ᠬᠠᠶᠢᠨᠠᠨ ᠲᠣᠭᠤᠷᠢᠭ ᠤᠨᠤᠯ ᠤᠨ ᠰᠣᠷᠣᠯᠴᠠᠯᠭ᠎ᠠ ᠶᠢᠨ ᠭᠤᠣᠯ ᠳᠤᠭᠤᠶᠢᠯᠠᠩ ᠤᠨ ᠲᠥᠪᠯᠡᠷᠡᠭᠦᠯᠦᠨ ᠰᠣᠷᠣᠯᠴᠠᠵᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/22
      12 ᠳ᠋ᠤᠭᠠᠷ ᠰᠠᠷ᠎ᠠ ᠶᠢᠨ 21 ᠤ ᠡᠳᠦᠷ᠂ ᠬᠠᠶᠢᠨᠠᠨ ᠲᠣᠭᠤᠷᠢᠭ ᠤᠨᠤᠯ ᠤᠨ ᠰᠣᠷᠣᠯᠴᠠᠯᠭ᠎ᠠ ᠶᠢᠨ ᠭᠤᠣᠯ ᠳᠤᠭᠤᠶᠢᠯᠠᠩ ᠤᠨ ᠲᠥᠪᠯᠡᠷᠡᠭᠦᠯᠦᠨ ᠰᠣᠷᠣᠯᠴᠠᠵᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ ᠲᠤᠰᠬᠠᠶ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠠᠵᠢᠯ ᠥᠷᠨᠢᠭᠦᠯᠪᠡ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠬᠤᠷᠠᠯ ᠢ ᠡᠷᠭᠢᠯᠡᠪᠡ᠃ ᠲᠤᠭᠤᠷᠢᠭ ᠤᠨ ᠨᠠᠮ ᠤᠨ ᠬᠤᠷᠢᠶᠠᠨ ᠤ ᠤᠨᠤᠯ   ᠤᠨ ᠰᠣᠷᠣᠯᠴᠠᠯᠭ᠎ᠠ ᠶᠢᠨ ᠭᠤᠣᠯ ᠳᠤᠭᠤᠶᠢᠯᠠᠩ ᠤᠨ ᠬᠡᠰᠡᠭ ᠪᠦᠷᠢᠯᠳᠦᠬᠦᠨ ᠲᠤᠬᠠᠢ ᠶᠢᠨ ᠲᠠᠯᠠᠪᠤᠷ ᠲᠤ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠭᠤᠣᠯ ᠳᠤᠭᠤᠶᠢᠯᠠᠩ ᠤᠨ ᠪᠦᠷᠢᠯᠳᠦᠬᠦᠨ ᠪᠢᠴᠢᠭ ᠤᠨ ᠮᠠᠲ᠋ᠧᠷᠢᠶᠠᠯ ᠢᠶᠠᠨ ᠲᠤᠰᠢᠶᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠮᠠᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠲᠠᠰᠢᠷᠠᠮ ᠳᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠴᠢᠬᠤᠯᠠ ᠲᠡᠦᠬᠡ ᠶᠢᠨ ᠵᠠᠩᠭᠢᠯᠠᠭ᠎ᠠ ᠶᠢᠨ ᠴᠡᠭ ᠲᠤ ᠬᠤᠷᠠᠯᠳᠤᠭᠰᠠᠨ ᠨᠢᠭᠡ ᠣᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠃ ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠲᠤᠭᠤᠷᠢᠭ ᠲᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠤᠨᠢᠨ ᠳᠡᠭᠡᠷ᠎ᠡ ᠨᠢ ᠪᠦᠲᠦᠮᠵᠢᠲᠡᠢ ᠥᠷᠨᠢᠭᠦᠯᠵᠦ᠂ ᠠᠵᠤ ᠦᠢᠯᠡᠰ ᠤᠨ ᠰᠠᠭᠤᠷᠢ ᠶᠢ ᠳᠡᠭᠡᠳᠦ ᠲᠡᠰ ᠪᠣᠯᠭᠠᠬᠤ ᠪᠠ ᠠᠵᠤ ᠦᠢᠯᠡᠰ ᠤᠨ ᠬᠡᠯᠬᠢᠶ᠎ᠡ ᠶᠢ ᠣᠳᠣᠬᠢᠴᠢᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠥᠨᠳᠥᠷ ᠲᠦᠪᠰᠢᠨ ᠤ ᠬᠠᠮᠠᠭᠠᠯᠠᠯᠲᠠ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠳᠦᠷᠦᠭᠴᠢᠲᠦ ᠡᠷᠬᠢᠯᠳᠡᠳᠦ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠤᠯᠠᠨ ᠲᠦᠮᠡᠨ ᠤ ᠥᠨᠳᠥᠷ ᠶᠠᠰᠤ ᠴᠢᠨᠠᠷ ᠲᠠᠢ ᠠᠮᠢᠳᠤᠷᠠᠯ ᠢ ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ  ᠪᠠᠷᠢᠮᠲᠠᠯᠠᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠤᠳᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠷᠠᠳ ᠤᠨ ᠠᠮᠢᠳᠤᠷᠠᠯ ᠢ ᠴᠢᠨᠠᠭᠰᠢᠳᠠ ᠪᠠᠲᠤᠯᠠᠨ ᠰᠠᠶᠢᠵᠢᠷᠠᠭᠤᠯᠵᠤ᠂ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠥᠨᠳᠥᠷ ᠪᠦᠲᠦᠮᠵᠢᠲᠡᠢ ᠵᠠᠰᠠᠯᠲᠠ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠲᠠᠯ᠎ᠠ ᠪᠠᠷ ᠪᠣᠳᠠᠲᠠᠢ ᠠᠷᠭ᠎ᠠ ᠤᠬᠠᠭᠠᠨ ᠭᠠᠷᠭᠠᠵᠤ᠂ ᠬᠦᠴᠦ ᠣᠷᠣᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠶ ᠳᠥᠯᠭᠢᠨ ᠠᠬᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠳᠥᠯᠭᠢᠨ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠡᠷᠡᠰ ᠪᠠᠲᠤ ᠪᠣᠶ ᠪᠣᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠬᠢᠨᠠᠮᠠᠭᠠᠶ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠣᠶ ᠪᠣᠯᠭᠠᠬᠤ ᠦᠵᠡᠯ ᠤᠬᠠᠮᠰᠠᠷ ᠤᠨ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠡᠭᠦᠳᠦᠨ ᠪᠠᠶᠢᠭᠤᠯᠤᠨ᠎ᠠ᠃      ᠬᠤᠷᠠᠯ ᠤᠨ ᠳᠠᠷᠠᠭ᠎ᠠ᠂ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯ ᠳᠤᠭᠤᠶᠢᠯᠠᠩ ᠤᠨ ᠭᠡᠰᠢᠭᠦᠳ ᠲᠤᠰᠬᠠᠶ ᠰᠡᠳᠦᠪᠲᠦ ᠰᠤᠷᠭᠠᠨ ᠬᠥᠮᠦᠵᠢᠯ ᠤᠨ ᠹᠢᠯᠢᠮ ᠢ ᠦᠵᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号