ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠥᠭᠡᠷᠡᠴᠢᠯᠡᠯᠲᠡ ᠨᠡᠭᠡᠭᠡᠯᠲᠡ ᠶᠢᠨ ᠵᠠᠮ ᠣᠯᠠᠨ ᠲᠠᠯᠠᠲᠤ | ᠦᠵᠡᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠨ᠎ᠠ ᠬᠡᠵᠤ ᠴᠢᠬᠤᠯᠠᠴᠢᠯᠠᠵᠦ ᠡᠯ᠎ᠡ ᠤᠯᠤᠰ ᠤᠨ ᠬᠢᠨ ᠢ ᠪᠦᠬᠦ ᠬᠥᠮᠦᠨ | ᠲᠥᠷᠥᠯᠬᠢᠲᠡᠨ ᠤ ᠬᠠᠮᠲᠤ ᠶᠢᠨ ᠦᠷᠲᠡᠭ ᠢ ᠪᠠᠳᠠᠷᠠᠭᠤᠯᠤᠨ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠤ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠭᠠᠷ ᠬᠤᠯᠪᠣᠯᠴᠠᠨ ᠪᠠᠶᠢᠭᠤᠯᠰᠤᠭᠠᠢ ᠭᠡᠵᠦ ᠤᠷᠢᠶᠠᠯᠠᠪᠠ | ᠤᠯᠤᠰ ᠤᠨ ᠲᠡᠷᠢᠭᠦᠯᠡᠭᠴᠢ ᠰᠢ ᠶᠢᠨ ᠫᠢᠩ 25 ᠤ ᠡᠳᠦᠷ ᠪᠡᠭᠡᠵᠢᠩ ᠳᠤ ᠪᠦᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠶᠢ ᠰᠡᠷᠭᠦᠭᠡᠭᠰᠡᠨ | 50 ᠵᠢᠯ ᠤᠨ ᠣᠢ ᠶᠢ ᠳᠤᠷᠠᠰᠬᠠᠬᠤ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ | ᠰᠢᠨ᠎ᠡ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠶᠢ | ᠰᠡᠷᠭᠦᠭᠡᠭᠰᠡᠨ ᠠᠴᠠ ᠨᠠᠭᠠᠰᠢᠬᠢ 50 ᠵᠢᠯ ᠪᠣᠯ ᠳᠤᠮᠳᠠᠳᠤ ᠤᠯᠤᠰ ᠤᠨ ᠡᠩᠬᠡ ᠲᠠᠶᠢᠪᠤᠩ ᠬᠥᠭᠵᠢᠵᠦ᠂ ᠬᠥᠮᠦᠨ | ᠲᠥᠷᠥᠯᠬᠢᠲᠡᠨ ᠳᠤ ᠪᠤᠶᠠᠨ ᠦᠢᠯᠡᠳᠦᠭᠰᠡᠨ 50 ᠵᠢᠯ ᠪᠣᠯᠤᠨ᠎ᠠ᠃ ᠳᠤᠮᠳᠠᠳᠤ ᠤᠯᠤᠰ ᠬᠤᠶᠢᠰᠢᠳᠠ ᠡᠩᠬᠡ ᠲᠠᠶᠢᠪᠤᠩ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ | ᠪᠠᠶᠢᠭᠤᠯᠤᠭᠴᠢ ᠪᠣᠯᠤᠨ᠎ᠠ︔ ᠥᠭᠡᠷᠡᠴᠢᠯᠡᠯᠲᠡ ᠨᠡᠭᠡᠭᠡᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠪᠦᠬᠦ | ᠪᠦᠮᠪᠦᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ ᠪᠣᠯᠤᠨ᠎ᠠ︔ ᠤᠯᠠᠨ ᠲᠠᠯᠠᠲᠤ ᠦᠵᠡᠯ ᠤᠨ ᠵᠠᠮ ᠢᠶᠠᠷ | ᠵᠠᠮᠨᠠᠬᠤ ᠶᠢ ᠪᠠᠷᠢᠮᠲᠠᠯᠠᠵᠤ᠂ ᠢᠮᠠᠭᠲᠠ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ᠃ ᠳᠤᠮᠳᠠᠳᠤ | ᠤᠯᠤᠰ ᠳᠤᠷᠠᠲᠠᠶ᠎ᠠ ᠡᠯ᠎ᠡ ᠤᠯᠤᠰ ᠲᠠᠢ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ | ᠣᠶᠢᠯᠠᠭᠠᠭᠳᠠᠬᠤᠨ ᠢ ᠪᠠᠷᠢᠮᠲᠠᠯᠠᠵᠤ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠢ ᠪᠠᠳᠠᠷᠠᠭᠤᠯᠵᠤ᠂ ᠵᠢᠩᠬᠢᠨᠢ | ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠬᠥᠮᠦᠨ ᠲᠥᠷᠥᠯᠬᠢᠲᠡᠨ ᠤ | ᠳᠠᠪᠰᠢᠯᠲᠠ ᠶᠢᠨ ᠲᠠᠯ᠎ᠠ ᠳᠤ ᠵᠣᠭᠰᠣᠵᠤ᠂ ᠳᠡᠯᠡᠬᠡᠢ ᠶᠢᠨ ᠥᠨᠢ ᠮᠥᠩᠬᠡ ᠶᠢᠨ ᠡᠩᠬᠡ ᠲᠠᠶᠢᠪᠤᠩ ᠬᠥᠭᠵᠢᠯᠲᠡ ᠶᠢ ᠪᠡᠶᠡᠯᠡᠭᠦᠯᠬᠦ | ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ | ᠴᠥᠬᠦᠷᠡᠰᠢ ᠦᠭᠡᠢ ᠲᠡᠮᠡᠴᠡᠨ᠎ᠡ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ | ᠨᠡᠷ ᠤᠨ ᠭᠠᠵᠠᠷ ᠤᠨ ᠱᠦᠵᠢ ᠸᠠᠩ ᠬᠤ᠋ ᠨᠢᠩ ᠬᠤᠷᠠᠯ ᠳᠤ ᠣᠷᠣᠯᠴᠠᠪᠠ᠃ | ᠠᠯᠲᠠᠨ ᠨᠠᠮᠤᠷ ᠤᠨ ᠪᠡᠭᠡᠵᠢᠩ ᠳᠤ᠂ ᠬᠦᠬᠡ ᠤᠭᠲᠠᠷᠭᠤᠢ ᠴᠡᠯᠮᠡᠭ ᠲᠤᠩᠭᠠᠯᠠᠭ᠂ ᠠᠭᠤᠷ ᠠᠮᠢᠰᠬᠤᠯ ᠡᠶᠡᠪᠡᠷᠬᠦᠦ | ᠲᠠᠭᠠᠯᠠᠮᠵᠢᠲᠠᠢ᠃ ᠭᠤᠣᠯ ᠬᠤᠷᠠᠯ ᠤᠨ ᠲᠠᠯᠠᠪᠠᠢ ᠪᠤᠯᠬᠤ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ | ᠲᠢᠩᠬᠢᠮ ᠳᠤ ᠳ᠋ᠧᠩ ᠤᠨ ᠬᠡᠷᠡᠯ ᠳᠤᠸᠠᠯᠠᠵᠤ᠂ ᠰᠣᠷᠭᠤᠭ ᠴᠡᠴᠡᠭ ᠮᠢᠷᠠᠯᠵᠠᠨ ᠳᠡᠯᠭᠡᠷᠡᠨ᠎ᠡ᠃ ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠲᠤᠭ ᠪᠣᠯᠤᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠤᠭ | ᠦᠡᠭᠭᠡ ᠢᠯᠭᠠᠷᠠᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠯ᠎ᠡ ᠭᠡᠰᠢᠭᠦᠨ ᠤᠯᠤᠰ ᠤᠨ ᠲᠤᠭ ᠢᠶᠠᠷ | ᠪᠦᠷᠢᠯᠳᠦᠭᠰᠡᠨ ᠲᠤᠭ ᠤᠨ ᠵᠢᠭᠰᠠᠭᠠᠯ ᠰᠦᠷ ᠳᠠᠯᠠᠶᠢᠴᠠᠲᠠᠢ ᠬᠠᠷᠠᠭᠳᠠᠨ᠎ᠠ᠃ | ︽ᠡᠩᠬᠡ ᠲᠠᠶᠢᠪᠤᠩ — ᠬᠤᠪᠢ ᠵᠠᠶᠠᠭᠠᠨ ᠤ ᠬᠠᠮᠲᠤ ᠴᠣᠭᠴᠠ︾ ᠭᠡᠬᠦ ᠬᠥᠭᠵᠢᠮ ᠤᠨ ᠠᠶᠠᠰ ᠤᠨ ᠳᠤᠮᠳᠠ ᠰᠢ | ᠶᠢᠨ ᠫᠢᠩ ᠬᠤᠷᠠᠯ ᠤᠨ ᠲᠠᠯᠠᠪᠠᠶ ᠳᠤ ᠠᠯᠬᠤᠨ ᠣᠷᠣᠪᠠ᠃ ᠬᠤᠷᠠᠯ ᠤᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠪᠠ᠃ | | ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | ᠰᠢ ᠶᠢᠨ ᠫᠢᠩ᠂ 50 ᠵᠢᠯ ᠤᠨ ᠡᠮᠦᠨᠡᠬᠢ ᠡᠨᠡ ᠡᠳᠦᠷ ᠬᠤᠷᠢᠨ ᠵᠢᠷᠭᠤᠳᠤᠭᠠᠷ ᠬᠤᠭᠤᠴᠠᠭᠠᠨ ᠤ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠳᠡᠶᠢᠯᠦᠩᠭᠦᠢ ᠲᠤᠭ᠎ᠠ ᠪᠠᠷ 2758 ᠳ᠋ᠤᠭᠠᠷ ᠲᠣᠭᠠᠲᠤ ᠰᠢᠢᠳᠪᠦᠷᠢ ᠪᠠᠲᠤᠯᠠᠵᠤ | ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠠᠯᠢᠪᠠ | ᠡᠷᠬᠡ ᠶᠢ ᠰᠡᠷᠭᠦᠭᠡᠬᠦ ᠪᠠᠷ ᠲᠣᠭᠲᠠᠵᠤ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ | ᠲᠥᠯᠥᠭᠡᠯᠡᠭᠴᠢ ᠪᠣᠯ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠴᠤᠷ ᠤᠨ ᠭᠠᠭᠴᠠ | ᠬᠠᠤᠯᠢ ᠶᠣᠰᠣᠨ ᠤ ᠲᠥᠯᠥᠭᠡᠯᠡᠭᠴᠢ ᠮᠥᠨ ᠭᠡᠳᠡᠭ ᠢ ᠮᠡᠳᠡᠷᠡᠪᠡ᠃ ᠡᠨᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ | ᠢᠯᠠᠯᠲᠠ ᠮᠥᠨ᠂ ᠪᠠᠰᠠ ᠴᠦ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠢᠯᠠᠯᠲᠠ ᠮᠥᠨ︕ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠰᠢᠨ᠎ᠡ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ | ᠶᠣᠰᠣᠨ ᠤ ᠪᠠᠶᠢᠷᠢ ᠰᠠᠭᠤᠷᠢ ᠶᠢ ᠰᠡᠷᠭᠦᠭᠡᠭᠰᠡᠨ ᠶᠠᠪᠤᠳᠠᠯ ᠪᠣᠯ ᠳᠡᠯᠡᠬᠡᠢ ᠳᠡᠭᠡᠷᠡᠬᠢ ᠲᠤᠮᠤ ᠶᠠᠪᠤᠳᠠᠯ ᠪᠣᠯᠬᠤ ᠪᠥᠭᠡᠳ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠤᠮᠤ ᠶᠠᠪᠤᠳᠠᠯ ᠪᠣᠯᠤᠨ᠎ᠠ᠃ ᠡᠨᠡ ᠪᠣᠯ ᠳᠡᠯᠡᠬᠡᠢ ᠳᠡᠭᠡᠷᠡᠬᠢ ᠡᠩᠬᠡ ᠲᠠᠶᠢᠪᠤᠩ ᠢ | ᠡᠷᠬᠢᠮᠯᠡᠳᠡᠭ ᠪᠠ ᠰᠢᠳᠤᠷᠭᠤ ᠶᠣᠰᠣ ᠶᠢ ᠡᠷᠬᠢᠮᠯᠡᠳᠡᠭ ᠠᠯᠢᠪᠠ ᠤᠯᠤᠰ ᠤᠨ ᠬᠠᠮᠲᠤ ᠶᠢᠨ ᠴᠢᠷᠮᠠᠶᠢᠯᠭ᠎ᠠ ᠶᠢᠨ ᠦᠷ᠎ᠡ ᠳ᠋ᠦᠩ | ᠮᠥᠨ᠂ ᠡᠨᠡ ᠨᠢ ᠳᠡᠯᠡᠬᠡᠢ ᠶᠢᠨ ᠬᠥᠮᠦᠨ ᠠᠮᠠ ᠶᠢᠨ ᠳᠥᠷᠪᠡᠨ ᠤ ᠨᠢᠭᠡ ᠬᠤᠪᠢ ᠶᠢ ᠡᠵᠡᠯᠡᠵᠦ ᠪᠠᠶᠢᠭ᠎ᠠ ᠳᠤᠮᠳᠠᠳᠤ | ᠤᠯᠤᠰ ᠤᠨ ᠠᠷᠠᠳ ᠲᠦᠮᠡᠨ ᠡᠭᠦᠨ ᠠᠴᠠ ᠡᠬᠢᠯᠡᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠠᠪᠴᠠᠩ ᠳᠤ | ᠲᠠᠬᠢᠨ ᠭᠠᠷᠤᠭᠰᠠᠨ ᠢ ᠬᠠᠷᠠᠭᠤᠯᠵᠤ ᠪᠠᠶᠢᠨ᠎ᠠ᠃ ᠡᠨᠡ ᠨᠢ ᠳᠤᠮᠳᠠᠳᠤ ᠤᠯᠤᠰ᠂ ᠳᠡᠯᠡᠬᠡᠢ ᠳ᠋ᠠᠬᠢᠨ ᠳᠤ ᠴᠥᠮ ᠴᠢᠬᠤᠯᠠ | ᠪᠥᠭᠡᠳ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ | ᠶᠣᠰᠣᠨ ᠤ ᠪᠠᠶᠢᠷᠢ ᠰᠠᠭᠤᠷᠢ ᠪᠠᠨ ᠰᠡᠷᠭᠦᠭᠡᠭᠰᠡᠨ ᠠᠴᠠ ᠨᠠᠭᠠᠰᠢᠬᠢ 50 ᠵᠢᠯ ᠪᠣᠯ ᠳᠤᠮᠳᠠᠳᠤ ᠤᠯᠤᠰ ᠤᠨ ᠡᠩᠬᠡ ᠲᠠᠶᠢᠪᠤᠩ | ᠬᠥᠭᠵᠢᠵᠦ᠂ ᠬᠥᠮᠦᠨ ᠲᠥᠷᠥᠯᠬᠢᠲᠡᠨ ᠳᠤ ᠪᠤᠶᠠᠨ ᠦᠢᠯᠡᠳᠦᠭᠰᠡᠨ 50 ᠵᠢᠯ ᠪᠣᠯᠤᠨ᠎ᠠ᠃ | — ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠦᠪᠡᠷ ᠤᠨ ᠬᠦᠴᠦ ᠪᠠᠷ ᠢᠶᠠᠨ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷᠪᠠᠭᠠᠨ ᠬᠥᠷᠪᠡᠭᠡᠨ ᠳᠤᠮᠳᠠ | ᠳᠤᠮᠳᠠᠳᠤ ᠤᠯᠤᠰ ᠤᠨ ᠤᠷᠤᠭᠰᠢᠯᠠᠯᠲᠠ ᠶᠢᠨ ᠴᠢᠭᠯᠡᠯ ᠢ ᠡᠵᠡᠮᠳᠡᠵᠦ᠂ ᠳᠤᠮᠳᠠᠳᠤ ᠤᠯᠤᠰ ᠵᠢᠴᠢ ᠬᠥᠮᠦᠨ ᠲᠥᠷᠥᠯᠬᠢᠲᠡᠨ ᠤ | ᠬᠥᠭᠵᠢᠯᠲᠡ ᠶᠢᠨ ᠰᠦᠷ ᠳᠠᠯᠠᠶᠢᠴᠠᠲᠠᠢ ᠲᠤᠤᠯᠢᠰ ᠢ ᠪᠢᠴᠢᠭᠯᠡᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ | ᠨᠠᠭᠠᠰᠢᠬᠢ ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠰᠠᠭᠤᠷᠢᠨ ᠳᠡᠭᠡᠷ᠎ᠡ᠂ ᠳᠤᠮᠳᠠᠳᠤ ᠤᠯᠤᠰ ᠤᠨ | ᠠᠷᠠᠳ ᠲᠦᠮᠡᠨ ᠥᠭᠡᠷᠡᠴᠢᠯᠡᠯᠲᠡ ᠨᠡᠭᠡᠭᠡᠯᠲᠡ ᠶᠢᠨ ᠲᠡᠦᠬᠡᠨ ᠰᠢᠨ᠎ᠡ ᠴᠠᠭ ᠦᠶ᠎ᠡ ᠶᠢ ᠨᠡᠭᠡᠭᠡᠵᠦ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠠᠮᠵᠢᠯᠲᠠ ᠲᠠᠢ ᠪᠠᠷ ᠡᠭᠦᠳᠦᠨ ᠬᠥᠭᠵᠢᠭᠦᠯᠦᠨ᠂ ᠦᠢᠯᠡᠳᠪᠦᠷᠢᠯᠡᠯ ᠤᠨ ᠬᠦᠴᠦᠨ | ᠬᠠᠷᠢᠴᠠᠩᠭᠤᠢ ᠪᠠᠷ ᠬᠤᠴᠣᠷᠤᠩᠭᠤᠢ ᠪᠠᠶᠢᠭᠰᠠᠨ ᠪᠠᠶᠢᠳᠠᠯ ᠠᠴᠠ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ | ᠬᠤᠶᠠᠳᠤᠭᠠᠷ ᠲᠤ ᠳᠠᠪᠰᠢᠨ ᠣᠷᠣᠭᠰᠠᠨ ᠲᠡᠦᠬᠡᠲᠦ ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠪᠡ᠃ | | ᠲᠡᠰᠪᠦᠷᠢ ᠬᠠᠲᠠᠭᠤᠵᠢᠯᠲᠠᠶ ᠲᠡᠮᠡᠴᠡᠬᠦ ᠪᠠᠷ ᠳᠡᠮᠵᠢᠨ᠂ ᠳᠤᠮᠳᠠᠳᠤ ᠤᠯᠤᠰ ᠤᠨ ᠠᠷᠠᠳ ᠲᠦᠮᠡᠨ ᠬᠤᠶᠠᠷ | ᠭᠠᠷ ᠢᠶᠠᠷ ᠢᠶᠠᠨ ᠳᠤᠮᠳᠠᠳᠤ ᠶᠢᠨ ᠡᠬᠡ ᠭᠠᠵᠠᠷ ᠲᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢ | ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠳᠠᠶᠢᠯᠠᠯᠳᠤᠭᠠᠨ ᠤ ᠢᠯᠠᠯᠲᠠ ᠶᠢ ᠣᠯᠵᠤ᠂ | ᠲᠤᠶᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠶ ᠪᠠᠷ ᠰᠢᠢᠳᠪᠦᠷᠢᠯᠡᠵᠦ᠂ ᠨᠡᠶᠢᠭᠡᠮ ᠵᠢᠷᠤᠮᠳᠤ | ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠡᠭᠡᠨ ᠰᠠᠷᠠᠭᠤᠯ ᠢᠷᠡᠭᠡᠳᠦᠶ ᠶᠢ ᠤᠭᠲᠤᠨ ᠠᠪᠴᠢᠷᠠᠪᠠ᠃ | — ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠳᠡᠯᠡᠬᠡᠢ ᠶᠢᠨ ᠡᠯ᠎ᠡ ᠤᠯᠤᠰ ᠤᠨ | ᠠᠷᠠᠳ ᠲᠦᠮᠡᠨ ᠲᠠᠢ ᠪᠦᠯᠬᠦᠮᠳᠡᠨ ᠬᠠᠮᠲᠤᠷᠠᠯᠴᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ | ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ | ᠪᠡᠶ᠎ᠡ ᠪᠠᠨ ᠳᠠᠭᠠᠭᠠᠵᠤ ᠡᠵᠡᠨ ᠮᠡᠳᠡᠬᠦ ᠡᠩᠬᠡ ᠲᠠᠶᠢᠪᠤᠩ ᠭᠠᠳᠠᠭᠠᠳᠤ ᠬᠠᠷᠢᠯᠴᠠᠭᠠᠨ ᠤ ᠲᠥᠷᠥ ᠶᠢᠨ ᠪᠤᠳᠤᠯᠭ᠎ᠠ ᠶᠢ ᠢᠮᠠᠭᠲᠠ | ᠬᠡᠷᠡᠭᠵᠢᠭᠦᠯᠵᠦ᠂ ᠲᠥᠪ ᠶᠣᠰᠣ ᠶᠢ ᠬᠠᠮᠠᠭᠠᠯᠠᠨ᠂ ᠰᠢᠳᠤᠷᠭᠤ ᠶᠣᠰᠣ ᠶᠢ ᠮᠠᠨᠳᠤᠭᠤᠯᠵᠤ᠂ ᠡᠵᠡᠷᠬᠡᠬᠦ ᠦᠵᠡᠯ ᠪᠠ | ᠬᠦᠴᠦᠷᠬᠡᠭᠯᠡᠯ ᠤᠨ ᠤᠯᠤᠰ ᠲᠥᠷᠥ ᠶᠢ ᠡᠷᠡᠰ ᠡᠰᠡᠷᠭᠦᠴᠡᠵᠠᠢ᠃ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠲᠤᠰ | ᠪᠡᠶ᠎ᠡ ᠶᠢᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠰᠢᠳᠤᠷᠭᠤ ᠶᠣᠰᠣᠨ ᠤ | ᠲᠡᠮᠡᠴᠡᠯ ᠢ ᠡᠷᠡᠰ ᠲᠡᠮᠵᠢᠪᠠ᠃ ᠳᠤᠮᠳᠠᠳᠤ ᠤᠯᠤᠰ ᠤᠨ ᠠᠷᠠᠳ ᠲᠦᠮᠡᠨ ᠬᠠᠮᠲᠤ ᠶᠢᠨ ᠬᠥᠭᠵᠢᠯᠲᠡ ᠶᠢ ᠠᠬᠢᠭᠤᠯᠬᠤ ᠪᠠᠷ | ᠴᠢᠷᠮᠠᠶᠢᠵᠤ᠂ ︽ᠲᠠᠨᠽᠠᠨᠢᠶ᠎ᠠ ᠽᠠᠮᠪᠢᠶ᠎ᠠ ᠶᠢᠨ ᠲᠡᠮᠤᠷ ᠵᠠᠮ︾ ᠠᠴᠠ ︽ᠨᠢᠭᠡ ᠪᠦᠰᠡ ᠨᠢᠭᠡ ᠵᠠᠮ︾ ᠬᠦᠷᠲᠡᠯ᠎ᠡ ᠬᠥᠭᠵᠢᠵᠦ | ᠪᠠᠶᠢᠭ᠎ᠠ ᠤᠯᠤᠰ ᠤᠳ ᠲᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠵᠦ᠂ ᠳᠤᠮᠳᠠᠳᠤ ᠤᠯᠤᠰ ᠤᠨ | ᠬᠥᠭᠵᠢᠯᠲᠡ ᠪᠠᠷ ᠳᠡᠯᠡᠬᠡᠢ ᠳ᠋ᠠᠬᠢᠨ ᠳᠤ ᠲᠠᠰᠤᠷᠠᠯᠳᠠ ᠦᠭᠡᠢ ᠰᠢᠨ᠎ᠡ ᠠᠵᠠ ᠲᠣᠬᠢᠶᠠᠯ ᠬᠠᠩᠭᠠᠪᠠ᠃ ᠰᠢᠨ᠎ᠡ ᠲᠢᠲᠢᠮᠯᠢᠭ | ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠥᠮᠪᠥᠷᠴᠡᠭ ᠢ ᠳᠠᠭᠠᠷᠢᠭᠰᠠᠨ ᠠᠶᠤᠯ ᠲᠦᠭᠰᠢᠭᠦᠷᠢ ᠲᠠᠢ ᠦᠶ᠎ᠡ ᠳᠤ | ᠂ ᠳᠤᠮᠳᠠᠳᠤ ᠤᠯᠤᠰ ᠰᠡᠷᠭᠡᠶᠢᠯᠡᠨ ᠡᠵᠡᠮᠳᠡᠬᠦ ᠲᠤᠷᠰᠢᠯᠭ᠎ᠠ ᠪᠠᠨ ᠳᠡᠯᠡᠬᠡᠢ ᠳ᠋ᠠᠬᠢᠨ ᠲᠠᠢ ᠢᠳᠡᠪᠬᠢᠲᠡᠢ ᠬᠤᠪᠢᠶᠠᠯᠴᠠᠵᠤ᠂ ᠡᠯ᠎ᠡ | ᠤᠯᠤᠰ ᠲᠤ ᠬᠢᠵᠢᠭ ᠲᠠᠢ ᠲᠡᠮᠡᠴᠡᠬᠦ ᠡᠳ᠋ ᠪᠣᠳᠠᠰ᠂ ᠸᠠᠺᠼᠢᠨ ᠪᠠ ᠡᠮ ᠤᠨ ᠵᠦᠢᠯᠡᠰ ᠢ ᠤᠯᠠᠨ ᠬᠦᠷᠭᠡᠵᠦ᠂ ᠸᠢᠷᠦ᠋ᠰ ᠤᠨ | ᠡᠬᠢ ᠡᠭᠦᠰᠦᠯ ᠢ ᠡᠷᠢᠬᠦ ᠰᠢᠨᠵᠢᠯᠡᠬᠦ ᠤᠬᠠᠭᠠᠨ ᠤ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ᠂ ᠬᠥᠮᠦᠨ ᠲᠥᠷᠥᠯᠬᠢᠲᠡᠨ ᠤ | ᠬᠢᠵᠢᠭ ᠤᠨ ᠪᠠᠶᠢᠳᠠᠯ ᠢ ᠲᠤᠶᠢᠯᠪᠤᠷᠢᠲᠠᠢ ᠢᠯᠠᠨ ᠳᠠᠪᠠᠭ᠋ᠤ ᠳᠤ ᠦᠨᠡᠨ ᠰᠡᠳᠭᠢᠯ ᠠᠴᠠ ᠪᠠᠨ ᠢᠳᠡᠪᠬᠢᠲᠡᠢ ᠴᠢᠷᠮᠠᠶᠢᠪᠠ᠃ | — ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ ᠰᠠᠭᠤᠷᠢ ᠶᠢ ᠬᠠᠮᠠᠭᠠᠯᠠᠵᠤ᠂ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ | ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠯᠤᠭ᠎ᠠ ᠶᠢᠨ ᠬᠠᠮᠲᠤᠷᠠᠯᠴᠠᠭ᠎ᠠ ᠡᠳᠦᠷ ᠢᠷᠡᠬᠦᠶ᠎ᠡ | ᠭᠦᠨᠵᠡᠭᠡᠶᠢᠷᠡᠪᠡ᠃ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ | ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠬᠦ ᠤᠯᠤᠰ ᠤᠨ ᠲᠤᠰᠢᠶᠠᠯ ᠬᠠᠷᠢᠭᠤᠴᠠᠯᠭ᠎ᠠ ᠪᠠ ᠡᠭᠦᠷᠭᠡ ᠪᠠᠨ ᠦᠨᠡᠨᠴᠢ ᠪᠠᠷ | ᠭᠦᠢᠴᠡᠳᠭᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ | ᠬᠠᠮᠠᠭᠠᠯᠠᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠤᠯᠠᠨ ᠤᠯᠤᠰ ᠤᠨ ᠬᠡᠷᠡᠭ ᠶᠠᠪᠤᠳᠠᠯ ᠳᠠᠬᠢ ᠭᠤᠣᠯᠯᠠᠬᠤ | ᠦᠢᠯᠡᠳᠦᠯ ᠢ ᠬᠠᠮᠠᠭᠠᠯᠠᠪᠠ᠃ ᠳᠤᠮᠳᠠᠳᠤ ᠤᠯᠤᠰ ᠡᠩᠬᠡ ᠲᠠᠶᠢᠪᠤᠩ ᠠᠷᠭ᠎ᠠ ᠬᠡᠯᠪᠡᠷᠢ ᠶᠢ ᠬᠡᠷᠡᠭᠯᠡᠨ ᠤᠯᠤᠰ ᠲᠥᠷᠥ ᠪᠠᠷ | ᠵᠦᠷᠢᠴᠡᠯ ᠢ ᠰᠢᠢᠳᠪᠦᠷᠢᠯᠡᠬᠦ ᠶᠢ ᠢᠳᠡᠪᠬᠢᠲᠡᠢ ᠰᠠᠨᠠᠭᠠᠴᠢᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠮᠢᠩᠭᠠᠨ ᠣᠨ ᠤ ᠬᠥᠭᠵᠢᠯᠲᠡ ᠶᠢᠨ ᠬᠠᠷᠠᠯᠲᠠ ᠶᠢ ᠲᠦᠷᠦᠭᠦᠯᠡᠨ ᠪᠡᠶᠡᠯᠡᠭᠦᠯᠵᠦ᠂ 2030 ᠣᠨ ᠤ ᠦᠷᠭᠦᠯᠵᠢᠯᠡᠬᠦ | ᠬᠥᠭᠵᠢᠯᠲᠡ ᠶᠢᠨ ᠵᠥᠪᠯᠡᠬᠦ ᠵᠦᠢᠯᠡᠰ ᠢ ᠲᠦᠷᠦᠭᠦᠯᠡᠨ ᠨᠠᠶᠢᠳᠠᠪᠤᠷᠢᠵᠢᠭᠤᠯᠪᠠ᠃ ᠳᠤᠮᠳᠠᠳᠤ ᠤᠯᠤᠰ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠪᠠ ︽ᠳᠡᠯᠡᠬᠡᠢ ᠶᠢᠨ ᠬᠥᠮᠥᠨ ᠤ ᠡᠷᠬᠡ ᠶᠢᠨ ᠲᠤᠩᠬᠠᠭ︾ ᠤᠨ | ᠵᠣᠷᠢᠭ ᠰᠠᠨᠠᠭ᠎ᠠ ᠶᠢ ᠢᠮᠠᠭᠲᠠ ᠵᠢᠷᠤᠮᠯᠠᠨ᠂ ᠬᠥᠮᠥᠨ ᠤ ᠡᠷᠬᠡ ᠶᠢᠨ ᠲᠦᠭᠡᠮᠡᠯ ᠴᠢᠨᠠᠷ ᠢ ᠳᠤᠮᠳᠠᠳᠤ ᠤᠯᠤᠰ ᠤᠨ ᠪᠣᠳᠠᠲᠤ | ᠪᠠᠶᠢᠳᠠᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠴᠠᠭ ᠦᠶ᠎ᠡ ᠶᠢᠨ ᠤᠷᠤᠰᠬᠠᠯ ᠳᠤ ᠨᠡᠶᠢᠴᠡᠭᠰᠡᠨ᠂ ᠳᠤᠮᠳᠠᠳᠤ ᠤᠯᠤᠰ ᠤᠨ | ᠣᠨᠴᠠᠯᠢᠭ ᠲᠠᠢ ᠬᠥᠮᠥᠨ ᠤ ᠡᠷᠬᠡ ᠶᠢᠨ ᠬᠥᠭᠵᠢᠯᠲᠡ ᠶᠢᠨ ᠵᠠᠮ ᠢ ᠨᠡᠭᠡᠭᠡᠵᠦ᠂ ᠳᠤᠮᠳᠠᠳᠤ ᠤᠯᠤᠰ ᠤᠨ ᠬᠥᠮᠥᠨ ᠤ ᠡᠷᠬᠡ ᠶᠢᠨ | ᠳᠠᠪᠰᠢᠯᠲᠠ ᠪᠠ ᠤᠯᠠᠨ ᠤᠯᠤᠰ ᠤᠨ ᠬᠥᠮᠥᠨ ᠤ ᠡᠷᠬᠡ ᠶᠢᠨ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ | ᠰᠢ ᠶᠢᠨ ᠫᠢᠩ᠂ ᠳᠡᠯᠡᠬᠡᠢ ᠶᠢᠨ ᠰᠦᠷ ᠳᠠᠯᠠᠶᠢᠴᠠᠲᠠᠢ ᠤᠷᠤᠰᠬᠠᠯ ᠢ ᠲᠠᠭᠠᠪᠠᠯ ᠮᠠᠨᠳᠤᠵᠤ᠂ ᠰᠥᠷᠪᠡᠰᠤ ᠮᠥᠬᠦᠨ᠎ᠡ᠃ | ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ | ᠶᠠᠪᠤᠭᠳᠠᠵᠤ᠂ ᠡᠩᠬᠡ ᠲᠠᠶᠢᠪᠤᠩ ᠬᠥᠭᠵᠢᠯᠲᠡ ᠳᠠᠪᠰᠢᠯᠲᠠ ᠶᠢᠨ ᠬᠦᠴᠦᠨ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ | ᠪᠢᠳᠡ ᠲᠡᠦᠬᠡ ᠶᠢᠨ ᠶᠡᠭᠡ ᠬᠠᠨᠳᠤᠰᠢ ᠶᠢ ᠳᠠᠭᠠᠵᠤ᠂ ᠬᠠᠮᠲᠤᠷᠠᠨ ᠠᠵᠢᠯᠯᠠᠬᠤ ᠶᠢ ᠪᠠᠷᠢᠮᠲᠠᠯᠠᠨ᠂ ᠡᠰᠡᠷᠭᠦᠴᠡᠯᠳᠦᠬᠦ ᠦᠭᠡᠢ | ᠪᠠᠶᠢᠵᠤ᠂ ᠨᠡᠭᠡᠭᠡᠯᠲᠡ ᠬᠢᠬᠦ ᠶᠢ ᠪᠠᠷᠢᠮᠲᠠᠯᠠᠨ᠂ ᠲᠦᠭᠵᠢᠮᠡᠯ ᠪᠠᠶᠢᠬᠤ ᠪᠠᠨ ᠪᠤᠯᠢᠵᠤ᠂ ᠬᠠᠷᠢᠯᠴᠠᠨ ᠠᠰᠢᠭᠲᠠᠢ ᠬᠠᠮᠲᠤ ᠪᠠᠷ | ᠠᠰᠢᠭ ᠬᠦᠷᠲᠡᠬᠦ ᠶᠢ ᠪᠠᠷᠢᠮᠲᠠᠯᠠᠨ᠂ ᠤᠭᠳᠤ ᠡᠪᠰᠡᠬᠦ ᠦᠭᠡᠢ ᠦᠵᠡᠯᠴᠡᠭᠡᠨ ᠬᠢᠬᠦ ᠶᠢ ᠡᠰᠡᠷᠭᠦᠴᠡᠵᠤ᠂ ᠶᠠᠮᠠᠷᠪᠠ ᠬᠡᠯᠪᠡᠷᠢ ᠶᠢᠨ | ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠥᠷᠥ ᠶᠢ ᠡᠷᠡᠰ ᠡᠰᠡᠷᠭᠦᠴᠡᠵᠦ᠂ ᠶᠠᠮᠠᠷᠪᠠ ᠬᠡᠯᠪᠡᠷᠢ ᠶᠢᠨ ᠭᠠᠭᠴᠠ | ᠲᠠᠯᠠᠲᠤ ᠦᠵᠡᠯ ᠪᠠ ᠬᠠᠮᠠᠭᠠᠯᠠᠬᠤ ᠦᠵᠡᠯ ᠢ ᠡᠷᠡᠰ ᠡᠰᠡᠷᠭᠦᠴᠡᠨ᠎ᠠ ᠭᠡᠵᠦ ᠴᠢᠬᠤᠯᠠᠴᠢᠯᠠᠪᠠ᠃ | — ᠪᠢᠳᠡ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ | ᠴᠢᠯᠥᠭᠡ ᠪᠦᠬᠦᠢ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠢ ᠶᠡᠭᠡ ᠪᠠᠷ ᠪᠠᠳᠠᠷᠠᠭᠤᠯᠵᠤ᠂ ᠨᠡᠩ ᠰᠠᠶᠢᠨ | ᠰᠠᠶᠢᠬᠠᠨ ᠳᠡᠯᠡᠬᠡᠢ ᠶᠢᠷᠲᠢᠨᠴᠦ ᠶᠢ ᠪᠦᠳᠦᠭᠡᠨ ᠪᠠᠶᠢᠭᠤᠯᠬᠤ ᠳᠤ ᠵᠥᠪ ᠣᠶᠢᠯᠠᠭᠠᠭᠳᠠᠬᠤᠨ ᠤ ᠵᠢᠯᠤᠭᠤᠳᠤᠯᠭ᠎ᠠ ᠶᠢ ᠬᠠᠮᠲᠤ ᠪᠠᠷ | ᠬᠠᠨᠭ᠍ᠭᠠᠪᠠᠯ ᠵᠤᠬᠢᠨ᠎ᠠ᠃ ᠡᠩᠬᠡ ᠲᠠᠶᠢᠪᠤᠩ ᠪᠣᠯᠤᠨ ᠬᠥᠭᠵᠢᠯᠲᠡ ᠪᠣᠯ ᠮᠠᠨ ᠤ ᠬᠠᠮᠲᠤ ᠶᠢᠨ ᠦᠢᠯᠡᠰ ᠮᠥᠨ᠂ ᠲᠥᠪ | ᠭᠤᠣᠯᠴᠢ ᠰᠢᠳᠤᠷᠭᠤ ᠶᠣᠰᠣ ᠪᠣᠯ ᠮᠠᠨ ᠤ ᠬᠠᠮᠲᠤ ᠶᠢᠨ ᠬᠦᠰᠡᠯᠡᠩ ᠮᠥᠨ᠂ ᠠᠷᠠᠳᠴᠢᠯᠠᠯ ᠡᠷᠬᠡ ᠴᠢᠯᠥᠭᠡ ᠪᠣᠯ ᠮᠠᠨ ᠤ | ᠬᠠᠮᠲᠤ ᠶᠢᠨ ᠬᠥᠭᠡᠭᠡᠴᠡᠯᠳᠦᠯ ᠮᠥᠨ᠃ ᠤᠯᠠᠨ ᠶᠠᠩᠵᠤᠲᠤ ᠴᠢᠨᠠᠷ ᠪᠣᠯ ᠬᠥᠮᠦᠨ ᠲᠥᠷᠥᠯᠬᠢᠲᠡᠨ ᠤ ᠪᠣᠯᠪᠠᠰᠤᠨ ᠤ ᠲᠠᠲᠠᠬᠤ | ᠬᠦᠴᠦᠨ ᠮᠥᠨ᠂ ᠨᠡᠩ ᠴᠦ ᠳᠡᠯᠡᠬᠡᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠤ ᠡᠬᠢ | ᠰᠤᠷᠪᠤᠯᠵᠢ ᠮᠥᠨ᠃ ᠪᠣᠯᠪᠠᠰᠤᠨ ᠳᠤ ᠡᠷᠬᠢᠮ ᠳᠤᠤᠷᠠᠳᠤ᠂ ᠰᠠᠶᠢᠨ ᠮᠠᠭᠤ ᠶᠢᠨ ᠢᠯᠭᠠᠭ᠎ᠠ ᠭᠡᠵᠦ ᠪᠠᠶᠢᠬᠤ ᠦᠭᠡᠢ᠂ ᠭᠠᠭᠴᠠ | ᠬᠦ ᠣᠨᠴᠠᠯᠢᠭ᠂ ᠣᠷᠣᠨ ᠪᠦᠰᠡ ᠶᠢᠨ ᠢᠯᠭᠠᠭ᠎ᠠ ᠭᠡᠵᠦ ᠪᠠᠶᠢᠳᠠᠭ᠂ ᠭᠠᠭᠴᠠ ᠬᠦ ᠰᠣᠯᠢᠯᠴᠠᠭᠠᠨ ᠤ ᠳᠤᠮᠳᠠ ᠰᠠᠶ᠋ᠢ | ᠠᠭᠤᠰᠤᠯᠴᠠᠵᠤ᠂ ᠠᠭᠤᠰᠤᠯᠴᠠᠯ ᠤᠨ ᠳᠤᠮᠳᠠ ᠰᠠᠶ᠋ᠢ ᠳᠠᠪᠰᠢᠵᠤ ᠴᠢᠳᠠᠨ᠎ᠠ᠃ ᠨᠢᠭᠡ ᠤᠯᠤᠰ ᠤᠨ ᠶᠠᠪᠤᠵᠤ ᠪᠠᠶᠢᠭ᠎ᠠ ᠵᠠᠮ | ᠪᠣᠯᠬᠤ ᠡᠰᠡᠬᠦ ᠶᠢᠨ ᠵᠠᠩᠭᠢᠯᠠᠭ᠎ᠠ ᠨᠢ ᠲᠤᠰ ᠤᠯᠤᠰ ᠤᠨ ᠢᠶᠠᠨ ᠤᠯᠤᠰ ᠤᠨ ᠪᠠᠶᠢᠳᠠᠯ ᠲᠠᠢ ᠨᠡᠶᠢᠴᠡᠵᠦ ᠪᠠᠶᠢᠬᠤ ᠡᠰᠡᠬᠦ᠂ ᠴᠠᠭ | ᠦᠶ᠎ᠡ ᠶᠢᠨ ᠬᠥᠭᠵᠢᠯᠲᠡ ᠶᠢᠨ ᠤᠷᠤᠰᠬᠠᠯ ᠲᠠᠢ ᠨᠡᠶᠢᠴᠡᠵᠦ ᠪᠠᠶᠢᠬᠤ ᠡᠰᠡᠬᠦ᠂ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ | ᠳᠠᠪᠰᠢᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠨᠡᠶᠢᠭᠡᠮ ᠤᠨ ᠲᠣᠭᠲᠠᠭᠤᠨ ᠪᠠᠶᠢᠳᠠᠯ ᠢ ᠠᠪᠴᠢᠷᠠᠵᠤ ᠴᠢᠳᠠᠬᠤ | ᠡᠰᠡᠬᠦ᠂ ᠠᠷᠠᠳ ᠲᠦᠮᠡᠨ ᠤ ᠳᠡᠮᠵᠢᠯᠭᠡ ᠪᠠ ᠬᠦᠷᠢᠶᠡᠯᠡᠯ ᠢ ᠣᠯᠵᠤ ᠴᠢᠳᠠᠬᠤ ᠡᠰᠡᠬᠦ᠂ ᠬᠥᠮᠦᠨ ᠲᠥᠷᠥᠯᠬᠢᠲᠡᠨ ᠤ | ᠳᠠᠪᠰᠢᠯᠲᠠ ᠶᠢᠨ ᠦᠢᠯᠡᠰ ᠲᠤ ᠬᠤᠪᠢ ᠨᠡᠮᠡᠷᠢ ᠦᠵᠡᠭᠦᠯᠵᠦ ᠴᠢᠳᠠᠬᠤ ᠡᠰᠡᠬᠦ ᠶᠢ ᠦᠵᠡᠨ᠎ᠡ᠃ | — ᠪᠢᠳᠡ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠭᠠᠷ | ᠬᠤᠯᠪᠣᠯᠴᠠᠨ ᠠᠬᠢᠭᠤᠯᠵᠤ᠂ ᠥᠨᠢ ᠮᠦᠡᠭᠭᠡ ᠶᠢᠨ ᠡᠩᠬᠡ ᠲᠠᠶᠢᠪᠤᠩ᠂ ᠨᠡᠶᠢᠳᠡᠮ ᠠᠮᠤᠷ ᠲᠦᠪᠰᠢᠨ᠂ ᠬᠠᠮᠲᠤ ᠪᠠᠷ ᠴᠡᠴᠡᠭᠯᠡᠨ | ᠬᠦᠭᠵᠢᠭᠰᠡᠨ᠂ ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠭᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ | ᠬᠠᠮᠲᠤ ᠪᠠᠷ ᠪᠠᠶᠢᠭᠤᠯᠪᠠᠯ ᠵᠤᠬᠢᠨ᠎ᠠ᠃ ᠬᠥᠮᠦᠨ ᠲᠥᠷᠥᠯᠬᠢᠲᠡᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠶ᠎ᠡ | ᠨᠠᠶᠢᠷᠲᠠᠢ ᠬᠠᠮᠲᠤ ᠣᠷᠣᠰᠢᠬᠤ ᠶᠤᠰᠤᠳᠠᠢ᠃ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ | ᠪᠠᠶᠢᠭᠤᠯᠬᠤ ᠶᠢ ᠠᠬᠢᠭᠤᠯᠬᠤ ᠨᠢ ᠨᠢᠭᠡ ᠪᠠᠶᠢᠭᠤᠯᠤᠯ ᠢᠶᠠᠷ ᠨᠦᠬᠦᠭᠡ ᠪᠠᠶᠢᠭᠤᠯᠤᠯ ᠢ ᠣᠷᠣᠯᠠᠭᠤᠯᠬᠤ ᠶᠠᠪᠤᠳᠠᠯ ᠪᠢᠰᠢ᠂ ᠨᠢᠭᠡ | ᠵᠦᠢᠯ ᠤᠨ ᠪᠣᠯᠪᠠᠰᠤᠨ ᠢᠶᠠᠷ ᠨᠦᠬᠦᠭᠡ ᠵᠦᠢᠯ ᠤᠨ ᠪᠣᠯᠪᠠᠰᠤᠨ ᠢ ᠣᠷᠣᠯᠠᠭᠤᠯᠬᠤ ᠶᠠᠪᠤᠳᠠᠯ ᠪᠢᠰᠢ᠂ ᠬᠠᠷᠢᠨ ᠠᠳᠠᠯᠢ ᠪᠤᠰᠤ | ᠨᠡᠶᠢᠭᠡᠮ ᠤᠨ ᠪᠠᠶᠢᠭᠤᠯᠤᠯ᠂ ᠠᠳᠠᠯᠢ ᠪᠤᠰᠤ ᠦᠵᠡᠯ ᠤᠬᠠᠮᠰᠠᠷ ᠤᠨ ᠬᠡᠯᠪᠡᠷᠢ᠂ ᠠᠳᠠᠯᠢ ᠪᠤᠰᠤ ᠲᠡᠦᠬᠡ ᠰᠣᠶᠣᠯ᠂ ᠠᠳᠠᠯᠢ | ᠪᠤᠰᠤ ᠬᠥᠭᠵᠢᠯᠲᠡ ᠶᠢᠨ ᠲᠦᠪᠰᠢᠨ ᠲᠠᠢ ᠤᠯᠤᠰ ᠤᠳ ᠤᠨ ᠤᠯᠠᠨ ᠤᠯᠤᠰ ᠤᠨ ᠬᠡᠷᠡᠭ ᠶᠠᠪᠤᠳᠠᠯ ᠳᠤᠮᠳᠠ ᠬᠠᠮᠲᠤ ᠶᠢᠨ | ᠠᠰᠢᠭ ᠲᠤᠰᠠ ᠲᠠᠢ᠂ ᠡᠷᠬᠡ ᠶᠢ ᠬᠠᠮᠲᠤ ᠪᠠᠷ ᠡᠳ᠋ᠯᠡᠵᠤ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠰᠠᠶᠢᠨ ᠰᠠᠶᠢᠬᠠᠨ | ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠬᠤ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠪᠦᠷᠢᠯᠳᠦᠭᠦᠯᠬᠦ | ᠶᠠᠪᠤᠳᠠᠯ ᠪᠣᠯᠤᠨ᠎ᠠ᠃ | — ᠪᠢᠳᠠ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢ ᠬᠠᠮᠲᠤ ᠪᠠᠷ ᠠᠬᠢᠭᠤᠯᠵᠤ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠪᠠᠯ ᠵᠤᠬᠢᠨ᠎ᠠ᠃ ᠠᠷᠠᠳ | ᠲᠦᠮᠡᠨ ᠤ ᠲᠥᠯᠥᠭᠡ ᠬᠥᠭᠵᠢᠪᠡᠯ ᠰᠠᠶ᠋ᠢ ᠤᠳᠬ᠎ᠠ ᠠᠭᠤᠯᠭ᠎ᠠ ᠲᠠᠢ︔ ᠠᠷᠠᠳ ᠲᠦᠮᠡᠨ ᠳᠤ ᠲᠦᠰᠢᠭᠯᠡᠨ ᠬᠥᠭᠵᠢᠪᠡᠯ | ᠬᠥᠭᠵᠢᠯᠲᠡ ᠰᠠᠶ᠋ᠢ ᠬᠥᠳᠡᠯᠭᠡᠬᠦ ᠬᠦᠴᠦᠨ ᠲᠠᠢ ᠪᠣᠯᠤᠨ᠎ᠠ᠃ ᠳᠡᠯᠡᠬᠡᠢ ᠶᠢᠨ ᠡᠯ᠎ᠡ ᠤᠯᠤᠰ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠵᠤ᠂ ᠨᠡᠩ ᠴᠢᠨᠠᠷ ᠰᠠᠶᠢᠲᠠᠢ᠂ ᠨᠡᠩ ᠦᠷ᠎ᠡ ᠪᠦᠲᠦᠮᠵᠢᠲᠡᠢ᠂ ᠨᠡᠩ ᠲᠥᠪ ᠭᠤᠣᠯᠴᠢ᠂ ᠨᠡᠩ | ᠦᠷᠭᠦᠯᠵᠢᠯᠡᠬᠦ᠂ ᠨᠡᠩ ᠠᠮᠤᠷ ᠲᠦᠪᠰᠢᠨ ᠬᠥᠭᠵᠢᠯᠲᠡ ᠶᠢ ᠴᠢᠷᠮᠠᠶᠢᠨ ᠪᠡᠶᠡᠯᠡᠭᠦᠯᠪᠡᠯ ᠵᠣᠬᠢᠨ᠎ᠠ᠃ ᠬᠥᠭᠵᠢᠯᠲᠡ ᠶᠢᠨ | ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢᠨ ᠲᠡᠩᠴᠡᠭᠦᠷᠢᠲᠦ ᠴᠢᠨᠠᠷ | ᠂ ᠵᠣᠬᠢᠴᠠᠩᠭᠤᠢ ᠴᠢᠨᠠᠷ᠂ ᠪᠠᠭᠲᠠᠭᠠᠮᠵᠢᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠠᠷᠠᠳ ᠲᠦᠮᠡᠨ ᠤ ᠬᠥᠭᠵᠢᠯᠲᠡ ᠶᠢᠨ | ᠴᠢᠳᠠᠪᠤᠷᠢ ᠶᠢ ᠴᠢᠩᠭᠠᠳᠬᠠᠵᠤ᠂ ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ ᠡᠳ᠋ᠯᠡᠬᠦ ᠬᠥᠭᠵᠢᠯᠲᠡ ᠶᠢᠨ ᠣᠷᠴᠢᠨ | ᠨᠥᠬᠦᠴᠡᠯ ᠢ ᠪᠤᠢ ᠪᠣᠯᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠤᠯᠤᠰ ᠨᠢᠭᠡ ᠪᠦᠷᠢ ᠬᠥᠮᠦᠨ ᠨᠢᠭᠡ ᠪᠦᠷᠢ ᠳᠤ ᠨᠡᠩ | ᠤᠯᠠᠨ ᠨᠡᠩ ᠭᠤᠣᠯᠴᠢ ᠪᠠᠷ ᠬᠦᠷᠲᠡᠭᠡᠬᠦ ᠬᠥᠭᠵᠢᠯᠲᠡ ᠶᠢᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠲᠦᠷᠦᠭᠦᠬᠡᠨ᠂ ᠪᠢ | ᠳᠠᠯᠠᠨ ᠵᠢᠷᠭᠤᠳᠤᠭᠠᠷ ᠬᠤᠭᠤᠴᠠᠭᠠᠨ ᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠳᠡᠭᠡᠷ᠎ᠡ ᠪᠥᠬᠦ | ᠪᠦᠮᠪᠦᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠤᠨ ᠭᠠᠷᠭᠠᠵᠤ᠂ ᠡᠯ᠎ᠡ ᠤᠯᠤᠰ ᠤᠨ ᠬᠢᠨ ᠬᠠᠮᠲᠤ ᠪᠠᠷ | ᠴᠢᠷᠮᠠᠶᠢᠵᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠪᠥᠬᠦ ᠪᠦᠮᠪᠦᠷᠴᠡᠭ ᠤᠨ | ᠬᠥᠭᠵᠢᠯᠲᠡ ᠳᠤ ᠤᠴᠠᠷᠠᠭᠤᠯᠤᠬᠰᠠᠨ ᠳᠠᠭᠠᠷᠢᠯᠲᠠ ᠶᠢ ᠢᠯᠠᠨ ᠳᠠᠪᠠᠵᠤ᠂ 2030 ᠣᠨ ᠤ ᠦᠷᠭᠦᠯᠵᠢᠯᠡᠬᠦ ᠬᠥᠭᠵᠢᠯᠲᠡ ᠶᠢᠨ | ᠵᠥᠪᠯᠡᠬᠦ ᠵᠦᠢᠯ ᠢ ᠲᠦᠷᠭᠡᠳᠭᠡᠨ ᠨᠠᠶᠢᠳᠠᠪᠤᠷᠢᠵᠢᠭᠤᠯᠵᠤ᠂ ᠪᠥᠬᠦ ᠪᠦᠮᠪᠦᠷᠴᠡᠭ ᠤᠨ ᠬᠥᠭᠵᠢᠯᠲᠡ ᠶᠢᠨ ᠬᠠᠮᠲᠤ ᠴᠣᠭᠴᠠ ᠶᠢ | ᠪᠠᠶᠢᠭᠤᠯᠬᠤ ᠶᠢ ᠬᠦᠰᠡᠭᠰᠡᠨ ᠪᠠᠶᠢᠨ᠎ᠠ᠃ | — ᠪᠢᠳᠡ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠮᠦᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠡᠯ᠎ᠡ | ᠵᠦᠢᠯ ᠤᠨ ᠥᠷᠢᠰᠥᠯᠳᠦᠭᠡᠨ ᠪᠣᠯᠤᠨ ᠪᠦᠬᠦ ᠪᠦᠮᠪᠦᠷᠴᠡᠭ ᠤᠨ ᠴᠢᠨᠠᠷᠲᠠᠢ ᠠᠰᠠᠭᠤᠳᠠᠯ ᠢ ᠬᠠᠮᠲᠤ ᠪᠠᠷ ᠠᠷᠭᠠᠴᠠᠭᠠᠪᠠᠯ ᠵᠤᠬᠢᠨ᠎ᠠ | ᠃ ᠭᠠᠭᠴᠠ ᠬᠦ ᠨᠡᠩ ᠪᠠᠭᠲᠠᠭᠠᠮᠵᠢᠲᠠᠢ ᠪᠦᠬᠦ ᠪᠦᠮᠪᠦᠷᠴᠡᠭ ᠤᠨ ᠵᠠᠰᠠᠯᠲᠠ᠂ ᠨᠡᠩ ᠪᠦᠲᠦᠮᠵᠢᠲᠡᠢ ᠤᠯᠠᠨ ᠲᠠᠯᠠᠲᠤ ᠲᠣᠭᠲᠠᠴᠠ | ᠂ ᠨᠡᠩ ᠢᠳᠡᠪᠬᠢᠲᠡᠢ ᠣᠷᠣᠨ ᠪᠦᠰᠡ ᠶᠢᠨ ᠬᠠᠮᠲᠤᠷᠠᠯᠴᠠᠭ᠎ᠠ ᠶᠢ ᠪᠦᠷᠢᠯᠳᠦᠭᠦᠯᠪᠡᠯ ᠰᠠᠶ᠋ᠢ ᠪᠦᠬᠦ ᠪᠦᠮᠪᠦᠷᠴᠡᠭ ᠤᠨ ᠴᠢᠨᠠᠷᠲᠠᠢ | ᠠᠰᠠᠭᠤᠳᠠᠯ ᠢ ᠪᠦᠲᠦᠮᠵᠢᠲᠡᠢ ᠠᠷᠭᠠᠴᠠᠭᠠᠵᠤ ᠴᠢᠳᠠᠨ᠎ᠠ᠃ ᠳᠡᠯᠡᠬᠡᠢ ᠶᠢᠨ ᠡᠯ᠎ᠡ ᠤᠯᠤᠰ ᠪᠣᠳᠠᠲᠤ ᠠᠵᠢᠯᠯᠠᠭ᠎ᠠ ᠪᠠᠷ ᠢᠶᠠᠨ | ᠪᠠᠶᠢᠭᠠᠯᠢ ᠶᠢᠨ ᠠᠮᠤᠷ ᠲᠦᠪᠰᠢᠨ ᠤ ᠵᠠᠭᠠᠭ ᠬᠢᠵᠠᠭᠠᠷ ᠢ ᠰᠠᠬᠢᠵᠤ᠂ ᠪᠣᠬᠢᠷᠲᠤᠯ ᠦᠭᠡᠢ ᠰᠡᠷᠭᠦᠯᠲᠡ᠂ ᠪᠣᠬᠢᠷᠲᠤᠯ ᠦᠭᠡᠢ | ᠦᠢᠯᠡᠳᠪᠦᠷᠢᠯᠡᠯ᠂ ᠪᠣᠬᠢᠷᠲᠤᠯ ᠦᠭᠡᠢ ᠬᠡᠷᠡᠭᠯᠡᠭᠡ ᠶᠢ ᠵᠣᠷᠢᠭᠵᠢᠭᠤᠯᠵᠤ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ | ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ | ᠪᠠᠶᠢᠷᠢᠰᠢᠯ ᠢ ᠪᠦᠷᠢᠯᠳᠦᠭᠦᠯᠵᠦ᠂ ᠰᠠᠶᠢᠨ ᠰᠠᠶᠢᠬᠠᠨ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠬᠦ ᠬᠥᠭᠵᠢᠯᠲᠡ ᠶᠢᠨ | ᠰᠢᠷᠭᠢᠰᠢ ᠦᠭᠡᠢ ᠡᠬᠢ ᠰᠤᠷᠪᠤᠯᠵᠢ ᠪᠣᠯᠭᠠᠬᠤ ᠬᠡᠷᠡᠭᠲᠡᠢ᠃ | — ᠪᠢᠳᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ ᠰᠠᠭᠤᠷᠢ ᠶᠢ ᠡᠷᠡᠰ | ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠬᠠᠮᠲᠤ ᠪᠠᠷ ᠦᠢᠯᠡᠳᠦᠯᠭᠡᠵᠢᠭᠦᠯᠬᠦ ᠬᠡᠷᠡᠭᠲᠡᠢ᠃ ᠳᠡᠯᠡᠬᠡᠢ ᠶᠢᠨ ᠡᠯ᠎ᠡ | ᠤᠯᠤᠰ ᠤᠨ ᠬᠢᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯᠯᠠᠭᠤᠯᠤᠭᠰᠠᠨ ᠤᠯᠠᠨ ᠤᠯᠤᠰ ᠤᠨ ᠰᠢᠰᠲ᠋ᠧᠮ᠂ | ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠵᠢᠷᠤᠮ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠣᠯᠭᠠᠭᠰᠠᠨ ᠤᠯᠠᠨ | ᠤᠯᠤᠰ ᠤᠨ ᠬᠠᠷᠢᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠬᠤ ᠬᠡᠷᠡᠭᠲᠡᠢ᠃ ᠤᠯᠠᠨ ᠤᠯᠤᠰ ᠤᠨ ᠲᠦᠷᠢᠮ ᠢ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 193 ᠭᠡᠰᠢᠭᠦᠨ ᠤᠯᠤᠰ ᠬᠠᠮᠲᠤ ᠪᠠᠷ ᠲᠣᠭᠲᠠᠭᠠᠬᠤ ᠠᠴᠠ ᠪᠢᠰᠢ᠂ ᠣᠨᠴᠠ | ᠵᠠᠷᠢᠮ ᠤᠯᠤᠰ ᠪᠠ ᠤᠯᠤᠰ ᠤᠨ ᠪᠥᠯᠥᠭᠯᠡᠯ ᠲᠣᠭᠲᠠᠭᠠᠵᠤ ᠪᠣᠯᠬᠤ ᠦᠭᠡᠢ︔ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ 193 ᠭᠡᠰᠢᠭᠦᠨ ᠤᠯᠤᠰ ᠬᠠᠮᠲᠤ ᠪᠠᠷ ᠵᠢᠷᠤᠮᠯᠠᠪᠠᠯ ᠵᠣᠬᠢᠨ᠎ᠠ᠂ ᠣᠨᠴᠠᠭᠠᠢ ᠵᠦᠢᠯ ᠪᠠᠶᠢᠬᠤ ᠦᠭᠡᠢ ᠪᠥᠭᠡᠳ | ᠪᠠᠶᠢᠵᠤ ᠴᠦ ᠪᠣᠯᠬᠤ ᠦᠭᠡᠢ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠤ ᠳᠡᠯᠡᠬᠡᠢ ᠶᠢᠨ ᠡᠯ᠎ᠡ ᠤᠯᠤᠰ ᠤᠨ ᠬᠢᠨ | ᠴᠥᠮ ᠬᠦᠨᠳᠦᠳᠭᠡᠬᠦ ᠣᠪᠣᠷ ᠢ ᠪᠠᠷᠢᠮᠲᠠᠯᠠᠨ᠂ ᠡᠨᠡ ᠬᠦ ᠲᠤᠮᠤ ᠭᠡᠷ ᠪᠥᠯᠢ ᠶᠢ ᠰᠠᠶᠢᠳᠤᠷ ᠬᠠᠶᠢᠷᠠᠯᠠᠨ ᠬᠠᠮᠠᠭᠠᠯᠠᠵᠤ ᠰᠠᠬᠢᠨ | ᠬᠠᠮᠠᠭᠠᠯᠠᠬᠤ ᠬᠡᠷᠡᠭᠲᠡᠢ᠂ ᠶᠠᠭᠠᠬᠢᠭᠰᠠᠨ ᠴᠦ ᠡᠪᠯᠡᠷᠡᠪᠡᠯ ᠠᠰᠢᠭᠯᠠᠵᠤ᠂ ᠡᠪᠯᠡᠷᠡᠬᠦ ᠦᠭᠡᠢ ᠪᠣᠯ ᠲᠠᠶᠠᠭᠳᠠᠵᠤ ᠪᠤᠯᠬᠤ ᠦᠬᠡᠢ᠂ | ᠬᠥᠮᠦᠨ ᠲᠥᠷᠥᠯᠬᠢᠲᠡᠨ ᠤ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠡᠷᠬᠢᠮ ᠳᠡᠭᠡᠳᠦ ᠦᠢᠯᠡᠰ ᠤᠨ ᠳᠤᠮᠳᠠ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠨᠡᠩ ᠢᠳᠡᠪᠬᠢᠲᠡᠢ ᠦᠢᠯᠡᠳᠦᠯ ᠪᠠᠳᠠᠷᠠᠭᠤᠯᠬᠤ ᠭᠡᠷᠡᠭᠳᠠᠢ᠃ ᠳᠤᠮᠳᠠᠳᠤ | ᠤᠯᠤᠰ ᠳᠤᠷᠠᠲᠠᠶ᠎ᠠ ᠡᠯ᠎ᠡ ᠤᠯᠤᠰ ᠯᠤᠭ᠎ᠠ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ | ᠣᠶᠢᠯᠠᠭᠠᠭᠳᠠᠬᠤᠨ ᠢ ᠪᠠᠷᠢᠮᠲᠠᠯᠠᠵᠤ᠂ ᠬᠠᠷᠢᠯᠴᠠᠭᠠᠨ ᠤ ᠰᠡᠳᠬᠢᠴᠡ ᠶᠢ ᠰᠦᠪᠡᠭᠴᠢᠯᠡᠵᠦ᠂ ᠬᠠᠮᠲᠤᠷᠠᠯᠴᠠᠭᠠᠨ ᠤ ᠵᠠᠭᠪᠤᠷ ᠤᠨ | ᠰᠢᠨ᠎ᠡ ᠶᠢ ᠡᠭᠦᠳᠴᠦ᠂ ᠰᠢᠨ᠎ᠡ ᠪᠠᠶᠢᠳᠠᠯ ᠳᠣᠣᠷᠠᠬᠢ ᠤᠯᠠᠨ ᠲᠠᠯᠠᠲᠤ ᠦᠵᠡᠯ ᠤᠨ ᠦᠢᠯᠡᠳᠦᠯᠭᠡ ᠶᠢ ᠲᠠᠰᠤᠷᠠᠯᠳᠠ ᠦᠭᠡᠢ | ᠪᠠᠶᠠᠯᠢᠭᠵᠢᠭᠤᠯᠤᠨ᠎ᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠦᠩᠭᠡᠷᠡᠭᠰᠡᠨ ᠢᠶᠠᠨ ᠡᠷᠬᠢᠴᠡᠭᠦᠯᠵᠤ ᠦᠨᠦᠳᠦᠷ ᠢᠶᠠᠨ ᠬᠠᠷᠠᠵᠤ᠂ | ᠲᠡᠤᠬᠡ ᠪᠠᠷ ᠲᠤᠯᠢᠯᠠᠵᠤ ᠢᠷᠡᠭᠡᠳᠦᠢ ᠪᠠᠨ ᠪᠠᠷᠠᠯᠠᠮᠤᠢ᠂ ᠰᠢᠨ᠎ᠡ ᠲᠡᠦᠬᠡ ᠶᠢᠨ ᠭᠠᠷᠤᠭ᠎ᠠ ᠳᠤ᠂ ᠳᠤᠮᠳᠠᠳᠤ ᠤᠯᠤᠰ ᠡᠩᠬᠡ | ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ | ᠪᠠᠶᠢᠭᠤᠯᠤᠭᠴᠢ ᠪᠣᠯᠤᠨ᠎ᠠ︔ ᠥᠭᠡᠷᠡᠴᠢᠯᠡᠯᠲᠡ ᠨᠡᠭᠡᠭᠡᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠪᠦᠬᠦ | ᠪᠦᠮᠪᠦᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ ᠪᠣᠯᠤᠨ᠎ᠠ︔ ᠤᠯᠠᠨ ᠲᠠᠯᠠᠲᠤ ᠦᠵᠡᠯ ᠤᠨ ᠵᠠᠮ ᠢᠶᠠᠷ | ᠵᠠᠮᠨᠠᠬᠤ ᠶᠢ ᠪᠠᠷᠢᠮᠲᠠᠯᠠᠵᠤ᠂ ᠢᠮᠠᠭᠲᠠ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ᠃ ︽ᠬᠥᠬᠡᠮᠳᠦᠭ | ᠠᠭᠤᠯᠠᠰ ᠤᠨ ᠡᠭᠦᠯᠡ ᠪᠣᠷᠣᠭᠠᠨ ᠨᠢᠭᠡ ᠪᠦᠯᠦᠭᠡ᠂ ᠲᠡᠷᠭᠡᠯ ᠰᠠᠷᠠᠨ ᠳᠤ ᠬᠤᠶᠠᠷ ᠨᠤᠲᠤᠭ ᠤᠨ ᠢᠯᠭᠠᠭ᠎ᠠ ᠦᠬᠡᠢ ᠠᠵᠤᠭᠤ︾ | ᠃ ᠪᠢᠳᠡ ᠭᠠᠷ ᠬᠤᠯᠪᠣᠯᠴᠠᠨ᠂ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠬᠥᠮᠦᠨ ᠲᠥᠷᠥᠯᠬᠢᠲᠡᠨ ᠤ ᠳᠠᠪᠰᠢᠯᠲᠠ ᠶᠢᠨ | ᠲᠠᠯ᠎ᠠ ᠳᠤ ᠵᠣᠭᠰᠣᠵᠤ᠂ ᠳᠡᠯᠡᠬᠡᠢ ᠶᠢᠨ ᠥᠨᠢ ᠮᠥᠩᠬᠡ ᠶᠢᠨ ᠡᠩᠬᠡ ᠲᠠᠶᠢᠪᠤᠩ ᠬᠥᠭᠵᠢᠯᠲᠡ ᠶᠢ ᠪᠡᠶᠡᠯᠡᠭᠦᠯᠬᠦ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢᠨ ᠲᠥᠯᠥᠭᠡ ᠴᠥᠬᠦᠷᠡᠰᠢ | ᠦᠭᠡᠢ ᠲᠡᠮᠡᠴᠡᠵᠡᠭᠡᠶ᠎ᠡ ᠬᠡᠵᠤ ᠴᠢᠬᠤᠯᠠᠴᠢᠯᠠᠪᠠ᠃ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠬᠦᠲ᠋ᠧᠯᠸᠢᠢᠰ ᠶᠠᠷᠢᠶᠠᠨ ᠳᠠᠭᠠᠨ᠂ | ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠠᠤᠯᠢ ᠶᠣᠰᠣᠨ ᠤ ᠪᠠᠶᠢᠷᠢ ᠰᠠᠭᠤᠷᠢ ᠶᠢ | ᠰᠡᠷᠭᠦᠭᠡᠭᠰᠡᠨ 50 ᠵᠢᠯ ᠤᠨ ᠲᠤᠷᠰᠢ᠂ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠳᠤ ᠡᠳᠦᠷ ᠢᠷᠡᠬᠦᠶ᠎ᠡ ᠴᠢᠬᠤᠯᠠ | ᠬᠤᠪᠢ ᠨᠡᠮᠡᠷᠢ ᠦᠵᠡᠭᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠶᠢᠳᠠᠪᠤᠷᠢᠲᠠᠢ ᠬᠠᠨᠢᠲᠠᠨ ᠪᠠ ᠤᠯᠠᠨ | ᠤᠯᠤᠰ ᠤᠨ ᠬᠠᠮᠲᠤᠷᠠᠯᠴᠠᠭᠠᠨ ᠤ ᠭᠤᠣᠯ ᠲᠤᠯᠭᠠᠭᠤᠷᠢ ᠪᠣᠯᠵᠠᠢ᠃ ᠳᠤᠮᠳᠠᠳᠤ ᠤᠯᠤᠰ ᠤᠨ ᠬᠢᠨ ᠤ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ᠂ ᠶᠠᠳᠠᠭᠤ | ᠬᠦᠴᠢᠷᠳᠡᠯ ᠢ ᠠᠷᠢᠯᠭᠠᠬᠤ᠂ ᠡᠨᠧᠷᠭᠢ ᠪᠣᠬᠢᠷᠲᠤᠯ ᠦᠭᠡᠢ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠳᠤ | ᠴᠢᠬᠤᠯᠠ ᠦᠢᠯᠡᠳᠦᠯ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠬᠢᠨ ᠪᠦᠬᠦ ᠪᠦᠮᠪᠦᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠳᠤ ᠳᠡᠮᠵᠢᠯᠭᠡ | ᠬᠠᠩᠭᠠᠨ᠎ᠠ᠃ ᠳᠡᠯᠡᠬᠡᠢ ᠨᠡᠶᠢᠭᠡᠮ ᠢᠶᠠᠷ ᠢᠶᠠᠨ ᠤᠯᠠᠨ ᠲᠠᠯᠠᠲᠤ ᠦᠵᠡᠯ ᠢ ᠳᠡᠮᠵᠢᠵᠦ᠂ ᠤᠯᠠᠨ ᠲᠠᠯᠠᠲᠤ ᠰᠢᠰᠲ᠋ᠧᠮ ᠢ | ᠴᠢᠩᠭᠠᠳᠬᠠᠵᠤ᠂ ᠪᠦᠬᠦ ᠪᠦᠮᠪᠦᠷᠴᠡᠭ ᠤᠨ ᠴᠢᠨᠠᠷᠲᠠᠢ ᠥᠷᠢᠰᠦᠯᠳᠦᠭᠡᠨ ᠢ ᠪᠦᠯᠬᠦᠮᠳᠡᠨ ᠠᠷᠭᠠᠴᠠᠭᠠᠬᠤ ᠶᠢ ᠤᠷᠢᠶᠠᠯᠠᠵᠤ | ᠪᠠᠶᠢᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠢᠨ ᠦᠷᠭᠦᠯᠵᠢᠯᠡᠨ ᠳᠤᠮᠳᠠᠳᠤ ᠤᠯᠤᠰ ᠤᠨ | ᠨᠠᠶᠢᠳᠠᠪᠤᠷᠢᠲᠠᠢ ᠬᠠᠨᠢᠲᠠᠨ ᠪᠤᠯᠵᠤ᠂ ᠨᠡᠩ ᠲᠥᠪ ᠭᠤᠣᠯᠴᠢ ᠪᠥᠭᠡᠳ ᠦᠷᠭᠦᠯᠵᠢᠯᠡᠬᠦ ᠬᠥᠭᠵᠢᠯᠲᠡ ᠶᠢᠨ ᠢᠷᠡᠭᠡᠳᠦᠢ ᠶᠢ | ᠬᠠᠮᠲᠤ ᠪᠠᠷ ᠴᠣᠭᠴᠠᠯᠠᠬᠤ ᠶᠢ ᠴᠢᠬᠤᠯᠠᠴᠢᠯᠠᠵᠤ ᠪᠠᠶᠢᠨ᠎ᠠ ᠬᠡᠵᠤ ᠢᠯᠡᠳᠬᠡᠪᠡ᠃ | ᠳ᠋ᠢᠩ ᠰᠢᠤᠸᠠᠢ ᠰᠢᠶᠠᠩ᠂ ᠶᠠᠩ ᠵᠢᠶᠧ ᡂᠢ ᠨᠠᠷ ᠬᠤᠷᠠᠯ ᠳᠤ ᠣᠷᠣᠯᠴᠠᠵᠠᠢ᠃ | ᠸᠠᠩ ᠢ ᠬᠤᠷᠠᠯ ᠢ ᠡᠷᠬᠢᠯᠡᠪᠡ᠃ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠠᠵᠢᠯ ᠢ ᠤᠯᠠᠨ ᠵᠢᠯ ᠬᠢᠭᠰᠡᠨ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠭᠠᠳᠠᠭᠠᠳᠤ ᠶᠠᠪᠤᠳᠠᠯ ᠤᠨ | ᠠᠵᠢᠯᠲᠠᠨ ᠤ ᠲᠥᠯᠥᠭᠡᠯᠡᠭᠴᠢ᠂ ᠳᠤᠮᠳᠠᠳᠤ ᠤᠯᠤᠰ ᠲᠤ ᠰᠠᠭᠤᠭ᠎ᠠ ᠡᠯ᠎ᠠ ᠤᠯᠤᠰ ᠤᠨ ᠡᠯᠴᠢᠨ ᠰᠠᠶᠢᠳ ᠪᠣᠯᠤᠨ ᠤᠯᠠᠨ | ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠳᠤ ᠤᠯᠤᠰ ᠲᠤ ᠰᠠᠭᠤᠭ᠎ᠠ ᠲᠥᠯᠥᠭᠡᠯᠡᠭᠴᠢ ᠵᠡᠷᠭᠡ 200 ᠭᠠᠷᠤᠢ | ᠬᠥᠮᠦᠨ ᠬᠤᠷᠠᠯ ᠳᠤ ᠣᠷᠣᠯᠴᠠᠪᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠤ ᠪᠠᠶᠢᠩᠭᠤ ᠰᠠᠭᠤᠭ᠎ᠠ ᠳᠤᠮᠳᠠᠳᠤ | ᠤᠯᠤᠰ ᠤᠨ ᠲᠥᠯᠥᠭᠡᠯᠡᠭᠴᠢ ᠸᠠᠩ ᠭᠤᠸᠠᠩ ᠶᠠ᠂ ᠳᠤᠮᠳᠠᠳᠤ ᠤᠯᠤᠰ ᠲᠤ ᠰᠠᠭᠤᠭ᠎ᠠ ᠤᠷᠤᠰ ᠤᠨ ᠡᠯᠴᠢᠨ ᠰᠠᠶᠢᠳ | ᠵᠢᠶᠧᠨᠢᠰᠤᠹ᠂ ᠠᠯᠵᠧᠷᠢᠶ᠎ᠠ ᠶᠢᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠪᠦᠬᠠᠯᠢᠹᠠ ᠲᠤᠰ ᠲᠤᠰ ᠪᠠᠶᠠᠷ ᠤᠨ | ᠦᠭᠡ ᠬᠡᠯᠡᠪᠡ᠃ | |