ᠬᠠᠶᠢᠨᠠᠨ ᠲᠤᠭᠤᠷᠢᠭ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶ ᠦᠷᠨᠢᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2019/9/30
     ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ︽ᠰᠤᠷᠤᠯᠴᠠᠯᠭ᠎ᠠ ᠳᠤ ᠪᠠᠯᠠᠶ ᠣᠷᠣᠨ ᠦᠭᠡᠢ᠂ ᠰᠤᠷᠭᠠᠨ ᠬᠥᠮᠦᠵᠢᠯ ᠳᠤ ᠪᠠᠯᠠᠶ ᠣᠷᠣᠨ ᠦᠭᠡᠢ︾ ᠪᠠᠶᠢᠬᠤ ᠵᠠᠷᠴᠢᠮ   ᠢ ᠪᠠᠷᠢᠮᠲᠠᠯᠠᠵᠤ᠂ ᠦᠳᠲᠡᠷ ᠲᠦᠷᠭᠡᠨ ᠬᠥᠳᠡᠯᠦᠯᠴᠡᠵᠦ᠂ ᠪᠦᠬᠦ ᠲᠠᠯ᠎ᠠ ᠪᠠᠷ ᠪᠠᠶᠢᠷᠢᠯᠠᠭᠤᠯᠤᠨ᠂ ᠬᠠᠷᠠᠯᠲᠠ ᠱᠠᠭᠠᠷᠳᠠᠯᠭ᠎ᠠ ᠳᠤᠷᠠᠳᠴᠤ᠂ ᠲᠤᠭᠤᠷᠢᠭ ᠤᠨ ᠪᠣᠳᠠᠲᠤ  ᠪᠠᠶᠢᠳᠠᠯ ᠲᠠᠢ ᠨᠢᠭᠲᠠ ᠤᠶᠠᠯᠳᠤᠭᠤᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠮᠤᠭ ᠤᠨ ᠲᠡᠷᠢᠭᠦᠨ ᠳᠤ ᠭᠤᠤᠯ ᠰᠡᠳᠦᠪᠲᠦ ᠬᠥᠮᠦᠵᠢᠯ ᠤᠨ ᠡᠭᠦᠷᠭᠡ ᠱᠠᠭᠠᠷᠳᠠᠯᠭ᠎ᠠ ᠶᠢ ᠨᠠᠮ ᠤᠨ ᠡᠭᠦᠷ ᠨᠢᠭᠡᠪᠦᠷᠢ᠂ ᠨᠠᠮ ᠤᠨ ᠭᠡᠰᠢᠭᠦᠨ ᠨᠢᠭᠡᠪᠦᠷᠢ ᠳᠤ ᠲᠤᠤᠱᠯᠠᠭᠤᠯᠪᠠ᠃      ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠡᠭᠦᠯᠳᠡᠷᠵᠢᠯ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ᠂ ᠬᠤᠯᠪᠣᠭᠳᠠᠯ ᠪᠦᠬᠦᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠪᠠ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠬᠡᠰᠡᠭ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠭᠰᠡᠨ ᠲᠤᠭᠤᠷᠢᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠳᠣᠤᠷ᠎ᠠ ᠨᠢ ᠠᠯᠪᠠᠨ ᠭᠡᠷ ᠭᠠᠷᠭᠠᠵᠤ᠂ ᠪᠦᠬᠦ ᠲᠤᠭᠤᠷᠢᠭ ᠤᠨ ᠭᠤᠤᠯ ᠰᠡᠳᠦᠪᠲᠦ ᠬᠥᠮᠦᠵᠢᠯ ᠤᠨ ᠠᠵᠢᠯ ᠥᠷᠨᠢᠭᠦᠯᠬᠦ ᠶᠢ ᠪᠣᠳᠠᠲᠠᠶ ᠬᠠᠷᠢᠭᠤᠴᠠᠭᠤᠯᠪᠠ︔ ᠠᠯᠪᠠᠨ ᠭᠡᠷ ᠤᠨ ᠳᠣᠣᠷ᠎ᠠ ᠪᠠᠰᠠ ᠶᠡᠷᠦᠩᠬᠡᠶᠢᠯᠡᠭᠰᠡᠨ ᠳᠣᠭᠤᠶᠢᠯᠠᠩ᠂ ᠬᠠᠷᠢᠯᠴᠠᠬᠤ ᠨᠢᠭᠡᠳᠦᠭᠡᠷ ᠳᠣᠭᠤᠶᠢᠯᠠᠩ᠂ ᠬᠠᠷᠢᠯᠴᠠᠬᠤ ᠬᠤᠶᠠᠳᠤᠭᠠᠷ ᠳᠣᠭᠤᠶᠢᠯᠠᠩ᠂ ᠤᠬᠠᠭᠤᠯᠬᠤ ᠳᠣᠭᠤᠶᠢᠯᠠᠩ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠤᠰᠬᠠᠶ ᠳᠣᠭᠤᠶᠢᠯᠠᠩ ᠪᠠ 5 ᠵᠢᠯᠣᠭᠤᠳᠬᠤ ᠳᠣᠭᠤᠶᠢᠯᠠᠩ ᠢ ᠪᠠᠶᠢᠭᠤᠯᠵᠦ᠂ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠪᠠ᠃      ᠰᠠᠨᠠᠭᠠᠴᠢᠯᠠᠭ᠎ᠠ ᠠᠴᠠ ᠪᠠᠨ ᠠᠵᠢᠯᠯᠠᠬᠤ᠃ ᠭᠤᠤᠯ ᠰᠡᠳᠦᠪᠲᠦ ᠰᠤᠷᠭᠠᠨ ᠬᠥᠮᠦᠵᠢᠯ ᠢ ᠡᠬᠢᠯᠡᠭᠦᠯᠬᠦ ᠠᠴᠠ ᠡᠮᠦᠨ᠎ᠡ ᠢᠳᠡᠪᠬᠢᠲᠡᠢ ᠬᠥᠳᠡᠯᠦᠯᠴᠡᠵᠦ᠂ ᠤᠷᠢᠳᠴᠢᠯᠠᠨ ᠲᠥᠰᠦᠪᠯᠡᠨ ᠪᠠᠶᠢᠷᠢᠰᠢᠭᠤᠯᠵᠤ᠂ ᠠᠵᠢᠯᠲᠠᠨ ᠤ ᠲᠣᠬᠢᠷᠠᠭᠤᠯᠤᠯᠲᠠ᠂ ᠠᠵᠢᠯᠯᠠᠬᠤ ᠲᠠᠯᠠᠪᠤᠷ ᠵᠢᠴᠢ ᠲᠥᠬᠦᠭᠡᠷᠦᠮᠵᠢ ᠶᠢᠨ ᠲᠣᠬᠢᠷᠠᠭᠤᠯᠤᠯᠲᠠ ᠵᠡᠷᠭᠡ ᠲᠠᠯ᠎ᠠ ᠠᠴᠠ ᠤᠷᠢᠳᠴᠢᠯᠠᠨ ᠭᠠᠷᠳᠠᠵᠤ᠂ ᠴᠠᠭ ᠲᠤᠬᠠᠶ ᠳᠤᠨᠢ ᠪᠣᠳᠠᠲᠠᠶ ᠲᠣᠬᠢᠷᠠᠭᠤᠯᠬᠤ ᠶᠢᠨ ᠬᠠᠮᠲᠤ ᠲᠤᠰᠬᠠᠶ ᠵᠠᠷᠤᠳᠠᠯ ᠰᠢᠯᠵᠢᠭᠦᠯᠦᠨ ᠥᠭᠴᠦ᠂ ᠡᠨᠡ ᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠨ᠎ᠠ︔ ᠬᠠᠮᠢᠶ᠎ᠠ ᠪᠦᠬᠦᠢ ᠭᠤᠤᠯ ᠰᠡᠳᠦᠪᠲᠦ ᠬᠥᠮᠦᠵᠢᠯ ᠤᠨ ᠬᠡᠷᠡᠭᠵᠢᠭᠦᠯᠬᠦ ᠲᠥᠰᠦᠯ᠂ ᠳᠠᠶᠢᠴᠢᠯᠠᠯᠲᠠ ᠶᠢᠨ ᠶᠠᠷᠢᠶᠠᠨ ᠤ ᠮᠠᠲ᠋ᠧᠷᠢᠶᠠᠯ᠂ ᠠᠵᠢᠯ ᠤᠨ ᠭᠠᠷ ᠳᠡᠪᠲᠡᠷ ᠵᠡᠷᠭᠡ ᠳᠤ ᠤᠷᠢᠳᠴᠢᠯᠠᠨ ᠪᠡᠯᠡᠳᠬᠡᠯ ᠬᠢᠵᠦ᠂ ᠪᠥᠬᠦ ᠲᠤᠭᠤᠷᠢᠭ ᠤᠨ ᠭᠤᠤᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠶᠡᠭᠡ ᠬᠤᠷᠠᠯ ᠢ ᠬᠤᠷᠠᠯᠳᠤᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠪᠠ᠃      ᠨᠠᠷᠢᠨ ᠨᠢᠮᠪᠠᠶ ᠲᠣᠬᠢᠷᠠᠭᠤᠯᠬᠤ᠃ 9 ᠳ᠋ᠣᠭᠡᠷ ᠰᠠᠷ᠎ᠠ ᠶᠢᠨ 16 ᠤ ᠡᠳᠦᠷ ᠮᠠᠨ ᠤ ᠬᠤᠲᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠰᠠᠨ ᠤ ᠳᠠᠷᠠᠭ᠎ᠠ᠂ 9 ᠳ᠋ᠣᠭᠡᠷ ᠰᠠᠷ᠎ᠠ ᠶᠢᠨ 17 ᠤ ᠡᠳᠦᠷ᠂ ᠬᠠᠶᠢᠨᠠᠨ ᠲᠤᠭᠤᠷᠢᠭ ᠬᠠᠮᠤᠭ ᠲᠡᠷᠢᠭᠦᠨ ᠳᠤ ᠪᠦᠬᠦ ᠲᠤᠭᠤᠷᠢᠭ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠶᠡᠭᠡ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠶᠢᠨ ᠬᠤᠷᠠᠯ ᠵᠢᠴᠢ ᠬᠤᠶᠠᠳᠤᠭᠠᠷ ᠪᠦᠯᠦᠭ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠤᠯᠠᠮᠵᠢᠯᠠᠪᠠ᠃ 9 ᠳ᠋ᠣᠭᠡᠷ ᠰᠠᠷ᠎ᠠ ᠶᠢᠨ 18 ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠪᠣᠯᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠴᠥᠮ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠪᠡ᠃ 9 ᠳ᠋ᠣᠭᠡᠷ ᠰᠠᠷ᠎ᠠ ᠶᠢᠨ 19 ᠤ ᠡᠳᠦᠷ ᠪᠣᠯᠲᠠᠯ᠎ᠠ᠂ ᠪᠥᠬᠦ ᠲᠤᠭᠤᠷᠢᠭ ᠤᠨ 249 ᠨᠠᠮ ᠤᠨ ᠵᠣᠬᠢᠶᠠᠨ ᠪᠠᠶᠢᠭᠤᠯᠤᠯᠲᠠ᠂ ᠦᠢᠯᠡᠳᠪᠦᠷᠢᠯᠡᠯ ᠵᠣᠭᠰᠣᠭᠰᠠᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ 9 ᠵᠣᠬᠢᠶᠠᠨ ᠪᠠᠶᠢᠭᠤᠯᠤᠯᠲᠠ ︵ᠠᠵᠤ ᠠᠬᠤᠶᠢᠯᠠᠯ︶ ᠠᠴᠠ ᠭᠠᠳᠠᠨ᠎ᠠ᠂ ᠦᠯᠡᠳᠡᠭᠰᠡᠨ 240 ᠨᠠᠮ ᠤᠨ ᠵᠣᠬᠢᠶᠠᠨ ᠪᠠᠶᠢᠭᠤᠯᠤᠯᠲᠠ ᠭᠤᠤᠯ ᠰᠡᠳᠦᠪᠲᠦ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢ ᠪᠡᠶᠡᠯᠡᠭᠦᠯᠵᠡᠶ᠃      ᠬᠠᠶᠢᠨᠠᠨ ᠲᠤᠭᠤᠷᠢᠭ ᠤᠨ ᠬᠢᠨ ᠳᠡᠭᠡᠳᠦ ᠬᠡᠮᠵᠢᠶᠡᠨ ᠤ ᠤᠯᠤᠰ ᠲᠥᠷᠦ ᠶᠢᠨ ᠬᠠᠷᠢᠭᠤᠴᠠᠯᠭ᠎ᠠ ᠪᠠᠷ ᠭᠤᠤᠯ ᠰᠡᠳᠦᠪᠲᠦ ᠬᠥᠮᠦᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠰᠠᠶᠢᠲᠤᠷ ᠡᠬᠢᠯᠡᠭᠦᠯᠵᠦ᠂ ᠰᠠᠶᠢᠲᠤᠷ ᠠᠯᠬᠤᠵᠤ᠂ ᠭᠤᠤᠯ ᠰᠡᠳᠦᠪᠲᠦ ᠰᠤᠷᠭᠠᠨ ᠬᠥᠮᠦᠵᠢᠯ ᠤᠨ ᠥᠨᠳᠥᠷ ᠭᠠᠷᠤᠭ᠎ᠠ ᠠᠴᠠ ᠡᠬᠢᠯᠡᠭᠦᠯᠬᠦ ᠪᠠᠷ ᠴᠢᠷᠮᠠᠶᠢᠵᠤ᠂ ᠴᠢᠨᠠᠷ ᠰᠠᠶᠢᠲᠠᠶ ᠠᠬᠢᠭᠤᠯᠤᠨ᠎ᠠ᠃ ᠥᠷᠭᠡᠨ ᠣᠯᠠᠨ ᠺᠠᠳ᠋ᠷ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ  ᠭᠦᠢᠴᠡᠳ ᠳᠠᠶᠢᠴᠢᠯᠠᠬᠤ ᠶᠢᠨ ᠲᠥᠯᠥᠭᠡ᠂ ᠥᠷᠭᠡᠨ ᠣᠯᠠᠨ ᠨᠠᠮ ᠤᠨ ᠭᠡᠰᠢᠭᠦᠨ ᠢᠲᠡᠭᠡᠯ ᠪᠢᠰᠢᠷᠡᠯ ᠤᠨ ᠰᠠᠭᠤᠷᠢ᠂ ᠣᠶᠤᠨ ᠰᠠᠨᠠᠭᠠᠨ ᠤ ᠺᠠᠯᠼ ᠢ ᠪᠠᠲᠤ ᠪᠠᠬᠢ ᠪᠣᠶ ᠪᠣᠯᠭᠠᠵᠤ᠂ ᠦᠵᠡᠯ ᠰᠠᠨᠠᠭᠠᠨ ᠤ ᠵᠠᠯᠠᠭᠤᠷ ᠢ ᠪᠠᠲᠤ ᠡᠵᠡᠮᠳᠡᠵᠦ᠂ ᠨᠠᠮ ᠤᠨ ᠬᠠᠮᠤᠭ ᠤᠨ ᠰᠢᠨ᠎ᠡ ᠤᠨᠤᠯ ᠤᠨ ᠦᠷ᠎ᠡ ᠪᠦᠲᠦᠭᠡᠯ ᠢᠶᠠᠷ ᠲᠠᠰᠤᠷᠠᠯᠲᠠ ᠦᠭᠡᠢ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠵᠤ᠂ ᠬᠠᠶᠢᠨᠠᠨ ᠲᠤᠭᠤᠷᠢᠭ ᠨᠠᠮ ᠤᠨ ᠭᠡᠰᠢᠭᠦᠨ ᠣᠳᠣᠷᠢᠳᠤᠯᠭ᠎ᠠ ᠺᠠᠳ᠋ᠷ ᠢ ᠵᠤᠬᠢᠶᠠᠨ ᠪᠠᠶᠢᠭᠤᠯᠵᠦ ︽ᠰᠢ ᠶᠢᠨ ᠫᠢᠩ ᠤᠨ ︿ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠲᠤᠬᠠᠶ ᠴᠢᠬᠤᠯᠠ ᠥᠭᠦᠯᠡᠯᠲᠡ ᠶᠢᠨ ᠰᠣᠩᠭᠤᠮᠠᠯ︾ ᠢ ᠤᠩᠰᠢᠵᠤ᠂ ᠨᠠᠮ ᠤᠨ ᠳᠦᠷᠢᠮ ᠪᠣᠯᠤᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾ ᠶᠢ ᠨᠠᠷᠢᠨ ᠬᠢᠨᠠᠮᠠᠭᠠᠶ ᠰᠤᠷᠤᠯᠴᠠᠪᠠ᠃ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠶᠢᠨ ᠬᠤᠷᠠᠯ᠂ ᠲᠥᠪ ᠤᠨ ᠤᠯᠤᠰ ᠲᠥᠷᠦ ᠶᠢᠨ ᠲᠣᠪᠴᠢᠶᠠᠨ ᠤ ᠬᠠᠮᠲᠤ ᠶᠢᠨ ᠰᠤᠷᠤᠯᠴᠠᠯᠭ᠎ᠠ᠂ ᠲᠥᠪ ᠤᠨ ᠪᠠ ᠲᠥᠷᠦ ᠶᠢᠨ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠶᠢᠨ ᠬᠤᠷᠠᠯ ᠪᠣᠯᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠦᠶ᠎ᠡ ᠶᠢᠨ ᠴᠢᠬᠤᠯᠠ ᠶᠠᠷᠢᠶ᠎ᠠ ᠶᠢ ᠭᠦᠨᠵᠡᠭᠡᠶ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠬᠦᠷᠢᠶᠡᠨ ᠤ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠰᠢᠨ᠎ᠡ ᠳᠤᠮᠳᠠᠳᠤ ᠤᠯᠤᠰ ᠤᠨ ᠲᠡᠤᠬᠡ ᠵᠡᠷᠭᠡ ᠶᠢ ᠰᠤᠷᠤᠯᠴᠠᠪᠠ᠃ ᠬᠠᠮᠲᠤ ᠪᠠᠷ ᠰᠤᠷᠤᠯᠴᠠᠬᠤ᠂ ᠨᠣᠮ ᠤᠩᠰᠢᠬᠤ ᠠᠩᠭᠢ ᠡᠷᠬᠢᠯᠡᠬᠦ ᠪᠠ ᠬᠠᠪᠰᠤᠷᠤᠨ ᠵᠢᠯᠣᠭᠤᠳᠬᠤ ᠲᠠᠶᠢᠯᠤᠮᠵᠢ ᠬᠢᠬᠦ᠂ ᠲᠤᠰᠬᠠᠶ ᠰᠡᠳᠦᠪᠲᠦ ᠰᠤᠷᠤᠯᠴᠠᠯᠭ᠎ᠠ ᠥᠷᠨᠢᠭᠦᠯᠬᠦ ᠵᠡᠷᠭᠡ ᠣᠯᠠᠨ ᠵᠦᠢᠯ ᠤᠨ ᠰᠤᠷᠤᠯᠴᠠᠬᠤ ᠠᠷᠭ᠎ᠠ ᠮᠠᠶ᠋ᠢᠭ ᠢ ᠬᠡᠷᠡᠭᠯᠡᠭᠰᠡᠨ ᠰᠠᠭᠤᠷᠢᠨ ᠳᠡᠭᠡᠷ᠎ᠡ᠂ ᠭᠦᠨᠵᠡᠭᠡᠶ ᠠᠭᠤᠳᠠᠯᠵᠤ ᠨᠠᠷᠢᠨ ᠰᠤᠳᠤᠯᠬᠤ ᠲᠠᠯ᠎ᠠ ᠪᠠᠷ ᠤᠯᠠᠮ ᠨᠢᠭᠡ ᠠᠯᠬᠤᠮ ᠠᠷᠭ᠎ᠠ ᠤᠬᠠᠭᠠᠨ ᠭᠠᠷᠭᠠᠵᠤ᠂ ᠨᠠᠮ ᠤᠨ ᠭᠡᠰᠢᠭᠦᠨ ᠺᠠᠳ᠋ᠷᠴᠤᠳ ᠤᠬᠠᠮᠰᠠᠷ ᠠᠴᠠ ᠪᠠᠨ ᠠᠰᠠᠭᠤᠳᠠᠯ ᠢ ᠪᠣᠳᠣᠯᠬᠢᠯᠠᠨ᠂ ᠬᠠᠷᠢᠭᠤᠴᠠᠯᠭ᠎ᠠ ᠡᠭᠦᠷᠭᠡᠯᠡᠵᠦ ᠪᠠᠶᠢᠭᠠᠳ ᠨᠠᠶᠢᠳᠠᠪᠤᠷᠢᠵᠢᠭᠤᠯᠬᠤ ᠬᠡᠷᠡᠭᠲᠡᠶ ᠪᠥᠭᠡᠳ ᠲᠤᠭᠤᠷᠢᠭ ᠤᠨ ᠪᠣᠳᠠᠲᠤ ᠪᠠᠶᠢᠳᠠᠯ᠂ ᠰᠠᠯᠠᠭ᠎ᠠ ᠮᠥᠴᠢᠷ ᠤᠨ ᠣᠨᠴᠠᠯᠢᠭ ᠲᠠᠢ ᠤᠶᠠᠯᠳᠤᠭᠤᠯᠤᠨ᠂ ᠭᠤᠤᠯ ᠠᠵᠢᠯ ᠤᠨ ᠲᠣᠭᠤᠷᠢᠨ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ︽ᠲᠣᠭᠲᠠᠭᠠᠭᠰᠠᠨ ᠬᠥᠳᠡᠯᠭᠡᠭᠡᠨ︾ ᠢ ᠰᠠᠶᠢᠲᠤᠷ ᠠᠳᠬᠤᠵᠤ᠂ ︽ᠥᠪᠡᠷ ᠢᠶᠠᠷ ᠰᠣᠩᠭᠤᠭᠰᠠᠨ ᠬᠥᠳᠡᠯᠭᠡᠭᠡᠨ︾ ᠢ ᠣᠨᠣᠪᠴᠢᠲᠠᠶ ᠠᠳᠬᠤᠵᠤ᠂ ︽ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠳᠡᠵᠦ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠢ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ᠃
 
ᠢᠷᠡᠯᠲᠡ᠄ ᠦᠬᠠᠢ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号