︵2021 ᠣᠨ ᠤ 11 ᠰᠠᠷ᠎ᠠ ᠶᠢᠨ 11 ᠤ ᠡᠳᠦᠷ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ | ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠠᠴᠠ ᠪᠠᠲᠤᠯᠠᠪᠠ︶ | ᠣᠷᠣᠰᠢᠯ | ᠳᠤᠮᠳᠠᠳᠤ ᠤᠯᠤᠰ ᠤᠨ ᠡᠪ ᠬᠠᠮᠲᠤ ᠨᠠᠮ 1921 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠳᠤᠮᠳᠠᠳᠤ | ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ | ᠪᠡᠶᠡᠯᠡᠭᠦᠯᠬᠦ ᠪᠠᠷ ᠢᠮᠠᠭᠳᠠ ᠲᠤᠯᠭᠤᠷ ᠵᠤᠷᠢᠯᠳᠠ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠡᠪ ᠬᠠᠮᠲᠤ ᠶᠣᠰᠣᠨ ᠤ | ᠬᠦᠰᠡᠯᠡᠩ ᠪᠣᠯᠤᠨ ᠨᠡᠶᠢᠭᠡᠮ ᠵᠢᠷᠤᠮ ᠤᠨ ᠢᠲᠡᠭᠡᠯ ᠵᠣᠷᠢᠭ ᠢ ᠢᠮᠠᠭᠲᠠ ᠪᠠᠷᠢᠮᠲᠠᠯᠠᠨ᠂ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ ᠤ ᠲᠤᠰᠠᠭᠠᠷ ᠲᠣᠭᠲᠠᠨᠢᠯ᠂ | ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠤᠯᠬᠤ ᠪᠠ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠠᠷᠠᠳ | ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠶ ᠲᠡᠮᠡᠴᠡᠬᠡᠳ᠂ ᠨᠢᠭᠡᠨᠲᠡ ᠵᠠᠭᠤᠨ ᠵᠢᠯ ᠤᠨ ᠭᠡᠷᠡᠯ | ᠰᠠᠴᠤᠷᠠᠩᠭᠤᠶ ᠲᠡᠤᠬᠡᠨ ᠶᠠᠪᠤᠴᠠ ᠶᠢ ᠥᠩᠭᠡᠷᠡᠭᠦᠯᠪᠡ᠃ | ᠵᠠᠭᠤᠨ ᠵᠢᠯ ᠤᠨ ᠲᠤᠷᠰᠢ᠂ ᠨᠠᠮ ᠠᠴᠠ ᠠᠷᠠᠳ ᠲᠦᠮᠡᠨ ᠢ ᠤᠳᠤᠷᠢᠳᠤᠨ ᠠᠮᠢ ᠴᠦᠯᠡᠨ ᠡᠷᠡᠯᠬᠡᠭᠯᠡᠨ ᠪᠠᠶᠢᠯᠳᠤᠵᠤ᠂ | ᠨᠤᠭᠤᠷᠠᠰᠢ ᠦᠭᠡᠢ ᠲᠡᠮᠡᠴᠡᠨ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠠᠮᠵᠢᠯᠲᠠ ᠪᠦᠲᠦᠮᠵᠢ ᠶᠢ | ᠡᠭᠦᠳᠪᠡ︔ ᠥᠪᠡᠷ ᠤᠨ ᠬᠦᠴᠦ ᠪᠠᠷ ᠢᠶᠠᠨ ᠳᠡᠭᠵᠢᠷᠡᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠨᠡᠶᠢᠭᠡᠮ | ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠳᠤᠮᠵᠢ ᠶᠢ ᠡᠭᠦᠳᠪᠡ︔ ᠦᠵᠡᠯ | ᠰᠠᠨᠠᠭ᠎ᠠ ᠪᠠᠨ ᠴᠢᠯᠥᠭᠡᠯᠡᠨ᠂ ᠢᠷᠮᠡᠬᠦᠨ ᠵᠤᠷᠢᠬᠳᠠᠢ ᠪᠠᠷ ᠤᠷᠤᠭᠰᠢᠯᠠᠨ ᠳᠠᠪᠰᠢᠵᠤ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ | ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠳᠪᠡ︔ | ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠴᠦ᠂ ᠰᠢᠨ᠎ᠠ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠪᠦᠲᠦᠮᠵᠢ ᠶᠢ | ᠡᠭᠦᠳᠪᠡ᠃ ᠨᠠᠮ ᠪᠣᠯᠤᠨ ᠠᠷᠠᠳ ᠲᠦᠮᠡᠨ ᠤ ᠵᠠᠭᠤᠨ ᠵᠢᠯ ᠤᠨ ᠲᠡᠮᠡᠴᠡᠯ ᠨᠢ ᠳᠤᠮᠳᠠᠳᠤ ᠶᠢᠨ ᠦᠨᠳᠦᠰᠦᠲᠡᠨ ᠤ ᠬᠡᠳᠦᠨ | ᠮᠢᠩᠭᠠᠨ ᠵᠢᠯ ᠤᠨ ᠲᠡᠦᠬᠡᠨ ᠳᠡᠭᠡᠷᠡᠬᠢ ᠬᠠᠮᠤᠭ ᠤᠨ ᠰᠦᠷ ᠵᠢᠪᠬᠤᠯᠠᠩᠲᠠᠢ ᠲᠤᠤᠯᠢᠰ ᠢ ᠪᠢᠴᠢᠭᠯᠡᠭᠰᠡᠨ ᠶᠤᠮ᠃ | ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡᠨ ᠲᠤᠷᠰᠢᠯᠭ᠎ᠠ ᠶᠢ | ᠳ᠋ᠦᠩᠨᠡᠬᠦ ᠪᠣᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠡᠤᠬᠡᠨ ᠨᠥᠬᠦᠴᠡᠯ ᠳᠣᠤᠷ᠎ᠠ ᠨᠡᠶᠢᠭᠡᠮ ᠵᠢᠷᠤᠮᠳᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠰᠢᠨ᠎ᠡ ᠴᠠᠭ | ᠦᠶ᠎ᠡ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢᠨ ᠬᠡᠷᠡᠭᠴᠡᠭᠡ ᠮᠥᠨ | ︔ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠲᠡᠶ ᠪᠠᠶᠢᠬᠤ | ᠤᠬᠠᠮᠰᠠᠷ ᠢᠶᠠᠨ ᠴᠢᠩᠭᠠᠳᠬᠠᠵᠤ᠂ ᠵᠠᠮ ᠤᠨ ᠢᠲᠡᠭᠡᠯ᠂ ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ | ᠢᠲᠡᠭᠡᠯ ᠢᠶᠠᠨ ᠪᠠᠲᠤᠳᠬᠠᠵᠤ᠂ ᠰᠢ ᠶᠢᠨ ᠫᠢᠩ ᠨᠦᠬᠦᠷ ᠤᠨ ᠨᠠᠮ ᠤᠨ ᠲᠥᠪ ᠬᠤᠷᠢᠶ᠎ᠠ ᠶᠢᠨ ᠭᠤᠣᠯᠯᠠᠭᠴᠢ᠂ ᠪᠦᠬᠦ ᠨᠠᠮ ᠤᠨ | ᠭᠤᠣᠯᠯᠠᠭᠴᠢ ᠪᠣᠯᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠬᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ | ᠲᠦᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠶᠢ ᠪᠡᠶᠡᠯᠡᠬᠦᠯᠤᠨ᠂ ᠪᠦᠬᠦ ᠨᠠᠮ ᠢᠶᠠᠷ ᠢᠶᠠᠨ ᠠᠯᠬᠤᠭ᠎ᠠ | ᠨᠢᠭᠡᠲᠡᠢ ᠤᠷᠤᠭᠰᠢᠯᠠᠬᠤ ᠶᠢ ᠦᠨᠡᠨ ᠬᠦ ᠪᠠᠳᠤᠯᠠᠬᠤ ᠶᠢᠨ ᠭᠡᠷᠡᠭᠴᠡᠭᠡ ᠮᠦᠨ︔ ᠨᠠᠮ ᠤᠨ ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠶᠢ ᠠᠬᠢᠭᠤᠯᠬᠤ᠂ ᠪᠦᠬᠦ ᠨᠠᠮ ᠤᠨ ᠲᠡᠮᠡᠴᠡᠯ ᠬᠢᠬᠦ ᠴᠢᠳᠠᠪᠤᠷᠢ ᠪᠠ ᠲᠦᠭᠰᠢᠭᠦᠷᠢ ᠦᠷᠢᠰᠤᠯᠳᠤᠭᠡᠨ ᠢ | ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ᠂ ᠨᠠᠮ ᠤᠨ ᠠᠮᠢᠵᠢᠷᠠᠯ ᠤᠨ ᠬᠦᠴᠦᠨ ᠪᠠ ᠠᠮᠢᠳᠤᠯᠢᠭ ᠬᠦᠴᠦᠨ ᠢ ᠡᠭᠦᠷᠢᠳᠡ | ᠬᠠᠳᠠᠭᠠᠯᠠᠬᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ | ᠪᠡᠶᠡᠯᠡᠬᠦᠯᠬᠦ ᠶᠢᠨ ᠲᠥᠯᠥᠭᠡ ᠦᠷᠭᠦᠯᠵᠢᠯᠡᠨ ᠲᠡᠮᠡᠴᠡᠬᠦ ᠶᠢᠨ ᠬᠡᠷᠡᠭᠴᠡᠭᠡ ᠮᠥᠨ᠃ ᠪᠦᠬᠦ ᠨᠠᠮ ᠢᠶᠠᠷ ᠢᠶᠠᠨ ᠲᠡᠤᠬᠡ ᠶᠢᠨ | ᠪᠣᠳᠠᠰᠴᠢ ᠦᠵᠡᠯᠲᠡ ᠪᠠ ᠵᠦᠪ ᠨᠠᠮ ᠤᠨ ᠲᠡᠤᠬᠡ ᠶᠢᠨ ᠦᠵᠡᠯᠲᠡ ᠶᠢ ᠪᠠᠷᠢᠮᠲᠠᠯᠠᠵᠤ᠂ ᠨᠠᠮ ᠤᠨ ᠵᠠᠭᠤᠨ ᠵᠢᠯ ᠤᠨ | ᠲᠡᠮᠡᠴᠡᠯ ᠤᠨ ᠳᠤᠮᠳᠠ ᠠᠴᠠ ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ ᠭᠡᠳᠡᠭ ᠢ ᠲᠤᠳᠤᠷᠬᠠᠢ | ᠲᠠᠨᠢᠵᠤ᠂ ᠢᠷᠡᠭᠡᠳᠦᠶ ᠳᠤ ᠪᠢᠳᠡ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ ᠴᠢᠳᠠᠨ᠎ᠠ ᠭᠡᠳᠡᠭ ᠢ ᠲᠤᠳᠤᠷᠬᠠᠢ | ᠣᠶᠢᠯᠠᠭᠠᠬᠤ ᠶᠢᠨ ᠤᠯᠠᠮ ᠠᠴᠠ ᠨᠡᠩ ᠭᠤᠶᠢᠪᠢᠰᠢ ᠦᠭᠡᠢ ᠪᠠᠷ᠂ ᠨᠡᠩ ᠤᠬᠠᠮᠰᠠᠷ ᠠᠴᠠ ᠪᠠᠨ ᠲᠤᠯᠭᠤᠷ ᠵᠤᠷᠢᠯᠳᠠ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠵᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠢ ᠨᠡᠩ ᠰᠠᠶᠢᠨ ᠪᠠᠷᠢᠮᠲᠠᠯᠠᠨ ᠬᠦᠭᠵᠢᠬᠦᠯᠬᠦ ᠬᠡᠷᠡᠭᠳᠠᠢ᠃ | 1945 ᠣᠨ ᠳᠤ ᠨᠠᠮ ᠤᠨ ᠵᠢᠷᠭᠤᠳᠤᠭᠠᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠥᠬᠦᠳᠡ | ᠬᠤᠷᠠᠯ ᠠᠴᠠ ᠪᠠᠲᠤᠯᠠᠭᠰᠠᠨ ︽ᠲᠡᠤᠬᠡ ᠶᠢᠨ ᠠᠰᠠᠭᠤᠳᠠᠯ ᠤᠳ ᠤᠨ ᠲᠤᠬᠠᠶ ᠰᠢᠢᠳᠪᠦᠷᠢ︾᠂ 1981 ᠣᠨ ᠳᠤ ᠨᠠᠮ ᠤᠨ | ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ᠪᠠᠲᠤᠯᠠᠭᠰᠠᠨ ︽ᠤᠯᠤᠰ | ᠪᠠᠶᠢᠭᠤᠯᠤᠭᠳᠠᠭᠰᠠᠨ ᠠᠴᠠ ᠨᠠᠭᠠᠰᠢᠬᠢ ᠨᠠᠮ ᠤᠨ ᠲᠡᠤᠬᠡ ᠶᠢᠨ ᠠᠰᠠᠭᠤᠳᠠᠯ ᠤᠳ ᠤᠨ ᠲᠤᠬᠠᠶ ᠰᠢᠢᠳᠪᠦᠷᠢ︾ ᠨᠢ ᠨᠠᠮ ᠤᠨ | ᠴᠢᠬᠤᠯᠠ ᠶᠡᠭᠡ ᠲᠡᠦᠬᠡᠨ ᠬᠡᠷᠡᠭ ᠶᠠᠪᠤᠳᠠᠯ ᠪᠠ ᠴᠢᠬᠤᠯᠠ ᠲᠤᠷᠰᠢᠯᠭ᠎ᠠ ᠰᠤᠷᠭᠠᠮᠵᠢ ᠶᠢ ᠦᠨᠡᠨ ᠠᠴᠠ ᠵᠥᠪ ᠢ ᠡᠷᠢᠨ | ᠳ᠋ᠦᠩᠨᠡᠵᠦ᠂ ᠴᠢᠬᠤᠯᠠ ᠶᠡᠭᠡ ᠲᠡᠤᠬᠡᠨ ᠵᠠᠩᠭᠢᠯᠠᠭ᠎ᠠ ᠶᠢᠨ ᠦᠶ᠎ᠡ ᠳᠤ ᠪᠦᠬᠦ ᠨᠠᠮ ᠤᠨ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠶᠢ ᠨᠢᠭᠡᠳᠭᠡᠬᠡᠳ᠂ ᠨᠠᠮ ᠪᠠ ᠠᠷᠠᠳ ᠲᠦᠮᠡᠨ ᠤ ᠠᠵᠢᠯ ᠦᠢᠯᠡᠰ ᠢ ᠠᠬᠢᠭᠤᠯᠬᠤ ᠳᠤ ᠴᠢᠬᠤᠯᠠ ᠬᠦᠳᠦᠯᠦᠨ | ᠲᠠᠭᠠᠭᠤᠯᠬᠤ ᠦᠢᠯᠡᠳᠦᠯ ᠦᠵᠡᠭᠦᠯᠪᠠ᠂ ᠲᠡᠭᠦᠨ ᠤ ᠦᠨᠳᠦᠰᠦᠨ ᠥᠭᠦᠯᠡᠯᠲᠡ ᠪᠠ ᠳ᠋ᠦᠩ ᠨᠢ ᠤᠳᠤ ᠪᠣᠯᠲᠠᠯ᠎ᠠ ᠮᠥᠨ | ᠲᠤᠬᠢᠷᠠᠵᠤ ᠪᠠᠶᠢᠨ᠎ᠠ᠃ | ᠨᠢᠭᠡ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠤᠬᠰᠠᠨ | ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠠ ᠳᠤ᠂ ᠨᠠᠮ ᠳᠤ ᠲᠤᠯᠭᠠᠷᠠᠭᠰᠠᠨ ᠭᠤᠤᠯ ᠡᠭᠦᠷᠭᠡ ᠪᠣᠯ᠂ ᠡᠵᠡᠷᠬᠡᠭ | ᠲᠦᠷᠢᠮᠡᠬᠡᠶ ᠶᠣᠰᠣ᠂ ᠹᠧᠣᠳᠠᠯ ᠶᠣᠰᠣ᠂ ᠨᠣᠶᠠᠨᠴᠢ ᠬᠥᠷᠥᠩᠭᠡᠲᠦ ᠶᠣᠰᠣ ᠶᠢ ᠡᠰᠡᠷᠭᠦᠴᠡᠵᠦ᠂ ᠦᠨᠳᠦᠰᠦᠲᠡᠨ ᠤ ᠲᠤᠰᠠᠭᠠᠷ | ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠶᠢᠭᠡᠮ ᠤᠨ ᠦᠨᠳᠦᠰᠦᠨ ᠨᠥᠬᠦᠴᠡᠯ ᠢ ᠪᠤᠢ ᠪᠣᠯᠭᠠᠵᠤ ᠥᠭᠬᠦ ᠶᠠᠪᠤᠳᠠᠯ ᠪᠤᠯᠤᠨ᠎ᠠ | ᠃ | ᠳᠤᠮᠳᠠᠳᠤ ᠶᠢᠨ ᠦᠨᠳᠦᠰᠦᠲᠡᠨ ᠪᠣᠯ ᠳᠡᠯᠡᠬᠡᠶ ᠳᠡᠭᠡᠷᠡᠬᠢ ᠡᠷᠲᠡᠨ ᠤ ᠪᠥᠭᠡᠳ ᠠᠭᠤᠤ ᠶᠡᠭᠡ ᠦᠨᠳᠦᠰᠦᠲᠡᠨ ᠮᠦᠨ᠂ | ᠲᠠᠪᠤᠨ ᠮᠢᠩᠭ᠎ᠠ ᠭᠠᠷᠤᠶ ᠵᠢᠯ ᠦᠷᠭᠦᠯᠵᠢᠯᠡᠭᠰᠡᠨ ᠭᠡᠷᠡᠯ ᠰᠠᠴᠤᠷᠠᠩᠭᠤᠶ ᠪᠣᠯᠪᠠᠰᠤᠨ ᠢ ᠡᠭᠦᠳᠦᠨ ᠪᠦᠲᠦᠭᠡᠵᠦ᠂ ᠬᠥᠮᠦᠨ | ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠪᠡ᠃ 1840 ᠣᠨ ᠤ ᠬᠠᠷ᠎ᠠ | ᠲᠠᠮᠠᠬᠢ ᠶᠢᠨ ᠳᠠᠶᠢᠨ ᠤ ᠳᠠᠷᠠᠭ᠎ᠠ᠂ ᠥᠷᠥᠨᠡᠳᠠᠬᠢᠨ ᠤ ᠬᠦᠴᠦᠷᠬᠡᠭ ᠤᠯᠤᠰ ᠤᠳ ᠲᠦᠷᠢᠮᠡᠬᠡᠶᠢᠯᠡᠨ ᠣᠷᠣᠵᠤ ᠢᠷᠡᠭᠰᠡᠨ ᠪᠠ | ᠹᠧᠣᠳᠠᠯ ᠤᠨ ᠨᠣᠶᠠᠷᠬᠠᠯ ᠢᠯᠵᠢᠷᠠᠨ ᠳᠣᠷᠦ᠋ᠢᠲᠠᠭᠰᠠᠨ ᠠᠴᠠ ᠪᠤᠯᠵᠤ᠂ ᠳᠤᠮᠳᠠᠳᠤ ᠤᠯᠤᠰ ᠠᠯᠬᠤᠮ ᠠᠯᠬᠤᠮ ᠢᠶᠠᠷ ᠬᠠᠭᠠᠰ | ᠺᠣᠯᠣᠨᠢ ᠬᠠᠭᠠᠰ ᠹᠧᠣᠳᠠᠯ ᠤᠨ ᠨᠡᠶᠢᠭᠡᠮ ᠳᠤ ᠤᠷᠤᠵᠤ᠂ ᠤᠯᠤᠰ ᠣᠷᠣᠨ ᠭᠤᠲᠤᠭᠠᠯ ᠲᠤᠷᠤᠮᠵᠢᠯᠠᠯ ᠠᠮᠰᠠᠵᠤ᠂ ᠠᠷᠠᠳ | ᠲᠦᠮᠡᠨ ᠠᠶᠤᠯ ᠵᠣᠪᠠᠯᠠᠩ ᠳᠤ ᠤᠨᠠᠵᠤ᠂ ᠰᠤᠶᠤᠯ ᠪᠣᠯᠪᠠᠰᠤᠨ ᠲᠠᠯᠬᠢᠬᠳᠠᠵᠤ᠂ ᠳᠤᠮᠳᠠᠳᠤ ᠶᠢᠨ ᠦᠨᠳᠦᠰᠦᠲᠡᠨ ᠤᠷᠢᠳ | ᠡᠮᠦᠨ᠎ᠡ ᠭᠠᠷᠤᠭ᠎ᠠ ᠦᠭᠡᠢ ᠭᠠᠶ ᠵᠤᠪᠠᠯᠠᠩ ᠳᠤ ᠤᠴᠠᠷᠠᠪᠠ᠃ ᠦᠨᠳᠦᠰᠦᠲᠡᠨ ᠢᠶᠠᠨ ᠮᠥᠬᠦᠯ ᠠᠴᠠ ᠠᠪᠤᠷᠠᠬᠤ ᠶᠢᠨ ᠲᠥᠯᠥᠭᠡ | ᠂ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭᠯᠡᠨ ᠡᠰᠡᠷᠬᠦᠴᠡᠵᠤ᠂ ᠴᠢᠩ ᠵᠣᠷᠢᠭᠲᠠᠳ ᠪᠤᠰᠤᠯᠴᠠᠨ ᠤᠷᠠᠶᠢᠯᠠᠵᠤ᠂ | ᠮᠠᠭᠲᠠᠨ ᠳᠠᠭᠤᠯᠠᠭᠤᠰᠢᠲᠠᠶ ᠲᠡᠮᠡᠴᠡᠯ ᠶᠠᠪᠤᠭᠤᠯᠪᠠ᠃ ᠲᠠᠢ ᠫᠢᠩ ᠲᠢᠶᠠᠨ ᠭᠦᠸᠧ ᠶᠢᠨ ᠬᠥᠳᠡᠯᠭᠡᠭᠡᠨ᠂ ᠭᠠᠳᠠᠭᠠᠳᠤ ᠶᠢ | ᠳᠠᠭᠤᠷᠢᠶᠠᠬᠤ ᠬᠥᠳᠡᠯᠭᠡᠭᠡᠨ᠂ ᠰᠢᠷ᠎ᠠ ᠨᠣᠬᠠᠶ ᠵᠢᠯ ᠤᠨ ᠬᠠᠤᠯᠢ ᠶᠢᠨ ᠥᠭᠡᠷᠡᠴᠢᠯᠡᠯᠲᠡ᠂ ᠢ ᠾᠧ ᠲᠤᠸᠠᠨ ᠤ ᠬᠥᠳᠡᠯᠭᠡᠭᠡᠨ | ᠵᠠᠯᠭᠠᠭ᠎ᠠ ᠪᠠᠷ ᠦᠷᠨᠢᠵᠤ᠂ ᠡᠯ᠎ᠡ ᠵᠦᠢᠯ ᠤᠨ ᠤᠯᠤᠰ ᠢᠶᠠᠨ ᠠᠪᠤᠷᠠᠬᠤ ᠲᠥᠰᠦᠯ ᠢ ᠵᠠᠯᠭᠠᠭ᠎ᠠ ᠪᠠᠷ ᠬᠡᠷᠡᠭᠵᠢᠬᠦᠯᠦᠭᠰᠡᠨ | ᠪᠣᠯᠪᠠᠴᠤ ᠴᠥᠮ ᠢᠯᠠᠭᠳᠠᠯ ᠢᠶᠠᠷ ᠲᠡᠭᠦᠰᠴᠠᠢ᠃ ᠰᠦᠨ ᠵᠦᠩ ᠱᠠᠨ ᠠᠪᠤᠭᠠᠶ ᠶᠢᠨ ᠤᠳᠤᠷᠢᠳᠤᠭᠰᠠᠨ ᠴᠠᠭᠠᠭᠴᠢᠨ ᠭᠠᠭ᠋ᠠᠶ | ᠵᠢᠯ ᠤᠨ ᠬᠤᠪᠢᠰᠬᠠᠯ ᠳᠤᠮᠳᠠᠳᠤ ᠤᠯᠤᠰ ᠢ ᠬᠡᠳᠦᠨ ᠮᠢᠩᠭᠠᠨ ᠵᠢᠯ ᠨᠣᠶᠠᠷᠬᠠᠭᠰᠠᠨ ᠡᠵᠡᠨᠲᠦ ᠶᠣᠰᠣᠨ ᠤ ᠡᠵᠡᠷᠬᠡᠭ | ᠪᠠᠶᠢᠭᠤᠯᠤᠯ ᠢ ᠲᠦᠯᠬᠢᠨ ᠤᠨᠠᠭᠠᠬᠰᠠᠨ ᠪᠤᠯᠪᠠᠴᠤ ᠳᠤᠮᠳᠠᠳᠤ ᠤᠯᠤᠰ ᠤᠨ ᠬᠠᠭᠠᠰ ᠺᠣᠯᠣᠨᠢ ᠬᠠᠭᠠᠰ ᠹᠸᠤᠳᠠᠯ ᠤᠨ | ᠨᠡᠶᠢᠭᠡᠮ ᠤᠨ ᠰᠢᠨᠵᠢ ᠴᠢᠨᠠᠷ ᠪᠠ ᠳᠤᠮᠳᠠᠳᠤ ᠤᠯᠤᠰ ᠤᠨ ᠠᠷᠠᠳ ᠲᠦᠮᠡᠨ ᠤ ᠬᠠᠷᠠᠰᠠᠯᠳᠤ ᠬᠤᠪᠢ ᠵᠠᠶᠠᠭ᠎ᠠ ᠶᠢ | ᠬᠤᠪᠢᠷᠠᠭᠤᠯᠵᠤ ᠴᠢᠳᠠᠭᠰᠠᠨ ᠦᠭᠡᠢ᠃ ᠳᠤᠮᠳᠠᠳᠤ ᠤᠯᠤᠰ ᠰᠢᠨ᠎ᠡ ᠦᠵᠡᠯ ᠰᠠᠨᠠᠭ᠎ᠠ ᠪᠠᠷ ᠮᠥᠬᠦᠯ ᠠᠴᠠ ᠠᠪᠤᠷᠠᠬᠤ | ᠬᠥᠳᠡᠯᠭᠡᠭᠡᠨ ᠢ ᠬᠥᠲᠥᠯᠥᠨ ᠳᠠᠭᠠᠭᠤᠯᠬᠤ ᠶᠢ ᠲᠤᠯᠭᠠᠮ ᠱᠠᠭᠠᠷᠳᠠᠵᠤ᠂ ᠰᠢᠨ᠎ᠡ ᠵᠣᠬᠢᠶᠠᠨ ᠪᠠᠶᠢᠭᠤᠯᠤᠯᠲᠠ ᠪᠠᠷ | ᠬᠤᠪᠢᠰᠬᠠᠯ ᠤᠨ ᠬᠦᠴᠦᠨ ᠢ ᠨᠢᠭᠲᠠᠷᠠᠭᠤᠯᠬᠤ ᠶᠢ ᠲᠤᠯᠭᠠᠮ ᠱᠠᠭᠠᠷᠳᠠᠵᠤ ᠪᠠᠶᠢᠪᠠ᠃ | ᠠᠷᠪᠠᠨ ᠰᠠᠷ᠎ᠠ ᠶᠢᠨ ᠬᠤᠪᠢᠰᠬᠠᠯ ᠤᠨ ᠫᠤᠤ ᠶᠢᠨ ᠲᠠᠭᠤᠨ ᠳᠤᠮᠳᠠᠳᠤ ᠤᠯᠤᠰ ᠲᠤ ᠮᠠᠷᠺᠰ ᠯᠧᠨᠢᠨ ᠤ ᠦᠵᠡᠯ ᠢ | ᠠᠪᠴᠢᠷᠠᠵᠤ ᠦᠭᠪᠡ᠃ ᠲᠠᠪᠤᠨ ᠰᠠᠷ᠎ᠠ ᠶᠢᠨ ᠲᠦᠷᠪᠡᠨ ᠤ ᠬᠥᠳᠡᠯᠭᠡᠭᠡᠨ ᠮᠠᠷᠺᠰ ᠤᠨ ᠦᠵᠡᠯ ᠤᠨ ᠳᠤᠮᠳᠠᠳᠤ ᠤᠯᠤᠰ ᠲᠤ | ᠳᠡᠯᠭᠡᠷᠡᠬᠦ ᠶᠢ ᠠᠬᠢᠭᠤᠯᠪᠠ᠃ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠬᠡᠭᠡᠷᠡᠯᠲᠡ ᠳᠤᠮᠳᠠ᠂ ᠮᠠᠷᠺᠰ ᠯᠧᠨᠢᠨ ᠤ ᠦᠵᠡᠯ ᠢ ᠳᠤᠮᠳᠠᠳᠤ ᠤᠯᠤᠰ ᠤᠨ ᠠᠵᠢᠯᠴᠢᠨ ᠤ ᠬᠥᠳᠡᠯᠭᠡᠭᠡᠨ ᠲᠠᠢ | ᠨᠢᠭᠲᠠ ᠤᠶᠠᠯᠳᠤᠭᠤᠯᠬᠤ ᠳᠤᠮᠳᠠ᠂ 1921 ᠣᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠴᠠᠭ ᠤᠨ | ᠡᠷᠭᠡ ᠪᠠᠷ ᠮᠡᠨᠳᠦᠯᠡᠪᠡ᠃ ᠳᠤᠮᠳᠠᠳᠤ ᠤᠯᠤᠰ ᠲᠤ ᠡᠪ ᠬᠠᠮᠲᠤ ᠨᠠᠮ ᠮᠡᠨᠳᠦᠯᠡᠭᠰᠡᠨ ᠨᠢ ᠤᠷᠢᠳ ᠡᠮᠤᠨ᠎ᠠ ᠭᠠᠷᠤᠭ᠎ᠠ ᠦᠭᠡᠢ | ᠶᠡᠭᠡ ᠬᠡᠷᠡᠭ ᠬᠤᠪᠢᠰᠤᠯ ᠪᠤᠯᠤᠨ᠎ᠠ᠂ ᠳᠤᠮᠳᠠᠳᠤ ᠤᠯᠤᠰ ᠤᠨ ᠬᠤᠪᠢᠰᠬᠠᠯ ᠡᠭᠦᠨ ᠠᠴᠠ ᠡᠬᠢᠯᠡᠨ ᠴᠣ ᠰᠢᠨ᠎ᠡ ᠳᠦᠷᠰᠦ | ᠪᠠᠶᠢᠳᠠᠯ ᠲᠠᠢ ᠪᠣᠯᠤᠭᠰᠠᠨ ᠪᠠᠶᠢᠨ᠎ᠠ᠃ | ᠤᠢᠢᠷ᠎ᠠ ᠦᠶ᠎ᠡ ᠶᠢᠨ ᠳᠤᠮᠳᠠᠳᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠪᠣᠯ ᠡᠵᠡᠷᠬᠡᠭ ᠲᠦᠷᠢᠮᠡᠬᠡᠶᠢᠳᠠᠨ ᠪᠠ | ᠳᠤᠮᠳᠠᠳᠤ ᠶᠢᠨ ᠦᠨᠳᠦᠰᠦᠲᠡᠨ ᠤ ᠬᠤᠭᠤᠷᠤᠨᠳᠤᠬᠢ ᠵᠥᠷᠢᠴᠡᠯ᠂ ᠹᠸᠤᠳᠠᠯ ᠤᠨ ᠬᠥᠴᠤᠨ ᠪᠠ ᠠᠷᠠᠳ ᠤᠯᠠᠨ ᠤ | ᠬᠤᠭᠤᠷᠤᠨᠳᠤᠬᠢ ᠵᠥᠷᠢᠴᠡᠯ ᠪᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠡᠷᠬᠡᠪᠰᠢ ᠡᠵᠡᠷᠬᠡᠭ ᠲᠦᠷᠢᠮᠡᠬᠡᠶᠢᠳᠡᠨ ᠢ ᠡᠰᠡᠷᠭᠦᠴᠡᠬᠦ ᠹᠸᠤᠳᠠᠯ ᠢ ᠡᠰᠡᠷᠭᠦᠴᠡᠬᠦ ᠲᠡᠮᠡᠴᠡᠯ ᠢ ᠬᠢᠬᠦ ᠬᠡᠷᠡᠭᠲᠡᠶ | ᠭᠡᠳᠡᠭ ᠢ ᠨᠠᠮ ᠭᠦᠨᠵᠡᠭᠡᠶ ᠲᠠᠨᠢᠵᠤ ᠣᠯᠪᠠ᠃ | ᠨᠠᠮ ᠪᠠᠶᠢᠭᠤᠯᠤᠭᠳᠠᠭᠰᠠᠨ ᠡᠬᠢᠨ ᠤ ᠦᠶ᠎ᠡ ᠪᠠ ᠶᠡᠭᠡ ᠬᠤᠪᠢᠰᠬᠠᠯ ᠤᠨ ᠦᠶ᠎ᠠ ᠳᠤ᠂ ᠨᠠᠮ ᠠᠴᠠ ᠠᠷᠠᠳᠴᠢᠯᠠᠭᠰᠠᠨ | ᠬᠤᠪᠢᠰᠬᠠᠯ ᠤᠨ ᠬᠥᠲᠥᠯᠪᠦᠷᠢ ᠶᠢ ᠲᠣᠭᠲᠠᠭᠠᠵᠤ᠂ ᠠᠵᠢᠯᠴᠢᠨ ᠤ ᠬᠥᠳᠡᠯᠭᠡᠭᠡᠨ᠂ ᠵᠠᠯᠠᠭᠤᠴᠤᠳ ᠤᠨ ᠬᠥᠳᠡᠯᠭᠡᠭᠡᠨ᠂ | ᠲᠠᠷᠢᠶᠠᠴᠢᠨ ᠤ ᠬᠥᠳᠡᠯᠭᠡᠭᠡᠨ᠂ ᠡᠮᠡᠭᠲᠡᠶᠢᠴᠤᠳ ᠤᠨ ᠬᠥᠳᠡᠯᠭᠡᠭᠡᠨ ᠢ ᠳᠠᠶᠢᠴᠢᠯᠠᠵᠤ᠂ ᠭᠤᠮᠢᠨᠳᠠᠩ ᠢ ᠥᠭᠡᠷᠡᠴᠢᠯᠡᠨ | ᠪᠠᠶᠢᠭᠤᠯᠬᠤ ᠪᠠ ᠢᠷᠭᠡᠨ ᠤ ᠬᠤᠪᠢᠰᠬᠠᠯᠲᠤ ᠴᠡᠷᠢᠭ ᠢ ᠪᠠᠶᠢᠭᠤᠯᠬᠤ ᠶᠢ ᠠᠬᠢᠭᠤᠯᠤᠭᠰᠠᠨ ᠪᠦᠭᠡᠳ ᠬᠠᠪᠰᠤᠷᠴᠤ᠂ ᠡᠵᠡᠷᠬᠡᠭ | ᠲᠦᠷᠢᠮᠡᠬᠡᠶᠢᠳᠡᠨ ᠪᠠ ᠹᠸᠤᠳᠠᠯ ᠢ ᠡᠰᠡᠷᠭᠦᠴᠡᠬᠦ ᠪᠦᠬᠦ ᠤᠯᠤᠰ ᠤᠨ ᠠᠭᠤᠤ ᠶᠡᠭᠡ ᠲᠡᠮᠡᠴᠡᠯ ᠢ ᠤᠳᠤᠷᠢᠳᠴᠤ᠂ ᠶᠡᠭᠡ | ᠬᠤᠪᠢᠰᠬᠠᠯ ᠤᠨ ᠥᠷᠨᠢᠯᠲᠡ ᠭᠠᠷᠭᠠᠪᠠ᠃ 1927 ᠣᠨ ᠳᠤ ᠭᠤᠮᠢᠨᠳᠠᠩ ᠤᠨ ᠳᠣᠲᠣᠷᠠᠬᠢ ᠲᠡᠷᠰᠯᠡᠭᠦᠤ ᠪᠦᠯᠦᠭ | ᠬᠤᠪᠢᠰᠬᠠᠯ ᠠᠴᠠ ᠤᠷᠪᠠᠵᠤ᠂ ᠡᠪ ᠬᠠᠮᠲᠤᠴᠤᠳ ᠪᠠ ᠬᠤᠪᠢᠰᠬᠠᠯᠲᠤ ᠠᠷᠠᠳ ᠲᠦᠮᠡᠨ ᠢ ᠬᠠᠷᠭᠢᠰ ᠬᠡᠷᠴᠡᠭᠡᠶ ᠪᠠᠷ ᠬᠢᠳᠤᠨ | ᠠᠯᠠᠪᠠ᠂ ᠨᠠᠮ ᠤᠨ ᠳᠣᠲᠣᠭᠠᠳᠤ ᠳᠤ ᠴᠧᠨ ᠳ᠋ᠦ᠋ ᠰᠢᠤ ᠪᠠᠷ ᠲᠥᠯᠥᠭᠡᠯᠡᠭᠦᠯᠦᠭᠰᠡᠨ ᠪᠠᠷᠠᠭᠤᠨ ᠤ ᠦᠵᠡᠯ ᠰᠠᠨᠠᠭ᠎ᠠ | ᠬᠥᠭᠵᠢᠭᠡᠳ ᠪᠠᠷᠠᠭᠤᠨ ᠤ ᠪᠥᠭᠡᠷᠡᠩᠬᠡᠶ ᠦᠵᠡᠯ ᠤᠨ ᠠᠯᠳᠠᠭ᠎ᠠ ᠪᠣᠯᠤᠭᠰᠠᠨ ᠪᠥᠭᠡᠳ ᠨᠠᠮ ᠤᠨ ᠤᠳᠤᠷᠢᠳᠬᠤ ᠪᠠᠶᠢᠭᠤᠯᠭ᠎ᠠ ᠳᠤ | ᠨᠣᠶᠠᠷᠬᠠᠬᠤ ᠪᠠᠶᠢᠷᠢ ᠶᠢ ᠡᠵᠡᠯᠡᠭᠰᠡᠨ ᠵᠢᠴᠢ ᠨᠠᠮ ᠪᠠ ᠠᠷᠠᠳ ᠲᠦᠮᠡᠨ ᠪᠦᠲᠦᠮᠵᠢᠲᠡᠶ ᠡᠰᠡᠷᠭᠦᠴᠡᠯ ᠢ ᠵᠣᠬᠢᠶᠠᠨ ᠪᠠᠶᠢᠭᠤᠯᠵᠤ | ᠳᠡᠶᠢᠯᠬᠦ ᠦᠭᠡᠢ ᠪᠠᠶᠢᠬᠰᠠᠨ ᠠᠴᠠ ᠬᠦᠴᠦᠷᠬᠡᠭ ᠶᠡᠭᠡ ᠳᠠᠶᠢᠰᠤᠨ ᠤ ᠭᠡᠨᠡᠳᠲᠡ ᠶᠢᠨ ᠲᠠᠭᠠᠷᠢᠯᠳᠠ ᠶᠢᠨ ᠳᠣᠤᠷ᠎ᠠ ᠶᠡᠭᠡ | ᠬᠤᠪᠢᠰᠬᠠᠯ ᠬᠠᠷᠠᠰᠠᠯᠳᠠᠢ ᠪᠠᠷ ᠢᠯᠠᠭᠳᠠᠪᠠ᠃ | ᠭᠠᠵᠠᠷ ᠲᠠᠷᠢᠶᠠᠨ ᠤ ᠬᠤᠪᠢᠰᠬᠠᠯᠲᠤ ᠳᠠᠶᠢᠨ ᠤ ᠦᠶ᠎ᠡ ᠳᠤ᠂ ᠬᠤᠪᠢᠰᠬᠠᠯ ᠤᠨ ᠵᠡᠪᠰᠡᠭᠲᠦ ᠬᠦᠴᠦᠨ ᠪᠠᠶᠢᠬᠤ ᠦᠭᠡᠢ | ᠪᠣᠯ ᠵᠡᠪᠰᠡᠭᠲᠦ ᠬᠤᠪᠢᠰᠬᠠᠯ ᠤᠨ ᠡᠰᠡᠷᠭᠦᠴᠦᠳ ᠢ ᠢᠯᠠᠵᠤ ᠴᠢᠳᠠᠬᠤ ᠦᠭᠡᠢ᠂ ᠳᠤᠮᠳᠠᠳᠤ ᠤᠯᠤᠰ ᠤᠨ ᠬᠤᠪᠢᠰᠬᠠᠯ ᠤᠨ | ᠢᠯᠠᠯᠲᠠ ᠶᠢ ᠣᠯᠵᠤ ᠴᠢᠳᠠᠬᠤ ᠦᠭᠡᠢ᠂ ᠳᠤᠮᠳᠠᠳᠤ ᠤᠯᠤᠰ ᠤᠨ ᠠᠷᠠᠳ ᠲᠦᠮᠡᠨ ᠪᠠ ᠳᠤᠮᠳᠠᠳᠤ ᠶᠢᠨ ᠦᠨᠳᠦᠰᠦᠲᠡᠨ ᠤ | ᠬᠤᠪᠢ ᠵᠠᠶᠠᠭ᠎ᠠ ᠶᠢ ᠬᠤᠪᠢᠷᠠᠭᠤᠯᠵᠤ ᠴᠢᠳᠠᠬᠤ ᠦᠭᠡᠢ ᠶᠤᠮ᠂ ᠡᠷᠬᠡᠪᠰᠢ ᠵᠡᠪᠰᠡᠭᠲᠦ ᠬᠤᠪᠢᠰᠬᠠᠯ ᠢᠶᠠᠷ ᠵᠡᠪᠰᠡᠭᠲᠦ | ᠬᠤᠪᠢᠰᠬᠠᠯ ᠤᠨ ᠡᠰᠡᠷᠭᠦᠴᠦᠳ ᠢ ᠡᠰᠡᠷᠭᠦᠴᠡᠬᠦ ᠬᠡᠷᠡᠭᠲᠡᠶ ᠭᠡᠳᠡᠭ ᠢ ᠨᠠᠮ ᠬᠠᠲᠠᠭᠤ ᠰᠢᠷᠦᠭᠦᠨ ᠪᠣᠳᠠᠲᠤ ᠠᠬᠤᠶ ᠶᠢᠨ | ᠲᠤᠮᠳᠠ ᠠᠴᠠ ᠲᠠᠨᠢᠵᠤ ᠣᠯᠤᠭᠰᠠᠨ ᠪᠠᠶᠢᠨ᠎ᠠ᠃ ᠨᠠᠨᠴᠠᠩ ᠤᠨ ᠪᠣᠰᠣᠯᠭ᠎ᠠ ᠵᠡᠪᠰᠡᠭᠲᠦ ᠬᠦᠴᠦᠨ ᠢᠶᠠᠷ ᠭᠤᠮᠢᠨᠳᠠᠩ ᠤᠨ | ᠲᠡᠷᠰᠯᠡᠭᠦᠴᠦᠳ ᠢ ᠡᠰᠡᠷᠭᠦᠴᠡᠬᠦ ᠠᠩᠬᠠᠨ ᠤ ᠫᠤᠤ ᠶᠢ ᠲᠠᠯᠪᠢᠭᠰᠠᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠪᠡᠶ᠎ᠠ ᠪᠠᠨ | ᠲᠠᠭᠠᠭᠠᠵᠤ ᠬᠤᠪᠢᠰᠬᠠᠯᠲᠤ ᠳᠠᠶᠢᠨ ᠢ ᠤᠳᠤᠷᠢᠳᠬᠤ᠂ ᠠᠷᠠᠳ ᠤᠨ ᠴᠡᠷᠢᠭ ᠠᠩᠬᠢ ᠶᠢ ᠡᠭᠦᠳᠦᠨ ᠪᠠᠶᠢᠭᠤᠯᠬᠤ ᠪᠠ ᠵᠡᠪᠰᠡᠭᠲᠦ | ᠬᠦᠴᠦᠨ ᠢᠶᠠᠷ ᠲᠦᠷᠤ ᠶᠢᠨ ᠡᠷᠬᠡ ᠶᠢ ᠪᠤᠯᠢᠶᠠᠨ ᠠᠪᠬᠤ ᠶᠢᠨ ᠡᠬᠢᠯᠡᠯᠲᠡ ᠶᠢ ᠬᠠᠷᠠᠭᠤᠯᠪᠠ᠃ ᠨᠠᠢᠮᠠᠨ ᠰᠠᠷ᠎ᠠ ᠶᠢᠨ | ᠳᠤᠯᠤᠭᠠᠨ ᠤ ᠬᠤᠷᠠᠯᠳᠤᠭᠠᠨ ᠠᠴᠠ ᠭᠠᠵᠠᠷ ᠲᠠᠷᠢᠶᠠᠨ ᠤ ᠬᠤᠪᠢᠰᠬᠠᠯ ᠬᠢᠬᠦ ᠪᠠ ᠵᠡᠪᠰᠡᠭᠲᠦ ᠪᠣᠰᠣᠯᠭ᠎ᠠ ᠭᠠᠷᠭᠠᠬᠤ | ᠴᠢᠭᠯᠡᠯᠲᠡ ᠶᠢ ᠲᠣᠭᠲᠠᠭᠠᠪᠠ᠃ ᠨᠠᠮ ᠠᠴᠠ ᠨᠠᠮᠤᠷ ᠤᠨ ᠬᠤᠷᠢᠶᠠᠯᠲᠠ ᠶᠢᠨ ᠪᠣᠰᠣᠯᠭ᠎ᠠ᠂ ᠭᠤᠸᠠᠩᠵᠧᠦ ᠶᠢᠨ ᠪᠣᠰᠣᠯᠭ᠎ᠠ ᠪᠠ | ᠪᠤᠰᠤᠳ ᠮᠠᠰᠢ ᠣᠯᠠᠨ ᠭᠠᠵᠠᠷ ᠣᠷᠣᠨ ᠤ ᠪᠣᠰᠣᠯᠭ᠎ᠠ ᠶᠢ ᠤᠳᠤᠷᠢᠳᠤᠨ ᠭᠠᠷᠭᠠᠭᠰᠠᠨ ᠪᠤᠯᠪᠠᠴᠤ ᠳᠠᠶᠢᠰᠤᠨ ᠪᠠ ᠮᠠᠨ ᠤ | ᠬᠦᠴᠦᠨ ᠤ ᠵᠥᠷᠢᠶ᠎ᠡ ᠮᠠᠰᠢ ᠶᠡᠭᠡ ᠠᠴᠠ ᠪᠤᠯᠵᠤ ᠡᠳᠡᠭᠡᠷ ᠪᠣᠰᠣᠯᠭ᠎ᠠ ᠶᠢᠨ ᠣᠯᠠᠩᠬᠢ ᠨᠢ ᠢᠯᠠᠭᠳᠠᠵᠠᠶ᠃ ᠲᠤᠬᠠᠶ ᠶᠢᠨ | ᠦᠶ᠎ᠡ ᠶᠢᠨ ᠪᠤᠰᠤᠳᠴᠢ ᠨᠥᠬᠦᠴᠡᠯ ᠳᠣᠣᠷ᠎ᠠ᠂ ᠳᠤᠮᠳᠠᠳᠤ ᠤᠯᠤᠰ ᠤᠨ ᠡᠪ ᠬᠠᠮᠲᠤᠴᠤᠳ ᠤᠷᠤᠰ ᠤᠨ ᠠᠷᠪᠠᠨ ᠰᠠᠷ᠎ᠠ ᠶᠢᠨ | ᠬᠤᠪᠢᠰᠬᠠᠯ ᠮᠡᠳᠤ ᠡᠩ ᠲᠡᠷᠢᠭᠦᠨ ᠳᠤ ᠭᠤᠣᠯ ᠬᠤᠲᠠ ᠶᠢ ᠡᠵᠡᠯᠡᠬᠦ ᠪᠠᠷ ᠲᠠᠮᠵᠢᠨ ᠪᠦᠬᠦ ᠤᠯᠤᠰ ᠤᠨ ᠬᠡᠪᠴᠢᠶᠡᠨ ᠳᠤ | ᠬᠤᠪᠢᠰᠬᠠᠯ ᠤᠨ ᠢᠯᠠᠯᠲᠠ ᠶᠢ ᠣᠯᠵᠤ ᠴᠢᠳᠠᠬᠤ ᠦᠭᠡᠢ ᠶᠤᠮ᠂ ᠨᠠᠮ ᠠᠴᠠ ᠳᠤᠮᠳᠠᠳᠤ ᠤᠯᠤᠰ ᠤᠨ ᠤᠯᠤᠰ ᠤᠨ | ᠪᠠᠶᠢᠳᠠᠯ ᠳᠤ ᠳᠣᠭᠢᠷᠬᠠᠰᠠᠨ ᠬᠤᠪᠢᠰᠬᠠᠯ ᠤᠨ ᠵᠠᠮ ᠢ ᠡᠷᠢᠵᠦ ᠤᠯᠬᠤ ᠶᠢ ᠲᠤᠯᠭᠠᠮ ᠱᠠᠭᠠᠷᠳᠠᠵᠤ ᠪᠠᠶᠢᠬᠰᠠᠨ ᠢ ᠪᠤᠳᠠᠳᠤ ᠬᠡᠷᠡᠭ | ᠬᠡᠷᠡᠴᠢᠯᠠᠵᠠᠢ᠃ | ᠲᠤᠮᠤ ᠬᠤᠳᠠ ᠨᠤᠭᠤᠳ ᠢ ᠲᠤᠪᠳᠤᠯᠵᠤ ᠪᠠᠶᠢᠬᠰᠠᠨ ᠠᠴᠠ ᠪᠠᠨ ᠬᠥᠳᠡᠭᠡ ᠲᠣᠰᠬᠤᠨ ᠵᠦᠭ ᠤᠷᠤᠭᠰᠢᠯᠠᠬᠤ | ᠪᠣᠯᠤᠭᠰᠠᠨ ᠶᠠᠪᠤᠳᠠᠯ ᠪᠣᠯ ᠳᠤᠮᠳᠠᠳᠤ ᠤᠯᠤᠰ ᠤᠨ ᠬᠤᠪᠢᠰᠬᠠᠯ ᠤᠨ ᠰᠢᠢᠳᠪᠦᠷᠢᠯᠡᠭᠴᠢ ᠠᠴᠢ ᠬᠤᠯᠪᠣᠭᠳᠠᠯ ᠪᠦᠬᠦᠢ ᠰᠢᠨ᠎ᠡ | ᠡᠬᠢᠯᠡᠯᠲᠡ ᠮᠥᠨ᠃ ᠮᠠᠤ ᠽᠧ ᠳ᠋ᠦᠩ ᠨᠥᠬᠦᠷ ᠴᠡᠷᠢᠭ ᠠᠷᠠᠳ ᠢ ᠤᠳᠤᠷᠢᠳᠤᠨ ᠵᠢᠩᠭᠠᠩᠱᠠᠨ ᠳᠤ ᠠᠩᠬᠠᠳᠠᠭᠴᠢ ᠬᠥᠳᠡᠭᠡ | ᠲᠣᠰᠬᠤᠨ ᠤ ᠬᠤᠪᠢᠰᠬᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠨᠠᠮ ᠠᠴᠠ ᠠᠷᠠᠳ ᠲᠦᠮᠡᠨ ᠢ ᠤᠳᠤᠷᠢᠳᠤᠨ | ᠨᠤᠲᠤᠭ ᠤᠨ ᠬᠠᠷᠭᠢᠰᠴᠤᠳ ᠢ ᠴᠣᠬᠢᠨ ᠤᠨᠠᠭᠠᠵᠤ᠂ ᠭᠠᠵᠠᠷ ᠲᠠᠷᠢᠶ᠎ᠠ ᠬᠤᠪᠢᠶᠠᠪᠠ᠃ ᠭᠦᠲ᠋ᠢᠶᠠᠨ ᠤ ᠬᠤᠷᠠᠯᠳᠤᠭᠠᠨ ᠠᠴᠠ | ᠦᠵᠡᠯ ᠰᠠᠨᠠᠭ᠎ᠠ ᠪᠠᠷ ᠨᠠᠮ ᠪᠠᠶᠢᠭᠤᠯᠬᠤ᠂ ᠤᠯᠤᠰ ᠲᠥᠷᠥ ᠪᠠᠷ ᠴᠡᠷᠢᠭ ᠪᠠᠶᠢᠭᠤᠯᠬᠤ ᠵᠠᠷᠴᠢᠮ ᠢ ᠲᠣᠭᠲᠠᠭᠠᠪᠠ᠃ | ᠲᠡᠮᠡᠴᠡᠯ ᠤᠨ ᠬᠥᠭᠵᠢᠯᠲᠡ ᠶᠢ ᠳᠠᠭᠠᠯᠳᠤᠨ᠂ ᠨᠠᠮ ᠠᠴᠠ ᠲᠥᠪ ᠤᠨ ᠬᠤᠪᠢᠰᠬᠠᠯ ᠤᠨ ᠰᠠᠭᠤᠷᠢᠨ ᠭᠠᠵᠠᠷ ᠪᠠ ᠬᠤᠨᠠᠨ | ᠬᠤᠪᠸᠢ ᠶᠢᠨ ᠪᠠᠷᠠᠭᠤᠨ ᠬᠡᠰᠡᠭ ᠤᠨ ᠤᠷᠤᠨ᠂ ᠬᠠᠶᠢᠹᠧᠩ ᠯᠦᠹᠧᠩ᠂ ᠬᠤᠪᠸᠢ ᠾᠧᠨᠠᠨ ᠠᠨᠾᠦ᠋ᠢ᠂ ᠴᠢᠶᠦ᠋ᠩᠶᠠ᠂ | ᠹᠦᠵᠢᠶᠠᠨ ᠵᠧᠵᠢᠶᠠᠩ ᠵᠢᠶᠠᠩᠰᠢ᠂ ᠬᠤᠨᠠᠨ ᠬᠤᠪᠸᠢ ᠵᠢᠶᠠᠩᠰᠢ᠂ ᠬᠤᠨᠠᠨ ᠵᠢᠶᠠᠩᠰᠢ᠂ ᠽᠦᠸᠧᠵᠢᠶᠠᠩ ᠮᠥᠷᠡᠨ ᠶᠢᠤᠵᠢᠶᠠᠩ | ᠮᠥᠷᠡᠨ᠂ ᠰᠧᠴᠤᠸᠠᠨ ᠱᠠᠨᠰᠢ᠂ ᠱᠠᠨᠰᠢ ᠭᠠᠨᠰᠦ᠂ ᠬᠤᠨᠠᠨ ᠬᠤᠪᠸᠢ ᠰᠧᠴᠤᠸᠠᠨ ᠭᠦᠢᠵᠧᠦ ᠵᠡᠷᠭᠡ ᠰᠠᠭᠤᠷᠢᠨ ᠭᠠᠵᠠᠷ ᠢ | ᠡᠭᠦᠳᠦᠨ ᠪᠠᠶᠢᠭᠤᠯᠪᠠ᠃ ᠨᠠᠮ ᠠᠴᠠ ᠭᠤᠮᠢᠨᠳᠠᠩ ᠤᠨ ᠨᠣᠶᠠᠷᠬᠠᠯ ᠳᠣᠣᠷᠠᠬᠢ ᠴᠠᠭᠠᠨ ᠣᠷᠣᠨ ᠳᠤ ᠴᠤ ᠨᠠᠮ ᠪᠤᠯᠤᠨ | ᠪᠤᠰᠤᠳ ᠬᠤᠪᠢᠰᠬᠠᠯᠲᠤ ᠵᠣᠬᠢᠶᠠᠨ ᠪᠠᠶᠢᠭᠤᠯᠤᠯᠲᠠ ᠶᠢ ᠬᠥᠭᠵᠢᠭᠦᠯᠵᠤ᠂ ᠤᠯᠠᠨ ᠲᠦᠮᠡᠨ ᠤ ᠬᠤᠪᠢᠰᠬᠠᠯᠲᠤ ᠲᠡᠮᠡᠴᠡᠯ ᠢ | ᠥᠷᠨᠢᠭᠦᠯᠪᠡ᠃ ᠭᠡᠲᠡᠯ᠎ᠡ᠂ ᠨᠠᠮ ᠤᠨ ᠲᠤᠳᠤᠭᠠᠳᠤᠬᠢ ᠸᠠᠩ ᠮᠢᠩ ᠤᠨ ︽ᠵᠡᠭᠦᠨ︾ ᠤ ᠨᠣᠮᠯᠠᠯ ᠤᠨ ᠦᠵᠡᠯ ᠤᠨ ᠪᠤᠷᠤᠭᠤ | ᠤᠳᠤᠷᠢᠳᠤᠯᠭ᠎ᠠ ᠠᠴᠠ ᠪᠤᠯᠵᠤ᠂ ᠲᠥᠪ ᠤᠨ ᠬᠤᠪᠢᠰᠬᠠᠯ ᠤᠨ ᠰᠠᠭᠤᠷᠢᠨ ᠭᠠᠵᠠᠷ ᠤᠨ ᠲᠠᠪᠤᠳᠤᠭᠠᠷ ᠤᠳᠠᠭᠠᠨ ᠤ ︽ | ᠪᠦᠰᠡᠯᠡᠨ ᠤᠰᠠᠳᠬᠠᠯᠲᠠ︾ ᠶᠢ ᠡᠰᠡᠷᠭᠦᠴᠡᠭᠦ ᠲᠡᠮᠡᠴᠡᠯ ᠢᠯᠠᠭᠳᠠᠵᠤ᠂ ᠤᠯᠠᠭᠠᠨ ᠴᠡᠷᠢᠭ ᠪᠠᠶᠢᠯᠳᠤᠬᠤ ᠪᠤᠳᠤᠯᠭ᠎ᠠ ᠶᠢᠨ | ᠰᠢᠯᠵᠢᠯᠲᠡ ᠬᠢᠬᠦ ᠦᠭᠡᠢ ᠪᠠᠶᠢᠬᠤ ᠶᠢᠨ ᠠᠷᠭ᠎ᠠ ᠦᠭᠡᠢ ᠪᠤᠯᠵᠠᠢ᠂ ᠲᠦᠢᠯ ᠤᠨ ᠬᠠᠲᠠᠭᠤ ᠪᠡᠷᠬᠡᠰᠢᠶᠡᠯᠲᠠᠢ ᠤᠷᠳᠤ ᠵᠠᠮ ᠤᠨ | ᠠᠶᠠᠨ ᠲᠠᠶᠢᠨ ᠢ ᠬᠢᠵᠤ ᠠᠶᠠᠯᠠᠨ ᠪᠠᠶᠢᠯᠳᠤᠭᠰᠠᠭᠠᠷ ᠱᠠᠨᠰᠢ ᠶᠢᠨ ᠬᠤᠶᠢᠳᠤ ᠬᠡᠰᠡᠭ ᠲᠤ ᠬᠥᠷᠪᠡ᠃ ︽ᠵᠡᠭᠦᠨ︾ ᠤ | ᠱᠤᠭᠤᠮ ᠤᠨ ᠠᠯᠳᠠᠭ᠎ᠠ ᠨᠢ ᠬᠤᠪᠢᠰᠬᠠᠯ ᠤᠨ ᠰᠠᠭᠤᠷᠢᠨ ᠭᠠᠵᠠᠷ ᠪᠠ ᠴᠠᠭᠠᠨ ᠣᠷᠣᠨ ᠤ ᠬᠤᠪᠢᠰᠬᠠᠯ ᠤᠨ ᠬᠦᠴᠦᠨ ᠳᠤ | ᠲᠦᠢᠯ ᠤᠨ ᠶᠡᠭᠡ ᠬᠤᠬᠢᠷᠠᠯ ᠤᠴᠠᠷᠠᠭᠤᠯᠵᠠᠶ᠃ | 1935 ᠣᠨ ᠤ 1 ᠰᠠᠷ᠎ᠠ ᠳᠤ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠤᠷᠳᠤ ᠵᠠᠮ ᠤᠨ ᠠᠶᠠᠨ | ᠲᠠᠶᠢᠨ ᠤ ᠳᠤᠮᠳᠠ ᠽᠦᠨᠶ᠋ᠢ ᠶᠢᠨ ᠬᠤᠷᠠᠯᠳᠤᠭᠠᠨ ᠢ ᠬᠤᠷᠠᠯᠳᠤᠭᠤᠯᠤᠭᠰᠠᠨ ᠨᠢ ᠬᠡᠷᠡᠭ ᠳᠡᠭᠡᠷ᠎ᠡ ᠪᠠᠨ ᠮᠠᠤ ᠽᠧ ᠳ᠋ᠦᠩ | ᠨᠥᠬᠦᠷ ᠤᠨ ᠨᠠᠮ ᠤᠨ ᠲᠥᠪ ᠬᠤᠷᠢᠶ᠎ᠠ ᠪᠠ ᠤᠯᠠᠭᠠᠨ ᠴᠡᠷᠢᠭ ᠲᠠᠬᠢ ᠤᠳᠤᠷᠢᠳᠬᠤ ᠪᠠᠶᠢᠷᠢ ᠰᠠᠭᠤᠷᠢ ᠶᠢ ᠲᠣᠭᠲᠠᠭᠠᠵᠤ᠂ | ᠮᠠᠤ ᠽᠧ ᠳ᠋ᠦᠩ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠮᠠᠷᠺᠰ ᠤᠨ ᠦᠵᠡᠯ ᠤᠨ ᠵᠥᠪ ᠱᠤᠭᠤᠮ ᠤᠨ | ᠨᠠᠮ ᠤᠨ ᠲᠥᠪ ᠬᠤᠷᠢᠶ᠎ᠠ ᠳᠠᠬᠢ ᠤᠳᠤᠷᠢᠳᠬᠤ ᠪᠠᠶᠢᠷᠢ ᠰᠠᠭᠤᠷᠢ ᠶᠢ ᠡᠬᠢᠯᠡᠨ ᠲᠣᠭᠲᠠᠭᠠᠵᠤ᠂ ᠮᠠᠤ ᠽᠧ ᠳ᠋ᠦᠩ | ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠨᠢᠭᠡᠳᠦᠭᠡᠷ ᠦᠶ᠎ᠡ ᠶᠢᠨ ᠲᠥᠪ ᠬᠤᠷᠢᠶᠠᠨ ᠤ ᠤᠳᠤᠷᠢᠳᠬᠤ ᠬᠠᠮᠲᠤ ᠶᠢ ᠡᠬᠢᠯᠡᠨ | ᠪᠦᠷᠢᠯᠳᠦᠭᠦᠯᠵᠦ᠂ ᠨᠠᠮ ᠤᠨ ᠪᠡᠶ᠎ᠡ ᠪᠠᠨ ᠳᠠᠭᠠᠭᠠᠨ ᠡᠵᠡᠨ ᠮᠡᠳᠡᠵᠦ ᠳᠤᠮᠳᠠᠳᠤ ᠤᠯᠤᠰ ᠤᠨ ᠬᠤᠪᠢᠰᠬᠠᠯ ᠤᠨ ᠪᠣᠳᠠᠲᠤ | ᠠᠰᠠᠭᠤᠳᠠᠯ ᠢ ᠰᠢᠢᠳᠪᠦᠷᠢᠯᠡᠬᠦ ᠰᠢᠨ᠎ᠡ ᠱᠠᠲᠤ ᠶᠢ ᠨᠡᠭᠡᠭᠡᠭᠡᠳ᠂ ᠬᠠᠮᠤᠭ ᠤᠨ ᠲᠦᠭᠰᠢᠭᠦᠷᠢᠲᠡᠶ ᠵᠠᠩᠭᠢᠯᠠᠭ᠎ᠠ ᠶᠢᠨ ᠦᠶ᠎ᠡ ᠳᠤ | ᠨᠠᠮ ᠢ ᠠᠪᠤᠷᠠᠵᠤ᠂ ᠤᠯᠠᠭᠠᠨ ᠴᠡᠷᠢᠭ ᠢ ᠠᠪᠤᠷᠠᠵᠤ᠂ ᠳᠤᠮᠳᠠᠳᠤ ᠤᠯᠤᠰ ᠤᠨ ᠬᠤᠪᠢᠰᠬᠠᠯ ᠢ ᠠᠪᠤᠷᠬᠠᠰᠠᠨ ᠪᠥᠭᠡᠳ | ᠲᠡᠬᠦᠨ ᠤ ᠲᠠᠷᠠᠭ᠎ᠠ ᠨᠠᠮ ᠠᠴᠠ ᠵᠠᠩ ᠭᠦᠸᠧ ᠲᠤᠤ ᠶᠢᠨ ᠬᠠᠭᠠᠴᠠᠭᠤᠯᠬᠤ ᠦᠵᠡᠯ ᠢ ᠢᠯᠠᠵᠤ᠂ ᠤᠷᠳᠤ ᠵᠠᠮ ᠤᠨ ᠠᠶᠠᠨ | ᠲᠠᠶᠢᠨ ᠢ ᠢᠯᠠᠯᠲᠠ ᠲᠠᠢ ᠪᠠᠷ ᠪᠠᠶᠡᠯᠡᠬᠦᠯᠵᠦ᠂ ᠳᠤᠮᠳᠠᠳᠤ ᠤᠯᠤᠰ ᠤᠨ ᠬᠤᠪᠢᠰᠬᠠᠯ ᠤᠨ ᠰᠢᠨ᠎ᠡ ᠪᠠᠶᠢᠳᠠᠯ ᠢ ᠪᠤᠢ ᠪᠣᠯᠭᠠᠵᠤ | ᠴᠢᠳᠠᠬᠰᠠᠨ ᠶᠤᠮ᠃ ᠡᠨᠡ ᠪᠤᠯ ᠨᠠᠮ ᠤᠨ ᠲᠡᠤᠬᠡᠨ ᠳᠡᠬᠡᠷᠡᠬᠢ ᠮᠠᠨᠳᠤᠯ ᠮᠦᠬᠦᠯ ᠳᠤ ᠬᠤᠯᠪᠣᠭᠳᠠᠬᠰᠠᠨ ᠡᠷᠭᠢᠯᠲᠡ ᠮᠥᠨ᠃ | ᠶᠠᠫᠣᠨ ᠢ ᠡᠰᠡᠷᠭᠦᠴᠡᠬᠦ ᠳᠠᠶᠢᠨ ᠤ ᠦᠶ᠎ᠡ ᠳᠤ᠂ ᠶᠢᠰᠦᠨ ᠰᠠᠷ᠎ᠠ ᠶᠢᠨ ᠠᠷᠪᠠᠨ ᠨᠠᠢᠮᠠᠨ ᠤ ᠬᠡᠷᠡᠭ ᠬᠤᠪᠢᠰᠤᠯ ᠤᠨ | ᠳᠠᠷᠠᠭ᠎ᠠ᠂ ᠳᠤᠮᠳᠠᠳᠤ ᠶᠠᠫᠣᠨ ᠤ ᠦᠨᠳᠦᠰᠦᠲᠡᠨ ᠤ ᠵᠥᠷᠢᠴᠡᠯ ᠠᠭᠠᠵᠢᠮ ᠢᠶᠠᠷ ᠤᠯᠤᠰ ᠤᠨ ᠳᠣᠲᠣᠭᠠᠳᠤ ᠶᠢᠨ ᠠᠩᠭᠢ ᠶᠢᠨ | ᠵᠥᠷᠢᠴᠡᠯ ᠠᠴᠠ ᠳᠠᠪᠠᠵᠤ ᠭᠤᠣᠯ ᠵᠥᠷᠢᠴᠡᠯ ᠪᠣᠯᠪᠠ᠃ ᠶᠠᠫᠣᠨ ᠤ ᠡᠵᠡᠷᠬᠡᠭ ᠲᠦᠷᠢᠮᠡᠬᠡᠶᠢᠲᠡᠨ ᠮᠠᠨ ᠤ ᠤᠯᠤᠰ ᠢ | ᠲᠦᠷᠢᠮᠡᠬᠡᠶᠢᠯᠡᠬᠦ ᠪᠠᠨ ᠲᠦᠷᠭᠡᠳᠭᠡᠵᠤ᠂ ᠦᠨᠳᠦᠰᠦᠲᠡᠨ ᠤ ᠲᠦᠭᠰᠢᠬᠦᠷᠢ ᠤᠷᠢᠳ ᠡᠮᠦᠨ᠎ᠡ ᠭᠠᠷᠤᠭ᠎ᠠ ᠦᠭᠡᠢ ᠬᠦᠨᠳᠦ | ᠨᠣᠴᠢᠲᠠᠶ ᠪᠣᠯᠤᠭᠰᠠᠨ ᠵᠠᠩᠭᠢᠯᠠᠭ᠎ᠠ ᠶᠢᠨ ᠦᠶ᠎ᠠ ᠳᠤ᠂ ᠨᠠᠮ ᠠᠴᠠ ᠡᠩ ᠲᠡᠷᠢᠭᠦᠨ ᠳᠤ ᠵᠡᠪᠰᠡᠭᠲᠦ ᠬᠦᠴᠦᠨ ᠢᠶᠠᠷ ᠶᠠᠫᠣᠨ ᠢ | ᠡᠰᠡᠷᠭᠦᠴᠡᠬᠦ ᠲᠤᠭ ᠢ ᠥᠨᠳᠥᠷ ᠮᠠᠨᠳᠤᠭᠤᠯᠤᠨ᠂ ᠶᠠᠫᠣᠨ ᠢ ᠡᠰᠡᠷᠭᠦᠴᠡᠨ ᠮᠥᠬᠦᠯ ᠠᠴᠠ ᠠᠪᠤᠷᠠᠬᠤ ᠬᠥᠳᠡᠯᠭᠡᠭᠡᠨ ᠢ | ᠥᠷᠭᠡᠨ ᠢᠶᠠᠷ ᠥᠷᠨᠢᠭᠦᠯᠵᠦ᠂ ᠰᠢ ᠠᠨ ᠤ ᠬᠡᠷᠡᠭ ᠬᠤᠪᠢᠰᠤᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠶᠢ ᠠᠬᠢᠭᠤᠯᠤᠭᠰᠠᠨ ᠨᠢ | ᠭᠤᠮᠢᠨᠳᠠᠩ ᠡᠪ ᠬᠠᠮᠲᠤ ᠨᠠᠮ ᠤᠨ ᠳᠠᠬᠢᠨᠲᠠ ᠬᠠᠮᠲᠤᠷᠠᠨ ᠠᠵᠢᠯᠯᠠᠬᠤ ᠶᠢ ᠠᠬᠢᠭᠤᠯᠬᠤ᠂ ᠨᠢᠬᠳᠠᠷᠠᠨ ᠪᠦᠯᠬᠦᠮᠳᠡᠵᠦ ᠶᠠᠫᠣᠨ ᠢ | ᠡᠰᠡᠷᠭᠦᠴᠡᠬᠦ ᠳᠤ ᠴᠢᠬᠤᠯᠠ ᠶᠡᠭᠡ ᠲᠡᠤᠬᠡᠲᠦ ᠦᠢᠯᠡᠳᠦᠯ ᠦᠵᠡᠭᠦᠯᠪᠡ᠃ ᠳᠣᠯᠣᠭᠠᠨ ᠰᠠᠷ᠎ᠠ ᠶᠢᠨ ᠲᠤᠯᠤᠭᠠᠨ ᠤ ᠬᠡᠷᠡᠭ | ᠬᠤᠪᠢᠰᠤᠯ ᠤᠨ ᠲᠠᠷᠠᠭ᠎ᠠ᠂ ᠨᠠᠮ ᠠᠴᠠ ᠶᠠᠫᠣᠨ ᠢ ᠡᠰᠡᠷᠭᠦᠴᠡᠬᠦ ᠦᠨᠳᠦᠰᠦᠲᠡᠨ ᠤ ᠨᠢᠭᠡᠳᠦᠮᠡᠯ ᠹᠷᠣᠨᠲ ᠤᠨ ᠵᠥᠪ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠵᠤ᠂ ᠪᠦᠬᠦ ᠲᠠᠯ᠎ᠠ ᠪᠠᠷ ᠶᠠᠫᠣᠨ ᠢ ᠡᠰᠡᠷᠭᠦᠴᠡᠬᠦ ᠳᠠᠶᠢᠨ ᠤ ᠱᠤᠭᠤᠮ ᠢ ᠪᠠᠷᠢᠮᠲᠠᠯᠠᠵᠤ᠂ ᠤᠳᠠᠭᠠᠨ | ᠳᠠᠭᠠᠭᠠᠮᠠᠭᠠᠶ ᠳᠠᠶᠢᠨ ᠬᠢᠬᠦ ᠪᠠᠶᠢᠯᠳᠤᠬᠤ ᠪᠤᠳᠤᠯᠭ᠎ᠠ ᠶᠢᠨ ᠶᠡᠷᠦᠩᠬᠡᠶ ᠴᠢᠭᠯᠡᠯᠲᠡ ᠪᠠ ᠠᠷᠠᠳ ᠤᠨ ᠳᠠᠶᠢᠨ ᠤ ᠢᠵᠢ | ᠪᠦᠷᠢᠳᠦᠭᠰᠡᠨ ᠪᠠᠶᠢᠯᠳᠤᠬᠤ ᠪᠤᠳᠤᠯᠭ᠎ᠠ ᠪᠠᠶᠢᠯᠳᠤᠬᠤ ᠠᠷᠭ᠎ᠠ ᠶᠢ ᠳᠤᠷᠠᠳᠤᠨ ᠭᠠᠷᠭᠠᠬᠰᠠᠨ ᠪᠠ ᠬᠡᠷᠡᠭᠵᠢᠭᠦᠯᠵᠤ᠂ ᠳᠠᠶᠢᠰᠤᠨ ᠤ | ᠠᠷᠤ ᠲᠠᠯ᠎ᠠ ᠶᠢᠨ ᠥᠷᠭᠡᠨ ᠠᠭᠤᠳᠠᠮ ᠳᠠᠶᠢᠨ ᠤ ᠲᠠᠯᠠᠪᠤᠷ ᠢ ᠨᠡᠭᠡᠭᠡᠭᠰᠡᠨ ᠪᠠ ᠶᠠᠫᠣᠨ ᠢ ᠡᠰᠡᠷᠭᠦᠴᠡᠬᠦ ᠰᠠᠭᠤᠷᠢᠨ ᠭᠠᠵᠠᠷ ᠢ | ᠪᠠᠶᠢᠭᠤᠯᠵᠤ᠂ ᠨᠠᠢᠮᠠᠳᠤᠭᠠᠷ ᠵᠠᠮ ᠤᠨ ᠴᠡᠷᠢᠭ᠂ ᠰᠢᠨ᠎ᠡ ᠳᠥᠷᠪᠡᠳᠦᠭᠡᠷ ᠠᠷᠮᠢ᠂ ᠵᠡᠭᠦᠨ ᠬᠤᠶᠢᠲᠤ ᠣᠷᠣᠨ ᠤ ᠶᠠᠫᠣᠨ ᠢ | ᠡᠰᠡᠷᠭᠦᠴᠡᠬᠦ ᠬᠤᠯᠪᠣᠭᠠᠲᠤ ᠴᠡᠷᠢᠭ ᠪᠠ ᠶᠠᠫᠣᠨ ᠢ ᠡᠰᠡᠷᠭᠦᠴᠡᠬᠦ ᠪᠤᠰᠤᠳ ᠠᠷᠠᠳ ᠤᠨ ᠵᠡᠪᠰᠡᠭᠲᠦ ᠬᠦᠴᠦᠨ ᠢ ᠤᠳᠤᠷᠢᠳᠤᠨ᠂ | ᠦᠨᠳᠦᠰᠦᠳᠡᠨ ᠲᠠᠶᠠᠭᠠᠷ ᠶᠠᠫᠣᠨ ᠢ ᠡᠰᠡᠷᠭᠦᠴᠡᠬᠦ ᠳᠠᠶᠢᠨ ᠤ ᠭᠤᠤᠯ ᠲᠤᠯᠭᠠᠭᠤᠷᠢ ᠪᠣᠯᠵᠤ᠂ ᠳᠤᠮᠳᠠᠳᠤ ᠤᠯᠤᠰ ᠤᠨ ᠠᠷᠠᠳ | ᠲᠦᠮᠡᠨ ᠤ ᠶᠠᠫᠣᠨ ᠢ ᠡᠰᠡᠷᠭᠦᠴᠡᠭᠰᠡᠨ ᠳᠠᠶᠢᠨ ᠤ ᠡᠴᠦᠰ ᠤᠨ ᠢᠯᠠᠯᠲᠠ ᠶᠢ ᠣᠯᠬᠤ ᠪᠤᠯᠳᠠᠯ᠎ᠠ ᠡᠷᠡᠯᠭᠡᠭ ᠪᠠᠭᠠᠳᠤᠷᠯᠢᠭ ᠢᠶᠠᠷ | ᠪᠠᠶᠢᠯᠳᠤᠵᠡᠢ᠃ ᠡᠨᠡ ᠪᠣᠯ ᠤᠢᠢᠷ᠎ᠠ ᠦᠶ᠎ᠡ ᠠᠴᠠ ᠨᠠᠭᠠᠰᠢ ᠳᠤᠮᠳᠠᠳᠤ ᠤᠯᠤᠰ ᠤᠨ ᠠᠷᠠᠳ ᠲᠦᠮᠡᠨ ᠤ ᠬᠠᠷᠢ ᠶᠢᠨ | ᠳᠠᠶᠢᠰᠤᠨ ᠤ ᠲᠦᠷᠢᠮᠡᠬᠡᠶᠢᠯᠡᠯ ᠢ ᠡᠰᠡᠷᠭᠦᠴᠡᠭᠡᠳ ᠠᠩᠬ᠎ᠠ ᠤᠳᠠᠭ᠎ᠠ ᠪᠦᠷᠢᠨ ᠢᠯᠠᠯᠲᠠ ᠣᠯᠤᠭᠰᠠᠨ ᠦᠨᠳᠦᠰᠦᠲᠡᠨ ᠤ | ᠴᠢᠯᠥᠭᠡᠯᠡᠯᠲᠡ ᠶᠢᠨ ᠲᠡᠮᠡᠴᠡᠯ ᠪᠣᠯᠤᠨ᠎ᠠ᠂ ᠮᠥᠨ ᠴᠦ ᠳᠡᠯᠡᠬᠡᠶ ᠶᠢᠨ ᠹᠠᠱᠢᠰ ᠢ ᠡᠰᠡᠷᠭᠦᠴᠡᠭᠰᠡᠨ ᠲᠠᠶᠢᠨ ᠤ ᠢᠯᠠᠯᠲᠠ ᠶᠢᠨ | ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠃ | ᠴᠢᠯᠥᠭᠡᠯᠡᠬᠦ ᠳᠠᠶᠢᠨ ᠤ ᠦᠶ᠎ᠠ ᠳᠤ᠂ ᠭᠤᠮᠢᠨᠳᠠᠩ ᠤᠨ ᠲᠡᠷᠰᠯᠡᠭᠦᠴᠦᠳ ᠤᠨ ᠠᠶᠤᠮᠰᠢᠭ ᠦᠭᠡᠢ ᠪᠠᠷ ᠡᠭᠦᠰᠭᠡᠭᠰᠡᠨ | ᠪᠦᠬᠦ ᠲᠠᠯ᠎ᠠ ᠶᠢᠨ ᠳᠣᠲᠣᠭᠠᠳᠤ ᠶᠢᠨ ᠳᠠᠶᠢᠨ ᠤ ᠡᠮᠦᠨ᠎ᠡ᠂ ᠨᠠᠮ ᠠᠴᠠ ᠥᠷᠭᠡᠨ ᠣᠯᠠᠨ ᠴᠡᠷᠢᠭ ᠠᠷᠠᠳ ᠢ ᠤᠳᠤᠷᠢᠳᠤᠨ | ᠢᠳᠡᠪᠬᠢᠲᠡᠶ ᠰᠡᠷᠭᠡᠶᠢᠯᠡᠯᠲᠡ ᠬᠢᠵᠦ ᠪᠠᠶᠢᠭᠰᠠᠨ ᠠᠴᠠ ᠪᠠᠨ ᠪᠠᠶᠢᠯᠳᠤᠬᠤ ᠪᠣᠳᠣᠯᠭ᠎ᠠ ᠶᠢᠨ ᠳᠠᠭᠠᠷᠢᠯᠲᠠ ᠬᠢᠬᠦ ᠳᠤ ᠠᠯᠬᠤᠮ | ᠠᠯᠬᠤᠮ ᠢᠶᠠᠷ ᠰᠢᠯᠵᠢᠵᠦ᠂ ᠯᠢᠶᠣᠤ ᠱᠧᠨ᠂ ᠬᠤᠸᠠᠢ ᠬᠠᠶ᠂ ᠫᠢᠩ ᠶᠢᠨ ᠭᠤᠷᠪᠠᠨ ᠶᠡᠭᠡ ᠳᠠᠶᠢᠯᠠᠯᠳᠤᠭᠠᠨ ᠪᠣᠯᠤᠨ | ᠬᠦᠬᠡᠮᠦ᠋ᠷᠡᠨ ᠢ ᠭᠠᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠳᠤᠮᠳᠠᠳᠤ ᠡᠮᠦᠨᠡᠲᠦ ᠣᠷᠣᠨ᠂ ᠪᠠᠷᠠᠭᠤᠨ ᠬᠤᠶᠢᠲᠤ | ᠣᠷᠣᠨ᠂ ᠪᠠᠷᠠᠭᠤᠨ ᠡᠮᠦᠨᠡᠲᠦ ᠣᠷᠣᠨ ᠵᠦᠭ ᠢᠯᠠᠯᠲᠠ ᠲᠠᠢ ᠪᠠᠷ ᠤᠷᠤᠭᠰᠢᠯᠠᠵᠤ᠂ ᠭᠤᠮᠢᠨᠳᠠᠩ ᠤᠨ ᠲᠡᠷᠰᠯᠡᠭᠦᠴᠦᠳ ᠤᠨ | ᠨᠠᠢᠮᠠᠨ ᠵᠠᠭᠤᠨ ᠲᠦᠮᠡᠨ ᠴᠡᠷᠢᠭ ᠢ ᠤᠰᠠᠳᠬᠠᠵᠤ᠂ ᠭᠤᠮᠢᠨᠳᠠᠩ ᠤᠨ ᠲᠡᠷᠰᠯᠡᠭᠦᠦ ᠵᠠᠰᠠᠭ ᠤᠨ ᠣᠷᠳᠣᠨ ᠢ ᠲᠦᠯᠬᠢᠨ | ᠤᠨᠠᠭᠠᠵᠤ᠂ ᠡᠵᠡᠷᠬᠡᠭ ᠲᠦᠷᠢᠮᠡᠬᠡᠶ ᠶᠣᠰᠣ᠂ ᠹᠸᠤᠳᠠᠯ ᠶᠣᠰᠣ᠂ ᠨᠣᠶᠠᠨᠴᠢ ᠬᠥᠷᠥᠩᠭᠡᠲᠦ ᠶᠣᠰᠣ ᠭᠡᠬᠦ ᠭᠤᠷᠪᠠᠨ ᠶᠡᠭᠡ | ᠠᠭᠤᠯᠠ ᠶᠢ ᠲᠦᠯᠬᠢᠨ ᠤᠨᠠᠭᠠᠪᠠ᠃ ᠨᠠᠮ ᠤᠨ ᠤᠳᠤᠷᠢᠳᠤᠭᠰᠠᠨ ᠠᠷᠠᠳ ᠤᠨ ᠴᠡᠷᠢᠭ ᠠᠩᠭᠢ ᠨᠢ ᠠᠷᠠᠳ ᠲᠦᠮᠡᠨ ᠤ | ᠳᠡᠮᠵᠢᠯᠭᠡ ᠳᠣᠣᠷ᠎ᠠ᠂ ᠪᠤᠴᠠᠯᠲᠠ ᠦᠭᠡᠢ ᠤᠷᠤᠭᠰᠢᠯᠠᠬᠤ ᠪᠠᠭᠠᠲᠤᠷ ᠵᠣᠷᠢᠭ ᠢᠶᠠᠷ ᠲᠦᠢᠯ ᠤᠨ ᠬᠠᠷᠭᠢᠰ ᠬᠡᠷᠴᠡᠭᠡᠶ | ᠳᠠᠶᠢᠰᠤᠨ ᠲᠠᠢ ᠦᠬᠦᠵᠦ ᠰᠡᠬᠡᠬᠦ ᠶᠢᠨ ᠲᠡᠮᠡᠴᠡᠯ ᠬᠢᠵᠦ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠢᠯᠠᠯᠲᠠ ᠶᠢ ᠲᠡᠮᠡᠴᠡᠨ | ᠤᠯᠬᠤ ᠳᠤ ᠲᠡᠦᠬᠡᠨ ᠭᠠᠪᠢᠶ᠎ᠠ ᠵᠢᠳᠬᠦᠯ ᠪᠠᠶᠢᠭᠤᠯᠪᠠ᠃ | ᠬᠤᠪᠢᠰᠬᠠᠯᠲᠤ ᠲᠡᠮᠡᠴᠡᠯ ᠤᠨ ᠳᠤᠮᠳᠠ᠂ ᠮᠠᠤ ᠽᠧ ᠳ᠋ᠦᠩ ᠨᠥᠬᠦᠷ ᠢᠶᠠᠷ ᠭᠤᠣᠯ ᠲᠥᠯᠥᠭᠡᠯᠡᠭᠴᠢ ᠪᠠᠨ ᠪᠣᠯᠭᠠᠭᠰᠠᠨ | ᠳᠤᠮᠳᠠᠳᠤ ᠤᠯᠤᠰ ᠤᠨ ᠡᠪ ᠬᠠᠮᠲᠤᠴᠤᠳ ᠮᠠᠷᠺᠰ ᠯᠧᠨᠢᠨ ᠤ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ | ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠷᠭᠠᠭᠤ ᠬᠠᠲᠠᠭᠤᠵᠢᠯᠲᠠᠶ ᠬᠠᠶᠢᠨ ᠰᠦᠪᠡᠭᠴᠢᠯᠡᠯᠲᠡ ᠬᠢᠵᠦ᠂ | ᠯᠤᠲᠤ ᠶᠡᠭᠡ ᠦᠷᠡᠭᠳᠡᠯ ᠭᠠᠷᠭᠠᠵᠤ ᠪᠠᠶᠢᠭᠠᠳ ᠬᠤᠷᠠᠮᠳᠤᠭᠤᠯᠤᠭᠰᠠᠨ ᠠᠯᠢ ᠤᠯᠠᠨ ᠥᠪᠡᠷᠮᠢᠴᠡ ᠪᠦᠲᠦᠭᠡᠯᠴᠢ ᠴᠢᠨᠠᠷᠲᠠᠶ | ᠲᠤᠷᠰᠢᠯᠭ᠎ᠠ ᠳᠤ ᠤᠨᠤᠯ ᠤᠨ ᠬᠤᠷᠢᠶᠠᠩᠭᠤᠶᠢᠯᠠᠯ ᠬᠢᠵᠤ᠂ ᠬᠥᠳᠡᠭᠡ ᠲᠣᠰᠬᠤᠨ ᠢᠶᠠᠷ ᠬᠤᠲᠠ ᠶᠢ ᠪᠦᠰᠡᠯᠡᠬᠦ᠂ ᠵᠡᠪᠰᠡᠭᠲᠦ | ᠬᠦᠴᠦᠨ ᠢᠶᠠᠷ ᠲᠦᠷᠤ ᠶᠢᠨ ᠡᠷᠬᠡ ᠶᠢ ᠪᠤᠯᠢᠶᠠᠨ ᠠᠪᠬᠤ ᠵᠥᠪ ᠣᠨᠣᠪᠴᠢᠲᠠᠶ ᠬᠤᠪᠢᠰᠬᠠᠯ ᠤᠨ ᠵᠠᠮ ᠢ ᠨᠡᠭᠡᠭᠡᠵᠦ᠂ ᠮᠠᠤ ᠽᠧ | ᠳ᠋ᠦᠩ ᠤᠨ ᠦᠵᠡᠯ ᠰᠠᠨᠠᠭ᠎ᠠ ᠶᠢ ᠪᠤᠢ ᠪᠣᠯᠭᠠᠵᠤ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠢᠯᠠᠯᠲᠠ ᠶᠢ ᠲᠡᠮᠡᠴᠡᠨ | ᠤᠯᠬᠤ ᠳᠤ ᠵᠥᠪ ᠴᠢᠭᠯᠡᠯ ᠢ ᠲᠣᠳᠣᠷᠬᠠᠶ ᠵᠢᠭᠠᠵᠤ ᠥᠭᠪᠡ᠃ | ᠬᠤᠪᠢᠰᠬᠠᠯᠲᠤ ᠲᠡᠮᠡᠴᠡᠯ ᠤᠨ ᠳᠤᠮᠳᠠ᠂ ᠨᠠᠮ ᠠᠴᠠ ᠦᠨᠡᠨ ᠶᠣᠰᠣ ᠶᠢ ᠪᠠᠷᠢᠮᠲᠠᠯᠠᠬᠤ᠂ ᠬᠦᠰᠡᠯᠡᠩ ᠢᠶᠠᠨ ᠪᠠᠲᠤ | ᠰᠠᠬᠢᠬᠤ᠂ ᠲᠤᠯᠭᠤᠷ ᠵᠤᠷᠢᠯᠲᠠ ᠪᠠᠨ ᠦᠢᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ ᠦᠷᠡᠭᠳᠡᠯ | ᠰᠦᠢᠳᠦᠯ ᠠᠴᠠ ᠦᠯᠦ ᠠᠶᠤᠬᠤ᠂ ᠡᠷᠡᠯᠬᠡᠭ ᠪᠠᠭᠠᠲᠤᠷᠯᠢᠭ ᠢᠶᠠᠷ ᠲᠡᠮᠡᠴᠡᠬᠦ᠂ ᠨᠠᠮ ᠳᠠᠭᠠᠨ ᠦᠨᠡᠨᠴᠢ ᠪᠠᠶᠢᠬᠤ᠂ ᠠᠷᠠᠳ | ᠲᠦᠮᠡᠨ ᠳᠡᠭᠡᠨ ᠦᠯᠦ ᠣᠰᠣᠯᠳᠠᠬᠤ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠠᠮ ᠤᠨ | ᠪᠠᠶᠢᠭᠤᠯᠤᠯᠲᠠ ᠶᠢᠨ ᠠᠭᠤᠤ ᠶᠡᠭᠡ ᠢᠨᠵᠧᠨᠧᠷᠢᠩ ᠢ ᠬᠡᠷᠡᠭᠵᠢᠭᠦᠯᠦᠭᠰᠡᠨ ᠪᠠ ᠠᠬᠢᠭᠤᠯᠵᠤ᠂ ᠤᠨᠴᠠᠭᠠᠶᠢᠯᠠᠨ ᠦᠵᠡᠯ | ᠰᠠᠨᠠᠭᠠᠨ ᠤ ᠲᠠᠯ᠎ᠠ ᠪᠠᠷ ᠨᠠᠮ ᠪᠠᠶᠢᠭᠤᠯᠬᠤ ᠵᠠᠷᠴᠢᠮ ᠢ ᠳᠤᠷᠠᠳᠤᠨ ᠭᠠᠷᠭᠠᠵᠤ᠂ ᠠᠷᠠᠳᠴᠢᠯᠠᠯ ᠲᠦᠪᠯᠡᠷᠡᠯ ᠤᠨ ᠶᠣᠰᠣ ᠶᠢ | ᠪᠠᠷᠢᠮᠲᠠᠯᠠᠨ᠂ ᠤᠨᠤᠯ ᠢ ᠪᠣᠳᠠᠲᠠᠶ ᠲᠠᠢ ᠤᠶᠠᠯᠳᠤᠭᠤᠯᠬᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ᠂ ᠰᠢᠭᠦᠮᠵᠢᠯᠡᠯ ᠪᠠ | ᠥᠪᠡᠷ ᠤᠨ ᠰᠢᠭᠦᠮᠵᠢᠯᠡᠯ ᠬᠢᠬᠦ ᠭᠤᠷᠪᠠᠨ ᠶᠡᠭᠡ ᠰᠢᠯᠢᠳᠡᠭ ᠰᠤᠷᠲᠠᠯ ᠢ ᠪᠠᠷᠢᠮᠲᠠᠯᠠᠵᠤ᠂ ᠨᠢᠭᠡᠳᠦᠮᠡᠯ ᠹᠷᠣᠨᠲ᠂ ᠵᠡᠪᠰᠡᠭᠲᠦ | ᠲᠡᠮᠡᠴᠡᠯ᠂ ᠨᠠᠮ ᠤᠨ ᠪᠠᠶᠢᠭᠤᠯᠤᠯᠲᠠ ᠭᠡᠬᠦ ᠭᠤᠷᠪᠠᠨ ᠶᠡᠭᠡ ᠡᠷᠳᠡᠨᠢ ᠶᠢ ᠪᠦᠷᠢᠯᠳᠦᠭᠦᠯᠵᠦ᠂ ᠪᠦᠬᠦ ᠤᠯᠤᠰ ᠤᠨ ᠬᠡᠪᠴᠢᠶᠡᠨ ᠤ᠂ | ᠥᠷᠭᠡᠨ ᠳᠡᠯᠬᠡᠷ ᠤᠯᠠᠨ ᠲᠦᠮᠡᠨᠴᠢ ᠴᠢᠨᠠᠷᠲᠠᠶ᠂ ᠦᠵᠡᠯ ᠰᠠᠨᠠᠭ᠎ᠠ ᠤᠯᠤᠰ ᠲᠦᠷᠦ ᠵᠣᠬᠢᠶᠠᠨ ᠪᠠᠶᠢᠭᠤᠯᠤᠯᠲᠠ ᠶᠢᠨ | ᠲᠠᠯ᠎ᠠ ᠪᠠᠷ ᠪᠦᠷᠢᠮᠦᠰᠦᠨ ᠪᠠᠬᠢᠵᠢᠭ᠍ᠰᠡᠨ ᠮᠠᠷᠺᠰ ᠤᠨ ᠦᠵᠡᠯ ᠤᠨ ᠲᠦᠷᠦ ᠶᠢᠨ ᠨᠠᠮ ᠢ ᠴᠢᠷᠮᠠᠶᠢᠨ ᠪᠠᠶᠢᠭᠤᠯᠪᠠ᠃ ᠨᠠᠮ | 1942 ᠣᠨ ᠠᠴᠠ ᠡᠬᠢᠯᠡᠨ ᠪᠦᠬᠦ ᠨᠠᠮ ᠤᠨ ᠳᠤᠳᠤᠷ᠎ᠠ ᠰᠤᠷᠲᠠᠯ ᠴᠡᠭᠴᠡᠯᠡᠪᠠ᠂ ᠮᠠᠷᠺᠰ ᠤᠨ ᠦᠵᠡᠯ ᠤᠨ ᠦᠵᠡᠯ | ᠰᠠᠨᠠᠭᠠᠨ ᠤ ᠬᠥᠮᠦᠵᠢᠯ ᠬᠢᠬᠦ ᠡᠨᠡ ᠤᠳᠠᠭᠠᠨ ᠤ ᠬᠥᠳᠡᠯᠭᠡᠭᠡᠨ ᠯᠤᠲᠤ ᠶᠡᠭᠡ ᠦᠷ᠎ᠡ ᠪᠦᠲᠦᠮᠵᠢ ᠤᠯᠪᠠ᠃ ᠨᠠᠮ ᠠᠴᠠ ︽ | ᠲᠡᠦᠬᠡ ᠶᠢᠨ ᠠᠰᠠᠭᠤᠳᠠᠯ ᠤᠳ ᠤᠨ ᠲᠤᠬᠠᠶ ᠰᠢᠢᠳᠪᠦᠷᠢ︾ ᠶᠢ ᠲᠣᠭᠲᠠᠭᠠᠵᠤ᠂ ᠳᠤᠮᠳᠠᠳᠤ ᠤᠯᠤᠰ ᠤᠨ ᠬᠤᠪᠢᠰᠬᠠᠯ ᠤᠨ | ᠦᠨᠳᠦᠰᠦᠨ ᠠᠰᠠᠭᠤᠳᠠᠯ ᠤᠨ ᠲᠤᠬᠠᠶ ᠪᠦᠬᠦ ᠨᠠᠮ ᠤᠨ ᠲᠠᠨᠢᠯᠲᠠ ᠶᠢ ᠨᠢᠭᠡᠳᠦᠯᠲᠡᠶ ᠪᠣᠯᠭᠠᠪᠠ᠃ ᠨᠠᠮ ᠤᠨ ᠳᠣᠯᠣᠳᠤᠭᠠᠷ ᠶᠡᠭᠡ | ᠬᠤᠷᠠᠯ ᠠᠴᠠ ᠰᠢᠨ᠎ᠡ ᠠᠷᠠᠳᠴᠢᠯᠠᠭᠰᠠᠨ ᠶᠣᠰᠣᠨ ᠤ ᠰᠢᠨ᠎ᠡ ᠳᠤᠮᠳᠠᠳᠤ ᠤᠯᠤᠰ ᠢ ᠪᠠᠶᠢᠭᠤᠯᠬᠤ ᠳᠤ ᠵᠥᠪ ᠱᠤᠭᠤᠮ | ᠴᠢᠭᠯᠡᠯᠲᠡ ᠲᠦᠷᠦ ᠶᠢᠨ ᠪᠤᠳᠤᠯᠭ᠎ᠠ ᠶᠢ ᠲᠣᠭᠲᠠᠭᠠᠭᠠᠳ᠂ ᠪᠦᠬᠦ ᠨᠠᠮ ᠢ ᠦᠵᠡᠯ ᠰᠠᠨᠠᠭ᠎ᠠ ᠤᠯᠤᠰ ᠲᠦᠷᠦ ᠵᠣᠬᠢᠶᠠᠨ | ᠪᠠᠶᠢᠭᠤᠯᠤᠯᠲᠠ ᠶᠢᠨ ᠲᠠᠯ᠎ᠠ ᠪᠠᠷ ᠤᠷᠢᠳ ᠡᠮᠦᠨ᠎ᠡ ᠭᠠᠷᠤᠭ᠎ᠠ ᠦᠭᠡᠢ ᠨᠢᠭᠡᠳᠦᠯᠲᠡᠶ ᠪᠥᠭᠡᠳ ᠪᠦᠯᠬᠦᠮᠳᠡᠯ ᠲᠠᠢ ᠪᠣᠯᠭᠠᠪᠠ᠃ | ᠬᠤᠷᠢᠨ ᠨᠠᠢᠮᠠᠨ ᠵᠢᠯ ᠤᠨ ᠴᠢᠰᠤᠲᠦ ᠲᠡᠮᠡᠴᠡᠯ ᠢᠶᠠᠷ ᠳᠠᠮᠵᠢᠨ᠂ ᠨᠠᠮ ᠠᠴᠠ ᠠᠷᠠᠳ ᠲᠦᠮᠡᠨ ᠢ ᠤᠳᠤᠷᠢᠳᠤᠨ᠂ ᠡᠯ᠎ᠡ | ᠠᠷᠠᠳᠴᠢᠯᠠᠭᠰᠠᠨ ᠨᠠᠮ ᠪᠦᠯᠦᠭ ᠪᠣᠯᠤᠨ ᠨᠠᠮ ᠪᠦᠯᠦᠭ ᠤᠨ ᠪᠤᠰᠤ ᠠᠷᠠᠳᠴᠢᠯᠠᠭᠰᠠᠨ ᠬᠥᠮᠦᠰ ᠤᠨ ᠢᠳᠡᠪᠬᠢᠲᠡᠶ | ᠬᠠᠮᠲᠤᠷᠠᠯᠴᠠᠭ᠎ᠠ ᠳᠤᠤᠷ᠎ᠠ᠂ 1949 ᠣᠨ ᠤ 10 ᠰᠠᠷ᠎ᠠ ᠶᠢᠨ 1 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠢ ᠪᠠᠶᠢᠭᠤᠯᠤᠭᠰᠠᠨ ᠢᠶᠠᠨ ᠲᠤᠩᠬᠠᠭᠯᠠᠵᠤ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ | ᠴᠢᠯᠥᠭᠡᠯᠡᠯᠲᠡ ᠶᠢ ᠪᠡᠶᠡᠯᠡᠭᠦᠯᠵᠤ᠂ ᠬᠠᠭᠤᠴᠢᠨ ᠳᠤᠮᠳᠠᠳᠤ ᠤᠯᠤᠰ ᠤᠨ ᠬᠠᠭᠠᠰ ᠺᠣᠯᠣᠨᠢ ᠬᠠᠭᠠᠰ ᠹᠸᠤᠳᠠᠯ ᠤᠨ ᠨᠡᠶᠢᠭᠡᠮ ᠤᠨ | ᠲᠡᠦᠬᠡ ᠶᠢ ᠲᠦᠢᠯᠪᠤᠷᠢᠲᠠᠶ ᠡᠴᠦᠰᠯᠡᠭᠦᠯᠵᠦ᠂ ᠥᠷᠭᠡᠨ ᠤᠯᠠᠨ ᠬᠥᠳᠡᠯᠮᠦᠷᠢᠴᠢᠨ ᠠᠷᠠᠳ ᠲᠦᠮᠡᠨ ᠢ ᠲᠦᠢᠯ ᠤᠨ ᠴᠥᠭᠡᠨ | ᠲᠣᠭᠠᠨ ᠤ ᠮᠥᠯᠵᠢᠭᠴᠢᠳ ᠨᠣᠶᠠᠷᠬᠠᠵᠤ ᠪᠠᠶᠢᠭᠰᠠᠨ ᠲᠡᠦᠬᠡ ᠶᠢ ᠲᠦᠢᠯᠪᠤᠷᠢᠲᠠᠶ ᠡᠴᠦᠰᠯᠡᠭᠦᠯᠵᠦ᠂ ᠬᠠᠭᠤᠴᠢᠨ ᠳᠤᠮᠳᠠᠳᠤ | ᠤᠯᠤᠰ ᠤᠨ ᠲᠠᠷᠠᠬᠠᠶ ᠪᠤᠲᠠᠷᠬᠠᠶ ᠪᠠᠶᠢᠳᠠᠯ ᠢ ᠲᠦᠢᠯᠪᠤᠷᠢᠲᠠᠶ ᠡᠴᠦᠰᠯᠡᠭᠦᠯᠵᠦ᠂ ᠬᠦᠴᠦᠷᠬᠡᠭ ᠤᠯᠤᠰ ᠤᠳ ᠤᠨ ᠳᠤᠮᠳᠠᠳᠤ | ᠤᠯᠤᠰ ᠲᠤ ᠠᠯᠪᠠ ᠪᠠᠷ ᠲᠤᠯᠭᠠᠭᠰᠠᠨ ᠲᠡᠭᠰᠢ ᠪᠤᠰᠤ ᠭᠡᠷ᠎ᠡ ᠪᠠ ᠡᠵᠡᠷᠬᠡᠭ ᠲᠦᠷᠢᠮᠡᠭᠡᠶᠢᠳᠡᠨ ᠤ ᠳᠤᠮᠳᠠᠳᠤ ᠤᠯᠤᠰ ᠲᠠᠬᠢ | ᠠᠯᠢᠪᠠ ᠣᠨᠴᠠ ᠡᠷᠬᠡ ᠶᠢ ᠲᠦᠢᠯᠪᠤᠷᠢᠲᠠᠶ ᠬᠦᠴᠦᠨ ᠦᠭᠡᠢ ᠪᠣᠯᠭᠠᠵᠤ᠂ ᠳᠤᠮᠳᠠᠳᠤ ᠤᠯᠤᠰ ᠤᠨ ᠬᠡᠳᠦᠨ ᠮᠢᠩᠭᠠᠨ ᠵᠢᠯ ᠤᠨ | ᠹᠸᠤᠳᠠᠯ ᠤᠨ ᠡᠵᠡᠷᠬᠡᠭ ᠶᠤᠰᠤᠨ ᠤ ᠤᠯᠤᠰ ᠲᠦᠷᠦ ᠠᠴᠠ ᠠᠷᠠᠳ ᠤᠨ ᠠᠷᠠᠳᠴᠢᠯᠠᠯ ᠳᠤ ᠰᠢᠯᠵᠢᠭᠰᠡᠨ ᠠᠭᠤᠤ ᠶᠡᠭᠡ | ᠦᠰᠦᠷᠦᠯᠲᠡ ᠶᠢ ᠪᠡᠶᠡᠯᠡᠭᠦᠯᠦᠭᠰᠡᠨ ᠪᠦᠭᠡᠳ ᠪᠠᠰᠠ ᠳᠡᠯᠡᠬᠡᠶ ᠶᠢᠨ ᠤᠯᠤᠰ ᠲᠦᠷᠦ ᠶᠢᠨ ᠪᠠᠶᠢᠷᠢᠰᠢᠯ ᠢ ᠲᠦᠢᠯ ᠤᠨ ᠶᠡᠭᠡ ᠪᠠᠷ | ᠬᠤᠪᠢᠷᠠᠭᠤᠯᠵᠤ᠂ ᠪᠦᠬᠦ ᠳᠡᠯᠡᠬᠡᠶ ᠶᠢᠨ ᠳᠠᠷᠤᠯᠠᠭᠳᠠᠵᠤ ᠪᠠᠶᠢᠭ᠎ᠠ ᠦᠨᠳᠦᠰᠦᠲᠡᠨ ᠪᠠ ᠳᠠᠷᠤᠯᠠᠭᠳᠠᠵᠤ ᠪᠠᠶᠢᠭ᠎ᠠ ᠠᠷᠠᠳ | ᠲᠦᠮᠡᠨ ᠤ ᠴᠢᠯᠥᠭᠡᠯᠡᠯᠲᠡ ᠪᠠᠨ ᠲᠡᠮᠡᠴᠡᠨ ᠤᠯᠬᠤ ᠲᠡᠮᠡᠴᠡᠯ ᠢ ᠵᠣᠷᠢᠬᠵᠢᠭᠤᠯᠤᠭᠰᠠᠨ ᠪᠠᠶᠢᠨ᠎ᠠ᠃ | ᠲᠡᠦᠬᠡ ᠪᠠ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠢ ᠰᠣᠩᠭᠤᠵᠠᠶ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠯᠭ᠎ᠠ ᠪᠠᠶᠢᠬᠤ ᠦᠭᠡᠢ ᠪᠣᠯ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ | ᠴᠢᠯᠥᠭᠡᠯᠡᠯᠲᠡ ᠶᠢ ᠪᠡᠶᠡᠯᠡᠭᠦᠯᠵᠦ ᠴᠢᠳᠠᠬᠤ ᠦᠭᠡᠢ ᠭᠡᠳᠡᠭ ᠢ ᠦᠢᠯᠡᠳᠦᠯᠭᠡ ᠭᠦᠢᠴᠡᠳ ᠲᠤᠳᠤᠷᠬᠠᠶᠢᠯᠠᠪᠠ᠃ ᠳᠤᠮᠳᠠᠳᠤ | ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ | ᠬᠠᠲᠠᠭᠤᠵᠢᠯᠲᠠᠶ ᠲᠡᠮᠡᠴᠡᠯ ᠢᠶᠠᠷ ᠢᠶᠠᠨ᠂ ᠳᠤᠮᠳᠠᠳᠤ ᠤᠯᠤᠰ ᠤᠨ ᠠᠷᠠᠳ ᠲᠦᠮᠡᠨ ᠡᠭᠦᠨ ᠠᠴᠠ ᠡᠬᠢᠯᠡᠨ ᠪᠣᠰᠴᠤ ᠵᠣᠭᠰᠣᠪᠠ᠂ | ᠳᠤᠮᠳᠠᠳᠤ ᠶᠢᠨ ᠦᠨᠳᠦᠰᠦᠲᠡᠨ ᠤ ᠬᠥᠮᠦᠨ ᠪᠤᠯᠭᠠᠨ ᠳᠤ ᠲᠠᠷᠤᠯᠠᠬᠳᠠᠵᠦ᠂ ᠲᠠᠷᠤᠯᠠᠯ ᠲᠤᠷᠤᠮᠵᠢᠯᠠᠯ ᠢ ᠬᠠᠰᠢᠷᠠᠲᠠᠯ᠎ᠠ ᠠᠮᠰᠠᠵᠤ | ᠪᠠᠶᠢᠬᠰᠠᠨ ᠴᠠᠭ ᠦᠶ᠎ᠡ ᠪᠤᠴᠠᠯᠲᠠ ᠦᠭᠡᠢ ᠦᠩᠭᠡᠷᠡᠨ ᠤᠳᠴᠠᠢ᠂ ᠳᠤᠮᠳᠠᠳᠤ ᠤᠯᠤᠰ ᠤᠨ ᠬᠥᠭᠵᠢᠯᠲᠡ ᠡᠭᠦᠨ ᠠᠴᠠ | ᠡᠬᠢᠯᠡᠨ ᠰᠢᠨ᠎ᠡ ᠴᠠᠭ ᠦᠶ᠎ᠡ ᠶᠢ ᠨᠡᠭᠡᠭᠡᠭᠰᠡᠨ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃ | ᠬᠤᠶᠠᠷ᠂ ᠨᠡᠶᠢᠭᠡᠮ ᠵᠢᠷᠤᠮᠲᠤ ᠬᠤᠪᠢᠰᠬᠠᠯ ᠢ ᠪᠡᠶᠡᠯᠡᠭᠦᠯᠦᠭᠰᠡᠨ ᠪᠠ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢ | ᠠᠬᠢᠭᠤᠯᠤᠭᠰᠠᠨ | ᠨᠡᠶᠢᠭᠡᠮ ᠵᠢᠷᠤᠮᠲᠤ ᠬᠤᠪᠢᠰᠬᠠᠯ ᠪᠣᠯᠤᠨ ᠪᠦᠲᠦᠭᠡᠨ ᠪᠠᠶᠢᠭᠤᠯᠤᠯᠲᠠ ᠶᠢᠨ ᠦᠶ᠎ᠠ ᠳᠤ᠂ ᠨᠠᠮ ᠳᠤ ᠲᠤᠯᠭᠠᠷᠠᠭᠰᠠᠨ | ᠭᠤᠤᠯ ᠡᠭᠦᠷᠭᠡ ᠪᠣᠯ᠂ ᠰᠢᠨ᠎ᠡ ᠠᠷᠠᠳᠴᠢᠯᠠᠭᠰᠠᠨ ᠶᠣᠰᠣᠨ ᠠᠴᠠ ᠨᠡᠶᠢᠭᠡᠮ ᠵᠢᠷᠤᠮ ᠳᠤ ᠰᠢᠯᠵᠢᠨ ᠣᠷᠣᠬᠤ ᠬᠤᠪᠢᠷᠠᠯᠲᠠ ᠶᠢ | ᠪᠡᠶᠡᠯᠡᠭᠦᠯᠵᠦ᠂ ᠨᠡᠶᠢᠭᠡᠮ ᠵᠢᠷᠤᠮᠲᠤ ᠬᠤᠪᠢᠰᠬᠠᠯ ᠬᠢᠵᠦ᠂ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠨᠳᠦᠰᠦᠨ ᠤᠯᠤᠰ ᠲᠦᠷᠦ ᠶᠢᠨ | ᠤᠷᠢᠲᠠᠯ ᠪᠠ ᠪᠠᠶᠢᠭᠤᠯᠤᠯ ᠤᠨ ᠰᠠᠭᠤᠷᠢ ᠶᠢ ᠲᠠᠯᠪᠢᠵᠤ ᠥᠭᠭᠦ ᠶᠠᠪᠤᠳᠠᠯ ᠪᠤᠯᠤᠨ᠎ᠠ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠨᠠᠮ ᠠᠴᠠ ᠠᠷᠠᠳ ᠲᠦᠮᠡᠨ ᠢ ᠤᠳᠤᠷᠢᠳᠤᠨ ᠤᠯᠤᠰ | ᠲᠦᠷᠦ᠂ ᠠᠵᠤ ᠠᠬᠤᠶ᠂ ᠴᠡᠷᠢᠭ ᠤᠨ ᠶᠠᠪᠤᠳᠠᠯ ᠵᠡᠷᠭᠡ ᠲᠠᠯ᠎ᠠ ᠶᠢᠨ ᠠᠯᠢ ᠤᠯᠠᠨ ᠬᠠᠲᠠᠭᠤ ᠴᠢᠩᠭ᠎ᠠ ᠰᠢᠯᠭᠠᠯᠳᠠ ᠶᠢ ᠢᠯᠠᠨ | ᠳᠠᠪᠠᠵᠦ᠂ ᠭᠤᠮᠢᠨᠳᠠᠩ ᠤᠨ ᠲᠡᠷᠰᠯᠡᠭᠦᠴᠦᠳ ᠤᠨ ᠦᠯᠡᠳᠡᠭᠳᠡᠯ ᠵᠡᠪᠰᠡᠭᠲᠦ ᠬᠦᠴᠦᠨ ᠪᠠ ᠳᠡᠭᠡᠷᠡᠮ ᠢ ᠴᠡᠪᠡᠷᠯᠡᠨ ᠠᠷᠢᠯᠭᠠᠵᠤ᠂ | ᠲᠥᠪᠡᠳ ᠢ ᠨᠠᠶᠢᠷᠠᠮᠳᠠᠯ ᠢᠶᠠᠷ ᠴᠢᠯᠥᠭᠡᠯᠡᠨ᠂ ᠡᠬᠡ ᠤᠯᠤᠰ ᠤᠨ ᠡᠬᠡ ᠬᠠᠭᠤᠷᠠᠶ ᠶᠢᠨ ᠪᠦᠷᠢᠨ ᠨᠢᠭᠡᠳᠦᠯ ᠢ ᠪᠡᠶᠡᠯᠡᠭᠦᠯᠪᠡ︔ | ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠵᠤ᠂ ᠡᠳ᠋ ᠤᠨ ᠵᠠᠰᠠᠭ ᠠᠵᠤ ᠠᠬᠤᠢ ᠶᠢᠨ ᠠᠵᠢᠯ ᠢ ᠨᠢᠭᠡᠳᠭᠡᠵᠦ᠂ ᠭᠠᠵᠠᠷ | ᠲᠠᠷᠢᠶᠠᠨ ᠤ ᠥᠭᠡᠷᠡᠴᠢᠯᠡᠯᠲᠡ ᠶᠢ ᠪᠡᠶᠡᠯᠡᠭᠦᠯᠦᠨ᠂ ᠨᠡᠶᠢᠭᠡᠮ ᠤᠨ ᠡᠯ᠎ᠡ ᠲᠠᠯ᠎ᠠ ᠶᠢᠨ ᠠᠷᠠᠳᠴᠢᠯᠠᠭᠰᠠᠨ ᠥᠭᠡᠷᠡᠴᠢᠯᠡᠯᠲᠡ ᠶᠢ | ᠬᠢᠵᠦ᠂ ᠡᠷᠡᠭᠲᠡᠶ ᠡᠮᠡᠭᠲᠡᠶ ᠠᠳᠠᠯᠢ ᠲᠡᠭᠰᠢ ᠡᠷᠬᠡ ᠲᠠᠢ ᠪᠠᠶᠢᠬᠤ ᠶᠢ ᠬᠡᠷᠡᠭᠵᠢᠭᠦᠯᠵᠦ᠂ ᠬᠤᠪᠢᠰᠬᠠᠯ ᠤᠨ ᠡᠰᠡᠷᠭᠦᠴᠦᠳ ᠢ | ᠳᠠᠷᠤᠩᠭᠤᠶᠢᠯᠠᠨ᠂ ︽ᠭᠤᠷᠪᠠ ᠶᠢ ᠡᠰᠡᠷᠭᠦᠴᠡᠬᠦ︾᠂ ︽ᠲᠠᠪᠤ ᠶᠢ ᠡᠰᠡᠷᠭᠦᠴᠡᠬᠦ︾ ᠬᠥᠳᠡᠯᠭᠡᠭᠡᠨ ᠢ ᠥᠷᠨᠢᠭᠦᠯᠵᠦ᠂ | ᠬᠠᠭᠤᠴᠢᠨ ᠨᠡᠶᠢᠭᠡᠮ ᠤᠨ ᠦᠯᠡᠳᠡᠭᠡᠭᠰᠡᠨ ᠪᠤᠵᠠᠷ ᠪᠤᠷᠲᠠᠭ ᠢ ᠴᠡᠪᠡᠷᠯᠡᠨ ᠠᠷᠢᠯᠭᠠᠭᠠᠳ᠂ ᠨᠡᠶᠢᠭᠡᠮ ᠤᠨ ᠳᠦᠷᠰᠦ ᠪᠠᠶᠢᠳᠠᠯ ᠢ | ᠴᠣ᠋ ᠰᠢᠨ᠎ᠡ ᠪᠣᠯᠭᠠᠪᠠ᠃ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠰᠦᠷ ᠵᠢᠪᠬᠤᠯᠠᠩᠳᠠᠢ ᠪᠠᠷ᠂ | ᠣᠮᠤᠭ ᠲᠡᠭᠦᠯᠳᠡᠷ ᠢᠶᠠᠷ ᠶᠠᠯᠦᠵᠢᠶᠠᠩ ᠮᠥᠷᠡᠨ ᠢ ᠭᠠᠲᠤᠯᠵᠤ᠂ ᠰᠣᠯᠣᠩᠭᠤᠰ ᠤᠨ ᠠᠷᠠᠳ ᠲᠦᠮᠡᠨ ᠪᠣᠯᠤᠨ ᠴᠡᠷᠢᠭ | ᠠᠩᠬᠢ ᠲᠠᠢ ᠮᠥᠷᠥ ᠵᠡᠷᠭᠡᠴᠡᠨ ᠪᠠᠶᠢᠯᠳᠤᠵᠤ᠂ ᠦᠪᠴᠢ ᠵᠡᠪᠰᠡᠭᠯᠡᠭᠰᠡᠨ ᠬᠦᠴᠦᠷᠬᠡᠭ ᠳᠠᠶᠢᠰᠤᠨ ᠢ ᠪᠠᠶᠢᠯᠳᠤᠨ ᠢᠯᠠᠵᠤ᠂ | ᠤᠯᠤᠰ ᠤᠨ ᠰᠦᠷ ᠴᠡᠷᠢᠭ ᠤᠨ ᠰᠦᠷ ᠢ ᠢᠯᠡᠷᠡᠭᠦᠯᠦᠨ᠂ ᠳᠤᠮᠳᠠᠳᠤ ᠤᠯᠤᠰ ᠤᠨ ᠠᠷᠠᠳ ᠲᠦᠮᠡᠨ ᠤ ᠴᠤᠭ ᠰᠦᠯᠳᠡ ᠶᠢ | ᠢᠯᠡᠷᠡᠭᠦᠯᠵᠦ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠲᠠᠶᠢᠨ ᠤ ᠠᠭᠤᠤ ᠶᠡᠭᠡ ᠢᠯᠠᠯᠲᠠ ᠶᠢ ᠣᠯᠵᠤ᠂ | ᠰᠢᠨ᠎ᠡ ᠳᠤᠮᠳᠠᠳᠤ ᠤᠯᠤᠰ ᠤᠨ ᠠᠮᠤᠷ ᠲᠦᠪᠰᠢᠨ ᠢ ᠬᠠᠮᠠᠭᠠᠯᠠᠵᠤ᠂ ᠰᠢᠨ᠎ᠡ ᠳᠤᠮᠳᠠᠳᠤ ᠤᠯᠤᠰ ᠤᠨ ᠲᠤᠮᠤ ᠤᠯᠤᠰ ᠤᠨ | ᠪᠠᠶᠢᠷᠢ ᠰᠠᠭᠤᠷᠢ ᠶᠢ ᠢᠯᠡᠷᠡᠭᠦᠯᠪᠡ᠃ ᠰᠢᠨ᠎ᠡ ᠳᠤᠮᠳᠠᠳᠤ ᠤᠯᠤᠰ ᠡᠭᠡᠳᠡᠷᠡᠭᠡᠨ ᠪᠤᠳᠤᠯᠢᠶᠠᠨᠲᠠᠢ ᠤᠯᠤᠰ ᠤᠨ ᠳᠣᠲᠣᠭᠠᠳᠤ | ᠭᠠᠳᠠᠭᠠᠳᠤ ᠶᠢᠨ ᠣᠷᠴᠢᠨ ᠨᠦᠬᠦᠴᠡᠯ ᠳᠤᠮᠳᠠ ᠯᠠᠪᠳᠠᠭᠤᠨ ᠪᠠᠲᠤᠲᠠᠢ ᠵᠣᠭᠰᠣᠵᠤ ᠴᠢᠳᠠᠪᠠ᠃ | ᠨᠠᠮ ᠤᠳᠤᠷᠢᠳᠴᠤ ᠪᠠᠶᠢᠭᠠᠳ ᠠᠵᠢᠯᠴᠢᠨ ᠠᠩᠬᠢ ᠶᠢᠨ ᠤᠳᠤᠷᠢᠳᠤᠭᠰᠠᠨ᠂ ᠠᠵᠢᠯᠴᠢᠨ ᠲᠠᠷᠢᠶᠠᠴᠢᠨ ᠤ | ᠬᠤᠯᠪᠣᠭ᠎ᠠ ᠪᠠᠷ ᠰᠠᠭᠤᠷᠢ ᠪᠣᠯᠭᠠᠭᠰᠠᠨ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭᠲᠤ ᠲᠦᠷᠦ ᠶᠢᠨ ᠵᠠᠰᠠᠭ ᠤᠨ | ᠡᠷᠬᠡ ᠶᠢ ᠪᠠᠶᠢᠭᠤᠯᠤᠨ ᠪᠠᠬᠢᠵᠢᠭᠦᠯᠵᠦ᠂ ᠤᠯᠤᠰ ᠣᠷᠣᠨ ᠤ ᠲᠦᠷᠭᠡᠨ ᠢᠶᠠᠷ ᠬᠥᠭᠵᠢᠬᠦ ᠳᠤ ᠨᠥᠬᠦᠴᠡᠯ ᠡᠭᠦᠳᠴᠦ ᠥᠭᠪᠡ᠃ | 1949 ᠣᠨ ᠳᠤ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠩᠬᠠᠳᠤᠭᠠᠷ | ᠬᠤᠭᠤᠴᠠᠭᠠᠨ ᠤ ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ | ᠨᠡᠶᠢᠳᠡ ᠶᠢᠨ ᠬᠥᠲᠥᠯᠪᠦᠷᠢ︾ ᠶᠢ ᠲᠣᠭᠲᠠᠭᠠᠪᠠ᠃ 1953 ᠣᠨ ᠳᠤ᠂ ᠨᠠᠮ ᠠᠴᠠ ᠨᠡᠯᠢᠶᠡᠳ ᠤᠷᠳᠤ ᠬᠤᠭᠤᠴᠠᠭᠠᠨ ᠤ | ᠳᠤᠲᠤᠷ᠎ᠠ᠂ ᠤᠯᠤᠰ ᠤᠨ ᠨᠡᠶᠢᠭᠡᠮ ᠵᠢᠷᠤᠮᠲᠤ ᠠᠵᠤ ᠦᠢᠯᠡᠳᠪᠦᠷᠢᠵᠢᠯᠲᠡ ᠶᠢ ᠠᠯᠬᠤᠮ ᠠᠯᠬᠤᠮ ᠢᠶᠠᠷ ᠪᠡᠶᠡᠯᠡᠭᠦᠯᠬᠦ ᠪᠦᠭᠡᠳ | ᠤᠯᠤᠰ ᠠᠴᠠ ᠲᠠᠷᠢᠶᠠᠯᠠᠩ᠂ ᠭᠠᠷ ᠦᠢᠯᠡᠳᠪᠦᠷᠢ ᠪᠠ ᠬᠥᠷᠥᠩᠭᠡᠲᠦ ᠦᠢᠯᠡᠳᠪᠦᠷᠢ ᠬᠤᠳᠠᠯᠳᠤᠭ᠎ᠠ ᠳᠤ ᠬᠢᠬᠦ ᠨᠡᠶᠢᠭᠡᠮ | ᠵᠢᠷᠤᠮᠲᠤ ᠥᠭᠡᠷᠡᠴᠢᠯᠡᠯᠲᠡ ᠶᠢ ᠠᠯᠬᠤᠮ ᠠᠯᠬᠤᠮ ᠢᠶᠠᠷ ᠪᠡᠶᠡᠯᠡᠭᠦᠯᠬᠦ ᠰᠢᠯᠵᠢᠯᠲᠡ ᠶᠢᠨ ᠦᠶ᠎ᠡ ᠶᠢᠨ ᠶᠡᠷᠦᠩᠬᠡᠶ ᠱᠤᠭᠤᠮ ᠢ | ᠵᠢᠩᠬᠢᠨᠢ ᠪᠠᠷ ᠳᠤᠷᠠᠳᠤᠨ ᠭᠠᠷᠭᠠᠪᠠ᠃ 1954 ᠣᠨ ᠳᠤ᠂ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠢ ᠬᠤᠷᠠᠯᠳᠤᠭᠤᠯᠵᠤ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠶᠢ ᠪᠠᠲᠤᠯᠠᠪᠠ᠃ 1956 ᠣᠨ ᠳᠤ᠂ ᠮᠠᠨ ᠤ ᠤᠯᠤᠰ | ᠦᠢᠯᠡᠳᠪᠦᠷᠢᠯᠡᠯ ᠤᠨ ᠬᠡᠷᠡᠭᠰᠡᠯ ᠤᠨ ᠬᠤᠪᠢ ᠶᠢᠨ ᠥᠮᠴᠢᠯᠡᠯ ᠳᠤ ᠬᠢᠬᠦ ᠨᠡᠶᠢᠭᠡᠮ ᠵᠢᠷᠤᠮᠲᠤ ᠥᠭᠡᠷᠡᠴᠢᠯᠡᠯᠲᠡ ᠶᠢ | ᠦᠨᠳᠦᠰᠦᠨ ᠳᠡᠭᠡᠨ ᠪᠡᠶᠡᠯᠡᠭᠦᠯᠵᠦ᠂ ᠦᠢᠯᠡᠳᠪᠦᠷᠢᠯᠡᠯ ᠤᠨ ᠬᠡᠷᠡᠭᠰᠡᠯ ᠤᠨ ᠨᠡᠶᠢᠲᠡ ᠶᠢᠨ ᠥᠮᠴᠢᠯᠡᠯ ᠪᠠ | ᠬᠥᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠭᠡᠮ ᠵᠢᠷᠤᠮᠲᠤ ᠠᠵᠤ | ᠠᠬᠤᠶ ᠶᠢᠨ ᠪᠠᠶᠢᠭᠤᠯᠤᠯ ᠢ ᠡᠬᠢᠯᠡᠨ ᠪᠠᠶᠢᠭᠤᠯᠪᠠ᠃ ᠨᠠᠮ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠤᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠣᠯᠠᠨ ᠨᠠᠮ ᠬᠠᠮᠲᠤᠷᠠᠨ ᠠᠵᠢᠯᠯᠠᠬᠤ ᠪᠠ | ᠤᠯᠤᠰ ᠲᠥᠷᠥ ᠶᠢᠨ ᠵᠥᠪᠯᠡᠯᠭᠡ ᠬᠢᠬᠦ ᠪᠠᠶᠢᠭᠤᠯᠤᠯ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ | ᠤᠳᠤᠷᠢᠳᠤᠨ ᠲᠣᠭᠲᠠᠭᠠᠵᠤ᠂ ᠠᠷᠠᠳ ᠲᠦᠮᠡᠨ ᠤ ᠡᠵᠡᠨ ᠰᠠᠭᠤᠵᠦ ᠡᠷᠬᠡ ᠮᠡᠳᠡᠬᠦ ᠳᠤ ᠪᠠᠶᠢᠭᠤᠯᠤᠯ ᠤᠨ ᠪᠠᠲᠤᠯᠠᠭ᠎ᠠ | ᠬᠠᠩᠭᠠᠪᠠ᠃ ᠨᠠᠮ ᠤᠳᠤᠷᠢᠳᠴᠤ ᠪᠠᠶᠢᠭᠠᠳ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ | ᠪᠦᠯᠬᠦᠮᠳᠡᠯ ᠢ ᠪᠡᠶᠡᠯᠡᠭᠦᠯᠦᠨ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠡᠷᠬᠡ ᠲᠡᠭᠰᠢ ᠬᠠᠪᠰᠤᠷᠤᠯᠴᠠᠬᠰᠠᠨ ᠨᠡᠶᠢᠭᠡᠮ | ᠵᠢᠷᠤᠮᠲᠤ ᠦᠨᠳᠦᠰᠦᠲᠡᠨ ᠤ ᠬᠠᠷᠢᠴᠠᠭ᠎ᠠ ᠶᠢ ᠪᠤᠢ ᠪᠣᠯᠭᠠᠨ ᠬᠥᠭᠵᠢᠭᠦᠯᠵᠦ᠂ ᠪᠦᠬᠦ ᠤᠯᠤᠰ ᠤᠨ ᠠᠵᠢᠯᠴᠢᠨ᠂ ᠲᠠᠷᠢᠶᠠᠴᠢᠨ᠂ | ᠰᠡᠬᠡᠭᠡᠲᠡᠨ ᠪᠠ ᠪᠤᠰᠤᠳ ᠡᠯ᠎ᠡ ᠳᠠᠪᠬᠤᠷᠭ᠎ᠠ ᠶᠢᠨ ᠠᠷᠠᠳ ᠲᠦᠮᠡᠨ ᠤ ᠶᠡᠭᠡ ᠪᠦᠯᠬᠦᠮᠳᠡᠯ ᠢ ᠪᠡᠶᠡᠯᠡᠭᠦᠯᠦᠨ ᠪᠠᠬᠢᠵᠢᠭᠦᠯᠵᠦ᠂ | ᠥᠷᠭᠡᠨ ᠳᠡᠯᠭᠡᠷ ᠨᠢᠭᠡᠳᠦᠮᠡᠯ ᠹᠷᠣᠨᠲ ᠢ ᠴᠢᠩᠭᠠᠳᠬᠠᠨ ᠥᠷᠭᠡᠳᠭᠡᠪᠡ᠃ ᠨᠡᠶᠢᠭᠡᠮ ᠵᠢᠷᠤᠮᠲᠤ ᠪᠠᠶᠢᠭᠤᠯᠤᠯ ᠤᠨ | ᠪᠠᠶᠢᠭᠤᠯᠤᠭᠳᠠᠭᠰᠠᠨ ᠨᠢ ᠮᠠᠨ ᠤ ᠤᠯᠤᠰ ᠤᠨ ᠠᠯᠢᠪᠠ ᠲᠠᠪᠰᠢᠯᠳᠠ ᠪᠠ ᠬᠥᠭᠵᠢᠯᠲᠡ ᠳᠤ ᠴᠢᠬᠤᠯᠠ ᠰᠠᠭᠤᠷᠢ ᠶᠢ ᠲᠠᠯᠪᠢᠪᠡ᠃ | ᠨᠠᠮ ᠤᠨ ᠨᠠᠢᠮᠠᠳᠤᠭᠠᠷ ᠶᠡᠭᠡ ᠬᠤᠷᠠᠯ ᠠᠴᠠ ᠮᠠᠨ ᠤ ᠤᠯᠤᠰ ᠤᠨ ᠨᠡᠶᠢᠭᠡᠮ ᠵᠢᠷᠤᠮᠲᠤ ᠥᠭᠡᠷᠡᠴᠢᠯᠡᠯᠲᠡ | ᠦᠨᠳᠦᠰᠦᠨ ᠳᠡᠭᠡᠨ ᠪᠡᠶᠡᠯᠡᠭᠳᠡᠭᠰᠡᠨ ᠤ ᠳᠠᠷᠠᠭᠠᠬᠢ ᠪᠠᠶᠢᠳᠠᠯ ᠢ ᠦᠨᠳᠦᠰᠦᠯᠡᠵᠦ᠂ ᠤᠯᠤᠰ ᠤᠨ ᠳᠣᠲᠣᠭᠠᠳᠤ ᠶᠢᠨ ᠭᠤᠤᠯ | ᠵᠥᠷᠢᠴᠡᠯ ᠨᠢᠭᠡᠨᠲᠡ ᠠᠵᠢᠯᠴᠢᠨ ᠠᠩᠬᠢ ᠪᠠ ᠬᠥᠷᠥᠩᠭᠡᠲᠡᠨ ᠠᠩᠬᠢ ᠶᠢᠨ ᠵᠥᠷᠢᠴᠡᠯ ᠪᠢᠰᠢ ᠪᠤᠯᠵᠠᠢ᠂ ᠬᠠᠷᠢᠨ ᠠᠷᠠᠳ | ᠲᠦᠮᠡᠨ ᠤ ᠠᠵᠦ ᠠᠬᠤᠢ ᠰᠤᠶᠤᠯ ᠢ ᠦᠳᠲᠡᠷ ᠲᠦᠷᠭᠡᠨ ᠬᠦᠭᠵᠢᠭᠦᠯᠬᠦ ᠶᠢᠨ ᠬᠡᠷᠡᠭᠴᠡᠭᠡ ᠬᠢᠭᠡᠳ ᠤᠳᠤᠬᠢ ᠠᠵᠤ ᠠᠬᠤᠢ | ᠰᠤᠶᠤᠯ ᠤᠨ ᠠᠷᠠᠳ ᠲᠦᠮᠡᠨ ᠤ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠭ᠎ᠠ ᠪᠠᠶᠢᠳᠠᠯ ᠤᠨ ᠬᠤᠭᠤᠷᠤᠨᠳᠤᠬᠢ | ᠵᠦᠷᠢᠴᠡᠯ ᠪᠣᠯᠪᠠ᠂ ᠪᠦᠬᠦ ᠤᠯᠤᠰ ᠤᠨ ᠠᠷᠠᠳ ᠲᠦᠮᠡᠨ ᠤ ᠭᠤᠣᠯ ᠡᠭᠦᠷᠭᠡ ᠪᠣᠯ ᠬᠦᠴᠦ ᠪᠠᠨ ᠲᠥᠪᠯᠡᠷᠡᠭᠦᠯᠦᠨ | ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠯᠤᠰ ᠤᠨ ᠠᠵᠤ ᠦᠢᠯᠡᠳᠪᠦᠷᠢᠵᠢᠯᠲᠡ ᠶᠢ ᠪᠡᠶᠡᠯᠡᠭᠦᠯᠦᠨ᠂ | ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠣᠳᠠᠰ ᠤᠨ ᠪᠠ ᠰᠣᠶᠣᠯ ᠤᠨ ᠬᠡᠷᠡᠭᠴᠡᠭᠡ ᠶᠢ ᠠᠯᠬᠤᠮ | ᠠᠯᠬᠤᠮ ᠢᠶᠠᠷ ᠬᠠᠩᠭᠠᠬᠤ ᠶᠠᠪᠤᠳᠠᠯ ᠪᠤᠯᠤᠨ᠎ᠠ ᠭᠡᠵᠦ ᠳᠤᠷᠠᠳᠤᠨ ᠭᠠᠷᠭᠠᠪᠠ᠃ ᠨᠠᠮ ᠠᠴᠠ ᠮᠠᠨ ᠤ ᠤᠯᠤᠰ ᠢᠶᠠᠨ ᠠᠯᠬᠤᠮ | ᠠᠯᠬᠤᠮ ᠢᠶᠠᠷ ᠤᠳᠤ ᠦᠶ᠎ᠡ ᠶᠢᠨ ᠲᠠᠷᠢᠶᠠᠯᠠᠩ᠂ ᠤᠳᠤ ᠦᠶ᠎ᠡ ᠶᠢᠨ ᠠᠵᠤ ᠦᠢᠯᠡᠳᠪᠦᠷᠢ᠂ ᠤᠳᠤ ᠦᠶ᠎ᠡ ᠶᠢᠨ ᠤᠯᠤᠰ ᠤᠨ | ᠪᠠᠲᠤᠯᠠᠨ ᠬᠠᠮᠠᠭᠠᠯᠠᠯᠲᠠ ᠪᠠ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠪᠦᠬᠦᠢ ᠨᠡᠶᠢᠭᠡᠮ ᠵᠢᠷᠤᠮᠲᠤ ᠬᠦᠴᠦᠷᠬᠡᠭ | ᠤᠯᠤᠰ ᠪᠣᠯᠭᠠᠨ ᠪᠦᠳᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠳᠤᠷᠠᠳᠤᠨ ᠭᠠᠷᠭᠠᠭᠠᠳ᠂ ᠠᠷᠠᠳ ᠲᠦᠮᠡᠨ ᠢ | ᠤᠳᠤᠷᠢᠳᠤᠨ ᠪᠦᠬᠦ ᠲᠠᠯ᠎ᠠ ᠶᠢᠨ ᠶᠡᠭᠡ ᠬᠡᠪᠴᠢᠶᠡᠨ ᠤ ᠨᠡᠶᠢᠭᠡᠮ ᠵᠢᠷᠤᠮᠲᠤ ᠪᠦᠳᠦᠭᠡᠠ ᠪᠠᠶᠢᠭᠤᠯᠤᠯᠲᠠ ᠶᠢ ᠥᠷᠨᠢᠭᠦᠯᠪᠡ᠃ | ᠬᠡᠳᠦ ᠤᠳᠠᠭᠠᠨ ᠤ ᠲᠠᠪᠤᠨ ᠵᠢᠯ ᠤᠨ ᠲᠥᠯᠥᠪᠯᠡᠭᠡ ᠶᠢ ᠬᠡᠷᠡᠭᠵᠢᠭᠦᠯᠬᠦ ᠪᠠᠷ ᠳᠠᠮᠵᠢᠭᠠᠳ᠂ ᠮᠠᠨ ᠤ ᠤᠯᠤᠰ ᠪᠡᠶ᠎ᠡ ᠪᠠᠨ | ᠳᠠᠭᠠᠭᠠᠭᠰᠠᠨ ᠨᠡᠯᠢᠶᠡᠳ ᠪᠦᠷᠢᠨ ᠪᠦᠲᠦᠨ ᠠᠵᠤ ᠦᠢᠯᠡᠳᠪᠦᠷᠢ ᠶᠢᠨ ᠰᠢᠰᠲ᠋ᠧᠮ ᠪᠠ ᠤᠯᠤᠰ ᠠᠷᠠᠳ ᠤᠨ ᠠᠵᠤ ᠠᠬᠤᠶ ᠶᠢᠨ | ᠰᠢᠰᠲ᠋ᠧᠮ ᠢ ᠪᠠᠶᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠢ ᠢᠯᠡᠳᠲᠡ ᠬᠤᠪᠢᠷᠠᠭᠤᠯᠵᠤ᠂ ᠰᠤᠷᠭᠠᠨ | ᠬᠥᠮᠦᠵᠢᠯ᠂ ᠰᠢᠨᠵᠢᠯᠡᠬᠦ ᠤᠬᠠᠭᠠᠨ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ ᠦᠢᠯᠡᠰ ᠢ ᠮᠠᠰᠢ ᠶᠡᠭᠡ | ᠬᠥᠭᠵᠢᠯᠳᠠ ᠲᠠᠢ ᠪᠤᠯᠭᠠᠪᠡ᠃ ︽ᠬᠤᠶᠠᠷ ᠪᠥᠮᠪᠦᠭᠡ ᠨᠢᠭᠡ ᠤᠳᠤ︾ ᠵᠡᠷᠭᠡ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠤᠷᠦ᠋ᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠲᠠᠰᠤᠷᠠᠯᠳᠠ ᠦᠭᠡᠢ ᠰᠢᠪᠲᠤᠯᠤᠯᠲᠠ ᠲᠠᠢ ᠪᠤᠯᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠠᠵᠤ ᠦᠢᠯᠡᠳᠪᠦᠷᠢ ᠦᠭᠡᠢ ᠪᠠᠶᠢᠬᠰᠠᠨ ᠠᠴᠠ ᠪᠠᠨ ᠪᠠᠶᠢᠬᠤ ᠪᠤᠯᠵᠤ ᠠᠯᠬᠤᠮ ᠠᠯᠬᠤᠮ ᠢᠶᠠᠷ ᠬᠥᠭᠵᠢᠵᠦ | ᠡᠬᠢᠯᠡᠪᠡ᠃ ᠠᠷᠠᠳ ᠤᠨ ᠴᠢᠯᠦᠬᠡᠯᠡᠬᠦ ᠴᠡᠷᠢᠭ ᠢ ᠪᠤᠵᠠᠭᠠᠶᠢᠷᠠᠭᠤᠯᠤᠨ ᠳᠡᠬᠡᠭᠰᠢᠯᠡᠬᠦᠯᠵᠦ᠂ ᠲᠠᠩ ᠭᠠᠭᠴᠠ ᠬᠠᠭᠤᠷᠠᠶ ᠶᠢᠨ | ᠴᠡᠷᠢᠭ ᠠᠴᠠ ᠪᠠᠨ ᠳᠠᠯᠠᠢ ᠶᠢᠨ ᠴᠡᠷᠢᠭ᠂ ᠠᠭᠠᠷ ᠤᠨ ᠴᠡᠷᠢᠭ ᠪᠠ ᠪᠤᠰᠤᠳ ᠮᠡᠷᠭᠡᠵᠢᠯ ᠤᠨ ᠴᠡᠷᠢᠭ ᠤᠨ ᠲᠦᠷᠦᠯ ᠢ | ᠪᠠᠭᠲᠠᠭᠠᠭᠰᠠᠨ ᠨᠡᠶᠢᠯᠡᠮᠡᠯ ᠴᠡᠷᠢᠭ ᠠᠩᠭᠢ ᠪᠣᠯᠵᠦ ᠬᠥᠭᠵᠢᠭᠡᠳ᠂ ᠰᠢᠨ᠎ᠡ ᠪᠠᠷ ᠮᠡᠨᠳᠦᠯᠡᠭᠰᠡᠨ ᠠᠷᠠᠳ ᠤᠨ ᠵᠠᠰᠠᠭ ᠤᠨ | ᠡᠷᠬᠡ ᠶᠢ ᠪᠠᠬᠢᠵᠢᠭᠦᠯᠬᠦ᠂ ᠳᠤᠮᠳᠠᠳᠤ ᠤᠯᠤᠰ ᠤᠨ ᠲᠤᠮᠤ ᠤᠯᠤᠰ ᠤᠨ ᠪᠠᠶᠢᠷᠢ ᠰᠠᠭᠤᠷᠢ ᠶᠢ ᠲᠣᠭᠲᠠᠭᠠᠬᠤ᠂ ᠳᠤᠮᠳᠠᠳᠤ ᠶᠢᠨ | ᠦᠨᠳᠦᠰᠦᠲᠡᠨ ᠤ ᠨᠡᠷ᠎ᠡ ᠬᠦᠨᠳᠦ ᠶᠢ ᠬᠠᠮᠠᠭᠠᠯᠠᠬᠤ ᠳᠤ ᠪᠠᠲᠤ ᠴᠢᠩᠭ᠎ᠠ ᠥᠮᠥᠭ ᠲᠦᠰᠢᠭ ᠬᠠᠩᠭᠠᠪᠠ᠃ | ᠨᠠᠮ ᠠᠴᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ | ᠪᠣᠳᠣᠯᠭ᠎ᠠ ᠶᠢ ᠪᠠᠷᠢᠮᠲᠠᠯᠠᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠰᠠᠨᠠᠭᠠᠴᠢᠯᠠᠨ ᠪᠠᠷᠢᠮᠲᠠᠯᠠᠵᠤ᠂ | ᠤᠯᠤᠰ ᠣᠷᠣᠨ ᠤ ᠲᠤᠰᠠᠭᠠᠷ ᠲᠣᠭᠲᠠᠨᠢᠯ᠂ ᠡᠷᠬᠡ ᠮᠡᠳᠡᠯ᠂ ᠨᠡᠷ᠎ᠡ ᠬᠦᠨᠳᠦ ᠶᠢ ᠡᠷᠡᠰ ᠬᠠᠮᠠᠭᠠᠯᠠᠵᠤ᠂ ᠳᠡᠯᠡᠬᠡᠶ ᠶᠢᠨ | ᠳᠠᠷᠤᠯᠠᠭᠳᠠᠵᠤ ᠪᠠᠶᠢᠭ᠎ᠠ ᠦᠨᠳᠦᠰᠦᠲᠡᠨ ᠤ ᠴᠢᠯᠥᠭᠡᠯᠡᠯᠲᠡ ᠶᠢᠨ ᠦᠢᠯᠡᠰ᠂ ᠰᠢᠨ᠎ᠡ ᠪᠠᠷ ᠲᠤᠰᠠᠭᠠᠷ ᠲᠣᠭᠲᠠᠨᠢᠭᠰᠠᠨ | ᠤᠯᠤᠰ ᠤᠨ ᠪᠦᠳᠦᠭᠡᠨ ᠪᠠᠶᠢᠭᠤᠯᠤᠯᠲᠠ ᠶᠢᠨ ᠦᠢᠯᠡᠰ ᠪᠠ ᠡᠯ᠎ᠡ ᠤᠯᠤᠰ ᠤᠨ ᠠᠷᠠᠳ ᠲᠦᠮᠡᠨ ᠤ ᠰᠢᠳᠤᠷᠭᠤ ᠶᠣᠰᠣᠨ ᠤ | ᠲᠡᠮᠡᠴᠡᠯ ᠢ ᠳᠡᠮᠵᠢᠨ ᠲᠤᠰᠠᠯᠠᠵᠤ᠂ ᠡᠵᠡᠷᠬᠡᠭ ᠲᠦᠷᠢᠮᠡᠬᠡᠶ ᠶᠣᠰᠣ᠂ ᠡᠵᠡᠷᠬᠡᠬᠦ ᠦᠵᠡᠯ᠂ ᠺᠣᠯᠣᠨᠢᠴᠢᠯᠠᠬᠤ ᠦᠵᠡᠯ᠂ | ᠠᠷᠠᠰᠤᠲᠠᠨ ᠤ ᠦᠵᠡᠯ ᠢ ᠡᠰᠡᠷᠭᠦᠴᠡᠨ᠂ ᠬᠠᠭᠤᠴᠢᠨ ᠳᠤᠮᠳᠠᠳᠤ ᠤᠯᠤᠰ ᠤᠨ ᠭᠤᠲᠤᠭᠠᠯ ᠲᠤᠷᠤᠮᠵᠢᠯᠠᠯ ᠠᠮᠰᠠᠵᠤ ᠪᠠᠶᠢᠬᠰᠠᠨ | ᠭᠠᠳᠠᠭᠠᠳᠤ ᠬᠠᠷᠢᠯᠴᠠᠭ᠎ᠠ ᠶᠢ ᠲᠦᠢᠯᠪᠤᠷᠢᠲᠠᠶ ᠡᠴᠦᠰᠯᠡᠭᠦᠯᠪᠡ᠃ ᠨᠠᠮ ᠠᠴᠠ ᠴᠠᠭ ᠢ ᠦᠵᠡᠨ ᠪᠠᠶᠢᠳᠠᠯ ᠢ ᠰᠢᠨᠵᠢᠯᠡᠵᠤ | ᠭᠠᠳᠠᠭᠠᠳᠤ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠮᠠᠨ ᠤ ᠤᠯᠤᠰ ᠤᠨ ᠣᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠠᠯᠢᠪᠠ ᠬᠠᠤᠯᠢ ᠶᠣᠰᠣᠨ ᠤ ᠡᠷᠬᠡ ᠶᠢ ᠰᠡᠷᠭᠦᠭᠡᠬᠦ ᠶᠢ ᠠᠬᠢᠭᠤᠯᠵᠦ᠂ | ᠭᠠᠳᠠᠭᠠᠳᠤ ᠬᠠᠷᠢᠯᠴᠠᠭᠠᠨ ᠤ ᠠᠵᠢᠯ ᠤᠨ ᠰᠢᠨ᠎ᠡ ᠪᠠᠶᠢᠳᠠᠯ ᠢ ᠨᠡᠭᠡᠭᠡᠵᠦ᠂ ᠳᠡᠯᠡᠬᠡᠶ ᠨᠡᠶᠢᠲᠡ ᠶᠢᠨ ᠬᠢᠨ ᠤ ᠨᠢᠭᠡ ᠯᠡ ᠳᠤᠮᠳᠠᠳᠤ | ᠤᠯᠤᠰ ᠪᠠᠶᠢᠬᠤ ᠵᠠᠷᠴᠢᠮ ᠢ ᠪᠠᠷᠢᠮᠲᠠᠯᠠᠬᠤ ᠪᠠᠶᠢᠷᠢᠰᠢᠯ ᠢ ᠪᠤᠢ ᠪᠣᠯᠭᠠᠬᠤ ᠶᠢ ᠠᠬᠢᠭᠤᠯᠪᠠ᠃ ᠨᠠᠮ ᠠᠴᠠ ᠭᠤᠷᠪᠠᠨ ᠶᠢᠷᠲᠢᠨᠴᠦ | ᠬᠤᠪᠢᠶᠠᠬᠤ ᠪᠠᠶᠢᠯᠳᠤᠬᠤ ᠪᠤᠳᠤᠯᠭ᠎ᠠ ᠶᠢ ᠳᠤᠷᠠᠳᠤᠨ ᠭᠠᠷᠭᠠᠵᠤ᠂ ᠳᠤᠮᠳᠠᠳᠤ ᠤᠯᠤᠰ ᠡᠭᠦᠷᠢᠳᠡ ᠡᠵᠡᠷᠬᠡᠭᠴᠢ ᠪᠣᠯᠬᠤ ᠦᠭᠡᠢ | ᠭᠡᠰᠡᠨ ᠲᠥᠪ ᠴᠢᠩᠭ᠎ᠠ ᠠᠮᠠᠯᠠᠯᠲᠠ ᠬᠢᠵᠦ᠂ ᠳᠡᠯᠡᠬᠡᠢ ᠨᠡᠶᠢᠲᠡ ᠢᠯᠠᠩᠭᠤᠶ᠎ᠠ ᠥᠷᠭᠡᠨ ᠤᠯᠠᠨ ᠬᠥᠭᠵᠢᠵᠦ ᠪᠠᠶᠢᠭ᠎ᠠ | ᠤᠯᠤᠰ ᠤᠨ ᠬᠦᠨᠳᠦᠳᠭᠡᠯ ᠪᠠ ᠮᠠᠭᠲᠠᠭᠠᠯ ᠢ ᠤᠯᠪᠠ᠃ | ᠨᠠᠮ ᠪᠦᠬᠦ ᠤᠯᠤᠰ ᠲᠤ ᠲᠥᠷᠥ ᠪᠠᠷᠢᠬᠤ ᠳᠤ ᠲᠤᠯᠭᠠᠷᠠᠬᠤ ᠰᠢᠨ᠎ᠡ ᠰᠢᠯᠭᠠᠯᠳᠠ ᠶᠢ ᠭᠦᠢᠴᠡᠳ ᠵᠦᠩᠨᠡᠨ ᠮᠡᠳᠡᠵᠦ᠂ | ᠠᠯᠢ ᠡᠷᠲᠡ ᠴᠢᠯᠥᠭᠡᠯᠡᠬᠦ ᠲᠠᠶᠢᠨ ᠪᠦᠬᠦ ᠤᠯᠤᠰ ᠲᠤ ᠢᠯᠠᠯᠲᠠ ᠤᠯᠬᠤ ᠠᠴᠠ ᠡᠮᠦᠨᠡᠬᠡᠨ ᠬᠤᠷᠠᠯᠳᠤᠭᠤᠯᠤᠰᠠᠨ ᠨᠠᠮ ᠤᠨ | ᠳᠣᠯᠣᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠠᠴᠠ ᠪᠦᠬᠦ ᠨᠠᠮ ᠳᠤ ᠡᠷᠬᠡᠪᠰᠢ | ᠦᠷᠭᠦᠯᠵᠢᠯᠡᠨ ᠳᠠᠷᠤᠤ᠂ ᠪᠣᠯᠭᠤᠮᠵᠢᠲᠠᠶ᠂ ᠪᠠᠷᠳᠠᠮᠨᠠᠬᠤ ᠦᠭᠡᠢ᠂ ᠪᠠᠴᠢᠮᠳᠠᠬᠤ ᠦᠭᠡᠢ ᠰᠤᠷᠲᠠᠯ ᠲᠠᠢ ᠪᠠᠶᠢᠬᠤ ᠬᠡᠷᠡᠭᠲᠡᠶ᠂ | ᠡᠷᠬᠡᠪᠰᠢ ᠦᠷᠭᠦᠯᠵᠢᠯᠡᠨ ᠳᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠰᠤᠷᠲᠠᠯ ᠲᠠᠢ ᠪᠠᠶᠢᠬᠤ ᠬᠡᠷᠡᠭᠲᠡᠶ ᠭᠡᠵᠦ ᠳᠤᠷᠠᠳᠤᠭᠰᠠᠨ | ᠪᠠᠶᠢᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠨᠠᠮ ᠠᠴᠠ ᠲᠦᠷᠦ ᠪᠠᠷᠢᠬᠤ ᠨᠥᠬᠦᠴᠡᠯ ᠳᠣᠤᠷᠠᠬᠢ | ᠨᠠᠮ ᠤᠨ ᠪᠠᠶᠢᠭᠤᠯᠤᠯᠲᠠ ᠶᠢᠨ ᠴᠢᠬᠤᠯᠠ ᠶᠡᠭᠡ ᠰᠡᠳᠦᠪ ᠢ ᠴᠢᠬᠤᠯᠠᠴᠢᠯᠠᠨ ᠳᠤᠷᠠᠳᠴᠤ᠂ ᠦᠵᠡᠯ ᠰᠠᠨᠠᠭ᠎ᠠ ᠵᠣᠬᠢᠶᠠᠨ | ᠪᠠᠶᠢᠭᠤᠯᠤᠯᠲᠠ ᠰᠤᠷᠲᠠᠯ ᠤᠨ ᠲᠠᠯ᠎ᠠ ᠪᠠᠷ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ | ᠪᠠᠬᠢᠵᠢᠭᠦᠯᠪᠡ᠃ ᠨᠠᠮ ᠠᠴᠠ ᠺᠠᠳ᠋ᠷ ᠤᠨ ᠤᠨᠤᠯ ᠤᠨ ᠰᠤᠷᠤᠯᠴᠠᠯᠭ᠎ᠠ ᠪᠠ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ | ᠨᠠᠮ ᠤᠨ ᠤᠳᠤᠷᠢᠳᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠦᠬᠦ ᠨᠠᠮ ᠢᠯᠠᠩᠭᠤᠶ᠎ᠠ ᠨᠠᠮ ᠤᠨ ᠳᠡᠭᠡᠳᠦ ᠵᠡᠷᠭᠡ ᠶᠢᠨ | ᠺᠠᠳ᠋ᠷᠴᠤᠳ ᠢ ᠨᠠᠮ ᠤᠨ ᠪᠦᠯᠬᠦᠮᠳᠡᠯ ᠨᠢᠭᠡᠳᠦᠯ ᠢ ᠬᠠᠮᠠᠭᠠᠯᠠᠬᠤ ᠤᠬᠠᠮᠰᠠᠷᠲᠤ ᠴᠢᠨᠠᠷ ᠢᠶᠠᠨ ᠴᠢᠩᠭᠠᠳᠬᠠᠬᠤ ᠬᠡᠷᠡᠭᠳᠠᠢ ᠬᠡᠵᠦ | ᠱᠠᠭᠠᠷᠳᠠᠪᠠ᠃ ᠨᠠᠮ ᠠᠴᠠ ᠰᠤᠷᠲᠠᠯ ᠴᠡᠭᠴᠡᠯᠡᠬᠦ ᠨᠠᠮ ᠴᠡᠭᠴᠡᠯᠡᠬᠦ ᠠᠵᠢᠯᠯᠠᠭ᠎ᠠ ᠦᠷᠨᠢᠬᠦᠯᠦᠨ᠂ ᠨᠠᠮ ᠤᠨ ᠳᠣᠲᠣᠭᠠᠳᠤ ᠶᠢᠨ | ᠬᠥᠮᠦᠵᠢᠯ ᠢ ᠴᠢᠩᠭᠠᠳᠬᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠡᠭᠴᠡᠯᠡᠵᠦ᠂ ᠨᠠᠮ ᠤᠨ | ᠭᠡᠰᠢᠭᠦᠨ ᠤ ᠨᠥᠬᠦᠴᠡᠯ ᠢ ᠳᠡᠭᠡᠭᠰᠢᠯᠡᠭᠦᠯᠵᠦ᠂ ᠨᠣᠶᠠᠨᠴᠢ ᠰᠤᠷᠲᠠᠯ᠂ ᠵᠠᠷᠯᠢᠭᠳᠠᠬᠤ ᠦᠵᠡᠯ ᠪᠠ ᠱᠠᠮᠰᠢᠨ ᠪᠦᠷᠢᠯᠭᠡᠬᠦ ᠶᠢ | ᠡᠰᠡᠷᠭᠦᠴᠡᠪᠡ᠃ ᠨᠠᠮ ᠠᠴᠠ ᠨᠠᠮ ᠤᠨ ᠭᠡᠰᠢᠭᠦᠨ ᠺᠠᠳ᠋ᠷᠴᠤᠳ ᠤᠨ ᠢᠯᠵᠢᠷᠠᠨ ᠳᠤᠷᠦ᠋ᠢᠳᠠᠵᠤ ᠴᠢᠨᠠᠷ ᠬᠤᠪᠢᠷᠠᠬᠤ ᠶᠢ ᠳᠡᠭᠡᠳᠦ | ᠬᠡᠮᠵᠢᠶ᠎ᠡ ᠪᠠᠷ ᠰᠡᠷᠡᠮᠵᠢᠯᠡᠬᠦ ᠶᠢᠨ ᠬᠠᠮᠲᠤ ᠬᠦᠴᠦᠯᠡᠨ ᠰᠡᠷᠭᠡᠶᠢᠯᠡᠵᠦ᠂ ᠢᠯᠵᠢᠷᠠᠯ ᠢ ᠡᠷᠡᠰ ᠵᠠᠯᠬᠠᠭᠠᠨ ᠰᠢᠢᠳᠭᠡᠪᠡ᠃ ᠡᠳᠡᠭᠡᠷ | ᠴᠢᠬᠤᠯᠠ ᠠᠷᠭ᠎ᠠ ᠬᠡᠮᠵᠢᠶ᠎ᠡ ᠨᠢ ᠨᠠᠮ ᠤᠨ ᠴᠡᠪᠡᠷ ᠴᠢᠨᠠᠷ ᠪᠣᠯᠤᠨ ᠪᠦᠬᠦ ᠨᠠᠮ ᠤᠨ ᠪᠦᠯᠬᠦᠮᠳᠡᠯ ᠢ ᠴᠢᠩᠭᠠᠳᠬᠠᠨ᠂ ᠨᠠᠮ ᠪᠠ | ᠠᠷᠠᠳ ᠤᠯᠠᠨ ᠤ ᠬᠤᠭᠤᠷᠤᠨᠳᠤᠬᠢ ᠬᠠᠷᠢᠯᠴᠠᠭ᠎ᠠ ᠶᠢ ᠨᠢᠭᠲᠠᠷᠠᠭᠤᠯᠵᠤ᠂ ᠲᠦᠷᠦ ᠪᠠᠷᠢᠬᠴᠢ ᠨᠠᠮ ᠤᠨ ᠪᠠᠶᠢᠭᠤᠯᠤᠯᠲᠠ ᠶᠢᠨ | ᠠᠩᠬ᠎ᠠ ᠠᠯᠬᠤᠮ ᠤᠨ ᠲᠤᠷᠰᠢᠯᠭ᠎ᠠ ᠶᠢ ᠬᠤᠷᠠᠮᠳᠤᠭᠤᠯᠤᠭᠰᠠᠨ ᠪᠠᠶᠢᠨ᠎ᠠ᠃ | ᠡᠨᠡ ᠬᠦ ᠦᠶ᠎ᠡ ᠳᠤ᠂ ᠮᠠᠤ ᠽᠧ ᠳ᠋ᠦᠩ ᠨᠥᠬᠦᠷ ᠮᠠᠷᠺᠰ ᠯᠧᠨᠢᠨ ᠤ ᠦᠵᠡᠯ ᠤᠨ ᠦᠨᠳᠦᠰᠦᠨ ᠤᠭ ᠶᠤᠰᠤ ᠶᠢ | ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ︽ᠬᠤᠶᠠᠳᠡᠬᠢ ᠤᠳᠠᠭ᠎ᠠ ᠤᠶᠠᠯᠳᠤᠭᠤᠯᠬᠤ︾ ᠶᠢ ᠳᠤᠷᠠᠳᠤᠨ ᠭᠠᠷᠭᠠᠵᠦ᠂ | ᠮᠠᠤ ᠽᠧ ᠳ᠋ᠦᠩ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠰᠢᠨ᠎ᠡ | ᠪᠣᠳᠠᠲᠤ ᠪᠠᠶᠢᠳᠠᠯ ᠲᠠᠢ ᠤᠶᠠᠯᠳᠤᠭᠤᠯᠤᠨ ᠮᠠᠤ ᠽᠧ ᠳ᠋ᠦᠩ ᠤᠨ ᠦᠵᠡᠯ ᠰᠠᠨᠠᠭ᠎ᠠ ᠶᠢ ᠪᠠᠶᠠᠯᠢᠬᠵᠢᠭᠤᠯᠤᠨ ᠬᠥᠭᠵᠢᠭᠦᠯᠦᠭᠡᠳ᠂ | ᠨᠡᠶᠢᠭᠡᠮ ᠵᠢᠷᠤᠮᠲᠤ ᠨᠡᠶᠢᠭᠡᠮ ᠪᠤᠯ ᠨᠢᠭᠡᠨ ᠮᠠᠰᠢ ᠤᠷᠲᠤ ᠬᠤᠭᠤᠴᠠᠭᠠᠨ ᠤ ᠲᠡᠦᠬᠡᠨ ᠱᠠᠲᠤ ᠦᠶ᠎ᠡ ᠮᠦᠨ᠂ ᠳᠠᠶᠢᠰᠤᠨ ᠮᠠᠨ ᠤ | ᠬᠤᠭᠤᠷᠣᠨᠳᠣᠬᠢ ᠵᠥᠷᠢᠴᠡᠯ ᠪᠠ ᠠᠷᠠᠳ ᠤᠨ ᠳᠣᠲᠣᠭᠠᠳᠤ ᠶᠢᠨ ᠵᠥᠷᠢᠴᠡᠯ ᠢ ᠴᠢᠩᠭ᠎ᠠ ᠢᠯᠭᠠᠵᠤ ᠵᠥᠪ ᠢᠶᠠᠷ ᠰᠢᠢᠳᠪᠦᠷᠢᠯᠡᠬᠦ᠂ | ᠮᠠᠨ ᠤ ᠤᠯᠤᠰ ᠤᠨ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢᠨ ᠠᠷᠪᠠᠨ ᠶᠡᠭᠡ ᠬᠠᠷᠢᠴᠠᠭ᠎ᠠ ᠶᠢ ᠵᠥᠪ ᠢᠶᠠᠷ | ᠰᠢᠢᠳᠪᠦᠷᠢᠯᠡᠬᠦ᠂ ᠮᠠᠨ ᠤ ᠤᠯᠤᠰ ᠤᠨ ᠪᠠᠶᠢᠳᠠᠯ ᠳᠤ ᠳᠣᠭᠢᠷᠬᠠᠰᠠᠨ ᠠᠵᠤ ᠦᠢᠯᠡᠳᠪᠦᠷᠢᠵᠢᠯᠲᠡ ᠶᠢᠨ ᠵᠠᠮ ᠢ ᠨᠡᠭᠡᠭᠡᠬᠦ᠂ | ᠥᠷᠲᠡᠭ ᠤᠨ ᠵᠢᠮ᠎ᠡ ᠶᠣᠰᠣ ᠶᠢ ᠬᠦᠨᠳᠦᠳᠭᠡᠬᠦ᠂ ᠨᠠᠮ ᠪᠠ ᠠᠷᠠᠳᠴᠢᠯᠠᠭᠰᠠᠨ ᠨᠠᠮ ᠪᠦᠯᠦᠭ ᠤᠨ ᠬᠠᠷᠢᠴᠠᠭᠠᠨ ᠤ ᠲᠠᠯ᠎ᠠ ᠪᠠᠷ | ︽ᠤᠷᠳᠤ ᠬᠤᠭᠤᠴᠠᠭ᠎ᠠ ᠪᠠᠷ ᠵᠡᠷᠭᠡᠴᠡᠨ ᠣᠷᠣᠰᠢᠵᠤ᠂ ᠬᠠᠷᠢᠯᠴᠠᠨ ᠬᠢᠨᠠᠯᠲᠠ ᠲᠠᠯᠪᠢᠬᠤ︾ ᠴᠢᠭᠯᠡᠯᠲᠡ ᠶᠢ ᠬᠡᠷᠡᠭᠵᠢᠭᠦᠯᠬᠦ᠂ | ᠰᠢᠨᠵᠢᠯᠡᠬᠦ ᠤᠬᠠᠭᠠᠨ ᠰᠣᠶᠣᠯ ᠤᠨ ᠠᠵᠢᠯ ᠤᠨ ᠳᠤᠮᠳᠠ ︽ᠦᠡᠭᠭᠡ ᠪᠦᠷᠢ ᠶᠢᠨ ᠴᠡᠴᠡᠭ ᠢ ᠵᠡᠷᠭᠡ ᠪᠠᠷ ᠳᠡᠯᠭᠡᠷᠡᠭᠦᠯᠵᠦ᠂ | ᠦᠶ ᠤᠯᠠᠨ ᠡᠷᠳᠡᠮᠲᠡᠨ ᠢ ᠴᠢᠯᠥᠭᠡᠲᠡᠶ ᠶᠠᠷᠢᠯᠴᠠᠭᠤᠯᠬᠤ︾ ᠴᠢᠭᠯᠡᠯᠲᠡ ᠶᠢ ᠬᠡᠷᠡᠭᠵᠢᠭᠦᠯᠬᠦ ᠵᠡᠷᠭᠡ ᠶᠢ ᠪᠠᠭᠲᠠᠭᠠᠭᠰᠠᠨ ᠨᠡᠶᠢᠭᠡᠮ | ᠵᠢᠷᠤᠮᠲᠤ ᠪᠦᠳᠦᠭᠡᠨ ᠪᠠᠶᠢᠭᠤᠯᠤᠯᠲᠠ ᠶᠢᠨ ᠲᠤᠬᠠᠶ ᠠᠯᠢ ᠤᠯᠠᠨ ᠴᠢᠬᠤᠯᠠ ᠦᠵᠡᠯ ᠰᠠᠨᠠᠭ᠎ᠠ ᠶᠢ ᠳᠤᠷᠠᠳᠤᠨ ᠭᠠᠷᠭᠠᠪᠠ᠃ | ᠡᠳᠡᠭᠡᠷ ᠥᠪᠡᠷᠮᠢᠴᠡ ᠪᠦᠲᠦᠭᠡᠯᠴᠢ ᠴᠢᠨᠠᠷᠲᠠᠶ ᠤᠨᠤᠯ ᠤᠨ ᠦᠷ᠎ᠡ ᠪᠦᠲᠦᠭᠡᠯ ᠨᠢ ᠤᠳᠤ ᠪᠣᠯᠲᠠᠯ᠎ᠠ ᠴᠢᠬᠤᠯᠠ ᠵᠢᠯᠣᠭᠤᠳᠬᠤ | ᠠᠴᠢ ᠬᠤᠯᠪᠣᠭᠳᠠᠯ ᠲᠠᠢ ᠪᠠᠶᠢᠭᠰᠠᠭᠠᠷ ᠶᠤᠮ᠃ | ᠮᠠᠤ ᠽᠧ ᠳ᠋ᠦᠩ ᠤᠨ ᠦᠵᠡᠯ ᠰᠠᠨᠠᠭ᠎ᠠ ᠪᠣᠯ ᠮᠠᠷᠺᠰ ᠯᠧᠨᠢᠨ ᠤ ᠦᠵᠡᠯ ᠢ ᠳᠤᠮᠳᠠᠳᠤ ᠤᠯᠤᠰ ᠲᠤ ᠪᠦᠲᠦᠭᠡᠯᠴᠢ ᠪᠠᠷ | ᠬᠡᠷᠡᠭᠯᠡᠵᠦ ᠬᠥᠭᠵᠢᠭᠦᠯᠦᠭᠰᠡᠨ ᠶᠠᠪᠤᠳᠠᠯ ᠮᠥᠨ᠂ ᠦᠢᠯᠡᠳᠦᠯᠭᠡ ᠪᠠᠷ ᠭᠡᠷᠡᠴᠢᠯᠡᠭᠳᠡᠭᠰᠡᠨ ᠳᠤᠮᠳᠠᠳᠤ ᠤᠯᠤᠰ ᠤᠨ ᠬᠤᠪᠢᠰᠬᠠᠯ | ᠪᠠ ᠪᠦᠳᠦᠭᠡᠨ ᠪᠠᠶᠢᠭᠤᠯᠤᠯᠲᠠ ᠶᠢᠨ ᠲᠤᠬᠠᠶ ᠵᠥᠪ ᠤᠨᠤᠯ ᠤᠨ ᠵᠠᠷᠴᠢᠮ ᠪᠠ ᠲᠤᠷᠰᠢᠯᠭ᠎ᠠ ᠶᠢᠨ ᠳ᠋ᠦᠩᠨᠡᠯᠲᠡ ᠮᠥᠨ᠂ | ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠠᠩᠬᠠᠳᠠᠬᠴᠢ ᠤᠳᠠᠭᠠᠨ ᠤ ᠲᠡᠦᠬᠡᠲᠦ ᠴᠢᠨᠠᠷᠲᠠᠶ ᠦᠰᠦᠷᠦᠯᠲᠡ ᠮᠥᠨ᠃ | ᠮᠠᠤ ᠽᠧ ᠳ᠋ᠦᠩ ᠤᠨ ᠦᠵᠡᠯ ᠰᠠᠨᠠᠭᠠᠨ ᠤ ᠠᠮᠢᠨ ᠰᠦᠨᠡᠰᠦ ᠪᠣᠯ ᠡᠯ᠎ᠡ ᠪᠦᠷᠢᠯᠳᠦᠬᠦᠨ ᠬᠡᠰᠡᠭ ᠲᠤᠨᠢ ᠲᠤᠭᠤᠰᠢᠯᠠᠭᠳᠠᠵᠤ | ᠪᠠᠶᠢᠭ᠎ᠠ ᠵᠣᠭᠰᠣᠯᠲᠠ᠂ ᠦᠵᠡᠯᠲᠡ᠂ ᠠᠷᠭ᠎ᠠ ᠮᠥᠨ᠂ ᠲᠡᠷᠡ ᠨᠢ ᠦᠨᠡᠨ ᠠᠴᠠ ᠵᠥᠪ ᠢ ᠡᠷᠢᠬᠦ᠂ ᠤᠯᠠᠨ ᠲᠦᠮᠡᠨᠴᠢ | ᠱᠤᠭᠤᠮ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠭᠤᠷᠪᠠᠨ ᠦᠨᠳᠦᠰᠦᠨ ᠲᠠᠯ᠎ᠠ ᠪᠠᠷ ᠢᠯᠡᠷᠡᠵᠦ᠂ ᠨᠠᠮ ᠪᠠ ᠠᠷᠠᠳ | ᠲᠦᠮᠡᠨ ᠤ ᠠᠵᠢᠯ ᠦᠢᠯᠡᠰ ᠤᠨ ᠬᠥᠭᠵᠢᠯᠲᠡ ᠳᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠬᠠᠩᠭᠠᠭᠰᠠᠨ ᠪᠠᠶᠢᠨ᠎ᠠ᠃ | ᠬᠠᠷᠠᠮᠰᠠᠯᠲᠠᠶ ᠨᠢ᠂ ᠨᠠᠮ ᠤᠨ ᠨᠠᠢᠮᠠᠳᠤᠭᠠᠷ ᠶᠡᠭᠡ ᠬᠤᠷᠠᠯ ᠠᠴᠠ ᠪᠦᠷᠢᠯᠳᠦᠭᠦᠯᠦᠭᠰᠡᠨ ᠵᠥᠪ ᠱᠤᠭᠤᠮ ᠢ ᠲᠡᠷᠡ | ᠴᠢᠭ ᠢᠶᠠᠷ ᠨᠢ ᠪᠠᠷᠢᠮᠲᠠᠯᠠᠵᠤ ᠴᠢᠳᠠᠭᠰᠠᠨ ᠦᠭᠡᠢ ᠪᠠᠶᠢᠵᠤ᠂ ᠤᠷᠢᠳ ᠬᠤᠵᠢᠳ ︽ᠶᠡᠭᠡ ᠦᠰᠦᠷᠦᠩᠭᠦᠶ ᠲᠠᠪᠰᠢᠯᠳᠠ︾ ᠶᠢᠨ | ᠬᠥᠳᠡᠯᠭᠡᠭᠡᠨ᠂ ᠠᠷᠠᠳ ᠤᠨ ᠨᠢᠭᠡᠳᠦᠯ ᠪᠠᠶᠢᠭᠤᠯᠬᠤ ᠬᠦᠳᠡᠯᠬᠡᠬᠡᠨ ᠵᠡᠷᠭᠡ ᠠᠯᠳᠠᠭ᠎ᠠ ᠶᠢ ᠭᠠᠷᠭᠠᠵᠤ᠂ ᠪᠠᠷᠠᠭᠤᠨᠲᠠᠨ ᠢ | ᠡᠰᠡᠷᠭᠦᠴᠡᠬᠦ ᠲᠡᠮᠡᠴᠡᠯ ᠢ ᠴᠦ ᠬᠦᠨᠳᠦ ᠨᠣᠴᠢᠲᠠᠶ ᠥᠷᠭᠡᠳᠭᠡᠪᠡ᠃ ᠲᠤᠬᠠᠶ ᠶᠢᠨ ᠦᠶ᠎ᠡ ᠶᠢᠨ ᠬᠦᠨᠳᠦ ᠬᠡᠴᠡᠬᠦᠦ ᠪᠦᠭᠡᠳ | ᠲᠦᠪᠡᠭ ᠪᠤᠳᠤᠯᠢᠶᠠᠨᠲᠠᠶ ᠭᠠᠳᠠᠭᠠᠳᠤ ᠣᠷᠴᠢᠨ ᠨᠦᠬᠦᠴᠡᠯ ᠤᠨ ᠡᠮᠦᠨ᠎ᠡ᠂ ᠨᠠᠮ ᠠᠴᠠ ᠨᠡᠶᠢᠭᠡᠮ ᠵᠢᠷᠤᠮᠲᠤ ᠲᠦᠷᠦ ᠶᠢᠨ | ᠡᠷᠬᠡ ᠶᠢ ᠪᠠᠬᠢᠵᠢᠬᠦᠯᠬᠦ ᠶᠠᠪᠤᠳᠠᠯ ᠢ ᠲᠦᠢᠯ ᠢᠶᠠᠷ ᠠᠩᠬᠠᠷᠴᠤ᠂ ᠡᠬᠦᠨ ᠤ ᠳᠦᠯᠦᠬᠡ ᠤᠯᠠᠨ ᠲᠠᠯ᠎ᠠ ᠶᠢᠨ ᠴᠢᠷᠮᠠᠶᠢᠯᠭ᠎ᠠ | ᠭᠠᠷᠭᠠᠪᠠ᠃ ᠭᠡᠳᠡᠯ᠎ᠠ᠂ ᠨᠡᠶᠢᠭᠡᠮ ᠵᠢᠷᠤᠮᠲᠤ ᠨᠡᠶᠢᠭᠡᠮ ᠤᠨ ᠠᠩᠬᠢ ᠶᠢᠨ ᠲᠡᠮᠡᠴᠡᠯ ᠤᠨ ᠲᠤᠬᠠᠶ ᠮᠠᠤ ᠽᠧ ᠳ᠋ᠦᠩ ᠨᠥᠬᠦᠷ ᠤᠨ | ᠤᠨᠦᠯ ᠪᠠ ᠦᠢᠯᠡᠳᠦᠯᠭᠡ ᠶᠢᠨ ᠲᠠᠯ᠎ᠠ ᠪᠠᠷ ᠬᠢ ᠠᠯᠳᠠᠭ᠎ᠠ ᠶᠠᠪᠤᠬᠤ ᠲᠤᠳᠦᠮ ᠬᠦᠨᠳᠦ ᠨᠤᠴᠢᠲᠠᠢ ᠪᠤᠯᠵᠤ᠂ ᠨᠠᠮ ᠤᠨ ᠲᠥᠪ | ᠬᠤᠷᠢᠶ᠎ᠠ ᠡᠳᠡᠭᠡᠷ ᠠᠯᠳᠠᠭ᠎ᠠ ᠶᠢ ᠴᠠᠭ ᠲᠤᠬᠠᠶ ᠳᠤᠨᠢ ᠵᠠᠯᠠᠷᠠᠭᠤᠯᠵᠤ ᠴᠢᠳᠠᠭᠰᠠᠨ ᠤᠢᠭᠡᠢ ᠪᠠᠶᠢᠪᠠ᠃ ᠮᠠᠤ ᠽᠧ ᠳ᠋ᠦᠩ ᠨᠥᠬᠦᠷ | ᠲᠤᠬᠠᠶ ᠶᠢᠨ ᠦᠶ᠎ᠡ ᠶᠢᠨ ᠮᠠᠨ ᠤ ᠤᠯᠤᠰ ᠤᠨ ᠠᠩᠬᠢ ᠶᠢᠨ ᠪᠠᠶᠢᠳᠠᠯ ᠵᠢᠴᠢ ᠨᠠᠮ ᠪᠠ ᠤᠯᠤᠰ ᠣᠷᠣᠨ ᠤ ᠤᠯᠤᠰ | ᠲᠦᠷᠦ ᠶᠢᠨ ᠪᠠᠶᠢᠳᠠᠯ ᠤᠨ ᠲᠤᠬᠠᠶ ᠪᠦᠷᠢᠮᠦᠰᠦᠨ ᠪᠤᠷᠤᠭᠤ ᠵᠢᠱᠢᠯᠲᠡ ᠭᠠᠷᠭᠠᠵᠤ᠂ ︽ᠰᠣᠶᠣᠯ ᠤᠨ ᠶᠡᠭᠡ ᠬᠤᠪᠢᠰᠬᠠᠯ︾ ᠢ | ᠡᠭᠦᠰᠭᠡᠨ ᠤᠳᠤᠷᠢᠳᠴᠤ᠂ ᠬᠤᠪᠢᠰᠬᠠᠯ ᠤᠨ ᠡᠰᠡᠷᠭᠦᠦ ᠯᠢᠨ ᠪᠢᠶᠤᠤ᠂ ᠵᠢᠶᠠᠩ ᠴᠢᠩ ᠤᠨ ᠬᠤᠶᠠᠷ ᠪᠦᠯᠦᠭ ᠠᠴᠠ ᠮᠠᠤ ᠽᠧ | ᠳ᠋ᠦᠩ ᠨᠥᠬᠦᠷ ᠤᠨ ᠠᠯᠳᠠᠭ᠎ᠠ ᠶᠢ ᠠᠰᠢᠭᠯᠠᠨ᠂ ᠲᠦᠷᠦ ᠶᠢ ᠲᠦᠢᠪᠡᠭᠡᠵᠦ ᠲᠦᠮᠡᠨ ᠢ ᠭᠠᠰᠠᠯᠭᠠᠭᠰᠠᠨ ᠶᠡᠭᠡ ᠬᠡᠮᠵᠢᠶᠡᠨ ᠤ | ᠶᠠᠯᠠᠲᠤ ᠠᠵᠢᠯᠯᠠᠭ᠎ᠠ ᠶᠢ ᠬᠢᠵᠦ᠂ ᠠᠷᠪᠠᠨ ᠵᠢᠯ ᠤᠨ ᠳᠣᠲᠣᠭᠠᠳᠤ ᠶᠢᠨ ᠰᠠᠮᠠᠭᠤᠷᠠᠯ ᠢ ᠪᠤᠢ ᠪᠤᠯᠭᠠᠭᠠᠳ᠂ ᠨᠠᠮ᠂ ᠤᠯᠤᠰ᠂ | ᠠᠷᠠᠳ ᠲᠦᠮᠡᠨ ᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠬᠠᠮᠤᠭ ᠤᠨ ᠬᠦᠨᠳᠦ ᠨᠣᠴᠢᠲᠠᠶ | ᠨᠤᠭᠤᠷᠠᠯ ᠪᠦᠳᠦᠷᠢᠯ ᠪᠠ ᠬᠤᠬᠢᠷᠠᠯ ᠳᠤ ᠤᠴᠠᠷᠠᠭᠤᠯᠪᠠ᠂ ᠡᠨᠡ ᠬᠦ ᠰᠤᠷᠭᠠᠮᠵᠢ ᠪᠤᠯ ᠲᠦᠢᠯ ᠤᠨ ᠬᠠᠷᠠᠰᠠᠯᠲᠠᠶ ᠶᠤᠮ᠃ | 1976 ᠣᠨ ᠤ 10 ᠰᠠᠷ᠎ᠠ ᠳᠤ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠨᠠᠮ ᠪᠠ ᠠᠷᠠᠳ ᠲᠦᠮᠡᠨ ᠤ | ᠬᠦᠰᠡᠯ ᠵᠣᠷᠢᠭ ᠢ ᠬᠡᠷᠡᠭᠵᠢᠭᠦᠯᠵᠦ᠂ ︽ᠲᠦᠷᠪᠡᠠ ᠬᠥᠮᠦᠨ ᠤ ᠪᠦᠯᠦᠭ︾ ᠢ ᠡᠷᠡᠰ ᠰᠢᠭᠤᠷᠬᠠᠢ ᠪᠠᠷ ᠪᠤᠲᠠ ᠨᠢᠷᠭᠡᠵᠦ᠂ ︽ | ᠰᠣᠶᠣᠯ ᠤᠨ ᠶᠡᠭᠡ ᠬᠤᠪᠢᠰᠬᠠᠯ︾ ᠤᠨ ᠭᠠᠢ ᠭᠠᠮᠰᠢᠭ ᠢ ᠡᠴᠦᠰᠯᠡᠭᠦᠯᠪᠡ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠥᠭᠡᠷᠡᠴᠢᠯᠡᠯᠲᠡ ᠨᠡᠭᠡᠭᠡᠯᠲᠡ ᠬᠢᠬᠦ ᠶᠢᠨ ᠡᠮᠦᠨᠡᠬᠡᠨ ᠪᠣᠯᠲᠠᠯ᠎ᠠ᠂ | ᠨᠠᠮ ᠠᠴᠠ ᠠᠷᠠᠳ ᠲᠦᠮᠡᠨ ᠢ ᠤᠳᠤᠷᠢᠳᠤᠨ ᠨᠡᠶᠢᠭᠡᠮ ᠵᠢᠷᠤᠮᠲᠤ ᠬᠤᠪᠢᠰᠬᠠᠯ ᠢ ᠪᠡᠶᠡᠯᠡᠭᠦᠯᠵᠦ᠂ ᠠᠯᠢᠪᠠ ᠮᠥᠯᠵᠢᠯᠳᠤ | ᠪᠠᠶᠢᠭᠤᠯᠤᠯ ᠢ ᠤᠰᠠᠳᠬᠠᠵᠤ᠂ ᠳᠤᠮᠳᠠᠳᠤ ᠶᠢᠨ ᠦᠨᠳᠦᠰᠦᠲᠡᠨ ᠤ ᠲᠡᠦᠬᠡᠨ ᠳᠡᠭᠡᠷᠡᠬᠢ ᠬᠠᠮᠤᠭ ᠤᠨ ᠥᠷᠭᠡᠨ ᠳᠡᠯᠭᠡᠷ ᠪᠥᠭᠡᠳ | ᠭᠦᠨ ᠭᠦᠨᠵᠡᠭᠡᠶ ᠨᠡᠶᠢᠭᠡᠮ ᠤᠨ ᠬᠤᠪᠢᠰᠤᠯᠲᠠ ᠶᠢ ᠪᠡᠶᠡᠯᠡᠭᠦᠯᠵᠦ᠂ ᠶᠠᠳᠠᠭᠤ ᠬᠤᠭᠤᠰᠣᠨ᠂ ᠬᠥᠮᠦᠨ ᠠᠮᠠ ᠣᠯᠠᠨᠲᠠᠶ | ᠳᠣᠷᠣᠨᠠᠳᠠᠬᠢᠨ ᠤ ᠲᠣᠮᠣ ᠤᠯᠤᠰ ᠢ ᠲᠤᠮᠤ ᠠᠯᠬᠤᠮ ᠢᠶᠠᠷ ᠨᠡᠶᠢᠭᠡᠮ ᠵᠢᠷᠤᠮᠲᠤ ᠨᠡᠶᠢᠭᠡᠮ ᠳᠤ ᠤᠷᠤᠭᠤᠯᠤᠭᠰᠠᠨ ᠠᠭᠤᠤ ᠶᠡᠭᠡ | ᠦᠰᠦᠷᠦᠯᠲᠡ ᠶᠢ ᠪᠡᠶᠡᠯᠡᠭᠦᠯᠪᠡ᠃ ᠬᠠᠶᠢᠨ ᠰᠦᠪᠡᠭᠴᠢᠯᠡᠬᠦ ᠶᠠᠪᠤᠴᠠ ᠳᠠᠭᠠᠨ ᠬᠡᠳᠦ᠋ᠢᠪᠡᠷ ᠬᠦᠨᠳᠦ ᠨᠣᠴᠢᠲᠠᠶ ᠨᠤᠭᠤᠷᠠᠯ | ᠪᠦᠳᠦᠷᠢᠯ ᠢ ᠥᠩᠭᠡᠷᠡᠭᠦᠯᠦᠭᠰᠡᠨ ᠪᠣᠯᠪᠠᠴᠤ ᠨᠠᠮ ᠤᠨ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ | ᠳᠤᠮᠳᠠ ᠣᠯᠤᠭᠰᠠᠨ ᠥᠪᠡᠷᠮᠢᠴᠡ ᠪᠦᠲᠦᠭᠡᠯᠴᠢ ᠴᠢᠨᠠᠷᠲᠠᠶ ᠤᠨᠤᠯ ᠤᠨ ᠦᠷ᠎ᠡ ᠪᠦᠲᠦᠭᠡᠯ ᠪᠠ ᠯᠤᠲᠤ ᠶᠡᠭᠡ ᠠᠮᠵᠢᠯᠲᠠ | ᠪᠦᠲᠦᠮᠵᠢ ᠨᠢ ᠰᠢᠨ᠎ᠡ ᠲᠡᠦᠬᠡᠨ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠡᠭᠦᠳᠦᠨ | ᠪᠠᠶᠢᠭᠤᠯᠬᠤ ᠳᠤ ᠡᠷᠬᠢᠮ ᠨᠠᠨᠳᠢᠨ ᠲᠤᠷᠰᠢᠯᠭ᠎ᠠ᠂ ᠤᠨᠤᠯ ᠤᠨ ᠪᠡᠯᠡᠳᠭᠡᠯ ᠪᠠ ᠪᠣᠳᠠᠰ ᠤᠨ ᠰᠠᠭᠤᠷᠢ ᠶᠢ ᠬᠠᠩᠭᠠᠭᠰᠠᠨ ᠪᠠᠶᠢᠨ᠎ᠠ | ᠃ | ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ | ᠡᠷᠡᠰ ᠬᠠᠲᠠᠭᠤᠵᠢᠯᠲᠠᠶ ᠲᠡᠮᠡᠴᠡᠯ ᠢᠶᠠᠷ ᠢᠶᠠᠨ᠂ ᠳᠤᠮᠳᠠᠳᠤ ᠤᠯᠤᠰ ᠤᠨ ᠠᠷᠠᠳ ᠲᠦᠮᠡᠨ ᠬᠠᠭᠤᠴᠢᠨ ᠶᠢᠷᠲᠢᠨᠴᠦ ᠶᠢ | ᠡᠪᠳᠡᠬᠦ ᠳᠤ ᠴᠢᠳᠠᠮᠠᠭᠠᠶ ᠪᠠᠷ ᠪᠠᠷᠠᠬᠤ ᠦᠭᠡᠢ᠂ ᠰᠢᠨ᠎ᠡ ᠶᠢᠷᠲᠢᠨᠴᠦ ᠶᠢ ᠪᠠᠶᠢᠭᠤᠯᠬᠤ ᠳᠤ ᠴᠤ ᠴᠢᠳᠠᠮᠠᠭᠠᠶ ᠶᠤᠮ᠂ ᠭᠠᠭᠴᠠ ᠬᠦ | ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠠᠪᠤᠷᠠᠵᠤ ᠴᠢᠳᠠᠨ᠎ᠠ᠂ ᠭᠠᠭᠴᠠ ᠬᠦ ᠨᠡᠶᠢᠭᠡᠮ ᠵᠢᠷᠤᠮ ᠰᠠᠶ᠋ᠢ ᠳᠤᠮᠳᠠᠳᠤ | ᠤᠯᠤᠰ ᠢ ᠬᠥᠭᠵᠢᠭᠦᠯᠵᠦ ᠴᠢᠳᠠᠨ᠎ᠠ ᠭᠡᠳᠡᠭ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃ | ᠭᠤᠷᠪᠠ᠂ ᠥᠭᠡᠷᠡᠴᠢᠯᠡᠯᠲᠡ ᠨᠡᠭᠡᠭᠡᠯᠳᠠ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠠ ᠪᠠᠶᠢᠭᠤᠯᠤᠯᠲᠠ | ᠬᠢᠭᠰᠡᠨ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ | ᠦᠶ᠎ᠠ ᠳᠤ᠂ ᠨᠠᠮ ᠳᠤ ᠲᠤᠯᠭᠠᠷᠠᠭᠰᠠᠨ ᠭᠤᠤᠯ ᠡᠭᠦᠷᠭᠡ ᠪᠣᠯ᠂ ᠳᠤᠮᠳᠠᠳᠤ ᠤᠯᠤᠰ ᠤᠨ ᠨᠡᠶᠢᠭᠡᠮ ᠵᠢᠷᠤᠮ ᠢ ᠪᠦᠲᠦᠭᠡᠨ | ᠪᠠᠶᠢᠭᠤᠯᠬᠤ ᠵᠥᠪ ᠵᠠᠮ ᠢ ᠦᠷᠭᠦᠯᠵᠢᠯᠡᠨ ᠰᠦᠪᠡᠭᠴᠢᠯᠡᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠨ | ᠬᠥᠭᠵᠢᠭᠦᠯᠵᠦ᠂ ᠠᠷᠠᠳ ᠲᠦᠮᠡᠨ ᠢ ᠶᠠᠳᠠᠭᠤ ᠠᠴᠠ ᠠᠩᠭᠢᠵᠢᠷᠠᠭᠤᠯᠤᠨ ᠠᠯᠢ ᠲᠦᠷᠭᠡᠨ ᠢᠶᠠᠷ ᠪᠠᠶᠠᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠢᠨ᠎ᠡ ᠠᠮᠢᠳᠤᠯᠢᠬ | ᠬᠦᠴᠦᠨ ᠢᠶᠠᠷ ᠪᠢᠯᠬᠠᠬᠰᠠᠨ ᠪᠠᠶᠢᠭᠤᠯᠤᠯ ᠤᠨ ᠪᠠᠲᠤᠯᠠᠭ᠎ᠠ ᠪᠠ ᠲᠦᠷᠭᠡᠨ ᠢᠶᠠᠷ ᠬᠥᠭᠵᠢᠭᠰᠡᠨ ᠪᠣᠳᠠᠰ ᠤᠨ ᠨᠥᠬᠦᠴᠡᠯ ᠢ | ᠬᠠᠩᠭᠠᠬᠤ ᠶᠠᠪᠤᠳᠠᠯ ᠪᠤᠯᠤᠨ᠎ᠠ᠃ | ︽ᠰᠣᠶᠣᠯ ᠤᠨ ᠶᠡᠭᠡ ᠬᠤᠪᠢᠰᠬᠠᠯ︾ ᠳᠠᠭᠤᠰᠤᠭᠰᠠᠨ ᠤ ᠳᠠᠷᠠᠭ᠎ᠠ᠂ ᠨᠠᠮ ᠪᠣᠯᠤᠨ ᠤᠯᠤᠰ ᠤᠷᠤᠨ ᠴᠤᠬᠤᠮ | ᠶᠠᠭᠠᠬᠢᠪᠠᠯ ᠵᠤᠬᠢᠬᠤ ᠪᠤᠢ ᠭᠡᠳᠡᠭ ᠠᠰᠠᠭᠤᠳᠠᠯ ᠳᠤ ᠲᠤᠯᠭᠠᠷᠠᠭᠰᠠᠨ ᠴᠢᠬᠤᠯᠠ ᠶᠡᠭᠡ ᠲᠡᠦᠬᠡᠨ ᠵᠠᠩᠭᠢᠯᠠᠭ᠎ᠠ ᠶᠢᠨ ᠦᠶ᠎ᠠ ᠳᠤ᠂ | ᠨᠠᠮ ᠠᠴᠠ ᠭᠠᠭᠴᠠ ᠬᠦ ᠥᠭᠡᠷᠡᠴᠢᠯᠡᠯᠲᠡ ᠨᠡᠭᠡᠭᠡᠯᠳᠠ ᠬᠢᠬᠦ ᠪᠣᠯ ᠰᠠᠶ᠋ᠢ ᠴᠤᠷᠢ ᠶᠢᠨ ᠭᠠᠭᠴᠠ ᠭᠠᠷᠬᠤ ᠵᠡᠮ ᠮᠥᠨ᠂ ᠡᠰᠡᠪᠡᠯ | ᠮᠠᠨ ᠤ ᠣᠳᠣᠬᠢᠴᠢᠯᠠᠯᠲᠠ ᠶᠢᠨ ᠦᠢᠯᠡᠰ ᠪᠠ ᠨᠡᠶᠢᠭᠡᠮ ᠵᠢᠷᠤᠮ ᠤᠨ ᠦᠢᠯᠡᠰ ᠪᠤᠯᠠᠰᠢᠯᠠᠬᠳᠠᠬᠤ ᠪᠣᠯᠤᠨ᠎ᠠ ᠭᠡᠳᠡᠭ ᠢ ᠭᠦᠨᠵᠡᠭᠡᠶ | ᠲᠠᠨᠢᠵᠤ ᠣᠯᠪᠠ᠃ 1978 ᠣᠨ ᠤ 12 ᠰᠠᠷ᠎ᠠ ᠳᠤ᠂ ᠨᠠᠮ ᠠᠴᠠ ᠠᠷᠪᠠᠨ ᠨᠢᠭᠡᠳᠦᠭᠡᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠢ ᠬᠤᠷᠠᠯᠳᠤᠭᠤᠯᠵᠤ᠂ ︽ᠠᠩᠭᠢ ᠶᠢᠨ ᠲᠡᠮᠡᠴᠡᠯ ᠢᠶᠠᠷ ᠬᠥᠲᠥᠯᠪᠦᠷᠢ ᠪᠣᠯᠭᠠᠬᠤ | ︾ ᠶᠢ ᠡᠷᠡᠰ ᠰᠢᠭᠤᠷᠬᠠᠶ ᠪᠠᠷ ᠡᠴᠦᠰᠯᠡᠭᠦᠯᠦᠨ᠂ ᠨᠠᠮ ᠪᠣᠯᠤᠨ ᠤᠯᠤᠰ ᠤᠨ ᠠᠵᠢᠯ ᠤᠨ ᠭᠤᠣᠯᠳᠠᠯᠭ᠎ᠠ ᠶᠢᠨ ᠪᠠᠶᠢᠯᠳᠤᠬᠤ | ᠪᠣᠳᠣᠯᠭ᠎ᠠ ᠶᠢᠨ ᠰᠢᠯᠵᠢᠯᠲᠡ ᠶᠢ ᠪᠡᠶᠡᠯᠡᠭᠦᠯᠵᠦ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠶᠢᠨ ᠰᠢᠨ᠎ᠡ ᠦᠶ᠎ᠡ ᠶᠢ ᠨᠡᠭᠡᠭᠡᠵᠦ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ | ᠨᠠᠭᠠᠰᠢᠬᠢ ᠨᠠᠮ ᠤᠨ ᠲᠡᠦᠬᠡᠨ ᠳᠡᠭᠡᠷᠡᠬᠢ ᠠᠯᠤᠰ ᠬᠡᠳᠦ ᠶᠢᠨ ᠠᠴᠢ ᠬᠤᠯᠪᠣᠭᠳᠠᠯ ᠪᠦᠬᠦᠢ ᠠᠭᠤᠤ ᠶᠡᠭᠡ ᠡᠷᠭᠢᠯᠲᠡ ᠶᠢ | ᠪᠡᠶᠡᠯᠡᠭᠦᠯᠪᠡ᠃ ᠨᠠᠮ ᠠᠴᠠ ︽ᠰᠣᠶᠣᠯ ᠤᠨ ᠶᠡᠭᠡ ᠬᠤᠪᠢᠰᠬᠠᠯ︾ ᠢ ᠲᠦᠢᠯᠪᠤᠷᠢᠲᠠᠶ ᠦᠭᠡᠶᠢᠰᠭᠡᠬᠦ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠭᠠᠷᠭᠠᠪᠠ᠃ ᠳᠥᠴᠢ ᠭᠠᠷᠤᠶ ᠵᠢᠯ ᠤᠨ ᠲᠤᠷᠰᠢ᠂ ᠨᠠᠮ ᠡᠨᠡ ᠤᠳᠠᠭᠠᠨ ᠤ ᠪᠥᠬᠦᠳᠡ | ᠬᠤᠷᠠᠯ ᠠᠴᠠ ᠲᠣᠭᠲᠠᠭᠠᠭᠰᠠᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠢᠮᠠᠭᠲᠠ ᠭᠤᠶᠢᠪᠢᠰᠢ ᠦᠭᠡᠢ | ᠪᠠᠷᠢᠮᠲᠠᠯᠠᠭᠰᠠᠭᠠᠷ ᠢᠷᠡᠪᠡ᠃ | ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ | ᠬᠤᠶᠢᠰᠢ᠂ ᠳ᠋ᠧᠩ ᠰᠢᠶᠣᠤ ᠫᠢᠩ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ | ᠬᠠᠮᠲᠤᠴᠤᠳ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠵᠥᠪ ᠪᠤᠷᠤᠭᠤ ᠬᠤᠶᠠᠷ ᠲᠠᠯ᠎ᠠ ᠶᠢᠨ | ᠲᠤᠷᠰᠢᠯᠭ᠎ᠠ ᠶᠢ ᠭᠦᠨᠵᠡᠭᠡᠶ ᠳ᠋ᠦᠩᠨᠡᠵᠦ᠂ ᠶᠠᠭᠤ ᠶᠢ ᠨᠡᠶᠢᠭᠡᠮ ᠵᠢᠷᠤᠮ ᠭᠡᠬᠦ᠂ ᠨᠡᠶᠢᠭᠡᠮ ᠵᠢᠷᠤᠮ ᠢ ᠬᠡᠷᠬᠢᠨ ᠪᠦᠲᠦᠭᠡᠨ | ᠪᠠᠶᠢᠭᠤᠯᠬᠤ ᠡᠨᠡ ᠬᠦ ᠦᠨᠳᠦᠰᠦᠨ ᠠᠰᠠᠭᠤᠳᠠᠯ ᠤᠨ ᠲᠣᠭᠤᠷᠢᠨ ᠳᠤ᠂ ᠳᠡᠯᠡᠬᠡᠶ ᠶᠢᠨ ᠨᠡᠶᠢᠭᠡᠮ ᠵᠢᠷᠤᠮ ᠤᠨ ᠲᠡᠦᠬᠡᠨ | ᠲᠤᠷᠰᠢᠯᠭ᠎ᠠ ᠪᠠᠷ ᠲᠣᠯᠢ ᠪᠣᠯᠭᠠᠵᠤ᠂ ᠳ᠋ᠧᠩ ᠰᠢᠶᠣᠤ ᠫᠢᠩ ᠤᠨ ᠣᠨᠣᠯ ᠢ ᠪᠤᠢ ᠪᠤᠯᠭᠠᠵᠤ᠂ ᠦᠵᠡᠯ ᠰᠠᠨᠠᠭ᠎ᠠ ᠪᠠᠨ ᠴᠢᠯᠥᠭᠡᠯᠡᠨ | ᠂ ᠦᠨᠡᠨ ᠠᠴᠠ ᠵᠥᠪ ᠢ ᠡᠷᠢᠵᠦ᠂ ᠨᠠᠮ ᠪᠠ ᠤᠯᠤᠰ ᠤᠨ ᠠᠵᠢᠯ ᠤᠨ ᠭᠤᠤᠯᠳᠠᠯᠭ᠎ᠠ ᠶᠢ ᠠᠵᠤ ᠠᠬᠤᠶ ᠶᠢᠨ ᠪᠦᠲᠦᠭᠡᠨ | ᠪᠠᠶᠢᠭᠤᠯᠤᠯᠲᠠ ᠳᠡᠭᠡᠷ᠎ᠡ ᠰᠢᠯᠵᠢᠭᠦᠯᠬᠦ᠂ ᠥᠭᠡᠷᠡᠴᠢᠯᠡᠯᠲᠡ ᠨᠡᠭᠡᠭᠡᠯᠲᠡ ᠶᠢ ᠬᠡᠷᠡᠭᠵᠢᠭᠦᠯᠬᠦ ᠲᠡᠦᠬᠡᠲᠦ ᠴᠢᠨᠠᠷᠲᠠᠶ ᠰᠢᠢᠳᠪᠦᠷᠢᠲᠦ | ᠪᠣᠳᠣᠯᠭ᠎ᠠ ᠭᠠᠷᠭᠠᠵᠤ᠂ ᠨᠡᠶᠢᠭᠡᠮ ᠵᠢᠷᠤᠮ ᠤᠨ ᠮᠥᠨ ᠴᠢᠨᠠᠷ ᠢ ᠭᠦᠨᠵᠡᠭᠡᠶ ᠢᠯᠡᠷᠡᠭᠦᠯᠦᠨ᠂ ᠨᠡᠶᠢᠭᠡᠮ ᠵᠢᠷᠤᠮ ᠤᠨ ᠠᠩᠬᠠᠨ ᠤ | ᠱᠠᠲᠤᠨ ᠤ ᠦᠨᠳᠦᠰᠦᠨ ᠱᠤᠭᠤᠮ ᠢ ᠲᠣᠭᠲᠠᠭᠠᠵᠤ᠂ ᠥᠪᠡᠷ ᠤᠨ ᠢᠶᠠᠨ ᠵᠠᠮ ᠢᠶᠠᠷ ᠵᠠᠮᠨᠠᠬᠤ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠶᠢ ᠲᠣᠳᠣᠷᠬᠠᠶ ᠳᠤᠷᠠᠳᠤᠨ ᠭᠠᠷᠭᠠᠵᠤ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠠᠯᠢ ᠤᠯᠠᠨ ᠦᠨᠳᠦᠰᠦᠨ ᠠᠰᠠᠭᠤᠳᠠᠯ ᠢ | ᠰᠢᠨᠵᠢᠯᠡᠬᠦ ᠤᠬᠠᠭᠠᠨᠴᠢ ᠪᠠᠷ ᠬᠠᠷᠢᠭᠤᠯᠵᠤ᠂ ᠬᠤᠷᠢᠨ ᠨᠢᠭᠡᠳᠦᠭᠡᠷ ᠵᠠᠭᠤᠨ ᠤ ᠳᠤᠮᠳᠠᠴᠢ ᠦᠶ᠎ᠡ ᠪᠣᠯᠲᠠᠯ᠎ᠠ ᠭᠤᠷᠪᠠᠨ ᠠᠯᠬᠤᠮ | ᠬᠤᠪᠢᠶᠠᠵᠤ ᠶᠠᠪᠤᠬᠤ᠂ ᠨᠡᠶᠢᠭᠡᠮ ᠵᠢᠷᠤᠮᠳᠤ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠲᠣᠭᠲᠠᠭᠠᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ | ᠠᠮᠵᠢᠯᠲᠠ ᠲᠠᠢ ᠪᠠᠷ ᠡᠭᠦᠳᠦᠨ ᠨᠡᠭᠡᠭᠡᠪᠡ᠃ | ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ | ᠬᠤᠶᠢᠰᠢ᠂ ᠵᠢᠶᠠᠩ ᠽᠧ ᠮᠢᠨ ᠨᠥᠬᠦᠷ ᠢᠶᠠᠷ ᠭᠤᠣᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ | ᠬᠠᠮᠲᠤᠴᠤᠳ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ ᠢ ᠪᠠᠷᠢᠮᠲᠠᠯᠠᠨ᠂ ᠶᠠᠭᠤ ᠶᠢ ᠨᠡᠶᠢᠭᠡᠮ ᠵᠢᠷᠤᠮ ᠭᠡᠬᠦ᠂ | ᠨᠡᠶᠢᠭᠡᠮ ᠵᠢᠷᠤᠮ ᠢ ᠬᠡᠷᠬᠢᠨ ᠪᠦᠳᠦᠭᠡᠨ ᠪᠠᠶᠢᠭᠤᠯᠬᠤ ᠪᠠ ᠶᠠᠮᠠᠷ ᠶᠠᠩᠵᠤ ᠶᠢᠨ ᠨᠠᠮ ᠢ ᠪᠠᠶᠢᠭᠤᠯᠬᠤ᠂ ᠨᠠᠮ ᠢ ᠬᠡᠷᠬᠢᠨ | ᠪᠠᠶᠢᠭᠤᠯᠬᠤ ᠲᠤᠬᠠᠶ ᠲᠠᠨᠢᠯᠲᠠ ᠪᠠᠨ ᠭᠦᠨᠵᠡᠭᠡᠶᠢᠷᠡᠭᠦᠯᠵᠤ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠶᠢ | ᠪᠤᠢ ᠪᠣᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠮᠠᠰᠢ ᠪᠤᠳᠤᠯᠢᠶᠠᠨᠲᠠᠶ᠂ ᠳᠡᠯᠡᠬᠡᠶ ᠶᠢᠨ ᠨᠡᠶᠢᠭᠡᠮ ᠵᠢᠷᠤᠮ | ᠬᠦᠨᠳᠦ ᠨᠣᠴᠢᠲᠠᠶ ᠨᠤᠭᠤᠷᠠᠯ ᠪᠦᠳᠦᠷᠢᠯ ᠳᠤ ᠤᠴᠠᠷᠠᠭᠰᠠᠨ ᠬᠠᠲᠠᠭᠤ ᠰᠢᠯᠭᠠᠯᠲᠠ ᠶᠢᠨ ᠡᠮᠦᠨ᠎ᠡ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠢ ᠬᠠᠮᠠᠭᠠᠯᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢᠨ ᠬᠠᠷᠠᠯᠲᠠ ᠪᠣᠯᠤᠨ ᠦᠨᠳᠦᠰᠦᠨ ᠪᠣᠷᠣ ᠲᠥᠯᠥᠪ ᠢ ᠲᠣᠭᠲᠠᠭᠠᠵᠤ᠂ ᠨᠡᠶᠢᠭᠡᠮ | ᠵᠢᠷᠤᠮ ᠤᠨ ᠠᠩᠬᠠᠨ ᠤ ᠱᠠᠲᠤᠨ ᠳᠠᠬᠢ ᠨᠡᠶᠢᠲᠡ ᠶᠢᠨ ᠥᠮᠴᠢᠯᠡᠯ ᠢᠶᠠᠷ ᠭᠤᠤᠯ ᠴᠣᠭᠴᠠ ᠪᠣᠯᠭᠠᠬᠤ᠂ ᠤᠯᠠᠨ ᠲᠦᠷᠦᠯ ᠤᠨ | ᠥᠮᠴᠢᠯᠡᠯ ᠤᠨ ᠠᠵᠤ ᠠᠬᠤᠶ ᠶᠢ ᠬᠠᠮᠲᠤ ᠪᠠᠷ ᠬᠥᠭᠵᠢᠭᠦᠯᠬᠦ ᠦᠨᠳᠦᠰᠦᠨ ᠠᠵᠤ ᠠᠬᠤᠶ ᠶᠢᠨ ᠪᠠᠶᠢᠭᠤᠯᠤᠯ ᠪᠠ | ᠬᠥᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠤᠯ ᠴᠣᠭᠴᠠ ᠪᠣᠯᠭᠠᠬᠤ᠂ ᠤᠯᠠᠨ ᠲᠦᠷᠤᠯ ᠤᠨ | ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠵᠡᠷᠭᠡ ᠪᠠᠷ ᠬᠡᠷᠡᠭᠯᠡᠬᠦ ᠬᠤᠪᠢᠶᠠᠷᠢᠯᠠᠯᠲᠠ ᠶᠢᠨ ᠲᠦᠷᠢᠮ ᠢ ᠲᠣᠭᠲᠠᠭᠠᠵᠤ᠂ ᠪᠦᠬᠦ | ᠲᠠᠯ᠎ᠠ ᠪᠠᠷ ᠥᠭᠡᠷᠡᠴᠢᠯᠡᠯᠲᠡ ᠨᠡᠭᠡᠭᠡᠯᠳᠡ ᠬᠢᠬᠦ ᠰᠢᠨ᠎ᠡ ᠪᠠᠶᠢᠳᠠᠯ ᠢ ᠨᠡᠭᠡᠭᠡᠵᠤ᠂ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ | ᠶᠡᠭᠡ ᠢᠨᠵᠧᠨᠧᠷᠢᠩ ᠢ ᠠᠬᠢᠭᠤᠯᠤᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠬᠤᠷᠢᠨ | ᠨᠢᠭᠡᠳᠦᠭᠡᠷ ᠵᠠᠭᠤᠨ ᠲᠡᠶᠢᠰᠢ ᠠᠮᠵᠢᠯᠲᠠ ᠲᠠᠢ ᠪᠠᠷ ᠤᠷᠤᠬᠰᠢᠯᠠᠭᠤᠯᠪᠠ᠃ | ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ ᠠᠴᠠ ᠬᠤᠶᠢᠰᠢ᠂ ᠬᠤ᠋ ᠶᠢᠨ ᠲᠤᠤ ᠨᠥᠬᠦᠷ ᠢᠶᠠᠷ ᠭᠤᠤᠯ | ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠠᠬᠢᠴᠠ ᠲᠤᠮᠳᠠ ᠦᠢᠯᠡᠳᠦᠯᠭᠡ ᠶᠢᠨ ᠰᠢᠨ᠎ᠡ ᠡᠭᠦᠳᠦᠯᠲᠡ᠂ ᠣᠨᠣᠯ ᠤᠨ ᠰᠢᠨ᠎ᠡ ᠡᠭᠦᠳᠦᠯᠲᠡ᠂ | ᠪᠠᠶᠢᠭᠤᠯᠤᠯ ᠤᠨ ᠰᠢᠨ᠎ᠡ ᠡᠭᠦᠳᠦᠯᠲᠡ ᠶᠢ ᠠᠬᠢᠭᠤᠯᠵᠤ᠂ ᠰᠢᠨ᠎ᠡ ᠪᠠᠶᠢᠳᠠᠯ ᠤᠨ ᠳᠣᠤᠷ᠎ᠠ ᠶᠠᠮᠠᠷ ᠶᠠᠩᠵᠤ ᠶᠢᠨ ᠬᠥᠭᠵᠢᠯᠲᠡ ᠶᠢ | ᠪᠡᠶᠡᠯᠡᠭᠦᠯᠬᠦ᠂ ᠬᠡᠷᠬᠢᠨ ᠬᠥᠭᠵᠢᠭᠦᠯᠬᠦ ᠵᠡᠷᠭᠡ ᠴᠢᠬᠤᠯᠠ ᠶᠡᠭᠡ ᠠᠰᠠᠭᠤᠳᠠᠯ ᠢ ᠭᠦᠨᠵᠡᠭᠡᠶ ᠲᠠᠨᠢᠭᠰᠠᠨ ᠪᠠ ᠲᠡᠭᠦᠨ ᠳᠤ | ᠬᠠᠷᠢᠭᠤᠯᠲᠠ ᠥᠭᠴᠦ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠤᠢ ᠪᠣᠯᠭᠠᠵᠤ᠂ ᠴᠢᠬᠤᠯᠠ ᠪᠠᠶᠢᠯᠳᠤᠬᠤ | ᠪᠣᠳᠣᠯᠭ᠎ᠠ ᠶᠢᠨ ᠲᠣᠬᠢᠶᠠᠯᠳᠤ ᠬᠤᠭᠤᠴᠠᠭ᠎ᠠ ᠶᠢ ᠠᠮᠵᠢᠵᠤ᠂ ᠰᠡᠳᠭᠢᠯ ᠰᠠᠨᠠᠭ᠎ᠠ ᠪᠠᠨ ᠲᠥᠪᠯᠡᠷᠡᠭᠦᠯᠦᠨ ᠪᠦᠲᠦᠭᠡᠨ | ᠪᠠᠶᠢᠭᠤᠯᠤᠯᠲᠠ ᠬᠢᠵᠦ᠂ ᠨᠢᠭᠡ ᠰᠡᠳᠭᠢᠯ ᠨᠢᠭᠡ ᠵᠣᠷᠢᠭ ᠢᠶᠠᠷ ᠬᠥᠭᠵᠢᠭᠦᠯᠬᠦ ᠶᠢ ᠪᠣᠳᠣᠯᠬᠢᠯᠠᠨ᠂ ᠬᠥᠮᠦᠨ ᠢᠶᠠᠷ ᠦᠨᠳᠦᠰᠦ | ᠪᠣᠯᠭᠠᠬᠤ᠂ ᠪᠦᠬᠦ ᠲᠠᠯ᠎ᠠ ᠶᠢᠨ ᠵᠣᠬᠢᠴᠠᠩᠭᠤᠶ ᠪᠦᠭᠡᠳ ᠦᠷᠭᠦᠯᠵᠢᠯᠡᠬᠦ ᠬᠥᠭᠵᠢᠯᠲᠡ ᠶᠢ ᠪᠠᠷᠢᠮᠲᠠᠯᠠᠬᠤ ᠶᠢ ᠴᠢᠬᠤᠯᠠᠴᠢᠯᠠᠵᠤ᠂ | ᠠᠷᠠᠳ ᠤᠨ ᠠᠮᠢᠳᠤᠷᠠᠯ ᠢ ᠬᠦᠴᠦ ᠲᠠᠯᠪᠢᠨ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ | ᠶᠣᠰᠣ ᠶᠢ ᠠᠬᠢᠭᠤᠯᠤᠨ᠂ ᠨᠠᠮ ᠤᠨ ᠲᠦᠷᠦ ᠪᠠᠷᠢᠬᠤ ᠴᠢᠳᠠᠪᠤᠷᠢ ᠶᠢᠨ ᠪᠠᠶᠢᠭᠤᠯᠤᠯᠲᠠ ᠪᠠ ᠲᠡᠷᠢᠭᠦᠨ ᠤ ᠴᠢᠨᠠᠷ ᠤᠨ | ᠪᠠᠶᠢᠭᠤᠯᠤᠯᠲᠠ ᠶᠢ ᠠᠬᠢᠭᠤᠯᠤᠭᠠᠳ᠂ ᠰᠢᠨ᠎ᠡ ᠪᠠᠶᠢᠳᠠᠯ ᠤᠨ ᠳᠣᠤᠷ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠢ ᠠᠮᠵᠢᠯᠲᠠ ᠲᠠᠢ ᠪᠠᠷ ᠪᠠᠷᠢᠮᠲᠠᠯᠠᠨ ᠬᠥᠭᠵᠢᠭᠦᠯᠪᠡ᠃ | ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ ᠶᠢᠨ ᠲᠥᠯᠥᠭᠡ᠂ ᠨᠠᠮ ᠠᠴᠠ ᠮᠠᠷᠺᠰ ᠤᠨ ᠦᠵᠡᠯ ᠤᠨ ᠦᠵᠡᠯ | ᠰᠠᠨᠠᠭᠠᠨ ᠤ ᠱᠤᠭᠤᠮ᠂ ᠤᠯᠤᠰ ᠲᠦᠷᠦ ᠶᠢᠨ ᠱᠤᠭᠤᠮ᠂ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠡᠬᠢᠠ ᠲᠣᠭᠲᠠᠭᠠᠵᠤ᠂ | ︽ᠬᠤᠶᠠᠷ ᠪᠦᠬᠦᠠ︾ ᠤ ᠪᠤᠷᠤᠭᠤ ᠴᠢᠭᠯᠡᠯᠲᠡ ᠶᠢ ᠲᠦᠢᠯᠪᠤᠷᠢᠲᠠᠶ ᠦᠭᠡᠶᠢᠰᠭᠡᠵᠦ᠂ ᠮᠠᠤ ᠽᠧ ᠳ᠋ᠦᠩ ᠨᠥᠬᠦᠷ ᠤᠨ ᠲᠡᠦᠬᠡᠨ | ᠪᠠᠶᠢᠷᠢ ᠰᠠᠭᠤᠷᠢ ᠪᠠ ᠮᠠᠤ ᠽᠧ ᠳ᠋ᠦᠩ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ ᠢ ᠵᠥᠪ ᠢᠶᠠᠷ ᠦᠨᠡᠯᠡᠪᠡ | ᠃ ᠨᠠᠮ ᠠᠴᠠ ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠪᠣᠯ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠪᠣᠳᠠᠰ ᠤᠨ ᠪᠠ ᠰᠣᠶᠣᠯ ᠤᠨ ᠬᠡᠷᠡᠭᠴᠡᠭᠡ ᠬᠢᠭᠡᠳ ᠬᠤᠴᠣᠷᠤᠩᠭᠤᠶ ᠨᠡᠶᠢᠭᠡᠮ ᠤᠨ ᠦᠢᠯᠡᠳᠪᠦᠷᠢᠯᠡᠯ ᠤᠨ | ᠬᠤᠭᠤᠷᠣᠨᠳᠣᠬᠢ ᠵᠥᠷᠢᠴᠡᠯ ᠮᠥᠨ᠂ ᠡᠨᠡ ᠬᠦ ᠭᠤᠤᠯ ᠵᠥᠷᠢᠴᠡᠯ ᠢ ᠰᠢᠢᠳᠪᠦᠷᠢᠯᠡᠬᠦ ᠪᠣᠯ ᠮᠠᠨ ᠤ ᠭᠤᠤᠯ ᠡᠭᠦᠷᠭᠡ ᠮᠥᠨ | ᠭᠡᠵᠦ ᠲᠣᠳᠣᠷᠬᠠᠶ ᠲᠣᠭᠲᠠᠭᠠᠨ᠂ ᠴᠢᠨᠡᠭᠡᠯᠢᠭ ᠨᠡᠶᠢᠭᠡᠮ ᠤᠨ ᠬᠠᠷᠠᠯᠲᠠ ᠶᠢ ᠳᠤᠷᠠᠳᠤᠨ ᠭᠠᠷᠭᠠᠪᠠ᠃ ᠨᠠᠮ ᠠᠴᠠ ᠡᠯ᠎ᠡ | ᠲᠠᠯ᠎ᠠ ᠶᠢᠨ ᠠᠵᠢᠯ ᠤᠨ ᠳᠤᠮᠳᠠ ᠠᠯᠢ ᠤᠯᠠᠨ ᠵᠥᠪ ᠲᠦᠷᠦ ᠶᠢᠨ ᠪᠤᠳᠤᠯᠭ᠎ᠠ ᠶᠢ ᠰᠡᠷᠭᠦᠭᠡᠭᠰᠡᠨ ᠪᠠ ᠲᠣᠭᠲᠠᠭᠠᠵᠤ᠂ ᠤᠯᠤᠰ | ᠠᠷᠠᠳ ᠤᠨ ᠠᠵᠤ ᠠᠬᠤᠶ ᠳᠤ ᠲᠣᠬᠢᠷᠠᠭᠤᠯᠤᠯᠳᠠ ᠬᠢᠪᠠ᠃ ᠨᠠᠮ ᠤᠳᠤᠷᠢᠳᠴᠤ ᠪᠠᠶᠢᠭᠠᠳ ᠦᠵᠡᠯ ᠰᠠᠨᠠᠭ᠎ᠠ᠂ ᠤᠯᠤᠰ | ᠲᠦᠷᠦ᠂ ᠵᠣᠬᠢᠶᠠᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠰᠠᠮᠠᠭᠤᠷᠠᠯ ᠢ ᠵᠠᠰᠠᠨ ᠵᠦᠭᠰᠢᠷᠡᠭᠦᠯᠬᠦ ᠠᠵᠢᠯ ᠢ ᠪᠦᠬᠦ ᠲᠠᠯ᠎ᠠ ᠪᠠᠷ | ᠥᠷᠨᠢᠭᠦᠯᠵᠦ᠂ ᠬᠢᠯᠢᠰ ᠬᠤᠳᠠᠯ ᠪᠤᠷᠤᠭᠤ ᠬᠡᠷᠡᠭ ᠢ ᠶᠡᠭᠡ ᠬᠡᠪᠴᠢᠶ᠎ᠡ ᠪᠠᠷ ᠴᠠᠭᠠᠳᠬᠠᠬᠰᠠᠨ ᠪᠠ ᠨᠡᠶᠢᠭᠡᠮ ᠤᠨ ᠬᠠᠷᠢᠴᠠᠭ᠎ᠠ ᠶᠢ | ᠲᠣᠬᠢᠷᠠᠭᠤᠯᠪᠠ᠃ ᠨᠠᠮ ᠠᠴᠠ ︽ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠨᠠᠮ ᠤᠨ ᠲᠡᠦᠬᠡ ᠶᠢᠨ | ᠠᠰᠠᠭᠤᠳᠠᠯ ᠤᠳ ᠤᠨ ᠲᠤᠬᠠᠶ ᠰᠢᠢᠳᠪᠦᠷᠢ︾ ᠶᠢ ᠲᠣᠭᠲᠠᠭᠠᠭᠰᠠᠨ ᠨᠢ ᠨᠠᠮ ᠤᠨ ᠵᠢᠯᠣᠭᠤᠳᠬᠤ ᠦᠵᠡᠯ ᠰᠠᠨᠠᠭᠠᠨ ᠤ | ᠲᠠᠯ᠎ᠠ ᠪᠠᠷ ᠬᠢ ᠰᠠᠮᠠᠭᠤᠷᠠᠯ ᠢ ᠵᠠᠰᠠᠨ ᠵᠦᠭᠰᠢᠷᠡᠭᠦᠯᠬᠦ ᠠᠵᠢᠯ ᠢᠯᠠᠯᠲᠠ ᠲᠠᠢ ᠪᠠᠷ ᠪᠡᠶᠡᠯᠡᠭᠳᠡᠭᠰᠡᠨ ᠢ ᠬᠠᠷᠠᠭᠤᠯᠵᠤ ᠪᠠᠶᠢᠨ᠎ᠠ᠃ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ | ᠪᠠᠶᠢᠳᠠᠯ ᠢ ᠡᠭᠦᠳᠦᠨ ᠨᠡᠭᠡᠭᠡᠬᠦ ᠳᠤ ᠡᠷᠬᠡᠪᠰᠢ ᠤᠨᠤᠯ ᠤᠨ ᠰᠢᠨ᠎ᠡ ᠡᠭᠦᠳᠦᠯᠲᠡ ᠪᠠᠷ ᠠᠵᠢᠯ ᠦᠢᠯᠡᠰ ᠤᠨ ᠬᠥᠭᠵᠢᠯᠲᠡ ᠶᠢ | ᠬᠥᠲᠥᠯᠥᠨ ᠳᠠᠭᠠᠭᠤᠯᠬᠤ ᠬᠡᠷᠡᠭᠲᠡᠶ ᠭᠡᠳᠡᠭ ᠢ ᠨᠠᠮ ᠭᠦᠨᠵᠡᠭᠡᠶ ᠲᠠᠨᠢᠵᠤ ᠤᠯᠪᠠ᠃ ᠨᠢᠭᠡ ᠨᠡᠮ ᠨᠢᠭᠡ ᠤᠯᠦᠰ ᠨᠢᠭᠡ | ᠤᠢᠡᠳᠦᠰᠦᠳᠡᠠ ᠠᠯᠢᠪᠡ ᠪᠦᠬᠦᠠ ᠳᠤ ᠲᠡᠪᠳᠡᠷ ᠤᠨ ᠦᠵᠡᠯ ᠢ ᠤᠢᠡᠳᠦᠰᠦᠯᠡᠵᠦ᠂ ᠤᠢᠵᠡᠯ ᠰᠡᠨᠠᠭ᠎ᠠ ᠨᠢ ᠬᠦᠰᠢᠬᠦᠷᠡᠵᠦ᠂ | ᠮᠤᠬᠤᠷ ᠪᠢᠰᠢᠷᠡᠯ ᠢ ᠲᠡᠯᠭᠡᠷᠡᠬᠦᠯᠬᠦ ᠳᠤ ᠬᠦᠷᠪᠡᠯ ᠲᠡᠪᠰᠢᠵᠦ ᠴᠢᠳᠡᠬᠤ ᠤᠢᠭᠡᠢ ᠪᠤᠯᠵᠦ᠂ ᠠᠮᠢᠵᠢᠷᠠᠯ ᠤᠨ ᠬᠦᠴᠦᠠ ᠤᠢᠭᠡᠢ | ᠪᠤᠯᠵᠦ᠂ ᠨᠡᠮ ᠪᠡ ᠲᠦᠷᠦ ᠮᠦᠬᠦᠬᠦ ᠳᠤ ᠬᠦᠷᠦᠨ᠎ᠡ ᠭᠡᠵᠦ ᠳ᠋ᠧᠩ ᠰᠢᠶᠤᠤ ᠫᠢᠩ ᠨᠥᠬᠦᠷ ᠵᠢᠭᠠᠵᠤ ᠭᠠᠷᠭᠠᠪᠠ᠃ ᠨᠠᠮ ᠠᠴᠠ | ᠦᠨᠡᠨ ᠶᠣᠰᠣᠨ ᠤ ᠪᠠᠷᠢᠮᠵᠢᠶ᠎ᠠ ᠶᠢᠨ ᠠᠰᠠᠭᠤᠳᠠᠯ ᠤᠨ ᠲᠤᠬᠠᠢ ᠶᠡᠭᠡ ᠶᠠᠷᠢᠯᠴᠠᠭ᠎ᠠ ᠥᠷᠨᠢᠭᠦᠯᠬᠦ ᠶᠢ ᠤᠳᠤᠷᠢᠳᠤᠨ ᠳᠠᠮᠵᠢᠵᠤ᠂ | ᠰᠢᠨ᠎ᠡ ᠦᠢᠯᠡᠳᠦᠯᠭᠡ ᠪᠣᠯᠤᠨ ᠴᠠᠭ ᠦᠶ᠎ᠡ ᠶᠢᠨ ᠣᠨᠴᠠᠯᠢᠭ ᠠᠴᠠ ᠡᠭᠦᠰᠦᠨ ᠮᠠᠷᠺᠰ ᠤᠨ ᠦᠵᠡᠯ ᠢ ᠪᠠᠷᠢᠮᠲᠠᠯᠠᠨ | ᠬᠥᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠬᠥᠭᠵᠢᠯᠲᠡ ᠶᠢᠨ | ᠵᠠᠮ᠂ ᠬᠥᠭᠵᠢᠯᠲᠡ ᠶᠢᠨ ᠱᠠᠲᠤ᠂ ᠦᠨᠳᠦᠰᠦᠨ ᠡᠭᠦᠷᠭᠡ᠂ ᠬᠥᠭᠵᠢᠯᠲᠡ ᠶᠢᠨ ᠬᠥᠳᠡᠯᠭᠡᠭᠴᠢ ᠬᠦᠴᠦᠨ᠂ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ᠂ ᠤᠯᠤᠰ ᠲᠥᠷᠥ ᠶᠢᠨ ᠪᠠᠲᠤᠯᠠᠭ᠎ᠠ᠂ ᠡᠬᠡ ᠤᠯᠤᠰ ᠤᠨ ᠨᠢᠭᠡᠳᠦᠯ᠂ ᠭᠠᠳᠠᠭᠠᠳᠤ ᠬᠠᠷᠢᠯᠴᠠᠭ᠎ᠠ | ᠪᠣᠯᠤᠨ ᠤᠯᠤᠰ ᠤᠨ ᠬᠤᠭᠤᠷᠤᠨᠳᠤᠬᠢ ᠪᠠᠶᠢᠯᠳᠤᠬᠤ ᠪᠣᠳᠣᠯᠭ᠎ᠠ᠂ ᠤᠳᠤᠷᠢᠳᠬᠤ ᠬᠦᠴᠦᠨ ᠪᠣᠯᠤᠨ ᠲᠦᠰᠢᠭᠯᠡᠬᠦ ᠬᠦᠴᠦᠨ | ᠵᠡᠷᠭᠡ ᠠᠯᠢ ᠤᠯᠠᠨ ᠦᠨᠳᠦᠰᠦᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠤᠭᠠᠳ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠢ ᠪᠤᠢ ᠪᠣᠯᠭᠠᠵᠤ᠂ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠬᠰᠠᠨ ᠰᠢᠨ᠎ᠡ ᠦᠰᠦᠷᠦᠯᠲᠡ ᠶᠢ ᠪᠡᠶᠡᠯᠡᠭᠦᠯᠪᠡ᠃ | ᠨᠠᠮ ᠤᠨ ᠠᠷᠪᠠᠨ ᠬᠤᠶᠠᠳᠤᠭᠠᠷ ᠶᠡᠭᠡ ᠬᠤᠷᠠᠯ᠂ ᠠᠷᠪᠠᠨ ᠭᠤᠷᠪᠠᠳᠤᠭᠠᠷ ᠶᠡᠭᠡ ᠬᠤᠷᠠᠯ᠂ ᠠᠷᠪᠠᠨ ᠳᠥᠷᠪᠡᠳᠦᠭᠡᠷ | ᠶᠡᠭᠡ ᠬᠤᠷᠠᠯ᠂ ᠠᠷᠪᠠᠨ ᠲᠠᠪᠤᠳᠤᠭᠠᠷ ᠶᠡᠭᠡ ᠬᠤᠷᠠᠯ᠂ ᠠᠷᠪᠠᠨ ᠵᠢᠷᠭᠤᠳᠤᠭᠠᠷ ᠶᠡᠭᠡ ᠬᠤᠷᠠᠯ᠂ ᠠᠷᠪᠠᠨ ᠳᠣᠯᠣᠳᠤᠭᠠᠷ ᠶᠡᠭᠡ | ᠬᠤᠷᠠᠯ ᠠᠴᠠ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠦᠨᠳᠦᠰᠦᠯᠡᠨ᠂ | ᠮᠠᠨ ᠤ ᠤᠯᠤᠰ ᠤᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠠᠴᠠ ᠡᠭᠦᠰᠴᠦ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ | ᠵᠢᠷᠤᠮ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠪᠦᠬᠦ ᠲᠠᠯ᠎ᠠ ᠶᠢᠨ ᠪᠠᠶᠢᠷᠢᠯᠠᠭᠤᠯᠤᠯᠲᠠ | ᠬᠢᠬᠦ ᠶᠢ ᠲᠤᠭᠤᠰᠢᠯᠠᠭᠤᠯᠤᠭᠰᠠᠭᠠᠷ ᠢᠷᠡᠭᠰᠡᠨ ᠪᠥᠭᠡᠳ ᠲᠥᠪ ᠬᠤᠷᠢᠶᠠᠨ ᠤ ᠪᠥᠬᠦᠳᠡ ᠬᠤᠷᠠᠯ ᠢ ᠤᠯᠠᠨᠳᠠ ᠬᠤᠷᠠᠯᠳᠤᠭᠤᠯᠵᠤ | ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠴᠢᠬᠤᠯᠠ ᠶᠡᠭᠡ ᠠᠵᠢᠯ ᠢ ᠲᠤᠰᠬᠠᠶ ᠰᠡᠳᠦᠪ ᠢᠶᠠᠷ ᠰᠤᠳᠤᠯᠤᠨ | ᠪᠠᠶᠢᠷᠢᠯᠠᠭᠤᠯᠪᠠ᠃ ᠮᠠᠨ ᠤ ᠤᠯᠤᠰ ᠤᠨ ᠥᠭᠡᠷᠡᠴᠢᠯᠡᠯᠲᠡ ᠬᠥᠳᠡᠭᠡ ᠲᠣᠰᠬᠤᠨ ᠳᠤ ᠬᠤᠷᠢᠶᠠᠯᠲᠠ ᠲᠠᠢ ᠨᠢ | ᠬᠤᠯᠪᠣᠭᠳᠠᠭᠤᠯᠤᠨ ᠡᠷᠦᠬᠡ ᠳᠤ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠪᠠᠷ ᠲᠦᠷᠦᠬᠦᠯᠡᠬᠦᠯᠦᠨ | ᠰᠢᠪᠲᠤᠯᠤᠯᠲᠠ ᠭᠠᠷᠭᠠᠵᠤ᠂ ᠬᠤᠲᠠ ᠶᠢᠨ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠳᠤ ᠠᠯᠬᠤᠮ ᠠᠯᠬᠤᠮ ᠢᠶᠠᠷ | ᠰᠢᠯᠵᠢᠭᠰᠡᠨ ᠪᠦᠭᠡᠳ ᠲᠡᠭᠦᠨ ᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠶ ᠶᠢᠨ ᠥᠭᠡᠷᠡᠴᠢᠯᠡᠯᠲᠡ ᠶᠢᠨ ᠴᠢᠭᠯᠡᠯ ᠢ ᠲᠣᠭᠲᠠᠭᠠᠨ᠂ ᠡᠬᠢ ᠪᠠᠶᠠᠯᠢᠭ ᠤᠨ ᠲᠣᠬᠢᠷᠠᠭᠤᠯᠤᠯᠲᠠ ᠳᠤ ᠦᠵᠡᠭᠦᠯᠬᠦ ᠵᠠᠬ᠎ᠠ | ᠳᠡᠯᠭᠡᠭᠦᠷ ᠤᠨ ᠰᠠᠭᠤᠷᠢᠯᠠᠬᠤ ᠴᠢᠨᠠᠷᠲᠠᠶ ᠦᠢᠯᠡᠳᠦᠯ ᠢ ᠨᠡᠩ ᠶᠡᠭᠡ ᠬᠡᠮᠵᠢᠶ᠎ᠡ ᠨᠡᠩ ᠥᠷᠭᠡᠨ ᠬᠡᠪᠴᠢᠶ᠎ᠡ ᠪᠠᠷ ᠪᠠᠳᠠᠷᠠᠭᠤᠯᠵᠤ᠂ | ᠦᠨᠳᠦᠰᠦᠨ ᠠᠵᠤ ᠠᠬᠤᠶ ᠶᠢᠨ ᠪᠠᠶᠢᠭᠤᠯᠤᠯ ᠪᠠ ᠬᠤᠪᠢᠶᠠᠷᠢᠯᠠᠯᠲᠠ ᠶᠢᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠪᠡ᠃ | ᠨᠠᠮ ᠠᠴᠠ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠡᠷᠡᠰ ᠠᠬᠢᠭᠤᠯᠬᠤ ᠶᠢᠨ ᠬᠠᠮᠲᠤ ᠤᠯᠤᠰ ᠲᠥᠷᠥ᠂ | ᠰᠣᠶᠣᠯ᠂ ᠨᠡᠶᠢᠭᠡᠮ ᠵᠡᠷᠭᠡ ᠡᠯ᠎ᠡ ᠬᠦᠷᠢᠶᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠬᠢᠵᠦ᠂ ᠨᠠᠮ ᠤᠨ ᠪᠠᠶᠢᠭᠤᠯᠤᠯᠲᠠ ᠶᠢᠨ | ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠣᠳᠣ ᠦᠶ᠎ᠡ ᠶᠢᠨ ᠳᠤᠮᠳᠠᠳᠤ ᠤᠯᠤᠰ ᠤᠨ ᠪᠠᠶᠢᠳᠠᠯ ᠳᠤ ᠨᠡᠶᠢᠴᠡᠭᠰᠡᠨ᠂ | ᠠᠮᠢᠵᠢᠷᠠᠯ ᠤᠨ ᠬᠦᠴᠦᠨ ᠪᠠ ᠠᠮᠢᠳᠤᠯᠢᠭ ᠬᠦᠴᠦᠨ ᠢᠶᠠᠷ ᠪᠢᠯᠬᠠᠭᠰᠠᠨ ᠪᠠᠶᠢᠭᠤᠯᠤᠯ ᠲᠣᠭᠲᠠᠴᠠ ᠶᠢ ᠲᠠᠰᠤᠷᠠᠯᠲᠠ ᠤᠢᠭᠡᠢ | ᠪᠦᠷᠢᠯᠳᠦᠭᠦᠯᠦᠨ ᠬᠥᠭᠵᠢᠭᠦᠯᠪᠡ᠃ ᠨᠠᠮ ᠠᠴᠠ ᠭᠠᠳᠠᠭᠰᠢ ᠨᠡᠭᠡᠭᠡᠯᠲᠡ ᠬᠢᠬᠦ ᠶᠢ ᠤᠯᠤᠰ ᠤᠨ ᠦᠨᠳᠦᠰᠦᠨ ᠪᠣᠳᠣᠯᠭ᠎ᠠ | ᠪᠣᠯᠭᠠᠨ ᠲᠣᠭᠲᠠᠭᠠᠵᠤ᠂ ᠱᠧᠨᠵᠧᠨ ᠵᠡᠷᠭᠡ ᠠᠵᠤ ᠠᠬᠤᠶ ᠶᠢᠨ ᠣᠨᠴᠠᠭᠠᠶ ᠣᠷᠣᠨ ᠢ ᠡᠷᠬᠢᠯᠡᠬᠦ᠂ ᠫᠦᠳᠦ᠋ᠩ ᠢ ᠨᠡᠭᠡᠭᠡᠨ | ᠬᠥᠭᠵᠢᠭᠦᠯᠬᠦ ᠪᠠ ᠨᠡᠭᠡᠭᠡᠬᠦ᠂ ᠳᠠᠯᠠᠶ ᠳᠠᠭᠠᠤ ᠬᠢᠯᠢ ᠳᠠᠭᠠᠤ ᠮᠥᠷᠡᠨ ᠳᠠᠭᠠᠤ ᠵᠠᠮ ᠳᠠᠭᠠᠤ ᠣᠷᠣᠨ ᠪᠣᠯᠤᠨ ᠳᠣᠲᠣᠭᠠᠳᠤ | ᠬᠠᠭᠤᠷᠠᠶ ᠶᠢᠨ ᠲᠥᠪ ᠬᠤᠲᠠ ᠶᠢᠨ ᠭᠠᠳᠠᠭᠰᠢ ᠨᠡᠭᠡᠭᠡᠯᠲᠡ ᠬᠢᠬᠦ ᠶᠢ ᠠᠬᠢᠭᠤᠯᠬᠤ ᠠᠴᠠ ᠠᠪᠤᠭᠠᠳ ᠳᠡᠯᠡᠬᠡᠶ ᠶᠢᠨ | ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠬᠦᠷᠲᠡᠯ᠎ᠡ᠂ ︽ᠣᠷᠣᠭᠤᠯᠵᠤ ᠠᠪᠴᠢᠷᠠᠬᠤ︾ ᠠᠴᠠ ︽ᠭᠠᠳᠠᠭᠰᠢ | ᠭᠠᠷᠬᠤ︾ ᠬᠦᠷᠲᠡᠯ᠎ᠡ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ | ᠡᠬᠢ ᠪᠠᠶᠠᠯᠢᠭ ᠢ ᠭᠦᠢᠴᠡᠳ ᠠᠰᠢᠭᠯᠠᠪᠠ᠃ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠠᠬᠢᠭᠤᠯᠬᠤ ᠪᠠᠷ ᠳᠠᠮᠵᠢᠭᠠᠳ᠂ | ᠮᠠᠨ ᠤ ᠤᠯᠤᠰ ᠳᠡᠭᠡᠳᠦ ᠬᠡᠮᠵᠢᠶ᠎ᠡ ᠪᠠᠷ ᠲᠥᠪᠯᠡᠷᠡᠭᠦᠯᠦᠭᠰᠡᠨ ᠲᠥᠯᠥᠪᠯᠡᠭᠡᠲᠦ ᠠᠵᠤ ᠠᠬᠤᠢ ᠶᠢᠨ ᠪᠠᠶᠢᠭᠤᠯᠤᠯ ᠠᠴᠠ | ᠠᠮᠢᠳᠤᠯᠢᠬ ᠬᠦᠴᠦᠨ ᠢᠶᠠᠷ ᠪᠢᠯᠬᠠᠬᠰᠠᠨ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠳᠤ | ᠰᠢᠯᠵᠢᠭᠰᠡᠨ᠂ ᠲᠦᠭᠵᠢᠮᠡᠯ ᠪᠠ ᠬᠠᠭᠠᠰ ᠲᠦᠭᠵᠢᠮᠡᠯ ᠪᠠᠶᠢᠳᠠᠯ ᠠᠴᠠ ᠪᠠᠨ ᠪᠦᠬᠦ ᠲᠠᠯ᠎ᠠ ᠪᠠᠷ ᠨᠡᠭᠡᠭᠡᠯᠲᠡ ᠬᠢᠭᠰᠡᠨ ᠲᠡᠦᠬᠡᠲᠦ | ᠴᠢᠨᠠᠷᠲᠠᠢ ᠬᠤᠪᠢᠷᠠᠯᠲᠠ ᠶᠢ ᠪᠡᠶᠡᠯᠡᠭᠦᠯᠪᠠ᠃ | ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠲᠦᠷᠭᠡᠯᠡᠨ ᠠᠬᠢᠭᠤᠯᠬᠤ ᠶᠢᠨ ᠲᠥᠯᠥᠭᠡ᠂ ᠨᠠᠮ ᠠᠴᠠ ᠠᠷᠠᠳ | ᠲᠦᠮᠡᠨ ᠢ ᠤᠳᠤᠷᠢᠳᠤᠨ ᠠᠵᠤ ᠠᠬᠤᠶ ᠶᠢᠨ ᠪᠦᠳᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ | ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ ᠬᠢᠵᠦ᠂ ᠠᠯᠢ ᠤᠯᠠᠨ ᠴᠢᠬᠤᠯᠠ ᠶᠡᠭᠡ ᠠᠮᠵᠢᠯᠲᠠ ᠪᠦᠲᠦᠮᠵᠢ | ᠤᠯᠪᠠ᠃ ᠨᠠᠮ ᠠᠴᠠ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ | ᠬᠥᠭᠵᠢᠬᠦᠯᠬᠦ ᠪᠣᠯ ᠬᠠᠲᠠᠭᠤ ᠶᠣᠰᠣ ᠮᠥᠨ ᠭᠡᠳᠡᠭ ᠢ ᠪᠠᠷᠢᠮᠳᠠᠯᠠᠨ᠂ ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ | ᠦᠢᠯᠡᠳᠪᠦᠷᠢᠯᠡᠯ ᠤᠨ ᠬᠦᠴᠦᠨ ᠮᠥᠨ ᠭᠡᠵᠦ ᠲᠤᠷᠠᠳᠤᠨ ᠭᠠᠷᠭᠠᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ | ᠤᠯᠤᠰ ᠢᠶᠠᠨ ᠮᠠᠨᠳᠤᠭᠤᠯᠬᠤ᠂ ᠦᠷᠭᠦᠯᠵᠢᠯᠡᠬᠦ ᠬᠥᠭᠵᠢᠯᠲᠡ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠵᠡᠷᠭᠡ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ ᠶᠢ ᠠᠬᠢᠭᠤᠯᠵᠤ᠂ ᠵᠡᠭᠦᠨ ᠬᠤᠶᠢᠲᠤ ᠣᠷᠣᠨ ᠵᠡᠷᠭᠡ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ | ᠬᠥᠭᠵᠢᠭᠦᠯᠦᠨ ᠮᠠᠨᠳᠤᠭᠤᠯᠵᠤ᠂ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠨ ᠮᠠᠨᠳᠤᠬᠤ ᠶᠢ ᠠᠬᠢᠭᠤᠯᠤᠨ᠂ ᠵᠡᠭᠦᠨ | ᠬᠡᠰᠡᠭ ᠤᠨ ᠭᠠᠵᠠᠷ ᠣᠷᠣᠨ ᠤ ᠤᠷᠢᠳ ᠢᠶᠠᠷ ᠬᠥᠭᠵᠢᠬᠦ ᠶᠢ ᠳᠠᠮᠵᠢᠵᠤ᠂ ᠬᠤᠲᠠ ᠬᠥᠳᠡᠭᠡ᠂ ᠣᠷᠣᠨ ᠪᠦᠰᠡ ᠶᠢᠨ | ᠵᠣᠬᠢᠴᠠᠩᠭᠤᠶ ᠬᠥᠭᠵᠢᠯᠲᠡ ᠶᠢ ᠠᠬᠢᠭᠤᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠠ | ᠬᠥᠭᠵᠢᠯᠲᠡ ᠶᠢ ᠠᠬᠢᠭᠤᠯᠤᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢ ᠬᠥᠭᠵᠢᠭᠦᠯᠬᠦ ᠶᠢ ᠵᠣᠷᠢᠬᠵᠢᠭᠤᠯᠤᠨ | ᠳᠡᠮᠵᠢᠵᠦ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠬ ᠢ ᠲᠦᠷᠭᠡᠯᠡᠨ ᠬᠤᠪᠢᠷᠠᠭᠤᠯᠵᠦ᠂ ᠠᠮᠢ ᠠᠬᠤᠶ ᠶᠢᠨ | ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠠᠵᠤ ᠠᠬᠤᠶ ᠶᠢᠨ ᠦᠷᠭᠦᠯᠵᠢᠯᠡᠨ ᠲᠦᠷᠭᠡᠨ ᠬᠥᠭᠵᠢᠬᠦ ᠶᠢ | ᠠᠬᠢᠭᠤᠯᠤᠬᠰᠠᠨ ᠢᠶᠠᠷ ᠤᠯᠤᠰ ᠤᠨ ᠶᠡᠷᠦᠩᠬᠡᠶ ᠬᠦᠴᠦᠨ ᠶᠡᠭᠡ ᠪᠠᠷ ᠳᠡᠭᠡᠭᠰᠢᠯᠡᠪᠡ᠃ ᠨᠠᠮ ᠠᠴᠠ ᠨᠠᠮ ᠤᠨ ᠤᠳᠤᠷᠢᠳᠤᠯᠭ᠎ᠠ᠂ | ᠠᠷᠠᠳ ᠲᠦᠮᠡᠨ ᠡᠵᠡᠨ ᠰᠠᠭᠤᠵᠦ ᠡᠷᠬᠡ ᠮᠡᠳᠡᠬᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ | ᠨᠢᠭᠡᠳᠦᠭᠦᠯᠬᠦ ᠶᠢ ᠪᠠᠷᠢᠮᠲᠠᠯᠠᠵᠦ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢ ᠬᠥᠭᠵᠢᠭᠦᠯᠦᠨ᠂ ᠨᠡᠶᠢᠭᠡᠮ | ᠵᠢᠷᠤᠮ ᠤᠨ ᠤᠯᠤᠰ ᠲᠥᠷᠥ ᠶᠢᠨ ᠪᠣᠯᠪᠠᠰᠤᠨ ᠢ ᠪᠠᠶᠢᠭᠤᠯᠵᠤ᠂ ᠤᠯᠤᠰ ᠲᠥᠷᠥ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠢᠳᠡᠪᠬᠢᠲᠡᠶ ᠪᠦᠭᠡᠳ ᠯᠠᠪᠳᠠᠭᠤᠨ ᠢᠶᠠᠷ ᠠᠬᠢᠭᠤᠯᠤᠨ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠪᠣᠯᠤᠨ ᠶᠣᠰᠣ | ᠰᠤᠷᠲᠠᠬᠤᠨ ᠢᠶᠠᠷ ᠤᠯᠤᠰ ᠢᠶᠠᠨ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠢᠨ᠎ᠡ ᠦᠨᠳᠦᠰᠦᠨ ᠬᠠᠤᠯᠢ ᠶᠢ | ᠲᠣᠭᠲᠠᠭᠠᠨ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠪᠦᠷᠢᠯᠳᠦᠭᠦᠯᠦᠨ᠂ ᠬᠥᠮᠦᠨ ᠤ ᠡᠷᠬᠡ ᠶᠢ | ᠬᠦᠨᠳᠦᠳᠭᠡᠨ ᠪᠠᠲᠤᠯᠠᠵᠤ᠂ ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ | ᠬᠥᠭᠵᠢᠭᠦᠯᠪᠡ᠃ ᠨᠠᠮ ᠠᠴᠠ ᠬᠦᠰᠡᠯᠡᠩ ᠪᠠ ᠢᠲᠡᠭᠡᠯ ᠵᠣᠷᠢᠭ ᠤᠨ ᠬᠥᠮᠦᠵᠢᠯ ᠢ ᠴᠢᠩᠭᠠᠳᠬᠠᠨ᠂ ᠨᠡᠶᠢᠭᠡᠮ ᠵᠢᠷᠤᠮ ᠤᠨ | ᠭᠤᠣᠯᠯᠠᠬᠤ ᠥᠷᠲᠡᠭ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠢ | ᠪᠠᠶᠢᠭᠤᠯᠤᠨ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠶᠡᠭᠡ | ᠬᠥᠭᠵᠢᠯᠳᠡ ᠶᠡᠭᠡ ᠴᠡᠴᠡᠭᠯᠡᠯᠲᠡ ᠶᠢ ᠠᠬᠢᠭᠤᠯᠪᠠ᠃ ᠨᠠᠮ ᠠᠴᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ | ᠭᠤᠣᠯᠳᠠᠯᠭ᠎ᠠ ᠪᠣᠯᠭᠠᠭᠰᠠᠨ ᠨᠡᠶᠢᠭᠡᠮ ᠤᠨ ᠪᠠᠶᠢᠭᠤᠯᠤᠯᠲᠠ ᠶᠢ ᠲᠦᠷᠭᠡᠯᠡᠨ ᠠᠬᠢᠭᠤᠯᠵᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠤᠨ᠂ ᠲᠠᠷᠢᠶᠠᠯᠠᠩ ᠤᠨ ᠭᠠᠶᠢᠯᠢ ᠶᠢ ᠬᠦᠴᠦᠨ ᠦᠭᠡᠢ ᠪᠣᠯᠭᠠᠵᠤ᠂ ᠰᠤᠷᠤᠯᠴᠠᠬᠤ ᠠᠴᠠ ᠰᠤᠷᠭᠠᠨ | ᠬᠦᠮᠦᠵᠢᠯ ᠲᠠᠢ᠂ ᠬᠦᠳᠡᠯᠮᠦᠷᠢᠯᠡᠪᠡᠯ ᠤᠯᠬᠤ ᠤᠷᠤᠯᠭ᠎ᠠ ᠲᠠᠢ᠂ ᠡᠪᠡᠳᠴᠢᠯᠡᠪᠡᠯ ᠦᠵᠡᠬᠦᠯᠬᠦ ᠡᠮᠨᠡᠯᠭᠡ ᠲᠠᠢ᠂ ᠦᠳᠡᠯᠪᠡᠯ | ᠬᠦᠷᠳᠡᠬᠦ ᠠᠰᠠᠷᠠᠮᠵᠢ ᠲᠠᠢ᠂ ᠰᠠᠭᠤᠬᠤ ᠠᠴᠠ ᠤᠷᠤᠨ ᠰᠠᠭᠤᠴᠠ ᠲᠠᠢ ᠪᠠᠶᠢᠬᠤ ᠶᠢ ᠲᠠᠰᠤᠷᠠᠯᠲᠠ ᠦᠭᠡᠢ ᠠᠬᠢᠭᠤᠯᠵᠤ᠂ | ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠠᠬᠢᠭᠤᠯᠪᠠ᠃ ᠨᠠᠮ ᠠᠴᠠ ᠬᠦᠴᠦᠷᠬᠡᠭ ᠶᠡᠭᠡ ᠣᠳᠣᠬᠢᠴᠢᠯᠠᠭᠰᠠᠨ | ᠵᠢᠩᠬᠢᠨᠢᠴᠢᠯᠡᠭᠰᠡᠨ ᠬᠤᠪᠢᠰᠬᠠᠯᠲᠤ ᠴᠡᠷᠢᠭ ᠠᠩᠭᠢ ᠶᠢ ᠪᠠᠶᠢᠭᠤᠯᠬᠤ ᠶᠡᠷᠦᠩᠬᠡᠶ ᠬᠠᠷᠠᠯᠲᠠ ᠶᠢ ᠳᠤᠷᠠᠳᠴᠤ᠂ ᠴᠡᠷᠢᠭ ᠲᠠᠶᠢᠨ ᠤ | ᠲᠡᠮᠡᠴᠡᠯ ᠤᠨ ᠪᠡᠯᠡᠳᠭᠡᠯ ᠤᠨ ᠰᠠᠭᠤᠷᠢ ᠴᠡᠭ ᠢ ᠮᠡᠳᠡᠭᠡ ᠵᠠᠩᠭᠢᠵᠢᠯᠲᠠ ᠶᠢᠨ ᠨᠥᠬᠦᠴᠡᠯ ᠳᠣᠤᠷᠠᠬᠢ ᠬᠡᠰᠡᠭ ᠲᠠᠯ᠎ᠠ ᠶᠢᠨ | ᠳᠠᠶᠢᠨ ᠤ ᠢᠯᠠᠯᠲᠠ ᠶᠢ ᠣᠯᠬᠤ ᠳᠡᠭᠡᠷ᠎ᠡ ᠲᠠᠯᠪᠢᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠴᠡᠷᠢᠭ ᠤᠨ ᠶᠠᠪᠤᠳᠠᠯ ᠤᠨ | ᠬᠤᠪᠢᠰᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠴᠡᠷᠢᠭ ᠢ ᠰᠢᠯᠢᠳᠡᠭᠵᠢᠭᠦᠯᠬᠦ ᠵᠠᠮ ᠢᠶᠠᠷ ᠵᠠᠮᠨᠠᠪᠠ᠃ | | ᠤᠯᠠᠷᠢᠯᠳᠠ ᠬᠤᠪᠢᠷᠠᠯᠳᠠ ᠶᠡᠭᠡ ᠲᠠᠢ ᠳᠡᠯᠡᠬᠡᠶ ᠶᠢᠨ ᠪᠠᠶᠢᠳᠠᠯ ᠤᠨ ᠡᠮᠦᠨ᠎ᠡ᠂ ᠨᠠᠮ ᠠᠴᠠ ᠲᠦᠷᠪᠡᠨ ᠦᠨᠳᠦᠰᠦᠨ | ᠵᠠᠷᠴᠢᠮ ᠢ ᠭᠤᠶᠢᠪᠢᠰᠢ ᠦᠭᠡᠢ ᠪᠠᠷᠢᠮᠲᠠᠯᠠᠵᠤ᠂ ᠡᠯ᠎ᠡ ᠵᠦᠢᠯ ᠤᠨ ᠬᠠᠷᠰᠢ ᠰᠠᠭᠠᠳ ᠢ ᠡᠷᠡᠰ ᠠᠷᠢᠯᠭᠠᠨ᠂ ᠮᠠᠨ ᠤ ᠤᠯᠤᠰ ᠤᠨ | ᠥᠭᠡᠷᠡᠴᠢᠯᠡᠯᠲᠡ ᠬᠢᠬᠦ ᠬᠥᠭᠵᠢᠬᠦᠯᠬᠦ ᠲᠣᠭᠲᠠᠭᠤᠨ ᠪᠠᠶᠢᠯᠭᠠᠬᠤ ᠪᠦᠬᠦ ᠲᠠᠯ᠎ᠠ ᠳᠤ ᠬᠤᠯᠪᠣᠭᠳᠠᠭᠰᠠᠨ ᠠᠯᠢ ᠤᠯᠠᠨ ᠠᠶᠤᠯ | ᠲᠦᠭᠰᠢᠭᠦᠷᠢ ᠶᠢᠨ ᠰᠢᠯᠭᠠᠯᠲᠠ ᠶᠢ ᠯᠠᠪᠳᠠᠭᠤᠨ ᠢᠶᠠᠷ ᠠᠷᠭᠠᠴᠠᠪᠠ᠃ ᠬᠤᠷᠢᠳᠤᠭᠠᠷ ᠵᠠᠭᠤᠨ ᠤ ᠨᠠᠶᠠᠭᠠᠳ ᠣᠨ ᠤ ᠰᠡᠭᠦᠯᠴᠢ | ᠶᠡᠷᠡᠭᠡᠳ ᠣᠨ ᠤ ᠡᠬᠢ ᠪᠠᠷ᠂ ᠵᠦᠪᠯᠡᠯᠳᠦ ᠬᠤᠯᠪᠣᠭᠠᠲᠤ ᠤᠯᠤᠰ ᠵᠠᠳᠠᠷᠠᠵᠤ᠂ ᠵᠡᠭᠦᠨ ᠧᠦ᠋ᠷᠣᠫᠠ ᠳᠤ ᠰᠢᠷᠦᠭᠦᠨ | ᠬᠤᠪᠢᠰᠤᠯᠳᠠ ᠭᠠᠷᠪᠠ᠃ ᠳᠡᠯᠡᠬᠡᠶ ᠳᠡᠭᠡᠷᠡᠬᠢ ᠡᠪ ᠬᠠᠮᠲᠤ ᠨᠠᠮ ᠢ ᠡᠰᠡᠷᠭᠦᠴᠡᠬᠦ ᠨᠡᠶᠢᠭᠡᠮ ᠵᠢᠷᠤᠮ ᠢ ᠡᠰᠡᠷᠭᠦᠴᠡᠬᠦ | ᠳᠠᠶᠢᠰᠤᠩᠨᠠᠭᠴᠢ ᠬᠦᠴᠦᠨ ᠤ ᠳᠡᠮᠵᠢᠯᠭᠡ ᠪᠠ ᠥᠳᠥᠭᠡᠯᠭᠡ᠂ ᠲᠡᠯᠡᠭᠡᠢ ᠶᠢᠨ ᠶᠡᠭᠡ ᠠᠭᠤᠷ ᠠᠮᠢᠰᠬᠤᠯ ᠪᠠ ᠤᠯᠤᠰ ᠤᠨ | ᠳᠣᠲᠣᠭᠠᠳᠤ ᠶᠢᠨ ᠪᠠᠭ᠎ᠠ ᠠᠭᠤᠷ ᠠᠮᠢᠰᠬᠤᠯ ᠠᠴᠠ ᠪᠤᠯᠵᠦ᠂ 1989 ᠣᠨ ᠤ ᠬᠠᠪᠤᠷ ᠵᠤᠠ ᠤ ᠠᠭᠤᠯᠵᠠᠷ ᠲᠤ ᠮᠠᠨ ᠤ | ᠤᠯᠤᠰ ᠲᠤ ᠬᠦᠨᠳᠦ ᠨᠣᠴᠢᠲᠠᠶ ᠤᠯᠤᠰ ᠲᠦᠷᠦ ᠶᠢᠨ ᠦᠢᠮᠡᠭᠡᠨ ᠳᠡᠭᠳᠡᠵᠡᠢ᠃ ᠨᠠᠮ ᠪᠠ ᠵᠠᠰᠠᠭ ᠤᠨ ᠣᠷᠳᠣᠨ ᠠᠴᠠ ᠠᠷᠠᠳ | ᠲᠦᠮᠡᠨ ᠳᠤ ᠲᠦᠰᠢᠭᠯᠡᠵᠦ᠂ ᠲᠤᠭ ᠲᠡᠮᠳᠡᠭ ᠲᠣᠳᠣᠷᠬᠠᠶ ᠪᠠᠷ ᠰᠠᠮᠠᠭᠤᠷᠠᠯ ᠢ ᠡᠰᠡᠷᠭᠦᠴᠡᠨ᠂ ᠨᠡᠶᠢᠭᠡᠮ ᠵᠢᠷᠤᠮᠲᠤ ᠲᠦᠷᠦ ᠶᠢᠨ | ᠵᠠᠰᠠᠭ ᠤᠨ ᠡᠷᠬᠡ ᠶᠢ ᠬᠠᠮᠠᠭᠠᠯᠠᠵᠤ᠂ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠪᠠ᠃ ᠨᠠᠮ ᠠᠴᠠ | ᠠᠷᠠᠳ ᠲᠦᠮᠡᠨ ᠢ ᠤᠳᠤᠷᠢᠳᠤᠨ ᠠᠽᠢᠶ᠎ᠠ ᠲᠢᠪ ᠤᠨ ᠮᠥᠩᠭᠦᠨ ᠭᠦᠢᠯᠭᠡᠭᠡᠨ ᠤ ᠬᠢᠮᠤᠷᠠᠯ᠂ ᠣᠯᠠᠨ ᠤᠯᠤᠰ ᠤᠨ ᠮᠥᠩᠭᠦᠨ | ᠭᠦᠢᠯᠭᠡᠭᠡᠨ ᠤ ᠬᠢᠮᠤᠷᠠᠯ ᠵᠡᠷᠭᠡ ᠠᠵᠤ ᠠᠬᠤᠢ ᠶᠢᠨ ᠠᠶᠤᠯ ᠲᠦᠭᠰᠢᠭᠦᠷᠢ ᠶᠢ ᠠᠮᠵᠢᠯᠲᠠ ᠲᠠᠢ ᠠᠷᠭᠠᠴᠠᠵᠤ᠂ 2008 ᠣᠨ ᠤ | ᠪᠡᠭᠡᠵᠢᠩ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ | ᠴᠤᠭᠯᠠᠭᠠᠨ ᠢ ᠠᠮᠵᠢᠯᠲᠠ ᠲᠠᠢ ᠡᠷᠬᠢᠯᠡᠵᠦ᠂ ᠬᠥᠬᠡᠮᠥ᠋ᠷᠡᠨ ᠪᠣᠯᠤᠨ ᠨᠤᠨ ᠮᠥᠷᠡᠨ᠂ ᠰᠤᠩᠭᠠᠷᠢ ᠮᠥᠷᠡᠨ ᠤ ᠰᠠᠪᠠ ᠭᠠᠵᠠᠷ ᠤᠨ | ᠬᠦᠨᠳᠦ ᠨᠣᠴᠢᠲᠠᠶ ᠦᠶᠡᠷ ᠤᠰᠤᠲᠤᠯ᠂ ᠸᠧᠨᠴᠤᠸᠠᠨ ᠤ ᠣᠨᠴᠠ ᠶᠡᠭᠡ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ | ᠭᠠᠮᠰᠢᠭ ᠢ ᠢᠯᠠᠨ ᠳᠠᠪᠠᠵᠤ᠂ ᠰᠠᠷᠰ ᠡᠪᠡᠳᠴᠢᠨ ᠤ ᠬᠢᠵᠢᠭ ᠢ ᠢᠯᠠᠨ ᠳᠠᠪᠠᠭᠠᠳ᠂ ᠨᠠᠮ ᠤᠨ ᠠᠶᠤᠯ ᠲᠦᠭᠰᠢᠭᠦᠷᠢ ᠶᠢ | ᠡᠰᠡᠷᠭᠦᠴᠡᠬᠦ ᠪᠠ ᠪᠤᠳᠤᠯᠢᠶᠠᠨᠲᠠᠶ ᠪᠠᠶᠢᠳᠠᠯ ᠢ ᠡᠵᠡᠮᠳᠡᠬᠦ ᠴᠢᠳᠠᠪᠤᠷᠢ ᠶᠢ ᠢᠯᠡᠷᠡᠭᠦᠯᠪᠡ᠃ | ᠨᠠᠮ ᠠᠴᠠ ᠡᠬᠡ ᠣᠷᠣᠨ ᠢᠶᠠᠨ ᠨᠢᠭᠡᠳᠭᠡᠬᠦ ᠶᠡᠭᠡ ᠦᠢᠯᠡᠰ ᠢ ᠪᠡᠶᠡᠯᠡᠭᠦᠯᠬᠦ ᠪᠠᠷ ᠲᠡᠤᠬᠡᠳᠦ ᠬᠦᠨᠳᠦ ᠡᠭᠦᠷᠭᠡ ᠪᠠᠨ | ᠪᠣᠯᠭᠠᠵᠤ᠂ ᠡᠭᠦᠨ ᠤ ᠲᠥᠯᠥᠭᠡ ᠴᠥᠬᠦᠷᠡᠰᠢ ᠦᠭᠡᠢ ᠴᠢᠷᠮᠠᠶᠢᠪᠠ᠃ ᠳ᠋ᠧᠩ ᠰᠢᠶᠤᠤ ᠫᠢᠩ ᠨᠥᠬᠦᠷ ︽ᠨᠢᠭᠡ ᠤᠯᠤᠰ ᠲᠤ | ᠬᠤᠶᠠᠷ ᠪᠠᠶᠢᠭᠤᠯᠤᠯ ᠢ ᠬᠡᠷᠡᠭᠵᠢᠬᠦᠯᠬᠦ︾ ᠰᠢᠨᠵᠢᠯᠡᠬᠦ ᠤᠬᠠᠭᠠᠨᠴᠢ ᠲᠥᠰᠦᠪᠯᠡᠯ ᠢ ᠪᠦᠲᠦᠭᠡᠯᠴᠢ ᠪᠠᠷ ᠲᠤᠷᠠᠳᠤᠨ ᠭᠠᠷᠭᠠᠵᠦ᠂ | ᠡᠬᠡ ᠣᠷᠣᠨ ᠤ ᠨᠢᠭᠡᠳᠦᠯ ᠢ ᠨᠠᠶᠢᠷᠠᠮᠳᠠᠯ ᠤᠨ ᠠᠷᠭ᠎ᠠ ᠮᠠᠶ᠋ᠢᠭ ᠢᠶᠠᠷ ᠪᠡᠶᠡᠯᠡᠭᠦᠯᠬᠦ ᠰᠢᠨ᠎ᠡ ᠠᠷᠭ᠎ᠠ ᠵᠠᠮ ᠢ ᠨᠡᠭᠡᠭᠡᠪᠡ᠃ | ᠬᠠᠲᠠᠭᠤᠵᠢᠯᠲᠠᠶ ᠠᠵᠢᠯᠯᠠᠵᠦ ᠲᠡᠮᠡᠴᠡᠬᠦ ᠪᠠᠷ ᠳᠠᠮᠵᠢᠨ᠂ ᠮᠠᠨ ᠤ ᠤᠯᠤᠰ ᠤᠨ ᠵᠠᠰᠠᠭ ᠤᠨ ᠣᠷᠳᠣᠨ ᠤᠷᠢᠳ ᠬᠤᠵᠢᠳ | ᠰᠢᠶᠠᠩᠭᠠᠩ᠂ ᠣᠣᠮᠧᠨ ᠳᠤ ᠡᠷᠬᠡ ᠮᠡᠳᠡᠯ ᠢᠶᠠᠨ ᠰᠡᠷᠭᠦᠭᠡᠨ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠵᠠᠭᠤᠨ | ᠵᠢᠯ ᠤᠨ ᠢᠴᠢᠭᠦᠷᠢ ᠶᠢ ᠠᠷᠢᠯᠭᠠᠪᠠ᠃ ᠰᠢᠶᠠᠩᠭᠠᠩ᠂ ᠣᠣᠮᠧᠨ ᠡᠬᠡ ᠤᠷᠤᠨ ᠳᠠᠭᠠᠨ ᠪᠤᠴᠠᠵᠦ ᠢᠷᠡᠭᠰᠡᠨ ᠤ ᠳᠠᠷᠠᠭ᠎ᠠ᠂ | ᠲᠥᠪ ᠵᠠᠰᠠᠭ ᠤᠨ ᠣᠷᠳᠣᠨ ᠦᠨᠳᠦᠰᠦᠨ ᠬᠠᠤᠯᠢ ᠪᠠ ᠵᠠᠰᠠᠭ ᠵᠠᠬᠢᠷᠭᠠᠨ ᠤ ᠣᠨᠴᠠᠭᠠᠶ ᠣᠷᠣᠨ ᠤ ᠭᠤᠤᠯ ᠬᠠᠤᠯᠢ ᠶᠢ | ᠴᠢᠩᠭ᠎ᠠ ᠵᠢᠷᠤᠮᠯᠠᠨ ᠠᠵᠢᠯᠯᠠᠵᠤ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ | ᠲᠣᠭᠲᠠᠭᠤᠨ ᠪᠠᠶᠢᠳᠠᠯ ᠢ ᠪᠠᠲᠤᠯᠠᠪᠠ᠃ ᠨᠠᠮ ᠠᠴᠠ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠭᠡ ᠲᠠᠯ᠎ᠠ ᠶᠢ ᠡᠵᠡᠮᠳᠡᠵᠦ᠂ | ︽ᠨᠠᠶᠢᠷᠠᠮᠳᠠᠯ ᠢᠶᠠᠷ ᠨᠢᠭᠡᠳᠭᠡᠬᠦ᠂ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠨᠳᠦᠰᠦᠨ ᠴᠢᠭᠯᠡᠯᠲᠡ ᠶᠢ | ᠲᠣᠭᠲᠠᠭᠠᠨ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠬᠢᠨ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ | ᠬᠠᠷᠠᠭᠤᠯᠤᠭᠰᠠᠨ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠲᠠᠢ ᠪᠣᠯᠬᠤ ᠶᠢ ᠠᠬᠢᠭᠤᠯᠵᠤ᠂ ᠲᠠᠶᠢᠸᠠᠨ | ᠬᠤᠭᠤᠯᠠᠶ ᠶᠢᠨ ᠬᠤᠶᠠᠷ ᠲᠠᠯ᠎ᠠ ᠶᠢᠨ ᠵᠥᠪᠳᠡᠯᠴᠡᠭᠡ ᠬᠡᠯᠡᠯᠴᠡᠭᠡ ᠶᠢ ᠠᠬᠢᠭᠤᠯᠵᠤ᠂ ᠪᠦᠬᠦ ᠲᠠᠯ᠎ᠠ ᠪᠠᠷ᠂ ᠰᠢᠭᠤᠳ᠂ ᠬᠤᠤᠰ | ᠴᠢᠭᠯᠡᠯ ᠢᠶᠠᠷ ︽ᠭᠤᠷᠪᠠ ᠶᠢ ᠨᠡᠪᠲᠡᠷᠡᠭᠦᠯᠬᠦ︾ ᠶᠢ ᠪᠡᠶᠡᠯᠡᠭᠦᠯᠵᠦ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ | ᠲᠦᠷᠦ ᠶᠢᠨ ᠨᠠᠮ ᠤᠨ ᠰᠣᠯᠢᠯᠴᠠᠭ᠎ᠠ ᠶᠢ ᠡᠬᠢᠯᠡᠭᠦᠯᠪᠡ᠃ ᠤᠯᠤᠰ ᠣᠷᠣᠨ ᠢ ᠬᠠᠭᠠᠴᠠᠭᠤᠯᠬᠤ ᠶᠢ ᠡᠰᠡᠷᠭᠦᠴᠡᠬᠦ ᠬᠠᠤᠯᠢ ᠶᠢ | ᠲᠣᠭᠲᠠᠭᠠᠵᠤ᠂ ︽ᠲᠠᠶᠢᠸᠠᠨ ᠢ ᠲᠤᠰᠠᠭᠠᠷ ᠲᠤᠬᠳᠠᠨᠢᠭᠤᠯᠬᠤ︾ ᠬᠦᠴᠦᠨ ᠢ ᠡᠷᠡᠰ ᠬᠤᠷᠢᠭᠯᠠᠨ᠂ ᠡᠬᠡ ᠣᠷᠣᠨ ᠤ | ᠨᠢᠭᠡᠳᠦᠯ ᠢ ᠠᠬᠢᠭᠤᠯᠵᠤ᠂ ︽ᠬᠤᠶᠠᠷ ᠳᠤᠮᠳᠠᠳᠤ ᠤᠯᠤᠰ︾᠂ ︽ᠨᠢᠭᠡ ᠳᠤᠮᠳᠠᠳᠤ ᠤᠯᠤᠰ ᠨᠢᠭᠡ ᠲᠠᠶᠢᠸᠠᠨ︾᠂ ︽ | ᠲᠠᠶᠢᠸᠠᠨ ᠢ ᠲᠤᠰᠠᠭᠠᠷ ᠲᠣᠭᠲᠠᠨᠢᠭᠤᠯᠬᠤ︾ ᠭᠡᠰᠡᠨ ᠡᠯ᠎ᠡ ᠵᠦᠢᠯ ᠤᠨ ᠭᠤᠷᠢᠳᠠᠯᠭ᠎ᠠ ᠶᠢ ᠬᠦᠴᠦᠲᠡᠢ ᠰᠦᠢᠷᠡᠭᠦᠯᠪᠡ᠃ | ᠨᠠᠮ ᠠᠴᠠ ᠴᠠᠭ ᠦᠶ᠎ᠡ ᠶᠢᠨ ᠣᠨᠴᠠᠯᠢᠭ ᠪᠠ ᠳᠡᠯᠡᠬᠡᠶ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠮᠠᠭᠠᠳᠯᠠᠵᠤ᠂ | ᠡᠩᠬᠡ ᠲᠠᠶᠢᠪᠤᠩ ᠪᠠ ᠬᠥᠭᠵᠢᠯᠲᠡ ᠪᠣᠯ ᠣᠳᠣᠬᠢ ᠴᠠᠭ ᠦᠶ᠎ᠡ ᠶᠢᠨ ᠭᠤᠤᠯ ᠰᠡᠳᠦᠪ ᠮᠥᠨ ᠭᠡᠵᠦ ᠳᠤᠷᠠᠳᠤᠨ ᠭᠠᠷᠭᠠᠪᠠ᠃ | ᠨᠠᠮ ᠠᠴᠠ ᠳᠡᠯᠡᠬᠡᠶ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠭᠠᠳᠠᠭᠠᠳᠤ | ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢᠨ ᠵᠣᠷᠢᠯᠲᠠ ᠶᠢ ᠪᠠᠷᠢᠮᠲᠠᠯᠠᠵᠤ᠂ ᠭᠤᠤᠯ ᠭᠤᠤᠯ ᠲᠣᠮᠣ ᠤᠯᠤᠰ ᠯᠤᠭ᠎ᠠ ᠶᠢᠨ | ᠬᠠᠷᠢᠴᠠᠭ᠎ᠠ ᠳᠤ ᠲᠣᠬᠢᠷᠠᠭᠤᠯᠤᠯᠳᠠ ᠬᠢᠵᠦ᠂ ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ ᠡᠶᠡᠯᠳᠡᠭ ᠬᠥᠷᠰᠢ ᠶᠢᠨ | ᠨᠥᠬᠦᠷᠰᠡᠭ ᠬᠠᠷᠢᠴᠠᠭ᠎ᠠ ᠪᠠᠨ ᠬᠥᠭᠵᠢᠭᠦᠯᠵᠦ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠯᠤᠭ᠎ᠠ ᠶᠢᠨ ᠨᠥᠬᠦᠷᠰᠡᠭ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠡᠯᠡᠬᠡᠶ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤ ᠢᠳᠡᠪᠬᠢᠲᠡᠶ | ᠣᠷᠣᠯᠴᠠᠵᠤ᠂ ᠪᠦᠬᠦ ᠲᠠᠯ᠎ᠠ ᠶᠢᠨ ᠤᠯᠠᠨ ᠲᠡᠰ ᠳᠠᠪᠬᠤᠷᠭ᠎ᠠ ᠶᠢᠨ ᠭᠠᠳᠠᠭᠠᠳᠤ ᠬᠠᠷᠢᠯᠴᠠᠭᠠᠨ ᠤ ᠰᠢᠨ᠎ᠡ ᠪᠠᠶᠢᠷᠢᠰᠢᠯ ᠢ | ᠪᠠᠶᠢᠭᠤᠯᠪᠠ᠃ ᠨᠠᠮ ᠠᠴᠠ ᠳᠡᠯᠡᠬᠡᠶ ᠶᠢᠨ ᠣᠯᠠᠨ ᠲᠦᠢᠯᠰᠢᠷᠠᠯᠲᠠ ᠪᠠ ᠣᠯᠠᠨ ᠤᠯᠤᠰ ᠤᠨ ᠬᠠᠷᠢᠴᠠᠭᠠᠨ ᠤ | ᠠᠷᠠᠳᠴᠢᠯᠠᠯᠲᠠ ᠶᠢ ᠢᠳᠡᠪᠬᠢᠲᠡᠢ ᠠᠬᠢᠭᠤᠯᠵᠤ᠂ ᠠᠵᠤ ᠠᠬᠤᠶ ᠶᠢᠨ ᠳᠡᠯᠡᠬᠡᠶᠢᠴᠢᠯᠡᠯᠲᠡ ᠶᠢᠨ ᠬᠠᠮᠲᠤ ᠪᠠᠷ ᠴᠡᠴᠡᠭᠯᠡᠯ | ᠬᠥᠭᠵᠢᠬᠦ ᠳᠤ ᠠᠰᠢᠭᠲᠠᠶ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ ᠡᠵᠡᠷᠬᠡᠬᠦ ᠦᠵᠡᠯ ᠪᠣᠯᠤᠨ ᠬᠦᠴᠦᠷᠬᠡᠭᠯᠡᠯ ᠤᠨ ᠤᠯᠤᠰ | ᠲᠥᠷᠥ ᠶᠢ ᠲᠤᠭ ᠲᠡᠮᠳᠡᠭ ᠲᠣᠳᠣᠷᠬᠠᠶ ᠪᠠᠷ ᠡᠰᠡᠷᠭᠦᠴᠡᠵᠦ᠂ ᠥᠷᠭᠡᠨ ᠣᠯᠠᠨ ᠬᠥᠭᠵᠢᠵᠦ ᠪᠠᠶᠢᠭ᠎ᠠ ᠤᠯᠤᠰ ᠤᠨ ᠠᠰᠢᠭ | ᠲᠤᠰᠠ ᠶᠢ ᠡᠷᠡᠰ ᠬᠠᠮᠠᠭᠠᠯᠠᠵᠤ᠂ ᠲᠥᠪ ᠭᠤᠤᠯᠴᠢ ᠵᠦᠶ ᠵᠣᠬᠢᠰᠲᠠᠶ ᠣᠯᠠᠨ ᠤᠯᠤᠰ ᠤᠨ ᠤᠯᠤᠰ ᠲᠥᠷᠥ ᠠᠵᠤ ᠠᠬᠤᠶ ᠶᠢᠨ | ᠰᠢᠨ᠎ᠡ ᠳᠢᠭᠯᠢᠮ ᠢ ᠪᠠᠶᠢᠭᠤᠯᠬᠤ ᠶᠢ ᠠᠬᠢᠭᠤᠯᠵᠤ᠂ ᠳᠡᠯᠡᠬᠡᠶ ᠶᠢᠨ ᠥᠨᠢ ᠤᠳᠠᠭᠠᠨ ᠡᠩᠬᠡ ᠲᠠᠶᠢᠪᠤᠩ ᠪᠠᠶᠢᠬᠤ ᠪᠠ ᠬᠠᠮᠲᠤ ᠪᠠᠷ | ᠴᠡᠴᠡᠭᠯᠡᠨ ᠬᠥᠭᠵᠢᠬᠦ ᠶᠢ ᠠᠬᠢᠭᠤᠯᠪᠠ᠃ | ᠤᠯᠤᠰ ᠢ ᠵᠠᠰᠠᠬᠤ ᠳᠤ ᠡᠷᠬᠡᠪᠰᠢ ᠤᠷᠢᠳ ᠢᠶᠠᠷ ᠨᠠᠮ ᠢ ᠵᠠᠰᠠᠬᠤ ᠬᠡᠷᠡᠭᠲᠡᠶ᠂ ᠨᠠᠮ ᠢ ᠵᠠᠰᠠᠬᠤ ᠳᠤ ᠡᠷᠬᠡᠪᠰᠢ ᠴᠢᠩᠭ᠎ᠠ | ᠪᠠᠶᠢᠬᠤ ᠬᠡᠷᠡᠭᠲᠡᠶ᠂ ᠨᠠᠮ ᠤᠨ ᠪᠠᠶᠢᠭᠤᠯᠤᠯᠲᠠ ᠶᠢ ᠰᠡᠳᠭᠢᠯ ᠰᠠᠨᠠᠭ᠎ᠠ ᠪᠠᠨ ᠲᠥᠪᠯᠡᠷᠡᠭᠦᠯᠦᠨ ᠰᠠᠶᠢᠲᠤᠷ ᠠᠳᠬᠤᠵᠤ᠂ | ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠡᠭᠦᠳᠦᠨ ᠨᠡᠭᠡᠭᠡᠵᠦ ᠠᠬᠢᠭᠤᠯᠬᠤ ᠬᠡᠷᠡᠭᠳᠡᠢ ᠭᠡᠵᠦ | ᠨᠠᠮ ᠠᠴᠠ ᠴᠢᠬᠤᠯᠠᠴᠢᠯᠠᠭᠰᠠᠭᠠᠷ ᠢᠷᠡᠭᠰᠡᠨ ᠶᠤᠮ᠃ ᠨᠠᠮ ᠠᠴᠠ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ | ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ ᠢ ᠲᠣᠭᠲᠠᠭᠠᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠪᠦᠷᠢᠨᠰᠢᠬᠦᠯᠦᠨ᠂ | ᠨᠠᠮ ᠤᠨ ᠳᠣᠲᠣᠭᠠᠳᠤ ᠶᠢᠨ ᠠᠷᠠᠳᠴᠢᠯᠠᠯ ᠢ ᠪᠠᠳᠠᠷᠠᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ | ᠬᠡᠪ ᠤᠨ ᠪᠣᠯᠭᠠᠬᠤ ᠶᠢ ᠪᠡᠶᠡᠯᠡᠭᠦᠯᠪᠡ︔ ᠲᠥᠯᠥᠪᠯᠡᠭᠡ ᠲᠠᠢ ᠠᠯᠬᠤᠮ ᠲᠡᠷᠠᠭ᠎ᠠ ᠲᠠᠢ ᠪᠠᠷ ᠨᠠᠮ ᠢ ᠴᠡᠭᠴᠡᠯᠡᠵᠦ᠂ ᠨᠠᠮ ᠤᠨ | ᠳᠣᠲᠣᠭᠠᠳᠤ ᠶᠢᠨ ᠦᠵᠡᠯ ᠰᠠᠨᠠᠭ᠎ᠠ ᠴᠡᠪᠡᠷ ᠪᠤᠰᠤ᠂ ᠣᠪᠣᠷ ᠰᠤᠷᠲᠠᠯ ᠴᠡᠪᠡᠷ ᠪᠤᠰᠤ᠂ ᠵᠤᠬᠢᠶᠠᠨ ᠪᠠᠶᠢᠭᠤᠯᠤᠯᠲᠠ ᠴᠡᠪᠡᠷ | ᠪᠤᠰᠤ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠪᠡ︔ ᠬᠤᠪᠢᠰᠬᠠᠯᠵᠢᠭᠤᠯᠬᠤ᠂ ᠵᠠᠯᠠᠭᠤᠵᠢᠭᠤᠯᠬᠤ᠂ ᠮᠡᠳᠡᠯᠭᠡᠵᠢᠭᠦᠯᠬᠦ | ᠂ ᠲᠤᠰᠬᠠᠶᠢᠵᠢᠭᠤᠯᠬᠤ ᠴᠢᠭᠯᠡᠯᠲᠡ ᠶᠣᠰᠣᠭᠠᠷ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠢᠳᠡᠷ ᠵᠠᠯᠠᠭᠤ | ᠺᠠᠳ᠋ᠷᠴᠤᠳ ᠢ ᠶᠡᠭᠡ ᠪᠠᠷ ᠰᠢᠯᠢᠨ ᠳᠡᠪᠰᠢᠭᠦᠯᠵᠦ᠂ ᠺᠠᠳ᠋ᠷ ᠤᠨ ᠡᠩᠨᠡᠭᠡᠨ ᠤ ᠰᠢᠨ᠎ᠡ ᠬᠠᠭᠤᠴᠢᠨ ᠤ ᠬᠠᠯᠠᠭ᠎ᠠ ᠵᠠᠯᠭᠠᠮᠵᠢ ᠶᠢ | ᠠᠬᠢᠭᠤᠯᠪᠠ᠃ ᠨᠠᠮ ᠠᠴᠠ ᠨᠠᠮ ᠤᠨ ᠤᠳᠤᠷᠢᠳᠬᠤ ᠬᠢᠷᠢ ᠬᠡᠮᠵᠢᠶ᠎ᠡ ᠪᠠ ᠲᠥᠷᠥ ᠪᠠᠷᠢᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ | ᠂ ᠢᠯᠵᠢᠷᠡᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠪᠠ ᠠᠶᠤᠯ ᠲᠦᠭᠰᠢᠭᠦᠷᠢ ᠶᠢ ᠡᠰᠡᠷᠭᠦᠴᠡᠨ ᠲᠤᠯᠬᠤ ᠴᠢᠳᠠᠪᠤᠷᠢ ᠶᠢ | ᠳᠡᠭᠡᠭᠰᠢᠯᠡᠭᠦᠯᠬᠦ ᠡᠨᠡ ᠬᠤᠶᠠᠷ ᠶᠡᠭᠡ ᠲᠡᠤᠬᠡᠲᠦ ᠴᠢᠨᠠᠷᠲᠠᠶ ᠰᠡᠳᠦᠪ ᠢ ᠰᠠᠶᠢᠲᠤᠷ ᠰᠢᠢᠳᠪᠦᠷᠢᠯᠡᠬᠦ ᠶᠢᠨ ᠲᠤᠭᠤᠷᠢᠨ ᠳᠤ᠂ | ᠲᠥᠷᠥ ᠪᠠᠷᠢᠬᠤ ᠴᠢᠳᠠᠪᠤᠷᠢ ᠶᠢᠨ ᠪᠠᠶᠢᠭᠤᠯᠤᠯᠲᠠ ᠪᠠ ᠲᠡᠷᠢᠭᠦᠨ ᠤ ᠴᠢᠨᠠᠷ ᠤᠨ ᠪᠠᠶᠢᠭᠤᠯᠤᠯᠲᠠ ᠪᠠᠷ ᠭᠤᠣᠯ ᠰᠢᠵᠢᠮ ᠪᠣᠯᠭᠠᠵᠤ | ᠂ ᠨᠠᠮ ᠪᠣᠯᠤᠨ ᠠᠷᠠᠳ ᠤᠯᠠᠨ ᠤ ᠬᠠᠷᠢᠯᠴᠠᠭ᠎ᠠ ᠶᠢ ᠴᠢᠩᠭᠠᠳᠬᠠᠬᠤ᠂ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠨ ᠰᠠᠶᠢᠵᠢᠷᠠᠭᠤᠯᠬᠤ᠂ ᠨᠠᠮ ᠤᠨ ᠲᠦᠷᠦ ᠪᠠᠷᠢᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ | ᠴᠢᠬᠤᠯᠠ ᠶᠡᠭᠡ ᠠᠰᠠᠭᠤᠳᠠᠯ ᠤᠨ ᠲᠤᠬᠠᠶ ᠤᠷᠢᠳ ᠬᠤᠵᠢᠳ ᠲᠣᠭᠲᠠᠭᠠᠯ ᠭᠠᠷᠭᠠᠵᠤ᠂ ︽ᠰᠤᠷᠤᠯᠴᠠᠯᠭ᠎ᠠ ᠶᠢ ᠡᠷᠬᠢᠮᠯᠡᠬᠦ᠂ | ᠤᠯᠤᠰ ᠲᠦᠷᠦ ᠶᠢ ᠡᠷᠬᠢᠮᠯᠡᠬᠦ᠂ ᠲᠥᠪ ᠰᠤᠷᠲᠠᠯ ᠢ ᠡᠷᠬᠢᠮᠯᠡᠬᠦ︾ ᠬᠥᠮᠦᠵᠢᠯ᠂ ︽ᠭᠤᠷᠪᠠ ᠶᠢ ᠲᠥᠯᠥᠭᠡᠯᠡᠬᠦ︾ ᠴᠢᠬᠤᠯᠠ | ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ᠂ ᠡᠪ ᠬᠠᠮᠲᠤ ᠨᠠᠮ ᠤᠨ ᠭᠡᠰᠢᠭᠦᠨ ᠤ ᠲᠡᠷᠢᠭᠦᠨ ᠤ ᠴᠢᠨᠠᠷ ᠢ | ᠪᠠᠷᠢᠮᠳᠠᠯᠠᠬᠤ ᠬᠥᠮᠦᠵᠢᠯ ᠤᠨ ᠠᠵᠢᠯᠯᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠰᠤᠷᠤᠯᠴᠠᠨ | ᠦᠢᠯᠡᠳᠦᠯᠭᠡᠵᠢᠭᠦᠯᠬᠦ ᠠᠵᠢᠯᠯᠠᠭ᠎ᠠ ᠵᠡᠷᠭᠡ ᠲᠥᠪᠯᠡᠷᠡᠩᠭᠦᠶ ᠴᠢᠨᠠᠷᠲᠠᠶ ᠰᠤᠷᠤᠯᠴᠠᠯᠭ᠎ᠠ ᠬᠥᠮᠦᠵᠢᠯ ᠢ ᠵᠤᠬᠢᠶᠠᠨ ᠪᠠᠶᠢᠭᠤᠯᠵᠦ | ᠥᠷᠨᠢᠭᠦᠯᠪᠡ᠃ ᠨᠠᠮ ᠠᠴᠠ ᠨᠠᠮ ᠤᠨ ᠰᠤᠷᠲᠠᠯ ᠤᠨ ᠪᠠ ᠠᠷᠢᠭᠤᠨ ᠴᠢᠭᠡᠴᠢ ᠪᠠᠷ ᠵᠠᠰᠠᠬ ᠪᠠᠷᠢᠬᠤ ᠪᠠᠶᠢᠭᠤᠯᠤᠯᠲᠠ ᠪᠣᠯᠤᠨ | ᠢᠯᠵᠠᠷᠡᠯ ᠢ ᠡᠰᠡᠷᠭᠦᠴᠡᠬᠦ ᠲᠡᠮᠡᠴᠡᠯ ᠢ ᠨᠠᠮ ᠪᠣᠯᠤᠨ ᠤᠯᠤᠰ ᠤᠨ ᠦᠬᠦᠵᠦ ᠰᠡᠬᠡᠬᠦ ᠮᠠᠨᠳᠤᠵᠤ ᠮᠥᠬᠦᠬᠦ ᠲᠠᠢ ᠬᠤᠯᠪᠣᠭᠳᠠᠬᠤ | ᠦᠨᠳᠦᠷᠴᠡ ᠳᠤ ᠬᠦᠷᠳᠡᠯ᠎ᠡ ᠳᠡᠭᠡᠭᠰᠢᠯᠡᠬᠦᠯᠵᠦ᠂ ᠢᠯᠵᠠᠷᠠᠯ ᠢ ᠵᠠᠯᠬᠠᠭᠠᠨ ᠰᠢᠢᠳᠭᠡᠬᠦ ᠪᠠ ᠤᠷᠢᠳᠴᠢᠯᠠᠨ ᠰᠡᠷᠭᠡᠶᠢᠯᠡᠬᠦ | ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃ | ᠥᠭᠡᠷᠡᠴᠢᠯᠡᠯᠲᠡ ᠨᠡᠭᠡᠭᠡᠯᠲᠡ ᠬᠢᠭᠰᠡᠨ ᠳᠥᠴᠢᠨ ᠵᠢᠯ ᠤᠨ ᠤᠢ ᠶᠢᠨ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ | ᠪᠡᠯᠭᠡᠯᠡᠬᠦ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠤᠨ᠂ ᠰᠢ ᠶᠢᠨ ᠫᠢᠩ ᠨᠥᠬᠦᠷ ᠴᠢᠬᠤᠯᠠ ᠶᠠᠷᠢᠶ᠎ᠠ ᠲᠠᠯᠪᠢᠵᠤ | ᠂ ᠳᠥᠴᠢᠨ ᠵᠢᠯ ᠤᠨ ᠥᠭᠡᠷᠡᠴᠢᠯᠡᠯᠲᠡ ᠨᠡᠭᠡᠭᠡᠯᠲᠡ ᠶᠢᠨ ᠣᠯᠤᠭᠰᠠᠨ ᠠᠭᠤᠤ ᠶᠡᠭᠡ ᠠᠮᠵᠢᠯᠲᠠ ᠪᠦᠲᠦᠮᠵᠢ ᠪᠠ ᠡᠷᠬᠢᠮ | ᠨᠠᠨᠳᠢᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠥᠭᠡᠷᠡᠴᠢᠯᠡᠯᠲᠡ ᠨᠡᠭᠡᠭᠡᠯᠲᠡ ᠪᠣᠯ ᠨᠠᠮ ᠤᠨ ᠨᠢᠭᠡ ᠤᠳᠠᠭᠠᠨ ᠤ | ᠠᠭᠤᠤ ᠶᠡᠭᠡ ᠰᠡᠬᠡᠭᠡᠷᠡᠯᠲᠡ ᠮᠥᠨ᠂ ᠳᠤᠮᠳᠠᠳᠤ ᠤᠯᠤᠰ ᠤᠨ ᠠᠷᠠᠳ ᠲᠦᠮᠡᠨ ᠪᠠ ᠳᠤᠮᠳᠠᠳᠤ ᠶᠢᠨ ᠦᠨᠳᠦᠰᠦᠲᠡᠨ ᠤ | ᠬᠥᠭᠵᠢᠯᠲᠡ ᠶᠢᠨ ᠲᠡᠤᠬᠡᠨ ᠳᠡᠭᠡᠷᠡᠬᠢ ᠨᠢᠭᠡ ᠤᠳᠠᠭᠠᠨ ᠤ ᠠᠭᠤᠤ ᠶᠡᠭᠡ ᠬᠤᠪᠢᠰᠬᠠᠯ ᠮᠥᠨ ᠭᠡᠵᠦ ᠴᠢᠬᠤᠯᠠᠴᠢᠯᠠᠭᠠᠳ᠂ | ᠥᠭᠡᠷᠡᠴᠢᠯᠡᠯᠲᠡ ᠨᠡᠭᠡᠭᠡᠯᠳᠡ ᠶᠢ ᠡᠴᠦᠰ ᠲᠤᠨᠢ ᠲᠤᠯᠲᠠᠯ᠎ᠠ ᠬᠢᠬᠦ ᠠᠭᠤᠤ ᠶᠡᠭᠡ ᠤᠷᠢᠶᠠᠯᠠᠭ᠎ᠠ ᠭᠠᠷᠭᠠᠪᠠ᠃ ᠥᠭᠡᠷᠡᠴᠢᠯᠡᠯᠲᠡ | ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠲᠦᠮᠵᠢ | ᠳᠡᠯᠡᠬᠡᠶ ᠳ᠋ᠠᠬᠢᠨ ᠤ ᠠᠩᠬᠠᠷᠤᠯ ᠢ ᠲᠠᠲᠠᠵᠤ᠂ ᠮᠠᠨ ᠤ ᠤᠯᠤᠰ ᠦᠢᠯᠡᠳᠪᠦᠷᠢᠯᠡᠯ ᠤᠨ ᠬᠦᠴᠦᠨ ᠬᠠᠷᠢᠴᠠᠩᠭᠤᠶ ᠬᠤᠴᠣᠷᠤᠩᠭᠤᠶ | ᠪᠠᠶᠢᠭᠰᠠᠨ ᠪᠠᠶᠢᠳᠠᠯ ᠠᠴᠠ ᠪᠠᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠳᠡᠯᠡᠬᠡᠶ ᠶᠢᠨ ᠬᠤᠶᠠᠳᠤᠭᠠᠷ ᠲᠤ ᠣᠷᠣᠬᠰᠠᠨ | ᠲᠡᠤᠬᠡᠲᠦ ᠴᠢᠨᠠᠷᠲᠠᠶ ᠰᠢᠪᠲᠤᠯᠤᠯᠲᠠ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠢᠳᠡᠵᠦ ᠡᠮᠦᠰᠭᠦ ᠳᠡᠭᠡᠨ ᠵᠥᠪ ᠦᠭᠡᠶ | ᠪᠠᠶᠢᠭᠰᠠᠨ ᠠᠴᠠ ᠪᠠᠨ ᠶᠡᠷᠦᠩᠬᠡᠶ ᠳᠡᠭᠡᠨ ᠴᠢᠨᠡᠭᠡᠯᠢᠭᠵᠢᠭᠰᠡᠨ᠂ ᠪᠦᠬᠦ ᠲᠠᠯ᠎ᠠ ᠪᠠᠷ ᠴᠢᠨᠡᠭᠡᠯᠢᠭᠵᠢᠬᠦ ᠲᠡᠶᠢᠰᠢ ᠤᠷᠤᠭᠰᠢᠯᠠᠬᠰᠠᠨ | ᠲᠡᠤᠬᠡᠲᠦ ᠴᠢᠨᠠᠷᠲᠠᠶ ᠳᠠᠪᠠᠯᠲᠠ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ ᠠᠴᠠ ᠪᠠᠨ | ᠪᠠᠶᠠᠵᠢᠬᠰᠠᠨ ᠠᠭᠤᠤ ᠶᠡᠭᠡ ᠦᠰᠦᠷᠦᠯᠲᠡ ᠶᠢ ᠠᠬᠢᠭᠤᠯᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ | ᠡᠷᠡᠰ ᠬᠠᠲᠠᠭᠤᠵᠢᠯᠲᠠᠶ ᠲᠡᠮᠡᠴᠡᠯ ᠢᠶᠠᠷ ᠢᠶᠠᠨ᠂ ᠥᠭᠡᠷᠡᠴᠢᠯᠡᠯᠲᠡ ᠨᠡᠭᠡᠭᠡᠯᠲᠡ ᠪᠣᠯ ᠣᠳᠣ ᠦᠶ᠎ᠡ ᠶᠢᠨ ᠳᠤᠮᠳᠠᠳᠤ ᠤᠯᠤᠰ ᠤᠨ | ᠢᠷᠡᠭᠡᠳᠦᠶ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠨᠢᠬᠡᠨ ᠠᠷᠭ᠎ᠠ ᠮᠦᠨ᠂ ᠲᠤᠮᠳᠠᠳᠤ ᠤᠯᠤᠰ ᠤᠨ ᠤᠨᠴᠠᠯᠢᠬ | ᠪᠦᠬᠦᠢ ᠨᠡᠶᠢᠭᠡᠮ ᠵᠢᠷᠤᠮ ᠤᠨ ᠵᠠᠮ ᠪᠤᠯ ᠲᠤᠮᠳᠠᠳᠤ ᠤᠯᠤᠰ ᠤᠨ ᠬᠥᠭᠵᠢᠯ ᠴᠡᠴᠡᠭᠯᠡᠯ ᠢ ᠵᠢᠭᠠᠨ ᠵᠢᠯᠤᠭᠤᠳᠬᠤ ᠵᠦᠪ ᠵᠠᠮ | ᠮᠦᠨ᠂ ᠳᠤᠮᠳᠠᠳᠤ ᠤᠯᠤᠰ ᠲᠤᠮᠤ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠭᠰᠡᠨ ᠢ ᠳᠡᠯᠡᠬᠡᠶ ᠳ᠋ᠠᠬᠢᠨ ᠳᠤ ᠲᠥᠪ | ᠴᠢᠩᠭ᠎ᠠ ᠪᠠᠷ ᠲᠤᠩᠬᠠᠭᠯᠠᠪᠠ᠃ | ᠳᠦᠷᠪᠡ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢ ᠡᠬᠦᠳᠦᠨ | ᠨᠡᠭᠡᠭᠡᠭᠰᠡᠨ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠰᠢᠨ᠎ᠡ ᠴᠠᠭ ᠦᠶ᠎ᠡ ᠳᠤ ᠣᠷᠣᠪᠠ᠃ ᠨᠠᠮ ᠳᠤ ᠲᠤᠯᠭᠠᠷᠠᠵᠤ ᠪᠠᠶᠢᠭ᠎ᠠ ᠭᠤᠤᠯ ᠡᠭᠦᠷᠭᠡ ᠪᠣᠯ᠂ ᠨᠢᠭᠡᠳᠦᠭᠡᠷ ᠵᠠᠭᠤᠨ | ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ | ᠰᠢᠨ᠎ᠡ ᠠᠶᠠᠯᠠᠯ ᠢᠶᠠᠨ ᠡᠬᠢᠯᠡᠭᠦᠯᠤᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ | ᠠᠤᠭ᠎ᠠ ᠬᠠᠷᠠᠯᠲᠠ ᠲᠡᠶᠢᠰᠢ ᠦᠷᠭᠦᠯᠵᠢᠯᠡᠨ ᠤᠷᠤᠭᠰᠢᠯᠠᠬᠤ ᠶᠠᠪᠤᠳᠠᠯ ᠪᠤᠯᠤᠨ᠎ᠠ᠃ | ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠥᠬᠦ ᠲᠠᠯ᠎ᠠ ᠪᠠ ᠳᠡᠯᠡᠬᠡᠶ ᠶᠢᠷᠲᠢᠨᠴᠦ ᠶᠢᠨ ᠵᠠᠭᠤᠨ | ᠵᠢᠯ ᠳᠤ ᠪᠠᠶᠢᠭ᠎ᠠ ᠥᠬᠡᠶ ᠶᠡᠭᠡ ᠬᠤᠪᠢᠰᠤᠯᠲᠠ ᠶᠢ ᠨᠢᠭᠡᠳᠦᠯᠲᠡᠶ ᠲᠥᠯᠥᠪᠯᠡᠨ ᠡᠵᠡᠮᠳᠡᠵᠦ᠂ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠪᠣᠯ ᠤᠷᠢᠳᠤᠬᠢ ᠶᠢ ᠵᠠᠯᠭᠠᠮᠵᠢᠯᠠᠨ ᠢᠷᠡᠭᠡᠳᠦᠢ ᠶᠢ ᠨᠡᠭᠡᠭᠡᠬᠦ᠂ ᠰᠢᠨ᠎ᠡ | ᠲᠡᠤᠬᠡᠨ ᠨᠥᠬᠦᠴᠡᠯ ᠳᠣᠤᠷ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ | ᠦᠷᠭᠦᠯᠵᠢᠯᠡᠨ ᠲᠡᠮᠡᠴᠡᠨ ᠣᠯᠬᠤ ᠴᠠᠭ ᠦᠶ᠎ᠡ ᠮᠥᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠭᠡᠬᠦ | ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ ᠶᠢᠨ ᠤᠯᠠᠮ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠴᠠᠭ ᠦᠶ᠎ᠡ ᠮᠦᠨ᠂ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠪᠦᠯᠬᠦᠮᠳᠡᠨ ᠲᠡᠮᠡᠴᠡᠵᠦ᠂ ᠰᠠᠶᠢᠨ ᠰᠠᠶᠢᠬᠠᠨ ᠠᠮᠢᠳᠤᠷᠠᠯ ᠢᠶᠠᠨ ᠲᠠᠰᠤᠷᠠᠯᠲᠠ ᠦᠭᠡᠶ ᠴᠤᠬᠴᠠᠯᠠᠵᠦ᠂ ᠪᠦᠬᠦ | ᠠᠷᠠᠳ ᠲᠦᠮᠡᠨ ᠤ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠴᠠᠭ ᠦᠶ᠎ᠡ ᠮᠦᠨ᠂ | ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠬᠦᠴᠦ ᠪᠠᠨ ᠬᠠᠮᠲᠤᠳᠬᠠᠨ ᠰᠡᠳᠭᠢᠯ ᠢᠶᠠᠨ ᠨᠢᠭᠡᠳᠭᠡᠵᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ ᠴᠢᠷᠮᠠᠶᠢᠨ ᠪᠡᠶᠡᠯᠡᠬᠦᠯᠬᠦ ᠴᠠᠭ | ᠦᠶ᠎ᠡ ᠮᠦᠨ᠂ ᠮᠠᠨ ᠤ ᠤᠯᠤᠰ ᠬᠥᠮᠦᠨ ᠲᠥᠷᠥᠯᠬᠢᠲᠡᠨ ᠳᠤ ᠲᠠᠰᠤᠷᠠᠯᠲᠠ ᠦᠭᠡᠢ ᠨᠡᠩ ᠶᠡᠭᠡ ᠬᠤᠪᠢ ᠨᠡᠮᠡᠷᠢ ᠦᠵᠡᠭᠦᠯᠬᠦ | ᠴᠠᠭ ᠦᠶ᠎ᠡ ᠮᠥᠨ ᠭᠡᠵᠦ ᠴᠢᠬᠤᠯᠠᠴᠢᠯᠠᠪᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ | ᠦᠶ᠎ᠡ ᠪᠣᠯ ᠮᠠᠨ ᠤ ᠤᠯᠤᠰ ᠤᠨ ᠬᠥᠭᠵᠢᠯᠲᠡ ᠶᠢᠨ ᠲᠡᠤᠬᠡᠨ ᠰᠢᠨ᠎ᠡ ᠣᠷᠣᠨ ᠪᠠᠶᠢᠷᠢ ᠮᠥᠨ᠃ | ᠰᠢ ᠶᠢᠨ ᠫᠢᠩ ᠨᠥᠬᠦᠷ ᠢᠶᠠᠷ ᠭᠤᠣᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ | ᠮᠠᠷᠺᠰ ᠤᠨ ᠦᠵᠡᠯ ᠤᠨ ᠦᠨᠳᠦᠰᠦᠨ ᠤᠬ ᠶᠤᠰᠤ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠨ᠂ ᠮᠠᠤ ᠽᠧ ᠳ᠋ᠦᠩ ᠤᠨ ᠦᠵᠡᠯ | ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ | ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠦ᠂ ᠨᠠᠮ ᠪᠠᠶᠢᠭᠤᠯᠤᠭᠳᠠᠭᠰᠠᠨ ᠠᠴᠠ ᠨᠠᠭᠠᠰᠢᠬᠢ ᠲᠡᠦᠬᠡᠨ | ᠲᠤᠷᠰᠢᠯᠭ᠎ᠠ ᠶᠢ ᠭᠦᠨᠵᠡᠭᠡᠶ ᠳ᠋ᠦᠩᠨᠡᠵᠤ ᠭᠦᠢᠴᠡᠳ ᠬᠡᠷᠡᠭᠯᠡᠨ᠂ ᠰᠢᠨ᠎ᠡ ᠪᠣᠳᠠᠲᠤ ᠪᠠᠶᠢᠳᠠᠯ ᠠᠴᠠ ᠡᠭᠦᠰᠴᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠪᠤᠢ ᠪᠤᠯᠭᠠᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ᠤᠨ | ᠣᠨᠴᠠᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠮᠦᠨ᠂ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮᠲᠤ ᠪᠠᠶᠢᠭᠤᠯᠤᠯ ᠤᠨ ᠬᠠᠮᠤᠭ ᠤᠨ ᠶᠡᠭᠡ ᠳᠠᠪᠠᠭᠤᠯᠢᠭ ᠪᠣᠯ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠳᠤᠷᠢᠳᠤᠯᠭ᠎ᠠ ᠮᠦᠨ᠂ ᠲᠤᠮᠳᠠᠳᠤ ᠤᠯᠤᠰ ᠤᠨ ᠡᠪ ᠬᠠᠮᠳᠤ ᠨᠠᠮ ᠪᠤᠯ ᠬᠠᠮᠤᠭ ᠤᠨ ᠲᠡᠭᠡᠳᠦ ᠤᠯᠤᠰ | ᠲᠦᠷᠦ ᠶᠢᠨ ᠤᠳᠤᠷᠢᠳᠬᠤ ᠬᠦᠴᠦᠨ ᠮᠦᠨ᠂ ᠪᠦᠬᠦ ᠨᠠᠮ ᠢᠶᠠᠷ ᠢᠶᠠᠨ ᠡᠷᠬᠡᠪᠰᠢ ︽ᠳᠦᠷᠪᠡᠨ ᠤᠬᠠᠮᠰᠠᠷ︾ ᠢᠶᠠᠨ | ᠴᠢᠩᠭᠠᠳᠬᠠᠨ᠂ ︽ᠳᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ | ᠭᠡᠳᠡᠭ ᠢ ᠲᠤᠳᠤᠷᠬᠠᠶᠢᠯᠠᠪᠠ︔ ᠲᠤᠮᠳᠠᠳᠤ ᠤᠯᠤᠰ ᠤᠨ ᠤᠨᠴᠠᠯᠢᠬ ᠪᠦᠬᠦᠢ ᠨᠡᠶᠢᠬᠡᠮ ᠵᠢᠷᠦᠮ ᠢ ᠪᠠᠷᠢᠮᠳᠠᠯᠠᠨ | ᠬᠦᠭᠵᠢᠬᠦᠯᠬᠦ ᠶᠢᠨ ᠶᠡᠷᠦᠩᠬᠡᠢ ᠡᠬᠦᠷᠬᠡ ᠪᠤᠯ ᠨᠡᠶᠢᠬᠡᠮ ᠵᠢᠷᠦᠮ ᠤᠨ ᠤᠳᠤᠬᠢᠴᠢᠯᠠᠯᠳᠠ ᠪᠠ ᠲᠤᠮᠳᠠᠳᠤ ᠶᠢᠨ ᠦᠨᠳᠦᠰᠦᠳᠡᠨ ᠤ | ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠵᠦ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠬᠡᠭᠰᠡᠨ | ᠰᠠᠭᠤᠷᠢᠨ ᠳᠡᠬᠡᠷ᠎ᠡ᠂ ᠬᠤᠶᠠᠷ ᠠᠯᠬᠤᠮ ᠢᠶᠠᠷ ᠶᠠᠪᠤᠵᠤ ᠳᠤᠰ ᠵᠠᠭᠤᠨ ᠤ ᠳᠤᠮᠳᠠᠴᠢ ᠦᠶ᠎ᠡ ᠪᠤᠯᠬᠤ ᠳᠤ ᠪᠠᠶᠠᠨ ᠬᠦᠴᠦᠷᠬᠡᠭ | ᠠᠷᠠᠳᠴᠢᠯᠠᠭᠰᠠᠨ ᠪᠤᠯᠪᠠᠰᠤᠨ ᠡᠶ᠎ᠡ ᠵᠤᠬᠢᠴᠠᠯ ᠲᠠᠢ ᠦᠵᠡᠰᠭᠦᠯᠡᠩᠳᠦ ᠰᠠᠶᠢᠬᠠᠨ ᠨᠡᠶᠢᠬᠡᠮ ᠵᠢᠷᠤᠮᠳᠤ ᠤᠳᠤᠬᠢᠴᠢᠯᠠᠭᠰᠠᠨ | ᠬᠦᠴᠦᠷᠬᠡᠭ ᠤᠯᠤᠰ ᠢ ᠪᠠᠶᠢᠭᠤᠯᠤᠨ ᠪᠦᠲᠦᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠶᠠᠪᠤᠳᠠᠯ ᠪᠤᠯᠤᠨ᠎ᠠ ᠭᠡᠳᠡᠭ ᠢ | ᠲᠤᠳᠤᠷᠬᠠᠶᠢᠯᠠᠪᠠ︔ ᠰᠢᠨ᠎ᠠ ᠴᠠᠭ ᠦᠶ᠎ᠠ ᠶᠢᠨ ᠮᠠᠨ ᠤ ᠤᠯᠤᠰ ᠤᠨ ᠨᠡᠶᠢᠬᠡᠮ ᠤᠨ ᠭᠤᠤᠯ ᠵᠦᠷᠢᠴᠡᠯ ᠪᠤᠯ ᠠᠷᠠᠳ ᠲᠦᠮᠡᠨ ᠤ | ᠡᠳᠦᠷ ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠭᠡᠷᠡᠭᠴᠡᠭᠡ ᠪᠤᠯᠤᠨ ᠲᠡᠩᠴᠡᠬᠦᠷᠢ ᠦᠬᠡᠢ ᠬᠦᠢᠴᠡᠳ | ᠦᠬᠡᠢ ᠬᠦᠭᠵᠢᠯᠳᠠ ᠶᠢᠨ ᠬᠤᠭᠤᠷᠤᠨᠳᠤᠬᠢ ᠵᠦᠷᠢᠴᠡᠯ ᠮᠦᠨ᠂ ᠡᠷᠬᠡᠪᠰᠢ ᠠᠷᠠᠳ ᠲᠦᠮᠠᠨ ᠢᠶᠠᠷ ᠭᠤᠤᠯ ᠪᠤᠯᠭᠠᠬᠤ | ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ | ᠬᠥᠮᠦᠨ ᠤ ᠪᠦᠬᠦ ᠲᠠᠯ᠎ᠠ ᠶᠢᠨ ᠬᠥᠭᠵᠢᠯᠲᠡ᠂ ᠪᠦᠬᠦ ᠠᠷᠠᠳ ᠲᠦᠮᠡᠨ ᠤ ᠬᠠᠮᠲᠤ ᠶᠢᠨ ᠴᠢᠨᠡᠭᠡᠯᠢᠭᠵᠢᠯ ᠤᠨ ᠨᠡᠩ ᠢᠯᠡᠷᠬᠡᠶ | ᠮᠥᠨ ᠴᠢᠨᠠᠷ ᠤᠨ ᠠᠬᠢᠯᠳᠡ ᠲᠠᠢ ᠪᠣᠯᠬᠤ ᠶᠢ ᠠᠬᠢᠭᠤᠯᠬᠤ ᠬᠡᠷᠡᠭᠳᠡᠢ ᠭᠡᠳᠡᠭ ᠢ ᠲᠤᠳᠤᠷᠬᠠᠶᠢᠯᠠᠪᠠ︔ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠶᠡᠷᠦᠩᠬᠡᠶ ᠪᠠᠶᠢᠷᠢᠯᠠᠭᠤᠯᠤᠯᠲᠠ ᠪᠣᠯ ᠠᠵᠤ ᠠᠬᠤᠶ ᠶᠢᠨ ᠪᠦᠲᠦᠭᠡᠨ | ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠵᠡᠷᠬᠡ ᠲᠠᠪᠤ ᠶᠢ ᠨᠢᠭᠡ ᠴᠣᠭᠴᠠᠵᠢᠭᠤᠯᠬᠤ ᠶᠠᠪᠤᠳᠠᠯ ᠮᠦᠨ᠂ ᠪᠠᠶᠢᠯᠳᠤᠬᠤ | ᠪᠤᠳᠤᠯᠭ᠎ᠠ ᠶᠢᠨ ᠪᠠᠶᠢᠷᠢᠯᠠᠭᠤᠯᠤᠯᠳᠠ ᠪᠣᠯ ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ | ᠢᠶᠠᠨ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠦᠷᠪᠡᠨ ᠪᠦᠬᠦ ᠲᠠᠯ᠎ᠠ ᠮᠦᠨ ᠭᠡᠳᠡᠭ ᠢ ᠲᠤᠳᠤᠷᠬᠠᠶᠢᠯᠠᠪᠠ︔ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮᠳᠦ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠵᠦ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠮᠦᠨ ᠭᠡᠳᠡᠭ ᠢ ᠲᠣᠳᠣᠷᠬᠠᠶᠢᠯᠠᠪᠠ︔ ᠬᠠᠤᠯᠢ ᠶᠣᠰᠣᠭᠠᠷ | ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠶᠡᠷᠦᠩᠬᠡᠶ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ ᠪᠠᠶᠢᠭᠤᠯᠵᠦ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ | ᠤᠯᠤᠰ ᠢ ᠪᠦᠲᠦᠭᠡᠨ ᠪᠠᠶᠢᠭᠤᠯᠬᠤ ᠶᠠᠪᠤᠳᠠᠯ ᠮᠦᠨ ᠭᠡᠳᠡᠭ ᠢ ᠲᠣᠳᠣᠷᠬᠠᠶᠢᠯᠠᠪᠠ︔ ᠡᠷᠬᠡᠪᠰᠢ ᠨᠡᠶᠢᠭᠡᠮ ᠵᠢᠷᠤᠮ ᠤᠨ | ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠤ᠂ ᠵᠠᠬ᠎ᠠ ᠳᠡᠯᠭᠡᠭᠦᠷ ᠢ ᠡᠬᠢ ᠪᠠᠶᠠᠯᠢᠭ ᠤᠨ | ᠲᠣᠬᠢᠷᠠᠭᠤᠯᠤᠯᠲᠠ ᠳᠤ ᠰᠢᠢᠳᠪᠦᠷᠢᠯᠡᠭᠴᠢ ᠴᠢᠨᠡᠷᠲᠡᠢ ᠦᠢᠯᠡᠳᠦᠯ ᠭᠠᠷᠭᠠᠭᠤᠯᠵᠤ᠂ ᠵᠠᠰᠠᠭ ᠤᠨ ᠤᠷᠳᠤᠨ ᠤ ᠦᠢᠯᠡᠳᠦᠯ ᠢ | ᠨᠡᠩ ᠰᠠᠶᠢᠨ ᠪᠠᠳᠠᠷᠠᠭᠤᠯᠤᠨ᠂ ᠰᠢᠨ᠎ᠡ ᠬᠥᠭᠵᠢᠯᠲᠡ ᠶᠢᠨ ᠱᠠᠲᠤ ᠶᠢ ᠡᠵᠡᠮᠳᠡᠵᠦ᠂ ᠰᠢᠨ᠎ᠡ ᠶᠢ ᠡᠭᠦᠳᠬᠦ᠂ ᠵᠣᠬᠢᠴᠠᠩᠭᠤᠶ᠂ | ᠨᠤᠭᠤᠭᠠᠨ᠂ ᠨᠡᠭᠡᠭᠡᠯᠲᠡᠲᠠᠢ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ | ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠯᠡᠬᠦ ᠬᠡᠷᠡᠭᠳᠡᠢ ᠭᠡᠳᠡᠭ ᠢ ᠲᠤᠳᠤᠷᠬᠠᠶᠢᠯᠠᠪᠠ︔ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ | ᠬᠠᠷᠠᠯᠲᠠ ᠪᠣᠯ ᠨᠠᠮ ᠤᠨ ᠵᠢᠯᠤᠭᠤᠳᠤᠯᠭ᠎ᠠ ᠶᠢ ᠲᠠᠭᠠᠬᠤ᠂ ᠢᠯᠠᠭᠤᠭᠰᠠᠨ ᠳᠠᠶᠢᠨ ᠬᠢᠵᠦ ᠴᠢᠳᠠᠬᠤ᠂ ᠬᠡᠪ ᠰᠤᠷᠲᠠᠯ ᠰᠢᠯᠢᠳᠡᠭ | ᠰᠠᠶᠢᠨ ᠠᠷᠠᠳ ᠤᠨ ᠴᠡᠷᠢᠭ ᠠᠩᠬᠢ ᠶᠢ ᠪᠠᠶᠢᠭᠤᠯᠵᠦ᠂ ᠠᠷᠠᠳ ᠤᠨ ᠴᠡᠷᠢᠭ ᠠᠩᠬᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ | ᠴᠡᠷᠢᠭ ᠠᠩᠬᠢ ᠪᠣᠯᠭᠠᠨ ᠪᠦᠳᠦᠬᠡᠨ ᠪᠠᠶᠢᠭᠤᠯᠬᠤ ᠶᠠᠪᠤᠳᠠᠯ ᠮᠦᠨ ᠭᠡᠳᠡᠭ ᠢ ᠲᠤᠳᠤᠷᠬᠠᠶᠢᠯᠠᠪᠠ︔ ᠳᠤᠮᠳᠠᠳᠤ ᠤᠯᠤᠰ ᠤᠨ | ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠨᠢ ᠦᠨᠳᠦᠰᠦᠲᠡᠨ ᠤ ᠰᠡᠷᠭᠦᠨ ᠮᠠᠨᠳᠤᠯᠲᠠ ᠳᠤ | ᠦᠢᠯᠡᠴᠢᠯᠡᠵᠦ᠂ ᠬᠥᠮᠦᠨ ᠲᠥᠷᠥᠯᠬᠢᠲᠡᠨ ᠤ ᠳᠠᠪᠰᠢᠯᠲᠠ ᠶᠢ ᠠᠬᠢᠭᠤᠯᠤᠨ᠂ ᠰᠢᠨ᠎ᠡ ᠬᠡᠯᠪᠡᠷᠢ ᠶᠢᠨ ᠤᠯᠠᠨ ᠤᠯᠤᠰ ᠤᠨ | ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠬᠤ ᠬᠡᠷᠡᠭᠳᠡᠢ ᠭᠡᠳᠡᠭ ᠢ ᠲᠤᠳᠤᠷᠬᠠᠶᠢᠯᠠᠪᠠ︔ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠣᠳᠣᠷᠬᠠᠶᠢᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ | ᠶᠡᠷᠦᠩᠬᠡᠶ ᠱᠠᠭᠠᠷᠳᠠᠯᠭ᠎ᠠ ᠶᠢ ᠳᠤᠷᠠᠳᠴᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ᠂ ᠦᠵᠡᠯ ᠰᠠᠨᠠᠭᠠᠨ ᠤ | ᠪᠠᠶᠢᠭᠤᠯᠤᠯᠲᠠ᠂ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠳᠦᠷᠢᠮ ᠤᠨ ᠪᠠᠶᠢᠭᠤᠯᠤᠯᠲᠠ ᠶᠢ ᠲᠡᠭᠦᠨ ᠳᠤ ᠲᠤᠭᠤᠰᠢᠯᠠᠭᠤᠯᠤᠨ᠂ | ᠢᠯᠵᠢᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠠᠬᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠭᠤᠤ ᠶᠡᠭᠡ ᠦᠪᠡᠷ ᠪᠢ ᠶᠢᠨ ᠬᠤᠪᠢᠰᠬᠠᠯ ᠢᠶᠠᠷ ᠠᠭᠤᠤ ᠶᠡᠭᠡ ᠨᠡᠶᠢᠭᠡᠮ ᠤᠨ | ᠬᠤᠪᠢᠰᠬᠠᠯ ᠢ ᠬᠥᠲᠥᠯᠥᠨ ᠳᠠᠭᠠᠭᠤᠯᠤᠨ᠎ᠠ᠃ ᠡᠳᠡᠭᠡᠷ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠪᠠ ᠰᠢᠨ᠎ᠡ | ᠡᠭᠦᠳᠦᠯᠲᠡ ᠶᠢᠨ ᠣᠶᠢᠯᠠᠭᠠᠭᠳᠠᠬᠤᠨ ᠪᠣᠯ ᠨᠠᠮ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠪᠦᠳᠦᠭᠡᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠶ ᠲᠠᠨᠢᠯᠲᠠ ᠶᠢᠨ ᠭᠦᠨᠵᠡᠭᠡᠶᠢᠷᠡᠯ ᠪᠠ ᠤᠨᠤᠯ ᠤᠨ ᠰᠢᠨ᠎ᠡ | ᠡᠭᠦᠳᠦᠯᠲᠡ ᠶᠢᠨ ᠴᠢᠬᠤᠯᠠ ᠶᠡᠭᠡ ᠦᠷ᠎ᠡ ᠪᠦᠲᠦᠭᠡᠯ ᠮᠥᠨ᠃ | ᠰᠢ ᠶᠢᠨ ᠫᠢᠩ ᠨᠥᠬᠦᠷ ᠰᠢᠨ᠎ᠡ ᠴᠠᠭ ᠦᠶ᠎ᠡ ᠶᠢᠨ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ | ᠬᠤᠯᠪᠣᠭᠳᠠᠬᠤ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠬᠥᠨ ᠭᠦᠨᠵᠡᠭᠡᠢ | ᠪᠣᠳᠣᠯᠬᠢᠯᠠᠬᠰᠠᠨ ᠪᠠ ᠲᠡᠬᠦᠨ ᠳᠤ ᠰᠢᠨᠵᠢᠯᠡᠬᠦ ᠤᠬᠠᠭᠠᠨᠴᠢ ᠮᠠᠭᠠᠳᠯᠠᠯᠲᠠ ᠬᠢᠵᠦ᠂ ᠰᠢᠨ᠎ᠠ ᠴᠠᠭ ᠦᠶ᠎ᠠ ᠳᠤ ᠶᠡᠮᠡᠷ | ᠶᠡᠩᠵᠤ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ᠂ ᠲᠤᠮᠳᠠᠳᠤ | ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠢ ᠭᠡᠷᠬᠢᠨ ᠪᠠᠷᠢᠮᠳᠠᠯᠠᠨ ᠬᠦᠭᠵᠢᠬᠦᠯᠬᠦ᠂ ᠶᠠᠮᠠᠷ ᠶᠠᠩᠵᠤ ᠶᠢᠨ ᠨᠡᠶᠢᠭᠡᠮ | ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠨᠡᠶᠢᠭᠡᠮ ᠵᠢᠷᠤᠮᠳᠤ ᠣᠳᠣᠬᠢᠴᠢᠯᠠᠭᠰᠠᠨ | ᠬᠦᠴᠦᠷᠬᠡᠭ ᠤᠯᠤᠰ ᠢ ᠬᠡᠷᠬᠢᠨ ᠪᠦᠲᠦᠭᠡᠨ ᠪᠠᠶᠢᠭᠤᠯᠬᠤ᠂ ᠶᠠᠮᠠᠷ ᠶᠠᠩᠵᠤ ᠶᠢᠨ ᠤᠷᠲᠤ ᠬᠤᠭᠤᠴᠠᠭ᠎ᠠ ᠪᠠᠷ ᠲᠦᠷᠦ ᠪᠠᠷᠢᠬᠤ | ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ᠂ ᠤᠷᠲᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ | ᠦᠵᠡᠯ ᠤᠨ ᠲᠦᠷᠦ ᠶᠢᠨ ᠨᠠᠮ ᠢ ᠬᠡᠷᠬᠢᠨ ᠪᠠᠶᠢᠭᠤᠯᠬᠤ ᠵᠡᠷᠭᠡ ᠴᠢᠬᠤᠯᠠ ᠶᠡᠭᠡ ᠴᠠᠭ ᠦᠶ᠎ᠡ ᠶᠢᠨ ᠰᠡᠳᠦᠪ ᠤᠳ ᠤᠨ ᠲᠤᠬᠠᠢ | ᠠᠯᠢ ᠤᠯᠠᠨ ᠤᠤᠭᠠᠯ ᠡᠬᠦᠳᠤᠯᠳᠠ ᠶᠢᠨ ᠴᠢᠨᠠᠷᠲᠠᠶ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠣᠶᠢᠯᠠᠭᠠᠭᠳᠠᠬᠤᠨ ᠰᠢᠨ᠎ᠡ | ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠳᠤᠷᠠᠳᠤᠨ ᠭᠠᠷᠭᠠᠪᠠ᠂ ᠲᠡᠷᠡ ᠪᠤᠯ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠡᠭᠦᠳᠦᠭᠴᠢ | ᠮᠥᠨ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ ᠬᠤᠷᠢᠨ ᠨᠢᠭᠡᠳᠦᠭᠡᠷ ᠵᠠᠭᠤᠨ ᠤ | ᠮᠠᠷᠺᠰ ᠤᠨ ᠦᠵᠡᠯ ᠮᠦᠨ᠂ ᠳᠤᠮᠳᠠᠳᠤ ᠶᠢᠨ ᠰᠣᠶᠣᠯ ᠪᠠ ᠳᠤᠮᠳᠠᠳᠤ ᠤᠯᠤᠰ ᠤᠨ ᠵᠣᠷᠢᠭ ᠰᠠᠨᠠᠭᠠᠨ ᠤ ᠴᠠᠭ ᠦᠶ᠎ᠡ ᠶᠢᠨ | ᠤᠬᠢ ᠰᠣᠳᠣ ᠮᠥᠨ᠂ ᠲᠡᠷᠡ ᠨᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠰᠢᠨ᠎ᠡ ᠦᠰᠦᠷᠦᠯᠲᠡ ᠶᠢ | ᠪᠡᠶᠡᠯᠡᠭᠦᠯᠪᠡ᠃ ᠨᠠᠮ ᠠᠴᠠ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ | ᠭᠤᠣᠯᠯᠠᠭᠴᠢ ᠪᠤᠯᠬᠤ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠢᠯᠣᠭᠤᠳᠬᠤ ᠪᠠᠶᠢᠷᠢ ᠰᠠᠭᠤᠷᠢ ᠶᠢ | ᠲᠣᠭᠲᠠᠭᠠᠭᠰᠠᠨ ᠨᠢ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ | ᠬᠠᠮᠲᠤ ᠶᠢᠨ ᠬᠦᠰᠡᠯ ᠡᠷᠡᠮᠡᠯᠵᠡᠯ ᠢ ᠲᠤᠰᠬᠠᠬᠰᠠᠨ ᠪᠠᠶᠢᠨ᠎ᠠ᠂ ᠡᠨᠡ ᠨᠢ ᠰᠢᠨ᠎ᠡ ᠴᠠᠭ ᠦᠶ᠎ᠡ ᠶᠢᠨ ᠨᠠᠮ ᠪᠠ ᠤᠯᠤᠰ ᠤᠨ ᠠᠵᠢᠯ | ᠦᠢᠯᠡᠰ ᠤᠨ ᠬᠥᠭᠵᠢᠯᠲᠡ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠨ | ᠠᠬᠢᠴᠠ ᠶᠢ ᠠᠬᠢᠭᠤᠯᠬᠤ ᠳᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠶᠤᠮ᠃ | ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠨᠠᠮ ᠪᠠ ᠤᠯᠤᠰ ᠤᠨ ᠠᠵᠢᠯ ᠦᠢᠯᠡᠰ ᠴᠢᠬᠤᠯᠠ ᠶᠡᠭᠡ | ᠠᠮᠵᠢᠯᠲᠠ ᠪᠦᠳᠦᠮᠵᠢ ᠣᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠢᠯᠡᠰ ᠢ ᠬᠥᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠠᠰᠢᠭᠲᠠᠢ ᠨᠥᠬᠦᠴᠡᠯ ᠢ ᠡᠭᠦᠳᠴᠡᠢ᠃ ᠡᠭᠦᠨ ᠤ | ᠬᠠᠮᠳᠤ᠂ ᠭᠠᠳᠠᠭᠠᠳᠤ ᠣᠷᠴᠢᠨ ᠨᠦᠬᠦᠴᠡᠯ ᠤᠨ ᠬᠤᠪᠢᠷᠠᠯᠲᠠ ᠮᠠᠰᠢ ᠤᠯᠠᠨ ᠰᠢᠨ᠎ᠡ ᠲᠦᠭᠰᠢᠭᠦᠷᠢ ᠪᠠ ᠰᠢᠯᠭᠠᠯᠳᠠ ᠶᠢ ᠪᠤᠢ | ᠪᠣᠯᠭᠠᠵᠤ᠂ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠳᠤ ᠤᠷᠳᠤ | ᠬᠤᠭᠤᠴᠠᠭ᠎ᠠ ᠪᠠᠷ ᠰᠢᠢᠳᠪᠦᠷᠢᠯᠡᠭᠡᠳᠦᠶ ᠴᠦᠬᠡᠨ ᠪᠤᠰᠤ ᠭᠦᠨ ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠵᠢᠴᠢ | ᠰᠢᠨ᠎ᠡ ᠪᠠᠷ ᠢᠯᠡᠷᠡᠭᠰᠡᠨ ᠵᠠᠷᠢᠮ ᠵᠥᠷᠢᠴᠡᠯ ᠪᠠ ᠠᠰᠠᠭᠤᠳᠠᠯ ᠲᠤᠯᠭᠠᠷᠠᠵᠤ ᠪᠠᠶᠢᠭ᠎ᠠ ᠪᠠ ᠨᠠᠮ ᠢ ᠬᠠᠮᠢᠶᠠᠷᠴᠤ ᠨᠠᠮ ᠢ | ᠵᠠᠰᠠᠬᠤ ᠳᠤ ᠨᠢᠭᠡ ᠦᠶ᠎ᠡ ᠠᠭᠤᠵᠢᠭᠤ ᠰᠤᠯᠠ ᠵᠥᠭᠡᠯᠡᠨ ᠪᠠᠶᠢᠬᠰᠠᠨ ᠠᠴᠠ ᠪᠤᠯᠵᠦ ᠨᠠᠮ ᠤᠨ ᠳᠣᠲᠣᠭᠠᠳᠤ ᠶᠢᠨ ᠨᠠᠵᠠᠭᠠᠶ | ᠢᠯᠵᠢᠷᠠᠮᠠᠯ ᠦᠵᠡᠭᠳᠡᠯ ᠦᠷᠭᠡᠵᠢᠨ ᠳᠡᠯᠭᠡᠷᠡᠵᠦ᠂ ᠤᠯᠤᠰ ᠲᠥᠷᠥ ᠶᠢᠨ ᠠᠮᠢ ᠠᠬᠤᠶ ᠳᠤ ᠬᠦᠨᠳᠦ ᠨᠣᠴᠢᠲᠠᠶ ᠠᠰᠠᠭᠤᠳᠠᠯ | ᠢᠯᠡᠷᠡᠵᠦ᠂ ᠨᠠᠮ ᠪᠠ ᠣᠯᠠᠨ ᠲᠦᠮᠡᠨ ᠤ ᠬᠠᠷᠢᠴᠠᠭ᠎ᠠ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠬᠤᠬᠢᠷᠠᠯ ᠳᠤ ᠤᠴᠠᠷᠠᠵᠤ | ᠂ ᠨᠠᠮ ᠤᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠰᠤᠯᠠᠷᠠᠵᠤ᠂ ᠨᠠᠮ ᠠᠴᠠ ᠲᠦᠷᠦ ᠶᠢ | ᠵᠠᠰᠠᠵᠤ ᠵᠠᠰᠠᠭ ᠢ ᠡᠷᠬᠢᠯᠡᠬᠦ ᠳᠤ ᠬᠦᠨᠳᠦ ᠶᠡᠭᠡ ᠰᠢᠯᠭᠠᠯᠲᠠ ᠲᠤᠯᠭᠠᠷᠠᠵᠦ ᠪᠠᠶᠢᠭ᠎ᠠ ᠶᠢ ᠨᠠᠮ ᠰᠡᠷᠭᠡᠭ ᠢᠶᠠᠷ ᠲᠠᠨᠢᠵᠦ ᠤᠯᠪᠠ᠃ | ᠰᠢ ᠶᠢᠨ ᠫᠢᠩ ᠨᠥᠬᠦᠷ ᠢᠶᠠᠷ ᠭᠤᠣᠯᠯᠠᠭᠤᠯᠤᠬᠰᠠᠨ ᠨᠠᠮ ᠤᠨ ᠲᠥᠪ ᠬᠤᠷᠢᠶ᠎ᠠ᠂ ᠠᠭᠤᠤ ᠶᠡᠭᠡ ᠲᠡᠤᠬᠡᠨ | ᠰᠠᠨᠠᠭᠠᠴᠢᠯᠠᠭᠠᠲᠤ ᠵᠣᠷᠢᠭ ᠰᠠᠨᠠᠭ᠎ᠠ᠂ ᠠᠤᠭ᠎ᠠ ᠶᠡᠭᠡ ᠤᠯᠤᠰ ᠲᠥᠷᠥ ᠶᠢᠨ ᠰᠥᠰᠥ ᠵᠣᠷᠢᠭ᠂ ᠡᠷᠡᠰ ᠴᠢᠩᠭ᠎ᠠ ᠡᠬᠦᠷᠭᠡ | ᠬᠠᠷᠢᠭᠤᠴᠠᠯᠭᠠᠳᠤ ᠰᠡᠳᠭᠢᠯᠭᠡ ᠪᠠᠷ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠶ | ᠲᠥᠯᠥᠪᠯᠡᠵᠦ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ | ᠲᠤᠭᠤᠰᠢᠯᠠᠭᠤᠯᠤᠨ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ | ᠬᠦᠰᠡᠯ ᠡᠷᠡᠮᠡᠯᠵᠡᠯ ᠢ ᠶᠡᠷᠦᠩᠬᠡᠶᠢᠯᠡᠨ ᠵᠢᠯᠣᠭᠤᠳᠴᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ | ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠠᠯᠢ ᠣᠯᠠᠨ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ ᠶᠢ | ᠲᠣᠭᠲᠠᠭᠠᠵᠤ᠂ ᠠᠯᠢ ᠣᠯᠠᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠡᠶᠢᠳᠡᠯᠡᠨ᠂ ᠠᠯᠢ ᠣᠯᠠᠨ ᠴᠢᠬᠤᠯᠠ ᠶᠡᠭᠡ ᠠᠵᠢᠯ ᠢ | ᠠᠬᠢᠭᠤᠯᠵᠤ᠂ ᠠᠯᠢ ᠣᠯᠠᠨ ᠬᠦᠨᠳᠦ ᠶᠡᠭᠡ ᠲᠦᠭᠰᠢᠭᠦᠷᠢ ᠪᠠ ᠰᠢᠯᠭᠠᠯᠳᠠ ᠶᠢ ᠢᠯᠠᠨ ᠲᠠᠪᠠᠵᠤ᠂ ᠤᠷᠲᠤ ᠬᠤᠭᠤᠴᠠᠭᠠᠨ ᠤ | ᠲᠤᠷᠰᠢ ᠰᠢᠢᠳᠪᠦᠷᠢᠯᠡᠬᠦ ᠭᠡᠰᠡᠨ ᠪᠤᠯᠪᠠᠴᠤ ᠰᠢᠢᠳᠪᠦᠷᠢᠯᠡᠭᠡᠳᠦᠢ ᠪᠠᠶᠢᠭᠰᠠᠨ ᠮᠠᠰᠢ ᠤᠯᠠᠨ ᠪᠡᠷᠬᠡ ᠰᠡᠳᠦᠪ ᠢ ᠰᠢᠢᠳᠪᠦᠷᠢᠯᠡᠵᠦ᠂ | ᠦᠩᠭᠡᠷᠡᠭᠰᠡᠨ ᠳᠤ ᠬᠢᠬᠦ ᠭᠡᠰᠡᠨ ᠪᠤᠯᠪᠠᠴᠤ ᠬᠢᠵᠦ ᠴᠢᠳᠠᠭᠰᠠᠨ ᠦᠭᠡᠢ ᠮᠠᠰᠢ ᠤᠯᠠᠨ ᠶᠡᠭᠡ ᠶᠠᠪᠤᠳᠠᠯ ᠢ ᠪᠦᠳᠦᠬᠡᠬᠡᠳ᠂ ᠨᠠᠮ | ᠪᠠ ᠤᠯᠤᠰ ᠤᠨ ᠠᠵᠢᠯ ᠦᠢᠯᠡᠰ ᠤᠨ ᠲᠡᠤᠬᠡᠲᠦ ᠴᠢᠨᠠᠷᠲᠠᠶ ᠠᠮᠵᠢᠯᠲᠠ ᠪᠦᠳᠦᠮᠵᠢ ᠣᠯᠬᠤ᠂ ᠲᠡᠤᠬᠡᠲᠦ ᠴᠢᠨᠠᠷᠲᠠᠶ | ᠬᠤᠪᠢᠰᠤᠯᠲᠠ ᠭᠠᠷᠬᠤ ᠶᠢ ᠠᠬᠢᠭᠤᠯᠪᠠ᠃ | ︵ᠨᠢᠭᠡ︶ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠲᠠᠯ᠎ᠠ ᠪᠠᠷ | ᠥᠭᠡᠷᠡᠴᠢᠯᠡᠯᠲᠡ ᠨᠡᠭᠡᠭᠡᠯᠳᠡ ᠬᠢᠭᠰᠡᠨ ᠤ ᠲᠠᠷᠠᠭ᠎ᠠ᠂ ᠨᠠᠮ ᠠᠴᠠ ᠨᠠᠮ ᠤᠨ ᠤᠳᠤᠷᠢᠳᠤᠯᠭ᠎ᠠ ᠶᠢ ᠴᠢᠩᠭᠠᠳᠬᠠᠨ | ᠰᠠᠶᠢᠵᠢᠷᠠᠭᠤᠯᠬᠤ ᠶᠢᠨ ᠲᠥᠯᠥᠭᠡ ᠦᠷᠭᠦᠯᠵᠢᠯᠡᠨ ᠴᠢᠷᠮᠠᠶᠢᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ | ᠤᠯᠤᠰ ᠲᠦᠷᠦ ᠶᠢᠨ ᠦᠨᠳᠦᠰᠦᠨ ᠪᠠᠲᠤᠯᠠᠭ᠎ᠠ ᠬᠠᠩᠭᠠᠪᠠ᠃ ᠡᠭᠦᠨ ᠤ ᠬᠠᠮᠲᠤ᠂ ᠨᠠᠮ ᠤᠨ ᠳᠣᠲᠣᠭᠠᠳᠤ ᠳᠤ ᠪᠠᠰᠠ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠬᠤ ᠲᠤᠬᠠᠶ ᠲᠠᠨᠢᠯᠲᠠ ᠪᠠᠯᠠᠷᠬᠠᠶ᠂ ᠠᠵᠢᠯᠯᠠᠭ᠎ᠠ ᠲᠤᠷᠪᠢ ᠦᠭᠡᠢ ᠪᠠᠶᠢᠬᠤ ᠠᠰᠠᠭᠤᠳᠠᠯ ᠴᠥᠭᠡᠨ | ᠪᠤᠰᠤ ᠣᠷᠣᠰᠢᠵᠤ᠂ ᠨᠠᠮ ᠤᠨ ᠤᠳᠤᠷᠢᠳᠤᠯᠭ᠎ᠠ ᠶᠢ ᠨᠠᠶᠢᠳᠠᠪᠤᠷᠢᠵᠢᠭᠤᠯᠬᠤ ᠳᠠᠭᠠᠨ ᠰᠤᠯᠠᠷᠠᠭᠤᠯᠬᠤ᠂ ᠬᠡᠶᠢᠰᠪᠦᠷᠢᠵᠢᠬᠦᠯᠬᠦ᠂ | ᠶᠡᠷᠦᠮᠳᠡᠭᠵᠢᠬᠦᠯᠬᠦ᠂ ᠵᠠᠬ᠎ᠠ ᠬᠦᠪᠡᠭᠡᠳᠡᠬᠦᠯᠬᠦ ᠠᠰᠠᠭᠤᠳᠠᠯ ᠴᠥᠭᠡᠨ ᠪᠤᠰᠤ ᠣᠷᠣᠰᠢᠵᠤ ᠪᠠᠶᠢᠨ᠎ᠠ᠂ ᠢᠯᠠᠩᠭᠤᠶ᠎ᠠ ᠨᠠᠮ ᠤᠨ | ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠳᠤᠷ ᠬᠡᠷᠡᠭᠵᠢᠭᠦᠯᠬᠦ ᠦᠭᠡᠢ᠂ | ᠵᠠᠷᠢᠮ ᠨᠢ ᠲᠡᠭᠡᠷ᠎ᠡ ᠱᠠᠳᠣᠨ ᠠᠴᠠ ᠲᠥᠷᠥ ᠶᠢᠨ ᠪᠣᠳᠣᠯᠭ᠎ᠠ ᠲᠣᠭᠳᠠᠭᠠᠬᠤ ᠳᠤ ᠲᠣᠣᠷ᠎ᠠ ᠱᠠᠳᠣ ᠨᠢ ᠠᠷᠭᠠᠴᠠᠬᠤ ᠠᠷᠭ᠎ᠠ | ᠭᠠᠷᠭᠠᠵᠦ᠂ ᠴᠢᠨᠠᠭᠰᠢᠯᠠᠪᠠᠯ ᠠᠮᠠᠨ ᠲᠡᠭᠡᠷ᠎ᠡ ᠪᠠᠨ ᠲᠠᠭᠠᠭᠠᠳ ᠠᠵᠢᠯᠯᠠᠭ᠎ᠠ ᠲᠡᠭᠡᠷ᠎ᠡ ᠪᠠᠨ ᠵᠦᠷᠢᠴᠡᠵᠦ᠂ ᠳᠤᠷ᠎ᠠ ᠪᠠᠷ ᠢᠶᠠᠨ | ᠦᠢᠯᠡᠳᠴᠦ ᠪᠠᠶᠢᠨ᠎ᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠬᠰᠠᠨ ᠨᠠᠮ ᠤᠨ ᠲᠥᠪ ᠬᠤᠷᠢᠶ᠎ᠠ ᠲᠤᠭ ᠲᠡᠮᠳᠡᠭ | ᠲᠣᠳᠣᠷᠬᠠᠢ ᠪᠠᠷ ᠳᠤᠷᠠᠳᠤᠨ ᠭᠠᠷᠭᠠᠭᠰᠠᠨ ᠨᠢ᠂ ᠨᠠᠮ ᠤᠨ ᠤᠳᠤᠷᠢᠳᠤᠯᠭ᠎ᠠ ᠪᠣᠯ ᠨᠠᠮ ᠪᠠ ᠤᠯᠤᠰ ᠣᠷᠣᠨ ᠤ ᠦᠨᠳᠦᠰᠦ᠂ | ᠠᠮᠢᠨ ᠰᠤᠳᠠᠰᠤ ᠮᠥᠨ᠂ ᠲᠡᠷᠡ ᠨᠢ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠰᠢᠭ ᠲᠤᠰᠠ᠂ | ᠬᠤᠪᠢ ᠵᠠᠶᠠᠭ᠎ᠠ ᠲᠠᠢ ᠬᠤᠯᠪᠣᠭᠳᠠᠵᠤ ᠪᠠᠶᠢᠭ᠎ᠠ ᠶᠤᠮ᠂ ᠪᠦᠬᠦ ᠨᠠᠮ ᠢᠶᠠᠷ ᠢᠶᠠᠨ ᠡᠷᠬᠡᠪᠰᠢ ᠤᠬᠠᠮᠰᠠᠷ ᠠᠴᠠ ᠪᠠᠨ ᠦᠵᠡᠯ | ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠳᠡᠭᠡᠷ᠎ᠡ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠶ ᠪᠠᠶᠢᠵᠤ᠂ ᠰᠢᠨᠵᠢᠯᠡᠬᠦ ᠤᠬᠠᠭᠠᠨᠴᠢ ᠪᠠᠷ ᠲᠥᠷᠥ ᠪᠠᠷᠢᠬᠤ᠂ ᠠᠷᠠᠳᠴᠢᠯᠠᠯ ᠢᠶᠠᠷ ᠲᠥᠷᠥ ᠪᠠᠷᠢᠬᠤ᠂ ᠬᠠᠤᠯᠢ | ᠶᠣᠰᠣᠭᠠᠷ ᠲᠥᠷᠥ ᠪᠠᠷᠢᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠪᠣᠳᠣᠯᠬᠢᠯᠠᠬᠤ᠂ | ᠲᠥᠷᠥ ᠶᠢᠨ ᠪᠣᠳᠣᠯᠭ᠎ᠠ ᠲᠣᠭᠲᠠᠭᠠᠬᠤ᠂ ᠥᠭᠡᠷᠡᠴᠢᠯᠡᠯᠲᠡ ᠶᠢ ᠠᠬᠢᠭᠤᠯᠬᠤ ᠴᠢᠳᠠᠪᠤᠷᠢ ᠪᠠᠨ ᠳᠡᠭᠡᠭᠰᠢᠯᠡᠭᠦᠯᠤᠨ᠂ ᠨᠠᠮ ᠤᠨ | ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠤᠯᠯᠠᠬᠴᠢ ᠶᠢᠨ ᠦᠢᠯᠡᠳᠦᠯ | ᠢᠶᠠᠨ ᠭᠦᠢᠴᠡᠳ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠨᠠᠮ ᠠᠴᠠ ᠳᠤᠳᠤᠷᠬᠠᠢ ᠳᠤᠷᠠᠳᠤᠨ ᠭᠠᠷᠭᠠᠭᠰᠠᠨ ᠨᠢ᠂ ᠨᠠᠮ ᠤᠨ ᠤᠳᠤᠷᠢᠳᠤᠯᠭ᠎ᠠ ᠪᠣᠯ ᠪᠦᠬᠦ ᠲᠠᠯ᠎ᠠ ᠶᠢᠨ᠂ | ᠰᠢᠰᠲ᠋ᠧᠮ ᠲᠠᠢ᠂ ᠪᠦᠬᠦᠯᠢ ᠴᠣᠭᠴᠠ ᠶᠢᠨ ᠶᠤᠮ᠂ ᠨᠠᠮ ᠤᠨ ᠪᠦᠯᠬᠦᠮᠳᠡᠯ ᠨᠢᠭᠡᠳᠦᠯ ᠢ ᠪᠠᠲᠤᠯᠠᠬᠤ ᠪᠣᠯ ᠨᠠᠮ ᠤᠨ ᠠᠮᠢ ᠨᠠᠰᠤ | ᠮᠥᠨ︔ ᠨᠠᠮ ᠤᠨ ᠲᠥᠪ ᠬᠤᠷᠢᠶᠠᠨ ᠤ ᠲᠦᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠪᠣᠯ ᠨᠠᠮ ᠤᠨ ᠤᠳᠤᠷᠢᠳᠤᠯᠭ᠎ᠠ ᠶᠢᠨ | ᠬᠠᠮᠤᠭ ᠤᠨ ᠳᠡᠭᠡᠳᠦ ᠵᠠᠷᠴᠢᠮ ᠮᠥᠨ᠂ ᠨᠠᠮ ᠤᠨ ᠲᠥᠪ ᠬᠤᠷᠢᠶᠠᠨ ᠤ ᠲᠦᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠴᠢᠩᠭᠠᠳᠬᠠᠨ ᠬᠠᠮᠠᠭᠠᠯᠠᠬᠤ ᠪᠣᠯ ᠪᠦᠬᠦ ᠨᠠᠮ ᠤᠨ ᠬᠠᠮᠲᠤ ᠶᠢᠨ ᠤᠯᠤᠰ ᠲᠦᠷᠦ ᠶᠢᠨ ᠬᠠᠷᠢᠭᠤᠴᠠᠯᠭ᠎ᠠ ᠮᠥᠨ᠂ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠬᠤ ᠳᠤ ᠡᠩ ᠲᠡᠷᠢᠭᠦᠨ ᠳᠤ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ | ᠪᠦᠬᠦ ᠨᠠᠮ ᠢᠶᠠᠷ ᠢᠶᠠᠨ ᠲᠥᠪ ᠬᠤᠷᠢᠶ᠎ᠠ ᠶᠢ ᠲᠠᠭᠠᠬᠤ ᠶᠢ ᠪᠠᠲᠤᠯᠠᠬᠤ ᠬᠡᠷᠡᠭᠲᠡᠶ᠃ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ᠰᠢᠨ᠎ᠡ ᠪᠠᠶᠢᠳᠠᠯ ᠳᠣᠣᠷᠠᠬᠢ ᠨᠠᠮ ᠤᠨ | ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ ᠢ ᠪᠠᠲᠤᠯᠠᠵᠤ᠂ ᠨᠠᠮ ᠤᠨ ᠲᠥᠪ | ᠬᠤᠷᠢᠶ᠎ᠠ ᠠᠴᠠ ᠨᠠᠮ ᠤᠨ ᠲᠥᠪ ᠬᠤᠷᠢᠶᠠᠨ ᠤ ᠲᠦᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ | ᠲᠤᠬᠠᠢ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠶᠢᠨ ᠲᠣᠭᠲᠠᠭᠠᠯ ᠤᠳ ᠢ ᠨᠡᠶᠢᠲᠡᠯᠡᠨ ᠬᠡᠷᠡᠭᠵᠢᠭᠦᠯᠵᠦ᠂ | ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠬᠤᠪᠢᠨᠴᠢᠷ | ᠦᠵᠡᠯ᠂ ᠲᠠᠷᠠᠬᠠᠶ ᠦᠵᠡᠯ᠂ ᠳᠤᠷ᠎ᠠ ᠵᠣᠷᠢᠭ ᠤᠨ ᠦᠵᠡᠯ᠂ ᠥᠪᠡᠷᠮᠡᠲᠡᠭᠡᠶ ᠦᠵᠡᠯ᠂ ᠰᠠᠶᠢᠮᠰᠤᠷᠠᠬᠤ ᠦᠵᠡᠯ ᠵᠡᠷᠭᠡ ᠶᠢ | ᠰᠡᠷᠭᠡᠶᠢᠯᠡᠨ ᠡᠰᠡᠷᠭᠦᠴᠡᠵᠦ᠂ ᠢᠳᠡᠪᠬᠢᠲᠡᠶ ᠪᠥᠭᠡᠳ ᠡᠷᠡᠭᠦᠯ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠰᠣᠶᠣᠯ ᠢ | ᠬᠥᠭᠵᠢᠭᠦᠯᠵᠦ᠂ ᠴᠡᠪᠡᠷ ᠠᠷᠢᠭᠤᠨ ᠲᠦᠪ ᠴᠢᠭᠡᠴᠢ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠶ ᠶᠢ ᠪᠤᠢ | ᠪᠣᠯᠭᠠᠬᠤ ᠶᠢ ᠠᠬᠢᠭᠤᠯᠪᠠ᠃ ᠨᠠᠮ ᠤᠨ ᠲᠥᠪ ᠬᠤᠷᠢᠶ᠎ᠠ ᠠᠴᠠ ᠨᠠᠮ ᠤᠨ ᠤᠳᠤᠷᠢᠳᠬᠤ ᠺᠠᠳ᠋ᠷᠴᠤᠳ ᠢ ᠤᠯᠤᠰ ᠲᠥᠷᠥ ᠶᠢᠨ | ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠦᠢᠴᠡᠳᠭᠡᠬᠦ | ᠴᠢᠳᠠᠪᠤᠷᠢ ᠪᠠᠨ ᠳᠡᠭᠡᠭᠰᠢᠯᠡᠭᠦᠯᠵᠤ᠂ ᠭᠡᠬᠦᠳᠡᠭ ᠴᠡᠭᠡᠵᠢᠨ ᠳᠡᠭᠡᠨ ︽ᠤᠯᠤᠰ ᠭᠦᠷᠦᠨ ᠤ ᠶᠡᠭᠡ ᠶᠠᠪᠤᠳᠠᠯ︾ ᠢ ᠪᠤᠳᠤᠯᠬᠢᠯᠠᠨ᠂ | ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠨᠠᠮ ᠤᠨ ᠵᠢᠯᠣᠭᠤᠳᠣᠯᠭ᠎ᠠ ᠶᠢ ᠳᠠᠭᠠᠵᠤ᠂ ᠨᠠᠮ ᠤᠨ ᠢᠶᠠᠨ ᠲᠦᠯᠦᠭᠡ | ᠬᠠᠷᠢᠭᠤᠴᠠᠯᠭ᠎ᠠ ᠭᠦᠢᠴᠡᠳᠭᠡᠬᠦ ᠬᠡᠷᠡᠭᠳᠡᠢ ᠭᠡᠵᠦ ᠱᠠᠭᠠᠷᠳᠠᠪᠠ᠃ ᠨᠠᠮ ᠠᠴᠠ ᠨᠠᠮ ᠤᠨ ᠤᠳᠤᠷᠢᠳᠬᠤ ᠪᠠᠶᠢᠭᠤᠯᠤᠯ ᠤᠨ | ᠰᠢᠰᠲ᠋ᠧᠮ ᠢ ᠪᠦᠷᠢᠨᠰᠢᠬᠦᠯᠵᠦ᠂ ᠨᠠᠮ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ | ᠤᠯᠤᠰ ᠲᠦᠷᠦ ᠶᠢᠨ ᠵᠦᠪᠯᠡᠯᠭᠡᠨ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ | ᠪᠠᠶᠢᠭᠤᠯᠭ᠎ᠠ᠂ ᠵᠡᠪᠰᠡᠭᠲᠦ ᠬᠦᠴᠦᠨ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ | ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠳᠠᠢ ᠥᠪᠡᠷᠲᠡᠭᠡᠨ ᠵᠠᠰᠠᠬᠤ ᠵᠤᠬᠢᠶᠠᠨ ᠪᠠᠶᠢᠭᠤᠯᠤᠯᠲᠠ᠂ ᠨᠡᠶᠢᠭᠡᠮ ᠤᠨ | ᠵᠤᠬᠢᠶᠠᠨ ᠪᠠᠶᠢᠭᠤᠯᠤᠯᠲᠠ ᠵᠡᠷᠭᠡ ᠶᠢ ᠤᠳᠤᠷᠢᠳᠬᠤ ᠪᠠᠶᠢᠭᠤᠯᠤᠯ ᠢ ᠲᠡᠭᠦᠯᠳᠡᠷᠵᠢᠭᠦᠯᠵᠦ᠂ ᠨᠠᠮ ᠠᠴᠠ ᠡᠯ᠎ᠡ ᠵᠦᠢᠯ ᠤᠨ | ᠵᠤᠬᠢᠶᠠᠨ ᠪᠠᠶᠢᠭᠤᠯᠤᠯᠲᠠ ᠶᠢᠨ ᠳᠤᠮᠳᠠ ᠤᠳᠤᠷᠢᠳᠬᠤ ᠦᠢᠯᠡᠳᠦᠯ ᠪᠠᠳᠠᠷᠠᠭᠤᠯᠬᠤ ᠶᠢ ᠦᠨᠡᠨ ᠬᠦ ᠪᠠᠲᠤᠯᠠᠪᠠ᠃ ᠨᠠᠮ ᠠᠴᠠ | ᠠᠷᠠᠳᠴᠢᠯᠠᠯ ᠲᠦᠪᠯᠡᠷᠡᠯ ᠤᠨ ᠶᠣᠰᠣ ᠶᠢ ᠪᠠᠷᠢᠮᠲᠠᠯᠠᠨ᠂ ᠴᠢᠬᠤᠯᠠ ᠶᠡᠭᠡ ᠠᠵᠢᠯ ᠳᠠᠬᠢ ᠨᠠᠮ ᠤᠨ ᠤᠳᠤᠷᠢᠳᠬᠤ ᠪᠠᠶᠢᠭᠤᠯᠤᠯ ᠢ | ᠪᠠᠶᠢᠭᠤᠯᠤᠨ ᠪᠦᠷᠢᠨᠰᠢᠬᠦᠯᠵᠦ᠂ ᠨᠠᠮ ᠤᠨ ᠲᠥᠪ ᠬᠤᠷᠢᠶᠠᠨ ᠤ ᠪᠤᠳᠤᠯᠭ᠎ᠠ ᠲᠤᠭᠲᠠᠭᠠᠬᠤ ᠬᠡᠷᠡᠭ ᠵᠦᠪᠯᠡᠬᠦ ᠵᠣᠬᠢᠴᠠᠭᠤᠯᠬᠤ | ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠴᠢᠩᠭᠠᠳᠬᠠᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠲᠣᠭᠲᠡᠴᠡ ᠶᠢ ᠲᠡᠭᠦᠯᠳᠡᠷᠵᠢᠭᠦᠯᠵᠦ᠂ ᠨᠠᠮ ᠤᠨ | ᠲᠥᠪ ᠬᠤᠷᠢᠶ᠎ᠠ ᠠᠴᠠ ᠵᠢᠭᠠᠪᠤᠷᠢ ᠠᠪᠬᠤ ᠪᠠ ᠨᠠᠮ ᠤᠨ ᠲᠦᠪ ᠬᠤᠷᠢᠶ᠎ᠠ ᠳᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ | ᠂ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠨ᠂ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢ | ᠭᠦᠨᠵᠡᠭᠡᠶᠢᠷᠡᠭᠦᠯᠵᠦ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠠᠴᠠ ᠵᠥᠷᠢᠴᠡᠭᠰᠡᠨ ᠪᠠ ᠨᠠᠮ ᠤᠨ | ᠲᠦᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠶᠢ ᠡᠪᠳᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂ ︽ᠬᠤᠶᠠᠷ | ᠨᠢᠭᠤᠷᠳᠠᠨ︾ ᠢ ᠴᠡᠪᠡᠷᠯᠡᠨ ᠠᠷᠢᠯᠭᠠᠵᠤ᠂ ᠪᠦᠬᠦ ᠨᠠᠮ ᠤᠨ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ | ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠤᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ | ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠪᠠᠲᠤᠯᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ | ᠲᠦᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠬᠦᠴᠦᠲᠡᠶ ᠪᠠᠲᠤᠯᠠᠭ᠎ᠠ ᠲᠠᠢ ᠪᠤᠯᠵᠦ᠂ ᠨᠠᠮ ᠤᠨ ᠤᠳᠤᠷᠢᠳᠬᠤ | ᠪᠠᠶᠢᠭᠤᠯᠤᠯ ᠤᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ ᠨᠠᠮ ᠤᠨ ᠤᠳᠤᠷᠢᠳᠬᠤ ᠠᠷᠭ᠎ᠠ ᠮᠠᠶ᠋ᠢᠭ ᠨᠠᠩ ᠰᠢᠨᠵᠢᠯᠡᠬᠦ | ᠤᠬᠠᠭᠠᠨᠴᠢ ᠪᠣᠯᠵᠤ᠂ ᠪᠦᠬᠦ ᠨᠠᠮ ᠢᠶᠠᠷ ᠢᠶᠠᠨ ᠦᠵᠡᠯ ᠰᠠᠨᠠᠭᠠᠨ ᠤ ᠲᠠᠯ᠎ᠠ ᠪᠠᠷ ᠨᠡᠩ ᠨᠢᠭᠡᠳᠦᠯᠲᠡᠶ᠂ ᠤᠯᠤᠰ ᠲᠦᠷᠦ ᠶᠢᠨ | ᠲᠠᠯ᠎ᠠ ᠪᠠᠷ ᠨᠡᠩ ᠪᠦᠯᠬᠦᠮᠳᠡᠯ ᠲᠠᠢ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠡᠩ ᠠᠯᠬᠤᠮ ᠨᠢᠭᠡᠲᠡᠶ ᠪᠤᠯᠵᠤ᠂ ᠨᠠᠮ ᠤᠨ | ᠤᠯᠤᠰ ᠲᠦᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠤᠯᠠᠨ | ᠲᠦᠮᠡᠨ ᠢ ᠵᠤᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢᠯᠡᠳᠲᠡ ᠴᠢᠩᠭᠠᠷᠠᠪᠠ᠃ | ︵ᠬᠤᠶᠠᠷ︶ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠠᠯ᠎ᠠ ᠪᠠᠷ | ᠥᠭᠡᠷᠡᠴᠢᠯᠡᠯᠲᠡ ᠨᠡᠭᠡᠭᠡᠯᠳᠡ ᠬᠢᠭᠰᠡᠨ ᠤ ᠲᠠᠷᠠᠭ᠎ᠠ᠂ ᠨᠠᠮ ᠠᠴᠠ ᠨᠠᠮ ᠢ ᠨᠠᠮ ᠬᠠᠮᠢᠶᠠᠷᠬᠤ᠂ ᠨᠠᠮ ᠢ ᠴᠢᠩᠭ᠎ᠠ | ᠵᠠᠰᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠠᠬᠢᠭᠤᠯᠤᠭᠠᠳ ᠢᠯᠡᠳᠲᠡ ᠦᠷ᠎ᠡ ᠪᠦᠲᠦᠮᠵᠢ ᠤᠯᠪᠠ᠃ ᠡᠭᠦᠨ ᠤ | ᠬᠠᠮᠲᠤ᠂ ᠨᠢᠭᠡ ᠦᠶ᠎ᠡ ᠨᠠᠮ ᠢ ᠬᠠᠮᠢᠶᠠᠷᠬᠤ ᠲᠠᠯ᠎ᠠ ᠪᠠᠷ ᠰᠤᠯᠠ᠂ ᠨᠠᠮ ᠢ ᠵᠠᠰᠠᠬᠤ ᠲᠠᠯ᠎ᠠ ᠪᠠᠷ ᠴᠢᠩᠭ᠎ᠠ ᠪᠤᠰᠤ ᠠᠰᠠᠭᠤᠳᠠᠯ | ᠭᠠᠷᠤᠭᠰᠠᠨ ᠠᠴᠠ ᠵᠠᠷᠢᠮ ᠨᠠᠮ ᠤᠨ ᠭᠡᠰᠢᠭᠦᠨ᠂ ᠺᠠᠳ᠋ᠷ ᠤᠨ ᠤᠯᠤᠰ ᠲᠥᠷᠥ ᠶᠢᠨ ᠢᠲᠡᠭᠡᠯ ᠪᠢᠰᠢᠷᠡᠯ ᠳᠤ ᠬᠦᠨᠳᠦ ᠨᠣᠴᠢᠲᠠᠶ | ᠲᠦᠭᠰᠢᠬᠦᠷᠢ ᠭᠠᠷᠴᠤ᠂ ᠵᠠᠷᠢᠮ ᠣᠷᠣᠨ ᠨᠤᠲᠤᠭ ᠪᠠ ᠰᠠᠯᠠᠭ᠎ᠠ ᠮᠥᠴᠢᠷ ᠤᠨ ᠬᠥᠮᠦᠨ ᠰᠣᠩᠭᠤᠵᠤ ᠬᠥᠮᠦᠨ ᠬᠡᠷᠡᠭᠯᠡᠬᠦ ᠬᠡᠪ | ᠰᠤᠷᠲᠠᠯ ᠲᠥᠪ ᠪᠤᠰᠤ ᠪᠤᠯᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ | ᠪᠦᠷᠢᠯᠭᠡᠬᠦ ᠰᠤᠷᠲᠠᠯ ᠳᠡᠯᠭᠡᠷᠡᠵᠦ᠂ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠨᠡᠯᠢᠶᠡᠳ | ᠲᠦᠭᠡᠮᠡᠯ ᠣᠷᠣᠰᠢᠬᠤ ᠪᠤᠯᠤᠬᠰᠠᠨ ᠪᠠᠶᠢᠨ᠎ᠠ᠃ ᠢᠯᠠᠩᠭᠤᠶ᠎ᠠ ᠤᠢᠢᠷ᠎ᠠ ᠳᠣᠲᠣᠨᠣᠴᠤᠳ ᠢᠶᠠᠨ ᠯᠠ ᠬᠡᠷᠡᠭᠯᠡᠨ᠂ ᠪᠤᠰᠤᠳ ᠢ | ᠭᠠᠳᠠᠭᠤᠷᠴᠢᠯᠠᠬᠤ ᠦᠵᠡᠭᠳᠡᠯ ᠪᠠᠶᠢᠨ᠎ᠠ᠂ ᠡᠪᠰᠡᠯ ᠪᠦᠯᠦᠭ ᠪᠠᠶᠢᠭᠤᠯᠤᠨ᠂ ᠠᠶᠢᠮᠠᠭ ᠪᠦᠯᠦᠭ ᠪᠣᠯᠤᠯᠴᠠᠬᠤ ᠦᠵᠡᠭᠳᠡᠯ | ᠪᠠᠶᠢᠨ᠎ᠠ᠂ ᠨᠡᠷ᠎ᠡ ᠪᠤᠷᠤᠭᠤᠯᠠᠨ ᠭᠦᠳᠭᠡᠨ ᠵᠠᠭᠠᠯᠳᠤᠵᠤ᠂ ᠴᠤᠤᠷᠬᠠᠯ ᠲᠠᠷᠬᠠᠭᠠᠬᠤ ᠦᠵᠡᠭᠳᠡᠯ ᠪᠠᠶᠢᠨ᠎ᠠ᠂ ᠬᠥᠮᠦᠨ ᠤ | ᠰᠡᠳᠭᠢᠯ ᠢ ᠲᠠᠳᠠᠨ ᠠᠪᠴᠤ᠂ ᠰᠣᠩᠭᠤᠭᠤᠯᠢ ᠶᠢᠨ ᠫᠢᠶᠣᠣ ᠲᠠᠲᠠᠬᠤ ᠦᠵᠡᠭᠳᠡᠯ ᠪᠠᠶᠢᠨ᠎ᠠ᠂ ᠵᠡᠷᠭᠡ ᠲᠤᠰᠢᠶᠠᠯ ᠥᠭᠬᠦ ᠪᠠᠷ | ᠠᠮᠠᠯᠠᠨ᠂ ᠵᠡᠷᠭᠡ ᠬᠡᠷᠭᠡᠮ ᠤᠯᠤᠭᠠᠳ ᠬᠠᠷᠢᠯᠴᠠᠨ ᠪᠠᠶᠠᠷ ᠬᠦᠷᠬᠡᠬᠦ ᠦᠵᠡᠭᠳᠡᠯ ᠪᠠᠶᠢᠨ᠎ᠠ᠂ ᠥᠪᠡᠷ ᠥᠪᠡᠷ ᠤᠨ ᠵᠣᠷᠢᠭ ᠢᠶᠠᠷ | ᠢᠶᠠᠨ ᠦᠢᠯᠡᠳᠦᠨ᠂ ᠢᠯᠠ ᠪᠠᠷ ᠲᠠᠭᠠᠵᠤ ᠳᠠᠯᠳᠠᠭᠤᠷ ᠵᠥᠷᠢᠴᠡᠬᠦ ᠦᠵᠡᠭᠳᠡᠯ ᠪᠠᠶᠢᠨ᠎ᠠ᠂ ᠡᠷᠬᠡ ᠰᠦᠷ ᠨᠢ ᠶᠡᠬᠡᠳᠴᠦ᠂ ᠲᠥᠪ | ᠬᠤᠷᠢᠶᠠᠨ ᠤ ᠲᠤᠬᠠᠢ ᠳᠤᠷ᠎ᠠ ᠪᠠᠷ ᠢᠶᠠᠨ ᠴᠠᠯᠴᠢᠬᠤ ᠦᠵᠡᠭᠳᠡᠯ ᠴᠤ ᠪᠠᠶᠢᠨ᠎ᠠ᠂ ᠤᠯᠤᠰ ᠲᠦᠷᠦ ᠶᠢᠨ ᠠᠰᠠᠭᠤᠳᠠᠯ ᠪᠣᠯᠤᠨ | ᠠᠵᠤ ᠠᠬᠤᠶ ᠶᠢᠨ ᠠᠰᠠᠭᠤᠳᠠᠯ ᠬᠠᠷᠢᠯᠴᠠᠨ ᠰᠣᠯᠪᠢᠴᠠᠵᠤ᠂ ᠱᠠᠮᠰᠢᠵᠤ ᠢᠯᠵᠢᠷᠠᠭᠰᠠᠨ ᠬᠡᠮᠵᠢᠶ᠎ᠡ ᠬᠥᠮᠦᠨ ᠢ ᠰᠣᠴᠢᠭᠠᠮ᠎ᠠ | ᠬᠡᠮᠵᠢᠶᠡᠨ ᠳᠤ ᠬᠦᠷᠴᠡᠶ᠃ ᠡᠨᠡ ︽ᠳᠣᠯᠣᠭᠠᠨ ᠪᠠᠶᠢᠬᠤ︾ ᠠᠰᠠᠭᠤᠳᠠᠯ ᠨᠢ ᠨᠠᠮ ᠤᠨ ᠳᠦᠷᠢ ᠲᠥᠷᠬᠦ ᠪᠠ ᠢᠲᠡᠭᠡᠯ | ᠬᠦᠨᠳᠦ ᠶᠢ ᠬᠦᠨᠳᠦ ᠨᠣᠴᠢᠲᠠᠶ ᠨᠥᠯᠥᠭᠡᠯᠡᠵᠦ᠂ ᠨᠠᠮ ᠪᠠ ᠤᠯᠠᠨ ᠲᠦᠮᠡᠨ ᠤ ᠬᠠᠷᠢᠴᠠᠭ᠎ᠠ᠂ ᠺᠠᠳ᠋ᠷ ᠪᠠ ᠤᠯᠠᠨ ᠲᠦᠮᠡᠨ ᠤ | ᠬᠠᠷᠢᠴᠠᠭ᠎ᠠ ᠶᠢ ᠬᠦᠨᠳᠦ ᠨᠣᠴᠢᠲᠠᠶ ᠬᠤᠬᠢᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠤ | ᠳᠤᠷ᠎ᠠ ᠦᠭᠡᠶᠢᠴᠡᠯ ᠪᠠ ᠠᠭᠤᠷ ᠬᠢᠯᠢᠩ ᠢ ᠳᠡᠭᠳᠡᠭᠡᠪᠡ᠃ ᠰᠢ ᠶᠢᠨ ᠫᠢᠩ ᠨᠥᠬᠦᠷ ᠴᠢᠬᠤᠯᠠᠴᠢᠯᠠᠬᠰᠠᠨ ᠨᠢ᠂ ᠲᠡᠮᠦᠷ | ᠳᠠᠪᠲᠠᠬᠤ ᠳᠤ ᠥᠪᠡᠷ ᠢᠶᠠᠨ ᠡᠷᠬᠡᠪᠰᠢ ᠬᠠᠲᠠᠭᠤ ᠪᠠᠶᠢᠬᠤ ᠬᠡᠷᠡᠭᠳᠡᠢ᠂ ᠳᠤᠮᠳᠠᠳᠤ ᠤᠯᠤᠰ ᠤᠨ ᠤᠴᠢᠷ ᠶᠠᠪᠤᠳᠠᠯ ᠢ ᠰᠠᠶᠢᠲᠤᠷ | ᠬᠢᠬᠦ ᠶᠢᠨ ᠵᠠᠩᠭᠢᠯᠠᠭ᠎ᠠ ᠨᠢ ᠨᠠᠮ ᠳᠤ ᠪᠤᠢ᠂ ᠵᠠᠩᠭᠢᠯᠠᠭ᠎ᠠ ᠨᠢ ᠨᠠᠮ ᠢ ᠨᠠᠮ ᠬᠠᠮᠢᠶᠠᠷᠴᠤ᠂ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠳᠤ ᠪᠤᠢ᠃ ᠡᠷᠬᠡᠪᠰᠢ ᠨᠠᠮ ᠤᠨ ᠤᠷᠲᠤ ᠬᠤᠭᠤᠴᠠᠭ᠎ᠠ ᠪᠠᠷ ᠲᠥᠷᠥ ᠪᠠᠷᠢᠬᠤ ᠴᠢᠳᠠᠪᠤᠷᠢ ᠶᠢᠨ ᠪᠠᠶᠢᠭᠤᠯᠤᠯᠲᠠ᠂ | ᠲᠡᠷᠢᠭᠦᠨ ᠤ ᠴᠢᠨᠠᠷ ᠪᠠ ᠴᠡᠪᠡᠷ ᠴᠢᠨᠠᠷ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠭᠤᠤᠯ ᠰᠢᠵᠢᠮ ᠪᠣᠯᠭᠠᠵᠤ᠂ ᠨᠠᠮ ᠤᠨ | ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠦ᠂ ᠬᠦᠰᠡᠯᠡᠩ ᠢᠲᠡᠭᠡᠯ ᠵᠤᠷᠢᠭ ᠪᠠ | ᠵᠤᠷᠢᠯᠲᠠ ᠪᠠᠨ ᠪᠠᠲᠤᠳᠬᠠᠬᠤ ᠪᠠᠷ ᠦᠨᠳᠦᠰᠦ ᠰᠠᠭᠤᠷᠢ ᠪᠣᠯᠭᠠᠵᠤ᠂ ᠪᠦᠬᠦ ᠨᠠᠮ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ | ᠂ ᠪᠦᠲᠦᠭᠡᠯᠴᠢ ᠴᠢᠨᠠᠷ ᠢ ᠳᠠᠶᠢᠴᠢᠯᠠᠬᠤ ᠪᠠᠷ ᠬᠦᠴᠦᠯᠡᠬᠦ ᠴᠡᠭ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠴᠢᠨᠠᠷ | ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠢ ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠤ | ᠬᠤᠰᠢᠭᠤᠴᠢᠯᠠᠬᠤ᠂ ᠠᠷᠠᠳ ᠲᠦᠮᠡᠨ ᠦᠨᠡᠨ ᠰᠡᠳᠭᠢᠯ ᠠᠴᠠ ᠪᠠᠨ ᠬᠦᠷᠢᠶᠡᠯᠡᠬᠦ᠂ ᠥᠪᠡᠷ ᠤᠨ ᠪᠡᠶ᠎ᠡ ᠳᠡᠭᠡᠨ ᠵᠤᠷᠢᠭᠲᠡᠢ ᠪᠠᠷ | ᠬᠤᠪᠢᠰᠬᠠᠯ ᠬᠢᠬᠦ᠂ ᠡᠯ᠎ᠡ ᠵᠦᠢᠯ ᠤᠨ ᠰᠠᠯᠬᠢᠨ ᠳᠠᠪᠠᠯᠭᠠᠨ ᠤ ᠰᠢᠯᠭᠠᠯᠲᠠ ᠶᠢ ᠳᠠᠭᠠᠭᠠᠵᠤ ᠳᠡᠶᠢᠯᠬᠦ᠂ ᠴᠤᠭ ᠰᠦᠯᠳᠡ | ᠪᠠᠳᠠᠷᠠᠩᠭᠤᠶ ᠮᠠᠷᠺᠰ ᠤᠨ ᠦᠵᠡᠯ ᠤᠨ ᠲᠦᠷᠦ ᠪᠠᠷᠢᠬᠴᠢ ᠨᠠᠮ ᠪᠣᠯᠭᠠᠨ ᠪᠠᠶᠢᠭᠤᠯᠬᠤ ᠬᠡᠷᠡᠭᠳᠡᠢ᠃ ᠨᠠᠮ ᠡᠭᠦᠷᠢᠳᠡ | ᠵᠠᠮ ᠳᠠᠭᠠᠨ ᠪᠠᠶᠢᠬᠤ ᠰᠡᠷᠭᠡᠭ ᠲᠠᠨᠢᠯᠲᠠ ᠪᠠ ᠡᠷᠡᠰ ᠵᠤᠷᠢᠭ ᠢᠶᠠᠷ᠂ ᠴᠢᠩᠭ᠎ᠠ ᠪᠠᠶᠢᠬᠤ ᠭᠤᠣᠯ ᠬᠥᠭ ᠠᠶᠠᠰ ᠢ ᠪᠠᠷᠢᠮᠲᠠᠯᠠᠵᠤ᠂ | ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠲᠣᠪᠤᠶᠢᠮ᠎ᠠ ᠠᠳᠬᠤᠨ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ | ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ | ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠨᠠᠮ ᠤᠨ | ᠪᠠᠶᠢᠭᠤᠯᠤᠯᠲᠠ ᠶᠢᠨ ᠡᠯ᠎ᠡ ᠲᠠᠯ᠎ᠠ ᠳᠤ ᠲᠤᠭᠤᠰᠢᠯᠠᠭᠤᠯᠪᠠ᠃ ᠨᠠᠮ ᠤᠨ ᠲᠥᠪ ᠬᠤᠷᠢᠶ᠎ᠠ ᠡᠯ᠎ᠡ ᠬᠦᠷᠢᠶᠡᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠤᠨ ᠬᠦᠴᠦᠲᠡᠢ ᠪᠠᠶᠢᠷᠢᠯᠠᠭᠤᠯᠤᠯᠲᠠ ᠬᠢᠵᠦ᠂ ᠨᠠᠮ ᠤᠨ | ᠪᠠᠶᠢᠭᠤᠯᠤᠯᠲᠠ ᠶᠢᠨ ᠪᠦᠬᠦ ᠲᠠᠯ᠎ᠠ ᠶᠢᠨ ᠲᠠᠪᠰᠢᠯᠳᠠ ᠶᠢ ᠠᠬᠢᠭᠤᠯᠪᠠ᠃ | ᠨᠠᠮ ᠤᠨ ᠲᠦᠪ ᠬᠤᠷᠢᠶ᠎ᠠ ᠠᠴᠠ ᠴᠢᠬᠤᠯᠠᠴᠢᠯᠠᠭᠰᠠᠨ ᠨᠢ᠂ ᠮᠠᠨ ᠤ ᠨᠠᠮ ᠪᠤᠯ ᠠᠷᠠᠳ ᠲᠦᠮᠡᠨ ᠤ ᠳᠤᠮᠳᠠ ᠠᠴᠠ | ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠨ᠂ ᠠᠷᠠᠳ ᠲᠦᠮᠡᠨ ᠳᠤ ᠦᠢᠯᠡᠴᠢᠯᠡᠳᠡᠭ ᠪᠤᠯᠬᠤᠷ ᠤᠯᠠᠨ | ᠲᠦᠮᠡᠨ ᠠᠴᠠ ᠬᠥᠨᠳᠡᠶᠢᠷᠡᠮᠡᠭᠴᠡ ᠠᠮᠢᠵᠢᠷᠠᠯ ᠤᠨ ᠬᠦᠴᠦᠨ ᠢᠶᠠᠨ ᠠᠯᠳᠠᠬᠤ ᠪᠣᠯᠤᠨ᠎ᠠ᠂ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠳᠤ ᠡᠷᠬᠡᠪᠰᠢ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠰᠤᠷᠲᠠᠯ ᠤᠨ ᠠᠰᠠᠭᠤᠳᠠᠯ ᠠᠴᠠ ᠡᠬᠢᠯᠡᠨ ᠠᠳᠬᠤᠬᠤ | ᠬᠡᠷᠡᠭᠲᠡᠢ᠃ ᠨᠠᠮ ᠤᠨ ᠲᠥᠪ ᠬᠤᠷᠢᠶ᠎ᠠ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠢ ᠲᠣᠭᠲᠠᠭᠠᠨ | ᠨᠠᠶᠢᠳᠠᠪᠤᠷᠢᠵᠢᠭᠤᠯᠬᠤ ᠠᠴᠠ ᠭᠠᠷᠳᠠᠵᠥ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠡᠬᠢᠯᠡᠨ ᠬᠢᠬᠦ᠂ | ᠤᠳᠤᠷᠢᠳᠬᠤ ᠺᠠᠳ᠋ᠷ ᠠᠴᠠ ᠡᠬᠢᠯᠡᠨ ᠠᠳᠬᠤᠬᠤ ᠶᠢ ᠪᠠᠷᠢᠮᠳᠠᠯᠠᠠ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠤᠨ | ᠠᠵᠢᠯ ᠤᠨ ᠰᠤᠷᠲᠠᠯ ᠢ ᠰᠠᠶᠢᠵᠢᠷᠠᠭᠤᠯᠪᠠ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠵᠢᠯ ᠪᠦᠷᠢ | ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠤᠨ᠂ ᠨᠠᠢᠮᠠᠨ ᠵᠤᠷᠪᠤᠰ ᠲᠣᠭᠲᠠᠭᠠᠯ ᠢ ᠲᠤᠭᠤᠰᠢᠯᠠᠭᠤᠯᠤᠨ | ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ | ᠥᠷᠨᠢᠭᠦᠯᠪᠡ᠃ ᠨᠠᠮ ᠤᠨ ᠲᠥᠪ ᠬᠤᠷᠢᠶ᠎ᠠ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ︽ᠳᠥᠷᠪᠡᠨ | ᠰᠤᠷᠲᠠᠯ︾ ᠢ ᠰᠢᠨᠳᠠᠷᠠᠰᠢ ᠦᠬᠡᠢ ᠵᠠᠯᠠᠷᠠᠭᠤᠯᠤᠨ ᠵᠠᠰᠠᠵᠤ᠂ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ | ᠦᠵᠡᠭᠳᠡᠯ ᠢ ᠡᠰᠡᠷᠭᠦᠴᠡᠵᠦ᠂ ᠠᠯᠪᠠᠨ ᠵᠣᠭᠤᠰ ᠢᠶᠠᠷ ᠪᠡᠯᠡᠭ ᠬᠦᠷᠭᠡᠬᠦ᠂ ᠠᠯᠪᠠᠨ ᠵᠣᠭᠤᠰ ᠢᠶᠠᠷ ᠢᠳᠡᠵᠦ ᠤᠤᠭᠤᠬᠤ᠂ | ᠠᠯᠪᠠᠨ ᠵᠣᠭᠤᠰ ᠢᠶᠠᠷ ᠵᠢᠭᠤᠯᠴᠢᠯᠠᠬᠤ᠂ ᠭᠡᠭᠡᠨᠴᠢᠷᠯᠡᠨ ᠪᠦᠷᠢᠯᠭᠡᠬᠦ ᠵᠡᠷᠭᠡ ᠲᠥᠪ ᠪᠤᠰᠤ ᠰᠤᠷᠲᠠᠯ ᠢ ᠴᠢᠩᠭ᠎ᠠ ᠬᠤᠷᠢᠭᠯᠠᠨ | ᠵᠤᠭᠰᠤᠭᠠᠵᠤ᠂ ᠣᠯᠠᠨ ᠲᠦᠮᠡᠨ ᠤ ᠲᠤᠰᠬᠠᠯ ᠴᠢᠩᠭ᠎ᠠ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ | ᠳᠣᠪᠤᠶᠢᠮ᠎ᠠ ᠠᠰᠠᠭᠤᠳᠠᠯ ᠢ ᠰᠢᠢᠳᠪᠦᠷᠢᠯᠡᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠵᠤ᠂ | ᠠᠵᠢᠯᠴᠢ ᠠᠷᠪᠢᠴᠢ ᠪᠠᠶᠢᠬᠤ ᠶᠢ ᠰᠠᠨᠠᠭᠠᠴᠢᠯᠠᠨ᠂ ᠪᠦᠷᠢᠯᠭᠡᠨ ᠰᠥᠢᠳᠭᠡᠬᠦ ᠶᠢ ᠡᠰᠡᠷᠭᠦᠴᠡᠵᠥ᠂ ᠥᠩᠭᠡᠷᠡᠭᠰᠡᠨ ᠳᠤ ᠬᠤᠷᠢᠭᠯᠠᠨ | ᠵᠤᠭᠰᠤᠭᠠᠵᠥ ᠲᠡᠶᠢᠯᠬᠦ ᠦᠭᠡᠢ ᠭᠡᠵᠦ ᠦᠵᠡᠵᠥ ᠪᠠᠶᠢᠭᠰᠠᠨ ᠵᠠᠷᠢᠮ ᠭᠠᠵᠢᠭᠤ ᠰᠤᠷᠲᠠᠯ ᠢ ᠬᠤᠷᠢᠭᠯᠠᠨ ᠵᠣᠭᠰᠣᠭᠠᠵᠤ᠂ ᠤᠯᠠᠨ | ᠵᠢᠯ ᠠᠷᠢᠯᠭᠠᠭᠠᠳᠥᠢ ᠪᠠᠶᠢᠭᠰᠠᠨ ᠵᠠᠷᠢᠮ ᠠᠷᠬᠠᠭ ᠭᠡᠮ ᠢ ᠵᠠᠯᠠᠷᠠᠭᠤᠯᠤᠨ ᠵᠠᠰᠠᠭᠰᠠᠨ ᠢᠶᠠᠷ᠂ ᠨᠠᠮ ᠤᠨ ᠰᠤᠷᠲᠠᠯ ᠵᠠᠰᠠᠭ ᠤᠨ | ᠰᠤᠷᠲᠠᠯ ᠪᠠ ᠨᠡᠶᠢᠭᠡᠮ ᠤᠨ ᠬᠡᠪ ᠰᠤᠷᠲᠠᠯ ᠴᠤ᠋ ᠰᠢᠨ᠎ᠡ ᠪᠠᠶᠢᠳᠠᠯ ᠲᠠᠢ ᠪᠤᠯᠪᠠ᠃ | ᠪᠦᠬᠦ ᠨᠠᠮ ᠢᠶᠠᠷ ᠢᠶᠠᠨ ᠡᠷᠬᠡᠪᠰᠢ ᠬᠦᠰᠡᠯᠡᠩ ᠢᠲᠡᠭᠡᠯ ᠵᠤᠷᠢᠭ ᠡᠷᠡᠰ ᠪᠠᠲᠤ᠂ ᠵᠤᠬᠢᠶᠠᠨ ᠪᠠᠶᠢᠭᠤᠯᠤᠯᠲᠠ ᠶᠢᠨ | ᠰᠢᠰᠲ᠋ᠧᠮ ᠨᠢᠭᠳᠠ ᠴᠢᠩᠭ᠎ᠠ᠂ ᠰᠠᠬᠢᠯᠭ᠎ᠠ ᠪᠠᠲᠤ ᠶᠣᠰᠣ ᠲᠦᠷᠢᠮ ᠴᠢᠩᠭ᠎ᠠ ᠲᠣᠳᠣᠷᠬᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ | ᠭᠡᠵᠦ ᠨᠠᠮ ᠠᠴᠠ ᠴᠢᠬᠤᠯᠠᠴᠢᠯᠠᠭᠰᠠᠭᠠᠷ ᠢᠷᠡᠭᠰᠡᠨ ᠶᠤᠮ᠃ ᠮᠠᠷᠺᠰ ᠤᠨ ᠦᠵᠡᠯ ᠤᠨ ᠢᠲᠡᠭᠡᠯ ᠪᠢᠰᠢᠷᠡᠯ᠂ ᠡᠪ ᠬᠠᠮᠲᠤ | ᠶᠣᠰᠣᠨ ᠤ ᠠᠯᠤᠰ ᠬᠡᠳᠥ ᠶᠢᠨ ᠬᠦᠰᠡᠯᠡᠩ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ | ᠬᠦᠰᠡᠯᠡᠩ ᠪᠤᠯ ᠲᠤᠮᠳᠠᠳᠤ ᠤᠯᠤᠰ ᠤᠨ ᠡᠪ ᠬᠠᠮᠲᠤᠴᠤᠳ ᠤᠨ ᠤᠶᠤᠨ ᠰᠠᠨᠠᠭᠠᠨ ᠤ ᠲᠦᠰᠢᠭ ᠲᠤᠯᠭᠠᠭᠤᠷᠢ ᠪᠠ ᠤᠯᠤᠰ | ᠲᠦᠷᠦ ᠶᠢᠨ ᠠᠮᠢᠨ ᠰᠦᠨᠡᠰᠦ ᠮᠥᠨ᠂ ᠪᠠᠰᠠ ᠴᠤ ᠨᠠᠮ ᠤᠨ ᠪᠦᠯᠬᠦᠮᠳᠡᠯ ᠨᠢᠭᠡᠳᠦᠯ ᠢ ᠪᠠᠲᠤᠯᠠᠬᠤ ᠦᠵᠡᠯ ᠰᠠᠨᠠᠭᠠᠨ ᠤ | ᠰᠠᠭᠤᠷᠢ ᠮᠥᠨ᠃ ᠨᠠᠮ ᠤᠨ ᠲᠦᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ ᠬᠦᠰᠡᠯᠡᠩ ᠢᠲᠡᠭᠡᠯ ᠵᠣᠷᠢᠭ ᠪᠣᠯ ᠡᠪ | ᠬᠠᠮᠲᠤᠴᠤᠳ ᠤᠨ ᠣᠶᠤᠨ ᠰᠠᠨᠠᠭᠠᠨ ᠤ ︽ᠺᠠᠯᠼ︾ ᠮᠥᠨ᠂ ᠡᠪ ᠬᠠᠮᠲᠤᠴᠤᠳ ᠬᠡᠷᠪᠡ ᠬᠦᠰᠡᠯᠡᠩ ᠢᠲᠡᠭᠡᠯ ᠵᠣᠷᠢᠭ ᠦᠭᠡᠢ | ᠪᠣᠯ ᠣᠶᠤᠨ ᠰᠠᠨᠠᠭᠠᠨ ᠳᠡᠭᠡᠷ᠎ᠡ ᠪᠠᠨ ︽ᠺᠠᠯᠼ ᠳᠤᠲᠠᠭᠳᠠᠵᠥ︾᠂ ︽ᠶᠠᠰᠤ ᠵᠥᠭᠡᠯᠡᠷᠡᠬᠦ ᠡᠪᠡᠳᠴᠢᠨ︾ ᠣᠯᠬᠤ ᠶᠢᠨ | ᠣᠯᠠᠮ ᠠᠴᠠ ᠤᠯᠤᠰ ᠲᠦᠷᠦ ᠶᠢᠨ ᠲᠠᠯ᠎ᠠ ᠪᠠᠷ ᠴᠢᠨᠠᠷ ᠬᠤᠪᠢᠷᠠᠬᠤ᠂ ᠠᠵᠤ ᠠᠬᠤᠶ ᠶᠢᠨ ᠲᠠᠯ᠎ᠠ ᠪᠠᠷ ᠬᠤᠪᠳᠤᠭ ᠰᠢᠨᠤᠬᠠᠢ | ᠪᠤᠯᠬᠤ᠂ ᠶᠣᠰᠣ ᠰᠤᠷᠳᠠᠬᠤᠨ ᠤ ᠲᠠᠯ᠎ᠠ ᠪᠠᠷ ᠲᠤᠷᠦ᠋ᠢᠳᠠᠬᠤ᠂ ᠠᠮᠢᠳᠤᠷᠠᠯ ᠤᠨ ᠲᠠᠯ᠎ᠠ ᠪᠠᠷ ᠢᠯᠵᠢᠷᠠᠬᠦ ᠨᠢ ᠵᠠᠶᠢᠯᠠᠰᠢ ᠦᠭᠡᠢ | ᠶᠤᠮ᠃ ᠨᠠᠮ ᠠᠴᠠ ᠦᠵᠡᠯ ᠰᠠᠨᠠᠭ᠎ᠠ ᠪᠠᠷ ᠨᠠᠮ ᠪᠠᠶᠢᠭᠤᠯᠬᠤ ᠪᠠ ᠳᠦᠷᠢᠮ ᠢᠶᠠᠷ ᠨᠠᠮ ᠢ ᠵᠠᠰᠠᠬᠤ ᠶᠢ ᠠᠳᠠᠯᠢ ᠴᠢᠭᠯᠡᠯ ᠢᠶᠠᠷ | ᠬᠦᠴᠦᠯᠡᠬᠦ ᠶᠢ ᠪᠠᠷᠢᠮᠲᠠᠯᠠᠵᠤ᠂ ᠤᠷᠢᠳ ᠬᠤᠵᠢᠳ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ᠂ ︽ᠪᠡᠶ᠎ᠡ ᠪᠠᠨ ᠴᠢᠩᠭ᠎ᠠ ᠵᠠᠰᠠᠬᠤ᠂ ᠡᠷᠬᠡ ᠪᠠᠨ ᠴᠢᠩᠭ᠎ᠠ ᠪᠤᠯᠭᠤᠮᠵᠢᠳᠡᠢ ᠬᠡᠷᠡᠭᠯᠡᠬᠦ᠂ ᠪᠡᠶ᠎ᠡ ᠪᠠᠨ ᠴᠢᠩᠭ᠎ᠠ | ᠱᠠᠭᠠᠷᠳᠠᠬᠤ᠂ ᠠᠵᠢᠯ ᠢ ᠪᠣᠳᠣᠯᠬᠢᠯᠠᠬᠤ ᠳᠠᠭᠠᠨ ᠪᠠᠳᠤᠳᠠᠢ ᠪᠠᠶᠢᠬᠤ᠂ ᠦᠢᠯᠡᠰ ᠴᠣᠭᠴᠠᠯᠠᠬᠤ ᠳᠠᠭᠠᠨ ᠪᠠᠳᠤᠳᠠᠢ ᠪᠠᠶᠢᠬᠤ᠂ | ᠬᠥᠮᠦᠨ ᠪᠣᠯᠬᠤ ᠳᠠᠭᠠᠨ ᠦᠨᠡᠨᠴᠢ ᠪᠠᠶᠢᠬᠤ︾ ᠲᠤᠰᠬᠠᠶ ᠰᠡᠳᠦᠪᠲᠦ ᠬᠥᠮᠦᠵᠢᠯ᠂ ︽ᠨᠠᠮ ᠤᠨ ᠳᠦᠷᠢᠮ ᠨᠠᠮ ᠤᠨ | ᠲᠣᠭᠲᠠᠭᠠᠯ ᠢ ᠰᠤᠷᠤᠯᠴᠠᠵᠦ᠂ ᠰᠢᠷᠢᠰ ᠶᠠᠷᠢᠶ᠎ᠠ ᠶᠢ ᠰᠤᠷᠤᠯᠴᠠᠵᠦ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ | ᠰᠤᠷᠤᠯᠴᠠᠯᠭ᠎ᠠ ᠬᠥᠮᠦᠵᠢᠯ᠂ ︽ᠲᠤᠯᠭᠤᠷ ᠵᠤᠷᠢᠯᠳᠡ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ | ︾ ᠭᠤᠣᠯ ᠰᠡᠳᠦᠪᠲᠦ ᠬᠥᠮᠦᠵᠢᠯ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠵᠡᠷᠭᠡ ᠶᠢ ᠥᠷᠨᠢᠭᠦᠯᠵᠥ᠂ ᠨᠠᠮ ᠤᠨ | ᠰᠢᠨ᠎ᠡ ᠡᠭᠦᠳᠤᠯᠲᠡ ᠶᠢᠨ ᠣᠨᠣᠯ ᠢᠶᠠᠷ ᠪᠦᠬᠦ ᠨᠠᠮ ᠢ ᠵᠡᠪᠰᠡᠭᠯᠡᠨ᠂ ᠰᠤᠷᠤᠯᠴᠠᠬᠤ ᠬᠡᠯᠪᠡᠷᠢ ᠶᠢᠨ ᠲᠥᠷᠥ ᠶᠢᠨ ᠨᠠᠮ ᠤᠨ | ᠪᠠᠶᠢᠭᠤᠯᠤᠯᠲᠠ ᠶᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠤᠨ | ᠦᠵᠡᠯ ᠰᠠᠨᠠᠭᠠᠨ ᠤ ᠲᠠᠯ᠎ᠠ ᠪᠠᠷ ᠦᠨᠳᠦᠰᠦ ᠠᠴᠠ ᠨᠢ ᠴᠡᠭᠴᠡᠯᠡᠨ ᠵᠠᠰᠠᠵᠦ᠂ ᠦᠨᠳᠦᠰᠦ ᠠᠴᠠ ᠨᠢ ᠪᠠᠲᠤᠳᠬᠠᠨ | ᠴᠢᠩᠭᠠᠳᠬᠠᠵᠥ᠂ ᠢᠲᠡᠭᠡᠯ ᠪᠢᠰᠢᠷᠡᠯ ᠤᠨ ᠰᠠᠭᠤᠷᠢ ᠶᠢ ᠪᠠᠲᠤ ᠲᠠᠯᠪᠢᠵᠦ᠂ ᠤᠶᠤᠨ ᠰᠠᠨᠠᠭᠠᠨ ᠤ ᠺᠠᠯᠼ ᠢ ᠭᠦᠢᠴᠡᠳ | ᠨᠥᠬᠦᠪᠥᠷᠢᠯᠡᠵᠦ᠂ ᠦᠵᠡᠯ ᠰᠠᠨᠠᠭᠠᠨ ᠤ ᠵᠢᠯᠤᠭᠤ ᠪᠠᠨ ᠯᠠᠪᠳᠠᠭᠤᠨ ᠠᠳᠬᠤᠵᠥ᠂ ᠡᠪ ᠬᠠᠮᠲᠤᠴᠤᠳ ᠤᠨ ᠤᠯᠤᠰ ᠲᠦᠷᠦ ᠶᠢᠨ | ᠤᠤᠷ ᠴᠢᠨᠠᠷ ᠢ ᠬᠠᠳᠠᠭᠠᠯᠠᠨ᠂ ᠡᠪ ᠬᠠᠮᠲᠤᠴᠤᠳ ᠤᠨ ᠤᠶᠤᠨ ᠰᠠᠨᠠᠭᠠᠨ ᠤ ᠨᠢᠷᠤᠭᠤ ᠲᠤᠯᠭᠠᠭᠤᠷᠢ ᠶᠢ ᠪᠤᠰᠬᠠᠬᠤ ᠶᠢ | ᠰᠤᠷᠭᠠᠨ ᠬᠦᠮᠦᠵᠢᠭᠦᠯᠵᠦ ᠬᠦᠲᠦᠯᠦᠨ ᠵᠢᠯᠤᠭᠤᠳᠪᠠ᠃ ᠨᠠᠮ ᠠᠴᠠ ᠰᠢᠨ᠎ᠡ ᠴᠠᠭ ᠦᠶ᠎ᠡ ᠶᠢᠨ ᠨᠠᠮ ᠤᠨ ᠵᠤᠬᠢᠶᠠᠨ | ᠪᠠᠶᠢᠭᠤᠯᠤᠯᠲᠠ ᠶᠢᠨ ᠱᠤᠭᠤᠮ ᠢ ᠳᠤᠷᠠᠳᠤᠨ ᠭᠠᠷᠭᠠᠭᠰᠠᠨ ᠪᠠ ᠲᠤᠭᠤᠰᠢᠯᠠᠭᠤᠯᠵᠥ᠂ ᠢᠲᠡᠭᠡᠯ ᠵᠤᠷᠢᠭ ᠡᠷᠡᠰ ᠪᠠᠲᠤ᠂ ᠠᠷᠠᠳ | ᠲᠦᠮᠡᠨ ᠳᠤ ᠦᠢᠯᠡᠴᠢᠯᠡᠬᠦ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠥ ᠪᠣᠳᠠᠳᠥ ᠠᠵᠢᠯᠯᠠᠭ᠎ᠠ ᠶᠢ ᠡᠷᠬᠢᠮᠯᠡᠬᠦ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠰᠢᠨ᠎ᠡ ᠴᠠᠭ ᠦᠶ᠎ᠡ ᠶᠢᠨ | ᠰᠠᠶᠢᠨ ᠺᠠᠳ᠋ᠷ ᠤᠨ ᠪᠠᠷᠢᠮᠵᠢᠶ᠎ᠠ ᠶᠢ ᠲᠣᠳᠣᠷᠬᠠᠶᠢᠯᠠᠵᠤ᠂ ᠤᠯᠤᠰ ᠲᠦᠷᠦ ᠶᠢᠨ ᠬᠡᠪ ᠴᠢᠨᠠᠷ ᠤᠨ ᠱᠠᠭᠠᠷᠳᠠᠯᠭ᠎ᠠ ᠶᠢ ᠲᠤᠪᠤᠶᠢᠯᠭᠠᠨ | ᠂ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠵᠤ᠂ ᠮᠣᠷᠠᠯ ᠴᠢᠳᠠᠪᠤᠷᠢ ᠶᠢ ᠬᠤᠣᠰᠯᠠᠭᠤᠯᠬᠤ᠂ ᠮᠣᠷᠠᠯ ᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠳᠥᠷᠪᠡᠨ ᠵᠦᠭ ᠨᠠᠢᠮᠠᠨ ᠵᠣᠪᠬᠢᠰ ᠤᠨ ᠡᠷᠳᠡᠮᠲᠡᠨ ᠴᠢᠳᠠᠪᠤᠷᠢᠳᠡᠨ ᠢ ᠰᠤᠩᠭᠤᠬᠤ | ᠂ ᠡᠷᠳᠡᠮᠲᠡᠨ ᠮᠡᠷᠭᠡᠳ ᠢ ᠯᠡ ᠬᠡᠷᠡᠭᠯᠡᠬᠦ ᠶᠢ ᠪᠠᠷᠢᠮᠲᠠᠯᠠᠵᠤ᠂ ᠠᠵᠢᠯ ᠦᠢᠯᠡᠰ ᠢᠶᠠᠨ ᠳᠡᠭᠡᠳᠦᠯᠡᠨ᠂ ᠭᠤᠣᠯᠴᠢ ᠴᠢᠭᠡᠴᠢ | ᠪᠠᠶᠢᠬᠤ ᠶᠢ ᠪᠠᠷᠢᠮᠲᠠᠯᠠᠵᠤ᠂ ᠪᠢᠯᠧᠲ ᠤᠨ ᠲᠤᠭ᠎ᠠ᠂ ᠬᠤᠪᠢ᠂ ᠦᠢᠯᠡᠳᠪᠦᠷᠢᠯᠡᠯ ᠤᠨ ᠪᠥᠬᠦ ᠥᠷᠲᠡᠭ᠂ ᠨᠠᠰᠤ ᠵᠢᠯ ᠢᠶᠠᠷ ᠯᠡ | ᠪᠠᠷᠢᠮᠵᠢᠶᠠᠯᠠᠬᠤ ᠥᠭᠡᠢ᠂ ᠰᠢᠭᠤᠳ ᠲᠠᠨᠢᠯᠴᠠᠭᠤᠯᠭ᠎ᠠ ᠪᠠ ᠰᠢᠭᠤᠳ ᠰᠣᠩᠭᠤᠭᠤᠯᠢ ᠶᠠᠪᠤᠭᠤᠯᠬᠤ ᠦᠭᠡᠢ ᠪᠠᠶᠢᠬᠤ ᠶᠢ | ᠪᠠᠷᠢᠮᠳᠠᠯᠠᠵᠥ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠤᠳᠤᠷᠢᠳᠬᠤ ᠪᠠ ᠬᠠᠷᠢᠭᠤᠴᠠᠬᠤ ᠦᠢᠯᠡᠳᠦᠯ ᠢ ᠴᠢᠩᠭᠠᠳᠬᠠᠨ᠂ | ᠬᠥᠮᠦᠨ ᠰᠣᠩᠭᠤᠵᠤ ᠬᠥᠮᠦᠨ ᠬᠡᠷᠡᠭᠯᠡᠬᠦ ᠲᠠᠯ᠎ᠠ ᠪᠠᠷ ᠬᠢ ᠲᠥᠪ ᠪᠤᠰᠤ ᠰᠤᠷᠲᠠᠯ ᠢ ᠵᠠᠯᠠᠷᠠᠭᠤᠯᠪᠠ᠃ ᠨᠠᠮ ᠠᠴᠠ ᠡᠯ᠎ᠡ | ᠱᠠᠲᠤᠨ ᠤ ᠤᠳᠤᠷᠢᠳᠬᠤ ᠺᠠᠳ᠋ᠷ ᠢ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠥᠷᠲᠡᠭ ᠤᠨ ᠦᠵᠡᠯᠲᠡ | ᠭᠡᠬᠦ ᠡᠨᠡ ᠬᠦ ︽ᠶᠡᠷᠦᠩᠬᠡᠶ ᠨᠡᠭᠡᠭᠡᠯᠭᠡ︾ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠥ᠂ ᠡᠷᠬᠡ ᠪᠠᠨ ᠨᠠᠨᠳᠢᠩᠨᠠᠨ᠂ | ᠡᠷᠬᠡ ᠪᠠᠨ ᠰᠠᠶᠢᠲᠤᠷ ᠬᠠᠮᠢᠶᠠᠷᠴᠤ᠂ ᠡᠷᠬᠡ ᠪᠠᠨ ᠪᠣᠯᠭᠤᠮᠵᠢᠲᠠᠶ ᠬᠡᠷᠡᠭᠯᠡᠨ᠂ ᠡᠯ᠎ᠡ ᠲᠠᠯ᠎ᠠ ᠶᠢᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠴᠠᠭ ᠢᠮᠠᠭᠲᠠ ᠨᠠᠮ ᠤᠨ ᠢᠶᠠᠨ ᠡᠮᠤᠨ᠎ᠠ ᠠᠴᠠ ᠬᠥᠴᠢᠷ ᠵᠤᠪᠠᠯᠠᠩ ᠢ ᠰᠢᠢᠳᠪᠤᠷᠢᠯᠡᠬᠦ᠂ | ᠤᠯᠤᠰ ᠤᠷᠤᠨ ᠳᠠᠭᠠᠨ ᠬᠤᠪᠢ ᠨᠡᠮᠡᠷᠢ ᠦᠵᠡᠭᠦᠯᠬᠦ᠂ ᠠᠷᠠᠳ ᠲᠦᠮᠡᠨ ᠳᠤ ᠪᠤᠶᠠᠨ ᠦᠢᠯᠡᠳᠬᠦ ᠶᠢ ᠪᠣᠳᠣᠯᠬᠢᠯᠠᠬᠤ ᠬᠡᠷᠡᠭᠲᠡᠶ | ᠭᠡᠵᠦ ᠱᠠᠭᠠᠷᠳᠠᠪᠠ᠃ ᠨᠠᠮ ᠠᠴᠠ ᠴᠢᠳᠠᠪᠤᠷᠢᠲᠠᠨ ᠢ ᠨᠠᠮ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠨᠠᠩ ᠢᠳᠡᠪᠬᠢᠲᠡᠢ᠂ ᠨᠠᠩ | ᠨᠡᠭᠡᠭᠡᠯᠲᠡᠲᠡᠶ᠂ ᠨᠠᠩ ᠪᠦᠲᠦᠮᠵᠢᠲᠡᠶ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠢᠨ᠎ᠡ ᠴᠠᠭ | ᠦᠶ᠎ᠡ ᠶᠢᠨ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ | ᠳᠡᠯᠡᠬᠡᠶ ᠶᠢᠨ ᠴᠢᠬᠤᠯᠠ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠭᠠᠵᠠᠷ ᠢ ᠲᠦᠷᠭᠡᠯᠡᠨ ᠪᠠᠶᠢᠭᠤᠯᠵᠤ᠂ | ᠳᠡᠯᠡᠬᠡᠶ ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠴᠤᠭᠯᠠᠷᠠᠭᠤᠯᠤᠨ ᠬᠡᠷᠡᠭᠯᠡᠪᠠ᠃ ᠨᠠᠮ ᠠᠴᠠ ᠵᠤᠬᠢᠶᠠᠨ ᠪᠠᠶᠢᠭᠤᠯᠤᠯᠲᠠ ᠶᠢᠨ | ᠰᠢᠰᠲ᠋ᠧᠮ ᠢ ᠲᠠᠰᠤᠷᠠᠯᠲᠠ ᠦᠭᠡᠢ ᠪᠥᠷᠢᠨᠰᠢᠭᠦᠯᠵᠦ᠂ ᠵᠤᠬᠢᠶᠠᠨ ᠪᠠᠶᠢᠭᠤᠯᠤᠯᠲᠠ ᠶᠢᠨ ᠬᠦᠴᠦᠨ ᠢ ᠳᠡᠭᠡᠭᠰᠢᠯᠡᠭᠦᠯᠬᠦ ᠪᠠᠷ | ᠭᠤᠣᠯᠳᠠᠯᠭ᠎ᠠ ᠪᠣᠯᠭᠠᠵᠦ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠣᠯᠤᠨ ᠵᠤᠬᠢᠶᠠᠨ | ᠪᠠᠶᠢᠭᠤᠯᠤᠯᠲᠠ ᠶᠢᠨ ᠴᠢᠳᠠᠮᠵᠢ ᠶᠢ ᠴᠢᠩᠭᠠᠷᠠᠭᠤᠯᠵᠥ᠂ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ | ᠤᠳᠤᠷᠢᠳᠤᠮᠵᠢ ᠶᠢ ᠪᠣᠶ ᠪᠣᠯᠭᠠᠵᠦ᠂ ᠨᠠᠮ ᠤᠨ ᠵᠤᠬᠢᠶᠠᠨ ᠪᠠᠶᠢᠭᠤᠯᠤᠯᠲᠠ ᠪᠠ ᠨᠠᠮ ᠤᠨ ᠠᠵᠢᠯ ᠢ ᠨᠡᠶᠢᠳᠡᠮ ᠪᠦᠷᠬᠦᠬᠦᠯᠬᠦ ᠶᠢ | ᠠᠬᠢᠭᠤᠯᠪᠠ᠃ ᠨᠠᠮ ᠠᠴᠠ ᠰᠠᠬᠢᠯᠭ᠎ᠠ ᠪᠠᠲᠤ ᠶᠢ ᠬᠠᠤᠯᠢ ᠴᠠᠭᠠᠵᠠ ᠠᠴᠠ ᠴᠢᠩᠭ᠎ᠠ ᠪᠠᠶᠢᠯᠭᠠᠬᠤ᠂ ᠰᠠᠬᠢᠯᠭ᠎ᠠ ᠪᠠᠲᠤ | ᠬᠡᠷᠡᠭᠵᠢᠭᠦᠯᠬᠦ ᠪᠠ ᠬᠠᠤᠯᠢ ᠬᠡᠷᠡᠭᠵᠢᠭᠦᠯᠬᠦ ᠶᠢ ᠨᠡᠪᠲᠡᠷᠡᠭᠦᠯᠬᠦ ᠶᠢ ᠪᠠᠷᠢᠮᠲᠠᠯᠠᠵᠤ᠂ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ | ᠬᠡᠷᠡᠭᠵᠢᠭᠦᠯᠬᠦ ︽ᠳᠥᠷᠪᠡᠨ ᠵᠦᠢᠯ ᠤᠨ ᠬᠡᠯᠪᠡᠷᠢ ᠪᠠᠶᠢᠳᠠᠯ︾ ᠢ ᠰᠠᠶᠢᠲᠤᠷ ᠬᠡᠷᠡᠭᠯᠡᠨ᠂ ᠤᠯᠤᠰ ᠲᠥᠷᠥ ᠶᠢᠨ ᠰᠠᠬᠢᠯᠭ᠎ᠠ ᠪᠠᠲᠤ | ᠪᠠ ᠵᠤᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠭᠠᠳᠬᠠᠵᠥ᠂ ᠡᠯ᠎ᠡ ᠵᠦᠢᠯ ᠤᠨ ᠰᠠᠬᠢᠯᠭ᠎ᠠ ᠪᠠᠲᠤ ᠶᠢ ᠪᠦᠬᠦ | ᠲᠠᠯ᠎ᠠ ᠪᠠᠷ ᠴᠢᠩᠳᠠᠯᠠᠬᠤ ᠶᠢ ᠳᠠᠶᠢᠴᠢᠯᠠᠪᠠ᠃ ᠨᠠᠮ ᠠᠴᠠ ᠳᠦᠷᠢᠮ ᠲᠣᠭᠲᠠᠭᠠᠯ ᠶᠣᠰᠣᠭᠠᠷ ᠨᠠᠮ ᠢ ᠵᠠᠰᠠᠬᠤ ᠶᠢ ᠪᠠᠷᠢᠮᠲᠠᠯᠠᠨ᠂ | ᠨᠠᠮ ᠤᠨ ᠳᠦᠷᠢᠮ ᠢ ᠴᠢᠩᠭ᠎ᠠ ᠵᠢᠷᠤᠮᠯᠠᠵᠥ᠂ ᠨᠡᠯᠢᠶᠡᠳ ᠪᠦᠷᠢᠨ ᠲᠡᠭᠦᠯᠳᠡᠷ ᠨᠠᠮ ᠤᠨ ᠳᠣᠲᠣᠭᠠᠳᠤ ᠶᠢᠨ ᠬᠠᠤᠯᠢ | ᠲᠣᠭᠲᠠᠭᠠᠯ ᠤᠨ ᠰᠢᠰᠲ᠋ᠧᠮ ᠢ ᠪᠤᠢ ᠪᠣᠯᠭᠠᠵᠤ᠂ ᠲᠦᠷᠢᠮ ᠤᠨ ᠬᠡᠷᠡᠭᠵᠢᠭᠦᠯᠦᠯᠲᠡ ᠶᠢ ᠴᠢᠩᠳᠠᠯᠠᠬᠰᠠᠨ ᠢᠶᠠᠷ᠂ ᠨᠠᠮ ᠤᠨ | ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠳᠠ᠂ ᠳᠦᠷᠢᠮᠵᠢᠭᠦᠯᠥᠯᠳᠡ᠂ ᠵᠢᠷᠤᠮᠵᠢᠭᠤᠯᠤᠯᠳᠠ ᠶᠢᠨ ᠲᠥᠪᠰᠢᠨ ᠢᠯᠡᠳᠲᠡ | ᠳᠡᠭᠡᠭᠰᠢᠯᠡᠪᠠ᠃ | ᠨᠠᠮ ᠤᠨ ᠲᠦᠪ ᠬᠤᠷᠢᠶ᠎ᠠ ᠠᠴᠠ ᠴᠢᠬᠤᠯᠠᠴᠢᠯᠠᠭᠰᠠᠨ ᠨᠢ᠂ ᠢᠯᠵᠢᠷᠠᠯ ᠪᠣᠯ ᠨᠠᠮ ᠤᠨ ᠤᠷᠲᠤ ᠬᠤᠭᠤᠴᠠᠭ᠎ᠠ ᠪᠠᠷ | ᠲᠥᠷᠥ ᠪᠠᠷᠢᠬᠤ ᠶᠢᠨ ᠬᠠᠮᠤᠭ ᠤᠨ ᠶᠡᠭᠡ ᠰᠦᠷᠳᠡᠭᠦᠯᠦᠯ ᠮᠥᠨ᠂ ᠢᠯᠵᠢᠷᠠᠯ ᠢ ᠡᠰᠡᠷᠭᠦᠴᠡᠬᠦ ᠪᠣᠯ ᠨᠢᠭᠡ ᠣᠳᠠᠭᠠᠨ ᠤ | ᠢᠯᠠᠭᠳᠠᠬᠤ ᠶᠢ ᠳᠠᠭᠠᠭᠠᠬᠤ ᠦᠭᠡᠶ ᠮᠥᠷᠳᠡᠭᠡᠨ ᠶᠠᠭᠠᠬᠢᠭᠰᠠᠨ ᠴᠤ ᠢᠯᠠᠬᠳᠠᠵᠤ ᠪᠤᠯᠬᠤ ᠦᠬᠡᠢ ᠴᠢᠬᠤᠯᠠ ᠶᠡᠭᠡ ᠤᠯᠤᠰ | ᠲᠥᠷᠥ ᠶᠢᠨ ᠲᠡᠮᠡᠴᠡᠯ ᠮᠥᠨ᠂ ᠵᠠᠭᠤ ᠮᠢᠩᠭᠠᠨ ᠢᠯᠵᠢᠷᠠᠮᠠᠯ ᠡᠳᠡᠭᠡᠳ ᠲᠠᠢ ᠮᠠᠭᠤᠲᠠᠯᠴᠠᠬᠤ ᠦᠭᠡᠶ ᠪᠤᠯ ᠠᠷᠪᠠᠨ ᠳᠥᠷᠪᠡᠨ | ᠳ᠋ᠦᠩᠰᠢᠭᠤᠷ ᠠᠷᠠᠳ ᠲᠦᠮᠡᠨ ᠲᠠᠢ ᠮᠠᠭᠤᠲᠠᠯᠴᠠᠬᠤ ᠪᠤᠯᠤᠨ᠎ᠠ᠂ ᠡᠷᠬᠡᠪᠰᠢ ᠡᠷᠬᠡ ᠶᠢ ᠲᠦᠷᠢᠮ ᠤᠨ ᠰᠢᠩᠭᠡᠯᠢᠭ ᠲᠤ ᠬᠤᠷᠢᠵᠤ | ᠂ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠡᠷᠬᠡ ᠶᠢ ᠲᠣᠭᠲᠠᠭᠠᠨ᠂ ᠡᠷᠬᠡ ᠶᠢ ᠵᠢᠷᠤᠮᠵᠢᠭᠤᠯᠵᠤ᠂ ᠡᠷᠬᠡ ᠶᠢ | ᠬᠢᠵᠠᠭᠠᠷᠯᠠᠨ᠂ ᠡᠷᠬᠡ ᠳᠤ ᠬᠢᠨᠠᠯᠲᠠ ᠲᠠᠯᠪᠢᠬᠤ ᠬᠡᠷᠡᠭᠲᠡᠶ᠃ ᠨᠠᠮ ᠠᠴᠠ ᠢᠯᠵᠢᠷᠠᠬᠦ ᠵᠣᠷᠢᠭ ᠦᠭᠡᠢ᠂ ᠢᠯᠵᠢᠷᠠᠵᠤ ᠲᠡᠶᠢᠯᠬᠦ | ᠦᠭᠡᠢ᠂ ᠢᠯᠵᠢᠷᠡᠭᠦ ᠶᠢ ᠪᠣᠳᠣᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ᠂ ᠵᠠᠯᠭᠠᠬᠠᠨ ᠰᠢᠢᠳᠭᠡᠬᠦ | ᠠᠶᠤᠯᠭᠠᠨ ᠰᠦᠷᠳᠡᠭᠦᠯᠬᠦ᠂ ᠲᠦᠷᠢᠮ ᠢᠶᠠᠷ ᠬᠢᠵᠠᠭᠠᠷᠯᠠᠬᠤ᠂ ᠤᠬᠠᠮᠰᠠᠷ ᠢ ᠨᠢ ᠳᠡᠭᠡᠭᠰᠢᠯᠡᠭᠦᠯᠬᠦ ᠲᠠᠯ᠎ᠠ ᠪᠠᠷ ᠨᠢᠭᠡ | ᠴᠤᠬᠴᠠᠵᠢᠭᠤᠯᠤᠨ ᠬᠦᠴᠦᠯᠡᠬᠦ ᠶᠢ ᠪᠠᠷᠢᠮᠲᠠᠯᠠᠵᠤ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ | ᠠᠷᠠᠳ ᠲᠦᠮᠡᠨ ᠳᠤ ᠵᠣᠯ ᠵᠢᠷᠭᠠᠯ ᠣᠯᠭᠤᠬᠤ ᠳᠤ ᠬᠡᠷᠡᠭᠯᠡᠬᠦ ᠶᠢ ᠦᠨᠡᠨ ᠬᠦ ᠪᠠᠲᠤᠯᠠᠪᠠ᠃ ᠬᠤᠷᠢᠭᠠᠲᠤ ᠣᠷᠣᠨ ᠦᠭᠡᠢ᠂ | ᠪᠦᠬᠦᠨ ᠢ ᠬᠠᠮᠤᠷᠬᠤ᠂ ᠤᠭᠳᠤᠬᠠᠨ ᠴᠦ ᠦᠯᠦ ᠬᠥᠯᠢᠴᠡᠬᠦ ᠶᠢ ᠪᠠᠷᠢᠮᠲᠠᠯᠠᠵᠤ᠂ ᠬᠦᠴᠦᠲᠡᠢ ᠬᠤᠷᠢᠭᠯᠠᠬᠤ᠂ ᠴᠢᠩᠭ᠎ᠠ | ᠳᠠᠷᠤᠯᠲᠠ ᠥᠵᠡᠬᠦᠯᠬᠦ᠂ ᠤᠷᠲᠤ ᠬᠤᠭᠤᠴᠠᠭ᠎ᠠ ᠪᠠᠷ ᠰᠦᠷᠳᠡᠭᠦᠯᠤᠯ ᠪᠤᠯᠬᠤ ᠶᠢ ᠪᠠᠷᠢᠮᠲᠠᠯᠠᠵᠤ᠂ ᠬᠡᠭᠡᠯᠢ ᠢᠳᠡᠬᠦ ᠪᠠ | ᠬᠠᠭ᠋ᠤᠤᠯᠢ ᠲᠦᠯᠬᠢᠬᠦ ᠶᠢ ᠵᠡᠷᠭᠡ ᠪᠠᠷ ᠪᠠᠶᠢᠴᠠᠭᠠᠬᠤ ᠶᠢ ᠪᠠᠷᠢᠮᠲᠠᠯᠠᠵᠤ᠂ ᠬᠡᠷᠡᠭ ᠪᠠᠶᠢᠪᠠᠯ ᠵᠠᠪᠠᠯ ᠪᠠᠶᠢᠴᠠᠭᠠᠬᠤ᠂ ᠢᠯᠵᠢᠷᠡᠭᠰᠡᠳ | ᠪᠠᠶᠢᠪᠠᠯ ᠵᠠᠪᠠᠯ ᠵᠠᠯᠬᠠᠭᠠᠨ ᠰᠢᠢᠳᠭᠡᠬᠦ ᠶᠢ ᠪᠠᠷᠢᠮᠲᠠᠯᠠᠵᠤ᠂ ᠲᠤᠭᠰᠢᠨ ᠡᠮ ᠢᠶᠠᠷ ᠡᠪᠡᠳᠴᠢᠨ ᠵᠠᠰᠠᠬᠤ᠂ ᠬᠦᠨᠳᠦ ᠡᠷᠡᠭᠦᠥ ᠪᠠᠷ | ᠰᠠᠮᠠᠭᠤᠷᠠᠯ ᠢ ᠵᠠᠰᠠᠬᠤ ᠡᠷᠡᠰ ᠵᠣᠷᠢᠭ ᠢᠶᠠᠷ᠂ ᠶᠠᠰᠤ ᠶᠢ ᠬᠤᠰᠤᠨ ᠬᠤᠤᠷ ᠢ ᠨᠢ ᠠᠷᠢᠯᠭᠠᠬᠤ᠂ ᠪᠠᠭᠠᠲᠤᠷ ᠡᠷ᠎ᠡ ᠪᠠᠭᠤᠤ ᠪᠠᠨ | ᠴᠠᠪᠴᠢᠬᠤ ᠰᠥᠰᠥ ᠵᠣᠷᠢᠭ ᠢᠶᠠᠷ ︽ᠪᠠᠷᠰ ᠴᠣᠬᠢᠬᠤ︾᠂ ︽ᠢᠯᠠᠭ᠎ᠠ ᠴᠤᠬᠢᠬᠤ︾᠂ ︽ᠦᠨᠡᠭᠡ ᠠᠩᠨᠠᠬᠤ︾ ᠶᠢ ᠡᠷᠡᠰ | ᠭᠤᠶᠢᠪᠢᠰᠢ ᠦᠭᠡᠢ ᠬᠢᠪᠠ᠃ ᠤᠯᠠᠨ ᠲᠦᠮᠡᠨ ᠤ ᠳᠡᠷᠭᠡᠳᠡᠬᠢ ᠢᠯᠵᠢᠷᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ | ᠭᠠᠳᠠᠭᠠᠳᠤ ᠳᠤ ᠳᠤᠲᠠᠭᠠᠭᠰᠠᠨ ᠤᠷᠭᠤᠳᠠᠭᠤᠯ ᠬᠡᠷᠡᠭᠲᠡᠨ ᠢ ᠨᠡᠬᠡᠮᠵᠢᠯᠡᠬᠦ ᠪᠠ ᠪᠤᠵᠠᠷ ᠵᠣᠭᠤᠰ ᠪᠤᠵᠠᠷ ᠡᠳ᠋ ᠢ ᠨᠡᠬᠡᠮᠵᠢᠯᠡᠬᠦ | ᠠᠵᠢᠯ ᠢ ᠭᠦᠨᠵᠡᠭᠡᠶ ᠥᠷᠨᠢᠭᠦᠯᠵᠦ᠂ ᠠᠯᠢᠪᠠ ᠢᠯᠵᠢᠷᠠᠮᠠᠯ ᠡᠲᠡᠭᠡᠳ ᠢ ᠴᠡᠪᠡᠷᠯᠡᠨ ᠠᠷᠢᠯᠭᠠᠪᠠ᠃ ᠨᠠᠮ ᠠᠴᠠ ᠤᠯᠤᠰ | ᠲᠥᠷᠥ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠢᠷᠠᠯ ᠤᠨ ᠬᠡᠷᠡᠭ ᠲᠤ ᠠᠩᠬᠠᠷᠤᠯ ᠢᠶᠠᠨ | ᠲᠥᠪᠯᠡᠷᠡᠭᠦᠯᠤᠨ᠂ ᠨᠠᠮ ᠤᠨ ᠳᠣᠲᠣᠭᠠᠳᠤ ᠳᠤ ᠠᠰᠢᠭ ᠲᠤᠰᠠ ᠶᠢᠨ ᠪᠦᠯᠦᠭᠯᠡᠯ ᠪᠦᠷᠢᠯᠳᠦᠬᠦ ᠠᠴᠠ ᠰᠡᠷᠭᠡᠶᠢᠯᠡᠵᠦ᠂ ᠵᠸᠥ | ᠶᠦᠩ ᠺᠠᠩ᠂ ᠪᠦᠸᠧ ᠰᠢ ᠯᠠᠶ᠂ ᠰᠦᠨ ᠵᠧᠩ ᠼᠠᠢ᠂ ᠯᠢᠩ ᠵᠢᠶ ᠬᠤᠸᠠ ᠵᠡᠷᠭᠡ ᠶᠢᠨ ᠰᠠᠬᠢᠯᠭ᠎ᠠ ᠪᠠᠲᠤ ᠬᠠᠤᠯᠢ | ᠴᠠᠭᠠᠵᠠ ᠠᠴᠠ ᠬᠦᠨᠳᠦ ᠨᠣᠴᠢᠲᠠᠶ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠪᠠ᠃ ᠨᠠᠮ ᠤᠳᠤᠷᠢᠳᠴᠥ ᠪᠠᠶᠢᠭᠠᠳ | ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠤᠨ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ | ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠬᠢᠨᠠᠨ ᠪᠠᠶᠢᠴᠠᠭᠠᠬᠤ ᠵᠥᠪᠯᠡᠯ ᠪᠠᠶᠢᠭᠤᠯᠬᠤ ᠶᠢ ᠠᠬᠢᠭᠤᠯᠵᠤ᠂ ᠲᠣᠭᠤᠷᠢᠨ | ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ | ᠪᠠᠶᠢᠷᠢᠰᠢᠯ ᠢ ᠪᠠᠶᠢᠭᠤᠯᠤᠨ᠂ ᠨᠠᠮ ᠤᠨ ᠳᠣᠲᠣᠭᠠᠳᠤ ᠶᠢᠨ ᠬᠢᠨᠠᠯᠲᠠ ᠪᠠᠷ ᠤᠳᠤᠷᠢᠳᠤᠮᠵᠢ ᠪᠣᠯᠭᠠᠭᠰᠠᠨ᠂ ᠡᠯ᠎ᠡ ᠲᠦᠷᠦᠯ ᠤᠨ | ᠬᠢᠨᠠᠯᠲᠠ ᠶᠢ ᠨᠡᠪᠲᠡᠷᠡᠭᠦᠯᠦᠨ ᠵᠣᠬᠢᠴᠠᠯᠳᠤᠭᠤᠯᠤᠭᠰᠠᠨ ᠲᠣᠭᠲᠡᠴᠡ ᠶᠢ ᠪᠠᠶᠢᠭᠤᠯᠵᠤ᠂ ᠡᠷᠬᠡ ᠶᠢᠨ ᠠᠵᠢᠯᠯᠠᠭᠠᠨ ᠳᠤ | ᠶᠠᠪᠤᠭᠤᠯᠬᠤ ᠬᠢᠵᠠᠭᠠᠷᠯᠠᠯ ᠪᠠ ᠬᠢᠨᠠᠯᠲᠠ ᠶᠢ ᠴᠢᠩᠭᠠᠳᠬᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠷᠡᠰ ᠲᠡᠮᠡᠴᠡᠯ ᠢᠶᠠᠷ ᠳᠠᠮᠵᠢᠨ᠂ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠶᠢᠨ ᠤᠯᠤᠰ ᠲᠥᠷᠥ ᠶᠢᠨ ᠬᠥᠲᠥᠯᠥᠨ ᠳᠠᠭᠠᠭᠤᠯᠭ᠎ᠠ ᠪᠠ ᠤᠯᠤᠰ ᠲᠥᠷᠥ ᠶᠢᠨ ᠪᠠᠲᠤᠯᠠᠭ᠎ᠠ ᠶᠢᠨ | ᠦᠢᠯᠡᠳᠦᠯ ᠢ ᠭᠦᠢᠴᠡᠳ ᠪᠠᠳᠠᠷᠠᠭᠤᠯᠵᠥ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ | ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠢᠯᠡᠳᠲᠡ ᠴᠢᠩᠭᠠᠷᠠᠵᠤ᠂ ᠨᠠᠮ ᠢ ᠬᠠᠮᠢᠶᠠᠷᠴᠤ | ᠨᠠᠮ ᠢ ᠵᠠᠰᠠᠬᠤ ᠲᠠᠯ᠎ᠠ ᠪᠠᠷ ᠠᠭᠤᠵᠢᠭᠤ ᠰᠤᠯᠠ ᠵᠥᠭᠡᠯᠡᠨ ᠪᠠᠶᠢᠭᠰᠠᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ᠂ | ᠢᠯᠵᠢᠷᠠᠯ ᠢ ᠡᠰᠡᠷᠭᠦᠴᠡᠬᠦ ᠲᠡᠮᠡᠴᠡᠯ ᠤᠨ ᠲᠠᠪᠠᠭᠤ ᠢᠯᠠᠯᠲᠠ ᠶᠢ ᠣᠯᠤᠭᠰᠠᠨ ᠪᠥᠭᠡᠳ ᠲᠡᠬᠦᠨ ᠢ ᠪᠦᠬᠦ ᠲᠠᠯ᠎ᠠ ᠪᠠᠷ | ᠪᠠᠬᠢᠵᠢᠭᠦᠯᠤᠨ᠂ ᠨᠠᠮ᠂ ᠤᠯᠤᠰ ᠤᠷᠤᠨ᠂ ᠴᠡᠷᠢᠭ ᠠᠩᠭᠢ ᠶᠢᠨ ᠳᠣᠲᠣᠭᠠᠳᠤ ᠳᠤ ᠣᠷᠣᠰᠢᠵᠤ ᠪᠠᠶᠢᠭᠰᠠᠨ ᠬᠦᠨᠳᠦ ᠨᠣᠴᠢᠲᠠᠶ | ᠳᠠᠯᠳᠠ ᠭᠡᠮ ᠢ ᠠᠷᠢᠯᠭᠠᠵᠥ᠂ ᠨᠠᠮ ᠬᠤᠪᠢᠰᠬᠠᠯᠲᠤ ᠴᠢᠨᠠᠷᠳᠠᠢ ᠳᠠᠪᠲᠠᠯᠲᠠ ᠶᠢᠨ ᠳᠤᠮᠳᠠ ᠨᠠᠩᠳᠡ ᠪᠠᠳᠥ ᠴᠢᠩᠭ᠎ᠠ ᠪᠣᠯᠪᠠ᠃ | ︵ᠭᠤᠷᠪᠠ︶ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ | ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠨᠠᠮ ᠠᠴᠠ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠭᠡᠬᠦ | ᠡᠨᠡ ᠬᠦ ᠭᠤᠣᠯᠳᠠᠯᠭ᠎ᠠ ᠶᠢ ᠠᠳᠬᠤᠵᠤ᠂ ᠠᠷᠠᠳ ᠲᠦᠮᠡᠨ ᠢ ᠤᠳᠤᠷᠢᠳᠤᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠠᠵᠤ | ᠠᠬᠤᠢ ᠲᠦᠷᠭᠡᠨ ᠬᠥᠭᠵᠢᠭᠰᠡᠨ ᠭᠠᠶᠢᠬᠠᠮᠰᠢᠭ ᠢ ᠡᠭᠦᠳᠴᠦ᠂ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠶᠡᠭᠡ ᠪᠠᠷ | ᠳᠡᠭᠡᠭᠰᠢᠯᠡᠪᠡ᠃ ᠡᠭᠦᠨ ᠤ ᠬᠠᠮᠲᠦ᠂ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠲᠤ ᠬᠤᠷᠳᠤᠴᠠ ᠪᠠ ᠬᠡᠪᠴᠢᠶ᠎ᠡ ᠶᠢ | ᠥᠷᠥᠭᠡᠰᠦᠭᠡᠯ ᠢᠶᠠᠷ ᠬᠥᠭᠡᠭᠡᠴᠡᠯᠳᠦᠬᠦ᠂ ᠬᠥᠭᠵᠢᠯᠲᠡ ᠶᠢᠨ ᠠᠷᠭ᠎ᠠ ᠮᠠᠶ᠋ᠢᠭ ᠨᠢ ᠪᠦᠳᠦᠭᠦᠯᠢᠭ ᠪᠠᠶᠢᠬᠤ ᠵᠡᠷᠭᠡ ᠠᠰᠠᠭᠤᠳᠠᠯ | ᠣᠷᠣᠰᠢᠵᠤ ᠪᠠᠶᠢᠭᠰᠠᠨ ᠤ ᠲᠡᠭᠡᠷ᠎ᠠ ᠤᠯᠠᠨ ᠤᠯᠤᠰ ᠤᠨ ᠮᠥᠩᠭᠦᠨ ᠭᠦᠢᠯᠭᠡᠭᠡᠨ ᠤ ᠬᠢᠮᠤᠷᠠᠯ ᠤᠨ ᠲᠠᠷᠠᠭ᠎ᠠ ᠳᠡᠯᠡᠬᠡᠶ ᠶᠢᠨ ᠠᠵᠤ | ᠠᠬᠤᠶ ᠦᠷᠭᠦᠯᠵᠢᠯᠡᠨ ᠥᠭᠡᠳᠡ ᠥᠭᠡᠢ ᠪᠠᠶᠢᠭᠰᠠᠨ ᠨᠥᠯᠥᠭᠡ ᠠᠴᠠ ᠪᠤᠯᠵᠤ᠂ ᠠᠵᠤ ᠠᠬᠤᠶ ᠶᠢᠨ ᠪᠦᠲᠦᠴᠡ ᠶᠢᠨ ᠴᠢᠨᠠᠷᠲᠠᠶ | ᠪᠠᠶᠢᠭᠤᠯᠤᠯ ᠤᠨ ᠴᠢᠨᠠᠷᠲᠠᠶ ᠵᠥᠷᠢᠴᠡᠯ ᠲᠠᠰᠤᠷᠠᠯᠲᠠ ᠦᠭᠡᠢ ᠬᠤᠷᠠᠮᠳᠤᠵᠤ᠂ ᠬᠥᠭᠵᠢᠯᠲᠡ ᠶᠢᠨ ᠲᠡᠩᠴᠡᠭᠦᠷᠢ ᠦᠭᠡᠢ᠂ | ᠵᠣᠬᠢᠴᠠᠩᠭᠤᠶ ᠪᠤᠰᠤ᠂ ᠦᠷᠭᠦᠯᠵᠢᠯᠡᠵᠦ ᠦᠯᠦ ᠴᠢᠳᠠᠬᠤ ᠠᠰᠠᠭᠤᠳᠠᠯ ᠮᠠᠰᠢ ᠲᠤᠪᠤᠶᠢᠮ᠎ᠠ ᠪᠠᠶᠢᠪᠠ᠃ ᠨᠠᠮ ᠤᠨ ᠲᠥᠪ | ᠬᠤᠷᠢᠶ᠎ᠠ ᠠᠴᠠ ᠲᠤᠷᠠᠳᠤᠭᠰᠠᠨ ᠨᠢ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠰᠢᠨ᠎ᠡ ᠬᠡᠪ ᠤᠨ ᠪᠠᠶᠢᠳᠠᠯ ᠳᠤ | ᠣᠷᠣᠵᠤ᠂ ᠨᠢᠭᠡᠨᠲᠡ ᠲᠦᠷᠭᠡᠨ ᠨᠡᠮᠡᠭᠳᠡᠯ ᠤᠨ ᠱᠠᠲᠤᠨ ᠠᠴᠠ ᠪᠠᠨ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ | ᠰᠢᠯᠵᠢᠵᠦ᠂ ᠨᠡᠮᠡᠭᠳᠡᠯ ᠤᠨ ᠬᠤᠷᠳᠤᠴᠠ ᠶᠢᠨ ᠬᠤᠷᠳᠤ ᠰᠤᠯᠢᠬᠤ ᠬᠤᠭᠤᠴᠠᠭ᠎ᠠ᠂ ᠪᠦᠲᠦᠴᠡ ᠶᠢᠨ ᠲᠣᠬᠢᠷᠠᠭᠤᠯᠤᠯᠲᠠ ᠶᠢᠨ | ᠡᠪᠡᠷᠰᠢᠶᠡᠯᠳᠤ ᠬᠤᠭᠤᠴᠠᠭ᠎ᠠ᠂ ᠡᠮᠦᠨᠡᠬᠢ ᠬᠤᠭᠤᠴᠠᠭᠠᠨ ᠤ ᠰᠡᠳᠤᠯᠳᠠ ᠶᠢᠨ ᠲᠥᠷᠥ ᠶᠢᠨ ᠪᠣᠳᠣᠯᠭ᠎ᠠ ᠶᠢ ᠰᠢᠩᠭᠡᠭᠡᠨ ᠠᠪᠬᠤ | ᠬᠤᠭᠤᠴᠠᠭ᠎ᠠ ᠬᠡᠬᠦ ︽ᠭᠤᠷᠪᠠᠨ ᠬᠤᠭᠤᠴᠠᠭ᠎ᠠ ᠳᠠᠪᠬᠤᠴᠠᠭᠰᠠᠨ︾ ᠪᠤᠳᠤᠯᠢᠶᠠᠨᠳᠤ ᠪᠠᠶᠢᠳᠠᠯ ᠳᠤ ᠲᠤᠯᠭᠠᠷᠠᠵᠥ᠂ | ᠤᠯᠠᠮᠵᠢᠯᠠᠯᠲᠤ ᠬᠥᠭᠵᠢᠯᠲᠡ ᠶᠢᠨ ᠵᠠᠭᠪᠤᠷ ᠢ ᠦᠷᠭᠦᠯᠵᠢᠯᠡᠭᠦᠯᠬᠦ ᠳᠤ ᠪᠡᠷᠬᠡ ᠪᠤᠯᠵᠠᠢ᠃ ᠨᠠᠮ ᠤᠨ ᠲᠦᠪ ᠬᠤᠷᠢᠶ᠎ᠠ ᠠᠴᠠ | ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠪᠣᠯ ᠮᠠᠨ ᠤ ᠤᠯᠤᠰ ᠤᠨ | ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠨᠢᠭᠡ ᠤᠳᠠᠭᠠᠨ ᠤ ᠭᠦᠨᠵᠡᠭᠡᠶ ᠬᠤᠪᠢᠰᠤᠯᠲᠠ ᠮᠥᠨ᠂ ᠡᠭᠦᠨ ᠳᠤ | ᠳᠥᠭᠦᠮᠬᠡᠨ ᠢᠶᠠᠷ ᠦᠢᠯᠡᠳᠪᠦᠷᠢᠯᠡᠯ ᠤᠨ ᠪᠥᠬᠦ ᠥᠷᠲᠡᠭ ᠤᠨ ᠨᠡᠮᠡᠭᠳᠡᠯ ᠤᠨ ᠨᠣᠷᠮ᠎ᠠ ᠪᠠᠷ ᠪᠠᠷᠢᠮᠵᠢᠶ᠎ᠠ ᠪᠤᠯᠭᠠᠵᠥ ᠪᠣᠯᠬᠤ ᠦᠭᠡᠶ | ᠂ ᠡᠷᠬᠡᠪᠰᠢ ᠰᠢᠨ᠎ᠡ ᠶᠢ ᠡᠭᠦᠳᠬᠦ ᠪᠠᠷ ᠨᠢᠭᠡᠳᠦᠭᠡᠷ ᠬᠥᠳᠡᠯᠭᠡᠭᠴᠢ ᠬᠦᠴᠦᠨ ᠪᠤᠯᠭᠠᠭᠰᠠᠨ᠂ ᠵᠣᠬᠢᠴᠠᠯ ᠲᠠᠢ ᠪᠠᠶᠢᠬᠤ ᠪᠠᠷ | ᠳᠣᠲᠣᠭᠠᠳᠤ ᠣᠨᠴᠠᠯᠢᠭ ᠪᠤᠯᠭᠠᠭᠰᠠᠨ᠂ ᠨᠤᠭᠤᠭᠠᠨ ᠢᠶᠠᠷ ᠲᠦᠭᠡᠮᠡᠯ ᠬᠡᠯᠪᠡᠷᠢ ᠪᠤᠯᠭᠠᠭᠰᠠᠨ᠂ ᠨᠡᠭᠡᠭᠡᠯᠲᠡ ᠪᠠᠷ ᠵᠠᠶᠢᠯᠠᠰᠢ ᠦᠭᠡᠢ | ᠵᠠᠮᠨᠠᠬᠤ ᠵᠠᠮ ᠪᠤᠯᠭᠠᠭᠰᠠᠨ᠂ ᠬᠠᠮᠲᠤ ᠪᠠᠷ ᠡᠳ᠋ᠯᠡᠬᠦ ᠪᠠᠷ ᠦᠨᠳᠦᠰᠦᠨ ᠵᠣᠷᠢᠯᠭ᠎ᠠ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠵᠥ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠪᠥᠳᠥᠮᠵᠢ ᠶᠢᠨ | ᠬᠤᠪᠢᠰᠤᠯᠲᠠ᠂ ᠬᠥᠳᠡᠯᠭᠡᠭᠴᠢ ᠬᠦᠴᠦᠨ ᠤ ᠬᠤᠪᠢᠰᠤᠯᠲᠠ ᠶᠢ ᠠᠬᠢᠭᠤᠯᠬᠤ ᠬᠡᠷᠡᠭᠳᠡᠢ᠃ | ᠨᠠᠮ ᠠᠴᠠ ᠠᠵᠤ ᠠᠬᠤᠶ ᠶᠢᠨ ᠠᠵᠢᠯ ᠳᠠᠬᠢ ᠪᠠᠶᠢᠯᠳᠤᠬᠤ ᠪᠤᠳᠤᠯᠭ᠎ᠠ ᠶᠢᠨ ᠤᠬᠠᠭᠠᠯᠠᠯ ᠲᠥᠯᠥᠪᠯᠡᠯ ᠪᠠ ᠨᠢᠭᠡᠳᠦᠯᠲᠡᠶ | ᠤᠳᠤᠷᠢᠳᠤᠯᠭ᠎ᠠ ᠪᠠᠨ ᠴᠢᠩᠭᠠᠳᠬᠠᠨ᠂ ᠠᠵᠤ ᠠᠬᠤᠶ ᠶᠢᠨ ᠠᠵᠢᠯ ᠢ ᠨᠠᠮ ᠤᠳᠤᠷᠢᠳᠬᠤ ᠪᠠᠶᠢᠭᠤᠯᠤᠯ ᠲᠣᠭᠲᠡᠴᠡ ᠶᠢ | ᠲᠡᠭᠦᠯᠳᠡᠷᠵᠢᠭᠦᠯᠪᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ | ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ ᠪᠠ ᠬᠤᠷᠢᠶᠠᠨ ᠤ ᠤᠳᠠᠭ᠎ᠠ ᠪᠦᠷᠢ ᠶᠢᠨ ᠠᠵᠤ ᠠᠬᠤᠢ ᠶᠢᠨ ᠠᠵᠢᠯ ᠤᠨ ᠬᠤᠷᠠᠯᠳᠤᠭᠠᠨ | ᠲᠦᠪᠯᠡᠷᠡᠩᠭᠦᠢ ᠪᠠᠷ ᠮᠠᠨ ᠤ ᠤᠯᠤᠰ ᠤᠨ ᠬᠥᠭᠵᠢᠯᠲᠡ ᠳᠤ ᠪᠠᠶᠢᠷᠢᠯᠠᠭᠤᠯᠤᠯᠲᠠ ᠬᠢᠵᠥ᠂ ᠴᠢᠨᠠᠷ ᠰᠠᠶᠢᠲᠠᠶ ᠬᠥᠭᠵᠢᠯᠲᠡ ᠪᠠᠷ | ᠭᠤᠤᠯ ᠰᠡᠳᠦᠪ ᠪᠣᠯᠭᠠᠬᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠰᠢᠵᠢᠮ | ᠪᠣᠯᠭᠠᠬᠤ ᠶᠢ ᠪᠠᠷᠢᠮᠳᠠᠯᠠᠬᠤ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠪᠠᠶᠢᠭᠤᠯᠬᠤ᠂ ᠳᠣᠲᠣᠭᠠᠳᠤ | ᠬᠡᠷᠡᠭᠴᠡᠭᠡ ᠶᠢ ᠥᠷᠭᠡᠳᠭᠡᠬᠦ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ ᠡᠵᠡᠮᠳᠡᠬᠦ᠂ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠨᠠᠷᠢᠯᠢᠬ ᠤᠨᠤᠴᠠᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠬᠢᠷᠲᠤᠯ ᠢ | ᠰᠡᠷᠭᠡᠶᠢᠯᠡᠨ ᠵᠠᠰᠠᠬᠤ ᠭᠤᠷᠪᠠᠨ ᠶᠡᠭᠡ ᠪᠡᠷᠭᠡ ᠰᠡᠳᠥᠪ ᠢ ᠰᠢᠢᠳᠪᠤᠷᠢᠯᠡᠬᠦ ᠳᠠᠶᠢᠨ ᠢ ᠰᠠᠶᠢᠲᠤᠷ ᠬᠢᠬᠦ ᠵᠡᠷᠭᠡ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠭᠠᠷᠭᠠᠪᠠ᠃ ᠨᠠᠮ ᠠᠴᠠ ᠨᠡᠶᠢᠲᠡ ᠶᠢᠨ ᠥᠮᠴᠢᠯᠡᠯ ᠤᠨ ᠠᠵᠤ ᠠᠬᠤᠶ ᠶᠢ ᠡᠷᠡᠰ ᠭᠤᠶᠢᠪᠢᠰᠢ | ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠡᠷᠡᠰ | ᠭᠤᠶᠢᠪᠢᠰᠢ ᠦᠭᠡᠶ ᠪᠠᠷ ᠵᠣᠷᠢᠬᠵᠢᠭᠤᠯᠤᠨ ᠳᠡᠮᠵᠢᠬᠦ ᠪᠠ ᠬᠥᠲᠥᠯᠥᠨ ᠵᠢᠯᠣᠭᠤᠳᠴᠥ᠂ ᠤᠯᠤᠰ ᠤᠨ ᠥᠮᠴᠢᠯᠡᠯ ᠤᠨ | ᠬᠥᠷᠥᠩᠭᠡ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠵᠦ ᠪᠤᠵᠠᠭᠠᠶᠢᠷᠠᠬᠤ ᠶᠢ | ᠳᠡᠮᠵᠢᠵᠥ᠂ ᠳᠤᠮᠳᠠᠲᠦ ᠣᠯᠣᠰ ᠤᠨ ᠤᠨᠴᠠᠯᠢᠭ ᠪᠦᠬᠦᠢ ᠤᠳᠤ ᠦᠶ᠎ᠡ ᠶᠢᠨ ᠠᠵᠦ ᠠᠬᠤᠶᠢᠯᠠᠯ ᠤᠨ ᠲᠦᠷᠢᠮ ᠢ ᠪᠠᠶᠢᠭᠤᠯᠵᠤ᠂ | ᠤᠯᠤᠰ ᠤᠨ ᠥᠮᠴᠢᠯᠡᠯ ᠤᠨ ᠠᠵᠤ ᠠᠬᠤᠶ ᠶᠢᠨ ᠥᠷᠢᠰᠥᠯᠳᠦᠬᠦ ᠬᠦᠴᠦᠨ᠂ ᠰᠢᠨ᠎ᠡ ᠶᠢ ᠡᠭᠦᠳᠬᠦ ᠬᠦᠴᠦᠨ᠂ ᠡᠵᠡᠮᠳᠡᠬᠦ | ᠬᠦᠴᠦᠨ᠂ ᠨᠥᠯᠥᠭᠡᠯᠡᠬᠦ ᠬᠦᠴᠦᠨ᠂ ᠠᠶᠤᠯ ᠲᠦᠭᠰᠢᠭᠦᠷᠢ ᠶᠢ ᠡᠰᠡᠷᠭᠦᠴᠡᠬᠦ ᠬᠥᠴᠥᠨ ᠢ ᠴᠢᠩᠭᠠᠷᠠᠭᠤᠯᠪᠠ︔ ᠵᠠᠰᠠᠭ ᠤᠨ | ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠦ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠶ ᠶᠢᠨ ᠬᠥᠮᠦᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠪᠠ᠃ ᠨᠠᠮ ᠠᠴᠠ ᠰᠢᠨ᠎ᠡ ᠶᠢ ᠡᠭᠦᠳᠬᠦ ᠪᠠᠷ | ᠬᠦᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠪᠡᠶ᠎ᠠ ᠪᠠᠨ ᠲᠠᠭᠠᠭᠠᠵᠥ ᠬᠦᠴᠦᠷᠬᠡᠭᠵᠢᠬᠦ ᠶᠢ ᠤᠯᠤᠰ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠲᠤᠯᠭᠠᠭᠤᠷᠢᠯᠠᠯ ᠪᠣᠯᠭᠠᠵᠤ᠂ ᠰᠢᠨ᠎ᠡ ᠮᠠᠶ᠋ᠢᠭ ᠤᠨ ᠤᠯᠤᠰ ᠳᠠᠶᠠᠭᠠᠷ ᠤᠨ ᠪᠠᠶᠢᠭᠤᠯᠤᠯ ᠢ ᠪᠦᠷᠢᠨᠰᠢᠭᠦᠯᠵᠥ᠂ | ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠷᠠᠭᠤᠯᠵᠤ᠂ ᠰᠠᠭᠤᠷᠢ | ᠰᠤᠳᠤᠯᠭᠠᠨ ᠢ ᠴᠢᠩᠭᠠᠳᠬᠠᠵᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠡᠷᠭᠡ ᠰᠡᠳᠥᠪ ᠢ ᠰᠢᠢᠳᠪᠤᠷᠢᠯᠡᠬᠦ ᠪᠠ | ᠪᠡᠶ᠎ᠡ ᠪᠠᠨ ᠳᠠᠭᠠᠭᠠᠵᠦ ᠰᠢᠨ᠎ᠡ ᠶᠢ ᠡᠭᠦᠳᠬᠦ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠡᠭᠦᠳᠦᠯᠲᠡ᠂ ᠬᠠᠮᠠᠭᠠᠯᠠᠯᠲᠠ᠂ ᠬᠡᠷᠡᠭᠯᠡᠯᠲᠡ ᠶᠢ ᠴᠢᠩᠭᠠᠳᠬᠠᠵᠥ᠂ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠪᠠ | ᠳᠡᠯᠡᠬᠡᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠥᠳᠥᠭᠡᠨ ᠪᠠᠶᠢᠭᠤᠯᠬᠤ ᠶᠢ ᠲᠥᠷᠭᠡᠳᠭᠡᠪᠡ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠦᠢᠯᠡᠳᠪᠦᠷᠢᠯᠡᠬᠦ ᠴᠢᠳᠠᠪᠤᠷᠢ ᠶᠢ ᠬᠠᠰᠤᠬᠤ᠂ ᠬᠥᠮᠥᠷᠭᠡ ᠶᠢᠨ ᠬᠠᠳᠠᠭᠠᠯᠠᠯᠲᠠ ᠶᠢ ᠪᠠᠭᠠᠰᠬᠠᠬᠤ᠂ ᠬᠥᠰᠢᠭᠦᠷᠭᠡ ᠶᠢ ᠬᠠᠰᠤᠬᠤ᠂ | ᠥᠪᠡᠷ ᠤᠨ ᠥᠷᠲᠡᠭ ᠢ ᠪᠠᠭᠤᠷᠠᠭᠤᠯᠬᠤ᠂ ᠳᠤᠲᠠᠭᠤᠳᠠᠯ ᠢ ᠨᠥᠬᠦᠪᠥᠷᠢᠯᠡᠬᠦ ᠶᠢ ᠠᠬᠢᠭᠤᠯᠵᠤ᠂ ᠪᠠᠬᠢᠵᠢᠭᠦᠯᠬᠦ ᠨᠡᠮᠡᠭᠳᠡᠬᠦᠯᠬᠦ | ᠳᠡᠭᠡᠭᠰᠢᠯᠡᠭᠦᠯᠬᠦ ᠰᠠᠭᠠᠳ ᠥᠬᠡᠶ ᠨᠡᠪᠲᠡᠷᠡᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠦᠢᠯᠡᠳᠬᠦ ᠦᠢᠯᠡᠰ ᠤᠨ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ | ᠲᠦᠷᠭᠡᠯᠡᠨ ᠬᠥᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠳ᠋ᠢᠵᠢᠲ᠋ᠠᠯ ᠠᠵᠤ ᠠᠬᠤᠶ ᠶᠢ | ᠬᠥᠭᠵᠢᠭᠦᠯᠪᠠ᠃ ᠬᠤᠷᠸ᠎ᠠ ᠠᠵᠤ ᠠᠬᠤᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠤᠨ | ᠰᠡᠳᠭᠢᠮᠵᠢ ᠪᠠ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠥᠨ᠂ ᠬᠤᠷᠸ᠎ᠠ ᠲᠥᠷᠥ ᠶᠢᠨ ᠪᠣᠳᠣᠯᠭ᠎ᠠ ᠶᠢᠨ ᠡᠵᠡᠨ ᠮᠡᠳᠡᠬᠦ | ᠴᠢᠨᠠᠷ ᠢ ᠨᠡᠮᠡᠭᠳᠡᠭᠦᠯᠵᠦ᠂ ᠡᠳ᠋ ᠤᠨ ᠵᠠᠰᠠᠭ ᠤᠨ ᠢᠳᠡᠪᠬᠢᠲᠡᠶ ᠲᠥᠷᠥ ᠶᠢᠨ ᠪᠣᠳᠣᠯᠭ᠎ᠠ ᠪᠠ ᠵᠣᠭᠤᠰᠣᠨ ᠤ ᠯᠠᠪᠳᠠᠭᠤᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠴᠢᠯᠤᠭᠡᠳᠡᠢ | ᠪᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠬᠤ ᠶᠢ ᠪᠠᠷᠢᠮᠲᠠᠯᠠᠵᠤ᠂ | ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ ᠤᠨ ᠠᠮᠤᠷ ᠲᠦᠪᠰᠢᠨ᠂ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠪᠠᠲᠤᠯᠠᠵᠤ᠂ ᠮᠦᠩᠬᠦᠨ ᠭᠦᠢᠯᠭᠡᠭᠡ ᠶᠢ ᠪᠤᠳᠠᠲᠦ | ᠴᠤᠭᠴᠠ ᠶᠢᠨ ᠠᠵᠦ ᠠᠬᠤᠢ ᠳᠤ ᠦᠢᠯᠡᠴᠢᠯᠡᠭᠦᠯᠬᠦ ᠶᠢ ᠪᠠᠷᠢᠮᠲᠠᠯᠠᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ | ᠪᠦᠬᠦ ᠲᠠᠯ᠎ᠠ ᠪᠠᠷ ᠴᠢᠩᠭᠠᠳᠬᠠᠨ᠂ ᠠᠵᠤ ᠠᠬᠤᠶ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠮᠤᠨᠤᠫᠤᠯᠢᠴᠢᠯᠠᠯ ᠢ ᠡᠰᠡᠷᠭᠦᠴᠡᠬᠦ ᠳᠦᠷᠢᠮ | ᠲᠣᠭᠲᠠᠭᠠᠯ ᠢ ᠴᠢᠩᠭᠠᠳᠬᠠᠵᠤ᠂ ᠬᠥᠷᠥᠩᠭᠡ ᠶᠢᠨ ᠡᠮᠬᠢ ᠵᠢᠷᠤᠮ ᠦᠭᠡᠢ ᠥᠷᠭᠡᠵᠢᠬᠦ ᠶᠢ ᠰᠡᠷᠭᠡᠶᠢᠯᠡᠨ᠂ ᠵᠠᠬ᠎ᠠ ᠳᠡᠯᠭᠡᠭᠦᠷ ᠤᠨ | ᠡᠮᠬᠢ ᠵᠢᠷᠤᠮ ᠢ ᠬᠠᠮᠠᠭᠠᠯᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠢᠯᠠᠩᠭᠤᠶ᠎ᠠ ᠳᠤᠮᠳᠠ ᠵᠢᠵᠢᠭ | ᠪᠢᠴᠢᠯ ᠠᠵᠤ ᠠᠬᠤᠶᠢᠯᠠᠯ ᠤᠨ ᠠᠮᠢᠳᠤᠯᠢᠭ ᠬᠦᠴᠦᠨ ᠢ ᠬᠥᠭᠵᠢᠭᠡᠵᠦ᠂ ᠥᠷᠭᠡᠨ ᠤᠯᠠᠨ ᠬᠦᠳᠡᠯᠮᠦᠷᠢᠴᠢᠨ ᠪᠠ | ᠬᠡᠷᠡᠭᠯᠡᠭᠴᠢ ᠶᠢᠨ ᠡᠷᠬᠡ ᠠᠰᠢᠭ ᠢ ᠬᠠᠮᠠᠭᠠᠯᠠᠪᠠ᠃ ᠨᠠᠮ ᠠᠴᠠ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠭᠰᠠᠨ ᠬᠥᠭᠵᠢᠯᠲᠡ᠂ | ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ | ᠣᠷᠣᠨ ᠤ ᠪᠦᠲᠦᠭᠡᠨ ᠪᠠᠶᠢᠭᠤᠯᠤᠯᠲᠠ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ᠂ | ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ | ᠂ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠦᠲᠦᠭᠡᠨ ᠪᠠᠶᠢᠭᠤᠯᠵᠤ᠂ ᠪᠠᠷᠠᠭᠤᠨ | ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠪᠠᠶᠢᠷᠢᠰᠢᠯ ᠢ ᠪᠤᠢ ᠪᠤᠯᠭᠠᠬᠤ ᠶᠢ ᠠᠬᠢᠭᠤᠯᠵᠤ᠂ | ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠥᠢᠯᠡᠰ ᠤᠨ ᠰᠢᠨ᠎ᠡ ᠰᠢᠪᠲᠤᠯᠤᠯᠲᠠ ᠭᠠᠷᠭᠠᠬᠤ ᠶᠢ ᠠᠬᠢᠭᠤᠯᠵᠤ᠂ | ᠳᠤᠮᠳᠠ ᠬᠡᠰᠡᠭ ᠤᠨ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠵᠡᠭᠦᠨ ᠬᠡᠰᠡᠭ ᠤᠨ ᠭᠠᠵᠠᠷ | ᠣᠷᠣᠨ ᠤ ᠣᠳᠣᠬᠢᠴᠢᠯᠠᠯᠲᠠ ᠶᠢ ᠲᠦᠷᠭᠡᠯᠡᠨ ᠠᠬᠢᠭᠤᠯᠬᠤ ᠶᠢ ᠵᠣᠷᠢᠬᠵᠢᠭᠤᠯᠵᠤ᠂ ᠬᠤᠪᠢᠰᠬᠠᠯ ᠤᠨ ᠬᠠᠭᠤᠴᠢᠨ ᠰᠠᠭᠤᠷᠢᠨ | ᠭᠠᠵᠠᠷ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ | ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢᠶᠠᠨ ᠰᠠᠶᠢᠵᠢᠷᠠᠭᠤᠯᠬᠤ ᠶᠢ ᠲᠠᠮᠵᠢᠪᠡ᠃ ᠬᠥᠮᠦᠨ ᠢᠶᠠᠷ ᠭᠤᠣᠯ ᠪᠣᠯᠭᠠᠭᠰᠠᠨ | ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠠᠬᠢᠭᠤᠯᠵᠦ᠂ ᠬᠤᠲᠠ ᠶᠢᠨ ᠲᠦᠯᠦᠪᠵᠢᠭᠦᠯᠭᠡ᠂ ᠪᠦᠲᠦᠭᠡᠨ | ᠪᠠᠶᠢᠭᠤᠯᠤᠯᠲᠠ᠂ ᠬᠠᠮᠢᠶᠠᠷᠤᠯᠲᠠ ᠶᠢ ᠴᠢᠩᠭᠠᠳᠬᠠᠪᠠ᠃ ᠨᠠᠮ ᠠᠴᠠ ᠢᠮᠠᠭᠲᠠ ᠲᠠᠷᠢᠶᠠᠯᠠᠩ ᠬᠥᠳᠡᠭᠡ ᠲᠣᠰᠬᠤᠨ | ᠲᠠᠷᠢᠶᠠᠴᠢᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠤᠯᠳᠠᠯᠭ᠎ᠠ ᠶᠢᠨ ᠲᠤᠳᠤᠷᠠᠬᠢ | ᠭᠤᠤᠯᠳᠠᠯᠭ᠎ᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠤᠨ | ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠯᠡᠨ ᠠᠬᠢᠭᠤᠯᠵᠤ᠂ ᠠᠮᠦ ᠶᠢ ᠬᠤᠷᠢᠶᠠᠬᠤ ᠳᠤ ᠭᠠᠵᠠᠷ | ᠰᠢᠷᠦᠢ ᠳᠤ ᠲᠦᠰᠢᠭᠯᠡᠬᠦ᠂ ᠤᠨᠠᠯᠲᠠ ᠶᠢ ᠨᠡᠮᠡᠭᠳᠡᠭᠦᠯᠬᠦ ᠳᠤ ᠤᠬᠠᠭᠠᠨ ᠮᠡᠷᠭᠡᠵᠢᠯ ᠳᠤ ᠲᠦᠰᠢᠭᠯᠡᠬᠦ ᠶᠢ ᠪᠠᠷᠢᠮᠳᠠᠯᠠᠵᠥ᠂ | ᠬᠠᠮᠤᠭ ᠤᠨ ᠴᠢᠩᠭ᠎ᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠦᠷ᠎ᠡ ᠶᠢᠨ ᠦᠢᠯᠡᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠥᠷ᠎ᠠ ᠶᠢᠨ ᠢᠷᠡᠯᠳᠡ ᠶᠢ ᠡᠵᠡᠨ ᠮᠡᠳᠡᠵᠥ | ᠡᠵᠡᠮᠳᠡᠬᠦ ᠶᠢ ᠠᠬᠢᠭᠤᠯᠵᠤ᠂ ᠳᠤᠮᠳᠠᠳᠤᠴᠤᠳ ᠤᠨ ᠬᠤᠭᠤᠯᠠ ᠬᠥᠨᠡᠰᠥ ᠪᠠᠨ ᠥᠪᠡᠷ ᠤᠨ ᠬᠥᠴᠥᠨ ᠳᠡᠭᠡᠨ ᠪᠠᠲᠤ ᠲᠦᠰᠢᠭᠯᠡᠨ | ᠰᠢᠢᠳᠪᠤᠷᠢᠯᠡᠬᠦ ᠶᠢ ᠥᠨᠡᠨ ᠬᠦ ᠪᠠᠲᠤᠯᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠠᠵᠤ ᠠᠬᠤᠶ ᠶᠢᠨ | ᠬᠥᠭᠵᠢᠯᠲᠡ ᠶᠢᠨ ᠲᠡᠩᠴᠡᠭᠦᠷᠢᠲᠦ ᠴᠢᠨᠠᠷ᠂ ᠵᠣᠬᠢᠴᠠᠩᠭᠤᠶ ᠴᠢᠨᠠᠷ᠂ ᠦᠷᠭᠦᠯᠵᠢᠯᠡᠬᠦ ᠴᠢᠨᠠᠷ ᠢᠯᠡᠳᠲᠡ ᠴᠢᠩᠭᠠᠷᠠᠵᠤ᠂ | ᠤᠯᠤᠰ ᠤᠨ ᠳᠣᠲᠣᠭᠠᠳᠤ ᠶᠢᠨ ᠥᠢᠯᠡᠳᠪᠦᠷᠢᠯᠡᠯ ᠤᠨ ᠪᠥᠬᠦ ᠥᠷᠲᠡᠭ ᠵᠠᠭᠤᠨ ᠲᠦᠮᠡᠨ ᠳ᠋ᠦᠩᠰᠢᠭᠤᠷ ᠲᠥᠭᠦᠷᠢᠭ ᠤᠨ ᠶᠡᠭᠡ | ᠪᠣᠭᠤᠮᠲᠠ ᠶᠢ ᠳᠠᠪᠠᠵᠥ᠂ ᠬᠥᠮᠦᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠥᠷᠲᠡᠭ | ᠲᠦᠮᠡᠨ ᠳ᠋ᠣᠯᠯᠠᠷ ᠢ ᠳᠠᠪᠠᠵᠤ᠂ ᠤᠯᠤᠰ ᠤᠨ ᠠᠵᠤ ᠠᠬᠤᠶ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ | ᠪᠣᠳᠠᠲᠤ ᠬᠦᠴᠦᠨ᠂ ᠤᠯᠤᠰ ᠤᠨ ᠶᠡᠷᠦᠩᠬᠡᠶ ᠬᠦᠴᠦᠨ ᠰᠢᠨ᠎ᠡ ᠳᠡᠭᠲᠡᠷ ᠲᠤ ᠭᠠᠷᠴᠤ᠂ ᠮᠠᠨ ᠤ ᠤᠯᠤᠰ ᠤᠨ ᠠᠵᠤ ᠠᠬᠤᠶ | ᠨᠡᠩ ᠴᠢᠨᠠᠷ ᠰᠠᠶᠢᠲᠠᠶ᠂ ᠨᠡᠩ ᠦᠷ᠎ᠡ ᠪᠦᠲᠦᠮᠵᠢᠲᠡᠶ᠂ ᠨᠡᠩ ᠲᠦᠪ ᠭᠤᠤᠯᠴᠢ᠂ ᠨᠡᠩ ᠦᠷᠭᠦᠯᠵᠢᠯᠡᠬᠦ᠋ᠢᠴᠡ᠂ ᠨᠡᠩ ᠠᠮᠤᠷ | ᠲᠦᠪᠰᠢᠨ ᠬᠥᠭᠵᠢᠯᠲᠡ ᠶᠢᠨ ᠵᠠᠮ ᠳᠤ ᠤᠷᠤᠪᠠ᠃ | ︵ᠲᠦᠷᠪᠡ︶ ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠠᠯ᠎ᠠ ᠪᠠᠷ | ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ | ᠬᠤᠶᠢᠰᠢ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠳᠡ ᠰᠦᠷ ᠳᠠᠯᠠᠶᠢᠴᠠᠲᠠᠶ ᠲᠡᠤᠬᠡᠨ ᠶᠠᠪᠤᠴᠠ ᠶᠢ ᠥᠩᠭᠡᠷᠡᠭᠡᠵᠦ᠂ | ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠵᠠᠶ᠃ ᠦᠢᠯᠡᠳᠦᠯᠭᠡ ᠶᠢᠨ ᠬᠥᠭᠵᠢᠯᠲᠡ ᠶᠢ | ᠳᠠᠭᠠᠯᠳᠤᠨ᠂ ᠵᠠᠷᠢᠮ ᠭᠦᠨ ᠳᠠᠪᠬᠤᠷᠭ᠎ᠠ ᠶᠢᠨ ᠪᠠᠶᠢᠭᠤᠯᠤᠯ ᠲᠣᠭᠲᠡᠴᠡ ᠶᠢᠨ ᠠᠰᠠᠭᠤᠳᠠᠯ ᠪᠠ ᠠᠰᠢᠭ ᠲᠤᠰᠠ ᠶᠢᠨ | ᠲᠣᠭᠲᠠᠪᠤᠷᠢᠵᠢᠭᠰᠠᠨ ᠬᠠᠯᠬᠠᠪᠴᠢ ᠡᠳᠦᠷ ᠢᠷᠡᠬᠦᠶ᠎ᠡ ᠢᠯᠡᠷᠡᠨ ᠭᠠᠷᠴᠤ᠂ ᠥᠭᠡᠷᠡᠴᠢᠯᠡᠯᠲᠡ ᠪᠡᠷᠬᠡ ᠰᠡᠳᠦᠪ ᠢ ᠰᠢᠢᠳᠪᠦᠷᠢᠯᠡᠬᠦ | ᠬᠤᠭᠤᠴᠠᠭ᠎ᠠ ᠪᠠ ᠲᠦᠭᠰᠢᠭᠦᠷᠢ ᠶᠢ ᠲᠤᠭᠤᠯᠬᠤ ᠱᠠᠲᠤᠨ ᠳᠤ ᠣᠷᠣᠪᠠ᠃ ᠦᠢᠯᠡᠳᠦᠯᠭᠡ ᠶᠢᠨ ᠬᠥᠭᠵᠢᠯᠲᠡ ᠡᠭᠦᠷᠢᠳᠡ | ᠲᠠᠭᠤᠰᠤᠰᠢ ᠦᠭᠡᠢ᠂ ᠦᠵᠡᠯ ᠰᠠᠨᠠᠭᠠᠨ ᠤ ᠴᠢᠯᠥᠭᠡᠯᠡᠯᠳᠡ ᠡᠭᠦᠷᠢᠳᠡ ᠲᠠᠭᠤᠰᠤᠰᠢ ᠦᠭᠡᠢ᠂ ᠥᠭᠡᠷᠡᠴᠢᠯᠡᠯᠲᠡ ᠨᠡᠭᠡᠭᠡᠯᠲᠡ | ᠴᠦ ᠡᠭᠦᠷᠢᠳᠡ ᠲᠠᠭᠤᠰᠤᠰᠢ ᠦᠭᠡᠢ ᠶᠤᠮ᠂ ᠥᠭᠡᠷᠡᠴᠢᠯᠡᠯᠲᠡ ᠳᠤ ᠶᠠᠪᠤᠭᠳᠠᠬᠤ ᠴᠠᠭ ᠯᠡ ᠪᠠᠶᠢᠬᠤ ᠠᠴᠠ ᠪᠢᠰᠢ ᠳᠠᠭᠤᠰᠬᠤ | ᠴᠠᠭ ᠭᠡᠵᠥ ᠪᠠᠶᠢᠬᠤ ᠦᠭᠡᠢ ᠶᠤᠮ᠂ ᠵᠣᠭᠰᠤᠩᠭᠢᠷᠠᠬᠤ ᠪᠠ ᠤᠬᠤᠷᠢᠬᠤ ᠳᠤ ᠬᠥᠷᠪᠡᠯ ᠭᠠᠷᠬᠤ ᠵᠠᠮ ᠠᠯᠠᠭ᠎ᠠ᠂ ᠡᠷᠬᠡᠪᠰᠢ ᠨᠠᠩ | ᠶᠡᠭᠡ ᠤᠯᠤᠰ ᠲᠥᠷᠥ ᠶᠢᠨ ᠰᠥᠰᠥ ᠵᠣᠷᠢᠭ ᠪᠠ ᠣᠶᠤᠨ ᠤᠬᠠᠭᠠᠨ ᠢᠶᠠᠷ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠶᠢ ᠠᠬᠢᠭᠤᠯᠵᠤ᠂ ᠵᠤᠷᠢᠭᠲᠠᠢ ᠪᠠᠷ ᠲᠦᠪᠡᠭᠲᠡᠢ ᠠᠰᠠᠭᠤᠳᠠᠯ ᠢ ᠰᠢᠢᠳᠪᠥᠷᠢᠯᠡᠵᠥ᠂ ᠵᠤᠷᠢᠭᠲᠠᠢ ᠪᠠᠷ | ᠪᠠᠷᠲᠠᠭᠠᠲᠦ ᠭᠠᠵᠠᠷ ᠢ ᠲᠤᠭᠤᠯᠤᠨ᠂ ᠳᠦᠷᠢᠮ ᠤᠨ ᠪᠠᠶᠢᠭᠤᠯᠤᠯᠲᠠ ᠶᠢ ᠳᠣᠪᠤᠶᠢᠯᠭᠠᠨ᠂ ᠥᠭᠡᠷᠡᠴᠢᠯᠡᠯᠲᠡ ᠶᠢᠨ ᠬᠤᠯᠪᠣᠯᠳᠤᠬᠤ | ᠴᠢᠨᠠᠷ ᠪᠣᠯᠤᠨ ᠡᠪᠴᠡᠯᠳᠥᠬᠦ ᠴᠢᠨᠠᠷ ᠢ ᠴᠢᠬᠤᠯᠠᠴᠢᠯᠠᠵᠤ᠂ ᠥᠭᠡᠷᠡᠴᠢᠯᠡᠯᠲᠡ ᠶᠢ ᠦᠨᠡᠨ ᠭᠦ ᠪᠤᠲᠠᠲᠠᠢ ᠪᠠᠷ ᠠᠬᠢᠭᠤᠯᠤᠨ᠂ ᠡᠯ᠎ᠡ | ᠲᠠᠯ᠎ᠠ ᠶᠢᠨ ᠪᠠᠶᠢᠭᠤᠯᠤᠯ ᠲᠣᠭᠲᠡᠴᠡ ᠶᠢᠨ ᠬᠡᠮ ᠰᠣᠭᠤᠭ ᠢ ᠪᠦᠲᠦᠮᠵᠢᠲᠡᠶ ᠠᠷᠢᠯᠭᠠᠬᠤ ᠬᠡᠷᠡᠭᠳᠡᠢ ᠭᠡᠳᠡᠭ ᠢ ᠨᠠᠮ ᠤᠨ ᠲᠥᠪ | ᠬᠤᠷᠢᠶ᠎ᠠ ᠬᠥᠨᠵᠡᠭᠡᠢ ᠲᠠᠨᠢᠵᠥ ᠤᠯᠪᠠ᠃ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠠᠵᠤ | ᠠᠬᠤᠶ ᠶᠢᠨ ᠪᠠᠶᠢᠭᠤᠯᠤᠯ᠂ ᠤᠯᠤᠰ ᠲᠦᠷᠦ ᠶᠢᠨ ᠪᠠᠶᠢᠭᠤᠯᠤᠯ᠂ ᠰᠣᠶᠣᠯ ᠤᠨ ᠪᠠᠶᠢᠭᠤᠯᠤᠯ᠂ ᠨᠡᠶᠢᠭᠡᠮ ᠤᠨ ᠪᠠᠶᠢᠭᠤᠯᠤᠯ᠂ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ | ᠥᠭᠡᠷᠡᠴᠢᠯᠡᠯᠲᠡ ᠪᠤᠯᠤᠨ ᠨᠠᠮ ᠤᠨ ᠪᠠᠶᠢᠭᠤᠯᠤᠯᠲᠠ ᠶᠢᠨ ᠲᠦᠷᠢᠮ ᠤᠨ ᠥᠭᠡᠷᠡᠴᠢᠯᠡᠯᠲᠡ ᠶᠢᠨ ᠲᠤᠬᠠᠶ ᠪᠠᠶᠢᠷᠢᠯᠠᠭᠤᠯᠤᠯᠲᠠ | ᠬᠢᠵᠥ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠶ ᠬᠠᠷᠠᠯᠲᠠ᠂ ᠪᠠᠶᠢᠯᠳᠤᠬᠤ ᠪᠤᠳᠤᠯᠭ᠎ᠠ ᠶᠢᠨ | ᠭᠤᠤᠯᠳᠠᠯᠭ᠎ᠠ᠂ ᠣᠷᠢᠳᠯᠠᠬᠤ ᠳᠠᠷᠠᠭᠠᠯᠠᠯ᠂ ᠭᠤᠤᠯ ᠰᠢᠪᠲᠤᠯᠤᠯᠳᠠ ᠶᠢᠨ ᠴᠢᠭᠯᠡᠯ᠂ ᠠᠵᠢᠯ ᠤᠨ ᠲᠣᠭᠲᠡᠴᠡ᠂ ᠠᠬᠢᠭᠤᠯᠬᠤ | ᠠᠷᠭ᠎ᠠ ᠮᠠᠶ᠋ᠢᠭ ᠪᠠ ᠴᠠᠭ ᠤᠨ ᠬᠦᠰᠦᠨᠦᠭᠲᠦ᠂ ᠵᠠᠮ ᠤᠨ ᠵᠢᠷᠤᠭ ᠢ ᠲᠣᠭᠲᠠᠭᠠᠪᠠ᠃ ᠨᠠᠮ ᠤᠨ ᠠᠷᠪᠠᠨ ᠨᠢᠭᠡᠳᠦᠭᠡᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠣᠯ ᠴᠠᠭ ᠦᠶ᠎ᠡ ᠶᠢ ᠵᠠᠭᠠᠭᠯᠠᠭᠰᠠᠨ ᠠᠴᠢ | ᠬᠤᠯᠪᠤᠭᠳᠠᠯ ᠲᠠᠢ ᠶᠤᠮ᠂ ᠲᠡᠷᠡ ᠨᠢ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢᠨ ᠰᠢᠨ᠎ᠡ ᠦᠶ᠎ᠡ ᠶᠢ ᠨᠡᠭᠡᠭᠡᠪᠡ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠪᠤᠯ ᠮᠦᠨ ᠴᠤ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠤᠭᠳᠠᠯ ᠲᠠᠢ ᠶᠤᠮ᠂ ᠲᠡᠷᠡ ᠨᠢ | ᠥᠭᠡᠷᠡᠴᠢᠯᠡᠯᠲᠡ ᠶᠢᠨ ᠬᠡᠰᠡᠭ ᠲᠠᠯ᠎ᠠ ᠪᠠᠷ ᠬᠠᠶᠢᠨ ᠰᠦᠪᠡᠭᠴᠢᠯᠡᠬᠦ᠂ ᠮᠥᠰᠥ ᠬᠠᠭᠠᠯᠵᠥ ᠪᠦᠰᠡᠯᠡᠯᠲᠡ ᠰᠢᠪᠲᠤᠯᠬᠤ ᠠᠴᠠ ᠪᠠᠨ | ᠰᠢᠰᠲ᠋ᠧᠮᠵᠢᠨ ᠬᠤᠷᠠᠬᠤ᠂ ᠪᠦᠬᠦ ᠲᠠᠯ᠎ᠠ ᠪᠠᠷ ᠭᠦᠨᠵᠡᠭᠡᠶᠢᠷᠡᠭᠦ ᠲᠡᠶᠢᠰᠢ ᠰᠢᠯᠵᠢᠬᠦ ᠶᠢ ᠪᠡᠶᠡᠯᠡᠭᠦᠯᠦᠬᠡᠳ᠂ ᠮᠠᠨ ᠤ ᠤᠯᠤᠰ ᠤᠨ | ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠪᠠᠶᠢᠳᠠᠯ ᠢ ᠨᠡᠭᠡᠭᠡᠪᠡ᠃ | ᠨᠠᠮ ᠠᠴᠠ ᠥᠭᠡᠷᠡᠴᠢᠯᠡᠯᠲᠡ ᠶᠢᠨ ᠵᠥᠪ ᠴᠢᠭᠯᠡᠯ ᠢ ᠪᠠᠷᠢᠮᠲᠠᠯᠠᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ | ᠶᠣᠰᠣ ᠶᠢ ᠠᠬᠢᠭᠤᠯᠬᠤ᠂ ᠠᠷᠠᠳ ᠲᠥᠮᠡᠨ ᠤ ᠬᠡᠰᠢᠭ ᠪᠤᠶᠠᠨ ᠢ ᠨᠡᠮᠡᠭᠳᠡᠬᠦᠯᠬᠦ ᠪᠠᠷ ᠡᠭᠦᠰᠥᠯᠲᠠ ᠪᠠ ᠥᠷ᠎ᠠ ᠳ᠋ᠥᠩ ᠪᠣᠯᠭᠠᠵᠤ | ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠨ᠂ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠴᠢᠯᠥᠭᠡᠯᠡᠬᠦ | ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠨ ᠬᠥᠭᠵᠢᠭᠦᠯᠬᠦ᠂ ᠨᠡᠶᠢᠭᠡᠮ ᠤᠨ ᠠᠮᠢᠳᠤᠯᠢᠭ ᠬᠦᠴᠦᠨ ᠢ | ᠴᠢᠯᠥᠭᠡᠯᠡᠨ ᠨᠡᠮᠡᠭᠳᠡᠬᠦᠯᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠣᠷᠣᠢ ᠶᠢᠨ ᠲᠠᠪᠬᠤᠷᠭ᠎ᠠ ᠶᠢᠨ ᠵᠢᠷᠤᠭ ᠲᠥᠯᠥᠪᠯᠡᠭᠡ ᠬᠢᠬᠦ | ᠪᠠ ᠪᠦᠬᠦᠯᠢ ᠴᠣᠭᠴᠠ ᠪᠠᠷ ᠨᠢ ᠤᠬᠠᠭᠠᠯᠠᠨ ᠲᠥᠯᠥᠪᠯᠡᠬᠦ ᠶᠢ ᠴᠢᠩᠭᠠᠳᠬᠠᠨ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ | ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠨᠡᠮᠡᠭᠳᠡᠭᠦᠯᠵᠦ᠂ ᠠᠷᠠᠳ ᠲᠦᠮᠡᠨ ᠤ ᠡᠭᠦᠳᠦᠨ ᠪᠦᠲᠦᠭᠡᠬᠦ ᠵᠣᠷᠢᠭ | ᠰᠠᠨᠠᠭ᠎ᠠ ᠶᠢ ᠬᠥᠭᠵᠢᠭᠡᠵᠦ᠂ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ | ᠪᠣᠳᠠᠲᠠᠶᠢᠵᠢᠭᠤᠯᠤᠨ ᠭᠦᠨᠵᠡᠭᠡᠶᠢᠷᠡᠭᠦᠯᠬᠦ ᠶᠢ ᠠᠬᠢᠭᠤᠯᠪᠠ᠃ ᠨᠠᠮ ᠠᠴᠠ ᠥᠭᠡᠷᠡᠴᠢᠯᠡᠯᠲᠡ ᠳᠤ ᠪᠦᠬᠦ ᠲᠠᠯ᠎ᠠ ᠪᠠᠷ ᠬᠦᠴᠦᠯᠡᠬᠦ᠂ | ᠣᠯᠠᠨ ᠲᠠᠯ᠎ᠠ ᠪᠠᠷ ᠰᠢᠪᠲᠤᠯᠤᠯᠲᠠ ᠭᠠᠷᠭᠠᠬᠤ᠂ ᠰᠢᠭᠤᠷᠬᠠᠢ ᠪᠥᠭᠡᠳ ᠯᠠᠪᠳᠠᠭᠤᠨ ᠬᠢᠬᠦ᠂ ᠭᠦᠨᠵᠡᠭᠡᠶᠢᠷᠡᠬᠦᠯᠦᠨ | ᠤᠷᠤᠭᠰᠢᠯᠠᠭᠤᠯᠬᠤ ᠶᠢ ᠠᠬᠢᠭᠤᠯᠵᠤ᠂ ᠰᠠᠭᠤᠷᠢ ᠶᠢ ᠪᠠᠲᠤᠳᠬᠠᠨ ᠲᠠᠪᠴᠠᠩ ᠢ ᠪᠠᠬᠢᠯᠡᠵᠦ᠂ ᠲᠤᠯᠭᠠᠭᠤᠷ ᠪᠣᠰᠬᠠᠨ ᠨᠢᠷᠤᠭᠤ | ᠲᠠᠯᠪᠢᠬᠤ ᠠᠴᠠ ᠪᠦᠬᠦ ᠲᠠᠯ᠎ᠠ ᠪᠠᠷ ᠠᠬᠢᠭᠤᠯᠬᠤ᠂ ᠰᠠᠭᠤᠷᠢ ᠪᠠᠨ ᠪᠠᠬᠢᠵᠢᠭᠦᠯᠦᠨ ᠬᠦᠭᠵᠢᠯᠲᠡ ᠶᠢᠨ ᠬᠠᠨᠳᠥᠰᠢ ᠶᠢ ᠪᠤᠢ | ᠪᠣᠯᠭᠠᠬᠤ ᠬᠥᠷᠳᠡᠯ᠎ᠠ᠂ ᠳᠠᠬᠢᠭᠠᠳ ᠰᠢᠰᠲ᠋ᠧᠮᠵᠢᠬᠦᠯᠦᠨ ᠬᠤᠷᠠᠭᠤᠯᠬᠤ᠂ ᠬᠠᠮᠵᠢᠯᠴᠠᠭᠤᠯᠤᠨ ᠥᠨᠳᠥᠷ ᠪᠦᠲᠦᠮᠵᠢᠲᠡᠶ ᠪᠤᠯᠭᠠᠬᠤ | ᠬᠥᠷᠳᠡᠯ᠎ᠠ ᠡᠯ᠎ᠡ ᠬᠦᠷᠢᠶᠡᠨ ᠤ ᠰᠠᠭᠤᠷᠢᠯᠠᠬᠤ ᠴᠢᠨᠠᠷᠲᠠᠶ ᠲᠦᠷᠢᠮ ᠤᠨ ᠪᠣᠷᠣ ᠲᠥᠯᠥᠪ ᠢ ᠦᠨᠳᠦᠰᠦᠨ ᠳᠡᠭᠡᠨ ᠲᠣᠭᠲᠠᠭᠠᠵᠤ᠂ | ᠮᠠᠰᠢ ᠤᠯᠠᠨ ᠬᠦᠷᠢᠶᠡᠨ ᠳᠤ ᠲᠡᠤᠬᠡᠲᠦ ᠴᠢᠨᠠᠷᠲᠠᠶ ᠬᠤᠪᠢᠰᠤᠯᠲᠠ᠂ ᠰᠢᠰᠲ᠋ᠧᠮᠲᠦ ᠴᠢᠨᠠᠷᠲᠠᠶ ᠲᠠᠬᠢᠨ ᠱᠤᠭᠤᠯᠳᠠ᠂ ᠪᠦᠬᠦᠯᠢ | ᠴᠣᠭᠴᠠᠲᠦ ᠴᠢᠨᠠᠷᠲᠠᠶ ᠲᠠᠬᠢᠨ ᠪᠠᠶᠢᠭᠤᠯᠥᠯᠳᠡ ᠶᠢ ᠪᠡᠶᠡᠯᠡᠭᠦᠯᠪᠡ᠃ | ᠨᠡᠭᠡᠭᠡᠯᠳᠡ ᠬᠢᠪᠡᠯ ᠲᠠᠪᠰᠢᠵᠥ᠂ ᠲᠦᠭᠵᠢᠵᠦ ᠪᠢᠲᠡᠭᠦᠮᠵᠢᠯᠡᠪᠡᠯ ᠵᠠᠶᠢᠯᠠᠰᠢ ᠦᠭᠡᠢ ᠬᠤᠴᠣᠷᠤᠨ᠎ᠠ︔ ᠮᠠᠨ ᠤ | ᠤᠯᠤᠰ ᠤᠨ ᠬᠥᠭᠵᠢᠯᠲᠡ ᠳᠠᠪᠠᠭᠤᠯᠢᠭ ᠪᠠᠶᠢᠷᠢ ᠶᠢ ᠡᠵᠡᠯᠡᠵᠦ᠂ ᠰᠠᠨᠠᠭᠠᠴᠢᠯᠠᠭᠠᠲᠤ ᠡᠷᠭᠡ ᠶᠢ ᠣᠯᠵᠤ᠂ ᠢᠷᠡᠭᠡᠳᠦᠶ ᠳᠤ | ᠢᠯᠡᠯᠳᠠ ᠤᠯᠤᠶ᠎ᠠ ᠭᠡᠪᠡᠯ ᠡᠷᠬᠡᠪᠰᠢ ᠠᠵᠤ ᠠᠬᠤᠢ ᠶᠢᠨ ᠳᠠᠯᠡᠬᠡᠶᠢᠴᠢᠯᠡᠯᠳᠠ ᠳᠤ ᠵᠣᠬᠢᠴᠠᠵᠤ᠂ ᠮᠠᠨ ᠤ ᠤᠯᠤᠰ ᠤᠨ ᠬᠡᠳᠦ | ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠲᠠᠭᠠᠨ ᠲᠦᠰᠢᠭᠯᠡᠵᠦ᠂ ᠨᠡᠩ ᠢᠳᠡᠪᠬᠢᠲᠡᠢ ᠪᠥᠭᠡᠳ | ᠰᠠᠨᠠᠭᠠᠴᠢᠯᠠᠭ᠎ᠠ ᠲᠠᠢ ᠨᠡᠭᠡᠭᠡᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠬᠡᠷᠡᠭᠲᠡᠢ ᠭᠡᠳᠡᠭ ᠢ ᠨᠠᠮ ᠤᠨ ᠲᠥᠪ | ᠬᠤᠷᠢᠶ᠎ᠠ ᠬᠥᠨᠵᠡᠭᠡᠢ ᠲᠠᠨᠢᠵᠥ ᠤᠯᠪᠠ᠃ ᠮᠠᠨ ᠤ ᠤᠯᠤᠰ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ | ᠡᠳ᠋ᠯᠡᠬᠦ ᠶᠢ ᠪᠠᠷᠢᠮᠲᠠᠯᠠᠵᠤ᠂ ︽ᠨᠢᠭᠡ ᠪᠦᠰᠡ ᠨᠢᠭᠡ ᠵᠠᠮ︾ ᠢ ᠬᠠᠮᠳᠥ ᠪᠠᠷ ᠪᠠᠶᠢᠭᠤᠯᠬᠤ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠵᠠᠮ ᠳᠠᠭᠠᠤ ᠤᠯᠤᠰ ᠤᠨ ᠠᠵᠤ ᠠᠬᠤᠶ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ | ᠰᠠᠶᠢᠵᠢᠷᠠᠯᠲᠠ ᠳᠤ ᠬᠤᠯᠪᠣᠭᠳᠠᠬᠤ ᠥᠯᠡᠮᠵᠢᠭᠡᠨ ᠨᠢᠭᠡ ᠪᠦᠯᠦᠭ ᠬᠠᠮᠳᠤᠷᠠᠯᠴᠠᠭᠠᠨ ᠤ ᠲᠥᠰᠥᠯ ᠢ ᠠᠬᠢᠭᠤᠯᠵᠤ᠂ ᠡᠩᠬᠡ | ᠲᠠᠶᠢᠪᠤᠩ ᠤᠨ ᠵᠠᠮ᠂ ᠴᠡᠴᠡᠭᠯᠡᠯ ᠬᠥᠭᠵᠢᠯ ᠤᠨ ᠵᠠᠮ᠂ ᠨᠡᠭᠡᠭᠡᠯᠲᠡ ᠶᠢᠨ ᠵᠠᠮ᠂ ᠨᠤᠭᠤᠭᠠᠨ ᠵᠠᠮ᠂ ᠰᠢᠨ᠎ᠡ ᠶᠢ ᠡᠬᠦᠳᠬᠦ ᠵᠠᠮ᠂ | ᠪᠣᠯᠪᠠᠰᠤᠨ ᠤ ᠵᠠᠮ ᠢ ᠪᠠᠶᠢᠭᠤᠯᠵᠥ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠶᠢ ᠣᠳᠣᠬᠠᠨ ᠤ ᠳᠡᠯᠡᠬᠡᠢ | ᠶᠢᠷᠲᠢᠨᠴᠦ ᠳᠤ ᠶᠡᠭᠡ ᠪᠠᠷ ᠬᠦᠷᠢᠶᠡᠯᠡᠭᠳᠡᠭᠰᠡᠨ ᠲᠡᠯᠡᠬᠡᠢ ᠶᠢᠨ ᠤᠯᠠᠨ ᠨᠡᠶᠢᠳᠡ ᠶᠢᠨ ᠪᠦᠲᠦᠭᠡᠭᠳᠡᠬᠦᠨ ᠪᠠ ᠤᠯᠠᠨ ᠤᠯᠤᠰ ᠤᠨ | ᠬᠠᠮᠲᠤᠷᠠᠯᠴᠠᠭᠠᠨ ᠤ ᠲᠠᠪᠴᠠᠩ ᠪᠣᠯᠭᠠᠪᠠ᠃ ᠮᠠᠨ ᠤ ᠤᠯᠤᠰ ᠳᠣᠲᠣᠭᠠᠳᠤ ᠭᠠᠳᠠᠭᠠᠳᠤ ᠨᠡᠭᠡᠭᠡᠯᠲᠡ ᠶᠢ ᠬᠠᠷᠢᠯᠴᠠᠨ | ᠠᠬᠢᠭᠤᠯᠬᠤ᠂ ︽ᠣᠷᠣᠭᠤᠯᠵᠤ ᠠᠪᠴᠢᠷᠠᠬᠤ︾ ᠪᠠ ︽ᠭᠠᠳᠠᠭᠰᠢ ᠭᠠᠷᠬᠤ︾ ᠶᠢ ᠨᠠᠩ ᠰᠠᠶᠢᠨ ᠤᠶᠠᠯᠳᠤᠭᠤᠯᠬᠤ ᠶᠢ | ᠪᠠᠷᠢᠮᠳᠠᠯᠠᠵᠤ᠂ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ ᠴᠢᠯᠥᠭᠡᠵᠢᠯᠲᠡ ᠲᠦᠳᠡᠴᠢᠯᠡᠯᠳᠠ ᠶᠢ ᠠᠬᠢᠭᠤᠯᠵᠤ᠂ ᠪᠦᠬᠦ | ᠳᠡᠯᠡᠬᠡᠢ ᠳᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ ᠣᠷᠣᠨ ᠤ ᠲᠣᠣᠷ ᠢ ᠪᠠᠶᠢᠭᠤᠯᠤᠨ᠂ | ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠪᠠ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠢ ᠪᠦᠲᠦᠭᠡᠨ | ᠪᠠᠶᠢᠭᠤᠯᠵᠤ᠂ ᠳᠦᠷᠢᠮ᠂ ᠳᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠬᠡᠯᠪᠡᠷᠢ ᠶᠢᠨ | ᠨᠡᠭᠡᠭᠡᠯᠲᠡ ᠶᠢ ᠠᠬᠢᠭᠤᠯᠤᠨ᠂ ᠨᠡᠩ ᠶᠡᠭᠡ ᠬᠡᠪᠴᠢᠶᠡᠨ ᠤ᠂ ᠨᠡᠩ ᠥᠷᠭᠡᠨ ᠬᠦᠷᠢᠶᠡᠨ ᠤ᠂ ᠨᠡᠩ ᠭᠦᠨ ᠳᠠᠪᠬᠤᠷᠭ᠎ᠠ ᠶᠢᠨ | ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠪᠦᠷᠢᠯᠳᠦᠭᠦᠯᠵᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠬᠦᠷᠲᠡᠬᠦ᠂ | ᠣᠯᠠᠨ ᠡᠰᠢᠵᠢᠭᠦᠯᠦᠨ ᠲᠡᠩᠴᠡᠭᠦᠷᠢᠰᠢᠭᠦᠯᠬᠦ᠂ ᠠᠮᠤᠷ ᠲᠦᠪᠰᠢᠨ ᠥᠨᠳᠥᠷ ᠪᠦᠲᠦᠮᠵᠢᠲᠡᠶ ᠨᠡᠭᠡᠭᠡᠯᠲᠡᠲᠦ ᠬᠡᠯᠪᠡᠷᠢ ᠶᠢᠨ ᠠᠵᠤ | ᠠᠬᠤᠶ ᠶᠢᠨ ᠰᠢᠰᠲ᠋ᠧᠮ ᠢ ᠪᠠᠶᠢᠭᠤᠯᠵᠥ᠂ ᠮᠠᠨ ᠤ ᠤᠯᠤᠰ ᠤᠨ ᠣᠯᠠᠨ ᠤᠯᠤᠰ ᠯᠤᠭ᠎ᠠ ᠶᠢᠨ ᠠᠵᠤ ᠠᠬᠤᠶ ᠶᠢᠨ | ᠬᠠᠮᠳᠤᠷᠠᠯᠴᠠᠭ᠎ᠠ ᠪᠣᠯᠤᠨ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠲᠠᠰᠤᠷᠠᠯᠲᠠ ᠤᠢᠭᠡᠢ ᠨᠡᠮᠡᠭᠳᠡᠭᠦᠯᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠥᠢᠯᠡᠰ ᠤᠨ ᠥᠷᠭᠡᠵᠢᠨ ᠬᠥᠨᠵᠡᠭᠡᠶᠢᠷᠡᠬᠦ ᠶᠢ ᠲᠠᠰᠤᠷᠠᠯᠳᠠ ᠥᠭᠡᠢ ᠠᠬᠢᠭᠤᠯᠤᠭᠠᠳ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠨᠡᠩ ᠪᠣᠯᠪᠠᠰᠤᠷᠠᠩᠭᠤᠶ ᠨᠡᠩ ᠲᠤᠭᠳᠠᠪᠤᠷᠢᠵᠢᠵᠤ᠂ | ᠲᠥᠷᠥ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠲᠠᠰᠤᠷᠠᠯᠲᠠ ᠦᠭᠡᠢ | ᠳᠡᠭᠡᠭᠰᠢᠯᠡᠵᠦ᠂ ᠨᠠᠮ ᠪᠠ ᠤᠯᠤᠰ ᠤᠨ ᠠᠵᠢᠯ ᠦᠢᠯᠡᠰ ᠰᠢᠨ᠎ᠡ ᠠᠮᠢᠵᠢᠷᠠᠯ ᠤᠨ ᠬᠦᠴᠦᠨ ᠪᠠ ᠠᠮᠢᠳᠥᠯᠢᠬ ᠬᠥᠴᠥᠨ ᠢᠶᠠᠨ | ᠪᠠᠳᠠᠷᠠᠭᠤᠯᠪᠠ᠃ | ︵ᠲᠠᠪᠤ︶ ᠤᠯᠤᠰ ᠲᠦᠷᠦ ᠶᠢᠨ ᠪᠠᠶᠢᠭᠤᠯᠤᠯᠲᠠ ᠶᠢᠨ ᠲᠠᠯ᠎ᠠ ᠪᠠᠷ | ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠨᠠᠮ ᠠᠴᠠ ᠠᠷᠠᠳ ᠲᠦᠮᠡᠨ ᠢ ᠤᠳᠤᠷᠢᠳᠤᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ ᠵᠠᠮ ᠢ ᠪᠠᠷᠢᠮᠲᠠᠯᠠᠡ᠂ ᠨᠡᠶᠢᠭᠡᠮ | ᠵᠢᠷᠤᠮ ᠤᠨ ᠠᠷᠠᠳᠴᠢᠯᠠᠯ ᠢ ᠬᠥᠭᠵᠢᠭᠦᠯᠥᠭᠡᠳ ᠴᠢᠬᠤᠯᠠ ᠶᠡᠭᠡ ᠠᠬᠢᠯᠳᠠ ᠲᠠᠢ ᠪᠣᠯᠪᠠ᠃ ᠨᠠᠮ ᠠᠴᠠ ᠤᠯᠤᠰ ᠤᠨ | ᠳᠣᠲᠣᠭᠠᠳᠤ ᠭᠠᠳᠠᠭᠠᠳᠤ ᠶᠢᠨ ᠤᠯᠤᠰ ᠲᠥᠷᠥ ᠶᠢᠨ ᠬᠥᠭᠵᠢᠯᠲᠡ ᠶᠢᠨ ᠢᠯᠠᠯᠳᠠ ᠢᠯᠠᠭᠳᠠᠯ ᠤᠨᠤᠬ ᠠᠯᠳᠠᠭ ᠠᠴᠠ ᠭᠦᠨᠵᠡᠭᠡᠶ | ᠲᠠᠨᠢᠵᠤ ᠣᠯᠤᠭᠰᠠᠨ ᠨᠢ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠢᠲᠡᠭᠡᠯ ᠢ | ᠪᠠᠲᠤᠳᠬᠠᠬᠤ ᠳᠤ ᠡᠩ ᠲᠡᠷᠢᠭᠦᠨ ᠳᠤ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ | ᠪᠠᠶᠢᠭᠤᠯᠤᠯ ᠤᠨ ᠢᠲᠡᠭᠡᠯ ᠢ ᠪᠠᠲᠤᠳᠬᠠᠨ᠂ ᠨᠡᠶᠢᠭᠡᠮ ᠵᠢᠷᠤᠮᠲᠤ ᠠᠷᠠᠳᠴᠢᠯᠠᠭᠰᠠᠨ ᠤᠯᠤᠰ ᠲᠥᠷᠥ ᠶᠢ ᠪᠠᠶᠢᠭᠤᠯᠵᠥ᠂ | ᠨᠡᠶᠢᠭᠡᠮ ᠵᠢᠷᠤᠮ ᠤᠨ ᠤᠯᠤᠰ ᠲᠥᠷᠥ ᠶᠢᠨ ᠪᠣᠯᠪᠠᠰᠤᠨ ᠢ ᠬᠥᠭᠵᠢᠭᠦᠯᠬᠦ ᠬᠡᠷᠡᠭᠳᠡᠢ᠂ ᠡᠷᠬᠡᠪᠰᠢ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠪᠠᠶᠢᠭᠤᠯᠤᠯ ᠢ ᠳᠤᠮᠳᠠᠳᠤ ᠤᠯᠤᠰ ᠤᠨ ᠨᠡᠶᠢᠭᠡᠮ ᠤᠨ | ᠬᠥᠷᠥᠰᠥ ᠰᠢᠷᠣᠶ ᠳᠤ ᠭᠦᠨ ᠦᠨᠳᠦᠰᠦᠯᠡᠭᠦᠯᠬᠦ ᠬᠡᠷᠡᠭᠲᠡᠢ᠂ ᠪᠤᠰᠤᠳ ᠤᠯᠤᠰ ᠤᠨ ᠤᠯᠤᠰ ᠲᠥᠷᠥ ᠶᠢᠨ ᠪᠠᠶᠢᠭᠤᠯᠤᠯ ᠢ | ᠲᠡᠷᠡ ᠴᠢᠭ ᠢᠶᠠᠷ ᠨᠢ ᠨᠡᠭᠦᠯᠭᠡᠨ ᠬᠡᠷᠡᠭᠯᠡᠬᠦ ᠨᠢ ᠶᠠᠪᠤᠭᠳᠠᠵᠥ ᠴᠢᠳᠠᠰᠢ ᠦᠭᠡᠶ ᠶᠤᠮ᠂ ᠴᠢᠨᠠᠭᠰᠢᠯᠠᠪᠠᠯ ᠤᠯᠤᠰ ᠣᠷᠣᠨ ᠤ | ᠢᠷᠡᠭᠡᠳᠦᠶ ᠬᠤᠪᠢ ᠵᠠᠶᠠᠭ᠎ᠠ ᠶᠢ ᠪᠤᠯᠠᠰᠢᠯᠠᠵᠥ ᠮᠡᠳᠡᠨ᠎ᠡ᠃ ᠡᠷᠬᠡᠪᠰᠢ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ | ᠰᠠᠭᠤᠵᠥ ᠡᠷᠬᠡ ᠮᠡᠳᠡᠬᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠤᠭᠦᠯᠬᠦ ᠶᠢ ᠪᠠᠷᠢᠮᠲᠠᠯᠠᠵᠤ᠂ | ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠶ ᠬᠥᠭᠵᠢᠭᠦᠯᠣᠨ᠂ ᠪᠦᠬᠦ ᠲᠠᠯ᠎ᠠ ᠶᠢᠨ᠂ ᠥᠷᠭᠡᠨ ᠳᠡᠯᠭᠡᠷ᠂ | ᠣᠷᠭᠠᠨᠢᠭ ᠢᠶᠠᠷ ᠵᠣᠯᠭᠠᠯᠳᠤᠭᠰᠠᠨ ᠠᠷᠠᠳ ᠲᠦᠮᠡᠨ ᠤ ᠡᠵᠡᠨ ᠰᠠᠭᠤᠵᠦ ᠡᠷᠬᠡ ᠮᠡᠳᠡᠬᠦ ᠪᠠᠶᠢᠭᠤᠯᠤᠯ ᠤᠨ ᠰᠢᠰᠲ᠋ᠧᠮ ᠢ | ᠪᠦᠷᠢᠨᠰᠢᠭᠦᠯᠵᠥ᠂ ᠣᠯᠠᠨ ᠶᠠᠩᠵᠤ ᠶᠢᠨ᠂ ᠰᠠᠭᠠᠳ ᠦᠭᠡᠢ ᠨᠡᠪᠳᠡᠷᠡᠬᠦ᠂ ᠡᠮᠬᠢ ᠵᠢᠷᠤᠮ ᠲᠠᠢ ᠠᠷᠠᠳᠴᠢᠯᠠᠯ ᠤᠨ ᠠᠷᠭ᠎ᠠ ᠵᠠᠮ ᠢ | ᠪᠤᠢ ᠪᠤᠯᠭᠠᠵᠥ᠂ ᠠᠷᠠᠳᠴᠢᠯᠠᠯ ᠤᠨ ᠬᠡᠯᠪᠡᠷᠢ ᠶᠢ ᠪᠠᠶᠠᠯᠢᠬᠵᠢᠭᠤᠯᠤᠨ᠂ ᠡᠯ᠎ᠡ ᠲᠡᠰ ᠳᠠᠪᠬᠤᠷᠭ᠎ᠠ ᠡᠯ᠎ᠡ ᠬᠦᠷᠢᠶᠡᠨ ᠠᠴᠠ ᠠᠷᠠᠳ | ᠲᠦᠮᠡᠨ ᠤ ᠡᠮᠬᠢ ᠵᠢᠷᠤᠮ ᠲᠠᠢ ᠪᠠᠷ ᠤᠯᠤᠰ ᠲᠦᠷᠦ ᠳᠤ ᠣᠷᠣᠯᠴᠠᠬᠤ ᠶᠢ ᠥᠷᠭᠡᠳᠭᠡᠵᠦ᠂ ᠡᠯ᠎ᠡ ᠲᠠᠯ᠎ᠠ ᠶᠢᠨ ᠪᠠᠶᠢᠭᠤᠯᠤᠯ | ᠪᠣᠯᠤᠨ ᠲᠥᠷᠥ ᠶᠢᠨ ᠵᠠᠰᠠᠯᠲᠠ ᠶᠢ ᠠᠷᠠᠳ ᠲᠦᠮᠡᠨ ᠤ ᠬᠦᠰᠡᠯ ᠵᠣᠷᠢᠭ ᠢ ᠨᠡᠩ ᠰᠠᠶᠢᠨ ᠢᠯᠡᠷᠡᠭᠦᠯᠬᠦ᠂ ᠠᠷᠠᠳ ᠲᠦᠮᠡᠨ ᠤ | ᠡᠷᠬᠡ ᠠᠰᠢᠭ ᠢ ᠨᠡᠩ ᠰᠠᠶᠢᠨ ᠪᠠᠲᠤᠯᠠᠬᠤ᠂ ᠠᠷᠠᠳ ᠲᠦᠮᠡᠨ ᠤ ᠡᠭᠦᠳᠦᠨ ᠪᠦᠲᠦᠭᠡᠯᠲᠡ ᠶᠢ ᠨᠡᠩ ᠰᠠᠶᠢᠨ ᠬᠥᠭᠵᠢᠭᠡᠬᠦ | ᠪᠣᠯᠭᠠᠬᠤ ᠬᠡᠷᠡᠭᠳᠡᠢ᠃ ᠥᠷᠥᠨᠡᠳᠠᠬᠢᠨ ᠤ ︽ᠦᠨᠳᠦᠰᠦᠨ ᠬᠠᠤᠯᠢᠲᠤ ᠵᠠᠰᠠᠭ︾᠂ ᠤᠯᠡᠠ ᠨᠠᠮ ᠡᠭᠡᠯᠵᠢᠯᠡᠨ ᠲᠦᠷᠦ ᠪᠠᠷᠢᠬᠤ᠂ | ︽ᠭᠤᠷᠪᠠᠨ ᠡᠷᠬᠡ ᠶᠢ ᠲᠤᠰᠠᠭᠠᠷᠯᠠᠭᠤᠯᠬᠤ︾ ᠭᠡᠬᠦ ᠮᠡᠲᠦ ᠶᠢᠨ ᠤᠯᠤᠰ ᠲᠦᠷᠦ ᠶᠢᠨ ᠦᠵᠡᠯ ᠰᠠᠨᠠᠭᠠᠨ ᠤ ᠤᠷᠤᠰᠬᠠᠯ ᠤᠨ | ᠨᠡᠷᠪᠡᠯᠲᠡ ᠨᠥᠯᠥᠭᠡ ᠶᠢ ᠡᠷᠬᠡᠪᠰᠢ ᠰᠡᠷᠡᠮᠵᠢᠯᠡᠨ ᠰᠡᠷᠭᠡᠶᠢᠯᠡᠬᠦ ᠬᠡᠷᠡᠭᠲᠡᠶ᠃ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ | ᠨᠠᠮ ᠤᠨ ᠤᠷᠲᠤ ᠬᠤᠭᠤᠴᠠᠭ᠎ᠠ ᠪᠠᠷ ᠲᠥᠷᠥ ᠪᠠᠷᠢᠬᠤ ᠪᠠ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠶᠢ | ᠪᠣᠳᠣᠯᠬᠢᠯᠠᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠳᠥ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ | ᠂ ᠲᠥᠷᠥ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠶᠡᠷᠦᠩᠬᠡᠶ ᠵᠢᠷᠤᠭ | ᠲᠥᠯᠥᠪᠯᠡᠭᠡ ᠬᠢᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠳᠥ ᠪᠠᠶᠢᠭᠤᠯᠤᠯ ᠢ ᠲᠤᠯᠭᠠᠭᠤᠷᠢᠯᠠᠬᠤ | ᠦᠨᠳᠦᠰᠦᠨ ᠪᠠᠶᠢᠭᠤᠯᠤᠯ᠂ ᠭᠤᠤᠯ ᠪᠠᠶᠢᠭᠤᠯᠤᠯ᠂ ᠴᠢᠬᠤᠯᠠ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ | ᠭᠤᠤᠯᠳᠠᠯᠭ᠎ᠠ ᠲᠠᠢ ᠪᠠᠶᠢᠷᠢᠯᠠᠭᠤᠯᠪᠠ᠃ ᠨᠠᠮ ᠤᠨ ᠲᠥᠪ ᠬᠤᠷᠢᠶ᠎ᠠ ᠠᠴᠠ ᠴᠢᠬᠤᠯᠠᠴᠢᠯᠠᠭᠰᠠᠨ ᠨᠢ᠂ ᠡᠷᠬᠡᠪᠰᠢ ᠠᠷᠠᠳ | ᠲᠦᠮᠡᠨ ᠤ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠠᠷᠠᠳ ᠲᠦᠮᠡᠨ ᠤ ᠠᠷᠠᠳᠴᠢᠯᠠᠯ ᠢᠶᠠᠷ | ᠰᠣᠩᠭᠤᠭᠤᠯᠢ ᠬᠢᠬᠦ᠂ ᠠᠷᠠᠳᠴᠢᠯᠠᠯ ᠢᠶᠠᠷ ᠵᠥᠪᠳᠡᠯᠴᠡᠬᠦ᠂ ᠠᠷᠠᠳᠴᠢᠯᠠᠯ ᠢᠶᠠᠷ ᠪᠤᠳᠤᠯᠭ᠎ᠠ ᠲᠣᠭᠲᠠᠭᠠᠬᠤ᠂ ᠠᠷᠠᠳᠴᠢᠯᠠᠯ ᠢᠶᠠᠷ | ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠶ᠃ | ᠨᠠᠮ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠠᠷᠠᠳ | ᠲᠦᠮᠡᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠳᠠᠮᠵᠢᠭᠤᠯᠤᠨ ᠲᠥᠷᠥ ᠶᠢᠨ ᠡᠷᠬᠡ ᠶᠢ ᠬᠡᠷᠡᠭᠵᠢᠭᠦᠯᠬᠦ ᠶᠢ | ᠳᠡᠮᠵᠢᠬᠦ ᠪᠠ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠣᠭᠲᠠᠭᠠᠬᠤ ᠡᠷᠬᠡ᠂ ᠬᠢᠨᠠᠯᠲᠠ | ᠲᠠᠯᠪᠢᠬᠤ ᠡᠷᠬᠡ᠂ ᠲᠣᠭᠲᠠᠭᠠᠬᠤ ᠡᠷᠬᠡ᠂ ᠲᠣᠮᠢᠯᠠᠬᠤ ᠪᠠ ᠪᠠᠭᠤᠯᠭᠠᠬᠤ ᠡᠷᠬᠡ ᠪᠠᠨ ᠬᠠᠤᠯᠢ ᠶᠤᠰᠤᠭᠠᠷ ᠬᠡᠷᠡᠭᠵᠢᠬᠦᠯᠬᠦ ᠶᠢ | ᠲᠡᠮᠵᠢᠬᠦ ᠪᠠ ᠪᠠᠳᠤᠯᠠᠵᠥ᠂ ᠰᠤᠩᠭᠤᠭᠤᠯᠢ ᠶᠢᠨ ᠪᠢᠯᠧᠲ ᠲᠠᠲᠠᠵᠤ ᠬᠠᠭ᠋ᠤᠤᠯᠢᠳᠤ ᠰᠤᠩᠭᠤᠭᠤᠯᠢ ᠬᠢᠭᠰᠡᠨ ᠬᠡᠷᠡᠭ ᠢ ᠡᠷᠡᠰ | ᠪᠠᠶᠢᠴᠠᠭᠠᠨ ᠰᠢᠢᠳᠪᠦᠷᠢᠯᠡᠵᠥ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠡᠷᠬᠡ ᠰᠦᠷ ᠪᠠ | ᠨᠡᠷ᠎ᠡ ᠬᠥᠨᠳᠥ ᠶᠢ ᠬᠠᠮᠠᠭᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠦᠨᠳᠦᠰᠦᠨ | ᠤᠯᠤᠰ ᠲᠦᠷᠦ ᠶᠢᠨ ᠪᠠᠶᠢᠭᠤᠯᠤᠯ ᠤᠨ ᠥᠢᠯᠡᠳᠦᠯ ᠢ ᠪᠠᠳᠠᠷᠠᠭᠤᠯᠪᠠ᠃ ᠨᠠᠮ ᠠᠴᠠ ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠳᠤᠷᠢᠳᠤᠭᠰᠠᠨ ᠣᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠥᠷᠥ ᠶᠢᠨ ᠵᠥᠪᠯᠡᠯᠭᠡ ᠬᠢᠬᠦ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠵᠦ᠂ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠠᠴᠠ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ ᠪᠠᠶᠢᠭ᠎ᠠ ᠪᠠᠶᠢᠳᠠᠯ ᠳᠤ ᠲᠤᠰᠬᠠᠶ | ᠬᠢᠨᠠᠯᠲᠠ ᠲᠠᠯᠪᠢᠬᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠳᠤ ᠰᠢᠭᠤᠳ ᠰᠠᠨᠠᠭᠤᠯᠭ᠎ᠠ | ᠳᠤᠷᠠᠳᠬᠤ ᠵᠡᠷᠭᠡ ᠳᠦᠷᠢᠮ ᠢ ᠲᠡᠭᠦᠯᠳᠡᠷᠵᠢᠭᠦᠯᠵᠦ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠤᠰᠬᠠᠶ ᠵᠥᠪᠯᠡᠬᠦ | ᠪᠠᠶᠢᠭᠤᠯᠤᠮᠵᠢ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ | ᠥᠷᠭᠡᠨ ᠳᠡᠯᠭᠡᠷᠡᠩᠭᠦᠢ ᠤᠯᠠᠨ ᠲᠡᠰ ᠳᠠᠪᠬᠤᠷᠭᠠᠲᠤ ᠳᠦᠷᠢᠮᠵᠢᠭᠰᠡᠨ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ | ᠣᠨᠴᠠᠯᠢᠭ ᠪᠦᠬᠦᠢ ᠵᠥᠪᠯᠡᠬᠦ ᠠᠷᠠᠳᠴᠢᠯᠠᠯ ᠤᠨ ᠰᠢᠰᠲ᠋ᠧᠮ ᠢ ᠪᠦᠷᠢᠯᠳᠦᠭᠦᠯᠪᠠ᠃ ᠨᠠᠮ ᠠᠴᠠ ᠦᠨᠳᠦᠰᠦᠨ ᠱᠠᠲᠤᠨ ᠤ | ᠵᠠᠰᠠᠭ ᠤᠨ ᠡᠷᠬᠡ ᠶᠢ ᠪᠠᠬᠢᠵᠢᠭᠦᠯᠬᠦ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠠᠷᠠᠳᠴᠢᠯᠠᠯ ᠤᠨ ᠳᠦᠷᠢᠮ ᠢ | ᠲᠡᠭᠦᠯᠳᠡᠷᠵᠢᠭᠦᠯᠤᠨ᠂ ᠠᠯᠪᠠᠨ ᠶᠠᠪᠤᠳᠠᠯ ᠢ ᠢᠯᠡ ᠪᠠᠷ ᠶᠠᠪᠤᠭᠳᠠᠭᠤᠯᠬᠤ ᠲᠦᠷᠢᠮ ᠢ ᠲᠡᠭᠦᠯᠳᠡᠷᠵᠢᠭᠦᠯᠵᠦ᠂ ᠠᠷᠠᠳ ᠲᠦᠮᠡᠨ ᠤ | ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠭᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠪᠠ᠃ ᠨᠠᠮ ᠤᠨ | ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ᠂ | ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ ᠪᠦᠲᠦᠮᠵᠢᠲᠡᠶ ᠪᠠᠶᠢᠯᠭᠠᠬᠤ ᠶᠢ ᠪᠠᠷᠢᠮᠲᠠᠯᠠᠬᠤ᠂ ᠪᠦᠬᠦ ᠲᠠᠯ᠎ᠠ ᠪᠠᠷ ᠬᠠᠤᠯᠢ | ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠵᠠᠷᠴᠢᠮ ᠶᠣᠰᠣᠭᠠᠷ᠂ ᠨᠠᠮ ᠪᠠ ᠲᠥᠷᠦ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠤᠨ᠂ ᠨᠠᠮ ᠪᠠ ᠲᠥᠷᠦ ᠶᠢᠨ ᠪᠠᠶᠢᠭᠤᠯᠤᠮᠵᠢ ᠶᠢᠨ ᠡᠭᠦᠷᠭᠡ | ᠴᠢᠳᠠᠪᠥᠷᠢ ᠶᠢ ᠰᠢᠰᠲ᠋ᠧᠮᠳᠥ ᠴᠢᠨᠠᠷᠲᠠᠢ ᠪᠠᠷ᠂ ᠪᠦᠬᠦᠯᠢ ᠴᠣᠭᠴᠠᠲᠤ ᠴᠢᠨᠠᠷᠳᠡᠢ ᠪᠠᠷ ᠳᠠᠬᠢᠨ ᠪᠤᠢ ᠪᠤᠯᠭᠠᠬᠤ ᠶᠢ ᠪᠡᠶᠡᠯᠡᠭᠦᠯᠪᠠ᠃ | ᠨᠠᠮ ᠠᠴᠠ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠥ᠂ ᠳᠤᠮᠳᠠᠳᠤ | ᠤᠯᠤᠰ ᠤᠨ ᠣᠨᠴᠠᠯᠢᠭ ᠪᠥᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠶ | ᠵᠠᠮᠨᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠪᠠᠷ ᠨᠠᠮ ᠤᠨ | ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠥ᠂ ᠰᠢᠨ᠎ᠡ ᠴᠠᠭ ᠦᠶ᠎ᠡ ᠶᠢᠨ ᠨᠠᠮ ᠤᠨ ᠲᠥᠪᠡᠳ ᠢ | ᠵᠠᠰᠠᠬᠤ ᠠᠷᠭ᠎ᠠ ᠪᠣᠳᠣᠯᠭ᠎ᠠ᠂ ᠰᠢᠨᠵᠢᠶᠠᠩ ᠢ ᠵᠠᠰᠠᠬᠤ ᠠᠷᠭ᠎ᠠ ᠪᠣᠳᠣᠯᠭ᠎ᠠ ᠶᠢ ᠲᠣᠭᠲᠠᠭᠠᠵᠥ᠂ ᠡᠷᠬᠡ ᠲᠡᠭᠰᠢ ᠪᠦᠯᠬᠦᠮᠳᠡᠭᠰᠡᠨ | ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ | ᠬᠥᠭᠵᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ | ᠠᠬᠢᠭᠤᠯᠪᠠ᠃ ᠨᠠᠮ ᠠᠴᠠ ᠱᠠᠰᠢᠨ ᠰᠤᠷᠲᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ | ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠢ | ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠪᠠ᠃ ᠨᠠᠮ ᠠᠴᠠ ᠶᠡᠭᠡ | ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠤᠨ᠂ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠶᠢ | ᠴᠢᠷᠮᠠᠶᠢᠨ ᠡᠷᠢᠯᠬᠢᠯᠡᠵᠦ᠂ ᠬᠠᠮᠤᠭ ᠤᠨ ᠶᠡᠭᠡ ᠪᠥᠯᠬᠦᠮᠳᠡᠯ ᠬᠤᠯᠪᠤᠭᠠᠯᠠᠯ ᠢ ᠴᠢᠷᠮᠠᠶᠢᠨ ᠵᠢᠷᠤᠭᠯᠠᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠥᠷ ᠲᠠᠯᠠᠶᠢᠴᠡᠳᠡᠢ ᠬᠦᠴᠦᠨ ᠢ ᠨᠢᠭᠲᠠᠷᠠᠭᠤᠯᠪᠠ᠃ | ᠨᠠᠮ ᠠᠴᠠ ᠤᠯᠤᠰ ᠲᠥᠷᠥ ᠶᠢᠨ ᠴᠢᠨᠠᠷ᠂ ᠲᠡᠷᠢᠭᠦᠨ ᠤ ᠴᠢᠨᠠᠷ᠂ ᠣᠯᠠᠨ ᠲᠦᠮᠡᠨᠴᠢ ᠴᠢᠨᠠᠷ ᠢ ᠴᠢᠩᠭᠠᠷᠠᠭᠤᠯᠬᠤ ᠲᠠᠢ | ᠤᠶᠠᠯᠳᠤᠭᠤᠯᠤᠨ᠂ ᠤᠯᠠᠨ ᠲᠦᠮᠡᠨ ᠤ ᠪᠦᠯᠬᠦᠮ ᠤᠨ ᠠᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠠᠬᠢᠭᠤᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠦ ᠬᠤᠷᠠᠯ | ᠵᠡᠷᠭᠡ ᠠᠷᠠᠳ ᠤᠨ ᠪᠦᠯᠬᠦᠮ ᠪᠠ ᠤᠯᠠᠨ ᠲᠦᠮᠡᠨ ᠤ ᠵᠣᠬᠢᠶᠠᠨ ᠪᠠᠶᠢᠭᠤᠯᠤᠯᠲᠠ ᠶᠢᠨ ᠥᠢᠯᠡᠳᠦᠯ ᠢ ᠨᠡᠩ ᠰᠠᠶᠢᠨ | ᠪᠠᠳᠠᠷᠠᠭᠤᠯᠪᠠ᠃ ᠪᠢᠳᠡ ᠠᠷᠠᠳ ᠲᠦᠮᠡᠨ ᠤ ᠣᠷᠣᠰᠢᠨ ᠲᠣᠭᠲᠠᠨᠢᠬᠤ ᠡᠷᠬᠡ᠂ ᠬᠥᠭᠵᠢᠯᠲᠡ ᠶᠢᠨ ᠡᠷᠬᠡ ᠶᠢ ᠪᠠᠲᠤᠯᠠᠬᠤ ᠪᠠᠷ | ᠲᠡᠷᠢᠬᠦᠨ ᠴᠢᠬᠤᠯᠠ ᠵᠥᠢᠯ ᠪᠤᠯᠭᠠᠵᠦ ᠪᠠᠶᠢᠭᠠᠳ ᠬᠥᠮᠦᠨ ᠤ ᠡᠷᠬᠡ ᠶᠢᠨ ᠥᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ | ᠠᠬᠢᠭᠤᠯᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠨᠡᠶᠢᠭᠡᠮ ᠵᠢᠷᠤᠮ ᠤᠨ | ᠠᠷᠠᠳᠴᠢᠯᠠᠭᠰᠠᠨ ᠤᠯᠤᠰ ᠲᠥᠷᠥ ᠶᠢᠨ ᠳᠦᠷᠢᠮᠵᠢᠬᠦᠯᠥᠯᠳᠡ᠂ ᠵᠢᠷᠤᠮᠵᠢᠭᠤᠯᠤᠯᠲᠠ᠂ ᠲᠡᠰ ᠲᠠᠷᠠᠭᠠᠵᠢᠭᠤᠯᠤᠯᠳᠠ ᠪᠦᠬᠦ | ᠲᠠᠯ᠎ᠠ ᠪᠠᠷ ᠠᠬᠢᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ | ᠪᠠᠶᠢᠭᠤᠯᠤᠯ ᠤᠨ ᠳᠠᠪᠠᠭᠤᠯᠢᠭ ᠴᠢᠨᠠᠷ ᠨᠡᠩ ᠰᠠᠶᠢᠨ ᠪᠠᠳᠠᠷᠠᠵᠤ᠂ ᠠᠮᠢᠳᠤ ᠴᠣᠪᠣᠭᠤᠯᠢᠭ᠂ ᠲᠦᠪᠰᠢᠷᠡᠨ ᠪᠦᠯᠬᠦᠮᠳᠡᠭᠰᠡᠨ | ᠤᠯᠤᠰ ᠲᠦᠷᠦ ᠶᠢᠨ ᠪᠠᠶᠢᠳᠠᠯ ᠪᠠᠬᠢᠵᠢᠨ ᠬᠥᠭᠵᠢᠪᠡ᠃ | ︵ᠵᠢᠷᠭᠤᠭ᠎ᠠ︶ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠲᠠᠯ᠎ᠠ ᠪᠠᠷ | ᠥᠭᠡᠷᠡᠴᠢᠯᠡᠯᠲᠡ ᠨᠡᠭᠡᠭᠡᠯᠳᠡ ᠬᠢᠭᠰᠡᠨ ᠤ ᠲᠠᠷᠠᠭ᠎ᠠ᠂ ᠨᠠᠮ ᠠᠴᠠ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ | ᠪᠠᠷᠢᠮᠲᠠᠯᠠᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠠᠰᠤᠷᠠᠯᠳᠠ ᠦᠭᠡᠢ ᠠᠬᠢᠭᠤᠯᠪᠠ᠃ ᠡᠭᠦᠨ ᠤ | ᠬᠠᠮᠲᠦ᠂ ᠬᠠᠤᠯᠢ ᠪᠠᠶᠢᠪᠠᠴᠥ ᠵᠢᠷᠤᠮᠯᠠᠬᠤ ᠦᠭᠡᠢ᠂ ᠬᠠᠤᠯᠢ ᠬᠡᠷᠡᠭᠵᠢᠭᠦᠯᠬᠦ ᠳᠡᠭᠡᠨ ᠴᠢᠩᠭ᠎ᠠ ᠪᠢᠰᠢ᠂ ᠬᠠᠤᠯᠢ ᠪᠠᠷᠢᠬᠤ ᠳᠠᠭᠠᠨ | ᠭᠤᠣᠯᠴᠢ ᠪᠤᠰᠤ᠂ ᠬᠠᠤᠯᠢ ᠠᠴᠠ ᠵᠥᠷᠢᠴᠡᠭᠰᠡᠨ ᠴᠦ ᠨᠡᠬᠡᠮᠵᠢᠯᠡᠬᠦ ᠦᠭᠡᠢ ᠵᠡᠷᠭᠡ ᠠᠰᠠᠭᠤᠳᠠᠯ ᠬᠦᠨᠳᠦ ᠨᠣᠴᠢᠲᠠᠢ ᠣᠷᠣᠰᠢᠵᠤ | ᠂ ᠬᠠᠤᠯᠢ ᠪᠠᠷᠢᠯᠳᠠ ᠶᠢᠨ ᠢᠯᠵᠢᠷᠠᠯ ᠪᠠᠶᠢᠨ ᠲᠠᠬᠢᠨ ᠭᠠᠷᠴᠤ᠂ ᠵᠠᠷᠢᠮ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯᠲᠠᠨ | ᠬᠤᠪᠢ ᠶᠢᠨ ᠨᠠᠶᠢᠷ ᠢᠶᠠᠷ ᠬᠠᠤᠯᠢ ᠶᠢ ᠭᠠᠵᠢᠭᠤᠳᠠᠭᠤᠯᠤᠨ᠂ ᠴᠢᠨᠠᠭᠰᠢᠯᠠᠪᠠᠯ ᠶᠠᠯᠠᠲᠤ ᠡᠲᠡᠭᠡᠳ ᠤᠨ ᠬᠠᠮᠠᠭᠠᠯᠠᠭᠴᠢ ᠪᠣᠯᠵᠤ᠂ | ᠬᠠᠤᠯᠢ ᠪᠠᠷ ᠵᠠᠰᠠᠬᠤ ᠡᠷᠬᠡ ᠰᠦᠷ ᠢ ᠬᠦᠨᠳᠦ ᠨᠣᠴᠢᠲᠠᠶ ᠬᠤᠬᠢᠷᠠᠭᠤᠯᠣᠨ᠂ ᠨᠡᠶᠢᠭᠡᠮ ᠤᠨ ᠲᠥᠪ ᠭᠤᠣᠯᠴᠢ ᠰᠢᠳᠤᠷᠭᠤ | ᠶᠣᠰᠣ ᠶᠢ ᠬᠦᠨᠳᠦ ᠨᠣᠴᠢᠲᠠᠶ ᠨᠥᠯᠥᠭᠡᠯᠡᠪᠡ᠃ ᠡᠷᠬᠡ ᠪᠣᠯ ︽ᠬᠤᠣᠰ ᠢᠷᠲᠦ ᠰᠡᠯᠡᠮ᠎ᠡ︾ ᠮᠥᠨ᠂ ᠲᠡᠭᠦᠨ ᠢ ᠬᠠᠤᠯᠢ | ᠲᠣᠭᠲᠠᠭᠠᠯ ᠶᠣᠰᠣᠭᠠᠷ ᠬᠡᠷᠡᠭᠵᠢᠭᠦᠯᠪᠡᠯ ᠠᠷᠠᠳ ᠲᠦᠮᠡᠨ ᠳᠤ ᠪᠤᠶᠠᠨ ᠥᠢᠯᠡᠳᠴᠦ ᠪᠣᠯᠤᠨ᠎ᠠ᠂ ᠬᠠᠤᠯᠢ ᠲᠣᠭᠲᠠᠭᠠᠯ ᠠᠴᠠ | ᠵᠥᠷᠢᠴᠡᠨ ᠬᠡᠷᠡᠭᠵᠢᠭᠦᠯᠪᠡᠯ ᠵᠠᠶᠢᠯᠠᠰᠢ ᠥᠬᠡᠶ ᠤᠯᠤᠰ ᠣᠷᠣᠨ ᠪᠠ ᠠᠷᠠᠳ ᠲᠦᠮᠡᠨ ᠳᠤ ᠬᠤᠤᠷ ᠬᠥᠨᠥᠭᠡᠯ ᠤᠴᠠᠷᠠᠭᠤᠯᠬᠤ | ᠪᠤᠯᠤᠨ᠎ᠠ ᠭᠡᠳᠡᠭ ᠢ ᠨᠡᠮ ᠬᠥᠨᠵᠡᠭᠡᠢ ᠲᠠᠨᠢᠵᠥ ᠤᠯᠪᠠ᠃ ᠨᠠᠮ ᠤᠨ ᠲᠥᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ | ᠬᠠᠤᠯᠢ ᠪᠠᠷ ᠵᠠᠰᠠᠬᠤ ᠨᠢ ᠴᠢᠩᠭᠠᠷᠠᠪᠠᠰᠤ ᠤᠯᠤᠰ ᠣᠷᠣᠨ ᠮᠠᠨᠳᠤᠮᠤᠢ᠂ ᠬᠠᠤᠯᠢ ᠪᠠᠷ ᠵᠠᠰᠠᠬᠤ ᠨᠢ ᠰᠤᠯᠠᠷᠠᠪᠠᠰᠤ ᠤᠯᠤᠰ | ᠣᠷᠣᠨ ᠰᠠᠮᠠᠭᠤᠷᠠᠮᠤᠢ︔ ᠪᠦᠬᠦ ᠲᠠᠯ᠎ᠠ ᠪᠠᠷ ᠬᠠᠤᠯᠢ ᠶᠤᠰᠤᠭᠠᠷ ᠤᠯᠤᠰ ᠢᠶᠠᠨ ᠵᠠᠰᠠᠬᠤ ᠪᠣᠯ ᠳᠤᠮᠳᠠᠳᠤ ᠤᠯᠤᠰ ᠤᠨ | ᠣᠨᠴᠠᠯᠢᠭ ᠪᠥᠬᠦᠢ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠪᠠ ᠴᠢᠬᠤᠯᠠ ᠪᠠᠲᠤᠯᠠᠭ᠎ᠠ ᠮᠥᠨ᠂ ᠲᠥᠷᠥ ᠶᠢᠨ | ᠵᠠᠰᠠᠯᠲᠠ ᠶᠢᠨ ᠨᠢᠭᠡ ᠤᠳᠠᠭᠠᠨ ᠤ ᠭᠦᠨᠵᠡᠭᠡᠢ ᠬᠤᠪᠢᠰᠬᠠᠯ ᠮᠥᠨ︔ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ | ᠪᠠᠷᠢᠮᠲᠠᠯᠠᠬᠤ ᠳᠤ ᠡᠩ ᠲᠡᠷᠢᠭᠦᠨ ᠳᠤ ᠦᠨᠳᠦᠰᠦᠨ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠬᠡᠷᠡᠭᠲᠡᠶ᠂ | ᠬᠠᠤᠯᠢ ᠶᠣᠰᠣᠭᠠᠷ ᠲᠦᠷᠦ ᠪᠠᠷᠢᠬᠤ ᠶᠢ ᠪᠠᠷᠢᠮᠲᠠᠯᠠᠬᠤ ᠳᠤ ᠡᠩ ᠲᠡᠷᠢᠭᠦᠨ ᠳᠤ ᠦᠨᠳᠦᠰᠦᠨ ᠬᠠᠤᠯᠢ ᠶᠣᠰᠣᠭᠠᠷ ᠲᠦᠷᠦ | ᠪᠠᠷᠢᠬᠤ ᠶᠢ ᠪᠠᠷᠢᠮᠲᠠᠯᠠᠬᠤ ᠬᠡᠷᠡᠭᠲᠡᠶ᠃ ᠡᠷᠬᠡᠪᠰᠢ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ | ᠬᠠᠤᠯᠢ ᠪᠠᠷ ᠵᠠᠰᠠᠬᠤ ᠵᠠᠮ ᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠬᠠᠤᠯᠢ ᠪᠠᠷ | ᠵᠠᠰᠠᠬᠤ ᠣᠨᠣᠯ ᠢ ᠲᠤᠭᠤᠰᠢᠯᠠᠭᠤᠯᠤᠨ᠂ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠬᠠᠤᠯᠢ ᠶᠣᠰᠣᠭᠠᠷ ᠲᠥᠷᠥ ᠪᠠᠷᠢᠬᠤ᠂ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠥ᠂ ᠬᠠᠤᠯᠢ ᠪᠠᠷ ᠵᠠᠰᠠᠬᠤ ᠤᠯᠤᠰ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠢ ᠨᠢᠭᠡ ᠴᠤᠬᠴᠠᠵᠢᠭᠤᠯᠤᠨ ᠪᠠᠶᠢᠭᠤᠯᠬᠤ ᠶᠢ | ᠪᠠᠷᠢᠮᠲᠠᠯᠠᠨ᠂ ᠨᠡᠶᠢᠭᠡᠮ ᠳᠠᠶᠠᠭᠠᠷ ᠤᠨ ᠬᠠᠤᠯᠢ ᠶᠢ ᠬᠦᠨᠳᠦᠳᠭᠡᠬᠦ ᠬᠠᠤᠯᠢ ᠶᠢ ᠰᠤᠷᠬᠤ ᠬᠠᠤᠯᠢ ᠶᠢ ᠰᠠᠬᠢᠬᠤ ᠬᠠᠤᠯᠢ ᠶᠢ | ᠬᠡᠷᠡᠭᠯᠡᠬᠦ ᠤᠬᠠᠮᠰᠠᠷ ᠪᠠ ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠷᠠᠭᠤᠯᠬᠤ ᠭᠡᠷᠡᠭᠳᠡᠢ᠃ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠪᠣᠯᠤᠨ | ᠲᠥᠪ ᠤᠨ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠬᠤᠷᠠᠯᠳᠤᠭᠠᠨ ᠠᠴᠠ ᠪᠦᠬᠦ ᠲᠠᠯ᠎ᠠ ᠪᠠᠷ | ᠬᠠᠤᠯᠢ ᠶᠣᠰᠣᠭᠠᠷ ᠤᠯᠤᠰ ᠢᠶᠠᠨ ᠵᠠᠰᠠᠬᠤ ᠠᠰᠠᠭᠤᠳᠠᠯ ᠢ ᠲᠤᠰᠬᠠᠶ ᠰᠡᠳᠦᠪ ᠢᠶᠠᠷ ᠰᠤᠳᠤᠯᠤᠭᠠᠳ᠂ ᠰᠢᠨᠵᠢᠯᠡᠬᠦ | ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠦᠪ ᠭᠤᠤᠯᠴᠢ ᠪᠠᠷ ᠬᠠᠤᠯᠢ ᠪᠠᠷᠢᠬᠤ᠂ | ᠠᠷᠠᠳ ᠨᠡᠶᠢᠲᠡ ᠪᠠᠷ ᠢᠶᠠᠨ ᠬᠠᠤᠯᠢ ᠶᠢ ᠰᠠᠬᠢᠬᠤ ᠲᠤᠬᠠᠶ ᠤᠷᠤᠢ ᠶᠢᠨ ᠲᠠᠪᠬᠤᠷᠭ᠎ᠠ ᠶᠢᠨ ᠵᠢᠷᠤᠭ ᠲᠥᠯᠥᠪᠯᠡᠭᠡ ᠪᠣᠯᠤᠨ | ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠬᠠᠤᠯᠢ ᠴᠠᠭᠠᠵᠠ ᠶᠢᠨ ᠵᠢᠷᠤᠮᠵᠢᠯ ᠤᠨ ᠰᠢᠰᠲ᠋ᠧᠮ᠂ ᠬᠠᠤᠯᠢ ᠪᠠᠷ ᠵᠠᠰᠠᠬᠤ ᠶᠢ | ᠬᠡᠷᠡᠭᠵᠢᠭᠦᠯᠬᠦ ᠰᠢᠰᠲ᠋ᠧᠮ᠂ ᠬᠠᠤᠯᠢ ᠪᠠᠷ ᠵᠠᠰᠠᠬᠤ ᠳᠤ ᠬᠢᠨᠠᠯᠲᠠ ᠲᠠᠯᠪᠢᠬᠤ ᠰᠢᠰᠲ᠋ᠧᠮ᠂ ᠬᠠᠤᠯᠢ ᠪᠠᠷ ᠵᠠᠰᠠᠬᠤ ᠶᠢ ᠪᠠᠲᠤᠯᠠᠬᠤ | ᠰᠢᠰᠲ᠋ᠧᠮ ᠪᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ | ᠲᠥᠯᠥᠪᠯᠡᠨ ᠠᠬᠢᠭᠤᠯᠪᠠ᠃ | ᠨᠠᠮ ᠠᠴᠠ ᠴᠢᠬᠤᠯᠠᠴᠢᠯᠠᠬᠰᠠᠨ ᠨᠢ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠬᠠᠮᠤᠭ ᠤᠨ | ᠥᠷᠭᠡᠨ ᠳᠡᠯᠭᠡᠷ᠂ ᠬᠠᠮᠤᠭ ᠤᠨ ᠭᠦᠨ ᠵᠤᠵᠠᠭᠠᠨ ᠰᠠᠭᠤᠷᠢ ᠪᠣᠯ ᠠᠷᠠᠳ ᠲᠦᠮᠡᠨ ᠮᠦᠨ᠂ ᠡᠷᠬᠡᠪᠰᠢ ᠠᠷᠠᠳ ᠲᠦᠮᠡᠨ ᠤ | ᠠᠰᠢᠭ ᠲᠤᠰᠠ ᠶᠢ ᠢᠯᠡᠷᠡᠭᠦᠯᠬᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠲᠤᠰᠬᠠᠬᠤ᠂ ᠠᠷᠠᠳ ᠲᠦᠮᠡᠨ ᠤ ᠡᠷᠬᠡ | ᠠᠰᠢᠭ ᠢ ᠬᠠᠮᠠᠭᠠᠯᠠᠬᠤ᠂ ᠠᠷᠠᠳ ᠲᠦᠮᠡᠨ ᠤ ᠬᠡᠰᠢᠭ ᠪᠤᠶᠠᠨ ᠢ ᠨᠡᠮᠡᠭᠳᠡᠭᠦᠯᠬᠦ ᠶᠢ ᠪᠦᠬᠦ ᠲᠠᠯ᠎ᠠ ᠪᠠᠷ ᠬᠠᠤᠯᠢ ᠶᠤᠰᠤᠭᠠᠷ | ᠤᠯᠤᠰ ᠢᠶᠠᠨ ᠵᠠᠰᠠᠬᠤ ᠶᠢᠨ ᠡᠯ᠎ᠡ ᠬᠦᠷᠢᠶ᠎ᠡ ᠪᠦᠬᠦ ᠶᠠᠪᠤᠴᠠ ᠳᠤ ᠨᠠᠶᠢᠳᠠᠪᠤᠷᠢᠵᠢᠭᠤᠯᠵᠤ᠂ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣ ᠶᠢ ᠪᠠᠲᠤᠯᠠᠨ ᠠᠬᠢᠭᠤᠯᠵᠦ᠂ ᠬᠠᠤᠯᠢ ᠴᠠᠭᠠᠵᠠ ᠶᠢᠨ ᠪᠠᠶᠢᠭᠤᠯᠤᠯ ᠨᠢᠭᠡᠪᠦᠷᠢ ᠠᠴᠠ᠂ ᠬᠠᠤᠯᠢ ᠬᠡᠷᠡᠭᠵᠢᠭᠦᠯᠬᠦ | ᠲᠣᠭᠲᠠᠭᠠᠯ ᠨᠢᠭᠡᠪᠦᠷᠢ ᠠᠴᠠ᠂ ᠬᠠᠤᠯᠢ ᠪᠠᠷᠢᠵᠤ ᠰᠢᠢᠳᠪᠦᠷᠢᠯᠡᠭᠰᠡᠨ ᠬᠡᠷᠡᠭ ᠨᠢᠭᠡᠪᠦᠷᠢ ᠠᠴᠠ ᠴᠦᠮ ᠲᠦᠪ ᠭᠤᠤᠯᠴᠢ | ᠰᠢᠳᠤᠷᠭᠤ ᠶᠤᠰᠤ ᠶᠢ ᠠᠷᠠᠳ ᠤᠯᠠᠨ ᠳᠤ ᠮᠡᠳᠡᠷᠡᠭᠦᠯᠬᠦ ᠪᠠᠷ ᠴᠢᠷᠮᠠᠶᠢᠬᠤ ᠭᠡᠷᠡᠭᠳᠡᠢ᠃ ᠨᠠᠮ ᠤᠳᠤᠷᠢᠳᠴᠤ ᠪᠠᠶᠢᠭᠠᠳ | ᠦᠨᠳᠦᠰᠦᠨ ᠬᠠᠤᠯᠢ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠪᠠᠲᠤᠯᠠᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ | ᠦᠨᠳᠦᠰᠦᠨ ᠬᠠᠤᠯᠢ ᠳᠤ ᠲᠠᠩᠭᠠᠷᠢᠭᠯᠠᠬᠤ ᠳᠦᠷᠢᠮ ᠢ ᠲᠣᠭᠲᠠᠭᠠᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠣᠷᠢᠭ | ᠰᠠᠨᠠᠭ᠎ᠠ ᠶᠢ ᠪᠠᠳᠠᠷᠠᠭᠤᠯᠤᠨ᠂ ᠲᠥᠷᠥ ᠶᠢᠨ ᠪᠠᠶᠢᠭᠤᠯᠤᠮᠵᠢ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠬᠠᠤᠯᠢ ᠪᠠᠷ ᠵᠠᠰᠠᠬᠤ | ᠰᠡᠳᠭᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ | ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠳᠠᠶᠠᠭᠠᠷ ᠤᠨ ᠬᠠᠤᠯᠢ ᠪᠠᠷ ᠵᠠᠰᠠᠬᠤ ᠤᠬᠠᠮᠰᠠᠷ ᠢ ᠨᠠᠮᠡᠭᠳᠡᠭᠦᠯᠪᠡ᠃ ᠦᠨᠳᠦᠰᠦᠨ | ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠢ ᠪᠠᠲᠤᠯᠠᠵᠤ᠂ ᠢᠷᠭᠡᠨ ᠤ ᠬᠠᠤᠯᠢ ᠶᠢᠨ ᠪᠢᠴᠢᠭ᠂ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠬᠠᠤᠯᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ᠂ ᠬᠢᠨᠠᠨ | ᠪᠠᠶᠢᠴᠠᠭᠠᠬᠤ ᠬᠠᠤᠯᠢ ᠵᠡᠷᠭᠡ ᠬᠠᠤᠯᠢ ᠴᠠᠭᠠᠵᠠ ᠶᠢ ᠲᠣᠭᠲᠠᠭᠠᠵᠤ᠂ ᠬᠠᠤᠯᠢ ᠲᠣᠭᠲᠠᠭᠠᠬᠤ ᠬᠠᠤᠯᠢ᠂ ᠤᠯᠦᠰ ᠤᠨ ᠪᠡᠳᠦᠯᠡᠠ | ᠬᠠᠮᠡᠭᠠᠯᠡᠯᠳᠠ ᠶᠢᠨ ᠬᠠᠤᠯᠢ᠂ ᠣᠷᠴᠢᠨ ᠠᠬᠤᠶ ᠶᠢ ᠬᠠᠮᠠᠭᠠᠯᠠᠬᠤ ᠬᠠᠤᠯᠢ ᠵᠡᠷᠭᠡ ᠬᠠᠤᠯᠢ ᠴᠠᠭᠠᠵᠠ ᠳᠤ ᠵᠠᠰᠠᠪᠤᠷᠢ ᠣᠷᠣᠭᠤᠯᠵᠦ | ᠂ ᠭᠤᠤᠯᠳᠠᠯᠭ᠎ᠠ ᠲᠠᠢ ᠬᠦᠷᠢᠶ᠎ᠡ᠂ ᠰᠢᠨ᠎ᠡ ᠪᠠᠷ ᠬᠥᠭᠵᠢᠭᠰᠡᠨ ᠬᠦᠷᠢᠶ᠎ᠡ᠂ ᠭᠠᠳᠠᠭᠠᠳᠤ ᠳᠤ ᠬᠤᠯᠪᠣᠭᠳᠠᠬᠤ ᠬᠦᠷᠢᠶᠡᠨ ᠤ ᠬᠠᠤᠯᠢ | ᠲᠣᠭᠲᠠᠭᠠᠯᠲᠠ ᠶᠢ ᠴᠢᠩᠭᠠᠳᠬᠠᠵᠤ᠂ ᠦᠨᠳᠦᠰᠦᠨ ᠬᠠᠤᠯᠢ ᠪᠠᠷ ᠭᠤᠤᠯᠯᠠᠭᠤᠯᠤᠭᠰᠠᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠦᠷᠭᠡᠯᠡᠨ ᠲᠡᠭᠦᠯᠳᠡᠷᠵᠢᠭᠦᠯᠪᠠ᠃ ᠨᠠᠮ ᠤᠳᠤᠷᠢᠳᠴᠤ | ᠪᠠᠶᠢᠭᠠᠳ ᠬᠠᠤᠯᠢ ᠪᠠᠷᠢᠬᠤ ᠬᠠᠷᠢᠭᠤᠴᠠᠯᠭ᠎ᠠ ᠶᠢᠨ ᠳᠦᠷᠢᠮ ᠢᠶᠠᠷ ᠭᠤᠣᠯᠳᠠᠯᠭ᠎ᠠ ᠪᠣᠯᠭᠠᠭᠰᠠᠨ ᠬᠠᠤᠯᠢ ᠪᠠᠷᠢᠬᠤ | ᠪᠠᠶᠢᠭᠤᠯᠤᠯ ᠤᠨ ᠥᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ ᠬᠦᠷᠢᠶᠡᠨ ᠳᠠᠬᠢ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ | ᠠᠵᠢᠯᠯᠠᠭ᠎ᠠ ᠶᠢᠨ ᠬᠢᠨᠠᠯᠲᠠ ᠬᠢᠵᠠᠭᠠᠷᠯᠠᠯ ᠢ ᠴᠢᠩᠭᠠᠳᠬᠠᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ | ᠪᠠ ᠴᠡᠭᠴᠡᠯᠡᠯᠲᠡ ᠶᠢ ᠥᠷᠨᠢᠭᠦᠯᠵᠦ᠂ ᠬᠢᠯᠢᠰ ᠪᠤᠷᠤᠭᠤ ᠬᠡᠷᠡᠭ ᠢ ᠬᠠᠤᠯᠢ ᠶᠣᠰᠣᠭᠠᠷ ᠵᠠᠯᠠᠷᠠᠭᠤᠯᠵᠤ᠂ ᠬᠠᠤᠯᠢ | ᠬᠡᠷᠡᠭᠵᠢᠭᠦᠯᠦᠯᠳᠡ ᠬᠠᠤᠯᠢ ᠪᠠᠷᠢᠯᠳᠠ ᠶᠢᠨ ᠢᠯᠵᠢᠷᠠᠯ ᠢ ᠴᠢᠩᠭ᠎ᠠ ᠵᠠᠯᠬᠠᠭᠠᠨ ᠰᠢᠢᠳᠭᠡᠵᠦ᠂ ᠬᠠᠤᠯᠢ ᠬᠡᠷᠡᠭᠵᠢᠭᠦᠯᠦᠯᠳᠡ ᠬᠠᠤᠯᠢ | ᠪᠠᠷᠢᠯᠳᠠ ᠶᠢᠨ ᠲᠥᠪ ᠭᠤᠤᠯᠴᠢ ᠠᠷᠢᠭᠤᠨ ᠴᠢᠬᠡᠴᠢ ᠥᠨᠳᠥᠷ ᠪᠦᠲᠦᠮᠵᠢᠲᠡᠶ ᠡᠷᠬᠡ ᠰᠦᠷ ᠲᠠᠢ ᠪᠠᠶᠢᠬᠤ ᠶᠢ ᠦᠨᠡᠨ ᠬᠦ | ᠪᠠᠲᠤᠯᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠲᠠᠰᠤᠷᠠᠯᠲᠠ ᠦᠭᠡᠢ ᠪᠦᠷᠢᠨᠰᠢᠵᠤ᠂ ᠬᠠᠤᠯᠢ ᠪᠠᠷ ᠵᠠᠰᠠᠬᠤ ᠳᠤᠮᠳᠠᠳᠤ | ᠤᠯᠤᠰ ᠤᠨ ᠪᠠᠶᠢᠭᠤᠯᠤᠯᠲᠠ ᠢᠳᠡᠷᠡᠭᠦᠨ ᠠᠯᠬᠤᠭ᠎ᠠ ᠶᠢ ᠠᠯᠬᠤᠵᠤ᠂ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠬᠢᠵᠢᠭᠦᠯᠬᠦ᠂ | ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠳᠦ ᠳᠤ ᠠᠰᠢᠭᠲᠠᠶ ᠪᠠᠶᠢᠬᠤ ᠪᠠᠳᠤᠯᠠᠭ᠎ᠠ ᠶᠢᠨ ᠦᠢᠯᠡᠳᠦᠯ ᠤᠯᠠᠮ ᠨᠢᠭᠡ | ᠠᠯᠬᠤᠮ ᠪᠠᠳᠠᠷᠠᠵᠦ᠂ ᠨᠠᠮ ᠤᠨ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠲᠦᠷᠦ ᠶᠢ ᠤᠳᠤᠷᠢᠳᠬᠤ ᠪᠠ ᠵᠠᠰᠠᠬᠤ ᠴᠢᠳᠠᠪᠦᠷᠢ | ᠢᠯᠡᠳᠳᠡ ᠴᠢᠩᠭᠠᠷᠠᠪᠠ᠃ | ︵ᠲᠤᠯᠤᠭ᠎ᠠ︶ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ | ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠨᠠᠮ ᠠᠴᠠ ᠪᠣᠳᠠᠰ ᠤᠨ ᠪᠣᠯᠪᠠᠰᠤᠨ ᠪᠠ ᠣᠶᠤᠨ ᠤ | ᠪᠣᠯᠪᠠᠰᠤᠨ ᠢ ᠵᠡᠷᠭᠡ ᠪᠠᠷ ᠠᠳᠬᠤᠬᠤ ᠪᠠ ᠵᠡᠷᠭᠡ ᠪᠠᠷ ᠴᠢᠩᠭ᠎ᠠ ᠠᠳᠬᠤᠬᠤ ᠶᠢ ᠪᠠᠷᠢᠮᠳᠠᠯᠠᠵᠦ᠂ ᠨᠡᠶᠢᠭᠡᠮ ᠵᠢᠷᠤᠮ ᠤᠨ | ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠵᠦ᠂ ᠦᠨᠳᠦᠰᠦᠲᠡᠨ ᠤ ᠵᠣᠷᠢᠭ ᠰᠠᠨᠠᠭ᠎ᠠ ᠶᠢ ᠬᠥᠭᠵᠢᠭᠡᠵᠦ᠂ ᠦᠨᠳᠦᠰᠦᠲᠡᠨ ᠤ | ᠬᠦᠴᠦᠨ ᠴᠢᠳᠠᠯ ᠢ ᠨᠢᠭᠲᠠᠷᠠᠭᠤᠯᠪᠠ᠃ ᠡᠭᠦᠨ ᠤ ᠬᠠᠮᠲᠤ᠂ ᠵᠣᠭᠤᠰ ᠮᠥᠩᠭᠦᠨ ᠳᠤ ᠰᠢᠨᠤᠬᠠᠶᠢᠷᠠᠬᠤ ᠦᠵᠡᠯ᠂ ᠵᠢᠷᠭᠠᠨ | ᠴᠡᠩᠭᠡᠬᠦ ᠦᠵᠡᠯ᠂ ᠭᠡᠳᠦ ᠬᠤᠪᠢᠨᠴᠢᠷ ᠦᠵᠡᠯ ᠪᠣᠯᠤᠨ ᠲᠡᠦᠬᠡ ᠶᠢᠨ ᠦᠭᠡᠶᠢᠰᠭᠡᠬᠦ ᠦᠵᠡᠯ ᠵᠡᠷᠭᠡ ᠪᠤᠷᠤᠭᠤ ᠦᠵᠡᠯ | ᠰᠠᠨᠠᠭᠠᠨ ᠤ ᠤᠷᠤᠰᠬᠠᠯ ᠪᠠᠶᠢᠨ ᠲᠠᠭᠢᠨ ᠭᠠᠷᠴᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠳᠤ ᠡᠮᠬᠢ ᠵᠠᠮᠪᠠᠷᠠᠭ᠎ᠠ ᠤᠢᠭᠡᠢ | ᠪᠠᠶᠢᠳᠠᠯ ᠢᠯᠡᠷᠡᠵᠦ᠂ ᠵᠠᠷᠢᠮ ᠤᠳᠤᠷᠢᠳᠬᠤ ᠺᠠᠳ᠋ᠷ ᠤᠨ ᠤᠯᠤᠰ ᠲᠦᠷᠦ ᠶᠢᠨ ᠵᠣᠭᠰᠣᠯᠲᠠ ᠪᠠᠯᠠᠷᠬᠠᠶ᠂ ᠲᠡᠮᠡᠴᠡᠯ ᠤᠨ ᠵᠣᠷᠢᠭ | ᠰᠠᠨᠠᠭ᠎ᠠ ᠳᠤᠲᠠᠮᠠᠭ ᠪᠠᠶᠢᠵᠤ᠂ ᠬᠥᠮᠦᠰ ᠤᠨ ᠦᠵᠡᠯ ᠰᠠᠨᠠᠭ᠎ᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠣᠷᠴᠢᠨ ᠠᠬᠤᠢ ᠶᠢ | ᠬᠦᠨᠳᠦ ᠨᠣᠴᠢᠲᠠᠶ ᠨᠥᠯᠥᠭᠡᠯᠡᠪᠠ᠃ ᠨᠠᠮ ᠠᠴᠠ ᠳᠡᠯᠡᠬᠡᠶ ᠶᠢᠨ ᠬᠡᠪᠴᠢᠶᠡᠨ ᠳᠤ ᠦᠵᠡᠯ ᠰᠠᠨᠠᠭ᠎ᠠ ᠰᠣᠶᠣᠯ ᠬᠠᠷᠢᠯᠴᠠᠨ | ᠳᠣᠯᠭᠢᠰᠤᠯᠳᠠ ᠡᠬᠦᠰᠭᠡᠵᠦ᠂ ᠮᠠᠨ ᠤ ᠤᠯᠤᠰ ᠤᠨ ᠨᠡᠶᠢᠭᠡᠮ ᠤᠨ ᠦᠵᠡᠯ ᠰᠠᠨᠠᠭ᠎ᠠ ᠦᠵᠡᠯᠲᠡ ᠳᠤ ᠭᠦᠨᠵᠡᠭᠡᠶ ᠬᠤᠪᠢᠷᠠᠯᠳᠡ | ᠭᠠᠷᠴᠦ ᠪᠠᠶᠢᠭ᠎ᠠ ᠬᠠᠨᠳᠤᠰᠢ ᠶᠢ ᠣᠨᠣᠪᠴᠢᠲᠠᠶ ᠡᠵᠡᠮᠰᠢᠭᠡᠳ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠤᠯᠤᠰ ᠤᠨ | ᠵᠤᠷᠢᠭ ᠰᠠᠨᠠᠭ᠎ᠠ᠂ ᠦᠨᠳᠦᠰᠦᠲᠡᠨ ᠤ ᠰᠦᠭ ᠰᠦᠨᠡᠰᠦ ᠶᠢ ᠪᠤᠢ ᠪᠤᠯᠭᠠᠬᠤ ᠠᠵᠢᠯ ᠮᠥᠨ᠂ ᠰᠣᠶᠣᠯ ᠤᠨ ᠢᠲᠡᠭᠡᠯ ᠪᠣᠯ ᠨᠠᠩ | ᠰᠠᠭᠤᠷᠢ ᠪᠤᠯᠬᠤ᠂ ᠨᠠᠩ ᠥᠷᠭᠡᠨ ᠳᠡᠯᠭᠡᠷ᠂ ᠨᠠᠩ ᠭᠦᠨ ᠵᠤᠵᠠᠭᠠᠨ ᠢᠲᠡᠭᠡᠯ ᠮᠥᠨ᠂ ᠨᠢᠭᠡ ᠤᠯᠤᠰ ᠨᠢᠭᠡ | ᠦᠨᠳᠦᠰᠦᠲᠡᠨ ᠤ ᠬᠥᠭᠵᠢᠯᠲᠡ ᠶᠢᠨ ᠳᠤᠮᠳᠠᠬᠢ ᠬᠠᠮᠤᠭ ᠤᠨ ᠦᠨᠳᠦᠰᠦᠨ᠂ ᠬᠠᠮᠤᠭ ᠤᠨ ᠭᠦᠨ ᠴᠢᠬᠢᠮᠡᠢ᠂ ᠬᠠᠮᠤᠭ ᠤᠨ | ᠤᠳᠠᠭᠠᠨ ᠳᠠᠭᠠᠭᠠᠮᠠᠭᠠᠢ ᠬᠦᠴᠦᠨ ᠴᠢᠳᠠᠯ ᠮᠥᠨ᠂ ᠳᠡᠭᠡᠳᠦ ᠬᠡᠮᠵᠢᠶᠡᠨ ᠤ ᠰᠣᠶᠣᠯ ᠤᠨ ᠢᠲᠡᠭᠡᠯ ᠪᠠᠶᠢᠬᠤ ᠦᠭᠡᠢ᠂ | ᠰᠣᠶᠣᠯ ᠤᠨ ᠬᠥᠭᠵᠢᠯ ᠴᠡᠴᠡᠭᠯᠡᠯ ᠪᠠᠶᠢᠬᠤ ᠦᠭᠡᠢ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ | ᠪᠠᠶᠢᠵᠤ ᠴᠢᠳᠠᠬᠤ ᠦᠭᠡᠢ ᠶᠤᠮ ᠭᠡᠵᠦ ᠴᠢᠬᠤᠯᠠᠴᠢᠯᠠᠪᠠ᠃ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ | ᠤᠳᠤᠷᠢᠳᠤᠮᠵᠢ ᠶᠢ ᠪᠠᠷᠢᠮᠲᠠᠯᠠᠵᠤ᠂ ᠲᠤᠭ ᠢᠶᠠᠨ ᠮᠠᠨᠳᠤᠭᠤᠯᠤᠨ᠂ ᠠᠷᠠᠳ ᠤᠨ ᠰᠡᠳᠭᠢᠯ ᠢ ᠨᠢᠬᠳᠠᠷᠠᠭᠤᠯᠵᠥ᠂ ᠰᠢᠨ᠎ᠡ | ᠬᠦᠮᠥᠨ ᠢ ᠬᠦᠮᠥᠵᠢᠬᠦᠯᠦᠨ᠂ ᠰᠤᠶᠤᠯ ᠢᠶᠠᠨ ᠬᠦᠭᠵᠢᠭᠦᠯᠵᠤ᠂ ᠲᠦᠷᠢ ᠲᠦᠷᠬᠦ ᠪᠠᠨ ᠢᠯᠡᠷᠡᠭᠦᠯᠵᠤ᠂ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠰᠢᠵᠦ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ | ᠬᠥᠲᠥᠯᠥᠨ ᠳᠠᠭᠠᠭᠤᠯᠬᠤ ᠬᠦᠴᠦᠨ ᠪᠦᠬᠦᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠪᠠᠶᠢᠭᠤᠯᠵᠤ᠂ | ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ ᠪᠦᠬᠦ ᠦᠨᠳᠦᠰᠦᠲᠡᠨ ᠤ ᠰᠣᠶᠣᠯ ᠤᠨ | ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠳᠤᠯᠢᠭ ᠬᠦᠴᠦᠨ ᠢ ᠬᠥᠭᠵᠢᠭᠡᠵᠦ᠂ ᠳᠤᠮᠳᠠᠳᠤ ᠤᠯᠤᠰ ᠤᠨ ᠵᠣᠷᠢᠭ | ᠰᠠᠨᠠᠭ᠎ᠠ᠂ ᠳᠤᠮᠳᠠᠳᠤ ᠤᠯᠤᠰ ᠤᠨ ᠦᠷᠳᠡᠭ᠂ ᠳᠤᠮᠳᠠᠳᠤ ᠤᠯᠤᠰ ᠤᠨ ᠬᠦᠴᠦᠨ ᠴᠢᠳᠠᠯ ᠢ ᠨᠡᠩ ᠰᠠᠶᠢᠨ ᠪᠤᠢ ᠪᠤᠯᠭᠠᠵᠦ᠂ | ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ | ᠰᠠᠨᠠᠭᠠᠨ ᠤ ᠰᠠᠭᠤᠷᠢ ᠶᠢ ᠪᠠᠬᠢᠵᠢᠭᠦᠯᠬᠦ ᠭᠡᠷᠡᠭᠳᠡᠢ᠃ | ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠨᠠᠮ ᠤᠨ ᠤᠳᠤᠷᠢᠳᠤᠯᠭ᠎ᠠ ᠰᠤᠯᠠᠷᠠᠵᠤ ᠪᠠᠶᠢᠭ᠎ᠠ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠠᠶᠢᠭᠤᠯᠬᠤ ᠪᠠ ᠡᠪᠳᠡᠬᠦ ᠶᠢ ᠵᠡᠷᠭᠡ ᠪᠠᠷ ᠴᠢᠬᠤᠯᠠᠴᠢᠯᠠᠨ᠂ ᠮᠠᠭᠤ ᠶᠢ ᠦᠯᠳᠡᠨ | ᠰᠠᠶᠢᠨ ᠢ ᠨᠢ ᠪᠠᠳᠠᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠴᠢᠭᠯᠡᠯ ᠤᠨ ᠴᠢᠨᠠᠷᠲᠡᠢ᠂ ᠪᠠᠶᠢᠯᠳᠤᠬᠤ | ᠪᠣᠳᠣᠯᠭ᠎ᠠ ᠶᠢᠨ ᠴᠢᠨᠠᠷᠲᠡᠢ ᠮᠠᠰᠢ ᠤᠯᠠᠨ ᠠᠰᠠᠭᠤᠳᠠᠯ ᠤᠨ ᠲᠤᠬᠠᠶ ᠪᠠᠶᠢᠷᠢᠯᠠᠭᠤᠯᠤᠯᠲᠠ ᠬᠢᠵᠦ᠂ ᠦᠵᠡᠯ ᠤᠬᠠᠮᠰᠠᠷ ᠤᠨ | ᠬᠡᠯᠪᠡᠷᠢ ᠶᠢᠨ ᠬᠦᠷᠢᠶᠡᠨ ᠳᠤ ᠮᠠᠷᠺᠰ ᠤᠨ ᠦᠵᠡᠯ ᠵᠢᠯᠣᠭᠤᠳᠬᠤ ᠪᠠᠶᠢᠷᠢ ᠰᠠᠭᠤᠷᠢ ᠶᠢ ᠡᠵᠡᠯᠡᠬᠦ ᠦᠨᠳᠦᠰᠦᠨ ᠳᠦᠷᠢᠮ ᠢ | ᠲᠣᠭᠲᠠᠭᠠᠨ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠪᠦᠷᠢᠨᠰᠢᠭᠦᠯᠵᠦ᠂ ᠪᠦᠬᠦ ᠨᠠᠮ ᠢᠶᠠᠷ ᠢᠶᠠᠨ ᠭᠦᠳᠡᠯᠦᠯᠴᠡᠨ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠠᠳᠬᠤᠬᠤ ᠶᠢ | ᠠᠭᠢᠭᠤᠯᠵᠤ᠂ ᠵᠢᠭᠰᠠᠭᠠᠯ ᠤᠨ ᠭᠠᠵᠠᠷ ᠢᠶᠠᠨ ᠬᠠᠮᠠᠭᠠᠯᠠᠬᠤ ᠬᠠᠷᠢᠭᠤᠴᠠᠯᠭ᠎ᠠ ᠲᠠᠢ ᠪᠠᠶᠢᠵᠤ᠂ ᠵᠢᠭᠰᠠᠭᠠᠯ ᠤᠨ ᠭᠠᠵᠠᠷ ᠢᠶᠠᠨ | ᠬᠠᠮᠠᠭᠠᠯᠠᠬᠤ ᠬᠠᠷᠢᠭᠤᠴᠠᠯᠭ᠎ᠠ ᠪᠠᠨ ᠡᠬᠦᠷᠭᠡᠯᠡᠵᠦ᠂ ᠵᠢᠭᠰᠠᠭᠠᠯ ᠤᠨ ᠭᠠᠵᠠᠷ ᠢᠶᠠᠨ ᠬᠠᠮᠠᠭᠠᠯᠠᠬᠤ ᠬᠠᠷᠢᠭᠤᠴᠠᠯᠭ᠎ᠠ ᠪᠠᠨ | ᠭᠦᠢᠴᠡᠳᠭᠡᠵᠦ᠂ ᠵᠤᠷᠢᠭᠳᠠᠢ ᠠᠳᠬᠤᠨ ᠵᠤᠷᠢᠭᠳᠠᠢ ᠬᠠᠮᠢᠶᠠᠷᠴᠦ᠂ ᠵᠤᠷᠢᠭᠳᠠᠢ ᠲᠡᠮᠡᠴᠡᠵᠦ᠂ ᠡᠯ᠎ᠡ ᠵᠦᠢᠯ ᠤᠨ ᠪᠤᠷᠤᠭᠤ | ᠦᠵᠡᠯᠲᠡ ᠶᠢ ᠲᠤᠭ ᠲᠡᠮᠳᠡᠭ ᠲᠣᠳᠣᠷᠬᠠᠶ ᠪᠠᠷ ᠡᠰᠡᠷᠭᠦᠴᠡᠨ ᠬᠤᠷᠢᠭᠯᠠᠪᠠ᠃ ᠨᠠᠮ ᠦᠨᠳᠦᠰᠦᠨ ᠠᠴᠠ ᠨᠢ ᠴᠡᠭᠴᠡᠯᠡᠨ | ᠵᠠᠰᠠᠬᠤ ᠠᠵᠢᠯ ᠠᠴᠠ ᠭᠠᠷᠳᠠᠨ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠴᠢᠩᠭᠠᠳᠬᠠᠵᠤ᠂ ᠪᠦᠬᠦ ᠤᠯᠤᠰ ᠤᠨ | ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠢ ᠬᠤᠷᠠᠯᠳᠤᠭᠤᠯᠵᠤ᠂ ᠤᠳᠭ᠋᠎ᠠ ᠤᠷᠠᠯᠢᠭ ᠤᠨ ᠠᠵᠢᠯ᠂ ᠨᠠᠮ ᠤᠨ | ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ | ᠠᠵᠢᠯ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠤᠨ ᠶᠠᠷᠢᠯᠴᠠᠬᠤ ᠬᠤᠷᠠᠯ ᠪᠣᠯᠤᠨ ᠪᠦᠬᠦ ᠤᠯᠤᠰ ᠤᠨ | ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠬᠤᠷᠠᠯ ᠢ ᠲᠤᠰ ᠲᠤᠰ | ᠬᠤᠷᠠᠯᠳᠤᠭᠤᠯᠵᠤ᠂ ᠠᠯᠢ ᠣᠯᠠᠨ ᠦᠨᠳᠦᠰᠦᠨ ᠴᠢᠨᠠᠷᠲᠠᠶ ᠠᠰᠠᠭᠤᠳᠠᠯ ᠤᠨ ᠲᠤᠬᠠᠶ ᠵᠠᠷᠴᠢᠮ ᠵᠣᠭᠰᠣᠯᠲᠠ ᠪᠠᠨ | ᠲᠣᠳᠣᠷᠬᠠᠶᠢᠯᠠᠨ ᠥᠭᠦᠯᠡᠵᠦ᠂ ᠣᠨᠣᠯ ᠤᠨ ᠵᠥᠪ ᠪᠤᠷᠤᠭᠤ ᠶᠢ ᠢᠯᠭᠠᠨ ᠲᠤᠳᠤᠷᠠᠭᠤᠯᠵᠦ᠂ ᠠᠵᠢᠯ ᠤᠨ ᠤᠳᠤᠷᠢᠳᠤᠮᠵᠢ ᠶᠢ | ᠵᠠᠯᠠᠷᠠᠭᠤᠯᠤᠭᠰᠠᠨ ᠢᠶᠠᠷ᠂ ᠦᠵᠡᠯ ᠰᠠᠨᠠᠭ᠎ᠠ ᠰᠣᠶᠣᠯ ᠤᠨ ᠬᠦᠷᠢᠶᠡᠨ ᠳᠠᠬᠢ ᠥᠭᠡᠳᠡᠯᠡᠨ ᠰᠠᠶᠢᠵᠢᠷᠠᠬᠤ ᠬᠠᠨᠳᠤᠰᠢ ᠲᠠᠰᠤᠷᠠᠯᠲᠠ | ᠦᠭᠡᠢ ᠬᠥᠭᠵᠢᠪᠡ᠃ ᠨᠠᠮ ᠤᠨ ᠰᠢᠨ᠎ᠡ ᠡᠭᠦᠳᠦᠯᠲᠡ ᠶᠢᠨ ᠣᠨᠣᠯ ᠢᠶᠠᠷ ᠪᠦᠬᠦ ᠨᠠᠮ ᠢ ᠵᠡᠪᠰᠡᠭᠯᠡᠵᠦ᠂ ᠠᠷᠠᠳ ᠲᠦᠮᠡᠨ ᠢ | ᠬᠥᠮᠦᠵᠢᠭᠦᠯᠦᠨ᠂ ᠦᠢᠯᠡᠳᠦᠯᠭᠡ ᠪᠠᠨ ᠵᠢᠯᠣᠭᠤᠳᠤᠭᠤᠯᠬᠤ ᠶᠢ ᠠᠬᠢᠭᠤᠯᠵᠤ᠂ ᠮᠠᠷᠺᠰ ᠤᠨ ᠦᠵᠡᠯ ᠤᠨ ᠤᠨᠤᠯ ᠤᠨ | ᠰᠤᠳᠤᠯᠭᠠᠨ ᠪᠠ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠭᠦᠨ ᠤᠬᠠᠭᠠᠨ | ᠨᠡᠶᠢᠭᠡᠮ ᠤᠨ ᠰᠢᠨᠵᠢᠯᠡᠬᠦ ᠤᠬᠠᠭᠠᠨ ᠤ ᠰᠢᠨᠵᠢᠯᠡᠭᠡᠨ ᠤ ᠰᠠᠯᠠᠭᠠᠨ ᠤ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ᠂ ᠦᠭᠡ | ᠶᠠᠷᠢᠶᠠᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃ ᠤᠯᠠᠮᠵᠢᠯᠠᠨ ᠲᠠᠷᠬᠠᠭᠠᠬᠤ ᠠᠷᠭ᠎ᠠ ᠪᠠᠷᠢᠯ ᠤᠨ ᠪᠠᠶᠢᠭᠤᠯᠤᠯᠲᠠ | ᠪᠠ ᠰᠢᠨ᠎ᠡ ᠡᠬᠦᠳᠦᠯᠳᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ | ᠠᠬᠢᠭᠤᠯᠵᠤ᠂ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠤᠯᠠᠮᠵᠢᠯᠠᠨ ᠲᠠᠷᠬᠠᠭᠠᠬᠤ ᠬᠦᠴᠦᠨ᠂ ᠬᠥᠲᠥᠯᠥᠨ ᠵᠢᠯᠣᠭᠤᠳᠬᠤ | ᠬᠦᠴᠦᠨ᠂ ᠨᠥᠯᠥᠭᠡᠯᠡᠬᠦ ᠬᠦᠴᠦᠨ᠂ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠪᠠ᠃ ᠨᠠᠮ ᠤᠨ ᠲᠥᠪ | ᠬᠤᠷᠢᠶ᠎ᠠ ᠠᠴᠠ ᠳᠤᠳᠤᠷᠬᠠᠢ ᠳᠤᠷᠠᠳᠤᠭᠰᠠᠨ ᠨᠢ᠂ ᠢᠨᠲ᠋ᠧᠷ ᠰᠦᠯᠵᠢᠶ᠎ᠡ ᠭᠡᠬᠦ ᠡᠨᠡ ᠬᠦ ᠪᠣᠭᠤᠮᠲᠠ ᠶᠢ ᠳᠠᠪᠠᠵᠤ ᠳᠡᠶᠢᠯᠬᠦ | ᠦᠭᠡᠢ ᠪᠣᠯ ᠤᠷᠲᠤ ᠬᠤᠭᠤᠴᠠᠭ᠎ᠠ ᠪᠠᠷ ᠲᠦᠷᠦ ᠪᠠᠷᠢᠬᠤ ᠡᠨᠡ ᠬᠦ ᠪᠣᠭᠤᠮᠲᠠ ᠶᠢ ᠳᠠᠪᠠᠵᠤ ᠳᠡᠶᠢᠯᠬᠦ ᠦᠭᠡᠢ ᠶᠤᠮ᠃ ᠨᠠᠮ | ᠠᠴᠠ ᠢᠨᠲ᠋ᠧᠷ ᠰᠦᠯᠵᠢᠶ᠎ᠡ ᠭᠡᠬᠦ ᠡᠨᠡ ᠬᠦ ᠦᠵᠡᠯ ᠤᠬᠠᠮᠰᠠᠷ ᠤᠨ ᠬᠡᠯᠪᠡᠷᠢ ᠶᠢᠨ ᠲᠡᠮᠡᠴᠡᠯ ᠤᠨ ᠭᠤᠤᠯ ᠵᠢᠭᠰᠠᠭᠠᠯ ᠤᠨ ᠭᠠᠵᠠᠷ | ᠂ ᠭᠤᠤᠯ ᠳᠠᠶᠢᠨ ᠤ ᠲᠠᠯᠠᠪᠤᠷ᠂ ᠬᠠᠮᠤᠭ ᠤᠨ ᠡᠮᠦᠨ᠎ᠡ ᠵᠠᠬ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠨᠲ᠋ᠧᠷ | ᠰᠦᠯᠵᠢᠶᠡᠨ ᠤ ᠤᠳᠤᠷᠢᠳᠬᠤ ᠪᠠ ᠬᠠᠮᠢᠶᠠᠷᠬᠤ ᠪᠠᠶᠢᠭᠤᠯᠤᠯ ᠢ ᠪᠦᠷᠢᠨᠰᠢᠭᠦᠯᠵᠦ᠂ ᠬᠠᠤᠯᠢ ᠶᠣᠰᠣᠭᠠᠷ ᠰᠦᠯᠵᠢᠶ᠎ᠡ ᠶᠢ | ᠬᠠᠮᠢᠶᠠᠷᠤᠨ ᠰᠦᠯᠵᠢᠶ᠎ᠡ ᠶᠢ ᠵᠠᠰᠠᠬᠤ ᠶᠢ ᠪᠠᠷᠢᠮᠲᠠᠯᠠᠵᠤ᠂ ᠴᠡᠪᠡᠷ ᠲᠤᠩᠭᠠᠯᠠᠭ ᠰᠦᠯᠵᠢᠶᠡᠨ ᠤ ᠤᠷᠤᠨ ᠵᠠᠢ ᠶᠢ ᠪᠤᠢ ᠪᠤᠯᠭᠠᠪᠠ᠃ | | ᠨᠠᠮ ᠠᠴᠠ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠪᠠᠷ ᠰᠣᠶᠣᠯ ᠤᠨ ᠪᠠᠶᠢᠭᠤᠯᠤᠯᠲᠠ ᠶᠢ | ᠬᠥᠲᠥᠯᠥᠨ ᠲᠠᠭᠠᠭᠤᠯᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ᠂ ᠬᠤᠪᠢᠰᠬᠠᠯᠲᠤ ᠰᠣᠶᠣᠯ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢᠶᠠᠷ ᠦᠨᠳᠦᠰᠦ ᠰᠠᠭᠤᠷᠢ ᠶᠢ ᠪᠤᠶᠢᠵᠢᠭᠤᠯᠤᠨ ᠰᠦᠭ ᠰᠦᠯᠳᠡ ᠶᠢ | ᠪᠤᠰᠬᠠᠬᠤ ᠶᠢ ᠴᠢᠬᠤᠯᠠᠴᠢᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠪᠠ ᠳᠤᠮᠳᠠᠳᠤ ᠤᠯᠤᠰ ᠤᠨ | ᠵᠡᠭᠦᠳᠦ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠬᠦᠰᠡᠯᠡᠩ ᠢᠲᠡᠭᠡᠯ ᠵᠤᠷᠢᠭ ᠤᠨ ᠬᠥᠮᠦᠵᠢᠯ ᠢ | ᠪᠠᠶᠢᠩᠭᠤᠵᠢᠭᠤᠯᠬᠤ ᠪᠠ ᠳᠦᠷᠢᠮᠵᠢᠭᠦᠯᠬᠦ ᠶᠢ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠰᠢᠰᠲ᠋ᠧᠮ ᠢ | ᠲᠡᠭᠦᠯᠳᠡᠷᠵᠢᠭᠦᠯᠵᠦ᠂ ᠨᠠᠮ ᠪᠠ ᠲᠦᠷᠦ ᠶᠢᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠬᠦ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠭᠠᠷᠭᠠᠵᠦ᠂ ᠤᠯᠠᠨ ᠲᠦᠮᠡᠨᠴᠢ ᠴᠢᠨᠠᠷᠲᠠᠶ | ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠦᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ ᠢ ᠪᠠᠶᠢᠭᠤᠯᠵᠤ᠂ ᠰᠤᠷᠤᠯᠴᠠᠬᠤ ᠲᠤᠮᠤ ᠤᠯᠤᠰ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠪᠠ᠃ | ᠨᠠᠮ ᠠᠴᠠ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ | ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢ ᠰᠤᠷᠤᠯᠴᠠᠬᠤ ᠶᠢ ᠠᠬᠢᠭᠤᠯᠵᠤ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠡᠦᠬᠡ ᠶᠢᠨ ᠦᠵᠡᠰᠭᠦᠯᠡᠩ ᠤᠨ ᠣᠷᠳᠣᠨ ᠢ ᠪᠠᠶᠢᠭᠤᠯᠤᠨ ᠪᠦᠲᠦᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠣᠶ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ | ᠳᠠᠯᠠᠨ ᠵᠢᠯ ᠤᠨ ᠣᠶ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ ᠶᠡᠷᠡᠨ ᠵᠢᠯ ᠤᠨ ᠣᠶ᠂ | ᠥᠭᠡᠷᠡᠴᠢᠯᠡᠯᠲᠡ ᠨᠡᠭᠡᠭᠡᠯᠲᠡ ᠬᠢᠭᠰᠡᠨ ᠳᠥᠴᠢᠨ ᠵᠢᠯ ᠤᠨ ᠣᠶ ᠶᠢ ᠪᠡᠯᠭᠡᠯᠡᠬᠦ ᠪᠠ ᠳᠤᠮᠳᠠᠳᠤ ᠤᠯᠤᠰ ᠤᠨ ᠠᠷᠠᠳ | ᠲᠦᠮᠡᠨ ᠤ ᠶᠠᠫᠤᠨ ᠢ ᠡᠰᠡᠷᠭᠦᠴᠡᠭᠰᠡᠨ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠭᠰᠡᠨ ᠳᠠᠶᠢᠨ ᠢᠯᠠᠯᠲᠠ ᠤᠯᠤᠭᠰᠠᠨ | ᠳᠠᠯᠠᠨ ᠵᠢᠯ ᠤᠨ ᠣᠶ᠂ ᠳᠤᠮᠳᠠᠳᠤ ᠤᠯᠤᠰ ᠤᠨ ᠠᠷᠠᠳ ᠤᠨ ᠰᠠᠶᠢᠨ ᠲᠤᠷ᠎ᠠ ᠶᠢᠨ ᠴᠡᠷᠢᠭ ᠠᠮᠧᠷᠢᠺᠠ ᠶᠢ ᠡᠰᠡᠷᠬᠦᠴᠡᠨ | ᠰᠤᠯᠤᠩᠭᠤᠰ ᠢ ᠲᠤᠰᠠᠯᠠᠬᠤ ᠪᠠᠷ ᠤᠯᠤᠰ ᠠᠴᠠ ᠭᠠᠷᠴᠤ ᠲᠠᠶᠢᠨ ᠬᠢᠭᠰᠡᠨ ᠳᠠᠯᠠᠨ ᠵᠢᠯ ᠤᠨ ᠣᠶ ᠶᠢ ᠲᠤᠷᠠᠰᠬᠠᠬᠤ ᠵᠡᠷᠭᠡ | ᠠᠵᠢᠯᠯᠠᠭ᠎ᠠ ᠶᠢ ᠥᠷᠨᠢᠭᠦᠯᠦᠨ᠂ ᠨᠠᠮ ᠤᠨ ᠰᠡᠳᠭᠢᠯ ᠠᠷᠠᠳ ᠤᠨ ᠰᠡᠳᠭᠢᠯ᠂ ᠤᠯᠤᠰ ᠤᠨ ᠰᠦᠷ ᠴᠡᠷᠢᠭ ᠤᠨ ᠰᠦᠷ ᠢ | ᠬᠦᠴᠦᠲᠡᠶ ᠢᠯᠡᠷᠡᠭᠦᠯᠦᠨ᠂ ᠨᠡᠶᠢᠭᠡᠮ ᠳᠠᠶᠠᠭᠠᠷ ᠲᠤ ᠭᠤᠣᠯ ᠬᠦᠭ ᠠᠶᠠᠰ ᠢ ᠴᠤᠤᠷᠢᠶᠠᠳᠤᠭᠤᠯᠤᠨ᠂ ᠢᠳᠡᠪᠬᠢ ᠬᠦᠴᠦᠨ ᠢ | ᠪᠠᠳᠠᠷᠠᠭᠤᠯᠪᠠ᠃ ᠨᠠᠮ ᠠᠴᠠ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ᠂ ᠨᠡᠶᠢᠭᠡᠮ ᠤᠨ ᠦᠷ᠎ᠡ | ᠠᠰᠢᠭ ᠪᠠ ᠠᠵᠤ ᠠᠬᠤᠢ ᠶᠢᠨ ᠦᠷ᠎ᠡ ᠠᠰᠢᠭ ᠢ ᠬᠠᠷᠢᠯᠴᠠᠨ ᠨᠢᠭᠡᠳᠭᠡᠬᠦ ᠶᠢ ᠪᠠᠷᠢᠮᠳᠠᠯᠠᠵᠦ᠂ ᠰᠣᠶᠣᠯ ᠤᠨ ᠦᠢᠯᠡᠰ ᠪᠠ | ᠰᠣᠶᠣᠯ ᠤᠨ ᠠᠵᠤ ᠦᠢᠯᠡᠰ ᠤᠨ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠵᠤ᠂ ᠤᠳᠭ᠋᠎ᠠ ᠤᠷᠠᠯᠢᠭ ᠤᠨ ᠵᠣᠬᠢᠶᠠᠨ | ᠪᠦᠲᠦᠭᠡᠯᠭᠡ ᠶᠢ ᠴᠡᠴᠡᠭᠯᠡᠭᠦᠯᠦᠨ ᠬᠥᠭᠵᠢᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠠᠷᠠᠳ ᠲᠦᠮᠡᠨ ᠳᠤ ᠨᠡᠩ ᠤᠯᠠᠨ ᠨᠡᠩ ᠰᠠᠶᠢᠨ ᠤᠶᠤᠨ ᠤ ᠲᠡᠵᠢᠭᠡᠯ ᠬᠠᠩᠭᠠᠪᠠ᠃ | ᠨᠠᠮ ᠤᠨ ᠲᠥᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ | ᠳᠤᠮᠳᠠᠳᠤ ᠶᠢᠨ ᠦᠨᠳᠦᠰᠦᠲᠡᠨ ᠤ ᠲᠣᠪᠤᠶᠢᠮ᠎ᠠ ᠳᠠᠪᠠᠭᠤᠯᠢᠭ ᠮᠥᠨ᠂ ᠪᠢᠳᠡᠨ ᠤ ᠳᠡᠯᠡᠬᠡᠢ ᠶᠢᠨ ᠰᠣᠶᠣᠯ ᠤᠨ ᠳᠣᠯᠭᠢᠰᠤᠯᠳᠠ | ᠳᠤᠮᠳᠠ ᠯᠠᠪᠳᠠᠭᠤᠨ ᠵᠣᠭᠰᠣᠵᠦ ᠴᠢᠳᠠᠬᠤ ᠶᠢᠨ ᠦᠨᠳᠦᠰᠦ ᠰᠠᠭᠤᠷᠢ ᠮᠥᠨ᠂ ᠡᠷᠬᠡᠪᠰᠢ ᠰᠢᠨ᠎ᠡ ᠴᠠᠭ ᠦᠶ᠎ᠡ ᠶᠢᠨ | ᠨᠥᠬᠦᠴᠡᠯ ᠲᠠᠢ ᠤᠶᠠᠯᠳᠤᠭᠤᠯᠤᠨ ᠰᠠᠶᠢᠲᠤᠷ ᠤᠯᠠᠮᠵᠢᠯᠠᠨ ᠪᠠᠳᠠᠷᠠᠭᠤᠯᠬᠤ ᠬᠡᠷᠡᠭᠲᠡᠢ᠃ ᠪᠢᠳᠡ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠵᠠᠯᠭᠠᠮᠵᠢᠯᠠᠨ ᠬᠥᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠶ ᠬᠤᠪᠢᠷᠠᠭᠤᠯᠤᠯᠲᠠ᠂ ᠰᠢᠨ᠎ᠡ ᠡᠭᠦᠳᠦᠯᠲᠡ ᠶᠢᠨ ᠴᠢᠨᠠᠷᠲᠠᠶ | ᠬᠥᠭᠵᠢᠯᠲᠡ ᠶᠢ ᠠᠬᠢᠭᠤᠯᠵᠤ᠂ ᠨᠡᠶᠢᠭᠡᠮ ᠳᠠᠶᠠᠭᠠᠷ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠮᠰᠠᠷ ᠢ | ᠴᠢᠩᠭᠠᠳᠬᠠᠵᠦ᠂ ᠰᠣᠶᠣᠯ ᠤᠨ ᠥᠪ ᠢ ᠬᠠᠮᠠᠭᠠᠯᠠᠬᠤ ᠡᠷᠴᠢᠮ ᠢ ᠴᠢᠩᠭᠠᠷᠠᠭᠤᠯᠪᠠ᠃ ᠳᠡᠯᠡᠬᠡᠢ ᠳᠤ ᠤᠯᠠᠮᠵᠢᠯᠠᠨ ᠲᠠᠷᠬᠠᠭᠠᠬᠤ | ᠴᠢᠳᠠᠪᠤᠷᠢ ᠶᠢᠨ ᠪᠠᠶᠢᠭᠤᠯᠤᠯᠲᠠ ᠪᠠᠨ ᠲᠦᠷᠭᠡᠳᠭᠡᠵᠦ᠂ ᠳᠡᠯᠡᠬᠡᠶ ᠳ᠋ᠠᠬᠢᠨ ᠳᠤ ᠳᠤᠮᠳᠠᠳᠤ ᠤᠯᠤᠰ ᠤᠨ ᠦᠯᠢᠭᠡᠷ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠦᠯᠢᠭᠡᠷ ᠢ ᠰᠠᠶᠢᠬᠠᠨ ᠶᠠᠷᠢᠵᠤ᠂ ᠳᠤᠮᠳᠠᠳᠤ ᠤᠯᠤᠰ ᠤᠨ ᠳᠠᠭᠤᠨ ᠢ ᠰᠠᠶᠢᠳᠦᠷ | ᠤᠯᠠᠮᠵᠢᠯᠠᠨ ᠳᠠᠭᠤᠷᠢᠰᠬᠠᠵᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠰᠤᠯᠢᠯᠴᠠᠭ᠎ᠠ ᠪᠠ ᠲᠤᠯᠢᠳᠠᠯᠭᠠ ᠶᠢ | ᠠᠬᠢᠭᠤᠯᠤᠬᠰᠠᠨ ᠢᠶᠠᠷ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ | ᠬᠦᠴᠦᠨ ᠢᠯᠡᠳᠲᠡ ᠳᠡᠭᠡᠭᠰᠢᠯᠡᠪᠡ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠦᠵᠡᠯ ᠤᠬᠠᠮᠰᠠᠷ ᠤᠨ | ᠬᠡᠯᠪᠡᠷᠢ ᠶᠢᠨ ᠬᠦᠷᠢᠶᠡᠨ ᠤ ᠪᠠᠶᠢᠳᠠᠯ ᠳᠤ ᠪᠦᠬᠦ ᠲᠠᠯ᠎ᠠ ᠶᠢᠨ ᠴᠢᠨᠠᠷᠲᠠᠶ᠂ ᠦᠨᠳᠦᠰᠦᠨ ᠴᠢᠨᠠᠷᠲᠠᠶ ᠬᠤᠪᠢᠷᠠᠯᠲᠠ ᠭᠠᠷᠴᠤ᠂ | ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠣᠶᠣᠯ ᠤᠨ ᠢᠲᠡᠭᠡᠯ ᠮᠡᠳᠡᠭᠳᠡᠭᠦ᠋ᠢᠴᠡ | ᠴᠢᠩᠭᠠᠷᠠᠡ᠂ ᠨᠡᠶᠢᠭᠡᠮ ᠲᠠᠶᠠᠭᠠᠷ ᠤᠨ ᠨᠢᠭᠲᠠᠷᠠᠯ ᠤᠨ ᠬᠦᠴᠦᠨ ᠪᠠ ᠲᠦᠪᠯᠡᠩᠭᠦᠢ ᠬᠦᠴᠦᠨ ᠲᠦᠢᠯ ᠤᠨ ᠶᠡᠭᠡ ᠪᠠᠷ | ᠳᠡᠭᠡᠭᠰᠢᠯᠡᠭᠡᠳ᠂ ᠰᠢᠨ᠎ᠡ ᠴᠠᠭ ᠦᠶ᠎ᠡ ᠳᠤ ᠨᠠᠮ ᠪᠠ ᠤᠯᠤᠰ ᠤᠨ ᠠᠵᠢᠯ ᠦᠢᠯᠡᠰ ᠤᠨ ᠰᠢᠨ᠎ᠡ ᠪᠠᠶᠢᠳᠠᠯ ᠢ ᠡᠭᠦᠳᠬᠦ ᠳᠤ | ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠴᠢᠳᠠᠯ ᠬᠠᠩᠭᠠᠪᠠ᠃ | ︵ᠨᠠᠢᠮᠠ︶ ᠨᠡᠶᠢᠭᠡᠮ ᠤᠨ ᠪᠠᠶᠢᠭᠤᠯᠤᠯᠲᠠ ᠶᠢᠨ ᠲᠠᠯ᠎ᠠ ᠪᠠᠷ | ᠥᠭᠡᠷᠡᠴᠢᠯᠡᠯᠲᠡ ᠨᠡᠭᠡᠭᠡᠯᠳᠡ ᠬᠢᠭᠰᠡᠨ ᠤ ᠲᠠᠷᠠᠭ᠎ᠠ᠂ ᠮᠠᠨ ᠤ ᠤᠯᠤᠰ ᠤᠨ ᠠᠷᠠᠳ ᠤᠨ ᠠᠮᠢᠳᠤᠷᠠᠯ ᠢᠯᠡᠳᠳᠠ | ᠰᠠᠶᠢᠵᠢᠷᠠᠵᠤ᠂ ᠨᠡᠶᠢᠭᠡᠮ ᠤᠨ ᠵᠠᠰᠠᠯᠲᠠ ᠮᠡᠳᠡᠭᠳᠡᠬᠦ᠋ᠢᠴᠡ ᠰᠠᠶᠢᠵᠢᠷᠠᠪᠠ᠃ ᠡᠭᠦᠨ ᠤ ᠬᠠᠮᠲᠤ᠂ ᠴᠠᠭ ᠦᠶ᠎ᠡ ᠶᠢᠨ ᠬᠥᠭᠵᠢᠯᠲᠡ | ᠪᠠ ᠨᠡᠶᠢᠭᠡᠮ ᠤᠨ ᠳᠠᠪᠰᠢᠯᠲᠠ ᠶᠢ ᠳᠠᠭᠠᠯᠳᠤᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ | ᠡᠷᠡᠮᠡᠯᠵᠡᠯ ᠨᠡᠩ ᠴᠢᠩᠭ᠎ᠠ ᠪᠤᠯᠵᠤ᠂ ᠠᠷᠠᠳᠴᠢᠯᠠᠯ᠂ ᠬᠠᠤᠯᠢ ᠪᠠᠷ ᠵᠠᠰᠠᠬᠤ᠂ ᠲᠥᠪ ᠭᠤᠤᠯᠴᠢ᠂ ᠰᠢᠳᠤᠷᠭᠤ ᠶᠣᠰᠣ᠂ ᠠᠮᠤᠷ | ᠲᠦᠪᠰᠢᠨ᠂ ᠣᠷᠴᠢᠨ ᠠᠬᠤᠶ ᠵᠡᠷᠭᠡ ᠲᠠᠯ᠎ᠠ ᠪᠠᠷ ᠬᠢ ᠱᠠᠭᠠᠷᠳᠠᠯᠭ᠎ᠠ ᠡᠳᠦᠷ ᠢᠷᠡᠬᠦᠶ᠎ᠡ ᠨᠡᠮᠡᠭᠳᠡᠪᠠ᠃ ᠨᠠᠮ ᠤᠨ ᠲᠥᠪ | ᠬᠤᠷᠢᠶ᠎ᠠ ᠠᠴᠠ ᠴᠢᠬᠤᠯᠠᠴᠢᠯᠠᠬᠰᠠᠨ ᠨᠢ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ | ᠪᠣᠯ ᠮᠠᠨ ᠤ ᠲᠡᠮᠡᠴᠡᠯ ᠤᠨ ᠬᠠᠷᠠᠯᠲᠠ ᠮᠦᠨ᠂ ᠠᠷᠠᠳ ᠤᠨ ᠠᠮᠢᠳᠤᠷᠠᠯ ᠤᠨ ᠬᠡᠰᠢᠭ ᠪᠤᠶᠠᠨ ᠢ ᠨᠡᠮᠡᠭᠳᠡᠭᠦᠯᠬᠦ ᠪᠣᠯ ᠮᠠᠨ ᠤ | ᠨᠡᠶᠢᠲᠡ ᠶᠢᠨ ᠲᠥᠯᠥᠭᠡ ᠨᠠᠮ ᠪᠠᠶᠢᠭᠤᠯᠵᠤ᠂ ᠠᠷᠠᠳ ᠤᠨ ᠲᠥᠯᠥᠭᠡ ᠲᠦᠷᠦ ᠪᠠᠷᠢᠬᠤ ᠶᠢ ᠪᠠᠷᠢᠮᠲᠠᠯᠠᠬᠤ ᠶᠢᠨ ᠮᠥᠨ | ᠴᠢᠨᠠᠷ ᠤᠨ ᠱᠠᠭᠠᠷᠳᠠᠯᠭ᠎ᠠ ᠮᠥᠨ᠂ ᠠᠷᠠᠳ ᠣᠯᠠᠨ ᠢ ᠰᠠᠶᠢᠨ ᠰᠠᠶᠢᠬᠠᠨ ᠠᠮᠢᠳᠤᠷᠠᠭᠤᠯᠬᠤ ᠪᠣᠯ ᠮᠠᠨ ᠤ ᠠᠯᠢᠪᠠ ᠠᠵᠢᠯ ᠤᠨ | ᠡᠭᠦᠰᠦᠯᠳᠡ ᠪᠠ ᠦᠷ᠎ᠡ ᠳ᠋ᠦᠩ ᠮᠥᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠤᠲᠠᠭᠤᠳᠠᠯ ᠢ ᠨᠥᠬᠦᠪᠥᠷᠢᠯᠡᠵᠦ᠂ | ᠠᠷᠠᠳ ᠤᠯᠠᠨ ᠤ ᠪᠠᠴᠢᠮᠳᠠᠵᠦ ᠭᠦᠴᠢᠷᠳᠡᠵᠦ ᠵᠤᠪᠠᠵᠦ ᠭᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠣᠯ | ᠨᠡᠶᠢᠭᠡᠮ ᠤᠨ ᠪᠠᠶᠢᠭᠤᠯᠤᠯᠲᠠ ᠶᠢᠨ ᠲᠤᠯᠭᠠᠮ ᠡᠭᠦᠷᠭᠡ ᠮᠥᠨ᠃ ᠡᠷᠬᠡᠪᠰᠢ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠵᠦ ᠪᠠᠶᠢᠭᠠᠳ ᠨᠡᠶᠢᠭᠡᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ | ᠬᠦᠴᠦ ᠪᠠᠷ ᠢᠶᠠᠨ ᠴᠢᠷᠮᠠᠶᠢᠬᠤ ᠮᠦᠷᠲᠡᠭᠡᠨ ᠴᠢᠳᠠᠯ ᠤᠨ ᠢᠶᠠᠨ ᠬᠢᠷᠢ ᠪᠠᠷ ᠬᠢᠵᠤ᠂ ᠨᠢᠭᠡ ᠨᠢᠭᠡ ᠶᠠᠪᠤᠳᠠᠯ ᠢᠶᠠᠷ ᠵᠠᠯᠭᠠᠨ | ᠰᠢᠢᠳᠪᠦᠷᠢᠯᠡᠵᠦ᠂ ᠨᠢᠭᠡ ᠨᠢᠭᠡ ᠵᠢᠯ ᠢᠶᠠᠷ ᠵᠠᠯᠭᠠᠨ ᠠᠵᠢᠯᠯᠠᠵᠤ᠂ ᠪᠠᠯᠴᠢᠷ ᠲᠤᠨᠢ ᠪᠤᠶᠢᠵᠢᠭᠤᠯᠬᠤ ᠭᠠᠵᠠᠷ ᠲᠠᠢ᠂ | ᠰᠤᠷᠤᠯᠴᠠᠬᠤ ᠠᠴᠠ ᠰᠤᠷᠭᠠᠨ ᠬᠦᠮᠦᠵᠢᠯ ᠲᠠᠢ᠂ ᠬᠦᠳᠡᠯᠮᠦᠷᠢᠯᠡᠪᠡᠯ ᠤᠯᠬᠤ ᠤᠷᠤᠯᠭ᠎ᠠ ᠲᠠᠢ᠂ ᠡᠪᠡᠳᠴᠢᠯᠡᠪᠡᠯ ᠦᠵᠡᠬᠦᠯᠬᠦ | ᠡᠮᠨᠡᠯᠭᠡ ᠲᠠᠢ᠂ ᠦᠳᠡᠯᠪᠡᠯ ᠬᠦᠷᠳᠡᠬᠦ ᠠᠰᠠᠷᠠᠮᠵᠢ ᠲᠠᠢ᠂ ᠰᠠᠭᠤᠬᠤ ᠠᠴᠠ ᠤᠷᠤᠨ ᠰᠠᠭᠤᠴᠠ ᠲᠠᠢ᠂ ᠪᠠᠭᠤᠷᠠᠶᠢᠴᠤᠤᠯ ᠨᠢ | ᠬᠦᠷᠳᠡᠬᠦ ᠲᠤᠰᠠᠯᠠᠮᠵᠢ ᠲᠠᠢ ᠪᠠᠶᠢᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ | ᠪᠠ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠴᠦ᠂ ᠠᠷᠠᠳ ᠲᠦᠮᠡᠨ ᠤ ᠠᠰᠢᠭ ᠬᠦᠷᠲᠡᠭᠰᠡᠨ ᠲᠦᠷᠦᠭᠳᠡᠯ᠂ ᠵᠤᠯ | ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ | ᠦᠷᠭᠦᠯᠵᠢᠯᠡᠬᠦ᠋ᠢᠴᠡ ᠪᠣᠯᠭᠠᠬᠤ ᠭᠡᠷᠡᠭᠳᠡᠢ᠃ | ᠴᠢᠨᠡᠭᠡᠯᠢᠭᠵᠢᠭᠰᠡᠨ ᠡᠰᠡᠬᠦ ᠶᠢᠨ ᠵᠠᠩᠭᠢᠯᠠᠭ᠎ᠠ ᠨᠢ ᠠᠷᠠᠳ ᠤᠨ ᠠᠮᠢᠳᠤᠷᠠᠯ ᠢ ᠦᠵᠡᠨ᠎ᠡ︔ ᠶᠠᠳᠠᠭᠤ ᠠᠴᠠ | ᠠᠩᠭᠢᠵᠢᠷᠠᠭᠤᠯᠬᠤ ᠪᠡᠷᠭᠡ ᠰᠡᠳᠦᠪ ᠢ ᠰᠢᠢᠳᠪᠦᠷᠢᠯᠡᠭᠦ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠦᠳᠦᠭᠡᠭᠦ ᠶᠢᠨ ᠨᠠᠭᠠᠳᠦ ᠵᠠᠬ᠎ᠠ ᠶᠢᠨ ᠡᠭᠦᠷᠭᠡ ᠪᠣᠯᠤᠨ᠎ᠠ᠂ ᠭᠠᠭᠴᠠ ᠭᠦ ᠶᠠᠳᠠᠭᠤ ᠠᠴᠠ ᠠᠩᠭᠢᠵᠢᠷᠠᠭᠤᠯᠬᠤ ᠪᠡᠷᠭᠡ ᠰᠡᠳᠦᠪ ᠢ | ᠰᠢᠢᠳᠪᠦᠷᠢᠯᠡᠭᠦ ᠳᠠᠶᠢᠨ ᠳᠤ ᠢᠯᠠᠯᠲᠠ ᠣᠯᠪᠠᠯ ᠰᠠᠶ᠋ᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ | ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠶᠢ ᠦᠨᠡᠨ ᠭᠦ ᠪᠠᠲᠤᠯᠠᠵᠤ ᠴᠢᠳᠠᠨ᠎ᠠ︔ ᠡᠷᠬᠡᠪᠰᠢ | ᠨᠠᠩ ᠶᠡᠭᠡ ᠡᠷᠡᠰ ᠵᠣᠷᠢᠭ᠂ ᠨᠠᠩ ᠨᠠᠷᠢᠯᠢᠬ ᠣᠨᠣᠴᠠᠲᠠᠶ ᠰᠡᠳᠭᠢᠮᠵᠢ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ᠂ ᠬᠡᠪ ᠠᠴᠠ | ᠬᠡᠲᠦᠶᠢᠳᠦᠭᠰᠡᠨ ᠠᠷᠭ᠎ᠠ ᠬᠡᠮᠵᠢᠶ᠎ᠡ ᠠᠪᠴᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ | ᠢᠨᠵᠧᠨᠧᠷᠢᠩ ᠢ ᠬᠡᠷᠡᠭᠵᠢᠭᠦᠯᠬᠦ ᠭᠡᠷᠡᠭᠳᠡᠢ ᠭᠡᠳᠡᠭ ᠢ ᠨᠠᠮ ᠬᠥᠨᠵᠡᠭᠡᠢ ᠲᠠᠨᠢᠵᠥ ᠣᠯᠪᠠ᠃ ᠨᠠᠮ ᠠᠴᠠ ᠨᠠᠷᠢᠯᠢᠬ | ᠣᠨᠣᠴᠠᠲᠠᠶ ᠪᠠᠷ ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠢᠳᠡᠬᠦ ᠶᠢᠨ ᠲᠦᠯᠦᠭᠡ ᠵᠤᠪᠠᠭ᠋ᠤ ᠦᠭᠡᠢ᠂ ᠡᠮᠦᠰᠭᠦ ᠶᠢᠨ | ᠲᠦᠯᠦᠭᠡ ᠵᠤᠪᠠᠭ᠋ᠤ ᠦᠭᠡᠢ ᠪᠠᠶᠢᠬᠤ ᠪᠠ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠨᠡᠯᠭᠡ᠂ ᠣᠷᠣᠨ | ᠰᠠᠭᠤᠴᠠ ᠶᠢᠨ ᠠᠮᠤᠷ ᠲᠦᠪᠰᠢᠨ ᠢ ᠪᠠᠲᠤᠯᠠᠭ᠎ᠠ ᠲᠠᠢ ᠪᠠᠶᠢᠯᠭᠠᠬᠤ ᠠᠵᠢᠯ ᠤᠨ ᠬᠠᠷᠠᠯᠲᠠ ᠶᠢ ᠲᠣᠭᠲᠠᠭᠠᠵᠤ᠂ ︽ | ᠠᠨᠳᠠᠭᠠᠶᠢᠯᠠᠭᠰᠠᠨ ᠪᠠᠲᠤᠯᠠᠭ᠎ᠠ ᠶᠢᠨ ᠪᠢᠴᠢᠭ︾ ᠮᠠᠶ᠋ᠢᠭ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠪᠦᠬᠦ ᠨᠠᠮ | ᠪᠦᠭᠦ ᠤᠯᠤᠰ ᠪᠦᠬᠦ ᠨᠡᠶᠢᠭᠡᠮ ᠤᠨ ᠬᠦᠴᠦᠨ ᠢ ᠳᠠᠶᠢᠴᠢᠯᠠᠵᠦ᠂ ᠤᠯᠤᠰ ᠳᠠᠶᠠᠭᠠᠷ ᠢᠶᠠᠨ ᠰᠡᠳᠭᠢᠯ ᠰᠠᠨᠠᠭ᠎ᠠ ᠪᠠᠨ ᠨᠢᠭᠡᠳᠭᠡᠨ᠂ | ᠪᠦᠬᠦ ᠬᠦᠴᠦᠨ ᠢᠶᠠᠷ ᠢᠶᠠᠨ ᠭᠠᠪᠰᠢᠭᠠᠶᠢᠯᠠᠨ ᠪᠠᠶᠢᠯᠳᠤᠵᠤ᠂ ᠪᠡᠷᠭᠡ ᠠᠴᠠ ᠪᠡᠷᠭᠡ ᠰᠡᠳᠦᠪ ᠢ ᠰᠢᠢᠳᠪᠦᠷᠢᠯᠡᠵᠦ᠂ ᠬᠦᠴᠢᠷ ᠠᠴᠠ | ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠮᠦᠨ ᠲᠥᠷᠥᠯᠬᠢᠲᠡᠨ ᠤ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ᠂ | ᠡᠷᠴᠢᠮ ᠢᠶᠠᠷ ᠬᠠᠮᠤᠭ ᠤᠨ ᠴᠢᠩᠭ᠎ᠠ ᠶᠠᠳᠠᠭᠤ ᠠᠴᠠ ᠠᠩᠭᠢᠵᠢᠷᠠᠭᠤᠯᠬᠤ ᠪᠡᠷᠭᠡ ᠰᠡᠳᠦᠪ ᠢ ᠰᠢᠢᠳᠪᠦᠷᠢᠯᠡᠭᠦ ᠳᠠᠶᠢᠨ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠡᠷᠭᠡ ᠰᠡᠳᠦᠪ ᠢ ᠰᠢᠢᠳᠪᠦᠷᠢᠯᠡᠭᠦ ᠠᠭᠤᠤ ᠶᠡᠭᠡ | ᠵᠣᠷᠢᠭ ᠰᠠᠨᠠᠭ᠎ᠠ ᠶᠢ ᠪᠤᠢ ᠪᠤᠯᠭᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠤᠯᠤᠰ ᠤᠨ | 832 ᠶᠠᠳᠠᠭᠤ ᠬᠦᠴᠢᠷᠳᠡᠯ ᠲᠠᠢ ᠰᠢᠶᠠᠨ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠦ᠂ 12.8 ᠲᠦᠮᠡᠨ ᠶᠠᠳᠠᠭᠤ | ᠬᠦᠴᠢᠷᠳᠡᠯ ᠲᠠᠢ ᠲᠣᠰᠬᠤᠨ ᠪᠦᠭᠦᠨ ᠢᠶᠠᠷ ᠢᠶᠠᠨ ᠶᠠᠳᠠᠭᠤ ᠭᠦᠴᠢᠷᠳᠡᠯ ᠲᠠᠢ ᠲᠤᠰᠬᠤᠨ ᠤ ᠡᠩᠨᠡᠭᠡ ᠠᠴᠠ ᠭᠠᠷᠴᠦ᠂ ᠬᠥᠳᠡᠭᠡ | ᠲᠣᠰᠬᠤᠨ ᠤ ᠳ᠋ᠦᠩᠰᠢᠭᠤᠷ ᠰᠢᠬᠠᠮ ᠶᠠᠳᠠᠭᠤ ᠬᠦᠴᠢᠷᠳᠡᠯ ᠲᠠᠢ ᠬᠥᠮᠦᠨ ᠠᠮᠠ ᠶᠠᠳᠠᠭᠤ ᠠᠴᠠ ᠠᠩᠭᠢᠵᠢᠷᠠᠵᠦ᠂ ᠣᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠭᠦ ᠬᠥᠭᠵᠢᠯᠲᠡ ᠶᠢᠨ ᠵᠥᠪᠯᠡᠬᠦ ᠵᠦᠢᠯ ᠳᠠᠬᠢ | ᠶᠠᠳᠠᠭᠤᠷᠠᠯ ᠢ ᠴᠦᠭᠡᠳᠭᠡᠭᠦ ᠬᠠᠷᠠᠯᠲᠠ ᠶᠢ ᠠᠷᠪᠠᠨ ᠵᠢᠯ ᠤᠷᠢᠳᠴᠢᠯᠠᠨ ᠪᠡᠶᠡᠯᠡᠭᠦᠯᠦᠭᠡᠳ᠂ ᠲᠦᠢᠯ ᠤᠨ ᠶᠠᠳᠠᠭᠤ ᠬᠦᠴᠢᠷᠳᠡᠯ | ᠲᠠᠢ ᠪᠠᠶᠢᠬᠤ ᠠᠰᠠᠭᠤᠳᠠᠯ ᠢ ᠲᠡᠤᠬᠡᠲᠦ ᠴᠢᠨᠠᠷᠲᠠᠶ ᠪᠠᠷ ᠰᠢᠢᠳᠪᠦᠷᠢᠯᠡᠵᠦ᠂ ᠬᠥᠮᠦᠨ ᠲᠥᠷᠥᠯᠬᠢᠲᠡᠨ ᠤ ᠶᠠᠳᠠᠭᠤᠷᠠᠯ ᠢ | ᠴᠦᠭᠡᠳᠭᠡᠭᠦ ᠲᠡᠦᠬᠡᠨ ᠳᠠᠬᠢ ᠭᠠᠶᠢᠬᠠᠮᠰᠢᠭ ᠢ ᠡᠭᠦᠳᠴᠡᠢ᠃ | 2020 ᠣᠨ ᠳᠤ᠂ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠡᠮᠦᠨ᠎ᠡ᠂ ᠨᠠᠮ ᠤᠨ ᠲᠥᠪ ᠬᠤᠷᠢᠶ᠎ᠠ ᠡᠷᠡᠰ ᠰᠢᠭᠤᠷᠬᠠᠶ ᠪᠠᠷ ᠪᠣᠳᠣᠯᠭ᠎ᠠ ᠲᠣᠭᠲᠠᠭᠠᠨ᠂ ᠯᠠᠪᠳᠠᠭᠤᠨ | ᠲᠣᠭᠲᠠᠭᠤᠨ ᠢᠶᠠᠷ ᠠᠷᠭᠠᠴᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠢᠲᠡᠭᠡᠯ | ᠵᠣᠷᠢᠭ ᠢᠶᠠᠨ ᠪᠠᠲᠤᠳᠬᠠᠬᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ | ᠵᠠᠰᠠᠬᠤ᠂ ᠨᠠᠷᠢᠯᠢᠬ ᠣᠨᠣᠴᠠᠲᠠᠶ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠶᠡᠷᠦᠩᠬᠡᠶ ᠱᠠᠭᠠᠷᠳᠠᠯᠭ᠎ᠠ ᠶᠢ ᠳᠤᠷᠠᠳᠴᠤ᠂ | ᠬᠢᠵᠢᠭ ᠲᠠᠢ ᠲᠡᠮᠡᠴᠡᠬᠦ ᠠᠷᠠᠳ ᠤᠨ ᠳᠠᠶᠢᠨ᠂ ᠪᠦᠬᠦ ᠲᠠᠯ᠎ᠠ ᠶᠢᠨ ᠳᠠᠶᠢᠨ᠂ ᠬᠤᠷᠢᠭᠯᠠᠨ ᠳᠠᠷᠤᠬᠤ ᠳᠠᠶᠢᠨ ᠢ ᠦᠷᠨᠢᠭᠦᠯᠦᠨ᠂ | ᠦᠬᠠᠨ ᠢ ᠬᠠᠮᠠᠭᠠᠯᠠᠬᠤ ᠳᠠᠶᠢᠨ᠂ ᠬᠤᠪᠧᠢ ᠶᠢ ᠬᠠᠮᠠᠭᠠᠯᠠᠬᠤ ᠳᠠᠶᠢᠨ ᠢ ᠨᠠᠷᠢᠨ ᠨᠢᠮᠪᠠᠶ ᠪᠠᠶᠢᠷᠢᠯᠠᠭᠤᠯᠵᠤ᠂ ᠤᠯᠤᠰ | ᠲᠠᠶᠠᠭᠠᠷ ᠤᠨ ᠬᠦᠴᠦᠨ ᠢ ᠲᠠᠶᠢᠴᠢᠯᠡᠨ ᠤᠷᠢᠳ ᠡᠮᠦᠨ᠎ᠡ ᠭᠠᠷᠤᠭ᠎ᠠ ᠦᠭᠡᠢ ᠠᠮᠢ ᠨᠠᠰᠤᠨ ᠤ ᠶᠡᠭᠡ ᠠᠪᠤᠷᠠᠨ ᠲᠤᠰᠠᠯᠠᠯᠲᠠ ᠶᠢ | ᠬᠡᠷᠡᠭᠵᠢᠭᠦᠯᠵᠦ᠂ ︽ᠭᠠᠳᠠᠭᠠᠳᠤ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠭᠡᠶᠢᠯᠡᠭᠦ᠂ ᠳᠣᠲᠣᠭᠠᠳᠤ ᠳᠠᠭᠠᠨ ᠳᠠᠬᠢᠨ | ᠬᠠᠯᠳᠠᠪᠣᠷᠢᠯᠠᠬᠤ ᠶᠢ ᠰᠡᠷᠭᠡᠶᠢᠯᠡᠬᠦ︾ ᠠᠵᠢᠯ ᠢ ᠢᠮᠠᠭᠲᠠ ᠪᠤᠯᠭᠤᠮᠵᠢᠲᠡᠢ ᠰᠠᠶᠢᠲᠤᠷ ᠠᠳᠬᠤᠵᠤ᠂ ᠬᠢᠵᠢᠭ ᠢ ᠰᠡᠷᠭᠡᠶᠢᠯᠡᠨ | ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠭᠰᠠᠨ ᠢᠶᠠᠷ᠂ ᠠᠷᠠᠳ | ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ | ᠬᠠᠮᠠᠭᠠᠯᠠᠵᠦ᠂ ᠳᠡᠯᠡᠬᠡᠢ ᠨᠡᠶᠢᠲᠡ ᠶᠢᠨ ᠬᠡᠪᠴᠢᠶᠡᠨ ᠳᠤ ᠬᠠᠮᠤᠭ ᠤᠨ ᠲᠡᠷᠢᠬᠦᠨ ᠳᠤ ᠬᠢᠵᠢᠭ ᠢ ᠬᠢᠵᠠᠭᠠᠷᠯᠠᠵᠤ᠂ ᠬᠠᠮᠤᠭ ᠤᠨ | ᠲᠡᠷᠢᠭᠦᠨ ᠳᠤ ᠠᠵᠢᠯ ᠦᠢᠯᠡᠳᠪᠦᠷᠢᠯᠡᠯ ᠢᠶᠠᠨ ᠰᠡᠷᠭᠦᠭᠡᠵᠦ᠂ ᠬᠠᠮᠤᠭ ᠤᠨ ᠲᠡᠷᠢᠭᠦᠨ ᠳᠤ ᠠᠵᠤ ᠠᠬᠤᠶ ᠨᠡᠶᠢᠭᠡᠮ ᠤᠨ | ᠬᠥᠭᠵᠢᠯᠲᠡ ᠶᠢ ᠰᠡᠷᠭᠦᠭᠡᠭᠡᠳ᠂ ᠬᠢᠵᠢᠭ ᠢ ᠡᠰᠡᠷᠭᠦᠴᠡᠭᠦ ᠲᠡᠮᠡᠴᠡᠯ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ | ᠪᠦᠲᠦᠭᠡᠯ ᠣᠯᠵᠤ᠂ ᠬᠢᠵᠢᠭ ᠢ ᠡᠰᠡᠷᠭᠦᠴᠡᠬᠦ ᠠᠭᠤᠦ ᠶᠡᠭᠡ ᠵᠣᠷᠢᠭ ᠰᠠᠨᠠᠭ᠎ᠠ ᠶᠢ ᠪᠤᠢ ᠪᠣᠯᠭᠠᠪᠠ᠃ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠲᠥᠯᠥᠭᠡ᠂ ᠨᠠᠮ ᠠᠴᠠ ᠬᠢᠵᠠᠭᠠᠷ ᠱᠤᠭᠤᠮ ᠢ ᠪᠠᠳᠤ | ᠰᠠᠭᠢᠬᠤ᠂ ᠭᠤᠤᠯᠳᠠᠯᠭ᠎ᠠ ᠶᠢ ᠲᠤᠪᠤᠶᠢᠯᠭᠠᠬᠤ᠂ ᠲᠦᠷᠢᠮ ᠢ ᠲᠡᠬᠦᠯᠳᠡᠷᠵᠢᠬᠦᠯᠬᠦ᠂ ᠵᠢᠱᠢᠯᠳᠠ ᠶᠢ ᠬᠦᠳᠤᠯᠤᠨ ᠵᠢᠯᠤᠭᠤᠳᠬᠤ | ᠰᠡᠳᠭᠢᠮᠵᠢ ᠶᠢᠨ ᠶᠣᠰᠣᠭᠠᠷ᠂ ᠣᠷᠣᠯᠭ᠎ᠠ ᠶᠢᠨ ᠬᠤᠪᠢᠶᠠᠷᠢᠯᠠᠯᠲᠠ᠂ ᠠᠵᠢᠯ ᠣᠯᠭᠤᠯᠲᠠ᠂ ᠰᠤᠷᠭᠠᠨ ᠬᠥᠮᠦᠵᠢᠯ᠂ | ᠨᠡᠶᠢᠭᠡᠮ ᠤᠨ ᠪᠠᠲᠤᠯᠠᠭ᠎ᠠ᠂ ᠡᠮᠨᠡᠯᠭᠡ ᠡᠷᠡᠭᠦᠯ ᠬᠠᠮᠠᠭᠠᠯᠠᠯ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠠᠯᠢ | ᠣᠯᠠᠨ ᠴᠢᠬᠤᠯᠠ ᠶᠡᠭᠡ ᠠᠷᠭ᠎ᠠ ᠬᠡᠮᠵᠢᠶ᠎ᠡ ᠨᠡᠶᠢᠳᠡᠯᠡᠵᠦ᠂ ᠲᠦᠭᠡᠮᠡᠯ ᠬᠠᠷᠠᠭᠠᠯᠵᠠᠯᠳᠦ ᠴᠢᠨᠠᠷᠲᠡᠢ᠂ ᠰᠠᠭᠤᠷᠢ ᠴᠢᠨᠠᠷᠲᠡᠢ᠂ | ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠬᠤᠯᠠᠴᠢᠯᠠᠨ | ᠴᠢᠩᠭᠠᠳᠬᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠪᠠ᠃ ᠪᠢᠳᠡ | ᠦᠷ᠎ᠡ ᠪᠦᠲᠦᠮᠵᠢ ᠶᠢ ᠢᠯᠡᠷᠡᠭᠦᠯᠬᠦ᠂ ᠲᠥᠪ ᠭᠤᠣᠯᠴᠢ ᠶᠢ ᠠᠭᠢᠭᠤᠯᠬᠤ ᠣᠷᠣᠯᠭ᠎ᠠ ᠶᠢᠨ ᠬᠤᠪᠢᠶᠠᠷᠢᠯᠠᠯᠲᠠ ᠶᠢᠨ ᠰᠢᠰᠲ᠋ᠧᠮ ᠢ | ᠴᠢᠷᠮᠠᠶᠢᠨ ᠪᠠᠶᠢᠭᠤᠯᠵᠤ᠂ ᠬᠡᠲᠦ ᠥᠨᠳᠥᠷ ᠣᠷᠣᠯᠭ᠎ᠠ ᠳᠤ ᠲᠣᠬᠢᠷᠠᠭᠤᠯᠤᠯᠲᠠ ᠬᠢᠵᠦ᠂ ᠬᠠᠤᠯᠢ ᠪᠤᠰᠤ ᠣᠷᠣᠯᠭ᠎ᠠ ᠶᠢ | ᠴᠠᠭᠠᠵᠠᠯᠠᠵᠤ᠂ ᠣᠷᠣᠯᠭ᠎ᠠ ᠪᠠᠭᠠᠲᠠᠶ ᠬᠥᠮᠦᠰ ᠤᠨ ᠣᠷᠣᠯᠭ᠎ᠠ ᠶᠢ ᠨᠡᠮᠡᠭᠳᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ | ᠬᠠᠮᠲᠤᠯᠢᠭ ᠢ ᠲᠣᠭᠲᠠᠭᠤᠨ ᠢᠶᠠᠷ ᠥᠷᠭᠡᠳᠭᠡᠵᠦ᠂ ᠵᠤᠤᠪᠠᠩ ᠬᠡᠯᠪᠡᠷᠢ ᠶᠢᠨ ᠬᠤᠪᠢᠶᠠᠷᠢᠯᠠᠯᠲᠠ ᠶᠢᠨ ᠪᠠᠶᠢᠷᠢᠰᠢᠯ ᠢ ᠪᠤᠢ | ᠪᠤᠯᠭᠠᠬᠤ ᠶᠢ ᠠᠬᠢᠭᠤᠯᠤᠨ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠭᠢᠭᠡᠳ ᠠᠵᠤ ᠠᠬᠤᠶ ᠶᠢᠨ ᠨᠡᠮᠡᠭᠳᠡᠯ ᠢ | ᠦᠨᠳᠦᠰᠦᠨ ᠳᠡᠭᠡᠨ ᠵᠢᠭᠳᠡ ᠪᠠᠶᠢᠯᠭᠠᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ | ᠬᠤᠷᠳᠤᠴᠠ ᠶᠢ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠢ ᠠᠴᠠ ᠲᠦᠷᠭᠡᠨ ᠪᠠᠶᠢᠯᠭᠠᠪᠠ᠃ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠨᠡᠩ ᠭᠦᠢᠴᠡᠳ᠂ ᠨᠡᠩ ᠴᠢᠨᠠᠷ ᠰᠠᠶᠢᠲᠠᠶ ᠠᠵᠢᠯ | ᠣᠯᠭᠤᠯᠲᠠ ᠶᠢ ᠪᠡᠶᠡᠯᠡᠭᠦᠯᠬᠦ ᠶᠢ ᠠᠬᠢᠭᠤᠯᠪᠠ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ᠰᠤᠷᠭᠠᠨ ᠬᠥᠮᠦᠵᠢᠯ ᠤᠨ ᠦᠢᠯᠡᠰ ᠢ ᠤᠷᠢᠳ ᠢᠶᠠᠷ ᠬᠥᠭᠵᠢᠭᠦᠯᠵᠦ᠂ ᠰᠤᠷᠭᠠᠨ ᠬᠥᠮᠦᠵᠢᠯ ᠤᠨ | ᠦᠨᠳᠦᠰᠦᠨ ᠡᠭᠦᠷᠭᠡ ᠪᠣᠯ ᠶᠤᠰᠤ ᠰᠤᠷᠲᠠᠬᠤᠨ ᠢ ᠪᠤᠢ ᠪᠤᠯᠭᠠᠵᠤ ᠬᠦᠮᠦᠨ ᠢ ᠬᠦᠮᠦᠵᠢᠭᠦᠯᠦᠨ᠂ ᠶᠣᠰᠣ ᠰᠤᠷᠲᠠᠬᠤᠨ ᠤᠶᠤᠨ | ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ | ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠶᠠᠪᠤᠳᠠᠯ ᠮᠦᠨ ᠭᠡᠳᠡᠭ ᠢ ᠲᠤᠳᠤᠷᠬᠠᠶᠢᠯᠠᠵᠦ᠂ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠ ᠰᠢᠨ᠎ᠡ ᠡᠭᠦᠳᠦᠯᠳᠡ ᠶᠢ ᠭᠦᠨᠵᠡᠭᠡᠶᠢᠷᠡᠭᠦᠯᠵᠦ᠂ ᠭᠤᠤᠯᠴᠢ ᠪᠠᠶᠢᠬᠤ ᠶᠢ | ᠠᠭᠢᠭᠤᠯᠬᠤ ᠪᠠ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ | ᠬᠥᠭᠵᠢᠬᠦᠯᠭᠦ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠷᠤᠮᠵᠢᠭᠤᠯᠵᠤ᠂ ᠠᠵᠢᠯ ᠮᠡᠷᠭᠡᠵᠢᠯ ᠤᠨ ᠰᠤᠷᠭᠠᠨ | ᠬᠦᠮᠦᠵᠢᠯ ᠢ ᠢᠳᠡᠪᠬᠢᠲᠡᠢ ᠬᠦᠭᠵᠢᠭᠦᠯᠵᠦ᠂ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠠᠭᠤᠯᠤᠭᠳᠠᠬᠤᠨ ᠤ ᠬᠡᠯᠪᠡᠷᠢᠲᠦ | ᠬᠦᠭᠵᠢᠯᠲᠡ ᠶᠢ ᠠᠭᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠳᠠ ᠶᠢ | ᠠᠬᠢᠭᠤᠯᠵᠦ᠂ ᠠᠷᠠᠳ ᠲᠦᠮᠡᠨ ᠤ ᠰᠡᠳᠭᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠪᠠ᠃ ᠮᠠᠨ ᠤ ᠤᠯᠤᠰ | ᠳᠡᠯᠡᠬᠡᠶ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠲᠦᠭᠡᠵᠦ᠂ | 10 ᠳ᠋ᠦᠡᠭᠰᠢᠭᠤᠷ 2000 ᠲᠦᠮᠡᠨ ᠬᠥᠮᠦᠨ ᠠᠮᠠ ᠳᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ | ᠣᠯᠭᠤᠵᠦ᠂ 13 ᠳ᠋ᠦᠩᠰᠢᠭᠤᠷ 6000 ᠲᠦᠮᠡᠨ ᠬᠥᠮᠦᠨ ᠠᠮᠠ ᠳᠤ ᠡᠮᠨᠡᠯᠭᠡ ᠶᠢᠨ ᠦᠨᠳᠦᠰᠦᠨ ᠳᠠᠭᠠᠳᠬᠠᠯ ᠤᠯᠭᠤᠪᠠ᠃ | ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠤᠷᠢᠳᠴᠢᠯᠠᠨ | ᠰᠡᠷᠭᠡᠶᠢᠯᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠤᠨ ᠭᠤᠤᠯᠳᠠᠯᠭ᠎ᠠ ᠶᠢ ᠳᠣᠷᠣᠭᠰᠢ | ᠰᠢᠯᠵᠢᠭᠦᠯᠬᠦ᠂ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠬᠦᠳᠦᠯᠦᠨ ᠵᠢᠯᠤᠭᠤᠳᠴᠦ᠂ ᠬᠦᠨᠳᠦ ᠶᠡᠭᠡ ᠬᠢᠵᠢᠭ ᠢ | ᠰᠡᠷᠭᠡᠶᠢᠯᠡᠨ ᠬᠢᠵᠠᠭᠠᠷᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ᠂ ᠤᠯᠤᠰ ᠤᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠭᠦ ᠶᠢ ᠴᠠᠭ ᠲᠤᠬᠠᠶ ᠳᠤᠨᠢ | ᠠᠬᠢᠭᠤᠯᠵᠤ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠵᠤ | ᠂ ᠬᠤᠳᠠ ᠬᠥᠳᠡᠭᠡ ᠶᠢ ᠨᠠᠶᠢᠳᠡᠮ ᠪᠦᠷᠭᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ | ᠪᠦᠷᠢᠨᠰᠢᠬᠦᠯᠪᠠ᠃ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠵᠦ᠂ ᠠᠷᠠᠳ | ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠳᠤᠮᠳᠠᠳᠤ ᠶᠢᠨ | ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠪᠠ᠃ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠬᠥᠮᠦᠨ ᠠᠮᠠ ᠶᠢᠨ ᠨᠠᠰᠤᠵᠢᠯᠳᠡ ᠶᠢ ᠢᠳᠡᠪᠬᠢᠲᠡᠢ ᠠᠷᠭᠠᠴᠠᠵᠤ᠂ | ᠨᠠᠰᠦᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠯᠡᠨ ᠪᠠᠶᠢᠭᠤᠯᠵᠤ᠂ ᠦᠷᠡᠵᠢᠯ ᠤᠨ ᠲᠦᠷᠦ ᠶᠢᠨ | ᠪᠤᠳᠤᠯᠭ᠎ᠠ ᠳᠤ ᠲᠣᠬᠢᠷᠠᠭᠤᠯᠤᠯᠳᠠ ᠬᠢᠵᠦ ᠰᠢᠯᠢᠳᠡᠭᠵᠢᠭᠦᠯᠦᠨ᠂ ᠬᠥᠮᠦᠨ ᠠᠮᠠ ᠶᠢᠨ ᠤᠷᠳᠤ ᠬᠤᠭᠤᠴᠠᠭ᠎ᠠ ᠪᠠᠷ | ᠲᠡᠩᠴᠡᠭᠦᠷᠢᠲᠡᠶ ᠬᠥᠭᠵᠢᠬᠦ ᠶᠢ ᠠᠬᠢᠭᠤᠯᠪᠠ᠃ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ | ᠴᠢᠬᠤᠯᠠᠴᠢᠯᠠᠨ᠂ ᠡᠮᠡᠭᠲᠡᠶᠢᠴᠤᠳ ᠬᠡᠦᠬᠡᠳ ᠤᠨ ᠡᠷᠬᠡ ᠠᠰᠢᠭ ᠢ ᠪᠠᠲᠤᠯᠠᠪᠠ᠃ ᠵᠡᠮᠳᠡᠭᠴᠤᠳ ᠤᠨ ᠦᠢᠯᠡᠰ ᠢ ᠲᠦᠷᠭᠡᠯᠡᠨ | ᠬᠦᠭᠵᠢᠭᠦᠯᠪᠡ᠃ ᠭᠡᠷ ᠪᠠᠶᠢᠰᠢᠩ ᠢ ᠰᠠᠭᠤᠬᠤ ᠶᠢᠨ ᠲᠦᠯᠦᠭᠡ ᠪᠠᠷᠢᠭᠰᠠᠨ ᠠᠴᠠ ᠪᠢᠰᠢ ᠰᠠᠷᠢᠭᠠᠯᠠᠬᠤ ᠶᠢᠨ ᠲᠦᠯᠦᠭᠡ | ᠪᠠᠷᠢᠬᠰᠠᠨ ᠪᠢᠰᠢ ᠭᠡᠬᠦ ᠪᠠᠶᠢᠷᠢ ᠲᠤᠬᠳᠠᠭᠠᠯᠳᠠ ᠶᠢ ᠪᠠᠷᠢᠮᠳᠠᠯᠠᠵᠤ᠂ ᠤᠯᠠᠨ ᠪᠡᠶᠡᠴᠢ ᠴᠤᠬᠴᠠ ᠠᠴᠠ ᠬᠠᠨᠭ᠍ᠭᠠᠬᠤ᠂ ᠤᠯᠠᠨ | ᠠᠷᠭ᠎ᠠ ᠵᠠᠮ ᠢᠶᠠᠷ ᠪᠠᠳᠤᠯᠠᠬᠤ᠂ ᠲᠦᠷᠢᠶᠡᠰᠤᠯᠡᠬᠦ ᠪᠤᠯᠤᠨ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠤᠷᠤᠨ | ᠰᠠᠭᠤᠴᠠ ᠶᠢᠨ ᠲᠦᠷᠢᠮ ᠢ ᠲᠦᠷᠭᠡᠯᠡᠨ ᠪᠠᠶᠢᠭᠤᠯᠵᠤ᠂ ᠪᠠᠲᠤᠯᠠᠭ᠎ᠠ ᠶᠢᠨ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠭᠰᠠᠨ ᠢᠶᠠᠷ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠨ ᠰᠠᠭᠤᠴᠠ ᠶᠢᠨ ᠨᠥᠬᠦᠴᠡᠯ ᠢᠯᠡᠳᠲᠡ ᠰᠠᠶᠢᠵᠢᠷᠠᠪᠠ᠃ | ᠨᠠᠮ ᠠᠴᠠ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ᠂ ᠠᠷᠠᠳ ᠲᠦᠮᠡᠨ ᠠᠮᠤᠷ ᠲᠠᠶᠢᠪᠤᠩ | ᠠᠵᠤ ᠲᠦᠷᠦᠭᠦ ᠶᠢ ᠪᠣᠳᠣᠯᠬᠢᠯᠠᠨ᠂ ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠦ ᠤᠯᠤᠰ ᠢ ᠪᠦᠳᠦᠭᠡᠨ | ᠪᠠᠶᠢᠭᠤᠯᠵᠤ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠳᠠᠬᠤᠨ ᠢᠶᠠᠷ ᠵᠠᠰᠠᠬᠤ ᠶᠢ | ᠤᠶᠠᠯᠳᠤᠭᠤᠯᠤᠭᠰᠠᠨ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ | ᠨᠡᠶᠢᠭᠡᠮ ᠤᠨ ᠵᠠᠰᠠᠯᠲᠠ ᠶᠢᠨ ᠭᠤᠤᠯᠳᠠᠯᠭ᠎ᠠ ᠶᠢ ᠦᠨᠳᠦᠰᠦᠨ ᠱᠠᠲᠤ ᠲᠡᠶᠢᠰᠢ ᠰᠢᠯᠵᠢᠭᠦᠯᠬᠦ ᠶᠢ ᠠᠬᠢᠭᠤᠯᠵᠤ᠂ ᠬᠠᠮᠲᠤ ᠪᠠᠷ | ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠳᠦᠷᠢᠮ ᠢ ᠪᠠᠶᠢᠭᠤᠯᠵᠤ᠂ ᠬᠥᠮᠦᠨ | ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠭᠡᠬᠦ᠂ ᠬᠥᠮᠦᠨ ᠪᠦᠬᠦᠨ ᠳᠤ ᠡᠳ᠋ᠯᠡᠬᠦᠯᠭᠦ | ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠪᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠪᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠵᠤ᠂ ᠤᠯᠤᠰ ᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠰᠢᠨ᠎ᠡ | ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠢᠰᠲ᠋ᠧᠮ ᠲᠠᠢ ᠵᠠᠰᠠᠬᠤ᠂ | ᠬᠠᠤᠯᠢ ᠶᠣᠰᠣᠭᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠪᠠᠷᠢᠮᠲᠠᠯᠠᠵᠤ᠂ ᠵᠠᠬᠢᠳᠠᠯ | ᠰᠤᠷᠪᠤᠯᠵᠢᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠢ ᠤᠷᠢᠳᠴᠢᠯᠠᠨ | ᠰᠡᠷᠭᠡᠶᠢᠯᠡᠬᠦ ᠡᠶᠡᠳᠡᠭᠦᠯᠦᠨ ᠰᠢᠢᠳᠪᠦᠷᠢᠯᠡᠬᠦ ᠠᠷᠢᠯᠭᠠᠬᠤ ᠣᠯᠠᠨ ᠡᠰᠢᠳᠦ ᠶᠡᠷᠦᠩᠬᠡᠶᠢᠯᠡᠭᠰᠡᠨ ᠲᠣᠭᠲᠠᠴᠠ ᠶᠢ ᠪᠦᠷᠢᠨᠰᠢᠭᠦᠯᠵᠦ᠂ | ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠠᠷ᠎ᠠ ᠬᠠᠷᠬᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠢ ᠦᠷᠨᠢᠭᠦᠯᠦᠨ᠂ ᠬᠠᠷ᠎ᠠ ᠬᠠᠷᠭᠢᠰ ᠬᠦᠴᠦᠨ ᠢ ᠳᠤᠷ᠎ᠠ ᠪᠠᠷ ᠨᠢ ᠲᠠᠯᠪᠢᠭᠰᠠᠨ᠂ ᠥᠮᠥᠭᠯᠡᠭᠰᠡᠨ | ᠴᠢᠨᠠᠭᠰᠢᠯᠠᠪᠠᠯ ᠲᠡᠭᠦᠨ ᠤ ᠬᠠᠮᠠᠭᠠᠯᠠᠭᠴᠢ ᠪᠣᠯᠤᠭᠰᠠᠨ ᠨᠠᠮ ᠤᠨ ᠭᠡᠰᠢᠭᠦᠨ ᠺᠠᠳ᠋ᠷ ᠢ ᠡᠷᠡᠰ ᠵᠠᠯᠬᠠᠭᠠᠨ ᠰᠢᠢᠳᠭᠡᠵᠦ᠂ | ᠬᠦᠴᠦᠷᠬᠡᠭᠯᠡᠯ ᠰᠦᠷᠳᠡᠭᠦᠯᠦᠯ᠂ ᠰᠢᠨ᠎ᠡ ᠬᠡᠯᠪᠡᠷᠢ ᠶᠢᠨ ᠰᠦᠯᠵᠢᠶᠡᠨ ᠤ ᠶᠠᠯᠠᠲᠤ ᠠᠵᠢᠯᠯᠠᠭ᠎ᠠ᠂ ᠤᠯᠤᠰ ᠠᠯᠤᠰᠯᠠᠭᠰᠠᠨ | ᠶᠠᠯᠠᠲᠤ ᠠᠵᠢᠯᠯᠠᠭ᠎ᠠ ᠶᠢ ᠰᠡᠷᠭᠡᠶᠢᠯᠡᠭᠰᠡᠨ ᠪᠠ ᠲᠡᠭᠦᠨ ᠳᠤ ᠴᠣᠬᠢᠯᠲᠠ ᠥᠭᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠨᠡᠶᠢᠭᠡᠮ ᠤᠨ ᠪᠠᠶᠢᠭᠤᠯᠤᠯᠲᠠ | ᠪᠦᠬᠦ ᠲᠠᠯ᠎ᠠ ᠪᠠᠷ ᠴᠢᠩᠭᠠᠷᠠᠵᠤ᠂ ᠠᠷᠠᠳ ᠤᠨ ᠠᠮᠢᠳᠤᠷᠠᠯ ᠪᠦᠬᠦ ᠲᠠᠯ᠎ᠠ ᠪᠠᠷ ᠰᠠᠶᠢᠵᠢᠷᠠᠨ᠂ ᠨᠡᠶᠢᠭᠡᠮ ᠤᠨ ᠵᠠᠰᠠᠯᠲᠠ ᠶᠢᠨ | ᠨᠡᠶᠢᠭᠡᠮᠴᠢᠯᠡᠭᠰᠡᠨ᠂ ᠬᠠᠤᠯᠢ ᠪᠠᠷ ᠵᠠᠰᠠᠭᠰᠠᠨ᠂ ᠤᠶᠤᠨᠴᠢᠯᠠᠭᠰᠠᠨ᠂ ᠲᠤᠰᠬᠠᠶᠢᠵᠢᠭᠰᠠᠨ ᠬᠢᠷᠢ ᠬᠡᠮᠵᠢᠶ᠎ᠡ ᠶᠡᠭᠡ ᠪᠠᠷ | ᠳᠡᠭᠡᠭᠰᠢᠯᠡᠵᠤ᠂ ᠠᠷᠠᠳ ᠲᠦᠮᠡᠨ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠨᠡᠶᠢᠳᠡ ᠠᠮᠤᠷ ᠲᠣᠭᠲᠠᠭᠤᠨ ᠡᠮᠬᠢ | ᠵᠢᠷᠤᠮ ᠲᠠᠢ ᠪᠠᠶᠢᠬᠤ ᠰᠠᠶᠢᠨ ᠰᠠᠶᠢᠬᠠᠨ ᠪᠠᠶᠢᠳᠠᠯ ᠢ ᠬᠥᠭᠵᠢᠭᠦᠯᠵᠦ᠂ ᠨᠡᠶᠢᠭᠡᠮ ᠤᠷᠳᠤ ᠬᠤᠭᠤᠴᠠᠭ᠎ᠠ ᠪᠠᠷ ᠲᠣᠭᠲᠠᠭᠤᠨ | ᠪᠠᠶᠢᠬᠤ ᠭᠠᠶᠢᠬᠠᠮᠰᠢᠭ ᠢ ᠦᠷᠭᠦᠯᠵᠢᠯᠡᠨ ᠪᠢᠴᠢᠭᠯᠡᠪᠡ᠃ | ︵ᠶᠢᠰᠦ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ | ᠥᠭᠡᠷᠡᠴᠢᠯᠡᠯᠲᠡ ᠨᠡᠭᠡᠭᠡᠯᠳᠡ ᠬᠢᠭᠰᠡᠨ ᠤ ᠲᠠᠷᠠᠭ᠎ᠠ᠂ ᠨᠠᠮ ᠠᠴᠠ ᠠᠮᠢ ᠠᠬᠤᠶ ᠶᠢᠨ ᠣᠷᠴᠢᠨ ᠨᠦᠭᠦᠴᠡᠯ ᠤᠨ | ᠬᠠᠮᠠᠭᠠᠯᠠᠯᠲᠠ ᠶᠢ ᠶᠠᠪᠤᠬᠤ ᠲᠤᠲᠤᠮ ᠴᠢᠬᠤᠯᠠᠴᠢᠯᠠᠭᠰᠠᠭᠠᠷ ᠢᠷᠡᠪᠡ᠃ ᠡᠭᠦᠨ ᠤ ᠬᠠᠮᠲᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠮᠥᠨ ᠬᠦ ᠨᠢᠭᠡᠨ ᠢᠯᠡᠷᠬᠡᠶ ᠳᠤᠲᠠᠭᠤᠳᠠᠯ ᠪᠣᠯᠵᠤ ᠪᠠᠶᠢᠭ᠎ᠠ ᠪᠦᠭᠡᠳ ᠡᠬᠢ ᠪᠠᠶᠠᠯᠢᠭ ᠤᠷᠴᠢᠨ ᠨᠦᠬᠦᠴᠡᠯ ᠤᠨ | ᠬᠢᠵᠠᠭᠠᠷᠯᠠᠯ ᠴᠢᠩᠭᠠᠷᠠᠵᠦ᠂ ᠠᠮᠢ ᠠᠬᠤᠶ ᠶᠢᠨ ᠰᠢᠰᠲ᠋ᠧᠮ ᠮᠠᠭᠤᠳᠠᠵᠤ ᠪᠠᠶᠢᠭ᠎ᠠ ᠵᠡᠷᠭᠡ ᠠᠰᠠᠭᠤᠳᠠᠯ ᠶᠠᠪᠤᠬᠤ ᠲᠤᠲᠤᠮ | ᠳᠣᠪᠤᠶᠢᠮ᠎ᠠ ᠪᠣᠯᠪᠠ᠂ ᠢᠯᠠᠩᠭᠤᠶ᠎ᠡ ᠡᠯ᠎ᠡ ᠲᠥᠷᠥᠯ ᠤᠨ ᠣᠷᠴᠢᠨ ᠠᠬᠤᠢ ᠶᠢᠨ ᠪᠣᠬᠢᠷᠲᠤᠯ᠂ ᠠᠮᠢ ᠠᠬᠤᠶ ᠶᠢᠨ ᠡᠪᠳᠡᠭᠳᠡᠯ | ᠣᠯᠠᠨ ᠡᠭᠦᠰᠭᠦ ᠪᠠᠶᠢᠳᠠᠯ ᠢᠯᠡᠷᠡᠵᠦ᠂ ᠨᠤᠲᠤᠭ ᠳᠡᠪᠢᠰᠭᠡᠷ ᠤᠨ ᠰᠢᠷᠬᠠᠯᠠᠯ᠂ ᠠᠷᠠᠳ ᠤᠨ ᠠᠮᠢᠳᠤᠷᠠᠯ ᠤᠨ ᠡᠪᠡᠷᠰᠢᠶᠠᠯ | ᠪᠣᠯᠤᠭᠠᠳ ᠪᠠᠶᠢᠨ᠎ᠠ᠃ ᠬᠡᠷᠪᠡ ᠠᠮᠢ ᠠᠬᠤᠢ ᠶᠢᠨ ᠤᠷᠴᠢᠨ ᠨᠦᠭᠦᠴᠡᠯ ᠤᠨ ᠮᠠᠭᠤᠳᠠᠬᠤ ᠬᠠᠨᠳᠤᠰᠢ ᠶᠢ ᠱᠠᠯᠠᠪᠳᠠᠨ | ᠬᠤᠪᠢᠷᠠᠭᠤᠯᠬᠤ ᠦᠭᠡᠢ ᠪᠣᠯ ᠲᠦᠢᠯ ᠤᠨ ᠬᠦᠨᠳᠦ ᠨᠣᠴᠢᠲᠠᠢ ᠦᠨ᠎ᠡ ᠲᠥᠯᠥᠪᠦᠷᠢ ᠭᠠᠷᠭᠠᠬᠤ ᠨᠢ ᠯᠠᠪᠳᠠᠢ ᠶᠤᠮ᠃ ᠨᠠᠮ ᠤᠨ | ᠲᠥᠪ ᠬᠤᠷᠢᠶ᠎ᠠ ᠠᠴᠠ ᠴᠢᠬᠤᠯᠠᠴᠢᠯᠠᠭᠰᠠᠨ ᠨᠢ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠶᠢᠨ | ᠦᠨᠳᠦᠰᠦᠲᠡᠨ ᠤ ᠥᠨᠢᠳᠡ ᠶᠢᠨ ᠬᠥᠭᠵᠢᠯᠲᠡ ᠳᠤ ᠬᠤᠯᠪᠣᠭᠳᠠᠬᠤ ᠦᠨᠳᠦᠰᠦᠨ ᠶᠡᠭᠡ ᠪᠤᠳᠤᠯᠭ᠎ᠠ ᠮᠥᠨ᠂ ᠠᠮᠢ ᠠᠬᠤᠶ ᠶᠢᠨ | ᠣᠷᠴᠢᠨ ᠨᠥᠬᠦᠴᠡᠯ ᠢ ᠬᠠᠮᠠᠭᠠᠯᠠᠬᠤ ᠪᠣᠯ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠵᠤ ᠪᠠᠶᠢᠭ᠎ᠠ ᠶᠠᠪᠤᠳᠠᠯ ᠮᠥᠨ᠂ ᠠᠮᠢ | ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠪᠣᠯ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠪᠠᠶᠢᠭ᠎ᠠ | ᠶᠠᠪᠤᠳᠠᠯ ᠮᠥᠨ᠂ ᠤᠷᠴᠢᠨ ᠠᠬᠤᠢ ᠪᠠᠷ ᠦᠷᠡᠭᠳᠡᠯ ᠪᠤᠯᠭᠠᠵᠤ ᠪᠠᠶᠢᠭᠠᠳ ᠨᠢᠭᠡ ᠴᠠᠭ ᠤᠨ ᠠᠵᠤ ᠠᠬᠤᠢ ᠶᠢᠨ ᠨᠡᠮᠡᠭᠳᠡᠯ ᠢ | ᠬᠦᠭᠡᠭᠡᠴᠡᠯᠳᠦᠵᠤ ᠶᠠᠭᠠᠭᠢᠭᠰᠠᠨ ᠴᠤ ᠪᠤᠯᠬᠤ ᠦᠭᠡᠢ᠃ ᠡᠷᠬᠡᠪᠰᠢ ᠬᠦᠬᠡ ᠠᠭᠤᠯᠠ ᠬᠦᠭᠡᠮᠳᠦᠭ ᠤᠰᠤ ᠪᠣᠯ ᠠᠯᠳᠠᠨ ᠠᠭᠤᠯᠠ | ᠮᠦᠩᠭᠦᠨ ᠬᠠᠶᠢᠷᠬᠠᠨ ᠮᠦᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ | ᠨᠠᠭᠤᠷ ᠴᠦᠬᠦᠷᠦᠮ ᠡᠪᠡᠰᠦ ᠪᠡᠯᠴᠢᠬᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ | ᠵᠠᠰᠠᠬᠤ ᠶᠢ ᠪᠠᠷᠢᠮᠲᠠᠯᠠᠵᠦ᠂ ᠠᠯᠠᠭ ᠨᠢᠳᠦ ᠪᠠᠨ ᠬᠠᠮᠠᠭᠠᠯᠠᠬᠤ ᠰᠢᠬ ᠢᠶᠠᠷ ᠠᠮᠢ ᠠᠬᠤᠢ ᠶᠢᠨ ᠣᠷᠴᠢᠨ ᠨᠦᠭᠦᠴᠡᠯ ᠢ | ᠬᠠᠮᠠᠭᠠᠯᠠᠵᠦ᠂ ᠠᠮᠢ ᠨᠠᠰᠦ ᠪᠠᠨ ᠬᠠᠶᠢᠷᠠᠯᠠᠬᠤ ᠰᠢᠬ ᠢᠶᠠᠷ ᠠᠮᠢ ᠠᠬᠤᠢ ᠶᠢᠨ ᠣᠷᠴᠢᠨ ᠨᠦᠭᠦᠴᠡᠯ ᠢ ᠬᠠᠶᠢᠷᠠᠯᠠᠵᠦ᠂ | ᠨᠤᠭᠤᠭᠠᠨ ᠬᠥᠭᠵᠢᠯᠲᠡ᠂ ᠣᠷᠴᠢᠯ ᠬᠥᠭᠵᠢᠯᠲᠡ᠂ ᠨᠡᠭᠦᠷᠡᠰᠦᠲᠥ᠋ᠷᠥᠭᠴᠢ ᠪᠠᠭᠠᠳᠠᠢ ᠬᠥᠭᠵᠢᠯᠲᠡ ᠶᠢ ᠨᠡᠩ | ᠤᠬᠠᠮᠰᠠᠷ ᠠᠴᠠ ᠪᠠᠨ ᠠᠬᠢᠭᠤᠯᠵᠤ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠶ | ᠰᠠᠶᠢᠵᠢᠷᠠᠭᠰᠠᠨ ᠪᠣᠯᠪᠠᠰᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠬᠤ ᠭᠡᠷᠡᠭᠳᠡᠢ᠃ | ᠨᠠᠮ ᠠᠴᠠ ᠦᠵᠡᠯ ᠰᠠᠨᠠᠭ᠎ᠠ᠂ ᠬᠠᠤᠯᠢ ᠴᠠᠭᠠᠵᠠ᠂ ᠪᠠᠶᠢᠭᠤᠯᠤᠯ᠂ ᠵᠣᠬᠢᠶᠠᠨ ᠪᠠᠶᠢᠭᠤᠯᠤᠯᠲᠠ᠂ ᠰᠤᠷᠲᠠᠯ ᠤᠨ | ᠲᠠᠯ᠎ᠠ ᠠᠴᠠ ᠪᠦᠬᠦ ᠲᠠᠯ᠎ᠠ ᠪᠠᠷ ᠬᠦᠴᠦᠯᠡᠵᠦ᠂ ᠪᠦᠬᠦ ᠲᠠᠯ᠎ᠠ ᠪᠠᠷ᠂ ᠪᠦᠬᠦ ᠭᠠᠵᠠᠷ ᠣᠷᠣᠨ ᠳᠤ᠂ ᠪᠦᠬᠦ ᠶᠠᠪᠤᠴᠠ ᠳᠤ ᠠᠮᠢ | ᠠᠬᠤᠶ ᠶᠢᠨ ᠣᠷᠴᠢᠨ ᠨᠦᠭᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ᠂ ᠣᠷᠴᠢᠨ ᠠᠬᠤᠢ ᠶᠢᠨ ᠴᠢᠨᠠᠷ ᠴᠢᠨᠰᠠᠭ᠎ᠠ ᠶᠢᠨ ᠲᠤᠤᠷᠠᠳᠦ ᠬᠢᠵᠠᠭᠠᠷ ᠱᠤᠭᠤᠮ᠂ ᠡᠬᠢ ᠪᠠᠶᠠᠯᠢᠭ ᠤᠨ | ᠠᠰᠢᠭᠯᠠᠯᠲᠠ ᠶᠢᠨ ᠲᠡᠭᠡᠳᠦ ᠬᠢᠵᠠᠭᠠᠷ ᠱᠤᠭᠤᠮ ᠢ ᠲᠣᠭᠲᠠᠭᠠᠬᠤ ᠶᠢ ᠠᠬᠢᠭᠤᠯᠵᠦ᠂ ᠦᠨᠳᠦᠰᠦᠨ ᠴᠢᠨᠠᠷᠲᠠᠶ᠂ | ᠡᠭᠦᠳᠦᠯᠲᠡ ᠶᠢᠨ ᠴᠢᠨᠠᠷᠲᠠᠶ᠂ ᠠᠯᠤᠰ ᠬᠡᠳᠦ ᠶᠢᠨ ᠴᠢᠨᠠᠷᠲᠠᠶ ᠠᠯᠢ ᠤᠯᠠᠨ ᠠᠵᠢᠯ ᠢ ᠥᠷᠨᠢᠭᠦᠯᠪᠡ᠃ ᠨᠠᠮ ᠠᠴᠠ ᠭᠤᠤᠯ | ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠵᠤᠭᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ | ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠳᠦᠷᠢᠮ᠂ ᠤᠯᠤᠰ ᠤᠨ ᠨᠤᠳᠤᠭ ᠲᠡᠪᠢᠰᠭᠡᠷ ᠤᠨ ᠣᠷᠣᠨ | ᠵᠠᠶ ᠶᠢ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠳᠦᠷᠢᠮ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠬᠠᠷᠠᠯᠲᠠ ᠶᠢ ᠦᠨᠡᠯᠡᠵᠦ ᠬᠢᠨᠠᠨ ᠰᠢᠯᠭᠠᠬᠤ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ᠂ ᠠᠮᠢ ᠠᠬᠤᠢ ᠶᠢᠨ | ᠨᠥᠬᠦᠪᠥᠷᠢ ᠶᠢᠨ ᠳᠦᠷᠢᠮ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠣᠢ ᠰᠢᠭᠤᠶ ᠶᠢᠨ | ᠳᠠᠷᠤᠭ᠎ᠠ ᠶᠢᠨ ᠳᠦᠷᠢᠮ᠂ ᠣᠷᠴᠢᠨ ᠠᠬᠤᠢ ᠶᠢᠨ ᠬᠠᠮᠠᠭᠠᠯᠠᠯᠲᠠ ᠳᠤ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾ | ᠪᠠ ︽ᠨᠢᠬᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠬᠦᠷᠭᠡᠯᠡᠬᠦ︾ ᠵᠡᠷᠭᠡ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠲᠠᠭᠠᠭᠰᠠᠨ ᠪᠠ ᠵᠠᠰᠠᠵᠦ ᠲᠤᠭᠲᠠᠭᠠᠪᠠ | ᠃ ᠤᠯᠤᠰ ᠤᠨ ᠨᠤᠳᠤᠭ ᠲᠡᠪᠢᠰᠭᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠪᠠᠶᠢᠷᠢᠰᠢᠯ ᠢ | ᠰᠢᠯᠢᠳᠡᠭᠵᠢᠭᠦᠯᠵᠦ᠂ ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ | ᠭᠠᠵᠠᠷ ᠤᠨ ᠰᠢᠰᠲ᠋ᠧᠮ ᠢ ᠪᠠᠶᠢᠭᠤᠯᠵᠤ᠂ ᠶᠡᠭᠡ ᠬᠡᠪᠴᠢᠶᠡᠨ ᠤ ᠤᠯᠤᠰ ᠤᠨ ᠨᠤᠳᠤᠭ ᠲᠡᠪᠢᠰᠭᠡᠷ ᠢ ᠨᠣᠭᠤᠭᠠᠷᠠᠭᠤᠯᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠶᠡᠭᠡ ᠭᠤᠤᠯ ᠮᠥᠷᠡᠨ ᠪᠠ ᠴᠢᠬᠤᠯᠠ ᠨᠠᠭᠤᠷ ᠴᠥᠭᠦᠷᠥᠮ ᠨᠤᠭᠤ ᠭᠠᠵᠠᠷ | ᠵᠢᠴᠢ ᠳᠠᠯᠠᠢ ᠶᠢᠨ ᠡᠷᠭᠢ ᠶᠢᠨ ᠪᠦᠰᠡ ᠶᠢᠨ ᠠᠮᠢ ᠠᠬᠤᠢ ᠶᠢᠨ ᠬᠠᠮᠠᠭᠠᠯᠠᠯᠲᠠ ᠪᠠ ᠰᠢᠰᠲ᠋ᠧᠮᠳᠦ ᠵᠠᠰᠠᠯᠲᠠ ᠶᠢ ᠴᠢᠩᠭᠠᠳᠬᠠᠵᠤ᠂ | ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ᠂ ᠠᠮᠢᠳᠤ ᠪᠣᠳᠠᠰ ᠤᠨ | ᠤᠯᠠᠨ ᠶᠠᠩᠵᠤᠲᠤ ᠴᠢᠨᠠᠷ ᠢ ᠬᠠᠮᠠᠭᠠᠯᠠᠬᠤ ᠶᠢ ᠴᠢᠩᠭᠠᠳᠬᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠠᠬᠤᠶ ᠶᠢ | ᠬᠠᠮᠠᠭᠠᠯᠠᠬᠤ ᠶᠢᠨ ᠣᠷᠣᠨ ᠵᠠᠶ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ | ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ ᠶᠢ ᠠᠬᠢᠭᠤᠯᠪᠠ᠃ ᠨᠠᠮ ᠤᠳᠤᠷᠢᠳᠴᠤ ᠪᠠᠶᠢᠭᠠᠳ ᠪᠣᠬᠢᠷᠲᠤᠯ ᠢ | ᠰᠡᠷᠭᠡᠶᠢᠯᠡᠨ ᠵᠠᠰᠠᠬᠤ ᠪᠡᠷᠭᠡ ᠰᠡᠳᠦᠪ ᠢ ᠰᠢᠢᠳᠪᠦᠷᠢᠯᠡᠭᠦ ᠲᠠᠶᠢᠨ ᠤ ᠢᠯᠠᠯᠲᠠ ᠶᠢ ᠬᠦᠴᠦᠯᠡᠨ ᠣᠯᠵᠤ᠂ ᠠᠭᠠᠷ ᠮᠠᠨᠳᠠᠯ᠂ | ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠠᠵᠢᠯᠯᠠᠭᠠᠨ ᠤ ᠲᠥᠯᠥᠪᠯᠡᠭᠡ ᠶᠢ | ᠭᠦᠨᠵᠡᠭᠡᠶ ᠬᠡᠷᠡᠭᠵᠢᠭᠦᠯᠵᠦ᠂ ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠦᠷᠦᠰᠦ ᠶᠢ ᠬᠠᠮᠠᠭᠠᠯᠠᠬᠤ ᠲᠠᠶᠢᠨ ᠢ ᠰᠠᠶᠢᠲᠤᠷ | ᠬᠢᠵᠦ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ | ᠂ ︽ᠬᠠᠷᠢ ᠶᠢᠨ ᠬᠤᠭ ᠨᠣᠪᠰᠢ︾ ᠶᠢ ᠭᠠᠳᠠᠭᠠᠳᠤ ᠠᠴᠠ ᠣᠷᠣᠭᠤᠯᠬᠤ ᠶᠢ ᠪᠦᠬᠦ ᠲᠠᠯ᠎ᠠ ᠪᠠᠷ ᠴᠠᠭᠠᠵᠠᠯᠠᠪᠠ᠃ ᠲᠥᠪ ᠤᠨ | ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠬᠢᠨᠡᠨ ᠪᠠᠶᠢᠴᠠᠭᠠᠯᠲᠠ ᠶᠢ ᠥᠷᠨᠢᠭᠦᠯᠵᠦ᠂ ᠠᠮᠢ ᠠᠬᠤᠶ ᠶᠢᠨ | ᠣᠷᠴᠢᠨ ᠨᠥᠬᠦᠴᠡᠯ ᠢ ᠡᠪᠳᠡᠭᠰᠡᠨ ᠨᠢᠭᠡ ᠪᠦᠯᠦᠭ ᠬᠦᠨᠳᠦ ᠶᠡᠭᠡ ᠨᠡᠶᠢᠲᠡᠯᠢᠭ ᠬᠡᠷᠡᠭ ᠢ ᠡᠷᠡᠰ ᠪᠠᠶᠢᠴᠠᠭᠠᠨ ᠰᠢᠢᠳᠪᠦᠷᠢᠯᠡᠵᠦ᠂ | ᠠᠷᠠᠳ ᠤᠯᠠᠨ ᠤ ᠲᠤᠰᠬᠠᠯ ᠶᠡᠭᠡ ᠲᠠᠢ ᠨᠢᠭᠡ ᠪᠦᠯᠦᠭ ᠣᠷᠴᠢᠨ ᠠᠬᠤᠶ ᠶᠢᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠪᠠ᠃ | ᠮᠠᠨ ᠤ ᠤᠯᠤᠰ ᠪᠦᠬᠦ ᠪᠥᠮᠪᠥᠷᠴᠡᠭ ᠤᠨ ᠣᠷᠴᠢᠨ ᠠᠬᠤᠢ ᠭᠢᠭᠡᠳ ᠠᠭᠤᠷ ᠠᠮᠢᠰᠬᠤᠯ ᠤᠨ ᠵᠠᠰᠠᠯᠲᠠ ᠳᠤ ᠢᠳᠡᠪᠬᠢᠲᠡᠢ | ᠣᠷᠣᠯᠴᠠᠵᠤ᠂ 2030 ᠣᠨ ᠠᠴᠠ ᠡᠮᠦᠨ᠎ᠡ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠶᠢ ᠣᠷᠭᠢᠯ | ᠭᠡᠮᠵᠢᠭᠳᠡᠯ ᠳᠤᠨᠢ ᠭᠦᠷᠭᠡᠭᠦ ᠪᠠ 2060 ᠣᠨ ᠠᠴᠠ ᠡᠮᠦᠨ᠎ᠡ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠶᠢ | ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠬᠤ ᠲᠥᠪ ᠴᠢᠩᠭ᠎ᠠ ᠠᠮᠠᠯᠠᠯᠲᠠ ᠬᠢᠵᠦ᠂ ᠬᠠᠷᠢᠭᠤᠴᠠᠯᠭ᠎ᠠ ᠲᠠᠢ | ᠲᠤᠮᠦ ᠤᠯᠤᠰ ᠤᠨ ᠡᠭᠦᠷᠭᠡᠯᠡᠯ ᠢ ᠢᠯᠡᠷᠡᠭᠦᠯᠵᠡᠶ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠤᠷᠢᠳ ᠡᠮᠦᠨ᠎ᠡ ᠪᠠᠶᠢᠭ᠎ᠠ | ᠦᠭᠡᠶ ᠡᠷᠴᠢᠮ ᠢᠶᠠᠷ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠳᠬᠤᠬᠰᠠᠨ ᠢᠶᠠᠷ᠂ ᠪᠦᠬᠦ ᠨᠠᠮ ᠪᠦᠬᠦ | ᠤᠯᠤᠰ ᠤᠨ ᠨᠤᠭᠤᠭᠠᠨ ᠬᠥᠭᠵᠢᠯᠲᠡ ᠶᠢ ᠠᠬᠢᠭᠤᠯᠬᠤ ᠤᠬᠠᠮᠰᠠᠷᠲᠤ ᠴᠢᠨᠠᠷ ᠪᠣᠯᠤᠨ ᠰᠠᠨᠠᠭᠠᠴᠢᠯᠠᠭᠠᠲᠤ ᠴᠢᠨᠠᠷ ᠢᠯᠡᠳᠲᠡ | ᠴᠢᠩᠭᠠᠷᠠᠵᠦ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ | ᠠᠯᠬᠤᠵᠤ᠂ ᠮᠠᠨ ᠤ ᠤᠯᠤᠰ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠳᠤ ᠲᠡᠤᠬᠡᠲᠦ ᠴᠢᠨᠠᠷᠲᠠᠶ᠂ | ᠡᠷᠭᠢᠯᠲᠡ ᠶᠢᠨ ᠴᠢᠨᠠᠷᠲᠠᠶ᠂ ᠪᠦᠬᠦ ᠲᠠᠯ᠎ᠠ ᠶᠢᠨ ᠴᠢᠨᠠᠷᠲᠠᠶ ᠬᠤᠪᠢᠷᠠᠯᠲᠠ ᠭᠠᠷᠪᠠ᠃ | ︵ᠠᠷᠪᠠ︶ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠶᠢᠨ | ᠲᠠᠯ᠎ᠠ ᠪᠠᠷ | ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠠᠷᠠᠳ ᠤᠨ ᠴᠡᠷᠢᠭ ᠠᠩᠭᠢ ᠶᠢᠨ ᠬᠤᠪᠢᠰᠬᠠᠯᠵᠢᠯᠲᠠ | ᠤᠲᠤᠬᠢᠴᠢᠯᠠᠯᠲᠠ ᠵᠢᠩᠭᠢᠨᠢᠴᠢᠯᠠᠯᠲᠡ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠤᠯᠤᠰ ᠤᠨ ᠪᠠᠳᠤᠯᠠᠨ | ᠬᠠᠮᠠᠭᠠᠯᠠᠯᠳᠠ ᠶᠢᠨ ᠪᠣᠳᠠᠲᠤ ᠬᠦᠴᠦᠨ ᠡᠳᠦᠷ ᠢᠷᠡᠬᠦᠶ᠎ᠡ ᠴᠢᠩᠭᠠᠷᠠᠭᠠᠳ᠂ ᠤᠯᠤᠰ ᠣᠷᠣᠨ ᠤ ᠥᠭᠡᠷᠡᠴᠢᠯᠡᠯᠲᠡ ᠬᠥᠭᠵᠢᠯᠲᠡ | ᠲᠣᠭᠲᠠᠭᠤᠨ ᠪᠠᠶᠢᠳᠠᠯ ᠳᠤ ᠨᠠᠶᠢᠳᠠᠪᠤᠷᠢᠲᠠᠶ ᠠᠮᠤᠷ ᠲᠦᠪᠰᠢᠨ ᠤ ᠪᠠᠲᠤᠯᠠᠭ᠎ᠠ ᠬᠠᠩᠭᠠᠪᠠ᠃ ᠨᠠᠮ ᠤᠨ ᠲᠥᠪ ᠬᠤᠷᠢᠶ᠎ᠠ ᠠᠴᠠ | ᠴᠢᠬᠤᠯᠠᠴᠢᠯᠠᠬᠰᠠᠨ ᠨᠢ᠂ ᠤᠯᠤᠰ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠴᠡᠷᠢᠭ ᠢᠶᠠᠨ ᠬᠦᠴᠦᠷᠬᠡᠭᠵᠢᠭᠦᠯᠬᠦ ᠬᠡᠷᠡᠭᠲᠡᠢ᠂ | ᠴᠡᠷᠢᠭ ᠬᠦᠴᠦᠷᠬᠡᠭ ᠪᠤᠯ ᠰᠠᠶ᠋ᠢ ᠤᠯᠤᠰ ᠤᠨ ᠠᠮᠤᠷ ᠲᠠᠶᠢᠪᠤᠩ ᠢ ᠪᠠᠲᠤᠯᠠᠵᠤ ᠴᠢᠳᠠᠨ᠎ᠠ᠂ ᠡᠷᠬᠡᠪᠰᠢ ᠮᠠᠨ ᠤ ᠤᠯᠤᠰ ᠤᠨ | ᠳᠡᠯᠡᠬᠡᠢ ᠳᠡᠭᠡᠷᠡᠬᠢ ᠪᠠᠶᠢᠷᠢ ᠰᠠᠭᠤᠷᠢ ᠲᠠᠢ ᠵᠤᠬᠢᠴᠠᠯᠳᠤᠭᠰᠠᠨ᠂ ᠤᠯᠤᠰ ᠤᠷᠤᠨ ᠤ ᠠᠮᠤᠷ ᠲᠦᠪᠰᠢᠨ ᠪᠠ ᠬᠦᠭᠵᠢᠯᠲᠡ ᠶᠢᠨ | ᠠᠰᠢᠭ ᠲᠤᠰᠠ ᠲᠠᠢ ᠳᠤᠬᠢᠷᠠᠯᠴᠠᠭᠰᠠᠨ ᠪᠠᠲᠤ ᠪᠠᠬᠢ ᠤᠯᠤᠰ ᠤᠨ ᠪᠠᠲᠤᠯᠠᠨ ᠬᠠᠮᠠᠭᠠᠯᠠᠯᠲᠠ ᠪᠠ ᠬᠦᠴᠦᠷᠬᠡᠭ ᠶᠡᠭᠡ | ᠠᠷᠠᠳ ᠤᠨ ᠴᠡᠷᠢᠭ ᠠᠩᠬᠢ ᠶᠢ ᠪᠠᠶᠢᠭᠤᠯᠬᠤ ᠬᠡᠷᠡᠭᠲᠡᠶ᠃ | ᠨᠠᠮ ᠠᠴᠠ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠳᠤᠷᠠᠳᠴᠤ᠂ ᠰᠢᠨ᠎ᠡ ᠴᠠᠭ | ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠣᠭᠲᠠᠭᠠᠵᠤ᠂ 2027 ᠣᠨ | ᠪᠣᠯᠬᠤ ᠳᠤ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ 2035 ᠣᠨ | ᠪᠣᠯᠬᠤ ᠳᠤ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠬᠦ᠂ ᠲᠤᠰ ᠵᠠᠭᠤᠨ ᠤ ᠳᠤᠮᠳᠠᠴᠢ ᠦᠶ᠎ᠡ ᠪᠣᠯᠬᠤ ᠳᠤ ᠳᠡᠯᠡᠬᠡᠶ ᠶᠢᠨ ᠲᠡᠷᠢᠭᠦᠨ ᠵᠡᠷᠭᠡ ᠶᠢᠨ ᠴᠡᠷᠢᠭ ᠠᠩᠬᠢ ᠶᠢ ᠪᠦᠬᠦ | ᠲᠠᠯ᠎ᠠ ᠪᠠᠷ ᠪᠠᠶᠢᠭᠤᠯᠤᠨ ᠪᠦᠲᠦᠭᠡᠬᠦ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢᠨ | ᠰᠢᠨ᠎ᠡ ︽ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠤᠳᠤᠯᠭ᠎ᠠ ᠶᠢ ᠲᠣᠭᠲᠠᠭᠠᠵᠤ᠂ ᠤᠯᠤᠰ ᠲᠦᠷᠦ ᠪᠠᠷ ᠴᠡᠷᠢᠭ ᠢ | ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠡᠷᠢᠭ ᠢ | ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠶᠣᠰᠣᠭᠠᠷ ᠴᠡᠷᠢᠭ ᠢ ᠵᠠᠰᠠᠬᠤ ᠶᠢ | ᠠᠬᠢᠭᠤᠯᠵᠦ᠂ ᠴᠡᠷᠢᠭ ᠤᠨ ᠶᠠᠪᠤᠳᠠᠯ ᠤᠨ ᠣᠨᠣᠯ ᠤᠨ ᠣᠳᠣᠬᠢᠴᠢᠯᠠᠯᠲᠠ᠂ ᠴᠡᠷᠢᠭ ᠠᠩᠭᠢ ᠶᠢᠨ ᠵᠣᠬᠢᠶᠠᠨ | ᠪᠠᠶᠢᠭᠤᠯᠤᠯᠲᠠ ᠶᠢᠨ ᠬᠡᠯᠪᠡᠷᠢ ᠶᠢᠨ ᠣᠳᠣᠬᠢᠴᠢᠯᠠᠯᠲᠠ᠂ ᠴᠡᠷᠢᠭ ᠤᠨ ᠶᠠᠪᠤᠳᠠᠯ ᠤᠨ ᠠᠵᠢᠯᠲᠠᠨ ᠤ ᠣᠳᠣᠬᠢᠴᠢᠯᠠᠯᠲᠠ᠂ ᠵᠡᠪᠰᠡᠭ | ᠲᠣᠨᠣᠭᠯᠠᠯ ᠤᠨ ᠣᠳᠣᠬᠢᠴᠢᠯᠠᠯᠲᠠ ᠶᠢ ᠲᠦᠷᠭᠡᠳᠭᠡᠵᠦ᠂ ᠮᠧᠬᠠᠨᠢᠬᠴᠢᠯᠠᠯᠲᠠ ᠮᠡᠳᠡᠭᠡ ᠵᠠᠩᠭᠢᠵᠢᠯᠲᠠ ᠤᠶᠤᠨᠴᠢᠯᠠᠯᠲᠡ ᠶᠢ | ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠭᠡᠵᠦ᠂ ᠴᠡᠷᠢᠭ ᠪᠤᠯᠪᠠᠰᠤᠷᠠᠭᠤᠯᠤᠨ ᠲᠠᠶᠢᠨ ᠳᠤ ᠪᠡᠯᠡᠳᠭᠡᠬᠦ ᠠᠵᠢᠯ ᠢ ᠪᠦᠬᠦ | ᠲᠠᠯ᠎ᠠ ᠪᠠᠷ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠴᠡᠷᠢᠭ ᠢ ᠬᠦᠴᠦᠷᠬᠡᠭᠵᠢᠭᠦᠯᠬᠦ ᠵᠠᠮ ᠢᠶᠠᠷ | ᠵᠠᠮᠨᠠᠬᠤ ᠶᠢ ᠪᠠᠷᠢᠮᠲᠠᠯᠠᠪᠠ᠃ | ᠬᠦᠴᠦᠷᠬᠡᠭ ᠶᠡᠭᠡ ᠠᠷᠠᠳ ᠤᠨ ᠴᠡᠷᠢᠭ ᠠᠩᠭᠢ ᠶᠢ ᠪᠦᠲᠦᠭᠡᠨ ᠪᠠᠶᠢᠭᠤᠯᠬᠤ ᠳᠤ᠂ ᠲᠡᠷᠢᠭᠦᠨ ᠴᠢᠬᠤᠯᠠ ᠶᠠᠪᠤᠳᠠᠯ ᠪᠤᠯ | ᠠᠷᠠᠳ ᠤᠨ ᠴᠡᠷᠢᠭ ᠠᠩᠭᠢ ᠶᠢ ᠨᠠᠮ ᠬᠠᠷᠢᠴᠠᠯᠠᠰᠢ ᠦᠭᠡᠢ ᠤᠳᠤᠷᠢᠳᠬᠤ ᠦᠨᠳᠦᠰᠦᠨ ᠵᠠᠷᠴᠢᠮ ᠪᠠ ᠳᠦᠷᠢᠮ ᠢ ᠭᠤᠶᠢᠪᠢᠰᠢ | ᠦᠭᠡᠢ ᠪᠠᠷᠢᠮᠲᠠᠯᠠᠵᠤ᠂ ᠠᠷᠠᠳ ᠤᠨ ᠴᠡᠷᠢᠭ ᠠᠩᠭᠢ ᠶᠢᠨ ᠬᠠᠮᠤᠭ ᠤᠨ ᠳᠡᠭᠡᠳᠦ ᠤᠳᠤᠷᠢᠳᠬᠤ ᠡᠷᠬᠡ ᠪᠠ ᠵᠢᠯᠣᠭᠤᠳᠬᠤ | ᠡᠷᠬᠡ ᠨᠢ ᠨᠠᠮ ᠤᠨ ᠲᠥᠪ ᠬᠤᠷᠢᠶ᠎ᠠ ᠪᠠ ᠲᠥᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ ᠳᠤ ᠪᠠᠶᠢᠬᠤ ᠶᠢ | ᠪᠠᠷᠢᠮᠳᠠᠯᠠᠵᠦ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠬᠠᠷᠢᠭᠤᠴᠠᠬᠤ ᠲᠦᠷᠢᠮ ᠢ ᠪᠦᠬᠦ ᠲᠠᠯ᠎ᠠ ᠪᠠᠷ | ᠭᠦᠨᠵᠡᠭᠡᠶ ᠲᠤᠭᠤᠰᠢᠯᠠᠭᠤᠯᠬᠤ ᠳᠤ ᠤᠷᠤᠰᠢᠨ᠎ᠠ᠃ ᠨᠢᠭᠡ ᠦᠶ᠎ᠡ ᠳᠤ᠂ ᠠᠷᠠᠳ ᠤᠨ ᠴᠡᠷᠢᠭ ᠠᠩᠭᠢ ᠳᠠᠬᠢ ᠨᠠᠮ ᠤᠨ | ᠤᠳᠤᠷᠢᠳᠤᠯᠭ᠎ᠠ ᠰᠤᠯᠠᠷᠠᠬᠤ ᠠᠰᠠᠭᠤᠳᠠᠯ ᠲᠣᠪᠤᠶᠢᠮ᠎ᠠ ᠪᠠᠶᠢᠪᠠ᠂ ᠬᠡᠷᠪᠡ ᠲᠦᠢᠯᠪᠤᠷᠢᠲᠠᠶ ᠰᠢᠢᠳᠪᠦᠷᠢᠯᠡᠬᠦ ᠦᠭᠡᠢ ᠪᠣᠯ | ᠳᠠᠶᠢᠴᠢᠨ ᠬᠦᠴᠦᠨ ᠢ ᠨᠥᠯᠥᠭᠡᠯᠡᠬᠦ ᠪᠠᠷ ᠪᠠᠷᠠᠬᠤ ᠦᠭᠡᠢ ᠪᠠᠰᠠ ᠵᠡᠪᠰᠡᠭ ᠢ ᠨᠠᠮ ᠵᠠᠭᠢᠷᠬᠤ ᠡᠨᠡ ᠬᠦ ᠴᠢᠬᠤᠯᠠ ᠶᠡᠭᠡ ᠤᠯᠤᠰ | ᠲᠦᠷᠦ ᠶᠢᠨ ᠵᠠᠷᠴᠢᠮ ᠳᠤ ᠬᠤᠯᠪᠣᠭᠳᠠᠬᠤ ᠶᠤᠮ᠃ ᠨᠠᠮ ᠤᠨ ᠲᠥᠪ ᠬᠤᠷᠢᠶ᠎ᠠ ᠪᠣᠯᠤᠨ ᠲᠥᠪ ᠬᠤᠷᠢᠶᠠᠨ ᠤ ᠴᠡᠷᠢᠭ ᠤᠨ | ᠶᠠᠪᠤᠳᠠᠯ ᠤᠨ ᠬᠤᠷᠢᠶ᠎ᠠ ᠴᠡᠷᠢᠭ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠴᠢᠩᠭ᠎ᠠ ᠠᠳᠬᠤᠵᠤ᠂ ᠡᠷᠡᠰ | ᠰᠢᠭᠤᠷᠬᠠᠶ ᠪᠠᠷ ᠪᠣᠳᠣᠯᠭ᠎ᠠ ᠲᠣᠭᠲᠠᠭᠠᠨ ᠠᠷᠠᠳ ᠤᠨ ᠴᠡᠷᠢᠭ ᠠᠩᠭᠢ ᠶᠢᠨ ᠤᠯᠤᠰ ᠲᠥᠷᠥ ᠶᠢᠨ ᠳᠦᠷᠢᠮ ᠰᠠᠬᠢᠯᠭ᠎ᠠ ᠶᠢ | ᠴᠡᠭᠴᠡᠯᠡᠵᠦ᠂ ᠭᠦᠲ᠋ᠢᠶᠠᠨ ᠳᠤ ᠪᠦᠬᠦ ᠴᠡᠷᠢᠭ ᠤᠨ ᠤᠯᠤᠰ ᠲᠥᠷᠥ ᠶᠢᠨ ᠠᠵᠢᠯ ᠤᠨ ᠬᠤᠷᠠᠯ ᠢ ᠬᠤᠷᠠᠯᠳᠤᠭᠤᠯᠦᠨ᠂ ᠰᠢᠨ᠎ᠡ | ᠴᠠᠭ ᠦᠶ᠎ᠡ ᠳᠤ ᠤᠯᠤᠰ ᠲᠥᠷᠥ ᠪᠠᠷ ᠴᠡᠷᠢᠭ ᠪᠠᠶᠢᠭᠤᠯᠬᠤ ᠲᠤᠬᠠᠶ ᠪᠠᠶᠢᠷᠢᠯᠠᠭᠤᠯᠤᠯᠲᠠ ᠬᠢᠵᠦ᠂ ᠮᠠᠨ ᠤ ᠨᠠᠮ ᠮᠠᠨ ᠤ | ᠴᠡᠷᠢᠭ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠰᠡᠷᠭᠦᠭᠡᠨ ᠪᠠᠳᠠᠷᠠᠭᠤᠯᠵᠤ᠂ ᠰᠤᠷᠲᠠᠯ ᠴᠡᠭᠴᠡᠯᠡᠬᠦ | ᠵᠣᠷᠢᠭ ᠰᠠᠨᠠᠭ᠎ᠠ ᠪᠠᠷ ᠤᠯᠤᠰ ᠲᠥᠷᠥ ᠶᠢᠨ ᠴᠡᠭᠴᠡᠯᠡᠯᠲᠡ ᠪᠣᠯᠪᠠᠰᠤᠷᠠᠭᠤᠯᠤᠯ ᠢ ᠠᠬᠢᠭᠤᠯᠵᠤ᠂ ᠴᠡᠷᠢᠭ ᠠᠩᠭᠢ ᠳᠠᠬᠢ | ᠨᠠᠮ ᠤᠨ ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠡᠷᠢᠭ ᠠᠩᠭᠢ ᠳᠠᠬᠢ | ᠨᠠᠮ ᠤᠨ ᠰᠤᠷᠲᠠᠯ ᠤᠨ ᠪᠠ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠤᠯᠤᠨ ᠢᠯᠵᠢᠷᠠᠯ ᠢ ᠡᠰᠡᠷᠬᠦᠴᠡᠬᠦ | ᠳᠡᠮᠡᠴᠡᠯ ᠢ ᠬᠦᠨᠵᠡᠭᠡᠢ ᠠᠬᠢᠭᠤᠯᠵᠤ᠂ ᠭᠦᠸᠧ ᠪᠥᠸᠧ ᠰᠢᠶᠦ᠋ᠩ᠂ ᠰᠢᠦ᠋ᠶ ᠼᠠᠶ ᠾᠧᠦ᠂ ᠹᠠᠩ ᠹᠧᠩ ᠾᠦᠢ᠂ ᠵᠠᠩ ᠶᠠᠩ | ᠵᠡᠷᠭᠡ ᠶᠢᠨ ᠰᠠᠭᠢᠯᠭ᠎ᠠ ᠪᠠᠳᠦ ᠬᠠᠤᠯᠢ ᠴᠠᠭᠠᠵᠠ ᠠᠴᠠ ᠬᠦᠨᠳᠦ ᠨᠣᠴᠢᠲᠠᠶ ᠵᠥᠷᠢᠴᠡᠭᠰᠡᠨ ᠬᠡᠷᠡᠭ ᠢ ᠡᠷᠡᠰ ᠪᠠᠶᠢᠴᠠᠭᠠᠨ | ᠰᠢᠢᠳᠪᠦᠷᠢᠯᠡᠭᠰᠡᠨ ᠪᠦᠭᠡᠳ ᠲᠠᠷᠬᠠᠭᠠᠬᠰᠠᠨ ᠬᠤᠤᠷ ᠬᠦᠨᠤᠭᠡᠯ ᠤᠨ ᠨᠦᠯᠦᠭᠡ ᠶᠢ ᠨᠢ ᠲᠦᠢᠯᠪᠤᠷᠢᠲᠠᠶ ᠴᠡᠪᠡᠷᠯᠡᠨ ᠠᠷᠢᠯᠭᠠᠵᠦ᠂ | ᠠᠷᠠᠳ ᠤᠨ ᠴᠡᠷᠢᠭ ᠠᠩᠭᠢ ᠶᠢᠨ ᠤᠯᠤᠰ ᠲᠥᠷᠥ ᠶᠢᠨ ᠠᠮᠢ ᠠᠬᠤᠢ ᠶᠢᠨ ᠦᠨᠳᠦᠰᠦᠨ ᠠᠴᠠ ᠪᠠᠨ ᠰᠠᠶᠢᠵᠢᠷᠠᠬᠤ ᠶᠢ | ᠠᠬᠢᠭᠤᠯᠪᠠ᠃ | ᠨᠠᠮ ᠠᠴᠠ ᠥᠭᠡᠷᠡᠴᠢᠯᠡᠯᠲᠡ ᠪᠠᠷ ᠴᠡᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠳᠤᠷᠠᠳᠦᠨ | ᠭᠠᠷᠭᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠬᠠᠮᠤᠭ ᠤᠨ ᠥᠷᠭᠡᠨ ᠳᠡᠯᠭᠡᠷ᠂ ᠬᠠᠮᠤᠭ ᠤᠨ | ᠭᠦᠨ ᠭᠦᠨᠵᠡᠭᠡᠶ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠥᠭᠡᠷᠡᠴᠢᠯᠡᠯᠲᠡ ᠶᠢ ᠦᠷᠨᠢᠭᠦᠯᠬᠦ ᠶᠢ | ᠤᠳᠤᠷᠢᠳᠴᠤ᠂ ᠠᠷᠠᠳ ᠤᠨ ᠴᠡᠷᠢᠭ ᠠᠩᠬᠢ ᠶᠢᠨ ᠤᠳᠤᠷᠢᠳᠤᠨ ᠵᠢᠯᠣᠭᠤᠳᠬᠤ ᠪᠠᠶᠢᠭᠤᠯᠤᠯ᠂ ᠤᠳᠤ ᠦᠶ᠎ᠡ ᠶᠢᠨ | ᠴᠡᠷᠢᠭ ᠤᠨ ᠶᠠᠪᠤᠳᠠᠯ ᠤᠨ ᠬᠦᠴᠦᠨ ᠤ ᠰᠢᠰᠲ᠋ᠧᠮ᠂ ᠴᠡᠷᠢᠭ ᠤᠨ ᠶᠠᠪᠤᠳᠠᠯ ᠤᠨ ᠲᠦᠷᠦ ᠶᠢᠨ ᠪᠤᠳᠤᠯᠭ᠎ᠠ ᠪᠠ ᠲᠦᠷᠢᠮ ᠢ | ᠲᠠᠬᠢᠨ ᠪᠠᠶᠢᠭᠤᠯᠵᠦ᠂ ᠵᠢᠩᠬᠢᠨᠢ ᠠᠯᠪᠠ ᠶᠢᠨ ᠬᠥᠮᠦᠨ ᠤ ᠲᠤᠭ᠎ᠠ ᠶᠢ ᠭᠤᠴᠢᠨ ᠲᠦᠮᠡ ᠬᠠᠰᠤᠵᠤ ᠴᠦᠭᠡᠳᠭᠡᠭᠡᠳ᠂ | ᠴᠡᠷᠢᠭ ᠤᠨ ᠶᠠᠪᠤᠳᠠᠯ ᠤᠨ ᠬᠤᠷᠢᠶ᠎ᠠ ᠶᠡᠷᠦᠩᠭᠡᠢ ᠳᠤᠨᠢ ᠬᠠᠮᠢᠶᠡᠷᠬᠤ᠂ ᠪᠠᠶᠢᠯᠳᠤᠭᠠᠨ ᠤ ᠲᠤᠭᠤᠷᠢᠭ ᠪᠠᠶᠢᠯᠳᠤᠭᠠᠨ ᠬᠢᠬᠦ ᠶᠢ | ᠭᠤᠤᠯᠯᠠᠨ ᠬᠠᠷᠢᠭᠤᠴᠠᠬᠤ᠂ ᠴᠡᠷᠢᠭ ᠤᠨ ᠲᠦᠷᠦᠯ ᠴᠡᠷᠢᠭ ᠤᠨ ᠪᠠᠶᠢᠭᠤᠯᠤᠯᠳᠠ ᠶᠢ ᠭᠤᠤᠯᠯᠠᠨ ᠬᠠᠷᠢᠭᠤᠴᠠᠬᠤ ᠰᠢᠨ᠎ᠡ | ᠪᠠᠶᠢᠷᠢᠰᠢᠯ ᠢ ᠪᠤᠢ ᠪᠤᠯᠭᠠᠪᠠ᠃ ᠳᠡᠯᠡᠬᠡᠶ ᠶᠢᠨ ᠰᠢᠨ᠎ᠡ ᠴᠡᠷᠢᠭ ᠤᠨ ᠶᠠᠪᠤᠳᠠᠯ ᠤᠨ ᠬᠤᠪᠢᠰᠬᠠᠯ ᠤᠨ ᠡᠮᠦᠨ᠎ᠡ᠂ ᠪᠢᠳᠡ | ᠰᠢᠨᠵᠢᠯᠡᠬᠦ ᠤᠬᠠᠭᠠᠨ ᠮᠡᠷᠭᠡᠵᠢᠯ ᠢᠶᠠᠷ ᠴᠡᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ | ᠰᠢᠨ᠎ᠡ ᠶᠢ ᠡᠭᠦᠳᠬᠦ ᠬᠡᠯᠪᠡᠷᠢ ᠶᠢᠨ ᠠᠷᠠᠳ ᠤᠨ ᠴᠡᠷᠢᠭ ᠠᠩᠭᠢ ᠶᠢ ᠪᠦᠲᠦᠭᠡᠨ ᠪᠠᠶᠢᠭᠤᠯᠵᠤ᠂ ᠬᠦᠴᠦᠷᠬᠡᠭ ᠶᠡᠭᠡ | ᠣᠳᠣᠬᠢᠴᠢᠯᠠᠭᠰᠠᠨ ᠠᠷᠤ ᠲᠠᠯ᠎ᠠ ᠶᠢᠨ ᠦᠢᠯᠡᠴᠢᠯᠡᠭᠡ ᠶᠢ ᠪᠦᠲᠦᠭᠡᠨ ᠪᠠᠶᠢᠭᠤᠯᠤᠭᠰᠠᠨ ᠢᠶᠠᠷ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠤᠯᠤᠨ ᠵᠡᠪᠰᠡᠭ ᠲᠣᠨᠣᠭᠯᠠᠯ ᠤᠨ ᠪᠦᠲᠦᠭᠡᠨ ᠪᠠᠶᠢᠭᠤᠯᠤᠯᠲᠠ ᠴᠢᠬᠤᠯᠠ | ᠶᠡᠭᠡ ᠠᠬᠢᠯᠲᠠ ᠲᠠᠢ ᠪᠣᠯᠪᠠ᠃ ᠴᠢᠳᠠᠪᠤᠷᠢᠲᠠᠨ ᠢᠶᠠᠷ ᠴᠡᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠣᠭᠲᠠᠭᠠᠵᠤ | ᠂ ᠴᠡᠷᠢᠭ ᠠᠩᠭᠢ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠲᠣᠳᠣᠷᠬᠠᠶᠢᠯᠠᠵᠤ᠂ ᠭᠤᠷᠪᠠ ᠶᠢ ᠨᠢᠭᠡ ᠴᠣᠭᠴᠠᠵᠢᠭᠤᠯᠤᠭᠰᠠᠨ | ᠰᠢᠨ᠎ᠡ ᠮᠠᠶ᠋ᠢᠭ ᠤᠨ ᠴᠡᠷᠢᠭ ᠤᠨ ᠶᠠᠪᠤᠳᠠᠯ ᠤᠨ ᠴᠢᠳᠠᠪᠤᠷᠢᠲᠠᠨ ᠬᠥᠮᠦᠵᠢᠭᠦᠯᠬᠦ ᠰᠢᠰᠲ᠋ᠧᠮ ᠢ ᠪᠠᠶᠢᠭᠤᠯᠬᠤ ᠶᠢ ᠠᠬᠢᠭᠤᠯᠵᠦ᠂ | ᠰᠦᠭ ᠰᠦᠨᠡᠰᠦ ᠲᠠᠢ᠂ ᠡᠷᠳᠡᠮ ᠴᠢᠳᠠᠪᠤᠷᠢ ᠲᠠᠢ᠂ ᠣᠮᠤᠭ ᠵᠣᠷᠢᠭ ᠲᠠᠢ᠂ ᠶᠣᠰᠣ ᠮᠣᠷᠠᠯ ᠲᠠᠢ ᠰᠢᠨ᠎ᠡ ᠴᠠᠭ ᠦᠶ᠎ᠡ ᠶᠢᠨ | ᠬᠤᠪᠢᠰᠬᠠᠯᠲᠤ ᠴᠡᠷᠢᠭ ᠢ ᠬᠥᠮᠦᠵᠢᠭᠦᠯᠵᠦ᠂ ᠲᠡᠮᠦᠷ ᠮᠡᠲᠦ ᠢᠲᠡᠭᠡᠯ ᠪᠢᠰᠢᠷᠡᠯ ᠲᠠᠢ᠂ ᠲᠡᠮᠦᠷ ᠮᠡᠲᠦ ᠢᠲᠡᠭᠡᠯ ᠵᠤᠷᠢᠭ ᠲᠠᠢ᠂ | ᠲᠡᠮᠦᠷ ᠮᠡᠲᠦ ᠰᠠᠬᠢᠯᠭ᠎ᠠ ᠪᠠᠲᠤ ᠲᠠᠢ᠂ ᠲᠡᠮᠦᠷ ᠮᠡᠲᠦ ᠡᠭᠦᠷᠭᠡᠯᠡᠯ ᠲᠠᠢ ᠴᠠᠭᠠᠷᠠᠭᠰᠠᠨ ᠴᠡᠷᠢᠭ ᠠᠩᠬᠢ ᠶᠢ ᠳᠠᠪᠲᠠᠨ | ᠪᠣᠯᠪᠠᠰᠤᠷᠠᠭᠤᠯᠪᠠ᠃ ᠬᠠᠤᠯᠢ ᠶᠣᠰᠣᠭᠠᠷ ᠴᠡᠷᠢᠭ ᠢ ᠵᠠᠰᠠᠬᠤ ᠪᠠᠶᠢᠯᠳᠤᠬᠤ ᠪᠤᠳᠤᠯᠭ᠎ᠠ ᠶᠢ ᠲᠤᠭᠤᠰᠢᠯᠠᠭᠤᠯᠵᠤ᠂ ᠳᠤᠮᠳᠠᠳᠤ | ᠤᠯᠤᠰ ᠤᠨ ᠣᠨᠴᠠᠯᠢᠭ ᠪᠦᠬᠦᠢ ᠴᠡᠷᠢᠭ ᠤᠨ ᠶᠠᠪᠤᠳᠠᠯ ᠤᠨ ᠬᠠᠤᠯᠢ ᠪᠠᠷ ᠵᠠᠰᠠᠬᠤ ᠰᠢᠰᠲ᠋ᠧᠮ ᠢ ᠪᠠᠶᠢᠭᠤᠯᠵᠤ᠂ ᠴᠡᠷᠢᠭ ᠢ | ᠵᠠᠰᠠᠬᠤ ᠠᠷᠭ᠎ᠠ ᠮᠠᠶ᠋ᠢᠭ ᠤᠨ ᠦᠨᠳᠦᠰᠦᠨ ᠴᠢᠨᠠᠷᠲᠠᠶ ᠬᠤᠪᠢᠷᠠᠯᠲᠠ ᠶᠢ ᠲᠦᠷᠭᠡᠳᠭᠡᠪᠡ᠃ ᠴᠡᠷᠢᠭ ᠤᠨ ᠬᠦᠮᠦᠨ ᠤ ᠢᠷᠠᠭᠤ | ᠠᠯᠳᠠᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃ | ᠨᠠᠮ ᠠᠴᠠ ᠰᠢᠨ᠎ᠡ ᠴᠠᠭ ᠦᠶ᠎ᠡ ᠶᠢᠨ ᠠᠷᠠᠳ ᠤᠨ ᠴᠡᠷᠢᠭ ᠠᠩᠭᠢ ᠶᠢᠨ ᠡᠭᠦᠷᠭᠡ ᠬᠠᠷᠢᠭᠤᠴᠠᠯᠭ᠎ᠠ ᠶᠢ ᠳᠤᠷᠠᠳᠴᠤ᠂ | ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠶᠢᠨ ᠰᠢᠨ᠎ᠡ ᠶᠢ ᠡᠭᠦᠳᠴᠦ᠂ ᠴᠡᠷᠢᠭ ᠤᠨ | ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠠᠷᠠᠳ ᠤᠨ ᠴᠡᠷᠢᠭ | ᠠᠩᠬᠢ ᠶᠢᠨ ᠪᠠᠶᠢᠳᠠᠯ ᠲᠥᠯᠥᠪ ᠢ ᠪᠤᠢ ᠪᠣᠯᠭᠠᠬᠤ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠲᠠᠶᠢᠨ ᠢ ᠬᠤᠷᠢᠭᠯᠠᠬᠤ᠂ | ᠲᠠᠶᠢᠨ ᠳᠤ ᠢᠯᠠᠯᠲᠠ ᠤᠯᠬᠤ ᠪᠠᠶᠢᠯᠳᠤᠬᠤ ᠪᠤᠳᠤᠯᠭ᠎ᠠ ᠶᠢᠨ ᠴᠢᠳᠠᠮᠵᠢ ᠶᠢ ᠴᠢᠩᠭᠠᠳᠬᠠᠪᠠ᠃ ᠠᠷᠠᠳ ᠤᠨ ᠴᠡᠷᠢᠭ ᠠᠩᠭᠢ | ᠳᠠᠶᠢᠴᠢᠨ ᠬᠦᠴᠦᠨ ᠭᠡᠬᠦ ᠡᠨᠡ ᠬᠦ ᠴᠣᠷᠢ ᠶᠢᠨ ᠭᠠᠭᠴᠠ ᠦᠨᠳᠦᠰᠦᠨ ᠪᠠᠷᠢᠮᠵᠢᠶ᠎ᠠ ᠶᠢ ᠴᠢᠩᠭ᠎ᠠ ᠠᠳᠬᠤᠵᠤ᠂ ᠳᠠᠶᠢᠨ ᠬᠢᠵᠦ | ᠴᠢᠳᠠᠬᠤ᠂ ᠢᠯᠠᠭᠤᠭᠰᠠᠨ ᠳᠠᠶᠢᠨ ᠬᠢᠵᠦ ᠴᠢᠳᠠᠬᠤ ᠡᠨᠡ ᠬᠦ ᠦᠨᠳᠦᠰᠦᠨ ᠴᠢᠭᠯᠡᠯ ᠢ ᠠᠳᠬᠤᠵᠤ᠂ ᠪᠠᠶᠢᠯᠳᠤᠬᠤ | ᠪᠣᠳᠣᠯᠭ᠎ᠠ ᠶᠢᠨ ᠬᠦᠴᠦᠨ ᠪᠣᠯᠤᠨ ᠰᠢᠨ᠎ᠡ ᠬᠦᠷᠢᠶ᠎ᠡ ᠰᠢᠨ᠎ᠡ ᠴᠢᠨᠠᠷ ᠤᠨ ᠪᠠᠶᠢᠯᠳᠤᠭᠠᠨ ᠬᠢᠬᠦ ᠬᠦᠴᠦᠨ ᠢ ᠪᠤᠵᠠᠭᠠᠶᠢᠷᠠᠭᠤᠯᠵᠤ᠂ | ᠬᠠᠮᠳᠤᠷᠠᠬᠰᠠᠨ ᠪᠠᠶᠢᠯᠳᠤᠭᠠᠨ ᠬᠢᠬᠦ ᠵᠢᠯᠣᠭᠤᠳᠬᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ︽ | ᠡᠩᠬᠡ ᠲᠠᠶᠢᠪᠤᠩ ᠤᠨ ᠬᠤᠷᠠᠮᠠᠯ ᠭᠡᠮ︾ ᠢ ᠶᠡᠭᠡ ᠪᠠᠷ ᠵᠠᠯᠠᠷᠠᠭᠤᠯᠤᠨ ᠵᠠᠰᠠᠵᠤ᠂ ᠪᠤᠳᠠᠲᠤ ᠳᠠᠶᠢᠨ ᠤ ᠮᠠᠶ᠋ᠢᠭ ᠤᠨ ᠴᠡᠷᠢᠭ ᠤᠨ | ᠰᠤᠷᠭᠠᠭᠤᠯᠢᠯᠠᠯ ᠢ ᠶᠡᠭᠡ ᠪᠠᠷ ᠠᠳᠬᠤᠵᠤ᠂ ᠬᠦᠴᠦᠷᠬᠡᠭ ᠶᠡᠭᠡ ᠪᠦᠭᠡᠳ ᠪᠠᠳᠤ ᠪᠠᠬᠢ ᠣᠳᠣ ᠦᠶ᠎ᠡ ᠶᠢᠨ ᠬᠢᠯᠢ ᠳᠠᠯᠠᠢ | ᠠᠭᠠᠷ ᠤᠨ ᠰᠡᠷᠭᠡᠶᠢᠯᠡᠯᠲᠡ ᠶᠢ ᠪᠦᠲᠦᠭᠡᠨ ᠪᠠᠶᠢᠭᠤᠯᠵᠤ᠂ ᠴᠡᠷᠢᠭ ᠳᠠᠶᠢᠨ ᠤ ᠲᠡᠮᠡᠴᠡᠯ ᠢ ᠡᠷᠡᠰ ᠰᠢᠭᠤᠷᠬᠠᠶ ᠪᠥᠭᠡᠳ | ᠠᠮᠢᠳᠤᠯᠢᠭ ᠢᠶᠠᠷ ᠥᠷᠨᠢᠭᠦᠯᠵᠦ᠂ ᠭᠠᠳᠠᠭᠠᠳᠤ ᠶᠢᠨ ᠴᠡᠷᠢᠭ ᠳᠠᠶᠢᠨ ᠤ ᠥᠳᠥᠭᠡᠯᠭᠡ ᠶᠢ ᠪᠦᠲᠦᠮᠵᠢᠲᠡᠶ ᠠᠷᠭᠠᠴᠠᠵᠤ᠂ ︽ | ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠳᠤ ᠰᠦᠷᠳᠡᠭᠦᠯᠤᠯ ᠦᠵᠡᠬᠦᠯᠵᠦ᠂ ᠬᠢᠯᠢ ᠶᠢᠨ | ᠬᠠᠮᠠᠭᠠᠯᠠᠯᠲᠠ ᠶᠢᠨ ᠲᠡᠮᠡᠴᠡᠯ ᠬᠢᠬᠦ᠂ ᠳᠠᠯᠠᠢ ᠳᠡᠭᠡᠷᠡᠬᠢ ᠡᠷᠬᠡ ᠪᠠᠨ ᠬᠠᠮᠠᠭᠠᠯᠠᠬᠤ᠂ ᠰᠦᠷᠳᠡᠭᠦᠯᠦᠯ ᠢ ᠡᠰᠡᠷᠭᠦᠴᠡᠨ | ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯ ᠭᠠᠮᠰᠢᠭ ᠠᠴᠠ ᠠᠪᠤᠷᠠᠬᠤ᠂ ᠬᠢᠵᠢᠭ ᠢ ᠡᠰᠡᠷᠭᠦᠴᠡᠬᠦ᠂ ᠡᠩᠬᠡ ᠲᠠᠶᠢᠪᠤᠩ ᠢ | ᠬᠠᠮᠠᠭᠠᠯᠠᠵᠦ ᠠᠶᠠᠯᠠᠯ ᠢ ᠬᠠᠮᠠᠭᠠᠯᠠᠬᠤ᠂ ᠬᠥᠮᠦᠯᠢᠭ ᠦᠵᠡᠯ ᠤᠨ ᠠᠪᠤᠷᠠᠨ ᠲᠤᠰᠠᠯᠠᠯᠳᠡ ᠬᠢᠬᠦ ᠪᠠ ᠤᠯᠠᠨ ᠤᠯᠤᠰ ᠤᠨ | ᠴᠡᠷᠢᠭ ᠤᠨ ᠶᠠᠪᠤᠳᠠᠯ ᠤᠨ ᠬᠠᠮᠲᠤᠷᠠᠯᠴᠠᠭ᠎ᠠ ᠬᠢᠬᠦ ᠵᠡᠷᠭᠡ ᠴᠢᠬᠤᠯᠠ ᠶᠡᠭᠡ ᠡᠭᠦᠷᠭᠡ ᠶᠢ ᠭᠦᠢᠴᠡᠳᠭᠡᠪᠡ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ | ᠠᠷᠠᠳ ᠤᠨ ᠴᠡᠷᠢᠭ ᠠᠩᠭᠢ ᠪᠦᠬᠦᠯᠢ ᠴᠣᠭᠴᠠᠳᠤ ᠴᠢᠨᠠᠷᠲᠠᠶ ᠬᠤᠪᠢᠰᠬᠠᠯᠳᠤ ᠴᠢᠨᠠᠷᠲᠠᠶ ᠳᠠᠬᠢᠨ ᠴᠤᠬᠴᠠᠯᠠᠯᠳᠡ ᠶᠢ | ᠪᠡᠶᠡᠯᠡᠬᠦᠯᠵᠦ᠂ ᠲᠦᠷᠦᠭᠡ ᠴᠢᠩᠭᠠᠯᠠᠨ ᠲᠠᠬᠢᠨᠲᠠ ᠮᠤᠷᠳᠠᠵᠦ᠂ ᠤᠯᠤᠰ ᠤᠨ ᠪᠠᠳᠤᠯᠠᠨ ᠬᠠᠮᠠᠭᠠᠯᠠᠯᠳᠡ ᠶᠢᠨ ᠪᠣᠳᠠᠲᠤ ᠬᠦᠴᠦᠨ | ᠪᠣᠯᠤᠨ ᠠᠵᠤ ᠠᠬᠤᠶ ᠶᠢᠨ ᠪᠣᠳᠠᠲᠤ ᠬᠦᠴᠦᠨ ᠵᠡᠷᠭᠡ ᠪᠠᠷ ᠳᠡᠭᠡᠭᠰᠢᠯᠡᠵᠦ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ | ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠲᠦᠷᠬᠡᠯᠡᠨ ᠪᠠᠶᠢᠭᠤᠯᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ | ᠬᠠᠮᠢᠶᠠᠷᠤᠯᠲᠠ ᠪᠠᠲᠤᠯᠠᠭ᠎ᠠ ᠶᠢᠨ ᠪᠠᠶᠢᠭᠤᠯᠤᠯ ᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠪᠠᠳᠤᠯᠠᠨ ᠬᠠᠮᠠᠭᠠᠯᠠᠯᠳᠡ ᠶᠢᠨ | ᠳᠠᠶᠢᠴᠢᠯᠠᠯᠳᠡ ᠨᠡᠩ ᠥᠨᠳᠥᠷ ᠪᠦᠲᠦᠮᠵᠢᠲᠡᠶ ᠪᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠨᠡᠩ ᠢᠯᠡᠬᠦᠦ | ᠪᠠᠬᠢᠵᠢᠪᠡ᠃ ᠠᠷᠠᠳ ᠤᠨ ᠴᠡᠷᠢᠭ ᠠᠩᠬᠢ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠡᠷᠡᠰ ᠭᠦᠢᠴᠡᠳᠭᠡᠵᠦ᠂ | ᠡᠷᠡᠰ ᠬᠠᠲᠠᠭᠤ ᠲᠡᠮᠡᠴᠡᠯ ᠤᠨ ᠵᠣᠷᠢᠭ ᠰᠠᠨᠠᠭ᠎ᠠ ᠪᠤᠯᠤᠨ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠡᠷᠬᠡ ᠮᠡᠳᠡᠯ᠂ ᠠᠮᠤᠷ | ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠪᠠ᠃ | ︵ᠠᠷᠪᠠᠨ ᠨᠢᠭᠡ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ | ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠨᠠᠮ ᠠᠴᠠ ᠥᠭᠡᠷᠡᠴᠢᠯᠡᠯᠲᠡ ᠬᠢᠬᠦ ᠬᠥᠭᠵᠢᠬᠦᠯᠬᠦ ᠲᠣᠭᠲᠠᠭᠤᠨ | ᠪᠠᠶᠢᠯᠭᠠᠬᠤ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠤᠯᠤᠰ ᠤᠨ | ᠠᠮᠤᠷ ᠲᠦᠪᠰᠢᠨ ᠪᠠ ᠨᠡᠶᠢᠭᠡᠮ ᠤᠨ ᠠᠮᠤᠷ ᠲᠤᠬᠳᠠᠭᠤᠨ ᠢ ᠬᠠᠮᠠᠭᠠᠯᠠᠬᠤ ᠶᠢ ᠨᠠᠮ ᠪᠠ ᠤᠯᠤᠰ ᠤᠨ ᠨᠢᠭᠡᠨ ᠰᠠᠭᠤᠷᠢ | ᠴᠢᠨᠠᠷᠲᠠᠶ ᠠᠵᠢᠯ ᠪᠣᠯᠭᠠᠨ ᠠᠳᠬᠤᠵᠤ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠨ | ᠪᠠᠶᠢᠭᠤᠯᠤᠯᠲᠠ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠨᠥᠬᠦᠴᠡᠯ ᠢ ᠪᠤᠢ ᠪᠣᠯᠭᠠᠵᠠᠢ᠃ ᠰᠢᠨ᠎ᠡ ᠴᠠᠭ | ᠦᠶ᠎ᠡ ᠳᠤ ᠣᠷᠣᠭᠠᠳ᠂ ᠮᠠᠨ ᠤ ᠤᠯᠤᠰ ᠨᠠᠩ ᠬᠦᠨᠳᠦ ᠨᠣᠴᠢᠲᠠᠶ ᠤᠯᠤᠰ ᠤᠨ ᠠᠮᠤᠷ ᠲᠦᠪᠰᠢᠨ ᠤ ᠪᠠᠶᠢᠳᠠᠯ ᠳᠤ | ᠲᠤᠯᠭᠠᠷᠠᠵᠤ᠂ ᠭᠠᠳᠠᠭᠠᠳᠤ ᠳᠠᠷᠤᠯᠲᠠ ᠤᠷᠢᠳ ᠡᠮᠦᠨ᠎ᠡ ᠪᠠᠶᠢᠭ᠎ᠠ ᠦᠭᠡᠢ ᠬᠦᠨᠳᠦ ᠪᠤᠯᠵᠤ᠂ ᠤᠯᠠᠮᠵᠢᠯᠠᠯᠲᠤ ᠠᠮᠤᠷ | ᠲᠦᠪᠰᠢᠨ ᠤ ᠰᠦᠷᠳᠡᠭᠦᠯᠦᠯ ᠪᠠ ᠤᠯᠠᠮᠵᠢᠯᠠᠯᠲᠤ ᠪᠤᠰᠤ ᠠᠮᠤᠷ ᠲᠦᠪᠰᠢᠨ ᠤ ᠰᠦᠷᠳᠡᠭᠦᠯᠦᠯ ᠬᠠᠷᠢᠯᠴᠠᠨ ᠰᠣᠯᠪᠢᠴᠠᠵᠤ᠂ ︽ | ᠬᠠᠷ᠎ᠠ ᠬᠤᠨ︾᠂ ︽ᠰᠠᠭᠠᠷᠠᠯ ᠬᠡᠷᠢᠰ︾ ᠤᠨ ᠬᠡᠷᠡᠭ ᠪᠠᠶᠢᠨ ᠲᠠᠬᠢᠨ ᠭᠠᠷᠴᠤ ᠪᠠᠶᠢᠨ᠎ᠠ᠃ ᠪᠠᠶᠢᠳᠠᠯ ᠡᠭᠦᠷᠭᠡ ᠶᠢᠨ | ᠱᠠᠭᠠᠷᠳᠠᠯᠭ᠎ᠠ ᠲᠠᠢ ᠬᠠᠷᠢᠴᠠᠭᠤᠯᠪᠠᠯ᠂ ᠮᠠᠨ ᠤ ᠤᠯᠤᠰ ᠤᠨ ᠤᠯᠤᠰ ᠤᠷᠤᠨ ᠤ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ | ᠬᠦᠷᠦᠯᠴᠡᠬᠦ ᠦᠭᠡᠢ᠂ ᠡᠯ᠎ᠡ ᠵᠦᠢᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠠᠷᠭᠠᠴᠠᠬᠤ ᠴᠢᠳᠠᠪᠤᠷᠢ ᠴᠢᠩᠭ᠎ᠠ ᠪᠢᠰᠢ᠂ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠲᠡᠭᠦᠯᠳᠡᠷ ᠪᠤᠰᠤ | ᠪᠠᠶᠢᠨ᠎ᠠ᠃ ᠨᠠᠮ ᠤᠨ ᠲᠥᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ ᠲᠦᠷᠦ ᠲᠦᠪᠰᠢᠨ ᠲᠦᠮᠡᠨ ᠠᠮᠤᠭᠤᠯᠠᠩ ᠪᠠᠶᠢᠬᠤ | ᠪᠣᠯ ᠠᠷᠠᠳ ᠤᠯᠠᠨ ᠤ ᠬᠠᠮᠤᠭ ᠤᠨ ᠦᠨᠳᠦᠰᠦᠨ᠂ ᠬᠠᠮᠤᠭ ᠤᠨ ᠲᠦᠭᠡᠮᠡᠯ ᠬᠦᠰᠡᠯ ᠡᠷᠡᠮᠡᠯᠵᠡᠯ ᠮᠥᠨ᠃ ᠡᠷᠬᠡᠪᠰᠢ ᠬᠢᠵᠠᠭᠠᠷ | ᠱᠤᠭᠤᠮ ᠤᠨ ᠰᠡᠳᠭᠢᠬᠦᠶ ᠶᠢ ᠪᠠᠷᠢᠮᠳᠠᠯᠠᠨ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠨ | ᠂ ᠪᠡᠯᠡᠳᠭᠡᠯ ᠠᠵᠢᠯ ᠢ ᠤᠷᠢᠳᠴᠢᠯᠠᠨ ᠬᠢᠵᠦ᠂ ᠤᠯᠤᠰ ᠣᠷᠣᠨ ᠤ ᠠᠰᠢᠭ ᠲᠤᠰᠠ ᠶᠢ ᠡᠷᠬᠢᠮᠯᠡᠨ ᠳᠡᠭᠡᠳᠦᠯᠡᠬᠦ ᠶᠢ | ᠪᠠᠷᠢᠮᠲᠠᠯᠠᠵᠤ᠂ ᠠᠷᠠᠳ ᠲᠦᠮᠡᠨ ᠤ ᠠᠮᠤᠷ ᠲᠦᠪᠰᠢᠨ ᠢᠶᠠᠷ ᠵᠣᠷᠢᠯᠲᠠ ᠪᠣᠯᠭᠠᠵᠤ᠂ ᠤᠯᠤᠰ ᠲᠥᠷᠥ ᠶᠢᠨ ᠠᠮᠤᠷ | ᠲᠦᠪᠰᠢᠨ ᠢᠶᠠᠷ ᠦᠨᠳᠦᠰᠦ ᠪᠣᠯᠭᠠᠵᠤ᠂ ᠠᠵᠤ ᠠᠬᠤᠢ ᠶᠢᠨ ᠠᠮᠤᠷ ᠲᠦᠪᠰᠢᠨ ᠢᠶᠠᠷ ᠰᠠᠭᠤᠷᠢ ᠪᠣᠯᠭᠠᠵᠤ᠂ ᠴᠡᠷᠢᠭ ᠤᠨ | ᠶᠠᠪᠤᠳᠠᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠨᠡᠶᠢᠭᠡᠮ ᠤᠨ ᠠᠮᠤᠷ ᠲᠦᠪᠰᠢᠨ ᠢᠶᠠᠷ ᠪᠠᠲᠤᠯᠠᠭ᠎ᠠ ᠪᠣᠯᠭᠠᠵᠤ᠂ | ᠣᠯᠠᠨ ᠤᠯᠤᠰ ᠤᠨ ᠠᠮᠤᠷ ᠲᠦᠪᠰᠢᠨ ᠢ ᠠᠬᠢᠭᠤᠯᠬᠤ ᠪᠠᠷ ᠲᠦᠰᠢᠭ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠶ ᠲᠥᠯᠥᠪᠯᠡᠵᠦ᠂ ᠨᠡᠭᠡᠭᠡᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠤᠯᠠᠮᠵᠢᠯᠠᠯᠲᠤ ᠠᠮᠤᠷ | ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠲᠤᠰ ᠪᠡᠶ᠎ᠡ ᠶᠢᠨ ᠠᠮᠤᠷ ᠲᠦᠪᠰᠢᠨ | ᠪᠠ ᠬᠠᠮᠲᠤ ᠶᠢᠨ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠ | ᠤᠯᠤᠰ ᠤᠨ ᠠᠮᠤᠷ ᠲᠦᠪᠰᠢᠨ ᠢ ᠴᠤᠭᠴᠠᠯᠠᠬᠤ ᠶᠢ ᠨᠢᠭᠡᠳᠦᠯᠲᠡᠶ ᠲᠥᠯᠥᠪᠯᠡᠬᠦ ᠬᠡᠷᠡᠭᠳᠠᠢ᠃ | ᠰᠢ ᠶᠢᠨ ᠫᠢᠩ ᠨᠥᠬᠦᠷ ᠤᠯᠤᠰ ᠤᠨ ᠠᠮᠤᠷ ᠲᠦᠪᠰᠢᠨ ᠢ ᠪᠠᠲᠤᠯᠠᠬᠤ ᠪᠣᠯ ᠲᠡᠷᠢᠭᠦᠨ ᠴᠢᠬᠤᠯᠠ ᠶᠡᠭᠡ ᠶᠠᠪᠤᠳᠠᠯ | ᠮᠥᠨ ᠬᠡᠵᠦ ᠴᠢᠬᠤᠯᠠᠴᠢᠯᠠᠬᠰᠠᠨ ᠪᠦᠭᠡᠳ ᠤᠯᠤᠰ ᠤᠨ ᠶᠡᠷᠦᠩᠬᠡᠶ ᠴᠤᠬᠴᠠ ᠶᠢᠨ ᠠᠮᠤᠷ ᠲᠦᠪᠰᠢᠨ ᠤ ᠦᠵᠡᠯᠲᠡ ᠶᠢ | ᠳᠤᠷᠠᠳᠤᠨ ᠭᠠᠷᠭᠠᠬᠰᠠᠨ ᠨᠢ ᠤᠯᠤᠰ ᠲᠦᠷᠦ᠂ ᠴᠡᠷᠢᠭ ᠤᠨ ᠶᠠᠪᠤᠳᠠᠯ᠂ ᠤᠯᠤᠰ ᠤᠨ ᠨᠤᠲᠤᠭ ᠳᠡᠪᠢᠰᠭᠡᠷ᠂ ᠠᠵᠤ ᠠᠬᠤᠶ᠂ | ᠰᠣᠶᠣᠯ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ᠂ ᠰᠦᠯᠵᠢᠶ᠎ᠡ᠂ ᠠᠮᠢ ᠠᠬᠤᠶ᠂ ᠡᠬᠢ ᠪᠠᠶᠠᠯᠢᠭ᠂ ᠴᠥᠮ᠎ᠡ᠂ | ᠭᠠᠳᠠᠭᠠᠳᠤ ᠳᠠᠬᠢ ᠠᠰᠢᠭ ᠲᠤᠰᠠ᠂ ᠰᠠᠨᠰᠠᠷ᠂ ᠭᠦᠨ ᠳᠠᠯᠠᠢ᠂ ᠲᠦᠢᠯ ᠤᠨ ᠣᠷᠣᠨ᠂ ᠠᠮᠢᠳᠤ ᠪᠣᠳᠠᠰ ᠵᠡᠷᠭᠡ ᠠᠯᠢ ᠤᠯᠠᠨ | ᠬᠦᠷᠢᠶ᠎ᠡ ᠶᠢ ᠬᠠᠮᠤᠷᠤᠨ᠂ ᠪᠦᠬᠦ ᠨᠠᠮ ᠢ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ᠲᠡᠮᠡᠴᠡᠯ ᠤᠨ ᠴᠢᠳᠠᠪᠤᠷᠢ ᠪᠠᠨ | ᠳᠡᠭᠡᠭᠰᠢᠯᠡᠭᠦᠯᠵᠦ᠂ ᠡᠯ᠎ᠡ ᠵᠦᠢᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠳᠤᠷᠢᠳᠬᠤ ᠬᠠᠷᠢᠭᠤᠴᠠᠯᠭ᠎ᠠ ᠪᠠ | ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠭᠠᠳᠠᠨ᠎ᠠ ᠠᠴᠠ ᠢᠷᠡᠭᠰᠡᠨ ᠡᠯ᠎ᠡ | ᠵᠦᠢᠯ ᠤᠨ ᠪᠦᠰᠡᠯᠡᠯᠲᠡ᠂ ᠳᠠᠷᠤᠯᠲᠠ᠂ ᠲᠦᠢᠪᠡᠭᠡᠯᠭᠡ᠂ ᠨᠤᠷᠠᠭᠠᠯᠲᠠ ᠶᠢᠨ ᠠᠵᠢᠯᠯᠠᠭ᠎ᠠ ᠳᠤ ᠬᠠᠨᠳᠤᠬᠤ ᠳᠠᠭᠠᠨ ᠡᠷᠬᠡᠪᠰᠢ | ᠭᠠᠵᠢᠭᠤ ᠶᠢ ᠢᠲᠡᠭᠡᠬᠦ ᠦᠭᠡᠢ᠂ ᠴᠢᠳᠬᠦᠷ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠪᠠᠳᠠᠷᠠᠭᠤᠯᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠤᠨ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠢ | ᠨᠤᠷᠠᠭᠠᠬᠤ ᠪᠠᠷ ᠭᠤᠷᠢᠳᠠᠭᠰᠠᠨ᠂ ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ ᠶᠢᠨ ᠠᠬᠢᠴᠠ ᠶᠢ | ᠤᠳᠠᠭᠠᠰᠢᠷᠠᠭᠤᠯᠬᠤ ᠴᠢᠨᠠᠭᠰᠢᠯᠠᠪᠠᠯ ᠬᠤᠷᠢᠭᠯᠠᠨ ᠵᠣᠭᠰᠣᠭᠠᠬᠤ ᠪᠠᠷ ᠭᠤᠷᠢᠳᠠᠭᠰᠠᠨ ᠠᠯᠢᠪᠠ ᠬᠦᠴᠦᠨ ᠲᠠᠢ ᠡᠴᠦᠰ ᠲᠤᠨᠢ | ᠲᠤᠯᠲᠠᠯ᠎ᠠ ᠲᠡᠮᠡᠴᠡᠬᠦ ᠬᠡᠷᠡᠭᠳᠠᠢ᠂ ᠨᠢᠭᠡ ᠯᠡ ᠬᠥᠭ ᠢᠶᠠᠷ ᠨᠠᠶᠢᠷ ᠲᠠᠯᠪᠢᠬᠤ ᠨᠢ ᠵᠦᠪᠭᠡᠨ ᠶᠠᠪᠤᠬᠤ ᠲᠤᠲᠤᠮ ᠬᠡᠴᠡᠭᠦᠳᠡᠨ | ᠳᠠᠪᠰᠢᠭᠤᠷᠠᠬᠤ ᠲᠠᠷᠤᠯᠠᠯ ᠲᠤᠷᠤᠮᠵᠢᠯᠠᠯ ᠢ ᠠᠪᠴᠢᠷᠠᠬᠤ ᠪᠤᠯᠤᠨ᠎ᠠ᠂ ᠬᠡᠷᠡᠭ ᠶᠠᠪᠤᠳᠠᠯ ᠢ ᠪᠦᠳᠦᠭᠡᠬᠦ ᠶᠢᠨ ᠲᠦᠯᠦᠭᠡ ᠬᠦᠯᠢᠴᠡᠨ | ᠳᠡᠰᠪᠤᠷᠢᠯᠡᠬᠦ ᠨᠢ ᠵᠦᠪᠭᠡᠨ ᠨᠡᠩ ᠭᠤᠲᠤᠮᠰᠢᠭᠲᠤ ᠪᠠᠶᠢᠳᠡᠯ ᠳᠤ ᠬᠦᠷᠬᠦ ᠪᠤᠯᠤᠨ᠎ᠠ ᠬᠡᠳᠡᠭ ᠢ ᠨᠠᠮ ᠤᠨ ᠲᠦᠪ ᠬᠤᠷᠢᠶ᠎ᠠ | ᠬᠦᠨᠵᠠᠭᠡᠢ ᠲᠠᠨᠢᠵᠦ ᠤᠯᠵᠠᠢ᠃ | ᠨᠠᠮ ᠠᠴᠠ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ | ᠠᠬᠢᠭᠤᠯᠵᠤ᠂ ᠲᠥᠪ ᠤᠨ ᠤᠯᠤᠰ ᠤᠨ ᠠᠮᠤᠷ ᠲᠦᠪᠰᠢᠨ ᠤ ᠵᠥᠪᠯᠡᠯ ᠢ ᠪᠠᠶᠢᠭᠤᠯᠵᠤ᠂ ᠲᠥᠪᠯᠡᠷᠡᠩᠭᠦᠶ ᠨᠢᠭᠡᠳᠦᠯᠲᠡᠶ᠂ | ᠥᠨᠳᠥᠷ ᠪᠦᠲᠦᠮᠵᠢᠲᠡᠶ ᠡᠷᠬᠡ ᠰᠦᠷ ᠲᠠᠢ ᠤᠯᠤᠰ ᠤᠨ ᠠᠮᠤᠷ ᠲᠦᠪᠰᠢᠨ ᠤ ᠤᠳᠤᠷᠢᠳᠬᠤ ᠪᠠᠶᠢᠭᠤᠯᠤᠯ ᠢ | ᠲᠡᠭᠦᠯᠳᠡᠷᠵᠢᠭᠦᠯᠵᠦ᠂ ᠤᠯᠤᠰ ᠤᠨ ᠠᠮᠤᠷ ᠲᠦᠪᠰᠢᠨ ᠤ ᠬᠠᠤᠯᠢ ᠪᠠᠷ ᠵᠠᠰᠠᠬᠤ ᠰᠢᠰᠲ᠋ᠧᠮ᠂ ᠪᠠᠶᠢᠯᠳᠤᠬᠤ ᠪᠤᠳᠤᠯᠭ᠎ᠠ ᠶᠢᠨ | ᠰᠢᠰᠲ᠋ᠧᠮ ᠪᠠ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠠᠮᠤᠷ ᠲᠦᠪᠰᠢᠨ ᠤ | ᠠᠵᠢᠯ ᠤᠨ ᠵᠣᠬᠢᠴᠠᠭᠤᠯᠬᠤ ᠲᠣᠭᠲᠠᠴᠠ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠪᠠ᠃ ᠨᠠᠮ ᠠᠴᠠ ᠠᠮᠤᠷ ᠲᠦᠪᠰᠢᠨ ᠢᠶᠠᠷ ᠬᠥᠭᠵᠢᠬᠦᠯᠬᠦ ᠶᠢ ᠤᠯᠤᠰ ᠤᠨ ᠬᠥᠭᠵᠢᠯᠲᠡ ᠶᠢᠨ ᠡᠯ᠎ᠡ ᠬᠦᠷᠢᠶ᠎ᠠ ᠪᠦᠬᠦ | ᠶᠠᠪᠤᠴᠠ ᠳᠤ ᠲᠤᠭᠤᠰᠢᠯᠠᠭᠤᠯᠵᠦ᠂ ᠮᠠᠨ ᠤ ᠤᠯᠤᠰ ᠤᠨ ᠣᠳᠣᠬᠢᠴᠢᠯᠠᠯᠲᠠ ᠶᠢᠨ ᠠᠬᠢᠴᠠ ᠶᠢ ᠨᠥᠯᠥᠭᠡᠯᠡᠬᠦ ᠬᠦᠨᠳᠦ ᠶᠡᠭᠡ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠬᠤᠯᠠᠴᠢᠯᠠᠵᠤ᠂ ᠤᠯᠤᠰ ᠤᠨ ᠲᠥᠷᠥ ᠶᠢᠨ ᠡᠷᠬᠡ ᠶᠢᠨ ᠠᠮᠤᠷ | ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ | ᠬᠠᠮᠠᠭᠠᠯᠠᠵᠦ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠪᠠ ᠠᠷᠠᠳ ᠨᠡᠶᠢᠲᠡ ᠶᠢᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠤᠯᠤᠰ ᠤᠷᠤᠨ ᠢ ᠠᠮᠤᠷ ᠲᠦᠪᠰᠢᠨ ᠪᠠᠶᠢᠯᠭᠠᠬᠤ ᠠᠷᠠᠳ ᠲᠦᠮᠡᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ | ᠬᠢᠯᠢ ᠬᠢᠵᠠᠭᠠᠷ ᠣᠷᠣᠨ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠣᠷᠣᠨ ᠢ ᠪᠠᠬᠢᠵᠢᠭᠦᠯᠬᠦ ᠶᠢ ᠠᠬᠢᠭᠤᠯᠵᠤ᠂ | ᠳᠠᠶᠢᠰᠤᠩᠨᠠᠭᠴᠢ ᠬᠦᠴᠦᠨ ᠤ ᠨᠡᠪᠴᠢᠯᠲᠡ ᠬᠢᠬᠦ᠂ ᠡᠪᠳᠡᠬᠦ᠂ ᠨᠤᠷᠠᠭᠠᠬᠤ᠂ ᠬᠠᠭᠠᠴᠠᠭᠤᠯᠬᠤ ᠠᠵᠢᠯᠯᠠᠭ᠎ᠠ ᠶᠢ ᠴᠢᠩᠭ᠎ᠠ | ᠰᠡᠷᠭᠡᠶᠢᠯᠡᠭᠰᠡᠨ ᠪᠠ ᠲᠡᠳᠡᠭᠡᠷ ᠲᠤ ᠴᠢᠩᠭ᠎ᠠ ᠴᠣᠬᠢᠯᠲᠠ ᠥᠭᠴᠦ᠂ ᠭᠠᠳᠠᠭᠠᠳᠤ ᠶᠢᠨ ᠬᠡᠳᠦᠷᠡᠮᠡᠬᠡᠢ ᠲᠠᠷᠤᠯᠳᠡ | ᠬᠤᠷᠢᠬᠯᠡᠯᠳᠡ ᠶᠢ ᠡᠰᠡᠷᠭᠦᠴᠡᠨ ᠲᠤᠯᠤᠬᠰᠠᠨ ᠪᠠ ᠲᠡᠬᠦᠨ ᠳᠤ ᠬᠡᠳᠡᠷᠬᠦ ᠴᠤᠬᠢᠯᠳᠠ ᠥᠭᠴᠦ᠂ ᠰᠢᠶᠠᠩᠭᠠᠩ᠂ ᠲᠠᠶᠢᠸᠠᠨ᠂ | ᠰᠢᠨᠵᠢᠶᠠᠩ᠂ ᠲᠥᠪᠡᠳ᠂ ᠳᠠᠯᠠᠶ ᠲᠠᠩᠭᠢᠰ ᠵᠡᠷᠭᠡ ᠳᠤ ᠬᠤᠯᠪᠣᠭᠳᠠᠭᠰᠠᠨ ᠲᠡᠮᠡᠴᠡᠯ ᠢ ᠥᠷᠨᠢᠭᠦᠯᠵᠦ᠂ ᠳᠠᠯᠠᠶ ᠲᠠᠩᠭᠢᠰ ᠤᠨ | ᠬᠦᠴᠦᠷᠬᠡᠭ ᠤᠯᠤᠰ ᠢ ᠲᠦᠷᠭᠡᠯᠡᠨ ᠪᠦᠳᠦᠭᠡᠨ ᠪᠠᠶᠢᠭᠤᠯᠵᠦ᠂ ᠤᠯᠤᠰ ᠤᠷᠤᠨ ᠤ ᠠᠮᠤᠷ ᠲᠦᠪᠰᠢᠨ ᠢ ᠪᠦᠲᠦᠮᠵᠢᠲᠡᠢ | ᠬᠠᠮᠠᠭᠠᠯᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠤᠯᠤᠰ ᠣᠷᠣᠨ ᠤ ᠠᠮᠤᠷ ᠲᠦᠪᠰᠢᠨ ᠢ ᠪᠦᠬᠦ | ᠲᠠᠯ᠎ᠠ ᠪᠠᠷ ᠴᠢᠩᠭᠠᠳᠬᠠᠵᠦ᠂ ᠤᠯᠤᠰ ᠲᠦᠷᠦ᠂ ᠠᠵᠤ ᠠᠬᠤᠶ᠂ ᠦᠵᠡᠯ ᠤᠬᠠᠮᠰᠠᠷ ᠤᠨ ᠬᠡᠯᠪᠡᠷᠢ᠂ ᠪᠠᠶᠢᠭᠠᠯᠢ ᠶᠢᠷᠲᠢᠨᠴᠦ | ᠵᠡᠷᠭᠡ ᠲᠠᠯ᠎ᠠ ᠶᠢᠨ ᠲᠦᠭᠰᠢᠭᠦᠷᠢ ᠦᠷᠢᠰᠤᠯᠳᠤᠭᠡᠨ ᠤ ᠰᠢᠯᠭᠠᠯᠲᠠ ᠶᠢ ᠳᠠᠭᠠᠭᠠᠵᠤ᠂ ᠨᠠᠮ ᠪᠠ ᠤᠯᠤᠰ ᠤᠨ ᠪᠠᠳᠠᠷᠠᠨ ᠬᠥᠭᠵᠢᠬᠦ | ᠂ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠬᠦᠴᠦᠲᠡᠶ ᠪᠠᠲᠤᠯᠠᠭ᠎ᠠ ᠬᠠᠩᠭᠠᠪᠠ᠃ | ︵ᠠᠷᠪᠠᠨ ᠬᠤᠶᠠᠷ︶ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠪᠠᠷᠢᠮᠳᠠᠯᠠᠬᠤ ᠪᠠ ᠡᠭᠡ | ᠣᠷᠣᠨ ᠤ ᠨᠢᠭᠡᠳᠦᠯ ᠢ ᠠᠬᠢᠭᠤᠯᠬᠤ ᠲᠠᠯ᠎ᠠ ᠪᠠᠷ | ᠰᠢᠶᠠᠩᠭᠠᠩ᠂ ᠣᠣᠮᠧᠨ ᠡᠬᠡ ᠤᠷᠤᠨ ᠳᠠᠭᠠᠨ ᠪᠤᠴᠠᠵᠤ ᠢᠷᠡᠭᠰᠡᠨ ᠤ ᠳᠠᠷᠠᠭ᠎ᠠ᠂ ᠤᠯᠤᠰ ᠤᠨ ᠵᠠᠰᠠᠯᠲᠠ ᠶᠢᠨ | ᠰᠢᠰᠲ᠋ᠧᠮ ᠳᠤ ᠰᠢᠨ᠎ᠠ ᠪᠠᠷ ᠤᠷᠤᠵᠦ᠂ ᠡᠬᠡ ᠤᠷᠤᠨ ᠤ ᠳᠣᠲᠣᠷ᠎ᠠ ᠭᠠᠵᠠᠷ ᠲᠠᠢ ᠳᠠᠪᠠᠭᠤᠯᠢᠭ ᠢᠶᠠᠨ ᠬᠠᠷᠢᠯᠴᠠᠨ | ᠨᠥᠬᠦᠪᠥᠷᠢᠯᠡᠵᠦ᠂ ᠬᠠᠮᠲᠤ ᠪᠠᠷ ᠬᠥᠭᠵᠢᠬᠦ ᠥᠷᠭᠡᠨ ᠳᠠᠷᠳᠠᠩ ᠵᠠᠮ ᠢᠶᠠᠷ ᠵᠠᠮᠨᠠᠵᠤ᠂ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠳᠡᠯᠡᠬᠡᠶ ᠨᠡᠶᠢᠲᠡ ᠳᠤ ᠨᠡᠶᠢᠳᠠᠮ ᠮᠡᠳᠡᠷᠡᠭᠳᠡᠭᠰᠡᠨ ᠠᠮᠵᠢᠯᠲᠠ ᠶᠢ ᠤᠯᠪᠠ᠃ | ᠡᠭᠦᠨ ᠤ ᠬᠠᠮᠲᠤ᠂ ᠨᠢᠭᠡ ᠦᠶ᠎ᠡ ᠳᠤ ᠳᠣᠲᠣᠭᠠᠳᠤ ᠭᠠᠳᠠᠭᠠᠳᠤ ᠶᠢᠨ ᠡᠯ᠎ᠡ ᠵᠦᠢᠯ ᠤᠨ ᠪᠤᠳᠤᠯᠢᠶᠠᠨᠲᠠᠶ ᠬᠦᠴᠦᠨ ᠵᠦᠢᠯ ᠤᠨ | ᠨᠥᠯᠥᠭᠡ ᠶᠢ ᠬᠦᠷᠲᠡᠨ᠂ ︽ᠲᠦᠪ ᠵᠠᠰᠠᠭ ᠢ ᠡᠰᠡᠷᠭᠦᠴᠡᠵᠦ ᠰᠢᠶᠠᠩᠭᠠᠩ ᠢ ᠰᠠᠮᠠᠭᠤᠷᠠᠭᠤᠯᠬᠤ︾ ᠠᠵᠢᠯᠯᠠᠭ᠎ᠠ ᠤᠯᠠᠶᠢᠷᠠᠨ | ᠰᠢᠷᠦᠭᠦᠰᠴᠦ᠂ ᠰᠢᠶᠠᠩᠭᠠᠩ ᠤᠨ ᠪᠠᠶᠢᠳᠠᠯ ᠳᠤ ᠨᠢᠭᠡᠨ ᠦᠶ᠎ᠡ ᠬᠦᠨᠳᠦ ᠬᠡᠴᠡᠬᠦᠦ ᠪᠠᠶᠢᠳᠠᠯ ᠭᠠᠷᠴᠠᠶ᠃ ᠨᠠᠮ ᠤᠨ ᠲᠥᠪ | ᠬᠤᠷᠢᠶ᠎ᠠ ᠠᠴᠠ ᠴᠢᠬᠤᠯᠠᠴᠢᠯᠠᠬᠰᠠᠨ ᠨᠢ᠂ ᠡᠷᠬᠡᠪᠰᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ | ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ ᠦᠭᠡᠢ ᠲᠤᠭᠤᠰᠢᠯᠠᠭᠤᠯᠵᠦ᠂ ︽ᠨᠢᠭᠡ ᠤᠯᠤᠰ ᠲᠤ | ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ᠂ ᠬᠠᠤᠯᠢ | ᠶᠣᠰᠣᠭᠠᠷ ᠰᠢᠶᠠᠩᠭᠠᠩ ᠢ ᠵᠠᠰᠠᠵᠤ ᠣᠣᠮᠧᠨ ᠢ ᠵᠠᠰᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠭᠤᠤᠯ ᠬᠠᠤᠯᠢ ᠳᠤ | ᠲᠣᠭᠲᠠᠭᠠᠭᠰᠠᠨ ᠵᠠᠰᠠᠭ ᠵᠠᠬᠢᠷᠭᠠᠨ ᠤ ᠣᠨᠴᠠᠭᠠᠢ ᠣᠷᠣᠨ ᠤ ᠦᠨᠳᠦᠰᠦᠨ ᠬᠠᠤᠯᠢᠳᠦ ᠡᠮᠬᠢ ᠵᠢᠷᠤᠮ ᠢ ᠬᠠᠮᠠᠭᠠᠯᠠᠵᠤ᠂ | ᠲᠥᠪ ᠠᠴᠠ ᠵᠠᠰᠠᠭ ᠵᠠᠬᠢᠷᠭᠠᠨ ᠤ ᠣᠨᠴᠠᠭᠠᠶ ᠣᠷᠣᠨ ᠳᠤ ᠶᠠᠪᠤᠭᠤᠯᠬᠤ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ | ᠨᠠᠶᠢᠳᠠᠪᠤᠷᠢᠵᠢᠭᠤᠯᠵᠤ᠂ ︽ᠡᠭᠡ ᠣᠷᠣᠨᠴᠢ ᠬᠥᠮᠦᠰ ᠢᠶᠠᠷ ᠰᠢᠶᠠᠩᠭᠠᠩ ᠢ ᠵᠠᠰᠠᠭᠤᠯᠬᠤ︾᠂ ︽ᠡᠭᠡ ᠣᠷᠣᠨᠴᠢ ᠬᠥᠮᠦᠰ ᠢᠶᠠᠷ | ᠣᠣᠮᠧᠨ ᠢ ᠵᠠᠰᠠᠭᠤᠯᠬᠤ︾ ᠶᠢ ᠡᠷᠡᠰ ᠨᠠᠶᠢᠳᠠᠪᠤᠷᠢᠵᠢᠭᠤᠯᠬᠤ ᠬᠡᠷᠡᠭᠳᠠᠢ᠃ | ᠨᠠᠮ ᠤᠨ ᠲᠥᠪ ᠬᠤᠷᠢᠶ᠎ᠠ ᠴᠠᠭ ᠢ ᠦᠵᠡᠨ ᠪᠠᠶᠢᠳᠠᠯ ᠢ ᠰᠢᠨᠵᠢᠯᠡᠵᠦ᠂ ᠲᠥᠪ ᠠᠴᠠ ᠦᠨᠳᠦᠰᠦᠨ ᠬᠠᠤᠯᠢ ᠪᠠ ᠭᠤᠤᠯ | ᠬᠠᠤᠯᠢ ᠶᠣᠰᠣᠭᠠᠷ ᠵᠠᠰᠠᠭ ᠵᠠᠬᠢᠷᠭᠠᠨ ᠤ ᠣᠨᠴᠠᠭᠠᠶ ᠣᠷᠣᠨ ᠳᠤ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠪᠠᠨ | ᠬᠡᠷᠡᠭᠵᠢᠭᠦᠯᠬᠦ ᠶᠢ ᠪᠦᠷᠢᠨᠰᠢᠭᠦᠯᠬᠦ᠂ ᠵᠠᠰᠠᠭ ᠵᠠᠬᠢᠷᠭᠠᠨ ᠤ ᠤᠨᠴᠠᠭᠠᠢ ᠣᠷᠣᠨ ᠤ ᠦᠨᠳᠤᠰᠤᠨ ᠬᠠᠤᠯᠢ ᠪᠠ ᠭᠤᠣᠯ ᠬᠠᠤᠯᠢ ᠶᠢ | ᠬᠡᠷᠡᠭᠵᠢᠭᠦᠯᠬᠦ ᠳᠤ ᠬᠤᠯᠪᠣᠭᠳᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠭᠠᠷᠭᠠᠵᠤ᠂ ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠶᠢᠨ | ᠪᠠᠶᠢᠭᠤᠯᠤᠯ ᠪᠣᠯᠤᠨ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠬᠠᠤᠯᠢ︾ ᠶᠢ ᠲᠣᠭᠲᠠᠭᠠᠬᠤ᠂ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠰᠤᠩᠭᠤᠭᠤᠯᠢ ᠶᠢᠨ | ᠳᠦᠷᠢᠮ ᠢ ᠲᠡᠭᠦᠯᠳᠡᠷᠵᠢᠭᠦᠯᠬᠦ ᠶᠢ ᠠᠬᠢᠭᠤᠯᠵᠦ᠂ ︽ᠡᠭᠡ ᠣᠷᠣᠨᠴᠢ ᠬᠥᠮᠦᠰ ᠢᠶᠠᠷ ᠰᠢᠶᠠᠩᠭᠠᠩ ᠢ ᠵᠠᠰᠠᠭᠤᠯᠬᠤ︾ ᠵᠠᠷᠴᠢᠮ ᠢ | ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠯᠪᠠᠨ ᠲᠤᠰᠢᠶᠠᠯᠲᠠᠨ ᠤ ᠲᠠᠩᠭᠠᠷᠢᠭᠯᠠᠬᠤ ᠲᠦᠷᠢᠮ ᠢ | ᠲᠡᠭᠦᠯᠳᠡᠷᠵᠢᠭᠦᠯᠬᠦ ᠶᠢ ᠲᠡᠮᠵᠢᠪᠡ᠃ ᠠᠷᠠᠳ ᠤᠨ ᠲᠥᠪ ᠵᠠᠰᠠᠭ ᠤᠨ ᠣᠷᠳᠣᠨ ᠰᠢᠶᠠᠩᠭᠠᠩ ᠤᠨ ᠵᠠᠰᠠᠭ ᠵᠠᠬᠢᠷᠭᠠᠨ ᠤ | ᠣᠨᠴᠠᠭᠠᠶ ᠣᠷᠣᠨ ᠳᠤ ᠰᠠᠭᠤᠭ᠎ᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠵᠠᠬᠢᠷᠭ᠎ᠠ ᠶᠢ ᠬᠠᠤᠯᠢ ᠶᠣᠰᠣᠭᠠᠷ | ᠪᠠᠶᠢᠭᠤᠯᠵᠤ᠂ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ | ᠵᠥᠪᠯᠡᠯ ᠢ ᠬᠠᠤᠯᠢ ᠶᠣᠰᠣᠭᠠᠷ ᠪᠠᠶᠢᠭᠤᠯᠪᠠ᠃ ᠲᠥᠪ ᠠᠴᠠ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠢ ᠣᠷᠣᠨ ᠤ | ᠬᠠᠤᠯᠢ ᠶᠣᠰᠣᠭᠠᠷ ᠬᠦᠴᠦᠷᠬᠡᠭᠯᠡᠯ ᠢ ᠵᠣᠭᠰᠣᠭᠠᠵᠤ ᠰᠠᠮᠠᠭᠤᠷᠠᠯ ᠢ ᠬᠤᠷᠢᠭᠯᠠᠨ᠂ ᠡᠮᠬᠢ ᠵᠢᠷᠤᠮ ᠢᠶᠠᠨ ᠰᠡᠷᠭᠦᠭᠡᠬᠦ ᠶᠢ ᠡᠷᠡᠰ | ᠳᠠᠮᠵᠢᠵᠤ᠂ ᠵᠠᠰᠠᠭ ᠵᠠᠬᠢᠷᠭᠠᠨ ᠤ ᠳᠠᠷᠤᠭ᠎ᠠ ᠪᠣᠯᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠵᠠᠰᠠᠭ ᠤᠨ ᠣᠷᠳᠣᠨ ᠤ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠳᠡᠮᠵᠢᠵᠦ᠂ ᠭᠠᠳᠠᠭᠠᠳᠤ ᠬᠦᠴᠦᠨ ᠤ ᠰᠢᠶᠠᠩᠭᠠᠩ ᠣᠣᠮᠧᠨ ᠤ ᠬᠡᠷᠡᠭ | ᠶᠠᠪᠤᠳᠠᠯ ᠳᠤ ᠭᠠᠷ ᠲᠦᠷᠦᠭᠦ ᠶᠢ ᠡᠷᠡᠰ ᠰᠡᠷᠭᠡᠶᠢᠯᠡᠨ ᠬᠤᠷᠢᠭᠯᠠᠵᠤ᠂ ᠬᠠᠭᠠᠴᠠᠭᠤᠯᠬᠤ᠂ ᠨᠤᠷᠠᠭᠠᠬᠤ᠂ ᠨᠡᠪᠴᠢᠯᠲᠡ ᠬᠢᠬᠦ᠂ | ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠰᠢᠶᠠᠩᠭᠠᠩ᠂ ᠣᠣᠮᠧᠨ ᠤ ᠤᠯᠤᠰ ᠣᠷᠣᠨ ᠤ ᠬᠥᠭᠵᠢᠯᠲᠡ ᠶᠢᠨ | ᠶᠡᠭᠡ ᠲᠠᠯ᠎ᠠ ᠳᠤ ᠨᠠᠩ ᠰᠠᠶᠢᠨ ᠠᠭᠤᠰᠤᠨ ᠤᠷᠤᠬᠤ ᠶᠢ ᠪᠦᠬᠦ ᠲᠠᠯ᠎ᠠ ᠪᠠᠷ ᠳᠠᠮᠵᠢᠵᠤ᠂ ᠭᠤᠸᠠᠩᠳᠦ᠋ᠩ ᠰᠢᠶᠠᠩᠭᠠᠩ | ᠣᠣᠮᠧᠨ ᠤ ᠲᠣᠮᠣ ᠪᠤᠯᠤᠩ ᠤᠨ ᠣᠷᠣᠨ ᠢ ᠴᠢᠨᠠᠷ ᠰᠠᠶᠢᠲᠠᠶ ᠪᠦᠲᠦᠭᠡᠨ ᠪᠠᠶᠢᠭᠤᠯᠵᠤ᠂ ᠰᠢᠶᠠᠩᠭᠠᠩ ᠣᠣᠮᠧᠨ ᠤ ᠠᠵᠤ | ᠠᠬᠤᠶ ᠪᠠᠨ ᠬᠥᠭᠵᠢᠭᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠳᠠᠮᠵᠢᠵᠤ᠂ ᠰᠢᠶᠠᠩᠭᠠᠩ ᠣᠣᠮᠧᠨ ᠤ ᠠᠬ᠎ᠠ | ᠳᠡᠭᠦᠦ ᠨᠡᠷ ᠤᠨ ᠤᠯᠤᠰ ᠣᠷᠣᠨ ᠤ ᠤᠬᠠᠮᠰᠠᠷ ᠪᠠ ᠡᠭᠡ ᠣᠷᠣᠨᠴᠢ ᠵᠣᠷᠢᠭ ᠰᠠᠨᠠᠭ᠎ᠠ ᠶᠢ ᠴᠢᠩᠭᠠᠳᠬᠠᠪᠠ᠃ ᠦᠡᠭᠭᠡᠨ ᠲᠠᠯ᠎ᠠ | ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠡᠳᠡᠭᠡᠷ ᠠᠯᠢ ᠣᠯᠠᠨ ᠠᠷᠭ᠎ᠠ ᠬᠡᠮᠵᠢᠶ᠎ᠡ ᠨᠢ ᠰᠢᠶᠠᠩᠭᠠᠩ ᠤᠨ ᠪᠠᠶᠢᠳᠠᠯ ᠤᠨ | ᠰᠠᠮᠠᠭᠤᠷᠠᠯ ᠠᠴᠠ ᠵᠠᠰᠠᠯᠲᠠ ᠳᠤ ᠬᠦᠷᠬᠦ ᠴᠢᠬᠤᠯᠠ ᠶᠡᠭᠡ ᠡᠷᠭᠢᠯᠲᠡ ᠶᠢ ᠪᠡᠶᠡᠯᠡᠭᠦᠯᠬᠦ ᠶᠢ ᠠᠬᠢᠭᠤᠯᠵᠤ᠂ ᠬᠠᠤᠯᠢ ᠶᠣᠰᠣᠭᠠᠷ | ᠰᠢᠶᠠᠩᠭᠠᠩ ᠢ ᠵᠠᠰᠠᠵᠤ ᠣᠣᠮᠧᠨ ᠢ ᠵᠠᠰᠠᠬᠤ ᠶᠢ ᠠᠬᠢᠭᠤᠯᠬᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠬᠦᠯᠬᠦ︾ | ᠦᠢᠯᠡᠳᠦᠯᠭᠡ ᠶᠢᠨ ᠯᠠᠪᠳᠠᠭᠤᠨ ᠪᠦᠭᠡᠳ ᠤᠳᠠᠭᠠᠨ ᠶᠠᠪᠤᠬᠳᠠᠬᠤ ᠶᠢ ᠠᠬᠢᠭᠤᠯᠬᠤ ᠳᠤ ᠪᠠᠲᠤ ᠰᠠᠭᠤᠷᠢ ᠶᠢ ᠲᠠᠯᠪᠢᠵᠦ | ᠦᠭᠭᠦᠭᠰᠡᠨ ᠪᠠᠶᠢᠨ᠎ᠠ᠃ | ᠲᠠᠶᠢᠸᠠᠨ ᠤ ᠠᠰᠠᠭᠤᠳᠠᠯ ᠢ ᠰᠢᠢᠳᠪᠦᠷᠢᠯᠡᠵᠦ᠂ ᠡᠬᠡ ᠤᠷᠤᠨ ᠤ ᠪᠦᠷᠢᠨ ᠨᠢᠭᠡᠳᠦᠯ ᠢ ᠪᠡᠶᠡᠯᠡᠭᠦᠯᠬᠦ ᠪᠤᠯ ᠨᠠᠮ ᠤᠨ | ᠰᠢᠨᠳᠠᠷᠠᠰᠢ ᠦᠬᠡᠢ ᠴᠢᠷᠮᠠᠶᠢᠨ ᠳᠡᠮᠡᠴᠡᠬᠦ ᠲᠡᠦᠬᠡᠲᠦ ᠡᠭᠦᠷᠭᠡ ᠮᠥᠨ᠂ ᠪᠦᠬᠦ ᠳᠤᠮᠳᠠᠳᠤ ᠶᠢᠨ ᠬᠥᠪᠡᠭᠦᠳ ᠥᠬᠢᠳ ᠤᠨ | ᠬᠠᠮᠲᠤ ᠶᠢᠨ ᠬᠦᠰᠡᠯ ᠡᠷᠡᠮᠡᠯᠵᠡᠯ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠨᠠᠮ ᠠᠴᠠ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ | ᠬᠠᠷᠢᠴᠠᠭᠠᠨ ᠤ ᠴᠠᠭ ᠦᠶ᠎ᠡ ᠶᠢᠨ ᠬᠤᠪᠢᠷᠠᠯᠲᠠ ᠶᠢ ᠡᠵᠡᠮᠰᠢᠵᠦ᠂ ᠤᠯᠤᠰ ᠣᠷᠣᠨ ᠤ ᠨᠢᠭᠡᠳᠦᠯ ᠤᠨ ᠤᠨᠤᠯ ᠪᠠ ᠲᠠᠶᠢᠸᠠᠨ ᠤ | ᠲᠤᠬᠠᠶ ᠴᠢᠭᠯᠡᠯᠲᠡ ᠲᠦᠷᠦ ᠶᠢᠨ ᠪᠤᠳᠤᠯᠭ᠎ᠠ ᠶᠢ ᠪᠠᠶᠠᠯᠢᠬᠵᠢᠭᠤᠯᠤᠨ ᠬᠥᠭᠵᠢᠭᠦᠯᠵᠦ᠂ ᠲᠠᠶᠢᠸᠠᠨ ᠬᠤᠭᠤᠯᠠᠶ ᠶᠢᠨ ᠬᠤᠶᠠᠷ | ᠲᠠᠯ᠎ᠠ ᠶᠢᠨ ᠬᠠᠷᠢᠴᠠᠭ᠎ᠠ ᠶᠢᠨ ᠵᠥᠪ ᠴᠢᠭᠯᠡᠯ ᠢᠶᠠᠷ ᠬᠥᠭᠵᠢᠬᠦ ᠶᠢ ᠠᠬᠢᠭᠤᠯᠪᠠ᠃ ᠰᠢ ᠶᠢᠨ ᠫᠢᠩ ᠨᠥᠬᠦᠷ ᠲᠠᠶᠢᠸᠠᠨ ᠤ | ᠠᠵᠢᠯ ᠤᠨ ᠲᠤᠬᠠᠢ ᠠᠯᠢ ᠤᠯᠠᠨ ᠴᠢᠬᠤᠯᠠ ᠣᠶᠢᠯᠠᠭᠠᠭᠳᠠᠬᠤᠨ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠵᠣᠷᠢᠯᠲᠠ ᠶᠢ | ᠳᠤᠷᠠᠳᠴᠤ᠂ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ | ᠪᠤᠳᠤᠯᠭ᠎ᠠ ᠶᠢ ᠪᠤᠢ ᠪᠤᠯᠭᠠᠪᠠ᠃ ᠪᠢᠳᠡ 1949 ᠣᠨ ᠠᠴᠠ ᠨᠠᠭᠠᠰᠢᠬᠢ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ | ᠤᠳᠤᠷᠢᠳᠬᠤ ᠬᠥᠮᠦᠰ ᠤᠨ ᠠᠩᠬ᠎ᠠ ᠤᠳᠠᠭᠠᠨ ᠤ ᠠᠭᠤᠯᠵᠠᠯᠲᠠ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ | ᠤᠳᠤᠷᠢᠳᠬᠤ ᠬᠥᠮᠦᠰ ᠤᠨ ᠰᠢᠭᠤᠳ ᠶᠠᠷᠢᠯᠴᠠᠭ᠎ᠠ ᠨᠡᠪᠲᠡᠷᠡᠯᠴᠡᠭᠡ ᠶᠢ ᠠᠬᠢᠭᠤᠯᠤᠨ ᠪᠡᠶᠡᠯᠡᠭᠦᠯᠪᠡ᠃ ᠨᠠᠮ ᠠᠴᠠ ︽ᠲᠠᠶᠢᠸᠠᠨ | ᠬᠤᠭᠤᠯᠠᠶ ᠶᠢᠨ ᠬᠤᠶᠠᠷ ᠲᠠᠯ᠎ᠠ ᠶᠢᠨ ᠠᠬ᠎ᠠ ᠳᠡᠭᠦᠦ ᠨᠡᠷ ᠪᠣᠯ ᠨᠢᠭᠡ ᠭᠡᠷ ᠤᠨ ᠬᠥᠮᠥᠨ ᠶᠤᠮ︾ ᠭᠡᠬᠦ ᠣᠶᠢᠯᠠᠭᠠᠭᠳᠠᠬᠤᠨ ᠢ | ᠪᠠᠷᠢᠮᠲᠠᠯᠠᠵᠤ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠵᠤ᠂ | ᠲᠠᠶᠢᠸᠠᠨ ᠤ ᠥᠷᠭᠡᠨ ᠤᠯᠠᠨ ᠠᠬ᠎ᠠ ᠳᠡᠭᠦᠦ ᠨᠡᠷ ᠲᠤ ᠠᠰᠢᠭ ᠬᠦᠷᠲᠡᠭᠡᠬᠦ ᠠᠯᠢ ᠤᠯᠠᠨ ᠲᠦᠷᠦ ᠶᠢᠨ ᠪᠤᠳᠤᠯᠭ᠎ᠠ ᠶᠢ | ᠨᠡᠶᠢᠲᠡᠯᠡᠨ ᠬᠡᠷᠡᠭᠵᠢᠬᠦᠯᠵᠦ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠠᠵᠤ ᠠᠬᠤᠶ ᠰᠣᠶᠣᠯ ᠤᠨ ᠰᠣᠯᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠪᠠ᠃ 2016 ᠣᠨ ᠠᠴᠠ ᠨᠠᠭᠠᠰᠢ᠂ ᠲᠠᠶᠢᠸᠠᠨ ᠤ ᠡᠷᠬᠡ ᠪᠠᠷᠢᠬᠴᠢᠳ ︽ᠲᠠᠶᠢᠸᠠᠨ ᠢ | ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠱᠠᠯᠠᠪᠳᠠᠨ ᠶᠠᠪᠤᠭᠤᠯᠤᠬᠰᠠᠨ ᠠᠴᠠ᠂ ᠲᠠᠶᠢᠸᠠᠨ | ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠬᠠᠨᠳᠤᠰᠢ ᠳᠤ ᠬᠦᠨᠳᠦ ᠨᠣᠴᠢᠲᠠᠶ | ᠲᠠᠭᠠᠷᠢᠯᠳᠠ ᠤᠴᠠᠷᠠᠭᠤᠯᠪᠠ᠃ ᠪᠢᠳᠡ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ | ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ | ᠠᠵᠢᠯᠯᠠᠭ᠎ᠠ ᠶᠢ ᠡᠷᠡᠰ ᠡᠰᠡᠷᠭᠦᠴᠡᠵᠦ᠂ ᠭᠠᠳᠠᠭᠠᠳᠤ ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠵᠦ᠂ ᠲᠠᠶᠢᠸᠠᠨ | ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠭᠤᠤᠯᠯᠠᠨ ᠤᠳᠤᠷᠢᠳᠬᠤ ᠡᠷᠬᠡ ᠪᠠ ᠰᠠᠨᠠᠭᠠᠴᠢᠯᠠᠭᠠᠲᠤ ᠡᠷᠬᠡ ᠶᠢ | ᠪᠠᠲᠤ ᠡᠵᠡᠮᠰᠢᠪᠡ᠃ ᠡᠬᠡ ᠤᠷᠤᠨ ᠤ ᠪᠦᠷᠢᠨ ᠨᠢᠭᠡᠳᠦᠯ ᠤᠨ ᠴᠠᠭ ᠪᠠ ᠪᠠᠶᠢᠳᠠᠯ ᠢᠮᠠᠭᠲᠠ ᠮᠠᠨ ᠤ ᠲᠠᠯ᠎ᠠ ᠳᠤ ᠪᠠᠶᠢᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠡᠰ ᠴᠢᠩᠬ᠎ᠠ ᠤᠳᠤᠷᠢᠳᠤᠯᠭ᠎ᠠ᠂ ᠠᠭᠤᠦ ᠶᠡᠭᠡ ᠡᠬᠡ ᠤᠷᠤᠨ ᠤ | ᠪᠠᠲᠤ ᠴᠢᠩᠭ᠎ᠠ ᠲᠦᠰᠢᠭ᠂ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠡᠷ᠂ ᠣᠣᠮᠧᠨ ᠤ | ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠡᠷ ᠪᠣᠯᠤᠨ ᠲᠠᠶᠢᠸᠠᠨ ᠤ ᠠᠬ᠎ᠠ ᠳᠡᠭᠦᠦ ᠨᠡᠷ ᠢ ᠪᠠᠭᠲᠠᠭᠠᠭᠰᠠᠨ | ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠭᠡ ᠰᠡᠳᠭᠢᠯ ᠬᠠᠮᠳᠦ ᠶᠢᠨ ᠬᠦᠴᠦᠨ ᠪᠠᠶᠢᠬᠤ ᠶᠤᠮ | ᠴᠢᠨᠢ᠂ ᠰᠢᠶᠠᠩᠭᠠᠩ᠂ ᠣᠣᠮᠧᠨ ᠯᠠᠪᠳᠠᠢ ᠤᠷᠳᠤ ᠬᠤᠭᠤᠴᠠᠭ᠎ᠠ ᠪᠠᠷ ᠴᠡᠴᠡᠭᠯᠡᠨ ᠬᠥᠭᠵᠢᠵᠦ ᠲᠣᠭᠲᠠᠭᠤᠨ ᠪᠠᠶᠢᠵᠦ ᠴᠢᠳᠠᠨ᠎ᠠ᠂ | ᠡᠬᠡ ᠤᠷᠤᠨ ᠤ ᠪᠦᠷᠢᠨ ᠨᠢᠭᠡᠳᠦᠯ ᠯᠠᠪᠲᠠᠶ ᠪᠡᠶᠡᠯᠡᠭᠳᠡᠵᠦ ᠴᠢᠳᠠᠨ᠎ᠠ ᠬᠡᠳᠡᠭ ᠢ ᠦᠢᠯᠡᠳᠦᠯᠭᠡ ᠭᠡᠷᠡᠴᠢᠯᠡᠵᠦ ᠪᠠᠶᠢᠨ᠎ᠠ᠃ | ︵ᠠᠷᠪᠠᠨ ᠭᠤᠷᠪᠠ︶ ᠭᠠᠳᠠᠭᠠᠳᠤ ᠬᠠᠷᠢᠯᠴᠠᠭᠠᠨ ᠤ ᠠᠵᠢᠯ ᠤᠨ ᠲᠠᠯ᠎ᠠ ᠪᠠᠷ | ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠨᠠᠮ ᠠᠴᠠ ᠪᠡᠶ᠎ᠡ ᠪᠠᠨ ᠳᠠᠭᠠᠭᠠᠵᠤ ᠡᠵᠡᠨ ᠮᠡᠳᠡᠬᠦ | ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠮᠠᠨ ᠤ ᠤᠯᠤᠰ ᠤᠨ | ᠬᠥᠭᠵᠢᠯᠲᠡ ᠳᠤ ᠰᠠᠶᠢᠨ ᠰᠠᠶᠢᠬᠠᠨ ᠭᠠᠳᠠᠭᠠᠳᠤ ᠣᠷᠴᠢᠨ ᠨᠥᠬᠦᠴᠡᠯ ᠢ ᠪᠤᠢ ᠪᠣᠯᠭᠠᠵᠤ᠂ ᠬᠥᠮᠦᠨ ᠲᠥᠷᠥᠯᠬᠢᠲᠡᠨ ᠤ | ᠲᠠᠪᠰᠢᠯᠳᠠ ᠶᠢᠨ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠰᠢᠨ᠎ᠡ ᠴᠠᠭ ᠦᠶ᠎ᠠ ᠳᠤ ᠣᠷᠣᠭᠠᠳ᠂ | ᠣᠯᠠᠨ ᠤᠯᠤᠰ ᠤᠨ ᠬᠦᠴᠦᠨ ᠤ ᠬᠠᠷᠢᠴᠠᠯ ᠳᠤ ᠭᠦᠨᠵᠡᠭᠡᠶ ᠲᠣᠬᠢᠷᠠᠭᠤᠯᠤᠯᠲᠠ ᠭᠠᠷᠴᠦ᠂ ᠭᠠᠭᠴᠠ ᠲᠠᠯᠠᠲᠤ ᠦᠵᠡᠯ᠂ | ᠬᠠᠮᠠᠭᠠᠯᠠᠬᠤ ᠦᠵᠡᠯ᠂ ᠡᠵᠡᠷᠬᠡᠬᠦ ᠦᠵᠡᠯ᠂ ᠬᠦᠴᠦᠷᠬᠡᠭᠯᠡᠯ ᠤᠨ ᠤᠯᠤᠰ ᠲᠥᠷᠥ ᠶᠢᠨ ᠳᠡᠯᠡᠬᠡᠶ ᠶᠢᠨ ᠡᠩᠬᠡ ᠲᠠᠶᠢᠪᠤᠩ ᠬᠢᠭᠡᠳ | ᠬᠥᠭᠵᠢᠯᠲᠡ ᠳᠤ ᠦᠵᠡᠭᠦᠯᠬᠦ ᠰᠦᠷᠳᠡᠭᠦᠯᠦᠯ ᠬᠡᠴᠡᠬᠦᠳᠡᠵᠦ᠂ ᠳᠡᠯᠡᠬᠡᠶᠢᠴᠢᠯᠡᠯᠲᠡ ᠶᠢ ᠰᠥᠷᠬᠦ ᠦᠵᠡᠯ ᠰᠠᠨᠠᠭᠠᠨ ᠤ ᠤᠷᠤᠰᠬᠠᠯ | ᠳᠡᠭᠡᠭᠰᠢᠯᠡᠵᠦ᠂ ᠳᠡᠯᠡᠬᠡᠶ ᠶᠢᠷᠲᠢᠨᠴᠦ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠨᠠᠮ ᠤᠨ | ᠲᠥᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ ᠨᠠᠷᠢᠨ ᠪᠤᠳᠤᠯᠢᠶᠠᠨᠲᠠᠶ ᠪᠦᠭᠡᠳ ᠬᠦᠨᠳᠦ ᠬᠡᠴᠡᠭᠦᠦ ᠳᠡᠯᠡᠬᠡᠶ ᠶᠢᠨ ᠪᠠᠶᠢᠳᠠᠯ | ᠪᠠ ᠤᠷᠢᠳ ᠡᠮᠦᠨ᠎ᠡ ᠪᠠᠶᠢᠭ᠎ᠠ ᠦᠭᠡᠢ ᠭᠠᠳᠠᠭᠠᠳᠤ ᠲᠦᠭᠰᠢᠭᠦᠷᠢ ᠪᠠ ᠰᠢᠯᠭᠠᠯᠳᠡ ᠶᠢᠨ ᠡᠮᠦᠨ᠎ᠡ᠂ ᠡᠷᠬᠡᠪᠰᠢ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠶ ᠲᠥᠯᠥᠪᠯᠡᠵᠦ᠂ ᠨᠠᠮ ᠠᠴᠠ ᠭᠠᠳᠠᠭᠠᠳᠤ ᠶᠠᠪᠤᠳᠠᠯ ᠤᠨ | ᠠᠵᠢᠯ ᠢ ᠤᠳᠤᠷᠢᠳᠬᠤ ᠪᠠᠶᠢᠭᠤᠯᠤᠯ ᠲᠣᠭᠲᠠᠴᠠ ᠶᠢ ᠪᠦᠷᠢᠨᠰᠢᠬᠦᠯᠵᠦ᠂ ᠭᠠᠳᠠᠭᠠᠳᠤ ᠬᠠᠷᠢᠯᠴᠠᠭᠠᠨ ᠤ ᠠᠵᠢᠯ ᠤᠨ | ᠤᠷᠤᠢ ᠶᠢᠨ ᠲᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠲᠤᠮᠳᠠᠳᠦ ᠤᠯᠤᠰ ᠤᠨ ᠣᠨᠴᠠᠯᠢᠭ ᠪᠦᠬᠦᠢ ᠲᠣᠮᠣ | ᠤᠯᠤᠰ ᠤᠨ ᠭᠠᠳᠠᠭᠠᠳᠤ ᠬᠠᠷᠢᠯᠴᠠᠭᠠᠨ ᠳᠤ ᠪᠠᠶᠢᠯᠳᠤᠬᠤ ᠪᠣᠳᠣᠯᠭ᠎ᠠ ᠶᠢᠨ ᠤᠬᠠᠭᠠᠯᠠᠯ ᠲᠥᠰᠥᠪᠯᠡᠯ ᠬᠢᠵᠦ᠂ ᠰᠢᠨ᠎ᠡ | ᠬᠡᠯᠪᠡᠷᠢ ᠶᠢᠨ ᠣᠯᠠᠨ ᠤᠯᠤᠰ ᠤᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠵᠦ᠂ ᠬᠥᠮᠦᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠡᠩᠬᠡ ᠲᠠᠶᠢᠪᠤᠩ᠂ ᠬᠥᠭᠵᠢᠯᠲᠡ᠂ ᠲᠥᠪ ᠭᠤᠤᠯᠴᠢ᠂ | ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠲᠠᠢ ᠪᠥᠬᠦ ᠬᠥᠮᠦᠨ ᠲᠥᠷᠥᠯᠬᠢᠲᠡᠨ ᠤ ᠬᠠᠮᠲᠤ ᠶᠢᠨ ᠥᠷᠲᠡᠭ ᠢ | ᠪᠠᠳᠠᠷᠠᠭᠤᠯᠵᠤ᠂ ᠬᠥᠮᠦᠨ ᠲᠥᠷᠥᠯᠬᠢᠲᠡᠨ ᠤ ᠳᠠᠪᠰᠢᠯᠲᠠ ᠶᠢᠨ ᠤᠷᠤᠰᠬᠠᠯ ᠢ ᠬᠥᠲᠥᠯᠥᠨ ᠳᠠᠭᠠᠭᠤᠯᠬᠤ ᠬᠡᠷᠡᠭᠳᠠᠢ᠃ | ᠨᠠᠮ ᠠᠴᠠ ᠰᠢᠨ᠎ᠡ ᠴᠠᠭ ᠦᠶ᠎ᠡ ᠶᠢᠨ ᠭᠠᠳᠠᠭᠠᠳᠤ ᠬᠠᠷᠢᠯᠴᠠᠭᠠᠨ ᠤ ᠠᠵᠢᠯ ᠤᠨ ᠶᠡᠭᠡ ᠲᠠᠯ᠎ᠠ ᠶᠢ ᠡᠵᠡᠮᠳᠡᠵᠦ᠂ | ᠦᠨᠳᠦᠰᠦᠲᠡᠨ ᠤ ᠰᠡᠷᠭᠦᠨ ᠮᠠᠨᠳᠤᠯᠲᠠ ᠳᠤ ᠦᠢᠯᠡᠴᠢᠯᠡᠬᠦ᠂ ᠬᠥᠮᠦᠨ ᠲᠥᠷᠥᠯᠬᠢᠲᠡᠨ ᠤ ᠳᠠᠪᠰᠢᠯᠲᠠ ᠶᠢ ᠠᠬᠢᠭᠤᠯᠬᠤ ᠡᠨᠡ ᠬᠦ | ᠭᠤᠤᠯ ᠰᠢᠵᠢᠮ ᠲᠠᠢ ᠨᠢᠬᠳᠠ ᠤᠶᠠᠯᠳᠤᠭᠤᠯᠤᠨ᠂ ᠡᠩᠬᠡ ᠲᠠᠶᠢᠪᠤᠩ ᠪᠠᠶᠢᠬᠤ᠂ ᠬᠥᠭᠵᠢᠬᠦᠯᠬᠦ᠂ ᠬᠠᠮᠲᠤᠷᠠᠨ ᠠᠵᠢᠯᠯᠠᠬᠤ᠂ | ᠬᠠᠮᠲᠤ ᠪᠠᠷ ᠠᠰᠢᠭ ᠬᠦᠷᠲᠡᠬᠦ ᠲᠤᠭ ᠢ ᠥᠨᠳᠥᠷ ᠮᠠᠨᠳᠤᠭᠤᠯᠵᠦ᠂ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ᠂ | ᠪᠡᠶᠡᠲᠦᠴᠢᠯᠡᠭᠰᠡᠨ ᠭᠠᠳᠠᠭᠠᠳᠤ ᠬᠠᠷᠢᠯᠴᠠᠭᠠᠨ ᠤ ᠪᠠᠶᠢᠷᠢᠯᠠᠭᠤᠯᠤᠯᠲᠠ ᠶᠢ ᠠᠬᠢᠭᠤᠯᠤᠨ ᠲᠡᠭᠦᠯᠳᠡᠷᠵᠢᠭᠦᠯᠵᠦ᠂ ᠪᠦᠬᠦ | ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠢᠳᠡᠪᠬᠢᠲᠡᠶ ᠬᠥᠭᠵᠢᠭᠦᠯᠪᠡ᠃ ᠪᠢᠳᠡ ᠲᠤᠮᠤ ᠤᠯᠤᠰ ᠤᠨ ᠬᠠᠷᠢᠴᠠᠭ᠎ᠠ ᠶᠢ | ᠲᠥᠰᠥᠪᠯᠡᠵᠦ᠂ ᠲᠤᠮᠤ ᠤᠯᠤᠰ ᠤᠨ ᠵᠣᠬᠢᠴᠠᠭᠤᠯᠭ᠎ᠠ ᠪᠠ ᠬᠠᠮᠲᠤᠷᠠᠯᠴᠠᠭ᠎ᠠ ᠶᠢ ᠠᠬᠢᠭᠤᠯᠪᠠ᠃ ᠳᠣᠲᠣᠨᠣ ᠦᠨᠡᠨᠴᠢ ᠠᠰᠢᠭᠲᠠᠶ | ᠪᠠᠭᠲᠠᠭᠠᠮᠵᠢᠲᠠᠶ ᠪᠠᠶᠢᠬᠤ ᠣᠶᠢᠯᠠᠭᠠᠭᠳᠠᠬᠤᠨ ᠪᠣᠯᠤᠨ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ | ᠵᠡᠷᠭᠡᠯᠡᠳᠡᠭᠡ ᠲᠠᠢ ᠪᠠᠨ ᠨᠠᠶᠢᠵᠠᠯᠠᠬᠤ ᠬᠦᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠴᠢᠭᠯᠡᠯᠲᠡ ᠶᠣᠰᠣᠭᠠᠷ ᠡᠷᠭᠢᠨ | ᠲᠣᠭᠤᠷᠢᠨ ᠤ ᠤᠯᠤᠰ ᠯᠤᠭ᠎ᠠ ᠶᠢᠨ ᠬᠠᠷᠢᠴᠠᠭ᠎ᠠ ᠪᠠᠨ ᠭᠦᠨᠵᠡᠭᠡᠶᠢᠷᠡᠭᠦᠯᠵᠦ᠂ ᠬᠦᠷᠰᠢ ᠵᠡᠷᠭᠡᠯᠡᠳᠡᠭᠡ ᠶᠢᠨ ᠪᠠᠶᠢᠯᠳᠤᠬᠤ | ᠪᠤᠳᠤᠯᠭ᠎ᠠ ᠶᠢᠨ ᠲᠦᠰᠢᠭ ᠲᠤᠯᠭᠠᠭᠤᠷᠢ ᠶᠢ ᠲᠣᠭᠲᠠᠪᠤᠷᠢᠵᠢᠭᠤᠯᠵᠤ᠂ ᠬᠦᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠪᠠ᠃ ᠵᠥᠪ ᠵᠢᠷᠤᠮ ᠠᠰᠢᠭ ᠤᠨ ᠦᠵᠡᠯᠲᠡ ᠪᠣᠯᠤᠨ ᠦᠨᠡᠨ ᠪᠣᠳᠠᠲᠠᠶ ᠳᠣᠲᠣᠨᠣ | ᠦᠨᠡᠨᠴᠢ ᠪᠠᠶᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠥᠷᠭᠡᠨ ᠣᠯᠠᠨ ᠬᠥᠭᠵᠢᠵᠦ ᠪᠠᠶᠢᠭ᠎ᠠ ᠤᠯᠤᠰ ᠯᠤᠭ᠎ᠠ ᠶᠢᠨ | ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠬᠦᠯᠢ ᠴᠣᠭᠴᠠ ᠶᠢᠨ ᠬᠠᠮᠲᠤᠷᠠᠯᠴᠠᠭᠠᠨ ᠤ ᠲᠣᠭᠲᠠᠴᠠ ᠶᠢ | ᠨᠠᠶᠢᠳᠡᠮ ᠳᠤᠨᠢ ᠬᠠᠮᠤᠷᠤᠭᠤᠯᠬᠤ ᠶᠢ ᠪᠡᠶᠡᠯᠡᠭᠦᠯᠪᠡ᠃ ᠨᠠᠮ ᠠᠴᠠ ᠳᠡᠯᠡᠬᠡᠶ ᠳᠡᠭᠡᠷᠡᠬᠢ ᠲᠠᠪᠤᠨ ᠵᠠᠭᠤ ᠭᠠᠷᠤᠶ ᠲᠦᠷᠦ ᠶᠢᠨ ᠨᠠᠮ | ᠪᠣᠯᠤᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠯᠤᠭ᠎ᠠ ᠪᠠᠶᠢᠩᠭᠤ ᠶᠢᠨ ᠴᠢᠨᠠᠷᠲᠠᠶ ᠬᠠᠷᠢᠯᠴᠠᠭ᠎ᠠ ᠪᠠᠨ ᠪᠠᠲᠤᠯᠠᠵᠤ᠂ | ᠲᠦᠷᠦ ᠶᠢᠨ ᠨᠠᠮ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ ︽ᠭᠠᠳᠠᠭᠰᠢ ᠭᠠᠷᠬᠤ︾ ᠶᠠᠪᠤᠳᠠᠯ ᠡᠳᠦᠷ | ᠢᠷᠡᠬᠦᠶ᠎ᠡ ᠥᠷᠭᠡᠵᠢᠵᠦ ᠪᠠᠶᠢᠭ᠎ᠠ ᠰᠢᠨ᠎ᠡ ᠪᠠᠶᠢᠳᠠᠯ ᠳᠤ ᠵᠣᠬᠢᠴᠠᠭᠤᠯᠤᠨ᠂ ᠭᠠᠳᠠᠭᠠᠳᠤ ᠳᠠᠬᠢ ᠠᠰᠢᠭ ᠲᠤᠰᠠ ᠪᠠᠨ ᠬᠠᠮᠠᠭᠠᠯᠠᠬᠤ | ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠠᠳᠠᠭᠠᠳᠤ ᠳᠠᠬᠢ ᠠᠰᠢᠭ ᠲᠤᠰᠠ ᠶᠢᠨ ᠢᠶᠠᠨ ᠠᠯᠢ ᠣᠯᠠᠨ | ᠲᠦᠭᠰᠢᠭᠦᠷᠢ ᠪᠠ ᠰᠢᠯᠭᠠᠯᠳᠡ ᠶᠢ ᠬᠦᠴᠦᠲᠡᠶ ᠠᠷᠭᠠᠴᠠᠪᠠ᠃ | ᠮᠠᠨ ᠤ ᠤᠯᠤᠰ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ | ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠤᠯ ᠪᠣᠯᠭᠠᠭᠰᠠᠨ | ᠣᠯᠠᠨ ᠤᠯᠤᠰ ᠤᠨ ᠰᠢᠰᠲ᠋ᠧᠮ᠂ ᠣᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠣᠯᠠᠨ ᠤᠯᠤᠰ ᠤᠨ ᠡᠮᠬᠢ ᠵᠢᠷᠤᠮ | ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠣᠯᠤᠨ ᠵᠠᠷᠴᠢᠮ ᠢᠶᠠᠷ ᠰᠠᠭᠤᠷᠢ | ᠪᠣᠯᠭᠠᠭᠰᠠᠨ ᠣᠯᠠᠨ ᠤᠯᠤᠰ ᠤᠨ ᠬᠠᠷᠢᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠵᠤ᠂ ᠵᠢᠩᠬᠢᠨᠢ ᠣᠯᠠᠨ ᠲᠠᠯᠠᠲᠤ | ᠦᠵᠡᠯ ᠢ ᠬᠠᠮᠠᠭᠠᠯᠠᠨ ᠦᠢᠯᠡᠳᠦᠯᠭᠡᠵᠢᠭᠦᠯᠵᠦ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠂ ᠡᠵᠡᠷᠬᠡᠬᠦ ᠦᠵᠡᠯ᠂ | ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠠᠵᠤ ᠠᠬᠤᠶ ᠶᠢᠨ ᠳᠡᠯᠡᠬᠡᠶᠢᠴᠢᠯᠡᠯᠲᠡ ᠶᠢᠨ ᠨᠡᠩ | ᠨᠡᠭᠡᠭᠡᠯᠲᠡᠲᠡᠶ᠂ ᠪᠠᠭᠲᠠᠭᠠᠮᠵᠢᠲᠠᠶ᠂ ᠲᠦᠭᠡᠮᠡᠯ ᠬᠠᠷᠠᠭᠠᠯᠵᠠᠯ ᠲᠠᠢ᠂ ᠲᠡᠩᠴᠡᠭᠦᠷᠢᠲᠡᠶ᠂ ᠬᠠᠮᠲᠤ ᠪᠠᠷ ᠠᠰᠢᠭ ᠬᠦᠷᠳᠡᠬᠦ ᠴᠢᠭᠯᠡᠯ | ᠲᠡᠶᠢᠰᠢ ᠬᠥᠭᠵᠢᠬᠦ ᠶᠢ ᠢᠳᠡᠪᠬᠢᠲᠡᠶ ᠠᠬᠢᠭᠤᠯᠪᠠ᠃ ᠮᠠᠨ ᠤ ᠤᠯᠤᠰ ᠳᠡᠯᠡᠬᠡᠶ ᠶᠢᠨ ᠪᠠ ᠭᠠᠵᠠᠷ ᠣᠷᠣᠨ ᠤ ᠬᠠᠯᠠᠭᠤᠨ | ᠴᠡᠭ ᠤᠨ ᠠᠰᠠᠭᠤᠳᠠᠯ ᠢ ᠤᠯᠤᠰ ᠲᠦᠷᠦ ᠶᠢᠨ ᠠᠷᠭ᠎ᠠ ᠪᠠᠷ ᠰᠢᠢᠳᠪᠦᠷᠢᠯᠡᠬᠦ ᠳᠤ ᠪᠦᠲᠦᠭᠡᠯᠴᠢ ᠴᠢᠨᠠᠷᠲᠠᠶ ᠪᠠᠷ ᠣᠷᠣᠯᠴᠠᠵᠤ᠂ | ᠠᠭᠤᠷ ᠠᠮᠢᠰᠬᠤᠯ ᠤᠨ ᠬᠤᠪᠢᠷᠠᠯᠲᠠ᠂ ᠶᠠᠳᠠᠭᠤᠷᠠᠯ ᠢ ᠪᠠᠭᠠᠰᠬᠠᠬᠤ᠂ ᠰᠦᠷᠳᠡᠭᠦᠯᠦᠯ ᠢ ᠡᠰᠡᠷᠭᠦᠴᠡᠬᠦ᠂ ᠰᠦᠯᠵᠢᠶᠡᠨ ᠤ ᠠᠮᠤᠷ | ᠲᠦᠪᠰᠢᠨ ᠪᠠ ᠭᠠᠵᠠᠷ ᠣᠷᠣᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ ᠬᠦᠷᠢᠶᠡᠨ ᠳᠤ ᠢᠳᠡᠪᠬᠢᠲᠡᠶ ᠦᠢᠯᠡᠳᠦᠯ ᠢᠶᠠᠨ | ᠪᠠᠳᠠᠷᠠᠭᠤᠯᠪᠠ᠃ ᠮᠠᠨ ᠤ ᠤᠯᠤᠰ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠢ ᠡᠰᠡᠷᠭᠦᠴᠡᠬᠦ ᠣᠯᠠᠨ | ᠤᠯᠤᠰ ᠤᠨ ᠬᠠᠮᠲᠤᠷᠠᠯᠴᠠᠭ᠎ᠠ ᠥᠷᠨᠢᠭᠦᠯᠵᠦ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠬᠠᠮᠤᠭ ᠤᠨ | ᠶᠡᠭᠡ ᠬᠡᠪᠴᠢᠶᠡᠨ ᠤ ᠪᠦᠬᠦ ᠪᠥᠮᠪᠥᠷᠴᠡᠭ ᠤᠨ ᠬᠥᠮᠦᠯᠢᠭ ᠦᠵᠡᠯ ᠤᠨ ᠪᠠᠴᠢᠮ ᠠᠵᠢᠯᠯᠠᠭ᠎ᠠ ᠶᠢ ᠡᠭᠦᠰᠭᠡᠨ᠂ ᠦᠢ ᠣᠯᠠᠨ | ᠤᠯᠤᠰ ᠢᠯᠠᠩᠭᠤᠶ᠎ᠠ ᠬᠥᠭᠵᠢᠵᠦ ᠪᠠᠶᠢᠭ᠎ᠠ ᠤᠯᠤᠰ ᠤᠳ ᠲᠤ ᠡᠳ᠋ ᠪᠣᠳᠠᠰ ᠤᠨ ᠲᠤᠰᠠᠯᠠᠮᠵᠢ᠂ ᠡᠮᠨᠡᠯᠭᠡ ᠶᠢᠨ ᠳᠡᠮᠵᠢᠯᠭᠡ᠂ | ᠸᠠᠺᠼᠢᠨ ᠤ ᠲᠤᠰᠠᠯᠠᠮᠵᠢ ᠪᠠ ᠬᠠᠮᠲᠤᠷᠠᠯᠴᠠᠭ᠎ᠠ ᠬᠠᠩᠭᠠᠵᠤ᠂ ᠬᠠᠷᠢᠭᠤᠴᠠᠯᠭ᠎ᠠ ᠲᠠᠢ ᠲᠤᠮᠤ ᠤᠯᠤᠰ ᠤᠨ ᠳᠦᠷᠢ ᠲᠥᠷᠬᠦ ᠶᠢ | ᠢᠯᠡᠷᠡᠭᠦᠯᠪᠡ᠃ | ᠲᠠᠰᠤᠷᠠᠯᠲᠠ ᠦᠭᠡᠢ ᠴᠢᠷᠮᠠᠶᠢᠬᠤ ᠪᠠᠷ ᠲᠠᠮᠵᠢᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠤᠮᠤ ᠤᠯᠤᠰ ᠤᠨ | ᠭᠠᠳᠠᠭᠠᠳᠤ ᠬᠠᠷᠢᠯᠴᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠨᠢ ᠴᠠᠭ ᠦᠶ᠎ᠡ ᠶᠢᠨ ᠤᠷᠤᠰᠬᠠᠯ ᠪᠠ ᠬᠥᠮᠦᠨ ᠲᠥᠷᠥᠯᠬᠢᠲᠡᠨ ᠤ ᠤᠷᠤᠭᠰᠢᠯᠠᠯᠲᠠ ᠶᠢᠨ ᠴᠢᠭᠯᠡᠯ ᠢ | ᠬᠥᠲᠥᠯᠥᠨ ᠳᠠᠭᠠᠭᠤᠯᠬᠤ ᠢᠯᠡ ᠲᠣᠳᠣ ᠲᠤᠭ ᠲᠡᠮᠳᠡᠭ ᠪᠤᠯᠵᠤ᠂ ᠮᠠᠨ ᠤ ᠤᠯᠤᠰ ᠤᠨ ᠭᠠᠳᠠᠭᠠᠳᠤ ᠬᠠᠷᠢᠯᠴᠠᠭ᠎ᠠ | ᠳᠡᠯᠡᠬᠡᠶ ᠶᠢᠨ ᠶᠡᠭᠡ ᠬᠤᠪᠢᠰᠤᠯᠲᠠ ᠶᠢᠨ ᠳᠤᠮᠳᠠ ᠰᠢᠨ᠎ᠡ ᠪᠠᠶᠢᠳᠠᠯ ᠢ ᠨᠡᠭᠡᠭᠡᠵᠦ᠂ ᠳᠡᠯᠡᠬᠡᠶ ᠶᠢᠨ ᠰᠠᠮᠠᠭᠤᠨ ᠪᠠᠶᠢᠳᠠᠯ ᠤᠨ | ᠲᠤᠮᠳᠠ ᠲᠦᠭᠰᠢᠭᠦᠷᠢ ᠶᠢ ᠲᠣᠬᠢᠶᠠᠯ ᠪᠣᠯᠭᠠᠨ ᠬᠤᠪᠢᠷᠠᠭᠤᠯᠵᠦ᠂ ᠮᠠᠨ ᠤ ᠤᠯᠤᠰ ᠤᠨ ᠲᠡᠯᠡᠭᠡᠢ ᠲᠡᠭᠡᠷᠡᠬᠢ ᠨᠥᠯᠥᠭᠡᠯᠡᠬᠦ | ᠬᠦᠴᠦᠨ᠂ ᠤᠷᠢᠶᠠᠯᠠᠬᠤ ᠬᠦᠴᠦᠨ᠂ ᠴᠤᠭᠴᠠᠯᠠᠨ ᠪᠠᠶᠢᠭᠤᠯᠬᠤ ᠬᠦᠴᠦᠨ ᠢᠯᠡᠳᠲᠡ ᠳᠡᠭᠡᠭᠰᠢᠯᠡᠪᠡ᠃ | ᠪᠠᠭᠴᠠᠯᠠᠭᠠᠳ ᠬᠡᠯᠡᠪᠡᠯ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ | ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠪᠥᠬᠦ ᠨᠠᠮ ᠪᠥᠬᠦ ᠴᠡᠷᠢᠭ ᠪᠥᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠡᠷᠡᠮᠡᠬᠡᠶᠢᠯᠡᠨ ᠤᠷᠤᠭᠰᠢᠯᠠᠵᠤ᠂ ᠴᠢᠨᠡᠭᠡᠯᠢᠭ ᠨᠡᠶᠢᠭᠡᠮ ᠢ ᠪᠥᠬᠦ | ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠪᠠᠨ ᠬᠤᠭᠤᠴᠠᠭ᠎ᠠ ᠶᠤᠰᠤᠭᠠᠷ ᠪᠡᠶᠡᠯᠡᠭᠦᠯᠵᠦ᠂ ᠨᠠᠮ ᠪᠠ ᠤᠯᠤᠰ ᠤᠨ ᠠᠵᠢᠯ | ᠦᠢᠯᠡᠰ ᠲᠡᠦᠬᠡᠲᠦ ᠴᠢᠨᠠᠷᠲᠠᠶ ᠠᠮᠵᠢᠯᠲᠠ ᠪᠦᠳᠦᠮᠵᠢ ᠣᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠴᠤ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠢᠯᠡᠷᠡᠭᠦᠯᠵᠦ᠂ | ᠨᠠᠮ ᠤᠨ ᠰᠡᠳᠭᠢᠯ ᠴᠡᠷᠢᠭ ᠤᠨ ᠰᠡᠳᠭᠢᠯ ᠠᠷᠠᠳ ᠤᠨ ᠰᠡᠳᠭᠢᠯ ᠢ ᠤᠷᠢᠳ ᠭᠠᠷᠤᠭ᠎ᠠ ᠦᠭᠡᠶ ᠨᠢᠭᠲᠠᠷᠠᠭᠤᠯᠤᠨ ᠬᠦᠭᠵᠢᠭᠡᠵᠦ᠂ | ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠪᠦᠷᠢᠨ ᠲᠡᠭᠦᠯᠳᠡᠷ | ᠪᠠᠶᠢᠭᠤᠯᠤᠯ ᠤᠨ ᠪᠠᠲᠤᠯᠠᠭ᠎ᠠ᠂ ᠨᠡᠩ ᠪᠠᠲᠤ ᠪᠠᠬᠢ ᠪᠣᠳᠠᠰ ᠤᠨ ᠰᠠᠭᠤᠷᠢ᠂ ᠨᠡᠩ ᠰᠠᠨᠠᠭᠠᠴᠢᠯᠠᠭᠠᠲᠤ ᠤᠶᠤᠨ ᠰᠠᠨᠠᠭᠠᠨ ᠤ | ᠬᠦᠴᠦᠨ ᠢ ᠬᠠᠩᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ ᠤᠨ ᠠᠷᠠᠳ ᠲᠦᠮᠡᠨ | ᠡᠷᠡᠯᠬᠡᠭ ᠪᠠᠭᠠᠲᠤᠷᠯᠢᠭ ᠡᠷᠡᠰ ᠬᠠᠳᠠᠭᠤᠵᠢᠯᠳᠠᠢ ᠲᠡᠮᠡᠴᠡᠯ ᠢᠶᠠᠷ ᠢᠶᠠᠨ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ | ᠪᠠ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠦ ᠶᠡᠭᠡ ᠦᠰᠦᠷᠦᠯᠲᠡ ᠶᠢ ᠤᠭᠲᠤᠨ ᠠᠪᠴᠢᠷᠠᠬᠰᠠᠡ ᠢ ᠳᠡᠯᠡᠬᠡᠶ | ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃ | ᠲᠠᠪᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ | ᠵᠠᠭᠤᠨ ᠵᠢᠯ ᠤᠨ ᠲᠤᠷᠰᠢ᠂ ᠨᠠᠮ ᠢᠮᠠᠭᠲᠠ ᠲᠤᠯᠭᠤᠷ ᠵᠤᠷᠢᠯᠳᠡ ᠡᠭᠦᠷᠭᠡ ᠬᠠᠷᠢᠭᠤᠴᠠᠯᠭ᠎ᠠ ᠪᠠᠨ | ᠦᠢᠯᠡᠳᠦᠯᠭᠡᠵᠢᠭᠦᠯᠵᠦ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠬᠥᠮᠦᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠠᠬᠢ ᠰᠦᠷᠯᠢᠭ ᠰᠠᠶᠢᠬᠠᠨ ᠵᠢᠷᠤᠭ ᠢ ᠵᠢᠷᠤᠭᠯᠠᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠤᠷᠢᠳ ᠡᠮᠦᠨ᠎ᠡ ᠪᠠᠶᠢᠭ᠎ᠠ ᠦᠭᠡᠢ ᠭᠡᠭᠡᠨ ᠰᠠᠷᠠᠭᠤᠯ ᠢᠷᠡᠭᠡᠳᠦᠢ ᠪᠠᠨ | ᠲᠡᠯᠭᠡᠨ ᠦᠵᠡᠬᠦᠯᠦᠭᠰᠡᠨ ᠪᠠᠶᠢᠨ᠎ᠠ᠃ | ︵ᠨᠢᠭᠡ︶ ᠨᠠᠮ ᠤᠨ ᠵᠠᠭᠤᠨ ᠵᠢᠯ ᠤᠨ ᠲᠡᠮᠡᠴᠡᠯ ᠨᠢ ᠳᠤᠮᠳᠠᠳᠤ ᠤᠯᠤᠰ ᠤᠨ ᠠᠷᠠᠳ ᠲᠦᠮᠡᠨ ᠤ ᠢᠷᠡᠭᠡᠳᠦᠶ ᠬᠤᠪᠢ | ᠵᠠᠶᠠᠭ᠎ᠠ ᠶᠢ ᠦᠨᠳᠦᠰᠦᠨ ᠠᠴᠠ ᠨᠢ ᠬᠤᠪᠢᠷᠠᠭᠤᠯᠪᠠ᠃ ᠤᠢᠢᠷ᠎ᠠ ᠦᠶ᠎ᠡ ᠠᠴᠠ ᠬᠤᠶᠢᠰᠢ᠂ ᠳᠤᠮᠳᠠᠳᠤ ᠤᠯᠤᠰ ᠤᠨ ᠠᠷᠠᠳ | ᠲᠦᠮᠡᠨ ᠭᠤᠷᠪᠠᠨ ᠶᠡᠭᠡ ᠠᠭᠤᠯᠠ ᠶᠢᠨ ᠳᠠᠷᠤᠯᠠᠯ ᠢ ᠭᠦᠨ ᠠᠮᠰᠠᠵᠤ᠂ ᠥᠷᠥᠨᠡᠳᠠᠬᠢᠨ ᠤ ᠬᠦᠴᠦᠷᠬᠡᠭ ᠤᠯᠤᠰ ᠤᠳ ᠲᠤ ︽ | ᠳᠤᠷᠤᠨᠠᠲᠤ ᠠᠽᠢᠶ᠎ᠠ ᠶᠢᠨ ᠡᠪᠡᠳᠴᠢᠲᠡᠨ︾ ᠭᠡᠵᠦ ᠳᠣᠷᠣᠮᠵᠢᠯᠠᠭᠳᠠᠵᠠᠢ᠃ ᠵᠠᠭᠤᠨ ᠵᠢᠯ ᠤᠨ ᠲᠤᠷᠰᠢ᠂ ᠨᠠᠮ ᠠᠴᠠ ᠠᠷᠠᠳ | ᠲᠦᠮᠡᠨ ᠢ ᠤᠳᠤᠷᠢᠳᠤᠨ ᠰᠦᠷ ᠳᠠᠯᠠᠶᠢᠴᠠᠲᠠᠢ ᠠᠭᠤᠤ ᠶᠡᠭᠡ ᠲᠡᠮᠡᠴᠡᠯ ᠬᠢᠬᠦ ᠪᠠᠷ ᠲᠠᠮᠵᠢᠭᠠᠳ᠂ ᠳᠤᠮᠳᠠᠳᠤ ᠤᠯᠤᠰ ᠤᠨ | ᠠᠷᠠᠳ ᠲᠦᠮᠡᠨ ᠲᠤᠷᠤᠮᠵᠢᠯᠠᠭᠳᠠᠵᠤ ᠳᠠᠷᠤᠯᠠᠭᠳᠠᠵᠤ ᠪᠣᠭᠤᠯᠴᠢᠯᠠᠭᠳᠠᠵᠤ ᠪᠠᠶᠢᠭᠰᠠᠨ ᠬᠤᠪᠢ ᠵᠠᠶᠠᠭ᠎ᠠ ᠠᠴᠠ ᠪᠠᠨ | ᠲᠦᠢᠯᠪᠤᠷᠢᠲᠠᠶ ᠠᠩᠭᠢᠵᠢᠷᠠᠵᠤ᠂ ᠤᠯᠤᠰ᠂ ᠨᠡᠶᠢᠭᠡᠮ ᠪᠠ ᠬᠤᠪᠢ ᠵᠠᠶᠠᠭᠠᠨ ᠤ ᠪᠠᠨ ᠡᠵᠡᠨ ᠨᠢ ᠪᠣᠯᠵᠦ᠂ ᠠᠷᠠᠳ ᠤᠨ | ᠠᠷᠠᠳᠴᠢᠯᠠᠯ ᠲᠠᠰᠤᠷᠠᠯᠳᠠ ᠦᠭᠡᠢ ᠬᠥᠭᠵᠢᠵᠦ᠂ 14 ᠳ᠋ᠦᠩᠰᠢᠭᠤᠷ ᠭᠠᠷᠤᠶ ᠬᠥᠮᠦᠨ ᠠᠮᠠ ᠪᠦᠬᠦ ᠲᠠᠯ᠎ᠠ ᠪᠠᠷ | ᠴᠢᠨᠡᠭᠡᠯᠢᠭᠵᠢᠵᠦ᠂ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ | ᠲᠠᠰᠤᠷᠠᠯᠳᠠ ᠦᠭᠡᠢ ᠪᠣᠳᠠᠲᠤ ᠠᠬᠤᠶ ᠪᠤᠯᠵᠤ ᠬᠤᠪᠢᠷᠠᠵᠦ ᠪᠠᠶᠢᠨ᠎ᠠ᠃ ᠥᠨᠥᠳᠦᠷ᠂ ᠳᠤᠮᠳᠠᠳᠤ ᠤᠯᠤᠰ ᠤᠨ ᠠᠷᠠᠳ ᠲᠦᠮᠡᠨ | ᠨᠠᠩ ᠢᠯᠡᠭᠦᠦ ᠪᠡᠶ᠎ᠡ ᠪᠠᠨ ᠢᠳᠡᠭᠡᠵᠦ᠂ ᠪᠡᠶ᠎ᠡ ᠪᠠᠨ ᠲᠠᠭᠠᠭᠠᠵᠦ᠂ ᠪᠡᠶ᠎ᠡ ᠪᠠᠨ ᠬᠦᠴᠦᠷᠭᠡᠭᠵᠢᠬᠦᠯᠵᠦ᠂ ᠬᠦᠰᠡᠯ ᠵᠣᠷᠢᠭ᠂ | ᠰᠥᠰᠥ ᠵᠣᠷᠢᠭ᠂ ᠢᠳᠡᠭᠡᠯ ᠵᠤᠷᠢᠭ ᠢᠶᠠᠨ ᠲᠦᠢᠯ ᠤᠨ ᠶᠡᠭᠡ ᠪᠠᠷ ᠬᠦᠪᠴᠢᠯᠡᠨ᠂ ᠲᠡᠦᠬᠡᠨ ᠠᠬᠢᠴᠠ ᠳᠤ ᠬᠤᠷᠠᠮᠳᠤᠭᠤᠯᠤᠭᠰᠠᠨ | ᠬᠦᠴᠦᠷᠬᠡᠭ ᠶᠡᠭᠡ ᠡᠨᠧᠷᠭᠢ ᠶᠢ ᠭᠦᠢᠴᠡᠳ ᠪᠠᠳᠠᠷᠠᠭᠤᠯᠵᠤ᠂ ᠤᠷᠢᠳ ᠡᠮᠦᠨ᠎ᠡ ᠪᠠᠶᠢᠭ᠎ᠠ ᠦᠭᠡᠢ ᠲᠡᠦᠬᠡ ᠶᠢᠨ | ᠰᠠᠨᠠᠭᠠᠴᠢᠯᠠᠭᠠᠲᠤ ᠵᠣᠷᠢᠭ ᠰᠠᠨᠠᠭ᠎ᠠ᠂ ᠲᠡᠦᠬᠡ ᠶᠢᠨ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ ᠶᠢᠨ ᠠᠭᠤᠤ ᠶᠡᠭᠡ ᠲᠡᠦᠬᠡ ᠶᠢ ᠶᠠᠬ ᠢᠳᠡᠭᠡᠯ ᠳᠡᠬᠦᠯᠳᠡᠷ ᠪᠢᠴᠢᠭᠯᠡᠵᠦ | ᠪᠠᠶᠢᠨ᠎ᠠ᠃ | ︵ᠬᠤᠶᠠᠷ︶ ᠨᠠᠮ ᠤᠨ ᠵᠠᠭᠤᠨ ᠵᠢᠯ ᠤᠨ ᠲᠡᠮᠡᠴᠡᠯ ᠨᠢ ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠵᠥᠪ ᠵᠠᠮ ᠢ ᠨᠡᠭᠡᠭᠡᠪᠡ᠃ ᠤᠢᠢᠷ᠎ᠠ ᠦᠶ᠎ᠡ ᠠᠴᠠ ᠬᠤᠶᠢᠰᠢ᠂ ᠭᠡᠷᠡᠯ ᠰᠠᠴᠤᠷᠠᠩᠭᠤᠶ ᠪᠣᠯᠪᠠᠰᠤᠨ ᠢ | ᠡᠭᠦᠳᠦᠨ ᠪᠦᠲᠦᠭᠡᠭᠰᠡᠨ ᠳᠤᠮᠳᠠᠳᠤ ᠶᠢᠨ ᠦᠨᠳᠦᠰᠦᠲᠡᠨ ᠪᠣᠯᠪᠠᠰᠤᠨ ᠢᠶᠠᠨ ᠦᠷᠭᠦᠯᠵᠢᠯᠡᠬᠦᠶ᠎ᠡ ᠪᠡᠷᠬᠡ ᠪᠤᠯᠤᠭᠰᠠᠨ ᠬᠦᠨᠳᠦ | ᠨᠣᠴᠢᠲᠠᠶ ᠲᠦᠭᠰᠢᠭᠦᠷᠢ ᠳᠤ ᠤᠴᠠᠷᠠᠵᠦ᠂ ᠤᠷᠤᠭᠤᠳᠠᠨ ᠲᠤᠷᠦ᠋ᠢᠳᠠᠭᠰᠠᠨ ᠪᠠᠶᠢᠳᠠᠯ ᠢᠶᠠᠷ ᠳᠡᠯᠡᠬᠡᠶ ᠳ᠋ᠠᠬᠢᠨ ᠤ ᠡᠮᠦᠨ᠎ᠡ | ᠢᠯᠡᠷᠡᠭᠰᠡᠨ ᠪᠠᠶᠢᠪᠠ᠃ ᠵᠠᠭᠤᠨ ᠵᠢᠯ ᠤᠨ ᠲᠤᠷᠰᠢ᠂ ᠨᠠᠮ ᠠᠴᠠ ᠠᠷᠠᠳ ᠲᠦᠮᠡᠨ ᠢ ᠤᠳᠤᠷᠢᠳᠤᠨ ᠴᠥᠬᠦᠷᠡᠰᠢ ᠦᠭᠡᠢ | ᠲᠡᠮᠡᠴᠡᠵᠦ᠂ ᠲᠠᠰᠤᠷᠠᠯᠲᠠ ᠦᠭᠡᠢ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠵᠥᠪ ᠵᠠᠮ ᠢ ᠠᠮᠵᠢᠯᠲᠠ ᠲᠠᠢ ᠨᠡᠭᠡᠭᠡᠵᠠᠢ᠃ ᠳᠤᠮᠳᠠᠳᠤ ᠤᠯᠤᠰ ᠵᠦᠭ ᠵᠦᠭ ᠲᠡᠭᠡᠨ ᠬᠠᠭᠠᠴᠠᠨ | ᠵᠠᠳᠠᠷᠠᠵᠤ᠂ ᠲᠠᠷᠠᠬᠠᠶ ᠪᠤᠲᠠᠷᠬᠠᠶ ᠪᠠᠶᠢᠭᠰᠠᠨ ᠠᠴᠠ ᠪᠠᠨ ᠳᠡᠭᠡᠳᠦ ᠬᠡᠮᠵᠢᠶ᠎ᠡ ᠪᠠᠷ ᠨᠢᠭᠡᠳᠴᠤ᠂ ᠦᠨᠳᠦᠰᠦᠲᠡᠨ ᠨᠦᠭᠦᠳ | ᠪᠦᠯᠬᠦᠮᠳᠡᠭᠰᠡᠨ ᠬᠦᠷᠳᠡᠯ᠎ᠠ᠂ ᠶᠠᠳᠠᠭᠤ ᠪᠠᠭᠤᠷᠠᠢ᠂ ᠶᠠᠳᠠᠭᠤ ᠬᠤᠭᠤᠰᠣᠨ ᠪᠠᠶᠢᠭᠰᠠᠨ ᠠᠴᠠ ᠪᠠᠨ ᠪᠦᠬᠦ ᠲᠠᠯ᠎ᠠ ᠪᠠᠷ | ᠴᠢᠨᠡᠭᠡᠯᠢᠭᠵᠢᠵᠦ᠂ ᠴᠡᠴᠡᠭᠯᠡᠨ ᠬᠦᠭᠵᠢᠵᠦ ᠪᠠᠶᠠᠵᠢᠨ ᠬᠦᠴᠦᠷᠬᠡᠭᠵᠢᠭᠰᠡᠨ ᠬᠦᠷᠳᠡᠯ᠎ᠠ᠂ ᠰᠠᠨᠠᠭᠠᠴᠢᠯᠠᠭᠠᠲᠤ ᠪᠤᠰᠤ ᠪᠠᠷ | ᠴᠤᠬᠢᠬᠳᠠᠵᠦ᠂ ᠲᠠᠷᠤᠯᠡᠯ ᠳᠣᠷᠣᠮᠵᠢᠯᠠᠯ ᠢ ᠬᠠᠰᠢᠷᠠᠲᠠᠯ᠎ᠠ ᠠᠮᠰᠠᠵᠤ ᠪᠠᠶᠢᠭᠰᠠᠨ ᠠᠴᠠ ᠪᠠᠨ ᠪᠡᠶ᠎ᠡ ᠪᠠᠨ ᠳᠠᠭᠠᠭᠠᠨ ᠡᠵᠡᠨ | ᠮᠡᠳᠡᠵᠦ᠂ ᠢᠳᠡᠭᠡᠯ ᠢᠶᠠᠨ ᠪᠠᠳᠤᠳᠬᠠᠬᠰᠠᠨ ᠬᠦᠷᠳᠡᠯ᠎ᠠ᠂ ᠬᠡᠳᠦᠨ ᠠᠷᠪᠠᠭ᠋ᠠᠨ ᠵᠢᠯ ᠤᠨ ᠬᠤᠭᠤᠴᠠᠭᠠᠨ ᠳᠤ ᠬᠥᠭᠵᠢᠭᠰᠡᠨ | ᠤᠯᠤᠰ ᠤᠨ ᠬᠡᠳᠦᠨ ᠵᠠᠭᠤᠨ ᠵᠢᠯ ᠶᠠᠪᠤᠵᠦ ᠢᠷᠡᠭᠰᠡᠨ ᠠᠵᠤ ᠦᠢᠯᠡᠳᠪᠦᠷᠢᠵᠢᠯᠲᠡ ᠶᠢᠨ ᠶᠠᠪᠤᠴᠠ ᠶᠢ ᠶᠠᠪᠤᠵᠦ | ᠲᠠᠭᠤᠰᠬᠠᠭᠠᠳ᠂ ᠠᠵᠤ ᠠᠬᠤᠶ ᠲᠦᠷᠭᠡᠨ ᠬᠥᠭᠵᠢᠭᠰᠡᠨ ᠪᠠ ᠨᠡᠶᠢᠭᠡᠮ ᠤᠷᠲᠤ ᠬᠤᠭᠤᠴᠠᠭ᠎ᠠ ᠪᠠᠷ ᠲᠣᠭᠲᠠᠭᠤᠨ ᠪᠠᠶᠢᠬᠤ | ᠬᠤᠶᠠᠷ ᠶᠡᠭᠡ ᠭᠠᠶᠢᠬᠠᠮᠰᠢᠭ ᠢ ᠡᠭᠦᠳᠴᠡᠶ᠃ ᠥᠨᠥᠳᠦᠷ᠂ ᠳᠤᠮᠳᠠᠳᠤ ᠶᠢᠨ ᠦᠨᠳᠦᠰᠦᠲᠡᠨ ᠳᠡᠯᠡᠬᠡᠶ ᠳ᠋ᠠᠬᠢᠨ ᠳᠤ ᠴᠡᠴᠡᠭᠯᠡᠨ | ᠬᠥᠭᠵᠢᠭᠰᠡᠨ ᠲᠦᠷᠰᠦ ᠪᠠᠶᠢᠳᠡᠯ ᠢᠶᠠᠨ ᠳᠡᠯᠭᠡᠨ ᠦᠵᠡᠭᠦᠯᠵᠦ᠂ ᠳᠡᠯᠡᠬᠡᠶ ᠶᠢᠨ ᠳᠣᠷᠣᠨᠠᠳᠠᠬᠢᠨ ᠳᠤ ᠰᠡᠬᠦ᠋ᠢᠨ ᠰᠦᠨᠳᠡᠷᠯᠡᠵᠦ | ᠪᠠᠶᠢᠨ᠎ᠠ᠃ | ︵ᠭᠤᠷᠪᠠ︶ ᠨᠠᠮ ᠤᠨ ᠵᠠᠭᠤᠨ ᠵᠢᠯ ᠤᠨ ᠲᠡᠮᠡᠴᠡᠯ ᠨᠢ ᠮᠠᠷᠺᠰ ᠤᠨ ᠦᠵᠡᠯ ᠤᠨ ᠬᠦᠴᠦᠷᠬᠡᠭ ᠶᠡᠭᠡ ᠠᠮᠢᠵᠢᠷᠠᠯ ᠤᠨ | ᠬᠦᠴᠦᠨ ᠢ ᠢᠯᠡᠷᠡᠭᠦᠯᠪᠡ᠃ ᠮᠠᠷᠺᠰ ᠤᠨ ᠦᠵᠡᠯ ᠪᠤᠯ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ | ᠶᠣᠰᠣ ᠶᠢ ᠢᠯᠡᠷᠡᠭᠦᠯᠦᠭᠰᠡᠨ᠂ ᠶᠢᠷᠲᠢᠨᠴᠦ ᠶᠢ ᠲᠠᠨᠢᠵᠦ᠂ ᠶᠢᠷᠲᠢᠨᠴᠦ ᠶᠢ ᠥᠭᠡᠷᠡᠴᠢᠯᠡᠬᠦ ᠶᠢᠨ ᠰᠢᠨᠵᠢᠯᠡᠬᠦ ᠤᠬᠠᠭᠠᠨᠴᠢ ᠦᠨᠡᠨ | ᠶᠣᠰᠣ ᠮᠥᠨ᠃ ᠡᠭᠦᠨ ᠤ ᠬᠠᠮᠲᠤ᠂ ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠬᠦ ᠳᠤ᠂ ᠤᠨᠤᠯ ᠠᠴᠠ ᠦᠢᠯᠡᠳᠦᠯᠭᠡ | ᠬᠦᠷᠲᠡᠯ᠎ᠡ ᠴᠦᠮ ᠪᠦᠬᠦ ᠳᠡᠯᠡᠬᠡᠶ ᠶᠢᠨ ᠮᠠᠷᠺᠰ ᠤᠨ ᠦᠵᠡᠯᠳᠡᠳ ᠤᠨ ᠲᠦᠢᠯ ᠤᠨ ᠬᠠᠲᠠᠭᠤ ᠪᠡᠷᠬᠡᠰᠢᠶᠡᠯᠲᠡᠶ᠂ ᠲᠦᠢᠯ ᠤᠨ | ᠶᠡᠭᠡ ᠦᠷᠢᠰᠤᠯᠳᠤᠬᠦ ᠴᠢᠨᠠᠷ ᠪᠦᠬᠦᠢ ᠴᠢᠷᠮᠠᠶᠢᠯᠭ᠎ᠠ ᠱᠠᠭᠠᠷᠳᠠᠬᠳᠠᠨ᠎ᠡ᠃ ᠵᠠᠭᠤᠨ ᠵᠢᠯ ᠤᠨ ᠲᠤᠷᠰᠢ᠂ ᠨᠠᠮ ᠠᠴᠠ ᠮᠠᠷᠺᠰ ᠤᠨ | ᠦᠵᠡᠯ ᠢ ᠥᠪᠡᠷ ᠤᠨ ᠲᠤᠭ ᠳᠡᠭᠡᠷ᠎ᠡ ᠪᠠᠨ ᠪᠢᠴᠢᠬᠦ ᠶᠢ ᠪᠠᠷᠢᠮᠳᠠᠯᠠᠵᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ | ᠴᠠᠭ ᠦᠶᠡᠴᠢᠯᠡᠬᠦ ᠶᠢ ᠲᠠᠰᠤᠷᠠᠯᠲᠠ ᠤᠢᠭᠡᠢ ᠠᠬᠢᠭᠤᠯᠵᠤ᠂ ᠬᠥᠮᠦᠨ ᠲᠥᠷᠥᠯᠬᠢᠲᠡᠨ ᠤ ᠡᠭᠦᠳᠦᠨ ᠪᠦᠲᠦᠭᠡᠭᠰᠡᠨ ᠠᠯᠢᠪᠠ | ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠠᠭᠤᠳᠠᠮᠴᠢ ᠪᠠᠭᠲᠠᠭᠠᠮᠵᠢᠲᠠᠢ ᠪᠠᠷ ᠰᠢᠩᠭᠡᠭᠡᠨ ᠠᠪᠴᠤ᠂ ᠮᠠᠷᠺᠰ ᠤᠨ ᠦᠵᠡᠯ ᠢ | ᠳᠤᠮᠳᠠᠳᠤ ᠤᠯᠤᠰᠴᠢᠯᠠᠭᠰᠠᠨ ᠰᠢᠨᠵᠢᠯᠡᠬᠦ ᠤᠬᠠᠭᠠᠨᠴᠢ ᠣᠨᠣᠯ ᠢᠶᠠᠷ ᠠᠭᠤᠤ ᠶᠡᠭᠡ ᠦᠢᠯᠡᠳᠦᠯᠭᠡ ᠶᠢ ᠬᠥᠲᠥᠯᠥᠨ ᠳᠠᠭᠠᠭᠤᠯᠵᠠᠢ | ᠃ ᠮᠠᠷᠺᠰ ᠤᠨ ᠦᠵᠡᠯ ᠤᠨ ᠰᠢᠨᠵᠢᠯᠡᠬᠦ ᠤᠬᠠᠭᠠᠨᠴᠢ ᠴᠢᠨᠠᠷ ᠪᠤᠯᠤᠨ ᠦᠨᠡᠨ ᠶᠣᠰᠣᠴᠢ ᠴᠢᠨᠠᠷ ᠨᠢ ᠳᠤᠮᠳᠠᠳᠤ ᠤᠯᠤᠰ ᠲᠤ | ᠬᠦᠢᠴᠡᠳ ᠰᠢᠯᠭᠠᠬᠳᠠᠵᠦ᠂ ᠮᠠᠷᠺᠰ ᠤᠨ ᠦᠵᠡᠯ ᠤᠨ ᠠᠷᠠᠳᠴᠢ ᠴᠢᠨᠠᠷ ᠪᠤᠯᠤᠨ ᠦᠢᠯᠡᠳᠦᠯᠭᠡᠳᠦ ᠴᠢᠨᠠᠷ ᠨᠢ ᠳᠤᠮᠳᠠᠳᠤ | ᠤᠯᠤᠰ ᠲᠤ ᠭᠦᠢᠴᠡᠳ ᠲᠤᠭᠤᠰᠢᠯᠠᠭᠳᠠᠵᠤ᠂ ᠮᠠᠷᠺᠰ ᠤᠨ ᠦᠵᠡᠯ ᠤᠨ ᠨᠡᠭᠡᠭᠡᠯᠲᠡᠲᠦ ᠴᠢᠨᠠᠷ ᠪᠤᠯᠤᠨ ᠴᠠᠭ ᠦᠶᠡᠴᠢ | ᠴᠢᠨᠠᠷ ᠨᠢ ᠳᠤᠮᠳᠠᠳᠤ ᠤᠯᠤᠰ ᠲᠤ ᠭᠦᠢᠴᠡᠳ ᠢᠯᠡᠷᠡᠪᠡ᠃ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ | ᠦᠶᠡᠴᠢᠯᠡᠬᠦ ᠨᠢ ᠲᠠᠰᠤᠷᠠᠯᠲᠠ ᠦᠭᠡᠢ ᠠᠮᠵᠢᠯᠲᠠ ᠣᠯᠵᠤ᠂ ᠮᠠᠷᠺᠰ ᠤᠨ ᠦᠵᠡᠯ ᠢ ᠴᠣ᠋ ᠰᠢᠨ᠎ᠡ ᠲᠦᠷᠢ ᠲᠥᠷᠬᠦ ᠪᠠᠷ ᠳᠡᠯᠡᠬᠡᠶ | ᠳ᠋ᠠᠬᠢᠨ ᠳᠤ ᠢᠯᠡᠷᠡᠭᠦᠯᠵᠦ᠂ ᠳᠡᠯᠡᠬᠡᠶ ᠶᠢᠨ ᠬᠡᠪᠴᠢᠶᠡᠨ ᠳᠠᠬᠢ ᠨᠡᠶᠢᠭᠡᠮ ᠵᠢᠷᠤᠮ ᠪᠠ ᠬᠥᠷᠥᠩᠭᠡᠲᠦ ᠶᠣᠰᠣ ᠬᠡᠬᠦ ᠬᠤᠶᠠᠷ | ᠵᠦᠢᠯ ᠤᠨ ᠦᠵᠡᠯ ᠤᠬᠠᠮᠰᠠᠷ ᠤᠨ ᠬᠡᠯᠪᠡᠷᠢ᠂ ᠬᠤᠶᠠᠷ ᠵᠦᠢᠯ ᠤᠨ ᠨᠡᠶᠢᠭᠡᠮ ᠤᠨ ᠪᠠᠶᠢᠭᠤᠯᠤᠯ ᠤᠨ ᠲᠡᠦᠬᠡᠨ ᠤᠯᠠᠷᠢᠯ | ᠬᠤᠪᠢᠰᠤᠯ ᠵᠢᠴᠢ ᠲᠡᠭᠦᠨ ᠤ ᠦᠵᠡᠯᠴᠡᠭᠡᠨ ᠳᠤ ᠨᠡᠶᠢᠭᠡᠮ ᠵᠢᠷᠤᠮ ᠳᠤ ᠠᠰᠢᠭᠲᠠᠶ ᠴᠢᠬᠤᠯᠠ ᠶᠡᠭᠡ ᠬᠤᠪᠢᠷᠠᠯᠲᠠ ᠶᠢ | ᠭᠠᠷᠭᠠᠭᠰᠠᠨ ᠪᠠᠶᠢᠨ᠎ᠠ᠃ | ︵ᠲᠦᠷᠪᠡ︶ ᠨᠠᠮ ᠤᠨ ᠵᠠᠭᠤᠨ ᠵᠢᠯ ᠤᠨ ᠲᠡᠮᠡᠴᠡᠯ ᠨᠢ ᠳᠡᠯᠡᠬᠡᠶ ᠶᠢᠨ ᠲᠡᠦᠬᠡ ᠶᠢᠨ ᠠᠬᠢᠴᠠ ᠶᠢ ᠭᠦᠨᠵᠡᠭᠡᠶ | ᠨᠥᠯᠥᠭᠡᠯᠡᠪᠡ᠃ ᠨᠠᠮ ᠪᠠ ᠠᠷᠠᠳ ᠲᠦᠮᠡᠨ ᠤ ᠦᠢᠯᠡᠰ ᠪᠣᠯ ᠬᠥᠮᠦᠨ ᠲᠥᠷᠥᠯᠬᠢᠲᠡᠨ ᠤ ᠳᠠᠪᠰᠢᠯᠲᠠ ᠶᠢᠨ ᠦᠢᠯᠡᠰ ᠤᠨ | ᠴᠢᠬᠤᠯᠠ ᠪᠦᠷᠢᠯᠳᠦᠬᠦᠨ ᠬᠡᠰᠡᠭ ᠮᠥᠨ᠃ ᠵᠠᠭᠤᠨ ᠵᠢᠯ ᠤᠨ ᠲᠤᠷᠰᠢ᠂ ᠨᠠᠮ ᠳᠤᠮᠳᠠᠳᠤ ᠤᠯᠤᠰ ᠤᠨ ᠠᠷᠠᠳ ᠲᠦᠮᠡᠨ ᠳᠤ | ᠵᠣᠯ ᠵᠢᠷᠭᠠᠯ ᠣᠯᠭᠤᠬᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠴᠢᠷᠮᠠᠶᠢᠬᠰᠠᠨ | ᠮᠥᠷᠲᠡᠭᠡᠨ ᠪᠠᠰᠠ ᠬᠥᠮᠦᠨ ᠲᠥᠷᠥᠯᠬᠢᠲᠡᠨ ᠤ ᠳᠠᠪᠰᠢᠯᠲᠠ ᠶᠢ ᠡᠷᠢᠯᠬᠢᠯᠡᠬᠦ᠂ ᠳᠡᠯᠡᠬᠡᠶ ᠶᠢᠨ ᠶᠡᠭᠡ ᠨᠢᠭᠡᠳᠦᠯ ᠢ ᠪᠡᠶᠡᠯᠡᠬᠦᠯᠬᠦ ᠪᠠᠷ | ᠴᠢᠷᠮᠠᠶᠢᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠲᠡᠮᠡᠴᠡᠯ ᠢᠶᠠᠷ ᠢᠶᠠᠨ ᠳᠡᠯᠡᠬᠡᠶ ᠶᠢᠨ ᠬᠥᠭᠵᠢᠯᠲᠡ ᠶᠢᠨ ᠬᠠᠨᠳᠤᠰᠢ | ᠪᠠ ᠪᠠᠶᠢᠷᠢᠰᠢᠯ ᠢ ᠭᠦᠨᠵᠡᠭᠡᠶ ᠬᠤᠪᠢᠷᠠᠭᠤᠯᠵᠠᠶ᠃ ᠨᠠᠮ ᠠᠴᠠ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠵᠠᠮ ᠢ ᠠᠮᠵᠢᠯᠲᠠ ᠲᠠᠢ ᠨᠡᠭᠡᠭᠡᠵᠦ᠂ ᠬᠥᠮᠦᠨ ᠲᠥᠷᠥᠯᠬᠢᠲᠡᠨ ᠤ ᠪᠣᠯᠪᠠᠰᠤᠨ ᠤ ᠰᠢᠨ᠎ᠡ | ᠬᠡᠯᠪᠡᠷᠢ ᠪᠠᠶᠢᠳᠡᠯ ᠢ ᠡᠭᠦᠳᠴᠦ᠂ ᠬᠥᠭᠵᠢᠵᠦ ᠪᠠᠶᠢᠭ᠎ᠠ ᠤᠯᠤᠰ ᠤᠨ ᠤᠳᠤᠬᠢᠴᠢᠯᠡᠯᠳᠡ ᠲᠡᠶᠢᠰᠢ ᠤᠷᠤᠬᠰᠢᠯᠠᠬᠤ ᠠᠷᠭ᠎ᠠ | ᠵᠠᠮ ᠢ ᠥᠷᠭᠡᠳᠭᠡᠵᠦ᠂ ᠳᠡᠯᠡᠬᠡᠶ ᠳᠡᠭᠡᠷᠡᠬᠢ ᠬᠥᠭᠵᠢᠯᠲᠡ ᠪᠠᠨ ᠲᠦᠷᠭᠡᠳᠭᠡᠬᠦ ᠶᠢ ᠬᠦᠰᠡᠵᠦ ᠪᠠᠶᠢᠭ᠎ᠠ ᠮᠥᠷᠲᠡᠭᠡᠨ ᠪᠠᠰᠠ ᠲᠤᠰ | ᠪᠡᠶ᠎ᠡ ᠶᠢᠨ ᠪᠡᠶ᠎ᠡ ᠪᠠᠨ ᠳᠠᠭᠠᠭᠠᠬᠤ ᠴᠢᠨᠠᠷ ᠢᠶᠠᠨ ᠬᠠᠳᠠᠭᠠᠯᠠᠬᠤ ᠶᠢ ᠬᠦᠰᠡᠵᠦ ᠪᠠᠶᠢᠭ᠎ᠠ ᠲᠡᠳᠡᠭᠡᠷ ᠤᠯᠤᠰ ᠪᠠ | ᠦᠨᠳᠦᠰᠦᠲᠡᠨ ᠳᠤ ᠴᠣ᠋ ᠰᠢᠨ᠎ᠡ ᠰᠣᠩᠭᠤᠯᠲᠠ ᠬᠠᠩᠭᠠᠭᠰᠠᠨ ᠪᠠᠶᠢᠨ᠎ᠠ᠃ ᠨᠠᠮ ᠠᠴᠠ ᠬᠥᠮᠦᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠴᠢᠬᠤᠯᠠ ᠶᠡᠭᠡ | ᠠᠰᠠᠭᠤᠳᠠᠯ ᠢ ᠰᠢᠢᠳᠪᠦᠷᠢᠯᠡᠬᠦ᠂ ᠥᠨᠢ ᠤᠳᠠᠭᠠᠨ ᠡᠩᠭᠡ ᠲᠠᠶᠢᠪᠤᠩ᠂ ᠨᠡᠶᠢᠳᠡᠮ ᠠᠮᠤᠷ ᠲᠦᠪᠰᠢᠨ᠂ ᠬᠠᠮᠲᠤ ᠪᠠᠷ ᠴᠡᠴᠡᠭᠯᠡᠨ | ᠬᠥᠭᠵᠢᠭᠰᠡᠨ᠂ ᠨᠡᠭᠡᠭᠡᠯᠲᠡᠲᠡᠶ ᠪᠠᠭᠲᠠᠭᠠᠮᠵᠢᠲᠠᠶ᠂ ᠠᠷᠢᠭᠤᠨ ᠴᠡᠪᠡᠷ ᠦᠵᠡᠰᠭᠦᠯᠡᠩᠲᠦ ᠰᠠᠶᠢᠬᠠᠨ ᠳᠡᠯᠡᠬᠡᠶ ᠶᠢᠷᠲᠢᠨᠴᠦ ᠶᠢ | ᠪᠦᠳᠦᠭᠡᠨ ᠪᠠᠶᠢᠭᠤᠯᠬᠤ ᠳᠤ ᠳᠤᠮᠳᠠᠳᠤ ᠤᠯᠤᠰ ᠤᠨ ᠤᠶᠤᠨ ᠤᠬᠠᠭᠠᠨ᠂ ᠳᠤᠮᠳᠠᠳᠤ ᠤᠯᠤᠰ ᠤᠨ ᠲᠥᠰᠦᠯ᠂ ᠳᠤᠮᠳᠠᠳᠤ | ᠤᠯᠤᠰ ᠤᠨ ᠬᠦᠴᠦᠨ ᠴᠢᠳᠠᠯ ᠢ ᠨᠡᠮᠡᠷᠢᠯᠡᠬᠡᠳ᠂ ᠬᠥᠮᠦᠨ ᠲᠥᠷᠥᠯᠬᠢᠲᠡᠨ ᠤ ᠬᠥᠭᠵᠢᠯᠲᠡ ᠲᠠᠪᠰᠢᠯᠳᠠ ᠶᠢ ᠠᠬᠢᠭᠤᠯᠬᠤ | ᠴᠢᠬᠤᠯᠠ ᠬᠦᠴᠦᠨ ᠪᠣᠯᠤᠭᠰᠠᠨ ᠪᠠᠶᠢᠨ᠎ᠠ᠃ | ︵ᠲᠠᠪᠤ︶ ᠨᠠᠮ ᠤᠨ ᠵᠠᠭᠤᠨ ᠵᠢᠯ ᠤᠨ ᠲᠡᠮᠡᠴᠡᠯ ᠨᠢ ᠴᠠᠭ ᠦᠶ᠎ᠡ ᠶᠢᠨ ᠡᠮᠦᠨ᠎ᠡ ᠡᠩᠨᠡᠭᠡᠨ ᠳᠤ ᠬᠤᠰᠢᠭᠤᠴᠢᠯᠠᠵᠤ | ᠪᠠᠶᠢᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠢ ᠳᠠᠪᠲᠠᠨ ᠪᠣᠯᠪᠠᠰᠤᠷᠠᠭᠤᠯᠪᠠ᠃ ᠨᠠᠮ ᠪᠠᠶᠢᠭᠤᠯᠤᠭᠳᠠᠬᠤ ᠦᠶ᠎ᠡ ᠳᠡᠭᠡᠨ | ᠲᠡᠪᠢ ᠭᠠᠷᠦ᠋ᠢᠬᠠᠨ ᠨᠠᠮ ᠤᠨ ᠭᠡᠰᠢᠭᠦᠨ ᠲᠠᠢ ᠪᠠᠶᠢᠪᠠ᠂ ᠥᠨᠥᠳᠦᠷ ᠨᠢᠭᠡᠨᠲᠡ 9500 ᠭᠠᠷᠤᠶ ᠲᠦᠮᠡᠨ ᠨᠠᠮ ᠤᠨ | ᠭᠡᠰᠢᠭᠦᠨ ᠲᠠᠢ᠂ 14 ᠳ᠋ᠦᠩᠰᠢᠭᠤᠷ ᠭᠠᠷᠤᠶ ᠬᠥᠮᠦᠨ ᠠᠮᠠ ᠲᠠᠢ ᠲᠤᠮᠤ ᠤᠯᠤᠰ ᠢ ᠤᠳᠤᠷᠢᠳᠤᠭᠰᠠᠨ᠂ ᠳᠡᠯᠡᠬᠡᠢ ᠳᠡᠭᠡᠷ᠎ᠡ | ᠴᠢᠬᠤᠯᠠ ᠶᠡᠭᠡ ᠨᠥᠯᠥᠭᠡᠯᠡᠬᠦ ᠬᠦᠴᠦᠨ ᠪᠦᠬᠦᠢ ᠳᠡᠯᠡᠬᠡᠶ ᠶᠢᠨ ᠨᠢᠭᠡᠳᠦᠭᠡᠷ ᠲᠤᠮᠤ ᠲᠦᠷᠦ ᠪᠠᠷᠢᠬᠴᠢ ᠨᠠᠮ ᠪᠣᠯᠵᠠᠶ᠃ ᠵᠠᠭᠤᠨ | ᠵᠢᠯ ᠤᠨ ᠲᠤᠷᠰᠢ᠂ ᠨᠠᠮ ᠰᠢᠨᠵᠢ ᠴᠢᠨᠠᠷ ᠵᠣᠷᠢᠯᠲᠠ ᠪᠠᠨ ᠪᠠᠷᠢᠮᠲᠠᠯᠠᠵᠤ᠂ ᠬᠦᠰᠡᠯᠡᠩ ᠢᠲᠡᠭᠡᠯ ᠵᠣᠷᠢᠭ ᠢᠶᠠᠨ ᠪᠠᠷᠢᠮᠲᠠᠯᠠᠵᠤ᠂ | ᠲᠤᠯᠭᠤᠷ ᠵᠤᠷᠢᠯᠳᠡ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠵᠣᠷᠢᠭᠲᠠᠶ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ | ᠬᠢᠵᠦ᠂ ᠦᠬᠦᠵᠦ ᠰᠡᠭᠡᠬᠦ ᠶᠢᠨ ᠲᠡᠮᠡᠴᠡᠯ ᠪᠠ ᠲᠡᠰᠪᠦᠷᠢ ᠬᠠᠲᠠᠭᠤᠵᠢᠯᠲᠠᠶ ᠲᠡᠮᠡᠴᠡᠯ ᠳᠤᠮᠳᠠ ᠡᠯ᠎ᠡ ᠵᠦᠢᠯ ᠤᠨ ᠠᠶᠤᠯ | ᠲᠦᠭᠰᠢᠭᠦᠷᠢ ᠶᠢᠨ ᠰᠢᠯᠭᠠᠯᠲᠠ ᠶᠢ ᠳᠠᠭᠠᠭᠠᠵᠤ᠂ ᠯᠤᠲᠤ ᠶᠡᠭᠡ ᠦᠷᠡᠭᠳᠡᠯ ᠰᠦᠢᠳᠦᠯ ᠭᠠᠷᠭᠠᠵᠤ᠂ ᠤᠯᠤᠰ ᠲᠥᠷᠥ ᠶᠢᠨ | ᠢᠯᠡ ᠲᠣᠳᠣ ᠵᠠᠩ ᠴᠢᠨᠠᠷ ᠢ ᠳᠠᠪᠲᠠᠨ ᠪᠣᠯᠪᠠᠰᠤᠷᠠᠭᠤᠯᠤᠭᠠᠳ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠪᠠᠷ ᠡᠬᠢ | ᠰᠤᠷᠪᠤᠯᠵᠢ ᠪᠣᠯᠭᠠᠭᠰᠠᠨ ᠵᠣᠷᠢᠭ ᠰᠠᠨᠠᠭᠠᠨ ᠤ ᠲᠤᠬᠳᠠᠯᠴᠠᠭ᠎ᠠ ᠶᠢ ᠪᠦᠷᠢᠯᠳᠦᠭᠦᠯᠵᠦ᠂ ᠨᠠᠮ ᠤᠨ ᠲᠡᠷᠢᠭᠦᠨ ᠤ ᠴᠢᠨᠠᠷ ᠪᠣᠯᠤᠨ | ᠴᠡᠪᠡᠷ ᠴᠢᠨᠠᠷ ᠢ ᠪᠠᠲᠤᠯᠠᠵᠤ᠂ ᠨᠠᠮ ᠤᠨ ᠲᠥᠷᠥ ᠪᠠᠷᠢᠬᠤ ᠴᠢᠳᠠᠪᠤᠷᠢ ᠪᠣᠯᠤᠨ ᠤᠳᠤᠷᠢᠳᠬᠤ ᠬᠢᠷᠢ ᠭᠡᠮᠵᠢᠶ᠎ᠠ ᠶᠢ ᠲᠠᠰᠤᠷᠠᠯᠲᠠ | ᠤᠢᠭᠡᠢ ᠳᠡᠭᠡᠭᠰᠢᠯᠡᠬᠦᠯᠵᠤ᠂ ᠤᠳᠤ ᠶᠠᠭ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠳᠡᠭᠡᠷ᠎ᠡ ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ | ᠲᠡᠶᠢᠰᠢ ᠪᠤᠴᠠᠰᠢ ᠦᠭᠡᠢ ᠤᠷᠤᠭᠰᠢᠯᠠᠵᠤ ᠪᠠᠶᠢᠨ᠎ᠠ᠂ ᠮᠠᠨ ᠤ ᠨᠠᠮ ᠪᠤᠯ ᠨᠡᠷ᠎ᠡ ᠨᠢᠳᠡᠷ ᠲᠡᠭᠡᠨ ᠨᠡᠶᠢᠴᠡᠭᠰᠡᠨ ᠠᠭᠤᠦ ᠶᠡᠭᠡ | ᠢᠷᠠᠭᠤ ᠠᠯᠳᠠᠷᠲᠠᠢ ᠵᠥᠪ ᠤᠨᠤᠪᠴᠢᠳᠠᠢ ᠨᠠᠮ ᠮᠥᠨ᠃ | ᠵᠢᠷᠭᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ | ᠵᠠᠭᠤᠨ ᠵᠢᠯ ᠤᠨ ᠲᠤᠷᠰᠢ᠂ ᠨᠠᠮ ᠠᠴᠠ ᠠᠷᠠᠳ ᠲᠦᠮᠡᠨ ᠢ ᠤᠳᠤᠷᠢᠳᠤᠨ ᠠᠭᠤᠤ ᠶᠡᠭᠡ ᠲᠡᠮᠡᠴᠡᠯ ᠬᠢᠵᠦ᠂ | ᠤᠷᠤᠭᠰᠢᠯᠠᠨ ᠳᠠᠪᠰᠢᠬᠤ ᠳᠤᠮᠳᠠ ᠰᠢᠪᠲᠤᠯᠤᠯᠲᠠ ᠭᠠᠷᠭᠠᠵᠤ᠂ ᠨᠤᠭᠤᠷᠠᠯ ᠪᠦᠳᠦᠷᠢᠯ ᠤᠨ ᠳᠤᠮᠳᠠ ᠡᠷᠡᠯᠬᠡᠭᠯᠡᠨ ᠪᠣᠰᠴᠤ᠂ | ᠳ᠋ᠦᠩᠨᠡᠯᠲᠡ ᠬᠢᠬᠦ ᠳᠤᠮᠳᠠ ᠳᠡᠭᠡᠭᠰᠢᠯᠡᠭᠡᠳ᠂ ᠡᠷᠬᠢᠮ ᠨᠠᠨᠳᠢᠨ ᠲᠡᠦᠬᠡᠨ ᠲᠤᠷᠰᠢᠯᠭ᠎ᠠ ᠶᠢ ᠬᠤᠷᠠᠮᠳᠤᠭᠤᠯᠤᠭᠰᠠᠨ ᠪᠠᠶᠢᠨ᠎ᠠ᠃ | ︵ᠨᠢᠭᠡ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠮᠠᠨ ᠤ | ᠦᠢᠯᠡᠰ ᠢ ᠤᠳᠤᠷᠢᠳᠬᠤ ᠭᠤᠤᠯᠯᠠᠬᠤ ᠬᠦᠴᠦᠨ ᠮᠥᠨ᠃ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ | ᠦᠨᠳᠦᠰᠦᠲᠡᠨ ᠤᠢᠢᠷ᠎ᠠ ᠦᠶ᠎ᠡ ᠠᠴᠠ ᠬᠤᠶᠢᠰᠢᠬᠢ ᠲᠡᠦᠬᠡᠨ ᠬᠤᠪᠢ ᠵᠠᠶᠠᠭ᠎ᠠ ᠪᠠᠨ ᠬᠤᠪᠢᠷᠠᠭᠤᠯᠵᠤ᠂ ᠥᠨᠥᠳᠥᠷ ᠤᠨ ᠠᠭᠤᠦ | ᠶᠡᠭᠡ ᠠᠮᠵᠢᠯᠲᠠ ᠪᠦᠲᠦᠮᠵᠢ ᠶᠢ ᠣᠯᠵᠤ ᠴᠢᠳᠠᠭᠰᠠᠨ ᠤ ᠬᠠᠮᠤᠭ ᠤᠨ ᠦᠨᠳᠦᠰᠦᠨ ᠰᠢᠯᠲᠠᠭᠠᠨ ᠬᠡᠪᠡᠯ ᠳᠤᠮᠳᠠᠳᠤ ᠤᠯᠤᠰ ᠤᠨ | ᠡᠪ ᠬᠠᠮᠲᠤ ᠨᠠᠮ ᠤᠨ ᠡᠷᠡᠰ ᠴᠢᠩᠭ᠎ᠠ ᠤᠳᠤᠷᠢᠳᠤᠯᠭ᠎ᠠ ᠪᠠᠶᠢᠭᠰᠠᠨ ᠳᠤ ᠤᠷᠤᠰᠢᠨ᠎ᠠ᠃ ᠳᠤᠮᠳᠠᠳᠤ ᠤᠯᠤᠰ ᠤᠨ ᠡᠪ ᠬᠠᠮᠲᠤ | ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ᠂ ᠳᠤᠮᠳᠠᠳᠤ ᠶᠢᠨ ᠦᠨᠳᠦᠰᠦᠲᠡᠨ ᠤ ᠠᠭᠤᠦ | ᠶᠡᠭᠡ ᠰᠡᠷᠭᠦᠨ ᠮᠠᠨᠳᠤᠯᠲᠠ ᠪᠠᠶᠢᠵᠤ ᠴᠢᠳᠠᠬᠤ ᠦᠭᠡᠢ ᠭᠡᠳᠡᠭ ᠢ ᠲᠡᠦᠬᠡ ᠪᠠ ᠪᠣᠳᠠᠲᠤ ᠪᠠᠶᠢᠳᠠᠯ ᠴᠥᠮ ᠭᠡᠷᠡᠴᠢᠯᠡᠵᠦ ᠪᠠᠶᠢᠨ᠎ᠠ᠃ | ᠮᠠᠨ ᠤ ᠡᠨᠡ ᠬᠦ ᠳᠡᠯᠡᠬᠡᠶ ᠳᠡᠭᠡᠷᠡᠬᠢ ᠬᠠᠮᠤᠭ ᠤᠨ ᠲᠣᠮᠣ ᠲᠥᠷᠥ ᠶᠢᠨ ᠨᠠᠮ ᠪᠠ ᠬᠥᠮᠦᠨ ᠠᠮᠠ ᠪᠠᠷ ᠬᠠᠮᠤᠭ ᠤᠨ ᠣᠯᠠᠨ | ᠤᠯᠤᠰ ᠢ ᠰᠠᠶᠢᠲᠤᠷ ᠵᠠᠰᠠᠬᠤ ᠳᠤ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠢᠯᠠᠩᠭᠤᠶ᠎ᠠ ᠨᠠᠮ ᠤᠨ ᠲᠥᠪ | ᠬᠤᠷᠢᠶᠠᠨ ᠤ ᠲᠦᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳᠴᠢᠯᠠᠯ ᠲᠦᠪᠯᠡᠷᠡᠯ ᠤᠨ ᠶᠣᠰᠣ ᠶᠢ | ᠪᠠᠷᠢᠮᠲᠠᠯᠠᠵᠤ᠂ ᠨᠠᠮ ᠤᠨ ᠢᠮᠠᠭᠲᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠶᠢ ᠦᠨᠡᠨ | ᠬᠦ ᠪᠠᠲᠤᠯᠠᠬᠤ ᠬᠡᠷᠡᠭᠳᠠᠢ᠃ ᠪᠢᠳᠡ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠦ᠂ | ᠨᠠᠮ ᠤᠨ ᠭᠤᠤᠯᠯᠠᠭᠴᠢ ᠪᠣᠯᠤᠨ ᠨᠠᠮ ᠤᠨ ᠲᠥᠪ ᠬᠤᠷᠢᠶᠠᠨ ᠤ ᠡᠷᠬᠡ ᠰᠦᠷ ᠢ ᠡᠷᠡᠰ ᠬᠠᠮᠠᠭᠠᠯᠠᠵᠤ᠂ ᠨᠠᠮ ᠤᠨ | ᠤᠳᠤᠷᠢᠳᠤᠯᠭ᠎ᠠ ᠶᠢᠨ ᠤᠯᠤᠰ ᠲᠥᠷᠥ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠦ᠂ ᠨᠠᠮ ᠤᠨ ᠤᠳᠤᠷᠢᠳᠤᠯᠭ᠎ᠠ ᠶᠢ ᠨᠠᠮ | ᠪᠠ ᠤᠯᠤᠰ ᠣᠷᠣᠨ ᠤ ᠠᠵᠢᠯ ᠦᠢᠯᠡᠰ ᠤᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠳᠠᠭ ᠯᠠ | ᠶᠤᠮ ᠪᠣᠯ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ | ᠨᠢᠭᠡᠳᠴᠦ ᠤᠷᠤᠭᠰᠢᠯᠠᠨ ᠲᠠᠪᠰᠢᠬᠤ ᠶᠢ ᠦᠨᠡᠨ ᠬᠦ ᠪᠠᠲᠤᠯᠠᠵᠤ ᠴᠢᠳᠠᠬᠤ ᠨᠢ ᠯᠠᠪᠲᠠᠢ ᠶᠤᠮ᠃ | ︵ᠬᠤᠶᠠᠷ︶ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠎ᠠ᠃ ᠨᠠᠮ ᠤᠨ ᠦᠨᠳᠦᠰᠦ ᠰᠠᠭᠤᠷᠢ ᠨᠢ ᠠᠷᠠᠳ | ᠲᠦᠮᠡᠨ ᠳᠤ ᠪᠤᠢ᠂ ᠠᠮᠢᠨ ᠰᠤᠳᠠᠰᠤ ᠨᠢ ᠠᠷᠠᠳ ᠲᠦᠮᠡᠨ ᠳᠤ ᠪᠤᠢ᠂ ᠬᠦᠴᠦᠨ ᠴᠢᠳᠠᠯ ᠨᠢ ᠠᠷᠠᠳ ᠲᠦᠮᠡᠨ ᠳᠤ ᠪᠤᠢ᠂ | ᠠᠷᠠᠳ ᠲᠦᠮᠡᠨ ᠪᠣᠯ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ ᠬᠠᠮᠤᠭ ᠤᠨ ᠶᠡᠭᠡ ᠢᠲᠡᠭᠡᠯ ᠬᠦᠴᠦᠨ | ᠮᠥᠨ᠃ ᠠᠷᠠᠳ ᠤᠨ ᠰᠡᠳᠭᠢᠯ ᠪᠣᠯ ᠬᠠᠮᠤᠭ ᠤᠨ ᠶᠡᠭᠡ ᠤᠯᠤᠰ ᠲᠦᠷᠦ ᠮᠦᠨ᠂ ᠰᠢᠳᠤᠷᠭᠤ ᠶᠣᠰᠣ ᠪᠣᠯ ᠬᠠᠮᠤᠭ ᠤᠨ | ᠬᠦᠴᠦᠷᠬᠡᠭ ᠬᠦᠴᠦᠨ ᠴᠢᠳᠠᠯ ᠮᠥᠨ᠃ ᠨᠠᠮ ᠤᠨ ᠬᠠᠮᠤᠭ ᠤᠨ ᠶᠡᠭᠡ ᠤᠯᠤᠰ ᠲᠦᠷᠦ ᠶᠢᠨ ᠳᠠᠪᠠᠭᠤᠯᠢᠭ ᠪᠣᠯ ᠤᠯᠠᠨ | ᠲᠦᠮᠡᠨ ᠲᠠᠢ ᠨᠢᠭᠲᠠ ᠬᠠᠷᠢᠯᠴᠠᠬᠤ ᠶᠠᠪᠤᠳᠠᠯ ᠪᠣᠯᠤᠨ᠎ᠠ᠂ ᠨᠠᠮ ᠤᠨ ᠲᠦᠷᠦ ᠪᠠᠷᠢᠭᠰᠠᠨ ᠤ ᠳᠠᠷᠠᠭᠠᠬᠢ ᠬᠠᠮᠤᠭ ᠤᠨ ᠶᠡᠭᠡ | ᠠᠶᠤᠯ ᠪᠣᠯ ᠤᠯᠠᠨ ᠲᠦᠮᠡᠨ ᠠᠴᠠ ᠬᠥᠨᠳᠡᠶᠢᠷᠡᠬᠦ ᠶᠠᠪᠤᠳᠠᠯ ᠪᠣᠯᠤᠨ᠎ᠠ᠃ ᠨᠠᠮ ᠳᠤᠮᠳᠠᠳᠤ ᠤᠯᠤᠰ ᠤᠨ ᠬᠠᠮᠤᠭ ᠤᠨ ᠥᠷᠭᠡᠨ | ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠵᠦ ᠪᠠᠶᠢᠳᠠᠭ᠂ ᠶᠠᠮᠠᠷ ᠴᠤ ᠥᠪᠡᠷ ᠤᠨ ᠣᠨᠴᠠᠭᠠᠶ | ᠠᠰᠢᠭ ᠲᠤᠰᠠ ᠭᠡᠵᠦ ᠪᠠᠶᠢᠬᠤ ᠦᠭᠡᠶ᠂ ᠶᠡᠷᠦ ᠠᠴᠠ ᠶᠠᠮᠠᠷᠪᠠ ᠠᠰᠢᠭ ᠲᠤᠰᠠ ᠶᠢᠨ ᠪᠦᠯᠦᠭ᠂ ᠶᠠᠮᠠᠷᠪᠠ ᠡᠷᠬᠡ ᠰᠦᠷ ᠤᠨ | ᠪᠦᠯᠬᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ ᠶᠢᠨ ᠠᠰᠢᠭ ᠲᠤᠰᠠ ᠶᠢ ᠲᠥᠯᠥᠭᠡᠯᠡᠳᠡᠭ ᠦᠭᠡᠢ᠂ ᠡᠨᠡ ᠪᠣᠯ ᠨᠠᠮ ᠤᠨ | ᠢᠯᠠᠭᠳᠠᠰᠢ ᠦᠭᠡᠢ ᠪᠠᠶᠢᠷᠢᠨ ᠳᠤ ᠪᠠᠶᠢᠬᠤ ᠶᠢᠨ ᠦᠨᠳᠦᠰᠦᠨ ᠵᠦᠢᠯ ᠮᠥᠨ᠃ ᠪᠢᠳᠡ ᠪᠦᠬᠦ ᠰᠡᠳᠭᠢᠯ ᠪᠦᠬᠦ | ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠢᠮᠠᠭᠲᠠ ᠪᠠᠷᠢᠮᠲᠠᠯᠠᠨ᠂ ᠨᠠᠮ ᠤᠨ ᠣᠯᠠᠨ | ᠲᠦᠮᠡᠨᠴᠢ ᠱᠤᠭᠤᠮ ᠢ ᠪᠠᠷᠢᠮᠲᠠᠯᠠᠵᠤ᠂ ᠲᠥᠷᠥ ᠭᠦᠷᠦᠨ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠥᠷᠥ | ᠭᠦᠷᠦᠨ ᠮᠥᠨ ᠭᠡᠳᠡᠭ ᠢ ᠢᠮᠠᠭᠲᠠ ᠪᠠᠲᠤ ᠴᠡᠭᠡᠵᠢᠯᠡᠵᠦ᠂ ᠠᠯᠢᠪᠠ ᠪᠦᠬᠦᠨ ᠠᠷᠠᠳ ᠲᠦᠮᠡᠨ ᠤ ᠲᠥᠯᠥᠭᠡ ᠪᠠᠶᠢᠬᠤ᠂ | ᠠᠯᠢᠪᠠ ᠪᠦᠬᠦᠨ ᠳᠤ ᠠᠷᠠᠳ ᠲᠦᠮᠡᠨ ᠳᠤ ᠲᠦᠰᠢᠭᠯᠡᠬᠦ ᠶᠢ ᠪᠠᠷᠢᠮᠲᠠᠯᠠᠨ᠂ ᠠᠷᠠᠳ ᠲᠦᠮᠡᠨ ᠤ ᠲᠥᠯᠥᠭᠡ ᠲᠥᠷᠥ ᠪᠠᠷᠢᠬᠤ᠂ | ᠠᠷᠠᠳ ᠲᠦᠮᠡᠨ ᠳᠤ ᠲᠦᠰᠢᠭᠯᠡᠨ ᠲᠥᠷᠥ ᠪᠠᠷᠢᠬᠤ ᠶᠢ ᠪᠠᠷᠢᠮᠲᠠᠯᠠᠵᠤ᠂ ᠠᠷᠠᠳ ᠲᠦᠮᠡᠨ ᠤ ᠲᠥᠯᠥᠭᠡ ᠬᠥᠭᠵᠢᠭᠦᠯᠬᠦ᠂ | ᠬᠥᠭᠵᠢᠭᠦᠯᠬᠦ ᠳᠤ ᠠᠷᠠᠳ ᠲᠦᠮᠡᠨ ᠳᠤ ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ | ᠬᠠᠮᠲᠤ ᠪᠠᠷ ᠡᠳ᠋ᠯᠡᠭᠦᠯᠬᠦ ᠶᠢ ᠪᠠᠷᠢᠮᠲᠠᠯᠠᠵᠤ᠂ ᠪᠦᠬᠦ ᠠᠷᠠᠳ ᠲᠦᠮᠡᠨ ᠢ ᠬᠠᠮᠲᠤ ᠪᠠᠷ ᠪᠠᠶᠠᠵᠢᠭᠤᠯᠬᠤ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠳᠠᠭ ᠯᠠ ᠶᠤᠮ ᠪᠣᠯ᠂ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠨᠡᠩ ᠶᠡᠭᠡ ᠰᠢᠨ᠎ᠡ ᠢᠯᠠᠯᠲᠠ ᠶᠢ ᠲᠡᠮᠡᠴᠡᠨ ᠣᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠢ | ᠳᠤᠮᠳᠠᠳᠤ ᠤᠯᠤᠰ ᠤᠨ ᠠᠷᠠᠳ ᠲᠦᠮᠡᠨ ᠠᠴᠠ ᠰᠠᠯᠭᠠᠬᠤ᠂ ᠠᠷᠠᠳ ᠲᠦᠮᠡᠨ ᠯᠦᠭᠡ ᠡᠰᠡᠷᠭᠦᠴᠡᠯᠳᠦᠭᠦᠯᠬᠦ ᠪᠠᠷ ᠰᠠᠨᠠᠭᠠᠷᠬᠠᠬᠤ | ᠶᠠᠮᠠᠷᠪᠠ ᠭᠤᠷᠢᠳᠠᠯᠭ᠎ᠠ ᠶᠢ ᠬᠡᠵᠢᠶᠡᠳᠡ ᠪᠡᠶᠡᠯᠡᠭᠳᠡᠵᠦ ᠴᠢᠳᠠᠰᠢ ᠦᠭᠡᠢ ᠪᠤᠯᠭᠠᠬᠤ ᠨᠢ ᠯᠠᠪᠲᠠᠢ ᠶᠤᠮ᠃ | ︵ᠭᠤᠷᠪᠠ︶ ᠤᠨᠤᠯ ᠤᠨ ᠰᠢᠨ᠎ᠡ ᠡᠭᠦᠳᠤᠯᠳᠡ ᠶᠢ ᠪᠠᠷᠢᠮᠲᠠᠯᠠᠨ᠎ᠠ᠃ ᠮᠠᠷᠺᠰ ᠤᠨ ᠦᠵᠡᠯ ᠪᠣᠯ ᠮᠠᠨ ᠤ ᠨᠠᠮ | ᠪᠠᠶᠢᠭᠤᠯᠬᠤ ᠤᠯᠤᠰ ᠪᠠᠶᠢᠭᠤᠯᠬᠤ᠂ ᠨᠠᠮ ᠢᠶᠠᠨ ᠬᠥᠭᠵᠢᠭᠦᠯᠬᠦ ᠤᠯᠤᠰ ᠢᠶᠠᠨ ᠬᠦᠴᠦᠷᠬᠡᠭᠵᠢᠭᠦᠯᠬᠦ ᠶᠢᠨ ᠦᠨᠳᠦᠰᠦᠨ | ᠵᠢᠯᠣᠭᠤᠳᠬᠤ ᠦᠵᠡᠯ ᠰᠠᠨᠠᠭ᠎ᠠ ᠮᠥᠨ᠃ ᠮᠠᠷᠺᠰ ᠤᠨ ᠦᠵᠡᠯ ᠤᠨ ᠤᠨᠤᠯ ᠪᠣᠯ ᠨᠣᠮᠯᠠᠯ ᠪᠢᠰᠢ ᠬᠠᠷᠢᠨ ᠠᠵᠢᠯᠯᠠᠭᠠᠨ ᠤ | ᠵᠦᠭᠯᠡᠭᠦᠷ ᠮᠥᠨ᠂ ᠡᠷᠬᠡᠪᠰᠢ ᠦᠢᠯᠡᠳᠦᠯᠭᠡ ᠶᠢᠨ ᠬᠥᠭᠵᠢᠯᠲᠡ ᠶᠢ ᠲᠠᠭᠠᠯᠳᠤᠨ ᠬᠥᠭᠵᠢᠬᠦ ᠬᠡᠷᠡᠭᠲᠡᠢ᠂ ᠡᠷᠬᠡᠪᠰᠢ ᠳᠤᠮᠳᠠᠳᠤ | ᠤᠯᠤᠰᠴᠢᠯᠠᠪᠠᠯ ᠰᠠᠶ᠋ᠢ ᠪᠠᠲᠤᠲᠠᠢ ᠦᠨᠳᠦᠰᠦᠯᠡᠵᠦ᠂ ᠣᠷᠣᠨ ᠨᠤᠲᠤᠭᠴᠢᠯᠠᠪᠠᠯ ᠰᠠᠶ᠋ᠢ ᠬᠥᠮᠦᠰ ᠤᠨ ᠰᠡᠳᠭᠢᠯ ᠳᠤ ᠭᠦᠨ | ᠰᠠᠭᠤᠭᠳᠠᠵᠤ ᠴᠢᠳᠠᠬᠤ ᠶᠤᠮ᠃ ᠨᠠᠮ ᠠᠴᠠ ᠠᠷᠠᠳ ᠲᠦᠮᠡᠨ ᠢ ᠤᠳᠤᠷᠢᠳᠤᠨ ᠤᠳᠠᠭ᠎ᠠ ᠪᠦᠷᠢ ᠶᠢᠨ ᠬᠠᠶᠢᠨ | ᠰᠦᠪᠡᠭᠴᠢᠯᠡᠯᠲᠡ᠂ ᠤᠳᠠᠭ᠎ᠠ ᠪᠦᠷᠢ ᠶᠢᠨ ᠨᠤᠭᠤᠷᠠᠯ ᠪᠦᠳᠦᠷᠢᠯ᠂ ᠤᠳᠠᠭ᠎ᠠ ᠪᠦᠷᠢ ᠶᠢᠨ ᠨᠡᠭᠡᠭᠡᠯᠲᠡ ᠶᠢᠨ ᠳᠤᠮᠳᠠ ᠳᠤᠮᠳᠠᠲᠤ | ᠤᠯᠤᠰ ᠤᠨ ᠪᠤᠰᠤᠳ ᠡᠯ᠎ᠡ ᠵᠦᠢᠯ ᠤᠨ ᠤᠯᠤᠰ ᠲᠥᠷᠥ ᠶᠢᠨ ᠬᠦᠴᠦᠨ ᠤ ᠪᠡᠶᠡᠯᠡᠭᠦᠯᠵᠦ ᠴᠢᠳᠠᠰᠢ ᠦᠭᠡᠢ ᠪᠡᠷᠬᠡ | ᠬᠠᠲᠠᠭᠤᠵᠢᠯᠲᠠᠶ ᠡᠭᠦᠷᠭᠡ ᠶᠢ ᠪᠡᠶᠡᠯᠡᠭᠦᠯᠵᠦ ᠴᠢᠳᠠᠭᠰᠠᠨ ᠤ ᠦᠨᠳᠦᠰᠦᠨ ᠰᠢᠯᠲᠠᠭᠠᠨ ᠨᠢ ᠦᠵᠡᠯ ᠰᠠᠨᠠᠭ᠎ᠠ ᠪᠠᠨ ᠴᠢᠯᠥᠭᠡᠯᠡᠬᠦ᠂ | ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ | ᠡᠷᠬᠢᠮᠯᠡᠬᠦ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠦᠨᠳᠦᠰᠦᠨ ᠤᠭ ᠶᠤᠰᠤ ᠶᠢ ᠳᠤᠮᠳᠠᠲᠤ ᠤᠯᠤᠰ ᠤᠨ ᠪᠣᠳᠠᠲᠤ | ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠨ᠂ | ᠦᠢᠯᠡᠳᠦᠯᠭᠡ ᠪᠣᠯ ᠦᠨᠡᠨ ᠶᠣᠰᠣ ᠶᠢ ᠰᠢᠯᠭᠠᠬᠤ ᠴᠤᠷᠢ ᠶᠢᠨ ᠭᠠᠭᠴᠠ ᠪᠠᠷᠢᠮᠵᠢᠶ᠎ᠠ ᠪᠣᠯᠬᠤ ᠶᠢ ᠪᠠᠷᠢᠮᠲᠠᠯᠠᠵᠤ᠂ ᠠᠯᠢᠪᠠ | ᠪᠦᠬᠦᠨ ᠳᠤ ᠪᠣᠳᠠᠲᠠᠢ ᠠᠴᠠ ᠡᠭᠦᠰᠭᠦ ᠶᠢ ᠪᠠᠷᠢᠮᠲᠠᠯᠠᠨ᠂ ᠴᠠᠭ ᠦᠶ᠎ᠡ ᠶᠢᠨ ᠠᠰᠠᠭᠤᠯᠲᠠ᠂ ᠠᠷᠠᠳ ᠲᠦᠮᠡᠨ ᠤ | ᠠᠰᠠᠭᠤᠯᠲᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ | ᠦᠶᠡᠴᠢᠯᠡᠬᠦ ᠶᠢ ᠲᠠᠰᠤᠷᠠᠯᠲᠠ ᠦᠭᠡᠢ ᠠᠬᠢᠭᠤᠯᠤᠭᠰᠠᠨ ᠳᠤ ᠤᠷᠤᠰᠢᠨ᠎ᠠ᠃ ᠣᠳᠣ ᠦᠶ᠎ᠡ ᠶᠢᠨ ᠳᠤᠮᠳᠠᠲᠤ ᠤᠯᠤᠰ ᠤᠨ | ᠠᠭᠤᠤ ᠶᠡᠭᠡ ᠨᠡᠶᠢᠭᠡᠮ ᠤᠨ ᠬᠤᠪᠢᠰᠤᠯᠲᠠ ᠨᠢ ᠮᠠᠨ ᠤ ᠤᠯᠤᠰ ᠤᠨ ᠲᠡᠦᠬᠡ ᠰᠣᠶᠣᠯ ᠤᠨ ᠡᠬᠡ ᠬᠡᠪᠯᠡᠯ ᠢ ᠳᠥᠭᠦᠮᠬᠡᠨ ᠢᠶᠠᠷ | ᠦᠷᠭᠦᠯᠵᠢᠯᠡᠭᠦᠯᠦᠭᠰᠡᠨ ᠶᠠᠪᠤᠳᠠᠯ ᠪᠢᠰᠢ᠂ ᠮᠠᠷᠺᠰ ᠤᠨ ᠦᠵᠡᠯ ᠤᠨ ᠰᠣᠩᠭᠤᠳᠠᠭ ᠵᠣᠬᠢᠶᠠᠯᠴᠢᠳ ᠤᠨ ᠲᠥᠰᠥᠪᠯᠡᠨ | ᠪᠤᠳᠤᠭᠰᠠᠨ ᠦᠯᠢᠭᠡᠷ ᠬᠡᠪᠯᠡᠯ ᠢ ᠳᠥᠭᠦᠮᠬᠡᠨ ᠢᠶᠠᠷ ᠲᠤᠬᠤᠵᠤ ᠬᠡᠷᠡᠭᠯᠡᠭᠰᠡᠨ ᠶᠠᠪᠤᠳᠠᠯ ᠪᠢᠰᠢ᠂ ᠪᠤᠰᠤᠳ ᠤᠯᠤᠰ ᠤᠨ ᠨᠡᠶᠢᠭᠡᠮ | ᠵᠢᠷᠤᠮ ᠤᠨ ᠦᠢᠯᠡᠳᠦᠯᠭᠡ ᠶᠢᠨ ᠲᠠᠬᠢᠨ ᠬᠡᠪᠯᠡᠯ ᠪᠢᠰᠢ᠂ ᠭᠠᠳᠠᠭᠠᠳᠤ ᠶᠢᠨ ᠣᠳᠣᠬᠢᠴᠢᠯᠠᠯᠲᠠ ᠶᠢᠨ ᠬᠥᠭᠵᠢᠯᠲᠡ ᠶᠢᠨ | ᠬᠠᠭᠤᠯᠤᠮᠠᠯ ᠬᠡᠪᠯᠡᠯ ᠴᠦ ᠪᠢᠰᠢ ᠭᠡᠵᠦ ᠰᠢ ᠶᠢᠨ ᠫᠢᠩ ᠨᠦᠬᠦᠷ ᠵᠢᠭᠠᠵᠤ ᠭᠠᠷᠭᠠᠭᠰᠠᠨ ᠶᠤᠮ᠃ ᠪᠢᠳᠡ ᠵᠣᠷᠢᠭᠲᠠᠶ ᠪᠠᠷ ᠰᠢᠨ᠎ᠡ | ᠦᠢᠯᠡᠳᠦᠯᠭᠡ ᠲᠠᠢ ᠤᠶᠠᠯᠳᠤᠭᠤᠯᠤᠨ ᠤᠨᠤᠯ ᠤᠨ ᠰᠢᠨ᠎ᠡ ᠡᠭᠦᠳᠦᠯᠲᠡ ᠶᠢ ᠲᠠᠰᠤᠷᠠᠯᠲᠠ ᠦᠭᠡᠢ ᠠᠬᠢᠭᠤᠯᠵᠤ᠂ ᠰᠢᠨ᠎ᠡ | ᠤᠨᠤᠯ ᠢᠶᠠᠷ ᠰᠢᠨ᠎ᠡ ᠦᠢᠯᠡᠳᠦᠯᠭᠡ ᠶᠢ ᠵᠢᠯᠣᠭᠤᠳᠬᠤ ᠳᠠᠭᠠᠨ ᠴᠢᠳᠠᠮᠠᠭᠠᠶ ᠪᠠᠶᠢᠳᠠᠭ ᠯᠠ ᠶᠤᠮ ᠪᠣᠯ᠂ ᠮᠠᠷᠺᠰ ᠤᠨ ᠦᠵᠡᠯ ᠢ | ᠳᠤᠮᠳᠠᠳᠤ ᠤᠯᠤᠰ ᠤᠨ ᠡᠬᠡ ᠭᠠᠵᠠᠷ ᠳᠡᠭᠡᠷ᠎ᠡ ᠨᠡᠩ ᠬᠦᠴᠦᠷᠬᠡᠭ ᠶᠡᠭᠡ᠂ ᠨᠡᠩ ᠢᠲᠡᠭᠡᠭᠦᠯᠬᠦ ᠬᠦᠴᠦᠨ ᠪᠦᠬᠦᠢ ᠦᠨᠡᠨ | ᠶᠣᠰᠣᠨ ᠤ ᠬᠦᠴᠦᠨ ᠴᠢᠳᠠᠯ ᠢ ᠢᠯᠡᠷᠡᠬᠦᠯᠦᠬᠦᠯᠵᠦ ᠴᠢᠳᠠᠬᠤ ᠨᠢ ᠯᠠᠪᠲᠠᠢ ᠶᠤᠮ᠃ | ︵ᠳᠥᠷᠪᠡ︶ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠨ᠎ᠠ᠃ ᠪᠡᠶ᠎ᠡ ᠪᠠᠨ ᠳᠠᠭᠠᠭᠠᠵᠤ ᠡᠵᠡᠨ ᠮᠡᠳᠡᠬᠦ ᠪᠣᠯ | ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭᠠᠨ ᠤ ᠠᠮᠢᠨ ᠰᠦᠨᠡᠰᠦ ᠮᠥᠨ᠂ ᠮᠠᠨ ᠤ ᠨᠠᠮ ᠪᠠᠶᠢᠭᠤᠯᠬᠤ ᠤᠯᠤᠰ | ᠪᠠᠶᠢᠭᠤᠯᠬᠤ ᠶᠢᠨ ᠴᠢᠬᠤᠯᠠ ᠵᠠᠷᠴᠢᠮ ᠮᠥᠨ᠃ ᠥᠪᠡᠷ ᠤᠨ ᠢᠶᠠᠨ ᠵᠠᠮ ᠢᠶᠠᠷ ᠵᠠᠮᠨᠠᠬᠤ ᠪᠣᠯ ᠨᠠᠮ ᠤᠨ ᠵᠠᠭᠤᠨ ᠵᠢᠯ ᠤᠨ | ᠲᠡᠮᠡᠴᠡᠯ ᠢᠶᠠᠷ ᠣᠯᠤᠭᠰᠠᠨ ᠲᠡᠦᠬᠡᠨ ᠳ᠋ᠦᠩ ᠮᠥᠨ᠃ ᠨᠠᠮ ᠶᠡᠷᠦ ᠠᠴᠠ ᠪᠡᠶ᠎ᠡ ᠪᠠᠨ ᠳᠠᠭᠠᠭᠠᠨ ᠡᠵᠡᠨ ᠮᠡᠳᠡᠵᠤ | ᠤᠷᠤᠭᠰᠢᠯᠠᠯᠲᠠ ᠶᠢᠨ ᠵᠠᠮ ᠢᠶᠠᠨ ᠡᠭᠦᠳᠦᠨ ᠨᠡᠭᠡᠭᠡᠬᠦ ᠶᠢ ᠪᠠᠷᠢᠮᠲᠠᠯᠠᠨ᠂ ᠤᠯᠤᠰ ᠪᠠ ᠦᠨᠳᠦᠰᠦᠲᠡᠨ ᠤ ᠪᠠᠨ ᠬᠥᠭᠵᠢᠯᠲᠡ ᠶᠢ | ᠥᠪᠡᠷ ᠤᠨ ᠬᠦᠴᠦᠨ ᠳᠡᠭᠡᠨ ᠰᠠᠭᠤᠷᠢᠯᠠᠭᠤᠯᠬᠤ ᠶᠢ ᠪᠠᠷᠢᠮᠲᠠᠯᠠᠵᠤ᠂ ᠲᠤᠮᠳᠠᠳᠤ ᠤᠯᠤᠰ ᠤᠨ ᠬᠡᠷᠡᠭ ᠶᠠᠪᠤᠳᠠᠯ ᠢ ᠡᠷᠭᠡᠪᠰᠢ | ᠲᠤᠮᠳᠠᠳᠤ ᠤᠯᠤᠰ ᠤᠨ ᠠᠷᠠᠳ ᠲᠦᠮᠡᠨ ᠦᠪᠡᠰᠦᠪᠡᠨ ᠰᠠᠨᠠᠭᠠᠴᠢᠯᠠᠨ ᠵᠤᠷᠢᠵᠦ᠂ ᠦᠪᠡᠰᠦᠪᠡᠨ ᠰᠢᠢᠳᠪᠦᠷᠢᠯᠡᠬᠦ ᠶᠢ | ᠪᠠᠷᠢᠮᠲᠠᠯᠠᠭᠰᠠᠭᠠᠷ ᠢᠷᠡᠵᠡᠢ᠃ ᠬᠥᠮᠦᠨ ᠲᠥᠷᠥᠯᠬᠢᠲᠡᠨ ᠤ ᠲᠡᠦᠬᠡᠨ ᠳᠡᠭᠡᠷ᠎ᠡ ᠭᠠᠳᠠᠭᠠᠳᠤ ᠶᠢᠨ ᠬᠦᠴᠦᠨ ᠳᠤ ᠲᠦᠰᠢᠭᠯᠡᠨ᠂ | ᠭᠠᠳᠠᠭᠠᠳᠤ ᠶᠢᠨ ᠬᠡᠪ ᠵᠠᠭᠪᠤᠷ ᠢ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠵᠦ᠂ ᠪᠤᠰᠤᠳ ᠤᠨ ᠪᠤᠷᠤ ᠮᠦᠷ ᠢᠶᠠᠷ ᠪᠤᠷᠪᠢᠳᠠᠨ | ᠳᠠᠭᠠᠭᠠᠳ ᠬᠦᠴᠦᠷᠬᠡᠭᠵᠢᠨ ᠮᠠᠨᠳᠤᠵᠤ ᠴᠢᠳᠠᠭᠰᠠᠨ ᠶᠠᠮᠠᠷ ᠨᠢᠭᠡᠨ ᠦᠨᠳᠦᠰᠦᠲᠡᠨ᠂ ᠶᠠᠮᠠᠷ ᠨᠢᠭᠡᠨ ᠤᠯᠤᠰ ᠭᠡᠵᠦ ᠦᠭᠡᠢ | ᠶᠤᠮ᠃ ᠲᠡᠭᠡᠵᠦ ᠬᠢᠬᠦ ᠶᠢᠨ ᠦᠷ᠎ᠡ ᠳ᠋ᠦᠩ ᠳᠤ ᠢᠯᠠᠭᠳᠠᠯ ᠳᠤ ᠤᠴᠠᠷᠠᠬᠤ ᠪᠤᠶᠤ ᠪᠤᠰᠤᠳ ᠤᠨ ᠲᠠᠭᠠᠯᠳᠠ ᠪᠤᠯᠬᠤ ᠨᠢ | ᠭᠠᠷᠴᠠᠭ᠎ᠠ ᠦᠭᠡᠢ᠃ ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠥᠪᠡᠷ ᠤᠨ ᠬᠦᠴᠦ ᠪᠠᠷ ᠢᠶᠠᠨ ᠳᠡᠭᠵᠢᠷᠡᠬᠦ ᠶᠢ | ᠪᠠᠷᠢᠮᠲᠠᠯᠠᠵᠤ᠂ ᠭᠠᠳᠠᠭᠠᠳᠤ ᠶᠢᠨ ᠠᠰᠢᠭᠲᠠᠢ ᠲᠤᠷᠰᠢᠯᠭ᠎ᠠ ᠶᠢ ᠳᠠᠷᠤᠤ ᠬᠢᠴᠢᠶᠡᠩᠭᠦᠶ ᠪᠠᠷ ᠰᠤᠷᠤᠯᠴᠠᠨ ᠲᠣᠯᠢᠳᠠᠬᠤ ᠮᠥᠷᠲᠡᠭᠡᠨ | ᠪᠠᠰᠠ ᠦᠨᠳᠦᠰᠦᠲᠡᠨ ᠤ ᠥᠪᠡᠷ ᠢ ᠪᠠᠨ ᠬᠦᠨᠳᠦᠳᠭᠡᠬᠦ ᠰᠡᠳᠭᠢᠯᠭᠡ ᠪᠠ ᠢᠲᠡᠭᠡᠯ ᠵᠣᠷᠢᠭ ᠢᠶᠠᠨ ᠪᠠᠲᠤᠳᠬᠠᠵᠤ᠂ ᠭᠠᠵᠢᠭᠤ ᠶᠢ | ᠢᠲᠡᠭᠡᠬᠦ ᠦᠭᠡᠢ᠂ ᠳᠠᠷᠤᠯᠲᠠ ᠠᠴᠠ ᠠᠶᠤᠬᠤ ᠦᠭᠡᠢ ᠪᠠᠶᠢᠳᠠᠭ ᠯᠠ ᠶᠤᠮ ᠪᠣᠯ᠂ ᠳᠤᠮᠳᠠᠳᠤ ᠤᠯᠤᠰ ᠤᠨ ᠬᠥᠭᠵᠢᠯᠲᠡ | ᠳᠠᠪᠰᠢᠯᠳᠠ ᠶᠢᠨ ᠬᠤᠪᠢ ᠵᠠᠶᠠᠭ᠎ᠠ ᠶᠢ ᠢᠮᠠᠭᠲᠠ ᠥᠪᠡᠷ ᠤᠨ ᠭᠠᠷ ᠲᠠᠭᠠᠨ ᠪᠠᠲᠤ ᠡᠵᠡᠮᠳᠡᠵᠦ ᠴᠢᠳᠠᠬᠤ ᠨᠢ ᠯᠠᠪᠲᠠᠢ ᠶᠤᠮ᠃ | ︵ᠲᠠᠪᠤ︶ ᠳᠤᠮᠳᠠᠳᠤ ᠤᠯᠤᠰ ᠤᠨ ᠵᠠᠮ ᠢ ᠪᠠᠷᠢᠮᠲᠠᠯᠠᠨ᠎ᠠ᠃ ᠴᠢᠭᠯᠡᠯ ᠨᠢ ᠵᠠᠮ ᠢ ᠲᠣᠭᠲᠠᠭᠠᠵᠤ᠂ ᠵᠠᠮ ᠨᠢ ᠬᠤᠪᠢ | ᠵᠠᠶᠠᠭ᠎ᠠ ᠶᠢ ᠲᠣᠭᠲᠠᠭᠠᠳᠠᠭ᠃ ᠨᠠᠮ ᠵᠠᠭᠤᠨ ᠵᠢᠯ ᠤᠨ ᠲᠡᠮᠡᠴᠡᠯ ᠳᠤᠮᠳᠠ ᠢᠮᠠᠭᠲᠠ ᠮᠠᠨ ᠤ ᠤᠯᠤᠰ ᠤᠨ ᠤᠯᠤᠰ ᠤᠨ | ᠪᠠᠶᠢᠳᠠᠯ ᠠᠴᠠ ᠡᠭᠦᠰᠭᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠳᠤ ᠨᠡᠶᠢᠴᠡᠭᠰᠡᠨ ᠵᠥᠪ ᠵᠠᠮ ᠢ | ᠬᠠᠶᠢᠨ ᠰᠦᠪᠡᠭᠴᠢᠯᠡᠵᠦ ᠪᠤᠢ ᠪᠤᠯᠭᠠᠪᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠪᠣᠯ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠡᠭᠦᠳᠦᠨ ᠪᠦᠲᠦᠭᠡᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠰᠠᠷᠠᠭᠤᠯ ᠳᠠᠷᠳᠠᠩ ᠵᠠᠮ ᠮᠥᠨ᠃ ᠳᠤᠮᠳᠠᠳᠤ ᠶᠢᠨ ᠡᠬᠡ ᠭᠠᠵᠠᠷ ᠳᠡᠭᠡᠷ᠎ᠡ ᠪᠠᠲᠤ | ᠵᠤᠭᠰᠤᠵᠤ᠂ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ | ᠨᠡᠶᠢᠴᠡᠭᠰᠡᠨ ᠵᠥᠪ ᠵᠠᠮ ᠢᠶᠠᠷ ᠵᠠᠮᠨᠠᠬᠤ ᠳᠤ᠂ ᠨᠠᠮ ᠪᠠ ᠠᠷᠠᠳ ᠲᠦᠮᠡᠨ ᠬᠢᠵᠠᠭᠠᠯᠠᠰᠢ ᠦᠭᠡᠢ ᠦᠷᠭᠡᠨ ᠠᠭᠤᠳᠠᠮ ᠲᠠᠪᠴᠠᠩ᠂ | ᠬᠢᠵᠠᠭᠠᠯᠠᠰᠢ ᠦᠭᠡᠢ ᠬᠦᠨ ᠵᠤᠵᠠᠭᠠᠨ ᠲᠡᠤᠬᠡ ᠶᠢᠨ ᠪᠤᠯᠪᠠᠰᠤᠨ ᠤ ᠬᠤᠷᠠᠮᠳᠤᠭᠤᠯᠤᠯ᠂ ᠬᠢᠵᠠᠭᠠᠯᠠᠰᠢ ᠦᠭᠡᠢ ᠬᠦᠴᠦᠷᠭᠡᠭ | ᠶᠡᠭᠡ ᠤᠷᠤᠭᠰᠢᠯᠠᠯᠳᠠ ᠶᠢᠨ ᠪᠠᠳᠤ ᠬᠦᠴᠦᠨ ᠲᠠᠢ ᠶᠤᠮ᠃ ᠪᠢᠳᠡ ᠪᠢᠳᠡᠬᠦᠮᠵᠢᠯᠡᠭᠰᠡᠨ ᠬᠦᠰᠢᠬᠦᠷᠡᠭᠰᠡᠨ ᠬᠠᠭᠤᠴᠢᠨ ᠵᠠᠮ ᠢᠶᠠᠷ | ᠵᠠᠮᠨᠠᠬᠤ ᠦᠭᠡᠢ ᠮᠦᠷᠳᠡᠭᠡᠨ ᠲᠤᠭ ᠲᠡᠮᠳᠡᠭ ᠢᠶᠠᠨ ᠰᠤᠯᠢᠬᠤ ᠭᠠᠵᠢᠭᠤ ᠵᠠᠮ ᠢᠶᠠᠷ ᠴᠤ ᠵᠠᠮᠨᠠᠬᠤ ᠦᠭᠡᠢ ᠪᠠᠶᠢᠵᠤ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠳᠠᠭ ᠯᠠ ᠶᠤᠮ ᠪᠤᠯ᠂ | ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠯ ᠲᠠᠢ ᠦᠵᠡᠰᠭᠦᠯᠡᠩᠲᠦ ᠰᠠᠶᠢᠬᠠᠨ | ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠶᠢᠭᠤᠯᠵᠤ ᠴᠢᠳᠠᠬᠤ ᠨᠢ ᠯᠠᠪᠲᠠᠢ ᠶᠤᠮ᠃ | ︵ᠵᠢᠷᠭᠤᠭ᠎ᠠ︶ ᠬᠡᠬᠦᠳᠡᠭ ᠴᠡᠭᠡᠵᠢᠨ ᠳᠡᠭᠡᠨ ᠳᠡᠯᠡᠬᠡᠶ ᠳ᠋ᠠᠬᠢᠨ ᠢ ᠪᠤᠳᠤᠯᠬᠢᠯᠠᠬᠤ ᠶᠢ ᠪᠠᠷᠢᠮᠲᠠᠯᠠᠨ᠎ᠠ᠃ ᠲᠦᠷᠦ ᠶᠢᠨ | ᠡᠷᠬᠡ ᠶᠢ ᠲᠦᠮᠡᠨ ᠤ ᠪᠤᠯᠭᠠᠬᠤ ᠠᠨᠤ ᠲᠡᠭᠷᠢ ᠶᠢᠨ ᠶᠤᠰᠤᠨ ᠪᠤᠯᠠᠢ᠃ ᠨᠠᠮ ᠢᠮᠠᠭᠲᠠ ᠳᠡᠯᠡᠬᠡᠶ ᠶᠢᠨ ᠬᠠᠷᠠᠭ᠎ᠠ ᠪᠠᠷ ᠬᠥᠮᠦᠨ | ᠲᠥᠷᠥᠯᠬᠢᠲᠡᠨ ᠤ ᠢᠷᠡᠭᠡᠳᠦᠶ ᠬᠤᠪᠢ ᠵᠠᠶᠠᠭ᠎ᠠ ᠶᠢ ᠠᠩᠬᠠᠷᠴᠤ᠂ ᠬᠥᠮᠦᠨ ᠲᠥᠷᠥᠯᠬᠢᠲᠡᠨ ᠤ ᠬᠥᠭᠵᠢᠯᠲᠡ ᠶᠢᠨ ᠶᠡᠭᠡ | ᠤᠷᠤᠰᠬᠠᠯ᠂ ᠳᠡᠯᠡᠬᠡᠢ ᠶᠢᠨ ᠬᠤᠪᠢᠷᠠᠯᠲᠠ ᠶᠢᠨ ᠶᠡᠭᠡ ᠪᠠᠶᠢᠷᠢᠰᠢᠯ᠂ ᠳᠤᠮᠳᠠᠳᠤ ᠤᠯᠤᠰ ᠤᠨ ᠬᠥᠭᠵᠢᠯᠲᠡ ᠶᠢᠨ ᠶᠡᠭᠡ | ᠲᠡᠦᠬᠡ ᠠᠴᠠ ᠭᠠᠳᠠᠭᠠᠳᠤ ᠶᠢᠷᠲᠢᠨᠴᠦ ᠯᠦᠭᠡ ᠶᠢᠨ ᠬᠠᠷᠢᠴᠠᠭ᠎ᠠ ᠶᠢ ᠵᠥᠪ ᠲᠠᠨᠢᠨ ᠰᠢᠢᠳᠪᠦᠷᠢᠯᠡᠵᠦ᠂ ᠨᠡᠭᠡᠭᠡᠯᠲᠡ ᠬᠢᠬᠦ ᠶᠢ | ᠪᠠᠷᠢᠮᠲᠠᠯᠠᠨ᠂ ᠲᠦᠭᠵᠢᠵᠤ ᠪᠢᠲᠡᠭᠦᠮᠵᠢᠯᠡᠬᠦ ᠶᠢ ᠲᠡᠪᠴᠢᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ | ᠪᠠᠷᠢᠮᠳᠠᠯᠠᠨ᠂ ᠳᠡᠭ ᠨᠡᠶᠢᠯᠡᠪᠦᠷᠢ ᠶᠢᠨ ᠦᠵᠡᠯᠴᠡᠭᠡᠨ ᠬᠢᠬᠦ ᠦᠭᠡᠢ ᠪᠠᠶᠢᠵᠤ᠂ ᠭᠤᠣᠯᠴᠢ ᠶᠤᠰᠦ ᠶᠢ ᠵᠤᠷᠢᠬᠤ᠂ ᠲᠦᠪ | ᠶᠤᠰᠤ ᠶᠢ ᠮᠠᠨᠳᠤᠭᠤᠯᠬᠤ ᠶᠢ ᠪᠠᠷᠢᠮᠲᠠᠯᠠᠵᠤ᠂ ᠲᠡᠦᠬᠡ ᠶᠢᠨ ᠵᠥᠪ ᠲᠠᠯ᠎ᠠ ᠳᠤ ᠵᠣᠭᠰᠣᠨ᠂ ᠬᠥᠮᠦᠨ ᠲᠥᠷᠥᠯᠬᠢᠲᠡᠨ ᠤ | ᠳᠠᠪᠰᠢᠯᠲᠠ ᠶᠢᠨ ᠲᠠᠯ᠎ᠠ ᠳᠤ ᠵᠣᠭᠰᠣᠪᠠ᠃ ᠪᠢᠳᠡ ᠡᠩᠬᠡ ᠲᠠᠶᠢᠪᠤᠩ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠳᠡᠯᠡᠬᠡᠶ ᠶᠢᠨ | ᠡᠩᠬᠡ ᠲᠠᠶᠢᠪᠤᠩ ᠢ ᠬᠠᠮᠠᠭᠠᠯᠠᠬᠤ ᠪᠠᠷ ᠳᠠᠮᠵᠢᠨ ᠥᠪᠡᠷ ᠢ ᠪᠠᠨ ᠬᠥᠭᠵᠢᠭᠦᠯᠬᠦ ᠮᠦᠷᠲᠡᠭᠡᠨ ᠲᠤᠰ ᠪᠡᠶ᠎ᠡ ᠶᠢᠨ ᠬᠥᠭᠵᠢᠯᠲᠡ ᠪᠠᠷ | ᠳᠠᠮᠵᠢᠨ ᠳᠡᠯᠡᠬᠡᠶ ᠶᠢᠨ ᠡᠩᠬᠡ ᠲᠠᠶᠢᠪᠤᠩ ᠢ ᠬᠠᠮᠠᠭᠠᠯᠠᠵᠤ᠂ ᠳᠡᠯᠡᠬᠡᠶ ᠳᠡᠭᠡᠷᠡᠬᠢ ᠠᠯᠢᠪᠠ ᠳᠠᠪᠰᠢᠩᠭᠤᠢ ᠬᠦᠴᠦᠨ ᠲᠠᠢ ᠭᠠᠷ | ᠬᠤᠯᠪᠣᠨ ᠤᠷᠤᠭᠰᠢᠯᠠᠵᠤ᠂ ᠪᠤᠰᠤᠳ ᠲᠤ ᠲᠦᠰᠢᠭᠯᠡᠬᠦ ᠦᠭᠡᠢ᠂ ᠪᠤᠰᠤᠳ ᠢ ᠪᠤᠯᠢᠶᠠᠨ ᠳᠡᠭᠡᠷᠡᠮᠳᠡᠬᠦ ᠦᠭᠡᠢ᠂ ᠬᠡᠵᠢᠶᠡᠳᠡ | ᠡᠵᠡᠷᠬᠡᠬᠦ ᠦᠭᠡᠢ ᠪᠠᠶᠢᠳᠠᠭ ᠯᠠ ᠶᠤᠮ ᠪᠤᠯ᠂ ᠬᠥᠮᠦᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠳᠤ ᠲᠠᠰᠤᠷᠠᠯᠲᠠ ᠦᠭᠡᠢ | ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠦ᠂ ᠳᠡᠯᠡᠬᠡᠶ ᠶᠢᠨ ᠡᠯ᠎ᠡ ᠤᠯᠤᠰ ᠤᠨ ᠠᠷᠠᠳ ᠲᠦᠮᠡᠨ ᠲᠠᠢ ᠴᠤᠭᠭᠠᠷ | ᠲᠡᠦᠬᠡ ᠶᠢᠨ ᠬᠦᠷᠳᠦ ᠶᠢ ᠭᠡᠭᠡᠨ ᠰᠠᠷᠠᠭᠤᠯ ᠢᠷᠡᠭᠡᠳᠦᠶ ᠵᠦᠭ ᠲᠦᠯᠬᠢᠨ ᠤᠷᠤᠭᠰᠢᠯᠠᠭᠤᠯᠵᠤ ᠴᠢᠳᠠᠬᠤ ᠨᠢ ᠯᠠᠪᠲᠠᠢ ᠶᠤᠮ᠃ | ︵ᠳᠣᠯᠤᠭ᠎ᠠ︶ ᠵᠠᠮ ᠨᠡᠭᠡᠭᠡᠨ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠰᠢᠨ᠎ᠡ ᠶᠢ ᠡᠭᠦᠳᠬᠦ ᠪᠣᠯ ᠨᠢᠭᠡ ᠤᠯᠤᠰ᠂ | ᠨᠢᠭᠡ ᠦᠨᠳᠦᠰᠦᠲᠡᠨ ᠤ ᠬᠥᠭᠵᠢᠯᠲᠡ ᠳᠠᠪᠰᠢᠯᠲᠠ ᠶᠢᠨ ᠲᠠᠭᠤᠰᠤᠰᠢ ᠦᠭᠡᠢ ᠬᠥᠳᠡᠯᠭᠡᠭᠴᠢ ᠬᠦᠴᠦᠨ ᠮᠥᠨ᠃ ᠬᠡᠳᠦᠢ | ᠠᠭᠤᠤ ᠶᠡᠭᠡ ᠦᠢᠯᠡᠰ ᠪᠤᠯᠬᠤ ᠲᠤᠳᠤᠮ ᠬᠦᠴᠢᠷ ᠪᠡᠷᠭᠡᠰᠢᠶᠡᠯ ᠪᠡᠷᠭᠡ ᠪᠠᠷᠳᠠᠭ᠎ᠠ ᠲᠡᠳᠦᠢ ᠶᠡᠭᠡ ᠲᠤᠯᠭᠠᠷᠠᠵᠦ᠂ ᠲᠡᠰᠪᠤᠷᠢ | ᠬᠠᠲᠠᠭᠤᠵᠢᠯᠲᠠᠢ ᠲᠡᠮᠡᠴᠡᠬᠦ ᠶᠢ ᠲᠡᠳᠦᠢ ᠶᠡᠭᠡ ᠱᠠᠭᠠᠷᠳᠠᠵᠤ᠂ ᠵᠠᠮ ᠨᠡᠭᠡᠭᠡᠨ ᠰᠢᠨ᠎ᠠ ᠶᠢ ᠡᠬᠦᠳᠬᠦ ᠶᠢ ᠲᠡᠳᠤᠢ ᠶᠡᠭᠡ | ᠱᠠᠭᠠᠷᠳᠠᠳᠠᠭ ᠶᠤᠮ᠃ ᠨᠠᠮ ᠠᠴᠠ ᠠᠷᠠᠳ ᠲᠦᠮᠡᠨ ᠢ ᠤᠳᠤᠷᠢᠳᠤᠨ ᠬᠠᠷᠰᠢ ᠰᠠᠭᠠᠳ ᠢ ᠢᠯᠠᠨ ᠳᠠᠪᠠᠵᠤ᠂ ᠴᠦᠬᠦᠷᠡᠯ | ᠦᠭᠡᠢ ᠬᠠᠶᠢᠨ ᠰᠦᠪᠡᠭᠴᠢᠯᠡᠵᠦ᠂ ᠬᠦᠴᠦᠯᠡᠨ ᠵᠠᠮ ᠨᠡᠭᠡᠭᠡᠵᠦ᠂ ᠢᠷᠮᠡᠬᠦᠨ ᠵᠤᠷᠢᠬᠳᠠᠢ ᠪᠠᠷ ᠤᠷᠤᠭᠰᠢᠯᠠᠨ ᠳᠠᠪᠰᠢᠵᠤ᠂ | ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ᠂ ᠪᠠᠶᠢᠭᠤᠯᠤᠯ ᠤᠨ ᠰᠢᠨ᠎ᠡ ᠡᠭᠦᠳᠦᠯᠲᠡ᠂ | ᠰᠣᠶᠣᠯ ᠤᠨ ᠰᠢᠨ᠎ᠡ ᠡᠭᠦᠳᠦᠯᠲᠡ ᠵᠢᠴᠢ ᠪᠤᠰᠤᠳ ᠡᠯ᠎ᠡ ᠲᠠᠯ᠎ᠠ ᠶᠢᠨ ᠰᠢᠨ᠎ᠡ ᠡᠭᠦᠳᠦᠯᠲᠡ ᠶᠢ ᠲᠠᠰᠤᠷᠠᠯᠲᠠ ᠦᠭᠡᠢ | ᠠᠬᠢᠭᠤᠯᠤᠨ᠂ ᠵᠣᠷᠢᠭᠲᠠᠶ ᠪᠠᠷ ᠳᠡᠯᠡᠭᠡᠢ ᠳ᠋ᠡᠬᠢᠨ ᠳᠤ ᠲᠦᠷᠦᠭᠦᠯᠡᠨ ᠬᠢᠵᠦ᠂ ᠤᠷᠢᠳᠤᠬᠢ ᠬᠥᠮᠦᠰ ᠤᠨ ᠶᠠᠪᠤᠵᠤ ᠦᠩᠭᠡᠷᠡᠭᠡ | ᠦᠭᠡᠢ ᠵᠠᠮ ᠢ ᠨᠡᠭᠡᠭᠡᠭᠰᠡᠨ ᠶᠤᠮ᠂ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ ᠴᠥᠮ ᠨᠠᠮ ᠪᠠ ᠠᠷᠠᠳ ᠲᠦᠮᠡᠨ ᠤ | ᠤᠷᠤᠭᠰᠢᠯᠠᠯᠲᠠ ᠶᠢᠨ ᠠᠯᠬᠤᠭ᠎ᠠ ᠶᠢ ᠬᠤᠷᠢᠭᠯᠠᠵᠤ ᠴᠢᠳᠠᠭᠰᠠᠨ ᠦᠭᠡᠢ ᠶᠤᠮ᠃ ᠪᠢᠳᠡ ᠴᠠᠭ ᠦᠶ᠎ᠡ ᠶᠢᠨ ᠤᠷᠤᠰᠬᠠᠯ ᠢ | ᠳᠠᠭᠠᠵᠤ᠂ ᠠᠷᠠᠳ ᠲᠦᠮᠡᠨ ᠤ ᠱᠠᠭᠠᠷᠳᠠᠯᠭ᠎ᠠ ᠳᠤ ᠵᠤᠬᠢᠴᠠᠭᠤᠯᠵᠤ᠂ ᠥᠭᠡᠷᠡᠴᠢᠯᠡᠯᠲᠡ ᠶᠢ ᠵᠣᠷᠢᠭᠲᠠᠶ ᠪᠠᠷ ᠠᠬᠢᠭᠤᠯᠤᠨ᠂ | ᠬᠤᠪᠢᠷᠠᠯᠲᠠ ᠶᠢ ᠵᠥᠪ ᠣᠨᠣᠪᠴᠢᠲᠠᠶ ᠲᠠᠨᠢᠵᠤ ᠰᠢᠨᠵᠢᠯᠡᠬᠦ ᠤᠬᠠᠭᠠᠨᠴᠢ ᠪᠠᠷ ᠠᠷᠭᠠᠴᠠᠨ᠂ ᠰᠠᠨᠠᠭᠠᠴᠢᠯᠠᠭ᠎ᠠ ᠠᠴᠠ ᠪᠠᠨ | ᠬᠤᠪᠢᠷᠠᠭᠤᠯᠬᠤ ᠶᠢ ᠪᠤᠳᠤᠯᠬᠢᠯᠠᠵᠤ᠂ ᠬᠡᠵᠢᠶᠡᠳᠡ ᠬᠥᠰᠢᠭᠦᠷᠡᠬᠦ ᠦᠭᠡᠶ᠂ ᠬᠡᠵᠢᠶᠡᠳᠡ ᠵᠣᠭᠰᠣᠩᠭᠤᠶᠢᠷᠠᠬᠤ ᠦᠭᠡᠶ ᠪᠠᠶᠢᠳᠠᠭ | ᠯᠠ ᠶᠤᠮ ᠪᠤᠯ᠂ ᠬᠦᠮᠦᠰ ᠢ ᠭᠠᠶᠢᠬᠠᠭᠤᠯᠤᠨ ᠪᠢᠰᠢᠷᠡᠭᠦᠯᠦᠮ᠎ᠡ ᠬᠥᠮᠦᠨ ᠤ ᠶᠢᠷᠲᠢᠨᠴᠦ ᠶᠢᠨ ᠭᠠᠶᠢᠬᠠᠮᠰᠢᠭ ᠢ ᠨᠡᠩ ᠤᠯᠠᠨ | ᠡᠭᠦᠳᠦᠨ ᠪᠦᠲᠦᠭᠡᠵᠦ ᠴᠢᠳᠠᠬᠤ ᠨᠢ ᠯᠠᠪᠲᠠᠢ ᠶᠤᠮ᠃ | ︵ᠨᠠᠢᠮᠠ︶ ᠵᠣᠷᠢᠭᠲᠠᠶ ᠪᠠᠷ ᠲᠡᠮᠡᠴᠡᠯ ᠬᠢᠬᠦ ᠶᠢ ᠪᠠᠷᠢᠮᠲᠠᠯᠠᠨ᠎ᠠ᠃ ᠵᠣᠷᠢᠭᠲᠠᠶ ᠪᠠᠷ ᠲᠡᠮᠡᠴᠡᠯ ᠬᠢᠵᠦ᠂ ᠵᠣᠷᠢᠭᠲᠠᠶ ᠪᠠᠷ | ᠢᠯᠠᠯᠲᠠ ᠤᠯᠬᠤ ᠪᠣᠯ ᠨᠠᠮ ᠪᠠ ᠠᠷᠠᠳ ᠲᠦᠮᠡᠨ ᠤ ᠢᠯᠠᠭᠳᠠᠰᠢ ᠦᠭᠡᠢ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ | ᠴᠢᠳᠠᠯ ᠮᠥᠨ᠃ ᠨᠠᠮ ᠪᠠ ᠠᠷᠠᠳ ᠲᠦᠮᠡᠨ ᠤ ᠣᠯᠤᠭᠰᠠᠨ ᠠᠯᠢᠪᠠ ᠠᠮᠵᠢᠯᠲᠠ ᠪᠦᠲᠦᠮᠵᠢ ᠨᠢ ᠲᠩᠷᠢ ᠠᠴᠠ ᠤᠨᠠᠵᠤ | ᠢᠷᠡᠭᠰᠡᠨ ᠪᠢᠰᠢ᠂ ᠪᠤᠰᠤᠳ ᠠᠴᠠ ᠢᠪᠡᠬᠡᠨ ᠰᠣᠶᠣᠷᠬᠠᠭᠰᠠᠨ ᠪᠢᠰᠢ᠂ ᠬᠠᠷᠢᠨ ᠲᠠᠰᠤᠷᠠᠯᠲᠠ ᠦᠭᠡᠢ ᠲᠡᠮᠡᠴᠡᠯ ᠬᠢᠬᠦ ᠪᠠᠷ | ᠳᠠᠮᠵᠢᠨ ᠣᠯᠤᠭᠰᠠᠨ ᠶᠤᠮ᠃ ᠨᠠᠮ ᠳᠣᠲᠣᠭᠠᠳᠤ ᠶᠢᠨ ᠵᠤᠪᠠᠯᠠᠩ ᠭᠠᠳᠠᠭᠠᠳᠤ ᠶᠢᠨ ᠠᠶᠤᠯ ᠤᠨ ᠳᠤᠮᠳᠠ ᠮᠡᠨᠳᠦᠯᠡᠵᠦ᠂ ᠬᠠᠯᠠ | ᠵᠣᠪᠠᠯᠠᠩ ᠢ ᠣᠯᠠᠨᠲᠠ ᠲᠤᠭᠤᠯᠬᠤ ᠳᠤᠮᠳᠠ ᠦᠰᠦᠨ ᠪᠤᠶᠢᠵᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ | ᠪᠤᠵᠠᠭᠠᠶᠢᠷᠠᠭᠰᠠᠨ ᠶᠤᠮ᠂ ᠠᠷᠠᠳ ᠲᠦᠮᠡᠨ᠂ ᠤᠯᠤᠰ ᠤᠷᠤᠨ᠂ ᠦᠨᠳᠦᠰᠦᠲᠡᠨ ᠤ ᠪᠠᠨ ᠲᠥᠯᠥᠭᠡ᠂ ᠬᠦᠰᠡᠯᠡᠩ ᠢᠲᠡᠭᠡᠯ | ᠵᠣᠷᠢᠭ ᠤᠨ ᠢᠶᠠᠨ ᠲᠥᠯᠥᠭᠡ᠂ ᠳᠠᠶᠢᠰᠤᠨ ᠬᠡᠴᠢᠨᠠᠬᠡᠨ ᠬᠦᠴᠦᠷᠬᠡᠭ ᠶᠡᠭᠡ᠂ ᠵᠠᠮ ᠬᠡᠴᠢᠨᠠᠬᠡᠨ ᠪᠡᠷᠬᠡ ᠪᠠᠷᠲᠠᠭ᠎ᠠ ᠲᠠᠢ᠂ | ᠰᠢᠯᠭᠠᠯᠲᠠ ᠬᠡᠴᠢᠨᠠᠬᠡᠨ ᠬᠦᠨᠳᠦ ᠬᠡᠴᠡᠭᠦᠦ ᠪᠠᠶᠢᠭᠰᠠᠨ ᠴᠤ᠂ ᠨᠠᠮ ᠶᠡᠷᠦ ᠨᠢ ᠤᠬᠳᠤ ᠵᠢᠷᠦᠬᠡᠰᠢᠶᠡᠯ ᠦᠬᠡᠢ ᠪᠠᠷ᠂ ᠤᠬᠳᠤ | ᠤᠬᠤᠷᠢᠯ ᠦᠭᠡᠢ ᠪᠠᠷ᠂ ᠦᠷᠡᠭᠳᠡᠯ ᠰᠦᠢᠳᠦᠯ ᠠᠴᠠ ᠠᠶᠤᠬᠤ ᠦᠬᠡᠢ ᠪᠠᠷ ᠨᠤᠭᠤᠷᠠᠰᠢ ᠦᠭᠡᠢ ᠲᠡᠮᠡᠴᠡᠪᠡ᠃ ᠪᠢᠳᠡ ᠰᠢᠨ᠎ᠡ | ᠠᠭᠤᠤ ᠶᠡᠭᠡ ᠲᠡᠮᠡᠴᠡᠯ ᠤᠨ ᠲᠡᠦᠬᠡᠨ ᠣᠨᠴᠠᠯᠢᠭ ᠢ ᠡᠵᠡᠮᠰᠢᠵᠦ᠂ ᠲᠡᠦᠬᠡᠨ ᠲᠣᠬᠢᠶᠠᠯ ᠢ ᠠᠮᠵᠢᠨ ᠰᠠᠶᠢᠲᠤᠷ ᠠᠰᠢᠭᠯᠠᠵᠤ᠂ | ᠰᠢᠳᠡᠷ᠎ᠠ ᠶᠢᠨ ᠳᠦᠷᠤᠬᠦᠦ ᠨᠠᠬᠦᠳᠠᠯ ᠢᠶᠠᠨ ᠰᠠᠶᠢᠳᠤᠷ ᠶᠠᠪᠤᠭᠤᠯᠤᠨ᠂ ᠰᠠᠨᠠᠭᠠᠴᠢᠯᠠᠭᠠᠲᠤ ᠳᠠᠶᠢᠨ ᠢ ᠰᠠᠶᠢᠲᠤᠷ ᠬᠢᠵᠦ᠂ | ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠡᠮᠡᠴᠡᠯ ᠤᠨ ᠴᠢᠳᠠᠪᠤᠷᠢ ᠪᠠᠨ ᠨᠡᠮᠡᠭᠳᠡᠭᠦᠯᠵᠦ᠂ ᠪᠦᠬᠦ ᠨᠠᠮ ᠪᠦᠬᠦ | ᠤᠯᠤᠰ ᠤᠨ ᠠᠷᠠᠳ ᠲᠦᠮᠡᠨ ᠤ ᠵᠣᠷᠢᠭ ᠰᠠᠨᠠᠭ᠎ᠠ ᠪᠠ ᠬᠦᠴᠦᠨ ᠴᠢᠳᠠᠯ ᠢ ᠨᠢᠭᠲᠠᠷᠠᠭᠤᠯᠳᠠᠭ ᠯᠠ ᠶᠤᠮ ᠪᠤᠯ᠂ ᠠᠯᠢᠪᠠ | ᠤᠷᠢᠳᠴᠢᠯᠠᠨ ᠮᠡᠳᠡᠵᠦ ᠪᠣᠯᠬᠤ ᠪᠠ ᠤᠷᠢᠳᠴᠢᠯᠠᠨ ᠮᠡᠳᠡᠬᠦᠶ᠎ᠡ ᠪᠡᠷᠬᠡ ᠲᠦᠭᠰᠢᠭᠦᠷᠢ ᠪᠠ ᠰᠢᠯᠭᠠᠯᠲᠠ ᠶᠢ ᠢᠯᠠᠵᠤ ᠴᠢᠳᠠᠬᠤ ᠨᠢ | ᠯᠠᠪᠲᠠᠶ ᠶᠤᠮ᠃ | ︵ᠶᠢᠰᠦ︶ ᠨᠢᠭᠡᠳᠦᠮᠡᠯ ᠹᠷᠣᠨᠲ ᠢ ᠪᠠᠷᠢᠮᠲᠠᠯᠠᠨ᠎ᠠ᠃ ᠪᠦᠯᠬᠦᠮᠳᠡᠯ ᠪᠣᠯ ᠬᠦᠴᠦᠨ ᠮᠥᠨ᠃ ᠬᠠᠮᠤᠭ ᠤᠨ ᠥᠷᠭᠡᠨ | ᠳᠡᠯᠭᠡᠷ ᠨᠢᠭᠡᠳᠦᠮᠡᠯ ᠹᠷᠣᠨᠲ ᠢ ᠪᠠᠶᠢᠭᠤᠯᠬᠤ ᠪᠤᠯ ᠨᠠᠮ ᠤᠨ ᠳᠠᠶᠢᠰᠤᠨ ᠢ ᠳᠠᠷᠤᠵᠤ ᠳᠠᠷᠬᠠᠨ ᠢᠯᠠᠯᠲᠠ ᠤᠯᠬᠤ ᠶᠢᠨ ᠴᠢᠬᠤᠯᠠ | ᠡᠷᠳᠡᠨᠢ ᠮᠥᠨ᠂ ᠪᠠᠰᠠ ᠴᠤ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ ᠴᠢᠬᠤᠯᠠ ᠡᠷᠳᠡᠨᠢ ᠮᠥᠨ᠃ ᠨᠠᠮ | ᠢᠮᠠᠭᠲᠠ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ | ᠪᠦᠯᠬᠦᠮᠳᠡᠨ᠂ ᠳᠠᠶᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠵᠤ᠂ ᠲᠥᠷᠥ ᠶᠢᠨ ᠨᠠᠮ ᠤᠨ | ᠬᠠᠷᠢᠴᠠᠭ᠎ᠠ᠂ ᠦᠨᠳᠦᠰᠦᠲᠡᠨ ᠤ ᠬᠠᠷᠢᠴᠠᠭ᠎ᠠ᠂ ᠱᠠᠰᠢᠨ ᠰᠤᠷᠲᠠᠬᠤᠨ ᠤ ᠬᠠᠷᠢᠴᠠᠭ᠎ᠠ᠂ ᠳᠠᠪᠬᠤᠷᠭ᠎ᠠ ᠶᠢᠨ ᠬᠠᠷᠢᠴᠠᠭ᠎ᠠ᠂ | ᠤᠯᠤᠰ ᠤᠨ ᠳᠣᠲᠣᠭᠠᠳᠤ ᠭᠠᠳᠠᠭᠠᠳᠤ ᠶᠢᠨ ᠠᠬ᠎ᠠ ᠳᠡᠭᠦᠦ ᠨᠠᠷ ᠤᠨ ᠬᠠᠷᠢᠴᠠᠭ᠎ᠠ ᠶᠢᠨ ᠡᠶ᠎ᠡ ᠵᠣᠬᠢᠴᠠᠯ ᠲᠠᠢ ᠪᠠᠶᠢᠬᠤ ᠶᠢ | ᠠᠬᠢᠭᠤᠯᠵᠤ᠂ ᠬᠠᠮᠲᠤ ᠪᠠᠷ ᠲᠡᠮᠡᠴᠡᠬᠦ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠪᠠ᠃ ᠪᠢᠳᠡ | ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ᠂ ᠪᠦᠬᠦ ᠤᠯᠤᠰ ᠤᠨ ᠠᠷᠠᠳ ᠲᠦᠮᠡᠨ ᠤ ᠶᠡᠭᠡ ᠪᠦᠯᠬᠦᠮᠳᠡᠯ᠂ ᠪᠦᠬᠦ | ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠰᠡᠳᠭᠢᠯ ᠢᠶᠠᠨ ᠨᠢᠭᠡᠳᠭᠡᠵᠦ ᠬᠦᠴᠦ ᠪᠠᠨ | ᠬᠠᠮᠲᠤᠳᠬᠠᠬᠤ ᠠᠮᠢᠳᠤᠯᠢᠭ ᠪᠠᠶᠢᠳᠠᠯ ᠢ ᠪᠤᠢ ᠪᠤᠯᠭᠠᠳᠠᠭ ᠯᠡ ᠶᠤᠮ ᠪᠤᠯ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠰᠦᠷ ᠳᠠᠯᠠᠶᠢᠴᠠᠲᠠᠢ ᠠᠤᠭ᠎ᠠ ᠬᠦᠴᠦᠨ ᠢ ᠨᠢᠭᠲᠠᠷᠠᠭᠤᠯᠵᠤ ᠴᠢᠳᠠᠬᠤ ᠨᠢ ᠯᠠᠪᠲᠠᠢ ᠶᠤᠮ᠃ | | ︵ᠠᠷᠪᠠ︶ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠨ᠎ᠠ᠃ ᠵᠣᠷᠢᠭᠲᠠᠢ ᠪᠠᠷ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠰᠤᠳ ᠲᠦᠷᠦ ᠶᠢᠨ ᠨᠠᠮ ᠠᠴᠠ | ᠢᠯᠭᠠᠭᠳᠠᠬᠤ ᠢᠯᠡ ᠲᠣᠳᠣ ᠪᠡᠯᠭᠡ ᠲᠡᠮᠳᠡᠭ ᠮᠥᠨ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠣᠯ | ᠨᠠᠮ ᠤᠨ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢᠶᠠᠨ ᠡᠭᠦᠷᠢᠳᠡ ᠬᠠᠳᠠᠭᠠᠯᠠᠬᠤ ᠶᠢᠨ ᠬᠦᠴᠦᠷᠬᠡᠭ ᠶᠡᠭᠡ | ᠲᠤᠯᠭᠠᠭᠤᠷᠢᠯᠠᠯ ᠮᠥᠨ᠃ ᠲᠡᠷᠢᠭᠦᠨ ᠤ ᠮᠠᠷᠺᠰ ᠤᠨ ᠦᠵᠡᠯ ᠤᠨ ᠲᠦᠷᠦ ᠶᠢᠨ ᠨᠠᠮ ᠪᠣᠯ ᠲᠥᠷᠥᠯᠬᠢ ᠶᠢᠨ ᠪᠢᠰᠢ᠂ ᠬᠠᠷᠢᠨ | ᠲᠠᠰᠤᠷᠠᠯᠲᠠ ᠦᠭᠡᠢ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠠᠪᠤᠴᠠ ᠳᠤ ᠬᠠᠲᠠᠭᠤᠵᠢᠨ ᠪᠣᠯᠪᠠᠰᠤᠷᠠᠭᠰᠠᠨ ᠶᠤᠮ᠃ ᠨᠠᠮ | ᠵᠠᠭᠤᠨ ᠵᠢᠯ ᠤᠨ ᠬᠤᠪᠢᠰᠤᠯᠲᠠ ᠶᠢ ᠥᠩᠭᠡᠷᠡᠭᠡᠭᠡᠳ ᠠᠮᠢᠵᠢᠷᠠᠯ ᠤᠨ ᠬᠦᠴᠦᠨ ᠢᠶᠠᠷ ᠨᠡᠩ ᠪᠢᠯᠬᠠᠮ᠎ᠠ ᠪᠤᠯᠤᠭᠰᠠᠨ ᠤ | ᠨᠢᠭᠤᠴᠠ ᠨᠢ ᠢᠮᠠᠭᠲᠠ ᠦᠨᠡᠨ ᠶᠣᠰᠣ ᠶᠢ ᠪᠠᠷᠢᠮᠲᠠᠯᠠᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠤᠭᠰᠠᠨ ᠳᠤ ᠤᠷᠤᠰᠢᠨ᠎ᠠ᠃ | ᠨᠠᠮ ᠤᠨ ᠠᠭᠤᠤ ᠶᠡᠭᠡ ᠨᠢ ᠠᠯᠳᠠᠭ᠎ᠠ ᠭᠠᠷᠭᠠᠬᠤ ᠦᠭᠡᠢ ᠳᠤ ᠪᠠᠶᠢᠬᠤ ᠪᠢᠰᠢ᠂ ᠬᠠᠷᠢᠨ ᠶᠡᠷᠦ ᠠᠴᠠ ᠡᠪᠡᠳᠴᠢᠨ ᠢᠶᠠᠨ | ᠨᠢᠭᠤᠬᠤ ᠦᠬᠡᠢ ᠡᠮᠨᠡᠭᠦᠯᠬᠦ ᠠᠴᠠ ᠲᠠᠲᠠᠭᠠᠯᠵᠠᠬᠤ ᠦᠭᠡᠢ ᠪᠠᠶᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ | ᠢᠳᠡᠪᠬᠢᠲᠡᠢ ᠥᠷᠨᠢᠭᠦᠯᠵᠦ᠂ ᠵᠣᠷᠢᠭᠲᠠᠶ ᠪᠠᠷ ᠠᠰᠠᠭᠤᠳᠠᠯ ᠳᠤ ᠰᠢᠭᠤᠳ ᠬᠠᠨᠳᠤᠨ᠂ ᠵᠣᠷᠢᠭᠲᠠᠶ ᠪᠠᠷ ᠥᠪᠡᠷ ᠤᠨ ᠪᠡᠶ᠎ᠡ ᠳᠡᠭᠡᠨ | ᠬᠤᠪᠢᠰᠬᠠᠯ ᠬᠢᠭᠰᠡᠨ ᠳᠤ ᠤᠷᠤᠰᠢᠨ᠎ᠠ᠃ ᠪᠢᠳᠡ ᠨᠠᠮ ᠤᠨ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠬᠤᠬᠢᠷᠠᠭᠤᠯᠬᠤ ᠠᠯᠢᠪᠠ | ᠬᠦᠴᠦᠨ ᠵᠦᠢᠯ ᠢ ᠲᠠᠰᠤᠷᠠᠯᠲᠠ ᠦᠭᠡᠢ ᠠᠷᠢᠯᠭᠠᠵᠤ᠂ ᠨᠠᠮ ᠤᠨ ᠡᠷᠡᠭᠦᠯ ᠴᠣᠭᠴᠠᠰ ᠢ ᠬᠥᠨᠥᠭᠡᠬᠦ ᠠᠯᠢᠪᠠ ᠸᠢᠷᠦ᠋ᠰ ᠢ | ᠲᠠᠰᠤᠷᠠᠯᠲᠠ ᠦᠭᠡᠢ ᠠᠷᠢᠯᠭᠠᠳᠠᠭ ᠯᠠ ᠶᠤᠮ ᠪᠤᠯ᠂ ᠨᠠᠮ ᠤᠨ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠶ᠂ | ᠦᠨᠦᠷ ᠬᠤᠪᠢᠷᠠᠬᠤ ᠦᠭᠡᠶ ᠪᠠᠶᠢᠬᠤ ᠶᠢ ᠦᠨᠡᠨ ᠬᠦ ᠪᠠᠲᠤᠯᠠᠵᠤ᠂ ᠨᠠᠮ ᠤᠨ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ ᠠᠬᠢᠴᠠ ᠳᠤᠮᠳᠠ ᠢᠮᠠᠭᠲᠠ ᠪᠠᠲᠤ ᠴᠢᠩᠭ᠎ᠠ | ᠤᠳᠤᠷᠢᠳᠬᠤ ᠭᠤᠣᠯᠯᠠᠭᠴᠢ ᠪᠣᠯᠬᠤ ᠶᠢ ᠦᠨᠡᠨ ᠬᠦ ᠪᠠᠲᠤᠯᠠᠵᠤ ᠴᠢᠳᠠᠬᠤ ᠨᠢ ᠯᠠᠪᠲᠠᠢ ᠶᠤᠮ᠃ | ᠳᠡᠭᠡᠷᠡᠬᠢ ᠠᠷᠪᠠᠨ ᠲᠠᠯ᠎ᠠ ᠪᠣᠯ ᠤᠷᠲᠤ ᠬᠤᠭᠤᠴᠠᠭᠠᠨ ᠤ ᠦᠢᠯᠡᠳᠦᠯᠭᠡ ᠪᠠᠷ ᠳᠠᠮᠵᠢᠨ ᠬᠤᠷᠠᠮᠳᠤᠭᠤᠯᠤᠭᠰᠠᠨ ᠡᠷᠬᠢᠮ | ᠨᠠᠨᠳᠢᠨ ᠲᠤᠷᠰᠢᠯᠭ᠎ᠠ ᠮᠦᠨ᠂ ᠨᠠᠮ ᠪᠣᠯᠤᠨ ᠠᠷᠠᠳ ᠲᠦᠮᠡᠨ ᠤ ᠬᠠᠮᠲᠤ ᠪᠠᠷ ᠡᠭᠦᠳᠦᠨ ᠪᠦᠲᠦᠭᠡᠭᠰᠡᠨ ᠣᠶᠤᠨ ᠰᠠᠨᠠᠭᠠᠨ ᠤ | ᠥᠪ ᠬᠥᠷᠥᠩᠭᠡ ᠮᠦᠨ᠂ ᠡᠷᠬᠡᠪᠰᠢ ᠬᠤᠪᠢ ᠳᠠᠬᠢᠨ ᠨᠠᠨᠳᠢᠩᠨᠠᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ | ᠰᠢᠨ᠎ᠡ ᠴᠠᠭ ᠦᠶ᠎ᠡ ᠶᠢᠨ ᠦᠢᠯᠡᠳᠦᠯᠭᠡ ᠳᠤᠮᠳᠠ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ᠃ | ᠲᠤᠯᠤᠭ᠎ᠠ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠨᠠᠮ | ᠲᠤᠯᠭᠤᠷ ᠵᠤᠷᠢᠯᠲᠠ ᠪᠠᠨ ᠮᠠᠷᠲᠠᠬᠤ ᠦᠭᠡᠢ ᠪᠤᠯ ᠰᠠᠶ᠋ᠢ ᠲᠤᠭᠤᠰᠢᠲᠠᠢ ᠪᠠᠷᠢᠮᠲᠠᠯᠠᠵᠤ ᠴᠢᠳᠠᠨ᠎ᠠ᠃ ᠳᠤᠮᠳᠠᠳᠤ | ᠤᠯᠤᠰ ᠤᠨ ᠡᠪ ᠬᠠᠮᠲᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠠᠤᠭ᠎ᠠ ᠦᠢᠯᠡᠰ ᠤᠨ ᠲᠦᠯᠦᠭᠡ ᠵᠣᠷᠢᠭ | ᠰᠢᠭᠤᠳᠤᠨ ᠠᠵᠢᠯᠯᠠᠵᠤ ᠪᠤᠢ᠂ ᠵᠠᠭᠤᠨ ᠵᠢᠯ ᠪᠣᠯ ᠶᠠᠬ ᠴᠤᠬ ᠪᠠᠳᠠᠷᠠᠩᠭᠤᠢ ᠦᠶ᠎ᠡ ᠮᠦᠨ᠃ ᠥᠩᠭᠡᠷᠡᠭᠰᠡᠨ ᠵᠠᠭᠤᠨ ᠵᠢᠯ ᠳᠤ | ᠂ ᠨᠠᠮ ᠠᠴᠠ ᠠᠷᠠᠳ ᠲᠦᠮᠡᠨ ᠪᠠ ᠲᠡᠦᠬᠡ ᠳᠤ ᠨᠢᠭᠡᠨ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ | ᠤᠳᠤ᠂ ᠨᠠᠮ ᠠᠴᠠ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ | ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢᠨ ᠠᠶᠠᠨ ᠳᠠᠭᠠᠨ ᠮᠤᠷᠳᠠᠯ᠎ᠠ᠃ ᠴᠠᠭ ᠦᠶ᠎ᠡ ᠪᠣᠯ | ᠰᠢᠯᠭᠠᠯᠲᠠ ᠭᠠᠷᠭᠠᠭᠴᠢ᠂ ᠪᠢᠳᠡ ᠪᠣᠯ ᠰᠢᠯᠭᠠᠯᠲᠠ ᠬᠠᠷᠢᠭᠤᠯᠤᠭᠴᠢ᠂ ᠠᠷᠠᠳ ᠲᠦᠮᠡᠨ ᠪᠣᠯ ᠰᠢᠯᠭᠠᠯᠲᠠ ᠬᠢᠨᠠᠭᠴᠢ ᠮᠥᠨ᠃ | ᠪᠢᠳᠡ ᠵᠠᠪᠠᠯ ᠦᠷᠭᠦᠯᠵᠢᠯᠡᠨ ᠰᠢᠯᠭᠠᠯᠳᠠ ᠶᠢᠨ ᠰᠠᠶᠢᠨ ᠬᠢᠷᠢ ᠪᠦᠲᠦᠮᠵᠢ ᠣᠯᠵᠤ᠂ ᠰᠢᠨ᠎ᠡ ᠴᠠᠭ ᠦᠶ᠎ᠡ ᠰᠢᠨ᠎ᠡ ᠠᠶᠠᠨ | ᠵᠠᠮ ᠳᠤ ᠰᠢᠨ᠎ᠡ ᠳᠦᠷᠰᠦ ᠪᠠᠶᠢᠳᠠᠯ ᠰᠢᠨ᠎ᠡ ᠠᠮᠵᠢᠯᠲᠠ ᠪᠦᠲᠦᠮᠵᠢ ᠪᠠᠨ ᠢᠯᠡᠷᠡᠭᠦᠯᠬᠦ ᠬᠡᠷᠡᠭᠲᠡᠢ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ | ᠪᠡᠶᠡᠯᠡᠭᠦᠯᠬᠦ ᠳᠤ ᠬᠤᠶᠠᠷ ᠱᠠᠳᠤ ᠬᠤᠪᠢᠶᠠᠨ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ ᠬᠢᠪᠡ᠃ 2020 | ᠤᠨ ᠠᠴᠠ 2035 ᠤᠨ ᠪᠤᠯᠳᠠᠯ᠎ᠠ᠂ ᠨᠡᠶᠢᠭᠡᠮ ᠵᠢᠷᠤᠮ ᠤᠨ ᠤᠳᠤᠬᠢᠴᠢᠯᠡᠯᠳᠡ ᠶᠢ ᠦᠨᠳᠦᠰᠦᠨ ᠳᠡᠭᠡᠨ ᠪᠡᠶᠡᠯᠡᠬᠦᠯᠦᠨ᠎ᠡ᠂ | 2035 ᠤᠨ ᠠᠴᠠ ᠲᠤᠰ ᠵᠠᠭᠤᠨ ᠤ ᠲᠤᠮᠳᠠᠴᠢ ᠦᠶ᠎ᠡ ᠪᠤᠯᠳᠠᠯ᠎ᠠ᠂ ᠮᠠᠨ ᠤ ᠤᠯᠤᠰ ᠢᠶᠠᠨ ᠨᠡᠶᠢᠭᠡᠮ ᠵᠢᠷᠤᠮᠳᠤ | ᠤᠳᠤᠬᠢᠴᠢᠯᠠᠬᠰᠠᠨ ᠬᠦᠴᠦᠷᠭᠡᠭ ᠤᠯᠤᠰ ᠪᠤᠯᠭᠠᠨ ᠪᠠᠶᠢᠭᠤᠯᠤᠨ ᠪᠦᠳᠦᠭᠡᠨ᠎ᠡ᠃ ᠲᠡᠷᠡ ᠦᠶ᠎ᠡ ᠪᠤᠯᠬᠤ ᠳᠤ᠂ ᠮᠠᠨ ᠤ | ᠤᠯᠤᠰ ᠤᠨ ᠪᠤᠳᠠᠰ ᠤᠨ ᠪᠤᠯᠪᠠᠰᠤᠨ᠂ ᠤᠯᠤᠰ ᠲᠦᠷᠦ ᠶᠢᠨ ᠪᠤᠯᠪᠠᠰᠤᠨ᠂ ᠤᠶᠤᠨ ᠤ ᠪᠤᠯᠪᠠᠰᠤᠨ᠂ ᠨᠡᠶᠢᠭᠡᠮ ᠤᠨ | ᠪᠤᠯᠪᠠᠰᠤᠨ᠂ ᠠᠮᠢ ᠠᠬᠤᠢ ᠶᠢᠨ ᠪᠤᠯᠪᠠᠰᠤᠨ ᠪᠦᠬᠦ ᠲᠠᠯ᠎ᠠ ᠪᠠᠷ ᠲᠡᠭᠡᠭᠰᠢᠯᠡᠵᠦ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ | ᠴᠢᠳᠠᠪᠦᠷᠢ ᠶᠢᠨ ᠤᠳᠤᠬᠢᠴᠢᠯᠠᠯᠳᠠ ᠶᠢ ᠪᠡᠶᠡᠯᠡᠬᠦᠯᠵᠦ᠂ ᠤᠯᠤᠰ ᠤᠨ ᠶᠡᠷᠦᠩᠬᠡᠢ ᠬᠦᠴᠦᠨ ᠪᠠ ᠲᠡᠯᠡᠬᠡᠢ ᠲᠡᠭᠡᠷᠡᠬᠢ ᠨᠦᠯᠦᠭᠡᠯᠡᠬᠦ | ᠬᠦᠴᠦᠨ ᠢᠶᠠᠷ ᠲᠡᠷᠢᠬᠦᠯᠡᠭᠰᠡᠨ ᠤᠯᠤᠰ ᠪᠤᠯᠵᠦ᠂ ᠪᠦᠬᠦ ᠠᠷᠠᠳ ᠲᠦᠮᠡᠨ ᠤ ᠬᠠᠮᠳᠤ ᠪᠠᠷ ᠴᠢᠨᠡᠭᠡᠯᠢᠭᠵᠢᠬᠦ ᠶᠢ | ᠦᠨᠳᠦᠰᠦᠨ ᠳᠡᠭᠡᠨ ᠪᠡᠶᠡᠯᠡᠬᠦᠯᠵᠦ᠂ ᠮᠠᠨ ᠤ ᠤᠯᠤᠰ ᠤᠨ ᠠᠷᠠᠳ ᠲᠦᠮᠡᠨ ᠨᠡᠩ ᠵᠤᠯ ᠵᠢᠷᠭᠠᠯ ᠲᠠᠢ ᠠᠮᠤᠷ ᠠᠮᠤᠭᠤᠯᠠᠩ | ᠠᠮᠢᠳᠤᠷᠠᠯ ᠢ ᠡᠳ᠋ᠯᠡᠵᠦ᠂ ᠲᠤᠮᠳᠠᠳᠤ ᠶᠢᠨ ᠦᠨᠳᠦᠰᠦᠳᠡᠨ ᠨᠡᠩ ᠴᠤᠭ ᠪᠠᠳᠠᠷᠠᠩᠭᠤᠢ ᠲᠦᠷᠢ ᠪᠠᠶᠢᠳᠠᠯ ᠢᠶᠠᠷ ᠲᠡᠯᠡᠬᠡᠢ ᠶᠢᠨ | ᠦᠨᠳᠦᠰᠦᠳᠡᠨ ᠤ ᠡᠩᠨᠡᠭᠡᠨ ᠳᠤ ᠰᠦᠨᠳᠡᠷᠯᠡᠬᠦ ᠪᠤᠯᠤᠨ᠎ᠠ᠃ | ᠥᠨᠥᠳᠥᠷ᠂ ᠪᠢᠳᠡ ᠲᠣᠮᠳᠠᠳᠣ ᠶᠢᠨ ᠥᠨᠳᠥᠰᠥᠳᠡᠨ ᠤ ᠠᠭᠤᠣ ᠶᠡᠭᠡ ᠰᠡᠷᠭᠦᠨ ᠮᠠᠨᠳᠣᠯᠳᠠ ᠶᠢ ᠪᠡᠶᠡᠯᠡᠬᠦᠯᠬᠦ | ᠬᠠᠷᠠᠯᠳᠠ ᠳᠤ ᠲᠡᠣᠬᠡ ᠶᠢᠨ ᠠᠯᠢ ᠴᠤ ᠥᠶ᠎ᠠ ᠠᠴᠠ ᠢᠯᠡᠬᠦᠥ ᠣᠶᠢᠷᠠᠳᠣᠵᠤ᠂ ᠡᠨᠡ ᠬᠦ ᠬᠠᠷᠠᠯᠳᠠ ᠶᠢ ᠪᠡᠶᠡᠯᠡᠬᠦᠯᠬᠦ ᠢᠳᠡᠬᠡᠯ | ᠪᠠ ᠴᠢᠳᠠᠪᠣᠷᠢ ᠮᠠᠨᠢ ᠲᠡᠣᠬᠡ ᠶᠢᠨ ᠠᠯᠢ ᠴᠤ ᠥᠶ᠎ᠠ ᠠᠴᠠ ᠢᠯᠡᠬᠦᠥ ᠴᠢᠩᠭᠠᠷᠠᠵᠠᠢ᠃ ᠡᠭᠦᠨ ᠤ ᠬᠠᠮᠲᠤ᠂ ᠪᠦᠬᠦ | ᠨᠠᠮ ᠢᠶᠠᠷ ᠢᠶᠠᠨ ᠲᠣᠮᠳᠠᠳᠣ ᠶᠢᠨ ᠥᠨᠳᠥᠰᠥᠳᠡᠨ ᠤ ᠠᠭᠤᠣ ᠶᠡᠭᠡ ᠰᠡᠷᠭᠦᠨ ᠮᠠᠨᠳᠣᠯᠳᠠ ᠪᠣᠯ ᠶᠠᠭᠠᠬᠢᠭᠰᠠᠨ ᠴᠤ ᠲᠡᠶᠢᠮᠥ | ᠬᠢᠯᠪᠠᠷᠬᠠᠨ ᠢᠶᠠᠷ᠂ ᠬᠠᠷᠠᠩᠭ᠎ᠠ ᠴᠤᠬᠢᠵᠤ ᠬᠡᠩᠭᠡᠷᠭᠡ ᠳᠡᠯᠡᠳᠪᠡᠯ ᠪᠡᠶᠡᠯᠡᠭᠳᠡᠴᠢᠭᠡᠬᠦ ᠶᠠᠪᠣᠳᠠᠯ ᠪᠢᠰᠢ᠂ ᠤᠷᠤᠭᠰᠢᠯᠠᠯᠲᠠ ᠶᠢᠨ | ᠵᠠᠮ ᠳᠡᠭᠡᠷ᠎ᠡ ᠮᠥᠨ ᠯᠡ ᠲᠥᠰᠦᠭᠡᠯᠡᠵᠦ ᠪᠣᠯᠬᠤ ᠪᠠ ᠲᠥᠰᠦᠭᠡᠯᠡᠬᠦᠶ᠎ᠡ ᠪᠡᠷᠬᠡ ᠡᠯ᠎ᠡ ᠵᠦᠢᠯ ᠤᠨ ᠲᠦᠭᠰᠢᠭᠦᠷᠢ ᠪᠠ ᠰᠢᠯᠭᠠᠯᠲᠠ | ᠤᠷᠤᠰᠢᠵᠤ ᠪᠠᠶᠢᠨ᠎ᠠ ᠭᠡᠳᠡᠭ ᠢ ᠡᠷᠬᠡᠪᠰᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠶ︔ ᠮᠠᠨ ᠤ ᠣᠯᠣᠰ ᠮᠥᠨ ᠯᠡ ᠨᠡᠶᠢᠭᠡᠮ | ᠵᠢᠷᠣᠮ ᠤᠨ ᠠᠩᠬᠠᠨ ᠤ ᠱᠠᠳᠣᠨ ᠳᠤ ᠣᠷᠣᠰᠢᠵᠥ ᠪᠠᠶᠢᠭ᠎ᠠ ᠪᠥᠭᠡᠳ ᠣᠷᠳᠣ ᠬᠤᠭᠤᠴᠠᠭ᠎ᠠ ᠪᠠᠷ ᠣᠷᠣᠰᠢᠬᠤ ᠪᠤᠯᠤᠨ᠎ᠠ᠂ | ᠮᠠᠨ ᠤ ᠤᠯᠤᠰ ᠪᠤᠯ ᠮᠥᠨ ᠯᠡ ᠳᠡᠯᠡᠬᠡᠶ ᠶᠢᠨ ᠬᠠᠮᠤᠭ ᠤᠨ ᠲᠣᠮᠣ ᠬᠥᠭᠵᠢᠵᠦ ᠪᠠᠶᠢᠭ᠎ᠠ ᠤᠯᠤᠰ ᠪᠣᠯᠤᠨ᠎ᠠ᠂ ᠨᠡᠶᠢᠭᠡᠮ ᠤᠨ | ᠭᠤᠤᠯ ᠵᠥᠷᠢᠴᠡᠯ ᠪᠣᠯ ᠠᠷᠠᠳ ᠲᠥᠮᠡᠨ ᠤ ᠡᠳᠥᠷ ᠢᠷᠡᠬᠦᠶ᠎ᠠ ᠨᠡᠮᠡᠭᠳᠡᠵᠥ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ | ᠬᠡᠷᠡᠭᠴᠡᠭᠡ ᠪᠤᠯᠤᠨ ᠲᠡᠩᠴᠡᠭᠦᠷᠢ ᠥᠭᠡᠢ ᠬᠥᠢᠴᠡᠳ ᠥᠭᠡᠢ ᠬᠥᠭᠵᠢᠯᠳᠡ ᠶᠢᠨ ᠬᠤᠭᠤᠷᠣᠨᠳᠣᠬᠢ ᠵᠥᠷᠢᠴᠡᠯ ᠪᠤᠯᠤᠨ᠎ᠠ | ᠭᠡᠳᠡᠭ ᠢ ᠡᠷᠬᠡᠪᠰᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠶ᠃ ᠪᠦᠬᠦ ᠨᠠᠮ ᠢᠶᠠᠷ ᠢᠶᠠᠨ ᠳᠤᠮᠳᠠᠳᠤ ᠤᠯᠤᠰ ᠤᠨ ᠡᠪ ᠬᠠᠮᠲᠤ | ᠨᠠᠮ ᠭᠡᠭᠴᠢ ᠶᠠᠭᠤ ᠪᠤᠢ᠂ ᠶᠠᠭᠤ ᠬᠢᠬᠦ ᠶᠤᠰᠤᠲᠠᠢ ᠪᠤᠢ ᠭᠡᠬᠦ ᠡᠨᠡ ᠬᠦ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ | ᠲᠡᠦᠬᠡ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠨ᠂ ᠬᠦᠰᠡᠯᠡᠩ ᠢᠲᠡᠭᠡᠯ ᠵᠤᠷᠢᠭ ᠢᠶᠠᠨ ᠪᠠᠲᠤᠳᠬᠠᠵᠤ᠂ | ᠲᠤᠯᠭᠤᠷ ᠵᠤᠷᠢᠯᠲᠠ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠢᠮᠠᠬᠳᠠ ᠲᠠᠷᠤᠤ ᠬᠢᠴᠢᠶᠡᠩᠭᠦᠢ ᠬᠢᠨᠠᠭᠤᠷ | ᠪᠤᠯᠭᠤᠮᠵᠢᠳᠠᠢ ᠪᠠᠶᠢᠵᠤ᠂ ᠪᠠᠷᠳᠠᠮᠨᠠᠬᠤ ᠦᠭᠡᠢ ᠪᠠᠴᠢᠮᠳᠠᠬᠤ ᠦᠭᠡᠢ ᠪᠠᠷ ᠲᠡᠰᠪᠦᠷᠢ ᠬᠠᠲᠠᠭᠤᠵᠢᠯᠲᠠᠶ ᠲᠡᠮᠡᠴᠡᠵᠦ᠂ ᠠᠭᠤᠤ | ᠶᠡᠭᠡ ᠢᠯᠠᠯᠲᠠ ᠳᠤᠮᠳᠠ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠬᠥᠭᠵᠢᠭᠡᠵᠦ᠂ ᠮᠤᠷᠤᠶ ᠵᠠᠮ ᠨᠤᠭᠤᠷᠠᠯ | ᠪᠦᠳᠦᠷᠢᠯ ᠳᠤᠮᠳᠠ ᠠᠴᠠ ᠲᠡᠦᠬᠡᠨ ᠰᠤᠷᠭᠠᠮᠵᠢ ᠬᠦᠯᠢᠶᠡᠨ ᠠᠪᠴᠤ᠂ ᠶᠠᠮᠠᠷᠪᠠ ᠠᠶᠤᠯ ᠲᠦᠭᠰᠢᠭᠦᠷᠢ ᠠᠴᠠ ᠡᠮᠢᠶᠡᠬᠦ ᠦᠭᠡᠢ᠂ | ᠶᠠᠮᠠᠷᠪᠠ ᠰᠠᠭᠠᠳ ᠬᠠᠷᠰᠢᠯᠠᠯ ᠳᠤ ᠨᠦᠯᠦᠭᠡᠯᠡᠭᠳᠡᠬᠦ ᠦᠭᠡᠢ᠂ ᠦᠨᠳᠦᠰᠦᠨ ᠴᠢᠨᠠᠷᠲᠠᠶ ᠠᠰᠠᠭᠤᠳᠠᠯ ᠳᠡᠭᠡᠷ᠎ᠡ ᠨᠤᠷᠠᠭᠠᠯᠲᠠ ᠶᠢᠨ | ᠴᠢᠨᠠᠷᠲᠠᠶ ᠠᠯᠳᠠᠭ᠎ᠠ ᠶᠠᠭᠠᠬᠢᠭᠰᠠᠨ ᠴᠤ ᠭᠠᠷᠭᠠᠬᠤ ᠦᠭᠡᠢ ᠪᠠᠶᠢᠵᠤ᠂ ᠰᠠᠨᠠᠭᠰᠠᠨ ᠳᠠᠭᠠᠨ ᠬᠦᠷᠬᠦ ᠪᠠᠷ ᠰᠢᠨᠲᠠᠷᠠᠰᠢ ᠦᠭᠡᠢ | ᠲᠡᠮᠡᠴᠡᠬᠦ ᠵᠤᠷᠢᠬ ᠢᠶᠠᠷ ᠲᠣᠭᠲᠠᠭᠰᠠᠨ ᠬᠠᠷᠠᠯᠲᠠ ᠪᠠᠨ ᠴᠢᠷᠮᠠᠶᠢᠨ ᠪᠡᠶᠡᠯᠡᠭᠦᠯᠵᠦ᠂ ᠵᠠᠭᠤᠨ ᠭᠠᠵᠠᠷ ᠠᠶᠠᠯᠠᠬᠤᠢ ᠳᠤᠷ ᠶᠡᠷᠡᠨ | ᠭᠠᠵᠠᠷ ᠳᠤᠭᠤᠯᠤᠭᠰᠠᠨ ᠠᠨᠤ ᠬᠠᠭᠠᠰ ᠵᠠᠮᠨᠠᠭᠰᠠᠨ ᠳᠡᠳᠤᠢ ᠪᠤᠯᠠᠢ ᠭᠡᠬᠦ ᠰᠡᠷᠬᠡᠭ ᠲᠠᠨᠢᠯᠳᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ᠃ | ᠪᠦᠬᠦ ᠨᠠᠮ ᠢᠶᠠᠷ ᠢᠶᠠᠨ ᠡᠷᠬᠡᠪᠰᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ | ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ | ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠮᠠᠷᠺᠰ ᠤᠨ | ᠦᠵᠡᠯ ᠤᠨ ᠵᠣᠭᠰᠣᠯᠲᠠ᠂ ᠦᠵᠡᠯᠲᠡ᠂ ᠠᠷᠭ᠎ᠠ ᠪᠠᠷ ᠴᠠᠭ ᠦᠶ᠎ᠡ ᠶᠢ ᠠᠵᠢᠭᠯᠠᠵᠤ᠂ ᠴᠠᠭ ᠦᠶ᠎ᠡ ᠶᠢ ᠡᠵᠡᠮᠳᠡᠨ᠂ ᠴᠠᠭ | ᠦᠶ᠎ᠡ ᠶᠢ ᠬᠥᠲᠥᠯᠥᠨ ᠳᠠᠭᠠᠭᠤᠯᠵᠤ᠂ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮ ᠤᠨ | ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ | ᠶᠣᠰᠣᠨ ᠤ ᠲᠤᠬᠠᠶ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠶ᠃ ᠡᠷᠬᠡᠪᠰᠢ ᠨᠠᠮ ᠤᠨ ᠦᠨᠳᠦᠰᠦᠨ | ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠵᠣᠬᠢᠴᠠᠩᠭᠤᠢ ᠪᠠᠷ ᠠᠬᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ | ᠬᠠᠮᠲᠤ ᠪᠠᠷ ᠪᠠᠶᠠᠵᠢᠬᠤ ᠶᠢ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ | ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠦᠨ᠂ ᠠᠷᠠᠳ ᠲᠦᠮᠡᠨ ᠤ ᠡᠵᠡᠨ ᠰᠠᠭᠤᠵᠤ | ᠡᠷᠬᠡ ᠮᠡᠳᠡᠬᠦ ᠶᠢ ᠪᠠᠲᠤᠯᠠᠵᠤ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠨ᠂ ᠨᠡᠶᠢᠭᠡᠮ | ᠵᠢᠷᠤᠮ ᠤᠨ ᠭᠤᠣᠯᠯᠠᠬᠤ ᠥᠷᠲᠡᠭ ᠤᠨ ᠰᠢᠰᠲ᠋ᠧᠮ ᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ | ᠣᠷᠣᠰᠢᠬᠤ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢ ᠲᠦᠷᠭᠡᠳᠭᠡᠵᠦ᠂ ᠠᠷᠠᠳ ᠲᠦᠮᠡᠨ ᠪᠠᠶᠠᠵᠢᠨ ᠴᠢᠨᠡᠭᠡᠯᠢᠭᠵᠢᠭᠦ᠂ | ᠤᠯᠤᠰ ᠤᠷᠤᠨ ᠬᠦᠴᠦᠷᠭᠡᠭᠵᠢᠨ ᠪᠠᠳᠠᠷᠠᠬᠤ᠂ ᠳᠤᠮᠳᠠᠳᠤ ᠤᠯᠤᠰ ᠦᠵᠡᠰᠭᠦᠯᠡᠩᠳᠤ ᠰᠠᠶᠢᠬᠠᠨ ᠪᠤᠯᠬᠤ ᠶᠢ ᠬᠠᠮᠵᠢᠯᠴᠠᠭᠤᠯᠤᠨ | ᠠᠬᠢᠭᠤᠯᠬᠤ ᠭᠡᠷᠡᠭᠲᠡᠢ᠃ | ᠪᠦᠬᠦ ᠨᠠᠮ ᠢᠶᠠᠷ ᠢᠶᠠᠨ ᠡᠷᠬᠡᠪᠰᠢ ᠠᠷᠠᠳ ᠤᠯᠠᠨ ᠯᠤᠭ᠎ᠠ ᠶᠢᠨ ᠰᠠᠯᠵᠤ ᠪᠤᠯᠤᠰᠢ ᠦᠭᠡᠢ ᠬᠠᠷᠢᠴᠠᠭ᠎ᠠ ᠪᠠᠨ ᠡᠭᠦᠷᠢᠳᠡ | ᠪᠠᠲᠤᠯᠠᠵᠤ᠂ ᠠᠷᠠᠳ ᠲᠦᠮᠡᠨ ᠤ ᠵᠣᠭᠰᠣᠯᠲᠠ ᠪᠠᠨ ᠪᠠᠲᠤᠳᠬᠠᠨ᠂ ᠠᠷᠠᠳ ᠲᠦᠮᠡᠨ ᠤ ᠪᠡᠶᠡᠴᠢ ᠴᠤᠭᠴᠠ ᠶᠢᠨ ᠪᠠᠶᠢᠷᠢ | ᠰᠠᠭᠤᠷᠢ ᠶᠢ ᠪᠡᠷᠢᠮᠳᠠᠯᠠᠵᠤ᠂ ᠠᠷᠠᠳ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠭᠡᠵᠦ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠨᠡᠶᠢᠭᠡᠮ ᠤᠨ ᠲᠥᠪ | ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠂ ᠬᠥᠭᠵᠢᠯᠲᠡ ᠶᠢᠨ ᠲᠡᠩᠴᠡᠭᠦᠷᠢ ᠦᠭᠡᠶ ᠭᠦᠢᠴᠡᠳ ᠦᠭᠡᠶ ᠪᠠᠶᠢᠬᠤ | ᠠᠰᠠᠭᠤᠳᠠᠯ ᠪᠣᠯᠤᠨ ᠠᠷᠠᠳ ᠣᠯᠠᠨ ᠤ ᠪᠠᠴᠢᠮᠳᠠᠵᠤ ᠬᠦᠴᠢᠷᠳᠡᠵᠦ ᠵᠤᠪᠠᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠠᠰᠤᠷᠠᠯᠲᠠ ᠤᠢᠭᠡᠢ | ᠰᠠᠶᠢᠲᠤᠷ ᠪᠡᠶᠡᠯᠡᠭᠦᠯᠵᠤ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠠᠶᠢᠨ ᠰᠠᠶᠢᠬᠠᠨ ᠠᠮᠢᠳᠤᠷᠠᠯ ᠤᠨ | ᠲᠥᠯᠥᠭᠡ ᠲᠠᠰᠤᠷᠠᠯᠲᠠ ᠦᠭᠡᠢ ᠲᠡᠮᠡᠴᠡᠬᠦ ᠬᠡᠷᠡᠭᠲᠡᠶ᠃ | ᠪᠦᠬᠦ ᠨᠠᠮ ᠢᠶᠠᠷ ᠢᠶᠠᠨ ᠡᠷᠬᠡᠪᠰᠢ ᠵᠤᠪᠡᠵᠦ ᠵᠦᠳᠡᠬᠦᠢ ᠳᠤᠷ ᠲᠤᠬᠳᠠᠨᠢᠵᠤ᠂ ᠵᠢᠷᠭᠠᠵᠤ ᠴᠡᠩᠭᠡᠬᠦᠢ ᠳᠤᠷ ᠰᠦᠨᠤᠮᠤᠢ | ᠭᠡᠳᠡᠭ ᠢ ᠪᠠᠲᠤ ᠴᠡᠭᠡᠵᠢᠯᠡᠨ᠂ ᠴᠠᠭ ᠢᠮᠠᠭᠲᠠ ᠠᠯᠤᠰ ᠤᠨ ᠪᠣᠳᠣᠯᠭ᠎ᠠ ᠲᠠᠢ ᠪᠠᠶᠢᠵᠤ᠂ ᠠᠮᠤᠷ ᠲᠦᠪᠰᠢᠨ ᠪᠠᠶᠢᠬᠤ | ᠦᠶ᠎ᠠ ᠳᠡᠭᠡᠨ ᠠᠶᠤᠯ ᠲᠦᠭᠰᠢᠬᠦᠷᠢ ᠶᠢ ᠪᠤᠳᠤᠯᠬᠢᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ | ᠠᠭᠤᠤ ᠶᠡᠭᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠨ᠂ | ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠬ ᠶᠠᠪᠤᠭᠤᠯᠬᠤ ᠪᠠᠶᠢᠭᠤᠯᠤᠯᠲᠠ ᠵᠢᠴᠢ ᠢᠯᠵᠢᠷᠠᠯ ᠢ ᠡᠰᠡᠷᠭᠦᠴᠡᠬᠦ | ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠵᠤ᠂ ᠨᠠᠮ ᠳᠤ ᠲᠤᠯᠭᠠᠷᠠᠵᠤ ᠪᠠᠶᠢᠭ᠎ᠠ ᠤᠷᠳᠤ ᠬᠤᠭᠤᠴᠠᠭ᠎ᠠ ᠪᠠᠷ ᠲᠦᠷᠦ | ᠪᠠᠷᠢᠬᠤ ᠰᠢᠯᠭᠠᠯᠲᠠ᠂ ᠥᠭᠡᠷᠡᠴᠢᠯᠡᠯᠲᠡ ᠨᠡᠭᠡᠭᠡᠯᠲᠡ ᠶᠢᠨ ᠰᠢᠯᠭᠠᠯᠲᠠ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠰᠢᠯᠭᠠᠯᠲᠠ | ᠂ ᠭᠠᠳᠠᠭᠠᠳᠤ ᠣᠷᠴᠢᠨ ᠨᠥᠬᠦᠴᠡᠯ ᠤᠨ ᠰᠢᠯᠭᠠᠯᠲᠠ ᠳᠤ ᠵᠣᠷᠢᠭᠲᠠᠶ ᠪᠠᠷ ᠬᠠᠨᠳᠤᠵᠤ᠂ ᠤᠶᠤᠨ ᠰᠠᠨᠠᠭ᠎ᠠ ᠴᠠᠯᠠᠭᠠᠶᠢᠷᠠᠬᠤ | ᠠᠶᠤᠯ᠂ ᠴᠢᠳᠠᠪᠤᠷᠢ ᠮᠡᠬᠦᠰᠳᠡᠬᠦ ᠠᠶᠤᠯ᠂ ᠤᠯᠠᠨ ᠲᠦᠮᠡᠨ ᠠᠴᠠ ᠬᠥᠨᠳᠡᠶᠢᠷᠡᠬᠦ ᠠᠶᠤᠯ᠂ ᠨᠠᠵᠠᠭᠠᠶᠢᠷᠠᠵᠤ ᠢᠯᠵᠢᠷᠠᠨ | ᠲᠤᠷᠦ᠋ᠢᠳᠠᠬᠤ ᠠᠶᠤᠯ ᠢ ᠡᠷᠡᠰ ᠢᠯᠠᠨ ᠳᠠᠪᠠᠭ᠋ᠤ ᠬᠡᠷᠡᠭᠲᠡᠶ᠃ ᠡᠷᠬᠡᠪᠰᠢ ᠬᠡᠳᠦᠶ ᠰᠠᠭᠠᠳ ᠪᠡᠷᠬᠡ ᠲᠠᠢ ᠪᠤᠯᠬᠤ ᠲᠤᠳᠤᠮ | ᠲᠡᠳᠦᠶ ᠤᠷᠤᠭᠰᠢᠯᠠᠨ ᠳᠠᠪᠰᠢᠬᠤ ᠪᠠᠭᠠᠲᠤᠷᠯᠢᠭ ᠴᠤᠭ ᠰᠦᠯᠳᠡ ᠪᠠᠨ ᠪᠠᠷᠢᠮᠲᠠᠯᠠᠨ᠂ ᠵᠣᠷᠢᠭᠲᠠᠶ ᠪᠠᠷ ᠲᠡᠮᠡᠴᠡᠯ ᠬᠢᠵᠦ᠂ | ᠴᠢᠳᠠᠮᠠᠭᠠᠶ ᠪᠠᠷ ᠲᠡᠮᠡᠴᠡᠯ ᠬᠢᠵᠦ᠂ ᠠᠭᠤᠯᠠ ᠳᠤᠬᠢᠶᠠᠯᠳᠤᠪᠠᠯ ᠵᠠᠮ ᠨᠡᠭᠡᠭᠡᠵᠤ᠂ ᠤᠰᠤ ᠳᠠᠭᠠᠷᠠᠪᠠᠯ ᠬᠦᠬᠦᠷᠭᠡ ᠳᠠᠯᠪᠢᠵᠤ᠂ | ᠪᠡᠷᠭᠡ ᠠᠴᠠ ᠪᠡᠷᠭᠡᠰᠢᠶᠡᠬᠦ ᠦᠭᠡᠢ᠂ ᠲᠠᠷᠤᠯᠳᠠ ᠳᠤ ᠳᠠᠷᠤᠭᠳᠠᠬᠤ ᠦᠭᠡᠢ ᠪᠠᠶᠢᠬᠤ ᠶᠢ ᠪᠡᠶᠡᠯᠡᠬᠦᠯᠦᠨ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠠᠶᠠᠯᠠᠯ ᠤᠨ ᠣᠩᠭᠤᠴᠠ ᠶᠢᠨ ᠳᠠᠪᠠᠯᠭᠠᠨ ᠢ ᠵᠦᠰᠦᠨ ᠳᠣᠯᠭᠢᠶᠠᠨ ᠢ | ᠰᠢᠪᠳᠤᠯᠵᠤ᠂ ᠪᠤᠴᠠᠯᠲᠠ ᠦᠭᠡᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ | ᠨᠠᠮ ᠪᠠ ᠠᠷᠠᠳ ᠲᠦᠮᠡᠨ ᠤ ᠠᠵᠢᠯ ᠦᠢᠯᠡᠰ ᠤᠨ ᠬᠥᠭᠵᠢᠯᠲᠡ ᠳᠤ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ | ᠬᠠᠮᠲᠤᠴᠤᠳ ᠵᠠᠯᠭᠠᠭ᠎ᠠ ᠪᠠᠷ ᠦᠷᠭᠦᠯᠵᠢᠯᠡᠨ ᠲᠡᠮᠡᠴᠡᠬᠦ ᠴᠢᠬᠤᠯᠠᠲᠠᠢ ᠶᠤᠮ᠂ ᠵᠠᠯᠭᠠᠮᠵᠢᠯᠠᠭᠴᠢ ᠲᠠᠢ ᠪᠠᠶᠢᠬᠤ ᠡᠨᠡ ᠬᠦ | ᠦᠨᠳᠦᠰᠦᠨ ᠶᠡᠭᠡ ᠪᠤᠳᠤᠯᠭ᠎ᠠ ᠶᠢ ᠡᠷᠬᠡᠪᠰᠢ ᠰᠠᠶᠢᠲᠤᠷ ᠠᠳᠬᠤᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠬᠥᠮᠦᠨ ᠢ ᠬᠥᠮᠦᠵᠢᠭᠦᠯᠬᠦ | ᠂ ᠨᠠᠮ ᠤᠨ ᠬᠦᠰᠡᠯᠡᠩ ᠢᠲᠡᠭᠡᠯ ᠵᠤᠷᠢᠭ ᠢᠶᠠᠷ ᠬᠥᠮᠦᠰ ᠢ ᠨᠢᠭᠲᠠᠷᠠᠭᠤᠯᠬᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ | ᠦᠵᠡᠯᠲᠡ ᠪᠠᠷ ᠬᠥᠮᠦᠨ ᠢ ᠪᠤᠶᠢᠵᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠲᠡᠦᠬᠡᠲᠦ ᠡᠭᠦᠷᠭᠡ ᠪᠠᠷ ᠬᠥᠮᠦᠰ ᠢ ᠵᠣᠷᠢᠭᠵᠢᠭᠤᠯᠬᠤ ᠶᠢ ᠪᠠᠷᠢᠮᠲᠠᠯᠠᠵᠤ᠂ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ | ᠳᠡᠶᠢᠯᠬᠦ ᠦᠯᠡᠮᠵᠢ ᠤᠯᠠᠨ ᠵᠠᠯᠭᠠᠮᠵᠢᠯᠠᠭᠴᠢ ᠶᠢ ᠬᠥᠮᠦᠵᠢᠭᠦᠯᠦᠨ ᠪᠤᠢ ᠪᠣᠯᠭᠠᠬᠤ ᠬᠡᠷᠡᠭᠲᠡᠶ᠃ ᠮᠣᠷᠠᠯ ᠴᠢᠳᠠᠪᠤᠷᠢ | ᠬᠤᠤᠰᠯᠠᠭᠰᠠᠨ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠴᠢᠨᠠᠷ ᠪᠦᠬᠦᠢ | ᠲᠤᠰᠬᠠᠶᠢᠵᠢᠭᠰᠠᠨ ᠺᠠᠳ᠋ᠷ ᠢᠯᠠᠩᠭᠤᠶ᠎ᠠ ᠰᠢᠯᠢᠳᠡᠭ ᠵᠠᠯᠠᠭᠤ ᠺᠠᠳ᠋ᠷ ᠢ ᠲᠠᠰᠤᠷᠠᠯᠲᠠ ᠦᠭᠡᠢ ᠬᠥᠮᠦᠵᠢᠭᠦᠯᠦᠨ ᠰᠣᠩᠭᠤᠨ | ᠳᠡᠪᠰᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠤᠨ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠲᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠪᠠᠲᠤ ᠴᠢᠩᠭ᠎ᠠ | ᠰᠢᠲᠦᠨ ᠪᠢᠰᠢᠷᠡᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠵᠤ᠂ ᠦᠡᠭᠭᠡᠪᠴᠢ ᠬᠤᠭᠤᠰᠤᠨ ᠶᠠᠷᠢᠭᠠᠳ | ᠰᠠᠭᠤᠪᠠᠯ ᠳᠦᠷᠤ ᠬᠦᠷᠤᠨ ᠮᠦᠬᠦᠵᠤ᠂ ᠦᠨᠠᠨ ᠪᠤᠳᠠᠳᠠᠢ ᠠᠵᠢᠯᠯᠠᠪᠠᠯ ᠤᠯᠤᠰ ᠤᠷᠤᠨ ᠮᠠᠨᠳᠤᠬᠤ ᠶᠣᠰᠣ ᠤᠴᠢᠷ ᠢ ᠪᠠᠲᠤ | ᠴᠡᠭᠡᠵᠢᠯᠡᠵᠦ᠂ ᠠᠷᠠᠳ ᠲᠦᠮᠡᠨ ᠢ ᠦᠯᠦ ᠬᠥᠰᠡᠷᠳᠡᠭᠦᠯᠬᠦ ᠤᠯᠤᠰ ᠭᠡᠷ ᠤᠨ ᠬᠠᠶᠢᠷ᠎ᠠ ᠰᠡᠳᠭᠢᠯᠭᠡ ᠶᠢ ᠪᠤᠢ ᠪᠤᠯᠭᠠᠵᠤ᠂ | ᠡᠷᠬᠢᠮ ᠳᠡᠭᠡᠳᠦ ᠦᠵᠡᠯ ᠰᠠᠨᠠᠭᠠᠨ ᠤ ᠠᠬᠤᠶ ᠪᠠᠶᠢᠳᠠᠯ ᠢ ᠬᠥᠭᠡᠭᠡᠴᠡᠯᠳᠦᠵᠦ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠬᠦ | ᠴᠢᠳᠠᠪᠤᠷᠢ ᠪᠠᠨ ᠨᠡᠮᠡᠭᠳᠡᠭᠦᠯᠬᠦ ᠶᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠬᠡᠷᠡᠭᠲᠡᠶ᠃ ᠡᠯ᠎ᠡ ᠲᠠᠯ᠎ᠠ ᠶᠢᠨ | ᠲᠡᠷᠢᠭᠦᠨ ᠤ ᠬᠥᠮᠦᠰ ᠢᠯᠠᠩᠭᠤᠶ᠎ᠠ ᠰᠢᠯᠢᠳᠡᠭ ᠵᠠᠯᠠᠭᠤᠴᠤᠳ ᠢ ᠲᠠᠰᠤᠷᠠᠯᠲᠠ ᠦᠭᠡᠢ ᠨᠠᠮ ᠳᠤ ᠡᠯᠰᠡᠨ ᠠᠪᠴᠤ᠂ ᠵᠠᠯᠠᠭᠤ | ᠨᠠᠮ ᠤᠨ ᠭᠡᠰᠢᠭᠦᠨ ᠤ ᠡᠭᠦᠷᠢᠳᠡ ᠨᠠᠮ ᠤᠨ ᠲᠤᠭ ᠲᠡᠮᠳᠡᠭ ᠢᠶᠠᠷ ᠲᠤᠭ ᠲᠡᠮᠳᠡᠭ ᠢᠶᠠᠨ ᠪᠣᠯᠭᠠᠵᠤ᠂ ᠨᠠᠮ ᠤᠨ ᠴᠢᠭᠯᠡᠯ ᠢᠶᠠᠷ | ᠴᠢᠭᠯᠡᠯ ᠢᠶᠠᠨ ᠪᠣᠯᠭᠠᠵᠤ᠂ ᠨᠠᠮ ᠤᠨ ᠵᠣᠷᠢᠭ ᠰᠠᠨᠠᠭ᠎ᠠ ᠪᠠᠷ ᠵᠣᠷᠢᠭ ᠰᠠᠨᠠᠭ᠎ᠠ ᠪᠠᠨ ᠪᠣᠯᠭᠠᠵᠤ᠂ ᠨᠠᠮ ᠤᠨ ᠬᠤᠪᠢᠰᠬᠠᠯᠲᠤ | ᠤᠳᠤᠮᠰᠢᠯ ᠢ ᠦᠷᠭᠦᠯᠵᠢᠯᠡᠨ ᠵᠠᠯᠭᠠᠮᠵᠢᠯᠠᠵᠤ᠂ ᠨᠠᠮ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠲᠡᠮᠡᠴᠡᠯ ᠤᠨ ᠳᠤᠮᠳᠠ | ᠰᠠᠯᠬᠢ ᠪᠤᠷᠤᠭᠠᠨ ᠢ ᠦᠩᠭᠡᠷᠡᠭᠦᠯᠵᠦ᠂ ᠨᠡᠶᠢᠭᠡᠮ ᠶᠢᠷᠳᠢᠨᠴᠤ ᠲᠠᠢ ᠲᠠᠨᠢᠯᠴᠠᠵᠤ᠂ ᠶᠠᠰᠤ ᠰᠢᠷᠪᠥᠰᠥ ᠪᠠᠨ ᠴᠢᠩᠭᠠᠷᠠᠭᠤᠯᠤᠨ᠂ | ᠡᠷᠳᠡᠮ ᠴᠢᠳᠠᠪᠤᠷᠢ ᠪᠠᠨ ᠳᠡᠭᠡᠭᠰᠢᠯᠡᠭᠦᠯᠬᠦ ᠶᠢ ᠰᠤᠷᠭᠠᠨ ᠬᠥᠮᠦᠵᠢᠭᠦᠯᠵᠦ ᠬᠦᠲᠦᠯᠦᠨ ᠵᠢᠯᠣᠭᠤᠳᠬᠤ ᠬᠡᠷᠡᠭᠲᠡᠢ᠃ | ᠤᠯᠤᠰ ᠢᠶᠠᠨ ᠬᠠᠶᠢᠷᠠᠯᠠᠵᠤ ᠬᠠᠷᠠᠮ ᠦᠭᠡᠢ ᠵᠤᠷᠢᠭᠤᠯᠬᠤ᠂ ᠵᠣᠷᠢᠭᠲᠠᠶ ᠪᠠᠷ ᠰᠢᠨ᠎ᠡ ᠶᠢ ᠡᠭᠦᠳᠬᠦ ᠰᠢᠯᠢᠳᠡᠭ ᠴᠢᠳᠠᠪᠤᠷᠢᠲᠠᠨ ᠢ | ᠲᠠᠰᠤᠷᠠᠯᠲᠠ ᠦᠭᠡᠢ ᠬᠥᠮᠦᠵᠢᠭᠦᠯᠦᠨ ᠪᠤᠶᠢᠵᠢᠭᠤᠯᠵᠤ᠂ ᠦᠨᠡᠨ ᠰᠡᠳᠭᠢᠯ ᠠᠴᠠ ᠪᠠᠨ ᠴᠢᠳᠠᠪᠤᠷᠢᠲᠠᠨ ᠢ ᠬᠠᠶᠢᠷᠠᠯᠠᠨ᠂ ᠪᠦᠬᠦ | ᠰᠡᠳᠭᠢᠯ ᠢᠶᠠᠷ ᠴᠢᠳᠠᠪᠤᠷᠢᠲᠠᠨ ᠢ ᠬᠥᠮᠦᠵᠢᠭᠦᠯᠵᠦ᠂ ᠨᠢᠮᠪᠠᠢ ᠰᠡᠳᠭᠢᠯ ᠢᠶᠠᠷ ᠴᠢᠳᠠᠪᠤᠷᠢᠲᠠᠨ ᠢ ᠬᠡᠷᠡᠭᠯᠡᠵᠦ᠂ ᠡᠯ᠎ᠡ ᠲᠠᠯ᠎ᠠ ᠶᠢᠨ | ᠰᠢᠯᠢᠳᠡᠭ ᠴᠢᠳᠠᠪᠤᠷᠢᠲᠠᠨ ᠢ ᠨᠠᠮ ᠪᠠ ᠠᠷᠠᠳ ᠲᠦᠮᠡᠨ ᠤ ᠠᠭᠤᠤ ᠶᠡᠭᠡ ᠲᠡᠮᠡᠴᠡᠯ ᠤᠨ ᠳᠤᠮᠳᠠ ᠴᠤᠭᠯᠠᠷᠠᠭᠤᠯᠬᠤ ᠬᠡᠷᠡᠭᠲᠡᠶ᠃ | ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ | ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠭᠦᠦ ᠨᠢᠭᠲᠠᠷᠠᠨ ᠪᠦᠯᠬᠦᠮᠳᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠦᠨ᠂ ᠥᠴᠥᠭᠡᠳᠦᠷ ᠤᠨ ᠭᠠᠰᠠᠯᠠᠩ ᠵᠣᠪᠠᠯᠠᠩ ᠪᠠ ᠭᠡᠷᠡᠯ ᠭᠢᠯᠪᠠᠭ᠎ᠠ ᠪᠠᠨ ᠤᠮᠠᠷᠳᠠᠬᠤ ᠦᠭᠡᠢ᠂ ᠥᠨᠥᠳᠦᠷ ᠤᠨ | ᠡᠭᠦᠷᠭᠡ ᠬᠠᠷᠢᠭᠤᠴᠠᠯᠭ᠎ᠠ ᠳᠠᠭᠠᠨ ᠤᠰᠤᠯᠳᠠᠬᠤ ᠦᠭᠡᠢ᠂ ᠮᠠᠷᠭᠠᠰᠢ ᠶᠢᠨ ᠠᠭᠤᠤ ᠶᠡᠭᠡ ᠬᠦᠰᠡᠯ ᠡᠷᠡᠮᠡᠯᠵᠠᠯ ᠢᠶᠠᠨ | ᠬᠥᠰᠡᠷᠳᠡᠭᠦᠯᠬᠦ ᠦᠭᠡᠢ ᠪᠠᠶᠢᠵᠤ᠂ ᠲᠡᠦᠬᠡ ᠪᠠᠷ ᠲᠣᠯᠢ ᠪᠣᠯᠭᠠᠵᠤ᠂ ᠢᠷᠡᠭᠡᠳᠦᠶ ᠪᠠᠨ ᠡᠭᠦᠳᠦᠨ ᠨᠡᠭᠡᠭᠡᠵᠦ᠂ ᠰᠢᠷᠭᠠᠭᠤ | ᠬᠠᠲᠠᠭᠤᠵᠢᠯᠲᠠᠶ ᠠᠵᠢᠯᠯᠠᠨ᠂ ᠡᠷᠡᠯᠬᠡᠭ ᠰᠢᠭᠤᠷᠬᠠᠢ ᠪᠠᠷ ᠤᠷᠤᠭᠰᠢᠯᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ | ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ | ᠤᠯᠤᠰ ᠤᠨ ᠵᠡᠬᠦᠳᠤ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠰᠦᠭᠡᠢ ᠭᠡᠵᠦ ᠨᠠᠮ ᠤᠨ ᠲᠦᠪ | ᠬᠤᠷᠢᠶ᠎ᠠ ᠠᠴᠠ ᠤᠷᠢᠶᠠᠯᠠᠵᠦ ᠪᠠᠶᠢᠨ᠎ᠠ᠃ ᠥᠩᠭᠡᠷᠡᠭᠰᠡᠨ ᠵᠠᠭᠤᠨ ᠵᠢᠯ ᠳᠤ ᠠᠭᠤᠤ ᠶᠡᠭᠡ ᠢᠯᠠᠯᠲᠠ ᠪᠠ ᠦᠡᠭᠭᠡ ᠭᠡᠷᠡᠯ ᠢ | ᠣᠯᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠰᠢᠨ᠎ᠡ ᠴᠠᠭ ᠦᠶ᠎ᠡ | ᠰᠢᠨ᠎ᠡ ᠠᠶᠠᠨ ᠵᠠᠮ ᠳᠤ ᠨᠡᠩ ᠠᠭᠤᠤ ᠶᠡᠭᠡ ᠢᠯᠠᠯᠲᠠ ᠪᠠ ᠦᠡᠭᠭᠡ ᠬᠡᠷᠡᠯ ᠢ ᠤᠯᠬᠤ ᠨᠢ ᠯᠠᠪᠲᠠᠢ ᠶᠤᠮ ᠭᠡᠳᠡᠭ ᠢ ᠪᠢᠳᠡ | ᠪᠠᠲᠤ ᠢᠲᠡᠭᠡᠵᠦ ᠪᠠᠶᠢᠨ᠎ᠠ︕ | ︵ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 16 ᠤ ᠴᠠᠬᠢᠯᠭᠠᠨ ᠮᠡᠳᠡᠭᠡ᠂ ᠳᠣᠮᠳᠠᠳᠣ ᠣᠯᠣᠰ ᠤᠨ | ᠦᠨᠳᠦᠰᠦᠳᠡᠨ ᠤ ᠬᠡᠯᠡᠨ ᠤ ᠣᠷᠴᠢᠭᠤᠯᠭ᠎ᠠ ᠶᠢᠨ ᠳᠣᠪᠴᠢᠶ᠎ᠠ ᠣᠷᠴᠢᠭᠤᠯᠪᠠ︶ |