ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ︽ᠨᠠᠬᠢᠶ᠎ᠠ︾ ᠬᠥᠯ ᠪᠥᠮᠪᠦᠭᠡ ᠶᠢᠨ ᠰᠢᠷᠢᠰ ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2020/10/27
     ᠤᠯᠤᠰ ᠤᠨ ᠰᠤᠷᠭᠠᠨ ᠬᠥᠮᠦᠵᠢᠯ ᠤᠨ ᠶᠠᠮᠤᠨ ᠤ ︽ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠡᠬᠢ ᠡᠭᠦᠰᠦᠯ ᠠᠴᠠ ᠨᠢ ᠠᠳᠬᠤᠬᠤ︾ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠵᠦ᠂ ︽ᠬᠥᠯ ᠪᠥᠮᠪᠦᠭᠡ ᠶᠢ ᠬᠡᠤᠬᠡᠳ ᠠᠴᠠ  ᠨᠢ ᠡᠬᠢᠯᠡᠨ ᠠᠳᠬᠤᠬᠤ︾ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠶᠢ  ᠪᠠᠷᠢᠮᠲᠠᠯᠠᠨ᠂ ᠬᠡᠤᠬᠡᠳ ᠤᠨ ᠶᠡᠷᠦᠩᠬᠡᠶ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠬᠡ ᠣᠷᠣᠨᠴᠢ ᠦᠵᠡᠯ᠂ ᠨᠡᠶᠢᠲᠡᠴᠢ ᠦᠵᠡᠯ ᠪᠠ ᠰᠢᠷᠭᠠᠭᠤ ᠬᠠᠲᠠᠭᠤᠵᠢᠯᠲᠠᠶ ᠲᠡᠮᠡᠴᠡᠬᠦ ᠵᠣᠷᠢᠭ ᠰᠠᠨᠠᠭ᠎ᠠ ᠶᠢ ᠪᠤᠶᠢᠵᠢᠭᠤᠯᠬᠤ ᠶᠢᠨ ᠲᠥᠯᠥᠭᠡ᠂ 10 ᠳ᠋ᠣᠭᠠᠷ ᠰᠠᠷ᠎ᠠ ᠶᠢᠨ 27 ᠤ ᠡᠳᠦᠷ᠂ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠬᠢᠯᠡᠵᠦ᠂ ᠬᠠᠶᠢᠨᠠᠨ ᠲᠣᠭᠤᠷᠢᠭ ᠤᠨ ᠨᠢᠭᠡᠳᠦᠭᠡᠷ ᠬᠡᠤᠬᠡᠳ ᠤᠨ ᠴᠡᠴᠡᠷᠯᠢᠭ᠂ ᠬᠠᠶᠢᠨᠠᠨ ᠲᠣᠭᠤᠷᠢᠭ ᠤᠨ  ᠳᠦᠷᠪᠡᠳᠦᠭᠡᠷ ᠪᠦᠷᠢᠨ ᠪᠠᠭ᠎ᠠ ᠰᠣᠷᠭᠠᠭᠤᠯᠢ ᠠᠴᠠ ᠳᠠᠭᠠᠭᠠᠴᠢᠯᠠᠨ ᠡᠷᠭᠢᠯᠡᠭᠰᠡᠨ 2020 — 2021 ᠣᠨ ᠤ ᠬᠠᠶᠢᠨᠠᠨ ᠲᠣᠭᠤᠷᠢᠭ ᠤᠨ ︽ ᠨᠠᠬᠢᠶ᠎ᠠ︾ ᠬᠥᠯ  ᠪᠦᠮᠪᠦᠭᠡ ᠶᠢᠨ ᠰᠢᠷᠢᠰ ᠬᠦᠳᠡᠯᠭᠡᠭᠡᠨ ᠬᠠᠶᠢᠨᠠᠨ ᠲᠣᠭᠤᠷᠢᠭ ᠤᠨ ᠳᠦᠷᠪᠡᠳᠦᠭᠡᠷ ᠪᠦᠷᠢᠨ ᠪᠠᠭ᠎ᠠ ᠰᠣᠷᠭᠠᠭᠤᠯᠢ ᠳᠤ ᠡᠬᠢᠯᠡᠪᠡ᠃
     ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠶᠢᠨ ᠵᠣᠣ ᠡᠬᠢᠯᠡᠯᠲᠡ ᠶᠢᠨ ᠶᠣᠰᠣᠯᠠᠯ ᠳᠤ ᠣᠷᠣᠯᠴᠠᠵᠦ᠂ ᠡᠯ᠎ᠡ ᠬᠡᠤᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ᠂ ᠪᠠᠭᠰᠢ ᠰᠣᠷᠣᠭᠴᠢ ᠪᠠ ᠬᠡᠷ ᠤᠨ ᠠᠬᠠᠮᠠᠳ 200 ᠰᠢᠬᠠᠮ ᠬᠥᠮᠦᠨ ᠲᠣᠰ ᠤᠳᠠᠭᠠᠨ ᠤ ᠬᠡᠤᠬᠡᠳ ᠤᠨ ᠬᠥᠯ ᠪᠥᠮᠪᠦᠭᠡ ᠶᠢᠨ ᠰᠢᠷᠢᠰ ᠬᠦᠳᠡᠯᠭᠡᠭᠡᠨ ᠳᠤ ᠣᠷᠣᠯᠴᠠᠪᠠ᠃ ᠲᠣᠰ ᠤᠳᠠᠭᠠᠨ ᠤ ᠬᠥᠳᠡᠯᠭᠡᠭᠡᠨ ᠢ ᠬᠡᠤᠬᠡᠳ ᠤᠨ ᠬᠥᠯ ᠪᠥᠮᠪᠦᠭᠡ ᠶᠢᠨ ᠤᠷᠤᠯᠳᠤᠭᠠᠨ᠂  ᠬᠦᠭᠵᠢᠶᠡᠨ ᠨᠡᠮᠡᠷᠢᠯᠡᠬᠦ ᠪᠦᠵᠢᠭ ᠤᠨ ᠣᠷᠣᠯᠳᠣᠭᠠᠨ᠂ ᠵᠢᠷᠤᠭ ᠤᠨ ᠰᠢᠯᠭᠠᠷᠠᠭᠤᠯᠤᠯᠲᠠ ᠭᠡᠵᠦ ᠭᠤᠷᠪᠠᠨ ᠬᠡᠰᠡᠭ ᠲᠤ ᠬᠤᠪᠢᠶᠠᠨ᠎ᠠ᠃ ᠤᠷᠤᠯᠳᠤᠭᠠᠨ ᠠᠴᠠ ᠡᠮᠦᠨ᠎ᠡ᠂ ᠭᠤᠣᠯᠯᠠᠨ ᠡᠷᠬᠢᠯᠡᠬᠦ ᠨᠢᠭᠡᠴᠡ ᠨᠠᠷᠢᠨ ᠨᠢᠮᠪᠠᠢ ᠪᠡᠯᠡᠳᠬᠡᠵᠦ᠂ ᠨᠠᠷᠢᠨ ᠨᠢᠭᠲᠠ ᠪᠠᠶᠢᠷᠢᠯᠠᠭᠤᠯᠤᠨ᠂ ᠬᠦᠳᠡᠯᠭᠡᠭᠡᠨ ᠳᠤ ᠬᠦᠴᠦᠲᠡᠢ ᠮᠡᠷᠭᠡᠵᠢᠯ ᠪᠠ ᠠᠮᠤᠷ ᠲᠦᠪᠰᠢᠨ ᠤ ᠪᠠᠲᠤᠯᠠᠭ᠎ᠠ ᠬᠠᠩᠭᠠᠪᠠ᠃ ᠡᠯ᠎ᠡ ᠤᠷᠤᠯᠳᠤᠭᠠᠨ ᠳᠤ ᠣᠷᠣᠯᠴᠠᠭᠰᠠᠨ ᠬᠡᠦᠬᠡᠳ ᠤᠨ ᠴᠡᠴᠡᠷᠯᠢᠭ ᠪᠦᠬᠦ ᠬᠦᠴᠦᠨ ᠢᠶᠠᠷ ᠢᠶᠠᠨ ᠪᠡᠯᠡᠳᠬᠡᠵᠦ᠂  ᠢᠳᠡᠪᠬᠢᠲᠡᠢ ᠪᠣᠯᠪᠠᠰᠤᠷᠠᠵᠤ᠂ ᠪᠠᠭᠰᠢ ᠪᠣᠯᠤᠨ ᠭᠡᠷ ᠤᠨ ᠠᠬᠠᠮᠠᠳ ᠨᠡᠩ ᠴᠤ ᠬᠦᠴᠦ ᠬᠠᠮᠲᠤᠳᠬᠠᠨ ᠬᠠᠮᠵᠢᠯᠴᠠᠵᠤ᠂ ᠭᠡᠷ ᠪᠦᠯᠢ ᠰᠤᠷᠭᠠᠭᠤᠯᠢ ᠨᠢ ᠬᠠᠷᠢᠯᠴᠠᠨ  ᠬᠠᠮᠲᠤᠷᠠᠵᠦ᠂  ᠦᠭᠡᠳᠡᠷᠡᠭ ᠳᠠᠪᠰᠢᠩᠭᠤᠢ᠂ ᠬᠥᠳᠡᠯᠭᠡᠭᠡᠨ ᠢ ᠡᠷᠬᠢᠮᠯᠡᠳᠡᠭ ᠡᠶ᠎ᠡ ᠵᠤᠬᠢᠴᠠᠩᠭᠤᠢ ᠬᠥᠭᠵᠢᠮ ᠤᠨ ᠬᠠᠭᠤᠳᠠᠰᠤ ᠶᠢ  ᠪᠢᠴᠢᠭᠯᠡᠪᠡ᠃
     ᠬᠦᠳᠡᠯᠭᠡᠭᠡᠨ ᠳᠤᠮᠳᠠ᠂ ᠪᠠᠭ᠎ᠠ ᠬᠡᠦᠬᠡᠳ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠵᠤ᠂ ᠡᠷᠡᠰ ᠴᠢᠩᠭ᠎ᠠ ᠵᠣᠷᠢᠭ ᠰᠥᠰᠥ ᠪᠠ ᠲᠡᠭᠦᠰ ᠲᠡᠭᠦᠯᠳᠡᠷ ᠴᠤᠭ ᠰᠦᠯᠳᠡ ᠶᠢ ᠢᠯᠡᠷᠡᠭᠦᠯᠵᠡᠢ᠃ ᠬᠥᠯ ᠪᠥᠮᠪᠦᠭᠡ ᠶᠢᠨ ᠲᠠᠯᠠᠪᠠᠢ ᠳᠤ᠂ ᠬᠡᠦᠬᠡᠳ ᠤᠳ ᠬᠥᠯᠥᠰᠥ ᠠᠰᠬᠠᠷᠠᠭᠤᠯᠤᠨ ᠳᠠᠭᠠᠷᠢᠨ᠎ᠠ᠃ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠬᠤ ᠳᠤ᠂ ᠦᠵᠡᠭᠴᠢᠳ ᠨᠢᠵᠢᠭᠢᠨᠡᠲᠡᠯ᠎ᠡ ᠠᠯᠠᠭ᠎ᠠ ᠲᠠᠰᠢᠵᠦ᠂ ᠮᠠᠭᠲᠠᠨ ᠰᠠᠶᠢᠰᠢᠶᠠᠵᠤ ᠪᠠᠶᠢᠯ᠎ᠠ᠃ ᠬᠦᠭᠵᠢᠶᠡᠨ ᠨᠡᠮᠡᠷᠢᠯᠡᠬᠦ ᠪᠦᠵᠢᠭ ᠤᠨ ᠣᠷᠣᠯᠳᠣᠭᠠᠨ ᠳᠤ 6 ᠲᠠᠮᠢᠷ ᠤᠨ ᠠᠩᠭᠢ ᠤᠷᠤᠯᠳᠤᠭᠠᠨ ᠳᠤ ᠣᠷᠣᠯᠴᠠᠵᠤ᠂ ᠬᠡᠦᠬᠡᠳ ᠤᠳ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠭᠤᠢᠳᠠ ᠰᠠᠶᠢᠬᠠᠨ ᠲᠣᠭᠯᠠᠯᠲᠠ ᠪᠠᠷ ᠢᠶᠠᠨ ᠦᠵᠡᠭᠴᠢᠳ ᠤᠨ ᠬᠠᠮᠲᠤ ᠶᠢᠨ ᠰᠠᠶᠢᠨ ᠦᠨᠡᠯᠡᠯᠲᠡ ᠶᠢ ᠣᠯᠵᠠᠶ᠃ ᠵᠢᠷᠤᠭ ᠤᠨ ᠰᠢᠯᠭᠠᠷᠠᠭᠤᠯᠤᠯᠲᠠ ᠳᠤ᠂ ᠨᠢᠯᠬ᠎ᠠ ᠬᠡᠤᠬᠡᠳ ᠤᠳ ᠭᠠᠷ ᠲᠠᠬᠢ ᠵᠢᠷᠤᠭ ᠤᠨ ᠪᠢᠷ ᠢᠶᠠᠨ ᠠᠰᠢᠬᠯᠠᠨ ᠣᠯᠠᠨ ᠳᠤ ᠬᠦᠰᠡᠯ ᠮᠥᠷᠥᠭᠡᠳᠦᠯ ᠢᠶᠠᠷ ᠪᠢᠯᠬᠠᠮ᠎ᠠ᠂ ᠴᠤᠭ ᠵᠢᠪᠬᠤᠭ᠎ᠠ ᠪᠠᠳᠠᠷᠠᠭᠰᠠᠨ᠂ ᠥᠩᠭᠡ ᠭᠢᠯᠪᠠᠭ᠎ᠠ  ᠰᠠᠶᠢᠬᠠᠨ ᠵᠢᠷᠤᠭ ᠤᠨ ᠬᠠᠭᠤᠳᠠᠰᠤ ᠶᠢ ᠳᠡᠯᠭᠡᠨ ᠦᠵᠡᠭᠦᠯᠪᠡ᠃      ᠬᠥᠯ ᠪᠥᠮᠪᠦᠭᠡ ᠶᠢᠨ ᠰᠢᠷᠢᠰ ᠬᠥᠳᠡᠯᠭᠡᠭᠡᠨ ᠥᠷᠨᠢᠭᠦᠯᠬᠦ ᠪᠠᠷ ᠳᠠᠮᠵᠢᠨ᠂ ᠥᠷᠭᠡᠨ ᠣᠯᠠᠨ ᠬᠡᠤᠬᠡᠳ ᠲᠤ ᠲᠠᠮᠢᠷ ᠤᠨ ᠬᠥᠳᠡᠯᠭᠡᠭᠡᠨ ᠪᠠ ᠤᠷᠤᠯᠳᠤᠭᠠᠨ ᠤ ᠬᠠᠪᠤ ᠴᠡᠩᠭᠡᠯ ᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ ᠡᠯ᠎ᠡ ᠬᠡᠤᠬᠡᠳ ᠤᠨ ᠴᠡᠴᠡᠷᠯᠢᠭ ᠤᠨ ᠬᠤᠭᠤᠷᠣᠨᠳᠣ ᠨᠡᠪᠲᠡᠷᠡᠯᠴᠡᠨ ᠰᠣᠯᠢᠯᠴᠠᠬᠤ ᠬᠥᠭᠦᠷᠭᠡ ᠪᠠᠶᠢᠭᠤᠯᠵᠠᠢ᠃ ᠬᠦᠳᠡᠯᠭᠡᠭᠡᠨ ᠳᠤ ᠣᠷᠣᠯᠴᠠᠭᠰᠠᠳ ᠲᠤᠰ ᠤᠳᠠᠭᠠᠨ ᠤ ᠬᠦᠳᠡᠯᠭᠡᠭᠡᠨ ᠪᠠᠷ ᠲᠣᠬᠢᠶᠠᠯ ᠪᠤᠯᠭᠠᠨ᠂ ᠪᠥᠬᠦ ᠲᠤᠭᠤᠷᠢᠭ ᠤᠨ ᠬᠡᠤᠬᠡᠳ ᠤᠨ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠡᠤᠬᠡᠳ ᠤᠨ ᠬᠥᠯ ᠪᠥᠮᠪᠦᠭᠡ ᠶᠢᠨ ᠦᠢᠯᠡᠰ ᠤᠨ ᠥᠷᠨᠢᠨ ᠬᠥᠭᠵᠢᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃
 
ᠢᠷᠡᠯᠲᠡ᠄ ᠬᠠᠶᠢᠨᠠᠨ ᠲᠤᠭᠤᠷᠢᠭ ᠤᠨ ᠰᠣᠷᠭᠠᠨ ᠬᠦᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号