ᠨᠢᠭᠡ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠵᠢᠴᠢ ᠠᠬᠤᠶ ᠪᠠᠶᠢᠳᠠᠯ | ᠣᠷᠴᠢᠨ ᠲᠣᠭᠤᠷᠢᠨ ᠤ ᠪᠣᠬᠢᠷᠲᠤᠯ ᠢ ᠪᠠᠭᠠᠰᠬᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠪᠣᠯᠤᠨ ᠠᠷᠠᠳ | ᠢᠷᠭᠡᠳ ᠤᠨ ᠪᠡᠶ᠎ᠡ ᠮᠠᠬᠠᠪᠣᠳ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠡᠶ᠎ᠡ | ᠵᠤᠬᠢᠴᠠᠩᠭᠤᠢ ᠪᠣᠬᠢᠷᠲᠤᠯ ᠦᠭᠡᠢ ᠣᠷᠣᠰᠢᠨ ᠰᠠᠭᠤᠬᠤ ᠣᠷᠴᠢᠨ ᠲᠣᠭᠤᠷᠢᠨ ᠢ ᠡᠭᠦᠳᠴᠦ᠂ ︽ᠬᠠᠷᠢᠶ᠎ᠠ ᠣᠷᠣᠨ ᠤ | ᠵᠠᠰᠠᠭ ᠤᠨ ᠣᠷᠳᠣᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭᠠᠲᠤ ᠰᠠᠯᠠᠭ᠎ᠠ ᠮᠥᠴᠢᠷ ᠠᠴᠠ | ᠪᠦᠬᠦ ᠶᠠᠪᠤᠴᠠ ᠶᠢ ᠬᠢᠨᠠᠨ ᠬᠠᠮᠢᠶᠠᠷᠴᠤ᠂ ᠬᠠᠷᠢᠭᠤᠴᠠᠯᠭᠠᠲᠤ ᠨᠢᠭᠡᠴᠡᠬᠠᠮᠢᠶᠠᠷᠤᠯᠲᠠ ᠪᠠᠨ ᠴᠢᠩᠭᠠᠳᠬᠠᠵᠤ᠂ ᠥᠷᠭᠡᠨ | ᠣᠯᠠᠨ ᠬᠤᠲᠠ ᠶᠢᠨ ᠠᠷᠠᠳ ᠤᠬᠠᠮᠰᠠᠷ ᠠᠴᠠ ᠪᠠᠨ ᠵᠢᠷᠤᠮᠯᠠᠬᠤ ᠵᠠᠷᠴᠢᠮ ᠢᠶᠠᠷ ᠬᠠᠶᠢᠨᠠᠨ ᠲᠣᠭᠤᠷᠢᠭ ᠤᠨ ᠬᠤᠸᠠᠷ | ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠢ ᠠᠬᠢᠭᠤᠯᠵᠦ᠂ ᠫᠤᠤᠵᠢᠩ ᠲᠠᠯᠪᠢᠭᠰᠠᠨ ᠠᠴᠠ ᠡᠭᠦᠰᠦᠭᠰᠡᠨ ᠬᠦᠨᠳᠦ | ᠪᠣᠬᠢᠷᠲᠤᠯᠳᠤ ᠴᠠᠭ ᠠᠭᠤᠷ᠂ ᠬᠦᠨᠳᠦ ᠶᠡᠭᠡ ᠭᠠᠯ ᠤᠨ ᠠᠶᠤᠯ ᠵᠢᠴᠢ ᠬᠥᠮᠦᠨ ᠬᠠᠷ᠎ᠠ ᠠᠳᠡᠵᠦ ᠰᠢᠷᠬᠠᠲᠤᠭᠰᠠᠨ | ᠬᠡᠷᠡᠭ ᠢ ᠪᠦᠲᠦᠮᠵᠢᠲᠡᠶ ᠬᠤᠷᠢᠭᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠬᠤᠸᠠᠷ ᠫᠤᠤᠵᠢᠩ ᠠᠮᠤᠷ ᠲᠦᠪᠰᠢᠨ ᠤ ᠬᠠᠮᠢᠶᠠᠷᠤᠯᠲᠠ ᠶᠢᠨ | ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠵᠢᠴᠢ ︽ᠦᠬᠠᠶ ᠬᠤᠲᠠ ᠶᠢᠨ ᠬᠤᠸᠠᠷ | ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ ᠮᠠᠨ ᠤ ᠲᠤᠭᠤᠷᠢᠭ | ᠤᠨ ᠪᠣᠳᠠᠲᠠᠶ ᠲᠠᠢ ᠪᠠᠨ ᠤᠶᠠᠯᠳᠤᠭᠤᠯᠤᠨ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠬᠤᠶᠠᠷ᠂ ᠠᠵᠢᠯ ᠤᠨ ᠬᠠᠷᠠᠯᠲᠠ | ᠥᠷᠭᠡᠨ ᠣᠯᠠᠨ ᠬᠤᠲᠠ ᠶᠢᠨ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ︽ᠦᠬᠠᠶ ᠬᠤᠲᠠ ᠶᠢᠨ | ᠬᠠᠶᠢᠨᠠᠨ ᠲᠣᠭᠤᠷᠢᠭ ᠤᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠬᠡᠷᠡᠭᠵᠢᠭᠦᠯᠬᠦ ᠲᠥᠰᠦᠯ︾ ᠢ | ᠤᠬᠠᠮᠰᠠᠷ ᠠᠴᠠ ᠪᠠᠨ ᠵᠢᠷᠤᠮᠯᠠᠭᠤᠯᠵᠤ᠂ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠲᠠᠯᠪᠢᠵᠤ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ ᠴᠡᠭᠴᠡᠯᠡᠨ ᠵᠠᠰᠠᠬᠤ ᠬᠡᠷᠡᠭᠲᠡᠶ᠃ | ᠭᠤᠷᠪᠠ᠂ ᠬᠤᠸᠠᠷ ᠫᠣᠣᠵᠢᠩ ᠲᠠᠯᠪᠢᠬᠤ ᠶᠢ ᠴᠠᠭᠠᠵᠠᠯᠠᠬᠤ ᠣᠷᠣᠨ ᠬᠡᠪᠴᠢᠶ᠎ᠡ | ︵ᠨᠢᠭᠡ︶ ᠷᠠᠰᠢᠵᠦ᠋ᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠣᠷᠣᠨ᠃ | ︵ᠬᠤᠶᠠᠷ︶ ᠬᠤᠸᠠᠷ ᠫᠣᠣᠵᠢᠩ ᠲᠠᠯᠪᠢᠬᠤ ᠶᠢ ᠴᠠᠭᠠᠵᠠᠯᠠᠬᠤ ᠪᠤᠰᠤᠳ ᠣᠷᠣᠨ᠄ ᠲᠡᠤᠬᠡ ᠶᠢᠨ ᠳᠤᠷᠠᠰᠬᠠᠯᠲᠤ | ᠵᠦᠢᠯ ᠢ ᠬᠠᠮᠠᠭᠠᠯᠠᠬᠤ ᠨᠢᠭᠡᠴᠡ᠃ ᠲᠡᠷᠭᠡᠨ ᠥᠷᠲᠡᠭᠡ ᠵᠡᠷᠭᠡ ᠵᠠᠮ ᠬᠠᠷᠢᠯᠴᠠᠭᠠᠨ ᠤ ᠬᠦᠢᠰᠦ ᠵᠢᠴᠢ ᠲᠡᠮᠦᠷ ᠵᠠᠮ ᠤᠨ | ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠤ ᠳᠣᠲᠣᠷ᠎ᠠ᠃ ᠲᠣᠰᠣ ᠨᠡᠮᠡᠬᠦ ︵ᠬᠡᠶ︶ ᠥᠷᠲᠡᠭᠡ ᠵᠡᠷᠭᠡ | ᠨᠣᠴᠣᠮᠠᠲᠠᠭᠠᠶ᠂ ᠳᠡᠯᠪᠡᠷᠡᠮᠡᠲᠡᠭᠡᠶ ᠠᠶᠤᠯᠲᠠᠶ ᠪᠣᠳᠠᠰ ᠢ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ ᠨᠢᠭᠡᠴᠡ᠃ | ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ | ᠳᠣᠲᠣᠷ᠎ᠠ᠃ ᠣᠯᠣᠰ ᠤᠨ ᠪᠠᠶᠢᠭᠤᠯᠭ᠎ᠠ ᠶᠢᠨ ᠠᠵᠢᠯᠯᠠᠬᠤ ᠲᠣᠭᠤᠷᠢᠭ᠂ ᠡᠮᠴᠢᠯᠡᠭᠡᠨ ᠤ ᠪᠠᠶᠢᠭᠤᠯᠤᠮᠵᠢ᠂ ᠬᠡᠤᠬᠡᠳ ᠤᠨ | ᠴᠡᠴᠡᠷᠯᠢᠭ᠂ ᠨᠠᠰᠣᠲᠠᠨ ︵ᠰᠤᠪᠢᠯᠠᠯᠲᠠ︶ ᠢ ᠠᠰᠠᠷᠠᠬᠤ ᠬᠦᠷᠢᠶᠡᠯᠡᠩ᠂ ᠶᠡᠭᠡ ᠰᠤᠷᠭᠠᠭᠤᠯᠢ ᠳᠤᠮᠳᠠ ᠵᠡᠷᠭᠡ ᠶᠢᠨ | ᠲᠤᠰᠬᠠᠢ ᠮᠡᠷᠭᠡᠵᠢᠯ ᠤᠨ ᠰᠤᠷᠭᠠᠭᠤᠯᠢ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠲᠣᠭᠤᠷᠢᠭ᠃ | ᠬᠤᠲᠠ ᠶᠢᠨ ᠭᠤᠤᠯ ᠪᠠ ᠳᠡᠳ᠋ ᠭᠤᠤᠯ ᠵᠠᠮ᠂ ᠥᠨᠳᠥᠷ ᠵᠢᠶᠠᠰᠠ ᠵᠠᠮ᠂ ᠵᠦᠷᠢᠯᠢᠭ ᠬᠥᠭᠦᠷᠭᠡ ᠵᠢᠴᠢ ᠭᠠᠵᠠᠷ ᠳᠣᠤᠷᠠᠬᠢ | ᠣᠷᠣᠨ ᠵᠠᠶ᠃ ᠠᠯᠳᠠᠷᠲᠤ ᠦᠵᠡᠮᠵᠢ ᠶᠢᠨ ᠣᠷᠣᠨ ᠪᠠ ᠠᠭᠤᠯᠠᠨ ᠣᠶ᠂ ᠨᠣᠭᠤᠭᠠᠨ ᠬᠥᠷᠥᠰᠥ᠂ ᠵᠤᠯᠵᠠᠭ᠎ᠠ ᠮᠣᠳᠣᠨ ᠤ | ᠬᠦᠷᠢᠶᠡᠯᠡᠩ ᠵᠡᠷᠭᠡ ᠭᠤᠤᠯᠳᠠᠯᠭ᠎ᠠ ᠲᠠᠢ ᠭᠠᠯ ᠰᠡᠷᠭᠡᠶᠢᠯᠡᠬᠦ ᠣᠷᠣᠨ᠃ ᠴᠡᠴᠡᠷᠯᠢᠭ᠂ ᠬᠤᠳᠠᠯᠳᠤᠭᠠᠨ ᠤ ᠲᠠᠯᠠᠪᠤᠷ᠂ | ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠣᠯᠠᠨ ᠨᠡᠶᠢᠲᠡ ᠶᠢᠨ ᠵᠤᠭ᠎ᠠ ᠴᠡᠩᠭᠡᠯ ᠤᠨ ᠭᠠᠵᠠᠷ ᠵᠡᠷᠭᠡ ᠬᠥᠮᠦᠨ ᠣᠯᠠᠨ | ᠴᠤᠭᠯᠠᠷᠠᠬᠤ ᠭᠠᠵᠠᠷ ᠲᠠᠯᠠᠪᠤᠷ᠃ ᠨᠡᠶᠢᠲᠡ ᠶᠢᠨ ᠪᠤᠩᠬᠤᠨ ᠵᠡᠷᠭᠡ ᠪᠤᠰᠤᠳ ᠲᠠᠬᠢᠯᠭ᠎ᠠ ᠶᠢᠨ ᠭᠠᠵᠠᠷ᠃ ᠠᠷᠠᠳ ᠤᠨ | ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠡᠷᠡᠭᠴᠡᠭᠡ ᠶᠢ ᠦᠨᠳᠦᠰᠦᠯᠡᠨ ᠵᠠᠭᠠᠭᠯᠠᠨ | ᠲᠣᠭᠲᠠᠭᠠᠵᠤ ᠨᠡᠶᠢᠲᠡᠯᠡᠭᠰᠡᠨ ᠪᠤᠰᠤᠳ ᠲᠠᠯᠠᠪᠤᠷ ᠭᠠᠵᠠᠷ᠂ ᠣᠷᠣᠨ ᠪᠦᠰᠡ᠃ | ︵ᠭᠤᠷᠪᠠ︶ ᠬᠦᠨᠳᠦ ᠪᠣᠬᠢᠷᠲᠤᠯ ᠲᠠᠢ ᠴᠠᠭ ᠠᠭᠤᠷ ᠤᠨ ᠬᠤᠭᠤᠴᠠᠭᠠᠨ ᠳᠤ ᠪᠠᠶᠢᠭᠤᠯᠤᠭᠰᠠᠨ ᠲᠣᠭᠤᠷᠢᠭ ᠨᠢ | ᠬᠤᠸᠠᠷ ᠫᠤᠤᠵᠢᠩ ᠲᠠᠯᠪᠢᠬᠤ ᠶᠢ ᠴᠥᠮ ᠴᠠᠭᠠᠵᠠᠯᠠᠬᠤ ᠬᠡᠷᠡᠭᠲᠡᠶ᠃ | ᠳᠦᠷᠪᠡ᠂ ᠬᠡᠷᠡᠭᠵᠢᠭᠦᠯᠬᠦ ᠠᠯᠬᠤᠮ ᠳᠠᠷᠠᠭ᠎ᠠ | 1. ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠤᠬᠠᠭᠤᠯᠤᠨ ᠳᠠᠶᠢᠴᠢᠯᠠᠬᠤ ᠪᠠ ᠲᠥᠪᠯᠡᠷᠡᠭᠦᠯᠦᠨ ᠬᠠᠮᠢᠶᠠᠷᠤᠨ ᠡᠵᠡᠮᠳᠡᠬᠦ ᠱᠠᠲᠤ ᠦᠶ᠎ᠡ ︵2020.8 — | 2020.9.30︶ ᠲᠣᠰ ︽ᠲᠥᠰᠦᠯ︾ ᠢ ᠶᠡᠬᠡᠪᠡᠷ ᠤᠬᠠᠭᠤᠯᠵᠤ᠂ ᠭᠦᠨ ᠵᠤᠵᠠᠭᠠᠨ ᠨᠡᠶᠢᠭᠡᠮ ᠤᠨ ᠶᠠᠷᠢᠶ᠎ᠠ | ᠬᠡᠯᠡᠯᠴᠡᠭᠡᠨ ᠤ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠣᠯᠭᠠᠨ᠎ᠠ᠃ ᠡᠭᠦᠨ ᠤ ᠬᠠᠮᠲᠤ ᠬᠤᠸᠠᠷ ᠫᠤᠤᠵᠢᠩ | ᠲᠠᠯᠪᠢᠬᠤ ᠶᠢ ᠴᠠᠭᠠᠵᠠᠯᠠᠬᠤ ᠣᠷᠣᠨ ᠤ ᠳᠣᠲᠣᠷᠠᠬᠢ ᠬᠤᠸᠠᠷ ᠫᠤᠤᠵᠢᠩ ᠪᠥᠭᠡᠮ ᠢᠶᠠᠷ ᠬᠤᠳᠠᠯᠳᠤᠬᠤ᠂ ᠵᠢᠵᠢᠭᠯᠡᠨ | ᠬᠤᠳᠠᠯᠳᠤᠬᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠨᠢ ᠲᠤᠯᠤᠬᠰᠠᠨ ᠤ ᠳᠠᠷᠠᠭ᠎ᠠ | ᠪᠤᠴᠠᠭᠠᠬᠤ᠂ ᠬᠦᠴᠦᠨ ᠦᠭᠡᠶ ᠪᠣᠯᠭᠠᠬᠤ ᠪᠠ ᠬᠤᠸᠠᠷ ᠫᠤᠤᠵᠢᠩ ᠪᠥᠭᠡᠮ ᠢᠶᠠᠷ ᠬᠤᠳᠠᠯᠳᠤᠬᠤ ᠵᠢᠵᠢᠭᠯᠡᠨ | ᠬᠤᠳᠠᠯᠳᠤᠬᠤ ᠴᠢᠭ ᠢ ᠬᠠᠭᠠᠬᠤ᠂ ᠡᠵᠡᠩᠨᠡᠯᠲᠡ ᠪᠠᠨ ᠰᠢᠯᠵᠢᠭᠦᠯᠬᠦ ᠠᠵᠢᠯ ᠢ ᠪᠡᠶᠡᠯᠡᠭᠦᠯᠬᠦ ᠬᠡᠷᠡᠭᠲᠡᠶ᠃ | 2. ᠬᠡᠪᠰᠢᠭᠰᠡᠨ ᠬᠠᠮᠢᠶᠠᠷᠤᠯᠲᠠ ᠶᠢᠨ ᠱᠠᠲᠤ ᠦᠶ᠎ᠡ ︵2020.10.1 ᠠᠴᠠ ᠬᠤᠶᠢᠰᠢ︶ ᠬᠤᠸᠠᠷ ᠫᠤᠤᠵᠢᠩ | ᠲᠠᠯᠪᠢᠬᠤ ᠶᠢ ᠴᠠᠭᠠᠵᠠᠯᠠᠬᠤ ᠲᠥᠰᠦᠯ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠭᠤᠤᠯᠳᠠᠯᠭ᠎ᠠ ᠲᠠᠢ ᠴᠠᠭ᠂ | ᠭᠤᠤᠯᠳᠠᠯᠭ᠎ᠠ ᠲᠠᠢ ᠣᠷᠣᠨ ᠪᠦᠰᠡ᠂ ᠬᠦᠨᠳᠦ ᠪᠣᠬᠢᠷᠲᠤᠯ ᠲᠠᠢ ᠴᠠᠭ ᠠᠭᠤᠷ ᠤᠨ ᠳᠣᠲᠣᠷᠠᠬᠢ ᠭᠤᠤᠯᠳᠠᠯᠭ᠎ᠠ ᠲᠠᠢ | ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ | ᠲᠠᠪᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ ᠲᠣᠰ ᠬᠠᠷᠢᠶ᠎ᠠ ᠣᠷᠣᠨ ᠤ ᠪᠠᠨ ᠬᠤᠸᠠᠷ | ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠸᠠᠷ | ᠫᠤᠤᠵᠢᠩ ᠲᠠᠯᠪᠢᠬᠤ ᠶᠢ ᠥᠯᠥ ᠴᠠᠭᠠᠵᠠᠯᠠᠬᠤ ᠣᠷᠣᠨ ᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠨᠢ ᠭᠤᠤᠯᠳᠠᠭᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯ ᠢ ᠡᠭᠦᠷᠭᠡᠯᠡᠨ᠎ᠡ᠃ | ᠷᠠᠰᠢᠵᠦ᠋ᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠡᠳᠦᠷ ᠲᠤᠲᠤᠮ ᠤᠨ ᠤᠬᠠᠭᠤᠯᠭ᠎ᠠ ᠵᠢᠴᠢ | ᠭᠤᠤᠯᠳᠠᠯᠭ᠎ᠠ ᠲᠠᠢ ᠴᠠᠭ ᠬᠤᠭᠤᠴᠠᠭᠠᠨ ᠤ ᠳᠣᠲᠣᠷᠠᠬᠢ ᠲᠣᠭᠤᠷᠢᠨ ᠪᠠᠶᠢᠴᠠᠭᠠᠬᠤ᠂ ᠮᠡᠳᠡᠭᠦᠯᠬᠦ ᠠᠵᠢᠯ ᠢ ᠡᠭᠦᠷᠭᠡᠯᠡᠨ᠎ᠡ᠃ | ᠡᠯ᠎ᠡ ᠬᠠᠷᠢᠶ᠎ᠠ ᠣᠷᠣᠨ ᠤ ᠵᠡᠭᠡᠯᠢ ᠳᠠᠭᠠᠤ ᠶᠢᠨ ᠳᠡᠯᠭᠡᠭᠦᠷ᠂ ᠠᠵᠤ ᠠᠬᠤᠶᠢᠯᠠᠯ ᠠᠵᠢᠯ ᠦᠶ᠋ᠯᠡᠰ ᠤᠨ ᠨᠢᠭᠡᠴᠡ᠂ | ᠰᠠᠭᠤᠭᠠᠯᠢ ᠠᠷᠠᠳ ᠤᠨ ᠠᠰᠠᠷ ᠬᠦᠷᠢᠶ᠎ᠡ ᠪᠣᠯᠤᠨ ᠠᠳᠠᠯ ᠠᠬᠤᠶ ᠶᠢᠨ ᠵᠢᠵᠢᠭ ᠲᠣᠭᠤᠷᠢᠭ ᠤᠨ ᠡᠭᠦᠳᠡᠨ ᠡᠮᠦᠨ᠎ᠡ | ᠵᠡᠷᠭᠡ ᠭᠠᠵᠠᠷ ᠲᠤ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠬᠥᠨᠳᠡᠯᠡᠨ ᠪᠢᠴᠢᠭᠡᠰᠦ᠂ ᠰᠠᠮᠪᠠᠷ᠎ᠠ ᠶᠢᠨ ᠰᠣᠨᠢᠨ᠂ | ᠤᠬᠠᠭᠤᠯᠭ᠎ᠠ ᠶᠢᠨ ᠬᠠᠭᠤᠳᠠᠰᠤ ᠡᠯᠭᠦᠬᠦ ᠶᠢ ᠱᠠᠭᠠᠷᠳᠠᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ | ᠵᠢᠵᠢᠭ ᠲᠣᠭᠤᠷᠢᠭ ᠤᠨ ᠠᠳᠠᠯ ᠠᠬᠤᠶ ᠵᠡᠷᠭᠡ ᠶᠢᠨ ᠬᠠᠭᠤᠳᠠᠰᠣ ᠶᠢ ᠵᠣᠬᠢᠶᠠᠨ ᠪᠠᠶᠢᠭᠤᠯᠤᠨ᠎ᠠ᠃ | ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠄ ᠷᠠᠳᠢᠣ᠋ ᠬᠤᠷᠢᠶ᠎ᠠ᠂ ᠲᠧᠯᠸᠢᠰ ᠬᠤᠷᠢᠶ᠎ᠠ᠂ | ᠰᠣᠨᠢᠨ ᠤ ᠬᠤᠷᠢᠶ᠎ᠠ ᠵᠢᠴᠢ ᠬᠠᠮᠢᠶ᠎ᠠ ᠪᠥᠬᠦᠶ ᠰᠦᠯᠵᠢᠶᠡᠨ ᠤ ᠵᠠᠭᠤᠴᠢᠯᠠᠭᠤᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ | ᠣᠬᠠᠭᠤᠯᠬᠤ ᠠᠵᠢᠯ ᠢ ᠰᠠᠶᠢᠲᠤᠷ ᠬᠢᠨ᠎ᠠ᠃ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠦᠢᠯᠡᠳᠬᠦ᠂ ᠨᠡᠶᠢᠭᠡᠮ | ᠲᠣᠭᠤᠷᠢᠭ ᠤᠨ ᠤᠬᠠᠭᠤᠯᠭ᠎ᠠ ᠥᠷᠨᠢᠭᠦᠯᠬᠦ᠂ ᠲᠧᠯᠸᠢᠰ ᠪᠤᠯᠤᠩ ᠤᠨ ᠥᠩᠬᠦᠷᠢᠭᠦᠯ ᠳᠡᠯᠭᠡᠴᠡᠲᠦ ᠳᠡᠯᠭᠡᠴᠡ᠂ ᠨᠡᠶᠢᠲᠡᠯᠢᠭ | ᠬᠠᠤᠯᠢ ᠠᠴᠠ ᠵᠥᠷᠢᠴᠡᠭᠰᠡᠨ ᠬᠡᠷᠡᠭ ᠤᠨ ᠵᠢᠱᠢᠶ᠎ᠡ ᠶᠢ ᠢᠯᠡᠴᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ | ᠨᠡᠶᠢᠭᠡᠮ ᠤᠨ ᠲᠠᠯ᠎ᠠ ᠶᠢᠨ ᠤᠬᠠᠭᠤᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠴᠠᠬᠢᠯᠭᠠᠨ | ᠬᠤᠯᠪᠣᠭ᠎ᠠ᠂ ᠰᠢᠯᠵᠢᠮᠡᠯ ᠬᠤᠯᠪᠣᠭ᠎ᠠ᠂ ᠨᠢᠭᠡᠲᠦᠮᠡᠯ ᠬᠤᠯᠪᠣᠭᠠᠨ ᠤ ᠺᠣᠮᠫᠠᠨᠢ ᠶᠢ ᠵᠣᠬᠢᠴᠠᠭᠤᠯᠵᠤ ᠪᠠᠶᠢᠭᠠᠳ ᠭᠠᠷ | ᠤᠲᠠᠰᠤᠨ ᠤ ᠬᠡᠷᠡᠭᠯᠡᠭᠴᠢᠳ ᠲᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠣᠬᠤᠷ ᠮᠡᠳᠡᠭᠡ ᠨᠡᠶᠢᠲᠡᠯᠡᠵᠦ᠂ | ᠴᠢᠮᠡᠭᠡ ᠬᠤᠯᠪᠣᠭᠠᠨ ᠤ ᠲᠣᠤᠷ ᠰᠦᠯᠵᠢᠶ᠎ᠡ ᠶᠢ ᠪᠦᠲᠦᠮᠵᠢᠲᠡᠶ ᠠᠰᠢᠬᠯᠠᠨ ᠤᠬᠠᠭᠤᠯᠭ᠎ᠠ ᠬᠢᠵᠦ ᠮᠡᠳᠡᠭᠳᠡᠨ᠎ᠡ᠃ | ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠄ ᠬᠤᠸᠠᠷ ᠫᠤᠤᠵᠢᠩ ᠲᠠᠯᠪᠢᠬᠤ ᠲᠣᠮᠣ | ᠬᠡᠯᠪᠡᠷᠢ ᠶᠢᠨ ᠠᠵᠢᠯᠯᠠᠭ᠎ᠠ ᠶᠢ ᠴᠢᠩᠭ᠎ᠠ ᠬᠢᠨᠠᠨ ᠵᠥᠪᠰᠢᠶᠡᠷᠡᠵᠦ ᠬᠢᠵᠠᠭᠠᠷᠯᠠᠬᠤ ᠬᠡᠷᠡᠭᠲᠡᠶ᠃ ᠬᠠᠤᠯᠢ ᠠᠴᠠ ᠵᠥᠷᠢᠴᠡᠨ | ᠬᠤᠸᠠᠷ ᠫᠤᠤᠵᠢᠩ ᠲᠠᠯᠪᠢᠭᠰᠠᠨ᠂ ᠲᠡᠭᠡᠭᠡᠪᠦᠷᠢᠯᠡᠭᠰᠡᠨ ︵ᠠᠪᠴᠤ ᠶᠠᠪᠤᠭᠰᠠᠨ︶ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠤᠸᠠᠷ ᠫᠤᠤᠵᠢᠩ | ᠨᠢᠭᠤᠴᠠ ᠪᠠᠷ ᠪᠣᠷᠣᠯᠠᠭᠤᠯᠬᠤ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠨᠡᠶᠢᠭᠡᠮ ᠤᠨ ᠡᠮᠬᠢ ᠵᠢᠷᠤᠮ ᠢ | ᠬᠠᠮᠠᠭᠠᠯᠠᠵᠤ᠂ ᠬᠤᠸᠠᠷ ᠫᠤᠤᠵᠢᠩ ᠢ ᠬᠤᠷᠢᠶᠠᠨ ᠠᠪᠴᠤ ᠤᠰᠠᠳᠬᠠᠬᠤ ᠶᠠᠪᠤᠳᠠᠯ ᠢ ᠲᠦᠷᠦᠭᠦᠯᠡᠨ ᠨᠠᠶᠢᠳᠠᠪᠤᠷᠢᠵᠢᠭᠤᠯᠵᠤ᠂ | ᠬᠤᠸᠠᠷ ᠫᠤᠤᠵᠢᠩ ᠳᠤ ᠬᠤᠯᠪᠣᠭᠳᠠᠭᠰᠠᠨ ᠠᠮᠤᠷ ᠢ ᠬᠠᠮᠠᠭᠠᠯᠠᠬᠤ ᠬᠡᠷᠡᠭ ᠪᠣᠯᠤᠨ ᠡᠷᠡᠭᠦᠦ ᠶᠢᠨ ᠬᠡᠷᠡᠭ ᠢ ᠬᠠᠤᠯᠢ | ᠶᠣᠰᠣᠭᠠᠷ ᠰᠢᠢᠳᠪᠦᠷᠢᠯᠡᠨ᠎ᠡ᠃ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ | ᠴᠠᠭᠳᠠᠨ ᠪᠠᠶᠢᠴᠠᠭᠠᠬᠤ ᠶᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠨ᠎ᠡ᠃ | ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠄ ᠪᠥᠬᠦ ᠲᠤᠭᠤᠷᠢᠭ ᠤᠨ | ᠬᠤᠸᠠᠷ ᠫᠤᠤᠵᠢᠩ ᠤᠨ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠪᠣᠯᠤᠨ ᠬᠤᠸᠠᠷ ᠫᠤᠤᠵᠢᠩ ᠵᠢᠵᠢᠭᠯᠡᠨ | ᠬᠤᠳᠠᠯᠳᠤᠬᠤ ᠨᠢᠭᠡᠴᠡ ᠳᠤ ᠦᠢᠯᠡᠳᠭᠦᠨ ᠤ ᠭᠦᠢᠯᠭᠡᠭᠡᠨ ᠤ ᠬᠠᠨᠳᠤᠰᠢ ᠶᠢ ᠬᠠᠮᠢᠶᠠᠷᠤᠨ ᠡᠵᠡᠮᠳᠡᠬᠦ ᠶᠢ | ᠬᠡᠷᠡᠭᠵᠢᠭᠦᠯᠦᠨ᠎ᠡ᠃ ᠬᠠᠤᠯᠢ ᠪᠤᠰᠤ ᠪᠠᠷ ᠬᠤᠸᠠᠷ ᠫᠤᠤᠵᠢᠩ ᠪᠣᠷᠣᠯᠠᠭᠤᠯᠬᠤ ᠦᠢᠯᠡ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠪᠠᠶᠢᠴᠠᠭᠠᠨ ᠰᠢᠢᠳᠪᠦᠷᠢᠯᠡᠵᠦ᠂ ᠫᠤᠤᠵᠢᠩ ᠲᠠᠯᠪᠢᠬᠤ ᠶᠢ ᠴᠠᠭᠠᠵᠠᠯᠠᠭᠰᠠᠨ ᠣᠷᠣᠨ ᠪᠦᠰᠡ ᠳᠤ ᠬᠤᠸᠠᠷ | ᠫᠤᠤᠵᠢᠩ ᠵᠢᠵᠢᠭᠯᠡᠨ ᠬᠤᠳᠠᠯᠳᠤᠬᠤ ᠳᠡᠯᠭᠡᠭᠦᠷ ︵ᠴᠢᠭ︶ ᠢ ᠰᠢᠨ᠎ᠡ ᠪᠠᠷ ᠨᠡᠮᠡᠭᠳᠡᠭᠦᠯᠵᠦ ᠪᠣᠯᠬᠤ ᠦᠭᠡᠢ᠂ ᠵᠠᠰᠠᠭ | ᠵᠠᠬᠢᠷᠭᠠᠨ ᠤ ᠵᠥᠪᠰᠢᠶᠡᠷᠡᠯ ᠢ ᠨᠢᠭᠡᠨᠲᠡ ᠣᠯᠣᠬᠰᠠᠨ ᠪᠠᠶᠢᠪᠠᠯ ᠳᠠᠬᠢᠵᠤ ᠡᠵᠡᠩᠨᠡᠬᠦ ᠶᠢ ᠵᠥᠪᠰᠢᠶᠡᠷᠡᠬᠦ ᠦᠭᠡᠢ᠃ ᠫᠤᠤᠵᠢᠩ | ᠲᠠᠯᠪᠢᠬᠤ ᠶᠢ ᠴᠠᠭᠠᠵᠠᠯᠠᠬᠤ ᠣᠷᠣᠨ ᠪᠦᠰᠡ ᠶᠢᠨ ᠳᠣᠲᠣᠷᠠᠬᠢ ᠬᠤᠸᠠᠷ ᠫᠤᠤᠵᠢᠩ ᠪᠥᠭᠡᠮ ᠢᠶᠠᠷ ᠬᠤᠳᠠᠯᠳᠤᠬᠤ | ᠵᠢᠵᠢᠭᠯᠡᠨ ᠬᠤᠳᠠᠯᠳᠤᠬᠤ ᠳᠡᠯᠭᠡᠭᠦᠷ ︵ᠴᠢᠭ︶ ᠢ ᠬᠠᠭᠠᠬᠤ ᠪᠤᠶᠤ ᠰᠢᠯᠵᠢᠭᠦᠯᠦᠨ ᠡᠵᠡᠩᠨᠡᠬᠦ ᠠᠵᠢᠯ ᠢ ᠰᠠᠶᠢᠲᠤᠷ ᠬᠢᠬᠦ | ᠬᠡᠷᠡᠭᠲᠡᠶ᠃ ᠴᠠᠭ ᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠵᠦ᠂ ᠡᠯ᠎ᠡ ᠬᠠᠮᠢᠶ᠎ᠠ ᠪᠦᠬᠦᠢ ᠨᠢᠭᠡᠴᠡ ᠬᠠᠮᠲᠤᠪᠠᠷ | ᠪᠦᠷᠢᠯᠳᠦᠭᠰᠡᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠭᠤᠷᠢᠨ ᠪᠠᠶᠢᠴᠠᠭᠠᠬᠤ ᠡᠩᠨᠡᠭᠡ ᠶᠢ ᠲᠦᠷᠦᠭᠦᠯᠡᠨ | ᠪᠠᠶᠢᠭᠤᠯᠵᠤ᠂ ᠬᠠᠤᠯᠢ ᠠᠴᠠ ᠵᠥᠷᠢᠴᠡᠨ ᠪᠣᠷᠣᠯᠠᠭᠤᠯᠬᠤ᠂ ᠬᠤᠸᠠᠷ ᠫᠤᠤᠵᠢᠩ ᠲᠠᠯᠪᠢᠬᠤ ᠦᠢᠯᠡ ᠠᠵᠢᠯᠯᠠᠭ᠎ᠠ ᠶᠢ | ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠲᠦᠪᠯᠡᠷᠡᠭᠦᠯᠦᠨ ᠥᠷᠨᠢᠭᠦᠯᠦᠨ᠎ᠡ᠃ | ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠬᠤᠸᠠᠷ ᠫᠤᠤᠵᠢᠩ | ᠡᠵᠡᠩᠨᠡᠵᠦ ᠪᠠᠶᠢᠭ᠎ᠠ ᠦᠢᠯᠡᠳᠪᠦᠷᠢ ᠬᠤᠳᠠᠯᠳᠤᠭᠠᠨ ᠤ ᠡᠵᠡᠨ᠂ ᠬᠤᠪᠢ ᠶᠢᠨ ᠳᠡᠯᠭᠡᠭᠦᠷ ᠲᠤ ᠬᠠᠤᠯᠢ ᠶᠣᠰᠣᠭᠠᠷ | ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃ ᠦᠨᠡᠮᠯᠡᠯ ᠦᠭᠡᠢ ᠪᠠᠷ ᠬᠤᠸᠠᠷ ᠫᠤᠤᠵᠢᠩ ᠡᠵᠡᠩᠨᠡᠬᠦ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠦᠨᠡᠮᠯᠡᠯ ᠥᠬᠡᠶ ᠪᠠᠷ ᠳᠤᠷ᠎ᠠ ᠪᠠᠷ ᠢᠶᠠᠨ ᠬᠤᠸᠠᠷ ᠫᠤᠤᠵᠢᠩ ᠤᠨ | ᠡᠵᠡᠩᠨᠡᠯᠲᠡ ᠬᠢᠬᠦ ᠶᠢ ᠪᠠᠶᠢᠴᠠᠭᠠᠨ ᠰᠢᠢᠳᠪᠦᠷᠢᠯᠡᠨ᠎ᠡ᠃ ᠠᠵᠤ ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠨ ᠲᠡᠮᠳᠡᠭᠯᠡᠬᠦ | ᠴᠣᠩᠬᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠦ᠂ ᠥᠷᠭᠡᠨ ᠣᠯᠠᠨ ᠠᠵᠤ ᠦᠢᠯᠡᠳᠪᠦᠷᠢ ᠬᠤᠳᠠᠯᠳᠤᠭ᠎ᠠ ᠶᠢᠨ | ᠡᠵᠡᠨ ᠢᠯᠠᠩᠭᠤᠶ᠎ᠠ ᠬᠤᠸᠠᠷ ᠫᠤᠤᠵᠢᠩ ᠡᠵᠡᠩᠨᠡᠭᠴᠢ ᠶᠢᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠵᠡᠷᠭᠡ | ᠬᠠᠮᠢᠶ᠎ᠠ ᠪᠦᠬᠦᠢ ᠬᠠᠤᠯᠢ ᠴᠠᠭᠠᠵᠠ ᠪᠠ ᠬᠠᠤᠯᠢ ᠲᠣᠭᠲᠠᠭᠠᠯ ᠢ ᠤᠬᠠᠭᠤᠯᠬᠤ ᠠᠵᠢᠯ ᠥᠷᠨᠢᠭᠦᠯᠬᠦ ᠬᠡᠷᠡᠭᠲᠡᠶ᠃ | ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠄ | ᠬᠠᠤᠯᠢ ᠪᠤᠰᠤ ᠪᠠᠷ ᠵᠠᠮ ᠡᠵᠡᠯᠡᠨ ᠬᠤᠸᠠᠷ ᠫᠤᠤᠵᠢᠩ ᠤᠨ ᠳᠡᠯᠭᠡᠭᠦᠷ ᠡᠵᠡᠩᠨᠡᠬᠦ ᠬᠠᠤᠯᠢ ᠬᠡᠷᠡᠭᠵᠢᠭᠦᠯᠬᠦ ᠶᠢ | ᠬᠠᠷᠢᠭᠤᠴᠠᠨ᠎ᠠ᠃ ᠵᠡᠭᠡᠯᠢ ᠭᠤᠳᠤᠮᠵᠢ ᠶᠢᠨ ᠨᠡᠭᠦᠳᠡᠯ ᠵᠠᠮ ᠡᠵᠡᠯᠡᠨ ᠬᠤᠸᠠᠷ ᠫᠤᠤᠵᠢᠩ ᠬᠤᠳᠠᠯᠳᠤᠬᠤ ᠦᠢᠯᠡ | ᠠᠵᠢᠯᠯᠠᠭ᠎ᠠ ᠶᠢ ᠬᠠᠤᠯᠢ ᠶᠤᠰᠤᠭᠠᠷ ᠬᠦᠴᠦᠨ ᠥᠬᠡᠶ ᠪᠣᠯᠭᠠᠨ᠎ᠠ᠃ ᠬᠤᠲᠠ ᠶᠢᠨ ᠵᠠᠮ᠂ ᠣᠷᠣᠨ ᠰᠠᠭᠤᠴᠠ ᠶᠢᠨ ᠵᠢᠵᠢᠭ | ᠲᠣᠭᠤᠷᠢᠭ ᠤᠨ ᠣᠯᠠᠨ ᠨᠡᠶᠢᠲᠡ ᠶᠢᠨ ᠣᠷᠣᠨ ᠪᠦᠰᠡ ᠶᠢᠨ ᠫᠤᠤᠵᠢᠩ ᠲᠠᠯᠪᠢᠬᠤ ᠳᠤ ᠬᠢᠨᠠᠯᠲᠠ ᠲᠠᠯᠪᠢᠵᠤ | ᠬᠠᠮᠢᠶᠠᠷᠬᠤ ᠠᠵᠢᠯ ᠢ ᠬᠠᠷᠢᠭᠤᠴᠠᠨ᠎ᠠ᠃ | ᠬᠠᠶᠢᠨᠠᠨ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠄ ᠡᠯ᠎ᠡ ᠠᠭᠠᠷ ᠤᠨ ᠶᠠᠰᠤ | ᠴᠢᠨᠠᠷ ᠤᠨ ᠬᠢᠨᠠᠨ ᠬᠡᠮᠵᠢᠬᠦ ᠴᠡᠭ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠢᠨᠠᠨ ᠡᠵᠡᠮᠳᠡᠵᠦ ᠨᠡᠶᠢᠲᠡᠯᠡᠪᠡ᠃ | ᠫᠤᠤᠵᠢᠩ ᠲᠠᠯᠪᠢᠬᠤ ᠠᠭᠠᠷ ᠮᠠᠨᠳᠠᠯ ᠳᠤ ᠦᠵᠡᠭᠦᠯᠬᠦ ᠣᠷᠴᠢᠨ ᠲᠣᠭᠤᠷᠢᠨ ᠤ ᠨᠥᠯᠥᠭᠡᠯᠡᠯ ᠢ ᠵᠠᠳᠠᠯᠵᠤ᠂ ᠲᠤᠭ᠎ᠠ | ᠪᠠᠷᠢᠮᠲᠠ ᠨᠢ ᠨᠡᠯᠢᠶᠡᠳ ᠥᠨᠳᠥᠷ ᠴᠢᠭ ᠪᠠᠶᠢᠷᠢ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠵᠦ᠂ ᠬᠠᠮᠢᠶ᠎ᠠ | ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠲᠤ ᠮᠡᠳᠡᠭᠳᠡᠵᠦ ᠴᠠᠭ ᠲᠤᠬᠠᠶ ᠳᠤᠨᠢ ᠰᠢᠢᠳᠪᠦᠷᠢᠯᠡᠭᠦᠯᠬᠦ | ᠬᠡᠷᠡᠭᠲᠡᠶ᠃ | ᠵᠠᠮ ᠬᠠᠷᠢᠯᠴᠠᠭᠠᠨ ᠤ ᠲᠣᠪᠴᠢᠶ᠎ᠠ᠄ ᠵᠠᠮ ᠲᠡᠭᠡᠭᠡᠪᠦᠷᠢ ᠶᠢᠨ ᠪᠠᠭᠠᠵᠢ ᠶᠢ ᠬᠠᠤᠯᠢ ᠪᠤᠰᠤ ᠪᠠᠷ ᠲᠡᠭᠡᠭᠡᠪᠦᠷᠢᠯᠡᠬᠦ᠂ | ᠬᠤᠸᠠᠷ ᠫᠤᠤᠵᠢᠩ ᠠᠪᠴᠤ ᠶᠠᠪᠤᠬᠤ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠨ᠎ᠠ᠃ ᠣᠯᠠᠨ ᠨᠡᠶᠢᠲᠡ ᠶᠢᠨ | ᠵᠠᠮ ᠲᠡᠭᠡᠭᠡᠪᠦᠷᠢ ᠶᠢᠨ ᠨᠢᠭᠡᠴᠡ ᠶᠢ ᠱᠠᠭᠠᠷᠳᠠᠵᠤ ᠵᠢᠯᠣᠭᠤᠴᠢ ᠪᠠ ᠦᠢᠯᠡᠴᠢᠯᠡᠭᠴᠢ ᠶᠢᠨ ᠣᠬᠠᠭᠤᠯᠭ᠎ᠠ ᠪᠠ | ᠬᠠᠮᠢᠶᠠᠷᠤᠯᠲᠠ ᠶᠢ ᠴᠢᠩᠭᠠᠳᠬᠠᠵᠤ᠂ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ ᠵᠡᠷᠭᠡ ᠵᠠᠮ | ᠬᠠᠷᠢᠯᠴᠠᠭᠠᠨ ᠤ ᠪᠠᠭᠠᠵᠢ ᠬᠡᠷᠡᠭᠰᠡᠯ ᠤᠨ ᠤᠬᠠᠭᠤᠯᠭ᠎ᠠ ᠶᠢᠨ ᠠᠴᠢᠶᠠᠯᠠᠪᠤᠷᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠳ᠋ᠧᠩ ᠤᠨ ᠬᠠᠶᠢᠷᠴᠠᠭ ᠤᠨ ᠵᠠᠷ ᠮᠡᠳᠡᠭᠡ᠂ ᠲᠡᠷᠭᠡᠨ ᠪᠡᠶ᠎ᠡ ᠶᠢᠨ ᠵᠠᠷ ᠮᠡᠳᠡᠭᠡ᠂ ᠲᠡᠷᠭᠡᠨ ᠳᠡᠭᠡᠷᠡᠬᠢ | ᠲᠧᠯᠸᠢᠰ ᠵᠡᠷᠭᠡ ᠵᠠᠭᠤᠴᠢᠯᠠᠭᠤᠷ ᠢ ᠠᠰᠢᠬᠯᠠᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠤᠬᠠᠭᠤᠯᠭ᠎ᠠ ᠶᠢᠨ | ᠠᠵᠢᠯ ᠢ ᠰᠠᠶᠢᠲᠤᠷ ᠬᠢᠬᠦ ᠬᠡᠷᠡᠭᠲᠡᠶ᠃ | ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ | ᠬᠠᠷᠢᠶ᠎ᠠ ᠣᠷᠣᠨ ᠤ ᠲᠤᠳᠤᠷᠠᠬᠢ ᠰᠢᠲᠠᠮᠠᠬᠠᠶ ᠬᠡᠢ ᠶᠢᠨ ᠺᠣᠮᠫᠠᠨᠢ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠠᠷᠢᠬᠤ᠂ | ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠭᠠᠵᠠᠷ ᠵᠡᠷᠭᠡ ᠨᠢᠭᠡᠴᠡ ᠶᠢᠨ ᠰᠢᠲᠠᠮᠠᠬᠠᠶ ᠬᠡᠢ ᠲᠠᠯᠪᠢᠬᠤ ᠶᠢ ᠴᠠᠭᠠᠵᠠᠯᠠᠬᠤ | ᠣᠬᠠᠭᠤᠯᠭ᠎ᠠ ᠶᠢ ᠬᠠᠷᠢᠭᠤᠴᠠᠨ᠎ᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠨᠢᠭᠡᠴᠡ᠂ ᠰᠢᠲᠠᠮᠠᠬᠠᠶ ᠬᠡᠢ ᠶᠢᠨ | ᠺᠣᠮᠫᠠᠨᠢ ᠳᠤ ᠬᠢᠨᠠᠯᠲᠠ ᠲᠠᠯᠪᠢᠨ ᠵᠢᠯᠣᠭᠤᠳᠴᠤ ᠪᠠᠶᠢᠭᠠᠳ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ | ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠪᠠ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠤᠬᠠᠭᠤᠯᠭ᠎ᠠ | ᠬᠥᠮᠦᠵᠢᠯ ᠤᠨ ᠠᠵᠢᠯ ᠢ ᠦᠷᠨᠢᠭᠦᠯᠦᠨ᠎ᠡ᠃ ᠪᠠᠷᠢᠯᠭ᠎ᠠ ᠪᠠᠷᠢᠬᠤ ᠨᠢᠭᠡᠴᠡ᠂ ᠰᠢᠲᠠᠮᠠᠬᠠᠶ ᠬᠡᠢ ᠶᠢᠨ ᠺᠣᠮᠫᠠᠨᠢ ᠳᠤ | ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠲᠠᠯᠪᠢᠬᠤ ᠦᠵᠡᠭᠳᠡᠯ ᠭᠠᠷᠬᠤ ᠦᠭᠡᠢ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠡᠶ᠃ ᠬᠠᠷᠢᠶᠠᠲᠤ ᠣᠷᠣᠨ ᠤ ᠳᠣᠲᠣᠷᠠᠬᠢ ᠠᠳᠠᠯ ᠠᠬᠤᠢ ᠶᠢᠨ ᠬᠠᠮᠢᠶᠠᠷᠤᠯᠲᠠ ᠵᠡᠷᠭᠡ ᠠᠵᠢᠯ | ᠲᠥᠷᠥᠯ ᠤᠨ ᠦᠢᠯᠡᠴᠢᠯᠡᠭᠡᠨ ᠤ ᠡᠲᠡᠭᠡᠳ ᠲᠤ ᠬᠠᠨᠳᠤᠭᠤᠯᠤᠭᠰᠠᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ | ᠤᠬᠠᠭᠤᠯᠭ᠎ᠠ ᠬᠥᠮᠦᠵᠢᠯ ᠤᠨ ᠠᠵᠢᠯ ᠢ ᠬᠠᠷᠢᠭᠤᠴᠠᠵᠦ᠂ ᠠᠳᠠᠯ ᠠᠬᠤᠢ ᠶᠢᠨ ᠨᠢᠭᠡᠴᠡ ᠲᠠᠢ ᠵᠢᠵᠢᠭ ᠲᠣᠭᠤᠷᠢᠭ ᠲᠤ | ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠲᠠᠯᠪᠢᠬᠤ ᠦᠵᠡᠭᠳᠡᠯ ᠭᠠᠷᠬᠤ ᠦᠭᠡᠢ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠡᠶ᠃ | ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠄ ᠣᠷᠣᠰᠢᠭᠤᠯᠭ᠎ᠠ ᠶᠢᠨ ᠭᠠᠵᠠᠷ᠂ ᠨᠡᠶᠢᠲᠡ ᠶᠢᠨ | ᠣᠩᠭᠤᠨ ᠵᠡᠷᠭᠡ ᠲᠠᠯᠠᠪᠤᠷ ᠲᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠠ ᠤᠬᠠᠭᠤᠯᠤᠨ ᠳᠠᠶᠢᠴᠢᠯᠠᠬᠤ | ᠠᠵᠢᠯ ᠢ ᠰᠠᠶᠢᠲᠤᠷ ᠬᠢᠨ᠎ᠡ᠃ | ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠣᠪᠴᠢᠶ᠎ᠠ᠄ ᠬᠠᠤᠯᠢ ᠪᠤᠰᠤ ᠪᠠᠷ ᠬᠤᠸᠠᠷ ᠫᠤᠤᠵᠢᠩ | ᠲᠠᠯᠪᠢᠬᠰᠠᠨ ᠠᠴᠠ ᠪᠣᠯᠵᠣ ᠰᠢᠷᠬᠠᠲᠤᠭᠰᠠᠨ ᠬᠥᠮᠦᠰ ᠤᠨ ᠦᠨᠳᠦᠰᠦᠨ ᠪᠠᠶᠢᠳᠠᠯ ᠪᠠ ᠲᠠᠯᠪᠢᠭᠰᠠᠨ ᠭᠠᠵᠠᠷ ᠢ | ᠴᠤᠭᠯᠠᠭᠤᠯᠬᠤ ᠶᠢᠨ ᠬᠠᠮᠲᠤ ᠨᠠᠷᠢᠨ ᠲᠡᠮᠳᠡᠭᠯᠡᠨ᠎ᠡ᠃ ᠡᠯ᠎ᠡ ᠡᠮᠨᠡᠯᠭᠡ ᠶᠢᠨ ᠬᠤᠷᠢᠶᠠᠨ ᠤ ᠣᠨᠴᠠᠭᠠᠢ ᠣᠷᠣᠨ ᠤ | ᠳᠣᠲᠣᠷᠠᠬᠢ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠢ ᠬᠠᠷᠢᠭᠤᠴᠠᠨ᠎ᠠ᠃ | ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠄ ᠠᠮᠤᠷ ᠲᠦᠪᠰᠢᠨ ᠤ ᠬᠢᠴᠢᠶᠡᠯ᠂ ᠠᠩᠭᠢ ᠶᠢᠨ ᠬᠤᠷᠠᠯ᠂ | ᠭᠡᠷ ᠤᠨ ᠠᠬᠠᠮᠠᠳ ᠤᠨ ᠬᠤᠷᠠᠯ ᠪᠠ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠵᠡᠷᠭᠡ ᠬᠡᠯᠪᠡᠷᠢ ᠪᠠᠷ | ᠳᠠᠮᠵᠢᠭᠤᠯᠤᠨ᠂ ᠥᠷᠭᠡᠨ ᠣᠯᠠᠨ ᠰᠤᠷᠤᠭᠴᠢ ᠵᠢᠴᠢ ᠭᠡᠷ ᠤᠨ ᠠᠬᠠᠮᠠᠳ ᠲᠤ ᠬᠤᠸᠠᠷ ᠫᠤᠤᠵᠢᠩ ᠲᠠᠯᠪᠢᠬᠤ ᠠᠴᠠ | ᠪᠣᠯᠤᠭᠰᠠᠨ ᠮᠠᠭᠤ ᠨᠥᠯᠥᠭᠡ ᠲᠦᠭᠡᠮᠡᠯᠵᠢᠭᠦᠯᠵᠦ᠂ ᠰᠣᠷᠣᠬᠴᠢᠳ ᠢ ᠬᠤᠸᠠᠷ ᠫᠤᠤᠵᠢᠩ ᠲᠠᠯᠪᠢᠬᠤ ᠦᠭᠡᠢ ᠭᠡᠵᠦ | ᠰᠤᠷᠭᠠᠨ ᠬᠦᠮᠦᠵᠢᠭᠦᠯᠬᠦ ᠮᠦᠷᠲᠡᠭᠡᠨ ᠰᠤᠷᠭᠠᠭᠤᠯᠢ ᠶᠢᠨ ᠮᠡᠳᠡᠭᠡᠯᠡᠯ᠂ ᠸᠢᠴᠠᠲ ᠬᠤᠯᠪᠤᠭ᠎ᠠ ᠵᠡᠷᠭᠡ ᠬᠡᠯᠪᠡᠷᠢ ᠪᠠᠷ | ᠳᠠᠮᠵᠢᠭᠤᠯᠤᠨ᠂ ᠠᠮᠠᠷᠠᠯᠲᠠ ᠶᠢᠨ ᠬᠤᠭᠤᠴᠠᠭᠠᠨ ᠳᠤ ᠠᠮᠤᠷ ᠲᠦᠪᠰᠢᠨ ᠤ ᠰᠠᠨᠠᠭᠤᠯᠤᠮᠵᠢ ᠬᠢᠵᠦ᠂ ᠰᠣᠷᠣᠭᠴᠢ ᠵᠢᠴᠢ | ᠬᠡᠷ ᠤᠨ ᠠᠬᠠᠮᠠᠳ ᠢ ᠬᠥᠲᠥᠯᠦᠨ ᠵᠢᠯᠣᠭᠤᠳᠴᠤ ᠪᠠᠶᠢᠭᠠᠳ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ | ᠱᠠᠭᠠᠷᠳᠠᠯᠭ᠎ᠠ ᠶᠢ ᠵᠢᠷᠤᠮᠯᠠᠭᠤᠯᠬᠤ ᠬᠡᠷᠡᠭᠲᠡᠶ᠃ | ᠲᠤᠭᠤᠷᠢᠭ ᠤᠨ ᠪᠠᠶᠢᠭᠤᠯᠭ᠎ᠠ ᠶᠢᠨ ᠠᠵᠢᠯ ᠤᠨ ᠬᠤᠷᠢᠶ᠎ᠠ᠄ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ | ᠰᠠᠨᠠᠭᠠᠴᠢᠯᠠᠭ᠎ᠠ ᠶᠢᠨ ᠪᠢᠴᠢᠭ ᠲᠠᠷᠬᠠᠭᠠᠵᠤ᠂ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠬᠤᠸᠠᠷ ᠫᠤᠤᠵᠢᠩ | ᠲᠠᠯᠪᠢᠬᠤ ᠶᠢ ᠴᠠᠭᠠᠵᠠᠯᠠᠬᠤ ᠬᠠᠮᠢᠶ᠎ᠠ ᠪᠦᠬᠦᠢ ᠲᠣᠭᠲᠠᠭᠠᠯ ᠢ ᠰᠤᠷᠤᠯᠴᠠᠭᠤᠯᠵᠤ᠂ ᠨᠠᠮ ᠤᠨ ᠭᠡᠰᠢᠭᠦᠨ ᠺᠠᠳ᠋ᠷ᠂ | ᠪᠠᠶᠢᠭᠤᠯᠭ᠎ᠠ ᠰᠠᠯᠠᠭ᠎ᠠ ᠮᠥᠴᠢᠷ ᠶᠢᠨ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ |