ᠬᠠᠶᠢᠨᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠵᠠᠮ ᠢ ᠳᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠤᠨ ᠵᠢᠶᠠ ᠰᠢᠨ ᠶᠡᠭᠡ ᠵᠠᠮ ᠪᠠᠶᠢᠭᠤᠯᠤᠭᠳᠠᠵᠤ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2020/10/27
     ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 8500 ᠲᠦᠮᠡᠨ ᠲᠥᠭᠦᠷᠢᠭ ᠪᠠᠶᠢᠵᠤ᠂ ᠭᠤᠤᠯᠳᠠᠭᠤ ᠬᠠᠶᠢᠨᠠᠨ ᠤ ᠠᠵᠤ  ᠦᠢᠯᠡᠳᠪᠦᠷᠢ ᠶᠢᠨ ᠬᠦᠷᠢᠶᠡᠯᠡᠩ ᠤᠨ ᠰᠢ ᠯᠠᠶ ᠹᠧᠩ ᠲᠥᠷᠥᠯ ᠵᠦᠢᠯ ᠤᠨ ᠲᠤᠭᠤᠷᠢᠭ ᠳᠣᠲᠤᠷᠠᠬᠢ 5 ᠵᠤᠷᠪᠤᠰ ᠵᠠᠰᠠᠮᠠᠯ ᠵᠠᠮ ᠤᠨ 15 ᠺᠢᠯᠣᠮᠧᠲᠷ ᠤᠨ ᠪᠧᠲ᠋ᠤᠨ ᠵᠠᠮ ᠢ ᠪᠠᠷᠤᠭᠰᠢᠨ ᠵᠠᠮ ᠪᠣᠯᠭᠠᠨ ᠥᠭᠡᠷᠡᠴᠢᠯᠡᠨ ᠪᠠᠶᠢᠭᠤᠯᠪᠠ᠃ ᠣᠳᠣ ᠪᠣᠯᠲᠠᠯ᠎ᠠ᠂ 4980 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠨᠢᠭᠡᠨᠲᠡ ᠪᠡᠶᠡᠯᠡᠭᠦᠯᠵᠦ᠂ ᠰᠢᠶᠠᠨ ᠹᠧᠩ ᠵᠡᠭᠡᠯᠢ᠂ ᠵᠢᠶᠠ ᠰᠢᠨ ᠶᠡᠭᠡ ᠵᠠᠮ ᠪᠠᠶᠢᠭᠤᠯᠤᠭᠳᠠᠨ ᠲᠡᠷᠭᠡ ᠨᠡᠪᠲᠡᠷᠡᠵᠦ᠂ ᠬᠠᠶ ᠮᠢᠩ ᠵᠠᠮ᠂ ᠬᠤᠸᠠ ᠶᠢᠦ ᠵᠡᠭᠡᠯᠢ ᠶᠢ ᠶᠠᠭ ᠥᠭᠡᠷᠡᠴᠢᠯᠡᠵᠦ ᠪᠠᠶᠢᠨ᠎ᠠ᠃ ᠵᠢᠱᠢᠯᠲᠡ ᠪᠠᠷ 2020 ᠣᠨ ᠤ 12 ᠳ᠋ᠣᠭᠠᠷ ᠰᠠᠷ᠎ᠠ ᠳᠤ ᠪᠠᠷᠢᠯᠭ᠎ᠠ ᠳᠠᠭᠤᠰᠴᠤ ᠲᠡᠷᠭᠡ ᠨᠡᠪᠲᠡᠷᠡᠨ᠎ᠡ᠃ ᠬᠠᠢ ᠱᠥᠸᠧ ᠵᠠᠮ ᠢ ᠶᠠᠭ ᠥᠭᠡᠷᠡᠴᠢᠯᠡᠨ ᠰᠢᠨᠡᠳᠭᠡᠵᠦ ᠪᠠᠶᠢᠨ᠎ᠠ᠂ ᠵᠢᠱᠢᠯᠲᠡ ᠪᠠᠷ 2021ᠣᠨ ᠤ 5 ᠰᠠᠷ᠎ᠠ ᠳᠤ ᠲᠡᠷᠭᠡ ᠨᠡᠪᠲᠡᠷᠡᠵᠦ᠂ ᠲᠣᠰ ᠲᠦᠷᠦᠯ ᠵᠦᠢᠯ ᠤᠨ ᠵᠣᠷᠢᠯᠭ᠎ᠠ ᠶᠢ ᠬᠡᠷᠡᠭᠵᠢᠭᠦᠯᠬᠦ ᠨᠢ ᠬᠦᠷᠢᠶᠡᠯᠡᠩ ᠤᠨ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠤᠨ᠎ᠠ᠃
 
ᠢᠷᠡᠯᠲᠡ᠄ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号