1 ᠳ᠋ᠣᠭᠡᠷ ᠰᠠᠷ᠎ᠠ ᠶᠢᠨ 2 ᠠᠴᠠ 4 ᠤ ᠡᠳᠦᠷ ᠪᠣᠯᠲᠠᠯ᠎ᠠ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠪᠢᠩ ᠨᠡᠭᠦᠷᠡᠰᠦᠨ ᠤ ᠠᠵᠤ | ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠵᠦ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠳ᠋ᠢᠩ ᠸᠧᠢ ᠪᠠᠷ᠎ᠠ ᠪᠤᠯᠪᠠ᠃ | 1 ᠳ᠋ᠣᠭᠡᠷ ᠰᠠᠷ᠎ᠠ ᠶᠢᠨ 3 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠳ᠋ᠢᠩ ᠸᠧᠶ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ | ᠲᠥᠷᠥᠯ ᠵᠦᠢᠯ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠲᠣᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠰᠦᠨ ᠯᠧ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠵᠢᠯ ᠤᠨ | ᠬᠤᠷᠠᠯ ᠢ ᠡᠷᠭᠢᠯᠡᠨ ᠬᠤᠷᠠᠯᠳᠤᠭᠤᠯᠪᠠ᠃ | ᠲᠣᠰ ᠡᠳᠦᠷ ᠲᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠢᠦᠶ ᠲᠢᠶᠠᠨ ᠬᠠᠶᠢᠨᠠᠨ ᠲᠣᠭᠤᠷᠢᠭ ᠤᠨ ︽ | ᠲᠠᠷᠢᠶᠠᠨ ᠭᠠᠵᠠᠷ ᠢ ᠨᠡᠷ᠎ᠡ ᠵᠢᠠᠭᠠᠵᠦ ᠨᠢᠲᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ︾ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ︽ᠲᠠᠷᠢᠶᠠᠨ | ᠭᠠᠵᠠᠷ ᠢ ᠨᠡᠷ᠎ᠡ ᠵᠢᠠᠭᠠᠵᠦ ᠨᠢᠲᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ︾ ᠤᠨ ᠠᠰᠠᠭᠤᠳᠠᠯ ᠢ | ᠲᠤᠬᠠᠶ ᠶᠢᠨ ᠲᠠᠯᠠᠪᠠᠶ ᠳᠤ ᠪᠠᠶᠢᠴᠠᠭᠠᠨ ᠦᠵᠡᠪᠡ᠃ | 1 ᠳ᠋ᠣᠭᠡᠷ ᠰᠠᠷ᠎ᠠ ᠶᠢᠨ 3 ᠠᠴᠠ 4 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠠᠷᠪᠠᠳᠤᠭᠠᠷ ᠬᠤᠭᠤᠴᠠᠭᠠᠨ ᠤ ᠨᠠᠢᠮᠠᠳᠣᠭᠠᠷ ᠪᠥᠬᠦᠳᠡ ᠬᠤᠷᠠᠯ ᠬᠤᠷᠠᠯᠳᠤᠭᠤᠯᠵᠤ᠂ ᠲᠤᠭᠤᠷᠢᠭ ᠤᠨ ᠨᠠᠮ ᠤᠨ | ᠬᠤᠷᠢᠶᠠᠨ ᠤ ᠱᠦᠵᠢ ᠶᠢᠨ ᠵᠥᠩ ᠴᠢᠶᠠᠩ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠮᠧᠩ ᠹᠠᠨ ᠶᠠᠩ ᠣᠷᠣᠯᠴᠠᠪᠠ᠃ | 1 ᠳ᠋ᠣᠭᠡᠷ ᠰᠠᠷ᠎ᠠ ᠶᠢᠨ 4 ᠤ ᠡᠳᠦᠷ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠢᠦᠶ | ᠲᠢᠶᠠᠨ 2019 ᠣᠨ ᠤ ᠰᠢᠨᠵᠢᠯᠡᠭᠡ ᠮᠡᠷᠭᠡᠵᠢᠯ ᠤᠨ ᠴᠢᠬᠤᠯᠠ ᠶᠡᠭᠡ ᠲᠤᠰᠬᠠᠶ ᠲᠦᠷᠦᠯ ᠵᠦᠢᠯ ᠤᠨ ᠭᠤᠶᠤᠴᠢᠯᠠᠨ | ᠮᠡᠳᠡᠭᠦᠯᠬᠦ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ | 1 ᠳ᠋ᠣᠭᠡᠷ ᠰᠠᠷ᠎ᠠ ᠶᠢᠨ 6 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠮᠧᠩ ᠹᠠᠨ ᠶᠠᠩ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠢᠯᠧᠲ ᠥᠭᠬᠦ ᠳᠦᠷᠢᠮ᠂ ᠲᠠᠢ ᠾᠧ ᠪᠦᠯᠦᠭᠯᠡᠯ ᠤᠨ 2019 ᠣᠨ ᠤ | ᠦᠷᠭᠦᠯᠵᠢᠯᠡᠨ ᠪᠠᠶᠢᠭᠤᠯᠬᠤ ᠲᠥᠷᠥᠯ ᠵᠦᠢᠯ᠂ 2019 ᠣᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠡᠷᠡᠭᠯᠡᠬᠦ | ᠬᠤᠯᠪᠣᠭᠳᠠᠯ ᠪᠦᠬᠦᠢ ᠤᠴᠢᠷ ᠢ ᠰᠤᠳᠤᠯᠵᠤ᠂ ︽ᠬᠠᠶᠢᠨᠠᠨ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠲᠠᠩᠰᠠᠨ ᠵᠣᠭᠤᠰ ᠢ ᠠᠷᠢᠯᠭᠠᠬᠤ | ᠠᠵᠢᠯ ᠤᠨ ᠲᠥᠰᠦᠯ︾ ᠢ ᠬᠢᠨᠠᠨ ᠵᠦᠪᠯᠡᠪᠡ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠳ᠋ᠢᠩ ᠸᠧᠢ᠂ ᠰᠦᠨ ᠯᠧ᠂ ᠲᠣᠭᠤᠷᠢᠭ ᠤᠨ ᠵᠠᠰᠠᠭ ᠤᠨ ᠣᠷᠳᠣᠨ ᠤ | ᠳᠡᠳ᠋ ᠳᠠᠷᠤᠭ᠎ᠠ ᠵᠤᠤ ᠶᠦᠩ ᠹᠸᠢ᠂ ᠯᠢᠦ ᠸᠧᠨ ᠵᠦᠩ᠂ ᠵᠠᠩ ᠢᠦᠢ ᠲᠢᠶᠠᠨ ᠣᠷᠣᠯᠴᠠᠪᠠ᠃ | ᠲᠤᠰ ᠡᠳᠦᠷ ᠲᠤ᠂ ᠬᠤᠳᠠ ᠶᠢᠨ ᠨᠠᠮ ᠤᠨ ᠬᠤᠷᠢᠶ᠎ᠠ ᠱᠦᠵᠢ ᠶᠢᠨ ᠲᠤᠰᠬᠠᠢ ᠰᠡᠳᠦᠪᠲᠦ ᠬᠤᠷᠠᠯ | ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠮᠧᠩ | ᠹᠠᠨ ᠶᠠᠩ ᠣᠷᠣᠯᠴᠠᠪᠠ᠃ | 1 ᠳ᠋ᠣᠭᠡᠷ ᠰᠠᠷ᠎ᠠ ᠶᠢᠨ 7 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠵᠥᠩ ᠴᠢᠶᠠᠩ | ᠬᠠᠶᠢᠨᠠᠨ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ 86 ᠳ᠋ᠤᠭᠠᠷ ᠤᠳᠠᠭᠠᠨ ᠤ | ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ︽ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠤᠷᠤᠯᠴᠠᠯᠭ᠎ᠠ ᠶᠢᠨ | ᠮᠠᠲ᠋ᠧᠷᠢᠶᠠᠯ ᠤᠨ ᠡᠮᠬᠢᠳᠬᠡᠯ︾ ᠢ ᠲᠥᠪᠯᠡᠷᠡᠭᠦᠯᠦᠨ ᠰᠤᠷᠤᠯᠴᠠᠪᠠ᠃ 2018 ᠣᠨ ᠤ ᠬᠠᠶᠢᠨᠠᠨ ᠲᠣᠭᠤᠷᠢᠭ ᠤᠨ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠤᠭᠤᠷᠢᠭ ᠤᠨ ᠨᠠᠮ ᠤᠨ | ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ | ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ︵ᠬᠢᠨᠠᠨ ᠶᠠᠷᠢᠯᠴᠠᠬᠤ ᠨᠣᠣᠷᠠᠭ︶ ᠢ | ᠰᠤᠳᠤᠯᠤᠨ ᠶᠠᠷᠢᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠠᠶᠢᠨᠠᠨ | ᠲᠤᠭᠤᠷᠢᠭ ᠤᠨ ᠬᠤᠷᠢᠶᠠᠨ ᠤ ᠭᠤᠣᠯ ᠳᠣᠭᠤᠶᠢᠯᠠᠩ ᠤᠨ ᠰᠤᠷᠤᠯᠴᠠᠬᠤ ᠳᠦᠷᠢᠮ︾᠂ 2019 ᠣᠨ ᠤ ᠵᠠᠰᠠᠭ ᠤᠨ | ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ ᠤᠨ ᠰᠠᠨᠠᠭᠤᠯᠭ᠎ᠠ ᠶᠢᠨ ᠲᠥᠷᠥᠯ | ᠵᠦᠢᠯ᠂ ᠲᠤᠭᠤᠷᠢᠭ ᠤᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠣᠳᠠᠭᠠᠨ ᠤ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ︽ᠬᠤᠶᠠᠷ ᠬᠤᠷᠠᠯ︾ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ | ᠬᠤᠷᠠᠯᠳᠣᠭᠤᠯᠪᠠ᠃ ︽ᠬᠠᠶᠢᠨᠠᠨ ᠲᠣᠭᠤᠷᠢᠭ ᠤᠨ 2018 ᠣᠨ ᠤ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ ᠶᠢ ᠭᠦᠢᠴᠡᠳᠭᠡᠭᠰᠡᠨ ᠪᠠᠶᠢᠳᠠᠯ ᠵᠢᠴᠢ 2019 ᠣᠨ ᠤ ᠲᠥᠯᠥᠪᠯᠡᠭᠡ ︵ | ᠬᠢᠨᠠᠨ ᠶᠠᠷᠢᠯᠴᠠᠬᠤ ᠨᠣᠤᠷᠠᠭ︶︾᠂ ︽ᠬᠠᠶᠢᠨᠠᠨ ᠲᠣᠭᠤᠷᠢᠭ ᠤᠨ 2018 ᠣᠨ ᠤ ᠡᠳ᠋ ᠤᠨ ᠵᠠᠰᠠᠭ ᠤᠨ ᠲᠥᠰᠦᠪ ᠢ | ᠭᠦᠢᠴᠡᠳᠭᠡᠭᠰᠡᠨ ᠪᠠᠶᠢᠳᠠᠯ ᠪᠠ 2019 ᠣᠨ ᠤ ᠲᠥᠰᠦᠪ ︵ᠬᠢᠨᠠᠨ ᠶᠠᠷᠢᠯᠴᠠᠬᠤ ᠨᠣᠤᠷᠠᠭ︶︾᠂ ︽2018 | ᠣᠨ ᠤ ᠺᠠᠳ᠋ᠷ ᠢ ᠰᠣᠩᠭᠤᠨ ᠳᠡᠪᠰᠢᠭᠦᠯᠵᠦ ᠲᠣᠮᠢᠯᠠᠨ ᠬᠡᠷᠡᠭᠯᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ︵ᠬᠢᠨᠠᠨ | ᠶᠠᠷᠢᠯᠴᠠᠬᠤ ᠨᠣᠤᠷᠠᠭ︶︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠠᠶᠢᠨᠠᠨ | ᠲᠤᠭᠤᠷᠢᠭ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠵᠢᠯ ᠤᠨ | ᠲᠥᠰᠦᠯ ︵ᠬᠢᠨᠠᠨ ᠶᠠᠷᠢᠯᠴᠠᠬᠤ ᠨᠣᠤᠷᠠᠭ︶︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ | ᠬᠤᠲᠠ ᠶᠢᠨ ᠬᠠᠶᠢᠨᠠᠨ ᠲᠤᠭᠤᠷᠢᠭ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ | ᠬᠤᠷᠠᠯ ᠪᠠ 2018 ᠣᠨ ᠤ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ ᠮᠧᠩ ᠹᠠᠨ ᠶᠠᠩ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠱᠤᠸᠠᠩ ᠫᠢᠩ᠂ | ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠯᠢ ᠶᠠᠨ ᠷᠦᠩ᠂ ᠵᠠᠩ ᠳ᠋ᠢᠩ ᠸᠧᠶ᠂ ᠰᠦᠨ ᠯᠧ᠂ | ᠶᠠᠩ ᠵᠧᠨ ᠬᠤᠸᠠ᠂ ᠯᠢ ᠺᠠᠶ᠂ ᠯᠢᠦ ᠶᠦᠩ ᠬᠤᠷᠠᠯ ᠳᠤ ᠣᠷᠣᠯᠴᠠᠵᠠᠶ᠃ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠦᠸᠧ ᠴᠧᠨ ᠭᠤᠸᠠᠩ᠂ | ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠸᠧᠶ ᠾᠧᠦ᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠬᠤᠸᠠ᠂ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠸᠧᠨ ᠵᠥᠩ ᠰᠤᠯᠠ ᠣᠷᠣᠯᠴᠠᠪᠠ᠃ | ᠲᠤᠰ ᠡᠳᠦᠷ ᠲᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠸᠧᠨ ᠵᠦᠩ ᠬᠤᠷᠠᠯ ᠬᠤᠷᠠᠯᠳᠤᠭᠤᠯᠵᠤ | ᠪᠡᠭᠡᠵᠢᠩ ᠠᠴᠠ ᠲᠦᠪᠡᠳ ᠬᠦᠷᠬᠦ ᠦᠨᠳᠦᠷ ᠬᠤᠷᠳᠤᠴᠠᠲᠤ ᠵᠠᠮ ᠪᠣᠯᠤᠨ ᠷᠦᠩᠴᠧᠩ ᠠᠴᠠ ᠦᠬᠠᠢ ᠬᠦᠷᠬᠦ | ᠦᠨᠳᠦᠷ ᠬᠤᠷᠳᠤᠴᠠᠲᠤ ᠵᠠᠮ ᠤᠨ ᠠᠭᠤᠯᠵᠠᠷ ᠤᠨ ᠭᠠᠵᠠᠷ ᠤᠨ ᠴᠠᠬᠢᠯᠭᠠᠨ ᠬᠠᠩᠭᠠᠬᠤ ᠲᠥᠬᠦᠭᠡᠷᠦᠮᠵᠢ ᠶᠢ | ᠥᠭᠡᠷᠡᠴᠢᠯᠡᠬᠦ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃ | ᠲᠤᠰ ᠡᠳᠦᠷ ᠲᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠸᠧᠨ ᠵᠦᠩ ᠬᠤᠷᠠᠯ ᠬᠤᠷᠠᠯᠳᠤᠭᠤᠯᠵᠤ | ᠤᠯᠤᠰ ᠤᠨ ᠥᠮᠴᠢᠯᠡᠯᠲᠦ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠬᠤᠯᠪᠣᠭᠳᠠᠯ ᠪᠦᠬᠦᠢ ᠤᠴᠢᠷ ᠢ | ᠰᠤᠳᠤᠯᠵᠠᠶ᠃ | 1 ᠳ᠋ᠣᠭᠡᠷ ᠰᠠᠷ᠎ᠠ ᠶᠢᠨ 8 ᠤ ᠡᠳᠦᠷ᠂ ᠮᠠᠨ ᠤ ᠲᠤᠭᠤᠷᠢᠭ ᠪᠦᠬᠦ ᠲᠤᠭᠤᠷᠢᠭ ᠤᠨ ᠺᠠᠳ᠋ᠷ ᠤᠨ ᠰᠡᠷᠡᠮᠵᠢᠯᠡᠭᠦᠯᠬᠦ | ᠬᠥᠮᠦᠵᠢᠯ ᠤᠨ ᠶᠡᠭᠡ ᠬᠤᠷᠠᠯ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠶᠠᠨ ᠷᠦᠩ | 2018 ᠣᠨ ᠤ ᠪᠥᠬᠦ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ | ᠰᠠᠬᠢᠯᠭ᠎ᠠ ᠪᠠᠲᠤ ᠶᠢ ᠬᠢᠨᠠᠨ ᠪᠠᠶᠢᠴᠠᠭᠠᠭᠰᠠᠨ ᠪᠠᠶᠢᠳᠠᠯ᠂ ᠨᠠᠢᠮᠠᠳᠤᠭᠠᠷ ᠬᠤᠭᠤᠴᠠᠭᠠᠨ ᠤ ᠲᠤᠭᠤᠷᠢᠭ ᠤᠨ ᠨᠠᠮ ᠤᠨ | ᠬᠤᠷᠢᠶᠠᠨ ᠤ ᠬᠤᠶᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠵᠢᠴᠢ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠶᠢᠨ ᠪᠠᠶᠢᠳᠠᠯ ᠢ ᠮᠡᠳᠡᠭᠡᠯᠡᠬᠦ ᠶᠢᠨ ᠬᠠᠮᠲᠤ᠂ ᠰᠡᠷᠡᠮᠵᠢᠯᠡᠭᠦᠯᠬᠦ ᠵᠠᠳᠠᠯᠤᠯᠲᠠ ᠬᠢᠵᠦ᠂ ᠪᠦᠬᠦ ᠲᠤᠭᠤᠷᠢᠭ ᠤᠨ | ᠳᠡᠳ᠋ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠣᠷᠣᠯᠴᠠᠵᠤ᠂ 340 ᠭᠠᠷᠤᠢ ᠨᠠᠮ ᠤᠨ ᠭᠡᠰᠢᠭᠦᠨ | ᠤᠳᠤᠷᠢᠳᠬᠤ ᠺᠠᠳ᠋ᠷ ᠣᠷᠣᠯᠴᠠᠪᠠ᠃ | ᠲᠤᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ | ᠮᠧᠩ ᠹᠠᠨ ᠶᠠᠩ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠡᠷᠬᠢᠯᠡᠨ ᠬᠤᠷᠠᠯᠳᠣᠭᠤᠯᠵᠦ᠂ ︽2018 ᠣᠨ ᠤ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ | ᠠᠵᠢᠯ ᠤᠨ ᠲᠥᠰᠦᠯ︾ ᠢ ᠰᠤᠳᠤᠯᠤᠨ ᠶᠠᠷᠢᠯᠴᠠᠵᠤ᠂ ︽2018 ᠣᠨ ᠤ ᠠᠷᠠᠳᠴᠢᠯᠠᠯ ᠤᠨ ᠠᠮᠢᠳᠤᠷᠠᠯ ᠤᠨ | ᠬᠤᠷᠠᠯ ᠤᠨ ᠰᠤᠷᠤᠯᠴᠠᠯᠭ᠎ᠠ ᠶᠢᠨ ᠮᠠᠲ᠋ᠧᠷᠢᠶᠠᠯ ᠤᠨ ᠡᠮᠬᠢᠳᠬᠡᠯ︾ ᠢ ᠲᠥᠪᠯᠡᠷᠡᠭᠦᠯᠦᠨ ᠰᠤᠷᠤᠯᠴᠠᠪᠠ᠃ ᠲᠣᠭᠤᠷᠢᠭ ᠤᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠳ᠋ᠢᠩ ᠸᠧᠢ᠂ ᠰᠦᠨ | ᠯᠧ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠶᠦᠩ ᠹᠸᠢ᠂ ᠯᠢᠦ ᠸᠧᠨ ᠵᠦᠩ᠂ ᠵᠠᠩ ᠢᠦᠢ | ᠲᠢᠶᠠᠨ᠂ ᠵᠢᠶᠤᠤ ᠶᠦᠩ ᠣᠷᠣᠯᠴᠠᠪᠠ᠃ | 1 ᠳ᠋ᠣᠭᠡᠷ ᠰᠠᠷ᠎ᠠ ᠶᠢᠨ 9 ᠤ ᠡᠳᠦᠷ᠂ ᠪᠥᠬᠦ ᠲᠤᠭᠤᠷᠢᠭ ᠤᠨ 2018 ᠣᠨ ᠤ ᠺᠠᠳ᠋ᠷ ᠢ ᠰᠢᠯᠭᠠᠨ ᠬᠢᠨᠠᠬᠤ | ᠶᠡᠭᠡ ᠬᠤᠷᠠᠯ ᠬᠤᠷᠠᠯᠳᠤᠵᠦ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠮᠠᠨ ᠤ ᠲᠤᠭᠤᠷᠢᠭ | ᠲᠤ ᠢᠷᠡᠵᠦ ᠣᠨ ᠤ ᠬᠢᠨᠠᠨ ᠰᠢᠯᠭᠠᠯᠲᠠ ᠶᠢ ᠥᠷᠨᠢᠭᠦᠯᠪᠡ᠃ ᠪᠥᠬᠦ ᠲᠤᠭᠤᠷᠢᠭ ᠤᠨ ᠳᠡᠳ᠋ ᠭᠠᠵᠠᠷ ᠤᠨ ᠲᠠᠰ ᠠᠴᠠ | ᠳᠡᠭᠡᠭᠰᠢᠬᠢ ᠤᠳᠤᠷᠢᠳᠬᠤ ᠺᠠᠳ᠋ᠷ ᠣᠷᠣᠯᠴᠠᠵᠠᠶ᠃ | ᠲᠤᠰ ᠡᠳᠦᠷ ᠲᠤ᠂ ᠲᠥᠷᠥ ᠶᠢᠨ ᠶᠠᠪᠤᠳᠠᠯ ᠤᠨ ᠬᠤᠷᠢᠶ᠎ᠠ ᠠᠶᠤᠯᠭᠦᠶ ᠦᠢᠯᠡᠳᠪᠦᠷᠢᠯᠡᠯ ᠤᠨ ᠠᠵᠢᠯ ᠤᠨ ᠸᠢᠳᠢᠣ᠋ | ᠬᠤᠷᠠᠯ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠵᠠᠩ ᠳ᠋ᠢᠩ ᠸᠧᠢ᠂ ᠰᠦᠨ ᠯᠧ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠵᠤᠤ ᠶᠦᠩ ᠹᠸᠢ᠂ ᠯᠢᠦ ᠸᠧᠨ ᠵᠦᠩ ᠮᠠᠨ ᠤ ᠲᠤᠭᠤᠷᠢᠭ ᠤᠨ ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠪᠠ᠃ | 1 ᠳ᠋ᠣᠭᠡᠷ ᠰᠠᠷ᠎ᠠ ᠶᠢᠨ 10 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠮᠧᠩ ᠹᠠᠨ ᠶᠠᠩ ᠬᠠᠶᠢᠨᠠᠨ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠨᠠᠮ ᠤᠨ | ᠬᠤᠷᠢᠶᠠᠨ ᠤ 87 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ | ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠠᠷᠪᠠᠳᠤᠭᠠᠷ᠂ ᠠᠷᠪᠠᠨ | ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠶᠠᠷᠢᠭᠰᠠᠨ ᠶᠠᠷᠢᠶᠠᠨ ᠤ ᠵᠣᠷᠢᠭ ᠰᠠᠨᠠᠭ᠎ᠠ ᠶᠢ | ᠰᠣᠷᠣᠯᠴᠠᠵᠦ᠂ ᠯᠢ ᠵᠢᠢ ᠾᠧᠩ ᠱᠦᠵᠢ ᠶᠢᠨ ᠪᠦᠬᠦ ᠲᠤᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ︽ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ | ᠬᠤᠷᠠᠯ︾ ᠤᠨ ᠰᠤᠷᠤᠯᠴᠠᠬᠤ ᠮᠠᠲ᠋ᠧᠷᠢᠶᠠᠯ᠂ ︽ᠨᠠᠮ ᠤᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ | ᠵᠢᠴᠢ ᠲᠥᠯᠥᠭᠡᠯᠡᠭᠴᠢᠳ ᠤᠨ ᠨᠡᠮᠡᠭᠳᠡᠵᠦ ᠬᠠᠰᠣᠬᠳᠠᠬᠰᠠᠨ ᠪᠠᠶᠢᠳᠠᠯ ᠤᠨ ᠮᠡᠳᠡᠭᠦᠯᠦᠯᠲᠡ ︵ᠬᠢᠨᠠᠨ ᠶᠠᠷᠢᠯᠴᠠᠬᠤ | ᠨᠣᠤᠷᠠᠭ︶︾᠂ ︽2018 ᠣᠨ ᠤ ᠪᠥᠬᠦ ᠲᠤᠭᠤᠷᠢᠭ ᠤᠨ ᠨᠠᠮ ᠤᠨ ᠵᠠᠷᠤᠳᠠᠯ ᠢ ᠬᠤᠷᠢᠶᠠᠵᠤ ᠠᠪᠤᠭᠰᠠᠨ᠂ | ᠬᠠᠮᠢᠶᠠᠷᠴᠤ ᠪᠠᠶᠢᠭ᠎ᠠ ᠪᠠ ᠬᠡᠷᠡᠭᠯᠡᠵᠦ ᠪᠠᠶᠢᠭ᠎ᠠ ᠪᠠᠶᠢᠳᠠᠯ ᠤᠨ ᠮᠡᠳᠡᠭᠦᠯᠦᠯᠲᠡ ︵ᠬᠢᠨᠠᠨ ᠶᠠᠷᠢᠯᠴᠠᠬᠤ ᠨᠣᠤᠷᠠᠭ︶︾᠂ ︽ | 2018 ᠣᠨ ᠤ ᠪᠥᠬᠦ ᠲᠤᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ | ᠪᠠᠶᠢᠳᠠᠯ ᠤᠨ ᠮᠡᠳᠡᠭᠦᠯᠦᠯᠲᠡ ︵ᠬᠢᠨᠠᠨ ᠶᠠᠷᠢᠯᠴᠠᠬᠤ ᠨᠣᠤᠷᠠᠭ︶︾᠂ ︽ᠬᠠᠶᠢᠨᠠᠨ ᠲᠣᠭᠤᠷᠢᠭ ᠤᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ ︵2019 — 2021 ᠣᠨ︶︾᠂ ︽ | ᠨᠠᠮ ᠠᠴᠠ ᠴᠢᠳᠠᠪᠤᠷᠢᠲᠠᠨ ᠢ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ | ᠰᠠᠨᠠᠯ ︵ᠬᠢᠨᠠᠨ ᠶᠠᠷᠢᠯᠴᠠᠬᠤ ᠨᠣᠤᠷᠠᠭ︶︾᠂ ︽ ᠬᠠᠶᠢᠨᠠᠨ ᠲᠣᠭᠤᠷᠢᠭ ᠤᠨ ᠠᠷᠠᠳ ᠤᠨ ᠡᠵᠡᠩᠨᠡᠭᠰᠡᠨ ᠠᠵᠤ | ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ ᠠᠷᠢᠯᠭᠠᠬᠤ ᠠᠵᠢᠯ ᠤᠨ ᠲᠥᠰᠦᠯ ︵ | ᠬᠢᠨᠠᠨ ᠵᠥᠪᠯᠡᠬᠦ ᠨᠣᠤᠷᠠᠭ︶᠂ ᠲᠤᠭᠤᠷᠢᠭ ᠤᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ | ᠪᠦᠭᠦᠳᠡ ᠬᠤᠷᠠᠯ ᠢ ᠰᠤᠳᠤᠯᠤᠨ ᠬᠤᠷᠠᠯᠳᠤᠭᠤᠯᠵᠦ᠂ ᠨᠦᠬᠦᠭᠡ ᠰᠣᠩᠭᠤᠭᠤᠯᠢ ᠶᠢᠨ ᠲᠣᠭᠤᠷᠢᠭ ᠤᠨ ᠠᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ | ᠪᠣᠯᠬᠤ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠳᠤ ᠦᠬᠠᠶ ᠬᠤᠳᠠ ᠶᠢᠨ ᠬᠠᠶᠢᠨᠠᠨ ᠲᠣᠭᠤᠷᠢᠭ ᠤᠨ | ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ | ᠲᠦᠷ ᠴᠠᠭ ᠤᠨ ᠨᠠᠮ ᠤᠨ ᠬᠤᠷᠢᠶ᠎ᠠ ᠵᠢᠴᠢ ᠲᠡᠭᠦᠨ ᠤ ᠪᠦᠷᠢᠯᠳᠦᠬᠦᠨ᠂ ᠤᠯᠤᠰ ᠲᠦᠷᠦ ᠶᠢᠨ ᠵᠥᠪᠯᠡᠯᠭᠡᠨ ᠤ ᠦᠬᠠᠶ | ᠬᠤᠳᠠ ᠶᠢᠨ ᠬᠠᠶᠢᠨᠠᠨ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯᠳᠤᠭᠠᠨ ᠤ | ᠲᠦᠷ ᠴᠠᠭ ᠤᠨ ᠨᠠᠮ ᠤᠨ ᠬᠤᠷᠢᠶ᠎ᠠ ᠶᠢ ᠪᠠᠶᠢᠭᠤᠯᠬᠤ ᠵᠢᠴᠢ ᠲᠡᠭᠦᠨ ᠤ ᠪᠦᠷᠢᠯᠳᠦᠬᠦᠨ ᠵᠡᠷᠭᠡ ᠬᠤᠯᠪᠣᠭᠳᠠᠯ ᠪᠦᠬᠦᠢ | ᠤᠴᠢᠷ ᠶᠠᠪᠤᠳᠠᠯ ᠢ ᠰᠣᠳᠣᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ ᠮᠧᠩ ᠹᠠᠨ ᠶᠠᠩ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠯᠢᠦ ᠪᠢᠩ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠲᠢᠶᠠᠨ | ᠱᠤᠸᠠᠩ ᠫᠢᠩ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠯᠢ ᠶᠠᠨ ᠷᠦᠩ᠂ ᠰᠦᠨ ᠯᠧ᠂ | ᠶᠠᠩ ᠵᠧᠨ ᠬᠤᠸᠠ᠂ ᠯᠢ ᠺᠠᠶ᠂ ᠯᠢᠦ ᠶᠦᠩ ᠬᠤᠷᠠᠯ ᠳᠤ ᠣᠷᠣᠯᠴᠠᠪᠠ᠃ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠦᠸᠧ ᠴᠧᠨ ᠭᠤᠸᠠᠩ᠂ | ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠸᠧᠶ ᠾᠧᠦ᠂ ᠲᠤᠭᠤᠷᠢᠭ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠯᠢᠦ ᠸᠧᠨ ᠵᠥᠩ ᠰᠤᠯᠠ ᠣᠷᠣᠯᠴᠠᠵᠠᠶ᠃ | ᠲᠣᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠳᠣᠯᠣᠳᠤᠭᠠᠷ ᠬᠤᠭᠤᠴᠠᠭᠠᠨ ᠤ 117 ᠳ᠋ᠤᠭᠠᠷ | ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠮᠧᠩ ᠹᠠᠨ ᠶᠠᠩ ᠣᠷᠣᠯᠴᠠᠪᠠ᠃ | ᠲᠣᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠰᠦᠨ ᠯᠧ ᠲᠤᠰᠬᠠᠶ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ ᠥᠪᠥᠷ | ᠮᠣᠩᠭᠤᠯ ᠤᠨ ᠢᠯᠴᠢ ᠴᠢᠮᠡᠭᠡ ᠬᠤᠯᠪᠣᠭᠠᠨ ᠤ ᠰᠢᠨᠵᠢᠯᠡᠭᠡ ᠮᠡᠷᠭᠡᠵᠢᠯ ᠤᠨ ᠺᠣᠮᠫᠠᠨᠢ ᠶᠢᠨ ︽ᠤᠶᠤᠨᠲᠤ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠠᠪᠴᠠᠩ︾ ᠤᠨ ᠲᠥᠷᠥᠯ ᠵᠦᠢᠯ ᠤᠨ ᠬᠠᠮᠢᠶ᠎ᠠ ᠪᠥᠬᠦᠶ ᠵᠦᠢᠯᠡᠰ ᠢ | ᠰᠤᠳᠤᠯᠪᠠ᠃ | ᠲᠣᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠰᠦᠨ ᠯᠧ ᠮᠡᠷᠭᠡᠵᠢᠯ ᠤᠨ ᠴᠣᠯᠠ ᠶᠢᠨ ᠥᠭᠡᠷᠡᠴᠢᠯᠡᠯᠲᠡ ᠶᠢᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠣᠭᠤᠯᠪᠠ᠃ | ᠲᠣᠰ ᠡᠳᠦᠷ ᠲᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠰᠦᠨ ᠯᠧ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠲᠠ ᠶᠢᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠲᠤᠰ ᠡᠳᠦᠷ ᠲᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠶᠦᠩ ᠹᠸᠢ ᠨᠡᠭᠦᠷᠡᠰᠦ ᠵᠥᠭᠡᠭᠡᠪᠦᠷᠢᠯᠡᠬᠦ | ᠵᠠᠮ ᠢ ᠥᠭᠡᠷᠡᠴᠢᠯᠡᠨ ᠨᠡᠭᠦᠯᠭᠡᠬᠦ ᠨᠤᠲᠠᠯᠠᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠲᠤᠰ ᠡᠳᠦᠷ ᠲᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠸᠧᠨ ᠵᠦᠩ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾᠂ ᠥᠪᠡᠷᠲᠡᠭᠡᠨ ᠵᠠᠰᠠᠬᠤ | ᠣᠷᠣᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠤᠷᠠᠯ ᠢ ᠡᠷᠬᠢᠯᠡᠨ | ᠬᠤᠷᠠᠯᠳᠤᠭᠤᠯᠪᠠ᠃ | 1 ᠳ᠋ᠣᠭᠡᠷ ᠰᠠᠷ᠎ᠠ ᠶᠢᠨ 12 ᠠᠴᠠ 13 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠳᠣᠯᠣᠳᠤᠭᠠᠷ | ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ | ᠬᠤᠷᠠᠯᠳᠤᠭᠠᠨ ᠢ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠵᠥᠩ ᠴᠢᠶᠠᠩ᠂ | ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠮᠧᠩ ᠹᠠᠨ ᠶᠠᠩ | ᠣᠷᠣᠯᠴᠠᠵᠠᠶ᠃ | 1 ᠳ᠋ᠣᠭᠡᠷ ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠦᠵᠢ ᠡᠦ ᠹᠧᠩ ᠮᠧᠶ ᠮᠠᠨ ᠤ ᠲᠤᠭᠤᠷᠢᠭ ᠲᠤ ᠢᠷᠡᠵᠦ ᠬᠦᠴᠢᠷᠳᠡᠯᠲᠡᠶ ᠣᠯᠠᠨ | ᠲᠦᠮᠡᠨ ᠢ ᠲᠣᠬᠤᠨᠢᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ ᠮᠧᠩ ᠹᠠᠨ ᠶᠠᠩ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ | ᠴᠠᠭᠠᠵᠠ ᠶᠢᠨ ᠬᠤᠷᠢᠶᠠᠨ ᠤ ᠱᠦᠵᠢ ᠯᠢᠦ ᠪᠢᠩ ᠪᠠᠷ᠎ᠠ ᠪᠤᠯᠪᠠ᠃ | 1 ᠳ᠋ᠣᠭᠡᠷ ᠰᠠᠷ᠎ᠠ ᠶᠢᠨ 14 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠵᠥᠩ ᠴᠢᠶᠠᠩ | ᠬᠠᠶᠢᠨᠠᠨ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ 88 ᠳ᠋ᠤᠭᠠᠷ ᠤᠳᠠᠭᠠᠨ ᠤ | ᠪᠠᠶᠢᠩᠭᠤ ᠶᠢᠨ ᠭᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠠᠶᠢᠨᠠᠨ ᠲᠣᠭᠤᠷᠢᠭ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ ︵ᠬᠢᠨᠠᠨ ᠵᠦᠪᠯᠡᠬᠦ ᠨᠣᠤᠷᠠᠭ︶︾ ︽ ᠲᠤᠭᠤᠷᠢᠭ | ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠲᠣᠭᠤᠷᠢᠨ ᠪᠠᠶᠢᠴᠠᠭᠠᠵᠦ | ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠠᠷᠢᠴᠠᠭᠤᠯᠤᠨ | ᠪᠠᠶᠢᠴᠠᠭᠠᠭᠰᠠᠨ ᠮᠠᠲ᠋ᠧᠷᠢᠶᠠᠯ ︵ᠬᠢᠨᠠᠨ ᠶᠠᠷᠢᠯᠴᠠᠬᠤ ᠨᠣᠤᠷᠠᠭ︶︾ ᠢ ᠰᠤᠳᠤᠯᠤᠨ ᠬᠢᠨᠠᠨ ᠵᠦᠪᠯᠡᠪᠡ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ | ᠬᠤᠷᠢᠶᠠᠨ ᠤ 9ᠳ᠋ᠦ᠋ᠭᠡᠷ ᠣᠳᠠᠭᠠᠨ ᠤ ᠪᠥᠬᠦᠳᠡ ᠬᠤᠷᠠᠯ᠂ ᠣᠨ ᠤ ︽ᠰᠢᠯᠢᠳᠡᠭ︾ ᠵᠡᠷᠭᠡ ᠶᠢᠨ ᠤᠳᠤᠷᠢᠳᠬᠤ | ᠺᠠᠳ᠋ᠷ ᠢ ᠰᠢᠯᠭᠠᠨ ᠬᠢᠨᠠᠬᠤ ᠲᠤᠬᠠᠶ ᠬᠤᠯᠪᠣᠭᠳᠠᠯ ᠪᠥᠬᠦᠶ ᠵᠦᠢᠯᠡᠰ ᠢ ᠰᠤᠳᠤᠯᠤᠨ ᠬᠤᠷᠠᠯᠳᠤᠭᠤᠯᠪᠠ᠃ ᠲᠤᠭᠤᠷᠢᠭ | ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠮᠧᠩ ᠹᠠᠨ ᠶᠠᠩ᠂ ᠲᠤᠭᠤᠷᠢᠭ ᠤᠨ | ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠪᠢᠩ᠂ | ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠱᠤᠸᠠᠩ ᠫᠢᠩ᠂ ᠲᠤᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠯᠢ ᠶᠠᠨ ᠷᠦᠩ᠂ ᠰᠦᠨ ᠯᠧ᠂ ᠶᠠᠩ ᠵᠧᠨ ᠬᠤᠸᠠ᠂ ᠾᠧᠦ ᠽᠠᠢ ᠰᠢᠶᠠᠨ᠂ ᠯᠢᠦ | ᠯᠢ ᠰᠢᠶᠦ᠋ᠩ᠂ ᠯᠢ ᠺᠠᠶ᠂ ᠯᠢᠦ ᠶᠦᠩ ᠣᠷᠣᠯᠴᠠᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠦᠸᠧ ᠴᠧᠨ ᠭᠤᠸᠠᠩ᠂ ᠲᠣᠭᠤᠷᠢᠭ ᠤᠨ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠵᠣᠣ ᠸᠧᠶ ᠾᠧᠦ ᠰᠤᠯᠠ ᠣᠷᠣᠯᠴᠠᠪᠠ᠃ | 1 ᠳ᠋ᠣᠭᠡᠷ ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠤᠳᠤᠷᠢᠳᠬᠤ ᠪᠠᠭ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ | ᠠᠮᠢᠳᠤᠷᠠᠯ ᠤᠨ ᠬᠤᠷᠠᠯ ᠬᠤᠷᠠᠯᠳᠣᠭᠤᠯᠵᠦ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠤᠳᠤᠷᠢᠳᠬᠤ ᠪᠠᠭ ᠤᠨ ᠪᠦᠷᠢᠯᠳᠦᠭᠦᠨ ᠨᠡᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ | ᠲᠣᠭᠤᠷᠢᠨ ᠪᠠᠶᠢᠴᠠᠭᠠᠬᠤ ᠳᠣᠭᠤᠶᠢᠯᠠᠩ ᠤᠨ ᠬᠠᠷᠢᠭᠤ ᠲᠤᠰᠬᠠᠭᠰᠠᠨ ᠵᠢᠷᠭᠤᠭᠠᠨ ᠲᠠᠯ᠎ᠠ ᠶᠢᠨ ᠠᠰᠠᠭᠤᠳᠠᠯ ᠲᠠᠢ | ᠬᠠᠷᠢᠴᠠᠭᠤᠯᠤᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ᠂ ᠦᠪᠡᠷᠲᠡᠭᠡᠨ ᠵᠠᠰᠠᠬᠤ ᠣᠷᠣᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠬᠠᠮᠢᠶ᠎ᠠ ᠪᠥᠬᠦᠶ ᠤᠳᠤᠷᠢᠳᠬᠤ ᠨᠥᠬᠦᠳ ᠬᠤᠷᠠᠯ ᠳᠤ ᠣᠷᠣᠯᠴᠠᠨ ᠵᠢᠯᠤᠭᠤᠳᠪᠠ᠃ | 1 ᠳ᠋ᠣᠭᠡᠷ ᠰᠠᠷ᠎ᠠ ᠶᠢᠨ 16 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ | ᠬᠠᠶᠢᠨᠠᠨ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠬᠤᠷᠠᠯᠳᠣᠪᠠ᠃ ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠵᠦᠩ | ᠴᠢᠶᠠᠩ ᠤᠨ ᠬᠢᠭᠰᠡᠨ ᠬᠦᠴᠦ ᠪᠠᠨ ᠲᠥᠪᠯᠡᠷᠡᠭᠦᠯᠦᠨ ᠬᠦᠭᠵᠢᠯᠲᠡ ᠶᠢ ᠰᠦᠪᠡᠭᠴᠢᠯᠡᠵᠦ᠂ ᠦᠨᠡᠨ ᠪᠣᠳᠠᠲᠠᠢ ᠠᠵᠢᠯᠯᠠᠵᠤ | ᠬᠠᠷᠢᠭᠤᠴᠠᠯᠭ᠎ᠠ ᠡᠭᠦᠷᠭᠡᠯᠡᠨ ᠵᠣᠷᠢᠭᠲᠠᠢ ᠠᠵᠢᠯᠯᠠᠵᠤ᠂ ᠬᠠᠶᠢᠨᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠪᠠᠶᠢᠳᠠᠯ ᠢ ᠪᠦᠬᠦ ᠬᠦᠴᠦᠨ ᠢᠶᠠᠷ ᠢᠶᠠᠨ ᠡᠭᠦᠳᠦᠨ ᠨᠡᠭᠡᠭᠡᠶ᠎ᠡ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ | ᠵᠥᠪᠯᠡᠵᠦ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠢ ᠬᠢᠨᠠᠨ | ᠵᠥᠪᠯᠡᠪᠡ᠃ | ᠲᠤᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶ᠎ᠠ ᠨᠠᠢᠮᠠᠳᠤᠭᠠᠷ ᠬᠤᠭᠤᠴᠠᠭᠠᠨ ᠤ ᠶᠢᠰᠦᠳᠦᠭᠡᠷ | ᠣᠳᠠᠭᠠᠨ ᠤ ᠪᠦᠬᠦ ᠭᠡᠰᠢᠭᠦᠳ ᠤᠨ ᠬᠤᠷᠠᠯ ᠬᠤᠷᠠᠯᠳᠤᠭᠤᠯᠵᠤ᠂ ︽ᠬᠠᠶᠢᠨᠠᠨ ᠲᠣᠭᠤᠷᠢᠭ ᠤᠨ ᠪᠠᠶᠢᠭᠤᠯᠤᠮᠵᠢ ᠶᠢᠨ | ᠦᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠪᠠᠲᠤᠯᠠᠪᠠ᠃ | ᠲᠣᠰ ᠡᠳᠦᠷ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠦᠭᠰᠡᠨ | ᠦᠷ᠎ᠡ ᠪᠦᠲᠦᠮᠵᠢ ᠶᠢ ᠰᠢᠯᠭᠠᠨ ᠬᠢᠨᠠᠬᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠳᠤᠭᠤᠶᠢᠯᠠᠩ ᠮᠠᠨ ᠤ | ᠲᠤᠭᠤᠷᠢᠭ ᠲᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠰᠢᠯᠭᠠᠨ ᠬᠢᠨᠠᠵᠤ᠂ | ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠱᠤᠸᠠᠩ ᠫᠢᠩ᠂ ᠲᠣᠭᠤᠷᠢᠭ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠵᠠᠩ ᠢᠦᠢ ᠲᠢᠶᠠᠨ ᠪᠠᠷ᠎ᠠ ᠪᠣᠯᠪᠠ᠃ | 1 ᠳ᠋ᠣᠭᠡᠷ ᠰᠠᠷ᠎ᠠ ᠶᠢᠨ 17 ᠤ ᠡᠳᠦᠷ᠂ ᠱᠧᠨ ᠬᠤᠸᠠ ᠦᠬᠠᠶ ᠶᠢᠨ ᠡᠨᠧᠷᠭᠢ ᠶᠢᠨ ᠰᠤᠷᠪᠤᠯᠵᠢ ᠪᠣᠯᠤᠨ ᠦᠬᠠᠶ | ᠶᠢᠨ ᠲᠠᠢ ᠾᠧ ᠪᠦᠯᠦᠭᠯᠡᠯ ᠤᠨ ᠠᠭᠤᠷᠬᠠᠢ ᠶᠢᠨ ᠬᠤᠳᠳᠤᠭ ᠤᠨ ᠤᠰᠤ ᠶᠢ ᠰᠢᠢᠳᠪᠦᠷᠢᠯᠡᠵᠦ ᠠᠰᠢᠭᠯᠠᠬᠤ | ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠳᠠᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ ᠵᠤᠤ ᠶᠦᠩ ᠹᠸᠢ ᠣᠷᠣᠯᠴᠠᠪᠠ᠃ | 1 ᠳ᠋ᠣᠭᠡᠷ ᠰᠠᠷ᠎ᠠ ᠶᠢᠨ 17 — 20 ᠤ ᠡᠳᠦᠷ ᠪᠣᠯᠲᠠᠯ᠎ᠠ᠂ ᠬᠠᠶᠢᠨᠠᠨ ᠲᠣᠭᠤᠷᠢᠭ ᠤᠨ ︽ᠬᠤᠶᠠᠷ ᠬᠤᠷᠠᠯ︾ | ᠲᠡᠭᠦᠰ ᠠᠮᠵᠢᠯᠲᠠ ᠲᠠᠢ ᠬᠤᠷᠠᠯᠳᠣᠪᠠ᠃ | 1 ᠳ᠋ᠣᠭᠡᠷ ᠰᠠᠷ᠎ᠠ ᠶᠢᠨ 18 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠵᠥᠩ ᠴᠢᠶᠠᠩ | ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠣᠭᠤᠯᠪᠠ᠃ | ᠲᠤᠰ ᠡᠳᠦᠷ ᠲᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠠᠷᠪᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠠᠩᠬᠠᠳᠤᠭᠠᠷ ᠪᠥᠬᠦᠳᠡ ᠬᠤᠷᠠᠯ ᠬᠠᠷᠠᠭᠠᠨ | ᠳᠠᠪᠲᠠᠮᠵᠢ ᠶᠢᠨ ᠬᠡᠯᠪᠡᠷᠢ ᠪᠠᠷ ᠬᠤᠷᠠᠯᠳᠤᠵᠠᠶ᠃ | 1 ᠳ᠋ᠣᠭᠡᠷ ᠰᠠᠷ᠎ᠠ ᠶᠢᠨ 20 ᠤ ᠡᠳᠦᠷ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ | ᠬᠤᠷᠠᠯ ᠬᠤᠷᠠᠯᠳᠤᠪᠠ᠃ | 1 ᠳ᠋ᠣᠭᠡᠷ ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠵᠥᠩ ᠴᠢᠶᠠᠩ | ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠢᠮᠠᠳᠤᠭᠠᠷ ᠬᠤᠭᠤᠴᠠᠭᠠᠨ ᠤ ᠬᠠᠶᠢᠨᠠᠨ | ᠲᠤᠭᠤᠷᠢᠭ ᠤᠨ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠶᠡᠷᠦᠩᠬᠡᠶ | ᠪᠠᠶᠢᠳᠠᠯ ᠤᠨ ᠮᠡᠳᠡᠭᠦᠯᠦᠯᠲᠡ ᠶᠢ ᠰᠣᠨᠣᠰᠪᠠ᠃ | 1 ᠳ᠋ᠣᠭᠡᠷ ᠰᠠᠷ᠎ᠠ ᠶᠢᠨ 22 ᠤᠨ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠣᠨᠣᠯ ᠰᠤᠷᠤᠯᠴᠠᠬᠤ ᠭᠤᠣᠯ | ᠳᠤᠭᠤᠶᠢᠯᠠᠩ ︵ ᠦᠷᠭᠡᠳᠭᠡᠭᠰᠡᠨ︶ ᠰᠤᠷᠤᠯᠴᠠᠬᠤ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ | ᠨᠠᠮ ᠤᠨ ᠰᠤᠷᠭᠠᠭᠤᠯᠢ ᠵᠢᠶᠠ ᠫᠢᠩ ᠳᠡᠳ᠋ ᠵᠠᠬᠢᠷᠤᠯ ᠢ ᠤᠷᠢᠵᠤ ︽ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ | ᠬᠡᠯᠪᠡᠷᠢ ᠶᠢᠨ ᠠᠮᠤᠷ ᠲᠦᠪᠰᠢᠨ︾ ᠢ ᠬᠠᠪᠰᠤᠷᠤᠨ ᠵᠢᠯᠤᠭᠤᠳᠪᠠ᠃ | ᠲᠤᠰ ᠡᠳᠦᠷ ᠲᠤ᠂ ᠨᠠᠮ ᠤᠨ ᠬᠤᠷᠢᠶᠠᠨ ᠤ ᠱᠦᠵᠢ ᠶᠢᠨ ᠵᠦᠩ ᠴᠢᠶᠠᠩ ᠬᠠᠶᠢᠨᠠᠨ ᠲᠣᠭᠤᠷᠢᠭ ᠤᠨ | ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ 90 ᠳ᠋ᠣᠭᠡᠷ ᠤᠳᠠᠭᠠᠨ ᠤ ᠪᠠᠶᠢᠩᠭᠤ ᠶᠢᠨ ᠭᠡᠰᠢᠭᠦᠨ ᠤ | ᠬᠤᠷᠠᠯ ᠢ ᠡᠷᠬᠢᠯᠡᠨ ᠬᠤᠷᠠᠯᠳᠤᠭᠤᠯᠵᠠᠶ᠃ ︽︿ᠤᠯᠠᠭᠠᠨᠬᠠᠳᠠ ᠬᠤᠲᠠ ᠶᠢᠨ ᠮᠣᠩᠭᠤᠯ ᠦᠨᠳᠦᠰᠦᠲᠡᠨ ᠤ ᠳᠤᠮᠳᠠᠳᠤ | ᠰᠤᠷᠭᠠᠭᠤᠯᠢ ᠶᠢᠨ ᠥᠨᠳᠥᠷ ᠳᠤᠮᠳᠠᠳᠤ ᠶᠢᠨ ᠬᠤᠶᠠᠳᠤᠭᠠᠷ ᠠᠩᠭᠢ ᠶᠢᠨ ᠠᠩᠭᠢ ᠶᠢᠨ ᠬᠡᠷ ᠤᠨ ᠮᠣᠩᠭᠤᠯ ᠤᠯᠤᠰ ᠤᠨ | ᠤᠯᠤᠰ ᠤᠨ ᠰᠦᠯᠳᠡ ᠶᠢ ᠡᠯᠭᠦᠭᠰᠡᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠡᠷᠡᠭ ᠢ ᠪᠠᠶᠢᠴᠠᠭᠠᠬᠤ | ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾᠂ ᠥᠪᠡᠷᠲᠡᠭᠡᠨ | ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠲᠤᠰᠬᠠᠶ ᠰᠡᠳᠦᠪᠲᠦ | ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠤᠷᠤᠯᠴᠠᠵᠤ᠂ ︽ᠥᠪᠡᠷᠲᠡᠭᠡᠨ ᠵᠠᠰᠠᠬᠤ ᠣᠷᠣᠨ ᠤ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠶᠢᠰᠦᠳᠦᠭᠡᠷ ᠱᠠᠯᠠᠪᠳᠠᠭᠤᠯᠤᠨ ᠵᠢᠯᠣᠭᠤᠳᠬᠤ | ᠳᠤᠭᠤᠶᠢᠯᠠᠩ ᠤᠨ ᠬᠠᠶᠢᠨᠠᠨ ᠲᠣᠭᠤᠷᠢᠭ ᠢ ᠱᠠᠯᠠᠪᠳᠠᠭᠤᠯᠤᠨ ᠵᠢᠯᠣᠭᠤᠳᠴᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ︾ ᠶᠢ ᠵᠠᠷᠯᠠᠨ ᠮᠡᠳᠡᠭᠳᠡᠪᠡ᠃ ︽ ᠲᠤᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2018 ᠣᠨ ᠤ ᠠᠷᠠᠳᠴᠢᠯᠠᠯ ᠤᠨ | ᠠᠮᠢᠳᠤᠷᠠᠯ ᠤᠨ ᠬᠤᠷᠠᠯ ᠤᠨ ᠬᠠᠷᠭᠤᠭᠤᠯᠤᠨ ᠪᠠᠶᠢᠴᠠᠭᠠᠭᠰᠠᠨ ᠮᠠᠲ᠋ᠧᠷᠢᠶᠠᠯ ︵ᠬᠢᠨᠠᠨ ᠶᠠᠷᠢᠯᠴᠠᠭᠰᠠᠨ ᠨᠣᠤᠷᠠᠭ︶︾ ᠢ | ᠰᠤᠳᠤᠯᠤᠨ ᠬᠢᠨᠠᠨ ᠵᠦᠪᠯᠡᠪᠡ᠃ ᠰᠢᠨ᠎ᠡ ᠪᠠᠷ ᠵᠣᠬᠢᠶᠠᠨ ᠪᠠᠶᠢᠭᠤᠯᠬᠤ ᠪᠠ ᠪᠠᠶᠢᠭᠤᠯᠤᠮᠵᠢ ᠶᠢᠨ ᠨᠡᠷᠡᠶᠢᠳᠦᠯ ᠢ | ᠥᠭᠡᠷᠡᠴᠢᠯᠡᠬᠦ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ᠂ ᠺᠠᠳ᠋ᠷ ᠢ ᠲᠣᠮᠢᠯᠠᠬᠤ ᠪᠠ ᠪᠠᠭᠤᠯᠭᠠᠬᠤ᠂ | 2 ᠤᠳᠤᠷᠢᠳᠬᠤ ᠺᠠᠳ᠋ᠷ ᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ᠂ ᠴᠠᠭᠠᠨ ᠰᠠᠷ᠎ᠠ ᠶᠢᠨ ᠲᠣᠬᠤᠨᠢᠭᠤᠯᠬᠤ | ᠬᠤᠯᠪᠣᠭᠳᠠᠯ ᠪᠦᠬᠦᠢ ᠤᠴᠢᠷ ᠶᠠᠪᠤᠳᠠᠯ ᠢ ᠰᠣᠳᠣᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠳᠠᠷᠤᠭ᠎ᠠ ᠮᠧᠩ ᠹᠠᠨ ᠶᠠᠩ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠪᠢᠩ᠂ ᠲᠤᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ ᠲᠢᠶᠠᠨ ᠱᠤᠸᠠᠩ ᠫᠢᠩ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠯᠢ ᠶᠠᠨ | ᠷᠦᠩ᠂ ᠵᠠᠩ ᠳ᠋ᠢᠩ ᠸᠧᠢ᠂ ᠰᠦᠨ ᠯᠧ᠂ ᠶᠠᠩ ᠵᠧᠨ ᠬᠤᠸᠠ᠂ ᠾᠧᠦ ᠽᠠᠢ ᠰᠢᠶᠠᠨ᠂ ᠯᠢᠦ ᠯᠢ ᠰᠢᠶᠦ᠋ᠩ᠂ ᠯᠢ ᠺᠠᠢ᠂ | ᠯᠢᠦ ᠶᠦᠩ ᠣᠷᠣᠯᠴᠠᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠭᠦᠸᠧ ᠴᠧᠨ ᠭᠤᠸᠠᠩ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠵᠤᠤ ᠸᠧᠶ ᠾᠧᠦ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠠᠶᠢᠨᠠᠨ ᠤ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶᠠᠨ ᠤ ᠳᠠᠷᠤᠭ᠎ᠠ ᠵᠢᠶᠤᠤ ᠶᠦᠩ᠂ ᠲᠣᠭᠤᠷᠢᠭ ᠤᠨ ᠠᠷᠠᠳ ᠤᠨ | ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠰᠦᠨ ᠸᠧᠨ ᠬᠤᠸᠠ ᠰᠤᠯᠠ ᠣᠷᠣᠯᠴᠠᠪᠠ᠃ | ᠲᠤᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠯᠢᠦ ᠪᠢᠩ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯᠳᠤᠭᠠᠨ ᠢ | ᠡᠷᠬᠢᠯᠡᠨ ᠬᠤᠷᠠᠯᠳᠤᠭᠤᠯᠪᠠ᠃ | 1 ᠳ᠋ᠣᠭᠡᠷ ᠰᠠᠷ᠎ᠠ ᠶᠢᠨ 22 ᠤᠨ ᠡᠳᠦᠷ᠂ ︽ᠮᠠᠨ ᠤ ᠳᠤᠮᠳᠠᠳᠤ ᠶᠢᠨ ᠵᠡᠭᠦᠳᠦ — ᠰᠣᠶᠣᠯ ᠢ ᠲᠦᠮᠡᠨ | ᠡᠷᠦᠬᠡ ᠳᠤ ᠬᠦᠷᠭᠡᠬᠦ︾ ᠦᠬᠠᠶ ᠬᠤᠲᠠ ᠶᠢᠨ 2019 ᠣᠨ ᠤ ᠰᠣᠶᠣᠯ ᠰᠢᠨᠵᠢᠯᠡᠭᠡ ᠮᠡᠷᠭᠡᠵᠢᠯ ᠡᠷᠡᠭᠦᠯ | ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠲᠥᠪᠯᠡᠷᠡᠩᠭᠦᠶ ᠵᠢᠱᠢᠶ᠎ᠡ ᠦᠵᠡᠭᠦᠯᠬᠦ ᠠᠵᠢᠯᠯᠠᠭ᠎ᠠ ᠵᠢᠴᠢ | ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠰᠠᠶᠢᠬᠠᠬᠤᠰᠤ ᠲᠣᠰᠬᠤᠨ ᠳᠤ ᠶᠠᠪᠤᠭᠳᠠᠪᠠ᠃ | ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠷᠠᠰᠢᠵᠦ᠋ᠩ | ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠯᠢᠦ ᠶᠦᠩ ᠬᠤᠷᠠᠯ ᠳᠤ ᠣᠷᠣᠯᠴᠠᠪᠠ᠃ | 1 ᠳ᠋ᠣᠭᠡᠷ ᠰᠠᠷ᠎ᠠ ᠶᠢᠨ 23 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ | ᠤ ᠣᠳᠣᠷᠢᠳᠬᠤ ᠪᠠᠭ 2018 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠵᠦ᠂ ᠪᠠᠶᠢᠩᠭᠤ ᠶᠢᠨ | ᠬᠤᠷᠢᠶᠠᠨ ᠤ ᠤᠳᠤᠷᠢᠳᠬᠤ ᠪᠠᠭ ᠤᠨ ᠡᠯ᠎ᠡ ᠪᠦᠷᠢᠯᠳᠦᠬᠦᠨ ᠦᠵᠡᠯ ᠰᠠᠨᠠᠭ᠎ᠠ ᠤᠯᠤᠰ ᠲᠦᠷᠦ᠂ ᠤᠶᠤᠨ ᠰᠠᠨᠠᠭᠠᠨ ᠤ | ᠪᠠᠶᠢᠳᠠᠯ᠂ ᠠᠵᠢᠯ ᠤᠨ ᠰᠤᠷᠲᠠᠯ ᠵᠡᠷᠭᠡ ᠭᠤᠷᠪᠠᠨ ᠲᠠᠯ᠎ᠠ ᠪᠠᠷ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠵᠦ᠂ | ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ ᠱᠤᠤ ᠵᠧᠩ ᠸᠧᠨ ᠬᠤᠷᠠᠯ ᠳᠤ ᠣᠷᠣᠯᠴᠠᠵᠤ | ᠵᠢᠭᠠᠨ ᠵᠢᠯᠣᠭᠤᠳᠪᠠ᠃ | ᠲᠤᠰ ᠡᠳᠦᠷ ᠲᠤ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠸᠢᠳᠢᠣ᠋ ᠬᠤᠷᠠᠯ | ᠬᠤᠷᠠᠯᠳᠤᠵᠦ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠸᠧᠨ ᠵᠦᠩ ᠮᠠᠨ ᠤ ᠲᠤᠭᠤᠷᠢᠭ ᠤᠨ | ᠬᠤᠪᠢᠶᠠᠷᠢ ᠬᠤᠷᠠᠯ ᠤᠨ ᠲᠠᠯᠠᠪᠠᠢ ᠳᠤ ᠣᠷᠣᠯᠴᠠᠪᠠ᠃ | ᠲᠤᠰ ᠡᠳᠦᠷ ᠲᠤ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠢᠦᠢ ᠲᠢᠶᠠᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ | ᠬᠤᠷᠠᠯ ᠢ ᠡᠷᠬᠢᠯᠡᠨ ᠬᠤᠷᠠᠯᠳᠤᠭᠤᠯᠪᠠ᠃ | 1 ᠳ᠋ᠣᠭᠡᠷ ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠵᠢᠶ ᠰᠢᠶᠣᠤ ᠴᠢᠩ ᠮᠠᠨ ᠤ ᠲᠤᠭᠤᠷᠢᠭ ᠲᠤ ᠢᠷᠡᠵᠦ ᠥᠪᠥᠷ ᠮᠣᠩᠭᠤᠯ ᠤᠨ | ᠰᠠᠶᠢᠨ ᠬᠥᠮᠦᠨ ᠬᠤ᠋ ᠯᠢᠶᠠᠨ ᠶᠢᠩ ᠤᠨ ᠭᠡᠷ ᠪᠦᠯᠢ ᠶᠢ ᠲᠣᠬᠤᠨᠢᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠷᠠᠰᠢᠵᠦ᠋ᠩ ᠵᠡᠭᠡᠯᠢ ᠭᠤᠳᠤᠮᠵᠢ ᠶᠢᠨ ᠨᠠᠮ ᠤᠨ | ᠠᠵᠢᠯᠯᠠᠬᠤ ᠬᠤᠷᠢᠶᠠᠨ ᠤ ᠱᠦᠵᠢ ᠯᠢᠦ ᠶᠦᠩ ᠪᠠᠷ᠎ᠠ ᠪᠣᠯᠪᠠ᠃ | ᠲᠤᠰ ᠡᠳᠦᠷ ᠲᠤ᠂ ᠬᠤᠲᠠ ᠶᠢᠨ ᠨᠠᠮ ᠤᠨ ᠬᠤᠷᠢᠶ᠎ᠠ ᠣᠨᠣᠯ ᠰᠤᠷᠤᠯᠴᠠᠬᠤ ᠭᠤᠣᠯ ᠳᠤᠭᠤᠶᠢᠯᠠᠩ ᠤᠨ | 2019 ᠤᠨ 2 ᠳ᠋ᠤᠭᠠᠷ ᠤᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠮᠧᠩ | ᠹᠠᠨ ᠶᠠᠩ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ | ᠳᠠᠷᠤᠭ᠎ᠠ ᠵᠠᠩ ᠳ᠋ᠢᠩ ᠸᠧᠢ ᠣᠷᠣᠯᠴᠠᠪᠠ᠃ | ᠲᠤᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠵᠦᠩ ᠴᠢᠶᠠᠩ ᠬᠠᠶᠢᠨᠠᠨ | ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ 91 ᠳ᠋ᠣᠭᠡᠷ ᠤᠳᠠᠭᠠᠨ ᠤ ᠪᠠᠶᠢᠩᠭᠤ ᠶᠢᠨ | ᠭᠡᠰᠢᠭᠦᠨ ᠤ ᠬᠤᠷᠠᠯ ᠢ ᠡᠷᠬᠢᠯᠡᠨ ᠬᠤᠷᠠᠯᠳᠣᠭᠤᠯᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠣᠨᠣᠰᠪᠠ᠃ | ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠮᠧᠩ ᠹᠠᠨ ᠶᠠᠩ᠂ | ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ | ᠯᠢᠦ ᠪᠢᠩ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠱᠤᠸᠠᠩ ᠫᠢᠩ᠂ ᠲᠤᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ ᠯᠢ ᠶᠠᠨ ᠷᠦᠩ᠂ ᠵᠠᠩ ᠳ᠋ᠢᠩ ᠸᠧᠢ᠂ ᠰᠦᠨ ᠯᠧ᠂ ᠶᠠᠩ ᠵᠧᠨ ᠬᠤᠸᠠ᠂ ᠾᠧᠦ | ᠽᠠᠢ ᠰᠢᠶᠠᠨ᠂ ᠯᠢᠦ ᠯᠢ ᠰᠢᠶᠦ᠋ᠩ᠂ ᠯᠢ ᠺᠠᠢ᠂ ᠯᠢᠦ ᠶᠦᠩ ᠣᠷᠣᠯᠴᠠᠪᠠ᠃ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠦᠸᠧ ᠴᠧᠨ ᠭᠤᠸᠠᠩ᠂ | ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠸᠧᠶ ᠾᠧᠦ᠂ ᠲᠣᠭᠤᠷᠢᠭ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠯᠢᠦ ᠸᠧᠨ ᠵᠥᠩ᠂ ᠵᠠᠩ ᠢᠦᠶ ᠲᠢᠶᠠᠨ ᠰᠤᠯᠠ ᠣᠷᠣᠯᠴᠠᠵᠠᠶ᠃ | ᠲᠤᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠵᠥᠩ ᠴᠢᠶᠠᠩ ᠲᠤᠭᠤᠷᠢᠭ ᠤᠨ | ᠨᠠᠮ ᠤᠨ ᠬᠤᠷᠢᠶᠠᠨ ᠤ ᠪᠦᠬᠦ ᠲᠠᠯ᠎ᠠ ᠶᠢᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ | ᠬᠤᠷᠠᠯᠳᠣᠭᠤᠯᠪᠠ᠃ | ᠲᠤᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ | ᠮᠧᠩ ᠹᠠᠨ ᠶᠠᠩ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠡᠷᠬᠢᠯᠡᠨ ᠬᠤᠷᠠᠯᠳᠣᠭᠤᠯᠵᠦ᠂ ᠪᠠᠯᠠ ᠮᠥᠩᠭᠦ ᠶᠢ ᠦᠭᠬᠦ ᠬᠠᠮᠢᠶ᠎ᠠ ᠪᠥᠬᠦᠶ ᠵᠦᠢᠯᠡᠰ ᠢ ᠰᠤᠳᠤᠯᠵᠤ᠂ ︽ᠲᠤᠭᠤᠷᠢᠭ ᠤᠨ | ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ 2018 ᠣᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠠᠷᠢᠴᠠᠭᠤᠯᠤᠨ ᠪᠠᠶᠢᠴᠠᠭᠠᠭᠰᠠᠨ ᠮᠠᠲ᠋ᠧᠷᠢᠶᠠᠯ︾ ᠢ ᠶᠠᠷᠢᠯᠴᠠᠪᠠ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ | ᠳ᠋ᠢᠩ ᠸᠧᠢ᠂ ᠰᠦᠨ ᠯᠧ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠶᠦᠩ ᠹᠸᠢ᠂ ᠯᠢᠦ ᠸᠧᠨ | ᠵᠦᠩ᠂ ᠵᠢᠶᠤᠤ ᠶᠦᠩ᠂ ᠴᠢᠦᠶ ᠶᠤᠸᠠᠨ ᠣᠷᠣᠯᠴᠠᠪᠠ᠃ | ᠲᠣᠰ ᠡᠳᠦᠷ ᠲᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠰᠦᠨ ᠯᠧ ᠳᠠᠭᠠᠳᠬᠠᠯ ᠳᠤ ᠣᠷᠣᠯᠴᠠᠭᠰᠠᠨ ᠬᠦᠴᠢᠷᠳᠡᠯᠲᠡᠶ ᠬᠥᠮᠦᠰ᠂ ᠭᠤᠷᠪᠠ ᠶᠢ | ᠳᠡᠮᠵᠢᠵᠦ ᠨᠢᠭᠡ ᠶᠢ ᠲᠡᠳᠬᠦᠬᠦ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ | ᠠᠵᠢᠯᠯᠠᠭᠴᠢ᠂ ᠠᠵᠤ ᠠᠬᠤᠶᠢᠯᠠᠯ ᠤᠨ ᠬᠦᠴᠢᠷᠳᠡᠯᠲᠡᠢ ᠨᠠᠰᠤᠨ ᠤ ᠠᠮᠠᠷᠠᠯᠲᠠ ᠠᠪᠤᠭᠰᠠᠨ ᠠᠵᠢᠯᠲᠠᠨ ᠠᠵᠢᠯᠴᠢᠨ ᠤ | ᠲᠥᠯᠥᠭᠡᠯᠡᠭᠴᠢ ᠶᠢ ᠲᠣᠬᠤᠨᠢᠭᠤᠯᠪᠠ᠃ | 1 ᠳ᠋ᠣᠭᠡᠷ ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠮᠧᠩ ᠹᠠᠨ ᠶᠠᠩ 2019 ᠣᠨ ᠤ 2 ᠳ᠋ᠤᠭᠠᠷ ᠣᠳᠠᠭᠠᠨ ᠤ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠠᠶᠤᠯᠭᠦᠢ ᠦᠢᠯᠡᠳᠪᠦᠷᠢᠯᠡᠯ᠂ 2019 ᠣᠨ ᠤ | ᠭᠤᠣᠯᠳᠠᠯᠭ᠎ᠠ ᠲᠠᠢ ᠲᠦᠷᠦᠯ ᠵᠦᠢᠯ ᠢ ᠳᠠᠭᠠᠭᠠᠴᠢᠯᠠᠨ ᠬᠤᠯᠪᠣᠬᠤ᠂ 2019 ᠣᠨ ᠤ ᠠᠷᠠᠯᠵᠢᠶᠠᠴᠢᠨ ᠤᠷᠢᠵᠤ ᠪᠡᠯᠡ | ᠣᠷᠣᠭᠤᠯᠤᠨ ᠬᠤᠯᠪᠣᠬᠤ ᠶᠢ ᠳᠠᠭᠠᠭᠠᠴᠢᠯᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠠᠹᠷᠢᠺᠠ | ᠲᠢᠪ ᠤᠨ ᠭᠠᠭ᠋ᠠᠶ ᠶᠢᠨ ᠬᠢᠵᠢᠭ ᠢ ᠰᠡᠷᠭᠡᠶᠢᠯᠡᠨ ᠡᠵᠡᠮᠳᠡᠬᠦ᠂ ᠬᠥᠯᠥᠰᠥᠨ ᠠᠵᠢᠯᠴᠢᠨ ᠤ ᠴᠠᠯᠢᠩ ᠥᠷᠢᠲᠦᠬᠦ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ︽ᠬᠠᠲᠤᠨ | ᠭᠤᠤᠯ ᠤᠨ ᠤᠰᠤᠨ ᠲᠦᠪᠰᠢᠨ ᠤ ᠥᠰᠥᠯᠲᠡ ᠶᠢᠨ ᠨᠥᠯᠥᠭᠡᠯᠡᠬᠦ ᠬᠡᠪᠴᠢᠶᠡᠨ ᠳᠣᠲᠣᠷᠠᠬᠢ ᠤᠯᠤᠰ ᠤᠨ ᠥᠮᠴᠢᠯᠡᠯ | ᠤᠨ ᠭᠠᠵᠠᠷ ᠰᠢᠷᠣᠶ ᠶᠢ ᠲᠠᠲᠠᠪᠤᠷᠢᠯᠠᠬᠤ ᠨᠥᠬᠦᠪᠥᠷᠢ ᠶᠢᠨ ᠲᠥᠰᠦᠯ︾ ︽ᠬᠠᠶᠢᠨᠠᠨ ᠲᠣᠭᠤᠷᠢᠭ ᠤᠨ ᠨᠡᠶᠢᠭᠡᠮ ᠤᠨ | ᠳᠠᠭᠠᠳᠬᠠᠯ ᠤᠨ ᠵᠠᠷᠤᠳᠠᠯ ᠪᠠ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠶᠢ ᠬᠤᠪᠢᠶᠠᠷᠢᠯᠠᠨ ᠰᠢᠯᠵᠢᠭᠦᠯᠬᠦ ᠠᠵᠢᠯ ᠤᠨ ᠬᠡᠷᠡᠭᠵᠢᠭᠦᠯᠬᠦ ᠰᠠᠨᠠᠯ︾ ᠢ ᠰᠤᠳᠤᠯᠤᠨ ᠬᠢᠨᠠᠨ ᠵᠦᠪᠯᠡᠪᠡ᠃ | ︽ᠲᠠᠷᠢᠶᠠᠨ ᠭᠠᠵᠠᠷ ᠢ ᠨᠡᠷ᠎ᠡ ᠵᠢᠠᠭᠠᠵᠦ ᠨᠢᠲᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ︾ | ᠠᠰᠠᠭᠤᠳᠠᠯ ᠢ ᠴᠡᠭᠴᠡᠯᠡᠨ ᠵᠠᠰᠠᠬᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ᠂ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠣᠯᠠᠮᠵᠢᠯᠠᠵᠦ᠂ ᠠᠵᠢᠯ ᠤᠨ ᠠᠬᠢᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ | ᠳ᠋ᠢᠩ ᠸᠧᠢ᠂ ᠰᠦᠨ ᠯᠧ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠶᠦᠩ ᠹᠸᠢ᠂ ᠯᠢᠦ ᠸᠧᠨ | ᠵᠦᠩ᠂ ᠵᠠᠩ ᠢᠦᠢ ᠲᠢᠶᠠᠨ᠂ ᠵᠢᠶᠤᠤ ᠶᠦᠩ᠂ ᠴᠢᠦᠶ ᠶᠤᠸᠠᠨ ᠣᠷᠣᠯᠴᠠᠪᠠ᠃ | ᠲᠤᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ | ᠮᠧᠩ ᠹᠠᠨ ᠶᠠᠩ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ | ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠤᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠳ᠋ᠢᠩ ᠸᠧᠢ᠂ ᠰᠦᠨ ᠯᠧ᠂ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠶᠦᠩ ᠹᠸᠢ᠂ ᠯᠢᠦ ᠸᠧᠨ ᠵᠦᠩ᠂ ᠵᠠᠩ ᠢᠦᠢ ᠲᠢᠶᠠᠨ᠂ | ᠵᠢᠶᠤᠤ ᠶᠦᠩ᠂ ᠴᠢᠦᠶ ᠶᠤᠸᠠᠨ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠪᠠ᠃ | ᠲᠤᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠵᠠᠩ ᠳ᠋ᠢᠩ ᠸᠧᠶ ᠦᠨᠳᠦᠰᠦᠨ ᠱᠠᠲᠤᠨ ᠳᠤ ᠲᠤᠬᠤᠨᠢᠭᠤᠯᠪᠠ᠃ | ᠲᠣᠰ ᠡᠳᠦᠷ ᠲᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠰᠦᠨ ᠯᠧ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠶᠢᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃ | ᠲᠤᠰ ᠡᠳᠦᠷ ᠲᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠶᠦᠩ ᠹᠸᠢ ᠲᠣᠭᠤᠷᠢᠭ ᠤᠨ ᠠᠵᠤ | ᠦᠢᠯᠡᠳᠪᠦᠷᠢ ᠪᠠ ᠰᠢᠨᠵᠢᠯᠡᠭᠡ ᠮᠡᠷᠭᠡᠵᠢᠯ ᠤᠨ ᠲᠣᠪᠴᠢᠶᠠᠨ ᠤ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃ | 1 ᠳ᠋ᠣᠭᠡᠷ ᠰᠠᠷ᠎ᠠ ᠶᠢᠨ 28 ᠤ ᠡᠳᠦᠷ᠂ ᠮᠠᠨ ᠤ ᠲᠤᠭᠤᠷᠢᠭ ᠮᠠᠨᠪᠠᠷᠠᠰᠠᠩ ᠰᠦᠮ᠎ᠡ ᠳᠤ ᠵᠢᠭᠤᠯᠴᠢᠯᠠᠯ ᠤᠨ | ᠰᠣᠶᠣᠯ ᠤᠨ ᠨᠠᠶᠢᠷ ᠵᠢᠴᠢ ᠮᠣᠩᠭᠤᠯ ᠦᠨᠳᠦᠰᠦᠲᠡᠨ ᠤ ᠭᠠᠯ ᠲᠠᠬᠢᠬᠤ ᠠᠵᠢᠯᠯᠠᠭ᠎ᠠ ᠶᠠᠪᠤᠭᠳᠠᠭᠤᠯᠪᠠ᠃ | ᠲᠣᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠶᠠᠨ ᠷᠦᠩ ᠲᠣᠭᠤᠷᠢᠭ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ 2019 ᠣᠨ ᠤ ᠠᠩᠬᠠᠳᠤᠭᠠᠷ | ᠣᠳᠠᠭᠠᠨ ᠤ ᠬᠢᠨᠠᠯᠲᠠ ᠲᠠᠯᠪᠢᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠥᠪᠡᠷᠲᠡᠭᠡᠨ ᠵᠠᠰᠠᠬᠤ | ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢᠰᠦᠳᠦᠭᠡᠷ ᠱᠠᠯᠠᠪᠳᠠᠭᠤᠯᠤᠨ ᠵᠢᠯᠣᠭᠤᠳᠬᠤ | ᠳᠤᠭᠤᠶᠢᠯᠠᠩ ᠠᠴᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠤᠨ ᠬᠠᠶᠢᠨᠠᠨ ᠲᠣᠭᠤᠷᠢᠭ ᠲᠤ | ᠣᠷᠣᠰᠢᠵᠤ ᠪᠠᠶᠢᠭ᠎ᠠ ᠠᠰᠠᠭᠤᠳᠠᠯ ᠢ ᠬᠠᠷᠢᠭᠤ ᠲᠤᠰᠬᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠡᠭᠴᠡᠯᠡᠨ ᠵᠠᠰᠠᠬᠤ ᠪᠠ ᠤᠳᠤᠷᠢᠳᠬᠤ ᠺᠠᠳ᠋ᠷ ᠤᠨ | ᠨᠡᠷᠡᠲᠦ ᠣᠨᠴᠠ ᠭᠠᠷᠤᠯᠲᠠ ᠶᠢᠨ ᠲᠥᠷᠥᠯ ᠤᠨ ᠣᠨᠴᠠᠭᠠᠢ ᠡᠬᠢ ᠪᠠᠶᠠᠯᠢᠭ ᠢ ᠠᠰᠢᠬᠯᠠᠨ ᠬᠤᠪᠢ ᠶᠢᠨ ᠠᠰᠢᠭ ᠣᠯᠬᠤ | ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠨᠠᠢᠮᠠᠳᠤᠭᠠᠷ ᠬᠤᠭᠤᠴᠠᠭᠠᠨ ᠤ | ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠭᠠᠳ ᠣᠯᠵᠤ | ᠮᠡᠳᠡᠭᠰᠡᠨ ᠠᠰᠠᠭᠤᠳᠠᠯ ᠢ ᠵᠠᠷᠯᠠᠨ ᠮᠡᠳᠡᠭᠳᠡᠪᠡ᠃ | ᠲᠣᠰ ᠡᠳᠦᠷ ᠲᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠢᠦᠶ ᠲᠢᠶᠠᠨ ᠠᠮᠢᠲᠠᠨ ᠤ ᠪᠠᠶᠢᠴᠠᠭᠠᠬᠤ | ᠥᠷᠲᠡᠭᠡ ᠳᠤ ᠬᠦᠷᠴᠦ ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠢᠵᠢᠭᠦᠷᠯᠡᠭᠴᠢ ᠶᠢ | ᠲᠣᠬᠤᠨᠢᠭᠤᠯᠪᠠ᠃ | 1 ᠳ᠋ᠣᠭᠡᠷ ᠰᠠᠷ᠎ᠠ ᠶᠢᠨ 29 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠮᠧᠩ ᠹᠠᠨ ᠶᠠᠩ ᠶᠠᠳᠠᠭᠤ ᠶᠢ ᠲᠡᠳᠬᠦᠬᠦ ᠡᠷᠦᠬᠡ ᠶᠢ ᠲᠣᠬᠤᠨᠢᠭᠤᠯᠪᠠ᠃ | ᠲᠤᠰ ᠡᠳᠦᠷ ᠲᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ | ᠮᠧᠩ ᠹᠠᠨ ᠶᠠᠩ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠨᠢᠭᠡᠳᠦᠭᠡᠷ ᠤᠯᠠᠷᠢᠯ ᠤᠨ ᠡᠭᠡᠯᠵᠢᠲᠦ | ᠬᠤᠷᠠᠯ ᠢ ᠡᠷᠬᠢᠯᠡᠨ ᠬᠤᠷᠠᠯᠳᠤᠭᠤᠯᠵᠠᠶ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠳ᠋ᠢᠩ ᠸᠧᠢ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠵᠤᠤ ᠶᠦᠩ ᠹᠸᠢ ᠣᠷᠣᠯᠴᠠᠪᠠ᠃ | ᠲᠤᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ | ᠮᠧᠩ ᠹᠠᠨ ᠶᠠᠩ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠡᠷᠬᠢᠯᠡᠨ ᠬᠤᠷᠠᠯᠳᠤᠭᠤᠯᠪᠠ᠃ ᠺᠠᠳ᠋ᠷ ᠢ ᠲᠣᠮᠢᠯᠠᠬᠤ ᠪᠠᠭᠤᠯᠭᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠣᠳᠣᠯᠪᠠ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ | ᠳ᠋ᠢᠩ ᠸᠧᠢ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠶᠦᠩ ᠹᠸᠢ᠂ ᠯᠢᠦ ᠸᠧᠨ ᠵᠦᠩ᠂ ᠵᠢᠶᠤᠤ | ᠶᠦᠩ ᠬᠤᠷᠠᠯ ᠳᠤ ᠣᠷᠣᠯᠴᠠᠵᠠᠢ᠃ | 1 ᠳ᠋ᠣᠭᠡᠷ ᠰᠠᠷ᠎ᠠ ᠶᠢᠨ 30 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠮᠧᠩ ᠹᠠᠨ ᠶᠠᠩ ᠪᠦᠯᠬᠦᠮ ᠳᠠᠭᠠᠭᠤᠯᠤᠨ ᠠᠵᠤ ᠠᠬᠤᠶᠢᠯᠠᠯ ᠳᠤ ᠬᠦᠷᠴᠦ ᠲᠣᠬᠤᠨᠢᠭᠤᠯᠪᠠ᠃ | ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ | ᠳ᠋ᠢᠩ ᠸᠧᠢ ᠠᠵᠤ ᠠᠬᠤᠶᠢᠯᠠᠯ ᠳᠤ ᠬᠦᠷᠴᠦ ᠲᠣᠬᠤᠨᠢᠭᠤᠯᠪᠠ᠃ | ᠲᠤᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠵᠠᠩ ᠳ᠋ᠢᠩ ᠸᠧᠢ ᠶᠠᠳᠠᠭᠤ ᠶᠢ ᠲᠡᠳᠬᠦᠬᠦ ᠡᠷᠦᠬᠡ ᠶᠢ ᠲᠣᠬᠤᠨᠢᠭᠤᠯᠪᠠ᠃ | 1 ᠳ᠋ᠣᠭᠡᠷ ᠰᠠᠷ᠎ᠠ ᠶᠢᠨ 31 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠮᠧᠩ ᠹᠠᠨ ᠶᠠᠩ ᠲᠤᠭᠤᠷᠢᠭ ᠲᠤ ᠰᠠᠭᠤᠭ᠎ᠠ ᠴᠡᠷᠢᠭ ᠠᠩᠭᠢ ᠳᠤ ᠬᠦᠷᠴᠦ | ᠲᠣᠬᠤᠨᠢᠭᠤᠯᠪᠠ᠃ | ᠲᠤᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠵᠠᠩ ᠳ᠋ᠢᠩ ᠸᠧᠢ ᠲᠣᠭᠤᠷᠢᠭ ᠤᠨ ᠡᠨᠧᠷᠭᠢ ᠵᠢᠨᠲ᠋ᠣᠪᠴᠢᠶ᠎ᠠ᠂ ᠪᠠᠴᠢᠮ | ᠪᠠᠶᠢᠳᠠᠯ ᠢᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃ | ᠲᠤᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠰᠦᠨ ᠯᠧ ᠬᠠᠶᠢᠨᠠᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ | ᠲᠣᠪᠴᠢᠶ᠎ᠠ ᠶᠢᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃ | ᠲᠤᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠰᠦᠨ ᠯᠧ ᠬᠠᠶᠢᠨᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃ | ᠲᠤᠰ ᠡᠳᠦᠷ ᠲᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠳᠠᠷᠤᠭ᠎ᠠ ᠰᠦᠨ ᠯᠧ ᠶᠠᠳᠠᠭᠤ ᠬᠦᠴᠢᠷᠳᠡᠯᠲᠡᠶ ᠡᠷᠦᠬᠡ ᠶᠢ ᠲᠣᠬᠤᠨᠢᠭᠤᠯᠪᠠ᠃ | ᠲᠤᠰ ᠡᠳᠦᠷ ᠲᠤ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠢᠦᠶ ᠲᠢᠶᠠᠨ ᠲᠠᠷᠢᠶᠠᠯᠠᠩ | ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠶᠢᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃ | ᠲᠤᠰ ᠰᠠᠷ᠎ᠠ ᠳᠤ᠂ ᠲᠠᠪᠤᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠴᠤᠭᠴᠠᠯᠠᠨ ᠪᠠᠶᠢᠭᠤᠯᠬᠤ ᠵᠢᠱᠢᠶᠡᠴᠢ ᠲᠤᠭᠤᠷᠢᠭ ︵ᠨᠢᠭᠡᠴᠡ︶ ᠢ ᠨᠡᠶᠢᠲᠡᠯᠡᠪᠡ᠂ ᠦᠬᠠᠢ ᠬᠤᠳᠠ | ᠨᠡᠶᠢᠳᠡ 4 ᠨᠢᠭᠡᠴᠡ ᠨᠡᠷᠡᠰ ᠲᠤ ᠣᠷᠣᠵᠤ᠂ ᠲᠤᠰ ᠲᠤᠰ ᠬᠠᠶᠢᠨᠠᠨ ᠲᠤᠭᠤᠷᠢᠭ᠂ ᠬᠤᠳᠠ ᠶᠢᠨ ᠠᠷᠠᠳ ᠤᠨ | ᠶᠠᠪᠤᠳᠠᠯ ᠤᠨ ᠲᠤᠪᠴᠢᠶ᠎ᠠ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠬᠠᠶᠢᠨᠠᠨ ᠲᠤᠭᠤᠷᠢᠭ | ᠤᠨ ᠬᠤᠪᠢᠶᠠᠷᠢ ᠲᠤᠪᠴᠢᠶ᠎ᠠ᠂ ᠱᠧᠨ ᠬᠤᠸᠠ ᠪᠦᠯᠦᠭᠯᠡᠯ ᠤᠨ ᠦ᠋ ᠬᠤ᠋ ᠱᠠᠨ ᠠᠭᠤᠷᠬᠠᠢ ᠶᠢᠨ ᠦᠢᠯᠡᠰ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠪᠣᠯᠤᠨ᠎ᠠ᠃ | ᠲᠤᠰ ᠰᠠᠷ᠎ᠠ ᠳᠤ᠂ ᠦᠬᠠᠶ ᠬᠤᠲᠠ ᠶᠢᠨ ᠭᠤᠷᠪᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ︵ᠬᠠᠶᠢᠨᠠᠨ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ︶ ᠡᠪᠡᠳᠴᠢᠲᠡᠨ ᠤ ᠡᠪᠡᠳᠴᠢᠨ ᠦᠵᠡᠭᠦᠯᠬᠦ ᠲᠥᠷᠥᠭᠳᠡᠯ ᠢ | ᠰᠠᠶᠢᠵᠢᠷᠠᠭᠤᠯᠵᠦ᠂ 2018 ᠣᠨ ᠤ ︽ᠡᠮᠴᠢᠯᠡᠭᠡᠨ ᠤ ᠦᠢᠯᠡᠴᠢᠯᠡᠭᠡ ᠶᠢ ᠤᠯᠠᠮ ᠨᠢᠭᠡ ᠠᠯᠬᠤᠮ ᠰᠠᠶᠢᠵᠢᠷᠠᠭᠤᠯᠬᠤ | ᠠᠵᠢᠯᠯᠠᠭᠠᠨ ᠤ ᠲᠦᠯᠦᠪᠯᠡᠭᠡ︾ ᠶᠢᠨ ᠠᠵᠢᠯᠯᠠᠭ᠎ᠠ ᠶᠢᠨ ᠳᠤᠮᠳᠠ ᠲᠣᠪᠤᠶᠢᠮ᠎ᠠ ᠢᠯᠡᠷᠡᠯ ᠲᠠᠢ ᠪᠠᠶᠢᠵᠤ᠂ ᠤᠯᠤᠰ ᠤᠨ | ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ ᠤᠨ ᠡᠮᠨᠡᠯᠭᠡ ᠶᠢᠨ ᠶᠠᠪᠤᠳᠠᠯ ᠡᠮᠨᠡᠯᠭᠡ ᠶᠢᠨ ᠬᠠᠮᠢᠶᠠᠷᠤᠯᠲᠠ ᠶᠢᠨ | ᠲᠣᠪᠴᠢᠶ᠎ᠠ ᠪᠠ ︽ᠡᠷᠡᠭᠦᠯ ᠮᠡᠨᠳᠤ︾ ᠰᠣᠨᠢᠨ ᠤ ᠬᠤᠷᠢᠶᠠᠨ ᠤ ᠰᠠᠶᠢᠰᠢᠶᠠᠯ ᠢ ᠣᠯᠤᠭᠰᠠᠨ ᠪᠦᠭᠡᠳ ᠢᠷᠠᠭᠤ | ᠠᠯᠳᠠᠷ ᠤᠨ ᠦᠨᠡᠮᠯᠡᠯ ᠬᠦᠷᠲᠡᠪᠡ᠃ | ᠲᠣᠰ ᠰᠠᠷ᠎ᠠ ᠳᠤ᠂ ᠮᠠᠨ ᠤ ᠲᠤᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠵᠡᠷᠭᠡ 13 | ᠰᠢᠨ᠎ᠡ ᠪᠠᠷ ᠵᠤᠬᠢᠶᠠᠨ ᠪᠠᠶᠢᠭᠤᠯᠤᠭᠰᠠᠨ ᠪᠠᠶᠢᠭᠤᠯᠤᠮᠵᠢ ᠴᠥᠮ ᠫᠠᠶᠢᠰᠠ ᠡᠯᠭᠦᠪᠡ᠃ | ᠲᠣᠰ ᠰᠠᠷ᠎ᠠ ᠳᠤ᠂ ᠮᠠᠨ ᠤ ᠲᠤᠭᠤᠷᠢᠭ ᠤᠨ ᠲᠦᠩ ᠵᠧᠤ ᠨᠡᠭᠦᠷᠡᠰᠦ᠂ ᠶᠤᠸᠠᠨ ᠲᠦᠩ ᠴᠠᠩ ᠹᠦ᠋ | ᠨᠡᠭᠦᠷᠡᠰᠦᠨ ᠤ ᠦᠢᠯᠡᠰ 2 ᠠᠵᠦ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ | ᠨᠡᠶᠢᠭᠡᠮᠯᠢᠭ ᠤᠨ ᠪᠣᠬᠢᠷᠲᠤᠯ ᠥᠬᠡᠶ ᠠᠭᠤᠷᠬᠠᠢ ᠶᠢᠨ ᠪᠥᠲᠥᠭᠡᠨ ᠪᠠᠶᠢᠭᠤᠯᠤᠯᠲᠠ ᠶᠢᠨ ᠦᠨᠡᠯᠡᠨ ᠵᠢᠱᠢᠬᠦ ᠬᠢᠨᠠᠨ | ᠰᠢᠯᠭᠠᠯᠲᠠ ᠶᠢ ᠦᠩᠭᠡᠷᠭᠡᠪᠡ᠃ |