ᠬᠠᠶᠢᠨᠠᠨ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠣᠭᠤᠳᠬᠤ ᠭᠠᠵᠠᠷ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ | ᠥᠷᠭᠡᠨ ᠣᠯᠠᠨ ᠰᠠᠭᠤᠭᠠᠯᠢ ᠠᠷᠠᠳ᠄ | ᠣᠳᠣᠬᠠᠨ ᠳᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠳᠠᠯ ᠮᠥᠨ ᠬᠦ ᠨᠠᠷᠢᠨ ᠪᠤᠳᠤᠯᠢᠶᠠᠨᠲᠠᠶ ᠬᠦᠨᠳᠦ ᠨᠣᠴᠢᠲᠠᠶ ᠪᠠᠶᠢᠨ᠎ᠠ᠂ ᠡᠶᠢᠮᠦ ᠠᠴᠠ ᠡᠷᠬᠡᠪᠰᠢ ︽ | ᠭᠠᠳᠠᠨ᠎ᠠ ᠠᠴᠠ ᠣᠷᠣᠵᠦ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠤ ᠳᠠᠬᠢᠨ ᠬᠦᠨᠳᠦᠷᠡᠬᠦ ᠶᠢ ᠰᠡᠷᠭᠡᠶᠢᠯᠡᠬᠦ︾ | ᠪᠠᠶᠢᠩᠭᠤᠵᠢᠬᠰᠠᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ | ᠡᠭᠦᠨ ᠤ ᠬᠠᠮᠲᠤ ᠪᠠᠰᠠ ᠡᠭᠦᠰᠴᠦ ᠮᠡᠳᠡᠬᠦ ᠡᠪᠡᠳᠴᠢᠨ ᠤ ᠵᠢᠱᠢᠶ᠎ᠡ ᠳᠤ ᠪᠤᠰᠤᠳᠴᠢ ᠪᠥᠭᠡᠳ ᠣᠶᠤᠨᠴᠢ ᠪᠠᠷ ᠬᠠᠨᠳᠣᠨ᠂ | ᠰᠡᠷᠭᠡᠭ ᠲᠠᠨᠢᠯᠲᠠ ᠲᠠᠢ ᠪᠠᠶᠢᠵᠤ᠂ ᠬᠡᠲᠦᠷᠬᠡᠶ ᠠᠶᠤᠵᠤ ᠰᠠᠨᠳᠤᠷᠬᠤ ᠠᠴᠠ ᠵᠠᠶᠢᠯᠠᠰᠬᠢᠨ᠎ᠡ᠃ ᠬᠠᠶᠢᠨᠠᠨ ᠲᠣᠭᠤᠷᠢᠭ ᠤᠨ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠡᠳᠦᠭᠡ | ᠪᠥᠬᠦ ᠲᠤᠭᠤᠷᠢᠭ ᠤᠨ ᠠᠷᠠᠳ ᠲᠦᠮᠡᠨ ᠳᠤ ᠳᠣᠤᠷᠠᠬᠢ ᠮᠡᠲᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠰᠠᠨᠠᠭᠤᠯᠭ᠎ᠠ ᠳᠤᠷᠠᠳᠪᠠ᠄ | 1. ᠪᠡᠭᠡᠵᠢᠩ ᠬᠤᠲᠠ ᠶᠢᠨ ᠠᠯᠪᠠᠨ ᠤ ᠲᠠᠯ᠎ᠠ ᠠᠴᠠ ᠨᠡᠶᠢᠲᠡᠯᠡᠭᠰᠡᠨ ᠬᠢᠵᠢᠭ ᠤᠨ ᠪᠠᠶᠢᠳᠠᠯ ᠤᠨ ᠪᠠᠶᠢᠳᠠᠯ | ᠪᠣᠯᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ ᠠᠵᠢᠯᠯᠠᠭᠠᠨ ᠤ ᠵᠠᠮ ᠮᠥᠷ ᠢ ᠦᠷᠭᠦᠯᠵᠢᠯᠡᠨ ᠠᠩᠬᠠᠷᠬᠤ | ᠬᠡᠷᠡᠭᠲᠡᠢ᠃ 5 ᠳ᠋ᠣᠭᠠᠷ ᠰᠠᠷ᠎ᠠ ᠶᠢᠨ 30 ᠤ ᠡᠳᠦᠷ ᠠᠴᠠ ᠨᠠᠰᠢ᠂ ᠪᠡᠭᠡᠵᠢᠩ ᠤᠨ ᠰᠢᠨ ᠹᠠ ᠳ᠋ᠢ ᠲᠠᠷᠢᠶᠠᠯᠠᠩ ᠤᠨ | ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠬᠦᠷᠴᠦ ᠥᠩᠭᠡᠷᠡᠭᠰᠡᠨ ᠪᠤᠶᠤ ᠵᠠᠬ᠎ᠠ | ᠳᠡᠯᠭᠡᠭᠦᠷ ᠤᠨ ᠬᠠᠮᠢᠶ᠎ᠠ ᠪᠦᠬᠦᠢ ᠬᠥᠮᠦᠰ ᠲᠠᠢ ᠣᠶᠢᠷᠠᠲᠤᠵᠤ ᠦᠩᠭᠡᠷᠡᠭᠰᠡᠨ ᠵᠢᠴᠢ ᠪᠡᠭᠡᠵᠢᠩ ᠬᠤᠲᠠ ᠶᠢᠨ | ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ ᠵᠠᠮ ᠮᠥᠷ ᠲᠠᠢ ᠳᠠᠪᠬᠤᠴᠠᠬᠰᠠᠨ ᠪᠠᠶᠢᠪᠠᠯ᠂ ᠳᠠᠷᠣᠢ ᠳᠤ ᠪᠠᠶᠢᠭ᠎ᠠ | ᠨᠡᠶᠢᠭᠡᠮ ᠲᠣᠭᠤᠷᠢᠭ ︵ᠲᠣᠰᠬᠤᠨ᠂ ᠨᠢᠭᠡᠴᠡ︶ ᠲᠠᠭᠠᠨ ᠬᠠᠮᠢᠶ᠎ᠠ ᠪᠦᠬᠦᠢ ᠪᠠᠶᠢᠳᠠᠯ ᠢ ᠦᠨᠡᠨ ᠮᠥᠨ ᠢᠶᠠᠷ ᠨᠢ | ᠮᠡᠳᠡᠭᠦᠯᠵᠦ᠂ ᠡᠭᠦᠨ ᠤ ᠬᠠᠮᠲᠤ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠭᠰᠠᠨ ᠠᠨᠠᠭᠠᠬᠤ ᠤᠬᠠᠭᠠᠨ ᠤ | ᠠᠵᠢᠭᠯᠠᠯᠲᠠ + 2 ᠣᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ + 1 ᠣᠳᠠᠭᠠᠨ ᠤ ᠴᠢᠰᠤᠨ | ᠴᠠᠶᠢᠪᠠᠩ ᠤᠨ ᠡᠰᠡᠷᠭᠦ ᠴᠣᠭᠴᠠ ᠶᠢ ᠪᠠᠶᠢᠴᠠᠭᠠᠨ ᠰᠢᠨᠵᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ᠃ ᠦᠨᠡᠨ ᠪᠣᠳᠠᠲᠠᠶ ᠪᠠᠷ ᠮᠡᠳᠡᠭᠦᠯᠦᠭᠰᠡᠨ ᠦᠭᠡᠶ ᠠᠴᠠ ᠪᠣᠯᠵᠤ ᠬᠢᠵᠢᠭ ᠤᠨ ᠪᠠᠶᠢᠳᠠᠯ ᠢ ᠤᠯᠠᠮᠵᠢᠯᠠᠨ | ᠳᠡᠯᠭᠡᠷᠡᠭᠦᠯᠬᠦ ᠵᠡᠷᠭᠡ ᠦᠷ᠎ᠡ ᠤᠷᠰᠢᠭ ᠭᠠᠷᠭᠠᠭᠰᠠᠨ ᠪᠣᠯ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ | ᠨᠡᠬᠡᠮᠵᠢᠯᠡᠨ᠎ᠡ᠃ | 2. ᠬᠡᠷᠪᠡ ᠣᠶᠢᠷ᠎ᠠ ᠳᠤ ᠪᠡᠭᠡᠵᠢᠩ ᠳᠤ ᠣᠴᠢᠬᠤ ᠪᠠᠷ ᠲᠥᠯᠥᠪᠯᠡᠵᠦ ᠪᠠᠶᠢᠭ᠎ᠠ ᠪᠣᠯ ᠲᠤᠬᠠᠶ ᠶᠢᠨ | ᠭᠠᠵᠠᠷ ᠤᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠳᠡᠰ ᠢ ᠤᠷᠢᠳᠴᠢᠯᠠᠨ ᠠᠩᠬᠠᠷᠤᠭᠠᠷᠠᠶ᠃ ᠬᠡᠷᠪᠡ | ᠴᠢᠬᠤᠯᠠ ᠲᠠᠢ ᠪᠢᠰᠢ ᠪᠣᠯ ᠲᠦᠷ ᠪᠡᠭᠡᠵᠢᠩ ᠳᠤ ᠣᠴᠢᠬᠤ ᠦᠭᠡᠢ ᠪᠠᠶᠢᠬᠤ ᠶᠢ ᠰᠠᠨᠠᠭᠤᠯᠤᠨ᠎ᠠ᠃ ᠬᠡᠷᠪᠡ ᠡᠷᠬᠡᠪᠰᠢ | ᠪᠡᠭᠡᠵᠢᠩ ᠳᠤ ᠣᠴᠢᠬᠤ ᠭᠡᠪᠡᠯ᠂ ᠡᠷᠬᠡᠪᠰᠢ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ | ᠰᠠᠶᠢᠲᠤᠷ ᠬᠢᠬᠦ ᠬᠡᠷᠡᠭᠲᠡᠶ᠃ 6 ᠳ᠋ᠣᠭᠠᠷ ᠰᠠᠷ᠎ᠠ ᠶᠢᠨ 15 ᠤ ᠡᠳᠦᠷ ᠤᠨ ᠳᠠᠩ ᠴᠠᠭ ᠠᠴᠠ ᠰᠡᠭᠦᠯᠡᠷ᠂ ᠪᠡᠭᠡᠵᠢᠩ | ᠬᠤᠲᠠ ᠶᠢᠨ ᠪᠠᠷᠠᠭᠤᠨ ᠬᠤᠲᠠ ᠲᠣᠭᠤᠷᠢᠭ᠂ ᠹᠧᠩ ᠲᠠᠢ ᠲᠣᠭᠤᠷᠢᠭ᠂ ᠹᠠᠩ ᠱᠠᠨ ᠲᠣᠭᠤᠷᠢᠭ᠂ ᠳ᠋ᠠ ᠰᠢᠩ ᠲᠤᠭᠤᠷᠢᠭ | ᠵᠡᠷᠭᠡ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠳᠡᠰ ᠨᠢ ᠳᠤᠮᠳᠠ᠂ ᠳᠡᠭᠡᠳᠦ ᠳᠡᠰ ᠤᠨ ᠠᠶᠤᠯ ᠲᠦᠭᠰᠢᠭᠦᠷᠢᠲᠦ | ᠭᠠᠵᠠᠷ ᠣᠷᠣᠨ ᠠᠴᠠ ᠮᠠᠨ ᠤ ᠲᠤᠭᠤᠷᠢᠭ ᠲᠤ ᠣᠷᠣᠵᠤ ᠢᠷᠡᠭᠰᠡᠨ ᠬᠥᠮᠦᠰ᠂ ᠡᠷᠬᠡᠪᠰᠢ ᠪᠠᠶᠢᠭ᠎ᠠ ᠲᠣᠮᠢᠯᠠᠭᠰᠠᠨ | ᠰᠠᠯᠪᠤᠷᠢ᠂ ᠨᠡᠶᠢᠭᠡᠮ ᠲᠣᠭᠤᠷᠢᠭ ︵ᠲᠣᠰᠬᠤᠨ︶ ᠳᠤ ᠬᠤᠪᠢ ᠬᠥᠮᠦᠨ ᠤ ᠡᠷᠡᠭᠦᠯ ᠮᠡᠨᠳᠦ ᠶᠢᠨ ᠪᠠᠶᠢᠳᠠᠯ ᠢᠶᠠᠨ | ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ᠃ ᠡᠭᠦᠨ ᠤ ᠬᠠᠮᠲᠤ ᠴᠥᠮ ︽14 ᠡᠳᠦᠷ ᠲᠥᠪᠯᠡᠷᠡᠭᠦᠯᠦᠨ | ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ + 2 ᠣᠳᠠᠭᠠᠨ ᠤ ᠪᠥᠭᠡᠮ ᠬᠦᠴᠢᠯ ᠤᠨ ᠪᠠᠶᠢᠴᠠᠭᠠᠨ | ᠬᠡᠮᠵᠢᠯᠲᠡ + 1 ᠣᠳᠠᠭᠠᠨ ᠤ ᠴᠢᠰᠤᠨ ᠴᠠᠶᠢᠪᠠᠩ ᠤᠨ ᠡᠰᠡᠷᠭᠦ ᠴᠣᠭᠴᠠ ᠶᠢ ᠪᠠᠶᠢᠴᠠᠭᠠᠨ ᠰᠢᠨᠵᠢᠬᠦ︾ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ 6 ᠳ᠋ᠣᠭᠠᠷ ᠰᠠᠷ᠎ᠠ ᠶᠢᠨ 15 ᠤ ᠡᠳᠦᠷ ᠤᠨ ᠲᠡᠭ ᠴᠠᠭ ᠠᠴᠠ | ᠡᠮᠦᠨ᠎ᠡ᠂ ᠳᠡᠭᠡᠷ᠎ᠡ ᠳᠤᠷᠠᠳᠤᠭᠰᠠᠨ ᠳᠡᠭᠡᠳᠦ ᠳᠡᠰ ᠤᠨ ᠠᠶᠤᠯ ᠲᠦᠭᠰᠢᠭᠦᠷᠢᠲᠦ ᠭᠠᠵᠠᠷ ᠣᠷᠣᠨ ᠠᠴᠠ ᠮᠠᠨ ᠤ | ᠲᠤᠭᠤᠷᠢᠭ ᠲᠤ ᠣᠷᠣᠵᠤ ᠢᠷᠡᠭᠰᠡᠨ ᠬᠥᠮᠦᠰ ᠪᠦᠬᠦᠯᠢ 14 ᠡᠳᠦᠷ ᠪᠣᠯᠤᠭᠠᠳᠤᠶ ᠪᠠᠶᠢᠪᠠᠯ᠂ ᠴᠥᠮ ᠭᠡᠷ ᠲᠡᠭᠡᠨ | ᠰᠠᠭᠤᠵᠤ ᠲᠤᠰᠠᠭᠠᠷᠯᠠᠭᠰᠠᠨ ᠠᠨᠠᠭᠠᠬᠤ ᠣᠬᠠᠭᠠᠨ ᠤ ᠠᠵᠢᠭᠯᠠᠯᠲᠠ ᠶᠢ ᠬᠡᠷᠡᠭᠵᠢᠭᠦᠯᠵᠦ 14 ᠡᠳᠦᠷ ᠤᠨ | ᠬᠤᠭᠤᠴᠠᠭ᠎ᠠ ᠳᠦᠭᠦᠷᠬᠦ ᠬᠡᠷᠡᠭᠲᠡᠢ᠃ | 3. ᠢᠳᠡᠭᠡᠨ ᠤᠮᠳᠠᠭᠠᠨ ᠤ ᠠᠷᠢᠭᠤᠨ ᠴᠡᠪᠡᠷ ᠢ ᠠᠩᠬᠠᠷᠬᠤ ᠬᠡᠷᠡᠭᠲᠡᠶ᠃ ᠵᠢᠩᠬᠢᠨᠢ ᠠᠷᠭ᠎ᠠ ᠵᠠᠮ ᠢᠶᠠᠷ ᠠᠶᠤᠯᠭᠦᠶ | ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠴᠤ᠂ ᠲᠦᠭᠦᠬᠡᠶ ᠪᠤᠯᠤᠨ ᠪᠤᠯᠭᠤᠭᠰᠠᠨ ᠮᠠᠲ᠋ᠧᠷᠢᠶᠠᠯ ᠢ ᠰᠠᠯᠭᠠᠨ | ᠬᠠᠳᠠᠭᠠᠯᠠᠵᠤ᠂ ᠢᠳᠡᠭᠡᠨ ᠢ ᠨᠡᠪᠲᠡᠷᠡᠯ᠎ᠡ ᠪᠤᠴᠠᠯᠭᠠᠵᠦ ᠴᠢᠨᠠᠨ᠎ᠠ᠃ ᠲᠦᠭᠦᠬᠡᠢ ᠬᠦᠢᠲᠡᠨ ᠮᠢᠬᠠᠨ ᠢᠳᠡᠭᠡᠨ ᠢᠳᠡᠬᠦ ᠦᠭᠡᠢ᠂ | ᠠᠯᠢ ᠴᠢᠳᠠᠬᠤ ᠪᠠᠷ ᠲᠦᠭᠦᠬᠡᠢ ᠢᠳᠡᠭᠡᠨ ᠢᠳᠡᠬᠦ ᠠᠴᠠ ᠵᠠᠶᠢᠯᠠᠰᠬᠢᠵᠦ᠂ ᠬᠡᠭᠡᠷ᠎ᠡ ᠶᠢᠨ ᠠᠮᠢᠲᠠᠨ ᠢ ᠢᠳᠡᠬᠦ ᠦᠭᠡᠢ᠃ | ᠢᠳᠡᠭᠡᠨ ᠢ ᠵᠣᠬᠢᠰᠲᠠᠶ ᠲᠣᠬᠢᠷᠠᠭᠤᠯᠵᠤ᠂ ᠰᠢᠮ᠎ᠡ ᠲᠡᠵᠢᠭᠡᠯ ᠪᠠᠶᠠᠯᠢᠭ ᠪᠠᠶᠢᠯᠭᠠᠨ᠎ᠠ᠃ | 4. ᠬᠤᠪᠢ ᠬᠥᠮᠦᠨ ᠤ ᠬᠠᠮᠠᠭᠠᠯᠠᠯᠲᠠ ᠶᠢᠨ ᠤᠬᠠᠮᠰᠠᠷ ᠢ ᠴᠠᠭ ᠢᠮᠠᠭᠲᠠ ᠪᠠᠷᠢᠮᠲᠠᠯᠠᠬᠤ ᠬᠡᠷᠡᠭᠲᠡᠶ᠃ ᠭᠡᠷ | ᠳᠣᠲᠣᠷᠠᠬᠢ ᠣᠯᠠᠨ ᠨᠡᠶᠢᠲᠡ ᠶᠢᠨ ᠲᠠᠯᠠᠪᠤᠷ ᠪᠣᠯᠤᠨ ᠬᠥᠮᠦᠨ ᠣᠯᠠᠨ ᠴᠤᠭᠯᠠᠷᠠᠬᠤ ᠲᠠᠯᠠᠪᠤᠷ ᠲᠤ ᠠᠮᠠᠪᠴᠢ ᠵᠡᠭᠦᠬᠦ | ᠬᠡᠷᠡᠭᠲᠡᠶ᠂ ᠭᠠᠷ ᠢᠶᠠᠨ ᠦᠷᠭᠦᠯᠵᠢ ᠤᠬᠢᠶᠠᠬᠤ᠂ ᠰᠠᠯᠬᠢ ᠦᠷᠭᠦᠯᠵᠢ ᠨᠡᠪᠲᠡᠷᠡᠭᠦᠯᠬᠦ᠂ ᠠᠮᠤᠷ ᠲᠦᠪᠰᠢᠨ ᠨᠡᠶᠢᠭᠡᠮ ᠤᠨ | ᠬᠠᠷᠢᠯᠴᠠᠭ᠎ᠠ ᠶᠢᠨ ᠵᠠᠶ ᠶᠢ ᠪᠠᠲᠤᠯᠠᠬᠤ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠣᠶ ᠪᠣᠯᠭᠠᠵᠤ᠂ ᠡᠷᠡᠭᠦᠯ | ᠴᠢᠭᠢᠷᠠᠭ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ | 5. ᠬᠠᠯᠠᠭᠤᠷᠠᠬᠤ᠂ ᠬᠠᠨᠢᠶᠠᠬᠤ ᠵᠡᠷᠭᠡ ᠰᠢᠨᠵᠢ ᠢᠯᠡᠷᠡᠪᠡᠯ᠂ ᠬᠠᠮᠤᠭ ᠲᠡᠷᠢᠭᠦᠨ ᠳᠤ ᠣᠶᠢᠷ᠎ᠠ ᠬᠠᠪᠢ ᠶᠢᠨ | ᠬᠠᠯᠠᠭᠤᠷᠠᠬᠤ ᠡᠭᠦᠳᠡᠨ ᠡᠮᠨᠡᠯᠭᠡ ᠳᠤ ᠬᠦᠷᠴᠦ ᠡᠮᠨᠡᠭᠦᠯᠪᠡᠯ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠠᠴᠠ | ᠠᠯᠢ ᠴᠢᠳᠠᠬᠤ ᠪᠠᠷ ᠵᠠᠶᠢᠯᠠᠰᠬᠢᠵᠦ᠂ ᠪᠦᠬᠦ ᠶᠠᠪᠤᠴᠠ ᠳᠤ ᠠᠮᠠᠪᠴᠢ ᠵᠡᠭᠦᠬᠦ ᠬᠡᠷᠡᠭᠲᠡᠢ᠃ | 6. ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠵᠡᠷᠭᠡ | ᠢᠳᠡᠭᠡᠨ ᠡᠵᠡᠩᠨᠡᠬᠦ ᠡᠷᠦᠬᠡ ᠪᠠᠷᠠᠭ᠎ᠠ ᠣᠷᠣᠭᠤᠯᠬᠤ ᠪᠣᠭᠤᠮᠲᠠ ᠶᠢ ᠰᠠᠶᠢᠲᠤᠷ ᠰᠠᠬᠢᠵᠤ᠂ ᠭᠡᠷᠡᠴᠢ ᠪᠠᠷᠢᠮᠲᠠ ᠠᠪᠬᠤ ᠪᠠ | ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠢᠷᠡᠯᠲᠡ ᠨᠢ ᠲᠣᠳᠣᠷᠬᠠᠶ | ᠦᠭᠡᠢ ᠢᠳᠡᠭᠡᠨ ᠤ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠨ᠎ᠡ᠃ ᠲᠠᠷᠢᠶᠠᠯᠠᠩ ᠠᠷᠠᠯᠵᠢᠶᠠᠨ ᠤ ᠵᠠᠬ᠎ᠠ | ᠳᠡᠯᠭᠡᠭᠦᠷ᠂ ᠣᠯᠠᠨ ᠨᠡᠶᠢᠲᠡ ᠶᠢᠨ ᠲᠠᠯᠠᠪᠤᠷ ᠲᠤ ᠣᠷᠣᠭᠰᠠᠨ ᠬᠥᠮᠦᠰ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ | ᠰᠢᠯᠭᠠᠬᠤ᠂ ᠳᠤᠯᠠᠭᠠᠨ ᠬᠡᠮᠵᠢᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | | ᠬᠠᠶᠢᠨᠠᠨ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2020 ᠣᠨ ᠤ 6 ᠳ᠋ᠣᠭᠠᠷ ᠰᠠᠷ᠎ᠠ ᠶᠢᠨ 15 ᠤ ᠡᠳᠦᠷ |