ᠬᠠᠶᠢᠨᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠠᠷᠢᠯᠢᠭ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠦᠨ ᠭᠠᠶᠢᠯᠢ ᠲᠤᠰᠢᠶᠠᠭᠴᠢ᠂ ᠰᠦᠢᠳᠭᠡᠯ ᠲᠤᠰᠢᠶᠠᠭᠴᠢ ᠶᠢᠨ ︽ᠵᠣᠯ ᠵᠢᠷᠭᠠᠯ ᠤᠨ ᠢᠯᠡᠳᠬᠡᠭᠴᠢ ᠲᠤᠭ᠎ᠠ︾ ᠶᠢᠨ ᠰᠢᠷᠢᠰ ᠠᠵᠢᠯᠯᠠᠭ᠎ᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2021/3/19
     ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠦᠷᠭᠦᠯᠵᠢᠯᠡᠨ ᠠᠬᠢᠬᠤ ᠶᠢ ᠭᠦᠨᠵᠡᠭᠡᠶᠢᠷᠡᠭᠦᠯᠬᠦ ᠶᠢ ᠲᠠᠭᠠᠯᠳᠤᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠲᠠᠰᠤᠷᠠᠯᠳᠡ ᠦᠭᠡᠢ ᠭᠦᠨᠵᠡᠭᠡᠶᠢᠷᠡᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠵᠠᠯᠠᠭᠤᠴᠤᠳ ᠤᠨ ᠪᠣᠯᠪᠠᠰᠤᠨ ᠨᠡᠷᠡᠮᠵᠢᠲᠦ ᠬᠠᠮᠲᠤ ᠶᠢᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ ᠶᠢ ᠢᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠦ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠲᠤᠰᠢᠶᠠᠭᠴᠢ᠂  ᠰᠦᠢᠳᠭᠡᠯ ᠲᠤᠰᠢᠶᠠᠭᠴᠢ ᠶᠢᠨ ᠬᠡᠷᠡᠭᠴᠡᠭᠡ ᠱᠠᠭᠠᠷᠳᠠᠯᠭ᠎ᠠ ᠪᠠᠷ ᠡᠬᠢᠯᠡᠯᠲᠡ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠭᠠᠶᠢᠯᠢ ᠲᠤᠰᠢᠶᠠᠭᠴᠢ ᠶᠢᠨ ᠬᠠᠷᠠᠭᠠᠰᠤ ᠠᠴᠠ ᠡᠭᠦᠰᠴᠦ᠂ ᠨᠠᠷᠢᠯᠢᠬᠵᠢᠭᠤᠯᠤᠭᠰᠠᠨ ᠦᠢᠯᠡᠴᠢᠯᠡᠭᠡ ᠪᠠᠷ ︽ᠭᠠᠶᠢᠯᠢ ᠶᠢᠨ ᠶᠠᠪᠤᠳᠠᠯ ᠢ ᠰᠠᠶᠢᠲᠤᠷ ᠬᠢᠬᠦ︾ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠭᠠᠶᠢᠯᠢ ᠲᠤᠰᠢᠶᠠᠭᠴᠢ ᠰᠦᠢᠳᠭᠡᠯ ᠲᠤᠰᠢᠶᠠᠭᠴᠢ ᠶᠢᠨ ︽ᠵᠣᠯ ᠵᠢᠷᠭᠠᠯ ᠤᠨ ᠢᠯᠡᠳᠬᠡᠭᠴᠢ ᠲᠤᠭ᠎ᠠ︾ ᠶᠢ ᠨᠡᠮᠡᠭᠳᠡᠭᠦᠯᠦᠨ᠂ ᠳᠥᠭᠦᠮᠴᠢᠯᠡᠭᠰᠡᠨ᠂ ᠤᠶᠤᠨᠴᠢᠯᠠᠭᠰᠠᠨ᠂ ᠥᠪᠡᠷᠮᠢᠴᠡ ᠬᠢᠷᠢ ᠲᠦᠪᠰᠢᠨ ᠢ ᠳᠡᠭᠡᠭᠰᠢᠯᠡᠭᠦᠯᠪᠡ᠃      ᠯᠠᠪᠯᠠᠭ᠎ᠠ ᠥᠭᠴᠦ ᠤᠬᠠᠭᠤᠯᠵᠤ᠂ ᠦᠢᠯᠡᠴᠢᠯᠡᠭᠡᠨ ᠤ ᠰᠠᠭᠤᠷᠢ ᠶᠢ ᠪᠠᠬᠢᠵᠢᠭᠦᠯᠦᠨ᠎ᠡ      ᠴᠢᠬᠤᠯᠠ ᠶᠡᠭᠡ ᠪᠠᠶᠠᠷ ᠤᠨ ᠡᠳᠦᠷ ᠤᠨ ᠵᠠᠩᠭᠢᠯᠠᠭ᠎ᠠ ᠶᠢᠨ ᠴᠠᠭ ᠲᠤ᠂ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠵᠠᠯᠠᠭᠤᠴᠤᠳ ᠤᠨ ᠪᠣᠯᠪᠠᠰᠤᠨ ᠨᠡᠷᠡᠮᠵᠢᠲᠦ ᠠᠰᠠᠭᠤᠨ ᠯᠠᠪᠯᠠᠬᠤ ᠲᠠᠪᠴᠠᠩ ᠭᠠᠷᠭᠠᠵᠤ᠂ ᠡᠯ᠎ᠡ ᠵᠦᠢᠯ ᠤᠨ ᠤᠬᠠᠭᠤᠯᠭ᠎ᠠ ᠶᠢᠨ ᠭᠠᠷ ᠳᠡᠪᠲᠡᠷ ᠢ ᠪᠡᠯᠡᠳᠬᠡᠵᠦ᠂ ᠦᠢᠯᠡᠴᠢᠯᠡᠭᠡᠨ ᠤ ᠰᠠᠭᠤᠷᠢ ᠶᠢ  ᠪᠠᠬᠢᠵᠢᠭᠦᠯᠦᠨ᠂ ᠦᠢᠯᠡᠴᠢᠯᠡᠭᠡᠨ ᠤ ᠤᠬᠠᠮᠰᠠᠷ ᠢ ᠳᠡᠭᠡᠭᠰᠢᠯᠡᠭᠦᠯᠵᠦ᠂ ︽ᠭᠠᠶᠢᠯᠢ ᠲᠤᠰᠢᠶᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠳᠤ ᠮᠡᠳᠡᠪᠡᠰᠦ ᠵᠤᠬᠢᠬᠤ ᠵᠦᠢᠯᠡᠰ︾ ᠭᠡᠬᠦ ᠭᠠᠷ ᠳᠡᠪᠲᠡᠷ ᠢ ᠬᠤᠷᠢᠶᠠᠩᠭᠤᠶᠢᠯᠠᠨ ᠡᠮᠬᠢᠳᠬᠡᠵᠦ᠂ ︽ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠲᠦᠷᠢᠮ︾᠂ ︽ᠬᠠᠮᠤᠭ ᠤᠨ ᠣᠯᠠᠨ ᠳᠠᠭᠠᠨ ᠨᠢᠭᠡ ᠤᠳᠠᠭ᠎ᠠ ᠭᠦᠶᠦᠬᠦ︾ ᠲᠣᠳᠣᠷᠬᠠᠶ ᠬᠠᠭᠤᠳᠠᠰᠤ᠂ ︽ᠢᠵᠢ ᠦᠢᠯᠡᠴᠢᠯᠡᠭᠡ ᠶᠢᠨ ᠮᠠᠶ᠋ᠢᠭ︾ ᠤᠨ ᠦᠢᠯᠡᠴᠢᠯᠡᠭᠡ ᠵᠡᠷᠭᠡ ᠬᠠᠮᠢᠶ᠎ᠠ ᠪᠥᠬᠦᠶ  ᠦᠢᠯᠡᠴᠢᠯᠡᠭᠡᠨ ᠤ ᠵᠢᠷᠤᠮᠵᠢᠯ ᠢ ᠬᠠᠮᠤᠷᠴᠤ᠂ ᠰᠠᠶᠢᠨ ᠳᠤᠷ᠎ᠠ ᠶᠢᠨ ᠠᠵᠢᠯᠯᠠᠭᠴᠢ ᠠᠴᠠ ᠠᠰᠠᠭᠤᠨ ᠯᠠᠪᠯᠠᠬᠤ ᠪᠠᠷ ᠢᠷᠡᠭᠰᠡᠨ ᠣᠯᠠᠨ ᠲᠦᠮᠡᠨ ᠪᠠ ᠭᠠᠶᠢᠯᠢ ᠲᠤᠰᠢᠶᠠᠭᠴᠢ ᠳᠤ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠬᠠᠯᠠᠭᠤᠨ ᠢᠶᠠᠷ᠂ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠣᠯᠠᠨ ᠲᠦᠮᠡᠨ ᠪᠠ ᠭᠠᠶᠢᠯᠢ ᠲᠤᠰᠢᠶᠠᠭᠴᠢ ᠶᠢ ︽ᠠᠰᠠᠭᠤᠳᠠᠯ ᠳᠤ ᠴᠢᠭᠯᠡᠭᠦᠯᠦᠨ᠂ ᠰᠡᠳᠬᠢᠯ ᠬᠠᠨᠤᠮᠵᠢᠲᠠᠶ︾ ᠪᠠᠶᠢᠯᠭᠠᠬᠤ ᠶᠢ ᠦᠨᠡᠨ ᠬᠦ ᠪᠡᠶᠡᠯᠡᠭᠦᠯᠦᠨ᠎ᠡ᠃ ᠭᠠᠶᠢᠯᠢ ᠳᠤ ᠬᠤᠯᠪᠣᠭᠳᠠᠬᠤ ᠯᠠᠪᠯᠠᠯᠭ᠎ᠠ ᠶᠢ ᠲᠦᠷᠭᠡᠨ ᠭᠥᠯᠢᠶᠡᠨ ᠠᠪᠴᠤ ᠬᠠᠷᠢᠭᠤᠯᠲᠠ ᠥᠭᠬᠦ ᠶᠢ ᠪᠡᠶᠡᠯᠡᠭᠦᠯᠵᠦ᠂ ᠰᠠᠯᠠᠭ᠎ᠠ ᠮᠥᠴᠢᠷ ᠤᠨ ᠬᠥᠨᠳᠡᠯᠡᠨ ᠢᠶᠠᠷ ᠬᠠᠮᠵᠢᠯᠴᠠᠬᠤ ᠶᠢ ᠠᠬᠢᠭᠤᠯᠤᠨ ᠬᠠᠤᠯᠢ ᠬᠡᠷᠡᠭᠵᠢᠭᠦᠯᠬᠦ ᠶᠢᠨ ᠵᠢᠷᠤᠮᠵᠢᠯ ᠤᠨ ᠴᠢᠨᠠᠷᠲᠠᠶ ᠨᠢᠭᠡᠳᠦᠯᠲᠡᠶ ᠴᠢᠨᠠᠷ ᠢ ᠴᠢᠩᠭᠠᠳᠬᠠᠵᠤ᠂ ᠳᠥᠭᠦᠮᠴᠢᠯᠡᠯᠲᠡ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠨ᠎ᠠ᠃
     ᠰᠦᠯᠵᠢᠶᠡᠨ ᠤ ᠲᠢᠩᠬᠢᠮ ᠢ ᠪᠠᠶᠢᠭᠤᠯᠵᠤ᠂ ᠤᠶᠤᠨᠴᠢᠯᠠᠭᠰᠠᠨ ᠬᠢᠷᠢ ᠲᠦᠪᠰᠢᠨ ᠢ ᠴᠢᠩᠭᠠᠳᠬᠠᠨ᠎ᠠ      ᠨᠡᠶᠢᠭᠡᠮ ᠲᠣᠭᠤᠷᠢᠭ ᠪᠠ ᠰᠢᠶᠠᠩ ᠪᠠᠯᠭᠠᠰᠤᠨ ᠳᠤ 3 ︽ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︾ ᠶᠢᠨ ᠰᠦᠯᠵᠢᠶᠡᠨ ᠤ ᠲᠢᠩᠬᠢᠮ ᠤᠨ ᠰᠤᠩᠭᠠᠯᠲᠠ ᠶᠢᠨ ᠴᠡᠭ ᠭᠠᠷᠭᠠᠵᠤ᠂ ᠦᠢᠯᠡᠴᠢᠯᠡᠭᠡᠨ ᠤ ᠬᠡᠯᠬᠢᠶ᠎ᠡ ᠪᠠ ᠦᠢᠯᠡᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ︽ᠢᠨᠲ᠋ᠤᠷ ᠰᠦᠯᠵᠢᠶ᠎ᠡ + ᠭᠠᠶᠢᠯᠢ ᠶᠢᠨ ᠶᠠᠪᠤᠳᠠᠯ︾ ᠤᠨ ᠲᠠᠪᠴᠠᠩ ᠢ ᠢᠳᠡᠪᠬᠢᠲᠡᠶ ᠠᠰᠢᠭᠯᠠᠨ ᠭᠠᠶᠢᠯᠢ ᠲᠤᠰᠢᠶᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠶᠢᠯᠢ ᠶᠢᠨ ᠶᠠᠪᠤᠳᠠᠯ ᠤᠨ ᠶᠡᠭᠡ ᠲᠢᠩᠬᠢᠮ ᠤᠨ ᠵᠠᠯᠠᠭᠤ ᠪᠣᠯᠪᠠᠰᠤᠨ ᠨᠡᠷᠡᠮᠵᠢᠲᠦ ᠰᠠᠶᠢᠨ ᠳᠤᠷ᠎ᠠ ᠶᠢᠨ ᠠᠵᠢᠯᠯᠠᠭᠴᠢ ᠠᠴᠠ ᠭᠠᠶᠢᠯᠢ ᠲᠤᠰᠢᠶᠠᠭᠴᠢ ᠶᠢ ᠬᠠᠪᠰᠤᠷᠤᠨ ᠵᠢᠯᠣᠭᠤᠳᠴᠤ ᠪᠠᠶᠢᠭᠠᠳ ︽ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ︾ ᠪᠠ ᠥᠪᠡᠰᠦᠪᠡᠨ ᠦᠢᠯᠡᠴᠢᠯᠡᠬᠦ ᠦᠵᠦᠭᠦᠷ ᠤᠨ ᠲᠥᠬᠦᠭᠡᠷᠦᠮᠵᠢ ᠪᠠᠷ ᠳᠠᠮᠵᠢᠭᠤᠯᠤᠨ ᠭᠠᠶᠢᠯᠢ ᠳᠤ ᠬᠤᠯᠪᠣᠭᠳᠠᠬᠤ ᠵᠦᠢᠯᠡᠰ ᠢ ᠭᠦᠢᠴᠡᠳᠭᠡᠯᠭᠡᠵᠦ᠂ ᠣᠶᠤᠨᠴᠢᠯᠠᠭᠰᠠᠨ ᠦᠢᠯᠡᠴᠢᠯᠡᠭᠡᠨ ᠤ ᠬᠢᠷᠢ ᠬᠡᠮᠵᠢᠶ᠎ᠡ ᠪᠠᠷ ᠭᠠᠶᠢᠯᠢ ᠲᠤᠰᠢᠶᠠᠭᠴᠢ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠣᠶᠢᠷ᠎ᠠ ᠬᠠᠪᠢ ᠶᠢᠨ ᠰᠦᠯᠵᠢᠶᠡᠨ ᠤ ᠲᠢᠩᠬᠢᠮ ᠤᠨ ᠤᠷᠲᠤᠳᠬᠠᠭᠰᠠᠨ ᠴᠡᠭ ᠢᠶᠠᠷ ᠭᠠᠶᠢᠯᠢ ᠭᠦᠢᠴᠡᠳᠭᠡᠬᠦ ᠲᠤᠷᠰᠢᠯᠲᠠ ᠶᠢ ᠦᠨᠡᠨ ᠬᠦ ᠰᠢᠯᠢᠳᠡᠭᠵᠢᠭᠦᠯᠦᠨ᠎ᠡ᠃
     ᠡᠬᠢ ᠡᠭᠦᠰᠦᠯ ᠢ ᠨᠢ ᠰᠢᠯᠢᠳᠡᠭᠵᠢᠭᠦᠯᠵᠦ᠂ ᠥᠪᠡᠷᠮᠢᠴᠡ ᠦᠢᠯᠡᠴᠢᠯᠡᠭᠡ ᠶᠢ ᠬᠠᠷᠠᠭᠤᠯᠤᠨ᠎ᠠ      ᠭᠠᠶᠢᠯᠢ ᠲᠤᠰᠢᠶᠠᠭᠴᠢ ᠪᠣᠯᠤᠨ ᠰᠦᠢᠳᠬᠡᠯ ᠲᠤᠰᠢᠶᠠᠭᠴᠢ ᠶᠢᠨ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ ᠠᠰᠠᠭᠤᠳᠠᠯ ᠢ ᠦᠨᠡᠨᠬᠦ ᠰᠢᠢᠳᠪᠦᠷᠢᠯᠡᠬᠦ ᠪᠠᠷ ᠡᠬᠢᠯᠡᠯᠲᠡ ᠪᠣᠯᠭᠠᠵᠤ᠂ ᠪᠥᠬᠦ ᠶᠠᠪᠤᠴᠠ ᠶᠢ ᠬᠥᠳᠡᠯᠦᠩᠭᠦᠶ ᠪᠠᠷ ᠡᠬᠢ ᠡᠭᠦᠰᠦᠯ ᠠᠴᠠ ᠨᠢ ᠦᠢᠯᠡᠴᠢᠯᠡᠬᠦ ᠶᠢ ᠬᠡᠷᠡᠭᠵᠢᠭᠦᠯᠵᠦ᠂ ᠭᠠᠶᠢᠯᠢ ᠶᠢᠨ ᠶᠠᠪᠤᠳᠠᠯ ᠤᠨ ᠶᠡᠭᠡ ᠲᠢᠩᠬᠢᠮ ᠨᠢ ︽ᠲᠣᠤᠷᠵᠢᠭᠤᠯᠤᠭᠰᠠᠨ︾ ᠨᠠᠷᠢᠯᠢᠭ ᠦᠢᠯᠡᠴᠢᠯᠡᠭᠡ ᠪᠠᠷ ᠳᠠᠮᠵᠢᠭᠤᠯᠤᠨ ᠬᠠᠷᠢᠶᠠᠲᠤ ᠣᠷᠣᠨ ᠤ ᠭᠠᠶᠢᠯᠢ ᠲᠤᠰᠢᠶᠠᠭᠴᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠠ ᠭᠠᠶᠢᠯᠢ ᠶᠢᠨ ᠢᠷᠡᠯᠲᠡ ᠶᠢᠨ ᠪᠦᠲᠦᠴᠡ ᠶᠢ ᠬᠥᠳᠡᠯᠦᠩᠭᠦᠶ ᠪᠠᠷ ᠡᠵᠡᠮᠰᠢᠬᠦ ᠶᠢᠨ ᠬᠠᠮᠲᠤ᠂ ᠵᠠᠯᠠᠭᠤ ᠪᠣᠯᠪᠠᠰᠤᠨ ᠨᠡᠷᠡᠮᠵᠢᠲᠦ ᠰᠠᠶᠢᠨ ᠳᠤᠷ᠎ᠠ ᠶᠢᠨ ᠠᠵᠢᠯᠯᠠᠭᠴᠢ ᠠᠴᠠ ᠭᠠᠶᠢᠯᠢ ᠲᠤᠰᠢᠶᠠᠭᠴᠢ ᠶᠢᠨ ᠣᠷᠭᠢᠯ ᠦᠶ᠎ᠡ ᠶᠢ ᠵᠥᠷᠢᠭᠦᠯᠦᠨ ᠭᠠᠶᠢᠯᠢ  ᠭᠦᠢᠴᠡᠳᠭᠡᠬᠦ ᠶᠢ ᠬᠥᠲᠥᠯᠦᠨ ᠵᠢᠯᠣᠭᠤᠳᠴᠤ᠂ ︽ᠳᠥᠭᠦᠮᠴᠢᠯᠡᠭᠰᠡᠨ︾ ᠭᠠᠶᠢᠯᠢ ᠲᠤᠰᠢᠶᠠᠬᠤ ᠪᠡᠶᠡᠴᠢ ᠣᠶᠢᠯᠠᠭᠠᠯᠲᠠ ᠶᠢ ᠬᠠᠩᠭᠠᠵᠤ᠂  ᠦᠢᠯᠡᠴᠢᠯᠡᠭᠡ ᠬᠢᠭᠡᠳ ᠬᠠᠮᠢᠶᠠᠷᠤᠯᠲᠠ ᠶᠢ ︽ᠨᠢᠭᠡ ᠴᠤᠭᠴᠠᠵᠢᠭᠤᠯᠤᠭᠰᠠᠨ︾ ᠠᠵᠢᠯᠯᠠᠭ᠎ᠠ ᠶᠢ ᠬᠡᠷᠡᠭᠵᠢᠭᠦᠯᠦᠨ᠂ ᠣᠷᠣᠨ ᠪᠦᠰᠡ ᠶᠢᠨ ᠭᠠᠶᠢᠯᠢ ᠲᠠᠲᠠᠪᠤᠷᠢ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠤᠨ᠎ᠠ᠃
     ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠣᠯ ᠨᠢᠭᠡ ᠭᠠᠵᠠᠷ ᠣᠷᠣᠨ ᠤ ᠴᠢᠬᠤᠯᠠ ᠵᠥᠭᠡᠯᠡᠨ ᠪᠣᠳᠠᠲᠤ ᠬᠦᠴᠦᠨ ᠮᠥᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠵᠦ ᠪᠠᠶᠢᠭ᠎ᠠ ᠶᠠᠪᠤᠳᠠᠯ ᠮᠥᠨ᠂ ᠳᠠᠷᠤᠶ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠪᠠᠶᠢᠭ᠎ᠠ ᠶᠠᠪᠤᠳᠠᠯ ᠮᠥᠨ᠃ ᠬᠤᠶᠢᠰᠢᠳᠠ ᠶᠢᠨ ᠠᠵᠢᠯ ᠠᠮᠢᠳᠤᠷᠠᠯ ᠤᠨ ᠳᠤᠮᠳᠠ᠂ ᠭᠠᠶᠢᠯᠢ ᠶᠢᠨ ᠶᠠᠪᠤᠳᠠᠯ ᠤᠨ ᠲᠤᠪᠴᠢᠶᠠᠨ ᠤ ᠵᠠᠯᠠᠭᠤᠴᠤᠳ ᠤᠨ ᠪᠣᠯᠪᠠᠰᠤᠨ ᠨᠡᠷᠡᠮᠵᠢᠲᠦ ᠬᠠᠮᠲᠤ ᠶᠢᠨ ᠬᠢᠨ ᠲᠤᠰ ᠪᠡᠶ᠎ᠡ ᠶᠢᠨ ᠦᠢᠯᠡᠴᠢᠯᠡᠭᠡᠨ ᠤ ᠤᠬᠠᠮᠰᠠᠷ ᠪᠣᠯᠤᠨ ᠲᠤᠰᠬᠠᠢ ᠮᠡᠷᠭᠡᠵᠢᠯ ᠤᠨ ᠲᠦᠪᠰᠢᠨ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠬᠦ ᠶᠢᠨ ᠬᠠᠮᠲᠤ ᠥᠷᠭᠡᠨ ᠤᠯᠠᠨ ᠲᠦᠮᠡᠨ ᠤ ᠢᠳᠡᠪᠬᠢᠵᠢᠯ ᠪᠣᠯᠤᠨ ᠪᠦᠲᠦᠭᠡᠯᠴᠢ ᠴᠢᠨᠠᠷ ᠢ ᠬᠦᠳᠦᠯᠦᠨ ᠵᠢᠯᠣᠭᠤᠳᠬᠤ ᠪᠠ ᠬᠥᠭᠵᠢᠭᠡᠵᠦ᠂ ᠤᠯᠠᠨ ᠲᠦᠮᠡᠨ ᠳᠤ ᠲᠦᠬᠦᠮ ᠦᠵᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠦᠨᠡᠨᠬᠦ ᠪᠡᠶᠡᠯᠡᠭᠦᠯᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠭᠡ ᠦᠢᠯᠡᠰ ᠢ ᠳᠠᠰᠤᠷᠠᠯᠳᠠ ᠦᠭᠡᠢ ᠠᠬᠢᠭᠤᠯᠬᠤ ᠪᠣᠯᠤᠨ᠎ᠠ᠃
 
ᠢᠷᠡᠯᠲᠡ᠄ ᠠᠮᠢᠵᠢᠷᠠᠯ ᠤᠨ ᠬᠦᠴᠦᠨ ᠪᠢᠯᠬᠠᠬᠰᠠᠨ ᠬᠠᠶᠢᠨᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号