ᠵᠠᠰᠠᠭ ᠤᠨ ᠣᠷᠳᠣᠨ ᠤ ᠠᠵᠢᠯ ᠤᠨ ᠢᠯᠡᠳᠭᠡᠯ | —— 2019 ᠣᠨ ᠤ 1 ᠳ᠋ᠣᠭᠡᠷ ᠰᠠᠷ᠎ᠠ ᠶᠢᠨ 18 ᠤ ᠡᠳᠦᠷ | ᠦᠬᠠᠢ ᠬᠤᠲᠠ ᠶᠢᠨ ᠬᠠᠶᠢᠨᠠᠨ ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯᠳᠤᠭᠠᠨ ᠳᠡᠭᠡᠷ᠎ᠡ | ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠭᠤᠷᠢᠭ ᠤᠨ ᠳᠠᠷᠤᠭ᠎ᠠ ᠮᠧᠩ ᠹᠠᠨ ᠶᠠᠩ | ᠡᠷᠬᠢᠮ ᠲᠦᠯᠦᠭᠡᠯᠡᠭᠴᠢᠳ ᠡ᠄ | ᠣᠳᠣ᠂ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ | ᠤᠨ ᠮᠡᠳᠡᠭᠦᠯᠦᠯᠲᠡ ᠬᠢᠶ᠎ᠡ᠃ ᠲᠠ ᠪᠦᠭᠦᠳᠡᠭᠡᠷ ᠬᠢᠨᠠᠨ ᠵᠦᠪᠯᠡᠬᠦ ᠪᠤᠯᠪᠠᠤ᠂ ᠲᠡᠷᠡᠴᠢᠯᠡᠨ ᠲᠤᠭᠤᠷᠢᠭ ᠤᠨ ᠣᠯᠣᠰ ᠲᠦᠷᠦ | ᠶᠢᠨ ᠵᠦᠪᠯᠡᠯᠭᠡᠨ ᠤ ᠭᠡᠰᠢᠭᠦᠨ ᠪᠤᠯᠤᠨ ᠬᠤᠷᠠᠯ ᠳᠤ ᠰᠣᠯᠠ ᠣᠷᠣᠯᠴᠠᠬᠰᠠᠳ ᠠᠴᠠ ᠰᠠᠨᠠᠯ ᠳᠤᠷᠠᠳᠤᠭᠠᠷᠠᠢ᠃ | ᠨᠢᠭᠡ᠂ 2018 ᠣᠨ ᠤ ᠠᠵᠢᠯ ᠤᠨ ᠳᠦᠭᠦᠮ ᠡᠷᠬᠢᠴᠡᠭᠦᠯᠦᠯ | 2018 ᠣᠨ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠬᠰᠠᠨ ᠡᠬᠢᠯᠡᠯᠲᠡ ᠶᠢᠨ ᠵᠢᠯ ᠪᠠᠶᠢᠵᠦ᠂ ᠦᠭᠡᠷᠡᠴᠢᠯᠡᠯᠲᠡ ᠨᠡᠬᠡᠭᠡᠯᠲᠡ ᠬᠢᠭᠰᠡᠨ 40 ᠵᠢᠯ ᠤᠨ ᠣᠢ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠢᠯᠡᠯᠲᠡ ᠶᠢ ᠣᠯᠬᠤ᠂ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠦᠯᠦᠪᠵᠢᠭᠦᠯᠭᠡ ᠶᠢ ᠬᠡᠷᠡᠭᠵᠢᠭᠦᠯᠬᠦ ᠳᠡᠭᠡᠷᠡᠬᠢ ᠶᠢ ᠵᠠᠯᠭᠠᠮᠵᠢᠯᠠᠵᠦ ᠳᠣᠷᠣᠬᠰᠢ ᠣᠯᠠᠮᠵᠢᠯᠠᠬᠤ | ᠶᠢᠨ ᠵᠠᠩᠬᠢᠯᠠᠭ᠎ᠠ ᠶᠢᠨ ᠨᠢᠬᠡ ᠵᠢᠯ ᠪᠤᠯᠤᠨ᠎ᠠ᠃ ᠪᠤᠳᠤᠯᠢᠶᠠᠨᠲᠠᠢ ᠪᠦᠭᠡᠳ ᠬᠤᠪᠢᠷᠠᠮᠠᠲᠠᠭᠠᠢ ᠠᠵᠦ ᠠᠬᠤᠢ ᠶᠢᠨ ᠪᠠᠶᠢᠳᠠᠯ | ᠪᠤᠯᠤᠨ ᠪᠡᠷᠬᠡ ᠬᠡᠴᠡᠭᠦᠦ ᠬᠦᠭᠵᠢᠯᠲᠡ ᠶᠢᠨ ᠡᠭᠦᠷᠭᠡ ᠶᠢᠨ ᠡᠮᠦᠨ᠎ᠡ᠂ ᠲᠤᠭᠤᠷᠢᠭ ᠤᠨ ᠠᠷᠠᠳ ᠤᠨ ᠵᠠᠰᠠᠭ ᠤᠨ | ᠣᠷᠳᠣᠨ ᠪᠦᠬᠦ ᠲᠤᠭᠤᠷᠢᠭ ᠤᠨ ᠡᠯ᠎ᠡ ᠦᠨᠳᠦᠰᠦᠲᠡᠨ ᠤ ᠠᠷᠠᠳ ᠲᠦᠮᠡᠨ ᠢ ᠳᠠᠭᠠᠭᠤᠯᠤᠨ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠬᠤ ᠶᠢ ᠪᠠᠷᠢᠮᠲᠠᠯᠠᠵᠦ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ | ᠶᠢ ᠨᠢᠭᠡᠳᠦᠯᠲᠡᠢ ᠲᠦᠯᠬᠢᠨ ᠠᠬᠢᠭᠤᠯᠵᠦ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠵᠤᠬᠢᠴᠠᠩᠭᠤᠢ ᠲᠦᠯᠬᠢᠨ ᠠᠬᠢᠭᠤᠯᠵᠦ᠂ ᠲᠤᠭᠲᠠᠭᠤᠨ ᠢᠶᠠᠷ ᠣᠷᠣᠭᠰᠢᠯᠠᠬᠤ ᠠᠵᠢᠯ ᠤᠨ | ᠶᠡᠷᠦᠩᠬᠡᠢ ᠦᠨᠳᠦᠰᠦᠨ ᠴᠡᠭ ᠢ ᠪᠠᠷᠢᠮᠲᠠᠯᠠᠵᠦ᠂ ᠰᠢᠨ᠎ᠡ ᠬᠦᠭᠵᠢᠯᠲᠡ ᠶᠢᠨ ᠣᠨᠣᠯᠵᠢᠬᠤᠨ ᠢ ᠢᠳᠡᠪᠬᠢᠲᠡᠢ | ᠦᠢᠯᠡᠳᠦᠯᠭᠡᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠲᠦᠯᠬᠢᠨ | ᠠᠬᠢᠭᠤᠯᠬᠤ ᠪᠠᠷ ᠭᠤᠤᠯ ᠱᠣᠭᠤᠮ ᠪᠤᠯᠭᠠᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ | ᠤᠨ ᠣᠷᠳᠣᠨ ᠤ ︽ᠲᠠᠪᠤᠨ ᠣᠷᠣᠨ︾ ᠢ ᠴᠤᠭᠴᠠᠯᠠᠨ ᠪᠠᠶᠢᠭᠤᠯᠬᠤ ᠲᠤᠬᠢᠷᠠᠭᠤᠯᠤᠯᠲᠠ ᠪᠠᠶᠢᠷᠢᠯᠠᠭᠤᠯᠤᠯᠲᠠ | ᠶᠤᠰᠤᠭᠠᠷ᠂ ᠯᠠᠪᠳᠠᠭᠤᠨ ᠢᠶᠠᠷ ᠣᠷᠣᠬᠰᠢᠯᠠᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠶᠢ ᠨᠢᠭᠡᠲᠦᠯᠲᠡᠢ ᠲᠦᠯᠬᠢᠨ | ᠠᠬᠢᠭᠤᠯᠬᠤ ᠡᠯ᠎ᠡ ᠲᠦᠷᠦᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠦ᠂ ᠠᠵᠦ ᠠᠬᠤᠢ ᠶᠢᠨ ᠨᠡᠶᠢᠭᠡᠮ ᠨᠢ | ᠲᠤᠬᠲᠠᠭᠤᠨ ᠡᠷᠡᠭᠦᠯ ᠢᠶᠠᠷ ᠬᠦᠭᠵᠢᠬᠦ ᠶᠢ ᠪᠡᠶᠡᠯᠡᠭᠦᠯᠪᠡ᠃ ᠪᠠᠷᠣᠬᠴᠠᠯᠠᠪᠠᠯ᠄ ᠪᠦᠬᠦ ᠣᠨ ᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ ᠨᠢ ᠠᠳᠠᠯᠢ ᠬᠤᠭᠤᠴᠠᠭᠠᠨ ᠠᠴᠠ 10.5% ᠨᠡᠮᠡᠭᠳᠡᠪᠡ᠃ ᠲᠤᠬᠲᠠᠬᠰᠠᠨ | ᠬᠦᠷᠦᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠠᠴᠠ 14.5% ᠳᠤᠷᠤᠬᠰᠢᠯᠠᠪᠠ᠃ ᠡᠩ ᠤᠨ | ᠨᠡᠶᠢᠲᠡ ᠶᠢᠨ ᠲᠦᠰᠦᠪ ᠤᠨ ᠣᠷᠣᠯᠭ᠎ᠠ 11.05 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ | ᠠᠴᠠ 2.1% ᠨᠡᠮᠡᠭᠳᠡᠪᠡ᠃ ᠬᠤᠲᠠ ᠪᠠᠯᠭᠠᠰᠤ ᠪᠤᠯᠤᠨ ᠲᠠᠷᠢᠶᠠᠯᠠᠩ ᠤᠨ ᠣᠷᠣᠨ ᠤ ᠪᠠᠶᠢᠩᠭᠤ ᠰᠠᠭᠤᠭᠠᠯᠢ ᠠᠷᠠᠳ | ᠤᠨ ᠬᠦᠮᠦᠨ ᠳᠤᠮᠳᠠᠴᠢ ᠶᠢᠨ ᠡᠵᠡᠮᠳᠡᠵᠦ ᠳᠡᠶᠢᠯᠬᠦ ᠣᠷᠣᠯᠭ᠎ᠠ ᠨᠢ ᠲᠤᠰᠪᠤᠷᠢ 40517 ᠲᠦᠭᠦᠷᠢᠭ᠂172016 | ᠲᠦᠭᠦᠷᠢᠭ ᠬᠦᠷᠴᠦ᠂ ᠠᠳᠠᠯᠢ ᠬᠤᠭᠤᠴᠠᠭᠠᠨ ᠠᠴᠠ 6.5% ᠪᠤᠯᠤᠨ 8% ᠨᠡᠮᠡᠭᠳᠡᠪᠡ᠃ | ᠯᠠᠪᠳᠠᠭᠤᠨ ᠢᠶᠠᠷ ᠣᠷᠣᠬᠰᠢᠯᠠᠬᠤ᠂ ᠪᠦᠲᠦᠴᠡ ᠶᠢ ᠰᠢᠯᠢᠳᠡᠭᠵᠢᠭᠦᠯᠬᠦ ᠶᠢ ᠪᠠᠷᠢᠮᠲᠠᠯᠠᠵᠦ᠂ ᠠᠵᠦ ᠠᠬᠤᠢ ᠶᠢᠨ | ᠴᠢᠨᠠᠷ ᠰᠠᠶᠢᠲᠠᠢ ᠬᠦᠭᠵᠢᠯᠲᠡ ᠨᠢ ᠰᠢᠨ᠎ᠡ ᠰᠢᠪᠲᠤᠯᠤᠯᠲᠠ ᠤᠯᠪᠠ᠃ ᠠᠵᠦ ᠦᠢᠯᠡᠳᠪᠦᠷᠢ ᠠᠵᠦ ᠠᠬᠤᠢ ᠶᠢᠨ ᠴᠢᠨᠠᠷ | ᠪᠦᠲᠦᠮᠵᠢ ᠬᠤᠤᠰ ᠢᠶᠠᠷ ᠨᠡᠮᠡᠭᠳᠡᠪᠡ᠃ ᠬᠡᠵᠢᠶᠡᠲᠡ ᠴᠢᠨᠠᠷ ᠰᠠᠶᠢᠲᠠᠢ ᠬᠦᠭᠵᠢᠯᠲᠡ ᠶᠢ ᠠᠵᠦ ᠠᠬᠤᠢ ᠶᠢᠨ ᠠᠵᠢᠯ ᠤᠨ | ᠦᠨᠳᠦᠰᠦᠨ ᠱᠠᠭᠠᠷᠳᠠᠯᠭ᠎ᠠ ᠪᠤᠯᠭᠠᠵᠦ᠂ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠦ᠂ ᠠᠵᠦ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠣᠴᠠᠷᠠᠬᠰᠠᠨ | ᠬᠦᠴᠢᠷᠳᠡᠯᠲᠡᠢ ᠠᠰᠠᠭᠤᠳᠠᠯ ᠢ ᠴᠠᠭ ᠲᠤᠬᠠᠢ ᠳᠤᠨᠢ ᠵᠤᠬᠢᠴᠠᠭᠤᠯᠤᠨ ᠰᠢᠢᠳᠪᠦᠷᠢᠯᠡᠵᠦ᠂ 8 ᠠᠵᠦ ᠠᠬᠤᠶᠢᠯᠠᠯ ᠳᠤ | 1000 ᠲᠦᠮᠡᠨ ᠲᠦᠭᠦᠷᠢᠭ ᠤᠨ ︽ᠳᠠᠭᠠᠭᠠᠯᠲᠠ ᠶᠢᠨ ᠪᠠᠲᠤᠯᠠᠪᠤᠷᠢᠲᠤ ᠵᠢᠭᠡᠯᠡᠯᠭᠡ︾ ᠲᠠᠷᠬᠠᠭᠠᠪᠠ᠃ ᠴᠠᠬᠢᠯᠭᠠᠨ | ᠬᠦᠴᠦᠨ ᠤ ᠣᠯᠠᠨ ᠲᠠᠯ᠎ᠠ ᠶᠢᠨ ᠠᠷᠠᠯᠵᠢᠶᠠᠯᠠᠬᠤ ᠬᠡᠪᠴᠢᠶᠡᠨ ᠳᠤ ᠣᠷᠣᠬᠰᠠᠨ ᠠᠵᠦ ᠠᠬᠤᠶᠢᠯᠠᠯ 16 ᠬᠦᠷᠴᠦ᠂ 2. | 8 ᠳ᠋ᠦᠩᠰᠢᠭᠤᠷ ᠲᠦᠭᠦᠷᠢᠭ ᠤᠨ ᠴᠠᠬᠢᠯᠭᠠᠨ ᠬᠡᠷᠡᠭᠯᠡᠬᠦ ᠦᠪᠡᠷ ᠤᠨ ᠦᠷᠳᠡᠭ ᠢ ᠠᠷᠪᠢᠯᠠᠪᠠ᠃ ᠪᠦᠬᠦ ᠲᠤᠭᠤᠷᠢᠭ ᠤᠨ | ᠬᠡᠪᠴᠢᠶᠡᠵᠢᠯ ᠠᠴᠠ ᠳᠡᠭᠡᠭᠰᠢᠬᠢ ᠠᠵᠦ ᠠᠬᠤᠶᠢᠯᠠᠯ ᠨᠢ ᠪᠠᠷᠤᠭ 270 ᠳ᠋ᠦᠩᠰᠢᠭᠤᠷ ᠲᠦᠭᠦᠷᠢᠭ ᠤᠨ ᠦᠢᠯᠡᠳᠭᠦᠨ | ᠤ ᠦᠷᠳᠡᠭ ᠢ ᠪᠡᠶᠡᠯᠡᠭᠦᠯᠵᠦ᠂ ᠮᠠᠨ ᠤ ᠲᠤᠭᠤᠷᠢᠭ ᠤᠨ ᠲᠡᠤᠬᠡᠨ ᠲᠠᠬᠢ ᠨᠡᠯᠢᠶᠡᠳ ᠦᠨᠳᠦᠷ ᠬᠢᠷᠢ ᠲᠦᠪᠰᠢᠨ ᠢ | ᠡᠭᠦᠳᠪᠡ᠃ ᠭᠤᠤᠯᠳᠠᠯᠭᠠᠲᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠵᠦ᠂ 50 ᠭᠤᠤᠯᠳᠠᠯᠭᠠᠲᠤ ᠲᠦᠷᠦᠯ ᠵᠦᠢᠯ ᠤᠨ ᠶᠡᠷᠦᠩᠬᠡᠶᠢᠯᠡᠭᠰᠡᠨ ᠠᠵᠢᠯ ᠡᠬᠢᠯᠡᠵᠦ ᠰᠡᠷᠭᠦᠭᠡᠭᠰᠡᠨ ᠨᠤᠷᠮ᠎ᠠ | ᠨᠢ 86% ᠬᠦᠷᠴᠦ᠂ 27.3 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠪᠦᠬᠦ ᠵᠢᠯ | ᠳᠤ 44 ᠠᠷᠢᠯᠵᠢᠶᠠᠴᠢᠨ ᠣᠷᠢᠵᠦ ᠪᠡᠯᠡ ᠣᠷᠣᠭᠤᠯᠤᠬᠰᠠᠨ ᠲᠦᠷᠦᠯ ᠵᠦᠢᠯ ᠢ ᠬᠡᠷᠡᠭᠵᠢᠭᠦᠯᠵᠦ᠂ 25 ᠳ᠋ᠦᠩᠰᠢᠭᠤᠷ | ᠲᠦᠭᠦᠷᠢᠭ ᠤᠨ ᠪᠡᠯᠡ ᠮᠦᠩᠭᠦ ᠶᠢ ᠲᠠᠲᠠᠨ ᠣᠷᠣᠭᠤᠯᠪᠠ᠃ ᠪᠣᠳᠠᠲᠤ ᠴᠤᠬᠴᠠ ᠶᠢᠨ ᠠᠵᠦ ᠠᠬᠤᠢ ᠲᠠᠰᠤᠷᠠᠯᠲᠠ | ᠦᠭᠡᠢ ᠪᠤᠵᠠᠭᠠᠶᠢᠷᠠᠪᠠ᠃ ᠣᠯᠠᠮᠵᠢᠯᠠᠯᠲᠤ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠭᠦᠯᠬᠦ | ᠠᠯᠬᠤᠴᠠ ᠨᠢ ᠲᠦᠷᠭᠡᠳᠴᠦ᠂ ᠬᠤᠩ ᠶᠠᠩ ᠨᠡᠭᠦᠷᠡᠰᠦ ᠬᠡᠣᠷᠰᠢᠭᠦᠯᠬᠦ ᠦᠢᠯᠡᠳᠪᠦᠷᠢ ᠶᠢᠨ ᠬᠤᠶᠠᠷ ᠰᠠᠭᠤᠷᠢ ᠬᠡᠤᠷᠡᠰᠦᠨ | ᠤ ᠵᠤᠤᠬ᠎ᠠ ᠨᠢ ᠠᠰᠢᠬᠯᠠᠯᠲᠠ ᠳᠤ ᠣᠷᠣᠪᠠ᠃ ᠴᠢᠯᠠᠭᠤᠨ ᠲᠤᠰᠤᠨ ᠤ ᠪᠠᠶᠢᠭᠠᠯᠢ ᠶᠢᠨ ᠰᠢᠲᠠᠮᠠᠬᠠᠢ ᠬᠡᠢ ᠶᠢᠨ LNG | ᠲᠦᠷᠦᠯ ᠵᠦᠢᠯ ᠤᠨ ᠦᠢᠯᠡᠳᠪᠦᠷᠢᠯᠡᠯ ᠰᠡᠷᠭᠦᠭᠡᠬᠦ ᠠᠵᠢᠯ ᠢ ᠣᠷᠣᠬᠰᠢᠲᠠᠢ ᠲᠦᠯᠬᠢᠨ ᠠᠬᠢᠭᠤᠯᠪᠠ᠃ ᠱᠧᠨ ᠬᠤᠸᠠ | ᠨᠡᠭᠦᠷᠡᠰᠦ ᠬᠡᠤᠷᠰᠢᠭᠦᠯᠬᠦ ᠦᠢᠯᠡᠳᠪᠦᠷᠢ ᠬᠦᠬᠦᠷ ᠦᠭᠡᠶᠢᠵᠢᠭᠦᠯᠬᠦ ᠠᠽᠤᠲ ᠦᠭᠡᠶᠢᠵᠢᠭᠦᠯᠵᠦ ᠦᠭᠡᠷᠡᠴᠢᠯᠡᠬᠦ ᠲᠦᠷᠦᠯ | ᠵᠦᠢᠯ ᠢ ᠪᠡᠶᠡᠯᠡᠭᠦᠯᠵᠦ᠂ ᠢᠳᠡᠪᠬᠢᠲᠡᠢ ᠪᠠᠷ ᠱᠠᠨᠳᠦ᠋ᠩ ᠤᠨ ᠵᠢᠢ ᠭᠠᠩ ᠪᠦᠯᠦᠭᠯᠡᠯ᠂ ᠯᠢᠶᠤᠤᠨᠢᠩ ᠤᠨ ᠨᠡᠭᠦᠷᠡᠰᠦ | ᠬᠡᠤᠷᠰᠢᠭᠦᠯᠬᠦ ᠶᠢ ᠲᠦᠯᠦᠪᠯᠡᠬᠦ ᠬᠦᠷᠢᠶᠡᠯᠡᠩ ᠬᠦᠲᠦᠯᠦᠨ ᠵᠢᠯᠤᠭᠤᠳᠴᠣ ᠨᠡᠭᠦᠷᠡᠰᠦ ᠬᠡᠣᠷᠰᠢᠭᠦᠯᠬᠦ ᠠᠵᠦ ᠠᠬᠤᠶᠢᠯᠠᠯ | ᠲᠠᠢ ᠬᠠᠮᠲᠤᠷᠠᠨ ᠠᠵᠢᠯᠯᠠᠵᠦ᠂ ᠬᠤᠪᠤᠷ ᠬᠡᠢ ᠪᠠᠷ ᠣᠯᠠᠭᠠᠨ ᠬᠡᠤᠷᠰᠢᠮᠡᠯ ᠨᠡᠭᠦᠷᠡᠰᠦ ᠶᠢ ᠬᠦᠷᠦᠭᠡᠨ ᠬᠠᠯᠠᠭᠤᠨ ᠢ | ᠪᠠᠭᠤᠷᠠᠭᠤᠯᠬᠤ ᠮᠡᠷᠭᠡᠵᠢᠯ ᠢ ᠲᠦᠭᠡᠮᠡᠯᠵᠢᠭᠦᠯᠦᠨ᠂ ᠠᠵᠦ ᠦᠢᠯᠡᠳᠪᠦᠷᠢ ᠶᠢᠨ ᠬᠦᠷᠢᠶᠡᠯᠡᠩ ᠤᠨ ᠨᠡᠭᠦᠷᠡᠰᠦ ᠬᠡᠣᠷᠰᠢᠭᠦᠯᠬᠦ | ᠦᠢᠯᠡᠰ ᠤᠨ ᠦᠭᠡᠷᠡᠴᠢᠯᠡᠯᠲᠡ ᠳᠡᠰ ᠳᠡᠪᠰᠢᠬᠦ ᠶᠢ ᠲᠦᠯᠬᠢᠨ ᠠᠬᠢᠭᠤᠯᠪᠠ᠃ ᠨᠠᠷᠢᠯᠢᠭ ᠬᠢᠮᠢ ᠶᠢᠨ ᠦᠢᠯᠡᠳᠪᠦᠷᠢ ᠶᠢᠨ | ᠦᠢᠯᠡᠰ ᠤᠨ ᠬᠦᠭᠵᠢᠯᠲᠡ ᠶᠢᠨ ᠬᠠᠨᠳᠤᠰᠢ ᠰᠠᠶᠢᠨ ᠪᠠᠶᠢᠵᠦ᠂ ᠰᠧᠨ ᠶᠠᠩ ᠲᠠᠷᠢᠶᠠᠨ ᠡᠮ ᠤᠨ ᠵᠠᠪᠰᠠᠷ ᠤᠨ ᠪᠡᠶᠡᠲᠤ᠂ | ᠰᠢᠨ᠎ᠡ ᠸᠧᠢ ᠬᠤᠸᠠᠨ ᠡᠾᠤᠺᠰᠢᠯᠲᠤ ᠠᠮᠢᠨ᠂ ᠡᠾᠦ᠋ᠢ ᠴᠠᠩ ᠬᠤᠤᠰ ᠺᠠᠲ᠋ᠤᠨ ᠵᠡᠷᠭᠡ ᠲᠦᠷᠦᠯ ᠵᠦᠢᠯ ᠨᠢ ᠭᠡᠷ᠎ᠡ | ᠲᠤᠬᠲᠠᠪᠠ᠃ ᠬᠦᠬᠡ ᠬᠢᠮᠢ ᠶᠢᠨ ᠦᠨᠳᠦᠷ ᠳᠠᠭᠠᠭᠠᠬᠤ ᠬᠡᠮᠵᠢᠶᠡᠲᠦ ᠪᠤᠳᠤᠭ ᠤᠨ ᠢᠵᠢ ᠪᠦᠷᠢᠯᠳᠦᠭᠦᠯᠬᠦ ᠵᠠᠪᠰᠠᠷ ᠤᠨ | ᠪᠡᠶᠡᠲᠤ ᠶᠢᠨ ᠲᠦᠷᠦᠯ ᠵᠦᠢᠯ ᠤᠨ ᠤᠷᠤᠬᠰᠢᠲᠠᠢ ᠶᠠᠪᠤᠭᠳᠠᠵᠦ᠂ ᠶᠠ ᠳ᠋ᠦᠩ ᠤᠨ ᠨᠠᠹᠲ᠋ᠠᠯᠧᠨ ᠶᠢᠨ ᠰᠢᠷᠢᠰ | ᠦᠢᠯᠡᠳᠭᠦᠨ ᠠᠮᠵᠢᠯᠲᠠ ᠲᠠᠢ ᠲᠤᠷᠰᠢᠨ ᠦᠢᠯᠡᠳᠪᠦᠷᠢᠯᠡᠪᠡ᠃ ᠣᠣ ᠯᠢ 20 ᠲᠦᠮᠡᠨ ᠲᠤᠨ ᠤ ᠦᠷᠬᠦᠯᠵᠢᠯᠡᠯ ᠤᠨ | ᠪᠤᠰᠤ ᠰᠢᠯ ᠰᠢᠷᠬᠡᠭ ᠤᠨ ᠲᠦᠷᠦᠯ ᠵᠦᠢᠯ ᠨᠢ ᠨᠢᠭᠡᠳᠦᠭᠡᠷ ᠬᠤᠭᠤᠴᠠᠭ᠎ᠠ ᠲᠤᠷᠰᠢᠨ ᠦᠢᠯᠡᠳᠪᠦᠷᠢᠯᠡᠵᠦ᠂ 4 ᠲᠤᠨ ᠤ | ᠦᠨᠳᠦᠷ ᠴᠢᠳᠠᠪᠬᠢᠲᠤ ᠰᠢᠷᠭᠡᠭ ᠤᠨ ᠲᠦᠷᠦᠯ ᠵᠦᠢᠯ ᠨᠢ ᠨᠢᠭᠡᠳᠦᠭᠡᠷ ᠬᠤᠭᠤᠴᠠᠭ᠎ᠠ ᠠᠰᠢᠬᠯᠠᠯᠲᠠ ᠳᠤ ᠣᠷᠣᠭᠤᠯᠪᠠ᠃ | ᠨᠠᠷᠢᠯᠢᠭ ᠬᠢᠮᠢ ᠶᠢᠨ ᠦᠢᠯᠡᠳᠪᠦᠷᠢ ᠨᠢ ᠪᠠᠷᠤᠬᠴᠠᠯᠠᠪᠠᠯ ᠬᠡᠪᠴᠢᠶᠡᠵᠢᠯ ᠠᠴᠠ ᠳᠡᠭᠡᠭᠰᠢᠬᠢ ᠠᠵᠦ ᠠᠬᠤᠶᠢᠯᠠᠯ ᠤᠨ | ᠦᠢᠯᠡᠳᠭᠦᠨ ᠤ ᠶᠡᠷᠦᠩᠬᠡᠢ ᠦᠷᠳᠡᠭ ᠤᠨ 20% ᠢ ᠡᠵᠡᠯᠡᠪᠡ᠃ ᠰᠢᠨ᠎ᠡ ᠠᠵᠦ ᠦᠢᠯᠡᠰ ᠰᠢᠨ᠎ᠡ ᠬᠦᠳᠡᠯᠭᠡᠭᠴᠢ | ᠡᠨᠧᠷᠬᠢ ᠲᠠᠰᠤᠷᠠᠯᠲᠠ ᠦᠭᠡᠢ ᠪᠤᠵᠠᠭᠠᠶᠢᠷᠠᠪᠠ᠃ ᠢ ᠪᠠᠩ ᠶᠡᠭᠡ ᠳ᠋ᠠᠶᠢᠲ᠋ᠠ ᠶᠢᠨ ᠰᠢ ᠯᠠᠢ ᠹᠧᠩ ᠳᠠᠬᠢ ᠵᠦᠢᠯᠴᠢᠯᠡᠯ ᠨᠢ | ᠪᠠᠶᠢᠭᠤᠯᠤᠬᠳᠠᠪᠠ᠃ ᠦ᠋ ᠯᠢᠩ ᠭᠡᠷᠡᠯ ᠸᠤᠯᠲ᠂ ᠮᠢᠩ ᠶᠠᠩ ᠭᠡᠷᠡᠯ ᠸᠣᠯᠲ ᠵᠡᠷᠭᠡ ᠰᠢᠨ᠎ᠡ ᠰᠢᠨ᠎ᠡ ᠬᠦᠳᠡᠯᠭᠡᠭᠴᠢ | ᠡᠨᠧᠷᠬᠢ ᠶᠢᠨ ᠲᠦᠷᠦᠯ ᠵᠦᠢᠯ ᠨᠢ ᠠᠮᠵᠢᠯᠲᠠ ᠲᠠᠢ ᠪᠠᠷ ᠰᠦᠯᠵᠢᠶ᠎ᠡ ᠨᠡᠶᠢᠯᠡᠭᠦᠯᠪᠡ᠃ ᠢ ᠹᠦ᠋ ᠴᠠᠩ ᠵᠢᠶᠠᠩ ᠰᠢᠨ᠎ᠡ | ᠬᠦᠳᠡᠯᠭᠡᠭᠴᠢ ᠡᠨᠧᠷᠬᠢ ᠶᠢᠨ ᠮᠠᠰᠢᠨ ᠲᠡᠷᠭᠡ ᠵᠡᠷᠭᠡ ᠲᠦᠷᠦᠯ ᠵᠦᠢᠯ ᠨᠢ ᠭᠡᠷ᠎ᠡ ᠲᠤᠬᠲᠠᠵᠦ᠂ ᠠᠵᠦ ᠦᠢᠯᠡᠰ ᠤᠨ | ᠣᠯᠠᠨ ᠡᠰᠢᠵᠢᠯᠡᠭᠰᠡᠨ ᠬᠦᠭᠵᠢᠯᠲᠡ ᠶᠢᠨ ᠪᠠᠶᠢᠳᠠᠯ ᠠᠯᠭᠤᠷ ᠢᠶᠠᠷ ᠪᠦᠷᠢᠯᠳᠦᠪᠡ᠃ ᠪᠦᠬᠦ ᠲᠤᠭᠤᠷᠢᠭ ᠤᠨ ᠠᠵᠦ | ᠦᠢᠯᠡᠳᠪᠦᠷᠢ ᠶᠢᠨ ᠨᠡᠮᠡᠭᠳᠡᠯ ᠦᠷᠳᠡᠭ ᠨᠢ ᠠᠳᠠᠯᠢ ᠬᠤᠭᠤᠴᠠᠭᠠᠨ ᠠᠴᠠ ᠪᠠᠷᠤᠭ 20.8% ᠨᠡᠮᠡᠭᠳᠡᠪᠡ᠃ | ᠦᠢᠯᠡᠴᠢᠯᠡᠭᠡᠨ ᠤ ᠦᠢᠯᠡᠰ ᠢ ᠡᠮᠬᠢ ᠵᠢᠷᠦᠮ ᠲᠠᠢ ᠲᠦᠯᠬᠢᠨ ᠠᠬᠢᠭᠤᠯᠪᠠ᠃ ᠦᠢᠯᠡᠳᠪᠦᠷᠢᠯᠡᠯ ᠤᠨ ᠴᠢᠨᠠᠷᠲᠠᠢ | ᠦᠢᠯᠡᠴᠢᠯᠡᠭᠡᠨ ᠤ ᠦᠢᠯᠡᠰ ᠢ ᠠᠵᠦ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠶᠢᠨ ᠪᠠᠶᠢᠯᠳᠤᠬᠤ ᠪᠣᠳᠣᠯᠭ᠎ᠠ | ᠶᠢᠨ ᠭᠤᠤᠯᠳᠠᠯᠭ᠎ᠠ ᠪᠤᠯᠭᠠᠬᠤ ᠶᠢ ᠪᠠᠷᠢᠮᠲᠠᠯᠠᠵᠦ᠂ ᠬᠤᠩ ᠳ᠋ᠠ ᠡᠳ᠋ ᠪᠠᠷᠠᠭᠠᠨ ᠤ ᠠᠷᠠᠯᠵᠢᠶᠠᠨ ᠤ ᠲᠦᠪ ᠤᠨ ᠳ᠋ᠠ | ᠽᠦᠩ ᠡᠳ᠋ ᠪᠠᠷᠠᠭᠠᠨ ᠤ ᠠᠷᠠᠯᠵᠢᠶᠠᠨ ᠤ ᠲᠠᠪᠴᠠᠩ ᠤᠨ ᠡᠵᠡᠩᠨᠡᠯᠲᠡ ᠵᠦᠭᠡᠷ ᠰᠠᠶᠢᠨ ᠪᠠᠶᠢᠵᠦ᠂ ᠰᠢᠨ᠎ᠡ ᠪᠠᠷ 42 | ᠡᠷᠦᠬᠡ ᠠᠷᠠᠯᠵᠢᠶᠠᠯᠠᠬᠴᠢ ᠨᠡᠮᠡᠭᠳᠡᠵᠦ᠂ ᠪᠦᠬᠦ ᠵᠢᠯ ᠤᠨ ᠠᠷᠠᠯᠵᠢᠶᠠᠯᠠᠬᠰᠠᠨ ᠲᠤᠭ᠎ᠠ ᠨᠢ 19.9 ᠳ᠋ᠦᠩᠰᠢᠭᠤᠷ | ᠲᠦᠭᠦᠷᠢᠭ ᠬᠦᠷᠪᠡ᠃ ︽ᠦᠬᠠᠢ ᠮᠤᠩᠭᠤᠯ ᠡᠸᠦ᠋ᠷᠦᠫᠡ ᠶᠢᠨ ᠣᠯᠠᠨ ᠣᠯᠣᠰ ᠤᠨ ᠭᠠᠯᠲᠤ ᠲᠡᠷᠭᠡ︾ ᠨᠢ ᠪᠠᠶᠢᠩᠭᠤ | ᠶᠢᠨ ᠬᠡᠯᠪᠡᠷᠢ ᠪᠠᠷ ᠡᠵᠡᠩᠨᠡᠵᠦ᠂ ᠪᠦᠬᠦ ᠵᠢᠯ ᠳᠤ 15 ᠭᠠᠯᠲᠤ ᠲᠡᠷᠭᠡ ᠭᠠᠷᠠᠮ ᠳᠤ ᠢᠷᠡᠪᠡ᠃ ᠪᠦᠬᠦ ᠲᠤᠭᠤᠷᠢᠭ ᠤᠨ | 12 ᠡᠳ᠋ ᠪᠠᠷᠠᠭᠠᠨ ᠤ ᠭᠦᠢᠯᠭᠡᠭᠡᠨ ᠤ ᠵᠦᠢᠯᠴᠢᠯᠡᠯ ᠤᠨ ᠵᠢᠯ ᠤᠨ ᠲᠡᠭᠡᠭᠡᠪᠦᠷᠢᠯᠡᠨ ᠶᠠᠪᠤᠭᠤᠯᠬᠤ ᠴᠢᠳᠠᠪᠤᠷᠢ ᠨᠢ | 4030 ᠲᠦᠮᠡᠨ ᠲᠤᠨ ᠬᠦᠷᠴᠦ᠂ ᠬᠠᠳᠠᠭᠠᠯᠠᠬᠤ ᠴᠢᠳᠠᠪᠤᠷᠢ ᠨᠢ 5.8 ᠲᠦᠮᠡᠨ ᠪᠤᠰᠤᠭ᠎ᠠ ᠳᠦᠷᠪᠡᠯᠵᠢᠨ ᠮᠧᠲᠷ | ᠬᠦᠷᠪᠡ᠃ ᠮᠠᠨᠪᠠ ᠷᠠᠰᠠᠩ ᠰᠦᠮ᠎ᠡ᠂ ᠶᠠᠩ ᠭᠤᠸᠠᠩ ᠲᠢᠶᠠᠨ ᠢᠦᠢ ᠣᠯᠠᠨ ᠣᠯᠣᠰ ᠤᠨ ᠠᠷᠢᠬᠢᠨ ᠬᠦᠷᠢᠶᠡᠯᠡᠩ᠂ ᠰᠢ | ᠰᠢᠩ ᠠᠶᠠᠨᠴᠢᠨ ᠤ ᠪᠠᠭᠤᠳᠠᠯ ᠵᠡᠷᠭᠡ ᠵᠢᠭᠤᠯᠴᠢᠯᠠᠯ ᠤᠨ ᠣᠷᠣᠨ ᠤ ᠦᠨᠳᠦᠰᠦᠨ ᠲᠤᠨᠤᠭ ᠲᠦᠭᠦᠭᠡᠷᠦᠮᠵᠢ ᠶᠢ | ᠲᠠᠰᠤᠷᠠᠯᠲᠠ ᠦᠭᠡᠢ ᠲᠡᠭᠦᠯᠳᠡᠷᠵᠢᠭᠦᠯᠪᠡ᠃ 2018 ᠣᠨ ᠤ ᠳᠤᠮᠳᠠᠳᠣ ᠣᠯᠣᠰ ᠤᠨ ᠵᠠᠰᠠᠮᠠᠯ ᠵᠠᠮ ᠤᠨ ᠳᠤᠭᠤᠢ | ᠲᠡᠷᠭᠡᠨ ᠤ ᠬᠤᠯᠪᠤᠭᠠᠲᠤ ᠣᠷᠣᠯᠳᠤᠭᠠᠨ ᠤ ᠶᠡᠷᠦᠩᠬᠡᠢ ᠰᠢᠢᠳᠪᠦᠷᠢᠲᠦ ᠣᠷᠣᠯᠳᠣᠭᠠᠨ᠂ ᠦᠪᠦᠷ ᠮᠤᠩᠭᠤᠯ ᠤᠨ ᠴᠡᠴᠡᠭ | ᠤᠨ ᠣᠯᠠᠷᠢᠯ᠂ ᠦᠬᠠᠢ ᠶᠢᠨ ᠦᠵᠦᠮ ᠤᠨ ᠣᠯᠠᠷᠢᠯ ᠤᠨ ᠵᠢᠭᠤᠯᠴᠢᠯᠠᠯ ᠵᠡᠷᠭᠡ ᠨᠦᠯᠦᠭᠡᠯᠡᠬᠦ ᠬᠦᠴᠦᠨ ᠶᠡᠭᠡ | ᠬᠦᠳᠡᠯᠭᠡᠭᠡᠨ ᠢ ᠬᠠᠮᠵᠢᠯᠴᠠᠨ ᠶᠠᠪᠤᠭᠳᠠᠭᠤᠯᠵᠦ᠂ ︽ᠵᠢᠭᠤᠯᠴᠢᠯᠠᠯ + ᠪᠡᠶ᠎ᠡ ᠲᠠᠮᠢᠷ + ᠲᠠᠷᠢᠶᠠᠯᠠᠩ ᠤᠨ ᠦᠢᠯᠡᠰ︾ | ᠣᠯᠠᠮ ᠨᠢᠭᠡ ᠠᠯᠬᠤᠮ ᠠᠭᠤᠰᠤᠯᠴᠠᠪᠠ᠃ ᠭᠤᠷᠪᠠᠳᠤᠭᠠᠷ ᠠᠵᠦ ᠦᠢᠯᠡᠰ ᠤᠨ ᠨᠡᠮᠡᠭᠳᠡᠯ ᠦᠷᠳᠡᠭ ᠪᠠᠷᠤᠭ ᠠᠳᠠᠯᠢ | ᠬᠤᠭᠤᠴᠠᠭᠠᠨ ᠠᠴᠠ 5% ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠬᠤᠳᠠᠯᠳᠤᠭᠰᠠᠨ | ᠲᠤᠭ᠎ᠠ ᠪᠠᠷᠤᠭ 9.9 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 7.8% ᠨᠡᠮᠡᠭᠳᠡᠪᠡ᠃ | ᠪᠦᠬᠦ ᠵᠢᠯ ᠳᠤ ᠭᠠᠳᠠᠭᠠᠳᠤ ᠠᠷᠠᠯᠵᠢᠶᠠᠨ ᠤ ᠲᠤᠭ᠎ᠠ ᠨᠢ 735 ᠲᠦᠮᠡᠨ ᠳ᠋ᠣᠯᠯᠠᠷ ᠢ ᠪᠡᠶᠡᠯᠡᠭᠦᠯᠪᠡ᠃ ᠲᠠᠷᠢᠶᠠᠯᠠᠩ ᠤᠨ | ᠦᠢᠯᠡᠰ ᠤᠨ ᠠᠵᠦ ᠠᠬᠤᠢ ᠲᠤᠬᠲᠠᠭᠤᠨ ᠢᠶᠠᠷ ᠬᠦᠭᠵᠢᠪᠡ᠃ ᠶᠠᠰᠤ ᠴᠢᠨᠠᠷ ᠢᠶᠠᠷ ᠲᠠᠷᠢᠶᠠᠯᠠᠩ ᠢ ᠬᠦᠭᠵᠢᠭᠦᠯᠬᠦ᠂ | ᠪᠤᠬᠢᠷᠲᠤᠯ ᠦᠭᠡᠢ ᠪᠠᠷ ᠲᠠᠷᠢᠶᠠᠯᠠᠩ ᠢ ᠬᠦᠭᠵᠢᠭᠦᠯᠬᠦ᠂ ᠨᠡᠷ᠎ᠡ ᠲᠡᠮᠳᠡᠭ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠶᠢ | ᠪᠠᠷᠢᠮᠲᠠᠯᠠᠵᠦ᠂ ᠲᠠᠷᠢᠶᠠᠯᠠᠩ ᠮᠠᠯ ᠠᠵᠦ ᠠᠬᠤᠢ ᠶᠢᠨ ᠣᠳᠣᠬᠢᠴᠢᠯᠠᠯᠲᠠ ᠶᠢᠨ ᠬᠦᠭᠵᠢᠯᠲᠡ ᠶᠢ ᠭᠦᠨᠵᠡᠭᠡᠢ ᠲᠦᠯᠬᠢᠨ | ᠠᠬᠢᠭᠤᠯᠵᠦ᠂ ᠦᠵᠦᠮ ᠤᠨ ᠪᠤᠬᠢᠷᠲᠤᠯ ᠦᠭᠡᠢ ᠦᠨᠳᠦᠷ ᠣᠨᠠᠯᠲᠠ ᠦᠨᠳᠦᠷ ᠪᠦᠲᠦᠮᠵᠢ ᠶᠢ ᠡᠭᠦᠳᠦᠨ ᠪᠦᠲᠦᠭᠡᠬᠦ | ᠲᠦᠷᠦᠯ ᠵᠦᠢᠯ ᠨᠢ ᠰᠢᠯᠭᠠᠨ ᠬᠤᠷᠢᠶᠠᠯᠲᠠ ᠶᠢ ᠪᠡᠶᠡᠯᠡᠬᠦᠯᠵᠦ᠂ ᠢ ᠺᠧ ᠱᠦ ᠭᠡᠷᠡᠯ ᠸᠣᠯᠲ ᠲᠠᠷᠢᠶᠠᠯᠠᠩ ᠤᠨ ᠦᠢᠯᠡᠰ | ᠤᠨ ᠢᠳᠡᠰᠢᠨ ᠤ ᠮᠦᠬᠦ ᠶᠢᠨ ᠲᠦᠷᠦᠯ ᠵᠦᠢᠯ᠂ ᠶᠠᠩ ᠯᠦ ᠵᠢᠩ ᠲᠡᠵᠢᠭᠡᠨ ᠦᠷᠡᠵᠢᠭᠦᠯᠬᠦ ᠣᠷᠣᠨ ᠤ ᠲᠦᠷᠦᠯ ᠵᠦᠢᠯ | ᠨᠢ ᠦᠨᠳᠦᠰᠦᠨ ᠳᠡᠭᠡᠨ ᠪᠠᠶᠢᠭᠤᠯᠤᠨ ᠪᠦᠲᠦᠭᠡᠭᠳᠡᠪᠡ᠃ 30 ᠲᠦᠮᠡᠨ ᠪᠠᠷᠢᠮᠵᠢᠶᠠᠵᠢᠭᠤᠯᠤᠬᠰᠠᠨ ᠦᠨᠳᠡᠭᠡᠨ ᠤ | ᠲᠠᠬᠢᠶ᠎ᠠ᠂ ᠦᠵᠦᠮ ᠤᠨ ᠬᠦᠨ ᠪᠤᠯᠪᠠᠰᠤᠷᠠᠭᠤᠯᠤᠯᠲᠠ᠂ ︽ᠣᠶᠣᠨᠴᠢ ᠲᠠᠷᠢᠶᠠᠯᠠᠩ ᠤᠨ ᠦᠢᠯᠡᠰ︾ ᠵᠡᠷᠭᠡ ᠵᠦᠢᠯᠴᠢᠯᠡᠯ | ᠨᠢ ᠠᠮᠵᠢᠯᠲᠠ ᠲᠠᠢ ᠬᠡᠷᠡᠭᠵᠢᠭᠦᠯᠵᠦ᠂ ᠬᠦᠠ ᠱᠧᠩ ᠯᠢᠦᠢ ᠨᠧᠩ ᠪᠢᠴᠢᠯ ᠮᠦᠬᠦ᠂ ᠶᠠᠩ ᠭᠤᠸᠠᠩ ᠲᠢᠶᠠᠨ ᠢᠦᠢ | ᠦᠵᠦᠮ ᠤᠨ ᠠᠷᠢᠬᠢ ᠶᠢᠨ ᠨᠡᠷ᠎ᠡ ᠲᠡᠮᠳᠡᠭ ᠤᠨ ᠨᠦᠯᠦᠭᠡᠯᠡᠬᠦ ᠬᠦᠴᠦᠨ ᠨᠢ ᠲᠠᠰᠤᠷᠠᠯᠲᠠ ᠦᠭᠡᠢ ᠦᠷᠭᠡᠳᠪᠡ᠃ | ᠲᠠᠷᠢᠶᠠᠯᠠᠩ ᠠᠵᠦ ᠠᠬᠤᠶᠢᠯᠠᠯ ᠤᠨ ᠠᠰᠢᠭ ᠬᠤᠨᠵᠢᠪᠤᠷᠢ ᠬᠤᠯᠪᠤᠯᠳᠣᠬᠤ ᠪᠠᠶᠢᠭᠤᠯᠤᠮᠵᠢ ᠦᠷᠭᠦᠯᠵᠢᠯᠡᠨ | ᠲᠡᠭᠦᠯᠳᠡᠷᠵᠢᠵᠦ᠂ ᠲᠠᠷᠢᠶᠠᠯᠠᠩ ᠤᠨ ᠣᠷᠣᠨ ᠤ ᠰᠠᠭᠤᠭᠠᠯᠢ ᠠᠷᠠᠳ ᠲᠠᠢ ᠠᠰᠢᠭ ᠬᠤᠨᠵᠢᠪᠤᠷᠢ ᠬᠤᠯᠪᠤᠯᠳᠤᠬᠤ ᠶᠢ | ᠪᠠᠶᠢᠭᠤᠯᠤᠬᠰᠠᠨ ᠲᠠᠷᠢᠶᠠᠯᠠᠩ ᠤᠨ ᠦᠢᠯᠡᠰ ᠠᠵᠦ ᠠᠬᠤᠶᠢᠯᠠᠯ ᠤᠨ ᠬᠠᠷᠢᠴᠠᠯ ᠨᠢ 72% ᠬᠦᠷᠴᠦ᠂ ᠲᠠᠷᠢᠶᠠᠯᠠᠩ | ᠤᠨ ᠣᠷᠣᠨ ᠤ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠠᠵᠦ ᠦᠢᠯᠡᠳᠪᠦᠷᠢᠴᠢᠯᠡᠨ ᠡᠵᠡᠩᠨᠡᠭᠰᠡᠨ ᠴᠡᠪᠡᠷ | ᠣᠷᠣᠯᠭ᠎ᠠ ᠨᠢ 5600 ᠲᠦᠭᠦᠷᠢᠭ ᠬᠦᠷᠪᠡ᠃ ᠨᠢᠭᠡᠳᠦᠭᠡᠷ ᠠᠵᠦ ᠦᠢᠯᠡᠰ ᠤᠨ ᠨᠡᠮᠡᠭᠳᠡᠯ ᠦᠷᠳᠡᠭ ᠨᠢ ᠪᠠᠷᠤᠭ | ᠠᠳᠠᠯᠢ ᠬᠤᠭᠤᠴᠠᠭᠠᠨ ᠠᠴᠠ 4% ᠨᠡᠮᠡᠭᠳᠡᠪᠡ᠃ | ᠠᠰᠠᠭᠤᠳᠠᠯ ᠳᠤ ᠴᠢᠭᠯᠡᠭᠦᠯᠦᠨ᠂ ᠣᠨᠣᠪᠴᠢᠲᠠᠢ ᠪᠠᠷ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ | ᠪᠠᠷᠢᠮᠲᠠᠯᠠᠵᠦ᠂ ᠭᠤᠷᠪᠠᠨ ᠶᠡᠭᠡ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠨᠢ ᠰᠢᠨ᠎ᠡ ᠠᠬᠢᠴᠠ ᠲᠠᠢ ᠪᠤᠯᠪᠠ᠃ ᠣᠨᠴᠠ | ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠢ ᠡᠷᠡᠰ | ᠰᠠᠶᠢᠲᠤᠷ ᠬᠢᠪᠡ᠃ ᠡᠳ᠋ ᠤᠨ ᠵᠠᠰᠠᠭ ᠤᠨ ᠮᠦᠩᠭᠦᠨ ᠭᠦᠢᠯᠭᠡᠭᠡᠨ ᠤ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠵᠦ᠂ | ᠵᠠᠰᠠᠭ ᠤᠨ ᠣᠷᠳᠣᠨ ᠤ ᠴᠢᠨᠠᠷᠲᠠᠢ ᠦᠷᠢ ᠶᠢ 2.66 ᠳ᠋ᠦᠩᠰᠢᠭᠤᠷ ᠲᠦᠭᠦᠷᠢᠭ ᠰᠢᠢᠳᠪᠦᠷᠢᠯᠡᠪᠡ᠃ ︽ᠠᠮᠤᠷ | ᠲᠦᠪᠰᠢᠨ ᠬᠠᠶᠢᠨᠠᠨ︾ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠦ᠂ ᠨᠡᠶᠢᠭᠡᠮ ᠤᠨ | ᠵᠠᠰᠠᠯᠲᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠭᠠᠵᠠᠭᠤ ᠨᠤᠮᠯᠠᠯ ᠢ ᠡᠰᠡᠷᠭᠦᠴᠡᠬᠦ᠂ ᠠᠵᠦ ᠠᠬᠤᠢ | ᠶᠢᠨ ᠬᠦᠷᠢᠶ᠎ᠡ ᠬᠡᠪᠴᠢᠶᠡᠨ ᠳᠠᠬᠢ ᠬᠠᠤᠯᠢ ᠠᠴᠠ ᠵᠦᠷᠢᠴᠡᠭᠰᠡᠨ ᠵᠡᠷᠭᠡ ᠲᠤᠰᠬᠠᠢ ᠠᠵᠢᠯ ᠢ ᠪᠦᠬᠦ ᠲᠠᠯ᠎ᠠ ᠪᠠᠷ | ᠦᠷᠨᠢᠭᠦᠯᠵᠦ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠭᠡᠨ ᠢ ᠭᠦᠨᠵᠡᠭᠡᠢ ᠦᠷᠨᠢᠭᠦᠯᠦᠨ᠂ | 3 ᠬᠠᠷᠬᠢᠰ ᠬᠦᠴᠦᠨ ᠤ ᠪᠦᠯᠦᠭᠯᠡᠯ ᠢ ᠣᠰᠠᠳᠬᠠᠵᠦ᠂ ᠬᠠᠷᠬᠢᠰ ᠬᠦᠴᠦᠨ ᠳᠤ ᠬᠤᠯᠪᠤᠭᠳᠠᠬᠤ 19 ᠬᠡᠷᠡᠭ ᠢ | ᠢᠯᠡᠷᠡᠭᠦᠯᠪᠡ᠃ ᠠᠷᠠᠳ ᠤᠨ ᠬᠦᠰᠡᠯ ᠱᠠᠭᠠᠷᠳᠠᠯᠭ᠎ᠠ ᠶᠢ ᠬᠦᠯᠢᠶᠡᠨ ᠠᠪᠬᠤ ᠠᠷᠭ᠎ᠠ ᠵᠠᠮ ᠢ ᠰᠠᠭᠠᠳ ᠦᠭᠡᠢ | ᠨᠡᠪᠲᠡᠷᠡᠭᠦᠯᠵᠦ᠂ ︽ᠵᠠᠬᠢᠳᠠᠯ ᠰᠤᠷᠪᠤᠯᠵᠢᠯᠠᠯ ᠤᠨ ᠵᠠᠭᠤᠨ ᠡᠳᠦᠷ ᠤᠨ ᠪᠠᠬᠢᠯᠡᠯᠲᠡ ᠰᠢᠪᠲᠤᠯᠬᠤ︾ ᠠᠵᠢᠯᠯᠠᠭ᠎ᠠ | ᠦᠷᠨᠢᠭᠦᠯᠵᠦ᠂ ᠨᠢᠭᠡ ᠪᠦᠯᠦᠭ ᠵᠠᠬᠢᠳᠠᠯ ᠰᠤᠷᠪᠤᠯᠵᠢᠯᠠᠯ ᠤᠨ ᠳᠣᠪᠤᠶᠢᠮ᠎ᠠ ᠠᠰᠠᠭᠤᠳᠠᠯ ᠨᠢ ᠵᠤᠬᠢᠰᠲᠠᠢ ᠰᠢᠢᠳᠪᠦᠷᠢ | ᠣᠯᠪᠠ᠃ ᠬᠦᠯᠦᠰᠦᠨ ᠠᠵᠢᠯᠴᠢᠨ ᠳᠤ ᠦᠷᠢᠲᠦᠭᠰᠡᠨ ᠴᠠᠯᠢᠩ ᠢ ᠢᠯᠭᠠᠷᠠᠭᠤᠯᠬᠤ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ 500 ᠲᠦᠮᠡᠨ ᠲᠦᠭᠦᠷᠢᠭ ᠤᠨ ᠪᠠᠴᠢᠮ ᠪᠠᠶᠢᠳᠠᠯ ᠢ ᠠᠷᠭᠠᠴᠠᠬᠤ ᠰᠠᠭᠤᠷᠢ ᠮᠦᠩᠭᠦ ᠶᠢ | ᠨᠦᠬᠡᠴᠡᠯᠡᠨ ᠬᠠᠳᠠᠭᠠᠯᠠᠵᠦ᠂ 206 ᠲᠦᠮᠡᠨ ᠲᠦᠭᠦᠷᠢᠭ ᠤᠨ ᠠᠪᠴᠠᠭ᠎ᠠ ᠶᠢ ᠰᠢᠢᠳᠪᠦᠷᠢᠯᠡᠭᠰᠡᠨ ᠪᠦᠭᠡᠳ ᠨᠡᠬᠡᠮᠵᠢᠯᠡᠨ | ᠠᠪᠤᠪᠠ᠃ ᠠᠶᠤᠯᠬᠦᠢ ᠦᠢᠯᠡᠳᠪᠦᠷᠢᠯᠡᠯ ᠪᠤᠯᠤᠨ ᠢᠳᠡᠭᠡᠨ ᠤ ᠵᠦᠢᠯ ᠡᠮ ᠤᠨ ᠵᠦᠢᠯ ᠤᠨ ᠬᠢᠨᠠᠨ ᠬᠠᠮᠢᠶᠠᠷᠤᠯᠲᠠ ᠶᠢ | ᠪᠦᠬᠦ ᠲᠠᠯ᠎ᠠ ᠪᠠᠷ ᠴᠢᠩᠭᠠᠳᠬᠠᠵᠦ᠂ ᠪᠦᠬᠦ ᠵᠢᠯ ᠳᠤ ᠨᠡᠯᠢᠶᠡᠳ ᠶᠡᠭᠡ ᠠᠴᠠ ᠳᠡᠭᠡᠭᠰᠢ ᠠᠮᠤᠷ ᠲᠦᠪᠰᠢᠨ ᠤ ᠠᠳᠡᠯ | ᠭᠠᠷᠤᠬᠰᠠᠨ ᠦᠭᠡᠢ ᠪᠠᠶᠢᠵᠦ᠂ ᠭᠠᠵᠠᠷ ᠣᠷᠣᠨ ᠤ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ | ᠲᠤᠬᠲᠠᠭᠤᠨ ᠪᠠᠶᠢᠪᠠ᠃ ᠣᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠲᠤᠯᠬᠤ | ᠳᠠᠶᠢᠯᠠᠯᠳᠣᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠣᠨᠢᠨ ᠳᠡᠭᠡᠷ᠎ᠡ ᠨᠢ ᠶᠠᠳᠠᠭᠤ ᠶᠢ ᠲᠡᠳᠭᠦᠬᠦ᠂ ᠣᠨᠢᠨ ᠳᠡᠭᠡᠷ᠎ᠡ ᠨᠢ | ᠶᠠᠳᠠᠭᠤ ᠠᠴᠠ ᠠᠩᠬᠢᠵᠢᠷᠠᠭᠤᠯᠬᠤ ᠡᠯ᠎ᠡ ᠲᠦᠷᠦᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ | ᠪᠦᠬᠦ ᠵᠢᠯ ᠳᠤ 14 ᠡᠷᠦᠬᠡ 38 ᠬᠦᠮᠦᠨ ᠶᠠᠳᠠᠭᠤ ᠠᠴᠠ ᠪᠠᠨ ᠠᠩᠬᠢᠵᠢᠷᠠᠪᠠ᠃ ᠶᠠᠳᠠᠭᠤ ᠬᠦᠴᠢᠷᠳᠡᠯᠲᠡᠢ ᠡᠷᠦᠬᠡ ᠶᠢ | ᠣᠨᠣᠪᠴᠢᠲᠠᠢ ᠢᠯᠭᠠᠬᠤ ᠬᠦᠳᠡᠯᠦᠩᠭᠦᠢ ᠪᠠᠶᠢᠳᠠᠯ ᠤᠨ ᠬᠠᠮᠢᠶᠠᠷᠤᠯᠲᠠ ᠶᠢ ᠯᠠᠪᠳᠠᠭᠤᠨ ᠪᠠᠲᠤᠲᠠᠢ ᠦᠷᠨᠢᠭᠦᠯᠵᠦ᠂ | ᠶᠠᠳᠠᠭᠤ ᠬᠦᠴᠢᠷᠳᠡᠯᠲᠡᠢ ᠬᠦᠮᠦᠰ ᠤᠨ ᠣᠷᠣᠵᠦ ᠢᠷᠡᠵᠦ᠂ ᠣᠬᠤᠷᠢᠵᠦ ᠭᠠᠷᠬᠤ ᠶᠢ ᠪᠠᠲᠤᠯᠠᠨ᠎ᠠ᠃ ᠦᠪᠡᠷᠲᠡᠭᠡᠨ | ᠵᠠᠰᠠᠬᠤ ᠣᠷᠣᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠲᠤᠯᠬᠤ ᠲᠦᠪᠯᠡᠷᠡᠭᠦᠯᠦᠨ ᠵᠠᠰᠠᠬᠤ ᠲᠤᠰᠬᠠᠢ | ᠠᠵᠢᠯᠯᠠᠭ᠎ᠠ᠂ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠲᠤᠯᠬᠤ ᠲᠤᠰᠬᠠᠢ ᠬᠢᠨᠠᠨ ᠪᠠᠶᠢᠴᠠᠭᠠᠬᠤ ᠠᠵᠢᠯ ᠢ | ᠢᠳᠡᠪᠬᠢᠲᠡᠢ ᠬᠠᠮᠵᠢᠯᠴᠠᠨ ᠪᠡᠶᠡᠯᠡᠭᠦᠯᠵᠦ᠂ 8 ᠬᠠᠷᠢᠭᠤ ᠲᠤᠰᠬᠠᠯ ᠳᠤᠪᠤᠶᠢᠮ᠎ᠠ ᠠᠰᠠᠭᠤᠳᠠᠯ ᠢ ᠪᠦᠬᠦᠳᠡ ᠶᠢ ᠴᠡᠭᠴᠡᠯᠡᠨ | ᠦᠭᠡᠷᠡᠴᠢᠯᠡᠵᠦ ᠳᠠᠭᠤᠰᠤᠪᠠ᠃ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠲᠤᠯᠬᠤ ᠦᠷ᠎ᠡ ᠪᠦᠲᠦᠮᠵᠢ ᠶᠢ | ᠣᠯᠠᠮ ᠨᠢᠭᠡ ᠠᠯᠬᠤᠮ ᠪᠠᠬᠢᠵᠢᠭᠦᠯᠵᠦ᠂ ᠠᠵᠦ ᠦᠢᠯᠡᠰ᠂ ᠡᠷᠡᠭᠦᠯ ᠴᠢᠬᠢᠷᠠᠭ᠂ ᠮᠦᠩᠭᠦᠨ ᠬᠦᠢᠯᠭᠡᠭᠡ ᠵᠡᠷᠭᠡ ᠡᠯ᠎ᠡ | ᠲᠦᠷᠦᠯ ᠤᠨ ᠶᠠᠳᠠᠭᠤ ᠶᠢ ᠲᠡᠳᠭᠦᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠬᠦᠨᠵᠡᠭᠡᠢ ᠲᠤᠤᠱᠯᠠᠭᠤᠯᠵᠦ᠂ | ᠡᠷᠦᠬᠡ ᠳᠤ ᠬᠦᠷᠲᠡᠯ᠎ᠡ ᠲᠠᠷᠬᠠᠭᠠᠬᠰᠠᠨ ᠲᠦᠷᠦᠯ ᠵᠦᠢᠯ ᠤᠨ ᠪᠡᠯᠡ ᠮᠦᠩᠭᠦ 305 ᠲᠦᠮᠡᠨ ᠲᠦᠭᠦᠷᠢᠭ ᠪᠠᠶᠢᠵᠦ᠂ | ᠠᠰᠢᠭ ᠬᠦᠷᠲᠡᠭᠰᠡᠨ ᠶᠠᠳᠠᠭᠤ ᠬᠦᠴᠢᠷᠳᠡᠯᠲᠡᠢ ᠬᠦᠮᠦᠨ ᠠᠮᠠ ᠨᠢ 4026 ᠬᠦᠮᠦᠨ ᠣᠳᠠᠭ᠎ᠠ᠃ ᠨᠦᠬᠡᠴᠡᠯᠡᠨ | ᠬᠦᠮᠦᠷᠭᠡ ᠳᠤ ᠣᠷᠣᠬᠰᠠᠨ ᠶᠠᠳᠠᠭᠤ ᠶᠢ ᠲᠡᠳᠭᠦᠬᠦ ᠲᠦᠷᠦᠯ ᠵᠦᠢᠯ 126᠂ ᠡᠬᠢᠯᠡᠵᠦ ᠬᠡᠷᠡᠭᠵᠢᠭᠦᠯᠦᠭᠰᠡᠨ ᠨᠢ 27 | ᠪᠠᠶᠢᠵᠦ᠂ 1805 ᠲᠦᠮᠡᠨ ᠲᠦᠭᠦᠷᠢᠭ ᠤᠨ ᠲᠤᠰᠬᠠᠢ ᠪᠡᠯᠡ ᠮᠦᠩᠬᠦ ᠣᠷᠣᠭᠤᠯᠪᠠ᠃ ᠪᠦᠬᠦ ᠲᠤᠭᠤᠷᠢᠭ ᠢᠶᠠᠷ ᠢᠶᠠᠨ | ᠲᠠᠷᠢᠶᠠᠯᠠᠩ ᠤᠨ ᠣᠷᠣᠨ ᠤ ᠲᠦᠭᠰᠢᠭᠦᠷᠢ ᠲᠠᠢ ᠭᠡᠷ ᠪᠠᠶᠢᠰᠢᠩ ᠢ ᠬᠠᠯᠠᠨ ᠰᠠᠶᠢᠵᠢᠷᠠᠭᠤᠯᠬᠤ ᠪᠠᠶᠢᠴᠠᠭᠠᠯᠲᠠ | ᠦᠷᠨᠢᠭᠦᠯᠵᠦ᠂ ︽ᠳᠦᠷᠪᠡᠨ ᠲᠦᠷᠦᠯ ᠤᠨ ᠭᠤᠤᠯᠳᠠᠯᠭᠠᠲᠤ ᠡᠲᠡᠭᠡᠳ︾ ᠤᠨ ᠣᠷᠣᠨ ᠰᠠᠭᠤᠴᠠ ᠶᠢᠨ ᠠᠮᠤᠷ | ᠲᠦᠪᠰᠢᠨ ᠢ ᠪᠠᠲᠤᠯᠠᠬᠤ ᠳᠤ ᠯᠠᠪᠳᠠᠭᠤᠨ ᠪᠠᠲᠤᠲᠠᠢ ᠰᠠᠭᠤᠷᠢ ᠶᠢ ᠲᠠᠯᠪᠢᠪᠠ᠃ ᠪᠤᠬᠢᠷᠲᠤᠯ ᠢ ᠰᠡᠷᠭᠡᠶᠢᠯᠡᠨ ᠵᠠᠰᠠᠬᠤ | ᠪᠠᠬᠢᠯᠡᠯᠲᠡ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠪᠡ᠃ ᠪᠤᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ | ᠲᠦᠯᠦᠪᠯᠡᠭᠡ ᠶᠢ ᠬᠦᠨᠵᠡᠭᠡᠢ ᠬᠡᠷᠡᠭᠵᠢᠭᠦᠯᠵᠦ᠂ ᠡᠯ᠎ᠡ ᠲᠦᠷᠦᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ | ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠲᠦᠪ ᠬᠤᠷᠢᠶᠠᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ | ᠬᠢᠨᠠᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠬᠠᠷᠢᠭᠤ ᠲᠤᠰᠬᠠᠬᠰᠠᠨ ᠠᠰᠠᠭᠤᠳᠠᠯ ᠤᠨ ᠴᠡᠭᠴᠡᠯᠡᠨ | ᠦᠭᠡᠷᠡᠴᠢᠯᠡᠬᠦ ᠠᠵᠢᠯ ᠢ ᠦᠨᠡᠨ ᠬᠦ ᠰᠠᠶᠢᠲᠤᠷ ᠠᠳᠬᠤᠵᠦ᠂ ᠨᠡᠶᠢᠲᠡ 7.73 ᠳ᠋ᠦᠩᠰᠢᠭᠤᠷ ᠲᠦᠭᠦᠷᠢᠭ ᠤᠨ ᠪᠡᠯᠡ | ᠣᠷᠣᠭᠤᠯᠵᠦ᠂ ᠲᠤᠭᠤᠷᠢᠭ ᠤᠨ ᠬᠡᠪᠴᠢᠶᠡᠨ ᠤ ᠠᠮᠢ ᠠᠬᠤᠢ ᠣᠷᠴᠢᠨ ᠲᠤᠭᠤᠷᠢᠨ ᠤ ᠰᠠᠶᠢᠵᠢᠷᠠᠭᠤᠯᠤᠯᠲᠠ ᠨᠢ | ᠠᠩᠬᠠᠨ ᠤ ᠠᠯᠬᠤᠮ ᠤᠨ ᠦᠷ᠎ᠡ ᠪᠦᠲᠦᠮᠵᠢ ᠣᠯᠪᠠ᠃ ᠠᠭᠠᠷ ᠮᠠᠨᠳᠠᠯ ᠤᠨ ᠣᠷᠴᠢᠨ ᠲᠤᠭᠤᠷᠢᠨ ᠤ ᠶᠡᠷᠦᠩᠬᠡᠢ | ᠴᠡᠭᠴᠡᠯᠡᠨ ᠵᠠᠰᠠᠬᠤ ᠶᠢ ᠢᠳᠡᠪᠬᠢᠲᠡᠢ ᠲᠦᠯᠬᠢᠨ ᠠᠬᠢᠭᠤᠯᠵᠦ᠂ ᠬᠡᠷᠡᠭᠵᠢᠭᠦᠯᠦᠭᠰᠡᠨ ᠠᠭᠠᠷ ᠮᠠᠨᠳᠠᠯ ᠤᠨ ᠣᠷᠴᠢᠨ | ᠲᠤᠭᠤᠷᠢᠨ ᠤ ᠶᠡᠷᠦᠩᠬᠡᠢ ᠴᠡᠭᠴᠡᠯᠡᠨ ᠵᠠᠰᠠᠯᠲᠠ ᠶᠢᠨ ᠲᠦᠷᠦᠯ ᠵᠦᠢᠯ 66᠂ 14 ᠨᠡᠭᠦᠷᠡᠰᠦ ᠰᠢᠲᠠᠭᠠᠬᠤ ᠵᠤᠤᠬ᠎ᠠ ᠶᠢ | ᠲᠠᠶᠠᠬᠳᠠᠭᠤᠯᠵᠦ᠂ ᠰᠢᠨ᠎ᠡ ᠪᠠᠷ 15.3 ᠺᠢᠯᠤᠮᠧᠲᠷ ᠠᠭᠤᠷᠬᠠᠢ ᠶᠢᠨ ᠣᠷᠣᠨ ᠤ ᠵᠠᠰᠠᠮᠠᠯ ᠵᠠᠮ ᠪᠠᠶᠢᠭᠤᠯᠵᠦ᠂ ᠪᠦᠬᠦ ᠵᠢᠯ | ᠳᠤ ᠬᠤᠲᠠ ᠲᠤᠭᠤᠷᠢᠭ ᠤᠨ ᠰᠠᠶᠢᠨ ᠠᠭᠠᠷ ᠤᠨ ᠴᠢᠨᠠᠷ ᠤᠨ ᠡᠳᠦᠷ ᠤᠨ ᠲᠤᠭ᠎ᠠ ᠨᠢ 226 ᠡᠳᠦᠷ ᠬᠦᠷᠴᠦ᠂ | ᠪᠠᠷᠢᠮᠵᠢᠶ᠎ᠠ ᠳᠤ ᠬᠦᠷᠦᠭᠰᠡᠨ ᠨᠤᠷᠮ᠎ᠠ ᠨᠢ ᠠᠳᠠᠯᠢ ᠬᠤᠭᠤᠴᠠᠭᠠᠨ ᠠᠴᠠ 10.4% ᠨᠡᠮᠡᠭᠳᠡᠪᠡ᠃ 12 ᠣᠰᠣᠨ ᠤ | ᠪᠤᠬᠢᠷᠲᠤᠯ ᠢ ᠰᠡᠷᠭᠡᠶᠢᠯᠡᠨ ᠵᠠᠰᠠᠬᠤ ᠲᠦᠷᠦᠯ ᠵᠦᠢᠯ ᠢ ᠬᠡᠷᠡᠭᠵᠢᠭᠦᠯᠵᠦ᠂ ᠠᠮᠢᠳᠤᠷᠠᠯ ᠤᠨ ᠪᠤᠬᠢᠷ ᠣᠰᠣ ᠶᠢ | ᠰᠢᠢᠳᠪᠦᠷᠢᠯᠡᠬᠦ ᠨᠤᠷᠮ᠎ᠠ ᠨᠢ 80% ᠠᠴᠠ ᠳᠡᠭᠡᠭᠰᠢ ᠬᠦᠷᠴᠦ᠂ ᠪᠤᠬᠢᠷ ᠣᠰᠣ ᠶᠢ ᠰᠢᠢᠳᠪᠦᠷᠢᠯᠡᠬᠦ ᠦᠢᠯᠡᠳᠪᠦᠷᠢ ᠶᠢᠨ | ᠬᠤᠶᠠᠳᠤᠭᠠᠷ ᠬᠤᠭᠤᠴᠠᠭᠠᠨ ᠤ ᠮᠡᠷᠭᠡᠵᠢᠯ ᠤᠨ ᠦᠭᠡᠷᠡᠴᠢᠯᠡᠯᠲᠡ ᠶᠢᠨ ᠲᠦᠷᠦᠯ ᠵᠦᠢᠯ ᠨᠢ ᠣᠷᠴᠢᠨ ᠲᠤᠭᠤᠷᠢᠨ ᠤ | ᠬᠠᠮᠠᠭᠠᠯᠠᠯᠲᠠ ᠶᠢᠨ ᠰᠢᠯᠭᠠᠨ ᠬᠤᠷᠢᠶᠠᠯᠲᠠ ᠶᠢ ᠦᠩᠭᠡᠷᠭᠡᠪᠡ᠃ ᠠᠵᠦ ᠦᠢᠯᠡᠳᠪᠦᠷᠢ ᠠᠵᠤ ᠠᠬᠤᠶᠢᠯᠠᠯ ᠤᠨ | ᠲᠤᠭᠲᠠᠭᠠᠯ ᠠᠴᠠ ᠵᠦᠷᠢᠴᠡᠨ ᠭᠠᠵᠠᠷ ᠲᠤᠤᠷᠠᠬᠢ ᠣᠰᠣ ᠶᠢ ᠬᠡᠷᠡᠭᠯᠡᠭᠰᠡᠨ ᠢ ᠴᠡᠭᠴᠡᠯᠡᠨ ᠦᠭᠡᠷᠡᠴᠢᠯᠡᠬᠦ ᠠᠵᠢᠯ ᠢ | ᠦᠨᠳᠦᠰᠦᠨ ᠳᠡᠭᠡᠨ ᠪᠡᠶᠡᠯᠡᠭᠦᠯᠪᠡ᠃ ᠪᠤᠬᠢᠷᠲᠤᠯ ᠦᠭᠡᠢ ᠠᠭᠤᠷᠬᠠᠢ ᠶᠢᠨ ᠠᠭᠤᠯᠠᠨ ᠤ ᠪᠦᠲᠦᠭᠡᠨ ᠪᠠᠶᠢᠭᠤᠯᠤᠯᠲᠠ ᠶᠢ | ᠭᠦᠨᠵᠡᠭᠡᠢ ᠲᠦᠯᠬᠢᠨ ᠠᠬᠢᠭᠤᠯᠵᠦ᠂ 9 ᠨᠡᠭᠦᠷᠡᠰᠦᠨ ᠤ ᠳᠠᠪᠬᠤᠷᠭ᠎ᠠ ᠶᠢᠨ ᠠᠶᠠᠨᠳᠠᠭᠠᠨ ᠨᠤᠴᠤᠬᠤ ᠴᠡᠭ᠂ 38 | ᠨᠡᠭᠦᠷᠡᠰᠦᠨ ᠴᠢᠯᠠᠭᠤᠨ ᠤ ᠠᠶᠠᠨᠳᠠᠭᠠᠨ ᠨᠤᠴᠤᠬᠤ ᠴᠡᠭ ᠢ ᠳᠠᠷᠣᠵᠦ ᠣᠰᠠᠳᠬᠠᠪᠠ᠃ ᠠᠵᠦ ᠠᠬᠤᠶᠢᠯᠠᠯ ᠤᠨ ᠭᠤᠤᠯ | ᠴᠤᠬᠴᠠ ᠶᠢᠨ ᠦᠢᠯᠡᠳᠦᠯ ᠢ ᠪᠦᠷᠢᠨ ᠬᠦᠢᠴᠡᠳ ᠪᠠᠳᠠᠷᠠᠭᠤᠯᠵᠦ᠂ ᠨᠡᠶᠢᠲᠡ 2 ᠳ᠋ᠦᠩᠰᠢᠭᠤᠷ ᠲᠦᠭᠦᠷᠢᠭ ᠤᠨ ᠪᠡᠯᠡ | ᠮᠦᠩᠭᠦ ᠣᠷᠣᠭᠤᠯᠵᠦ᠂ ᠨᠢᠭᠡᠳᠦᠯᠲᠡᠢ ᠪᠠᠷ ᠵᠠᠳᠠᠭᠠᠢ ᠨᠡᠭᠦᠷᠡᠰᠦᠨ ᠠᠭᠤᠷᠭᠠᠢ ᠶᠢᠨ ᠰᠢᠭᠠᠷᠤ ᠭᠠᠷᠭᠠᠬᠤ ᠲᠠᠯᠠᠪᠤᠷ ᠲᠤ | ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠬᠢᠵᠦ᠂ ᠠᠭᠤᠷᠬᠠᠢ ᠶᠢᠨ ᠣᠷᠣᠨ ᠤ ᠣᠷᠴᠢᠨ ᠲᠤᠭᠤᠷᠢᠨ ᠮᠡᠳᠡᠭᠳᠡᠬᠦᠶᠢᠴᠡ | ᠰᠠᠶᠢᠵᠢᠷᠠᠪᠠ᠃ ᠦᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠠᠭᠤᠷᠬᠠᠢ ᠶᠢᠨ ᠠᠭᠤᠯᠠᠨ ᠤ ᠰᠢᠷᠤᠢ ᠭᠠᠷᠭᠠᠬᠤ | ᠲᠠᠯᠠᠪᠤᠷ ᠤᠨ ᠵᠠᠯᠭᠠᠯᠳᠤᠬᠰᠠᠨ ᠬᠡᠰᠡᠭ ᠢᠶᠠᠷ ᠴᠡᠭᠴᠡᠯᠡᠨ ᠵᠠᠰᠠᠬᠤ ᠪᠠᠷᠢᠮᠵᠢᠶᠠᠵᠢᠬᠰᠠᠨ ᠭᠠᠵᠠᠷ ᠣᠷᠣᠨ ᠤ ᠪᠠᠷᠢᠮᠵᠢᠶ᠎ᠠ | ᠶᠢ ᠲᠤᠬᠲᠠᠭᠠᠵᠦ᠂ ᠭᠤᠸᠠᠩ ᠨᠠ ᠲᠡᠮᠡᠭᠡᠲᠤ ᠠᠭᠤᠯᠠᠨ ᠤ ᠯᠦᠩ ᠴᠠᠩ ᠠᠵᠤ ᠦᠢᠯᠡᠳᠪᠦᠷᠢ ᠠᠷᠠᠯᠵᠢᠶᠠᠨ ᠤ | ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠨᠡᠭᠦᠷᠡᠰᠦᠨ ᠠᠭᠤᠷᠬᠠᠢ ᠶᠢᠨ ᠰᠢᠭᠠᠷᠤ ᠠᠭᠤᠯᠠ ᠶᠢ ᠵᠠᠰᠠᠨ | ᠰᠠᠶᠢᠵᠢᠷᠠᠭᠤᠯᠬᠤ ᠲᠦᠷᠦᠯ ᠵᠦᠢᠯ ᠨᠢ ᠦᠪᠡᠷᠲᠡᠭᠡᠨ ᠵᠠᠰᠠᠬᠤ ᠣᠷᠣᠨ ᠤ ᠬᠠᠮᠤᠭ ᠠᠩᠬᠠᠨ ᠤ ᠪᠤᠬᠢᠷᠳᠠᠯ ᠦᠭᠡᠢ | ᠠᠭᠤᠷᠬᠠᠢ ᠶᠢᠨ ᠠᠭᠤᠯᠠ ᠪᠤᠯᠤᠭᠰᠠᠨ ᠮᠦᠷᠲᠡᠭᠡᠨ ᠤᠯᠠᠨ ᠤᠯᠤᠰ ᠤᠨ ᠬᠤᠯᠪᠤᠭᠠᠲᠤ ᠪᠠᠶᠢᠭᠤᠯᠭ᠎ᠠ ᠶᠢᠨ ᠨᠡᠭᠡᠭᠡᠯᠳᠡ | ᠶᠢᠨ ᠲᠦᠯᠦᠪᠯᠡᠭᠡᠨ ᠤ ᠵᠠᠬᠢᠷᠭ᠎ᠠ ᠶᠢᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠪᠠ ᠦᠷᠭᠦᠯᠵᠢᠬᠦᠯᠦᠨ | ᠬᠦᠭᠵᠢᠬᠦᠯᠬᠦ ᠲᠦᠷᠦᠯ ᠵᠦᠢᠯ ᠳᠤ ᠵᠢᠭᠰᠠᠭᠠᠭᠳᠠᠪᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠬᠦᠴᠦᠯᠡᠴᠡ ᠶᠢ ᠲᠠᠰᠤᠷᠠᠯᠲᠠ ᠦᠭᠡᠢ ᠨᠡᠮᠡᠭᠳᠡᠭᠦᠯᠵᠦ᠂ 1 ᠲᠦᠮᠡᠨ ᠮᠦ ᠢᠯᠡᠭᠦᠦ ᠮᠤᠳᠤ ᠤᠶᠢᠵᠢᠭᠤᠯᠵᠦ᠂ | ᠪᠠᠶᠢᠭᠤᠯᠤᠨ ᠪᠦᠲᠦᠭᠡᠭᠰᠡᠨ ᠣᠷᠣᠨ ᠤ ᠨᠤᠭᠤᠭᠠᠷᠠᠭᠤᠯᠤᠯᠲᠠ ᠶᠢᠨ ᠪᠦᠷᠬᠦᠴᠡ ᠨᠢ 42.4% ᠬᠦᠷᠪᠡ᠃ | ᠬᠤᠲᠠ ᠬᠦᠳᠡᠭᠡ ᠶᠢ ᠨᠢᠭᠡᠲᠦᠯᠲᠡᠢ ᠲᠦᠯᠦᠪᠵᠢᠭᠦᠯᠬᠦ᠂ ᠠᠭᠤᠰᠤᠯᠴᠠᠭᠤᠯᠤᠨ ᠬᠦᠭᠵᠢᠭᠦᠯᠬᠦ ᠶᠢ ᠪᠠᠷᠢᠮᠲᠠᠯᠠᠵᠦ᠂ | ᠰᠠᠭᠤᠷᠢ ᠲᠤᠨᠤᠭ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠨᠢ ᠰᠢᠨ᠎ᠡ ᠬᠤᠪᠢᠷᠠᠯᠲᠠ ᠭᠠᠷᠪᠠ᠃ ᠬᠤᠲᠠ | ᠲᠤᠭᠤᠷᠢᠭ ᠤᠨ ᠦᠢᠯᠡᠴᠢᠯᠡᠭᠡᠨ ᠤ ᠴᠢᠳᠠᠮᠵᠢ ᠲᠠᠰᠣᠷᠠᠯᠲᠠ ᠦᠭᠡᠢ ᠰᠢᠯᠢᠳᠡᠭᠵᠢᠪᠡ᠃ ᠬᠤᠲᠠ ᠲᠤᠭᠤᠷᠢᠭ ᠤᠨ ᠢᠯᠴᠢ | ᠬᠠᠩᠭᠠᠬᠤ ᠬᠤᠭᠤᠯᠠᠢ ᠶᠢᠨ ᠦᠭᠡᠷᠡᠴᠢᠯᠡᠨ ᠰᠠᠶᠢᠵᠢᠷᠠᠭᠤᠯᠤᠯᠲᠠ ᠶᠢ ᠲᠦᠷᠭᠡᠳᠭᠡᠨ ᠠᠬᠢᠭᠤᠯᠵᠦ᠂ ᠪᠠᠷᠠᠭᠤᠨ | ᠣᠷᠠᠨᠳᠦ᠋ᠰᠢ ᠠᠭᠤᠯᠠᠨ ᠤ ᠭᠠᠵᠠᠷ ᠣᠷᠣᠨ ᠪᠤᠯᠤᠨ ᠱᠧᠨ ᠬᠤᠸᠠ᠂ ᠢ ᠮᠢᠨ ᠵᠡᠷᠭᠡ 9 ᠪᠠᠭ᠎ᠠ ᠲᠤᠭᠤᠷᠢᠭ ᠵᠢᠴᠢ | ᠬᠠᠲᠤᠨ ᠭᠤᠤᠯ ᠵᠠᠮ ᠢᠯᠴᠢ ᠬᠠᠩᠭᠠᠬᠤ ᠬᠤᠭᠤᠯᠠᠢ ᠶᠢᠨ ᠦᠭᠡᠷᠡᠴᠢᠯᠡᠨ ᠰᠠᠶᠢᠵᠢᠷᠠᠭᠤᠯᠤᠯᠲᠠ ᠶᠢᠨ ᠢᠨᠵᠧᠨᠧᠷᠢᠩ ᠢ | ᠪᠡᠶᠡᠯᠡᠭᠦᠯᠵᠦ᠂ 5 ᠬᠠᠭᠤᠴᠢᠨ ᠪᠠᠭ᠎ᠠ ᠲᠤᠭᠤᠷᠢᠭ 14 ᠲᠦᠮᠡᠨ ᠲᠡᠭᠰᠢ ᠳᠦᠷᠪᠡᠯᠵᠢᠨ ᠮᠧᠲᠷ ᠤᠨ ᠪᠠᠶᠢᠭ᠎ᠠ ᠪᠠᠷᠢᠯᠭ᠎ᠠ | ᠶᠢᠨ ᠡᠨᠧᠷᠬᠢ ᠠᠷᠪᠢᠯᠠᠨ ᠦᠭᠡᠷᠡᠴᠢᠯᠡᠨ ᠰᠠᠶᠢᠵᠢᠷᠠᠭᠤᠯᠬᠤ ᠶᠢ ᠬᠡᠷᠡᠭᠵᠢᠭᠦᠯᠪᠡ᠃ ᠬᠤᠲᠠ ᠲᠤᠭᠤᠷᠢᠭ ᠤᠨ ᠵᠠᠮ ᠤᠨ | ᠰᠦᠯᠵᠢᠶ᠎ᠡ ᠶᠢ ᠲᠠᠰᠤᠷᠠᠯᠲᠠ ᠦᠭᠡᠢ ᠣᠷᠲᠣᠳᠬᠠᠪᠠ᠃ ᠯᠤᠬᠰᠢᠳᠣᠷ ᠵᠡᠭᠡᠯᠢ᠂ ᠷᠠᠰᠠᠩ ᠰᠦᠮ᠎ᠡ ᠵᠡᠭᠦᠨ ᠵᠡᠭᠡᠯᠢ ᠶᠢᠨ | ᠪᠦᠲᠦᠭᠡᠨ ᠪᠠᠶᠢᠭᠤᠯᠤᠯᠲᠠ ᠳᠠᠭᠤᠰᠪᠠ᠃ ᠵᠡᠭᠦᠨ ᠲᠤᠭᠤᠷᠢᠯ ᠵᠠᠮ᠂ ᠷᠦ᠋ ᠢ ᠬᠤᠲᠠ ᠶᠢᠨ ᠲᠦᠭᠦᠷᠭᠡ ᠶᠢᠨ ᠵᠠᠮ ᠢ | ᠪᠦᠲᠦᠭᠡᠨ ᠪᠠᠶᠢᠭᠤᠯᠬᠤ ᠠᠵᠢᠯ ᠡᠬᠢᠯᠡᠭᠦᠯᠪᠡ᠃ ᠪᠤᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ | ᠴᠤᠬᠴᠠᠯᠠᠨ ᠪᠠᠶᠢᠭᠤᠯᠬᠤ ᠠᠵᠢᠯ ᠲᠠᠢ ᠣᠶᠠᠯᠳᠤᠭᠤᠯᠵᠦ᠂ ᠬᠤᠲᠠ ᠲᠤᠭᠤᠷᠢᠭ ᠤᠨ ᠣᠷᠣᠵᠦ ᠭᠠᠷᠬᠤ ᠭᠠᠵᠠᠷ᠂ | ᠴᠤᠬᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠵᠡᠷᠭᠡ ᠭᠤᠤᠯᠳᠠᠯᠭᠠᠲᠤ ᠲᠤᠭᠤᠷᠢᠭ ᠤᠨ ᠵᠠᠮ ᠬᠠᠷᠢᠯᠴᠠᠭᠠᠨ ᠤ ᠡᠮᠬᠢ | ᠵᠢᠷᠦᠮ ᠪᠤᠯᠤᠨ ᠣᠷᠴᠢᠨ ᠲᠤᠭᠤᠷᠢᠨ ᠡᠷᠡᠭᠦᠯ ᠬᠠᠮᠠᠭᠠᠯᠠᠯ ᠤᠨ ᠲᠤᠰᠬᠠᠢ ᠴᠡᠭᠴᠡᠯᠡᠯᠲᠡ ᠶᠢ ᠭᠦᠨᠵᠡᠭᠡᠢ ᠦᠷᠨᠢᠭᠦᠯᠪᠡ᠃ | ᠬᠤᠲᠠ ᠲᠤᠭᠤᠷᠢᠭ ᠤᠨ ︽ᠨᠠᠷᠢᠯᠢᠬᠵᠢᠭᠤᠯᠤᠬᠰᠠᠨ ᠬᠠᠮᠢᠶᠠᠷᠤᠯᠲᠠ︾ ᠲᠠᠰᠤᠷᠠᠯᠲᠠ ᠦᠭᠡᠢ ᠲᠡᠭᠦᠯᠳᠡᠷᠵᠢᠵᠦ᠂ ︽ | ᠵᠠᠮ ᠤᠨ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠷᠤᠨ ᠰᠠᠭᠤᠴᠠ ᠶᠢᠨ ᠲᠤᠭᠤᠷᠢᠭ ᠤᠨ | ᠠᠳᠠᠯ ᠠᠬᠤᠢ ᠨᠢ ᠦᠨᠳᠦᠰᠦᠨ ᠳᠡᠭᠡᠨ ᠪᠦᠬᠦ ᠪᠦᠷᠭᠦᠯᠲᠡ ᠶᠢ ᠪᠡᠶᠡᠯᠡᠭᠦᠯᠵᠦ᠂ ᠬᠤᠲᠠ ᠶᠢᠨ ᠶᠡᠷᠦᠩᠬᠡᠶᠢᠯᠡᠭᠰᠡᠨ | ᠦᠢᠯᠡᠴᠢᠯᠡᠭᠡᠨ ᠤ ᠴᠢᠳᠠᠮᠵᠢ ᠲᠠᠰᠤᠷᠠᠯᠲᠠ ᠦᠭᠡᠢ ᠳᠡᠭᠡᠭᠰᠢᠯᠡᠪᠡ᠃ ᠲᠠᠷᠢᠶᠠᠯᠠᠩ ᠤᠨ ᠣᠷᠣᠨ ᠤ ᠰᠠᠭᠤᠷᠢ ᠲᠤᠨᠤᠭ | ᠲᠦᠭᠦᠭᠡᠷᠦᠮᠵᠢ ᠡᠳᠦᠷ ᠢᠷᠡᠭᠦᠶ᠎ᠡ ᠪᠦᠷᠢᠨ ᠲᠡᠭᠦᠯᠳᠡᠷ ᠪᠤᠯᠪᠠ᠃ ᠲᠠᠷᠢᠶᠠᠯᠠᠩ ᠤᠨ ᠣᠷᠣᠨ ᠤ ᠬᠦᠮᠦᠰ ᠤᠨ ᠣᠷᠣᠰᠢᠨ | ᠠᠮᠢᠳᠤᠷᠠᠵᠦ ᠪᠠᠶᠢᠭ᠎ᠠ ᠣᠷᠴᠢᠨ ᠲᠤᠭᠤᠷᠢᠨ ᠢ ᠴᠡᠭᠴᠡᠯᠡᠨ ᠵᠠᠰᠠᠬᠤ ᠠᠴᠠ ᠭᠠᠷᠳᠠᠵᠦ᠂ ᠲᠠᠷᠢᠶᠠᠯᠠᠩ ᠤᠨ ᠣᠷᠣᠨ ᠤ | ᠰᠠᠭᠤᠷᠢ ᠲᠤᠨᠤᠭ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠨᠡᠨ ᠬᠦ ᠲᠦᠯᠬᠢᠨ ᠠᠬᠢᠭᠤᠯᠵᠦ᠂ ᠰᠢᠨ᠎ᠡ | ᠪᠠᠷ 4 ᠰᠠᠭᠤᠷᠢ ᠬᠤᠭ ᠨᠤᠪᠰᠢ ᠶᠢ ᠴᠤᠬᠯᠠᠭᠤᠯᠤᠨ ᠳᠠᠮᠵᠢᠭᠤᠯᠤᠨ ᠲᠡᠭᠡᠭᠡᠪᠦᠷᠢᠯᠡᠬᠦ ᠦᠷᠲᠡᠭᠡ ᠶᠢ ᠪᠠᠶᠢᠭᠤᠯᠪᠠ᠃ | ᠬᠠᠲᠤᠨ ᠭᠤᠤᠯ ᠲᠤᠰᠬᠤᠨ᠂ ᠡᠯ ᠳ᠋ᠣᠣ ᠺᠠᠨ ᠲᠠᠷᠬᠠᠢ ᠮᠠᠶ᠋ᠢᠭ ᠤᠨ ᠪᠤᠬᠢᠷ ᠣᠰᠣ ᠶᠢ ᠴᠤᠭᠯᠠᠭᠤᠯᠬᠤ ᠴᠡᠭ ᠢ | ᠪᠠᠶᠢᠭᠤᠯᠤᠨ ᠪᠦᠲᠦᠭᠡᠪᠡ᠃ ᠪᠠᠶᠠᠨᠲᠤᠬᠤᠢ ᠪᠠᠯᠭᠠᠰᠤᠨ ᠤ ᠬᠦᠮᠦᠨ ᠠᠮᠢᠲᠠᠨ ᠤ ᠣᠣᠭᠤᠬᠤ ᠣᠰᠣᠨ ᠤ ᠬᠤᠭᠤᠯᠠᠢ ᠶᠢᠨ | ᠢᠨᠵᠧᠨᠧᠷᠢᠩ ᠤᠨ ᠲᠦᠯᠦᠪᠯᠡᠭᠡ ᠶᠢ ᠵᠤᠬᠢᠶᠠᠨ ᠳᠠᠭᠤᠰᠴᠦ᠂ ᠳᠣᠮᠳᠠ ᠬᠡᠯᠪᠡᠷᠢ ᠶᠢᠨ ᠣᠰᠣᠯᠠᠬᠤ ᠣᠷᠣᠨ ᠤ ᠣᠰᠣ | ᠠᠷᠪᠢᠯᠠᠬᠤ ᠶᠢ ᠦᠭᠡᠷᠡᠴᠢᠯᠡᠨ ᠪᠠᠶᠢᠭᠤᠯᠬᠤ ᠢᠵᠢ ᠪᠦᠷᠢᠯᠳᠦᠭᠦᠯᠬᠦ ᠵᠦᠢᠯᠴᠢᠯᠡᠯ ᠤᠨ ᠰᠢᠷᠤᠢ ᠮᠣᠳᠣᠨ ᠪᠠᠷᠢᠯᠭ᠎ᠠ ᠶᠢᠨ | ᠠᠵᠢᠯ ᠨᠢ ᠦᠨᠳᠦᠰᠦᠨ ᠳᠡᠭᠡᠨ ᠠᠵᠢᠯ ᠳᠠᠭᠤᠰᠴᠦ᠂ ᠲᠠᠷᠢᠶᠠᠯᠠᠩ ᠤᠨ ᠣᠷᠣᠨ ᠤ ᠰᠣᠪᠠᠭ ᠤᠨ ᠳᠣᠲᠣᠷᠯᠠᠬᠰᠠᠨ | ᠪᠠᠷᠢᠯᠭ᠎ᠠ ᠤᠨ 17.8 ᠺᠢᠯᠤᠮᠧᠲᠷ ᠢ ᠪᠡᠶᠡᠯᠡᠭᠦᠯᠪᠡ᠃ ᠠᠵᠦ ᠦᠢᠯᠡᠳᠪᠦᠷᠢ ᠶᠢᠨ ᠬᠦᠷᠢᠶᠡᠯᠡᠩ ᠤᠨ ᠬᠦᠭᠵᠢᠯᠲᠡ | ᠳᠤᠲᠠᠬᠳᠠᠯ ᠢᠶᠠᠨ ᠲᠦᠷᠬᠡᠨ ᠨᠦᠬᠦᠪᠦᠷᠢᠯᠡᠪᠡ᠃ ᠠᠵᠦ ᠦᠢᠯᠡᠳᠪᠦᠷᠢ ᠶᠢᠨ ᠬᠦᠷᠢᠶᠡᠯᠡᠩ ᠢ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠬᠦᠨᠵᠡᠭᠡᠢ ᠬᠡᠷᠡᠭᠵᠢᠭᠦᠯᠵᠦ᠂ ᠨᠡᠶᠢᠲᠡ 6000 ᠲᠦᠮᠡᠨ ᠲᠦᠭᠦᠷᠢᠭ ᠤᠨ ᠪᠡᠯᠡ ᠣᠷᠣᠭᠤᠯᠵᠦ᠂ ᠠᠵᠦ | ᠦᠢᠯᠡᠳᠪᠦᠷᠢ ᠶᠢᠨ ᠬᠦᠷᠢᠶᠡᠯᠡᠩ ᠤᠨ ᠣᠰᠣ᠂ ᠴᠠᠬᠢᠯᠭᠠᠨ᠂ ᠵᠠᠮ ᠵᠡᠷᠭᠡ ᠰᠠᠭᠤᠷᠢ ᠲᠤᠨᠤᠭ ᠲᠦᠭᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠣᠯᠠᠮ ᠨᠢᠭᠡ ᠠᠯᠬᠤᠮ ᠴᠢᠩᠭᠠᠳᠬᠠᠪᠠ᠃ 20.7 ᠲᠦᠮᠡᠨ ᠲᠡᠭᠰᠢ ᠳᠦᠷᠪᠡᠯᠵᠢᠨ | ᠮᠧᠲᠷ ᠠᠵᠦ ᠦᠢᠯᠡᠳᠪᠦᠷᠢ ᠶᠢᠨ ᠬᠦᠷᠢᠶᠡᠯᠡᠩ ᠤᠨ ᠭᠠᠵᠠᠷ ᠰᠢᠷᠤᠢ ᠶᠢ ᠨᠦᠬᠡᠴᠡᠯᠡᠨ ᠬᠠᠳᠠᠭᠠᠯᠠᠵᠦ᠂ ᠠᠵᠦ | ᠦᠢᠯᠡᠳᠪᠦᠷᠢ ᠶᠢᠨ ᠬᠦᠷᠢᠶᠡᠯᠡᠩ ᠤᠨ ᠠᠵᠦ ᠠᠬᠤᠶᠢᠯᠠᠯ ᠤᠨ ᠪᠣᠬᠢᠷ ᠣᠰᠣ ᠭᠠᠳᠠᠬᠰᠢᠯᠠᠭᠤᠯᠬᠤ ᠨᠢ ︽ᠨᠢᠭᠡ ᠠᠵᠦ | ᠠᠬᠤᠶᠢᠯᠠᠯ ᠨᠢᠭᠡ ᠬᠠᠮᠢᠶᠠᠷᠤᠯᠲᠠ︾ ᠶᠢ ᠪᠡᠶᠡᠯᠡᠭᠦᠯᠪᠡ᠃ ᠭᠥᠸᠧ ᠬᠤᠸᠠ ᠴᠠᠬᠢᠯᠭᠠᠨ ᠤ ᠦᠢᠯᠡᠳᠪᠦᠷᠢ ᠶᠢᠨ ᠠᠭᠤᠷ | ᠤᠨ ᠮᠠᠰᠢᠨ ᠢ ᠦᠭᠡᠷᠡᠴᠢᠯᠡᠬᠦ ᠵᠦᠢᠯᠴᠢᠯᠡᠯ ᠨᠢ ᠠᠵᠢᠯ ᠳᠠᠭᠤᠰᠪᠠ᠃ ᠱᠧᠩ ᠲᠠᠢ ᠣᠰᠣ ᠴᠡᠪᠡᠷᠰᠢᠭᠦᠯᠦᠨ | ᠶᠡᠷᠦᠩᠬᠡᠶᠢᠯᠡᠨ ᠠᠰᠢᠬᠯᠠᠬᠤ ᠲᠦᠷᠦᠯ ᠵᠦᠢᠯ ᠨᠢ ᠣᠰᠣ ᠨᠡᠪᠲᠡᠷᠡᠪᠡ᠃ ᠬᠤᠩ ᠶᠠᠩ ᠬᠡᠤᠷᠰᠢᠭᠦᠯᠬᠦ ᠦᠢᠯᠡᠳᠪᠦᠷᠢ ᠶᠢᠨ | ᠠᠭᠤᠷ ᠬᠠᠩᠭᠠᠬᠤ ᠲᠦᠷᠦᠯ ᠵᠦᠢᠯ ᠨᠢ ᠠᠭᠤᠷ ᠨᠡᠪᠲᠡᠷᠡᠪᠡ᠃ ᠶᠡᠷᠦᠩᠬᠡᠶᠢᠯᠡᠭᠰᠡᠨ ᠬᠤᠭᠤᠯᠠᠢ ᠭᠤᠤᠷᠰᠤ ᠶᠢᠨ ᠬᠤᠩᠬᠢᠯ | ᠤᠨ ᠨᠢᠭᠡᠳᠦᠭᠡᠷ ᠬᠤᠭᠤᠴᠠᠭ᠎ᠠ ᠨᠢ ᠪᠦᠬᠦ ᠱᠣᠭᠤᠮ ᠢᠶᠠᠷ ᠨᠡᠪᠲᠡᠷᠡᠪᠡ᠃ ᠶᠡᠭᠡ ᠳ᠋ᠠᠶᠢᠲ᠋ᠠ ᠶᠢᠨ ᠠᠵᠦ ᠦᠢᠯᠡᠰ ᠤᠨ | ᠬᠦᠷᠢᠶᠡᠯᠡᠩ ᠤᠨ ᠵᠠᠮ ᠤᠨ ᠰᠦᠯᠵᠢᠶ᠎ᠡ ᠬᠤᠭᠤᠯᠠᠢ᠂ ᠠᠵᠦ ᠦᠢᠯᠡᠳᠪᠦᠷᠢ ᠶᠢᠨ ᠬᠦᠷᠢᠶᠡᠯᠡᠩ ᠤᠨ ᠬᠠᠲᠠᠭᠤ ᠪᠠᠶᠡᠲᠦ | ᠬᠠᠶᠠᠬᠳᠠᠮᠠᠯ ᠪᠤᠳᠠᠰ ᠢ ᠰᠢᠢᠳᠪᠦᠷᠢᠯᠡᠬᠦ ᠲᠠᠯᠠᠪᠤᠷ᠂ ᠮᠤᠷᠢ ᠣᠷᠣᠯᠳᠣᠬᠤ ᠺᠤᠮᠫᠠᠨᠢ ᠶᠢᠨ ᠠᠶᠤᠯᠲᠠᠢ ᠬᠠᠶᠠᠬᠳᠠᠮᠠᠯ ᠪᠣᠳᠠᠰ | ᠢ ᠬᠠᠮᠵᠢᠨ ᠰᠢᠢᠳᠪᠦᠷᠢᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠠᠵᠦ ᠦᠢᠯᠡᠳᠪᠦᠷᠢ | ᠶᠢᠨ ᠬᠦᠷᠢᠶᠡᠯᠡᠩ ᠤᠨ ᠳᠠᠭᠠᠭᠠᠬᠤ ᠴᠢᠳᠠᠯ ᠨᠢ ᠦᠷᠭᠦᠯᠵᠢᠯᠡᠨ ᠨᠡᠮᠡᠭᠳᠡᠪᠡ᠃ | ᠦᠵᠡᠯ ᠰᠠᠨᠠᠭ᠎ᠠ ᠪᠠᠨ ᠴᠢᠯᠦᠭᠡᠯᠡᠵᠦ᠂ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠬᠤ ᠶᠢ ᠪᠠᠷᠢᠮᠲᠠᠯᠠᠵᠦ᠂ | ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠨᠢ ᠰᠢᠨ᠎ᠡ ᠦᠷ᠎ᠡ ᠪᠦᠲᠦᠮᠵᠢ ᠣᠯᠪᠠ᠃ ︽ᠬᠠᠮᠢᠶᠠᠷᠤᠯᠲᠠ ᠶᠢ | ᠰᠣᠯᠠᠷᠠᠭᠤᠯᠵᠦ ᠦᠢᠯᠡᠴᠢᠯᠡᠭᠡ ᠬᠠᠩᠭᠠᠬᠤ︾ ᠦᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠦ᠂ ᠪᠡᠯᠡ | ᠣᠷᠣᠭᠤᠯᠤᠬᠰᠠᠨ ᠲᠦᠷᠦᠯ ᠵᠦᠢᠯ ᠤᠨ ᠬᠢᠨᠠᠨ ᠵᠦᠪᠰᠢᠶᠡᠷᠡᠯᠲᠡ ᠨᠢ ᠪᠦᠷ ᠰᠦᠯᠵᠢᠶᠡᠨ ᠳᠡᠭᠡᠷ᠎ᠡ ᠬᠠᠮᠲᠤᠷᠠᠭᠤᠯᠤᠨ | ᠰᠢᠢᠳᠪᠦᠷᠢᠯᠡᠬᠦ ᠶᠢ ᠬᠡᠷᠡᠭᠵᠢᠭᠦᠯᠵᠦ᠂ ᠬᠢᠨᠠᠨ ᠵᠦᠪᠰᠢᠶᠡᠷᠡᠭᠦᠯᠬᠦ ᠲᠦᠷᠦᠯ ᠤᠨ ᠲᠦᠷᠦᠯ ᠵᠦᠢᠯ ᠨᠢ 5 ᠠᠵᠢᠯᠯᠠᠬᠤ | ᠡᠳᠦᠷ ᠲᠤ ᠭᠦᠢᠴᠡᠳᠭᠡᠵᠦ ᠳᠠᠭᠤᠰᠤᠨ᠂ ᠳᠠᠩᠰᠠᠨ ᠳᠤ ᠲᠡᠮᠳᠡᠭᠯᠡᠬᠦ ᠲᠦᠷᠦᠯ ᠤᠨ ᠲᠦᠷᠦᠯ ᠵᠦᠢᠯ ᠤᠨ ᠬᠢᠨᠠᠨ | ᠵᠦᠪᠰᠢᠶᠡᠷᠡᠯᠲᠡ ᠨᠢ 3 ᠠᠵᠢᠯᠯᠠᠬᠤ ᠡᠳᠦᠷ ᠲᠤ ᠭᠦᠢᠴᠡᠳᠭᠡᠵᠦ ᠳᠠᠭᠤᠰᠤᠨ᠎ᠠ᠃ ᠠᠷᠠᠯᠵᠢᠶᠠᠨ ᠤ ᠶᠠᠪᠤᠳᠠᠯ ᠤᠨ | ᠳᠠᠩᠰᠠᠯᠠᠯᠲᠠ ᠶᠢᠨ ᠳᠦᠷᠢᠮ ᠤᠨ ᠦᠭᠡᠷᠡᠴᠢᠯᠡᠯᠲᠡ ᠶᠢ ᠲᠠᠰᠤᠷᠠᠯᠲᠠ ᠦᠭᠡᠢ ᠴᠢᠩᠭᠠᠳᠬᠠᠵᠦ᠂ ᠪᠦᠬᠦ ᠶᠠᠪᠤᠴᠠ ᠳᠤ | ᠡᠯᠧᠺᠲᠷᠤᠨᠴᠢᠯᠠᠯᠲᠠ ᠪᠠᠷ ᠳᠠᠩᠰᠠᠯᠠᠬᠤ ᠪᠤᠯᠤᠨ ᠡᠯᠧᠺᠲᠷᠤᠨ ᠡᠵᠡᠩᠨᠡᠯᠲᠡ ᠶᠢᠨ ᠪᠠᠲᠤᠯᠠᠪᠤᠷᠢ ᠶᠢᠨ ᠪᠢᠴᠢᠭ ᠢ | ᠬᠡᠷᠡᠭᠯᠡᠬᠦ ᠶᠢ ᠲᠦᠭᠡᠮᠡᠯᠵᠢᠭᠦᠯᠵᠦ᠂ ︽ᠬᠢᠨᠠᠨ ᠬᠠᠷᠭᠤᠭᠤᠯᠬᠤ ᠶᠢ ᠨᠢᠭᠡ ᠪᠤᠯᠭᠠᠬᠤ︾᠂ ︽ᠣᠯᠠᠨ ᠦᠨᠡᠮᠯᠡᠯ ᠢ ᠨᠢᠭᠡ | ᠪᠤᠯᠭᠠᠬᠤ︾ ᠵᠡᠷᠭᠡ ᠨᠢᠭᠡ ᠰᠢᠷᠢᠰ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠯᠠᠪᠳᠠᠭᠤᠨ ᠢᠶᠠᠷ ᠬᠡᠷᠡᠭᠵᠢᠭᠦᠯᠪᠡ᠃ | ᠬᠡᠷᠡᠭᠯᠡᠭᠡ ᠨᠢᠭᠡᠳᠦᠯᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠲᠦᠭᠡᠮᠡᠯᠵᠢᠭᠦᠯᠵᠦ᠂ ︽ᠨᠢᠭᠡ | ᠨᠤᠮᠧᠷ᠂ ᠨᠢᠭᠡ ᠴᠤᠩᠬᠤ᠂ ᠨᠢᠭᠡ ᠰᠦᠯᠵᠢᠶ᠎ᠡ︾ ᠶᠢᠨ ᠰᠢᠰᠲ᠋ᠧᠮ ᠤᠨ ᠪᠠᠶᠢᠭᠤᠯᠤᠯᠲᠠ ᠶᠢ ᠡᠮᠬᠢ ᠵᠢᠷᠦᠮ ᠲᠠᠢ ᠲᠦᠯᠬᠢᠨ | ᠠᠬᠢᠭᠤᠯᠪᠠ᠃ ︽ᠳᠠᠷᠣᠢ ᠳᠤ ᠬᠦᠢᠴᠡᠳᠭᠡᠬᠦ᠂ ᠰᠦᠯᠵᠢᠶᠡᠨ ᠳᠡᠭᠡᠷ᠎ᠡ ᠬᠦᠢᠴᠡᠳᠭᠡᠬᠦ᠂ ᠣᠶᠢᠷ᠎ᠠ ᠬᠠᠪᠢ ᠳᠤ ᠬᠦᠢᠴᠡᠳᠭᠡᠬᠦ᠂ | ᠨᠢᠭᠡ ᠣᠳᠠᠭ᠎ᠠ ᠳᠤ ᠬᠦᠢᠴᠡᠳᠭᠡᠬᠦ︾ ᠶᠠᠪᠤᠳᠠᠯ ᠤᠨ ᠨᠠᠷᠢᠨ ᠳᠠᠩᠰᠠ ᠶᠢ ᠨᠡᠶᠢᠲᠡᠯᠡᠵᠦ᠂ ᠡᠯ᠎ᠡ ᠲᠦᠷᠦᠯ ᠤᠨ | ᠭᠡᠷᠡᠴᠢᠯᠡᠬᠦ ᠶᠠᠪᠤᠳᠠᠯ ᠤᠨ 90 ᠲᠦᠷᠦᠯ ᠢ ᠳᠠᠩᠰᠠᠯᠠᠵᠦ᠂ ᠬᠤᠳᠠᠯᠳᠤᠭ᠎ᠠ ᠡᠷᠬᠢᠯᠡᠬᠦ ᠣᠷᠴᠢᠨ ᠲᠤᠭᠤᠷᠢᠨ ᠢ | ᠦᠷᠭᠦᠯᠵᠢᠯᠡᠨ ᠰᠢᠯᠢᠳᠡᠭᠵᠢᠭᠦᠯᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠯᠡᠲᠡ ᠶᠢ | ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠣᠳᠣᠬᠢᠴᠢᠯᠠᠬᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ | ᠳᠦᠷᠢᠮ ᠢ ᠠᠩᠬ᠎ᠠ ᠠᠯᠬᠤᠮ ᠪᠠᠶᠢᠭᠤᠯᠵᠦ᠂ ᠠᠯᠪᠠᠨ ᠤ ᠡᠮᠨᠡᠯᠭᠡ ᠶᠢᠨ ᠬᠤᠷᠢᠶᠠᠨ ᠤ ᠬᠤᠷᠢᠶᠠᠨ ᠳᠠᠷᠤᠭ᠎ᠠ ᠶᠢᠨ ᠣᠷᠢᠨ | ᠲᠤᠮᠢᠯᠠᠬᠤ ᠳᠦᠷᠢᠮ ᠵᠢᠴᠢ ᠠᠵᠢᠯᠲᠠᠨ ᠤ ᠴᠠᠯᠢᠩ ᠬᠦᠯᠦᠰᠦ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠪᠠ᠃ ᠲᠠᠷᠢᠶᠠᠯᠠᠩ ᠤᠨ ᠣᠷᠣᠨ ᠤ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠯᠠᠪᠳᠠᠭᠤᠨ ᠢᠶᠠᠷ | ᠲᠦᠯᠬᠢᠨ ᠠᠬᠢᠭᠤᠯᠵᠦ᠂ ᠲᠠᠷᠢᠶᠠᠯᠠᠩ ᠤᠨ ᠣᠷᠣᠨ ᠤ ᠭᠠᠵᠠᠷ ᠰᠢᠷᠤᠢ ᠡᠪᠡᠰᠦ ᠮᠤᠳᠤᠨ ᠲᠠᠯᠠᠪᠤᠷ ᠤᠨ ︽ᠭᠤᠷᠪᠠᠨ | ᠡᠷᠭᠡ︾ ᠶᠢᠨ ᠬᠤᠪᠢᠶᠠᠷᠢᠯᠠᠨ ᠲᠤᠬᠢᠷᠠᠭᠤᠯᠬᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠡᠬᠢᠯᠡᠭᠦᠯᠵᠦ᠂ ᠨᠡᠶᠢᠲᠡ ᠶᠢᠨ | ᠦᠮᠴᠢᠯᠡᠯ ᠤᠨ ᠡᠷᠭᠡ ᠶᠢᠨ ᠳᠦᠷᠢᠮ ᠤᠨ ᠦᠭᠡᠷᠡᠴᠢᠯᠡᠯᠲᠡ᠂ ᠲᠠᠷᠢᠶᠠᠯᠠᠩ ᠤᠨ ᠣᠷᠣᠨ ᠤ ᠭᠠᠵᠠᠷ ᠰᠢᠷᠤᠢ ᠶᠢᠨ | ᠳᠠᠭᠠᠭᠠᠴᠢᠯᠠᠨ ᠡᠵᠡᠩᠨᠡᠬᠦ ᠡᠷᠬᠡ ᠶᠢᠨ ᠳᠠᠩᠰᠠᠯᠠᠯᠲᠠ ᠶᠢᠨ ᠦᠨᠡᠮᠯᠡᠯ ᠣᠯᠭᠤᠬᠤ ᠲᠤᠷᠰᠢᠯᠲᠠ ᠶᠢᠨ ᠴᠡᠭ ᠤᠨ ᠠᠵᠢᠯ ᠢ | ᠦᠨᠳᠦᠰᠦᠨ ᠳᠡᠭᠡᠨ ᠪᠡᠶᠡᠯᠡᠭᠦᠯᠪᠡ᠃ ᠴᠠᠬᠢᠯᠭᠠᠨ ᠬᠦᠷᠭᠡᠬᠦ ᠬᠡᠮᠵᠢᠶ᠎ᠡ ᠶᠢ ᠨᠡᠮᠡᠭᠳᠡᠭᠦᠯᠬᠦ ᠲᠤᠬᠠᠶᠢᠯᠠᠬᠰᠠᠨ ᠠᠵᠢᠯ᠂ | ᠬᠠᠷᠢᠴᠠᠩᠭᠤᠢ ᠲᠦᠪᠯᠡᠷᠡᠭᠰᠡᠨ ᠵᠠᠰᠠᠭ ᠵᠠᠬᠢᠷᠭᠠᠨ ᠤ ᠵᠦᠪᠰᠢᠶᠡᠷᠡᠬᠦ ᠡᠷᠬᠡ ᠵᠡᠷᠭᠡ ᠣᠯᠠᠨ ᠲᠦᠷᠦᠯ ᠤᠨ ᠣᠯᠣᠰ᠂ | ᠦᠪᠡᠷᠲᠡᠭᠡᠨ ᠵᠠᠰᠠᠬᠤ ᠣᠷᠣᠨ᠂ ᠬᠤᠲᠠ ᠶᠢᠨ ᠳᠡᠰ ᠤᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠡᠭᠦᠷᠭᠡ | ᠨᠢ ᠪᠦᠷ ᠰᠢᠨ᠎ᠡ ᠠᠬᠢᠴᠠ ᠲᠠᠢ ᠪᠤᠯᠪᠠ᠃ | ᠠᠷᠠᠳ ᠲᠦᠮᠡᠨ ᠢᠶᠠᠷ ᠦᠨᠳᠦᠰᠦ ᠪᠤᠯᠭᠠᠵᠦ᠂ ᠠᠷᠠᠳ ᠤᠨ ᠲᠦᠯᠦᠭᠡ ᠵᠠᠰᠠᠭ ᠪᠠᠷᠢᠬᠤ ᠶᠢ ᠪᠠᠷᠢᠮᠲᠠᠯᠠᠵᠦ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠰᠢᠨ᠎ᠡ ᠳᠡᠭᠡᠭᠰᠢᠯᠡᠯᠲᠡ ᠣᠯᠪᠠ᠃ ᠡᠳ᠋ ᠤᠨ ᠵᠠᠰᠠᠭ | ᠤᠨ ᠣᠷᠣᠯᠭ᠎ᠠ ᠶᠢᠨ ᠨᠡᠮᠡᠭᠳᠡᠯ ᠠᠯᠭᠤᠷᠵᠢᠵᠦ᠂ ᠦᠷᠢ ᠦᠭᠴᠡᠭᠡ ᠰᠢᠢᠳᠪᠦᠷᠢᠯᠡᠬᠦ ᠳᠠᠷᠣᠯᠲᠠ ᠶᠡᠭᠡ ᠪᠤᠯᠤᠬᠰᠠᠨ | ᠪᠠᠶᠢᠳᠠᠯ ᠳᠤᠤᠷ᠎ᠠ᠂ ᠬᠡᠵᠢᠶᠡᠲᠡ ᠠᠷᠠᠳ ᠤᠨ ᠠᠮᠢᠳᠤᠷᠠᠯ ᠪᠣᠯᠣᠨ ᠨᠡᠶᠢᠭᠡᠮ ᠤᠨ ᠠᠵᠦ ᠠᠬᠤᠶᠢᠯᠠᠯ ᠤᠨ ᠵᠠᠷᠤᠯᠭ᠎ᠠ ᠨᠢ | ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠶᠡᠷᠦᠩᠬᠡᠢ ᠵᠠᠷᠤᠯᠭ᠎ᠠ ᠶᠢᠨ 70% ᠳᠡᠭᠡᠭᠰᠢ ᠶᠢ ᠡᠵᠡᠯᠡᠬᠦ ᠶᠢ | ᠪᠠᠲᠤᠯᠠᠪᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠪᠠ᠃ ᠬᠠᠮᠤᠭ ᠳᠤᠤᠷ᠎ᠠ | ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ 680 ᠲᠦᠭᠦᠷᠢᠭ ᠬᠦᠷᠲᠡᠯ᠎ᠡ ᠨᠡᠮᠡᠭᠳᠡᠭᠦᠯᠪᠡ᠃ ᠡᠮᠴᠢᠯᠡᠭᠡ ᠶᠢᠨ | ᠲᠤᠰᠠᠯᠠᠮᠵᠢ᠂ ᠲᠦᠷ ᠴᠠᠭ ᠤᠨ ᠲᠤᠰᠠᠯᠠᠮᠵᠢ ᠶᠢᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ ᠨᠡᠶᠢᠲᠡ 266 | ᠲᠦᠮᠡᠨ ᠲᠦᠭᠦᠷᠢᠭ ᠤᠨ ᠲᠤᠰᠠᠯᠠᠮᠵᠢ ᠶᠢᠨ ᠪᠡᠯᠡ ᠮᠦᠩᠭᠦ ᠶᠢ ᠲᠠᠷᠬᠠᠭᠠᠪᠠ᠃ ᠬᠤᠲᠠ ᠪᠠᠯᠭᠠᠰᠤᠨ ᠤ ᠠᠵᠢᠯ | ᠣᠯᠣᠬᠰᠠᠨ ᠬᠦᠮᠦᠨ ᠰᠢᠨ᠎ᠡ ᠪᠠᠷ 1762 ᠬᠦᠮᠦᠨ ᠨᠡᠮᠡᠭᠳᠡᠵᠦ᠂ ᠬᠤᠲᠠ ᠪᠠᠯᠭᠠᠰᠤᠨ ᠤ ᠠᠵᠢᠯ ᠠᠯᠳᠠᠬᠰᠠᠳ | ᠳᠠᠬᠢᠨᠲᠠ ᠠᠵᠢᠯ ᠣᠯᠣᠬᠰᠠᠨ ᠬᠦᠮᠦᠨ ᠤ ᠲᠤᠭ᠎ᠠ ᠨᠢ 745 ᠬᠦᠮᠦᠨ ᠶᠢ ᠪᠡᠶᠡᠯᠡᠭᠦᠯᠪᠡ᠃ ᠳᠦᠭᠦᠮ ᠪᠦᠳᠦᠭᠦᠯᠢᠭ | ᠣᠷᠣᠨ ᠰᠠᠭᠤᠴᠠ ᠶᠢᠨ ᠬᠠᠯᠠᠨ ᠦᠭᠡᠷᠡᠴᠢᠯᠡᠯᠲᠡ ᠶᠢᠨ ᠠᠵᠢᠯ ᠢ ᠦᠷᠭᠦᠯᠵᠢᠯᠡᠨ ᠬᠦᠴᠦᠯᠡᠨ ᠬᠢᠵᠦ᠂ 4114 ᠢᠵᠢ | ᠦᠨᠳᠦᠰᠦᠨ ᠪᠠᠶᠢᠭᠤᠯᠤᠨ ᠪᠦᠲᠦᠭᠡᠬᠦ ᠡᠭᠦᠷᠭᠡ ᠶᠢ ᠪᠡᠶᠡᠯᠡᠭᠦᠯᠪᠡ᠃ ᠡᠭᠦᠨ ᠳᠤ ᠵᠤᠭᠤᠰ ᠮᠦᠩᠭᠦ ᠶᠢᠨ ᠬᠡᠯᠪᠡᠷᠢ ᠪᠠᠷ | ᠲᠤᠬᠤᠨᠢᠭᠤᠯᠤᠬᠰᠠᠨ ᠨᠢ 3064 ᠢᠵᠢ᠃ ᠰᠢᠨ᠎ᠡ ᠪᠠᠷ 1050 ᠢᠵᠢ ᠳᠦᠭᠦᠮ ᠪᠦᠳᠦᠭᠦᠯᠢᠭ ᠣᠷᠣᠨ ᠰᠠᠭᠤᠴᠠ | ᠶᠢᠨ ᠲᠤᠬᠤᠨᠢᠭᠤᠯᠭ᠎ᠠ ᠶᠢᠨ ᠰᠠᠭᠤᠴᠠ ᠪᠠᠶᠢᠭᠤᠯᠪᠠ᠃ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠬᠢᠷᠢ | ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ︽ᠢᠨᠲ᠋ᠧᠷᠨᠧᠲ + ᠨᠡᠶᠢᠭᠡᠮ ᠤᠨ ᠪᠠᠲᠤᠯᠠᠭ᠎ᠠ︾ ᠶᠢᠨ ᠠᠷᠠᠳ ᠲᠤ | ᠳᠦᠭᠦᠮ ᠦᠵᠡᠭᠦᠯᠬᠦ ᠦᠢᠯᠡᠴᠢᠯᠡᠭᠡᠨ ᠤ ᠰᠢᠨ᠎ᠡ ᠬᠡᠯᠪᠡᠷᠢ ᠶᠢ ᠬᠡᠷᠡᠭᠵᠢᠭᠦᠯᠵᠦ᠂ ᠠᠵᠢᠯ ᠠᠴᠠ ᠪᠠᠭᠤᠬᠰᠠᠨ ᠠᠵᠢᠯᠲᠠᠨ | ᠭᠠᠷ ᠣᠲᠠᠰᠤᠨ ᠤ APP ᠪᠠᠷ ᠳᠠᠮᠵᠢᠨ ᠣᠨᠳᠣᠣ ᠭᠠᠵᠠᠷ ᠲᠤ ᠵᠢᠯ ᠤᠨ ᠪᠠᠶᠢᠴᠠᠭᠠᠯᠲᠠ ᠶᠢ ᠪᠠᠶᠡᠯᠡᠭᠦᠯᠵᠦ | ᠳᠡᠶᠢᠯᠦᠨ᠎ᠡ᠃ ᠨᠠᠰᠤᠲᠠᠨ ᠢ ᠠᠰᠠᠷᠠᠬᠤ ᠦᠢᠯᠡᠴᠢᠯᠡᠭᠡᠨ ᠤ ᠲᠤᠨᠤᠭ ᠲᠦᠭᠦᠭᠡᠷᠦᠮᠵᠢ ᠶᠢ ᠣᠯᠠᠮ ᠨᠢᠭᠡ ᠠᠯᠬᠤᠮ | ᠲᠡᠭᠦᠯᠳᠡᠷᠵᠢᠭᠦᠯᠪᠡ᠃ ᠡᠮᠨᠡᠭᠦᠯᠬᠦ ᠠᠰᠠᠷᠠᠭᠤᠯᠬᠤ ᠶᠢ ᠬᠠᠮᠲᠤᠷᠠᠭᠤᠯᠤᠬᠰᠠᠨ ᠶᠡᠭᠡ ᠠᠰᠠᠷ ᠤᠨ ᠭᠤᠤᠯ ᠴᠤᠭᠴᠠ ᠨᠢ | ᠠᠵᠢᠯ ᠳᠠᠭᠤᠰᠴᠦ᠂ ᠳ᠋ᠦᠩ ᠰᠢᠩ ᠱᠧᠦ ᠺᠠᠩ ᠨᠠᠰᠤᠲᠠᠨ ᠤ ᠬᠦᠷᠢᠶᠡᠯᠡᠩ ᠨᠢ ᠠᠰᠢᠬᠯᠠᠯᠲᠠ ᠳᠤ ᠣᠷᠣᠪᠠ᠃ | ᠪᠠᠶᠠᠨᠲᠤᠬᠤᠢ ᠪᠠᠯᠭᠠᠰᠤᠨ ᠠᠴᠠ ᠬᠤᠩ ᠳ᠋ᠦᠨ ᠲᠤᠰᠬᠤᠨ ᠤ ᠠᠷᠠᠳ ᠤᠨ ᠪᠠᠭ᠎ᠠ ᠳᠤᠭᠤᠶᠢᠯᠠᠩ ᠬᠦᠷᠲᠡᠯᠡᠬᠢ ᠨᠡᠶᠢᠲᠡ | ᠶᠢᠨ ᠮᠠᠰᠢᠨ ᠲᠡᠷᠭᠡᠨ ᠤ ᠱᠤᠭᠤᠮ ᠠᠴᠠ ᠨᠡᠮᠡᠨ ᠨᠡᠬᠡᠭᠡᠵᠦ᠂ ᠲᠠᠷᠢᠶᠠᠯᠠᠩ ᠤᠨ ᠣᠷᠣᠨ ᠤ ᠪᠦᠬᠦᠳᠡ ᠵᠠᠰᠠᠭ ᠵᠠᠬᠢᠷᠭᠠᠨ | ᠤ ᠲᠤᠰᠬᠤᠨ ᠨᠢ ᠨᠡᠶᠢᠲᠡ ᠶᠢᠨ ᠮᠠᠰᠢᠨ ᠤ ᠪᠦᠬᠦ ᠪᠦᠷᠭᠦᠯᠲᠡ ᠶᠢ ᠪᠡᠶᠡᠯᠡᠭᠦᠯᠵᠦ᠂ ᠲᠠᠷᠢᠶᠠᠯᠠᠩ ᠤᠨ ᠣᠷᠣᠨ ᠤ | ᠰᠠᠭᠤᠭᠠᠯᠢ ᠠᠷᠠᠳ ᠤᠨ ᠶᠠᠪᠤᠵᠦ ᠰᠠᠭᠤᠬᠤ ᠳᠤ ᠳᠦᠭᠦᠮ ᠬᠠᠩᠭᠠᠪᠠ᠃ | ᠠᠷᠠᠳ ᠲᠤ ᠠᠰᠢᠭ ᠬᠦᠷᠲᠡᠭᠡᠬᠦ ᠶᠢ ᠬᠦᠭᠵᠢᠭᠦᠯᠬᠦ᠂ ᠠᠷᠠᠳ ᠲᠤ ᠪᠤᠶᠠᠨ ᠦᠢᠯᠡᠳᠬᠦ ᠶᠢ ᠪᠠᠷᠢᠮᠲᠠᠯᠠᠵᠦ᠂ | ᠨᠡᠶᠢᠭᠡᠮ ᠤᠨ ᠡᠯ᠎ᠡ ᠲᠦᠷᠦᠯ ᠤᠨ ᠠᠵᠦ ᠦᠢᠯᠡᠰ ᠰᠢᠨ᠎ᠡ ᠬᠢᠷᠢ ᠪᠦᠲᠦᠮᠵᠢ ᠣᠯᠪᠠ᠃ ᠰᠢᠨᠵᠢᠯᠡᠭᠡ ᠮᠡᠷᠭᠡᠵᠢᠯ ᠤᠨ | ᠰᠢᠨ᠎ᠡ ᠶᠢ ᠡᠭᠦᠳᠬᠦ ᠴᠢᠳᠠᠪᠤᠷᠢ ᠶᠢ ᠣᠯᠠᠮ ᠨᠢᠭᠡ ᠠᠯᠬᠤᠮ ᠴᠢᠩᠭᠠᠳᠬᠠᠵᠦ᠂ ᠰᠢᠨ᠎ᠡ ᠪᠠᠷ 8 ᠲᠦᠷᠦᠯ ᠤᠨ ᠡᠭᠦᠳᠦᠨ | ᠪᠦᠲᠦᠭᠡᠯᠲᠡ ᠶᠢᠨ ᠲᠤᠰᠬᠠᠢ ᠠᠰᠢᠭ᠂ 23 ᠲᠦᠷᠦᠯ ᠤᠨ ᠪᠤᠳᠠᠲᠤ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠢ | ᠠᠰᠢᠭ ᠤᠨ ᠡᠷᠬᠡ ᠣᠯᠭᠤᠯᠲᠠ ᠶᠢ ᠭᠤᠶᠤᠴᠢᠯᠠᠵᠦ᠂ ᠱᠢ ᠬᠤᠸᠠᠨ ᠰᠢᠨ᠎ᠡ ᠮᠠᠲ᠋ᠧᠷᠢᠶᠠᠯ ᠨᠢ ᠣᠯᠣᠰ ᠤᠨ ᠳᠡᠭᠡᠳᠦ | ᠰᠢᠨ᠎ᠡ ᠮᠡᠷᠭᠡᠵᠢᠯ ᠤᠨ ᠠᠵᠦ ᠠᠬᠤᠶᠢᠯᠠᠯ ᠪᠠᠷ ᠪᠠᠲᠤᠯᠠᠬᠳᠠᠪᠠ᠃ ᠰᠤᠷᠭᠠᠨ ᠬᠦᠮᠦᠵᠢᠯ ᠤᠨ ᠠᠵᠦ ᠦᠢᠯᠡᠰ ᠰᠢᠨ᠎ᠡ | ᠱᠠᠲᠤᠨ ᠳᠤ ᠳᠡᠪᠰᠢᠪᠡ᠃ ᠰᠤᠷᠭᠠᠨ ᠬᠦᠮᠦᠵᠢᠯ ᠤᠨ ︽ᠭᠤᠷᠪᠠᠨ ᠲᠦᠷᠦᠯ ᠤᠨ ᠢᠨᠵᠧᠨᠧᠷᠢᠩ︾ ᠨᠢ ᠱᠠᠲᠤᠴᠢ | ᠴᠢᠨᠠᠷᠲᠠᠢ ᠦᠷ᠎ᠡ ᠪᠦᠲᠦᠮᠵᠢ ᠣᠯᠪᠠ᠃ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠩᠴᠡᠭᠦᠷᠢ ᠲᠠᠢ ᠬᠦᠭᠵᠢᠯᠲᠡ | ᠶᠢ ᠣᠯᠠᠮ ᠨᠢᠭᠡ ᠠᠯᠬᠤᠮ ᠪᠠᠬᠢᠵᠢᠭᠦᠯᠵᠦ᠂ ᠦᠪᠦᠷ ᠮᠤᠩᠭᠤᠯ ᠤᠨ ᠪᠠᠭᠰᠢ ᠶᠢᠨ ᠶᠡᠭᠡ ᠰᠣᠷᠭᠠᠭᠤᠯᠢ ᠲᠠᠢ ᠬᠠᠮᠲᠤ ᠪᠠᠷ | ᠰᠤᠷᠭᠠᠨ ᠬᠦᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠵᠦ᠂ ᠳᠦᠷᠪᠡᠳᠦᠭᠡᠷ ᠪᠦᠷᠢᠨ ᠪᠠᠭ᠎ᠠ | ᠰᠤᠷᠭᠠᠭᠤᠯᠢ ᠶᠢᠨ ᠪᠡᠶ᠎ᠡ ᠲᠠᠮᠢᠷ ᠤᠨ ᠣᠷᠳᠣᠨ ᠢ ᠪᠠᠶᠢᠭᠤᠯᠤᠨ ᠪᠦᠲᠦᠭᠡᠪᠡ᠃ ᠡᠷᠡᠭᠦᠯ ᠮᠡᠨᠳᠦ ᠬᠠᠶᠢᠨᠠᠨ ᠢ ᠯᠠᠪᠳᠠᠭᠤᠨ | ᠲᠦᠯᠬᠢᠨ ᠠᠬᠢᠭᠤᠯᠵᠦ᠂ ᠡᠷᠡᠭᠦᠯ ᠮᠡᠨᠳᠦ ᠪᠠᠷ ᠲᠤᠭᠤᠷᠢᠭ ᠢ ᠠᠬᠢᠭᠤᠯᠬᠤ ᠶᠢ ᠴᠣᠬᠴᠠᠯᠠᠨ ᠪᠠᠶᠢᠭᠤᠯᠬᠤ ᠠᠵᠢᠯ ᠢ | ᠣᠷᠣᠬᠰᠢᠲᠠᠢ ᠦᠷᠨᠢᠭᠦᠯᠵᠦ᠂ ᠦᠪᠡᠷᠲᠡᠭᠡᠨ ᠵᠠᠰᠠᠬᠤ ᠣᠷᠣᠨ ᠤ ᠠᠷᠬᠠᠭ ᠡᠪᠡᠳᠴᠢᠨ ᠤ ᠵᠢᠱᠢᠶ᠎ᠡ ᠦᠵᠡᠭᠦᠯᠬᠦ | ᠲᠤᠭᠤᠷᠢᠭ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠳᠦᠷᠢᠮᠵᠢᠭᠦᠯᠦᠭᠰᠡᠨ ᠲᠤᠭᠤᠷᠢᠭ ᠢ | ᠴᠤᠬᠴᠠᠯᠠᠨ ᠪᠠᠶᠢᠭᠤᠯᠬᠤ ᠨᠢ ᠬᠢᠨᠠᠨ ᠬᠤᠷᠢᠶᠠᠯᠲᠠ ᠶᠢ ᠦᠩᠭᠡᠷᠭᠡᠪᠡ᠃ ᠣᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠶᠡᠭᠡ | ᠬᠦᠴᠦᠨ ᠢᠶᠠᠷ ᠬᠦᠭᠵᠢᠭᠦᠯᠦᠨ ᠪᠠᠳᠠᠷᠠᠭᠤᠯᠵᠦ᠂ ︽ᠲᠠᠯ᠎ᠠ ᠨᠤᠲᠤᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠭᠠᠪᠰᠢᠭᠠᠢ ᠴᠡᠷᠢᠭ︾ ᠤᠨ ᠡᠩᠨᠡᠭᠡ ᠶᠢ ᠪᠠᠶᠢᠭᠤᠯᠵᠦ᠂ ᠦᠨᠳᠦᠰᠦᠨ ᠱᠠᠲᠤᠨ ᠳᠤ ᠬᠦᠨᠵᠡᠭᠡᠶᠢᠷᠡᠨ ᠲᠤᠬᠤᠨᠢᠭᠤᠯᠤᠯᠲᠠ | ᠶᠢᠨ ᠲᠤᠬᠯᠠᠯᠲᠠ ᠦᠷᠨᠢᠭᠦᠯᠵᠦ᠂ ᠲᠠᠯᠠᠪᠤᠷ ᠤᠨ ᠰᠤᠶᠤᠯ ᠣᠷᠠᠯᠢᠭ ᠤᠨ ᠨᠠᠶᠢᠷ᠂ ᠠᠩᠬᠠᠳᠠᠬᠴᠢ ᠬᠤᠭᠤᠴᠠᠭᠠᠨ ᠤ | ᠮᠠᠯᠴᠢᠨ ᠲᠠᠷᠢᠶᠠᠴᠢᠨ ᠤ ᠣᠳᠬ᠎ᠠ ᠣᠷᠠᠯᠢᠭ ᠤᠨ ᠲᠤᠬᠯᠠᠯᠲᠠ ᠵᠡᠷᠭᠡ ᠬᠦᠳᠡᠯᠭᠡᠭᠡᠨ ᠢ ᠦᠷᠨᠢᠭᠦᠯᠦᠨ᠂ ᠠᠷᠠᠳ ᠲᠦᠮᠡᠨ | ᠤ ᠰᠣᠶᠣᠯ ᠤᠨ ᠠᠮᠢᠳᠤᠷᠠᠯ ᠢ ᠣᠯᠠᠮ ᠨᠢᠭᠡ ᠠᠯᠬᠤᠮ ᠪᠠᠶᠠᠯᠢᠬᠵᠢᠭᠤᠯᠪᠠ᠃ ᠴᠡᠷᠢᠭ ᠤᠨ ᠠᠯᠪᠠ ᠠᠴᠠ ᠪᠠᠭᠤᠬᠰᠠᠳ | ᠤᠨ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠵᠦ᠂ ᠴᠡᠷᠢᠭ ᠤᠨ ᠠᠯᠪᠠ ᠠᠴᠠ ᠪᠠᠭᠤᠬᠰᠠᠳ ᠪᠤᠯᠤᠨ ᠪᠤᠰᠤᠳ | ᠲᠤᠰᠬᠠᠢ ᠬᠠᠷᠠᠭᠠᠯᠵᠠᠯ ᠤᠨ ᠡᠲᠡᠭᠡᠳ ᠤᠨ ᠮᠡᠳᠡᠭᠡ ᠵᠠᠩᠬᠢ ᠶᠢ ᠴᠤᠬᠯᠠᠭᠤᠯᠬᠤ ᠶᠢ ᠠᠮᠵᠢᠯᠲᠠ ᠲᠠᠢ ᠪᠡᠶᠡᠯᠡᠭᠦᠯᠪᠡ᠃ | ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠤ ᠠᠵᠢᠯ ᠰᠢᠨ᠎ᠡ ᠠᠬᠢᠴᠠ ᠲᠠᠢ ᠪᠤᠯᠵᠦ᠂ ᠮᠠᠨ ᠤ ᠲᠤᠭᠤᠷᠢᠭ | ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠤᠭᠤᠷᠢᠭ | ᠤᠨ ᠴᠣᠯᠠ ᠤᠯᠪᠠ᠃ ᠬᠢᠨᠠᠨ ᠪᠤᠳᠤᠯᠲᠠ᠂ ᠳᠠᠩᠰᠠ ᠡᠪᠬᠡᠮᠡᠯ᠂ ᠠᠷᠠᠳ ᠤᠨ ᠵᠡᠪᠰᠡᠭᠲᠦ ᠬᠦᠴᠦᠨ᠂ ᠣᠯᠣᠰ ᠤᠨ | ᠪᠠᠲᠤᠯᠠᠨ ᠬᠠᠮᠠᠭᠠᠯᠠᠯᠲᠠ ᠶᠢᠨ ᠰᠣᠷᠭᠠᠨ ᠬᠦᠮᠦᠵᠢᠯ᠂ ᠳᠤᠤᠷ᠎ᠠ ᠨᠢᠭᠡ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠨᠢ | ᠪᠦᠷ ᠰᠢᠨ᠎ᠡ ᠠᠮᠵᠢᠯᠲᠠ ᠣᠯᠪᠠ᠃ | ᠨᠠᠮ ᠤᠨ ᠣᠳᠣᠷᠢᠳᠣᠯᠭ᠎ᠠ᠂ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠦ᠂ ᠠᠷᠠᠳᠴᠢᠯᠠᠬᠰᠠᠨ | ᠬᠠᠤᠯᠢ ᠳᠦᠷᠢᠮ ᠤᠨ ᠪᠦᠲᠦᠭᠡᠨ ᠪᠠᠶᠢᠭᠤᠯᠤᠯᠲᠠ ᠨᠢ ᠰᠢᠨ᠎ᠡ ᠳᠠᠪᠰᠢᠯᠲᠠ ᠲᠠᠢ ᠪᠤᠯᠪᠠ᠃ ᠵᠠᠰᠠᠭ ᠤᠨ ᠣᠷᠳᠣᠨ ᠤ | ᠨᠠᠮ ᠤᠨ ᠣᠳᠣᠷᠢᠳᠬᠤ ᠳᠣᠭᠤᠶᠢᠯᠠᠩ ᠤᠨ ᠭᠤᠤᠯ ᠴᠤᠬᠴᠠᠲᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ | ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠳᠡᠮᠵᠢᠵᠦ᠂ ᠴᠢᠭᠡᠴᠢ ᠵᠠᠰᠠᠭ ᠤᠨ ᠪᠦᠲᠦᠭᠡᠨ | ᠪᠠᠶᠢᠭᠤᠯᠤᠯᠲᠠ ᠪᠤᠯᠤᠨ ᠰᠣᠷᠲᠠᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠦ᠂ ᠬᠡᠯᠪᠡᠷᠢ | ᠶᠢᠨ ᠦᠵᠡᠯ᠂ ᠨᠤᠶᠠᠨᠴᠢ ᠦᠵᠡᠯ ᠤᠨ ᠰᠢᠨ᠎ᠡ ᠪᠠᠶᠢᠳᠠᠯ ᠢ ᠲᠦᠪᠯᠡᠷᠡᠭᠦᠯᠦᠨ ᠴᠡᠭᠴᠡᠯᠡᠵᠦ᠂ ᠠᠷᠠᠳ ᠤᠨ ᠲᠦᠯᠦᠭᠡ᠂ | ᠪᠤᠳᠠᠲᠠᠢ ᠶᠢ ᠡᠷᠬᠢᠮᠯᠡᠬᠦ᠂ ᠲᠦᠪ ᠰᠢᠳᠤᠷᠭᠤ ᠰᠢᠯᠢᠳᠡᠭ ᠰᠤᠷᠲᠠᠯ ᠢ ᠶᠡᠭᠡ ᠬᠦᠴᠦᠨ ᠢᠶᠠᠷ ᠬᠦᠭᠵᠢᠭᠦᠯᠦᠨ ᠪᠠᠳᠠᠷᠠᠭᠤᠯᠪᠠ᠃ | ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠢ ᠪᠦᠬᠦ | ᠬᠦᠴᠦᠨ ᠢᠶᠠᠷ ᠬᠠᠮᠵᠢᠯᠴᠠᠵᠦ ᠬᠢᠨᠠᠨ ᠪᠠᠶᠢᠴᠠᠭᠠᠬᠤ ᠠᠵᠢᠯ ᠤᠨ ᠡᠭᠦᠷᠭᠡ ᠶᠢ ᠪᠡᠶᠡᠯᠡᠭᠦᠯᠵᠦ᠂ ᠦᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠬᠢᠨᠠᠨ ᠪᠠᠶᠢᠴᠠᠭᠠᠬᠰᠠᠨ ᠴᠡᠭᠴᠡᠯᠡᠨ ᠦᠭᠡᠷᠡᠴᠢᠯᠡᠬᠦ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠢᠨᠠᠨ ᠪᠠᠶᠢᠴᠠᠭᠠᠬᠰᠠᠨ ᠬᠠᠷᠢᠭᠤ ᠳᠤᠰᠬᠠᠯ ᠲᠠᠢ | ᠬᠠᠷᠠᠭᠠᠯᠵᠠᠭᠤᠯᠤᠨ᠂ ᠴᠡᠭᠴᠡᠯᠡᠨ ᠦᠭᠡᠷᠡᠴᠢᠯᠡᠬᠦ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠵᠦ᠂ | ᠣᠳᠣᠷᠢᠳᠤᠯᠭ᠎ᠠ ᠳᠠᠭᠠᠭᠤᠯᠤᠨ ᠴᠡᠭᠴᠡᠯᠡᠨ ᠦᠭᠡᠷᠡᠴᠢᠯᠡᠯᠲᠡ ᠶᠢ ᠠᠳᠬᠤᠬᠤ ᠶᠢ ᠪᠠᠷᠢᠮᠲᠠᠯᠠᠵᠦ᠂ ᠣᠬᠠᠮᠰᠠᠷ ᠠᠴᠠ ᠪᠠᠨ | ᠮᠡᠳᠡᠷᠡᠨ ᠲᠠᠨᠢᠵᠦ ᠲᠤᠭᠤᠷᠢᠨ ᠪᠠᠶᠢᠴᠠᠭᠠᠵᠦ ᠴᠡᠭᠴᠡᠯᠡᠨ ᠦᠭᠡᠷᠡᠴᠢᠯᠡᠬᠦ ᠠᠵᠢᠯ ᠢ ᠰᠠᠶᠢᠲᠤᠷ ᠠᠳᠬᠤᠵᠦ᠂ ᠲᠤᠭᠤᠷᠢᠨ | ᠪᠠᠶᠢᠴᠠᠭᠠᠵᠦ ᠴᠡᠭᠴᠡᠯᠡᠨ ᠦᠭᠡᠷᠡᠴᠢᠯᠡᠬᠦ ᠡᠭᠦᠷᠭᠡ ᠨᠢ ᠲᠡᠷᠡ ᠴᠡᠭ ᠢᠶᠠᠷ ᠢᠶᠠᠨ ᠪᠤᠳᠠᠲᠤ ᠪᠠᠶᠢᠳᠠᠯ ᠳᠤ | ᠨᠠᠶᠢᠳᠠᠪᠤᠷᠢᠵᠢᠭᠤᠯᠬᠤ ᠶᠢ ᠪᠠᠲᠤᠯᠠᠪᠠ᠂᠂ ᠣᠬᠠᠮᠰᠠᠷ ᠠᠴᠠ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠲᠠ᠂ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠬᠰᠠ ᠬᠢᠨᠠᠯᠲᠠ ᠪᠤᠯᠤᠨ ᠨᠡᠶᠢᠭᠡᠮ | ᠤᠨ ᠶᠠᠷᠢᠶ᠎ᠠ ᠬᠡᠯᠡᠯᠴᠡᠭᠡ ᠶᠢᠨ ᠬᠢᠨᠠᠯᠲᠠ ᠶᠢ ᠬᠦᠯᠢᠶᠡᠨ ᠠᠪᠴᠦ᠂ 146 ᠬᠤᠪᠢ ᠠᠷᠠᠳ ᠤᠨ ᠲᠦᠯᠦᠭᠡᠯᠡᠭᠴᠢ ᠶᠢᠨ | ᠰᠠᠨᠠᠯ᠂ 84 ᠬᠤᠪᠢ ᠣᠯᠣᠰ ᠲᠦᠷᠦ ᠶᠢᠨ ᠵᠦᠪᠯᠡᠯᠭᠡᠨ ᠤ ᠭᠡᠰᠢᠭᠦᠨ ᠤ ᠳᠣᠷᠠᠳᠣᠯᠭ᠎ᠠ ᠶᠢ ᠨᠠᠷᠢᠨ ᠬᠢᠨᠠᠮᠠᠭᠠᠢ | ᠭᠦᠢᠴᠡᠳᠭᠡᠪᠡ᠃ ᠡᠯ᠎ᠡ ᠠᠷᠠᠳᠴᠢᠯᠠᠬᠰᠠᠨ ᠨᠠᠮ ᠪᠦᠯᠦᠭ᠂ ᠠᠷᠠᠳ ᠤᠨ ᠪᠦᠯᠬᠦᠮ ᠯᠤᠭ᠎ᠠ ᠶᠢᠨ ᠬᠠᠷᠢᠯᠴᠠᠭ᠎ᠠ ᠶᠢ | ᠴᠢᠩᠭᠠᠳᠬᠠᠵᠦ᠂ ᠰᠢᠨᠵᠢᠯᠡᠬᠦ ᠣᠬᠠᠭᠠᠨᠴᠢᠯᠠᠬᠰᠠᠨ᠂ ᠠᠷᠠᠳᠴᠢᠯᠠᠬᠰᠠᠨ ᠬᠡᠮᠵᠢᠶᠡᠨ ᠤ ᠰᠢᠢᠳᠪᠦᠷᠢᠲᠦ ᠪᠤᠳᠤᠯᠭ᠎ᠠ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ᠂ ᠦᠢᠯᠡᠳᠪᠦᠷᠢ ᠶᠢᠨ ᠶᠠᠪᠤᠳᠠᠯ᠂ ᠲᠤᠰᠬᠤᠨ ︵ | ᠰᠠᠭᠤᠭᠠᠯᠢ ᠠᠷᠠᠳ ᠤᠨ ᠵᠦᠪᠯᠡᠯ︶ ᠤ ᠶᠠᠪᠤᠳᠠᠯ ᠢ ᠢᠯᠡ ᠪᠤᠯᠭᠠᠬᠤ ᠶᠢ ᠬᠦᠨᠵᠡᠭᠡᠢ ᠬᠡᠷᠡᠭᠵᠢᠭᠦᠯᠵᠦ᠂ ᠦᠨᠳᠦᠰᠦᠨ | ᠱᠠᠲᠤᠨ ᠤ ᠠᠷᠠᠳᠴᠢᠯᠠᠯ ᠢ ᠲᠠᠰᠤᠷᠠᠯᠲᠠ ᠦᠭᠡᠢ ᠦᠷᠭᠡᠳᠭᠡᠵᠦ᠂ ᠠᠷᠠᠳ ᠤᠨ ᠠᠮᠢᠳᠤᠷᠠᠯ ᠤᠨ ᠪᠤᠳᠠᠲᠤ ᠶᠠᠪᠤᠳᠠᠯ ᠤᠨ | ᠵᠦᠢᠯᠴᠢᠯᠡᠯ ᠤᠨ ᠠᠷᠠᠳ ᠤᠨ ᠲᠦᠯᠦᠭᠡᠯᠡᠭᠴᠢ ᠶᠢᠨ ᠫᠢᠶᠤᠤ ᠪᠠᠷ ᠲᠤᠭᠲᠠᠭᠠᠬᠤ ᠳᠦᠷᠢᠮ ᠤᠨ ᠲᠤᠷᠰᠢᠯᠲᠠ ᠶᠢᠨ ᠴᠡᠭ | ᠤᠨ ᠠᠵᠢᠯ ᠢ ᠡᠬᠢᠯᠡᠭᠦᠯᠪᠡ᠃ ᠨᠡᠶᠢᠭᠡᠮ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠵᠦ᠂ ᠰᠢᠨ᠎ᠡ ᠪᠠᠷ ᠽᠧ ᠶᠤᠸᠠᠨ ᠨᠡᠶᠢᠭᠡᠮ ᠲᠤᠭᠤᠷᠢᠭ ᠢ ᠪᠠᠶᠢᠭᠤᠯᠵᠦ᠂ ᠨᠡᠶᠢᠭᠡᠮ ᠲᠤᠭᠤᠷᠢᠭ ᠤᠨ | ᠪᠠᠶᠢᠷᠢᠯᠠᠭᠤᠯᠤᠯᠲᠠ ᠨᠢ ᠨᠡᠩ ᠵᠤᠬᠢᠮᠵᠢᠲᠠᠢ ᠪᠠᠶᠢᠵᠦ᠂ ᠠᠷᠪᠠᠳᠤᠭᠠᠷ ᠬᠤᠭᠤᠴᠠᠭᠠᠨ ᠤ ᠲᠤᠰᠬᠤᠨ ︵ᠰᠠᠭᠤᠭᠠᠯᠢ ᠠᠷᠠᠳ | ᠤᠨ ᠵᠦᠪᠯᠡᠯ︶ ᠤ ᠵᠦᠪᠯᠡᠯ ᠤᠨ ᠬᠤᠭᠤᠴᠠᠭ᠎ᠠ ᠰᠤᠯᠢᠬᠤ ᠠᠵᠢᠯ ᠢ ᠠᠮᠵᠢᠯᠲᠠᠢ ᠪᠡᠶᠡᠯᠡᠭᠦᠯᠪᠡ᠃ ︽ᠳᠤᠯᠤᠭ᠎ᠠ ᠲᠠᠪᠤ︾ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠲᠦᠯᠬᠢᠨ ᠠᠬᠢᠭᠤᠯᠵᠦ᠂ ᠦᠪᠡᠷᠲᠡᠭᠡᠨ ᠵᠠᠰᠠᠬᠤ | ᠣᠷᠣᠨ ᠤ ︽ᠳᠣᠯᠤᠭ᠎ᠠ ᠲᠠᠪᠤ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠳᠤᠮᠳᠠ | ᠬᠤᠭᠤᠴᠠᠭᠠᠨ ᠤ ᠰᠢᠯᠭᠠᠨ ᠬᠤᠷᠢᠶᠠᠯᠲᠠ ᠶᠢ ᠣᠷᠣᠬᠰᠢᠲᠠᠢ ᠦᠩᠭᠡᠷᠭᠡᠪᠡ᠃ | ᠡᠷᠬᠢᠮ ᠲᠦᠯᠦᠭᠡᠯᠡᠭᠴᠢᠳ ᠡ︕ ᠦᠩᠭᠡᠷᠡᠭᠰᠡᠨ ᠨᠢᠭᠡ ᠵᠢᠯ ᠪᠤᠯ ᠲᠤᠰ ᠬᠤᠭᠤᠴᠠᠭᠠᠨ ᠤ ᠵᠠᠰᠠᠭ ᠤᠨ | ᠣᠷᠳᠣᠨ ᠤ ᠡᠬᠢᠯᠡᠯᠲᠡ ᠶᠢᠨ ᠨᠢᠭᠡ ᠵᠢᠯ ᠪᠤᠯᠤᠨ᠎ᠠ᠃ ᠪᠢᠳᠡ ᠬᠦᠭᠵᠢᠯᠲᠡ ᠶᠢ ᠠᠳᠬᠤᠵᠦ ᠰᠣᠯᠠᠷᠠᠭᠤᠯᠬᠤ ᠦᠭᠡᠢ᠂ | ᠬᠦᠴᠢᠷ ᠪᠡᠷᠬᠡ ᠶᠢ ᠢᠯᠡᠨ ᠳᠠᠪᠠᠵᠦ ᠬᠤᠶᠢᠰᠢ ᠣᠬᠤᠷᠢᠬᠤ ᠦᠭᠡᠢ ᠪᠠᠷ ᠨᠢᠭᠡ ᠪᠦᠯᠦᠭ ᠶᠡᠭᠡ ᠣᠴᠢᠷ ᠢ ᠪᠡᠶᠡᠯᠡᠭᠦᠯᠵᠦ᠂ | ᠪᠠᠭ᠎ᠠ ᠪᠤᠰᠤ ᠬᠦᠴᠢᠷᠳᠡᠯᠲᠡᠢ ᠠᠰᠠᠭᠤᠳᠠᠯ ᠢ ᠰᠢᠢᠳᠪᠦᠷᠢᠯᠡᠪᠡ᠃ ᠪᠢᠳᠡ ᠵᠤᠷᠢᠬᠲᠠᠢ ᠪᠠᠷ ᠪᠠᠶᠢᠯᠳᠤᠨ ᠲᠡᠮᠡᠴᠡᠵᠦ᠂ | ᠴᠢᠳᠠᠮᠠᠭᠠᠢ ᠪᠠᠷ ᠬᠢᠵᠦ ᠪᠦᠲᠦᠭᠡᠨ᠂ ᠭᠤᠷᠪᠠᠨ ᠶᠡᠭᠡ ᠪᠠᠬᠢᠯᠡᠯᠲᠡ ᠶᠢᠨ ᠳᠠᠶᠢᠯᠠᠯᠳᠤᠭᠠᠨ ᠵᠠᠯᠭᠠᠭ᠎ᠠ ᠪᠠᠷ ᠪᠠᠶᠢᠯᠳᠤᠨ | ᠵᠠᠯᠭᠠᠭ᠎ᠠ ᠪᠠᠷ ᠠᠮᠵᠢᠯᠲᠠ ᠣᠯᠵᠦ᠂ ︽ᠠᠷᠪᠠ ᠶᠢ ᠪᠦᠷᠬᠦᠭᠦᠯᠬᠦ︾ ᠠᠷᠪᠠᠨ ᠲᠦᠷᠦᠯ ᠤᠨ ᠢᠨᠵᠧᠨᠧᠷᠢᠩ ᠤᠨ | ᠦᠷᠢᠲᠦᠭᠰᠡᠨ ᠵᠤᠭᠤᠰ ᠢ ᠪᠦᠬᠦᠳᠡ ᠶᠢ ᠰᠢᠢᠳᠪᠦᠷᠢᠯᠡᠵᠦ ᠳᠠᠭᠤᠰᠤᠪᠠ᠃ ᠪᠦᠬᠦ ᠲᠤᠭᠤᠷᠢᠭ ᠤᠨ ᠳᠠᠩᠰᠠᠯᠠᠵᠦ | ᠺᠠᠷᠲ᠋ᠠᠯᠠᠬᠰᠠᠨ ᠡᠷᠦᠭᠡ ᠪᠦᠬᠦᠳᠡᠭᠡᠷ ᠶᠠᠳᠠᠭᠤ ᠠᠴᠠ ᠠᠩᠬᠢᠵᠢᠷᠠᠬᠤ ᠶᠢ ᠪᠡᠶᠡᠯᠡᠭᠦᠯᠵᠦ᠂ ᠲᠦᠪ ᠬᠤᠷᠢᠶᠠᠨ ᠤ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠤᠨ ︽ᠰᠢᠯᠭᠠᠨ ᠪᠠᠶᠢᠴᠠᠭᠠᠬᠤ ᠰᠢᠯᠭᠠᠯᠲᠠ︾ | ᠶᠢ ᠣᠷᠣᠬᠰᠢᠲᠠᠢ ᠦᠩᠭᠡᠷᠭᠡᠪᠡ᠃ ᠦᠨᠦ ᠵᠢᠯ ᠳᠤ᠂ ᠪᠢᠳᠡ ᠪᠦᠬᠦᠳᠡᠭᠡᠷ ᠰᠡᠳᠬᠢᠯ ᠨᠢᠭᠡᠳᠴᠦ᠂ ᠪᠦᠬᠦ ᠬᠦᠴᠦᠨ ᠢᠶᠠᠷ | ᠦᠶᠡᠷ ᠲᠠᠢ ᠲᠡᠮᠡᠴᠡᠨ ᠠᠶᠤᠯ ᠭᠠᠮᠰᠢᠭ ᠠᠴᠠ ᠠᠪᠤᠷᠠᠵᠦ᠂ ᠵᠠᠭᠤᠨ ᠵᠢᠯ ᠳᠤ ᠨᠢᠭᠡ ᠣᠴᠠᠷᠠᠬᠤ ᠦᠶᠡᠷ ᠢ | ᠪᠦᠲᠦᠮᠵᠢᠲᠡᠢ ᠠᠷᠭᠠᠴᠠᠪᠠ᠃ ᠨᠢᠭᠡᠳᠭᠡᠨ ᠲᠦᠯᠦᠪᠯᠡᠵᠦ ᠠᠹᠷᠢᠺᠠ ᠶᠢᠨ ᠭᠠᠭ᠋ᠠᠢ ᠶᠢᠨ ᠬᠢᠵᠢᠭ ᠢ ᠰᠡᠷᠭᠡᠶᠢᠯᠡᠨ ᠡᠵᠡᠮᠳᠡᠬᠦ | ᠶᠢ ᠰᠠᠶᠢᠲᠤᠷ ᠬᠢᠵᠦ᠂ ᠪᠦᠬᠦ ᠲᠤᠭᠤᠷᠢᠭ ᠲᠤ ᠠᠹᠷᠢᠺᠠ ᠶᠢᠨ ᠭᠠᠭ᠋ᠠᠢ ᠶᠢᠨ ᠬᠢᠵᠢᠭ ᠤᠨ ᠬᠢᠵᠢᠭ ᠤᠨ ᠪᠠᠶᠢᠳᠠᠯ | ᠡᠭᠦᠰᠦᠭᠰᠡᠨ ᠦᠭᠡᠢ ᠪᠠᠶᠢᠵᠦ᠂ ᠬᠠᠮᠤᠭ ᠶᠡᠭᠡ ᠬᠡᠪᠴᠢᠶᠡᠨ ᠳᠤ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ | ᠬᠤᠬᠢᠷᠠᠯ ᠢ ᠪᠠᠭᠠᠰᠬᠠᠪᠠ᠃ ᠦᠨᠦ ᠵᠢᠯ ᠳᠤ᠂ ᠪᠢᠳᠡᠨ ᠰᠡᠳᠬᠢᠯ ᠨᠢᠭᠡᠳᠭᠡᠵᠦ ᠬᠦᠴᠦ ᠬᠠᠮᠲᠤᠳᠬᠠᠨ᠂ ᠦᠨᠡᠨ | ᠠᠳᠬᠤᠵᠦ ᠰᠠᠶᠢᠲᠤᠷ ᠬᠢᠵᠦ᠂ ᠬᠦᠳᠡᠯᠭᠡᠭᠴᠢ ᠡᠨᠧᠷᠬᠢ ᠶᠢ ᠲᠦᠷᠭᠡᠪᠴᠢᠯᠡᠨ ᠪᠦᠭᠡᠮᠨᠡᠷᠡᠭᠦᠯᠬᠦ ᠶᠢ ᠬᠦᠭᠵᠢᠭᠦᠯᠵᠦ᠂ ᠠᠵᠦ | ᠦᠢᠯᠡᠳᠪᠦᠷᠢ ᠶᠢᠨ ᠬᠦᠷᠢᠶᠡᠯᠡᠩ ᠤᠨ ᠠᠰᠢᠬᠯᠠᠯᠲᠠ ᠨᠢ ᠪᠠᠶᠢᠩᠭᠤ ᠶᠢᠨ ᠲᠤᠬᠲᠠᠯᠴᠠᠭ᠎ᠠ ᠶᠢ ᠪᠠᠶᠢᠭᠤᠯᠵᠦ᠂ ᠠᠵᠦ | ᠦᠢᠯᠡᠳᠪᠦᠷᠢ ᠶᠢᠨ ᠬᠦᠷᠢᠶᠡᠯᠡᠩ ᠤᠨ ᠳᠠᠭᠠᠭᠠᠬᠤ ᠬᠦᠴᠦᠨ ᠤ ᠬᠢᠷᠢ ᠲᠦᠪᠰᠢᠨ ᠨᠢ ᠲᠠᠰᠤᠷᠠᠯᠲᠠ ᠦᠭᠡᠢ | ᠳᠡᠭᠡᠭᠰᠢᠯᠡᠪᠡ᠃ ᠭᠤᠤᠯᠳᠠᠯᠭᠠᠲᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠦ᠂ ᠨᠢᠭᠡ | ᠪᠦᠯᠦᠭ ᠦᠷᠭᠦᠯᠵᠢᠯᠡᠭᠦᠯᠦᠭᠰᠡᠨ᠂ ᠨᠦᠬᠦᠪᠦᠷᠢᠯᠡᠭᠰᠡᠨ᠂ ᠬᠦᠴᠦᠷᠬᠡᠭ ᠬᠡᠯᠬᠢᠶᠡᠲᠦ ᠲᠦᠷᠦᠯ ᠵᠦᠢᠯ ᠢ ᠪᠠᠶᠢᠭᠤᠯᠤᠨ | ᠪᠦᠲᠦᠭᠡᠵᠦ ᠠᠰᠢᠬᠯᠠᠯᠲᠠ ᠳᠤ ᠣᠷᠣᠭᠤᠯᠵᠦ᠂ ᠠᠵᠦ ᠦᠢᠯᠡᠰ ᠤᠨ ᠲᠦᠪᠯᠡᠷᠡᠨ ᠨᠢᠬᠲᠠᠷᠠᠬᠰᠠᠨ ᠨᠦᠯᠦᠭᠡᠯᠡᠯ ᠨᠢ | ᠲᠠᠰᠤᠷᠠᠯᠲᠠ ᠦᠭᠡᠢ ᠢᠯᠡᠷᠡᠪᠡ᠃ ᠦᠢᠯᠡᠳᠦᠯᠭᠡ ᠭᠡᠷᠡᠴᠢᠯᠡᠭᠰᠡᠨ ᠨᠢ᠄ ᠪᠢᠳᠡᠨ ᠵᠦᠪᠬᠡᠨ ᠲᠤᠭᠤᠷᠢᠭ ᠤᠨ ᠨᠠᠮ ᠤᠨ | ᠬᠤᠷᠢᠶᠠᠨ ᠤ ᠣᠳᠣᠷᠢᠳᠤᠯᠭ᠎ᠠ ᠶᠢ ᠪᠠᠷᠢᠮᠲᠠᠯᠠᠵᠦ᠂ ᠪᠦᠬᠦ ᠲᠤᠭᠤᠷᠢᠭ ᠢᠶᠠᠷ ᠢᠶᠠᠨ ᠨᠢᠭᠡ ᠦᠷᠦᠭ ᠰᠢᠲᠠᠷ᠎ᠠ᠂ ᠳᠡᠭᠡᠷ᠎ᠡ | ᠲᠤᠤᠷ᠎ᠠ ᠰᠡᠳᠬᠢᠯ ᠨᠢᠭᠡᠲᠡᠢ ᠬᠠᠮᠲᠤᠷᠠᠪᠠᠯ ᠶᠠᠮᠠᠷᠪᠠ ᠬᠦᠴᠢᠷ ᠪᠡᠷᠬᠡ ᠴᠦ ᠪᠢᠳᠡᠨ ᠤ ᠡᠷᠡᠰ ᠵᠤᠷᠢᠭ ᠢ ᠬᠦᠳᠡᠯᠭᠡᠵᠦ | ᠳᠡᠶᠢᠯᠬᠦ ᠦᠭᠡᠢ᠃ ᠶᠠᠮᠠᠷᠪᠠ ᠨᠤᠭᠤᠷᠠᠯ ᠪᠦᠳᠦᠷᠢᠯ ᠨᠢ ᠪᠢᠳᠡᠨ ᠤ ᠵᠤᠷᠢᠭ ᠢ ᠡᠪᠳᠡᠵᠦ ᠳᠡᠶᠢᠯᠬᠦ ᠦᠭᠡᠢ᠃ ᠶᠠᠮᠠᠷᠪᠠ | ᠬᠠᠷᠰᠢ ᠰᠠᠭᠠᠳ ᠴᠦ ᠪᠢᠳᠡᠨ ᠤ ᠣᠷᠣᠬᠰᠢᠯᠠᠬᠤ ᠠᠯᠬᠤᠴᠠ ᠶᠢ ᠬᠤᠷᠢᠬᠯᠠᠵᠦ ᠳᠡᠶᠢᠯᠬᠦ ᠦᠭᠡᠢ᠃ | ᠡᠷᠬᠢᠮ ᠲᠦᠯᠦᠭᠡᠯᠡᠭᠴᠢᠳ ᠡ︕ ᠦᠩᠭᠡᠷᠡᠭᠰᠡᠨ ᠨᠢᠭᠡ ᠵᠢᠯ ᠤᠨ ᠣᠯᠣᠬᠰᠠᠨ ᠠᠮᠵᠢᠯᠲᠠ ᠪᠦᠲᠦᠮᠵᠢ ᠨᠢ | ᠬᠢᠯᠪᠠᠷ ᠪᠤᠰᠤ ᠶᠤᠮ᠃ ᠡᠨᠡ ᠪᠣᠯ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠨᠵᠢᠯᠡᠬᠦ | ᠣᠬᠠᠭᠠᠨᠴᠢ ᠪᠠᠷ ᠠᠷᠭ᠎ᠠ ᠰᠦᠪᠡᠭᠴᠢᠯᠡᠭᠰᠡᠨ ᠬᠠᠲᠠᠭᠤᠵᠢᠯᠲᠠᠢ ᠣᠳᠣᠷᠢᠳᠣᠯᠭ᠎ᠠ᠂ ᠲᠤᠭᠤᠷᠢᠭ ᠤᠨ ᠨᠠᠮ ᠤᠨ ᠬᠤᠷᠢᠶᠠᠨ | ᠠᠴᠠ ᠪᠦᠬᠦ ᠲᠠᠯ᠎ᠠ ᠶᠢ ᠡᠵᠡᠮᠳᠡᠵᠦ᠂ ᠨᠢᠭᠡᠳᠦᠯᠲᠡᠢ ᠲᠦᠯᠦᠪᠯᠡᠨ ᠲᠦᠯᠬᠢᠨ ᠠᠬᠢᠭᠤᠯᠤᠬᠰᠠᠨ ᠤ ᠦᠷ᠎ᠡ ᠳ᠋ᠦᠩ᠂ | ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ | ᠪᠦᠲᠦᠮᠵᠢᠲᠡᠢ ᠬᠢᠨᠠᠯᠲᠠ᠂ ᠶᠡᠭᠡ ᠬᠦᠴᠦᠨ ᠤ ᠳᠡᠮᠵᠢᠯᠭᠡ᠂ ᠪᠦᠬᠦ ᠲᠤᠭᠤᠷᠢᠭ ᠤᠨ ᠡᠯ᠎ᠡ ᠦᠨᠳᠦᠰᠦᠲᠡᠨ ᠤ ᠺᠠᠳ᠋ᠷ ᠣᠯᠠᠨ | ᠲᠦᠮᠡᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠶᠤᠮ᠃ ᠠᠳᠡ᠂ | ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠪᠦᠬᠦ ᠲᠤᠭᠤᠷᠢᠭ ᠤᠨ ᠡᠯ᠎ᠡ ᠦᠨᠳᠦᠰᠦᠲᠡᠨ | ᠤ ᠠᠷᠠᠳ ᠲᠦᠮᠡᠨ᠂ ᠪᠦᠬᠦ ᠲᠤᠭᠤᠷᠢᠭ ᠤᠨ ᠦᠭᠡᠷᠡᠴᠢᠯᠡᠯᠲᠡ ᠨᠡᠬᠡᠭᠡᠯᠲᠡ ᠪᠤᠯᠤᠨ ᠤᠳᠤᠬᠢᠴᠢᠯᠠᠬᠰᠠᠨ ᠪᠦᠲᠦᠭᠡᠨ | ᠪᠠᠶᠢᠭᠤᠯᠤᠯᠲᠠ ᠳᠤ ᠭᠠᠪᠢᠶ᠎ᠠ ᠵᠢᠳᠬᠦᠯ ᠦᠵᠡᠭᠦᠯᠦᠭᠰᠡᠨ ᠨᠦᠬᠦᠷ᠂ ᠬᠠᠶᠢᠨᠠᠨ ᠲᠤᠭᠤᠷᠢᠭ ᠤᠨ ᠬᠦᠭᠵᠢᠯᠲᠡ ᠶᠢ | ᠬᠠᠯᠠᠮᠵᠢᠯᠠᠨ ᠳᠡᠮᠵᠢᠵᠦ ᠪᠠᠶᠢᠭ᠎ᠠ ᠨᠠᠶᠢᠵᠠ ᠨᠠᠷ ᠳᠠᠭᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ᠃ | ᠠᠮᠵᠢᠯᠲᠠ ᠪᠦᠲᠦᠮᠵᠢ ᠪᠠᠨ ᠪᠠᠲᠤᠯᠠᠬᠤ ᠶᠢᠨ ᠵᠡᠷᠭᠡᠪᠡᠷ ᠪᠢᠳᠡᠨ ᠵᠠᠪᠠᠯ ᠬᠤᠷᠴᠠ ᠰᠡᠷᠭᠡᠭ ᠢᠶᠠᠷ ᠲᠠᠨᠢᠵᠦ ᠣᠯᠬᠤ | ᠨᠢ ᠮᠠᠨ ᠤ ᠲᠤᠭᠤᠷᠢᠭ ᠶᠠᠭ ᠰᠠᠶᠢᠬᠠᠨ ᠬᠦᠴᠢᠷ ᠪᠡᠷᠬᠡ ᠶᠢ ᠲᠤᠭᠤᠯᠵᠦ᠂ ᠰᠢᠨ᠎ᠡ ᠳᠦᠷᠢ ᠪᠦᠲᠦᠭᠡᠬᠦ ᠶᠢᠨ ᠵᠠᠩᠬᠢᠯᠠᠭ᠎ᠠ | ᠶᠢᠨ ᠴᠠᠭ ᠬᠤᠭᠤᠴᠠᠭᠠᠨ ᠳᠤ ᠪᠠᠶᠢᠵᠦ᠂ ᠬᠦᠭᠵᠢᠯᠲᠡ ᠶᠢᠨ ᠳᠤᠮᠳᠠ ᠪᠠᠰᠠ ᠮᠠᠰᠢ ᠣᠯᠠᠨ ᠠᠰᠠᠭᠤᠳᠠᠯ ᠪᠤᠯᠤᠨ | ᠣᠷᠣᠯᠳᠣᠭᠠᠨ ᠲᠤᠯᠭᠠᠷᠠᠵᠦ ᠪᠠᠶᠢᠨ᠎ᠠ᠃ ᠠᠵᠦ ᠠᠬᠤᠢ ᠶᠢᠨ ᠪᠦᠲᠦᠴᠡ ᠶᠢᠨ ᠴᠢᠨᠠᠷᠲᠠᠢ ᠵᠦᠷᠢᠴᠡᠯ ᠮᠦᠨ ᠳᠤᠪᠣᠶᠢᠮ᠎ᠠ | ᠪᠠᠶᠢᠵᠦ᠂ ᠣᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢᠨ ᠦᠭᠡᠷᠡᠴᠢᠯᠡᠯᠲᠡ ᠶᠢᠨ ᠳᠡᠰ ᠳᠡᠪᠰᠢᠬᠦ ᠨᠢ ᠣᠳᠠᠭᠠᠨ | ᠪᠠᠶᠢᠵᠦ᠂ ᠰᠢᠨ᠎ᠡ ᠮᠠᠨᠳᠤᠬᠰᠠᠨ ᠠᠵᠦ ᠦᠢᠯᠡᠰ ᠨᠢ ᠬᠡᠪᠴᠢᠶ᠎ᠡ ᠪᠦᠷᠢᠯᠳᠦᠵᠦ ᠳᠡᠶᠢᠯᠦᠭᠡ ᠦᠭᠡᠢ᠃ ᠠᠵᠦ ᠦᠢᠯᠡᠰ ᠤᠨ | ᠬᠡᠯᠪᠡᠷᠢ ᠶᠢᠨ ᠦᠭᠡᠷᠡᠴᠢᠯᠡᠯᠲᠡ ᠨᠢ ᠡᠭᠦᠷᠭᠡ ᠬᠦᠨᠳᠦ ᠵᠠᠮ ᠣᠷᠲᠣ ᠶᠤᠮ᠃ ᠲᠤᠲᠤᠭᠠᠲᠤ ᠠᠴᠠ ᠡᠭᠦᠰᠦᠨ ᠨᠡᠮᠡᠭᠳᠡᠬᠦ | ᠬᠦᠳᠡᠯᠭᠡᠭᠴᠢ ᠬᠦᠴᠦᠨ ᠬᠦᠢᠴᠡᠳ ᠪᠤᠰᠤ ᠪᠠᠶᠢᠵᠦ᠂ ᠶᠡᠭᠡ ᠲᠦᠷᠦᠯ ᠵᠦᠢᠯ ᠤᠨ ᠬᠠᠳᠠᠭᠠᠯᠠᠬᠳᠠᠴᠠ ᠠᠷᠪᠢᠨ ᠦᠭᠡᠢ᠂ | ᠲᠤᠭᠲᠠᠬᠰᠠᠨ ᠬᠦᠷᠦᠩᠭᠡ ᠶᠢᠨ ᠪᠡᠯᠡ ᠣᠷᠣᠭᠤᠯᠤᠯᠲᠠ ᠶᠢᠨ ᠬᠦᠴᠦᠨ ᠮᠡᠭᠦᠰᠳᠡᠵᠦ ᠪᠠᠶᠢᠨ᠎ᠠ᠃ ᠡᠬᠢ ᠪᠠᠶᠠᠯᠢᠭ | ᠣᠷᠴᠢᠨ ᠲᠤᠭᠤᠷᠢᠨ ᠤ ᠬᠠᠲᠠᠭᠤ ᠬᠢᠵᠠᠭᠠᠷᠯᠠᠯ ᠲᠠᠰᠤᠷᠠᠯᠲᠠ ᠦᠭᠡᠢ ᠴᠢᠩᠭᠠᠷᠠᠵᠦ᠂ ᠣᠷᠴᠢᠨ ᠲᠤᠭᠤᠷᠢᠨ ᠤ | ᠬᠠᠮᠠᠭᠠᠯᠠᠯᠲᠠ ᠪᠤᠯᠤᠨ ᠪᠣᠬᠢᠷᠲᠤᠯ ᠢ ᠵᠠᠰᠠᠬᠤ ᠡᠭᠦᠷᠭᠡ ᠬᠦᠨᠳᠦ ᠪᠠᠶᠢᠨ᠎ᠠ᠃ ᠰᠤᠷᠭᠠᠨ ᠬᠦᠮᠦᠵᠢᠯ᠂ ᠡᠮ ᠡᠮᠨᠡᠯᠭᠡ᠂ | ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠨᠡᠶᠢᠭᠡᠮ ᠤᠨ ᠠᠵᠦ ᠦᠢᠯᠡᠰ ᠲᠤ ᠪᠠᠰᠠ ᠪᠠᠭ᠎ᠠ ᠪᠤᠰᠤ | ᠪᠠᠭᠤᠷᠠᠢ ᠲᠠᠯ᠎ᠠ ᠣᠷᠣᠰᠢᠵᠦ ᠪᠠᠶᠢᠭ᠎ᠠ ᠶᠤᠮ᠃ ᠬᠡᠰᠡᠭ ᠪᠦᠯᠦᠭ ᠺᠠᠳ᠋ᠷᠴᠣᠳ ᠪᠠᠰᠠ ᠣᠶᠣᠨ ᠰᠠᠨᠠᠭᠠᠨ ᠤ ᠪᠠᠶᠢᠳᠠᠯ | ᠰᠠᠶᠢᠨ ᠪᠤᠰᠤ᠂ ᠠᠵᠢᠯᠯᠠᠬᠤ ᠣᠷᠮ᠎ᠠ ᠪᠦᠷᠢᠨ ᠪᠤᠰᠤ᠂ ᠠᠳᠬᠤᠵᠦ ᠨᠠᠶᠢᠳᠠᠪᠤᠷᠢᠵᠢᠭᠤᠯᠬᠤ ᠪᠤᠳᠠᠲᠤ ᠪᠠᠶᠢᠳᠠᠯ ᠤᠨ | ᠬᠦᠴᠦᠯᠡᠴᠡ ᠬᠦᠢᠴᠡᠳ ᠪᠤᠰᠤ ᠵᠡᠷᠭᠡ ᠲᠠᠯ᠎ᠠ ᠶᠢᠨ ᠠᠰᠠᠭᠤᠳᠠᠯ ᠣᠷᠣᠰᠢᠵᠦ ᠪᠠᠶᠢᠨ᠎ᠠ᠃ ᠡᠳᠡᠭᠡᠷ ᠠᠰᠠᠭᠤᠳᠠᠯ ᠢ ᠵᠠᠪᠠᠯ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠦᠨ ᠪᠦᠬᠦᠢ ᠠᠷᠭ᠎ᠠ ᠬᠡᠮᠵᠢᠶ᠎ᠡ ᠠᠪᠴᠦ᠂ ᠨᠠᠷᠢᠨ ᠬᠢᠨᠠᠮᠠᠭᠠᠢ | ᠰᠢᠢᠳᠪᠦᠷᠢᠯᠡᠬᠦ ᠬᠡᠷᠡᠭᠲᠡᠢ᠃ | ᠬᠤᠶᠠᠷ᠄ 2019 ᠣᠨ ᠤ ᠠᠵᠢᠯ ᠤᠨ ᠲᠤᠬᠢᠷᠠᠭᠤᠯᠤᠯᠲᠠ | 2019 ᠣᠨ ᠪᠣᠯ ᠰᠢᠨ᠎ᠡ ᠳᠣᠮᠳᠠᠳᠣ ᠣᠯᠣᠰ ᠪᠠᠶᠢᠭᠤᠯᠤᠬᠳᠠᠬᠰᠠᠨ 70 ᠵᠢᠯ ᠤᠨ ᠣᠢ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ᠂ ᠦᠭᠡᠷᠡᠴᠢᠯᠡᠯᠲᠡ ᠶᠢ ᠦᠷᠬᠦᠯᠵᠢᠯᠡᠨ ᠬᠦᠨᠵᠡᠭᠡᠶᠢᠷᠡᠭᠦᠯᠬᠦ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠪᠡᠶᠡᠯᠡᠭᠦᠯᠬᠦ ᠵᠠᠩᠬᠢᠯᠠᠭ᠎ᠠ ᠶᠢᠨ ᠵᠢᠯ ᠪᠠᠶᠢᠵᠦ᠂ | ᠪᠦᠬᠦ ᠵᠢᠯ ᠤᠨ ᠡᠯ᠎ᠡ ᠲᠦᠷᠦᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠤᠬᠳᠠᠯ ᠲᠠᠢ ᠶᠤᠮ᠃ | ᠰᠢᠨ᠎ᠡ ᠴᠠᠭ ᠦᠶ᠎ᠡ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢᠨ ᠡᠮᠦᠨ᠎ᠡ ᠪᠢᠳᠡ ᠵᠠᠪᠠᠯ ᠬᠠᠷᠢᠭᠤᠴᠠᠯᠭᠠᠲᠤ ᠰᠡᠳᠬᠢᠯᠭᠡ | ᠪᠤᠯᠤᠨ ᠡᠭᠦᠷᠭᠡᠯᠡᠬᠦ ᠰᠡᠳᠬᠢᠯᠭᠡ ᠪᠠᠨ ᠦᠨᠡᠨ ᠬᠦ ᠨᠡᠮᠡᠭᠳᠡᠭᠦᠯᠵᠦ᠂ ᠣᠭ ᠰᠠᠨᠠᠭ᠎ᠠ ᠪᠠᠨ ᠦᠯᠦ ᠮᠠᠷᠲᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠷᠭᠠᠭᠤ ᠠᠵᠢᠯᠯᠠᠵᠦ᠂ ᠡᠷᠡᠰ ᠵᠤᠷᠢᠬᠯᠠᠨ ᠴᠢᠷᠮᠠᠶᠢᠨ ᠵᠢᠳᠬᠦᠵᠦ᠂ ᠬᠠᠶᠢᠨᠠᠨ | ᠤ ᠦᠨᠳᠦᠷ ᠶᠠᠰᠤ ᠴᠢᠨᠠᠷᠲᠠᠢ ᠬᠦᠭᠵᠢᠯᠲᠡ ᠶᠢᠨ ᠰᠢᠨ᠎ᠡ ᠪᠠᠶᠢᠳᠠᠯ ᠢ ᠪᠦᠬᠦ ᠲᠠᠯ᠎ᠠ ᠪᠠᠷ ᠡᠭᠦᠳᠦᠨ ᠨᠡᠬᠡᠭᠡᠶᠡ᠃ | 2019 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠬᠤ ᠶᠢ ᠪᠠᠷᠢᠮᠲᠠᠯᠠᠵᠦ᠂ ᠨᠠᠮ ᠤᠨ ᠠᠷᠪᠠ ᠶᠢᠰᠦᠳᠦᠭᠡᠷ ᠬᠤᠷᠠᠯ ᠪᠤᠯᠤᠨ ᠠᠷᠪᠠ ᠶᠢᠰᠦᠳᠦᠭᠡᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠦ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ | ᠲᠦᠯᠦᠪᠯᠡᠨ ᠲᠦᠯᠬᠢᠨ ᠠᠬᠢᠭᠤᠯᠵᠦ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠵᠤᠬᠢᠴᠠᠭᠤᠯᠤᠨ ᠲᠦᠯᠬᠢᠨ ᠠᠬᠢᠭᠤᠯᠵᠦ᠂ ᠲᠤᠬᠲᠠᠭᠤᠨ ᠢᠶᠠᠷ ᠣᠷᠣᠬᠰᠢᠯᠠᠬᠤ ᠠᠵᠢᠯ ᠤᠨ | ᠶᠡᠷᠦᠩᠬᠡᠢ ᠦᠨᠳᠦᠰᠦᠨ ᠴᠡᠭ ᠢ ᠪᠠᠷᠢᠮᠲᠠᠯᠠᠵᠦ᠂ ᠰᠢᠨ᠎ᠡ ᠬᠦᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠦᠨᠳᠦᠷ | ᠶᠠᠰᠤ ᠴᠢᠨᠠᠷᠲᠠᠢ ᠬᠦᠭᠵᠢᠯᠲᠡ ᠶᠢ ᠲᠦᠯᠬᠢᠨ ᠠᠬᠢᠭᠤᠯᠬᠤ ᠶᠢ ᠪᠠᠷᠢᠮᠲᠠᠯᠠᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ | ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠱᠣᠭᠤᠮ ᠪᠤᠯᠭᠠᠬᠤ ᠶᠢ ᠪᠠᠷᠢᠮᠲᠠᠯᠠᠵᠦ᠂ ᠵᠠᠬ᠎ᠠ ᠳᠡᠯᠭᠡᠭᠦᠷ ᠤᠨ ᠴᠢᠨᠠᠷᠲᠠᠢ | ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ᠂ ᠦᠨᠳᠦᠷ ᠬᠢᠷᠢ ᠲᠦᠪᠰᠢᠨ ᠤ ᠨᠡᠬᠡᠭᠡᠯᠲᠡ ᠶᠢ ᠦᠷᠭᠡᠳᠭᠡᠬᠦ ᠶᠢ ᠪᠠᠷᠢᠮᠲᠠᠯᠠᠨ᠂ | ᠣᠳᠣᠬᠢᠴᠢᠯᠠᠬᠰᠠᠨ ᠠᠵᠦ ᠠᠬᠤᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠭᠤᠷᠪᠠᠨ | ᠶᠡᠭᠡ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠢ ᠦᠷᠬᠦᠯᠵᠢᠯᠡᠨ ᠰᠠᠶᠢᠲᠤᠷ ᠬᠢᠵᠦ᠂ ᠪᠢᠴᠢᠯ ᠪᠡᠶᠡᠴᠢ ᠴᠤᠬᠴᠠ ᠶᠢᠨ | ᠠᠮᠢᠳᠤᠯᠢᠭ ᠬᠦᠴᠦᠨ ᠢ ᠬᠦᠴᠦᠯᠡᠨ ᠬᠦᠭᠵᠢᠭᠦᠯᠵᠦ᠂ ᠬᠤᠷᠸ᠎ᠠ ᠡᠵᠡᠮᠰᠢᠯ ᠳᠤ ᠰᠢᠨ᠎ᠡ ᠶᠢ ᠡᠭᠦᠳᠬᠦ ᠪᠤᠯᠤᠨ | ᠲᠡᠭᠦᠯᠳᠡᠷᠵᠢᠭᠦᠯᠵᠦ᠂ ᠲᠤᠬᠲᠠᠭᠤᠨ ᠢᠶᠠᠷ ᠨᠡᠮᠡᠭᠳᠡᠬᠦ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠠᠵᠢᠯ ᠢ ᠨᠢᠭᠡᠳᠦᠯᠲᠡᠢ ᠲᠦᠯᠦᠪᠯᠡᠨ | ᠲᠦᠯᠬᠢᠨ ᠠᠬᠢᠭᠤᠯᠵᠦ᠂ ᠠᠵᠦ ᠠᠬᠤᠢ ᠶᠢᠨ ᠡᠷᠬᠢᠯᠲᠡ ᠶᠢ ᠵᠤᠬᠢᠰᠲᠠᠢ ᠬᠡᠰᠡᠭ ᠲᠤ ᠪᠠᠶᠢᠬᠤ ᠶᠢ ᠪᠠᠲᠤᠯᠠᠵᠦ᠂ ᠠᠵᠢᠯ | ᠣᠯᠭᠤᠯᠲᠠ᠂ ᠮᠦᠩᠭᠦᠨ ᠬᠦᠢᠯᠭᠡᠭᠡ᠂ ᠭᠠᠳᠠᠭᠠᠳᠤ ᠠᠷᠠᠯᠵᠢᠶ᠎ᠠ᠂ ᠭᠠᠳᠠᠭᠠᠳᠤ ᠪᠡᠯᠡ᠂ ᠪᠡᠯᠡ ᠣᠷᠣᠭᠤᠯᠬᠤ᠂ ᠵᠢᠱᠢᠯᠲᠡ ᠶᠢ | ᠣᠯᠠᠮ ᠨᠢᠭᠡ ᠠᠯᠬᠤᠮ ᠲᠤᠬᠲᠠᠪᠤᠷᠢᠵᠢᠭᠤᠯᠵᠦ᠂ ᠵᠠᠬ᠎ᠠ ᠳᠡᠯᠭᠡᠭᠦᠷ ᠤᠨ ᠢᠲᠡᠭᠡᠯ ᠢ ᠳᠡᠭᠡᠭᠰᠢᠯᠡᠭᠦᠯᠵᠦ᠂ ᠠᠷᠠᠳ ᠲᠦᠮᠡᠨ | ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠵᠦ᠂ | ᠠᠵᠦ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠪᠤᠯᠤᠨ ᠨᠡᠶᠢᠭᠡᠮ ᠤᠨ ᠶᠡᠭᠡ ᠲᠠᠯ᠎ᠠ ᠶᠢᠨ ᠲᠤᠬᠲᠠᠭᠤᠨ ᠢ | ᠪᠠᠲᠤᠯᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠰᠢᠢᠳᠪᠦᠷᠢᠲᠦ ᠴᠢᠨᠠᠷᠲᠠᠢ ᠰᠠᠭᠤᠷᠢ | ᠲᠠᠯᠪᠢᠵᠦ᠂ ᠰᠢᠯᠢᠳᠡᠭ ᠦᠷ᠎ᠡ ᠪᠦᠲᠦᠮᠵᠢ ᠪᠠᠷ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ | ᠪᠠᠶᠢᠭᠤᠯᠤᠬᠳᠠᠬᠰᠠᠨ 70 ᠵᠢᠯ ᠤᠨ ᠣᠢ ᠶᠢ ᠣᠬᠲᠤᠶᠠ᠃ | ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠭᠦᠨ ᠤ ᠶᠡᠷᠦᠩᠬᠡᠢ ᠦᠷᠳᠡᠭ 6.5%᠂ ᠲᠤᠬᠲᠠᠬᠰᠠᠨ ᠬᠦᠷᠦᠩᠭᠡ ᠶᠢᠨ ᠪᠡᠯᠡ ᠣᠷᠣᠭᠤᠯᠤᠯᠲᠠ 10%᠂ | ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ 7%᠂ ᠡᠩ ᠤᠨ ᠨᠡᠶᠢᠲᠡ ᠶᠢᠨ | ᠲᠦᠰᠦᠪ ᠤᠨ ᠣᠷᠣᠯᠭ᠎ᠠ 6%᠂ ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ | ᠶᠢᠨ ᠡᠵᠡᠮᠳᠡᠵᠦ ᠳᠡᠶᠢᠯᠬᠦ ᠣᠷᠣᠯᠭ᠎ᠠ 6%᠂ ᠲᠠᠷᠢᠶᠠᠯᠠᠩ ᠤᠨ ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ | ᠬᠦᠮᠦᠨ ᠳᠤᠮᠳᠠᠴᠢ ᠶᠢᠨ ᠡᠵᠡᠮᠳᠡᠵᠦ ᠳᠡᠶᠢᠯᠬᠦ ᠣᠷᠣᠯᠭ᠎ᠠ 7% ᠨᠡᠮᠡᠭᠳᠡᠵᠦ᠂ ᠡᠨᠧᠷᠬᠢ ᠠᠷᠪᠢᠯᠠᠵᠦ ᠪᠤᠬᠢᠷᠲᠤᠯ ᠪᠤᠳᠠᠰ | ᠢ ᠭᠠᠳᠠᠬᠰᠢ ᠭᠠᠷᠭᠠᠬᠤ ᠶᠢ ᠪᠠᠭᠠᠰᠬᠠᠬᠤ ᠨᠢ ᠦᠪᠡᠷᠲᠡᠭᠡᠨ ᠵᠠᠰᠠᠬᠤ ᠣᠷᠣᠨ ᠤ ᠬᠢᠵᠠᠭᠠᠷᠯᠠᠯ ᠤᠨ ᠴᠢᠨᠠᠷᠲᠠᠢ | ᠬᠦᠢᠴᠡᠳᠭᠡᠬᠦ ᠲᠤᠭ᠎ᠠ ᠶᠢ ᠪᠡᠶᠡᠯᠡᠭᠦᠯᠵᠦ᠂ ᠬᠤᠲᠠ ᠪᠠᠯᠭᠠᠰᠤᠨ ᠤ ᠠᠵᠢᠯ ᠠᠯᠳᠠᠬᠰᠠᠳ ᠢ ᠳᠠᠩᠰᠠᠯᠠᠬᠤ ᠨᠤᠷᠮ᠎ᠠ ᠢ | ᠦᠪᠡᠷᠲᠡᠭᠡᠨ ᠵᠠᠰᠠᠬᠤ ᠣᠷᠣᠨ ᠤ ᠲᠤᠬᠲᠠᠭᠠᠬᠰᠠᠨ ᠬᠦᠢᠴᠡᠳᠭᠡᠬᠦ ᠲᠤᠭᠠᠨ ᠤ ᠬᠡᠪᠴᠢᠶᠡᠨ ᠳᠤ ᠪᠠᠶᠢᠯᠭᠠᠬᠤ ᠬᠡᠷᠡᠭᠲᠡᠢ᠃ | ᠳᠡᠭᠡᠷ᠎ᠡ ᠳᠤᠷᠠᠳᠤᠬᠰᠠᠨ ᠬᠠᠷᠠᠯᠲᠠ ᠶᠢᠨ ᠲᠤᠭᠤᠷᠢᠨ ᠳᠤ᠂ 2019 ᠣᠨ ᠳᠤ ᠲᠤᠤᠷᠠᠬᠢ ᠬᠡᠳᠦᠨ ᠲᠠᠯ᠎ᠠ ᠶᠢᠨ | ᠠᠵᠢᠯ ᠢ ᠰᠠᠶᠢᠲᠤᠷ ᠠᠳᠬᠤᠬᠤ ᠬᠡᠷᠡᠭᠲᠡᠢ᠃ | ︵ᠨᠢᠭᠡ︶ ᠪᠦᠬᠦ ᠬᠦᠴᠦᠨ ᠢᠶᠠᠷ ᠰᠢᠨ᠎ᠡ ᠬᠠᠭᠤᠴᠢᠨ ᠬᠦᠳᠡᠯᠭᠡᠭᠴᠢ ᠡᠨᠧᠷᠬᠢ ᠶᠢᠨ ᠦᠷᠬᠦᠯᠵᠢᠯᠡᠨ ᠵᠠᠯᠭᠠᠵᠦ | ᠰᠢᠯᠵᠢᠭᠦᠯᠦᠨ ᠦᠭᠡᠷᠡᠴᠢᠯᠡᠬᠦ ᠶᠢ ᠲᠦᠯᠬᠢᠨ ᠠᠬᠢᠭᠤᠯᠵᠦ᠂ ᠠᠵᠦ ᠠᠬᠤᠢ ᠶᠢᠨ ᠦᠨᠳᠦᠷ ᠶᠠᠰᠤ ᠴᠢᠨᠠᠷᠲᠠᠢ | ᠬᠦᠭᠵᠢᠯᠲᠡ ᠶᠢ ᠲᠦᠷᠭᠡᠳᠭᠡᠬᠦ ᠬᠡᠷᠡᠭᠲᠡᠢ᠃ | ᠠᠵᠦ ᠦᠢᠯᠡᠳᠪᠦᠷᠢ ᠶᠢᠨ ᠠᠵᠦ ᠠᠬᠤᠢ ᠶᠢᠨ ᠴᠢᠨᠠᠷ ᠳᠡᠭᠡᠭᠰᠢᠯᠡᠵᠦ ᠪᠦᠲᠦᠮᠵᠢ ᠨᠡᠮᠡᠭᠳᠡᠬᠦ ᠶᠢ ᠲᠦᠯᠬᠢᠨ | ᠠᠬᠢᠭᠤᠯᠤᠨ᠎ᠠ᠃ ᠡᠬᠢ ᠪᠠᠶᠠᠯᠢᠭ ᠤᠨ ᠳᠠᠪᠠᠭᠤᠯᠢᠭ ᠪᠤᠯᠤᠨ ᠠᠵᠦ ᠦᠢᠯᠡᠰ ᠤᠨ ᠰᠠᠭᠤᠷᠢ ᠳᠠᠭᠠᠨ ᠲᠦᠰᠢᠭᠯᠡᠨ᠂ | ᠰᠢᠯᠢᠳᠡᠭᠵᠢᠭᠦᠯᠦᠨ ᠲᠤᠬᠢᠷᠠᠭᠤᠯᠵᠦ ᠬᠡᠮᠵᠢᠶ᠎ᠡ ᠲᠠᠢ ᠬᠠᠳᠠᠭᠠᠯᠠᠨ᠂ ᠰᠢᠯᠢᠳᠡᠭ ᠬᠢᠵᠦ ᠬᠡᠮᠵᠢᠶ᠎ᠡ ᠶᠢ ᠨᠡᠮᠡᠭᠳᠡᠭᠦᠯᠦᠨ᠂ | ᠶᠡᠷᠦᠩᠬᠡᠢ ᠬᠡᠮᠵᠢᠶ᠎ᠡ ᠶᠢ ᠦᠷᠭᠡᠳᠭᠡᠵᠦ᠂ ︽ᠪᠠᠬᠢᠵᠢᠭᠦᠯᠬᠦ᠂ ᠴᠢᠩᠭᠠᠤᠬᠠᠬᠤ᠂ ᠳᠡᠭᠡᠭᠰᠢᠯᠡᠬᠦᠯᠬᠦ᠂ ᠰᠠᠭᠠᠳ ᠦᠭᠡᠢ ᠨᠡᠪᠲᠡᠷᠡᠬᠦ | ︾ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠯᠠᠮᠵᠢᠯᠠᠯᠲᠤ ᠠᠵᠦ ᠦᠢᠯᠡᠰ ᠤᠨ ᠬᠡᠯᠪᠡᠷᠢ ᠪᠠᠨ ᠦᠭᠡᠷᠡᠴᠢᠯᠡᠨ ᠳᠡᠰ | ᠳᠡᠪᠰᠢᠬᠦ ᠶᠢ ᠳᠡᠮᠵᠢᠵᠦ᠂ ᠰᠢᠨ᠎ᠡ ᠪᠠᠷ ᠮᠠᠨᠳᠤᠬᠰᠠᠨ ᠠᠵᠦ ᠦᠢᠯᠡᠰ ᠢ ᠬᠦᠭᠵᠢᠭᠦᠯᠦᠨ ᠪᠤᠵᠠᠭᠠᠶᠢᠷᠠᠭᠤᠯᠵᠦ᠂ ᠬᠡᠯᠪᠡᠷᠢ | ᠬᠤᠪᠢᠷᠠᠭᠤᠯᠤᠨ ᠬᠦᠭᠵᠢᠭᠦᠯᠬᠦ ᠵᠢᠱᠢᠶ᠎ᠡ ᠦᠵᠡᠭᠦᠯᠬᠦ ᠲᠤᠭᠤᠷᠢᠭ ᠢ ᠪᠦᠲᠦᠭᠡᠨ ᠪᠠᠶᠢᠭᠤᠯᠵᠦ᠂ ᠣᠳᠣᠬᠢᠴᠢᠯᠠᠬᠰᠠᠨ | ᠡᠨᠧᠷᠬᠢ ᠶᠢᠨ ᠠᠵᠦ ᠠᠬᠤᠢ ᠶᠢᠨ ᠦᠷᠭᠦᠯᠵᠢᠯᠡᠨ ᠲᠦᠷᠭᠡᠨ ᠬᠦᠭᠵᠢᠬᠦ ᠶᠢ ᠠᠬᠢᠭᠤᠯᠵᠦ᠂ ᠡᠬᠢ ᠪᠠᠶᠠᠯᠢᠭ ᠤᠨ | ᠬᠡᠯᠪᠡᠷᠢᠲᠦ ᠦᠢᠯᠡᠳᠭᠦᠨ ᠤ ᠨᠡᠮᠡᠯᠲᠡ ᠦᠷᠳᠡᠭ ᠪᠤᠯᠤᠨ ᠡᠬᠢ ᠪᠠᠶᠠᠯᠢᠭ ᠤᠨ ᠬᠡᠯᠪᠡᠷᠢᠲᠦ ᠦᠢᠯᠡᠰ ᠤᠨ | ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ | ᠨᠢᠭᠡ ᠨᠢ ᠳᠠᠪᠠᠭᠤᠯᠢᠭ ᠣᠯᠠᠮᠵᠢᠯᠠᠯᠲᠤ ᠠᠵᠦ ᠦᠢᠯᠡᠰ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠡᠤᠷᠡᠰᠦᠨ ᠤ | ᠵᠤᠤᠬ᠎ᠠ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠬᠯᠠᠬᠤ ᠵᠡᠷᠭᠡ ᠲᠤᠤᠷ᠎ᠠ ᠣᠷᠣᠰᠬᠠᠯ ᠤᠨ ᠠᠵᠦ ᠦᠢᠯᠡᠰ ᠤᠨ | ᠬᠦᠭᠵᠢᠯᠲᠡ ᠶᠢ ᠦᠷᠬᠦᠯᠵᠢᠯᠡᠭᠦᠯᠵᠦ᠂ ᠴᠢᠯᠠᠭᠤᠨ ᠲᠤᠰᠤᠨ ᠤ ᠪᠠᠶᠢᠭᠠᠯᠢ ᠶᠢᠨ ᠰᠢᠲᠠᠮᠠᠬᠠᠢ ᠬᠡᠢ ᠶᠢᠨ LNG | ᠦᠢᠯᠡᠳᠪᠦᠷᠢᠯᠡᠯ ᠰᠡᠷᠭᠦᠭᠡᠵᠦ ᠪᠦᠲᠦᠮᠵᠢ ᠳᠤ ᠬᠦᠷᠬᠦ ᠳᠤ ᠬᠦᠴᠦᠨ ᠨᠡᠮᠡᠵᠦ᠂ ᠬᠤᠩ ᠶᠠᠩ ᠬᠡᠣᠷᠰᠢᠭᠦᠯᠬᠦ ᠪᠤᠯᠤᠨ | ᠱᠧᠨ ᠬᠤᠸᠠ ᠠᠽᠣᠲ ᠬᠦᠴᠢᠯ ᠤᠨ ᠠᠮᠮᠤᠨᠢ᠂ ᠮᠤᠲ᠋ᠠᠨᠤᠯ ᠵᠡᠷᠭᠡ ᠲᠦᠷᠦᠯ ᠵᠦᠢᠯ ᠤᠨ ᠦᠢᠯᠡᠳᠪᠦᠷᠢᠯᠡᠬᠦ ᠴᠢᠳᠠᠪᠤᠷᠢ | ᠶᠢ ᠪᠦᠷᠢᠨ ᠲᠡᠭᠦᠯᠳᠡᠷ ᠪᠠᠳᠠᠷᠠᠭᠤᠯᠵᠦ᠂ ᠨᠡᠭᠦᠷᠡᠰᠦ ᠬᠡᠣᠷᠰᠢᠭᠦᠯᠬᠦ ᠠᠵᠦ ᠦᠢᠯᠡᠰ ᠤᠨ ᠳᠠᠪᠠᠭᠤᠯᠢᠭ ᠢ ᠪᠠᠬᠢᠵᠢᠭᠦᠯᠦᠨ | ᠦᠷᠭᠡᠳᠭᠡᠨ᠎ᠡ᠃ ᠵᠦᠩ ᠯᠢᠶᠠᠨ ᠬᠢᠮᠢ ᠶᠢᠨ ᠦᠢᠯᠡᠳᠪᠦᠷᠢ ᠶᠢᠨ 50 ᠲᠦᠮᠡᠨ ᠲᠤᠨ PVC᠂ ᠦᠬᠠᠢ ᠬᠢᠮᠢ ᠶᠢᠨ | ᠦᠢᠯᠡᠳᠪᠦᠷᠢ ᠶᠢᠨ 10 ᠲᠦᠮᠡᠨ ᠲᠤᠨ ᠣᠨᠴᠠ ᠲᠦᠷᠦᠯ ᠤᠨ PVC ᠶᠢᠨ ᠵᠦᠢᠯᠡᠴᠢᠯᠡᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠵᠦ᠂ ᠢ ᠭᠦᠢ ᠬᠢᠮᠢ ᠶᠢᠨ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠪᠤᠯᠤᠨ PVC | ᠨᠠᠷᠢᠯᠢᠭ ᠪᠤᠯᠪᠠᠰᠤᠷᠠᠭᠤᠯᠬᠤ ᠲᠦᠷᠦᠯ ᠵᠦᠢᠯ ᠢ ᠢᠳᠡᠪᠬᠢᠲᠡᠢ ᠬᠦᠭᠵᠢᠭᠦᠯᠵᠦ᠂ ᠡᠾᠯᠤᠷᠲᠤ ᠱᠦᠯᠲᠦ ᠬᠢᠮᠢ ᠶᠢᠨ | ᠦᠢᠯᠡᠳᠪᠦᠷᠢ ᠶᠢᠨ ᠠᠵᠦ ᠦᠢᠯᠡᠰ ᠤᠨ ᠳᠠᠪᠠᠭᠤᠯᠢᠭ ᠢ ᠪᠠᠬᠢᠵᠢᠭᠦᠯᠦᠨ ᠦᠷᠭᠡᠳᠭᠡᠨ᠎ᠡ᠃ ᠬᠤᠶᠠᠷ ᠲᠤ | ᠨᠠᠷᠢᠯᠢᠬᠵᠢᠭᠤᠯᠤᠬᠰᠠᠨ ᠬᠢᠮᠢ ᠶᠢᠨ ᠦᠢᠯᠡᠳᠪᠦᠷᠢ ᠶᠢᠨ ᠠᠵᠦ ᠦᠢᠯᠡᠰ ᠢ ᠶᠡᠭᠡ ᠬᠦᠴᠦᠨ ᠢᠶᠠᠷ ᠬᠦᠭᠵᠢᠭᠦᠯᠦᠨ᠎ᠡ᠃ | ᠪᠤᠳᠤᠭ᠂ ᠡᠮ ᠡᠮᠨᠡᠯᠭᠡ ᠶᠢᠨ ᠵᠠᠪᠰᠠᠷ ᠤᠨ ᠪᠡᠶᠡᠲᠦ᠂ ᠲᠠᠷᠢᠶᠠᠨ ᠡᠮ ᠤᠨ ᠵᠠᠪᠰᠠᠷ ᠤᠨ ᠪᠡᠶᠡᠲᠦ ᠪᠠᠷ ᠭᠤᠤᠯ | ᠦᠢᠯᠡᠳᠭᠦᠨ ᠤ ᠬᠠᠨᠳᠤᠰᠢ ᠪᠤᠯᠭᠠᠬᠰᠠᠨ ᠨᠠᠷᠢᠯᠢᠬᠵᠢᠭᠤᠯᠤᠬᠰᠠᠨ ᠬᠢᠮᠢ ᠶᠢᠨ ᠦᠢᠯᠡᠳᠪᠦᠷᠢ ᠶᠢᠨ ᠠᠵᠦ ᠦᠢᠯᠡᠰ ᠤᠨ | ᠬᠦᠭᠵᠢᠯᠲᠡ ᠶᠢ ᠲᠦᠷᠭᠡᠳᠭᠡᠵᠦ᠂ ᠬᠦᠬᠡ ᠬᠢᠮᠢ ᠶᠢᠨ ᠪᠤᠳᠤᠭ ᠤᠨ ᠢᠵᠢ ᠪᠦᠷᠢᠯᠳᠦᠭᠦᠯᠬᠦ ᠵᠠᠪᠰᠠᠷ ᠤᠨ ᠪᠡᠶᠡᠲᠦ ᠶᠢᠨ | ᠲᠦᠷᠦᠯ ᠵᠦᠢᠯ ᠪᠤᠯᠤᠨ ᠣᠣ ᠯᠢ 20 ᠲᠦᠮᠡᠨ ᠲᠤᠨ ᠦᠷᠬᠦᠯᠵᠢᠯᠡᠯ ᠤᠨ ᠴᠢᠨᠠᠷᠲᠠᠢ ᠪᠤᠰᠤ ᠰᠢᠯ ᠰᠢᠷᠬᠡᠭ ᠤᠨ | ᠲᠦᠷᠦᠯ ᠵᠦᠢᠯ ᠤᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠰᠢᠨ ᠸᠧᠢ | ᠨᠠᠷᠢᠯᠢᠬᠵᠢᠭᠤᠯᠤᠬᠰᠠᠨ ᠬᠢᠮᠢ ᠶᠢᠨ ᠦᠢᠯᠡᠳᠪᠦᠷᠢ᠂ ᠰᠧᠨ ᠶᠠᠩ ᠪᠤᠯᠤᠨ ᠺᠧ ᠱᠥᠸᠧ ᠲᠠᠷᠢᠶᠠᠨ ᠡᠮ ᠤᠨ ᠵᠠᠪᠰᠠᠷ ᠤᠨ | ᠪᠡᠶᠡᠲᠤ ᠵᠡᠷᠭᠡ ᠲᠦᠷᠦᠯ ᠵᠦᠢᠯ ᠢ ᠢᠳᠡᠪᠬᠢᠲᠡᠢ ᠵᠤᠬᠢᠴᠠᠭᠤᠯᠤᠨ ᠠᠯᠢ ᠬᠤᠷᠳᠣᠨ ᠢᠶᠠᠷ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠦ᠂ ᠨᠠᠷᠢᠯᠢᠬᠵᠢᠭᠤᠯᠤᠬᠰᠠᠨ ᠬᠢᠮᠢ ᠶᠢᠨ ᠦᠢᠯᠡᠳᠪᠦᠷᠢ ᠶᠢᠨ ᠠᠵᠦ ᠦᠢᠯᠡᠰ ᠤᠨ ᠪᠦᠭᠡᠮᠨᠡᠷᠡᠭᠰᠡᠨ᠂ | ᠭᠦᠢᠴᠡᠳᠭᠡᠭᠰᠡᠨ ᠴᠢᠨᠠᠷᠲᠠᠢ ᠬᠦᠭᠵᠢᠯᠲᠠ ᠶᠢ ᠳᠡᠮᠵᠢᠨ ᠠᠬᠢᠭᠤᠯᠤᠨ᠎ᠠ᠃ ᠭᠤᠷᠪᠠ ᠲᠤ ᠰᠢᠨ᠎ᠡ ᠠᠵᠦ ᠦᠢᠯᠡᠰ ᠰᠢᠨ᠎ᠡ | ᠬᠦᠳᠡᠯᠭᠡᠭᠴᠢ ᠡᠨᠧᠷᠬᠢ ᠶᠢ ᠪᠤᠶᠢᠵᠢᠭᠤᠯᠤᠨ ᠦᠷᠭᠡᠳᠭᠡᠨ᠎ᠡ᠃ ᠲᠠᠢ ᠮᠧᠢ ᠣᠰᠣ ᠲᠤᠭᠤᠯᠤᠭᠤᠯᠬᠤ ᠡᠮ᠂ ᠡᠰᠡᠷᠭᠦ | ᠨᠡᠪᠴᠢᠯᠲᠡ ᠶᠢᠨ ᠬᠠᠯᠢᠰᠦ ᠵᠡᠷᠭᠡ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠤᠨ ᠡᠷᠲᠡ ᠪᠠᠶᠢᠭᠤᠯᠤᠨ ᠪᠦᠲᠦᠭᠡᠵᠦ | ᠠᠰᠢᠬᠯᠠᠯᠲᠠ ᠳᠤ ᠣᠷᠣᠭᠤᠯᠬᠤ ᠶᠢ ᠭᠤᠤᠯᠳᠠᠯᠭ᠎ᠠ ᠲᠠᠢ ᠲᠦᠯᠬᠢᠨ ᠠᠬᠢᠭᠤᠯᠵᠦ᠂ ᠶᠢᠩ ᠨᠧᠩ 100 ᠰᠠᠶ᠎ᠠ ᠸᠠᠲ᠂ | ᠰᠢᠶᠧ ᠰᠢᠨ 50 ᠰᠠᠶ᠎ᠠ ᠸᠠᠲ ᠶᠢᠨ ᠭᠡᠷᠡᠯ ᠴᠠᠬᠢᠯᠭᠠᠨ ᠤ ᠳᠠᠭᠠᠭᠤᠯᠤᠬᠴᠢ ᠵᠡᠷᠭᠡ ᠰᠢᠨ᠎ᠡ ᠡᠨᠧᠷᠬᠢ ᠶᠢᠨ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠢ ᠹᠦ᠋ ᠰᠢᠨ᠎ᠡ ᠡᠨᠧᠷᠬᠢ ᠶᠢᠨ ᠮᠠᠰᠢᠨ ᠲᠡᠷᠭᠡᠨ ᠤ | ᠲᠦᠷᠦᠯ ᠵᠦᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠦ᠂ ᠦᠨᠳᠦᠷ ᠪᠠᠷᠢᠮᠵᠢᠶ᠎ᠠ ᠪᠠᠷ ᠵᠧᠵᠢᠶᠠᠩ ᠤᠨ ᠢ ᠪᠠᠩ | ᠶᠡᠭᠡ ᠳ᠋ᠠᠶᠢᠲ᠋ᠠ ᠶᠢᠨ ᠠᠵᠦ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠢ ᠲᠦᠯᠦᠪᠵᠢᠭᠦᠯᠦᠨ ᠪᠦᠲᠦᠭᠡᠨ | ᠪᠠᠶᠢᠭᠤᠯᠵᠦ᠂ ᠨᠢᠭᠡ ᠪᠦᠯᠦᠭ ᠰᠢᠨ᠎ᠡ ᠠᠵᠦ ᠠᠬᠤᠢ ᠶᠢᠨ ᠨᠡᠮᠡᠭᠳᠡᠯ ᠤᠨ ᠴᠡᠭ ᠢ ᠪᠤᠶᠢᠵᠢᠭᠤᠯᠤᠨ ᠪᠦᠷᠢᠯᠳᠦᠭᠦᠯᠦᠨ᠎ᠡ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠨᠡᠶᠢᠯᠡᠯ ᠬᠦᠭᠵᠢᠯᠲᠡ ᠶᠢ ᠲᠦᠯᠬᠢᠨ ᠠᠬᠢᠭᠤᠯᠤᠨ᠎ᠠ᠃ | ᠦᠢᠯᠡᠴᠢᠯᠡᠭᠡᠨ ᠤ ᠦᠢᠯᠡᠰ ᠪᠤᠯᠤᠨ ᠰᠢᠨ᠎ᠡ ᠬᠡᠯᠪᠡᠷᠢ ᠶᠢᠨ ᠠᠵᠦ ᠦᠢᠯᠡᠳᠪᠦᠷᠢᠵᠢᠯᠡᠯᠲᠡ᠂ ᠵᠠᠩᠬᠢᠴᠢᠯᠠᠯᠲᠠ᠂ ᠬᠤᠲᠠ | ᠪᠠᠯᠭᠠᠰᠤᠴᠢᠯᠠᠯᠲᠠ᠂ ᠲᠠᠷᠢᠶᠠᠯᠠᠩ ᠮᠠᠯ ᠠᠵᠦ ᠠᠬᠤᠢ ᠶᠢᠨ ᠣᠳᠣᠬᠢᠴᠢᠯᠠᠯᠲᠠ ᠶᠢᠨ ᠨᠡᠶᠢᠯᠡᠯ ᠬᠦᠭᠵᠢᠯᠲᠡ ᠶᠢ | ᠲᠦᠷᠭᠡᠳᠭᠡᠨ ᠠᠬᠢᠭᠤᠯᠤᠨ᠎ᠠ᠃ ᠦᠬᠠᠢ ᠪᠤᠭᠤᠮᠲᠠ ᠳᠤ ᠲᠦᠰᠢᠭᠯᠡᠵᠦ᠂ ︽ᠦᠬᠠᠢ ᠮᠤᠩᠭᠤᠯ ᠡᠸᠦ᠋ᠷᠦᠫᠡ ᠶᠢᠨ ᠣᠯᠠᠨ | ᠣᠯᠣᠰ ᠤᠨ ᠭᠠᠯᠲᠤ ᠲᠡᠷᠭᠡ︾ ᠶᠢᠨ ᠬᠦᠲᠦᠯᠦᠨ ᠳᠠᠭᠠᠭᠤᠯᠵᠦ ᠳᠠᠶᠢᠴᠢᠯᠠᠬᠤ ᠦᠢᠯᠡᠳᠦᠯ ᠢ ᠪᠠᠳᠠᠷᠠᠭᠤᠯᠵᠦ᠂ ᠡᠷᠬᠢᠨ | ᠲᠤᠭᠤᠷᠢᠨ ᠤ ᠠᠵᠦ ᠠᠬᠤᠶᠢᠯᠠᠯ ᠤᠨ ᠣᠷᠣᠭᠤᠯᠵᠦ ᠭᠠᠷᠭᠠᠬᠤ ᠲᠤᠬᠠᠶᠢᠯᠠᠬᠰᠠᠨ ᠠᠵᠢᠯ ᠢ ᠲᠠᠲᠠᠨ ᠦᠬᠠᠢ ᠶᠢᠨ | ᠣᠯᠠᠨ ᠣᠯᠣᠰ ᠤᠨ ᠬᠠᠭᠤᠷᠠᠢ ᠭᠠᠷᠠᠮ ᠳᠤ ᠲᠦᠪᠯᠡᠷᠡᠭᠦᠯᠵᠦ᠂ ᠨᠦᠬᠡᠴᠡᠯᠡᠨ ᠬᠠᠳᠠᠭᠠᠯᠠᠬᠤ᠂ ᠣᠯᠠᠨ ᠬᠡᠯᠪᠡᠷᠢ ᠶᠢᠨ | ᠬᠤᠯᠪᠤᠭᠠᠲᠤ ᠲᠡᠭᠡᠭᠡᠪᠦᠷᠢ᠂ ᠮᠡᠳᠡᠭᠡ ᠵᠠᠩᠬᠢ ᠴᠣᠬᠯᠠᠭᠤᠯᠵᠦ ᠲᠠᠷᠬᠠᠭᠠᠬᠤ ᠵᠡᠷᠭᠡ ᠣᠯᠠᠨ ᠲᠦᠷᠦᠯ ᠤᠨ ᠦᠢᠯᠡᠴᠢᠯᠡᠭᠡ | ᠪᠤᠯᠤᠨ ᠬᠠᠮᠢᠶᠠᠷᠤᠯᠲᠠ ᠶᠢᠨ ᠡᠵᠡᠩᠨᠡᠯᠲᠡ ᠶᠢᠨ ᠨᠢᠭᠡ ᠴᠤᠬᠴᠠᠵᠢᠯᠠᠬᠤ ᠶᠢ ᠳᠠᠭᠠᠭᠤᠯᠤᠨ᠎ᠠ᠃ ᠳᠣᠮᠳᠠᠳᠤ ᠮᠤᠩᠭᠤᠯ | ᠣᠷᠣᠰ ᠤᠨ ᠣᠨᠴᠠᠯᠢᠬᠲᠤ ᠠᠷᠯᠵᠢᠶᠠ ᠬᠤᠳᠠᠯᠳᠤᠭᠠᠨ ᠤ ᠲᠤᠭᠤᠷᠢᠭ᠂ ᠣᠯᠠᠨ ᠣᠯᠣᠰ ᠤᠨ ᠡᠨᠧᠷᠬᠢ ᠶᠢᠨ | ᠴᠤᠬᠯᠠᠭᠤᠯᠵᠦ ᠲᠠᠷᠬᠠᠭᠠᠬᠤ ᠡᠳ᠋ ᠪᠠᠷᠠᠭᠠᠨ ᠤ ᠬᠦᠢᠯᠭᠡᠭᠡᠨ ᠤ ᠲᠤᠭᠤᠷᠢᠭ᠂ ᠬᠠᠶᠢᠨᠠᠨ ᠤ ᠡᠳ᠋ ᠪᠠᠷᠠᠭᠠᠨ ᠤ | ᠬᠦᠢᠯᠭᠡᠭᠡᠨ ᠤ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠤᠭᠤᠷᠢᠭ᠂ ᠮᠤᠳᠤᠨ ᠮᠠᠲ᠋ᠧᠷᠢᠶᠠᠯ | ᠪᠤᠯᠪᠠᠰᠤᠷᠠᠭᠤᠯᠬᠤ ᠣᠨᠴᠠᠯᠢᠬᠲᠤ ᠪᠠᠯᠭᠠᠰᠤ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠲᠦᠯᠦᠪᠵᠢᠭᠦᠯᠭᠡ ᠶᠢ ᠲᠦᠷᠭᠡᠳᠭᠡᠵᠦ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠦᠭᠵᠢᠯᠲᠡ | ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢ ᠰᠢᠩ ᠠᠶᠠᠨᠴᠢᠳ ᠤᠨ ᠪᠠᠭᠤᠳᠠᠯ᠂ ᠶᠠᠩ ᠭᠤᠸᠠᠩ ᠲᠢᠶᠠᠨ ᠢᠦᠢ᠂ | ᠮᠠᠨᠪᠠ ᠷᠠᠰᠠᠩ ᠵᠡᠷᠭᠡ ᠬᠠᠲᠤᠨ ᠭᠤᠤᠯ ᠳᠠᠭᠠᠤ ᠶᠢᠨ ᠣᠨᠴᠠᠯᠢᠬᠲᠤ ᠵᠢᠭᠤᠯᠴᠢᠯᠠᠯ ᠤᠨ ᠲᠤᠭᠤᠷᠢᠭ ᠲᠤ ᠲᠦᠰᠢᠭᠯᠡᠵᠦ᠂ | ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠢ | ᠤᠶᠠᠯᠳᠤᠭᠤᠯᠵᠦ᠂ ᠲᠤᠭᠤᠷᠢᠨ ᠦᠵᠡᠵᠦ ᠵᠢᠮᠢᠰ ᠲᠡᠭᠦᠬᠦ᠂ ᠮᠠᠲ᠋ᠧᠷᠢᠶᠠᠯ ᠴᠤᠬᠯᠠᠭᠤᠯᠤᠨ ᠰᠡᠭᠦᠳᠡᠷᠯᠡᠬᠦ᠂ ᠦᠵᠡᠭᠦᠯᠦᠯᠭᠡ | ᠬᠢᠬᠦ ᠵᠡᠷᠭᠡ ᠬᠦᠳᠡᠭᠡ ᠲᠤᠰᠬᠤᠨ ᠤ ᠵᠢᠭᠤᠯᠴᠢᠯᠠᠯ ᠤᠨ ᠰᠢᠨ᠎ᠡ ᠮᠠᠶ᠋ᠢᠭ ᠢ ᠶᠡᠭᠡ ᠬᠦᠴᠦᠨ ᠢᠶᠠᠷ ᠬᠦᠭᠵᠢᠭᠦᠯᠵᠦ᠂ | ᠬᠠᠲᠤᠨ ᠭᠤᠤᠯ ᠳᠠᠭᠠᠤ ᠶᠢᠨ ᠵᠢᠭᠤᠯᠴᠢᠯᠠᠯ ᠤᠨ ᠠᠵᠦ ᠠᠬᠤᠢ ᠶᠢᠨ ᠪᠦᠰᠡ ᠶᠢ ᠬᠦᠴᠦᠯᠦᠨ ᠪᠠᠶᠢᠭᠤᠯᠤᠨ᠎ᠠ᠃ ᠴᠠᠬᠢᠮ | ᠬᠤᠳᠠᠯᠳᠤᠭ᠎ᠠ᠂ ᠬᠤᠯᠪᠤᠭᠠᠯᠠᠬᠰᠠᠨ ᠡᠵᠡᠩᠨᠡᠯᠲᠡ ᠵᠡᠷᠭᠡ ᠰᠢᠨ᠎ᠡ ᠬᠡᠯᠪᠡᠷᠢ ᠶᠢᠨ ᠦᠢᠯᠡᠰ ᠤᠨ ᠪᠠᠶᠢᠳᠠᠯ ᠢ ᠢᠳᠡᠪᠬᠢᠲᠡᠢ | ᠲᠠᠲᠠᠨ ᠣᠷᠣᠭᠤᠯᠵᠦ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ᠂ ᠨᠠᠰᠤᠲᠠᠨ ᠢ ᠠᠰᠠᠷᠠᠬᠤ᠂ ᠰᠤᠷᠭᠠᠨ ᠬᠦᠮᠦᠵᠢᠯ | ᠪᠤᠯᠪᠠᠰᠤᠷᠠᠭᠤᠯᠤᠯ ᠵᠡᠷᠭᠡ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠶᠡᠭᠡ ᠬᠦᠴᠦᠨ ᠢᠶᠠᠷ | ᠬᠦᠭᠵᠢᠭᠦᠯᠦᠨ᠂ ᠰᠠᠭᠤᠭᠠᠯᠢ ᠠᠷᠠᠳ ᠤᠨ ᠣᠯᠠᠨ ᠵᠦᠢᠯᠡᠴᠢᠯᠡᠭᠰᠡᠨ ᠱᠠᠭᠠᠷᠳᠠᠯᠭ᠎ᠠ ᠶᠢ ᠬᠠᠩᠭᠠᠨ᠎ᠠ᠃ | ᠲᠠᠷᠢᠶᠠᠯᠠᠩ ᠮᠠᠯ ᠠᠵᠦ ᠠᠬᠤᠢ ᠶᠢᠨ ᠣᠳᠣᠬᠢᠴᠢᠯᠠᠬᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠵᠦ | ᠦᠢᠯᠡᠰ ᠢ ᠮᠠᠨᠳᠤᠭᠤᠯᠬᠤ ᠶᠢ ᠠᠳᠬᠤᠵᠦ᠂ ᠬᠤᠲᠠ ᠬᠦᠳᠡᠭᠡ ᠶᠢᠨ ᠠᠵᠦ ᠦᠢᠯᠡᠰ ᠤᠨ ᠡᠯᠧᠮᠧᠨ᠋ᠲ ᠶᠢᠨ ᠬᠤᠤᠰ | ᠴᠢᠭᠯᠡᠯᠲᠦ ᠰᠢᠯᠵᠢᠬᠦ ᠵᠤᠬᠢᠴᠠᠮᠵᠢ ᠶᠢ ᠪᠠᠶᠢᠭᠤᠯᠬᠤ ᠶᠢ ᠲᠦᠷᠭᠡᠳᠭᠡᠵᠦ᠂ ᠠᠵᠦ ᠦᠢᠯᠡᠰ ᠤᠨ ᠨᠡᠶᠢᠯᠡᠯ ᠬᠦᠭᠵᠢᠯᠲᠡ ᠪᠠᠷ | ᠬᠤᠲᠠ ᠬᠦᠳᠡᠭᠡ ᠶᠢ ᠠᠭᠤᠰᠤᠯᠴᠠᠭᠤᠯᠤᠨ ᠣᠷᠢᠳᠠᠪᠡᠷ ᠬᠦᠭᠵᠢᠭᠦᠯᠬᠦ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠣᠨᠴᠠᠯᠢᠭ ᠢ ᠰᠠᠶᠢᠲᠤᠷ | ᠬᠢᠵᠦ᠂ ᠪᠤᠰᠤᠳ ᠲᠤ ᠦᠭᠡᠢ ᠨᠠᠳᠠ ᠳᠤ ᠪᠠᠶᠢᠬᠤ᠂ ᠪᠤᠰᠤᠳ ᠲᠤ ᠪᠠᠶᠢᠬᠤ ᠳᠤ ᠪᠢ ᠨᠠᠷᠢᠯᠢᠭ ᠪᠤᠯᠳᠠᠯ᠎ᠠ ᠬᠢᠬᠦ᠂ | ᠬᠠᠶᠢᠨᠠᠨ ᠲᠤᠭᠤᠷᠢᠭ ᠤᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠭᠠᠷᠭᠠᠬᠤ ᠰᠠᠭᠤᠷᠢᠨ ᠭᠠᠵᠠᠷ᠂ ᠰᠢᠩ ᠰᠢᠨ | ᠬᠤᠵᠢᠷᠲᠤ ᠣᠰᠣᠨ ᠤ ᠰᠠᠮ ᠬᠤᠷᠤᠬᠠᠢ ᠪᠤᠶᠢᠵᠢᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠭᠡᠵᠦ᠂ ᠪᠤᠷᠤᠯᠠᠭᠤᠯᠤᠯᠲᠠ ᠳᠤ ᠲᠤᠬᠢᠷᠠᠮᠵᠢᠲᠠᠢ ᠦᠢᠯᠡᠳᠭᠦᠨ ᠢ ᠨᠡᠬᠡᠭᠡᠨ ᠬᠦᠭᠵᠢᠭᠦᠯᠵᠦ᠂ ᠰᠢᠯᠢᠳᠡᠭᠵᠢᠭᠰᠡᠨ | ᠦᠢᠯᠡᠳᠭᠦᠨ ᠤ ᠪᠦᠲᠦᠴᠡ ᠶᠢ ᠲᠤᠬᠢᠷᠠᠭᠤᠯᠤᠨ᠎ᠠ᠃ ᠲᠠᠷᠢᠶᠠᠯᠠᠩ ᠤᠨ ᠠᠵᠦ ᠦᠢᠯᠡᠰ ᠤᠨ ᠠᠭᠤᠰᠤᠯᠴᠠᠬᠤ ᠶᠢ | ᠲᠦᠯᠬᠢᠨ ᠠᠬᠢᠭᠤᠯᠵᠦ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠪᠤᠯᠪᠠᠰᠤᠷᠠᠭᠤᠯᠬᠤ ᠦᠢᠯᠡᠰ ᠢ ᠶᠡᠭᠡ | ᠬᠦᠴᠦᠨ ᠢᠶᠠᠷ ᠬᠦᠭᠵᠢᠭᠦᠯᠵᠦ᠂ ᠭᠧ ᠷᠦᠢ ᠫᠦ᠋ ᠠᠮᠢᠳᠤ ᠪᠤᠳᠠᠰ ᠤᠨ ᠰᠢᠨᠵᠢᠯᠡᠭᠡ ᠮᠡᠷᠭᠡᠵᠢᠯ ᠤᠨ ᠦᠵᠦᠮ ᠢ ᠨᠠᠷᠢᠯᠢᠭ | ᠪᠤᠯᠪᠠᠰᠤᠷᠠᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢ ᠲᠦᠷᠭᠡᠳᠭᠡᠵᠦ᠂ | ᠶᠠᠩ ᠭᠤᠸᠠᠩ ᠲᠢᠶᠠᠨ ᠢᠦᠢ ᠦᠵᠦᠮ ᠤᠨ ᠠᠷᠢᠬᠢᠨ ᠤ ᠨᠡᠷᠡᠳᠦ ᠲᠡᠮᠳᠡᠭ ᠤᠨ ᠨᠦᠯᠦᠭᠡᠯᠡᠬᠦ ᠬᠦᠴᠦᠨ ᠢ | ᠦᠷᠭᠦᠯᠵᠢᠯᠡᠨ ᠦᠷᠭᠡᠳᠭᠡᠵᠦ᠂ ᠨᠢᠭᠡ ᠬᠤᠶᠠᠷ ᠭᠤᠷᠪᠠᠳᠤᠭᠠᠷ ᠠᠵᠦ ᠦᠢᠯᠡᠰ ᠤᠨ ᠭᠦᠨ ᠠᠭᠤᠰᠤᠯᠴᠠᠯ ᠢ ᠠᠬᠢᠭᠤᠯᠵᠦ᠂ | ᠰᠢᠯᠢᠳᠡᠭᠵᠢᠭᠰᠡᠨ ᠠᠵᠦ ᠦᠢᠯᠡᠰ ᠤᠨ ᠪᠦᠲᠦᠴᠡ ᠶᠢ ᠲᠤᠬᠢᠷᠠᠭᠤᠯᠤᠨ᠎ᠠ᠃ ᠣᠶᠣᠨᠴᠢ ᠲᠠᠷᠢᠶᠠᠯᠠᠩ ᠤᠨ ᠦᠢᠯᠡᠰ ᠤᠨ | ᠬᠦᠭᠵᠢᠯᠲᠡ ᠶᠢ ᠲᠦᠯᠬᠢᠨ ᠠᠬᠢᠭᠤᠯᠵᠦ᠂ ︽ᠤᠶᠤᠨᠴᠢ ᠲᠠᠷᠢᠶᠠᠯᠠᠩ ᠤᠨ ᠦᠢᠯᠡᠰ︾ ᠤᠨ ᠡᠭᠦᠯᠡᠨ ᠲᠠᠪᠴᠠᠩ ᠤᠨ | ᠲᠤᠷᠰᠢᠯᠲᠡ ᠶᠢᠨ ᠴᠡᠭ ᠢ ᠪᠦᠷᠢᠨ ᠭᠦᠢᠴᠡᠳ ᠠᠰᠢᠬᠯᠠᠵᠦ᠂ ᠮᠡᠳᠡᠭᠡ ᠵᠠᠩᠬᠢᠴᠢᠯᠠᠯᠲᠠ ᠪᠤᠯᠤᠨ ᠲᠠᠷᠢᠶᠠᠯᠠᠩ ᠮᠠᠯ ᠠᠵᠦ | ᠠᠬᠤᠢ ᠶᠢᠨ ᠬᠠᠮᠲᠤᠷᠠᠯᠴᠠᠭ᠎ᠠ ᠶᠢ ᠠᠬᠢᠭᠤᠯᠵᠦ᠂ ᠲᠠᠷᠢᠶᠠᠯᠠᠩ ᠮᠠᠯ ᠠᠵᠦ ᠠᠬᠤᠢ ᠶᠢᠨ ᠦᠢᠯᠡᠳᠪᠦᠷᠢᠯᠡᠯ ᠤᠨ | ᠣᠨᠣᠪᠴᠢᠲᠤ ᠴᠢᠨᠠᠷ᠂ ᠣᠶᠣᠨᠴᠢ ᠴᠢᠨᠠᠷ᠂ ᠠᠦ᠋ᠲ᠋ᠤᠴᠢᠯᠠᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠰᠢᠯᠢᠳᠡᠭᠵᠢᠭᠰᠡᠨ | ᠮᠡᠷᠭᠡᠵᠢᠯ ᠤᠨ ᠪᠦᠲᠦᠴᠡ ᠶᠢ ᠲᠤᠬᠢᠷᠠᠭᠤᠯᠤᠨ᠎ᠠ᠃ | ︵ᠬᠤᠶᠠᠷ︶ ᠪᠡᠯᠡ ᠣᠷᠣᠭᠤᠯᠤᠯᠲᠠ ᠶᠢ ᠠᠬᠢᠭᠤᠯᠵᠦ ᠪᠠᠭᠤᠷᠠᠢ ᠲᠠᠯ᠎ᠠ ᠪᠠᠨ ᠨᠦᠬᠦᠪᠦᠷᠢᠯᠡᠬᠦ ᠶᠢ ᠨᠢᠭᠡᠳᠦᠯᠲᠡᠢ | ᠲᠦᠯᠦᠪᠵᠢᠭᠦᠯᠦᠨ ᠲᠦᠯᠬᠢᠨ ᠠᠬᠢᠭᠤᠯᠵᠦ᠂ ᠠᠵᠦ ᠠᠬᠤᠢ ᠶᠢᠨ ᠬᠦᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ | ᠪᠡᠯᠡ ᠣᠷᠣᠭᠤᠯᠤᠯᠲᠠ ᠶᠢᠨ ᠵᠠᠩᠬᠢᠯᠠᠭ᠎ᠠ ᠶᠢᠨ ᠴᠢᠨᠠᠷ ᠤᠨ ᠦᠢᠯᠡᠳᠦᠯ ᠢ ᠪᠦᠬᠦ ᠬᠦᠴᠦᠨ ᠢᠶᠠᠷ | ᠪᠠᠳᠠᠷᠠᠭᠤᠯᠣᠨ᠎ᠠ᠃ ᠵᠦᠢᠯᠴᠢᠯᠡᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠦ᠂ ᠴᠢᠨᠠᠷ ᠰᠠᠶᠢᠲᠠᠢ | ᠬᠦᠭᠵᠢᠯᠲᠡ ᠶᠢᠨ ᠱᠠᠭᠠᠷᠳᠠᠯᠭ᠎ᠠ ᠶᠤᠰᠤᠭᠠᠷ᠂ ᠲᠦᠷᠦᠯ ᠵᠦᠢᠯ ᠢ ᠪᠠᠶᠢᠭᠤᠯᠤᠨ ᠪᠦᠲᠦᠭᠡᠵᠦ ᠠᠰᠢᠬᠯᠠᠯᠲᠠ ᠳᠤ | ᠣᠷᠣᠭᠤᠯᠬᠤ ᠶᠢ ᠠᠳᠬᠤᠬᠤ᠂ ᠪᠠᠶᠢᠭᠤᠯᠵᠦ ᠪᠠᠶᠢᠭ᠎ᠠ ᠲᠦᠷᠦᠯ ᠵᠦᠢᠯ ᠤᠨ ᠠᠬᠢᠴᠠ ᠶᠢ ᠠᠳᠬᠤᠬᠤ᠂ ᠪᠠᠶᠢᠭᠤᠯᠬᠤ ᠪᠠᠷ | ᠪᠠᠶᠢᠭ᠎ᠠ ᠲᠦᠷᠦᠯ ᠵᠦᠢᠯ ᠤᠨ ᠠᠵᠢᠯ ᠡᠬᠢᠯᠡᠭᠦᠯᠬᠦ ᠶᠢ ᠠᠳᠬᠤᠬᠤ ᠶᠢ ᠪᠠᠷᠢᠮᠲᠠᠯᠠᠵᠦ᠂ ︽ᠳᠦᠷᠪᠡᠨ ᠨᠢᠭᠡ︾ ᠠᠵᠢᠯ | ᠤᠨ ᠪᠦᠲᠦᠴᠡ ᠶᠢ ᠴᠢᠩᠭ᠎ᠠ ᠦᠨᠳᠦᠰᠦᠯᠡᠵᠦ᠂ ᠲᠦᠷᠦᠯ ᠵᠦᠢᠯ ᠤᠨ ᠬᠠᠮᠢᠶᠠᠷᠤᠯᠲᠠ᠂ ᠣᠳᠣᠷᠢᠳᠬᠤ ᠪᠤᠯᠤᠨ | ᠵᠤᠬᠢᠴᠠᠭᠤᠯᠬᠤ ᠦᠢᠯᠡᠴᠢᠯᠡᠭᠡᠨ ᠤ ᠬᠦᠴᠦᠯᠡᠴᠡ ᠶᠢ ᠬᠢᠨᠠᠨ ᠪᠠᠶᠢᠴᠠᠭᠠᠬᠤ ᠶᠢ ᠦᠨᠡᠨ ᠬᠦ ᠶᠡᠬᠡᠰᠭᠡᠵᠦ᠂ ᠬᠡᠷᠡᠭᠵᠢᠭᠦᠯᠬᠦ | ᠪᠠᠷ ᠲᠦᠯᠦᠪᠯᠡᠭᠰᠡᠨ 50 ᠲᠦᠷᠦᠯ ᠵᠦᠢᠯ ᠢ ᠣᠷᠣᠬᠰᠢᠲᠠᠢ ᠲᠦᠯᠬᠢᠨ ᠠᠬᠢᠭᠤᠯᠬᠤ ᠶᠢ ᠪᠠᠲᠤᠯᠠᠵᠦ᠂ ᠦᠬᠠᠢ ᠬᠤᠲᠠ | ︽ᠬᠦᠬᠡᠮᠦ᠋ᠷᠡᠨ ᠤ ᠭᠤᠷᠪᠠᠯᠵᠢᠨ ᠬᠤᠶᠢᠭ︾ ᠤᠨ ᠭᠠᠵᠠᠷ ᠣᠷᠣᠨ ᠤ ᠠᠵᠦ ᠦᠢᠯᠡᠰ ᠤᠨ ᠰᠢᠯᠵᠢᠯᠲᠡ ᠶᠢ | ᠦᠷᠭᠦᠯᠵᠢᠯᠡᠭᠦᠯᠬᠦ ᠵᠢᠴᠢ ᠬᠤᠳᠠᠯᠳᠤᠭᠠᠴᠢᠨ ᠣᠷᠢᠵᠦ ᠪᠡᠯᠡ ᠣᠷᠣᠭᠤᠯᠬᠤ ᠶᠢ ᠳᠡᠯᠭᠡᠷᠡᠭᠦᠯᠦᠨ ᠬᠤᠷᠠᠯ ᠤᠨ ᠭᠡᠷ᠎ᠡ | ᠲᠤᠬᠲᠠᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠬᠢᠵᠦ᠂ ᠪᠡᠯᠡ ᠣᠷᠣᠭᠤᠯᠬᠤ ᠨᠢ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢ ᠰᠢᠯᠢᠳᠡᠭᠵᠢᠭᠦᠯᠬᠦ ᠶᠢᠨ ᠵᠠᠩᠬᠢᠯᠠᠭ᠎ᠠ ᠶᠢᠨ ᠴᠢᠨᠠᠷᠲᠠᠢ ᠦᠢᠯᠡᠳᠦᠯ ᠢ ᠦᠨᠡᠨ ᠬᠦ | ᠪᠠᠳᠠᠷᠠᠭᠤᠯᠬᠤ ᠬᠡᠷᠡᠭᠲᠡᠢ᠃ ᠪᠡᠯᠡ ᠮᠦᠩᠬᠦ ᠴᠣᠬᠯᠠᠭᠤᠯᠬᠤ ᠶᠢ ᠰᠠᠶᠢᠲᠤᠷ ᠠᠳᠬᠤᠵᠦ᠂ ᠭᠤᠤᠯᠳᠠᠭᠤ ᠡᠬᠢ ᠪᠠᠶᠠᠯᠢᠭ ᠤᠨ | ᠬᠡᠯᠪᠡᠷᠢᠲᠦ ᠬᠤᠲᠠ ᠶᠢᠨ ᠬᠡᠯᠪᠡᠷᠢ ᠶᠢᠨ ᠦᠭᠡᠷᠡᠴᠢᠯᠡᠯᠲᠡ᠂ ᠳᠦᠭᠦᠮ ᠪᠦᠳᠦᠭᠦᠯᠢᠭ ᠣᠷᠣᠨ ᠰᠠᠭᠤᠴᠠ ᠶᠢᠨ ᠬᠠᠯᠠᠨ | ᠦᠭᠡᠷᠡᠴᠢᠯᠡᠯᠲᠡ᠂ ᠣᠷᠴᠢᠯ ᠠᠵᠦ ᠠᠬᠤᠢ᠂ ᠣᠷᠴᠢᠨ ᠲᠤᠭᠤᠷᠢᠨ ᠤ ᠬᠠᠮᠠᠭᠠᠯᠠᠯᠲᠠ᠂ ᠪᠠᠶᠢᠯᠳᠤᠬᠤ ᠪᠤᠳᠤᠯᠭ᠎ᠠ ᠶᠢᠨ | ᠴᠢᠨᠠᠷᠲᠠᠢ ᠰᠢᠨ᠎ᠡ ᠪᠠᠷ ᠮᠠᠨᠳᠤᠬᠰᠠᠨ ᠠᠵᠦ ᠦᠢᠯᠡᠰ᠂ ᠠᠷᠠᠳ ᠤᠨ ᠠᠮᠢᠳᠤᠷᠠᠯ ᠪᠤᠯᠤᠨ ᠨᠡᠶᠢᠭᠡᠮ ᠤᠨ ᠠᠵᠢᠯ ᠦᠢᠯᠡᠰ | ᠵᠡᠷᠭᠡ ᠲᠠᠯ᠎ᠠ ᠶᠢᠨ ᠲᠤᠭᠤᠷᠢᠨ ᠳᠤ᠂ ᠣᠯᠣᠰ ᠤᠨ ᠪᠤᠯᠤᠨ ᠦᠪᠡᠷᠲᠡᠭᠡᠨ ᠵᠠᠰᠠᠬᠤ ᠣᠷᠣᠨ ᠤ ᠪᠡᠯᠡ ᠮᠦᠩᠭᠦ ᠶᠢᠨ | ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠦ᠂ ᠭᠤᠤᠯᠳᠠᠯᠭᠠᠲᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ᠃ ᠠᠷᠠᠳ ᠠᠴᠠ ᠡᠵᠡᠩᠨᠡᠭᠰᠡᠨ ᠠᠵᠦ ᠠᠬᠤᠢ ᠶᠢ ᠰᠠᠶᠢᠲᠤᠷ ᠠᠳᠬᠤᠵᠦ᠂ | ᠨᠡᠶᠢᠭᠡᠮ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠣᠷᠮᠠᠰᠢᠭᠤᠯᠵᠦ᠂ ᠠᠷᠠᠳ ᠠᠴᠠ ᠡᠵᠡᠩᠨᠡᠭᠰᠡᠨ | ᠠᠵᠦ ᠠᠬᠤᠢ ᠶᠢ ᠡᠷᠡᠭᠦᠯ ᠢᠶᠠᠷ ᠬᠦᠭᠵᠢᠭᠦᠯᠬᠦ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ | ᠬᠦᠭᠵᠢᠯᠲᠡ ᠶᠢᠨ ᠭᠤᠤᠯ ᠬᠦᠴᠢᠷᠳᠡᠯᠲᠡᠢ ᠠᠰᠠᠭᠤᠳᠠᠯ ᠳᠤ᠂ ᠳᠠᠩᠰᠠ ᠡᠪᠬᠡᠮᠡᠯ ᠤᠨ ᠬᠠᠮᠢᠶᠠᠷᠤᠯᠲᠠ᠂ ᠣᠨᠣᠪᠴᠢᠲᠠᠢ | ᠦᠢᠯᠡᠴᠢᠯᠡᠭᠡ᠂ ᠮᠦᠷᠳᠡᠨ ᠳᠠᠭᠠᠵᠦ ᠦᠷᠢ ᠪᠦᠲᠦᠮᠵᠢ ᠶᠢ ᠪᠠᠶᠢᠴᠠᠭᠠᠬᠤ ᠶᠢ ᠬᠡᠷᠡᠭᠵᠢᠭᠦᠯᠵᠦ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠰᠢᠯᠢᠳᠡᠭᠵᠢᠨ ᠬᠦᠴᠦᠷᠬᠡᠭᠵᠢᠬᠦ ᠶᠢ ᠳᠡᠮᠵᠢᠬᠦ ᠬᠡᠷᠡᠭᠲᠡᠢ᠃ | ᠠᠵᠦ ᠠᠬᠤᠢ ᠶᠢᠨ ᠬᠦᠷᠢᠶᠡᠯᠡᠩ ᠤᠨ ᠦᠨᠳᠦᠰᠦᠨ ᠲᠤᠨᠤᠭ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠶᠢᠨ ᠪᠠᠭᠤᠷᠠᠢ ᠲᠠᠯ᠎ᠠ ᠶᠢ ᠨᠦᠬᠦᠪᠦᠷᠢᠯᠡᠬᠦ ᠬᠡᠷᠡᠭᠲᠡᠢ᠃ ᠠᠵᠦ ᠠᠬᠤᠢ ᠶᠢᠨ ᠬᠦᠷᠢᠶᠡᠯᠡᠩ ᠢ ᠬᠦᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠶᠡᠭᠡ ᠬᠦᠴᠦᠨ ᠢᠶᠠᠷ ᠬᠡᠷᠡᠭᠵᠢᠭᠦᠯᠵᠦ᠂ ᠠᠵᠦ ᠠᠬᠤᠢ ᠶᠢᠨ ᠬᠦᠷᠢᠶᠡᠯᠡᠩ | ᠤᠨ ᠦᠨᠳᠦᠰᠦᠨ ᠲᠤᠨᠤᠭ ᠲᠦᠭᠦᠭᠡᠷᠦᠮᠵᠢ ᠶᠢ ᠲᠡᠭᠦᠯᠳᠡᠷᠵᠢᠭᠦᠯᠵᠦ᠂ ᠠᠵᠦ ᠠᠬᠤᠢ ᠶᠢᠨ ᠬᠦᠷᠢᠶᠡᠯᠡᠩ ᠤᠨ | ᠶᠡᠷᠦᠩᠬᠡᠶᠢᠯᠡᠭᠰᠡᠨ ᠳᠠᠭᠠᠭᠠᠬᠤ ᠬᠦᠴᠦᠨ ᠪᠤᠯᠤᠨ ᠢᠵᠢ ᠪᠦᠷᠢᠯᠳᠦᠭᠦᠯᠬᠦ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠵᠦ᠂ ᠲᠤᠤᠷ᠎ᠠ ᠦᠪᠡᠷ ᠤᠨ ᠦᠷᠳᠡᠭ ᠤᠨ ᠠᠵᠦ ᠠᠬᠤᠢ ᠶᠢᠨ ᠬᠦᠷᠢᠶᠡᠯᠡᠩ ᠢ ᠪᠦᠬᠦ ᠬᠦᠴᠦᠨ ᠢᠶᠠᠷ | ᠪᠠᠶᠢᠭᠤᠯᠬᠤ ᠬᠡᠷᠡᠭᠲᠡᠢ᠃ ᠣᠰᠣᠨ ᠴᠦᠬᠦᠷᠡᠮ ᠤᠨ ᠲᠤᠬᠢᠷᠠᠭᠤᠯᠤᠯᠲᠠ᠂ ᠠᠷᠢᠭᠤᠨ ᠴᠡᠪᠡᠷ ᠰᠢᠲᠠᠮᠠᠬᠠᠢ ᠬᠡᠢ ᠶᠢ | ᠲᠦᠪᠯᠡᠷᠡᠭᠦᠯᠦᠨ ᠬᠠᠩᠭᠠᠬᠤ᠂ ᠠᠵᠦ ᠠᠬᠤᠢ ᠶᠢᠨ ᠬᠦᠷᠢᠶᠡᠯᠡᠩ ᠤᠨ ᠶᠡᠷᠦᠩᠬᠡᠶᠢᠯᠡᠭᠰᠡᠨ ᠬᠤᠭᠤᠯᠠᠢ ᠭᠤᠤᠷᠰᠤ ᠶᠢᠨ | ᠬᠤᠩᠬᠢᠯ ᠤᠨ ᠬᠤᠶᠠᠳᠤᠭᠠᠷ ᠬᠤᠭᠤᠴᠠᠭ᠎ᠠ᠂ ᠬᠠᠲᠠᠭᠤ ᠬᠠᠶᠠᠬᠳᠠᠮᠠᠯ ᠪᠤᠳᠠᠰ ᠢ ᠰᠢᠢᠳᠪᠦᠷᠢᠯᠡᠬᠦ ᠲᠦᠪ᠂ ᠶᠡᠭᠡ ᠳ᠋ᠠᠶᠢᠲ᠋ᠠ | ᠶᠢᠨ ᠠᠵᠦ ᠦᠢᠯᠡᠰ ᠤᠨ ᠬᠦᠷᠢᠶᠡᠯᠡᠩ ᠤᠨ ᠢᠵᠢ ᠪᠦᠷᠢᠯᠳᠦᠭᠦᠯᠬᠦ ᠢᠨᠵᠧᠨᠧᠷᠢᠩ ᠵᠡᠷᠭᠡ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢ ᠲᠦᠷᠭᠡᠳᠭᠡᠬᠦ ᠬᠡᠷᠡᠭᠲᠡᠢ᠃ ᠠᠵᠦ ᠠᠬᠤᠶᠢᠯᠠᠯ ᠤᠨ | ᠴᠠᠬᠢᠯᠭᠠᠨ ᠬᠦᠴᠦᠨ ᠤ ᠣᠯᠠᠨ ᠲᠠᠯ᠎ᠠ ᠶᠢᠨ ᠠᠷᠠᠯᠵᠢᠶᠠᠨ ᠳᠤ ᠣᠷᠣᠯᠴᠠᠬᠤ ᠶᠢ ᠬᠦᠲᠦᠯᠦᠨ ᠵᠢᠯᠤᠭᠤᠳᠴᠦ᠂ | ᠴᠠᠬᠢᠯᠭᠠᠨ ᠬᠦᠷᠭᠡᠬᠦ ᠬᠡᠮᠵᠢᠶ᠎ᠡ ᠶᠢ ᠨᠡᠮᠡᠭᠳᠡᠭᠦᠯᠬᠦ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠢ ᠲᠦᠯᠬᠢᠨ | ᠠᠬᠢᠭᠤᠯᠵᠦ᠂ ᠬᠠᠢ ᠲᠥᠩ ᠡᠨᠧᠷᠬᠢ ᠶᠢᠨ ᠬᠠᠮᠢᠶᠠᠷᠤᠯᠲᠠ ᠶᠢᠨ ᠺᠣᠮᠫᠠᠨᠢ ᠶᠢᠨ ᠴᠢᠨᠠᠷᠵᠢᠯᠲᠠ ᠶᠢᠨ ᠡᠵᠡᠩᠨᠡᠯᠲᠡ ᠶᠢ | ᠠᠬᠢᠭᠤᠯᠵᠦ᠂ ᠠᠵᠦ ᠠᠬᠤᠢ ᠶᠢᠨ ᠬᠦᠷᠢᠶᠡᠯᠡᠩ ᠤᠨ ᠣᠶᠣᠨᠴᠢ ᠴᠠᠬᠢᠯᠭᠠᠨ ᠲᠤᠤᠷ ᠢ ᠪᠠᠶᠢᠭᠤᠯᠤᠨ ᠪᠦᠲᠦᠭᠡᠬᠦ ᠬᠡᠷᠡᠭᠲᠡᠢ᠃ | ︽ᠰᠢᠩᠭᠡᠯᠢᠭ ᠢ ᠰᠣᠯᠠᠯᠠᠵᠦ ᠰᠢᠪᠠᠭᠤ ᠰᠤᠯᠢᠬᠤ︾ ᠠᠵᠢᠯᠯᠠᠯᠭᠠ ᠶᠢᠨ ᠬᠡᠷᠡᠭᠵᠢᠭᠦᠯᠦᠯᠲᠡ ᠶᠢ ᠲᠦᠷᠭᠡᠳᠭᠡᠵᠦ᠂ ︽ | ᠦᠭᠰᠢᠷᠡᠮᠡᠯ ᠠᠵᠦ ᠠᠬᠤᠶᠢᠯᠠᠯ︾ ᠢ ᠡᠷᠡᠰ ᠴᠡᠪᠡᠷᠰᠢᠭᠦᠯᠵᠦ᠂ ᠠᠵᠦ ᠠᠬᠤᠢ ᠶᠢᠨ ᠬᠦᠷᠢᠶᠡᠯᠡᠩ ᠤᠨ ᠰᠣᠯᠠ ᠪᠠᠶᠢᠬᠤ | ᠭᠠᠵᠠᠷ ᠰᠢᠷᠤᠢ ᠶᠢ ᠡᠷᠬᠢᠯᠲᠡ ᠳᠤ ᠣᠷᠣᠭᠤᠯᠵᠦ᠂ ᠬᠡᠯᠪᠡᠷᠢ ᠶᠢᠨ ᠦᠭᠡᠷᠡᠴᠢᠯᠡᠯᠲᠡ ᠶᠢᠨ ᠲᠦᠷᠦᠯ ᠵᠦᠢᠯ ᠤᠨ | ᠪᠡᠶᠡᠯᠡᠭᠳᠡᠬᠦ ᠳᠤ ᠣᠷᠣᠨ ᠵᠠᠢ ᠭᠠᠷᠭᠠᠵᠦ ᠦᠭᠬᠦ ᠬᠡᠷᠡᠭᠲᠡᠢ᠃ | ᠰᠢᠨ᠎ᠡ ᠶᠢ ᠡᠭᠦᠳᠬᠦ ᠪᠠᠷ ᠬᠦᠭᠵᠢᠯᠲᠡ ᠶᠢᠨ ᠬᠦᠳᠡᠯᠭᠡᠭᠦᠷ ᠪᠤᠯᠭᠠᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠬᠦ ᠶᠢ ᠲᠦᠷᠭᠡᠳᠭᠡᠬᠦ ᠬᠡᠷᠡᠭᠲᠡᠢ᠃ ᠡᠯ᠎ᠡ ᠲᠦᠷᠦᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠰᠢᠨᠵᠢᠯᠡᠭᠡ ᠮᠡᠷᠭᠡᠵᠢᠯ ᠤᠨ | ᠰᠢᠨ᠎ᠡ ᠶᠢ ᠡᠭᠦᠳᠬᠦ ᠬᠦᠴᠦᠯᠡᠴᠡ ᠶᠢ ᠶᠡᠬᠡᠰᠭᠡᠵᠦ᠂ ᠠᠵᠦ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠶᠢᠨ ᠳᠡᠰ | ᠳᠡᠪᠰᠢᠬᠦ ᠳᠤ ᠰᠢᠨᠵᠢᠯᠡᠭᠡ ᠮᠡᠷᠭᠡᠵᠢᠯ ᠤᠨ ᠲᠦᠰᠢᠭ ᠬᠠᠩᠭᠠᠬᠤ ᠬᠡᠷᠡᠭᠲᠡᠢ᠃ ᠵᠦᠩ ᠼᠠᠢ ᠪᠦᠯᠦᠭᠯᠡᠯ ᠤᠨ ᠨᠠᠨᠵᠢᠩ ᠤᠨ | ᠰᠢᠯ ᠰᠢᠷᠬᠡᠭ ᠤᠨ ᠰᠣᠳᠣᠯᠭᠠᠨ ᠤ ᠲᠦᠯᠦᠪᠯᠡᠭᠡ ᠶᠢᠨ ᠬᠦᠷᠢᠶᠡᠯᠡᠩ ᠢ ᠲᠠᠲᠠᠨ ᠣᠷᠣᠭᠤᠯᠵᠦ᠂ ᠣᠣ ᠯᠢ ᠰᠢᠯ ᠰᠢᠷᠬᠡᠭ | ᠦᠢᠯᠡᠳᠬᠦ ᠠᠵᠦ ᠦᠢᠯᠡᠰ ᠢ ᠭᠤᠤᠯᠳᠠᠯᠭ᠎ᠠ ᠲᠠᠢ ᠪᠤᠶᠢᠵᠢᠭᠤᠯᠵᠦ᠂ ᠪᠠᠷᠠᠭᠤᠨ ᠣᠷᠣᠨ ᠤ ᠰᠢᠯ ᠰᠢᠷᠬᠡᠭ | ᠦᠢᠯᠡᠳᠪᠦᠷᠢᠯᠡᠬᠦ ᠰᠠᠭᠤᠷᠢᠨ ᠭᠠᠵᠠᠷ ᠢ ᠢᠳᠡᠪᠬᠢᠲᠡᠢ ᠪᠠᠶᠢᠭᠤᠯᠬᠤ ᠬᠡᠷᠡᠭᠲᠡᠢ᠃ ᠦᠪᠦᠷ ᠮᠤᠩᠭᠤᠯ ᠤᠨ ᠨᠡᠭᠦᠷᠡᠰᠦ | ᠬᠡᠣᠷᠰᠢᠭᠦᠯᠬᠦ ᠬᠢᠮᠢ ᠶᠢᠨ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠰᠣᠳᠣᠯᠭᠠᠨ ᠤ ᠬᠦᠷᠢᠶᠡᠯᠡᠩ᠂ ᠯᠢᠶᠠᠨ ᠹᠧᠩ | ᠬᠤᠪᠤᠷ ᠰᠢᠷᠤᠢ ᠶᠢᠨ ᠰᠤᠳᠤᠯᠭᠠᠨ ᠤ ᠬᠦᠷᠢᠶᠡᠯᠡᠩ ᠵᠡᠷᠭᠡ ᠰᠢᠨ᠎ᠡ ᠶᠢ ᠡᠭᠦᠳᠬᠦ ᠲᠠᠪᠴᠠᠩ ᠤᠨ ᠵᠢᠱᠢᠶ᠎ᠡ ᠦᠵᠡᠭᠦᠯᠦᠨ | ᠬᠦᠲᠦᠯᠬᠦ ᠦᠢᠯᠡᠳᠦᠯ ᠢ ᠪᠠᠳᠠᠷᠠᠭᠤᠯᠵᠦ᠂ ᠠᠵᠦ ᠠᠬᠤᠶᠢᠯᠠᠯ ᠤᠨ ᠳᠡᠭᠡᠳᠦ ᠰᠤᠷᠭᠠᠭᠤᠯᠢ᠂ ᠰᠢᠨᠵᠢᠯᠡᠭᠡ ᠮᠡᠷᠭᠡᠵᠢᠯ ᠤᠨ | ᠰᠤᠳᠤᠯᠬᠤ ᠬᠦᠷᠢᠶᠡᠯᠡᠩ ᠭᠠᠵᠠᠷ᠂ ᠰᠤᠳᠤᠯᠤᠨ ᠪᠦᠲᠦᠭᠡᠬᠦ ᠲᠦᠪ ᠯᠤᠭ᠎ᠠ ᠶᠢᠨ ᠣᠶᠢᠯᠠᠭᠠᠯᠴᠠᠵᠦ ᠬᠠᠷᠢᠯᠴᠠᠬᠤ ᠪᠠᠨ | ᠴᠢᠩᠭᠠᠳᠬᠠᠬᠤ ᠶᠢ ᠵᠤᠷᠢᠬᠵᠢᠭᠤᠯᠵᠦ᠂ ᠯᠠᠨ ᠲᠢᠶᠠᠨ ᠡᠾᠦ᠋ᠢ ᠹᠧᠩ᠂ ᠶᠠᠩ ᠭᠤᠸᠠᠩ ᠲᠢᠶᠠᠨ ᠢᠦᠢ ᠵᠡᠷᠭᠡ ᠠᠵᠦ | ᠠᠬᠤᠶᠢᠯᠠᠯ ᠡᠭᠦᠳᠦᠨ ᠪᠠᠶᠢᠭᠤᠯᠵᠦ ᠰᠤᠳᠤᠯᠬᠤ ᠲᠦᠪ ᠶᠢ ᠵᠢᠯᠤᠭᠤᠳᠤᠨ ᠬᠦᠲᠦᠯᠵᠦ᠂ ᠰᠢᠨᠵᠢᠯᠡᠭᠡ ᠮᠡᠷᠭᠡᠵᠢᠯ ᠤᠨ | ᠦᠷ᠎ᠡ ᠪᠦᠲᠦᠮᠵᠢ ᠶᠢᠨ ᠣᠯᠠᠷᠢᠬᠤ ᠶᠢ ᠲᠦᠷᠭᠡᠳᠭᠡᠬᠦ ᠬᠡᠷᠡᠭᠲᠡᠢ᠃ ᠮᠡᠳᠡᠯᠭᠡ ᠶᠢᠨ ᠦᠮᠴᠢᠯᠡᠬᠦ ᠡᠷᠬᠡ ᠡᠭᠦᠳᠬᠦ ᠶᠢ | ᠵᠤᠷᠢᠬᠵᠢᠭᠤᠯᠵᠦ᠂ ᠮᠡᠳᠡᠯᠭᠡ ᠶᠢᠨ ᠦᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠦ᠂ ᠪᠦᠬᠦ ᠨᠡᠶᠢᠭᠡᠮ ᠳᠤ | ᠰᠢᠨ᠎ᠡ ᠶᠢ ᠡᠭᠦᠳᠬᠦ ᠶᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ | ︵ᠭᠤᠷᠪᠠ︶ ᠭᠤᠷᠪᠠᠨ ᠶᠡᠭᠡ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠲᠦᠯᠬᠢᠨ ᠠᠬᠢᠭᠤᠯᠤᠨ᠎ᠠ᠃ | ᠣᠨᠴᠠ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠬᠡᠷᠡᠭᠲᠡᠢ᠃ ᠦᠷᠢ ᠦᠭᠴᠡᠭᠡᠨ ᠤ | ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠶᠢ ᠬᠡᠵᠢᠶᠡᠲᠡ ᠠᠩᠬᠠᠷᠴᠤ᠂ ᠦᠯᠡᠳᠡᠵᠦ ᠪᠠᠶᠢᠭ᠎ᠠ ᠦᠭᠴᠡᠭᠡ ᠶᠢ | ᠯᠠᠪᠳᠠᠭᠤᠨ ᠲᠤᠬᠢᠲᠠᠢ ᠰᠢᠢᠳᠪᠦᠷᠢᠯᠡᠵᠦ᠂ ᠳᠠᠯᠳᠠ ᠶᠢᠨ ᠴᠢᠨᠠᠷᠲᠠᠢ ᠦᠭᠴᠡᠭᠡᠨ ᠤ ᠨᠡᠮᠡᠭᠳᠡᠬᠦ ᠶᠢ ᠡᠷᠡᠰ ᠬᠤᠷᠢᠬᠯᠠᠵᠦ᠂ | ᠰᠢᠯᠢᠳᠡᠭ ᠭᠠᠶᠢᠯᠢ ᠶᠢᠨ ᠡᠬᠢ ᠰᠤᠷᠪᠤᠯᠵᠢ ᠶᠢ ᠣᠶᠢᠵᠢᠭᠤᠯᠬᠤ᠂ ᠭᠠᠶᠢᠯᠢ ᠲᠠᠲᠠᠪᠤᠷᠢ ᠶᠢᠨ ᠠᠯᠳᠠᠰᠢ ᠶᠢ ᠡᠷᠢᠵᠦ | ᠨᠦᠬᠦᠪᠦᠷᠢᠯᠡᠬᠦ᠂ ᠵᠠᠷᠣᠯᠭ᠎ᠠ ᠶᠢᠨ ᠪᠦᠲᠦᠴᠡ ᠶᠢ ᠣᠯᠠᠮ ᠨᠢᠭᠡ ᠠᠯᠬᠤᠮ ᠰᠢᠯᠢᠳᠡᠭᠵᠢᠭᠦᠯᠵᠦ᠂ ᠲᠤᠬᠲᠠᠬᠰᠠᠨ | ᠬᠤᠭᠤᠴᠠᠭᠠᠨ ᠳᠤ ᠦᠭᠴᠡᠭᠡ ᠶᠢ ᠰᠢᠢᠳᠪᠦᠷᠢᠯᠡᠬᠦ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ︽ᠠᠮᠤᠷ | ᠲᠦᠪᠰᠢᠨ ᠬᠠᠶᠢᠨᠠᠨ︾ ᠤ ᠪᠦᠲᠦᠭᠡᠨ ᠪᠠᠶᠢᠭᠤᠯᠤᠯᠲᠠ ᠶᠢ ᠪᠠᠲᠤᠵᠢᠭᠤᠯᠵᠦ᠂ ᠠᠷᠠᠳ ᠢ ᠡᠶᠡᠳᠡᠭᠦᠯᠬᠦ᠂ ᠬᠠᠤᠯᠢ ᠴᠠᠭᠠᠵᠠ | ᠶᠢᠨ ᠬᠠᠪᠰᠤᠷᠣᠯᠭᠠ᠂ ᠨᠡᠶᠢᠭᠡᠮ ᠲᠤᠭᠤᠷᠢᠭ ᠤᠨ ᠵᠠᠯᠠᠷᠠᠭᠤᠯᠭ᠎ᠠ᠂ ᠲᠤᠬᠢᠷᠠᠭᠤᠯᠤᠨ ᠲᠦᠪᠬᠢᠨᠡᠭᠦᠯᠵᠦ ᠬᠠᠪᠰᠤᠷᠤᠨ | ᠬᠦᠮᠦᠵᠢᠭᠦᠯᠬᠦ ᠠᠵᠢᠯ ᠢ ᠰᠠᠶᠢᠲᠤᠷ ᠬᠢᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ | ᠪᠦᠷᠢᠨ ᠲᠡᠭᠦᠯᠳᠡᠷᠵᠢᠭᠦᠯᠵᠦ᠂ ᠬᠠᠤᠯᠢ ᠶᠤᠰᠤᠭᠠᠷ ᠡᠯ᠎ᠡ ᠲᠦᠷᠦᠯ ᠤᠨ ᠬᠠᠤᠯᠢ ᠠᠴᠠ ᠵᠦᠷᠢᠴᠡᠵᠦ ᠶᠠᠯ᠎ᠠ ᠬᠢᠬᠦ | ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ | ᠲᠡᠮᠡᠴᠡᠭᠡᠨ ᠤ ᠪᠠᠬᠢᠯᠡᠯᠲᠡ ᠶᠢᠨ ᠳᠠᠶᠢᠨ ᠢ ᠡᠷᠡᠰ ᠢᠯᠡᠬᠤ ᠬᠡᠷᠡᠭᠲᠡᠢ᠃ ᠦᠨᠳᠦᠰᠦᠨ ᠱᠠᠲᠤᠨ ᠤ ᠵᠦᠷᠢᠴᠡᠯ | ᠵᠢᠭᠤᠷᠤᠯᠳᠤᠭᠠᠨ ᠢ ᠰᠢᠢᠳᠪᠦᠷᠢᠯᠡᠬᠦ ᠵᠤᠬᠢᠴᠠᠮᠵᠢ ᠶᠢ ᠲᠡᠭᠦᠯᠳᠡᠷᠵᠢᠭᠦᠯᠵᠦ᠂ ᠡᠭᠦᠰᠦᠯ ᠠᠴᠠ ᠨᠢ ᠰᠡᠷᠭᠡᠶᠢᠯᠡᠬᠦ ᠪᠤᠯᠤᠨ | ᠦᠨᠡᠯᠡᠨ ᠵᠢᠱᠢᠬᠦ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠳᠠᠭ ᠲᠠᠢ ᠭᠤᠤᠯᠳᠠᠯᠭᠠᠲᠤ ᠵᠠᠬᠢᠳᠠᠯ ᠰᠤᠷᠪᠤᠯᠵᠢᠯᠠᠯ | ᠤᠨ ᠬᠡᠷᠡᠭ ᠢ ᠨᠢᠭᠡᠳᠦᠯᠲᠡᠢ ᠰᠢᠢᠳᠪᠦᠷᠢᠯᠡᠵᠦ᠂ ᠨᠡᠶᠢᠭᠡᠮ ᠤᠨ ᠠᠮᠤᠷ ᠲᠤᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠬᠤ | ᠬᠡᠷᠡᠭᠲᠡᠢ᠃ ᠨᠡᠶᠢᠭᠡᠮ ᠤᠨ ᠣᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠪᠤᠯᠤᠨ ᠪᠠᠴᠢᠮ ᠪᠠᠶᠢᠳᠠᠯ ᠢ ᠠᠷᠭᠠᠴᠠᠬᠤ | ᠵᠤᠬᠢᠴᠠᠮᠵᠢ ᠶᠢ ᠪᠦᠷᠢᠨ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠪᠤᠯᠤᠨ | ᠨᠡᠶᠢᠲᠡ ᠶᠢᠨ ᠠᠮᠤᠷ ᠲᠦᠪᠰᠢᠨ ᠤ ᠴᠢᠳᠠᠪᠤᠷᠢ ᠶᠢ ᠪᠠᠲᠤᠯᠠᠬᠤ ᠶᠢ ᠲᠠᠰᠣᠷᠠᠯᠲᠠ ᠦᠭᠡᠢ ᠳᠡᠭᠡᠭᠰᠢᠯᠡᠬᠦᠯᠬᠦ ᠬᠡᠷᠡᠭᠲᠡᠢ᠃ | ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠦ᠂ | ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠦ᠂ ᠬᠢᠨᠠᠨ ᠬᠠᠮᠢᠶᠠᠷᠬᠤ ᠬᠦᠴᠦᠨ ᠢ ᠳᠡᠭᠡᠭᠰᠢᠯᠡᠭᠦᠯᠦᠨ᠂ ᠬᠢᠨᠠᠨ | ᠪᠠᠶᠢᠴᠠᠭᠠᠵᠦ ᠬᠠᠤᠯᠢ ᠬᠡᠷᠡᠭᠵᠢᠭᠦᠯᠬᠦ ᠶᠢ ᠴᠢᠩᠭ᠎ᠠ ᠪᠤᠯᠭᠠᠵᠦ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ | ᠲᠦᠪᠰᠢᠨ ᠤ ᠰᠠᠭᠤᠷᠢ ᠱᠣᠭᠤᠮ ᠢ ᠡᠷᠬᠡᠪᠰᠢ ᠰᠠᠬᠢᠬᠤ ᠬᠡᠷᠡᠭᠲᠡᠢ᠃ ᠠᠶᠤᠯᠬᠦᠢ ᠦᠢᠯᠡᠳᠪᠦᠷᠢᠯᠡᠯ ᠤᠨ ᠦᠨᠳᠦᠷ | ᠳᠠᠷᠣᠯᠲᠠᠲᠤ ᠪᠠᠶᠢᠳᠠᠯ ᠢ ᠬᠡᠵᠢᠶᠡᠲᠡ ᠪᠠᠲᠣᠯᠠᠵᠦ᠂ ᠠᠰᠠᠭᠤᠳᠠᠯ ᠤᠨ ᠬᠦᠲᠦᠯᠦᠮᠵᠢ ᠶᠢ ᠪᠠᠷᠢᠮᠲᠠᠯᠠᠵᠦ᠂ ᠠᠳᠡᠯ ᠤᠨ | ᠰᠡᠷᠭᠡᠶᠢᠯᠡᠯᠲᠡ ᠶᠢ ᠴᠢᠩᠭ᠎ᠠ ᠬᠠᠷᠠᠵᠦ᠂ ᠳᠠᠯᠳᠠ ᠶᠢᠨ ᠠᠶᠤᠯ ᠢ ᠰᠡᠷᠭᠡᠶᠢᠯᠡᠨ ᠵᠠᠰᠠᠬᠤ ᠶᠢ ᠰᠠᠶᠢᠲᠤᠷ ᠠᠳᠬᠤᠵᠦ᠂ | ᠠᠶᠤᠯᠬᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠪᠠᠶᠢᠷᠢᠯᠠᠭᠤᠯᠤᠯᠲᠠ ᠶᠢᠨ ᠪᠤᠳᠠᠲᠤ ᠦᠷ᠎ᠡ ᠪᠦᠲᠦᠮᠵᠢ ᠣᠯᠬᠤ | ᠶᠢ ᠲᠦᠯᠬᠢᠨ ᠠᠬᠢᠭᠤᠯᠵᠦ᠂ ᠪᠦᠬᠦ ᠲᠤᠭᠤᠷᠢᠭ ᠤᠨ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠠᠮᠤᠷ | ᠲᠤᠭᠲᠠᠭᠤᠨ ᠨᠡᠶᠢᠭᠡᠮ ᠤᠨ ᠣᠷᠴᠢᠨ ᠲᠤᠭᠤᠷᠢᠨ ᠢ ᠡᠭᠦᠳᠦᠨ ᠪᠠᠶᠢᠭᠤᠯᠤᠶ᠎ᠠ᠃ | ᠶᠠᠳᠠᠭᠤ ᠠᠴᠠ ᠠᠩᠬᠢᠵᠢᠷᠠᠭᠤᠯᠵᠦ ᠪᠠᠬᠢᠯᠡᠯᠲᠡ ᠰᠢᠪᠲᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ | ᠣᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠶᠢᠨ ᠳᠠᠶᠢᠯᠠᠯᠳᠣᠭᠠᠨ ᠤ ᠢᠯᠠᠯᠲᠠ ᠶᠢ ᠣᠯᠬᠤ ᠶᠢ | ᠬᠤᠲᠠ ᠬᠦᠳᠡᠭᠡ ᠶᠢᠨ ᠠᠭᠤᠰᠤᠯᠴᠠᠨ ᠬᠦᠭᠵᠢᠬᠦ ᠶᠢ ᠠᠬᠢᠭᠤᠯᠬᠤ ᠶᠢᠨ ᠲᠡᠷᠢᠭᠦᠨ ᠡᠭᠦᠷᠭᠡ ᠪᠤᠯᠭᠠᠵᠦ᠂ ᠶᠠᠳᠠᠭᠤ ᠠᠴᠠ | ᠠᠩᠬᠢᠵᠢᠷᠠᠭᠤᠯᠬᠤ ᠴᠢᠨᠠᠷ ᠢ ᠳᠡᠭᠡᠭᠰᠢᠯᠡᠭᠦᠯᠬᠦ ᠶᠢ ᠬᠡᠵᠢᠶᠡᠲᠡ ᠲᠡᠷᠢᠭᠦᠨ ᠪᠠᠶᠢᠷᠢᠨ ᠳᠤ ᠲᠠᠯᠪᠢᠵᠦ᠂ ︽ᠬᠤᠶᠠᠷ ᠵᠤᠪᠠᠭ᠋ᠤ | ᠦᠭᠡᠢ᠂ ᠭᠤᠷᠪᠠᠨ ᠪᠠᠲᠤᠯᠠᠭ᠎ᠠ︾ ᠶᠢ ᠤᠨᠢᠯᠠᠵᠦ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠪᠠᠰᠠ ᠳᠤᠷ᠎ᠠ ᠪᠠᠷ | ᠪᠠᠷᠢᠮᠵᠢᠶ᠎ᠠ ᠶᠢ ᠡᠷᠭᠦᠬᠦ ᠦᠭᠡᠢ᠂ ᠲᠦᠪᠯᠡᠷᠡᠯ ᠤᠨ ᠴᠡᠭ ᠢ ᠰᠠᠷᠨᠢᠭᠤᠯᠬᠤ ᠦᠭᠡᠢ᠂ ᠪᠠᠢ ᠶᠢᠨ ᠭᠤᠤᠯ ᠬᠤᠪᠢᠷᠠᠬᠤ ᠦᠭᠡᠢ | ᠶᠢ ᠪᠠᠲᠤᠯᠠᠵᠦ᠂ ᠯᠠᠪᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠪᠠᠶᠢᠩᠭᠤ ᠶᠢᠨ ᠲᠤᠭᠲᠠᠯᠴᠠᠭ᠎ᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠢ ᠬᠦᠮᠦᠰ ᠤᠨ ᠳᠠᠬᠢᠨᠲᠠ ᠶᠠᠳᠠᠭᠤᠷᠠᠬᠤ ᠶᠢ ᠪᠠᠭᠠᠰᠬᠠᠬᠤ ᠪᠤᠶᠤ | ᠰᠡᠷᠭᠡᠶᠢᠯᠡᠵᠦ᠂ ᠶᠠᠳᠠᠭᠤ ᠠᠴᠠ ᠠᠩᠬᠢᠵᠢᠷᠠᠭᠤᠯᠵᠦ ᠪᠠᠬᠢᠯᠡᠯᠲᠡ ᠰᠢᠪᠲᠤᠯᠬᠤ ᠦᠷ᠎ᠡ ᠪᠦᠲᠦᠮᠵᠢ ᠶᠢ ᠪᠠᠬᠢᠵᠢᠭᠦᠯᠦᠨ | ᠦᠷᠭᠡᠳᠭᠡᠨ᠎ᠡ᠃ ᠶᠠᠳᠠᠭᠤ ᠠᠴᠠ ᠠᠩᠬᠢᠵᠢᠷᠠᠭᠤᠯᠵᠦ ᠪᠠᠬᠢᠯᠡᠯᠲᠡ ᠰᠢᠪᠲᠤᠯᠬᠤ ᠵᠦᠢᠯᠴᠢᠯᠡᠯ ᠤᠨ ᠬᠦᠮᠦᠷᠭᠡ ᠶᠢ ᠣᠯᠠᠮ | ᠨᠢᠭᠡ ᠠᠯᠬᠤᠮ ᠪᠤᠲᠠᠲᠠᠶᠢᠵᠢᠭᠤᠯᠤᠨ ᠬᠢᠵᠦ᠂ ᠲᠦᠷᠦᠯ ᠵᠦᠢᠯ ᠤᠨ ᠴᠢᠨᠠᠷ ᠪᠤᠯᠤᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠠᠵᠦ ᠦᠢᠯᠡᠰ ᠤᠨ ᠰᠠᠭᠤᠷᠢ ᠶᠢ ᠲᠠᠰᠤᠷᠠᠯᠲᠠ ᠦᠭᠡᠢ ᠪᠠᠲᠤᠵᠢᠭᠤᠯᠵᠦ᠂ ᠠᠵᠦ ᠦᠢᠯᠡᠰ ᠢᠶᠠᠷ | ᠶᠠᠳᠠᠭᠤ ᠶᠢ ᠲᠡᠳᠭᠦᠬᠦ ᠶᠢᠨ ᠦᠨᠳᠦᠰᠦᠨ ᠴᠢᠨᠠᠷᠲᠠᠢ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ᠃ ᠶᠠᠳᠠᠭᠤ ᠶᠢ | ᠲᠡᠳᠭᠦᠬᠦ ᠪᠡᠯᠡ ᠮᠦᠩᠭᠦᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠦ᠂ ᠬᠡᠷᠡᠭᠯᠡᠬᠦ ᠬᠦᠷᠢᠶ᠎ᠡ ᠬᠡᠪᠴᠢᠶ᠎ᠡ ᠪᠤᠯᠤᠨ | ᠶᠠᠪᠤᠴᠠ ᠶᠢ ᠴᠢᠩᠭ᠎ᠠ ᠪᠤᠯᠭᠠᠵᠦ᠂ ᠶᠠᠳᠠᠭᠤ ᠶᠢ ᠲᠡᠳᠭᠦᠬᠦ ᠪᠡᠯᠡ ᠮᠦᠩᠭᠦ ᠶᠢ ᠪᠠᠷᠢᠮᠵᠢᠶ᠎ᠠ ᠲᠠᠢ ᠦᠨᠳᠦᠷ ᠪᠦᠲᠦᠮᠵᠢᠲᠡᠢ | ᠪᠠᠷ ᠬᠡᠷᠡᠭᠯᠡᠬᠦ ᠶᠢ ᠪᠠᠲᠤᠯᠠᠵᠦ᠂ ᠢᠯᠡ ᠲᠤᠳᠤᠷᠬᠠᠢ ᠪᠠᠷ ᠶᠠᠳᠠᠭᠤ ᠶᠢ ᠲᠡᠳᠭᠦᠬᠦ᠂ ᠠᠷᠢᠭᠤᠨ ᠴᠢᠭᠡᠴᠢ ᠪᠠᠷ ᠶᠠᠳᠠᠭᠤ ᠶᠢ | ᠲᠡᠳᠭᠦᠬᠦ ᠶᠢ ᠬᠢᠵᠦ ᠳᠡᠶᠢᠯᠬᠦ ᠬᠡᠷᠡᠭᠲᠡᠢ᠃ | ᠪᠤᠬᠢᠷᠲᠤᠯ ᠢ ᠰᠡᠷᠭᠡᠶᠢᠯᠡᠨ ᠵᠠᠰᠠᠬᠤ ᠪᠤᠯᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ | ︽ᠬᠦᠭᠡ ᠠᠭᠤᠯᠠ ᠬᠦᠬᠡᠮᠳᠡᠭ ᠣᠰᠣ ᠪᠣᠯ ᠳᠠᠷᠣᠢ ᠠᠯᠲᠠ ᠮᠦᠩᠭᠦᠨ ᠠᠭᠤᠯᠠ ᠮᠦᠨ︾ ᠭᠡᠬᠦ ᠣᠨᠤᠯᠵᠢᠬᠤᠨ ᠢ | ᠪᠠᠲᠤ ᠪᠠᠬᠢ ᠪᠤᠢ ᠪᠤᠯᠭᠠᠵᠦ᠂ ᠠᠮᠢ ᠠᠬᠤᠢ ᠶᠢᠨ ᠰᠠᠭᠤᠷᠢ ᠱᠣᠭᠤᠮ ᠢ ᠡᠷᠡᠰ ᠰᠠᠬᠢᠵᠦ᠂ ᠪᠤᠬᠢᠷᠲᠤᠯ ᠦᠭᠡᠢ | ᠬᠦᠭᠵᠢᠯᠲᠡ ᠶᠢᠨ ᠵᠠᠮ ᠢ ᠡᠷᠡᠰ ᠭᠤᠶᠢᠪᠢᠰᠢ ᠦᠭᠡᠢ ᠶᠠᠪᠤᠬᠤ ᠬᠡᠷᠡᠭᠲᠡᠢ᠃ ᠠᠭᠤᠯᠠ ᠣᠰᠣ ᠣᠢ ᠰᠢᠭᠤᠢ ᠲᠠᠷᠢᠶ᠎ᠠ | ᠨᠠᠭᠤᠷ ᠡᠪᠡᠰᠦᠨ ᠤ ᠰᠢᠰᠲ᠋ᠧᠮ ᠤᠨ ᠨᠢᠭᠡᠳᠦᠯᠲᠡᠢ ᠲᠦᠯᠦᠪᠵᠢᠭᠦᠯᠦᠨ ᠵᠠᠰᠠᠵᠦ ᠪᠠᠶᠢᠭᠠᠯᠯᠢᠭ ᠣᠢ ᠶᠢᠨ ᠬᠠᠮᠠᠭᠠᠯᠠᠯᠲᠠ᠂ | ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠰᠣᠷᠪᠤᠯᠵᠢ ᠶᠢ ᠵᠠᠰᠠᠬᠤ ᠵᠡᠷᠭᠡ ᠭᠤᠤᠯᠳᠠᠯᠭᠠᠲᠤ ᠣᠢ ᠮᠤᠳᠤ ᠠᠮᠢ | ᠠᠬᠤᠢ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠲᠠ ᠲᠤᠭᠤᠷᠢᠭ ᠤᠨ ᠵᠡᠭᠦᠨ ᠲᠤᠭᠤᠷᠢᠯ ᠵᠠᠮ ᠤᠨ ᠵᠠᠰᠠᠮᠠᠯ ᠵᠠᠮ | ᠤᠨ ᠬᠤᠶᠠᠷ ᠬᠠᠵᠠᠭᠤ ᠵᠡᠷᠭᠡ ᠭᠤᠤᠯᠳᠠᠯᠭᠠᠲᠤ ᠣᠷᠣᠨ ᠤ ᠨᠤᠭᠤᠭᠠᠷᠠᠭᠤᠯᠤᠯᠲᠠ ᠶᠢ ᠰᠠᠶᠢᠲᠤᠷ ᠠᠳᠬᠤᠵᠦ᠂ ᠪᠦᠬᠦ | ᠠᠷᠠᠳ ᠤᠨ ᠠᠯᠪᠠᠨ ᠵᠢᠷᠦᠮ ᠤᠨ ᠮᠤᠳᠤ ᠲᠠᠷᠢᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠨᠡᠶᠢᠭᠡᠮ ᠤᠨ ᠬᠦᠴᠦᠨ | ᠤ ᠦᠷᠭᠡᠨ ᠳᠡᠯᠭᠡᠷᠡᠩᠭᠦᠢ ᠪᠠᠷ ᠣᠶᠢᠵᠢᠭᠤᠯᠤᠨ ᠨᠤᠭᠤᠭᠠᠷᠠᠭᠤᠯᠬᠤ ᠳᠤ ᠣᠷᠣᠯᠴᠠᠬᠤ ᠶᠢ ᠳᠠᠶᠢᠴᠢᠯᠠᠵᠦ᠂ ᠣᠳᠣ ᠶᠢᠨ | ᠪᠠᠶᠢᠭ᠎ᠠ ᠨᠤᠭᠤᠭᠠᠷᠠᠭᠤᠯᠤᠬᠰᠠᠨ ᠭᠠᠵᠠᠷ ᠢ ᠠᠷᠠᠴᠢᠯᠠᠨ ᠬᠠᠮᠠᠭᠠᠯᠠᠬᠤ ᠶᠢ ᠰᠠᠶᠢᠲᠤᠷ ᠬᠢᠵᠦ᠂ ᠠᠷᠠᠴᠢᠯᠠᠨ ᠬᠠᠮᠢᠶᠠᠷᠬᠤ ᠶᠢ | ᠰᠠᠯᠭᠠᠬᠤ ᠳᠦᠷᠢᠮ ᠢ ᠣᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ | ᠲᠠᠭᠦᠯᠳᠡᠷᠵᠢᠭᠦᠯᠦᠨ᠂ ︽ᠨᠡᠶᠢᠭᠡᠮᠴᠢᠯᠡᠭᠰᠡᠨ ᠠᠷᠠᠴᠢᠯᠠᠨ ᠬᠠᠮᠠᠭᠠᠯᠠᠯᠲᠠ᠂ ᠵᠠᠰᠠᠭ ᠤᠨ ᠣᠷᠳᠣᠨ ᠬᠢᠨᠠᠨ ᠬᠠᠮᠢᠶᠠᠷᠬᠤ︾ ᠶᠢ | ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ ᠣᠷᠴᠢᠨ ᠲᠤᠭᠤᠷᠢᠨ ᠤ ᠳᠣᠪᠤᠶᠢᠮ᠎ᠠ ᠠᠰᠠᠭᠤᠳᠠᠯ ᠢ ᠬᠠᠲᠠᠭᠤ | ᠴᠢᠩᠭ᠎ᠠ ᠴᠡᠭᠴᠡᠯᠡᠨ ᠵᠠᠰᠠᠵᠦ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠪᠠᠷ ᠲᠦᠪ ᠬᠤᠷᠢᠶᠠᠨ ᠤ ᠣᠷᠴᠢᠨ ᠲᠤᠭᠤᠷᠢᠨ | ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠵᠢᠴᠢ ︽ᠡᠷᠬᠢᠵᠦ ᠬᠠᠷᠠᠬᠤ︾ ᠬᠠᠷᠢᠭᠤ ᠳᠣᠰᠬᠠᠯ ᠤᠨ ᠠᠰᠠᠭᠤᠳᠠᠯ | ᠪᠤᠯᠤᠨ ᠪᠤᠰᠤᠳ ᠲᠤᠰᠬᠠᠢ ᠬᠢᠨᠠᠨ ᠪᠠᠶᠢᠴᠠᠭᠠᠯᠲᠠ ᠶᠢᠨ ᠬᠠᠷᠢᠭᠤ ᠳᠤᠰᠬᠠᠯ ᠤᠨ ᠰᠠᠨᠠᠯ ᠤᠨ ᠬᠠᠯᠠᠨ ᠦᠭᠡᠷᠡᠴᠢᠯᠡᠬᠦ | ᠠᠰᠠᠭᠤᠳᠠᠯ ᠢ ᠰᠠᠶᠢᠲᠤᠷ ᠬᠢᠵᠦ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠦᠯᠵᠢᠶᠡᠨ ᠤ ᠬᠠᠮᠢᠶᠠᠷᠤᠯᠲᠠ ᠶᠢ | ᠬᠦᠨᠵᠡᠭᠡᠢ ᠬᠡᠷᠡᠭᠵᠢᠭᠦᠯᠵᠦ᠂ ᠣᠷᠴᠢᠨ ᠲᠤᠭᠤᠷᠢᠨ ᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠤᠬᠢᠯᠲᠠ ᠦᠭᠬᠦ | ᠦᠨᠳᠦᠷ ᠳᠠᠷᠣᠯᠳᠠᠲᠤ ᠪᠠᠶᠢᠳᠠᠯ ᠢ ᠪᠠᠲᠤᠯᠠᠵᠦ᠂ ᠣᠨᠴᠠ ᠶᠡᠭᠡ ᠪᠤᠬᠢᠷᠲᠤᠯ ᠤᠨ ᠬᠡᠷᠡᠭ ᠡᠭᠦᠰᠬᠦ ᠶᠢ ᠡᠷᠡᠰ ᠰᠡᠷᠭᠡᠶᠢᠯᠡᠬᠦ | ᠬᠡᠷᠡᠭᠲᠡᠢ᠃ ᠠᠭᠠᠷ ᠮᠠᠨᠳᠠᠯ ᠤᠨ ᠪᠤᠬᠢᠷᠲᠤᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠵᠦ᠂ ᠬᠦᠬᠡ ᠣᠬᠲᠠᠷᠭᠤᠢ | ᠶᠢᠨ ᠬᠠᠮᠠᠭᠠᠯᠠᠯᠲᠠ ᠶᠢᠨ ᠳᠠᠶᠢᠨ ᠢ ᠪᠦᠬᠦ ᠬᠦᠴᠦᠨ ᠢᠶᠠᠷ ᠰᠠᠶᠢᠲᠤᠷ ᠬᠢᠵᠦ᠂ ᠠᠮᠢ ᠠᠬᠤᠢ ᠣᠷᠴᠢᠨ ᠲᠤᠭᠤᠷᠢᠨ ᠤ | ᠪᠠᠬᠢᠯᠡᠯᠲᠡ ᠰᠢᠪᠲᠤᠯᠬᠤ ᠣᠷᠣᠨ ᠤ ᠪᠠᠶᠢᠷᠢ ᠲᠤᠬᠲᠠᠭᠠᠯᠲᠠ ᠶᠢ ᠬᠦᠨᠵᠡᠬᠡᠢ ᠠᠳᠬᠤᠵᠦ᠂ ᠠᠭᠤᠷ ᠠᠮᠢᠰᠬᠤᠯ ᠤᠨ | ᠴᠢᠨᠠᠷ ᠤᠨ ᠮᠡᠳᠡᠭᠳᠡᠬᠦᠶᠢᠴᠡ ᠳᠡᠭᠡᠭᠰᠢᠯᠡᠬᠦ ᠶᠢ ᠬᠠᠲᠠᠭᠤ ᠱᠠᠭᠠᠷᠳᠠᠯᠭ᠎ᠠ ᠪᠤᠯᠭᠠᠵᠦ᠂ ᠠᠵᠦ ᠦᠢᠯᠡᠳᠪᠦᠷᠢᠯᠡᠯ ᠠᠵᠦ | ᠦᠢᠯᠡᠰ ᠤᠨ ᠪᠤᠬᠢᠷᠲᠤᠯ ᠢ ᠵᠠᠰᠠᠬᠤ ᠢᠨᠵᠧᠨᠧᠷᠢᠩ ᠢ ᠶᠡᠭᠡ ᠬᠦᠴᠦᠨ ᠢᠶᠠᠷ ᠬᠡᠷᠡᠭᠵᠢᠭᠦᠯᠵᠦ᠂ ᠭᠤᠤᠯᠳᠠᠯᠭᠠᠲᠤ ᠠᠵᠦ | ᠠᠬᠤᠶᠢᠯᠠᠯ ᠤᠨ ᠬᠦᠬᠦᠷ ᠦᠭᠡᠶᠢᠳᠡᠭᠦᠯᠬᠦ᠂ ᠨᠢᠷᠲ᠋ᠤᠨ ᠦᠭᠡᠶᠢᠳᠡᠭᠦᠯᠬᠦ᠂ ᠲᠤᠭᠤᠰᠤ ᠠᠷᠢᠯᠭᠠᠬᠤ ᠮᠡᠷᠭᠡᠵᠢᠯ ᠤᠨ ᠬᠠᠯᠠᠨ | ᠦᠭᠡᠷᠡᠴᠢᠯᠡᠯᠲᠡ ᠶᠢ ᠲᠦᠯᠬᠢᠨ ᠠᠬᠢᠭᠤᠯᠵᠦ᠂ ᠭᠤᠤᠯ ᠪᠤᠬᠢᠷᠲᠤᠯ ᠤᠨ ᠡᠳ᠋ ᠤᠨ ᠢᠯᠭᠠᠨ ᠭᠠᠷᠭᠠᠬᠤ ᠶᠡᠷᠦᠩᠬᠡᠢ | ᠬᠡᠮᠵᠢᠶ᠎ᠡ ᠶᠢ ᠪᠠᠭᠠᠰᠬᠠᠬᠤ ᠬᠡᠷᠡᠭᠲᠡᠢ᠃ ᠠᠭᠤᠷᠬᠠᠢ ᠶᠢᠨ ᠣᠷᠣᠨ ᠤ ᠣᠷᠴᠢᠨ ᠲᠤᠭᠤᠷᠢᠨ ᠤ ᠶᠡᠷᠦᠩᠬᠡᠶᠢᠯᠡᠭᠰᠡᠨ | ᠴᠡᠭᠴᠡᠯᠡᠨ ᠵᠠᠰᠠᠯᠲᠠ ᠶᠢᠨ ᠬᠦᠴᠦᠯᠡᠴᠡ ᠶᠢ ᠶᠡᠬᠡᠰᠭᠡᠵᠦ᠂ ᠪᠤᠬᠢᠷᠲᠤᠯ ᠦᠭᠡᠢ ᠠᠭᠤᠷᠬᠠᠢ ᠶᠢᠨ ᠠᠭᠤᠯᠠᠨ ᠤ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠦᠷᠨᠢᠭᠦᠯᠵᠦ᠂ ᠭᠤᠸᠠᠩ ᠨᠠ ᠶᠢᠨ ᠲᠡᠮᠡᠭᠡᠲᠦ ᠠᠭᠤᠯᠠᠨ ᠳᠠᠬᠢ ᠠᠭᠤᠷᠬᠠᠢ ᠶᠢᠨ | ᠣᠷᠣᠨ ᠤ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢᠨ ᠲᠦᠷᠦᠯ ᠵᠦᠢᠯ ᠢᠶᠠᠷ ᠬᠡᠪ ᠵᠢᠱᠢᠶ᠎ᠡ | ᠪᠤᠯᠭᠠᠵᠦ᠂ ᠨᠡᠭᠦᠷᠡᠰᠦᠨ ᠠᠭᠤᠷᠬᠠᠢ ᠶᠢᠨ ᠮᠠᠯᠲᠠᠵᠦ ᠳᠠᠭᠤᠰᠤᠬᠰᠠᠨ ᠣᠷᠣᠨ ᠤ ᠦᠪᠡᠰᠦᠪᠡᠨ ᠨᠣᠴᠣᠬᠤ᠂ ᠨᠡᠭᠦᠷᠡᠰᠦᠨ | ᠴᠢᠯᠠᠭᠤᠨ ᠤ ᠦᠪᠡᠰᠦᠪᠡᠨ ᠨᠤᠴᠤᠬᠤ᠂ ᠬᠤᠭ ᠲᠤᠭᠤᠰᠤ ᠵᠡᠷᠭᠡ ᠲᠠᠯ᠎ᠠ ᠶᠢᠨ ᠵᠠᠰᠠᠯᠲᠠ ᠨᠢ ᠰᠢᠨ᠎ᠡ ᠦᠷ᠎ᠡ ᠪᠦᠲᠦᠮᠵᠢ | ᠣᠯᠬᠤ ᠶᠢ ᠲᠦᠯᠬᠢᠨ ᠠᠬᠢᠭᠤᠯᠵᠦ᠂ ᠨᠤᠴᠤᠭᠠᠨ᠎ᠠ ᠶᠢᠨ ᠬᠠᠮᠠᠭᠠᠯᠠᠯᠲᠠ ᠶᠢᠨ ᠣᠷᠣᠨ ᠠᠴᠠ ᠦᠢᠯᠡᠳᠪᠦᠷᠢ ᠠᠭᠤᠷᠬᠠᠢ | ᠶᠢᠨ ᠠᠵᠦ ᠠᠬᠤᠶᠢᠯᠠᠯ ᠤᠨ ᠭᠠᠷᠬᠤ᠂ ᠭᠤᠤᠯᠳᠠᠯᠭᠠᠲᠤ ᠭᠠᠵᠠᠷ ᠣᠷᠣᠨ ᠤ ᠣᠷᠴᠢᠨ ᠲᠤᠭᠤᠷᠢᠨ ᠤ ᠶᠡᠷᠦᠩᠬᠡᠶᠢᠯᠡᠭᠰᠡᠨ | ᠴᠡᠭᠴᠡᠯᠡᠨ ᠵᠠᠰᠠᠯᠲᠠ ᠵᠡᠷᠭᠡ ᠰᠡᠷᠭᠦᠭᠡᠨ ᠵᠠᠰᠠᠬᠤ ᠢᠨᠵᠧᠨᠧᠷᠢᠩ ᠢ ᠯᠠᠪᠳᠠᠭᠤᠨ ᠬᠡᠷᠡᠭᠵᠢᠭᠦᠯᠵᠦ᠂ ᠠᠭᠤᠷᠬᠠᠢ ᠶᠢᠨ | ᠣᠷᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠬᠦᠯᠬᠦ | ᠬᠡᠷᠡᠭᠲᠡᠢ᠃ ᠣᠰᠣᠨ ᠤ ᠪᠤᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠦᠯᠦᠪᠯᠡᠭᠡ ᠶᠢ ᠬᠡᠷᠡᠭᠵᠢᠭᠦᠯᠵᠦ᠂ ᠪᠦᠬᠦ | ᠬᠦᠴᠦᠨ ᠢᠶᠠᠷ ᠨᠤᠮᠢᠨ ᠣᠰᠣᠨ ᠤ ᠬᠠᠮᠠᠭᠠᠯᠠᠯᠲᠠ ᠶᠢᠨ ᠳᠠᠶᠢᠨ ᠢ ᠰᠠᠶᠢᠲᠤᠷ ᠬᠢᠵᠦ᠂ ᠭᠤᠤᠯ ᠤᠨ ᠳᠠᠷᠤᠭ᠎ᠠ ᠶᠢᠨ | ᠳᠦᠷᠢᠮ ᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠬᠠᠲᠤᠨ ᠭᠤᠤᠯ ᠤᠨ ᠣᠷᠣᠰᠬᠠᠯ | ᠲᠠᠭᠠᠤ ᠣᠷᠣᠨ ᠤ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢᠨ ᠠᠵᠢᠯ ᠢ ᠪᠡᠶᠡᠯᠡᠭᠦᠯᠵᠦ᠂ ᠢᠳᠡᠬᠦ ᠣᠰᠣᠨ ᠤ ᠡᠬᠢ | ᠰᠣᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮᠵᠢᠭᠦᠯᠦᠭᠰᠡᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠬᠡᠷᠡᠭᠲᠡᠢ᠃ ᠬᠦᠷᠦᠰᠦ ᠰᠢᠷᠤᠢ ᠶᠢᠨ ᠪᠤᠬᠢᠷᠲᠤᠯ ᠢ ᠰᠡᠷᠭᠡᠶᠢᠯᠡᠨ ᠵᠠᠰᠠᠬᠤ ᠶᠢ ᠯᠠᠪᠳᠠᠭᠤᠨ ᠢᠶᠠᠷ ᠲᠦᠯᠬᠢᠨ | ᠠᠬᠢᠭᠤᠯᠵᠦ᠂ ᠴᠡᠪᠡᠷ ᠰᠢᠷᠤᠢ ᠶᠢᠨ ᠬᠠᠮᠠᠭᠠᠯᠠᠯᠲᠠ ᠶᠢᠨ ᠳᠠᠶᠢᠨ ᠢ ᠪᠦᠬᠦ ᠬᠦᠴᠦᠨ ᠢᠶᠠᠷ ᠰᠠᠶᠢᠲᠤᠷ ᠬᠢᠵᠦ᠂ ᠬᠦᠷᠦᠰᠦ | ᠰᠢᠷᠤᠢ ᠶᠢᠨ ᠣᠷᠴᠢᠨ ᠲᠤᠭᠤᠷᠢᠨ ᠤ ᠬᠢᠨᠠᠨ ᠬᠡᠮᠵᠢᠯᠲᠡ ᠶᠢ ᠬᠡᠷᠡᠭᠵᠢᠭᠦᠯᠵᠦ᠂ ᠬᠠᠲᠠᠭᠤ ᠬᠠᠶᠠᠬᠳᠠᠮᠠᠯ᠂ ᠠᠶᠤᠯ ᠲᠠᠢ | ᠬᠠᠶᠠᠬᠳᠠᠮᠠᠯ᠂ ᠠᠮᠢᠳᠤᠷᠠᠯ ᠤᠨ ᠬᠤᠭ ᠨᠤᠪᠰᠢ ᠵᠡᠷᠭᠡ ᠶᠢ ᠴᠤᠬᠯᠠᠭᠤᠯᠤᠨ ᠲᠡᠭᠡᠭᠡᠪᠦᠷᠢᠯᠡᠵᠦ ᠰᠢᠢᠳᠪᠦᠷᠢᠯᠡᠬᠦ ᠴᠢᠳᠠᠪᠤᠷᠢ | ᠶᠢ ᠴᠢᠩᠭᠠᠳᠬᠠᠵᠦ᠂ ᠭᠠᠵᠠᠷ ᠰᠢᠷᠤᠢ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ | ︵ᠳᠦᠷᠪᠡ︶ ᠬᠤᠲᠠ ᠬᠦᠳᠡᠭᠡ ᠶᠢᠨ ᠵᠤᠬᠢᠴᠠᠩᠭᠤᠢ ᠬᠦᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠬᠦᠯᠵᠦ᠂ | ᠡᠶ᠎ᠡ ᠵᠤᠬᠢᠴᠠᠩᠭᠤᠢ ᠠᠮᠢᠳᠤᠷᠠᠬᠤ ᠳᠤ ᠲᠤᠬᠢᠲᠠᠢ ᠭᠡᠷ ᠣᠷᠣᠨ ᠢ ᠪᠠᠶᠢᠭᠤᠯᠤᠶ᠎ᠠ᠃ | ᠬᠤᠲᠠ ᠶᠢᠨ ᠦᠢᠯᠡᠴᠢᠯᠡᠭᠡᠨ ᠤ ᠴᠢᠳᠠᠪᠬᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠬᠦᠮᠦᠨ ᠢᠶᠠᠷ | ᠦᠨᠳᠦᠰᠦ ᠪᠤᠯᠭᠠᠵᠦ᠂ ᠪᠠᠶᠢᠭᠠᠯᠢ ᠶᠢ ᠬᠦᠨᠳᠦᠳᠭᠡᠵᠦ᠂ ᠪᠤᠬᠢᠷᠲᠤᠯ ᠦᠭᠡᠢ ᠲᠤᠤᠷ᠎ᠠ ᠨᠡᠭᠦᠷᠡᠰᠦᠳᠦ᠋ᠷᠦᠭᠴᠢ ᠵᠡᠷᠭᠡ | ᠤᠨᠤᠯᠵᠢᠬᠤᠨ ᠢ ᠬᠤᠲᠠ ᠶᠢᠨ ᠲᠦᠯᠦᠪᠵᠢᠭᠦᠯᠬᠡ ᠪᠤᠯᠤᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ | ᠠᠭᠤᠰᠤᠯᠴᠠᠭᠤᠯᠤᠨ᠂ ︽ᠪᠠᠭ᠎ᠠ ᠪᠤᠯᠪᠠᠴᠦ ᠨᠠᠷᠢᠯᠢᠭ᠂ ᠪᠠᠭ᠎ᠠ ᠪᠤᠯᠪᠠᠴᠦ ᠣᠨᠴᠠᠯᠢᠭ ᠲᠠᠢ᠂ ᠪᠠᠭ᠎ᠠ ᠪᠤᠯᠪᠠᠴᠦ ᠰᠠᠶᠢᠬᠠᠨ︾ | ᠬᠤᠲᠠ ᠶᠢᠨ ᠳᠦᠷᠰᠦ ᠪᠠᠶᠢᠳᠠᠯ ᠢ ᠪᠦᠲᠦᠭᠡᠬᠦ ᠬᠡᠷᠡᠭᠲᠡᠢ᠃ ᠵᠠᠰᠠᠮᠠᠯ ᠵᠠᠮ ᠵᠠᠮ ᠬᠠᠷᠢᠯᠴᠠᠭᠠᠨ ᠤ ᠰᠦᠯᠵᠢᠶ᠎ᠡ ᠶᠢ | ᠲᠡᠭᠦᠯᠳᠡᠷᠵᠢᠭᠦᠯᠬᠦ ᠶᠢ ᠲᠦᠷᠭᠡᠳᠭᠡᠵᠦ᠂ ᠪᠦᠬᠦ ᠬᠦᠴᠦᠨ ᠢᠶᠠᠷ ᠪᠤᠭᠤᠲᠤ ᠠᠴᠠ ᠶᠢᠨᠴᠤᠸᠠᠨ ᠬᠦᠷᠬᠦ ᠦᠨᠳᠦᠷ | ᠬᠤᠷᠳᠤᠴᠠᠲᠤ ᠵᠠᠰᠠᠮᠠᠯ ᠵᠠᠮ ᠤᠨ ᠦᠬᠠᠢ ᠶᠢᠨ ᠬᠡᠰᠡᠭ᠂ ᠦᠬᠠᠢ ᠠᠴᠠ ᠨᠢᠩ ᠳ᠋ᠦᠩ ᠬᠦᠷᠭᠦ ᠦᠨᠳᠦᠷ ᠬᠤᠷᠳᠤᠴᠠᠲᠤ | ᠵᠠᠰᠠᠮᠠᠯ ᠵᠠᠮ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠮᠵᠢᠯᠴᠠᠵᠦ᠂ ᠵᠡᠭᠦᠨ ᠲᠤᠭᠤᠷᠢᠯ ᠵᠠᠮ | ᠪᠤᠯᠤᠨ ᠷᠦ᠋ ᠢ ᠲᠦᠭᠦᠷᠭᠡ ᠵᠠᠮ ᠢ ᠪᠠᠶᠢᠭᠤᠯᠤᠨ ᠪᠦᠲᠦᠭᠡᠬᠦ ᠬᠡᠷᠡᠭᠲᠡᠢ᠃ ᠨᠡᠶᠢᠲᠡ ᠶᠢᠨ ᠲᠤᠨᠤᠭ ᠲᠦᠭᠦᠭᠡᠷᠦᠮᠵᠢ ᠶᠢ | ᠳᠡᠰ ᠳᠡᠪᠰᠢᠭᠦᠯᠦᠨ ᠬᠠᠯᠠᠨ ᠰᠠᠶᠢᠵᠢᠷᠠᠭᠤᠯᠬᠤ ᠶᠢ ᠲᠦᠯᠬᠢᠨ ᠠᠬᠢᠭᠤᠯᠵᠦ᠂ ᠦᠨᠳᠦᠷ ᠪᠠᠷᠢᠮᠵᠢᠶ᠎ᠠ ᠪᠠᠷ ᠠᠭᠤᠷ | ᠬᠠᠩᠭᠠᠬᠤ᠂ ᠣᠰᠣ ᠭᠠᠳᠠᠬᠰᠢᠯᠠᠭᠤᠯᠬᠤ ᠪᠤᠯᠤᠨ ᠬᠤᠭ ᠨᠤᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠦᠷᠲᠡᠭᠡ ᠵᠡᠷᠭᠡ | ᠬᠤᠲᠠ ᠶᠢᠨ ᠶᠠᠪᠤᠳᠠᠯ ᠤᠨ ᠲᠤᠨᠤᠭ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠰᠢᠨ᠎ᠡ | ᠪᠠᠷ 16 ᠰᠠᠭᠤᠷᠢ ᠨᠡᠶᠢᠲᠡ ᠶᠢᠨ ᠵᠤᠷᠯᠤᠩ ᠢ ᠦᠭᠡᠷᠡᠴᠢᠯᠡᠨ ᠪᠠᠶᠢᠭᠤᠯᠪᠠ᠃ ᠬᠤᠲᠠ ᠲᠤᠭᠤᠷᠢᠭ ᠤᠨ 5 ᠬᠠᠭᠤᠴᠢᠨ | ᠪᠠᠭ᠎ᠠ ᠲᠤᠭᠤᠷᠢᠭ ᠤᠨ ᠢᠯᠴᠢ ᠬᠠᠩᠭᠠᠬᠤ ᠬᠤᠭᠤᠯᠠᠢ ᠲᠤᠤᠷ ᠤᠨ ᠦᠭᠡᠷᠡᠴᠢᠯᠡᠯᠲᠡ᠂ ᠪᠠᠷᠠᠭᠤᠨ ᠣᠷᠠᠨᠳᠦ᠋ᠰᠢ ᠭᠠᠵᠠᠷ | ᠣᠷᠣᠨ ᠤ ᠣᠰᠣ ᠬᠠᠩᠭᠠᠬᠤ ᠬᠤᠭᠤᠯᠠᠢ ᠲᠤᠤᠷ ᠤᠨ ᠦᠭᠡᠷᠡᠴᠢᠯᠡᠯᠲᠡ᠂ ᠬᠠᠢ ᠲᠢᠶᠠᠨ ᠪᠠᠭ᠎ᠠ ᠲᠤᠭᠤᠷᠢᠭ ᠵᠡᠷᠭᠡ 3 | ᠪᠠᠭ᠎ᠠ ᠲᠤᠭᠤᠷᠢᠭ ᠤᠨ ᠪᠠᠶᠢᠭ᠎ᠠ ᠪᠠᠷᠢᠯᠭ᠎ᠠ ᠶᠢᠨ ᠡᠨᠧᠷᠬᠢ ᠠᠷᠪᠢᠯᠠᠬᠤ ᠦᠭᠡᠷᠡᠴᠢᠯᠡᠯᠲᠡ ᠶᠢ ᠬᠡᠷᠡᠭᠵᠢᠭᠦᠯᠬᠦ ᠶᠢ | ᠲᠦᠷᠭᠡᠳᠭᠡᠬᠦ ᠬᠡᠷᠡᠭᠲᠡᠢ᠃ ᠣᠰᠣ ᠴᠡᠪᠡᠷᠰᠢᠭᠦᠯᠬᠦ ᠦᠢᠯᠡᠳᠪᠦᠷᠢ᠂ ᠳᠦᠭᠦᠮ ᠪᠦᠳᠦᠭᠦᠯᠢᠭ ᠲᠤᠭᠤᠷᠢᠭ ᠤᠨ ᠴᠠᠬᠢᠯᠭᠠᠨ | ᠬᠠᠩᠭᠠᠬᠤ ᠬᠤᠤᠰ ᠪᠤᠴᠠᠯ ᠬᠡᠯᠬᠢᠶ᠎ᠡ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠦ᠂ | ᠠᠷᠠᠳ ᠤᠨ ᠴᠡᠴᠡᠷᠯᠢᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠬᠦ ᠶᠢ ᠲᠦᠯᠬᠢᠨ | ᠠᠬᠢᠭᠤᠯᠵᠦ᠂ ᠬᠤᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ | ᠬᠤᠲᠠ ᠶᠢᠨ ᠬᠠᠮᠢᠶᠠᠷᠤᠯᠲᠠ ᠶᠢ ᠴᠢᠩᠭᠠᠳᠬᠠᠵᠦ᠂ ︽ᠵᠠᠮ ᠤᠨ ᠳᠠᠷᠤᠭ᠎ᠠ ᠶᠢᠨ ᠳᠦᠷᠢᠮ︾ ᠤᠨ | ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠵᠠᠮ ᠬᠠᠷᠢᠯᠴᠠᠭᠠᠨ ᠤ ᠡᠮᠬᠢ ᠵᠢᠷᠦᠮ᠂ ᠬᠤᠲᠠ | ᠶᠢᠨ ᠳᠦᠷᠰᠦ ᠪᠠᠶᠢᠳᠠᠯ ᠤᠨ ᠴᠡᠭᠴᠡᠯᠡᠨ ᠵᠠᠰᠠᠯᠲᠠ ᠶᠢ ᠴᠢᠩᠭᠠᠳᠬᠠᠵᠦ᠂ ᠪᠦᠬᠦ ᠬᠦᠴᠦᠨ ᠢᠶᠠᠷ ᠪᠤᠯᠪᠠᠰᠤᠨ ᠬᠤᠲᠠ ᠶᠢ | ᠴᠤᠬᠴᠠᠯᠠᠨ ᠪᠠᠶᠢᠭᠤᠯᠬᠤ ᠡᠷᠡᠭᠦᠯ ᠬᠠᠮᠠᠭᠠᠯᠠᠯ ᠤᠨ ᠬᠤᠲᠠ ᠶᠢ ᠴᠤᠭᠴᠠᠯᠠᠨ ᠪᠠᠶᠢᠭᠤᠯᠬᠤ ᠦᠷ᠎ᠡ ᠪᠦᠲᠦᠮᠵᠢ ᠶᠢ | ᠪᠠᠬᠢᠵᠢᠭᠦᠯᠵᠦ᠂ ᠬᠤᠲᠠ ᠶᠢᠨ ᠣᠷᠣᠰᠢᠨ ᠰᠠᠭᠤᠷᠢᠰᠢᠬᠤ ᠳᠤ ᠲᠤᠬᠢᠲᠠᠢ ᠠᠳᠠᠯ ᠪᠤᠰᠬᠠᠬᠤ ᠳᠤ ᠲᠤᠬᠢᠷᠠᠮᠵᠢᠲᠠᠢ ᠶᠡᠰᠦ | ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ | ᠬᠦᠳᠡᠭᠡ ᠲᠤᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠲᠤᠲᠠᠢ | ᠲᠦᠯᠬᠢᠨ ᠠᠬᠢᠭᠤᠯᠬᠤ ᠬᠡᠷᠡᠭᠲᠡᠢ᠃ | ᠲᠠᠷᠢᠶᠠᠯᠠᠩ ᠤᠨ ᠦᠢᠯᠡᠰ ᠲᠠᠷᠢᠶᠠᠯᠠᠩ ᠤᠨ ᠣᠷᠣᠨ ᠢ ᠣᠷᠢᠳᠠᠪᠡᠷ ᠬᠦᠭᠵᠢᠬᠦᠯᠬᠦ ᠶᠡᠷᠦᠩᠬᠡᠢ ᠴᠢᠭᠯᠡᠯᠲᠡ ᠶᠢ | ᠪᠠᠷᠢᠮᠲᠠᠯᠠᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠣᠯᠭ᠎ᠠ ᠶᠢ ᠬᠡᠷᠡᠭᠵᠢᠭᠦᠯᠬᠦ ᠶᠢ ︽ | ᠭᠤᠷᠪᠠᠨ ᠲᠠᠷᠢᠶᠠᠯᠠᠩ︾ ᠤᠨ ᠠᠵᠢᠯ ᠤᠨ ᠶᠡᠷᠦᠩᠬᠡᠢ ᠭᠠᠷᠳᠠᠴᠢ ᠪᠤᠯᠭᠠᠵᠦ᠂ ᠣᠷᠢᠳᠴᠢᠯᠠᠬᠰᠠᠨ ᠪᠠᠶᠢᠷᠢᠨ ᠳᠤ | ᠲᠠᠯᠪᠢᠬᠤ ᠬᠡᠷᠡᠭᠲᠡᠢ᠃ ᠲᠦᠯᠦᠪᠵᠢᠭᠦᠯᠭᠡ ᠨᠢ ᠣᠷᠢᠳᠴᠢᠯᠠᠬᠤ ᠶᠢ ᠪᠠᠷᠢᠮᠲᠠᠯᠠᠵᠦ᠂ ᠠᠵᠦ ᠦᠢᠯᠡᠰ ᠤᠨ ᠬᠦᠭᠵᠢᠯᠲᠡ᠂ | ᠨᠡᠶᠢᠲᠡ ᠶᠢᠨ ᠦᠢᠯᠡᠴᠢᠯᠡᠭᠡ᠂ ᠦᠨᠳᠦᠰᠦᠨ ᠲᠤᠨᠤᠭ ᠲᠦᠭᠦᠭᠡᠷᠦᠮᠵᠢ᠂ ᠭᠠᠵᠠᠷ ᠰᠢᠷᠤᠢ ᠶᠢᠨ ᠠᠰᠢᠬᠯᠠᠯᠲᠠ ᠪᠤᠯᠤᠨ | ᠠᠮᠢ ᠠᠬᠤᠢ ᠶᠢᠨ ᠬᠠᠮᠠᠭᠠᠯᠠᠯᠲᠠ ᠲᠠᠢ ᠬᠠᠮᠲᠤᠷᠠᠭᠤᠯᠵᠦ᠂ ᠲᠠᠷᠢᠶᠠᠯᠠᠩ ᠤᠨ ᠣᠷᠣᠨ ᠤ ᠬᠦᠳᠡᠭᠡ ᠲᠤᠰᠬᠤᠨ ᠤ | ᠪᠠᠶᠢᠷᠢᠯᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠪᠤᠯᠤᠨ ᠬᠦᠳᠡᠭᠡ ᠲᠤᠰᠬᠤᠨ ᠢ | ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠦᠰᠦᠪ ᠢ ᠵᠤᠬᠢᠶᠠᠵᠦ᠂ ᠬᠤᠲᠠ ᠬᠦᠳᠡᠭᠡ | ᠠᠭᠤᠰᠤᠯᠴᠠᠬᠰᠠᠨ᠂ ᠣᠯᠠᠨ ᠲᠦᠯᠦᠪᠵᠢᠭᠦᠯᠭᠡ ᠨᠢᠭᠡᠲᠦᠭᠰᠡᠨ ᠲᠦᠯᠦᠪᠵᠢᠭᠦᠯᠭᠡ ᠶᠢᠨ ᠰᠢᠰᠲ᠋ᠧᠮ ᠢ ᠪᠦᠷᠢᠯᠳᠦᠭᠦᠯᠬᠦ | ᠬᠡᠷᠡᠭᠲᠡᠢ᠃ ᠵᠧᠵᠢᠶᠠᠩ ᠤᠨ ︽ᠮᠢᠩᠭᠠᠨ ᠲᠤᠰᠬᠤᠨ ᠵᠢᠱᠢᠶ᠎ᠡ ᠦᠵᠡᠭᠦᠯᠵᠦ᠂ ᠲᠦᠮᠡᠨ ᠲᠤᠰᠬᠤᠨ ᠢ ᠴᠡᠭᠴᠡᠯᠡᠨ ᠵᠠᠰᠠᠬᠤ | ︾ ᠢᠨᠵᠧᠨᠧᠷᠢᠩ ᠤᠨ ᠲᠤᠷᠰᠢᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠦ᠂ ᠲᠠᠷᠢᠶᠠᠯᠠᠩ ᠤᠨ ᠣᠷᠣᠨ ᠤ ᠬᠦᠮᠦᠨ ᠤ | ᠣᠷᠣᠰᠢᠨ ᠰᠠᠭᠤᠷᠢᠰᠢᠬᠤ ᠣᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠬᠦᠨᠵᠡᠭᠡᠢ | ᠬᠡᠷᠡᠭᠵᠢᠭᠦᠯᠵᠦ᠂ ᠬᠤᠭ ᠨᠤᠪᠰᠢ ᠶᠢ ᠴᠤᠬᠯᠠᠭᠤᠯᠤᠨ ᠰᠢᠢᠳᠪᠦᠷᠢᠯᠡᠬᠦ ᠢᠵᠢ ᠪᠦᠷᠢᠯᠳᠦᠭᠦᠯᠬᠦ ᠲᠤᠨᠤᠭ ᠲᠦᠭᠦᠭᠡᠷᠦᠮᠵᠢ | ᠪᠤᠯᠤᠨ ᠪᠤᠵᠠᠷ ᠣᠰᠣ ᠶᠢ ᠰᠢᠢᠳᠪᠦᠷᠢᠯᠡᠬᠦ ᠢᠵᠢ ᠪᠦᠷᠢᠯᠳᠦᠭᠦᠯᠬᠦ ᠬᠤᠭᠤᠯᠠᠢ ᠲᠤᠤᠷ ᠢ ᠲᠡᠭᠦᠯᠳᠡᠷᠵᠢᠭᠦᠯᠵᠦ᠂ ᠡᠷᠡᠭᠦᠯ | ᠬᠠᠮᠠᠭᠠᠯᠠᠯ ᠤᠨ ᠵᠤᠷᠯᠤᠩ ᠤᠨ ᠵᠠᠰᠠᠨ ᠰᠠᠶᠢᠵᠢᠷᠠᠭᠤᠯᠤᠯᠲᠠ ᠶᠢ ᠦᠷᠨᠢᠭᠦᠯᠵᠦ᠂ ᠲᠠᠷᠢᠶᠠᠯᠠᠩ ᠦᠢᠯᠡᠳᠪᠦᠷᠢᠯᠡᠯ ᠤᠨ | ᠬᠠᠶᠠᠬᠳᠠᠮᠠᠯ ᠪᠤᠳᠠᠰ ᠤᠨ ᠡᠬᠢ ᠪᠠᠶᠠᠯᠢᠭ ᠤᠨ ᠴᠢᠨᠠᠷᠲᠠᠢ ᠠᠰᠢᠬᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠬᠦᠳᠡᠭᠡ ᠲᠤᠰᠬᠤᠨ ᠤ ᠬᠦᠮᠦᠨ ᠤ ᠣᠷᠣᠰᠢᠨ ᠰᠠᠭᠤᠷᠢᠰᠢᠬᠤ ᠣᠷᠴᠢᠨ ᠲᠤᠭᠤᠷᠢᠨ ᠤ ᠬᠠᠮᠠᠭᠠᠯᠠᠯᠲᠠ ᠶᠢᠨ ᠪᠠᠶᠢᠩᠭᠤ | ᠶᠢᠨ ᠲᠤᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠡᠯᠡ ᠮᠦᠩᠭᠦᠨ ᠤ ᠣᠷᠣᠭᠤᠯᠤᠯᠲᠠ ᠶᠢ ᠶᠡᠬᠡᠰᠭᠡᠵᠦ᠂ ᠡᠯ᠎ᠡ | ᠲᠦᠷᠦᠯ ᠤᠨ ᠲᠤᠨᠤᠭ ᠲᠦᠭᠦᠭᠡᠷᠦᠮᠵᠢ ᠶᠢ ᠪᠠᠶᠢᠭᠤᠯᠤᠨ ᠪᠦᠲᠦᠭᠡᠬᠦ ᠮᠦᠷᠲᠡᠭᠡᠨ ᠣᠷᠲᠣ ᠬᠤᠭᠤᠴᠠᠭ᠎ᠠ ᠪᠠᠷ | ᠲᠤᠭᠲᠠᠭᠤᠨ ᠢᠶᠠᠷ ᠶᠠᠪᠤᠭᠤᠯᠬᠤ ᠶᠢ ᠪᠠᠲᠤᠯᠠᠬᠤ ᠬᠡᠷᠡᠭᠲᠡᠢ᠃ ᠲᠠᠷᠢᠶᠠᠯᠠᠩ ᠤᠨ ᠣᠷᠣᠨ ᠤ ᠰᠠᠭᠤᠷᠢ ᠲᠤᠨᠤᠭ | ᠲᠦᠭᠦᠭᠡᠷᠦᠮᠵᠢ ᠶᠢᠨ ᠨᠦᠭᠦᠴᠡᠯ ᠢ ᠰᠠᠶᠢᠵᠢᠷᠠᠭᠤᠯᠵᠦ᠂ ︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠦ᠂ ᠰᠢᠨ᠎ᠡ ᠪᠠᠷ 10 ᠺᠢᠯᠤᠮᠧᠲᠷ ᠲᠠᠷᠢᠶᠠᠯᠠᠩ ᠤᠨ ᠣᠷᠣᠨ ᠤ | ᠵᠠᠰᠠᠮᠠᠯ ᠵᠠᠮ ᠢ ᠪᠠᠶᠢᠭᠤᠯᠵᠦ᠂ 13 ᠺᠢᠯᠤᠮᠧᠲᠷ ᠤᠨ ᠵᠠᠰᠠᠮᠠᠯ ᠵᠠᠮ ᠢ ᠦᠷᠭᠡᠳᠭᠡᠬᠦ ᠢᠨᠵᠧᠨᠧᠷᠢᠩ ᠢ ᠬᠡᠷᠡᠭᠵᠢᠬᠦᠯᠵᠦ᠂ | ᠨᠢᠭᠡ ᠪᠦᠯᠦᠭ ᠨᠠᠷᠠᠨ ᠤ ᠡᠨᠧᠷᠬᠢ ᠶᠢᠨ ᠵᠠᠮ ᠤᠨ ᠳ᠋ᠧᠩ ᠢ ᠣᠬᠰᠠᠷᠠᠭᠤᠯᠪᠠ᠃ ᠪᠠᠶᠠᠨᠲᠤᠬᠤᠢ ᠶᠢᠨ ᠳᠤᠮᠳᠠ ᠬᠡᠯᠪᠡᠷᠢ | ᠶᠢᠨ ᠣᠰᠣᠯᠠᠬᠤ ᠣᠷᠣᠨ ᠤ ᠣᠰᠣ ᠠᠷᠪᠢᠯᠠᠬᠤ ᠢᠵᠢ ᠪᠦᠷᠢᠯᠳᠦᠭᠦᠯᠦᠭᠰᠡᠨ ᠬᠠᠯᠠᠨ ᠰᠠᠶᠢᠵᠢᠷᠠᠭᠤᠯᠬᠤ ᠢᠨᠵᠧᠨᠧᠷᠢᠩ | ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠠᠷᠠᠭᠤᠨ ᠣᠷᠣᠨ ᠤ ᠣᠰᠣ ᠠᠷᠪᠢᠯᠠᠵᠦ ᠪᠦᠲᠦᠮᠵᠢ ᠶᠢ | ᠨᠡᠮᠡᠭᠳᠡᠭᠦᠯᠬᠦ ᠲᠦᠷᠦᠯ ᠵᠦᠢᠯ ᠢ ᠲᠦᠯᠬᠢᠨ ᠠᠬᠢᠭᠤᠯᠬᠤ ᠶᠢ ᠲᠦᠷᠭᠡᠳᠭᠡᠪᠡ᠃ ᠲᠠᠷᠢᠶᠠᠯᠠᠩ ᠤᠨ ᠣᠷᠣᠨ ᠤ ᠠᠶᠤᠯᠲᠠᠢ | ᠭᠡᠷ ᠪᠠᠶᠢᠰᠢᠩ ᠢ ᠬᠠᠯᠠᠨ ᠰᠠᠶᠢᠵᠢᠷᠠᠭᠤᠯᠬᠤ ᠶᠢ ᠬᠡᠷᠡᠭᠵᠢᠭᠦᠯᠵᠦ᠂ ᠬᠦᠳᠡᠭᠡ ᠲᠤᠰᠬᠤᠨ ᠤ ᠰᠠᠭᠤᠷᠢᠰᠢᠬᠤ ᠳᠤ ᠲᠤᠬᠢᠲᠠᠢ | ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠲᠠᠷᠢᠶᠠᠯᠠᠩ ᠤᠨ ᠣᠷᠣᠨ ᠤ ᠣᠶᠣᠨ ᠤ ᠪᠤᠯᠪᠠᠰᠤᠨ ᠤ | ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠬᠦᠨᠵᠡᠭᠡᠶᠢᠷᠡᠭᠦᠯᠵᠦ᠂ ᠦᠪᠡᠰᠦᠪᠡᠨ ᠵᠠᠰᠠᠬᠤ᠂ ᠬᠠᠤᠯᠢ ᠪᠠᠷ ᠵᠠᠰᠠᠬᠤ᠂ | ᠰᠣᠷᠲᠠᠯ ᠢᠶᠠᠨ ᠵᠠᠰᠠᠬᠤ ᠶᠢ ᠣᠶᠠᠯᠳᠤᠭᠤᠯᠤᠬᠰᠠᠨ ᠬᠦᠳᠡᠭᠡ ᠲᠤᠰᠬᠤᠨ ᠤ ᠵᠠᠰᠠᠯᠲᠠ ᠶᠢᠨ ᠲᠤᠬᠲᠠᠯᠴᠠᠭ᠎ᠠ ᠶᠢ | ᠲᠡᠭᠦᠯᠳᠡᠷᠵᠢᠭᠦᠯᠵᠦ᠂ ᠪᠤᠯᠪᠠᠰᠤᠨ ᠬᠦᠳᠡᠭᠡ ᠶᠢᠨ ᠰᠣᠷᠲᠠᠯ᠂ ᠰᠠᠶᠢᠨ ᠰᠠᠶᠢᠬᠠᠨ ᠭᠡᠷ ᠤᠨ ᠰᠣᠷᠲᠠᠯ᠂ ᠪᠤᠷᠤᠬᠵᠢᠭᠤᠨ | ᠠᠷᠠᠳ ᠤᠨ ᠰᠣᠷᠲᠠᠯ ᠢ ᠪᠤᠶᠢᠵᠢᠭᠤᠯᠵᠦ᠂ ᠲᠠᠷᠢᠶᠠᠯᠠᠩ ᠤᠨ ᠣᠷᠣᠨ ᠤ ᠰᠠᠭᠤᠭᠠᠯᠢ ᠠᠷᠠᠳ ᠤᠨ ᠣᠶᠣᠨ ᠰᠠᠨᠠᠭᠠᠨ ᠤ | ᠬᠡᠪ ᠪᠠᠶᠢᠳᠠᠯ ᠢ ᠳᠡᠭᠡᠭᠰᠢᠯᠡᠭᠦᠯᠬᠦ ᠬᠡᠷᠡᠭᠲᠡᠢ᠃ | ︵ᠲᠠᠪᠤ︶ ᠦᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠭᠠᠳᠠᠭᠠᠲᠤ ᠲᠠᠢ | ᠴᠢᠯᠦᠭᠡᠲᠡᠢ ᠬᠠᠷᠢᠯᠴᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠬᠦᠯᠬᠦ ᠬᠡᠷᠡᠭᠲᠡᠢ᠃ | ᠭᠤᠤᠯᠳᠠᠯᠭᠠᠲᠤ ᠬᠡᠪᠴᠢᠶᠡᠨ ᠤ ᠦᠭᠡᠷᠡᠴᠢᠯᠡᠯᠲᠡ ᠶᠢ ᠲᠠᠰᠣᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠰᠢ | ᠶᠢᠨ ᠫᠢᠩ ᠶᠡᠷᠦᠩᠬᠡᠢ ᠱᠦᠵᠢ ᠶᠢᠨ ᠦᠭᠡᠷᠡᠴᠢᠯᠡᠯᠲᠡ ᠨᠡᠬᠡᠭᠡᠯᠲᠡ ᠶᠢᠨ 40 ᠵᠢᠯ ᠤᠨ ᠣᠢ ᠶᠢᠨ ᠶᠡᠭᠡ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ | ᠦᠭᠡᠷᠡᠴᠢᠯᠡᠯᠲᠡ ᠪᠠᠷ ᠬᠦᠭᠵᠢᠯᠲᠡ ᠶᠢ ᠠᠬᠢᠭᠤᠯᠬᠤ᠂ ᠦᠭᠡᠷᠡᠴᠢᠯᠡᠯᠲᠡ ᠪᠠᠷ ᠶᠠᠰᠤ ᠴᠢᠨᠠᠷ ᠢ ᠳᠡᠭᠡᠭᠰᠢᠯᠡᠭᠦᠯᠬᠦ᠂ | ᠦᠭᠡᠷᠡᠴᠢᠯᠡᠯᠲᠡ ᠪᠠᠷ ᠠᠮᠢᠵᠢᠷᠠᠯ ᠤᠨ ᠬᠦᠴᠦᠨ ᠢᠶᠠᠨ ᠨᠡᠮᠡᠭᠳᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ | ᠪᠠᠶᠢᠭᠤᠯᠤᠮᠵᠢ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠵᠢᠯ ᠦᠢᠯᠡᠰ ᠤᠨ ᠪᠠᠶᠢᠭᠤᠯᠭ᠎ᠠ ᠶᠢᠨ | ᠦᠭᠡᠷᠡᠴᠢᠯᠡᠯᠲᠡ ᠶᠢ ᠠᠬᠢᠭᠤᠯᠵᠦ᠂ ᠡᠭᠦᠷᠭᠡ ᠴᠢᠳᠠᠪᠬᠢ ᠶᠢᠨ ᠬᠤᠪᠢᠶᠠᠷᠢᠯᠠᠯ ᠢ ᠰᠢᠯᠢᠳᠡᠭᠵᠢᠭᠦᠯᠵᠦ᠂ ᠦᠷ᠎ᠡ ᠪᠦᠲᠦᠮᠵᠢ | ᠶᠢ ᠳᠡᠭᠡᠭᠰᠢᠯᠡᠭᠦᠯᠦᠨ᠂ ᠡᠯ᠎ᠠ ᠲᠠᠯ᠎ᠠ ᠶᠢᠨ ᠦᠭᠡᠷᠡᠴᠢᠯᠡᠯᠲᠡ ᠶᠢᠨ ᠣᠷᠭᠠᠨᠢᠭ ᠢᠶᠠᠷ ᠵᠠᠯᠭᠠᠯᠳᠤᠬᠤ᠂ ᠬᠠᠮᠲᠤᠷᠠᠨ | ᠬᠦᠳᠡᠯᠦᠯᠴᠡᠬᠦ ᠶᠢ ᠠᠬᠢᠭᠤᠯᠵᠦ᠂ ᠦᠭᠡᠷᠡᠴᠢᠯᠡᠯᠲᠡ ᠶᠢᠨ ᠪᠦᠬᠦᠯᠢ ᠴᠣᠬᠴᠠ ᠶᠢᠨ ᠨᠦᠯᠦᠭᠡᠯᠡᠯ ᠢ ᠪᠠᠳᠠᠷᠠᠭᠤᠯᠬᠤ | ᠬᠡᠷᠡᠭᠲᠡᠢ᠃ ︽ᠬᠠᠮᠢᠶᠠᠷᠣᠯᠲᠠ ᠪᠠᠨ ᠰᠣᠯᠠᠷᠠᠭᠤᠯᠵᠦ ᠦᠢᠯᠡᠴᠢᠯᠡᠭᠡ ᠬᠠᠩᠭᠠᠬᠤ︾ ᠦᠭᠡᠷᠡᠴᠢᠯᠡᠯᠲᠡ ᠶᠢ ᠦᠷᠬᠦᠯᠵᠢᠯᠡᠨ | ᠬᠦᠨᠵᠡᠭᠡᠶᠢᠷᠡᠭᠦᠯᠵᠦ᠂ ᠪᠡᠯᠡ ᠣᠷᠣᠭᠤᠯᠤᠯᠲᠠ ᠶᠢᠨ ᠠᠷᠠᠯᠵᠢᠶᠠᠨ ᠤ ᠲᠡᠷᠢᠭᠦᠨ ᠰᠣᠩᠭᠤᠯᠲᠠ ᠶᠢᠨ ᠲᠤᠭᠤᠷᠢᠭ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠦ᠂ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠬᠢᠨᠠᠨ | ᠵᠦᠪᠰᠢᠶᠡᠷᠡᠯᠲᠡ ᠶᠢᠨ ᠬᠦᠢᠴᠡᠳᠭᠡᠬᠦ ᠬᠤᠭᠤᠴᠠᠭ᠎ᠠ ᠶᠢ ᠪᠠᠭᠠᠰᠬᠠᠵᠦ᠂ ᠬᠢᠨᠠᠨ ᠵᠦᠪᠰᠢᠶᠡᠷᠡᠭᠦᠯᠬᠦ ᠮᠠᠲ᠋ᠧᠷᠢᠶᠠᠯ ᠤᠨ | ᠱᠠᠭᠠᠷᠳᠠᠯᠭ᠎ᠠ ᠶᠢ ᠪᠠᠭᠠᠰᠬᠠᠵᠦ᠂ ᠦᠨᠳᠦᠷ ᠳᠠᠪᠲᠠᠮᠵᠢ ᠶᠢᠨ ᠲᠦᠷᠦᠯ ᠵᠦᠢᠯ ᠨᠢ ︽ᠬᠠᠮᠤᠭ ᠢᠯᠡᠭᠦᠦ ᠳᠤ ᠨᠢᠭᠡ | ᠣᠳᠠᠭ᠎ᠠ ᠶᠠᠪᠤᠬᠤ︾ ᠶᠢ ᠪᠡᠶᠡᠯᠡᠭᠦᠯᠵᠦ᠂ ᠬᠠᠮᠤᠭ ᠶᠡᠭᠡ ᠬᠡᠮᠵᠢᠶ᠎ᠡ ᠪᠠᠷ ᠠᠵᠦ ᠠᠬᠤᠶᠢᠯᠠᠯ ᠠᠷᠠᠳ ᠲᠤ ᠠᠰᠢᠭ | ᠬᠦᠷᠲᠡᠭᠡᠬᠦ ᠬᠡᠷᠡᠭᠲᠡᠢ᠃ ᠵᠠᠭᠤᠴᠢ ᠦᠢᠯᠡᠴᠢᠯᠡᠭᠡ ᠶᠢ ᠣᠯᠠᠮ ᠨᠢᠭᠡ ᠠᠯᠬᠤᠮ ᠳᠦᠷᠢᠮᠵᠢᠭᠦᠯᠦᠨ ᠴᠡᠪᠡᠷᠯᠡᠵᠦ᠂ ᠵᠠᠰᠠᠭ ᠤᠨ | ᠣᠷᠳᠣᠨ ᠠᠴᠠ ᠦᠨ᠎ᠡ ᠲᠤᠭᠲᠠᠭᠠᠬᠰᠠᠨ ᠡᠵᠡᠩᠨᠡᠯᠲᠡ ᠶᠢᠨ ᠦᠢᠯᠡᠴᠢᠯᠡᠭᠡᠨ ᠤ ᠰᠦᠢᠳᠭᠡᠯ ᠬᠤᠷᠢᠶᠠᠬᠤ ᠨᠠᠷᠢᠨ | ᠳᠠᠩᠰᠠ ᠶᠢ ᠬᠦᠳᠡᠯᠦᠩᠭᠦᠢ ᠪᠠᠷ ᠬᠠᠮᠢᠶᠠᠷᠴᠦ᠂ ᠭᠤᠤᠯᠳᠠᠯᠭᠠᠲᠤ ᠬᠡᠪᠴᠢᠶᠡᠨ ᠤ ᠦᠨ᠎ᠡ ᠶᠢᠨ ᠦᠭᠡᠷᠡᠴᠢᠯᠡᠯᠲᠡ ᠶᠢ | ᠡᠮᠬᠢ ᠵᠢᠷᠦᠮ ᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠪᠠᠭᠰᠢ ᠶᠢᠨ ᠮᠡᠷᠭᠡᠵᠢᠯ ᠤᠨ ᠴᠣᠯᠠ ᠶᠢᠨ ᠦᠭᠡᠷᠡᠴᠢᠯᠡᠯᠲᠡ ᠶᠢ | ᠢᠳᠡᠪᠬᠢᠲᠡᠢ ᠲᠦᠯᠬᠢᠨ ᠠᠬᠢᠭᠤᠯᠵᠦ᠂ ᠮᠡᠷᠭᠡᠵᠢᠯ ᠤᠨ ᠴᠣᠯᠠ ᠶᠢᠨ ᠬᠦᠳᠡᠯᠦᠩᠭᠦᠢ ᠬᠠᠮᠢᠶᠠᠷᠤᠯᠲᠠ ᠶᠢᠨ ᠲᠤᠭᠲᠠᠯᠴᠠᠭ᠎ᠠ | ᠶᠢ ᠪᠦᠷᠢᠯᠳᠦᠭᠦᠯᠵᠦ᠂ ᠪᠠᠭᠰᠢ ᠶᠢᠨ ᠡᠩᠨᠡᠭᠡ ᠶᠢᠨ ᠪᠦᠬᠦᠯᠢ ᠴᠣᠬᠴᠠ ᠶᠢᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ | ᠵᠡᠷᠭᠡ ᠭᠤᠤᠯᠳᠠᠯᠭᠠᠲᠤ ᠬᠡᠪᠴᠢᠶᠡᠨ ᠤ ᠦᠭᠡᠷᠡᠴᠢᠯᠡᠯᠲᠡ ᠶᠢ ᠨᠢᠭᠡᠳᠦᠯᠲᠡᠢ ᠲᠦᠯᠦᠪᠵᠢᠭᠦᠯᠬᠦ ᠬᠡᠷᠡᠭᠲᠡᠢ᠃ | ᠭᠠᠳᠠᠭᠠᠳᠤ ᠨᠡᠬᠡᠭᠡᠯᠲᠡ ᠶᠢ ᠣᠯᠠᠮ ᠨᠢᠭᠡ ᠠᠯᠬᠤᠮ ᠦᠷᠭᠡᠳᠭᠡᠬᠦ ᠬᠡᠷᠡᠭᠲᠡᠢ᠃ ᠣᠯᠣᠰ ᠤᠨ ︽ᠨᠢᠭᠡ ᠪᠦᠰᠡ | ᠨᠢᠭᠡ ᠵᠠᠮ︾ ᠤᠨ ᠪᠦᠲᠦᠭᠡᠨ ᠪᠠᠶᠢᠭᠤᠯᠤᠯᠲᠠ᠂ ᠦᠪᠡᠷᠲᠡᠭᠡᠨ ᠵᠠᠰᠠᠬᠤ ᠣᠷᠣᠨ ᠤ ᠣᠷᠣᠰ ᠮᠤᠩᠭᠤᠯ ᠳᠠᠬᠢ | ᠨᠡᠬᠡᠭᠡᠯᠲᠡᠲᠦ ᠬᠠᠮᠲᠤᠷᠠᠯᠴᠠᠭ᠎ᠠ ᠶᠢ ᠬᠦᠨᠵᠡᠭᠡᠶᠢᠷᠡᠭᠦᠯᠬᠦ ᠪᠠᠶᠢᠯᠳᠤᠬᠤ ᠪᠤᠳᠤᠯᠭ᠎ᠠ ᠶᠢᠨ ᠳᠤᠬᠢᠶᠠᠯ ᠢ ᠰᠠᠶᠢᠲᠤᠷ | ᠠᠳᠬᠤᠵᠦ᠂ ᠬᠦᠬᠡᠬᠤᠲᠠ ᠪᠤᠭᠤᠳᠤ ᠶᠢᠨᠴᠤᠸᠠᠨ ᠢᠦᠢ ᠯᠢᠨ ᠤ ᠠᠵᠦ ᠠᠬᠤᠢ ᠶᠢᠨ ᠣᠷᠣᠨ ᠤ ᠪᠦᠲᠦᠭᠡᠨ | ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠦ᠂ ᠦᠬᠠᠢ ᠬᠤᠲᠠ ᠵᠢᠴᠢ ᠡᠷᠬᠢᠨ ᠲᠤᠭᠤᠷᠢᠨ ᠤ ᠨᠢᠭᠡ ᠴᠤᠭᠴᠠᠵᠢᠯᠠᠯᠲᠠ | ᠶᠢᠨ ᠬᠦᠭᠵᠢᠯᠲᠡ ᠳᠤ ᠪᠦᠬᠦ ᠲᠠᠯ᠎ᠠ ᠪᠠᠷ ᠠᠭᠤᠰᠤᠯᠴᠠᠨ ᠣᠷᠣᠬᠤ ᠬᠡᠷᠡᠭᠲᠡᠢ᠃ ᠮᠠᠨ ᠤ ᠲᠤᠭᠤᠷᠢᠭ ᠤᠨ ᠣᠳᠣ ᠶᠢᠨ | ᠪᠠᠶᠢᠭ᠎ᠠ ᠠᠵᠦ ᠦᠢᠯᠡᠰ ᠵᠢᠴᠢ ᠳᠣᠣᠷ᠎ᠠ ᠣᠷᠣᠰᠬᠠᠯ ᠤᠨ ᠠᠵᠦ ᠦᠢᠯᠡᠰ ᠤᠨ ᠲᠤᠭᠤᠷᠢᠨ ᠳᠤ ᠦᠷᠬᠦᠯᠵᠢᠯᠡᠭᠰᠡᠨ᠂ | ᠨᠦᠬᠦᠪᠦᠷᠢᠯᠡᠬᠦ᠂ ᠬᠦᠴᠦᠷᠭᠡᠭᠵᠢᠬᠦ ᠲᠦᠷᠦᠯ ᠵᠦᠢᠯ ᠢ ᠳᠤᠪᠤᠶᠢᠯᠭᠠᠵᠦ᠂ ᠭᠤᠤᠯᠳᠠᠯᠭᠠᠲᠤ ᠶᠡᠭᠡ ᠲᠦᠷᠦᠯ ᠵᠦᠢᠯ ᠤᠨ | ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠬᠤ ᠬᠡᠷᠡᠭᠲᠡᠢ᠃ ᠣᠯᠣᠰ᠂ ᠦᠪᠡᠷᠲᠡᠭᠡᠨ | ᠵᠠᠰᠠᠬᠤ ᠣᠷᠣᠨ ᠪᠤᠯᠤᠨ ᠦᠬᠠᠢ ᠬᠤᠲᠠ ᠶᠢᠨ ᠭᠤᠤᠯᠳᠠᠯᠭᠠᠲᠤ ᠶᠡᠭᠡ ᠲᠦᠷᠦ ᠶᠢᠨ ᠪᠤᠳᠤᠯᠭ᠎ᠠ ᠶᠢ ᠳᠡᠭᠡᠳᠦ ᠬᠡᠮᠵᠢᠶ᠎ᠡ | ᠪᠠᠷ ᠠᠩᠬᠠᠷᠴᠣ᠂ ᠲᠦᠷᠦᠯ ᠵᠦᠢᠯ ᠤᠨ ᠵᠠᠯᠭᠠᠬᠤ᠂ ᠰᠢᠯᠢᠨ ᠰᠣᠩᠭᠤᠬᠤ᠂ ᠭᠤᠶᠤᠴᠢᠯᠠᠨ ᠮᠡᠳᠡᠭᠦᠯᠬᠦ ᠵᠡᠷᠭᠡ ᠡᠮᠦᠨᠡᠬᠢ | ᠬᠤᠭᠤᠴᠠᠭᠠᠨ ᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠰᠠᠭᠤᠷᠢ ᠲᠤᠨᠤᠭ ᠲᠦᠭᠦᠭᠡᠷᠦᠮᠵᠢ ᠪᠤᠯᠤᠨ ᠡᠬᠢ | ᠪᠠᠶᠠᠯᠢᠭ ᠤᠨ ᠦᠷᠭᠦᠯᠵᠢᠯᠡᠯ ᠤᠨ ᠲᠠᠯ᠎ᠠ ᠳᠤ ᠳᠡᠰ ᠳᠠᠷᠠᠭ᠎ᠠ᠂ ᠱᠠᠲᠤ ᠬᠤᠪᠢᠶᠠᠵᠦ ᠲᠦᠷᠦᠯ ᠵᠦᠢᠯ ᠤᠨ ᠨᠦᠬᠡᠴᠡᠯᠡᠯᠲᠡ | ᠬᠢᠬᠦ ᠬᠡᠷᠡᠭᠲᠡᠢ᠃ ᠠᠷᠠᠯᠵᠢᠶᠠᠴᠢᠨ ᠣᠷᠢᠵᠦ ᠪᠡᠯᠡ ᠣᠷᠣᠭᠤᠯᠬᠤ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠠᠵᠦ | ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠶᠢ ᠴᠢᠩᠭᠠᠳᠬᠠᠵᠦ᠂ ︽ᠠᠷᠠᠯᠵᠢᠶᠠᠴᠢᠨ ᠢᠶᠠᠷ ᠠᠷᠠᠯᠵᠢᠶ᠋ᠴᠢᠨ ᠣᠷᠢᠬᠤ︾ | ᠬᠡᠯᠪᠡᠷᠢ ᠶᠢ ᠴᠢᠩᠭᠠᠳᠬᠠᠵᠦ᠂ ᠬᠠᠮᠲᠤᠷᠠᠨ ᠠᠷᠠᠯᠵᠢᠶᠠᠴᠢᠨ ᠣᠷᠢᠬᠤ ᠶᠢ ᠦᠷᠨᠢᠭᠦᠯᠵᠦ᠂ ᠲᠦᠷᠦᠯ ᠵᠦᠢᠯ ᠤᠨ ᠭᠡᠷ᠎ᠡ ᠶᠢᠨ | ᠶᠠᠪᠤᠭᠳᠠᠭᠤᠯᠬᠤ ᠨᠤᠷᠮ᠎ᠠ᠂ ᠲᠦᠷᠦᠯ ᠵᠦᠢᠯ ᠤᠨ ᠠᠵᠢᠯ ᠡᠬᠢᠯᠡᠭᠦᠯᠬᠦ ᠨᠤᠷᠮ᠎ᠠ ᠪᠤᠯᠤᠨ ᠪᠡᠯᠡ ᠮᠦᠩᠭᠦᠨ ᠤ | ᠨᠠᠶᠢᠳᠠᠪᠤᠷᠢᠵᠢᠭᠤᠯᠬᠤ ᠨᠤᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠵᠢᠯ ᠤᠨ ᠳᠣᠲᠤᠷ᠎ᠠ ᠲᠠᠲᠠᠨ ᠣᠷᠣᠭᠤᠯᠤᠬᠰᠠᠨ ᠪᠡᠯᠡ | ᠮᠦᠩᠭᠦᠨ ᠤ ᠨᠠᠶᠢᠳᠠᠪᠤᠷᠢᠵᠢᠭᠤᠯᠤᠯᠲᠠ ᠶᠢ 20 ᠳ᠋ᠦᠩᠰᠢᠭᠤᠷ ᠲᠦᠭᠦᠷᠢᠭ ᠲᠤ ᠬᠦᠷᠭᠡᠬᠦ ᠪᠠᠷ ᠴᠢᠷᠮᠠᠶᠢᠬᠤ ᠬᠡᠷᠡᠭᠲᠡᠢ᠃ | ︵ᠵᠢᠷᠭᠤᠭ᠎ᠠ︶ ᠨᠡᠶᠢᠲᠡ ᠶᠢᠨ ᠦᠢᠯᠡᠴᠢᠯᠡᠭᠡᠨ ᠤ ᠬᠠᠩᠭᠠᠯᠲᠠ ᠶᠢ ᠰᠢᠯᠢᠳᠡᠭᠵᠢᠭᠦᠯᠵᠦ᠂ ᠦᠨᠳᠦᠷ ᠶᠠᠰᠤ | ᠴᠢᠨᠠᠷᠲᠠᠢ ᠪᠠᠷ ᠠᠷᠠᠳ ᠤᠨ ᠠᠮᠢᠳᠣᠷᠠᠯ ᠨᠡᠶᠢᠭᠡᠮ ᠤᠨ ᠠᠵᠢᠯ ᠦᠢᠯᠡᠰ ᠢ ᠲᠦᠯᠬᠢᠨ ᠠᠬᠢᠭᠤᠯᠬᠤ ᠬᠡᠷᠡᠭᠲᠡᠢ᠃ | ᠪᠦᠬᠦ ᠬᠦᠴᠦᠨ ᠢᠶᠠᠷ ᠠᠷᠠᠳ ᠤᠨ ᠠᠮᠢᠳᠤᠷᠠᠯ ᠢ ᠪᠠᠲᠤᠯᠠᠬᠤ ᠪᠤᠯᠤᠨ ᠰᠠᠶᠢᠵᠢᠷᠠᠭᠤᠯᠬᠤ ᠬᠡᠷᠡᠭᠲᠡᠢ᠃ ︽ᠠᠵᠢᠯ | ᠣᠯᠭᠤᠬᠤ ᠦᠢᠯᠡᠰ ᠪᠦᠲᠦᠭᠡᠬᠦ ᠢᠨᠵᠧᠨᠧᠷᠢᠩ︾ ᠢ ᠬᠦᠨᠵᠡᠭᠡᠢ ᠲᠦᠯᠬᠢᠨ ᠠᠬᠢᠭᠤᠯᠵᠦ᠂ ᠲᠦᠷᠦ ᠶᠢᠨ ᠪᠤᠳᠤᠯᠭ᠎ᠠ | ᠳᠡᠮᠵᠢᠬᠦ᠂ ᠦᠢᠯᠡᠰ ᠪᠦᠲᠦᠭᠡᠬᠦ ᠶᠢ ᠪᠤᠯᠪᠠᠰᠣᠷᠠᠭᠤᠯᠬᠤ᠂ ᠦᠢᠯᠡᠰ ᠪᠦᠲᠦᠭᠡᠬᠦ ᠦᠢᠯᠡᠴᠢᠯᠡᠭᠡ ᠶᠢ ᠨᠢᠭᠡ | ᠴᠣᠭᠴᠠᠵᠢᠭᠤᠯᠤᠬᠰᠠᠨ ᠠᠵᠢᠯ ᠤᠨ ᠲᠤᠭᠲᠠᠯᠴᠠᠭ᠎ᠠ ᠶᠢᠨ ᠪᠦᠷᠢᠯᠳᠦᠬᠦ ᠶᠢ ᠲᠦᠷᠭᠡᠳᠭᠡᠵᠦ᠂ ᠠᠵᠢᠯ ᠣᠯᠬᠤ ᠳᠤ | ᠬᠦᠴᠢᠷᠳᠡᠯᠲᠡᠢ ᠬᠦᠮᠦᠰ ᠤᠨ ᠣᠯᠠᠨ ᠠᠷᠭ᠎ᠠ ᠵᠠᠮ ᠢᠶᠠᠷ ᠠᠵᠢᠯ ᠣᠯᠵᠦ ᠦᠢᠯᠡᠰ ᠪᠦᠲᠦᠭᠡᠬᠦ ᠶᠢ ᠵᠤᠷᠢᠬᠵᠢᠭᠤᠯᠵᠦ᠂ | ᠪᠦᠬᠦ ᠵᠢᠯ ᠤᠨ ᠰᠢᠨ᠎ᠡ ᠪᠠᠷ ᠨᠡᠮᠡᠭᠳᠡᠭᠰᠡᠨ ᠬᠤᠲᠠ ᠪᠠᠯᠭᠠᠰᠣᠨ ᠤ ᠠᠵᠢᠯ ᠣᠯᠣᠬᠰᠠᠨ ᠬᠦᠮᠦᠨ 1700 ᠬᠦᠮᠦᠨ᠂ | ᠬᠤᠲᠠ ᠪᠠᠯᠭᠠᠰᠤᠨ ᠤ ᠠᠵᠢᠯ ᠠᠯᠳᠠᠬᠰᠠᠳ ᠳᠠᠬᠢᠨᠲᠠ ᠠᠵᠢᠯ ᠣᠯᠣᠬᠰᠠᠨ ᠬᠦᠮᠦᠨ 700 ᠪᠠᠶᠢᠪᠠ᠃ ᠬᠦᠳᠡᠯᠮᠦᠷᠢ | ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠪᠤᠯᠤᠨ ᠬᠦᠳᠡᠯᠮᠦᠷᠢ ᠶᠢᠨ ᠮᠠᠷᠭᠤᠭᠠᠨ ᠢ ᠰᠢᠢᠳᠪᠦᠷᠢᠯᠡᠬᠦ ᠶᠢ | ᠴᠢᠩᠭᠠᠳᠬᠠᠵᠦ᠂ ᠬᠦᠯᠦᠰᠦᠨ ᠠᠵᠢᠯᠴᠢᠨ ᠤ ᠴᠠᠯᠢᠩ ᠢ ᠦᠭᠬᠦ ᠶᠢ ᠪᠠᠲᠤᠯᠠᠵᠦ᠂ ᠡᠶ᠎ᠡ ᠵᠤᠬᠢᠴᠠᠩᠭᠤᠢ ᠬᠦᠳᠡᠯᠮᠦᠷᠢ ᠶᠢᠨ | ᠬᠠᠷᠢᠴᠠᠭ᠎ᠠ ᠶᠢ ᠪᠠᠶᠢᠭᠤᠯᠬᠤ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ | ᠶᠢ ᠴᠢᠩᠭᠠᠳᠬᠠᠵᠦ᠂ ᠨᠡᠶᠢᠭᠡᠮ ᠤᠨ ᠳᠠᠭᠠᠳᠬᠠᠯ ᠤᠨ ᠪᠦᠷᠬᠦᠯᠲᠡ ᠶᠢ ᠲᠠᠰᠣᠷᠠᠯᠲᠠ ᠦᠭᠡᠢ ᠦᠷᠭᠡᠳᠭᠡᠵᠦ᠂ ︽ᠨᠢᠭᠡ | ᠰᠠᠯᠠᠭ᠎ᠠ ᠮᠦᠴᠢᠷ ᠬᠦᠯᠢᠶᠡᠨ ᠠᠪᠤᠪᠠᠯ ᠬᠠᠮᠵᠢᠯᠴᠠᠨ ᠰᠢᠢᠳᠪᠦᠷᠢᠯᠡᠬᠦ︾ ᠨᠡᠶᠢᠭᠡᠮ ᠤᠨ ᠲᠡᠳᠭᠦᠮᠵᠢ ᠶᠢᠨ ᠠᠵᠢᠯ ᠤᠨ | ᠲᠤᠭᠲᠠᠯᠴᠠᠭ᠎ᠠ ᠶᠢ ᠲᠦᠯᠬᠢᠨ ᠠᠬᠢᠭᠤᠯᠬᠤ ᠶᠢ ᠲᠦᠷᠭᠡᠳᠭᠡᠵᠦ᠂ ᠨᠡᠶᠢᠭᠡᠮ ᠤᠨ ᠪᠠᠲᠤᠯᠠᠭ᠎ᠠ ᠪᠤᠯᠤᠨ ᠲᠤᠰᠠᠯᠠᠮᠵᠢ ᠶᠢᠨ | ᠬᠢᠷᠢ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ᠃ ᠳᠦᠭᠦᠮ ᠪᠦᠳᠦᠭᠦᠯᠢᠭ ᠣᠷᠣᠨ ᠰᠠᠭᠤᠴᠠ ᠶᠢ | ᠬᠠᠯᠠᠨ ᠰᠠᠶᠢᠵᠢᠷᠠᠭᠤᠯᠬᠤ ᠬᠦᠴᠦᠯᠡᠴᠡ ᠶᠢ ᠶᠡᠬᠡᠰᠭᠡᠵᠦ᠂ ᠵᠤᠭᠤᠰ ᠮᠦᠩᠭᠦᠨ ᠤ ᠴᠢᠨᠠᠷᠲᠠᠢ ᠲᠤᠬᠤᠨᠢᠭᠤᠯᠤᠯᠲᠠ ᠪᠤᠯᠤᠨ | ᠰᠢᠨ᠎ᠡ ᠪᠠᠷ ᠪᠠᠶᠢᠭᠤᠯᠤᠬᠰᠠᠨ ᠳᠦᠭᠦᠮ ᠪᠦᠳᠦᠭᠦᠯᠢᠭ ᠣᠷᠣᠨ ᠰᠠᠭᠤᠴᠠ ᠶᠢᠨ ᠲᠤᠬᠤᠨᠢᠭᠤᠯᠤᠯᠲᠠ ᠶᠢᠨ ᠭᠡᠷ ᠵᠡᠷᠭᠡ | ᠠᠷᠭ᠎ᠠ ᠠᠪᠴᠠᠯ ᠢ ᠠᠪᠴᠦ᠂ 5000 ᠢᠵᠢ ᠳᠦᠭᠦᠮ ᠪᠦᠳᠦᠭᠦᠯᠢᠭ ᠣᠷᠣᠨ ᠰᠠᠭᠤᠴᠠ ᠶᠢᠨ ᠬᠠᠯᠠᠨ | ᠰᠠᠶᠢᠵᠢᠷᠠᠭᠤᠯᠤᠯᠲᠠ ᠶᠢ ᠪᠡᠶᠡᠯᠡᠭᠦᠯᠵᠦ᠂ ᠠᠷᠠᠳ ᠲᠦᠮᠡᠨ ᠤ ᠣᠷᠣᠨ ᠰᠠᠭᠤᠴᠠ ᠶᠢᠨ ᠨᠦᠭᠦᠴᠡᠯ ᠢ ᠪᠦᠬᠦ ᠲᠠᠯ᠎ᠠ ᠪᠠᠷ | ᠰᠠᠶᠢᠵᠢᠷᠠᠭᠤᠯᠬᠤ ᠬᠡᠷᠡᠭᠲᠡᠢ᠃ | ᠨᠡᠶᠢᠭᠡᠮ ᠤᠨ ᠠᠵᠢᠯ ᠦᠢᠯᠡᠰ ᠢ ᠶᠡᠭᠡ ᠬᠦᠴᠦᠨ ᠢᠶᠠᠷ ᠬᠦᠭᠵᠢᠭᠦᠯᠬᠦ ᠬᠡᠷᠡᠭᠲᠡᠢ᠃ ᠰᠣᠷᠭᠠᠨ ᠬᠦᠮᠦᠵᠢᠯ ᠡᠮ | ᠡᠮᠨᠡᠯᠭᠡ ᠶᠢᠨ ᠬᠠᠨᠤᠮᠵᠢᠲᠤ ᠬᠡᠮᠵᠢᠶᠡᠨ ᠤ ᠳᠡᠭᠡᠭᠰᠢᠯᠡᠯᠲᠡ ᠶᠢ ᠡᠮᠨᠡᠯᠭᠡ ᠶᠢ ᠰᠢᠯᠢᠳᠡᠭᠵᠢᠭᠦᠯᠬᠦ ᠰᠤᠷᠭᠠᠨ ᠬᠦᠮᠦᠵᠢᠯ ᠢ | ᠰᠢᠯᠢᠳᠡᠭᠵᠢᠭᠦᠯᠬᠦ ᠲᠦᠭᠡᠮᠡᠯ ᠠᠰᠢᠭ ᠬᠦᠷᠲᠡᠭᠡᠬᠦ ᠣᠷᠣᠨ ᠢ ᠪᠦᠲᠦᠭᠡᠨ ᠪᠠᠶᠢᠭᠤᠯᠬᠤ ᠭᠤᠤᠯ ᠬᠠᠷᠠᠯᠲᠠ ᠪᠤᠯᠭᠠᠬᠤ | ᠬᠡᠷᠡᠭᠲᠡᠢ᠃ ᠰᠣᠷᠭᠠᠨ ᠬᠦᠮᠦᠵᠢᠯ ᠢ ᠤᠷᠢᠳᠴᠢᠯᠠᠨ ᠬᠦᠭᠵᠢᠭᠦᠯᠬᠦ ᠶᠢ ᠪᠠᠷᠢᠮᠲᠠᠯᠠᠵᠦ᠂ ᠭᠤᠷᠪᠠᠳᠤᠭᠠᠷ ᠬᠤᠭᠤᠴᠠᠭᠠᠨ ᠤ | ᠰᠤᠷᠬᠤ ᠠᠴᠠ ᠡᠮᠦᠨᠡᠬᠢ ᠰᠣᠷᠭᠠᠨ ᠬᠦᠮᠦᠵᠢᠯ ᠤᠨ ︽ᠭᠤᠷᠪᠠᠨ ᠵᠢᠯ ᠤᠨ ᠶᠠᠪᠤᠭᠳᠠᠭᠤᠯᠬᠤ ᠲᠦᠯᠦᠪᠯᠡᠭᠡ︾ ᠶᠢ | ᠨᠠᠶᠢᠳᠠᠪᠤᠷᠢᠵᠢᠭᠤᠯᠵᠦ᠂ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠰᠢᠯᠢᠳᠡᠭ ᠲᠡᠩᠴᠡᠭᠦᠷᠢᠲᠡᠢ ᠪᠠᠶᠢᠬᠤ ᠪᠠᠷ | ᠬᠠᠷᠠᠯᠲᠠ ᠪᠤᠯᠭᠠᠵᠦ᠂ ᠰᠣᠷᠭᠠᠨ ᠬᠦᠮᠦᠵᠢᠯ ᠤᠨ ᠬᠠᠮᠢᠶᠠᠷᠣᠯᠲᠠ ᠶᠢ ᠰᠢᠯᠢᠳᠡᠭᠵᠢᠭᠦᠯᠵᠦ᠂ ᠠᠯᠪᠠᠨ ᠵᠢᠷᠦᠮ ᠤᠨ ᠰᠣᠷᠭᠠᠨ | ᠬᠦᠮᠦᠵᠢᠯ ᠤᠨ ᠴᠢᠨᠠᠷ ᠴᠢᠨᠰᠠᠭ᠎ᠠ ᠪᠤᠯᠤᠨ ᠰᠣᠷᠭᠠᠭᠤᠯᠢ ᠡᠷᠬᠢᠯᠡᠬᠦ ᠬᠢᠷᠢ ᠲᠦᠪᠰᠢᠨ ᠢ ᠣᠯᠠᠮ ᠨᠢᠭᠡ ᠠᠯᠬᠤᠮ | ᠳᠡᠭᠡᠭᠰᠢᠯᠡᠭᠦᠯᠬᠦ ᠬᠡᠷᠡᠭᠲᠡᠢ᠃ ᠡᠮ ᠡᠮᠴᠢᠯᠡᠭᠡᠨ ᠤ ᠬᠠᠮᠲᠤ ᠶᠢᠨ ᠴᠣᠬᠴᠠ ᠶᠢᠨ ᠦᠢᠯᠡᠳᠦᠯ ᠢ ᠪᠦᠷᠢᠮᠦᠰᠦᠨ | ᠪᠠᠳᠠᠷᠠᠭᠤᠯᠵᠦ᠂ ᠰᠢᠯᠢᠳᠡᠭ ᠡᠮ ᠡᠮᠨᠡᠯᠭᠡ ᠶᠢᠨ ᠡᠬᠢ ᠪᠠᠶᠠᠯᠢᠭ ᠢ ᠦᠨᠳᠦᠰᠦᠨ ᠱᠠᠲᠣᠨ ᠳᠤ ᠪᠠᠭᠤᠯᠭᠠᠬᠤ ᠶᠢ | ᠠᠬᠢᠭᠤᠯᠵᠦ᠂ ᠦᠨᠳᠦᠰᠦᠨ ᠱᠠᠲᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠬᠦ ᠬᠡᠷᠡᠭᠲᠡᠢ᠃ ᠡᠷᠡᠭᠦᠯ ᠬᠠᠮᠠᠭᠠᠯᠠᠯ ᠤᠨ ᠬᠤᠲᠠ ᠶᠢ ᠴᠣᠬᠴᠠᠯᠠᠨ ᠪᠠᠶᠢᠭᠤᠯᠬᠤ ᠶᠢ ᠦᠷᠭᠦᠯᠵᠢᠯᠡᠨ | ᠲᠦᠯᠬᠢᠨ ᠠᠬᠢᠭᠤᠯᠵᠦ᠂ ᠪᠦᠬᠦ ᠠᠷᠠᠳ ᠤᠨ ᠡᠷᠡᠭᠦᠯ ᠬᠠᠮᠠᠭᠠᠯᠠᠯ ᠤᠨ ᠣᠬᠠᠮᠰᠠᠷ ᠢ ᠳᠡᠭᠡᠭᠰᠢᠯᠡᠭᠦᠯᠵᠦ᠂ ᠪᠦᠬᠦ ᠠᠷᠠᠳ | ᠤᠨ ᠡᠷᠡᠭᠦᠯ ᠮᠡᠨᠳᠦ ᠶᠢᠨ ᠬᠡᠪ ᠪᠤᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠢ᠃ ᠨᠠᠰᠤᠲᠠᠨ ᠢ ᠠᠰᠠᠷᠠᠬᠤ ᠦᠢᠯᠡᠴᠢᠯᠡᠭᠡᠨ ᠤ | ᠪᠠᠶᠢᠭᠤᠯᠤᠮᠵᠢ ᠶᠢᠨ ᠪᠦᠲᠦᠭᠡᠨ ᠪᠠᠶᠢᠭᠤᠯᠣᠯᠲᠠ ᠶᠢ ᠳᠡᠮᠵᠢᠵᠦ᠂ ᠨᠡᠶᠢᠭᠡᠮ ᠲᠤᠭᠤᠷᠢᠭ ᠤᠨ ᠨᠠᠰᠣᠲᠠᠨ ᠢ ᠠᠰᠠᠷᠠᠬᠤ | ᠦᠢᠯᠡᠴᠢᠯᠡᠭᠡᠨ ᠤ ᠠᠷᠭ᠎ᠠ ᠬᠡᠯᠪᠡᠷᠢ ᠶᠢ ᠰᠦᠪᠡᠭᠴᠢᠯᠡᠨ ᠲᠦᠭᠡᠮᠡᠯᠵᠢᠭᠦᠯᠵᠦ᠂ ᠡᠮᠨᠡᠬᠦ ᠠᠰᠠᠷᠠᠬᠤ ᠬᠠᠮᠲᠤᠷᠠᠬᠰᠠᠨ ᠠᠰᠠᠷ | ᠢ ᠪᠠᠶᠢᠭᠤᠯᠤᠨ ᠪᠦᠲᠦᠭᠡᠬᠦ ᠬᠡᠷᠡᠭᠲᠡᠢ᠃ ᠲᠤᠭᠤᠷᠢᠭ ᠤᠨ ᠰᠣᠶᠣᠯ ᠣᠳᠬ᠎ᠠ ᠣᠷᠠᠯᠢᠭ ᠤᠨ ᠲᠦᠪ᠂ ᠣᠷᠠᠨ ᠪᠢᠴᠢᠯᠭᠡ | ᠣᠷᠠᠨ ᠵᠢᠷᠤᠭ ᠤᠨ ᠬᠦᠷᠢᠶᠡᠯᠡᠩ ᠤᠨ ᠳᠣᠲᠣᠭᠠᠲᠤ ᠲᠤᠨᠤᠭ ᠲᠦᠭᠦᠭᠡᠷᠦᠮᠵᠢ ᠶᠢ ᠲᠠᠰᠤᠷᠠᠯᠲᠠ ᠦᠭᠡᠢ | ᠳᠡᠭᠦᠯᠳᠡᠷᠵᠢᠭᠦᠯᠵᠦ᠂ ᠰᠣᠶᠣᠯ ᠤᠨ ᠬᠦᠷᠢᠶᠡᠯᠡᠩ᠂ ᠨᠤᠮ ᠤᠨ ᠰᠠᠩ ᠤᠨ ᠶᠡᠷᠦᠩᠬᠡᠢ ᠬᠤᠪᠢᠶᠡᠷᠢ ᠰᠠᠩ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ ︽ᠰᠢᠷ᠎ᠠ ᠶᠢ ᠱᠦᠭᠦᠷᠳᠡᠨ ᠬᠠᠤᠯᠢ ᠪᠤᠰᠤ ᠳᠤ ᠴᠤᠬᠢᠯᠲᠠ | ᠦᠭᠬᠦ︾ ᠶᠢ ᠴᠢᠩᠭᠠᠳᠬᠠᠵᠦ᠂ ᠲᠡᠤᠬᠡ ᠶᠢᠨ ᠳᠣᠷᠠᠰᠬᠠᠯᠲᠤ ᠡᠳ᠋ ᠤᠨ ᠬᠠᠮᠠᠭᠠᠯᠠᠯᠲᠠ᠂ ᠣᠷᠲᠣ ᠴᠠᠭᠠᠨ ᠬᠡᠷᠡᠮ ᠤᠨ | ᠬᠠᠮᠠᠭᠠᠯᠠᠯᠲᠠ ᠶᠢᠨ ᠠᠵᠢᠯ ᠤᠨ ᠬᠦᠴᠦᠯᠡᠴᠡ ᠶᠢ ᠶᠡᠬᠡᠰᠭᠡᠬᠦ ᠬᠡᠷᠡᠭᠲᠡᠢ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ | ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ︽ᠳᠤᠯᠤᠭ᠎ᠠ ᠲᠠᠪᠤ︾ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠬᠦᠨᠵᠡᠭᠡᠢ ᠲᠦᠯᠬᠢᠨ ᠠᠬᠢᠭᠤᠯᠬᠤ ᠬᠡᠷᠡᠭᠲᠡᠢ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠣᠷᠭᠠᠨ ᠬᠦᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ | ᠪᠦᠯᠬᠦᠮᠳᠡᠯ ᠤᠨ ᠦᠵᠡᠯ ᠰᠠᠨᠠᠭᠠᠨ ᠤ ᠰᠠᠭᠤᠷᠢ ᠶᠢ ᠪᠠᠲᠣᠳᠬᠠᠵᠦ᠂ ︽ᠪᠦᠬᠦ ᠣᠯᠣᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠤᠭᠤᠷᠢᠭ︾ ᠢ ᠢᠳᠡᠪᠬᠢᠲᠡᠢ ᠴᠤᠬᠴᠠᠯᠠᠬᠤ ᠪᠠᠷ ᠴᠢᠷᠮᠠᠶᠢᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠦᠢᠯᠡᠰ ᠤᠨ ᠰᠢᠨ᠎ᠡ ᠱᠠᠲᠣᠨ ᠳᠤ ᠳᠠᠪᠰᠢᠬᠦ ᠶᠢ ᠲᠦᠯᠬᠢᠨ | ᠠᠬᠢᠭᠤᠯᠬᠤ ᠬᠡᠷᠡᠭᠲᠡᠢ᠃ ᠴᠡᠷᠢᠭ ᠤᠨ ᠠᠯᠪᠠ ᠠᠴᠠ ᠬᠠᠯᠠᠭᠳᠠᠬᠰᠠᠳ ᠤᠨ ᠦᠢᠯᠡᠴᠢᠯᠡᠭᠡᠨ ᠤ ᠬᠠᠮᠢᠶᠠᠷᠤᠯᠲᠠ᠂ ᠬᠢᠨᠠᠨ | ᠪᠤᠳᠤᠯᠲᠠ᠂ ᠱᠠᠰᠢᠨ ᠰᠣᠷᠲᠠᠬᠤᠨ᠂ ᠠᠷᠠᠳ ᠤᠨ ᠰᠡᠷᠭᠡᠶᠢᠯᠡᠯᠲᠡ᠂ ᠡᠬᠡ ᠨᠢᠯᠬᠠᠰ᠂ ᠬᠦᠮᠦᠨ ᠠᠮᠠ ᠲᠦᠯᠦᠪᠯᠡᠭᠡᠲᠦ | ᠦᠷᠡᠵᠢᠯ᠂ ᠬᠤᠶᠠᠷ ᠢ ᠬᠦᠷᠢᠶᠡᠯᠡᠵᠦ ᠬᠠᠷᠠᠭᠠᠯᠵᠠᠯᠠᠯ ᠬᠦᠷᠲᠡᠭᠡᠬᠦ᠂ ᠳᠤᠤᠷ᠎ᠠ ᠨᠢᠭᠡ ᠦᠶ᠎ᠡ ᠪᠠᠨ ᠬᠠᠯᠠᠮᠵᠢᠯᠠᠬᠤ ᠵᠡᠷᠭᠡ | ᠠᠵᠢᠯ ᠢ ᠨᠢᠭᠡᠳᠦᠯᠲᠡᠢ ᠲᠦᠯᠦᠪᠵᠢᠭᠦᠯᠦᠨ ᠰᠠᠶᠢᠲᠤᠷ ᠬᠢᠵᠦ᠂ ᠨᠡᠶᠢᠭᠡᠮ ᠤᠨ ᠡᠯ᠎ᠡ ᠲᠦᠷᠦᠯ ᠤᠨ ᠠᠵᠢᠯ ᠦᠢᠯᠡᠰ ᠤᠨ | ᠪᠦᠬᠦ ᠲᠠᠯ᠎ᠠ ᠪᠠᠷ ᠳᠠᠪᠰᠢᠬᠤ ᠶᠢ ᠲᠦᠯᠬᠢᠨ ᠠᠬᠢᠭᠤᠯᠬᠤ ᠬᠡᠷᠡᠭᠲᠡᠢ᠃ | ᠣᠶᠣᠨ ᠤ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠪᠦᠬᠦ ᠣᠯᠣᠰ ᠤᠨ | ᠪᠤᠯᠪᠠᠰᠤᠨ ᠬᠤᠲᠠ ᠶᠢ ᠴᠤᠬᠴᠠᠯᠠᠨ ᠪᠠᠶᠢᠭᠤᠯᠬᠤ ᠠᠵᠢᠯ ᠢ ᠬᠦᠨᠵᠡᠭᠡᠢ ᠲᠦᠯᠬᠢᠨ ᠠᠬᠢᠭᠤᠯᠵᠦ᠂ ᠣᠷᠲᠤ ᠬᠤᠭᠤᠴᠠᠭᠠᠨ | ᠤ ᠬᠦᠴᠦᠨ ᠪᠦᠬᠦᠢ ᠪᠠᠶᠢᠩᠭᠤ ᠶᠢᠨ ᠴᠤᠭᠴᠠᠯᠠᠨ ᠪᠠᠶᠢᠭᠤᠯᠬᠤ ᠲᠤᠭᠲᠠᠯᠴᠠᠭ᠎ᠠ ᠶᠢ ᠪᠠᠶᠢᠭᠤᠯᠵᠦ᠂ ᠴᠤᠬᠴᠠᠯᠠᠨ | ᠪᠠᠶᠢᠭᠤᠯᠬᠤ ᠦᠷᠢ ᠪᠦᠲᠦᠮᠵᠢ ᠪᠤᠯᠤᠨ ᠬᠢᠷᠢ ᠲᠦᠪᠰᠢᠨ ᠢ ᠣᠯᠠᠨ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠬᠦ | ᠬᠡᠷᠡᠭᠲᠡᠢ᠃ ᠪᠤᠯᠪᠠᠰᠤᠨ ᠲᠤᠰᠬᠤᠨ ᠪᠠᠯᠭᠠᠰᠤ᠂ ᠪᠤᠯᠪᠠᠰᠤᠨ ᠨᠢᠭᠡᠴᠡ᠂ ᠪᠤᠯᠪᠠᠰᠤᠨ ᠨᠡᠶᠢᠭᠡᠮ ᠲᠤᠭᠤᠷᠢᠭ᠂ ᠪᠤᠯᠪᠠᠰᠤᠨ ᠭᠡᠷ | ᠪᠦᠯᠢ ᠵᠡᠷᠭᠡ ᠴᠣᠬᠴᠠᠯᠠᠨ ᠪᠠᠶᠢᠭᠤᠯᠬᠤ ᠠᠵᠢᠯ ᠢ ᠦᠷᠭᠦᠯᠵᠢᠯᠡᠨ ᠦᠷᠨᠢᠭᠦᠯᠵᠦ ᠨᠡᠶᠢᠭᠡᠮ ᠤᠨ ᠪᠤᠯᠪᠠᠰᠤᠨ ᠤ ᠬᠡᠮᠵᠢᠶ᠎ᠡ | ᠶᠢ ᠲᠠᠰᠣᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠶᠢ ᠲᠦᠷᠭᠡᠳᠭᠡᠵᠦ᠂ ᠢᠲᠡᠭᠡᠮᠵᠢ ᠶᠢ ᠵᠢᠷᠤᠮᠯᠠᠬᠤ ᠶᠢ ᠬᠠᠮᠲᠤᠷᠠᠨ ᠵᠤᠷᠢᠭᠵᠢᠭᠤᠯᠬᠤ ᠪᠠ | ᠢᠳᠡᠭᠡᠯ ᠠᠯᠳᠠᠬᠤ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠬᠠᠮᠲᠤᠷᠠᠨ ᠬᠦᠳᠡᠯᠦᠯᠴᠡᠬᠦ ᠲᠤᠭᠲᠠᠯᠴᠠᠭ᠎ᠠ ᠶᠢ | ᠲᠡᠭᠦᠯᠳᠡᠷᠵᠢᠭᠦᠯᠵᠦ᠂ ᠢᠲᠡᠭᠡᠮᠵᠢᠲᠦ ᠠᠵᠢᠯ᠂ ᠢᠲᠡᠭᠡᠮᠵᠢᠲᠦ ᠪᠠᠶᠢᠭᠤᠯᠭ᠎ᠠ᠂ ᠢᠲᠡᠭᠡᠮᠵᠢ ᠶᠢᠨ ᠵᠢᠱᠢᠶ᠎ᠡ ᠦᠵᠡᠭᠦᠯᠬᠦ ᠵᠡᠭᠡᠯᠢ | ᠲᠤᠭᠤᠷᠢᠭ ᠵᠡᠷᠭᠡ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠦᠷᠨᠢᠭᠦᠯᠵᠦ᠂ ᠪᠦᠬᠦ ᠨᠡᠶᠢᠭᠡᠮ ᠤᠨ | ᠢᠲᠡᠭᠡᠮᠵᠢ ᠶᠢᠨ ᠬᠢᠷᠢ ᠲᠦᠪᠰᠢᠨ ᠢ ᠣᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ | ︵ᠳᠤᠯᠤᠭ᠎ᠠ︶ ᠵᠠᠰᠠᠭ ᠤᠨ ᠣᠷᠳᠣᠨ ᠤ ᠬᠤᠪᠢ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ | ᠵᠠᠰᠠᠭ ᠶᠠᠪᠤᠭᠤᠯᠬᠤ ᠴᠢᠳᠠᠪᠤᠷᠢ ᠪᠤᠯᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠣᠯᠣᠰ ᠲᠦᠷᠦ ᠶᠢᠨ ᠶᠤᠰᠤ ᠳᠦᠷᠢᠮ ᠢ ᠴᠢᠩᠭ᠎ᠠ ᠰᠠᠬᠢᠬᠤ ᠬᠡᠷᠡᠭᠲᠡᠢ᠃ ᠦᠵᠡᠯ ᠣᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭᠠᠲᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠦᠵᠡᠯ ᠣᠬᠠᠮᠰᠠᠷ ᠤᠨ ᠬᠡᠯᠪᠡᠷᠢ ᠶᠢᠨ | ᠠᠵᠢᠯ ᠢ ᠨᠡᠩ ᠳᠣᠪᠤᠶᠢᠮ᠎ᠠ ᠪᠠᠶᠢᠷᠢᠨ ᠳᠤ ᠲᠠᠯᠪᠢᠵᠦ᠂ ︽ᠳᠦᠷᠪᠡᠨ ᠦᠵᠡᠯ ᠣᠬᠠᠮᠰᠠᠷ︾ ᠢ ᠪᠠᠲᠤ ᠪᠠᠬᠢ ᠪᠤᠢ | ᠪᠤᠯᠭᠠᠵᠦ᠂ ︽ᠳᠦᠷᠪᠡᠨ ᠢᠲᠡᠭᠡᠯ︾ ᠢ ᠪᠠᠲᠤᠳᠬᠠᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ | ᠳᠡᠭᠡᠷ᠎ᠡ ᠱᠠᠲᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠣᠣᠱᠯᠠᠭᠤᠯᠵᠦ᠂ ᠡᠯ᠎ᠡ ᠲᠦᠷᠦᠯ ᠤᠨ | ᠠᠵᠢᠯ ᠢ ᠵᠠᠭᠤᠨ ᠤ ᠵᠠᠭᠤ ᠪᠠᠷ ᠪᠡᠶᠡᠯᠡᠭᠦᠯᠬᠦ ᠬᠡᠷᠡᠭᠲᠡᠢ᠃ ᠲᠤᠭᠤᠷᠢᠨ ᠪᠠᠶᠢᠴᠠᠭᠠᠬᠤ ᠴᠡᠭᠴᠡᠯᠡᠨ ᠦᠭᠡᠷᠡᠴᠢᠯᠡᠬᠦ ᠠᠵᠢᠯ ᠢ | ᠰᠠᠶᠢᠲᠤᠷ ᠠᠳᠬᠤᠬᠤ ᠶᠢ ᠪᠠᠷᠢᠮᠲᠠᠯᠠᠬᠤ ᠶᠢ ᠭᠤᠤᠯ ᠶᠡᠭᠡ ᠣᠯᠣᠰ ᠲᠦᠷᠦ ᠶᠢᠨ ᠡᠭᠦᠷᠭᠡ ᠪᠤᠯᠭᠠᠵᠦ᠂ ᠴᠡᠭᠴᠡᠯᠡᠨ | ᠦᠭᠡᠷᠡᠴᠢᠯᠡᠬᠦ ᠬᠠᠷᠢᠭᠤᠴᠠᠯᠭ᠎ᠠ ᠶᠢ ᠣᠯᠠᠮ ᠨᠢᠭᠡ ᠠᠯᠬᠤᠮ ᠪᠤᠲᠠᠳᠠᠶᠢᠵᠢᠭᠤᠯᠵᠦ᠂ ᠱᠠᠲᠤ ᠳᠠᠷᠠᠭᠠᠯᠠᠨ ᠴᠡᠭᠴᠡᠯᠡᠨ | ᠦᠭᠡᠷᠡᠴᠢᠯᠡᠬᠦ ᠳᠠᠷᠣᠯᠲᠠ ᠶᠢ ᠳᠠᠮᠵᠢᠭᠤᠯᠵᠦ᠂ ᠳᠠᠩᠰᠠ ᠮᠡᠳᠡᠭᠦᠯᠬᠦ᠂ ᠳᠠᠩᠰᠠ ᠲᠤᠰᠢᠶᠠᠬᠤ᠂ ᠳᠠᠩᠰᠠ ᠪᠠᠶᠢᠴᠠᠭᠠᠬᠤ᠂ | ᠳᠠᠩᠰᠠᠨ ᠠᠴᠠ ᠳᠠᠶᠢᠯᠬᠤ ᠪᠦᠷᠢᠨ ᠲᠡᠭᠦᠰ ᠬᠡᠯᠬᠢᠶ᠎ᠡ ᠶᠢ ᠪᠦᠷᠢᠯᠳᠦᠭᠦᠯᠵᠦ᠂ ᠦᠨᠳᠦᠷ ᠴᠢᠨᠠᠷ ᠴᠢᠨᠰᠠᠭ᠎ᠠ᠂ ᠦᠨᠳᠦᠷ | ᠪᠠᠷᠢᠮᠵᠢᠶ᠎ᠠ ᠪᠠᠷ ᠴᠡᠭᠴᠡᠯᠡᠨ ᠦᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠲᠤᠭᠤᠷᠢᠨ ᠪᠠᠶᠢᠴᠠᠭᠠᠵᠦ ᠴᠡᠭᠴᠡᠯᠡᠨ | ᠦᠭᠡᠷᠡᠴᠢᠯᠡᠬᠦ ᠨᠢ ᠡᠯ᠎ᠡ ᠲᠠᠯ᠎ᠠ ᠶᠢᠨ ᠬᠢᠨᠠᠨ ᠰᠢᠯᠭᠠᠯᠲᠠ ᠶᠢ ᠳᠠᠭᠠᠭᠠᠬᠤ ᠶᠢ ᠪᠠᠲᠤᠯᠠᠬᠤ ᠬᠡᠷᠡᠭᠲᠡᠢ᠃ ᠵᠠᠰᠠᠭ ᠤᠨ | ᠣᠷᠳᠣᠨ ᠤ ᠨᠠᠮ ᠤᠨ ᠣᠳᠣᠷᠢᠳᠬᠤ ᠳᠣᠭᠤᠶᠢᠯᠠᠩ ᠤᠨ ᠨᠠᠮ ᠢ ᠬᠠᠮᠢᠶᠠᠷᠬᠤ ᠨᠠᠮ ᠢ ᠵᠠᠰᠠᠬᠤ ᠬᠠᠷᠢᠭᠤᠴᠠᠯᠭ᠎ᠠ ᠶᠢ | ᠨᠠᠷᠢᠨ ᠬᠢᠨᠠᠮᠠᠭᠠᠢ ᠬᠦᠢᠴᠡᠳᠭᠡᠵᠦ᠂ ︽ᠬᠤᠶᠠᠷ ᠢ ᠰᠣᠷᠣᠯᠴᠠᠵᠦ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ | ᠰᠣᠷᠣᠯᠴᠠᠯᠭ᠎ᠠ ᠰᠣᠷᠭᠠᠨ ᠬᠦᠮᠦᠵᠢᠯ ᠤᠨ ᠪᠠᠶᠢᠩᠭᠤ ᠶᠢᠨ ᠴᠢᠨᠠᠷᠲᠠᠢ ᠳᠦᠷᠢᠮᠵᠢᠭᠰᠡᠨ ᠴᠢᠨᠠᠷᠲᠠᠢ ᠪᠠᠶᠢᠬᠤ ᠶᠢ ᠲᠦᠯᠬᠢᠨ | ᠠᠬᠢᠭᠤᠯᠵᠦ᠂ ᠨᠠᠮ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠵᠠᠰᠠᠭ ᠤᠨ ᠣᠷᠳᠣᠨ ᠤ | ᠬᠤᠪᠢ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠢᠷᠢ ᠲᠦᠪᠰᠢᠨ ᠳᠤ ᠬᠦᠷᠬᠦ ᠶᠢ ᠠᠬᠢᠭᠤᠯᠬᠤ ᠬᠡᠷᠡᠭᠲᠡᠢ᠃ | ᠪᠦᠬᠦ ᠲᠠᠯ᠎ᠠ ᠪᠠᠷ ᠬᠠᠤᠯᠢ ᠶᠤᠰᠤᠭᠠᠷ ᠵᠠᠰᠠᠭ ᠶᠠᠪᠤᠭᠤᠯᠬᠤ ᠬᠡᠷᠡᠭᠲᠡᠢ᠃ ᠬᠠᠤᠯᠢ ᠳᠤ ᠲᠤᠭᠲᠠᠭᠠᠬᠰᠠᠨ ᠵᠢᠷᠦᠮ | ᠪᠤᠯᠤᠨ ᠠᠭᠤᠯᠭ᠎ᠠ ᠶᠢ ᠴᠢᠩᠭ᠎ᠠ ᠵᠢᠷᠤᠮᠯᠠᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠠᠵᠢᠯ ᠢᠶᠠᠨ | ᠠᠬᠢᠭᠤᠯᠵᠦ᠂ ᠰᠢᠨᠵᠢᠯᠡᠬᠦ ᠣᠬᠠᠭᠠᠨᠴᠢ ᠠᠷᠠᠳᠴᠢᠯᠠᠬᠰᠠᠨ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠵᠦ᠂ ︽ᠭᠤᠷᠪᠠᠨ | ᠴᠢᠬᠤᠯᠠ ᠨᠢᠭᠡ ᠶᠡᠭᠡ︾᠂ ᠨᠡᠶᠢᠭᠡᠮ ᠳᠤ ᠵᠠᠷᠯᠠᠬᠤ ᠪᠤᠯᠤᠨ ᠭᠡᠷᠡᠴᠢᠯᠡᠭᠡ ᠰᠣᠨᠣᠰᠬᠤ ᠳᠦᠷᠢᠮ ᠢ ᠨᠠᠷᠢᠨ ᠬᠢᠨᠠᠮᠠᠭᠠᠢ | ᠶᠠᠪᠤᠭᠳᠠᠭᠤᠯᠬᠤ ᠬᠡᠷᠡᠭᠲᠡᠢ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠨ | ᠪᠠᠶᠢᠴᠠᠭᠠᠯᠲᠠ ᠪᠤᠯᠤᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠬᠰᠠᠨ ᠬᠢᠨᠠᠨ ᠪᠠᠶᠢᠴᠠᠭᠠᠯᠲᠠ ᠶᠢ ᠣᠬᠠᠮᠰᠠᠷ | ᠠᠴᠠ ᠪᠠᠨ ᠬᠦᠯᠢᠶᠡᠵᠦ᠂ ᠡᠯ᠎ᠡ ᠠᠷᠠᠳᠴᠢᠯᠠᠬᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ | ᠪᠦᠯᠦᠭ ᠤᠨ ᠪᠤᠰᠤ ᠬᠦᠮᠦᠰ ᠪᠤᠯᠤᠨ ᠡᠯ᠎ᠡ ᠠᠷᠠᠳ ᠤᠨ ᠪᠦᠯᠬᠦᠮ ᠤᠨ ᠰᠠᠨᠠᠯ ᠪᠤᠯᠤᠨ ᠰᠠᠨᠠᠭᠤᠯᠭ᠎ᠠ ᠶᠢ ᠨᠠᠷᠢᠨ | ᠬᠢᠨᠠᠮᠠᠭᠠᠢ ᠰᠣᠨᠣᠰᠬᠤ ᠬᠡᠷᠡᠭᠲᠡᠢ᠃ ᠡᠷᠬᠡ ᠬᠠᠷᠢᠭᠤᠴᠠᠯᠭ᠎ᠠ ᠶᠢᠨ ᠳᠠᠩᠰᠠ ᠶᠢᠨ ᠬᠠᠮᠢᠶᠠᠷᠣᠯᠲᠠ ᠶᠢᠨ ᠳᠦᠷᠢᠮ ᠢ | ᠲᠠᠰᠣᠷᠠᠯᠲᠠ ᠦᠭᠡᠢ ᠲᠡᠭᠦᠯᠳᠡᠷᠵᠢᠭᠦᠯᠵᠦ᠂ ᠡᠷᠬᠡ ᠲᠤᠰᠢᠶᠠᠯ ᠢ ᠬᠠᠤᠯᠢ ᠪᠠᠷ ᠲᠤᠭᠲᠠᠭᠠᠬᠤ᠂ ᠬᠠᠤᠯᠢ ᠶᠤᠰᠤᠭᠠᠷ ᠡᠷᠬᠡ | ᠪᠠᠨ ᠬᠡᠷᠡᠭᠯᠡᠬᠦ᠂ ᠬᠠᠤᠯᠢ ᠶᠢᠨ ᠭᠠᠳᠠᠨ᠎ᠠ ᠡᠷᠬᠡ ᠦᠭᠡᠢ ᠶᠢ ᠬᠢᠵᠦ ᠳᠡᠶᠢᠯᠬᠦ ᠬᠡᠷᠡᠭᠲᠡᠢ᠃ ᠣᠨᠴᠠ ᠶᠡᠭᠡ ᠶᠠᠪᠤᠳᠠᠯ ᠤᠨ | ᠮᠡᠳᠡᠭᠦᠯᠦᠯᠲᠡ ᠪᠤᠯᠤᠨ ᠵᠠᠷᠯᠠᠬᠤ ᠳᠦᠷᠢᠮ ᠢ ᠪᠠᠷᠢᠮᠲᠠᠯᠠᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ | ᠳᠦᠷᠢᠮᠵᠢᠭᠦᠯᠦᠯᠲᠡ᠂ ᠵᠠᠩᠬᠢᠴᠢᠯᠠᠯᠲᠠ ᠶᠢ ᠴᠢᠩᠭᠠᠳᠬᠠᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ | ᠪᠠᠶᠢᠭᠤᠯᠤᠯᠲᠠ ᠶᠢ ᠲᠠᠰᠣᠷᠠᠯᠲᠠ ᠦᠭᠡᠢ ᠴᠢᠩᠭᠠᠳᠬᠠᠬᠤ ᠬᠡᠷᠡᠭᠲᠡᠢ᠃ | ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ ᠬᠡᠷᠡᠭᠲᠡᠢ᠃ ᠠᠷᠠᠳ ᠲᠦᠮᠡᠨ ᠢᠶᠠᠷ ᠭᠤᠤᠯ ᠪᠤᠯᠭᠠᠬᠰᠠᠨ | ᠬᠦᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠵᠦ᠂ ᠠᠷᠠᠳ ᠲᠦᠮᠡᠨ ᠤ ᠠᠩᠬᠠᠷᠴᠣ ᠪᠠᠶᠢᠭ᠎ᠠ | ᠠᠩᠬᠠᠷᠤᠯ ᠤᠨ ᠲᠦᠪ᠂ ᠬᠦᠴᠢᠷᠳᠡᠯᠲᠡᠢ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠠᠷᠪᠢᠯᠠᠨ ᠭᠠᠮᠨᠠᠬᠤ | ᠦᠵᠡᠯ ᠰᠠᠨᠠᠭ᠎ᠠ ᠶᠢ ᠴᠠᠭ ᠢᠮᠠᠬᠲᠠ ᠪᠠᠲᠤᠯᠠᠵᠦ᠂ ᠵᠠᠰᠠᠭ ᠤᠨ ᠣᠷᠳᠣᠨ ᠤ ᠵᠠᠷᠣᠯᠭ᠎ᠠ ᠶᠢ ᠶᠡᠭᠡ ᠬᠡᠮᠵᠢᠶ᠎ᠡ ᠪᠠᠷ | ᠪᠠᠭᠠᠰᠬᠠᠵᠦ᠂ ︽ᠭᠤᠷᠪᠠᠨ ᠵᠦᠢᠯ ᠤᠨ ᠠᠯᠪᠠᠨ ᠤ ᠵᠠᠷᠣᠯᠭ᠎ᠠ︾ ᠶᠢ ᠴᠢᠩᠭ᠎ᠠ ᠬᠢᠵᠠᠭᠠᠷᠯᠠᠨ᠂ ᠲᠤᠤᠷ᠎ᠠ ᠦᠷ᠎ᠡ ᠠᠰᠢᠭ᠂ | ᠦᠷ᠎ᠡ ᠠᠰᠢᠭ ᠦᠭᠡᠢ ᠵᠠᠷᠣᠯᠭ᠎ᠠ ᠶᠢ ᠦᠭᠡᠶᠢᠰᠭᠡᠵᠦ᠂ ᠵᠠᠷᠴᠢᠮ ᠳᠡᠭᠡᠷ᠎ᠡ ᠪᠠᠨ 5% ᠪᠠᠭ᠎ᠠ ᠪᠤᠰᠤ ᠶᠢᠨ ᠬᠠᠷᠢᠴᠠᠯ ᠢᠶᠠᠷ | ᠡᠩ ᠤᠨ ᠴᠢᠨᠠᠷᠲᠠᠢ ᠵᠠᠷᠣᠯᠭ᠎ᠠ ᠶᠢ ᠬᠠᠰᠤᠬᠤ ᠬᠡᠷᠡᠭᠲᠡᠢ᠃ ᠵᠦᠪ ᠲᠠᠯ᠎ᠠ ᠠᠴᠠ ᠣᠷᠮᠠᠰᠢᠭᠤᠯᠬᠤ ᠪᠠ ᠠᠯᠳᠠᠭ᠎ᠠ | ᠪᠤᠷᠤᠭᠤ ᠶᠢ ᠠᠭᠤᠴᠢᠯᠠᠨ ᠪᠠᠭᠲᠠᠭᠠᠵᠦ ᠠᠯᠳᠠᠭ᠎ᠠ ᠪᠤᠷᠤᠭᠤ ᠶᠢ ᠵᠠᠯᠠᠷᠠᠭᠤᠯᠬᠤ ᠵᠤᠬᠢᠴᠠᠮᠵᠢ ᠶᠢ ᠪᠦᠬᠦ ᠬᠦᠴᠦᠨ ᠢᠶᠠᠷ | ᠬᠡᠷᠡᠭᠵᠢᠭᠦᠯᠵᠦ᠂ ᠦᠷᠭᠡᠨ ᠣᠯᠠᠨ ᠺᠠᠳ᠋ᠷᠴᠣᠳ ᠤᠨ ᠢᠳᠡᠪᠬᠢ ᠴᠢᠨᠠᠷ ᠪᠤᠯᠤᠨ ᠰᠢᠨ᠎ᠡ ᠶᠢ ᠡᠭᠦᠳᠬᠦ ᠴᠢᠨᠠᠷ ᠢ | ᠪᠦᠷᠢᠮᠦᠰᠦᠨ ᠳᠠᠭᠠᠭᠤᠯᠬᠤ ᠬᠡᠷᠡᠭᠲᠡᠢ᠃ ᠢᠲᠡᠭᠡᠮᠵᠢᠲᠦ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠦ᠂ ︽ᠰᠢᠨ᠎ᠡ ᠨᠣᠶᠠᠨ ᠬᠠᠭᠤᠴᠢᠨ ᠠᠰᠠᠭᠤᠳᠠᠯ ᠢ ᠬᠠᠮᠢᠶᠠᠷᠬᠤ ᠦᠭᠡᠢ︾ ᠪᠤᠯᠤᠨ ᠦᠭᠡᠨᠴᠡ ᠵᠠᠰᠠᠭ | ᠵᠠᠯᠬᠠᠭᠤ ᠵᠠᠰᠠᠭ ᠬᠤᠶᠢᠷᠭᠤ ᠵᠠᠰᠠᠭ ᠤᠨ ᠦᠵᠡᠭᠳᠡᠯ ᠢ ᠡᠷᠡᠰ ᠲᠡᠪᠴᠢᠬᠦ ᠬᠡᠷᠡᠭᠲᠡᠢ᠃ | ᠠᠷᠢᠭᠤᠨ ᠴᠢᠭᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠰᠣᠷᠲᠠᠯ ᠴᠢᠭᠡᠴᠢ ᠵᠠᠰᠠᠭ | ᠤᠨ ᠪᠦᠲᠦᠬᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠲᠦᠪ ᠬᠤᠷᠢᠶᠠᠨ | ᠤ ᠨᠠᠢᠮᠠᠨ ᠲᠦᠷᠦᠯ ᠤᠨ ᠲᠤᠭᠲᠠᠭᠠᠯ ᠤᠨ ᠵᠤᠷᠢᠭ ᠰᠠᠨᠠᠭ᠎ᠠ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ᠂ | ᠦᠪᠡᠷᠲᠡᠭᠡᠨ ᠵᠠᠰᠠᠬᠤ ᠣᠷᠣᠨ ᠤ 28 ᠲᠦᠷᠦᠯ ᠢᠵᠢ ᠪᠦᠷᠢᠯᠳᠦᠭᠦᠯᠬᠦ ᠲᠤᠭᠲᠠᠭᠠᠯ ᠪᠤᠯᠤᠨ ᠬᠤᠲᠠ ᠶᠢᠨ ᠨᠠᠮ ᠤᠨ | ᠬᠤᠷᠢᠶᠠᠨ ᠤ ᠬᠠᠮᠢᠶ᠎ᠠ ᠪᠦᠬᠦᠢ ᠲᠤᠭᠲᠠᠭᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠳᠦᠷᠢᠮᠵᠢᠭᠦᠯᠬᠦ | ᠪᠤᠯᠤᠨ ᠬᠢᠨᠠᠨ ᠪᠠᠶᠢᠴᠠᠭᠠᠬᠤ ᠡᠷᠬᠡ ᠪᠠᠨ ᠬᠡᠷᠡᠭᠵᠢᠭᠦᠯᠬᠦ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠡᠳ᠋ ᠤᠨ | ᠵᠠᠰᠠᠭ ᠤᠨ ᠪᠡᠯᠡ ᠮᠦᠩᠭᠦᠨ ᠤ ᠬᠠᠮᠢᠶᠠᠷᠤᠯᠲᠠ ᠶᠢ ᠴᠢᠩᠭᠠᠳᠬᠠᠵᠦ᠂ ᠪᠠᠶᠢᠭᠠᠯᠢ ᠶᠢᠨ ᠡᠬᠢ ᠪᠠᠶᠠᠯᠢᠭ᠂ ᠨᠡᠶᠢᠲᠡ ᠶᠢᠨ | ᠪᠡᠯᠡ ᠮᠦᠩᠭᠦ᠂ ᠣᠯᠣᠰ ᠤᠨ ᠬᠦᠷᠦᠩᠭᠡ ᠪᠤᠯᠤᠨ ᠣᠳᠣᠷᠢᠳᠣᠯᠭ᠎ᠠ ᠺᠠᠳ᠋ᠷ ᠤᠨ ᠠᠵᠦ ᠠᠬᠤᠢ ᠶᠢᠨ ᠬᠠᠷᠢᠭᠤᠴᠠᠯᠭ᠎ᠠ | ᠶᠢᠨ ᠬᠢᠨᠠᠨ ᠪᠤᠳᠤᠬᠤ ᠬᠢᠨᠠᠨ ᠪᠠᠶᠢᠴᠠᠭᠠᠯᠲᠠ ᠶᠢᠨ ᠪᠦᠬᠦ ᠪᠦᠷᠬᠦᠴᠡ ᠶᠢ ᠪᠡᠶᠡᠯᠡᠭᠦᠯᠵᠦ᠂ ᠦᠷᠬᠦᠯᠵᠢᠯᠡᠨ ᠶᠠᠳᠠᠭᠤ ᠠᠴᠠ | ᠠᠩᠬᠢᠵᠢᠷᠠᠭᠤᠯᠵᠦ ᠪᠤᠭᠤᠮᠲᠠ ᠰᠢᠪᠲᠤᠯᠬᠤ᠂ ᠠᠷᠠᠳ ᠤᠨ ᠠᠮᠢᠳᠣᠷᠠᠯ ᠤᠨ ᠪᠠᠲᠤᠯᠠᠭ᠎ᠠ ᠵᠡᠷᠭᠡ ᠭᠤᠤᠯᠳᠠᠯᠭᠠᠲᠤ | ᠬᠡᠪᠴᠢᠶᠡᠨ ᠳᠠᠬᠢ ᠬᠠᠤᠯᠢ ᠠᠴᠠ ᠵᠦᠷᠢᠴᠡᠭᠰᠡᠨ ᠰᠠᠬᠢᠯᠭ᠎ᠠ ᠪᠠᠲᠤ ᠶᠢ ᠵᠦᠷᠢᠴᠡᠭᠰᠡᠨ ᠬᠡᠷᠡᠭ ᠢ ᠠᠩᠬᠠᠷᠴᠣ᠂ ᠦᠷᠭᠡᠨ | ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠦᠨᠡᠨ ᠬᠦ ᠬᠠᠮᠠᠭᠠᠯᠠᠬᠤ ᠬᠡᠷᠡᠭᠲᠡᠢ᠃ | ᠡᠷᠬᠢᠮ ᠲᠦᠯᠦᠭᠡᠯᠡᠭᠴᠢᠳ ᠡ︕ ︽ᠠᠭᠤᠤ ᠶᠡᠭᠡ ᠬᠦᠰᠡᠯ ᠡᠷᠡᠮᠡᠯᠵᠡᠯ ᠢ ᠬᠦᠯᠢᠶᠡᠵᠦ ᠠᠪᠴᠢᠷᠠᠬᠤ ᠪᠢᠰᠢ᠂ | ᠬᠠᠰᠬᠢᠷᠴᠣ ᠠᠪᠴᠢᠷᠠᠬᠤ ᠪᠢᠰᠢ᠂ ᠬᠠᠷᠢᠨ ᠲᠡᠮᠡᠴᠡᠵᠦ ᠤᠯᠵᠦ᠂ ᠬᠢᠵᠦ ᠣᠯᠬᠤ ᠶᠤᠮ︾ ᠪᠢᠳᠡ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭᠠᠨ ᠤ ᠠᠭᠤᠤ | ᠶᠡᠭᠡ ᠲᠤᠭ ᠢ ᠦᠨᠳᠦᠷ ᠮᠠᠨᠳᠣᠭᠤᠯᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ | ᠬᠤᠷᠢᠶᠠᠨ ᠤ ᠲᠤᠭᠤᠷᠢᠨ ᠳᠤ ᠨᠡᠩ ᠢᠯᠡᠭᠦᠦ ᠨᠢᠬᠲᠠᠷᠠᠨ ᠪᠦᠯᠬᠦᠮᠳᠡᠵᠦ᠂ ᠴᠠᠭ ᠦᠶ᠎ᠡ ᠨᠠᠳᠠ ᠶᠢ ᠬᠦᠯᠢᠶᠡᠬᠦ ᠦᠭᠡᠢ | ᠪᠠᠴᠢᠮ ᠲᠦᠷᠦᠭᠳᠡᠯ᠂ ᠦᠪᠡᠷ ᠤᠨ ᠮᠢᠨᠢ ᠪᠡᠶ᠎ᠡ ᠶᠢ ᠭᠠᠷᠭᠠᠪᠠᠯ ᠦᠪᠡᠷ᠎ᠡ ᠬᠦᠮᠦᠨ ᠦᠭᠡᠢ ᠬᠠᠷᠢᠭᠤᠴᠠᠯᠭᠠᠲᠤ ᠰᠡᠳᠭᠢᠯᠭᠡ | ᠪᠠᠷ ᠣᠷᠣᠰᠬᠠᠯ ᠤᠨ ᠡᠮᠦᠨ᠎ᠡ ᠵᠤᠷᠢᠬᠲᠠᠢ ᠶᠠᠪᠤᠵᠦ᠂ ᠡᠷᠡᠯᠬᠡᠭᠯᠡᠨ ᠲᠡᠮᠡᠴᠡᠵᠦ᠂ ᠪᠦᠬᠦ ᠬᠦᠴᠦᠨ ᠢᠶᠠᠷ ᠬᠠᠶᠢᠨᠠᠨ | ᠲᠤᠭᠤᠷᠢᠭ ᠤᠨ ᠠᠵᠦ ᠠᠬᠤᠢ ᠨᠡᠶᠢᠭᠡᠮ ᠤᠨ ᠦᠨᠳᠦᠷ ᠴᠢᠨᠠᠷ ᠴᠢᠨᠰᠠᠭᠠᠲᠤ ᠰᠢᠨ᠎ᠡ ᠪᠠᠶᠢᠳᠠᠯ ᠢ ᠡᠭᠦᠳᠦᠨ ᠨᠡᠬᠡᠭᠡᠵᠦ᠂ | ᠰᠢᠯᠢᠳᠡᠭ ᠬᠢᠷᠢ ᠪᠦᠲᠦᠮᠵᠢ ᠪᠠᠷ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠪᠠᠶᠢᠭᠤᠯᠤᠬᠳᠠᠬᠰᠠᠨ 70 ᠵᠢᠯ | ᠤᠨ ᠣᠢ ᠶᠢ ᠪᠠᠶᠠᠷᠯᠠᠨ ᠪᠡᠯᠭᠡᠯᠡᠶ᠎ᠡ᠃ |