ᠬᠠᠶᠢᠨᠠᠨ ᠲᠤᠭᠤᠷᠢᠭ ᠤᠨ ᠪᠠᠶᠢᠳᠠᠯ ᠤᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2019/12/6
     ᠦᠬᠠᠢ ᠬᠤᠲᠠ ᠶᠢᠨ ᠬᠠᠶᠢᠨᠠᠨ ᠲᠤᠭᠤᠷᠢᠭ ᠬᠠᠲᠤᠨ ᠭᠤᠤᠯ ᠤᠨ ᠳᠡᠭᠡᠳᠦ ᠣᠷᠣᠰᠬᠠᠯ ᠳᠤ ᠪᠠᠶᠢᠷᠢᠰᠢᠵᠦ᠂ ᠵᠡᠭᠦᠨᠰᠢ‌ᠣᠷᠳᠣᠰ ᠦᠨᠳᠦᠷᠯᠢᠭ ᠲᠠᠢ ᠬᠦᠷᠰᠢᠯᠡᠵᠦ᠂ ᠡᠮᠦᠨᠡᠰᠢ ᠨᠢᠩᠰᠢᠶᠠ ᠶᠢᠨ ᠬᠤᠲᠤᠩ ᠦᠨᠳᠦᠰᠦᠲᠡᠨ ᠤ ᠦᠪᠡᠷᠲᠡᠭᠡᠨ ᠵᠠᠰᠠᠬᠤ ᠣᠷᠣᠨ ᠲᠠᠢ ᠭᠤᠤᠯ ᠠᠯᠣᠰᠯᠠᠨ ᠬᠠᠷᠢᠯᠴᠠᠨ ᠪᠠᠷᠠᠯᠠᠵᠦ᠂ ᠪᠠᠷᠠᠭᠤᠨᠰᠢ ᠠᠯᠠᠱᠠ ᠶᠡᠭᠡ ᠲᠠᠯ᠎ᠠ ᠨᠤᠲᠤᠭ ᠲᠠᠢ ᠵᠠᠯᠭᠠᠯᠳᠤᠵᠦ᠂ ᠣᠮᠠᠷᠠᠰᠢ ᠪᠤᠷᠤᠲᠤᠬᠤᠢ ᠶᠢᠨ ᠲᠡᠭᠰᠢ ᠲᠠᠯ᠎ᠠ ᠢ ᠲᠦᠰᠢᠭᠯᠡᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠰᠢᠨ᠎ᠡ ᠬᠡᠯᠪᠡᠷᠢ ᠶᠢᠨ ᠠᠵᠦ ᠦᠢᠯᠡᠳᠪᠦᠷᠢ ᠶᠢᠨ ᠬᠤᠲᠠ ᠮᠦᠷᠲᠡᠭᠡᠨ ᠪᠠᠰᠠ ᠱᠠᠨᠰᠢ ᠭᠠᠨᠰᠦ ᠨᠢᠩᠰᠢᠶᠠ ᠦᠪᠦᠷ ᠮᠤᠩᠭᠤᠯ ᠤᠨ ᠠᠵᠦ ᠠᠬᠤᠢ ᠶᠢᠨ ᠲᠤᠭᠤᠷᠢᠭ ᠤᠨ ᠣᠶᠠᠯᠳᠣᠬᠰᠠᠨ ᠬᠡᠰᠡᠩ ᠪᠤᠯᠤᠨ ᠬᠠᠲᠤᠨ ᠭᠤᠤᠯ ᠳᠠᠭᠠᠤ ᠠᠵᠦ ᠠᠬᠤᠢ ᠶᠢᠨ ᠣᠷᠣᠨ ᠤ ᠲᠦᠪ ᠲᠤᠭᠤᠷᠢᠭ ᠪᠤᠯᠤᠨ᠎ᠠ᠃          ᠬᠠᠶᠢᠨᠠᠨ ᠲᠤᠭᠤᠷᠢᠭ ᠢ 1976 ᠣᠨ ᠠᠴᠠ ᠡᠬᠢᠯᠡᠨ ᠪᠠᠶᠢᠭᠤᠯᠵᠦ᠂ ᠦᠬᠠᠢ ᠬᠤᠲᠠ ᠶᠢᠨ ᠭᠤᠷᠪᠠᠨ ᠬᠤᠲᠠ  ᠶᠢᠨ ᠬᠠᠷᠢᠶ᠎ᠠ ᠲᠤᠭᠤᠷᠢᠭ ᠤᠨ ᠨᠢᠭᠡ ᠪᠤᠯᠤᠨ᠎ᠠ᠃ ᠲᠤᠭᠤᠷᠢᠭ ᠤᠨ ᠲᠠᠯᠠᠪᠠᠢ 1005 ᠺᠦᠸᠠᠳ᠋ ᠺᠢᠯᠤᠮᠧᠲᠷ᠂ ᠶᠡᠷᠦᠩᠬᠡᠢ ᠬᠦᠮᠦᠨ ᠠᠮᠠ 10.65 ᠲᠦᠮᠡ ᠪᠠᠶᠢᠵᠦ᠂ ᠬᠢᠲᠠᠳ᠂ ᠮᠤᠩᠭᠤᠯ᠂ ᠬᠤᠲᠤᠩ᠂ ᠮᠠᠨᠵᠦ ᠵᠡᠷᠭᠡ 25 ᠦᠨᠳᠦᠰᠦᠲᠡᠨ ᠢᠶᠠᠷ ᠪᠦᠷᠢᠯᠳᠦᠪᠡ᠃ ᠪᠦᠬᠦ ᠲᠤᠭᠤᠷᠢᠭ ᠤᠨ ᠳᠤᠤᠷ᠎ᠠ ᠭᠤᠷᠪᠠᠨ ᠪᠠᠯᠭᠠᠰᠤ᠂ ᠬᠤᠶᠠᠷ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ︵ᠪᠠᠶᠠᠨᠲᠤᠬᠤᠢ ᠪᠠᠯᠭᠠᠰᠤ᠂ ᠷᠠᠰᠠᠩ ᠰᠦᠮ᠎ᠡ ᠪᠠᠯᠭᠠᠰᠤ᠂ ᠬᠦᠬᠤᠰᠤ ᠪᠠᠯᠭᠠᠰᠤ᠂ ᠷᠠᠰᠢᠵᠦ᠋ᠩ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ᠂ ᠪᠠᠷᠠᠭᠤᠨ ᠣᠷᠠᠨᠳᠦ᠋ᠰᠢ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ︶ ᠪᠠᠶᠢᠨ᠎ᠠ᠃ ᠬᠢᠵᠠᠭᠠᠷ ᠳᠤᠲᠤᠷ᠎ᠠ ᠨᠢᠭᠡᠨᠲᠡ ᠬᠠᠶᠢᠨ ᠢᠯᠡᠷᠡᠭᠦᠯᠦᠭᠰᠡᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ 30 ᠭᠠᠷᠤᠢ ᠵᠦᠢᠯ ᠪᠠᠶᠢᠵᠦ᠂ ᠲᠡᠭᠦᠨ ᠤ ᠳᠤᠲᠤᠷ᠎ᠠ 8.3 ᠳ᠋ᠦᠩᠰᠢᠭᠤᠷ ᠲᠤᠨ ᠨᠡᠭᠦᠷᠡᠰᠦ᠂ 23.6 ᠳ᠋ᠦᠩᠰᠢᠭᠤᠷ ᠲᠤᠨ ᠴᠤᠬᠤᠢ ᠶᠢᠨ ᠴᠢᠯᠠᠭᠤ ᠪᠠᠶᠢᠵᠦ᠂ ᠡᠳᠡᠭᠡᠷ ᠡᠬᠢ ᠪᠠᠶᠠᠯᠢᠭ ᠤᠨ ᠴᠢᠨᠠᠷ ᠰᠠᠶᠢᠨ᠂ ᠮᠠᠯᠲᠠᠬᠤ ᠳᠤ ᠠᠮᠠᠷ᠂ ᠬᠠᠷᠢᠴᠠᠩᠭᠤᠢ ᠲᠦᠪᠯᠡᠷᠡᠭᠰᠡᠨ᠂ ᠠᠵᠦ ᠦᠢᠯᠡᠳᠪᠦᠷᠢ ᠶᠢᠨ ᠠᠰᠢᠬᠯᠠᠬᠤ ᠦᠷᠳᠡᠭ ᠦᠨᠳᠦᠷ ᠪᠠᠶᠢᠳᠠᠭ᠃ ᠬᠢᠵᠠᠭᠠᠷ ᠳᠤᠲᠤᠷ᠎ᠠ ᠬᠠᠲᠤᠨ ᠭᠤᠤᠯ ᠤᠨ ᠣᠷᠣᠰᠬᠠᠯ 73 ᠺᠢᠯᠤᠮᠧᠲᠷ᠂ ᠵᠢᠯ ᠤᠨ ᠳᠣᠮᠳᠠᠴᠢ ᠣᠷᠣᠰᠬᠤ ᠬᠡᠮᠵᠢᠶ᠎ᠡ 320 ᠳ᠋ᠦᠩᠰᠢᠭᠤᠷ ᠺᠦᠸᠠᠳ᠋ ᠮᠧᠲᠷ ᠪᠠᠶᠢᠵᠦ᠂ ᠠᠵᠦ ᠦᠢᠯᠡᠳᠪᠦᠷᠢ ᠲᠠᠷᠢᠶᠠᠯᠠᠩ ᠤᠨ ᠬᠦᠭᠵᠢᠯᠲᠡ ᠶᠢᠨ ᠬᠡᠷᠡᠭᠴᠡᠭᠡ ᠶᠢ ᠨᠡᠯᠢᠶᠡᠳ ᠰᠠᠶᠢᠨ ᠬᠠᠩᠭᠠᠨ᠎ᠠ᠃      ᠣᠷᠴᠢᠮ ᠤᠨ ᠵᠢᠯ ᠤᠳ ᠲᠤ᠂ ᠦᠬᠠᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ‍ᠣᠨ‌ᠵᠠᠰᠠᠭ  ᠤᠨ ᠣᠷᠳᠣᠨ ᠤ ᠣᠳᠣᠷᠢᠳᠤᠯᠭ᠎ᠠ ᠲᠤᠤᠷ᠎ᠠ᠂ ᠬᠠᠶᠢᠨᠠᠨ ᠲᠤᠭᠤᠷᠢᠭ ᠪᠦᠬᠦ ᠣᠯᠣᠰ ᠤᠨ ᠴᠢᠬᠤᠯᠠ ᠨᠡᠭᠦᠷᠡᠰᠦᠨ ᠤ ᠬᠢᠮᠢ  ᠶᠢᠨ ᠠᠵᠦ ᠦᠢᠯᠡᠳᠪᠦᠷᠢ᠂ ᠡᠾᠯᠤᠷᠲᠤ ᠱᠦᠯᠲᠦ ᠶᠢᠨ ᠬᠢᠮᠢ ᠶᠢᠨ ᠠᠵᠦ ᠦᠢᠯᠡᠳᠪᠦᠷᠢ ᠶᠢᠨ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢᠨ ᠲᠤᠭᠤᠷᠢᠨ ᠳᠤ ᠠᠷᠠᠳ ᠢᠶᠠᠨ ᠪᠠᠶᠠᠵᠢᠭᠤᠯᠵᠦ ᠲᠤᠭᠤᠷᠢᠭ ᠢᠶᠠᠨ ᠬᠦᠴᠦᠷᠬᠡᠭᠵᠢᠭᠦᠯᠬᠦ ᠪᠠᠷ ᠬᠠᠷᠯᠠᠲᠠ ᠪᠤᠯᠭᠠᠬᠤ ᠶᠢ ᠪᠠᠷᠢᠮᠲᠠᠯᠠᠵᠦ᠂ ᠰᠢᠨ᠎ᠡ ᠬᠡᠯᠪᠡᠷᠢ ᠶᠢᠨ ᠠᠵᠦ ᠦᠢᠯᠡᠳᠪᠦᠷᠢᠵᠢᠯᠲᠡ ᠶᠢᠨ ᠬᠦᠭᠵᠢᠯᠲᠡ ᠶᠢᠨ ᠴᠢᠭᠯᠡᠯ ᠳᠤ ᠰᠠᠭᠤᠷᠢᠯᠠᠵᠦ᠂ ᠠᠵᠦ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠶᠢᠨ ᠳᠡᠰ ᠳᠡᠪᠰᠢᠬᠦ ᠠᠯᠬᠤᠴᠠ  ᠪᠠᠨ ᠲᠦᠷᠭᠡᠳᠭᠡᠨ᠂ ᠢᠵᠢᠯ ᠠᠯᠬᠤᠮ ᠢᠶᠠᠷ ᠲᠠᠷᠢᠶᠠᠯᠠᠩ ᠤᠨ ᠦᠢᠯᠡᠰ ᠪᠤᠯᠤᠨ ᠭᠤᠷᠪᠠᠳᠤᠭᠠᠷ ᠠᠵᠦ ᠦᠢᠯᠡᠰ ᠤᠨ ᠶᠠᠰᠦ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠳᠠᠶᠢᠴᠢᠯᠠᠵᠦ᠂ ᠠᠵᠦ ᠠᠬᠤᠢ ᠶᠢᠨ ᠬᠤᠪᠢᠷᠠᠭᠤᠯᠤᠯᠲᠠ ᠪᠠᠷ ᠬᠤᠲᠠ ᠶᠢᠨ ᠬᠤᠪᠢᠷᠠᠭᠤᠯᠤᠯᠲᠠ ᠬᠦᠭᠵᠢᠯᠲᠡ ᠶᠢ ᠳᠠᠶᠢᠴᠢᠯᠠᠨ᠂ ᠠᠵᠦ ᠠᠬᠤᠢ ᠨᠡᠶᠢᠭᠡᠮ  ᠯᠠᠪᠳᠠᠭᠤᠨ ᠢᠶᠠᠷ ᠬᠦᠭᠵᠢᠬᠦ ᠰᠠᠶᠢᠨ ᠰᠠᠶᠢᠬᠠᠨ ᠪᠠᠶᠢᠳᠠᠯ ᠢ ᠪᠠᠲᠤᠯᠠᠪᠠ᠃ 2016 ᠣᠨ ᠳᠤ ᠬᠠᠶᠢᠨᠠᠨ ᠲᠤᠭᠤᠷᠢᠭ ᠤᠨ ᠶᠡᠷᠦᠩᠬᠡᠢ ᠦᠢᠯᠡᠳᠭᠦᠨ ᠤ ᠦᠷᠳᠡᠭ 160.85 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ  ᠠᠴᠠ 6.1 % ᠨᠡᠮᠡᠭᠳᠡᠪᠡ᠃ ᠲᠡᠭᠦᠨ ᠤ ᠳᠤᠲᠤᠷ᠎ᠠ ᠨᠢᠭᠡᠳᠦᠭᠡᠷ ᠠᠵᠦ ᠦᠢᠯᠡᠰ 2 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 3.6 % ᠨᠡᠮᠡᠭᠳᠡᠪᠡ᠃ ᠬᠤᠶᠠᠳᠤᠭᠠᠷ ᠠᠵᠦ ᠦᠢᠯᠡᠰ 106.97 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 4.7 % ᠨᠡᠮᠡᠭᠳᠡᠪᠡ᠃ ᠠᠵᠦ ᠦᠢᠯᠡᠳᠪᠦᠷᠢ 95.50 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 5 % ᠨᠡᠮᠡᠭᠳᠡᠪᠡ᠃ ᠪᠠᠷᠢᠯᠭ᠎ᠠ  ᠶᠢᠨ ᠦᠢᠯᠡᠰ 11.47 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 2.6 % ᠨᠡᠮᠡᠭᠳᠡᠪᠡ᠃ ᠭᠤᠷᠪᠠᠳᠤᠭᠠᠷ ᠠᠵᠦ ᠦᠢᠯᠡᠰ 51.88 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 9 % ᠨᠡᠮᠡᠭᠳᠡᠪᠡ᠃ ᠬᠡᠪᠴᠢᠶᠠᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠠᠴᠠ 4.5 % ᠨᠡᠮᠡᠭᠳᠡᠪᠡ᠃ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 44.09 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 4.8 % ᠨᠡᠮᠡᠭᠳᠡᠪᠡ᠃ ᠨᠡᠶᠢᠲᠡ  ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 14.09 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 13.5 % ᠨᠡᠮᠡᠭᠳᠡᠪᠡ᠃  ᠬᠤᠲᠠ ᠪᠠᠯᠭᠠᠰᠤᠨ ᠤ ᠪᠠᠶᠢᠩᠭᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠤᠯᠬᠤ ᠳᠣᠮᠳᠠᠴᠢ ᠣᠷᠣᠯᠭ᠎ᠠ 35287 ᠲᠦᠭᠦᠷᠢᠭ ᠪᠠᠶᠢᠵᠦ᠂ ᠠᠳᠠᠯᠢ ᠬᠤᠭᠤᠴᠠᠭᠠᠨ ᠠᠴᠠ 7.3 % ᠨᠡᠮᠡᠭᠳᠡᠪᠡ᠃ ᠬᠦᠳᠡᠭᠡ ᠲᠤᠰᠬᠤᠨ ᠤ ᠪᠠᠶᠢᠩᠭᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠤᠯᠬᠤ ᠳᠣᠮᠳᠠᠴᠢ ᠣᠷᠣᠯᠭ᠎ᠠ 14642ᠲᠦᠭᠦᠷᠢᠭ ᠪᠠᠶᠢᠵᠦ᠂ ᠠᠳᠠᠯᠢ ᠬᠤᠭᠤᠴᠠᠭᠠᠨ ᠠᠴᠠ 7.6 % ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ 8.69 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 8.7 % ᠨᠡᠮᠡᠭᠳᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号