︽ᠲᠦᠭᠡᠮᠡᠯ ᠬᠠᠶᠢᠷ᠎ᠠ ᠡᠷᠡᠭᠦᠯ ᠮᠡᠨᠳᠦ ᠶᠢᠨ ᠠᠶᠠᠯᠠᠯ᠂  ᠬᠠᠶᠢᠷ᠎ᠠ ᠬᠠᠯᠠᠮᠵᠢ ᠶᠢᠨ ᠪᠡᠯᠡᠭ ᠤᠨ ᠪᠤᠬᠴᠤ ᠬᠦᠷᠭᠡᠬᠦ︾ ᠠᠵᠢᠯᠯᠠᠭ᠎ᠠ ᠬᠠᠶᠢᠨᠠᠨ ᠲᠣᠭᠤᠷᠢᠭ ᠤᠨ ᠳᠥᠷᠪᠡᠳᠦᠭᠡᠷ ᠪᠠᠭ᠎ᠠ ᠰᠤᠷᠭᠠᠭᠤᠯᠢ ᠳᠤ ᠣᠷᠣᠪᠠ
ᠨᠡᠶᠢᠲᠡᠯᠡᠭᠰᠡᠨ ᠴᠠᠭ᠄
2021/3/26
     ᠶᠠᠳᠠᠭᠤ ᠬᠦᠴᠢᠷᠳᠡᠯᠲᠡᠶ ᠭᠡᠷ ᠪᠦᠯᠢ ᠶᠢᠨ ᠬᠡᠦᠬᠡᠳ ᠢᠯᠠᠩᠭᠤᠶ᠎ᠠ ᠥᠮᠥᠭ ᠲᠦᠰᠢᠭ ᠦᠭᠡᠶ ᠬᠡᠦᠬᠡᠳ ᠢ ᠬᠠᠪᠰᠤᠷᠤᠨ ︽ᠠᠷᠢᠭᠤᠨ ᠴᠡᠪᠡᠷ ᠢ ᠡᠷᠬᠢᠮᠯᠡᠬᠦ︾ ᠰᠠᠶᠢᠨ ᠳᠠᠳᠬᠠᠯ ᠲᠠᠢ ᠪᠤᠯᠭᠠᠵᠦ᠂ ᠰᠤᠷᠤᠭᠴᠢᠳ ᠤᠨ ᠡᠷᠡᠭᠦᠯ ᠮᠡᠨᠳᠦ᠂ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ︽ᠨᠠᠮ ᠤᠨ ᠭᠡᠰᠢᠭᠦᠨ ᠪᠡᠶ᠎ᠡ ᠶᠢᠨ ᠭᠠᠷᠤᠯ ᠢᠶᠠᠨ ᠢᠯᠡᠷᠡᠭᠦᠯᠵᠦ᠂ ᠠᠷᠠᠳ ᠲᠤ ᠪᠣᠳᠠᠲᠠᠶ ᠠᠵᠢᠯ ᠬᠢᠬᠦ︾ ᠠᠵᠢᠯᠯᠠᠭ᠎ᠠ ᠶᠢᠨ ᠤᠷᠢᠶᠠᠯᠠᠭ᠎ᠠ ᠶᠢ ᠢᠳᠡᠪᠬᠢᠲᠡᠶ ᠳᠠᠭᠠᠬᠤ ᠶᠢᠨ ᠲᠥᠯᠥᠭᠡ᠂ 3 ᠳ᠋ᠣᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠬᠤᠲᠠ᠂ ᠲᠣᠭᠤᠷᠢᠭ ᠤᠨ ᠬᠤᠶᠠᠷ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠯᠠᠭᠠᠨ ᠵᠠᠭᠠᠯᠮᠠᠶᠢᠲᠠᠨ ᠤ ᠵᠢᠱᠢᠶ᠎ᠡ ᠦᠵᠡᠭᠦᠯᠬᠦ ᠰᠤᠷᠭᠠᠭᠤᠯᠢ ᠶᠢᠨ ᠬᠠᠶᠢᠨᠠᠨ ᠲᠣᠭᠤᠷᠢᠭ ᠤᠨ ᠳᠥᠷᠪᠡᠳᠦᠭᠡᠷ ᠪᠠᠭ᠎ᠠ ᠰᠤᠷᠭᠠᠭᠤᠯᠢ ᠳᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ — ︽ᠲᠦᠭᠡᠮᠡᠯ ᠬᠠᠶᠢᠷ᠎ᠠ ᠶᠢᠨ ᠡᠷᠡᠭᠦᠯ ᠮᠡᠨᠳᠦ ᠶᠢᠨ ᠠᠶᠠᠯᠠᠯ · ᠬᠠᠶᠢᠷ᠎ᠠ ᠬᠠᠯᠠᠮᠵᠢ ᠶᠢᠨ ᠪᠡᠯᠡᠭ ᠤᠨ ᠪᠤᠬᠴᠤ ᠬᠦᠷᠭᠡᠬᠦ︾ ᠬᠠᠶᠢᠷ᠎ᠠ ᠬᠠᠯᠠᠮᠵᠢ ᠶᠢᠨ ᠪᠡᠯᠡᠭ ᠤᠨ ᠶᠣᠰᠣᠯᠠᠯ ᠢ ᠡᠷᠭᠢᠯᠡᠪᠡ᠃ ᠦᠬᠠᠶ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠠᠶᠢᠨᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠳᠥᠷᠪᠡᠳᠦᠭᠡᠷ ᠪᠠᠭ᠎ᠠ ᠰᠤᠷᠭᠠᠭᠤᠯᠢ ᠶᠢᠨ ᠤᠳᠤᠷᠢᠳᠤᠯᠭ᠎ᠠ ᠲᠣᠰ ᠠᠵᠢᠯᠯᠠᠭ᠎ᠠ ᠳᠤ ᠣᠷᠣᠯᠴᠠᠵᠠᠶ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠡᠦᠬᠡᠳ ᠤᠳ ᠤᠳᠤᠷᠢᠳᠤᠯᠭ᠎ᠠ ᠳᠠᠭᠠᠨ ᠤᠯᠠᠭᠠᠨ ᠪᠦᠴᠡ ᠵᠡᠭᠦᠯᠭᠡᠵᠦ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ᠂ ᠤᠯᠠᠭᠠᠨ ᠵᠠᠭᠠᠯᠮᠠᠶᠢᠳᠠᠨ ᠤ ᠰᠠᠶᠢᠨ ᠳᠤᠷ᠎ᠠ ᠶᠢᠨ ᠦᠢᠯᠡᠴᠢᠯᠡᠭᠴᠢᠳ ᠬᠡᠦᠬᠡᠳ ᠤᠳ ᠲᠠᠢ ᠳᠣᠲᠣᠨᠣᠰᠤᠭ ᠢᠶᠠᠷ ᠬᠠᠷᠢᠯᠴᠠᠵᠤ᠂ ᠬᠠᠶᠢᠷ᠎ᠠ ᠬᠠᠯᠠᠮᠵᠢ ᠶᠢᠨ ᠪᠡᠯᠡᠭ ᠤᠨ ᠪᠣᠭᠴᠣ ᠪᠠᠨ ᠬᠡᠦᠬᠡᠳ ᠤᠨ ᠭᠠᠷ ᠲᠤ ᠭᠠᠷᠳᠠᠭᠤᠯᠬᠤ ᠶᠢᠨ ᠬᠠᠮᠲᠤ ᠲᠡᠳᠡᠨ ᠢ ᠰᠠᠶᠢᠲᠤᠷ ᠰᠤᠷᠤᠯᠴᠠᠵᠤ᠂ ᠡᠷᠡᠭᠦᠯ ᠴᠢᠭᠢᠷᠠᠭ ᠪᠠᠶᠠᠷ ᠬᠦᠷ ᠲᠠᠢ ᠪᠠᠷ ᠦᠰᠦᠨ ᠪᠤᠶᠢᠵᠢᠬᠤ ᠶᠢ ᠵᠠᠬᠢᠪᠠ᠃
     ᠲᠣᠰ ᠤᠳᠠᠭᠠᠨ ᠤ ᠠᠵᠢᠯᠯᠠᠭ᠎ᠠ ᠳᠤ ᠬᠠᠶᠢᠨᠠᠨ ᠲᠣᠭᠤᠷᠢᠭ ᠤᠨ ᠳᠥᠷᠪᠡᠳᠦᠭᠡᠷ ᠪᠠᠭ᠎ᠠ ᠰᠤᠷᠭᠠᠭᠤᠯᠢ ᠶᠢᠨ 100 ᠰᠣᠷᠣᠭᠴᠢ ᠳᠤ ᠬᠠᠶᠢᠷ᠎ᠠ ᠬᠠᠯᠠᠮᠵᠢ ᠶᠢᠨ ᠪᠡᠯᠡᠭ ᠬᠦᠷᠭᠡᠪᠡ᠃ ᠡᠮᠦᠨᠡᠬᠢ ᠬᠤᠭᠤᠴᠠᠭᠠᠨ ᠤ ᠨᠠᠷᠢᠨ ᠬᠢᠨᠠᠮᠠᠭᠠᠶ ᠪᠠᠶᠢᠳᠠᠯ ᠢ ᠣᠶᠢᠯᠠᠭᠠᠵᠤ᠂ ᠠᠵᠢᠯ ᠢ ᠪᠠᠶᠢᠴᠠᠭᠠᠬᠤ ᠪᠠᠷ ᠳᠠᠮᠵᠢᠭᠤᠯᠤᠨ᠂ ᠬᠠᠶᠢᠷ᠎ᠠ ᠬᠠᠯᠠᠮᠵᠢ ᠶᠢᠨ ᠪᠡᠯᠡᠭ ᠤᠨ ᠪᠣᠭᠴᠣ ᠶᠢ ᠬᠡᠷᠡᠭᠴᠡᠭᠡ ᠲᠠᠢ ᠬᠡᠦᠬᠡᠳ ᠤᠨ ᠭᠠᠷ ᠲᠤ ᠦᠨᠡᠨᠬᠦ ᠣᠯᠭᠤᠬᠤ ᠶᠢ ᠪᠠᠲᠤᠯᠠᠭᠰᠠᠨ ᠪᠠᠶᠢᠨ᠎ᠠ᠃ ᠡᠲᠡᠭᠡᠷ ᠰᠤᠷᠤᠭᠴᠢᠳ ᠤᠨ ᠳᠣᠲᠣᠷ᠎ᠠ ᠡᠴᠢᠭᠡ ᠡᠬᠡ ᠨᠢ ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠬᠡᠷ ᠲᠡᠭᠡᠨ ᠬᠤᠴᠣᠷᠤᠭᠰᠠᠨ ᠬᠡᠤᠬᠡᠳ᠂ ᠬᠡᠷ ᠪᠦᠯᠢ ᠨᠢ ᠶᠠᠳᠠᠭᠤ ᠬᠦᠴᠢᠷᠳᠡᠯ ᠲᠠᠢ ᠬᠡᠤᠬᠡᠳ᠂ ᠥᠨᠥᠴᠢᠨ ᠥᠷᠥᠭᠡᠰᠦᠨ ᠬᠡᠷ ᠪᠦᠯᠢ ᠶᠢᠨ ᠬᠡᠤᠬᠡᠳ ᠪᠣᠶ ᠁ ᠬᠠᠶᠢᠷ᠎ᠠ ᠬᠠᠯᠠᠮᠵᠢ ᠶᠢᠨ ᠪᠡᠯᠡᠭ ᠤᠨ ᠪᠣᠭᠴᠣᠨ ᠳᠤ ᠰᠢᠳᠦᠨ ᠱᠤᠸᠠᠰᠠ᠂ ᠰᠠᠪᠤᠩ᠂ ᠠᠯᠴᠢᠭᠤᠷ᠂ ᠣᠷᠣ  ᠶᠢᠨ ᠬᠡᠷᠡᠭᠰᠡᠯ᠂ ᠬᠠᠷᠠᠨᠳᠠ ᠭᠤᠮ ᠵᠡᠷᠭᠡ ᠪᠢᠴᠢᠭ ᠤᠨ ᠬᠡᠷᠡᠭᠰᠡᠯ᠂ ᠠᠮᠢᠳᠤᠷᠠᠯ ᠤᠨ ᠬᠡᠷᠡᠭᠰᠡᠯ ᠢ ᠪᠠᠭᠲᠠᠭᠠᠭᠰᠠᠨ ᠪᠠᠶᠢᠳᠠᠭ᠃ ᠡᠨᠡ ᠬᠦ ᠪᠡᠯᠡᠭ ᠨᠢ ᠬᠡᠦᠬᠡᠳ ᠢ ᠰᠠᠬᠢᠨ ᠬᠠᠮᠠᠭᠠᠯᠠᠵᠤ᠂ ᠲᠡᠳᠡᠨ ᠤ ᠨᠢᠭᠤᠷ ᠴᠢᠷᠠᠶ ᠨᠢ ᠮᠠᠭᠤ ᠪᠣᠯᠬᠤ ᠦᠭᠡᠶ᠂ ᠲᠦᠭᠦᠬᠡᠶ ᠤᠰᠤ ᠤᠤᠭᠤᠵᠤ ᠭᠡᠳᠡᠰᠦ ᠡᠪᠡᠳᠬᠦ ᠦᠭᠡᠶ ᠪᠣᠯᠭᠠᠵᠤ᠂ ︽ᠠᠷᠢᠭᠤᠨ ᠴᠡᠪᠡᠷ ᠢ ᠡᠷᠬᠢᠮᠯᠡᠬᠦ︾᠂  ᠰᠠᠶᠢᠨ ᠳᠠᠳᠬᠠᠯ ᠲᠠᠢ ᠪᠣᠯᠭᠠᠬᠤ ᠶᠢ ᠬᠦᠰᠡᠵᠦ ᠪᠠᠶᠢᠨ᠎ᠠ᠃ ᠬᠤᠶᠢᠰᠢᠳᠠ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤᠬᠠᠶᠢᠯᠠᠭᠰᠠᠨ ᠠᠵᠢᠯ ᠳᠠᠭᠠᠨ ᠦᠷᠭᠦᠯᠵᠢᠯᠡᠨ ᠰᠠᠭᠤᠷᠢᠯᠠᠵᠤ᠂ ᠬᠠᠷᠠᠮ ᠥᠬᠡᠶ ᠵᠣᠷᠢᠭᠤᠯᠵᠤ ᠬᠠᠶᠢᠷ᠎ᠠ ᠬᠠᠯᠠᠮᠵᠢ ᠲᠠᠢ ᠪᠠᠶᠢᠬᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠬᠠᠮᠲᠤ ᠪᠠᠰᠠ ᠬᠡᠤᠬᠡᠳ ᠤᠳ ᠤᠨ ᠪᠢᠳᠡᠨ ᠤ ᠬᠠᠪᠰᠤᠷᠤᠨ ᠲᠡᠳᠬᠦᠬᠦ ᠪᠠᠷ ᠳᠡᠮᠵᠢᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠯᠠᠭᠤᠨ ᠳᠤᠯᠠᠭᠠᠨ ᠢ ᠭᠥᠷᠳᠡᠬᠦ ᠶᠢ ᠬᠦᠰᠡᠵᠦ ᠪᠠᠶᠢᠨ᠎ᠠ︕
 
ᠢᠷᠡᠯᠲᠡ᠄ ᠠᠮᠢᠵᠢᠷᠠᠯ ᠤᠨ ᠬᠦᠴᠦᠨ ᠪᠢᠯᠬᠠᠬᠰᠠᠨ ᠬᠠᠶᠢᠨᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号