︽ᠰᠡᠷᠡᠮᠵᠢ ᠶᠢᠨ ᠬᠤᠩᠬᠤ ᠶᠢ ᠣᠳᠠᠭᠠᠨ ᠳᠤᠤᠭᠠᠷᠭᠠᠵᠦ᠂ ᠬᠡᠷᠡᠭ ᠢᠶᠠᠷ ᠲᠤᠯᠢ ᠪᠤᠯᠭᠠᠬᠤ︾ ᠬᠠᠶᠢᠨᠠᠨ ᠲᠣᠭᠤᠷᠢᠭ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠠᠷᠢᠭᠤᠨ ᠴᠢᠭᠡᠴᠢ ᠪᠠᠷ ᠵᠠᠰᠠᠭ ᠪᠠᠷᠢᠬᠤ ᠬᠦᠮᠦᠵᠢᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/18
     ᠬᠠᠶᠢᠨᠠᠨ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ 3 ᠳ᠋ᠣᠭᠠᠷ ᠰᠠᠷ᠎ᠠ ᠶᠢᠨ 17 ᠤ ᠡᠳᠦᠷ᠂ ᠬᠠᠶᠢᠨᠠᠨ ᠲᠣᠭᠤᠷᠢᠭ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠷᠢᠭᠤᠨ ᠴᠢᠭᠡᠴᠢ ᠪᠠᠷ ᠵᠠᠰᠠᠭ ᠪᠠᠷᠢᠬᠤ ᠬᠥᠮᠦᠵᠢᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠪᠦᠬᠦ ᠲᠤᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠪᠣᠯᠤᠨ ᠬᠠᠮᠢᠶ᠎ᠠ ᠪᠦᠬᠦᠢ ᠬᠥᠮᠦᠰ ᠬᠤᠷᠠᠯ ᠳᠤ ᠣᠷᠣᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠶᠣᠣ ᠷᠦᠩ ᠪᠢᠶᠤᠤ ᠲᠤᠰᠬᠠᠶ ᠰᠡᠳᠦᠪᠲᠦ ᠮᠡᠳᠡᠭᠦᠯᠦᠯᠲᠡ ᠬᠢᠪᠡ᠂ ᠶᠣᠣ ᠷᠦᠩ ᠪᠢᠶᠤᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠲᠦᠯᠬᠢᠨ ᠠᠬᠢᠭᠤᠯᠬᠤ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ᠂ ᠪᠦᠬᠦ ᠣᠷᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠳᠤ ᠲᠤᠯᠭᠠᠷᠠᠵᠤ ᠪᠠᠶᠢᠭ᠎ᠠ ᠪᠠᠶᠢᠳᠠᠯ᠂ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠺᠠᠳ᠋ᠷᠴᠤᠳ ᠤᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ᠂ ︽ᠥᠪᠡᠷ ᠢᠶᠠᠨ ᠪᠠᠶᠢᠴᠠᠭᠠᠭᠰᠠᠨ ᠢ ᠠᠭᠤᠴᠢᠯᠠᠨ ᠰᠢᠳᠬᠡᠵᠦ᠂ ᠪᠠᠶᠢᠴᠠᠭᠠᠭᠳᠠᠭᠰᠠᠳ ᠢ ᠴᠢᠩᠭ᠎ᠠ ᠰᠢᠳᠬᠡᠬᠦ︾ ᠲᠦᠷᠦ ᠶᠢᠨ ᠪᠤᠳᠤᠯᠭ᠎ᠠ ᠶᠢᠨ ᠬᠡᠷᠡᠭᠯᠡᠯᠲᠡ ᠵᠡᠷᠭᠡ ᠲᠦᠷᠪᠡᠨ ᠲᠠᠯ᠎ᠠ ᠶᠢᠨ ᠲᠤᠭᠤᠷᠢᠨ ᠳᠤ ᠨᠠᠷᠢᠨ ᠨᠢᠭᠲᠠ ᠲᠣᠳᠣᠷᠬᠠᠶᠢᠯᠠᠨ ᠥᠭᠦᠯᠡᠪᠡ᠃ ᠡᠭᠦᠨ ᠤ ᠬᠠᠮᠲᠤ ᠮᠠᠨ ᠤ ᠳᠡᠷᠭᠡᠳᠡ ᠡᠭᠦᠰᠦᠭᠰᠡᠨ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠡᠷᠡᠮᠵᠢᠯᠡᠭᠦᠯᠬᠦ ᠪᠠᠷ ᠳᠠᠮᠵᠢᠭᠤᠯᠤᠨ᠂ ᠬᠤᠷᠠᠯ ᠳᠤ ᠣᠷᠣᠯᠴᠠᠭᠰᠠᠨ ᠪᠦᠬᠦ ᠬᠥᠮᠦᠰ ᠲᠤ ᠪᠦᠲᠦᠮᠵᠢᠲᠡᠶ ᠪᠠᠷ ᠰᠡᠷᠡᠮᠵᠢ ᠶᠢᠨ ᠲᠤᠬᠢᠶ᠎ᠠ ᠶᠢ ᠳᠤᠤᠭᠠᠷᠭᠠᠪᠠ᠃ ᠮᠡᠳᠡᠭᠦᠯᠦᠯᠲᠡ ᠶᠢᠨ ᠬᠤᠷᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠨ 240 ᠭᠠᠷᠤᠶ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ︽ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠵᠤ᠂ ᠪᠣᠳᠠᠲᠤ ᠠᠵᠢᠯᠯᠠᠭ᠎ᠠ ᠪᠠᠷ ᠢᠶᠠᠨ ᠵᠣᠬᠢᠶᠠᠨ ᠪᠠᠶᠢᠭᠤᠯᠤᠯᠲᠠ ᠳᠤ ᠠᠮᠠᠯᠳᠠᠭᠰᠠᠨ ᠠᠮᠠᠯᠠᠯᠲᠠ ᠪᠠᠨ ᠬᠢᠴᠢᠶᠡᠩᠭᠦ᠋ᠢᠯᠡᠨ  ᠵᠢᠷᠤᠮᠯᠠᠬᠤ ᠬᠡᠷᠡᠭᠲᠡᠢ᠃
     ᠶᠣᠣ ᠷᠦᠩ ᠪᠢᠶᠤᠤ ᠵᠢᠭᠠᠵᠤ ᠭᠠᠷᠭᠠᠭᠰᠠᠨ ᠨᠢ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠬᠥᠮᠦᠵᠢᠯ ᠢᠶᠠᠷ ᠤᠬᠠᠮᠰᠠᠷ ᠢᠶᠠᠨ ᠴᠢᠩᠭᠠᠳᠬᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠵᠢᠴᠢ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠪᠣᠯᠤᠨ ᠴᠢᠬᠤᠯᠠ ᠰᠤᠷᠭᠠᠯ ᠤᠨ ᠵᠣᠷᠢᠭ ᠰᠠᠨᠠᠭ᠎ᠠ᠂ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠦᠨ᠎ᠡ᠃ ᠡᠭᠦᠨ ᠤ ᠬᠠᠮᠲᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠥᠷᠭᠡᠨ ᠤᠯᠠᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠨᠠᠮ ᠤᠨ ᠲᠡᠦᠬᠡ ᠶᠢ ᠰᠤᠷᠤᠯᠴᠠᠵᠦ ᠶᠣᠰᠣ ᠤᠴᠢᠷ ᠢ ᠣᠶᠢᠯᠠᠭᠠᠬᠤ᠂ ᠨᠠᠮ ᠤᠨ ᠲᠡᠦᠬᠡ ᠶᠢ ᠰᠤᠷᠤᠯᠴᠠᠵᠦ ᠢᠲᠡᠭᠡᠯᠴᠡᠭᠡ ᠶᠢ ᠨᠡᠮᠡᠭᠳᠡᠭᠦᠯᠬᠦ᠂  ᠨᠠᠮ ᠤᠨ ᠲᠡᠦᠬᠡ ᠶᠢ ᠰᠤᠷᠤᠯᠴᠠᠵᠦ ᠶᠣᠰᠣ ᠰᠤᠷᠲᠠᠬᠤᠨ ᠢ ᠡᠷᠬᠢᠮᠯᠡᠬᠦ᠂ ᠨᠠᠮ ᠤᠨ ᠲᠡᠦᠬᠡ ᠶᠢ ᠰᠤᠷᠤᠯᠴᠠᠵᠦ ᠴᠢᠷᠮᠠᠶᠢᠨ ᠬᠡᠷᠡᠭᠵᠢᠭᠦᠯᠬᠦ ᠶᠢ ᠬᠥᠮᠦᠵᠢᠭᠦᠯᠦᠨ ᠵᠢᠯᠣᠭᠤᠳᠴᠤ᠂ ︽ᠬᠠᠷᠢᠴᠠᠯᠠᠰᠢ ᠦᠭᠡᠢ ᠦᠨᠡᠨᠴᠢ ᠰᠢᠳᠤᠷᠭᠤ᠂ ᠬᠠᠷᠢᠴᠠᠯᠠᠰᠢ ᠦᠭᠡᠢ ᠠᠷᠢᠭᠤᠨ ᠴᠡᠪᠡᠷ᠂ ᠬᠠᠷᠢᠴᠠᠯᠠᠰᠢ ᠦᠭᠡᠢ ᠨᠠᠶᠢᠳᠠᠪᠤᠷᠢᠲᠠᠢ︾ ᠦᠵᠡᠯ ᠰᠠᠨᠠᠭᠠᠨ ᠤ ᠰᠠᠭᠤᠷᠢ ᠶᠢ ᠪᠠᠲᠤᠳᠬᠠᠬᠤ ᠬᠡᠷᠡᠭᠲᠡᠢ᠃
     ᠶᠣᠣ ᠷᠦᠩ ᠪᠢᠶᠤᠤ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠳᠦᠷᠢᠮ︾᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠲᠣᠭᠲᠠᠭᠠᠯ︾ ᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ ︶ ᠶᠢᠨ ᠤᠯᠤᠰ ᠲᠦᠷᠦ ᠶᠢᠨ ᠴᠢᠭᠯᠡᠯ᠂ ᠲᠦᠷᠦ ᠶᠢᠨ ᠪᠤᠳᠤᠯᠭ᠎ᠠ ᠶᠢᠨ ᠬᠠᠨᠳᠤᠰᠢ᠂ ᠬᠡᠷᠡᠭ ᠰᠢᠢᠳᠪᠦᠷᠢᠯᠡᠬᠦ ᠤᠳᠤᠷᠢᠳᠤᠮᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠳᠠᠪᠠᠭᠤᠯᠢᠭ ᠢ ᠴᠠᠭᠳᠠᠭ᠎ᠠ ᠶᠢ ᠵᠠᠰᠠᠭᠰᠠᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠪᠠᠷᠢᠮᠲᠠᠯᠠᠵᠤ᠂ ᠪᠠᠭ ᠤᠨ ᠪᠦᠷᠢᠯᠳᠦᠬᠦᠨ ᠨᠡᠷ ᠬᠤᠪᠢᠳᠠᠨ ᠬᠠᠮᠢᠶᠠᠷᠴᠤ ᠪᠠᠶᠢᠭ᠎ᠠ ᠬᠡᠪᠴᠢᠶᠡᠨ ᠳᠠᠬᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠵᠣᠬᠢᠶᠠᠨ ᠪᠠᠶᠢᠭᠤᠯᠵᠤ ᠤᠳᠤᠷᠢᠳᠬᠤ ᠬᠠᠷᠢᠭᠤᠴᠠᠯᠭ᠎ᠠ᠂ ᠬᠠᠮᠢᠶᠠᠷᠬᠤ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠲᠤᠬᠠᠶᠢᠯᠠᠭᠰᠠᠨ ᠠᠵᠢᠯ ᠢ ᠬᠠᠮᠢᠶᠠᠷᠬᠤ ᠶᠢ ᠦᠵᠡᠯ ᠰᠠᠨᠠᠭ᠎ᠠ᠂ ᠰᠤᠷᠲᠠᠯ ᠢ ᠬᠠᠮᠢᠶᠠᠷᠬᠤ᠂ ᠰᠠᠬᠢᠯᠭ᠎ᠠ ᠪᠠᠲᠤ ᠶᠢ ᠬᠠᠮᠢᠶᠠᠷᠬᠤ᠂ ᠨᠠᠮ ᠤᠨ ᠰᠤᠷᠲᠠᠯ ᠢ ᠬᠠᠮᠢᠶᠠᠷᠬᠤ ᠶᠢ ᠨᠢᠭᠡᠳᠦᠯᠲᠡᠶ ᠲᠥᠯᠥᠪᠵᠢᠭᠦᠯᠵᠦ᠂ ᠥᠪᠡᠷ ᠤᠨ ᠡᠭᠦᠳᠡ ᠪᠠᠨ ᠰᠠᠶᠢᠲᠤᠷ ᠬᠠᠷᠠᠵᠤ᠂ ᠥᠪᠡᠷ ᠤᠨ ᠬᠥᠮᠦᠨ ᠢᠶᠠᠨ ᠰᠠᠶᠢᠲᠤᠷ ᠬᠠᠮᠢᠶᠠᠷᠬᠤ ᠬᠡᠷᠡᠭᠲᠡᠶ ᠭᠡᠵᠦ ᠴᠢᠬᠤᠯᠠᠴᠢᠯᠠᠪᠠ᠃      ᠶᠣᠣ ᠷᠦᠩ ᠪᠢᠶᠤᠤ ᠴᠢᠬᠤᠯᠠᠴᠢᠯᠠᠬᠤ ᠳᠠᠭᠠᠨ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠢᠨ ︽ᠤᠳᠤᠷᠢᠳᠬᠤ ᠺᠠᠳ᠋ᠷ ᠤᠨ ᠬᠠᠤᠯᠢ ᠴᠠᠭᠠᠵᠠ ᠶᠢᠨ ᠠᠵᠢᠯᠯᠠᠭ᠎ᠠ ᠳᠤ ᠭᠠᠷ ᠲᠥᠷᠥᠭᠰᠡᠨ᠂ ᠪᠣᠳᠠᠲᠠᠶ ᠬᠡᠷᠡᠭ ᠢ ᠰᠢᠢᠳᠪᠦᠷᠢᠯᠡᠬᠦ ᠳᠤ ᠭᠠᠷ ᠳᠦᠷᠦᠭᠰᠡᠨ ᠢ ᠲᠡᠮᠳᠡᠭᠯᠡᠬᠦ᠂ ᠮᠡᠳᠡᠭᠳᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ︾ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠲᠤᠰᠬᠠᠶ ᠵᠦᠢᠯ ᠤᠨ ᠪᠠᠶᠢᠴᠠᠭᠠᠯᠲᠠ ᠶᠢ ᠨᠠᠷᠢᠨ ᠬᠢᠨᠠᠮᠠᠭᠠᠶ ᠥᠷᠨᠢᠭᠦᠯᠵᠦ᠂ ᠲᠣᠭᠲᠠᠭᠠᠯ ᠢ ᠵᠥᠷᠢᠴᠡᠨ ᠭᠠᠷ ᠳᠦᠷᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠮᠥᠷᠲᠡᠭᠡᠨ ᠪᠠᠰᠠ ᠬᠤᠯᠪᠣᠭᠳᠠᠯ ᠪᠦᠬᠦᠢ ᠬᠠᠤᠯᠢ ᠪᠠᠷᠢᠬᠤ ᠠᠵᠢᠯᠳᠠᠨ᠂ ᠬᠠᠤᠯᠢ ᠪᠠᠷᠢᠬᠤ ᠨᠢᠭᠡᠴᠡ ᠶᠢᠨ ᠬᠠᠷᠢᠭᠤᠴᠠᠯᠭ᠎ᠠ ᠶᠢ ᠨᠡᠬᠡᠮᠵᠢᠯᠡᠵᠦ᠂ ᠬᠠᠤᠯᠢ ᠪᠠᠷᠢᠬᠤ ᠲᠦᠷᠢᠮ ᠳᠤ ᠭᠠᠷ ᠲᠦᠷᠦᠭᠦ ᠶᠢ ᠰᠡᠷᠭᠡᠶᠢᠯᠡᠬᠦ ᠲᠣᠭᠲᠠᠭᠠᠯ ᠢ ᠦᠨᠡᠨ ᠬᠦ ︽ᠴᠠᠬᠢᠯᠭᠠᠨ ᠲᠠᠢ ᠥᠨᠳᠥᠷ ᠬᠦᠴᠦᠳᠡᠯᠲᠦ ᠴᠠᠬᠢᠯᠭᠠᠨ ᠤᠲᠠᠰᠤ︾ ᠪᠣᠯᠭᠠᠨ᠎ᠠ᠃ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠤᠭᠤᠷᠣᠨᠳᠣ ᠪᠠᠨ ᠬᠠᠮᠵᠢᠯᠴᠠᠬᠤ᠂ ᠬᠠᠷᠢᠯᠴᠠᠨ ᠬᠢᠵᠠᠭᠠᠷᠯᠠᠬᠤ ᠲᠣᠭᠲᠠᠴᠠ ᠪᠠ ᠬᠠᠤᠯᠢ ᠪᠠᠷᠢᠬᠤ ᠠᠵᠢᠯᠯᠠᠭ᠎ᠠ ᠶᠢᠨ ᠪᠦᠬᠦ ᠶᠠᠪᠤᠴᠠ ᠳᠤ ᠬᠢᠨᠠᠯᠲᠠ ᠲᠠᠯᠪᠢᠬᠤ ᠵᠢᠴᠢ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠳᠣᠲᠣᠭᠠᠳᠤ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠵᠦ᠂ ᠲᠥᠪ ᠭᠤᠣᠯᠴᠢ ᠠᠷᠢᠭᠤᠨ ᠴᠢᠬᠡᠴᠢ ᠪᠠᠷ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠢ ᠦᠨᠡᠨ ᠬᠦ  ᠪᠠᠲᠤᠯᠠᠬᠤ ᠬᠡᠷᠡᠭᠲᠡᠢ᠃      ᠶᠣᠣ ᠷᠦᠩ ᠪᠢᠶᠤᠤ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠶᠢ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠮᠵᠢ ᠶᠢ ᠬᠡᠮᠵᠢᠬᠦ ᠦᠨᠳᠦᠰᠦᠨ ᠬᠡᠮᠵᠢᠭᠦᠷ ᠪᠣᠯᠭᠠᠵᠤ᠂ ᠠᠷᠠᠳ ᠤᠨ ᠰᠠᠨᠠᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠮᠦᠵᠢᠯ ᠴᠡᠭᠴᠡᠯᠡᠯᠲᠡ ᠶᠢ ᠡᠭᠦᠳᠡ ᠪᠠᠨ ᠨᠡᠭᠡᠭᠡᠵᠦ ᠬᠢᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠰᠤᠷᠭᠠᠨ ᠬᠥᠮᠦᠵᠢᠭᠦᠯᠵᠦ ᠴᠡᠭᠴᠡᠯᠡᠬᠦ ᠠᠵᠢᠯ ᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠭᠦᠯᠵᠢᠯᠡᠨ ᠭᠦᠨᠵᠡᠭᠡᠶᠢᠷᠡᠭᠦᠯᠬᠦ ᠲᠠᠢ ᠤᠶᠠᠯᠳᠤᠭᠤᠯᠵᠤ᠂ ᠬᠡᠷᠡᠭ ᠪᠠᠶᠢᠲᠠᠯ᠎ᠠ ᠦᠯᠦ ᠳᠠᠩᠰᠠᠯᠠᠬᠤ᠂ ᠬᠡᠷᠡᠭ ᠢ ᠳᠠᠷᠤᠭᠠᠳ ᠦᠯᠦ ᠪᠠᠶᠢᠴᠠᠭᠠᠬᠤ᠂ ᠶᠠᠯ᠎ᠠ ᠲᠠᠢ ᠪᠠᠶᠢᠲᠠᠯ᠎ᠠ ᠦᠯᠦ ᠨᠡᠬᠡᠮᠵᠢᠯᠡᠬᠦ᠂ ︽ᠬᠥᠳᠡᠯᠭᠡᠭᠡᠨ ᠤ ᠬᠡᠯᠪᠡᠷᠢ︾᠂ ︽ᠨᠢᠭᠡ ᠯᠡ ᠠᠳᠠᠯᠢ ᠪᠠᠷ ᠱᠠᠭᠠᠷᠳᠠᠬᠤ︾ ᠬᠠᠤᠯᠢ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠡᠭᠦᠦ ᠰᠢᠳᠬᠡᠯ ᠢ ᠨᠢ ᠬᠥᠩᠭᠡᠷᠡᠭᠦᠯᠬᠦ᠂ ᠲᠡᠩᠰᠡᠨ ᠰᠤᠯᠠᠯᠠᠬᠤ᠂ ᠲᠦᠷ ᠭᠢᠨᠳᠠᠨ ᠤ ᠭᠠᠳᠠᠨ᠎ᠠ ᠭᠦᠢᠴᠡᠳᠬᠡᠬᠦ ᠢᠯᠠᠩᠭᠤᠶ᠎ᠠ ︽ᠴᠠᠭᠠᠰᠤᠨ ᠳᠡᠭᠡᠷ᠎ᠡ ᠡᠷᠡᠭᠦᠦ ᠰᠢᠳᠬᠡᠯ ᠭᠦᠢᠴᠡᠳᠬᠡᠬᠦ︾ ᠵᠡᠷᠭᠡ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠰᠠᠭᠤᠳᠠᠯ ᠢ ᠲᠣᠭᠲᠠᠭᠠᠯ ᠠᠴᠠ ᠵᠥᠷᠢᠴᠡᠨ ᠬᠠᠤᠯᠢ ᠠᠴᠠ ᠵᠥᠷᠢᠴᠡᠨ ᠰᠢᠢᠳᠪᠦᠷᠢᠯᠡᠵᠦ᠂ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠶᠣᠣ ᠷᠦᠩ ᠪᠢᠶᠤᠤ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠢᠨ ᠲᠦᠷᠦᠭᠦᠯᠡᠨ ᠳᠠᠭᠠᠭᠤᠯᠬᠤ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠴᠢᠬᠤᠯᠠ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠤᠨ ᠠᠰᠠᠭᠤᠳᠠᠯ ᠤᠨ ᠲᠠᠬᠢᠨ ᠢᠯᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠺᠠᠳ᠋ᠷ ᠤᠨ ᠬᠥᠮᠦᠵᠢᠯ ᠴᠡᠭᠴᠡᠯᠡᠯᠲᠡ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠪᠠᠷᠰ ᠤᠨ ᠲᠣᠯᠣᠭᠠᠢ ᠪᠠᠷ ᠡᠬᠢᠯᠡᠭᠡᠳ ᠮᠣᠭᠠᠢ ᠶᠢᠨ ᠰᠡᠭᠦᠯ ᠢᠶᠠᠷ ᠳᠠᠭᠤᠰᠤᠭᠰᠠᠨ ᠵᠡᠷᠭᠡ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠣᠯᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠦᠨᠳᠦ ᠨᠣᠴᠢᠲᠠᠢ ᠬᠤᠬᠢᠷᠠᠭᠤᠯᠤᠭᠰᠠᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠳᠠᠬᠢ ︽ᠤᠯᠠᠨ ᠢ ᠲᠦᠢᠪᠡᠭᠡᠭᠰᠡᠳ︾ ᠢ ᠡᠷᠡᠰ ᠴᠡᠪᠡᠷᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠤᠯᠤᠰ ᠲᠦᠷᠦ ᠶᠢᠨ ᠠᠮᠢ ᠠᠬᠤᠢ᠂ ᠬᠠᠤᠯᠢᠵᠢᠯ ᠤᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠠᠮᠢᠵᠢᠷᠠᠯ ᠤᠨ ᠬᠦᠴᠦᠨ ᠪᠢᠯᠬᠠᠬᠰᠠᠨ ᠬᠠᠶᠢᠨᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号