ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠦᠬᠦ ᠲᠤᠭᠤᠷᠢᠭ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2020/11/4
     ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠣᠨᠣᠯ ᠤᠨ ᠬᠢᠴᠢᠶᠡᠯ ᠤᠨ ᠪᠠᠭᠰᠢ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠣᠷᠣᠯᠴᠠᠵᠦ᠂ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠣᠨᠣᠯ ᠤᠨ ᠬᠢᠴᠢᠶᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠠᠨᠠᠯ ᠤᠳ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠢᠨᠵᠢᠯᠡᠭᠡᠨ ᠤ ᠪᠠᠭᠰᠢ ᠶᠢᠨ  ᠡᠩᠨᠡᠭᠡᠨ ᠤ ᠬᠡᠪ ᠴᠢᠨᠠᠷ ᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠂ ᠶᠣᠰᠣ ᠰᠤᠷᠲᠠᠬᠤᠨ ᠢ ᠪᠣᠶ ᠪᠣᠯᠭᠠᠵᠤ ᠬᠦᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ 11 ᠳ᠋ᠣᠭᠡᠷ ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠪᠦᠬᠦ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠵᠢᠴᠢ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ  ᠳᠣᠮᠳᠠᠳᠣ ᠪᠠᠭ᠎ᠠ ᠰᠤᠷᠭᠠᠭᠤᠯᠢ ᠶᠢᠨ ᠵᠠᠬᠢᠷᠤᠯ᠂ ᠳᠡᠳ᠋ ᠵᠠᠬᠢᠷᠤᠯ᠂ ᠤᠷᠳᠤᠰ ᠬᠤᠳᠠ ᠶᠢᠨ ᠤᠳᠤᠭ ᠬᠤᠰᠢᠭᠤᠨ ᠤ ᠬᠡᠰᠡᠭ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠳᠡᠳ᠋ ᠵᠠᠬᠢᠷᠤᠯ ᠢ ᠵᠣᠬᠢᠶᠠᠨ ᠪᠠᠶᠢᠭᠤᠯᠵᠦ᠂ ᠪᠥᠬᠦ ᠲᠤᠭᠤᠷᠢᠭ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠭᠰᠢ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ ᠪᠠ ᠬᠤᠶᠠᠳᠤᠭᠠᠷ ᠳᠡᠰ ᠤᠨ ᠨᠢᠭᠡᠴᠡ ᠶᠢᠨ ᠬᠠᠷᠢᠭᠤᠴᠠᠯᠭᠠᠲᠠᠨ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠪᠠ᠃
     ᠲᠣᠰ ᠤᠳᠠᠭᠠᠨ ᠤ ᠪᠣᠯᠪᠠᠰᠤᠷᠠᠭᠤᠯᠤᠯ ᠤᠨ ᠭᠤᠤᠯ ᠰᠡᠳᠦᠪ ᠪᠣᠯ ︽ᠰᠤᠷᠭᠠᠨ ᠬᠥᠮᠦᠵᠢᠯ ᠤᠨ ᠶᠡᠭᠡ ᠪᠣᠳᠣᠯᠭ᠎ᠠ᠂ ᠪᠠᠭᠰᠢ ᠪᠠᠷ ᠦᠨᠳᠦᠰᠦ ᠪᠣᠯᠭᠠᠨ᠎ᠠ — — ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠬᠥᠭᠵᠢᠯᠲᠡ ᠪᠣᠯᠤᠨ ᠪᠠᠭᠰᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠶ᠎ᠠ︾ ᠪᠣᠯᠤᠨ᠎ᠠ᠃ ᠪᠣᠯᠪᠠᠰᠤᠷᠠᠭᠤᠯᠤᠯ ᠢᠶᠠᠷ ᠳᠠᠮᠵᠢᠨ ᠪᠦᠬᠦ ᠲᠤᠭᠤᠷᠢᠭ ᠤᠨ ᠵᠠᠬᠢᠷᠤᠯ ᠤᠨ ᠤᠳᠤᠷᠢᠳᠬᠤ ᠺᠠᠳ᠋ᠷ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠬᠦᠰᠡᠯᠡᠩ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠵᠤ᠂ ᠰᠤᠷᠭᠠᠨ ᠬᠥᠮᠦᠵᠢᠯ ᠤᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠵᠤ᠂ ᠠᠵᠢᠯ ᠤᠨ ᠬᠠᠷᠠᠭ᠎ᠠ ᠤᠯᠠᠮ ᠥᠷᠭᠡᠵᠢᠵᠦ᠂ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠪᠦᠲᠦᠮᠵᠢᠲᠡᠶ ᠳᠡᠭᠡᠭᠰᠢᠯᠡᠪᠡ᠃
     ᠲᠣᠰ ᠤᠳᠠᠭᠠᠨ ᠤ ᠲᠠᠶᠢᠯᠤᠮᠵᠢ ᠨᠢ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ᠂ ᠤᠤᠯ ᠤᠨ ᠰᠤᠷᠭᠠᠨ ᠬᠥᠮᠦᠵᠢᠯ ᠤᠨ ᠶᠠᠮᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠰᠤᠳᠤᠯᠭᠠᠨ ᠤ ᠲᠥᠪ ᠤᠨ ᠪᠠᠶᠢᠯᠳᠤᠬᠤ ᠪᠣᠳᠣᠯᠭ᠎ᠠ ᠶᠢᠨ ᠰᠤᠳᠤᠯᠬᠤ ᠲᠠᠰᠤᠭ ᠤᠨ ᠡᠷᠬᠢᠯᠡᠭᠴᠢ᠂ ᠪᠡᠭᠡᠵᠢᠩ ᠤᠨ ᠭᠦᠸᠧ ᠵᠠᠨ ᠰᠢᠩ ᠲᠠᠢ ᠰᠤᠷᠭᠠᠨ ᠬᠥᠮᠦᠵᠢᠯ ᠰᠢᠨᠵᠢᠯᠡᠬᠦ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠭᠤᠤ ᠱᠦ ᠭᠦᠸᠧ ᠶᠢ ᠭᠤᠤᠯ ᠲᠠᠶᠢᠯᠪᠤᠷᠢᠯᠠᠭᠴᠢ ᠪᠠᠷ ᠣᠷᠢᠪᠠ᠃ ᠭᠤᠤ ᠱᠦ ᠭᠦᠸᠧ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠴᠢᠬᠤᠯᠠ ᠪᠠᠶᠢᠷᠢ ᠰᠠᠭᠤᠷᠢ ᠶᠢᠨ ᠲᠤᠬᠠᠢ ᠬᠠᠮᠢᠶ᠎ᠠ ᠪᠦᠬᠦᠢ ᠥᠭᠦᠯᠡᠯᠲᠡ᠂ ᠶᠡᠷᠦᠩᠬᠡᠢ ᠱᠦᠵᠢ ᠰᠢ ᠶᠢᠨ ᠫᠢᠩ ᠤᠨ ᠪᠠᠭᠰᠢ ᠶᠢᠨ ᠲᠤᠬᠠᠢ ᠴᠢᠬᠤᠯᠠ ᠥᠭᠦᠯᠡᠯᠲᠡ᠂ ᠬᠢᠵᠢᠭ ᠤᠨ ᠪᠠᠶᠢᠳᠠᠯ ᠤᠨ ᠳᠠᠷᠠᠭᠠᠬᠢ ᠪᠠᠭᠰᠢ ᠶᠢᠨ ᠲᠦᠷᠢ ᠶᠢᠨ ᠬᠤᠪᠢᠷᠠᠯᠲᠠ ᠶᠢᠨ ᠬᠠᠨᠳᠤᠰᠢ ᠵᠢᠴᠢ ᠪᠠᠭᠰᠢ ᠶᠢᠨ ᠬᠥᠭᠵᠢᠯᠲᠡ ᠶᠢᠨ ᠲᠤᠬᠠᠢ ᠵᠢᠷᠭᠤᠭᠠᠨ ᠲᠠᠯ᠎ᠠ ᠶᠢᠨ ᠰᠠᠨᠠᠭᠤᠯᠭ᠎ᠠ ᠵᠡᠷᠭᠡ ᠲᠦᠷᠪᠡᠨ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠬᠢᠴᠢᠶᠡᠯ ᠦᠷᠨᠢᠭᠦᠯᠪᠡ᠃
ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ᠂ ᠭᠤᠣ ᠱᠦ ᠭᠦᠸᠧ ᠰᠤᠷᠭᠠᠨ ᠬᠥᠮᠦᠵᠢᠯ ᠪᠣᠯ ᠨᠡᠩ ᠴᠤ ᠠᠷᠠᠳ ᠤᠨ ᠠᠮᠢᠳᠤᠷᠠᠯ ᠤᠨ ᠶᠡᠭᠡ ᠪᠣᠳᠣᠯᠭ᠎ᠠ ᠮᠥᠨ ᠭᠡᠵᠦ ᠳᠣᠷᠠᠳᠤᠨ ᠭᠠᠷᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ᠨᠢᠭᠡ ᠵᠤᠬᠢᠶᠠᠯ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠪᠣᠯ ᠶᠣᠰᠣ ᠮᠣᠷᠠᠯ ᠢ ᠪᠤᠶ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠢᠴᠢᠶᠡᠯ ᠮᠥᠨ︾ ᠭᠡᠳᠡᠭ ᠢ ᠨᠠᠷᠢᠨ ᠲᠠᠶᠢᠯᠪᠤᠷᠢᠯᠠᠵᠦ᠂ ︽ᠤᠯᠤᠰ ᠲᠥᠷᠥ ᠴᠢᠩᠭ᠎ᠠ᠂ ᠬᠠᠶᠢᠷ᠎ᠠ ᠰᠡᠳᠬᠢᠯᠭᠡ ᠭᠦᠨ᠂ ᠰᠡᠳᠬᠢᠭᠦᠢ ᠰᠢᠨ᠎ᠡ᠂ ᠬᠠᠷᠠᠭᠠᠰᠤ ᠥᠷᠭᠡᠨ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠥᠮᠦᠨ ᠴᠢᠨᠠᠷ ᠲᠥᠪ ᠪᠠᠶᠢᠬᠤ ᠬᠡᠷᠡᠭᠲᠡᠢ︾ ᠭᠡᠬᠦ  ᠵᠢᠷᠭᠤᠭᠠᠨ ᠵᠠᠩᠭᠢᠯᠠᠭ᠎ᠠ ᠶᠢᠨ ᠴᠡᠭ ᠢ ᠵᠠᠳᠠᠯᠪᠠ᠃
     ᠭᠤᠤ ᠱᠦ ᠭᠦᠸᠧ ᠪᠦᠬᠦ ᠰᠤᠷᠤᠭᠴᠢᠳ ᠢ ᠳᠠᠭᠠᠭᠤᠯᠤᠨ ᠣᠳᠣᠬᠠᠨ ᠤ ᠳᠡᠯᠡᠬᠡᠶ ᠶᠢᠨ ᠬᠥᠭᠵᠢᠭᠰᠡᠨ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠤᠨ ᠴᠢᠬᠤᠯᠠ ᠠᠷᠭ᠎ᠠ ᠬᠡᠮᠵᠢᠶ᠎ᠡ ᠶᠢ ᠭᠦᠨᠵᠡᠭᠡᠶ ᠰᠣᠷᠣᠯᠴᠠᠵᠦ᠂ ᠣᠳᠣᠬᠠᠨ ᠤ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠢ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠣᠷᠣᠭᠤᠯᠬᠤ ᠶᠢᠨ ᠬᠠᠮᠲᠤ ᠬᠤᠪᠢ ᠶᠢᠨ ᠥᠷᠲᠡᠭ ᠢ ᠵᠢᠯ ᠳᠠᠷᠠᠭᠠᠯᠠᠨ ᠨᠡᠮᠡᠭᠳᠡᠭᠦᠯᠬᠦ ᠵᠢᠴᠢ ᠣᠶᠢᠷ᠎ᠠ ᠶᠢᠨ ᠬᠤᠭᠤᠴᠠᠭᠠᠨ ᠳᠤ ᠳᠠᠬᠢᠨ ᠰᠢᠨ᠎ᠡ ᠪᠠᠷ ᠳᠤᠷᠠᠳᠤᠨ ᠭᠠᠷᠭᠠᠬᠰᠠᠨ ᠬᠥᠳᠡᠯᠮᠦᠷᠢ ᠰᠤᠷᠭᠠᠨ ᠬᠥᠮᠦᠵᠢᠯ ᠵᠡᠷᠭᠡ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠬᠠᠨᠳᠤᠰᠢ ᠳᠤ ᠵᠠᠳᠠᠯᠤᠯᠲᠠ  ᠬᠢᠭᠰᠡᠨ ᠮᠦᠷᠲᠡᠭᠡᠨ ᠰᠤᠷᠭᠠᠨ ᠬᠥᠮᠦᠵᠢᠯ ᠠᠷᠠᠳ ᠲᠦᠮᠡᠨ ᠳᠤ ᠦᠢᠯᠡᠴᠢᠯᠡᠬᠦ ᠪᠣᠯ ᠨᠢᠭᠡ ᠵᠦᠢᠯ ᠤᠨ ᠤᠯᠠᠨ ᠤᠯᠤᠰ ᠤᠨ ᠠᠮᠠᠯᠠᠯᠲᠠ ᠮᠥᠨ ᠭᠡᠵᠦ ᠴᠢᠬᠤᠯᠠᠴᠢᠯᠠᠵᠤ᠂ ᠥᠷᠭᠡᠨ ᠤᠯᠠᠨ ᠤᠳᠤᠷᠢᠳᠬᠤ ᠺᠠᠳ᠋ᠷ ᠵᠢᠴᠢ ᠦᠵᠡᠯ ᠰᠠᠨᠠᠭ᠎ᠠ ᠤᠯᠤᠰ ᠲᠦᠷᠦ ᠶᠢᠨ  ᠪᠠᠭᠰᠢ ᠶᠢ ᠤᠯᠠᠨ ᠤᠯᠤᠰ ᠤᠨ ᠥᠷᠭᠡᠨ ᠳᠡᠯᠭᠡᠷ ᠬᠠᠷᠠᠭᠠᠰᠤ ᠠᠴᠠ ᠲᠠᠰᠤᠷᠠᠯᠲᠠ ᠦᠭᠡᠢ ᠰᠤᠷᠤᠯᠴᠠᠬᠤ ᠶᠢ ᠤᠷᠢᠶᠠᠯᠠᠪᠠ᠃      ᠬᠤᠶᠠᠳᠤᠭᠠᠷ ᠬᠡᠰᠡᠭ ᠨᠢ ᠠᠬᠤᠶ ᠪᠠᠶᠢᠳᠠᠯ ᠤᠨ ᠵᠠᠳᠠᠯᠤᠯᠲᠠ᠂ ᠪᠠᠭᠰᠢ ᠶᠢᠨ ᠣᠳᠣᠬᠢ ᠪᠠᠶᠢᠳᠠᠯ ᠵᠢᠴᠢ ᠢᠷᠡᠭᠡᠳᠦᠶ ᠶᠢᠨ ᠨᠢᠭᠡ ᠬᠤᠭᠤᠴᠠᠭᠠᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠬᠠᠨᠳᠤᠰᠢ ᠳᠤ ᠦᠭᠦᠯᠡᠯᠲᠡ ᠬᠢᠭᠰᠡᠨ ᠪᠥᠭᠡᠳ ᠪᠠᠭᠰᠢ ᠶᠢᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠪᠠᠷᠢᠯ ᠳᠤ ᠴᠢᠭᠯᠡᠯ ᠬᠠᠩᠭᠠᠪᠠ᠃ ᠵᠢᠱᠢᠶᠡᠯᠡᠪᠡᠯ᠄ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠣᠷᠣᠨ ᠲᠤᠭ᠎ᠠ ᠶᠢᠨ ᠪᠠᠲᠤᠯᠠᠭ᠎ᠠ᠂ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠵᠡᠷᠭᠡ ᠲᠠᠯ᠎ᠠ᠃ ᠨᠢᠭᠡ ᠤᠳᠠᠭᠠᠨ ᠤ ᠬᠢᠵᠢᠭ ᠤᠨ ᠪᠠᠶᠢᠳᠠᠯ᠂ ᠨᠢᠭᠡ ᠤᠳᠠᠭᠠᠨ ᠤ ᠪᠦᠬᠦ ᠠᠷᠠᠳ ᠤᠨ ᠰᠦᠯᠵᠢᠶᠡᠨ ᠬᠢᠴᠢᠶᠡᠯ᠂ ᠵᠢᠭᠠᠨ ᠰᠤᠷᠭᠠᠯᠲᠠ ᠶᠢᠨ ᠬᠤᠪᠢᠰᠤᠯᠲᠠ ᠶᠠᠭ ᠰᠡᠮᠡᠬᠡᠷ ᠡᠭᠦᠰᠴᠦ ᠪᠣᠢ᠂ ᠭᠤᠤ ᠱᠦ ᠭᠦᠸᠧ ᠭᠤᠤᠯᠳᠠᠭᠤ ᠰᠤᠷᠤᠭᠴᠢᠳ ᠤᠨ ᠰᠤᠷᠤᠯᠴᠠᠬᠤ ᠠᠷᠭ᠎ᠠ ᠮᠠᠶ᠋ᠢᠭ ᠤᠨ ᠬᠤᠪᠢᠷᠠᠯᠲᠠ ᠨᠢ ᠬᠡᠷ ᠪᠦᠯᠢ ᠪᠠ ᠰᠣᠷᠭᠠᠭᠤᠯᠢ ᠬᠠᠮᠲᠤ ᠪᠠᠷ ᠪᠤᠶᠢᠵᠢᠭᠤᠯᠬᠤ ᠳᠤ ᠨᠥᠬᠦᠴᠡᠯ ᠬᠠᠩᠭᠠᠭᠰᠠᠨ ᠭᠡᠵᠦ ᠳᠤᠷᠠᠳᠤᠭᠰᠠᠨ ᠪᠥᠭᠡᠳ ᠬᠡᠷ ᠪᠦᠯᠢ᠂ ᠪᠠᠭᠰᠢ᠂ ᠰᠤᠷᠭᠠᠭᠤᠯᠢ ᠶᠢᠨ ᠬᠤᠪᠢᠷᠠᠯᠲᠠ ᠶᠢᠨ ᠬᠠᠨᠳᠤᠰᠢ ᠶᠢᠨ ᠲᠤᠬᠠᠶ ᠲᠣᠳᠣᠷᠬᠠᠶᠢᠯᠠᠨ  ᠦᠭᠦᠯᠡᠪᠡ᠃      ᠪᠣᠯᠪᠠᠰᠤᠷᠠᠯ ᠪᠠᠷᠠᠬᠰᠠᠨ ᠤ ᠳᠠᠷᠠᠭ᠎ᠠ᠂ ᠰᠤᠷᠤᠭᠴᠢᠳ᠄ ᠬᠤᠶᠢᠰᠢᠳᠠ ︽ᠳᠥᠷᠪᠡ  ᠪᠠᠶᠢᠬᠤ︾ ᠰᠠᠶᠢᠨ ᠪᠠᠭᠰᠢ ᠶᠢᠨ ᠰᠠᠭᠤᠷᠢᠨ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠳᠣᠷᠠᠳᠣᠬᠰᠠᠨ ︽ᠤᠯᠤᠰ ᠲᠥᠷᠥ ᠴᠢᠩᠭ᠎ᠠ᠂ ᠬᠠᠶᠢᠷ᠎ᠠ ᠰᠡᠳᠬᠢᠯᠭᠡ ᠭᠦᠨ᠂ ᠰᠡᠳᠬᠢᠬᠦᠶ ᠰᠢᠨ᠎ᠡ᠂ ᠬᠠᠷᠠᠭ᠎ᠠ ᠥᠷᠭᠡᠨ᠂ ᠪᠡᠶ᠎ᠡ ᠪᠠᠨ ᠴᠢᠩᠭ᠎ᠠ ᠱᠠᠭᠠᠷᠳᠠᠬᠤ᠂ ᠬᠥᠮᠦᠨ ᠴᠢᠨᠠᠷ ᠲᠥᠪ ᠪᠠᠶᠢᠬᠤ︾ ᠵᠢᠷᠭᠤᠭᠠᠨ ᠬᠡᠪ ᠴᠢᠨᠠᠷ ᠤᠨ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠬᠦᠰᠡᠯᠡᠩ ᠢᠲᠡᠭᠡᠯ ᠪᠢᠰᠢᠷᠡᠯ ᠲᠠᠢ ᠪᠣᠯᠭᠠᠵᠤ᠂ ᠰᠤᠷᠤᠭᠴᠢᠳ ᠢ ᠬᠥᠮᠦᠨ ᠤ ᠠᠮᠢᠳᠤᠷᠠᠯ ᠤᠨ ᠨᠢᠭᠡᠳᠦᠭᠡᠷ ᠲᠣᠪᠴᠢ ᠶᠢ ᠰᠠᠶᠢᠲᠤᠷ ᠲᠣᠪᠴᠢᠯᠠᠵᠤ᠂ ᠴᠡᠴᠡᠭ ᠣᠰᠣᠯᠠᠬᠤ ᠳᠤ ᠦᠨᠳᠦᠰᠦ ᠶᠢ ᠨᠢ ᠤᠰᠤᠯᠠᠵᠤ᠂ ᠬᠥᠮᠦᠨ ᠢ ᠬᠦᠮᠦᠵᠢᠭᠦᠯᠬᠦ ᠰᠡᠳᠬᠢᠯ ᠢ ᠨᠢ ᠬᠥᠮᠦᠵᠢᠭᠦᠯᠬᠦ ᠶᠢ ᠦᠨᠡᠨᠬᠦ  ᠪᠡᠶᠡᠯᠡᠭᠦᠯᠬᠦ ᠬᠡᠷᠡᠭᠲᠡᠢ ᠭᠡᠵᠦ ᠢᠯᠡᠳᠭᠡᠵᠡᠭᠡᠪᠡ᠃  
 
ᠢᠷᠡᠯᠲᠡ᠄ ᠠᠮᠢᠵᠢᠷᠠᠯ ᠤᠨ ᠬᠦᠴᠦᠨ ᠪᠢᠯᠬᠠᠬᠰᠠᠨ ᠬᠠᠶᠢᠨᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号