︽2021 ᠣᠨ ᠤ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠳᠤ ᠨᠡᠷ᠎ᠡ ᠮᠡᠳᠡᠭᠦᠯᠬᠦ︾ ᠪᠠᠰᠠ ᠲᠠᠪᠤᠨ ᠡᠳᠦᠷ ᠪᠠᠶᠢᠨ᠎ᠠ᠂ ᠡᠨᠡ ᠤᠴᠢᠷ ᠮᠠᠰᠢ ᠴᠢᠬᠤᠯᠠ
ᠨᠡᠶᠢᠲᠡᠯᠡᠭᠰᠡᠨ ᠴᠠᠭ᠄
2020/11/12
     11 ᠳ᠋ᠣᠭᠡᠷ ᠰᠠᠷ᠎ᠠ ᠶᠢᠨ 11 ᠤ ᠡᠳᠦᠷ᠂ ᠬᠠᠶᠢᠨᠠᠨ ᠲᠣᠭᠤᠷᠢᠭ 2021 ᠣᠨ ᠤ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠤᠨ ᠬᠤᠷᠠᠯ ᠬᠤᠷᠠᠯᠳᠤᠭᠤᠯᠵᠤ᠂ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠰᠣᠷᠣᠭᠴᠢ ᠡᠯᠰᠡᠬᠦ ᠵᠥᠪᠯᠡᠯ ᠤᠨ ᠡᠷᠬᠢᠯᠡᠭᠴᠢ ᠰᠦᠨ ᠯᠧ ᠬᠤᠷᠠᠯ ᠳᠤ ᠣᠷᠣᠯᠴᠠᠵᠠᠶ᠃ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠡᠷ᠎ᠡ ᠮᠡᠳᠡᠭᠦᠯᠬᠦ ᠠᠵᠢᠯ 11 ᠳ᠋ᠣᠭᠡᠷ ᠰᠠᠷ᠎ᠠ ᠶᠢᠨ 16 ᠠᠴᠠ 27 ᠤ ᠡᠳᠦᠷ ᠪᠣᠯᠲᠠᠯ᠎ᠠ ᠶᠠᠪᠤᠭᠳᠠᠨ᠎ᠠ᠃ ᠬᠠᠶᠢᠨᠠᠨ ᠲᠣᠭᠤᠷᠢᠭ ᠦᠳᠲᠡᠷ ᠲᠦᠷᠭᠡᠨ ᠳᠠᠭᠠᠷᠢᠯᠲᠠ ᠬᠢᠵᠦ᠂ ᠡᠭᠦᠷᠭᠡ ᠪᠠᠨ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶ ᠢᠯᠭᠠᠵᠤ᠂ ᠮᠠᠨ ᠤ ᠲᠤᠭᠤᠷᠢᠭ ᠤᠨ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠢ ᠬᠢᠨᠠᠮᠠᠭᠠᠶ ᠵᠢᠷᠤᠮᠵᠢᠭᠤᠯᠤᠨ ᠪᠡᠶᠡᠯᠡᠭᠦᠯᠦᠨ᠎ᠡ᠃      ᠬᠤᠷᠠᠯ ᠳᠡᠭᠡᠷ᠎ᠡ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠡᠷ᠎ᠡ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠬᠠᠮᠢᠶ᠎ᠠ ᠪᠥᠬᠦᠶ ᠠᠭᠤᠯᠭ᠎ᠠ ᠶᠢ ᠣᠯᠠᠮᠵᠢᠯᠠᠵᠦ᠂ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠳᠤ ᠨᠡᠷ᠎ᠡ ᠮᠡᠳᠡᠭᠦᠯᠬᠦ ᠳᠤᠮᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠣᠭᠢᠷᠠᠭᠤᠯᠵᠤ᠂ 2021 ᠣᠨ ᠤ ᠬᠠᠶᠢᠨᠠᠨ ᠲᠣᠭᠤᠷᠢᠭ ᠤᠨ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠡᠷ᠎ᠡ ᠮᠡᠳᠡᠭᠦᠯᠬᠦ ᠪᠣᠳᠠᠲᠠᠶ ᠠᠵᠢᠯ ᠤᠨ ᠲᠤᠬᠠᠶ ᠨᠠᠷᠢᠨ ᠪᠠᠶᠢᠷᠢᠯᠠᠭᠤᠯᠤᠯᠲᠠ ᠬᠢᠪᠠ᠃      ᠰᠦᠨ ᠯᠧ ᠴᠢᠬᠤᠯᠠᠴᠢᠯᠠᠭᠰᠠᠨ ᠨᠢ᠂ ᠨᠢᠭᠡ ᠳᠤ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠴᠢᠩᠭ᠎ᠠ ᠠᠳᠬᠤᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠡᠷᠬᠡᠪᠰᠢ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠨᠡᠮᠡᠭᠳᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠲᠣᠭᠲᠠᠭᠰᠠᠨ ᠴᠠᠭ ᠲᠤ ᠲᠣᠭᠲᠠᠭᠰᠠᠨ ᠡᠭᠦᠷᠭᠡ ᠪᠠᠨ  ᠪᠡᠶᠡᠯᠡᠭᠦᠯᠦᠨ᠂ ᠲᠣᠭᠲᠠᠭᠰᠠᠨ ᠳᠡᠰ ᠳᠠᠷᠠᠭᠠᠯᠠᠯ ᠢᠶᠠᠷ ᠲᠤᠭᠲᠠᠭᠠᠬᠰᠠᠨ ᠬᠥᠳᠡᠯᠦᠯ ᠢᠶᠠᠨ ᠪᠡᠶᠡᠯᠡᠭᠦᠯᠦᠨ᠎ᠡ᠃ ᠬᠤᠶᠠᠷ ᠲᠤ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠰᠢᠵᠦ᠂ ᠴᠢᠩᠭ᠎ᠠ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠥᠷᠥ ᠶᠢᠨ  ᠪᠤᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠨᠡᠷ᠎ᠡ ᠮᠡᠳᠡᠭᠦᠯᠬᠦ ᠳᠡᠰ ᠳᠠᠷᠠᠭᠠᠯᠠᠯ ᠪᠠ ᠬᠢᠷᠢ ᠬᠡᠮ ᠢ ᠬᠢᠨᠠᠨ ᠪᠠᠶᠢᠴᠠᠭᠠᠬᠤ ᠱᠠᠭᠠᠷᠳᠠᠯᠭ᠎ᠠ ᠶᠣᠰᠣᠭᠠᠷ᠂  ᠵᠢᠷᠤᠮᠵᠢᠭᠤᠯᠤᠨ ᠠᠵᠢᠯᠯᠠᠭᠤᠯᠵᠤ᠂ ᠪᠠᠭᠤᠯᠭᠠᠬᠰᠠᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠬᠠᠷᠢᠭᠤᠴᠠᠯᠭ᠎ᠠ ᠶᠢᠨ ᠪᠢᠴᠢᠭ ᠡᠭᠦᠷᠭᠡ ᠶᠢᠨ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠵᠤ᠂ ᠬᠢᠷᠢ ᠬᠡᠮ ᠢ ᠬᠢᠨᠠᠨ ᠪᠠᠶᠢᠴᠠᠭᠠᠬᠤ᠂ ᠨᠡᠷ᠎ᠡ ᠮᠡᠳᠡᠭᠦᠯᠬᠦ ᠶᠢ ᠪᠣᠯᠪᠠᠰᠤᠷᠠᠭᠤᠯᠬᠤ᠂ ᠮᠡᠳᠡᠭᠡ ᠵᠠᠩᠭᠢ ᠴᠤᠭᠯᠠᠭᠤᠯᠬᠤ᠂ ᠰᠢᠯᠭᠠᠭᠤᠯᠤᠭᠴᠢ ᠶᠢᠨ ᠪᠡᠶ᠎ᠡ ᠶᠢᠨ ᠪᠠᠶᠢᠴᠠᠭᠠᠯᠲᠠ ᠵᠡᠷᠭᠡ ᠡᠯ᠎ᠡ ᠭᠤᠭᠴᠤᠭ᠎ᠠ ᠶᠢᠨ ᠠᠵᠢᠯ ᠢ ᠰᠠᠶᠢᠲᠤᠷ ᠬᠢᠵᠦ᠂ ᠭᠤᠤᠯᠳᠠᠯᠭ᠎ᠠ ᠲᠠᠢ ᠭᠤᠭᠴᠤᠭ᠎ᠠ ᠶᠢ ᠭᠤᠤᠯᠳᠠᠯᠭ᠎ᠠ ᠲᠠᠢ ᠬᠠᠮᠢᠶᠠᠷᠤᠨ᠎ᠠ᠃ ᠭᠤᠷᠪᠠ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃  ᠮᠠᠲ᠋ᠧᠷᠢᠶᠠᠯ ᠢ ᠬᠠᠭᠤᠷᠮᠠᠬᠯᠠᠨ ᠵᠣᠬᠢᠶᠠᠬᠤ ᠵᠡᠷᠭᠡ ᠬᠤᠳᠠᠯ ᠬᠡᠯᠡᠵᠦ ᠭᠡᠮ ᠬᠢᠬᠦ ᠦᠢᠯᠡ ᠠᠵᠢᠯᠯᠠᠭ᠎ᠠ ᠡᠭᠦᠰᠬᠦ ᠶᠢ ᠡᠷᠡᠰ ᠰᠡᠷᠭᠡᠶᠢᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠲᠦᠷᠦ ᠶᠢᠨ ᠪᠤᠳᠤᠯᠭ᠎ᠠ ᠶᠢ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃      ᠳᠠᠭᠠᠯᠳᠤᠭᠤᠯᠤᠯ᠄      2021 ᠣᠨ ᠤ ᠬᠠᠶᠢᠨᠠᠨ ᠲᠣᠭᠤᠷᠢᠭ ᠤᠨ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠳᠤ ᠨᠡᠷ᠎ᠡ ᠮᠡᠳᠡᠭᠦᠯᠬᠦ ᠶᠠᠪᠤᠴᠠ      1. ᠰᠢᠯᠭᠠᠭᠤᠯᠤᠭᠴᠢ 2020 ᠣᠨ ᠤ 11 ᠳ᠋ᠣᠭᠡᠷ ᠰᠠᠷ᠎ᠠ ᠶᠢᠨ 16 ᠤ ᠡᠳᠦᠷ ᠤᠨ 9 ᠴᠠᠭ ᠠᠴᠠ 27 ᠤ ᠡᠳᠦᠷ ᠤᠨ 18 ᠴᠠᠭ ᠤᠨ  ᠳᠣᠲᠣᠷ᠎ᠠ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ︵http://www . nm. zsks. cn︶  ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠵᠦ᠂ ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ ᠶᠢ ᠪᠡᠶᠡᠯᠡᠭᠦᠯᠵᠦ᠂ ᠨᠢᠭᠤᠴᠠ ᠨᠣᠮᠧᠷ ᠢ ᠲᠡᠮᠳᠡᠭᠯᠡᠬᠦ ᠶᠢᠨ ᠬᠠᠮᠲᠤ ᠲᠣᠬᠢᠲᠠᠶ ᠬᠠᠳᠠᠭᠠᠯᠠᠬᠤ ᠬᠡᠷᠡᠭᠲᠡᠶ᠃ ︽ᠰᠢᠯᠭᠠᠭᠤᠯᠤᠭᠴᠢ ᠶᠢᠨ ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ ︾ ᠶᠢ ᠳᠠᠷᠤᠮᠠᠯᠯᠠᠵᠤ ᠭᠠᠷᠭᠠᠨ᠎ᠠ᠃      2. ︽ᠰᠢᠯᠭᠠᠭᠤᠯᠤᠭᠴᠢ ᠶᠢᠨ ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾ ᠶᠢᠨ ᠲᠣᠰ ᠬᠤᠭᠤᠴᠠᠭᠠᠨ ᠤ ᠲᠡᠭᠦᠰᠬᠦ ᠰᠣᠷᠣᠬᠴᠢ ᠨᠢ ᠲᠡᠭᠦᠰᠬᠦ ᠰᠤᠷᠭᠠᠭᠤᠯᠢ ᠠᠴᠠ᠂ ᠨᠡᠶᠢᠭᠡᠮ ᠤᠨ ᠰᠢᠯᠭᠠᠭᠤᠯᠤᠭᠴᠢ ︵ᠥᠩᠭᠡᠷᠡᠭᠰᠡᠨ ᠬᠤᠭᠤᠴᠠᠭᠠᠨ ᠤ ᠰᠣᠷᠣᠭᠴᠢ︶ ᠶᠢᠨ ᠪᠠᠶᠢᠭ᠎ᠠ ᠪᠠᠯᠭᠠᠰᠤ᠂ ᠬᠡᠷᠡᠭ ᠡᠷᠬᠢᠯᠡᠬᠦ ᠭᠠᠵᠠᠷ ︵ᠪᠤᠶᠤ ᠳᠠᠬᠢᠨ ᠰᠤᠷᠤᠯᠴᠠᠬᠤ ᠰᠤᠷᠭᠠᠭᠤᠯᠢ︶ ᠠᠴᠠ ︽ᠳᠡᠭᠡᠷᠡᠬᠢ ᠮᠡᠳᠡᠭᠡ ᠵᠠᠩᠭᠢ ᠦᠨᠡᠨ ᠪᠣᠳᠠᠲᠠᠶ ᠡᠰᠡᠬᠦ︾ ᠪᠤᠯᠤᠩ ᠳᠤ ︽ᠵᠥᠪ︾ ᠪᠤᠶᠤ ︽ᠲᠡᠶᠢᠮᠦ ᠪᠢᠰᠢ︾ ᠶᠢ ᠨᠢ ᠰᠣᠩᠭᠤᠵᠦ᠂ ︽ᠰᠢᠯᠭᠠᠭᠤᠯᠤᠭᠰᠠᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠢᠨᠠᠨ ᠰᠢᠯᠭᠠᠯᠲᠠ ᠶᠢᠨ ᠦᠨᠡᠯᠡᠯᠲᠡ︾ ᠪᠤᠯᠤᠩ ᠳᠤ ︽ᠬᠢᠷᠢ ᠲᠡᠩᠴᠡᠭᠰᠡᠨ᠂ ᠬᠢᠷᠢ ᠲᠡᠩᠴᠡᠭᠰᠡᠨ ᠦᠭᠡᠢ ᠪᠤᠶᠤ ᠥᠭᠦᠯᠡᠬᠦ ᠴᠢᠬᠤᠯᠠᠲᠠᠶ ᠠᠭᠤᠯᠭ᠎ᠠ ᠶᠢ ᠲᠠᠭᠯᠠᠵᠤ᠂ ᠠᠩᠭᠢ ᠶᠢᠨ ᠡᠷᠬᠢᠯᠡᠭᠴᠢ ᠪᠤᠶᠤ ᠰᠤᠷᠭᠠᠭᠤᠯᠢ ︵ᠨᠢᠭᠡᠴᠡ︶ ᠶᠢᠨ ᠬᠢᠨᠠᠨ ᠬᠠᠷᠭᠤᠭᠤᠯᠤᠭᠴᠢ ᠭᠠᠷ ᠤᠨ ᠦᠰᠦᠭ ᠵᠢᠷᠤᠵᠦ ︵ᠭᠠᠷ ᠤᠨ ᠦᠰᠦᠭ ᠵᠢᠷᠤᠬᠤ ᠳᠠᠭᠠᠨ ᠴᠡᠪᠡᠷ ᠲᠣᠳᠣᠷᠬᠠᠶ ᠪᠠᠶᠢᠬᠤ ᠬᠡᠷᠡᠭᠲᠡᠶ︶᠂ ᠠᠯᠪᠠᠨ ᠲᠠᠮᠠᠭ᠎ᠠ ᠳᠠᠷᠣᠨ᠎ᠠ᠃      3. ᠥᠪᠡᠷᠲᠡᠭᠡᠨ ᠵᠠᠰᠠᠬᠤ ᠣᠷᠣᠨ ᠤ ᠭᠠᠳᠠᠨ᠎ᠠ ᠰᠤᠷᠤᠯᠴᠠᠵᠤ ᠪᠠᠶᠢᠭ᠎ᠠ ᠨᠢ ᠲᠤᠰ ᠬᠤᠭᠤᠴᠠᠭᠠᠨ ᠳᠤ ᠲᠡᠭᠦᠰᠬᠦ ᠰᠤᠷᠤᠭᠴᠢ ᠪᠠᠷ ᠨᠡᠷ᠎ᠡ ᠮᠡᠳᠡᠭᠦᠯᠪᠡᠯ᠂ ᠰᠤᠷᠭᠠᠭᠤᠯᠢ ᠠᠴᠠ ᠪᠦᠬᠦ ᠤᠯᠤᠰ ᠤᠨ ᠰᠣᠷᠭᠠᠭᠤᠯᠢ ᠶᠢᠨ ᠬᠠᠷᠢᠶᠠᠨ ᠤ ᠰᠦᠯᠵᠢᠶᠡᠨ ᠳᠡᠭᠡᠷ᠎ᠡ ᠰᠢᠯᠭᠠᠭᠤᠯᠤᠭᠰᠠᠳ ᠤᠨ ᠰᠤᠷᠭᠠᠭᠤᠯᠢ ᠶᠢᠨ ᠬᠠᠷᠢᠶ᠎ᠠ ᠶᠢᠨ ᠬᠦᠰᠦᠨᠦᠭᠲᠦ ︽ᠦᠨᠳᠦᠰᠦᠨ ᠮᠡᠳᠡᠭᠡ ᠵᠠᠩᠭᠢ︾ ᠨᠢᠭᠤᠷ᠂ ᠰᠤᠷᠤᠯᠭ᠎ᠠ ᠶᠢᠨ ᠬᠢᠷᠢ ᠬᠡᠮᠵᠢᠶ᠎ᠡ ︵ᠪᠤᠶᠤ ᠬᠠᠮ ᠰᠢᠯᠭᠠᠯᠲᠠ︶ ᠶᠢᠨ ᠬᠢᠷᠢ ᠪᠦᠲᠦᠮᠵᠢ ᠶᠢᠨ ᠬᠠᠭᠤᠳᠠᠰᠤ ᠶᠢ ᠳᠠᠷᠤᠮᠠᠯᠯᠠᠵᠤ᠂ ᠳᠡᠭᠡᠷ᠎ᠡ ᠳᠤᠷᠠᠳᠤᠭᠰᠠᠨ ᠬᠤᠶᠠᠷ ᠬᠦᠰᠦᠨᠦᠭᠲᠦ ᠶᠢᠨ ᠵᠠᠬ᠎ᠠ ᠬᠢᠵᠠᠭᠠᠷ ᠤᠨ ᠬᠤᠭᠤᠰᠣᠨ ᠭᠠᠵᠠᠷ ᠲᠤ ᠡᠷᠬᠢᠯᠡᠭᠴᠢ ᠭᠠᠷ ᠤᠨ ᠦᠰᠦᠭ ᠵᠢᠷᠤᠵᠤ ᠭᠠᠷ ᠣᠲᠠᠰᠤᠨ ᠤ ᠨᠣᠮᠧᠷ ᠦᠯᠡᠳᠡᠭᠡᠵᠦ᠂ ᠰᠤᠷᠭᠠᠭᠤᠯᠢ ᠶᠢᠨ ᠲᠠᠮᠠᠭ᠎ᠠ ᠳᠠᠷᠣᠵᠦ᠂ ᠰᠤᠷᠭᠠᠨ ᠬᠥᠮᠦᠵᠢᠯ ᠤᠨ ᠲᠤᠪᠴᠢᠶᠠᠨ ᠠᠴᠠ ᠳᠠᠬᠢᠨ ᠬᠢᠨᠠᠵᠤ ᠲᠠᠮᠠᠭ᠎ᠠ ᠳᠠᠷᠤᠬᠤ ᠶᠢᠨ ᠬᠠᠮᠲᠤ ᠲᠤᠰ ᠪᠦᠷᠢ 1 ᠬᠤᠪᠢ ᠳᠠᠷᠤᠮᠠᠯᠯᠠᠨ᠎ᠠ᠃      4. ᠰᠢᠯᠭᠠᠭᠤᠯᠤᠭᠰᠠᠳ ︽ᠰᠢᠯᠭᠠᠭᠤᠯᠤᠭᠴᠢᠳ ᠤᠨ ᠨᠡᠷ᠎ᠡ ᠮᠡᠳᠡᠭᠦᠯᠬᠦ ᠬᠦᠰᠦᠨᠦᠭᠲᠦ︾ ᠪᠠᠨ ᠠᠪᠴᠤ ᠬᠠᠶᠢᠨᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶᠠᠨ ᠤ ᠴᠣᠩᠬᠤ ᠳᠤ ᠬᠦᠷᠴᠦ ᠡᠷᠦᠬᠡ ᠠᠮᠠ ᠶᠢᠨ ᠬᠢᠨᠠᠨ ᠪᠠᠶᠢᠴᠠᠭᠠᠯᠲᠠ ᠬᠢᠵᠦ᠂ ᠬᠦᠰᠦᠨᠦᠭᠲᠦ ᠶᠢᠨ ᠠᠷᠤ ᠲᠠᠯ᠎ᠠ ᠳᠤ ᠭᠠᠷ ᠤᠨ ᠦᠰᠦᠭ ᠵᠢᠷᠤᠵᠤ᠂ ᠠᠯᠪᠠᠨ ᠲᠠᠮᠠᠭ᠎ᠠ ᠳᠠᠷᠤᠨ᠎ᠠ᠃      5. ᠡᠷᠦᠬᠡ ᠠᠮᠠ ᠶᠢᠨ ᠳᠠᠩᠰᠠ ᠨᠢ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠬᠥᠯᠥᠰᠥᠨ ᠠᠵᠢᠯ ᠬᠢᠵᠦ ᠪᠠᠶᠢᠭ᠎ᠠ ᠬᠦᠮᠦᠰ ᠤᠨ ᠳᠠᠭᠠᠵᠤ ᠨᠡᠭᠦᠭᠰᠡᠨ ᠦᠷ᠎ᠡ ᠬᠡᠦᠬᠡᠳ᠂ ᠡᠷᠦᠬᠡ ᠠᠮᠠ ᠶᠢᠨ ᠳᠠᠩᠰᠠ ᠨᠢ ᠥᠪᠡᠷᠲᠡᠭᠡᠨ ᠵᠠᠰᠠᠬᠤ ᠣᠷᠣᠨ ᠠᠴᠠ ᠭᠠᠳᠠᠨ᠎ᠠ ᠣᠷᠣᠨ ᠠᠴᠠ ᠨᠡᠭᠦᠵᠦ ᠢᠷᠡᠭᠰᠡᠨ ᠰᠢᠯᠭᠠᠭᠤᠯᠤᠭᠰᠠᠳ᠂ ᠰᠤᠷᠭᠠᠭᠤᠯᠢ ᠶᠢᠨ ᠬᠢᠨᠠᠨ ᠬᠠᠷᠭᠤᠭᠤᠯᠵᠤ ᠲᠠᠮᠠᠭ᠎ᠠ ᠳᠠᠷᠤᠭᠰᠠᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠬᠢᠷᠢ ᠪᠦᠲᠦᠮᠵᠢ ᠶᠢᠨ ᠬᠠᠭᠤᠳᠠᠰᠤ ᠶᠢ ᠬᠠᠩᠭᠠᠵᠤ᠂ ᠤᠷᠢᠳᠴᠢᠯᠠᠨ ᠨᠡᠷ᠎ᠡ ᠮᠡᠳᠡᠭᠦᠯᠬᠦ ᠦᠶ᠎ᠡ ᠳᠤ ︽ᠰᠤᠷᠭᠠᠭᠤᠯᠢ ᠶᠢᠨ ᠬᠠᠷᠢᠶ᠎ᠠ ᠵᠢᠴᠢ ᠦᠷᠭᠦᠯᠵᠢᠯᠡᠨ ᠰᠤᠷᠤᠯᠴᠠᠵᠤ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠬᠦᠰᠦᠨᠦᠭᠲᠦ︾᠂ ︽ᠰᠢᠯᠭᠠᠭᠤᠯᠤᠭᠴᠢ ᠶᠢᠨ ᠬᠡᠷ ᠤᠨ ᠠᠬᠠᠮᠠᠳ ᠤᠨ  ᠨᠦᠬᠦᠴᠡᠯ ᠪᠥᠷᠢᠳᠦᠭᠦᠯᠦᠭᠰᠡᠨ ᠬᠢᠨᠠᠨ ᠪᠠᠶᠢᠴᠠᠭᠠᠬᠤ ᠬᠦᠰᠦᠨᠦᠭᠲᠦ︾ ᠵᠡᠷᠭᠡ ᠶᠢ ᠳᠠᠷᠤᠮᠠᠯᠯᠠᠨ᠎ᠠ᠂ ᠣᠷᠣᠨ ᠨᠤᠲᠤᠭ ᠤᠨ ᠲᠤᠰᠬᠠᠶ ᠲᠥᠯᠥᠪᠯᠡᠭᠡ᠂ ᠰᠦᠢᠳᠭᠡᠯ ᠬᠤᠷᠢᠶᠠᠬᠤ ᠥᠬᠡᠶ ᠠᠨᠠᠭᠠᠬᠤ ᠤᠬᠠᠭᠠᠨ ᠤ ᠬᠠᠨᠳᠤᠯᠭ᠎ᠠ ᠲᠠᠢ ᠰᠣᠷᠭᠠᠭᠤᠯᠢ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ︽ᠲᠤᠰᠬᠠᠶ ᠲᠥᠯᠥᠪᠯᠡᠭᠡ᠂ ᠰᠦᠢᠳᠭᠡᠯ ᠬᠤᠷᠢᠶᠠᠬᠤ ᠥᠬᠡᠶ ᠠᠨᠠᠭᠠᠬᠤ ᠤᠬᠠᠭᠠᠨ ᠤ ᠬᠠᠨᠳᠤᠯᠭ᠎ᠠ ᠲᠠᠢ ᠰᠣᠷᠭᠠᠭᠤᠯᠢ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠬᠦᠰᠦᠨᠦᠭᠲᠦ︾ ᠶᠢ ᠳᠠᠷᠤᠮᠠᠯᠯᠠᠵᠤ ᠭᠠᠷᠭᠠᠨ᠂ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠦᠷᠴᠦ ᠬᠢᠨᠠᠨ ᠬᠠᠷᠭᠤᠭᠤᠯᠵᠤ ᠲᠠᠮᠠᠭ᠎ᠠ  ᠳᠠᠷᠤᠨ᠎ᠠ᠂ ᠬᠢᠨᠠᠨ ᠬᠠᠷᠭᠤᠭᠤᠯᠵᠦ ᠭᠠᠷ ᠤᠨ ᠥᠰᠥᠭ ᠵᠢᠷᠤᠬᠤ ᠳᠠᠭᠠᠨ ᠴᠡᠪᠡᠷ ᠲᠡᠭᠰᠢ᠂ ᠲᠠᠮᠠᠭ᠎ᠠ ᠶᠢ ᠲᠣᠳᠣᠷᠬᠠᠶ ᠪᠠᠶᠢᠯᠭᠠᠬᠤ ᠬᠡᠷᠡᠭᠲᠡᠶ᠃      6. ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ ︽ᠰᠢᠯᠭᠠᠭᠤᠯᠤᠭᠴᠢ ᠶᠢᠨ ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾᠂ ᠡᠷᠦᠬᠡ ᠠᠮᠠ ᠶᠢᠨ ᠳᠡᠪᠲᠡᠷ ᠤᠨ ᠣᠭ ᠪᠢᠴᠢᠭ᠂ ᠲᠣᠰ ᠬᠥᠮᠦᠨ ᠤ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ᠂ ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ ᠵᠣᠬᠢᠴᠠᠩᠭᠤᠶ ᠬᠢᠨᠠᠨ ᠬᠠᠷᠭᠤᠭᠤᠯᠤᠬᠰᠠᠨ ᠬᠦᠰᠦᠨᠦᠭᠲᠦ᠂ ᠬᠠᠷᠠᠭᠠᠯᠵᠠᠬᠤ ᠨᠥᠬᠦᠴᠡᠯ ᠳᠤ ᠨᠡᠶᠢᠴᠡᠭᠰᠡᠨ ᠭᠡᠷᠡᠴᠢ ᠦᠨᠡᠮᠯᠡᠯ ᠵᠡᠷᠭᠡ᠂ ᠪᠠᠰᠠ ᠪᠠᠭᠤᠯᠭᠠᠵᠤ ᠳᠠᠷᠤᠮᠠᠯᠯᠠᠭᠰᠠᠨ ︽ᠡᠷᠡᠭᠦᠯ ᠮᠡᠨᠳᠦ ᠶᠢᠨ ᠺᠣᠳ᠋︾᠂ ᠲᠠᠭᠯᠠᠭᠰᠠᠨ ︽ᠡᠷᠡᠭᠦᠯ ᠮᠡᠨᠳᠦ ᠶᠢᠨ ᠪᠠᠶᠢᠳᠠᠯ ᠤᠨ ᠠᠮᠠᠯᠠᠯᠲᠠ ᠶᠢᠨ ᠪᠢᠴᠢᠭ︾ ᠢ ᠠᠪᠴᠤ᠂ ᠠᠮᠠᠪᠴᠢ ᠵᠡᠭᠦᠵᠦ᠂ ᠪᠡᠶ᠎ᠡ ᠶᠢᠨ ᠳᠤᠯᠠᠭᠠᠨ ᠢ ᠬᠡᠮᠵᠢᠬᠦ ᠳᠤ ᠬᠠᠮᠵᠢᠯᠴᠠᠵᠦ᠂ 11 ᠳ᠋ᠣᠭᠡᠷ ᠰᠠᠷ᠎ᠠ ᠶᠢᠨ 19 ᠤ ᠡᠳᠦᠷ ᠠᠴᠠ 27 ᠤ ᠡᠳᠦᠷ ᠤᠨ 18 ᠴᠠᠭ ᠲᠤ᠂ ᠬᠠᠶᠢᠨᠠᠨ ᠲᠣᠭᠤᠷᠢᠭ ᠤᠨ ᠰᠤᠷᠤᠭᠴᠢ ᠡᠯᠰᠡᠬᠦ ᠠᠯᠪᠠᠨ ᠭᠡᠷ ᠤᠨ 210 ᠲᠠᠰᠤᠭ ︵ᠤᠲᠠᠰᠤ᠄ 0473 — 4024050 ᠭᠠᠷᠠᠭ ᠤᠨ ᠵᠢᠷᠭᠤᠭᠠᠨ᠂ ᠭᠠᠷᠠᠭ ᠤᠨ ᠡᠳᠦᠷ ᠲᠤ ᠠᠵᠢᠯᠯᠠᠨ᠎ᠠ  ︶ ᠲᠤ ᠲᠤᠬᠠᠶ ᠶᠢᠨ ᠲᠠᠯᠠᠪᠤᠷ ᠲᠤ ᠰᠡᠭᠦᠳᠡᠷ ᠲᠠᠲᠠᠵᠤ᠂ ᠨᠤᠲᠠᠯᠠᠨ᠎ᠠ᠃      7. ᠰᠢᠯᠭᠠᠭᠤᠯᠤᠭᠴᠢᠳ ︽ᠰᠢᠯᠭᠠᠭᠤᠯᠤᠭᠴᠢ ᠶᠢᠨ ᠰᠢᠯᠭᠠᠯᠲᠠ ᠶᠢᠨ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ︾ ᠤᠨ ᠲᠣᠭᠲᠠᠭᠰᠠᠨ ᠣᠷᠣᠨ ᠤ ᠳᠣᠲᠣᠷ᠎ᠠ ᠱᠠᠭᠠᠷᠳᠠᠯᠭ᠎ᠠ ᠶᠣᠰᠣᠭᠠᠷ ᠲᠣᠭᠲᠠᠭᠰᠠᠨ ᠦᠰᠦᠭ ᠪᠢᠴᠢᠭ ᠢ ᠪᠢᠴᠢᠵᠦ᠂ ᠰᠢᠯᠭᠠᠭᠤᠯᠤᠭᠴᠢ ᠶᠢᠨ ᠭᠠᠷ ᠤᠨ ᠲᠢᠭ ᠤᠨ ᠮᠡᠳᠡᠭᠡ ᠵᠠᠩᠭᠢ ᠶᠢ ᠴᠤᠭᠯᠠᠭᠤᠯᠤᠨ᠎ᠠ᠃ ᠳᠠᠭᠤᠤ ᠬᠥᠭᠵᠢᠮ ᠤᠨ ᠲᠥᠷᠥᠯ ᠤᠨ ᠰᠢᠯᠭᠠᠭᠤᠯᠤᠭᠴᠢ ︽ᠬᠥᠭᠵᠢᠮ ᠤᠨ ᠨᠣᠲ︾ ᠳᠡᠭᠡᠷ᠎ᠡ ᠭᠠᠷ ᠤᠨ ᠦᠰᠦᠭ ᠵᠢᠷᠤᠨ᠎ᠠ᠃      8. ᠤᠷᠠᠯᠢᠭ ᠤᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ᠂ ᠥᠨᠳᠥᠷ ᠲᠦᠪᠰᠢᠨ ᠪᠦᠬᠦᠢ ᠤᠷᠠᠯᠢᠭ ᠤᠨ ᠪᠦᠯᠬᠦᠮ ᠪᠠ ᠦᠨᠳᠦᠷ ᠲᠦᠪᠰᠢᠨ ᠪᠦᠬᠦᠢ ᠲᠠᠮᠢᠷᠴᠢᠨ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠰᠠᠳ ᠪᠦᠬᠦᠨ᠂ ᠨᠡᠷ᠎ᠡ ᠮᠡᠳᠡᠭᠦᠯᠵᠦ ᠳᠠᠭᠤᠰᠬᠤ ᠦᠶ᠎ᠡ ᠳᠤ ︽ᠲᠤᠰᠬᠠᠶ ᠮᠡᠷᠭᠡᠵᠢᠯ ᠤᠨ ᠰᠢᠯᠭᠠᠯᠲᠠ ᠶᠢᠨ ᠵᠥᠪᠰᠢᠶᠡᠷᠡᠯ ᠤᠨ ᠦᠨᠡᠮᠯᠡᠯ︾ ᠠᠪᠴᠤ᠂ ᠰᠦᠯᠵᠢᠶᠡᠨ ᠳᠡᠭᠡᠷᠡᠬᠢ ︽ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠤᠨ ᠰᠢᠯᠭᠠᠯᠲᠠ ᠶᠢᠨ ᠬᠡᠷᠡᠭᠵᠢᠭᠦᠯᠬᠦ ᠠᠷᠭ᠎ᠠ︾ ᠶᠢᠨ ᠮᠡᠳᠡᠭᠳᠡᠯ ᠶᠣᠰᠣᠭᠠᠷ ᠵᠣᠬᠢᠴᠠᠩᠭᠤᠶ ᠲᠤᠰᠬᠠᠶ ᠮᠡᠷᠭᠡᠵᠢᠯ ᠤᠨ ᠨᠢᠭᠡᠳᠦᠯᠲᠡᠶ ᠰᠢᠯᠭᠠᠯᠲᠠ᠂ ᠬᠠᠮᠲᠤᠷᠠᠭᠰᠠᠨ ᠰᠢᠯᠭᠠᠯᠲᠠ ᠪᠠ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠨ᠎ᠠ᠃      9. ᠪᠡᠶ᠎ᠡ ᠶᠢᠨ ᠪᠠᠶᠢᠴᠠᠭᠠᠯᠲᠠ ᠶᠢᠨ ᠴᠠᠭ ᠭᠠᠵᠠᠷ ᠢ ᠠᠰᠲᠠᠭᠠᠨ ᠮᠡᠳᠡᠭᠳᠡᠵᠦ᠂ ︽ᠰᠣᠷᠣᠭᠴᠢ ᠡᠯᠰᠡᠬᠦ ᠲᠥᠯᠥᠪᠯᠡᠭᠡ︾ ᠶᠢᠨ ᠰᠢᠯᠭᠠᠭᠤᠯᠤᠭᠴᠢ ᠪᠡᠶ᠎ᠡ ᠶᠢᠨ ᠪᠠᠶᠢᠴᠠᠭᠠᠯᠲᠠ ᠬᠢᠬᠦ ᠳᠡᠭᠡᠨ ᠵᠣᠭᠤᠰ ᠠᠪᠴᠤ ᠵᠠᠬᠢᠶᠠᠯᠠᠨ᠎ᠠ᠃ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ︽ᠰᠢᠯᠭᠠᠭᠤᠯᠬᠤ ᠵᠥᠪᠰᠢᠶᠡᠷᠡᠯ ᠤᠨ ᠦᠨᠡᠮᠯᠡᠯ︾ ᠢ ᠰᠢᠯᠭᠠᠯᠲᠠ ᠠᠴᠠ ᠨᠢᠭᠡ ᠭᠠᠷᠠᠭ ᠤᠨ ᠡᠮᠦᠨ᠎ᠡ ᠰᠢᠯᠭᠠᠭᠤᠯᠤᠭᠴᠢ ᠪᠤᠶᠤ ᠬᠡᠷ ᠤᠨ ᠠᠬᠠᠮᠠᠳ ᠪᠡᠶ᠎ᠡ ᠶᠢᠨ ᠦᠨᠡᠮᠯᠡᠯ ᠢᠶᠠᠨ ᠠᠪᠴᠤ  ᠲᠤᠭᠤᠷᠢᠭ ᠤᠨ ᠰᠣᠷᠣᠭᠴᠢ ᠡᠯᠰᠡᠬᠦ ᠠᠯᠪᠠᠨ ᠬᠡᠷ ᠠᠴᠠ ᠭᠠᠷ ᠤᠨ ᠥᠰᠥᠭ ᠵᠢᠷᠤᠵᠤ ᠠᠪᠤᠨ᠎ᠠ᠃                  ᠬᠠᠶᠢᠨᠠᠨ ᠲᠣᠭᠤᠷᠢᠭ ᠤᠨ ᠰᠤᠷᠤᠭᠴᠢ ᠡᠯᠰᠡᠬᠦ ᠠᠯᠪᠠᠨ ᠭᠡᠷ                               2020.11
 
ᠢᠷᠡᠯᠲᠡ᠄ ᠠᠮᠢᠵᠢᠷᠠᠯ ᠤᠨ ᠬᠦᠴᠦᠨ ᠪᠢᠯᠬᠠᠬᠰᠠᠨ ᠬᠠᠶᠢᠨᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号