ᠬᠠᠶᠢᠨᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠭᠤᠷᠪᠠᠳᠤᠭᠠᠷ ᠤᠳᠠᠭᠠᠨ ᠤ ᠬᠤᠷᠠᠯ ᠤᠨ ᠪᠢᠴᠢᠭ ᠮᠠᠲ᠋ᠧᠷᠢᠶᠠᠯ ︵2︶ | ᠵᠠᠰᠠᠭ ᠤᠨ ᠣᠷᠳᠣᠨ ᠤ ᠠᠵᠢᠯ ᠤᠨ ᠢᠯᠡᠳᠭᠡᠯ — 2020 ᠣᠨ ᠤ 4 ᠳ᠋ᠣᠭᠡᠷ ᠰᠠᠷ᠎ᠠ ᠶᠢᠨ 15 ᠤ ᠡᠳᠦᠷ | ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠳᠡᠭᠡᠷ᠎ᠡ | ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠮᠧᠩ ᠹᠠᠨ ᠶᠠᠩ | ᠡᠷᠬᠢᠮ ᠲᠥᠯᠥᠭᠡᠯᠡᠭᠴᠢᠳ ᠡ᠄ | ᠣᠳᠣ᠂ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ | ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠤᠯᠪᠠᠤ᠂ ᠲᠡᠷᠡᠴᠢᠯᠡᠨ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠳᠣᠷᠠᠳᠬᠤ ᠪᠤᠯᠪᠠᠤ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | 2019 ᠣᠨ ᠳᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠤᠭᠤᠷᠢᠭ | ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠣᠯᠣᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠭᠠᠷᠭᠠᠭᠰᠠᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ | ᠬᠥᠭ ᠠᠶᠠᠰ ᠢ ᠪᠠᠷᠢᠮᠲᠠᠯᠠᠪᠠ᠃ ᠰᠢᠨ᠎ᠡ ᠬᠥᠭᠵᠢᠯᠲᠡ ᠶᠢᠨ ᠣᠨᠣᠯᠵᠢᠬᠤᠨ ᠢ ᠬᠢᠨᠠᠮᠠᠭᠠᠶ ᠦᠢᠯᠡᠳᠦᠯᠭᠡᠵᠢᠭᠦᠯᠵᠦ᠂ ︽ | ᠪᠠᠬᠢᠵᠢᠭᠦᠯᠬᠦ᠂ ᠴᠢᠩᠭᠠᠳᠬᠠᠬᠤ᠂ ᠳᠡᠭᠡᠭᠰᠢᠯᠡᠭᠦᠯᠬᠦ᠂ ᠰᠠᠭᠠᠳ ᠥᠬᠡᠶ ᠨᠡᠪᠲᠡᠷᠡᠭᠦᠯᠬᠦ︾ ᠴᠢᠭᠯᠡᠯᠲᠡ ᠶᠢᠨ ᠲᠣᠭᠤᠷᠢᠨ ᠳᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ | ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠨᠡᠮᠡᠭᠳᠡᠯ ᠢ ᠲᠣᠭᠲᠠᠪᠤᠷᠢᠵᠢᠭᠤᠯᠬᠤ᠂ | ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ | ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ | ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯ ᠤᠨ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃ ᠪᠥᠬᠦ ᠵᠢᠯ ᠤᠨ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 10.9 % ᠨᠡᠮᠡᠭᠳᠡᠵᠦ᠂ | ᠪᠥᠬᠦ ᠬᠤᠲᠠ ᠶᠢᠨ ᠲᠡᠷᠢᠭᠦᠨ ᠳᠤ ᠣᠷᠣᠪᠠ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 10.8% ᠪᠠᠷ ᠨᠡᠮᠡᠭᠳᠡᠵᠦ᠂ ᠪᠦᠬᠦ ᠬᠤᠲᠠ ᠶᠢᠨ ᠬᠤᠶᠠᠳᠤᠭᠠᠷ ᠲᠤ ᠣᠷᠣᠪᠠ᠃ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 12.09 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 9.5 % ᠨᠡᠮᠡᠭᠳᠡᠪᠡ᠃ ᠬᠤᠲᠠ ᠪᠠᠯᠭᠠᠰᠤ ᠪᠠ ᠲᠠᠷᠢᠶᠠᠯᠠᠬᠤ ᠣᠷᠣᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 43389 ᠲᠥᠭᠦᠷᠢᠭ | ᠪᠠ 19383 ᠲᠥᠭᠦᠷᠢᠭ ᠲᠤ ᠬᠦᠷᠴᠦ᠂ ᠲᠣᠰ ᠲᠣᠰ 6.5 % ᠪᠠ 10.8 % ᠪᠠᠷ ᠨᠡᠮᠡᠭᠳᠡᠪᠡ᠃ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 10.17 ᠳ᠋ᠦᠩᠰᠢᠭᠤᠷ ᠲᠦᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4 % ᠪᠠᠷ ᠨᠡᠮᠡᠭᠳᠡᠵᠦ᠂ ᠡᠯ᠎ᠡ ᠵᠦᠢᠯ ᠤᠨ ᠭᠤᠤᠯ ᠪᠣᠯᠬᠤ ᠠᠵᠤ | ᠠᠬᠤᠶ ᠶᠢᠨ ᠭᠦᠢᠴᠡᠳᠭᠡᠯ ᠲᠤᠭ᠎ᠠ ᠴᠥᠮ ᠵᠢᠱᠢᠭᠰᠡᠨ ᠠᠴᠠ ᠰᠠᠶᠢᠨ ᠪᠣᠯᠪᠠ᠃ | ᠨᠢᠭᠡ ᠵᠢᠯ ᠤᠨ ᠲᠤᠷᠰᠢ᠂ ᠪᠢᠳᠡ ᠬᠦᠴᠢᠷ ᠢ ᠲᠤᠭᠤᠯᠤᠨ ᠪᠡᠷᠬᠡ ᠶᠢ ᠳᠠᠪᠠᠵᠤ ᠬᠥᠭᠵᠢᠯᠲᠡ ᠶᠢ ᠠᠬᠢᠭᠤᠯᠵᠤ᠂ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠠᠵᠢᠯ ᠢ ᠲᠦᠷᠭᠡᠳᠬᠡᠨ ᠠᠬᠢᠭᠤᠯᠪᠠ᠃ | ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠲᠦᠷᠭᠡᠳᠪᠡ᠃ ᠠᠵᠤ | ᠦᠢᠯᠡᠳᠪᠦᠷᠢ ᠶᠢ ᠢᠮᠠᠭᠲᠠ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠩᠭᠢᠯᠠᠭ᠎ᠠ ᠶᠢᠨ ᠲᠤᠯᠭᠠᠭᠤᠷᠢ | ᠪᠣᠯᠭᠠᠵᠤ᠂ ᠬᠤᠶᠠᠷ ᠶᠡᠭᠡ ᠠᠵᠤ ᠦᠢᠯᠡᠰ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠪᠠᠶᠢᠭᠤᠯᠵᠤ᠂ ᠱᠧᠨ ᠬᠤᠸᠠ᠂ | ᠬᠤᠸᠠ ᠶᠢᠦ ᠲᠤᠰᠤ ᠵᠡᠷᠭᠡ ᠪᠠᠷ ᠲᠣᠯᠣᠭᠠᠶᠢᠯᠠᠭᠤᠯᠤᠭᠰᠠᠨ ᠨᠡᠭᠦᠷᠡᠰᠦᠨ ᠬᠡᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠰᠦᠷᠦᠭᠵᠢᠯ᠂ ᠦᠪᠦᠷ ᠮᠤᠩᠭᠤᠯ ᠤᠨ ᠦᠬᠠᠢ ᠶᠢᠨ ᠬᠢᠮᠢ ᠶᠢᠨ ᠠᠵᠤ ᠦᠢᠯᠡᠳᠪᠦᠷᠢ᠂ ᠵᠦᠩ | ᠯᠢᠶᠠᠨ ᠢᠶᠠᠷ ᠲᠣᠯᠣᠭᠠᠶᠢᠯᠠᠭᠤᠯᠤᠭᠰᠠᠨ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠪᠦᠯᠦᠭᠵᠢᠯ ᠢ | ᠪᠦᠷᠢᠯᠳᠦᠭᠦᠯᠦᠭᠰᠡᠨ ᠪᠠᠶᠢᠨ᠎ᠠ᠃ ᠤᠯᠠᠨ ᠡᠰᠢᠴᠢᠯᠡᠨ ᠬᠥᠭᠵᠢᠭᠰᠡᠨ᠂ ᠤᠯᠠᠨ ᠲᠦᠢᠯ ᠢᠶᠠᠷ ᠲᠤᠯᠭᠠᠭᠤᠷᠢᠯᠠᠭᠰᠠᠨ ᠤᠳᠤ | ᠦᠶ᠎ᠡ ᠶᠢᠨ ᠠᠵᠤ ᠦᠢᠯᠡᠰ ᠤᠨ ᠰᠢᠰᠲ᠋ᠧᠮ ᠠᠯᠬᠤᠮ ᠠᠯᠬᠤᠮ ᠢᠶᠠᠷ ᠪᠦᠷᠢᠯᠳᠦᠵᠦ᠂ ᠷᠦᠩ ᠰᠢᠨ ᠡᠨᠧᠷᠭᠢ᠂ ᠪᠠᠷᠠᠭᠤᠨ | ᠣᠷᠣᠨ ᠤ ᠨᠡᠭᠦᠷᠡᠰᠦ ᠬᠢᠮᠢ ᠶᠢᠨ ᠠᠵᠤ ᠦᠢᠯᠡᠳᠪᠦᠷᠢ 2019 ᠣᠨ ᠤ ᠳᠤᠮᠳᠠᠳᠤ ᠤᠯᠤᠰ ᠤᠨ ᠡᠨᠧᠷᠭᠢ ᠶᠢᠨ | 500 ᠬᠦᠴᠦᠷᠬᠡᠭ ᠲᠤ ᠣᠷᠣᠵᠤ᠂ ᠦᠬᠠᠢ ᠶᠢᠨ ᠬᠢᠮᠢ ᠶᠢᠨ ᠠᠵᠤ ᠦᠢᠯᠡᠳᠪᠦᠷᠢ᠂ ᠬᠤᠸᠠ ᠽᠢ ᠨᠡᠭᠦᠷᠡᠰᠦᠨ ᠬᠡᠦᠷᠡᠰᠦ | ᠵᠡᠷᠭᠡ 4 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | 100 ᠬᠦᠴᠦᠷᠬᠡᠭ ᠲᠤ ᠣᠷᠣᠪᠠ᠃ ᠥᠪᠥᠷ ᠮᠣᠩᠭᠤᠯ ᠤᠨ ᠠᠩᠬᠠᠳᠠᠭᠴᠢ ᠤᠰᠤᠲᠥ᠋ᠷᠥᠭᠴᠢ ᠨᠡᠮᠡᠬᠦ ᠥᠷᠲᠡᠭᠡ | ᠠᠰᠢᠭᠯᠠᠯᠲᠠ ᠳᠤ ᠣᠷᠣᠵᠤ᠂ ᠭᠤᠸᠠᠩ ᠶᠤᠸᠠᠨ ᠤ 700 ᠲᠦᠮᠡᠨ ᠲᠣᠨ ᠨᠡᠭᠦᠷᠡᠰᠦ ᠤᠬᠢᠶᠠᠬᠤ᠂ ᠣᠣ ᠯᠢ ᠶᠢᠨ | ᠥᠨᠳᠥᠷ ᠴᠢᠳᠠᠪᠬᠢᠲᠤ ᠰᠢᠯ ᠰᠢᠷᠬᠡᠭ ᠤᠨ ᠰᠠᠮᠠᠳᠠᠰᠤᠨ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠵᠤ᠂ ᠶᠠ ᠳ᠋ᠦᠩ ᠤᠨ ᠨᠠᠹᠲ᠋ᠠᠯᠢᠨᠲᠦ ᠰᠢᠷᠢᠰ ᠲᠥᠷᠥᠯ ᠵᠦᠢᠯ ᠢ ᠬᠤᠶᠠᠳᠤᠭᠠᠷ ᠬᠤᠭᠤᠴᠠᠭ᠎ᠠ ᠲᠤᠷᠰᠢᠨ | ᠦᠢᠯᠡᠳᠪᠦᠷᠢᠯᠡᠵᠦ᠂ ᠴᠢᠩ ᠱᠢ᠂ ᠺᠧ ᠱᠥᠸᠧ᠂ ᠡᠾᠦ᠋ᠢ ᠴᠠᠩ᠂ ᠰᠧᠨ ᠶᠠᠩ ᠵᠡᠷᠭᠡ ᠨᠢᠭᠡ ᠪᠦᠯᠦᠭ ᠬᠡᠯᠪᠡᠷᠢ ᠪᠠᠨ | ᠬᠤᠪᠢᠷᠠᠭᠤᠯᠬᠤ ᠲᠥᠷᠥᠯ ᠵᠦᠢᠯ ᠢ ᠤᠷᠤᠭᠰᠢᠲᠠᠢ ᠪᠠᠶᠢᠭᠤᠯᠵᠤ᠂ ᠠᠵᠤ ᠠᠬᠤᠢ ᠶᠢᠨ ᠨᠡᠮᠡᠭᠳᠡᠯ ᠨᠢ ᠡᠬᠢ ᠪᠠᠶᠠᠯᠢᠭ ᠲᠤ | ᠲᠦᠰᠢᠭᠯᠡᠬᠦ ᠬᠡᠯᠪᠡᠷᠢ ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠡᠯᠪᠡᠷᠢ ᠲᠡᠰᠢ ᠬᠤᠪᠢᠷᠠᠭᠤᠯᠬᠤ ᠶᠢ | ᠠᠬᠢᠭᠤᠯᠪᠠ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠮᠢᠵᠢᠷᠠᠯ ᠤᠨ ᠬᠦᠴᠦᠨ ᠴᠢᠩᠭᠠᠷᠠᠪᠠ᠃ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠪᠦᠬᠦ | ᠲᠤᠭᠤᠷᠢᠭ ᠤᠨ ᠭᠤᠤᠯ ᠪᠣᠯᠬᠤ 10 ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠡᠭᠡᠭᠡᠪᠦᠷᠢᠯᠡᠭᠰᠡᠨ ᠪᠠᠷᠠᠭ᠎ᠠ | ᠨᠢ 2000 ᠲᠦᠮᠡᠨ ᠲᠣᠨ ᠳᠤ ᠬᠦᠷᠴᠦ᠂ ᠬᠤᠩ ᠳ᠋ᠠ ᠳ᠋ᠠ ᠽᠥᠩ ᠡᠳ᠋ ᠪᠠᠷᠠᠭ᠎ᠠ ᠠᠷᠠᠯᠵᠢᠶᠠᠯᠠᠬᠤ ᠲᠠᠪᠴᠠᠩ ᠤᠨ | ᠪᠥᠬᠦ ᠵᠢᠯ ᠤᠨ ᠠᠷᠠᠯᠵᠢᠶᠠᠨ ᠤ ᠬᠡᠮᠵᠢᠶ᠎ᠡ 682 ᠲᠦᠮᠡᠨ ᠲᠣᠨ ᠳᠤ ᠬᠦᠷᠴᠦ᠂ ᠠᠷᠠᠯᠵᠢᠶᠠᠯᠠᠭᠰᠠᠨ ᠲᠤᠭ᠎ᠠ 21.9 | ᠳ᠋ᠦᠩᠰᠢᠭᠤᠷ ᠲᠥᠭᠦᠷᠢᠭ ᠲᠤ ᠬᠦᠷᠴᠦ᠂ ᠰᠢᠨ᠎ᠡ ᠪᠠᠷ ᠨᠡᠮᠡᠭᠳᠡᠭᠰᠡᠨ ᠠᠷᠠᠯᠵᠢᠶᠠᠨ ᠤ ᠬᠤᠳᠠᠯᠳᠤᠭᠠᠴᠢᠨ 28 ᠪᠣᠯᠪᠠ᠃ | ᠳᠤᠮᠳᠠᠳᠤ ᠧᠦ᠋ᠷᠣᠫᠠ ᠶᠢᠨ ᠭᠠᠯᠲᠤ ᠲᠡᠷᠭᠡ 5 ᠴᠤᠪᠤᠭ᠎ᠠ ᠭᠠᠷᠠᠮ ᠳᠤ ᠬᠦᠷᠴᠦ᠂ ᠪᠦᠬᠦ ᠵᠢᠯ ᠳᠤ ᠭᠠᠳᠠᠭᠠᠳᠤ | ᠠᠷᠠᠯᠵᠢᠶᠠᠨ ᠤ ᠲᠤᠭ᠎ᠠ 811 ᠲᠦᠮᠡᠨ ᠳ᠋ᠣᠯᠯᠠᠷ ᠢ ᠪᠡᠶᠡᠯᠡᠭᠦᠯᠪᠡ᠃ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ | ᠦᠢᠯᠡᠰ ᠤᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠪᠡ᠃ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ | ᠪᠡᠶ᠎ᠡ ᠪᠠᠨ ᠳᠠᠭᠠᠭᠠᠭᠰᠠᠨ ᠮᠣᠩᠭᠤᠯ ᠡᠮ ᠡᠮᠨᠡᠯᠭᠡ ᠶᠢᠨ ᠮᠦᠽᠧᠶ ᠫᠠᠶᠢᠰᠠ ᠡᠯᠭᠦᠨ ᠪᠠᠶᠢᠭᠤᠯᠤᠭᠳᠠᠵᠤ᠂ ᠪᠥᠬᠦ | ᠲᠤᠭᠤᠷᠢᠭ ᠤᠨ ᠡᠯ᠎ᠡ ᠵᠢᠭᠤᠯᠴᠢᠯᠠᠯ ᠤᠨ ᠦᠵᠡᠮᠵᠢ ᠶᠢᠨ ᠲᠤᠭᠤᠷᠢᠭ ᠤᠨ ᠡᠵᠡᠩᠨᠡᠯᠲᠡ ᠰᠠᠶᠢᠨ ᠪᠠᠶᠢᠵᠤ᠂ ᠪᠥᠬᠦ | ᠵᠢᠯ ᠳᠤ ᠵᠤᠭᠠᠴᠠᠭᠰᠠᠳ ᠢ 20 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ 2019 ᠣᠨ ᠤ ᠦᠬᠠᠶ ᠶᠢᠨ | ᠡᠯᠡᠰᠦᠨ ᠴᠥᠯ ᠤᠨ ᠦᠵᠦᠮ ᠤᠨ ᠠᠷᠢᠬᠢ ᠶᠢᠨ ᠰᠣᠶᠣᠯ ᠵᠢᠭᠤᠯᠴᠢᠯᠠᠯ ᠤᠨ ᠨᠠᠶᠢᠷ ᠵᠢᠴᠢ ᠲᠠᠷᠢᠶᠠᠴᠢᠳ ᠤᠨ ᠡᠯᠪᠡᠭ | ᠬᠤᠷᠢᠶᠠᠯᠲᠠ ᠶᠢᠨ ᠪᠠᠶᠠᠷ ᠵᠡᠷᠭᠡ ᠰᠢᠷᠢᠰ ᠠᠵᠢᠯᠯᠠᠭ᠎ᠠ᠂ ᠠᠩᠬᠠᠳᠤᠭᠠᠷ ᠬᠤᠭᠤᠴᠠᠭᠠᠨ ᠤ ︽ᠣᠮᠠᠷᠠᠲᠤ ᠶᠢᠨ ᠬᠠᠶᠢᠨᠠᠨ᠂ | ᠬᠠᠲᠤᠨ ᠭᠤᠤᠯ ᠤᠨ ᠵᠠᠩ ᠦᠢᠯᠡ︾ ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠪᠠᠷᠠᠭᠤᠨ | ᠣᠷᠠᠨᠳᠦ᠋ᠰᠢ ᠹᠦ᠋ ᠶᠤᠸᠠᠨ ᠲᠠᠷᠢᠶᠠᠴᠢᠨ ᠠᠶᠢᠯ ᠤᠨ ᠬᠤᠭᠤᠯᠠᠨ ᠭᠡᠷ ᠨᠢ ᠥᠪᠡᠷᠲᠡᠭᠡᠨ ᠵᠠᠰᠠᠬᠤ ᠣᠷᠣᠨ ᠤ ᠲᠠᠪᠤᠨ | ᠣᠳᠣᠨ ᠳᠡᠰ ᠤᠨ ᠬᠥᠳᠡᠭᠡ ᠲᠣᠰᠬᠤᠨ ᠤ ᠵᠤᠭᠠᠴᠠᠯ ᠤᠨ ᠬᠦᠯᠢᠶᠡᠨ ᠠᠪᠬᠤ ᠡᠷᠦᠬᠡ ᠪᠠᠷ ᠦᠨᠡᠯᠡᠭᠳᠡᠵᠦ᠂ ᠬᠠᠳᠤᠨ | ᠭᠤᠣᠯ ᠤᠨ ᠰᠢ ᠰᠢᠩ ᠪᠠᠭᠤᠳᠠᠯ ᠤᠨ ︽ᠬᠠᠲᠤᠨ ᠭᠤᠤᠯ ᠤᠨ ᠦᠯᠢᠭᠡᠷ ᠬᠠᠳᠤᠨ ᠭᠤᠣᠯ ᠤᠨ ᠴᠢᠯᠠᠭᠤ︾ ᠨᠢ | ᠬᠠᠶᠢᠨᠠᠨ ᠲᠣᠭᠤᠷᠢᠭ ᠤᠨ ᠵᠤᠭᠠᠴᠠᠯ ᠤᠨ ᠰᠢᠨ᠎ᠡ ᠨᠡᠷ᠎ᠡ ᠶᠢᠨ ᠬᠠᠭᠤᠳᠠᠰᠤ ᠪᠣᠯᠵᠠᠢ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠨᠠᠷᠢᠯᠢᠭ | ᠣᠨᠣᠴᠢᠲᠠᠢ ᠪᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ | ᠢᠶᠠᠷ ᠬᠤᠳᠠᠯᠳᠤᠭᠠᠴᠢᠨ ᠤᠷᠢᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠵᠡᠭᠦᠨ ᠪᠠᠷᠠᠭᠤᠨ ᠣᠷᠣᠨ ᠤ | ᠬᠠᠮᠲᠤᠷᠠᠯᠴᠠᠭ᠎ᠠ ᠬᠢᠭᠡᠳ ᠪᠠᠯᠠ ᠣᠷᠣᠭᠤᠯᠤᠯᠲᠠ ᠠᠷᠠᠯᠵᠢᠶᠠᠨ ᠤ ᠵᠥᠪᠳᠡᠯᠴᠡᠬᠡᠷ ᠤᠨ ᠬᠤᠷᠠᠯ᠂ ᠦᠬᠠᠶ ᠶᠢᠨ ᠴᠢᠨᠠᠷ | ᠰᠠᠶᠢᠲᠠᠢ ᠬᠥᠭᠵᠢᠯᠲᠡ ᠶᠢᠨ ᠪᠠᠯᠠ ᠣᠷᠣᠭᠤᠯᠤᠯᠲᠠ ︵ᠪᠡᠭᠡᠵᠢᠩ︶ ᠶᠢᠨ ᠲᠠᠨᠢᠯᠴᠠᠭᠤᠯᠭ᠎ᠠ ᠶᠢᠨ ᠬᠤᠷᠠᠯ ᠵᠡᠷᠭᠡ ᠠᠯᠢ | ᠣᠯᠠᠨ ᠳᠡᠭᠡᠳᠦ ᠲᠠᠰ ᠳᠠᠪᠬᠤᠷᠭ᠎ᠠ ᠶᠢᠨ ᠬᠤᠳᠠᠯᠳᠤᠭᠠᠴᠢᠨ ᠤᠷᠢᠬᠤ ᠬᠤᠷᠠᠯ ᠢᠶᠠᠷ ᠳᠠᠮᠵᠢᠨ᠂ ᠢᠳᠡᠪᠬᠢᠲᠡᠢ ᠪᠠᠷ | ᠬᠠᠶᠢᠨᠠᠨ ᠢ ᠤᠬᠠᠭᠤᠯᠵᠤ᠂ ᠬᠠᠶᠢᠨᠠᠨ ᠢ ᠳᠡᠯᠭᠡᠷᠡᠭᠦᠯᠵᠦ᠂ ᠪᠥᠬᠦ ᠵᠢᠯ ᠳᠤ 83 ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠨᠡᠶᠢᠲᠡ 30 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ | ᠣᠷᠣᠭᠤᠯᠤᠨ ᠠᠪᠴᠢᠷᠠᠪᠠ᠃ ᠣᠳᠣ ᠶᠢᠨ ᠪᠠᠶᠢᠭ᠎ᠠ ᠠᠵᠤ ᠠᠬᠤᠶᠢᠯᠠᠯ ᠤᠨ ᠳᠣᠲᠣᠭᠠᠳᠤ ᠬᠥᠳᠡᠯᠭᠡᠬᠦ ᠬᠦᠴᠦᠨ ᠢ | ᠭᠦᠢᠴᠡᠳ ᠬᠥᠭᠵᠢᠭᠡᠵᠦ᠂ ᠠᠵᠤ ᠦᠢᠯᠡᠰ ᠤᠨ ᠳᠣᠣᠷᠠᠳᠤ ᠤᠷᠤᠰᠬᠠᠯ ᠤᠨ ᠳᠡᠭᠡᠳᠦ ᠲᠡᠰ ᠲᠡᠰᠢ ᠬᠦᠭᠵᠢᠬᠦ ᠶᠢ | ᠬᠦᠲᠦᠯᠦᠨ ᠵᠢᠯᠤᠭᠤᠳᠴᠦ᠂ ᠱᠢ ᠯᠢᠶᠠᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠳᠤᠮᠳᠠᠬᠢ ᠪᠧᠨᠽᠧᠨ ᠤ | ᠬᠤᠶᠠᠷᠴᠢ ᠹᠧᠨᠣᠯ᠂ ᠱᠧᠩ ᠬᠤᠤ ᠰᠢᠨᠵᠢᠯᠡᠭᠡ ᠮᠡᠷᠭᠡᠵᠢᠯ ᠤᠨ ᠪᠤᠳᠤᠭᠲᠤ ᠡᠳ᠋ ᠤᠨ ᠵᠠᠪᠰᠠᠷ ᠤᠨ ᠪᠡᠶ᠎ᠡ᠂ ᠯᠦ ᠶᠤᠸᠠᠨ | ᠬᠢᠮᠢ ᠶᠢᠨ ᠠᠵᠤ ᠦᠢᠯᠡᠳᠪᠦᠷᠢ ᠶᠢᠨ ᠴᠠᠭᠠᠷᠢᠭ ᠾᠧᠺᠰᠠᠨ ᠵᠡᠷᠭᠡ ᠤᠷᠲᠤᠳᠬᠠᠭᠰᠠᠨ ᠬᠡᠯᠬᠢᠶ᠎ᠡ᠂ ᠨᠦᠬᠦᠪᠦᠷᠢᠯᠡᠬᠦ | ᠬᠡᠯᠬᠢᠶ᠎ᠡ᠂ ᠲᠡᠭᠦᠯᠳᠡᠷᠵᠢᠭᠦᠯᠬᠦ ᠬᠡᠯᠬᠢᠶ᠎ᠡ ᠶᠢᠨ ᠲᠥᠷᠥᠯ ᠵᠦᠢᠯ ᠢ ᠣᠷᠣᠬᠰᠢᠲᠠᠢ ᠬᠡᠷᠡᠭᠵᠢᠭᠦᠯᠵᠦ᠂ ᠬᠡᠯᠪᠡᠷᠢ ᠪᠠᠨ | ᠬᠤᠪᠢᠷᠠᠭᠤᠯᠤᠨ ᠬᠥᠭᠵᠢᠭᠦᠯᠬᠦ ᠵᠢᠱᠢᠶᠡᠴᠢ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ | ᠠᠬᠢᠭᠤᠯᠪᠠ᠃ | ᠨᠢᠭᠡ ᠵᠢᠯ ᠤᠨ ᠲᠤᠷᠰᠢ᠂ ᠪᠢᠳᠡ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠵᠠᠩᠭᠢᠯᠠᠭ᠎ᠠ ᠶᠢᠨ ᠠᠬᠢᠴᠠ ᠲᠠᠢ ᠪᠣᠯᠪᠠ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠡᠷᠡᠰ ᠰᠠᠶᠢᠲᠤᠷ ᠬᠢᠪᠡ᠃ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡᠳᠦᠯᠲᠡᠶ ᠲᠥᠯᠥᠪᠯᠡᠬᠦ ᠶᠢ | ᠴᠢᠩᠭᠠᠳᠬᠠᠬᠤ ᠪᠠᠷ ᠳᠠᠮᠵᠢᠨ᠂ ᠪᠥᠬᠦ ᠵᠢᠯ ᠳᠤ 4.97 ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠥᠷᠢ | ᠥᠭᠴᠡᠭᠡ ᠶᠢ ᠠᠷᠢᠯᠭᠠᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ | ᠲᠠᠩᠰᠠᠨ ᠥᠷᠢ ᠶᠢ ᠢᠯᠭᠠᠷᠠᠭᠤᠯᠤᠨ ᠳᠢᠭᠯᠡᠵᠦ᠂ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ︽ᠠᠷᠪᠠ ᠶᠢ | ᠪᠦᠷᠬᠦᠭᠦᠯᠬᠦ︾ ᠢᠨᠵᠧᠨᠧᠷᠢᠩ ᠤᠨ ᠬᠠᠮᠢᠶ᠎ᠠ ᠪᠦᠬᠦᠢ ᠲᠥᠷᠥᠯ ᠵᠦᠢᠯ ᠤᠨ ᠥᠷᠢ ᠥᠭᠴᠡᠭᠡ ᠶᠢ 0.56 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠰᠢᠢᠳᠪᠦᠷᠢᠯᠡᠬᠦ ᠡᠭᠦᠷᠭᠡ ᠶᠢ ᠤᠷᠢᠳᠴᠢᠯᠠᠨ ᠪᠡᠶᠡᠯᠡᠭᠦᠯᠦᠨ᠂ ᠴᠥᠮ ᠪᠦᠬᠦ ᠬᠤᠲᠠ ᠶᠢᠨ | ᠡᠮᠦᠨ᠎ᠡ ᠡᠩᠨᠡᠭᠡᠨ ᠳᠤ ᠣᠷᠣᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ | ᠯᠠᠪᠳᠠᠭᠤᠨ ᠪᠠᠲᠤᠲᠠᠶ ᠥᠷᠨᠢᠭᠦᠯᠵᠦ᠂ 2 ᠬᠠᠷᠭᠢᠰ ᠬᠦᠴᠦᠨ ᠤ ᠪᠦᠯᠦᠭᠯᠡᠯ ᠢ ᠠᠷᠢᠯᠭᠠᠵᠤ᠂ ᠡᠷᠡᠭᠦᠤ ᠶᠢᠨ ᠬᠡᠷᠡᠭ | ᠭᠠᠷᠤᠭᠰᠠᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 17.6 % ᠪᠠᠷ ᠪᠠᠭᠤᠷᠠᠵᠤ᠂ ᠭᠤᠤᠯᠳᠠᠯᠭ᠎ᠠ ᠲᠠᠢ ᠠᠵᠢᠯ | ᠲᠥᠷᠥᠯ ᠤᠨ ᠬᠦᠷᠢᠶᠡᠨ ᠳᠠᠬᠢ ᠡᠮᠬᠢ ᠵᠠᠮᠪᠠᠷᠠᠭ᠎ᠠ ᠥᠬᠡᠶ ᠪᠠᠶᠢᠳᠠᠯ ᠢ ᠵᠠᠰᠠᠬᠤ ᠠᠵᠢᠯ ᠠᠩᠬ᠎ᠠ ᠠᠯᠬᠤᠮ ᠤᠨ ᠦᠷ᠎ᠡ | ᠪᠦᠲᠦᠮᠵᠢ ᠤᠯᠪᠠ᠃ ᠵᠠᠬᠢᠳᠠᠯ ᠰᠤᠷᠪᠤᠯᠵᠢᠯᠠᠯ ᠤᠨ ᠵᠥᠷᠢᠴᠡᠯ ᠬᠤᠷᠠᠮᠳᠤᠭᠰᠠᠨ ᠬᠡᠷᠡᠭ ᠢ ᠠᠷᠢᠯᠭᠠᠨ ᠪᠣᠭᠤᠮᠲᠠ | ᠰᠢᠪᠲᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ᠂ ᠲᠠᠷᠢᠶᠠᠯᠠᠬᠤ | ᠣᠷᠣᠨ ᠤ ᠨᠡᠷᠡᠨ ᠡᠨᠧᠷᠬᠢ ᠶᠢ ᠣᠬᠰᠠᠷᠠᠭᠤᠯᠬᠤ᠂ ᠬᠠᠳᠤᠯᠠᠩ ᠪᠡᠯᠴᠢᠭᠡᠷ ᠢ ᠲᠠᠲᠠᠪᠤᠷᠢᠯᠠᠨ ᠡᠵᠡᠯᠡᠬᠦ ᠵᠡᠷᠭᠡ ᠨᠢᠭᠡ | ᠪᠦᠯᠦᠭ ᠵᠠᠬᠢᠳᠠᠯ ᠰᠣᠷᠪᠤᠯᠵᠢᠯᠠᠭ᠎ᠠ ᠶᠢᠨ ᠳᠣᠪᠤᠶᠢᠮ᠎ᠠ ᠠᠰᠠᠭᠤᠳᠠᠯ ᠪᠠ ᠵᠥᠷᠢᠴᠡᠯ ᠵᠢᠭᠤᠷᠠᠭᠠᠨ ᠢ ᠵᠣᠬᠢᠰᠲᠠᠢ | ᠰᠢᠢᠳᠪᠦᠷᠢᠯᠡᠵᠦ᠂ ᠤᠯᠤᠰ ᠤᠨ ᠪᠠᠶᠠᠷ ᠤᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠵᠡᠷᠭᠡ ᠴᠢᠬᠤᠯᠠ ᠶᠡᠭᠡ ᠴᠠᠭ | ᠬᠤᠭᠤᠴᠠᠭᠠᠨ ᠤ ᠠᠮᠤᠷ ᠲᠦᠪᠰᠢᠨ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠢᠳᠡᠭᠡᠨ ᠤ | ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠬᠦᠴᠦᠲᠡᠶ ᠠᠳᠬᠤᠵᠤ᠂ ᠡᠯ᠎ᠡ ᠵᠦᠢᠯ ᠤᠨ ᠶᠡᠷᠦᠩᠬᠡᠶᠢᠯᠡᠭᠰᠡᠨ | ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠩᠭ᠎ᠠ ᠰᠡᠷᠭᠡᠶᠢᠯᠡᠨ ᠴᠢᠩᠭ᠎ᠠ | ᠰᠠᠬᠢᠬᠤ᠂ ᠬᠤᠯᠤᠭᠠᠨ᠎ᠠ ᠶᠢᠨ ᠬᠢᠵᠢᠭ᠂ ᠠᠹᠷᠢᠺᠠ ᠲᠢᠪ ᠤᠨ ᠭᠠᠭ᠋ᠠᠶ ᠶᠢᠨ ᠬᠢᠵᠢᠭ ᠤᠨ ᠬᠢᠵᠢᠭ ᠡᠭᠦᠰᠬᠦ ᠦᠭᠡᠢ ᠶᠢ | ᠦᠨᠡᠨ ᠬᠦ ᠪᠠᠲᠤᠯᠠᠪᠠ᠃ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠶᠤᠯ ᠲᠦᠭᠰᠢᠭᠦᠷᠢ ᠶᠢ ᠱᠠᠲᠤ | ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ | ᠰᠡᠷᠭᠡᠶᠢᠯᠡᠬᠦ ᠲᠣᠭᠲᠠᠴᠠ ᠶᠢ ᠬᠦᠴᠦᠯᠡᠨ ᠪᠠᠶᠢᠭᠤᠯᠵᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠤᠷᠢᠵᠤ᠂ | ᠠᠶᠤᠯ ᠲᠦᠭᠰᠢᠭᠦᠷᠢᠲᠡᠢ ᠬᠢᠮᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠪᠦᠬᠦ ᠲᠠᠯ᠎ᠠ ᠪᠠᠷ ᠰᠢᠰᠲ᠋ᠧᠮ ᠲᠠᠢ | ᠣᠨᠣᠰᠢᠯᠠᠨ ᠡᠮᠨᠡᠬᠦ ᠶᠢ ᠦᠷᠨᠢᠭᠦᠯᠵᠦ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠪᠠ ᠠᠵᠤ ᠠᠬᠤᠶᠢᠯᠠᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠦᠬᠦ ᠵᠢᠯ ᠳᠤ ᠡᠯ᠎ᠡ ᠲᠥᠷᠥᠯ ᠤᠨ ᠠᠮᠤᠷ | ᠲᠦᠪᠰᠢᠨ ᠤ ᠳᠠᠯᠳᠠ ᠭᠡᠮ ᠢ 6222 ᠵᠦᠢᠯ ᠪᠠᠶᠢᠴᠠᠭᠠᠨ ᠰᠢᠢᠳᠪᠦᠷᠢᠯᠡᠵᠦ᠂ ᠭᠠᠵᠠᠷ ᠣᠷᠣᠨ ᠤ ᠠᠮᠤᠷ ᠲᠦᠪᠰᠢᠨ ᠤ | ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠪᠡ᠃ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ | ᠶᠢᠨ ᠬᠠᠷᠢᠭᠤ ᠲᠤᠰᠬᠠᠭᠰᠠᠨ ᠰᠠᠨᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ | ᠲᠤᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠦᠨᠡᠨᠬᠦ ᠰᠠᠶᠢᠲᠤᠷ ᠠᠳᠬᠤᠵᠤ᠂ ᠡᠯ᠎ᠡ ᠵᠦᠢᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠥᠮ ᠴᠠᠭ ᠤᠨ | ᠬᠢᠵᠠᠭᠠᠷ ᠢᠶᠠᠷ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠤᠯᠪᠠ᠃ ᠥᠪᠡᠷᠲᠡᠭᠡᠨ ᠵᠠᠰᠠᠬᠤ ᠣᠷᠣᠨ ᠤ | ᠠᠮᠢ ᠠᠬᠤᠢ ᠣᠷᠴᠢᠨ ᠲᠣᠭᠤᠷᠢᠨ ᠤ ᠱᠠᠯᠠᠪᠳᠠᠭᠤᠯᠤᠨ ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠢᠶᠠᠨ | ᠬᠠᠮᠵᠢᠯᠴᠠᠨ ᠰᠠᠶᠢᠲᠤᠷ ᠬᠢᠵᠦ᠂ 36 ᠬᠤᠪᠢ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ | ᠮᠡᠳᠡᠭᠦᠯᠦᠭᠰᠡᠨ ᠬᠡᠷᠡᠭ ᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃ ᠪᠡᠯᠡ ᠮᠥᠩᠭᠦ ᠶᠢᠨ ᠣᠷᠣᠭᠤᠯᠤᠯᠲᠠ ᠶᠢᠨ | ᠡᠷᠴᠢᠮ ᠢᠶᠠᠨ ᠦᠷᠭᠦᠯᠵᠢᠯᠡᠨ ᠨᠡᠮᠡᠭᠳᠡᠭᠦᠯᠵᠦ᠂ ᠥᠷᠢ ᠦᠭᠴᠡᠭᠡ ᠠᠷᠢᠯᠭᠠᠬᠤ ᠡᠭᠦᠷᠭᠡ ᠬᠦᠨᠳᠦ᠂ ︽ᠭᠤᠷᠪᠠ ᠶᠢ | ᠪᠠᠲᠤᠯᠠᠬᠤ︾ ᠵᠠᠷᠤᠯᠭ᠎ᠠ ᠶᠢᠨ ᠳᠠᠷᠤᠭᠠᠰᠤ ᠬᠦᠨᠳᠦ ᠪᠠᠶᠢᠭ᠎ᠠ ᠪᠠᠶᠢᠳᠠᠯ ᠳᠣᠣᠷ᠎ᠠ᠂ ᠶᠡᠭᠡ ᠬᠦᠴᠦ ᠣᠷᠣᠭᠤᠯᠵᠤ᠂ | ᠡᠳ᠋ ᠤᠨ ᠵᠠᠰᠠᠭ ᠤᠨ ᠪᠡᠯᠡ ᠮᠥᠩᠭᠦ ᠶᠢ 9000 ᠭᠠᠷᠤᠶ ᠲᠦᠮᠡᠨ ᠲᠥᠭᠦᠷᠢᠭ ᠲᠤᠬᠢᠷᠠᠭᠤᠯᠤᠨ ᠪᠣᠬᠢᠷᠲᠤᠯ ᠢ | ᠰᠡᠷᠭᠡᠶᠢᠯᠡᠨ ᠵᠠᠰᠠᠬᠤ ᠳᠤ ᠬᠡᠷᠡᠭᠯᠡᠭᠦᠯᠪᠡ᠃ ᠠᠭᠠᠷ ᠮᠠᠨᠳᠠᠯ ᠤᠨ ᠪᠣᠬᠢᠷᠲᠤᠯ ᠢ ᠵᠠᠰᠠᠬᠤ 59 ᠲᠥᠷᠥᠯ ᠵᠦᠢᠯ ᠢ | ᠬᠡᠷᠡᠭᠵᠢᠭᠦᠯᠵᠦ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ︾ ᠠᠵᠤ ᠦᠢᠯᠡᠳᠪᠦᠷᠢ ᠶᠢᠨ 38 ᠠᠵᠤ | ᠠᠬᠤᠶᠢᠯᠠᠯ ᠢ ᠴᠠᠭᠠᠵᠠᠯᠠᠵᠤ᠂ ᠪᠥᠬᠦ ᠵᠢᠯ ᠤᠨ ᠬᠤᠲᠠ ᠲᠣᠭᠤᠷᠢᠭ ᠤᠨ ᠣᠷᠴᠢᠨ ᠲᠣᠭᠤᠷᠢᠨ ᠤ ᠠᠭᠠᠷ ᠤᠨ ᠶᠠᠰᠤ | ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ 282 ᠡᠳᠦᠷ ᠬᠦᠷᠴᠦ᠂ ᠪᠠᠷᠢᠮᠵᠢᠶ᠎ᠠ ᠳᠤ ᠬᠦᠷᠦᠭᠰᠡᠨ ᠨᠣᠷᠮ᠎ᠠ 79. | 4% ᠬᠦᠷᠴᠦ᠂ ᠠᠳᠠᠯᠢ ᠬᠤᠭᠤᠴᠠᠭᠠᠨ ᠤ ᠬᠢ ᠠᠴᠠ 1.2% ᠨᠡᠮᠡᠭᠳᠡᠪᠡ᠃ ᠭᠤᠣᠯ ᠮᠥᠷᠡᠨ ᠤ ᠳᠠᠷᠤᠭ᠎ᠠ ᠶᠢᠨ | ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ︽ᠳᠥᠷᠪᠡᠨ ᠡᠮᠬᠢ ᠵᠠᠮᠪᠠᠷᠠᠭ᠎ᠠ ᠦᠭᠡᠢ ᠶᠢ ᠴᠡᠪᠡᠷᠯᠡᠬᠦ︾ | ᠲᠤᠰᠬᠠᠢ ᠲᠥᠷᠥᠯ ᠤᠨ ᠬᠤᠯᠪᠣᠭᠠᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠡᠯ᠎ᠡ ᠱᠠᠲᠤᠨ ᠤ ᠭᠤᠣᠯ | ᠮᠥᠷᠡᠨ ᠤ ᠳᠠᠷᠤᠭ᠎ᠠ ᠭᠤᠣᠯ ᠮᠥᠷᠡᠨ ᠢ ᠵᠠᠭᠤ ᠰᠢᠬᠠᠮ ᠤᠳᠠᠭ᠎ᠠ ᠴᠠᠭᠳᠠᠨ ᠪᠠᠶᠢᠴᠠᠭᠠᠪᠠ᠃ ᠤᠰᠤᠨ ᠤ ᠪᠣᠬᠢᠷᠲᠤᠯ ᠢ | ᠰᠡᠷᠭᠡᠶᠢᠯᠡᠨ ᠵᠠᠰᠠᠬᠤ 9 ᠲᠥᠷᠥᠯ ᠵᠦᠢᠯ ᠢ ᠬᠡᠷᠡᠭᠵᠢᠭᠦᠯᠵᠦ᠂ ᠥᠪᠡᠷᠲᠡᠭᠡᠨ ᠪᠡᠯᠡᠳᠬᠡᠭᠰᠡᠨ 11 ᠤᠰᠤᠨ | ᠰᠤᠷᠪᠤᠯᠵᠢ ᠶᠢᠨ ᠬᠤᠳᠳᠤᠭ ᠢ ᠪᠢᠲᠡᠭᠦᠮᠵᠢᠯᠡᠵᠦ᠂ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ 2 ᠠᠮᠠᠰᠠᠷ ᠨᠢ | ᠴᠥᠮ ᠤᠰᠤᠨ ᠤ ᠴᠢᠨᠠᠷ ᠪᠠᠷᠢᠮᠵᠢᠶ᠎ᠠ ᠠᠴᠠ ᠬᠡᠲᠦᠷᠡᠭᠰᠡᠨ ᠥᠬᠡᠶ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠠᠭᠤᠷᠬᠠᠢ ᠶᠢᠨ ᠦᠢᠯᠡᠰ ᠤᠨ ᠠᠵᠤ ᠠᠬᠤᠶᠢᠯᠠᠯ ᠪᠦᠬᠦᠨ ᠢᠶᠠᠷ ᠢᠶᠠᠨ ᠣᠬᠤᠷᠢᠨ ᠭᠠᠷᠴᠤ᠂ ᠪᠣᠬᠢᠷᠲᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 4 ᠪᠣᠬᠢᠷᠲᠤᠯ ᠦᠭᠡᠢ ᠠᠭᠤᠷᠬᠠᠢ ᠶᠢᠨ | ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠪᠦᠬᠦ ᠬᠤᠲᠠ ᠳᠤ ᠥᠪᠡᠷᠲᠡᠭᠡᠨ ᠵᠠᠰᠠᠬᠤ ᠣᠷᠣᠨ ᠤ ᠲᠡᠰ ᠤᠨ 7 | ᠪᠣᠬᠢᠷᠲᠤᠯ ᠦᠭᠡᠢ ᠠᠭᠤᠷᠬᠠᠢ ᠶᠢ ᠤᠷᠢᠳᠠᠪᠠᠷ ᠡᠭᠦᠳᠦᠨ ᠪᠠᠢᠭᠤᠯᠪᠠ᠃ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ 5051 ᠮᠦ ᠰᠢᠨ᠎ᠡ ᠪᠠᠷ ᠣᠶᠢᠵᠢᠭᠤᠯᠬᠤ | ᠣᠢ ᠨᠡᠮᠡᠭᠳᠡᠭᠦᠯᠬᠦ ᠶᠢ ᠪᠡᠶᠡᠯᠡᠭᠦᠯᠵᠦ᠂ 6300 ᠮᠦ ᠨᠦᠬᠦᠨ ᠣᠶᠢᠵᠢᠭᠤᠯᠵᠤ᠂ ᠪᠠᠶᠢᠭᠤᠯᠤᠭᠰᠠᠨ ᠲᠣᠭᠤᠷᠢᠭ ᠤᠨ | ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 42.4% ᠳᠤ ᠬᠦᠷᠴᠦ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠪᠣᠭᠤᠮᠲᠠ ᠰᠢᠪᠲᠤᠯᠬᠤ ᠣᠷᠣᠨ ᠤ ᠪᠦᠲᠦᠭᠡᠨ ᠪᠠᠶᠢᠭᠤᠯᠤᠯᠲᠠ ᠶᠢ ᠡᠮᠬᠢ | ᠵᠢᠷᠤᠮ ᠲᠠᠢ ᠲᠦᠯᠬᠢᠨ ᠠᠬᠢᠭᠤᠯᠪᠠ᠃ | ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ | ᠰᠠᠶᠢᠲᠤᠷ ᠬᠢᠪᠡ᠃ ︽ᠭᠤᠷᠪᠠ ᠶᠢ ᠨᠠᠶᠢᠳᠠᠪᠤᠷᠢᠵᠢᠭᠤᠯᠬᠤ︾ ᠶᠢ ᠴᠢᠩᠭ᠎ᠠ ᠠᠩᠬᠠᠷᠴᠤ᠂ ︽ᠭᠤᠷᠪᠠᠨ ᠨᠠᠷᠢᠯᠢᠭ | ᠣᠨᠤᠴᠢᠲᠠᠢ︾ ᠶᠢ ᠴᠢᠩᠭ᠎ᠠ ᠠᠳᠬᠤᠨ᠂ ︽ᠭᠤᠷᠪᠠ ᠶᠢ ᠪᠠᠲᠤᠯᠠᠬᠤ︾ ᠶᠢ ᠴᠢᠩᠭᠠᠳᠬᠠᠵᠤ᠂ ᠳᠠᠩᠰᠠᠯᠠᠵᠦ ᠺᠠᠷᠲᠯᠠᠬᠰᠠᠨ | ᠶᠠᠳᠠᠭᠤ ᠬᠦᠴᠢᠷᠳᠡᠯᠲᠡᠶ ᠡᠷᠦᠬᠡ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠦᠭᠰᠡᠨ ᠰᠠᠭᠤᠷᠢᠨ | ᠳᠡᠭᠡᠷ᠎ᠡ᠂ ᠦᠷ᠎ᠡ ᠪᠦᠲᠦᠭᠡᠯ ᠢ ᠪᠠᠬᠢᠵᠢᠭᠦᠯᠬᠦ ᠪᠠ ᠣᠷᠳᠣ ᠬᠤᠭᠤᠴᠠᠭᠠᠨ ᠤ ᠦᠷ᠎ᠡ ᠪᠦᠲᠦᠮᠵᠢ ᠶᠢ ᠠᠳᠬᠤᠬᠤ ᠳᠡᠭᠡᠷ᠎ᠡ | ᠬᠦᠴᠦ ᠲᠠᠯᠪᠢᠵᠤ᠂ ᠳᠠᠩᠰᠠᠯᠠᠵᠦ ᠺᠠᠷᠲᠯᠠᠬᠰᠠᠨ ᠡᠷᠦᠬᠡ ᠶᠢᠨ ᠥᠪᠡᠷ ᠢ ᠪᠠᠨ ᠬᠥᠭᠵᠢᠭᠦᠯᠬᠦ ᠢᠳᠡᠪᠬᠢᠵᠢᠯ ᠢ ᠭᠦᠢᠴᠡᠳ | ᠬᠥᠭᠵᠢᠭᠡᠵᠦ᠂ ᠠᠵᠤ ᠦᠢᠯᠡᠰ ᠤᠨ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠢ 500 ᠬᠥᠮᠦᠨ ᠤᠳᠠᠭ᠎ᠠ | ᠥᠷᠨᠢᠭᠦᠯᠵᠦ᠂ 112 ᠠᠵᠤ ᠦᠢᠯᠡᠰ ᠢ ᠬᠥᠲᠥᠯᠦᠨ ᠵᠢᠯᠣᠭᠤᠳᠴᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ | ᠪᠠᠯᠠ ᠮᠥᠩᠭᠦ ᠶᠢ ᠨᠡᠶᠢᠲᠡ 45.32 ᠲᠦᠮᠡᠨ ᠲᠥᠭᠦᠷᠢᠭ ᠲᠠᠷᠬᠠᠭᠠᠵᠤ᠂ 101.37 ᠲᠦᠮᠡᠨ ᠲᠥᠭᠦᠷᠢᠭ ᠤᠨ | ᠣᠷᠣᠯᠭ᠎ᠠ ᠶᠢ ᠨᠡᠮᠡᠭᠳᠡᠭᠦᠯᠦᠨ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠢᠵᠢ ᠪᠥᠷᠢᠳᠦᠭᠦᠯᠬᠦ ᠪᠠᠯᠠ ᠮᠥᠩᠭᠦ ᠶᠢ | 737 ᠲᠦᠮᠡᠨ ᠲᠥᠭᠦᠷᠢᠭ ᠨᠠᠶᠢᠳᠠᠪᠤᠷᠢᠵᠢᠭᠤᠯᠪᠠ᠃ ᠵᠠᠬ᠎ᠠ ᠬᠢᠵᠠᠭᠠᠷ ᠤᠨ ᠡᠷᠦᠬᠡ ᠶᠢᠨ ᠪᠠᠲᠤᠯᠠᠭ᠎ᠠ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠪᠥᠬᠦ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠡᠷᠦᠬᠡ ᠳᠤ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠬᠤᠳᠠᠯᠳᠤᠨ ᠠᠪᠴᠤ᠂ ᠳᠠᠬᠢᠨ ᠶᠠᠳᠠᠭᠤᠷᠠᠬᠤ ᠰᠡᠷᠭᠡᠶᠢᠯᠡᠯᠲᠡ ᠶᠢᠨ | ᠱᠤᠭᠤᠮ ᠢ ᠪᠠᠲᠤ ᠪᠠᠬᠢ ᠪᠠᠶᠢᠭᠤᠯᠤᠨ᠎ᠠ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠰᠠᠭᠤᠷᠢ ᠶᠢ | ᠤᠯᠠᠮ ᠨᠢᠭᠡ ᠠᠯᠬᠤᠮ ᠪᠠᠬᠢᠵᠢᠭᠦᠯᠵᠦ᠂ ︽ᠳᠥᠷᠪᠡᠨ ᠲᠥᠷᠥᠯ ᠤᠨ ᠭᠤᠤᠯᠳᠠᠯᠭ᠎ᠠ ᠲᠠᠢ ᠡᠲᠡᠭᠡᠳ︾ ᠤᠨ 63 | ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠵᠦ᠂ ᠤᠤᠭᠤᠬᠤ ᠤᠰᠤᠨ ᠤ ᠠᠮᠤᠷ | ᠲᠦᠪᠰᠢᠨ ᠤ ᠪᠠᠷᠢᠮᠵᠢᠶ᠎ᠠ ᠶᠢ ᠳᠡᠭᠡᠭᠰᠢᠯᠡᠭᠦᠯᠬᠦ ᠦᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ 34 ᠠᠶᠢᠯ | ᠲᠣᠰᠬᠤᠨ ᠤ ᠺᠠᠷᠲ ᠠᠪᠬᠤ ᠮᠠᠶ᠋ᠢᠭ ᠤᠨ ᠤᠤᠭᠤᠬᠤ ᠣᠰᠣᠨ ᠤ ᠮᠠᠰᠢᠨ ᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ | ᠳᠡᠭᠡᠳᠦ ᠱᠠᠲᠤᠨ ᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠲᠡᠶ ᠲᠥᠯᠥᠪᠯᠡᠨ | ᠰᠠᠶᠢᠲᠤᠷ ᠠᠳᠬᠤᠵᠤ᠂ 30 ᠲᠠᠯ᠎ᠠ ᠶᠢᠨ 100 ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ | ᠨᠢᠭᠡ ᠵᠢᠯ ᠤᠨ ᠲᠤᠷᠰᠢ᠂ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠣᠷᠴᠢᠨ | ᠲᠣᠭᠤᠷᠢᠨ ᠢᠶᠠᠨ ᠰᠠᠶᠢᠵᠢᠷᠠᠭᠤᠯᠵᠦ᠂ ᠬᠥᠭᠵᠢᠯᠲᠡ ᠶᠢᠨ ᠰᠠᠭᠤᠷᠢ ᠨᠠᠩ ᠪᠠᠲᠤ ᠪᠠᠬᠢ ᠪᠣᠯᠪᠠ᠃ | ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠪᠠ᠃ | ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠥᠬᠦ ᠲᠠᠯ᠎ᠠ ᠪᠠᠷ ᠡᠮᠬᠢᠯᠡᠨ ᠳᠣᠭᠢᠷᠠᠭᠤᠯᠵᠤ᠂ 463 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ᠂ 493 ᠬᠢᠨᠠᠨ ᠬᠠᠮᠢᠶᠠᠷᠬᠤ ᠵᠦᠢᠯᠡᠰ ᠢ ᠨᠡᠶᠢᠲᠡᠯᠡᠪᠡ᠃ ᠬᠢᠨᠠᠨ ᠵᠥᠪᠰᠢᠶᠡᠷᠡᠬᠦ | ᠵᠦᠢᠯᠡᠰ ᠤᠨ ᠨᠥᠬᠦᠴᠡᠯ ᠢ ᠵᠢᠷᠤᠮᠵᠢᠭᠤᠯᠵᠤ᠂ ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠳᠦᠷᠢᠮ᠂ ᠴᠠᠭ ᠬᠢᠵᠠᠭᠠᠷᠯᠠᠨ | ᠭᠦᠢᠴᠡᠳᠭᠡᠵᠦ ᠳᠠᠭᠤᠰᠬᠠᠬᠤ ᠳᠦᠷᠢᠮ ᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠶᠢᠭᠤᠯᠬᠤ | ᠳᠠᠩᠰᠠᠯᠠᠯ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠵᠡᠷᠭᠡ ᠨᠢᠭᠡ | ᠪᠦᠯᠦᠭ ᠵᠦᠢᠯᠡᠰ ᠢ ᠭᠦᠢᠴᠡᠳᠭᠡᠬᠦ ᠴᠠᠭ ᠤᠨ ᠬᠢᠵᠠᠭᠠᠷ ᠢ ᠪᠦᠬᠦ ᠲᠠᠯ᠎ᠠ ᠪᠠᠷ ᠪᠠᠭᠠᠰᠬᠠᠪᠠ᠃ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠤ | ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠯᠡ ᠡᠭᠦᠳᠡ ᠪᠠᠷ ᠣᠷᠣᠬᠤ︾ ᠶᠢ ᠠᠩᠬ᠎ᠠ ᠠᠯᠬᠤᠮ ᠪᠡᠶᠡᠯᠡᠭᠦᠯᠵᠦ᠂ | ᠪᠦᠬᠦ ᠵᠢᠯ ᠳᠤ ᠠᠵᠤ ᠠᠬᠤᠶᠢᠯᠠᠯ ᠤᠨ ᠣᠯᠠᠨ ᠲᠦᠮᠡᠨ ᠳᠤ 23 ᠲᠦᠮᠡᠨ ᠵᠦᠢᠯ ᠢ ᠭᠦᠢᠴᠡᠳᠭᠡᠵᠦ᠂ ᠰᠢᠢᠳᠪᠦᠷᠢᠯᠡᠵᠦ | ᠳᠠᠭᠤᠰᠬᠠᠭᠰᠠᠨ ᠨᠣᠷᠮ᠎ᠠ ᠨᠢ 100%᠃ ᠨᠡᠩ ᠶᠡᠭᠡ ᠬᠡᠪᠴᠢᠶ᠎ᠡ ᠪᠠᠷ ᠰᠦᠢᠳᠭᠡᠯ ᠬᠠᠰᠤᠵᠤ ᠭᠠᠶᠢᠯᠢ ᠪᠠᠭᠤᠷᠠᠭᠤᠯᠬᠤ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠡᠯ᠎ᠡ ᠲᠦᠷᠦᠯ ᠤᠨ ᠭᠠᠶᠢᠯᠢ ᠰᠦᠢᠳᠭᠡᠯ ᠢ 2.89 ᠳ᠋ᠦᠩᠰᠢᠭᠤᠷ | ᠲᠥᠭᠦᠷᠢᠭ ᠬᠠᠰᠤᠵᠤ ᠬᠡᠯᠲᠦᠷᠢᠭᠦᠯᠪᠡ᠃ ᠪᠥᠬᠦ ᠵᠢᠯ ᠳᠤ 409 ᠠᠵᠤ ᠠᠬᠤᠶᠢᠯᠠᠯ ᠢ ᠰᠢᠨ᠎ᠡ ᠪᠠᠷ ᠪᠠᠶᠢᠭᠤᠯᠵᠤ᠂ | ᠠᠳᠠᠯᠢ ᠬᠤᠭᠤᠴᠠᠭᠠᠨ ᠤ ᠬᠢ ᠠᠴᠠ 34.9 % ᠨᠡᠮᠡᠭᠳᠡᠪᠡ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ ᠠᠵᠤ | ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ | ᠦᠢᠯᠡᠳᠪᠦᠷᠢᠯᠡᠬᠦ ᠵᠢᠭᠠᠬᠤ ᠰᠤᠳᠤᠯᠬᠤ ᠶᠢ ᠭᠦᠨᠵᠡᠭᠡᠶ ᠠᠭᠤᠰᠤᠯᠴᠠᠭᠤᠯᠤᠭᠰᠠᠨ ᠰᠢᠨ᠎ᠡ ᠶᠢ ᠡᠭᠦᠳᠬᠦ ᠰᠢᠰᠲ᠋ᠧᠮᠵᠢ ᠶᠢ | ᠬᠦᠴᠦᠯᠡᠨ ᠪᠠᠶᠢᠭᠤᠯᠵᠤ᠂ ᠦᠬᠠᠶ ᠶᠢᠨ ᠬᠢᠮᠢ ᠶᠢᠨ ᠠᠵᠤ ᠦᠢᠯᠡᠳᠪᠦᠷᠢ᠂ ᠲᠠᠢ ᠡᠾᠧ ᠪᠦᠯᠦᠭᠯᠡᠯ᠂ ᠬᠠᠶ ᠱᠧᠩ ᠬᠤᠸᠠ | ᠪᠠᠩ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠲᠣᠰ ᠲᠣᠰ ᠴᠢᠩᠬᠤᠸᠠ ᠶᠢᠨ ᠴᠥᠮ᠎ᠡ ᠶᠢᠨ ᠡᠨᠧᠷᠭᠢ ᠬᠢᠭᠡᠳ | ᠰᠢᠨ᠎ᠡ ᠡᠨᠧᠷᠬᠢ ᠶᠢᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠨᠠᠨᠵᠢᠩ ᠤᠨ ᠰᠢᠯ ᠰᠢᠷᠭᠡᠭ ᠤᠨ ᠰᠣᠳᠣᠯᠭᠠᠨ ᠤ | ᠬᠦᠷᠢᠶᠡᠯᠡᠩ᠂ ᠨᠠᠨᠵᠢᠩ ᠶᠡᠭᠡ ᠰᠤᠷᠭᠠᠭᠤᠯᠢ ᠶᠢᠨ ᠣᠷᠴᠢᠨ ᠲᠣᠭᠤᠷᠢᠨ ᠤ ᠳᠡᠭᠡᠳᠦ ᠰᠤᠷᠭᠠᠭᠤᠯᠢ ᠯᠤᠭ᠎ᠠ ᠮᠡᠷᠭᠡᠵᠢᠯ ᠤᠨ | ᠦᠢᠯᠡᠴᠢᠯᠡᠭᠡᠨ ᠤ ᠬᠠᠷᠢᠴᠠᠭ᠎ᠠ ᠪᠠᠶᠢᠭᠤᠯᠪᠠ᠃ ᠺᠧ ᠱᠥᠸᠧ ᠺᠧ ᠵᠧᠩ ᠵᠢᠩᠬᠢᠨᠢ ᠰᠤᠳᠤᠯᠭᠠᠨ ᠤ ᠬᠦᠷᠢᠶᠡᠯᠡᠩ᠂ ᠱᠢ | ᠯᠢᠶᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠪᠦᠬᠦ ᠲᠠᠯ᠎ᠠ ᠪᠠᠷ ᠪᠠᠶᠢᠭᠤᠯᠤᠭᠳᠠᠪᠠ᠃ ᠪᠦᠬᠦ ᠲᠤᠭᠤᠷᠢᠭ ᠤᠨ | ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 7 ᠳᠤ ᠬᠦᠷᠴᠦ᠂ ᠦᠪᠡᠷᠲᠡᠭᠡᠨ ᠵᠠᠰᠠᠬᠤ | ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 8 ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ | ᠣᠨᠴᠠᠯᠢᠭᠲᠤ ᠠᠵᠤ ᠦᠢᠯᠡᠰᠵᠢᠯᠲᠡ ᠶᠢᠨ ᠰᠠᠭᠤᠷᠢᠨ ᠭᠠᠵᠠᠷ 2 ᠳᠤ ᠬᠦᠷᠪᠡ᠃ ᠨᠡᠶᠢᠲᠡᠯᠢᠭ ᠴᠢᠨᠠᠷᠲᠠᠶ | ᠵᠠᠩᠭᠢᠯᠠᠭ᠎ᠠ ᠶᠢᠨ ᠮᠡᠷᠭᠡᠵᠢᠯ ᠪᠠ ᠭᠤᠤᠯᠳᠠᠯᠭ᠎ᠠ ᠲᠠᠢ ᠠᠵᠤ ᠦᠢᠯᠡᠰ ᠤᠨ ᠭᠤᠤᠯᠯᠠᠬᠤ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠬᠦᠴᠦᠯᠡᠨ ᠥᠷᠨᠢᠭᠦᠯᠵᠦ᠂ ︽PVC ᠵᠢᠭᠤᠲᠠᠩᠭᠤᠶ ᠡᠬᠡ ᠰᠢᠩᠭᠡᠨ ᠢ ᠬᠤᠷᠢᠶᠠᠨ ᠠᠪᠴᠤ | ᠰᠢᠢᠳᠪᠦᠷᠢᠯᠡᠬᠦ ᠶᠢ ᠬᠡᠷᠡᠭᠯᠡᠬᠦ︾᠂ ︽ᠾᠯᠣᠷᠲᠤ ᠱᠦᠯᠲᠦ ᠶᠢᠨ ᠦᠢᠯᠡᠳᠪᠦᠷᠢᠯᠡᠯ ᠤᠨ ᠠᠭᠤᠷᠰᠢᠭᠤᠯᠬᠤ ᠠᠵᠢᠯ ᠤᠨ | ᠳᠠᠷᠠᠭᠠᠯᠠᠯ ᠢ ᠴᠠᠷᠴᠠᠭᠠᠬᠤ ᠰᠢᠩᠭᠡᠨ ᠢ ᠪᠤᠴᠠᠭᠠᠨ ᠬᠡᠷᠡᠭᠯᠡᠬᠦ︾ ᠵᠡᠷᠭᠡ 4 ᠵᠦᠢᠯ ᠤᠨ ᠮᠡᠷᠭᠡᠵᠢᠯ ᠢ ᠦᠬᠠᠶ ᠬᠤᠲᠠ ᠶᠢᠨ | ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠮᠡᠷᠭᠡᠵᠢᠯ ᠤᠨ ᠦᠷ᠎ᠡ ᠪᠦᠲᠦᠭᠡᠯ ᠤᠨ ᠭᠠᠷᠴᠠᠭ ᠲᠤ ᠵᠢᠭᠰᠠᠭᠠᠨ | ᠣᠷᠣᠭᠤᠯᠪᠠ᠃ | ᠬᠦᠷᠢᠶᠡᠯᠡᠩ ᠤᠨ ᠳᠠᠭᠠᠭᠠᠴᠠ ᠦᠷᠭᠦᠯᠵᠢᠯᠡᠨ ᠴᠢᠩᠭᠠᠷᠠᠪᠠ᠃ ᠰᠢᠨ᠎ᠡ ᠶᠢ ᠡᠭᠦᠳᠬᠦ ᠬᠥᠭᠵᠢᠯᠲᠡ ᠶᠢᠨ | ᠣᠶᠢᠯᠠᠭᠠᠭᠳᠠᠬᠤᠨ ᠢᠶᠠᠷ ᠡᠵᠡᠩᠨᠡᠯᠲᠡ ᠶᠢᠨ ᠬᠦᠷᠢᠶᠡᠯᠡᠩ ᠢ ᠶᠡᠷᠦᠩᠬᠡᠶᠢᠯᠡᠨ ᠵᠢᠯᠣᠭᠤᠳᠬᠤ ᠶᠢ ᠴᠢᠩᠭᠠᠳᠬᠠᠵᠤ᠂ | ᠬᠦᠷᠢᠶᠡᠯᠡᠩ ᠤᠨ ᠠᠵᠤ ᠦᠢᠯᠡᠰ ᠤᠨ ᠪᠠᠶᠢᠷᠢᠰᠢᠭᠤᠯᠤᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ︽ | ᠦᠬᠠᠶ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠶᠢᠨᠠᠨ ᠤ ᠠᠵᠤ ᠦᠢᠯᠡᠳᠪᠦᠷᠢ ᠶᠢᠨ | ᠬᠦᠷᠢᠶᠡᠯᠡᠩ ᠤᠨ ᠶᠡᠷᠦᠩᠬᠡᠶ ᠲᠥᠯᠥᠪᠵᠢᠭᠦᠯᠪᠡ︾ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠦᠨ᠎ᠡ᠃ ︽ | ᠰᠢᠩᠭᠡᠯᠢᠭ ᠢᠶᠠᠨ ᠰᠤᠯᠠᠯᠠᠵᠤ ᠰᠢᠪᠠᠭᠤ ᠪᠠᠨ ᠰᠣᠯᠢᠬᠤ︾ ᠶᠢ ᠲᠦᠷᠭᠡᠳᠬᠡᠨ ᠬᠡᠷᠡᠭᠵᠢᠭᠦᠯᠵᠦ᠂ 3200 ᠲᠦᠮᠡᠨ | ᠲᠦᠭᠦᠷᠢᠭ ᠤᠨ ᠪᠡᠯᠡ ᠣᠷᠣᠭᠤᠯᠵᠤ᠂ 17 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠰᠢᠷᠣᠢ ᠬᠤᠷᠢᠶᠠᠨ | ᠬᠠᠳᠠᠭᠠᠯᠠᠪᠠ᠃ ᠠᠵᠢᠯ ᠤᠨ ᠰᠡᠳᠬᠢᠮᠵᠢ ᠪᠠᠨ ᠰᠢᠨᠡᠴᠢᠯᠡᠵᠦ᠂ ᠠᠵᠤ ᠦᠢᠯᠡᠰ ᠢ ᠰᠢᠯᠢᠳᠡᠭᠵᠢᠭᠦᠯᠦᠨ ᠡᠮᠬᠢᠯᠡᠨ | ᠨᠡᠶᠢᠯᠡᠭᠦᠯᠬᠦ ᠶᠢ ᠠᠬᠢᠭᠤᠯᠵᠦ᠂ ᠡᠾᠸᠢ ᠮᠤᠤ ᠰᠠᠨ ᠰᠢᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠳᠠᠮᠫᠤᠷᠠᠯ ᠢ | ᠳᠠᠬᠢᠨ ᠴᠡᠭᠴᠡᠯᠡᠬᠦ ᠶᠢᠨ ᠠᠮᠵᠢᠯᠲᠠ ᠣᠯᠬᠤ ᠶᠢ ᠠᠬᠢᠭᠤᠯᠤᠨ᠎ᠠ᠃ ᠨᠡᠶᠢᠭᠡᠮ ᠤᠨ ᠬᠥᠷᠥᠩᠭᠡ ᠶᠢ ᠢᠳᠡᠪᠬᠢᠲᠡᠶ | ᠣᠷᠣᠭᠤᠯᠤᠨ ᠬᠦᠷᠢᠶᠡᠯᠡᠩ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠰᠢᠨ | ᠣᠣ ᠪᠦᠯᠦᠭᠯᠡᠯ ᠤᠨ ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠲᠥᠷᠥᠯ ᠵᠦᠢᠯ ᠢ ᠪᠠᠷᠢᠯᠭ᠎ᠠ | ᠳᠠᠭᠤᠰᠬᠠᠨ ᠠᠵᠢᠯᠯᠠᠭᠤᠯᠵᠤ᠂ ᠰᠢᠨ᠎ᠡ ᠪᠠᠷ ᠪᠠᠶᠢᠭᠤᠯᠬᠤ ᠰᠠᠢ ᠮᠠ ᠺᠣᠮᠫᠠᠨᠢ ᠶᠢᠨ ᠱᠦᠢᠨᠢ ᠶᠢᠨ ᠠᠭᠤᠷᠬᠠᠶ ᠶᠢ | ᠬᠠᠮᠲᠤᠷᠠᠨ ᠰᠢᠢᠳᠪᠦᠷᠢᠯᠡᠬᠦ ᠠᠶᠤᠯ ᠲᠠᠢ ᠬᠠᠶᠠᠭᠳᠠᠮᠠᠯ ᠲᠥᠷᠥᠯ ᠵᠦᠢᠯ ᠢ ᠢᠵᠢ ᠪᠦᠷᠢᠳᠦᠭᠦᠯᠬᠦ ᠬᠡᠷᠡᠭᠲᠡᠶ᠃ ᠵᠢᠶᠠ ᠰᠢᠨ | ᠶᠡᠭᠡ ᠵᠠᠮ ᠢ ᠥᠭᠡᠷᠡᠴᠢᠯᠡᠬᠦ᠂ ᠨᠡᠭᠦᠷᠡᠰᠦ ᠵᠦᠭᠡᠭᠡᠪᠦᠷᠢᠯᠡᠬᠦ ᠢ ᠵᠠᠮ ᠢ ᠥᠭᠡᠷᠡᠴᠢᠯᠡᠬᠦ᠂ ᠶᠡᠷᠦᠩᠬᠡᠶᠢᠯᠡᠭᠰᠡᠨ ᠬᠤᠭᠤᠯᠠᠢ ᠶᠢᠨ | ᠬᠤᠩᠭᠢᠯ ᠤᠨ ᠬᠤᠶᠠᠳᠤᠭᠠᠷ ᠬᠤᠭᠤᠴᠠᠭ᠎ᠠ ᠵᠡᠷᠭᠡ ᠨᠢᠭᠡ ᠪᠦᠯᠦᠭ ᠴᠢᠩᠭ᠎ᠠ ᠰᠠᠭᠤᠷᠢᠲᠤ ᠲᠦᠷᠦᠯ ᠵᠦᠢᠯ ᠢ ᠡᠬᠢᠯᠡᠨ | ᠬᠡᠷᠡᠭᠵᠢᠭᠦᠯᠵᠦ᠂ ᠱᠧᠩ ᠲᠠᠢ ᠳᠠᠬᠢᠯᠲᠠ ᠤᠰᠤ᠂ ᠨᠡᠮᠡᠭᠳᠡᠯ ᠴᠠᠬᠢᠯᠭᠠᠨ ᠲᠦᠭᠡᠭᠡᠬᠦ ᠲᠤᠷᠰᠢᠯᠲᠠ ᠶᠢᠨ ᠴᠡᠭ ᠵᠡᠷᠭᠡ ᠨᠢᠭᠡ | ᠪᠦᠯᠦᠭ ᠳᠤᠲᠠᠭᠤᠳᠠᠯ ᠢ ᠨᠥᠬᠦᠪᠥᠷᠢᠯᠡᠬᠦ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠪᠠ᠃ ᠬᠦᠷᠢᠶᠡᠯᠡᠩ ᠤᠨ ᠤᠰᠤ | ᠴᠠᠬᠢᠯᠭᠠᠨ ᠬᠡᠢ ᠶᠢᠨ ᠵᠠᠮ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ | ᠲᠡᠭᠦᠯᠳᠡᠷᠵᠢᠵᠦ᠂ ᠠᠵᠤ ᠦᠢᠯᠡᠰ ᠤᠨ ᠬᠦᠯᠢᠶᠡᠨ ᠠᠪᠬᠤ ᠴᠢᠳᠠᠪᠤᠷᠢ ᠲᠠᠰᠤᠷᠠᠯᠲᠠ ᠦᠭᠡᠢ ᠴᠢᠩᠭᠠᠷᠠᠵᠦ᠂ ᠪᠡᠯᠡ | ᠣᠷᠣᠭᠤᠯᠤᠯᠲᠠ ᠠᠷᠠᠯᠵᠢᠶ᠎ᠠ ᠶᠢᠨ ᠲᠡᠷᠢᠭᠦᠨ ᠤ ᠰᠣᠩᠭᠤᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠴᠢᠨᠠᠷ ᠰᠠᠶᠢᠲᠠᠶ ᠲᠦᠯᠬᠢᠨ ᠠᠬᠢᠭᠤᠯᠪᠠ᠃ | ᠨᠢᠭᠡ ᠵᠢᠯ ᠤᠨ ᠲᠤᠷᠰᠢ᠂ ᠪᠢᠳᠡ ᠭᠤᠤᠯᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠦᠨ ᠰᠢᠪᠲᠤᠯᠬᠤ ᠪᠠᠷ | ᠴᠢᠷᠮᠠᠶᠢᠵᠦ᠂ ᠬᠤᠲᠠ ᠬᠥᠳᠡᠭᠡ ᠶᠢᠨ ᠠᠭᠤᠰᠤᠯᠴᠠᠯ ᠢᠯᠡᠳᠲᠡ ᠦᠷ᠎ᠡ ᠪᠦᠲᠦᠮᠵᠢ ᠤᠯᠪᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠪᠡ᠃ | ︽ᠬᠠᠶᠢᠨᠠᠨ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠬᠡᠷᠡᠭᠵᠢᠭᠦᠯᠬᠦ ᠲᠥᠰᠦᠯ︾᠂ ︽ᠬᠠᠶᠢᠨᠠᠨ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠣᠬᠤ ᠪᠣᠳᠣᠯᠭ᠎ᠠ ᠶᠢᠨ ᠬᠠᠮᠢᠶ᠎ᠠ ᠪᠥᠬᠦᠶ ᠲᠥᠬᠦᠷ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ | ᠳᠠᠭᠤᠰᠬᠠᠭᠠᠳ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ︽ᠳᠥᠷᠪᠡᠨ | ᠨᠢᠷᠤᠭᠤ ᠨᠠᠢᠮᠠᠨ ᠲᠤᠯᠭᠠᠭᠤᠷᠢ︾ ᠶᠢ ᠪᠣᠶ ᠪᠤᠯᠭᠠᠪᠠ᠃ ᠠᠵᠤ ᠦᠢᠯᠡᠰ ᠤᠨ ᠬᠥᠭᠵᠢᠯᠲᠡ ᠪᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠭᠠᠷᠳᠠᠴᠠ | ᠪᠣᠯᠭᠠᠬᠤ ᠶᠢ ᠪᠠᠷᠢᠮᠲᠠᠯᠠᠵᠤ᠂ ᠪᠦᠦ ᠶᠤᠸᠠᠨ 30 ᠲᠦᠮᠡᠨ ᠥᠨᠳᠡᠭᠡᠨ ᠲᠠᠬᠢᠶ᠎ᠠ᠂ ᠬᠤᠸᠠ ᠱᠧᠩ ᠨᠣᠭᠤᠭᠠᠨ ᠡᠨᠧᠷᠭᠢᠲᠦ | ᠢᠳᠡᠰᠢᠨ ᠪᠠᠺᠲ᠋ᠧᠷᠢ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠵᠤ᠂ ᠭᠧ | ᠷᠦᠢ ᠦᠵᠦᠮ ᠤᠨ ᠦᠵᠦᠮ ᠭᠦᠨᠵᠡᠭᠡᠶ ᠡᠳ᠋ᠰᠢᠭᠦᠯᠬᠦ᠂ ᠬᠤᠵᠢᠷᠯᠢᠭ ᠣᠰᠣᠨ ᠤ ᠰᠠᠮ ᠬᠤᠷᠣᠬᠠᠶ ᠶᠢ ᠲᠡᠵᠢᠭᠡᠨ | ᠦᠷᠡᠵᠢᠭᠦᠯᠬᠦ ᠲᠥᠷᠥᠯ ᠵᠦᠢᠯ ᠢ ᠱᠠᠯᠠᠪᠳᠠᠨ ᠪᠠᠶᠢᠭᠤᠯᠵᠤ᠂ ᠲᠠᠷᠢᠶᠠᠯᠠᠩ ᠤᠨ ᠣᠳᠣᠬᠢᠴᠢᠯᠠᠭᠰᠠᠨ ᠠᠵᠤ ᠦᠢᠯᠡᠰ ᠤᠨ | ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ᠃ ᠲᠠᠷᠢᠶᠠᠯᠠᠬᠤ ᠣᠷᠣᠨ ᠤ ᠪᠣᠬᠢᠷ ᠤᠰᠤ ᠶᠢ ᠴᠤᠬᠯᠠᠭᠤᠯᠬᠤ᠂ | ᠬᠤᠭ ᠨᠣᠪᠰᠢ ᠶᠢ ᠰᠢᠢᠳᠪᠦᠷᠢᠯᠡᠬᠦ᠂ ᠵᠣᠷᠯᠣᠩ ᠢ ᠦᠭᠡᠷᠡᠴᠢᠯᠡᠨ ᠵᠠᠰᠠᠬᠤ ᠭᠤᠷᠪᠠᠨ ᠵᠦᠢᠯ ᠤᠨ ᠢᠨᠵᠧᠨᠧᠷᠢᠩ ᠢ | ᠡᠬᠢᠯᠡᠭᠦᠯᠦᠨ ᠬᠡᠷᠡᠭᠵᠢᠭᠦᠯᠵᠦ᠂ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠬᠦᠴᠦᠯᠡᠨ | ᠰᠠᠶᠢᠵᠢᠷᠠᠭᠤᠯᠤᠨ᠎ᠠ᠃ 8 ᠲᠣᠰᠬᠤᠨ ᠤ ᠠᠷᠠᠳ ᠤᠨ ᠳᠤᠭᠤᠶᠢᠯᠠᠩ ᠪᠣᠬᠢᠷ ᠤᠰᠤ ᠶᠢ ᠬᠤᠷᠢᠶᠠᠨ ᠴᠤᠭᠯᠠᠭᠤᠯᠵᠤ | ᠰᠢᠢᠳᠪᠦᠷᠢᠯᠡᠬᠦ ᠶᠢ ᠪᠡᠶᠡᠯᠡᠭᠦᠯᠵᠦ᠂ 5 ᠰᠠᠭᠤᠷᠢ ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠶᠢᠨ | ᠪᠥᠲᠥᠭᠡᠨ ᠪᠠᠶᠢᠭᠤᠯᠤᠯᠲᠠ ᠳᠠᠭᠤᠰᠴᠦ᠂ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠰᠢᠨᠡᠳᠬᠡᠬᠦ | ᠠᠵᠢᠯ ᠨᠡᠶᠢᠲᠡ 1133 ᠡᠷᠦᠬᠡ ᠶᠢ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠲᠡᠵᠢᠭᠡᠨ ᠦᠷᠡᠵᠢᠭᠦᠯᠬᠦ ᠠᠵᠤ | ᠠᠬᠤᠶᠢᠯᠠᠯ ᠤᠨ ᠢᠯᠭᠠᠳᠠᠰᠤ ᠪᠤᠬᠢᠷᠲᠤᠯ ᠰᠢᠢᠳᠪᠦᠷᠢᠯᠡᠬᠦ ᠪᠡᠯᠡᠳᠬᠡᠮᠵᠢ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ | ᠪᠦᠬᠦᠨ ᠢ ᠪᠡᠶᠡᠯᠡᠭᠦᠯᠪᠡ᠃ ᠰᠠᠶᠢᠬᠠᠬᠤᠰᠤ ᠲᠣᠰᠬᠤᠨ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ | ᠵᠢᠱᠢᠶ᠎ᠡ ᠦᠵᠡᠭᠦᠯᠬᠦ ᠲᠣᠰᠬᠤᠨ ᠪᠠᠯᠭᠠᠰᠤᠨ ᠳᠤ ᠰᠣᠩᠭᠤᠭᠳᠠᠵᠤ᠂ ᠪᠠᠶᠠᠨᠲᠣᠬᠤᠢ ᠪᠠᠯᠭᠠᠰᠤ ᠥᠪᠡᠷᠲᠡᠭᠡᠨ ᠵᠠᠰᠠᠬᠤ | ᠣᠷᠣᠨ ᠤ ᠵᠢᠷᠭᠤᠳᠤᠭᠠᠷ ᠬᠤᠭᠤᠴᠠᠭᠠᠨ ᠤ ᠪᠣᠯᠪᠠᠰᠤᠨ ᠲᠣᠰᠬᠤᠨ ᠪᠠᠯᠭᠠᠰᠤ ᠪᠠᠷ ᠦᠨᠡᠯᠡᠭᠳᠡᠪᠡ᠃ | ᠬᠤᠲᠠ ᠶᠢᠨ ᠴᠢᠳᠠᠪᠬᠢ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠪᠡ᠃ ︽ᠬᠤᠤᠰ ᠬᠤᠲᠠ ᠶᠢ | ᠬᠤᠯᠪᠤᠭᠠᠯᠠᠨ ᠪᠠᠶᠢᠭᠤᠯᠬᠤ︾ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ | ᠥᠷᠨᠢᠭᠦᠯᠵᠦ᠂ 23 ᠬᠠᠶᠠᠭᠳᠠᠮᠠᠯ ᠡᠳ᠋ ᠬᠤᠳᠠᠯᠳᠤᠨ ᠠᠪᠬᠤ ᠥᠷᠲᠡᠭᠡ ᠶᠢ ᠴᠡᠪᠡᠷᠯᠡᠨ ᠨᠡᠭᠦᠯᠭᠡᠵᠦ᠂ 5500 ᠭᠠᠷᠤᠢ | ᠳᠤᠷ᠎ᠠ ᠪᠠᠷ ᠣᠪᠤᠭᠠᠯᠠᠬᠰᠠᠨ ᠭᠠᠵᠠᠷ ᠢ ᠴᠡᠪᠡᠷᠯᠡᠵᠦ᠂ ᠪᠢᠨ ᠾᠧ᠂ ᠬᠠᠳᠤᠨ ᠭᠤᠣᠯ ᠵᠡᠷᠭᠡ 3 ᠵᠠᠬ᠎ᠠ ᠳᠡᠯᠭᠡᠭᠦᠷ ᠢ | ᠥᠭᠡᠷᠡᠴᠢᠯᠡᠨ ᠳᠡᠰ ᠳᠡᠪᠰᠢᠭᠦᠯᠪᠡ᠃ ᠰᠠᠭᠤᠭᠠᠯᠢ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ | ᠯᠠᠪᠳᠠᠭᠤᠨ ᠪᠠᠲᠤᠲᠠᠢ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠭᠡᠨ ᠳᠡᠯᠭᠡᠷ ᠥᠷᠨᠢᠭᠦᠯᠵᠦ᠂ ᠠᠷᠠᠳ | ᠣᠯᠠᠨ ᠤ ᠪᠤᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ | ᠮᠡᠳᠡᠬᠦ ᠨᠣᠷᠮ᠎ᠠ᠂ ᠳᠡᠮᠵᠢᠬᠦ ᠨᠣᠷᠮ᠎ᠠ ᠪᠠ ᠬᠠᠨᠤᠮᠵᠢ ᠶᠢᠨ ᠨᠤᠷᠮ᠎ᠠ ᠲᠠᠰᠤᠷᠠᠯᠲᠠ ᠦᠭᠡᠢ ᠳᠡᠭᠡᠭᠰᠢᠯᠡᠵᠦ᠂ ᠬᠤᠲᠠ ᠶᠢᠨ | ᠳᠦᠷᠢ ᠲᠥᠷᠬᠦ᠂ ᠬᠤᠲᠠ ᠶᠢᠨ ᠠᠷᠠᠳ ᠤᠨ ᠬᠡᠪ ᠴᠢᠨᠠᠷ ᠤᠯᠠᠮ ᠨᠢᠭᠡ ᠠᠯᠬᠤᠮ ᠳᠡᠭᠡᠭᠰᠢᠯᠡᠪᠡ᠃ ᠵᠢᠩ ᠵᠢᠦ ᠵᠠᠮ᠂ ᠷᠦ | ᠢ ᠭᠠᠳᠠᠭᠠᠳᠤ ᠲᠣᠭᠤᠷᠢᠯ ᠵᠠᠮ᠂ ᠮᠥᠩᠭᠦᠨ ᠭᠦᠢᠯᠭᠡᠭᠡᠨ ᠤ ᠬᠤᠶᠢᠲᠤ ᠵᠠᠮ ᠢ ᠪᠠᠶᠢᠭᠤᠯᠵᠤ ᠲᠡᠷᠭᠡ ᠨᠡᠪᠲᠡᠷᠡᠵᠦ᠂ ︽ | ᠨᠢᠭᠡ ᠴᠠᠭᠠᠷᠢᠭ᠂ ᠨᠠᠢᠮᠠᠨ ᠬᠥᠨᠳᠡᠯᠡᠨ᠂ ᠨᠠᠢᠮᠠᠨ ᠭᠤᠯᠳᠤ︾ ᠵᠠᠮ ᠤᠨ ᠰᠦᠯᠵᠢᠶᠡᠨ ᠤ ᠰᠢᠰᠲ᠋ᠧᠮ ᠤᠯᠠᠮ ᠨᠢᠭᠡ ᠠᠯᠬᠤᠮ | ᠲᠡᠭᠦᠯᠳᠡᠷᠵᠢᠪᠡ᠃ ᠪᠠᠷᠠᠭᠤᠨ ᠣᠷᠠᠨᠳᠦ᠋ᠰᠢ ᠠᠰᠠᠷ ᠤᠨ ᠲᠣᠭᠤᠷᠢᠭ ᠤᠨ ᠤᠰᠤ ᠬᠠᠩᠭᠠᠬᠤ ᠬᠤᠭᠤᠯᠠᠢ ᠶᠢᠨ ᠲᠣᠣᠷ ᠢ 6. | 9 ᠺᠢᠯᠤᠮᠧᠲᠷ ᠰᠢᠨᠡᠳᠭᠡᠵᠦ᠂ ᠶᠢᠨ ᠰᠢᠤ ᠶᠤᠸᠠᠨ ᠵᠡᠷᠭᠡ 3 ᠬᠠᠭᠤᠴᠢᠨ ᠰᠠᠭᠤᠭᠠᠯᠢ ᠲᠣᠭᠤᠷᠢᠭ ᠤᠨ | ᠳᠤᠯᠠᠭᠠᠯᠠᠭ᠎ᠠ ᠶᠢᠨ ᠲᠠᠯᠠᠪᠠᠢ ᠶᠢ 11.3 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠪᠡ᠃ ᠳᠥᠭᠦᠮ | ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ᠂ ᠬᠡᠦᠷᠰᠢᠭᠦᠯᠬᠦ | ᠦᠢᠯᠡᠳᠪᠦᠷᠢ ᠶᠢᠨ ᠡᠷᠭᠢᠨ ᠲᠣᠭᠤᠷᠢᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠡᠷᠭᠡ | ᠢᠨᠵᠧᠨᠧᠷᠢᠩ ᠢ ᠤᠷᠤᠭᠰᠢᠲᠠᠶ ᠲᠦᠯᠬᠢᠨ ᠠᠬᠢᠭᠤᠯᠵᠤ᠂ ᠬᠠᠶᠢᠨᠠᠨ ᠲᠣᠭᠤᠷᠢᠭ ᠤᠨ ᠴᠡᠪᠡᠷ ᠤᠰᠤᠨ ᠤ ᠦᠢᠯᠡᠳᠪᠦᠷᠢ᠂ | ᠠᠮᠢ ᠠᠬᠤᠢ ᠶᠢᠨ ᠬᠦᠷᠢᠶᠡᠯᠡᠩ ᠢ ᠥᠭᠡᠷᠡᠴᠢᠯᠡᠬᠦ᠂ ᠴᠠᠭᠳᠠᠭᠠᠨ ᠤ ᠶᠠᠪᠤᠳᠠᠯ ᠤᠨ ᠠᠵᠢᠯ ᠤᠨ ᠥᠷᠲᠡᠭᠡ ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠵᠤ᠂ ᠬᠤᠲᠠ ᠶᠢᠨ ᠴᠢᠳᠠᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠳᠥᠭᠦᠮ ᠳᠥᠲᠡ ᠴᠢᠨᠠᠷ᠂ ᠣᠷᠣᠰᠢᠨ ᠰᠠᠭᠤᠬᠤ ᠳᠤ ᠲᠣᠬᠢᠷᠠᠮᠵᠢᠲᠠᠶ ᠴᠢᠨᠠᠷ᠂ ᠠᠮᠤᠷ ᠲᠦᠪᠰᠢᠨ | ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ᠃ | ᠨᠢᠭᠡ ᠵᠢᠯ ᠤᠨ ᠲᠤᠷᠰᠢ᠂ ᠪᠢᠳᠠ ᠠᠯᠬᠤᠴᠠ ᠪᠠᠨ ᠲᠦᠷᠭᠡᠳᠬᠡᠵᠦ ᠥᠭᠡᠷᠡᠴᠢᠯᠡᠯᠲᠡ ᠶᠢ ᠠᠬᠢᠭᠤᠯᠵᠤ᠂ | ᠬᠥᠭᠵᠢᠯᠲᠡ ᠶᠢᠨ ᠠᠮᠢᠵᠢᠷᠠᠯ ᠤᠨ ᠬᠦᠴᠦᠨ ᠢᠶᠠᠨ ᠭᠦᠢᠴᠡᠳ ᠪᠠᠳᠠᠷᠠᠭᠤᠯᠪᠠ᠃ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠪᠠ᠃ ᠪᠠᠶᠢᠭᠤᠯᠤᠮᠵᠢ ᠶᠢᠨ | ᠲᠣᠬᠢᠷᠠᠭᠤᠯᠤᠯᠲᠠ ᠶᠢᠨ ᠬᠢᠵᠠᠭᠠᠷ ᠲᠤᠭ᠎ᠠ ᠶᠢ ᠴᠢᠩᠭ᠎ᠠ ᠵᠢᠷᠤᠮᠯᠠᠨ᠂ ᠲᠤᠭᠤᠷᠢᠭ ᠤᠨ ᠵᠠᠰᠠᠭ ᠤᠨ ᠣᠷᠳᠣᠨ ᠤ | ᠪᠦᠷᠢᠯᠳᠦᠬᠦᠨ ᠰᠠᠯᠠᠭ᠎ᠠ ᠮᠥᠴᠢᠷ ᠢ ᠲᠤᠬᠢᠷᠠᠭᠤᠯᠤᠨ ᠰᠢᠯᠢᠳᠡᠭᠵᠢᠭᠦᠯᠵᠦ᠂ ᠠᠵᠢᠯ ᠦᠢᠯᠡᠰ ᠤᠨ ᠨᠢᠭᠡᠴᠡ ᠶᠢᠨ ᠵᠠᠰᠠᠭ | ᠵᠠᠬᠢᠷᠭᠠᠨ ᠤ ᠡᠭᠦᠷᠭᠡ ᠴᠢᠳᠠᠪᠤᠷᠢ ᠶᠢᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠠᠰᠠᠭ ᠤᠨ | ᠣᠷᠳᠣᠨ ᠤ ᠠᠵᠢᠯ ᠤᠨ ᠰᠠᠯᠠᠭ᠎ᠠ ᠮᠥᠴᠢᠷ ᠢ 24 ᠲᠣᠬᠢᠷᠠᠭᠤᠯᠵᠤ᠂ 7 ᠬᠠᠤᠯᠢ ᠬᠡᠷᠡᠭᠵᠢᠭᠦᠯᠬᠦ ᠡᠩᠨᠡᠭᠡ ᠶᠢ ᠳᠠᠬᠢᠨ | ᠡᠮᠬᠢᠯᠡᠨ ᠨᠡᠶᠢᠯᠡᠭᠦᠯᠵᠦ ᠦᠯᠡᠳᠡᠭᠡᠵᠦ᠂ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠪᠥᠭᠡᠳ | ᠵᠢᠷᠤᠮᠵᠢᠯ ᠲᠠᠢ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ᠂ ᠬᠠᠶᠢᠨᠠᠨ ᠲᠣᠭᠤᠷᠢᠭ ᠤᠨ ᠪᠤᠳᠠᠲᠤ ᠪᠠᠶᠢᠳᠠᠯ ᠳᠤ | ᠨᠡᠶᠢᠴᠡᠭᠰᠡᠨ ᠪᠠᠶᠢᠭᠤᠯᠤᠮᠵᠢ ᠶᠢᠨ ᠰᠢᠰᠲ᠋ᠧᠮᠵᠢ ᠶᠢ ᠪᠠᠶᠢᠭᠤᠯᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶᠢᠷᠡᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠠᠵᠤ | ᠠᠬᠤᠶᠢᠯᠠᠯ ᠢ ᠰᠠᠯᠭᠠᠬᠤ᠂ ᠠᠵᠢᠯ ᠦᠢᠯᠡᠰ ᠠᠵᠤ ᠠᠬᠤᠶᠢᠯᠠᠯ ᠢ ᠰᠠᠯᠭᠠᠬᠤ ᠶᠢ ᠦᠷᠭᠦᠯᠵᠢᠯᠡᠨ ᠲᠦᠯᠬᠢᠨ ᠠᠬᠢᠭᠤᠯᠪᠠ᠃ | ᠬᠠᠶ ᠱᠧᠩ ᠠᠵᠤ ᠦᠢᠯᠡᠳᠪᠦᠷᠢ᠂ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠪᠡᠯᠡ ᠭᠠᠷᠭᠠᠭᠴᠢ ᠶᠢ | ᠣᠯᠣᠰ ᠤᠨ ᠥᠮᠴᠢᠯᠡᠯ ᠤᠨ ᠡᠳ᠋ ᠬᠦᠷᠦᠩᠭᠡ ᠶᠢᠨ ᠵᠥᠪᠯᠡᠯ ᠪᠣᠯᠭᠠᠨ ᠬᠤᠪᠢᠷᠠᠭᠤᠯᠵᠤ᠂ ᠡᠵᠡᠩᠨᠡᠯᠲᠡ ᠶᠢᠨ ᠴᠢᠨᠠᠷᠲᠠᠶ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠲᠥᠪᠯᠡᠷᠡᠭᠦᠯᠦᠨ ᠨᠢᠭᠡᠳᠦᠯᠲᠡᠶ ᠬᠢᠨᠠᠨ ᠬᠠᠮᠢᠶᠠᠷᠬᠤ ᠶᠢ ᠪᠡᠶᠡᠯᠡᠭᠦᠯᠪᠡ᠃ | ᠲᠤᠭᠤᠷᠢᠭ ᠤᠨ ᠬᠠᠷᠢᠶ᠎ᠠ 5 ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠥᠬᠦ ᠵᠢᠯ ᠤᠨ ᠡᠵᠡᠩᠨᠡᠯᠲᠡ ᠶᠢᠨ | ᠶᠡᠷᠦᠩᠬᠡᠶ ᠣᠷᠣᠯᠭ᠎ᠠ 2.23 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 346% | ᠨᠡᠮᠡᠭᠳᠡᠪᠡ᠃ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ ᠪᠠᠲᠤᠲᠠᠶ ᠥᠷᠨᠢᠭᠦᠯᠪᠡ᠃ ᠰᠤᠷᠭᠠᠨ | ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠠᠵᠢᠯ ᠤᠯᠭᠤᠵᠦ ᠠᠳᠠᠯ ᠦᠢᠯᠡᠰ ᠴᠣᠭᠴᠠᠯᠠᠬᠤ ᠵᠡᠷᠭᠡ ᠡᠯ᠎ᠡ | ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠳᠦᠷᠢᠮ ᠤᠨ ᠴᠢᠨᠠᠷᠲᠠᠶ 8 | ᠵᠦᠢᠯ ᠤᠨ ᠦᠷ᠎ᠡ ᠪᠦᠲᠦᠭᠡᠯ ᠢ ᠪᠤᠢ ᠪᠣᠯᠭᠠᠪᠠ᠃ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠦᠷᠭᠦᠯᠵᠢᠯᠡᠨ ᠲᠦᠯᠬᠢᠨ ᠠᠬᠢᠭᠤᠯᠵᠤ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ | ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠯᠲᠠ ᠶᠢᠨ ᠬᠠᠷᠢᠴᠠᠯ ᠢ 72% ᠳᠤ ᠬᠦᠷᠦᠭᠦᠯᠵᠦ᠂ | ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠦᠮᠴᠢᠯᠡᠯ ᠣᠯᠭᠤᠭᠰᠠᠨ ᠨᠣᠷᠮ᠎ᠠ ᠶᠢ 90% ᠳᠤ ᠬᠦᠷᠦᠭᠦᠯᠵᠦ᠂ | ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠪᠡ᠃ | ᠨᠡᠶᠢᠭᠡᠮ ᠤᠨ ᠵᠠᠰᠠᠯᠲᠠ ᠶᠢᠨ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ︽ᠹᠧᠩ ᠴᠢᠶᠣᠤ ᠶᠢᠨ | ᠲᠤᠷᠰᠢᠯᠭ᠎ᠠ︾ ᠶᠢ ᠶᠡᠬᠡᠪᠡᠷ ᠬᠡᠷᠡᠭᠵᠢᠭᠦᠯᠵᠦ᠂ ᠪᠥᠬᠦ ᠲᠤᠭᠤᠷᠢᠭ ᠤᠨ 43 ᠠᠷᠠᠳ ᠤᠨ ᠡᠶᠡᠳᠡᠭᠦᠯᠬᠦ ᠺᠣᠮᠢᠰ 718 | ᠵᠥᠷᠢᠴᠡᠯ ᠵᠢᠭᠤᠷᠠᠯᠳᠤᠭᠠᠨ ᠢ ᠭᠥᠯᠢᠶᠡᠨ ᠠᠪᠴᠤ ᠰᠢᠢᠳᠪᠦᠷᠢᠯᠡᠨ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ | ᠪᠠᠶᠢᠳᠠᠯ ᠢ ᠬᠠᠮᠠᠭᠠᠯᠠᠬᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠤᠨ ᠦᠢᠯᠡᠳᠦᠯ ᠢ ᠭᠦᠢᠴᠡᠳ | ᠪᠠᠳᠠᠷᠠᠭᠤᠯᠪᠠ᠃ | ᠨᠢᠭᠡ ᠵᠢᠯ ᠤᠨ ᠲᠤᠷᠰᠢ᠂ ᠪᠢᠳᠡ ᠴᠥᠬᠦᠷᠡᠯ ᠦᠭᠡᠢ ᠳᠤᠲᠠᠭᠤᠳᠠᠯ ᠢᠶᠠᠨ ᠨᠥᠬᠦᠪᠥᠷᠢᠯᠡᠵᠦ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠲᠠᠰᠤᠷᠠᠯᠲᠠ ᠦᠭᠡᠢ ᠰᠠᠶᠢᠵᠢᠷᠠᠪᠠ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠰᠢᠨ᠎ᠡ ᠳᠡᠭᠡᠭᠰᠢᠯᠡᠯᠲᠡ ᠲᠠᠢ ᠪᠣᠯᠪᠠ᠃ ᠪᠥᠬᠦ | ᠲᠤᠭᠤᠷᠢᠭ ᠤᠨ ᠬᠤᠲᠠ ᠪᠠᠯᠭᠠᠰᠤᠨ ᠳᠤ 1376 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠠᠯᠳᠠᠭᠰᠠᠳ | 802 ᠬᠥᠮᠦᠨ ᠳᠤ ᠳᠠᠬᠢᠨ ᠠᠵᠢᠯ ᠣᠯᠭᠤᠵᠤ᠂ ᠠᠵᠢᠯ ᠣᠯᠭᠤᠯᠲᠠ ᠶᠢᠨ ᠪᠠᠶᠢᠳᠠᠯ ᠦᠷᠭᠦᠯᠵᠢᠯᠡᠨ ᠲᠣᠭᠲᠠᠭᠤᠨ | ᠪᠠᠶᠢᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 720 ᠲᠥᠭᠦᠷᠢᠭ ᠪᠣᠯᠭᠠᠨ | ᠳᠡᠭᠡᠭᠰᠢᠯᠡᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠵᠢᠴᠢ ᠡᠯ᠎ᠡ ᠲᠥᠷᠥᠯ ᠤᠨ | ᠠᠪᠤᠷᠠᠨ ᠲᠤᠰᠠᠯᠠᠬᠤ ᠪᠡᠯᠡ ᠮᠥᠩᠭᠦ ᠶᠢ 2311 ᠲᠦᠮᠡᠨ ᠲᠥᠭᠦᠷᠢᠭ ᠲᠠᠷᠬᠠᠭᠠᠵᠤ᠂ ᠨᠡᠶᠢᠭᠡᠮ ᠤᠨ ᠪᠠᠲᠤᠯᠠᠭ᠎ᠠ ᠶᠢᠨ | ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠴᠡᠷᠢᠭ ᠤᠨ ᠠᠯᠪᠠᠨ ᠠᠴᠠ ᠪᠠᠭᠤᠭᠰᠠᠳ ᠪᠠ ᠪᠤᠰᠤᠳ ᠠᠰᠠᠷᠠᠨ | ᠬᠠᠷᠠᠭᠠᠯᠵᠠᠬᠤ ᠡᠲᠡᠭᠡᠳ ᠤᠨ ᠮᠡᠳᠡᠭᠡ ᠵᠠᠩᠭᠢ ᠶᠢ ᠴᠤᠭᠯᠠᠭᠤᠯᠬᠤ ᠨᠢᠭᠡᠳᠦᠭᠡᠷ ᠱᠠᠲᠤᠨ ᠤ ᠠᠵᠢᠯ ᠢ ᠤᠷᠤᠭᠰᠢᠲᠠᠶ | ᠪᠡᠶᠡᠯᠡᠭᠦᠯᠵᠦ᠂ ᠴᠡᠷᠢᠭ ᠠᠴᠠ ᠬᠠᠯᠠᠭᠳᠠᠭᠰᠠᠨ ᠬᠡᠰᠡᠭ ᠪᠠᠶᠢᠯᠳᠣᠬᠴᠢᠳ ᠤᠨ ᠨᠡᠶᠢᠭᠡᠮ ᠤᠨ ᠪᠠᠲᠤᠯᠠᠭ᠎ᠠ ᠶᠢᠨ | ᠵᠠᠯᠭᠠᠯᠲᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠪᠠ᠃ 3893 ᠢᠵᠢ ᠳᠥᠭᠦᠮ ᠪᠦᠳᠦᠭᠦᠯᠢᠭ ᠣᠷᠣᠨ | ᠰᠠᠭᠤᠴᠠᠲᠤ ᠲᠣᠭᠤᠷᠢᠭ ᠢ ᠥᠭᠡᠷᠡᠴᠢᠯᠡᠨ ᠪᠠᠶᠢᠭᠤᠯᠵᠤ᠂ 500 ᠢᠵᠢ ᠲᠦᠪᠬᠢᠨᠡᠭᠦᠯᠬᠦ ᠭᠡᠷ ᠪᠠᠶᠢᠰᠢᠩ ᠢ ᠰᠢᠨ᠎ᠡ ᠪᠠᠷ | ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠦᠨᠳᠦᠰᠦᠨ ᠱᠠᠲᠤᠨ ᠤ | ᠡᠮᠴᠢᠯᠡᠭᠡᠨ ᠤ ᠦᠢᠯᠡᠴᠢᠯᠡᠭᠡ ᠶᠢ ᠲᠠᠰᠤᠷᠠᠯᠲᠠ ᠥᠬᠡᠶ ᠴᠢᠩᠭᠠᠳᠬᠠᠵᠤ᠂ ᠪᠥᠬᠦ ᠲᠤᠭᠤᠷᠢᠭ ᠤᠨ ᠰᠠᠭᠤᠭᠠᠯᠢ | ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠲᠠᠩᠰᠠ ᠡᠪᠬᠡᠮᠡᠯ ᠢ 8.91 ᠲᠦᠮᠡᠨ ᠬᠥᠮᠦᠨ ᠪᠠᠶᠢᠭᠤᠯᠵᠤ᠂ ᠬᠡᠷ | ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠰᠠᠭᠤᠭᠠᠯᠢ ᠠᠷᠠᠳ 3.41 ᠲᠦᠮᠡᠨ ᠬᠥᠮᠦᠨ ᠪᠣᠯᠪᠠ᠃ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ︽ᠲᠠᠪᠤᠨ ᠰᠠᠷ᠎ᠠ ᠶᠢᠨ ᠳᠦᠷᠪᠡᠨ︾ ᠤ | ᠬᠥᠳᠡᠯᠭᠡᠭᠡᠨ ᠤ 100 ᠵᠢᠯ ᠤᠨ ᠤᠢ ᠶᠢ ᠳᠤᠷᠠᠰᠬᠠᠬᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 | ᠵᠢᠯ ᠤᠨ ᠤᠢ ᠶᠢ ᠳᠤᠷᠠᠰᠬᠠᠬᠤ ᠤᠷᠠᠨ ᠰᠠᠶᠢᠬᠠᠨ ᠤ ᠲᠣᠭᠯᠠᠯᠲᠠ ᠵᠡᠷᠭᠡ ᠡᠯ᠎ᠡ ᠲᠦᠷᠦᠯ ᠤᠨ ᠰᠣᠶᠣᠯ ᠤᠨ ᠠᠵᠢᠯᠯᠠᠭ᠎ᠠ | ᠶᠢ 80 ᠭᠠᠷᠤᠶ ᠲᠠᠯᠠᠪᠤᠷ ᠤᠳᠠᠭ᠎ᠠ ᠡᠷᠬᠢᠯᠡᠪᠡ᠃ ᠬᠤᠳᠠᠯᠳᠤᠭ᠎ᠠ᠂ ᠰᠣᠶᠣᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ | ᠰᠤᠷᠭᠠᠨ ᠬᠥᠮᠦᠵᠢᠯ ᠵᠡᠷᠭᠡ ᠡᠯ᠎ᠡ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠨᠢᠭᠡᠳᠦᠯᠲᠡᠶ | ᠲᠥᠯᠥᠪᠯᠡᠨ ᠡᠮᠬᠢᠯᠡᠨ ᠨᠡᠶᠢᠯᠡᠭᠦᠯᠵᠦ᠂ ︽ᠠᠷᠪᠠᠨ ᠲᠠᠪᠤᠨ ᠮᠢᠨᠦ᠋ᠲ ᠤᠨ ᠠᠮᠢᠳᠤᠷᠠᠯ ᠤᠨ ᠦᠢᠯᠡᠴᠢᠯᠡᠭᠡᠨ ᠤ ᠬᠦᠷᠢᠶ᠎ᠡ︾ | ᠶᠢ ᠪᠦᠬᠦ ᠰᠠᠭᠤᠭᠠᠯᠢ ᠠᠷᠠᠳ ᠢ ᠬᠠᠮᠤᠷᠤᠭᠤᠯᠤᠨ᠎ᠠ᠃ | ᠨᠡᠶᠢᠭᠡᠮ ᠤᠨ ᠦᠢᠯᠡᠰ ᠤᠨ ᠬᠥᠭᠵᠢᠯᠲᠡ ᠰᠢᠨ᠎ᠡ ᠠᠮᠵᠢᠯᠲᠠ ᠤᠯᠪᠠ᠃ ᠰᠤᠷᠭᠠᠨ ᠬᠥᠮᠦᠵᠢᠯ ᠤᠨ ︽ᠭᠤᠷᠪᠠᠨ | ᠵᠦᠢᠯ ᠤᠨ ᠢᠨᠵᠧᠨᠧᠷᠢᠩ︾ ᠢ ᠳᠡᠭᠡᠭᠰᠢᠯᠡᠭᠦᠯᠬᠦ ᠢᠨᠵᠧᠨᠧᠷᠢᠩ ᠢ ᠯᠠᠪᠳᠠᠭᠤᠨ ᠪᠠᠲᠤᠲᠠᠶ ᠥᠷᠨᠢᠭᠦᠯᠵᠦ᠂ ᠭᠡᠷ᠎ᠡ ᠶᠢᠨ | ᠳᠦᠷᠢᠮᠲᠦ ᠪᠠᠭᠰᠢ 42 ᠬᠥᠮᠦᠨ ᠤᠷᠢᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠶ | ᠬᠥᠭᠵᠢᠯᠲᠡ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠪᠡ᠃ ︽ᠭᠤᠷᠪᠠᠳᠤᠭᠠᠷ ᠬᠤᠭᠤᠴᠠᠭ᠎ᠠ︾ | ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ | ᠭᠦᠨᠵᠡᠭᠡᠶ ᠨᠠᠶᠢᠳᠠᠪᠤᠷᠢᠵᠢᠭᠤᠯᠬᠤ᠂ ᠬᠠᠶᠢᠨᠠᠨ ᠲᠣᠭᠤᠷᠢᠭ ᠤᠨ ᠳᠥᠷᠪᠡᠳᠦᠭᠡᠷ ᠬᠡᠣᠬᠡᠳ ᠤᠨ ᠴᠡᠴᠡᠷᠯᠢᠭ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠪᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠲᠣᠭᠤᠷᠢᠭ ᠤᠨ ᠠᠷᠠᠳ ᠤᠨ | ᠡᠮᠨᠡᠯᠭᠡ ᠶᠢᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ | ᠬᠠᠮᠢᠶᠠᠷᠤᠯᠲᠠ ᠶᠢᠨ ᠳᠦᠷᠢᠮ ᠤᠨ ᠲᠤᠷᠰᠢᠯᠲᠠ ᠪᠠᠷ ᠲᠣᠭᠲᠠᠭᠠᠭᠳᠠᠪᠠ᠃ ᠦᠨᠳᠦᠰᠦᠨ ᠡᠮ ᠤᠨ ᠵᠦᠢᠯ ᠤᠨ ᠳᠦᠷᠢᠮ ᠢ | ᠪᠠᠬᠢᠵᠢᠭᠦᠯᠦᠨ ᠲᠡᠭᠦᠯᠳᠡᠷᠵᠢᠭᠦᠯᠵᠦ᠂ ᠡᠮ ᠤᠨ ᠵᠦᠢᠯ ᠢ ᠬᠤᠳᠠᠯᠳᠤᠨ ᠠᠪᠬᠤ ︽ᠬᠤᠶᠠᠷ ᠪᠠᠷᠢᠮᠲᠠ ᠶᠢᠨ ᠳᠦᠷᠢᠮ︾ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠠᠷᠠᠳ ᠣᠯᠠᠨ ᠤ ᠡᠮ ᠬᠡᠷᠡᠭᠯᠡᠬᠦ ᠳᠠᠷᠤᠭᠠᠰᠤ ᠶᠢ ᠤᠯᠠᠮ ᠨᠢᠭᠡ ᠠᠯᠬᠤᠮ | ᠬᠥᠩᠭᠡᠷᠡᠭᠦᠯᠵᠦ᠂ ᠰᠠᠶᠢᠨ ᠡᠮᠴᠢ ᠰᠠᠶᠢᠨ ᠰᠤᠷᠭᠠᠨ ᠬᠥᠮᠦᠵᠢᠭᠦᠯᠬᠦ ᠲᠦᠭᠡᠮᠡᠯ ᠬᠠᠷᠠᠭᠠᠯᠵᠠᠯ ᠤᠨ ᠲᠤᠭᠤᠷᠢᠭ ᠤᠨ | ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠢ ᠠᠬᠢᠭᠤᠯᠪᠠ᠃ ᠬᠢᠨᠠᠨ ᠪᠣᠳᠣᠬᠤ ᠲᠤᠭ᠎ᠠ ᠪᠦᠷᠢᠳᠬᠡᠯ᠂ ᠬᠤᠶᠠᠷ ᠢ | ᠬᠦᠷᠢᠶᠡᠯᠡᠬᠦ᠂ ᠦᠨᠳᠦᠰᠦᠲᠡᠨ ᠤ ᠬᠡᠷᠡᠭ ᠶᠠᠪᠤᠳᠠᠯ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠠᠷᠠᠳ ᠤᠨ ᠠᠭᠠᠷ ᠤᠨ | ᠰᠡᠷᠭᠡᠶᠢᠯᠡᠯᠲᠡ᠂ ᠠᠷᠠᠳ ᠤᠨ ᠵᠡᠪᠰᠡᠭᠲᠦ ᠬᠦᠴᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ | ᠡᠮᠡᠭᠲᠡᠶᠢᠴᠦᠳ ᠬᠡᠦᠬᠡᠳ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ ᠠᠮᠵᠢᠯᠲᠠ | ᠣᠯᠪᠠ᠃ | ᠨᠢᠭᠡ ᠵᠢᠯ ᠤᠨ ᠲᠤᠷᠰᠢ᠂ ᠪᠢᠳᠡ ᠢᠮᠠᠭᠲᠠ ᠰᠤᠷᠲᠠᠯ ᠢᠶᠠᠨ ᠬᠤᠪᠢᠷᠠᠭᠤᠯᠵᠤ᠂ ᠲᠣᠰ ᠪᠡᠶ᠎ᠡ ᠶᠢᠨ | ᠪᠠᠶᠢᠭᠤᠯᠤᠯᠲᠠ ᠪᠠᠨ ᠪᠥᠬᠦ ᠲᠠᠯ᠎ᠠ ᠪᠠᠷ ᠴᠢᠩᠭᠠᠳᠬᠠᠪᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠯ ᠰᠢᠢᠳᠪᠦᠷᠢ ᠶᠢ ᠬᠠᠤᠯᠢ ᠶᠣᠰᠣᠭᠠᠷ | ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠪᠠᠶᠢᠴᠠᠭᠠᠨ ᠦᠵᠡᠬᠦ ᠵᠢᠴᠢ ᠲᠤᠰᠬᠠᠢ ᠪᠠᠶᠢᠴᠠᠭᠠᠨ ᠰᠤᠳᠤᠯᠤᠯᠲᠠ ᠶᠢ ᠢᠳᠡᠪᠬᠢᠲᠡᠢ ᠬᠠᠮᠵᠢᠯᠴᠠᠵᠤ᠂ ᠲᠤᠭᠤᠷᠢᠭ ᠤᠨ | ᠵᠠᠰᠠᠭ ᠤᠨ ᠣᠷᠳᠣᠨ ᠤ ᠳᠡᠳ᠋ ᠳᠠᠷᠤᠭ᠎ᠠ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠳᠤ ᠲᠤᠰᠢᠶᠠᠯ ᠤᠨ ᠮᠡᠳᠡᠭᠦᠯᠦᠯᠲᠡ ᠬᠢᠬᠦ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠳᠦᠷᠢᠮ ᠤᠨ ᠲᠤᠷᠰᠢᠯᠲᠠ ᠶᠢᠨ | ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠵᠢᠯᠣᠭᠤᠳᠤᠯᠭ᠎ᠠ ᠪᠠ ᠬᠢᠨᠠᠯᠲᠠ ᠲᠠᠯᠪᠢᠯᠲᠠ ᠶᠢᠨ ᠳᠣᠣᠷ᠎ᠠ᠂ ᠲᠤᠭᠤᠷᠢᠭ ᠤᠨ ᠵᠠᠰᠠᠭ ᠤᠨ ᠣᠷᠳᠣᠨ ᠤ ᠪᠡᠯᠡ | ᠣᠷᠣᠭᠤᠯᠤᠨ ᠪᠦᠲᠦᠭᠡᠨ ᠪᠠᠶᠢᠭᠤᠯᠤᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 5 ᠲᠥᠷᠥᠯ ᠵᠦᠢᠯ ᠢ | ᠪᠦᠬᠦᠨ ᠢ ᠪᠡᠶᠡᠯᠡᠭᠦᠯᠪᠡ᠃ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠨᠡᠶᠢᠭᠡᠮ ᠤᠨ | ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠪᠦᠬᠦ ᠵᠢᠯ ᠳᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ 112 ᠬᠤᠪᠢ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 78 ᠬᠤᠪᠢ ᠰᠢᠢᠳᠪᠦᠷᠢᠯᠡᠪᠡ᠃ ︽ᠣᠭ | ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ | ᠭᠦᠨᠵᠡᠭᠡᠶ ᠥᠷᠨᠢᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠬᠲᠠ ᠰᠢ ᠶᠢᠨ | ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ | ᠪᠠᠶᠢᠵᠤ᠂ ᠰᠤᠷᠤᠯᠴᠠᠬᠤ ᠪᠠ ᠬᠡᠷᠡᠭᠯᠡᠬᠦ ᠶᠢ ᠵᠡᠷᠭᠡ ᠪᠠᠷ ᠶᠠᠪᠤᠭᠤᠯᠬᠤ᠂ ᠪᠠᠶᠢᠴᠠᠭᠠᠨ ᠰᠣᠳᠣᠯᠬᠤ ᠶᠢ ᠦᠢᠯᠡᠳᠦᠯᠭᠡ ᠲᠠᠢ | ᠵᠡᠷᠭᠡ ᠪᠠᠷ ᠶᠠᠪᠤᠭᠤᠯᠬᠤ᠂ ᠪᠠᠶᠢᠴᠠᠭᠠᠨ ᠦᠵᠡᠬᠦ ᠪᠠ ᠴᠡᠭᠴᠡᠯᠡᠨ ᠰᠠᠶᠢᠵᠢᠷᠠᠭᠤᠯᠬᠤ ᠶᠢ ᠵᠡᠷᠭᠡ ᠪᠠᠷ ᠬᠢᠬᠦ ᠶᠢ ᠡᠷᠡᠰ | ᠪᠡᠶᠡᠯᠡᠭᠦᠯᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ | ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ | ᠵᠠᠰᠠᠭ ᠤᠨ ᠣᠷᠳᠣᠨ ᠤ ᠠᠵᠢᠯ ᠤᠨ ᠳᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠠᠤᠯᠢ ᠶᠣᠰᠣᠭᠠᠷ | ᠵᠠᠰᠠᠭ ᠶᠠᠪᠤᠭᠤᠯᠬᠤ ᠶᠢ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠢᠨᠠᠯᠲᠠ | ᠲᠠᠯᠪᠢᠬᠤ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠨ᠎ᠠ᠃ ᠲᠥᠪ ᠬᠤᠷᠢᠶᠠᠨ ᠤ ᠨᠠᠢᠮᠠᠨ ᠵᠤᠷᠪᠤᠰ | ᠲᠣᠭᠲᠠᠭᠠᠯ ᠤᠨ ᠵᠣᠷᠢᠭ ᠰᠠᠨᠠᠭ᠎ᠠ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠡᠯ᠎ᠡ ᠵᠦᠢᠯ ᠤᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠦ᠂ ᠪᠥᠬᠦ ᠵᠢᠯ ᠳᠤ 35% ᠪᠢᠴᠢᠭ | ᠮᠠᠲ᠋ᠧᠷᠢᠶᠠᠯ ᠢ ᠴᠣᠮᠬᠠᠳᠬᠠᠪᠠ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ | ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶ ᠥᠷᠨᠢᠭᠦᠯᠵᠦ᠂ ᠵᠥᠪ ᠴᠢᠭᠯᠡᠯ ᠢᠶᠠᠷ ᠤᠷᠮᠠᠰᠢᠭᠤᠯᠬᠤ ᠪᠠ | ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠶᠢ ᠵᠠᠯᠠᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠵᠤ᠂ | ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠶ ᠶᠢ ᠪᠤᠢ ᠪᠤᠯᠭᠠᠪᠠ᠃ | ᠲᠥᠯᠥᠭᠡᠯᠡᠭᠴᠢᠳ ᠡ᠂ ᠡᠳᠡᠭᠡᠷ ᠠᠮᠵᠢᠯᠲᠠ ᠪᠦᠲᠦᠮᠵᠢ ᠪᠣᠯ ᠲᠤᠭᠤᠷᠢᠭ ᠤᠨ ᠨᠠᠮ ᠤᠨ ᠬᠤᠷᠢᠶᠠᠨ ᠤ ᠵᠥᠪ | ᠣᠨᠣᠪᠴᠢᠲᠠᠢ ᠣᠳᠣᠷᠢᠳᠣᠬᠰᠠᠨ ᠤ ᠦᠷ᠎ᠡ ᠳ᠋ᠦᠩ ᠮᠥᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠢ ᠬᠢᠨᠠᠯᠲᠠ ᠲᠠᠯᠪᠢᠭᠰᠠᠨ ᠪᠠ ᠬᠦᠴᠦᠲᠡᠢ | ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠲᠤᠭᠤᠷᠢᠭ ᠤᠨ ᠥᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠨ | ᠨᠢᠭᠡᠳᠴᠦ᠂ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ᠂ ᠪᠢ ᠲᠤᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠡᠮᠦᠨ᠎ᠡ ᠠᠴᠠ ᠪᠦᠬᠦ ᠲᠤᠭᠤᠷᠢᠭ ᠤᠨ ᠠᠷᠠᠳ ᠲᠦᠮᠡᠨ᠂ ᠲᠤᠭᠤᠷᠢᠭ ᠤᠨ ᠠᠷᠠᠳ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ | ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠯ᠎ᠡ ᠠᠷᠠᠳ ᠤᠨ ᠪᠦᠯᠬᠦᠮ᠂ ᠲᠤᠭᠤᠷᠢᠭ ᠲᠤ ᠰᠠᠭᠤᠭ᠎ᠠ | ᠪᠠᠶᠢᠭᠤᠯᠭ᠎ᠠ᠂ ᠬᠠᠶᠢᠨᠠᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠳᠤ ᠣᠷᠣᠯᠴᠠᠬᠤ ᠶᠢ ᠬᠠᠯᠠᠮᠵᠢᠯᠠᠨ ᠳᠡᠮᠵᠢᠭᠰᠡᠨ | ᠪᠤᠢ ᠪᠦᠬᠦᠢ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠠᠳᠡ ᠪᠠᠰᠠ ᠰᠢᠨ᠎ᠡ ᠲᠢᠳᠢᠮᠯᠢᠭ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ | ᠹᠷᠣᠨᠲ ᠤᠨ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠴᠠᠭᠳᠠᠭ᠎ᠠ᠂ ᠨᠡᠶᠢᠭᠡᠮ ᠲᠣᠭᠤᠷᠢᠭ ᠤᠨ | ᠠᠵᠢᠯᠲᠠᠨ᠂ ᠦᠨᠳᠦᠰᠦᠨ ᠱᠠᠲᠤᠨ ᠤ ᠺᠠᠳ᠋ᠷ᠂ ᠰᠠᠶᠢᠨ ᠳᠤᠷ᠎ᠠ ᠶᠢᠨ ᠠᠵᠢᠯᠯᠠᠭᠴᠢ ᠪᠠ ᠡᠯ᠎ᠡ ᠲᠠᠯ᠎ᠠ ᠶᠢᠨ ᠨᠥᠬᠦᠳ ᠲᠤ | ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠶ᠎ᠡ᠂ ᠡᠨᠡ ᠨᠢ ᠶᠠᠭ ᠲᠠ ᠨᠠᠷ ᠤᠨ ᠬᠢᠵᠢᠭ ᠤᠨ ᠪᠠᠶᠢᠳᠠᠯ ᠳᠣᠤᠷ᠎ᠠ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠴᠢᠩᠭ᠎ᠠ ᠰᠡᠷᠭᠡᠶᠢᠯᠡᠵᠦ ᠴᠢᠩᠭ᠎ᠠ ᠰᠠᠬᠢᠵᠤ᠂ ᠡᠮᠬᠢ | ᠵᠢᠷᠤᠮ ᠲᠠᠢ ᠠᠷᠭᠠᠴᠠᠭᠠᠭᠠᠳ᠂ ᠬᠠᠶᠢᠨᠠᠨ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠣᠲᠣ | ᠪᠣᠯᠲᠠᠯ᠎ᠠ ︽ᠥᠴᠦᠬᠡᠨ ᠴᠦ ᠣᠷᠣᠭᠤᠯᠬᠤ ᠥᠬᠡᠶ︾ ︽ᠥᠴᠦᠬᠡᠨ ᠴᠦ ᠣᠨᠣᠰᠢᠯᠠᠭ᠎ᠠ ᠥᠬᠡᠶ︾ ᠠᠩᠬ᠎ᠠ | ᠠᠯᠬᠤᠮ ᠤᠨ ᠪᠠᠶᠢᠯᠳᠤᠭᠠᠨ ᠤ ᠦᠷ᠎ᠡ ᠪᠦᠲᠦᠭᠡᠯ ᠣᠯᠤᠭᠰᠠᠨ ᠪᠠᠶᠢᠨ᠎ᠠ᠃ | ᠲᠥᠯᠥᠭᠡᠯᠡᠭᠴᠢᠳ ᠡ᠂ ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠰᠠ ᠴᠥᠭᠡᠨ | ᠪᠤᠰᠤ ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠃ | ᠤᠯᠠᠮᠵᠢᠯᠠᠯᠲᠤ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠡᠵᠡᠯᠡᠬᠦ ᠬᠤᠪᠢ ᠶᠢᠨ ᠵᠢᠩ ᠮᠥᠨ ᠨᠡᠯᠢᠶᠡᠳ | ᠶᠡᠭᠡ ᠪᠠᠶᠢᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠤᠨ | ᠬᠤᠷᠳᠤᠴᠠ ᠲᠦᠷᠭᠡᠨ ᠪᠣᠯᠪᠠᠴᠤ ᠪᠡᠶ᠎ᠡ ᠶᠢᠨ ᠬᠡᠮᠵᠢᠶ᠎ᠡ ᠨᠢ ᠪᠠᠭ᠎ᠠ᠂ ᠴᠢᠨᠠᠷ ᠰᠠᠶᠢᠲᠠᠶ ᠬᠥᠭᠵᠢᠯᠲᠡ ᠶᠢ | ᠲᠤᠯᠭᠠᠭᠤᠷᠢᠯᠠᠭᠰᠠᠨ ᠰᠢᠨ᠎ᠡ ᠠᠵᠤ ᠦᠢᠯᠡᠰ᠂ ᠰᠢᠨ᠎ᠡ ᠬᠥᠳᠡᠯᠭᠡᠭᠴᠢ ᠡᠨᠧᠷᠭᠢ᠂ ᠰᠢᠨ᠎ᠡ ᠨᠡᠮᠡᠭᠳᠡᠯ ᠢ ᠪᠤᠶᠢᠵᠢᠭᠤᠯᠬᠤ ᠪᠠᠷ | ᠬᠦᠷᠦᠯᠴᠡᠬᠦ ᠥᠬᠡᠶ ᠪᠠᠶᠢᠨ᠎ᠠ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠭᠦᠷᠭᠡ ᠮᠥᠨ ᠬᠦ | ᠨᠦᠰᠡᠷ ᠬᠦᠨᠳᠦ ᠪᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠠᠯ᠎ᠠ ᠪᠠᠷ ᠪᠠᠰᠠ ᠲᠤᠪᠤᠶᠢᠮ᠎ᠠ | ᠳᠤᠲᠠᠭᠤᠳᠠᠯ ᠣᠷᠣᠰᠢᠵᠤ ᠪᠠᠶᠢᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢ | ᠪᠠᠰᠠ ᠴᠢᠩᠭᠠᠷᠠᠭᠤᠯᠬᠤ ᠴᠢᠬᠤᠯᠠᠲᠠᠢ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠪᠣᠯᠤᠨ | ᠠᠷᠠᠳ ᠣᠯᠠᠨ ᠤ ᠰᠢᠨ᠎ᠡ ᠬᠦᠰᠡᠯ᠂ ᠰᠢᠨ᠎ᠡ ᠱᠠᠭᠠᠷᠳᠠᠯᠭ᠎ᠠ ᠪᠠᠰᠠ ᠵᠥᠷᠢᠶ᠎ᠡ ᠲᠠᠢ ᠪᠠᠶᠢᠵᠤ᠂ ᠰᠠᠭᠤᠷᠢ ᠪᠡᠯᠡᠳᠬᠡᠮᠵᠢ᠂ | ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠶᠢ ᠮᠥᠨ ᠬᠦ ᠤᠯᠠᠮ ᠨᠢᠭᠡ ᠠᠯᠬᠤᠮ ᠳᠡᠭᠡᠭᠰᠢᠯᠡᠭᠦᠯᠬᠦ | ᠴᠢᠬᠤᠯᠠᠲᠠᠶ ᠪᠠᠶᠢᠨ᠎ᠠ᠃ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠮᠠᠨ ᠤ ᠬᠡᠪ ᠤᠨ ᠦᠢᠯᠡᠳᠪᠦᠷᠢᠯᠡᠯ | ᠠᠮᠢᠳᠤᠷᠠᠯ ᠢ ᠬᠦᠨᠳᠦ ᠨᠣᠴᠢᠲᠠᠶ ᠨᠦᠯᠦᠭᠡᠯᠡᠵᠦ᠂ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ ᠨᠡᠬᠡᠵᠦ | ᠠᠪᠴᠢᠷᠠᠬᠤ᠂ ᠬᠥᠭᠡᠭᠡᠵᠦ ᠠᠪᠴᠢᠷᠠᠬᠤ᠂ ᠪᠤᠯᠢᠶᠠᠵᠤ ᠠᠪᠴᠢᠷᠠᠬᠤ ᠡᠭᠦᠷᠭᠡ ᠲᠦᠢᠯ ᠤᠨ ᠲᠤᠯᠭᠠᠮ᠎ᠠ ᠪᠥᠭᠡᠳ ᠪᠡᠷᠬᠡ | ᠬᠠᠲᠠᠭᠤᠵᠢᠯᠲᠠᠶ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠯᠠᠪᠲᠠᠶ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠨᠢᠭᠤᠨ ᠳᠠᠯᠳᠠᠯᠠᠬᠤ ᠦᠭᠡᠢ᠂ ᠵᠠᠶᠢᠯᠠᠬᠤ ᠦᠭᠡᠢ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠶ | ᠰᠢᠢᠳᠪᠦᠷᠢᠯᠡᠬᠦ ᠶᠤᠮ᠃ | ᠬᠤᠶᠠᠷ᠂ 2020 ᠣᠨ ᠤ ᠭᠤᠣᠯ ᠬᠠᠷᠠᠯᠲᠠ ᠡᠭᠦᠷᠭᠡ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠲᠡᠭᠦᠰᠬᠦ ᠵᠢᠯ ᠮᠥᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠣᠭᠠᠨ ᠤ ᠢᠯᠠᠯᠲᠠ ᠶᠢ ᠤᠯᠬᠤ ᠰᠢᠢᠳᠪᠦᠷᠢᠲᠦ ᠢᠯᠠᠯᠲᠠ ᠤᠯᠬᠤ ᠵᠢᠯ ᠮᠥᠨ᠂ ᠪᠢᠳᠡ ᠨᠢᠭᠡᠳᠦᠭᠡᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠪᠠ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠠᠭᠤᠷᠢ ᠶᠢ ᠰᠠᠶᠢᠲᠤᠷ ᠲᠠᠯᠪᠢᠵᠤ᠂ ᠡᠨᠡ ᠵᠢᠯ ᠤᠨ | ᠠᠵᠢᠯ ᠢ ᠰᠠᠶᠢᠲᠤᠷ ᠬᠢᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠵᠠᠰᠠᠭ ᠤᠨ ᠣᠷᠳᠣᠨ ᠤ ᠠᠵᠢᠯ ᠤᠨ | ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠦ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠦᠨᠳᠦᠰᠦᠨ | ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠡᠷᠡᠰ ᠲᠤᠭᠤᠰᠢᠯᠠᠭᠤᠯᠵᠦ᠂ ︽ᠳᠥᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ | ᠤᠶᠠᠯᠳᠤᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠭᠡᠷᠡᠴᠢᠯᠡᠯᠲᠡ ᠨᠡᠭᠡᠭᠡᠯᠲᠡ ᠪᠠᠷ | ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠭᠤᠷᠪᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ | ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ︽ᠲᠠᠪᠤᠨ ᠣᠷᠣᠨ︾ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ | ᠰᠠᠶᠢᠲᠤᠷ ᠠᠳᠬᠤᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ | ᠳᠣᠭᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ | ᠪᠠᠶᠢᠳᠠᠯ ᠢ ᠪᠠᠲᠤᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠬᠢᠵᠢᠭ ᠤᠨ ᠪᠠᠶᠢᠳᠠᠯ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠨᠥᠯᠥᠭᠡ ᠶᠢ | ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠠᠵᠤ ᠠᠬᠤᠶ ᠶᠢᠨ ᠠᠵᠢᠯᠯᠠᠭᠠᠨ ᠢ | ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠦᠲᠦᠭᠡᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ | ᠦᠨᠡᠨ ᠬᠦ ᠪᠠᠲᠤᠯᠠᠵᠤ᠂ ᠠᠷᠠᠳ ᠲᠦᠮᠡᠨ ᠳᠤ ᠮᠡᠳᠡᠷᠡᠭᠳᠡᠵᠦ᠂ ᠲᠡᠤᠬᠡ ᠶᠢᠨ ᠰᠢᠯᠭᠠᠯᠲᠠ ᠶᠢ ᠳᠠᠭᠠᠭᠠᠵᠤ ᠴᠢᠳᠠᠬᠤ | ᠪᠣᠯᠭᠠᠨ᠎ᠠ᠃ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ | ᠠᠵᠢᠯ ᠤᠨ ᠤᠳᠤᠷᠢᠳᠤᠮᠵᠢ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6%᠂ ᠲᠣᠭᠲᠠᠮᠠᠯ ᠬᠦᠷᠦᠩᠭᠡ ᠶᠢᠨ ᠪᠠᠯᠠ | ᠣᠷᠣᠭᠤᠯᠤᠯᠲᠠ ᠶᠢ 8% ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ | 5%᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6%᠂ ᠬᠤᠲᠠ ᠪᠠᠯᠭᠠᠰᠤ ᠶᠢᠨ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 5%᠂ ᠲᠠᠷᠢᠶᠠᠯᠠᠬᠤ | ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ | 6% ᠪᠠᠷ ᠨᠡᠮᠡᠭᠳᠡᠭᠦᠯᠵᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ | ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠭᠦᠢᠴᠡᠳᠭᠡᠯ ᠲᠤᠭ᠎ᠠ ᠶᠢᠨ ᠳᠣᠲᠣᠷ᠎ᠠ ᠬᠢᠵᠠᠭᠠᠷᠯᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠬᠤᠲᠠ ᠶᠢᠨ ᠨᠠᠮ ᠤᠨ ᠬᠤᠷᠢᠶ᠎ᠠ᠂ | ᠲᠤᠭᠤᠷᠢᠭ ᠤᠨ ᠨᠠᠮ ᠤᠨ ᠬᠤᠷᠢᠶᠠᠨ ᠤ ᠬᠥᠭᠵᠢᠯᠲᠡ ᠶᠢᠨ ᠰᠡᠳᠬᠢᠴᠡ ᠲᠠᠢ ᠨᠢᠭᠲᠠ ᠤᠶᠠᠯᠳᠤᠭᠤᠯᠤᠨ᠂ ᠬᠤᠲᠠ ᠶᠢᠨ | ᠨᠠᠮ ᠤᠨ ᠬᠤᠷᠢᠶᠠᠨ ᠤ ᠡᠨᠡ ᠵᠢᠯ ᠤᠨ ᠠᠵᠤ ᠠᠬᠤᠢ ᠶᠢᠨ ᠠᠵᠢᠯ ᠤᠨ ︽ᠳᠥᠷᠪᠡ ᠶᠢ ᠭᠦᠨᠵᠡᠭᠡᠶ ᠣᠶᠢᠯᠠᠭᠠᠬᠤ︾ | ᠴᠢᠬᠤᠯᠠ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠲᠤᠭᠤᠷᠢᠭ ᠤᠨ ᠨᠠᠮ ᠤᠨ ᠬᠤᠷᠢᠶᠠᠨ ᠤ ᠨᠠᠢᠮᠠᠳᠣᠭᠠᠷ | ᠬᠤᠭᠤᠴᠠᠭᠠᠨ ᠤ ᠳᠦᠷᠪᠡᠳᠦᠭᠡᠷ ᠬᠤᠷᠠᠯᠳᠤᠭᠠᠨ ᠤ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ | ᠰᠠᠶᠢᠲᠤᠷ ᠡᠵᠡᠮᠰᠢᠵᠦ᠂ ᠴᠠᠭ ᠪᠢᠳᠡᠨ ᠢ ᠬᠦᠯᠢᠶᠡᠬᠦ ᠦᠭᠡᠢ ᠡᠷᠴᠢ ᠵᠣᠷᠢᠭ᠂ ᠴᠥᠬᠦᠷᠡᠰᠢ ᠦᠭᠡᠢ ᠬᠠᠳᠠᠨ ᠵᠣᠷᠢᠭ ᠢᠶᠠᠷ | ᠨᠠᠶᠢᠳᠠᠪᠤᠷᠢᠵᠢᠭᠤᠯᠤᠯᠲᠠ᠂ ᠪᠣᠭᠤᠮᠲᠠ ᠰᠢᠪᠲᠤᠯᠬᠤ᠂ ᠰᠢᠪᠲᠤᠯᠤᠯᠲᠠ ᠶᠢ ᠠᠳᠬᠤᠵᠤ᠂ ᠬᠡᠯᠪᠡᠷᠢ ᠪᠠᠨ ᠬᠤᠪᠢᠷᠠᠭᠤᠯᠤᠨ | ᠬᠥᠭᠵᠢᠭᠦᠯᠬᠦ ᠵᠢᠱᠢᠶ᠎ᠡ ᠦᠵᠡᠭᠦᠯᠬᠦ ᠲᠤᠭᠤᠷᠢᠭ ᠤᠨ ᠲᠤᠯᠭᠠᠭᠤᠷᠢᠯᠠᠬᠤ ᠰᠢᠰᠲ᠋ᠧᠮ ᠢ ᠦᠨᠳᠦᠰᠦᠨ ᠳᠡᠭᠡᠨ | ᠪᠦᠷᠢᠯᠳᠦᠭᠦᠯᠬᠦ ᠶᠢ ᠠᠬᠢᠭᠤᠯᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠤᠷᠢᠳᠠᠪᠠᠷ ᠬᠡᠷᠡᠭᠵᠢᠭᠦᠯᠬᠦ ᠲᠤᠭᠤᠷᠢᠭ | ᠤᠨ ᠠᠵᠢᠯᠯᠠᠭᠠᠨ ᠤ ᠬᠡᠪ ᠵᠠᠭᠪᠤᠷ ᠢ ᠦᠨᠳᠦᠰᠦᠨ ᠳᠡᠭᠡᠨ ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠠᠮᠢ | ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠪᠣᠭᠤᠮᠲᠠ ᠰᠢᠪᠲᠤᠯᠬᠤ ᠲᠤᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠳᠦᠰᠦᠨ ᠳᠡᠭᠡᠨ ᠪᠠᠬᠢᠵᠢᠭᠦᠯᠬᠦ ᠶᠢ ᠠᠬᠢᠭᠤᠯᠤᠨ᠎ᠠ᠃ ᠪᠡᠯᠡ | ᠣᠷᠣᠭᠤᠯᠤᠯᠲᠠ ᠶᠢᠨ ᠠᠷᠠᠯᠵᠢᠶ᠎ᠠ ᠶᠢᠨ ᠲᠡᠷᠢᠭᠦᠨ ᠰᠣᠩᠭᠤᠯᠲᠠ ᠶᠢᠨ ᠲᠤᠭᠤᠷᠢᠭ ᠤᠨ ᠣᠨᠴᠠᠯᠢᠭᠲᠤ ᠳᠠᠪᠠᠭᠤᠯᠢᠭ ᠢ | ᠦᠨᠳᠦᠰᠦᠨ ᠳᠡᠭᠡᠨ ᠲᠣᠭᠲᠠᠭᠠᠬᠤ ᠶᠢ ᠠᠬᠢᠭᠤᠯᠵᠤ᠂ ᠰᠢᠯᠢᠳᠡᠭ ᠰᠤᠷᠭᠠᠨ ᠬᠥᠮᠦᠵᠢᠯ ᠰᠢᠯᠢᠳᠡᠭ ᠡᠮᠨᠡᠯᠭᠡ ᠲᠦᠭᠡᠮᠡᠯ | ᠬᠠᠷᠠᠭᠠᠯᠵᠠᠯ ᠦᠵᠡᠭᠦᠯᠬᠦ ᠲᠤᠭᠤᠷᠢᠭ ᠤᠨ ᠨᠡᠶᠢᠭᠡᠮ ᠤᠨ ᠦᠷ᠎ᠡ ᠨᠥᠯᠥᠭᠡ ᠦᠨᠳᠦᠰᠦᠨ ᠳᠡᠭᠡᠨ ᠢᠯᠡᠷᠡᠬᠦ ᠶᠢ | ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠨ᠎ᠠ᠃ ᠪᠢᠳᠡ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠤᠬᠠᠶ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠵᠢᠯ ᠤᠨ | ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠬᠠᠲᠠᠭᠤ | ᠪᠡᠷᠬᠡᠰᠢᠶᠡᠯ ᠢ ᠬᠠᠮᠲᠤᠪᠡᠷ ᠲᠤᠭᠤᠯᠤᠨ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠣᠨᠣᠪᠴᠢᠲᠠᠶ ᠠᠷᠭ᠎ᠠ | ᠪᠣᠳᠣᠯᠭ᠎ᠠ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ | ᠳᠠᠶᠢᠨ᠂ ᠶᠡᠷᠦᠩᠬᠡᠶ ᠪᠠᠶᠢᠯᠳᠤᠭᠠᠨ᠂ ᠬᠤᠷᠢᠭᠯᠠᠨ ᠴᠣᠬᠢᠬᠤ ᠳᠠᠶᠢᠨ ᠢ ᠪᠥᠬᠦ ᠬᠦᠴᠦᠨ ᠢᠶᠠᠷ ᠢᠶᠠᠨ ᠢᠯᠠᠬᠤ ᠬᠡᠷᠡᠭᠲᠡᠶ᠃ | ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠦᠷᠭᠦᠯᠵᠢᠯᠡᠨ | ᠦᠢᠯᠡᠳᠦᠯᠭᠡᠵᠢᠭᠦᠯᠵᠦ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠤᠯᠠᠮ ᠨᠢᠭᠡ ᠠᠯᠬᠤᠮ | ᠰᠠᠶᠢᠲᠤᠷ ᠬᠢᠵᠦ ᠢᠯᠠᠯᠲᠠ ᠣᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠣᠯᠤᠨ᠎ᠠ᠃ ︽ | ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ | ᠲᠦᠪᠯᠡᠷᠡᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠦᠨ᠂ ᠡᠷᠬᠢᠨ ᠬᠠᠷᠠᠬᠤ | ᠪᠠ ᠲᠤᠰᠬᠠᠶ ᠵᠦᠢᠯ ᠢᠶᠠᠷ ᠵᠢᠭᠰᠠᠭᠠᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ | ᠤᠯᠠᠮ ᠨᠢᠭᠡ ᠠᠯᠬᠤᠮ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠡᠭᠦᠰ | ᠠᠮᠵᠢᠯᠲᠠ ᠲᠠᠢ ᠲᠡᠭᠦᠰᠬᠦ ᠶᠢ ᠦᠨᠡᠨ ᠬᠦ ᠪᠠᠲᠤᠯᠠᠨ᠎ᠠ᠃ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠴᠢᠩᠭᠠᠳᠬᠠᠵᠤ᠂ ᠲᠠᠷᠢᠶᠠᠯᠠᠬᠤ ᠣᠷᠣᠨ ᠤ ᠣᠰᠣᠯᠠᠯᠲᠠ ᠶᠢᠨ ᠵᠠᠮ ᠮᠥᠷ ᠢ ᠰᠡᠯᠪᠢᠨ ᠵᠠᠰᠠᠬᠤ᠂ ᠬᠥᠭᠡᠷᠭᠡ ᠶᠢᠨ | ᠥᠷᠲᠡᠭᠡ ᠶᠢ ᠥᠭᠡᠷᠡᠴᠢᠯᠡᠬᠦ ᠵᠡᠷᠭᠡ 16 ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ︽ᠳᠥᠷᠪᠡ ᠶᠢ ᠬᠠᠶᠠᠬᠤ ᠥᠬᠡᠶ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠲᠣᠭᠲᠠᠭᠤᠨ ᠢᠶᠠᠷ ᠶᠠᠳᠠᠭᠤ ᠠᠴᠠ | ᠠᠩᠭᠢᠵᠢᠷᠠᠭᠤᠯᠬᠤ᠂ ᠦᠨᠳᠦᠰᠦᠨ ᠠᠴᠠ ᠨᠢ ᠶᠠᠳᠠᠭᠤ ᠠᠴᠠ ᠠᠩᠬᠢᠵᠢᠷᠠᠭᠤᠯᠬᠤ᠂ ᠣᠷᠳᠣ ᠬᠤᠭᠤᠴᠠᠭ᠎ᠠ ᠪᠠᠷ | ᠶᠠᠳᠠᠭᠤ ᠠᠴᠠ ᠠᠩᠭᠢᠵᠢᠷᠠᠭᠤᠯᠬᠤ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ | ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠬᠦ ᠪᠠ ᠡᠷᠴᠢ ᠵᠣᠷᠢᠭ ᠢ ᠲᠡᠳᠬᠦᠬᠦ᠂ ᠣᠶᠤᠨ ᠤᠬᠠᠭᠠᠨ ᠢ ᠲᠡᠳᠬᠦᠬᠦ ᠶᠢ | ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠶᠠᠳᠠᠭᠤ ᠠᠴᠠ ᠠᠩᠬᠢᠵᠢᠷᠠᠭᠤᠯᠤᠬᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠪᠠᠬᠢᠵᠢᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭ᠎ᠠ ᠠᠳᠬᠤᠨ᠎ᠠ᠃ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠳᠤ ᠬᠠᠷᠢᠭᠤ ᠲᠤᠰᠬᠠᠭᠰᠠᠨ | ᠠᠰᠠᠭᠤᠳᠠᠯ ᠪᠠ ᠪᠤᠰᠤᠳ ᠡᠯ᠎ᠡ ᠲᠤᠰᠬᠠᠶ ᠱᠠᠯᠠᠪᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠰᠠᠨᠠᠯ ᠢᠶᠠᠷ | ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠣᠬᠢᠷᠲᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠱᠠᠲᠤ ᠦᠶ᠎ᠡ ᠶᠢᠨ ᠴᠢᠨᠠᠷᠲᠠᠢ ᠬᠠᠷᠠᠯᠲᠠ ᠶᠢ ᠪᠡᠶᠡᠯᠡᠭᠦᠯᠬᠦ ᠶᠢ | ᠦᠨᠡᠨ ᠬᠦ ᠪᠠᠲᠤᠯᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠵᠢᠴᠢ ᠡᠷᠬᠢᠨ | ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠷᠢᠮ︾ ᠢ ᠴᠢᠩᠭ᠎ᠠ | ᠬᠡᠷᠡᠭᠵᠢᠭᠦᠯᠵᠦ᠂ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠡᠷᠴᠢᠮ ᠢ ᠨᠡᠮᠡᠭᠳᠡᠭᠦᠯᠦᠨ᠂ ᠠᠭᠠᠷ ᠮᠠᠨᠳᠠᠯ ᠤᠨ ᠪᠣᠬᠢᠷᠲᠤᠯ | ᠢ ᠵᠠᠰᠠᠬᠤ 64 ᠲᠥᠷᠥᠯ ᠵᠦᠢᠯ ᠢ ᠬᠡᠷᠡᠭᠵᠢᠭᠦᠯᠵᠦ᠂ ᠭᠤᠤᠯ ᠬᠤᠳᠠ ᠲᠣᠭᠤᠷᠢᠭ ᠤᠨ ᠠᠭᠠᠷ ᠤᠨ ᠴᠢᠨᠠᠷ ᠴᠢᠨᠰᠠᠭ᠎ᠠ | ᠶᠢᠨ ᠰᠢᠯᠢᠳᠡᠭ ᠨᠤᠷᠮ᠎ᠠ ᠶᠢ 80% ᠠᠴᠠ ᠳᠡᠭᠡᠭᠰᠢ ᠲᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠬᠡᠯᠪᠡᠷᠢ ᠶᠢ | ᠬᠤᠪᠢᠷᠠᠭᠤᠯᠬᠤ᠂ ᠠᠵᠤ ᠠᠬᠤᠶᠢᠯᠠᠯ ᠢ ᠵᠠᠰᠠᠬᠤ᠂ ᠨᠡᠭᠦᠷᠡᠰᠦ ᠶᠢ ᠪᠠᠭᠠᠰᠬᠠᠬᠤ᠂ ᠲᠡᠷᠭᠡ ᠶᠢ ᠬᠢᠵᠠᠭᠠᠷᠯᠠᠬᠤ᠂ ᠲᠣᠭᠤᠰᠣ ᠶᠢ | ᠪᠠᠭᠠᠰᠬᠠᠬᠤ ︽ᠲᠠᠪᠤ ᠶᠢ ᠵᠡᠷᠭᠡᠪᠡᠷ ᠬᠠᠮᠢᠶᠠᠷᠬᠤ︾ ᠶᠢ ᠪᠠᠷᠢᠮᠲᠠᠯᠠᠵᠤ᠂ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ | ᠪᠣᠬᠢᠷᠲᠤᠯ︾ ᠠᠵᠤ ᠠᠬᠤᠶᠢᠯᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠦᠷᠨᠢᠭᠦᠯᠵᠦ᠂ ᠭᠤᠣᠯᠳᠠᠯᠭ᠎ᠠ ᠲᠠᠢ ᠠᠵᠢᠯ | ᠲᠦᠷᠦᠯ ᠤᠨ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠵᠤ᠂ ᠭᠠᠳᠠᠬᠰᠢᠯᠠᠭᠤᠯᠬᠤ ᠬᠡᠮᠵᠢᠶ᠎ᠡ ᠶᠢ ᠬᠢᠵᠠᠭᠠᠷᠯᠠᠬᠤ | ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠦᠨ᠎ᠡ᠃ ᠠᠭᠤᠷᠬᠠᠢ ᠶᠢᠨ ᠣᠷᠣᠨ ᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ | ᠭᠦᠨᠵᠡᠭᠡᠶ ᠬᠡᠷᠡᠭᠵᠢᠭᠦᠯᠵᠦ᠂ ᠯᠠᠪᠳᠠᠭᠤᠨ ᠢᠶᠠᠷ ᠲᠦᠯᠬᠢᠨ ᠠᠬᠢᠭᠤᠯᠬᠤ᠂ ᠦᠷᠭᠦᠯᠵᠢᠯᠡᠨ ᠬᠦᠴᠦᠯᠡᠬᠦ᠂ ᠥᠨᠢ ᠤᠳᠠᠭᠠᠨ | ᠬᠦᠴᠦ ᠲᠠᠯᠪᠢᠬᠤ ᠶᠢ ᠪᠠᠷᠢᠮᠲᠠᠯᠠᠨ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ ᠵᠠᠰᠠᠬᠤ ᠠᠰᠠᠭᠤᠳᠠᠯ ᠢ | ᠲᠦᠷᠭᠡᠳᠬᠡᠨ ᠰᠢᠢᠳᠪᠦᠷᠢᠯᠡᠵᠦ᠂ ᠠᠭᠤᠷᠬᠠᠢ ᠶᠢᠨ ᠣᠷᠣᠨ ᠤ ᠨᠡᠭᠦᠷᠡᠰᠦᠨ ᠳᠠᠪᠬᠤᠷᠭ᠎ᠠ ᠥᠪᠡᠰᠦᠪᠡᠨ ᠰᠢᠲᠠᠬᠤ᠂ | ᠨᠡᠭᠦᠷᠡᠰᠦᠨ ᠴᠢᠯᠠᠭᠤ ᠥᠪᠡᠰᠦᠪᠡᠨ ᠰᠢᠲᠠᠬᠤ ᠪᠠ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠡᠶᠢᠭᠡᠮ ᠤᠨ ᠬᠥᠷᠥᠩᠭᠡ ᠶᠢ ᠢᠳᠡᠪᠬᠢᠲᠡᠶ ᠪᠠᠷ ᠬᠥᠲᠥᠯᠥᠨ | ᠵᠢᠯᠣᠭᠤᠳᠴᠤ ᠪᠠᠶᠢᠭᠠᠳ ᠵᠠᠰᠠᠯᠲᠠ ᠳᠤ ᠣᠷᠣᠯᠴᠠᠭᠤᠯᠵᠤ᠂ ᠠᠭᠤᠷᠬᠠᠢ ᠶᠢᠨ ᠣᠷᠣᠨ ᠤ ᠠᠮᠢ ᠠᠬᠤᠶ ᠶᠢ ᠰᠡᠷᠭᠦᠭᠡᠬᠦ | ᠠᠵᠢᠯ ᠢᠯᠡᠳᠲᠡ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ | ᠥᠭᠴᠡᠭᠡ ᠶᠢᠨ ᠬᠢᠵᠠᠭᠠᠷ ᠲᠤᠭ᠎ᠠ ᠶᠢᠨ ᠱᠠᠭᠠᠷᠳᠠᠯᠭ᠎ᠠ ᠶᠢ ᠡᠷᠡᠰ ᠪᠠᠲᠤ ᠰᠠᠬᠢᠵᠤ᠂ ᠰᠢᠨ᠎ᠡ ᠪᠠᠷ ᠨᠡᠮᠡᠭᠳᠡᠭᠰᠡᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠭᠦᠢᠴᠡᠳ ᠬᠡᠷᠡᠭᠯᠡᠨ ᠰᠠᠶᠢᠲᠤᠷ ᠬᠡᠷᠡᠭᠯᠡᠵᠦ᠂ ᠬᠠᠤᠯᠢ | ᠲᠣᠭᠲᠠᠭᠠᠯ ᠠᠴᠠ ᠵᠥᠷᠢᠴᠡᠨ ᠵᠢᠭᠡᠯᠡᠯᠭᠡ ᠠᠪᠬᠤ ᠶᠢ ᠡᠷᠡᠰ ᠬᠤᠷᠢᠬᠯᠠᠵᠦ᠂ ᠰᠢᠰᠲ᠋ᠧᠮ ᠤᠨ ᠴᠢᠨᠠᠷᠲᠠᠢ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠤ ᠵᠣᠭᠤᠰ ᠢ | ᠢᠯᠭᠠᠷᠠᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠡᠩ ᠤᠨ ᠴᠢᠨᠠᠷᠲᠠᠶ ᠵᠠᠷᠤᠯᠭ᠎ᠠ ᠶᠢ ᠡᠷᠡᠰ ᠪᠠᠭᠠᠰᠬᠠᠵᠤ᠂ | ᠭᠤᠤᠯᠳᠠᠯᠭ᠎ᠠ ᠲᠠᠢ ᠬᠦᠷᠢᠶᠡᠨ ᠳᠠᠬᠢ ᠪᠠᠲᠤᠯᠠᠭ᠎ᠠ ᠶᠢ ᠰᠠᠶᠢᠲᠤᠷ ᠬᠢᠵᠦ᠂ ︽ᠴᠠᠯᠢᠩ ᠢ ᠪᠠᠲᠤᠯᠠᠬᠤ᠂ ᠠᠵᠢᠯᠯᠠᠭᠠᠨ ᠢ | ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ︾ ᠬᠢᠵᠠᠭᠠᠷ ᠱᠤᠭᠤᠮ ᠢ ᠪᠠᠲᠤ ᠰᠠᠬᠢᠨ᠎ᠠ᠃ ︽ | ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠢᠳᠡᠭᠡᠨ ᠪᠠ ᠡᠮ ᠤᠨ ᠵᠦᠢᠯ ᠤᠨ | ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ︽ | ᠴᠢᠩᠭ᠎ᠠ ᠬᠠᠮᠢᠶᠠᠷᠴᠤ ᠬᠦᠨᠳᠦ ᠪᠠᠷ ᠲᠣᠷᠭᠠᠬᠤ︾ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠠᠶᠤᠯᠭᠦᠢ | ᠦᠢᠯᠡᠳᠪᠦᠷᠢᠯᠡᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠪᠣᠯᠤᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ | ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃ | ︵ᠬᠤᠶᠠᠷ︶ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠡᠷᠡᠰ ᠭᠤᠶᠢᠪᠢᠰᠢ | ᠦᠭᠡᠢ ᠭᠦᠨᠵᠡᠭᠡᠶᠢᠷᠡᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ | ᠠᠬᠢᠭᠤᠯᠤᠨ᠎ᠠ᠃ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠨᠡᠭᠦᠷᠡᠰᠦᠨ ᠬᠡᠤᠷᠡᠰᠦ ᠶᠢᠨ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ᠂ | ᠨᠠᠷᠢᠯᠢᠭ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠵᠡᠷᠭᠡ ᠣᠨᠴᠠᠯᠢᠭᠲᠤ ᠳᠠᠪᠠᠭᠤᠯᠢᠭ ᠠᠵᠤ ᠦᠢᠯᠡᠰ ᠤᠨ | ᠲᠣᠭᠤᠷᠢᠨ ᠳᠤ᠂ ᠠᠵᠢᠯ ᠲᠥᠷᠥᠯ ᠤᠨ ᠨᠢᠷᠤᠭᠤᠪᠴᠢ ᠠᠵᠤ ᠠᠬᠤᠶᠢᠯᠠᠯ ᠤᠨ ᠭᠤᠤᠯᠯᠠᠬᠤ ᠦᠢᠯᠡᠳᠦᠯ ᠢ ᠪᠠᠳᠠᠷᠠᠭᠤᠯᠵᠤ᠂ | ᠦᠬᠠᠶ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠢᠴᠢ ᠠᠺᠠᠳᠧᠮᠢᠴᠢ ᠶᠢᠨ | ᠪᠦᠯᠬᠦᠮ ᠨᠡᠶᠢᠲᠡ ᠶᠢᠨ ᠠᠰᠢᠭᠲᠠᠶ ᠳᠠᠪᠠᠭᠤᠯᠢᠭ ᠢ ᠭᠦᠢᠴᠡᠳ ᠠᠰᠢᠭᠯᠠᠨ᠂ ᠥᠮᠴᠢᠯᠡᠬᠦ ᠶᠢ ᠬᠥᠭᠡᠭᠡᠴᠡᠯᠳᠦᠬᠦ ᠥᠬᠡᠶ᠂ | ᠭᠡᠪᠡᠴᠦ ᠬᠡᠷᠡᠭᠯᠡᠬᠦ ᠶᠢ ᠬᠥᠭᠡᠭᠡᠴᠡᠯᠳᠦᠬᠦ ᠳᠤ ᠰᠠᠭᠤᠷᠢᠯᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠬᠤ | ᠲᠥᠷᠥᠯ ᠵᠦᠢᠯ ᠢ ᠮᠥᠷᠳᠡᠨ ᠵᠣᠯᠭᠠᠭᠤᠯᠬᠤ ᠶᠢ ᠴᠢᠩᠭᠠᠳᠬᠠᠵᠤ᠂ ᠨᠢᠭᠡ ᠪᠦᠯᠦᠭ ᠲᠡᠷᠢᠭᠦᠨ ᠤ ᠬᠡᠷᠡᠭᠯᠡᠭᠡᠨ ᠤ | ᠮᠡᠷᠭᠡᠵᠢᠯ ᠢ ᠣᠨᠳᠣᠤ ᠭᠠᠵᠠᠷ ᠲᠤ ᠨᠡᠪᠴᠢᠭᠦᠯᠬᠦ᠂ ᠬᠠᠶᠢᠨᠠᠨ ᠢ ᠤᠯᠠᠷᠢᠭᠤᠯᠬᠤ ᠶᠢ ᠠᠬᠢᠭᠤᠯᠵᠤ᠂ ᠠᠵᠤ ᠦᠢᠯᠡᠰ ᠤᠨ | ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠥᠷᠲᠡᠭ ᠤᠨ ᠬᠡᠯᠬᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠭᠤᠣᠯ ᠰᠢᠵᠢᠮ ᠢ ᠪᠠᠲᠤ ᠡᠵᠡᠮᠳᠡᠵᠦ᠂ | ᠡᠷᠲᠡ ᠬᠤᠪᠢᠷᠠᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠵᠤ᠂ ︽ᠨᠡᠭᠦᠷᠡᠰᠦ ᠠᠴᠠ ᠪᠤᠯᠵᠤ ᠬᠥᠭᠵᠢᠬᠦ︾ ᠶᠢ | ᠲᠠᠰᠤᠷᠠᠯᠲᠠ ᠦᠭᠡᠢ ᠪᠠᠬᠢᠵᠢᠭᠦᠯᠵᠦ᠂ ︽ᠨᠡᠭᠦᠷᠡᠰᠦ ᠠᠴᠠ ᠪᠤᠯᠵᠤ ᠬᠦᠴᠢᠷᠳᠡᠬᠦ︾ ᠶᠢ ᠭᠤᠣᠯᠳᠠᠯᠭ᠎ᠠ ᠲᠠᠢ | ᠰᠢᠢᠳᠪᠦᠷᠢᠯᠡᠵᠦ᠂ ᠣᠯᠠᠮᠵᠢᠯᠠᠯᠲᠤ ᠠᠵᠤ ᠦᠢᠯᠡᠰ ᠤᠨ ᠳᠡᠭᠡᠳᠦ ᠵᠡᠷᠭᠡᠵᠢᠯᠲᠡ᠂ ᠰᠢᠨ᠎ᠡ ᠪᠠᠷ ᠮᠠᠨᠳᠤᠭᠰᠠᠨ ᠠᠵᠤ | ᠦᠢᠯᠡᠰ ᠤᠨ ᠳᠡᠭᠡᠳᠦ ᠲᠦᠪᠰᠢᠨᠵᠢᠯᠲᠡ ᠶᠢ ᠠᠬᠢᠭᠤᠯᠵᠤ᠂ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠳᠡᠰ | ᠳᠡᠪᠰᠢᠬᠦ ᠲᠠᠯ᠎ᠠ ᠪᠠᠷ ᠲᠠᠰᠣᠷᠠᠯᠲᠠ ᠦᠭᠡᠢ ᠰᠢᠪᠲᠤᠯᠤᠯᠲᠠ ᠭᠠᠷᠭᠠᠨ᠎ᠠ᠃ ᠤᠯᠠᠮᠵᠢᠯᠠᠯᠲᠤ ᠠᠵᠤ ᠦᠢᠯᠡᠰ ᠢ ᠠᠮᠢᠳᠤᠯᠢᠭ | ᠪᠥᠭᠡᠳ ᠬᠦᠴᠦᠷᠬᠡᠭᠵᠢᠭᠦᠯᠵᠦ᠂ ᠬᠡᠤᠷᠰᠢᠭᠦᠯᠦᠭᠰᠡᠨ ᠦᠢᠯᠡᠳᠪᠦᠷᠢᠯᠡᠬᠦ ᠴᠢᠳᠠᠪᠤᠷᠢ ᠶᠢ ᠡᠮᠬᠢᠯᠡᠨ ᠨᠡᠶᠢᠯᠡᠭᠦᠯᠵᠦ ᠲᠠᠰ | ᠳᠡᠪᠰᠢᠭᠦᠯᠬᠦ ᠶᠢ ᠲᠣᠪᠤᠶᠢᠮ᠎ᠠ ᠰᠠᠶᠢᠲᠤᠷ ᠠᠳᠬᠤᠵᠤ᠂ ᠣᠯᠠᠮᠵᠢᠯᠠᠯᠲᠤ ᠬᠡᠤᠷᠰᠢᠭᠦᠯᠦᠭᠰᠡᠨ ᠠᠵᠤ ᠦᠢᠯᠡᠰ ᠤᠨ | ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠶ ᠵᠡᠷᠭᠡ ᠠᠷᠢᠭᠤᠨ ᠴᠡᠪᠡᠷ ᠲᠦᠯᠡᠰᠢ ᠶᠢᠨ ᠬᠦᠷᠢᠶ᠎ᠡ ᠳᠠᠰᠢ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠶᠢ ᠢᠳᠡᠪᠬᠢᠲᠡᠶ ᠠᠬᠢᠭᠤᠯᠵᠤ᠂ ᠬᠦᠷᠢᠶᠡᠯᠡᠩ ᠤᠨ ᠨᠡᠭᠦᠷᠡᠰᠦ ᠤᠬᠢᠶᠠᠬᠤ ᠦᠢᠯᠡᠳᠪᠦᠷᠢ ᠶᠢᠨ | ᠪᠠᠷᠢᠮᠵᠢᠶ᠎ᠠ ᠶᠢ ᠳᠡᠭᠡᠭᠰᠢᠯᠡᠭᠦᠯᠵᠦ ᠥᠭᠡᠷᠡᠴᠢᠯᠡᠬᠦ ᠶᠢ ᠶᠡᠬᠡᠪᠡᠷ ᠠᠬᠢᠭᠤᠯᠵᠤ᠂ ᠶᠠ ᠳ᠋ᠦᠩ᠂ ᠲᠠᠢ ᠡᠾᠧ ᠨᠡᠭᠦᠷᠡᠰᠦᠨ | ᠬᠢᠮᠢ ᠶᠢᠨ ᠠᠵᠤ ᠦᠢᠯᠡᠳᠪᠦᠷᠢ ᠶᠢᠨ ᠭᠦᠨᠵᠡᠭᠡᠶ ᠡᠳ᠋ᠰᠢᠭᠦᠯᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠦᠢᠯᠡᠴᠢᠯᠡᠭᠡ ᠶᠢ ᠰᠠᠶᠢᠲᠤᠷ ᠠᠳᠬᠤᠵᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ LNG ᠵᠢᠴᠢ ᠨᠡᠭᠦᠷᠡᠰᠦ | ᠰᠢᠲᠠᠮᠠᠬᠠᠶ ᠬᠡᠶ ᠦᠢᠯᠡᠳᠬᠦ ᠲᠥᠷᠥᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ | ᠢᠳᠡᠪᠬᠢᠲᠡᠶ ᠳᠡᠮᠵᠢᠵᠦ᠂ ᠨᠡᠭᠦᠷᠡᠰᠦ ᠬᠡᠤᠷᠰᠢᠭᠦᠯᠦᠭᠰᠡᠨ ᠠᠵᠤ ᠦᠢᠯᠡᠰ ᠤᠨ ᠳᠠᠪᠠᠭᠤᠯᠢᠭ ᠢ ᠪᠠᠬᠢᠵᠢᠭᠦᠯᠦᠨ | ᠥᠷᠭᠡᠳᠬᠡᠨ᠎ᠡ᠃ ᠴᠠᠬᠢᠯᠠᠭᠤᠷ ᠴᠢᠯᠠᠭᠤ᠂ PVC ᠵᠡᠷᠭᠡ ᠭᠦᠨᠵᠡᠭᠡᠶ ᠡᠳ᠋ᠰᠢᠭᠦᠯᠬᠦ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠡᠬᠢ ᠪᠠᠶᠠᠯᠢᠭ ᠪᠠ | ᠦᠢᠯᠡᠳᠪᠦᠷᠢᠯᠡᠯ ᠤᠨ ᠬᠦᠴᠦᠨ ᠵᠦᠢᠯ ᠢ ᠡᠮᠬᠢᠯᠡᠨ ᠨᠡᠶᠢᠯᠡᠭᠦᠯᠬᠦ ᠶᠢ ᠵᠣᠷᠢᠭᠵᠢᠭᠤᠯᠵᠤ᠂ ᠦᠬᠠᠶ ᠶᠢᠨ ᠬᠢᠮᠢ ᠶᠢᠨ ᠠᠵᠤ | ᠦᠢᠯᠡᠳᠪᠦᠷᠢ ᠶᠢᠨ ᠴᠠᠬᠢᠯᠭᠠᠨ ᠴᠢᠯᠠᠭᠤᠨ ᠤ ᠲᠥᠷᠥᠯ ᠵᠦᠢᠯ ᠤᠨ ᠬᠤᠶᠠᠳᠤᠭᠠᠷ ᠬᠤᠭᠤᠴᠠᠭ᠎ᠠ᠂ ᠵᠦᠩ ᠯᠢᠶᠠᠨ | ᠬᠢᠮᠢ ᠶᠢᠨ ᠠᠵᠤ ᠦᠢᠯᠡᠳᠪᠦᠷᠢ ᠶᠢᠨ PVC ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠾᠯᠣᠷ | ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ | ᠦᠷᠭᠦᠯᠵᠢᠯᠡᠨ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠬᠡᠯᠬᠢᠶ᠎ᠡ ᠶᠢ ᠪᠦᠬᠦᠨ ᠢ ᠤᠷᠲᠤᠳᠬᠠᠵᠤ᠂ ᠪᠤᠳᠤᠭ᠂ ᠡᠮ | ᠡᠮᠨᠡᠯᠭᠡ᠂ ᠲᠠᠷᠢᠶᠠᠨ ᠡᠮ ᠤᠨ ᠵᠠᠪᠰᠠᠷ ᠤᠨ ᠴᠣᠭᠴᠠ ᠪᠠᠷ ᠭᠤᠣᠯ ᠴᠢᠭᠯᠡᠯ ᠪᠣᠯᠭᠠᠭᠰᠠᠨ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠪᠠᠶᠢᠭᠤᠯᠵᠤ᠂ ᠶᠠ ᠳ᠋ᠦᠩ ᠤᠨ ᠨᠠᠷᠢᠯᠢᠭ ᠬᠢᠮᠢ ᠶᠢᠨ | ᠠᠵᠤ ᠦᠢᠯᠡᠳᠪᠦᠷᠢ᠂ ᠺᠧ ᠱᠥᠸᠧ ᠶᠢᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠣᠷᠴᠢᠨ ᠲᠣᠭᠤᠷᠢᠨ ᠢ ᠬᠠᠮᠠᠭᠠᠯᠠᠬᠤ ᠡᠷᠴᠢᠮᠵᠢᠭᠰᠡᠨ | ᠳᠡᠭᠡᠳᠦ ᠲᠡᠰ ᠤᠨ ᠨᠠᠷᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠦᠷᠦᠭᠵᠢᠯ ᠢ | ᠪᠦᠷᠢᠯᠳᠦᠭᠦᠯᠬᠦ ᠶᠢ ᠠᠬᠢᠭᠤᠯᠤᠨ᠎ᠠ᠃ ᠥᠷᠲᠡᠭ ᠤᠨ ᠬᠡᠯᠬᠢᠶ᠎ᠡ ᠶᠢ ᠥᠨᠳᠥᠷ ᠪᠥᠭᠡᠳ ᠰᠢᠯᠢᠳᠡᠭᠵᠢᠭᠦᠯᠦᠨ᠂ ᠰᠢᠨ᠎ᠡ ᠪᠠᠷ | ᠪᠣᠢ ᠪᠣᠯᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠰᠤᠲᠥ᠋ᠷᠥᠭᠴᠢ ᠶᠢᠨ ᠡᠨᠧᠷᠭᠢ ᠶᠢᠨ ᠠᠵᠤ | ᠦᠢᠯᠡᠰ ᠤᠨ ᠬᠦᠭᠵᠢᠯᠲᠡ ᠶᠢ ᠠᠬᠢᠭᠤᠯᠤᠨ᠂ ᠰᠢᠨ᠎ᠡ ᠮᠠᠲ᠋ᠧᠷᠢᠶᠠᠯ᠂ ᠮᠧᠬᠠᠨᠢᠭ ᠡᠳ᠋ᠰᠢᠭᠦᠯᠭᠡ᠂ ᠲᠣᠨᠤᠭ ᠲᠥᠬᠦᠭᠡᠷᠦᠮᠵᠢ | ᠦᠢᠯᠡᠳᠬᠦ ᠵᠡᠷᠭᠡ ᠡᠬᠢ ᠪᠠᠶᠠᠯᠢᠭ ᠤᠨ ᠪᠤᠰᠤ ᠬᠡᠯᠪᠡᠷᠢ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠵᠦᠩ | ᠴᠧᠩ ᠯᠢᠶᠠᠨ ᠱᠧᠩ ᠤᠨ ᠨᠡᠭᠦᠷᠡᠰᠦᠲᠥ᠋ᠷᠥᠭᠴᠢ ᠶᠢ ᠨᠡᠮᠡᠭᠳᠡᠭᠦᠯᠬᠦ ᠰᠢᠨ᠎ᠡ ᠮᠠᠲ᠋ᠧᠷᠢᠶᠠᠯ᠂ ᠢᠦᠶ ᠴᠧᠩ ᠰᠠᠨ ᠶᠢᠦ ᠶᠢᠨ | ᠲᠤᠰᠬᠠᠶ ᠬᠡᠷᠡᠭᠯᠡᠭᠡᠨ ᠤ ᠮᠠᠰᠢᠨ ᠲᠡᠷᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠵᠦ᠂ ᠦᠬᠠᠶ ᠶᠢᠨ ᠬᠢᠮᠢ ᠶᠢᠨ ᠠᠵᠤ ᠦᠢᠯᠡᠳᠪᠦᠷᠢ ᠶᠢᠨ 5 ᠲᠦᠮᠡᠨ ᠲᠣᠨ ᠣᠰᠣᠳᠦ᠋ᠷᠦᠭᠴᠢ ᠶᠢᠨ | ᠡᠨᠧᠷᠭᠢ᠂ ᠰᠢᠶᠧ ᠾᠧ ᠸᠧᠶ ᠢᠦᠶ ᠰᠠᠯᠬᠢᠨ ᠴᠠᠬᠢᠯᠭᠠᠨ᠂ ᠰᠢᠶᠦ᠋ᠨ ᠳ᠋ᠧ ᠴᠧᠩ ᠬᠢᠮᠢ ᠶᠢᠨ ᠠᠵᠤ ᠦᠢᠯᠡᠳᠪᠦᠷᠢ ᠶᠢᠨ | ᠲᠥᠬᠦᠭᠡᠷᠦᠮᠵᠢ ᠵᠡᠷᠭᠡ ᠲᠥᠷᠥᠯ ᠵᠦᠢᠯ ᠤᠨ ᠮᠥᠷᠳᠡᠨ ᠦᠢᠯᠡᠴᠢᠯᠡᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ ᠠᠵᠤ | ᠠᠬᠤᠢ ᠶᠢᠨ ᠰᠢᠨ᠎ᠡ ᠨᠡᠮᠡᠭᠳᠡᠯ ᠤᠨ ᠴᠢᠭ ᠢ ᠬᠦᠴᠦᠯᠡᠨ ᠪᠤᠶᠢᠵᠢᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃ ᠦᠢᠯᠡᠴᠢᠯᠡᠭᠡᠨ ᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠦᠢᠯᠡᠳᠪᠦᠷᠢᠯᠡᠯ ᠤᠨ | ᠴᠢᠨᠠᠷᠲᠠᠶ ᠦᠢᠯᠡᠴᠢᠯᠡᠭᠡᠨ ᠤ ᠦᠢᠯᠡᠰ ᠤᠨ ᠲᠤᠰᠬᠠᠶᠢᠵᠢᠭᠰᠠᠨ ᠬᠥᠭᠵᠢᠯᠲᠡ ᠶᠢ ᠠᠬᠢᠭᠤᠯᠵᠤ᠂ ᠠᠮᠢᠳᠣᠷᠠᠯ ᠤᠨ | ᠴᠢᠨᠠᠷᠲᠠᠶ ᠦᠢᠯᠡᠴᠢᠯᠡᠭᠡᠨ ᠤ ᠦᠢᠯᠡᠰ ᠤᠨ ᠨᠠᠷᠢᠯᠢᠬᠵᠢᠭᠰᠠᠨ ᠬᠥᠭᠵᠢᠯᠲᠡ ᠶᠢ ᠠᠬᠢᠭᠤᠯᠤᠨ᠎ᠠ᠃ ᠣᠲᠣ ᠶᠢᠨ ᠪᠠᠶᠢᠭ᠎ᠠ | ᠡᠳ᠋ ᠪᠠᠷᠠᠭᠠᠨ ᠤ ᠭᠦᠢᠯᠭᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠳ᠋ ᠪᠠᠷᠠᠭᠠᠨ ᠤ ᠭᠦᠢᠯᠭᠡᠭᠡᠨ ᠤ | ᠦᠢᠯᠡᠰ ᠤᠨ ᠬᠡᠪᠴᠢᠶᠡᠵᠢᠯᠲᠡ᠂ ᠣᠳᠣᠬᠢᠴᠢᠯᠠᠯᠲᠠ᠂ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠮᠣᠩᠭᠤᠯ ᠨᠡᠭᠦᠷᠡᠰᠦᠨ ᠤ ᠠᠷᠠᠯᠵᠢᠶ᠎ᠠ ᠡᠳ᠋ᠰᠢᠭᠦᠯᠭᠡ ᠶᠢᠨ ᠬᠦᠷᠢᠶᠡᠯᠡᠩ᠂ ᠳᠤᠮᠳᠠᠳᠤ ᠮᠣᠩᠭᠤᠯ ᠣᠷᠣᠰ ᠤᠨ | ᠣᠨᠴᠠᠯᠢᠭ ᠲᠠᠢ ᠠᠷᠠᠯᠵᠢᠶᠠᠨ ᠤ ᠣᠷᠣᠨ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠎ᠠ᠃ ᠪᠥᠬᠦ ᠣᠷᠣᠨ ᠪᠦᠰᠡ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠮᠠᠨᠪᠠᠷᠠᠰᠠᠩ | ᠰᠦᠮ᠎ᠡ᠂ ᠶᠠᠩ ᠭᠤᠸᠠᠩ ᠲᠢᠶᠠᠨ ᠢᠦᠢ᠂ ᠬᠠᠲᠤᠨ ᠭᠤᠤᠯ ᠤᠨ ᠪᠠᠷᠠᠭᠤᠨᠰᠢ ᠵᠣᠷᠴᠢᠬᠤ ᠠᠶᠠᠨᠴᠢᠳ ᠤᠨ ᠪᠠᠭᠤᠳᠠᠯ | ᠵᠡᠷᠭᠡ ᠦᠵᠡᠮᠵᠢ ᠶᠢᠨ ᠣᠷᠣᠨ ᠳᠤ ᠲᠦᠰᠢᠭᠯᠡᠨ᠂ ᠵᠠᠮ ᠱᠤᠭᠤᠮ ᠢ ᠡᠮᠬᠢᠯᠡᠨ ᠨᠡᠶᠢᠯᠡᠭᠦᠯᠬᠦ᠂ ᠦᠵᠡᠮᠵᠢ ᠶᠢᠨ ᠣᠷᠣᠨ ᠤ | ᠬᠤᠯᠪᠣᠭᠠᠯᠠᠯ᠂ ᠠᠵᠤ ᠦᠢᠯᠡᠰ ᠤᠨ ᠨᠡᠶᠢᠯᠡᠯ ᠢ ᠠᠬᠢᠭᠤᠯᠵᠤ᠂ ᠵᠢᠭᠤᠯᠴᠢᠯᠠᠯ ᠤᠨ ᠰᠢᠨ᠎ᠡ ᠬᠢᠯᠠᠰ ᠴᠡᠭ ᠢ ᠪᠣᠶ ᠪᠣᠯᠭᠠᠵᠤ᠂ | ᠬᠠᠶᠢᠨᠠᠨ ᠲᠤᠭᠤᠷᠢᠭ ᠤᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠣᠯᠠᠨ ᠲᠦᠮᠡᠨ ᠤ ᠬᠡᠷᠡᠭᠯᠡᠭᠡᠨ ᠤ ᠳᠡᠰ ᠳᠡᠪᠰᠢᠬᠦ ᠰᠢᠨ᠎ᠡ ᠬᠠᠨᠳᠤᠰᠢ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ | ᠪᠡᠶ᠎ᠡ ᠶᠢᠨ ᠲᠠᠮᠢᠷ ᠰᠡᠯᠡᠭᠦᠴᠡᠯ᠂ ᠭᠡᠷ ᠤᠨ ᠶᠠᠪᠤᠳᠠᠯ᠂ ᠨᠢᠯᠬ᠎ᠠ ᠬᠡᠦᠬᠡᠳ ᠢ ᠬᠥᠮᠦᠵᠢᠭᠦᠯᠬᠦ᠂ ᠡᠷᠡᠭᠦᠯ ᠮᠡᠨᠳᠦ ᠨᠠᠰᠤᠵᠢᠯ ᠤᠨ | ᠠᠰᠠᠷᠠᠮᠵᠢ ᠵᠡᠷᠭᠡ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠰᠠᠭᠤᠭᠠᠯᠢ ᠠᠷᠠᠳ ᠤᠨ | ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠨ᠂ ᠬᠡᠷᠡᠭᠯᠡᠭᠡᠨ ᠤ ᠳᠡᠰ ᠳᠡᠪᠰᠢᠬᠦ ᠶᠢ ᠠᠬᠢᠭᠤᠯᠵᠤ᠂ ᠦᠢᠯᠡᠴᠢᠯᠡᠭᠡᠨ ᠤ | ᠦᠢᠯᠡᠰ ᠢ ᠬᠠᠶᠢᠨᠠᠨ ᠲᠣᠭᠤᠷᠢᠭ ᠤᠨ ᠬᠥᠭᠵᠢᠯᠲᠡ ᠶᠢᠨ ᠴᠢᠬᠤᠯᠠ ᠬᠦᠴᠦᠨ ᠪᠣᠯᠭᠠᠨ᠎ᠠ᠃ | ︵ᠭᠤᠷᠪᠠ︶ ᠪᠠᠯᠠ ᠣᠷᠣᠭᠤᠯᠤᠯᠲᠠ ᠠᠷᠠᠯᠵᠢᠶ᠎ᠠ ᠶᠢᠨ ᠳᠥᠭᠦᠮᠴᠢᠯᠡᠯᠲᠡ ᠶᠢ ᠡᠷᠡᠰ ᠭᠤᠶᠢᠪᠢᠰᠢ ᠥᠬᠡᠶ | ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ | ᠪᠡᠯᠡ ᠣᠷᠣᠭᠤᠯᠤᠯᠲᠠ ᠶᠢᠨ ᠶᠠᠰᠤ ᠴᠢᠨᠠᠷ ᠢ ᠪᠦᠬᠦ ᠬᠦᠴᠦᠨ ᠢᠶᠠᠷ ᠳᠡᠭᠡᠭᠰᠢᠯᠡᠭᠦᠯᠦᠨ᠎ᠡ᠃ ᠭᠤᠤᠯᠳᠠᠯᠭ᠎ᠠ ᠲᠠᠢ | ᠲᠥᠷᠥᠯ ᠵᠦᠢᠯ ᠤᠨ ᠤᠳᠤᠷᠢᠳᠬᠤ ᠺᠠᠳ᠋ᠷ ᠤᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠨᠠᠶᠢᠳᠠᠪᠤᠷᠢᠵᠢᠭᠤᠯᠵᠦ᠂ | ᠲᠥᠷᠥᠯ ᠵᠦᠢᠯ ᠤᠨ ᠠᠵᠢᠯ ᠡᠬᠢᠯᠡᠭᠦᠯᠬᠦ ᠨᠣᠷᠮ᠎ᠠ᠂ ᠠᠰᠢᠭᠯᠠᠯᠲᠠ ᠳᠤ ᠣᠷᠣᠭᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ | ᠬᠢᠵᠢᠭ ᠤᠨ ᠪᠠᠶᠢᠳᠠᠯ ᠤᠨ ᠠᠵᠤ ᠠᠬᠤᠶ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ | ᠪᠠᠭᠤᠷᠠᠭᠤᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠯᠬᠢᠨ ᠠᠬᠢᠭᠤᠯᠵᠤ᠂ | ᠦᠢᠯᠡᠳᠪᠦᠷᠢᠯᠡᠯ ᠤᠨ ᠴᠢᠳᠠᠪᠤᠷᠢ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠲᠦᠷᠦᠯ | ᠵᠦᠢᠯ ᠤᠨ ᠨᠥᠭᠡᠴᠡᠯᠡᠯᠲᠡ ᠪᠠ ᠡᠮᠦᠨᠡᠬᠢ ᠬᠤᠭᠤᠴᠠᠭᠠᠨ ᠤ ᠠᠵᠢᠯ ᠢ ᠴᠢᠩᠭᠠᠳᠬᠠᠨ᠎ᠠ᠃ ᠵᠢᠯ ᠤᠨ ᠳᠣᠲᠣᠷ᠎ᠠ 50 | ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 37.7 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠪᠡ᠃ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠲᠥᠷᠥᠯ | ᠵᠦᠢᠯ ᠢ ᠣᠷᠣᠭᠤᠯᠤᠨ ᠠᠪᠴᠢᠷᠠᠵᠦ᠂ ᠬᠤᠳᠠᠯᠳᠤᠭᠠᠴᠢᠨ ᠤᠷᠢᠵᠤ ᠪᠠᠯᠠ ᠮᠥᠩᠭᠦ ᠰᠣᠩᠭᠤᠬᠤ ᠶᠢ ᠴᠢᠬᠤᠯᠠᠴᠢᠯᠠᠵᠤ᠂ | ᠠᠵᠤ ᠦᠢᠯᠡᠰ ᠤᠨ ᠬᠡᠯᠬᠢᠶᠡᠰᠦ ᠶᠢᠨ ᠬᠤᠳᠠᠯᠳᠤᠭᠠᠴᠢᠨ ᠤᠷᠢᠬᠤ᠂ ᠡᠬᠢ ᠪᠠᠶᠠᠯᠢᠭ ᠤᠨ ᠨᠥᠬᠦᠪᠥᠷᠢᠯᠡᠬᠦ ᠮᠠᠶ᠋ᠢᠭ ᠤᠨ | ᠬᠤᠳᠠᠯᠳᠤᠭᠠᠴᠢᠨ ᠤᠷᠢᠬᠤ᠂ ᠦᠷ᠎ᠡ ᠪᠦᠲᠦᠭᠡᠯ ᠢ ᠬᠤᠪᠢᠷᠠᠭᠤᠯᠬᠤ ᠮᠠᠶ᠋ᠢᠭ ᠤᠨ ᠬᠤᠳᠠᠯᠳᠤᠭᠠᠴᠢᠨ ᠤᠷᠢᠬᠤ ᠶᠢ | ᠬᠡᠷᠡᠭᠵᠢᠭᠦᠯᠦᠨ᠎ᠡ᠃ ᠣᠳᠣ ᠶᠢᠨ ᠪᠠᠶᠢᠭ᠎ᠠ ᠠᠵᠤ ᠠᠬᠤᠶᠢᠯᠠᠯ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ | ᠠᠵᠤ ᠦᠢᠯᠡᠰ ᠤᠨ ᠬᠡᠯᠬᠢᠶ᠎ᠡ ᠶᠢᠨ ᠤᠷᠲᠤᠳᠬᠠᠯ ᠤᠨ ᠲᠣᠭᠤᠷᠢᠨ ᠳᠤ᠂ ᠬᠦᠷᠢᠶᠡᠯᠡᠩ ᠤᠨ ᠠᠵᠤ ᠠᠬᠤᠶᠢᠯᠠᠯ ᠤᠨ | ᠰᠢᠨ᠎ᠡ ᠬᠠᠭᠤᠴᠢᠨ ᠬᠦᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠬᠦ ᠶᠢ ᠵᠣᠷᠢᠭᠵᠢᠭᠤᠯᠤᠨ ᠬᠥᠳᠡᠯᠦᠨ | ᠵᠢᠯᠣᠭᠤᠳᠴᠤ᠂ ᠷᠦᠩ ᠰᠢᠨ ᠡᠨᠧᠷᠬᠢ ᠶᠢᠨ ᠪᠦᠯᠦᠭᠯᠡᠯ ᠤᠨ ᠬᠥᠭᠵᠢᠯᠲᠡ ᠶᠢ ᠢᠳᠡᠪᠬᠢᠲᠡᠢ ᠳᠠᠮᠵᠢᠵᠤ᠂ ᠺᠧ ᠱᠥᠸᠧ | ᠶᠢᠨ ᠬᠤᠶᠠᠳᠤᠭᠠᠷ ᠬᠤᠭᠤᠴᠠᠭ᠎ᠠ᠂ ᠲᠠᠢ ᠾᠧ ᠶᠢᠨ ᠰᠢᠯ ᠰᠢᠷᠬᠡᠭᠯᠢᠭ ᠤᠨ ᠠᠵᠤ ᠦᠢᠯᠡᠰ ᠤᠨ ᠬᠦᠷᠢᠶᠡᠯᠡᠩ᠂ ᠶᠠ | ᠳ᠋ᠦᠩ ᠨᠠᠹᠲ᠋ᠠᠯᠢᠨ ᠤ ᠰᠢᠰᠲ᠋ᠧᠮ ᠤᠨ ᠦᠢᠯᠡᠳᠬᠦᠨ ᠤ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠤᠨ᠎ᠠ᠃ ᠭᠠᠳᠠᠭᠠᠳᠤ ᠪᠡᠯᠡ ᠶᠢ ᠠᠰᠢᠭᠯᠠᠬᠤ ᠭᠠᠳᠠᠭᠠᠳᠤ ᠤᠬᠠᠭᠠᠨ ᠢ | ᠬᠦᠴᠦᠯᠡᠨ ᠣᠷᠣᠭᠤᠯᠵᠤ᠂ ᠴᠢᠨᠠᠷ ᠰᠠᠶᠢᠲᠠᠢ ᠠᠵᠤ ᠦᠢᠯᠡᠰ ᠤᠨ ᠰᠦᠷᠦᠭᠵᠢᠯ ᠢ ᠴᠢᠷᠮᠠᠶᠢᠨ ᠪᠠᠶᠢᠭᠤᠯᠵᠤ᠂ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠴᠥᠬᠦᠷᠡᠯ ᠦᠭᠡᠢ ᠠᠬᠢᠭᠤᠯᠵᠤ᠂ ᠬᠠᠢ ᠹᠧᠩ ᠱᠢ ᠯᠢᠶᠠᠨ ᠤ | ᠬᠦᠬᠦᠷ ᠤᠨ ᠠᠭᠤᠷᠬᠠᠢ ᠶᠢᠨ ᠬᠦᠬᠦᠷ ᠤᠨ ᠳᠠᠪᠬᠤᠷ ᠢᠰᠦᠯ᠂ ᠽᠢ ᠶᠠᠨ ᠬᠢᠮᠢ ᠶᠢᠨ ᠡᠮ ᠡᠮᠨᠡᠯᠭᠡ ᠶᠢᠨ ᠵᠠᠪᠰᠠᠷ ᠤᠨ | ᠪᠡᠶ᠎ᠡ᠂ ᠲᠥᠩ ᠿᠢ ᠮᠠᠰᠢᠨ ᠲᠡᠷᠭᠡᠨ ᠤ ᠰᠡᠯᠪᠢᠭ ᠲᠣᠨᠤᠭ ᠵᠡᠷᠭᠡ 21 ᠲᠥᠷᠥᠯ ᠵᠦᠢᠯ ᠢ ᠵᠣᠯᠭᠠᠯᠳᠤᠭᠤᠯᠤᠨ | ᠶᠠᠷᠢᠯᠴᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠵᠢᠯ ᠤᠨ ᠳᠣᠲᠣᠷ᠎ᠠ 32 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ | ︽ᠪᠠᠭᠤᠯᠭᠠᠬᠤ ᠤᠶᠠᠯᠳᠤᠭᠤᠯᠬᠤ ᠦᠢᠯᠡᠴᠢᠯᠡᠬᠦ︾ ᠥᠭᠡᠷᠡᠴᠢᠯᠡᠯᠲᠡ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠤᠨ᠎ᠠ᠃ ᠭᠤᠤᠯᠳᠠᠯᠭ᠎ᠠ ᠲᠠᠢ ᠬᠦᠷᠢᠶ᠎ᠡ ᠪᠠ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠳᠤ ᠡᠪᠡᠷᠰᠢᠶᠡᠯ᠂ ᠲᠦᠭᠵᠢᠷᠡᠯ᠂ ᠬᠦᠴᠢᠷ ᠠᠰᠠᠭᠤᠳᠠᠯ ᠢ ᠦᠨᠡᠨ | ᠬᠦ ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠬᠦ | ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠥᠷᠨᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ | ᠨᠢᠭᠡᠳᠦᠯᠲᠡᠶ ᠲᠦᠪᠯᠡᠷᠡᠭᠦᠯᠵᠦ᠂ ︽ᠨᠢᠭᠡ ᠪᠦᠯᠦᠭ ᠤᠨ ᠲᠦᠷᠢᠮ︾ ᠤᠨ ᠬᠢᠨᠠᠨ ᠵᠥᠪᠰᠢᠶᠡᠷᠡᠯ ᠢ ᠪᠡᠶᠡᠯᠡᠭᠦᠯᠦᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠢᠯᠢᠳᠡᠭᠵᠢᠭᠦᠯᠬᠦ ᠡᠷᠴᠢᠮ ᠢ ᠴᠢᠩᠭᠠᠷᠠᠭᠤᠯᠵᠤ᠂ ᠬᠡᠷᠡᠭ | ᠶᠠᠪᠤᠳᠠᠯ ᠤᠨ ᠮᠠᠲ᠋ᠧᠷᠢᠶᠠᠯ ᠢ ᠤᠯᠠᠮ ᠨᠢᠭᠡ ᠠᠯᠬᠤᠮ ᠪᠠᠭᠠᠰᠬᠠᠵᠤ᠂ ᠭᠦᠢᠴᠡᠳᠭᠡᠬᠦ ᠴᠠᠭ ᠤᠨ ᠬᠢᠵᠠᠭᠠᠷ ᠢ ᠪᠥᠬᠦ | ᠬᠦᠴᠦᠨ ᠢᠶᠠᠷ ᠢᠶᠠᠨ ᠪᠠᠭᠠᠰᠬᠠᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠬᠢᠭᠡᠳ ᠬᠠᠮᠢᠶ᠎ᠠ | ᠪᠦᠬᠦᠢ ᠰᠢᠰᠲ᠋ᠧᠮ ᠤᠨ ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ | ᠠᠵᠤ ᠠᠬᠤᠶᠢᠯᠠᠯ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠨᠠᠶᠢᠳᠠᠪᠤᠷᠢᠵᠢᠭᠤᠯᠤᠯᠲᠠ | ᠶᠢ ᠪᠣᠳᠠᠲᠠᠶᠢᠵᠢᠭᠤᠯᠤᠭᠰᠠᠨ ᠥᠬᠡᠶ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠳᠣᠤᠷ᠎ᠠ ᠵᠡᠷᠭᠡ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ︽ᠳᠣᠲᠣᠨᠣ︾ ︽ᠴᠢᠬᠡᠴᠢ︾ ᠰᠢᠨ᠎ᠡ ᠬᠡᠯᠪᠡᠷᠢ ᠶᠢᠨ | ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠤᠨ᠎ᠠ᠃ ᠢᠲᠡᠭᠡᠮᠵᠢᠲᠡᠢ ᠪᠠᠶᠢᠬᠤ ᠶᠢ | ᠰᠠᠶᠢᠰᠢᠶᠠᠨ ᠬᠥᠬᠢᠭᠦᠯᠬᠦ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠨᠰᠢᠬᠦᠯᠵᠦ᠂ | ᠪᠦᠬᠦ ᠤᠯᠤᠰ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠳᠠ ᠶᠢ ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠠᠵᠤ ᠠᠬᠤᠶᠢᠯᠠᠯ ᠳᠤ ᠭᠠᠷᠭᠠᠭᠰᠠᠨ | ᠬᠠᠤᠯᠢ ᠶᠣᠰᠣᠨ ᠤ ᠲᠦᠷᠢᠮ ᠲᠣᠭᠲᠠᠭᠠᠯ ᠳᠤ ᠨᠡᠶᠢᠴᠡᠬᠦ ᠲᠦᠷᠦ ᠶᠢᠨ ᠪᠤᠳᠤᠯᠭ᠎ᠠ ᠶᠢᠨ ᠠᠮᠠᠯᠠᠯᠲᠠ ᠪᠦᠬᠦᠨ ᠢ ᠴᠥᠮ | ᠴᠢᠩᠭ᠎ᠠ ᠪᠡᠶᠡᠯᠡᠭᠦᠯᠵᠦ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠦᠨᠡᠨ ᠬᠦ | ᠳᠡᠭᠡᠭᠰᠢᠯᠡᠭᠦᠯᠬᠦ ᠬᠡᠷᠡᠭᠲᠡᠶ᠃ | ᠬᠦᠷᠢᠶᠡᠯᠡᠩ ᠤᠨ ᠳᠠᠭᠠᠭᠠᠴᠠ ᠶᠢ ᠪᠦᠬᠦ ᠬᠦᠴᠦᠨ ᠢᠶᠠᠷ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ | ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠶᠢᠨ ᠲᠠᠯᠠᠪᠠᠢ ᠶᠢᠨ | ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ | ᠬᠦᠷᠢᠶᠡᠯᠡᠩ ᠤᠨ ᠰᠠᠭᠤᠷᠢ ᠪᠡᠯᠡᠳᠬᠡᠮᠵᠢ ᠶᠢᠨ ᠲᠥᠯᠥᠪᠵᠢᠭᠦᠯᠭᠡ ᠶᠢᠨ ᠰᠢᠰᠲ᠋ᠧᠮᠵᠢ ᠪᠠ ᠴᠢᠬᠤᠯᠠ ᠬᠦᠴᠦᠨ ᠵᠦᠢᠯ ᠢ | ᠬᠠᠮᠲᠤᠪᠠᠷ ᠡᠳ᠋ᠯᠡᠬᠦ ᠶᠢ ᠨᠢᠭᠡᠳᠦᠯᠲᠡᠶ ᠲᠥᠯᠥᠪᠯᠡᠨ᠂ ᠳᠣᠤᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠦᠷᠢᠶᠡᠯᠡᠩ | ᠯᠤᠭ᠎ᠠ ᠬᠠᠮᠲᠤᠪᠠᠷ ᠪᠠᠶᠢᠭᠤᠯᠵᠤ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ | ᠲᠥᠷᠥᠯ ᠵᠦᠢᠯ ᠢ ᠬᠠᠮᠲᠤᠪᠠᠷ ᠲᠦᠯᠬᠢᠨ ᠠᠬᠢᠭᠤᠯᠵᠦ᠂ ᠡᠬᠢ ᠪᠠᠶᠠᠯᠢᠭ ᠢ ᠬᠠᠮᠲᠤᠪᠠᠷ ᠬᠡᠷᠡᠭᠯᠡᠬᠦ᠂ ᠭᠠᠶᠢᠯᠢ ᠲᠠᠲᠠᠪᠤᠷᠢ ᠶᠢ | ᠬᠠᠮᠲᠤᠪᠠᠷ ᠡᠳ᠋ᠯᠡᠬᠦ ᠠᠵᠢᠯᠯᠠᠭᠠᠨ ᠤ ᠲᠣᠭᠲᠠᠴᠠ ᠶᠢ ᠵᠣᠬᠢᠴᠠᠭᠤᠯᠤᠨ ᠪᠠᠶᠢᠭᠤᠯᠤᠨ᠎ᠠ᠃ ᠬᠠᠢ ᠱᠧᠩ ᠠᠵᠤ | ᠦᠢᠯᠡᠳᠪᠦᠷᠢ ᠶᠢᠨ ᠺᠣᠮᠫᠠᠨᠢ ᠶᠢᠨ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠥᠪ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠨᠡᠶᠢᠭᠡᠮ ᠤᠨ ᠬᠥᠷᠥᠩᠭᠡ ᠶᠢ ᠲᠡᠳᠡᠨ ᠬᠦᠷᠢᠶᠡᠯᠡᠩ ᠤᠨ ᠨᠡᠭᠡᠭᠡᠨ ᠠᠰᠢᠬᠯᠠᠬᠤ ᠡᠵᠡᠩᠨᠡᠯᠲᠡ ᠳᠤ | ᠣᠷᠣᠯᠴᠠᠭᠤᠯᠵᠤ᠂ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠨᠡᠭᠦᠷᠡᠰᠦ ᠵᠦᠭᠡᠭᠡᠪᠦᠷᠢᠯᠡᠬᠦ ᠵᠠᠮ ᠢ ᠥᠭᠡᠷᠡᠴᠢᠯᠡᠬᠦ᠂ ᠵᠢᠶᠠ ᠰᠢᠨ ᠶᠡᠭᠡ ᠵᠠᠮ ᠢ ᠥᠭᠡᠷᠡᠴᠢᠯᠡᠨ ᠳᠡᠰ ᠳᠡᠪᠰᠢᠭᠦᠯᠬᠦ᠂ | ᠳᠣᠮᠳᠠᠬᠢ ᠣᠰᠣ ᠶᠢ ᠡᠭᠡᠭᠦᠯᠦᠨ ᠬᠡᠷᠡᠭᠯᠡᠬᠦ ᠬᠤᠭᠤᠯᠠᠢ ᠶᠢᠨ ᠲᠣᠣᠷ ᠵᠡᠷᠭᠡ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠰᠠᠭᠤᠷᠢᠰᠢᠭᠰᠠᠨ ᠠᠵᠤ ᠠᠬᠤᠶᠢᠯᠠᠯ ᠳᠤ ᠪᠦᠬᠦ ᠲᠠᠯ᠎ᠠ ᠶᠢᠨ ᠬᠦᠴᠦᠨ ᠵᠦᠢᠯ ᠤᠨ | ᠪᠠᠲᠤᠯᠠᠭ᠎ᠠ ᠬᠠᠩᠭᠠᠨ᠎ᠠ᠃ ᠡᠬᠢ ᠪᠠᠶᠠᠯᠢᠭ ᠤᠨ ᠬᠤᠷᠣᠭᠳᠠᠯ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠶᠢᠨ | ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠶᠢᠨ ᠰᠢᠰᠲ᠋ᠧᠮ ᠢ ᠪᠠᠶᠢᠭᠤᠯᠵᠤ᠂ ᠮᠦ ᠪᠦᠷᠢ ᠶᠢᠨ ᠳᠤᠮᠳᠠᠴᠢ | ᠣᠷᠣᠭᠤᠯᠤᠯᠲᠠ᠂ ᠮᠦ ᠪᠦᠷᠢ ᠶᠢᠨ ᠳᠤᠮᠳᠠᠴᠢ ᠭᠠᠶᠢᠯᠢ ᠲᠠᠲᠠᠪᠤᠷᠢ᠂ ᠮᠦ ᠪᠦᠷᠢ ᠶᠢᠨ ᠳᠤᠮᠳᠠᠴᠢ GDP ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠭᠡᠳᠡᠷᠭᠦ ᠰᠢᠬᠠᠮᠳᠠᠭᠤᠯᠤᠨ᠎ᠠ᠃ | ᠭᠠᠳᠠᠭᠠᠳᠤ ᠨᠡᠭᠡᠭᠡᠯᠲᠡ ᠶᠢ ᠪᠦᠬᠦ ᠬᠦᠴᠦᠨ ᠢᠶᠠᠷ ᠥᠷᠭᠡᠳᠬᠡᠨ᠎ᠡ᠃ ᠤᠯᠤᠰ ᠤᠨ ︽ᠨᠢᠭᠡ ᠪᠦᠰᠡ ᠨᠢᠭᠡ ᠵᠠᠮ︾ | ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢᠨ ᠴᠢᠬᠤᠯᠠ | ᠶᠡᠭᠡ ᠲᠡᠤᠬᠡᠨ ᠠᠵᠠ ᠲᠣᠬᠢᠶᠠᠯ ᠢ ᠴᠢᠩᠭ᠎ᠠ ᠠᠳᠬᠤᠵᠤ᠂ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ | ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠦᠬᠠᠶ ᠵᠢᠴᠢ ᠡᠷᠬᠢᠨ | ᠲᠣᠭᠤᠷᠢᠨ ᠤ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠡᠬᠢ ᠪᠠᠶᠠᠯᠢᠭ ᠤᠨ ᠬᠦᠴᠦᠨ ᠵᠦᠢᠯ ᠢ ᠠᠵᠤ ᠦᠢᠯᠡᠳᠪᠦᠷᠢ ᠶᠢᠨ | ᠬᠦᠷᠢᠶᠡᠯᠡᠩ ᠳᠠᠰᠢ ᠲᠥᠪᠯᠡᠷᠡᠭᠦᠯᠬᠦ ᠶᠢ ᠬᠥᠲᠥᠯᠦᠨ ᠵᠢᠯᠣᠭᠤᠳᠴᠤ᠂ ᠠᠵᠤ ᠦᠢᠯᠡᠰ ᠤᠨ ᠪᠦᠲᠦᠴᠡ ᠶᠢᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ ᠲᠡᠯᠡᠢ ᠲᠠᠩᠭᠢᠰ ᠤᠨ ᠤᠰᠤᠲᠥ᠋ᠷᠥᠭᠴᠢ ᠶᠢᠨ | ᠡᠨᠧᠷᠭᠢ ᠶᠢᠨ ᠨᠡᠭᠡᠭᠡᠯᠲᠡ᠂ ᠬᠥᠬᠡ ᠴᠢᠯᠠᠭᠤᠨ ᠤ ᠬᠢᠮᠢ᠂ ᠰᠧᠨ ᠶᠠᠩ ᠰᠢᠨᠵᠢᠯᠡᠭᠡ ᠮᠡᠷᠭᠡᠵᠢᠯ ᠵᠡᠷᠭᠡ ᠲᠥᠷᠥᠯ ᠵᠦᠢᠯ ᠢ | ᠦᠷᠭᠦᠯᠵᠢᠯᠡᠨ ᠳᠠᠭᠠᠵᠤ᠂ ᠭᠠᠳᠠᠭᠰᠢ ᠴᠢᠭᠯᠡᠭᠦᠯᠦᠭᠰᠡᠨ ᠠᠵᠤ ᠠᠬᠤᠶ ᠶᠢ ᠢᠳᠡᠪᠬᠢᠲᠡᠢ ᠬᠥᠭᠵᠢᠭᠦᠯᠵᠦ᠂ ᠣᠯᠠᠨ | ᠤᠯᠤᠰ ᠤᠨ ᠡᠬᠡ ᠬᠠᠭᠤᠷᠠᠶ ᠶᠢᠨ ᠭᠠᠷᠠᠮ ᠤᠨ ᠲᠤᠬᠠᠶᠢᠯᠠᠭᠰᠠᠨ ᠠᠵᠢᠯ ᠢᠶᠠᠨ ᠥᠷᠭᠡᠳᠬᠡᠨ᠂ ᠬᠠᠩᠭᠠᠯᠭ᠎ᠠ ᠶᠢᠨ | ᠬᠡᠯᠬᠢᠶ᠎ᠡ ᠪᠠᠨ ᠤᠷᠲᠤᠳᠬᠠᠬᠤ ᠶᠢ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠦᠢᠯᠡᠳᠭᠦᠨ ᠤ ᠪᠦᠲᠦᠮᠵᠢᠲᠡᠶ | ᠭᠠᠳᠠᠭᠠᠳᠤ ᠳᠤ ᠭᠠᠷᠭᠠᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠶ᠃ | ︵ᠳᠥᠷᠪᠡ︶ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ︽ᠬᠤᠤᠰ ᠬᠤᠲᠠ ᠶᠢ | ᠬᠤᠯᠪᠣᠭᠠᠯᠠᠨ ᠡᠭᠦᠳᠬᠦ︾ ᠶᠢ ᠡᠷᠡᠰ ᠭᠤᠶᠢᠪᠢᠰᠢ ᠥᠬᠡᠶ ᠬᠡᠷᠡᠭᠵᠢᠭᠦᠯᠵᠦ᠂ ᠬᠤᠲᠠ ᠬᠥᠳᠡᠭᠡ ᠶᠢᠨ ᠠᠭᠤᠰᠤᠯᠴᠠᠯ ᠢ | ᠤᠯᠠᠮ ᠨᠢᠭᠡ ᠠᠯᠬᠤᠮ ᠠᠬᠢᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠶᠡᠬᠡᠪᠡᠷ ᠬᠡᠷᠡᠭᠵᠢᠭᠦᠯᠦᠨ᠎ᠡ᠃ ᠬᠠᠶᠢᠨᠠᠨ | ᠲᠣᠭᠤᠷᠢᠭ ᠤᠨ ︽3 + 3︾ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ | ᠴᠢᠨᠠᠷ ᠰᠠᠶᠢᠲᠠᠶ ᠦᠵᠦᠮ᠂ ᠠᠮᠢ ᠠᠬᠤᠶ ᠶᠢᠨ ᠲᠡᠵᠢᠭᠡᠨ ᠦᠷᠡᠵᠢᠭᠦᠯᠬᠦ᠂ ᠰᠢᠨᠵᠢᠯᠡᠭᠡ ᠮᠡᠷᠭᠡᠵᠢᠯ ᠤᠨ ᠲᠠᠷᠢᠶᠠᠯᠠᠩ ᠵᠡᠷᠭᠡ | ᠭᠤᠷᠪᠠᠨ ᠶᠡᠭᠡ ᠭᠤᠤᠯᠯᠠᠬᠤ ᠬᠡᠯᠪᠡᠷᠢ ᠶᠢᠨ ᠠᠵᠤ ᠦᠢᠯᠡᠰ ᠢ ᠬᠥᠭᠵᠢᠭᠦᠯᠦᠨ᠂ ᠡᠷᠡᠭᠦᠯᠵᠢᠯ ᠨᠠᠰᠤᠵᠢᠯ ᠤᠨ ᠠᠰᠠᠷᠠᠮᠵᠢ᠂ | ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠰᠡᠯᠡᠭᠦᠴᠡᠯ ᠵᠢᠭᠤᠯᠴᠢᠯᠠᠯ ᠤᠨ ᠲᠠᠷᠢᠶᠠᠯᠠᠩ ᠵᠡᠷᠭᠡ ᠭᠤᠷᠪᠠᠨ | ᠶᠡᠭᠡ ᠪᠤᠶᠢᠵᠢᠭᠤᠯᠬᠤ ᠬᠡᠯᠪᠡᠷᠢ ᠶᠢᠨ ᠠᠵᠤ ᠦᠢᠯᠡᠰ ᠢ ᠡᠭᠦᠳᠦᠨ ᠪᠠᠶᠢᠭᠤᠯᠵᠤ᠂ ᠦᠵᠦᠮ ᠤᠨ ᠲᠠᠷᠢᠶᠠᠨ ᠭᠠᠵᠠᠷ ᠤᠨ | ᠶᠡᠷᠦᠩᠬᠡᠶᠢᠯᠡᠭᠰᠡᠨ ᠴᠣᠭᠴᠠ᠂ ᠬᠠᠲᠤᠨ ᠭᠤᠤᠯ ᠤᠨ ᠰᠢ ᠰᠢᠩ ᠠᠶᠠᠨᠴᠢᠳ ᠤᠨ ᠪᠠᠭᠤᠳᠠᠯ ᠤᠨ ᠵᠢᠭᠤᠯᠴᠢᠯᠠᠯ ᠤᠨ | ᠠᠵᠤ ᠦᠢᠯᠡᠰ ᠤᠨ ᠠᠭᠤᠰᠤᠯᠴᠠᠯ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠣᠳᠣ ᠦᠶ᠎ᠡ ᠶᠢᠨ ᠲᠠᠷᠢᠶᠠᠯᠠᠩ ᠤᠨ ᠡᠵᠡᠩᠨᠡᠯᠲᠡ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠠᠵᠤ | ᠦᠢᠯᠡᠰ ᠤᠨ ᠬᠤᠯᠪᠣᠭᠠᠲᠤ ᠴᠣᠭᠴᠠ ᠶᠢ ᠬᠥᠮᠦᠵᠢᠭᠦᠯᠵᠦ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ | ᠳᠡᠯᠭᠡᠷᠡᠭᠦᠯᠬᠦ ᠬᠡᠷᠡᠭᠲᠡᠶ᠃ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠤ ᠵᠢᠱᠢᠶ᠎ᠡ ᠦᠵᠡᠭᠦᠯᠦᠨ | ᠬᠥᠲᠥᠯᠦᠨ ᠳᠠᠭᠠᠭᠤᠯᠬᠤ ᠠᠵᠢᠯᠯᠠᠭ᠎ᠠ ᠶᠢ ᠪᠥᠬᠦ ᠬᠦᠴᠦᠨ ᠢᠶᠠᠷ ᠠᠬᠢᠭᠤᠯᠵᠤ᠂ ᠳ᠋ᠦᠩᠰᠢᠩ ᠲᠣᠰᠬᠤᠨ ᠤ ᠵᠢᠱᠢᠶ᠎ᠡ | ᠦᠵᠡᠭᠦᠯᠬᠦ ᠲᠣᠰᠬᠤᠨ ᠤ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠲᠠᠷᠢᠶᠠᠯᠠᠬᠤ ᠣᠷᠣᠨ ᠤ ᠠᠮᠢᠳᠤᠷᠠᠯ ᠤᠨ | ᠬᠤᠭ ᠨᠣᠪᠰᠢ ᠶᠢ ᠰᠢᠢᠳᠪᠦᠷᠢᠯᠡᠬᠦ᠂ ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠲᠣᠰᠬᠤᠨ ᠤ ᠳᠦᠷᠰᠦ ᠪᠠᠶᠢᠳᠠᠯ ᠢ | ᠳᠡᠭᠡᠭᠰᠢᠯᠡᠭᠦᠯᠬᠦ ᠵᠡᠷᠭᠡ ᠭᠤᠤᠯᠳᠠᠯᠭ᠎ᠠ ᠲᠠᠢ ᠡᠭᠦᠷᠭᠡ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ︽ | ᠵᠣᠷᠯᠣᠩ ᠤᠨ ᠬᠤᠪᠢᠰᠬᠠᠯ︾ ᠢ ᠯᠠᠪᠳᠠᠭᠤᠨ ᠪᠠᠲᠤᠲᠠᠶ ᠥᠷᠨᠢᠭᠦᠯᠵᠦ᠂ ᠡᠷᠦᠬᠡ ᠶᠢᠨ ᠵᠣᠷᠯᠣᠩ ᠢ ᠥᠭᠡᠷᠡᠴᠢᠯᠡᠬᠦ | ᠨᠢᠭᠡᠨᠲᠡ ᠲᠣᠭᠲᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ | ᠨᠥᠬᠦᠪᠥᠷᠢᠯᠡᠵᠦ᠂ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠲᠠᠷᠢᠶᠠᠯᠠᠬᠤ ᠣᠷᠣᠨ ᠤ ᠵᠠᠮ ᠢ 13 ᠺᠢᠯᠣᠮᠧᠲᠷ ᠦᠭᠡᠷᠡᠴᠢᠯᠡᠨ ᠲᠠᠰ ᠳᠡᠪᠰᠢᠭᠦᠯᠵᠦ᠂ ᠤᠰᠤ | ᠬᠠᠩᠭᠠᠬᠤ ᠤᠰᠤ ᠵᠠᠯᠠᠬᠤ᠂ ᠨᠣᠭᠤᠭᠠᠷᠠᠭᠤᠯᠤᠯᠲᠠ᠂ ᠭᠡᠷᠡᠯᠲᠦᠭᠦᠯᠬᠦ ᠵᠡᠷᠭᠡ ᠣᠷᠳᠣ ᠬᠤᠭᠤᠴᠠᠭᠠᠨ ᠤ ᠪᠦᠲᠦᠮᠵᠢᠲᠡᠶ | ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠵᠦ᠂ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢᠨ ᠲᠠᠰ | ᠳᠡᠪᠰᠢᠬᠦ ᠶᠢ ᠠᠬᠢᠭᠤᠯᠤᠨ᠎ᠠ᠃ | ᠬᠤᠲᠠ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠣᠯᠪᠠᠰᠤᠨ ᠬᠤᠲᠠ ᠪᠣᠯᠤᠨ ᠡᠷᠡᠭᠦᠯ | ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠭᠦᠢᠴᠡᠳᠭᠡᠬᠦ ᠲᠤᠭ᠎ᠠ ᠶᠢ ᠴᠢᠩᠭ᠎ᠠ ᠬᠠᠷᠢᠴᠠᠭᠤᠯᠵᠤ᠂ | ᠬᠤᠲᠠ ᠶᠢᠨ ᠣᠷᠴᠢᠨ ᠲᠣᠭᠤᠷᠢᠨ᠂ ᠵᠠᠮ ᠬᠠᠷᠢᠯᠴᠠᠭᠠᠨ ᠤ ᠡᠮᠬᠢ ᠵᠢᠷᠤᠮ᠂ ᠣᠷᠴᠢᠨ ᠲᠤᠭᠤᠷᠢᠨ ᠤ ᠡᠷᠡᠭᠦᠯ ᠬᠠᠮᠠᠭᠠᠯᠠᠯ᠂ | ᠳᠦᠷᠢᠮ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ | ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠡᠭᠦᠳᠦᠨ ᠪᠠᠶᠢᠭᠤᠯᠬᠤ ᠡᠭᠦᠷᠭᠡ ᠶᠢ ᠥᠨᠳᠥᠷ | ᠬᠢᠷᠢ ᠲᠦᠪᠰᠢᠨ ᠢᠶᠠᠷ ᠪᠡᠶᠡᠯᠡᠭᠦᠯᠦᠨ᠎ᠡ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠲᠣᠭᠤᠷᠢᠭ ᠤᠨ ᠳᠠᠷᠤᠭ᠎ᠠ᠂ ᠲᠣᠪᠴᠢᠶᠠᠨ ᠳᠠᠷᠤᠭ᠎ᠠ ᠶᠢᠨ ︽ᠵᠠᠰᠠᠮᠠᠯ ᠵᠠᠮ ᠢᠶᠠᠷ ᠠᠯᠪᠠᠯᠠᠬᠤ︾ | ᠳᠦᠷᠢᠮ ᠢ ᠬᠡᠷᠡᠭᠵᠢᠭᠦᠯᠵᠦ᠂ ᠬᠤᠲᠠ ᠶᠢᠨ ᠶᠠᠪᠤᠳᠠᠯ ᠤᠨ ᠠᠵᠢᠯ ᠤᠨ ᠲᠦᠷᠭᠡᠨ ᠲᠤᠰᠬᠠᠯ ᠤᠨ ᠲᠣᠭᠲᠠᠴᠠ ᠶᠢ | ᠪᠠᠶᠢᠭᠤᠯᠵᠤ᠂ ᠬᠤᠲᠠ ᠶᠢᠨ ᠬᠠᠮᠢᠶᠠᠷᠤᠯᠲᠠ ᠶᠢᠨ ︽ᠨᠠᠢᠮᠠᠨ ᠠᠳᠠᠯᠢ︾ ᠶᠢ ᠴᠢᠷᠮᠠᠶᠢᠨ ᠠᠬᠢᠭᠤᠯᠵᠤ᠂ ︽12345︾ | ᠬᠤᠲᠠ ᠶᠢᠨ ᠠᠷᠠᠳ ᠤᠨ ᠦᠢᠯᠡᠴᠢᠯᠡᠭᠡᠨ ᠤ ᠬᠠᠯᠠᠭᠤᠨ ᠤᠲᠠᠰᠤᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ | ᠵᠠᠰᠠᠭ ᠤᠨ ᠣᠷᠳᠣᠨ ᠤ ᠠᠷᠠᠳ ᠲᠤ ᠦᠢᠯᠡᠴᠢᠯᠡᠬᠦ ︽ᠶᠡᠷᠦᠩᠬᠡᠢ ᠦᠢᠯᠡᠴᠢᠯᠡᠭᠡ︾ ᠶᠢ ᠪᠠᠶᠢᠭᠤᠯᠵᠤ᠂ ᠬᠤᠲᠠ ᠶᠢᠨ | ᠬᠠᠮᠢᠶᠠᠷᠤᠯᠲᠠ ᠶᠢ ᠨᠠᠩ ᠥᠨᠳᠥᠷ ᠳᠤᠯᠠᠭᠠᠴᠠ ᠲᠠᠢ ᠪᠣᠯᠭᠠᠨ᠎ᠠ᠃ ᠣᠯᠠᠨ ᠨᠡᠶᠢᠲᠡ ᠶᠢᠨ ᠲᠥᠬᠦᠭᠡᠷᠦᠮᠵᠢ ᠶᠢ ᠲᠡᠰ | ᠳᠡᠪᠰᠢᠭᠦᠯᠦᠨ ᠥᠭᠡᠷᠡᠴᠢᠯᠡᠬᠦ ᠶᠢ ᠪᠦᠬᠦ ᠲᠠᠯ᠎ᠠ ᠪᠠᠷ ᠠᠬᠢᠭᠤᠯᠵᠤ᠂ ᠬᠤᠲᠠ ᠲᠣᠭᠤᠷᠢᠭ ᠤᠨ ᠶᠠᠪᠠᠭᠠᠨ ᠬᠥᠮᠦᠨ ᠤ ᠵᠠᠮ ᠢ | 18.6 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠰᠢᠨᠡᠳᠭᠡᠬᠦ ᠶᠢ ᠪᠡᠶᠡᠯᠡᠭᠦᠯᠵᠦ᠂ ᠪᠣᠷᠣᠭᠠᠨ ᠤ ᠤᠰᠤᠨ ᠤ | ᠬᠤᠭᠤᠯᠠᠢ ᠲᠣᠣᠷ᠂ ᠪᠣᠬᠢᠷ ᠤᠰᠤᠨ ᠤ ᠬᠤᠭᠤᠯᠠᠢ ᠲᠣᠣᠷ ᠤᠨ ᠦᠭᠡᠷᠡᠴᠢᠯᠡᠯᠲᠡ ᠵᠡᠷᠭᠡ ᠬᠤᠲᠠ ᠶᠢᠨ ᠶᠠᠪᠤᠳᠠᠯ ᠤᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠬᠠᠢ ᠳ᠋ᠢᠶᠠᠨ | ᠴᠡᠴᠡᠷᠯᠢᠭ ᠵᠡᠷᠭᠡ 7 ᠬᠠᠭᠤᠴᠢᠨ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠢ ᠲᠣᠣᠷ᠂ ᠤᠰᠤ | ᠬᠠᠩᠭᠠᠬᠤ ᠤᠰᠤ ᠵᠠᠯᠠᠬᠤ ᠥᠭᠡᠷᠡᠴᠢᠯᠡᠯᠲᠡ ᠶᠢ ᠲᠦᠷᠭᠡᠳᠬᠡᠨ ᠬᠡᠷᠡᠭᠵᠢᠭᠦᠯᠦᠨ᠎ᠡ᠃ ᠬᠦᠬᠤᠰᠤ ᠪᠠᠯᠭᠠᠰᠤᠨ ᠤ ︽ | ᠭᠤᠷᠪᠠᠨ ᠬᠠᠩᠭᠠᠯᠭ᠎ᠠ ᠨᠢᠭᠡ ᠦᠢᠯᠡᠰ︾ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠦ᠂ | ᠪᠤᠭᠤᠲᠤ ᠶᠢᠨ ᠥᠨᠳᠥᠷ ᠬᠤᠷᠳᠤᠴᠠᠲᠤ ᠲᠡᠮᠦᠷ ᠵᠠᠮ ᠤᠨ ᠦᠬᠠᠢ ᠶᠢᠨ ᠬᠡᠰᠡᠭ᠂ ᠦᠬᠠᠢ ᠠᠴᠠ ᠨᠢᠩᠳᠦ᠋ᠩ ᠳᠤ ᠬᠦᠷᠬᠦ | ᠥᠨᠳᠥᠷ ᠬᠤᠷᠳᠤᠴᠠᠲᠤ ᠵᠠᠰᠠᠮᠠᠯ ᠵᠠᠮ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ | ᠬᠢᠵᠦ᠂ ᠬᠠᠢ ᠳ᠋ᠢᠶᠠᠨ ᠠᠮᠢ ᠠᠬᠤᠢ ᠶᠢᠨ ᠬᠦᠷᠢᠶᠡᠯᠡᠩ᠂ ᠬᠡᠦᠷᠡᠰᠦᠨ ᠬᠢᠮᠢ ᠶᠢᠨ ᠦᠢᠯᠡᠳᠪᠦᠷᠢ ᠶᠢᠨ ᠡᠷᠭᠢᠨ | ᠲᠣᠭᠤᠷᠢᠨ ᠤ ᠣᠷᠣᠨ ᠪᠦᠰᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠪᠦᠬᠦ ᠲᠠᠯ᠎ᠠ ᠪᠠᠷ ᠲᠡᠭᠦᠯᠳᠡᠷᠵᠢᠭᠦᠯᠵᠦ᠂ | ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠤᠯᠠᠮ ᠨᠢᠭᠡ ᠠᠯᠬᠤᠮ | ᠰᠢᠯᠢᠳᠡᠭᠵᠢᠭᠦᠯᠦᠨ᠎ᠡ᠃ | ︵ᠲᠠᠪᠤ︶ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢ ᠡᠷᠡᠰ ᠭᠤᠶᠢᠪᠢᠰᠢ | ᠦᠭᠡᠢ ᠨᠠᠶᠢᠳᠠᠪᠤᠷᠢᠵᠢᠭᠤᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ | ᠠᠬᠢᠭᠤᠯᠤᠨ᠎ᠠ᠃ | ᠬᠦᠬᠡ ᠠᠭᠤᠯᠠ ᠬᠥᠬᠡᠮᠳᠦᠭ ᠤᠰᠤ ᠪᠣᠯ ᠳᠠᠷᠣᠢ ᠠᠯᠲᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ | ᠣᠨᠣᠯᠵᠢᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠬᠤ ᠪᠠᠶᠢᠯᠳᠣᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠶ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ᠂ ᠲᠤᠭᠤᠷᠢᠭ ᠤᠨ ᠪᠦᠳᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠳᠦᠰᠦᠨ ᠳᠡᠭᠡᠨ ᠪᠠᠬᠢᠵᠢᠭᠦᠯᠬᠦ ᠶᠢ ᠠᠬᠢᠭᠤᠯᠤᠨ᠎ᠠ᠃ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠣᠬᠤ | ᠪᠣᠳᠣᠯᠭ᠎ᠠ ᠶᠢ ᠬᠢᠨᠠᠮᠠᠭᠠᠶ ᠲᠤᠭᠤᠰᠢᠯᠠᠭᠤᠯᠵᠤ᠂ ᠪᠥᠬᠦ ᠰᠠᠪᠠ ᠭᠠᠵᠠᠷ ᠠᠴᠠ ᠡᠭᠦᠰᠴᠦ ᠬᠠᠲᠤᠨ ᠭᠤᠤᠯ ᠤᠨ ᠠᠮᠢ | ᠠᠬᠤᠶ ᠶᠢᠨ ᠬᠠᠮᠠᠭᠠᠯᠠᠯᠲᠠ ᠶᠢ ᠲᠠᠨᠢᠬᠤ ᠪᠠ ᠬᠢᠨᠠᠨ ᠦᠵᠡᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ | ᠵᠠᠰᠠᠬᠤ ᠶᠢ ᠭᠦᠨᠵᠡᠭᠡᠶ ᠳᠥᠯᠭᠢᠨ ᠠᠬᠢᠭᠤᠯᠵᠤ᠂ ᠠᠵᠤ ᠦᠢᠯᠡᠳᠪᠦᠷᠢ᠂ ᠬᠤᠲᠠ ᠪᠠᠯᠭᠠᠰᠤᠨ ᠤ ᠠᠮᠢᠳᠤᠷᠠᠯ ᠪᠠ | ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠭᠤᠤᠯ ᠤᠨ | ᠳᠠᠷᠤᠭ᠎ᠠ ᠶᠢᠨ ᠲᠦᠷᠢᠮ ᠢᠶᠠᠷ ᠭᠠᠷᠳᠠᠴᠠ ᠪᠣᠯᠭᠠᠵᠤ᠂ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ | ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ᠠᠰᠠᠭᠤᠳᠠᠯ ᠢ ᠬᠦᠴᠦ ᠪᠠᠨ ᠲᠥᠪᠯᠡᠷᠡᠭᠦᠯᠦᠨ | ᠰᠢᠢᠳᠪᠦᠷᠢᠯᠡᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠡᠵᠢ ᠭᠤᠤᠯ ᠢ ᠰᠠᠶᠢᠲᠤᠷ ᠬᠠᠮᠠᠭᠠᠯᠠᠨ᠎ᠠ᠃ | ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠵᠦ᠂ ᠤᠰᠤᠨ ᠤ ᠡᠬᠢ ᠪᠠᠶᠠᠯᠢᠭ ᠢ ᠠᠷᠪᠢᠯᠠᠬᠤ᠂ ᠨᠡᠭᠡᠭᠡᠬᠦ᠂ ᠠᠰᠢᠭᠯᠠᠬᠤ᠂ ᠬᠠᠮᠠᠭᠠᠯᠠᠬᠤ ᠶᠢ ᠪᠦᠬᠦ | ᠲᠠᠯ᠎ᠠ ᠪᠠᠷ ᠬᠢᠨᠠᠨ ᠬᠠᠮᠢᠶᠠᠷᠴᠤ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ | ᠢᠵᠢ ᠪᠦᠷᠢᠳᠦᠭᠦᠯᠬᠦ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠬᠤᠲᠠ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠨᠣᠷᠮ᠎ᠠ ᠶᠢ 60% ᠠᠴᠠ ᠳᠡᠭᠡᠭᠰᠢ ᠳᠤ | ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠶᠢ | ᠲᠦᠷᠭᠡᠳᠬᠡᠨ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠶ ᠬᠠᠶᠠᠭᠳᠠᠮᠠᠯ ᠪᠣᠳᠠᠰ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭ᠎ᠠ ᠠᠳᠬᠤᠵᠤ᠂ ᠪᠣᠬᠢᠷᠲᠤᠭᠰᠠᠨ ᠬᠠᠶᠠᠭᠳᠠᠮᠠᠯ ᠪᠣᠳᠠᠰ ᠤᠨ ᠪᠥᠬᠦ | ᠶᠠᠪᠤᠴᠠ ᠶᠢᠨ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠂ ᠪᠣᠬᠢᠷᠲᠤᠭᠰᠠᠨ ᠭᠠᠵᠠᠷ ᠤᠨ ᠨᠡᠷᠡᠰ ᠤᠨ ᠵᠢᠭᠰᠠᠭᠠᠯᠲᠠ | ᠵᠢᠴᠢ ᠨᠡᠭᠡᠭᠡᠨ ᠠᠰᠢᠭᠯᠠᠬᠤ ᠶᠢᠨ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢ ᠠᠯᠬᠤᠮ ᠠᠯᠬᠤᠮ ᠢᠶᠠᠷ ᠪᠠᠶᠢᠭᠤᠯᠵᠤ᠂ | ᠬᠥᠷᠥᠰᠥ ᠰᠢᠷᠣᠶ ᠶᠢᠨ ᠪᠣᠬᠢᠷᠲᠤᠯ ᠢ ᠵᠠᠰᠠᠬᠤ ᠪᠠ ᠵᠠᠰᠠᠨ ᠰᠡᠷᠭᠦᠭᠡᠬᠦ ᠶᠢ ᠡᠮᠬᠢ ᠵᠢᠷᠤᠮ ᠲᠠᠢ ᠥᠷᠨᠢᠭᠦᠯᠦᠨ᠎ᠡ᠃ ᠠᠮᠢ | ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠵᠦ᠂ | ᠣᠢ ᠰᠢᠭᠤᠢ ᠡᠪᠡᠰᠦ ᠪᠡᠯᠴᠢᠭᠡᠷ ᠢ ᠤᠶᠠᠯᠳᠤᠭᠤᠯᠬᠤ ᠭᠠᠵᠠᠷ ᠲᠤ ᠲᠣᠬᠢᠷᠠᠬᠤ ᠮᠣᠳᠣ ᠲᠠᠷᠢᠬᠤ ᠵᠠᠷᠴᠢᠮ ᠢ | ᠪᠠᠷᠢᠮᠲᠠᠯᠠᠨ᠂ ᠪᠠᠶᠢᠭᠠᠯᠢ ᠶᠢᠨ ᠤᠢ ᠶᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ | ᠦᠷᠭᠦᠯᠵᠢᠯᠡᠨ ᠲᠦᠯᠬᠢᠨ ᠠᠬᠢᠭᠤᠯᠵᠤ᠂ ᠬᠢᠯᠢ ᠳᠠᠭᠠᠤ᠂ ᠵᠠᠮ ᠳᠠᠭᠠᠤ᠂ ᠠᠭᠤᠯᠠ ᠳᠠᠭᠠᠤ᠂ ᠭᠤᠣᠯ ᠳᠠᠭᠠᠤ ᠶᠢᠨ | ᠬᠠᠯᠬᠠᠪᠴᠢ ᠣᠢ ᠪᠠᠷ ᠭᠤᠣᠯᠳᠠᠯᠭ᠎ᠠ ᠪᠣᠯᠭᠠᠭᠰᠠᠨ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠬᠤᠩᠭᠢᠯ ᠵᠠᠮ ᠤᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 3000 ᠮᠦ ᠣᠶᠢᠵᠢᠭᠤᠯᠬᠤ ᠡᠭᠦᠷᠭᠡ ᠶᠢ ᠪᠡᠶᠡᠯᠡᠭᠦᠯᠦᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠡᠷᠡᠰ ᠭᠤᠶᠢᠪᠢᠰᠢ ᠥᠬᠡᠶ ᠪᠠᠲᠤᠯᠠᠨ ᠰᠠᠶᠢᠵᠢᠷᠠᠭᠤᠯᠵᠤ᠂ ᠠᠷᠠᠳ | ᠣᠯᠠᠨ ᠤ ᠬᠦᠷᠲᠡᠮᠵᠢ ᠶᠢᠨ ᠲᠥᠷᠥᠭᠳᠡᠯ ᠵᠤᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠠᠷᠠᠳ ᠤᠨ ᠠᠮᠢᠳᠤᠷᠠᠯ ᠤᠨ ᠢᠨᠵᠧᠨᠧᠷᠢᠩ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠠᠵᠢᠯ | ᠣᠯᠭᠤᠵᠦ ᠠᠳᠠᠯ ᠦᠢᠯᠡᠰ ᠴᠣᠭᠴᠠᠯᠠᠬᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ | ᠲᠤᠭᠲᠠᠪᠤᠷᠢᠵᠢᠭᠤᠯᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠪᠦᠬᠦ ᠵᠢᠯ ᠳᠤ ᠬᠤᠲᠠ ᠪᠠᠯᠭᠠᠰᠤᠨ ᠤ | ᠠᠵᠢᠯ ᠣᠯᠣᠬᠰᠠᠨ ᠬᠥᠮᠦᠨ ᠢ ᠰᠢᠨ᠎ᠡ ᠪᠠᠷ 1500 ᠬᠦᠮᠦᠨ ᠨᠡᠮᠡᠭᠳᠡᠭᠦᠯᠵᠦ᠂ ᠬᠤᠲᠠ ᠪᠠᠯᠭᠠᠰᠤᠨ ᠤ ᠠᠵᠢᠯ | ᠠᠯᠳᠠᠭᠰᠠᠳ ᠤᠨ ᠲᠠᠬᠢᠨ ᠠᠵᠢᠯ ᠣᠯᠣᠭᠤᠯᠲᠠ ᠶᠢ 600 ᠬᠥᠮᠦᠨ ᠪᠣᠯᠭᠠᠨ᠎ᠠ᠃ ᠬᠥᠳᠡᠯᠮᠦᠷᠢ ᠶᠢᠨ ᠬᠢᠨᠠᠨ | ᠪᠠᠶᠢᠴᠠᠭᠠᠯᠲᠠ ᠪᠠ ᠬᠥᠨᠳᠡᠯᠡᠨ ᠠᠴᠠ ᠲᠠᠰᠤᠯᠬᠤ ᠡᠶᠡᠳᠡᠭᠦᠯᠭᠡ ᠶᠢ ᠴᠢᠩᠭᠠᠳᠬᠠᠵᠤ᠂ ᠬᠦᠳᠡᠯᠮᠦᠷᠢ ᠶᠢᠨ ᠡᠷᠬᠡ | ᠠᠰᠢᠭ ᠢᠶᠠᠨ ᠬᠠᠮᠠᠭᠠᠯᠠᠬᠤ ᠪᠠᠲᠤᠯᠠᠭ᠎ᠠ ᠶᠢ ᠰᠠᠶᠢᠲᠤᠷ ᠬᠢᠵᠦ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ | ᠠᠰᠢᠭ ᠢ ᠦᠨᠡᠨ ᠬᠦ ᠬᠠᠮᠠᠭᠠᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠳᠠᠩᠰᠠᠯᠠᠯᠲᠠ ᠶᠢ | ᠭᠦᠨᠵᠡᠭᠡᠶ ᠲᠦᠯᠬᠢᠨ ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ | ᠥᠷᠭᠡᠳᠬᠡᠵᠦ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠨᠡᠶᠢᠭᠡᠮ ᠤᠨ ᠪᠠᠲᠤᠯᠠᠭ᠎ᠠ | ᠪᠣᠯᠤᠨ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠳᠥᠭᠦᠮ ᠪᠦᠳᠦᠭᠦᠯᠢᠭ | ᠣᠷᠣᠨ ᠰᠠᠭᠤᠴᠠᠲᠤ ᠲᠣᠭᠤᠷᠢᠭ ᠢ ᠨᠡᠭᠦᠯᠭᠡᠨ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ 2100 ᠢᠵᠢ | ᠵᠤᠭᠤᠰ ᠮᠦᠩᠭᠦᠨ ᠤ ᠬᠡᠯᠪᠡᠷᠢ ᠪᠠᠷ ᠲᠥᠪᠬᠢᠨᠡᠭᠦᠯᠬᠦ ᠶᠢ ᠪᠡᠶᠡᠯᠡᠭᠦᠯᠵᠦ᠂ 900 ᠢᠵᠢ ᠲᠥᠪᠬᠢᠨᠡᠭᠦᠯᠬᠦ ᠭᠡᠷ ᠪᠠᠶᠢᠰᠢᠩ ᠢ | ᠰᠢᠨ᠎ᠡ ᠪᠠᠷ ᠪᠠᠶᠢᠭᠤᠯᠪᠠ᠃ ︽ᠪᠣᠳᠠᠲᠤ ᠬᠡᠷᠡᠭᠯᠡᠭᠡ︾ ᠪᠠᠷ ᠪᠠᠷᠢᠮᠵᠢᠶ᠎ᠠ ᠪᠣᠯᠭᠠᠵᠤ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠦᠷᠦᠯ ᠵᠦᠢᠯ ᠢ ᠪᠦᠬᠦ ᠬᠦᠴᠦᠨ ᠢᠶᠠᠷ ᠰᠠᠶᠢᠲᠤᠷ ᠬᠡᠷᠡᠭᠵᠢᠭᠦᠯᠵᠦ᠂ ᠥᠨᠳᠥᠷ ᠪᠠᠷᠢᠮᠵᠢᠶ᠎ᠠ ᠪᠠᠷ | ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠨ᠎ᠠ᠃ | ᠨᠡᠶᠢᠭᠡᠮ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠰᠤᠷᠭᠠᠨ ᠬᠥᠮᠦᠵᠢᠯ ᠢ ᠲᠡᠷᠢᠭᠦᠨ ᠪᠠᠶᠢᠷᠢᠨ ᠳᠤ | ᠲᠠᠯᠪᠢᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠲᠠᠰᠤᠷᠠᠯᠲᠠ | ᠥᠬᠡᠶ ᠰᠢᠯᠢᠳᠡᠭᠵᠢᠭᠦᠯᠵᠦ᠂ ᠶᠢᠰᠦᠨ ᠵᠢᠯ ᠤᠨ ᠳᠦᠷᠢᠮᠲᠦ ᠰᠣᠷᠭᠠᠭᠤᠯᠢ ᠶᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠦᠷᠭᠦᠯᠵᠢᠯᠡᠨ | ᠠᠬᠢᠭᠤᠯᠤᠨ᠎ᠠ᠃ ᠬᠠᠶᠢᠨᠠᠨ ᠲᠣᠭᠤᠷᠢᠭ ᠤᠨ ᠳᠥᠷᠪᠡᠳᠦᠭᠡᠷ ᠬᠡᠦᠬᠡᠳ ᠤᠨ ᠴᠡᠴᠡᠷᠯᠢᠭ ᠢ ᠪᠠᠶᠢᠭᠤᠯᠵᠤ᠂ ᠰᠤᠷᠭᠠᠭᠤᠯᠢ ᠳᠤ | ᠣᠷᠣᠬᠤ ᠨᠠᠰᠤᠨ ᠤ ᠬᠡᠦᠬᠡᠳ ᠤᠨ ᠰᠤᠷᠭᠠᠭᠤᠯᠢ ᠳᠤ ᠣᠷᠣᠬᠤ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠨ᠎ᠠ᠃ | ᠭᠤᠷᠪᠠᠳᠠᠬᠢ ᠡᠲᠡᠭᠡᠳ ᠤᠨ ᠰᠤᠷᠭᠠᠨ ᠬᠥᠮᠦᠵᠢᠯ ᠤᠨ ᠰᠤᠳᠤᠯᠭᠠᠨ ᠤ ᠪᠠᠶᠢᠭᠤᠯᠤᠮᠵᠢ ᠯᠤᠭ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ | ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠵᠦ᠂ ᠠᠷᠪᠠᠨ ᠨᠠᠢᠮᠠᠳᠣᠭᠠᠷ ᠳᠤᠮᠳᠠᠳᠤ ᠰᠤᠷᠭᠠᠭᠤᠯᠢ ᠶᠢ ᠬᠡᠰᠡᠭ | ᠬᠤᠪᠢᠶᠠᠨ ᠪᠢᠲᠡᠭᠦᠮᠵᠢᠯᠡᠬᠦ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠶᠢᠨᠠᠨ ᠲᠣᠭᠤᠷᠢᠭ ᠤᠨ ᠰᠤᠷᠭᠠᠨ | ᠬᠥᠮᠦᠵᠢᠯ ᠤᠨ ᠶᠠᠰᠤ ᠴᠢᠨᠠᠷ ᠤᠨ ᠬᠢᠷᠢ ᠲᠦᠪᠰᠢᠨ ᠢ ᠪᠥᠬᠦ ᠬᠦᠴᠦᠨ ᠢᠶᠠᠷ ᠳᠡᠭᠡᠭᠰᠢᠯᠡᠭᠦᠯᠦᠨ᠎ᠡ᠃ ᠨᠠᠰᠤᠵᠢᠯ ᠤᠨ | ᠠᠰᠠᠷᠠᠮᠵᠢ ᠶᠢᠨ ᠦᠢᠯᠡᠰ ᠢ ᠬᠥᠭᠵᠢᠭᠦᠯᠬᠦ ᠶᠢ ᠳᠡᠮᠵᠢᠵᠦ᠂ ᠡᠮᠴᠢᠯᠡᠭᠡ ᠨᠠᠰᠤᠵᠢᠯ ᠢ ᠣᠶᠠᠯᠳᠣᠭᠤᠯᠤᠬᠰᠠᠨ ᠨᠠᠰᠤᠵᠢᠯ ᠤᠨ | ᠠᠰᠠᠷᠠᠮᠵᠢ ᠶᠢᠨ ᠵᠠᠭᠪᠤᠷ ᠢ ᠢᠳᠡᠪᠬᠢᠲᠡᠶ ᠬᠡᠷᠡᠭᠵᠢᠭᠦᠯᠵᠦ᠂ ᠡᠮᠴᠢᠯᠡᠭᠡ ᠨᠠᠰᠤᠵᠢᠯ ᠢ ᠣᠶᠠᠯᠳᠣᠭᠤᠯᠬᠤ ᠲᠥᠪ ᠢ | ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ | ᠲᠦᠷᠭᠡᠳᠬᠡᠵᠦ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠡᠷᠡᠭᠦᠯ ᠢᠶᠠᠷ ᠲᠦᠷᠭᠡᠨ ᠬᠥᠭᠵᠢᠬᠦ ᠶᠢ | ᠠᠬᠢᠭᠤᠯᠵᠤ᠂ ᠷᠠᠰᠠᠩ ᠰᠦᠮ᠎ᠡ ᠶᠢᠨ ᠮᠣᠩᠭᠤᠯ ᠡᠮ ᠡᠮᠨᠡᠯᠭᠡ ᠶᠢᠨ ᠰᠣᠶᠣᠯ ᠤᠨ ᠣᠨᠴᠠᠯᠢᠭᠲᠤ ᠪᠠᠯᠭᠠᠰᠤᠨ ᠤ | ᠲᠥᠯᠥᠪᠵᠢᠭᠦᠯᠪᠡ ᠶᠢ ᠨᠠᠶᠢᠷᠠᠭᠤᠯᠬᠤ ᠠᠵᠢᠯ ᠢ ᠡᠬᠢᠯᠡᠭᠦᠯᠦᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠰᠢᠰᠲ᠋ᠧᠮ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠭᠡᠨᠡᠳᠲᠡ ᠶᠢᠨ ᠬᠦᠨᠳᠦ ᠣᠨᠴᠠ ᠶᠡᠭᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠷᠤᠮᠵᠢᠯ ᠪᠠ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠵᠠᠰᠠᠬᠤ ᠬᠠᠮᠢᠶᠠᠷᠤᠯᠲᠠ ᠶᠢᠨ | ᠲᠣᠭᠲᠠᠴᠠ ᠶᠢ ᠪᠦᠷᠢᠨᠰᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ᠂ ᠭᠡᠷ ᠪᠦᠯᠢ ᠶᠢᠨ | ᠡᠮᠴᠢ ᠶᠢᠨ ᠭᠡᠷ᠎ᠡ ᠲᠤᠭᠲᠠᠬᠤ ᠠᠵᠢᠯ ᠢ ᠢᠳᠡᠪᠬᠢᠲᠡᠢ ᠠᠬᠢᠭᠤᠯᠵᠤ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ | ᠳᠣᠷᠣᠭᠰᠢ ᠪᠠᠭᠤᠯᠭᠠᠬᠤ ᠶᠢ ᠬᠦᠴᠦᠯᠡᠨ ᠠᠬᠢᠭᠤᠯᠵᠤ᠂ ᠣᠯᠠᠨ ᠲᠦᠮᠡᠨ ᠤ ᠦᠨᠳᠦᠰᠦᠨ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ︽ | ᠡᠷᠡᠭᠦᠯ ᠮᠡᠨᠳᠦ ᠶᠢ ᠠᠬᠢᠭᠤᠯᠬᠤ ᠲᠤᠭᠤᠷᠢᠭ︾ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ 2020 ᠣᠨ ᠳᠤ ᠤᠯᠤᠰ ᠤᠨ ᠲᠡᠰ ᠤᠨ ᠵᠢᠱᠢᠶ᠎ᠡ ᠦᠵᠡᠭᠦᠯᠬᠦ ᠲᠤᠭᠤᠷᠢᠭ ᠢᠶᠠᠷ ᠭᠤᠶᠤᠴᠢᠯᠠᠨ | ᠮᠡᠳᠡᠭᠦᠯᠬᠦ ᠪᠠᠷ ᠴᠢᠷᠮᠠᠶᠢᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ ᠰᠣᠶᠣᠯ ᠢᠶᠠᠷ ᠠᠷᠠᠳ ᠤᠨ ᠲᠥᠯᠥᠭᠡ | ᠵᠢᠳᠬᠦᠬᠦ ᠳᠤ ᠰᠠᠭᠤᠷᠢᠯᠠᠨ᠂ ᠡᠯ᠎ᠡ ᠲᠦᠷᠦᠯ ᠤᠨ ᠤᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ | ᠢᠳᠡᠪᠬᠢᠲᠡᠶ ᠦᠷᠨᠢᠭᠦᠯᠦᠨ᠎ᠡ᠃ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠦᠵᠡᠯ ᠤᠬᠠᠮᠰᠠᠷ ᠢ | ᠴᠢᠩᠭᠠᠳᠬᠠᠵᠤ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠡᠤᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠬᠤ᠂ ᠤᠷᠲᠤ ᠴᠠᠭᠠᠨ ᠬᠡᠷᠡᠮ ᠤᠨ ᠬᠠᠮᠠᠭᠠᠯᠠᠯᠲᠠ ᠪᠠ ᠪᠣᠳᠠᠰ ᠤᠨ ᠪᠤᠰᠤ ᠰᠣᠶᠣᠯ ᠤᠨ ᠥᠪ ᠤᠨ | ᠬᠠᠮᠠᠭᠠᠯᠠᠯᠲᠠ ᠶᠢ ᠦᠨᠡᠨ ᠬᠦ ᠰᠠᠶᠢᠲᠤᠷ ᠬᠢᠬᠦ ᠬᠡᠷᠡᠭᠲᠡᠶ᠃ | ᠪᠦᠬᠦ ᠬᠦᠴᠦᠨ ᠢᠶᠠᠷ ᠢᠶᠠᠨ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ᠎ᠡ᠃ ᠣᠯᠠᠨ ᠲᠦᠮᠡᠨ ᠤ ᠵᠦᠶ | ᠶᠣᠰᠣᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠰᠢᠢᠳᠪᠦᠷᠢᠯᠡᠬᠦ ᠠᠵᠢᠯᠯᠠᠭ᠎ᠠ ᠶᠢ ᠥᠷᠨᠢᠭᠦᠯᠦᠨ᠂ ᠵᠠᠬᠢᠳᠠᠯ ᠰᠤᠷᠪᠤᠯᠵᠢᠯᠠᠭ᠎ᠠ ᠶᠢᠨ ᠳᠣᠪᠤᠶᠢᠮ᠎ᠠ ᠠᠰᠠᠭᠤᠳᠠᠯ ᠢ | ᠰᠢᠪᠲᠤᠯᠤᠨ ᠰᠢᠢᠳᠪᠦᠷᠢᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠪᠠᠯᠭᠠᠰᠤ ︵ᠵᠡᠭᠡᠯᠢ ᠭᠤᠳᠤᠮᠵᠢ︶ ᠶᠢᠨ | ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠶᠢ ᠪᠥᠬᠦ | ᠲᠠᠯ᠎ᠠ ᠪᠠᠷ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠭᠤᠤᠯᠳᠠᠯᠭ᠎ᠠ ᠶᠢ ᠦᠨᠳᠦᠰᠦᠨ ᠱᠠᠲᠤ ᠳᠠᠰᠢ ᠰᠢᠯᠵᠢᠭᠦᠯᠬᠦ ᠶᠢ | ᠠᠬᠢᠭᠤᠯᠵᠤ᠂ ᠳᠥᠭᠦᠮ ᠳᠥᠲᠡ ᠥᠨᠳᠥᠷ ᠪᠦᠲᠦᠮᠵᠢᠲᠡᠶ ᠪᠠᠯᠭᠠᠰᠤ ︵ᠵᠡᠭᠡᠯᠢ ᠭᠤᠳᠤᠮᠵᠢ︶ ᠶᠢᠨ ᠦᠨᠳᠦᠰᠦᠨ | ᠱᠠᠲᠤᠨ ᠤ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ᠎ᠠ᠃ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠦᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠣᠭᠠᠨ ᠳᠤ ᠡᠷᠡᠰ ᠢᠯᠠᠯᠲᠠ ᠣᠯᠵᠤ᠂ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠠᠴᠠ ᠵᠦᠷᠢᠴᠡᠭᠰᠡᠨ ᠪᠠ ᠬᠠᠤᠯᠢ ᠠᠴᠠ | ᠵᠥᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠲᠦᠢᠯ ᠤᠨ ᠣᠨᠣᠪᠴᠢᠲᠠᠶ ᠪᠠᠷ ᠬᠦᠴᠦᠲᠡᠶ | ᠥᠷᠨᠢᠭᠦᠯᠦᠨ᠎ᠡ᠃ ︽ᠠᠮᠤᠷ ᠲᠦᠪᠰᠢᠨ ᠬᠠᠶᠢᠨᠠᠨ︾ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠡᠶ᠎ᠡ | ᠵᠣᠬᠢᠴᠠᠩᠭᠤᠢ ᠠᠮᠤᠷ ᠲᠤᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠴᠣᠭᠴᠠᠯᠠᠨ᠎ᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠤᠭᠴᠠᠯᠠᠨ ᠪᠠᠶᠢᠭᠤᠯᠬᠤ ᠠᠵᠢᠯᠯᠠᠭ᠎ᠠ ᠶᠢ ᠶᠡᠬᠡᠪᠡᠷ ᠲᠦᠯᠬᠢᠨ | ᠠᠬᠢᠭᠤᠯᠵᠦ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠲᠤᠭᠤᠷᠢᠭ︾ ᠢ | ᠴᠤᠭᠴᠠᠯᠠᠨ ᠪᠠᠶᠢᠭᠤᠯᠬᠤ ᠪᠠᠷ ᠴᠢᠷᠮᠠᠶᠢᠨ᠎ᠠ᠃ ᠬᠤᠶᠠᠷ ᠢ ᠬᠦᠷᠢᠶᠡᠯᠡᠬᠦ ᠶᠢ ᠠᠵᠤ ᠠᠬᠤᠶᠢᠯᠠᠯ᠂ ᠲᠣᠰᠬᠤᠨ ᠪᠠ | ᠨᠢᠭᠡᠳᠦᠯ ᠳᠤ ᠣᠷᠣᠭᠤᠯᠬᠤ᠂ ᠠᠯᠪᠠᠨ ᠪᠠᠶᠢᠭᠤᠯᠭ᠎ᠠ ᠳᠤ ᠣᠷᠣᠭᠤᠯᠬᠤ᠂ ᠴᠡᠷᠢᠭ ᠤᠨ ᠬᠤᠸᠠᠷᠠᠨ ᠳᠤ ᠣᠷᠣᠭᠤᠯᠬᠤ | ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ | ᠲᠤᠭᠤᠷᠢᠭ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠳᠣᠯᠣᠳᠤᠭᠠᠷ ᠤᠳᠠᠭᠠᠨ ᠤ | ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠡᠬᠢᠯᠡᠭᠦᠯᠵᠦ᠂ ᠬᠢᠨᠠᠨ ᠪᠣᠳᠣᠯᠲᠠ ᠶᠢᠨ ᠲᠤᠭ᠎ᠠ | ᠪᠦᠷᠢᠳᠬᠡᠯ᠂ ᠠᠷᠠᠳ ᠤᠨ ᠠᠭᠠᠷ ᠤᠨ ᠰᠡᠷᠭᠡᠶᠢᠯᠡᠯᠲᠡ᠂ ᠡᠮᠡᠭᠲᠡᠶᠢᠴᠦᠳ᠂ ᠬᠡᠦᠬᠡᠳ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠲᠠ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠡᠯ᠎ᠡ ᠵᠦᠢᠯ ᠤᠨ ᠠᠵᠢᠯ ᠤᠨ ᠪᠦᠬᠦᠯᠢ ᠴᠣᠭᠴᠠ ᠶᠢᠨ ᠳᠠᠪᠰᠢᠯᠲᠠ ᠶᠢ ᠪᠦᠬᠦ | ᠲᠠᠯ᠎ᠠ ᠪᠠᠷ ᠲᠦᠯᠬᠢᠨ ᠠᠬᠢᠭᠤᠯᠤᠨ᠎ᠠ᠃ | ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ᠂ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠵᠠᠰᠠᠭ ᠤᠨ | ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠶᠡᠭᠡ ᠡᠭᠦᠷᠭᠡ ᠪᠣᠯᠭᠠᠵᠤ᠂ ᠤᠯᠤᠰ ᠤᠨ | ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ | ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠨ᠎ᠡ᠃ ᠤᠬᠠᠮᠰᠠᠷ ᠠᠴᠠ ᠪᠠᠨ ᠤᠯᠤᠰ ᠲᠦᠷᠦ ᠶᠢᠨ | ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠣᠯᠣᠰ ᠲᠦᠷᠦ ᠶᠢᠨ ᠵᠠᠮ ᠤᠨ | ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠵᠤ᠂ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠲᠦᠷᠪᠡᠨ ᠢᠲᠡᠭᠡᠯ︾ ᠢ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠤᠳᠤᠷᠢᠳᠤᠯᠭ᠎ᠠ ᠶᠢ ᠠᠵᠤ | ᠠᠬᠤᠢ ᠶᠢᠨ ᠬᠥᠭᠵᠢᠯᠲᠡ ᠶᠢ ᠠᠬᠢᠭᠤᠯᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ᠂ | ᠬᠤᠳᠠ ᠶᠢᠨ ᠵᠠᠰᠠᠯᠲᠠ ᠶᠢ ᠴᠢᠩᠭᠠᠳᠬᠠᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠬᠦᠨᠳᠦ ᠶᠡᠭᠡ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠡᠯ᠎ᠡ ᠬᠦᠷᠢᠶᠡᠨ ᠳᠤ ᠲᠤᠭᠤᠰᠢᠯᠠᠭᠤᠯᠤᠨ ᠢᠯᠡᠷᠡᠭᠦᠯᠵᠦ᠂ | ᠬᠠᠶᠢᠨᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠡᠭᠦᠷᠭᠡᠯᠡᠯ ᠢ ᠢᠯᠡᠷᠡᠭᠦᠯᠬᠦ | ᠬᠡᠷᠡᠭᠲᠡᠢ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭ᠎ᠠ ᠵᠢᠷᠤᠮᠵᠢᠭᠤᠯᠤᠨ᠎ᠠ᠃ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠡᠷᠡᠰ ᠪᠠᠷᠢᠮᠲᠠᠯᠠᠵᠤ᠂ | ᠡᠯ᠎ᠡ ᠵᠦᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ︽ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠤᠨ ᠲᠦᠷ ᠬᠡᠷᠡᠭᠵᠢᠭᠦᠯᠬᠦ ᠲᠦᠷᠢᠮ︾ ᠢ ᠴᠢᠩᠭ᠎ᠠ | ᠬᠡᠷᠡᠭᠵᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠠᠵᠢᠯ ᠤᠨ ᠬᠢᠨᠠᠯᠲᠠ ᠪᠠ ᠣᠯᠣᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠯᠠᠨ ᠤ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ | ᠳᠤᠷᠠᠳᠤᠯᠭ᠎ᠠ ᠶᠢ ᠴᠢᠨᠠᠷ ᠰᠠᠶᠢᠲᠠᠶ ᠰᠢᠢᠳᠪᠦᠷᠢᠯᠡᠵᠦ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ | ᠬᠤᠳᠠᠯᠳᠤᠭᠠᠴᠢᠳ ᠤᠨ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠰᠠᠨᠠᠯ ᠢ ᠥᠷᠭᠡᠨ ᠢᠶᠠᠷ ᠰᠣᠨᠣᠰᠴᠤ᠂ | ᠠᠷᠠᠳ ᠤᠨ ᠬᠡᠷᠡᠭᠯᠡᠭᠡᠨ ᠤ ᠡᠷᠬᠡ᠂ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠳᠤ ᠠᠰᠢᠭ ᠲᠤᠰᠠ | ᠣᠯᠭᠤᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠶᠢ ᠪᠡᠶᠡᠯᠡᠭᠦᠯᠦᠨ᠎ᠡ᠃ | ᠰᠤᠷᠲᠠᠯ ᠢ ᠳᠠᠪᠲᠠᠨ ᠪᠣᠯᠪᠠᠰᠤᠷᠠᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ︽ᠣᠭ ᠰᠠᠨᠠᠭ᠎ᠠ ᠪᠠᠨ | ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠤ | ᠳᠤᠮᠳᠠ ᠭᠦᠨᠵᠡᠭᠡᠶᠢᠷᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠠᠰᠠᠭᠤᠳᠠᠯ ᠢ | ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠰᠠᠶᠢᠲᠤᠷ ᠠᠳᠬᠤᠨ᠎ᠠ᠃ ᠬᠠᠷᠠᠯᠲᠠ ᠪᠠᠷ | ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠪᠠᠷᠢᠮᠵᠢᠶ᠎ᠠ ᠲᠠᠢ ᠠᠳᠠᠯᠢ ᠪᠠᠷ ᠨᠢᠭᠡᠳᠦᠯᠲᠡᠶ | ᠪᠠᠶᠢᠯᠭᠠᠬᠤ᠂ ᠠᠳᠠᠯᠢᠳᠬᠠᠬᠤ ᠰᠤᠷᠬᠤ ᠭᠦᠢᠴᠡᠬᠦ ᠳᠠᠪᠠᠵᠤ ᠭᠠᠷᠬᠤ ᠶᠢ ᠪᠠᠷᠢᠮᠲᠠᠯᠠᠵᠤ᠂ ᠳᠡᠭᠡᠷ᠎ᠡ ᠳᠣᠤᠷ᠎ᠠ ᠱᠠᠲᠤ ᠶᠢ | ᠨᠡᠪᠲᠡᠷᠡᠭᠦᠯᠬᠦ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠬᠡᠯᠬᠢᠶ᠎ᠡ ᠶᠢ ᠪᠠᠶᠢᠭᠤᠯᠵᠤ᠂ ᠠᠮᠢ | ᠠᠬᠤᠢ ᠶᠢᠨ ᠬᠠᠮᠠᠭᠠᠯᠠᠯᠲᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠢ ᠪᠤᠶᠢᠵᠢᠭᠤᠯᠬᠤ᠂ | ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠣᠯᠬᠤ ᠶᠢ ᠠᠬᠢᠭᠤᠯᠵᠤ᠂ ᠡᠯ᠎ᠡ ᠵᠦᠢᠯ ᠤᠨ ᠠᠵᠢᠯ ᠤᠨ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ | ᠡᠭᠦᠳᠬᠦ ᠬᠡᠷᠡᠭᠲᠡᠶ᠃ | ᠠᠷᠢᠭᠤᠨ ᠴᠢᠬᠡᠴᠢ ᠪᠠᠷ ᠨᠡᠶᠢᠲᠡ ᠶᠢᠨ ᠢᠲᠡᠭᠡᠯ ᠢ ᠪᠤᠢ ᠪᠣᠯᠭᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ | ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠥᠪ ᠬᠤᠷᠢᠶᠠᠨ ᠤ ᠨᠠᠢᠮᠠᠨ ᠵᠦᠢᠯ ᠤᠨ | ᠲᠣᠭᠲᠠᠭᠠᠯ ᠤᠨ ᠵᠣᠷᠢᠭ ᠰᠠᠨᠠᠭ᠎ᠠ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠵᠢᠷᠤᠮᠯᠠᠵᠤ᠂ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ | ᠭᠦᠨᠵᠡᠭᠡᠶ ᠲᠦᠯᠬᠢᠨ ᠠᠬᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠ ︽ᠨᠢᠭᠡ ᠠᠵᠢᠯ ᠤᠨ | ᠪᠠᠶᠢᠷᠢ ᠳᠤ ᠬᠤᠤᠰ ᠬᠠᠷᠢᠭᠤᠴᠠᠯᠭ᠎ᠠ︾ ᠪᠠᠨ ᠭᠦᠢᠴᠡᠳᠭᠡᠵᠦ᠂ ᠭᠤᠤᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ | ᠠᠵᠢᠯ ᠤᠨ ᠪᠠᠶᠢᠷᠢ ᠳᠤ ᠬᠢᠨᠠᠨ ᠪᠤᠳᠤᠵᠤ ᠬᠢᠨᠠᠯᠲᠠ ᠲᠠᠯᠪᠢᠬᠤ ᠪᠠ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ | ᠲᠤᠪᠤᠶᠢᠯᠭᠠᠨ᠂ ᠺᠠᠳ᠋ᠷᠴᠤᠳ ᠲᠥᠪ ᠭᠤᠤᠯᠴᠢ᠂ ᠵᠠᠰᠠᠭ ᠤᠨ ᠣᠷᠳᠣᠨ ᠠᠷᠢᠭᠤᠨ ᠴᠢᠬᠡᠴᠢ᠂ ᠤᠯᠤᠰ ᠲᠦᠷᠦ ᠠᠷᠢᠭᠤᠨ | ᠴᠢᠬᠡᠴᠢ ᠪᠠᠶᠢᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠠᠷᠠᠳ ᠲᠦᠮᠡᠨ ᠳᠤ ᠦᠢᠯᠡᠴᠢᠯᠡᠬᠦ ᠰᠢᠨ᠎ᠡ ᠲᠦᠷᠢ | ᠲᠥᠷᠬᠦ ᠶᠢ ᠪᠤᠢ ᠪᠣᠯᠭᠠᠨ᠎ᠠ᠃ | ᠲᠥᠯᠥᠭᠡᠯᠡᠭᠴᠢᠳ ᠡ᠂ ᠰᠠᠯᠬᠢ ᠲᠡᠭᠰᠢ ᠴᠠᠭ ᠮᠥᠴᠡ ᠥᠭᠡᠳᠡᠯᠡᠵᠦ ᠪᠠᠶᠢᠭ᠎ᠠ ᠦᠶ᠎ᠡ ᠳᠤ᠂ ᠳᠠᠪᠠᠯᠭᠠᠨ ᠢ | ᠵᠦᠰᠦᠨ ᠣᠷᠣᠬᠰᠢᠯᠠᠬᠤ ᠶᠤᠰᠤᠲᠠᠢ ᠶᠤᠮ᠃ ᠡᠭᠦᠷᠭᠡ ᠬᠦᠨᠳᠦ ᠵᠠᠮ ᠬᠤᠯᠠ ᠳᠤ᠂ ᠨᠡᠩ ᠴᠤ ᠬᠤᠷᠳᠤᠨ ᠮᠣᠷᠢᠨ ᠳᠤ | ᠲᠠᠰᠢᠭᠤᠷ ᠨᠡᠮᠡᠬᠦ ᠶᠢ ᠱᠠᠭᠠᠷᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠰ ᠬᠠᠲᠠᠭᠤᠵᠢᠯᠲᠠᠢ ᠦᠢᠯᠡᠳᠦᠯᠭᠡᠵᠢᠭᠦᠯᠵᠦ᠂ ᠡᠷᠡᠰ ᠰᠢᠭᠤᠷᠬᠠᠢ ᠪᠠᠷ | ᠤᠷᠤᠭᠰᠢᠯᠠᠨ ᠳᠠᠪᠰᠢᠵᠤ᠂ ᠬᠠᠶᠢᠨᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ | ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠠᠭᠤᠤ ᠶᠡᠭᠡ ᠢᠯᠠᠯᠲᠠ ᠶᠢ ᠲᠡᠮᠡᠴᠡᠨ ᠣᠯᠤᠶ᠎ᠠ︕ |