠭ ᠤᠨ ᠬᠠᠶᠢᠨ ᠲᠤᠭᠲᠠᠭᠠᠬᠤ ᠠᠵᠢᠯ ᠢ ᠪᠦᠬᠦᠳᠡᠭᠡᠷ ᠪᠡᠶᠡᠯᠡᠭᠦᠯᠪᠡ᠃ ᠬᠠᠶᠢᠨᠠᠨ ᠲᠤᠭᠤᠷᠢᠭ ᠤᠨ ᠲᠤᠭᠤᠷᠢᠭ ᠤᠨ | ᠵᠠᠭᠠᠭ ᠨᠢ᠄ ᠵᠡᠭᠦᠨ᠂ ᠡᠮᠦᠨ᠎ᠡ ᠬᠤᠶᠠᠷ ᠲᠠᠯ᠎ᠠ ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠳᠣᠰ | ᠬᠤᠲᠠ ᠶᠢᠨ ᠣᠲᠤᠭ ᠬᠤᠰᠢᠭᠤ ᠲᠠᠢ ᠬᠦᠷᠰᠢᠯᠡᠵᠦ᠂ ᠪᠠᠷᠠᠭᠤᠨ ᠡᠮᠦᠨᠡᠰᠢ ᠪᠠᠨ ᠨᠢᠩᠰᠢᠶᠠ ᠶᠢᠨ ᠬᠤᠲᠤᠩ | ᠦᠨᠳᠦᠰᠦᠲᠡᠨ ᠤ ᠦᠪᠡᠷᠲᠡᠭᠡᠨ ᠵᠠᠰᠠᠬᠤ ᠣᠷᠣᠨ ᠤ ᠲᠤᠤ ᠯᠧ ᠰᠢᠶᠠᠨ ᠲᠠᠢ ᠵᠠᠬ᠎ᠠ ᠨᠡᠶᠢᠯᠡᠵᠦ᠂ ᠪᠠᠷᠠᠭᠤᠨᠰᠢ ᠬᠠᠲᠤᠨ | ᠭᠤᠤᠯ ᠪᠤᠯᠤᠨ ᠨᠢᠩᠰᠢᠶᠠ ᠶᠢᠨ ᠬᠤᠲᠤᠩ ᠦᠨᠳᠦᠰᠦᠲᠡᠨ ᠤ ᠦᠪᠡᠷᠲᠡᠭᠡᠨ ᠵᠠᠰᠠᠬᠤ ᠣᠷᠣᠨ ᠤ ᠬᠠᠷᠠᠬᠤᠲᠠ᠂ ᠦᠪᠦᠷ | ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠣᠳᠠ ᠲᠤᠭᠤᠷᠢᠭ᠂ ᠠᠯᠠᠱᠠ ᠠᠶᠢᠮᠠᠭ ᠤᠨ | ᠠᠯᠠᠱᠠ ᠵᠡᠭᠦᠨ ᠬᠤᠰᠢᠭᠤ ᠲᠠᠢ ᠭᠤᠤᠯ ᠠᠯᠤᠰᠯᠠᠨ ᠬᠠᠷᠢᠯᠴᠠᠨ ᠪᠠᠷᠠᠯᠠᠵᠦ᠂ ᠣᠮᠠᠷᠠᠰᠢ ᠪᠠᠨ ᠦᠬᠠᠢ ᠬᠤᠲᠠ ᠶᠢᠨ | ᠬᠠᠶᠢᠷᠤᠪ ᠤᠨ ᠲᠤᠬᠤᠢ ᠲᠤᠭᠤᠷᠢᠭ ᠲᠠᠢ ᠵᠠᠯᠭᠠᠯᠳᠤᠵᠦ ᠪᠠᠶᠢᠳᠠᠭ᠃ ᠡᠮᠦᠨ᠎ᠡ ᠣᠮᠠᠷ᠎ᠠ ᠶᠢᠨ ᠣᠷᠲᠤ ᠨᠢ ᠪᠠᠷᠤᠭ 50 | ᠺᠢᠯᠤᠮᠧᠲᠷ᠂ ᠵᠡᠭᠦᠨ ᠪᠠᠷᠠᠭᠤᠨ ᠤ ᠦᠷᠭᠡᠨ ᠨᠢ ᠪᠠᠷᠤᠭ 20 ᠺᠢᠯᠤᠮᠧᠲᠷ᠂ ᠶᠡᠷᠦᠩᠬᠡᠢ ᠲᠠᠯᠠᠪᠠᠢ1005 ᠺᠦᠸᠠᠳ᠋ | ᠺᠢᠯᠤᠮᠧᠲᠷ᠃ 2008 ᠣᠨ ᠤ ᠵᠢᠯ ᠤᠨ ᠡᠴᠦᠰ ᠪᠤᠯᠲᠠᠯ᠎ᠠ᠂ ᠬᠠᠶᠢᠨᠠᠨ ᠲᠤᠭᠤᠷᠢᠭ ᠤᠨ ᠲᠤᠤᠷᠠᠬᠢ ᠬᠠᠷᠢᠶᠠᠨ ᠳᠤ 3 | ᠪᠠᠯᠭᠠᠰᠤ᠂ 2 ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠪᠠᠶᠢᠵᠦ᠂ ᠶᠡᠷᠦᠩᠬᠡᠢ ᠬᠦᠮᠦᠨ ᠠᠮᠠ 10.5 ᠲᠦᠮᠡᠨ | ᠬᠦᠮᠦᠨ ᠪᠠᠶᠢᠨ᠎ᠠ᠃ | ᠵᠠᠰᠠᠭ ᠵᠠᠬᠢᠷᠭᠠᠨ ᠤ ᠬᠤᠪᠢᠶᠠᠷᠢ ᠬᠢᠭᠡᠳ ᠰᠠᠭᠤᠭᠠᠯᠢ ᠠᠷᠠᠳ ᠤᠨ ᠰᠠᠭᠤᠭ᠎ᠠ ᠭᠠᠵᠠᠷ | ᠷᠠᠰᠢᠵᠦ᠋ᠩ᠄ ᠲᠤᠰ ᠭᠠᠵᠠᠷ ᠣᠷᠣᠨ ᠳᠤ ᠷᠠᠰᠢᠵᠦ᠋ᠩ ᠰᠦᠮ᠎ᠡ ᠶᠢᠨ ᠡᠷᠲᠡᠨ ᠤ ᠪᠠᠭᠤᠷᠢ ᠪᠠᠶᠢᠳᠠᠭ᠃ ᠷᠠᠰᠢᠵᠦ᠋ᠩ | ᠰᠦᠮ᠎ᠡ ᠶᠢᠨ ᠡᠷᠲᠡᠨ ᠤ ᠪᠠᠭᠤᠷᠢ ᠨᠢ ᠷᠠᠰᠢᠵᠦ᠋ᠩ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠬᠤᠶᠠᠳᠤᠭᠠᠷ ᠰᠠᠭᠤᠭᠠᠯᠢ ᠠᠷᠠᠳ ᠤᠨ ᠲᠤᠭᠤᠷᠢᠭ ᠤᠨ ᠳᠤᠲᠤᠷ᠎ᠠ ᠪᠠᠶᠢᠵᠦ᠂ ᠲᠤᠰ ᠰᠦᠮ᠎ᠡ ᠶᠢᠨ ᠪᠠᠷᠠᠭᠤᠨ ᠡᠮᠦᠨ᠎ᠡ | ᠬᠡᠰᠡᠭ ᠲᠤ ᠷᠠᠰᠠᠩ ᠰᠦᠮ᠎ᠡ ᠪᠠᠶᠢᠨ᠎ᠠ᠃ ᠲᠡᠤᠬᠡᠨ ᠳᠡᠭᠡᠷ᠎ᠡ᠂ ᠷᠠᠰᠢᠵᠦᠩ ᠰᠦᠮ᠎ᠡ ᠶᠢᠨ ᠬᠡᠪᠴᠢᠶ᠎ᠡ ᠨᠢ ᠷᠠᠰᠠᠩ ᠰᠦᠮ᠎ᠡ | ᠠᠴᠠ ᠳᠤᠤᠷ᠎ᠠ ᠪᠠᠶᠢᠵᠦ᠂ ᠬᠠᠭᠤᠴᠢᠨ ᠨᠡᠷ᠎ᠡ ᠷᠠᠰᠢᠵᠦ᠋ᠩ ᠰᠦᠮ᠎ᠡ᠃1976 ᠣᠨ ᠠᠴᠠ ᠡᠬᠢᠯᠡᠵᠦ᠂ ᠷᠠᠰᠢᠵᠦ᠋ᠩ ᠵᠡᠭᠡᠯᠢ | ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠠᠭᠤᠭ᠎ᠠ ᠭᠠᠵᠠᠷ᠂ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠰᠠᠭᠤᠭ᠎ᠠ ᠭᠠᠵᠠᠷ ᠪᠤᠯᠪᠠ᠃ | ᠷᠠᠰᠠᠩ ᠰᠦᠮ᠎ᠡ ᠶᠢᠨ ᠷᠠᠰᠠᠩ ᠨᠢ ᠲᠦᠪᠡᠳ ᠦᠭᠡ᠂ ᠬᠢᠲᠠᠳ ᠢᠶᠠᠷ ᠣᠷᠴᠢᠭᠤᠯᠪᠠᠯ ᠠᠷᠢᠭᠤᠨ ᠳᠠᠷᠬᠠᠨ | ᠭᠡᠵᠦ᠂ ᠠᠷᠢᠭᠤᠨ ᠳᠠᠷᠬᠠᠨ ᠰᠦᠮ᠎ᠡ ᠭᠡᠰᠡᠨ ᠣᠳᠬ᠎ᠠ ᠲᠠᠢ᠂ ᠬᠢᠵᠠᠭᠠᠷ ᠳᠤᠲᠤᠷᠠᠬᠢ ᠡᠷᠬᠡᠲᠡᠨ ᠠᠭᠤᠯᠠᠨ ᠪᠠᠯ ᠳᠡᠭᠡᠷ᠎ᠡ | ᠷᠠᠰᠠᠩ ᠰᠦᠮ᠎ᠡ ᠶᠢ ᠪᠠᠶᠢᠭᠤᠯᠤᠬᠰᠠᠨ ᠣᠴᠢᠷ ᠠᠴᠠ ᠲᠡᠭᠡᠵᠦ ᠨᠡᠷᠡᠯᠡᠪᠡ᠃ ᠷᠠᠰᠠᠩ ᠰᠦᠮ᠎ᠡ ᠨᠢ ᠣᠷᠢᠳᠠ ᠳᠤ ︽ | ᠮᠠᠨᠪᠠ ᠷᠠᠰᠠᠩ︾ ᠭᠡᠵᠦ ᠯᠠᠮᠠ᠂ ᠡᠮᠴᠢ ᠶᠢ ᠬᠦᠮᠦᠵᠢᠭᠦᠯᠬᠦ ᠳᠡᠭᠡᠳᠦ ᠰᠣᠷᠭᠠᠭᠤᠯᠢ ᠪᠤᠯᠤᠨ᠎ᠠ᠃ ᠳᠡᠭᠡᠳᠦ ᠰᠤᠷᠭᠠᠭᠤᠯᠢ | ᠨᠢ ᠠᠳᠠᠯᠢᠬᠠᠨ ᠦᠪᠡᠳᠡᠭᠰᠢ ᠠᠷᠢᠭᠤᠨ ᠳᠠᠷᠬᠠᠨ ᠭᠡᠰᠡᠨ ᠣᠳᠬ᠎ᠠ ᠲᠠᠢ᠃ ᠬᠠᠶᠢᠨᠠᠨ ᠲᠤᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠡᠮᠦᠨ᠎ᠠ ᠬᠡᠰᠡᠭ᠂ ᠬᠠᠢ ᠯᠠ ᠵᠠᠰᠠᠮᠠᠯ ᠵᠠᠮ ᠤᠨ 44 ᠺᠢᠯᠤᠮᠧᠲᠷ ᠲᠤ ᠪᠠᠶᠢᠷᠢᠰᠢᠵᠦ ᠪᠠᠶᠢᠳᠠᠭ᠃ | ᠵᠡᠭᠦᠨᠰᠢ ᠬᠦᠬᠤᠰᠤ ᠶᠢᠨ ᠡᠮᠦᠨ᠎ᠡ ᠭᠤᠯᠳᠤᠷᠢᠯ ᠪᠤᠯᠤᠨ ᠦᠵᠦᠯᠢᠨ ᠭᠤᠤ ᠶᠢᠨ ᠪᠠᠯᠴᠢᠷ ᠢᠶᠠᠷ ᠵᠠᠭᠠᠬᠯᠠᠵᠦ᠂ ᠪᠠᠷᠠᠭᠤᠨᠰᠢ | ᠳ᠋ᠦᠩ ᠹᠧᠩ ᠲᠠᠷᠢᠶᠠᠯᠠᠩ ᠤᠨ ᠲᠠᠯᠠᠪᠠᠢ ᠲᠠᠢ ᠬᠦᠷᠰᠢᠯᠡᠵᠦ᠂ ᠡᠮᠦᠨᠡᠰᠢ ᠦᠵᠦᠯᠢᠨ ᠭᠤᠤ ᠬᠦᠷᠴᠦ᠂ ᠣᠮᠠᠷᠠᠰᠢ ᠯᠤᠤ | ᠱᠢ ᠳ᠋ᠠᠨ ᠪᠠᠯᠭᠠᠰᠤ ᠲᠠᠢ ᠵᠠᠯᠭᠠᠯᠳᠤᠵᠦ᠂ ᠷᠠᠰᠠᠩ ᠰᠦᠮ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ | ᠰᠠᠭᠤᠭ᠎ᠠ ᠭᠠᠵᠠᠷ ᠪᠤᠯᠤᠨ᠎ᠠ᠃ | ᠬᠦᠬᠤᠰᠤ᠄ ︽ᠬᠦᠬᠤᠰᠤ︾ ᠭᠡᠳᠡᠭ ᠨᠢ ᠮᠤᠩᠭᠤᠯ ᠦᠭᠡ ᠪᠤᠯᠤᠨ᠎ᠠ᠂ ᠬᠢᠲᠠᠳ ᠢᠶᠠᠷ ᠣᠷᠴᠢᠭᠤᠯᠪᠠᠯ ᠬᠦᠨ | ᠤᠰᠤ ᠭᠡᠵᠦ᠂ ᠲᠡᠭᠦᠨ ᠤ ᠦᠭᠡ ᠶᠢᠨ ᠣᠳᠬ᠎ᠠ ᠶᠢᠨ ᠢᠷᠡᠯᠲᠡ ᠨᠢ ᠲᠤᠳᠤᠷᠬᠠᠢ ᠦᠭᠡᠢ᠃ ᠬᠠᠶᠢᠨᠠᠨ ᠲᠤᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠠᠴᠠ ᠵᠡᠭᠦᠨ ᠡᠮᠦᠨᠡᠰᠢ 11 ᠺᠢᠯᠤᠮᠧᠲᠷ᠂ ᠬᠦᠵᠦᠭᠦᠪᠴᠢᠨ | ᠰᠢᠯᠢ ᠶᠢᠨ ᠡᠮᠦᠨ᠎ᠡ ᠬᠤᠷᠮᠤᠢ ᠶᠢᠨ ᠳᠤᠪᠤᠷᠬᠠᠭ ᠣᠷᠣᠨ ᠳᠤ ᠪᠠᠶᠢᠷᠢᠰᠢᠵᠦ ᠪᠠᠶᠢᠳᠠᠭ᠃ ᠵᠡᠭᠦᠨᠰᠢ ᠣᠲᠤᠭ ᠬᠤᠰᠢᠭᠤ | ᠪᠠᠷ ᠵᠠᠭᠠᠬᠯᠠᠵᠦ᠂ ᠡᠮᠦᠨᠡᠰᠢ ᠪᠠᠶᠠᠨᠲᠤᠬᠤᠢ ᠪᠠᠯᠭᠠᠰᠤ ᠲᠠᠢ ᠬᠦᠷᠰᠢᠯᠡᠵᠦ᠂ ᠪᠠᠷᠠᠭᠤᠨᠰᠢ ᠷᠠᠰᠠᠩ ᠰᠦᠮ᠎ᠡ ᠪᠠᠯᠭᠠᠰᠤ ᠲᠠᠢ | ᠵᠠᠯᠭᠠᠯᠳᠤᠵᠦ᠂ ᠬᠦᠬᠤᠰᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠪᠤᠯᠤᠨ᠎ᠠ᠃ | ᠯᠤᠬᠰᠢᠳᠤᠷ᠄ ᠮᠤᠩᠭᠤᠯ ᠦᠭᠡ᠂ ᠣᠣᠯ ᠤᠨ ᠨᠡᠷ᠎ᠡ ︽ᠯᠤᠬᠰᠢ ᠳᠦᠭᠦᠷᠡᠩ︾᠂ ᠮᠤᠷᠢ ᠲᠠᠶᠢᠪᠤᠭᠤᠨ ᠳᠠᠪᠬᠢᠬᠤ | ᠭᠡᠰᠡᠨ ᠤᠳᠬ᠎ᠠ ᠲᠠᠢ᠃ ᠣᠯᠠᠮᠵᠢᠯᠠᠬᠳᠠᠬᠰᠠᠨ ᠢᠶᠠᠷ᠂ ᠲᠤᠬᠠᠢ ᠶᠢᠨ ᠦᠶ᠎ᠡ ᠳᠤ᠂ ᠴᠢᠩᠬᠢᠰ ᠬᠠᠭᠠᠨ ᠲᠠᠩᠭᠤᠳ ᠢ ᠪᠡᠶ᠎ᠡ | ᠪᠠᠷ ᠢᠶᠠᠨ ᠳᠠᠶᠢᠯᠠᠵᠦ ᠬᠠᠷᠠᠬᠤᠲᠠ ᠠᠴᠠ ᠭᠤᠤᠯ ᠭᠠᠲᠤᠯᠬᠤ ᠦᠶ᠎ᠡ ᠳᠤ᠂ ᠲᠤᠰ ᠭᠠᠵᠠᠷ ᠢᠶᠠᠷ ᠭᠠᠷᠬᠤ ᠳᠤ ᠠᠳᠡᠬᠢ | ᠮᠤᠳᠤ ᠨᠤᠭᠤᠭᠠᠷᠠᠨ ᠡᠪᠡᠰᠦ ᠬᠦᠬᠡᠷᠡᠵᠦ᠂ ᠬᠤᠸᠠᠷ ᠴᠡᠴᠡᠭ ᠳᠡᠯᠭᠡᠷᠡᠵᠦ ᠪᠠᠶᠢᠬᠤ ᠶᠢ ᠣᠯᠵᠦ ᠬᠠᠷᠠᠪᠠ᠃ ᠲᠡᠭᠡᠭᠡᠳ | ᠮᠤᠷᠢᠨ ᠤ ᠠᠶ᠎ᠠ ᠪᠠᠷ ᠵᠤᠷᠴᠢᠨ ᠶᠠᠪᠤᠵᠦ᠂ ᠨᠢᠭᠡ ᠵᠠᠮ ᠭᠤᠶᠤ ᠦᠵᠡᠮᠵᠢ ᠰᠤᠨᠢᠷᠬᠠᠪᠠ᠃ ᠬᠤᠶᠢᠨ᠎ᠠ ᠨᠢ᠂ ᠬᠦᠮᠦᠰ | ᠤᠩᠰᠢᠬᠤ ᠳᠤ ᠬᠦᠰᠢᠭᠦᠨ ᠣᠴᠢᠷ ᠠᠴᠠ ᠠᠭᠠᠵᠢᠮ ᠢᠶᠠᠷ ᠣᠳᠣ ᠶᠢᠨ ᠨᠡᠷ᠎ᠡ ᠪᠤᠯᠵᠦ ᠬᠤᠪᠢᠷᠠᠪᠠ᠃ | ᠪᠠᠷᠠᠭᠤᠨ ᠣᠷᠠᠨᠳᠦ᠋ᠰᠢ᠄ ᠰᠣᠨᠤᠰᠬᠤᠯᠠᠷ᠂ ᠪᠠᠷᠠᠭᠤᠨ ᠣᠷᠠᠨᠳᠦ᠋ᠰᠢ ᠱᠦᠢᠨᠢ ᠶᠢᠨ ᠦᠢᠯᠡᠳᠪᠦᠷᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠵᠦ ᠡᠬᠢᠯᠡᠮᠡᠭᠴᠡ᠂ ᠲᠤᠰ ᠭᠠᠵᠠᠷ ᠣᠷᠠᠨᠳᠦ᠋ᠰᠢ ᠠᠭᠤᠯᠠ ᠶᠢᠨ ᠪᠠᠷᠠᠭᠤᠨ | ᠪᠠᠶᠢᠷᠢᠰᠢᠵᠦ ᠪᠠᠶᠢᠬᠤ ᠶᠢ ᠪᠤᠳᠤᠯᠬᠢᠯᠠᠬᠰᠠᠨ ᠣᠴᠢᠷ ᠠᠴᠠ ᠪᠠᠷᠠᠭᠤᠨ ᠣᠷᠠᠨᠳᠦ᠋ᠰᠢ ᠱᠦᠢᠨᠢ ᠶᠢᠨ ᠦᠢᠯᠡᠳᠪᠦᠷᠢ ᠭᠡᠵᠦ | ᠨᠡᠷᠡᠯᠡᠪᠡ᠃ ᠭᠠᠳᠠᠷ ᠭᠠᠵᠠᠷ ᠲᠤ ᠲᠠᠮᠠᠭ᠎ᠠ ᠰᠡᠶᠢᠯᠬᠦ ᠦᠶ᠎ᠡ ᠳᠤ ︽桌︾ ᠦᠰᠦᠭ ᠢ ︽卓︾ ᠭᠡᠵᠦ ᠠᠳᠡᠭᠦᠦ | ᠪᠤᠷᠣᠭᠤ ᠰᠡᠶᠢᠯᠦᠭᠰᠡᠨ ᠣᠴᠢᠷ ᠠᠴᠠ ᠲᠤᠬᠠᠢ ᠶᠢᠨ ᠦᠶ᠎ᠡ ᠳᠤ ᠵᠠᠮ ᠬᠠᠷᠢᠯᠴᠠᠭ᠎ᠠ ᠳᠦᠭᠦᠮ ᠦᠭᠡᠢ ᠨᠦᠭᠦᠴᠡᠯ | ᠳᠤᠤᠷ᠎ᠠ᠂ ᠲᠠᠮᠠᠭ᠎ᠠ ᠡᠬᠢᠯᠡᠨ ᠬᠡᠷᠡᠭᠯᠡᠬᠦ ᠦᠶ᠎ᠡ ᠳᠤ ᠠᠯᠳᠠᠭ᠎ᠠ ᠪᠤᠷᠤᠭᠤ ᠶᠢ ᠣᠯᠵᠦ ᠮᠡᠳᠡᠭᠰᠡᠨ ᠴᠦ ᠴᠠᠭ ᠲᠤᠬᠠᠢ ᠳᠤᠨᠢ | ᠭᠠᠳᠠᠷ ᠭᠠᠵᠠᠷ ᠲᠤ ᠣᠴᠢᠵᠦ ᠳᠠᠬᠢᠨᠲᠠ ᠰᠡᠶᠢᠯᠵᠦ ᠳᠡᠶᠢᠯᠬᠦ ᠦᠭᠡᠢ ᠣᠴᠢᠷ ᠠᠴᠠ ᠣᠳᠣ ᠪᠤᠯᠲᠠᠯ᠎ᠠ ᠪᠤᠷᠤᠭᠤ ᠪᠠᠷ | ᠬᠡᠷᠡᠭᠯᠡᠵᠦ ᠪᠠᠶᠢᠨ᠎ᠠ᠃1984 ᠣᠨ ᠤ 10 ᠳ᠋ᠣᠭᠠᠷ ᠰᠠᠷ᠎ᠠ ᠳᠤ᠂ ᠦᠬᠠᠢ ᠬᠤᠲᠠ ᠶᠢᠨ ᠭᠠᠵᠠᠷ ᠤᠨ ᠨᠡᠷ᠎ᠡ ᠶᠢᠨ | ᠠᠯᠪᠠᠨ ᠭᠡᠷ ᠠᠴᠠ ᠡᠯ᠎ᠡ ᠲᠤᠭᠤᠷᠢᠭ ᠤᠨ ᠭᠠᠵᠠᠷ ᠤᠨ ᠨᠡᠷ᠎ᠡ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠮᠵᠢ | ᠶᠢ ᠰᠢᠯᠭᠠᠨ ᠠᠪᠬᠤ ᠦᠶ᠎ᠡ ᠳᠤ᠂ ︽西桌子山︾ ᠭᠡᠵᠦ ᠵᠠᠯᠠᠷᠠᠭᠤᠯᠪᠠ᠃ ᠭᠡᠲᠡᠯ᠎ᠡ ︽西卓子山︾ | ᠭᠡᠳᠡᠭ ᠨᠢ ᠤᠯᠠᠨ ᠲᠦᠮᠡᠨ ᠤ ᠬᠡᠪᠰᠢᠭᠰᠡᠨ ᠳᠠᠳᠮᠠᠭᠠᠢ ᠴᠢᠨᠠᠷᠲᠠᠢ ᠨᠡᠷᠡᠶᠢᠳᠦᠯ ᠪᠤᠯᠤᠬᠰᠠᠨ ᠣᠴᠢᠷ ᠠᠴᠠ ︽卓︾ | ᠦᠰᠦᠭ ᠨᠢ ᠣᠣᠯ ᠬᠡᠪ ᠢᠶᠠᠷ ᠪᠠᠶᠢᠵᠦ᠂ ᠵᠠᠯᠠᠷᠠᠭᠤᠯᠵᠦ ᠳᠡᠶᠢᠯᠦᠭᠰᠡᠨ ᠦᠭᠡᠢ᠃ ᠲᠡᠭᠦᠨ ᠤ ᠦᠭᠡ ᠶᠢᠨ ᠣᠳᠬ᠎ᠠ ᠨᠢ | ᠡᠬᠡ ᠤᠯᠤᠰ ᠤᠨ ᠪᠠᠷᠠᠭᠤᠨ ᠣᠷᠣᠨ ᠤ ᠭᠠᠷᠮᠠᠭᠠᠢ ᠡᠷᠡᠴᠤᠳ ᠤᠨ ᠭᠠᠪᠢᠶ᠎ᠠ ᠪᠠᠶᠢᠭᠤᠯᠵᠦ ᠦᠢᠯᠡᠰ ᠪᠦᠲᠦᠭᠡᠬᠦ | ᠠᠭᠤᠯᠠ ᠭᠡᠵᠦ ᠣᠶᠢᠯᠠᠭᠠᠵᠦ ᠪᠤᠯᠤᠨ᠎ᠠ᠃ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠣᠨ ᠤ ᠰᠠᠭᠤᠭ᠎ᠠ | ᠭᠠᠵᠠᠷ ᠠᠴᠠ ᠪᠠᠷᠠᠭᠤᠨᠰᠢ 4 ᠺᠢᠯᠤᠮᠧᠲᠷ ᠲᠤ ᠪᠠᠶᠢᠷᠢᠰᠢᠵᠦ᠂ ᠵᠡᠭᠦᠨᠰᠢ ᠬᠠᠢ ᠯᠠ ᠲᠡᠮᠦᠷ ᠵᠠᠮ ᠠᠴᠠ ᠡᠬᠢᠯᠡᠵᠦ᠂ | ᠪᠠᠷᠠᠭᠤᠨᠰᠢ ᠬᠠᠲᠤᠨ ᠭᠤᠤᠯ ᠲᠠᠢ ᠬᠦᠷᠰᠢᠯᠡᠵᠦ᠂ ᠡᠮᠦᠨᠡᠰᠢ ᠯᠤᠬᠰᠢᠳᠤᠷ ᠪᠠᠯᠭᠠᠰᠤ ᠬᠦᠷᠴᠦ᠂ ᠣᠮᠠᠷᠠᠰᠢ ᠬᠠᠶᠢᠷᠤᠪ ᠤᠨ | ᠲᠤᠬᠤᠢ ᠲᠤᠭᠤᠷᠢᠭ ᠤᠨ ᠴᠠᠪᠴᠢᠷ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠬᠦᠷᠴᠦ ᠪᠠᠶᠢᠳᠠᠭ᠃1958 | ᠣᠨ ᠳᠤ᠂ ᠪᠠᠷᠠᠭᠤᠨ ᠣᠷᠠᠨᠳᠦ᠋ᠰᠢ ᠱᠦᠢᠨᠢ ᠶᠢᠨ ᠦᠢᠯᠡᠳᠪᠦᠷᠢ ᠲᠤᠰ ᠭᠠᠵᠠᠷ ᠲᠤ ᠪᠠᠶᠢᠭᠤᠯᠬᠤ ᠪᠠᠷ ᠪᠡᠯᠡᠳᠭᠡᠭᠰᠡᠨ | ᠮᠦᠷᠲᠡᠭᠡᠨ ᠠᠭᠠᠵᠢᠮ ᠢᠶᠠᠷ ᠬᠦᠭᠵᠢᠭᠡᠳ ᠨᠡᠷ᠎ᠡ ᠭᠠᠷᠪᠠ᠃1981 ᠣᠨ ᠤ 3 ᠳ᠋ᠣᠭᠠᠷ ᠰᠠᠷ᠎ᠠ ᠳᠤ᠂ ᠬᠠᠶᠢᠨᠠᠨ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠷᠠᠭᠤᠨ ᠣᠷᠠᠨᠳᠦ᠋ᠰᠢ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ | ᠭᠠᠵᠠᠷ ᠢ ᠪᠠᠶᠢᠭᠤᠯᠪᠠ᠃ | ᠪᠠᠶᠠᠨᠲᠤᠬᠤᠢ᠄ ᠮᠤᠩᠭᠤᠯ ᠨᠡᠷᠡᠶᠢᠳᠦᠯ᠂ ᠬᠢᠲᠠᠳ ᠢᠶᠠᠷ ᠣᠷᠴᠢᠭᠤᠯᠪᠠᠯ ︽ ᠳᠡᠯᠭᠡᠷ ᠪᠠᠶᠠᠨ ᠭᠤᠤᠯ ᠤᠨ | ᠲᠤᠬᠤᠢ︾ ᠭᠡᠳᠡᠭ ᠣᠳᠬ᠎ᠠ ᠲᠠᠢ᠃ ᠬᠠᠶᠢᠨᠠᠨ ᠲᠤᠭᠤᠷᠢᠭ ᠤᠨ ᠡᠮᠦᠨ᠎ᠡ ᠬᠡᠰᠡᠭ ᠲᠤ ᠪᠠᠶᠢᠷᠢᠰᠢᠵᠦ᠂ ᠵᠡᠭᠦᠨ᠂ ᠪᠠᠷᠠᠭᠤᠨ᠂ | ᠡᠮᠦᠨ᠎ᠡ ᠬᠡᠰᠡᠭ ᠨᠢ ᠣᠲᠤᠭ ᠬᠤᠰᠢᠭᠤ ᠲᠠᠢ ᠬᠢᠯᠢ ᠵᠠᠯᠭᠠᠵᠦ᠂ ᠪᠠᠷᠠᠭᠤᠨᠰᠢ ᠬᠠᠲᠤᠨ ᠭᠤᠤᠯ ᠲᠠᠢ ᠬᠦᠷᠰᠢᠯᠡᠵᠦ᠂ | ᠪᠠᠷᠠᠭᠤᠨ ᠡᠮᠦᠨᠡᠰᠢ ᠨᠢᠩᠰᠢᠶᠠ ᠶᠢᠨ ᠲᠤᠤ ᠯᠧ ᠰᠢᠶᠠᠨ ᠪᠠᠷ ᠵᠠᠭᠠᠬᠯᠠᠵᠦ ᠪᠠᠶᠢᠳᠠᠭ᠃ ᠪᠠᠶᠠᠨᠲᠤᠬᠤᠢ ᠶᠢᠨ ᠭᠠᠵᠠᠷ | ᠣᠷᠣᠨ ᠳᠤ ᠲᠤᠰᠪᠤᠷᠢ ᠪᠠᠶᠠᠨᠲᠤᠬᠤᠢ᠂ ᠳ᠋ᠦᠩ ᠬᠤᠩ᠂ ᠶᠢᠩ ᠾᠧ᠂ ᠰᠾᠢ ᠳ᠋ᠣᠣ ᠴᠢᠤᠸᠠᠨ ᠽᠢ᠂ ᠯᠢᠦᠢ ᠬᠤᠸᠠ᠂ | ᠳ᠋ᠦᠩ ᠹᠧᠩ᠂ ᠳ᠋ᠦᠩ ᠹᠠᠩ ᠬᠤᠩ᠂ ᠢ ᠺᠧ ᠱᠦ᠂ ᠰᠢᠨ ᠴᠢᠦᠢ᠂ ᠰᠢᠨ ᠪᠠ᠂ ᠰᠢᠨ ᠱᠧᠩ᠂ ᠲᠤᠰᠲᠤ᠂ ᠰᠢᠨ ᠵᠢᠶᠠᠨ᠂ | ᠵᠢᠢ ᠵᠢᠩ᠂ ᠬᠤᠩ ᠳ᠋ᠦᠨ᠂ ᠰᠢᠨ ᠹᠧᠩ ᠪᠠᠷ ᠨᠡᠷᠡᠶᠢᠳᠦᠭᠰᠡᠨ16 ᠲᠤᠰᠬᠤᠨ ᠤ ᠰᠠᠭᠤᠭᠠᠯᠢ ᠠᠷᠠᠳ ᠤᠨ ᠰᠠᠭᠤᠭ᠎ᠠ | ᠭᠠᠵᠠᠷ ᠲᠠᠷᠬᠠᠵᠦ ᠪᠠᠶᠢᠳᠠᠭ᠃ ᠪᠠᠶᠠᠨᠲᠤᠬᠤᠢ ᠲᠤᠰᠬᠤᠨ ᠨᠢ ᠪᠠᠶᠠᠨᠲᠤᠬᠤᠢ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠤ ᠰᠠᠭᠤᠭ᠎ᠠ ᠭᠠᠵᠠᠷ ᠪᠤᠯᠤᠨ᠎ᠠ᠃ |