ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ ᠰᠤᠷᠭᠠᠭᠤᠯᠢ ᠶᠢ ᠵᠣᠬᠢᠶᠠᠨ ᠪᠠᠶᠢᠭᠤᠯᠵᠦ ︽ᠭᠠᠷ ᠬᠤᠯᠪᠣᠨ ᠨᠠᠷᠢᠨ ᠨᠢᠭᠤᠴᠠ ᠶᠢ ᠬᠠᠶᠢᠵᠤ᠂ ᠰᠢᠨᠵᠢᠯᠡᠬᠦ ᠤᠬᠠᠭᠠᠨ ᠤ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠭᠤᠤᠯ ᠰᠡᠳᠦᠪᠲᠦ 2020 ᠣᠨ ᠤ ᠪᠥᠬᠦ ᠬᠤᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠦᠴᠦᠭᠡ ᠶᠢᠨ ᠤᠷᠤᠯᠳᠤᠭᠠᠨ ᠳᠤ ᠣᠷᠣᠯᠴᠠᠭᠤᠯᠪᠠ
ᠨᠡᠶᠢᠲᠡᠯᠡᠭᠰᠡᠨ ᠴᠠᠭ᠄
2020/12/17
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠦᠬᠠᠶ ᠬᠤᠲᠠ ᠶᠢᠨ ︽ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ ᠲᠥᠯᠥᠪᠯᠡᠭᠡ ᠶᠢᠨ ᠬᠥᠲᠥᠯᠪᠦᠷᠢ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠣᠬᠢᠶᠠᠨ ᠪᠦᠲᠦᠭᠡᠯᠭᠡ ᠶᠢ ᠴᠡᠴᠡᠭᠯᠡᠭᠦᠯᠦᠨ ᠬᠥᠭᠵᠢᠭᠦᠯᠵᠦ᠂ ᠰᠢᠨᠵᠢᠯᠡᠬᠦ ᠤᠬᠠᠭᠠᠨᠴᠢ ᠳᠠᠮᠵᠢᠭᠤᠯᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠂ ᠰᠢᠨᠵᠢᠯᠡᠬᠦ ᠣᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠵᠠᠯᠠᠭᠤ ᠪᠠᠭᠠᠴᠤᠳ ᠤᠨ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠴᠢᠳᠠᠪᠤᠷᠢ ᠶᠢ ᠬᠦᠭᠵᠢᠭᠡᠬᠦ  ᠶᠢᠨ ᠲᠥᠯᠥᠭᠡ᠂ 12 ᠳ᠋ᠣᠭᠠᠷ ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ᠂ ᠦᠬᠠᠶ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠪ ᠬᠠᠮᠲᠤ  ᠵᠠᠯᠠᠭᠤ ᠤᠨ ᠡᠪᠯᠡᠯ ᠤᠨ ᠦᠬᠠᠢ ᠬᠤᠲᠠ ᠶᠢᠨ ᠬᠤᠷᠢᠶ᠎ᠠ᠂ ᠬᠤᠲᠠ ᠶᠢᠨ ᠡᠮᠡᠭᠲᠡᠶᠢᠴᠦᠳ ᠤᠨ ᠬᠤᠯᠪᠤᠭ᠎ᠠ ᠬᠠᠮᠲᠤᠷᠠᠨ ᠦᠬᠠᠶ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠤ ᠬᠤᠶᠠᠳᠤᠭᠠᠷ ᠳᠠᠪᠬᠤᠷᠯᠢᠭ ᠤᠨ ᠵᠦᠴᠦᠭᠡ ᠲᠢᠶᠠᠲᠷ ᠲᠤ 2020 ᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠵᠦᠴᠦᠭᠡ  ᠶᠢᠨ ᠤᠷᠤᠯᠳᠤᠭᠠᠨ ᠢ ᠡᠷᠭᠢᠯᠡᠪᠡ᠃      ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠤᠰ ᠤᠳᠠᠭᠠᠨ ᠤ ᠤᠷᠤᠯᠳᠤᠭᠤᠨ ᠢ ᠮᠠᠰᠢ ᠴᠢᠬᠤᠯᠠᠴᠢᠯᠠᠨ ᠦᠵᠡᠵᠦ᠂ ᠡᠯ᠎ᠡ ᠰᠤᠷᠭᠠᠭᠤᠯᠢ ᠶᠢ ᠱᠠᠭᠠᠷᠳᠠᠨ ᠵᠢᠯᠣᠭᠤᠳᠴᠤ ᠪᠦᠲᠦᠭᠡᠯ ᠢ ᠵᠣᠬᠢᠶᠠᠨ ᠪᠦᠲᠦᠭᠡᠯᠭᠡᠵᠦ᠂ ᠬᠠᠶᠢᠨᠠᠨ ᠲᠣᠭᠤᠷᠢᠭ ᠤᠨ 7 ᠪᠦᠲᠦᠭᠡᠯ ᠰᠢᠢᠳᠪᠦᠷᠢᠲᠦ ᠤᠷᠤᠯᠳᠤᠭᠠᠨ ᠤ ᠪᠦᠲᠦᠭᠡᠯ ᠢᠶᠠᠷ ᠰᠣᠩᠭᠤᠭᠳᠠᠵᠠᠶ᠃ ᠬᠤᠷᠴᠠ ᠰᠢᠷᠦᠭᠦᠨ ᠲᠡᠮᠡᠴᠡᠯᠳᠦᠭᠡᠨ ᠢᠶᠠᠷ ᠳᠠᠮᠵᠢᠨ ᠬᠠᠶᠢᠨᠠᠨ ᠲᠣᠭᠤᠷᠢᠭ ᠤᠨ ᠬᠤᠶᠠᠳᠣᠭᠠᠷ ᠬᠡᠤᠭᠡᠳ ᠤᠨ ᠴᠡᠴᠡᠷᠯᠢᠭ  ᠤᠨ ︽ᠫᠸᠢ ᠴᠢ ᠶᠢᠨ ᠰᠢᠷᠦᠭᠦᠨ ᠲᠦᠯᠦ︾ ᠨᠢ ᠰᠡᠭᠡᠭᠡᠷᠡᠭᠦᠯᠬᠦ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠢ ᠬᠦᠷᠳᠡᠪᠡ᠃ ᠬᠠᠶᠢᠨᠠᠨ ᠲᠣᠭᠤᠷᠢᠭ ᠤᠨ ᠨᠢᠭᠡᠳᠦᠭᠡᠷ ᠬᠡᠤᠭᠡᠳ ᠤᠨ ᠴᠡᠴᠡᠷᠯᠢᠭ ᠤᠨ ︽ᠶᠡᠷᠦ ᠪᠤᠰᠤ ᠶᠢᠨ ᠲᠠᠶᠢᠨ︾ ᠨᠢ ᠰᠡᠭᠡᠭᠡᠷᠡᠭᠦᠯᠬᠦ ᠳᠤᠭᠤᠶᠢᠯᠠᠩ ᠤᠨ ᠬᠤᠶᠠᠳᠤᠭᠠᠷ ᠳᠡᠰ ᠤᠨ ᠱᠠᠩᠨᠠᠯ ᠭᠥᠷᠳᠡᠪᠡ᠃ ᠬᠠᠶᠢᠨᠠᠨ ᠤ ᠳᠦᠷᠪᠡᠳᠦᠭᠡᠷ ᠬᠡᠤᠭᠡᠳ  ᠤᠨ ᠴᠡᠴᠡᠷᠯᠢᠭ ᠤᠨ ︽ᠰᠢᠳᠦᠨ ᠱᠤᠸᠠᠰᠠ ᠪᠤᠯᠤᠨ ᠰᠢᠳᠦᠨ ᠪᠠᠺᠲ᠋ᠧᠷᠢ ᠶᠢᠨ ᠶᠡᠭᠡ ᠪᠠᠶᠢᠯᠳᠣᠭᠠᠨ︾ ᠵᠢᠴᠢ ᠬᠠᠶᠢᠨᠠᠨ ᠤ  ᠭᠤᠷᠪᠠᠳᠣᠭᠠᠷ ᠬᠡᠤᠭᠡᠳ ᠤᠨ ᠴᠡᠴᠡᠷᠯᠢᠭ ᠤᠨ ︽ᠬᠦᠨᠳᠦᠳᠬᠡᠯ ᠳᠡᠪᠰᠢᠭᠦᠯᠦᠶ᠎ᠡ︾ ᠨᠢ ᠰᠡᠭᠡᠭᠡᠷᠡᠭᠦᠯᠬᠦ ᠳᠤᠭᠤᠶᠢᠯᠠᠩ ᠤᠨ ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ᠃ ᠬᠠᠶᠢᠨᠠᠨ ᠲᠣᠭᠤᠷᠢᠭ ᠤᠨ ᠳᠦᠷᠪᠡᠳᠦᠭᠡᠷ ᠪᠠᠭ᠎ᠠ ᠰᠤᠷᠭᠠᠭᠤᠯᠢ ᠶᠢᠨ ︽ᠠᠮᠢᠨ ᠳᠤ ᠲᠤᠯᠬᠤ ᠨᠢᠶᠠᠨ ᠳᠠᠷᠤᠭᠴᠢ︾ ᠨᠢ ᠬᠡᠤᠬᠡᠳ ᠤᠨ ᠳᠤᠭᠤᠶᠢᠯᠠᠩ  ᠤᠨ ᠨᠢᠭᠡᠳᠦᠭᠡᠷ ᠳᠡᠰ ᠤᠨ ᠱᠠᠩᠨᠠᠯ ᠢ ᠬᠦᠷᠲᠡᠵᠡᠶ᠃ ᠬᠠᠶᠢᠨᠠᠨᠨᠠᠨ ᠲᠣᠭᠤᠷᠢᠭ ᠤᠨ ᠭᠤᠷᠪᠠᠳᠤᠭᠠᠷ ᠪᠠᠭ᠎ᠠ ᠰᠣᠷᠭᠠᠭᠤᠯᠢ ᠶᠢᠨ ︽ᠪᠡᠶ᠎ᠡ ᠮᠠᠬᠠᠪᠣᠳ ᠤᠨ ᠶᠡᠭᠡ ᠬᠤᠯᠪᠣᠭ᠎ᠠ︾ ︽ᠬᠤᠭ ᠨᠣᠪᠰᠢ ᠶᠢᠨ ᠠᠩᠭᠢᠯᠠᠯ︾ ᠨᠢ ᠬᠡᠤᠬᠡᠳ ᠤᠨ ᠳᠤᠭᠤᠶᠢᠯᠠᠩ ᠤᠨ ᠬᠤᠶᠠᠷ ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ᠃
     ᠲᠤᠰ ᠤᠳᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠦᠴᠦᠭᠡ ᠶᠢᠨ ᠤᠷᠤᠯᠳᠤᠭᠠᠨ ᠤ ᠭᠤᠤᠯ ᠰᠡᠳᠦᠪ ᠪᠤᠯ ︽ᠭᠠᠷ ᠬᠤᠯᠪᠣᠨ ᠨᠠᠷᠢᠨ ᠨᠢᠭᠤᠴᠠ ᠶᠢ ᠬᠠᠶᠢᠵᠤ᠂ ᠰᠢᠨᠵᠢᠯᠡᠬᠦ ᠤᠬᠠᠭᠠᠨ ᠤ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾ ᠪᠤᠯᠤᠨ᠎ᠠ᠃ ᠵᠣᠷᠢᠯᠭ᠎ᠠ ᠨᠢ ᠵᠠᠯᠠᠭᠤ ᠪᠠᠭᠠᠴᠤᠳ ᠤᠨ ᠤᠷᠤᠭᠰᠢᠯᠠᠨ ᠳᠠᠪᠰᠢᠬᠤ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠤ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠲᠡᠳᠡᠨ ᠤ ᠬᠠᠶᠢᠨ ᠰᠦᠪᠡᠭᠴᠢᠯᠡᠬᠦ ᠵᠣᠷᠢᠭ ᠰᠠᠨᠠᠭ᠎ᠠ ᠪᠠ ᠪᠦᠲᠦᠭᠡᠯᠴᠢ ᠰᠡᠳᠬᠢᠬᠦᠢ ᠶᠢ ᠬᠥᠮᠦᠵᠢᠭᠦᠯᠵᠦ᠂ ᠲᠡᠳᠡᠨ ᠤ ᠰᠢᠨᠵᠢᠯᠡᠬᠦ ᠤᠬᠠᠭᠠᠨ ᠤ ᠬᠠᠶᠢᠨ ᠰᠦᠪᠡᠭᠴᠢᠯᠡᠬᠦ ᠬᠠᠯᠠᠭᠤᠨ ᠰᠡᠳᠬᠢᠯᠭᠡ ᠶᠢ ᠨᠢ ᠬᠥᠭᠵᠢᠭᠡᠨ᠎ᠡ᠃ ᠬᠠᠶᠢᠨᠠᠨ ᠲᠣᠭᠤᠷᠢᠭ ᠤᠨ ᠳᠥᠷᠪᠡᠨ ᠴᠡᠴᠡᠷᠯᠢᠭ᠂ ᠬᠠᠶᠢᠨᠠᠨ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ᠂ ᠬᠠᠶᠢᠨᠠᠨ ᠲᠣᠭᠤᠷᠢᠭ ᠤᠨ ᠳᠥᠷᠪᠡᠳᠦᠭᠡᠷ ᠪᠠᠭ᠎ᠠ ᠰᠣᠷᠭᠠᠭᠤᠯᠢ ᠨᠢ ᠭᠤᠣᠯ ᠰᠡᠳᠦᠪ ᠰᠣᠩᠭᠤᠬᠤ ᠠᠴᠠ ᠪᠠᠭᠠᠵᠢ ᠬᠡᠷᠡᠭᠰᠡᠯ ᠦᠢᠯᠡᠳᠬᠦ ᠬᠦᠷᠲᠡᠯ᠎ᠡ᠂ ᠠᠵᠢᠯ ᠤᠨ ᠪᠠᠭᠰᠢ ᠨᠢᠭᠡᠪᠦᠷᠢ ᠴᠥᠮ ᠨᠢᠭᠲᠠ ᠠᠴᠠ ᠨᠢᠭᠲᠠ ᠪᠠᠶᠢᠳᠠᠭ᠃ ᠪᠢᠴᠢᠬᠠᠨ ᠲᠣᠭᠯᠠᠭᠴᠢᠳ ᠬᠦᠴᠦ ᠬᠥᠯᠥᠰᠥ ᠪᠠᠨ ᠰᠢᠪᠬᠠᠵᠤ ᠲᠠᠰᠤᠷᠠᠯᠲᠠ ᠦᠭᠡᠢ ᠪᠣᠯᠪᠠᠰᠤᠷᠠᠬᠤ ᠪᠠᠷ ᠳᠠᠮᠵᠢᠨ᠂ ᠲᠡᠳᠡ ᠨᠢᠭᠡᠨᠲᠡ ᠬᠥᠩᠭᠡᠨ ᠱᠠᠯᠠᠮᠠᠭᠠᠶ ᠪᠠᠷ ᠳᠦᠷᠢ ᠲᠤᠭᠯᠠᠵᠦ ᠴᠢᠳᠠᠬᠤ ᠪᠤᠯᠵᠦ᠂ ᠵᠥᠪ ᠣᠨᠣᠪᠴᠢᠲᠠᠶ ᠳᠦᠷᠢ ᠲᠣᠭᠯᠠᠬᠤ ᠦᠭᠡ ᠬᠡᠯᠡ ᠪᠠ ᠬᠥᠳᠡᠯᠦᠯ ᠪᠠᠷᠢᠯ ᠲᠠᠢ ᠪᠤᠯᠪᠠ᠃ ᠵᠢᠵᠢᠭ ᠪᠢᠴᠢᠯ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯᠲᠠᠳ ᠬᠠᠮᠤᠭ ᠡᠴᠦᠰ ᠲᠤ ᠨᠢᠭᠡ ᠠᠮᠢᠳᠤ ᠳᠦᠷᠰᠦᠯᠢᠭ ᠰᠣᠨᠢᠷᠬᠠᠯᠲᠠᠶ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠲᠠᠶᠢᠰᠠᠨ ᠤ ᠵᠦᠴᠦᠭᠡ ᠶᠢ ᠢᠯᠡᠷᠡᠭᠦᠯᠵᠡᠶ᠃ ᠬᠡᠤᠬᠡᠳ ᠤᠳ ᠤᠨ ᠲᠣᠭᠯᠠᠯᠲᠠ ᠨᠢ ᠠᠬᠤᠶ ᠲᠠᠯᠠᠪᠠᠶ ᠶᠢᠨ ᠬᠢᠨᠠᠭᠴᠢᠳ ᠪᠣᠯᠤᠨ ᠦᠵᠡᠭᠴᠢᠳ ᠤᠨ ᠰᠠᠶᠢᠨ ᠦᠨᠡᠯᠡᠯᠲᠡ ᠶᠢ ᠣᠯᠵᠦ᠂ ᠤᠯᠠᠨ ᠢᠶᠠᠷ ᠢᠶᠠᠨ ᠪᠠᠰᠠ ᠭᠤᠶᠢᠳᠠ ᠰᠠᠶᠢᠬᠠᠨ ᠲᠣᠭᠯᠠᠯᠲᠠ ᠳᠤᠮᠳᠠ ᠠᠴᠠ ᠨᠡᠩ ᠤᠯᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠣᠶᠢᠯᠠᠭᠠᠵᠤ ᠮᠡᠳᠡᠭᠰᠡᠨ ᠪᠠᠶᠢᠨ᠎ᠠ᠃
     ᠬᠡᠤᠬᠡᠳ ᠤᠳ ᠲᠣᠭᠯᠠᠯᠲᠠ ᠭᠠᠷᠭᠠᠬᠤ᠂ ᠵᠣᠬᠢᠶᠠᠨ ᠪᠦᠲᠦᠭᠡᠬᠦ᠂ ᠮᠠᠲ᠋ᠧᠷᠢᠶᠠᠯ ᠡᠷᠢᠬᠦ᠂ ᠲᠤᠷᠰᠢᠯᠲᠠ ᠬᠢᠬᠦ᠂ ᠵᠤᠬᠢᠶᠠᠯ ᠪᠢᠴᠢᠬᠦ᠂ ᠪᠠᠭᠠᠵᠢ ᠬᠡᠷᠡᠭᠰᠡᠯ  ᠦᠢᠯᠡᠳᠬᠦ᠂ ᠪᠣᠯᠪᠠᠰᠤᠷᠠᠬᠤ ᠵᠡᠷᠭᠡ ᠶᠠᠪᠤᠴᠠ ᠪᠠᠷ ᠳᠠᠮᠵᠢᠨ᠂ ᠨᠠᠷᠢᠨ ᠨᠢᠮᠪᠠᠶ ᠨᠠᠶᠢᠷᠠᠭᠤᠯᠤᠭᠰᠠᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠦᠴᠦᠭᠡ ᠮᠡᠨᠳᠦᠯᠡᠵᠡᠢ᠂ ᠡᠶᠢᠮᠦ ᠠᠵᠢᠯᠯᠠᠭ᠎ᠠ ᠳᠤ ᠣᠷᠣᠯᠴᠠᠬᠤ ᠪᠠᠷ ᠳᠠᠮᠵᠢᠨ ᠵᠠᠯᠠᠭᠤ ᠪᠠᠭᠠᠴᠤᠳ ᠲᠤ ᠥᠪᠡᠷ ᠢ ᠪᠠᠨ ᠢᠯᠡᠷᠡᠭᠦᠯᠬᠦ᠂ ᠦᠪᠡᠷᠮᠢᠴᠡ ᠴᠢᠨᠠᠷ ᠢᠶᠠᠨ ᠢᠯᠡᠷᠡᠭᠦᠯᠬᠦ ᠲᠣᠬᠢᠶᠠᠯ ᠣᠯᠭᠤᠭᠰᠠᠨ ᠢᠶᠠᠷ ᠪᠠᠷᠠᠬᠤ ᠦᠭᠡᠢ ᠪᠠᠰᠠ ᠲᠡᠳᠡᠨ ᠤ ᠲᠣᠭᠯᠠᠯᠲᠠ ᠶᠢᠨ ᠤᠷᠮ᠎ᠠ ᠪᠠᠬ᠎ᠠ ᠶᠢ ᠬᠦᠭᠵᠢᠭᠡᠵᠦ᠂ ᠡᠷᠡᠭᠦᠯ ᠴᠢᠭᠢᠷᠠᠭ ᠪᠠᠶᠠᠷ ᠬᠥᠷ ᠲᠠᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠷ ᠠᠮᠢᠰᠬᠤᠯ ᠢ ᠪᠣᠶ ᠪᠤᠯᠭᠠᠨ᠂ ᠬᠡᠤᠬᠡᠳ ᠤᠳ ᠢ ᠬᠠᠮᠢᠶ᠎ᠠ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠯᠭᠡ ᠶᠢ  ᠰᠣᠷᠣᠯᠴᠠᠭᠤᠯᠵᠦ᠂  ᠵᠠᠯᠠᠭᠤ ᠪᠠᠭᠠᠴᠤᠳ ᠤᠨ ᠬᠡᠪ ᠴᠢᠨᠠᠷ ᠢ ᠳᠡᠭᠡᠭᠰᠢᠯᠡᠭᠦᠯᠪᠡ᠃
 
ᠢᠷᠡᠯᠲᠡ᠄ ᠠᠮᠢᠵᠢᠷᠠᠯ ᠤᠨ ᠬᠦᠴᠦᠨ ᠪᠢᠯᠬᠠᠬᠰᠠᠨ ᠬᠠᠶᠢᠨᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号