ᠬᠠᠶᠢᠨᠠᠨ ᠲᠣᠭᠤᠷᠢᠭ ᠤᠨ ︽ᠪᠠᠯᠭᠠᠰᠤ᠂ ᠵᠡᠭᠡᠯᠢ ᠭᠤᠳᠤᠮᠵᠢ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ | ︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ︽︿ᠬᠠᠶᠢᠨᠠᠨ ᠲᠣᠭᠤᠷᠢᠭ ᠤᠨ ᠪᠠᠯᠭᠠᠰᠤ ᠪᠠ ᠵᠡᠭᠡᠯᠢ ᠭᠤᠲᠤᠮᠵᠢ ᠶᠢᠨ ᠦᠨᠳᠦᠰᠦᠨ ᠱᠠᠲᠤᠨ ᠤ ᠬᠢᠨᠠᠨ | ᠵᠥᠪᠰᠢᠶᠡᠷᠡᠬᠦ ᠦᠢᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠠᠵᠢᠯ ᠢ ᠦᠭᠡᠷᠡᠴᠢᠯᠡᠨ | ᠠᠬᠢᠭᠤᠯᠬᠤ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠬᠠᠶᠢᠨᠠᠨ ᠲᠣᠭᠤᠷᠢᠭ ᠤᠨ ᠨᠠᠮ ᠤᠨ | ᠬᠤᠷᠢᠶᠠᠨ ᠤ ᠠᠯᠪᠠᠨ ᠭᠡᠷ᠂ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠬᠠᠶᠢᠨᠠᠨ | ᠨᠠᠮ ᠤᠨ ᠠᠯᠪᠠᠨ ᠲᠠᠷᠬᠠᠭᠠᠭᠰᠠᠨ ︹ 2019 ︺ 30 ᠳ᠋ᠤᠭᠠᠷ ᠲᠣᠭᠠᠲᠤ︶ ᠪᠣᠯᠤᠨ ︽︿ᠪᠠᠯᠭᠠᠰᠤ᠂ ᠵᠡᠭᠡᠯᠢ | ᠭᠤᠳᠤᠮᠵᠢ ᠶᠢᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠨᠠᠷᠢᠨ ᠳᠠᠩᠰᠠ﹀ ᠶᠢ ᠳᠠᠷᠤᠮᠠᠯᠯᠠᠨ ᠶᠠᠪᠤᠭᠤᠯᠬᠤ | ᠲᠤᠬᠠᠶ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠮᠡᠳᠡᠭᠳᠡᠯ︾ ︵ᠬᠠᠶᠢᠨᠠᠨ ᠤ ᠵᠠᠰᠠᠭ ᠠᠯᠪᠠᠨ ᠲᠠᠷᠬᠠᠭᠠᠭᠰᠠᠨ ︹ 2020 ︺ 11 ᠳ᠋ᠣᠭᠡᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠪᠠᠯᠭᠠᠰᠤ᠂ ᠵᠡᠭᠡᠯᠢ ᠭᠤᠲᠤᠮᠵᠢ ᠶᠢᠨ ᠬᠠᠮᠢᠶ᠎ᠠ ᠪᠦᠬᠦᠢ ᠬᠥᠮᠦᠰ ᠢ ᠵᠣᠬᠢᠶᠠᠨ ᠪᠠᠶᠢᠭᠤᠯᠵᠤ᠂ ᠲᠥᠪᠯᠡᠷᠡᠭᠦᠯᠦᠨ | ᠠᠵᠢᠯᠯᠠᠬᠤ ᠬᠡᠯᠪᠡᠷᠢ ᠪᠠᠷ ᠪᠠᠯᠭᠠᠰᠤ᠂ ᠵᠡᠭᠡᠯᠢ ᠭᠤᠳᠤᠮᠵᠢ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ | ᠡᠮᠬᠢᠯᠡᠵᠦ᠂ ᠡᠷᠬᠡ ᠶᠢ ᠳᠣᠷᠣᠭᠰᠢ ᠪᠠᠭᠤᠯᠭᠠᠬᠤ ᠪᠠ ᠬᠠᠷᠢᠯᠴᠠᠨ ᠲᠥᠬᠦᠷᠵᠢᠭᠦᠯᠬᠦ ᠡᠷᠬᠡ ᠶᠢᠨ ᠵᠠᠭᠠᠭ ᠬᠢᠵᠠᠭᠠᠷ ᠢ | ᠬᠦᠴᠦᠯᠡᠨ ᠪᠠᠶᠢᠭᠤᠯᠵᠤ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠠᠵᠢᠯᠯᠠᠭᠠᠨ ᠨᠢ ᠥᠨᠳᠥᠷ ᠪᠦᠲᠦᠮᠵᠢᠲᠡᠶ ᠲᠤᠰᠢᠶᠠᠯ | ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ | ᠨᠢᠭᠡ᠂ ︽ᠪᠠᠯᠭᠠᠰᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ︾ ᠳᠤ ᠵᠠᠰᠠᠭ ᠵᠠᠬᠢᠷᠭᠠᠨ ᠤ ᠡᠷᠬᠡ ᠶᠢᠨ | 85 ᠵᠦᠢᠯ ᠬᠤᠯᠪᠣᠭᠳᠠᠵᠤ᠂ ᠡᠭᠦᠨ ᠳᠤ 11 ᠵᠠᠰᠠᠭ ᠵᠠᠬᠢᠷᠭᠠᠨ ᠤ ᠵᠥᠪᠰᠢᠶᠡᠷᠡᠯ᠂ 5 ᠵᠠᠰᠠᠭ ᠵᠠᠬᠢᠷᠭᠠᠨ ᠤ ᠥᠭᠬᠦ 5 | ᠵᠦᠢᠯ᠂ 69 ᠵᠠᠰᠠᠭ ᠵᠠᠬᠢᠷᠭᠠᠨ ᠤ ᠰᠢᠢᠳᠭᠡᠯ᠂ ︽ᠵᠡᠭᠡᠯᠢ ᠭᠤᠳᠤᠮᠵᠢ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ | ︾ ᠳᠤ ᠵᠠᠰᠠᠭ ᠵᠠᠬᠢᠷᠭᠠᠨ ᠤ ᠡᠷᠬᠡ 16 ᠵᠦᠢᠯ ᠬᠤᠯᠪᠣᠭᠳᠠᠵᠤ᠂ ᠡᠭᠦᠨ ᠳᠤ ᠵᠠᠰᠠᠭ ᠵᠠᠬᠢᠷᠭᠠᠨ ᠤ ᠵᠥᠪᠰᠢᠶᠡᠷᠡᠯ 11 | ᠵᠦᠢᠯ᠂ ᠵᠠᠰᠠᠭ ᠵᠠᠬᠢᠷᠭᠠᠨ ᠤ ᠥᠭᠬᠦ 5 ᠵᠦᠢᠯ ᠪᠠᠭᠲᠠᠵᠦ᠂ ᠳᠡᠭᠡᠷ᠎ᠡ ᠳᠤᠷᠠᠳᠤᠭᠰᠠᠨ ᠵᠦᠢᠯ ᠪᠣᠯ ᠴᠥᠮ ᠥᠪᠡᠷᠲᠡᠭᠡᠨ | ᠵᠠᠰᠠᠬᠤ ᠣᠷᠣᠨ ᠠᠴᠠ ᠪᠠᠯᠭᠠᠰᠤ᠂ ᠵᠡᠭᠡᠯᠢ ᠭᠤᠳᠤᠮᠵᠢ ᠳᠤ ᠪᠠᠭᠤᠯᠭᠠᠬᠰᠠᠨ ᠡᠷᠬᠡ ᠶᠢᠨ ᠲᠤᠬᠠᠶ ᠲᠣᠳᠣᠷᠬᠠᠶ ᠵᠦᠢᠯᠡᠰ | ᠪᠣᠯᠤᠨ᠎ᠠ᠃ | ᠬᠤᠶᠠᠷ᠂ ᠬᠤᠶᠠᠷ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠲᠦᠷᠢᠮ ᠤᠨ ᠥᠭᠡᠷᠡᠴᠢᠯᠡᠯᠲᠡ ᠶᠢᠨ ᠰᠠᠭᠤᠷᠢ ᠨᠠᠷᠢᠨ ᠲᠠᠩᠰᠠ ᠶᠢ ᠴᠢᠩᠭ᠎ᠠ ᠵᠢᠷᠤᠮᠯᠠᠨ ᠨᠠᠶᠢᠷᠠᠭᠤᠯᠤᠨ ᠵᠣᠬᠢᠶᠠᠬᠤ | ᠵᠢᠷᠤᠮᠵᠢᠯ ︵DB151771 — 2018︶ ᠢᠶᠠᠷ ᠨᠠᠶᠢᠷᠠᠭᠤᠯᠤᠨ ᠵᠣᠬᠢᠶᠠᠵᠤ᠂ ᠤᠴᠢᠷ ᠶᠠᠪᠤᠳᠠᠯ | ᠨᠢᠭᠡᠪᠦᠷᠢ ᠳᠤ ᠦᠨᠳᠦᠰᠦᠯᠡᠯ᠂ ᠬᠠᠷᠢᠭᠤᠴᠠᠯᠭ᠎ᠠ ᠶᠢᠨ ᠤᠴᠢᠷ ᠶᠠᠪᠤᠳᠠᠯ ᠢ ᠲᠣᠭᠲᠠᠭᠠᠵᠤ᠂ ᠬᠠᠷᠢᠭᠤᠴᠠᠯᠭ᠎ᠠ ᠨᠡᠬᠡᠮᠵᠢᠯᠡᠬᠦ | ᠵᠦᠢᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦ ᠪᠠᠷᠢᠮᠲᠠ ᠶᠢ ᠬᠤᠯᠪᠤᠬᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ᠂ ᠳᠦᠷᠢᠮ ᠲᠣᠭᠲᠠᠭᠠᠯ ᠲᠠᠢ ᠵᠤᠷᠪᠤᠰ ᠳᠠᠷᠠᠭᠠᠯᠠᠨ ᠬᠠᠷᠢᠴᠠᠭᠤᠯᠵᠦ᠂ ᠵᠦᠢᠯ ᠵᠤᠷᠪᠤᠰ ᠵᠢᠴᠢ ᠠᠭᠤᠯᠭ᠎ᠠ ᠶᠢ | ᠲᠣᠳᠣᠷᠬᠠᠶᠢᠯᠠᠵᠤ᠂ ᠡᠷᠬᠡ ᠶᠢ ᠬᠠᠤᠯᠢ ᠪᠠᠷ ᠣᠯᠭᠤᠵᠤ᠂ ᠬᠠᠤᠯᠢ ᠶᠣᠰᠣᠭᠠᠷ ᠡᠷᠬᠡ ᠶᠢ ᠬᠡᠷᠡᠭᠵᠢᠭᠦᠯᠬᠦ ᠶᠢ ᠦᠨᠡᠨ ᠬᠦ | ᠪᠠᠲᠤᠯᠠᠨ᠎ᠠ᠃ | ᠭᠤᠷᠪᠠ᠂ ᠲᠣᠰ ᠤᠳᠠᠭ᠎ᠠ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠡᠮᠬᠢᠯᠡᠬᠦ ᠨᠢ ᠣᠳᠣ ᠶᠢᠨ ᠪᠠᠶᠢᠭ᠎ᠠ | ᠵᠠᠰᠠᠭ ᠵᠠᠬᠢᠷᠭᠠᠨ ᠤ ᠡᠷᠬᠡ ᠶᠢ ᠤᠷᠲᠤ ᠬᠤᠭᠤᠴᠠᠭ᠎ᠠ ᠪᠠᠷ ᠲᠣᠭᠲᠠᠪᠤᠷᠢᠵᠢᠭᠤᠯᠬᠤ ᠪᠢᠰᠢ᠂ ᠨᠡᠯᠢᠶᠡᠳ ᠤᠷᠲᠤ | ᠬᠤᠭᠤᠴᠠᠭ᠎ᠠ ᠬᠠᠷᠢᠴᠠᠩᠭᠤᠶ ᠪᠠᠷ ᠲᠤᠭᠲᠠᠪᠤᠷᠢᠵᠢᠭᠤᠯᠵᠦ᠂ ᠪᠠᠶᠢᠭᠤᠯᠤᠮᠵᠢ ᠶᠢ ᠬᠠᠰᠤᠵᠤ ᠨᠡᠶᠢᠯᠡᠭᠦᠯᠬᠦ᠂ ᠵᠠᠰᠠᠭ | ᠵᠠᠬᠢᠷᠭᠠᠨ ᠤ ᠡᠷᠬᠡ ᠶᠢᠨ ᠲᠣᠬᠢᠷᠠᠭᠤᠯᠤᠯᠲᠠ ᠶᠢ ᠬᠦᠴᠦᠨ ᠦᠭᠡᠢ ᠪᠣᠯᠭᠠᠭᠰᠠᠨ ᠵᠡᠷᠭᠡ ᠬᠦᠴᠦᠨ ᠵᠦᠢᠯ ᠤᠨ | ᠬᠤᠪᠢᠷᠠᠯᠲᠠ ᠳᠤ ᠲᠣᠬᠢᠶᠠᠯᠳᠤᠪᠠᠯ᠂ ᠪᠠᠯᠭᠠᠰᠤ᠂ ᠵᠡᠭᠡᠯᠢ ᠭᠤᠳᠤᠮᠵᠢ ᠶᠢᠨ ᠡᠷᠬᠡ ᠬᠠᠷᠢᠭᠤᠴᠠᠯᠭ᠎ᠠ ᠶᠢᠨ ᠨᠠᠷᠢᠨ | ᠲᠠᠩᠰᠠ ᠶᠢᠨ ᠠᠭᠤᠯᠭ᠎ᠠ ᠳᠤ ᠴᠠᠭ ᠲᠤᠬᠠᠢ ᠳᠤᠨᠢ ᠬᠥᠳᠡᠯᠦᠩᠭᠦᠶ ᠲᠣᠬᠢᠷᠠᠭᠤᠯᠤᠯᠲᠠ ᠬᠢᠬᠦ ᠪᠠ ᠵᠠᠰᠠᠪᠤᠷᠢ ᠣᠷᠣᠭᠤᠯᠵᠤ᠂ | ᠴᠠᠭ ᠲᠤᠬᠠᠶ ᠳᠤᠨᠢ ᠰᠢᠨᠡᠳᠬᠡᠬᠦ ᠪᠣᠯᠤᠨ᠎ᠠ᠃ |