ᠦᠬᠠᠢ ᠶᠢᠨ ᠡᠳᠦᠷ ᠤᠨ ᠰᠣᠨᠢᠨ ᠤ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠢ ᠲᠤᠰᠬᠠᠢ ᠰᠣᠷᠪᠤᠯᠵᠢᠯᠠᠭᠰᠠᠨ ᠨᠢ᠄ ᠥᠷᠯᠥᠭᠡ ᠦᠳᠡᠰᠢ ᠶᠢ ᠲᠡᠮᠡᠴᠡᠨ ᠰᠢᠷᠭᠠᠭᠤ ᠬᠠᠲᠠᠭᠤᠵᠢᠯᠲᠠᠢ ᠠᠵᠢᠯᠯᠠᠵᠤ ᠴᠤᠭ ᠪᠠᠳᠠᠷᠠᠩᠭᠤᠢ ᠲᠡᠮᠡᠴᠡᠯ ᠤᠨ ᠲᠦᠷᠢ ᠪᠠᠶᠢᠳᠠᠯ ᠢᠶᠠᠷ ᠬᠠᠶᠢᠨᠠᠨ ᠤ ᠬᠥᠭᠵᠢᠯᠲᠡ ᠶᠢᠨ ᠰᠢᠨ᠎ᠡ ᠢᠷᠡᠭᠡᠳᠦᠢ ᠶᠢ ᠴᠣᠭᠴᠠᠯᠠᠶ᠎ᠠ
ᠨᠡᠶᠢᠲᠡᠯᠡᠭᠰᠡᠨ ᠴᠠᠭ᠄
2021/10/12
     ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠪᠣᠳᠠᠲᠠᠢ ᠪᠠᠷ ᠠᠵᠢᠯᠯᠠᠵᠤ ᠲᠡᠷᠢᠭᠦᠨ ᠳᠤ ᠣᠷᠣᠬᠤ ᠪᠠᠷ ᠮᠡᠷᠡᠶᠢᠨ ᠴᠢᠷᠮᠠᠶᠢᠵᠤ᠂ ᠬᠤᠳᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠣᠷᠪᠤᠯᠵᠢᠯᠠᠭ᠎ᠠ      ᠲᠠᠩ ᠢ ᠱᠦᠵᠢ ᠶᠢᠨ ᠬᠤᠳᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ᠤᠨ ᠭᠤᠣᠯ ᠰᠡᠳᠦᠪ ᠨᠢ ᠢᠯᠡ ᠲᠣᠳᠣ᠂ ᠭᠤᠣᠯᠳᠠᠯᠭ᠎ᠠ ᠨᠢ ᠲᠤᠪᠤᠶᠢᠮ᠎ᠠ᠂ ᠦᠨᠡᠨ ᠠᠴᠠ ᠵᠥᠪ ᠢ ᠡᠷᠢᠭᠰᠡᠨ ᠨᠢ ᠪᠢᠳᠡᠨ ᠤ ᠰᠡᠳᠬᠢᠯ ᠢ ᠬᠥᠭᠵᠢᠭᠡᠵᠦ᠂ ᠢᠲᠡᠭᠡᠯ ᠵᠣᠷᠢᠭ ᠢ ᠤᠯᠠᠮ ᠨᠡᠮᠡᠭᠳᠡᠭᠦᠯᠦᠨ᠂ ᠬᠥᠳᠡᠯᠭᠡᠬᠦ ᠬᠦᠴᠦᠨ ᠢ ᠤᠯᠠᠮ ᠨᠡᠮᠡᠭᠳᠡᠭᠦᠯᠵᠦ᠂ ᠬᠠᠶᠢᠨᠠᠨ ᠲᠣᠭᠤᠷᠢᠭ ᠤᠨ ᠬᠢᠨ ᠪᠦᠷᠢᠮᠦᠰᠦᠨ ᠵᠥᠪᠰᠢᠶᠡᠷᠡᠵᠦ᠂ ᠴᠢᠩ ᠰᠡᠳᠬᠢᠯ ᠠᠴᠠ ᠪᠠᠨ ᠬᠦᠷᠢᠶᠡᠯᠡᠵᠦ᠂ ᠡᠷᠡᠰ ᠢᠶᠠᠷ ᠨᠠᠶᠢᠳᠠᠪᠤᠷᠢᠵᠢᠭᠤᠯᠤᠨ᠎ᠠ᠃ ᠢᠯᠡᠳᠬᠡᠯ ᠤᠨ ᠪᠠᠶᠢᠷᠢᠯᠠᠭᠤᠯᠤᠯᠲᠠ ᠨᠢ ᠲᠤᠭ ᠲᠡᠮᠳᠡᠭ ᠲᠣᠳᠣᠷᠬᠠᠢ᠂ ᠵᠣᠭᠰᠣᠯᠲᠠ ᠪᠠᠲᠤ ᠪᠠᠶᠢᠵᠤ᠂ ᠬᠤᠳᠠ ᠶᠢᠨ ᠨᠠᠮ ᠤᠨ ᠬᠤᠷᠢᠶᠠᠨ ᠤ ︿ᠬᠤᠶᠠᠷ ᠢ ᠬᠠᠮᠠᠭᠠᠯᠠᠬᠤ﹀ ᠶᠢ ᠦᠢᠯᠡᠳᠦᠯᠭᠡᠵᠢᠭᠦᠯᠬᠦ ᠡᠷᠡᠰ ᠪᠠᠲᠤ ᠵᠣᠷᠢᠭ ᠢ ᠭᠦᠢᠴᠡᠳ ᠢᠯᠡᠷᠡᠭᠦᠯᠵᠡᠢ᠃ ᠠᠵᠢᠯ ᠢᠶᠠᠨ ᠪᠦᠬᠦ ᠲᠠᠯ᠎ᠠ ᠪᠠᠷ ᠪᠤᠰᠤᠳᠴᠢ ᠪᠠᠷ ᠳ᠋ᠦᠩᠨᠡᠵᠦ᠂ ᠦᠨᠡᠨ ᠠᠴᠠ ᠵᠥᠪ ᠢ ᠡᠷᠢᠨ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠶᠢᠳᠠᠯ ᠢ ᠵᠠᠳᠠᠯᠬᠤ ᠳᠠᠭᠠᠨ ᠨᠠᠷᠢᠨ ᠣᠨᠣᠴᠠᠲᠠᠶ ᠪᠥᠭᠡᠳ ᠭᠦᠨ ᠭᠦᠨᠵᠡᠭᠡᠶ᠂ ᠵᠣᠭᠰᠣᠴᠠ ᠰᠠᠶᠢᠲᠠᠶ ᠪᠠᠶᠢᠬᠤ ᠨᠢ ᠬᠤᠲᠠ ᠶᠢᠨ ᠨᠠᠮ ᠤᠨ ᠬᠤᠷᠢᠶ᠎ᠠ ᠶᠢᠨ ᠬᠡᠬᠦᠳᠡᠭ ᠴᠡᠭᠡᠵᠢᠨ ᠳᠡᠭᠡᠨ ︿ᠬᠤᠶᠠᠷ ᠶᠡᠭᠡ ᠲᠠᠯ᠎ᠠ﹀ ᠶᠢᠨ ᠪᠦᠬᠦ ᠲᠠᠯ᠎ᠠ ᠶᠢᠨ ᠬᠠᠷᠠᠭ᠎ᠠ ᠶᠢ ᠭᠦᠢᠴᠡᠳ ᠬᠠᠷᠠᠭᠤᠯᠵᠠᠶ᠃ ᠰᠢᠰᠲ᠋ᠧᠮ ᠲᠠᠢ ᠪᠥᠭᠡᠳ ᠰᠢᠨᠵᠢᠯᠡᠬᠦ ᠤᠬᠠᠭᠠᠨᠴᠢ ᠪᠠᠷ  ᠪᠠᠶᠢᠷᠢᠯᠠᠭᠤᠯᠤᠨ ᠲᠤᠬᠢᠷᠠᠭᠤᠯᠵᠦ᠂ ᠠᠷᠭ᠎ᠠ ᠬᠡᠮᠵᠢᠶ᠎ᠡ ᠪᠣᠳᠠᠲᠠᠢ ᠶᠢ ᠡᠷᠬᠢᠮᠯᠡᠭᠰᠡᠨ ᠨᠢ ᠬᠤᠳᠠ ᠶᠢᠨ ᠨᠠᠮ ᠤᠨ ᠬᠤᠷᠢᠶᠠᠨ  ᠤ ᠦᠬᠠᠢ ᠶᠢᠨ ᠢᠷᠡᠭᠡᠳᠦᠢ ᠶᠢᠨ ᠬᠥᠭᠵᠢᠯᠲᠡ ᠶᠢ ᠲᠥᠯᠥᠪᠵᠢᠭᠦᠯᠬᠦ ᠪᠠᠶᠢᠯᠳᠤᠬᠤ ᠪᠤᠳᠤᠯᠭ᠎ᠠ ᠶᠢᠨ ᠢᠷᠡᠭᠡᠳᠦᠢ ᠶᠢ ᠭᠦᠢᠴᠡᠳ ᠬᠠᠷᠠᠭᠤᠯᠪᠠ︾ ᠭᠡᠵᠦ 9 ᠳ᠋ᠣᠭᠡᠷ ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠪᠡ᠃      ᠢᠦᠶ ᡁᠢ ᠶᠦᠩ ᠢᠯᠡᠷᠬᠡᠶᠢᠯᠡᠬᠦ ᠳᠡᠭᠡᠨ᠂ ᠬᠠᠶᠢᠨᠠᠨ ᠲᠤᠭᠤᠷᠢᠭ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠳᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠬᠤᠳᠠ ᠶᠢᠨ ᠨᠠᠮ ᠤᠨ ᠬᠤᠷᠢᠶᠠᠨ ᠤ ︽ᠨᠢᠭᠡ ᠶᠢ ᠵᠢᠷᠤᠮᠯᠠᠬᠤ ᠶᠢ ᠪᠠᠷᠢᠮᠲᠠᠯᠠᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠤᠨ᠂ ᠬᠤᠶᠠᠷ ᠶᠡᠭᠡ ᠡᠭᠦᠷᠭᠡ ᠶᠢ ᠠᠬᠢᠭᠤᠯᠵᠤ᠂ ︿ᠭᠤᠷᠪᠠᠨ ᠥᠨᠳᠥᠷ﹀ ᠤᠨ ᠬᠠᠷᠠᠯᠲᠠ ᠶᠢ ᠪᠡᠶᠡᠯᠡᠭᠦᠯᠬᠦ﹀ ᠬᠥᠭᠵᠢᠯᠲᠡ ᠶᠢᠨ ᠰᠡᠳᠬᠢᠴᠡ ᠶᠢ ᠪᠦᠬᠦ ᠲᠠᠯ᠎ᠠ ᠪᠠᠷ ᠲᠡᠭᠦᠯᠳᠡᠷᠵᠢᠭᠦᠯᠵᠦ᠂ ︽ᠭᠤᠷᠪᠠᠨ ᠥᠨᠳᠥᠷ︾ ᠤᠨ ᠬᠠᠷᠠᠯᠲᠠ ᠶᠢ ᠪᠡᠶᠡᠯᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠦᠨ᠂ ᠬᠤᠳᠠ ᠶᠢᠨ ᠨᠠᠮ ᠤᠨ ᠬᠤᠷᠢᠶᠠᠨ ᠤ ᠢᠯᠡᠳᠬᠡᠯ ᠳᠠᠬᠢ ᠴᠢᠬᠤᠯᠠ ᠲᠦᠷᠦ ᠶᠢᠨ ᠪᠤᠳᠤᠯᠭ᠎ᠠ᠂ ᠴᠢᠬᠤᠯᠠ ᠶᠡᠭᠡ ᠲᠦᠷᠦᠯ ᠵᠦᠢᠯ᠂ ᠭᠤᠣᠯᠳᠠᠯᠭ᠎ᠠ ᠲᠠᠢ ᠡᠭᠦᠷᠭᠡ ᠶᠢ ᠨᠢᠭᠡᠳ ᠨᠢᠭᠡ ᠪᠠᠷ ᠡᠮᠬᠢᠯᠡᠵᠦ᠂ ᠨᠢᠭᠡᠳ ᠨᠢᠭᠡ ᠪᠠᠷ ᠰᠤᠳᠤᠯᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ᠎ᠠ ᠭᠡᠪᠡ᠃      ᠢᠦᠢ ᡁᠢ ᠶᠦᠩ᠂ ᠨᠢᠭᠡ ᠳᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠬᠤᠲᠠ ᠶᠢᠨ ᠨᠠᠮ ᠤᠨ ᠬᠤᠷᠢᠶᠠᠨ ᠤ ᠮᠡᠳᠡᠭᠦᠯᠦᠯᠲᠡ ᠳᠤ ᠳᠤᠷᠠᠳᠤᠭᠰᠠᠨ ︽ᠰᠠᠭᠤᠷᠢ ᠠᠵᠤ ᠦᠢᠯᠡᠰ ᠤᠨ ᠳᠡᠭᠡᠳᠦ ᠲᠠᠰ᠂ ᠠᠵᠤ  ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ︾ ᠱᠠᠭᠠᠷᠳᠠᠯᠭ᠎ᠠ ᠨᠢ ᠬᠠᠶᠢᠨᠠᠨ ᠲᠣᠭᠤᠷᠢᠭ ᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠬᠠᠶᠢᠨᠠᠨ ᠲᠤᠭᠤᠷᠢᠭ ᠤᠨ ᠬᠢᠨ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠰᠢᠨ᠎ᠡ ᠬᠠᠭᠤᠴᠢᠨ ᠬᠥᠳᠡᠯᠭᠡᠬᠦ ᠬᠦᠴᠦᠨ ᠢ ᠬᠤᠪᠢᠷᠠᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠨᠡᠭᠦᠷᠡᠰᠦᠨ ᠬᠡᠦᠷᠡᠰᠦ ᠶᠢᠨ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠬᠡᠯᠬᠢᠶᠡᠨ ᠤ ᠨᠥᠬᠦᠪᠥᠷᠢ ᠶᠢᠨ ᠬᠡᠯᠬᠢᠶᠡᠨ ᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠶᠢᠨ ᠮᠠᠲ᠋ᠧᠷᠢᠶᠠᠯ᠂ ᠡᠷᠦᠳᠡᠰᠦ ᠶᠢᠨ ᠰᠢᠷᠬᠡᠭ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠣᠣ ᠯᠢ ᠶᠢᠨ 17 ᠲᠦᠮᠡᠨ ᠲᠣᠨ ᠰᠢᠯ ᠰᠢᠷᠬᠡᠭ ᠵᠡᠷᠭᠡ ᠲᠥᠷᠥᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠣᠷᠣᠯᠠᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠦᠬᠠᠶ ᠶᠢᠨ ᠡᠨᠧᠷᠭᠢ᠂ ᠮᠧᠩ ᠳ᠋ᠢᠶᠠᠨ ᠬᠤᠸᠠ ᠨᠧᠩ ᠵᠡᠷᠭᠡ ᠭᠡᠷᠡᠯ ᠸᠣᠯᠲ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠮᠠᠨ ᠤ ᠬᠤᠲᠠ ᠶᠢᠨ ᠤᠰᠤᠲᠥ᠋ᠷᠥᠭᠴᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠲᠠ᠂ ᠤᠰᠤᠲᠥ᠋ᠷᠥᠭᠴᠢ ᠶᠢᠨ ᠲᠦᠯᠡᠰᠢᠨ ᠴᠠᠬᠢᠯᠭᠠᠨ ᠴᠡᠨᠡᠭ ᠤᠨ ᠮᠠᠰᠢᠨ ᠲᠡᠷᠭᠡᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠭᠰᠠᠨ ᠰᠢᠩᠭᠡᠨ ᠤᠰᠤᠲᠥ᠋ᠷᠥᠭᠴᠢ ᠶᠢᠨ ᠦᠢᠯᠡᠳᠪᠦᠷᠢ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠰᠤᠲᠥ᠋ᠷᠥᠭᠴᠢ ᠨᠡᠮᠡᠬᠦ ᠥᠷᠲᠡᠭᠡ ᠶᠢᠨ ᠤᠷᠢᠳᠠᠪᠠᠷ ᠬᠥᠭᠵᠢᠭᠦᠯᠬᠦ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠦᠬᠠᠶ ᠶᠢᠨ ᠬᠢᠮᠢ ᠶᠢᠨ ᠠᠵᠤ ᠦᠢᠯᠡᠳᠪᠦᠷᠢ ᠶᠢᠨ 5 ᠲᠦᠮᠡᠨ ᠲᠣᠨ ᠤ ᠤᠰᠤᠲᠥ᠋ᠷᠥᠭᠴᠢ ᠶᠢᠨ ᠡᠨᠧᠷᠭᠢ ᠵᠡᠷᠭᠡ ᠲᠥᠷᠥᠯ ᠵᠦᠢᠯ ᠢ ᠡᠷᠲᠡᠬᠡᠨ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠤᠰᠤᠲᠥ᠋ᠷᠥᠭᠴᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠤᠷᠢᠳᠠᠪᠠᠷ ᠬᠥᠭᠵᠢᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃      ᠬᠤᠶᠠᠷ ᠲᠤ᠂ ᠴᠢᠨᠠᠷ ᠰᠠᠶᠢᠲᠠᠢ ᠠᠮᠢᠳᠤᠷᠠᠯ ᠢ ᠪᠡᠶᠡᠯᠡᠭᠦᠯᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠪᠠᠷᠢᠮᠵᠢᠶ᠎ᠠ ᠪᠠᠷ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠬᠠᠶᠢᠨᠠᠨ ᠲᠣᠭᠤᠷᠢᠭ ᠤᠨ ᠬᠢᠨ ᠬᠤᠲᠠ ᠶᠢᠨ ᠨᠠᠮ ᠤᠨ ᠬᠤᠷᠢᠶᠠᠨ ᠤ ᠮᠡᠳᠡᠭᠦᠯᠦᠯᠲᠡ ᠳᠤ ᠳᠤᠷᠠᠳᠤᠭᠰᠠᠨ ︽ᠰᠠᠶᠢᠨ ᠰᠠᠶᠢᠬᠠᠨ ᠠᠮᠢ ᠠᠬᠤᠶ ᠶᠢᠨ ᠣᠷᠴᠢᠨ ᠲᠣᠭᠤᠷᠢᠨ ᠪᠣᠯ ᠬᠠᠮᠤᠭ ᠤᠨ ᠭᠤᠣᠯᠴᠢ ᠣᠯᠠᠨ ᠨᠡᠶᠢᠲᠡ ᠶᠢᠨ ᠦᠢᠯᠡᠳᠬᠦᠨ ᠮᠥᠨ︾ ᠭᠡᠳᠡᠭ ᠢ ᠪᠠᠲᠤ ᠴᠡᠭᠡᠵᠢᠯᠡᠵᠦ᠂ ᠠᠮᠢ ᠠᠬᠤᠶ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠠᠬᠢᠭᠤᠯᠵᠤ᠂ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠤᠨ ᠰᠢᠰᠲ᠋ᠧᠮ ᠤᠨ ᠵᠠᠰᠠᠯᠲᠠ ᠶᠢ ᠨᠢᠭᠡᠳᠦᠯᠲᠡᠶ ᠲᠥᠯᠥᠪᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠪᠠ ︽ᠳᠣᠯᠣᠭᠠᠨ ᠵᠠᠰᠠᠯᠲᠠ︾ ᠶᠢᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠭᠤᠷᠬᠠᠶ ᠶᠢᠨ ᠣᠷᠣᠨ ᠢ ᠴᠡᠭᠴᠡᠯᠡᠨ ᠵᠠᠰᠠᠬᠤ ᠪᠠᠷ ᠭᠤᠤᠯ ᠲᠡᠶᠢᠨ ᠤ ᠲᠠᠯᠠᠪᠤᠷ ᠪᠣᠯᠭᠠᠵᠤ᠂ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ ᠪᠠᠷ ᠵᠠᠩᠭᠢᠯᠠᠭ᠎ᠠ ᠶᠢᠨ ᠴᠡᠭ ᠪᠣᠯᠭᠠᠨ᠂ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠪᠠᠷ ᠦᠨᠳᠦᠰᠦ ᠠᠴᠠ ᠨᠢ ᠵᠠᠰᠠᠬᠤ ᠠᠷᠭ᠎ᠠ ᠪᠣᠳᠣᠯᠭ᠎ᠠ ᠪᠣᠯᠭᠠᠵᠤ᠂ ᠡᠯ ᠬᠦᠶ ᠭᠸᠦ᠂ ᠬᠦᠵᠦᠭᠦᠪᠴᠢᠨ ᠰᠢᠯᠢ ᠭᠠᠵᠠᠷ ᠣᠷᠣᠨ ᠤ ᠣᠷᠴᠢᠨ ᠲᠣᠭᠤᠷᠢᠨ ᠢ ᠵᠠᠰᠠᠬᠤ ᠪᠠ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠠᠭᠤᠷᠬᠠᠶ ᠶᠢᠨ ᠬᠠᠶᠠᠭᠳᠠᠮᠠᠯ ᠭᠠᠵᠠᠷ᠂ ᠨᠡᠭᠦᠷᠡᠰᠦ ᠮᠠᠯᠲᠠᠭᠰᠠᠨ ᠠᠴᠠ ᠪᠣᠯᠵᠣ ᠳᠣᠷᠣᠭᠰᠢ ᠰᠠᠭᠤᠭᠰᠠᠨ ᠣᠷᠣᠨ ᠤ ᠠᠮᠢ ᠠᠬᠤᠶ ᠶᠢ ᠵᠠᠰᠠᠨ ᠰᠡᠷᠭᠦᠭᠡᠬᠦ ᠶᠢ ᠲᠥᠷᠥᠯ ᠬᠤᠪᠢᠶᠠᠨ ᠠᠬᠢᠭᠤᠯᠵᠤ᠂ ᠴᠢᠨᠠᠷ ᠰᠠᠶᠢᠲᠠᠶ ᠠᠮᠢᠳᠤᠷᠠᠯ ᠤᠨ ᠰᠠᠭᠤᠷᠢ ᠥᠩᠭᠡ ᠶᠢ ᠲᠠᠰᠤᠷᠠᠯᠲᠠ ᠥᠬᠡᠶ ᠵᠤᠵᠠᠭᠠᠳᠬᠠᠨ᠎ᠠ᠃ ᠬᠤᠳᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ ᠵᠣᠬᠢᠶᠠᠵᠤ᠂ 10 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ ᠲᠦᠷᠦᠯ ᠬᠤᠪᠢᠶᠠᠨ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠨᠡᠭᠦᠯᠭᠡᠨ ᠥᠭᠡᠷᠡᠴᠢᠯᠡᠬᠦ  ᠲᠦᠷᠦᠯ ᠵᠦᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠳᠠ ᠶᠢᠨ ᠠᠮᠢ ᠠᠬᠤᠶ ᠶᠢ ᠰᠡᠷᠭᠦᠭᠡᠬᠦ ᠪᠠ ᠴᠢᠳᠠᠮᠵᠢ ᠶᠢ ᠲᠡᠭᠦᠯᠳᠡᠷᠵᠢᠭᠦᠯᠬᠦ ᠢᠨᠵᠧᠨᠧᠷᠢᠩ ᠢ ᠲᠦᠯᠬᠢᠨ ᠠᠬᠢᠭᠤᠯᠵᠤ᠂ ᠬᠤᠳᠠ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠠᠰᠤᠷᠠᠯᠳᠠ ᠦᠭᠡᠢ ᠨᠥᠬᠦᠪᠥᠷᠢᠯᠡᠵᠦ᠂ ᠬᠤᠳᠠ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠶᠢᠯ ᠲᠣᠰᠬᠤᠨ ᠤ ᠵᠠᠮ᠂ ᠤᠰᠤ ᠬᠠᠩᠭᠠᠬᠤ ᠠᠮᠤᠷ ᠲᠦᠪᠰᠢᠨ᠂ ᠴᠠᠬᠢᠯᠭᠠᠨ ᠲᠣᠣᠷ ᠤᠨ ᠥᠭᠡᠷᠡᠴᠢᠯᠡᠯᠲᠡ᠂ ᠬᠥᠳᠡᠭᠡ ᠲᠣᠰᠬᠤᠨ ᠤ ᠡᠳ᠋ ᠪᠠᠷᠠᠭᠠᠨ ᠤ ᠭᠦᠢᠯᠭᠡᠭᠡ᠂ ᠣᠷᠣᠨ ᠰᠠᠭᠤᠴᠠ ᠶᠢᠨ ᠳᠡᠭᠡᠭᠰᠢᠯᠡᠯᠲᠡ ᠵᠡᠷᠭᠡ ᠲᠦᠷᠦᠯ ᠵᠦᠢᠯ ᠢ ᠡᠮᠬᠢ ᠵᠢᠷᠤᠮ ᠲᠠᠢ ᠬᠡᠷᠡᠭᠵᠢᠭᠦᠯᠵᠦ᠂ ᠲᠠᠷᠢᠶᠠᠯᠠᠬᠤ ᠣᠷᠣᠨ ᠤ ᠣᠷᠣᠰᠢᠨ ᠰᠠᠭᠤᠬᠤ ᠳᠤ ᠲᠣᠬᠢᠷᠠᠮᠵᠢᠲᠠᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠭᠤᠷᠪᠠ ᠳᠤ᠂ ᠥᠨᠳᠥᠷ ᠦᠷ᠎ᠡ ᠪᠦᠲᠦᠮᠵᠢᠲᠡᠢ ᠵᠠᠰᠠᠯᠲᠠ ᠶᠢ ᠪᠡᠶᠡᠯᠡᠭᠦᠯᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠦᠨ᠎ᠡ᠃ ᠬᠠᠶᠢᠨᠠᠨ ᠲᠣᠭᠤᠷᠢᠭ ᠤᠨ ᠬᠢᠨ ᠬᠤᠳᠠ ᠶᠢᠨ ᠨᠠᠮ ᠤᠨ ᠬᠤᠷᠢᠶᠠᠨ ᠤ ᠮᠡᠳᠡᠭᠦᠯᠦᠯᠲᠡ ᠳᠤ ᠳᠤᠷᠠᠳᠤᠭᠰᠠᠨ ︽ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ᠂ ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ︾ ᠬᠠᠷᠠᠯᠲᠠ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠡᠶᠢᠭᠡᠮ ᠤᠨ ᠵᠥᠷᠢᠴᠡᠯ  ᠵᠢᠭᠤᠷᠤᠯᠳᠣᠭᠠᠨ ᠢ ᠤᠯᠠᠨ ᠡᠰᠢᠵᠢᠬᠦᠯᠦᠨ ᠰᠡᠷᠭᠡᠶᠢᠯᠡᠬᠦ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠥᠷᠢᠴᠡᠯ ᠵᠢᠭᠤᠷᠤᠯᠳᠣᠭᠠᠨ ᠢ ᠪᠦᠬᠦ ᠬᠡᠯᠬᠢᠶ᠎ᠡ ᠪᠠᠷ ᠰᠢᠢᠳᠪᠦᠷᠢᠯᠡᠬᠦ ᠶᠢ ᠠᠬᠢᠭᠤᠯᠤᠨ᠎ᠠ᠃ ᠪᠣᠰᠤᠭ᠎ᠠ ᠴᠣᠭᠴᠠᠵᠢᠭᠰᠠᠨ᠂ ᠲᠤᠰᠬᠠᠶᠢᠵᠢᠭᠰᠠᠨ᠂ ᠤᠶᠤᠨᠴᠢᠯᠠᠭᠰᠠᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠬᠦᠯᠵᠦ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠠᠮᠤᠭᠤᠯᠠᠩ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠬᠠᠤᠯᠢ ᠶᠣᠰᠣᠭᠠᠷ ᠲᠤᠭᠤᠷᠢᠭ ᠢᠶᠠᠨ ᠵᠠᠰᠠᠬᠤ ᠶᠢ ᠲᠦᠷᠭᠡᠪᠴᠢᠯᠡᠨ ᠠᠬᠢᠭᠤᠯᠵᠤ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠲᠤᠤᠷᠴᠢᠯᠠᠭᠰᠠᠨ ᠬᠠᠮᠢᠶᠠᠷᠤᠯᠲᠠ᠂ ᠨᠠᠷᠢᠯᠢᠬᠵᠢᠭᠤᠯᠤᠭᠰᠠᠨ ᠦᠢᠯᠡᠴᠢᠯᠡᠭᠡ᠂ ᠮᠡᠳᠡᠭᠡ ᠵᠠᠩᠬᠢᠴᠢᠯᠠᠯᠲᠠ ᠪᠠᠷ ᠲᠤᠯᠭᠠᠭᠤᠷᠢᠯᠠᠭᠰᠠᠨ ᠦᠨᠳᠦᠰᠦᠨ ᠱᠠᠲᠤᠨ ᠤ ᠬᠠᠮᠢᠶᠠᠷᠤᠯᠲᠠ ᠶᠢᠨ  ᠦᠢᠯᠡᠴᠢᠯᠡᠭᠡᠨ ᠤ ᠲᠠᠪᠴᠠᠩ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠡᠬᠢ ᠪᠠᠶᠠᠯᠢᠭ᠂ ᠬᠠᠮᠢᠶᠠᠷᠤᠯᠲᠠ᠂ ᠦᠢᠯᠡᠴᠢᠯᠡᠭᠡ ᠶᠢ ᠵᠡᠭᠡᠯᠢ ᠭᠤᠳᠤᠮᠵᠢ ᠨᠡᠶᠢᠭᠡᠮ ᠲᠣᠭᠤᠷᠢᠭ ᠳᠠᠰᠢ ᠳᠣᠷᠣᠭᠰᠢ ᠪᠠᠭᠤᠯᠭᠠᠬᠤ ᠶᠢ ᠠᠬᠢᠭᠤᠯᠤᠨ᠂ ᠣᠳᠣᠬᠢᠴᠢᠯᠠᠭᠰᠠᠨ ᠨᠡᠶᠢᠭᠡᠮ ᠲᠣᠭᠤᠷᠢᠭ ᠢ ᠲᠦᠷᠭᠡᠳᠬᠡᠨ ᠪᠠᠶᠢᠭᠤᠯᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号