ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠣᠭᠤᠷᠢᠭ ᠤᠨ ᠸᠧᠶ ᠢ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠤᠨ ᠬᠢᠨ ᠲᠡᠵᠢᠭᠡᠨ ᠦᠷᠡᠵᠢᠭᠦᠯᠬᠦ ᠡᠷᠦᠬᠡ ᠶᠢ ᠵᠣᠬᠢᠶᠠᠨ ᠪᠠᠶᠢᠭᠤᠯᠵᠤ ᠲᠡᠵᠢᠭᠡᠨ ᠦᠷᠡᠵᠢᠭᠦᠯᠬᠦ ᠲᠤᠷᠰᠢᠯᠭ᠎ᠠ ᠶᠢ ᠰᠤᠷᠤᠯᠴᠠᠭᠤᠯᠪᠠ
ᠨᠡᠶᠢᠲᠡᠯᠡᠭᠰᠡᠨ ᠴᠠᠭ᠄
2020/10/27
     ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠤᠨ ᠡᠯ᠎ᠡ ᠲᠥᠷᠥᠯ ᠤᠨ ᠨᠡᠶᠢᠭᠡᠮ ᠤᠨ ᠡᠬᠢ ᠪᠠᠶᠠᠯᠢᠭ ᠢ ᠨᠡᠶᠢᠯᠡᠭᠦᠯᠬᠦ ᠶᠢ ᠨᠡᠩ ᠰᠠᠶᠢᠲᠤᠷ  ᠪᠠᠳᠠᠷᠠᠭᠤᠯᠵᠦ᠂ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠪᠤᠢ ᠪᠤᠯᠭᠠᠨ᠂ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠵᠦ᠂ ᠲᠠᠷᠢᠶᠠᠴᠢᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠳᠤᠮᠳᠠᠬᠢ  ᠦᠢᠯᠡᠳᠦᠯ ᠢ ᠳᠡᠭᠡᠭᠰᠢᠯᠡᠭᠦᠯᠬᠦ ᠶᠢᠨ ᠲᠥᠯᠥᠭᠡ᠂ ︽ᠤᠯᠤᠰ ᠤᠨ ᠶᠠᠳᠠᠭᠤ ᠶᠢ ᠲᠡᠳᠬᠦᠬᠦ ᠡᠳᠦᠷ︾ ᠤᠨ ᠡᠮᠦᠨ᠎ᠡ ᠬᠤᠶᠢᠨ᠎ᠠ᠂ ᠬᠠᠶᠢᠨᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠵᠢᠯᠤᠭᠤᠳᠤᠯᠭ᠎ᠠ ᠳᠣᠣᠷ᠎ᠠ᠂ ᠬᠠᠶᠢᠨᠠᠨ ᠲᠣᠭᠤᠷᠢᠭ ᠤᠨ ᠸᠧᠢ ᠢ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠤᠨ ᠬᠢᠨ 2 ᠤᠳᠠᠭ᠎ᠠ ᠲᠠᠷᠢᠶᠠᠯᠠᠩ   ᠤᠨ ᠮᠡᠷᠭᠡᠵᠢᠯ ᠤᠨ ᠪᠣᠯᠪᠠᠰᠤᠷᠠᠯ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ᠃
     10 ᠳ᠋ᠣᠭᠠᠷ ᠰᠠᠷ᠎ᠠ ᠶᠢᠨ 15 ᠤ ᠡᠳᠦᠷ᠂ ᠪᠠᠶᠠᠨᠲᠣᠬᠤᠢ ᠪᠠᠯᠭᠠᠰᠤᠨ ᠤ ᠶᠠᠳᠠᠭᠤ ᠶᠢ ᠲᠡᠳᠬᠦᠬᠦ ᠠᠵᠢᠯ ᠣᠯᠭᠤᠯᠲᠠ ᠶᠢᠨ ᠰᠠᠭᠤᠷᠢᠨ ᠭᠠᠵᠠᠷ ᠲᠤ᠂  ᠲᠤᠭᠤᠷᠢᠭ ᠤᠨ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠠᠴᠠ ᠲᠣᠭᠤᠷᠢᠭ ᠤᠨ ᠸᠧᠶ ᠢ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠤᠨ ᠮᠡᠷᠭᠡᠵᠢᠯᠲᠡᠨ᠂ ᠬᠠᠶᠢᠨᠠᠨ ᠲᠣᠭᠤᠷᠢᠭ ᠤᠨ ᠮᠠᠯ ᠡᠮᠨᠡᠯᠭᠡ ᠶᠢᠨ ᠲᠣᠪᠴᠢᠶᠠᠨ ᠤ ᠮᠠᠯ ᠡᠮᠨᠡᠯᠭᠡ ᠶᠢᠨ ᠪᠠᠭᠰᠢ ᠶᠦᠨ ᠰᠢᠶᠠᠩ ᠪᠠᠭᠰᠢ ᠶᠢ ᠤᠷᠢᠵᠤ ᠠᠵᠢᠯ ᠤᠯᠬᠤ ᠨᠠᠰᠤᠨ ᠤ ᠬᠥᠳᠡᠯᠮᠦᠷᠢᠯᠡᠬᠦ ᠴᠢᠳᠠᠪᠤᠷᠢ ᠲᠠᠢ ᠬᠦᠳᠡᠭᠡ ᠲᠣᠰᠬᠤᠨ ᠤ ᠲᠠᠩᠰᠠ ᠡᠪᠬᠡᠮᠡᠯ ᠪᠠᠶᠢᠭᠤᠯᠤᠨ ᠺᠠᠷᠲᠯᠠᠬᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠬᠡᠷ ᠤᠨ ᠵᠢᠭᠦᠷᠲᠡᠨ ᠬᠡᠷ ᠤᠨ ᠲᠡᠵᠢᠭᠡᠪᠦᠷᠢ ᠶᠢᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠮᠡᠷᠭᠡᠵᠢᠯ ᠢ ᠵᠢᠭᠠᠪᠠ᠃
     10 ᠳ᠋ᠣᠭᠠᠷ ᠰᠠᠷ᠎ᠠ ᠶᠢᠨ 23 ᠤ ᠡᠳᠦᠷ᠂ ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠠᠴᠠ ᠬᠡᠰᠡᠭ ᠲᠡᠵᠢᠭᠡᠨ ᠦᠷᠡᠵᠢᠭᠦᠯᠬᠦ ᠨᠡᠶᠢᠭᠡᠮᠯᠢᠭ ᠤᠨ ᠭᠡᠰᠢᠭᠦᠨ᠂ ᠲᠡᠵᠢᠭᠡᠨ ᠦᠷᠡᠵᠢᠭᠦᠯᠬᠦ ᠲᠣᠮᠣ ᠡᠷᠦᠬᠡ ᠶᠢ ᠵᠣᠬᠢᠶᠠᠨ ᠪᠠᠶᠢᠭᠤᠯᠵᠤ ᠪᠠᠶᠠᠨᠲᠣᠬᠤᠶ ᠪᠠᠯᠭᠠᠰᠤᠨ ᠳᠤ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠰᠤᠷᠤᠯᠴᠠᠪᠠ᠃ ᠦᠬᠠᠶ ᠬᠤᠲᠠ ᠶᠢᠨ ᠪᠦᠦ ᠶᠤᠸᠠᠨ ᠲᠠᠷᠢᠶᠠᠯᠠᠩ ᠤᠨ ᠺᠣᠮᠫᠠᠨᠢ ᠶᠢᠨ ᠣᠳᠣᠬᠢᠴᠢᠯᠠᠭᠰᠠᠨ ᠳᠠᠬᠢᠶ᠎ᠠ ᠲᠡᠵᠢᠭᠡᠬᠦ  ᠲᠠᠯᠠᠪᠠᠢ᠂ ᠦᠬᠠᠶ ᠬᠤᠲᠠ ᠶᠢᠨ ᠺᠠᠶ ᠡᠯ ᠸᠧᠶ ᠡᠭᠦᠯᠳᠡᠷ ᠤᠨ ᠲᠡᠵᠢᠭᠡᠨ ᠦᠷᠡᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠦᠬᠠᠶ ᠬᠤᠲᠠ ᠶᠢᠨ ᠵᠧᠨ ᠶᠢᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠳᠤ ᠲᠡᠵᠢᠭᠡᠨ ᠦᠷᠡᠵᠢᠭᠦᠯᠬᠦ ᠲᠣᠮᠣ ᠡᠷᠦᠬᠡ ᠨᠢ ᠲᠠᠨᠢᠯᠴᠠᠭᠤᠯᠭ᠎ᠠ ᠶᠢ ᠰᠣᠨᠣᠰᠬᠤ ᠪᠠ ᠲᠤᠬᠠᠶ ᠶᠢᠨ ᠭᠠᠵᠠᠷ ᠲᠤᠨᠢ  ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ ᠳᠠᠮᠵᠢᠨ᠂ ᠪᠠᠷᠢᠮᠵᠢᠶᠠᠵᠢᠭᠰᠠᠨ ᠬᠠᠰᠢᠶ᠎ᠠ ᠰᠠᠷᠠᠪᠴᠢ ᠪᠠᠶᠢᠭᠤᠯᠬᠤ᠂ ᠲᠡᠵᠢᠭᠡᠯ ᠪᠣᠷᠳᠤᠭ᠎ᠠ ᠨᠥᠭᠡᠴᠡᠯᠡᠬᠦ᠂ ᠳᠠᠬᠢᠶ᠎ᠠ᠂ ᠦᠬᠡᠷ᠂ ᠬᠤᠨᠢ ᠲᠡᠵᠢᠭᠡᠨ ᠦᠷᠡᠵᠢᠭᠦᠯᠬᠦ ᠮᠡᠷᠭᠡᠵᠢᠯ ᠵᠡᠷᠭᠡ ᠭᠤᠤᠯᠳᠠᠯᠭ᠎ᠠ ᠲᠠᠢ ᠭᠤᠭᠴᠣᠭᠠᠨ ᠤ ᠲᠡᠷᠢᠭᠦᠨ ᠤ  ᠲᠤᠷᠰᠢᠯᠭ᠎ᠠ ᠶᠢ ᠲᠣᠭᠤᠷᠢᠨ ᠰᠤᠷᠤᠯᠴᠠᠵᠤ᠂ ᠥᠨᠳᠡᠭᠡᠨ ᠲᠠᠬᠢᠶ᠎ᠠ᠂ ᠠᠯᠠᠰᠢᠨ ᠬᠤᠨᠢ ᠪᠣᠯᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠷ᠎ᠡ ᠠᠰᠢᠭ᠂ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ᠂ ᠲᠡᠵᠢᠭᠡᠨ ᠦᠷᠡᠵᠢᠭᠦᠯᠬᠦ ᠬᠡᠪᠴᠢᠶ᠎ᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ᠂ ᠲᠣᠭᠤᠷᠢᠭ ᠤᠨ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠤᠨ ᠤᠷᠢᠭᠰᠠᠨ ᠠᠵᠤ ᠦᠢᠯᠡᠰ ᠤᠨ ᠵᠢᠭᠠᠨ ᠵᠢᠯᠤᠭᠤᠳᠤᠬᠴᠢ ᠪᠠᠰᠠ ᠣᠯᠠᠨ ᠳᠤ ᠰᠢᠨᠵᠢᠯᠡᠬᠦ ᠤᠬᠠᠭᠠᠨᠴᠢ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠯ ᠬᠢᠪᠡ᠂ ᠲᠣᠭᠤᠷᠢᠨ ᠦᠵᠡᠵᠦ ᠰᠣᠷᠣᠯᠴᠠᠬᠤ ᠪᠠᠷ ᠳᠠᠮᠵᠢᠨ᠂ ᠣᠯᠠᠨ ᠢᠶᠠᠷ ᠢᠶᠠᠨ ᠮᠠᠯ ᠪᠡᠯᠴᠢᠭᠡᠷ ᠤᠨ ᠠᠵᠤ ᠦᠢᠯᠡᠰ ᠢ ᠬᠥᠭᠵᠢᠭᠦᠯᠬᠦ ᠡᠷᠡᠰ ᠵᠣᠷᠢᠭ ᠢ ᠨᠡᠩ  ᠪᠠᠲᠤᠵᠢᠭᠤᠯᠪᠠ᠃ ᠳ᠋ᠦᠩ ᠰᠢᠩ ᠲᠣᠰᠬᠤᠨ ᠤ ᠲᠡᠵᠢᠭᠡᠨ ᠦᠷᠡᠵᠢᠭᠦᠯᠬᠦ ᠡᠷᠦᠬᠡ ᠰᠦ ᠶᠦᠩ ᠾᠧᠦ᠄ ︽ᠪᠤᠰᠤᠳ ᠤᠨ ᠲᠡᠵᠢᠭᠡᠨ ᠦᠷᠡᠵᠢᠭᠦᠯᠬᠦ ᠦᠬᠡᠷ ᠬᠤᠨᠢ ᠢᠮᠠᠭ᠎ᠠ ᠶᠢ ᠮᠠᠰᠢ ᠪᠠᠭ᠋ᠠᠷᠬᠠᠵᠤ ᠪᠠᠶᠢᠨ᠎ᠠ᠃ ᠬᠠᠷᠢᠭᠰᠠᠨ ᠤ ᠳᠠᠷᠠᠭ᠎ᠠ ᠡᠨᠡ ᠤᠳᠠᠭᠠᠨ ᠤ ᠰᠣᠷᠣᠭᠰᠠᠨ ᠲᠤᠷᠰᠢᠯᠭ᠎ᠠ ᠪᠠᠨ ᠥᠪᠡᠷ ᠤᠨ ᠭᠡᠷ ᠤᠨ ᠲᠡᠵᠢᠭᠡᠪᠦᠷᠢ ᠳᠡᠭᠡᠨ ᠬᠡᠷᠡᠭᠯᠡᠵᠦ᠂ ᠲᠡᠵᠢᠭᠡᠨ ᠦᠷᠡᠵᠢᠭᠦᠯᠬᠦ ᠶᠢ ᠬᠥᠭᠵᠢᠭᠦᠯᠬᠦ ᠪᠠᠷ ᠳᠠᠮᠵᠢᠭᠤᠯᠤᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠶᠢ ᠡᠷᠲᠡᠬᠡᠨ ᠪᠡᠶᠡᠯᠡᠭᠦᠯᠦᠨ᠎ᠡ︾ ᠭᠡᠪᠡ᠃
 
ᠢᠷᠡᠯᠲᠡ᠄ ᠠᠮᠢᠵᠢᠷᠠᠯ ᠤᠨ ᠬᠦᠴᠦᠨ ᠪᠢᠯᠬᠠᠬᠰᠠᠨ ᠬᠠᠶᠢᠨᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号