| | | | | | | | ᠮᠠᠨ ᠤ ᠲᠤᠭᠤᠷᠢᠭ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠳᠤᠮᠳᠠ᠂ ︽ᠳᠥᠷᠪᠡ ᠶᠢ ᠢᠮᠠᠭᠲᠠ ᠲᠤᠤᠱᠯᠠᠭᠤᠯᠬᠤ︾ ᠶᠢ | ᠪᠠᠷᠢᠮᠲᠠᠯᠠᠵᠤ᠂ ᠠᠰᠠᠭᠤᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠠᠬᠢᠭᠤᠯᠪᠠ᠃ ᠪᠠᠶᠢᠴᠠᠭᠠᠵᠤ ᠢᠯᠡᠷᠡᠭᠦᠯᠦᠭᠰᠡᠨ ᠭᠤᠤᠯᠳᠠᠯᠭᠠᠲᠤ ᠲᠥᠷᠥᠯ ᠵᠦᠢᠯ ᠤᠨ | ᠬᠡᠪᠴᠢᠶᠡᠨ ᠳᠤ ᠣᠷᠣᠰᠢᠵᠤ ᠪᠠᠶᠢᠭ᠎ᠠ ᠲᠣᠪᠦ᠋ᠮ᠎ᠠ ᠠᠰᠠᠭᠤᠳᠠᠯ ᠳᠤ ᠴᠢᠭᠯᠡᠭᠦᠯᠦᠨ᠂ 9 ᠳ᠋ᠣᠭᠡᠷ ᠰᠠᠷ᠎ᠠ ᠶᠢᠨ 24 ᠤ | ᠷᠳᠦᠷ ᠤᠨ ᠦᠳᠡ ᠶᠢᠨ ᠡᠮᠦᠨ᠎ᠡ᠂ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠪᠦᠬᠦ ᠲᠠᠯ᠎ᠠ ᠪᠠᠷ ᠡᠮᠬᠢᠯᠡᠨ | ᠵᠠᠳᠠᠯᠵᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠵᠠᠶ᠃ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠶᠢᠨ ᠵᠦᠩ ᠴᠢᠶᠠᠩ ᠬᠤᠷᠠᠯ ᠢ ᠡᠷᠬᠢᠯᠡᠵᠦ᠂ ᠲᠤᠭᠤᠷᠢᠭ ᠤᠨ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠦ ᠶᠢᠨ ᠵᠥᠪᠯᠡᠯᠭᠡᠨ ᠤ ᠳᠥᠷᠪᠡᠨ ᠶᠡᠭᠡ | ᠤᠳᠤᠷᠢᠳᠬᠤ ᠺᠠᠳ᠋ᠷ ᠵᠢᠴᠢ ᠬᠡᠰᠡᠭ ᠳᠠᠭᠠᠭᠠᠴᠢᠯᠠᠨ ᠬᠤᠯᠪᠣᠭᠠᠯᠠᠬᠤ ᠲᠥᠷᠥᠯ ᠵᠦᠢᠯ ᠤᠨ ᠨᠢᠭᠡᠴᠡ ᠶᠢᠨ ᠭᠤᠤᠯ | ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ 2019 ᠣᠨ ᠤ | ᠲᠤᠭᠤᠷᠢᠭ ᠤᠨ ᠭᠤᠤᠯᠳᠠᠯᠭᠠᠲᠤ ᠲᠥᠷᠥᠯ ᠵᠦᠢᠯ ᠢ ᠠᠬᠢᠭᠤᠯᠤᠭᠰᠠᠨ ᠠᠵᠢᠯ ᠤᠨ ᠪᠠᠶᠢᠳᠠᠯ ᠢᠶᠠᠨ ᠬᠠᠷᠢᠭᠤ | ᠮᠡᠳᠡᠭᠦᠯᠵᠦ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠶᠦᠩ ᠹᠧᠶ᠂ ᠵᠠᠩ ᠢᠦᠶ ᠲᠢᠶᠠᠨ ᠲᠣᠰ ᠲᠣᠰ ᠪᠦᠬᠦ | ᠲᠤᠭᠤᠷᠢᠭ ᠤᠨ ᠭᠤᠤᠯᠳᠠᠯᠭᠠᠲᠤ ᠲᠥᠷᠥᠯ ᠵᠦᠢᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠲᠣᠳᠣᠷᠬᠠᠢᠯᠠᠯᠲᠠ ᠬᠢᠵᠦ᠂ | ᠡᠯ᠎ᠡ ᠰᠠᠯᠠᠭ᠎ᠠ ᠮᠥᠴᠢᠷ ᠤᠨ ᠨᠢᠭᠡᠳᠦᠯᠲᠡᠶ ᠲᠥᠯᠥᠪᠵᠢᠭᠦᠯᠦᠨ ᠬᠠᠮᠵᠢᠯᠴᠠᠬᠤ ᠬᠤᠯᠪᠣᠭᠠᠯᠠᠨ ᠬᠥᠳᠡᠯᠦᠯᠴᠡᠬᠦ | ᠰᠢᠰᠲ᠋ᠧᠮ ᠢ ᠪᠠᠶᠢᠭᠤᠯᠵᠦ᠂ ᠲᠥᠷᠥᠯ ᠵᠦᠢᠯ ᠤᠨ ᠭᠠᠷᠳᠠᠨ ᠭᠦᠢᠴᠡᠳᠭᠡᠬᠦ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ᠂ | ᠲᠥᠷᠥᠯ ᠵᠦᠢᠯ ᠢ ᠵᠣᠯᠭᠠᠭᠤᠯᠤᠨ ᠭᠦᠢᠴᠡᠳᠭᠡᠬᠦ ᠦᠷ᠎ᠡ ᠪᠦᠲᠦᠮᠵᠢ ᠶᠢ ᠨᠡᠮᠡᠭᠳᠡᠭᠦᠯᠵᠦ᠂ ᠭᠤᠤᠯᠳᠠᠯᠭᠠᠲᠤ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ ᠭᠡᠵᠦ | ᠳᠤᠷᠠᠳᠪᠠ᠃ | ᠡᠯ᠎ᠡ ᠭᠤᠤᠯᠳᠠᠯᠭᠠᠲᠤ ᠲᠥᠷᠥᠯ ᠵᠦᠢᠯ ᠤᠨ ᠳᠠᠭᠠᠭᠠᠴᠢᠯᠠᠯᠲᠠ ᠶᠢ ᠲᠤᠰᠬᠠᠶᠢᠯᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ ᠠᠴᠠ ᠨᠥᠬᠦᠪᠥᠷᠢ ᠶᠠᠷᠢᠶ᠎ᠠ ᠲᠠᠯᠪᠢᠪᠠ᠃ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠡᠷᠬᠢᠯᠡᠭᠴᠢ ᠭᠦᠸᠧ ᠴᠧᠨ ᠭᠤᠸᠠᠩ᠂ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠵᠤᠤ ᠸᠧᠶ | ᠾᠧᠦ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠠᠮᠢᠶ᠎ᠠ ᠪᠦᠬᠦᠢ ᠰᠠᠨᠠᠯ | ᠰᠠᠨᠠᠭᠤᠯᠭ᠎ᠠ ᠳᠤᠷᠠᠳᠪᠠ᠃ | ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠮᠧᠩ ᠹᠠᠨ ᠶᠠᠩ | ᠭᠤᠤᠯᠳᠠᠯᠭᠠᠲᠤ ᠲᠥᠷᠥᠯ ᠵᠦᠢᠯ ᠢ ᠠᠬᠢᠭᠤᠯᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠬᠦ ᠳᠡᠭᠡᠨ | ᠵᠢᠭᠠᠵᠦ ᠭᠠᠷᠭᠠᠬᠰᠠᠨ ᠨᠢ᠄ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠᠨ ᠦᠷᠭᠦᠯᠵᠢᠯᠡᠨ ᠴᠢᠩᠭᠠᠳᠬᠠᠬᠤ ᠬᠡᠷᠡᠭᠲᠡᠶ᠂ | ᠰᠡᠳᠬᠢᠯ ᠰᠢᠭᠤᠳᠤᠨ ᠰᠢᠢᠳᠪᠦᠷᠢᠯᠡᠬᠦ ᠬᠡᠷᠡᠭᠲᠡᠶ︔ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠶᠡᠷᠦᠩᠬᠡᠶ | ᠲᠥᠯᠥᠪᠵᠢᠭᠦᠯᠭᠡ ᠪᠠᠨ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠭᠤᠤᠯᠳᠠᠯᠭᠠᠲᠤ ᠵᠦᠶ᠋ᠯᠡᠰ ᠤᠨ ᠪᠦᠬᠦᠯᠢ ᠴᠣᠭᠴᠠᠲᠤ ᠴᠢᠨᠠᠷ ᠪᠠ ᠪᠦᠷᠢᠨ ᠭᠦᠢᠴᠡᠳ ᠴᠢᠨᠠᠷ ᠢ ᠨᠢᠭᠡᠳᠦᠯᠲᠡᠶ | ᠲᠥᠯᠥᠪᠯᠡᠨ ᠪᠣᠳᠣᠯᠬᠢᠯᠠᠵᠤ᠂ ᠡᠯ᠎ᠡ ᠵᠦᠢᠯ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ | ᠶᠡᠷᠦᠩᠬᠡᠶᠢᠯᠡᠭᠰᠡᠨ ᠲᠣᠤᠷ ᠲᠣᠬᠢᠷᠠᠭᠤᠯᠬᠤ ᠬᠢᠷᠢ ᠬᠡᠮᠵᠢᠶ᠎ᠡ ᠶᠢ ᠪᠤᠢ ᠪᠣᠯᠭᠠᠬᠤ ᠬᠡᠷᠡᠭᠲᠡᠶ︔ ︽ᠠᠰᠠᠷᠠᠬᠴᠢ ᠮᠠᠶ᠋ᠢᠭ ᠤᠨ | ︾᠂ ︽ᠨᠢᠭᠡ ᠨᠢᠭᠡ ᠳᠤ ᠬᠠᠨᠳᠤᠭᠤᠯᠬᠤ︾᠂ ︽ᠪᠦᠷᠢᠨ ᠦᠢᠯᠡᠴᠢᠯᠡᠭᠡ︾ ᠵᠡᠷᠭᠡ ᠲᠥᠷᠥᠯ ᠵᠦᠢᠯ ᠤᠨ ᠦᠢᠯᠡᠴᠢᠯᠡᠭᠡ | ᠶᠢ ᠥᠷᠨᠢᠭᠦᠯᠵᠦ᠂ ᠲᠥᠷᠥᠯ ᠵᠦᠢᠯ ᠳᠤ ᠦᠢᠯᠡᠴᠢᠯᠡᠬᠦ ᠶᠢ ︽ᠥᠪᠡᠷ ᠤᠨ ᠶᠠᠪᠤᠳᠠᠯ ᠢᠶᠠᠨ ᠪᠣᠯᠭᠠᠬᠤ︾᠂ ︽ | ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ︾ ᠢ ᠭᠦᠨᠵᠡᠭᠡᠶᠢᠷᠡᠭᠦᠯᠵᠦ᠂ | ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠲᠤᠭᠤᠷᠢᠭ ᠤᠨ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠶ᠃ | ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠵᠦᠩ ᠴᠢᠶᠠᠩ ᠠᠴᠠ ᠴᠢᠬᠤᠯᠠᠴᠢᠯᠠᠬᠰᠠᠨ ᠨᠢ᠄ | ᠨᠢᠭᠡ ᠳᠤ ᠤᠯᠤᠰ ᠲᠥᠷᠥ ᠶᠢᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠲᠥᠷᠥᠯ ᠵᠦᠢᠯ ᠢ ᠠᠳᠬᠤᠬᠤ ᠶᠢᠨ ᠴᠢᠬᠤᠯᠠ | ᠴᠢᠨᠠᠷ ᠢ ᠭᠦᠢᠴᠡᠳ ᠲᠠᠨᠢᠬᠤ ᠬᠡᠷᠡᠭᠲᠡᠶ᠃ ᠲᠥᠷᠥᠯ ᠵᠦᠢᠯ ᠤᠨ ᠠᠬᠢᠴᠠ ᠯᠤᠭ᠎ᠠ ᠬᠠᠷᠢᠴᠠᠭᠤᠯᠵᠤ᠂ ᠲᠥᠷᠥᠯ ᠵᠦᠢᠯ ᠢ | ᠤᠳᠤᠷᠢᠳᠤᠯᠭ᠎ᠠ ᠠᠴᠠ ᠲᠤᠰᠬᠠᠶᠢᠯᠠᠨ ᠬᠠᠮᠢᠶᠠᠷᠬᠤ ᠳᠤ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ᠂ | ᠪᠣᠳᠠᠲᠠᠶ ᠶᠢ ᠡᠷᠬᠢᠮᠯᠡᠨ ᠯᠠᠪᠳᠠᠭᠤᠨ ᠪᠠᠲᠤᠲᠠᠶ ᠬᠡᠷᠡᠭᠵᠢᠭᠦᠯᠵᠦ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ | ᠲᠤᠰᠬᠠᠶᠢᠵᠢᠭᠤᠯᠤᠨ ᠵᠣᠯᠭᠠᠭᠤᠯᠵᠤ᠂ ᠡᠯ᠎ᠡ ᠬᠠᠮᠵᠢᠯᠴᠠᠬᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠ | ᠲᠦᠯᠦᠪᠵᠢᠭᠦᠯᠭᠡ ᠶᠣᠰᠣᠭᠠᠷ ᠦᠢᠯᠡᠴᠢᠯᠡᠭᠡᠨ ᠤ ᠡᠭᠦᠷᠭᠡ ᠪᠠᠨ ᠰᠠᠨᠠᠭᠠᠴᠢᠯᠠᠭ᠎ᠠ ᠠᠴᠠ ᠪᠠᠨ ᠳᠠᠭᠠᠭᠠᠨ ᠠᠪᠴᠤ᠂ ᠮᠡᠳᠡᠭᠡ | ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠲᠦᠰᠢᠭᠯᠡᠨ | ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠬᠤ ᠬᠡᠷᠡᠭᠲᠡᠶ᠃ ᠬᠤᠶᠠᠷ ᠲᠤ᠂ ᠨᠠᠷᠢᠨ ᠬᠢᠨᠠᠮᠠᠭᠠᠶ ᠲᠤᠩᠭᠠᠨ ᠪᠣᠳᠣᠯᠬᠢᠯᠠᠵᠤ᠂ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠪᠠ᠃ ᠠᠰᠠᠭᠤᠳᠠᠯ ᠢ ᠪᠠᠶᠢᠴᠠᠭᠠᠨ ᠦᠵᠡᠵᠦ᠂ | ᠲᠥᠷᠥᠯ ᠵᠦᠢᠯᠵᠢᠭᠦᠯᠦᠨ᠂ ᠡᠯ᠎ᠡ ᠵᠠᠩᠭᠢᠯᠠᠭ᠎ᠠ ᠶᠢᠨ ᠴᠢᠭ ᠪᠠ ᠪᠡᠶᠡᠯᠡᠭᠦᠯᠬᠦ ᠴᠠᠭ ᠤᠨ ᠬᠢᠵᠠᠭᠠᠷ ᠢ ᠰᠢᠯᠤᠭᠤᠳᠬᠠᠵᠤ᠂ | ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠨᠠᠷᠢᠨ ᠳᠠᠩᠰᠠ ᠭᠠᠷᠭᠠᠬᠤ ᠬᠡᠷᠡᠭᠲᠡᠶ᠃ ᠭᠤᠷᠪᠠ ᠳᠤ᠂ | ᠲᠥᠯᠥᠪᠵᠢᠭᠦᠯᠭᠡ ᠪᠠᠷ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂ ᠮᠠᠨ ᠤ ᠲᠤᠭᠤᠷᠢᠭ ᠤᠨ ᠠᠵᠤ ᠦᠢᠯᠡᠰ ᠤᠨ | ᠥᠷᠲᠡᠭ ᠤᠨ ᠬᠡᠯᠬᠢᠶ᠎ᠡ ᠶᠢᠨ ᠳᠤᠮᠳᠠ ᠳᠡᠭᠡᠳᠦ ᠳᠡᠰ ᠲᠡᠰᠢ ᠳᠠᠪᠰᠢᠬᠤ ᠶᠢ ᠠᠬᠢᠭᠤᠯᠤᠨ᠎ᠠ᠃ ᠬᠤᠲᠠ ᠲᠣᠭᠤᠷᠢᠭ᠂ | ᠬᠦᠷᠢᠶᠡᠯᠡᠩ᠂ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢᠨ ᠲᠥᠯᠥᠪᠵᠢᠭᠦᠯᠪᠡ ᠪᠣᠯᠤᠨ ᠬᠦᠷᠢᠶᠡᠯᠡᠩ ᠤᠨ | ᠠᠮᠤᠷ ᠲᠦᠪᠰᠢᠨ ᠤ ᠪᠠᠭᠲᠠᠭᠠᠮᠵᠢ ᠶᠢ ᠦᠨᠡᠯᠡᠨ ᠵᠢᠱᠢᠬᠦ ᠵᠡᠷᠭᠡ ᠰᠠᠭᠤᠷᠢ ᠴᠢᠨᠠᠷᠲᠠᠶ ᠠᠵᠢᠯ ᠢ ᠰᠠᠶᠢᠲᠤᠷ ᠬᠢᠵᠦ᠂ | ᠨᠡᠭᠦᠷᠡᠰᠦ ᠤᠬᠢᠶᠠᠬᠤ ᠦᠢᠯᠡᠳᠪᠦᠷᠢ ᠶᠢᠨ ᠵᠠᠰᠠᠬᠤ ᠪᠠᠷᠢᠮᠵᠢᠶ᠎ᠠ ᠪᠣᠯᠤᠨ ᠦᠢᠯᠡᠳᠪᠦᠷᠢᠯᠡᠯ ᠤᠨ ᠪᠠᠷᠢᠮᠵᠢᠶ᠎ᠠ ᠵᠡᠷᠭᠡ | ᠵᠢᠷᠤᠮᠵᠢᠯ ᠤᠨ ᠴᠢᠨᠠᠷᠲᠠᠶ ᠱᠠᠭᠠᠷᠳᠠᠯᠭ᠎ᠠ ᠶᠢ ᠲᠣᠭᠲᠠᠭᠠᠵᠤ᠂ ᠮᠠᠨ ᠤ ᠲᠤᠭᠤᠷᠢᠭ ᠤᠨ ᠣᠷᠴᠢᠨ ᠲᠣᠭᠤᠷᠢᠨ ᠤ | ᠵᠠᠰᠠᠯᠲᠠ ᠶᠢᠨ ᠴᠢᠨᠠᠷ ᠤᠨ ᠬᠤᠪᠢᠷᠠᠯᠲᠠ ᠶᠢ ᠦᠨᠡᠨᠬᠦ ᠪᠠᠲᠤᠯᠠᠬᠤ ᠬᠡᠷᠡᠭᠲᠡᠶ᠃ ᠤᠳᠤᠷᠢᠳᠬᠤ ᠠᠵᠢᠯ ᠢ ᠳᠠᠭᠠᠭᠠᠴᠢᠯᠠᠨ | ᠠᠳᠬᠤᠬᠤ ᠳᠠᠭᠠᠨ ᠪᠡᠶ᠎ᠡ ᠪᠠᠷ ᠢᠶᠠᠨ ᠰᠢᠪᠠᠳᠠᠨ ᠰᠢᠢᠳᠪᠦᠷᠢᠯᠡᠵᠦ᠂ ᠪᠣᠳᠠᠲᠠᠶ ᠠᠰᠠᠭᠤᠳᠠᠯ ᠢ ᠢᠳᠡᠪᠬᠢᠲᠡᠶ ᠪᠠᠷ | ᠵᠣᠬᠢᠴᠠᠭᠤᠯᠤᠨ ᠰᠢᠢᠳᠪᠦᠷᠢᠯᠡᠵᠦ᠂ ᠭᠤᠤᠯᠳᠠᠯᠭᠠᠲᠤ ᠠᠵᠢᠯ᠂ ᠭᠤᠤᠯᠳᠠᠯᠭᠠᠲᠤ ᠲᠦᠷᠦᠯ ᠵᠦᠢᠯ ᠤᠨ ᠨᠢᠭᠡ | ᠨᠢᠭᠡ ᠪᠠᠷ ᠢᠶᠠᠨ ᠰᠢᠪᠠᠳᠠᠨ ᠪᠠᠶᠢᠴᠠᠭᠠᠬᠤ᠂ ᠵᠦᠢᠯ ᠪᠣᠯᠭᠠᠨ ᠳᠤ ᠪᠣᠳᠠᠲᠤ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ | ᠬᠡᠷᠡᠭᠲᠡᠶ᠃ |