ᠦᠬᠠᠢ ᠬᠤᠲᠠ ᠶᠢᠨ ᠮᠠᠨᠪᠠᠷᠠᠰᠠᠩ ᠮᠤᠩᠭᠤᠯ ᠡᠮ ᠡᠮᠨᠡᠯᠭᠡ ᠶᠢᠨ ᠮᠦᠽᠸᠢ ᠵᠢᠩᠬᠢᠨᠢ ᠪᠠᠷ ᠨᠡᠬᠡᠭᠡᠯᠲᠡ ᠬᠢᠯ᠎ᠡ
ᠨᠡᠶᠢᠲᠡᠯᠡᠭᠰᠡᠨ ᠴᠠᠭ᠄
2019/5/24
     5 ᠳ᠋ᠣᠭᠠᠷ ᠰᠠᠷ᠎ᠠ ᠶᠢᠨ 18 ᠤ ᠡᠳᠦᠷ᠂ 43 ᠳ᠋ᠣᠭᠠᠷ ᠣᠳᠠᠭᠠᠨ ᠤ ᠣᠯᠠᠨ ᠣᠯᠣᠰ ᠤᠨ ᠮᠦᠽᠸᠢ ᠶᠢᠨ ᠡᠳᠦᠷ ᠲᠤ᠂ ᠦᠬᠠᠢ ᠬᠤᠲᠠ ᠶᠢᠨ ᠮᠠᠨᠪᠠᠷᠠᠰᠠᠩ ᠮᠤᠩᠭᠤᠯ ᠡᠮ ᠡᠮᠨᠡᠯᠭᠡ ᠶᠢᠨ ᠮᠦᠽᠸᠢ ᠵᠢᠩᠬᠢᠨᠢ ᠪᠠᠷ ᠨᠡᠬᠡᠭᠡᠯᠲᠡ ᠬᠢᠯ᠎ᠡ᠃ ᠦᠪᠦᠷ ᠮᠤᠩᠭᠤᠯ ᠤᠨ ᠠᠨᠠᠭᠠᠬᠤ ᠣᠬᠠᠭᠠᠨ ᠤ ᠶᠡᠭᠡ ᠰᠣᠷᠭᠠᠭᠤᠯᠢ ᠶᠢᠨ ᠮᠤᠩᠭᠤᠯ ᠡᠮ ᠡᠮᠨᠡᠯᠭᠡ ᠶᠢᠨ ᠰᠣᠳᠣᠯᠭᠠᠨ ᠤ ᠬᠦᠷᠢᠶᠡᠯᠡᠩ ᠤᠨ ᠳᠡᠳ᠋ ᠳᠠᠷᠤᠭ᠎ᠠ᠂ ᠦᠪᠦᠷ ᠮᠤᠩᠭᠤᠯ ᠤᠨ ᠠᠨᠠᠭᠠᠬᠤ ᠣᠬᠠᠭᠠᠨ ᠤ ᠶᠡᠭᠡ ᠰᠣᠷᠭᠠᠭᠤᠯᠢ ᠶᠢᠨ ᠮᠤᠩᠭᠤᠯ ᠡᠮ ᠡᠮᠨᠡᠯᠭᠡ ᠶᠢᠨ ᠮᠦᠽᠸᠢ ᠶᠢᠨ ᠳᠠᠷᠤᠭ᠎ᠠ ᠪᠤᠤ ᠬᠠᠰᠤᠨ᠂ ᠦᠪᠦᠷ ᠮᠤᠩᠭᠤᠯ ᠤᠨ ᠠᠨᠠᠭᠠᠬᠤ ᠣᠬᠠᠭᠠᠨ ᠤ ᠶᠡᠭᠡ ᠰᠣᠷᠭᠠᠭᠤᠯᠢ ᠶᠢᠨ ᠮᠤᠩᠭᠤᠯ ᠡᠮ ᠡᠮᠨᠡᠯᠭᠡ ᠶᠢᠨ ᠰᠣᠳᠣᠯᠭᠠᠨ ᠤ ᠬᠦᠷᠢᠶᠡᠯᠡᠩ ᠤᠨ ᠮᠤᠩᠭᠤᠯ ᠡᠮ ᠡᠮᠨᠡᠯᠭᠡ ᠶᠢᠨ ᠬᠠᠮᠵᠢᠯᠴᠠᠨ ᠰᠢᠨ᠎ᠡ ᠶᠢ ᠡᠭᠦᠳᠬᠦ ᠲᠦᠪ ᠤᠨ ᠡᠷᠬᠢᠯᠡᠭᠴᠢ ᠣᠷᠬᠢᠯᠤᠮ᠎ᠠ᠂ ᠦᠬᠠᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ  ᠶᠢᠨ ᠠᠵᠢᠯ ᠤᠨ ᠳᠡᠳ᠋ ᠬᠤᠲᠠ ᠶᠢᠨ ᠳᠠᠷᠤᠭ᠎ᠠ ᠴᠢᠤᠸᠠᠨ ᠵᠢᠤᠸᠠᠢ ᠮᠢᠨ᠂ ᠦᠬᠠᠢ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠯᠢᠦ ᠵᠢᠢ ᠭᠤᠤ᠂ ᠬᠤᠲᠠ ᠶᠢᠨ ᠣᠯᠣᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠹᠦ᠋ ᠲᠢᠩ ᠯᠢᠨ᠂ ᠬᠤᠲᠠ ᠶᠢᠨ ᠨᠠᠮ ᠤᠨ ᠬᠤᠷᠢᠶᠠᠨ ᠤ ᠨᠢᠭᠡᠲᠦᠮᠡᠯ ᠹᠷᠤᠨᠲ ᠤᠨ ᠬᠡᠯᠲᠡᠰ ᠤᠨ ᠳᠡᠳ᠋ ᠬᠡᠯᠲᠡᠰ ᠤᠨ ᠳᠠᠷᠤᠭ᠎ᠠ ᠳ᠋ᠦᠩ ᠶᠤᠸᠠᠢ ᠹᠧᠢ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠴᠢᠩᠭᠡᠯ ᠵᠡᠷᠭᠡ ᠬᠠᠮᠢᠶ᠎ᠠ ᠪᠦᠬᠦᠢ ᠣᠳᠣᠷᠢᠳᠤᠯᠭ᠎ᠠ ᠨᠠᠷ ᠣᠷᠢᠯᠭ᠎ᠠ ᠪᠠᠷ ᠫᠠᠶᠢᠰᠠ ᠰᠡᠭᠦᠭᠦ ᠶᠤᠰᠤᠯᠠᠯ ᠳᠤ ᠣᠷᠣᠯᠴᠠᠪᠠ᠃ ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠤᠭᠤᠷᠢᠭ ᠤᠨ ᠳᠠᠷᠤᠭ᠎ᠠ ᠮᠧᠩ ᠹᠠᠨ ᠶᠠᠩ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠭᠥᠸᠧ ᠴᠧᠨ ᠭᠤᠸᠠᠩ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠣᠯᠣᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠪᠢᠩ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠤᠨ ᠳᠡᠳ᠋ ᠲᠤᠭᠤᠷᠢᠭ ᠤᠨ ᠳᠠᠷᠤᠭ᠎ᠠ ᠵᠠᠩ ᠳ᠋ᠢᠩ ᠸᠧᠢ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠲᠦᠮᠡᠯ ᠹᠷᠤᠨᠲ ᠤᠨ ᠬᠡᠯᠲᠡᠰ ᠤᠨ ᠳᠠᠷᠤᠭ᠎ᠠ ᠯᠢᠦ ᠯᠢ ᠰᠢᠶᠦ᠋ᠩ᠂ ᠲᠤᠭᠤᠷᠢᠭ ᠤᠨ ᠣᠯᠣᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠶᠦᠨ ᠰᠢᠶᠣᠣ ᠵᠢᠶᠦ᠋ᠨ ᠵᠢᠴᠢ ᠪᠦᠬᠦ ᠲᠤᠭᠤᠷᠢᠭ ᠤᠨ 20 ᠭᠠᠷᠤᠢ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ ᠫᠠᠶᠢᠰᠠ ᠰᠡᠭᠦᠬᠦ ᠶᠤᠰᠤᠯᠠᠯ ᠳᠤ ᠣᠷᠣᠯᠴᠠᠪᠠ᠃ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ ᠵᠠᠩ ᠢᠦᠢ ᠲᠢᠶᠠᠨ ᠠᠴᠠ ᠶᠤᠰᠤᠯᠠᠯ ᠢ ᠡᠷᠬᠢᠯᠡᠪᠡ᠃      ᠯᠢᠦ ᠯᠢ ᠰᠢᠶᠦ᠋ᠩ ᠬᠡᠯᠲᠡᠰ ᠤᠨ ᠳᠠᠷᠤᠭ᠎ᠠ ᠠᠴᠠ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠢ ᠲᠦᠯᠦᠭᠡᠯᠡᠨ ᠮᠠᠨᠪᠠᠷᠠᠰᠠᠩ ᠮᠤᠩᠭᠤᠯ ᠡᠮ ᠡᠮᠨᠡᠯᠭᠡ ᠶᠢᠨ ᠮᠦᠽᠸᠢ ᠶᠢᠨ ᠨᠡᠬᠡᠭᠡᠯᠲᠡ ᠬᠢᠭᠰᠡᠨ  ᠳᠤ ᠪᠠᠶᠠᠷ ᠬᠦᠷᠭᠡᠭᠰᠡᠨ ᠮᠦᠷᠲᠡᠭᠡᠨ ᠣᠷᠲᠣ ᠬᠤᠭᠤᠴᠠᠭᠠᠨ ᠳᠤ ᠬᠠᠯᠠᠮᠵᠢᠯᠠᠵᠦ ᠬᠠᠪᠰᠣᠷᠣᠬᠰᠠᠨ ᠪᠠ ᠮᠤᠩᠭᠤᠯ ᠡᠮ ᠡᠮᠨᠡᠯᠭᠡ ᠶᠢᠨ ᠮᠦᠽᠸᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠰᠠᠨ ᠡᠯ᠎ᠡ ᠱᠠᠲᠤᠨ ᠤ ᠣᠳᠣᠷᠢᠳᠣᠯᠭ᠎ᠠ᠂ ᠡᠯ᠎ᠡ ᠡᠲᠡᠭᠡᠳ ᠤᠨ ᠬᠦᠮᠦᠰ ᠲᠤ ᠲᠠᠯᠠᠷᠬᠠᠯ ᠢᠶᠠᠨ ᠳᠡᠪᠰᠢᠭᠦᠯᠪᠡ᠃      ᠡᠭᠦᠨ ᠠᠴᠠ ᠬᠤᠶᠢᠰᠢ᠂ ᠮᠠᠨ ᠤ ᠲᠤᠭᠤᠷᠢᠭ ᠠᠴᠠ ᠨᠡᠶᠢᠭᠡᠮ ᠤᠨ ᠡᠯ᠎ᠡ ᠡᠲᠡᠭᠡᠳ ᠤᠨ ᠡᠬᠢ ᠪᠠᠶᠠᠯᠢᠭ ᠪᠤᠯᠤᠨ ᠬᠦᠴᠦᠨ ᠢ ᠣᠯᠠᠮ ᠨᠢᠭᠡ ᠠᠯᠬᠤᠮ ᠬᠠᠮᠲᠤᠳᠬᠠᠵᠦ᠂ ᠡᠨᠡᠬᠦ ᠵᠠᠭᠤᠨ ᠵᠢᠯ ᠤᠨ ᠮᠤᠩᠭᠤᠯ ᠡᠮ ᠡᠮᠨᠡᠯᠭᠡ ᠶᠢᠨ ᠳᠡᠭᠡᠳᠦ ᠵᠡᠷᠭᠡ ᠶᠢᠨ ᠬᠦᠷᠢᠶᠡᠯᠡᠩ ᠢ ᠣᠯᠠᠮ ᠭᠡᠷᠡᠯ ᠰᠠᠴᠣᠷᠠᠩᠭᠤᠢ ᠪᠤᠯᠭᠠᠵᠦ᠂ ᠡᠯ᠎ᠡ ᠱᠠᠲᠤᠨ ᠤ ᠣᠳᠣᠷᠢᠳᠤᠯᠭ᠎ᠠ ᠶᠢᠨ ᠬᠠᠯᠠᠮᠵᠢᠯᠠᠯ ᠪᠤᠯᠤᠨ ᠨᠡᠶᠢᠭᠡᠮ ᠤᠨ ᠡᠯ᠎ᠡ ᠡᠲᠡᠭᠡᠳ ᠤᠨ ᠳᠡᠮᠵᠢᠯᠭᠡ ᠲᠤᠤᠷ᠎ᠠ᠂ ᠮᠤᠩᠭᠤᠯ ᠡᠮ ᠡᠮᠨᠡᠯᠭᠡ ᠶᠢᠨ ᠰᠣᠶᠣᠯ ᠢ ᠣᠯᠠᠮᠵᠢᠯᠠᠨ ᠪᠠᠳᠠᠷᠠᠭᠤᠯᠬᠤ ᠳᠤ ᠨᠡᠩ ᠢᠯᠡᠭᠦᠦ ᠬᠤᠪᠢ ᠨᠡᠮᠡᠷᠢ ᠦᠵᠡᠭᠦᠯᠦᠶ᠎ᠡ︕
 
ᠢᠷᠡᠯᠲᠡ᠄ ᠠᠮᠢᠵᠢᠷᠠᠯ ᠤᠨ ᠬᠦᠴᠦᠨ ᠪᠢᠯᠬᠠᠬᠰᠠᠨ ᠬᠠᠶᠢᠨᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号