ᠰᠢ ᠶᠢᠨ ᠫᠢᠩ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠠᠶᠢᠳᠠᠯᠭ᠎ᠠ ᠪᠠᠷ᠂ ᠪᠢ ︽ᠨᠠᠮ ᠤᠨ ᠵᠠᠭᠤᠨ ᠵᠢᠯ ᠤᠨ | ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠭᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠶᠢ ᠲᠤᠭᠤᠷᠪᠢᠨ ᠪᠢᠴᠢᠭᠰᠡᠨ ᠬᠤᠯᠪᠣᠭᠳᠠᠯ ᠪᠦᠬᠦᠢ ᠪᠠᠶᠢᠳᠠᠯ ᠤᠨ | ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠶ᠎ᠠ᠃ | ᠨᠢᠭᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ | ᠵᠥᠪᠯᠡᠬᠦ ᠰᠡᠳᠦᠪ ᠤᠨ ᠲᠤᠬᠠᠶ ᠪᠣᠳᠣᠯᠬᠢᠯᠠᠯ | ᠮᠠᠨ ᠤ ᠨᠠᠮ ᠲᠡᠦᠬᠡᠨ ᠲᠤᠷᠰᠢᠯᠭ᠎ᠠ ᠶᠢ ᠳ᠋ᠦᠩᠨᠡᠬᠦ ᠶᠢ ᠶᠡᠷᠦ ᠨᠢ ᠳᠡᠭᠡᠳᠤ ᠭᠡᠮᠵᠢᠶ᠎ᠠ ᠪᠠᠷ ᠴᠢᠬᠤᠯᠠᠴᠢᠯᠠᠭᠰᠠᠭᠠᠷ ᠢᠷᠡᠪᠠ᠃ | ᠠᠯᠢ ᠡᠷᠲᠡ ᠶᠠᠨ ᠠᠨ ᠳᠤ ᠪᠠᠶᠢᠬᠤ ᠳᠠᠭᠠᠨ ᠮᠠᠤ ᠽᠧ ᠳ᠋ᠦᠩ ᠨᠥᠬᠦᠷ᠄ ︽ᠬᠡᠷᠪᠡ ᠨᠠᠮ ᠤᠨ ᠲᠡᠦᠬᠡ ᠶᠢ ᠲᠣᠳᠣᠷᠬᠠᠢ | ᠮᠡᠳᠡᠬᠦ ᠤᠢᠭᠡᠢ᠂ ᠨᠠᠮ ᠤᠨ ᠲᠡᠦᠬᠡᠨ ᠳᠡᠭᠡᠷᠡᠬᠢ ᠶᠠᠪᠤᠵᠤ ᠦᠩᠭᠡᠷᠡᠭᠰᠡᠨ ᠵᠠᠮ ᠢ ᠲᠣᠳᠣᠷᠬᠠᠶ ᠮᠡᠳᠡᠬᠦ ᠦᠭᠡᠢ ᠪᠣᠯ ᠤᠴᠢᠷ | ᠶᠠᠪᠤᠳᠠᠯ ᠢ ᠨᠡᠩ ᠰᠠᠶᠢᠨ ᠰᠢᠢᠳᠪᠤᠷᠢᠯᠡᠵᠤ ᠴᠢᠳᠠᠬᠤ ᠦᠭᠡᠢ ᠶᠤᠮ︾ ᠭᠡᠵᠤ ᠵᠢᠭᠠᠵᠤ ᠭᠠᠷᠭᠠᠵᠠᠢ᠃ ᠶᠠᠫᠣᠨ ᠢ | ᠡᠰᠡᠷᠭᠦᠴᠡᠭᠰᠡᠨ ᠳᠠᠶᠢᠨ ᠤ ᠡᠴᠦᠰ ᠤᠨ ᠢᠯᠠᠯᠲᠠ ᠶᠢ ᠲᠡᠮᠡᠴᠡᠨ ᠣᠯᠬᠤ ᠵᠠᠩᠭᠢᠯᠠᠭ᠎ᠠ ᠶᠢᠨ ᠦᠶ᠎ᠠ ᠪᠤᠯᠬᠤ 1945 ᠣᠨ ᠳᠤ᠂ | ᠨᠠᠮ ᠤᠨ ᠵᠢᠷᠭᠤᠳᠤᠭᠠᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠠᠴᠠ ︽ᠲᠡᠤᠭᠡᠨ | ᠠᠰᠠᠭᠤᠳᠠᠯ ᠤᠳ ᠤᠨ ᠲᠤᠬᠠᠶ ᠰᠢᠢᠳᠪᠦᠷᠢ︾ ᠶᠢ ᠪᠠᠲᠤᠯᠠᠵᠤ᠂ ᠨᠠᠮ ᠪᠠᠶᠢᠭᠤᠯᠤᠭᠳᠠᠭᠰᠠᠨ ᠤ ᠲᠠᠷᠠᠭᠠᠬᠢ ᠢᠯᠠᠩᠭᠤᠶ᠎ᠠ | ᠨᠠᠮ ᠤᠨ ᠵᠢᠷᠭᠤᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠽᠦᠨᠶ᠋ᠢ ᠶᠢᠨ | ᠬᠤᠷᠠᠯᠳᠤᠭᠠᠨ ᠠᠴᠠ ᠡᠮᠦᠨ᠎ᠠ ᠬᠥᠷᠳᠡᠯᠠᠬᠢ ᠡᠨᠡ ᠬᠡᠰᠡᠭ ᠨᠠᠮ ᠤᠨ ᠲᠡᠤᠭᠡ ᠵᠢᠴᠢ ᠲᠡᠭᠦᠨ ᠤ ᠲᠤᠷᠰᠢᠯᠭ᠎ᠠ ᠰᠤᠷᠭᠠᠮᠵᠢ ᠶᠢ | ᠳ᠋ᠦᠩᠨᠡᠵᠤ᠂ ᠴᠢᠬᠤᠯᠠ ᠶᠡᠭᠡ ᠲᠡᠦᠬᠡᠨ ᠠᠰᠠᠭᠤᠳᠠᠯ ᠤᠳ ᠲᠤ ᠳ᠋ᠦᠩ ᠭᠠᠷᠭᠠᠵᠤ᠂ ᠳᠤᠮᠳᠠᠳᠤ ᠤᠯᠤᠰ ᠤᠨ ᠬᠤᠪᠢᠰᠬᠠᠯ ᠤᠨ | ᠦᠨᠳᠦᠰᠦᠨ ᠠᠰᠠᠭᠤᠳᠠᠯ ᠤᠨ ᠲᠤᠬᠠᠶ ᠪᠦᠬᠦ ᠨᠠᠮ ᠢᠯᠠᠩᠭᠤᠶ᠎ᠠ ᠨᠠᠮ ᠤᠨ ᠳᠡᠭᠡᠳᠦ ᠵᠡᠷᠭᠡ ᠶᠢᠨ ᠺᠠᠳ᠋ᠷᠴᠤᠳ ᠤᠨ ᠲᠠᠨᠢᠯᠲᠠ ᠶᠢ | ᠨᠢᠭᠡᠳᠦᠯᠲᠡᠶ ᠪᠣᠯᠭᠠᠵᠤ᠂ ᠪᠦᠬᠦ ᠨᠠᠮ ᠤᠨ ᠪᠦᠯᠬᠦᠮᠳᠡᠯ ᠢ ᠴᠢᠩᠭᠠᠳᠬᠠᠭᠠᠳ᠂ ᠨᠠᠮ ᠤᠨ ᠳᠣᠯᠣᠳᠤᠭᠠᠷ ᠶᠡᠭᠡ ᠬᠤᠷᠠᠯ ᠢ | ᠢᠯᠠᠯᠲᠠ ᠲᠠᠢ ᠪᠠᠷ ᠬᠤᠷᠠᠯᠳᠤᠭᠤᠯᠬᠤ ᠳᠤ ᠬᠥᠢᠴᠡᠳ ᠨᠥᠬᠦᠴᠡᠯ ᠪᠦᠷᠢᠳᠦᠭᠦᠯᠤᠨ ᠦᠭᠴᠤ᠂ ᠳᠤᠮᠳᠠᠳᠤ ᠤᠯᠤᠰ ᠤᠨ | ᠬᠤᠪᠢᠰᠬᠠᠯ ᠤᠨ ᠦᠢᠯᠡᠰ ᠤᠨ ᠬᠥᠭᠵᠢᠯᠲᠡ ᠶᠢ ᠬᠥᠴᠤᠳᠠᠢ ᠠᠬᠢᠭᠤᠯᠤᠭᠰᠠᠨ ᠪᠠᠶᠢᠨ᠎ᠠ᠃ | ᠥᠭᠡᠷᠡᠴᠢᠯᠡᠯᠲᠡ ᠨᠡᠭᠡᠭᠡᠯᠲᠡ ᠬᠢᠬᠦ ᠰᠢᠨ᠎ᠡ ᠦᠶ᠎ᠠ ᠳᠤ ᠣᠷᠣᠬᠰᠠᠨ ᠤ ᠲᠠᠷᠠᠭ᠎ᠠ᠂ ᠳ᠋ᠧᠩ ᠰᠢᠶᠤᠤ ᠫᠢᠩ ᠨᠥᠬᠦᠷ᠄ ︽ | ᠲᠡᠦᠭᠡᠠ ᠲᠡᠭᠡᠷᠡᠬᠢ ᠠᠮᠵᠢᠯᠳᠠ ᠤᠯᠦᠡᠡᠰᠡᠠ ᠲᠤᠷᠰᠢᠯᠭ᠎ᠠ ᠪᠤᠯ ᠡᠷᠬᠢᠮ ᠨᠡᠡᠳᠢᠠ ᠡᠳ᠋ ᠪᠡᠶᠡᠯᠢᠬ ᠶᠤᠮ᠂ ᠠᠯᠳᠠᠭ᠎ᠠ ᠭᠠᠷᠭᠠᠡᠡᠰᠡᠠ | ᠲᠤᠷᠰᠢᠯᠭ᠎ᠠ᠂ ᠢᠯᠬᠠᠳ᠋ᠬᠠᠰᠡᠠ ᠲᠤᠷᠰᠢᠯᠭ᠎ᠠ ᠮᠦᠠ ᠴᠦ ᠠᠳᠡᠯᠢᠬᠠᠠ ᠡᠷᠬᠢᠮ ᠨᠡᠡᠳᠢᠠ ᠡᠳ᠋ ᠪᠡᠶᠡᠯᠢᠬ ᠶᠤᠮ᠃ ᠢᠡᠭᠬᠢᠵᠦ | ᠪᠠᠶᠢᠭᠠᠦᠠ ᠴᠢᠭᠯᠡᠯᠳᠠ ᠲᠦᠷᠦ ᠶᠢᠨ ᠪᠤᠳᠦᠯᠭ᠎ᠠ ᠲᠤᠡᠡᠳᠡᠭᠠᠪᠡᠯ ᠪᠦᠬᠦ ᠨᠡᠮ ᠤᠨ ᠤᠢᠵᠡᠯ ᠰᠡᠨᠠᠭ᠎ᠠ ᠶᠢ ᠨᠢᠭᠡᠦᠡᠭᠡᠵᠦ᠂ ᠰᠢᠨ᠎ᠡ | ᠪᠦᠯᠬᠦᠮᠳᠡᠯ ᠳᠤ ᠬᠦᠷᠴᠦ ᠴᠢᠳᠡᠨ᠎ᠡ᠃ ᠢᠢᠮᠦ ᠰᠡᠭᠤᠷᠢ ᠪᠤᠯ ᠬᠠᠮᠤᠬ ᠤᠨ ᠨᠡᠶᠢᠳᠡᠪᠦᠷᠢᠳᠡᠢ ᠪᠠᠶᠢᠳᠠᠬ︾ ᠭᠡᠵᠤ ᠬᠡᠯᠡᠭᠰᠡᠨ | ᠶᠤᠮ᠃ 1981 ᠣᠨ ᠳᠤ᠂ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ | ᠬᠤᠷᠠᠯ ᠠᠴᠠ ︽ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠨᠠᠮ ᠤᠨ ᠲᠡᠤᠭᠡᠨ ᠠᠰᠠᠭᠤᠳᠠᠯ ᠤᠳ ᠤᠨ ᠲᠤᠬᠠᠶ | ᠰᠢᠢᠳᠪᠦᠷᠢ︾ ᠶᠢ ᠪᠠᠲᠤᠯᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠠᠴᠠ ᠡᠮᠦᠨᠡᠬᠢ ᠨᠠᠮ ᠤᠨ ᠲᠡᠤᠭᠡ ᠶᠢ | ᠡᠷᠭᠢᠴᠡᠭᠦᠯᠤᠨ᠂ ᠨᠡᠶᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠶᠢᠨ ᠲᠡᠦᠬᠡᠨ ᠲᠤᠷᠰᠢᠯᠭ᠎ᠠ ᠶᠢ ᠳ᠋ᠦᠩᠨᠡᠵᠦ᠂ | ᠵᠠᠷᠢᠮ ᠴᠢᠬᠤᠯᠠ ᠶᠡᠭᠡ ᠬᠡᠷᠡᠭ ᠶᠠᠪᠤᠳᠠᠯ ᠪᠣᠯᠤᠨ ᠴᠢᠬᠤᠯᠠ ᠬᠥᠮᠦᠰ ᠲᠤ ᠦᠨᠡᠯᠡᠯᠲᠡ ᠬᠢᠵᠠᠢ᠂ ᠢᠯᠠᠩᠭᠤᠶ᠎ᠠ ᠮᠠᠤ ᠽᠧ ᠳ᠋ᠦᠩ | ᠨᠥᠬᠦᠷ ᠪᠣᠯᠤᠨ ᠮᠠᠤ ᠽᠧ ᠳ᠋ᠦᠩ ᠤᠨ ᠦᠵᠡᠯ ᠰᠠᠨᠠᠭ᠎ᠠ ᠶᠢ ᠵᠥᠪ ᠢᠶᠠᠷ ᠦᠨᠡᠯᠡᠵᠦ᠂ ᠵᠥᠪ ᠪᠤᠷᠤᠭᠤ ᠶᠢ ᠢᠯᠭᠠᠷᠠᠭᠤᠯᠤᠨ | ᠲᠤᠳᠤᠯᠠᠵᠤ᠂ ︽ᠵᠡᠭᠦᠨ︾ ᠤ ᠪᠠ ᠪᠠᠷᠠᠭᠤᠨ ᠤ ᠬᠤᠶᠠᠷ ᠲᠠᠯ᠎ᠠ ᠶᠢᠨ ᠪᠤᠷᠤᠭᠤ ᠦᠵᠡᠯᠲᠡ ᠶᠢ ᠵᠠᠯᠠᠷᠠᠭᠤᠯᠤᠨ᠂ ᠪᠦᠬᠦ | ᠨᠠᠮ ᠤᠨ ᠦᠵᠡᠯ ᠰᠠᠨᠠᠭ᠎ᠠ ᠶᠢ ᠨᠢᠭᠡᠳᠭᠡᠭᠡᠳ᠂ ᠨᠠᠮ ᠤᠨ ᠪᠦᠯᠬᠦᠮᠳᠡᠨ ᠨᠢᠭᠡᠳᠴᠦ ᠬᠤᠯᠠ ᠶᠢ ᠬᠠᠷᠠᠬᠤ ᠶᠢ ᠠᠬᠢᠭᠤᠯᠬᠤ᠂ | ᠥᠭᠡᠷᠡᠴᠢᠯᠡᠯᠲᠡ ᠨᠡᠭᠡᠭᠡᠯᠲᠡ ᠪᠣᠯᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠨᠡᠩ ᠰᠠᠶᠢᠨ | ᠠᠬᠢᠭᠤᠯᠬᠤ ᠳᠤ ᠴᠢᠬᠤᠯᠠ ᠶᠡᠭᠡ ᠨᠥᠯᠥᠭᠡ ᠦᠵᠡᠭᠦᠯᠦᠭᠰᠡᠨ ᠪᠠᠶᠢᠨ᠎ᠠ᠃ | ᠤᠳᠤ᠂ ᠠᠩᠬᠠᠳᠠᠭᠴᠢ ᠲᠡᠦᠬᠡ ᠶᠢᠨ ᠰᠢᠢᠳᠪᠦᠷᠢ ᠶᠢ ᠲᠣᠭᠲᠠᠭᠠᠬᠰᠠᠨ ᠠᠴᠠ ᠨᠢᠭᠡᠨᠲᠡ 76 ᠵᠢᠯ ᠥᠩᠭᠡᠷᠡᠪᠡ᠂ | ᠬᠤᠶᠠᠳᠤᠭᠠᠷ ᠲᠡᠦᠬᠡ ᠶᠢᠨ ᠰᠢᠢᠳᠪᠦᠷᠢ ᠶᠢ ᠲᠣᠭᠲᠠᠭᠠᠬᠰᠠᠨ ᠠᠴᠠ ᠴᠤ 40 ᠵᠢᠯ ᠥᠩᠭᠡᠷᠡᠴᠢᠭᠡᠯᠠ᠃ 40 ᠵᠢᠯ ᠤᠨ ᠲᠤᠷᠰᠢ | ᠂ ᠨᠠᠮ ᠪᠠ ᠤᠯᠤᠰ ᠤᠨ ᠠᠵᠢᠯ ᠦᠢᠯᠡᠰ ᠶᠡᠭᠡ ᠪᠠᠷ ᠤᠷᠤᠬᠰᠢ ᠬᠥᠭᠵᠢᠵᠦ᠂ ᠨᠠᠮ ᠤᠨ ᠤᠨᠤᠯ ᠪᠠ ᠦᠢᠯᠡᠳᠦᠯᠭᠡ ᠴᠦ | ᠶᠡᠭᠡ ᠪᠠᠷ ᠤᠷᠤᠬᠰᠢ ᠬᠥᠭᠵᠢᠵᠠᠢ᠃ ᠲᠡᠤᠬᠡ ᠶᠢᠨ ᠰᠢᠨ᠎ᠡ ᠭᠠᠷᠤᠭᠠᠨ ᠳᠡᠭᠡᠷ᠎ᠡ ᠵᠤᠭᠰᠤᠵᠤ᠂ ᠥᠩᠭᠡᠷᠡᠭᠰᠡᠨ ᠢᠶᠠᠨ | ᠡᠷᠭᠢᠴᠡᠭᠦᠯᠦᠨ᠂ ᠢᠷᠡᠭᠡᠳᠦᠶ ᠪᠠᠨ ᠪᠠᠷᠠᠯᠠᠬᠤᠶ᠎ᠠ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ | ᠪᠦᠲᠦᠮᠵᠢ ᠪᠠ ᠲᠡᠤᠭᠡᠨ ᠲᠤᠷᠰᠢᠯᠭ᠎ᠠ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ 40 ᠭᠠᠷᠤᠶ ᠵᠢᠯ ᠤᠨ ᠲᠤᠷᠰᠢᠬᠢ | ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠭᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠬᠦ ᠨᠢ ᠪᠤᠰᠤᠳᠴᠢ | ᠬᠡᠷᠡᠭᠴᠡᠭᠡ ᠲᠠᠢ ᠪᠦᠭᠡᠳ ᠪᠡᠶᠡᠴᠢ ᠨᠥᠬᠦᠴᠡᠯ ᠴᠦ ᠪᠦᠷᠢᠳᠦᠭᠰᠡᠨ ᠪᠠᠶᠢᠨ᠎ᠠ᠃ | ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠴᠢᠬᠤᠯᠠ ᠲᠡᠤᠭᠡᠨ ᠴᠠᠭ ᠮᠥᠴᠡ ᠳᠤ᠂ ᠨᠠᠮ ᠪᠠ ᠠᠷᠠᠳ | ᠲᠦᠮᠡᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠭᠦ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ | ᠬᠠᠷᠠᠯᠲᠠ ᠪᠠᠨ ᠢᠯᠠᠯᠲᠠ ᠲᠠᠢ ᠪᠠᠷ ᠪᠡᠶᠡᠯᠡᠭᠦᠯᠤᠭᠡᠳ᠂ ᠶᠠᠭ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ | ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠵᠤ | ᠪᠠᠶᠢᠭ᠎ᠠ ᠴᠢᠬᠤᠯᠠ ᠶᠡᠭᠡ ᠲᠡᠦᠬᠡᠨ ᠵᠠᠩᠭᠢᠯᠠᠭ᠎ᠠ ᠶᠢᠨ ᠦᠶ᠎ᠡ ᠳᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ | ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠭᠦ ᠨᠢ ᠪᠦᠬᠦ ᠨᠠᠮ ᠢᠶᠠᠷ ᠢᠶᠠᠨ ᠤᠯᠠᠮ ᠨᠢᠭᠡ | ᠠᠯᠬᠤᠮ ᠦᠵᠡᠯ ᠰᠠᠨᠠᠭ᠎ᠠ ᠪᠠᠨ ᠨᠢᠭᠡᠳᠭᠡᠬᠦ᠂ ᠵᠣᠷᠢᠭ ᠰᠠᠨᠠᠭ᠎ᠠ ᠪᠠᠨ ᠨᠢᠭᠡᠳᠭᠡᠬᠦ᠂ ᠦᠢᠯᠡ ᠠᠵᠢᠯᠯᠠᠭ᠎ᠠ ᠪᠠᠨ ᠨᠢᠭᠡᠳᠭᠡᠭᠦ ᠶᠢ | ᠠᠬᠢᠭᠤᠯᠬᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠠᠭᠤᠤ ᠶᠡᠭᠡ ᠢᠯᠠᠯᠲᠠ ᠶᠢ | ᠲᠡᠮᠡᠴᠡᠨ ᠣᠯᠬᠤ ᠳᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠲᠦ ᠶᠢᠨ ᠲᠡᠦᠬᠡᠲᠦ ᠠᠴᠢ | ᠬᠤᠯᠪᠣᠭᠳᠠᠯ ᠲᠠᠢ ᠶᠤᠮ ᠭᠡᠵᠤ ᠨᠠᠮ ᠤᠨ ᠲᠦᠪ ᠬᠤᠷᠢᠶ᠎ᠠ ᠦᠵᠡᠵᠤ ᠪᠠᠶᠢᠨ᠎ᠠ᠃ | ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠰᠦᠷ ᠳᠠᠯᠠᠶᠢᠴᠠᠲᠠᠢ᠂ ᠴᠠᠭ ᠤᠨ ᠠᠯᠭᠠᠰᠠᠯ ᠣᠷᠳᠣ᠂ | ᠬᠤᠯᠪᠣᠭᠳᠠᠬᠤ ᠬᠡᠪᠴᠢᠶ᠎ᠡ ᠥᠷᠭᠡᠨ᠂ ᠰᠤᠳᠤᠯᠬᠤ ᠴᠢᠬᠤᠯᠠᠲᠠᠶ ᠠᠰᠠᠭᠤᠳᠠᠯ ᠣᠯᠠᠨ ᠶᠤᠮ᠃ ᠶᠡᠷᠤᠩᠭᠡᠢ ᠳᠤᠨᠢ ᠠᠪᠴᠤ | ᠬᠡᠯᠡᠪᠡᠯ ᠲᠡᠤᠭᠡ ᠶᠢ ᠳ᠋ᠦᠩᠨᠡᠬᠦ᠂ ᠵᠢᠮ᠎ᠡ ᠶᠣᠰᠣ ᠶᠢ ᠡᠵᠡᠮᠰᠢᠬᠦ᠂ ᠢᠲᠡᠭᠡᠯ ᠵᠣᠷᠢᠭ ᠢᠶᠠᠨ ᠪᠠᠲᠤᠳᠬᠠᠬᠤ᠂ ᠢᠷᠡᠭᠡᠳᠦᠶ ᠲᠡᠶᠢᠰᠢ | ᠤᠷᠤᠭᠰᠢᠯᠠᠬᠤ ᠱᠠᠭᠠᠷᠳᠠᠯᠭ᠎ᠠ ᠶᠣᠰᠣᠭᠠᠷ᠂ ᠨᠠᠮ ᠤᠨ ᠶᠠᠪᠤᠵᠤ ᠢᠷᠡᠭᠰᠡᠨ ᠭᠡᠷᠡᠯ ᠰᠠᠴᠤᠷᠠᠩᠭᠤᠶ ᠦᠡᠭᠭᠡᠷᠡᠯᠳᠡ ᠶᠢ ᠰᠠᠶᠢᠲᠤᠷ | ᠳ᠋ᠦᠩᠨᠡᠵᠦ᠂ ᠨᠠᠮ ᠠᠴᠠ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠣᠯᠤᠭᠰᠠᠨ ᠬᠢᠯᠠᠯᠵᠠᠭᠰᠠᠨ ᠠᠮᠵᠢᠯᠲᠠ | ᠪᠦᠳᠤᠮᠵᠢ ᠶᠢ ᠰᠠᠶᠢᠲᠤᠷ ᠳ᠋ᠦᠩᠨᠡᠵᠦ᠂ ᠨᠠᠮ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢ | ᠠᠬᠢᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠰᠠᠶᠢᠲᠤᠷ ᠳ᠋ᠦᠩᠨᠡᠵᠦ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢᠬᠢ ᠨᠠᠮ ᠪᠠ ᠤᠯᠤᠰ ᠤᠨ ᠠᠵᠢᠯ ᠦᠢᠯᠡᠰ ᠤᠨ ᠬᠠᠲᠠᠭᠤᠵᠢᠨ ᠵᠤᠷᠢᠬᠵᠢᠵᠤ ᠡᠷᠡᠯᠭᠡᠭᠯᠡᠨ | ᠤᠷᠤᠬᠰᠢᠯᠠᠭᠰᠠᠨ ᠣᠨᠣᠯ ᠪᠠ ᠦᠢᠯᠡᠳᠦᠯᠭᠡ ᠶᠢ ᠰᠠᠶᠢᠲᠤᠷ ᠳ᠋ᠦᠩᠨᠡᠬᠦ ᠬᠡᠷᠡᠭᠳᠠᠢ᠃ ᠪᠣᠳᠠᠲᠠᠶ ᠪᠠᠷ ᠬᠡᠯᠡᠪᠡᠯ᠂ ᠨᠠᠮ ᠠᠴᠠ | ᠠᠷᠠᠳ ᠲᠦᠮᠡᠨ ᠢ ᠤᠳᠤᠷᠢᠳᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠬᠢᠭᠰᠡᠨ ᠵᠠᠭᠤᠨ ᠵᠢᠯ ᠤᠨ | ᠥᠩᠭᠡᠷᠡᠯᠲᠡ ᠶᠢ ᠭᠦᠨᠵᠡᠭᠡᠶ ᠰᠤᠳᠤᠯᠵᠤ᠂ ᠨᠠᠮ ᠤᠨ ᠢᠯᠠᠯᠲᠠ ᠠᠴᠠ ᠢᠯᠠᠯᠲᠠ ᠵᠦᠭ ᠤᠷᠤᠭᠰᠢᠯᠠᠭᠰᠠᠨ ᠠᠭᠤᠤ ᠶᠡᠭᠡ | ᠲᠡᠤᠭᠡᠨ ᠠᠬᠢᠴᠠ᠂ ᠤᠯᠤᠰ ᠪᠠ ᠦᠨᠳᠦᠰᠦᠲᠡᠨ ᠳᠤ ᠪᠠᠶᠢᠭᠤᠯᠤᠭᠰᠡᠨ ᠠᠭᠤᠤ ᠶᠡᠭᠡ ᠲᠡᠤᠭᠡᠨ ᠭᠠᠪᠢᠶ᠎ᠠ ᠵᠢᠳᠬᠦᠯ ᠢ ᠪᠦᠬᠦ | ᠲᠠᠯ᠎ᠠ ᠪᠠᠷ ᠳ᠋ᠦᠩᠨᠡᠬᠦ ᠬᠡᠷᠡᠭᠲᠡᠶ︔ ᠨᠠᠮ ᠤᠨ ᠮᠠᠷᠺᠰ ᠤᠨ ᠦᠵᠡᠯ ᠤᠨ ᠦᠨᠳᠤᠰᠤᠨ ᠤᠬ ᠶᠤᠰᠤ ᠶᠢ ᠳᠤᠮᠳᠠᠳᠤ ᠤᠯᠤᠰ ᠤᠨ | ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ | ᠪᠠᠷᠢᠮᠲᠠᠯᠠᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠶᠢ ᠲᠠᠰᠤᠷᠠᠯᠳᠠ ᠦᠭᠡᠢ ᠠᠬᠢᠭᠤᠯᠤᠭᠰᠠᠨ ᠵᠠᠭᠤᠨ ᠵᠢᠯ ᠤᠨ | ᠥᠩᠭᠡᠷᠡᠯᠲᠡ ᠶᠢ ᠬᠥᠨᠵᠡᠭᠡᠢ ᠰᠤᠳᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠡᠭᠦᠳᠤᠯᠳᠡ ᠶᠢᠨ ᠤᠨᠤᠯ ᠢ ᠬᠥᠨᠵᠡᠭᠡᠢ | ᠣᠶᠢᠯᠠᠭᠠᠨ ᠡᠵᠡᠮᠰᠢᠬᠦ ᠬᠡᠷᠡᠭᠳᠠᠢ︔ ᠨᠠᠮ ᠤᠨ ᠲᠠᠰᠤᠷᠠᠯᠲᠠ ᠤᠢᠭᠡᠢ ᠨᠠᠮ ᠤᠨ ᠪᠦᠯᠬᠦᠮᠳᠡᠯ ᠢ ᠬᠠᠮᠠᠭᠠᠯᠠᠵᠤ᠂ ᠨᠠᠮ ᠤᠨ ᠲᠥᠪ | ᠬᠤᠷᠢᠶᠠᠨ ᠤ ᠡᠷᠭᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠬᠠᠮᠠᠭᠠᠯᠠᠭᠰᠠᠨ ᠵᠠᠭᠤᠨ ᠵᠢᠯ ᠤᠨ | ᠥᠩᠭᠡᠷᠡᠯᠲᠡ ᠶᠢ ᠭᠦᠨᠵᠡᠭᠡᠶ ᠰᠤᠳᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠡᠨᠡ ᠬᠦ | ᠮᠠᠷᠺᠰ ᠤᠨ ᠦᠵᠡᠯ ᠤᠨ ᠲᠦᠷᠦ ᠶᠢᠨ ᠨᠠᠮ ᠤᠨ ᠢᠯᠡ ᠲᠣᠳᠣ ᠣᠨᠴᠠᠯᠢᠭ ᠪᠠ ᠤᠯᠤᠰ ᠲᠦᠷᠦ ᠶᠢᠨ ᠳᠠᠪᠠᠭᠤᠯᠢᠭ ᠢ | ᠭᠦᠨᠵᠡᠭᠡᠢ ᠤᠬᠠᠵᠤ ᠣᠶᠢᠯᠠᠭᠠᠬᠤ ᠬᠡᠷᠡᠭᠲᠡᠢ︔ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠳᠤ ᠵᠤᠯ ᠵᠢᠷᠭᠠᠯ | ᠤᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠴᠢᠷᠮᠠᠶᠢᠬᠰᠠᠨ ᠵᠠᠭᠤᠨ ᠵᠢᠯ ᠤᠨ | ᠥᠩᠭᠡᠷᠡᠯᠲᠡ ᠶᠢ ᠭᠦᠨᠵᠡᠭᠡᠶ ᠰᠤᠳᠤᠯᠵᠤ᠂ ᠨᠠᠮ ᠪᠣᠯᠤᠨ ᠠᠷᠠᠳ ᠲᠦᠮᠡᠨ ᠤ ᠬᠤᠭᠤᠷᠤᠨᠳᠤᠬᠢ ᠦᠬᠦᠵᠦ ᠰᠡᠬᠡᠬᠦ ᠪᠠᠨ | ᠬᠤᠯᠪᠤᠵᠤ᠂ ᠵᠢᠷᠭᠠᠯ ᠵᠤᠪᠠᠯᠠᠩ ᠢᠶᠠᠨ ᠬᠠᠮᠳᠤᠳᠬᠠᠬᠰᠠᠨ ᠰᠠᠯᠵᠤ ᠪᠤᠯᠤᠰᠢ ᠦᠭᠡᠢ ᠬᠠᠷᠢᠴᠠᠭ᠎ᠠ ᠶᠢ ᠭᠦᠨᠵᠡᠭᠡᠶ ᠲᠠᠨᠢᠵᠤ᠂ ᠨᠡᠩ | ᠰᠠᠶᠢᠨ ᠢᠶᠠᠷ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠠᠷᠠᠳ ᠲᠦᠮᠡᠨ ᠳᠤ ᠲᠦᠰᠢᠭᠯᠡᠨ ᠲᠡᠤᠭᠡ ᠶᠢᠨ ᠠᠤᠭ᠎ᠠ | ᠦᠢᠯᠡᠰ ᠢ ᠡᠭᠦᠳᠦᠨ ᠪᠦᠲᠦᠭᠡᠬᠦ ᠬᠡᠷᠡᠭᠲᠡᠶ︔ ᠨᠠᠮ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠤᠭᠰᠠᠨ ᠵᠠᠭᠤᠨ ᠵᠢᠯ ᠤᠨ ᠥᠩᠭᠡᠷᠡᠯᠲᠡ ᠶᠢ ᠬᠥᠨᠵᠡᠭᠡᠢ ᠰᠤᠳᠤᠯᠵᠤ᠂ ᠨᠠᠮ ᠢ | ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠡᠭᠦᠷᠢᠳᠡ ᠵᠤᠬᠰᠤᠰᠢ ᠦᠭᠡᠢ ᠬᠢᠬᠦ ᠡᠷᠡᠰ ᠵᠤᠷᠢᠬ ᠪᠠ ᠪᠠᠳᠤ ᠪᠠᠷᠢᠮᠲᠠᠯᠡᠯ ᠢ | ᠴᠢᠩᠭᠠᠳᠬᠠᠵᠤ᠂ ᠨᠠᠮ ᠤᠨ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ | ᠪᠠᠷᠢᠮᠲᠠᠯᠠᠨ ᠬᠥᠭᠵᠢᠭᠦᠯᠬᠦ ᠲᠡᠦᠬᠡᠨ ᠠᠬᠢᠴᠠ ᠳᠤᠮᠳᠠ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠬᠤ ᠶᠢ | ᠦᠨᠡᠨ ᠬᠦ ᠪᠠᠲᠤᠯᠠᠬᠤ ᠬᠡᠷᠡᠭᠲᠡᠢ︔ ᠲᠡᠦᠬᠡ ᠶᠢᠨ ᠬᠥᠭᠵᠢᠯᠲᠡ ᠶᠢᠨ ᠵᠢᠮ᠎ᠡ ᠶᠣᠰᠣ ᠪᠠ ᠶᠡᠭᠡ ᠬᠠᠨᠳᠤᠰᠢ ᠶᠢ ᠭᠦᠨᠵᠡᠭᠡᠶ | ᠰᠤᠳᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ | ᠲᠡᠦᠬᠡᠨ ᠰᠠᠨᠠᠭᠠᠴᠢᠯᠠᠭ᠎ᠠ ᠶᠢ ᠢᠮᠠᠭᠲᠠ ᠡᠵᠡᠮᠰᠢᠵᠦ᠂ ᠨᠢᠭᠡᠨᠲᠡ ᠲᠣᠭᠲᠠᠭᠰᠠᠨ ᠲᠡᠮᠡᠴᠡᠯ ᠤᠨ ᠬᠠᠷᠠᠯᠲᠠ ᠪᠠᠨ ᠪᠠᠳᠤᠵᠢᠭᠤᠯᠬᠤ᠂ | ᠴᠤᠭ ᠵᠤᠷᠢᠬ ᠪᠠᠳᠠᠷᠠᠩᠭᠤᠢ ᠪᠠᠷ ᠢᠷᠡᠭᠡᠳᠦᠢ ᠲᠡᠶᠢᠰᠢ ᠤᠷᠤᠭᠰᠢᠯᠠᠬᠤ ᠰᠥᠰᠥ ᠵᠣᠷᠢᠭ ᠪᠣᠯᠤᠨ ᠬᠦᠴᠦᠨ ᠴᠢᠳᠠᠯ ᠢᠶᠠᠨ | ᠨᠡᠮᠡᠭᠳᠡᠭᠦᠯᠬᠦ ᠬᠡᠷᠡᠭᠲᠡᠢ ᠭᠡᠵᠤ ᠨᠠᠮ ᠤᠨ ᠲᠦᠪ ᠬᠤᠷᠢᠶ᠎ᠠ ᠦᠵᠡᠵᠤ ᠪᠠᠶᠢᠨ᠎ᠠ᠃ | ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ | ᠳ᠋ᠦᠩᠨᠡᠬᠦ ᠳᠡᠭᠡᠨ ᠬᠤᠪᠢᠰᠤᠩᠭᠤᠶ ᠪᠣᠳᠠᠰᠴᠢ ᠦᠵᠡᠯ ᠪᠠ ᠲᠡᠤᠭᠡ ᠶᠢᠨ ᠪᠣᠳᠠᠰᠴᠢ ᠦᠵᠡᠯ ᠤᠨ ᠠᠷᠭ᠎ᠠ ᠶᠢᠨ ᠤᠨᠤᠯ ᠢ | ᠪᠠᠷᠢᠮᠲᠠᠯᠠᠵᠤ᠂ ᠪᠣᠳᠠᠲᠠᠶ ᠪᠦᠭᠡᠳ ᠲᠡᠤᠭᠡ ᠶᠢᠨ᠂ ᠪᠤᠰᠤᠳᠴᠢ ᠪᠦᠭᠡᠳ ᠪᠦᠬᠦ ᠲᠠᠯ᠎ᠠ ᠶᠢᠨ᠂ ᠬᠤᠯᠪᠤᠭ᠎ᠠ ᠶᠢᠨ ᠪᠠ | ᠬᠥᠭᠵᠢᠯᠲᠡ ᠶᠢᠨ ᠦᠵᠡᠯᠲᠡ ᠪᠠᠷ ᠨᠠᠮ ᠤᠨ ᠲᠡᠤᠭᠡ ᠶᠢ ᠦᠵᠡᠬᠦ ᠬᠡᠷᠡᠭᠲᠡᠶ᠃ ᠵᠥᠪ ᠨᠠᠮ ᠤᠨ ᠲᠡᠦᠬᠡ ᠶᠢᠨ ᠦᠵᠡᠯᠲᠡ ᠶᠢ | ᠪᠠᠷᠢᠮᠲᠠᠯᠠᠵᠤ᠂ ᠬᠠᠮ ᠲᠡᠦᠬᠡ ᠶᠢᠨ ᠦᠵᠡᠯᠲᠡ ᠶᠢ ᠪᠤᠢ ᠪᠣᠯᠭᠠᠵᠤ᠂ ᠨᠠᠮ ᠤᠨ ᠲᠡᠤᠭᠡ ᠶᠢᠨ ᠬᠥᠭᠵᠢᠯᠲᠡ ᠶᠢᠨ ᠭᠤᠤᠯ ᠰᠡᠳᠦᠪ | ᠭᠤᠤᠯ ᠰᠢᠵᠢᠮ᠂ ᠭᠤᠤᠯ ᠤᠷᠤᠰᠬᠠᠯ ᠮᠥᠨ ᠴᠢᠨᠠᠷ ᠢ ᠵᠥᠪ ᠤᠨᠤᠪᠴᠢᠳᠠᠢ ᠡᠵᠡᠮᠰᠢᠵᠦ᠂ ᠨᠠᠮ ᠤᠨ ᠤᠷᠤᠭᠰᠢᠯᠠᠯᠲᠠ ᠶᠢᠨ | ᠵᠠᠮ ᠲᠡᠭᠡᠷ᠎ᠠ ᠦᠡᠭᠭᠡᠷᠡᠬᠦᠯᠦᠭᠰᠡᠨ ᠠᠯᠳᠠᠰᠢ ᠪᠠ ᠨᠤᠭᠤᠷᠠᠯ ᠳᠤ ᠵᠥᠪ ᠢᠶᠠᠷ ᠬᠠᠨᠳᠤᠵᠤ᠂ ᠠᠮᠵᠢᠯᠲᠠ ᠶᠢᠨ ᠳᠤᠮᠳᠠ ᠠᠴᠠ | ᠲᠤᠷᠰᠢᠯᠭ᠎ᠠ ᠶᠢ ᠰᠢᠩᠭᠡᠭᠡᠨ ᠠᠪᠴᠤ᠂ ᠠᠯᠳᠠᠰᠢ ᠶᠢᠨ ᠳᠤᠮᠳᠠ ᠠᠴᠠ ᠰᠤᠷᠭᠠᠮᠵᠢ ᠶᠢ ᠬᠥᠯᠢᠶᠡᠨ ᠠᠪᠴᠤ᠂ ᠢᠯᠠᠯᠲᠠ ᠲᠡᠶᠢᠰᠢ | ᠤᠷᠤᠭᠰᠢᠯᠠᠬᠤ ᠵᠠᠮ ᠢ ᠲᠠᠰᠤᠷᠠᠯᠳᠠ ᠦᠭᠡᠢ ᠨᠡᠭᠡᠭᠡᠬᠦ ᠬᠡᠷᠡᠭᠲᠡᠶ᠃ ᠲᠡᠦᠬᠡ ᠶᠢᠨ ᠦᠭᠡᠶᠢᠰᠭᠡᠬᠦ ᠦᠵᠡᠯ ᠢ ᠲᠤᠭ ᠲᠡᠮᠳᠡᠭ | ᠲᠣᠳᠣᠷᠬᠠᠢ ᠪᠠᠷ ᠡᠰᠡᠷᠭᠦᠴᠡᠵᠦ᠂ ᠦᠵᠡᠯ ᠰᠠᠨᠠᠭ᠎ᠠ ᠪᠠᠷ ᠬᠥᠳᠤᠯᠤᠨ ᠵᠢᠯᠣᠭᠤᠳᠬᠤ ᠪᠠ ᠣᠨᠣᠯ ᠢᠶᠠᠷ ᠢᠯᠭᠠᠨ ᠵᠠᠳᠠᠯᠬᠤ ᠪᠠᠨ | ᠴᠢᠩᠭᠠᠳᠬᠠᠵᠤ᠂ ᠨᠠᠮ ᠤᠨ ᠲᠡᠤᠭᠡᠨ ᠳᠡᠭᠡᠷᠡᠬᠢ ᠵᠠᠷᠢᠮ ᠴᠢᠬᠤᠯᠠ ᠶᠡᠭᠡ ᠲᠡᠤᠭᠡᠨ ᠠᠰᠠᠭᠤᠳᠠᠯ ᠤᠨ ᠲᠤᠬᠠᠶ ᠪᠠᠯᠠᠷᠬᠠᠶ | ᠲᠠᠨᠢᠯᠲᠠ ᠪᠣᠯᠤᠨ ᠥᠷᠥᠭᠡᠰᠦᠭᠡᠯ ᠣᠶᠢᠯᠠᠭᠠᠯᠲᠠ ᠶᠢ ᠲᠣᠳᠣᠷᠬᠠᠢ ᠪᠤᠯᠭᠠᠵᠤ᠂ ᠦᠨᠳᠤᠰᠤᠨ ᠠᠴᠠ ᠨᠢ ᠨᠡᠩ ᠰᠠᠶᠢᠨ | ᠴᠡᠭᠴᠡᠯᠡᠨ ᠵᠠᠰᠠᠬᠤ ᠬᠡᠷᠡᠭᠳᠠᠢ ᠭᠡᠵᠤ ᠨᠠᠮ ᠤᠨ ᠲᠥᠪ ᠬᠤᠷᠢᠶ᠎ᠠ ᠦᠵᠡᠵᠤ ᠪᠠᠶᠢᠨ᠎ᠠ᠃ | ᠡᠨᠡ ᠤᠳᠠᠭᠠᠨ ᠤ ᠪᠥᠬᠦᠳᠡ ᠬᠤᠷᠠᠯ ᠤᠨ ᠰᠢᠢᠳᠪᠦᠷᠢ ᠶᠢ ᠲᠤᠭᠤᠷᠪᠢᠨ ᠪᠢᠴᠢᠬᠦ ᠳᠤ᠂ ᠨᠠᠮ ᠤᠨ ᠲᠥᠪ ᠬᠤᠷᠢᠶ᠎ᠠ | ᠳᠣᠤᠷᠠᠬᠢ ᠬᠡᠳᠦᠨ ᠵᠦᠢᠯ ᠢ ᠴᠢᠬᠤᠯᠠᠴᠢᠯᠡᠨ ᠰᠠᠶᠢᠲᠤᠷ ᠡᠵᠡᠮᠰᠢᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ | ᠨᠢᠭᠡᠳᠦᠭᠡᠷ ᠲᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡᠨ | ᠲᠤᠷᠰᠢᠯᠭ᠎ᠠ ᠶᠢ ᠳ᠋ᠦᠩᠨᠡᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠮᠠᠨ ᠤ ᠨᠠᠮ ᠤᠷᠢᠳ ᠬᠤᠵᠢᠳ ᠬᠤᠶᠠᠷ ᠲᠡᠤᠬᠡᠨ | ᠰᠢᠢᠳᠪᠦᠷᠢ ᠲᠣᠭᠲᠠᠭᠠᠵᠦ ᠦᠡᠭᠬᠡᠷᠡᠵᠠᠢ᠃ ᠨᠠᠮ ᠪᠠᠶᠢᠭᠤᠯᠤᠭᠳᠠᠭᠰᠠᠨ ᠠᠴᠠ ᠥᠭᠡᠷᠡᠴᠢᠯᠡᠯᠲᠡ ᠨᠡᠭᠡᠭᠡᠯᠲᠡ ᠶᠢᠨ ᠡᠬᠢᠨ ᠤ | ᠦᠶ᠎ᠡ ᠪᠣᠯᠲᠠᠯᠠᠬᠢ ᠨᠠᠮ ᠤᠨ ᠲᠡᠦᠬᠡᠨ ᠳᠡᠭᠡᠷᠡᠬᠢ ᠴᠢᠬᠤᠯᠠ ᠶᠡᠭᠡ ᠵᠥᠪ ᠪᠤᠷᠤᠭᠤ ᠶᠢᠨ ᠠᠰᠠᠭᠤᠳᠠᠯ ᠢ ᠡᠨᠡ ᠬᠤᠶᠠᠷ ᠲᠡᠦᠬᠡᠨ | ᠰᠢᠢᠳᠪᠦᠷᠢ ᠦᠨᠳᠦᠰᠦᠨ ᠳᠡᠭᠡᠨ ᠴᠥᠮ ᠰᠢᠢᠳᠪᠦᠷᠢᠯᠡᠵᠦ᠂ ᠦᠨᠳᠦᠰᠦᠨ ᠥᠭᠦᠯᠡᠯᠲᠡ ᠪᠠ ᠳ᠋ᠦᠩ ᠨᠢ ᠤᠳᠤ ᠪᠣᠯᠲᠠᠯ᠎ᠠ | ᠮᠥᠨ ᠲᠤᠬᠢᠷᠠᠵᠤ ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠨᠠᠮ ᠤᠨ ᠠᠵᠢᠯ ᠳᠤ ᠬᠡᠳᠦ᠋ᠢᠪᠡᠷ | ᠡᠳᠦᠶ ᠲᠡᠳᠦᠶ ᠠᠰᠠᠭᠤᠳᠠᠯ ᠭᠠᠷᠴᠤ ᠦᠡᠭᠬᠡᠷᠡᠭᠰᠡᠨ ᠪᠣᠯᠪᠠᠴᠤ᠂ ᠶᠡᠷᠦᠩᠬᠡᠶ ᠳᠤᠨᠢ ᠠᠪᠴᠤ ᠬᠡᠯᠡᠪᠡᠯ ᠨᠠᠮ ᠪᠠ ᠤᠯᠤᠰ ᠤᠨ | ᠠᠵᠢᠯ ᠦᠢᠯᠡᠰ ᠤᠨ ᠬᠥᠭᠵᠢᠯᠲᠡ ᠤᠷᠤᠭᠰᠢᠲᠠᠶ᠂ ᠤᠷᠤᠭᠰᠢᠯᠠᠬᠤ ᠴᠢᠭᠯᠡᠯ ᠵᠥᠪ᠂ ᠣᠯᠤᠭᠰᠠᠨ ᠠᠮᠵᠢᠯᠲᠠ ᠪᠦᠲᠦᠮᠵᠢ | ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠶᠤᠮ᠃ ᠡᠭᠦᠨ ᠳᠤ ᠰᠠᠭᠤᠷᠢᠯᠠᠨ᠂ ᠡᠨᠡ ᠤᠳᠠᠭᠠᠨ ᠤ ᠪᠥᠬᠦᠳᠡ ᠬᠤᠷᠠᠯ ᠤᠨ | ᠰᠢᠢᠳᠪᠦᠷᠢ ᠬᠦᠴᠦᠯᠡᠬᠦ ᠴᠡᠭ ᠢᠶᠠᠨ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ | ᠲᠡᠤᠬᠡᠨ ᠲᠤᠷᠰᠢᠯᠭ᠎ᠠ ᠶᠢ ᠳ᠋ᠦᠩᠨᠡᠬᠦ ᠳᠡᠭᠡᠷ᠎ᠡ ᠲᠠᠯᠪᠢᠵᠤ ᠪᠠᠶᠢᠭᠠᠳ᠂ ᠪᠦᠬᠦ ᠨᠠᠮ ᠤᠨ ᠤᠶᠤᠨ ᠤᠬᠠᠭᠠᠨ ᠢᠶᠠᠨ ᠨᠡᠮᠡᠭᠳᠡᠭᠦᠯᠬᠦ᠂ | ᠪᠦᠯᠬᠦᠮᠳᠡᠯ ᠢᠶᠠᠨ ᠵᠤᠵᠠᠭᠠᠳᠬᠠᠬᠤ᠂ ᠢᠲᠡᠭᠡᠯ ᠵᠣᠷᠢᠭ ᠢᠶᠠᠨ ᠪᠠᠳᠤᠳᠬᠠᠬᠤ᠂ ᠲᠡᠮᠡᠴᠡᠯ ᠤᠨ ᠵᠣᠷᠢᠭ ᠢᠶᠠᠨ ᠴᠢᠩᠭᠠᠳᠬᠠᠬᠤ ᠶᠢ | ᠠᠬᠢᠭᠤᠯᠤᠨ᠎ᠠ᠃ | ᠬᠤᠶᠠᠳᠤᠭᠠᠷ ᠲᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠭᠡᠬᠦ ᠡᠨᠡ | ᠬᠦ ᠭᠤᠤᠯᠳᠠᠯᠭ᠎ᠠ ᠶᠢ ᠲᠤᠪᠤᠶᠢᠯᠭᠠᠨ᠎ᠠ᠃ ᠡᠨᠡ ᠤᠳᠠᠭᠠᠨ ᠤ ᠪᠥᠬᠦᠳᠡ ᠬᠤᠷᠠᠯ ᠤᠨ ᠰᠢᠢᠳᠪᠦᠷᠢ ᠳᠤ ᠰᠢᠨ᠎ᠡ ᠴᠠᠭ ᠦᠶ᠎ᠡ ᠳᠤ | ᠨᠠᠮ ᠪᠠ ᠤᠯᠤᠰ ᠤᠨ ᠠᠵᠢᠯ ᠦᠢᠯᠡᠰ ᠤᠨ ᠣᠯᠤᠭᠰᠠᠨ ᠲᠡᠤᠬᠡᠲᠦ ᠴᠢᠨᠠᠷᠲᠠᠶ ᠠᠮᠵᠢᠯᠲᠠ ᠪᠦᠲᠦᠮᠵᠢ᠂ ᠡᠬᠦᠰᠦᠭᠰᠡᠨ | ᠳᠡᠤᠬᠡᠳᠦ ᠴᠢᠨᠠᠷᠳᠠᠢ ᠬᠤᠪᠢᠰᠤᠯᠳᠠ ᠪᠤᠯᠤᠨ ᠬᠤᠷᠠᠮᠳᠤᠭᠤᠯᠤᠭᠰᠠᠨ ᠰᠢᠨ᠎ᠠ ᠰᠤᠷᠭᠤᠭ ᠳᠤᠷᠰᠢᠯᠭ᠎ᠠ ᠶᠢ ᠭᠤᠤᠯᠳᠠᠯᠭ᠎ᠠ ᠲᠠᠢ | ᠳ᠋ᠦᠩᠨᠡᠨ᠎ᠠ᠂ ᠡᠬᠦᠨ ᠤ ᠭᠤᠤᠯ ᠪᠣᠳᠣᠯᠬᠢᠯᠠᠯ ᠬᠡᠪᠡᠯ᠂ ᠨᠠᠮ ᠤᠨ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ᠂ ᠨᠡᠶᠢᠭᠡᠮ | ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠦᠶ᠎ᠡ᠂ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ | ᠵᠢᠷᠭᠤᠳᠤᠭᠠᠷ ᠪᠥᠬᠦᠳᠡ ᠬᠤᠷᠠᠯ ᠬᠦᠷᠲᠡᠯᠡᠬᠢ ᠲᠡᠤᠬᠡ ᠶᠢ ᠡᠮᠦᠨ᠎ᠡ ᠬᠤᠶᠠᠷ ᠲᠡᠤᠬᠡᠨ ᠰᠢᠢᠳᠪᠦᠷᠢ ᠳᠤ ᠨᠢᠭᠡᠨᠲᠡ | ᠰᠢᠰᠲ᠋ᠧᠮ ᠲᠠᠢ ᠳ᠋ᠦᠩᠨᠡᠵᠠᠢ︔ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠤᠳᠤᠬᠢᠴᠢᠯᠠᠬᠤ ᠪᠦᠳᠤᠭᠡᠨ | ᠪᠠᠶᠢᠭᠤᠯᠤᠯᠳᠡ ᠶᠢᠨ ᠰᠢᠨ᠎ᠡ ᠦᠶ᠎ᠡ ᠶᠢᠨ ᠠᠮᠵᠢᠯᠲᠠ ᠪᠦᠳᠦᠮᠵᠢ ᠪᠠ ᠲᠤᠷᠰᠢᠯᠭ᠎ᠠ ᠶᠢ ᠨᠠᠮ ᠤᠨ ᠠᠷᠪᠠᠨ ᠨᠢᠭᠡᠳᠦᠭᠡᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠬᠤᠷᠠᠯᠳᠤᠭᠰᠠᠨ ᠬᠤᠷᠢᠨ ᠵᠢᠯ ᠤᠨ ᠤᠢ᠂ ᠭᠤᠴᠢᠨ | ᠵᠢᠯ ᠤᠨ ᠤᠢ ᠶᠢᠨ ᠦᠶ᠎ᠡ ᠳᠤ ᠨᠠᠮ ᠤᠨ ᠲᠥᠪ ᠬᠤᠷᠢᠶ᠎ᠠ ᠴᠥᠮ ᠨᠠᠷᠢᠨ ᠬᠢᠨᠠᠮᠠᠭᠠᠶ ᠳ᠋ᠦᠩᠨᠡᠵᠦ᠂ ᠪᠢ ᠥᠭᠡᠷᠡᠴᠢᠯᠡᠯᠲᠡ | ᠨᠡᠭᠡᠭᠡᠯᠲᠡ ᠬᠢᠭᠰᠡᠨ ᠳᠥᠴᠢᠨ ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶᠠᠨ ᠳᠠᠭᠠᠨ ᠪᠠᠰᠠ ᠰᠢᠰᠲ᠋ᠧᠮ ᠲᠠᠢ | ᠳ᠋ᠦᠩᠨᠡᠭᠰᠡᠨ ᠶᠤᠮ᠃ ᠡᠶᠢᠮᠦ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠡᠮᠦᠨᠡᠬᠢ ᠲᠡᠤᠬᠡᠨ ᠦᠶ᠎ᠡ ᠶᠢ ᠡᠨᠡ | ᠤᠳᠠᠭᠠᠨ ᠤ ᠪᠥᠬᠦᠳᠡ ᠬᠤᠷᠠᠯ ᠤᠨ ᠰᠢᠢᠳᠪᠦᠷᠢ ᠳᠤ ᠨᠢᠭᠡᠨᠲᠡ ᠭᠠᠷᠭᠠᠭᠰᠠᠨ ᠳ᠋ᠦᠩᠨᠡᠯᠲᠡ ᠪᠠ ᠳ᠋ᠦᠩ ᠤᠨ ᠰᠠᠭᠤᠷᠢᠨ ᠳᠡᠭᠡᠷ᠎ᠡ | ᠲᠦᠢᠮᠣᠴᠢᠯᠠᠨ ᠥᠭᠦᠯᠡᠨᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠡᠨᠡ | ᠬᠦ ᠭᠤᠣᠯᠳᠠᠯᠭ᠎ᠠ ᠶᠢ ᠳᠣᠪᠤᠶᠢᠯᠭᠠᠬᠤ ᠨᠢ᠂ ᠪᠦᠬᠦ ᠨᠠᠮ ᠢ ᠬᠥᠲᠥᠯᠥᠨ ᠵᠢᠯᠣᠭᠤᠳᠴᠤ ᠢᠲᠡᠭᠡᠯ ᠵᠣᠷᠢᠭ ᠢᠶᠠᠨ ᠤᠯᠠᠮ ᠨᠢᠭᠡ | ᠠᠯᠬᠤᠮ ᠪᠠᠲᠤᠳᠬᠠᠵᠦ᠂ ᠮᠠᠨ ᠤ ᠶᠠᠭ ᠬᠢᠵᠦ ᠪᠠᠶᠢᠭ᠎ᠠ ᠠᠵᠢᠯ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠪᠠᠶᠢᠭᠠᠳ᠂ | ᠨᠡᠩ ᠴᠤᠭ ᠪᠠᠳᠠᠷᠠᠩᠭᠤᠶ ᠳᠦᠷᠰᠦ ᠪᠠᠶᠢᠳᠠᠯ ᠢᠶᠠᠷ ᠰᠢᠨ᠎ᠡ ᠠᠶᠠᠨ ᠵᠠᠮ ᠳᠤ ᠣᠷᠣᠵᠤ᠂ ᠰᠢᠨ᠎ᠡ ᠴᠠᠭ ᠦᠶ᠎ᠡ ᠳᠤ ᠭᠠᠪᠢᠶ᠎ᠠ | ᠪᠠᠶᠢᠭᠤᠯᠬᠤ ᠳᠤ ᠠᠰᠢᠭᠲᠠᠶ ᠶᠤᠮ᠃ | ᠭᠤᠷᠪᠠᠳᠤᠭᠠᠷ ᠲᠤ᠂ ᠴᠢᠬᠤᠯᠠ ᠶᠡᠭᠡ ᠬᠡᠷᠡᠭ ᠶᠠᠪᠤᠳᠠᠯ᠂ ᠴᠢᠬᠤᠯᠠ ᠬᠤᠷᠠᠯ᠂ ᠴᠢᠬᠤᠯᠠ ᠬᠥᠮᠦᠰ ᠢ ᠦᠨᠡᠯᠡᠬᠦ ᠳᠡᠭᠡᠨ | ᠨᠠᠮ ᠤᠨ ᠲᠥᠪ ᠬᠤᠷᠢᠶᠠᠨ ᠤ ᠨᠢᠭᠡᠨᠲᠡ ᠭᠠᠷᠭᠠᠭᠰᠠᠨ ᠳ᠋ᠦᠩ ᠲᠠᠢ ᠵᠤᠯᠭᠠᠯᠳᠤᠭᠤᠯᠬᠤ ᠶᠢ ᠴᠢᠬᠤᠯᠠᠴᠢᠯᠠᠨ᠎ᠠ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠡᠮᠦᠨᠡᠬᠢ ᠨᠠᠮ ᠤᠨ ᠲᠡᠦᠬᠡᠨ ᠳᠡᠭᠡᠷᠡᠬᠢ ᠴᠢᠬᠤᠯᠠ ᠶᠡᠭᠡ ᠬᠡᠷᠡᠭ ᠶᠠᠪᠤᠳᠠᠯ᠂ | ᠴᠢᠬᠤᠯᠠ ᠬᠤᠷᠠᠯ᠂ ᠴᠢᠬᠤᠯᠠ ᠬᠥᠮᠦᠰ ᠤᠨ ᠲᠤᠬᠠᠢ ᠡᠮᠦᠨ᠎ᠡ ᠬᠤᠶᠠᠷ ᠲᠡᠤᠬᠡᠨ ᠰᠢᠢᠳᠪᠦᠷᠢ᠂ ᠨᠠᠮ ᠤᠨ ᠠᠯᠢ ᠤᠯᠠᠨ | ᠴᠢᠬᠤᠯᠠ ᠲᠤᠯᠭᠤᠷ ᠪᠢᠴᠢᠭ ᠲᠤ ᠴᠥᠮ ᠶᠡᠭᠡ ᠬᠡᠮᠵᠢᠶᠡᠨ ᠤ ᠥᠭᠦᠯᠡᠯᠲᠡ ᠬᠢᠵᠦ᠂ ᠲᠥᠪ ᠴᠢᠩᠭ᠎ᠠ ᠪᠠᠷ ᠳ᠋ᠦᠩ ᠭᠠᠷᠭᠠᠵᠤ | ᠥᠩᠭᠡᠷᠡᠵᠡᠢ᠃ ᠡᠨᠡ ᠤᠳᠠᠭᠠᠨ ᠤ ᠪᠥᠬᠦᠳᠡ ᠬᠤᠷᠠᠯ ᠤᠨ ᠰᠢᠢᠳᠪᠦᠷᠢ ᠳᠤ ᠡᠳᠡᠭᠡᠷ ᠦᠨᠳᠦᠰᠦᠨ ᠥᠭᠦᠯᠡᠯᠲᠡ ᠪᠠ ᠳ᠋ᠦᠩ ᠢ | ᠪᠠᠷᠢᠮᠲᠠᠯᠠᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢ ᠳᠤᠮᠳᠠᠳᠤ ᠤᠯᠤᠰ ᠤᠨ ᠡᠪ ᠬᠠᠮᠲᠤ | ᠨᠠᠮ ᠪᠠᠶᠢᠭᠤᠯᠤᠭᠳᠠᠭᠰᠠᠨ ᠶᠡᠷᠡᠨ ᠲᠠᠪᠤᠨ ᠵᠢᠯ ᠤᠨ ᠤᠢ ᠶᠢ ᠪᠡᠯᠭᠡᠯᠡᠬᠦ ᠶᠡᠭᠡ ᠬᠤᠷᠠᠯ᠂ ᠳᠤᠮᠳᠠᠳᠤ ᠤᠯᠤᠰ ᠤᠨ ᠠᠷᠠᠳ ᠤᠨ | ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ ᠶᠡᠷᠡᠨ ᠵᠢᠯ ᠤᠨ ᠤᠢ ᠶᠢ ᠪᠡᠯᠭᠡᠯᠡᠬᠦ ᠶᠡᠭᠡ ᠬᠤᠷᠠᠯ᠂ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠲᠠᠯᠠᠨ ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠢᠯᠠᠩᠭᠤᠶ᠎ᠠ ᠳᠤᠮᠳᠠᠳᠤ | ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠡᠷᠭᠡ ᠴᠢᠬᠤᠯᠠ | ᠬᠤᠷᠠᠯ ᠳᠡᠭᠡᠷ᠎ᠡ᠂ ᠨᠠᠮ ᠤᠨ ᠲᠡᠤᠬᠡ ᠳᠤ ᠴᠥᠮ ᠳ᠋ᠦᠩᠨᠡᠯᠲᠡ ᠪᠠ ᠥᠭᠦᠯᠡᠯᠲᠡ ᠬᠢᠵᠦ ᠦᠡᠭᠬᠡᠷᠡᠵᠠᠢ᠂ ᠡᠨᠡ ᠨᠢ ᠨᠠᠮ ᠤᠨ | ᠵᠠᠭᠤᠨ ᠵᠢᠯ ᠤᠨ ᠲᠡᠮᠡᠴᠡᠯ ᠤᠨ ᠳᠤᠬᠠᠢ ᠨᠠᠮ ᠤᠨ ᠲᠥᠪ ᠬᠤᠷᠢᠶᠠᠨ ᠤ ᠰᠢᠨ᠎ᠡ ᠲᠠᠨᠢᠯᠲᠠ ᠶᠢ ᠢᠯᠡᠷᠡᠭᠦᠯᠦᠭᠰᠡᠨ ᠶᠤᠮ᠃ ᠡᠨᠡ | ᠤᠳᠠᠭᠠᠨ ᠤ ᠪᠥᠬᠦᠳᠡ ᠬᠤᠷᠠᠯ ᠤᠨ ᠰᠢᠢᠳᠪᠦᠷᠢ ᠳᠤ ᠡᠳᠡᠭᠡᠷ ᠰᠢᠨ᠎ᠡ ᠲᠠᠨᠢᠯᠲᠠ ᠶᠢ ᠬᠠᠷᠠᠭᠤᠯᠤᠨ᠎ᠠ᠃ | ᠬᠤᠶᠠᠷ᠂ ᠰᠢᠢᠳᠪᠦᠷᠢ ᠶᠢᠨ ᠨᠤᠤᠷᠠᠭ ᠢ ᠲᠤᠭᠤᠷᠪᠢᠭᠰᠠᠨ ᠶᠠᠪᠤᠴᠠ | ᠡᠨᠡ ᠵᠢᠯ ᠤᠨ 3 ᠰᠠᠷ᠎ᠠ ᠳᠤ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠠᠴᠠ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠳᠡᠭᠡᠷ᠎ᠡ ᠨᠠᠮ ᠤᠨ ᠵᠠᠭᠤᠨ ᠵᠢᠯ ᠤᠨ | ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠬᠦ | ᠠᠰᠠᠭᠤᠳᠠᠯ ᠢ ᠭᠤᠤᠯᠳᠠᠯᠭ᠎ᠠ ᠲᠠᠢ ᠰᠤᠳᠤᠯᠵᠦ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠪᠠᠶᠢᠭᠤᠯᠤᠨ᠂ ᠨᠠᠳᠠ ᠪᠠᠷ | ᠳᠤᠭᠤᠶᠢᠯᠠᠩ ᠤᠨ ᠳᠠᠷᠤᠭ᠎ᠠ ᠶᠢᠨ ᠳᠤᠰᠢᠶᠠᠯ ᠢ ᠡᠬᠦᠷᠬᠡᠯᠡᠬᠦᠯᠵᠦ᠂ ᠸᠠᠩ ᠬᠤ᠋ ᠨᠢᠩ᠂ ᠵᠤᠤ ᠯᠧ ᠵᠶᠢ ᠨᠥᠬᠦᠷ ᠢᠶᠠᠷ | ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠬᠦᠷᠬᠡᠯᠡᠬᠦᠯᠦᠨ᠂ ᠨᠠᠮ ᠪᠠ ᠲᠦᠷᠦ ᠶᠢᠨ ᠬᠤᠯᠪᠣᠭᠳᠠᠯ ᠪᠦᠬᠦᠢ | ᠤᠳᠤᠷᠢᠳᠬᠤ ᠨᠥᠬᠦᠳ ᠵᠢᠴᠢ ᠬᠤᠯᠪᠣᠭᠳᠠᠯ ᠪᠦᠬᠦᠢ ᠲᠥᠪ ᠤᠨ ᠰᠠᠯᠠᠭ᠎ᠠ ᠮᠥᠴᠢᠷ ᠪᠣᠯᠤᠨ ᠣᠷᠣᠨ ᠨᠤᠲᠤᠭ ᠤᠨ | ᠬᠠᠷᠢᠭᠤᠴᠠᠯᠭᠠᠲᠠᠨ ᠨᠥᠬᠦᠳ ᠢ ᠣᠷᠣᠯᠴᠠᠭᠤᠯᠵᠦ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠳᠣᠤᠷ᠎ᠠ ᠪᠢᠴᠢᠭ ᠮᠠᠲ᠋ᠧᠷᠢᠶᠠᠯ ᠲᠤᠭᠤᠷᠪᠢᠨ ᠪᠢᠴᠢᠬᠦ ᠠᠵᠢᠯ ᠢ | ᠡᠭᠦᠷᠭᠡᠯᠡᠬᠦᠯᠬᠦ ᠪᠠᠷ ᠳᠤᠭᠳᠠᠭᠠᠪᠠ᠃ | 4 ᠰᠠᠷ᠎ᠠ ᠶᠢᠨ 1 ᠤ ᠡᠳᠦᠷ᠂ ᠨᠠᠮ ᠤᠨ ᠲᠥᠪ ᠬᠤᠷᠢᠶ᠎ᠠ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ᠨᠠᠮ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡᠨ | ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠬᠦ ᠠᠰᠠᠭᠤᠳᠠᠯ ᠢ ᠭᠤᠤᠯᠳᠠᠯᠭ᠎ᠠ ᠲᠠᠢ ᠰᠤᠳᠤᠯᠬᠤ ᠲᠤᠬᠠᠶ ᠰᠠᠨᠠᠯ ᠬᠤᠷᠢᠶᠠᠬᠤ | ᠮᠡᠳᠡᠭᠳᠡᠯ︾ ᠳᠠᠷᠬᠠᠭᠠᠵᠤ᠂ ᠨᠠᠮ ᠤᠨ ᠳᠣᠲᠣᠨ᠎ᠠ ᠭᠠᠳᠠᠨᠠᠬᠢ ᠵᠣᠬᠢᠬᠤ ᠬᠡᠪᠴᠢᠶᠡᠨ ᠳᠤ ᠰᠠᠨᠠᠯ ᠬᠤᠷᠢᠶᠠᠪᠠ᠃ | ᠬᠠᠷᠢᠭᠤ ᠲᠤᠰᠬᠠᠭᠰᠠᠨ ᠰᠠᠨᠠᠯ ᠠᠴᠠ ᠦᠵᠡᠪᠡᠯ᠂ ᠨᠠᠮ ᠤᠨ ᠲᠥᠪ ᠬᠤᠷᠢᠶ᠎ᠠ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠢ ᠬᠤᠷᠠᠯᠳᠤᠭᠤᠯᠬᠤ ᠪᠠᠷ ᠳᠠᠮᠵᠢᠨ᠂ ᠨᠠᠮ ᠤᠨ ᠵᠠᠭᠤᠨ ᠵᠢᠯ ᠤᠨ | ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠳᠦᠮᠵᠢ ᠪᠠ ᠲᠡᠤᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠬᠦ ᠪᠠᠷ | ᠳᠤᠭᠳᠠᠭᠰᠠᠨ ᠶᠠᠪᠤᠳᠠᠯ ᠪᠤᠯ ᠲᠥᠪ ᠴᠢᠩᠭ᠎ᠠ ᠲᠡᠦᠬᠡᠲᠦ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠢᠳᠪᠦᠷᠢᠲᠦ | ᠪᠣᠳᠣᠯᠭ᠎ᠠ ᠮᠦᠨ᠂ ᠲᠡᠷᠡ ᠨᠢ ᠨᠠᠮ ᠤᠨ ᠳᠤᠯᠭᠤᠷ ᠵᠤᠷᠢᠯᠳᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ | ᠠᠮᠢᠵᠢᠷᠠᠯ ᠤᠨ ᠬᠦᠴᠦᠨ ᠪᠤᠯᠤᠨ ᠠᠮᠢᠳᠤᠯᠢᠬ ᠬᠦᠴᠦᠨ ᠢᠶᠠᠨ ᠡᠭᠦᠷᠢᠳᠡ ᠬᠠᠳᠠᠭᠠᠯᠠᠬᠤ ᠡᠷᠡᠰ ᠪᠠᠲᠤ ᠵᠣᠷᠢᠭ ᠢ ᠭᠦᠢᠴᠡᠳ | ᠢᠯᠡᠷᠡᠭᠦᠯᠵᠦ᠂ ᠨᠠᠮ ᠤᠨ ᠲᠡᠤᠬᠡ ᠶᠢᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠶ ᠡᠵᠡᠮᠰᠢᠨ᠂ ᠨᠠᠮ ᠪᠠ ᠤᠯᠤᠰ ᠤᠨ | ᠠᠵᠢᠯ ᠦᠢᠯᠡᠰ ᠤᠨ ᠬᠥᠭᠵᠢᠯᠲᠡ ᠶᠢᠨ ᠲᠡᠤᠬᠡ ᠶᠢᠨ ᠰᠠᠨᠠᠭᠠᠴᠢᠯᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠢᠮᠠᠭᠳᠠ | ᠡᠵᠡᠮᠳᠠᠵᠦ ᠪᠠᠶᠢᠳᠠᠭ ᠢ ᠭᠦᠢᠴᠡᠳ ᠢᠯᠡᠷᠡᠭᠦᠯᠵᠦ᠂ ᠨᠠᠮ ᠤᠨ ᠣᠳᠣᠬᠢ ᠪᠠᠶᠢᠳᠠᠯ ᠳᠠᠭᠠᠨ ᠰᠠᠭᠤᠷᠢᠯᠠᠨ᠂ ᠢᠷᠡᠭᠡᠳᠦᠶ ᠶᠢ | ᠪᠣᠳᠣᠯᠬᠢᠯᠠᠵᠦ᠂ ᠲᠡᠤᠬᠡᠨ ᠲᠤᠷᠰᠢᠯᠭ᠎ᠠ ᠶᠢ ᠳ᠋ᠦᠩᠨᠡᠨ ᠬᠡᠷᠡᠭᠯᠡᠬᠦ ᠶᠢ ᠴᠢᠬᠤᠯᠠᠴᠢᠯᠠᠳᠠᠭ ᠠᠯᠤᠰ ᠤᠨ ᠬᠠᠷᠠᠴᠠ ᠪᠠ ᠬᠦᠨᠵᠡᠬᠡᠢ | ᠪᠤᠳᠤᠯᠬᠢᠯᠠᠯ ᠢ ᠭᠦᠢᠴᠡᠳ ᠢᠯᠡᠷᠡᠭᠦᠯᠵᠡᠶ ᠬᠡᠵᠦ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠰᠠᠨᠠᠯ | ᠨᠢᠬᠡᠳᠠᠢ ᠦᠵᠡᠵᠦ ᠪᠠᠶᠢᠨ᠎ᠠ᠃ ᠡᠨᠡ ᠤᠳᠠᠭᠠᠨ ᠤ ᠪᠥᠬᠦᠳᠡ ᠬᠤᠷᠠᠯ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ | ᠴᠢᠬᠤᠯᠠ ᠶᠡᠭᠡ ᠠᠮᠵᠢᠯᠲᠠ ᠪᠦᠳᠦᠮᠵᠢ ᠪᠠ ᠲᠡᠤᠬᠡᠨ ᠲᠤᠷᠰᠢᠯᠭ᠎ᠠ ᠶᠢ ᠴᠢᠬᠤᠯᠠᠴᠢᠯᠠᠨ ᠳ᠋ᠦᠩᠨᠡᠬᠦ ᠶᠢ ᠰᠠᠨᠠᠯ ᠨᠢᠬᠡᠳᠠᠢ | ᠵᠦᠪᠰᠢᠶᠡᠷᠡᠭᠰᠡᠨ ᠪᠦᠬᠡᠳ ᠰᠢᠢᠳᠪᠦᠷᠢ ᠳᠤ ᠰᠤᠳᠤᠯᠤᠨ ᠰᠢᠢᠳᠪᠦᠷᠢᠯᠡᠬᠦ ᠴᠢᠬᠤᠯᠠᠲᠠᠶ ᠴᠢᠬᠤᠯᠠ ᠶᠡᠭᠡ ᠠᠰᠠᠭᠤᠳᠠᠯ ᠤᠨ | ᠲᠤᠬᠠᠶ ᠮᠠᠰᠢ ᠤᠯᠠᠨ ᠰᠠᠶᠢᠨ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ | ᠵᠠᠭᠤᠨ ᠵᠢᠯ ᠤᠨ ᠲᠤᠷᠰᠢ᠂ ᠨᠠᠮ ᠠᠴᠠ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠪᠢᠰᠬᠠᠯ᠂ ᠪᠦᠲᠦᠭᠡᠨ | ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠤᠬᠡᠨ ᠦᠶ᠎ᠡ ᠳᠤ ᠦᠷᠭᠦᠯᠵᠢᠯᠡᠨ ᠲᠡᠮᠡᠴᠡᠵᠦ᠂ ᠳᠤᠮᠳᠠᠳᠤ ᠶᠢᠨ | ᠦᠨᠳᠦᠰᠦᠲᠡᠨ ᠤ ᠬᠥᠭᠵᠢᠯᠲᠡ ᠶᠢᠨ ᠲᠡᠤᠬᠡ᠂ ᠳᠡᠯᠡᠬᠡᠶ ᠶᠢᠨ ᠨᠡᠶᠢᠭᠡᠮ ᠵᠢᠷᠤᠮ ᠤᠨ ᠬᠥᠭᠵᠢᠯᠲᠡ ᠶᠢᠨ ᠲᠡᠤᠬᠡ᠂ ᠬᠥᠮᠦᠨ | ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠲᠡᠤᠬᠡ ᠶᠢ ᠬᠡᠷᠡᠯᠳᠦᠬᠦᠯᠦᠭᠰᠠᠨ ᠭᠠᠶᠢᠬᠠᠮᠰᠢᠭ ᠢ ᠡᠭᠦᠳᠦᠨ᠂ ᠤᠢᠢᠷ᠎ᠠ | ᠦᠶ᠎ᠡ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠲᠡᠦᠬᠡᠨ ᠠᠬᠢᠴᠠ ᠶᠢ ᠲᠦᠢᠯᠪᠤᠷᠢᠲᠠᠶ ᠬᠤᠪᠢᠷᠠᠭᠤᠯᠵᠤ᠂ | ᠳᠡᠯᠡᠬᠡᠶ ᠶᠢᠨ ᠨᠡᠶᠢᠭᠡᠮ ᠵᠢᠷᠤᠮ ᠤᠨ ᠲᠡᠤᠬᠡ ᠶᠢᠨ ᠬᠥᠭᠵᠢᠯᠲᠡ ᠶᠢᠨ ᠢᠷᠠᠭᠤ ᠭᠠᠶᠢᠬᠠᠮᠰᠢᠭᠲᠤ ᠬᠠᠭᠤᠳᠠᠰᠤ ᠶᠢ ᠠᠮᠢᠳᠤᠯᠢᠭ | ᠪᠢᠴᠢᠭᠯᠡᠨ᠂ ᠮᠠᠷᠺᠰ ᠤᠨ ᠦᠵᠡᠯ ᠤᠨ ᠰᠢᠨ᠎ᠡ ᠠᠬᠤᠶ ᠪᠠᠶᠢᠳᠠᠯ ᠢ ᠠᠮᠵᠢᠯᠳᠠ ᠲᠠᠢ ᠨᠡᠭᠡᠭᠡᠵᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠠᠯᠠᠷᠠᠰᠢ ᠦᠭᠡᠢ ᠭᠠᠪᠢᠶ᠎ᠠ ᠵᠢᠳᠬᠦᠯ ᠪᠠᠶᠢᠭᠤᠯᠵᠦ᠂ | ᠬᠥᠮᠦᠨ ᠲᠥᠷᠥᠯᠬᠢᠲᠡᠨ ᠤ ᠲᠠᠪᠰᠢᠯᠳᠠ ᠶᠢ ᠠᠬᠢᠭᠤᠯᠬᠤ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠡᠨᠡ ᠬᠦ | ᠠᠭᠤᠤ ᠶᠡᠭᠡ ᠠᠶᠠᠨ ᠵᠠᠮ ᠳᠤ᠂ ᠨᠠᠮ ᠪᠠ ᠠᠷᠠᠳ ᠲᠦᠮᠡᠨ ᠲᠦᠢᠯ ᠤᠨ ᠡᠯᠪᠡᠭ ᠪᠠᠶᠠᠯᠢᠭ ᠡᠷᠬᠢᠮ ᠨᠠᠨᠳᠢᠨ ᠲᠡᠤᠬᠡᠨ | ᠲᠤᠷᠰᠢᠯᠭ᠎ᠠ ᠶᠢ ᠬᠤᠷᠠᠮᠳᠤᠭᠤᠯᠤᠭᠰᠠᠨ ᠪᠠᠶᠢᠨ᠎ᠠ᠃ ᠡᠳᠡᠭᠡᠷ ᠨᠢ ᠪᠦᠷ ᠰᠢᠰᠲ᠋ᠧᠮ ᠲᠠᠢ ᠳ᠋ᠦᠩᠨᠡᠬᠦᠰᠢᠳᠠᠢ ᠵᠦᠢᠯ ᠮᠦᠨ ᠬᠡᠵᠦ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠠ ᠲᠠᠯ᠎ᠠ ᠶᠢᠨ ᠬᠢᠨ ᠰᠠᠨᠠᠯ ᠨᠢᠬᠡᠳᠠᠢ ᠦᠵᠠᠵᠦ ᠪᠠᠶᠢᠨ᠎ᠠ᠃ ᠡᠨᠡ | ᠤᠳᠠᠭᠠᠨ ᠤ ᠪᠥᠬᠦᠳᠡ ᠬᠤᠷᠠᠯ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ | ᠲᠡᠤᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠭᠰᠡᠨ ᠰᠠᠭᠤᠷᠢᠨ ᠳᠡᠭᠡᠷ᠎ᠡ᠂ ᠰᠢᠨ᠎ᠡ ᠴᠠᠭ ᠦᠶ᠎ᠡ ᠳᠤ ᠨᠠᠮ ᠪᠠ | ᠤᠯᠤᠰ ᠤᠨ ᠠᠵᠢᠯ ᠦᠢᠯᠡᠰ ᠤᠨ ᠣᠯᠤᠭᠰᠠᠨ ᠲᠡᠤᠬᠡᠲᠦ ᠴᠢᠨᠠᠷᠲᠠᠶ ᠠᠮᠵᠢᠯᠲᠠ ᠪᠦᠲᠦᠮᠵᠢ᠂ ᠡᠭᠦᠰᠦᠭᠰᠡᠨ ᠲᠡᠤᠬᠡᠲᠦ | ᠴᠢᠨᠠᠷᠲᠠᠶ ᠬᠤᠪᠢᠰᠤᠯᠲᠠ ᠵᠢᠴᠢ ᠰᠢᠨ᠎ᠡ ᠰᠤᠷᠭᠤᠭ ᠲᠤᠷᠰᠢᠯᠭ᠎ᠠ ᠶᠢ ᠭᠤᠤᠯᠳᠠᠯᠭ᠎ᠠ ᠲᠠᠢ ᠳ᠋ᠦᠩᠨᠡᠬᠦ ᠶᠢ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠰᠠᠨᠠᠭᠤᠯᠵᠠᠢ᠃ | ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ | ᠨᠠᠮ ᠤᠨ ᠴᠢᠬᠤᠯᠠ ᠲᠡᠦᠬᠡᠨ ᠲᠤᠯᠭᠤᠷ ᠪᠢᠴᠢᠭ ᠢ ᠨᠠᠷᠢᠨ ᠬᠢᠨᠠᠮᠠᠭᠠᠶ ᠰᠤᠷᠤᠯᠴᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠡᠯ᠎ᠡ ᠲᠠᠯ᠎ᠠ ᠶᠢᠨ ᠬᠢᠨ ᠤ ᠰᠠᠨᠠᠯ ᠪᠠ ᠰᠠᠨᠠᠭᠤᠯᠭ᠎ᠠ ᠶᠢ ᠭᠦᠢᠴᠡᠳ ᠰᠢᠩᠬᠡᠬᠡᠨ ᠠᠪᠴᠤ᠂ ᠴᠢᠬᠤᠯᠠ ᠶᠡᠭᠡ | ᠠᠰᠠᠭᠤᠳᠠᠯ ᠢ ᠭᠦᠨᠵᠡᠭᠡᠶ ᠰᠤᠳᠤᠯᠤᠨ᠂ ᠰᠢᠢᠳᠪᠦᠷᠢ ᠶᠢᠨ ᠨᠤᠤᠷᠠᠭ ᠢ ᠲᠤᠭᠤᠷᠪᠢᠨ ᠪᠢᠴᠢᠬᠦ ᠠᠵᠢᠯ ᠢ ᠨᠠᠷᠢᠨ ᠬᠢᠨᠠᠮᠠᠭᠠᠶ | ᠥᠷᠨᠢᠭᠦᠯᠪᠠ᠃ | 9 ᠰᠠᠷ᠎ᠠ ᠶᠢᠨ 6 ᠤ ᠡᠳᠦᠷ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠲᠣᠭᠲᠠᠭᠠᠯ ᠢ | ᠦᠨᠳᠦᠰᠦᠯᠡᠨ᠂ ᠰᠢᠢᠳᠪᠦᠷᠢ ᠶᠢᠨ ᠰᠠᠨᠠᠯ ᠬᠤᠷᠢᠶᠠᠬᠤ ᠨᠤᠤᠷᠠᠭ ᠢ ᠨᠠᠮ ᠤᠨ ᠲᠣᠳᠣᠭᠠᠳᠦ ᠶᠢᠨ ᠵᠣᠭᠢᠬᠤ ᠭᠡᠪᠴᠢᠶᠡᠨ ᠳᠤ | ᠲᠣᠷᠤᠭᠰᠢ ᠲᠠᠷᠬᠠᠭᠠᠨ ᠰᠠᠨᠠᠯ ᠬᠤᠷᠢᠶᠠᠵᠦ᠂ ᠨᠠᠮ ᠤᠨ ᠲᠤᠲᠤᠭᠠᠳᠤ ᠶᠢᠨ ᠬᠡᠰᠡᠭ ᠠᠬᠠᠮᠠᠳ ᠨᠦᠬᠦᠳ ᠠᠴᠠ ᠴᠤ ᠰᠠᠨᠠᠯ | ᠬᠤᠷᠢᠶᠠᠪᠠ᠂ ᠪᠠᠰᠠ ᠡᠯ᠎ᠠ ᠠᠷᠠᠳᠴᠢᠯᠠᠭᠰᠠᠨ ᠨᠠᠮ ᠪᠦᠯᠦᠭ ᠤᠨ ᠲᠦᠪ ᠬᠤᠷᠢᠶ᠎ᠠ᠂ ᠪᠦᠭᠦ ᠣᠯᠣᠰ ᠤᠨ ᠦᠢᠯᠡᠳᠪᠦᠷᠢ | ᠬᠤᠳᠠᠯᠳᠣᠭᠠᠴᠢᠳ ᠤᠨ ᠬᠤᠯᠪᠣᠭᠠᠳᠦ ᠬᠤᠷᠠᠯ ᠤᠨ ᠬᠠᠷᠢᠭᠤᠴᠠᠯᠭᠠᠳᠠᠨ ᠭᠢᠭᠡᠳ ᠨᠠᠮ ᠪᠦᠯᠦᠭ ᠤᠨ ᠪᠣᠰᠣ ᠭᠦᠮᠦᠰ ᠤᠨ | ᠲᠦᠯᠦᠭᠡᠯᠡᠭᠴᠢ ᠶᠢᠨ ᠰᠠᠨᠠᠯ ᠢ ᠲᠣᠰᠬᠠᠶᠢᠯᠠᠨ ᠰᠣᠨᠣᠰᠪᠠ᠃ | ᠬᠠᠷᠢᠭᠤ ᠲᠤᠰᠬᠠᠭᠰᠠᠨ ᠰᠠᠨᠠᠯ ᠤᠨ ᠪᠠᠶᠢᠳᠠᠯ ᠠᠴᠠ ᠦᠵᠡᠪᠡᠯ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ | ᠲᠠᠯ᠎ᠠ ᠶᠢᠨ ᠬᠢᠨ ᠰᠢᠢᠳᠪᠦᠷᠢ ᠶᠢᠨ ᠰᠠᠨᠠᠯ ᠬᠤᠷᠢᠶᠠᠬᠤ ᠨᠤᠤᠷᠠᠭ ᠢ ᠭᠦᠢᠴᠡᠳ ᠨᠤᠲᠠᠯᠠᠵᠤ᠂ ᠰᠢᠢᠳᠪᠦᠷᠢ ᠶᠢᠨ ᠨᠤᠤᠷᠠᠭ ᠤᠨ | ᠪᠣᠷᠣ ᠲᠥᠯᠥᠪ ᠤᠨ ᠪᠦᠲᠦᠴᠡ ᠪᠣᠯᠤᠨ ᠭᠤᠣᠯ ᠠᠭᠤᠯᠭ᠎ᠠ ᠶᠢ ᠰᠠᠨᠠᠯ ᠨᠢᠭᠡᠲᠡᠢ ᠵᠥᠪᠰᠢᠶᠡᠷᠡᠵᠦ ᠪᠠᠶᠢᠨ᠎ᠠ᠃ ᠰᠢᠢᠳᠪᠦᠷᠢ ᠶᠢᠨ | ᠨᠤᠤᠷᠠᠭ ᠤᠨ ᠬᠠᠮᠤᠭ ᠤᠨ ᠢᠯᠡ ᠲᠣᠳᠣ ᠣᠨᠴᠠᠯᠢᠭ ᠪᠣᠯ ᠦᠨᠡᠨ ᠠᠴᠠ ᠵᠥᠪ ᠢ ᠡᠷᠢᠵᠦ᠂ ᠲᠡᠦᠬᠡ ᠶᠢ ᠬᠦᠨᠳᠦᠳᠭᠡᠵᠦ᠂ | ᠨᠠᠮ ᠤᠨ ᠵᠠᠭᠤᠨ ᠵᠢᠯ ᠤᠨ ᠲᠡᠮᠡᠴᠡᠯ ᠤᠨ ᠲᠤᠯᠭᠤᠷ ᠵᠤᠷᠢᠯᠲᠠ ᠡᠭᠦᠷᠭᠡ ᠬᠠᠷᠢᠭᠤᠴᠠᠯᠭ᠎ᠠ ᠶᠢ ᠲᠤᠰᠬᠠᠵᠤ᠂ ᠲᠡᠦᠬᠡ ᠶᠢᠨ | ᠪᠣᠳᠠᠲᠤ ᠶᠠᠪᠤᠳᠠᠯ ᠲᠠᠢ ᠨᠡᠶᠢᠴᠡᠵᠦ ᠪᠠᠶᠢᠭ᠎ᠠ ᠶᠠᠪᠤᠳᠠᠯ ᠮᠥᠨ︔ ᠰᠢᠢᠳᠪᠦᠷᠢ ᠶᠢᠨ ᠨᠣᠣᠷᠠᠭ ᠲᠠᠬᠢ ᠴᠢᠬᠤᠯᠠ ᠶᠡᠭᠡ ᠬᠡᠷᠡᠭ | ᠶᠠᠪᠤᠳᠠᠯ᠂ ᠴᠢᠬᠤᠯᠠ ᠬᠤᠷᠠᠯ᠂ ᠴᠢᠬᠤᠯᠠ ᠬᠥᠮᠦᠰ ᠤᠨ ᠲᠤᠬᠠᠶ ᠥᠭᠦᠯᠡᠯᠲᠡ ᠪᠠ ᠦᠨᠡᠯᠡᠯᠲᠡ ᠨᠢ ᠨᠠᠮ ᠤᠨ ᠲᠡᠦᠬᠡᠨ | ᠲᠤᠯᠭᠤᠷ ᠪᠢᠴᠢᠭ ᠲᠠᠬᠢ ᠨᠢᠭᠡᠨᠲᠡ ᠪᠠᠶᠢᠭ᠎ᠠ ᠥᠭᠦᠯᠡᠯᠲᠡ ᠪᠠ ᠳ᠋ᠦᠩ ᠲᠠᠢ ᠵᠣᠯᠭᠠᠯᠳᠤᠵᠤ᠂ ᠨᠠᠮ ᠤᠨ ᠲᠡᠦᠬᠡ ᠶᠢᠨ ᠲᠤᠬᠠᠶ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠠᠮ ᠤᠨ ᠲᠥᠪ ᠬᠤᠷᠢᠶᠠᠨ ᠤ ᠰᠢᠨ᠎ᠡ ᠲᠠᠨᠢᠯᠲᠠ ᠶᠢ | ᠬᠠᠷᠠᠭᠤᠯᠤᠭᠰᠠᠨ ᠪᠠᠶᠢᠨ᠎ᠠ᠃ ᠰᠢᠢᠳᠪᠦᠷᠢ ᠶᠢᠨ ᠨᠤᠤᠷᠠᠬ ᠲᠤ ᠳ᠋ᠦᠡᠭᠨᠡᠨ ᠬᠤᠷᠢᠶᠠᠩᠭᠤᠶᠢᠯᠠᠭᠰᠠᠨ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ︾ ᠨᠢ ᠨᠠᠮ ᠤᠨ ᠳᠤᠮᠳᠠᠳᠤ ᠤᠯᠤᠰ ᠪᠠ | ᠬᠥᠮᠦᠨ ᠲᠥᠷᠥᠯᠬᠢᠲᠡᠨ ᠳᠤ ᠦᠵᠡᠭᠦᠯᠦᠭᠰᠡᠨ ᠲᠡᠦᠬᠡᠲᠦ ᠴᠢᠨᠠᠷᠲᠠᠶ ᠬᠤᠪᠢ ᠨᠡᠮᠡᠷᠢ ᠶᠢ ᠪᠦᠬᠦ ᠲᠠᠯ᠎ᠠ ᠪᠠᠷ᠂ ᠭᠦᠨ ᠭᠦᠨᠵᠡᠭᠡᠶ᠂ | ᠰᠢᠰᠲ᠋ᠧᠮ ᠲᠠᠢ ᠲᠤᠰᠬᠠᠪᠠ︔ ᠳ᠋ᠦᠩᠨᠡᠨ ᠬᠤᠷᠢᠶᠠᠩᠭᠤᠶᠢᠯᠠᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ | ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ︾ ᠨᠢ ᠲᠡᠦᠬᠡ᠂ ᠤᠳᠤ᠂ ᠢᠷᠡᠭᠡᠳᠦᠶ ᠶᠢ ᠨᠡᠪᠲᠡᠷᠡᠭᠦᠯᠵᠦ᠂ ᠴᠢᠬᠤᠯᠠ ᠶᠡᠭᠡ | ᠲᠡᠦᠬᠡᠲᠦ ᠠᠴᠢ ᠬᠤᠯᠪᠣᠭᠳᠠᠯ ᠪᠠ ᠪᠣᠳᠠᠲᠤ ᠵᠢᠯᠣᠭᠤᠳᠬᠤ ᠠᠴᠢ ᠬᠤᠯᠪᠣᠭᠳᠠᠯ ᠲᠠᠢ ᠶᠤᠮ ᠭᠡᠵᠦ ᠰᠠᠨᠠᠯ ᠨᠢᠭᠡᠲᠡᠢ ᠦᠵᠡᠪᠡ᠃ | | ᠰᠢᠢᠳᠪᠦᠷᠢ ᠶᠢᠨ ᠨᠤᠤᠷᠠᠭ ᠪᠤᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠤᠯᠭᠤᠷ | ᠵᠤᠷᠢᠯᠲᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠢ | ᠪᠠᠷᠢᠮᠳᠠᠯᠠᠨ ᠬᠦᠭᠵᠢᠭᠦᠯᠬᠦ ᠤᠯᠤᠰ ᠲᠦᠷᠦ ᠶᠢᠨ ᠲᠤᠩᠬᠠᠭ ᠮᠥᠨ᠂ ᠲᠡᠦᠬᠡ ᠪᠠᠷ ᠲᠣᠯᠢ ᠪᠣᠯᠭᠠᠬᠤ᠂ ᠢᠷᠡᠭᠡᠳᠦᠶ ᠪᠠᠨ | ᠡᠭᠦᠳᠦᠨ ᠨᠡᠭᠡᠭᠡᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠵᠢᠯᠯᠠᠭᠠᠨ ᠤ | ᠵᠦᠭᠯᠡᠭᠦᠷ ᠮᠥᠨ᠂ ᠨᠠᠮ ᠤᠨ ᠡᠮᠦᠨ᠎ᠡ ᠬᠤᠶᠠᠷ ᠲᠡᠦᠬᠡᠨ ᠰᠢᠢᠳᠪᠦᠷᠢ ᠲᠠᠢ ᠤᠯᠠᠮᠵᠢᠯᠠᠯ ᠨᠢᠭᠡᠲᠡᠢ ᠮᠥᠷᠲᠡᠭᠡᠨ ᠪᠠᠰᠠ ᠴᠠᠭ | ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠪᠤᠯᠬᠤᠷ ᠪᠦᠬᠦ ᠨᠠᠮ ᠢ ᠤᠷᠮᠠᠰᠢᠭᠤᠯᠤᠨ ᠵᠤᠷᠢᠭᠵᠢᠭᠤᠯᠵᠤ ᠰᠢᠨ᠎ᠡ ᠴᠠᠭ ᠦᠶ᠎ᠡ | ᠰᠢᠨ᠎ᠡ ᠠᠶᠠᠨ ᠵᠠᠮ ᠳᠤ ᠨᠡᠩ ᠶᠡᠭᠡ ᠦᠩᠭᠡ ᠭᠡᠷᠡᠯ ᠢ ᠲᠡᠮᠡᠴᠡᠨ ᠤᠯᠤᠭᠤᠯᠬᠤ ᠨᠢ ᠯᠠᠪᠲᠠᠢ ᠶᠤᠮ ᠭᠡᠵᠦ ᠡᠯ᠎ᠡ ᠭᠠᠵᠠᠷ ᠤᠷᠤᠨ | ᠡᠯ᠎ᠡ ᠰᠠᠯᠠᠭ᠎ᠠ ᠮᠦᠴᠢᠷ ᠡᠯ᠎ᠡ ᠲᠠᠯ᠎ᠠ ᠶᠢᠨ ᠬᠢᠨ ᠨᠡᠶᠢᠳᠡᠮ ᠦᠵᠡᠪᠡ᠃ | ᠰᠠᠨᠠᠯ ᠬᠤᠷᠢᠶᠠᠬᠤ ᠶᠠᠪᠤᠴᠠ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠮᠠᠰᠢ | ᠤᠯᠠᠨ ᠰᠠᠶᠢᠨ ᠰᠠᠨᠠᠯ ᠪᠠ ᠰᠠᠨᠠᠭᠤᠯᠭ᠎ᠠ ᠳᠤᠷᠠᠳᠪᠠ᠃ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠡᠳᠡᠭᠡᠷ ᠰᠠᠨᠠᠯ ᠪᠠ | ᠰᠠᠨᠠᠭᠤᠯᠭ᠎ᠠ ᠶᠢ ᠵᠤᠷᠪᠤᠰ ᠳᠠᠷᠠᠭᠠᠯᠠᠨ ᠵᠠᠳᠠᠯᠵᠦ᠂ ᠰᠢᠩᠭᠡᠭᠡᠨ ᠠᠪᠴᠤ ᠪᠣᠯᠬᠤ ᠶᠢ ᠨᠢ ᠠᠯᠢ ᠴᠢᠳᠠᠬᠤ ᠪᠠᠷ ᠰᠢᠩᠭᠡᠭᠡᠨ ᠠᠪᠤᠪᠠ | ᠃ ᠳᠠᠬᠢᠨ ᠳᠠᠪᠲᠠᠨ ᠰᠤᠳᠤᠯᠵᠤ ᠲᠤᠩᠭᠠᠨ ᠪᠣᠳᠣᠯᠬᠢᠯᠠᠬᠤ ᠪᠠᠷ ᠳᠠᠮᠵᠢᠨ᠂ ᠰᠢᠢᠳᠪᠦᠷᠢ ᠶᠢᠨ ᠨᠤᠤᠷᠠᠭ ᠲᠤ 547 ᠭᠠᠵᠠᠷ | ᠵᠠᠰᠠᠪᠤᠷᠢ ᠣᠷᠣᠭᠤᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠤ ᠰᠠᠨᠠᠯ ᠪᠠ | ᠰᠠᠨᠠᠭᠤᠯᠭ᠎ᠠ ᠶᠢ ᠭᠦᠢᠴᠡᠳ ᠲᠤᠰᠬᠠᠪᠠ᠃ | ᠰᠢᠢᠳᠪᠦᠷᠢ ᠶᠢᠨ ᠨᠣᠣᠷᠠᠭ ᠢ ᠲᠤᠭᠤᠷᠪᠢᠬᠤ ᠶᠠᠪᠤᠴᠠ ᠳᠤ᠂ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠬᠤᠷᠢᠶ᠎ᠠ 3 ᠤᠳᠠᠭ᠎ᠠ ᠬᠤᠷᠠᠯ ᠬᠤᠷᠠᠯᠳᠤᠭᠤᠯᠵᠤ᠂ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶ᠎ᠠ 2 ᠤᠳᠠᠭ᠎ᠠ ᠬᠤᠷᠠᠯ ᠬᠤᠷᠠᠯᠳᠤᠭᠤᠯᠵᠤ ᠬᠢᠨᠠᠨ ᠶᠠᠷᠢᠯᠴᠠᠭᠠᠳ᠂ ᠡᠨᠡ ᠤᠳᠠᠭᠠᠨ ᠤ ᠪᠥᠬᠦᠳᠡ ᠬᠤᠷᠠᠯ ᠳᠤ | ᠳᠡᠪᠰᠢᠭᠦᠯᠵᠦ ᠬᠢᠨᠠᠨ ᠶᠠᠷᠢᠯᠴᠠᠭᠤᠯᠬᠤ ᠰᠢᠢᠳᠪᠦᠷᠢ ᠶᠢᠨ ᠨᠤᠤᠷᠠᠭ ᠢ ᠪᠤᠢ ᠪᠣᠯᠭᠠᠪᠠ᠃ | ᠭᠤᠷᠪᠠ᠂ ᠰᠢᠢᠳᠪᠦᠷᠢ ᠶᠢᠨ ᠨᠤᠤᠷᠠᠭ ᠤᠨ ᠦᠨᠳᠦᠰᠦᠨ ᠪᠣᠷᠣ ᠲᠥᠯᠥᠪ ᠪᠠ ᠭᠤᠤᠯ ᠠᠭᠤᠯᠭ᠎ᠠ | ᠰᠢᠢᠳᠪᠦᠷᠢ ᠶᠢᠨ ᠨᠤᠤᠷᠠᠭ ᠲᠤ ᠣᠷᠣᠰᠢᠯ ᠪᠠ ᠲᠡᠭᠦᠰᠭᠡᠯ ᠤᠨ ᠦᠭᠡ ᠠᠴᠠ ᠭᠠᠳᠠᠨ᠎ᠠ ᠨᠡᠶᠢᠲᠡ 7 ᠬᠡᠰᠡᠭ ᠪᠤᠢ᠃ | ᠨᠢᠭᠡᠳᠦᠭᠡᠷ ᠬᠡᠰᠡᠭ ︽ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠤᠭᠰᠠᠨ︾ | ᠃ ᠡᠨᠡ ᠬᠦ ᠦᠶ᠎ᠡ ᠶᠢᠨ ᠨᠠᠮ ᠳᠤ ᠲᠤᠯᠭᠠᠷᠠᠭᠰᠠᠨ ᠭᠤᠣᠯ ᠡᠭᠦᠷᠭᠡ ᠪᠣᠯ᠂ ᠡᠵᠡᠷᠬᠡᠭ ᠲᠦᠷᠢᠮᠡᠬᠡᠶ ᠶᠣᠰᠣ᠂ ᠹᠧᠣᠳᠠᠯ ᠶᠣᠰᠣ᠂ | ᠨᠣᠶᠠᠨᠴᠢ ᠬᠥᠷᠥᠩᠭᠡᠲᠦ ᠶᠣᠰᠣ ᠶᠢ ᠡᠰᠡᠷᠭᠦᠴᠡᠵᠦ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ | ᠴᠢᠯᠥᠭᠡᠯᠡᠯᠲᠡ ᠶᠢ ᠲᠡᠮᠡᠴᠡᠨ ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠨᠡᠶᠢᠭᠡᠮ ᠤᠨ ᠦᠨᠳᠦᠰᠦᠨ ᠨᠥᠬᠦᠴᠡᠯ ᠢ ᠪᠤᠢ ᠪᠣᠯᠭᠠᠵᠤ ᠥᠭᠬᠦ ᠶᠠᠪᠤᠳᠠᠯ ᠪᠤᠯᠬᠤ ᠶᠢ ᠦᠭᠦᠯᠡᠨ | ᠲᠤᠲᠤᠷᠬᠠᠶᠢᠯᠠᠪᠠ᠃ ᠨᠠᠮ ᠤᠨ ᠪᠤᠶ ᠪᠣᠯᠤᠭᠰᠠᠨ ᠲᠡᠦᠬᠡᠨ ᠠᠬᠤᠶ ᠪᠠᠶᠢᠳᠠᠯ ᠳᠤ ᠵᠠᠳᠠᠯᠤᠯᠲᠠ ᠬᠢᠵᠦ᠂ ᠨᠠᠮ ᠠᠴᠠ ᠠᠷᠠᠳ | ᠲᠦᠮᠡᠨ ᠢ ᠤᠳᠤᠷᠢᠳᠤᠨ ᠨᠠᠮ ᠪᠠᠶᠢᠭᠤᠯᠤᠭᠳᠠᠭᠰᠠᠨ ᠡᠬᠢᠨ ᠤ ᠦᠶ᠎ᠡ ᠪᠠ ᠶᠡᠭᠡ ᠬᠤᠪᠢᠰᠬᠠᠯ ᠤᠨ ᠦᠶ᠎ᠡ᠂ ᠭᠠᠵᠠᠷ | ᠲᠠᠷᠢᠶᠠᠨ ᠤ ᠬᠤᠪᠢᠰᠬᠠᠯᠲᠤ ᠳᠠᠶᠢᠨ ᠤ ᠦᠶ᠎ᠡ᠂ ᠶᠠᠫᠣᠨ ᠢ ᠡᠰᠡᠷᠭᠦᠴᠡᠬᠦ ᠳᠠᠶᠢᠨ ᠤ ᠦᠶ᠎ᠡ᠂ ᠴᠢᠯᠥᠭᠡᠯᠡᠬᠦ ᠳᠠᠶᠢᠨ ᠤ ᠦᠶ᠎ᠡ ᠳᠤ | ᠬᠤᠪᠢᠰᠬᠠᠯᠲᠤ ᠲᠡᠮᠡᠴᠡᠯ ᠬᠢᠭᠰᠡᠨ ᠲᠡᠦᠬᠡᠨ ᠠᠬᠢᠴᠠ ᠪᠠ ᠡᠭᠦᠳᠦᠨ ᠪᠦᠲᠦᠭᠡᠭᠰᠡᠨ ᠠᠭᠤᠤ ᠶᠡᠭᠡ ᠠᠮᠵᠢᠯᠲᠠ ᠪᠦᠲᠦᠮᠵᠢ | ᠵᠢᠴᠢ ᠮᠠᠤ ᠽᠧ ᠳ᠋ᠦᠩ ᠤᠨ ᠦᠵᠡᠯ ᠰᠠᠨᠠᠭ᠎ᠠ ᠶᠢ ᠪᠤᠢ ᠪᠤᠯᠭᠠᠭᠰᠠᠨ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ | ᠢᠨᠵᠧᠨᠧᠷᠢᠩ ᠢ ᠬᠡᠷᠡᠭᠵᠢᠭᠦᠯᠦᠭᠰᠡᠨ ᠪᠠ ᠠᠬᠢᠭᠤᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠳ᠋ᠦᠩᠨᠡᠪᠡ᠃ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠵᠦ᠂ ᠦᠨᠳᠤᠰᠤᠳᠡᠨ ᠤ ᠲᠤᠰᠠᠭᠠᠷ ᠲᠤᠬᠳᠠᠨᠢᠯ᠂ ᠠᠷᠠᠳ ᠲᠦᠮᠡᠨ ᠤ | ᠴᠢᠯᠤᠭᠡᠯᠡᠯᠳᠡ ᠶᠢ ᠪᠡᠶᠡᠯᠡᠬᠦᠯᠵᠤ᠂ ᠳᠤᠮᠳᠠᠳᠤ ᠤᠯᠤᠰ ᠤᠨ ᠬᠡᠳᠦᠨ ᠮᠢᠩᠭᠠᠨ ᠵᠢᠯ ᠤᠨ ᠹᠸᠣᠳᠠᠯ ᠤᠨ ᠡᠵᠡᠷᠬᠡᠭ ᠶᠤᠰᠤᠨ ᠤ | ᠤᠯᠤᠰ ᠲᠥᠷᠥ ᠠᠴᠠ ᠠᠷᠠᠳ ᠤᠨ ᠠᠷᠠᠳᠴᠢᠯᠠᠯ ᠳᠤ ᠰᠢᠯᠵᠢᠭᠰᠡᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠦᠭᠰᠡᠨ︔ | ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ | ᠬᠠᠲᠠᠭᠤᠵᠢᠯᠲᠠᠢ ᠲᠡᠮᠡᠴᠡᠯ ᠢᠶᠠᠷ ᠢᠶᠠᠨ᠂ ᠳᠤᠮᠳᠠᠳᠤ ᠤᠯᠤᠰ ᠤᠨ ᠠᠷᠠᠳ ᠲᠦᠮᠡᠨ ᠡᠭᠦᠨ ᠠᠴᠠ ᠡᠬᠢᠯᠡᠨ ᠪᠣᠰᠴᠤ ᠵᠣᠭᠰᠣᠪᠠ᠂ | ᠳᠤᠮᠳᠠᠳᠤ ᠶᠢᠨ ᠦᠨᠳᠦᠰᠦᠲᠡᠨ ᠤ ᠬᠥᠮᠦᠨ ᠪᠤᠯᠭᠠᠨ ᠳᠤ ᠳᠠᠷᠤᠯᠠᠭᠳᠠᠵᠤ᠂ ᠳᠠᠷᠤᠯᠠᠯ ᠳᠤᠷᠤᠮᠵᠢᠯᠠᠯ ᠢ ᠬᠠᠰᠢᠷᠠᠲᠠᠯ᠎ᠠ ᠠᠮᠰᠠᠵᠦ | ᠪᠠᠶᠢᠭᠰᠠᠨ ᠴᠠᠭ ᠦᠶ᠎ᠡ ᠪᠤᠴᠠᠯᠲᠠ ᠦᠭᠡᠢ ᠦᠩᠭᠡᠷᠡᠨ ᠤᠳᠴᠠᠢ᠂ ᠳᠤᠮᠳᠠᠳᠤ ᠤᠯᠤᠰ ᠤᠨ ᠬᠥᠭᠵᠢᠯᠲᠡ ᠡᠭᠦᠨ ᠠᠴᠠ | ᠡᠬᠢᠯᠡᠨ ᠰᠢᠨ᠎ᠡ ᠴᠠᠭ ᠦᠶ᠎ᠡ ᠶᠢ ᠨᠡᠭᠡᠭᠡᠭᠰᠡᠨ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠭᠰᠠᠨ ᠢ | ᠴᠢᠬᠤᠯᠠᠴᠢᠯᠠᠪᠠ᠃ | ᠬᠤᠶᠠᠳᠤᠭᠠᠷ ᠬᠡᠰᠡᠭ ︽ᠨᠡᠶᠢᠭᠡᠮ ᠵᠢᠷᠤᠮᠲᠤ ᠬᠤᠪᠢᠰᠬᠠᠯ ᠢ ᠪᠡᠶᠡᠯᠡᠭᠦᠯᠦᠭᠰᠡᠨ ᠪᠠ ᠨᠡᠶᠢᠭᠡᠮ ᠵᠢᠷᠤᠮᠲᠤ ᠪᠥᠲᠥᠭᠡᠨ | ᠪᠠᠶᠢᠭᠤᠯᠤᠯᠲᠠ ᠶᠢ ᠠᠬᠢᠭᠤᠯᠤᠭᠰᠠᠨ︾᠃ ᠡᠨᠡ ᠬᠦ ᠦᠶ᠎ᠡ ᠶᠢᠨ ᠨᠠᠮ ᠳᠤ ᠲᠤᠯᠭᠠᠷᠠᠭᠰᠠᠨ ᠭᠤᠣᠯ ᠡᠭᠦᠷᠭᠡ ᠪᠣᠯ᠂ ᠰᠢᠨ᠎ᠡ | ᠠᠷᠠᠳᠴᠢᠯᠠᠭᠰᠠᠨ ᠶᠣᠰᠣᠨ ᠠᠴᠠ ᠨᠡᠶᠢᠭᠡᠮ ᠵᠢᠷᠤᠮ ᠳᠤ ᠰᠢᠯᠵᠢᠨ ᠣᠷᠣᠬᠤ ᠬᠤᠪᠢᠷᠠᠯᠲᠠ ᠶᠢ ᠪᠡᠶᠡᠯᠡᠭᠦᠯᠵᠦ᠂ ᠨᠡᠶᠢᠭᠡᠮ | ᠵᠢᠷᠤᠮᠲᠤ ᠬᠤᠪᠢᠰᠬᠠᠯ ᠬᠢᠵᠦ᠂ ᠨᠡᠶᠢᠭᠡᠮ ᠵᠢᠷᠤᠮᠲᠦ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠨᠳᠦᠰᠦᠨ ᠤᠯᠤᠰ ᠲᠦᠷᠦ ᠶᠢᠨ ᠤᠷᠢᠲᠠᠯ ᠪᠠ | ᠪᠠᠶᠢᠭᠤᠯᠤᠯ ᠤᠨ ᠰᠠᠭᠤᠷᠢ ᠶᠢ ᠲᠠᠯᠪᠢᠵᠤ ᠥᠭᠭᠦ ᠶᠠᠪᠤᠳᠠᠯ ᠪᠤᠯᠬᠤ ᠶᠢ ᠦᠭᠦᠯᠡᠨ ᠲᠤᠲᠤᠷᠬᠠᠶᠢᠯᠠᠪᠠ᠃ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ ᠤ ᠳᠠᠷᠠᠭ᠎ᠠ ᠨᠠᠮ ᠠᠴᠠ ᠠᠷᠠᠳ ᠲᠦᠮᠡᠨ ᠢ ᠤᠳᠤᠷᠢᠳᠤᠨ ᠠᠯᠢ ᠣᠯᠠᠨ ᠬᠦᠨᠳᠦ ᠬᠡᠴᠡᠭᠦᠦ | ᠰᠢᠯᠭᠠᠯᠳᠠ ᠶᠢ ᠢᠯᠠᠨ ᠳᠠᠪᠠᠵᠤ᠂ ᠰᠢᠨ᠎ᠡ ᠪᠠᠷ ᠮᠠᠨᠳᠦᠯᠡᠭᠰᠡᠨ ᠲᠦᠷᠦ ᠶᠢᠨ ᠡᠷᠬᠡ ᠶᠢ ᠪᠠᠬᠢᠵᠢᠭᠦᠯᠦᠨ᠂ ᠠᠮᠵᠢᠯᠲᠠ ᠲᠠᠢ ᠪᠠᠷ | ᠨᠡᠶᠢᠭᠡᠮ ᠵᠢᠷᠤᠮᠲᠤ ᠥᠭᠡᠷᠡᠴᠢᠯᠡᠯᠲᠡ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠪᠠᠶᠢᠭᠤᠯᠤᠯ ᠢ ᠪᠠᠶᠢᠭᠤᠯᠦᠨ᠂ ᠪᠦᠬᠦ ᠲᠠᠯ᠎ᠠ ᠶᠢᠨ | ᠶᠡᠭᠡ ᠬᠡᠪᠴᠢᠶᠡᠨ ᠤ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠭᠠᠳᠠᠭᠠᠳᠤ ᠬᠠᠷᠢᠯᠴᠠᠭᠠᠨ ᠤ | ᠠᠵᠢᠯ ᠤᠨ ᠰᠢᠨ᠎ᠡ ᠪᠠᠶᠢᠳᠠᠯ ᠢ ᠨᠡᠭᠡᠭᠡᠭᠰᠡᠨ ᠲᠡᠦᠬᠡᠨ ᠠᠬᠢᠴᠠ ᠪᠠ ᠡᠭᠦᠳᠦᠨ ᠪᠦᠲᠦᠭᠡᠭᠰᠡᠨ ᠠᠭᠤᠦ ᠶᠡᠭᠡ ᠠᠮᠵᠢᠯᠲᠠ | ᠪᠦᠲᠦᠮᠵᠢ ᠶᠢ ᠳ᠋ᠦᠩᠨᠡᠪᠡ᠃ ᠨᠠᠮ ᠤᠨ ᠲᠥᠷᠥ ᠪᠠᠷᠢᠭᠴᠢ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ | ᠭᠠᠷᠭᠠᠭᠰᠠᠨ ᠴᠢᠷᠮᠠᠶᠢᠯᠭ᠎ᠠ ᠪᠠ ᠬᠤᠷᠠᠮᠳᠤᠭᠤᠯᠤᠭᠰᠠᠨ ᠠᠩᠬ᠎ᠠ ᠠᠯᠬᠤᠮ ᠤᠨ ᠲᠤᠷᠰᠢᠯᠭ᠎ᠠ ᠶᠢ ᠳ᠋ᠦᠩᠨᠡᠵᠦ᠂ ᠡᠨᠡ ᠬᠦ | ᠦᠶ᠎ᠡ ᠳᠤ ᠨᠠᠮ ᠤᠨ ᠣᠯᠤᠭᠰᠠᠨ ᠥᠪᠡᠷᠮᠢᠴᠡ ᠪᠦᠲᠦᠭᠡᠯᠴᠢ ᠴᠢᠨᠠᠷᠲᠠᠶ ᠤᠨᠤᠯ ᠤᠨ ᠦᠷ᠎ᠡ ᠪᠦᠲᠦᠭᠡᠯ ᠢ ᠲᠣᠳᠣᠷᠬᠠᠶᠢᠯᠠᠨ | ᠥᠭᠦᠯᠡᠭᠰᠡᠨ ᠰᠠᠭᠤᠷᠢᠨ ᠳᠡᠭᠡᠷ᠎ᠡ᠂ ᠮᠠᠤ ᠽᠧ ᠳ᠋ᠦᠩ ᠤᠨ ᠦᠵᠡᠯ ᠰᠠᠨᠠᠭ᠎ᠠ ᠳᠤ ᠰᠢᠨᠵᠢᠯᠡᠬᠦ ᠤᠬᠠᠭᠠᠨᠴᠢ ᠦᠨᠡᠯᠡᠯᠲᠡ ᠬᠢᠪᠡ᠃ | ᠡᠨᠡ ᠬᠦ ᠦᠶ᠎ᠡ ᠳᠤ ᠨᠠᠮ ᠠᠴᠠ ᠠᠷᠠᠳ ᠲᠦᠮᠡᠨ ᠢ ᠤᠳᠤᠷᠢᠳᠤᠨ ᠠᠭᠤᠤ ᠶᠡᠭᠡ ᠠᠮᠵᠢᠯᠲᠠ ᠪᠦᠲᠦᠮᠵᠢ ᠶᠢ ᠡᠬᠦᠳᠴᠤ᠂ | ᠶᠠᠳᠠᠭᠤ ᠬᠤᠭᠤᠰᠤᠨ᠂ ᠬᠥᠮᠦᠨ ᠠᠮᠠ ᠣᠯᠠᠨᠲᠠᠢ ᠳᠣᠷᠣᠨᠠᠳᠠᠬᠢᠨ ᠤ ᠲᠤᠮᠤ ᠤᠯᠤᠰ ᠢ ᠲᠤᠮᠤ ᠠᠯᠬᠤᠮ ᠢᠶᠠᠷ ᠨᠡᠶᠢᠭᠡᠮ | ᠵᠢᠷᠤᠮᠲᠤ ᠨᠡᠶᠢᠭᠡᠮ ᠳᠤ ᠣᠷᠣᠭᠤᠯᠤᠭᠰᠠᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠦᠭᠰᠡᠨ︔ ᠳᠤᠮᠳᠠᠳᠤ ᠤᠯᠤᠰ ᠤᠨ ᠡᠪ | ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠲᠠᠭᠤᠵᠢᠯᠲᠠᠶ | ᠲᠡᠮᠡᠴᠡᠯ ᠢᠶᠠᠷ ᠢᠶᠠᠨ᠂ ᠳᠤᠮᠳᠠᠳᠤ ᠤᠯᠤᠰ ᠤᠨ ᠠᠷᠠᠳ ᠲᠦᠮᠡᠨ ᠬᠠᠭᠤᠴᠢᠨ ᠶᠢᠷᠲᠢᠨᠴᠦ ᠶᠢ ᠡᠪᠳᠡᠬᠦ ᠳᠤ ᠴᠢᠳᠠᠮᠠᠭᠠᠶ ᠪᠠᠷ | ᠪᠠᠷᠠᠬᠤ ᠦᠭᠡᠢ᠂ ᠰᠢᠨ᠎ᠡ ᠶᠢᠷᠲᠢᠨᠴᠦ ᠶᠢ ᠪᠠᠶᠢᠭᠤᠯᠬᠤ ᠳᠤ ᠴᠤ ᠴᠢᠳᠠᠮᠠᠭᠠᠶ ᠶᠤᠮ᠂ ᠭᠠᠭᠴᠠ ᠬᠦ ᠨᠡᠶᠢᠭᠡᠮ ᠵᠢᠷᠤᠮ ᠰᠠᠶ᠋ᠢ | ᠳᠤᠮᠳᠠᠳᠤ ᠤᠯᠤᠰ ᠢ ᠠᠪᠤᠷᠠᠵᠤ ᠴᠢᠳᠠᠨ᠎ᠠ᠂ ᠭᠠᠭᠴᠠ ᠬᠦ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠬᠥᠭᠵᠢᠭᠦᠯᠵᠦ | ᠴᠢᠳᠠᠨ᠎ᠠ ᠭᠡᠳᠡᠭ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠭᠰᠠᠨ ᠢ ᠴᠢᠬᠤᠯᠠᠴᠢᠯᠠᠪᠠ᠃ | ᠭᠤᠷᠪᠠᠳᠤᠭᠠᠷ ᠬᠡᠰᠡᠭ ︽ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠬᠢᠭᠰᠡᠨ︾᠃ ᠡᠨᠡ ᠬᠦ ᠦᠶ᠎ᠡ ᠶᠢᠨ ᠨᠠᠮ ᠳᠤ ᠲᠤᠯᠭᠠᠷᠠᠭᠰᠠᠨ ᠭᠤᠣᠯ ᠡᠭᠦᠷᠭᠡ ᠪᠣᠯ᠂ ᠳᠤᠮᠳᠠᠳᠤ | ᠤᠯᠤᠰ ᠤᠨ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠵᠥᠪ ᠵᠠᠮ ᠢ ᠦᠷᠭᠦᠯᠵᠢᠯᠡᠨ ᠰᠦᠪᠡᠭᠴᠢᠯᠡᠵᠦ᠂ ᠨᠡᠶᠢᠭᠡᠮ ᠤᠨ | ᠦᠢᠯᠡᠳᠪᠦᠷᠢᠯᠡᠯ ᠤᠨ ᠬᠦᠴᠦᠨ ᠢ ᠴᠢᠯᠥᠭᠡᠯᠡᠨ ᠬᠥᠭᠵᠢᠭᠦᠯᠵᠦ᠂ ᠠᠷᠠᠳ ᠲᠦᠮᠡᠨ ᠢ ᠶᠠᠳᠠᠭᠤ ᠠᠴᠠ ᠠᠩᠭᠢᠵᠢᠷᠠᠭᠤᠯᠤᠨ ᠠᠯᠢ | ᠲᠦᠷᠭᠡᠨ ᠢᠶᠠᠷ ᠪᠠᠶᠠᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ | ᠰᠢᠨ᠎ᠡ ᠠᠮᠢᠳᠤᠯᠢᠭ ᠬᠦᠴᠦᠨ ᠢᠶᠠᠷ ᠪᠢᠯᠬᠠᠭᠰᠠᠨ ᠪᠠᠶᠢᠭᠤᠯᠤᠯ ᠤᠨ ᠪᠠᠲᠤᠯᠠᠭ᠎ᠠ ᠪᠠ ᠲᠦᠷᠭᠡᠨ ᠢᠶᠠᠷ ᠬᠥᠭᠵᠢᠭᠰᠡᠨ ᠪᠣᠳᠠᠰ ᠤᠨ | ᠨᠥᠬᠦᠴᠡᠯ ᠢ ᠬᠠᠩᠭᠠᠬᠤ ᠶᠠᠪᠤᠳᠠᠯ ᠪᠤᠯᠬᠤ ᠶᠢ ᠦᠭᠦᠯᠡᠨ ᠲᠤᠲᠤᠷᠬᠠᠶᠢᠯᠠᠪᠠ᠃ ᠨᠠᠮ ᠤᠨ ᠠᠷᠪᠠᠨ ᠨᠢᠭᠡᠳᠦᠭᠡᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠲᠡᠦᠬᠡᠲᠦ ᠠᠴᠢ ᠬᠤᠯᠪᠣᠭᠳᠠᠯ ᠢ | ᠴᠢᠬᠤᠯᠠᠴᠢᠯᠠᠵᠤ᠂ ᠳ᠋ᠧᠩ ᠰᠢᠶᠤᠤ ᠫᠢᠩ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ | ᠡᠪ ᠬᠠᠮᠲᠤᠴᠤᠳ᠂ ᠵᠢᠶᠠᠩ ᠽᠧ ᠮᠢᠨ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ | ᠬᠠᠮᠲᠤᠴᠤᠳ᠂ ᠬᠤ᠋ ᠶᠢᠨ ᠲᠤᠦ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ | ᠬᠠᠮᠲᠤᠴᠤᠳ ᠤᠨ ᠭᠠᠷᠭᠠᠭᠰᠠᠨ ᠲᠡᠦᠬᠡᠨ ᠬᠤᠪᠢ ᠨᠡᠮᠡᠷᠢ ᠶᠢ ᠳ᠋ᠦᠩᠨᠡᠵᠦ᠂ ᠨᠠᠮ ᠠᠴᠠ ᠰᠠᠮᠠᠭᠤᠷᠠᠯ ᠢ ᠵᠠᠰᠠᠨ ᠵᠦᠭᠰᠢᠷᠡᠭᠦᠯᠬᠦ | ᠠᠵᠢᠯ ᠢ ᠪᠦᠬᠦ ᠲᠠᠯ᠎ᠠ ᠪᠠᠷ ᠦᠷᠨᠢᠭᠦᠯᠬᠦ ᠶᠢ ᠤᠳᠤᠷᠢᠳᠤᠭᠰᠠᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠤᠨᠤᠯ ᠤᠨ ᠰᠢᠰᠲ᠋ᠧᠮ ᠢ ᠪᠦᠷᠢᠯᠳᠦᠭᠦᠯᠦᠭᠰᠡᠨ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ | ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢ ᠠᠬᠢᠭᠤᠯᠤᠭᠰᠠᠨ᠂ ᠮᠠᠨ ᠤ ᠤᠯᠤᠰ ᠤᠨ ᠥᠭᠡᠷᠡᠴᠢᠯᠡᠯᠲᠡ ᠬᠢᠬᠦ ᠬᠥᠭᠵᠢᠬᠦᠯᠬᠦ | ᠲᠣᠭᠲᠠᠭᠤᠨ ᠪᠠᠶᠢᠯᠭᠠᠬᠤ ᠶᠢᠨ ᠪᠦᠬᠦ ᠲᠠᠯ᠎ᠠ ᠳᠤ ᠬᠤᠯᠪᠣᠭᠳᠠᠬᠤ ᠠᠯᠢ ᠤᠯᠠᠨ ᠠᠶᠤᠯ ᠲᠦᠭᠰᠢᠭᠦᠷᠢ ᠶᠢᠨ ᠰᠢᠯᠭᠠᠯᠲᠠ ᠶᠢ | ᠯᠠᠪᠳᠠᠭᠤᠨ ᠲᠣᠭᠲᠠᠭᠤᠨ ᠢᠶᠠᠷ ᠠᠷᠭᠠᠴᠠᠭᠰᠠᠨ᠂ ᠡᠬᠡ ᠣᠷᠣᠨ ᠢᠶᠠᠨ ᠨᠢᠭᠡᠳᠭᠡᠬᠦ ᠶᠡᠭᠡ ᠦᠢᠯᠡᠰ ᠢ ᠠᠬᠢᠭᠤᠯᠤᠭᠰᠠᠨ᠂ | ᠳᠡᠯᠡᠬᠡᠶ ᠶᠢᠨ ᠡᠩᠬᠡ ᠲᠠᠶᠢᠪᠤᠩ ᠢ ᠬᠠᠮᠠᠭᠠᠯᠠᠭᠰᠠᠨ ᠪᠠ ᠬᠠᠮᠲᠤ ᠪᠠᠷ ᠬᠦᠭᠵᠢᠬᠦ ᠶᠢ ᠠᠬᠢᠭᠤᠯᠤᠭᠰᠠᠨ᠂ ᠨᠠᠮ ᠤᠨ | ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠡᠭᠦᠳᠦᠨ ᠨᠡᠭᠡᠭᠡᠭᠰᠡᠨ ᠪᠠ ᠠᠬᠢᠭᠤᠯᠤᠭᠰᠠᠨ ᠵᠡᠷᠭᠡ ᠲᠠᠯ᠎ᠠ ᠠᠴᠠ | ᠰᠢᠨ᠎ᠡ ᠴᠠᠭ ᠦᠶ᠎ᠡ ᠶᠢᠨ ᠰᠦᠷ ᠳᠠᠯᠠᠶᠢᠴᠠᠲᠠᠶ ᠲᠡᠦᠬᠡᠨ ᠬᠠᠭᠤᠳᠠᠰᠤ ᠪᠠ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ | ᠠᠭᠤᠤ ᠶᠡᠭᠡ ᠠᠮᠵᠢᠯᠲᠠ ᠪᠦᠲᠦᠮᠵᠢ ᠶᠢ ᠢᠯᠡᠷᠡᠭᠦᠯᠪᠡ᠃ ᠡᠨᠡ ᠬᠦ ᠦᠶ᠎ᠡ ᠶᠢᠨ ᠨᠠᠮ ᠠᠴᠠ ᠠᠷᠠᠳ ᠲᠦᠮᠡᠨ ᠢ ᠤᠳᠤᠷᠢᠳᠤᠨ | ᠡᠭᠦᠳᠦᠭᠰᠡᠨ ᠠᠭᠤᠤ ᠶᠡᠭᠡ ᠠᠮᠵᠢᠯᠲᠠ ᠪᠦᠲᠦᠮᠵᠢ ᠨᠢ ᠳᠤᠮᠳᠠᠳᠤ ᠶᠢᠨ ᠦᠨᠳᠦᠰᠦᠲᠡᠨ ᠤ ᠪᠣᠰᠴᠤ ᠵᠣᠭᠰᠣᠭᠰᠠᠨ ᠠᠴᠠ ᠪᠠᠨ | ᠪᠠᠶᠠᠵᠢᠭᠰᠠᠨ ᠠᠭᠤᠤ ᠶᠡᠭᠡ ᠦᠰᠦᠷᠦᠯᠲᠡ ᠶᠢ ᠠᠬᠢᠭᠤᠯᠤᠭᠰᠠᠨ︔ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ | ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠲᠠᠭᠤᠵᠢᠯᠲᠠᠶ ᠲᠡᠮᠡᠴᠡᠯ ᠢᠶᠠᠷ ᠢᠶᠠᠨ᠂ | ᠥᠭᠡᠷᠡᠴᠢᠯᠡᠯᠲᠡ ᠨᠡᠭᠡᠭᠡᠯᠲᠡ ᠪᠣᠯ ᠣᠳᠣ ᠦᠶ᠎ᠡ ᠶᠢᠨ ᠳᠤᠮᠳᠠᠲᠦ ᠣᠯᠣᠰ ᠤᠨ ᠢᠷᠡᠭᠡᠳᠦᠶ ᠬᠤᠪᠢ ᠵᠠᠶᠠᠭ᠎ᠠ ᠶᠢ ᠲᠣᠭᠲᠠᠭᠠᠬᠤ | ᠵᠠᠩᠭᠢᠯᠠᠭ᠎ᠠ ᠶᠢᠨ ᠨᠢᠬᠡᠨ ᠠᠷᠭ᠎ᠠ ᠮᠦᠨ᠂ ᠳᠤᠮᠳᠠᠲᠦ ᠣᠯᠣᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠵᠠᠮ ᠪᠤᠯ | ᠳᠤᠮᠳᠠᠲᠦ ᠣᠯᠣᠰ ᠤᠨ ᠬᠦᠭᠵᠢᠯ ᠴᠡᠴᠡᠭᠯᠡᠯ ᠢ ᠵᠢᠭᠠᠨ ᠵᠢᠯᠦᠭᠤᠳᠬᠤ ᠵᠥᠪ ᠵᠠᠮ ᠮᠦᠨ᠂ ᠳᠤᠮᠳᠠᠳᠤ ᠤᠯᠤᠰ ᠲᠤᠮᠤ | ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠭᠰᠡᠨ ᠢ ᠳᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠬᠰᠠᠨ ᠢ | ᠴᠢᠬᠤᠯᠠᠴᠢᠯᠠᠪᠠ᠃ | ᠳᠥᠷᠪᠡᠳᠦᠭᠡᠷ ᠬᠡᠰᠡᠭ ︽ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢ | ᠡᠭᠦᠳᠦᠨ ᠨᠡᠭᠡᠭᠡᠭᠰᠡᠨ︾᠃ ᠡᠨᠡ ᠬᠦ ᠦᠶ᠎ᠡ ᠶᠢᠨ ᠨᠠᠮ ᠳᠤ ᠲᠤᠯᠭᠠᠷᠠᠵᠤ ᠪᠠᠶᠢᠭ᠎ᠠ ᠭᠤᠣᠯ ᠡᠭᠦᠷᠭᠡ ᠪᠣᠯ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠵᠦ | ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠤᠶᠠᠳᠤᠭᠠᠷ | ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢᠨ ᠰᠢᠨ᠎ᠡ ᠠᠶᠠᠯᠠᠯ ᠢ ᠡᠬᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠬᠠᠷᠠᠯᠲᠠ ᠵᠦᠭ ᠦᠷᠭᠦᠯᠵᠢᠯᠡᠨ ᠤᠷᠤᠭᠰᠢᠯᠠᠬᠤ ᠶᠠᠪᠤᠳᠠᠯ ᠪᠤᠯᠬᠤ ᠶᠢ | ᠦᠭᠦᠯᠡᠨ ᠲᠤᠳᠤᠷᠬᠠᠶᠢᠯᠠᠪᠠ᠃ ᠳᠤᠮᠳᠠᠳᠤ ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠬᠡᠬᠦ | ᠡᠨᠡ ᠬᠦ ᠮᠠᠨ ᠤ ᠤᠯᠤᠰ ᠤᠨ ᠬᠥᠭᠵᠢᠯᠲᠡ ᠶᠢᠨ ᠰᠢᠨ᠎ᠡ ᠲᠡᠦᠬᠡᠨ ᠣᠷᠣᠨ ᠪᠠᠶᠢᠷᠢ ᠶᠢ ᠲᠣᠳᠣᠷᠬᠠᠶᠢᠯᠠᠨ ᠥᠭᠦᠯᠡᠵᠦ᠂ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠠᠮ ᠤᠨ ᠣᠨᠣᠯ ᠤᠨ ᠰᠢᠨ᠎ᠡ ᠡᠭᠦᠳᠦᠯᠲᠡ ᠶᠢᠨ ᠦᠷ᠎ᠡ | ᠪᠦᠲᠦᠭᠡᠯ ᠢ ᠬᠤᠷᠢᠶᠠᠩᠭᠤᠶᠢᠯᠠᠵᠤ᠂ ᠰᠢᠨ᠎ᠡ ᠴᠠᠭ ᠦᠶ᠎ᠡ ᠳᠤ ᠨᠠᠮ ᠳᠤ ᠲᠤᠯᠭᠠᠷᠠᠵᠤ ᠪᠠᠶᠢᠭ᠎ᠠ ᠪᠠᠶᠢᠳᠠᠯ᠂ ᠲᠤᠯᠭᠠᠷᠠᠵᠤ | ᠪᠠᠶᠢᠭ᠎ᠠ ᠲᠦᠭᠰᠢᠭᠦᠷᠢ ᠪᠠ ᠰᠢᠯᠭᠠᠯᠳᠠ ᠳᠤ ᠭᠦᠨᠵᠡᠭᠡᠢ ᠵᠠᠳᠠᠯᠤᠯᠳᠠ ᠬᠢᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ᠂ | ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠤᠯᠤᠰ ᠲᠥᠷᠥ ᠶᠢᠨ ᠪᠠᠶᠢᠭᠤᠯᠤᠯᠲᠠ᠂ ᠪᠦᠬᠦ | ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ | ᠪᠠᠶᠢᠭᠤᠯᠤᠯᠲᠠ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠶᠢ ᠪᠠᠷᠢᠮᠲᠠᠯᠠᠬᠤ ᠪᠠ ᠡᠬᠡ ᠤᠯᠤᠰ ᠤᠨ ᠨᠢᠭᠡᠳᠦᠯ ᠢ ᠠᠬᠢᠭᠤᠯᠬᠤ᠂ ᠭᠠᠳᠠᠭᠠᠳᠤ ᠬᠠᠷᠢᠯᠴᠠᠭᠠᠨ ᠤ ᠠᠵᠢᠯ | ᠵᠡᠷᠭᠡ 13 ᠲᠠᠯ᠎ᠠ ᠠᠴᠠ ᠰᠢᠨ᠎ᠡ ᠴᠠᠭ ᠦᠶ᠎ᠡ ᠶᠢᠨ ᠨᠠᠮ ᠪᠠ ᠤᠯᠤᠰ ᠤᠨ ᠠᠵᠢᠯ ᠦᠢᠯᠡᠰ ᠤᠨ ᠣᠯᠤᠭᠰᠠᠨ ᠲᠡᠦᠬᠡᠲᠦ | ᠴᠢᠨᠠᠷᠲᠠᠶ ᠠᠮᠵᠢᠯᠲᠠ ᠪᠦᠲᠦᠮᠵᠢ᠂ ᠡᠭᠦᠰᠦᠭᠰᠡᠨ ᠲᠡᠦᠬᠡᠲᠦ ᠴᠢᠨᠠᠷᠲᠠᠶ ᠬᠤᠪᠢᠰᠤᠯᠲᠠ ᠶᠢ ᠬᠦᠷᠢᠶ᠎ᠡ ᠬᠤᠪᠢᠶᠠᠨ ᠳ᠋ᠦᠩᠨᠡᠵᠦ᠂ | ᠶᠢᠰᠤᠨ ᠵᠢᠯ ᠤᠨ ᠲᠤᠷᠰᠢᠬᠢ ᠤᠤᠭᠠᠯ ᠡᠭᠦᠳᠦᠯᠲᠡ ᠶᠢᠨ ᠴᠢᠨᠠᠷᠲᠠᠶ ᠦᠵᠡᠯ ᠰᠠᠨᠠᠭ᠎ᠠ᠂ ᠬᠤᠪᠢᠰᠤᠯᠲᠠ ᠶᠢᠨ ᠴᠢᠨᠠᠷᠲᠠᠶ | ᠦᠢᠯᠡᠳᠦᠯᠭᠡ᠂ ᠰᠢᠪᠲᠤᠯᠤᠯᠲᠠ ᠶᠢᠨ ᠴᠢᠨᠠᠷᠲᠠᠶ ᠠᠬᠢᠯᠲᠠ᠂ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠢ | ᠭᠤᠤᠯᠳᠠᠯᠭ᠎ᠠ ᠲᠠᠢ ᠳ᠋ᠦᠩᠨᠡᠪᠠ᠃ ᠡᠨᠡ ᠬᠦ ᠦᠶ᠎ᠡ ᠶᠢᠨ ᠨᠠᠮ ᠠᠴᠠ ᠠᠷᠠᠳ ᠲᠦᠮᠡᠨ ᠢ ᠤᠳᠤᠷᠢᠳᠤᠨ ᠡᠬᠦᠳᠦᠭᠰᠡᠨ ᠠᠭᠤᠤ | ᠶᠡᠭᠡ ᠠᠮᠵᠢᠯᠲᠠ ᠪᠦᠲᠦᠮᠵᠢ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ | ᠨᠡᠩ ᠪᠦᠷᠢᠨ ᠲᠡᠭᠦᠯᠳᠡᠷ ᠪᠠᠶᠢᠭᠤᠯᠤᠯ ᠤᠨ ᠪᠠᠲᠤᠯᠠᠭ᠎ᠠ᠂ ᠨᠡᠩ ᠪᠠᠲᠤ ᠪᠠᠬᠢ ᠪᠣᠳᠠᠰ ᠤᠨ ᠰᠠᠭᠤᠷᠢ᠂ ᠨᠡᠩ | ᠰᠠᠨᠠᠭᠠᠴᠢᠯᠠᠭ᠎ᠠ ᠲᠠᠢ ᠤᠶᠤᠨ ᠰᠠᠨᠠᠭᠠᠨ ᠤ ᠬᠦᠴᠦᠨ ᠬᠠᠩᠭᠠᠬᠰᠠᠨ︔ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ | ᠳᠤᠮᠳᠠᠳᠦ ᠣᠯᠣᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠳᠠᠭᠤᠵᠢᠯᠲᠠᠢ ᠲᠡᠮᠡᠴᠡᠯ ᠢᠶᠠᠷ ᠢᠶᠠᠨ᠂ | ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ ᠪᠠ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ | ᠦᠰᠦᠷᠦᠯᠲᠡ ᠶᠢ ᠤᠭᠲᠤᠨ ᠠᠪᠴᠢᠷᠠᠭᠰᠠᠨ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠬᠰᠠᠨ ᠢ ᠴᠢᠬᠤᠯᠠᠴᠢᠯᠠᠪᠠ | ᠃ | ᠲᠠᠪᠤᠳᠤᠭᠠᠷ ᠬᠡᠰᠡᠭ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠤᠬᠡᠲᠦ | ᠠᠴᠢ ᠬᠤᠯᠪᠣᠭᠳᠠᠯ︾᠃ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠪᠠ ᠴᠢᠬᠤᠯᠠ ᠶᠡᠭᠡ ᠠᠮᠵᠢᠯᠲᠠ | ᠪᠦᠲᠦᠮᠵᠢ ᠶᠢ ᠪᠦᠬᠦ ᠲᠠᠯ᠎ᠠ ᠪᠠᠷ ᠡᠷᠭᠢᠴᠡᠭᠦᠯᠦᠨ ᠳ᠋ᠦᠩᠨᠡᠭᠰᠡᠨ ᠰᠠᠭᠤᠷᠢᠨ ᠳᠡᠭᠡᠷ᠎ᠡ᠂ ᠨᠠᠩ ᠠᠭᠤᠳᠠᠮ ᠰᠠᠷᠠᠭᠤᠯ | ᠬᠠᠷᠠᠭᠠᠰᠤ ᠪᠠᠷ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ᠂ ᠲᠤᠬᠠᠶᠢᠯᠠᠪᠠᠯ ᠨᠠᠮ ᠤᠨ ᠵᠠᠭᠤᠨ | ᠵᠢᠯ ᠤᠨ ᠲᠡᠮᠡᠴᠡᠯ ᠨᠢ ᠳᠤᠮᠳᠠᠳᠤ ᠤᠯᠤᠰ ᠤᠨ ᠠᠷᠠᠳ ᠲᠦᠮᠡᠨ ᠤ ᠢᠷᠡᠭᠡᠳᠦᠶ ᠬᠤᠪᠢ ᠵᠠᠶᠠᠭ᠎ᠠ ᠶᠢ ᠦᠨᠳᠦᠰᠦᠨ ᠠᠴᠠ ᠨᠢ | ᠬᠤᠪᠢᠷᠠᠭᠤᠯᠤᠭᠰᠠᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠥᠪ ᠵᠠᠮ ᠢ | ᠨᠡᠭᠡᠭᠡᠭᠰᠡᠨ᠂ ᠮᠠᠷᠺᠰ ᠤᠨ ᠦᠵᠡᠯ ᠤᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠢᠯᠡᠷᠡᠭᠦᠯᠦᠭᠰᠡᠨ᠂ ᠳᠡᠯᠡᠬᠡᠶ ᠶᠢᠨ | ᠲᠡᠤᠬᠡ ᠶᠢᠨ ᠠᠬᠢᠴᠠ ᠶᠢ ᠭᠦᠨᠵᠡᠭᠡᠶ ᠨᠥᠯᠥᠭᠡᠯᠡᠭᠰᠡᠨ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ ᠬᠤᠰᠢᠭᠤᠴᠢᠯᠠᠵᠦ ᠪᠠᠶᠢᠭ᠎ᠠ | ᠳᠤᠮᠳᠠᠳᠤ ᠤᠯᠤᠰ ᠤᠨ ᠡᠪ ᠬᠠᠮᠲᠤ ᠨᠠᠮ ᠢ ᠳᠠᠪᠲᠠᠨ ᠪᠤᠯᠪᠠᠰᠤᠷᠠᠭᠤᠯᠤᠭᠰᠠᠨ ᠢ ᠳ᠋ᠦᠩᠨᠡᠵᠦ᠂ ᠨᠠᠮ ᠤᠨ ᠳᠤᠮᠳᠠᠳᠤ | ᠤᠯᠤᠰ ᠤᠨ ᠠᠷᠠᠳ ᠲᠦᠮᠡᠨ᠂ ᠳᠤᠮᠳᠠᠳᠤ ᠶᠢᠨ ᠦᠨᠳᠦᠰᠦᠲᠡᠨ᠂ ᠮᠠᠷᠺᠰ ᠤᠨ ᠦᠵᠡᠯ᠂ ᠬᠥᠮᠦᠨ ᠲᠥᠷᠥᠯᠬᠢᠲᠡᠨ ᠤ | ᠲᠠᠪᠰᠢᠯᠳᠠ ᠶᠢᠨ ᠦᠢᠯᠡᠰ᠂ ᠮᠠᠷᠺᠰ ᠤᠨ ᠦᠵᠡᠯ ᠤᠨ ᠲᠦᠷᠦ ᠶᠢᠨ ᠨᠠᠮ ᠤᠨ ᠪᠠᠶᠢᠭᠤᠯᠤᠯᠲᠠ ᠳᠤ ᠦᠵᠡᠭᠦᠯᠦᠭᠰᠡᠨ ᠲᠡᠤᠬᠡᠲᠦ | ᠴᠢᠨᠠᠷᠲᠠᠶ ᠬᠤᠪᠢ ᠨᠡᠮᠡᠷᠢ ᠶᠢ ᠲᠣᠳᠣᠷᠬᠠᠶᠢᠯᠠᠨ ᠥᠭᠦᠯᠡᠪᠡ᠃ ᠡᠨᠡ ᠲᠠᠪᠤᠨ ᠵᠤᠷᠪᠤᠰ ᠬᠤᠷᠢᠶᠠᠩᠭᠤᠶᠢᠯᠠᠯ ᠨᠢ ᠳᠤᠮᠳᠠᠳᠤ ᠶᠢᠨ | ᠡᠬᠡ ᠭᠠᠵᠠᠷ ᠲᠤ ᠰᠠᠭᠤᠷᠢᠯᠠᠭᠰᠠᠨ ᠮᠥᠷᠲᠡᠭᠡᠨ ᠪᠠᠰᠠ ᠬᠥᠮᠦᠨ ᠲᠥᠷᠥᠯᠬᠢᠲᠡᠨ ᠤ ᠢᠷᠡᠭᠡᠳᠦᠶ ᠶᠢ ᠪᠠᠷᠠᠯᠠᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ᠂ ᠳᠤᠮᠳᠠᠳᠤ ᠶᠢᠨ ᠦᠨᠳᠦᠰᠦᠲᠡᠨ ᠤ | ᠬᠠᠷᠢᠴᠠᠭ᠎ᠠ ᠶᠢ ᠬᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠮᠠᠷᠺᠰ ᠤᠨ ᠦᠵᠡᠯ᠂ ᠳᠡᠯᠡᠬᠡᠶ ᠶᠢᠨ | ᠨᠡᠶᠢᠭᠡᠮ ᠵᠢᠷᠤᠮ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠬᠠᠷᠢᠴᠠᠭ᠎ᠠ ᠶᠢ ᠬᠠᠷᠠᠭᠤᠯᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠤᠬᠡᠨ ᠯᠣᠭᠢᠭ᠂ ᠤᠨᠤᠯ ᠤᠨ ᠯᠣᠭᠢᠭ᠂ | ᠦᠢᠯᠡᠳᠦᠯᠭᠡ ᠶᠢᠨ ᠯᠣᠭᠢᠭ ᠢ ᠨᠡᠪᠲᠡᠷᠡᠭᠦᠯᠵᠡᠶ᠃ | ᠵᠢᠷᠭᠤᠳᠤᠭᠠᠷ ᠬᠡᠰᠡᠭ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠤᠬᠡᠨ | ᠲᠤᠷᠰᠢᠯᠭ᠎ᠠ︾᠃ ᠦᠨᠳᠦᠰᠦᠨ ᠴᠢᠨᠠᠷᠲᠠᠶ ᠪᠠ ᠠᠯᠤᠰ ᠬᠡᠳᠤ ᠶᠢᠨ ᠵᠢᠯᠣᠭᠤᠳᠬᠤ ᠠᠴᠢ ᠬᠤᠯᠪᠣᠭᠳᠠᠯ ᠪᠦᠬᠦᠢ ᠠᠷᠪᠠᠨ | ᠵᠤᠷᠪᠤᠰ ᠲᠡᠤᠬᠡᠨ ᠲᠤᠷᠰᠢᠯᠭ᠎ᠠ ᠶᠢ ᠬᠤᠷᠢᠶᠠᠩᠭᠤᠶᠢᠯᠠᠵᠠᠶ᠂ ᠲᠤᠬᠠᠶᠢᠯᠠᠪᠠᠯ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠂ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠎ᠠ᠂ ᠤᠨᠤᠯ ᠤᠨ ᠰᠢᠨ᠎ᠡ ᠡᠭᠦᠳᠤᠯᠲᠡ ᠶᠢ ᠪᠠᠷᠢᠮᠲᠠᠯᠠᠨ᠎ᠠ᠂ ᠪᠡᠶ᠎ᠡ ᠪᠠᠨ | ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠨ᠎ᠠ᠂ ᠳᠤᠮᠳᠠᠳᠤ ᠤᠯᠤᠰ ᠤᠨ ᠵᠠᠮ ᠢ ᠪᠠᠷᠢᠮᠲᠠᠯᠠᠨ᠎ᠠ᠂ ᠬᠡᠬᠦᠳᠡᠭ ᠴᠡᠭᠡᠵᠢᠨ ᠳᠡᠭᠡᠨ | ᠳᠡᠯᠡᠬᠡᠶ ᠳ᠋ᠠᠬᠢᠨ ᠢ ᠪᠤᠳᠤᠯᠬᠢᠯᠠᠬᠤ ᠶᠢ ᠪᠠᠷᠢᠮᠲᠠᠯᠠᠨ᠎ᠠ᠂ ᠵᠠᠮ ᠨᠡᠭᠡᠭᠡᠨ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠂ ᠵᠣᠷᠢᠭᠲᠠᠶ ᠪᠠᠷ | ᠲᠡᠮᠡᠴᠡᠯ ᠬᠢᠬᠦ ᠶᠢ ᠪᠠᠷᠢᠮᠲᠠᠯᠠᠨ᠎ᠠ᠂ ᠨᠢᠭᠡᠳᠦᠮᠡᠯ ᠹᠷᠣᠨᠲ ᠢ ᠪᠠᠷᠢᠮᠲᠠᠯᠠᠨ᠎ᠠ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ | ᠪᠠᠷᠢᠮᠲᠠᠯᠠᠨ᠎ᠠ᠃ ᠡᠨᠡ ᠠᠷᠪᠠᠨ ᠵᠤᠷᠪᠤᠰ ᠲᠡᠤᠬᠡᠨ ᠲᠤᠷᠰᠢᠯᠭ᠎ᠠ ᠪᠣᠯ ᠰᠢᠰᠲ᠋ᠧᠮ ᠨᠢ ᠪᠦᠷᠢᠨ ᠪᠦᠲᠦᠨ᠂ ᠬᠠᠷᠢᠯᠴᠠᠨ | ᠨᠡᠪᠲᠡᠷᠡᠯᠴᠡᠭᠰᠡᠨ ᠣᠷᠭᠠᠨᠢᠭ ᠪᠦᠬᠦᠯᠢ ᠴᠣᠭᠴᠠ ᠮᠦᠨ᠂ ᠲᠡᠷᠡ ᠨᠢ ᠨᠠᠮ ᠪᠠ ᠠᠷᠠᠳ ᠲᠦᠮᠡᠨ ᠤ ᠠᠵᠢᠯ ᠦᠢᠯᠡᠰ ᠤᠨ | ᠲᠠᠰᠤᠷᠠᠯᠲᠠ ᠦᠭᠡᠢ ᠠᠮᠵᠢᠯᠲᠠ ᠣᠯᠬᠤ ᠶᠢᠨ ᠦᠨᠳᠦᠰᠦᠨ ᠪᠠᠲᠤᠯᠠᠭ᠎ᠠ ᠶᠢ ᠢᠯᠡᠷᠡᠭᠦᠯᠵᠦ᠂ ᠨᠠᠮ ᠤᠨ ᠢᠮᠠᠭᠲᠠ ᠢᠯᠠᠭᠳᠠᠰᠢ | ᠦᠭᠡᠢ ᠪᠠᠶᠢᠷᠢᠨ ᠳᠤ ᠪᠠᠶᠢᠬᠤ ᠶᠢᠨ ᠬᠦᠴᠦᠨ ᠴᠢᠳᠠᠯ ᠤᠨ ᠡᠬᠢ ᠰᠤᠷᠪᠤᠯᠵᠢ ᠶᠢ ᠢᠯᠡᠷᠡᠭᠦᠯᠵᠦ᠂ ᠨᠠᠮ ᠤᠨ ᠢᠮᠠᠭᠲᠠ | ᠲᠡᠦᠬᠡ ᠶᠢᠨ ᠰᠠᠨᠠᠭᠠᠴᠢᠯᠠᠭ᠎ᠠ ᠶᠢ ᠡᠵᠡᠮᠰᠢᠵᠦ ᠪᠠᠶᠢᠬᠤ ᠶᠢᠨ ᠦᠨᠳᠦᠰᠦᠨ ᠰᠢᠯᠲᠠᠭᠠᠨ ᠢ ᠢᠯᠡᠷᠡᠭᠦᠯᠵᠦ᠂ ᠨᠠᠮ ᠤᠨ ᠡᠭᠦᠷᠢᠲᠡ | ᠲᠡᠷᠢᠭᠦᠨ ᠤ ᠴᠢᠨᠠᠷ ᠪᠣᠯᠤᠨ ᠴᠡᠪᠡᠷ ᠴᠢᠨᠠᠷ ᠢᠶᠠᠨ ᠬᠠᠳᠠᠭᠠᠯᠠᠬᠤ᠂ ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠤ | ᠬᠤᠰᠢᠭᠤᠴᠢᠯᠠᠬᠤ ᠶᠢᠨ ᠦᠨᠳᠦᠰᠦᠨ ᠠᠷᠭ᠎ᠠ ᠵᠠᠮ ᠢ ᠢᠯᠡᠷᠡᠭᠦᠯᠪᠡ᠃ ᠡᠨᠡ ᠠᠷᠪᠠᠨ ᠵᠤᠷᠪᠤᠰ ᠲᠡᠤᠬᠡᠨ ᠲᠤᠷᠰᠢᠯᠭ᠎ᠠ ᠪᠣᠯ | ᠤᠷᠲᠤ ᠬᠤᠭᠤᠴᠠᠭᠠᠨ ᠤ ᠦᠢᠯᠡᠳᠦᠯᠭᠡ ᠪᠠᠷ ᠳᠠᠮᠵᠢᠨ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠮᠦᠨ᠂ ᠨᠠᠮ | ᠪᠣᠯᠤᠨ ᠠᠷᠠᠳ ᠲᠦᠮᠡᠨ ᠤ ᠬᠠᠮᠲᠤ ᠪᠠᠷ ᠡᠭᠦᠳᠦᠨ ᠪᠦᠲᠦᠭᠡᠭᠰᠡᠨ ᠣᠶᠤᠨ ᠰᠠᠨᠠᠭᠠᠨ ᠤ ᠥᠪ ᠬᠥᠷᠥᠩᠭᠡ ᠮᠥᠨ᠂ ᠡᠷᠬᠡᠪᠰᠢ | ᠬᠤᠪᠢ ᠳᠠᠬᠢᠨ ᠨᠠᠨᠳᠢᠩᠨᠠᠵᠦ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠦ ᠰᠢᠨ᠎ᠡ ᠴᠠᠭ ᠦᠶ᠎ᠡ ᠶᠢᠨ ᠦᠢᠯᠡᠳᠦᠯᠭᠡ | ᠳᠤᠮᠳᠠ ᠲᠠᠰᠤᠷᠠᠯᠲᠠ ᠦᠭᠡᠢ ᠪᠠᠶᠠᠯᠢᠭᠵᠢᠭᠤᠯᠤᠨ ᠬᠦᠭᠵᠢᠭᠦᠯᠬᠦ ᠬᠡᠷᠡᠭᠲᠡᠢ ᠭᠡᠰᠡᠨ ᠢ ᠴᠢᠬᠤᠯᠠᠴᠢᠯᠠᠪᠠ᠃ | ᠳᠣᠯᠣᠳᠤᠭᠠᠷ ᠬᠡᠰᠡᠭ ︽ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠨᠠᠮ︾᠃ ᠬᠤᠶᠠᠳᠤᠭᠠᠷ | ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠲᠠᠢ ᠤᠶᠠᠯᠳᠤᠭᠤᠯᠤᠨ᠂ ᠪᠦᠬᠦ ᠨᠠᠮ ᠢᠶᠠᠷ ᠢᠶᠠᠨ ᠰᠠᠨᠠᠭᠰᠠᠨ ᠳᠠᠭᠠᠨ | ᠬᠦᠷᠬᠦ ᠪᠠᠷ ᠰᠢᠨᠳᠠᠷᠠᠰᠢ ᠦᠭᠡᠢ ᠲᠡᠮᠡᠴᠡᠬᠦ ᠵᠤᠷᠢᠭ ᠢᠶᠠᠷ ᠲᠣᠭᠲᠠᠭᠰᠠᠨ ᠬᠠᠷᠠᠯᠲᠠ ᠪᠠᠨ ᠴᠢᠷᠮᠠᠶᠢᠨ ᠪᠡᠶᠡᠯᠡᠭᠦᠯᠵᠦ᠂ ᠵᠠᠭᠤᠨ | ᠭᠠᠵᠠᠷ ᠠᠶᠠᠯᠠᠬᠤᠢ ᠳᠤᠷ ᠶᠡᠷᠡᠨ ᠭᠠᠵᠠᠷ ᠲᠤᠭᠤᠯᠤᠭᠰᠠᠨ ᠠᠨᠤ ᠬᠠᠭᠠᠰ ᠵᠠᠮᠨᠠᠭᠰᠠᠨ ᠲᠡᠲᠦᠢ ᠪᠤᠯᠠᠢ ᠭᠡᠬᠦ ᠰᠡᠷᠭᠡᠭ | ᠲᠠᠨᠢᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠴᠥᠬᠦᠷᠡᠰᠢ ᠦᠭᠡᠢ ᠠᠬᠢᠭᠤᠯᠬᠤ | ᠬᠡᠷᠡᠭᠲᠡᠢ ᠭᠡᠰᠡᠨ ᠢ ᠴᠢᠬᠤᠯᠠᠴᠢᠯᠠᠪᠠ︔ ᠡᠷᠬᠡᠪᠰᠢ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ | ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠦ᠂ ᠠᠷᠠᠳ ᠲᠦᠮᠡᠨ ᠪᠠᠶᠠᠵᠢᠨ ᠴᠢᠨᠡᠭᠡᠯᠢᠭᠵᠢᠬᠦ᠂ ᠤᠯᠤᠰ ᠣᠷᠣᠨ ᠬᠦᠴᠦᠷᠬᠡᠭᠵᠢᠨ ᠪᠠᠳᠠᠷᠠᠬᠤ᠂ | ᠳᠤᠮᠳᠠᠳᠤ ᠤᠯᠤᠰ ᠦᠵᠡᠰᠭᠦᠯᠡᠩᠲᠦ ᠰᠠᠶᠢᠬᠠᠨ ᠪᠤᠯᠬᠤ ᠶᠢ ᠬᠠᠮᠵᠢᠯᠴᠠᠭᠤᠯᠤᠨ ᠠᠬᠢᠭᠤᠯᠬᠤ ᠬᠡᠷᠡᠭᠲᠡᠢ ᠭᠡᠰᠡᠨ ᠢ | ᠴᠢᠬᠤᠯᠠᠴᠢᠯᠠᠪᠠ︔ ᠡᠷᠬᠡᠪᠰᠢ ᠠᠷᠠᠳ ᠤᠯᠠᠨ ᠯᠤᠭ᠎ᠠ ᠶᠢᠨ ᠰᠠᠯᠵᠤ ᠪᠣᠯᠤᠰᠢ ᠦᠭᠡᠢ ᠬᠠᠷᠢᠴᠠᠭ᠎ᠠ ᠪᠠᠨ ᠡᠭᠦᠷᠢᠳᠡ ᠪᠠᠲᠤᠯᠠᠵᠤ᠂ | ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠠᠰᠤᠷᠠᠯᠳᠠ ᠦᠭᠡᠢ ᠰᠠᠶᠢᠲᠤᠷ | ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠬᠡᠷᠡᠭᠲᠡᠶ ᠭᠡᠰᠡᠨ ᠢ ᠴᠢᠬᠤᠯᠠᠴᠢᠯᠠᠪᠠ︔ ᠡᠷᠬᠡᠪᠰᠢ | ᠵᠤᠪᠠᠵᠦ ᠵᠦᠳᠡᠬᠦᠢ ᠳᠤᠷ ᠲᠤᠭᠲᠠᠨᠢᠵᠦ᠂ ᠵᠢᠷᠭᠠᠵᠦ ᠴᠡᠩᠬᠡᠬᠦᠢ ᠳᠤᠷ ᠰᠦᠨᠦᠮᠤᠢ ᠭᠡᠳᠡᠭ ᠢ ᠪᠠᠲᠦ ᠴᠡᠭᠡᠵᠢᠯᠡᠨ᠂ ᠴᠠᠭ | ᠢᠮᠠᠭᠲᠠ ᠠᠯᠤᠰ ᠤᠨ ᠪᠤᠳᠤᠯᠭ᠎ᠠ ᠲᠠᠢ ᠪᠠᠶᠢᠵᠦ᠂ ᠠᠮᠤᠷ ᠲᠥᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ | ᠪᠣᠳᠣᠯᠬᠢᠯᠠᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ | ᠦᠷᠭᠦᠯᠵᠢᠯᠡᠨ ᠠᠬᠢᠭᠤᠯᠬᠤ ᠬᠡᠷᠡᠭᠲᠡᠢ ᠭᠡᠰᠡᠨ ᠢ ᠴᠢᠬᠤᠯᠠᠴᠢᠯᠠᠪᠠ︔ ᠵᠠᠯᠭᠠᠮᠵᠢᠯᠠᠭᠴᠢ ᠲᠠᠢ ᠪᠠᠶᠢᠯᠭᠠᠬᠤ ᠡᠨᠡ ᠬᠦ ᠦᠨᠳᠦᠰᠦᠨ | ᠶᠡᠭᠡ ᠪᠤᠳᠤᠯᠭ᠎ᠠ ᠶᠢ ᠡᠷᠬᠡᠪᠰᠢ ᠰᠠᠶᠢᠲᠤᠷ ᠠᠳᠬᠤᠬᠤ ᠬᠡᠷᠡᠭᠲᠡᠶ ᠭᠡᠰᠡᠨ ᠢ ᠴᠢᠬᠤᠯᠠᠴᠢᠯᠠᠪᠠ᠃ ᠪᠦᠬᠦ ᠨᠠᠮ ᠪᠦᠬᠦ ᠴᠡᠷᠢᠭ | ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠦᠴᠦᠭᠡᠳᠦᠷ ᠤᠨ ᠭᠠᠰᠠᠯᠠᠩ ᠵᠣᠪᠠᠯᠠᠩ ᠪᠠ ᠭᠡᠷᠡᠯ | ᠭᠢᠯᠪᠠᠭ᠎ᠠ ᠪᠠᠨ ᠤᠮᠠᠷᠲᠠᠬᠤ ᠦᠭᠡᠢ᠂ ᠥᠨᠥᠳᠦᠷ ᠤᠨ ᠡᠭᠦᠷᠭᠡ ᠬᠠᠷᠢᠭᠤᠴᠠᠯᠭ᠎ᠠ ᠳᠠᠭᠠᠨ ᠤᠰᠤᠯᠳᠠᠬᠤ ᠦᠭᠡᠢ᠂ ᠮᠠᠷᠭᠠᠰᠢ ᠶᠢᠨ | ᠠᠭᠤᠤ ᠶᠡᠭᠡ ᠬᠦᠰᠡᠯ ᠡᠷᠡᠮᠡᠯᠵᠡᠯ ᠢᠶᠠᠨ ᠬᠥᠰᠡᠷᠳᠡᠭᠦᠯᠬᠦ ᠦᠭᠡᠢ ᠪᠠᠶᠢᠵᠦ᠂ ᠲᠡᠤᠬᠡ ᠪᠠᠷ ᠲᠣᠯᠢ ᠪᠣᠯᠭᠠᠵᠦ᠂ ᠢᠷᠡᠭᠡᠳᠦᠶ ᠪᠠᠨ | ᠡᠭᠦᠳᠦᠨ ᠨᠡᠭᠡᠭᠡᠵᠦ᠂ ᠰᠢᠷᠭᠠᠭᠤ ᠬᠠᠲᠠᠭᠤᠵᠢᠯᠲᠠᠶ ᠠᠵᠢᠯᠯᠠᠨ᠂ ᠡᠷᠡᠯᠬᠡᠭ ᠰᠢᠭᠤᠷᠬᠠᠢ ᠪᠠᠷ ᠤᠷᠤᠭᠰᠢᠯᠠᠵᠤ᠂ ᠬᠤᠶᠠᠳᠤᠭᠠᠷ | ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠣᠯᠣᠰ ᠤᠨ ᠵᠡᠭᠦᠳᠦ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠰᠤᠭᠡᠢ ᠭᠡᠵᠦ | ᠤᠷᠢᠶᠠᠯᠠᠪᠠ᠃ | ᠨᠥᠬᠦᠳ ᠡ︕ ᠡᠨᠡ ᠰᠢᠢᠳᠪᠦᠷᠢ ᠶᠢ ᠬᠢᠨᠠᠨ ᠶᠠᠷᠢᠯᠴᠠᠵᠤ ᠪᠠᠲᠤᠯᠠᠬᠤ ᠪᠤᠯ ᠡᠨᠡ ᠤᠳᠠᠭᠠᠨ ᠤ ᠪᠥᠬᠦᠳᠡ | ᠬᠤᠷᠠᠯ ᠤᠨ ᠭᠤᠤᠯ ᠡᠭᠦᠷᠭᠡ ᠮᠥᠨ᠃ ᠣᠯᠠᠨ ᠢᠶᠠᠷ ᠢᠶᠠᠨ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠲᠡᠦᠬᠡ᠂ ᠣᠳᠣ᠂ ᠢᠷᠡᠭᠡᠳᠦᠶ ᠶᠢ ᠨᠡᠪᠲᠡᠷᠡᠭᠦᠯᠦᠨ ᠡᠵᠡᠮᠳᠡᠵᠦ᠂ ᠭᠦᠨᠵᠡᠭᠡᠶ | ᠰᠡᠳᠭᠢᠨ ᠪᠣᠳᠣᠯᠬᠢᠯᠠᠵᠤ᠂ ᠭᠦᠨᠵᠡᠭᠡᠶ ᠰᠤᠳᠤᠯᠤᠨ ᠶᠠᠷᠢᠯᠴᠠᠵᠤ᠂ ᠰᠡᠳᠭᠢᠯ ᠰᠠᠨᠠᠭ᠎ᠠ ᠪᠠᠨ ᠲᠥᠪᠯᠡᠷᠡᠭᠦᠯᠵᠦ᠂ ᠣᠯᠠᠨ ᠤ | ᠣᠶᠤᠨ ᠤᠬᠠᠭᠠᠨ ᠢ ᠲᠥᠪᠯᠡᠷᠡᠭᠦᠯᠦᠨ᠂ ᠪᠦᠲᠦᠭᠡᠯᠴᠢ ᠴᠢᠨᠠᠷᠲᠠᠶ ᠰᠠᠨᠠᠯ ᠪᠠ ᠰᠠᠨᠠᠭᠤᠯᠭ᠎ᠠ ᠳᠤᠷᠠᠳᠴᠤ᠂ ᠬᠠᠮᠲᠤ ᠪᠠᠷ ᠢᠶᠠᠨ | ᠡᠨᠡ ᠤᠳᠠᠭᠠᠨ ᠤ ᠪᠥᠬᠦᠳᠡ ᠬᠤᠷᠠᠯ ᠢ ᠰᠠᠶᠢᠲᠤᠷ ᠬᠤᠷᠠᠯᠳᠤᠭᠤᠯᠤᠨ᠂ ᠰᠢᠢᠳᠪᠦᠷᠢ ᠶᠢᠨ ᠨᠤᠤᠷᠠᠭ ᠢ ᠰᠠᠶᠢᠲᠤᠷ ᠵᠠᠰᠠᠶ᠎ᠠ᠃ | ︵ᠳᠣᠮᠳᠠᠳᠣ ᠣᠯᠣᠰ ᠤᠨ ᠦᠨᠳᠦᠰᠦᠳᠡᠨ ᠤ ᠬᠡᠯᠡᠨ ᠤ ᠣᠷᠴᠢᠭᠤᠯᠭ᠎ᠠ ᠶᠢᠨ ᠳᠣᠪᠴᠢᠶ᠎ᠠ ᠣᠷᠴᠢᠭᠤᠯᠪᠠ︶ |