ᠵᠠᠰᠠᠭ ᠤᠨ ᠣᠷᠳᠣᠨ ᠤ ᠠᠯᠪᠠᠨ ᠮᠡᠳᠡᠭᠡ 2021 ᠣᠨ ᠤ 5 ᠳ᠋ᠣᠭᠠᠷ ᠬᠤᠭᠤᠴᠠᠭ᠎ᠠ ︵ᠶᠡᠷᠦᠩᠬᠡᠶ 5 ᠳ᠋ᠣᠭᠠᠷ ᠬᠤᠭᠤᠴᠠᠭ᠎ᠠ      ᠬᠤᠤᠰ ᠰᠠᠷ᠎ᠠ ᠶᠢᠨ ᠰᠡᠳᠬᠦᠯ︶
ᠨᠡᠶᠢᠲᠡᠯᠡᠭᠰᠡᠨ ᠴᠠᠭ᠄
2021/12/22
     ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠲᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ      ᠬᠠᠶᠢᠨᠠᠨ ᠤ ᠵᠠᠰᠠᠭ ᠠᠯᠪᠠᠨ ᠲᠠᠷᠬᠠᠭᠠᠭᠰᠠᠨ ﹇2021﹈ 30 ᠳ᠋ᠤᠭᠠᠷ ᠲᠣᠭᠠᠲᠤ      ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠬᠠᠮᠢᠶ᠎ᠠ ᠪᠥᠬᠦᠶ ᠨᠢᠭᠡᠴᠡ ᠳᠤ᠄ ᠪᠦᠬᠦ ᠲᠤᠭᠤᠷᠢᠭ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠤᠨ᠂ ᠬᠠᠤᠯᠢ ᠴᠠᠭᠠᠵᠠ ᠶᠢᠨ ᠵᠥᠪᠯᠡᠭᠴᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠮᠠᠨ ᠤ  ᠲᠤᠭᠤᠷᠢᠭ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠲᠦᠷᠢᠮ︾ ᠢ ᠲᠣᠭᠲᠠᠭᠠᠵᠤ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃                    2021 ᠣᠨ ᠤ 9 ᠳ᠋ᠣᠭᠡᠷ ᠰᠠᠷ᠎ᠠ ᠶᠢᠨ 13 ᠤ ᠡᠳᠦᠷ          ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠲᠦᠷᠢᠮ      ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠵᠢᠷᠤᠮᠵᠢᠭᠤᠯᠵᠤ᠂ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠬᠠᠤᠯᠢ ᠴᠠᠭᠠᠵᠠ ᠶᠢᠨ ᠦᠢᠯᠡᠴᠢᠯᠡᠭᠡ ᠶᠢ ᠦᠨᠡᠨᠬᠦ ᠬᠠᠩᠭᠠᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ ᠠᠷᠠᠳᠴᠢᠯᠠᠬᠤ᠂ ᠰᠢᠨᠵᠢᠯᠡᠬᠦ ᠤᠬᠠᠭᠠᠨᠴᠢᠯᠠᠬᠤ ᠪᠠ ᠬᠠᠤᠯᠢ ᠳᠦᠷᠢᠮᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠶᠢᠨ ᠲᠤᠰᠠᠳᠠ᠂ ᠣᠨᠴᠣᠭᠤᠶᠢᠯᠠᠨ ᠲᠣᠰ ᠲᠦᠷᠢᠮ ᠢ ᠲᠣᠭᠲᠠᠭᠠᠪᠠ᠃      ᠨᠢᠭᠡ᠂ ᠬᠠᠤᠯᠢ ᠴᠠᠭᠠᠵᠠ ᠶᠢᠨ ᠵᠥᠪᠯᠡᠭᠴᠢ ᠶᠢ ᠰᠢᠯᠢᠨ ᠰᠣᠩᠭᠤᠬᠤ ᠪᠠ ᠬᠤᠭᠤᠴᠠᠭ᠎ᠠ ᠬᠢᠵᠠᠭᠠᠷ      ᠬᠠᠤᠯᠢ ᠴᠠᠭᠠᠵᠠ ᠶᠢᠨ ᠵᠥᠪᠯᠡᠭᠴᠢ ᠶᠢᠨ ᠤᠷᠢᠯᠭ᠎ᠠ ᠶᠢᠨ ᠬᠤᠭᠤᠴᠠᠭ᠎ᠠ ᠨᠢ ᠨᠢᠭᠡ ᠵᠢᠯ ᠪᠣᠯᠤᠨ᠎ᠠ᠂ ᠬᠠᠶᠢᠨᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠪᠥᠬᠦ ᠬᠤᠲᠠ ᠶᠢᠨ ᠬᠠᠤᠯᠢᠴᠢ ᠶᠢᠨ ᠡᠩᠨᠡᠭᠡ ᠠᠴᠠ ᠤᠯᠤᠰ ᠲᠥᠷᠥ ᠶᠢᠨ ᠬᠡᠪ ᠴᠢᠨᠠᠷ ᠢᠶᠠᠷ ᠥᠨᠳᠥᠷ᠂ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠪᠠᠷ ᠴᠢᠩᠭ᠎ᠠ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ ᠬᠠᠤᠯᠢᠴᠢ ᠶᠢᠨ ᠳᠣᠲᠣᠷ᠎ᠠ ᠠᠴᠠ ᠤᠷᠢᠨ ᠬᠡᠷᠡᠭᠯᠡᠬᠦ ᠶᠢᠨ ᠬᠠᠮᠲᠤ ᠤᠷᠢᠨ ᠬᠡᠷᠡᠭᠯᠡᠬᠦ ᠭᠡᠷ᠎ᠡ ᠲᠣᠭᠲᠠᠭᠠᠨ᠎ᠠ᠃      ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ      ︵ᠨᠢᠭᠡ︶ ᠲᠤᠭᠤᠷᠢᠭ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠷᠭᠤ ᠶᠢᠨ ᠬᠡᠷᠡᠭ᠂ ᠳᠠᠬᠢᠨ ᠵᠥᠪᠯᠡᠭᠰᠡᠨ ᠬᠡᠷᠡᠭ ᠪᠠ ᠬᠥᠨᠳᠡᠯᠡᠨ ᠠᠴᠠ ᠲᠠᠰᠤᠯᠬᠤ ᠬᠡᠷᠡᠭ ᠢ ᠳᠠᠭᠠᠭᠠᠴᠢᠯᠠᠨ ᠭᠦᠢᠴᠡᠳᠭᠡᠨ᠎ᠡ᠂ ᠡᠭᠦᠨ ᠳᠤ ᠣᠨᠴᠠᠭᠠᠶ ᠬᠡᠷᠡᠭ ᠢ ᠰᠢᠢᠳᠪᠦᠷᠢᠯᠡᠬᠦ ᠶᠠᠪᠤᠴᠠ ᠳᠠᠬᠢ ᠬᠠᠤᠯᠢ ᠴᠠᠭᠠᠵᠠ ᠶᠢᠨ ᠠᠰᠠᠭᠤᠳᠠᠯ ᠤᠨ ᠮᠡᠳᠡᠭᠦᠯᠦᠯᠲᠡ ᠪᠠ ᠭᠠᠷᠲᠠᠨ ᠰᠢᠢᠳᠪᠦᠷᠢᠯᠡᠭᠰᠡᠨ ᠬᠡᠷᠡᠭ ᠤᠨ ᠬᠡᠷᠡᠭ ᠢ ᠳᠠᠭᠤᠰᠬᠠᠭᠰᠠᠨ ᠢ ᠵᠠᠳᠠᠯᠤᠨ ᠳ᠋ᠦᠩᠨᠡᠭᠰᠡᠨ ᠮᠡᠳᠡᠭᠦᠯᠦᠯᠲᠡ ᠶᠢ ᠪᠢᠴᠢᠵᠦ ᠭᠠᠷᠭᠠᠬᠤ ᠶᠢ ᠪᠠᠭᠲᠠᠭᠠᠨ᠎ᠠ᠃      ︵ᠬᠤᠶᠠᠷ︶ ᠲᠤᠭᠤᠷᠢᠭ ᠤᠨ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠲᠤᠬᠠᠶ ᠬᠠᠤᠯᠢ ᠴᠠᠭᠠᠵᠠ ᠶᠢᠨ ᠰᠠᠨᠠᠯ ᠪᠠ ᠰᠠᠨᠠᠭᠤᠯᠭ᠎ᠠ ᠬᠠᠩᠭᠠᠵᠤ᠂ ᠣᠷᠣᠨ ᠨᠤᠲᠤᠭ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠰᠡᠳᠦᠪ ᠰᠣᠩᠭᠤᠬᠤ ᠪᠠ ᠲᠥᠰᠦᠯ ᠤᠨ ᠯᠠᠪᠯᠠᠯᠭ᠎ᠠ ᠪᠤᠶᠤ ᠲᠤᠭᠤᠷᠪᠢᠨ ᠪᠢᠴᠢᠬᠦ ᠠᠵᠢᠯ ᠳᠤ ᠣᠷᠣᠯᠴᠠᠨ᠎ᠠ᠃ ᠡᠭᠦᠨ ᠤ ᠬᠠᠮᠲᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠠᠪᠤᠴᠠ ᠳᠤ ᠭᠠᠷᠤᠭᠰᠠᠨ ᠴᠢᠬᠤᠯᠠ ᠬᠡᠷᠡᠭ ᠶᠠᠪᠤᠳᠠᠯ ᠪᠠ ᠠᠰᠠᠭᠤᠳᠠᠯ ᠳᠤ ᠬᠠᠤᠯᠢ ᠴᠠᠭᠠᠵᠠ ᠶᠢᠨ ᠰᠠᠨᠠᠭᠤᠯᠭ᠎ᠠ ᠳᠤᠷᠠᠳᠬᠤ ᠶᠢᠨ ᠬᠠᠮᠲᠤ ᠬᠤᠯᠪᠣᠭᠳᠠᠯ ᠪᠦᠬᠦᠢ ᠠᠰᠠᠭᠤᠳᠠᠯ ᠢ ᠡᠶᠡᠳᠡᠭᠦᠯᠦᠨ ᠰᠢᠢᠳᠪᠦᠷᠢᠯᠡᠬᠦ ᠳᠤ ᠣᠷᠣᠯᠴᠠᠨ᠎ᠠ᠃      ︵ᠭᠤᠷᠪᠠ︶ ᠵᠠᠰᠠᠭ ᠤᠨ ᠣᠷᠳᠣᠨ ᠤ ᠴᠢᠬᠤᠯᠠ ᠶᠡᠭᠡ ᠵᠠᠷᠭᠤ ᠶᠢᠨ ᠪᠤᠰᠤ ᠬᠡᠷᠡᠭ ᠢ ᠰᠢᠢᠳᠪᠦᠷᠢᠯᠡᠬᠦ ᠳᠤ ᠣᠷᠣᠯᠴᠠᠨ᠎ᠠ᠂ ᠡᠭᠦᠨ ᠳᠤ ᠲᠤᠭᠤᠷᠢᠭ ᠤᠨ ᠵᠠᠰᠠᠭ ᠤᠨ ᠣᠷᠳᠣᠨ ᠤ ᠭᠠᠳᠠᠭᠠᠳᠤ ᠲᠠᠢ ᠬᠠᠷᠢᠯᠴᠠᠬᠤ ᠪᠠ ᠴᠢᠬᠤᠯᠠ ᠶᠡᠭᠡ ᠠᠵᠤ ᠠᠬᠤᠶ ᠶᠢᠨ ᠲᠥᠷᠥᠯ ᠵᠦᠢᠯ ᠤᠨ ᠵᠥᠪᠳᠡᠯᠴᠡᠬᠡᠷ ᠲᠤ ᠣᠷᠣᠯᠴᠠᠬᠤ᠂ ᠲᠤᠭᠤᠷᠢᠭ ᠤᠨ ᠵᠠᠰᠠᠭ ᠤᠨ ᠣᠷᠳᠣᠨ ᠪᠤᠶᠤ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠨᠡᠷ᠎ᠡ ᠪᠠᠷ ᠭᠠᠷ ᠤᠨ ᠥᠰᠥᠭ ᠵᠢᠷᠤᠭᠰᠠᠨ ᠭᠡᠷ᠎ᠡ ᠵᠢᠴᠢ ᠪᠤᠰᠤᠳ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ᠂ ᠵᠠᠰᠠᠪᠤᠷᠢ ᠣᠷᠣᠭᠤᠯᠬᠤ᠂ ᠬᠢᠨᠠᠨ ᠬᠠᠷᠭᠤᠭᠤᠯᠬᠤ ᠶᠢ ᠪᠠᠭᠲᠠᠭᠠᠨ᠎ᠠ᠃      ︵ᠲᠠᠪᠤ︶ ᠵᠠᠰᠠᠭ ᠤᠨ ᠣᠷᠳᠣᠨ ᠢ ᠬᠠᠮᠵᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠬᠡᠷᠡᠭᠴᠡᠭᠡ ᠪᠠᠨ ᠦᠨᠳᠦᠰᠦᠯᠡᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠠᠤᠯᠢ ᠪᠠᠷ ᠵᠠᠰᠠᠬᠤ ᠲᠠᠶᠢᠯᠤᠮᠵᠢ ᠬᠢᠬᠦ ᠶᠢᠨ ᠬᠠᠮᠲᠤ ᠵᠠᠰᠠᠭ ᠤᠨ ᠣᠷᠳᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠵᠢᠴᠢ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ᠂ ᠲᠥᠯᠥᠪᠵᠢᠭᠦᠯᠭᠡ ᠵᠡᠷᠭᠡ ᠶᠢ ᠢᠳᠡᠪᠬᠢᠲᠡᠶ ᠪᠠᠷ ᠤᠬᠠᠭᠤᠯᠤᠨ᠎ᠠ᠃      ︵ᠵᠢᠷᠭᠤᠭ᠎ᠠ︶ ᠵᠥᠪᠯᠡᠭᠴᠢ ᠬᠠᠤᠯᠢᠴᠢ ᠶᠢᠨ ᠳᠣᠲᠣᠷᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠦᠢᠯᠡᠳᠦᠯ ᠢ ᠪᠠᠳᠠᠷᠠᠭᠤᠯᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠪᠠ ᠰᠠᠨᠠᠭᠤᠯᠭ᠎ᠠ ᠪᠠᠷ ᠳᠠᠮᠵᠢᠭᠤᠯᠤᠨ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠦᠪᠯᠡᠨ᠎ᠡ᠃      ︵ᠳᠣᠯᠤᠭ᠎ᠠ︶ ᠵᠠᠰᠠᠭ ᠤᠨ ᠣᠷᠳᠣᠨ ᠤ ᠨᠠᠶᠢᠳᠠᠨ ᠰᠢᠢᠳᠪᠦᠷᠢᠯᠡᠭᠦᠯᠦᠭᠰᠡᠨ ᠪᠤᠰᠤᠳ ᠬᠠᠤᠯᠢ ᠴᠠᠭᠠᠵᠠ ᠶᠢᠨ ᠬᠡᠷᠡᠭ ᠶᠠᠪᠤᠳᠠᠯ ᠢ  ᠭᠦᠢᠴᠡᠳᠭᠡᠨ᠎ᠡ᠃      ᠭᠤᠷᠪᠠ᠂  ᠦᠢᠯᠡᠴᠢᠯᠡᠭᠡᠨ ᠤ ᠠᠷᠭ᠎ᠠ ᠮᠠᠶ᠋ᠢᠭ      ︵ᠨᠢᠭᠡ︶ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠬᠢᠭᠡᠳ ᠬᠠᠤᠯᠢ ᠴᠠᠭᠠᠵᠠ ᠶᠢᠨ ᠵᠥᠪᠯᠡᠭᠴᠢ ᠶᠢᠨ ᠪᠠᠶᠢᠩᠭᠤ ᠶᠢᠨ ᠴᠢᠨᠠᠷᠲᠠᠶ ᠬᠠᠷᠢᠯᠴᠠᠭ᠎ᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠡᠳᠦᠷ ᠲᠤᠲᠤᠮ ᠤᠨ ᠵᠠᠰᠠᠭ ᠤᠨ ᠶᠠᠪᠤᠳᠠᠯ ᠤᠨ ᠠᠵᠢᠯ ᠳᠠᠬᠢ ᠵᠥᠪᠯᠡᠭᠴᠢ ᠶᠢᠨ ᠯᠠᠪᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠬᠠᠶ ᠮᠡᠷᠭᠡᠵᠢᠯ ᠤᠨ ᠣᠨᠴᠠ ᠴᠢᠳᠠᠪᠤᠷᠢ ᠪᠤᠶᠤ ᠰᠤᠳᠤᠯᠬᠤ ᠭᠤᠤᠯᠳᠠᠯᠭ᠎ᠠ ᠶᠢ ᠦᠨᠳᠦᠰᠦᠯᠡᠨ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠵᠣᠬᠢᠬᠤ ᠠᠵᠢᠯ ᠤᠨ ᠬᠠᠷᠢᠯᠴᠠᠬᠤ ᠲᠦᠷᠢᠮ ᠢ ᠪᠠᠶᠢᠭᠤᠯᠤᠨ᠎ᠠ᠃ ᠬᠠᠷᠢᠯᠴᠠᠬᠤ ᠠᠷᠭ᠎ᠠ ᠬᠡᠯᠪᠡᠷᠢ ᠨᠢ ᠠᠮᠢᠳᠤᠯᠢᠭ ᠪᠥᠭᠡᠳ ᠣᠯᠠᠨ ᠶᠠᠩᠵᠤ ᠶᠢᠨ ᠪᠠᠶᠢᠵᠤ᠂ ᠪᠠᠶᠢᠩᠭᠤ ᠶᠢᠨ ᠴᠢᠨᠠᠷᠲᠠᠶ ᠣᠨᠴᠠᠯᠢᠭ ᠢ ᠳᠣᠪᠤᠶᠢᠯᠭᠠᠵᠤ ᠪᠣᠯᠤᠨ᠎ᠠ᠃ ᠵᠢᠱᠢᠶᠡᠯᠡᠪᠡᠯ ᠲᠣᠭᠲᠠᠮᠠᠯ ᠬᠤᠭᠤᠴᠠᠭ᠎ᠠ ᠲᠠᠢ ᠪᠠᠷ ᠪᠠᠶᠢᠳᠠᠯ ᠢᠶᠠᠨ ᠮᠡᠳᠡᠭᠳᠡᠬᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠣᠯᠵᠣᠨ ᠰᠤᠷᠪᠤᠯᠵᠢᠯᠠᠬᠤ᠂ ᠪᠠᠴᠢᠮ ᠪᠡᠷᠬᠡ ᠠᠰᠠᠭᠤᠳᠠᠯ ᠢ ᠯᠠᠪᠯᠠᠬᠤ᠂ ᠲᠤᠰᠬᠠᠶ ᠰᠡᠳᠦᠪ ᠢᠶᠠᠷ ᠬᠢᠨᠠᠨ ᠶᠠᠷᠢᠯᠴᠠᠵᠤ ᠨᠤᠲᠠᠯᠠᠬᠤ ᠵᠢᠴᠢ ᠤᠲᠠᠰᠤ ᠪᠠᠷ ᠬᠠᠷᠢᠯᠴᠠᠬᠤ ᠵᠡᠷᠭᠡ ᠪᠣᠯᠤᠨ᠎ᠠ᠃ ᠪᠣᠳᠠᠲᠠᠶ ᠵᠣᠯᠭᠠᠭᠤᠯᠬᠤ ᠠᠵᠢᠯ ᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠳᠠᠭᠠᠭᠠᠨ  ᠭᠦᠢᠴᠡᠳᠭᠡᠨ᠎ᠡ᠃      ︵ᠬᠤᠶᠠᠷ︶ ᠬᠠᠤᠯᠢ ᠴᠠᠭᠠᠵᠠ ᠶᠢᠨ ᠵᠥᠪᠯᠡᠭᠴᠢ ᠶᠢ ᠤᠷᠢᠵᠤ ᠬᠠᠮᠢᠶ᠎ᠠ ᠪᠥᠬᠦᠶ ᠬᠤᠷᠠᠯ ᠳᠤ ᠰᠤᠯᠠ ᠣᠷᠣᠯᠴᠠᠭᠤᠯᠵᠤ᠂ ᠵᠠᠰᠠᠭ ᠤᠨ ᠣᠷᠳᠣᠨ ᠤ ᠬᠠᠮᠢᠶᠠᠷᠤᠯᠲᠠ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤᠮᠳᠠᠬᠢ ᠬᠠᠤᠯᠢ ᠴᠠᠭᠠᠵᠠ ᠶᠢᠨ ᠬᠡᠷᠡᠭ ᠶᠠᠪᠤᠳᠠᠯ ᠳᠤ ᠴᠠᠭ ᠲᠤᠬᠠᠶ ᠳᠤᠨᠢ ᠰᠠᠨᠠᠯ ᠪᠠ ᠰᠠᠨᠠᠭᠤᠯᠭ᠎ᠠ ᠳᠤᠷᠠᠳᠬᠤ ᠶᠢᠨ ᠬᠠᠮᠲᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠥᠬᠦᠶ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢ ᠪᠠᠶᠢᠴᠠᠭᠠᠨ ᠦᠵᠡᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠢᠳᠡᠪᠬᠢᠲᠡᠶ ᠣᠷᠣᠯᠴᠠᠵᠤ ᠪᠣᠯᠤᠨ᠎ᠠ᠃ ᠬᠠᠤᠯᠢ ᠴᠠᠭᠠᠵᠠ ᠶᠢᠨ ᠵᠥᠪᠯᠡᠭᠴᠢ ᠶᠢ ᠤᠷᠢᠵᠤ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠭᠤᠤᠯᠳᠠᠯᠭ᠎ᠠ᠂ ᠠᠵᠢᠯ ᠤᠨ ᠮᠡᠳᠡᠭᠦᠯᠦᠯᠲᠡ᠂ ᠣᠷᠣᠨ ᠨᠤᠲᠤᠭ ᠤᠨ ᠴᠢᠨᠠᠷᠲᠠᠶ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠷᠪᠢᠵᠤ ᠨᠤᠲᠠᠯᠠᠬᠤ ᠳᠤ ᠣᠷᠣᠯᠴᠠᠭᠤᠯᠵᠤ᠂ ᠰᠠᠨᠠᠯ ᠪᠠ ᠰᠠᠨᠠᠭᠤᠯᠭ᠎ᠠ ᠶᠢ ᠰᠣᠨᠣᠰᠤᠨ᠎ᠠ᠃      ︵ᠭᠤᠷᠪᠠ︶ ᠬᠠᠤᠯᠢ ᠴᠠᠭᠠᠵᠠ ᠶᠢᠨ ᠵᠥᠪᠯᠡᠭᠴᠢ ᠨᠢ ᠬᠤᠪᠢ ᠬᠥᠮᠦᠨ ᠤ ᠨᠡᠷ᠎ᠡ ᠪᠠᠷ ᠢᠶᠠᠨ ᠬᠠᠤᠯᠢ ᠴᠠᠭᠠᠵᠠ ᠶᠢᠨ ᠰᠠᠨᠠᠯ ᠪᠠ ᠰᠠᠨᠠᠭᠤᠯᠭ᠎ᠠ ᠳᠤᠷᠠᠳᠴᠤ ᠪᠣᠯᠤᠨ᠎ᠠ᠂ ᠴᠢᠬᠤᠯᠠ ᠶᠡᠭᠡ ᠬᠠᠤᠯᠢ ᠴᠠᠭᠠᠵᠠ ᠶᠢᠨ ᠰᠠᠨᠠᠯ ᠤᠨ ᠪᠢᠴᠢᠭ ᠢ ᠬᠠᠤᠯᠢ ᠴᠠᠭᠠᠵᠠ ᠶᠢᠨ ᠵᠥᠪᠯᠡᠭᠴᠢ ᠪᠠᠷ ᠣᠷᠣᠯᠴᠠᠭᠤᠯᠵᠤ ᠶᠠᠷᠢᠯᠴᠠᠭᠤᠯᠤᠨ ᠪᠠᠲᠤᠯᠠᠭᠤᠯᠬᠤ ᠬᠡᠷᠡᠭᠲᠡᠶ᠃      ︵ᠲᠥᠷᠪᠡ︶ ᠬᠠᠤᠯᠢ ᠴᠠᠭᠠᠵᠠ ᠶᠢᠨ ᠵᠥᠪᠯᠡᠭᠴᠢ ᠠᠴᠠ ᠵᠥᠪᠬᠡᠨ ᠣᠷᠣᠨ ᠤᠨ ᠵᠠᠰᠠᠭ ᠤᠨ ᠣᠷᠳᠣᠨ ᠳᠤ ᠬᠠᠤᠯᠢ ᠴᠠᠭᠠᠵᠠ ᠶᠢᠨ ᠯᠠᠪᠯᠠᠯᠭ᠎ᠠ ᠶᠢᠨ ᠰᠠᠨᠠᠯ ᠬᠠᠩᠭᠠᠬᠤ ᠠᠴᠠ ᠪᠢᠰᠢ᠂ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠪᠠᠨ ᠬᠡᠷᠡᠭᠵᠢᠭᠦᠯᠬᠦ ᠥᠭᠡᠢ᠃ ᠲᠡᠭᠦᠨ ᠤ ᠡᠳᠦᠷ ᠲᠤᠳᠤᠮ ᠤᠨ ᠬᠠᠤᠯᠢᠴᠢ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠡᠭᠡᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠬᠤᠪᠢ ᠪᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠲᠤᠬᠠᠶ ᠶᠢᠨ ᠬᠥᠮᠦᠨ ᠳᠤ ᠨᠥᠯᠥᠭᠡ ᠦᠵᠡᠭᠦᠯᠵᠦ ᠪᠣᠯᠬᠤ ᠦᠭᠡᠢ᠃      ᠳᠥᠷᠪᠡ᠂ ᠵᠠᠷᠤᠳᠠᠯ ᠤᠨ ᠪᠠᠲᠤᠯᠠᠭ᠎ᠠ      ᠲᠤᠭᠤᠷᠢᠭ ᠤᠨ ᠵᠠᠰᠠᠭ ᠤᠨ ᠣᠷᠳᠣᠨ ᠵᠢᠯ ᠪᠦᠷᠢ ᠵᠣᠬᠢᠬᠤ ᠵᠠᠷᠤᠳᠠᠯ ᠢ ᠰᠢᠯᠵᠢᠭᠦᠯᠦᠨ ᠥᠭᠴᠦ᠂ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯᠲᠠᠨ ᠤ ᠠᠵᠢᠯ ᠤᠨ ᠬᠡᠪ ᠤᠨ ᠪᠠᠶᠢᠳᠠᠯ ᠢᠶᠠᠷ ᠥᠷᠨᠢᠬᠦ ᠶᠢ ᠪᠠᠲᠤᠯᠠᠵᠤ᠂ ᠬᠡᠷᠡᠭ ᠰᠢᠢᠳᠪᠦᠷᠢᠯᠡᠬᠦ ᠳᠤ ᠨᠥᠬᠦᠪᠥᠷᠢ ᠥᠭᠬᠦ ᠬᠡᠯᠪᠡᠷᠢ ᠪᠠᠷ ᠬᠠᠤᠯᠢᠴᠢ ᠶᠢᠨ ᠬᠡᠷᠡᠭ ᠰᠢᠢᠳᠪᠦᠷᠢᠯᠡᠬᠦ ᠳᠤ ᠨᠥᠬᠦᠪᠥᠷᠢ ᠥᠭᠭᠦᠨ᠎ᠡ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠬᠠᠤᠯᠢᠴᠢ ᠡᠷᠬᠡᠪᠰᠢ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠬᠠᠤᠯᠢᠴᠢ ᠶᠢᠨ ᠲᠤᠬᠠᠶᠢᠯᠠᠭᠰᠠᠨ ᠠᠵᠢᠯ ᠤᠨ ᠶᠣᠰᠣ ᠮᠣᠷᠠᠯ ᠪᠠ ᠠᠵᠢᠯ ᠡᠷᠬᠢᠯᠡᠬᠦ ᠰᠠᠬᠢᠯᠭ᠎ᠠ ᠪᠠᠲᠤ ᠶᠢ ᠬᠢᠴᠢᠶᠡᠩᠭᠦ᠋ᠢᠯᠡᠨ ᠰᠠᠬᠢᠵᠤ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠥᠪᠡᠷ ᠢ ᠪᠠᠨ ᠴᠢᠩᠭ᠎ᠠ ᠱᠠᠭᠠᠷᠳᠠᠬᠤ ᠶᠢᠨ ᠬᠠᠮᠲᠤ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠪᠠᠨ ᠴᠢᠩᠭ᠎ᠠ ᠵᠢᠷᠤᠮᠯᠠᠨ ᠠᠵᠢᠯᠯᠠᠬᠤ ᠬᠡᠷᠡᠭᠲᠡᠶ᠃      ︵ᠬᠤᠶᠠᠷ︶ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠶᠡᠭᠡ ᠲᠠᠯ᠎ᠠ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠦᠨᠡᠨᠴᠢ ᠢᠲᠡᠭᠡᠮᠵᠢᠲᠡᠶ᠂  ᠦᠢᠯᠡᠴᠢᠯᠡᠭᠡ ᠶᠢ ᠪᠣᠳᠠᠲᠠᠶᠢᠵᠢᠭᠤᠯᠬᠤ ᠪᠠᠷ ᠴᠢᠷᠮᠠᠶᠢᠬᠤ ᠬᠡᠷᠡᠭᠲᠡᠶ᠃ ᠵᠠᠰᠠᠭ ᠤᠨ ᠣᠷᠳᠣᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠵᠢᠯ ᠤᠨ ᠳᠤᠮᠳᠠ ᠠᠴᠠ ᠪᠠᠨ ᠤᠢᠢᠯᠠᠭᠠᠭᠰᠠᠨ ᠨᠢᠭᠤᠴᠠ ᠪᠠ ᠢᠯᠡ ᠪᠣᠯᠭᠠᠬᠤ ᠳᠤ ᠲᠣᠬᠢᠷᠠᠮᠵᠢ ᠦᠭᠡᠢ ᠶᠠᠪᠤᠳᠠᠯ ᠤᠳ ᠢ ᠪᠠᠷᠢᠮᠲᠠᠯᠠᠬᠤ ᠬᠡᠷᠡᠭᠲᠡᠶ᠃      ︵ᠭᠤᠷᠪᠠ︶ ᠪᠥᠬᠦ ᠲᠤᠭᠤᠷᠢᠭ ᠤᠨ ᠤᠯᠤᠰ ᠲᠥᠷᠥ᠂ ᠠᠵᠤ ᠠᠬᠤᠶ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠪᠤᠰᠤᠳ ᠰᠢᠨᠵᠢᠯᠡᠭᠡᠨ ᠤ ᠮᠡᠳᠡᠯᠭᠡ ᠶᠢ ᠰᠠᠶᠢᠲᠤᠷ ᠡᠵᠡᠮᠰᠢᠵᠦ᠂ ᠮᠡᠳᠡᠯᠭᠡ ᠶᠢᠨ ᠬᠡᠪᠴᠢᠶ᠎ᠡ ᠪᠣᠯᠤᠨ ᠦᠢᠯᠡᠴᠢᠯᠡᠭᠡᠨ ᠤ ᠬᠡᠪᠴᠢᠶ᠎ᠡ ᠪᠠᠨ ᠴᠢᠷᠮᠠᠶᠢᠨ ᠥᠷᠭᠡᠳᠬᠡᠵᠦ᠂ ᠵᠠᠰᠠᠭ ᠤᠨ ᠣᠷᠳᠣᠨ ᠤ ᠢᠲᠡᠭᠡᠯᠲᠡᠶ ᠬᠢᠷᠢ ᠲᠡᠩᠴᠡᠭᠰᠡᠨ ᠵᠥᠪᠯᠡᠭᠴᠢ ᠪᠣᠯᠬᠤ ᠬᠡᠷᠡᠭᠲᠡᠶ᠃      ︵ᠲᠦᠷᠪᠡ︶ ᠪᠣᠯᠪᠠᠰᠤᠨ ᠢᠶᠠᠷ ᠦᠢᠯᠡᠴᠢᠯᠡᠵᠦ᠂ ᠪᠤᠰᠤᠳ ᠲᠤ ᠶᠣᠰᠣᠷᠬᠠᠭ ᠢᠶᠠᠷ ᠬᠠᠨᠳᠤᠵᠤ᠂ ᠣᠪᠣᠷ ᠪᠠᠶᠢᠳᠠᠯ ᠪᠠ ᠤᠢᠢᠯᠠ ᠠᠵᠢᠯᠯᠠᠭ᠎ᠠ ᠶᠢ ᠠᠩᠬᠠᠷᠬᠤ ᠬᠡᠷᠡᠭᠲᠡᠶ᠃ ᠲᠡᠷᠢᠭᠦᠨ ᠤ ᠦᠢᠯᠡᠴᠢᠯᠡᠭᠡ᠂ ᠲᠡᠷᠢᠭᠦᠨ ᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠲᠤᠭᠤᠷᠢᠭ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠵᠤ᠂ ᠴᠦ᠋ ᠰᠢᠨ᠎ᠡ ᠦᠢᠯᠡᠴᠢᠯᠡᠭᠡᠨ ᠤ ᠤᠬᠠᠮᠰᠠᠷ ᠢᠶᠠᠷ ᠲᠤᠭᠤᠷᠢᠭ ᠤᠨ ᠵᠠᠰᠠᠭ ᠤᠨ ᠣᠷᠳᠣᠨ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠮᠠᠨ ᠤ ᠲᠤᠭᠤᠷᠢᠭ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃      ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠬᠠᠶᠢᠨᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 31 ᠳ᠋ᠣᠭᠡᠷ ᠬᠤᠷᠠᠯᠳᠤᠭᠠᠨ ᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠭᠰᠡᠨ ᠰᠠᠨᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ      ᠬᠠᠶᠢᠨᠠᠨ ᠤ ᠵᠠᠰᠠᠭ ᠥᠰᠥᠭ ﹇2021﹈ 125 ᠳ᠋ᠤᠭᠠᠷ ᠲᠣᠭᠠᠲᠤ      ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠄      ︽ᠬᠠᠶᠢᠨᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠨᠢᠭᠡᠳᠦᠭᠡᠷ ᠬᠤᠷᠠᠯ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠭᠰᠡᠨ ᠰᠠᠨᠠᠯ︾ ᠤᠨ ᠱᠠᠭᠠᠷᠳᠠᠯᠭ᠎ᠠ ᠶᠣᠰᠣᠭᠠᠷ᠂ ᠡᠳᠦᠭᠡ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠳᠣᠤᠷᠠᠬᠢ ᠮᠡᠲᠦ ᠬᠠᠷᠢᠭᠤ ᠮᠡᠳᠡᠭᠦᠯᠦᠶ᠎ᠡ᠃      ᠨᠢᠭᠡ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶᠢᠷᠡᠭᠦᠯᠵᠦ᠂ ᠠᠮᠢᠵᠢᠷᠠᠯ ᠤᠨ ᠬᠦᠴᠦᠨ ᠲᠠᠢ ᠪᠣᠯᠭᠠᠬᠤ ᠶᠢ ᠴᠢᠬᠤᠯᠠᠴᠢᠯᠠᠵᠤ᠂ ᠰᠢᠨ᠎ᠡ ᠶᠢ ᠡᠭᠦᠳᠬᠦ ᠶᠢ ᠴᠢᠬᠤᠯᠠᠴᠢᠯᠠᠨ᠎ᠠ᠃ ᠬᠠᠶᠢᠨᠠᠨ ᠲᠣᠭᠤᠷᠢᠭ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠪᠢᠴᠢᠭ ᠮᠠᠲ᠋ᠧᠷᠢᠶᠠᠯ ᠵᠢᠴᠢ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠢᠭᠤᠯᠤᠯ ᠲᠣᠭᠲᠠᠴᠠ ᠶᠢᠨ ᠪᠠᠶᠢᠭᠤᠯᠤᠯᠲᠠ ᠪᠠᠷ ᠬᠥᠲᠥᠯᠦᠮᠵᠢ ᠪᠣᠯᠭᠠᠨ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ ︽ᠲᠠᠪᠤ ᠶᠢ ᠬᠠᠰᠤᠵᠤ ᠭᠤᠷᠪᠠ ᠶᠢ ᠬᠠᠮᠤᠭ ᠤᠨ ᠶᠡᠭᠡ ᠪᠠᠷ ᠪᠠᠭᠠᠰᠬᠠᠬᠤ︾ ᠪᠠᠷ ᠭᠠᠷᠳᠠᠴᠠ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠬᠤ ᠶᠢ ᠠᠬᠢᠭᠤᠯᠤᠨ᠎ᠠ᠃ ᠨᠢᠭᠡ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠵᠦ᠂ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠶᠢ ᠴᠢᠩᠭ᠎ᠠ ᠨᠠᠶᠢᠳᠠᠪᠤᠷᠢᠵᠢᠭᠤᠯᠤᠨ᠂ ᠣᠷᠣᠭᠤᠯᠬᠤ ᠶᠣᠰᠣᠲᠠᠶ ᠵᠦᠢᠯᠡᠰ ᠢ ᠵᠠᠪᠠᠯ ᠣᠷᠣᠭᠤᠯᠬᠤ ᠶᠢ ᠦᠨᠡᠨ ᠬᠦ ᠪᠠᠲᠤᠯᠠᠵᠤ᠂ ᠣᠳᠣᠬᠠᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ 930  ᠵᠦᠢᠯ ᠤᠨ  ᠵᠦᠢᠯᠡᠰ ᠣᠷᠣᠵᠤ ᠰᠠᠭᠤᠭᠠᠳ᠂ ᠣᠷᠣᠵᠤ ᠰᠠᠭᠤᠭᠰᠠᠨ ᠨᠣᠷᠮ᠎ᠠ ᠨᠢ 93 % ᠠᠴᠠ ᠳᠡᠭᠡᠭᠰᠢ ᠳᠤ ᠬᠥᠷᠪᠡ᠃ ︽ᠶᠡᠷᠦᠩᠬᠡᠶᠢᠯᠡᠭᠰᠡᠨ ᠴᠣᠩᠬᠤᠪᠴᠢ ᠪᠠᠷ ᠭᠥᠯᠢᠶᠡᠨ ᠠᠪᠴᠤ  ᠰᠢᠢᠳᠪᠦᠷᠢᠯᠡᠬᠦ᠂ ᠠᠷᠤ ᠲᠠᠯ᠎ᠠ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠴᠣᠩᠬᠤᠪᠴᠢ ᠪᠠᠷ ᠨᠢᠭᠡᠳᠦᠯᠲᠡᠶ ᠮᠠᠲ᠋ᠧᠷᠢᠶᠠᠯ ᠭᠠᠷᠭᠠᠬᠤ︾ ᠭᠦᠢᠴᠡᠳᠭᠡᠬᠦ ᠵᠠᠭᠪᠤᠷ ᠢ ᠪᠡᠶᠡᠯᠡᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠬᠤᠶᠠᠷ ᠲᠤ ᠡᠷᠬᠡ ᠶᠢᠨ ᠰᠠᠭᠤᠷᠢ ᠲᠣᠳᠣᠷᠬᠠᠶ ᠬᠠᠭᠤᠳᠠᠰᠤ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠥᠷᠨᠢᠭᠦᠯᠵᠦ᠂ 105  ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠳᠢᠭᠯᠡᠪᠡ᠂ ᠡᠭᠦᠨ ᠳᠤ᠂ ᠵᠠᠰᠠᠭ ᠵᠠᠬᠢᠷᠭᠠᠨ ᠤ ᠡᠷᠬᠡ ᠶᠢᠨ ᠲᠥᠷᠥᠯ ᠤᠨ ᠵᠦᠢᠯᠡᠰ 457᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠤᠨ ᠵᠦᠢᠯᠡᠰ 648 ᠪᠠᠶᠢᠵᠤ᠂ ︽ᠲᠠᠪᠤ ᠶᠢ ᠬᠠᠰᠤᠬᠤ᠂ ᠭᠤᠷᠪᠠ ᠶᠢ ᠬᠠᠮᠤᠭ ᠤᠨ ᠶᠡᠭᠡ ᠪᠠᠷ ᠬᠠᠰᠤᠬᠤ︾ ᠪᠠᠷ ᠬᠠᠷᠠᠯᠲᠠ ᠪᠣᠯᠭᠠᠨ᠂ ᠴᠠᠭ ᠤᠨ ᠬᠢᠵᠠᠭᠠᠷ᠂ ᠭᠤᠭᠴᠤᠭ᠎ᠠ᠂ ᠮᠠᠲ᠋ᠧᠷᠢᠶᠠᠯ᠂ ᠭᠦᠶᠦᠯᠲᠡ ᠶᠢᠨ ᠤᠳᠠᠭ᠎ᠠ ᠶᠢᠨ ᠲᠠᠯ᠎ᠠ ᠪᠠᠷ ᠬᠦᠴᠦᠯᠡᠵᠦ᠂ ᠠᠵᠢᠯ ᠶᠠᠪᠤᠳᠠᠯ  ᠭᠦᠢᠴᠡᠳᠭᠡᠬᠦ ᠴᠠᠭ ᠤᠨ ᠬᠢᠵᠠᠭᠠᠷ ᠢ 70.6 % ᠪᠠᠷ ᠪᠠᠭᠠᠰᠬᠠᠨ᠂ ᠴᠢᠬᠤᠯᠠ ᠨᠥᠬᠦᠴᠡᠯ ᠤᠨ ᠲᠤᠭ᠎ᠠ ᠶᠢ ᠠᠳᠠᠯᠢ ᠬᠤᠭᠤᠴᠠᠭᠠᠨ ᠤ ᠬᠢ ᠠᠴᠠ 22.8 % ᠪᠠᠷ ᠪᠠᠭᠠᠰᠬᠠᠵᠤ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠨᠠᠶᠢᠷᠠᠭᠤᠯᠤᠨ ᠵᠣᠬᠢᠶᠠᠵᠤ ᠨᠡᠶᠢᠲᠡᠯᠡᠪᠡ᠃ ᠨᠢᠭᠡᠳᠦᠭᠡᠷ ᠪᠦᠯᠦᠭ ᠤᠨ ᠪᠥᠬᠦ ᠬᠤᠲᠠ ᠶᠢᠨ ᠨᠡᠶᠢᠳᠡᠮ ᠰᠢᠢᠳᠪᠦᠷᠢᠯᠡᠬᠦ 23 ᠵᠦᠢᠯ ᠤᠨ ᠵᠦᠢᠯᠡᠰ ᠢ ᠡᠮᠬᠢᠯᠡᠨ ᠬᠠᠷᠭᠤᠭᠤᠯᠵᠤ᠂ ᠢᠯᠭᠠᠭ᠎ᠠ ᠥᠬᠡᠶ ᠭᠥᠯᠢᠶᠡᠨ ᠠᠪᠴᠤ  ᠰᠢᠢᠳᠪᠦᠷᠢᠯᠡᠬᠦ ᠪᠠ ᠠᠳᠠᠯᠢ ᠪᠠᠷᠢᠮᠵᠢᠶ᠎ᠠ ᠪᠠᠷ ᠭᠦᠢᠴᠡᠳᠭᠡᠬᠦ ᠶᠢ ᠪᠠᠲᠤᠯᠠᠪᠠ᠃ ᠭᠤᠷᠪᠠ ᠳᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠮᠡᠳᠡᠭᠦᠯᠦᠨ ᠪᠠᠶᠢᠭᠤᠯᠬᠤ ᠳᠡᠩᠰᠡᠯᠡᠯᠲᠡ᠂ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠪᠠᠷᠢᠬᠤ ᠭᠡᠷ᠎ᠡ ᠶᠢᠨ ᠳᠡᠩᠰᠡᠯᠡᠯᠲᠡ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠯᠠ ᠮᠥᠩᠭᠦ ᠶᠢᠨ ᠪᠠᠲᠤᠯᠠᠭ᠎ᠠ ᠶᠢᠨ ᠪᠢᠴᠢᠭ᠂ ᠪᠠᠷᠢᠯᠭ᠎ᠠ ᠶᠢᠨ ᠵᠣᠭᠤᠰ ᠢ ᠥᠯᠥ ᠥᠷᠢᠲᠦᠬᠦ ᠠᠮᠠᠯᠠᠯᠲᠠ ᠶᠢᠨ ᠪᠢᠴᠢᠭ ᠵᠡᠷᠭᠡ ᠲᠠᠰ ᠳᠠᠷᠠᠭᠠᠯᠠᠯ ᠢ ᠬᠦᠴᠦᠨ ᠥᠬᠡᠶ ᠪᠣᠯᠭᠠᠵᠤ᠂ ︽ᠬᠠᠶᠢᠨᠠᠨ ᠲᠣᠭᠤᠷᠢᠭ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ  ᠵᠦᠢᠯᠡᠰ ᠵᠢᠴᠢ ᠮᠡᠳᠡᠭᠦᠯᠬᠦ ᠮᠠᠲ᠋ᠧᠷᠢᠶᠠᠯ ᠤᠨ ᠨᠠᠷᠢᠨ ᠬᠠᠭᠤᠳᠠᠰᠤ︾ ᠶᠢ ᠲᠣᠭᠲᠠᠭᠠᠵᠤ᠂ ᠲᠥᠷᠥᠯ ᠵᠦᠢᠯ ᠢ ᠰᠤᠳᠤᠯᠵᠤ ᠪᠣᠯᠬᠤ ᠠᠴᠠ ᠠᠵᠢᠯ ᠳᠠᠭᠤᠰᠤᠭᠰᠠᠨ ᠢ ᠰᠢᠯᠭᠠᠨ ᠠᠪᠬᠤ ᠬᠦᠷᠲᠡᠯᠡᠬᠢ ᠴᠠᠭ ᠤᠨ ᠬᠢᠵᠠᠭᠠᠷ ᠢ 65 — 75 ᠠᠵᠢᠯ ᠤᠨ ᠡᠳᠦᠷ ᠤᠨ ᠳᠣᠲᠣᠷ᠎ᠠ ᠪᠣᠯᠭᠠᠨ ᠪᠣᠭᠤᠨᠢᠰᠬᠠᠨ᠎ᠠ᠃ ᠳᠥᠷᠪᠡ ᠳᠤ᠂ ᠬᠢᠨᠠᠨ ᠵᠥᠪᠰᠢᠶᠡᠷᠡᠬᠦ ᠵᠦᠢᠯᠡᠰ ᠤᠨ ᠳᠤᠲᠠᠭᠤ ᠶᠢ ᠬᠦᠯᠢᠶᠡᠨ ᠠᠪᠴᠤ ᠰᠢᠢᠳᠪᠦᠷᠢᠯᠡᠬᠦ ᠶᠢ ᠬᠡᠷᠡᠭᠵᠢᠭᠦᠯᠵᠦ᠂ ᠦᠨᠳᠦᠰᠦᠨ ᠬᠢᠨᠠᠨ ᠵᠥᠪᠰᠢᠶᠡᠷᠡᠬᠦ ᠨᠥᠬᠦᠴᠡᠯ ᠪᠦᠷᠢᠳᠦᠭᠰᠡᠨ᠂ ᠮᠡᠳᠡᠭᠦᠯᠬᠦ ᠮᠠᠲ᠋ᠧᠷᠢᠶᠠᠯ ᠤᠨ ᠭᠤᠤᠯ ᠮᠠᠲ᠋ᠧᠷᠢᠶᠠᠯ ᠨᠢ ᠪᠦᠷᠢᠨ ᠭᠦᠢᠴᠡᠳ᠂ ᠪᠤᠰᠤᠳ ᠨᠥᠬᠦᠴᠡᠯ ᠪᠠ ᠮᠡᠳᠡᠭᠦᠯᠬᠦ ᠮᠠᠲ᠋ᠧᠷᠢᠶᠠᠯ ᠨᠢ ᠳᠤᠲᠠᠮᠠᠭ ᠪᠠᠶᠢᠬᠤ ᠪᠠᠶᠢᠳᠠᠯ ᠳᠣᠤᠷ᠎ᠠ᠂ ᠲᠥᠷᠥᠯ ᠵᠦᠢᠯ ᠤᠨ ᠨᠢᠭᠡᠴᠡ ᠠᠴᠠ ᠭᠤᠶᠤᠴᠢᠯᠠᠯ ᠭᠠᠷᠭᠠᠬᠤ ᠶᠢᠨ ᠬᠠᠮᠲᠤ ᠠᠮᠠᠯᠠᠯᠲᠠ ᠬᠢᠭᠰᠡᠨ ᠤ ᠳᠠᠷᠠᠭ᠎ᠠ᠂ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ ᠤᠷᠢᠳᠠᠪᠠᠷ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠬᠢᠨᠠᠨ ᠵᠥᠪᠰᠢᠶᠡᠷᠡᠬᠦ ᠴᠤᠪᠤᠷᠠᠯ ᠳᠤ ᠣᠷᠣᠵᠤ᠂ ᠲᠥᠷᠥᠯ ᠵᠦᠢᠯ ᠤᠨ ᠨᠢᠭᠡᠴᠡ ᠨᠢ ᠳᠤᠲᠠᠭᠳᠠᠵᠤ ᠪᠠᠶᠢᠭ᠎ᠠ ᠮᠠᠲ᠋ᠧᠷᠢᠶᠠᠯ ᠢᠶᠠᠨ ᠨᠥᠬᠦᠵᠦ ᠵᠠᠯᠠᠷᠠᠭᠤᠯᠤᠭᠰᠠᠨ ᠤ ᠳᠠᠷᠠᠭ᠎ᠠ ᠦᠨᠡᠮᠯᠡᠯ ᠢ ᠵᠢᠩᠬᠢᠨᠢ ᠪᠠᠷ ᠣᠯᠭᠤᠬᠤ ᠪᠤᠶᠤ ᠪᠢᠴᠢᠭ ᠮᠠᠲ᠋ᠧᠷᠢᠶᠠᠯ ᠢ ᠴᠤᠬᠤᠯᠠᠪᠤᠷᠢᠯᠠᠨ ᠬᠠᠷᠢᠭᠤᠯᠤᠨ᠎ᠠ᠃      ᠬᠤᠶᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ︽ᠦᠢᠯᠡᠴᠢᠯᠡᠬᠦ︾ ᠨᠢ ᠦᠷ᠎ᠡ ᠪᠦᠲᠦᠮᠵᠢ ᠭᠠᠷᠭᠠᠵᠤ᠂ ︽ ᠦᠢᠯᠡᠴᠢᠯᠡᠬᠦ︾ ᠨᠢ ᠪᠣᠳᠠᠲᠤ ᠠᠰᠢᠭ ᠤᠯᠬᠤ ᠶᠢ ᠴᠢᠬᠤᠯᠠᠴᠢᠯᠠᠨ᠎ᠠ᠃      ᠡᠵᠡᠩᠨᠡᠯᠲᠡ ᠶᠢᠨ ᠣᠷᠴᠢᠨ ᠲᠣᠭᠤᠷᠢᠨ ᠤ ᠲᠦᠪᠰᠢᠨ ᠤ ᠳᠡᠭᠡᠭᠰᠢᠯᠡᠯᠲᠡ ᠶᠢ ᠠᠬᠢᠭᠤᠯᠬᠤ ᠪᠦᠬᠦᠯᠢ ᠴᠣᠭᠴᠠ ᠶᠢᠨ ᠲᠥᠯᠥᠪᠵᠢᠭᠦᠯᠭᠡ᠂ ᠰᠢᠰᠲ᠋ᠧᠮ ᠤᠨ ᠴᠤᠭᠯᠠᠷᠠᠯ᠂ ᠬᠠᠶᠢᠨ ᠰᠦᠪᠡᠭᠴᠢᠯᠡᠯᠳᠡ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠲᠤᠭ᠎ᠠ ᠪᠠᠷᠢᠮᠲᠠ ᠶᠢ ᠦᠨᠡᠨᠬᠦ ᠢᠯᠡᠭᠦᠦ ᠭᠦᠶᠦᠯᠭᠡᠵᠦ᠂ ᠤᠯᠠᠨ ᠲᠦᠮᠡᠨ ᠢ ᠳᠤᠲᠠᠭᠤ ᠭᠦᠶᠦᠯᠭᠡᠬᠦ ᠬᠡᠷᠡᠭᠲᠡᠢ᠃ ᠨᠢᠭᠡ ᠳᠤ᠂ ︽ᠮᠦᠩᠬᠡ ᠰᠣᠪᠠᠭ · ᠳᠥᠷᠪᠡ ᠶᠢ  ᠭᠦᠢᠴᠡᠳᠭᠡᠬᠦ ︵ᠨᠢᠭᠡ ᠰᠦᠯᠵᠢᠶ᠎ᠡ ᠪᠠᠷ  ᠭᠦᠢᠴᠡᠳᠭᠡᠬᠦ᠂ ᠨᠢᠭᠡ ᠤᠳᠠᠭ᠎ᠠ ᠳᠤ ᠭᠦᠢᠴᠡᠳᠭᠡᠬᠦ᠂ ᠠᠯᠠᠭᠠᠨ ᠳᠡᠭᠡᠷ᠎ᠡ ᠠᠴᠠ  ᠭᠦᠢᠴᠡᠳᠭᠡᠬᠦ᠂ ᠲᠠᠨ ᠢ ᠬᠠᠪᠰᠤᠷᠤᠨ ᠭᠦᠢᠴᠡᠳᠭᠡᠬᠦ︶︾ ᠶᠢᠨ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠣᠲᠣ ᠪᠣᠯᠲᠠᠯ᠎ᠠ᠂ ︽ᠨᠢᠭᠡ ᠤᠳᠠᠭ᠎ᠠ ᠳᠤ ᠭᠦᠢᠴᠡᠳᠭᠡᠬᠦ︾  ᠵᠦᠢᠯᠡᠰ ᠢ 89 ᠬᠤᠪᠢ ᠵᠠᠯᠭᠠᠨ ᠰᠢᠢᠳᠪᠦᠷᠢᠯᠡᠵᠦ᠂ 86 ᠬᠤᠪᠢ ᠶᠢ  ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 96 %᠂ ︽ᠲᠠᠨ ᠢ ᠬᠠᠪᠰᠤᠷᠤᠨ ᠭᠦᠢᠴᠡᠳᠭᠡᠬᠦ︾ ᠵᠦᠢᠯᠡᠰ ᠢ 25 ᠬᠤᠪᠢ ᠵᠠᠯᠭᠠᠨ᠂ 25 ᠬᠤᠪᠢ ᠶᠢ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 100 % ᠪᠣᠯᠪᠠ᠃ ᠬᠤᠶᠠᠷ ᠲᠤ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠠᠵᠢᠯ ᠢ ᠭᠦᠨᠵᠡᠭᠡᠶ ᠳᠥᠯᠭᠢᠨ ᠠᠬᠢᠭᠤᠯᠵᠤ᠂ ᠰᠤᠭᠤᠴᠢᠨ ᠪᠠᠶᠢᠴᠠᠭᠠᠬᠤ ᠠᠵᠢᠯ ᠢ 55 ᠤᠳᠠᠭ᠎ᠠ ᠥᠷᠨᠢᠭᠦᠯᠵᠦ᠂ ᠰᠠᠯᠠᠭ᠎ᠠ ᠮᠥᠴᠢᠷ ᠠᠯᠤᠰᠯᠠᠨ 17 ᠤᠳᠠᠭ᠎ᠠ ᠬᠠᠮᠲᠤᠷᠠᠨ ᠪᠠᠶᠢᠴᠠᠭᠠᠵᠤ᠂ ᠨᠡᠶᠢᠲᠡ 511 ᠡᠷᠦᠬᠡ ᠶᠢ ᠰᠤᠭᠤᠴᠢᠨ ᠪᠠᠶᠢᠴᠠᠭᠠᠪᠠ᠃ ᠰᠦᠯᠵᠢᠶᠡᠨ ᠳᠡᠭᠡᠷ᠎ᠡ ᠭᠦᠢᠴᠡᠳᠭᠡᠬᠦ ᠭᠦᠨᠴᠡ ᠶᠢ ᠳᠡᠭᠡᠭᠰᠢᠯᠡᠭᠦᠯᠵᠦ᠂ ︽ᠪᠥᠬᠦ ᠴᠤᠪᠤᠷᠠᠯ ᠤᠨ ᠰᠦᠯᠵᠢᠶᠡᠨ ᠳᠡᠭᠡᠷ᠎ᠡ ᠭᠦᠢᠴᠡᠳᠭᠡᠬᠦ︾ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠵᠦᠢᠯᠡᠰ ᠤᠨ ᠬᠡᠪᠴᠢᠶ᠎ᠡ ᠶᠢ ᠥᠷᠭᠡᠳᠬᠡᠨ᠂ ᠨᠢᠭᠡᠳᠦᠭᠡᠷ ᠳᠡᠰ ᠤᠨ ᠰᠦᠯᠵᠢᠶᠡᠨ ᠤ ᠠᠯᠪᠠᠨ ᠬᠡᠷ ᠤᠨ ᠭᠦᠨᠴᠡ ᠨᠢ 100%᠂ ᠬᠤᠶᠠᠳᠤᠭᠠᠷ ᠳᠡᠰ ᠤᠨ ᠰᠦᠯᠵᠢᠶᠡᠨ ᠳᠡᠭᠡᠷ᠎ᠡ ᠭᠦᠢᠴᠡᠳᠭᠡᠬᠦ ᠭᠦᠨᠴᠡ ᠨᠢ 96.65 %᠂ ᠭᠤᠷᠪᠠᠳᠤᠭᠠᠷ ᠳᠡᠰ ᠤᠨ ᠰᠦᠯᠵᠢᠶᠡᠨ ᠳᠡᠭᠡᠷ᠎ᠡ ᠭᠦᠢᠴᠡᠳᠭᠡᠬᠦ ᠭᠦᠨᠴᠡ ᠨᠢ 78.29 % ᠳᠤ ᠬᠦᠷᠴᠦ᠂ ᠳᠥᠷᠪᠡᠳᠦᠭᠡᠷ ᠳᠡᠰ ᠤᠨ ᠰᠦᠯᠵᠢᠶᠡᠨ ᠳᠡᠭᠡᠷ᠎ᠡ ᠭᠦᠢᠴᠡᠳᠭᠡᠬᠦ ᠭᠦᠨᠴᠡ ᠨᠢ 66.05 % ᠪᠣᠯᠤᠨ᠎ᠠ᠃ ᠭᠤᠷᠪᠠ ᠳᠤ ︽ᠨᠢᠭᠡ  ᠦᠷᠲᠡᠭᠡᠴᠢᠯᠡᠭᠰᠡᠨ ᠮᠠᠶ᠋ᠢᠭ ᠢᠶᠠᠷ ᠰᠢᠢᠳᠪᠦᠷᠢᠯᠡᠬᠦ︾ ᠪᠠ ︽ᠬᠡᠯᠬᠢᠶᠡᠴᠢᠯᠡᠭᠰᠡᠨ ᠦᠢᠯᠡᠴᠢᠯᠡᠭᠡ︾ ᠶᠢ ᠢᠳᠡᠪᠬᠢᠲᠡᠶ ᠳᠡᠯᠭᠡᠷᠡᠭᠦᠯᠵᠦ᠂ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ᠂ ᠰᠢᠭᠦᠬᠦ᠂ ᠬᠠᠤᠯᠢ ᠴᠠᠭᠠᠵᠠ᠂ ᠬᠥᠭᠰᠢᠨ ᠪᠠᠭᠤᠷᠠᠶ ᠡᠪᠡᠳᠴᠢᠲᠡᠶ ᠵᠡᠮᠳᠡᠭ ᠵᠡᠷᠭᠡ ᠰᠠᠭᠠᠳ ᠦᠭᠡᠢ ᠨᠡᠪᠲᠡᠷᠡᠬᠦ ᠵᠠᠮ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠵᠠᠭᠠᠯᠳᠤᠬᠤ ᠵᠠᠬᠢᠳᠠᠯ ᠰᠤᠷᠪᠤᠯᠵᠢᠯᠠᠭ᠎ᠠ ᠵᠡᠷᠭᠡ ᠦᠢᠯᠡᠴᠢᠯᠡᠭᠡᠨ ᠤ ᠴᠣᠩᠬᠤ ᠶᠢ ᠪᠠᠶᠢᠭᠤᠯᠵᠤ᠂ ᠭᠠᠶᠢᠯᠢ ᠭᠦᠢᠴᠡᠳᠭᠡᠬᠦ ᠴᠣᠩᠬᠤᠨ ᠳᠤ ᠰᠦᠯᠵᠢᠶᠡᠨ ᠳᠡᠭᠡᠷ᠎ᠡ ᠭᠠᠶᠢᠯᠢ ᠭᠦᠢᠴᠡᠳᠭᠡᠬᠦ᠂ ᠥᠪᠡᠰᠦᠪᠡᠨ ᠭᠠᠶᠢᠯᠢ ᠭᠦᠢᠴᠡᠳᠭᠡᠬᠦ ᠶᠢ ᠳᠡᠯᠭᠡᠷᠡᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠡᠷᠦᠬᠡ ᠶᠢᠨ ᠦᠨᠡᠮᠯᠡᠯ ᠤᠨ ᠴᠣᠩᠬᠤᠨ ᠳᠤ ᠬᠤᠶᠢᠰᠢᠯᠠᠭᠤᠯᠤᠨ ᠭᠦᠢᠴᠡᠳᠭᠡᠬᠦ ᠶᠢ ᠬᠡᠷᠡᠭᠵᠢᠭᠦᠯᠦᠨ᠎ᠡ᠃ ᠤᠰᠤ ᠬᠠᠩᠭᠠᠬᠤ᠂ ᠢᠯᠴᠢ ᠬᠠᠩᠭᠠᠬᠤ ᠴᠣᠩᠬᠤᠨ ᠳᠤ ᠸᠢᠴᠠᠲ ᠤᠨ ᠰᠦᠢᠳᠭᠡᠯ ᠲᠤᠰᠢᠶᠠᠬᠤ ᠶᠢ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠴᠣᠩᠬᠤᠨ ᠳᠤ ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ ᠤᠨ ᠪᠥᠬᠦ ᠶᠠᠪᠤᠴᠠ ᠶᠢ ︽ᠠᠯᠠᠭᠠᠨ ᠳᠡᠭᠡᠷ᠎ᠡ ᠪᠠᠨ ᠭᠦᠢᠴᠡᠳᠭᠡᠬᠦ︾ ᠶᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠡᠯᠧᠺᠲᠷᠣᠨ ᠵᠠᠰᠠᠭ ᠤᠨ ᠶᠠᠪᠤᠳᠠᠯ ᠤᠨ ᠪᠡᠶᠡᠴᠢᠯᠡᠨ ᠣᠶᠢᠯᠠᠭᠠᠬᠤ ᠲᠣᠭᠤᠷᠢᠭ ᠪᠠ 24 ᠴᠠᠭ ᠤᠨ ᠵᠠᠰᠠᠭ ᠤᠨ ᠶᠠᠪᠤᠳᠠᠯ ᠤᠨ ᠥᠪᠡᠰᠦᠪᠡᠨ  ᠦᠢᠯᠡᠴᠢᠯᠡᠬᠦ ᠲᠣᠭᠤᠷᠢᠭ ᠢ ᠳᠣᠭᠢᠷᠠᠭᠤᠯᠵᠤ᠂ ᠮᠡᠳᠡᠭᠡ ᠵᠠᠩᠭᠢ ᠪᠠᠷ ᠠᠷᠠᠳ ᠲᠤ ᠠᠰᠢᠭ ᠬᠦᠷᠲᠡᠭᠡᠬᠦ ᠬᠠᠮᠤᠭ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠦᠨ᠎ᠡ᠃      ᠭᠤᠷᠪᠠ᠂ ᠦᠢᠯᠡᠴᠢᠯᠡᠭᠡᠨ ᠤ ᠰᠢᠰᠲ᠋ᠧᠮᠵᠢ ᠶᠢᠨ ᠰᠢᠨ᠎ᠡ ᠶᠢ ᠡᠭᠦᠳᠴᠦ᠂ ᠲᠥᠪ ᠭᠤᠤᠯᠴᠢ  ᠪᠠᠷ︽ᠦᠢᠯᠡᠴᠢᠯᠡᠬᠦ︾᠂ ᠶᠠᠰᠤ ᠴᠢᠨᠠᠷ ᠲᠠᠢ ︽ ᠦᠢᠯᠡᠴᠢᠯᠡᠬᠦ︾ ᠶᠢ ᠴᠢᠬᠤᠯᠠᠴᠢᠯᠠᠨ᠎ᠠ᠃ ᠳᠣᠲᠣᠨᠣ ᠪᠥᠭᠡᠳ ᠴᠡᠪᠡᠷ ᠰᠢᠨ᠎ᠡ ᠬᠡᠯᠪᠡᠷᠢ ᠶᠢᠨ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠬᠤ ᠱᠠᠭᠠᠷᠳᠠᠯᠭ᠎ᠠ ᠶᠣᠰᠣᠭᠠᠷ᠂ ︽ᠠᠵᠤ ᠠᠬᠤᠶᠢᠯᠠᠯ ᠱᠦᠭᠯᠦ ᠦᠯᠢᠶᠡᠵᠦ᠂ ᠰᠠᠯᠠᠭ᠎ᠠ ᠮᠥᠴᠢᠷ ᠨᠡᠷ᠎ᠡ ᠮᠡᠳᠡᠭᠦᠯᠬᠦ︾ ᠶᠢ ᠪᠡᠶᠡᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠳᠤ ︽ᠳᠡᠯᠭᠡᠭᠦᠷ ᠤᠨ ᠦᠢᠯᠡᠴᠢᠯᠡᠭᠴᠢ︾ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠳᠡᠭᠡᠳᠦ ᠱᠠᠲᠤᠨ ᠤ ᠭᠠᠶᠢᠯᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠬᠥᠭᠵᠢᠯᠲᠡ ᠶᠢᠨ ᠵᠥᠭᠡᠯᠡᠨ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ᠨᠢᠭᠡ ᠳᠤ᠂ ︽ᠥᠪᠥᠷ ᠮᠣᠩᠭᠤᠯ ᠤᠨ ᠠᠵᠤ ᠠᠬᠤᠶᠢᠯᠠᠯ ᠳᠤ ᠨᠡᠪᠲᠡᠷᠡᠬᠦ︾ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠨᠢᠭᠡᠨᠲᠡ ᠰᠦᠯᠵᠢᠶᠡᠨ ᠳᠤ ᠣᠷᠣᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠬᠦᠷᠭᠡᠨ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ᠂ ᠣᠳᠣᠬᠠᠨ ᠳᠤ ᠨᠢᠭᠡᠨᠲᠡ 395 ᠠᠵᠤ ᠠᠬᠤᠶᠢᠯᠠᠯ ᠢ ᠳᠠᠩᠰᠠᠯᠠᠭᠤᠯᠪᠠ᠃ ᠬᠤᠶᠠᠷ ᠲᠤ᠂ ᠶᠠ ᠳ᠋ᠦᠩ᠂ ᠵᠥᠩ ᠯᠢᠶᠠᠨ᠂ ᠱᠢ ᠯᠢᠶᠠᠨ ᠵᠡᠷᠭᠡ 8 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠪᠠᠯᠠ ᠮᠥᠩᠭᠦ ᠭᠤᠶᠤᠴᠢᠯᠠᠨ ᠮᠡᠳᠡᠭᠦᠯᠵᠦ᠂ ᠱᠢ ᠬᠤᠸᠠᠨ ᠺᠣᠮᠫᠠᠨᠢ ᠶᠢ ᠬᠠᠮᠵᠢᠨ 900 ᠲᠦᠮᠡᠨ ᠲᠥᠭᠦᠷᠢᠭ ᠤᠨ ︽ᠲᠡᠳᠬᠦᠮᠵᠢ ᠶᠢᠨ ᠳᠠᠭᠠᠳᠬᠠᠯ ᠤᠨ ᠮᠥᠩᠭᠦ ᠶᠢᠨ ᠵᠢᠭᠡᠯᠡᠯᠭᠡ︾ ᠭᠤᠶᠤᠴᠢᠯᠠᠵᠤ᠂ 12 ᠠᠵᠤ ᠠᠬᠤᠶᠢᠯᠠᠯ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠤᠶᠤᠴᠢᠯᠠᠵᠤ ᠦᠭᠭᠦᠪᠡ᠃ ᠭᠤᠷᠪᠠ ᠳᠤ ᠪᠥᠬᠦ ᠲᠤᠭᠤᠷᠢᠭ  ᠤᠨ ᠬᠡᠪᠴᠢᠶᠡᠨ ᠳᠤ ︽ᠢᠲᠡᠭᠡᠮᠵᠢᠲᠦ ᠵᠢᠭᠡᠯᠡᠯᠭᠡ︾ ᠶᠢᠨ ᠲᠠᠪᠴᠠᠩ ᠢ ᠳᠡᠯᠭᠡᠷᠡᠭᠦᠯᠵᠦ᠂ ᠮᠠᠰᠢ ᠣᠯᠠᠨ ᠢᠲᠡᠭᠡᠮᠵᠢ ᠲᠠᠢ ᠵᠢᠵᠢᠭ ᠪᠢᠴᠢᠯ ᠠᠵᠤ ᠠᠬᠤᠶᠢᠯᠠᠯ ᠳᠤ ᠠᠰᠢᠭ ᠬᠦᠷᠲᠡᠭᠡᠵᠦ᠂ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ᠂ ᠪᠠᠯᠠ ᠲᠣᠬᠢᠷᠠᠭᠤᠯᠬᠤ ᠳᠤ ᠦᠨᠡᠲᠡᠶ ᠪᠠ ᠪᠠᠯᠠ ᠲᠣᠬᠢᠷᠠᠭᠤᠯᠬᠤ ᠳᠤ ᠤᠳᠠᠭᠠᠨ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠳᠥᠯᠭᠢᠨ ᠠᠬᠢᠭᠤᠯᠬᠤ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ ᠣᠯᠵᠤ᠂ ᠮᠠᠨ ᠤ ᠲᠤᠭᠤᠷᠢᠭ ᠤᠨ ᠠᠵᠤ ᠠᠬᠤᠶᠢᠯᠠᠯ ᠤᠳ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠡᠶᠢᠲᠡ 7 ᠬᠤᠪᠢ ᠨᠡᠶᠢᠲᠡᠯᠡᠵᠦ᠂ ᠬᠤᠯᠪᠣᠭᠳᠠᠭᠰᠠᠨ ᠵᠣᠭᠤᠰ ᠤᠨ ᠲᠤᠭ᠎ᠠ ᠨᠢ 1.6 ᠳ᠋ᠦᠩᠰᠢᠭᠤᠷ ᠲᠥᠭᠦᠷᠢᠭ ᠲᠤ ᠬᠦᠷᠴᠡᠶ᠃ ᠳᠥᠷᠪᠡ ᠳᠤ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ ᠬᠦᠷᠢᠶᠡᠯᠡᠩ ᠤᠨ ᠳᠠᠭᠠᠭᠠᠴᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠳᠣᠬᠠᠨ ᠳᠤ᠂ ᠬᠦᠷᠢᠶᠡᠯᠡᠩ  ᠤᠨ ᠴᠠᠬᠢᠯᠭᠠᠨ ᠬᠦᠴᠦᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 160 ᠲᠦᠮᠡᠨ ᠺᠢᠯᠣᠸᠠᠲ ᠲᠤ ᠬᠦᠷᠦᠭᠦᠯᠵᠦ᠂ ᠤᠰᠤ ᠬᠠᠩᠭᠠᠬᠤ ᠴᠢᠳᠠᠪᠤᠷᠢ ᠶᠢ ᠡᠳᠦᠷ ᠲᠤ 10 ᠲᠦᠮᠡᠨ ᠲᠣᠨ ᠳᠤ ᠬᠦᠷᠦᠭᠦᠯᠵᠦ᠂ ᠠᠭᠤᠷ ᠤᠨ ᠬᠠᠩᠭᠠᠯᠭ᠎ᠠ ᠶᠢᠨ ᠴᠢᠳᠠᠪᠤᠷᠢ ᠶᠢ ᠴᠠᠭ ᠲᠤ 270 ᠲᠣᠨ ᠳᠤ ᠬᠦᠷᠦᠭᠦᠯᠵᠦ᠂  ᠡᠳ᠋ ᠪᠠᠷᠠᠭᠠᠨ ᠤ ᠲᠡᠭᠡᠭᠡᠪᠦᠷᠢ ᠶᠢᠨ ᠣᠷᠣᠭᠤᠯᠵᠤ ᠭᠠᠷᠭᠠᠬᠤ ᠴᠢᠳᠠᠪᠤᠷᠢ ᠶᠢ ᠵᠢᠯ ᠳᠤ 6000 ᠲᠦᠮᠡᠨ ᠲᠣᠨ ᠳᠤ ᠬᠦᠷᠦᠭᠦᠯᠵᠦ᠂ ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢ 5.8 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠦᠭᠦᠯᠵᠦ ᠪᠠᠶᠢᠨ᠎ᠠ᠃ ᠲᠤᠭᠤᠷᠢᠭ ᠤᠨ ᠵᠠᠰᠠᠭ ᠤᠨ ᠣᠷᠳᠣᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ︽ᠳᠥᠷᠪᠡᠨ ᠤᠬᠠᠮᠰᠠᠷ︾ ᠢ ᠦᠢᠯᠡᠳᠦᠯᠭᠡᠵᠢᠭᠦᠯᠵᠦ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠣᠳᠠᠲᠤ ᠠᠵᠢᠯᠯᠠᠭ᠎ᠠ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠣᠯ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠭ᠎ᠠ ᠤᠷᠳᠤ ᠬᠤᠭᠤᠴᠠᠭᠠᠨ ᠤ ᠠᠷᠭ᠎ᠠ ᠪᠤᠳᠤᠯᠭ᠎ᠠ ᠮᠥᠨ ᠭᠡᠳᠡᠭ ᠢ ᠭᠦᠨᠵᠡᠭᠡᠶ ᠲᠠᠨᠢᠬᠤ ᠬᠡᠷᠡᠭᠲᠡᠶ᠃ ︽ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠶᠢ ᠦᠷᠭᠦᠯᠵᠢᠯᠡᠨ ᠰᠢᠯᠢᠳᠡᠭᠵᠢᠭᠦᠯᠵᠦ᠂ ᠲᠦᠷᠢᠮ ᠤᠨ ︽ᠥᠪᠡᠷ ᠤᠨ ᠦᠷᠳᠡᠭ ᠢ ᠪᠠᠭᠤᠷᠠᠭᠤᠯᠬᠤ︾ ᠶᠢ ᠪᠦᠷᠢᠨᠰᠢᠬᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠯ᠎ᠡ ᠵᠦᠢᠯ ᠤᠨ ᠠᠵᠢᠯ ᠤᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃          2021 ᠣᠨ ᠤ 10 ᠰᠠᠷ᠎ᠠ ᠶᠢᠨ 29 ᠤ ᠡᠳᠦᠷ      ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠬᠠᠶᠢᠨᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 31 ᠳ᠋ᠣᠭᠡᠷ ᠬᠤᠷᠠᠯᠳᠤᠭᠠᠨ ᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮ ᠤᠨ ᠵᠦᠢᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠰᠠᠨᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ      ᠬᠠᠶᠢᠨᠠᠨ ᠤ ᠵᠠᠰᠠᠭ ᠦᠰᠦᠭ ﹇2021﹈ 124 ᠳ᠋ᠣᠭᠡᠷ ᠲᠣᠭᠠᠲᠤ      ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠄      ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︿ᠬᠠᠶᠢᠨᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 31  ᠳ᠋ᠣᠭᠡᠷ ᠬᠤᠷᠠᠯᠳᠤᠭᠠᠨ ᠤ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮ ᠤᠨ ᠵᠦᠢᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠰᠠᠨᠠᠯ﹀ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠬᠠᠶᠢᠨᠠᠨ  ᠠᠷᠠᠳ ᠤᠨ ᠲᠦᠯᠦᠭᠡᠯᠡᠭᠴᠢᠳ ᠪᠠᠶᠢᠩᠭᠤ ᠲᠠᠷᠬᠠᠭᠠᠭᠰᠠᠨ ︹ 2021 ︺15 ᠳ᠋ᠤᠭᠠᠷ ᠲᠣᠭᠠᠲᠤ︶ ᠢ ᠦᠨᠳᠦᠰᠦᠯᠡᠪᠡᠯ᠂ ᠲᠤᠭᠤᠷᠢᠭ ᠤᠨ ᠵᠠᠰᠠᠭ ᠤᠨ ᠣᠷᠳᠣᠨ ᠳᠤᠷᠠᠳᠤᠭᠰᠠᠨ ᠠᠰᠠᠭᠤᠳᠠᠯ ᠤᠨ ᠲᠤᠬᠠᠶ ᠰᠠᠨᠠᠭᠤᠯᠭ᠎ᠠ ᠶᠢ ᠨᠠᠷᠢᠨ ᠬᠢᠨᠠᠮᠠᠭᠠᠶ ᠰᠤᠳᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ᠂ ᠡᠳᠦᠭᠡ ᠰᠤᠳᠤᠯᠤᠨ ᠰᠢᠢᠳᠪᠦᠷᠢᠯᠡᠭᠰᠡᠨ ᠦᠷ᠎ᠡ ᠳ᠋ᠦᠩ ᠢᠶᠠᠨ ᠪᠢᠴᠢᠭ ᠮᠠᠲ᠋ᠧᠷᠢᠶᠠᠯ ᠲᠠᠢ ᠬᠠᠮᠲᠤ ᠳᠡᠪᠰᠢᠭᠦᠯᠪᠡ᠃      ᠨᠢᠭᠡ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠠᠯᠳᠠ ᠬᠡᠮ ᠢ ᠵᠠᠰᠠᠬᠤ ᠶᠢᠨ ︽ᠬᠠᠮᠢᠶᠠᠷᠤᠨ ᠡᠵᠡᠮᠳᠡᠬᠦ ᠴᠢᠳᠠᠪᠤᠷᠢ︾ ᠶᠢ ᠳᠡᠭᠡᠭᠰᠢᠯᠡᠭᠦᠯᠦᠨ᠎ᠡ      ᠨᠢᠭᠡ ᠳᠤ᠂ ᠮᠠᠨ ᠤ ᠲᠤᠭᠤᠷᠢᠭ 2021 ᠣᠨ ᠳᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠬᠢᠨᠠᠨ ᠬᠠᠮᠢᠶᠠᠷᠬᠤ ᠡᠩᠨᠡᠭᠡ ᠶᠢᠨ ᠬᠦᠴᠦᠨ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠡᠩᠨᠡᠭᠡ ᠶᠢᠨ ᠲᠤᠰᠬᠠᠶ ᠮᠡᠷᠭᠡᠵᠢᠯ ᠤᠨ ᠪᠦᠲᠦᠴᠡ ᠪᠠ ᠰᠤᠷᠤᠯᠭ᠎ᠠ ᠶᠢᠨ ᠨᠠᠮᠲᠠᠷ ᠤᠨ ᠲᠠᠰ ᠳᠠᠪᠬᠤᠷᠭ᠎ᠠ ᠶᠢ ᠰᠠᠶᠢᠵᠢᠷᠠᠭᠤᠯᠪᠠ᠃ ᠣᠳᠣᠬᠠᠨ ᠳᠤ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠨᠡᠶᠢᠲᠡ 5 ᠬᠥᠮᠦᠨ ᠪᠠᠶᠢᠵᠤ᠂ ᠴᠥᠮ ᠡᠮᠨᠡᠯᠭᠡ ᠶᠢᠨ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠡᠮ ᠤᠨ ᠤᠬᠠᠭᠠᠨ ᠤ ᠬᠠᠮᠢᠶ᠎ᠠ ᠪᠥᠬᠦᠶ ᠲᠤᠰᠬᠠᠶ ᠮᠡᠷᠭᠡᠵᠢᠯ ᠪᠣᠯᠤᠨ᠎ᠠ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢᠶᠠᠷ ᠳᠡᠮᠵᠢᠨ ᠬᠠᠷᠢᠶ᠎ᠠ ᠣᠷᠣᠨ ᠤ ᠪᠠᠨ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡ ᠶᠢ ᠬᠠᠩᠭᠠᠨ᠎ᠠ᠃      ᠬᠤᠶᠠᠷ ᠲᠤ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠨᠠᠨ ᠬᠠᠮᠢᠶᠠᠷᠬᠤ ᠠᠵᠢᠯᠲᠠᠨ᠂ ᠬᠠᠮᠵᠢᠨ ᠬᠠᠮᠢᠶᠠᠷᠬᠤ ᠠᠵᠢᠯᠲᠠᠨ᠂ ᠠᠵᠢᠯᠯᠠᠵᠤ ᠪᠠᠶᠢᠭ᠎ᠠ ᠬᠥᠮᠦᠰ ᠤᠨ ᠠᠳᠠᠯᠢ ᠪᠤᠰᠤ ᠭᠤᠤᠯ ᠴᠣᠭᠴᠠ ᠶᠢᠨ ᠲᠣᠭᠤᠷᠢᠨ ᠳᠤ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠠᠵᠢᠯ ᠮᠡᠷᠭᠡᠵᠢᠭᠰᠡᠨ᠂ ᠲᠤᠰᠬᠠᠶᠢᠵᠢᠭᠰᠠᠨ ᠪᠠᠶᠢᠴᠠᠭᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠣᠳᠣ ᠪᠣᠯᠲᠠᠯ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠲᠠᠢ ᠤᠶᠠᠯᠳᠤᠭᠤᠯᠤᠨ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠶᠢᠨ ᠠᠷᠭ᠎ᠠ ᠮᠠᠶ᠋ᠢᠭ ᠢᠶᠠᠷ ᠪᠣᠯᠪᠠᠰᠤᠷᠠᠯ ᠥᠷᠨᠢᠭᠦᠯᠵᠦ᠂ ᠡᠭᠦᠨ ᠳᠤ ᠰᠦᠯᠵᠢᠶᠡᠨ ᠳᠡᠭᠡᠷ᠎ᠡ ︽ᠭᠠᠷᠠᠭ ᠪᠦᠷᠢ ᠨᠢᠭᠡ ᠬᠢᠴᠢᠶᠡᠯ︾᠂ ᠬᠢᠨᠠᠨ ᠬᠠᠮᠢᠶᠠᠷᠬᠤ ᠠᠵᠢᠯ ᠤᠨ ᠣᠯᠠᠨ ᠲᠦᠮᠡᠨ ᠤ ᠠᠷᠭ᠎ᠠ ᠮᠠᠶ᠋ᠢᠭ ᠢᠶᠠᠷ 10 ᠤᠳᠠᠭ᠎ᠠ ᠪᠣᠯᠪᠠᠰᠤᠷᠠᠭᠤᠯᠤᠯ ᠥᠷᠨᠢᠭᠦᠯᠵᠦ᠂ ᠰᠦᠯᠵᠢᠶᠡᠨ ᠭᠠᠳᠠᠨ᠎ᠠ ᠡᠮ ᠤᠨ  ᠵᠦᠢᠯ ᠵᠠᠰᠠᠯ ᠴᠢᠮᠡᠭᠯᠡᠯ ᠤᠨ ᠡᠳ᠋ ᠤᠨ ᠮᠠᠭᠤ ᠤᠷᠪᠠᠯ ᠢ ᠬᠢᠨᠠᠨ ᠬᠡᠮᠵᠢᠬᠦ ᠠᠵᠢᠯ ᠤᠨ ᠪᠣᠯᠪᠠᠰᠤᠷᠠᠭᠤᠯᠤᠯ ᠢ 1 ᠤᠳᠠᠭ᠎ᠠ ᠥᠷᠨᠢᠭᠦᠯᠵᠦ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠪᠣᠯᠪᠠᠰᠤᠷᠠᠭᠤᠯᠤᠯ ᠢ 1 ᠤᠳᠠᠭ᠎ᠠ ᠥᠷᠨᠢᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠪᠣᠯᠪᠠᠰᠤᠷᠠᠭᠤᠯᠤᠯ ᠳᠤ 3 ᠤᠳᠠᠭ᠎ᠠ ᠣᠷᠣᠯᠴᠠᠵᠤ᠂ ᠨᠡᠶᠢᠲᠡ 120 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠤᠭᠠᠳ᠂ ᠡᠮ ᠤᠨ  ᠵᠦᠢᠯ ᠤᠨ ᠬᠢᠨᠠᠨ ᠬᠠᠮᠢᠶᠠᠷᠬᠤ ᠠᠵᠢᠯᠲᠠᠨ᠂ ᠠᠵᠢᠯ ᠡᠷᠭᠢᠯᠡᠭᠰᠡᠳ ᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠬᠤᠶᠠᠷ᠂ ᠬᠢᠨᠠᠨ ᠬᠠᠮᠢᠶᠠᠷᠴᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠴᠢᠩᠭ᠎ᠠ ᠰᠢᠳᠭᠡᠵᠦ ᠬᠦᠨᠳᠦ ᠪᠠᠷ ᠰᠢᠳᠭᠡᠬᠦ ᠶᠢᠨ ︽ᠰᠦᠷᠳᠡᠭᠦᠯᠬᠦ ᠬᠦᠴᠦᠨ︾ ᠢ ᠴᠢᠩᠭᠠᠷᠠᠭᠤᠯᠤᠨ᠎ᠠ      ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ ᠴᠢᠩᠭ᠎ᠠ ᠬᠠᠮᠢᠶᠠᠷᠬᠤ᠂ ᠠᠶᠤᠯ ᠲᠦᠭᠰᠢᠭᠦᠷᠢ ᠶᠢ ᠴᠢᠩᠭ᠎ᠠ ᠡᠵᠡᠮᠳᠡᠬᠦ᠂ ᠬᠠᠤᠯᠢ ᠶᠢ ᠵᠥᠷᠢᠴᠡᠪᠡᠯ ᠴᠢᠩᠭ᠎ᠠ ᠰᠢᠳᠬᠡᠬᠦ ᠵᠠᠷᠴᠢᠮ ᠢ ᠪᠠᠷᠢᠮᠲᠠᠯᠠᠵᠤ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ ᠪᠠᠷ ᠰᠢᠰᠲ᠋ᠧᠮ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠰᠠᠬᠢᠨ᠎ᠠ᠃      ᠨᠢᠭᠡ ᠳᠤ ᠡᠮ ᠤᠨ ᠵᠦᠢᠯ ᠤᠨ ᠵᠠᠩᠭᠢᠯᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠡᠮ ᠤᠨ ᠵᠦᠢᠯ ᠤᠨ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠥᠷᠪᠡᠨ ᠲᠥᠷᠥᠯ ᠤᠨ ᠡᠮ ᠤᠨ ᠵᠦᠢᠯ ᠳᠤ ᠥᠨᠳᠥᠷ ᠳᠠᠪᠲᠠᠮᠵᠢ ᠶᠢᠨ ᠬᠢᠨᠠᠯᠲᠠ ᠪᠠᠶᠢᠴᠠᠭᠠᠯᠲᠠ ᠶᠢ ᠭᠤᠤᠯᠳᠠᠯᠭ᠎ᠠ ᠲᠠᠢ ᠥᠷᠨᠢᠭᠦᠯᠵᠦ᠂ ᠬᠤᠳᠠᠯᠳᠤᠨ ᠠᠪᠤᠭᠰᠠᠨ ᠠᠷᠭ᠎ᠠ ᠵᠠᠮ ᠨᠢ ᠬᠠᠤᠯᠢ ᠳᠤ ᠨᠡᠶᠢᠴᠡᠬᠦ ᠡᠰᠡᠬᠦ᠂ ᠬᠤᠳᠠᠯᠳᠤᠨ ᠠᠪᠤᠭᠰᠠᠨ ᠫᠢᠶᠣᠣ ᠪᠠᠷᠢᠮᠲᠠ ᠶᠢᠨ ᠦᠯᠡᠳᠡᠭᠡᠨ ᠬᠠᠳᠠᠭᠠᠯᠠᠭᠰᠠᠨ ᠨᠢ ᠵᠢᠷᠤᠮᠵᠢᠯ ᠳᠤ ᠨᠡᠶᠢᠴᠡᠬᠦ ᠡᠰᠡᠬᠦ᠂ ᠪᠠᠷᠠᠭ᠎ᠠ ᠬᠠᠩᠭᠠᠬᠤ ᠠᠵᠤ ᠠᠬᠤᠶᠢᠯᠠᠯ ᠤᠨ ᠬᠢᠷᠢ ᠴᠢᠳᠠᠮᠵᠢ ᠶᠢᠨ ᠦᠯᠡᠳᠡᠭᠡᠨ ᠬᠠᠳᠠᠭᠠᠯᠠᠭᠰᠠᠨ ᠨᠢ ᠪᠦᠷᠢᠨ ᠪᠦᠲᠦᠨ ᠡᠰᠡᠬᠦ᠂ ᠡᠮ ᠤᠨ  ᠵᠦᠢᠯ ᠢ ᠡᠵᠡᠩᠨᠡᠨ ᠬᠡᠷᠡᠭᠯᠡᠬᠦ ᠨᠢᠭᠡᠴᠡ ᠠᠴᠠ ︽ᠳᠥᠷᠪᠡᠨ ᠲᠥᠷᠥᠯ ᠤᠨ ᠡᠮ ᠤᠨ ᠵᠦᠢᠯ︾ ᠤᠨ ᠪᠣᠷᠣᠯᠠᠭᠤᠯᠭ᠎ᠠ ᠶᠢᠨ ᠳᠡᠩᠰᠡᠯᠡᠯᠲᠡ ᠬᠢᠬᠦ ᠶᠢᠨ ᠬᠠᠮᠲᠤ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠳᠤ ᠳᠠᠮᠵᠢᠭᠤᠯᠬᠤ ᠬᠡᠷᠡᠭᠲᠡᠶ᠃      ᠬᠤᠶᠠᠷ ᠲᠤ᠂ ᠡᠵᠡᠩᠨᠡᠯᠲᠡ ᠶᠢᠨ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠮ ᠤᠨ ᠵᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠮ ᠤᠨ ᠵᠦᠢᠯ ᠢ ᠡᠵᠡᠩᠨᠡᠨ ᠬᠡᠷᠡᠭᠯᠡᠬᠦ ᠨᠢᠭᠡᠴᠡ ᠯᠦᠭᠡ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠲᠡᠭᠦᠨ ᠤ ᠡᠵᠡᠩᠨᠡᠯᠲᠡ ᠶᠢᠨ ᠲᠠᠯᠠᠪᠤᠷ ᠭᠠᠵᠠᠷ ᠲᠠᠭᠠᠨ ᠬᠠᠭᠤᠷᠮᠠᠭ ᠮᠠᠭᠤ ᠡᠮ ᠡᠵᠡᠩᠨᠡᠬᠦ ᠥᠬᠡᠶ᠂ ᠬᠠᠤᠯᠢ ᠪᠤᠰᠤ ᠠᠷᠭ᠎ᠠ ᠵᠠᠮ ᠢᠶᠠᠷ ᠡᠮ ᠤᠨ  ᠵᠦᠢᠯ ᠢ ᠬᠤᠳᠠᠯᠳᠤᠨ ᠣᠷᠣᠭᠤᠯᠬᠤ ᠥᠬᠡᠶ᠂ ᠬᠤᠷᠢᠶᠠᠨ ᠠᠪᠤᠭᠰᠠᠨ ᠡᠮ ᠤᠨ  ᠵᠦᠢᠯ ᠢ ᠬᠠᠤᠯᠢ ᠪᠤᠰᠤ ᠪᠠᠷ ᠡᠵᠡᠩᠨᠡᠬᠦ ᠥᠬᠡᠶ ᠵᠡᠷᠭᠡ ᠵᠦᠢᠯᠡᠰ ᠢ ᠵᠠᠷᠯᠠᠨ ᠨᠡᠶᠢᠲᠡᠯᠡᠬᠦ ᠶᠢ ᠰᠢᠮᠳᠠᠭᠤᠯᠬᠤ ᠬᠡᠷᠡᠭᠲᠡᠶ᠃ ᠠᠮᠠᠯᠠᠯᠲᠠ ᠶᠢᠨ ᠪᠢᠴᠢᠭ ᠲᠤ ᠨᠡᠶᠢᠲᠡ 49 ᠬᠤᠪᠢ ᠭᠠᠷ ᠤᠨ ᠥᠰᠥᠭ ᠵᠢᠷᠤᠵᠤ᠂ ᠡᠮ ᠤᠨ ᠵᠦᠢᠯ ᠤᠨ ᠡᠵᠡᠩᠨᠡᠯᠲᠡ ᠶᠢᠨ ᠨᠢᠭᠡᠴᠡ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠃      ᠭᠤᠷᠪᠠ ᠳᠤ᠂ ᠴᠢᠬᠤᠯᠠ ᠭᠤᠭᠴᠤᠭ᠎ᠠ ᠶᠢ ᠴᠢᠩᠭ᠎ᠠ ᠠᠩᠬᠠᠷᠴᠤ᠂ ᠡᠮ ᠤᠨ ᠵᠦᠢᠯ ᠤᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠵᠢᠵᠢᠭᠯᠡᠨ ᠬᠤᠳᠠᠯᠳᠤᠬᠤ ᠳᠡᠯᠭᠡᠭᠦᠷ᠂ ᠬᠤᠯᠪᠣᠯᠳᠤᠭᠰᠠᠨ ᠳᠡᠯᠭᠡᠭᠦᠷ᠂ ᠳᠠᠩ ᠪᠡᠶᠡᠲᠦ ᠡᠮ ᠤᠨ ᠳᠡᠯᠭᠡᠭᠦᠷ ᠪᠣᠯᠤᠨ ᠬᠥᠳᠡᠭᠡ ᠲᠣᠰᠬᠤᠨ᠂ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠡᠮᠴᠢᠯᠡᠭᠡᠨ ᠤ ᠭᠠᠵᠠᠷ ᠵᠡᠷᠭᠡ ᠪᠠᠷ ᠭᠤᠣᠯᠳᠠᠯᠭ᠎ᠠ ᠲᠠᠢ ᠪᠠᠶᠢᠴᠠᠭᠠᠭᠳᠠᠬᠤ ᠡᠲᠡᠭᠡᠳ ᠪᠣᠯᠭᠠᠵᠤ᠂ ᠸᠠᠺᠼᠢᠨ᠂ ᠬᠢᠲᠠᠳ ᠬᠡᠷᠴᠢᠮ ᠡᠮ᠂ ᠬᠥᠭᠡᠷᠦᠭᠦᠯᠬᠦ ᠡᠮ ᠠᠭᠤᠯᠤᠭᠰᠠᠨ ᠡᠮ ᠤᠨ ᠵᠦᠢᠯ᠂ ᠡᠮ ᠤᠨ ᠵᠦᠢᠯ ᠢ ᠰᠦᠯᠵᠢᠶ᠎ᠡ ᠪᠠᠷ ᠪᠣᠷᠣᠯᠠᠭᠤᠯᠬᠤ᠂ ᠬᠡᠦᠬᠡᠳ ᠤᠨ ᠭᠤᠶᠣᠯᠠᠯ ᠤᠨ ᠡᠳ᠋ ᠵᠡᠷᠭᠡ 14 ᠵᠦᠢᠯ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠬᠠᠤᠯᠢ ᠪᠤᠰᠤ ᠠᠷᠭ᠎ᠠ ᠵᠠᠮ ᠢᠶᠠᠷ ᠡᠮ ᠤᠨ  ᠵᠦᠢᠯ ᠢ ᠬᠤᠳᠠᠯᠳᠤᠨ ᠠᠪᠬᠤ ᠪᠠ ᠪᠣᠷᠣᠯᠠᠭᠤᠯᠬᠤ᠂ ᠬᠠᠭᠤᠷᠮᠠᠭ ᠮᠠᠭᠤ ᠡᠮ ᠤᠨ ᠵᠦᠢᠯ ᠢ ᠦᠢᠯᠡᠳᠴᠦ ᠪᠣᠷᠣᠯᠠᠭᠤᠯᠬᠤ᠂ ᠡᠮ ᠤᠨ ᠵᠦᠢᠯ ᠢ ᠬᠠᠤᠯᠢ ᠪᠤᠰᠤ ᠪᠠᠷ ᠬᠤᠷᠢᠶᠠᠨ ᠠᠪᠴᠢᠷᠠᠬᠤ᠂ ᠣᠨᠴᠣᠭᠤᠶ ᠡᠮ ᠤᠨ ᠵᠦᠢᠯ ᠤᠨ ᠨᠡᠶᠢᠯᠡᠮᠡᠯ ᠵᠣᠷ ᠤᠨ ᠨᠠᠶᠢᠷᠠᠯᠲᠠ ᠪᠠ ᠬᠥᠯᠳᠡᠭᠡᠨ ᠬᠠᠳᠠᠭᠠᠯᠠᠬᠤ ᠡᠮ ᠤᠨ ᠵᠦᠢᠯ ᠢ ᠳᠡᠯᠭᠡᠨ ᠲᠠᠯᠪᠢᠵᠤ ᠬᠠᠳᠠᠭᠠᠯᠠᠬᠤ ᠬᠠᠮᠢᠶᠠᠷᠤᠯᠲᠠ ᠮᠠᠭᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠷ ᠭᠤᠤᠯᠳᠠᠯᠭ᠎ᠠ ᠲᠠᠢ ᠪᠠᠶᠢᠴᠠᠭᠠᠬᠤ ᠠᠭᠤᠯᠭ᠎ᠠ ᠪᠣᠯᠭᠠᠵᠤ᠂ ᠡᠮ ᠤᠨ  ᠵᠦᠢᠯ ᠤᠨ ᠭᠦᠢᠯᠭᠡᠭᠡᠨ ᠤ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠡᠮ ᠤᠨ ᠵᠦᠢᠯ ᠡᠵᠡᠩᠨᠡᠬᠦ ᠨᠢᠭᠡᠴᠡ ᠶᠢ ᠨᠡᠶᠢᠲᠡ 121 ᠡᠷᠦᠬᠡ ᠤᠳᠠᠭ᠎ᠠ᠂ ᠡᠮ ᠤᠨ ᠵᠦᠢᠯ ᠬᠡᠷᠡᠭᠯᠡᠬᠦ ᠨᠢᠭᠡᠴᠡ ᠶᠢ 37 ᠡᠷᠦᠬᠡ ᠤᠳᠠᠭ᠎ᠠ ᠪᠠᠶᠢᠴᠠᠭᠠᠵᠤ᠂ ᠡᠮ ᠤᠨ ᠵᠦᠢᠯ ᠢ 12.5 ᠲᠦᠮᠡ ᠭᠠᠷᠤᠶ ᠪᠦᠯᠦᠭ ᠤᠳᠠᠭ᠎ᠠ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 312 ᠬᠥᠮᠦᠨ ᠤᠳᠠᠭ᠎ᠠ ᠬᠥᠳᠡᠯᠭᠡᠵᠦ᠂ ᠵᠠᠷᠯᠢᠭᠳᠠᠵᠤ ᠪᠠᠶᠢᠭᠠᠳ 7 ᠬᠤᠪᠢ ᠴᠡᠭᠴᠡᠯᠡᠨ ᠥᠭᠡᠷᠡᠴᠢᠯᠡᠭᠦᠯᠵᠦ᠂ ᠡᠮ ᠤᠨ ᠵᠦᠢᠯ ᠡᠵᠡᠩᠨᠡᠬᠦ ᠨᠢᠭᠡᠴᠡ ᠶᠢ 15 ᠡᠷᠦᠬᠡ ᠤᠳᠠᠭ᠎ᠠ ᠪᠣᠯᠵᠣᠨ ᠶᠠᠷᠢᠯᠴᠠᠵᠤ᠂ ᠴᠥᠮ ᠴᠡᠭᠴᠡᠯᠡᠨ ᠥᠭᠡᠷᠡᠴᠢᠯᠡᠵᠦ ᠳᠠᠭᠤᠰᠬᠠᠪᠠ᠃      ᠲᠦᠷᠪᠡ ᠳᠤ᠂ ᠠᠶᠤᠯ ᠲᠦᠭᠰᠢᠭᠦᠷᠢ ᠶᠢ ᠴᠢᠩᠭ᠎ᠠ ᠡᠵᠡᠮᠳᠡᠬᠦ ᠶᠢ ᠴᠢᠩᠭᠠᠳᠬᠠᠵᠤ᠂ ᠡᠮ ᠤᠨ ᠵᠦᠢᠯᠡᠰ ᠢ ᠰᠣᠩᠭᠤᠨ ᠪᠠᠶᠢᠴᠠᠭᠠᠬᠤ ᠡᠷᠴᠢᠮ ᠢ ᠴᠢᠩᠭᠠᠷᠠᠭᠤᠯᠪᠠ᠃ ᠪᠠᠶᠢᠴᠠᠭᠠᠬᠤ ᠪᠠ ᠬᠠᠮᠢᠶᠠᠷᠬᠤ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠂ ᠠᠶᠤᠯ ᠲᠦᠭᠰᠢᠭᠦᠷᠢ ᠶᠡᠬᠡᠲᠡᠶ ᠡᠮ ᠤᠨ ᠵᠦᠢᠯ᠂ ᠡᠮᠴᠢᠯᠡᠭᠡᠨ ᠤ ᠪᠠᠶᠢᠭᠤᠯᠤᠮᠵᠢ᠂ ᠬᠡᠯᠬᠢᠶ᠎ᠡ ᠵᠢᠴᠢ ᠲᠠᠩ ᠪᠡᠶᠡᠲᠦ ᠡᠮ ᠤᠨ ᠳᠡᠯᠭᠡᠭᠦᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠰᠤᠭᠤᠴᠢᠨ ᠪᠠᠶᠢᠴᠠᠭᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ 2021 ᠣᠨ ᠳᠤ ᠳᠡᠭᠡᠳᠦ ᠱᠠᠲᠤᠨ ᠠᠴᠠ ᠪᠠᠭᠤᠯᠭᠠᠭᠰᠠᠨ ᠡᠮ ᠤᠨ ᠵᠦᠢᠯ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠨᠡᠶᠢᠲᠡ 42 ᠪᠦᠯᠦᠭ ᠤᠳᠠᠭ᠎ᠠ ᠪᠡᠶᠡᠯᠡᠭᠦᠯᠪᠡ᠃      ᠲᠠᠪᠤ ᠳᠤ ᠡᠮ ᠤᠨ ᠵᠦᠢᠯ ᠤᠨ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠥᠮᠦᠨ ᠳᠤ ᠬᠦᠷᠲᠡᠯ᠎ᠡ ᠰᠢᠳᠬᠡᠬᠦ᠂ ᠮᠡᠳᠡᠭᠡ ᠵᠠᠩᠭᠢ ᠶᠢ ᠢᠯᠡ ᠪᠣᠯᠭᠠᠬᠤ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ᠂ ᠡᠯ᠎ᠡ ᠲᠥᠷᠥᠯ ᠤᠨ ᠡᠮ ᠤᠨ ᠵᠦᠢᠯ ᠤᠨ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠨ᠎ᠠ᠃ ᠡᠮ ᠤᠨ ᠵᠦᠢᠯ ᠤᠨ ᠲᠥᠷᠥᠯ ᠤᠨ ᠬᠡᠷᠡᠭ ᠢ ᠨᠡᠶᠢᠲᠡ 8 ᠪᠠᠶᠢᠴᠠᠭᠠᠨ ᠰᠢᠢᠳᠪᠦᠷᠢᠯᠡᠵᠦ᠂ ᠡᠭᠦᠨ ᠳᠤ ᠡᠮ ᠤᠨ ᠵᠦᠢᠯ ᠤᠨ ᠲᠥᠷᠥᠯ ᠤᠨ ᠬᠡᠷᠡᠭ ᠢ ᠲᠤᠬᠠᠶ ᠶᠢᠨ ᠲᠠᠯᠠᠪᠤᠷ ᠲᠤᠨᠢ 4 ᠬᠡᠷᠡᠭ᠂ ᠡᠮ ᠤᠨ  ᠵᠦᠢᠯ ᠤᠨ ᠲᠥᠷᠥᠯ ᠤᠨ ᠡᠩ ᠤᠨ ᠬᠡᠷᠡᠭ 4 ᠬᠡᠷᠡᠭ ᠰᠡᠷᠡᠮᠵᠢᠯᠡᠭᠦᠯᠪᠡ᠃      ᠭᠤᠷᠪᠠ᠂ ᠡᠯ᠎ᠡ ᠲᠠᠯ᠎ᠠ ᠶᠢᠨ ᠬᠢᠨ ᠤ ᠣᠷᠣᠯᠴᠠᠬᠤ ᠶᠢ ᠬᠥᠲᠥᠯᠥᠨ ᠵᠢᠯᠣᠭᠤᠳᠴᠤ᠂ ᠨᠡᠶᠢᠭᠡᠮ ᠤᠨ ᠬᠠᠮᠲᠤ ᠪᠠᠷ ᠵᠠᠰᠠᠬᠤ ︽ᠨᠢᠭᠲᠠᠷᠠᠯ ᠤᠨ ᠬᠦᠴᠦᠨ︾ ᠢ ᠳᠡᠭᠡᠭᠰᠢᠯᠡᠭᠦᠯᠦᠨ᠎ᠡ      ᠨᠢᠭᠡ ᠳᠤ ᠤᠬᠠᠭᠤᠯᠭ᠎ᠠ ᠶᠢᠨ ᠠᠴᠢᠶᠠᠯᠠᠪᠤᠷᠢ ᠪᠣᠯᠤᠨ ᠠᠷᠭ᠎ᠠ ᠵᠠᠮ ᠤᠨ ᠰᠢᠨ᠎ᠡ ᠶᠢ ᠲᠠᠰᠤᠷᠠᠯᠲᠠ ᠦᠭᠡᠶ ᠡᠭᠦᠳᠴᠦ᠂ ︽3 · 15︾ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ᠂ ︽ᠡᠮ ᠤᠨ ᠵᠦᠢᠯ ᠤᠨ ᠠᠮᠤᠷ ᠲᠦᠪᠰᠢᠨ ᠤ ᠤᠬᠠᠭᠤᠯᠭ᠎ᠠ ᠶᠢᠨ ᠰᠠᠷ᠎ᠠ︾᠂ ᠬᠠᠤᠯᠢ ᠲᠦᠷᠢᠮ ᠤᠨ ᠤᠬᠠᠭᠤᠯᠭ᠎ᠠ ᠶᠢᠨ ᠡᠳᠦᠷ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠡᠵᠡᠮᠳᠡᠵᠦ᠂ ᠡᠮ ᠤᠨ ᠵᠦᠢᠯ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︽ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠ ᠰᠤᠷᠭᠠᠨ ᠬᠥᠮᠦᠵᠢᠭᠦᠯᠵᠦ ᠬᠥᠲᠥᠯᠦᠨ ᠵᠢᠯᠣᠭᠤᠳᠬᠤ ᠶᠢ ᠴᠢᠩᠭᠠᠳᠬᠠᠨ᠂ ︽ᠨᠢᠭᠡ ᠨᠠᠰᠤᠲᠠᠨ ᠨᠢᠭᠡ ᠪᠠᠭ᠎ᠠ︾ ᠶᠢ ᠳᠣᠪᠤᠶᠢᠯᠭᠠᠵᠤ᠂ ᠡᠮ ᠬᠡᠷᠡᠭᠯᠡᠬᠦ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠨᠡᠶᠢᠲᠡ ᠶᠢᠨ ᠡᠮ ᠤᠨ ᠵᠦᠢᠯ ᠤᠨ ᠠᠮᠤᠷ ᠲᠦᠪᠰᠢᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠣᠲᠣ ᠪᠣᠯᠲᠠᠯ᠎ᠠ᠂ ᠡᠮ ᠤᠨ  ᠵᠦᠢᠯ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠥᠷᠲᠡᠭᠡ ᠶᠢ 5 ᠪᠠᠶᠢᠭᠤᠯᠵᠤ᠂ ᠡᠮ ᠤᠨ ᠵᠦᠢᠯ ᠤᠨ ᠠᠮᠤᠷ ᠲᠦᠪᠰᠢᠨ ᠢ ᠨᠡᠶᠢᠭᠡᠮ ᠲᠣᠭᠤᠷᠢᠭ ᠲᠤ ᠣᠷᠣᠭᠤᠯᠬᠤ᠂ ᠡᠮ ᠤᠨ ᠵᠦᠢᠯ ᠤᠨ ᠠᠮᠤᠷ ᠲᠦᠪᠰᠢᠨ ᠤ ᠤᠬᠠᠭᠤᠯᠭ᠎ᠠ ᠶᠢᠨ ᠰᠠᠷ᠎ᠠ ᠵᠡᠷᠭᠡ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ 17 ᠤᠳᠠᠭ᠎ᠠ ᠡᠷᠭᠢᠯᠡᠵᠦ᠂ ᠡᠮ ᠤᠨ  ᠵᠦᠢᠯ ᠤᠨ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠢ 2000 ᠭᠠᠷᠤᠶ ᠬᠤᠪᠢ ᠲᠠᠷᠬᠠᠭᠠᠭᠰᠠᠨ ᠪᠠᠶᠢᠨ᠎ᠠ᠃      ᠬᠤᠶᠠᠷ ᠲᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠬᠡᠷᠡᠭ ᠢᠶᠠᠷ ᠬᠠᠤᠯᠢ ᠶᠢ ᠲᠦᠭᠡᠮᠡᠯᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠮ ᠤᠨ ᠵᠦᠢᠯ ᠤᠨ ᠠᠵᠢᠯ ᠡᠷᠭᠢᠯᠡᠭᠰᠡᠳ ᠤᠨ ᠬᠠᠤᠯᠢ ᠶᠢ ᠵᠢᠷᠤᠮᠯᠠᠨ ᠬᠠᠤᠯᠢ ᠶᠢ ᠰᠠᠬᠢᠬᠤ ᠤᠬᠠᠮᠰᠠᠷ᠂ ᠦᠨᠡᠨᠴᠢ ᠢᠲᠡᠭᠡᠮᠵᠢᠲᠡᠶ ᠪᠠᠷ ᠪᠡᠶ᠎ᠡ ᠪᠠᠨ ᠪᠠᠷᠢᠬᠤ ᠤᠬᠠᠮᠰᠠᠷ ᠢ ᠲᠠᠰᠤᠷᠠᠯᠲᠠ ᠥᠬᠡᠶ ᠴᠢᠩᠭᠠᠷᠠᠭᠤᠯᠪᠠ᠃      ᠭᠤᠷᠪᠠ ᠳᠤ᠂ ᠬᠢᠨᠠᠯᠲᠠ ᠲᠠᠯᠪᠢᠬᠤ ᠠᠷᠭ᠎ᠠ ᠵᠠᠮ ᠢ ᠤᠯᠠᠨ ᠳᠡᠰ ᠳᠠᠪᠬᠤᠷᠭ᠎ᠠ ᠪᠠᠷ ᠥᠷᠭᠡᠳᠬᠡᠵᠦ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠨᠡᠶᠢᠭᠡᠮ ᠢᠶᠠᠷ ᠢᠶᠠᠨ ᠬᠠᠮᠲᠤᠪᠠᠷ ᠵᠠᠰᠠᠬᠤ ᠶᠢ ᠠᠬᠢᠭᠤᠯᠤᠨ᠎ᠠ᠃ ᠣᠲᠣ ᠪᠣᠯᠲᠠᠯ᠎ᠠ᠂ ︽12315︾ ︽12345︾ ᠶᠢᠨ ᠢᠳᠡᠭᠡᠨ ᠤ ᠵᠦᠢᠯ ᠡᠮ ᠤᠨ  ᠵᠦᠢᠯ ᠤᠨ ᠬᠤᠯᠪᠣᠭᠳᠠᠯ ᠪᠥᠬᠦᠶ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠨᠡᠶᠢᠲᠡ 82 ᠬᠤᠪᠢ ᠭᠥᠯᠢᠶᠡᠨ ᠠᠪᠴᠤ᠂ ᠪᠦᠬᠦᠨ ᠢ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠨ ᠳᠠᠭᠤᠰᠬᠠᠭᠰᠠᠨ ᠨᠣᠷᠮ᠎ᠠ ᠨᠢ 100 % ᠪᠠᠶᠢᠵᠤ᠂ ᠬᠠᠤᠯᠢ ᠬᠡᠷᠡᠭᠵᠢᠭᠦᠯᠦᠯᠲᠡ ᠶᠢ ᠪᠣᠳᠠᠲᠠᠶᠢᠵᠢᠭᠤᠯᠵᠤ᠂ ᠴᠠᠭ ᠲᠤᠬᠠᠶ ᠳᠤᠨᠢ ᠬᠠᠷᠢᠭᠤ ᠲᠤᠰᠬᠠᠬᠤ ᠶᠢ ᠪᠡᠶᠡᠯᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠲᠠᠰᠤᠷᠠᠯᠲᠠ ᠥᠬᠡᠶ ᠳᠡᠭᠡᠭᠰᠢᠯᠡᠪᠡ᠃          ᠤᠶᠤᠲᠠᠳ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢ ᠤᠯᠠᠮ ᠨᠢᠭᠡ ᠠᠯᠬᠤᠮ ᠳᠡᠮᠵᠢᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ      ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠶᠠᠮᠤᠨ ᠵᠥᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ ᠳᠤ᠄      ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ ᠲᠦᠯᠬᠢᠨ ᠠᠬᠢᠭᠤᠯᠬᠤ ᠪᠣᠯ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠬᠦ ᠶᠢᠨ ᠴᠢᠬᠤᠯᠠ ᠲᠦᠰᠢᠭ ᠲᠤᠯᠭᠠᠭᠤᠷᠢ ᠮᠥᠨ᠂ ᠤᠶᠤᠲᠠᠳ ᠪᠣᠯ ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢᠨ ᠰᠢᠨ᠎ᠡ ᠬᠦᠴᠦᠨ ᠮᠥᠨ᠂ ᠤᠶᠤᠲᠠᠳ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢ ᠳᠡᠮᠵᠢᠬᠦ ᠨᠢ ᠴᠢᠬᠤᠯᠠ ᠠᠴᠢ ᠬᠤᠯᠪᠣᠭᠳᠠᠯ ᠲᠠᠢ ᠶᠤᠮ᠃ ᠤᠢᠢᠷ᠎ᠠ ᠶᠢᠨ ᠵᠢᠯ ᠠᠴᠠ᠂ ᠤᠯᠠᠮ ᠠᠴᠠ ᠤᠯᠠᠮ ᠤᠯᠠᠨ ᠤᠶᠤᠲᠠᠳ ᠰᠢᠨ᠎ᠡ ᠶᠢ ᠡᠭᠦᠳᠬᠦ ᠦᠢᠯᠡᠰ ᠪᠤᠰᠬᠠᠬᠤ ᠦᠢᠯᠡᠳᠦᠯᠭᠡ ᠳᠤ ᠣᠷᠣᠯᠴᠠᠬᠤ ᠪᠣᠯᠤᠭᠰᠠᠨ ᠪᠣᠯᠪᠠᠴᠤ ᠪᠡᠯᠡ ᠬᠤᠷᠠᠮᠳᠤᠭᠤᠯᠬᠤ ᠳᠤ ᠬᠦᠴᠢᠷᠲᠡᠢ᠂ ᠲᠤᠷᠰᠢᠯᠭ᠎ᠠ ᠳᠤᠲᠠᠮᠠᠭ᠂ ᠦᠢᠯᠡᠴᠢᠯᠡᠭᠡ ᠬᠦᠷᠦᠯᠴᠡᠬᠦ ᠦᠭᠡᠢ ᠵᠡᠷᠭᠡ ᠠᠰᠠᠭᠤᠳᠠᠯ ᠳᠤ ᠲᠤᠯᠭᠠᠷᠠᠵᠤ ᠪᠤᠢ᠃ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠤᠯᠠᠮ ᠨᠢᠭᠡ ᠠᠯᠬᠤᠮ ᠳᠡᠮᠵᠢᠬᠦ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠳᠣᠷᠠᠳᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠶᠣᠰᠣ ᠮᠣᠷᠠᠯ ᠢ ᠪᠤᠶ ᠪᠣᠯᠭᠠᠨ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠰᠢᠨ᠎ᠡ ᠶᠢ ᠡᠭᠦᠳᠬᠦ ᠪᠠᠷ ᠠᠳᠠᠯ ᠦᠢᠯᠡᠰ ᠴᠣᠭᠴᠠᠯᠠᠬᠤ ᠶᠢ ᠬᠥᠲᠥᠯᠦᠨ ᠳᠠᠭᠠᠭᠤᠯᠬᠤ᠂ ᠠᠳᠠᠯ  ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠪᠠᠷᠢᠮᠲᠠᠯᠠᠵᠤ᠂ ᠰᠤᠷᠭᠠᠭᠤᠯᠢ ᠳᠤ ᠪᠠᠶᠢᠭ᠎ᠠ ᠤᠶᠤᠲᠠᠳ ᠤᠨ ᠰᠢᠨ᠎ᠡ ᠶᠢ ᠡᠭᠦᠳᠦᠨ ᠠᠳᠠᠯ  ᠦᠢᠯᠡᠰ ᠴᠣᠭᠴᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠦ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠨ ᠠᠵᠢᠯ ᠤᠯᠬᠤ ᠶᠢ ᠳᠡᠮᠵᠢᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠡᠪ ᠴᠢᠨᠠᠷ ᠢ ᠳᠡᠭᠡᠭᠰᠢᠯᠡᠭᠦᠯᠦᠨ᠂ ᠤᠶᠤᠲᠠᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠤᠶᠤᠲᠠᠳ ᠤᠨ ᠨᠠᠩ  ᠭᠦᠢᠴᠡᠳ ᠨᠠᠩ ᠴᠢᠨᠠᠷ ᠰᠠᠶᠢᠲᠠᠶ ᠠᠵᠢᠯ ᠤᠯᠬᠤ ᠶᠢ ᠪᠡᠶᠡᠯᠡᠭᠦᠯᠦᠨ᠎ᠡ᠃      ᠬᠤᠶᠠᠷ᠂ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ      ︵ᠨᠢᠭᠡ︶ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠢ ᠴᠢᠳᠠᠪᠤᠷᠢᠲᠠᠨ ᠬᠥᠮᠦᠵᠢᠭᠦᠯᠬᠦ ᠪᠥᠬᠦ ᠶᠠᠪᠤᠴᠠ ᠳᠤ  ᠲᠤᠭᠤᠰᠢᠯᠠᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠪᠡᠶ᠎ᠡ ᠪᠠᠨ ᠳᠠᠭᠠᠭᠠᠨ ᠰᠤᠷᠤᠯᠴᠠᠬᠤ᠂ ᠦᠢᠯᠡᠳᠦᠯᠭᠡ ᠲᠠᠢ ᠤᠶᠠᠯᠳᠤᠭᠤᠯᠬᠤ᠂ ᠵᠢᠯᠣᠭᠤᠳᠤᠨ ᠲᠡᠳᠬᠦᠬᠦ᠂ ᠰᠣᠶᠣᠯ ᠢᠶᠠᠷ ᠬᠥᠲᠥᠯᠦᠨ ᠳᠠᠭᠠᠭᠤᠯᠬᠤ ᠶᠢ ᠨᠢᠭᠡ ᠴᠤᠭᠴᠠᠵᠢᠭᠤᠯᠤᠭᠰᠠᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠦᠷᠢᠨᠰᠢᠬᠦᠯᠵᠦ᠂ ᠤᠶᠤᠲᠠᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠠᠳᠠᠯ ᠦᠢᠯᠡᠰ ᠴᠣᠭᠴᠠᠯᠠᠬᠤ ᠦᠵᠡᠯ ᠤᠬᠠᠮᠰᠠᠷ ᠪᠠ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠠᠷ ᠤᠳᠤᠷᠢᠳᠤᠮᠵᠢ ᠪᠣᠯᠭᠠᠭᠰᠠᠨ ᠰᠢᠨ᠎ᠡ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠢ ᠪᠠᠶᠢᠭᠤᠯᠵᠤ᠂ ᠰᠤᠷᠭᠠᠭᠤᠯᠢ ᠠᠵᠤ ᠠᠬᠤᠶᠢᠯᠠᠯ᠂ ᠰᠤᠷᠭᠠᠭᠤᠯᠢ ᠭᠠᠵᠠᠷ ᠣᠷᠣᠨ᠂ ᠰᠤᠷᠭᠠᠭᠤᠯᠢ ᠭᠠᠵᠠᠷ ᠬᠠᠮᠵᠢᠯᠴᠠᠭᠰᠠᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢ ᠪᠦᠷᠢᠨᠰᠢᠬᠦᠯᠵᠦ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠨᠢᠭᠡ ᠪᠦᠯᠦᠭ ᠣᠨᠴᠠᠯᠢᠭ ᠲᠠᠢ ᠵᠢᠱᠢᠶ᠎ᠡ ᠦᠵᠡᠭᠦᠯᠬᠦ ᠬᠢᠴᠢᠶᠡᠯ ᠢ ᠪᠣᠶ ᠪᠣᠯᠭᠠᠨ᠎ᠠ᠃ ︵ᠰᠤᠷᠭᠠᠨ ᠬᠥᠮᠦᠵᠢᠯ ᠤᠨ ᠶᠠᠮᠤᠨ ᠲᠦᠷᠦᠭᠦᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶      ︵ᠬᠤᠶᠠᠷ︶ ᠪᠠᠭᠰᠢ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠴᠢᠳᠠᠪᠤᠷᠢ ᠪᠠ ᠬᠡᠪ ᠪᠣᠯᠪᠠᠰᠤᠷᠠᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠪᠠ ᠰᠢᠯᠭᠠᠨ ᠬᠢᠨᠠᠬᠤ ᠠᠷᠭ᠎ᠠ ᠮᠠᠶ᠋ᠢᠭ ᠢ ᠥᠭᠡᠷᠡᠴᠢᠯᠡᠵᠦ᠂ ᠪᠠᠭᠰᠢ ᠶᠢᠨ ᠣᠯᠠᠨ ᠤᠯᠤᠰ ᠤᠨ ᠬᠤᠰᠢᠭᠤᠷᠠᠯ ᠡᠷᠳᠡᠮ ᠰᠢᠨᠵᠢᠯᠡᠭᠡᠨ ᠤ ᠬᠥᠭᠵᠢᠯᠲᠡ᠂ ᠬᠠᠮᠤᠭ ᠤᠨ ᠰᠢᠨ᠎ᠡ ᠰᠤᠳᠤᠯᠭᠠᠨ ᠤ ᠦᠷ᠎ᠡ ᠪᠦᠲᠦᠭᠡᠯ ᠪᠠ ᠦᠢᠯᠡᠳᠦᠯᠭᠡ ᠶᠢᠨ ᠲᠤᠷᠰᠢᠯᠭ᠎ᠠ ᠶᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ᠶᠡᠭᠡ ᠳᠡᠭᠡᠳᠦ ᠰᠤᠷᠭᠠᠭᠤᠯᠢ ᠶᠢᠨ ᠦᠢᠯᠡᠰ ᠪᠤᠰᠬᠠᠵᠤ ᠰᠢᠨ᠎ᠡ ᠶᠢ ᠡᠭᠦᠳᠬᠦ ᠶᠢ ᠵᠢᠯᠣᠭᠤᠳᠬᠤ ᠪᠠᠭᠰᠢ ᠶᠢᠨ ᠠᠵᠢᠯ ᠲᠦᠷᠦᠯ ᠠᠵᠤ ᠠᠬᠤᠶᠢᠯᠠᠯ ᠳᠤ ᠬᠦᠷᠴᠦ ᠲᠤᠰᠢᠶᠠᠯ ᠡᠭᠦᠷᠭᠡᠯᠡᠨ ᠪᠣᠯᠪᠠᠰᠤᠷᠠᠬᠤ ᠶᠢ ᠪᠠᠲᠤᠯᠠᠵᠤ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠰᠤᠷᠭᠠᠭᠤᠯᠢ ᠶᠢᠨ ᠭᠠᠳᠠᠨᠠᠬᠢ ᠵᠢᠯᠣᠭᠤᠳᠣᠭᠴᠢ ᠪᠠᠭᠰᠢ ᠶᠢᠨ ᠲᠤᠰᠬᠠᠶ ᠲᠥᠷᠥᠯ ᠤᠨ ᠴᠢᠳᠠᠪᠤᠷᠢᠲᠠᠨ ᠤ ᠲᠥᠯᠥᠪᠯᠡᠭᠡ ᠶᠢ ᠬᠡᠷᠡᠭᠵᠢᠭᠦᠯᠵᠦ᠂ ᠰᠤᠷᠭᠠᠭᠤᠯᠢ ᠳᠤ ᠰᠠᠭᠤᠭ᠎ᠠ ᠠᠵᠤ ᠠᠬᠤᠶᠢᠯᠠᠯᠲᠠᠨ ᠤ ᠲᠦᠷᠢᠮ ᠢ ᠰᠦᠪᠡᠭᠴᠢᠯᠡᠨ ᠬᠡᠷᠡᠭᠵᠢᠭᠦᠯᠵᠦ᠂ ᠨᠠᠩ ᠣᠯᠠᠨ ᠡᠯ᠎ᠡ ᠠᠵᠢᠯ ᠲᠥᠷᠥᠯ ᠤᠨ ᠰᠢᠯᠢᠳᠡᠭ ᠴᠢᠳᠠᠪᠤᠷᠢᠲᠠᠨ ᠢ ᠲᠡᠳᠡᠨ ᠠᠪᠴᠢᠷᠠᠵᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠵᠢᠯᠣᠭᠤᠳᠣᠭᠴᠢ ᠨᠢᠭᠡ ᠪᠦᠯᠦᠭ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠵᠢᠯᠣᠭᠤᠳᠣᠭᠴᠢ ᠪᠠᠭᠰᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠤᠯ ᠦᠷᠨᠢᠭᠦᠯᠦᠨ᠎ᠡ᠃ ︵ᠰᠤᠷᠭᠠᠨ ᠬᠥᠮᠦᠵᠢᠯ ᠤᠨ ᠶᠠᠮᠤᠨ ᠲᠦᠷᠦᠭᠦᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶        ︵ᠭᠤᠷᠪᠠ︶ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠴᠢᠩᠭᠠᠳᠬᠠᠨ᠎ᠠ᠃ ᠨᠢᠭᠡ ᠪᠦᠯᠦᠭ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠠᠵᠢᠯᠯᠠᠭ᠎ᠠ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠪᠣᠯᠪᠠᠰᠤᠷᠠᠭᠤᠯᠤᠯ ᠤᠨ ᠵᠠᠭᠪᠤᠷ ᠤᠨ ᠰᠢᠨ᠎ᠡ ᠶᠢ ᠡᠭᠦᠳᠦᠨ᠂ ᠤᠶᠤᠲᠠᠳ ᠲᠤ ᠬᠠᠨᠳᠤᠭᠤᠯᠤᠨ ᠴᠢᠨᠠᠷ ᠰᠠᠶᠢᠲᠠᠶ᠂ ᠴᠢᠭᠯᠡᠭᠦᠯᠬᠦ ᠴᠢᠨᠠᠷᠲᠠᠶ ᠪᠠᠷ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠥᠷᠨᠢᠭᠦᠯᠵᠦ᠂ ᠤᠶᠤᠲᠠᠳ ᠤᠨ ᠰᠢᠨ᠎ᠡ ᠶᠢ ᠡᠭᠦᠳᠦᠨ ᠠᠳᠠᠯ  ᠦᠢᠯᠡᠰ ᠴᠣᠭᠴᠠᠯᠠᠬᠤ ᠵᠢᠯᠣᠭᠤᠳᠣᠭᠴᠢ ᠪᠠᠭᠰᠢ ᠶᠢ ᠵᠣᠬᠢᠶᠠᠨ ᠪᠠᠶᠢᠭᠤᠯᠤᠨ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠨ ᠠᠳᠠᠯ ᠦᠢᠯᠡᠰ ᠴᠣᠭᠴᠠᠯᠠᠬᠤ ᠶᠡᠭᠡ ᠬᠢᠴᠢᠶᠡᠯ ᠤᠨ ᠲᠠᠩᠬᠢᠮ ᠡᠷᠭᠢᠯᠡᠵᠦ᠂ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠲᠤᠷᠰᠢᠯᠭ᠎ᠠ ᠪᠠᠨ ᠬᠤᠪᠢᠶᠠᠯᠴᠠᠨ ᠡᠳ᠋ᠯᠡᠬᠦ᠂ ᠦᠢᠯᠡᠳᠦᠯᠭᠡ ᠶᠢᠨ ᠵᠢᠯᠣᠭᠤᠳᠣᠯᠭ᠎ᠠ ᠵᠡᠷᠭᠡ ᠶᠢ ᠶᠠᠪᠤᠭᠳᠠᠭᠤᠯᠤᠨ᠎ᠠ᠃ ᠡᠯ᠎ᠡ ᠲᠥᠷᠥᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠤᠷᠤᠯᠳᠤᠭᠠᠨ ᠢ ᠳᠡᠮᠵᠢᠵᠦ ᠪᠠᠶᠢᠭᠠᠳ ᠤᠶᠤᠲᠠᠳ ᠤᠨ ᠠᠳᠠᠯ ᠦᠢᠯᠡᠰ ᠴᠣᠭᠴᠠᠯᠠᠭᠴᠢᠳ ᠵᠦᠭ ᠬᠡᠯᠪᠠᠶᠢᠯᠭᠡᠨ᠎ᠡ᠃ ︵ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠰᠤᠷᠭᠠᠨ ᠬᠥᠮᠦᠵᠢᠯ ᠤᠨ ᠶᠠᠮᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶        ᠭᠤᠷᠪᠠ᠂ ᠤᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ      ︵ᠳᠥᠷᠪᠡ︶ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠠᠷᠢᠮᠵᠢᠶ᠎ᠠ ᠶᠢ ᠳᠣᠷᠣᠭᠰᠢᠯᠠᠭᠤᠯᠤᠨ᠎ᠠ᠃ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠤᠶᠤᠲᠠᠳ ᠤᠨ ᠠᠳᠠᠯ ᠦᠢᠯᠡᠰ ᠴᠣᠭᠴᠠᠯᠠᠬᠤ ᠳᠤ ᠥᠨᠳᠥᠷ ᠪᠦᠲᠦᠮᠵᠢᠲᠡᠶ ᠳᠥᠭᠦᠮ ᠳᠥᠲᠡ ᠳᠡᠩᠰᠡᠯᠡᠨ ᠲᠡᠮᠳᠡᠭᠯᠡᠬᠦ ᠦᠢᠯᠡᠴᠢᠯᠡᠭᠡ ᠬᠠᠩᠭᠠᠨ᠎ᠠ᠃ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠨᠡᠪᠴᠢᠭᠦᠯᠦᠭᠦᠷ᠂ ᠬᠤᠷᠳᠤᠳᠬᠠᠭᠤᠷ᠂ ᠠᠵᠤ ᠦᠢᠯᠡᠰ ᠤᠨ ᠬᠦᠷᠢᠶᠡᠯᠡᠩ ᠤᠨ ᠪᠥᠬᠦ ᠬᠡᠯᠬᠢᠶᠡᠨ ᠤ ᠬᠥᠭᠵᠢᠯᠲᠡ ᠶᠢ ᠠᠬᠢᠭᠤᠯᠵᠤ᠂ ᠡᠯ᠎ᠡ ᠲᠥᠷᠥᠯ ᠤᠨ ᠨᠡᠪᠴᠢᠭᠦᠯᠦᠭᠦᠷ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠦᠯᠬᠦᠮ ᠨᠡᠶᠢᠲᠡ ᠳᠤ ᠬᠠᠨᠳᠤᠭᠤᠯᠤᠨ ᠵᠣᠬᠢᠬᠤ ᠬᠠᠷᠢᠴᠠᠯ ᠤᠨ  ᠰᠦᠢᠳᠭᠡᠯ ᠬᠤᠷᠢᠶᠠᠬᠤ ᠥᠬᠡᠶ ᠪᠠᠷ ᠨᠡᠪᠴᠢᠭᠦᠯᠬᠦ ᠣᠷᠣᠨ ᠵᠠᠶ ᠶᠢ ᠨᠡᠭᠡᠭᠡᠬᠦ ᠶᠢ ᠵᠣᠷᠢᠭᠵᠢᠭᠤᠯᠬᠤ ᠶᠢᠨ ᠬᠠᠮᠲᠤ᠂ ᠨᠡᠭᠡᠭᠡᠭᠰᠡᠨ ᠪᠠᠶᠢᠳᠠᠯ ᠢ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠰᠢᠯᠭᠠᠨ ᠬᠢᠨᠠᠵᠤ ᠦᠨᠡᠯᠡᠬᠦ ᠳᠤ ᠣᠷᠣᠭᠤᠯᠵᠤ᠂ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠦᠯᠬᠦᠮ ᠨᠡᠶᠢᠲᠡ ᠶᠢᠨ ᠣᠷᠣᠵᠤ ᠰᠠᠭᠤᠬᠤ ᠨᠥᠬᠦᠴᠡᠯ ᠢ ᠪᠠᠭᠤᠷᠠᠭᠤᠯᠤᠨ᠎ᠠ᠃ ᠵᠠᠰᠠᠭ ᠤᠨ ᠣᠷᠳᠣᠨ ᠤ ᠪᠠᠯᠠ ᠣᠷᠣᠭᠤᠯᠵᠤ ᠨᠡᠭᠡᠭᠡᠨ ᠬᠥᠭᠵᠢᠭᠦᠯᠬᠦ ᠨᠡᠪᠴᠢᠭᠦᠯᠦᠭᠦᠷ ᠵᠡᠷᠭᠡ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠳᠤ 30 % ᠣᠷᠴᠢᠮ ᠤᠨ ᠲᠠᠯᠠᠪᠤᠷ ᠳᠣᠭᠢᠷᠠᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠰᠦᠢᠳᠭᠡᠯ ᠬᠤᠷᠢᠶᠠᠬᠤ ᠥᠬᠡᠶ ᠪᠠᠷ ᠬᠠᠩᠭᠠᠬᠤ ᠬᠡᠷᠡᠭᠲᠡᠶ᠃ ᠨᠥᠬᠦᠴᠡᠯ ᠲᠠᠢ ᠭᠠᠵᠠᠷ ᠣᠷᠣᠨ ᠨᠢ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠪᠴᠢᠭᠦᠯᠬᠦ ᠪᠠᠭᠠᠵᠢ ᠳᠤ ᠣᠴᠢᠵᠤ ᠠᠳᠠᠯ ᠦᠢᠯᠡᠰ ᠴᠣᠭᠴᠠᠯᠠᠬᠤ ᠳᠤ ᠲᠦᠷᠢᠶᠡᠰᠦᠨ ᠮᠥᠩᠭᠦ ᠶᠢᠨ ᠨᠥᠬᠦᠪᠥᠷᠢ ᠣᠯᠭᠤᠵᠤ ᠪᠣᠯᠤᠨ᠎ᠠ᠃ ︵ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠵᠡᠷᠭᠡ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ  ᠬᠠᠷᠢᠭᠤᠴᠠᠨ᠎ᠠ︶      ︵ᠲᠠᠪᠤ︶ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠳᠤ ᠲᠥᠬᠦᠮ ᠦᠢᠯᠡᠴᠢᠯᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠨᠡᠭᠡᠭᠡᠯᠲᠡ ᠲᠠᠢ ᠪᠥᠭᠡᠳ ᠬᠠᠮᠲᠤ ᠪᠠᠷ ᠡᠳ᠋ᠯᠡᠬᠦ ᠲᠠᠪᠴᠠᠩ ᠢ ᠲᠡᠭᠦᠯᠳᠡᠷᠵᠢᠭᠦᠯᠵᠦ᠂ ᠤᠶᠤᠲᠠᠳ ᠤᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠳᠡᠭᠡᠳᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠲᠤᠷᠰᠢᠯᠲᠠ ᠶᠢᠨ ᠲᠠᠰᠤᠭ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷᠯᠢᠭ᠂ ᠪᠡᠯᠡᠳᠬᠡᠮᠵᠢ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠤᠶᠤᠲᠠᠳ ᠲᠤ ᠬᠠᠨᠳᠤᠭᠤᠯᠤᠨ ᠨᠡᠭᠡᠭᠡᠯᠲᠡ ᠲᠠᠢ ᠪᠥᠭᠡᠳ ᠬᠠᠮᠲᠤᠪᠠᠷ ᠭᠥᠷᠳᠡᠵᠦ᠂ ᠬᠢᠮᠳᠠ᠂ ᠴᠢᠨᠠᠷ ᠰᠠᠶᠢᠲᠠᠶ ᠲᠤᠰᠬᠠᠶ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠳᠡᠮᠵᠢᠵᠦ ᠪᠣᠯᠤᠨ᠎ᠠ᠃ ᠠᠵᠢᠯ ᠲᠥᠷᠥᠯ ᠤᠨ ᠠᠵᠤ ᠠᠬᠤᠶᠢᠯᠠᠯ ᠤᠨ ᠤᠶᠤᠲᠠᠳ ᠲᠤ ᠬᠠᠨᠳᠤᠭᠤᠯᠤᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠨᠡᠶᠢᠲᠡᠯᠡᠬᠦ ᠶᠢ ᠳᠡᠮᠵᠢᠵᠦ᠂ ᠤᠶᠤᠲᠠᠳ ᠤᠨ ᠨᠠᠷᠢᠯᠢᠭ ᠣᠨᠣᠴᠠᠲᠠᠶ ᠪᠠᠷ ᠰᠢᠨ᠎ᠡ ᠶᠢ ᠤᠯᠤᠰ ᠤᠨ ᠥᠮᠴᠢᠯᠡᠯ ᠤᠨ ᠲᠤᠮᠤ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠳᠡᠭᠡᠳᠦ ᠰᠤᠷᠭᠠᠭᠤᠯᠢ ᠪᠣᠯᠤᠨ ᠤᠶᠤᠲᠠᠳ ᠲᠤ ᠬᠠᠨᠳᠤᠭᠤᠯᠤᠨ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠪᠠᠨ ᠨᠡᠶᠢᠲᠡᠯᠡᠬᠦ ᠶᠢ ᠵᠣᠷᠢᠭᠵᠢᠭᠤᠯᠵᠤ᠂ ︽ᠵᠠᠷᠯᠠᠨ ᠮᠠᠩᠯᠠᠶᠢᠯᠠᠭᠤᠯᠬᠤ︾ ᠠᠵᠢᠯ ᠢ ᠥᠷᠨᠢᠭᠦᠯᠦᠨ᠎ᠡ᠃ ︵ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠵᠢᠷᠭᠤᠭ᠎ᠠ︶ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠶᠢᠷᠠᠪᠤᠷᠢᠵᠢᠭᠤᠯᠤᠨ᠎ᠠ᠃ ᠤᠶᠤᠲᠠᠳ ᠤᠨ ᠠᠳᠠᠯ ᠦᠢᠯᠡᠰ ᠴᠣᠭᠴᠠᠯᠠᠬᠤ ᠶᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠳᠠᠯ ᠦᠢᠯᠡᠰ ᠴᠣᠭᠴᠠᠯᠠᠭᠠᠳ ᠢᠯᠠᠭᠳᠠᠭᠰᠠᠨ ᠤᠶᠤᠲᠠᠳ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠶᠣᠰᠣᠭᠠᠷ ᠠᠵᠢᠯ ᠣᠯᠭᠤᠬᠤ  ᠦᠢᠯᠡᠴᠢᠯᠡᠭᠡ᠂ ᠠᠵᠢᠯ ᠣᠯᠭᠤᠯᠲᠠ ᠶᠢᠨ ᠲᠤᠰᠠᠯᠠᠮᠵᠢ ᠪᠠ ᠨᠡᠶᠢᠭᠡᠮ ᠤᠨ ᠠᠪᠤᠷᠠᠨ ᠲᠤᠰᠠᠯᠠᠯᠲᠠ ᠬᠠᠩᠭᠠᠨ᠎ᠠ᠃ ᠵᠠᠰᠠᠭ ᠤᠨ ᠣᠷᠳᠣᠨ ᠤ ᠳᠡᠮᠵᠢᠵᠦ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠤᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠤᠨ᠂ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ ᠤᠶᠤᠲᠠᠳ ᠤᠨ ᠠᠳᠠᠯ ᠦᠢᠯᠡᠰ ᠴᠣᠭᠴᠠᠯᠠᠬᠤ ᠲᠦᠭᠰᠢᠭᠦᠷᠢ ᠶᠢᠨ ᠲᠡᠩᠬᠡᠷᠡᠭᠦᠯᠦᠨ ᠲᠤᠰᠠᠯᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠲᠦᠭᠰᠢᠭᠦᠷᠢ ᠶᠢᠨ ᠨᠥᠬᠦᠪᠥᠷᠢ᠂ ᠬᠤᠳᠠᠯᠳᠤᠭᠠᠨ ᠤ ᠳᠠᠭᠠᠳᠬᠠᠯ ᠤᠨ ᠵᠠᠷᠤᠳᠠᠯ ᠤᠨ ᠨᠥᠬᠦᠪᠥᠷᠢ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠳᠡᠮᠵᠢᠯᠭᠡ ᠦᠵᠡᠭᠦᠯᠵᠦ᠂ ᠨᠠᠩ ᠨᠠᠷᠢᠯᠢᠭ ᠣᠨᠣᠴᠠᠲᠠᠶ᠂ ᠪᠦᠲᠦᠮᠵᠢᠲᠡᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠢᠳᠡᠪᠬᠢᠲᠡᠶ ᠰᠤᠳᠤᠯᠵᠤ᠂ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠨ᠂ ᠴᠠᠭ ᠲᠤᠨᠢ ᠳᠣᠭᠢᠷᠠᠭᠤᠯᠤᠨ ᠳᠡᠯᠭᠡᠷᠡᠭᠦᠯᠵᠦ ᠪᠣᠯᠤᠨ᠎ᠠ᠃ ᠲᠡᠭᠦᠰᠦᠭᠰᠡᠨ ᠤ ᠳᠠᠷᠠᠭ᠎ᠠ ᠠᠳᠠᠯ  ᠦᠢᠯᠡᠰ ᠴᠣᠭᠴᠠᠯᠠᠭᠰᠠᠨ ᠤᠶᠤᠲᠠᠳ ᠲᠣᠭᠲᠠᠭᠠᠯ ᠶᠣᠰᠣᠭᠠᠷ ︽ᠲᠠᠪᠤᠨ ᠳᠠᠭᠠᠳᠬᠠᠯ ᠨᠢᠭᠡ ᠮᠥᠩᠭᠦ︾ ᠲᠤᠰᠢᠶᠠᠵᠤ᠂ ᠤᠶᠤᠲᠠᠳ ᠤᠨ ᠠᠳᠠᠯ ᠦᠢᠯᠡᠰ ᠴᠣᠭᠴᠠᠯᠠᠬᠤ ᠶᠢᠨ ᠬᠤᠶᠢᠰᠢᠳᠠ ᠶᠢᠨ ᠵᠣᠪᠠᠨᠢᠯ ᠢ ᠪᠠᠭᠠᠰᠬᠠᠵᠤ ᠪᠣᠯᠤᠨ᠎ᠠ᠃ ︵ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠵᠡᠷᠭᠡ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠳᠦᠷᠪᠡ᠂ ᠤᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ      ︵ᠳᠣᠯᠤᠭ᠎ᠠ︶ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠦᠢᠯᠡᠳᠦᠯᠭᠡ ᠶᠢᠨ ᠲᠠᠪᠴᠠᠩ ᠢ ᠪᠠᠶᠢᠭᠤᠯᠤᠨ ᠬᠦᠴᠦᠷᠬᠡᠭᠵᠢᠭᠦᠯᠦᠨ᠎ᠡ᠃ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ ᠤᠶᠤᠲᠠᠳ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠤᠶᠤᠲᠠᠳ ᠤᠨ ᠠᠳᠠᠯ ᠦᠢᠯᠡᠰ ᠴᠣᠭᠴᠠᠯᠠᠭᠴᠢ ᠶᠢᠨ ᠣᠷᠣᠨ ᠵᠠᠶ ᠵᠡᠷᠭᠡ ᠰᠤᠷᠭᠠᠭᠤᠯᠢ ᠶᠢᠨ ᠳᠣᠲᠣᠭᠠᠳᠤ ᠶᠢᠨ ᠰᠢᠨ᠎ᠡ ᠶᠢ ᠡᠭᠦᠳᠦᠨ ᠠᠳᠠᠯ  ᠦᠢᠯᠡᠰ ᠴᠣᠭᠴᠠᠯᠠᠬᠤ ᠦᠢᠯᠡᠳᠦᠯᠭᠡ ᠶᠢᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠭᠤᠯᠢ ᠳᠤ ᠪᠠᠶᠢᠭ᠎ᠠ ᠤᠶᠤᠲᠠᠳ ᠲᠤ ᠬᠠᠨᠳᠤᠭᠤᠯᠤᠨ  ᠰᠦᠢᠳᠭᠡᠯ ᠬᠤᠷᠢᠶᠠᠬᠤ ᠥᠬᠡᠶ ᠪᠠᠷ ᠨᠡᠭᠡᠭᠡᠵᠦ᠂ ᠲᠤᠰᠬᠠᠶᠢᠵᠢᠭᠰᠠᠨ ᠨᠡᠪᠴᠢᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃ ᠰᠤᠷᠭᠠᠭᠤᠯᠢ ᠶᠢᠨ ᠬᠢᠴᠢᠶᠡᠯ ᠲᠥᠷᠥᠯ ᠲᠤᠰᠬᠠᠶ ᠮᠡᠷᠭᠡᠵᠢᠯ ᠤᠨ ᠤᠨᠴᠠᠯᠢᠭᠳᠤ ᠳᠠᠪᠠᠭᠤᠯᠢᠭ ᠲᠠᠢ ᠤᠶᠠᠯᠳᠤᠭᠤᠯᠤᠨ᠂ ᠬᠤᠯᠪᠣᠭᠳᠠᠯ ᠪᠥᠬᠦᠶ ᠠᠵᠢᠯ ᠲᠥᠷᠥᠯ ᠤᠨ ᠠᠵᠤ ᠠᠬᠤᠶᠢᠯᠠᠯ ᠲᠠᠢ ᠬᠤᠯᠪᠣᠭᠠᠯᠠᠨ ᠨᠢᠭᠡ ᠪᠦᠯᠦᠭ ᠰᠤᠷᠭᠠᠭᠤᠯᠢ ᠶᠢᠨ ᠭᠠᠳᠠᠨᠠᠬᠢ ᠤᠶᠤᠲᠠᠳ ᠤᠨ ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠬᠦ  ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠦᠨ᠎ᠡ᠃ ︵ᠰᠤᠷᠭᠠᠨ ᠬᠥᠮᠦᠵᠢᠯ ᠤᠨ ᠶᠠᠮᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ ᠨᠠᠢᠮᠠ︶ ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠳᠠᠶᠢᠴᠢᠯᠠᠬᠤ ᠦᠢᠯᠡᠳᠦᠯ ᠢ ᠳᠡᠭᠡᠭᠰᠢᠯᠡᠭᠦᠯᠦᠨ᠎ᠡ᠃ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ︽ᠰᠤᠷᠭᠠᠭᠤᠯᠢ ᠠᠵᠤ ᠠᠬᠤᠶᠢᠯᠠᠯ  ᠬᠦᠳᠡᠯᠦᠯᠴᠡᠬᠦ︾ ᠶᠢᠨ ᠲᠤᠰᠬᠠᠶ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠂ ᠠᠵᠤ ᠠᠬᠤᠶᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠳᠡᠭᠡᠳᠦ ᠰᠤᠷᠭᠠᠭᠤᠯᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠬᠤ ᠶᠢ ᠠᠬᠢᠭᠤᠯᠵᠤ᠂ ᠲᠣᠭᠲᠠᠪᠤᠷᠢᠲᠠᠶ ᠬᠠᠮᠲᠤᠷᠠᠯᠴᠠᠬᠤ ᠬᠠᠷᠢᠴᠠᠭ᠎ᠠ ᠶᠢ ᠪᠠᠶᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠠᠶᠢᠭ᠎ᠠ ᠬᠤᠲᠠ ᠶᠢ ᠵᠢᠯᠣᠭᠤᠳᠴᠤ ᠪᠠᠶᠢᠭᠠᠳ ᠳᠡᠭᠡᠳᠦ ᠵᠡᠷᠭᠡ ᠶᠢᠨ ᠰᠤᠷᠭᠠᠭᠤᠯᠢ ᠶᠢᠨ ᠡᠷᠬᠢᠨ ᠲᠣᠭᠤᠷᠢᠨ ᠤ ᠠᠵᠤ ᠦᠢᠯᠡᠰ ᠢ ᠰᠠᠨᠠᠭᠠᠴᠢᠯᠠᠭ᠎ᠠ ᠠᠴᠠ ᠪᠠᠨ ᠲᠥᠯᠥᠪᠵᠢᠭᠦᠯᠦᠨ ᠪᠠᠶᠢᠷᠢᠰᠢᠭᠤᠯᠵᠤ᠂ ᠤᠶᠤᠲᠠᠳ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠠ ᠴᠢᠳᠠᠪᠤᠷᠢᠲᠠᠨ ᠵᠡᠷᠭᠡ ᠬᠦᠴᠦᠨ ᠵᠦᠢᠯ ᠢ ᠢᠳᠡᠪᠬᠢᠲᠡᠶ ᠪᠠᠷ ᠵᠠᠯᠭᠠᠨ ᠠᠪᠴᠤ᠂ ︽ᠬᠤᠲᠠ ᠰᠤᠷᠭᠠᠭᠤᠯᠢ ᠬᠠᠮᠲᠤ ᠣᠷᠣᠰᠢᠬᠤ︾ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠮᠢ ᠠᠬᠤᠶ ᠶᠢ ᠪᠣᠶ ᠪᠣᠯᠭᠠᠨ᠎ᠠ᠃ ᠲᠥᠪ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠣᠯᠤᠨ ᠬᠠᠮᠢᠶ᠎ᠠ ᠪᠥᠬᠦᠶ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠣᠰ ᠪᠡᠶ᠎ᠡ ᠶᠢᠨ ᠮᠡᠷᠭᠡᠵᠢᠯ᠂ ᠴᠢᠳᠠᠪᠤᠷᠢᠲᠠᠨ᠂ ᠲᠠᠯᠠᠪᠤᠷ ᠭᠠᠵᠠᠷ᠂ ᠬᠥᠷᠥᠩᠭᠡ ᠵᠡᠷᠭᠡ ᠳᠠᠪᠠᠭᠤᠯᠢᠭ ᠢᠶᠠᠨ ᠠᠰᠢᠭᠯᠠᠨ᠂ ᠤᠶᠤᠲᠠᠳ ᠲᠤ ᠰᠤᠳᠤᠯᠤᠨ ᠨᠡᠭᠡᠭᠡᠬᠦ᠂ ᠨᠡᠪᠴᠢᠭᠦᠯᠬᠦ᠂ ᠪᠠᠯᠠ ᠣᠷᠣᠭᠤᠯᠬᠤ ᠶᠢ ᠨᠢᠭᠡ ᠴᠣᠠᠠᠴᠠᠵᠢᠭᠤᠯᠥᠠᠠᠰᠠᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠪᠤᠶᠢᠵᠢᠭᠤᠯᠤᠯᠲᠠ ᠶᠢᠨ ᠲᠥᠪ᠂ ᠢᠨᠲ᠋ᠤᠷ ᠰᠦᠯᠵᠢᠶ᠎ᠡ ᠶᠢᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠠᠪᠴᠠᠩ᠂ ᠨᠡᠪᠴᠢᠭᠦᠯᠬᠦ ᠪᠠᠭᠠᠵᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠢ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠲᠠᠪᠤ᠂ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠳᠤ ᠡᠳ᠋ ᠤᠨ ᠵᠠᠰᠠᠭ ᠭᠠᠶᠢᠯᠢ ᠶᠢᠨ ᠲᠡᠳᠬᠦᠮᠵᠢ ᠶᠢᠨ  ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ      ︵ᠶᠢᠰᠦ︶ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ᠣᠲᠣ ᠶᠢᠨ ᠪᠠᠶᠢᠭ᠎ᠠ ᠰᠠᠭᠤᠷᠢᠨ ᠳᠡᠭᠡᠷ᠎ᠡ᠂ ᠰᠤᠷᠭᠠᠨ ᠬᠥᠮᠦᠵᠢᠯ ᠤᠨ ᠶᠠᠮᠤᠨ ᠤ ᠲᠥᠪ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠬᠥᠭᠵᠢᠯᠲᠡ ᠶᠢᠨ ᠪᠡᠯᠡ ᠮᠦᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠲᠥᠪ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠲᠤᠰᠬᠠᠶ ᠪᠠᠯᠠ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠪᠠ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠭᠰᠠᠨ ᠪᠠᠶᠢᠳᠠᠯ ᠢ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠴᠢᠬᠤᠯᠠ ᠬᠦᠴᠦᠨ ᠵᠦᠢᠯ ᠪᠤᠯᠭᠠᠨ᠎ᠠ᠃ ︵ᠡᠳ᠋ ᠤᠨ ᠵᠠᠰᠠᠭ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠ︶ ᠨᠠᠷᠢᠯᠢᠭ ᠨᠠᠶᠢᠳᠠᠪᠤᠷᠢᠵᠢᠭᠤᠯᠵᠤ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ ᠲᠡᠭᠦᠰᠬᠦ ᠣᠨ ᠳᠠᠭᠠᠨ ᠬᠤᠪᠢ ᠶᠢᠨ ᠡᠵᠡᠩᠨᠡᠯᠲᠡ ᠬᠢᠵᠦ᠂ ᠲᠣᠭᠲᠠᠭᠠᠭᠰᠠᠨ ᠨᠥᠬᠦᠴᠡᠯ ᠳᠤ ᠨᠡᠶᠢᠴᠡᠪᠡᠯ᠂ 3 ᠵᠢᠯ ᠤᠨ ᠳᠣᠲᠣᠷ᠎ᠠ ᠵᠣᠬᠢᠬᠤ ᠬᠢᠵᠠᠭᠠᠷ ᠲᠤᠭ᠎ᠠ ᠪᠠᠷ ᠲᠣᠰ ᠵᠢᠯ ᠤᠨ ᠪᠣᠳᠠᠲᠠᠶ ᠲᠤᠰᠢᠶᠠᠪᠠᠰᠤ ᠵᠣᠬᠢᠬᠤ ᠥᠷᠲᠡᠭ ᠨᠡᠮᠡᠭᠳᠡᠯ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠪᠠ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠲᠠᠰ ᠳᠠᠷᠠᠭᠠᠯᠠᠨ ᠬᠠᠰᠤᠨ᠎ᠠ᠃ ᠰᠠᠷ᠎ᠠ ᠶᠢᠨ ᠪᠣᠷᠣᠯᠠᠭᠤᠯᠤᠯᠲᠠ ᠶᠢᠨ ᠨᠣᠷᠮ᠎ᠠ ᠨᠢ 15 ᠲᠦᠮᠡᠨ ᠲᠥᠭᠦᠷᠢᠭ ᠠᠴᠠ ᠳᠣᠷᠣᠭᠰᠢᠬᠢ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠠᠴᠠ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠥᠬᠡᠶ᠂ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠠᠴᠠ ᠲᠣᠭᠲᠠᠭᠠᠯ ᠶᠣᠰᠣᠭᠠᠷ ᠠᠰᠢᠭ ᠣᠷᠣᠯᠭ᠎ᠠ ᠶᠢᠨ ᠭᠠᠶᠢᠯᠢ ᠶᠢ ᠬᠠᠰᠤᠵᠤ ᠭᠡᠯᠳᠦᠷᠢᠭᠦᠯᠦᠨ᠎ᠡ᠃ ᠠᠳᠠᠯ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠠᠵᠤ ᠠᠬᠤᠶᠢᠯᠠᠯ ᠳᠤ᠂ ᠠᠨᠴᠢᠯ ᠤᠨ ᠪᠠᠯᠠ ᠣᠷᠣᠭᠤᠯᠤᠭᠴᠢ ᠶᠢᠨ ᠵᠠᠬ᠎ᠠ ᠳᠡᠯᠭᠡᠭᠦᠷ ᠲᠤ ᠭᠠᠷᠤᠭᠠᠳᠤᠶ ᠳᠤᠮᠳᠠ ᠵᠢᠵᠢᠭ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠢᠴᠢ ᠦᠷ᠎ᠡ ᠶᠢᠨ ᠬᠤᠭᠤᠴᠠᠭ᠎ᠠ᠂ ᠠᠩᠬ᠎ᠠ ᠡᠭᠦᠳᠦᠯᠲᠡ ᠶᠢᠨ ᠬᠤᠭᠤᠴᠠᠭᠠᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠪᠠᠯᠠ ᠣᠷᠣᠭᠤᠯᠤᠭᠰᠠᠨ ᠲᠤᠭ᠎ᠠ ᠶᠢ ᠲᠣᠭᠲᠠᠭᠠᠯ ᠶᠣᠰᠣᠭᠠᠷ ᠠᠰᠢᠭ ᠣᠷᠣᠯᠭ᠎ᠠ ᠶᠢᠨ ᠭᠠᠶᠢᠯᠢ ᠶᠢᠨ ᠲᠤᠰᠢᠶᠠᠪᠠᠰᠤ ᠵᠣᠬᠢᠬᠤ ᠭᠠᠶᠢᠯᠢ ᠶᠢᠨ ᠠᠰᠢᠭ ᠣᠷᠣᠯᠭ᠎ᠠ ᠶᠢᠨ ᠲᠤᠭ᠎ᠠ ᠶᠢ ᠲᠤᠯᠭᠠᠨ ᠬᠠᠰᠤᠨ᠎ᠠ᠃ ᠤᠯᠤᠰ ᠤᠨ ᠲᠠᠰ ᠤᠨ᠂ ᠮᠤᠵᠢ ᠶᠢᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠪᠠ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠵᠢᠴᠢ ᠤᠯᠤᠰ ᠤᠨ ᠳᠠᠩᠰᠠᠯᠠᠭᠤᠯᠤᠭᠰᠠᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠠᠴᠠ ᠲᠣᠭᠲᠠᠭᠠᠯ ᠶᠣᠰᠣᠭᠠᠷ ᠥᠷᠲᠡᠭ ᠨᠡᠮᠡᠭᠳᠡᠯ ᠤᠨ ᠭᠠᠶᠢᠯᠢ᠂ ᠬᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠣᠶ ᠶᠢᠨ ᠬᠡᠷᠡᠭᠯᠡᠭᠡᠨ ᠤ ᠭᠠᠶᠢᠯᠢ ᠲᠠᠲᠠᠪᠤᠷᠢᠯᠠᠬᠤ ᠠᠴᠠ ᠭᠡᠯᠳᠦᠷᠢᠭᠦᠯᠦᠨ᠎ᠡ᠃ ᠭᠠᠶᠢᠯᠢ ᠲᠤᠰᠢᠶᠠᠬᠤ ᠦᠢᠯᠡᠴᠢᠯᠡᠭᠡ ᠶᠢ ᠰᠠᠶᠢᠲᠤᠷ ᠬᠢᠵᠦ᠂ ᠵᠣᠯᠭᠠᠭᠤᠯᠬᠤ ᠲᠣᠭᠲᠠᠴᠠ ᠶᠢ ᠪᠠᠶᠢᠭᠤᠯᠤᠨ᠂ ᠨᠠᠷᠢᠯᠢᠭ ᠣᠨᠣᠴᠠᠲᠠᠶ ᠪᠠᠷ ᠳᠡᠮᠵᠢᠬᠦ ᠶᠢ ᠴᠢᠩᠭᠠᠷᠠᠭᠤᠯᠤᠨ᠎ᠠ᠃ ︵ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠵᠢᠷᠭᠤᠭ᠎ᠠ᠂ ᠤᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠳᠤ ᠦᠵᠡᠭᠦᠯᠬᠦ ᠮᠥᠩᠭᠦᠨ  ᠭᠦᠢᠯᠭᠡᠭᠡᠨ ᠤ ᠲᠥᠷᠥ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ      ︵ᠠᠷᠪᠠᠨ ᠨᠢᠭᠡ︶ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ᠂ ᠬᠤᠳᠠᠯᠳᠤᠭᠠᠨ ᠤ ᠦᠷᠭᠦᠯᠵᠢᠯᠡᠬᠦ ᠵᠠᠷᠴᠢᠮ ᠶᠣᠰᠣᠭᠠᠷ ᠤᠶᠤᠲᠠᠳ ᠤᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠤᠶᠤᠲᠠᠳ ᠤᠨ ᠠᠳᠠᠯ ᠦᠢᠯᠡᠰ ᠴᠣᠭᠴᠠᠯᠠᠬᠤ ᠪᠠᠯᠠ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠵᠢᠴᠢ ᠳᠠᠮ ᠬᠦᠤ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠤᠪᠢ ᠬᠥᠮᠦᠨ ᠤ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ 20 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ 10 ᠲᠦᠮᠡᠨ ᠲᠥᠭᠦᠷᠢᠭ ᠠᠴᠠ ᠳᠣᠷᠣᠭᠰᠢᠬᠢ ᠵᠢᠭᠡᠯᠡᠯᠭᠡ᠂ ᠲᠣᠭᠤᠷᠢᠭ ᠪᠠᠶᠢᠭᠤᠯᠤᠭᠰᠠᠨ ᠬᠤᠲᠠ ᠶᠢᠨ ᠲᠠᠰ ᠠᠴᠠ ᠳᠡᠭᠡᠭᠰᠢᠬᠢ ᠢᠷᠠᠭᠤ ᠠᠯᠳᠠᠷ ᠢ ᠭᠥᠷᠳᠡᠭᠰᠡᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠭᠴᠢ ᠶᠢᠨ ᠭᠡᠳᠡᠷᠭᠦ ᠳᠠᠭᠠᠭᠠᠯᠲᠠ ᠬᠢᠬᠦ ᠱᠠᠭᠠᠷᠳᠠᠯᠭ᠎ᠠ ᠶᠢ ᠭᠡᠯᠳᠦᠷᠢᠭᠦᠯᠦᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ ᠤᠨ ᠪᠠᠶᠢᠭᠤᠯᠤᠭᠰᠠᠨ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ ᠠᠬᠤᠶᠢᠯᠠᠯ ᠤᠨ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ 300 ᠲᠦᠮᠡᠨ ᠲᠥᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃ ᠵᠢᠭᠡᠯᠡᠯᠭᠡ ᠶᠢᠨ ᠬᠦᠦ ᠶᠢᠨ ᠨᠤᠷᠮ᠎ᠠ ᠶᠢ ᠳᠣᠷᠣᠭᠰᠢᠯᠠᠭᠤᠯᠵᠤ᠂ ᠵᠢᠭᠡᠯᠡᠯᠭᠡ ᠶᠢ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠬᠤ ᠶᠠᠪᠤᠴᠠ ᠶᠢ ᠳᠥᠭᠦᠮᠴᠢᠯᠡᠵᠦ᠂ ᠵᠢᠭᠡᠯᠡᠯᠭᠡ ᠶᠢᠨ ᠲᠦᠭᠦᠮ ᠴᠢᠨᠠᠷ ᠢ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠬᠦ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠳᠠᠯ ᠦᠢᠯᠡᠰ ᠴᠣᠭᠴᠠᠯᠠᠵᠤ ᠠᠵᠢᠯ ᠤᠯᠬᠤ ᠶᠢ ᠲᠡᠮᠵᠢᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ ᠪᠠᠶᠢᠭᠠᠳ ᠦᠢᠯᠡᠳᠭᠦᠨ ᠪᠠ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠲᠦᠷᠭᠡᠳᠬᠡᠵᠦ᠂ ᠨᠥᠬᠦᠴᠡᠯ ᠳᠤ ᠨᠡᠶᠢᠴᠡᠬᠦ ᠤᠶᠤᠲᠠᠳ ᠤᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠃ ︵ᠡᠳ᠋ ᠤᠨ ᠵᠠᠰᠠᠭ ᠤᠨ ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠠᠷᠠᠳ ᠤᠨ ᠪᠠᠩᠬᠢ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠬᠤᠶᠠᠷ︶ ᠨᠡᠶᠢᠭᠡᠮ ᠤᠨ ᠬᠥᠷᠥᠩᠭᠡ ᠶᠢ ᠬᠥᠲᠥᠯᠦᠨ ᠵᠢᠯᠣᠭᠤᠳᠴᠤ ᠪᠠᠶᠢᠭᠠᠳ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠤᠭᠴᠠᠯᠠᠬᠤ ᠶᠢ ᠬᠦᠲᠦᠯᠦᠨ ᠵᠢᠯᠤᠭᠤᠳᠤᠨ᠎ᠠ᠃ ᠨᠡᠶᠢᠭᠡᠮ ᠤᠨ ᠬᠥᠷᠥᠩᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠪᠠᠷ ᠨᠡᠶᠢᠭᠡᠮ ᠤᠨ ᠡᠬᠢ ᠪᠠᠶᠠᠯᠢᠭ ᠬᠢᠭᠡᠳ ᠤᠶᠤᠲᠠᠳ ᠤᠨ ᠰᠢᠨ᠎ᠡ ᠶᠢ ᠡᠭᠦᠳᠦᠨ ᠠᠳᠠᠯ  ᠦᠢᠯᠡᠰ ᠴᠣᠭᠴᠠᠯᠠᠬᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠵᠣᠯᠭᠠᠭᠤᠯᠬᠤ ᠶᠢ ᠠᠬᠢᠭᠤᠯᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠲᠠᠪᠴᠠᠩ ᠤᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠪᠠ ᠨᠡᠶᠢᠭᠡᠮ ᠤᠨ ᠬᠥᠷᠥᠩᠭᠡ ᠶᠢ ᠬᠥᠲᠥᠯᠦᠨ ᠵᠢᠯᠣᠭᠤᠳᠴᠤ ᠪᠠᠶᠢᠭᠠᠳ ᠤᠶᠤᠲᠠᠳ ᠤᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠠᠩᠬᠠᠨ ᠤ ᠬᠤᠭᠤᠴᠠᠭᠠᠨ ᠤ ᠪᠠᠯᠠ ᠣᠷᠣᠭᠤᠯᠤᠯᠲᠠ ᠬᠢᠭᠡᠳ ᠣᠶᠤᠨ ᠤᠬᠠᠭᠠᠨ ᠤ ᠣᠷᠣᠭᠤᠯᠤᠯᠲᠠ ᠳᠤ ᠣᠷᠣᠯᠴᠠᠭᠤᠯᠵᠤ᠂ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠠᠨᠴᠢᠯ ᠤᠨ ᠪᠠᠯᠠ ᠣᠷᠣᠭᠤᠯᠤᠯᠲᠠ ᠶᠢ ᠲᠦᠷᠭᠡᠳᠬᠡᠨ ᠬᠥᠭᠵᠢᠭᠦᠯᠵᠦ᠂ ᠨᠢᠭᠡ ᠪᠦᠯᠦᠭ ᠠᠨᠴᠢᠯ ᠤᠨ ᠪᠠᠯᠠ ᠣᠷᠣᠭᠤᠯᠤᠭᠴᠢ ᠪᠠ ᠠᠳᠠᠯ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠪᠠᠶᠢᠭᠤᠯᠤᠮᠵᠢ ᠶᠢ ᠪᠤᠶᠢᠵᠢᠭᠤᠯᠤᠨ᠎ᠠ᠃ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠪᠠᠳᠠᠷᠠᠭᠤᠯᠵᠤ᠂ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠨᠴᠢᠯ ᠤᠨ ᠪᠠᠯᠠ ᠣᠷᠣᠭᠤᠯᠤᠯᠲᠠ᠂ ᠠᠳᠠᠯ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠬᠥᠭᠵᠢᠯᠲᠡ ᠶᠢ ᠳᠡᠮᠵᠢᠵᠦ᠂ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠤᠭᠴᠠᠯᠠᠬᠤ ᠶᠢ ᠲᠦᠯᠬᠢᠨ ᠠᠬᠢᠭᠤᠯᠤᠨ᠎ᠠ᠃ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ᠂ ᠦᠨᠡᠲᠦ ᠲᠡᠮᠳᠡᠭᠲᠦ ᠶᠢ ᠬᠢᠨᠠᠨ ᠬᠠᠮᠢᠶᠠᠷᠬᠤ ᠵᠥᠪᠯᠡᠯ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶        ᠳᠣᠯᠤᠭ᠎ᠠ᠂ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠭᠰᠠᠨ ᠦᠷ᠎ᠡ ᠪᠦᠲᠦᠭᠡᠯ ᠢ  ᠬᠤᠪᠢᠷᠠᠭᠤᠯᠬᠤ ᠶᠢ ᠠᠬᠢᠭᠤᠯᠤᠨ᠎ᠠ      ︵ᠠᠷᠪᠠᠨ ᠭᠤᠷᠪᠠ︶ ᠦᠷ᠎ᠡ ᠪᠦᠲᠦᠭᠡᠯ ᠢ ᠬᠤᠪᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠤᠶᠤᠲᠠᠳ ᠤᠨ ᠰᠢᠨ᠎ᠡ ᠶᠢ ᠡᠭᠦᠳᠦᠨ ᠠᠳᠠᠯ  ᠦᠢᠯᠡᠰ ᠴᠣᠭᠴᠠᠯᠠᠭᠰᠠᠨ ᠦᠷ᠎ᠡ ᠪᠦᠲᠦᠭᠡᠯ ᠢ  ᠬᠤᠪᠢᠷᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢ ᠰᠤᠳᠤᠯᠤᠨ ᠪᠠᠶᠢᠭᠤᠯᠵᠤ᠂ ᠬᠠᠮᠢᠶ᠎ᠠ ᠪᠥᠬᠦᠶ ᠦᠷ᠎ᠡ ᠪᠦᠲᠦᠭᠡᠯ ᠢ ᠠᠵᠢᠯ ᠲᠥᠷᠥᠯ ᠠᠵᠤ  ᠦᠢᠯᠡᠰ ᠯᠦᠭᠡ ᠵᠣᠯᠭᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠭᠰᠠᠨ ᠦᠷ᠎ᠡ ᠪᠦᠲᠦᠭᠡᠯ ᠢ ᠬᠤᠯᠪᠣᠭᠳᠠᠯ ᠪᠥᠬᠦᠶ ᠠᠵᠢᠯ ᠲᠥᠷᠥᠯ ᠠᠵᠤ ᠠᠬᠤᠶᠢᠯᠠᠯ ᠳᠤ ᠳᠡᠯᠭᠡᠷᠡᠭᠦᠯᠦᠨ ᠤᠶᠤᠲᠠᠳ ᠤᠨ ᠰᠢᠨ᠎ᠡ ᠶᠢ ᠡᠭᠦᠳᠬᠦ ᠲᠥᠷᠥᠯ ᠵᠦᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠶᠢ ᠨᠤᠲᠠᠯᠠᠬᠤ᠂ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠵᠦ᠂ ᠤᠷᠮᠠᠰᠢᠭᠤᠯᠬᠤ ᠤᠳᠤᠷᠢᠳᠤᠮᠵᠢ ᠶᠢ ᠴᠢᠩᠭᠠᠷᠠᠭᠤᠯᠤᠨ᠂ ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠦᠷ᠎ᠡ ᠪᠦᠲᠦᠭᠡᠯ ᠢ ᠤᠯᠠᠷᠢᠭᠤᠯᠬᠤ ᠶᠢ ᠱᠠᠩᠨᠠᠬᠤ ᠪᠠ ᠠᠰᠢᠭ ᠣᠯᠵᠠᠪᠤᠷᠢ ᠶᠢ ᠬᠤᠪᠢᠶᠠᠷᠢᠯᠠᠬᠤ ᠠᠷᠭ᠎ᠠ ᠶᠢ ᠨᠠᠶᠢᠳᠠᠪᠤᠷᠢᠵᠢᠭᠤᠯᠤᠨ᠎ᠠ᠃ ᠤᠶᠤᠲᠠᠳ ᠲᠤ ᠬᠠᠨᠳᠤᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠣᠯᠪᠠᠰᠤᠷᠠᠭᠤᠯᠤᠯ ᠤᠨ ᠬᠢᠴᠢᠶᠡᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ︵ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ  ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠳᠥᠷᠪᠡ︶ ᠦᠷ᠎ᠡ ᠪᠦᠲᠦᠭᠡᠯ ᠢ ᠬᠤᠪᠢᠷᠠᠭᠤᠯᠬᠤ ᠦᠢᠯᠡᠴᠢᠯᠡᠭᠡ ᠶᠢ ᠴᠢᠩᠭᠠᠷᠠᠭᠤᠯᠤᠨ᠎ᠠ᠃ ᠣᠷᠣᠨ ᠨᠤᠲᠤᠭ᠂ ᠠᠵᠤ ᠠᠬᠤᠶᠢᠯᠠᠯ ᠪᠣᠯᠤᠨ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠦᠯᠬᠦᠮ ᠨᠡᠶᠢᠲᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠦᠷ᠎ᠡ ᠪᠦᠲᠦᠭᠡᠯ ᠢ ᠬᠤᠪᠢᠷᠠᠭᠤᠯᠬᠤ ᠠᠷᠭ᠎ᠠ ᠵᠠᠮ ᠢ ᠥᠷᠭᠡᠳᠬᠡᠨ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ  ᠬᠤᠪᠢᠷᠠᠭᠤᠯᠬᠤ  ᠪᠠ ᠠᠳᠠᠯ ᠦᠢᠯᠡᠰ ᠴᠣᠭᠴᠠᠯᠠᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠬᠠᠪᠰᠤᠷᠤᠯᠭ᠎ᠠ ᠬᠠᠩᠭᠠᠨ᠎ᠠ᠃ ᠤᠯᠤᠰ ᠤᠨ ᠥᠮᠴᠢᠯᠡᠯᠲᠦ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠪᠠ  ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠬᠡᠯᠪᠡᠷᠢ ᠶᠢᠨ ᠠᠵᠤ ᠠᠬᠤᠶᠢᠯᠠᠯ ᠤᠨ ᠨᠡᠪᠴᠢᠭᠦᠯᠦᠭᠦᠷ᠂ ᠠᠵᠤ ᠦᠢᠯᠡᠰ ᠤᠨ ᠬᠦᠷᠢᠶᠡᠯᠡᠩ ᠵᠡᠷᠭᠡ ᠲᠠᠪᠴᠠᠩ ᠢ ᠠᠰᠢᠭᠯᠠᠬᠤ ᠶᠢ ᠵᠣᠷᠢᠭᠵᠢᠭᠤᠯᠵᠤ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ  ᠬᠤᠪᠢᠷᠠᠭᠤᠯᠬᠤ ᠶᠢ ᠳᠡᠮᠵᠢᠵᠦ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠪᠠ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠵᠠᠰᠠᠭ ᠤᠨ ᠣᠷᠳᠣᠨ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠵᠢᠴᠢ ᠨᠡᠶᠢᠭᠡᠮ ᠤᠨ ᠡᠬᠢ ᠪᠠᠶᠠᠯᠢᠭ ᠢ ᠴᠤᠭᠯᠠᠭᠤᠯᠤᠨ᠂ ᠳᠤᠮᠳᠠᠳᠤ ᠤᠯᠤᠰ ᠤᠨ ᠣᠯᠠᠨ ᠤᠯᠤᠰ ᠤᠨ ︽ᠢᠨᠲ᠋ᠤᠷ ᠰᠦᠯᠵᠢᠶ᠎ᠡ +︾ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠤᠷᠤᠯᠳᠤᠭᠠᠨ ᠳᠤ ᠴᠣᠯᠭᠤᠷᠠᠨ ᠭᠠᠷᠤᠭᠰᠠᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠢᠯᠢᠳᠡᠭ ᠲᠥᠷᠥᠯ ᠵᠦᠢᠯ ᠢ ᠦᠷᠭᠦᠯᠵᠢᠯᠡᠨ ᠮᠥᠷᠳᠡᠨ ᠳᠡᠮᠵᠢᠬᠦ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ  ᠬᠠᠮᠢᠶ᠎ᠠ ᠪᠥᠬᠦᠶ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠢᠭᠡ ᠪᠦᠯᠦᠭ ᠤᠷᠤᠯᠳᠤᠭᠠᠨ ᠤ ᠰᠢᠯᠢᠳᠡᠭ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠱᠠᠩᠨᠠᠯ ᠣᠯᠤᠭᠰᠠᠨ ᠲᠥᠷᠥᠯ ᠵᠦᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠳᠡᠮᠵᠢᠵᠦ᠂ ᠤᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠵᠢᠱᠢᠶ᠎ᠡ ᠦᠵᠡᠭᠦᠯᠬᠦ ᠦᠢᠯᠡᠳᠦᠯ ᠢ  ᠪᠦᠷᠢᠯᠳᠦᠭᠦᠯᠦᠨ᠎ᠡ᠃ ︵ᠰᠤᠷᠭᠠᠨ ᠬᠥᠮᠦᠵᠢᠯ ᠤᠨ ᠶᠠᠮᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶      ᠨᠠᠢᠮᠠ᠂ ᠳᠤᠮᠳᠠᠳᠤ ᠤᠯᠤᠰ ᠤᠨ ᠤᠯᠠᠨ ᠤᠯᠤᠰ ᠤᠨ ︽ᠢᠨᠲ᠋ᠧᠷ ᠰᠦᠯᠵᠢᠶ᠎ᠡ +︾ ᠤᠶᠤᠲᠠᠳ ᠤᠨ ᠰᠢᠨ᠎ᠡ ᠶᠢ ᠡᠭᠦᠳᠬᠦ ᠦᠢᠯᠡᠰ ᠪᠤᠰᠬᠠᠬᠤ ᠤᠷᠤᠯᠳᠤᠭᠠᠨ ᠢ ᠰᠠᠶᠢᠲᠤᠷ ᠡᠷᠬᠢᠯᠡᠨ᠎ᠠ      ︵ᠠᠷᠪᠠᠨ ᠲᠠᠪᠤ︶ ᠤᠷᠤᠯᠳᠤᠭᠠᠨ ᠤ ᠦᠷᠬᠦᠯᠵᠢᠯᠡᠭᠦᠶᠢᠴᠡ ᠬᠥᠭᠵᠢᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠷᠤᠯᠳᠤᠭᠠᠨ ᠢ ᠢᠳᠡᠪᠬᠢᠲᠡᠶ ᠳᠠᠭᠠᠭᠠᠴᠢᠯᠠᠨ ᠡᠷᠭᠢᠯᠡᠬᠦ ᠶᠢ ᠵᠣᠷᠢᠭᠵᠢᠭᠤᠯᠵᠤ᠂ ᠭᠤᠤᠯᠯᠠᠨ ᠡᠷᠭᠢᠯᠡᠬᠦ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠵᠣᠬᠢᠶᠠᠨ ᠪᠠᠶᠢᠭᠤᠯᠵᠤ ᠤᠳᠤᠷᠢᠳᠬᠤ ᠪᠠ ᠶᠡᠷᠦᠩᠬᠡᠶᠢᠯᠡᠨ ᠵᠣᠬᠢᠴᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠵᠢ ᠪᠥᠷᠢᠳᠦᠭᠦᠯᠦᠨ ᠳᠡᠮᠵᠢᠬᠦ ᠲᠥᠷᠥ ᠶᠢᠨ ᠪᠣᠳᠣᠯᠭ᠎ᠠ ᠪᠠ ᠨᠥᠬᠦᠴᠡᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠬᠤ᠂ ᠨᠡᠶᠢᠲᠡ ᠶᠢᠨ ᠠᠰᠠᠷᠠᠮᠵᠢ ᠪᠠᠷ ᠳᠡᠮᠵᠢᠬᠦ ᠶᠢ ᠪᠠᠷᠢᠮᠲᠠᠯᠠᠵᠤ᠂ ᠠᠵᠢᠯ ᠲᠥᠷᠥᠯ ᠤᠨ ᠠᠵᠤ ᠠᠬᠤᠶᠢᠯᠠᠯ ᠤᠨ ᠤᠷᠤᠯᠳᠤᠭᠠᠨ ᠤ ᠶᠠᠪᠤᠳᠠᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠳᠡᠮᠵᠢᠵᠦ᠂ ᠤᠷᠤᠯᠳᠤᠭᠠᠨ ᠡᠷᠭᠢᠯᠡᠬᠦ ᠪᠠᠯᠠ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠨ᠂ ᠤᠷᠤᠯᠳᠤᠭᠠᠨ ᠤ ᠨᠡᠷ᠎ᠡ ᠵᠡᠭᠦᠯᠭᠡᠵᠦ ᠳᠡᠮᠵᠢᠨ ᠲᠤᠰᠠᠯᠠᠬᠤ ᠵᠠᠷᠤᠳᠠᠯ ᠤᠨ ᠲᠤᠭ᠎ᠠ ᠬᠡᠮᠵᠢᠶ᠎ᠡ ᠶᠢ ᠵᠣᠬᠢᠰᠲᠠᠶ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢ  ᠭᠦᠢᠴᠡᠳ ᠠᠰᠢᠭᠯᠠᠨ᠂ ᠲᠥᠪ ᠤᠨ ᠠᠵᠤ ᠠᠬᠤᠶᠢᠯᠠᠯ᠂ ᠨᠡᠶᠢᠭᠡᠮ ᠤᠨ ᠬᠥᠷᠥᠩᠭᠡ ᠶᠢᠨ ᠳᠤᠮᠳᠠᠳᠤ ᠤᠯᠤᠰ ᠤᠨ ᠣᠯᠠᠨ ᠤᠯᠤᠰ ᠤᠨ ︽ᠢᠨᠲ᠋ᠤᠷ ᠰᠦᠯᠵᠢᠶ᠎ᠡ +︾ ᠤᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠤᠷᠤᠯᠳᠤᠭᠠᠨ ᠤ ᠲᠥᠷᠥᠯ ᠵᠦᠢᠯ ᠤᠨ ᠲᠤᠰᠬᠠᠶ ᠬᠥᠭᠵᠢᠯᠲᠡ ᠶᠢᠨ ᠰᠠᠭᠤᠷᠢ ᠮᠥᠩᠭᠦ ᠶᠢ ᠡᠭᠦᠰᠭᠡᠨ ᠪᠠᠶᠢᠭᠤᠯᠬᠤ ᠶᠢ ᠰᠤᠳᠤᠯᠤᠨ ᠠᠬᠢᠭᠤᠯᠤᠨ᠎ᠠ᠃ ︵ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ᠂ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠪᠥᠲᠥᠭᠡᠨ ᠪᠠᠶᠢᠭᠤᠯᠤᠯᠲᠠ ᠶᠢᠨ ᠪᠠᠩᠬᠢ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠵᠢᠷᠭᠤᠭ᠎ᠠ︶ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠤᠷᠤᠯᠳᠤᠭᠠᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠤᠯᠭᠠᠨ᠎ᠠ᠃ ᠤᠷᠤᠯᠳᠤᠭᠠᠨ ᠤ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠦᠢᠯᠡᠳᠦᠯᠭᠡ ᠶᠢᠨ ᠲᠠᠪᠴᠠᠩ ᠤᠨ ᠦᠢᠯᠡᠳᠦᠯ ᠢ ᠴᠢᠩᠭᠠᠷᠠᠭᠤᠯᠵᠤ᠂ ᠡᠯ᠎ᠡ ᠰᠤᠷᠤᠯᠭ᠎ᠠ ᠶᠢᠨ ᠱᠠᠲᠤᠨ ᠤ ᠰᠤᠷᠤᠭᠴᠢᠳ ᠤᠨ ᠤᠷᠤᠯᠳᠤᠭᠠᠨ ᠳᠤ ᠤᠷᠤᠯᠳᠤᠭᠠᠨ ᠢᠶᠠᠷ ᠰᠤᠷᠭᠠᠨ ᠬᠥᠮᠦᠵᠢᠯ ᠢ ᠠᠬᠢᠭᠤᠯᠬᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ ᠰᠢᠨ᠎ᠡ ᠶᠢ ᠡᠭᠦᠳᠬᠦ ᠶᠢ ᠠᠬᠢᠭᠤᠯᠬᠤ ᠶᠢ ᠪᠠᠷᠢᠮᠲᠠᠯᠠᠵᠤ᠂ ᠤᠷᠤᠯᠳᠤᠭᠠᠨ ᠤ ᠬᠡᠯᠪᠡᠷᠢ ᠪᠠ ᠠᠭᠤᠯᠭ᠎ᠠ ᠶᠢ ᠪᠠᠶᠠᠯᠢᠭᠵᠢᠭᠤᠯᠤᠨ᠎ᠠ᠃ ᠳᠤᠮᠳᠠᠳᠤ ᠤᠯᠤᠰ ᠤᠨ ᠣᠯᠠᠨ ᠤᠯᠤᠰ ᠤᠨ ︽ᠢᠨᠲ᠋ᠤᠷ ᠰᠦᠯᠵᠢᠶ᠎ᠡ +︾ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠤᠷᠤᠯᠳᠤᠭᠠᠨ ᠬᠢᠭᠡᠳ ᠡᠯ᠎ᠡ ᠱᠠᠲᠤᠨ ᠤ ᠡᠯ᠎ᠡ ᠲᠥᠷᠥᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠤᠷᠤᠯᠳᠤᠭᠠᠨ ᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠤᠷᠤᠯᠳᠤᠭᠠᠨ ᠤ ᠳᠡᠯᠡᠬᠡᠶᠢᠴᠢᠯᠡᠬᠦ ᠠᠬᠢᠴᠠ ᠶᠢ ᠠᠬᠢᠭᠤᠯᠤᠨ᠂ ᠪᠥᠬᠦ ᠪᠥᠮᠪᠥᠷᠴᠡᠭ ᠤᠨ ᠴᠢᠨᠠᠷᠲᠠᠶ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠤᠷᠤᠯᠳᠤᠭᠠᠨ ᠤ ᠲᠠᠪᠴᠠᠩ ᠢ ᠪᠠᠶᠢᠭᠤᠯᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠣᠯᠠᠨ ᠤᠯᠤᠰ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠦᠨ᠎ᠡ᠃ ︵ᠰᠤᠷᠭᠠᠨ ᠬᠥᠮᠦᠵᠢᠯ ᠤᠨ ᠶᠠᠮᠤᠨ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠶᠢᠰᠦ᠂ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠮᠡᠳᠡᠭᠡ ᠵᠠᠩᠭᠢ ᠶᠢᠨ ᠦᠢᠯᠡᠴᠢᠯᠡᠭᠡ ᠶᠢ ᠴᠢᠩᠭᠠᠳᠬᠠᠨ᠎ᠠ      ︵ᠠᠷᠪᠠᠨ ᠳᠣᠯᠤᠭ᠎ᠠ︶ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ᠂ ᠠᠵᠤ ᠦᠢᠯᠡᠰ ᠢᠶᠠᠷ ᠤᠷᠮᠠᠰᠢᠭᠤᠯᠬᠤ ᠲᠥᠷᠥ ᠶᠢᠨ ᠪᠣᠳᠣᠯᠭ᠎ᠠ ᠪᠠ ᠪᠥᠬᠦ ᠤᠯᠤᠰ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠢ ᠴᠤᠭᠯᠠᠭᠤᠯᠤᠨ᠂ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠤᠯᠤᠰ ᠪᠠ ᠣᠷᠣᠨ ᠨᠤᠲᠤᠭ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠬᠦ᠂ ᠲᠠᠶᠢᠯᠤᠮᠵᠢ ᠬᠢᠬᠦ ᠵᠡᠷᠭᠡ ᠠᠵᠢᠯ ᠢ ᠰᠠᠶᠢᠲᠤᠷ ᠬᠢᠨ᠎ᠠ᠃ ᠤᠯᠤᠰ᠂ ᠣᠷᠣᠨ ᠪᠦᠰᠡ᠂ ᠠᠵᠢᠯ ᠲᠥᠷᠥᠯ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠴᠤᠭᠯᠠᠭᠤᠯᠵᠤ᠂ ᠤᠶᠤᠲᠠᠳ ᠲᠤ ᠠᠵᠢᠯ ᠲᠥᠷᠥᠯ ᠪᠠ ᠵᠠᠬ᠎ᠠ ᠳᠡᠯᠭᠡᠭᠦᠷ ᠤᠨ ᠬᠠᠨᠳᠤᠰᠢ ᠵᠡᠷᠭᠡ ᠮᠡᠳᠡᠭᠡ ᠵᠠᠩᠭᠢ ᠶᠢ ᠨᠠᠷᠢᠯᠢᠭ ᠣᠨᠣᠴᠠᠲᠠᠶ ᠪᠠᠷ ᠬᠦᠷᠭᠡᠬᠦ ᠬᠡᠷᠡᠭᠲᠡᠶ᠃ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠤᠶᠤᠲᠠᠳ ᠪᠠ ᠲᠥᠷᠥᠯ ᠵᠦᠢᠯ ᠢ ᠮᠥᠷᠳᠡᠬᠦ᠂  ᠦᠢᠯᠡᠴᠢᠯᠡᠬᠦ ᠶᠢ ᠴᠢᠩᠭᠠᠳᠬᠠᠵᠤ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠂ ᠡᠯ᠎ᠡ ᠭᠠᠵᠠᠷ ᠤᠨ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠬᠢᠭᠡᠳ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢ ᠵᠣᠯᠭᠠᠭᠤᠯᠬᠤ ᠬᠤᠷᠠᠯ ᠢ ᠢᠳᠡᠪᠬᠢᠲᠡᠶ ᠡᠷᠭᠢᠯᠡᠬᠦ ᠶᠢ ᠳᠡᠮᠵᠢᠨ᠎ᠡ᠃ ︵ᠰᠤᠷᠭᠠᠨ ᠬᠥᠮᠦᠵᠢᠯ ᠤᠨ ᠶᠠᠮᠤᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠨᠠᠢᠮᠠ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠢ ᠶᠡᠬᠡᠪᠡᠷ ᠤᠬᠠᠭᠤᠯᠤᠨ ᠴᠢᠩᠭᠠᠳᠬᠠᠵᠤ᠂ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠶᠢᠨ ᠱᠠᠭᠠᠷᠳᠠᠯᠭᠠᠲᠤ ᠴᠢᠨᠠᠷ᠂ ᠴᠢᠬᠤᠯᠠ ᠴᠢᠨᠠᠷ ᠢ ᠠᠬᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠳᠡᠭᠡᠳᠦ ᠰᠤᠷᠭᠠᠭᠤᠯᠢ ᠶᠢᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠭᠰᠠᠨ ᠠᠮᠵᠢᠯᠲᠠ ᠣᠯᠤᠭᠰᠠᠨ ᠨᠡᠶᠢᠲᠡᠯᠢᠭ ᠵᠢᠱᠢᠶ᠎ᠡ ᠶᠢ ᠰᠣᠩᠭᠤᠨ ᠪᠣᠶ ᠪᠣᠯᠭᠠᠵᠤ᠂ ᠤᠬᠠᠭᠤᠯᠭ᠎ᠠ ᠶᠢᠨ ᠬᠡᠯᠪᠡᠷᠢ ᠶᠢ ᠪᠠᠶᠠᠯᠢᠭᠵᠢᠭᠤᠯᠤᠨ᠂ ᠰᠢᠨ᠎ᠡ ᠶᠢ ᠡᠭᠦᠳᠦᠭᠴᠢ ᠶᠢᠨ ᠰᠣᠶᠣᠯ ᠢ ᠪᠤᠶᠢᠵᠢᠭᠤᠯᠵᠤ᠂ ᠵᠣᠷᠢᠭᠲᠠᠶ ᠪᠠᠷ ᠲᠦᠷᠦᠭᠦᠯᠡᠬᠦ᠂ ᠢᠯᠠᠭᠳᠠᠯ ᠢ ᠠᠭᠤᠴᠢᠯᠠᠨ ᠪᠠᠭᠲᠠᠭᠠᠬᠤ ᠣᠷᠴᠢᠨ ᠲᠣᠭᠤᠷᠢᠨ ᠢ ᠪᠣᠶ ᠪᠣᠯᠭᠠᠵᠤ᠂ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠳᠡᠮᠵᠢᠬᠦ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠬᠢᠵᠦ᠂ ᠤᠶᠤᠲᠠᠳ ᠤᠨ ᠭᠠᠶᠢᠯᠢ ᠰᠦᠢᠳᠭᠡᠯ ᠢ ᠬᠠᠰᠤᠵᠤ ᠭᠡᠯᠳᠦᠷᠢᠭᠦᠯᠬᠦ᠂ ᠠᠵᠤ ᠠᠬᠤᠶᠢᠯᠠᠯ ᠢ ᠳᠠᠩᠰᠠᠯᠠᠬᠤ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ ᠰᠠᠶᠢᠲᠤᠷ ᠬᠡᠷᠡᠭᠯᠡᠬᠦ ᠶᠢ ᠠᠬᠢᠭᠤᠯᠤᠨ᠎ᠠ᠃ ︵ᠰᠤᠷᠭᠠᠨ ᠬᠥᠮᠦᠵᠢᠯ ᠤᠨ ᠶᠠᠮᠤᠨ᠂ ᠲᠥᠪ ᠤᠨ ᠤᠬᠠᠭᠤᠯᠬᠤ ᠬᠡᠯᠲᠡᠰ ᠲᠦᠷᠦᠭᠦᠯᠡᠵᠦ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号