ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶᠠᠨ ᠤ ᠨᠠᠮ ᠤᠨ ᠬᠤᠷᠢᠶ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/3/18
     ᠣᠶᠢᠷ᠎ᠠ ᠶᠢᠨ ᠡᠳᠦᠷ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠬᠠᠶᠢᠨᠠᠨ ᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠪᠥᠬᠦ ᠲᠤᠪᠴᠢᠶᠠᠨ ᠤ ᠬᠤᠷᠠᠯ ᠬᠤᠷᠠᠯᠳᠤᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠳᠠᠶᠢᠴᠢᠯᠠᠯᠲᠠ ᠪᠠᠶᠢᠷᠢᠯᠠᠭᠤᠯᠤᠯᠲᠠ  ᠬᠢᠪᠡ᠂ ᠭᠤᠤᠯ ᠵᠣᠷᠢᠯᠭ᠎ᠠ ᠨᠢ ᠪᠥᠬᠦ ᠲᠠᠯ᠎ᠠ ᠶᠢᠨ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠦᠷᠨᠢᠭᠦᠯᠦᠨ᠂ ᠰᠠᠶᠢᠲᠤᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶ᠎ᠠ ᠶᠢᠨ ᠳᠠᠷᠤᠭ᠎ᠠ ᠵᠢᠶᠤᠤ ᠶᠦᠩ ᠨᠥᠬᠦᠷ ᠬᠤᠷᠠᠯ ᠢ ᠡᠷᠭᠢᠯᠡᠵᠦ᠂ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠣᠯᠤᠨ ᠵᠢᠭᠠᠨ ᠵᠢᠯᠣᠭᠤᠳᠣᠭᠴᠢ ᠵᠢᠴᠢ ᠪᠥᠬᠦ ᠠᠷᠠᠳ ᠤᠨ ᠲᠤᠰᠠᠯᠠᠬᠤ ᠴᠠᠭᠳᠠᠭ᠎ᠠ ᠨᠠᠷ ᠬᠤᠷᠠᠯ ᠳᠤ ᠣᠷᠣᠯᠴᠠᠵᠠᠶ᠃
     ᠬᠤᠷᠠᠯ ᠳᠡᠭᠡᠷ᠎ᠡ᠂ ︽ᠨᠢᠭᠡᠳᠦᠭᠡᠷ ᠵᠥᠪᠯᠡᠬᠦ ᠰᠡᠳᠦᠪ︾ ᠤᠨ ᠶᠣᠰᠣᠭᠠᠷ᠂ ᠪᠦᠬᠦ ᠨᠥᠬᠦᠳ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠬᠠᠮᠲᠤᠪᠠᠷ ᠰᠤᠷᠤᠯᠴᠠᠵᠤ᠂ ᠳᠠᠷᠠᠭ᠎ᠠ ᠨᠢ ᠬᠤᠪᠢᠶᠠᠷᠢ ᠲᠤᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠠᠴᠠ ︽ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠬᠠᠶᠢᠨᠠᠨ ᠤ ᠬᠤᠪᠢᠶᠠᠷᠢ ᠲᠤᠪᠴᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ︾ ᠢ ᠤᠯᠠᠮᠵᠢᠯᠠᠬᠤ ᠶᠢᠨ ᠬᠠᠮᠲᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠲᠠᠢ ᠭᠤᠭᠴᠤᠭ᠎ᠠ᠂ ᠴᠢᠬᠤᠯᠠ ᠬᠠᠷᠠᠯᠲᠠ ᠵᠡᠷᠭᠡ ᠶᠢ ᠳᠠᠭᠠᠭᠤᠯᠤᠨ ᠰᠤᠷᠤᠯᠴᠠᠪᠠ᠃
     ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠄ ᠨᠠᠮ ᠤᠨ ᠲᠡᠦᠬᠡ ᠶᠢᠨ ᠰᠤᠷᠤᠯᠴᠠᠯᠭ᠎ᠠ ᠶᠢ ᠥᠷᠨᠢᠭᠦᠯᠬᠦ ᠪᠣᠯ ᠦᠵᠡᠯ ᠰᠠᠨᠠᠭ᠎ᠠ ᠤᠯᠤᠰ ᠲᠦᠷᠦ ᠶᠢᠨ ᠲᠦᠪᠰᠢᠨ ᠢ ᠳᠡᠭᠡᠭᠰᠢᠯᠡᠭᠦᠯᠬᠦ ᠶᠢᠨ ᠬᠡᠷᠡᠭᠴᠡᠭᠡ ᠮᠥᠨ᠂ ᠨᠠᠮ ᠤᠨ ᠲᠡᠦᠬᠡ ᠶᠢᠨ ᠰᠤᠷᠤᠯᠴᠠᠯᠭ᠎ᠠ ᠶᠢ ᠥᠷᠨᠢᠭᠦᠯᠬᠦ ᠪᠣᠯ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠬᠡᠷᠡᠭᠴᠡᠭᠡ ᠮᠥᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠬᠤᠪᠢᠰᠬᠠᠯ ᠤᠨ ᠤᠳᠤᠮᠰᠢᠯ ᠢ ᠤᠯᠠᠮᠵᠢᠯᠠᠬᠤ ᠶᠢᠨ ᠬᠡᠷᠡᠭᠴᠡᠭᠡ ᠮᠥᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠦᠨᠡᠨᠴᠢ ᠰᠢᠳᠤᠷᠭᠤ ᠴᠠᠭᠳᠠᠭ᠎ᠠ ᠶᠢᠨ ᠰᠦᠭ ᠰᠦᠨᠡᠰᠦ ᠶᠢ ᠪᠠᠲᠤᠳᠬᠠᠬᠤ ᠶᠢᠨ ᠬᠡᠷᠡᠭᠴᠡᠭᠡ ᠮᠥᠨ᠃ ᠬᠤᠶᠠᠷ ᠲᠤ᠂ ᠤᠯᠤᠰ ᠲᠦᠷᠦ ᠶᠢᠨ ᠴᠢᠭᠯᠡᠯ ᠢ ᠡᠵᠡᠮᠳᠡᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠬᠤ ᠬᠡᠷᠡᠭᠲᠡᠢ᠄ ᠲᠡᠦᠬᠡ ᠰᠤᠷᠴᠤ ᠶᠣᠰᠣ ᠤᠴᠢᠷ ᠢ ᠮᠡᠳᠡᠬᠦ ᠶᠢ ᠪᠠᠷᠢᠮᠲᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯᠤᠨ ᠨᠠᠮ ᠤᠨ ᠰᠢᠨ᠎ᠡ ᠶᠢ ᠡᠭᠦᠳᠬᠦ ᠤᠨᠤᠯ ᠢ ᠰᠤᠷᠤᠯᠴᠠᠬᠤ ᠶᠢ ᠲᠤᠭᠤᠰᠢᠯᠠᠭᠤᠯᠬᠤ ᠬᠡᠷᠡᠭᠲᠡᠢ᠃ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ ᠶᠢ ᠪᠠᠷᠢᠮᠲᠠᠯᠠᠵᠤ᠂ ︽ᠨᠠᠮ ᠳᠠᠭᠠᠨ ᠦᠨᠡᠨᠴᠢ ᠰᠢᠳᠤᠷᠭᠤ︾ ᠪᠠᠶᠢᠬᠤ ᠤᠯᠤᠰ ᠲᠦᠷᠦ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠲᠡᠦᠬᠡ ᠰᠤᠷᠴᠤ ᠶᠣᠰᠣ ᠰᠤᠷᠲᠠᠬᠤᠨ ᠢ ᠡᠷᠬᠢᠮᠯᠡᠬᠦ ᠶᠢ ᠪᠠᠷᠢᠮᠲᠠᠯᠠᠵᠤ᠂ ᠨᠠᠮ ᠤᠨ ᠰᠢᠨᠵᠢ ᠴᠢᠨᠠᠷ ᠵᠣᠷᠢᠯᠲᠠ ᠶᠢᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠲᠡᠦᠬᠡ ᠰᠤᠷᠤᠯᠴᠠᠵᠤ ᠬᠦᠴᠦᠯᠡᠨ ᠬᠡᠷᠡᠭᠵᠢᠭᠦᠯᠬᠦ ᠶᠢ ᠪᠠᠷᠢᠮᠲᠠᠯᠠᠵᠤ᠂ ᠰᠢᠨ᠎ᠡ ᠠᠮᠵᠢᠯᠲᠠ ᠪᠦᠲᠦᠮᠵᠢ ᠰᠢᠨ᠎ᠡ ᠦᠷ᠎ᠡ ᠪᠦᠲᠦᠮᠵᠢ ᠪᠠᠷ ᠢᠶᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠮᠠᠭᠠᠯᠠᠨ᠎ᠠ᠃ ᠭᠤᠷᠪᠠ ᠳᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠄ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠬᠤ ᠬᠡᠷᠡᠭᠲᠡᠢ᠃ ᠤᠳᠤᠷᠢᠳᠤᠯᠭ᠎ᠠ ᠲᠦᠷᠦᠭᠦᠯᠡᠬᠦ ᠶᠢ ᠲᠤᠪᠤᠶᠢᠯᠭᠠᠵᠦ᠂ ᠰᠤᠷᠤᠯᠴᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠰᠤᠷᠤᠯᠴᠠᠵᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠨᠡᠶᠢᠲᠡᠯᠢᠭ  ᠵᠢᠱᠢᠶ᠎ᠡ ᠶᠢ ᠪᠤᠶᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠠᠵᠢᠯᠯᠠᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠰᠤᠷᠤᠯᠴᠠᠬᠤ ᠤᠷᠮ᠎ᠠ ᠵᠣᠷᠢᠭ ᠢᠶᠠᠨ ᠳᠡᠭᠡᠭᠰᠢᠯᠡᠭᠦᠯᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠬᠦ ᠶᠢ ᠤᠶᠠᠯᠳᠤᠭᠤᠯᠬᠤ ᠶᠢ ᠴᠢᠩᠭᠠᠳᠬᠠᠵᠤ᠂ ᠠᠵᠢᠯ ᠢᠶᠠᠨ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠬᠤᠷᠠᠯ ᠳᠡᠭᠡᠷ᠎ᠡ ᠰᠤᠷᠤᠯᠴᠠᠯᠭ᠎ᠠ ᠶᠢᠨ ᠮᠠᠲ᠋ᠧᠷᠢᠶᠠᠯ ᠵᠡᠷᠭᠡ ᠶᠢ ᠵᠡᠷᠭᠡᠪᠡᠷ ᠲᠠᠷᠬᠠᠭᠠᠪᠠ᠃
 
ᠢᠷᠡᠯᠲᠡ᠄ ᠠᠮᠢᠵᠢᠷᠠᠯ ᠤᠨ ᠬᠦᠴᠦᠨ ᠪᠢᠯᠬᠠᠬᠰᠠᠨ ᠬᠠᠶᠢᠨᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号