ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠬᠠᠶᠢᠨᠠᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠯᠤᠭᠤᠳᠪᠠ
ᠨᠡᠶᠢᠲᠡᠯᠡᠭᠰᠡᠨ ᠴᠠᠭ᠄
2021/3/19
     3 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠮᠠᠨ ᠤ ᠲᠤᠭᠤᠷᠢᠭ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠠ ᠴᠢᠩ ᠳ᠋ᠦᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠦ ᠶᠦᠩ ᠲᠤᠭᠤᠷᠢᠭ ᠤᠨ ᠨᠠᠮ ᠤᠨ ᠬᠤᠷᠢᠶ᠎ᠠ ᠶᠢ ᠲᠥᠯᠥᠭᠡᠯᠡᠨ ᠠᠵᠢᠯ ᠢᠶᠠᠨ ᠬᠠᠷᠢᠭᠤ ᠮᠡᠳᠡᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠧᠦ ᡁᠢ ᠨᠢᠩ ᠶᠠᠷᠢᠶ᠎ᠠ ᠲᠠᠯᠪᠢᠵᠠᠢ᠃
     ᠵᠧᠦ ᡁᠢ ᠨᠢᠩ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠭᠦᠢᠴᠡᠳ ᠨᠤᠲᠠᠯᠠᠵᠤ᠂ ᠬᠠᠶᠢᠨᠠᠨ ᠲᠣᠭᠤᠷᠢᠭ ᠤᠨ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠦᠨᠡᠬᠢ ᠬᠤᠭᠤᠴᠠᠭᠠᠨ ᠤ ᠠᠵᠢᠯ ᠤᠨ ᠪᠡᠯᠡᠳᠬᠡᠯ ᠭᠦᠢᠴᠡᠳ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠬᠦᠴᠦᠲᠡᠢ᠂ ᠠᠵᠢᠯ ᠤᠨ ᠠᠷᠭ᠎ᠠ ᠬᠡᠮᠵᠢᠶ᠎ᠡ ᠯᠠᠪᠳᠠᠭᠤᠨ ᠪᠠᠲᠤᠲᠠᠢ ᠪᠠᠶᠢᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠥᠨᠳᠥᠷ ᠪᠠᠷᠢᠮᠵᠢᠶ᠎ᠠ ᠪᠠᠷ ᠡᠬᠢᠯᠡᠬᠦ᠂ ᠴᠢᠨᠠᠷ ᠰᠠᠶᠢᠲᠠᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ ᠭᠡᠵᠦ ᠦᠵᠡᠪᠡ᠃
     ᠵᠧᠦ ᡁᠢ ᠨᠢᠩ ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠷᠠᠭᠠᠴᠢ ᠶᠢᠨ ᠠᠯᠬᠤᠮ ᠤᠨ ᠠᠵᠢᠯ ᠳᠤ ᠭᠤᠷᠪᠠᠨ ᠱᠠᠭᠠᠷᠳᠠᠯᠭ᠎ᠠ ᠳᠤᠷᠠᠳᠴᠠᠢ᠂ ᠨᠢᠭᠡ ᠳᠤ᠂ ᠰᠤᠷᠤᠯᠴᠠᠯᠭ᠎ᠠ ᠬᠥᠮᠦᠵᠢᠯ ᠢ ᠪᠦᠬᠦ ᠵᠢᠯ ᠤᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ᠂ ᠨᠠᠷᠢᠨ᠂ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠨ᠂ ᠤᠳᠤᠷᠢᠳᠤᠯᠭ᠎ᠠ ᠡᠷᠴᠢᠮᠲᠡᠢ᠂ ᠠᠷᠭ᠎ᠠ ᠬᠡᠮᠵᠢᠶ᠎ᠡ ᠡᠷᠴᠢᠮᠲᠡᠢ᠂ ᠠᠬᠢᠭᠤᠯᠤᠯ ᠡᠷᠴᠢᠮᠲᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠩᠬᠠᠨ ᠤ ᠬᠢᠴᠢᠶᠡᠯ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ᠂ ᠬᠠᠷᠠᠯᠲᠠ ᠱᠠᠭᠠᠷᠳᠠᠯᠭ᠎ᠠ ᠵᠢᠴᠢ ᠶᠠᠭᠤᠨ ᠤ ᠤᠴᠢᠷ ᠠᠴᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠪᠦᠬᠦ ᠵᠢᠯ ᠤᠨ ᠰᠤᠷᠤᠯᠴᠠᠯᠭ᠎ᠠ ᠬᠥᠮᠦᠵᠢᠯ ᠤᠨ ᠠᠵᠢᠯ ᠢ ᠵᠢᠯᠣᠭᠤᠳᠤᠨ ᠰᠠᠶᠢᠲᠤᠷ ᠥᠷᠨᠢᠭᠦᠯᠬᠦ ᠬᠡᠷᠡᠭᠲᠡᠢ᠃ ᠬᠤᠶᠠᠷ ᠲᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠤᠯᠴᠠᠯᠭ᠎ᠠ ᠬᠥᠮᠦᠵᠢᠯ ᠢ ᠪᠦᠬᠦᠯᠢ ᠴᠣᠭᠴᠠ ᠪᠠᠷ ᠳᠥᠯᠭᠢᠨ ᠠᠬᠢᠭᠤᠯᠵᠤ᠂ ᠡᠮᠬᠢ ᠵᠢᠷᠤᠮ ᠲᠠᠢ ᠥᠷᠨᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠵᠥᠪᠯᠡᠭᠴᠢ ᠶᠢᠨ ᠬᠠᠪᠰᠤᠷᠤᠭᠴᠢ ᠶᠢᠨ  ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠶᠡᠷᠦᠩᠬᠡᠶ ᠳᠤᠨᠢ ᠲᠥᠯᠥᠪᠵᠢᠭᠦᠯᠬᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠡᠭᠦᠷᠭᠡ ᠴᠢᠳᠠᠪᠤᠷᠢ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠬᠡᠷᠡᠭᠲᠡᠶ᠃ ᠭᠤᠣᠯᠳᠠᠯᠭ᠎ᠠ ᠶᠢ ᠡᠵᠡᠮᠳᠡᠬᠦ ᠶᠢ ᠴᠢᠬᠤᠯᠠᠴᠢᠯᠠᠵᠤ᠂ ᠲᠦᠷᠦᠯ ᠬᠤᠪᠢᠶᠠᠨ ᠵᠢᠯᠣᠭᠤᠳᠬᠤ ᠶᠢ ᠴᠢᠩᠭᠠᠳᠬᠠᠨ᠂ ᠤᠯᠠᠨ ᠶᠠᠩᠵᠤ ᠶᠢᠨ ᠬᠡᠯᠪᠡᠷᠢ ᠲᠠᠢ᠂ ᠦᠵᠡᠵᠦ ᠰᠣᠨᠢᠷᠬᠠᠬᠤ ᠳᠤᠷᠠᠲᠠᠢ ᠠᠵᠢᠯᠯᠠᠭ᠎ᠠ ᠶᠢ ᠠᠪᠴᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠢ ᠥᠷᠨᠢᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠨ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠨᠠᠮ ᠤᠨ ᠲᠡᠦᠬᠡ ᠶᠢᠨ ᠲᠤᠬᠠᠶ ᠵᠥᠪ ᠦᠵᠡᠯᠲᠡ ᠶᠢ ᠪᠤᠢ ᠪᠣᠯᠭᠠᠵᠤ᠂ ᠲᠡᠦᠬᠡ ᠶᠢᠨ ᠦᠭᠡᠶᠢᠰᠬᠡᠬᠦ ᠦᠵᠡᠯ ᠢ ᠡᠷᠡᠰ ᠲᠡᠪᠴᠢᠵᠦ᠂ ᠡᠰᠡᠷᠭᠦᠴᠡᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠢᠯᠠᠩᠭᠤᠶ᠎ᠠ ᠤᠯᠤᠰ ᠲᠦᠷᠦ ᠶᠢᠨ ᠰᠠᠬᠢᠯᠭ᠎ᠠ ᠪᠠᠲᠤ ᠶᠢ ᠠᠩᠬᠠᠷᠴᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠨᠠᠮ ᠤᠨ ᠲᠥᠪ  ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ ᠭᠡᠪᠡ᠃
 
ᠢᠷᠡᠯᠲᠡ᠄ ᠠᠮᠢᠵᠢᠷᠠᠯ ᠤᠨ ᠬᠦᠴᠦᠨ ᠪᠢᠯᠬᠠᠬᠰᠠᠨ ᠬᠠᠶᠢᠨᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号