ᠰᠢ ᠶᠢᠨ ᠫᠢᠩ ᠯᠢ ᠺᠧ ᠴᠢᠶᠠᠩ ᠴᠢᠬᠤᠯᠠ ᠶᠠᠷᠢᠶ᠎ᠠ ᠲᠠᠯᠪᠢᠵᠤ ᠯᠢ ᠵᠠᠨ ᠱᠸ ᠸᠠᠩ ᠶᠠᠩ ᠸᠠᠩ ᠬᠤ᠋ ᠨᠢᠩ ᠵᠤᠤ | ᠯᠧ ᠵᠶᠢ ᠬᠠᠨ ᠵᠧᠩ ᠬᠤᠷᠠᠯ ᠳᠤ ᠣᠷᠣᠯᠴᠠᠵᠠᠢ | | 12 ᠰᠠᠷ᠎ᠠ ᠶᠢᠨ 8 ᠠᠴᠠ 10 ᠤ ᠡᠳᠦᠷ ᠪᠣᠯᠲᠠᠯ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ | ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ | ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠶᠧ ᠰᠡᠬᠦᠳᠡᠷᠯᠡᠪᠡ | ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 10 ᠤ ᠴᠠᠬᠢᠯᠭᠠᠨ ᠮᠡᠳᠡᠭᠡ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ 8 ᠠᠴᠠ 10 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠯᠢ ᠵᠠᠨ ᠱᠸ᠂ ᠸᠠᠩ ᠶᠠᠩ᠂ ᠸᠠᠩ ᠬᠤ᠋ ᠨᠢᠩ᠂ ᠵᠤᠤ ᠯᠧ ᠵᠶᠢ᠂ ᠬᠠᠨ ᠵᠧᠩ | ᠬᠤᠷᠠᠯ ᠳᠤ ᠣᠷᠣᠯᠴᠠᠵᠠᠢ᠃ | ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ 2021 ᠣᠨ ᠤ ᠠᠵᠤ ᠠᠬᠤᠢ ᠶᠢᠨ ᠠᠵᠢᠯ ᠢ | ᠳ᠋ᠦᠩᠨᠡᠵᠦ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠵᠤ᠂ 2022 ᠣᠨ ᠤ ᠠᠵᠤ ᠠᠬᠤᠢ ᠶᠢᠨ | ᠠᠵᠢᠯ ᠢ ᠪᠠᠶᠢᠷᠢᠯᠠᠭᠤᠯᠪᠠ᠃ ᠯᠢ ᠺᠧ ᠴᠢᠶᠠᠩ ᠶᠠᠷᠢᠶᠠᠨ ᠳᠠᠭᠠᠨ ᠢᠷᠡᠬᠦ ᠵᠢᠯ ᠤᠨ ᠠᠵᠤ ᠠᠬᠤᠢ ᠶᠢᠨ ᠠᠵᠢᠯ ᠳᠤ ᠪᠣᠳᠠᠲᠠᠢ | ᠪᠠᠶᠢᠷᠢᠯᠠᠭᠤᠯᠤᠯᠲᠠ ᠬᠢᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ | ᠬᠤᠷᠠᠯ ᠠᠴᠠ᠂ ᠡᠨᠡ ᠵᠢᠯ ᠪᠣᠯ ᠨᠠᠮ ᠪᠠ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠳᠤᠷᠠᠰᠬᠠᠯ ᠤᠨ ᠠᠴᠢ | ᠬᠤᠯᠪᠣᠭᠳᠠᠯ ᠲᠠᠢ ᠨᠢᠭᠡ ᠵᠢᠯ ᠮᠥᠨ᠃ ᠪᠢᠳᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ | ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠬᠰᠢᠯᠠᠬᠤ ᠰᠢᠨ᠎ᠡ ᠠᠶᠠᠨ ᠢᠶᠠᠨ ᠡᠬᠢᠯᠡᠭᠦᠯᠵᠦ᠂ ᠵᠠᠭᠤᠨ | ᠵᠢᠯ ᠤᠨ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠢ ᠯᠠᠪᠳᠠᠭᠤᠨ ᠢᠶᠠᠷ ᠠᠷᠭᠠᠴᠠᠭᠠᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠤᠢ ᠪᠤᠯᠭᠠᠬᠤ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ ᠴᠢᠨᠠᠷ ᠰᠠᠶᠢᠲᠠᠢ ᠬᠥᠭᠵᠢᠯᠲᠡ | ᠰᠢᠨ᠎ᠡ ᠦᠷ᠎ᠡ ᠪᠦᠲᠦᠮᠵᠢ ᠣᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ | ᠪᠡᠶᠡᠯᠡᠭᠦᠯᠪᠡ᠃ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠪᠦᠬᠦ ᠪᠥᠮᠪᠥᠷᠴᠡᠭ ᠤᠨ ᠲᠡᠷᠢᠭᠦᠨ ᠤ ᠪᠠᠶᠢᠷᠢ ᠰᠠᠭᠤᠷᠢ ᠶᠢ ᠪᠠᠲᠤᠯᠠᠵᠤ᠂ ᠤᠯᠤᠰ ᠤᠨ ᠪᠠᠶᠢᠯᠳᠤᠬᠤ | ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠲᠦᠷᠭᠡᠨ ᠪᠤᠵᠠᠭᠠᠶᠢᠷᠠᠵᠤ᠂ ᠠᠵᠤ ᠦᠢᠯᠡᠰ ᠤᠨ | ᠬᠡᠯᠬᠢᠶ᠎ᠡ ᠶᠢᠨ ᠤᠶᠠᠨ ᠬᠠᠳᠠᠨ ᠴᠢᠨᠠᠷ ᠳᠡᠭᠡᠭᠰᠢᠯᠡᠵᠦ᠂ ᠥᠭᠡᠷᠡᠴᠢᠯᠡᠯᠲᠡ ᠨᠡᠭᠡᠭᠡᠯᠳᠠ ᠭᠦᠨᠵᠡᠭᠡᠶᠢᠷᠡᠨ ᠠᠬᠢᠵᠤ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠬᠦᠴᠦᠲᠡᠢ ᠪᠦᠲᠦᠮᠵᠢᠲᠡᠢ ᠪᠤᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ | ᠦᠷᠭᠦᠯᠵᠢᠯᠡᠨ ᠠᠬᠢᠪᠠ᠃ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠷᠭᠠᠭᠤ | ᠬᠠᠲᠠᠭᠤᠵᠢᠯᠲᠠᠢ ᠲᠡᠮᠡᠴᠡᠭᠰᠡᠨ ᠤ ᠦᠷ᠎ᠡ ᠳ᠋ᠦᠩ ᠮᠥᠨ ᠬᠡᠵᠥ ᠦᠵᠡᠪᠡ᠃ | ᠬᠤᠷᠠᠯ ᠠᠴᠠ᠂ ᠠᠮᠵᠢᠯᠲᠠ ᠪᠠᠨ ᠭᠦᠢᠴᠡᠳ ᠨᠤᠲᠠᠯᠠᠬᠤ ᠶᠢᠨ ᠬᠠᠮᠲᠤ ᠡᠷᠬᠡᠪᠰᠢ ᠮᠠᠨ ᠤ ᠤᠯᠤᠰ ᠤᠨ ᠠᠵᠤ | ᠠᠬᠤᠢ ᠶᠢᠨ ᠬᠥᠭᠵᠢᠯᠲᠡ ᠳᠤ ᠬᠡᠷᠡᠭᠴᠡᠭᠡ ᠪᠠᠭᠠᠰᠬᠤ᠂ ᠬᠠᠩᠭᠠᠯᠭ᠎ᠠ ᠶᠢᠨ ᠳᠠᠭᠠᠷᠢᠯᠳᠠ ᠳᠤ ᠤᠴᠠᠷᠠᠬᠤ᠂ ᠵᠢᠱᠢᠯᠲᠡ | ᠪᠠᠭᠤᠷᠠᠬᠤ ᠭᠤᠷᠪᠠᠨ ᠳᠠᠪᠬᠤᠷ ᠳᠠᠷᠤᠯᠲᠠ ᠲᠤᠯᠭᠠᠷᠠᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠡᠷᠢᠨ ᠵᠠᠭᠤᠨ ᠤ | ᠬᠢᠵᠢᠭ ᠤᠨ ᠪᠠᠶᠢᠳᠠᠯ ᠤᠨ ᠲᠠᠭᠠᠷᠢᠯᠳᠠ ᠳᠣᠣᠷ᠎ᠠ᠂ ᠵᠠᠭᠤᠨ ᠵᠢᠯ ᠤᠨ ᠬᠤᠪᠢᠰᠤᠯᠲᠠ ᠲᠦᠷᠭᠡᠰᠦᠨ ᠬᠤᠪᠢᠷᠠᠵᠤ᠂ ᠭᠠᠳᠠᠭᠠᠳᠤ | ᠣᠷᠴᠢᠨ ᠨᠥᠬᠦᠴᠡᠯ ᠨᠡᠩ ᠪᠤᠳᠤᠯᠢᠶᠠᠨᠲᠠᠢ ᠬᠦᠨᠳᠦ ᠨᠣᠴᠢᠲᠠᠢ᠂ ᠲᠣᠭᠲᠠᠪᠤᠷᠢ ᠦᠭᠡᠢ ᠪᠤᠯᠵᠤ ᠪᠠᠶᠢᠨ᠎ᠠ᠃ ᠪᠢᠳᠡ ᠬᠦᠴᠢᠷ | ᠪᠡᠷᠬᠡᠰᠢᠶᠡᠯ ᠳᠤ ᠵᠥᠪ ᠢᠶᠠᠷ ᠬᠠᠨᠳᠤᠬᠤ ᠮᠥᠷᠲᠡᠭᠡᠨ ᠪᠠᠰᠠ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃ ᠮᠠᠨ ᠤ | ᠤᠯᠤᠰ ᠤᠨ ᠠᠵᠤ ᠠᠬᠤᠢ ᠶᠢᠨ ᠤᠶᠠᠨ ᠬᠠᠳᠠᠨ ᠴᠢᠨᠠᠷ ᠴᠢᠩᠭ᠎ᠠ᠂ ᠤᠷᠳᠤ ᠬᠤᠭᠤᠴᠠᠭᠠᠨ ᠤ ᠰᠠᠶᠢᠵᠢᠷᠠᠯᠳᠠ ᠶᠢᠨ | ᠦᠨᠳᠦᠰᠦᠨ ᠪᠠᠶᠢᠳᠠᠯ ᠬᠤᠪᠢᠷᠠᠬᠤ ᠦᠭᠡᠢ᠃ ᠤᠯᠠᠨ ᠤᠯᠤᠰ ᠤᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠪᠢᠳᠡ ᠴᠥᠮ | ᠥᠪᠡᠷ ᠤᠨ ᠶᠠᠪᠤᠳᠠᠯ ᠢᠶᠠᠨ ᠭᠤᠶᠢᠪᠢᠰᠢ ᠦᠭᠡᠢ ᠪᠠᠷ ᠰᠠᠶᠢᠲᠤᠷ ᠬᠢᠵᠦ᠂ ᠠᠵᠤ ᠠᠬᠤᠢ ᠶᠢᠨ ᠰᠠᠭᠤᠷᠢ ᠪᠠᠨ ᠲᠠᠰᠤᠷᠠᠯᠳᠠ | ᠦᠭᠡᠢ ᠬᠦᠴᠦᠷᠬᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ | ᠴᠢᠩᠭᠠᠳᠬᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ | ᠠᠷᠠᠯᠵᠢᠶᠠᠨ ᠤ ᠲᠦᠷᠢᠮ ᠢᠶᠠᠷ ᠰᠠᠨᠠᠭᠠᠴᠢᠯᠠᠭ᠎ᠠ ᠠᠴᠠ ᠪᠠᠨ ᠪᠠᠷᠢᠮᠵᠢᠶᠠᠯᠠᠵᠤ᠂ ᠥᠨᠳᠥᠷ ᠲᠦᠪᠰᠢᠨ ᠪᠦᠬᠦᠢ ᠨᠡᠭᠡᠭᠡᠯᠳᠠ ᠪᠠᠷ | ᠭᠦᠨ ᠳᠠᠪᠬᠤᠷᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠤ | ᠵᠢᠭᠠᠵᠤ ᠭᠠᠷᠭᠠᠪᠠ᠃ | ᠬᠤᠷᠠᠯ ᠠᠴᠠ᠂ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠦᠢᠯᠡᠳᠦᠯᠭᠡ ᠳᠤᠮᠳᠠ᠂ ᠪᠢᠳᠡ ᠠᠵᠤ | ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ ᠤᠯᠠᠮ ᠴᠢᠨᠠᠭᠰᠢᠳᠠ | ᠬᠤᠷᠠᠮᠳᠤᠭᠤᠯᠪᠠ᠃ ᠡᠷᠬᠡᠪᠰᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠪᠠᠷᠢᠮᠲᠠᠯᠠᠵᠤ᠂ ᠴᠢᠬᠤᠯᠠ ᠶᠡᠭᠡ ᠥᠷᠢᠰᠥᠯᠳᠦᠭᠡᠨ ᠢ ᠯᠠᠪᠳᠠᠭᠤᠨ ᠢᠶᠠᠷ ᠠᠷᠭᠠᠴᠠᠭᠠᠵᠤ᠂ ᠠᠯᠬᠤᠭ᠎ᠠ ᠨᠢᠭᠡᠲᠡᠢ ᠤᠷᠤᠭᠰᠢᠯᠠᠬᠤ | ᠬᠡᠷᠡᠭᠲᠡᠢ᠃ ᠡᠷᠬᠡᠪᠰᠢ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠪᠠᠷ | ᠭᠤᠣᠯᠳᠠᠯᠭ᠎ᠠ ᠪᠣᠯᠭᠠᠬᠤ ᠶᠢ ᠪᠠᠷᠢᠮᠲᠠᠯᠠᠬᠤ ᠪᠣᠯ ᠨᠠᠮ ᠤᠨ ᠦᠨᠳᠦᠰᠦᠨ ᠱᠤᠭᠤᠮ ᠤᠨ ᠱᠠᠭᠠᠷᠳᠠᠯᠭ᠎ᠠ ᠮᠥᠨ᠂ ᠪᠦᠬᠦ | ᠨᠠᠮ ᠢᠶᠠᠷ ᠢᠶᠠᠨ ᠰᠡᠳᠭᠢᠯ ᠰᠠᠨᠠᠭ᠎ᠠ ᠪᠠᠨ ᠲᠥᠪᠯᠡᠷᠡᠭᠦᠯᠦᠨ ᠲᠤᠭᠤᠰᠢᠯᠠᠭᠤᠯᠤᠨ ᠬᠡᠷᠡᠭᠵᠢᠭᠦᠯᠵᠦ᠂ ᠠᠵᠤ ᠠᠬᠤᠢ ᠶᠢᠨ ᠶᠠᠰᠤ | ᠴᠢᠨᠠᠷ ᠤᠨ ᠲᠣᠭᠲᠠᠭᠤᠨ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ | ᠠᠬᠢᠭᠤᠯᠬᠤ ᠬᠡᠷᠡᠭᠲᠡᠢ᠃ ᠡᠷᠬᠡᠪᠰᠢ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠲᠦᠷᠦ ᠶᠢᠨ | ᠪᠤᠳᠤᠯᠭ᠎ᠠ ᠪᠠᠨ ᠲᠤᠬᠢᠷᠠᠭᠤᠯᠬᠤ ᠪᠠ ᠥᠭᠡᠷᠡᠴᠢᠯᠡᠯᠲᠡ ᠶᠢ ᠠᠬᠢᠭᠤᠯᠬᠤ ᠳᠤ ᠲᠤᠬᠢᠷᠠᠮᠵᠢᠳᠠᠢ ᠴᠠᠭ᠂ ᠲᠤᠬᠢᠷᠠᠮᠵᠢᠳᠠᠢ ᠬᠡᠮᠵᠢᠶ᠎ᠡ᠂ | ᠦᠷ᠎ᠡ ᠪᠦᠲᠦᠮᠵᠢ ᠭᠠᠷᠭᠠᠬᠤ ᠶᠢ ᠰᠠᠶᠢᠲᠤᠷ ᠡᠵᠡᠮᠳᠡᠵᠦ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ᠂ | ᠯᠠᠪᠳᠠᠭᠤᠨ ᠪᠠᠲᠤᠲᠠᠢ ᠬᠢᠬᠦ ᠶᠢ ᠪᠠᠷᠢᠮᠲᠠᠯᠠᠬᠤ ᠬᠡᠷᠡᠭᠲᠡᠢ᠃ ᠡᠷᠬᠡᠪᠰᠢ ᠨᠢᠭᠡᠳᠦᠯᠲᠡᠢ ᠲᠥᠯᠥᠪᠵᠢᠬᠦᠯᠤᠨ ᠵᠣᠬᠢᠴᠠᠭᠤᠯᠬᠤ ᠪᠠᠨ | ᠴᠢᠩᠭᠠᠳᠬᠠᠵᠤ᠂ ᠰᠢᠰᠲ᠋ᠧᠮᠳᠦ ᠦᠵᠡᠯᠲᠡ ᠶᠢ ᠪᠠᠷᠢᠮᠲᠠᠯᠠᠬᠤ ᠬᠡᠷᠡᠭᠲᠡᠢ ᠭᠡᠵᠤ ᠦᠵᠡᠪᠡ᠃ | ᠬᠤᠷᠠᠯ ᠠᠴᠠ᠂ ᠢᠷᠡᠬᠦ ᠵᠢᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠤᠯᠤᠨ᠎ᠠ᠂ ᠡᠨᠡ ᠪᠣᠯ ᠨᠠᠮ | ᠪᠣᠯᠤᠨ ᠤᠯᠤᠰ ᠤᠨ ᠤᠯᠤᠰ ᠲᠦᠷᠦ ᠶᠢᠨ ᠠᠮᠢᠳᠤᠷᠠᠯ ᠳᠤᠮᠳᠠᠬᠢ ᠶᠡᠭᠡ ᠶᠠᠪᠤᠳᠠᠯ ᠮᠥᠨ᠂ ᠲᠣᠭᠲᠠᠭᠤᠨ ᠪᠦᠬᠡᠤᠨ ᠡᠷᠡᠭᠦᠯ | ᠠᠵᠤ ᠠᠬᠤᠢ ᠶᠢᠨ ᠣᠷᠴᠢᠨ ᠲᠣᠭᠤᠷᠢᠨ᠂ ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ᠂ | ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠠᠲᠤᠯᠠᠬᠤ ᠬᠡᠷᠡᠭᠲᠡᠢ᠃ ᠢᠷᠡᠬᠦ ᠵᠢᠯ ᠤᠨ | ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠤᠢ ᠪᠤᠯᠭᠠᠵᠦ᠂ ᠥᠭᠡᠷᠡᠴᠢᠯᠡᠯᠲᠡ | ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠤ᠂ ᠰᠢᠨ᠎ᠡ ᠶᠢ ᠡᠭᠦᠳᠬᠦ ᠪᠠᠷ ᠬᠦᠳᠡᠯᠬᠡᠬᠦᠷ ᠪᠤᠯᠭᠠᠬᠰᠠᠨ ᠬᠥᠭᠵᠢᠯᠲᠡ ᠶᠢ | ᠪᠠᠷᠢᠮᠳᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠤ᠂ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠶ ᠲᠥᠯᠥᠪᠵᠢᠬᠦᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ | ᠦᠷᠭᠦᠯᠵᠢᠯᠡᠨ ᠰᠠᠶᠢᠲᠤᠷ ᠬᠢᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠬᠤᠷᠸ᠎ᠠ ᠠᠵᠤ | ᠠᠬᠤᠢ ᠶᠢᠨ ᠶᠡᠭᠡ ᠲᠠᠯ᠎ᠠ ᠶᠢ ᠬᠦᠴᠦᠯᠡᠨ ᠲᠣᠭᠲᠠᠪᠤᠷᠢᠵᠢᠭᠤᠯᠵᠤ᠂ ᠠᠵᠤ ᠠᠬᠤᠢ ᠶᠢᠨ ᠡᠷᠬᠢᠯᠳᠠ ᠶᠢ ᠵᠣᠬᠢᠰᠲᠠᠢ | ᠭᠡᠪᠴᠢᠶᠡᠨ ᠳᠤ ᠪᠠᠶᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠭᠡᠷᠡᠭᠳᠠᠢ ᠬᠡᠵᠥ ᠴᠢᠬᠤᠯᠠᠴᠢᠯᠠᠪᠠ᠃ | ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠬᠢᠬᠦ ᠳᠤ ᠲᠣᠭᠲᠠᠭᠤᠨ ᠪᠠᠶᠢᠯᠭᠠᠬᠤ ᠶᠢ ᠲᠡᠷᠢᠭᠦᠨ ᠳᠤ | ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠬᠡᠷᠡᠭᠲᠡᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠬᠤᠷᠸ᠎ᠠ ᠠᠵᠤ ᠠᠬᠤᠢ ᠶᠢ ᠲᠣᠭᠲᠠᠪᠤᠷᠢᠵᠢᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠡᠯ᠎ᠡ ᠲᠠᠯ᠎ᠠ ᠶᠢᠨ | ᠬᠢᠨ ᠠᠵᠤ ᠠᠬᠤᠢ ᠶᠢᠨ ᠲᠣᠭᠲᠠᠭᠤᠨ ᠪᠠᠶᠢᠬᠤ ᠳᠤ ᠠᠰᠢᠭᠲᠠᠢ ᠲᠦᠷᠦ ᠶᠢᠨ ᠪᠤᠳᠤᠯᠭ᠎ᠠ ᠶᠢ ᠢᠳᠡᠪᠬᠢᠳᠠᠢ ᠠᠬᠢᠭᠤᠯᠵᠤ᠂ | ᠲᠦᠷᠦ ᠶᠢᠨ ᠪᠤᠳᠤᠯᠭ᠎ᠠ ᠶᠢᠨ ᠬᠦᠴᠦᠯᠡᠴᠡ ᠶᠢ ᠵᠣᠬᠢᠰᠲᠠᠢ ᠤᠷᠢᠳᠴᠢᠯᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠨᠢᠭᠡ ᠳᠤ᠂ ᠬᠤᠷᠸ᠎ᠠ ᠲᠦᠷᠦ ᠶᠢᠨ ᠪᠤᠳᠤᠯᠭ᠎ᠠ ᠶᠢ ᠯᠠᠪᠳᠠᠭᠤᠨ ᠪᠥᠭᠡᠳ ᠪᠦᠲᠦᠮᠵᠢᠲᠡᠢ ᠪᠠᠶᠢᠯᠭᠠᠬᠤ ᠭᠡᠷᠡᠭᠳᠠᠢ᠃ | ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠪᠠ ᠲᠤᠬᠳᠠᠭᠤᠨ ᠵᠣᠭᠤᠰᠣᠨ ᠤ ᠲᠦᠷᠦ ᠶᠢᠨ ᠪᠤᠳᠤᠯᠭ᠎ᠠ ᠶᠢ | ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠲᠠᠯ᠎ᠡ ᠪᠠᠷ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠨᠣᠪᠴᠢᠲᠠᠢ᠂ ᠦᠷᠭᠦᠯᠵᠢᠯᠡᠬᠦ ᠴᠢᠨᠠᠷ ᠢ ᠨᠡᠩ ᠴᠢᠬᠤᠯᠠᠴᠢᠯᠠᠬᠤ ᠬᠡᠷᠡᠭᠲᠡᠢ᠃ | ᠡᠳ᠋ ᠤᠨ ᠵᠠᠰᠠᠭ ᠤᠨ ᠵᠠᠷᠤᠯᠭ᠎ᠠ ᠶᠢᠨ ᠡᠷᠴᠢᠮ ᠢ ᠪᠠᠲᠤᠯᠠᠵᠤ᠂ ᠵᠠᠷᠤᠯᠭ᠎ᠠ ᠶᠢᠨ ᠠᠬᠢᠴᠠ ᠶᠢ ᠲᠦᠷᠭᠡᠳᠭᠡᠬᠦ ᠬᠡᠷᠡᠭᠲᠡᠢ᠃ | ᠭᠠᠶᠢᠯᠢ ᠶᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ ᠰᠢᠨ᠎ᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠳᠤᠮᠳᠠ ᠪᠠᠭ᠎ᠠ | ᠵᠢᠵᠢᠭ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠦᠢᠯᠡᠳᠬᠦ ᠦᠢᠯᠡᠰ᠂ ᠠᠶᠤᠯ | ᠲᠦᠭᠰᠢᠭᠦᠷᠢ ᠶᠢ ᠠᠷᠢᠯᠭᠠᠬᠤ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠠᠭᠤᠷᠢ ᠲᠥᠬᠦᠭᠡᠷᠦᠮᠵᠢ ᠶᠢᠨ ᠪᠡᠯᠡ | ᠣᠷᠣᠭᠤᠯᠤᠯᠲᠠ ᠶᠢ ᠵᠣᠬᠢᠰᠲᠠᠢ ᠪᠠᠷ ᠤᠷᠢᠳᠴᠢᠯᠠᠨ ᠥᠷᠨᠢᠭᠦᠯᠬᠦ ᠭᠡᠷᠡᠭᠳᠠᠢ᠃ ᠨᠠᠮ ᠵᠠᠰᠠᠭ ᠤᠨ ᠪᠠᠶᠢᠭᠤᠯᠭ᠎ᠠ ᠠᠷᠪᠢᠯᠠᠨ | ᠭᠠᠮᠨᠠᠬᠤ ᠶᠢ ᠪᠠᠷᠢᠮᠲᠠᠯᠠᠬᠤ ᠬᠡᠷᠡᠭᠲᠡᠢ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠬᠤ ᠭᠡᠷᠡᠭᠳᠠᠢ᠃ | ᠣᠷᠣᠨ ᠨᠤᠲᠤᠭ ᠤᠨ ᠵᠠᠰᠠᠭ ᠤᠨ ᠣᠷᠳᠣᠨ ᠤ ᠲᠠᠯᠳᠠ ᠥᠭᠴᠡᠭᠡ ᠶᠢᠨ ᠰᠢᠨ᠎ᠡ ᠪᠠᠷ ᠨᠡᠮᠡᠭᠳᠡᠭᠦ ᠶᠢ ᠲᠠᠰᠤ ᠬᠤᠷᠢᠭᠯᠠᠬᠤ | ᠭᠡᠷᠡᠭᠳᠠᠢ᠃ ᠲᠤᠬᠳᠠᠭᠤᠨ ᠵᠣᠭᠤᠰᠣᠨ ᠤ ᠲᠦᠷᠦ ᠶᠢᠨ ᠪᠤᠳᠤᠯᠭ᠎ᠠ ᠶᠢ ᠠᠮᠢᠳᠤᠯᠢᠭ ᠪᠥᠭᠡᠳ ᠲᠣᠬᠢᠷᠠᠮᠵᠢᠲᠠᠢ ᠪᠠᠶᠢᠯᠭᠠᠵᠤ᠂ | ᠭᠦᠢᠯᠭᠡᠭᠡᠨ ᠤ ᠴᠢᠨᠠᠷ ᠤᠨ ᠵᠦᠢ ᠵᠣᠬᠢᠰᠲᠠᠢ ᠪᠥᠭᠡᠳ ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠦᠳᠦᠯᠦᠨ ᠵᠢᠯᠣᠭᠤᠳᠴᠤ ᠪᠠᠶᠢᠭᠠᠳ ᠪᠣᠳᠠᠲᠤ ᠴᠣᠭᠴᠠ ᠶᠢᠨ ᠠᠵᠤ ᠠᠬᠤᠢ ᠢᠯᠠᠩᠭᠤᠶ᠎ᠠ | ᠪᠠᠭ᠎ᠠ ᠵᠢᠵᠢᠭ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠪᠣᠬᠢᠷᠲᠤᠯ ᠦᠭᠡᠢ | ᠬᠥᠭᠵᠢᠯᠲᠡ ᠶᠢ ᠳᠡᠮᠵᠢᠬᠦ ᠡᠷᠴᠢᠮ ᠢ ᠴᠢᠩᠭᠠᠷᠠᠭᠤᠯᠬᠤ ᠭᠡᠷᠡᠭᠳᠠᠢ᠃ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠪᠠ | ᠵᠣᠭᠤᠰᠣᠨ ᠤ ᠲᠦᠷᠦ ᠶᠢᠨ ᠪᠤᠳᠤᠯᠭ᠎ᠠ ᠶᠢ ᠵᠣᠬᠢᠴᠠᠭᠤᠯᠤᠨ ᠬᠤᠯᠪᠣᠯᠳᠤᠭᠤᠯᠵᠤ᠂ ᠦᠶᠡᠯᠡᠯ ᠠᠯᠤᠰᠯᠠᠬᠤ ᠪᠠ ᠦᠶᠡᠯᠡᠯ | ᠰᠥᠷᠬᠦ ᠬᠤᠷᠸ᠎ᠠ ᠲᠤᠬᠢᠷᠠᠭᠤᠯᠭ᠎ᠠ ᠡᠵᠡᠮᠰᠢᠯ ᠤᠨ ᠲᠦᠷᠦ ᠶᠢᠨ ᠪᠤᠳᠤᠯᠭ᠎ᠠ ᠶᠢ ᠣᠷᠭᠠᠨᠢᠭ ᠢᠶᠠᠷ ᠤᠶᠠᠯᠳᠤᠭᠤᠯᠬᠤ ᠬᠡᠷᠡᠭᠲᠡᠢ᠃ | ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠᠶᠢᠯᠳᠤᠬᠤ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠬᠥᠭᠵᠢᠯᠲᠡ ᠶᠢᠨ | ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠬᠤ ᠭᠡᠷᠡᠭᠳᠠᠢ᠃ | ᠬᠤᠶᠠᠷ ᠲᠤ᠂ ᠬᠤᠮᠠᠬᠢ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠠᠮᠢᠳᠤᠯᠢᠭ ᠬᠦᠴᠦᠨ ᠢ ᠦᠷᠭᠦᠯᠵᠢᠯᠡᠨ ᠬᠥᠭᠵᠢᠭᠡᠬᠦ ᠬᠡᠷᠡᠭᠲᠡᠶ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠯ | ᠵᠣᠷᠢᠭ ᠢ ᠬᠥᠪᠴᠢᠯᠡᠵᠦ᠂ ᠡᠷᠬᠡ ᠲᠡᠭᠰᠢ ᠪᠠᠷ ᠦᠷᠢᠰᠦᠯᠳᠦᠬᠦ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢ ᠭᠦᠨᠵᠡᠭᠡᠢ | ᠠᠬᠢᠭᠤᠯᠵᠤ᠂ ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠶᠢ ᠴᠢᠩᠭᠠᠳᠬᠠᠵᠤ᠂ | ᠲᠥᠪ ᠭᠤᠣᠯᠴᠢ ᠬᠢᠨᠠᠨ ᠬᠠᠮᠢᠶᠠᠷᠤᠯᠳᠠ ᠪᠠᠷ ᠡᠷᠬᠡ ᠲᠡᠭᠰᠢ ᠦᠷᠢᠰᠦᠯᠳᠦᠬᠦ ᠶᠢ ᠪᠠᠲᠤᠯᠠᠬᠤ ᠬᠡᠷᠡᠭᠲᠡᠢ᠃ ᠮᠡᠳᠡᠯᠭᠡ ᠶᠢᠨ | ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠥᠮᠴᠢᠯᠡᠯ ᠤᠨ ᠲᠦᠷᠢᠮᠳᠦ ᠠᠵᠤ | ᠠᠬᠤᠶᠢᠯᠠᠯ ᠤᠨ ᠦᠷᠢᠰᠦᠯᠳᠦᠨ ᠬᠥᠭᠵᠢᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠭᠡᠷᠡᠭᠳᠠᠢ᠃ ᠭᠡᠷ᠎ᠡ ᠶᠢᠨ | ᠵᠣᠷᠢᠭ ᠰᠠᠨᠠᠭ᠎ᠠ ᠶᠢ ᠴᠢᠩᠭᠠᠷᠠᠭᠤᠯᠵᠤ᠂ ᠵᠤᠷᠢᠭᠤᠳᠠ ᠦᠷᠢ ᠰᠢᠷᠢ ᠪᠠᠨ ᠦᠭᠬᠦ ᠦᠬᠡᠢ ᠪᠠ ᠥᠷᠢ ᠥᠭᠴᠡᠭᠡ ᠠᠴᠠ ᠵᠠᠶᠢᠯᠠᠬᠤ | ᠦᠶᠯᠡ ᠠᠵᠢᠯᠯᠠᠭ᠎ᠠ ᠶᠢ ᠪᠦᠲᠦᠮᠵᠢᠲᠡᠶ ᠴᠡᠭᠴᠡᠯᠡᠨ ᠵᠠᠰᠠᠬᠤ ᠭᠡᠷᠡᠭᠳᠠᠢ᠃ | ᠭᠤᠷᠪᠠ ᠳᠤ᠂ ᠪᠦᠲᠦᠴᠡ ᠶᠢᠨ ᠲᠦᠷᠦ ᠶᠢᠨ ᠪᠤᠳᠤᠯᠭ᠎ᠠ ᠶᠢᠨ ᠲᠠᠯ᠎ᠡ ᠪᠠᠷ ᠤᠯᠤᠰ ᠠᠷᠠᠳ ᠤᠨ ᠠᠵᠤ ᠠᠬᠤᠢ ᠶᠢᠨ | ᠣᠷᠴᠢᠯ ᠢ ᠬᠦᠴᠦᠯᠡᠨ ᠰᠠᠭᠠᠳ ᠦᠭᠡᠢ ᠨᠡᠪᠲᠡᠷᠡᠭᠦᠯᠬᠦ ᠭᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠢᠯᠤᠭᠤᠳᠬᠠᠬᠤ ᠳᠤ | ᠭᠤᠣᠯᠳᠠᠯᠭ᠎ᠠ ᠪᠠᠨ ᠲᠠᠯᠪᠢᠵᠤ᠂ ᠬᠠᠩᠭᠠᠯᠭ᠎ᠠ ᠶᠢᠨ ᠬᠢᠵᠠᠭᠠᠷᠯᠠᠯ ᠲᠦᠭᠵᠢᠷᠡᠯ ᠢ ᠰᠢᠪᠲᠤᠯᠬᠤ ᠳᠤ ᠭᠤᠣᠯᠳᠠᠯᠭ᠎ᠠ ᠪᠠᠨ ᠲᠠᠯᠪᠢᠵᠤ | ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡ ᠶᠢᠨ ᠡᠯ᠎ᠡ ᠭᠤᠭᠴᠤᠭ᠎ᠠ ᠶᠢ ᠨᠡᠪᠲᠡᠷᠡᠭᠦᠯᠬᠦ ᠳᠤ | ᠭᠤᠣᠯᠳᠠᠯᠭ᠎ᠠ ᠪᠠᠨ ᠲᠠᠯᠪᠢᠬᠤ ᠭᠡᠷᠡᠭᠲᠡᠢ᠃ ᠦᠢᠯᠡᠳᠬᠦ ᠦᠢᠯᠡᠰ ᠤᠨ ᠭᠤᠣᠯᠯᠠᠬᠤ ᠦᠷᠢᠰᠦᠯᠳᠦᠬᠦ ᠬᠦᠴᠦᠨ ᠢ | ᠳᠡᠭᠡᠭᠰᠢᠯᠡᠭᠦᠯᠵᠦ᠂ ᠨᠢᠭᠡ ᠪᠦᠯᠦᠭ ᠠᠵᠤ ᠦᠢᠯᠡᠰ ᠤᠨ ᠰᠠᠭᠤᠷᠢ ᠶᠢ ᠲᠠᠬᠢᠨ ᠴᠣᠭᠴᠠᠯᠠᠬᠤ ᠢᠨᠵᠧᠨᠧᠷᠢᠩ ᠤᠨ ᠲᠦᠷᠦᠯ | ᠵᠦᠢᠯ ᠢ ᠡᠬᠢᠯᠡᠭᠦᠯᠵᠦ᠂ ᠨᠢᠭᠡ ᠪᠦᠯᠦᠭ ︽ᠲᠤᠰᠬᠠᠢ ᠨᠠᠷᠢᠯᠢᠭ ᠣᠨᠴᠠᠭᠠᠢ ᠰᠢᠨ᠎ᠡ︾ ᠠᠵᠤ ᠠᠬᠤᠶᠢᠯᠠᠯ ᠢ ᠤᠷᠮᠠᠰᠢᠭᠤᠯᠤᠨ | ᠬᠥᠭᠵᠢᠭᠡᠬᠦ ᠬᠡᠷᠡᠭᠲᠡᠢ᠃ ᠳᠣᠲᠣᠭᠠᠳᠤ ᠭᠠᠳᠠᠭᠠᠳᠤ ᠬᠤᠯᠪᠣᠯᠳᠤᠨ ᠨᠡᠪᠲᠡᠷᠡᠯᠴᠡᠭᠰᠡᠨ᠂ ᠠᠮᠤᠷ ᠲᠦᠪᠰᠢᠨ ᠥᠨᠳᠥᠷ | ᠪᠦᠲᠦᠮᠵᠢᠲᠡᠶ ᠪᠠᠷᠠᠭᠠᠨ ᠤ ᠭᠦᠶᠯᠭᠡᠭᠡᠨ ᠤ ᠲᠤᠤᠷ ᠰᠦᠯᠵᠢᠶ᠎ᠡ ᠶᠢ ᠲᠦᠷᠭᠡᠳᠭᠡᠨ ᠪᠤᠢ ᠪᠣᠯᠭᠠᠬᠤ ᠭᠡᠷᠡᠭᠲᠡᠢ᠃ ᠲᠣᠭᠠᠴᠢᠯᠠᠭᠰᠠᠨ | ᠥᠭᠡᠷᠡᠴᠢᠯᠡᠯᠲᠡ ᠶᠢ ᠲᠦᠷᠭᠡᠳᠭᠡᠵᠦ᠂ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠭᠡᠷᠡᠭᠲᠡᠢ᠃ ᠭᠡᠷ | ᠪᠠᠶᠢᠰᠢᠩ ᠪᠤᠯ ᠰᠠᠭᠤᠬᠤ ᠳᠤ ᠵᠤᠷᠢᠭᠤᠯᠤᠬᠰᠠᠨ ᠶᠤᠮ᠂ ᠰᠠᠷᠢᠭᠠᠯᠠᠬᠤ ᠳᠤ ᠵᠤᠷᠢᠭᠤᠯᠤᠬᠰᠠᠨ ᠪᠢᠰᠢ ᠭᠡᠬᠦ | ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠵᠢᠱᠢᠯᠲᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠬᠥᠭᠵᠢᠯᠲᠡ ᠶᠢᠨ | ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠨ᠂ ᠣᠷᠳᠣ ᠬᠤᠭᠤᠴᠠᠭᠠᠨ ᠤ ᠲᠦᠷᠢᠶᠡᠰᠦᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠢ ᠲᠦᠷᠭᠡᠪᠴᠢᠯᠡᠨ | ᠬᠥᠭᠵᠢᠭᠦᠯᠵᠦ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ | ᠲᠠᠸᠠᠷ ᠤᠨ ᠬᠡᠷ ᠪᠠᠶᠢᠰᠢᠩ ᠤᠨ ᠵᠠᠬ᠎ᠠ ᠳᠡᠯᠭᠡᠭᠦᠷ ᠤᠨ ᠬᠡᠷ ᠬᠤᠳᠠᠯᠳᠤᠨ ᠠᠪᠤᠭᠴᠢ ᠶᠢᠨ ᠣᠷᠣᠨ ᠰᠠᠭᠤᠴᠠ ᠶᠢᠨ ᠵᠦᠶ | ᠵᠣᠬᠢᠰᠲᠠᠶ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢ ᠳᠡᠮᠵᠢᠵᠦ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ | ᠪᠣᠳᠣᠯᠭ᠎ᠠ ᠬᠡᠷᠡᠭᠵᠢᠭᠦᠯᠵᠦ ᠪᠠᠶᠢᠭᠠᠳ ᠬᠡᠷ ᠭᠠᠵᠠᠷ ᠤᠨ ᠬᠥᠷᠥᠩᠭᠡ ᠶᠢᠨ ᠦᠶᠯᠡᠰ ᠤᠨ ᠰᠠᠶᠢᠨ ᠣᠷᠴᠢᠯ ᠪᠠ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠬᠡᠷᠡᠭᠲᠡᠶ᠃ | ᠳᠥᠷᠪᠡ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠯᠠᠪᠳᠠᠭᠤᠨ ᠪᠠᠲᠤᠲᠠᠶ | ᠨᠠᠶᠢᠳᠠᠪᠤᠷᠢᠵᠢᠭᠤᠯᠬᠤ ᠭᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠬᠡᠷᠡᠭᠵᠢᠭᠦᠯᠵᠦ᠂ ᠰᠠᠭᠤᠷᠢ ᠰᠤᠳᠤᠯᠭᠠᠨ ᠤ ᠠᠷᠪᠠᠨ ᠵᠢᠯ ᠤᠨ | ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠃ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠤᠯᠤᠰ ᠤᠨ ᠲᠤᠷᠰᠢᠯᠲᠠ ᠶᠢᠨ ᠲᠠᠰᠤᠭ ᠤᠨ ᠦᠢᠯᠡᠳᠦᠯ ᠢ | ᠰᠠᠶᠢᠲᠤᠷ ᠪᠠᠳᠠᠷᠠᠭᠤᠯᠵᠤ᠂ ᠪᠦᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠳᠠᠬᠢᠨ ᠨᠡᠶᠢᠳᠭᠡᠨ | ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠥᠭᠡᠷᠡᠴᠢᠯᠡᠯᠲᠡ ᠶᠢ ᠠᠬᠢᠭᠤᠯᠬᠤ ᠭᠡᠷᠡᠭᠲᠡᠢ | ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ | ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠢ ᠤᠶᠠᠯᠳᠤᠭᠤᠯᠬᠤ ᠶᠢ ᠭᠦᠨᠵᠡᠭᠡᠶᠢᠷᠡᠭᠦᠯᠬᠦ ᠭᠡᠷᠡᠭᠲᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢ ᠠᠬᠤᠢ ᠶᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠰᠢᠨᠵᠢᠯᠡᠬᠦ | ᠤᠬᠠᠭᠠᠨ ᠤ ᠰᠤᠳᠤᠯᠭᠠᠨ ᠤ ᠯᠠᠪᠳᠠᠭᠤᠨ ᠪᠠᠲᠤᠲᠠᠢ ᠰᠤᠷᠲᠠᠯ ᠢ ᠪᠤᠢ ᠪᠣᠯᠭᠠᠬᠤ ᠭᠡᠷᠡᠭᠲᠡᠢ᠃ ᠤᠯᠠᠨ ᠤᠯᠤᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢ ᠦᠷᠭᠦᠯᠵᠢᠯᠡᠨ ᠥᠷᠨᠢᠭᠦᠯᠬᠦ ᠭᠡᠷᠡᠭᠲᠡᠢ᠃ | ᠲᠠᠪᠤ ᠳᠤ᠂ ᠥᠭᠡᠷᠡᠴᠢᠯᠡᠯᠲᠡ ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠪᠠᠷ ᠬᠥᠭᠵᠢᠯᠲᠡ ᠶᠢᠨ ᠬᠥᠳᠡᠯᠭᠡᠬᠦ | ᠬᠦᠴᠦᠨ ᠢ ᠬᠥᠭᠵᠢᠭᠡᠬᠦ ᠭᠡᠷᠡᠭᠲᠡᠢ᠃ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠤᠷᠰᠢᠯᠲᠠ ᠶᠢ ᠰᠠᠶᠢᠲᠤᠷ ᠠᠳᠬᠤᠵᠤ᠂ ᠰᠲ᠋ᠣᠺ ᠲᠠᠷᠬᠠᠭᠠᠬᠤ ᠳᠠᠩᠰᠠᠯᠠᠯᠲᠠ ᠶᠢᠨ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ | ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠴᠠᠬᠢᠯᠭᠠᠨ ᠲᠣᠣᠷ᠂ ᠲᠡᠮᠦᠷ ᠵᠠᠮ ᠵᠡᠷᠭᠡ ᠠᠶᠠᠨᠳᠠᠭᠠᠨ ᠭᠠᠭᠴᠠᠭᠠᠷ ᠡᠵᠡᠮᠰᠢᠬᠦ | ᠠᠵᠢᠯ ᠲᠦᠷᠦᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠣᠷᠣᠨ ᠨᠤᠲᠤᠭ ᠤᠨ | ᠥᠭᠡᠷᠡᠴᠢᠯᠡᠯᠲᠡ ᠶᠢᠨ ᠢᠳᠡᠪᠬᠢᠵᠢᠯ ᠢ ᠳᠠᠶᠢᠴᠢᠯᠠᠵᠤ᠂ ᠡᠯ᠎ᠡ ᠭᠠᠵᠠᠷ ᠤᠨ ᠬᠢᠨ ᠤ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ᠂ ᠰᠠᠨᠠᠭᠠᠴᠢᠯᠠᠭ᠎ᠠ ᠠᠴᠠ ᠪᠠᠨ ᠥᠭᠡᠷᠡᠴᠢᠯᠡᠯᠲᠡ ᠬᠢᠬᠦ ᠶᠢ ᠵᠣᠷᠢᠭᠵᠢᠭᠤᠯᠬᠤ ᠭᠡᠷᠡᠭᠲᠡᠢ᠃ ᠥᠨᠳᠥᠷ ᠲᠦᠪᠰᠢᠨ | ᠪᠥᠬᠦᠶ ᠭᠠᠳᠠᠭᠠᠳᠤ ᠨᠡᠭᠡᠭᠡᠯᠲᠡ ᠶᠢ ᠥᠷᠭᠡᠳᠭᠡᠵᠦ᠂ ᠲᠦᠷᠢᠮ ᠤᠨ ᠬᠡᠯᠪᠡᠷᠢ ᠶᠢᠨ ᠨᠡᠭᠡᠭᠡᠯᠲᠡ ᠶᠢ ᠠᠬᠢᠭᠤᠯᠵᠤ᠂ | ᠭᠠᠳᠠᠭᠠᠳᠤ ᠶᠢᠨ ᠪᠡᠯᠡᠳᠦ ᠠᠵᠤ ᠠᠬᠤᠶᠢᠯᠠᠯ ᠤᠨ ᠢᠷᠭᠡᠳ ᠤᠨ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠵᠤ᠂ ᠨᠠᠩ | ᠣᠯᠠᠨ ᠤᠯᠤᠰ ᠠᠯᠤᠰᠯᠠᠭᠰᠠᠨ ᠺᠣᠮᠫᠠᠨᠢ ᠶᠢᠨ ᠪᠠᠯᠠ ᠣᠷᠣᠭᠤᠯᠤᠯᠲᠠ ᠶᠢ ᠲᠠᠲᠠᠵᠤ᠂ ᠴᠢᠬᠤᠯᠠ ᠶᠡᠭᠡ ᠭᠠᠳᠠᠭᠠᠳᠤ ᠪᠠᠯᠠ ᠶᠢᠨ | ᠲᠥᠷᠥᠯ ᠵᠦᠶᠯ ᠢ ᠲᠦᠷᠭᠡᠳᠭᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠭᠡᠷᠡᠭᠲᠡᠢ᠃ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠥᠲᠥᠭᠡᠨ ᠪᠠᠶᠢᠭᠤᠯᠬᠤ ᠶᠢ ᠠᠬᠢᠭᠤᠯᠬᠤ ᠭᠡᠷᠡᠭᠲᠡᠢ᠃ | ᠵᠢᠷᠭᠤᠭ᠎ᠠ ᠳᠤ᠂ ᠣᠷᠣᠨ ᠪᠦᠰᠡ ᠶᠢᠨ ᠲᠦᠷᠦ ᠶᠢᠨ ᠪᠤᠳᠤᠯᠭ᠎ᠠ ᠪᠠᠷ ᠬᠥᠭᠵᠢᠯᠲᠡ ᠶᠢᠨ ᠲᠡᠩᠴᠡᠭᠦᠷᠢᠲᠦ ᠴᠢᠨᠠᠷ | ᠵᠣᠬᠢᠴᠠᠩᠭᠤᠢ ᠴᠢᠨᠠᠷ ᠢ ᠴᠢᠩᠭᠠᠳᠬᠠᠬᠤ ᠭᠡᠷᠡᠭᠲᠡᠢ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠠ | ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠵᠡᠭᠦᠨ᠂ | ᠳᠤᠮᠳᠠ᠂ ᠪᠠᠷᠠᠭᠤᠨ ᠪᠠ ᠵᠡᠭᠦᠨ ᠬᠤᠶᠢᠲᠤ ᠣᠷᠣᠨ ᠤ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠭᠡᠷᠡᠭᠲᠡᠢ᠃ | ᠲᠤᠯᠤᠭ᠎ᠠ ᠳᠤ᠂ ᠨᠡᠶᠢᠭᠡᠮ ᠤᠨ ᠲᠦᠷᠦ ᠶᠢᠨ ᠪᠤᠳᠤᠯᠭ᠎ᠠ ᠨᠢ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ | ᠰᠠᠬᠢᠬᠤ ᠬᠡᠷᠡᠭᠲᠡᠢ᠃ ᠠᠵᠤ ᠠᠬᠤᠢ ᠶᠢᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠪᠠᠶᠢᠩᠭᠤ ᠰᠠᠭᠤᠭ᠎ᠠ ᠭᠠᠵᠠᠷ ᠲᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ | ᠬᠠᠩᠭᠠᠬᠤ ᠲᠦᠷᠢᠮ ᠢ ᠪᠦᠷᠢᠨᠰᠢᠬᠦᠯᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠵᠡᠷᠭᠡ | ᠵᠠᠯᠠᠭᠤᠴᠤᠳ ᠤᠨ ᠠᠵᠢᠯ ᠣᠯᠭᠤᠯᠲᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠮᠢᠳᠤᠯᠢᠭ ᠢᠶᠠᠷ ᠠᠵᠢᠯ ᠤᠯᠭᠤᠬᠤ | ᠬᠥᠳᠡᠯᠮᠦᠷᠢ ᠬᠦᠴᠦ ᠪᠠ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠭᠦ ᠭᠡᠷᠡᠭᠳᠡᠢ᠃ | ᠦᠨᠳᠦᠰᠦᠨ ᠨᠠᠰᠤᠵᠢᠯ ᠤᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠢ ᠲᠥᠯᠥᠪᠵᠢᠭᠦᠯᠬᠦ ᠶᠢ ᠠᠬᠢᠭᠤᠯᠬᠤ ᠭᠡᠷᠡᠭᠲᠡᠢ᠃ | ᠦᠷᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ | ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠭᠠᠬᠤ ᠬᠡᠷᠡᠭᠳᠡᠢ᠃ | ᠬᠤᠷᠠᠯ ᠠᠴᠠ᠂ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠮᠠᠨ ᠤ ᠤᠯᠤᠰ ᠤᠨ ᠬᠥᠭᠵᠢᠯᠲᠡ ᠶᠢᠨ | ᠳᠣᠲᠣᠭᠠᠳᠤ ᠭᠠᠳᠠᠭᠠᠳᠤ ᠣᠷᠴᠢᠨ ᠳᠤ ᠭᠦᠨᠵᠡᠭᠡᠢ ᠬᠤᠪᠢᠷᠠᠯᠲᠠ ᠭᠠᠷᠴᠤ᠂ ᠮᠠᠰᠢ ᠤᠯᠠᠨ ᠴᠢᠬᠤᠯᠠ ᠶᠡᠭᠡ ᠣᠨᠣᠯ ᠤᠨ ᠪᠠ | ᠦᠢᠯᠡᠳᠦᠯᠭᠡ ᠶᠢᠨ ᠰᠢᠨ᠎ᠡ ᠠᠰᠠᠭᠤᠳᠠᠯ ᠳᠤ ᠲᠤᠯᠭᠠᠷᠠᠵᠠᠢ᠂ ᠵᠥᠪ ᠢᠶᠠᠷ ᠲᠠᠨᠢᠵᠥ ᠡᠵᠡᠮᠳᠡᠭᠦ ᠶᠢ ᠱᠠᠭᠠᠷᠳᠠᠵᠤ ᠪᠠᠶᠢᠨ᠎ᠠ ᠭᠡᠵᠤ | ᠦᠵᠡᠪᠡ᠃ | ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠬᠠᠷᠠᠯᠲᠠ ᠪᠠ ᠦᠢᠯᠡᠳᠦᠯᠭᠡ ᠶᠢᠨ ᠠᠷᠭ᠎ᠠ | ᠵᠠᠮ ᠢ ᠵᠥᠪ ᠲᠠᠨᠢᠵᠤ ᠡᠵᠡᠮᠰᠢᠬᠦ ᠬᠡᠷᠡᠭᠲᠡᠢ᠃ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠳᠣᠣᠷ᠎ᠠ᠂ | ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠡᠰᠦᠷᠡᠯᠳᠠ ᠤᠢᠭᠡᠢ ᠴᠢᠯᠥᠭᠡᠯᠡᠨ ᠬᠥᠭᠵᠢᠭᠦᠯᠵᠦ᠂ ᠨᠡᠶᠢᠭᠡᠮ ᠤᠨ ᠡᠳ᠋ | ᠪᠠᠶᠠᠯᠢᠭ ᠢ ᠲᠡᠰᠦᠷᠡᠯᠳᠠ ᠤᠢᠭᠡᠢ ᠡᠭᠦᠳᠦᠨ ᠪᠦᠲᠦᠭᠡᠵᠦ ᠬᠤᠷᠠᠮᠳᠤᠭᠤᠯᠬᠤ ᠬᠡᠷᠡᠭᠲᠡᠢ ᠮᠥᠷᠲᠡᠭᠡᠨ ᠪᠠᠰᠠ ᠬᠤᠶᠠᠷ | ᠲᠤᠶᠢᠯᠰᠢᠷᠠᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠬᠠᠮᠲᠤ ᠪᠠᠷ ᠪᠠᠶᠠᠵᠢᠬᠤ ᠬᠠᠷᠠᠯᠲᠠ ᠶᠢ ᠪᠡᠶᠡᠯᠡᠭᠦᠯᠬᠦ ᠳᠤ᠂ ᠡᠩ | ᠲᠡᠷᠢᠭᠦᠨ ᠳᠤ ᠪᠦᠬᠦ ᠤᠯᠤᠰ ᠤᠨ ᠠᠷᠠᠳ ᠲᠦᠮᠡᠨ ᠤ ᠬᠠᠮᠲᠤ ᠶᠢᠨ ᠲᠡᠮᠡᠴᠡᠯ ᠢᠶᠠᠷ ᠳᠠᠮᠵᠢᠨ ︽ᠪᠣᠭᠤᠷᠰᠤᠭ︾ ᠢ | ᠪᠤᠵᠠᠭᠠᠶᠢᠷᠠᠭᠤᠯᠤᠨ ᠰᠠᠶᠢᠲᠤᠷ ᠬᠢᠵᠦ᠂ ᠳᠠᠷᠠᠭ᠎ᠠ ᠨᠢ ᠵᠦᠢ ᠵᠣᠬᠢᠰᠲᠠᠢ ᠳᠦᠷᠢᠮ ᠤᠨ ᠲᠤᠬᠢᠷᠠᠭᠤᠯᠤᠯᠲᠠ ᠪᠠᠷ ᠳᠠᠮᠵᠢᠨ ︽ | ᠪᠣᠭᠤᠷᠰᠤᠭ︾ ᠢ ᠰᠠᠶᠢᠲᠤᠷ ᠬᠤᠪᠢᠶᠠᠬᠤ ᠬᠡᠷᠡᠭᠲᠡᠢ᠃ ᠡᠨᠡ ᠪᠣᠯ ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ ᠮᠥᠨ | ᠂ ᠡᠨᠡ ᠬᠦ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠳᠤᠮᠳᠠ ᠠᠵᠢᠯ ᠣᠯᠭᠤᠯᠲᠠ ᠶᠢ ᠳᠡᠷᠢᠬᠦᠨ ᠪᠠᠶᠢᠷᠢᠨ ᠳᠤ ᠳᠠᠯᠪᠢᠬᠤ ᠤᠳᠤᠷᠢᠳᠤᠮᠵᠢ ᠶᠢ ᠴᠢᠩᠭᠠᠳᠬᠠᠵᠤ᠂ ᠠᠵᠤ ᠠᠬᠤᠢ ᠶᠢᠨ | ᠨᠡᠮᠡᠭᠳᠡᠯ ᠤᠨ ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠢ ᠨᠢ ᠳᠡᠭᠡᠭᠰᠢᠯᠡᠭᠦᠯᠬᠦ ᠬᠡᠷᠡᠭᠲᠡᠢ᠃ ᠬᠤᠪᠢᠶᠠᠷᠢᠯᠠᠯᠲᠠ ᠶᠢᠨ | ᠴᠢᠳᠠᠮᠵᠢ ᠪᠠ ᠦᠢᠯᠡᠳᠦᠯ ᠢ ᠪᠠᠳᠠᠷᠠᠭᠤᠯᠵᠤ᠂ ᠬᠥᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠣᠯ ᠴᠣᠭᠴᠠ | ᠪᠣᠯᠭᠠᠬᠤ ᠶᠢ ᠪᠠᠷᠢᠮᠲᠠᠯᠠᠵᠤ᠂ ᠡᠯᠧᠮᠧᠨ᠋ᠲ ᠢᠶᠠᠷ ᠬᠤᠪᠢᠶᠠᠷᠢᠯᠠᠬᠤ ᠲᠥᠷᠥ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠭᠠᠶᠢᠯᠢ | ᠲᠠᠲᠠᠪᠤᠷᠢ᠂ ᠨᠡᠶᠢᠭᠡᠮ ᠤᠨ ᠪᠠᠲᠤᠯᠠᠭ᠎ᠠ᠂ ᠰᠢᠯᠵᠢᠭᠦᠯᠦᠨ ᠲᠤᠭᠠᠴᠠᠭ᠎ᠠ ᠬᠢᠬᠦ ᠵᠡᠷᠭᠡ ᠶᠢ ᠲᠤᠬᠢᠷᠠᠭᠤᠯᠬᠤ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ᠃ ᠬᠦᠰᠡᠯ ᠡᠷᠡᠮᠡᠯᠵᠡᠯ ᠲᠠᠢ ᠪᠥᠭᠡᠳ ᠴᠢᠳᠠᠪᠤᠷᠢ ᠲᠠᠢ ᠠᠵᠤ ᠠᠬᠤᠶᠢᠯᠠᠯ ᠪᠠ ᠨᠡᠶᠢᠭᠡᠮ ᠤᠨ | ᠪᠦᠯᠬᠦᠮ ᠤᠨ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠣᠯᠴᠠᠬᠤ ᠶᠢ ᠳᠡᠮᠵᠢᠬᠦ ᠭᠡᠷᠡᠭᠲᠡᠢ | ᠃ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠤᠯᠠᠨ ᠨᠡᠶᠢᠲᠡ ᠶᠢᠨ | ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ᠂ ᠡᠮ | ᠡᠮᠨᠡᠯᠭᠡ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ | ᠬᠦᠷᠢᠶᠡᠨ ᠳᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠣᠨᠣᠴᠠᠲᠠᠢ ᠬᠠᠩᠭᠠᠬᠤ ᠬᠡᠷᠡᠭᠲᠡᠢ᠃ | ᠬᠥᠷᠥᠩᠭᠡ ᠶᠢᠨ ᠣᠨᠴᠠᠯᠢᠭ ᠪᠠ ᠠᠵᠢᠯᠯᠠᠭ᠎ᠠ ᠶᠢᠨ ᠵᠢᠮ᠎ᠡ ᠶᠣᠰᠣ ᠶᠢ ᠵᠥᠪ ᠲᠠᠨᠢᠵᠤ ᠡᠵᠡᠮᠰᠢᠬᠦ ᠬᠡᠷᠡᠭᠲᠡᠶ᠃ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠪᠣᠯ ᠨᠢᠭᠡᠨ ᠠᠭᠤᠤ ᠶᠡᠭᠡ ᠡᠭᠦᠳᠦᠯᠲᠡ ᠮᠥᠨ᠂ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠢ ᠳᠤ ᠡᠯ᠎ᠡ ᠵᠦᠢᠯ ᠤᠨ ᠬᠡᠯᠪᠡᠷᠢ ᠶᠢᠨ ᠬᠦᠷᠦᠩᠭᠡ ᠵᠠᠶᠢᠯᠠᠰᠢ ᠤᠢᠭᠡᠢ ᠪᠠᠶᠢᠳᠠᠭ᠂ ᠬᠦᠷᠦᠩᠭᠡ ᠶᠢᠨ | ᠦᠢᠯᠡᠳᠪᠦᠷᠢᠯᠡᠯ ᠤᠨ ᠡᠯᠧᠮᠧᠨ᠋ᠲ ᠪᠣᠯᠬᠤ ᠢᠳᠡᠪᠬᠢᠲᠡᠢ ᠦᠢᠯᠡᠳᠦᠯ ᠢ ᠨᠢ ᠪᠠᠳᠠᠷᠠᠭᠤᠯᠬᠤ ᠶᠢᠨ ᠬᠠᠮᠲᠤ ᠨᠠᠵᠠᠭᠠᠢ ᠦᠢᠯᠡᠳᠦᠯ ᠢ | ᠨᠢ ᠪᠦᠲᠦᠮᠵᠢᠲᠡᠢ ᠪᠠᠷ ᠬᠢᠵᠠᠭᠠᠷᠯᠠᠬᠤ ᠬᠡᠷᠡᠭᠲᠡᠢ᠃ ᠬᠦᠷᠦᠩᠭᠡ ᠳᠤ ︽ᠤᠯᠠᠭᠠᠨ ᠨᠣᠭᠤᠭᠠᠨ ᠳ᠋ᠧᠩ︾ ᠭᠠᠷᠭᠠᠵᠤ᠂ | ᠬᠦᠷᠦᠩᠭᠡ ᠶᠢᠨ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠬᠦᠷᠦᠩᠭᠡ ᠶᠢᠨ ᠵᠡᠷᠯᠢᠭ | ᠪᠠᠯᠠᠮᠠᠳ ᠢᠶᠠᠷ ᠥᠰᠭᠦ ᠶᠢ ᠰᠡᠷᠭᠡᠶᠢᠯᠡᠬᠦ ᠬᠡᠷᠡᠭᠲᠡᠶ᠃ ᠬᠦᠷᠦᠩᠭᠡ ᠶᠢᠨ ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ | ᠳᠡᠮᠵᠢᠨ ᠵᠢᠯᠣᠭᠤᠳᠴᠤ᠂ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠭᠤᠶᠢᠪᠢᠰᠢ ᠦᠭᠡᠢ ᠵᠣᠷᠢᠭᠵᠢᠭᠤᠯᠤᠨ᠂ ᠳᠡᠮᠵᠢᠵᠦ᠂ | ᠬᠦᠲᠦᠯᠦᠨ ᠵᠢᠯᠣᠭᠤᠳᠬᠤ ᠬᠡᠷᠡᠭᠲᠡᠢ᠃ | ᠠᠩᠬ᠎ᠠ ᠵᠡᠷᠭᠡ ᠶᠢᠨ ᠦᠢᠯᠡᠳᠬᠦᠨ ᠤ ᠬᠠᠩᠭᠠᠯᠭ᠎ᠠ ᠶᠢᠨ ᠪᠠᠳᠤᠯᠠᠭ᠎ᠠ ᠶᠢ ᠵᠥᠪ ᠲᠠᠨᠢᠵᠤ ᠡᠵᠡᠮᠰᠢᠬᠦ ᠬᠡᠷᠡᠭᠲᠡᠢ᠃ | ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ | ᠪᠤᠳᠤᠯᠭ᠎ᠠ ᠶᠢ ᠬᠡᠷᠡᠭᠵᠢᠭᠦᠯᠬᠦ ᠬᠡᠷᠡᠭᠲᠡᠢ᠃ ᠦᠢᠯᠡᠳᠪᠦᠷᠢᠯᠡᠯ ᠤᠨ ᠬᠦᠷᠢᠶᠡᠨ ᠳᠤ᠂ ᠡᠬᠢ ᠪᠠᠶᠠᠯᠢᠭ ᠢ ᠪᠦᠬᠦ ᠲᠠᠯ᠎ᠠ ᠪᠠᠷ | ᠠᠷᠪᠢᠯᠠᠬᠤ᠂ ᠡᠷᠴᠢᠮᠵᠢᠭᠦᠯᠬᠦ᠂ ᠡᠷᠭᠢᠯᠳᠦᠭᠦᠯᠦᠨ ᠠᠰᠢᠭᠯᠠᠬᠤ ᠶᠢ ᠠᠬᠢᠭᠤᠯᠬᠤ ᠭᠡᠷᠡᠭᠳᠠᠢ᠃ ᠬᠡᠷᠡᠭᠯᠡᠭᠡᠨ ᠤ ᠬᠦᠷᠢᠶᠡᠨ ᠳᠤ᠂ | ᠪᠦᠬᠦ ᠠᠷᠠᠳ ᠤᠨ ᠠᠷᠪᠢᠯᠠᠨ ᠭᠠᠮᠨᠠᠬᠤ ᠤᠬᠠᠮᠰᠠᠷ ᠢ ᠴᠢᠩᠭᠠᠳᠬᠠᠵᠤ᠂ ᠠᠷᠪᠢᠲᠠᠢ ᠲᠣᠬᠢᠷᠠᠮᠵᠢᠲᠠᠢ᠂ ᠪᠣᠬᠢᠷᠲᠤᠯ ᠦᠭᠡᠢ ᠪᠠᠭ᠎ᠠ | ᠨᠡᠭᠦᠷᠡᠰᠦᠲᠥ᠋ᠷᠥᠭᠴᠢᠳᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠭᠡᠷᠡᠭᠳᠠᠢ᠃ ᠤᠯᠤᠰ ᠤᠨ ᠳᠣᠲᠣᠭᠠᠳᠤ ᠶᠢᠨ ᠡᠬᠢ | ᠪᠠᠶᠠᠯᠢᠭ ᠤᠨ ᠦᠢᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ ᠴᠢᠯᠠᠭᠤᠨ ᠲᠤᠰᠤ ᠪᠠᠶᠢᠭᠠᠯᠢ ᠶᠢᠨ | ᠰᠢᠳᠠᠮᠠᠬᠠᠢ ᠭᠡᠢ ᠵᠡᠷᠭᠡ ᠡᠬᠢ ᠪᠠᠶᠠᠯᠢᠭ ᠢ ᠨᠡᠭᠡᠭᠡᠨ ᠮᠠᠯᠲᠠᠬᠤ ᠲᠡᠷᠢᠭᠦᠨ ᠤ ᠮᠡᠷᠭᠡᠵᠢᠯ ᠢ ᠨᠡᠭᠡᠭᠡᠨ ᠠᠰᠢᠭᠯᠠᠬᠤ ᠶᠢ | ᠲᠦᠷᠭᠡᠳᠭᠡᠵᠦ᠂ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠢ᠃ | ᠲᠠᠷᠢᠶᠠᠯᠠᠩ ᠤᠨ ᠶᠡᠷᠦᠩᠬᠡᠶᠢᠯᠡᠭᠰᠡᠨ ᠦᠶᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠨᠠᠩ ᠲᠣᠪᠣᠶᠢᠮ᠎ᠠ | ᠪᠠᠶᠢᠷᠢᠨ ᠳᠤ ᠲᠠᠯᠪᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠲᠠᠷᠢᠮᠠᠯ ᠤᠨ ᠦᠶᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ | ᠲᠠᠷᠢᠶᠠᠯᠠᠩ ᠤᠨ ᠮᠠᠰᠢᠨ ᠲᠣᠨᠣᠭᠯᠠᠯ ᠤᠨ ᠲᠦᠪᠰᠢᠨ ᠢ ᠳᠡᠭᠡᠭᠰᠢᠯᠡᠭᠦᠯᠵᠦ᠂ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠵᠦᠶ | ᠵᠣᠬᠢᠰᠲᠠᠶ ᠠᠰᠢᠭ ᠣᠷᠣᠯᠭ᠎ᠠ ᠶᠢ ᠪᠠᠲᠤᠯᠠᠵᠤ᠂ ᠳᠤᠮᠳᠠᠳᠤᠴᠤᠳ ᠤᠨ ᠪᠤᠳᠠᠭᠠᠨ ᠠᠶᠠᠭ᠎ᠠ ᠶᠢ ᠬᠡᠵᠢᠶ᠎ᠡ ᠴᠦ ᠭᠡᠰᠡᠨ ᠴᠥᠮ | ᠥᠪᠡᠷ ᠤᠨ ᠭᠠᠷ ᠲᠠᠭᠠᠨ ᠪᠠᠲᠤ ᠡᠵᠡᠮᠳᠡᠬᠦ ᠬᠡᠷᠡᠭᠲᠡᠶ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠵᠥᠪ ᠲᠠᠨᠢᠵᠤ ᠡᠵᠡᠮᠰᠢᠬᠦ ᠬᠡᠷᠡᠭᠲᠡᠢ᠃ | ᠦᠷᠭᠦᠯᠵᠢᠯᠡᠨ ᠶᠡᠭᠡ ᠲᠠᠯ᠎ᠠ ᠶᠢ ᠲᠣᠭᠲᠠᠪᠤᠷᠢᠵᠢᠭᠤᠯᠬᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠲᠥᠷᠥᠯ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠣᠨᠣᠴᠠᠲᠠᠶ ᠪᠠᠷ ᠵᠠᠳᠠᠯᠬᠤ ᠴᠢᠭᠯᠡᠯᠲᠡ ᠶᠣᠰᠣᠭᠠᠷ᠂ ᠠᠶᠤᠯ ᠲᠦᠭᠰᠢᠭᠦᠷᠢ ᠶᠢ | ᠰᠢᠶᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠮᠥᠩᠭᠦᠨ ᠭᠦᠶᠯᠭᠡᠭᠡᠨ ᠤ ᠬᠠᠤᠯᠢᠵᠢᠯ ᠤᠨ ᠪᠠᠶᠢᠭᠤᠯᠤᠯᠲᠠ ᠶᠢ | ᠴᠢᠩᠭᠠᠳᠬᠠᠵᠤ᠂ ᠣᠷᠣᠨ ᠨᠤᠲᠤᠭ᠂ ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠭᠤᠤᠯᠯᠠᠨ | ᠬᠠᠮᠢᠶᠠᠷᠤᠯᠲᠠ ᠵᠡᠷᠭᠡ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠥᠪᠡᠷ ᠢ ᠪᠠᠨ | ᠠᠪᠤᠷᠬᠠᠸ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠺᠠᠳ᠋ᠷᠴᠤᠳ ᠤᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ᠃ ᠠᠶᠤᠯ ᠲᠦᠭᠰᠢᠭᠦᠷᠢ ᠶᠢ ᠠᠷᠢᠯᠭᠠᠬᠤ ᠳᠤ ᠭᠦᠢᠴᠡᠳ ᠡᠬᠢ ᠪᠠᠶᠠᠯᠢᠭ ᠲᠠᠢ ᠪᠠᠶᠢᠵᠤ᠂ ᠠᠶᠤᠯ | ᠲᠦᠭᠰᠢᠭᠦᠷᠢ ᠶᠢ ᠠᠷᠢᠯᠭᠠᠬᠤ ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠬᠤ ᠳᠠᠭᠠᠨ ᠥᠷᠭᠡᠨ ᠢᠶᠠᠷ ᠬᠠᠮᠵᠢᠯᠴᠠᠵᠤ᠂ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠯᠠᠭᠤᠯᠬᠤ ᠶᠢ ᠵᠥᠪ ᠲᠠᠨᠢᠵᠤ ᠡᠵᠡᠮᠰᠢᠬᠦ ᠬᠡᠷᠡᠭᠲᠡᠢ᠃ ᠨᠡᠭᠦᠷᠡᠰᠦᠲᠥ᠋ᠷᠥᠭᠴᠢ ᠶᠢ ᠭᠠᠳᠠᠬᠰᠢᠯᠠᠭᠤᠯᠤᠯᠳᠠ ᠤᠷᠬᠢᠯ | ᠭᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠳᠣᠲᠣᠭᠠᠳᠤ ᠱᠠᠭᠠᠷᠳᠠᠯᠭ᠎ᠠ ᠮᠥᠨ᠂ ᠭᠤᠶᠢᠪᠢᠰᠢ ᠦᠭᠡᠢ ᠠᠬᠢᠭᠤᠯᠬᠤ ᠭᠡᠷᠡᠭᠳᠠᠢ᠂ ᠭᠡᠪᠡᠴᠦ ᠨᠢᠭᠡ ᠯᠡ ᠳᠡᠭᠡᠷ᠎ᠡ ᠪᠦᠲᠦᠭᠡᠵᠦ | ᠳᠡᠶᠢᠯᠬᠦ ᠦᠭᠡᠢ ᠶᠤᠮ᠃ ᠪᠦᠬᠦ ᠤᠯᠤᠰ ᠢᠶᠠᠷ ᠢᠶᠠᠨ ᠨᠢᠭᠡᠳᠦᠯᠲᠡᠢ ᠲᠥᠯᠥᠪᠵᠢᠭᠦᠯᠬᠦ᠂ ᠠᠷᠪᠢᠯᠠᠨ ᠭᠠᠮᠨᠠᠬᠤ ᠶᠢ ᠲᠡᠷᠢᠭᠦᠨ ᠳᠤ | ᠲᠠᠯᠪᠢᠬᠤ᠂ ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ᠂ ᠳᠣᠲᠣᠭᠠᠳᠤ ᠭᠠᠳᠠᠭᠠᠳᠤ ᠶᠢ ᠰᠢᠯᠤᠭᠤᠳᠬᠠᠬᠤ᠂ ᠠᠶᠤᠯ | ᠲᠦᠭᠰᠢᠭᠦᠷᠢ ᠶᠢ ᠰᠡᠷᠭᠡᠶᠢᠯᠡᠬᠦ ᠵᠠᠷᠴᠢᠮ ᠢ ᠪᠠᠷᠢᠮᠲᠠᠯᠠᠬᠤ ᠬᠡᠷᠡᠭᠲᠡᠢ᠃ ᠤᠯᠠᠮᠵᠢᠯᠠᠯᠲᠤ ᠡᠨᠧᠷᠭᠢ ᠶᠢᠨ ᠠᠯᠬᠤᠮ ᠠᠯᠬᠤᠮ ᠢᠶᠠᠷ | ᠤᠬᠤᠷᠢᠨ ᠭᠠᠷᠬᠤ ᠶᠢ ᠰᠢᠨ᠎ᠡ ᠡᠨᠧᠷᠭᠢ ᠪᠠᠷ ᠠᠮᠤᠷ ᠲᠦᠪᠰᠢᠨ ᠨᠠᠶᠢᠳᠠᠪᠤᠷᠢᠲᠠᠶ ᠣᠷᠣᠯᠠᠬᠤ ᠰᠠᠭᠤᠷᠢᠨ ᠳᠡᠭᠡᠷ᠎ᠡ | ᠶᠠᠪᠤᠬᠳᠠᠭᠤᠯᠬᠤ ᠬᠡᠷᠡᠭᠲᠡᠶ᠃ ᠨᠡᠭᠦᠷᠡᠰᠦ ᠪᠠᠷ ᠭᠤᠣᠯ ᠪᠣᠯᠭᠠᠭᠰᠠᠨ ᠤᠯᠤᠰ ᠤᠨ ᠦᠨᠳᠦᠰᠦᠨ ᠪᠠᠶᠢᠳᠠᠯ ᠳᠤ ᠰᠠᠭᠤᠷᠢᠯᠠᠨ᠂ | ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠰᠠᠶᠢᠲᠤᠷ ᠠᠳᠬᠤᠵᠤ᠂ ᠰᠢᠨ᠎ᠡ ᠡᠨᠧᠷᠭᠢ ᠶᠢ ᠰᠢᠩᠭᠡᠭᠡᠬᠦ | ᠴᠢᠳᠠᠪᠤᠷᠢ ᠶᠢ ᠨᠡᠮᠡᠭᠳᠡᠭᠦᠯᠦᠨ᠂ ᠨᠡᠭᠦᠷᠡᠰᠦ ᠪᠠ ᠰᠢᠨ᠎ᠡ ᠡᠨᠧᠷᠭᠢ ᠶᠢ ᠰᠢᠯᠢᠳᠡᠭᠵᠢᠭᠦᠯᠦᠨ ᠨᠡᠶᠢᠯᠡᠭᠦᠯᠬᠦ ᠶᠢ ᠠᠬᠢᠭᠤᠯᠬᠤ | ᠬᠡᠷᠡᠭᠲᠡᠢ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠦ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠴᠢᠩᠭ᠎ᠠ | ᠠᠳᠬᠤᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠬᠢᠨᠠᠨ ᠰᠢᠯᠭᠠᠵᠤ᠂ ᠰᠢᠨ᠎ᠡ ᠪᠠᠷ ᠨᠡᠮᠡᠭᠳᠡᠬᠦ ᠳᠠᠬᠢᠯᠲᠠ ᠡᠨᠧᠷᠭᠢ ᠪᠣᠯᠤᠨ | ᠲᠦᠭᠦᠬᠡᠢ ᠮᠠᠲ᠋ᠧᠷᠢᠶᠠᠯ ᠤᠨ ᠬᠡᠷᠡᠭᠯᠡᠯᠲᠡ ᠶᠢᠨ ᠡᠨᠧᠷᠭᠢ ᠶᠢ ᠡᠨᠧᠷᠬᠢ ᠶᠢᠨ ᠭᠡᠷᠡᠭᠯᠡᠬᠡᠨ ᠤ ᠶᠡᠷᠦᠩᠬᠡᠢ ᠬᠡᠮᠵᠢᠶ᠎ᠡ ᠶᠢ | ᠬᠢᠵᠠᠭᠠᠷᠯᠠᠬᠤ ᠲᠤᠳᠤᠷ᠎ᠠ ᠣᠷᠣᠭᠤᠯᠵᠤ ᠪᠤᠯᠬᠤ ᠦᠭᠡᠢ᠂ ᠨᠥᠬᠦᠴᠡᠯ ᠪᠦᠷᠢᠯᠳᠦᠭᠦᠯᠵᠦ ᠪᠠᠶᠢᠭᠠᠳ ᠡᠨᠧᠷᠭᠢ ᠶᠢᠨ | ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠶᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ | ᠪᠣᠯᠤᠨ ᠬᠦᠴᠦᠯᠡᠴᠡ ᠶᠢᠨ ︽ᠬᠤᠶᠠᠷ ᠢ ᠬᠢᠵᠠᠭᠠᠷᠯᠠᠬᠤ︾ ᠲᠡᠶᠢᠰᠢ ᠬᠤᠪᠢᠷᠠᠭᠤᠯᠬᠤ ᠶᠢ ᠡᠷᠲᠡᠬᠡᠨ ᠪᠡᠶᠡᠯᠡᠭᠦᠯᠵᠦ᠂ | ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭ᠎ᠠ ᠭᠠᠳᠠᠬᠰᠢᠯᠠᠭᠤᠯᠬᠤ ᠶᠢ ᠤᠷᠮᠠᠰᠢᠭᠤᠯᠤᠨ ᠬᠢᠵᠠᠭᠠᠷᠯᠠᠬᠤ | ᠲᠣᠭᠲᠠᠴᠠ ᠶᠢ ᠲᠦᠷᠭᠡᠪᠴᠢᠯᠡᠨ ᠪᠤᠢ ᠪᠣᠯᠭᠠᠵᠤ᠂ ᠳᠥᠭᠦᠮᠬᠡᠨ ᠢᠶᠠᠷ ᠱᠠᠳᠤ ᠱᠠᠳᠤ ᠪᠠᠷ ᠵᠠᠳᠠᠯᠬᠤ ᠶᠢ ᠰᠡᠷᠭᠡᠶᠢᠯᠡᠬᠦ ᠬᠡᠷᠡᠭᠲᠡᠢ᠃ | ᠡᠨᠧᠷᠭᠢ ᠶᠢᠨ ᠬᠠᠩᠭᠠᠯᠭ᠎ᠠ ᠶᠢ ᠦᠨᠡᠨ ᠬᠦ ᠪᠠᠲᠤᠯᠠᠵᠤ᠂ ᠲᠤᠮᠤ ᠠᠵᠤ ᠠᠬᠤᠶᠢᠯᠠᠯ ᠢᠯᠠᠩᠭᠤᠶ᠎ᠠ ᠤᠯᠤᠰ ᠤᠨ ᠥᠮᠴᠢᠯᠡᠯ ᠤᠨ | ᠠᠵᠤ ᠠᠬᠤᠶᠢᠯᠠᠯ ᠲᠦᠷᠦᠭᠦᠯᠡᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠬᠡᠷᠡᠭᠲᠡᠢ᠃ | ᠡᠨᠧᠷᠭᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ᠂ ᠡᠨᠧᠷᠭᠢ ᠶᠢᠨ ᠬᠦᠴᠦᠷᠬᠡᠭ ᠤᠯᠤᠰ ᠢ ᠲᠦᠷᠭᠡᠳᠭᠡᠨ ᠪᠦᠳᠦᠬᠡᠨ | ᠪᠠᠶᠢᠭᠤᠯᠬᠤ ᠬᠡᠷᠡᠭᠲᠡᠢ᠃ | ᠬᠤᠷᠠᠯ ᠠᠴᠠ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢᠯᠠᠩᠭᠤᠶ᠎ᠠ | ᠠᠵᠢᠯ ᠣᠯᠭᠤᠯᠲᠠ ᠶᠢ ᠪᠠᠲᠤᠯᠠᠬᠤ ᠠᠷᠠᠳ ᠤᠨ ᠠᠮᠢᠳᠤᠷᠠᠯ ᠢ ᠪᠠᠲᠤᠯᠠᠬᠤ ᠵᠠᠬ᠎ᠠ ᠳᠡᠯᠭᠡᠭᠦᠷ ᠤᠨ ᠭᠤᠤᠯ ᠴᠣᠭᠴᠠ ᠶᠢ | ᠪᠠᠳᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶ ᠶᠢᠨ ᠡᠷᠭᠢᠯᠲᠡ ᠶᠢ ᠵᠦᠶ ᠵᠣᠬᠢᠰᠲᠠᠶ ᠬᠡᠪᠴᠢᠶᠡᠨ ᠳᠤ | ᠪᠠᠶᠢᠯᠭᠠᠬᠤ ᠶᠢ ᠪᠠᠲᠤᠯᠠᠬᠤ ᠲᠣᠭᠤᠷᠢᠨ ᠳᠤ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ | ᠬᠤᠷᠸ᠎ᠠ ᠲᠥᠷᠥ ᠶᠢᠨ ᠪᠣᠳᠣᠯᠭ᠎ᠠ ᠶᠢᠨ ᠦᠶᠡᠯᠡᠯ ᠠᠯᠤᠰᠯᠠᠨ ᠲᠣᠬᠢᠷᠠᠭᠤᠯᠬᠤ ᠡᠷᠴᠢᠮ ᠢ ᠴᠢᠩᠭᠠᠷᠠᠭᠤᠯᠵᠤ᠂ ᠬᠤᠷᠸ᠎ᠠ | ᠡᠵᠡᠮᠰᠢᠯ ᠲᠣᠬᠢᠷᠠᠭᠤᠯᠭ᠎ᠠ ᠶᠢᠨ ᠤᠷᠢᠳᠠᠴᠢ ᠴᠢᠨᠠᠷ ᠬᠠᠨᠳᠤᠯᠭᠠᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠵᠠᠬ᠎ᠠ | ᠳᠡᠯᠭᠡᠭᠦᠷ ᠤᠨ ᠭᠤᠤᠯ ᠴᠣᠭᠴᠠ ᠨᠢ ᠬᠡᠳᠦᠨ ᠳ᠋ᠦᠩᠰᠢᠭᠤᠷ ᠬᠥᠮᠦᠨ ᠤ ᠠᠵᠢᠯ ᠣᠯᠵᠤ ᠦᠶᠯᠡᠰ ᠪᠤᠰᠬᠠᠬᠤ ᠶᠢ ᠠᠴᠢᠶᠠᠯᠠᠵᠤ | ᠪᠠᠶᠢᠨ᠎ᠠ᠃ ᠦᠷᠭᠦᠯᠵᠢᠯᠡᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠠᠨᠳᠤᠭᠤᠯᠤᠨ ᠰᠢᠨ᠎ᠡ ᠪᠠᠷ ᠭᠠᠶᠢᠯᠢ ᠬᠥᠩᠭᠡᠯᠡᠵᠦ | ᠰᠦᠢᠳᠭᠡᠯ ᠪᠠᠭᠤᠷᠠᠭᠤᠯᠬᠤ ᠶᠢ ᠬᠡᠷᠡᠭᠵᠢᠭᠦᠯᠵᠦ᠂ ᠲᠡᠳᠡᠨ ᠢ ᠬᠠᠪᠰᠤᠷᠤᠨ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠳᠠᠷᠤᠭᠠᠰᠤ ᠶᠢ ᠨᠢ ᠬᠥᠩᠭᠡᠷᠡᠭᠦᠯᠦᠨ ᠬᠦᠴᠢᠷᠳᠡᠯ ᠢ | ᠨᠢ ᠰᠢᠢᠳᠪᠦᠷᠢᠯᠡᠵᠦ᠂ ᠬᠥᠭᠵᠢᠯᠲᠡ ᠶᠢ ᠨᠢ ᠰᠡᠷᠭᠦᠭᠡᠬᠦ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠶᠢᠨ ᠪᠡᠯᠡ | ᠬᠤᠷᠠᠮᠳᠤᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ | ᠬᠤᠷᠠᠮᠳᠤᠭᠤᠯᠬᠤ ᠬᠡᠮᠵᠢᠶ᠎ᠡ ᠶᠢ ᠨᠡᠮᠡᠭᠳᠡᠭᠦᠯᠬᠦ᠂ ᠬᠡᠪᠴᠢᠶ᠎ᠠ ᠶᠢ ᠥᠷᠭᠡᠳᠭᠡᠬᠦ᠂ ᠦᠨ᠎ᠡ ᠶᠢ ᠪᠠᠭᠤᠷᠠᠭᠤᠯᠬᠤ ᠶᠢ ᠠᠬᠢᠭᠤᠯᠬᠤ | ᠭᠡᠷᠡᠭᠳᠠᠢ᠃ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠰᠠᠶᠢᠲᠤᠷ ᠠᠳᠬᠤᠵᠤ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠠᠷᠭ᠎ᠠ ᠬᠡᠮᠵᠢᠶ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠭᠡᠷᠡᠭᠳᠠᠢ᠃ ᠡᠳ᠋ ᠤᠨ ᠬᠦᠴᠦᠨ ᠢ | ᠳᠣᠷᠣᠭᠰᠢ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠠᠵᠤ ᠠᠬᠤᠶᠢᠯᠠᠯ ᠢ | ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠦᠨᠳᠤᠰᠤᠨ ᠠᠷᠠᠳ | ᠤᠨ ᠠᠮᠢᠳᠤᠷᠠᠯ ᠢ ᠪᠠᠳᠤᠯᠠᠬᠤ ᠴᠠᠯᠢᠩ ᠤᠯᠭᠤᠮᠵᠢ ᠶᠢ ᠪᠠᠳᠤᠯᠠᠬᠤ ᠡᠷᠬᠢᠯᠳᠠ ᠶᠢ ᠪᠠᠳᠤᠯᠠᠬᠤ ᠶᠢ ᠨᠠᠩ ᠰᠠᠶᠢᠲᠤᠷ ᠳᠡᠮᠵᠢᠬᠦ | ᠭᠡᠷᠡᠭᠳᠠᠢ᠃ ᠨᠡᠭᠦᠷᠡᠰᠦ ᠴᠠᠬᠢᠯᠭᠠᠨ ᠲᠤᠰᠤ ᠬᠡᠢ ᠲᠡᠭᠡᠭᠡᠪᠦᠷᠢ ᠵᠡᠷᠭᠡ ᠶᠢᠨ ᠲᠤᠬᠢᠷᠠᠭᠤᠯᠤᠯᠳᠠ ᠶᠢ ᠴᠢᠩᠭᠠᠳᠬᠠᠵᠤ᠂ ᠴᠠᠬᠢᠯᠭᠠᠨ | ᠬᠦᠴᠦᠨ ᠤ ᠭᠦᠢᠴᠡᠳ ᠬᠠᠩᠭᠠᠯᠭ᠎ᠠ ᠶᠢ ᠠᠬᠢᠭᠤᠯᠬᠤ ᠭᠡᠷᠡᠭᠳᠠᠢ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ | ᠬᠦᠴᠦᠨ ᠢ ᠨᠡᠩ ᠶᠡᠭᠡ ᠪᠠᠷ ᠬᠥᠭᠵᠢᠭᠡᠵᠦ᠂ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ ᠠᠰᠢᠭᠯᠠᠨ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠬᠡᠷᠡᠭᠲᠡᠢ᠃ ᠤᠯᠠᠨ ᠲᠦᠷᠦᠯ ᠤᠨ ᠥᠮᠴᠢᠯᠡᠯ ᠤᠨ ᠠᠵᠤ | ᠠᠬᠤᠢ ᠶᠢᠨ ᠬᠠᠮᠲᠤ ᠪᠠᠷ ᠬᠥᠭᠵᠢᠬᠦ ᠶᠢ ᠠᠬᠢᠭᠤᠯᠵᠤ᠂ ᠠᠷᠠᠳ ᠤᠨ ᠡᠵᠡᠩᠨᠡᠯᠳᠠ ᠶᠢᠨ ᠠᠵᠤ ᠠᠬᠤᠢ ᠶᠢᠨ ᠬᠥᠭᠵᠢᠯᠲᠡ ᠶᠢᠨ | ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠥᠮᠴᠢᠯᠡᠯ ᠤᠨ | ᠡᠷᠬᠡ ᠪᠠ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠲᠦᠷᠦ ᠶᠢᠨ ᠪᠤᠳᠤᠯᠭ᠎ᠠ ᠶᠢᠨ ᠲᠠᠯ᠎ᠡ ᠪᠠᠷ | ᠨᠢᠭᠡ ᠯᠡ ᠠᠳᠠᠯᠢ ᠪᠠᠷ ᠬᠠᠨᠳᠤᠵᠤ᠂ ᠡᠷᠬᠡ ᠲᠡᠭᠰᠢ ᠪᠠᠷ ᠬᠠᠨᠳᠤᠬᠤ ᠬᠡᠷᠡᠭᠲᠡᠢ᠃ ᠥᠨᠳᠥᠷ ᠲᠦᠪᠰᠢᠨ ᠪᠥᠬᠦᠶ ᠨᠡᠭᠡᠭᠡᠯᠲᠡ ᠶᠢ | ᠥᠷᠭᠡᠳᠭᠡᠵᠦ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ ᠠᠷᠠᠯᠵᠢᠶ᠎ᠠ ᠶᠢ | ᠲᠣᠭᠲᠠᠪᠤᠷᠢᠵᠢᠭᠤᠯᠵᠤ᠂ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠵᠤ | ᠂ ᠭᠠᠳᠠᠭᠠᠳᠤ ᠪᠠᠯᠠ ᠶᠢ ᠲᠠᠲᠠᠬᠤ ᠡᠷᠴᠢᠮ ᠢᠶᠠᠨ ᠴᠢᠩᠭᠠᠷᠠᠭᠤᠯᠬᠤ ᠭᠡᠷᠡᠭᠳᠠᠢ ᠬᠡᠵᠤ ᠵᠢᠭᠠᠵᠤ ᠭᠠᠷᠭᠠᠪᠠ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ᠂ ᠡᠯ᠎ᠡ ᠱᠠᠲᠤᠨ ᠤ | ᠤᠳᠤᠷᠢᠳᠬᠤ ᠺᠠᠳ᠋ᠷᠴᠤᠳ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ | ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ | ᠬᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠵᠤ᠂ ᠪᠠᠰᠠ ᠡᠷᠬᠡᠪᠰᠢ ᠲᠡᠦᠬᠡ ᠶᠢᠨ ᠮᠡᠳᠡᠯᠭᠡ ᠶᠢ ᠰᠤᠷᠤᠯᠴᠠᠵᠤ᠂ ᠰᠣᠶᠣᠯ ᠤᠨ | ᠠᠭᠤᠯᠤᠭᠳᠠᠬᠤᠨ ᠢ ᠵᠤᠵᠠᠭᠠᠳᠬᠠᠨ᠂ ᠠᠮᠢ ᠠᠬᠤᠶ ᠶᠢᠨ ᠦᠵᠡᠯᠲᠡ ᠶᠢ ᠴᠢᠩᠭᠠᠳᠬᠠᠵᠤ᠂ ᠠᠵᠢᠯᠯᠠᠭ᠎ᠠ ᠳᠡᠭᠡᠷ᠎ᠡ ᠪᠠᠨ | ᠨᠠᠶᠢᠳᠠᠪᠤᠷᠢᠵᠢᠭᠤᠯᠵᠤ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠤ | ᠠᠵᠢᠯᠯᠠᠭ᠎ᠠ ᠳᠡᠭᠡᠷ᠎ᠡ ᠢᠯᠡᠷᠡᠭᠦᠯᠵᠦ᠂ ᠨᠠᠮ ᠤᠨ ᠲᠥᠯᠥᠭᠡ ᠰᠠᠨᠠᠭᠠᠰᠢᠷᠠᠬᠤ᠂ ᠤᠯᠤᠰ ᠤᠨ ᠲᠥᠯᠥᠭᠡ ᠬᠠᠷᠢᠭᠤᠴᠠᠯᠭ᠎ᠠ ᠪᠠᠨ | ᠭᠦᠶᠴᠡᠳᠭᠡᠬᠦ᠂ ᠠᠷᠠᠳ ᠤᠨ ᠲᠥᠯᠥᠭᠡ ᠬᠤᠪᠢ ᠨᠡᠮᠡᠷᠢ ᠦᠵᠡᠭᠦᠯᠬᠦ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠬᠦ ᠬᠡᠷᠡᠭᠲᠡᠶ | ᠬᠡᠵᠤ ᠱᠠᠭᠠᠷᠳᠠᠪᠠ᠃ | ᠬᠤᠷᠠᠯ ᠠᠴᠠ᠂ ᠠᠵᠤ ᠠᠬᠤᠢ ᠶᠢᠨ ᠠᠵᠢᠯ ᠢ ᠤᠳᠤᠷᠢᠳᠬᠤ ᠳᠤ ᠡᠷᠬᠡᠪᠰᠢ ᠪᠤᠰᠤᠳᠴᠢ ᠪᠣᠳᠠᠲᠤ ᠪᠠᠶᠢᠳᠠᠯ ᠪᠣᠯᠤᠨ | ᠤᠯᠠᠨ ᠲᠦᠮᠡᠨ ᠤ ᠬᠡᠷᠡᠭᠴᠡᠭᠡ ᠶᠢ ᠬᠦᠨᠳᠦᠳᠭᠡᠵᠦ᠂ ᠡᠷᠬᠡᠪᠰᠢ ᠰᠢᠰᠲ᠋ᠧᠮᠳᠦ ᠰᠡᠳᠭᠢᠬᠦᠢ ᠲᠠᠢ ᠪᠠᠶᠢᠵᠤ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠬᠦ ᠭᠡᠷᠡᠭᠲᠡᠢ᠃ ᠤᠳᠤᠷᠢᠳᠬᠤ ᠺᠠᠳ᠋ᠷᠴᠤᠳ ᠠᠵᠤ ᠠᠬᠤᠢ ᠶᠢᠨ ᠠᠵᠢᠯ ᠢ ᠤᠳᠤᠷᠢᠳᠬᠤ | ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯ ᠨᠢᠭᠡᠨ | ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠤᠯᠤᠰ ᠲᠦᠷᠦ ᠪᠠ ᠠᠵᠤ ᠠᠬᠤᠢ᠂ ᠪᠣᠳᠠᠲᠤ ᠠᠬᠤᠢ ᠪᠠ ᠲᠡᠦᠬᠡ᠂ ᠪᠣᠳᠠᠰ | ᠪᠠ ᠰᠣᠶᠣᠯ᠂ ᠬᠥᠭᠵᠢᠯᠲᠡ ᠪᠠ ᠠᠷᠠᠳ ᠤᠨ ᠠᠮᠢᠳᠤᠷᠠᠯ᠂ ᠡᠬᠢ ᠪᠠᠶᠠᠯᠢᠭ ᠪᠠ ᠠᠮᠢ ᠠᠬᠤᠢ᠂ ᠤᠯᠤᠰ ᠤᠨ ᠳᠣᠲᠣᠭᠠᠳᠤ ᠪᠠ | ᠳᠡᠯᠡᠬᠡᠢ ᠶᠢᠨ ᠵᠡᠷᠭᠡ ᠤᠯᠠᠨ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠡᠬᠤ ᠭᠡᠷᠡᠭᠲᠡᠢ᠃ ᠤᠳᠤᠷᠢᠳᠬᠤ | ᠺᠠᠳ᠋ᠷᠴᠤᠳ ᠠᠵᠤ ᠠᠬᠤᠢ ᠶᠢᠨ ᠤᠬᠠᠭᠠᠨ ᠤ ᠮᠡᠳᠡᠯᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠯᠭᠡ ᠶᠢᠨ | ᠰᠤᠷᠤᠯᠴᠠᠯᠭ᠎ᠠ ᠪᠠᠨ ᠴᠢᠩᠭᠠᠳᠬᠠᠵᠤ᠂ ᠢᠯᠠᠩᠭᠤᠶ᠎ᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠨᠡᠪᠲᠡᠷᠬᠡᠢ ᠣᠶᠢᠯᠠᠭᠠᠵᠤ᠂ ᠵᠥᠪ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠠᠷᠢᠮᠲᠠᠯᠠᠵᠤ᠂ | ᠲᠡᠦᠬᠡ ᠶᠢ ᠬᠦᠨᠳᠦᠳᠭᠡᠵᠦ᠂ ᠰᠣᠶᠣᠯ ᠢ ᠬᠦᠨᠳᠦᠳᠭᠡᠵᠦ᠂ ᠠᠮᠢ ᠠᠬᠤᠢ ᠶᠢ ᠬᠦᠨᠳᠦᠳᠭᠡᠵᠦ᠂ ᠪᠣᠯᠭᠤᠮᠵᠢᠲᠠᠢ ᠪᠠᠷ | ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠪᠣᠯᠭᠤᠮᠵᠢᠲᠠᠢ ᠪᠠᠷ ᠡᠷᠬᠡ ᠪᠠᠨ ᠬᠡᠷᠡᠭᠯᠡᠬᠦ ᠬᠡᠷᠡᠭᠲᠡᠢ᠃ ᠪᠠᠶᠢᠴᠠᠭᠠᠨ ᠰᠤᠳᠤᠯᠤᠯᠲᠠ | ᠬᠢᠬᠦ ᠶᠢ ᠴᠢᠩᠭᠠᠳᠬᠠᠵᠤ᠂ ︽ᠭᠤᠷᠪᠠᠨ ᠴᠢᠩᠭ᠎ᠠ ᠭᠤᠷᠪᠠᠨ ᠪᠣᠳᠠᠲᠠᠢ︾ ᠶᠢ ᠪᠠᠷᠢᠮᠲᠠᠯᠠᠵᠤ᠂ ᠳᠥᠭᠦᠮᠴᠢᠯᠡᠬᠦ᠂ | ᠳᠤᠷ᠎ᠠ ᠪᠠᠷ ᠢᠶᠠᠨ ᠦᠢᠯᠡᠳᠬᠦ ᠶᠢ ᠡᠷᠡᠰ ᠰᠡᠷᠭᠡᠶᠢᠯᠡᠵᠦ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠦᠯᠦ ᠬᠢᠬᠦ ᠶᠢ ᠡᠷᠡᠰ | ᠡᠰᠡᠷᠭᠦᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ | ᠳᠡᠯᠭᠡᠷᠡᠬᠦ ᠶᠢ ᠰᠡᠷᠭᠡᠶᠢᠯᠡᠬᠦ︾ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ | ᠤᠬᠠᠭᠠᠨᠴᠢ ᠣᠨᠣᠴᠠᠲᠠᠢ ᠪᠠᠷ ᠰᠠᠶᠢᠲᠤᠷ ᠬᠢᠬᠦ ᠬᠡᠷᠡᠭᠲᠡᠢ᠃ ᠨᠡᠭᠦᠷᠡᠰᠦ ᠴᠠᠬᠢᠯᠭᠠᠨ ᠲᠤᠰᠤ ᠬᠡᠢ ᠵᠦᠭᠡᠭᠡᠪᠦᠷᠢ ᠶᠢᠨ ᠪᠠᠲᠤᠯᠠᠭ᠎ᠠ | ᠬᠠᠩᠭᠠᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠤᠬᠢᠷᠠᠭᠤᠯᠬᠤ ᠬᠡᠷᠡᠭᠲᠡᠢ᠃ ᠠᠮᠤ ᠪᠤᠳᠠᠭ᠎ᠠ ᠲᠣᠰᠣ ᠮᠢᠬ᠎ᠠ | ᠥᠨᠳᠡᠭᠡ ᠰᠦ ᠵᠢᠮᠢᠰ ᠢᠳᠡᠰᠢᠨ ᠨᠣᠭᠤᠭ᠎ᠠ ᠵᠡᠷᠭᠡ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ | ᠪᠠᠶᠢᠯᠭᠠᠬᠤ ᠶᠢ ᠰᠠᠶᠢᠲᠤᠷ ᠬᠢᠬᠦ ᠭᠡᠷᠡᠭᠲᠡᠢ᠃ ᠬᠥᠯᠥᠰᠥᠨ ᠲᠠᠷᠢᠶᠠᠴᠢᠨ ᠤ ᠴᠠᠯᠢᠩ ᠢ ᠪᠠᠲᠤᠯᠠᠵᠤ᠂ ᠠᠶᠤᠯᠭᠦᠢ | ᠦᠢᠯᠡᠳᠪᠦᠷᠢᠯᠡᠯ ᠪᠠ ᠤᠯᠠᠨ ᠨᠡᠶᠢᠲᠡ ᠶᠢᠨ ᠠᠮᠤᠷ ᠲᠦᠪᠰᠢᠨ ᠢ ᠴᠢᠩᠭᠠᠳᠬᠠᠬᠤ ᠭᠡᠷᠡᠭᠲᠡᠢ᠃ ᠡᠪᠦᠯ ᠤᠨ ᠤᠯᠠᠷᠢᠯ ᠤᠨ | ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ | ᠴᠤᠭᠯᠠᠭᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠲᠣᠪᠴᠢ | ᠠᠪᠰᠠᠷᠬᠠᠨ᠂ ᠠᠮᠤᠷ ᠲᠦᠪᠰᠢᠨ᠂ ᠭᠤᠶᠢᠳᠠ ᠰᠠᠶᠢᠬᠠᠨ ᠣᠯᠢᠮᠫᠢᠺ ᠤᠨ ᠦᠪᠡᠳᠡᠭᠰᠢ ᠴᠤᠭᠯᠠᠭᠠᠨ ᠪᠣᠯᠭᠠᠨ ᠡᠷᠬᠢᠯᠡᠬᠦ ᠶᠢ | ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠦᠬᠦ ᠨᠠᠮ ᠤᠨ ᠨᠥᠬᠦᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠰᠤᠭᠠᠢ ᠭᠡᠵᠦ ᠤᠷᠢᠶᠠᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠡᠷ ᠤᠨ | ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ | ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠬᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠪᠠ᠃ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠲᠤᠰᠠᠭᠠᠷ ᠲᠥᠯᠥᠪᠯᠡᠭᠡᠲᠦ | ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠬᠤᠯᠪᠣᠭᠳᠠᠯ ᠪᠦᠬᠦᠢ ᠠᠷᠠᠳ ᠤᠨ ᠪᠦᠯᠬᠦᠮ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠮᠥᠩᠭᠦᠨ ᠭᠦᠢᠯᠭᠡᠭᠡᠨ ᠤ | ᠪᠠᠶᠢᠭᠤᠯᠤᠮᠵᠢ ᠪᠣᠯᠤᠨ ᠠᠵᠤ ᠠᠬᠤᠶᠢᠯᠠᠯ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ |