ᠨᠢᠭᠡ ᠤᠳᠠᠭᠠᠨ ᠤ ︽ᠰᠡᠳᠬᠢᠯ ᠲᠠᠯᠪᠢᠬᠰᠠᠨ︾ ᠨᠠᠮ ᠤᠨ ᠬᠢᠴᠢᠶᠡᠯ ᠨᠢ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/3/18
     ᠬᠠᠶᠢᠨᠠᠨ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠭᠦᠨᠵᠡᠭᠡᠢ ᠠᠬᠢᠭᠤᠯᠬᠤ ᠶᠢᠨ ᠲᠥᠯᠥᠭᠡ᠂ 3 ᠳ᠋ᠣᠭᠠᠷ ᠰᠠᠷ᠎ᠠ ᠶᠢᠨ 17 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠵᠦᠩ ᠴᠢᠶᠠᠩ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠵᠦ᠂ ︽ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠰᠥᠰᠥ ᠵᠣᠷᠢᠭ ᠪᠣᠯᠤᠨ ︿ᠶᠠᠨ ᠠᠨ ᠤ ᠰᠤᠷᠲᠠᠯ ᠴᠡᠭᠴᠡᠯᠡᠯᠲᠡ﹀ ᠶᠢᠨ ᠵᠣᠷᠢᠭ ᠰᠠᠨᠠᠭ᠎ᠠ ᠪᠠᠷ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠲᠡᠮᠤᠷ ᠵᠠᠮ ᠤᠨ ᠴᠡᠷᠢᠭ ᠢ ᠴᠢᠷᠮᠠᠶᠢᠨ ᠪᠠᠶᠢᠭᠤᠯᠬᠤ︾ ᠪᠠᠷ ᠭᠤᠣᠯ ᠰᠡᠳᠦᠪ ᠪᠣᠯᠭᠠᠵᠤ᠂ ᠪᠦᠬᠦ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠳᠤ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ᠃ ᠶᠢᠨ ᠵᠥᠩ ᠴᠢᠶᠠᠩ ᠰᠢ ᠶᠢᠨ ᠫᠢᠩ ᠶᠡᠷᠦᠩᠬᠡᠶ ᠱᠦᠵᠢ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠪᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠲᠥᠪ ᠬᠤᠷᠢᠶᠠᠨ ᠤ ᠬᠥᠮᠦᠵᠢᠯ ᠴᠡᠭᠴᠡᠯᠡᠯᠲᠡ ᠶᠢᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠵᠢᠴᠢ ᠮᠠᠨ ᠤ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠳᠤ ᠣᠷᠣᠰᠢᠵᠤ ᠪᠠᠶᠢᠭ᠎ᠠ ᠠᠰᠠᠭᠤᠳᠠᠯ ᠪᠠ ᠴᠢᠷᠮᠠᠶᠢᠬᠤ ᠴᠢᠭᠯᠡᠯ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ᠂ ᠪᠣᠳᠠᠲᠤ ᠬᠡᠷᠡᠭ ᠤᠨ ᠵᠢᠱᠢᠶ᠎ᠡ ᠳᠤ ᠵᠠᠳᠠᠯᠤᠯᠲᠠ ᠬᠢᠬᠦ ᠪᠠᠷ ᠳᠠᠮᠵᠢᠭᠤᠯᠤᠨ ᠭᠦᠨᠵᠡᠭᠡᠶ ᠲᠠᠶᠢᠯᠤᠮᠵᠢ ᠬᠢᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠶ ᠪᠥᠭᠡᠳ ᠡᠮᠬᠢ ᠵᠢᠷᠤᠮ ᠲᠠᠢ ᠪᠠᠷ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠬᠢᠴᠢᠶᠡᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠨ 240 ᠭᠠᠷᠤᠢ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ︽ᠤᠭ ᠰᠠᠨᠠᠭ᠎ᠠ ᠶᠢ ᠪᠠᠶᠢᠴᠠᠭᠠᠨ ᠦᠵᠡᠬᠦ ᠬᠦᠰᠦᠨᠦᠭᠲᠦ︾ ᠶᠢ ᠲᠠᠭᠯᠠᠵᠤ᠂ ᠥᠪᠡᠷ ᠢ ᠪᠠᠨ ᠪᠠᠶᠢᠴᠠᠭᠠᠨ ᠦᠵᠡᠬᠦ ᠬᠡᠯᠪᠡᠷᠢ ᠪᠠᠷ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠭᠦᠨᠵᠡᠭᠡᠶᠢᠷᠡᠭᠦᠯᠵᠡᠢ᠃
     ᠶᠢᠨ ᠵᠥᠩ ᠴᠢᠶᠠᠩ ᠴᠢᠬᠤᠯᠠᠴᠢᠯᠠᠬᠤ ᠳᠠᠭᠠᠨ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠥᠬᠦ ᠲᠠᠯ᠎ᠠ ᠶᠢᠨ ᠦᠨᠳᠦᠷᠴᠡ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠃ ᠡᠨᠡ ᠤᠳᠠᠭ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠪᠦᠯᠦᠭ ᠬᠤᠪᠢᠶᠠᠨ ᠠᠬᠢᠭᠤᠯᠵᠤ᠂ ᠳᠣᠣᠷ᠎ᠠ ᠠᠴᠠ ᠳᠡᠭᠡᠭᠰᠢ 4 ᠰᠠᠷ᠎ᠠ ᠶᠢᠨ ᠬᠤᠭᠤᠴᠠᠭ᠎ᠠ ᠲᠠᠢ ᠲᠥᠪᠯᠡᠷᠡᠭᠦᠯᠦᠭᠰᠡᠨ ᠬᠥᠮᠦᠵᠢᠯ ᠢ ᠥᠷᠨᠢᠭᠦᠯᠦᠭᠰᠡᠨ ᠤ ᠵᠣᠷᠢᠯᠭ᠎ᠠ ᠨᠢ ᠨᠠᠮ ᠪᠠ ᠠᠷᠠᠳ ᠲᠦᠮᠡᠨ ᠤ ᠢᠲᠡᠭᠡᠯ ᠲᠠᠢ᠂ ᠨᠠᠶᠢᠳᠠᠪᠤᠷᠢ ᠲᠠᠢ᠂ ᠰᠠᠨᠠᠭ᠎ᠠ ᠠᠮᠤᠷ ᠤᠯᠤᠰ ᠲᠦᠷᠦ ᠬᠠᠤᠯᠢ ᠴᠠᠭᠠᠵᠠ ᠶᠢᠨ ᠲᠡᠮᠤᠷ ᠴᠡᠷᠢᠭ ᠢ ᠪᠠᠶᠢᠭᠤᠯᠬᠤ ᠶᠢᠨ ᠲᠥᠯᠥᠭᠡ ᠶᠤᠮ᠃ ᠪᠦᠬᠦ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠬᠥᠮᠦᠵᠢᠯ ᠴᠡᠭᠴᠡᠯᠡᠯᠲᠡ ᠥᠷᠨᠢᠭᠦᠯᠬᠦ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠲᠡᠭᠦᠨ ᠢᠶᠠᠷ ︽ᠳᠥᠷᠪᠡᠨ ᠤᠬᠠᠮᠰᠠᠷ︾ ᠤᠨ ᠪᠠᠲᠤ ᠪᠠᠬᠢ ᠪᠠᠶᠢᠬᠤ ᠡᠰᠡᠬᠦ᠂ ︽ᠳᠥᠷᠪᠡᠨ ᠢᠲᠡᠭᠡᠯ︾  ᠪᠠᠶᠢᠬᠤ ᠡᠰᠡᠬᠦ᠂ ︽ᠬᠤᠶᠠᠷ ᠢ ᠬᠠᠮᠠᠭᠠᠯᠠᠬᠤ︾ ᠶᠢᠨ ᠦᠨᠡᠨ ᠪᠣᠳᠠᠲᠠᠶ ᠪᠠᠶᠢᠬᠤ ᠡᠰᠡᠬᠦ ᠶᠢ ᠰᠢᠯᠭᠠᠬᠤ ᠴᠢᠬᠤᠯᠠ ᠪᠡᠯᠭᠡ ᠲᠡᠮᠳᠡᠭ ᠪᠣᠯᠭᠠᠵᠤ᠂  ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠰᠤ ᠬᠤᠰᠤᠵᠤ ᠬᠤᠣᠷ ᠢ ᠠᠷᠢᠯᠭᠠᠬᠤ ᠮᠠᠶ᠋ᠢᠭ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠮᠠᠭᠤ ᠶᠢ ᠮᠠᠭᠤᠰᠢᠶᠠᠵᠤ ᠰᠠᠶᠢᠨ ᠢ ᠮᠠᠨᠳᠤᠭᠤᠯᠬᠤ ᠮᠠᠶ᠋ᠢᠭ ᠤᠨ ︽ᠶᠠᠨ ᠠᠨ ᠤ ᠰᠤᠷᠲᠠᠯ ᠴᠡᠭᠴᠡᠯᠡᠯᠲᠡ︾᠂ ᠰᠦᠭ ᠰᠦᠨᠡᠰᠦ ᠶᠢ ᠱᠤᠭᠤᠵᠤ ᠰᠦᠷ ᠮᠠᠨᠳᠤᠭᠤᠯᠬᠤ ᠮᠠᠶ᠋ᠢᠭ ᠤᠨ ᠭᠤᠣᠯ ᠰᠡᠳᠦᠪᠲᠦ ᠬᠥᠮᠦᠵᠢᠯ ᠢᠶᠠᠷ ᠨᠠᠮ ᠳᠠᠭᠠᠨ ᠦᠨᠡᠨᠴᠢ ᠰᠢᠳᠤᠷᠭᠤ ᠪᠠᠶᠢᠬᠤ ᠰᠢᠯᠭᠠᠷᠠᠭᠰᠠᠨ ᠵᠠᠩ ᠰᠤᠷᠲᠠᠯ ᠢ ᠬᠦᠴᠦᠯᠡᠨ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠪᠡ᠃      ᠶᠢᠨ ᠵᠥᠩ ᠴᠢᠶᠠᠩ ᠴᠢᠬᠤᠯᠠᠴᠢᠯᠠᠭᠰᠠᠨ ᠨᠢ᠂ ᠮᠠᠨ ᠤ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠨᠢ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠪᠠ ᠲᠡᠭᠦᠨ ᠢ ᠪᠠᠲᠤᠯᠠᠬᠤ ᠶᠠᠪᠤᠴᠠ ᠳᠤ ᠪᠠᠰᠠ ᠡᠳᠦᠶ ᠲᠡᠳᠦᠶ ᠠᠰᠠᠭᠤᠳᠠᠯ ᠣᠷᠣᠰᠢᠵᠤ ᠪᠠᠶᠢᠨ᠎ᠠ᠃ ᠡᠨᠡᠬᠦ ᠠᠬᠤᠶ ᠪᠠᠶᠢᠳᠠᠯ ᠤᠨ ᠳᠣᠣᠷ᠎ᠠ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠶ ᠥᠷᠨᠢᠭᠦᠯᠬᠦ ᠪᠣᠯ ︽ᠬᠦᠨᠳᠦ ᠬᠡᠴᠡᠭᠦᠦ ᠠᠰᠠᠭᠤᠳᠠᠯ ᠢ ᠴᠢᠩᠭ᠎ᠠ ᠴᠡᠭᠴᠡᠯᠡᠨ ᠵᠠᠰᠠᠬᠤ︾ ᠶᠢᠨ ᠵᠠᠶᠢᠯᠠᠰᠢ ᠦᠭᠡᠶ ᠱᠠᠭᠠᠷᠳᠠᠯᠭ᠎ᠠ ᠪᠣᠯᠬᠤ ᠪᠥᠭᠡᠳ ᠪᠠᠰᠠ ︽ᠡᠩᠨᠡᠭᠡ ᠪᠠᠨ ᠴᠡᠭᠴᠡᠯᠡᠵᠦ ᠪᠠᠶᠢᠭᠠᠳ ᠳᠠᠬᠢᠨ ᠮᠣᠷᠳᠠᠬᠤ︾ ᠢᠯᠡ ᠲᠣᠳᠣᠷᠬᠠᠶ ᠣᠪᠣᠷ ᠢ ᠠᠪᠤᠭᠰᠠᠨ ᠪᠠᠶᠢᠨ᠎ᠠ᠃ ᠪᠦᠬᠦ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ︽ᠲᠠᠪᠤᠨ ᠰᠢᠯᠭᠠᠷᠠᠭᠰᠠᠨ︾ ᠱᠠᠭᠠᠷᠳᠠᠯᠭ᠎ᠠ ᠶᠢᠨ ᠲᠣᠭᠤᠷᠢᠨ ᠳᠤ᠂ ᠤᠯᠤᠰ ᠲᠥᠷᠥ ᠶᠢᠨ ᠦᠨᠡᠨᠴᠢ ᠰᠢᠳᠤᠷᠭᠤ ᠶᠢ ᠪᠤᠶ ᠪᠣᠯᠭᠠᠬᠤ᠂ ᠣᠯᠠᠨ ᠲᠦᠮᠡᠨ ᠳᠤ ᠬᠤᠣᠷ ᠬᠥᠨᠥᠭᠡᠯ ᠤᠴᠠᠷᠠᠭᠤᠯᠤᠭᠰᠠᠳ ᠢ ᠠᠷᠢᠯᠭᠠᠬᠤ᠂ ᠠᠷᠬᠠᠭ ᠭᠡᠮ ᠢ ᠴᠡᠭᠴᠡᠯᠡᠨ ᠵᠠᠰᠠᠬᠤ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ︽ᠳᠥᠷᠪᠡᠨ ᠵᠦᠢᠯ ᠤᠨ ᠡᠭᠦᠷᠭᠡ︾ ᠶᠢ ᠳᠣᠪᠤᠶᠢᠯᠭᠠᠨ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ︽ᠭᠤᠷᠪᠠᠨ ᠵᠠᠩᠭᠢᠯᠠᠭ᠎ᠠ︾ ᠶᠢ ᠳ᠋ᠦᠩᠨᠡᠨ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠢᠯᠵᠠᠷᠠᠯ ᠢ ᠡᠰᠡᠷᠭᠦᠴᠡᠨ ᠴᠠᠭᠳᠠᠭ᠎ᠠ ᠶᠢ ᠬᠦᠴᠦᠷᠬᠡᠭᠵᠢᠭᠦᠯᠵᠦ᠂ ᠬᠤᠪᠢᠰᠬᠠᠯᠵᠢᠭᠤᠯᠬᠤ᠂ ᠵᠢᠩᠬᠢᠨᠢᠴᠢᠯᠡᠬᠦ᠂ ᠲᠤᠰᠬᠠᠶᠢᠵᠢᠭᠤᠯᠬᠤ᠂ ᠠᠵᠢᠯ ᠮᠡᠷᠭᠡᠵᠢᠭᠦᠯᠬᠦ ᠪᠠᠶᠢᠭᠤᠯᠤᠯᠲᠠ ᠶᠢ ᠴᠢᠩᠭᠠᠳᠬᠠᠵᠤ᠂ ᠨᠠᠮ ᠳᠠᠭᠠᠨ ᠦᠨᠡᠨᠴᠢ᠂ ᠤᠯᠤᠰ ᠣᠷᠣᠨ ᠳᠠᠭᠠᠨ ᠦᠨᠡᠨᠴᠢ᠂ ᠠᠷᠠᠳ ᠲᠦᠮᠡᠨ ᠳᠡᠭᠡᠨ ᠦᠨᠡᠨᠴᠢ᠂ ᠬᠠᠤᠯᠢ ᠴᠠᠭᠠᠵᠠ ᠳᠤ ᠦᠨᠡᠨᠴᠢ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠬᠥᠮᠦᠵᠢᠭᠦᠯᠦᠨ ᠪᠤᠢ ᠪᠤᠯᠭᠠᠬᠤ ᠬᠡᠷᠡᠭᠲᠡᠢ ᠭᠡᠪᠡ᠃
     ᠶᠢᠨ ᠵᠥᠩ ᠴᠢᠶᠠᠩ ᠴᠢᠬᠤᠯᠠᠴᠢᠯᠠᠬᠤ ᠳᠠᠭᠠᠨ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠨ ᠬᠢᠨ ᠦᠨᠡᠨᠴᠢ ᠰᠢᠳᠤᠷᠭᠤ ᠠᠷᠢᠭᠤᠨ ᠴᠢᠭᠡᠴᠢ ᠨᠠᠶᠢᠳᠠᠪᠤᠷᠢᠲᠠᠶ ᠪᠠᠶᠢᠬᠤ ᠡᠨᠡᠬᠦ ᠦᠨᠳᠦᠰᠦᠨ ᠱᠠᠭᠠᠷᠳᠠᠯᠭ᠎ᠠ ᠶᠢ ᠴᠢᠩᠭ᠎ᠠ ᠠᠳᠬᠤᠵᠤ᠂ ᠮᠠᠨ ᠤ ᠲᠣᠭᠤᠷᠢᠭ ᠤᠨ ᠥᠷᠨᠢᠭᠦᠯᠦᠭᠰᠡᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠢ ᠵᠣᠬᠢᠶᠠᠨ ᠪᠠᠶᠢᠭᠤᠯᠤᠨ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢ ᠨᠠᠷᠢᠨ ᠬᠢᠨᠠᠮᠠᠭᠠᠶ ᠰᠤᠷᠤᠯᠴᠠᠭᠤᠯᠵᠤ᠂ ᠨᠠᠮ ᠤᠨ ᠶᠡᠷᠦ ᠪᠤᠰᠤ ᠶᠢᠨ ᠲᠡᠦᠬᠡᠨ ᠶᠠᠪᠤᠴᠠ ᠠᠴᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠣᠶᠢᠯᠠᠭᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ᠲᠡᠦᠬᠡ ᠶᠢᠨ ᠤᠬᠠᠮᠰᠠᠷ ᠢᠶᠠᠨ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠢᠲᠡᠭᠡᠯ ᠪᠢᠰᠢᠷᠡᠯ ᠤᠨ ᠰᠠᠭᠤᠷᠢ ᠪᠠᠨ ᠪᠠᠲᠤᠳᠬᠠᠨ᠂ ︽ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ︾ ᠢ ᠪᠠᠲᠤ ᠪᠤᠢ ᠪᠣᠯᠭᠠᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠶᠢ ᠤᠯᠤᠰ ᠲᠦᠷᠦ ᠬᠠᠤᠯᠢ ᠴᠠᠭᠠᠵᠠ ᠶᠢᠨ  ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠴᠢᠬᠤᠯᠠ ᠠᠭᠤᠯᠭ᠎ᠠ ᠪᠣᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠦᠨ᠎ᠡ᠃ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠠᠭᠠᠲᠤᠷ ᠵᠢᠱᠢᠶᠡᠴᠢ ᠠᠴᠠ ᠰᠤᠷᠤᠯᠴᠠᠬᠤ᠂ ᠪᠠᠭᠠᠲᠤᠷ ᠵᠢᠱᠢᠶᠡᠴᠢ ᠶᠢ ᠡᠷᠬᠢᠮᠯᠡᠬᠦ᠂ ᠪᠠᠭᠠᠲᠤᠷ ᠵᠢᠱᠢᠶᠡᠴᠢ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠵᠤ᠂ ᠥᠷᠭᠡᠨ ᠤᠯᠠᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ᠰᠢᠨ᠎ᠡ ᠡᠭᠦᠷᠭᠡ ᠶᠢ ᠡᠭᠦᠷᠭᠡᠯᠡᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠪᠡ᠃
     ᠶᠢᠨ ᠵᠥᠩ ᠴᠢᠶᠠᠩ ᠱᠠᠭᠠᠷᠳᠠᠭᠰᠠᠨ ᠨᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠤᠳ ᠲᠣᠰ ᠨᠢᠭᠡᠴᠡ ᠶᠢᠨ ᠢᠶᠠᠨ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠵᠠᠩᠭᠢᠯᠠᠭ᠎ᠠ ᠶᠢᠨ ᠠᠵᠢᠯ ᠤᠨ ᠦᠷ᠎ᠡ ᠪᠦᠲᠦᠮᠵᠢ ᠶᠢ ᠴᠠᠭ ᠲᠤᠬᠠᠶ ᠳᠤᠨᠢ ᠳ᠋ᠦᠩᠨᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ᠂ ᠰᠦᠪᠡᠭᠴᠢ ᠶᠢ ᠬᠠᠷᠭᠤᠭᠤᠯᠤᠨ ᠪᠠᠶᠢᠴᠠᠭᠠᠭᠰᠠᠨ᠂ ᠠᠷᠬᠠᠭ ᠭᠡᠮ ᠢ ᠴᠡᠭᠴᠡᠯᠡᠨ ᠵᠠᠰᠠᠭᠰᠠᠨ ᠵᠡᠷᠭᠡ ᠪᠠᠶᠢᠳᠠᠯ ᠢ ᠰᠢᠰᠲ᠋ᠧᠮ ᠲᠠᠢ ᠡᠮᠬᠢᠯᠡᠬᠦ ᠬᠡᠷᠡᠭᠲᠡᠶ᠃ ᠦᠯᠡᠳᠡᠪᠦᠷᠢ ᠬᠠᠳᠠᠭᠠᠯᠠᠮᠵᠢ ᠶᠢᠨ ᠬᠡᠮᠵᠢᠶ᠎ᠡ ᠶᠢ ᠴᠢᠩᠭ᠎ᠠ ᠠᠩᠬᠠᠷᠴᠤ᠂ ᠨᠢᠭᠡ ᠠᠰᠠᠭᠤᠳᠠᠯ ᠳᠤ ᠨᠢᠭᠡ ᠲᠣᠳᠣᠷᠬᠠᠢ ᠬᠠᠭᠤᠳᠠᠰᠤ ᠥᠭᠴᠦ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠮᠥᠷᠳᠡᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ᠡᠴᠦᠰ ᠲᠤᠨᠢ ᠲᠤᠯᠲᠠᠯ᠎ᠠ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦᠨ ᠢ ᠴᠡᠪᠡᠷᠯᠡᠵᠦ᠂ ᠨᠢᠭᠡᠨᠲᠡ ᠲᠣᠭᠲᠠᠭᠠᠭᠰᠠᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ᠃ ᠬᠥᠮᠦᠵᠢᠯ ᠴᠡᠭᠴᠡᠯᠡᠯᠲᠡ ᠶᠢᠨ ᠳᠤᠮᠳᠠ ᠢᠯᠡᠷᠡᠭᠦᠯᠦᠭᠰᠡᠨ ᠲᠤᠪᠤᠶᠢᠮ᠎ᠠ ᠠᠰᠠᠭᠤᠳᠠᠯ ᠲᠠᠢ ᠤᠶᠠᠯᠳᠤᠭᠤᠯᠤᠨ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠬᠠᠮᠢᠶᠠᠷᠤᠯᠲᠠ ᠬᠢᠨᠠᠯᠲᠠ ᠶᠢᠨ ᠳᠤᠲᠠᠭᠤᠳᠠᠯ ᠢ ᠣᠨᠣᠪᠴᠢᠲᠠᠢ ᠡᠷᠢᠵᠦ᠂ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠳᠤᠲᠠᠭᠤᠳᠠᠯ ᠢ ᠨᠥᠬᠦᠪᠥᠷᠢᠯᠡᠨ ᠳᠤᠲᠠᠭᠤᠳᠠᠯ ᠢ ᠪᠥᠭᠯᠡᠵᠦ᠂ ᠲᠦᠷᠢᠮ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠦᠨ᠎ᠡ᠃ ᠡᠭᠦᠨ ᠤ ᠬᠠᠮᠲᠤ᠂ ︽ᠨᠢᠭᠡᠴᠡ ᠥᠪᠡᠰᠦᠪᠡᠨ ᠦᠨᠡᠯᠡᠬᠦ᠂ ᠲᠣᠰ ᠱᠠᠲᠤᠨ ᠤ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠠᠴᠠ ᠳᠠᠬᠢᠨ ᠦᠨᠡᠯᠡᠬᠦ᠂ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠳᠤᠭᠤᠶᠢᠯᠠᠩ ᠠᠴᠠ ᠰᠢᠯᠭᠠᠨ ᠠᠪᠬᠤ᠂ ᠥᠪᠡᠷᠲᠡᠭᠡᠨ ᠵᠠᠰᠠᠬᠤ ᠣᠷᠣᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠠᠴᠠ ᠬᠢᠨᠠᠨ ᠵᠥᠪᠰᠢᠶᠡᠷᠡᠬᠦ︾ ᠠᠵᠢᠯ ᠤᠨ ᠠᠷᠭ᠎ᠠ ᠮᠠᠶ᠋ᠢᠭ ᠪᠠ ᠲᠠᠰ ᠳᠠᠷᠠᠭᠠᠯᠠᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠬᠢᠨᠠᠮᠠᠭᠠᠶ ᠰᠠᠶᠢᠲᠤᠷ ᠬᠢᠵᠦ᠂ ᠦᠨᠡᠨ ᠪᠣᠳᠠᠲᠠᠶ ᠪᠠᠷ ᠠᠵᠢᠯᠯᠠᠵᠤ ᠦᠨᠡᠨᠴᠢ ᠰᠢᠳᠤᠷᠭᠤ ᠪᠠᠷ ᠠᠵᠢᠯᠯᠠᠬᠤ᠂ ᠠᠵᠢᠯ ᠬᠢᠵᠦ ᠠᠳᠠᠯ ᠦᠢᠯᠡᠰ ᠴᠣᠭᠴᠠᠯᠠᠭᠰᠠᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾ ᠶᠢ ᠦᠨᠡᠨᠬᠦ ᠲᠠᠶᠢᠯᠪᠤᠷᠢᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠠᠮᠢᠵᠢᠷᠠᠯ ᠤᠨ ᠬᠦᠴᠦᠨ ᠪᠢᠯᠬᠠᠬᠰᠠᠨ ᠬᠠᠶᠢᠨᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号