ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠬᠠᠶᠢᠨᠠᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠰᠦᠭᠡᠢ — ᠦᠬᠠᠢ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠢ ᠲᠤᠰᠬᠠᠶᠢᠯᠠᠨ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2021/11/30
     11 ᠳ᠋ᠣᠭᠡᠷ ᠰᠠᠷ᠎ᠠ ᠶᠢᠨ 23 ᠤ ᠡᠳᠦᠷ᠂ ᠦᠬᠠᠢ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ᠂ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠵᠡᠷᠭᠡ ᠶᠢᠨ ᠲᠤᠬᠠᠢ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠢ ᠰᠤᠷᠪᠤᠯᠵᠢᠯᠠᠪᠠ᠃      ᠢᠦᠶ ᡁᠢ ᠶᠦᠩ ᠬᠡᠯᠡᠬᠦ ᠳᠡᠭᠡᠨ᠂ ᠬᠠᠶᠢᠨᠠᠨ ᠲᠣᠭᠤᠷᠢᠭ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢᠨ ᠲᠤᠬᠠᠶ  ᠳᠣᠮᠳᠠᠳᠤ ᠣᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠶᠢᠨ ᠪᠠᠶᠠᠯᠢᠭ ᠠᠭᠤᠯᠤᠭᠳᠠᠬᠤᠨ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠤᠶᠢᠯᠠᠭᠠᠨ ᠣᠨᠣᠪᠴᠢᠲᠠᠶ ᠡᠵᠡᠮᠰᠢᠵᠦ᠂ ᠬᠤᠲᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠤᠲᠠ ᠶᠢᠨ ᠨᠠᠮ ᠤᠨ ᠬᠤᠷᠢᠶ᠎ᠠ ᠶᠢᠨ ︽ᠨᠢᠭᠡ ᠵᠢᠷᠤᠮᠯᠠᠯ ᠢ ᠪᠠᠷᠢᠮᠲᠠᠯᠠᠨ᠂ ᠨᠢᠭᠡ ᠭᠤᠣᠯ ᠱᠤᠭᠤᠮ ᠢ ᠲᠤᠭᠤᠰᠢᠯᠠᠭᠤᠯᠵᠦ᠂ ᠬᠤᠶᠠᠷ ᠶᠡᠭᠡ ᠡᠭᠦᠷᠭᠡ ᠶᠢ ᠠᠬᠢᠭᠤᠯᠤᠨ᠂ ︿ᠭᠤᠷᠪᠠᠨ ᠥᠨᠳᠥᠷ﹀ ᠬᠠᠷᠠᠯᠲᠠ ᠶᠢ ᠪᠡᠶᠡᠯᠡᠭᠦᠯᠬᠦ︾ ᠬᠥᠭᠵᠢᠯᠲᠡ ᠶᠢᠨ ᠰᠡᠳᠬᠢᠴᠡ ᠶᠢ ᠡᠷᠡᠰ ᠨᠠᠶᠢᠳᠠᠪᠤᠷᠢᠵᠢᠭᠤᠯᠵᠤ᠂ ᠪᠠᠶᠢᠳᠠᠯ ᠢ ᠡᠪᠳᠡᠨ ᠬᠤᠪᠢᠷᠠᠭᠤᠯᠬᠤ ᠪᠠᠷ ᠴᠢᠷᠮᠠᠶᠢᠬᠤ ᠢᠲᠡᠭᠡᠯ ᠵᠣᠷᠢᠭ᠂ ᠬᠦᠴᠢᠷ ᠢ ᠢᠯᠠᠨ ᠳᠠᠪᠠᠵᠤ ᠢᠯᠠᠯᠲᠠ ᠤᠯᠬᠤ ᠡᠷᠡᠰ ᠵᠣᠷᠢᠭ᠂ ᠡᠴᠦᠰ ᠲᠤᠨᠢ ᠲᠤᠯᠲᠠᠯ᠎ᠠ ᠠᠳᠬᠤᠬᠤ ᠬᠠᠲᠠᠭᠤ ᠵᠣᠷᠢᠭ ᠢᠶᠠᠨ ᠪᠠᠲᠤᠳᠬᠠᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠠᠶᠢᠨᠠᠨ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠡᠷᠡ ᠬᠡᠪ ᠢᠶᠠᠷ ᠨᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠬᠠᠶᠢᠨᠠᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃      ᠢᠦᠢ ᡁᠢ ᠶᠦᠩ ᠠᠴᠠ᠂ ᠬᠠᠶᠢᠨᠠᠨ ᠲᠤᠭᠤᠷᠢᠭ ᠳᠠᠷᠠᠭᠠᠴᠢ ᠶᠢᠨ ᠠᠯᠬᠤᠮ ᠳᠤ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃ ᠨᠢᠭᠡ ᠳᠤ ᠠᠮᠢ ᠠᠬᠤᠶ ᠣᠷᠴᠢᠨ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠬᠠᠲᠤᠨ ᠭᠤᠤᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡ ᠶᠢᠨ ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠤᠨ᠂ ︽ᠲᠤᠯᠤᠭᠠᠨ ᠵᠠᠰᠠᠯᠲᠠ︾ ᠶᠢᠨ ᠡᠭᠦᠷᠭᠡ ᠶᠢ ᠨᠢᠭᠡ ᠴᠤᠭᠴᠠᠵᠢᠭᠤᠯᠤᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠣᠬᠢᠷᠲᠤᠯ ᠢ ᠵᠠᠰᠠᠬᠤ 300 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢ 2021 ᠣᠨ ᠤ ᠡᠴᠦᠰ ᠲᠤ 80% ᠠᠴᠠ ᠳᠡᠭᠡᠭᠰᠢ ᠳᠤ ᠬᠦᠷᠦᠭᠦᠯᠬᠦ ᠶᠢᠨ ᠬᠠᠮᠲᠤ ᠵᠢᠯ ᠳᠠᠷᠠᠭᠠᠯᠠᠨ ᠨᠡᠮᠡᠭᠳᠡᠭᠦᠯᠬᠦ ᠪᠠᠷ ᠴᠢᠷᠮᠠᠶᠢᠨ᠎ᠠ᠃ ᠬᠤᠶᠠᠷ ᠲᠤ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠢ ᠪᠠᠬᠢᠵᠢᠭᠦᠯᠦᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠦᠷᠰᠢᠭᠦᠯᠬᠦ ᠠᠵᠤ ᠦᠢᠯᠡᠰ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠵᠤ ᠲᠠᠰ ᠳᠡᠪᠰᠢᠭᠦᠯᠬᠦ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠨᠠᠷᠢᠯᠢᠭ ᠬᠢᠬᠦ ᠳᠤ ᠠᠩᠬᠠᠷᠤᠯ ᠢᠶᠠᠨ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠲᠡᠰ ᠤᠨ᠂ ᠤᠶᠤᠨᠴᠢᠯᠠᠭᠰᠠᠨ᠂ ᠪᠣᠬᠢᠷᠲᠤᠯ ᠦᠭᠡᠢ ᠤᠳᠤ ᠦᠶ᠎ᠡ ᠶᠢᠨ ᠠᠵᠤ ᠦᠢᠯᠡᠳᠪᠦᠷᠢ ᠶᠢᠨ ᠠᠵᠤ ᠠᠬᠤᠶ ᠶᠢ ᠬᠦᠴᠦᠯᠡᠨ ᠬᠥᠭᠵᠢᠭᠦᠯᠦᠨ᠎ᠡ᠃ ᠭᠤᠷᠪᠠ ᠳᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠨᠢᠭᠡᠳᠦᠯᠲᠡᠢ ᠲᠦᠯᠦᠪᠵᠢᠭᠦᠯᠦᠨ᠎ᠡ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠣᠷᠣᠨ ᠪᠦᠰᠡ ᠶᠢᠨ ᠴᠢᠳᠠᠮᠵᠢ ᠶᠢᠨ ᠪᠠᠶᠢᠷᠢᠰᠢᠯ ᠢ ᠰᠢᠯᠢᠳᠡᠭᠵᠢᠭᠦᠯᠦᠨ᠂ 16 ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠵᠤ᠂ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠬᠤᠳᠠ ᠶᠢᠨ ᠠᠵᠢᠯᠯᠠᠭᠠᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ 2025 ᠣᠨ ᠪᠣᠯᠬᠤ ᠳᠤ᠂ 1 ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠪᠤᠶᠢᠵᠢᠭᠤᠯᠵᠤ᠂ 1 ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠶᠢ ᠪᠠᠶᠢᠭᠤᠯᠵᠤ᠂ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ  ᠵᠢᠱᠢᠶ᠎ᠡ ᠦᠵᠡᠭᠦᠯᠬᠦ ᠣᠷᠣᠨ ᠢ ᠴᠣᠭᠴᠠᠯᠠᠬᠤ ᠪᠠᠷ ᠴᠢᠷᠮᠠᠶᠢᠨ᠎ᠠ᠃ ᠲᠦᠷᠪᠡ ᠳᠤ᠂ ᠬᠦᠴᠦ ᠪᠠᠨ ᠬᠠᠮᠲᠤᠳᠬᠠᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠎ᠡ᠃ ᠣᠯᠠᠨ ᠨᠡᠶᠢᠲᠡ ᠶᠢᠨ  ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ ᠰᠢᠯᠢᠳᠡᠭᠵᠢᠭᠦᠯᠵᠦ᠂ ᠶᠢᠰᠦᠨ ᠵᠢᠯ ᠤᠨ ᠳᠦᠷᠢᠮᠲᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠤᠨ᠂ ︽ᠲᠤᠭᠤᠷᠢᠭ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠰᠢᠨ᠎ᠡ ᠵᠠᠭᠪᠤᠷ ᠢ ᠦᠷᠭᠦᠯᠵᠢᠯᠡᠨ ᠥᠷᠭᠡᠳᠬᠡᠨ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢ ᠲᠦᠷᠭᠡᠳᠬᠡᠨ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠠᠭᠤᠷᠢ ᠶᠢ ᠦᠨᠡᠨᠬᠦ ᠪᠠᠲᠤᠳᠬᠠᠨ᠎ᠠ᠃ ᠨᠡᠶᠢᠭᠡᠮ ᠤᠨ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠦᠨᠳᠦᠰᠦᠲᠡᠨ ᠤ ᠠᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠲᠤᠷᠰᠢᠯᠲᠠ ᠶᠢᠨ ᠴᠡᠭ ᠤᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠬᠦᠯᠦᠨ ᠰᠡᠷᠭᠡᠶᠢᠯᠡᠬᠦ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠷᠢᠯᠭᠠᠵᠤ᠂ ᠬᠤᠲᠠ ᠶᠢᠨ ᠬᠥᠭᠵᠢᠯᠲᠡ ᠶᠢᠨ ᠠᠮᠤᠷ ᠲᠦᠪᠰᠢᠨ ᠤ ᠰᠠᠭᠤᠷᠢ ᠥᠩᠭᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠲᠠᠪᠤ ᠳᠤ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠢ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ ᠳᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠱᠠᠭᠠᠷᠳᠠᠯᠭ᠎ᠠ ᠶᠢ ᠦᠨᠡᠨᠬᠦ ᠪᠣᠳᠠᠲᠠᠢ ᠳᠤ  ᠨᠠᠶᠢᠳᠠᠪᠤᠷᠢᠵᠢᠭᠤᠯᠤᠨ᠎ᠠ᠃ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠠᠷᠭ᠎ᠠ ᠬᠡᠯᠪᠡᠷᠢ ᠶᠢᠨ ᠠᠴᠢᠶᠠᠯᠠᠪᠤᠷᠢ ᠶᠢᠨ ᠰᠢᠨ᠎ᠡ ᠶᠢ ᠦᠨᠡᠨᠬᠦ ᠡᠭᠦᠳᠴᠦ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭ᠎ᠠ ᠲᠠᠨᠢᠯᠲᠠ ᠪᠣᠯᠤᠨ ᠠᠵᠢᠯ ᠤᠨ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠲᠦᠷᠪᠡᠨ ᠰᠤᠷᠲᠠᠯ︾ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠶ ᠶᠢ ᠬᠦᠴᠦᠯᠡᠨ ᠪᠤᠢ  ᠪᠤᠯᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号