︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠬᠠᠶᠢᠨᠠᠨ ᠲᠤᠭᠤᠷᠢᠭ ᠤᠨ ᠡᠯ᠎ᠡ ᠰᠠᠯᠠᠭ᠎ᠠ ᠮᠦᠴᠢᠷ ᠡᠯ᠎ᠡ ᠪᠠᠶᠢᠭᠤᠯᠭ᠎ᠠ ᠢᠳᠡᠪᠬᠢᠲᠡᠢ ᠪᠠᠷ ᠭᠤᠤᠯ ᠰᠡᠳᠦᠪᠲᠤ ᠬᠦᠮᠦᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2019/9/27
     ᠪᠥᠬᠦ ᠲᠤᠭᠤᠷᠢᠭ ᠤᠨ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ  ᠤᠨ ᠬᠤᠷᠠᠯ ᠬᠤᠷᠠᠯᠳᠤᠭᠰᠠᠨ ᠤ ᠳᠠᠷᠠᠭ᠎ᠠ᠂ ᠬᠠᠶᠢᠨᠠᠨ  ᠲᠤᠭᠤᠷᠢᠭ ᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠳᠲᠡᠷ ᠲᠦᠷᠭᠡᠨ ᠥᠷᠨᠢᠭᠦᠯᠵᠦ᠂ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ᠂ ᠭᠤᠤᠯ ᠰᠡᠳᠦᠪᠲᠦ ᠬᠥᠮᠦᠵᠢᠯ ᠤᠨ ᠴᠢᠨᠠᠷ ᠰᠠᠶᠢᠲᠠᠶ ᠥᠷᠨᠢᠬᠦ ᠶᠢ ᠬᠦᠴᠦᠯᠡᠨ ᠠᠬᠢᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ ᠣᠯᠪᠠ᠃      ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠨᠠᠮ ᠤᠨ ᠡᠭᠦᠷ ︽︿ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ ᠰᠡᠳᠦᠪᠲᠦ ᠬᠥᠮᠦᠵᠢᠯ ᠤᠨ ᠠᠵᠢᠯ ᠤᠨ ᠲᠣᠬᠢᠷᠠᠭᠤᠯᠤᠯᠲᠠ︾ ᠶᠢ ᠲᠤᠬᠲᠠᠭᠠᠵᠦ᠂ ᠭᠤᠤᠯ ᠰᠡᠳᠦᠪᠲᠦ ᠬᠥᠮᠦᠵᠢᠯ ᠤᠨ ᠠᠵᠢᠯ ᠳᠤ ᠲᠣᠬᠢᠷᠠᠭᠤᠯᠤᠯᠲᠠ ᠬᠢᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠭᠤᠤᠯ ᠰᠡᠳᠦᠪᠲᠦ ᠬᠥᠮᠦᠵᠢᠯ ᠤᠨ ᠠᠵᠢᠯ ᠳᠤ ᠪᠠᠶᠢᠷᠢᠯᠠᠭᠤᠯᠤᠯᠲᠠ ᠬᠢᠭᠰᠡᠨ ᠪᠥᠭᠡᠳ ᠣᠶᠢᠷ᠎ᠠ ᠶᠢᠨ ᠬᠤᠭᠤᠴᠠᠭᠠᠨ ᠤ ᠰᠤᠷᠤᠯᠴᠠᠯᠭ᠎ᠠ ᠶᠢᠨ ᠲᠥᠯᠥᠪᠯᠡᠭᠡ ᠲᠣᠭᠲᠠᠭᠠᠵᠤ᠂ ᠰᠤᠷᠤᠯᠴᠠᠬᠤ ᠲᠥᠯᠥᠪᠯᠡᠭᠡ ᠶᠣᠰᠣᠭᠠᠷ ᠨᠢᠭᠡᠨᠲᠡ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ ᠬᠤᠷᠠᠯ ᠪᠣᠯᠤᠨ ᠦᠬᠠᠶ ᠬᠤᠲᠠ ᠶᠢᠨ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ  ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠵᠢᠯᠣᠭᠤᠳᠤᠨ ᠥᠷᠨᠢᠭᠦᠯᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ᠃      ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠨᠢ ᠲᠥᠪ ᠬᠤᠷᠶᠠᠨ ᠤ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ  ᠲᠤᠭᠤᠷᠢᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂  ᠲᠤᠭᠤᠷᠢᠭ ᠤᠨ ᠨᠠᠮ ᠤᠨ  ᠬᠤᠷᠢᠶᠠᠨ   ᠤ ᠱᠠᠭᠠᠷᠳᠠᠯᠭ᠎ᠠ ᠶᠣᠰᠣᠭᠠᠷ᠂ ᠪᠣᠳᠠᠲᠠᠶ ᠲᠠᠢ ᠪᠠᠨ ᠤᠶᠠᠯᠳᠤᠭᠤᠯᠤᠨ᠂ ᠭᠤᠤᠯᠳᠠᠯᠭ᠎ᠠ ᠪᠠᠨ ᠳᠣᠪᠤᠶᠢᠯᠭᠠᠵᠤ᠂ ᠡᠭᠦᠷᠭᠡ ᠪᠣᠯᠭᠠᠨ ᠢ ᠨᠠᠷᠢᠨ ᠬᠢᠨᠠᠮᠠᠭᠠᠶ ᠯᠠᠪᠳᠠᠭᠤᠨ ᠪᠠᠲᠤᠲᠠᠶ ᠪᠥᠭᠡᠳ ᠰᠠᠶᠢᠲᠤᠷ ᠪᠡᠶᠡᠯᠡᠭᠦᠯᠵᠦ᠂ ᠭᠤᠤᠯ ᠰᠡᠳᠦᠪᠲᠦ ᠬᠥᠮᠦᠵᠢᠯ ᠤᠨ ᠴᠢᠨᠠᠷ ᠰᠠᠶᠢᠲᠠᠶ ᠥᠷᠨᠢᠬᠦ ᠶᠢ ᠠᠬᠢᠭᠤᠯᠤᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠨ᠂ ᠬᠤᠲᠠ ᠶᠢᠨ ᠨᠠᠮ ᠤᠨ ᠬᠤᠷᠢᠶᠠᠨ ᠤ ᠵᠢᠯᠣᠭᠤᠳᠬᠤ ᠳᠤᠭᠤᠶᠢᠯᠠᠩ ᠤᠨ ᠰᠢᠮᠳᠠᠭᠤᠯᠤᠨ ᠵᠢᠯᠣᠭᠤᠳᠬᠤ ᠶᠢ ᠤᠬᠠᠮᠰᠠᠷ ᠠᠴᠠ ᠪᠠᠨ ᠬᠦᠯᠢᠶᠡᠵᠦ᠂  ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠤᠤᠯ ᠰᠡᠳᠦᠪᠲᠦ ᠬᠥᠮᠦᠵᠢᠯ ᠢ ᠬᠠᠮᠲᠤᠪᠠᠷ ᠰᠠᠶᠢᠲᠤᠷ ᠥᠷᠨᠢᠭᠦᠯᠵᠦ᠂ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠪᠠ᠃      ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠪᠣᠯᠤᠨ ᠪᠠᠶᠠᠨᠲᠣᠬᠤᠶ ᠪᠠᠯᠭᠠᠰᠤᠨ ᠤ ᠸᠠᠨ ᠮᠦ  ᠲᠠᠨ ᠲᠣᠰᠬᠤᠨ ᠤ ᠨᠠᠮ ᠤᠨ ᠶᠡᠷᠦᠩᠬᠡᠶ ᠡᠭᠦᠷ ᠤᠨ ᠬᠢᠨ ᠬᠠᠮᠲᠤᠷᠠᠨ ︽ᠨᠠᠮ ᠤᠨ ᠪᠠᠶᠢᠭᠤᠯᠤᠯᠲᠠ + ᠶᠠᠳᠠᠭᠤ ᠶᠢ ᠲᠡᠳᠬᠦᠬᠦ· ᠪᠢ ᠪᠣᠯᠤᠨ ᠡᠬᠡ ᠤᠯᠤᠰ ᠲᠠᠢ ᠪᠠᠨ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠡᠷᠬᠢᠯᠡᠵᠦ᠂  ᠲᠤᠭᠤᠷᠢᠭ ᠤᠨ ᠰᠠᠬᠢᠯᠭ᠎ᠠ ᠪᠠᠲᠤ  ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠬᠠᠷᠢᠭᠤᠴᠠᠯᠭᠠᠲᠠᠨ᠂  ᠪᠠᠶᠢᠭᠤᠯᠭ᠎ᠠ ᠶᠢᠨ ᠨᠠᠮ ᠤᠨ ᠡᠭᠦᠷ ᠤᠨ ᠳᠡᠳ᠋ ᠱᠦᠵᠢ ᠸᠠᠩ ᠵᠢᠶᠦ᠋ᠨ ᠨᠥᠬᠦᠷ ᠰᠠᠬᠢᠯᠭ᠎ᠠ ᠪᠠᠲᠤ  ᠪᠠᠶᠢᠴᠠᠭᠠᠬᠤ ᠬᠢᠨᠠᠨ  ᠪᠠᠶᠢᠴᠠᠭᠠᠬᠤ ᠠᠵᠢᠯ ᠪᠣᠯᠤᠨ ᠦᠨᠳᠦᠰᠦᠨ ᠱᠠᠲᠤᠨ ᠤ ᠨᠠᠮ ᠤᠨ ᠰᠤᠷᠲᠠᠯ᠂ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠲᠣᠭᠤᠷᠢᠨ ᠳᠤ᠂ ᠪᠦᠬᠦ ᠨᠠᠮ ᠤᠨ ᠭᠡᠰᠢᠭᠦᠳ ᠲᠤ ᠬᠢᠴᠢᠶᠡᠯ ᠣᠷᠣᠬᠤ ᠶᠢᠨ ᠬᠠᠮᠲᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠤᠯᠠᠮᠵᠢᠯᠠᠨ ᠰᠤᠷᠤᠯᠴᠠᠬᠤ ᠶᠢᠨ ᠬᠠᠮᠲᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ ᠲᠠᠷᠢᠶᠠᠴᠢᠳ ᠢ ᠳᠠᠭᠠᠭᠤᠯᠤᠨ ᠠᠵᠤ  ᠦᠢᠯᠡᠰ ᠢ ᠬᠥᠭᠵᠢᠭᠦᠯᠵᠦ ᠣᠷᠣᠯᠭ᠎ᠠ ᠶᠢ ᠨᠡᠮᠡᠭᠳᠡᠭᠦᠯᠬᠦ ᠬᠠᠮᠢᠶ᠎ᠠ ᠪᠦᠬᠦᠢ ᠠᠭᠤᠯᠭ᠎ᠠ ᠶᠢ ᠰᠤᠷᠤᠯᠴᠠᠪᠠ᠃      ᠲᠤᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤᠬᠠᠶ ᠶᠢᠨ ᠭᠠᠵᠠᠷ  ᠳᠤᠨᠢ ᠬᠦᠷᠴᠦ ᠰᠤᠷᠪᠤᠯᠵᠢᠯᠠᠬᠤ᠂ ᠲᠥᠷᠥᠯ  ᠵᠦᠢᠯ ᠤᠨ ᠴᠡᠭ ᠤᠨ ᠠᠵᠢᠯᠯᠠᠭ᠎ᠠ ᠬᠢᠬᠦ ᠪᠠᠷ ᠳᠠᠮᠵᠢᠨ᠂ ᠲᠤᠬᠠᠶ ᠶᠢᠨ ᠭᠠᠵᠠᠷ ᠤᠨ ᠺᠠᠳ᠋ᠷ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠣᠯᠠᠨ ᠲᠦᠮᠡᠨ ᠲᠠᠢ ᠬᠠᠷᠢᠯᠴᠠᠵᠤ ᠣᠯᠠᠨ ᠲᠦᠮᠡᠨ ᠳᠤ ᠦᠢᠯᠡᠴᠢᠯᠡᠬᠦ ᠠᠮᠢᠳᠤᠯᠢᠭ  ᠦᠢᠯᠡᠳᠦᠯᠭᠡ ᠪᠣᠯᠭᠠᠨ ᠬᠤᠪᠢᠷᠠᠭᠤᠯᠪᠠ᠃  ᠲᠤᠭᠤᠷᠢᠭ ᠤᠨ ᠲᠠᠪᠤᠨ 100 ᠲᠥᠷᠥᠯ ᠵᠦᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠲᠥᠷᠥᠯ  ᠵᠦᠢᠯ ᠤᠨ ᠬᠠᠮᠢᠶᠠᠷᠤᠯᠲᠠ ᠵᠢᠴᠢ ᠮᠥᠷᠳᠡᠨ ᠵᠢᠯᠣᠭᠤᠳᠬᠤ ᠶᠢ ᠬᠢᠨᠠᠮᠠᠭᠠᠶ ᠰᠠᠶᠢᠲᠤᠷ ᠬᠢᠵᠦ᠂ ᠲᠥᠷᠥᠯ  ᠵᠦᠢᠯ ᠤᠨ ᠠᠵᠢᠯ ᠢ ᠵᠦᠶ ᠵᠣᠬᠢᠰᠲᠠᠶ ᠲᠣᠭᠲᠠᠭᠠᠯ ᠳᠤ ᠨᠡᠶᠢᠴᠡᠭᠦᠯᠦᠨ ᠬᠡᠷᠡᠭᠵᠢᠭᠦᠯᠬᠦ ᠶᠢ ᠦᠨᠡᠨᠬᠦ  ᠪᠠᠲᠤᠯᠠᠪᠠ᠃      ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠡᠨᠡ ᠤᠳᠠᠭ᠎ᠠ ᠶᠢᠨ ᠭᠤᠤᠯ ᠰᠡᠳᠦᠪᠲᠦ ᠰᠤᠷᠭᠠᠨ ᠬᠥᠮᠦᠵᠢᠯ ᠢ ᠴᠢᠬᠤᠯᠠ ᠠᠵᠠ ᠲᠣᠬᠢᠶᠠᠯ ᠪᠣᠯᠭᠠᠵᠤ᠂ ᠪᠦᠬᠦ ᠲᠠᠯ᠎ᠠ ᠪᠠᠷ ᠲᠤᠭ᠎ᠠ ᠪᠦᠷᠢᠳᠬᠡᠯ ᠤᠨ ᠥᠭᠡᠷᠡᠴᠢᠯᠡᠯᠲᠡ ᠬᠥᠭᠵᠢᠯᠲᠡ ᠶᠢ ᠲᠦᠷᠭᠡᠳᠬᠡᠨ ᠠᠬᠢᠭᠤᠯᠬᠤ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠪᠠ᠃ ᠭᠤᠤᠯ ᠰᠡᠳᠦᠪᠲᠦ ᠬᠥᠮᠦᠵᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠦᠨᠳᠦᠰᠦᠨ ᠡᠭᠦᠷᠭᠡ ᠶᠢ ᠣᠨᠣᠪᠴᠢᠲᠠᠶ ᠡᠵᠡᠮᠳᠡᠵᠦ᠂  ᠳᠡᠭᠡᠳᠦ ᠬᠡᠮᠵᠢᠶᠡᠨ ᠤ ᠤᠯᠤᠰ ᠲᠥᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠠᠵᠢᠯ ᠬᠢᠵᠦ  ᠦᠢᠯᠡᠰ ᠪᠣᠰᠬᠠᠬᠤ ᠴᠤᠭ ᠰᠦᠯᠳᠡ ᠪᠠᠷ ᠰᠤᠷᠤᠯᠴᠠᠯᠭ᠎ᠠ ᠬᠥᠮᠦᠵᠢᠯ ᠤᠨ ᠰᠢᠨ᠎ᠡ ᠦᠷ᠎ᠡ ᠪᠦᠲᠦᠮᠵᠢ ᠪᠠᠷ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠭᠡᠯ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠳᠦᠷᠰᠦ  ᠪᠠᠶᠢᠳᠠᠯ᠂ ᠲᠤᠭ᠎ᠠ ᠪᠦᠷᠢᠳᠬᠡᠯ ᠤᠨ ᠰᠢᠨ᠎ᠡ ᠡᠭᠦᠳᠦᠯᠲᠡ ᠰᠢᠨ᠎ᠡ ᠰᠢᠪᠲᠤᠯᠤᠯᠲᠠ ᠲᠠᠢ᠂ ᠠᠷᠠᠳ ᠲᠦᠮᠡᠨ ᠳᠤ  ᠦᠢᠯᠡᠴᠢᠯᠡᠬᠦ ᠰᠢᠨ᠎ᠡ ᠦᠷ᠎ᠡ ᠪᠦᠲᠦᠮᠵᠢ ᠲᠠᠢ᠂ ᠲᠤᠭ᠎ᠠ ᠪᠦᠷᠢᠳᠬᠡᠯ ᠤᠨ ᠠᠵᠢᠯ ᠢ ᠳᠠᠬᠢᠨ ᠰᠢᠨ᠎ᠡ ᠲᠦᠪᠰᠢᠨ ᠳᠤ ᠬᠦᠷᠭᠡᠬᠦ ᠶᠢ ᠠᠬᠢᠭᠤᠯᠤᠨ᠎ᠠ᠃      ᠲᠤᠭᠤᠷᠢᠭ ᠤᠨ ᠭᠠᠵᠠᠷ ᠰᠢᠷᠣᠶ ᠨᠥᠭᠡᠴᠡᠯᠡᠬᠦ ᠲᠥᠪ ᠠᠴᠠ ᠭᠤᠤᠯ ᠰᠡᠳᠦᠪᠲᠦ ᠰᠤᠷᠭᠠᠨ ᠬᠥᠮᠦᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠭᠤᠤᠯ ᠰᠡᠳᠦᠪᠲᠦ ᠰᠤᠷᠭᠠᠨ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠴᠢᠩᠭᠠᠳᠬᠠᠵᠤ᠂ ᠭᠤᠤᠯ ᠰᠡᠳᠦᠪᠲᠦ ᠰᠤᠷᠭᠠᠨ ᠬᠥᠮᠦᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠠᠵᠢᠯ ᠢ ᠦᠨᠡᠨ ᠬᠦ ᠴᠢᠩᠭᠠᠳᠬᠠᠨ᠂ ︽ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠡᠵᠡᠮᠳᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠤᠳᠤᠷᠢᠳᠬᠤ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠢᠮᠳᠠᠭᠤᠯᠤᠨ ᠵᠢᠯᠣᠭᠤᠳᠬᠤ ᠪᠠ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠬᠡᠯᠪᠡᠷᠢᠴᠢ ᠦᠵᠡᠯ ᠢ ᠡᠷᠡᠰ ᠰᠡᠷᠭᠡᠶᠢᠯᠡᠨ᠎ᠡ᠃      ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠦᠨᠡᠨᠴᠢ ᠰᠢᠳᠤᠷᠭᠤ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠨᠠᠮ ᠤᠨ ᠡᠭᠦᠷ ᠤᠨ ᠱᠦᠵᠢ ᠶᠢᠨ ᠰᠤᠷᠤᠯᠴᠠᠯᠭ᠎ᠠ ᠶᠢᠨ ᠬᠤᠷᠠᠯ᠂ ᠬᠤᠪᠢᠶᠠᠷᠢ  ᠲᠤᠪᠴᠢᠶᠠᠨ ᠤ ᠨᠠᠮ ᠤᠨ  ᠬᠤᠷᠢᠶᠠᠨ ᠤ ︵ᠲᠤᠪ ᠳᠤᠭᠤᠶᠢᠯᠠᠩ︶ ᠭᠤᠤᠯ ᠰᠡᠳᠦᠪᠲᠤ ᠬᠦᠮᠦᠵᠢᠯ ᠢ ᠯᠠᠪᠳᠠᠭᠤᠨ ᠪᠠᠲᠤᠲᠠᠢ ᠦᠷᠨᠢᠭᠦᠯᠬᠦ  ᠳᠤ ᠲᠦᠰᠢᠭᠯᠡᠨ᠂  ︽ᠣᠨᠣᠯ ᠤᠨ ᠰᠤᠷᠤᠯᠴᠠᠯᠭ᠎ᠠ ᠳᠤ ᠣᠯᠤᠯᠲᠠ ᠲᠠᠢ᠂ ᠦᠵᠡᠯ ᠰᠠᠨᠠᠭ᠎ᠠ ᠤᠯᠤᠰ ᠲᠥᠷᠦ ᠶᠢᠨ ᠣᠬᠢᠶᠠᠯᠲᠠ ᠶᠢ ᠬᠦᠯᠢᠶᠡᠬᠦ᠂ ᠠᠵᠢᠯ ᠬᠢᠵᠦ ᠦᠢᠯᠡᠰ ᠪᠣᠰᠬᠠᠬᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠠᠷᠠᠳ ᠲᠦᠮᠡᠨ ᠳᠤ ᠦᠢᠯᠡᠴᠢᠯᠡᠬᠦ ᠬᠦᠴᠢᠷ ᠠᠰᠠᠭᠤᠳᠠᠯ ᠢ ᠰᠢᠢᠳᠪᠦᠷᠢᠯᠡᠬᠦ᠂ ᠦᠯᠢᠭᠡᠷ ᠳᠠᠭᠤᠷᠢᠶᠠᠯ ᠪᠣᠯᠬᠤ︾ ᠬᠠᠷᠠᠯᠲᠠ ᠶᠢ ᠲᠣᠳᠣᠷᠬᠠᠢ ᠭᠦᠢᠴᠡᠳᠬᠡᠵᠦ᠂ ᠣᠯᠠᠨ  ᠵᠦᠢᠯ ᠤᠨ ᠬᠡᠯᠪᠡᠷᠢ ᠪᠠᠷ ᠰᠤᠷᠤᠯᠴᠠᠬᠤ᠂ ᠲᠡᠷᠡ ᠬᠡᠪ ᠢᠶᠠᠷ ᠨᠢ ᠰᠤᠷᠤᠯᠴᠠᠬᠤ ᠶᠢ ᠪᠡᠶᠡᠯᠡᠭᠦᠯᠵᠦ᠂ ᠰᠤᠷᠤᠯᠴᠠᠯᠭ᠎ᠠ ᠶᠢ ᠢᠮᠠᠭᠲᠠ ᠲᠤᠤᠱᠯᠠᠭᠤᠯᠬᠤ᠂  ᠪᠠᠶᠢᠴᠠᠭᠠᠨ ᠰᠤᠳᠤᠯᠤᠯᠲᠠ ᠶᠢ ᠢᠮᠠᠭᠲᠠ ᠲᠤᠤᠱᠯᠠᠭᠤᠯᠬᠤ᠂ ᠠᠰᠠᠭᠤᠳᠠᠯ ᠢ ᠪᠠᠶᠢᠴᠠᠭᠠᠨ ᠦᠵᠡᠬᠦ ᠶᠢ ᠢᠮᠠᠭᠲᠠ ᠲᠤᠤᠱᠯᠠᠭᠤᠯᠬᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠢᠮᠠᠭᠲᠠ ᠲᠤᠤᠱᠯᠠᠭᠤᠯᠬᠤ ᠬᠡᠷᠡᠭᠲᠡᠶ ᠭᠡᠵᠦᠲᠣᠳᠣᠷᠬᠠᠶᠢᠯᠠᠪᠠ᠃        ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ  ᠲᠤᠪᠴᠢᠶᠠᠨ ᠤ ᠨᠠᠮ ᠤᠨ ᠡᠭᠦᠷ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠪᠦᠬᠦ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠦ ᠳᠠᠬᠢᠨ ᠨᠢᠭᠡ ᠤᠳᠠᠭ᠎ᠠ ᠰᠤᠷᠤᠯᠴᠠᠨ ᠣᠶᠢᠯᠠᠭᠠᠵᠤ᠂ ᠲᠡᠭᠦᠨ ᠠᠴᠠ ᠨᠠᠷᠢᠨ ᠬᠢᠨᠠᠮᠠᠭᠠᠶ ᠰᠤᠷᠤᠯᠴᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠴᠥᠬᠦᠷᠡᠰᠢ ᠦᠭᠡᠢ ᠲᠡᠮᠡᠴᠡᠵᠦ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠬᠠᠶ ᠲᠠᠨᠢᠯᠲᠠ ᠪᠠ ᠣᠶᠢᠯᠠᠭᠠᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠤᠭ ᠰᠠᠨᠠᠭ᠎ᠠ ᠪᠠᠨ ᠪᠠᠷᠢᠮᠲᠠᠯᠠᠬᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠤᠯᠤᠰ ᠲᠥᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠦ᠂ ᠬᠤᠷᠠᠯ ᠲᠡᠭᠦᠰᠦᠭᠰᠡᠨ ᠤ ᠲᠠᠷᠠᠭ᠎ᠠ ᠪᠠᠰᠠ ᠪᠦᠬᠦ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠦ ︽ᠬᠤᠤᠰ ᠬᠤᠲᠠ ᠶᠢ ᠬᠤᠯᠪᠣᠭᠠᠯᠠᠨ ᠪᠠᠶᠢᠭᠤᠯᠬᠤ︾ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠨᠠᠮ ᠤᠨ ᠭᠡᠰᠢᠭᠦᠨ ᠤ ᠦᠵᠡᠯ ᠰᠠᠨᠠᠭ᠎ᠠ ᠲᠠᠨᠢᠯᠲᠠ ᠪᠣᠯᠤᠨ ᠨᠠᠮ ᠤᠨ ᠡᠭᠦᠷ ᠤᠨ ᠨᠢᠭᠲᠠᠷᠠᠭᠤᠯᠬᠤ ᠬᠦᠴᠦᠨ ᠢ ᠴᠢᠨᠠᠭᠰᠢᠳᠠ ᠳᠡᠭᠡᠭᠰᠢᠯᠡᠭᠦᠯᠪᠡ᠃      ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠡᠭᠦᠷ ᠤᠨ ᠬᠢᠨ ᠰᠢᠨ᠎ᠡ ᠶᠢ ᠡᠭᠦᠳᠬᠦ ᠬᠡᠯᠪᠡᠷᠢ ᠪᠠᠷ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠵᠦ᠂ ᠪᠦᠬᠦ ᠵᠥᠪᠯᠡᠯ ᠤᠨ ᠠᠵᠢᠯᠲᠠᠨ ᠠᠵᠢᠯᠴᠢᠨ ᠤ ᠺᠠᠳ᠋ᠷ ᠢ ᠵᠣᠬᠢᠶᠠᠨ ᠪᠠᠶᠢᠭᠤᠯᠵᠦ ᠪᠠᠷᠠᠭᠤᠨ ᠣᠷᠠᠨᠳᠦ᠋ᠰᠢ ᠲᠣᠮᠢᠯᠠᠭᠰᠠᠨ ᠰᠠᠯᠪᠤᠷᠢ ᠳᠤ ᠬᠦᠷᠴᠦ ᠦᠨᠡᠨᠴᠢ ᠰᠢᠳᠤᠷᠭᠤ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠭᠦᠯᠵᠦ᠂ ᠨᠠᠮ ᠳᠤ ᠣᠷᠣᠬᠤ ᠲᠠᠩᠭᠠᠷᠢᠭ ᠤᠨ ᠦᠭᠡ ᠶᠢ ᠳᠠᠬᠢᠨ ᠡᠷᠭᠢᠴᠡᠭᠦᠯᠵᠦ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠪᠣᠯᠤᠨ ᠠᠬᠠᠮᠠᠳ ᠦᠶ᠎ᠡ ᠶᠢᠨ   ᠬᠢᠨ ᠢ ᠳᠤᠷᠠᠰᠤᠨ ᠰᠠᠨᠠᠭᠠᠯᠵᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠤᠯᠠᠮᠵᠢᠯᠠᠨ ᠵᠠᠯᠭᠠᠮᠵᠢᠯᠠᠵᠤ᠂ ᠪᠦᠬᠦ ᠵᠦᠪᠯᠡᠯ ᠤᠨ ᠠᠵᠢᠯᠲᠠᠳ ᠨᠢᠭᠡ ᠤᠳᠠᠭ᠎ᠠ ᠶᠢᠨ ᠨᠠᠮᠴᠢ ᠴᠢᠨᠠᠷ ᠤᠨ ᠬᠥᠮᠦᠵᠢᠯ ᠤᠨ  ᠣᠬᠢᠶᠠᠯᠲᠠ ᠶᠢ ᠥᠩᠭᠡᠷᠡᠭᠦᠯᠵᠦ᠂ ᠨᠠᠮ ᠤᠨ ᠲᠤᠬᠠᠶ ᠢᠲᠡᠭᠡᠯ ᠪᠢᠰᠢᠷᠡᠯ ᠢᠶᠠᠨ ᠨᠠᠩ  ᠪᠠᠲᠤᠳᠬᠠᠵᠦ᠂ ᠡᠷᠬᠡᠪᠰᠢ ᠢᠮᠠᠭᠲᠠ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠷᠢᠮᠲᠠᠯᠠᠵᠤ᠂ ᠡᠷᠡᠮᠡᠬᠡᠶᠢᠯᠡᠨ ᠤᠷᠤᠭᠰᠢᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠠᠷᠠᠳ ᠲᠦᠮᠡᠨ  ᠤ ᠦᠢᠯᠡᠴᠢᠯᠡᠭᠴᠢ ᠪᠣᠯᠬᠤ ᠪᠠᠷ ᠴᠢᠷᠮᠠᠶᠢᠬᠤ ᠬᠡᠷᠡᠭᠲᠡᠶ᠃
 
ᠢᠷᠡᠯᠲᠡ᠄ ᠠᠮᠢᠵᠢᠷᠠᠯ ᠤᠨ ᠬᠦᠴᠦᠨ ᠪᠢᠯᠬᠠᠬᠰᠠᠨ ᠬᠠᠶᠢᠨᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号