ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 10 ᠰᠠᠷ᠎ᠠ ᠶᠢᠨ 20 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮᠤᠷ ᠤᠨ ᠬᠤᠷᠢᠶᠠᠯᠲᠠ | ᠪᠠ ᠨᠠᠮᠤᠷ ᠡᠪᠦᠯ ᠤᠨ ᠲᠠᠷᠢᠶᠠᠯᠠᠭ᠎ᠠ ᠶᠢᠨ ᠠᠵᠢᠯ ᠢ ᠰᠠᠶᠢᠲᠤᠷ ᠬᠢᠵᠦ᠂ ᠠᠮᠤ ᠪᠤᠳᠠᠭᠠᠨ ᠤ ᠠᠮᠤᠷ ᠲᠦᠪᠰᠢᠨ ᠪᠠ ᠪᠠᠷᠠᠭᠠᠨ ᠤ | ᠦᠨ᠎ᠡ ᠶᠢᠨ ᠲᠣᠭᠲᠠᠭᠤᠨ ᠢ ᠪᠠᠲᠤᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠲᠤᠬᠠᠢ ᠪᠠᠶᠢᠷᠢᠯᠠᠭᠤᠯᠪᠠ︔ | ᠠᠷᠠᠳ ᠤᠨ ᠠᠮᠢᠳᠤᠷᠠᠯ ᠤᠨ ᠡᠨᠧᠷᠭᠢ ᠬᠡᠷᠡᠭᠯᠡᠵᠦ ᠬᠠᠩᠭᠠᠯᠭ᠎ᠠ ᠶᠢ ᠪᠠᠲᠤᠯᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠠᠷᠠᠳ ᠣᠯᠠᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ | ᠭᠡᠵᠦ ᠱᠠᠭᠠᠷᠳᠠᠪᠠ︔ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠡᠨᠡ ᠵᠢᠯ ᠤᠨ ᠨᠠᠮᠤᠷ ᠤᠨ ᠠᠮᠤ ᠪᠤᠳᠠᠭ᠎ᠠ ᠡᠯᠪᠡᠭ ᠬᠤᠷᠢᠶᠠᠯᠲᠠ ᠣᠯᠬᠤ ᠨᠢ ᠨᠢᠭᠡᠨᠲᠡ ᠲᠣᠭᠲᠠᠵᠠᠢ᠃ | ᠠᠮᠤ ᠪᠤᠳᠠᠭᠠᠨ ᠤ ᠦᠨ᠎ᠡ ᠪᠣᠯ ᠦᠨ᠎ᠡ ᠬᠠᠩᠰᠢ ᠶᠢᠨ ᠰᠠᠭᠤᠷᠢ ᠮᠥᠨ᠂ ᠮᠠᠨ ᠤ ᠤᠯᠤᠰ ᠤᠨ ᠰᠠᠭᠤᠭᠠᠯᠢ ᠠᠷᠠᠳ ᠤᠨ | ᠬᠡᠷᠡᠭᠯᠡᠭᠡᠨ ᠤ ᠦᠨ᠎ᠡ ᠶᠢᠨ ᠢᠯᠡᠳᠬᠡᠭᠴᠢ ᠲᠣᠭᠠᠨ ᠤ ᠳᠣᠲᠣᠷ᠎ᠠ ᠢᠳᠡᠭᠡᠨ ᠤ ᠵᠦᠢᠯ ᠤᠨ ᠦᠨ᠎ᠡ ᠬᠠᠩᠰᠢ ᠶᠢᠨ ᠡᠵᠡᠯᠡᠬᠦ | ᠬᠠᠷᠢᠴᠠᠯ ᠥᠨᠳᠥᠷ ᠪᠣᠯᠬᠤᠷ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠨᠢ ᠪᠠᠷᠠᠭᠠᠨ ᠤ ᠦᠨ᠎ᠡ ᠶᠢ | ᠲᠣᠭᠲᠠᠪᠤᠷᠢᠵᠢᠭᠤᠯᠬᠤ᠂ ᠵᠣᠭᠤᠰ ᠮᠠᠭᠤᠲᠠᠬᠤ ᠶᠢ ᠰᠡᠷᠭᠡᠶᠢᠯᠡᠬᠦ ᠳᠤ ᠪᠠᠲᠤ ᠪᠠᠬᠢ ᠰᠠᠭᠤᠷᠢ ᠲᠠᠯᠪᠢᠵᠤ ᠪᠣᠯᠤᠨ᠎ᠠ᠃ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠶᠢᠨ ᠬᠤᠭᠤᠴᠠᠭᠠᠨ ᠤ | ᠤᠮᠠᠷᠠᠲᠤ ᠣᠷᠣᠨ ᠳᠤ ᠦᠷᠭᠦᠯᠵᠢᠯᠡᠭᠰᠡᠨ ᠪᠦᠷᠬᠦᠭ ᠪᠤᠷᠤᠭᠠᠨᠳᠤ ᠴᠠᠭ ᠠᠭᠤᠷ ᠤᠨ ᠨᠠᠮᠤᠷ ᠤᠨ ᠬᠤᠷᠢᠶᠠᠯᠲᠠ ᠨᠠᠮᠤᠷ ᠤᠨ | ᠲᠠᠷᠢᠶᠠᠯᠠᠭ᠎ᠠ ᠳᠤ ᠦᠵᠡᠭᠦᠯᠬᠦ ᠠᠰᠢᠭ ᠥᠬᠡᠶ ᠨᠥᠯᠥᠭᠡ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ | ᠬᠠᠩᠰᠢ ᠥᠰᠬᠦ ᠵᠡᠷᠭᠡ ᠥᠷᠢᠰᠦᠯᠳᠦᠭᠡᠨ ᠢ ᠢᠳᠡᠪᠬᠢᠲᠡᠶ ᠠᠷᠭᠠᠴᠠᠭᠠᠵᠤ᠂ ᠨᠠᠮᠤᠷ ᠤᠨ ᠠᠮᠤ ᠪᠤᠳᠠᠭ᠎ᠠ ᠶᠢ ᠬᠤᠷᠢᠶᠠᠬᠤ | ᠶᠣᠰᠣᠲᠠᠶ ᠶᠢ ᠨᠢ ᠪᠦᠬᠦᠨ ᠢ ᠬᠤᠷᠢᠶᠠᠬᠤ ᠶᠢ ᠪᠠᠲᠤᠯᠠᠵᠤ᠂ ᠨᠠᠮᠤᠷ ᠡᠪᠦᠯ ᠤᠨ ᠲᠠᠷᠢᠶᠠᠯᠠᠭ᠎ᠠ ᠶᠢᠨ ᠲᠠᠯᠠᠪᠠᠶ ᠶᠢ | ᠦᠨᠳᠦᠰᠦᠨ ᠳᠡᠭᠡᠨ ᠲᠣᠭᠲᠠᠭᠤᠨ ᠪᠠᠶᠢᠯᠭᠠᠵᠤ᠂ ᠳᠠᠷᠠᠭ᠎ᠠ ᠵᠢᠯ ᠤᠨ ᠵᠤᠨ ᠤ ᠠᠮᠤ ᠪᠤᠳᠠᠭᠠᠨ ᠤ ᠡᠯᠪᠡᠭ ᠬᠤᠷᠢᠶᠠᠯᠲᠠ ᠶᠢ | ᠦᠨᠡᠨ ᠬᠦ ᠪᠠᠲᠤᠯᠠᠬᠤ ᠬᠡᠷᠡᠭᠲᠡᠢ᠃ ᠨᠢᠭᠡ ᠳᠤ᠂ ᠭᠤᠣᠯ ᠭᠠᠷᠤᠯᠲᠠ ᠶᠢᠨ ᠣᠷᠣᠨ ᠨᠠᠮᠤᠷ ᠤᠨ ᠠᠮᠤ ᠪᠤᠳᠠᠭ᠎ᠠ ᠶᠢ ᠵᠠᠪᠳᠤᠨ | ᠬᠤᠷᠢᠶᠠᠬᠤ ᠠᠵᠢᠯ ᠢ ᠱᠠᠯᠠᠪᠳᠠᠨ ᠵᠣᠬᠢᠶᠠᠨ ᠪᠠᠶᠢᠭᠤᠯᠵᠤ᠂ ᠠᠮᠤ ᠪᠤᠳᠠᠭ᠎ᠠ ᠶᠢ ᠬᠠᠳᠠᠭᠠᠵᠤ ᠬᠤᠷᠢᠶᠠᠨ ᠬᠠᠳᠠᠭᠠᠯᠠᠬᠤ ᠠᠵᠢᠯ ᠢ | ᠰᠠᠶᠢᠲᠤᠷ ᠬᠢᠬᠦ ᠬᠡᠷᠡᠭᠲᠡᠢ᠃ ᠬᠤᠶᠠᠷ ᠲᠤ᠂ ᠨᠠᠮᠤᠷ ᠡᠪᠦᠯ ᠤᠨ ᠲᠠᠷᠢᠶᠠᠯᠠᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠤᠰᠤ | ᠬᠤᠷᠠᠭᠰᠠᠨ ᠲᠠᠷᠢᠶᠠᠨ ᠭᠠᠵᠠᠷ ᠤᠨ ᠤᠰᠤ ᠶᠢ ᠲᠠᠲᠠᠷᠠᠭᠤᠯᠬᠤ ᠶᠢ ᠲᠦᠷᠭᠡᠳᠭᠡᠬᠦ ᠬᠡᠷᠡᠭᠲᠡᠢ᠃ ᠭᠠᠮᠰᠢᠭ ᠠᠴᠠ ᠪᠣᠯᠵᠣ | ᠬᠤᠶᠢᠰᠢᠯᠠᠭᠤᠯᠵᠤ ᠳᠠᠷᠢᠬᠤ ᠴᠢᠬᠤᠯᠠᠲᠠᠢ ᠲᠠᠷᠢᠶᠠᠨ ᠭᠠᠵᠠᠷ ᠲᠤ᠂ ᠡᠷᠲᠡ ᠪᠣᠯᠪᠠᠰᠤᠷᠠᠬᠤ ᠡᠭᠦᠯᠳᠡᠷ ᠢ ᠰᠣᠩᠭᠤᠨ ᠬᠡᠷᠡᠭᠯᠡᠬᠦ᠂ | ᠳᠠᠷᠢᠬᠤ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ᠂ ᠰᠠᠭᠤᠷᠢ ᠪᠣᠷᠲᠣᠭᠤᠷ ᠢ ᠰᠢᠨᠵᠢᠯᠡᠬᠦ ᠤᠬᠠᠭᠠᠨᠴᠢ ᠪᠠᠷ ᠨᠡᠮᠡᠵᠦ ᠣᠷᠣᠭᠤᠯᠬᠤ | ᠵᠡᠷᠭᠡ ᠪᠠᠷ ᠳᠠᠮᠵᠢᠭᠤᠯᠤᠨ᠂ ᠣᠷᠣᠶᠢᠲᠠᠵᠤ ᠳᠠᠷᠢᠬᠤ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠴᠠᠭ | ᠬᠤᠭᠤᠴᠠᠭ᠎ᠠ᠂ ᠭᠠᠵᠠᠷ ᠤᠷᠤᠨ᠂ ᠴᠢᠬᠢ ᠶᠢᠨ ᠪᠠᠶᠢᠳᠠᠯ ᠳᠤᠨᠢ ᠲᠣᠬᠢᠷᠠᠭᠤᠯᠤᠨ ᠡᠪᠦᠯ ᠠᠴᠠ ᠡᠮᠦᠨᠡᠬᠢ ᠲᠠᠷᠢᠶᠠᠨ ᠭᠠᠵᠠᠷ ᠤᠨ | ᠬᠠᠮᠢᠶᠠᠷᠤᠯᠲᠠ ᠪᠣᠯᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ | ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠶᠢ ᠲᠣᠭᠲᠠᠪᠤᠷᠢᠵᠢᠭᠤᠯᠬᠤ ᠬᠡᠷᠡᠭᠲᠡᠢ᠃ | ᠦᠷ᠎ᠡ ᠬᠠᠩᠭᠠᠬᠤ ᠪᠠ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠲᠦᠭᠦᠬᠡᠢ ᠮᠠᠲ᠋ᠧᠷᠢᠶᠠᠯ | ᠪᠠ ᠡᠨᠧᠷᠭᠢ ᠶᠢᠨ ᠬᠡᠷᠡᠭᠯᠡᠯᠲᠡ ᠶᠢ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ | ᠠᠬᠤᠶᠢᠯᠠᠯ ᠤᠨ ᠦᠢᠯᠡᠳᠪᠦᠷᠢᠯᠡᠯ ᠢᠶᠠᠨ ᠥᠷᠭᠡᠳᠬᠡᠬᠦ ᠶᠢ ᠠᠬᠢᠭᠤᠯᠵᠤ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢ | ᠲᠤᠬᠢᠷᠠᠭᠤᠯᠤᠨ ᠡᠵᠡᠮᠳᠡᠬᠦ ᠪᠠᠨ ᠴᠢᠩᠭᠠᠳᠬᠠᠵᠤ᠂ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠬᠠᠩᠭᠠᠯᠭ᠎ᠠ ᠶᠢ ᠨᠡᠮᠡᠭᠳᠡᠭᠦᠯᠬᠦ | ᠬᠡᠷᠡᠭᠲᠡᠢ᠃ ᠳᠥᠷᠪᠡ ᠳᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠬᠤ ᠬᠡᠷᠡᠭᠲᠡᠢ᠃ ᠲᠠᠷᠢᠶᠠᠨ | ᠭᠠᠵᠠᠷ ᠤᠨ ᠤᠰᠤᠲᠤᠯ ᠢ ᠵᠠᠯᠠᠬᠤ᠂ ᠠᠮᠤ ᠪᠤᠳᠠᠭ᠎ᠠ ᠶᠢ ᠬᠠᠳᠠᠭᠠᠬᠤ ᠵᠡᠷᠭᠡ ᠠᠵᠢᠯ ᠤᠨ ᠴᠠᠬᠢᠯᠭᠠᠨ ᠬᠦᠴᠦᠨ᠂ ᠴᠠᠶᠢᠶ᠋ᠢᠦ | ᠲᠣᠰᠣᠨ ᠤ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠲᠠᠷᠢᠶᠠᠯᠠᠩ ᠤᠨ ᠰᠠᠯᠠᠭ᠎ᠠ ᠮᠥᠴᠢᠷ ᠤᠳ ᠣᠳᠣ ᠪᠠᠶᠢᠭ᠎ᠠ ᠪᠡᠯᠡ | ᠮᠥᠩᠭᠦ ᠪᠠᠨ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠡᠷᠡᠭᠯᠡᠵᠦ ᠣᠷᠣᠨ ᠨᠤᠲᠤᠭ ᠤᠨ ᠨᠠᠮᠤᠷ ᠤᠨ ᠬᠤᠷᠢᠶᠠᠯᠲᠠ ᠪᠣᠯᠤᠨ | ᠨᠠᠮᠤᠷ ᠡᠪᠦᠯ ᠤᠨ ᠲᠠᠷᠢᠶᠠᠯᠠᠭ᠎ᠠ ᠶᠢ ᠳᠡᠮᠵᠢᠬᠦ ᠬᠡᠷᠡᠭᠲᠡᠢ᠃ ᠭᠠᠮᠰᠢᠭᠳᠠᠭᠰᠠᠨ ᠣᠷᠣᠨ ᠳᠤ ᠲᠥᠪ ᠤᠨ ᠡᠳ᠋ ᠤᠨ ᠵᠠᠰᠠᠭ ᠠᠴᠠ | ᠪᠠᠰᠠ ᠵᠣᠬᠢᠬᠤ ᠪᠡᠯᠡ ᠮᠥᠩᠭᠦ ᠲᠤᠬᠢᠷᠠᠭᠤᠯᠤᠨ ᠦᠭᠴᠦ ᠲᠠᠷᠢᠶᠠᠯᠠᠩ ᠤᠨ ᠦᠢᠯᠡᠳᠪᠦᠷᠢᠯᠡᠯ ᠤᠨ ᠭᠠᠮᠰᠢᠭ ᠠᠴᠠ | ᠠᠪᠤᠷᠠᠬᠤ ᠳᠤ ᠬᠡᠷᠡᠭᠯᠡᠬᠦ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠳᠠᠷᠠᠭ᠎ᠠ ᠵᠢᠯ ᠤᠨ ᠬᠤᠯᠪᠣᠭᠳᠠᠯ | ᠪᠥᠬᠦᠶ ᠰᠢᠯᠵᠢᠭᠦᠯᠦᠨ ᠥᠭᠬᠦ ᠪᠠᠯᠠ ᠮᠥᠩᠭᠦ ᠪᠠ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠮᠦᠡᠭᠭᠦ | ᠵᠡᠷᠭᠡ ᠶᠢ ᠤᠷᠢᠳᠴᠢᠯᠠᠨ ᠪᠠᠭᠤᠯᠭᠠᠵᠤ᠂ ᠣᠷᠣᠨ ᠨᠤᠲᠤᠭ ᠤᠨ ᠣᠷᠣᠶᠢᠲᠠᠵᠤ ᠳᠠᠷᠢᠬᠤ ᠪᠠ ᠬᠠᠳᠠᠭᠠᠬᠤ ᠮᠠᠰᠢᠨ ᠬᠤᠳᠠᠯᠳᠤᠨ | ᠠᠪᠬᠤ ᠶᠢ ᠳᠡᠮᠵᠢᠵᠦ᠂ ᠬᠠᠳᠠᠭᠠᠬᠤ ᠠᠵᠢᠯ ᠳᠤ ᠵᠣᠬᠢᠰᠲᠠᠶ ᠨᠥᠬᠦᠪᠥᠷᠢ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠠᠷᠠᠳ ᠤᠯᠠᠨ ᠢᠯᠠᠩᠭᠤᠶ᠎ᠠ ᠭᠠᠮᠰᠢᠭᠳᠠᠭᠰᠠᠨ ᠤᠯᠠᠨ ᠲᠦᠮᠡᠨ ᠤ ᠠᠮᠤᠷ ᠲᠦᠪᠰᠢᠨ ᠳᠤᠯᠠᠭᠠᠨ | ᠪᠦᠯᠢᠶᠡᠨ ᠡᠪᠦᠯᠵᠢᠬᠦ ᠶᠢ ᠪᠠᠲᠤᠯᠠᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠣᠳᠣᠷᠬᠠᠢ | ᠱᠠᠭᠠᠷᠳᠠᠯᠭ᠎ᠠ ᠪᠣᠯᠤᠨ᠎ᠠ᠃ ᠵᠢᠱᠢᠯᠲᠡ ᠶᠢ ᠦᠨᠳᠦᠰᠦᠯᠡᠪᠡᠯ᠂ ᠡᠨᠡ ᠵᠢᠯ ᠤᠨ ᠡᠪᠦᠯ ᠤᠮᠠᠷᠠᠲᠤ ᠣᠷᠣᠨ ᠵᠡᠷᠭᠡ ᠭᠠᠵᠠᠷ | ᠣᠷᠣᠨ ᠤ ᠠᠭᠠᠷ ᠤᠨ ᠳᠤᠯᠠᠭᠠᠨ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠳᠤᠤᠷ᠎ᠠ ᠪᠠᠶᠢᠵᠤ᠂ | ᠴᠢᠨᠠᠭᠰᠢᠯᠠᠪᠠᠯ ᠬᠠᠴᠢᠨ ᠠᠭᠤᠷ ᠠᠮᠢᠰᠬᠤᠯ ᠢᠯᠡᠷᠡᠵᠦ ᠮᠡᠳᠡᠨ᠎ᠡ᠃ ᠬᠤᠷᠠᠯ ᠠᠴᠠ᠂ ᠨᠡᠮᠡᠭᠳᠡᠯ ᠢ ᠲᠣᠭᠲᠠᠪᠤᠷᠢᠵᠢᠭᠤᠯᠬᠤ᠂ | ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠶᠢ ᠨᠢᠭᠡᠳᠦᠯᠲᠡᠶ ᠲᠥᠯᠥᠪᠵᠢᠭᠦᠯᠵᠦ᠂ ᠣᠯᠠᠨ | ᠲᠦᠮᠡᠨ ᠪᠣᠯᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠤᠰᠬᠠᠯ ᠴᠢᠩᠭ᠎ᠠ ᠪᠠᠶᠢᠭ᠎ᠠ ᠳᠣᠪᠣᠶᠢᠮ᠎ᠠ ᠠᠰᠠᠭᠤᠳᠠᠯ ᠢ | ᠭᠤᠤᠯᠳᠠᠯᠭ᠎ᠠ ᠲᠠᠢ ᠰᠢᠢᠳᠪᠦᠷᠢᠯᠡᠬᠦ ᠬᠡᠷᠡᠭᠲᠡᠢ᠃ ᠨᠢᠭᠡ ᠳᠤ᠂ ᠡᠪᠦᠯ ᠤᠨ ᠤᠯᠠᠷᠢᠯ ᠳᠤ ᠤᠮᠠᠷᠠᠲᠤ ᠣᠷᠣᠨ ᠣᠨᠴᠠᠭᠠᠶᠢᠯᠠᠨ | ᠵᠡᠭᠦᠨ ᠬᠤᠶᠢᠲᠤ ᠣᠷᠣᠨ ᠳᠤ ᠳᠤᠯᠠᠭᠠᠯᠠᠭ᠎ᠠ ᠬᠠᠩᠭᠠᠬᠤ ᠶᠢ ᠪᠠᠲᠤᠯᠠᠬᠤ ᠬᠡᠷᠡᠭᠲᠡᠢ᠃ ᠳᠤᠯᠠᠭᠠᠯᠠᠭ᠎ᠠ ᠶᠢᠨ ᠨᠡᠭᠦᠷᠡᠰᠦᠨ ᠤ | ᠦᠢᠯᠡᠳᠪᠦᠷᠢᠯᠡᠯ ᠪᠠ ᠲᠡᠭᠡᠭᠡᠪᠦᠷᠢ ᠶᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ᠃ ᠨᠡᠭᠦᠷᠡᠰᠦᠨ ᠤ ᠵᠠᠬ᠎ᠠ ᠳᠡᠯᠭᠡᠭᠦᠷ ᠤᠨ | ᠰᠠᠷᠢᠭᠠᠯᠠᠬᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ᠃ ᠬᠤᠶᠠᠷ ᠲᠤ᠂ ᠤᠮᠠᠷᠠᠲᠤ ᠣᠷᠣᠨ ᠤ | ᠭᠤᠣᠯᠳᠠᠯᠭ᠎ᠠ ᠲᠠᠢ ᠭᠠᠵᠠᠷ ᠣᠷᠣᠨ ᠤ ᠳᠤᠯᠠᠭᠠᠯᠠᠭ᠎ᠠ ᠳᠤ ᠬᠡᠷᠡᠭᠯᠡᠬᠦ ᠬᠡᠢ ᠶᠢ ᠪᠠᠲᠤᠯᠠᠬᠤ ᠬᠡᠷᠡᠭᠲᠡᠢ᠃ ᠰᠢᠲᠠᠮᠠᠬᠠᠢ ᠬᠡᠢ | ᠬᠠᠩᠭᠠᠬᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠡᠬᠢ ᠪᠠᠶᠠᠯᠢᠭ ᠤᠨ ᠬᠠᠩᠭᠠᠯᠭ᠎ᠠ ᠶᠢ ᠠᠯᠢ ᠴᠢᠳᠠᠬᠤ ᠪᠠᠷ | ᠨᠡᠮᠡᠭᠳᠡᠭᠦᠯᠵᠦ᠂ ᠰᠢᠲᠠᠮᠠᠬᠠᠢ ᠬᠡᠢ ᠬᠡᠷᠡᠭᠯᠡᠬᠦ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ︽ | ᠡᠮᠦᠨᠡᠲᠦ ᠶᠢᠨ ᠰᠢᠲᠠᠮᠠᠬᠠᠢ ᠬᠡᠢ ᠶᠢ ᠤᠮᠠᠷᠠᠰᠢ ᠵᠦᠭᠡᠭᠡᠪᠦᠷᠢᠯᠡᠬᠦ︾ ᠶᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ᠂ | ᠨᠢᠭᠡᠨᠲᠡ ᠪᠤᠶ ᠪᠣᠯᠣᠭᠰᠠᠨ ᠰᠢᠲᠠᠮᠠᠬᠠᠢ ᠬᠡᠢ ᠬᠠᠳᠠᠭᠠᠯᠠᠬᠤ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠣᠷᠭᠢᠯ ᠬᠤᠭᠤᠴᠠᠭ᠎ᠠ ᠶᠢ | ᠵᠤᠬᠢᠴᠠᠭᠤᠯᠤᠨ ᠲᠣᠬᠢᠷᠠᠭᠤᠯᠵᠤ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠨᠡᠭᠦᠷᠡᠰᠦ ᠬᠡᠷᠡᠭᠯᠡᠬᠦ ᠳᠤ | ᠲᠣᠬᠢᠷᠠᠮᠵᠢᠲᠠᠢ ᠪᠣᠯ ᠨᠡᠭᠦᠷᠡᠰᠦ ᠬᠡᠷᠡᠭᠯᠡᠵᠦ᠂ ᠴᠠᠬᠢᠯᠭᠠᠨ ᠬᠡᠷᠡᠭᠯᠡᠬᠦ ᠳᠤ ᠲᠣᠬᠢᠷᠠᠮᠵᠢᠲᠠᠢ ᠪᠣᠯ ᠴᠠᠬᠢᠯᠭᠠᠨ ᠬᠡᠷᠡᠭᠯᠡᠵᠦ᠂ | ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠤᠯᠠᠨ ᠲᠦᠮᠡᠨ ᠤ | ᠳᠤᠯᠠᠭᠠᠯᠠᠭ᠎ᠠ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠨᠡᠭᠦᠷᠡᠰᠦ ᠴᠠᠬᠢᠯᠭᠠᠨ ᠲᠤᠰᠤ ᠬᠡᠢ ᠶᠢᠨ ᠲᠡᠭᠡᠭᠡᠪᠦᠷᠢ ᠶᠢᠨ | ᠪᠠᠲᠤᠯᠠᠭ᠎ᠠ ᠶᠢᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠳᠦᠷ ᠤᠨ ᠲᠤᠬᠢᠷᠠᠭᠤᠯᠤᠯᠳᠠ᠂ ᠭᠠᠷᠠᠭ ᠤᠨ | ᠲᠡᠩᠴᠡᠭᠦᠷᠢ ᠶᠢ ᠰᠠᠶᠢᠲᠤᠷ ᠪᠠᠲᠤᠯᠠᠬᠤ ᠬᠡᠷᠡᠭᠲᠡᠢ᠃ ᠣᠷᠣᠨ ᠨᠤᠲᠤᠭ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠨ | ᠨᠤᠲᠤᠭ ᠤᠨ ᠬᠢᠨ ᠤ ᠰᠢᠲᠠᠮᠠᠬᠠᠢ ᠬᠡᠶ ᠢᠯᠴᠢ ᠬᠠᠩᠭᠠᠬᠤ ᠠᠵᠤ ᠠᠬᠤᠶᠢᠯᠠᠯ ᠳᠤ ᠵᠣᠬᠢᠰᠲᠠᠶ ᠳᠡᠮᠵᠢᠯᠭᠡ ᠦᠵᠡᠭᠦᠯᠬᠦ ᠶᠢ | ᠵᠣᠷᠢᠭᠵᠢᠭᠤᠯᠵᠤ᠂ ᠠᠷᠠᠳ ᠤᠨ ᠬᠡᠷᠡᠭᠯᠡᠭᠡᠨ ᠤ ᠬᠡᠶ ᠪᠣᠯᠤᠨ ᠳᠤᠯᠠᠭᠠᠯᠠᠭ᠎ᠠ ᠶᠢᠨ ᠦᠨ᠎ᠡ ᠬᠠᠩᠰᠢ ᠶᠢᠨ ᠦᠨᠳᠦᠰᠦᠨ ᠳᠡᠭᠡᠨ | ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠴᠠᠬᠢᠯᠭᠠᠨ ᠢ ᠡᠮᠬᠢ ᠵᠢᠷᠤᠮ ᠲᠠᠢ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠠᠷ | ᠠᠬᠢᠭᠤᠯᠵᠤ᠂ ︽ᠠᠷᠠᠳ ᠤᠨ ᠬᠡᠷᠡᠭᠯᠡᠭᠡ ᠶᠢ ᠪᠠᠲᠤᠯᠠᠬᠤ︾ ᠪᠡᠯᠡᠳᠭᠡᠯ ᠲᠥᠰᠦᠯ ᠢ ᠰᠠᠶᠢᠲᠤᠷ ᠬᠢᠵᠦ᠂ ᠬᠤᠲᠠ ᠶᠢᠨ | ᠰᠥᠨᠢ ᠶᠢᠨ ᠦᠵᠡᠮᠵᠢ ᠶᠢᠨ ᠭᠡᠷᠡᠯᠲᠦᠭᠦᠯᠭᠡ ᠶᠢ ᠵᠦᠶ ᠵᠣᠬᠢᠰᠲᠠᠶ ᠬᠢᠵᠠᠭᠠᠷᠯᠠᠬᠤ ᠬᠡᠷᠡᠭᠲᠡᠢ᠃ ᠪᠦᠬᠦ ᠨᠡᠶᠢᠭᠡᠮ ᠢᠶᠠᠷ ᠢᠶᠠᠨ | ᠴᠠᠬᠢᠯᠭᠠᠨ ᠠᠷᠪᠢᠯᠠᠬᠤ᠂ ᠡᠨᠧᠷᠭᠢ ᠠᠷᠪᠢᠯᠠᠬᠤ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠪᠠᠲᠤᠯᠠᠬᠤ ᠨᠢ ᠠᠵᠢᠯ ᠣᠯᠭᠤᠯᠲᠠ ᠶᠢ ᠪᠠᠲᠤᠯᠠᠬᠤ ᠳᠤ ᠠᠰᠢᠭᠲᠠᠢ ᠪᠥᠭᠡᠳ ᠬᠠᠩᠭᠠᠯᠭ᠎ᠠ ᠶᠢ ᠨᠡᠮᠡᠭᠳᠡᠭᠦᠯᠬᠦ᠂ ᠪᠠᠷᠠᠭᠠᠨ ᠤ | ᠦᠨ᠎ᠡ ᠶᠢ ᠲᠣᠭᠲᠠᠪᠤᠷᠢᠵᠢᠭᠤᠯᠬᠤ ᠳᠤ ᠠᠰᠢᠭᠲᠠᠢ ᠶᠤᠮ᠃ ᠤᠯᠠᠨ ᠠᠷᠭ᠎ᠠ ᠪᠤᠳᠤᠯᠭ᠎ᠠ ᠶᠢ ᠵᠡᠷᠭᠡ ᠪᠠᠷ ᠬᠡᠷᠡᠭᠵᠢᠭᠦᠯᠵᠦ᠂ | ᠬᠠᠨᠳᠤᠯᠭᠠᠲᠤ ᠴᠢᠨᠠᠷᠲᠠᠢ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ᠃ ᠪᠥᠭᠡᠮ ᠲᠠᠸᠠᠷ ᠤᠨ ᠦᠨ᠎ᠡ ᠬᠠᠩᠰᠢ ᠶᠢᠨ ᠥᠰᠥᠯᠲᠡ ᠨᠢ ᠠᠵᠦ ᠦᠢᠯᠡᠰ ᠤᠨ ᠬᠡᠯᠬᠢᠶᠡᠨ ᠤ | ᠡᠴᠦᠰ ᠤᠨ ᠬᠡᠯᠬᠢᠶ᠎ᠡ ᠪᠠᠷ ᠳᠠᠮᠵᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠥᠪᠡᠷ ᠤᠨ ᠦᠷᠲᠡᠭ ᠤᠨ ᠳᠠᠷᠤᠯᠲᠠ | ᠥᠭᠬᠦ ᠶᠢ ᠰᠡᠷᠭᠡᠶᠢᠯᠡᠵᠦ᠂ ᠱᠠᠲᠤᠴᠢ ᠴᠢᠨᠠᠷᠲᠠᠶ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠶᠢ ᠪᠠᠭᠲᠠᠭᠠᠭᠰᠠᠨ | ᠲᠦᠭᠡᠮᠡᠯ ᠬᠠᠷᠠᠭᠠᠯᠵᠠᠯ ᠤᠨ ᠴᠢᠨᠠᠷᠲᠠᠶ ᠲᠥᠷᠥ ᠶᠢᠨ ᠪᠣᠳᠣᠯᠭ᠎ᠠ ᠶᠢ ᠱᠠᠯᠠᠪᠳᠠᠨ ᠰᠤᠳᠤᠯᠵᠤ᠂ ᠣᠷᠣᠨ ᠨᠤᠲᠤᠭ ᠤᠨ ᠬᠢᠨ ᠤ | ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠡᠷ ᠪᠠᠶᠢᠰᠢᠩ ᠤᠨ ᠲᠦᠷᠢᠶᠡᠰᠦᠨ ᠮᠥᠩᠭᠦ᠂ ᠤᠰᠤ ᠴᠠᠬᠢᠯᠭᠠᠨ ᠤ | ᠰᠦᠢᠳᠬᠡᠯ ᠢ ᠬᠠᠰᠤᠵᠤ ᠬᠡᠯᠲᠦᠷᠢᠭᠦᠯᠬᠦ ᠵᠡᠷᠭᠡ ᠲᠠᠯ᠎ᠠ ᠪᠠᠷ ᠳᠡᠮᠵᠢᠯᠭᠡ ᠦᠵᠡᠭᠦᠯᠬᠦ ᠶᠢ ᠵᠣᠷᠢᠭᠵᠢᠭᠤᠯᠵᠤ᠂ ᠠᠵᠤ | ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠬᠦᠴᠢᠷᠳᠡᠯ ᠢ ᠨᠢ ᠬᠠᠪᠰᠤᠷᠤᠨ ᠳᠤᠭᠤᠯᠬᠤ ᠬᠡᠷᠡᠭᠲᠡᠢ᠃ ᠳᠤᠮᠳᠠ ᠪᠠᠭ᠎ᠠ | ᠵᠢᠵᠢᠭ ᠠᠵᠤ ᠠᠬᠤᠶᠢᠯᠠᠯ ᠤᠨ ︽ᠲᠤᠰᠬᠠᠢ ᠨᠠᠷᠢᠯᠢᠭ ᠥᠪᠡᠷᠮᠢᠴᠡ ᠰᠢᠨ᠎ᠡ︾ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ | ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ |