ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ ᠰᠦᠨ ᠯᠧ ᠰᠤᠷᠭᠠᠭᠤᠯᠢ ᠡᠬᠢᠯᠡᠬᠦ ᠠᠵᠢᠯ ᠢ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/3/2
     3 ᠳ᠋ᠣᠭᠠᠷ ᠰᠠᠷ᠎ᠠ ᠶᠢᠨ 1 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠰᠦᠨ ᠯᠧ ᠬᠠᠶᠢᠨᠠᠨ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠤᠯᠭ᠎ᠠ ᠡᠬᠢᠯᠡᠭᠰᠡᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠵᠠᠰᠠᠭ ᠤᠨ ᠣᠷᠳᠣᠨ ᠤ ᠰᠤᠷᠭᠠᠨ ᠬᠥᠮᠦᠵᠢᠯ  ᠤᠨ ᠱᠠᠯᠠᠪᠳᠠᠭᠤᠯᠤᠨ ᠵᠢᠯᠣᠭᠤᠳᠬᠤ ᠲᠠᠰᠤᠭ᠂ ᠲᠣᠭᠤᠷᠢᠭ ᠤᠨ ᠵᠢᠭᠠᠨ ᠰᠤᠳᠤᠯᠬᠤ ᠲᠠᠰᠤᠭ ᠵᠡᠷᠭᠡ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠤᠯᠵᠤ ᠪᠠᠶᠢᠴᠠᠭᠠᠨ ᠰᠤᠳᠤᠯᠪᠠ᠃
     ᠰᠦᠨ ᠯᠧ ᠨᠠᠷ ᠤᠷᠢᠳ ᠬᠤᠵᠢᠳ ᠦᠬᠠᠢ ᠬᠤᠳᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ᠂ ᠬᠠᠶᠢᠨᠠᠨ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ᠂ ᠬᠠᠶᠢᠨᠠᠨ ᠲᠣᠭᠤᠷᠢᠭ ᠤᠨ ᠳᠥᠷᠪᠡᠳᠦᠭᠡᠷ ᠪᠠᠭ᠎ᠠ ᠰᠤᠷᠭᠠᠭᠤᠯᠢ᠂ ᠬᠠᠶᠢᠨᠠᠨ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ ᠵᠡᠷᠭᠡ 4 ᠰᠤᠷᠭᠠᠭᠤᠯᠢ ᠳᠤ ᠬᠦᠷᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠤᠷᠭᠠᠭᠤᠯᠢ ᠡᠬᠢᠯᠡᠬᠦ ᠠᠭᠤᠷ ᠠᠮᠢᠰᠬᠤᠯ ᠢ ᠪᠤᠢ ᠪᠣᠯᠭᠠᠬᠤ᠂ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠬᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ᠂ ᠰᠤᠷᠭᠠᠭᠤᠯᠢ ᠶᠢᠨ ᠬᠦᠷᠢᠶᠡᠨ ᠤ ᠭᠠᠷ ᠤᠲᠠᠰᠤᠨ ᠤ ᠬᠠᠮᠢᠶᠠᠷᠤᠯᠲᠠ᠂ ᠸᠢᠳᠢᠣ᠋ ᠪᠡᠶ᠎ᠡ ᠶᠢᠨ ᠬᠠᠯᠠᠭᠤᠨ ᠢ ᠬᠡᠮᠵᠢᠬᠦ ᠰᠢᠰᠲ᠋ᠧᠮ ᠵᠡᠷᠭᠡ ᠠᠵᠢᠯ ᠢ ᠱᠠᠯᠠᠪᠳᠠᠭᠤᠯᠤᠨ ᠪᠠᠶᠢᠴᠠᠭᠠᠵᠦ᠂ ᠡᠯ᠎ᠡ ᠰᠤᠷᠭᠠᠭᠤᠯᠢ ᠶᠢᠨ ᠬᠦᠷᠢᠶᠡᠨ ᠤ ᠪᠡᠯᠡᠳᠬᠡᠯ ᠠᠵᠢᠯ ᠢ ᠭᠦᠶᠴᠡᠳ ᠨᠤᠲᠠᠯᠠᠬᠤ ᠶᠢᠨ ᠬᠠᠮᠲᠤ ᠬᠦᠷᠦᠯᠴᠡᠬᠦ ᠥᠬᠡᠶ ᠲᠠᠯ᠎ᠠ ᠵᠢᠴᠢ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠵᠢᠭᠠᠵᠤ ᠭᠠᠷᠭᠠᠬᠤ ᠶᠢᠨ ᠬᠠᠮᠲᠤ ᠰᠤᠷᠭᠠᠭᠤᠯᠢ ᠶᠢ ᠠᠮᠤᠷ ᠲᠦᠪᠰᠢᠨ ᠤ ᠲᠣᠭᠲᠠᠭᠤᠨ ᠡᠵᠡᠮᠳᠡᠯ ᠢᠶᠠᠨ ᠴᠢᠩᠭᠠᠳᠬᠠᠵᠤ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠨᠠᠷᠢᠯᠢᠬᠵᠢᠭᠤᠯᠬᠤ ᠬᠡᠷᠡᠭᠲᠡᠶ ᠭᠡᠵᠦ ᠵᠠᠬᠢᠪᠠ᠃
     ᠦᠬᠠᠶ ᠬᠤᠲᠠ ᠶᠢᠨ ᠠᠷᠪᠠᠨ ᠨᠠᠶᠮᠠᠳᠤᠭᠠᠷ ᠳᠤᠮᠳᠠᠳᠤ ᠰᠤᠷᠭᠠᠭᠤᠯᠢ ᠶᠢᠨ ᠤᠳᠠᠯ ᠥᠬᠡᠶ ᠥᠷᠨᠢᠭᠦᠯᠬᠦ ᠭᠡᠵᠦ ᠪᠠᠶᠢᠭ᠎ᠠ ᠪᠢᠲᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠲᠠ ᠶᠢᠨ ᠲᠤᠬᠠᠶ ᠯᠠᠪᠯᠠᠨ ᠠᠰᠠᠭᠤᠭᠰᠠᠨ ᠪᠠ ᠪᠠᠶᠢᠴᠠᠭᠠᠨ ᠦᠵᠡᠵᠦ᠂ ᠰᠤᠷᠭᠠᠭᠤᠯᠢ ᠶᠢᠨ ᠬᠠᠷᠠᠭᠠᠨ ᠳᠠᠪᠲᠠᠮᠵᠢ ᠶᠢᠨ ᠪᠡᠶ᠎ᠡ ᠶᠢᠨ ᠬᠠᠯᠠᠭᠤᠨ ᠢ ᠬᠡᠮᠵᠢᠬᠦ ᠰᠢᠰᠲ᠋ᠧᠮ᠂ ᠰᠤᠷᠤᠭᠴᠢᠳ  ᠤᠨ ᠪᠠᠶᠢᠷᠢ᠂ ᠬᠤᠭᠤᠯᠠᠨ ᠬᠡᠷ ᠢ ᠪᠠᠶᠢᠴᠠᠭᠠᠨ ᠦᠵᠡᠵᠦ᠂ ᠰᠤᠷᠤᠭᠴᠢᠳ ᠤᠨ ᠰᠤᠷᠭᠠᠭᠤᠯᠢ ᠳᠠᠬᠢ ᠰᠤᠷᠤᠯᠭ᠎ᠠ ᠪᠠ ᠠᠮᠢᠳᠤᠷᠠᠯ ᠤᠨ ᠲᠣᠬᠢᠷᠠᠭᠤᠯᠤᠯᠲᠠ ᠶᠢᠨ ᠨᠠᠷᠢᠨ ᠵᠦᠶᠯᠡᠰ ᠢ ᠯᠠᠪᠯᠠᠨ ᠠᠰᠠᠭᠤᠵᠤ᠂ ᠰᠤᠷᠭᠠᠭᠤᠯᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠢᠭᠡᠳ ᠨᠢᠭᠡ ᠪᠠᠷ ᠨᠠᠷᠢᠨ ᠲᠣᠳᠣᠷᠬᠠᠶ ᠬᠠᠷᠢᠭᠤᠯᠲᠠ ᠥᠭᠪᠡ᠃ ᠰᠦᠨ ᠯᠧ᠄ ᠰᠤᠷᠭᠠᠭᠤᠯᠢ ᠲᠤᠶᠢᠯ ᠤᠨ ᠬᠠᠷᠢᠭᠤᠴᠠᠯᠭ᠎ᠠ ᠲᠠᠢ ᠣᠪᠣᠷ ᠢᠶᠠᠷ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠷᠢᠯᠢᠭ ᠠᠴᠠ ᠨᠠᠷᠢᠯᠢᠭ᠂ ᠨᠢᠭᠲᠠ ᠠᠴᠠ ᠨᠢᠭᠲᠠ ᠨᠠᠶᠢᠳᠠᠪᠤᠷᠢᠵᠢᠭᠤᠯᠵᠤ᠂ ᠰᠤᠳᠤᠯᠤᠨ ᠮᠠᠭᠠᠳᠯᠠᠵᠤ ᠦᠨᠡᠯᠡᠨ ᠵᠢᠱᠢᠬᠦ ᠶᠢ ᠴᠢᠩᠭᠠᠳᠬᠠᠵᠤ᠂ ᠡᠷᠡᠭᠦᠯ ᠮᠡᠨᠳᠦ ᠶᠢᠨ ᠰᠢᠭᠰᠢᠨ ᠪᠠᠶᠢᠴᠠᠭᠠᠯᠲᠠ ᠶᠢ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ  ᠶᠢ ᠴᠢᠩᠭᠠᠳᠬᠠᠵᠤ᠂ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠨ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠣᠷᠣᠵᠤ ᠭᠠᠷᠬᠤ ᠬᠠᠮᠢᠶᠠᠷᠤᠯᠲᠠ ᠶᠢᠨ ᠲᠦᠷᠢᠮ ᠢ ᠴᠢᠩᠳᠠᠯᠠᠵᠤ᠂ ᠪᠦᠬᠦ ᠠᠵᠢᠯᠳᠠᠨ᠂ ᠪᠦᠬᠦ ᠶᠠᠪᠤᠴᠠ᠂ ᠪᠦᠬᠦ ᠲᠠᠯ᠎ᠠ  ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃
     ᠡᠯ᠎ᠡ ᠰᠤᠷᠭᠠᠭᠤᠯᠢ ᠶᠢᠨ ᠬᠦᠷᠢᠶᠡᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠰᠦᠨ ᠯᠧ᠂ ᠡᠯ᠎ᠡ ᠰᠤᠷᠭᠠᠭᠤᠯᠢ ᠶᠢᠨ ᠬᠢᠨ ᠰᠤᠷᠭᠠᠨ ᠬᠥᠮᠦᠵᠢᠯ ᠤᠨ ᠶᠠᠮᠤᠨ ᠤ ᠪᠠᠶᠢᠷᠢᠯᠠᠭᠤᠯᠤᠯᠲᠠ ᠶᠣᠰᠣᠭᠠᠷ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ᠂ ᠰᠢᠨᠵᠢᠯᠡᠬᠦ ᠤᠬᠠᠭᠠᠨᠴᠢ ᠣᠨᠣᠴᠠᠲᠠᠢ ᠪᠠᠷ᠂ ᠪᠦᠬᠦ ᠲᠠᠯ᠎ᠠ ᠪᠠᠷ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠪᠠᠭᠰᠢ ᠰᠤᠷᠤᠭᠴᠢᠳ  ᠤᠨ ᠡᠷᠡᠭᠦᠯ ᠮᠡᠨᠳᠦ ᠶᠢᠨ ᠪᠠᠶᠢᠳᠠᠯ ᠪᠠ ᠠᠶᠠᠯᠠᠯ ᠤᠨ ᠵᠠᠮ ᠢ ᠣᠨᠣᠪᠴᠢᠲᠠᠶ ᠡᠵᠡᠮᠰᠢᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠴᠠᠭ ᠲᠤᠨᠢ ᠲᠣᠬᠢᠷᠠᠭᠤᠯᠤᠨ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ ᠮᠡᠳᠡᠭᠡ ᠵᠠᠩᠬᠢᠴᠢᠯᠠᠯᠲᠠ  ᠶᠢᠨ ᠠᠷᠭ᠎ᠠ ᠪᠠᠷᠢᠯ ᠢ ᠢᠳᠡᠪᠬᠢᠲᠡᠶ ᠬᠡᠷᠡᠭᠯᠡᠨ᠂ ᠰᠤᠷᠭᠠᠭᠤᠯᠢ ᠶᠢᠨ ᠡᠭᠦᠳᠡ ᠪᠠᠷ ᠣᠷᠣᠵᠤ ᠭᠠᠷᠬᠤ ᠳᠥᠭᠦᠮ ᠳᠥᠲᠡ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠡᠳᠦᠷ ᠲᠤᠲᠤᠮ ᠤᠨ ᠪᠠᠶᠢᠴᠠᠭᠠᠯᠲᠠ ᠪᠠ ᠰᠤᠷᠭᠠᠭᠤᠯᠢ ᠶᠢᠨ ᠬᠦᠷᠢᠶᠡᠨ ᠤ ᠬᠢᠵᠢᠭ ᠢ ᠰᠡᠷᠭᠡᠶᠢᠯᠡᠵᠦ ᠠᠷᠢᠭᠤᠳᠬᠠᠬᠤ ᠠᠵᠢᠯ ᠢ ᠦᠨᠡᠨ ᠬᠦ ᠰᠠᠶᠢᠲᠤᠷ ᠬᠢᠵᠦ᠂ ᠰᠤᠷᠤᠭᠴᠢᠳ ᠤᠨ ᠰᠡᠳᠬᠢᠴᠡ ᠶᠢᠨ ᠵᠢᠯᠣᠭᠤᠳᠣᠯᠭ᠎ᠠ ᠬᠥᠮᠦᠵᠢᠯ ᠪᠠ ᠰᠤᠷᠭᠠᠭᠤᠯᠢ ᠶᠢᠨ ᠬᠦᠷᠢᠶᠡᠨ  ᠤ ᠳᠣᠷᠣᠮᠵᠢᠯᠠᠯ ᠤᠨ ᠬᠡᠷᠡᠭ ᠤᠨ ᠰᠡᠷᠭᠡᠶᠢᠯᠡᠯᠲᠡ ᠶᠢ ᠰᠠᠶᠢᠲᠤᠷ ᠬᠢᠵᠦ᠂ ᠰᠤᠷᠭᠠᠭᠤᠯᠢ ᠳᠤ ᠣᠷᠣᠬᠤ ᠳᠤ ᠪᠠᠭᠰᠢ ᠰᠤᠷᠤᠭᠴᠢᠳ ᠤᠨ ᠪᠡᠶ᠎ᠡ ᠶᠢᠨ ᠬᠠᠯᠠᠭᠤᠨ ᠢ ᠬᠡᠮᠵᠢᠬᠦ ᠪᠠ ᠬᠡᠷ ᠤᠨ ᠠᠬᠠᠮᠠᠳ ᠢ ᠲᠠᠷᠬᠠᠭᠠᠨ ᠶᠠᠪᠤᠭᠤᠯᠬᠤ ᠠᠵᠢᠯ ᠢ ᠡᠮᠬᠢ ᠵᠢᠷᠤᠮ ᠲᠠᠢ ᠥᠨᠳᠥᠷ ᠪᠦᠲᠦᠮᠵᠢᠲᠡᠶ ᠰᠠᠶᠢᠲᠤᠷ ᠬᠢᠵᠦ᠂ ᠰᠤᠷᠭᠠᠭᠤᠯᠢ ᠶᠢᠨ ᠡᠭᠦᠳᠡ ᠵᠢᠴᠢ ᠡᠷᠬᠢᠨ ᠲᠣᠭᠤᠷᠢᠨ  ᠤ ᠵᠠᠮ ᠬᠠᠷᠢᠯᠴᠠᠭᠠᠨ ᠤ ᠲᠦᠭᠵᠢᠷᠡᠯ ᠢ ᠦᠨᠡᠨ ᠬᠦ ᠰᠡᠷᠭᠡᠶᠢᠯᠡᠨ ᠬᠤᠷᠢᠭᠯᠠᠵᠤ᠂ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠠᠮᠢᠵᠢᠷᠠᠯ ᠤᠨ ᠬᠦᠴᠦᠨ ᠪᠢᠯᠬᠠᠬᠰᠠᠨ ᠬᠠᠶᠢᠨᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号