ᠥᠪᠥᠷ ᠮᠣᠩᠭᠤᠯ ᠤᠨ ᠰᠢᠩ ᠰᠢᠨ ᠠᠮᠢ ᠠᠬᠤᠶ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠤᠵᠢᠷᠯᠢᠭ ᠤᠰᠤᠨ ᠳᠤ ᠰᠠᠭᠤᠷᠢᠯᠠᠵᠤ ᠰᠠᠮ ᠬᠤᠷᠣᠬᠠᠶ ᠲᠡᠵᠢᠭᠡᠨ ᠦᠷᠡᠵᠢᠭᠦᠯᠬᠦ ᠮᠡᠷᠭᠡᠵᠢᠯ ᠢ ᠠᠵᠤ ᠦᠢᠯᠡᠰᠵᠢᠭᠦᠯᠬᠦ ᠵᠢᠱᠢᠶ᠎ᠡ ᠦᠵᠡᠭᠦᠯᠬᠦ ᠲᠥᠷᠥᠯ ᠵᠦᠢᠯ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2020/10/19
     ᠲᠤᠰ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 8600 ᠲᠦᠮᠡᠨ ᠲᠥᠭᠦᠷᠢᠭ᠂ ᠪᠠᠶᠠᠨᠲᠣᠬᠤᠶ ᠪᠠᠯᠭᠠᠰᠤᠨ ᠤ ᠭᠠᠭᠴᠠ ᠮᠤᠳᠤ ᠲᠣᠰᠬᠤᠨ ᠳᠤ ᠪᠠᠶᠢᠷᠢᠯᠠᠵᠤ᠂ ᠭᠤᠤᠯᠳᠠᠭᠤ ᠵᠢᠯ ᠳᠤ 200 ᠲᠣᠨ ᠰᠠᠮ ᠬᠤᠷᠣᠬᠠᠶ ᠲᠡᠵᠢᠭᠡᠨ ᠦᠷᠡᠵᠢᠭᠦᠯᠬᠦ ᠵᠢᠴᠢ ᠢᠵᠢ ᠪᠦᠷᠢᠳᠦᠭᠦᠯᠬᠦ ᠪᠡᠯᠡᠳᠬᠡᠮᠵᠢ ᠪᠠᠶᠢᠭᠤᠯᠤᠨ᠎ᠠ᠃ ᠣᠳᠣ ᠪᠣᠯᠲᠠᠯ᠎ᠠ 3000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠨᠢᠭᠡᠨᠲᠡ ᠪᠡᠶᠡᠯᠡᠭᠦᠯᠵᠦ᠂ ᠭᠡᠷ ᠤᠨ ᠭᠠᠳᠠᠨᠠᠬᠢ ᠰᠠᠮ ᠬᠤᠷᠣᠬᠠᠢ ᠶᠢᠨ ᠴᠥᠭᠦᠷᠥᠮ ᠢ ᠨᠢᠭᠡᠨᠲᠡ ᠪᠠᠶᠢᠭᠤᠯᠤᠭᠰᠠᠨ ᠪᠥᠭᠡᠳ ᠤᠰᠤ ᠬᠠᠳᠠᠭᠠᠯᠠᠵᠤ᠂ ᠶᠠᠭ ᠰᠠᠶᠢᠬᠠᠨ ᠲᠡᠵᠢᠭᠡᠨ ᠦᠷᠡᠵᠢᠭᠦᠯᠬᠦ ᠲᠠᠰᠤᠭ ᠪᠠᠶᠢᠭᠤᠯᠵᠤ ᠪᠤᠢ᠃ ᠦᠢᠯᠡᠳᠬᠦᠨ ᠢ ᠵᠢᠱᠢᠯᠲᠡ ᠪᠠᠷ 2020 ᠤᠨ 12 ᠳ᠋ᠣᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠵᠤ᠂ ᠵᠢᠯ ᠳᠤ 3000 ᠲᠦᠮᠡᠨ ᠲᠥᠭᠦᠷᠢᠭ ᠤᠨ ᠠᠰᠢᠭ ᠬᠤᠨᠵᠢᠪᠣᠷᠢ ᠣᠯᠵᠤ᠂ ᠡᠷᠭᠢᠨ ᠲᠣᠭᠤᠷᠢᠨ ᠤ ᠲᠣᠰᠬᠤᠨ ᠤ ᠠᠷᠠᠳ ᠤᠨ 30 ᠭᠠᠷᠤᠶ ᠡᠷᠦᠬᠡ ᠳᠤ ᠠᠵᠢᠯ ᠣᠯᠭᠤᠬᠤ ᠶᠢ ᠳᠠᠶᠢᠴᠢᠯᠠᠨ᠎ᠠ᠃
 
ᠢᠷᠡᠯᠲᠡ᠄ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号