ᠬᠠᠶᠢᠨᠠᠨ ᠲᠣᠭᠤᠷᠢᠭ ᠤᠨ ᠬᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2021/3/19
     ᠬᠥᠮᠦᠵᠢᠯ ᠴᠡᠭᠴᠡᠯᠡᠯᠲᠡ ᠶᠢ ᠦᠨᠡᠨ ᠬᠦ ᠥᠷᠨᠢᠭᠦᠯᠵᠦ᠂ ᠨᠡᠶᠢᠭᠡᠮ ᠳᠤ ᠬᠠᠨᠳᠤᠭᠤᠯᠤᠨ ᠲᠥᠪ ᠬᠢᠴᠢᠶᠡᠩᠭᠦᠶ ᠪᠠᠷ ᠠᠮᠠᠯᠠᠯᠲᠠ ᠬᠢᠪᠡ      3 ᠳ᠋ᠣᠭᠠᠷ ᠰᠠᠷ᠎ᠠ ᠶᠢᠨ 18 ᠤ ᠦᠳᠡ ᠶᠢᠨ ᠬᠤᠶᠢᠨ᠎ᠠ᠂ ᠬᠠᠶᠢᠨᠠᠨ ᠲᠣᠭᠤᠷᠢᠭ ᠤᠨ ᠬᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠲᠤᠭᠤᠷᠢᠭ ᠤᠨ ᠨᠠᠮ ᠤᠨ  ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ  ᠬᠤᠷᠢᠶᠠᠨ ᠤ ᠱᠦᠵᠢ᠂ ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠯᠢᠦ ᠪᠢᠩ ᠬᠠᠶᠢᠨᠠᠨ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠶᠢᠨ ᠪᠠᠶᠢᠳᠠᠯ ᠢ ᠨᠡᠶᠢᠲᠡᠯᠡᠵᠦ᠂ ᠲᠤᠭᠤᠷᠢᠭ ᠤᠨ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠶᠦᠩ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠪᠡ᠃
     ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠬᠠᠶᠢᠨᠠᠨ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠬᠢᠯᠡᠨ 6 ᠳ᠋ᠤᠭᠠᠷ ᠰᠠᠷ᠎ᠠ ᠶᠢᠨ ᠰᠡᠭᠦᠯᠴᠢ ᠪᠠᠷ ᠳᠠᠭᠤᠰᠤᠨ᠎ᠠ᠂ 4 ᠰᠠᠷ᠎ᠠ ᠣᠷᠴᠢᠮ ᠦᠷᠭᠦᠯᠵᠢᠯᠡᠵᠦ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ᠂ ᠳ᠋ᠦᠩᠨᠡᠨ ᠳᠡᠭᠡᠭᠰᠢᠯᠡᠭᠦᠯᠬᠦ ᠭᠤᠷᠪᠠᠨ ᠱᠠᠲᠤ ᠬᠤᠪᠢᠶᠠᠨ᠎ᠠ᠃ ᠴᠡᠭᠴᠡᠯᠡᠬᠦ ᠬᠦᠷᠢᠶ᠎ᠡ ᠬᠡᠪᠴᠢᠶ᠎ᠡ ᠳᠤ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠣᠷᠣᠨ ᠲᠤᠭ᠎ᠠ ᠳᠤ ᠠᠵᠢᠯᠯᠠᠵᠤ ᠪᠠᠶᠢᠭ᠎ᠠ ᠪᠦᠬᠦ ᠬᠥᠮᠦᠰ ᠪᠠ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ᠂ ᠰᠢᠭᠦᠬᠦ ᠬᠤᠷᠢᠶᠠᠨ   ᠤ ᠣᠷᠣᠨ ᠲᠤᠭ᠎ᠠ ᠳᠤ ᠠᠵᠢᠯᠯᠠᠵᠤ ᠪᠠᠶᠢᠭ᠎ᠠ ᠺᠠᠳ᠋ᠷ ᠴᠠᠭᠳᠠᠭ᠎ᠠ ᠵᠢᠴᠢ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠳ ᠢ ᠪᠠᠭᠲᠠᠭᠠᠨ᠎ᠠ᠃ ︽ᠥᠪᠡᠷ ᠢᠶᠠᠨ ᠪᠠᠶᠢᠴᠠᠭᠠᠬᠤ ᠶᠢ ᠠᠭᠤᠴᠢᠯᠠᠨ ᠰᠢᠳᠬᠡᠬᠦ᠂ ᠪᠠᠶᠢᠴᠠᠭᠠᠭᠳᠠᠬᠤ ᠶᠢ ᠴᠢᠩᠭ᠎ᠠ ᠰᠢᠳᠬᠡᠬᠦ︾ ᠶᠢ ᠭᠤᠣᠯᠳᠠᠯᠭ᠎ᠠ ᠲᠠᠢ ᠪᠠᠷ ᠲᠤᠪᠤᠶᠢᠯᠭᠠᠵᠤ᠂ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ᠂ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠬᠤ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠤᠯᠠᠨ ᠢ ᠲᠦᠢᠪᠡᠭᠡᠭᠰᠡᠳ ᠢ ᠡᠷᠡᠰ ᠴᠡᠪᠡᠷᠯᠡᠨ ᠠᠷᠢᠯᠭᠠᠵᠤ᠂ ᠬᠠᠤᠯᠢ ᠪᠠᠷᠢᠬᠤ ᠳᠤ ᠭᠠᠷ ᠲᠦᠷᠦᠭᠦ ᠶᠢ ᠰᠡᠷᠭᠡᠶᠢᠯᠡᠬᠦ ︽ᠭᠤᠷᠪᠠᠨ ᠲᠣᠭᠲᠠᠭᠠᠯ︾ ᠢ ᠵᠥᠷᠢᠴᠡᠭᠰᠡᠨ ᠶᠠᠪᠤᠳᠠᠯ᠂ ᠲᠣᠭᠲᠠᠭᠠᠯ ᠠᠴᠠ ᠵᠥᠷᠢᠴᠡᠨ ᠬᠤᠳᠠᠯᠳᠤᠭ᠎ᠠ ᠡᠷᠭᠢᠯᠡᠵᠦ ᠠᠵᠤ ᠠᠬᠤᠶᠢᠯᠠᠯ ᠡᠷᠭᠢᠯᠡᠭᠰᠡᠨ ᠪᠠ ᠬᠤᠯᠪᠣᠰᠤ᠂ ᠦᠷ᠎ᠡ ᠬᠡᠤᠬᠡᠳ ᠵᠢᠴᠢ ᠲᠡᠳᠡᠨ ᠤ ᠬᠤᠯᠪᠣᠰᠤ ᠲᠣᠭᠲᠠᠭᠠᠯ ᠠᠴᠠ ᠵᠥᠷᠢᠴᠡᠨ ᠡᠵᠡᠩᠨᠡᠯᠲᠡ ᠶᠢᠨ ᠠᠵᠢᠯᠯᠠᠭ᠎ᠠ ᠬᠢᠭᠰᠡᠨ᠂ ᠲᠣᠭᠲᠠᠭᠠᠯ ᠢ ᠵᠥᠷᠢᠴᠡᠨ ᠬᠤᠪᠢ ᠣᠷᠣᠭᠤᠯᠤᠭᠰᠠᠨ ᠵᠢᠭᠡᠯᠡᠯᠭᠡ᠂ ᠲᠣᠭᠲᠠᠭᠠᠯ ᠢ ᠵᠥᠷᠢᠴᠡᠨ ᠬᠠᠤᠯᠢ ᠶᠢ ᠵᠥᠷᠢᠴᠡᠵᠦ ᠡᠷᠡᠭᠦᠦ ᠰᠢᠳᠬᠡᠯ ᠢ ᠨᠢ ᠬᠠᠰᠤᠬᠤ᠂ ᠲᠡᠩᠰᠡᠠ ᠰᠤᠯᠠᠯᠠᠬᠤ᠂ ᠲᠦᠷ ᠭᠢᠨᠳᠠᠨ ᠤ ᠭᠠᠳᠠᠨ᠎ᠠ ᠭᠦᠢᠴᠡᠳᠬᠡᠬᠦ᠂ ᠬᠡᠷᠡᠭ ᠪᠠᠶᠢᠲᠠᠯ᠎ᠠ ᠦᠯᠦ ᠳᠠᠩᠰᠠᠯᠠᠬᠤ᠂ ᠬᠡᠷᠡᠭ ᠢ  ᠳᠠᠷᠤᠵᠦ ᠦᠯᠦ ᠪᠠᠶᠢᠴᠠᠭᠠᠬᠤ᠂ ᠶᠠᠯ᠎ᠠ ᠲᠠᠢ ᠪᠠᠶᠢᠲᠠᠯ᠎ᠠ ᠦᠯᠦ ᠨᠡᠬᠡᠮᠵᠢᠯᠡᠬᠦ᠂ ᠰᠢᠭᠦᠬᠦ ᠲᠤᠰᠢᠶᠠᠯᠲᠠᠨ ᠪᠠᠶᠢᠴᠠᠭᠠᠬᠤ ᠲᠤᠰᠢᠶᠠᠯᠲᠠᠨ ᠲᠤᠰᠢᠶᠠᠯ ᠠᠴᠠ ᠪᠠᠨ ᠰᠠᠯᠤᠭᠰᠠᠨ ᠤ ᠲᠡᠷᠠᠭ᠎ᠠ ᠲᠣᠭᠲᠠᠭᠠᠯ ᠢ ᠵᠥᠷᠢᠴᠡᠨ ᠬᠠᠤᠯᠢᠴᠢ ᠶᠢᠨ ᠠᠵᠢᠯ ᠡᠷᠬᠢᠯᠡᠵᠦ᠂ ᠬᠠᠤᠯᠢ ᠴᠠᠭᠠᠵᠠ ᠶᠢᠨ ᠵᠠᠪᠰᠢᠭᠴᠢ ᠪᠤᠯᠤᠬᠰᠠᠨ᠂ ︽ᠵᠣᠭᠤᠰ ᠮᠥᠩᠭᠦᠨ ᠤ ᠬᠡᠷᠡᠭ︾᠂ ︽ᠬᠠᠷᠢᠴᠠᠭᠠᠨ ᠤ ᠬᠡᠷᠡᠭ︾᠂ ︽ᠨᠠᠶᠢᠷ ᠲᠠᠯ᠎ᠠ ᠶᠢᠨ ᠬᠡᠷᠡᠭ︾ ᠢ ᠰᠢᠢᠳᠪᠦᠷᠢᠯᠡᠬᠦ᠂ ᠬᠠᠤᠯᠢ ᠶᠢ ᠴᠢᠩᠭ᠎ᠠ ᠬᠡᠷᠡᠭᠵᠢᠭᠦᠯᠬᠦ ᠦᠭᠡᠢ᠂ ᠬᠠᠤᠯᠢ ᠪᠠᠷᠢᠬᠤ ᠳᠠᠭᠠᠨ ᠭᠤᠣᠯᠴᠢ ᠪᠤᠰᠤ ᠪᠠᠶᠢᠬᠤ ᠵᠡᠷᠭᠡ ᠲᠤᠯᠤᠭᠠᠨ ᠶᠡᠭᠡ ᠠᠷᠬᠠᠭ ᠭᠡᠮ ᠢ ᠲᠦᠢᠯᠪᠤᠷᠢᠲᠠᠶ ᠴᠡᠭᠴᠡᠯᠡᠨ ᠵᠠᠰᠠᠨ᠎ᠠ᠃ ᠪᠦᠬᠦ ᠲᠠᠯ᠎ᠠ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠢᠯᠵᠠᠷᠠᠯ ᠢ ᠡᠰᠡᠷᠭᠦᠴᠡᠨ ᠴᠠᠭᠳᠠᠭ᠎ᠠ ᠶᠢ ᠬᠦᠴᠦᠷᠬᠡᠭᠵᠢᠭᠦᠯᠵᠦ᠂ ᠬᠤᠪᠢᠰᠬᠠᠯᠵᠢᠬᠤ᠂ ᠵᠢᠩᠬᠢᠨᠢᠴᠢᠯᠡᠬᠦ᠂ ᠲᠤᠰᠬᠠᠶᠢᠵᠢᠬᠤ ᠪᠠᠶᠢᠭᠤᠯᠤᠯᠲᠠ ᠶᠢ ᠴᠢᠩᠭᠠᠳᠬᠠᠵᠤ᠂ ᠬᠥᠮᠦᠵᠢᠯ ᠴᠡᠭᠴᠡᠯᠡᠯᠲᠡ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠨᠠᠮ ᠪᠠ ᠠᠷᠠᠳ ᠲᠦᠮᠡᠨ ᠤ ᠢᠲᠡᠭᠡᠯ ᠲᠠᠢ᠂ ᠨᠠᠶᠢᠳᠠᠪᠤᠷᠢᠲᠠᠶ᠂ ᠰᠠᠨᠠᠭ᠎ᠠ ᠠᠮᠤᠷ ᠤᠯᠤᠰ ᠲᠦᠷᠦ ᠬᠠᠤᠯᠢ ᠴᠠᠭᠠᠵᠠ ᠶᠢᠨ ᠲᠡᠮᠤᠷ ᠵᠠᠮ ᠤᠨ ᠴᠡᠷᠢᠭ ᠢ ᠴᠢᠷᠮᠠᠶᠢᠨ ᠪᠠᠶᠢᠭᠤᠯᠵᠤ᠂ ᠥᠨᠳᠥᠷ ᠬᠢᠷᠢ ᠲᠦᠪᠰᠢᠨ ᠪᠦᠬᠦᠢ ᠠᠮᠤᠷ ᠠᠮᠤᠭᠤᠯᠠᠩ ᠬᠠᠶᠢᠨᠠᠨ᠂ ᠬᠠᠤᠯᠢ ᠪᠠᠷ ᠵᠠᠰᠠᠬᠤ ᠬᠠᠶᠢᠨᠠᠨ ᠢ ᠪᠠᠶᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠰᠢᠨ᠎ᠡ ᠳᠦᠷᠰᠦ ᠪᠠᠶᠢᠳᠠᠯ ᠪᠠ ᠤᠯᠤᠰ ᠣᠷᠣᠨ ᠤ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠲᠣᠭᠲᠠᠭᠤᠨ ᠢ ᠬᠠᠮᠠᠭᠠᠯᠠᠭᠰᠠᠨ ᠰᠢᠨ᠎ᠡ ᠠᠮᠵᠢᠯᠲᠠ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ᠃
     ᠯᠢᠦ ᠪᠢᠩ ᠵᠢᠭᠠᠵᠤ ᠭᠠᠷᠭᠠᠭᠰᠠᠨ ᠨᠢ᠂ ᠡᠨᠡ ᠤᠳᠠᠭᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠳᠤ᠂ ᠨᠢᠭᠡ ᠪᠦᠯᠦᠭ ᠱᠠᠮᠰᠢᠬᠤ᠂ ᠢᠯᠵᠠᠷᠠᠬᠤ᠂ ᠰᠢᠬᠦᠷ ᠲᠠᠢ ᠬᠤᠯᠪᠣᠭᠳᠠᠭᠰᠠᠨ ᠬᠡᠷᠡᠭ ᠢ ᠬᠦᠴᠦᠯᠡᠨ ᠪᠠᠶᠢᠴᠠᠭᠠᠨ ᠰᠢᠢᠳᠪᠦᠷᠢᠯᠡᠵᠦ᠂ ᠨᠢᠭᠡ ᠪᠦᠯᠦᠭ ︽ᠣᠯᠠᠨ ᠢ ᠲᠦᠢᠪᠡᠭᠡᠭᠰᠡᠨ ᠮᠣᠷᠢ︾ ᠶᠢ ᠴᠡᠪᠡᠷᠯᠡᠨ ᠠᠷᠢᠯᠭᠠᠵᠤ᠂ ᠨᠢᠭᠡ ᠪᠦᠯᠦᠭ ᠠᠷᠬᠠᠭ ᠭᠡᠮ ᠢ ᠴᠡᠭᠴᠡᠯᠡᠨ ᠵᠠᠰᠠᠵᠤ᠂ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠵᠦ᠂ ᠨᠢᠭᠡ ᠪᠦᠯᠦᠭ ᠤᠯᠤᠰ ᠲᠥᠷᠥ ᠬᠠᠤᠯᠢ ᠴᠠᠭᠠᠵᠠ ᠶᠢᠨ ᠪᠠᠭᠠᠲᠤᠷ ᠵᠢᠱᠢᠶᠡᠴᠢ ᠶᠢ ᠰᠣᠩᠭᠤᠨ ᠭᠠᠷᠭᠠᠵᠤ᠂ ᠨᠢᠭᠡ ᠪᠦᠯᠦᠭ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ︽ᠳᠥᠷᠪᠡᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ︾ ᠶᠢ ᠲᠠᠰᠤᠷᠠᠯᠲᠠ ᠦᠭᠡᠶ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠳᠤ ᠣᠷᠣᠰᠢᠵᠤ ᠪᠠᠶᠢᠭ᠎ᠠ ᠤᠯᠤᠰ ᠲᠦᠷᠦ ᠪᠠᠲᠤ ᠪᠤᠰᠤ᠂ ᠬᠠᠤᠯᠢ ᠴᠠᠭᠠᠵᠠ ᠠᠷᠢᠭᠤᠨ ᠴᠢᠬᠡᠴᠢ ᠪᠤᠰᠤ᠂ ᠬᠠᠤᠯᠢ ᠬᠡᠷᠡᠭᠵᠢᠭᠦᠯᠬᠦ ᠳᠡᠭᠡᠨ ᠭᠤᠣᠯᠴᠢ ᠪᠤᠰᠤ᠂ ᠤᠴᠢᠷ ᠶᠠᠪᠤᠳᠠᠯ ᠲᠣᠬᠢᠶᠠᠯᠳᠤᠪᠠᠯ ᠬᠠᠷᠢᠭᠤᠴᠠᠯᠭ᠎ᠠ ᠡᠭᠦᠷᠭᠡᠯᠡᠬᠦ ᠦᠭᠡᠢ᠂ ᠣᠪᠣᠷ ᠰᠤᠷᠲᠠᠯ ᠴᠢᠩᠭ᠎ᠠ ᠪᠢᠰᠢ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢ ᠰᠢᠢᠳᠪᠦᠷᠢᠯᠡᠬᠦ ᠦᠭᠡᠢ ᠪᠣᠯ ᠲᠠᠯᠪᠢᠬᠤ ᠦᠭᠡᠢ᠂ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ ᠦᠭᠡᠢ ᠪᠣᠯ ᠲᠠᠯᠪᠢᠬᠤ ᠦᠭᠡᠢ᠂ ᠤᠯᠠᠨ ᠲᠦᠮᠡᠨ ᠮᠡᠳᠡᠷᠡᠬᠦ ᠦᠭᠡᠢ ᠪᠣᠯ ᠵᠣᠭᠰᠣᠬᠤ ᠦᠭᠡᠢ ᠪᠠᠶᠢᠬᠤ ᠶᠢ ᠦᠨᠡᠨ ᠬᠦ ᠪᠡᠶᠡᠯᠡᠭᠦᠯᠵᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠤᠯᠤᠰ ᠲᠦᠷᠦ ᠶᠢᠨ ᠠᠮᠢ ᠠᠬᠤᠢ ᠶᠢ ᠬᠦᠴᠦᠲᠡᠢ ᠪᠥᠭᠡᠳ ᠪᠦᠲᠦᠮᠵᠢᠲᠡᠢ ᠪᠠᠷ ᠴᠡᠪᠡᠷᠰᠢᠭᠦᠯᠵᠦ᠂ ᠨᠠᠮ ᠪᠠ ᠠᠷᠠᠳ ᠲᠦᠮᠡᠨ ᠤ ᠢᠲᠡᠭᠡᠯᠲᠡᠢ᠂ ᠨᠠᠶᠢᠳᠠᠪᠤᠷᠢᠲᠠᠢ᠂ ᠰᠠᠨᠠᠭ᠎ᠠ ᠠᠮᠤᠷ ᠤᠯᠤᠰ ᠲᠦᠷᠦ ᠬᠠᠤᠯᠢ ᠴᠠᠭᠠᠵᠠ ᠶᠢᠨ ᠨᠢᠭᠡᠨ ᠰᠠᠯᠠᠭ᠎ᠠ ᠲᠡᠮᠦᠷ ᠴᠡᠷᠢᠭ ᠢ ᠴᠢᠷᠮᠠᠶᠢᠨ ᠪᠠᠶᠢᠭᠤᠯᠤᠨ᠎ᠠ ᠭᠡᠪᠡ᠃
     ᠯᠢᠦ ᠪᠢᠩ ᠬᠠᠶᠢᠨᠠᠨ ᠲᠤᠭᠤᠷᠢᠭ ᠤᠨ ᠨᠠᠮ ᠤᠨ ᠬᠤᠷᠢᠶ᠎ᠠ ᠶᠢ ᠲᠥᠯᠥᠭᠡᠯᠡᠨ ᠲᠥᠪ ᠴᠢᠩᠭ᠎ᠠ ᠠᠮᠠᠯᠠᠯᠲᠠ ᠬᠢᠪᠡ᠄      ᠨᠢᠭᠡ ᠳᠤ᠂ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠦᠨᠡᠨᠴᠢ ᠰᠢᠳᠤᠷᠭᠤ ᠪᠠᠶᠢᠬᠤ ᠰᠠᠭᠤᠷᠢ ᠶᠢ ᠬᠦᠴᠦᠯᠡᠨ ᠪᠠᠬᠢᠵᠢᠭᠦᠯᠦᠨ᠎ᠡ᠃ ᠦᠵᠡᠯ ᠰᠠᠨᠠᠭᠠᠨ ᠤ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠬᠤ ᠶᠢ ᠪᠠᠷᠢᠮᠲᠠᠯᠠᠵᠤ᠂ ︽ᠬᠠᠷᠢᠴᠠᠯᠠᠰᠢ ᠦᠭᠡᠢ ᠦᠨᠡᠨᠴᠢ ᠰᠢᠳᠤᠷᠭᠤ᠂ ᠬᠠᠷᠢᠴᠠᠯᠠᠰᠢ ᠦᠭᠡᠢ ᠠᠷᠢᠭᠤᠨ ᠴᠡᠪᠡᠷ᠂ ᠬᠠᠷᠢᠴᠠᠯᠠᠰᠢ ᠦᠭᠡᠢ ᠨᠠᠶᠢᠳᠠᠪᠤᠷᠢᠲᠠᠢ︾ ᠪᠠᠶᠢᠬᠤ ᠡᠨᠡᠬᠦ ᠦᠨᠳᠦᠰᠦᠨ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ︽ᠲᠦᠷᠪᠡᠨ ᠤᠬᠠᠮᠰᠠᠷ︾ ᠢᠶᠠᠨ ᠲᠠᠰᠤᠷᠠᠯᠳᠡ ᠦᠭᠡᠢ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢᠶᠠᠨ ᠲᠠᠰᠤᠷᠠᠯᠳᠡ ᠦᠭᠡᠢ  ᠳᠡᠭᠡᠭᠰᠢᠯᠡᠭᠦᠯᠦᠨ᠎ᠡ᠃ ᠬᠤᠶᠠᠷ ᠲᠤ ᠦᠨᠳᠦᠰᠦᠨ ᠠᠴᠠ ᠨᠢ ᠰᠢᠢᠳᠪᠦᠷᠢᠯᠡᠬᠦ ᠶᠢ ᠪᠠᠷᠢᠮᠲᠠᠯᠠᠵᠤ᠂  ︽ᠤᠯᠠᠨ ᠢ ᠲᠦᠢᠪᠡᠭᠡᠭᠰᠡᠨ ᠮᠣᠷᠢ︾ ᠶᠢ ᠬᠦᠴᠦᠯᠡᠨ ᠠᠷᠢᠯᠭᠠᠨ᠎ᠠ᠃ ᠡᠨᠡ ᠣᠳᠠᠭᠠᠨ ᠤ ᠬᠥᠮᠦᠵᠢᠯ ᠴᠡᠭᠴᠡᠯᠡᠯᠲᠡ ᠳᠤ ᠬᠤᠷᠢᠭᠠᠲᠤ ᠣᠷᠣᠨ ᠦᠭᠡᠢ᠂ ᠪᠦᠬᠦᠨ ᠢ ᠬᠠᠮᠤᠷᠬᠤ᠂ ᠥᠴᠦᠬᠡᠨ ᠴᠦ ᠬᠦᠯᠢᠴᠡᠬᠦ ᠦᠭᠡᠢ ᠪᠠᠶᠢᠬᠤ ᠶᠢ ᠪᠠᠷᠢᠮᠲᠠᠯᠠᠵᠤ᠂ ᠴᠢᠩᠭ᠎ᠠ ᠬᠤᠷᠢᠭᠯᠠᠬᠤ᠂ ᠴᠢᠩᠭ᠎ᠠ ᠳᠠᠷᠤᠯᠲᠠ ᠦᠵᠡᠭᠦᠯᠬᠦ᠂ ᠤᠷᠲᠤ ᠬᠤᠭᠤᠴᠠᠭ᠎ᠠ ᠪᠠᠷ ᠠᠶᠤᠯᠭᠠᠨ ᠰᠦᠷᠳᠡᠭᠦᠯᠬᠦ ᠶᠢ ᠪᠠᠷᠢᠮᠲᠠᠯᠠᠵᠤ᠂ ᠤᠯᠠᠨ ᠲᠦᠮᠡᠨ ᠳᠤ ᠬᠤᠣᠷ ᠬᠥᠨᠥᠭᠡᠯ ᠤᠴᠠᠷᠠᠭᠤᠯᠤᠭᠰᠠᠳ ᠢ ᠪᠦᠬᠦ ᠲᠠᠯ᠎ᠠ ᠪᠠᠷ ᠲᠦᠢᠯᠪᠤᠷᠢᠲᠠᠢ ᠴᠡᠪᠡᠷᠯᠡᠨ ᠠᠷᠢᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠡᠶ᠎ᠡ ᠴᠣᠭᠴᠠ ᠶᠢᠨ ᠡᠷᠡᠭᠦᠯ ᠮᠡᠨᠳᠦ ᠶᠢ ᠬᠠᠮᠠᠭᠠᠯᠠᠨ᠎ᠠ᠃ ᠭᠤᠷᠪᠠ ᠳᠤ᠂ ᠴᠢᠩᠭ᠎ᠠ ᠵᠠᠯᠠᠷᠠᠭᠤᠯᠵᠤ ᠪᠣᠳᠠᠲᠠᠢ ᠰᠠᠶᠢᠵᠢᠷᠠᠭᠤᠯᠬᠤ ᠶᠢ ᠪᠠᠲᠤᠯᠠᠵᠤ᠂ ᠠᠷᠬᠠᠭ ᠭᠡᠮ ᠢ ᠪᠦᠬᠦ ᠬᠦᠴᠦᠨ ᠢᠶᠠᠷ ᠢᠶᠠᠨ ᠴᠡᠭᠴᠡᠯᠡᠨ ᠵᠠᠰᠠᠨ᠎ᠠ᠃ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ ᠶᠢ ᠨᠥᠯᠥᠭᠡᠯᠡᠵᠦ ᠪᠠᠶᠢᠭ᠎ᠠ ︽ᠲᠤᠯᠤᠭᠠᠨ ᠶᠡᠭᠡ ᠠᠷᠬᠠᠭ ᠭᠡᠮ︾ ᠢ ᠭᠤᠣᠯᠳᠠᠯᠭ᠎ᠠ ᠲᠠᠢ ᠪᠠᠷ ᠴᠡᠭᠴᠡᠯᠡᠨ ᠵᠠᠰᠠᠵᠤ᠂ ᠪᠠᠶᠢᠴᠠᠭᠠᠨ ᠳᠡᠯᠭᠡᠵᠦ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠵᠦᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ᠂ ᠬᠥᠮᠦᠵᠢᠯ ᠴᠡᠭᠴᠡᠯᠡᠯᠲᠡ ᠶᠢ ᠪᠠᠶᠢᠩᠭᠤᠵᠢᠭᠤᠯᠬᠤ ᠪᠠ ᠤᠷᠳᠤ ᠬᠤᠭᠤᠴᠠᠭᠠᠨ ᠤ ᠪᠦᠲᠦᠮᠵᠢᠲᠡᠶ ᠪᠣᠯᠭᠠᠬᠤ ᠶᠢ ᠲᠦᠯᠬᠢᠨ ᠠᠬᠢᠭᠤᠯᠤᠨ᠎ᠠ᠃
     ᠯᠢᠦ ᠶᠦᠩ ᠱᠠᠭᠠᠷᠳᠠᠭᠰᠠᠨ ᠨᠢ᠂ ᠲᠣᠰ ᠤᠳᠠᠭᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠪᠣᠯ ᠨᠠᠮ ᠤᠨ ᠲᠥᠪ ᠬᠤᠷᠢᠶ᠎ᠠ ᠠᠴᠠ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠥᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠡᠯ᠎ᠡ ᠱᠠᠲᠤᠨ ᠤ ᠵᠠᠭᠤᠴᠢᠯᠠᠭᠤᠷ ᠤᠨ ᠬᠢᠨ ᠣᠯᠠᠨ ᠵᠦᠢᠯ ᠤᠨ ᠤᠯᠠᠮᠵᠢᠯᠠᠨ ᠲᠠᠷᠬᠠᠭᠠᠬᠤ ᠠᠷᠭ᠎ᠠ ᠪᠠᠷᠢᠯ ᠢᠶᠠᠨ ᠭᠦᠢᠴᠡᠳ ᠪᠠᠳᠠᠷᠠᠭᠤᠯᠵᠤ᠂ ᠵᠠᠭᠤᠴᠢᠯᠠᠭᠤᠷ ᠤᠨ ᠠᠭᠤᠰᠤᠯᠴᠠᠭᠰᠠᠨ ᠬᠥᠭᠵᠢᠯᠲᠡ ᠶᠢᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠰᠢᠯᠵᠢᠭᠡ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠣᠯᠠᠨ ᠲᠦᠮᠡᠨᠴᠢᠯᠡᠭᠰᠡᠨ ᠦᠭᠡ ᠬᠡᠯᠡ᠂ ᠠᠮᠠᠷᠬᠠᠨ ᠤᠯᠠᠮᠵᠢᠯᠠᠭᠳᠠᠬᠤ ᠬᠡᠯᠪᠡᠷᠢ ᠪᠠᠷ ᠪᠠᠶᠠᠯᠢᠭ ᠣᠯᠠᠨ ᠶᠠᠩᠵᠤ ᠶᠢᠨ ᠬᠠᠮ ᠵᠠᠭᠤᠴᠢᠯᠠᠭᠤᠷ ᠤᠨ ᠰᠣᠳᠣᠨ ᠪᠦᠲᠦᠭᠡᠯ ᠢ ᠤᠬᠠᠭᠠᠯᠠᠨ ᠭᠠᠷᠭᠠᠵᠤ᠂ ᠦᠬᠠᠶ ᠬᠤᠲᠠ ᠶᠢᠨ ᠡᠯ᠎ᠡ ᠱᠠᠲᠤᠨ ᠤ ᠵᠠᠭᠤᠴᠢᠯᠠᠭᠤᠷ ᠯᠤᠭ᠎ᠠ ᠬᠠᠷᠢᠯᠴᠠᠨ ᠦᠢᠯᠡᠳᠦᠯᠴᠡᠬᠦ ᠪᠠᠨ ᠴᠢᠩᠭᠠᠳᠬᠠᠵᠤ᠂ ᠥᠷᠭᠡᠨ ᠢᠶᠠᠷ ᠳᠠᠮᠵᠢᠭᠤᠯᠵᠤ᠂ ᠤᠯᠠᠮᠵᠢᠯᠠᠨ ᠲᠠᠷᠬᠠᠭᠠᠬᠤ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠤᠯᠠᠮᠵᠢᠯᠠᠨ ᠲᠠᠷᠬᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠶᠢᠨᠠᠨ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ᠂ ᠭᠦᠨ ᠲᠠᠰ ᠳᠠᠪᠬᠤᠷᠭ᠎ᠠ ᠪᠠᠷ ᠰᠠᠶᠢᠲᠤᠷ ᠤᠬᠠᠭᠤᠯᠵᠤ᠂ ᠬᠠᠶᠢᠨᠠᠨ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠬᠤᠯᠪᠣᠭᠳᠠᠯ ᠪᠥᠬᠦᠶ ᠪᠠᠶᠢᠳᠠᠯ ᠢ ᠦᠨᠡᠨᠬᠦ ᠰᠠᠶᠢᠲᠤᠷ ᠤᠬᠠᠭᠤᠯᠵᠤ᠂ ᠬᠠᠶᠢᠨᠠᠨ ᠲᠣᠭᠤᠷᠢᠭ ᠤᠨ ᠬᠥᠮᠦᠵᠢᠯ ᠴᠡᠭᠴᠡᠯᠡᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠠᠮᠢᠵᠢᠷᠠᠯ ᠤᠨ ᠬᠦᠴᠦᠨ ᠪᠢᠯᠬᠠᠬᠰᠠᠨ ᠬᠠᠶᠢᠨᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号