ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ᠂ ᠠᠷᠠᠳ ᠠᠴᠠ ᠡᠷᠭᠢᠯᠡᠭᠰᠡᠨ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ ᠤ ᠬᠠᠮᠢᠶᠠᠷᠤᠯᠲᠠ᠂ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/29
     ᠤᠢᠢᠷ᠎ᠠ ᠳᠤ᠂ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠠᠶᠢᠨᠠᠨ ᠲᠣᠭᠤᠷᠢᠭ ᠤᠨ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ ᠤ ᠬᠠᠮᠢᠶᠠᠷᠤᠯᠲᠠ᠂ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ 20 ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠪᠠ 7 ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠬᠤᠷᠠᠯ ᠳᠤ ᠣᠷᠣᠯᠴᠠᠪᠠ᠃
     ︽ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠦᠬᠠᠶ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠷᠠᠯ ᠠᠴᠠ ᠡᠨᠡ ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠠᠶᠢᠷᠢᠯᠠᠭᠤᠯᠪᠠ᠂ ᠨᠢᠭᠡ ᠳᠤ ᠰᠤᠷᠭᠠᠭᠤᠯᠢ ᠶᠢᠨ ᠲᠣᠭᠤᠷᠢᠭ ᠤᠨ ᠣᠷᠣᠬᠤ ᠡᠭᠦᠳᠡᠨ ᠳᠤ ᠡᠷᠡᠭᠦᠯ ᠮᠡᠨᠳᠦ ᠶᠢᠨ ᠺᠣᠳ᠋ ᠪᠣᠯᠤᠨ ᠠᠶᠠᠯᠠᠯ ᠤᠨ ᠺᠠᠷᠲ  ᠤᠨ ᠬᠤᠶᠠᠷ ᠬᠡᠮᠵᠢᠯᠳᠦ ᠺᠣᠳ᠋ ᠨᠠᠭᠠᠵᠤ᠂ ᠪᠡᠶ᠎ᠡ ᠶᠢᠨ ᠬᠠᠯᠠᠭᠤᠨ ᠤ ᠬᠡᠮᠵᠢᠯᠲᠡ ᠶᠢ ᠨᠡᠮᠡᠭᠳᠡᠭᠦᠯᠦᠨ᠂ ᠰᠤᠷᠭᠠᠭᠤᠯᠢ ᠶᠢᠨ ᠲᠣᠭᠤᠷᠢᠭ ᠲᠤ ᠣᠷᠣᠬᠤ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢᠨ ᠺᠣᠳ᠋ ᠪᠣᠯᠤᠨ ᠪᠡᠶ᠎ᠡ ᠶᠢᠨ ᠬᠠᠯᠠᠭᠤᠨ ᠤ ᠬᠡᠮᠵᠢᠯᠲᠡ ᠨᠢ ᠬᠡᠪ ᠤᠨ ᠪᠠᠶᠢᠵᠤ᠂ ᠠᠮᠠᠪᠴᠢ ᠵᠡᠭᠦᠪᠡᠯ ᠰᠠᠶ᠋ᠢ ᠣᠷᠣᠵᠤ ᠪᠣᠯᠤᠨ᠎ᠠ᠂ ᠳᠡᠩᠰᠡᠯᠡᠯᠲᠡ ᠶᠢ ᠰᠠᠶᠢᠲᠤᠷ ᠬᠢᠵᠦ ᠪᠣᠯᠤᠨ᠎ᠠ᠃ ᠬᠤᠶᠠᠷ ᠲᠤ ᠰᠤᠷᠭᠠᠭᠤᠯᠢ ᠡᠷᠬᠢᠯᠡᠬᠦ ᠭᠠᠵᠠᠷ ᠲᠠᠯᠠᠪᠤᠷ ᠤᠨ ᠰᠠᠯᠬᠢ ᠨᠡᠪᠲᠡᠷᠡᠭᠦᠯᠬᠦ᠂ ᠠᠷᠢᠭᠤᠳᠬᠠᠬᠤ ᠠᠵᠢᠯ  ᠢ ᠴᠢᠩᠭᠠᠳᠬᠠᠵᠤ᠂ ᠰᠢᠷᠡᠭᠡ ᠰᠠᠨᠳᠠᠯᠢ᠂ ᠠᠰᠠᠷ ᠤᠨ ᠱᠠᠲᠤ ᠶᠢᠨ ᠲᠦᠰᠢᠭᠦᠷ᠂ ᠵᠢᠭᠠᠨ ᠰᠤᠷᠭᠠᠬᠤ ᠪᠠ ᠵᠢᠭᠠᠨ ᠰᠤᠷᠭᠠᠬᠤ ᠪᠠᠭᠠᠵᠢ ᠬᠡᠷᠡᠭᠰᠡᠯ ᠢ ᠡᠳᠦᠷ ᠪᠦᠷᠢ ᠠᠷᠢᠭᠤᠨ ᠴᠡᠪᠡᠷ ᠢᠶᠠᠷ ᠠᠷᠢᠭᠤᠳᠬᠠᠬᠤ ᠬᠡᠷᠡᠭᠲᠡᠶ᠃ ᠭᠤᠷᠪᠠ ᠳᠤ᠂ ᠠᠳᠠᠯᠢ ᠨᠢᠭᠡᠨ ᠪᠣᠯᠪᠠᠰᠤᠷᠠᠯ ᠤᠨ ᠬᠤᠭᠤᠴᠠᠭᠠᠨ ᠳᠤ ᠰᠣᠷᠣᠭᠴᠢ ᠪᠦᠷᠢ ᠶᠢᠨ ᠳᠤᠮᠳᠠᠴᠢ ᠲᠠᠯᠠᠪᠠᠶ ᠨᠢ 3 ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠵᠤ ᠪᠣᠯᠬᠤ ᠥᠬᠡᠶ᠂ ᠠᠯᠤᠰᠯᠠᠬᠤ ᠬᠤᠭᠤᠴᠠᠭ᠎ᠠ ᠨᠢ 1 ᠮᠧᠲᠷ ᠠᠴᠠ ᠪᠠᠭ᠎ᠠ ᠪᠠᠶᠢᠵᠤ ᠪᠣᠯᠬᠤ ᠥᠬᠡᠶ᠂ ᠠᠩᠭᠢ ᠶᠢᠨ ᠰᠣᠷᠣᠭᠴᠢ ᠶᠢ 10 ᠬᠥᠮᠦᠨ ᠠᠴᠠ ᠳᠣᠷᠣᠭᠰᠢ ᠬᠢᠵᠠᠭᠠᠷᠯᠠᠬᠤ ᠶᠢᠨ ᠬᠠᠮᠲᠤ ᠠᠮᠠᠪᠴᠢ ᠵᠡᠭᠦᠬᠦ ᠬᠡᠷᠡᠭᠲᠡᠶ᠃ ᠳᠥᠷᠪᠡ ᠳᠤ ᠬᠡᠷ ᠤᠨ ᠠᠬᠠᠮᠠᠳ ᠲᠠᠢ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠠᠯᠠᠯᠲᠠ ᠶᠢᠨ ᠪᠢᠴᠢᠭ︾ ᠲᠣᠭᠲᠠᠵᠤ᠂ ᠰᠤᠷᠤᠭᠴᠢᠳ ᠤᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ᠂ ᠬᠢᠴᠢᠶᠡᠯ ᠤᠨ ᠠᠭᠤᠯᠭ᠎ᠠ᠂ ᠠᠩᠭᠢ ᠵᠡᠷᠭᠡ ᠶᠢ  ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃      ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ 1 ᠳ᠋ᠣᠭᠡᠷ ᠰᠠᠷ᠎ᠠ ᠶᠢᠨ 23   ᠤ ᠡᠳᠦᠷ ᠬᠤᠷᠠᠯᠳᠤᠭᠤᠯᠤᠭᠰᠠᠨ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠣᠲᠠᠰᠤᠲᠤ ᠬᠤᠷᠠᠯ ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠠᠶᠤᠯᠭᠦᠢ ᠦᠢᠯᠡᠳᠪᠦᠷᠢᠯᠡᠯ ᠪᠣᠯ ᠴᠢᠬᠤᠯᠠ ᠶᠡᠭᠡ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢᠨ ᠲᠤᠬᠠᠢ ᠶᠡᠷᠦᠩᠬᠡᠢ ᠰᠠᠶᠢᠳ ᠯᠢ ᠺᠧ ᠴᠢᠶᠠᠩ ᠤᠨ ᠴᠣᠬᠤᠯᠠᠪᠤᠷᠢ ᠶᠢ ᠣᠨᠴᠠᠭᠠᠶᠢᠯᠠᠨ ᠴᠢᠬᠤᠯᠠᠴᠢᠯᠠᠪᠠ᠃ ᠡᠭᠦᠨ ᠤ ᠬᠠᠮᠲᠤ ᠡᠯ᠎ᠡ ᠠᠷᠠᠳ ᠠᠴᠠ ᠡᠷᠭᠢᠯᠡᠭᠰᠡᠨ ᠬᠡᠦᠬᠡᠳ  ᠤᠨ ᠴᠡᠴᠡᠷᠯᠢᠭ ᠵᠢᠴᠢ ᠠᠷᠠᠳ ᠠᠴᠠ ᠡᠷᠭᠢᠯᠡᠭᠰᠡᠨ ᠪᠣᠯᠪᠠᠰᠤᠷᠠᠯ ᠤᠨ ᠰᠤᠷᠭᠠᠭᠤᠯᠢ ᠨᠤᠭᠤᠳ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠡᠷᠬᠡᠪᠰᠢ ᠰᠠᠶᠢᠲᠤᠷ ᠬᠢᠵᠦ᠂ ᠬᠠᠮᠢᠶ᠎ᠠ ᠪᠥᠬᠦᠶ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ ᠭᠡᠵᠦ ᠱᠠᠭᠠᠷᠳᠠᠪᠠ᠃
     ᠰᠤᠷᠭᠠᠭᠤᠯᠢ ᠡᠷᠭᠢᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠬᠤ ᠲᠠᠯ᠎ᠠ ᠪᠠᠷ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ( ᠬᠡᠦᠬᠡᠳ ᠤᠨ ᠴᠡᠴᠡᠷᠯᠢᠭ ) ᠶᠢᠨ ᠰᠤᠷᠭᠠᠭᠤᠯᠢ ᠡᠷᠭᠢᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠬᠤ ᠳᠤ ᠨᠠᠷᠢᠯᠢᠬᠵᠢᠭᠤᠯᠤᠨ ᠬᠠᠮᠢᠶᠠᠷᠬᠤ ᠬᠡᠷᠡᠭᠲᠡᠶ᠂ ᠨᠢᠭᠡ ᠳᠤ ᠰᠤᠷᠭᠠᠭᠤᠯᠢ ᠡᠷᠭᠢᠯᠡᠬᠦ ᠵᠥᠪᠰᠢᠶᠡᠷᠡᠯ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ᠂ ᠪᠠᠭᠰᠢ ᠶᠢᠨ ᠲᠣᠪᠴᠢ ᠲᠠᠨᠢᠯᠴᠠᠭᠤᠯᠭ᠎ᠠ᠂ ᠠᠩᠭᠢ᠂ ᠰᠦᠶᠳᠬᠡᠯ ᠬᠤᠷᠢᠶᠠᠵᠤ ᠪᠤᠴᠠᠭᠠᠬᠤ ᠲᠦᠷᠢᠮ᠂ ᠰᠤᠷᠭᠠᠭᠤᠯᠢ ᠶᠢᠨ ᠲᠣᠭᠤᠷᠢᠭ ᠤᠨ ᠡᠯ᠎ᠡ ᠵᠦᠶᠯ ᠤᠨ ᠬᠠᠮᠢᠶᠠᠷᠤᠯᠲᠠ ᠶᠢᠨ ᠲᠦᠷᠢᠮ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠵᠡᠷᠭᠡ ᠶᠢ ᠴᠥᠮ ᠬᠡᠷᠡᠮ ᠳᠡᠭᠡᠷ᠎ᠡ ᠨᠠᠭᠠᠬᠤ ᠬᠡᠷᠡᠭᠲᠡᠶ᠃ ᠬᠤᠶᠠᠷ ᠲᠤ ᠡᠯ᠎ᠡ ᠪᠠᠶᠢᠭᠤᠯᠤᠮᠵᠢ ᠶᠢᠨ ᠭᠠᠷᠭᠠᠭᠰᠠᠨ ᠬᠢᠴᠢᠶᠡᠯ ᠲᠥᠷᠥᠯ  ᠨᠢ ᠦᠨᠡᠮᠯᠡᠯ ᠤᠨ ᠠᠭᠤᠯᠭ᠎ᠠ ᠲᠠᠢ ᠪᠠᠨ ᠨᠡᠶᠢᠴᠡᠭᠰᠡᠨ ᠪᠠᠶᠢᠬᠤ ᠬᠡᠷᠡᠭᠲᠡᠶ᠃ ᠭᠤᠷᠪᠠ ᠳᠤ ᠰᠢᠨᠵᠢᠯᠡᠭᠡᠨ ᠤ ᠲᠥᠷᠥᠯ ᠤᠨ ᠪᠠᠶᠢᠭᠤᠯᠤᠮᠵᠢ ᠨᠤᠭᠤᠳ ᠪᠠᠭᠰᠢ ᠶᠢᠨ ᠬᠢᠷᠢ ᠬᠡᠮ ᠤᠨ ᠦᠨᠡᠮᠯᠡᠯ ᠳᠤ ᠨᠡᠶᠢᠴᠡᠭᠰᠡᠨ ᠪᠠᠭᠰᠢ᠂ ᠤᠷᠠᠯᠢᠭ ᠤᠨ ᠲᠥᠷᠥᠯ  ᠤᠨ ᠪᠠᠶᠢᠭᠤᠯᠤᠮᠵᠢ ᠶᠢ ᠤᠷᠢᠵᠤ ᠬᠡᠷᠡᠭᠯᠡᠬᠦ ᠬᠡᠷᠡᠭᠲᠡᠶ᠃ ᠳᠥᠷᠪᠡ ᠳᠤ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ  ᠤᠨ ᠰᠤᠷᠭᠠᠭᠤᠯᠢ ᠨᠤᠭᠤᠳ ᠰᠤᠷᠭᠠᠭᠤᠯᠢ ᠶᠢᠨ ᠲᠣᠭᠤᠷᠢᠭ ᠤᠨ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠠᠩᠬᠠᠷᠬᠤ ᠬᠡᠷᠡᠭᠲᠡᠶ᠃ ᠲᠠᠪᠤ ᠳᠤ ᠦᠵᠡᠯ ᠤᠬᠠᠮᠰᠠᠷ ᠤᠨ ᠬᠡᠯᠪᠡᠷᠢ᠂ ᠢᠯᠠᠩᠭᠤᠶ᠎ᠠ ᠵᠢᠭᠠᠬᠤ ᠮᠠᠲ᠋ᠧᠷᠢᠶᠠᠯ ᠤᠨ ᠠᠭᠤᠯᠭ᠎ᠠ  ᠶᠢ ᠴᠢᠬᠤᠯᠠᠴᠢᠯᠠᠵᠤ᠂ ᠬᠠᠨ᠎ᠠ ᠳᠤ ᠨᠠᠭᠠᠭᠰᠠᠨ ᠤᠬᠠᠭᠤᠯᠭ᠎ᠠ ᠶᠢᠨ ᠵᠢᠷᠤᠭ ᠵᠢᠴᠢ ᠰᠤᠷᠭᠠᠭᠤᠯᠢ ᠶᠢᠨ ᠲᠣᠭᠤᠷᠢᠭ ᠤᠨ ᠤᠬᠠᠭᠤᠯᠭ᠎ᠠ ᠶᠢᠨ ᠠᠭᠤᠯᠭ᠎ᠠ ᠶᠢ ᠨᠠᠭᠠᠨ᠎ᠠ᠃ ᠵᠢᠷᠭᠤᠭ᠎ᠠ ᠳᠤ ᠠᠵᠢᠯ ᠳᠤ ᠪᠠᠶᠢᠭ᠎ᠠ ᠪᠠᠭᠰᠢ ᠶᠢ ᠪᠠᠶᠢᠭᠤᠯᠤᠮᠵᠢ ᠳᠤ ᠤᠷᠢᠵᠤ ᠬᠢᠴᠢᠶᠡᠯ ᠣᠷᠣᠯᠠᠭᠤᠯᠬᠤ ᠥᠬᠡᠶ ᠶᠢ ᠭᠤᠤᠯᠳᠠᠯᠭ᠎ᠠ ᠲᠠᠢ ᠵᠢᠭᠠᠨ ᠭᠠᠷᠭᠠᠪᠠ᠃      ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ ᠪᠤᠢ ᠪᠦᠬᠦᠢ ᠠᠷᠠᠳ ᠠᠴᠠ ᠡᠷᠬᠢᠯᠡᠭᠰᠡᠨ ᠰᠤᠷᠭᠠᠭᠤᠯᠢ ᠡᠷᠬᠡᠪᠰᠢ ᠳᠣᠷᠣᠭᠰᠢ ᠪᠠᠭᠤᠯᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠢᠩᠭ᠎ᠠ ᠰᠡᠷᠭᠡᠶᠢᠯᠡᠨ ᠡᠵᠡᠮᠳᠡᠵᠦ᠂ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ᠂ ᠰᠤᠷᠭᠠᠭᠤᠯᠢ ᠡᠷᠬᠢᠯᠡᠬᠦ ᠠᠵᠢᠯᠯᠠᠭ᠎ᠠ  ᠪᠠᠨ ᠵᠢᠷᠤᠮᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠦᠵᠡᠯ ᠤᠬᠠᠮᠰᠠᠷ ᠤᠨ ᠬᠡᠯᠪᠡᠷᠢ ᠶᠢᠨ ᠠᠰᠠᠭᠤᠳᠠᠯ ᠢ ᠭᠤᠣᠯᠳᠠᠯᠭ᠎ᠠ ᠲᠠᠢ ᠴᠢᠬᠤᠯᠠᠴᠢᠯᠠᠵᠤ᠂ ᠡᠯ᠎ᠡ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠲᠥᠪ ᠴᠢᠩᠭ᠎ᠠ᠂ ᠨᠠᠷᠢᠨ ᠬᠢᠨᠠᠮᠠᠭᠠᠢ ᠬᠠᠨᠳᠤᠬᠤ ᠶᠢ ᠱᠠᠭᠠᠷᠳᠠᠪᠠ᠃
 
ᠢᠷᠡᠯᠲᠡ᠄ ᠠᠮᠢᠵᠢᠷᠠᠯ ᠤᠨ ᠬᠦᠴᠦᠨ ᠪᠢᠯᠬᠠᠭᠰᠠᠨ ᠬᠠᠶᠢᠨᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号