ᠮᠠᠨ ᠤ ᠲᠤᠭᠤᠷᠢᠭ ᠨᠠᠢᠮᠠᠨ ᠮᠣᠵᠢ ᠣᠷᠣᠨ ᠤ ᠠᠷᠪᠠᠳᠤᠭᠠᠷ ᠣᠳᠠᠭᠠᠨ ᠤ ︽ᠡᠬᠡ ᠬᠡᠯᠡ︾ ᠮᠣᠩᠭᠤᠯ ᠣᠷᠠᠨ ᠪᠢᠴᠢᠯᠭᠡ ᠶᠢᠨ ᠦᠵᠡᠭᠦᠯᠦᠯᠭᠡ ᠵᠢᠴᠢ ᠱᠠᠩᠨᠠᠯ ᠣᠯᠭᠤᠬᠤ ᠦᠳᠡᠰᠢᠯᠡᠭᠡ ᠶᠢ ᠳᠠᠭᠠᠭᠠᠴᠢᠯᠠᠨ ᠡᠷᠬᠢᠯᠡᠪᠡ
ᠨᠡᠶᠢᠲᠡᠯᠡᠭᠰᠡᠨ ᠴᠠᠭ᠄
2019/12/6
     2019 ᠣᠨ ᠪᠣᠯ ᠰᠢᠨ᠎ᠡ ᠳᠣᠮᠳᠠᠳᠣ ᠤᠯᠤᠰ ᠪᠠᠶᠢᠭᠤᠯᠤᠬᠳᠠᠬᠰᠠᠨ ᠳᠠᠯᠠᠨ ᠵᠢᠯ ᠤᠨ ᠣᠢ ᠪᠤᠯᠤᠨ᠎ᠠ᠃ ᠨᠠᠮ ᠤᠨ ᠦᠨᠳᠦᠰᠦᠲᠡᠨ ᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ  ᠶᠢᠨ ᠲᠥᠯᠥᠭᠡ᠂ ︽ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠡᠶ᠎ᠡ ᠵᠣᠬᠢᠴᠠᠩᠭᠤᠶ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ︾ ᠪᠠᠷ ᠭᠤᠤᠯ ᠰᠡᠳᠦᠪ ᠪᠤᠯᠭᠠᠬᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠵᠦ᠂ ᠦᠬᠠᠶ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠬᠢᠯᠡᠵᠦ᠂ ᠨᠠᠢᠮᠠᠨ ᠮᠣᠵᠢ ᠣᠷᠣᠨ ᠤ ᠮᠣᠩᠭᠤᠯ ᠬᠡᠯᠡ ᠪᠢᠴᠢᠭ ᠤᠨ ᠣᠷᠠᠨ ᠪᠢᠴᠢᠯᠭᠡ ᠶᠢᠨ ᠪᠤᠯᠪᠠᠰᠤᠷᠠᠯ ᠤᠨ ᠰᠠᠭᠤᠷᠢᠨ ᠭᠠᠵᠠᠷ᠂ ᠣᠳᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠣᠷᠠᠯᠢᠭ ᠤᠨ ᠣᠷᠳᠣᠨ᠂ ᠦᠬᠠᠶ ᠬᠤᠲᠠ ᠶᠢᠨ ᠤᠷᠠᠨ ᠵᠢᠷᠤᠭ ᠤᠨ ᠣᠷᠳᠣᠨ᠂ ᠦᠬᠠᠶ ᠬᠤᠲᠠ ᠶᠢᠨ ᠦᠨᠳᠦᠰᠦᠲᠡᠨ ᠤ ᠰᠣᠶᠣᠯ ᠰᠤᠳᠤᠯᠭᠠᠨ ᠤ ᠨᠡᠶᠢᠭᠡᠮᠯᠢᠭ ᠠᠴᠠ ᠬᠠᠮᠵᠢᠯᠴᠠᠨ ᠡᠷᠬᠢᠯᠡᠭᠰᠡᠨ ᠨᠠᠢᠮᠠᠨ ᠮᠣᠵᠢ ᠣᠷᠣᠨ ᠤ ᠠᠷᠪᠠᠳᠤᠭᠠᠷ ᠣᠳᠠᠭᠠᠨ ᠤ ︽ᠡᠬᠡ ᠬᠡᠯᠡ︾ ᠮᠣᠩᠭᠤᠯ ᠣᠷᠠᠨ ᠪᠢᠴᠢᠯᠭᠡ ᠶᠢᠨ ᠮᠣᠩᠭᠤᠯ ᠤᠷᠠᠨ ᠪᠢᠴᠢᠯᠭᠡ ᠶᠢᠨ ᠦᠵᠡᠭᠦᠯᠦᠯᠭᠡ ᠨᠢ 11 ᠳ᠋ᠣᠭᠡᠷ ᠰᠠᠷ᠎ᠠ ᠶᠢᠨ 26 ᠤ ᠦᠳᠡ ᠶᠢᠨ ᠡᠮᠦᠨ᠎ᠡ ᠣᠳᠣ ᠦᠶ᠎ᠡ ᠶᠢᠨ ᠳᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠳᠤ ᠠᠮᠵᠢᠯᠲᠠ ᠲᠠᠢ ᠡᠬᠢᠯᠡᠪᠡ᠃ ᠦᠬᠠᠶ ᠬᠤᠲᠠ ᠶᠢᠨ  ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠲᠠ ᠶᠢᠨ ᠳᠠᠷᠤᠭ᠎ᠠ ᠼᠤᠤ ᠬᠤᠩ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠡᠯᠡ ᠪᠢᠴᠢᠭ ᠤᠨ ᠠᠵᠢᠯ ᠤᠨ ᠭᠠᠵᠠᠷ ᠤᠨ ᠳᠠᠷᠤᠭ᠎ᠠ ᠯᠢᠩᠰᠡᠶᠢᠮ᠎ᠠ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠦ᠂ ᠦᠬᠠᠶ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠮᠤᠩ ᠫᠧᠶ ᠶᠦᠨ ᠡᠬᠢᠯᠡᠯᠲᠡ ᠶᠢᠨ ᠶᠣᠰᠣᠯᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠢᠯᠠᠩ ᠤᠨ ᠪᠦᠷᠢᠯᠳᠦᠬᠦᠨ ᠲᠡᠮᠦᠷ᠎ᠡ᠂  ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠷᠧᠨ ᠸᠧᠨ ᠢ᠂ ᠤᠯᠤᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠵᠢᠶᠠᠨ ᠭᠦᠸᠧ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠴᠡᠩᠭᠡᠯ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠲᠡᠷᠢᠭᠦᠯᠡᠭᠴᠢ ᠭᠦᠸᠧ ᠵᠧᠨ ᠯᠢᠶᠠᠨ᠂ ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦ ᠯᠢ ᠰᠢᠶᠦ᠋ᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠹᠦ᠋ ᠵᠢᠶᠧ᠂  ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠢᠦᠶ ᠲᠢᠶᠠᠨ᠂ ᠤᠯᠤᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠦᠨ ᠰᠢᠶᠣᠤ ᠵᠢᠶᠦ᠋ᠨ ᠲᠣᠰ ᠠᠵᠢᠯᠯᠠᠭ᠎ᠠ ᠳᠤ ᠣᠷᠣᠯᠴᠠᠪᠠ᠃      ᠨᠠᠢᠮᠠᠨ ᠮᠣᠵᠢ ᠣᠷᠣᠨ ᠤ ᠠᠷᠪᠠᠳᠤᠭᠠᠷ ᠣᠳᠠᠭᠠᠨ ᠤ ︽ᠡᠬᠡ ᠬᠡᠯᠡ︾ ᠮᠣᠩᠭᠤᠯ ᠣᠷᠠᠨ ᠪᠢᠴᠢᠯᠭᠡ ᠶᠢᠨ ᠤᠷᠤᠯᠳᠤᠭᠠᠨ ᠳᠤ ᠬᠠᠷᠠᠮᠥ᠋ᠷᠡᠨ᠂ ᠭᠢᠷᠢᠨ᠂ ᠯᠢᠶᠣᠤᠨᠢᠩ᠂ ᠾᠧᠪᠧᠢ᠂ ᠪᠡᠭᠡᠵᠢᠩ᠂ ᠭᠠᠨᠰᠦ᠂ ᠬᠥᠬᠡᠨᠠᠭᠤᠷ᠂ ᠰᠢᠨᠵᠢᠶᠠᠩ 8 ᠮᠣᠵᠢ ᠣᠷᠣᠨ ︵ᠬᠤᠲᠠ︶ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 12 ᠠᠶᠢᠮᠠᠭ ᠬᠤᠲᠠ ᠠᠴᠠ ᠨᠡᠶᠢᠲᠡ 455 ᠪᠦᠲᠦᠭᠡᠯ ᠴᠤᠭᠯᠠᠭᠤᠯᠵᠤ᠂ ᠨᠠᠢᠮᠠᠨ ᠮᠣᠵᠢ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠤᠨ ᠬᠠᠮᠵᠢᠯᠴᠠᠬᠤ ᠳᠤᠭᠤᠶᠢᠯᠠᠩ ᠤᠨ ᠠᠯᠪᠠᠨ ᠭᠡᠷ ᠠᠴᠠ ᠮᠤᠩᠭᠤᠯ ᠣᠷᠠᠨ ᠪᠢᠴᠢᠯᠭᠡ ᠶᠢᠨ ᠲᠤᠰᠬᠠᠢ ᠮᠡᠷᠭᠡᠵᠢᠯᠲᠡᠨ ᠢ ᠵᠤᠬᠢᠶᠠᠨ ᠪᠠᠶᠢᠭᠤᠯᠵᠦ᠂ 29 ᠱᠠᠩᠨᠠᠯ ᠣᠯᠭᠤᠬᠤ ᠪᠦᠲᠦᠭᠡᠯ ᠢ ᠰᠣᠩᠭᠤᠨ ᠰᠢᠯᠭᠠᠷᠠᠭᠤᠯᠪᠠ᠂ ᠡᠭᠦᠨ ᠳᠤ ᠨᠢᠭᠡᠳᠦᠭᠡᠷ ᠲᠡᠰ ᠤᠨ ᠪᠦᠲᠦᠭᠡᠯ 2᠂ ᠬᠤᠶᠠᠳᠤᠭᠠᠷ ᠲᠡᠰ ᠤᠨ ᠪᠦᠲᠦᠭᠡᠯ 3᠂ ᠭᠤᠷᠪᠠᠳᠤᠭᠠᠷ ᠲᠡᠰ ᠤᠨ ᠪᠦᠲᠦᠭᠡᠯ 5᠂ ᠰᠢᠯᠢᠳᠡᠭ ᠳᠡᠰ ᠤᠨ ᠪᠦᠲᠦᠭᠡᠯ 19 ᠪᠠᠶᠢᠨ᠎ᠠ᠂ ᠲᠤᠰ ᠣᠳᠠᠭᠠᠨ ᠤ ᠦᠵᠡᠭᠦᠯᠦᠯᠭᠡ ᠳᠤ ᠨᠡᠶᠢᠲᠡ 178 ᠰᠢᠯᠢᠳᠡᠭ ᠪᠦᠲᠦᠭᠡᠯ ᠢ ᠳᠡᠯᠭᠡᠨ ᠦᠵᠡᠭᠦᠯᠪᠡ᠂ ᠲᠤᠰ ᠣᠳᠠᠭᠠᠨ ᠤ ᠣᠷᠣᠯᠳᠣᠭᠠᠨ ᠳᠤ ᠣᠷᠣᠯᠴᠠᠬᠰᠠᠨ ᠪᠦᠲᠦᠭᠡᠯ ᠤᠳ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ᠂  ᠨᠠᠢᠮᠠᠨ ᠮᠣᠵᠢ ᠣᠷᠣᠨ ᠤ ᠠᠷᠠᠳ ᠲᠦᠮᠡᠨ ᠤ ᠨᠠᠮ ᠤᠨ ᠦᠨᠳᠦᠰᠦᠲᠡᠨ ᠤ ᠲᠥᠷᠦ ᠶᠢᠨ ᠪᠣᠳᠣᠯᠭ᠎ᠠ ᠶᠢᠨ ᠲᠤᠶᠠᠭᠠᠯᠠᠯ ᠳᠣᠤᠷ᠎ᠠ ᠣᠯᠤᠭᠰᠠᠨ ᠯᠤᠲᠤ ᠶᠡᠭᠡ ᠠᠮᠵᠢᠯᠲᠠ ᠪᠦᠲᠦᠮᠵᠢ ᠶᠢ ᠮᠠᠭᠲᠠᠨ ᠳᠠᠭᠤᠯᠠᠵᠤ᠂ ᠡᠯ᠎ᠡ ᠦᠨᠳᠦᠰᠦᠲᠡᠨ ᠤ ᠠᠷᠠᠳ ᠲᠦᠮᠡᠨ ᠤ ᠰᠠᠶᠢᠨ ᠰᠠᠶᠢᠬᠠᠨ ᠤ ᠬᠥᠭᠡᠭᠡᠴᠡᠯᠳᠦᠯ ᠢ ᠢᠯᠡᠷᠡᠭᠦᠯᠵᠡᠶ᠃ ᠲᠣᠰ ᠤᠳᠠᠭᠠᠨ ᠤ ᠠᠵᠢᠯᠯᠠᠭ᠎ᠠ ᠨᠢ ᠨᠠᠢᠮᠠᠨ ᠮᠣᠵᠢ ᠣᠷᠣᠨ ᠤ ᠥᠷᠭᠡᠨ ᠣᠯᠠᠨ ᠮᠣᠩᠭᠤᠯ ᠣᠷᠠᠨ ᠪᠢᠴᠢᠯᠭᠡ ᠳᠤ ᠳᠣᠷ᠎ᠠ ᠪᠠᠭ᠋ᠠᠲᠠᠶ ᠬᠥᠮᠦᠰ ᠲᠤ ᠰᠣᠯᠢᠯᠴᠠᠭᠠᠨ ᠤ ᠲᠠᠪᠴᠠᠩ ᠬᠠᠩᠭᠠᠵᠦ᠂ ᠮᠣᠩᠭᠤᠯ ᠤᠷᠠᠨ ᠪᠢᠴᠢᠯᠭᠡ ᠶᠢᠨ ᠰᠣᠶᠣᠯ ᠢ ᠣᠯᠠᠮ ᠨᠢᠭᠡ ᠠᠯᠬᠤᠮ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠤ ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠶᠢ ᠪᠦᠲᠦᠮᠵᠢᠲᠡᠶ ᠠᠬᠢᠭᠤᠯᠬᠤ ᠶᠤᠮ᠃      26 ᠤ ᠣᠷᠣᠢ ᠶᠢᠨ 8 ᠴᠠᠭ ᠲᠤ᠂ ᠨᠠᠢᠮᠠᠨ ᠮᠣᠵᠢ ᠣᠷᠣᠨ ᠤ ᠠᠷᠪᠠᠳᠤᠭᠠᠷ ᠣᠳᠠᠭᠠᠨ ᠤ ︽ᠡᠬᠡ ᠬᠡᠯᠡ︾ ᠮᠣᠩᠭᠤᠯ ᠣᠷᠠᠨ ᠪᠢᠴᠢᠯᠭᠡ ᠶᠢᠨ ᠤᠷᠤᠯᠳᠤᠭᠠᠨ ᠤ ᠱᠠᠩᠨᠠᠯ ᠣᠯᠭᠤᠬᠤ ᠦᠳᠡᠰᠢᠯᠡᠭᠡ ᠨᠢ ᠦᠬᠠᠶ ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠮᠡᠳᠡᠭᠦᠯᠦᠯᠲᠡ ᠶᠢᠨ ᠲᠢᠩᠬᠢᠮ ᠳᠤ ᠶᠠᠪᠤᠭᠳᠠᠵᠤ᠂ ᠦᠳᠡᠰᠢᠯᠡᠭᠡ ᠶᠢᠨ ᠠᠬᠤᠶ ᠲᠠᠯᠠᠪᠠᠢ ᠳᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠡᠰ ᠤᠨ ᠱᠠᠩᠨᠠᠯ ᠵᠢᠴᠢ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠠᠷᠳᠠᠭᠤᠯᠪᠠ᠃ ᠲᠣᠰ ᠤᠳᠠᠭᠠᠨ ᠤ ᠠᠵᠢᠯᠯᠠᠭ᠎ᠠ ᠨᠢ ᠨᠠᠢᠮᠠᠨ ᠮᠣᠵᠢ ᠣᠷᠣᠨ ᠤ ᠮᠣᠩᠭᠤᠯ  ᠣᠷᠠᠨ ᠪᠢᠴᠢᠯᠭᠡ ᠶᠢᠨ ᠥᠷᠭᠡᠨ ᠣᠯᠠᠨ ᠰᠣᠨᠢᠷᠬᠠᠭᠴᠢᠳ ᠲᠤ ᠰᠣᠯᠢᠯᠴᠠᠭᠠᠨ ᠤ ᠲᠠᠪᠴᠠᠩ ᠪᠠᠶᠢᠭᠤᠯᠤᠨ ᠥᠭᠴᠦ᠂ ᠮᠣᠩᠭᠤᠯ ᠣᠷᠠᠨ ᠪᠢᠴᠢᠯᠭᠡ ᠶᠢᠨ ᠰᠣᠶᠣᠯ ᠢ ᠤᠯᠠᠮ ᠨᠢᠭᠡ ᠠᠯᠬᠤᠮ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ ᠤ ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠶᠢ ᠪᠦᠲᠦᠮᠵᠢᠲᠡᠶ ᠲᠦᠯᠬᠢᠨ ᠠᠬᠢᠭᠤᠯᠤᠭᠰᠠᠨ  ᠪᠠᠶᠢᠨ᠎ᠠ᠃      ᠣᠶᠢᠷ᠎ᠠ ᠶᠢᠨ ᠵᠢᠯ ᠤᠨ ᠲᠤᠷᠰᠢ᠂ ᠬᠠᠶᠢᠨᠠᠨ ᠲᠤᠭᠤᠷᠢᠭ ᠤᠨ ᠨᠠᠮ ᠤᠨ ᠬᠤᠷᠢᠶ᠎ᠠ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠬᠤ ᠶᠢᠨ ᠲᠥᠯᠥᠭᠡ ᠲᠠᠰᠤᠷᠠᠯᠲᠠ ᠦᠭᠡᠢ ᠴᠢᠷᠮᠠᠶᠢᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠣᠶ ᠪᠣᠯᠭᠠᠵᠤ᠂ ᠣᠯᠠᠨ ᠬᠡᠯᠪᠡᠷᠢ ᠶᠢᠨ ᠠᠵᠢᠯᠯᠠᠭ᠎ᠠ ᠶᠢ ᠳᠠᠭᠠᠭᠠᠴᠢᠯᠠᠨ ᠡᠷᠬᠢᠯᠡᠪᠡ᠃ ᠲᠣᠰ ᠤᠳᠠᠭᠠᠨ ᠤ ᠮᠣᠩᠭᠤᠯ ᠤᠷᠠᠨ ᠪᠢᠴᠢᠯᠭᠡ ᠶᠢᠨ ᠦᠵᠡᠭᠦᠯᠦᠯᠭᠡ  ᠶᠢ ᠳᠠᠭᠠᠭᠠᠴᠢᠯᠠᠨ ᠡᠷᠬᠢᠯᠡᠬᠦ ᠪᠣᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠳᠤᠮᠳᠠᠬᠢ ᠨᠢᠭᠡ ᠵᠦᠢᠯ ᠤᠨ ᠴᠢᠬᠤᠯᠠ ᠠᠵᠢᠯᠯᠠᠭ᠎ᠠ ᠪᠣᠯᠤᠨ᠎ᠠ᠂ ᠮᠥᠨᠴᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠴᠢᠬᠤᠯᠠ ᠠᠷᠭ᠎ᠠ ᠬᠡᠮᠵᠢᠶ᠎ᠡ ᠶᠢᠨ ᠨᠢᠭᠡ ᠪᠣᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号