ᠤᠯᠤᠰ ᠤᠨ ᠲᠡᠷᠢᠭᠦᠯᠡᠭᠴᠢ ᠰᠢ ᠶᠢᠨ ᠫᠢᠩ 30 ᠤ ᠡᠳᠦᠷ ᠪᠡᠭᠡᠵᠢᠩ ᠳᠤ ᠸᠢᠳᠢᠣ᠋ ᠬᠡᠯᠪᠡᠷᠢ ᠪᠠᠷ ᠬᠤᠷᠢᠨ ᠤᠯᠤᠰ ᠤᠨ | ᠪᠥᠯᠥᠭᠯᠡᠯ ᠤᠨ ᠤᠳᠤᠷᠢᠳᠬᠤ ᠬᠥᠮᠦᠰ ᠤᠨ ᠠᠷᠪᠠᠨ ᠵᠢᠷᠭᠤᠳᠤᠭᠠᠷ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ | ᠨᠢᠭᠡᠳᠦᠭᠡᠷ ᠱᠠᠲᠤᠨ ᠤ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | | 10 ᠰᠠᠷ᠎ᠠ ᠶᠢᠨ 30 ᠤ ᠡᠳᠤᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ ᠬᠡᠯᠪᠡᠷᠢ ᠪᠠᠷ | ᠬᠤᠷᠢᠨ ᠤᠯᠤᠰ ᠤᠨ ᠪᠥᠯᠥᠭᠯᠡᠯ ᠤᠨ ᠤᠳᠤᠷᠢᠳᠬᠤ ᠬᠥᠮᠦᠰ ᠤᠨ ᠠᠷᠪᠠᠨ ᠵᠢᠷᠭᠤᠳᠤᠭᠠᠷ ᠤᠳᠠᠭ᠎ᠠ ᠶᠢᠨ ᠲᠦᠷᠦᠭᠦᠴᠦᠳ ᠤᠨ | ᠬᠤᠷᠠᠯ ᠤᠨ ᠨᠢᠭᠡᠳᠦᠭᠡᠷ ᠱᠠᠲᠤᠨ ᠤ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠬᠦᠳᠡᠷᠯᠡᠪᠡ | ᠰᠢ ᠶᠢᠨ ᠫᠢᠩ᠂ ᠣᠳᠣᠬᠠᠨ ᠳᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠲᠠᠬᠢᠨ | ᠳᠠᠪᠲᠠᠨ ᠡᠭᠦᠰᠴᠦ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠡᠪᠡᠷᠡᠭ᠂ ᠠᠭᠤᠷ ᠠᠮᠢᠰᠬᠤᠯ ᠤᠨ ᠬᠤᠪᠢᠷᠠᠯᠲᠠ ᠶᠢᠨ | ᠥᠷᠢᠰᠥᠯᠳᠦᠭᠡᠨ ᠳᠣᠪᠣᠶᠢᠮ᠎ᠠ᠂ ᠭᠠᠵᠠᠷ ᠣᠷᠣᠨ ᠤ ᠬᠠᠯᠠᠮᠰᠢᠯ ᠠᠰᠠᠭᠤᠳᠠᠯ ᠤᠯᠠᠨ ᠭᠠᠷᠴᠤ ᠪᠠᠶᠢᠨ᠎ᠠ᠃ ᠳᠡᠯᠡᠬᠡᠢ ᠶᠢᠨ | ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠤᠨ ᠡᠮᠦᠨ᠎ᠡ᠂ | ᠬᠤᠷᠢᠨ ᠤᠯᠤᠰ ᠤᠨ ᠪᠥᠯᠥᠭᠯᠡᠯ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠭᠤᠣᠯ ᠶᠠᠷᠢᠶᠠᠨ ᠤ | ᠲᠠᠪᠴᠠᠩ ᠪᠣᠯᠣᠭᠰᠠᠨ ᠤ ᠬᠤᠪᠢ ᠳᠤ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠬᠥᠮᠦᠨ | ᠲᠦᠷᠦᠯᠬᠢᠲᠡᠨ ᠤ ᠢᠷᠡᠭᠡᠳᠦᠢ᠂ ᠠᠷᠠᠳ ᠲᠦᠮᠡᠨ ᠤ ᠪᠤᠶᠠᠨ ᠵᠢᠷᠭᠠᠯ ᠤᠨ ᠲᠥᠯᠥᠭᠡ ᠨᠡᠭᠡᠭᠡᠯᠲᠡᠲᠦ ᠪᠠᠭᠲᠠᠭᠠᠮᠵᠢᠲᠠᠢ᠂ | ᠬᠠᠮᠳᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠶᠢ ᠪᠠᠷᠢᠮᠲᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠦ᠂ ᠬᠥᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ | ᠬᠡᠷᠡᠭᠲᠡᠢ ᠬᠡᠵᠥ ᠵᠢᠭᠠᠵᠥ ᠭᠠᠷᠭᠠᠪᠠ᠃ | ᠰᠢ ᠶᠢᠨ ᠫᠢᠩ 5 ᠳᠠᠯ᠎ᠠ ᠶᠢᠨ ᠰᠠᠨᠠᠭᠤᠯᠭ᠎ᠠ ᠳᠤᠷᠠᠳᠴᠠᠢ᠃ | ᠨᠢᠭᠡᠳᠦᠭᠡᠷ ᠲᠤ᠂ ᠪᠦᠯᠬᠦᠮᠳᠡᠨ ᠬᠠᠮᠲᠤᠷᠠᠯᠴᠠᠵᠤ᠂ ᠭᠠᠷ ᠬᠤᠯᠪᠣᠯᠴᠠᠨ ᠬᠢᠵᠢᠭ ᠲᠠᠢ ᠲᠡᠮᠡᠴᠡᠶ᠎ᠡ᠃ ᠳᠡᠯᠡᠬᠡᠢ | ᠨᠡᠶᠢᠭᠡᠮ ᠢᠶᠠᠷ ᠢᠶᠠᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠨᠵᠢᠯᠡᠬᠦ ᠤᠬᠠᠭᠠᠨᠴᠢ ᠣᠪᠣᠷ ᠢᠶᠠᠷ ᠰᠢᠨ᠎ᠡ | ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠶᠢᠨ ᠬᠠᠮᠲᠤ ᠢᠯᠠᠨ ᠳᠠᠪᠠᠵᠤ᠂ ᠰᠡᠷᠭᠡᠶᠢᠯᠡᠨ | ᠡᠵᠡᠮᠳᠡᠬᠦ᠂ ᠣᠨᠣᠰᠢᠯᠠᠨ ᠡᠮᠨᠡᠬᠦ ᠠᠷᠭ᠎ᠠ ᠪᠠᠷᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠦᠨᠳᠦ ᠶᠡᠭᠡ ᠭᠡᠨᠡᠳᠲᠡ ᠶᠢᠨ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠪᠡᠯ ᠵᠣᠬᠢᠨ᠎ᠠ᠃ | ᠬᠤᠷᠢᠨ ᠤᠯᠤᠰ ᠤᠨ ᠪᠥᠯᠥᠭᠯᠡᠯ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ ᠡᠬᠢ ᠪᠠᠶᠠᠯᠢᠭ ᠢ ᠳᠠᠶᠢᠴᠢᠯᠠᠬᠤ᠂ | ᠬᠠᠮᠲᠤᠷᠠᠯᠴᠠᠭ᠎ᠠ ᠶᠢ ᠠᠬᠢᠭᠤᠯᠬᠤ ᠲᠠᠯ᠎ᠠ ᠪᠠᠷ ᠬᠦᠳᠦᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠪᠠᠯ ᠵᠣᠬᠢᠨ᠎ᠠ᠃ | ᠪᠢ ᠳᠤᠷᠠᠲᠠᠶ᠎ᠠ ᠪᠥᠬᠦ ᠪᠦᠮᠪᠦᠷᠴᠡᠭ ᠤᠨ ᠸᠠᠺᠼᠢᠨ ᠤ ᠬᠠᠮᠲᠤᠷᠠᠯᠴᠠᠭᠠᠨ ᠤ ᠠᠵᠢᠯᠯᠠᠭ᠎ᠠ ᠶᠢᠨ ᠰᠠᠨᠠᠭᠠᠴᠢᠯᠠᠭ᠎ᠠ ᠶᠢ | ᠤᠯᠠᠮ ᠴᠢᠨᠠᠬᠰᠢᠳᠠ ᠳᠤᠷᠠᠳᠤᠨ᠎ᠠ᠄ ᠨᠢᠭᠡ ᠳᠤ᠂ ᠸᠠᠺᠼᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ | ᠴᠢᠩᠭᠠᠳᠬᠠᠵᠤ᠂ ᠸᠠᠺᠼᠢᠨ ᠤ ᠠᠵᠤ ᠠᠬᠤᠶᠢᠯᠠᠯ ᠤᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤᠷᠠᠨ ᠰᠤᠳᠤᠯᠤᠨ | ᠨᠡᠭᠡᠭᠡᠵᠦ ᠦᠢᠯᠡᠳᠪᠦᠷᠢᠯᠡᠬᠦ ᠶᠢ ᠳᠡᠮᠵᠢᠶ᠎ᠠ᠃ ᠬᠤᠶᠠᠷ ᠲᠤ᠂ ᠡᠷᠬᠡ ᠲᠡᠭᠰᠢ᠂ ᠲᠥᠪ ᠭᠤᠣᠯᠴᠢ ᠶᠢ ᠪᠠᠷᠢᠮᠲᠠᠯᠠᠵᠤ᠂ | ᠬᠥᠭᠵᠢᠵᠦ ᠪᠠᠶᠢᠭ᠎ᠠ ᠤᠯᠤᠰ ᠤᠳ ᠲᠤ ᠸᠠᠺᠼᠢᠨ ᠬᠠᠩᠭᠠᠬᠤ ᠡᠷᠴᠢᠮ ᠢᠶᠠᠨ ᠴᠢᠩᠭᠠᠷᠠᠭᠤᠯᠵᠤ᠂ ᠳᠡᠯᠡᠬᠡᠶ ᠶᠢᠨ ᠡᠷᠡᠭᠦᠯ | ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ 2022 ᠣᠨ ᠤ ᠪᠥᠬᠦ ᠪᠦᠮᠪᠦᠷᠴᠡᠭ ᠤᠨ ᠲᠠᠷᠢᠯᠭ᠎ᠠ ᠲᠠᠷᠢᠬᠤ | ᠬᠠᠷᠠᠯᠲᠠ ᠶᠢ ᠨᠠᠶᠢᠳᠠᠪᠤᠷᠢᠵᠢᠭᠤᠯᠤᠶ᠎ᠠ᠃ ᠭᠤᠷᠪᠠ ᠳᠤ᠂ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ | ᠸᠠᠺᠼᠢᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠯᠲᠦᠷᠢᠭᠦᠯᠦᠯ ᠤᠨ ᠲᠤᠬᠠᠶ ᠡᠷᠲᠡᠬᠡᠨ ᠲᠣᠭᠲᠠᠭᠠᠯ ᠭᠠᠷᠭᠠᠬᠤ ᠶᠢ | ᠳᠡᠮᠵᠢᠵᠦ᠂ ᠸᠠᠺᠼᠢᠨ ᠤ ᠠᠵᠤ ᠠᠬᠤᠶᠢᠯᠠᠯ ᠤᠨ ᠬᠥᠭᠵᠢᠵᠦ ᠪᠠᠶᠢᠭ᠎ᠠ ᠤᠯᠤᠰ ᠤᠳ ᠲᠤ ᠮᠡᠷᠭᠡᠵᠢᠯ ᠢᠶᠠᠨ ᠰᠢᠯᠵᠢᠭᠦᠯᠦᠨ | ᠥᠭᠬᠦ ᠶᠢ ᠵᠣᠷᠢᠭᠵᠢᠭᠤᠯᠤᠶ᠎ᠠ᠃ ᠳᠥᠷᠪᠡ ᠳᠤ᠂ ᠬᠢᠯᠢ ᠠᠯᠤᠰᠯᠠᠭᠰᠠᠨ ᠠᠷᠠᠯᠵᠢᠶᠠᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ | ᠸᠠᠺᠼᠢᠨ ᠵᠢᠴᠢ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠤᠨ ᠠᠷᠠᠯᠵᠢᠶᠠᠨ ᠤ ᠰᠠᠭᠠᠳ ᠥᠬᠡᠶ ᠨᠡᠪᠲᠡᠷᠡᠬᠦ ᠶᠢ | ᠪᠠᠲᠤᠯᠠᠶᠡ᠃ ᠲᠠᠪᠤ ᠳᠤ᠂ ᠡᠯ᠎ᠡ ᠵᠦᠢᠯ ᠤᠨ ᠸᠠᠺᠼᠢᠨ ᠳᠤ ᠡᠷᠬᠡ ᠲᠡᠭᠰᠢ ᠪᠠᠷ ᠬᠠᠨᠳᠤᠵᠤ᠂ ᠳᠡᠯᠡᠬᠡᠢ ᠶᠢᠨ ᠡᠷᠡᠭᠦᠯ | ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠸᠠᠺᠼᠢᠨ ᠢ ᠪᠠᠴᠢᠮ ᠬᠡᠷᠡᠭᠯᠡᠬᠦ ᠨᠠᠷᠢᠨ ᠳᠠᠩᠰᠠ ᠪᠠᠷ ᠦᠨᠳᠦᠰᠦᠯᠡᠯ ᠪᠣᠯᠭᠠᠵᠤ | ᠸᠠᠺᠼᠢᠨ ᠢ ᠬᠠᠷᠢᠯᠴᠠᠨ ᠮᠡᠳᠡᠷᠡᠬᠦ ᠶᠢ ᠠᠬᠢᠭᠤᠯᠤᠶ᠎ᠡ᠃ ᠵᠢᠷᠭᠤᠭ᠎ᠠ ᠳᠤ᠂ ᠪᠥᠬᠦ ᠪᠦᠮᠪᠦᠷᠴᠡᠭ ᠤᠨ ᠸᠠᠺᠼᠢᠨ ᠤ | ᠬᠠᠮᠲᠤᠷᠠᠯᠴᠠᠭ᠎ᠠ ᠢᠯᠠᠩᠭᠤᠶ᠎ᠠ ᠬᠥᠭᠵᠢᠵᠦ ᠪᠠᠶᠢᠭ᠎ᠠ ᠤᠯᠤᠰ ᠤᠳ ᠤᠨ ᠸᠠᠺᠼᠢᠨ ᠣᠯᠬᠤ ᠳᠤ ᠮᠥᠩᠭᠦᠨ ᠭᠦᠢᠯᠭᠡᠭᠡᠨ ᠤ | ᠳᠡᠮᠵᠢᠯᠭᠡ ᠬᠠᠩᠭᠠᠶᠡ᠃ | ᠣᠳᠣᠬᠠᠨ ᠳᠤ᠂ ᠳᠤᠮᠳᠠᠳᠤ ᠤᠯᠤᠰ ᠨᠢᠭᠡᠨᠲᠡ 100 ᠭᠠᠷᠤᠶ ᠤᠯᠤᠰ ᠪᠠ ᠣᠯᠠᠨ ᠤᠯᠤᠰ ᠤᠨ ᠵᠣᠬᠢᠶᠠᠨ | ᠪᠠᠶᠢᠭᠤᠯᠤᠯᠲᠠ ᠳᠤ 16 ᠳ᠋ᠦᠩᠰᠢᠭᠤᠷ ᠭᠠᠷᠤᠶ ᠸᠠᠺᠼᠢᠨ ᠬᠠᠩᠭᠠᠵᠤ᠂ ᠡᠨᠡ ᠵᠢᠯ ᠳᠤ ᠭᠠᠳᠠᠭᠠᠳᠤ ᠳᠤ 20 ᠳ᠋ᠦᠩᠰᠢᠭᠤᠷ | ᠭᠠᠷᠤᠶ ᠸᠠᠺᠼᠢᠨ ᠬᠠᠩᠭᠠᠬᠤ ᠪᠣᠯᠤᠨ᠎ᠠ᠃ ᠳᠤᠮᠳᠠᠳᠤ ᠤᠯᠤᠰ ᠶᠠᠭ 16 ᠤᠯᠤᠰ ᠯᠤᠭ᠎ᠠ ᠸᠠᠺᠼᠢᠨ ᠤ ᠬᠠᠮᠲᠤᠷᠠᠭᠰᠠᠨ | ᠦᠢᠯᠡᠳᠪᠦᠷᠢᠯᠡᠯ ᠥᠷᠨᠢᠭᠦᠯᠵᠦ᠂ 30 ᠤᠯᠤᠰ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠤᠨ ᠸᠠᠺᠼᠢᠨ ᠤ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠰᠠᠨᠠᠭᠠᠴᠢᠯᠠᠭ᠎ᠠ ᠭᠠᠷᠭᠠᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ | ᠡᠯ᠎ᠡ ᠲᠠᠯ᠎ᠠ ᠶᠢᠨ ᠬᠢᠨ ᠲᠠᠢ ᠭᠠᠷ ᠬᠤᠯᠪᠣᠯᠴᠠᠨ ᠴᠢᠷᠮᠠᠶᠢᠵᠤ ᠪᠠᠶᠢᠭᠠᠳ ᠸᠠᠺᠼᠢᠨ ᠤ ᠬᠥᠭᠵᠢᠵᠦ ᠪᠠᠶᠢᠭ᠎ᠠ ᠤᠯᠤᠰ ᠲᠠᠬᠢ | ᠪᠣᠯᠤᠮᠵᠢᠲᠤ ᠴᠢᠨᠠᠷ ᠪᠣᠯᠤᠨ ᠡᠭᠦᠷᠭᠡᠯᠡᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠵᠦ᠂ ᠪᠥᠬᠦ ᠪᠦᠮᠪᠦᠷᠴᠡᠭ ᠤᠨ ᠸᠠᠺᠼᠢᠨ ᠤ | ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃ | ᠬᠤᠶᠠᠳᠤᠭᠠᠷ ᠲᠤ᠂ ᠵᠣᠬᠢᠴᠠᠭᠤᠯᠭ᠎ᠠ ᠪᠠᠨ ᠴᠢᠩᠭᠠᠳᠬᠠᠵᠤ᠂ ᠰᠡᠷᠭᠦᠯᠲᠡ ᠶᠢ ᠠᠬᠢᠭᠤᠯᠤᠶ᠎ᠠ᠃ ᠬᠤᠷᠸ᠎ᠠ ᠠᠵᠤ | ᠠᠬᠤᠢ ᠶᠢᠨ ᠲᠥᠷᠥ ᠶᠢᠨ ᠪᠤᠳᠤᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠲᠥᠷᠥ ᠶᠢᠨ ᠪᠤᠳᠤᠯᠭ᠎ᠠ ᠶᠢᠨ | ᠦᠷᠭᠦᠯᠵᠢᠯᠡᠬᠦᠶᠢᠴᠡ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠪᠠᠲᠤᠯᠠᠪᠠᠯ ᠵᠣᠬᠢᠨ᠎ᠠ᠃ ᠭᠤᠣᠯ ᠪᠣᠯᠬᠤ | ᠠᠵᠤ ᠠᠬᠤᠢ ᠶᠢᠨ ᠴᠣᠭᠴᠠ ᠬᠠᠷᠢᠭᠤᠴᠠᠯᠭ᠎ᠠ ᠲᠠᠢ ᠬᠤᠷᠸ᠎ᠠ ᠠᠵᠤ ᠠᠬᠤᠢ ᠶᠢᠨ ᠲᠥᠷᠥ ᠶᠢᠨ ᠪᠤᠳᠤᠯᠭ᠎ᠠ ᠠᠪᠴᠤ᠂ | ᠬᠥᠭᠵᠢᠵᠦ ᠪᠠᠶᠢᠭ᠎ᠠ ᠤᠯᠤᠰ ᠤᠳ ᠲᠤ ᠨᠠᠵᠠᠭᠠᠢ ᠨᠥᠯᠥᠭᠡ ᠦᠵᠡᠭᠦᠯᠬᠦ ᠠᠴᠠ ᠵᠠᠶᠢᠯᠠᠰᠭᠢᠵᠦ᠂ ᠤᠯᠠᠨ ᠤᠯᠤᠰ ᠤᠨ ᠠᠵᠤ | ᠠᠬᠤᠢ ᠮᠥᠩᠭᠦᠨ ᠭᠦᠢᠯᠭᠡᠭᠡᠨ ᠤ ᠰᠢᠰᠲ᠋ᠧᠮ ᠤᠨ ᠲᠣᠭᠲᠠᠭᠤᠨ ᠠᠵᠢᠯᠯᠠᠭᠠᠨ ᠢ ᠬᠠᠮᠠᠭᠠᠯᠠᠶ᠎ᠠ᠃ | ᠡᠭᠦᠨ ᠤ ᠵᠡᠷᠭᠡ ᠪᠠᠷ ᠠᠯᠤᠰ ᠬᠡᠲᠦ ᠶᠢ ᠪᠣᠳᠣᠯᠬᠢᠯᠠᠨ᠂ ᠪᠦᠬᠦ ᠪᠦᠮᠪᠦᠷᠴᠡᠭ ᠤᠨ ᠠᠵᠤ ᠠᠬᠤᠢ ᠶᠢᠨ ᠵᠠᠰᠠᠯᠲᠠ ᠶᠢᠨ | ᠰᠢᠰᠲ᠋ᠧᠮ ᠪᠣᠯᠤᠨ ᠳᠦᠷᠢᠮ ᠢ ᠲᠡᠭᠦᠯᠳᠡᠷᠵᠢᠭᠦᠯᠵᠦ᠂ ᠤᠯᠠᠨ ᠤᠯᠤᠰ ᠤᠨ ᠠᠵᠤ ᠠᠬᠤᠢ ᠶᠢᠨ ᠪᠠᠶᠢᠷᠢᠰᠢᠯ ᠤᠨ | ᠬᠤᠪᠢᠷᠠᠯᠲᠠ ᠶᠢ ᠦᠨᠡᠨ ᠬᠦ ᠲᠤᠰᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠦᠭᠡ ᠬᠡᠯᠡᠬᠦ ᠡᠷᠬᠡ ᠶᠢ ᠳᠡᠭᠡᠭᠰᠢᠯᠡᠭᠦᠯᠪᠡᠯ | ᠵᠣᠬᠢᠨ᠎ᠠ᠃ ᠣᠯᠠᠨ ᠤᠯᠤᠰ ᠤᠨ ᠵᠣᠭᠤᠰᠣᠨ ᠤ ᠰᠠᠭᠤᠷᠢ ᠮᠥᠩᠭᠦᠨ ᠤ ᠵᠣᠬᠢᠶᠠᠨ ᠪᠠᠶᠢᠭᠤᠯᠤᠯᠲᠠ ᠠᠴᠠ ᠣᠨᠴᠠᠭᠠᠶ ᠵᠣᠭᠤᠰ | ᠭᠠᠷᠭᠠᠨ ᠠᠪᠬᠤ ᠡᠷᠬᠡ ᠨᠡᠮᠡᠵᠦ ᠣᠯᠭᠤᠬᠤ ᠶᠢ ᠳᠤᠮᠳᠠᠳᠤ ᠤᠯᠤᠰ ᠪᠠᠶᠠᠷᠯᠠᠨ ᠤᠭᠲᠤᠵᠤ᠂ ᠬᠢᠵᠢᠭ ᠤᠨ ᠪᠠᠶᠢᠳᠠᠯ ᠳᠤ | ᠬᠦᠨᠳᠦ ᠨᠣᠴᠢᠲᠠᠶ ᠨᠥᠯᠥᠭᠡᠯᠡᠭᠳᠡᠭᠰᠡᠨ ᠣᠷᠣᠯᠭ᠎ᠠ ᠲᠤᠤᠷ᠎ᠠ ᠤᠯᠤᠰ ᠲᠤ ᠳᠤᠷᠠᠲᠠᠶ᠎ᠠ ᠰᠢᠯᠵᠢᠭᠦᠯᠦᠨ ᠵᠢᠭᠡᠯᠡᠭᠦᠯᠵᠦ ᠥᠭᠭᠦᠨ᠎ᠡ | ᠃ | ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠣᠯᠭᠠᠭᠰᠠᠨ ᠤᠯᠠᠨ ᠲᠠᠯᠠᠲᠤ ᠠᠷᠠᠯᠵᠢᠶᠠᠨ ᠤ | ᠪᠠᠶᠢᠭᠤᠯᠤᠮᠵᠢ ᠶᠢ ᠬᠠᠮᠠᠭᠠᠯᠠᠵᠤ᠂ ᠨᠡᠭᠡᠭᠡᠯᠲᠡᠲᠦ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠵᠤ᠂ ᠬᠥᠭᠵᠢᠵᠦ | ᠪᠠᠶᠢᠭ᠎ᠠ ᠤᠯᠤᠰ ᠤᠳ ᠤᠨ ᠡᠷᠬᠡ ᠠᠰᠢᠭ ᠪᠣᠯᠤᠨ ᠬᠥᠭᠵᠢᠯᠲᠡ ᠶᠢᠨ ᠣᠷᠣᠨ ᠵᠠᠢ ᠶᠢ ᠪᠠᠲᠤᠯᠠᠪᠠᠯ ᠵᠣᠬᠢᠨ᠎ᠠ᠃ ᠮᠠᠷᠭᠤᠭᠠᠨ ᠢ | ᠰᠢᠢᠳᠪᠦᠷᠢᠯᠡᠬᠦ ᠲᠣᠭᠲᠠᠴᠠ ᠶᠢᠨ ᠬᠡᠪ ᠤᠨ ᠠᠵᠢᠯᠯᠠᠭ᠎ᠠ ᠶᠢ ᠳᠠᠷᠤᠢ ᠲᠦᠷᠭᠡᠨ ᠰᠡᠷᠭᠦᠭᠡᠵᠦ᠂ ᠠᠵᠤ ᠦᠢᠯᠡᠰ ᠤᠨ ᠬᠡᠯᠬᠢᠶ᠎ᠡ᠂ | ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠪᠠᠶᠢᠲᠠᠯ ᠢ ᠬᠠᠮᠠᠭᠠᠯᠠᠪᠠᠯ ᠵᠤᠬᠢᠨ᠎ᠠ᠃ ᠳᠤᠮᠳᠠᠳᠤ ᠤᠯᠤᠰ | ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠠ ᠶᠢᠨ ᠤᠶᠠᠨ ᠬᠠᠳᠠᠨ ᠴᠢᠨᠠᠷ ᠪᠣᠯᠤᠨ ᠲᠣᠭᠲᠠᠭᠤᠨ ᠤ ᠲᠤᠬᠠᠢ | ᠤᠯᠠᠨ ᠤᠯᠤᠰ ᠤᠨ ᠶᠠᠷᠢᠶᠠᠨ ᠤ ᠲᠠᠪᠴᠠᠩ ᠢ ᠡᠷᠬᠢᠯᠡᠬᠦ ᠶᠢ ᠰᠠᠨᠠᠭᠠᠴᠢᠯᠠᠵᠤ᠂ ᠬᠤᠷᠢᠨ ᠤᠯᠤᠰ ᠤᠨ ᠪᠥᠯᠥᠭᠯᠡᠯ ᠤᠨ | ᠪᠦᠷᠢᠯᠳᠦᠬᠦᠨ ᠪᠣᠯᠤᠨ ᠬᠤᠯᠪᠣᠭᠳᠠᠯ ᠪᠦᠬᠦᠢ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠢᠳᠡᠪᠬᠢᠲᠡᠢ | ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ | ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠥᠲᠥᠭᠡᠨ ᠪᠠᠶᠢᠭᠤᠯᠬᠤ ᠠᠵᠢᠯ ᠨᠠᠩ ᠣᠯᠠᠨ ᠡᠯᠪᠡᠭ ᠦᠷ᠎ᠡ | ᠪᠦᠲᠦᠭᠡᠯ ᠣᠯᠬᠤ ᠶᠢ ᠠᠬᠢᠭᠤᠯᠤᠨ᠎ᠠ᠃ | ᠭᠤᠷᠪᠠᠳᠤᠭᠠᠷ ᠲᠤ᠂ ᠲᠦᠭᠡᠮᠡᠯ ᠬᠠᠷᠠᠭᠠᠯᠵᠠᠯ ᠠᠭᠤᠳᠠᠮ ᠪᠠᠭᠲᠠᠭᠠᠮᠵᠢᠲᠠᠢ ᠪᠠᠶᠢᠵᠥ᠂ ᠬᠠᠮᠲᠤ ᠪᠠᠷ ᠬᠥᠭᠵᠢᠶ᠎ᠡ᠃ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠦᠬᠦ ᠪᠦᠮᠪᠦᠷᠴᠡᠭ ᠤᠨ ᠬᠥᠭᠵᠢᠯᠲᠡ ᠶᠢᠨ ᠲᠥᠪ ᠭᠤᠣᠯᠴᠢ | ᠴᠢᠨᠠᠷ᠂ ᠪᠦᠳᠦᠮᠵᠢᠳᠤ ᠴᠢᠨᠠᠷ᠂ ᠪᠠᠭᠲᠠᠭᠠᠮᠵᠢᠲᠤ ᠴᠢᠨᠠᠷ ᠢ ᠳᠡᠭᠡᠭᠰᠢᠯᠡᠭᠦᠯᠵᠦ᠂ ᠶᠠᠮᠠᠷᠪᠠ ᠤᠯᠤᠰ ᠢ ᠴᠦ ᠡᠩᠨᠡᠭᠡ ᠠᠴᠠ | ᠬᠤᠴᠣᠷᠭᠠᠬᠤ ᠦᠭᠡᠢ ᠪᠠᠷ ᠴᠢᠷᠮᠠᠶᠢᠪᠠᠯ ᠵᠣᠬᠢᠨ᠎ᠠ᠃ ᠬᠤᠷᠢᠨ ᠤᠯᠤᠰ ᠤᠨ ᠪᠥᠯᠥᠭᠯᠡᠯ ᠬᠥᠭᠵᠢᠯᠲᠡ ᠶᠢ ᠬᠤᠷᠸ᠎ᠠ ᠲᠥᠷᠥ ᠶᠢᠨ | ᠪᠤᠳᠤᠯᠭ᠎ᠠ ᠶᠢᠨ ᠵᠣᠬᠢᠴᠠᠭᠤᠯᠭ᠎ᠠ ᠶᠢᠨ ᠳᠣᠪᠣᠶᠢᠮ᠎ᠠ ᠪᠠᠶᠢᠷᠢᠨ ᠳᠤ ᠲᠠᠯᠪᠢᠵᠤ᠂ ᠠᠹᠷᠢᠺᠠ ᠲᠢᠪ ᠪᠣᠯᠤᠨ ᠬᠠᠮᠤᠭ ᠤᠨ | ᠬᠥᠭᠵᠢᠭᠡᠳᠦᠢ ᠤᠯᠤᠰ ᠤᠨ ᠠᠵᠤ ᠦᠢᠯᠡᠳᠪᠦᠷᠢᠵᠢᠯᠲᠡ ᠶᠢ ᠪᠡᠶᠡᠯᠡᠭᠦᠯᠬᠦ ᠶᠢ ᠳᠡᠮᠵᠢᠬᠦ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠪᠠᠯ ᠵᠣᠬᠢᠨ᠎ᠠ᠃ ᠬᠥᠭᠵᠢᠭᠰᠡᠨ ᠠᠵᠤ ᠠᠬᠤᠢ ᠶᠢᠨ ᠴᠣᠭᠴᠠ ᠠᠯᠪᠠᠨ ᠤ ᠲᠠᠯ᠎ᠠ ᠶᠢᠨ ᠬᠥᠭᠵᠢᠯᠲᠡ ᠶᠢᠨ | ᠲᠤᠰᠠᠯᠠᠮᠵᠢ ᠦᠵᠡᠭᠦᠯᠬᠦ ᠠᠮᠠᠯᠠᠯᠲᠠ ᠪᠠᠨ ᠭᠦᠢᠴᠡᠳᠭᠡᠵᠦ᠂ ᠬᠥᠭᠵᠢᠵᠦ ᠪᠠᠶᠢᠭ᠎ᠠ ᠤᠯᠤᠰ ᠲᠤ ᠨᠡᠩ ᠤᠯᠠᠨ ᠡᠬᠢ ᠪᠠᠶᠠᠯᠢᠭ | ᠬᠠᠩᠭᠠᠪᠠᠯ ᠵᠤᠬᠢᠨ᠎ᠠ᠃ ᠮᠢᠨᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠤ ᠰᠠᠨᠠᠭᠠᠴᠢᠯᠠᠭᠰᠠᠨ ᠪᠦᠬᠦ ᠪᠦᠮᠪᠦᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠬᠤᠷᠢᠨ ᠤᠯᠤᠰ ᠤᠨ ᠪᠥᠯᠥᠭᠯᠡᠯ ᠤᠨ ᠪᠦᠬᠦ ᠪᠥᠮᠪᠥᠷᠴᠡᠭ ᠤᠨ ᠬᠥᠭᠵᠢᠯᠲᠡ ᠶᠢ ᠠᠬᠢᠭᠤᠯᠬᠤ | ᠵᠣᠷᠢᠯᠲᠠ ᠪᠠ ᠭᠤᠣᠯᠳᠠᠯᠭᠠᠳᠦ ᠴᠢᠭᠯᠡᠯ ᠲᠠᠢ ᠳᠡᠭᠡᠳᠦ ᠬᠡᠮᠵᠢᠶ᠎ᠠ ᠪᠠᠷ ᠨᠡᠶᠢᠴᠡᠵᠦ ᠨᠡᠶᠢᠴᠡᠭᠡ ᠶᠤᠮ᠃ ᠡᠯ᠎ᠡ ᠤᠯᠤᠰ ᠤᠨ | ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠳᠥᠷᠪᠡᠳᠦᠭᠡᠷ ᠲᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠬᠥᠳᠡᠯᠭᠡᠬᠦ ᠬᠦᠴᠦᠨ ᠢ ᠠᠭᠤᠳᠠᠯᠤᠶ᠎ᠠ᠃ | ᠬᠤᠷᠢᠨ ᠤᠯᠤᠰ ᠤᠨ ᠪᠥᠯᠥᠭᠯᠡᠯ ᠬᠦᠴᠦ ᠪᠠᠨ ᠬᠠᠮᠲᠤᠳᠬᠠᠵᠤ ᠰᠢᠨ᠎ᠡ ᠶᠢ ᠡᠭᠦᠳᠬᠦ ᠨᠡᠮᠡᠭᠳᠡᠯ ᠤᠨ ᠲᠠᠯᠳᠠ ᠬᠦᠴᠦᠨ ᠢ | ᠢᠯᠡᠷᠡᠭᠦᠯᠵᠦ᠂ ᠭᠦᠢᠴᠡᠳ ᠣᠷᠣᠯᠴᠠᠬᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠤᠯᠬᠤ ᠰᠠᠭᠤᠷᠢᠨ ᠳᠡᠭᠡᠷ᠎ᠡ | ᠲᠦᠷᠢᠮ ᠲᠣᠭᠲᠠᠭᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠳᠤ ᠰᠠᠶᠢᠨ ᠰᠠᠶᠢᠬᠠᠨ ᠠᠮᠢ | ᠠᠬᠤᠢ ᠶᠢ ᠪᠤᠢ ᠪᠣᠯᠭᠠᠶ᠎ᠠ᠃ ᠵᠣᠷᠢᠭᠤᠳᠠ ᠵᠢᠵᠢᠭ ᠪᠦᠯᠬᠦᠮ ᠪᠠᠶᠢᠭᠤᠯᠬᠤ᠂ ᠴᠢᠨᠠᠭᠰᠢᠯᠠᠪᠠᠯ ᠦᠵᠡᠯ ᠤᠬᠠᠮᠰᠠᠷ ᠤᠨ | ᠬᠡᠯᠪᠡᠷᠢ ᠪᠠᠷ ᠵᠠᠭᠠᠭ ᠱᠤᠭᠤᠮ ᠲᠣᠭᠲᠠᠭᠠᠬᠤ ᠨᠢ ᠵᠥᠪᠬᠡᠨ ᠵᠠᠪᠰᠠᠷᠳᠠᠯ ᠭᠠᠷᠭᠠᠵᠤ᠂ ᠬᠠᠷᠰᠢ ᠰᠠᠭᠠᠳ ᠢ ᠨᠡᠮᠡᠭᠳᠡᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠤᠣᠷ ᠬᠥᠨᠥᠭᠡᠯ ᠲᠠᠢ ᠠᠴᠠ ᠪᠢᠰᠢ ᠠᠰᠢᠭ ᠦᠭᠡᠢ | ᠶᠤᠮ᠃ | ᠲᠣᠭᠠᠴᠢᠯᠠᠭᠰᠠᠨ ᠴᠠᠭ ᠦᠶ᠎ᠡ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠰᠢᠨ᠎ᠡ ᠬᠡᠯᠪᠡᠷᠢ ᠶᠢᠨ | ᠲᠣᠭᠠᠴᠢᠯᠠᠭᠰᠠᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠵᠦ᠂ ᠲᠣᠭᠠᠴᠢᠯᠠᠭᠰᠠᠨ ᠮᠡᠷᠭᠡᠵᠢᠯ | ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠥᠭᠵᠢᠵᠦ ᠪᠠᠶᠢᠭ᠎ᠠ | ᠤᠯᠤᠰ ᠤᠳ ᠢ ᠬᠠᠪᠰᠤᠷᠤᠨ ︽ᠲᠣᠭᠠᠴᠢᠯᠠᠯᠲᠠ ᠶᠢᠨ ᠵᠠᠪᠰᠡᠷ ᠵᠠᠭᠠᠭ︾ ᠢ ᠠᠷᠢᠯᠭᠠᠶ᠎ᠠ᠃ ᠳᠤᠮᠳᠠᠳᠤ ᠤᠯᠤᠰ ᠨᠢᠭᠡᠨᠲᠡ ︽ | ᠪᠦᠬᠦ ᠪᠥᠮᠪᠥᠷᠴᠡᠭ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠰᠠᠨᠠᠭᠠᠴᠢᠯᠠᠭ᠎ᠠ︾ ᠶᠢ ᠳᠤᠷᠠᠳᠪᠠ᠂ ᠪᠢᠳᠡ ᠡᠯ᠎ᠡ | ᠲᠠᠯ᠎ᠠ ᠶᠢᠨ ᠬᠢᠨ ᠤ ᠬᠦᠰᠡᠯ ᠰᠠᠨᠠᠭ᠎ᠠ ᠶᠢ ᠲᠤᠰᠬᠠᠬᠤ᠂ ᠡᠯ᠎ᠡ ᠲᠠᠯ᠎ᠠ ᠶᠢᠨ ᠬᠢᠨ ᠤ ᠠᠰᠢᠭ ᠲᠤᠰᠠ ᠶᠢ ᠬᠦᠨᠳᠦᠳᠭᠡᠬᠦ | ᠲᠣᠭᠠᠴᠢᠯᠠᠭᠰᠠᠨ ᠵᠠᠰᠠᠯᠲᠠ ᠶᠢᠨ ᠤᠯᠠᠨ ᠤᠯᠤᠰ ᠤᠨ ᠲᠦᠷᠢᠮ ᠢ ᠬᠠᠮᠲᠤ ᠪᠠᠷ ᠰᠤᠳᠤᠯᠤᠨ ᠲᠣᠭᠲᠠᠭᠠᠵᠤ᠂ ᠨᠡᠭᠡᠭᠡᠯᠲᠡᠲᠡᠢ᠂ | ᠡᠷᠬᠡ ᠲᠡᠭᠰᠢ᠂ ᠲᠥᠪ ᠭᠤᠣᠯᠴᠢ᠂ ᠭᠠᠳᠠᠭᠤᠷᠴᠢᠯᠠᠯ ᠦᠭᠡᠢ ᠲᠣᠭᠠᠴᠢᠯᠠᠭᠰᠠᠨ ᠬᠥᠭᠵᠢᠯᠲᠡ ᠶᠢᠨ ᠣᠷᠴᠢᠨ ᠨᠥᠬᠦᠴᠡᠯ ᠢ | ᠢᠳᠡᠪᠬᠢᠲᠡᠢ ᠪᠤᠢ ᠪᠣᠯᠭᠠᠵᠤ ᠪᠣᠯᠤᠨ᠎ᠠ᠃ ᠳᠤᠮᠳᠠᠳᠤ ᠤᠯᠤᠰ ᠲᠣᠭᠠᠴᠢᠯᠠᠭᠰᠠᠨ ᠠᠵᠤ ᠠᠬᠤᠶ ᠶᠢᠨ ᠣᠯᠠᠨ ᠤᠯᠤᠰ ᠤᠨ | ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠲᠣᠭᠠᠴᠢᠯᠠᠭᠰᠠᠨ ᠠᠵᠤ ᠠᠬᠤᠶ ᠶᠢᠨ ᠬᠠᠨᠢᠲᠠᠨ ᠤ | ᠬᠠᠷᠢᠯᠴᠠᠭ᠎ᠠ ᠶᠢᠨ ᠬᠡᠯᠡᠯᠴᠡᠭᠡᠷ︾ ᠲᠤ ᠣᠷᠣᠯᠴᠠᠬᠤ ᠭᠤᠶᠤᠴᠢᠯᠠᠯ ᠭᠠᠷᠭᠠᠬᠤ ᠪᠠᠷ ᠨᠢᠭᠡᠨᠲᠡ ᠲᠣᠭᠲᠠᠵᠤ᠂ ᠳᠤᠷᠠᠲᠠᠶ᠎ᠠ ᠡᠯ᠎ᠡ | ᠲᠠᠯ᠎ᠠ ᠶᠢᠨ ᠬᠢᠨ ᠲᠠᠢ ᠬᠦᠴᠦ ᠪᠠᠨ ᠬᠠᠮᠲᠤᠳᠬᠠᠨ ᠲᠣᠭᠠᠴᠢᠯᠠᠭᠰᠠᠨ ᠠᠵᠤ ᠠᠬᠤᠶ ᠶᠢᠨ ᠡᠷᠡᠭᠦᠯ ᠪᠥᠭᠡᠳ ᠡᠮᠬᠢ ᠵᠢᠷᠤᠮ ᠲᠠᠢ | ᠬᠥᠭᠵᠢᠯᠲᠡ ᠶᠢ ᠠᠬᠢᠭᠤᠯᠤᠨ᠎ᠠ᠃ | ᠲᠠᠪᠤᠳᠤᠭᠠᠷ ᠲᠤ᠂ ᠡᠶ᠎ᠡ ᠵᠣᠬᠢᠴᠠᠩᠭᠤᠢ ᠪᠠᠷ ᠬᠠᠮᠲᠤ ᠣᠷᠣᠰᠢᠵᠤ᠂ ᠪᠣᠬᠢᠷᠲᠤᠯ ᠦᠭᠡᠢ ᠬᠦᠭᠵᠢᠯᠳᠡ ᠶᠢ ᠥᠨᠢᠳᠡ | ᠡᠷᠬᠢᠮᠯᠠᠶᠡ᠃ ᠬᠤᠷᠢᠨ ᠤᠯᠤᠰ ᠤᠨ ᠪᠥᠯᠥᠭᠯᠡᠯ ᠠᠳᠠᠯᠢ ᠪᠤᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ | ᠪᠠᠷᠢᠮᠲᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ︽ᠫᠠᠷᠢᠰ ᠤᠨ ᠬᠡᠯᠡᠯᠴᠡᠭᠡᠷ︾ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ | ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ︾ ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ | ᠶᠡᠭᠡ ᠬᠤᠷᠠᠯ ᠪᠣᠯᠤᠨ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ | ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠠᠮᠵᠢᠯᠲᠠ ᠣᠯᠬᠤ ᠶᠢ ᠳᠡᠮᠵᠢᠪᠡᠯ ᠵᠣᠬᠢᠨ᠎ᠠ᠃ ᠬᠥᠭᠵᠢᠭᠰᠡᠨ | ᠤᠯᠤᠰ ᠤᠳ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠰᠠᠭᠤᠳᠠᠯ ᠤᠨ ᠲᠠᠯ᠎ᠠ ᠪᠠᠷ ᠦᠯᠢᠭᠡᠷ | ᠳᠠᠭᠤᠷᠢᠶᠠᠯ ᠦᠵᠡᠭᠦᠯᠵᠦ᠂ ᠬᠥᠭᠵᠢᠵᠦ ᠪᠠᠶᠢᠭ᠎ᠠ ᠤᠯᠤᠰ ᠤᠳ ᠤᠨ ᠣᠨᠴᠠᠭᠠᠢ ᠬᠦᠴᠢᠷᠳᠡᠯ ᠪᠠ ᠠᠩᠬᠠᠷᠤᠯ ᠢ ᠭᠦᠢᠴᠡᠳ | ᠬᠠᠷᠠᠭᠠᠯᠵᠠᠨ᠂ ᠠᠭᠤᠷ ᠠᠮᠢᠰᠬᠤᠯ ᠤᠨ ᠪᠡᠯᠡ ᠮᠦᠩᠭᠦ ᠴᠤᠭᠯᠠᠭᠤᠯᠬᠤ ᠠᠮᠠᠯᠠᠯᠲᠠ ᠪᠠᠨ ᠨᠠᠶᠢᠳᠠᠪᠤᠷᠢᠵᠢᠭᠤᠯᠬᠤ ᠶᠢᠨ ᠬᠠᠮᠲᠤ | ᠮᠡᠷᠭᠡᠵᠢᠯ᠂ ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠬᠥᠭᠵᠢᠵᠦ ᠪᠠᠶᠢᠭ᠎ᠠ ᠤᠯᠤᠰ ᠤᠳ ᠲᠤ ᠳᠡᠮᠵᠢᠯᠭᠡ ᠬᠠᠩᠭᠠᠶ᠎ᠠ᠃ | | ᠳᠤᠮᠳᠠᠳᠤ ᠤᠯᠤᠰ ᠢᠮᠠᠭᠲᠠ ᠤᠯᠤᠰ ᠤᠨ ᠪᠠᠶᠢᠳᠠᠯ ᠲᠠᠢ ᠪᠠᠨ ᠵᠣᠬᠢᠴᠠᠭᠰᠠᠨ ᠤᠯᠠᠨ ᠤᠯᠤᠰ ᠤᠨ ᠬᠠᠷᠢᠭᠤᠴᠠᠯᠭ᠎ᠠ ᠶᠢ | ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠠᠵᠤ ᠠᠬᠤᠢ ᠶᠢᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ | ᠢᠳᠡᠪᠬᠢᠲᠡᠢ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠠᠵᠢᠯᠯᠠᠭ᠎ᠠ ᠶᠢᠨ ᠡᠷᠴᠢᠮ ᠢᠶᠠᠨ | ᠲᠠᠰᠤᠷᠠᠯᠳᠠ ᠦᠭᠡᠢ ᠳᠡᠭᠡᠭᠰᠢᠯᠡᠭᠦᠯᠵᠦ ᠪᠠᠶᠢᠨ᠎ᠠ᠃ ᠳᠤᠮᠳᠠᠳᠤ ᠤᠯᠤᠰ 2030 ᠣᠨ ᠠᠴᠠ ᠡᠮᠦᠨ᠎ᠡ | ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ 2060 ᠣᠨ ᠠᠴᠠ ᠡᠮᠦᠨ᠎ᠡ | ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠪᠢᠳᠡ ᠠᠮᠠᠯᠠᠯᠲᠠ ᠪᠠᠨ ᠪᠡᠶᠡᠯᠡᠭᠦᠯᠵᠦ᠂ | ᠡᠯ᠎ᠡ ᠤᠯᠤᠰ ᠲᠠᠢ ᠭᠠᠷ ᠬᠤᠯᠪᠣᠯᠴᠠᠨ ᠪᠣᠬᠢᠷᠲᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠳᠤ᠂ ᠦᠷᠭᠦᠯᠵᠢᠯᠡᠬᠦ | ᠬᠥᠭᠵᠢᠯᠲᠡ ᠶᠢᠨ ᠵᠠᠮ ᠢᠶᠠᠷ ᠵᠠᠮᠨᠠᠨ᠎ᠠ᠃ | ᠰᠢ ᠶᠢᠨ ᠫᠢᠩ᠂ ᠳᠤᠮᠳᠠᠳᠤ ᠤᠯᠤᠰ ᠤᠨ ᠡᠷᠲᠡᠨ ᠤ ᠦᠬᠡᠨ ᠳᠤ᠄ ︽ᠦᠨᠡᠨᠴᠢ ᠢᠲᠡᠭᠡᠮᠵᠢᠲᠡᠶ ᠬᠥᠮᠦᠨ ᠳᠡᠯᠡᠬᠡᠢ | ᠳ᠋ᠠᠬᠢᠨ ᠤ ᠬᠦᠷᠢᠶᠡᠯᠡᠯ ᠢ ᠤᠯᠤᠮᠤᠢ︾ ᠬᠡᠵᠥ ᠪᠠᠶᠢᠳᠠᠭ᠃ ᠳᠠᠷᠤᠶ ᠦᠨᠡᠨᠴᠢ ᠢᠲᠡᠭᠡᠮᠵᠢ ᠪᠣᠯ ᠳᠡᠯᠡᠬᠡᠶ ᠳ᠋ᠠᠬᠢᠨ ᠲᠠᠢ | ᠨᠠᠶᠢᠵᠠᠯᠠᠬᠤ ᠶᠢᠨ ᠦᠨᠳᠦᠰᠦ ᠮᠥᠨ᠃ ᠳᠤᠮᠳᠠᠳᠤ ᠤᠯᠤᠰ ᠭᠠᠳᠠᠭᠰᠢ ᠨᠡᠭᠡᠭᠡᠯᠲᠡ ᠬᠢᠬᠦ ᠤᠯᠤᠰ ᠤᠨ ᠦᠨᠳᠦᠰᠦᠨ | ᠪᠣᠳᠣᠯᠭ᠎ᠠ ᠶᠢ ᠪᠠᠷᠢᠮᠲᠠᠯᠠᠨ᠂ ᠬᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠪᠠ ᠳᠣᠲᠣᠭᠠᠳᠤ | ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠵᠤ᠂ ᠵᠢᠮ᠎ᠠ ᠶᠤᠰᠤ᠂ ᠲᠦᠷᠢᠮ ᠲᠤᠭᠳᠠᠭᠠᠯ᠂ ᠬᠠᠮᠢᠶᠠᠷᠤᠯᠲᠠ᠂ ᠪᠠᠷᠢᠮᠵᠢᠶ᠎ᠠ | ᠵᠡᠷᠭᠡ ᠲᠦᠷᠢᠮ ᠤᠨ ᠬᠡᠯᠪᠡᠷᠢ ᠶᠢᠨ ᠨᠡᠭᠡᠭᠡᠯᠲᠡ ᠶᠢ ᠬᠦᠴᠦᠯᠡᠨ ᠠᠬᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ | ᠬᠠᠮᠠᠭᠠᠯᠠᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠴᠤᠭᠴᠠᠯᠠᠵᠤ᠂ ᠳᠤᠮᠳᠠᠳᠤ | ᠭᠠᠳᠠᠭᠠᠳᠤ ᠶᠢᠨ ᠠᠵᠤ ᠠᠬᠤᠶᠢᠯᠠᠯ ᠳᠤ ᠡᠷᠭᠡ ᠲᠡᠭᠰᠢ ᠲᠥᠪ ᠭᠤᠤᠯᠴᠢ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠩᠭᠠᠨ᠎ᠠ᠃ | ᠳᠤᠮᠳᠠᠳᠤ ᠤᠯᠤᠰ ᠤᠨ ᠬᠥᠭᠵᠢᠯᠲᠡ ᠨᠢ ᠡᠯ᠎ᠡ ᠤᠯᠤᠰ ᠲᠤ ᠨᠡᠩ ᠤᠯᠠᠨ ᠰᠢᠨ᠎ᠡ ᠠᠵᠠ ᠲᠣᠬᠢᠶᠠᠯ ᠣᠯᠭᠤᠵᠤ᠂ ᠳᠡᠯᠡᠬᠡᠢ ᠶᠢᠨ | ᠠᠵᠤ ᠠᠬᠤᠢ ᠳᠤ ᠨᠡᠩ ᠤᠯᠠᠨ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠶᠢ ᠪᠢ ᠢᠲᠡᠭᠡᠵᠦ ᠪᠠᠶᠢᠨ᠎ᠠ ᠭᠡᠵᠦ ᠵᠢᠭᠠᠵᠤ | ᠭᠠᠷᠭᠠᠪᠠ᠃ | ᠰᠢ ᠶᠢᠨ ᠫᠢᠩ ᠡᠴᠦᠰ ᠲᠤ᠂ ᠬᠥᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠳᠤ | ᠳᠡᠯᠡᠬᠡᠢ ᠶᠢᠨ ᠡᠯ᠎ᠡ ᠤᠯᠤᠰ ᠤᠨ ᠴᠥᠬᠦᠷᠡᠰᠢ ᠦᠭᠡᠢ ᠴᠢᠷᠮᠠᠶᠢᠯᠭ᠎ᠠ ᠱᠠᠭᠠᠷᠳᠠᠭᠳᠠᠨ᠎ᠠ᠃ ᠬᠤᠯᠠ ᠬᠡᠮᠡᠨ ᠪᠦᠦ ᠴᠦᠬᠦ ᠶᠠᠪᠤᠪᠠᠰᠤ | ᠬᠦᠷᠦᠮᠦᠢ᠃ ᠪᠢᠳᠡ ᠪᠦᠯᠬᠦᠮᠳᠡᠵᠡᠭᠡᠵᠦ᠂ ᠬᠢᠵᠢᠭ ᠤᠨ ᠪᠠᠶᠢᠳᠠᠯ ᠤᠨ ᠬᠦᠳᠡᠩ ᠮᠠᠨᠠᠨ ᠢ ᠡᠷᠲᠡᠬᠡᠨ ᠰᠠᠷᠨᠢᠭᠤᠯᠵᠤ᠂ ᠨᠡᠩ | ᠰᠠᠶᠢᠨ ᠰᠠᠶᠢᠬᠠᠨ ᠢᠷᠡᠭᠡᠳᠦᠢ ᠶᠢ ᠭᠠᠷ ᠬᠤᠯᠪᠣᠯᠴᠠᠨ ᠬᠠᠮᠲᠤ ᠪᠠᠷ ᠪᠠᠶᠢᠭᠤᠯᠤᠶ᠎ᠠ ᠭᠡᠵᠦ ᠴᠢᠬᠤᠯᠠᠴᠢᠯᠠᠪᠠ᠃ | ᠲᠦᠷᠦᠭᠦᠴᠦᠳ ᠤᠨ ᠬᠤᠷᠠᠯ ᠢ ᠬᠤᠷᠢᠨ ᠤᠯᠤᠰ ᠤᠨ ᠪᠥᠯᠥᠭᠯᠡᠯ ᠤᠨ ᠲᠡᠷᠢᠭᠦᠯᠡᠭᠴᠢ ᠤᠯᠤᠰ ᠢᠲ᠋ᠠᠯᠢ ᠶᠢᠨ ᠶᠡᠷᠦᠩᠬᠡᠶ | ᠰᠠᠶᠢᠳ ᠳ᠋ᠧᠯᠠᠵᠢ ᠡᠷᠭᠢᠯᠡᠪᠡ᠃ ᠬᠤᠷᠢᠨ ᠤᠯᠤᠰ ᠤᠨ ᠪᠥᠯᠥᠭᠯᠡᠯ ᠤᠨ ᠪᠦᠷᠢᠯᠳᠦᠬᠦᠨ ᠤᠳᠤᠷᠢᠳᠬᠤ ᠬᠥᠮᠦᠰ᠂ ᠵᠣᠴᠢᠨ | ᠤᠯᠤᠰ ᠤᠨ ᠤᠳᠤᠷᠢᠳᠬᠤ ᠬᠥᠮᠦᠰ ᠵᠢᠴᠢ ᠬᠤᠯᠪᠣᠭᠳᠠᠯ ᠪᠦᠬᠦᠢ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ | ᠬᠠᠷᠢᠭᠤᠴᠠᠯᠭᠠᠲᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠶᠢ ᠤᠶᠠᠯᠳᠤᠭᠤᠯᠬᠤ ᠬᠡᠯᠪᠡᠷᠢ ᠪᠠᠷ | ᠬᠤᠷᠠᠯ ᠳᠤ ᠣᠷᠣᠯᠴᠠᠪᠠ᠃ | ᠲᠥᠷᠥ ᠶᠢᠨ ᠶᠠᠪᠤᠳᠠᠯ ᠤᠨ ᠭᠡᠰᠢᠭᠦᠨ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠲᠡᠷᠢᠭᠦᠯᠡᠭᠴᠢ | ᠰᠢ ᠶᠢᠨ ᠫᠢᠩ ᠤᠨ ᠣᠨᠴᠠ ᠲᠥᠯᠥᠭᠡᠯᠡᠭᠴᠢ ᠶᠢᠨ ᠬᠤᠪᠢ ᠪᠠᠷ ᠢᠲ᠋ᠠᠯᠢ ᠶᠢᠨ ᠲᠤᠬᠠᠢ ᠶᠢᠨ ᠲᠠᠯᠠᠪᠠᠢ ᠳᠤ ᠬᠤᠷᠠᠯ ᠳᠤ | ᠣᠷᠣᠯᠴᠠᠪᠠ᠃ |