| ︵2021 ᠣᠨ ᠤ 10 ᠰᠠᠷ᠎ᠠ ᠶᠢᠨ 25 ᠤ ᠡᠳᠦᠷ︶ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠬᠦᠲ᠋ᠧᠯᠸᠢᠢᠰ ᠨᠠᠷᠢᠨ ᠪᠢᠴᠢᠭ ᠤᠨ ᠳᠠᠷᠤᠭ᠎ᠠ᠂ | ᠳᠤᠮᠳᠠᠳᠤ ᠤᠯᠤᠰ ᠲᠤ ᠰᠠᠭᠤᠭ᠎ᠠ ᠡᠯᠴᠢᠳ ᠰᠠᠶᠢᠳ ᠪᠣᠯᠤᠨ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠳᠤ | ᠤᠯᠤᠰ ᠲᠤ ᠰᠠᠭᠤᠭ᠎ᠠ ᠲᠥᠯᠥᠭᠡᠯᠡᠭᠴᠢᠳ᠂ | ᠠᠪᠠᠭ᠋ᠠᠶ ᠨᠠᠷ᠂ ᠠᠪᠤᠭᠠᠶ ᠨᠠᠷ᠂ | ᠨᠠᠶᠢᠵᠠ ᠨᠥᠬᠦᠳ ᠡ᠄ | 50 ᠵᠢᠯ ᠤᠨ ᠡᠮᠦᠨᠡᠬᠢ ᠥᠨᠥᠳᠦᠷ᠂ ᠬᠤᠷᠢᠨ ᠵᠢᠷᠭᠤᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠶᠡᠭᠡ ᠬᠤᠷᠠᠯ ᠠᠴᠠ ᠳᠡᠶᠢᠯᠦᠩᠭᠦᠶ ᠤᠯᠠᠨ ᠲᠤᠭ᠎ᠠ ᠪᠠᠷ 2758 ᠳ᠋ᠤᠭᠠᠷ ᠲᠣᠭᠠᠲᠤ ᠰᠢᠢᠳᠪᠦᠷᠢ ᠶᠢ | ᠪᠠᠲᠤᠯᠠᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ | ᠠᠯᠢᠪᠠ ᠡᠷᠬᠡ ᠶᠢ ᠰᠡᠷᠭᠦᠭᠡᠬᠦ ᠪᠠᠷ ᠲᠣᠭᠲᠠᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠲᠥᠯᠥᠭᠡᠯᠡᠭᠴᠢ ᠪᠣᠯ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠴᠤᠷ ᠤᠨ | ᠭᠠᠭᠴᠠ ᠬᠠᠤᠯᠢ ᠶᠣᠰᠣᠨ ᠤ ᠲᠥᠯᠥᠭᠡᠯᠡᠭᠴᠢ ᠪᠣᠯᠬᠤ ᠶᠢ ᠮᠡᠳᠡᠷᠡᠪᠡ᠃ ᠡᠨᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ | ᠢᠯᠠᠯᠲᠠ ᠮᠥᠨ᠂ ᠪᠠᠰᠠ ᠴᠤ ᠳᠡᠯᠡᠬᠡᠶ ᠶᠢᠨ ᠡᠯ᠎ᠡ ᠤᠯᠤᠰ ᠤᠨ ᠠᠷᠠᠳ ᠲᠦᠮᠡᠨ ᠤ ᠢᠯᠠᠯᠲᠠ ᠮᠥᠨ︕ | ᠥᠨᠥᠳᠦᠷ᠂ ᠡᠨᠡ ᠬᠦ ᠣᠨᠴᠠᠭᠠᠶ ᠡᠳᠦᠷ᠂ ᠪᠢᠳᠡ ᠨᠢᠭᠡ ᠲᠠᠩᠬᠢᠮ ᠳᠤ ᠴᠤᠭᠯᠠᠷᠠᠨ᠂ ᠲᠡᠦᠬᠡ ᠪᠠᠨ ᠡᠷᠭᠢᠴᠡᠭᠦᠯᠵᠦ᠂ | ᠢᠷᠡᠭᠡᠳᠦᠶ ᠪᠠᠨ ᠪᠠᠷᠠᠯᠠᠬᠤ ᠨᠢ ᠮᠠᠰᠢ ᠶᠡᠭᠡ ᠠᠴᠢ ᠬᠤᠯᠪᠣᠭᠳᠠᠯ ᠲᠠᠢ ᠶᠤᠮ᠃ | ᠰᠢᠨ᠎ᠡ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ | ᠰᠠᠭᠤᠷᠢ ᠪᠠᠨ ᠰᠡᠷᠭᠦᠭᠡᠭᠰᠡᠨ ᠶᠠᠪᠤᠳᠠᠯ ᠪᠣᠯ ᠳᠡᠯᠡᠬᠡᠶ ᠳᠡᠭᠡᠷᠡᠬᠢ ᠴᠢᠬᠤᠯᠠ ᠨᠢᠭᠡᠨ ᠬᠡᠷᠡᠭ ᠶᠠᠪᠤᠳᠠᠯ ᠮᠥᠨ᠂ ᠪᠠᠰᠠ ᠴᠤ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠴᠢᠬᠤᠯᠠ ᠨᠢᠭᠡᠨ ᠬᠡᠷᠡᠭ ᠶᠠᠪᠤᠳᠠᠯ ᠮᠥᠨ᠃ ᠡᠨᠡ ᠪᠣᠯ ᠳᠡᠯᠡᠬᠡᠶ ᠶᠢᠨ ᠡᠩᠭᠡ | ᠲᠠᠶᠢᠪᠤᠩ ᠢ ᠡᠷᠬᠢᠮᠯᠡᠭᠴᠢ ᠪᠠ ᠰᠢᠳᠤᠷᠭᠤ ᠶᠣᠰᠣ ᠶᠢ ᠪᠠᠷᠢᠮᠲᠠᠯᠠᠳᠠᠭ ᠤᠯᠤᠰ ᠪᠦᠬᠦᠨ ᠤ ᠬᠠᠮᠲᠤ ᠶᠢᠨ ᠴᠢᠷᠮᠠᠶᠢᠯᠭ᠎ᠠ ᠶᠢᠨ | ᠦᠷ᠎ᠡ ᠳ᠋ᠦᠩ ᠮᠥᠨ᠃ ᠡᠨᠡ ᠨᠢ ᠳᠡᠯᠡᠬᠡᠶ ᠶᠢᠨ ᠬᠥᠮᠦᠨ ᠠᠮᠠ ᠶᠢᠨ ᠳᠥᠷᠪᠡᠨ ᠤ ᠨᠢᠭᠡ ᠬᠤᠪᠢ ᠶᠢ ᠡᠵᠡᠯᠡᠬᠦ ᠳᠤᠮᠳᠠᠳᠤ | ᠤᠯᠤᠰ ᠤᠨ ᠠᠷᠠᠳ ᠲᠦᠮᠡᠨ ᠡᠭᠦᠨ ᠠᠴᠠ ᠡᠬᠢᠯᠡᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠠᠶᠢᠰᠠᠨ ᠳᠡᠭᠡᠷ᠎ᠡ | ᠰᠢᠨ᠎ᠡ ᠪᠠᠷ ᠠᠯᠬᠤᠨ ᠭᠠᠷᠤᠭᠰᠠᠨ ᠢ ᠪᠡᠯᠭᠡᠳᠡᠵᠦ ᠪᠠᠶᠢᠨ᠎ᠠ᠃ ᠡᠨᠡ ᠨᠢ ᠳᠤᠮᠳᠠᠳᠤ ᠤᠯᠤᠰ ᠪᠠ ᠳᠡᠯᠡᠬᠡᠶ ᠳ᠋ᠠᠬᠢᠨ ᠳᠤ ᠴᠥᠮ | ᠴᠢᠬᠤᠯᠠ ᠶᠡᠭᠡ ᠪᠥᠭᠡᠳ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ᠃ | ᠠᠳᠡ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠠ ᠳᠤᠮᠳᠠᠳᠤ ᠤᠯᠤᠰ ᠤᠨ ᠠᠷᠠᠳ ᠲᠦᠮᠡᠨ ᠢ | ᠲᠥᠯᠥᠭᠡᠯᠡᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ 2758 ᠳ᠋ᠤᠭᠠᠷ ᠲᠣᠭᠠᠲᠤ | ᠰᠢᠢᠳᠪᠦᠷᠢ ᠶᠢᠨ ᠪᠤᠢ ᠪᠦᠬᠦᠢ ᠰᠠᠨᠠᠯ ᠵᠥᠪᠯᠡᠯᠭᠡ ᠳᠤᠷᠠᠳᠤᠭᠰᠠᠨ ᠤᠯᠤᠰ ᠪᠠ ᠳᠡᠮᠵᠢᠭᠰᠡᠨ ᠤᠯᠤᠰ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ ᠰᠢᠳᠤᠷᠭᠤ ᠶᠣᠰᠣ ᠶᠢ ᠪᠠᠷᠢᠮᠲᠠᠯᠠᠳᠠᠭ ᠠᠯᠢᠪᠠ ᠤᠯᠤᠰ ᠣᠷᠣᠨ ᠪᠠ ᠠᠷᠠᠳ ᠲᠦᠮᠡᠨ ᠳᠤ | ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠥᠬᠦᠳ ᠨᠠᠷ ᠡ︕ | ᠰᠢᠨ᠎ᠡ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ | ᠰᠠᠭᠤᠷᠢ ᠪᠠᠨ ᠰᠡᠷᠭᠦᠭᠡᠭᠰᠡᠨ ᠠᠴᠠ ᠨᠠᠭᠠᠰᠢᠬᠢ 50 ᠵᠢᠯ ᠪᠣᠯ ᠳᠤᠮᠳᠠᠳᠤ ᠤᠯᠤᠰ ᠨᠠᠶᠢᠷᠠᠮᠳᠠᠯ ᠢᠶᠠᠷ ᠬᠥᠭᠵᠢᠵᠦ᠂ ᠬᠥᠮᠦᠨ | ᠲᠥᠷᠥᠯᠬᠢᠲᠡᠨ ᠳᠤ ᠪᠤᠶᠠᠨ ᠦᠢᠯᠡᠳᠦᠭᠰᠡᠨ 50 ᠵᠢᠯ ᠪᠣᠯᠤᠨ᠎ᠠ᠃ | — ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠬᠦᠴᠦᠷᠬᠡᠭᠵᠢᠬᠦ ᠪᠠᠷ ᠬᠦᠴᠦᠯᠡᠨ | ᠴᠢᠷᠮᠠᠶᠢᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷᠪᠠᠭᠠᠨ ᠬᠥᠷᠪᠡᠭᠡᠨ ᠲᠠᠢ ᠬᠤᠪᠢᠷᠠᠯᠲᠠ ᠳᠤᠮᠳᠠ ᠳᠤᠮᠳᠠᠳᠤ ᠤᠯᠤᠰ ᠤᠨ | ᠤᠷᠤᠭᠰᠢᠯᠠᠯᠲᠠ ᠶᠢᠨ ᠴᠢᠭᠯᠡᠯ ᠢ ᠡᠵᠡᠮᠳᠡᠵᠦ᠂ ᠳᠤᠮᠳᠠᠳᠤ ᠤᠯᠤᠰ ᠵᠢᠴᠢ ᠬᠥᠮᠦᠨ ᠲᠥᠷᠥᠯᠬᠢᠲᠡᠨ ᠤ ᠬᠥᠭᠵᠢᠯᠲᠡ ᠶᠢᠨ | ᠠᠤᠭ᠎ᠠ ᠲᠤᠤᠯᠢᠰ ᠢ ᠪᠢᠴᠢᠭᠯᠡᠵᠡᠢ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠤᠯᠤᠰ ᠤᠨ | ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠰᠠᠭᠤᠷᠢᠨ ᠳᠡᠭᠡᠷ᠎ᠡ᠂ ᠳᠤᠮᠳᠠᠳᠤ ᠤᠯᠤᠰ ᠤᠨ ᠠᠷᠠᠳ ᠲᠦᠮᠡᠨ | ᠥᠭᠡᠷᠡᠴᠢᠯᠡᠯᠲᠡ ᠨᠡᠭᠡᠭᠡᠯᠳᠡ ᠶᠢᠨ ᠲᠡᠦᠬᠡ ᠶᠢᠨ ᠰᠢᠨ᠎ᠡ ᠴᠠᠭ ᠦᠶ᠎ᠡ ᠶᠢ ᠨᠡᠭᠡᠭᠡᠵᠦ᠂ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠢ ᠠᠮᠵᠢᠯᠲᠠ ᠲᠠᠢ ᠪᠠᠷ ᠨᠡᠭᠡᠭᠡᠨ ᠬᠥᠭᠵᠢᠭᠦᠯᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ | ᠲᠠᠰᠤᠷᠠᠯᠳᠠ ᠦᠭᠡᠢ ᠴᠢᠯᠥᠭᠡᠯᠡᠨ ᠬᠥᠭᠵᠢᠭᠦᠯᠵᠦ᠂ ᠠᠮᠢᠳᠤᠷᠠᠯ ᠤᠨ ᠬᠢᠷᠢ ᠲᠦᠪᠰᠢᠨ ᠶᠢ ᠲᠠᠰᠤᠷᠠᠯᠳᠠ ᠦᠭᠡᠢ | ᠳᠡᠭᠡᠭᠰᠢᠯᠡᠭᠦᠯᠦᠭᠡᠳ᠂ ᠦᠢᠯᠡᠳᠪᠦᠷᠢᠯᠡᠯ ᠤᠨ ᠬᠦᠴᠦᠨ ᠬᠠᠷᠢᠴᠠᠩᠭᠤᠶ ᠪᠠᠷ ᠬᠤᠴᠣᠷᠤᠩᠭᠤᠶ ᠪᠠᠶᠢᠭᠰᠠᠨ ᠪᠠᠶᠢᠳᠠᠯ ᠠᠴᠠ ᠪᠠᠨ | ᠠᠵᠤ ᠠᠬᠤᠶ ᠶᠢᠨ ᠶᠡᠷᠦᠩᠬᠡᠶ ᠬᠡᠮᠵᠢᠶ᠎ᠡ ᠳᠡᠯᠡᠬᠡᠶ ᠶᠢᠨ ᠬᠤᠶᠠᠳᠤᠭᠠᠷ ᠲᠤ ᠲᠠᠪᠰᠢᠨ ᠤᠷᠤᠭᠰᠠᠨ ᠲᠡᠦᠬᠡᠲᠦ ᠴᠢᠨᠠᠷᠲᠠᠶ | ᠰᠢᠪᠲᠤᠯᠤᠯᠲᠠ ᠶᠢ ᠪᠡᠶᠡᠯᠡᠭᠦᠯᠪᠡ᠃ ᠰᠢᠷᠭᠠᠭᠤ ᠬᠠᠲᠠᠭᠤᠵᠢᠯᠲᠠᠢ ᠲᠡᠮᠡᠴᠡᠯ ᠢᠶᠠᠷ ᠳᠠᠮᠵᠢᠨ᠂ ᠳᠤᠮᠳᠠᠳᠤ ᠤᠯᠤᠰ ᠤᠨ ᠠᠷᠠᠳ | ᠲᠦᠮᠡᠨ ᠥᠪᠡᠷ ᠤᠨ ᠬᠤᠶᠠᠷ ᠭᠠᠷ ᠢᠶᠠᠷ ᠢᠶᠠᠨ ᠳᠤᠮᠳᠠᠳᠤ ᠶᠢᠨ ᠡᠬᠡ ᠭᠠᠵᠠᠷ ᠳᠡᠭᠡᠷ᠎ᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠬᠠᠷᠠᠯᠲᠠ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠣᠯᠵᠤ᠂ ᠲᠦᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ | ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠶᠢ ᠤᠭᠲᠤᠨ | ᠠᠪᠴᠢᠷᠠᠵᠠᠢ᠃ | — ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠳᠡᠯᠡᠬᠡᠶ ᠶᠢᠨ ᠡᠯ᠎ᠡ ᠤᠯᠤᠰ ᠤᠨ | ᠠᠷᠠᠳ ᠲᠦᠮᠡᠨ ᠲᠠᠢ ᠪᠦᠯᠬᠦᠮᠳᠡᠨ ᠬᠠᠮᠲᠤᠷᠠᠯᠴᠠᠵᠤ᠂ ᠳᠡᠯᠡᠬᠡᠶ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠂ | ᠳᠡᠯᠡᠬᠡᠶ ᠶᠢᠨ ᠡᠩᠭᠡ ᠲᠠᠶᠢᠪᠤᠩ ᠪᠣᠯᠤᠨ ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠶᠤᠮ᠃ | ᠳᠤᠮᠳᠠᠳᠤ ᠤᠯᠤᠰ ᠤᠨ ᠠᠷᠠᠳ ᠲᠦᠮᠡᠨ ᠡᠩᠬᠡ ᠲᠠᠶᠢᠪᠤᠩ ᠢ ᠡᠷᠬᠢᠮᠯᠡᠵᠦ᠂ ᠡᠩᠬᠡ ᠲᠠᠶᠢᠪᠤᠩ ᠠᠮᠤᠷ ᠲᠦᠪᠰᠢᠨ ᠤ ᠡᠷᠬᠢᠮ | ᠨᠠᠨᠳᠢᠨ ᠢ ᠭᠦᠨ ᠣᠶᠢᠯᠠᠭᠠᠵᠤ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ | ᠲᠦᠷᠦ ᠶᠢᠨ ᠪᠤᠳᠤᠯᠭ᠎ᠠ ᠶᠢ ᠢᠮᠠᠭᠲᠠ ᠬᠡᠷᠡᠭᠵᠢᠭᠦᠯᠵᠦ᠂ ᠭᠤᠣᠯᠴᠢ ᠶᠣᠰᠣ ᠶᠢ ᠪᠠᠷᠢᠮᠲᠠᠯᠠᠨ᠂ ᠰᠢᠳᠤᠷᠭᠤ ᠶᠣᠰᠣ ᠶᠢ | ᠮᠠᠨᠳᠤᠭᠤᠯᠵᠤ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠭᠰᠡᠭᠡᠷ ᠢᠷᠡᠪᠡ᠃ | ᠳᠤᠮᠳᠠᠳᠤ ᠤᠯᠤᠰ ᠤᠨ ᠠᠷᠠᠳ ᠲᠦᠮᠡᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠤᠨ ᠲᠤᠰ ᠪᠡᠶ᠎ᠡ ᠶᠢᠨ ᠡᠷᠬᠡ | ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠰᠢᠳᠤᠷᠭᠤ ᠶᠣᠰᠣᠨ ᠤ ᠲᠡᠮᠡᠴᠡᠯ ᠢ | ᠢᠮᠠᠭᠲᠠ ᠳᠡᠮᠵᠢᠭᠰᠡᠭᠡᠷ ᠢᠷᠡᠪᠡ᠃ ᠳᠤᠮᠳᠠᠳᠤ ᠤᠯᠤᠰ ᠤᠨ ᠠᠷᠠᠳ ᠲᠦᠮᠡᠨ ᠬᠠᠮᠲᠤ ᠶᠢᠨ ᠬᠥᠭᠵᠢᠯᠲᠡ ᠶᠢ ᠠᠬᠢᠭᠤᠯᠬᠤ ᠪᠠᠷ | ᠬᠦᠴᠦᠯᠡᠨ ᠴᠢᠷᠮᠠᠶᠢᠵᠤ᠂ ︽ᠲᠠᠨᠽᠠᠨᠢᠶ᠎ᠠ ᠽᠠᠮᠪᠢᠶ᠎ᠠ ᠶᠢᠨ ᠲᠡᠮᠦᠷ ᠵᠠᠮ︾ ᠠᠴᠠ ︽ᠨᠢᠭᠡ ᠪᠦᠰᠡ ᠨᠢᠭᠡ ᠵᠠᠮ︾ ᠬᠦᠷᠲᠡᠯ᠎ᠡ᠂ | ᠬᠥᠭᠵᠢᠵᠦ ᠪᠠᠶᠢᠭ᠎ᠠ ᠤᠯᠤᠰ ᠤᠳ ᠲᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠵᠦ᠂ ᠳᠤᠮᠳᠠᠳᠤ ᠤᠯᠤᠰ ᠤᠨ | ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ ᠠᠵᠠ ᠲᠣᠬᠢᠶᠠᠯ ᠢ ᠲᠠᠰᠤᠷᠠᠯᠲᠠ ᠦᠭᠡᠢ ᠬᠠᠩᠭᠠᠵᠤ ᠪᠠᠶᠢᠨ᠎ᠠ᠃ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠥᠮᠪᠥᠷᠴᠡᠭ ᠢ ᠪᠦᠷᠬᠦᠭᠰᠡᠨ ᠠᠶᠤᠯ ᠲᠦᠭᠰᠢᠭᠦᠷᠢ ᠲᠠᠢ | ᠦᠶ᠎ᠡ ᠳᠤ᠂ ᠳᠤᠮᠳᠠᠳᠤ ᠤᠯᠤᠰ ᠳᠡᠯᠡᠬᠡᠢ ᠳ᠋ᠠᠬᠢᠨ ᠯᠤᠭ᠎ᠠ ᠰᠡᠷᠭᠡᠶᠢᠯᠡᠨ ᠡᠵᠡᠮᠳᠡᠬᠦ ᠲᠤᠷᠰᠢᠯᠭ᠎ᠠ ᠪᠠᠨ ᠢᠳᠡᠪᠬᠢᠲᠡᠢ | ᠬᠤᠪᠢᠶᠠᠯᠴᠠᠵᠤ᠂ ᠡᠯ᠎ᠡ ᠤᠯᠤᠰ ᠲᠤ ᠶᠡᠭᠡ ᠬᠡᠮᠵᠢᠶᠡᠨ ᠤ ᠬᠢᠵᠢᠭ ᠢ ᠡᠰᠡᠷᠭᠦᠴᠡᠬᠦ ᠡᠳ᠋ ᠪᠣᠳᠠᠰ᠂ ᠸᠠᠺᠼᠢᠨ ᠪᠠ ᠡᠮ ᠤᠨ | ᠵᠦᠢᠯᠡᠰ ᠢ ᠬᠦᠷᠭᠡᠵᠦ᠂ ᠸᠢᠷᠦ᠋ᠰ ᠤᠨ ᠡᠬᠢ ᠡᠭᠦᠰᠦᠯ ᠢ ᠡᠷᠢᠬᠦ ᠰᠢᠨᠵᠢᠯᠡᠬᠦ ᠤᠬᠠᠭᠠᠨᠴᠢ ᠬᠠᠮᠲᠤᠷᠠᠯᠴᠠᠭ᠎ᠠ ᠶᠢ ᠭᠦᠨᠵᠡᠭᠡᠢ | ᠥᠷᠨᠢᠭᠦᠯᠵᠦ᠂ ᠬᠥᠮᠦᠨ ᠲᠥᠷᠥᠯᠬᠢᠲᠡᠨ ᠤ ᠬᠢᠵᠢᠭ ᠤᠨ ᠪᠠᠶᠢᠳᠠᠯ ᠢ ᠲᠦᠢᠯᠪᠤᠷᠢᠲᠠᠢ ᠢᠯᠠᠨ ᠳᠠᠪᠠᠭ᠋ᠤ ᠶᠢᠨ ᠲᠥᠯᠥᠭᠡ ᠦᠨᠡᠨ | ᠰᠡᠳᠬᠢᠯ ᠠᠴᠠ ᠪᠠᠨ ᠢᠳᠡᠪᠬᠢᠲᠡᠢ ᠴᠢᠷᠮᠠᠶᠢᠵᠤ ᠪᠤᠢ᠃ | — ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠡᠷᠬᠡ ᠰᠦᠷ ᠪᠣᠯᠤᠨ ᠪᠠᠶᠢᠷᠢ ᠰᠠᠭᠤᠷᠢ ᠶᠢ ᠬᠠᠮᠠᠭᠠᠯᠠᠵᠤ᠂ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠦ᠂ ᠳᠤᠮᠳᠠᠳᠤ ᠤᠯᠤᠰ ᠪᠣᠯᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠠᠮᠲᠤᠷᠠᠯᠴᠠᠭ᠎ᠠ | ᠡᠳᠦᠷ ᠢᠷᠡᠬᠦᠶ᠎ᠡ ᠭᠦᠨᠵᠡᠭᠡᠶᠢᠷᠡᠪᠡ᠃ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ | ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠬᠦ ᠤᠯᠤᠰ ᠤᠨ ᠲᠤᠰᠢᠶᠠᠯ ᠬᠠᠷᠢᠭᠤᠴᠠᠯᠭ᠎ᠠ ᠪᠠ ᠳᠠᠷᠬᠠᠨ | ᠡᠭᠦᠷᠭᠡ ᠪᠠᠨ ᠦᠨᠡᠨᠴᠢ ᠪᠠᠷ ᠭᠦᠢᠴᠡᠳᠬᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ | ᠳᠦᠷᠢᠮ ᠤᠨ ᠵᠣᠷᠢᠯᠲᠠ ᠪᠠ ᠵᠠᠷᠴᠢᠮ ᠢ ᠬᠠᠮᠠᠭᠠᠯᠠᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠤᠯᠠᠨ | ᠤᠯᠤᠰ ᠤᠨ ᠬᠡᠷᠡᠭ ᠶᠠᠪᠤᠳᠠᠯ ᠳᠠᠬᠢ ᠭᠤᠣᠯᠯᠠᠬᠤ ᠦᠢᠯᠡᠳᠦᠯ ᠢ ᠬᠠᠮᠠᠭᠠᠯᠠᠪᠠ᠃ ᠳᠤᠮᠳᠠᠳᠤ ᠤᠯᠤᠰ ᠵᠦᠷᠢᠴᠡᠯ | ᠵᠢᠭᠤᠷᠠᠯᠳᠤᠭᠠᠨ ᠢ ᠨᠠᠶᠢᠷᠠᠮᠳᠠᠯ ᠬᠡᠯᠪᠡᠷᠢ ᠤᠯᠤᠰ ᠲᠦᠷᠦ ᠶᠢᠨ ᠠᠷᠭ᠎ᠠ ᠪᠠᠷ ᠰᠢᠢᠳᠪᠦᠷᠢᠯᠡᠬᠦ ᠶᠢ ᠢᠳᠡᠪᠬᠢᠲᠡᠶ ᠰᠠᠨᠠᠭᠠᠴᠢᠯᠠᠵᠤ᠂ | 5 ᠲᠦᠮᠡ ᠭᠠᠷᠤᠶ ᠬᠥᠮᠦᠨ ᠤᠳᠠᠭ᠎ᠠ ᠲᠣᠮᠢᠯᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠩᠭᠡ ᠲᠠᠶᠢᠪᠤᠩ ᠢ | ᠬᠠᠮᠠᠭᠠᠯᠠᠬᠤ ᠠᠵᠢᠯᠯᠠᠭ᠎ᠠ ᠳᠤ ᠣᠷᠣᠯᠴᠠᠭᠤᠯᠵᠤ᠂ ᠨᠢᠭᠡᠨᠲᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠤᠷᠠᠯ ᠤᠨ | ᠰᠦᠢᠳᠬᠡᠯ ᠤᠨ ᠬᠤᠶᠠᠳᠤᠭᠠᠷ ᠲᠤᠮᠤ ᠤᠯᠤᠰ᠂ ᠡᠩᠭᠡ ᠲᠠᠶᠢᠪᠤᠩ ᠢ ᠬᠠᠮᠠᠭᠠᠯᠠᠬᠤ ᠵᠣᠭᠤᠰ ᠶᠢ ᠬᠤᠪᠢᠶᠠᠨ ᠲᠥᠯᠥᠬᠦ | ᠬᠤᠶᠠᠳᠤᠭᠠᠷ ᠲᠤᠮᠤ ᠤᠯᠤᠰ ᠪᠣᠯᠤᠭᠰᠠᠨ ᠪᠠᠶᠢᠨ᠎ᠠ᠃ ᠳᠤᠮᠳᠠᠳᠤ ᠤᠯᠤᠰ ᠡᠩ ᠲᠡᠷᠢᠭᠦᠨ ᠳᠤ ᠤᠯᠠᠨ ᠤᠯᠤᠰ ᠤᠨ | ᠬᠤᠯᠪᠣᠭᠠᠲᠤ ᠪᠠᠶᠢᠭᠤᠯᠤᠯᠭ᠎ᠠ ᠶᠢᠨ ᠮᠢᠩᠭᠠᠨ ᠣᠨ ᠤ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠵᠦ᠂ 2030 ᠣᠨ ᠤ | ᠦᠷᠭᠦᠯᠵᠢᠯᠡᠬᠦᠶᠢᠴᠡ ᠬᠥᠭᠵᠢᠯᠲᠡ ᠶᠢᠨ ᠵᠥᠪᠯᠡᠬᠦ ᠵᠦᠢᠯ ᠢ ᠲᠦᠷᠦᠭᠦᠯᠡᠨ ᠨᠠᠶᠢᠳᠠᠪᠤᠷᠢᠵᠢᠭᠤᠯᠵᠤ᠂ ᠳᠡᠯᠡᠬᠡᠢ ᠶᠢᠨ ᠶᠠᠳᠠᠭᠤ | ᠬᠦᠴᠢᠷᠳᠡᠯᠲᠡᠢ ᠬᠥᠮᠦᠨ ᠠᠮᠠ ᠶᠢ ᠪᠠᠭᠠᠰᠬᠠᠬᠤ ᠳᠤ ᠦᠵᠡᠭᠦᠯᠦᠭᠰᠡᠨ ᠨᠥᠯᠥᠭᠡ 70% ᠶᠢ ᠳᠠᠪᠠᠵᠠᠢ᠃ ᠳᠤᠮᠳᠠᠳᠤ ᠤᠯᠤᠰ | ᠢᠮᠠᠭᠲᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠲᠦᠷᠢᠮ ᠪᠠ ︽ᠳᠡᠯᠡᠬᠡᠶ ᠶᠢᠨ ᠬᠥᠮᠦᠨ ᠤ | ᠡᠷᠬᠡ ᠶᠢᠨ ᠲᠤᠩᠬᠠᠭ︾ ᠤᠨ ᠵᠣᠷᠢᠭ ᠰᠠᠨᠠᠭ᠎ᠠ ᠶᠢ ᠵᠢᠷᠤᠮᠯᠠᠵᠤ᠂ ᠬᠥᠮᠦᠨ ᠤ ᠡᠷᠬᠡ ᠶᠢᠨ ᠲᠦᠭᠡᠮᠡᠯ ᠴᠢᠨᠠᠷ ᠢ ᠳᠤᠮᠳᠠᠳᠤ | ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠴᠠᠭ ᠦᠶ᠎ᠡ ᠶᠢᠨ ᠤᠷᠤᠰᠬᠠᠯ ᠳᠤ ᠨᠡᠶᠢᠴᠡᠭᠰᠡᠨ᠂ | ᠳᠤᠮᠳᠠᠳᠤ ᠤᠯᠤᠰ ᠤᠨ ᠣᠨᠴᠠᠯᠢᠭ ᠪᠦᠬᠦᠢ ᠬᠥᠮᠦᠨ ᠤ ᠡᠷᠬᠡ ᠶᠢᠨ ᠬᠥᠭᠵᠢᠯᠲᠡ ᠶᠢᠨ ᠵᠠᠮ ᠢ ᠨᠡᠭᠡᠭᠡᠵᠦ᠂ ᠳᠤᠮᠳᠠᠳᠤ | ᠤᠯᠤᠰ ᠤᠨ ᠬᠥᠮᠦᠨ ᠤ ᠡᠷᠬᠡ ᠶᠢᠨ ᠲᠠᠪᠰᠢᠯᠳᠠ ᠪᠠ ᠤᠯᠠᠨ ᠤᠯᠤᠰ ᠤᠨ ᠬᠥᠮᠦᠨ ᠤ ᠡᠷᠬᠡ ᠶᠢᠨ ᠦᠢᠯᠡᠰ ᠲᠤ ᠴᠢᠬᠤᠯᠠ | ᠶᠡᠭᠡ ᠬᠤᠪᠢ ᠨᠡᠮᠡᠷᠢ ᠦᠵᠡᠭᠦᠯᠪᠡ᠃ | ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠥᠬᠦᠳ ᠨᠠᠷ ᠡ︕ | ᠳᠡᠯᠡᠬᠡᠶ ᠶᠢᠨ ᠴᠠᠭ ᠦᠶ᠎ᠡ ᠶᠢᠨ ᠤᠷᠤᠰᠬᠠᠯ ᠰᠦᠷ ᠳᠠᠯᠠᠶᠢᠴᠠᠲᠠᠶ ᠠᠮᠤᠢ᠂ ᠳᠠᠭᠠᠪᠠᠰᠤ ᠮᠠᠨᠳᠤᠵᠤ᠂ ᠰᠦᠷᠪᠡᠰᠦ | ᠮᠥᠬᠦᠮᠥᠢ᠃ ᠥᠩᠭᠡᠷᠡᠭᠰᠡᠨ 50 ᠵᠢᠯ ᠳᠤ᠂ ᠳᠡᠯᠡᠬᠡᠶ ᠶᠢᠨ ᠪᠠᠶᠢᠳᠠᠯ ᠬᠡᠳᠦ᠋ᠢᠪᠡᠷ ᠬᠤᠪᠢᠷᠠᠯᠲᠠ ᠶᠡᠬᠡᠲᠡᠶ ᠪᠠᠶᠢᠭᠰᠠᠨ ᠪᠣᠯᠪᠠᠴᠤ | ᠳᠡᠯᠡᠬᠡᠶ ᠶᠢᠨ ᠡᠯ᠎ᠡ ᠤᠯᠤᠰ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ ᠳᠡᠯᠡᠬᠡᠶ ᠳ᠋ᠠᠬᠢᠨ ᠶᠡᠷᠦᠩᠬᠡᠶ ᠳᠤ ᠪᠠᠨ | ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠳᠡᠯᠡᠬᠡᠶ ᠶᠢᠨ ᠠᠵᠤ ᠠᠬᠤᠶ ᠲᠦᠷᠭᠡᠨ ᠢᠶᠠᠷ ᠬᠥᠭᠵᠢᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ ᠡᠳᠦᠷ ᠠᠴᠠ ᠡᠳᠦᠷ ᠰᠢᠨᠡᠳᠴᠦ᠂ ᠦᠯᠡᠮᠵᠢ ᠤᠯᠠᠨ ᠬᠥᠭᠵᠢᠵᠦ ᠪᠠᠶᠢᠭ᠎ᠠ ᠤᠯᠤᠰ | ᠦᠰᠦᠨ ᠪᠤᠵᠠᠭᠠᠶᠢᠷᠠᠵᠤ᠂ ᠠᠷᠪᠠᠨ ᠬᠡᠳᠦᠨ ᠳ᠋ᠦᠩᠰᠢᠭᠤᠷ ᠬᠥᠮᠦᠨ ᠠᠮᠠ ᠶᠠᠳᠠᠭᠤ ᠠᠴᠠ ᠠᠩᠭᠢᠵᠢᠷᠠᠵᠤ᠂ ᠬᠡᠳᠦᠨ ᠠᠷᠪᠠᠨ | ᠳ᠋ᠦᠩᠰᠢᠭᠤᠷ ᠬᠥᠮᠦᠨ ᠠᠮᠠ ᠲᠠᠰᠤᠷᠠᠯᠳᠠ ᠦᠭᠡᠢ ᠣᠳᠣᠬᠢᠴᠢᠯᠠᠯᠲᠠ ᠲᠡᠶᠢᠰᠢ ᠤᠷᠤᠭᠰᠢᠯᠠᠭᠰᠠᠨ ᠪᠠᠶᠢᠨ᠎ᠠ᠃ | ᠣᠳᠣᠬᠠᠨ ᠳᠤ᠂ ᠳᠡᠯᠡᠬᠡᠢ ᠳ᠋ᠠᠬᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢᠨ ᠪᠠᠶᠢᠳᠠᠯ ᠲᠦᠷᠭᠡᠨ | ᠬᠥᠭᠵᠢᠵᠦ᠂ ᠡᠩᠬᠡ ᠲᠠᠶᠢᠪᠤᠩ ᠬᠥᠭᠵᠢᠯᠲᠡ ᠲᠠᠪᠰᠢᠯᠳᠠ ᠶᠢᠨ ᠬᠦᠴᠦᠨ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ ᠪᠢᠳᠡ | ᠲᠡᠦᠬᠡ ᠶᠢᠨ ᠶᠡᠭᠡ ᠬᠠᠨᠳᠤᠰᠢ ᠶᠢ ᠳᠠᠭᠠᠵᠤ᠂ ᠬᠠᠮᠲᠤᠷᠠᠯᠴᠠᠬᠤ ᠶᠢ ᠪᠠᠷᠢᠮᠲᠠᠯᠠᠵᠤ᠂ ᠡᠰᠡᠷᠭᠦᠴᠡᠯᠳᠦᠬᠦ ᠦᠭᠡᠢ ᠪᠠᠶᠢᠵᠤ᠂ | ᠨᠡᠬᠡᠬᠡᠯᠳᠡ ᠬᠢᠬᠦ ᠶᠢ ᠪᠠᠷᠢᠮᠲᠠᠯᠠᠵᠤ᠂ ᠲᠦᠭᠵᠢᠮᠡᠯ ᠪᠠᠶᠢᠬᠤ ᠦᠭᠡᠢ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ | ᠪᠠᠷᠢᠮᠲᠠᠯᠠᠵᠤ᠂ ᠲᠡᠭ ᠨᠡᠶᠢᠯᠡᠪᠦᠷᠢ ᠶᠢᠨ ᠦᠵᠡᠯᠴᠡᠭᠡᠨ ᠬᠢᠬᠦ ᠦᠭᠡᠢ᠂ ᠠᠯᠢᠪᠠ ᠬᠡᠯᠪᠡᠷᠢ ᠶᠢᠨ ᠡᠵᠡᠷᠬᠡᠬᠦ ᠦᠵᠡᠯ ᠪᠣᠯᠤᠨ | ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠠᠯᠢᠪᠠ ᠬᠡᠯᠪᠡᠷᠢ ᠶᠢᠨ ᠭᠠᠭᠴᠠ ᠲᠠᠯᠠᠲᠤ ᠦᠵᠡᠯ ᠪᠣᠯᠤᠨ | ᠬᠠᠮᠠᠭᠠᠯᠠᠬᠤ ᠦᠵᠡᠯ ᠢ ᠡᠷᠡᠰ ᠡᠰᠡᠷᠭᠦᠴᠡᠬᠦ ᠬᠡᠷᠡᠭᠲᠡᠢ᠃ | — ᠪᠢᠳᠡ ᠡᠩᠭᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ | ᠴᠢᠯᠦᠭᠡ ᠲᠠᠢ ᠪᠠᠶᠢᠬᠤ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠶᠡᠭᠡ ᠪᠠᠷ ᠪᠠᠳᠠᠷᠠᠭᠤᠯᠵᠤ᠂ ᠨᠡᠩ ᠰᠠᠶᠢᠨ | ᠰᠠᠶᠢᠬᠠᠨ ᠳᠡᠯᠡᠬᠡᠶ ᠶᠢᠷᠲᠢᠨᠴᠦ ᠶᠢ ᠪᠦᠳᠦᠭᠡᠨ ᠪᠠᠶᠢᠭᠤᠯᠬᠤ ᠳᠤ ᠬᠠᠮᠲᠤ ᠪᠠᠷ ᠵᠥᠪ ᠣᠨᠣᠯᠵᠢᠬᠤᠨ ᠤ ᠵᠢᠯᠤᠭᠤᠳᠤᠯᠭ᠎ᠠ | ᠣᠯᠭᠤᠨ᠎ᠠ᠃ ᠡᠩᠭᠡ ᠲᠠᠶᠢᠪᠤᠩ ᠪᠣᠯᠤᠨ ᠬᠥᠭᠵᠢᠯᠲᠡ ᠳᠠᠪᠰᠢᠯᠲᠠ ᠪᠣᠯ ᠮᠠᠨ ᠤ ᠬᠠᠮᠲᠤ ᠶᠢᠨ ᠦᠢᠯᠡᠰ ᠮᠥᠨ᠂ ᠲᠥᠪ | ᠭᠤᠣᠯᠴᠢ ᠰᠢᠳᠤᠷᠭᠤ ᠶᠣᠰᠣ ᠪᠣᠯ ᠮᠠᠨ ᠤ ᠬᠠᠮᠲᠤ ᠶᠢᠨ ᠬᠦᠰᠡᠯᠡᠩ ᠮᠥᠨ᠂ ᠠᠷᠠᠳᠴᠢᠯᠠᠯ ᠡᠷᠬᠡ ᠴᠢᠯᠥᠭᠡ ᠪᠣᠯ ᠮᠠᠨ ᠤ | ᠬᠠᠮᠲᠤ ᠶᠢᠨ ᠬᠥᠭᠡᠭᠡᠴᠡᠯᠳᠦᠯ ᠮᠥᠨ᠃ ᠳᠡᠯᠡᠬᠡᠶ ᠶᠢᠷᠲᠢᠨᠴᠦ ᠪᠣᠯ ᠪᠠᠶᠠᠯᠢᠭ ᠰᠠᠶᠢᠬᠠᠨ ᠪᠠᠶᠢᠳᠠᠭ᠂ ᠤᠯᠠᠨ ᠶᠠᠩᠵᠤᠲᠤ ᠴᠢᠨᠠᠷ | ᠪᠣᠯ ᠬᠥᠮᠦᠨ ᠲᠥᠷᠥᠯᠬᠢᠲᠡᠨ ᠤ ᠪᠣᠯᠪᠠᠰᠤᠨ ᠤ ᠭᠢᠯᠠᠰ ᠴᠡᠭ ᠮᠥᠨ᠂ ᠨᠡᠩ ᠴᠤ ᠳᠡᠯᠡᠬᠡᠶ ᠶᠢᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠪᠠ ᠬᠥᠳᠡᠯᠭᠡᠭᠴᠢ ᠬᠦᠴᠦᠨ ᠤ ᠡᠬᠢ ᠦᠨᠳᠦᠰᠦ ᠮᠥᠨ᠃ ︽ᠡᠷᠳᠡᠮᠲᠡᠨ ᠪᠦᠬᠦᠨ ᠤ ᠭᠤᠸ᠎ᠠ | ᠰᠠᠶᠢᠬᠠᠨ ᠢ ᠦᠯᠦ ᠭᠦᠢᠴᠡᠳᠬᠡᠪᠡᠰᠦ᠂ ᠭᠠᠭᠴᠠ ᠬᠥᠮᠦᠨ ᠤ ᠭᠠᠶᠢᠬᠠᠮᠰᠢᠭ ᠢ ᠦᠯᠦ ᠪᠦᠲᠦᠭᠡᠵᠦ ᠴᠢᠳᠠᠮᠤᠢ︾᠃ | ᠪᠣᠯᠪᠠᠰᠤᠨ ᠳᠤ ᠡᠷᠬᠢᠮ ᠳᠣᠣᠷᠠᠳᠤ᠂ ᠰᠠᠶᠢᠨ ᠮᠠᠭᠤ ᠶᠢᠨ ᠢᠯᠭᠠᠭ᠎ᠠ ᠭᠡᠵᠦ ᠪᠠᠶᠢᠳᠠᠭ ᠦᠭᠡᠢ᠂ ᠭᠠᠭᠴᠠ ᠬᠦ ᠣᠨᠴᠠᠯᠢᠭ᠂ | ᠭᠠᠵᠠᠷ ᠣᠷᠣᠨ ᠤ ᠢᠯᠭᠠᠭ᠎ᠠ ᠯᠠ ᠪᠠᠶᠢᠳᠠᠭ᠂ ᠭᠠᠭᠴᠠ ᠬᠦ ᠰᠣᠯᠢᠯᠴᠠᠭᠠᠨ ᠤ ᠳᠤᠮᠳᠠ ᠰᠠᠶ᠋ᠢ ᠠᠭᠤᠰᠤᠯᠴᠠᠵᠤ᠂ | ᠠᠭᠤᠰᠤᠯᠴᠠᠯ ᠤᠨ ᠳᠤᠮᠳᠠ ᠰᠠᠶ᠋ᠢ ᠲᠠᠪᠰᠢᠵᠤ ᠴᠢᠳᠠᠨ᠎ᠠ᠃ ᠨᠢᠭᠡ ᠤᠯᠤᠰ ᠤᠨ ᠵᠠᠮ ᠮᠥᠷ ᠤᠨ ᠵᠥᠪ ᠪᠣᠯᠬᠤ ᠡᠰᠡᠬᠦ ᠶᠢᠨ | ᠵᠠᠩᠭᠢᠯᠠᠭ᠎ᠠ ᠨᠢ ᠲᠤᠰ ᠤᠯᠤᠰ ᠤᠨ ᠢᠶᠠᠨ ᠤᠯᠤᠰ ᠤᠨ ᠪᠠᠶᠢᠳᠠᠯ ᠲᠠᠢ ᠨᠡᠶᠢᠴᠡᠵᠦ ᠪᠠᠶᠢᠬᠤ ᠡᠰᠡᠬᠦ᠂ ᠴᠠᠭ ᠦᠶ᠎ᠡ ᠶᠢᠨ | ᠬᠥᠭᠵᠢᠯᠲᠡ ᠶᠢᠨ ᠤᠷᠤᠰᠬᠠᠯ ᠲᠠᠢ ᠨᠡᠶᠢᠴᠡᠵᠦ ᠪᠠᠶᠢᠬᠤ ᠡᠰᠡᠬᠦ᠂ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠲᠠᠪᠰᠢᠯᠳᠠ | ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠤᠢ ᠪᠣᠯᠭᠠᠵᠤ ᠴᠢᠳᠠᠬᠤ ᠡᠰᠡᠬᠦ᠂ | ᠠᠷᠠᠳ ᠲᠦᠮᠡᠨ ᠤ ᠳᠡᠮᠵᠢᠯᠭᠡ ᠪᠠ ᠬᠦᠷᠢᠶᠡᠯᠡᠯ ᠢ ᠣᠯᠵᠤ ᠴᠢᠳᠠᠬᠤ ᠡᠰᠡᠬᠦ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ | ᠦᠢᠯᠡᠰ ᠲᠤ ᠬᠤᠪᠢ ᠨᠡᠮᠡᠷᠢ ᠦᠵᠡᠭᠦᠯᠵᠦ ᠴᠢᠳᠠᠬᠤ ᠡᠰᠡᠬᠦ ᠳᠤ ᠪᠤᠢ᠃ | — ᠪᠢᠳᠠ ᠭᠠᠷ ᠭᠠᠷ ᠢᠶᠠᠨ ᠬᠤᠯᠪᠣᠯᠴᠠᠨ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠵᠤ᠂ ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠳᠤ ᠪᠠᠨ ᠠᠮᠤᠷ ᠲᠦᠪᠰᠢᠨ᠂ | ᠬᠠᠮᠲᠤ ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ | ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠪᠠᠯ ᠵᠣᠬᠢᠨ᠎ᠠ᠃ ᠬᠥᠮᠦᠨ ᠲᠥᠷᠥᠯᠬᠢᠲᠡᠨ ᠪᠣᠯ ᠨᠢᠭᠡᠨ ᠪᠦᠬᠦᠯᠢ ᠴᠣᠭᠴᠠ | ᠮᠥᠨ᠂ ᠳᠡᠯᠡᠬᠡᠶ ᠶᠢᠨ ᠪᠥᠮᠪᠥᠷᠴᠡᠭ ᠪᠣᠯ ᠨᠢᠭᠡᠨ ᠭᠡᠷ ᠣᠷᠣᠨ ᠮᠥᠨ᠃ ᠶᠠᠮᠠᠷᠪᠠ ᠬᠥᠮᠦᠨ᠂ ᠶᠠᠮᠠᠷᠪᠠ ᠤᠯᠤᠰ ᠭᠡᠳ | ᠥᠪᠡᠷ ᠤᠨ ᠪᠡᠶ᠎ᠡ ᠪᠠᠨ ᠯᠡ ᠪᠣᠳᠣᠬᠤ ᠶᠢᠨ ᠠᠷᠭ᠎ᠠ ᠦᠭᠡᠶ ᠶᠤᠮ᠃ ᠬᠥᠮᠦᠨ ᠲᠥᠷᠥᠯᠬᠢᠲᠡᠨ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠬᠠᠮᠲᠤ ᠪᠠᠷ ᠬᠦᠴᠦᠯᠡᠨ ᠴᠢᠷᠮᠠᠶᠢᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠴᠢᠭᠯᠡᠯ ᠲᠡᠶᠢᠰᠢ ᠲᠠᠰᠤᠷᠠᠯᠲᠠ ᠦᠭᠡᠢ ᠤᠷᠤᠭᠰᠢᠯᠠᠵᠤ᠂ ᠨᠡᠩ ᠰᠠᠶᠢᠨ ᠰᠠᠶᠢᠬᠠᠨ | ᠢᠷᠡᠭᠡᠳᠦᠢ ᠶᠢ ᠬᠠᠮᠲᠤ ᠪᠠᠷ ᠴᠣᠭᠴᠠᠯᠠᠪᠠᠯ ᠵᠣᠬᠢᠨ᠎ᠠ᠃ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠬᠤ ᠨᠢ᠂ ᠨᠢᠭᠡ ᠵᠦᠢᠯ ᠤᠨ ᠪᠠᠶᠢᠭᠤᠯᠤᠯ ᠢᠶᠠᠷ ᠨᠦᠭᠦᠭᠡ ᠵᠦᠢᠯ ᠤᠨ ᠪᠠᠶᠢᠭᠤᠯᠤᠯ ᠢ | ᠣᠷᠣᠯᠠᠭᠤᠯᠬᠤ ᠪᠢᠰᠢ᠂ ᠨᠢᠭᠡ ᠵᠦᠢᠯ ᠤᠨ ᠪᠣᠯᠪᠠᠰᠤᠨ ᠢᠶᠠᠷ ᠨᠦᠭᠦᠭᠡ ᠨᠢᠭᠡ ᠵᠦᠢᠯ ᠤᠨ ᠪᠣᠯᠪᠠᠰᠤᠨ ᠢ ᠣᠷᠣᠯᠠᠭᠤᠯᠬᠤ ᠪᠢᠰᠢ᠂ | ᠬᠠᠷᠢᠨ ᠠᠳᠠᠯᠢ ᠪᠤᠰᠤ ᠨᠡᠶᠢᠭᠡᠮ ᠤᠨ ᠪᠠᠶᠢᠭᠤᠯᠤᠯ᠂ ᠠᠳᠠᠯᠢ ᠪᠤᠰᠤ ᠦᠵᠡᠯ ᠤᠬᠠᠮᠰᠠᠷ ᠤᠨ ᠬᠡᠯᠪᠡᠷᠢ᠂ ᠠᠳᠠᠯᠢ ᠪᠤᠰᠤ | ᠲᠡᠦᠬᠡ ᠰᠣᠶᠣᠯ᠂ ᠠᠳᠠᠯᠢ ᠪᠤᠰᠤ ᠬᠥᠭᠵᠢᠯᠲᠡ ᠶᠢᠨ ᠬᠢᠷᠢ ᠲᠦᠪᠰᠢᠨ ᠲᠠᠢ ᠤᠯᠤᠰ ᠣᠷᠣᠨ ᠨᠤᠭᠤᠳ ᠤᠯᠠᠨ ᠤᠯᠤᠰ ᠤᠨ | ᠬᠡᠷᠡᠭ ᠶᠠᠪᠤᠳᠠᠯ ᠳᠤ ᠠᠰᠢᠭ ᠲᠤᠰᠠ ᠪᠠᠨ ᠬᠠᠮᠲᠤ ᠪᠠᠷ ᠬᠦᠷᠲᠡᠵᠦ᠂ ᠡᠷᠬᠡ ᠪᠠᠨ ᠬᠠᠮᠲᠤ ᠪᠠᠷ ᠡᠳ᠋ᠯᠡᠵᠦ᠂ | ᠬᠠᠷᠢᠭᠤᠴᠠᠯᠭ᠎ᠠ ᠪᠠᠨ ᠬᠠᠮᠲᠤ ᠪᠠᠷ ᠡᠭᠦᠷᠭᠡᠯᠡᠵᠦ᠂ ᠰᠠᠶᠢᠨ ᠰᠠᠶᠢᠬᠠᠨ ᠳᠡᠯᠡᠬᠡᠶ ᠶᠢᠷᠲᠢᠨᠴᠦ ᠶᠢ ᠬᠠᠮᠲᠤ ᠪᠠᠷ ᠪᠠᠶᠢᠭᠤᠯᠬᠤ | ᠬᠠᠮᠤᠭ ᠤᠨ ᠶᠡᠭᠡ ᠶᠡᠷᠦᠩᠬᠡᠶ ᠬᠤᠷᠢᠶᠠᠭᠴᠢ ᠲᠤᠭ᠎ᠠ ᠶᠢ ᠪᠦᠷᠢᠯᠳᠦᠭᠦᠯᠬᠦ ᠶᠠᠪᠤᠳᠠᠯ ᠪᠣᠯᠤᠨ᠎ᠠ᠃ | — ᠪᠢᠳᠡ ᠬᠠᠷᠢᠯᠴᠠᠨ ᠠᠰᠢᠭ ᠲᠠᠢ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢ ᠬᠠᠮᠲᠤ ᠪᠠᠷ ᠠᠬᠢᠭᠤᠯᠵᠤ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠬᠦ ᠬᠡᠷᠡᠭᠲᠡᠶ᠃ ᠳᠤᠮᠳᠠᠳᠤ | ᠤᠯᠤᠰ ᠤᠨ ᠡᠷᠲᠡᠨ ᠤ ᠡᠷᠳᠡᠮᠲᠡᠨ᠄ ︽ᠤᠯᠤᠰ ᠢ ᠵᠠᠰᠠᠬᠤ ᠶᠢᠨ ᠦᠨᠳᠦᠰᠦ ᠠᠨᠤ ᠠᠷᠠᠳ ᠢ ᠠᠮᠤᠷᠵᠢᠭᠤᠯᠬᠤ ᠳᠤ ᠠᠮᠤᠢ︔ | ᠠᠷᠠᠳ ᠢ ᠠᠮᠤᠷᠵᠢᠭᠤᠯᠬᠤ ᠶᠢᠨ ᠦᠨᠳᠦᠰᠦ ᠠᠨᠤ ᠬᠡᠷᠡᠭᠯᠡᠭᠡ ᠶᠢ ᠭᠦᠢᠴᠡᠳ ᠬᠠᠩᠭᠠᠬᠤ ᠳᠤ ᠠᠮᠤᠢ︾ ᠭᠡᠵᠦ ᠬᠡᠯᠡᠭᠰᠡᠨ | ᠪᠠᠶᠢᠳᠠᠭ᠃ ᠬᠥᠭᠵᠢᠯᠲᠡ ᠶᠢ ᠠᠬᠢᠭᠤᠯᠵᠤ᠂ ᠠᠮᠤᠷ ᠵᠢᠮᠦᠷ ᠠᠵᠤ ᠲᠦᠷᠦᠭᠦ ᠪᠣᠯ ᠡᠯ᠎ᠡ ᠤᠯᠤᠰ ᠤᠨ ᠠᠷᠠᠳ ᠲᠦᠮᠡᠨ ᠤ | ᠬᠠᠮᠲᠤ ᠶᠢᠨ ᠬᠦᠰᠡᠯ ᠡᠷᠡᠮᠡᠯᠵᠡᠯ ᠮᠥᠨ᠃ ᠠᠷᠠᠳ ᠲᠦᠮᠡᠨ ᠤ ᠲᠥᠯᠥᠭᠡ ᠬᠥᠭᠵᠢᠭᠦᠯᠪᠡᠯ ᠬᠥᠭᠵᠢᠯᠲᠡ ᠰᠠᠶ᠋ᠢ ᠠᠴᠢ | ᠬᠤᠯᠪᠣᠭᠳᠠᠯ ᠲᠠᠢ ᠶᠤᠮ︔ ᠠᠷᠠᠳ ᠲᠦᠮᠡᠨ ᠳᠤ ᠲᠦᠰᠢᠭᠯᠡᠨ ᠬᠥᠭᠵᠢᠭᠦᠯᠪᠡᠯ ᠰᠠᠶ᠋ᠢ ᠬᠥᠳᠡᠯᠭᠡᠬᠦ ᠬᠦᠴᠦᠨ ᠲᠠᠢ ᠪᠤᠯᠵᠤ | ᠴᠢᠳᠠᠨ᠎ᠠ᠃ ᠳᠡᠯᠡᠬᠡᠢ ᠶᠢᠨ ᠡᠯ᠎ᠡ ᠤᠯᠤᠰ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠡᠩ ᠴᠢᠨᠠᠷᠯᠢᠭ᠂ | ᠨᠡᠩ ᠦᠷ᠎ᠡ ᠪᠦᠲᠦᠮᠵᠢᠲᠡᠢ᠂ ᠨᠡᠩ ᠡᠷᠬᠡ ᠲᠡᠭᠰᠢ᠂ ᠨᠡᠩ ᠦᠷᠭᠦᠯᠵᠢᠯᠡᠬᠦᠶᠢᠴᠡ᠂ ᠨᠡᠩ ᠠᠮᠤᠷ ᠲᠦᠪᠰᠢᠨ ᠬᠥᠭᠵᠢᠯᠲᠡ ᠶᠢ | ᠴᠢᠷᠮᠠᠶᠢᠨ ᠪᠡᠶᠡᠯᠡᠭᠦᠯᠪᠡᠯ ᠵᠣᠬᠢᠨ᠎ᠠ᠃ ᠬᠥᠭᠵᠢᠯᠲᠡ ᠲᠡᠩᠴᠡᠭᠦᠷᠢ ᠦᠭᠡᠢ᠂ ᠭᠦᠢᠴᠡᠳ ᠦᠭᠡᠢ ᠪᠠᠶᠢᠬᠤ ᠠᠰᠠᠭᠤᠳᠠᠯ ᠢ | ᠰᠢᠢᠳᠪᠦᠷᠢᠯᠡᠵᠦ᠂ ᠬᠥᠭᠵᠢᠯᠲᠡ ᠶᠢᠨ ᠲᠡᠩᠴᠡᠭᠦᠷᠢᠲᠦ ᠴᠢᠨᠠᠷ᠂ ᠵᠣᠬᠢᠴᠠᠩᠭᠤᠢ ᠴᠢᠨᠠᠷ᠂ ᠪᠠᠭᠲᠠᠭᠠᠮᠵᠢᠲᠤ ᠴᠢᠨᠠᠷ ᠢ | ᠳᠡᠭᠡᠭᠰᠢᠯᠡᠭᠦᠯᠬᠦ ᠬᠡᠷᠡᠭᠲᠡᠢ᠃ ᠠᠷᠠᠳ ᠲᠦᠮᠡᠨ ᠤ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠵᠦ᠂ ᠬᠥᠮᠦᠨ ᠪᠦᠬᠦᠨ | ᠣᠷᠣᠯᠴᠠᠬᠤ᠂ ᠬᠥᠮᠦᠨ ᠪᠦᠬᠦᠨ ᠬᠦᠷᠲᠡᠬᠦ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠬᠥᠭᠵᠢᠯᠲᠡ ᠶᠢᠨ | ᠦᠷ᠎ᠡ ᠪᠦᠲᠦᠭᠡᠯ ᠢ ᠤᠯᠤᠰ ᠨᠢᠭᠡᠪᠦᠷᠢ᠂ ᠬᠥᠮᠦᠨ ᠨᠢᠭᠡᠪᠦᠷᠢ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠬᠦ | ᠬᠥᠭᠵᠢᠯᠲᠡ ᠶᠢᠨ ᠪᠠᠶᠢᠳᠠᠯ ᠢ ᠪᠤᠢ ᠪᠣᠯᠭᠠᠬᠤ ᠬᠡᠷᠡᠭᠲᠡᠶ᠃ ᠲᠦᠷᠦᠭᠦᠬᠡᠨ ᠪᠢ ᠲᠠᠯᠠᠨ ᠵᠢᠷᠭᠤᠳᠤᠭᠠᠷ ᠬᠤᠭᠤᠴᠠᠭᠠᠨ ᠤ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠳᠡᠭᠡᠷ᠎ᠡ ᠪᠦᠬᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠶᠢ ᠳᠤᠷᠠᠳᠪᠠ᠂ ᠡᠯ᠎ᠡ ᠤᠯᠤᠰ ᠬᠠᠮᠲᠤ ᠪᠠᠷ ᠴᠢᠷᠮᠠᠶᠢᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠠᠴᠠ ᠪᠦᠬᠦ ᠪᠥᠮᠪᠥᠷᠴᠡᠭ ᠤᠨ ᠬᠥᠭᠵᠢᠯᠲᠡ ᠳᠤ ᠦᠵᠡᠭᠦᠯᠬᠦ ᠲᠠᠭᠠᠷᠢᠯᠳᠠ ᠶᠢ ᠡᠰᠡᠷᠭᠦᠴᠡᠵᠦ᠂ 2030 ᠣᠨ ᠤ | ᠦᠷᠭᠦᠯᠵᠢᠯᠡᠬᠦᠶᠢᠴᠡ ᠬᠥᠭᠵᠢᠯᠲᠡ ᠶᠢᠨ ᠵᠥᠪᠯᠡᠬᠦ ᠵᠦᠢᠯ ᠢ ᠲᠦᠷᠭᠡᠨ ᠨᠠᠶᠢᠳᠠᠪᠤᠷᠢᠵᠢᠭᠤᠯᠵᠤ᠂ ᠪᠦᠬᠦ ᠪᠥᠮᠪᠥᠷᠴᠡᠭ ᠤᠨ | ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠦᠰᠡᠵᠦ ᠪᠠᠶᠢᠨ᠎ᠠ᠃ | — ᠪᠢᠳᠡ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠮᠦᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠡᠯ᠎ᠡ | ᠵᠦᠢᠯ ᠤᠨ ᠥᠷᠢᠰᠥᠯᠳᠦᠭᠡᠨ ᠪᠠ ᠪᠦᠬᠦ ᠪᠥᠮᠪᠥᠷᠴᠡᠭ ᠤᠨ ᠴᠢᠨᠠᠷᠲᠠᠶ ᠠᠰᠠᠭᠤᠳᠠᠯ ᠢ ᠬᠠᠮᠲᠤ ᠪᠠᠷ ᠠᠷᠭᠠᠴᠠᠭᠠᠪᠠᠯ ᠵᠣᠬᠢᠨ᠎ᠠ᠃ | ᠭᠠᠵᠠᠷ ᠣᠷᠣᠨ ᠤ ᠵᠢᠭᠤᠷᠠᠯᠳᠤᠭᠠᠨ ᠪᠠ ᠰᠦᠷᠳᠡᠭᠦᠯᠬᠦ ᠦᠵᠡᠯ᠂ ᠠᠭᠤᠷ ᠠᠮᠢᠰᠬᠤᠯ ᠤᠨ ᠬᠤᠪᠢᠷᠠᠯᠲᠠ᠂ ᠰᠦᠯᠵᠢᠶᠡᠨ ᠤ | ᠠᠮᠤᠷ ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠠᠰᠠᠭᠤᠳᠠᠯ ᠶᠠᠭ | ᠳᠡᠯᠡᠬᠡᠢ ᠨᠡᠶᠢᠲᠡ ᠶᠢᠨ ᠡᠮᠦᠨ᠎ᠡ ᠲᠠᠯᠪᠢᠭᠳᠠᠵᠤ ᠪᠠᠶᠢᠨ᠎ᠠ᠂ ᠭᠠᠭᠴᠠ ᠬᠦ ᠨᠡᠩ ᠪᠠᠭᠲᠠᠭᠠᠮᠵᠢᠲᠠᠢ ᠪᠦᠬᠦ ᠪᠥᠮᠪᠥᠷᠴᠡᠭ ᠤᠨ | ᠵᠠᠰᠠᠯᠲᠠ᠂ ᠨᠡᠩ ᠪᠦᠲᠦᠮᠵᠢᠲᠡᠢ ᠤᠯᠠᠨ ᠲᠠᠯᠠᠲᠤ ᠲᠣᠭᠲᠠᠴᠠ᠂ ᠨᠡᠩ ᠢᠳᠡᠪᠬᠢᠲᠡᠢ ᠣᠷᠣᠨ ᠪᠦᠰᠡ ᠶᠢᠨ ᠬᠠᠮᠲᠤᠷᠠᠯᠴᠠᠭ᠎ᠠ ᠶᠢ | ᠪᠦᠷᠢᠯᠳᠦᠭᠦᠯᠪᠡᠯ ᠰᠠᠶ᠋ᠢ ᠪᠦᠲᠦᠮᠵᠢᠲᠡᠢ ᠠᠷᠭᠠᠴᠠᠭᠠᠵᠤ ᠴᠢᠳᠠᠨ᠎ᠠ᠃ ᠠᠭᠤᠷ ᠠᠮᠢᠰᠬᠤᠯ ᠤᠨ ᠬᠤᠪᠢᠷᠠᠯᠲᠠ ᠪᠣᠯ ᠶᠡᠭᠡ | ᠪᠠᠶᠢᠭᠠᠯᠢ ᠠᠴᠠ ᠬᠥᠮᠦᠨ ᠲᠥᠷᠥᠯᠬᠢᠲᠡᠨ ᠳᠤ ᠥᠭᠭᠦᠭᠰᠡᠨ ᠰᠡᠷᠡᠮᠵᠢ ᠶᠢᠨ ᠳᠣᠬᠢᠶ᠎ᠠ ᠮᠥᠨ᠃ ᠳᠡᠯᠡᠬᠡᠢ ᠶᠢᠨ ᠡᠯ᠎ᠡ ᠤᠯᠤᠰ | ᠪᠣᠳᠠᠲᠤ ᠠᠵᠢᠯᠯᠠᠭ᠎ᠠ ᠪᠠᠷ ᠢᠶᠠᠨ ᠪᠠᠶᠢᠭᠠᠯᠢ ᠶᠢᠨ ᠠᠮᠤᠷ ᠲᠦᠪᠰᠢᠨ ᠤ ᠬᠢᠵᠠᠭᠠᠷ ᠢ ᠰᠠᠬᠢᠵᠤ᠂ ᠪᠣᠬᠢᠷᠲᠤᠯ ᠦᠭᠡᠢ ᠰᠡᠷᠭᠦᠯᠲᠡ᠂ | ᠪᠣᠬᠢᠷᠲᠤᠯ ᠦᠭᠡᠢ ᠦᠢᠯᠡᠳᠪᠦᠷᠢᠯᠡᠯ᠂ ᠪᠣᠬᠢᠷᠲᠤᠯ ᠦᠭᠡᠢ ᠬᠡᠷᠡᠭᠯᠡᠭᠡ ᠶᠢ ᠵᠣᠷᠢᠭᠵᠢᠭᠤᠯᠵᠤ᠂ ᠪᠣᠯᠪᠠᠰᠤᠨ ᠡᠷᠡᠭᠦᠯ | ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠵᠤ᠂ ᠬᠥᠮᠦᠨ ᠪᠣᠯᠤᠨ ᠪᠠᠶᠢᠭᠠᠯᠢ ᠡᠶ᠎ᠡ ᠵᠣᠬᠢᠴᠠᠩᠭᠤᠢ ᠪᠠᠷ | ᠬᠠᠮᠲᠤ ᠣᠷᠣᠰᠢᠬᠤ ᠪᠠᠶᠢᠷᠢᠰᠢᠯ ᠢ ᠪᠦᠷᠢᠯᠳᠦᠭᠦᠯᠵᠦ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ | ᠦᠷᠭᠦᠯᠵᠢᠯᠡᠬᠦᠶᠢᠴᠡ ᠬᠥᠭᠵᠢᠯᠲᠡ ᠶᠢᠨ ᠰᠢᠷᠭᠢᠰᠢ ᠦᠭᠡᠢ ᠡᠬᠢ ᠰᠤᠷᠪᠤᠯᠵᠢ ᠪᠣᠯᠭᠠᠬᠤ ᠬᠡᠷᠡᠭᠲᠡᠢ᠃ | — ᠪᠢᠳᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ ᠰᠠᠭᠤᠷᠢ ᠶᠢ ᠡᠷᠡᠰ | ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠬᠠᠮᠲᠤ ᠪᠠᠷ ᠦᠢᠯᠡᠳᠦᠯᠭᠡᠵᠢᠭᠦᠯᠬᠦ ᠬᠡᠷᠡᠭᠲᠡᠶ᠃ ᠬᠥᠮᠦᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠨᠢᠭᠡᠨ ᠬᠦᠴᠦᠷᠬᠡᠭ ᠶᠡᠭᠡ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠬᠤ ᠴᠢᠬᠤᠯᠠᠲᠠᠢ᠂ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ | ᠥᠭᠡᠷᠡᠴᠢᠯᠡᠨ ᠪᠠᠶᠢᠭᠤᠯᠬᠤ ᠴᠢᠬᠤᠯᠠᠲᠠᠢ ᠶᠤᠮ᠃ ᠳᠡᠯᠡᠬᠡᠶ ᠶᠢᠨ ᠡᠯ᠎ᠡ ᠤᠯᠤᠰ ᠣᠷᠣᠨ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠪᠠᠷ ᠰᠠᠭᠤᠷᠢ | ᠪᠣᠯᠭᠠᠭᠰᠠᠨ ᠤᠯᠠᠨ ᠤᠯᠤᠰ ᠤᠨ ᠡᠮᠬᠢ ᠵᠢᠷᠤᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ | ᠲᠦᠷᠢᠮ ᠵᠣᠷᠢᠯᠲᠠ ᠪᠠ ᠵᠠᠷᠴᠢᠮ ᠢᠶᠠᠷ ᠰᠠᠭᠤᠷᠢ ᠪᠣᠯᠭᠠᠭᠰᠠᠨ ᠤᠯᠠᠨ ᠤᠯᠤᠰ ᠤᠨ ᠬᠠᠷᠢᠴᠠᠭᠠᠨ ᠤ ᠦᠨᠳᠦᠰᠦᠨ | ᠪᠠᠷᠢᠮᠵᠢᠶ᠎ᠠ ᠶᠢ ᠬᠠᠮᠠᠭᠠᠯᠠᠬᠤ ᠬᠡᠷᠡᠭᠲᠡᠶ᠃ ᠤᠯᠠᠨ ᠤᠯᠤᠰ ᠤᠨ ᠲᠦᠷᠢᠮ ᠢ ᠵᠥᠪᠬᠡᠨ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ 193 ᠭᠡᠰᠢᠭᠦᠨ ᠤᠯᠤᠰ ᠬᠠᠮᠲᠤ ᠪᠠᠷ ᠲᠣᠭᠲᠠᠭᠠᠬᠤ ᠠᠴᠠ ᠪᠢᠰᠢ᠂ ᠣᠨᠴᠠ ᠵᠠᠷᠢᠮ ᠤᠯᠤᠰ ᠪᠠ | ᠤᠯᠤᠰ ᠤᠨ ᠪᠦᠯᠦᠭᠯᠡᠯ ᠠᠴᠠ ᠲᠣᠭᠲᠠᠭᠠᠵᠤ ᠪᠣᠯᠬᠤ ᠦᠭᠡᠢ᠃ ᠤᠯᠠᠨ ᠤᠯᠤᠰ ᠤᠨ ᠲᠦᠷᠢᠮ ᠢ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ 193 ᠭᠡᠰᠢᠭᠦᠨ ᠤᠯᠤᠰ ᠬᠠᠮᠲᠤ ᠪᠠᠷ ᠵᠢᠷᠤᠮᠯᠠᠬᠤ ᠶᠣᠰᠣᠲᠠᠶ᠂ ᠡᠭᠦᠨ ᠠᠴᠠ ᠥᠭᠡᠷ᠎ᠡ | ᠪᠠᠶᠢᠳᠠᠯ ᠪᠠᠶᠢᠵᠤ ᠪᠣᠯᠬᠤ ᠦᠭᠡᠢ ᠪᠥᠭᠡᠳ ᠪᠠᠶᠢᠬᠤ ᠴᠤ ᠶᠣᠰᠣ ᠦᠭᠡᠢ ᠶᠤᠮ᠃ ᠳᠡᠯᠡᠬᠡᠶ ᠶᠢᠨ ᠡᠯ᠎ᠡ ᠤᠯᠤᠰ ᠴᠥᠮ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠳᠤ ᠬᠦᠨᠳᠦᠳᠬᠡᠬᠦ ᠣᠪᠣᠷ ᠢ ᠠᠪᠴᠤ᠂ ᠡᠨᠡ ᠬᠦ ᠶᠡᠭᠡ ᠭᠡᠷ ᠪᠦᠯᠢ ᠶᠢ ᠰᠠᠶᠢᠲᠤᠷ | ᠬᠠᠶᠢᠷᠠᠯᠠᠨ ᠬᠠᠮᠠᠭᠠᠯᠠᠬᠤ ᠬᠡᠷᠡᠭᠲᠡᠶ᠂ ᠶᠠᠭᠠᠬᠢᠭᠰᠠᠨ ᠴᠤ ᠨᠡᠶᠢᠯᠡᠪᠡᠯ ᠠᠰᠢᠭᠯᠠᠵᠤ᠂ ᠨᠡᠶᠢᠯᠡᠯᠴᠡᠬᠦ ᠦᠭᠡᠢ ᠪᠣᠯ ᠲᠠᠶᠠᠭᠳᠠᠵᠤ | ᠪᠣᠯᠬᠤ ᠦᠭᠡᠢ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢ ᠬᠥᠮᠦᠨ ᠲᠥᠷᠥᠯᠬᠢᠲᠡᠨ ᠤ ᠡᠩᠭᠡ ᠲᠠᠶᠢᠪᠤᠩ ᠪᠣᠯᠤᠨ | ᠬᠥᠭᠵᠢᠯᠲᠡ ᠶᠢ ᠠᠬᠢᠭᠤᠯᠬᠤ ᠡᠷᠬᠢᠮ ᠳᠡᠭᠡᠳᠦ ᠦᠢᠯᠡᠰ ᠤᠨ ᠳᠤᠮᠳᠠ ᠨᠡᠩ ᠢᠳᠡᠪᠬᠢᠲᠡᠶ ᠦᠢᠯᠡᠳᠦᠯ ᠭᠠᠷᠭᠠᠭᠤᠯᠬᠤ ᠬᠡᠷᠡᠭᠲᠡᠶ | ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠲᠠᠢ ᠬᠠᠮᠲᠤ ᠪᠠᠷ ᠵᠦᠪᠳᠡᠯᠴᠡᠵᠦ᠂ ᠬᠠᠮᠲᠤ ᠪᠠᠷ ᠪᠠᠶᠢᠭᠤᠯᠵᠤ᠂ ᠬᠠᠮᠲᠤ ᠪᠠᠷ | ᠬᠦᠷᠲᠡᠬᠦ ᠣᠨᠣᠯᠵᠢᠬᠤᠨ ᠢ ᠪᠠᠷᠢᠮᠲᠠᠯᠠᠵᠤ᠂ ᠬᠠᠮᠲᠤᠷᠠᠯᠴᠠᠭᠠᠨ ᠤ ᠰᠡᠳᠬᠢᠮᠵᠢ ᠶᠢ ᠰᠦᠪᠡᠭᠴᠢᠯᠡᠵᠦ᠂ ᠬᠠᠮᠲᠤᠷᠠᠯᠴᠠᠭᠠᠨ ᠤ | ᠵᠠᠭᠪᠤᠷ ᠶᠢ ᠰᠢᠨᠡᠴᠢᠯᠡᠵᠦ᠂ ᠰᠢᠨ᠎ᠡ ᠪᠠᠶᠢᠳᠠᠯ ᠳᠣᠣᠷᠠᠬᠢ ᠤᠯᠠᠨ ᠲᠠᠯᠠᠲᠤ ᠦᠵᠡᠯ ᠤᠨ ᠦᠢᠯᠡᠳᠦᠯᠭᠡ ᠶᠢ ᠲᠠᠰᠤᠷᠠᠯᠲᠠ ᠦᠭᠡᠢ | ᠪᠠᠶᠠᠯᠢᠭᠵᠢᠭᠤᠯᠤᠨ᠎ᠠ᠃ | ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠥᠬᠦᠳ ᠨᠠᠷ ᠡ︕ | ᠥᠩᠭᠡᠷᠡᠭᠰᠡᠨ ᠢᠶᠠᠨ ᠡᠷᠭᠢᠴᠡᠭᠦᠯᠦᠨ ᠡᠳᠦᠭᠡ ᠶᠢ ᠬᠠᠷᠠᠵᠤ᠂ ᠥᠩᠭᠡᠷᠡᠭᠰᠡᠨ ᠢᠶᠠᠷ ᠲᠣᠯᠢ ᠪᠣᠯᠭᠠᠵᠤ ᠢᠷᠡᠭᠡᠳᠦᠶ ᠶᠢ | ᠮᠡᠳᠡᠮᠤᠢ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ ᠪᠣᠯᠤᠨ᠎ᠠ︔ | ᠥᠭᠡᠷᠡᠴᠢᠯᠡᠯᠲᠡ ᠨᠡᠬᠡᠬᠡᠯᠳᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠪᠦᠬᠦ ᠪᠥᠮᠪᠥᠷᠴᠡᠭ ᠤᠨ ᠬᠥᠭᠵᠢᠯᠲᠡ ᠳᠤ | ᠬᠤᠪᠢ ᠨᠡᠮᠡᠷᠢ ᠦᠵᠡᠭᠦᠯᠦᠭᠴᠢ ᠪᠣᠯᠣᠨ᠎ᠠ︔ ᠤᠯᠠᠨ ᠲᠠᠯᠠᠲᠤ ᠦᠵᠡᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ | ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ᠃ | ︽ᠬᠤᠷ᠎ᠠ ᠪᠣᠷᠣᠭᠠᠨ ᠠᠭᠤᠯᠠᠰ ᠪᠦᠬᠦᠨ ᠳᠤᠷ ᠠᠳᠠᠯᠢ ᠱᠠᠭᠢᠵᠤ᠂ ᠲᠡᠷᠭᠡᠯ ᠰᠠᠷᠠᠨ ᠪᠥᠮᠪᠥᠷᠴᠡᠭ ᠳ᠋ᠠᠬᠢᠨ ᠳᠤᠷ ᠵᠢᠭᠳᠡ | ᠲᠤᠰᠤᠮᠣᠢ︾᠃ ᠪᠢᠳᠠ ᠭᠠᠷ ᠭᠠᠷ ᠢᠶᠠᠨ ᠬᠤᠯᠪᠣᠯᠴᠠᠨ᠂ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠬᠥᠮᠦᠨ | ᠲᠥᠷᠥᠯᠬᠢᠲᠡᠨ ᠤ ᠲᠠᠪᠰᠢᠯᠳᠠ ᠶᠢᠨ ᠲᠠᠯ᠎ᠠ ᠳᠤ ᠵᠣᠭᠰᠣᠵᠤ᠂ ᠳᠡᠯᠡᠬᠡᠢ ᠶᠢᠨ ᠥᠨᠢ ᠡᠭᠦᠷᠢᠳᠡ ᠶᠢᠨ ᠡᠩᠬᠡ ᠲᠠᠶᠢᠪᠤᠩ | ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | ᠲᠠᠯᠠᠷᠬᠠᠯ᠎ᠠ᠃ |