ᠬᠠᠶᠢᠨᠠᠨ ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠳᠥᠷᠪᠡᠳᠦᠭᠡᠷ ᠣᠳᠠᠭᠠᠨ ᠤ ᠬᠤᠷᠠᠯ ᠤᠨ ᠪᠢᠴᠢᠭ ᠮᠠᠲ᠋ᠧᠷᠢᠶᠠᠯ ︵2︶ | ᠵᠠᠰᠠᠭ ᠤᠨ ᠣᠷᠳᠣᠨ ᠤ ᠠᠵᠢᠯ ᠤᠨ ᠢᠯᠡᠳᠬᠡᠯ | — 2021 ᠣᠨ ᠤ 3 ᠳ᠋ᠣᠭᠠᠷ ᠰᠠᠷ᠎ᠠ ᠶᠢᠨ 16 ᠤ ᠡᠳᠦᠷ ᠦᠬᠠᠶ ᠬᠤᠲᠠ ᠶᠢᠨ ᠬᠠᠶᠢᠨᠠᠨ | ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠣᠳᠠᠭᠠᠨ ᠤ ᠬᠤᠷᠠᠯᠳᠣᠭᠠᠨ ᠳᠡᠭᠡᠷ᠎ᠡ | ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠭᠤᠷᠢᠭ ᠤᠨ ᠳᠠᠷᠤᠭ᠎ᠠ | ᠮᠧᠩ ᠹᠠᠨ ᠶᠠᠩ | ᠡᠷᠬᠢᠮ ᠲᠥᠯᠥᠭᠡᠯᠡᠭᠴᠢᠳ ᠡ᠄ | ᠤᠳᠤ᠂ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ | ᠤᠨ ᠮᠡᠳᠡᠭᠦᠯᠦᠯᠲᠡ ᠬᠢᠶ᠎ᠡ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ | ᠣᠷᠣᠯᠴᠠᠭᠰᠠᠨ ᠨᠥᠬᠦᠳ ᠰᠠᠨᠠᠯ ᠳᠣᠷᠠᠳᠬᠤ ᠪᠤᠯᠪᠠᠤ᠃ | ᠨᠢᠭᠡ᠂ 2020 ᠣᠨ ᠪᠠ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ | ᠬᠤᠭᠤᠴᠠᠭᠠᠨ ᠳᠠᠬᠢ ᠠᠵᠢᠯ ᠤᠨ ᠲᠤᠬᠠᠶ ᠡᠷᠭᠢᠴᠡᠭᠦᠯᠦᠯ | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯ ᠤᠨ ᠵᠢᠯ᠂ ᠮᠦᠨᠴᠦ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠵᠢᠯ ᠮᠥᠨ᠂ ᠪᠠᠰᠠ ᠴᠤ ᠰᠢᠨ᠎ᠡ | ᠳᠤᠮᠳᠠᠳᠤ ᠤᠯᠤᠰ ᠤᠨ ᠲᠡᠦᠬᠡᠨ ᠳᠡᠭᠡᠷᠡᠬᠢ ᠲᠦᠢᠯ ᠤᠨ ᠶᠡᠷᠦ ᠪᠤᠰᠤ ᠶᠢᠨ ᠨᠢᠭᠡ ᠵᠢᠯ ᠮᠥᠨ᠃ ᠬᠦᠨᠳᠦ ᠬᠡᠴᠡᠭᠦᠦ | ᠨᠠᠷᠢᠨ ᠪᠤᠳᠤᠯᠢᠶᠠᠨᠲᠠᠶ ᠳᠡᠯᠡᠬᠡᠶ ᠶᠢᠨ ᠪᠠᠶᠢᠳᠠᠯ᠂ ᠬᠠᠲᠠᠭᠤ ᠪᠡᠷᠬᠡ ᠨᠦᠰᠡᠷ ᠬᠦᠨᠳᠦ ᠥᠭᠡᠷᠡᠴᠢᠯᠡᠯᠲᠡ ᠬᠦᠭᠵᠢᠭᠦᠯᠦᠯᠲᠡ | ᠶᠢ ᠲᠣᠭᠲᠠᠭᠤᠨ ᠪᠠᠶᠢᠯᠭᠠᠬᠤ ᠡᠭᠦᠷᠭᠡ ᠶᠢᠨ ᠡᠮᠦᠨ᠎ᠡ᠂ ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠳᠤ ᠪᠢᠳᠡ ᠪᠠᠶᠢᠯᠳᠤᠬᠤ ᠪᠣᠳᠣᠯᠭ᠎ᠠ ᠶᠢᠨ ᠪᠠᠲᠤ | ᠬᠦᠴᠦᠨ ᠢᠶᠠᠨ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠲᠠᠯ᠎ᠠ ᠪᠠᠷ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠵᠤ᠂ ᠨᠥᠭᠦᠭᠡ ᠲᠠᠯ᠎ᠠ ᠪᠠᠷ ᠠᠵᠤ ᠠᠬᠤᠶ ᠶᠢᠨ ᠬᠥᠭᠵᠢᠯᠲᠡ ᠶᠢ | ᠠᠳᠬᠤᠬᠤ ᠶᠢ ᠪᠠᠷᠢᠮᠲᠠᠯᠠᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ︽ᠵᠢᠷᠭᠤᠭ᠎ᠠ ᠶᠢ ᠲᠤᠭᠲᠠᠪᠤᠷᠢᠵᠢᠭᠤᠯᠬᠤ︾ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠬᠦᠴᠦᠯᠡᠨ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ ᠬᠥᠭᠵᠢᠯᠲᠡ ᠶᠢ | ᠬᠤᠶᠠᠷ ᠲᠠᠯ᠎ᠠ ᠪᠠᠷ ᠠᠳᠬᠤᠵᠤ᠂ ᠬᠤᠶᠠᠷ ᠢ ᠰᠠᠭᠠᠲᠠᠭᠠᠬᠤ ᠥᠬᠡᠶ᠂ ᠬᠤᠶᠠᠷ ᠢ ᠠᠬᠢᠭᠤᠯᠬᠤ ᠶᠢ ᠦᠨᠡᠨᠬᠦ ᠪᠠᠲᠤᠯᠠᠪᠠ᠃ | ᠪᠥᠬᠦ ᠲᠤᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ︽ᠣᠨᠤᠰᠢᠯᠠᠬᠰᠠᠨ ᠲᠤᠭ᠎ᠠ ᠲᠡᠭ︾ ︽ᠰᠡᠵᠢᠭᠯᠡᠯ | ᠲᠠᠢ ᠡᠪᠡᠳᠴᠢᠲᠡᠨ ᠲᠡᠭ︾ ᠪᠠᠶᠢᠵᠤ᠂ ᠪᠥᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ | ᠠᠳᠠᠯᠢ ᠬᠤᠭᠤᠴᠠᠭᠠᠨ ᠤ ᠬᠢ ᠠᠴᠠ 2 % ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 0.9% ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 13. | 02 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.66 % ᠪᠠᠷ ᠨᠡᠮᠡᠭᠳᠡᠪᠡ᠃ | ᠬᠤᠲᠠ ᠪᠠᠯᠭᠠᠰᠤ ᠪᠠ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 43829 ᠲᠥᠭᠦᠷᠢᠭ ᠪᠠ 20352 ᠲᠥᠭᠦᠷᠢᠭ ᠲᠤ ᠬᠦᠷᠴᠦ᠂ ᠲᠣᠰ ᠲᠣᠰ 1% | ᠪᠠ 7.3 % ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ | ᠲᠤᠭ᠎ᠠ 1149 ᠳ᠋ᠦᠩᠰᠢᠭᠤᠷ ᠲᠥᠭᠦᠷᠢᠭ ᠲᠤ ᠬᠦᠷᠴᠦ᠂ ᠡᠯ᠎ᠡ ᠵᠦᠢᠯ ᠤᠨ ᠭᠤᠣᠯ ᠪᠣᠯᠬᠤ ᠠᠵᠤ ᠠᠬᠤᠶ ᠶᠢᠨ | ᠭᠦᠢᠴᠡᠳᠬᠡᠬᠦ ᠲᠤᠭ᠎ᠠ ᠴᠥᠮ ᠲᠣᠭᠲᠠᠭᠤᠨ ᠪᠠᠶᠢᠬᠤ ᠶᠢ ᠪᠠᠲᠤᠯᠠᠪᠠ᠃ | ︵ᠨᠢᠭᠡ︶ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠣᠯᠪᠠ᠃ | ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠣᠳ ᠤᠨ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠬᠡᠷᠡᠭᠵᠢᠭᠦᠯᠵᠦ᠂ ᠰᠡᠷᠭᠡᠶᠢᠯᠡᠨ ᠡᠵᠡᠮᠳᠡᠬᠦ ᠲᠣᠣᠷ ᠰᠦᠯᠵᠢᠶ᠎ᠡ ᠶᠢ ᠪᠠᠲᠤ ᠪᠠᠬᠢ | ᠪᠥᠭᠡᠳ ᠨᠢᠭᠲᠠ ᠰᠦᠯᠵᠢᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠲᠤᠮᠤ ᠬᠡᠯᠪᠡᠷᠢ ᠶᠢᠨ ᠠᠵᠢᠯᠯᠠᠭ᠎ᠠ ᠪᠠ | ᠴᠤᠭᠯᠠᠷᠠᠨ ᠬᠤᠭᠤᠯᠠᠯᠠᠬᠤ ᠶᠢ ᠬᠠᠮᠤᠭ ᠤᠨ ᠲᠡᠷᠢᠭᠦᠨ ᠳᠤ ᠵᠣᠭᠰᠣᠭᠠᠵᠤ᠂ ᠦᠵᠡᠮᠵᠢ ᠶᠢᠨ ᠣᠷᠣᠨ ᠪᠠ | ᠭᠤᠣᠯᠳᠠᠯᠭ᠎ᠠ ᠲᠠᠢ ᠤᠯᠠᠨ ᠨᠡᠶᠢᠲᠡ ᠶᠢᠨ ᠲᠠᠯᠠᠪᠤᠷ ᠤᠨ ᠡᠵᠡᠩᠨᠡᠯᠲᠡ ᠶᠢ ᠲᠦᠷ ᠵᠣᠭᠰᠣᠭᠠᠵᠤ᠂ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ ᠬᠥᠮᠦᠰ ᠢ | ᠦᠳᠲᠡᠷ ᠲᠦᠷᠭᠡᠨ ᠪᠦᠬᠦ ᠲᠠᠯ᠎ᠠ ᠪᠠᠷ ᠪᠠᠶᠢᠴᠠᠭᠠᠵᠤ᠂ ︽ᠡᠷᠢᠵᠦ ᠤᠯᠬᠤ᠂ ᠬᠠᠮᠢᠶᠠᠷᠴᠤ ᠳᠡᠶᠢᠯᠬᠦ᠂ ᠰᠠᠶᠢᠲᠤᠷ | ᠦᠢᠯᠡᠴᠢᠯᠡᠬᠦ︾ ᠶᠢ ᠦᠨᠡᠨ ᠬᠦ ᠪᠡᠶᠡᠯᠡᠭᠦᠯᠪᠡ᠃ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ᠂ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠪᠠᠷᠢᠮᠲᠠᠯᠠᠵᠤ᠂ ᠨᠡᠶᠢᠭᠡᠮ ᠤᠨ ᠰᠠᠶᠢᠨ ᠳᠤᠷ᠎ᠠ ᠶᠢᠨ | ᠠᠵᠢᠯᠯᠠᠭᠴᠢ 2072 ᠬᠥᠮᠦᠨ ᠢ ᠲᠠᠶᠢᠴᠢᠯᠠᠵᠤ᠂ ᠨᠡᠶᠢᠭᠡᠮ ᠤᠨ ᠬᠠᠨᠳᠢᠪᠯᠠᠭᠰᠠᠨ ᠡᠳ᠋ ᠪᠣᠳᠠᠰ ᠢ ᠨᠡᠶᠢᠳᠡ 91 | ᠪᠦᠯᠦᠭ ᠤᠳᠠᠭ᠎ᠠ ᠬᠦᠯᠢᠶᠡᠨ ᠠᠪᠤᠪᠠ᠃ ᠬᠠᠤᠯᠢ ᠶᠣᠰᠣᠭᠠᠷ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠬᠢᠵᠢᠭ ᠤᠨ | ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠠᠷ ᠨᠡᠶᠢᠲᠡᠯᠡᠵᠦ᠂ ᠤᠯᠠᠨ ᠲᠦᠮᠡᠨ ᠤ ᠠᠩᠬᠠᠷᠤᠯ | ᠲᠠᠯᠪᠢᠵᠤ ᠪᠠᠶᠢᠭ᠎ᠠ ᠠᠰᠠᠭᠤᠳᠠᠯ ᠳᠤ ᠬᠢᠨᠠᠮᠠᠭᠠᠶ ᠬᠠᠷᠢᠭᠤᠯᠲᠠ ᠥᠭᠴᠦ᠂ ᠬᠢᠵᠢᠭ ᠲᠤ ᠬᠤᠯᠪᠣᠭᠳᠠᠭᠰᠠᠨ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ 23 ᠬᠡᠷᠡᠭ ᠢ ᠰᠢᠢᠳᠪᠦᠷᠢᠯᠡᠵᠦ᠂ 1 ᠬᠥᠮᠦᠨ ᠢ | ᠬᠤᠭᠤᠴᠠᠭ᠎ᠠ ᠲᠠᠢ ᠬᠤᠷᠢᠬᠤ ᠪᠠᠷ ᠰᠢᠳᠬᠡᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠨᠡᠶᠢᠭᠡᠮ ᠤᠨ ᠶᠡᠭᠡ | ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠬᠠᠮᠠᠭᠠᠯᠠᠪᠠ᠃ ᠪᠠᠶᠢᠩᠭᠤᠵᠢᠭᠤᠯᠤᠨ | ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ︽ᠲᠠᠪᠤ ᠶᠢ ᠪᠦᠷᠢᠳᠦᠭᠦᠯᠵᠦ ᠭᠤᠷᠪᠠ ᠶᠢ ᠴᠢᠩᠳᠠᠯᠠᠬᠤ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠥᠭᠡᠮ ᠬᠦᠴᠢᠯ ᠤᠨ | ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ᠂ ᠰᠢᠯᠵᠢᠮᠡᠯ ᠳᠥᠷᠪᠡᠯᠵᠢᠨ ᠲᠠᠰᠤᠯᠭ᠎ᠠ ᠶᠢᠨ ᠪᠥᠭᠡᠮ ᠬᠦᠴᠢᠯ ᠤᠨ | ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠢ ᠪᠠᠶᠢᠭᠤᠯᠤᠨ ᠪᠦᠲᠦᠭᠡᠵᠦ᠂ ᠤᠯᠤᠰ ᠤᠨ ᠳᠣᠲᠣᠭᠠᠳᠤ ᠶᠢᠨ ᠣᠯᠠᠨ | ᠤᠳᠠᠭᠠᠨ ᠤ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠢ ᠪᠦᠲᠦᠮᠵᠢᠲᠡᠶ ᠠᠷᠭᠠᠴᠠᠭᠠᠨ᠂ ᠮᠠᠨ ᠤ ᠲᠤᠭᠤᠷᠢᠭ | ᠤᠨ ᠣᠨᠣᠰᠢᠯᠠᠭᠰᠠᠨ ᠡᠪᠡᠳᠴᠢᠲᠡᠨ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠶᠢ ᠨᠢᠭᠡ ᠴᠦ ᠭᠠᠷᠭᠠᠬᠤ ᠥᠬᠡᠶ᠂ ᠨᠢᠭᠡ | ᠴᠦ ᠣᠷᠣᠭᠤᠯᠬᠤ ᠥᠬᠡᠶ ᠪᠠᠶᠢᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠤᠯᠬᠤ ᠶᠢ ᠦᠨᠡᠨᠬᠦ ᠪᠠᠲᠤᠯᠠᠪᠠ᠃ ᠪᠦᠬᠦ ᠲᠤᠭᠤᠷᠢᠭ | ᠤᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠭᠠᠪᠰᠢᠭᠠᠶᠢᠯᠠᠨ᠂ ᠡᠷᠡᠯᠬᠡᠭ ᠪᠠᠭᠠᠲᠤᠷᠯᠢᠭ ᠢᠶᠠᠷ ᠪᠠᠶᠢᠯᠳᠤᠵᠤ᠂ | ᠡᠮᠨᠡᠯᠭᠡ ᠶᠢᠨ ᠠᠵᠢᠯᠲᠠᠳ ᠴᠠᠭᠠᠨ ᠬᠤᠪᠴᠠᠰᠤ ᠪᠠᠷ ᠬᠤᠶᠠᠭ ᠢᠶᠠᠨ ᠪᠠᠷᠢᠵᠤ᠂ ᠰᠥᠷᠭᠡᠦ ᠪᠠᠷ ᠳᠠᠶᠢᠨ ᠳᠤ ᠮᠣᠷᠳᠠᠵᠤ᠂ | ᠦᠨᠳᠦᠰᠦᠨ ᠱᠠᠲᠤᠨ ᠤ ᠺᠠᠳ᠋ᠷ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠰᠠᠶᠢᠨ ᠳᠤᠷ᠎ᠠ ᠶᠢᠨ | ᠦᠢᠯᠡᠴᠢᠯᠡᠭᠴᠢᠳ ᠰᠠᠯᠬᠢ ᠪᠣᠷᠣᠭᠠᠨ ᠠᠴᠠ ᠠᠶᠤᠬᠤ ᠦᠭᠡᠶ᠂ ᠡᠮᠦᠨ᠎ᠡ ᠹᠷᠣᠨᠲ ᠢ ᠪᠠᠲᠤ ᠰᠠᠬᠢᠵᠤ᠂ ᠥᠷᠭᠡᠨ ᠤᠯᠠᠨ | ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠢᠳᠡᠪᠬᠢᠲᠡᠢ ᠪᠠᠷ ᠣᠷᠣᠯᠴᠠᠵᠤ᠂ ᠬᠠᠶᠢᠨᠠᠨ | ᠲᠤᠭᠤᠷᠢᠭ ᠤᠨ 10 ᠲᠦᠮᠡᠨ ᠬᠥᠪᠡᠭᠦᠳ ᠥᠬᠢᠳ ᠴᠥᠮ ᠰᠢᠨ᠎ᠡ ᠴᠠᠭ ᠦᠶ᠎ᠡ ᠶᠢᠨ ᠬᠠᠮᠤᠭ ᠤᠨ ᠬᠠᠶᠢᠷᠠᠯᠠᠯᠲᠠᠢ | ᠬᠥᠮᠦᠰ᠂ ᠡᠭᠡᠯ ᠵᠢᠷ ᠤᠨ ᠪᠠᠭᠠᠲᠤᠷᠴᠤᠳ ᠪᠠᠶᠢᠵᠤ᠂ ᠴᠥᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠳᠤ ᠪᠠᠯᠠᠷᠠᠰᠢ ᠦᠭᠡᠢ ᠬᠤᠪᠢ ᠨᠡᠮᠡᠷᠢ | ᠦᠵᠡᠭᠦᠯᠵᠡᠢ᠂ ᠡᠨᠡ ᠨᠢ ᠬᠠᠶᠢᠨᠠᠨ ᠲᠤᠭᠤᠷᠢᠭ ᠤᠨ ᠬᠥᠭᠵᠢᠯᠲᠡ ᠶᠢᠨ ᠲᠡᠦᠬᠡᠨ ᠳᠤ ᠭᠡᠷᠡᠯ ᠰᠠᠴᠤᠷᠠᠩᠭᠤᠢ | ᠬᠠᠭᠤᠳᠠᠰᠤ ᠶᠢ ᠦᠯᠡᠳᠡᠭᠡᠬᠦ ᠨᠢ ᠯᠠᠪᠲᠠᠢ ᠶᠤᠮ᠃ | ︵ᠬᠤᠶᠠᠷ︶ ᠰᠡᠳᠬᠢᠯ ᠢᠶᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠵᠤ᠂ ︽ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ︾ ᠰᠢᠢᠳᠪᠦᠷᠢᠯᠡᠭᠴᠢ ᠴᠢᠨᠠᠷᠲᠠᠶ ᠦᠷ᠎ᠡ ᠪᠦᠲᠦᠮᠵᠢ ᠤᠯᠪᠠ᠃ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠲᠡᠭᠦᠰ ᠠᠮᠵᠢᠯᠲᠠ ᠲᠠᠢ | ᠲᠡᠭᠦᠰᠪᠡ᠃ ᠬᠦᠴᠦᠨ ᠢᠶᠠᠨ ᠲᠥᠪᠯᠡᠷᠡᠭᠦᠯᠦᠨ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ | ᠬᠦᠴᠦᠷᠬᠡᠭᠵᠢᠭᠦᠯᠦᠨ᠂ ︽ᠳᠥᠷᠪᠡᠨ ᠲᠥᠷᠥᠯ ᠤᠨ ᠭᠤᠤᠯᠳᠠᠯᠭ᠎ᠠ ᠲᠠᠢ ᠡᠲᠡᠭᠡᠳ︾ ᠤᠨ ᠨᠤᠷᠠᠬᠤ ᠠᠶᠤᠯᠲᠠᠶ ᠬᠡᠷ | ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠪᠦᠬᠦᠨ ᠢ ᠪᠡᠶᠡᠯᠡᠭᠦᠯᠵᠦ᠂ ᠣᠰᠣᠨ ᠤ ᠠᠮᠤᠷ ᠲᠦᠪᠰᠢᠨ ᠤ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ︽ᠬᠤᠶᠠᠷ ᠵᠦᠢᠯ ᠳᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠨᠡᠶᠢᠲᠡ 1375.6 ᠲᠦᠮᠡᠨ ᠲᠥᠭᠦᠷᠢᠭ ᠤᠨ ᠪᠠᠯᠠ | ᠮᠥᠩᠭᠦ ᠣᠷᠣᠭᠤᠯᠵᠤ᠂ 27 ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠢᠯ ᠤᠨ ᠳᠤᠮᠳᠠᠴᠢ ᠣᠷᠣᠯᠭ᠎ᠠ ᠨᠢ 10 ᠲᠦᠮᠡᠨ | ᠲᠥᠭᠦᠷᠢᠭ ᠠᠴᠠ ᠳᠡᠭᠡᠭᠰᠢ ᠪᠣᠯᠪᠠ᠃ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠵᠢᠭᠡᠯᠡᠯᠭᠡ ᠶᠢ 152 ᠲᠦᠮᠡᠨ | ᠲᠥᠭᠦᠷᠢᠭ ᠲᠠᠷᠬᠠᠭᠠᠵᠤ᠂ ᠠᠵᠤ ᠦᠢᠯᠡᠰ ᠤᠨ ᠨᠥᠬᠦᠪᠥᠷᠢ ᠶᠢᠨ ᠪᠠᠯᠠ ᠮᠥᠩᠭᠦ ᠶᠢ 44.6 ᠲᠦᠮᠡᠨ ᠲᠥᠭᠦᠷᠢᠭ | ᠲᠠᠷᠬᠠᠭᠠᠵᠤ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠬᠥᠮᠦᠨ ᠳᠤᠮᠳᠠᠴᠢ ᠶᠢᠨ ᠴᠡᠪᠡᠷ | ᠣᠷᠣᠯᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 26 % ᠪᠠᠷ ᠨᠡᠮᠡᠭᠳᠡᠭᠦᠯᠦᠨ᠂ | ᠶᠠᠳᠠᠭᠤ ᠬᠦᠴᠢᠷᠳᠡᠯ ᠤᠨ ᠡᠭᠦᠰᠬᠦ ᠨᠣᠷᠮ᠎ᠠ ᠶᠢ ᠦᠷᠭᠦᠯᠵᠢᠯᠡᠨ ᠲᠡᠭ ᠪᠣᠯᠭᠠᠪᠠ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ︽ᠬᠦᠬᠡ ᠠᠭᠤᠯᠠ | ᠬᠦᠬᠡᠮᠳᠦᠭ ᠣᠰᠣ ᠪᠣᠯ ᠳᠠᠷᠤᠢ ᠠᠯᠳᠠ ᠮᠥᠩᠭᠦᠨ ᠠᠭᠤᠯᠠ ᠮᠦᠨ︾ ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠳᠤ ᠱᠠᠳᠤᠴᠢ ᠴᠢᠨᠠᠷᠲᠠᠢ ᠬᠠᠷᠠᠯᠲᠠ ᠶᠢ ᠪᠡᠶᠡᠯᠡᠭᠦᠯᠵᠦ᠂ ᠲᠥᠪ ᠤᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾ ᠳᠤ ᠬᠠᠷᠢᠭᠤ | ᠲᠤᠰᠬᠠᠭᠰᠠᠨ 21 ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠬᠤᠳᠠ ᠲᠣᠭᠤᠷᠢᠭ ᠤᠨ ᠣᠷᠴᠢᠨ | ᠲᠣᠭᠤᠷᠢᠨ ᠤ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ 272 ᠡᠳᠦᠷ ᠬᠦᠷᠴᠦ᠂ | ᠪᠠᠷᠢᠮᠵᠢᠶ᠎ᠠ ᠳᠤ ᠬᠦᠷᠦᠭᠰᠡᠨ ᠨᠤᠷᠮ᠎ᠠ 77.6 % ᠲᠤ ᠬᠦᠷᠴᠡᠢ᠃ ᠬᠥᠬᠡ ᠲᠩᠷᠢ᠂ ᠴᠡᠩᠬᠡᠷ ᠤᠰᠤ᠂ ᠴᠡᠪᠡᠷ | ᠬᠥᠷᠥᠰᠥ ᠶᠢ ᠬᠠᠮᠠᠭᠠᠯᠠᠬᠤ ᠲᠡᠶᠢᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠳᠤ 8.55 ᠳ᠋ᠦᠩᠰᠢᠭᠤᠷ | ᠲᠥᠭᠦᠷᠢᠭ ᠤᠨ ᠪᠠᠯᠠ ᠮᠥᠩᠭᠦ ᠣᠷᠣᠭᠤᠯᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ 189 ᠲᠥᠷᠥᠯ ᠵᠦᠢᠯ ᠢ ᠬᠡᠷᠡᠭᠵᠢᠭᠦᠯᠪᠡ᠃ 1161 ᠮᠥ ᠣᠢ ᠮᠤᠳᠤ ᠶᠢ ᠬᠥᠮᠦᠨ ᠤ | ᠬᠦᠴᠦ ᠪᠠᠷ ᠣᠶᠢᠵᠢᠭᠤᠯᠵᠤ᠂ 32 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠵᠤ᠂ ᠠᠯᠪᠠᠨ ᠵᠢᠷᠤᠮ ᠤᠨ | ᠮᠣᠳᠣ ᠳᠠᠷᠢᠬᠤ ᠬᠠᠷᠢᠭᠤᠴᠠᠯᠭ᠎ᠠ ᠪᠠᠨ ᠭᠦᠢᠴᠡᠳᠭᠡᠭᠰᠡᠨ ᠨᠣᠷᠮ᠎ᠠ 100 % ᠳᠤ ᠬᠥᠷᠪᠡ᠃ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠣᠬᠢᠷᠲᠤᠯ ᠥᠬᠡᠶ ᠠᠭᠤᠷᠬᠠᠶ ᠶᠢ 2 | ᠰᠢᠨ᠎ᠡ ᠪᠠᠷ ᠨᠡᠮᠡᠭᠳᠡᠭᠦᠯᠦᠨ᠂ 7.77 ᠲᠡᠭᠰᠢ ᠳᠥᠷᠪᠡᠯᠵᠢᠨ ᠺᠢᠯᠣᠮᠧᠲᠷ ᠰᠢᠷᠣᠶ ᠭᠠᠳᠠᠭᠰᠢᠯᠠᠭᠤᠯᠬᠤ ᠲᠠᠯᠠᠪᠠᠶ ᠶᠢ | ᠵᠠᠰᠠᠵᠤ᠂ ᠪᠠᠷᠠᠭᠤᠨ ᠣᠷᠳᠣᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠦᠢᠯᠡᠳᠪᠦᠷᠢ ᠠᠭᠤᠷᠬᠠᠶ ᠶᠢᠨ | ᠠᠵᠤ ᠠᠬᠤᠶᠢᠯᠠᠯ ᠢ ᠪᠦᠬᠦᠨ ᠢ ᠪᠤᠴᠠᠭᠠᠨ ᠭᠠᠷᠭᠠᠪᠠ᠃ ︽ᠭᠤᠤᠯ ᠤᠨ ᠳᠠᠷᠤᠭ᠎ᠠ ᠶᠢᠨ ᠲᠦᠷᠢᠮ︾ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠭᠤᠤᠯ ᠮᠥᠷᠡᠨ ᠤ ᠲᠣᠭᠤᠷᠢᠨ ᠪᠠᠶᠢᠴᠠᠭᠠᠯᠲᠠ ᠶᠢ ᠪᠠᠶᠢᠩᠭᠤᠵᠢᠭᠤᠯᠤᠨ ᠳᠦᠷᠢᠮᠵᠢᠭᠦᠯᠬᠦ ᠶᠢ | ᠪᠡᠶᠡᠯᠡᠭᠦᠯᠵᠦ᠂ 2020 ᠣᠨ ᠳᠤ ᠬᠠᠶᠢᠨᠠᠨ ᠲᠣᠭᠤᠷᠢᠭ ᠤᠰᠤᠨ ᠠᠰᠢᠭᠯᠠᠯᠲᠠ ᠶᠢᠨ ᠶᠠᠮᠤᠨ ᠤ ᠭᠤᠷᠪᠠᠳᠤᠭᠠᠷ | ᠪᠦᠯᠦᠭ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠥᠲᠥᠭᠡᠨ ᠪᠠᠶᠢᠭᠤᠯᠤᠯᠲᠠ ᠶᠢᠨ | ᠰᠢᠶᠠᠨ ᠢᠶᠠᠷ ᠰᠣᠩᠭᠤᠬᠳᠠᠪᠠ᠃ | ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠪᠡ᠃ ᠨᠡᠮᠡᠭᠳᠡᠯ ᠤᠨ | ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠠᠷᠢᠯᠭᠠᠨ᠂ ᠪᠦᠬᠦ ᠵᠢᠯ ᠳᠤ ᠵᠠᠰᠠᠭ ᠤᠨ | ᠣᠷᠳᠣᠨ ᠤ ᠳᠠᠯᠳᠠ ᠥᠷᠢ ᠥᠭᠴᠡᠭᠡ ᠶᠢ 5.62 ᠳ᠋ᠦᠩᠰᠢᠭᠤᠷ ᠲᠥᠭᠦᠷᠢᠭ ᠠᠷᠢᠯᠭᠠᠵᠤ᠂ ᠠᠷᠠᠳ ᠤᠨ ᠡᠵᠡᠩᠨᠡᠭᠰᠡᠨ | ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠥᠷᠢᠯᠳᠦᠭᠡᠨ ᠦᠭᠡᠢ | ᠳᠠᠩᠰᠠᠨ ᠤ ᠵᠣᠭᠤᠰ ᠢ ᠪᠦᠬᠦᠨ ᠢ ᠰᠢᠢᠳᠪᠦᠷᠢᠯᠡᠵᠦ ᠳᠠᠭᠤᠰᠬᠠᠪᠠ᠃ ᠠᠮᠤᠷ ᠲᠠᠶᠢᠪᠤᠩ ᠬᠠᠶᠢᠨᠠᠨ ᠤ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ 4 | ᠬᠡᠷᠡᠭ ᠢ ᠰᠢᠭᠦᠨ ᠳᠠᠭᠤᠰᠬᠠᠪᠠ᠃ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠣᠨ︾ ᠤ | ᠲᠤᠰᠬᠠᠶ ᠠᠵᠢᠯᠯᠠᠭ᠎ᠠ ᠶᠢ ᠥᠷᠨᠢᠭᠦᠯᠵᠦ᠂ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ 20 ᠬᠤᠪᠢ | ᠰᠢᠢᠳᠪᠦᠷᠢᠯᠡᠨ ᠳᠠᠭᠤᠰᠬᠠᠵᠤ᠂ ᠨᠡᠶᠢᠭᠡᠮ ᠤᠨ ᠶᠡᠭᠡ ᠲᠠᠯ᠎ᠠ ᠶᠢ ᠦᠷᠭᠦᠯᠵᠢᠯᠡᠨ ᠡᠶ᠎ᠡ ᠵᠣᠬᠢᠴᠠᠯ ᠲᠠᠢ ᠲᠣᠭᠲᠠᠭᠤᠨ | ᠪᠠᠶᠢᠯᠭᠠᠪᠠ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ IV ᠲᠠᠰ ᠤᠨ ᠰᠡᠷᠡᠮᠵᠢᠯᠡᠭᠦᠯᠦᠯ ᠢ | ᠬᠠᠮᠤᠭ ᠤᠨ ᠲᠡᠷᠢᠭᠦᠨ ᠳᠤ ᠡᠬᠢᠯᠡᠭᠦᠯᠵᠦ᠂ ᠬᠥᠮᠦᠨ ᠤ ᠣᠷᠴᠢᠯᠠᠩ ᠤᠨ ᠬᠤᠯᠤᠭᠠᠨ᠎ᠠ ᠶᠢᠨ ᠬᠢᠵᠢᠭ ᠡᠭᠦᠰᠬᠦ ᠶᠢ ᠴᠢᠩᠭ᠎ᠠ | ᠰᠡᠷᠭᠡᠶᠢᠯᠡᠪᠡ᠃ ᠲᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠ ᠠᠶᠤᠯᠭᠦᠢ ᠦᠢᠯᠡᠳᠪᠦᠷᠢᠯᠡᠯ ᠤᠨ ᠲᠤᠰᠬᠠᠶ | ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠦᠨᠳᠦ | ᠶᠡᠭᠡ ᠠᠶᠤᠯᠭᠦᠢ ᠶᠢᠨ ᠡ᠊ᠨᠳᠡᠯ ᠢ ᠡᠷᠡᠰ ᠬᠤᠷᠢᠭᠯᠠᠵᠤ᠂ ᠭᠠᠵᠠᠷ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ | ᠢ ᠦᠷᠭᠦᠯᠵᠢᠯᠡᠨ ᠲᠣᠭᠲᠠᠭᠤᠨ ᠪᠠᠶᠢᠯᠭᠠᠪᠠ᠃ | ︵ᠭᠤᠷᠪᠠ︶ ᠳᠠᠯᠳᠠ ᠬᠦᠴᠦᠨ ᠢ ᠠᠭᠤᠳᠠᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠯᠭᠠᠪᠠ᠃ | ᠭᠤᠤᠯᠳᠠᠯᠭ᠎ᠠ ᠲᠠᠢ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠨᠠᠮ ᠵᠠᠰᠠᠭ ᠤᠨ ᠤᠳᠤᠷᠢᠳᠤᠯᠭ᠎ᠠ | ᠭᠤᠤᠯᠳᠠᠯᠭ᠎ᠠ ᠲᠠᠢ ᠲᠥᠷᠥᠯ ᠵᠦᠢᠯ ᠢ ᠳᠠᠭᠠᠭᠠᠨ ᠬᠤᠯᠪᠣᠭᠠᠯᠠᠬᠤ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠦᠴᠦᠨ ᠢᠶᠠᠨ ᠲᠥᠪᠯᠡᠷᠡᠭᠦᠯᠦᠨ ᠠᠬᠢᠭᠤᠯᠵᠤ᠂ | ᠠᠵᠤ ᠠᠬᠤᠶᠢᠯᠠᠯ ᠢ ᠨᠠᠷᠢᠯᠢᠭ ᠣᠨᠣᠴᠠᠲᠠᠶ ᠪᠠᠷ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ᠂ ᠪᠥᠬᠦ | ᠵᠢᠯ ᠳᠤ 50 ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 32.17 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠪᠡ᠃ ᠠᠵᠤ ᠦᠢᠯᠡᠰ ᠤᠨ ᠬᠡᠯᠬᠢᠶ᠎ᠡ ᠪᠠᠷ ᠭᠤᠤᠯ ᠪᠣᠯᠭᠠᠬᠤ ᠶᠢ ᠪᠠᠷᠢᠮᠲᠠᠯᠠᠨ᠂ ︽ | ᠭᠠᠳᠠᠭᠠᠳᠤ ᠠᠴᠠ ᠣᠷᠣᠭᠤᠯᠵᠤ ᠳᠣᠲᠣᠭᠠᠳᠤ ᠳᠠᠭᠠᠨ ᠬᠥᠮᠦᠵᠢᠭᠦᠯᠬᠦ︾ ᠶᠢ ᠴᠢᠩᠭᠠᠳᠬᠠᠵᠤ᠂ 85 ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠬᠡᠷᠡᠭᠵᠢᠭᠦᠯᠵᠦ᠂ 8 ᠲᠥᠷᠥᠯ ᠵᠦᠢᠯ ᠳᠤ ᠭᠡᠷ᠎ᠡ ᠲᠣᠭᠲᠠᠵᠤ᠂ | ᠨᠡᠶᠢᠲᠡ 27.5 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠣᠷᠣᠭᠤᠯᠤᠨ ᠠᠪᠴᠢᠷᠠᠵᠤ᠂ ᠭᠠᠵᠠᠷ ᠣᠷᠣᠨ ᠤ | ᠬᠥᠭᠵᠢᠯᠲᠡ ᠶᠢᠨ ᠰᠡᠯᠭᠦᠬᠦ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠪᠠ᠃ | ᠠᠵᠤ ᠦᠢᠯᠡᠳᠪᠦᠷᠢ ᠶᠢᠨ ᠠᠵᠤ ᠠᠬᠤᠶ ᠶᠢᠨ ᠦᠷᠭᠦᠯᠵᠢᠯᠡᠨ ᠨᠡᠮᠡᠭᠳᠡᠬᠦ ᠶᠢ ᠪᠡᠶᠡᠯᠡᠭᠦᠯᠪᠡ᠃ ᠨᠡᠭᠦᠷᠡᠰᠦᠨ | ᠬᠡᠦᠷᠡᠰᠦ ᠶᠢᠨ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠬᠤᠶᠠᠷ | ᠲᠣᠮᠣ ᠭᠤᠣᠯᠯᠠᠬᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠠᠩᠬᠠᠷᠤᠯ ᠢᠶᠠᠨ | ᠬᠠᠨᠳᠣᠭᠤᠯᠵᠦ᠂ ᠲᠣᠯᠣᠭᠠᠶᠢᠯᠠᠭᠴᠢ ᠠᠵᠤ ᠠᠬᠤᠶᠢᠯᠠᠯ ᠢ ᠭᠤᠣᠯᠯᠠᠨ ᠳᠠᠭᠠᠷᠢᠵᠤ᠂ ᠠᠵᠤ ᠦᠢᠯᠡᠰ ᠤᠨ ᠲᠥᠪᠯᠡᠷᠡᠯ ᠢ | ᠠᠬᠢᠭᠤᠯᠤᠨ᠂ ᠭᠤᠸᠠᠩ ᠨᠠ ᠪᠦᠯᠦᠭᠯᠡᠯ ᠤᠨ 500 ᠲᠦᠮᠡᠨ ᠲᠣᠨ ᠬᠡᠦᠷᠰᠢᠭᠦᠯᠦᠨ ᠦᠢᠯᠡᠳᠪᠦᠷᠢᠯᠡᠬᠦ ᠲᠥᠷᠥᠯ ᠵᠦᠢᠯ᠂ | ᠵᠥᠩ ᠯᠢᠶᠠᠨ ᠬᠢᠮᠢ ᠶᠢᠨ ᠠᠵᠤ ᠦᠢᠯᠡᠳᠪᠦᠷᠢ ᠶᠢᠨ ᠵᠢᠯ ᠳᠤ 50 ᠲᠦᠮᠡᠨ ᠲᠣᠨ PVC ᠦᠢᠯᠡᠳᠪᠦᠷᠢᠯᠡᠬᠦ | ᠲᠥᠷᠥᠯ ᠵᠦᠢᠯ᠂ ᠬᠤᠸᠠ ᠾᠧᠩ ᠡᠨᠧᠷᠭᠢ ᠶᠢᠨ ᠰᠤᠷᠪᠤᠯᠵᠢ ᠶᠢᠨ 1.4 ᠪᠥᠲ᠋ᠠᠨᠳᠢᠤᠯ ᠤᠨ ᠲᠥᠷᠥᠯ ᠵᠦᠢᠯ ᠤᠨ | ᠠᠬᠢᠴᠠ ᠤᠷᠤᠭᠰᠢᠲᠠᠶ ᠪᠠᠶᠢᠵᠤ᠂ ᠴᠢᠩ ᠱᠢ ᠬᠢᠮᠢ᠂ ᠺᠧ ᠱᠥᠸᠧ᠂ ᠰᠧᠨ ᠶᠠᠩ᠂ ᠾᠦᠢ ᠴᠠᠩ ᠵᠡᠷᠭᠡ ᠨᠢᠭᠡ ᠪᠦᠯᠦᠭ | ᠭᠤᠤᠯᠳᠠᠯᠭ᠎ᠠ ᠲᠠᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠲᠥᠷᠥᠯ ᠵᠦᠢᠯ ᠢ ᠪᠠᠶᠢᠭᠤᠯᠤᠨ ᠪᠦᠲᠦᠭᠡᠵᠦ | ᠠᠰᠢᠭᠯᠠᠯᠲᠠ ᠳᠤ ᠣᠷᠣᠭᠤᠯᠤᠨ᠂ ᠬᠡᠦᠷᠰᠢᠭᠦᠯᠬᠦ ᠠᠵᠢᠯ ᠲᠥᠷᠥᠯ ᠤᠨ ᠡᠬᠢ ᠪᠠᠶᠠᠯᠢᠭ ᠤᠨ ᠦᠢᠯᠡᠳᠪᠦᠷᠢᠯᠡᠬᠦ | ᠴᠢᠳᠠᠪᠤᠷᠢ ᠶᠢ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠬᠦ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ | ᠪᠦᠲᠦᠭᠡᠯ ᠣᠯᠵᠤ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠬᠦ ᠴᠢᠳᠠᠪᠤᠷᠢ ᠶᠢ | ᠲᠣᠭᠲᠠᠭᠤᠨ ᠢᠶᠠᠷ ᠳᠡᠭᠡᠭᠰᠢᠯᠡᠭᠦᠯᠦᠨ᠂ ᠭᠤᠤᠯᠯᠠᠬᠤ ᠠᠵᠢᠯ ᠲᠥᠷᠥᠯ ᠤᠨ ᠠᠵᠤ ᠦᠢᠯᠡᠰ ᠤᠨ ᠬᠡᠯᠬᠢᠶ᠎ᠡ ᠶᠢ ᠤᠯᠠᠮ | ᠨᠢᠭᠡ ᠠᠯᠬᠤᠮ ᠤᠷᠲᠤᠳᠬᠠᠨ ᠨᠠᠷᠢᠯᠢᠭᠵᠢᠭᠤᠯᠵᠤ᠂ ᠬᠠᠩᠭᠠᠯᠭ᠎ᠠ ᠶᠢᠨ ᠬᠡᠯᠬᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ ᠰᠢᠯᠢᠳᠡᠭᠵᠢᠭᠦᠯᠪᠡ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠳᠠᠯᠳᠠ ᠬᠦᠴᠦᠨ ᠢ ᠠᠯᠭᠤᠷ ᠢᠶᠠᠷ ᠰᠣᠯᠠᠯᠠᠪᠠ᠃ ᠡᠳ᠋ | ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠵᠤᠭᠠᠴᠠᠯ ᠵᠡᠷᠭᠡ ᠦᠢᠯᠡᠴᠢᠯᠡᠭᠡᠨ ᠤ ᠦᠢᠯᠡᠰ | ᠲᠦᠷᠭᠡᠨ ᠬᠥᠭᠵᠢᠵᠦ᠂ ᠬᠤᠩ ᠳ᠋ᠠ ᠶᠢᠨ ᠪᠦᠭᠡᠮ ᠡᠳ᠋ ᠪᠣᠳᠠᠰ ᠤᠨ ᠠᠷᠠᠯᠵᠢᠶᠠᠨ ᠤ ᠲᠠᠪᠴᠠᠩ ᠤᠨ ᠪᠦᠬᠦ ᠵᠢᠯ ᠤᠨ | ᠠᠷᠠᠯᠵᠢᠶᠠᠨ ᠤ ᠬᠡᠮᠵᠢᠶ᠎ᠡ 636 ᠲᠦᠮᠡᠨ ᠲᠣᠨ ᠳᠤ ᠬᠦᠷᠴᠦ᠂ ᠠᠷᠠᠯᠵᠢᠶᠠᠨ ᠤ ᠬᠡᠮᠵᠢᠶ᠎ᠡ 30.45 ᠳ᠋ᠦᠩᠰᠢᠭᠤᠷ | ᠲᠥᠭᠦᠷᠢᠭ ᠲᠤ ᠬᠦᠷᠴᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ | ᠬᠠᠮᠢᠶᠠᠷᠤᠯᠲᠠ ᠶᠢᠨ ᠲᠠᠪᠴᠠᠩ᠂ ᠡᠳ᠋ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠠᠪᠴᠠᠩ ᠤᠨ ᠲᠥᠷᠥᠯ ᠵᠦᠢᠯ ᠢ | ᠦᠨᠳᠦᠰᠦᠨ ᠳᠡᠭᠡᠨ ᠪᠠᠶᠢᠭᠤᠯᠵᠤ᠂ ᠮᠧᠢ ᠲᠤᠸᠠᠨ᠂ ᠠᠯᠠᠭᠠᠨ ᠳᠡᠭᠡᠷᠡᠬᠢ ᠦᠬᠠᠢ ᠵᠡᠷᠭᠡ ᠬᠤᠭᠤᠯᠠ ᠬᠦᠷᠭᠡᠬᠦ APP | ᠪᠦᠬᠦ ᠵᠢᠯ ᠳᠤ 19 ᠲᠦᠮᠡᠨ ᠲᠠᠸᠠᠷ ᠢ ᠲᠤᠬᠢᠷᠠᠭᠤᠯᠤᠨ ᠬᠦᠷᠭᠡᠵᠡᠢ᠃ ︽ᠤᠮᠠᠷᠠᠲᠤ ᠶᠢᠨ ᠬᠠᠶᠢᠨᠠᠨ · ᠬᠠᠳᠤᠨ | ᠭᠤᠣᠯ ᠤᠨ ᠵᠠᠩ ᠦᠢᠯᠡ︾ ᠭᠡᠬᠦ ᠰᠢᠷᠢᠰ ᠭᠤᠣᠯ ᠰᠡᠳᠦᠪᠲᠦ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ | ᠠᠮᠵᠢᠯᠲᠠ ᠲᠠᠢ ᠪᠠᠷ ᠡᠷᠬᠢᠯᠡᠵᠦ᠂ ᠰᠢ ᠰᠢᠩ ᠵᠣᠴᠢᠳ ᠤᠨ ᠪᠠᠭᠤᠳᠠᠯ ᠨᠢ ᠤᠯᠤᠰ ᠤᠨ 3A ᠳᠡᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠪᠦᠬᠦ ᠵᠢᠯ ᠳᠤ 20 ᠲᠦᠮᠡᠨ ᠬᠥᠮᠦᠨ ᠤᠳᠠᠭ᠎ᠠ ᠶᠢ | ᠬᠦᠯᠢᠶᠡᠨ ᠠᠪᠴᠤ ᠵᠣᠴᠢᠯᠠᠪᠠ᠃ | ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢ ᠲᠤᠨᠲᠠᠭᠤᠨ ᠢᠶᠠᠷ ᠠᠬᠢᠭᠤᠯᠪᠠ᠃ ᠠᠮᠤ | ᠪᠤᠳᠠᠭ᠎ᠠ᠂ ᠦᠵᠦᠮ ᠳᠠᠷᠢᠬᠤ ᠲᠠᠯᠠᠪᠠᠶ ᠶᠢ ᠲᠣᠰ ᠲᠣᠰ 4.5 ᠲᠦᠮᠡᠨ ᠮᠥ᠂ 1.1 ᠲᠦᠮᠡᠨ ᠮᠥ ᠠᠴᠠ ᠳᠡᠭᠡᠭᠰᠢ | ᠪᠠᠶᠢᠯᠭᠠᠵᠤ᠂ ᠮᠠᠯ ᠵᠢᠭᠦᠷᠲᠡᠨ ᠤ ᠲᠤᠭ᠎ᠠ ᠲᠣᠯᠣᠭᠠᠶ 47 ᠲᠦᠮᠡ ︵ᠥᠲᠥ︶ ᠳᠤ ᠬᠦᠷᠪᠡ᠃ ᠪᠦᠦ ᠶᠤᠸᠠᠨ ᠤ 30 | ᠲᠦᠮᠡᠨ ᠥᠨᠳᠡᠭᠡᠨ ᠲᠠᠬᠢᠶ᠎ᠠ᠂ ᠬᠤᠸᠠ ᠱᠧᠩ ᠨᠣᠭᠤᠭᠠᠨ ᠡᠨᠧᠷᠭᠢ ᠶᠢᠨ ᠢᠳᠡᠭᠡᠨ ᠤ ᠮᠦᠬᠦ ᠶᠢᠨ ᠲᠦᠷᠦᠯ ᠵᠦᠢᠯ | ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠵᠤ᠂ ᠤᠳᠤ ᠦᠶ᠎ᠡ ᠶᠢᠨ ᠥᠨᠳᠥᠷ ᠦᠷ᠎ᠡ ᠠᠰᠢᠭ ᠲᠠᠢ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠬᠤᠵᠢᠷᠯᠢᠭ ᠤᠰᠤ ᠪᠠᠷ ᠰᠠᠮ ᠬᠤᠷᠣᠬᠠᠢ ᠲᠡᠵᠢᠭᠡᠨ ᠦᠷᠡᠵᠢᠭᠦᠯᠬᠦ | ᠲᠦᠷᠦᠯ ᠵᠦᠢᠯ ᠤᠷᠤᠭᠰᠢᠲᠠᠢ ᠠᠬᠢᠪᠠ᠃ 5 ᠵᠢᠱᠢᠶ᠎ᠡ ᠦᠵᠡᠭᠦᠯᠬᠦ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ | 3 ᠵᠢᠱᠢᠶ᠎ᠡ ᠦᠵᠡᠭᠦᠯᠬᠦ ᠬᠤᠷᠰᠢᠶ᠎ᠠ ᠶᠢ ᠰᠢᠨ᠎ᠡ ᠪᠠᠷ ᠮᠠᠭᠠᠳᠯᠠᠨ ᠲᠣᠭᠲᠠᠭᠠᠪᠠ᠃ | ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠪᠴᠢᠯᠡᠨ ᠨᠥᠬᠦᠪᠥᠷᠢᠯᠡᠪᠡ᠃ | ᠬᠦᠷᠢᠶᠡᠯᠡᠩ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ | ᠢᠵᠢ ᠪᠦᠷᠢᠳᠦᠭᠦᠯᠬᠦ ᠲᠥᠬᠦᠭᠡᠷᠦᠮᠵᠢ ᠲᠠᠰᠤᠷᠠᠯᠲᠠ ᠦᠭᠡᠶ ᠰᠢᠯᠢᠳᠡᠭᠵᠢᠵᠦ᠂ ᠬᠠᠶ ᠨᠥᠸᠧ ᠳᠠᠬᠢᠯᠲᠠ ᠤᠰᠤᠨ ᠤ | ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠤᠰᠤ ᠬᠠᠩᠭᠠᠬᠤ᠂ ᠵᠢᠶᠠ ᠰᠢᠨ | ᠶᠡᠭᠡ ᠵᠠᠮ᠂ ᠬᠠᠶ ᠮᠢᠩ ᠵᠠᠮ᠂ ᠬᠤᠸᠠ ᠶᠢᠦ ᠵᠡᠭᠡᠯᠢ ᠶᠢ ᠪᠠᠶᠢᠭᠤᠯᠵᠦ ᠲᠡᠷᠭᠡ ᠨᠡᠪᠲᠡᠷᠡᠪᠡ᠃ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠰᠢᠢᠳᠪᠦᠷᠢᠯᠡᠬᠦ ᠦᠢᠯᠡᠳᠪᠦᠷᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠯᠲᠠ ᠶᠢ | ᠦᠩᠭᠡᠷᠭᠡᠪᠡ᠂ ᠳᠣᠭᠢᠷᠠᠭᠤᠯᠤᠨ ᠣᠰᠣ ᠬᠠᠳᠠᠭᠠᠯᠠᠬᠤ ᠴᠥᠭᠦᠷᠥᠮ᠂ ᠶᠡᠷᠦᠩᠬᠡᠶᠢᠯᠡᠭᠰᠡᠨ ᠬᠤᠭᠤᠯᠠᠶ ᠶᠢᠨ ᠬᠤᠩᠭᠢᠯ ᠤᠨ | ᠬᠤᠶᠠᠳᠤᠭᠠᠷ ᠬᠤᠭᠤᠴᠠᠭ᠎ᠠ ᠵᠡᠷᠭᠡ ᠢᠨᠵᠧᠨᠧᠷᠢᠩ ᠢ ᠤᠷᠤᠭᠰᠢᠲᠠᠶ ᠳᠥᠯᠭᠢᠨ ᠠᠬᠢᠭᠤᠯᠵᠤ᠂ ᠨᠡᠭᠦᠷᠡᠰᠦ ᠵᠦᠭᠡᠭᠡᠪᠦᠷᠢᠯᠡᠬᠦ | ᠳᠤ ᠨᠡᠪᠲᠡᠷᠡᠬᠦ ᠵᠠᠮ ᠢ ᠥᠭᠡᠷᠡᠴᠢᠯᠡᠨ ᠨᠡᠭᠦᠯᠭᠡᠬᠦ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠪᠦᠬᠦᠨ ᠢ | ᠪᠡᠶᠡᠯᠡᠭᠦᠯᠵᠦ᠂ ᠬᠦᠷᠢᠶᠡᠯᠡᠩ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠪᠥᠬᠦ ᠲᠠᠯ᠎ᠠ ᠪᠠᠷ | ᠡᠬᠢᠯᠡᠭᠦᠯᠵᠦ᠂ ᠬᠦᠷᠢᠶᠡᠯᠡᠩ ᠤᠨ ᠳᠠᠭᠠᠭᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃ | ︵ᠳᠥᠷᠪᠡ︶ ᠨᠠᠷᠢᠯᠢᠭ ᠣᠨᠣᠴᠠᠲᠠᠶ ᠪᠠᠷ ᠬᠦᠴᠦ ᠣᠷᠣᠭᠤᠯᠵᠤ᠂ ᠬᠤᠲᠠ ᠬᠥᠳᠡᠭᠡ ᠶᠢᠨ ᠬᠥᠭᠵᠢᠯᠲᠡ ᠶᠢ | ᠨᠢᠭᠡᠳᠦᠯᠲᠡᠶ ᠲᠥᠯᠥᠪᠯᠡᠬᠦ ᠳᠤ ᠠᠯᠬᠤᠮ ᠢᠶᠠᠨ ᠨᠢᠭᠡᠳᠭᠡᠪᠡ᠃ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭ᠎ᠠ ᠠᠳᠬᠤᠬᠤ ᠶᠢ | ᠪᠠᠷᠢᠮᠲᠠᠯᠠᠵᠤ᠂ ᠳᠡᠭᠡᠳᠦ ᠱᠠᠲᠤᠨ ᠤ ᠪᠠᠯᠠ ᠮᠥᠩᠭᠦ ᠶᠢ ᠢᠳᠡᠪᠬᠢᠲᠡᠶ ᠲᠡᠮᠡᠴᠡᠨ ᠣᠯᠵᠤ᠂ ᠪᠠᠯᠠ ᠣᠷᠣᠭᠤᠯᠤᠯᠲᠠ ᠶᠢᠨ | ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠪᠥᠬᠦ ᠵᠢᠯ ᠳᠤ ᠨᠡᠶᠢᠲᠡ 1.6 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠳᠦᠷᠰᠦ ᠪᠠᠶᠢᠳᠠᠯ ᠢ ᠲᠠᠰᠤᠷᠠᠯᠲᠠ | ᠥᠬᠡᠶ ᠰᠠᠶᠢᠵᠢᠷᠠᠭᠤᠯᠪᠠ᠃ ᠬᠠᠭᠤᠴᠢᠨ ᠪᠠ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠯᠠᠪᠳᠠᠭᠤᠨ ᠢᠶᠠᠷ | ᠠᠬᠢᠭᠤᠯᠵᠤ᠂ ᠪᠠᠷᠠᠭᠤᠨ ᠣᠷᠠᠨᠳᠦ᠋ᠰᠢ ᠶᠢᠨ ᠣᠷᠣᠨ ᠰᠠᠭᠤᠴᠠ ᠶᠢᠨ ᠠᠰᠠᠷ᠂ ᠱᠢ ᠵᠢᠢ ᠵᠢᠵᠢᠭ ᠲᠣᠭᠤᠷᠢᠭ ᠪᠠ 7 ᠲᠠᠩ | ᠪᠡᠶᠡᠲᠦ ᠠᠰᠠᠷ ᠤᠨ ᠥᠭᠡᠷᠡᠴᠢᠯᠡᠯᠲᠡ ᠶᠢᠨ ᠢᠨᠵᠧᠨᠧᠷᠢᠩ ᠢ ᠤᠷᠤᠭᠰᠢᠲᠠᠶ ᠬᠡᠷᠡᠭᠵᠢᠭᠦᠯᠵᠦ᠂ ᠬᠠᠶ ᠳ᠋ᠢᠶᠠᠨ ᠵᠢᠵᠢᠭ | ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ 14 ᠵᠢᠱᠢᠶ᠎ᠡ ᠦᠵᠡᠭᠦᠯᠦᠨ ᠥᠭᠡᠷᠡᠴᠢᠯᠡᠬᠦ ᠵᠢᠵᠢᠭ ᠲᠣᠭᠤᠷᠢᠭ ᠤᠨ | ᠨᠢᠭᠡ ᠳᠤ ᠵᠢᠬᠰᠠᠭᠠᠭᠳᠠᠵᠦ᠂ ᠰᠠᠶᠢᠬᠠᠬᠤᠰᠤ ᠲᠣᠰᠬᠤᠨ᠂ ᠳ᠋ᠦᠩ ᠰᠢᠩ ᠲᠣᠰᠬᠤᠨ ᠳᠤ ︽ᠠᠷᠪᠠᠨ ᠰᠢᠶᠠᠨ ᠵᠠᠭᠤᠨ | ᠰᠢᠶᠠᠩ ᠮᠢᠩᠭᠠᠨ ᠲᠣᠰᠬᠤᠨ︾ ᠤ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠪᠠ᠃ ᠤᠰᠤ ᠲᠦᠭᠡᠭᠡᠬᠦ | ᠦᠢᠯᠡᠳᠪᠦᠷᠢ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ ᠪᠦᠬᠦᠨ ᠢ ᠳᠠᠭᠤᠰᠬᠠᠵᠤ᠂ | ᠲᠠᠷᠢᠶᠠᠯᠠᠬᠤ ᠣᠷᠣᠨ ᠳᠤ ᠪᠣᠬᠢᠷ ᠤᠰᠤᠨ ᠤ ᠬᠤᠭᠤᠯᠠᠶ ᠶᠢᠨ ᠲᠣᠤᠷ ᠢ 26.8 ᠺᠢᠯᠣᠮᠧᠲᠷ ᠳᠡᠪᠢᠰᠴᠦ᠂ ᠨᠢᠭᠡ | ᠴᠤᠭᠴᠠᠵᠢᠭᠤᠯᠤᠭᠰᠠᠨ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠶᠢ 7 ᠢᠵᠢ ᠤᠭᠰᠠᠷᠠᠵᠤ᠂ ᠬᠤᠲᠠ | ᠶᠢᠨ ᠲᠣᠭᠤᠷᠢᠭ ᠤᠨ ᠶᠡᠷᠦᠩᠬᠡᠶᠢᠯᠡᠭᠰᠡᠨ ᠪᠣᠬᠢᠷ ᠤᠰᠤ ᠰᠢᠢᠳᠪᠦᠷᠢᠯᠡᠬᠦ ᠨᠣᠷᠮ᠎ᠠ ᠶᠢ 90 % ᠠᠴᠠ ᠳᠡᠭᠡᠭᠰᠢ ᠳᠤ | ᠬᠦᠷᠦᠭᠦᠯᠵᠦ᠂ ᠲᠠᠷᠢᠶᠠᠯᠠᠬᠤ ᠣᠷᠣᠨ ᠳᠤ ᠠᠮᠢᠳᠤᠷᠠᠯ ᠤᠨ ᠪᠣᠬᠢᠷ ᠤᠰᠤ ᠶᠢ ᠪᠦᠬᠦᠨ ᠢ ᠬᠤᠷᠢᠶᠠᠨ ᠴᠤᠭᠯᠠᠭᠤᠯᠬᠤ ᠶᠢ | ᠪᠡᠶᠡᠯᠡᠭᠦᠯᠪᠡ᠃ ᠬᠤᠲᠠ ᠶᠢᠨ ᠲᠣᠭᠤᠷᠢᠭ ᠵᠢᠴᠢ ᠡᠷᠬᠢᠨ ᠲᠣᠭᠤᠷᠢᠨ ᠤ ᠠᠮᠢᠳᠤᠷᠠᠯ ᠤᠨ ᠬᠤᠭ ᠨᠣᠪᠰᠢ ᠶᠢ ᠨᠢᠭᠡᠳᠦᠯᠲᠡᠶ | ᠬᠤᠷᠢᠶᠠᠨ ᠴᠤᠭᠯᠠᠭᠤᠯᠵᠤ ᠴᠡᠪᠡᠷᠯᠡᠨ ᠲᠡᠭᠡᠭᠡᠪᠦᠷᠢᠯᠡᠬᠦ ᠶᠢ ᠪᠡᠶᠡᠯᠡᠭᠦᠯᠵᠦ᠂ ᠲᠠᠷᠢᠶᠠᠯᠠᠬᠤ ᠣᠷᠣᠨ ᠳᠤ 9 ᠬᠤᠭ ᠨᠣᠪᠰᠢ | ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ᠂ 179 ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ ᠳᠣᠭᠢᠷᠠᠭᠤᠯᠤᠨ᠂ | ︽ᠲᠣᠰᠬᠤᠨ ᠤ ᠬᠤᠷᠢᠶᠠᠨ ᠴᠤᠭᠯᠠᠭᠤᠯᠬᠤ᠂ ᠪᠠᠯᠭᠠᠰᠤ ᠶᠢᠨ ᠳᠠᠮᠵᠢᠭᠤᠯᠤᠨ ᠲᠡᠭᠡᠭᠡᠪᠦᠷᠢᠯᠡᠬᠦ᠂ ᠲᠥᠪᠯᠡᠷᠡᠭᠦᠯᠦᠨ | ᠰᠢᠢᠳᠪᠦᠷᠢᠯᠡᠬᠦ︾ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠰᠢᠰᠲ᠋ᠧᠮᠵᠢ ᠶᠢ ᠦᠨᠳᠦᠰᠦᠨ ᠳᠡᠭᠡᠨ | ᠪᠦᠷᠢᠯᠳᠦᠭᠦᠯᠵᠦ᠂ ᠡᠷᠦᠬᠡ ᠶᠢᠨ ᠵᠣᠷᠯᠣᠩ ᠢ 1449 ᠡᠷᠦᠬᠡ ᠳᠤ ᠥᠭᠡᠷᠡᠴᠢᠯᠡᠨ ᠵᠠᠰᠠᠬᠤ ᠶᠢ ᠪᠡᠶᠡᠯᠡᠭᠦᠯᠵᠦ᠂ | ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠣᠨ ᠤ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠬᠠᠢ ᠯᠠ ᠵᠠᠮ | ᠵᠡᠷᠭᠡ ᠶᠠᠪᠠᠭᠠᠨ ᠬᠥᠮᠦᠨ ᠤ ᠵᠠᠮ ᠢ ᠥᠭᠡᠷᠡᠴᠢᠯᠡᠨ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠳᠠᠭᠤᠰᠬᠠᠵᠤ᠂ 17.6 ᠲᠦᠮᠡᠨ ᠲᠡᠭᠰᠢ ᠳᠥᠷᠪᠡᠯᠵᠢᠨ ᠮᠧᠲᠷ ᠶᠠᠪᠠᠭᠠᠨ ᠬᠥᠮᠦᠨ ᠤ ᠵᠠᠮ ᠢ ᠳᠡᠪᠢᠰᠴᠦ᠂ ᠬᠠᠲᠤᠨ | ᠭᠤᠣᠯ ᠵᠠᠮ ᠤᠨ 200 ᠳ᠋ᠧᠩ ᠢ ᠰᠣᠯᠢᠪᠠ᠃ ︽ᠲᠦᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠦᠳᠦᠭᠡᠨ | ᠪᠠᠶᠢᠭᠤᠯᠤᠯᠲᠠ ᠤᠷᠤᠭᠰᠢᠲᠠᠶ ᠠᠬᠢᠵᠤ᠂ ᠲᠠᠷᠢᠶᠠᠯᠠᠬᠤ ᠣᠷᠣᠨ ᠤ ᠵᠠᠮ ᠢ 12.9 ᠺᠢᠯᠣᠮᠧᠲᠷ ᠥᠭᠡᠷᠡᠴᠢᠯᠡᠵᠦ᠂ 33 | ᠺᠢᠯᠣᠮᠧᠲᠷ ᠰᠡᠯᠪᠢᠨ ᠵᠠᠰᠠᠵᠤ᠂ ᠬᠤᠳᠠ ᠶᠢᠨ ᠲᠣᠭᠤᠷᠢᠭ ᠲᠤ ᠤᠯᠠᠨ ᠨᠡᠶᠢᠲᠡ ᠶᠢᠨ ᠲᠡᠷᠭᠡ ᠵᠣᠭᠰᠣᠬᠤ ᠲᠠᠯᠠᠪᠠᠢ ᠶᠢ | 20 ᠭᠠᠷᠭᠠᠵᠤ᠂ ᠲᠡᠷᠭᠡ ᠵᠣᠭᠰᠣᠬᠤ ᠪᠠᠶᠢᠷᠢ ᠶᠢ 5000 ᠭᠠᠷᠤᠶ ᠵᠠᠭᠠᠭᠯᠠᠨ ᠲᠣᠭᠲᠠᠭᠠᠵᠤ᠂ ᠤᠯᠠᠨ ᠲᠦᠮᠡᠨ ᠤ | ᠶᠠᠪᠤᠵᠤ ᠰᠠᠭᠤᠬᠤ ᠳᠤ ᠬᠦᠴᠢᠷᠲᠡᠶ᠂ ᠲᠡᠷᠭᠡ ᠵᠣᠭᠰᠣᠭᠠᠬᠤ ᠳᠤ ᠬᠦᠴᠢᠷᠲᠡᠶ ᠪᠠᠶᠢᠬᠤ ᠠᠰᠠᠭᠤᠳᠠᠯ ᠢ ᠪᠦᠲᠦᠮᠵᠢᠲᠡᠶ ᠪᠠᠷ | ᠨᠠᠮᠳᠠᠭᠤᠯᠪᠠ᠃ | ︵ᠲᠠᠪᠤ︶ ᠦᠷᠭᠦᠯᠵᠢᠯᠡᠨ ᠬᠦᠴᠦᠯᠡᠵᠦ᠂ ᠨᠡᠶᠢᠭᠡᠮ ᠠᠷᠠᠳ ᠤᠨ ᠠᠮᠢᠳᠤᠷᠠᠯ ᠤᠨ ᠦᠢᠯᠡᠰ ᠲᠤ ᠢᠯᠡᠳᠲᠡ | ᠦᠷ᠎ᠡ ᠪᠦᠲᠦᠮᠵᠢ ᠤᠯᠪᠠ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠰᠢᠨ᠎ᠡ ᠳᠡᠭᠡᠭᠰᠢᠯᠡᠯᠲᠡ ᠲᠠᠢ ᠪᠣᠯᠪᠠ᠃ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠴᠢᠩᠭᠠᠷᠠᠭᠤᠯᠵᠤ᠂ ᠳᠠᠷᠤᠭᠠᠰᠤ ᠶᠢ | ᠬᠥᠩᠭᠡᠷᠡᠭᠦᠯᠬᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠥᠷᠭᠡᠳᠬᠡᠬᠦ ᠶᠢ ᠵᠡᠷᠭᠡ ᠪᠠᠷ | ᠴᠢᠬᠤᠯᠠᠴᠢᠯᠠᠵᠤ᠂ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠪᠠᠭᠠᠰᠬᠠᠬᠤ᠂ ᠭᠡᠯᠳᠦᠷᠢᠭᠦᠯᠬᠦ᠂ | ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠭᠡᠯ ᠢ 7025 ᠲᠦᠮᠡᠨ ᠲᠥᠭᠦᠷᠢᠭ | ᠬᠠᠰᠤᠵᠤ ᠬᠡᠯᠲᠦᠷᠢᠭᠦᠯᠪᠡ᠃ ᠪᠥᠬᠦ ᠲᠤᠭᠤᠷᠢᠭ ᠤᠨ ᠬᠤᠲᠠ ᠪᠠᠯᠭᠠᠰᠤᠨ ᠤ 1300 ᠬᠥᠮᠦᠨ ᠳᠤ ᠰᠢᠨ᠎ᠡ ᠪᠠᠷ | ᠠᠵᠢᠯ ᠣᠯᠭᠤᠵᠤ᠂ 604 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠠᠵᠢᠯ ᠣᠯᠭᠤᠯᠲᠠ ᠶᠢᠨ ᠪᠠᠶᠢᠳᠠᠯ | ᠠᠯᠬᠤᠮ ᠠᠯᠬᠤᠮ ᠢᠶᠠᠷ ᠰᠠᠶᠢᠵᠢᠷᠠᠪᠠ᠃ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠬᠢᠷᠢ | ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢ 760 ᠲᠥᠭᠦᠷᠢᠭ ᠪᠣᠯᠭᠠᠨ ᠳᠡᠭᠡᠭᠰᠢᠯᠡᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠮᠥᠩᠭᠦ ᠵᠢᠴᠢ ᠡᠯ᠎ᠡ ᠲᠥᠷᠥᠯ ᠤᠨ ᠠᠪᠤᠷᠠᠨ ᠲᠤᠰᠠᠯᠠᠬᠤ ᠪᠠᠯᠠ ᠮᠥᠩᠭᠦ ᠶᠢ 3332 ᠲᠦᠮᠡᠨ ᠲᠥᠭᠦᠷᠢᠭ ᠲᠠᠷᠬᠠᠭᠠᠪᠠ᠃ | ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠠᠵᠢᠯ ᠢ ᠯᠠᠪᠳᠠᠭᠤᠨ ᠢᠶᠠᠷ ᠲᠦᠯᠬᠢᠨ | ᠠᠬᠢᠭᠤᠯᠵᠤ᠂ 2108 ᠢᠵᠢ ᠵᠤᠭᠤᠰᠵᠢᠭᠤᠯᠤᠨ ᠲᠥᠪᠬᠢᠨᠡᠭᠦᠯᠬᠦ ᠠᠵᠢᠯ ᠢ ᠪᠡᠶᠡᠯᠡᠭᠦᠯᠵᠦ᠂ 900 ᠢᠵᠢ | ᠲᠥᠪᠬᠢᠨᠡᠭᠦᠯᠬᠦ ᠣᠷᠣᠨ ᠰᠠᠭᠤᠴᠠ ᠶᠢ ᠰᠢᠨ᠎ᠡ ᠪᠠᠷ ᠪᠠᠷᠢᠯᠭ᠎ᠠ ᠡᠬᠢᠯᠡᠭᠦᠯᠪᠡ᠃ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ | ᠡᠮᠨᠡᠬᠦ ᠰᠤᠪᠢᠯᠠᠬᠤ ᠶᠢ ᠤᠶᠠᠯᠳᠤᠭᠤᠯᠤᠭᠰᠠᠨ ᠠᠰᠠᠷ ᠢ ᠠᠰᠢᠭᠯᠠᠯᠲᠠ ᠳᠤ ᠣᠷᠣᠭᠤᠯᠤᠨ᠂ ᠮᠣᠩᠭᠤᠯ ᠬᠢᠲᠠᠳ | ᠡᠮᠨᠡᠯᠭᠡ ᠶᠢᠨ ᠬᠤᠷᠢᠶ᠎ᠠ ᠶᠢᠨ ᠲᠥᠷᠥᠯ ᠵᠦᠢᠯ ᠢ ᠤᠷᠤᠭᠰᠢᠲᠠᠶ ᠬᠡᠷᠡᠭᠵᠢᠭᠦᠯᠵᠦ᠂ ᠪᠥᠬᠦ ᠲᠤᠭᠤᠷᠢᠭ ᠤᠨ ᠰᠠᠭᠤᠭᠠᠯᠢ | ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠲᠠᠩᠰᠠ ᠡᠪᠬᠡᠮᠡᠯ ᠢ 9.1 ᠲᠦᠮᠡᠨ ᠬᠤᠪᠢ ᠪᠠᠶᠢᠭᠤᠯᠵᠤ᠂ ᠲᠠᠩᠰᠠ | ᠡᠪᠬᠡᠮᠡᠯ ᠪᠠᠶᠢᠭᠤᠯᠤᠭᠰᠠᠨ ᠨᠣᠷᠮ᠎ᠠ ᠶᠢ 84.26 % ᠳᠤ ᠬᠦᠷᠦᠭᠦᠯᠪᠡ᠃ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ ᠲᠦᠷᠦᠯ ᠤᠨ ᠰᠣᠶᠣᠯ ᠤᠨ ᠠᠵᠢᠯᠯᠠᠭ᠎ᠠ ᠶᠢ 140 ᠭᠠᠷᠤᠶ | ᠲᠠᠯᠠᠪᠤᠷ ᠤᠳᠠᠭ᠎ᠠ ᠡᠷᠬᠢᠯᠡᠪᠡ᠃ | ᠨᠡᠶᠢᠭᠡᠮ ᠤᠨ ᠦᠢᠯᠡᠰ ᠤᠨ ᠬᠥᠭᠵᠢᠯᠲᠡ ᠰᠢᠨ᠎ᠡ ᠠᠮᠵᠢᠯᠲᠠ ᠪᠦᠲᠦᠮᠵᠢ ᠤᠯᠪᠠ᠃ ᠰᠤᠷᠭᠠᠨ ᠬᠥᠮᠦᠵᠢᠯ ᠢ ᠡᠩ | ᠲᠡᠷᠢᠭᠦᠨ ᠳᠤ ᠪᠠᠲᠤᠯᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠬᠡᠤᠬᠡᠳ ᠤᠨ ᠴᠡᠴᠡᠷᠯᠢᠭ᠂ ᠳᠤᠮᠳᠠᠳᠤ ᠪᠠᠭ᠎ᠠ | ᠰᠤᠷᠭᠠᠭᠤᠯᠢ ᠶᠢᠨ 101 ᠪᠠᠭᠰᠢ ᠶᠢ ᠤᠷᠢᠨ ᠬᠡᠷᠡᠭᠯᠡᠵᠦ᠂ ᠬᠠᠶᠢᠨᠠᠨ ᠲᠣᠭᠤᠷᠢᠭ ᠤᠨ ᠭᠤᠷᠪᠠᠳᠤᠭᠠᠷ ᠬᠡᠤᠬᠡᠳ ᠤᠨ | ᠴᠡᠴᠡᠷᠯᠢᠭ ᠢ ᠪᠤᠴᠠᠭᠠᠨ ᠬᠤᠳᠠᠯᠳᠤᠨ ᠠᠪᠬᠤ ᠶᠢ ᠪᠡᠶᠡᠯᠡᠭᠦᠯᠵᠦ᠂ ᠳᠥᠷᠪᠡᠳᠦᠭᠡᠷ ᠬᠡᠤᠬᠡᠳ ᠤᠨ ᠴᠡᠴᠡᠷᠯᠢᠭ ᠡᠬᠢᠯᠡᠨ | ᠰᠣᠷᠣᠭᠴᠢ ᠡᠯᠰᠡᠵᠦ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠴᠡᠴᠡᠷᠯᠢᠭ ᠲᠤ ᠣᠷᠣᠬᠤ | ᠨᠣᠷᠮ᠎ᠠ ᠶᠢ 53 % ᠬᠦᠷᠭᠡᠵᠦ᠂ 50 % ᠶᠢᠨ ᠡᠭᠦᠷᠭᠡ ᠬᠠᠷᠠᠯᠲᠠ ᠶᠢ ᠴᠠᠭ ᠲᠤᠬᠠᠶ ᠳᠤᠨᠢ ᠪᠡᠶᠡᠯᠡᠭᠦᠯᠪᠡ᠃ ︽ | ᠴᠢᠳᠠᠪᠤᠷᠢᠲᠠᠨ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠠᠬᠢᠭᠤᠯᠵᠤ᠂ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ 119 ᠳᠡᠭᠡᠳᠦ ᠰᠤᠷᠭᠠᠭᠤᠯᠢ ᠲᠡᠭᠦᠰᠦᠭᠰᠡᠳ ᠢ ᠣᠷᠣᠭᠤᠯᠤᠨ ᠠᠪᠴᠢᠷᠠᠪᠠ᠃ ᠦᠨᠳᠦᠰᠦᠨ | ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠵᠦ᠂ ᠪᠥᠬᠦ | ᠲᠤᠭᠤᠷᠢᠭ ᠤᠨ 5 ᠬᠠᠤᠯᠢ ᠴᠠᠭᠠᠵᠠ ᠶᠢᠨ ᠭᠠᠵᠠᠷ ᠪᠠᠷᠢᠮᠵᠢᠶᠠᠵᠢᠭᠤᠯᠤᠬᠰᠠᠨ ᠪᠥᠲᠥᠭᠡᠨ ᠪᠠᠶᠢᠭᠤᠯᠤᠯᠲᠠ ᠶᠢ | ᠪᠦᠬᠦᠨ ᠢ ᠪᠡᠶᠡᠯᠡᠭᠦᠯᠪᠡ᠃ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠵᠦ᠂ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ | ᠶᠡᠷᠦᠩᠬᠡᠶᠢᠯᠡᠭᠰᠡᠨ ᠨᠠᠰᠤᠵᠢᠯ ᠤᠨ ᠦᠢᠯᠡᠴᠢᠯᠡᠭᠡᠨ ᠤ ᠲᠥᠪ 1᠂ ᠦᠢᠯᠡᠴᠢᠯᠡᠭᠡᠨ ᠤ ᠥᠷᠲᠡᠭᠡ 2 ᠪᠠᠶᠢᠭᠤᠯᠪᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠪᠠ᠃ | ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠪᠠᠲᠤᠯᠠᠭ᠎ᠠ ᠶᠢᠨ ᠦᠢᠯᠡᠴᠢᠯᠡᠭᠡ ᠶᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠲᠠᠰᠤᠷᠠᠯᠲᠠ ᠥᠬᠡᠶ | ᠪᠠᠬᠢᠵᠢᠭᠦᠯᠦᠨ ᠬᠥᠭᠵᠢᠭᠦᠯᠵᠦ᠂ 2020 ᠣᠨ ᠳᠤ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ | ᠵᠢᠱᠢᠶᠡᠴᠢ ᠲᠣᠭᠤᠷᠢᠭ︾ ᠢᠶᠠᠷ ᠦᠨᠡᠯᠡᠭᠳᠡᠪᠡ᠃ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠡᠮᠡᠭᠲᠡᠶᠢᠴᠦᠳ ᠬᠡᠦᠬᠡᠳ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ | ᠵᠡᠷᠭᠡ ᠠᠵᠢᠯ ᠴᠥᠮ ᠰᠢᠨ᠎ᠡ ᠠᠮᠵᠢᠯᠲᠠ ᠤᠯᠪᠠ᠃ | ︵ᠵᠢᠷᠭᠤᠭ᠎ᠠ︶ ᠠᠮᠢᠵᠢᠷᠠᠯ ᠤᠨ ᠬᠦᠴᠦᠨ ᠢ ᠬᠥᠭᠵᠢᠭᠡᠵᠦ᠂ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠶᠢ ᠯᠠᠪᠳᠠᠭᠤᠨ ᠪᠠᠲᠤᠲᠠᠶ ᠠᠬᠢᠭᠤᠯᠪᠠ᠃ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠡᠷᠡᠰ ᠭᠤᠶᠢᠪᠢᠰᠢ ᠥᠬᠡᠶ ᠪᠠᠷ ᠳᠥᠯᠭᠢᠨ | ᠠᠬᠢᠭᠤᠯᠵᠤ᠂ ᠠᠭᠤᠵᠢᠭᠤ ᠲᠠᠯᠪᠢᠬᠤ᠂ ᠴᠢᠳᠠᠮᠠᠭᠠᠶ ᠪᠠᠷ ᠬᠠᠮᠢᠶᠠᠷᠬᠤ᠂ ᠰᠢᠯᠢᠳᠡᠭ ᠦᠢᠯᠡᠴᠢᠯᠡᠬᠦ ᠶᠢ ᠬᠠᠷᠢᠯᠴᠠᠨ | ᠤᠶᠠᠯᠳᠤᠭᠤᠯᠬᠤ ᠶᠢ ᠴᠢᠬᠤᠯᠠᠴᠢᠯᠠᠨ᠂ ︽ᠨᠢᠭᠡ ᠲᠣᠤᠷ ᠨᠢᠭᠡ ᠲᠥᠷᠥᠯ ᠨᠢᠭᠡ ᠤᠳᠠᠭ᠎ᠠ︾ ᠶᠢᠨ ᠥᠭᠡᠷᠡᠴᠢᠯᠡᠯᠲᠡ ᠶᠢ | ᠲᠦᠷᠭᠡᠳᠬᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠣᠷᠣᠵᠤ ᠰᠠᠭᠤᠬᠤ | ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ᠰᠦᠯᠵᠢᠶ᠎ᠡ ᠪᠠᠷ ᠭᠦᠢᠴᠡᠳᠭᠡᠬᠦ ᠨᠣᠷᠮ᠎ᠠ ᠶᠢ 100 % ᠳᠤ | ᠬᠦᠷᠦᠭᠦᠯᠵᠦ᠂ ᠵᠦᠢᠯᠡᠰ ᠢ ᠭᠦᠢᠴᠡᠳᠭᠡᠬᠦ ᠶᠡᠷᠦᠩᠬᠡᠶ ᠴᠠᠭ ᠤᠨ ᠬᠢᠵᠠᠭᠠᠷ ᠢ 50 % ᠪᠠᠷ ᠪᠠᠭᠠᠰᠬᠠᠨ᠂ ᠭᠤᠶᠤᠴᠢᠯᠠᠬᠤ | ᠮᠠᠲ᠋ᠧᠷᠢᠶᠠᠯ ᠢ 30 % ᠪᠠᠷ ᠪᠠᠭᠠᠰᠬᠠᠨ᠎ᠠ᠃ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ | ᠠᠬᠢᠭᠤᠯᠵᠤ᠂ ᠠᠵᠤ ᠠᠬᠤᠶᠢᠯᠠᠯ ᠤᠨ ︽ᠨᠢᠭᠡ ᠰᠦᠯᠵᠢᠶ᠎ᠡ ᠪᠠᠷ ᠨᠡᠪᠲᠡᠷᠡᠭᠦᠯᠬᠦ︾ ᠦᠢᠯᠡᠴᠢᠯᠡᠭᠡᠨ ᠤ ᠲᠠᠪᠴᠠᠩ ᠢ | ᠨᠡᠭᠡᠭᠡᠨ ᠡᠷᠭᠢᠯᠡᠵᠦ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠪᠥᠬᠦ ᠲᠤᠭᠤᠷᠢᠭ ᠤᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ 8786 | ᠡᠷᠦᠬᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ ᠤ | ᠪᠣᠬᠢᠷᠲᠤᠯ ᠥᠬᠡᠶ ᠠᠵᠤ ᠠᠬᠤᠶ ᠶᠢᠨ ᠠᠵᠤ ᠦᠢᠯᠡᠰ ᠤᠨ ᠵᠢᠯᠣᠭᠤᠳᠬᠤ ᠭᠠᠷᠴᠠᠭ ᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ ᠬᠠᠶᠢᠨᠠᠨ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠤᠨ ᠤᠷᠴᠢᠯᠵᠢᠭᠤᠯᠬᠤ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠶᠠᠳᠤᠭᠠᠷ ᠪᠦᠯᠦᠭ ᠤᠨ ᠣᠷᠴᠢᠨ ᠲᠣᠭᠤᠷᠢᠨ ᠤ | ᠪᠣᠬᠢᠷᠲᠤᠯ ᠢ ᠭᠤᠷᠪᠠᠳᠠᠬᠢ ᠡᠲᠡᠭᠡᠳ ᠠᠴᠠ ᠵᠠᠰᠠᠬᠤ ᠬᠦᠷᠢᠶᠡᠯᠡᠩ ᠤᠨ ᠨᠡᠷᠡᠰ ᠲᠤ ᠣᠷᠣᠪᠠ᠃ ᠳᠤᠤᠷ᠎ᠠ | ᠨᠡᠭᠦᠷᠡᠰᠦᠳᠦ᠋ᠷᠦᠭᠴᠢᠲᠦ ᠠᠵᠤ ᠦᠢᠯᠡᠰ ᠤᠨ ᠬᠦᠷᠢᠶᠡᠯᠡᠩ ᠯᠤᠭ᠎ᠠ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ | ᠴᠢᠩᠭᠠᠳᠬᠠᠵᠤ᠂ ︽ᠨᠢᠰᠦᠭᠡ ᠭᠠᠵᠠᠷ ᠤᠨ ᠠᠵᠤ ᠠᠬᠤᠶ︾ ᠶᠢᠨ ᠵᠠᠭᠪᠤᠷ ᠢ ᠬᠡᠷᠡᠭᠵᠢᠭᠦᠯᠦᠨ᠂ ︽ᠬᠡᠨ | ᠬᠤᠳᠠᠯᠳᠤᠭᠠᠴᠢᠨ ᠤᠷᠢᠪᠠᠯ ᠬᠡᠨ ᠦᠢᠯᠡᠴᠢᠯᠡᠵᠦ ᠬᠡᠨ ᠠᠰᠢᠭ ᠭᠥᠷᠳᠡᠬᠦ︾ ᠵᠠᠷᠴᠢᠮ ᠶᠣᠰᠣᠭᠠᠷ᠂ ᠭᠠᠶᠢᠯᠢ | ᠲᠠᠲᠠᠪᠤᠷᠢ ᠶᠢᠨ ᠠᠰᠢᠭ ᠣᠯᠵᠠᠪᠤᠷᠢ ᠶᠢ ᠬᠠᠮᠲᠤᠪᠠᠷ ᠡᠳ᠋ᠯᠡᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢ ᠯᠠᠪᠳᠠᠭᠤᠨ ᠢᠶᠠᠷ ᠲᠦᠯᠬᠢᠨ | ᠠᠬᠢᠭᠤᠯᠵᠤ᠂ 66 ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠳ ᠢ | ᠬᠦᠯᠢᠶᠡᠨ ᠠᠪᠤᠪᠠ᠃ ᠵᠢᠵᠢᠭ ᠮᠠᠯᠴᠢᠨ ᠲᠠᠷᠢᠶᠠᠴᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ 3 ᠦᠢᠯᠡᠴᠢᠯᠡᠭᠡᠨ ᠤ ᠭᠤᠤᠯ ᠴᠣᠭᠴᠠ ᠨᠢ ᠨᠡᠶᠢᠭᠡᠮᠴᠢᠯᠡᠭᠰᠡᠨ ᠦᠢᠯᠡᠴᠢᠯᠡᠭᠡᠨ ᠤ | ᠵᠣᠬᠢᠶᠠᠨ ᠪᠠᠶᠢᠭᠤᠯᠤᠯᠲᠠ ᠶᠢᠨ ᠨᠡᠷᠡᠰ ᠤᠨ ᠬᠥᠮᠥᠷᠭᠡ ᠳᠤ ᠣᠷᠣᠪᠠ᠃ ᠲᠣᠭᠤᠷᠢᠭ ᠤᠨ ᠠᠷᠠᠳ ᠤᠨ ᠡᠮᠨᠡᠯᠭᠡ ᠶᠢᠨ | ᠬᠤᠷᠢᠶ᠎ᠠ ᠪᠠᠷ ᠭᠤᠤᠯ ᠪᠣᠯᠭᠠᠭᠰᠠᠨ ᠡᠮᠴᠢᠯᠡᠭᠡᠨ ᠤ ᠪᠦᠯᠦᠭᠯᠡᠯ ᠢ ᠪᠥᠬᠦ ᠲᠠᠯ᠎ᠠ ᠪᠠᠷ ᠪᠠᠶᠢᠭᠤᠯᠵᠤ᠂ ᠴᠢᠨᠠᠷ ᠰᠠᠶᠢᠲᠠᠶ ᠡᠬᠢ | ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠤᠨ᠂ ︽ᠪᠠᠭ᠎ᠠ ᠡᠪᠡᠳᠴᠢᠨ ᠢ ᠨᠡᠶᠢᠭᠡᠮ | ᠲᠣᠭᠤᠷᠢᠭ ᠲᠤ ᠬᠦᠷᠭᠡᠵᠦ᠂ ᠬᠦᠨᠳᠦ ᠡᠪᠡᠳᠴᠢᠨ ᠢ ᠡᠮᠨᠡᠯᠭᠡ ᠶᠢᠨ ᠬᠤᠷᠢᠶ᠎ᠠ ᠳᠤ ᠬᠦᠷᠭᠡᠬᠦ︾ ᠰᠢᠨ᠎ᠡ ᠮᠠᠶ᠋ᠢᠭ ᠤᠨ | ᠡᠮᠴᠢᠯᠡᠭᠡᠨ ᠤ ᠦᠢᠯᠡᠴᠢᠯᠡᠭᠡᠨ ᠤ ᠵᠠᠭᠪᠤᠷ ᠢ ᠠᠩᠬ᠎ᠠ ᠠᠯᠬᠤᠮ ᠪᠣᠶ ᠪᠤᠯᠭᠠᠪᠠ᠃ | ︵ᠳᠣᠯᠤᠭ᠎ᠠ︶ ᠲᠣᠭᠲᠠᠯ ᠬᠦᠴᠦᠨ ᠢᠶᠠᠨ ᠪᠠᠲᠤᠯᠠᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ | ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠲᠦᠷᠪᠡᠨ ᠤᠬᠠᠮᠰᠠᠷ︾ ᠢ ᠪᠠᠲᠤ ᠪᠤᠢ | ᠪᠣᠯᠭᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠲᠣᠭᠲᠠᠭᠠᠯ ᠢ ᠬᠢᠨᠠᠮᠠᠭᠠᠶ | ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ | ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠵᠦ᠂ ᠪᠦᠬᠦ ᠵᠢᠯ ᠳᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ 77 ᠬᠤᠪᠢ᠂ | ᠤᠯᠤᠰ ᠲᠦᠷᠦ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠤᠨ ᠲᠤᠷᠰᠢᠯᠲᠠ ᠶᠢᠨ ᠠᠵᠢᠯ ᠢ | ᠦᠷᠭᠦᠯᠵᠢᠯᠡᠨ ᠲᠦᠯᠬᠢᠨ ᠠᠬᠢᠭᠤᠯᠵᠤ᠂ ᠠᠷᠠᠳ ᠤᠨ ᠠᠮᠢᠳᠤᠷᠠᠯ ᠤᠨ 5 ᠪᠣᠳᠠᠲᠤ ᠶᠠᠪᠤᠳᠠᠯ ᠤᠨ ᠵᠦᠢᠯᠡᠰ ᠤᠨ | ᠪᠦᠳᠦᠭᠡᠨ ᠪᠠᠶᠢᠭᠤᠯᠤᠯᠲᠠ ᠶᠢ ᠪᠦᠬᠦᠨ ᠢ ᠪᠡᠶᠡᠯᠡᠭᠦᠯᠪᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠵᠤ᠂ | ᠬᠢᠨᠠᠨ ᠪᠤᠳᠤᠵᠤ ᠬᠢᠨᠠᠯᠲᠠ ᠲᠠᠯᠪᠢᠬᠤ ᠶᠢ ᠵᠢᠷᠤᠮᠵᠢᠭᠤᠯᠤᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠠ ᠠᠷᠢᠭᠤᠨ | ᠴᠢᠬᠡᠴᠢ ᠵᠠᠰᠠᠭ ᠤᠨ ᠣᠷᠳᠣᠨ ᠢ ᠬᠦᠴᠦᠯᠡᠨ ᠪᠠᠶᠢᠭᠤᠯᠪᠠ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ | ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠭᠠᠮᠨᠠᠨ | ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠪᠦᠬᠦ ᠵᠢᠯ ᠳᠤ ᠠᠯᠪᠠᠨ ᠤ ᠭᠤᠷᠪᠠᠨ ᠵᠦᠢᠯ ᠤᠨ | ᠵᠠᠷᠤᠳᠠᠯ ᠢ 32.37 % ᠪᠠᠷ ᠪᠠᠭᠠᠰᠬᠠᠪᠠ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠲᠥᠪᠯᠡᠷᠡᠭᠦᠯᠦᠨ ᠴᠡᠭᠴᠡᠯᠡᠨ | ᠵᠠᠰᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ | ᠲᠤᠰᠬᠠᠶ ᠠᠵᠢᠯᠯᠠᠭ᠎ᠠ ᠪᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯ | ᠬᠢᠵᠦ ᠠᠳᠠᠯ ᠦᠢᠯᠡᠰ ᠴᠣᠭᠴᠠᠯᠠᠬᠤ ᠭᠦᠨ ᠵᠤᠵᠠᠭᠠᠨ ᠠᠭᠤᠷ ᠠᠮᠢᠰᠬᠤᠯ ᠪᠠ ᠰᠤᠷᠲᠠᠯ ᠴᠢᠬᠡᠴᠢ ᠣᠪᠣᠷ ᠲᠥᠪ | ᠤᠯᠤᠰ ᠲᠥᠷᠥ ᠶᠢᠨ ᠠᠮᠢ ᠠᠬᠤᠶ ᠶᠢ ᠪᠣᠶ ᠪᠤᠯᠭᠠᠪᠠ᠃ | ᠲᠥᠯᠥᠭᠡᠯᠡᠭᠴᠢᠳ ᠡ᠂ 2020 ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠦᠭᠰᠡᠨ ᠨᠢ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠠᠷᠠᠯᠲᠠ | ᠪᠦᠬᠦᠨ ᠢᠶᠠᠷ ᠢᠶᠠᠨ ᠪᠡᠶᠡᠯᠡᠭᠳᠡᠭᠰᠡᠨ ᠢ ᠬᠠᠷᠠᠭᠤᠯᠵᠤ ᠪᠠᠶᠢᠨ᠎ᠠ︕ | ᠥᠩᠭᠡᠷᠡᠭᠰᠡᠨ ᠲᠠᠪᠤᠨ ᠵᠢᠯ ᠳᠤ᠂ ᠮᠠᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠶᠡᠬᠡᠪᠡᠷ ᠳᠡᠭᠡᠭᠰᠢᠯᠡᠵᠡᠢ᠃ | ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ | ᠪᠦᠲᠦᠴᠡ ᠶᠢ ᠲᠤᠬᠢᠷᠠᠭᠤᠯᠬᠤ᠂ ᠬᠡᠯᠪᠡᠷᠢ ᠶᠢ ᠬᠤᠪᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ | ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ︽ᠬᠠᠮ ᠠᠷᠭ᠎ᠠ ᠬᠡᠮᠵᠢᠶ᠎ᠡ︾ ᠶᠢ ᠦᠨᠡᠨᠬᠦ ᠰᠠᠶᠢᠲᠤᠷ | ᠠᠳᠬᠤᠵᠤ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠢᠯᠡᠳᠲᠡ ᠳᠡᠭᠡᠭᠰᠢᠯᠡᠭᠦᠯᠪᠡ᠃ ᠨᠡᠭᠦᠷᠡᠰᠦᠨ | ᠬᠡᠦᠷᠡᠰᠦ ᠶᠢᠨ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠤᠨᠴᠠᠯᠢᠭᠳᠤ ᠳᠠᠪᠠᠭᠤᠯᠢᠭ ᠤᠯᠠᠮ ᠨᠢᠭᠡ ᠠᠯᠬᠤᠮ ᠢᠯᠡᠷᠡᠵᠦ᠂ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠪᠦᠯᠦᠭᠵᠢᠯ ᠤᠨ ᠬᠥᠭᠵᠢᠯᠲᠡ ᠠᠯᠬᠤᠮ ᠠᠯᠬᠤᠮ ᠢᠶᠠᠷ ᠪᠦᠷᠢᠯᠳᠦᠪᠡ᠃ ᠴᠢᠨᠠᠷ ᠰᠠᠶᠢᠲᠠᠶ ᠦᠵᠦᠮ᠂ | ᠠᠮᠢ ᠠᠬᠤᠶ ᠶᠢᠨ ᠡᠭᠦᠯᠳᠡᠷ ᠤᠨ ᠲᠡᠵᠢᠭᠡᠨ ᠦᠷᠡᠵᠢᠭᠦᠯᠦᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ | ᠵᠡᠷᠭᠡ ᠭᠤᠷᠪᠠᠨ ᠶᠡᠭᠡ ᠭᠤᠣᠯᠯᠠᠬᠤ ᠬᠡᠯᠪᠡᠷᠢ ᠶᠢᠨ ᠠᠵᠤ ᠦᠢᠯᠡᠰ ᠢ ᠡᠮᠬᠢ ᠵᠢᠷᠤᠮ ᠲᠠᠢ ᠪᠠᠷ ᠬᠦᠭᠵᠢᠭᠦᠯᠪᠡ᠃ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠤᠯᠬᠤ᠂ ᠠᠮᠢᠳᠤᠷᠠᠯ ᠤᠨ ᠴᠢᠨᠠᠷᠲᠠᠶ | ᠦᠢᠯᠡᠴᠢᠯᠡᠭᠡᠨ ᠤ ᠦᠢᠯᠡᠰ ᠢ ᠨᠠᠷᠢᠯᠢᠬᠵᠢᠭᠤᠯᠬᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠬᠡᠯᠪᠡᠷᠢ ᠪᠠᠨ | ᠬᠤᠪᠢᠷᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠲᠤᠭᠤᠷᠢᠭ ᠤᠨ ᠲᠤᠯᠭᠠᠭᠤᠷᠢᠯᠠᠬᠤ ᠰᠢᠰᠲ᠋ᠧᠮᠵᠢ ᠶᠢ | ᠦᠨᠳᠦᠰᠦᠨ ᠳᠡᠭᠡᠨ ᠪᠦᠷᠢᠯᠳᠦᠭᠦᠯᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠵᠢᠯ ᠪᠦᠷᠢ | ᠳᠤᠮᠳᠠᠴᠢ ᠪᠠᠷ 5.8 % ᠪᠠᠷ ᠨᠡᠮᠡᠭᠳᠡᠪᠡ᠃ ᠬᠥᠮᠦᠨ ᠳᠤᠮᠳᠠᠴᠢ ᠶᠢᠨ GDP 15 ᠲᠦᠮᠡᠨ ᠲᠥᠭᠦᠷᠢᠭ ᠲᠤ | ᠬᠥᠷᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠵᠢᠯ ᠪᠦᠷᠢ ᠳᠤᠮᠳᠠᠴᠢ ᠪᠠᠷ ᠲᠣᠰ ᠲᠣᠰ 8.4 | % ᠪᠠ 5.9 % ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠳᠠᠬᠢᠨ ᠤ ᠵᠥᠷᠢᠶ᠎ᠡ | 2015 ᠣᠨ ᠳᠤ 2.42 ᠪᠠᠶᠢᠭᠰᠠᠨ ᠠᠴᠠ ᠪᠠᠨ 2020 ᠣᠨ ᠪᠣᠯᠬᠤ ᠳᠤ 2.11 ᠪᠣᠯᠵᠣ ᠪᠠᠭᠠᠰᠪᠠ᠃ | ᠥᠩᠭᠡᠷᠡᠭᠰᠡᠨ ᠲᠠᠪᠤᠨ ᠵᠢᠯ ᠳᠤ᠂ ᠮᠠᠨ ᠤ ᠡᠵᠡᠩᠨᠡᠯᠲᠡ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠥᠬᠦ ᠬᠦᠴᠦᠨ ᠢᠶᠠᠷ ᠳᠥᠯᠭᠢᠨ ᠠᠬᠢᠭᠤᠯᠵᠤ᠂ | ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ | 62 ᠦᠢᠯᠡᠴᠢᠯᠡᠭᠡᠨ ᠤ ᠴᠣᠩᠬᠤ ᠭᠠᠷᠭᠠᠵᠤ᠂ 379 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠲᠥᠪᠯᠡᠷᠡᠭᠦᠯᠦᠨ ᠭᠦᠢᠴᠡᠳᠭᠡᠬᠦ ᠶᠢ ᠪᠡᠶᠡᠯᠡᠭᠦᠯᠪᠡ᠃ ᠳᠠᠪᠬᠤᠷᠳᠠᠭᠤᠯᠤᠨ ᠬᠢᠨᠠᠨ ᠵᠥᠪᠰᠢᠶᠡᠷᠡᠬᠦ ᠶᠢ ᠶᠡᠭᠡ ᠪᠠᠷ | ᠪᠠᠭᠠᠰᠬᠠᠵᠤ᠂ ᠬᠡᠷᠡᠭ ᠡᠷᠬᠢᠯᠡᠬᠦ ᠵᠠᠩᠭᠢᠯᠠᠭ᠎ᠠ ᠶᠢ ᠨᠡᠶᠢᠯᠡᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ 157 ᠵᠦᠢᠯ ᠢ | ᠬᠦᠴᠦᠨ ᠦᠭᠡᠢ ᠪᠣᠯᠭᠠᠵᠤ᠂ ᠳᠡᠭᠡᠳᠦ ᠱᠠᠲᠤᠨ ᠠᠴᠠ ᠳᠣᠷᠣᠭᠰᠢ ᠪᠠᠭᠤᠯᠭᠠᠭᠰᠠᠨ 378 ᠵᠦᠢᠯ ᠤᠨ ᠡᠭᠦᠷᠭᠡ | ᠴᠢᠳᠠᠪᠤᠷᠢ ᠶᠢᠨ ᠡᠷᠬᠡ ᠶᠢᠨ ᠬᠡᠪᠴᠢᠶ᠎ᠡ ᠶᠢ ᠬᠦᠯᠢᠶᠡᠨ ᠠᠪᠴᠤ᠂ 637 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ | ᠵᠦᠢᠯᠡᠰ ᠢ ᠦᠯᠡᠳᠡᠭᠡᠵᠦ᠂ 105 ᠥᠨᠳᠥᠷ ᠲᠠᠪᠳᠠᠮᠵᠢᠳᠤ ᠵᠦᠢᠯᠡᠰ ᠢ ︽ᠬᠠᠮᠤᠭ ᠠᠷᠪᠢᠨ ᠳᠠᠭᠠᠨ ᠨᠢᠭᠡ ᠤᠳᠠᠭ᠎ᠠ | ᠭᠦᠶᠦᠯᠭᠡᠬᠦ︾ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠵᠦᠢᠯᠡᠰ ᠤᠨ ᠬᠢᠨᠠᠨ ᠵᠥᠪᠰᠢᠶᠡᠷᠡᠯ ᠢ ᠴᠥᠮ | ᠰᠦᠯᠵᠢᠶᠡᠨ ᠳᠡᠭᠡᠷ᠎ᠡ ᠨᠡᠶᠢᠯᠡᠭᠦᠯᠦᠨ ᠭᠦᠢᠴᠡᠳᠬᠡᠬᠦ ᠶᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠲᠦᠷᠦᠯ ᠤᠨ ᠵᠦᠢᠯᠡᠰ ᠢ | 5 ᠠᠵᠢᠯᠯᠠᠬᠤ ᠡᠳᠦᠷ ᠲᠤ ᠭᠦᠢᠴᠡᠳᠬᠡᠵᠦ ᠳᠠᠭᠤᠰᠬᠠᠨ᠂ ᠳᠠᠩᠰᠠᠯᠠᠭᠤᠯᠬᠤ ᠲᠦᠷᠦᠯ ᠤᠨ ᠵᠦᠢᠯᠡᠰ ᠢ 3 ᠠᠵᠢᠯᠯᠠᠬᠤ | ᠡᠳᠦᠷ ᠲᠤ ᠭᠦᠢᠴᠡᠳᠬᠡᠵᠦ ᠳᠠᠭᠤᠰᠬᠠᠬᠤ ᠶᠢ ᠪᠡᠶᠡᠯᠡᠭᠦᠯᠪᠡ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠠᠵᠢᠯ ᠡᠷᠬᠢᠯᠡᠬᠦ ᠴᠠᠭ ᠢ 3 ᠠᠵᠢᠯ ᠤᠨ ᠡᠳᠦᠷ | ᠪᠠᠶᠢᠭᠰᠠᠨ ᠠᠴᠠ 1 ᠠᠵᠢᠯ ᠤᠨ ᠡᠳᠦᠷ ᠪᠣᠯᠭᠠᠨ ᠪᠠᠭᠠᠰᠬᠠᠪᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ | ᠨᠡᠶᠢᠲᠡ 17.6 ᠳ᠋ᠦᠩᠰᠢᠭᠤᠷ ᠲᠥᠭᠦᠷᠢᠭ ᠤᠨ ᠭᠠᠶᠢᠯᠢ ᠲᠤᠰᠢᠶᠠᠭᠴᠢ ᠶᠢᠨ ᠰᠦᠢᠳᠭᠡᠯ ᠢ ᠬᠠᠰᠤᠵᠤ ᠭᠡᠯᠳᠦᠷᠢᠭᠦᠯᠵᠦ᠂ | ᠲᠣᠭᠤᠷᠢᠭ ᠲᠤ ᠰᠠᠭᠤᠭ᠎ᠠ ᠡᠯ᠎ᠡ ᠪᠠᠩᠬᠢ ᠳᠤ ᠨᠡᠶᠢᠲᠡ 164 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ | 21 ᠠᠵᠤ ᠠᠬᠤᠶᠢᠯᠠᠯ ᠢ ᠬᠠᠪᠰᠤᠷᠤᠨ ︽ᠳᠠᠭᠠᠳᠬᠠᠯ ᠳᠤ ᠲᠤᠰᠠᠯᠠᠬᠤ ᠵᠢᠭᠡᠯᠡᠯᠭᠡ︾ ᠶᠢᠨ ᠪᠠᠯᠠ ᠮᠥᠩᠭᠦ 2800 | ᠲᠦᠮᠡᠨ ᠲᠥᠭᠦᠷᠢᠭ ᠭᠤᠶᠤᠴᠢᠯᠠᠵᠤ᠂ ᠪᠠᠯᠠ ᠣᠷᠣᠭᠤᠯᠤᠯᠲᠠ ᠶᠢᠨ ᠠᠷᠠᠯᠵᠢᠶ᠎ᠠ ᠶᠢᠨ ᠲᠡᠷᠢᠭᠦᠨ ᠰᠣᠩᠭᠤᠯᠲᠠ ᠶᠢᠨ | ᠲᠤᠭᠤᠷᠢᠭ ᠤᠨ ᠤᠨᠴᠠᠯᠢᠭᠳᠤ ᠳᠠᠪᠠᠭᠤᠯᠢᠭ ᠢ ᠦᠨᠳᠦᠰᠦᠨ ᠳᠡᠭᠡᠨ ᠲᠣᠭᠲᠠᠭᠠᠪᠠ᠃ | ᠥᠩᠭᠡᠷᠡᠭᠰᠡᠨ ᠲᠠᠪᠤᠨ ᠵᠢᠯ ᠳᠤ᠂ ᠮᠠᠨ ᠤ ᠬᠤᠳᠠ ᠬᠥᠳᠡᠭᠡ ᠶᠢᠨ ᠳᠦᠷᠰᠦ ᠪᠠᠶᠢᠳᠠᠯ ᠴᠣ᠋ ᠰᠢᠨ᠎ᠡ ᠪᠠᠶᠢᠳᠠᠯ ᠲᠠᠢ | ᠪᠣᠯᠪᠠ᠃ 1140 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠬᠡᠷᠡᠭᠵᠢᠭᠦᠯᠵᠦ᠂ | ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠪᠦᠬᠦᠨ ᠢ ᠴᠡᠪᠡᠷᠯᠡᠪᠡ᠃ 23 ᠬᠠᠭᠤᠴᠢᠨ ᠪᠠ | ᠬᠠᠭᠤᠴᠢᠷᠬᠠᠰᠠᠨ ᠵᠢᠵᠢᠭ ᠲᠣᠭᠤᠷᠢᠭ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ | ᠬᠡᠷᠡᠭᠵᠢᠭᠦᠯᠵᠦ᠂ ᠨᠢᠭᠡᠨᠲᠡ ᠪᠠᠶᠢᠭ᠎ᠠ ᠪᠠᠷᠢᠯᠭ᠎ᠠ ᠶᠢᠨ 14 ᠲᠦᠮᠡᠨ ᠲᠡᠭᠰᠢ ᠳᠥᠷᠪᠡᠯᠵᠢᠨ ᠮᠧᠲᠷ ᠤᠨ ᠡᠨᠧᠷᠭᠢ | ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ | ᠰᠠᠭᠤᠴᠠ ᠶᠢᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠪᠡ᠃ ᠬᠠᠶᠢᠨᠠᠨ ᠲᠣᠭᠤᠷᠢᠭ ᠤᠨ ᠪᠡᠶ᠎ᠡ ᠶᠢᠨ ᠲᠠᠮᠢᠷ ᠤᠨ | ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠬᠠᠢ ᠳ᠋ᠢᠶᠠᠨ ᠠᠮᠢ ᠠᠬᠤᠶ ᠶᠢᠨ ᠬᠦᠷᠢᠶᠡᠯᠡᠩ ᠢ ᠲᠠᠰ ᠳᠡᠪᠰᠢᠭᠦᠯᠦᠨ | ᠥᠭᠡᠷᠡᠴᠢᠯᠡᠬᠦ ᠶᠢ ᠪᠡᠶᠡᠯᠡᠭᠦᠯᠵᠦ᠂ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠪᠡ᠃ ᠠᠭᠤᠷᠬᠠᠶ ᠶᠢᠨ ᠣᠷᠣᠨ ᠤ ᠵᠠᠮ᠂ ᠬᠤᠲᠠ ᠶᠢᠨ ᠶᠠᠪᠤᠳᠠᠯ ᠤᠨ ᠵᠠᠮ᠂ ᠬᠥᠳᠡᠭᠡ ᠲᠣᠰᠬᠤᠨ ᠤ ᠵᠠᠰᠠᠮᠠᠯ | ᠵᠠᠮ ᠢ 83.6 ᠺᠢᠯᠣᠮᠧᠲᠷ ᠰᠢᠨ᠎ᠡ ᠪᠠᠷ ᠪᠠᠶᠢᠭᠤᠯᠵᠤ᠂ 81.6 ᠺᠢᠯᠣᠮᠧᠲᠷ ᠵᠡᠭᠡᠯᠢ ᠭᠤᠳᠤᠮᠵᠢ ᠶᠢ ᠬᠠᠲᠠᠭᠤᠷᠠᠭᠤᠯᠵᠤ᠂ | 39.9 ᠲᠦᠮᠡᠨ ᠲᠡᠭᠰᠢ ᠳᠥᠷᠪᠡᠯᠵᠢᠨ ᠮᠧᠲᠷ ᠶᠠᠪᠠᠭᠠᠨ ᠬᠥᠮᠦᠨ ᠤ ᠵᠠᠮ ᠢ ᠳᠡᠪᠢᠰᠴᠦ᠂ ᠲᠠᠷᠢᠶᠠᠯᠠᠬᠤ ᠣᠷᠣᠨ ᠤ | ᠪᠣᠶ ᠪᠥᠬᠦᠶ ᠵᠠᠰᠠᠭ ᠵᠠᠬᠢᠷᠭᠠᠨ ᠤ ᠲᠣᠰᠬᠤᠨ ᠳᠤ ᠨᠡᠶᠢᠲᠡ ᠶᠢᠨ ᠵᠠᠮ ᠬᠠᠷᠢᠯᠴᠠᠭ᠎ᠠ ᠶᠢ ᠪᠦᠬᠦᠨ ᠢ ᠬᠠᠮᠤᠷᠬᠤ ᠶᠢ | ᠪᠡᠶᠡᠯᠡᠭᠦᠯᠵᠦ᠂ ᠵᠠᠮ ᠬᠠᠷᠢᠯᠴᠠᠭ᠎ᠠ ᠭᠠᠳᠠᠭᠰᠢ ᠭᠠᠷᠬᠤ ᠳᠤ ᠨᠠᠩ ᠲᠥᠬᠦᠮ ᠪᠣᠯᠭᠠᠪᠠ᠃ ᠪᠦᠬᠦ ᠲᠤᠭᠤᠷᠢᠭ ᠤᠨ ᠢᠯᠴᠢ | ᠴᠠᠬᠢᠯᠭᠠᠨ ᠬᠤᠯᠪᠣᠭ᠎ᠠ ᠶᠢᠨ ᠬᠠᠩᠭᠠᠯᠭ᠎ᠠ ᠶᠢ ᠪᠡᠶᠡᠯᠡᠭᠦᠯᠵᠦ᠂ ᠬᠠᠶᠢᠨᠠᠨ ᠲᠣᠭᠤᠷᠢᠭ ᠤᠨ ᠤᠰᠤ ᠴᠡᠪᠡᠷᠰᠢᠭᠦᠯᠬᠦ | ᠦᠢᠯᠡᠳᠪᠦᠷᠢ ᠶᠢ ᠪᠠᠶᠢᠭᠤᠯᠵᠤ᠂ ᠢᠯᠴᠢ ᠬᠠᠩᠭᠠᠬᠤ ᠤᠰᠤ ᠬᠠᠩᠭᠠᠬᠤ᠂ ᠪᠣᠬᠢᠷ ᠤᠰᠤ ᠶᠢ ᠭᠠᠳᠠᠬᠰᠢᠯᠠᠭᠤᠯᠬᠤ᠂ | ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠡᠯ᠎ᠡ ᠲᠦᠷᠦᠯ ᠤᠨ ᠬᠤᠭᠤᠯᠠᠢ ᠶᠢᠨ ᠲᠣᠣᠷ ᠢ ᠨᠡᠶᠢᠳᠡ 100 ᠭᠠᠷᠤᠢ | ᠺᠢᠯᠤᠮᠧᠲᠷ ᠪᠠᠶᠢᠭᠤᠯᠤᠨ ᠥᠭᠡᠷᠡᠴᠢᠯᠡᠵᠦ᠂ ᠰᠠᠭᠤᠷᠢ ᠲᠥᠬᠦᠭᠡᠷᠦᠮᠵᠢ ᠶᠢᠨ ᠶᠠᠰᠤ ᠴᠢᠨᠠᠷ ᠢ ᠲᠦᠷᠭᠡᠨ ᠳᠡᠭᠡᠭᠰᠢᠯᠡᠭᠦᠯᠵᠦ᠂ | ᠬᠤᠳᠠ ᠬᠥᠳᠡᠭᠡ ᠶᠢᠨ ᠠᠭᠤᠰᠤᠯᠴᠠᠯ ᠤᠨ ᠤᠷᠢᠳᠠᠪᠠᠷ ᠬᠡᠷᠡᠭᠵᠢᠭᠦᠯᠬᠦ ᠲᠤᠭᠤᠷᠢᠭ ᠤᠨ ᠠᠵᠢᠯᠯᠠᠭᠠᠨ ᠤ ᠵᠠᠭᠪᠤᠷ ᠢ | ᠦᠨᠳᠦᠰᠦᠨ ᠳᠡᠭᠡᠨ ᠪᠠᠶᠢᠭᠤᠯᠪᠠ᠃ ︽ᠬᠤᠤᠰ ᠬᠤᠳᠠ ᠶᠢ ᠬᠤᠯᠪᠣᠭᠠᠯᠠᠨ ᠪᠠᠶᠢᠭᠤᠯᠬᠤ︾ ᠪᠠᠷ ᠠᠵᠠ ᠲᠣᠬᠢᠶᠠᠯ | ᠪᠣᠯᠭᠠᠵᠤ᠂ ᠬᠤᠳᠠ ᠬᠥᠳᠡᠭᠡ ᠶᠢᠨ ᠲᠦᠷᠢ ᠲᠥᠷᠬᠦ ᠶᠢ ᠬᠦᠴᠦᠯᠡᠨ ᠳᠡᠭᠡᠭᠰᠢᠯᠡᠭᠦᠯᠵᠦ᠂ ᠬᠠᠶᠢᠨᠠᠨ ᠲᠣᠭᠤᠷᠢᠭ ᠨᠢ | ᠳᠥᠷᠪᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢᠨ ᠲᠣᠭᠤᠷᠢᠭ ᠢᠶᠠᠷ | ᠦᠨᠡᠯᠡᠭᠳᠡᠵᠦ᠂ ᠪᠠᠶᠠᠨᠳᠤᠬᠠᠢ ᠪᠠᠯᠭᠠᠰᠤ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ ᠪᠣᠯᠪᠠᠰᠤᠨ | ᠲᠣᠰᠬᠤᠨ ᠢᠶᠠᠷ ᠦᠨᠡᠯᠡᠭᠳᠡᠵᠦ᠂ ᠰᠠᠶᠢᠬᠠᠬᠤᠰᠤ ᠲᠣᠰᠬᠤᠨ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ | ᠪᠣᠯᠪᠠᠰᠤᠨ ᠲᠣᠰᠬᠤᠨ ᠢᠶᠠᠷ ᠦᠨᠡᠯᠡᠭᠳᠡᠪᠡ᠃ | ᠥᠩᠭᠡᠷᠡᠭᠰᠡᠨ ᠲᠠᠪᠤᠨ ᠵᠢᠯ ᠳᠤ᠂ ᠮᠠᠨ ᠤ ᠠᠮᠢ ᠠᠬᠤᠢ ᠶᠢᠨ ᠣᠷᠴᠢᠨ ᠲᠣᠭᠤᠷᠢᠨ ᠢᠯᠡᠳᠲᠡ ᠰᠢᠯᠢᠳᠡᠭᠵᠢᠪᠡ᠃ | ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢ ᠭᠤᠶᠢᠪᠢᠰᠢ ᠥᠬᠡᠶ ᠪᠠᠷᠢᠮᠲᠠᠯᠠᠨ᠂ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠦᠬᠠᠶ ᠵᠢᠴᠢ ᠡᠷᠬᠢᠨ ᠲᠣᠭᠤᠷᠢᠨ ᠤ | ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠡᠯ᠎ᠡ ᠵᠦᠢᠯ ᠤᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠢᠯᠡᠳᠲᠡ ᠰᠠᠶᠢᠵᠢᠷᠠᠭᠤᠯᠪᠠ᠃ ᠠᠮᠢ ᠠᠬᠤᠶ ᠶᠢᠨ ᠣᠷᠴᠢᠨ ᠨᠥᠬᠦᠴᠡᠯ ᠤᠨ | ᠵᠠᠰᠠᠯᠲᠠ ᠳᠤ ᠨᠡᠶᠢᠲᠡ 39.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠲᠥᠪ ᠪᠠ ᠥᠪᠡᠷᠲᠡᠭᠡᠨ ᠵᠠᠰᠠᠬᠤ | ᠣᠷᠣᠨ ᠤ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠬᠤ ᠲᠣᠭᠤᠷᠢᠨ | ᠪᠠᠶᠢᠴᠠᠭᠠᠯᠲᠠ ᠶᠢ 6 ᠤᠳᠠᠭ᠎ᠠ ᠭᠥᠯᠢᠶᠡᠨ ᠠᠪᠴᠤ᠂ ᠬᠠᠷᠢᠭᠤ ᠲᠤᠰᠬᠠᠭᠰᠠᠨ 372 ᠵᠦᠢᠯ ᠤᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ | ᠤᠷᠢᠳᠠᠪᠠᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠠᠭᠤᠷᠬᠠᠶ ᠶᠢᠨ ᠰᠢᠷᠣᠶ | ᠭᠠᠳᠠᠭᠰᠢᠯᠠᠭᠤᠯᠬᠤ ᠲᠠᠯᠠᠪᠠᠶ ᠶᠢ ᠵᠠᠯᠭᠠᠯᠳᠤᠭᠤᠯᠤᠨ ᠵᠠᠰᠠᠵᠤ ᠵᠢᠷᠤᠮᠵᠢᠭᠤᠯᠬᠤ ᠣᠷᠣᠨ ᠨᠤᠲᠤᠭ ᠤᠨ ᠪᠠᠷᠢᠮᠵᠢᠶ᠎ᠠ ᠶᠢ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢ 9 ᠪᠠᠶᠢᠭᠤᠯᠪᠠ᠃ ᠬᠠᠲᠤᠨ | ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢ ᠬᠦᠴᠦᠯᠡᠨ ᠠᠬᠢᠭᠤᠯᠵᠤ᠂ ᠭᠤᠤᠯ ᠮᠥᠷᠡᠨ ᠤ | ᠡᠷᠭᠢ ᠶᠢᠨ ᠱᠤᠭᠤᠮ ᠤᠨ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠂ | ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ ᠬᠠᠲᠤᠨ ᠭᠤᠤᠯ ᠤᠨ ᠬᠠᠶᠢᠨᠠᠨ ᠤ | ᠬᠡᠰᠡᠭ ᠤᠨ ᠤᠰᠤᠨ ᠤ ᠴᠢᠨᠠᠷ ᠢ ᠬᠤᠶᠠᠳᠤᠭᠠᠷ ᠲᠥᠷᠥᠯ ᠤᠨ ᠪᠠᠷᠢᠮᠵᠢᠶ᠎ᠠ ᠳᠤ ᠬᠦᠷᠦᠭᠦᠯᠪᠡ᠃ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 7.2 ᠲᠦᠮᠡᠨ ᠮᠥ ᠬᠥᠮᠦᠨ ᠤ | ᠬᠦᠴᠦ ᠪᠠᠷ ᠣᠶᠢᠵᠢᠭᠤᠯᠬᠤ ᠶᠢ ᠪᠡᠶᠡᠯᠡᠭᠦᠯᠵᠦ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠲᠠᠯᠠᠪᠠᠶ 350.8 | ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 49. | 4% ᠳᠤ ᠬᠦᠷᠴᠦ᠂ ᠪᠥᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠬᠤᠲᠠ᠂ ᠤᠯᠤᠰ ᠤᠨ | ᠴᠡᠴᠡᠷᠯᠢᠭᠵᠢᠭᠦᠯᠦᠭᠰᠡᠨ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠪᠲᠤᠯᠤᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠦᠨᠳᠦᠰᠦᠨ ᠳᠡᠭᠡᠨ ᠪᠠᠬᠢᠵᠢᠭᠦᠯᠪᠡ᠃ | ᠥᠩᠭᠡᠷᠡᠭᠰᠡᠨ ᠲᠠᠪᠤᠨ ᠵᠢᠯ ᠳᠤ᠂ ᠮᠠᠨ ᠤ ᠠᠷᠠᠳ ᠤᠨ ᠠᠮᠢᠳᠤᠷᠠᠯ ᠤᠨ ᠦᠢᠯᠡᠰ ᠲᠣᠭᠲᠠᠭᠤᠨ ᠢᠶᠠᠷ ᠬᠥᠭᠵᠢᠪᠡ᠃ | ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠤᠨ ᠵᠠᠷᠤᠯᠭ᠎ᠠ ᠶᠢᠨ ᠡᠵᠡᠯᠡᠬᠦ ᠬᠠᠷᠢᠴᠠᠯ ᠢ ᠢᠮᠠᠭᠲᠠ | 70% ᠠᠴᠠ ᠳᠡᠭᠡᠭᠰᠢ ᠪᠠᠶᠢᠪᠠ᠃ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ | ᠢᠯᠡᠳᠲᠡ ᠠᠮᠵᠢᠯᠲᠠ ᠣᠯᠵᠤ᠂ ᠨᠡᠶᠢᠳᠡ 16857 ᠢᠵᠢ ᠲᠦᠬᠦᠮ ᠪᠦᠳᠦᠴᠡᠳᠦ ᠣᠷᠣᠨ ᠰᠠᠭᠤᠴᠠ ᠶᠢᠨ | ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠪᠡ᠃ ᠠᠵᠢᠯ ᠣᠯᠭᠤᠯᠲᠠ ᠶᠢ ᠴᠢᠷᠮᠠᠶᠢᠨ ᠥᠷᠭᠡᠳᠬᠡᠵᠦ᠂ ᠨᠡᠶᠢᠲᠡ | 7811 ᠬᠥᠮᠦᠨ ᠰᠢᠨ᠎ᠡ ᠪᠠᠷ ᠠᠵᠢᠯ ᠣᠯᠵᠤ᠂ ᠠᠵᠢᠯ ᠠᠯᠳᠠᠯᠲᠠ ᠶᠢᠨ ᠳᠠᠭᠠᠳᠬᠠᠯ ᠳᠤ ᠨᠡᠶᠢᠲᠡ 43410 ᠬᠥᠮᠦᠨ | ᠤᠳᠠᠭ᠎ᠠ ᠣᠷᠣᠯᠴᠠᠵᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ 6137 ᠲᠦᠮᠡᠨ ᠲᠥᠭᠦᠷᠢᠭ | ᠲᠠᠯᠪᠢᠪᠠ᠃ ᠡᠯ᠎ᠡ ᠲᠦᠷᠦᠯ ᠤᠨ ᠠᠪᠤᠷᠠᠨ ᠲᠤᠰᠠᠯᠠᠬᠤ ᠪᠠ ᠨᠥᠬᠦᠪᠥᠷᠢ ᠥᠭᠬᠦ ᠪᠠᠷᠢᠮᠵᠢᠶ᠎ᠠ ᠶᠢ ᠵᠢᠯ ᠳᠠᠷᠠᠭᠠᠯᠠᠨ | ᠳᠡᠭᠡᠭᠰᠢᠯᠡᠭᠦᠯᠵᠦ᠂ ᠡᠯ᠎ᠡ ᠲᠦᠷᠦᠯ ᠤᠨ ᠠᠪᠤᠷᠠᠨ ᠲᠤᠰᠠᠯᠠᠬᠤ ᠪᠠ ᠨᠥᠬᠦᠪᠥᠷᠢ ᠥᠭᠬᠦ ᠪᠡᠯᠡ ᠮᠥᠩᠭᠦ ᠶᠢ ᠨᠡᠶᠢᠳᠡ 1. | 64 ᠳ᠋ᠦᠩᠰᠢᠭᠤᠷ ᠲᠥᠭᠦᠷᠢᠭ ᠲᠠᠷᠬᠠᠭᠠᠪᠠ᠃ ᠤᠯᠤᠰ ᠤᠨ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠦᠨᠳᠦᠰᠦᠨ ᠳᠡᠭᠡᠨ ᠲᠡᠩᠴᠡᠭᠦᠷᠢᠲᠡᠶ ᠣᠷᠣᠨ ᠤ ᠦᠨᠡᠯᠡᠨ ᠵᠢᠱᠢᠯᠲᠡ ᠶᠢ ᠠᠮᠵᠢᠯᠲᠠᠢ | ᠦᠩᠭᠡᠷᠭᠡᠵᠦ᠂ ᠰᠤᠷᠭᠠᠨ ᠬᠥᠮᠦᠵᠢᠯ ᠤᠨ ︽ᠭᠤᠷᠪᠠᠨ ᠵᠦᠢᠯ ᠤᠨ ᠢᠨᠵᠧᠨᠧᠷᠢᠩ︾ ᠲᠡᠭᠦᠰ ᠠᠮᠵᠢᠯᠲᠠ ᠲᠠᠢ | ᠦᠨᠳᠦᠷᠯᠡᠪᠡ᠃ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢ ᠬᠤᠶᠠᠳᠤᠭᠠᠷ ᠬᠥᠬᠡ ᠡᠮᠨᠡᠯᠭᠡ ᠶᠢᠨ ᠬᠤᠷᠢᠶ᠎ᠠ | ᠪᠣᠯᠭᠠᠨ ᠳᠡᠪᠰᠢᠭᠦᠯᠵᠦ᠂ 2018 ᠣᠨ᠂ 2019 ᠣᠨ ᠳᠤ ᠬᠤᠶᠠᠷ ᠵᠢᠯ ᠳᠠᠷᠠᠭᠠᠯᠠᠨ ᠤᠯᠤᠰ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ᠡᠮᠴᠢᠯᠡᠭᠡᠨ ᠤ ᠦᠢᠯᠡᠴᠢᠯᠡᠭᠡ ᠶᠢ ᠰᠠᠶᠢᠵᠢᠷᠠᠭᠤᠯᠤᠭᠰᠠᠨ ᠨᠡᠶᠢᠲᠡᠯᠢᠭ | ᠬᠡᠷᠡᠭ ᠤᠨ ᠵᠢᠱᠢᠶ᠎ᠡ︾ ᠶᠢ ᠭᠥᠷᠳᠡᠵᠦ᠂ ᠪᠠᠶᠠᠨᠳᠤᠬᠠᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠷᠠᠰᠢᠵᠦ᠋ᠩ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠲᠣᠰ ᠲᠣᠰ ︽ᠣᠯᠠᠨ ᠲᠦᠮᠡᠨ ᠳᠤ | ᠲᠠᠭᠠᠰᠢᠶᠠᠭᠳᠠᠭᠰᠠᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ︾ ᠪᠠ ︽ᠴᠢᠨᠠᠷ ᠰᠠᠶᠢᠲᠠᠶ | ᠦᠢᠯᠡᠴᠢᠯᠡᠭᠡᠨ ᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ︾ | ᠢᠶᠠᠷ ᠦᠨᠡᠯᠡᠭᠳᠡᠵᠦ᠂ ᠰᠢᠯᠢᠳᠡᠭ ᠰᠤᠷᠭᠠᠨ ᠬᠥᠮᠦᠵᠢᠯ ᠰᠢᠯᠢᠳᠡᠭ ᠡᠮᠴᠢᠯᠡᠭᠡᠨ ᠤ ᠲᠦᠭᠡᠮᠡᠯ ᠬᠠᠷᠠᠭᠠᠯᠵᠠᠯ ᠤᠨ | ᠲᠣᠭᠤᠷᠢᠭ ᠤᠨ ᠨᠡᠶᠢᠭᠡᠮ ᠤᠨ ᠦᠢᠯᠡᠳᠦᠯ ᠦᠨᠳᠦᠰᠦᠨ ᠳᠡᠭᠡᠨ ᠢᠯᠡᠷᠡᠭᠰᠡᠨ ᠪᠠᠶᠢᠨ᠎ᠠ᠃ ᠦᠨᠳᠦᠰᠦᠲᠡᠨ ᠤ ᠬᠡᠷᠡᠭ | ᠶᠠᠪᠤᠳᠠᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢᠶᠠᠷ ᠦᠨᠡᠯᠡᠭᠳᠡᠪᠡ᠃ | ᠲᠥᠯᠥᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠪᠣᠯ ᠬᠠᠶᠢᠨᠠᠨ ᠲᠤᠭᠤᠷᠢᠭ ᠤᠨ ᠪᠡᠷᠬᠡ ᠶᠢ ᠳᠠᠪᠠᠵᠤ | ᠪᠠᠷᠲᠠᠭ᠎ᠠ ᠶᠢ ᠲᠤᠭᠤᠯᠤᠭᠰᠠᠨ᠂ ᠥᠷᠢᠰᠥᠯᠳᠦᠭᠡᠨ ᠢᠶᠠᠷ ᠳᠦᠭᠦᠷᠦᠭᠰᠡᠨ ᠲᠠᠪᠤᠨ ᠵᠢᠯ ᠮᠥᠨ᠂ ᠪᠠᠰᠠ ᠴᠤ ᠬᠦᠴᠦᠯᠡᠨ | ᠴᠢᠷᠮᠠᠶᠢᠵᠤ ᠦᠢᠯᠡᠰ ᠪᠦᠲᠦᠭᠡᠵᠦ᠂ ᠡᠯᠪᠡᠭ ᠬᠤᠷᠢᠶᠠᠯᠲᠠ ᠲᠠᠢ ᠪᠣᠯᠤᠭᠰᠠᠨ ᠲᠠᠪᠤᠨ ᠵᠢᠯ ᠮᠥᠨ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠪᠣᠬᠢᠷᠲᠤᠯ ᠢ | ᠰᠡᠷᠭᠡᠶᠢᠯᠡᠨ ᠵᠠᠰᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠨᠡᠭᠦᠷᠡᠰᠦᠨ ᠤ ᠡᠬᠢ ᠪᠠᠶᠠᠯᠢᠭ ᠤᠨ | ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠯᠲᠠ ᠵᠡᠷᠭᠡ ᠬᠠᠲᠠᠭᠤ ᠳᠠᠶᠢᠯᠠᠯᠳᠤᠭᠠᠨ ᠤ ᠡᠮᠦᠨ᠎ᠡ᠂ ᠪᠢᠳᠡ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠦᠨᠡᠨᠬᠦ ᠠᠳᠬᠤᠨ ᠪᠣᠳᠠᠲᠠᠢ | ᠠᠵᠢᠯᠯᠠᠵᠤ᠂ ᠳᠠᠪᠬᠤᠷ ᠳᠠᠪᠬᠤᠷ ᠳᠠᠷᠤᠯᠲᠠ ᠶᠢᠨ ᠳᠤᠮᠳᠠ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ᠂ ᠬᠦᠴᠢᠷ | ᠪᠡᠷᠬᠡᠰᠢᠶᠡᠯ ᠤᠨ ᠳᠤᠮᠳᠠ ᠬᠦᠴᠢᠷ ᠢ ᠰᠦᠷᠦᠨ ᠤᠷᠤᠭᠰᠢᠯᠠᠵᠤ᠂ ᠨᠢᠭᠡ ᠪᠦᠯᠦᠭ ᠳᠠᠪᠠᠯᠲᠠ ᠶᠢ ᠡᠷᠢᠯᠬᠢᠯᠡᠬᠦ᠂ | ᠬᠥᠭᠵᠢᠯᠲᠡ ᠶᠢ ᠠᠬᠢᠭᠤᠯᠬᠤ ᠶᠡᠭᠡ ᠶᠠᠪᠤᠳᠠᠯ ᠴᠢᠬᠤᠯᠠ ᠶᠠᠪᠤᠳᠠᠯ ᠢ ᠡᠬᠢᠯᠡᠭᠦᠯᠵᠦ᠂ ᠨᠢᠭᠡ ᠪᠦᠯᠦᠭ ᠰᠠᠭᠤᠷᠢ ᠲᠠᠯᠪᠢᠬᠤ᠂ | ᠠᠯᠤᠰ ᠬᠡᠳᠦ ᠳᠤ ᠠᠰᠢᠭᠲᠠᠢ ᠭᠤᠣᠯᠳᠠᠯᠭ᠎ᠠ ᠲᠠᠢ ᠢᠨᠵᠧᠨᠧᠷᠢᠩ ᠢ ᠲᠦᠷᠭᠡᠳᠬᠡᠨ ᠪᠠᠶᠢᠭᠤᠯᠵᠤ᠂ ᠨᠢᠭᠡ ᠪᠦᠯᠦᠭ | ᠠᠷᠠᠳ ᠤᠨ ᠰᠡᠳᠬᠢᠯ ᠢ ᠣᠯᠵᠤ᠂ ᠠᠷᠠᠳ ᠤᠨ ᠰᠠᠨᠠᠭᠠᠨ ᠳᠤ ᠨᠡᠶᠢᠴᠡᠭᠰᠡᠨ ᠰᠠᠶᠢᠨ ᠶᠠᠪᠤᠳᠠᠯ ᠪᠣᠳᠠᠲᠤ ᠶᠠᠪᠤᠳᠠᠯ ᠢ | ᠵᠠᠯᠭᠠᠪᠡᠷ ᠪᠦᠲᠦᠭᠡᠪᠡ᠃ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭ᠎ᠠ ᠪᠣᠯ | ᠬᠠᠶᠢᠨᠠᠨ ᠲᠤᠭᠤᠷᠢᠭ ᠤᠨ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠲᠠᠪᠤᠨ ᠵᠢᠯ | ᠮᠥᠨ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶ ᠠᠬᠢᠭᠤᠯᠤᠭᠰᠠᠨ ᠲᠠᠪᠤᠨ ᠵᠢᠯ ᠮᠥᠨ᠂ ᠰᠠᠭᠤᠷᠢ ᠲᠥᠬᠦᠭᠡᠷᠦᠮᠵᠢ ᠶᠢ | ᠨᠠᠩ ᠲᠡᠭᠦᠯᠳᠡᠷᠵᠢᠭᠦᠯᠦᠭᠰᠡᠨ ᠲᠠᠪᠤᠨ ᠵᠢᠯ ᠮᠥᠨ᠂ ᠠᠮᠢ ᠠᠬᠤᠶ ᠶᠢᠨ ᠣᠷᠴᠢᠨ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠤᠭᠰᠠᠨ ᠲᠠᠪᠤᠨ ᠵᠢᠯ ᠮᠥᠨ᠂ ᠠᠷᠠᠳ ᠲᠦᠮᠡᠨ ᠳᠤ ᠨᠠᠩ ᠣᠯᠠᠨ ᠪᠣᠳᠠᠲᠤ ᠠᠰᠢᠭ ᠲᠤᠰᠠ ᠬᠦᠷᠲᠡᠭᠡᠭᠰᠡᠨ | ᠲᠠᠪᠤᠨ ᠵᠢᠯ ᠮᠥᠨ᠃ | ᠲᠥᠯᠥᠭᠡᠯᠡᠭᠴᠢᠳ ᠡ᠂ ᠡᠳᠡᠭᠡᠷ ᠠᠮᠵᠢᠯᠲᠠ ᠶᠢ ᠣᠯᠤᠭᠰᠠᠨ ᠨᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠣᠭᠤᠳᠣᠯᠭ᠎ᠠ ᠶᠢᠨ ᠦᠷ᠎ᠡ ᠳ᠋ᠦᠩ ᠮᠦᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ | ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠥᠬᠦ ᠲᠤᠭᠤᠷᠢᠭ | ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠯᠬᠡᠭᠯᠡᠨ ᠲᠡᠮᠡᠴᠡᠭᠰᠡᠨ ᠤ | ᠦᠷ᠎ᠡ ᠳ᠋ᠦᠩ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ | ᠶᠣᠰᠣᠭᠠᠷ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ | ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠬᠠᠯᠠᠮᠵᠢᠯᠠᠨ ᠳᠡᠮᠵᠢᠭᠰᠡᠨ ᠤ ᠦᠷ᠎ᠡ ᠳ᠋ᠦᠩ ᠮᠥᠨ ᠪᠠᠶᠢᠵᠤ᠂ ᠪᠥᠬᠦ ᠲᠤᠭᠤᠷᠢᠭ ᠤᠨ ᠡᠯ᠎ᠡ ᠲᠠᠯ᠎ᠠ ᠶᠢᠨ ᠬᠢᠨ ᠤ | ᠣᠶᠤᠨ ᠤᠬᠠᠭᠠᠨ ᠪᠠ ᠬᠦᠴᠦ ᠬᠥᠯᠥᠰᠥ ᠶᠢ ᠨᠢᠭᠲᠠᠷᠠᠭᠤᠯᠤᠭᠰᠠᠨ ᠪᠠᠶᠢᠨ᠎ᠠ᠃ ᠠᠳᠡ᠂ ᠪᠢ ᠲᠤᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ | ᠤᠯᠠᠨ ᠲᠦᠮᠡᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ᠂ ᠡᠯ᠎ᠡ ᠠᠷᠠᠳ ᠤᠨ ᠪᠦᠯᠬᠦᠮ᠂ ᠲᠤᠭᠤᠷᠢᠭ ᠲᠤ ᠰᠠᠭᠤᠭ᠎ᠠ ᠨᠢᠭᠡᠴᠡ᠂ ᠬᠠᠶᠢᠨᠠᠨ ᠲᠤᠭᠤᠷᠢᠭ ᠤᠨ | ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠦᠳ᠂ ᠨᠠᠶᠢᠵᠠ ᠨᠠᠷ ᠲᠤ ᠴᠢᠩ | ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ᠂ ᠠᠮᠵᠢᠯᠲᠠ ᠪᠦᠲᠦᠮᠵᠢ ᠪᠣᠯ ᠤᠷᠤᠭᠰᠢᠯᠠᠬᠤ ᠶᠢᠨ ᠰᠠᠭᠤᠷᠢ ᠮᠥᠨ᠂ ᠠᠰᠠᠭᠤᠳᠠᠯ ᠪᠣᠯ | ᠴᠢᠷᠮᠠᠶᠢᠬᠤ ᠴᠢᠭᠯᠡᠯ ᠮᠥᠨ᠃ ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠮᠠᠨ ᠤ ᠲᠤᠭᠤᠷᠢᠭ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠳᠤᠮᠳᠠ ᠪᠠᠰᠠ ᠵᠠᠷᠢᠮ ᠠᠰᠠᠭᠤᠳᠠᠯ ᠪᠠ ᠳᠤᠲᠠᠭᠤᠳᠠᠯ ᠣᠷᠣᠰᠢᠵᠤ ᠪᠠᠶᠢᠬᠤ ᠶᠢ ᠪᠢᠳᠡ | ᠨᠠᠩ ᠰᠡᠷᠭᠡᠭ ᠢᠶᠠᠷ ᠲᠠᠨᠢᠵᠤ ᠤᠯᠪᠠ᠃ ᠡᠭᠦᠨ ᠤ ᠭᠤᠣᠯ ᠢᠯᠡᠷᠡᠯ ᠭᠡᠪᠡᠯ᠄ ᠬᠢᠵᠢᠭ ᠤᠨ ᠪᠠᠶᠢᠳᠠᠯ ᠠᠴᠠ ᠪᠣᠯᠤᠭᠰᠠᠨ | ᠨᠥᠯᠥᠭᠡ ᠪᠠᠰᠠ ᠠᠯᠬᠤᠮ ᠠᠯᠬᠤᠮ ᠢᠶᠠᠷ ᠢᠯᠡᠷᠡᠵᠦ᠂ ᠠᠵᠤ ᠠᠬᠤᠶ ᠶᠢᠨ ᠦᠷᠭᠦᠯᠵᠢᠯᠡᠨ ᠳᠡᠭᠡᠭᠰᠢᠯᠡᠬᠦ ᠰᠠᠭᠤᠷᠢ | ᠬᠠᠷᠠᠬᠠᠨ ᠲᠣᠭᠲᠠᠪᠤᠷᠢᠵᠢᠭᠠᠳᠤᠶ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠪᠠᠰᠠ | ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠶ ᠪᠠᠶᠢᠨ᠎ᠠ᠃ ᠪᠡᠯᠡ ᠣᠷᠣᠭᠤᠯᠤᠯᠲᠠ ᠶᠢᠨ ᠨᠡᠮᠡᠭᠳᠡᠯ ᠤᠨ ᠰᠡᠯᠭᠦᠬᠦ | ᠬᠦᠴᠦᠨ ᠬᠦᠷᠦᠯᠴᠡᠬᠦ ᠦᠭᠡᠢ ᠪᠠᠶᠢᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠳᠤ ᠨᠡᠯᠢᠶᠡᠳ ᠤᠯᠠᠨ ᠬᠦᠴᠢᠷᠳᠡᠯ ᠲᠤᠯᠭᠠᠷᠠᠵᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠪᠠᠰᠠ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ᠃ ᠡᠬᠢ ᠪᠠᠶᠠᠯᠢᠭ ᠤᠨ ᠣᠷᠴᠢᠨ | ᠠᠬᠤᠶ ᠶᠢᠨ ᠬᠢᠵᠠᠭᠠᠷᠯᠠᠯ ᠴᠢᠩᠭᠠᠷᠠᠬᠤ ᠬᠠᠨᠳᠤᠰᠢ ᠲᠠᠢ ᠪᠤᠯᠵᠤ᠂ ᠡᠯᠧᠮᠧᠨ᠋ᠲ ᠤᠨ ᠭᠦᠢᠴᠡᠳᠬᠡᠬᠦ ᠲᠤᠭ᠎ᠠ ᠶᠢᠨ ᠪᠣᠭᠤᠮᠢ | ᠬᠢᠵᠠᠭᠠᠷᠯᠠᠯ ᠶᠡᠬᠡᠰᠴᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠠᠷᠭ᠎ᠠ | ᠵᠠᠮ ᠢ ᠪᠠᠰᠠ ᠤᠯᠠᠮ ᠨᠢᠭᠡ ᠠᠯᠬᠤᠮ ᠬᠠᠶᠢᠨ ᠰᠦᠪᠡᠭᠴᠢᠯᠡᠬᠦ ᠴᠢᠬᠤᠯᠠᠲᠠᠶ ᠪᠠᠶᠢᠨ᠎ᠠ᠃ ᠤᠯᠠᠨ ᠨᠡᠶᠢᠲᠡ ᠶᠢᠨ | ᠦᠢᠯᠡᠴᠢᠯᠡᠭᠡᠨ ᠤ ᠬᠠᠩᠭᠠᠯᠭ᠎ᠠ ᠲᠡᠩᠴᠡᠭᠦᠷᠢ ᠦᠭᠡᠢ ᠭᠦᠢᠴᠡᠳ ᠦᠭᠡᠢ ᠪᠠᠶᠢᠵᠤ᠂ ᠰᠤᠷᠭᠠᠨ ᠬᠥᠮᠦᠵᠢᠯ᠂ ᠡᠮ ᠡᠮᠨᠡᠯᠭᠡ᠂ | ᠨᠠᠰᠤᠵᠢᠯ ᠤᠨ ᠠᠰᠠᠷᠠᠮᠵᠢ᠂ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ ᠦᠢᠯᠡᠰ ᠤᠨ ᠳᠤᠲᠠᠭᠤᠳᠠᠯ ᠢ ᠪᠠᠰᠠ ᠤᠯᠠᠮ | ᠨᠢᠭᠡ ᠠᠯᠬᠤᠮ ᠨᠥᠬᠦᠪᠥᠷᠢᠯᠡᠬᠦ ᠴᠢᠬᠤᠯᠠᠲᠠᠢ ᠪᠠᠶᠢᠨ᠎ᠠ᠃ ᠨᠠᠮ ᠤᠨ ᠭᠡᠰᠢᠭᠦᠨ ᠺᠠᠳ᠋ᠷᠴᠤᠳ ᠤᠨ ᠴᠢᠳᠠᠪᠤᠷᠢ ᠬᠡᠪ | ᠴᠢᠨᠠᠷ ᠨᠢ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ | ᠱᠠᠭᠠᠷᠳᠠᠯᠭ᠎ᠠ ᠲᠠᠢ ᠬᠠᠷᠠᠬᠠᠨ ᠵᠣᠬᠢᠴᠠᠬᠤ ᠦᠭᠡᠢ ᠪᠠᠶᠢᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ | ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠳᠤ ᠪᠠᠰᠠ ᠤᠯᠠᠮ ᠨᠢᠭᠡ ᠠᠯᠬᠤᠮ ᠴᠢᠷᠮᠠᠶᠢᠯᠭ᠎ᠠ | ᠭᠠᠷᠭᠠᠬᠤ ᠴᠢᠬᠤᠯᠠᠲᠠᠶ ᠪᠠᠶᠢᠨ᠎ᠠ᠃ ᠡᠭᠦᠨ ᠳᠤ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠨᠡᠩ ᠣᠨᠣᠪᠴᠢᠲᠠᠢ | ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠨ᠎ᠡ᠃ | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠥᠭᠵᠢᠯᠲᠡ ᠶᠢᠨ ᠬᠠᠷᠠᠯᠲᠠ | | ᠲᠥᠯᠥᠭᠡᠯᠡᠭᠴᠢᠳ ᠡ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭ᠎ᠠ | ᠪᠣᠯ ᠶᠠᠭ ᠰᠠᠶᠢᠬᠠᠨ ︽ᠬᠤᠣᠰ ᠵᠠᠭᠤᠨ ᠵᠢᠯ︾ ᠤᠨ ᠲᠡᠮᠡᠴᠡᠯ ᠤᠨ ᠬᠠᠷᠠᠯᠲᠠ ᠶᠢᠨ ᠲᠡᠦᠬᠡ ᠶᠢᠨ ᠰᠣᠯᠪᠢᠴᠠᠯ ᠤᠨ | ᠬᠤᠭᠤᠴᠠᠭ᠎ᠠ ᠮᠥᠨ᠃ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠴᠠ ᠨᠡᠶᠢᠭᠡᠮ | ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠲᠡᠰᠢ ᠤᠷᠤᠭᠰᠢᠯᠠᠬᠤ ᠵᠠᠩᠭᠢᠯᠠᠭ᠎ᠠ ᠶᠢᠨ | ᠬᠤᠭᠤᠴᠠᠭ᠎ᠠ ᠪᠣᠯᠤᠨ᠎ᠠ᠂ ᠮᠥᠨᠴᠦ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ | ᠪᠣᠯᠤᠨ᠎ᠠ᠂ ᠨᠡᠩ ᠴᠤ ᠮᠠᠨ ᠤ ᠲᠤᠭᠤᠷᠢᠭ ᠤᠨ ᠣᠳᠣᠬᠢᠴᠢᠯᠠᠭᠰᠠᠨ ᠬᠠᠶᠢᠨᠠᠨ ᠢ ᠪᠦᠳᠦᠭᠡᠨ ᠪᠠᠶᠢᠭᠤᠯᠬᠤ ᠰᠢᠨ᠎ᠡ | ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠬᠠᠷᠠᠯᠲᠠ ᠲᠡᠰᠢ ᠡᠷᠡᠯᠬᠡᠭᠯᠡᠨ ᠤᠷᠤᠭᠰᠢᠯᠠᠬᠤ ᠡᠬᠢᠯᠡᠯᠲᠡ ᠶᠢᠨ | ᠬᠤᠭᠤᠴᠠᠭ᠎ᠠ ᠪᠣᠯᠤᠨ᠎ᠠ᠃ ᠲᠤᠭᠤᠷᠢᠭ ᠤᠨ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ | ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠬᠠᠶᠢᠨᠠᠨ ᠲᠤᠭᠤᠷᠢᠭ | ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠲᠣᠪᠴᠢ ︵ᠲᠥᠰᠦᠯ︶︾ ᠶᠢ ᠨᠠᠶᠢᠷᠠᠭᠤᠯᠤᠨ | ᠵᠣᠬᠢᠶᠠᠪᠠ᠂ ᠤᠳᠤ ᠶᠡᠭᠡ ᠬᠤᠷᠠᠯ ᠳᠤ ᠳᠡᠪᠰᠢᠭᠦᠯᠵᠦ ᠬᠠᠮᠲᠤ ᠳᠤᠨᠢ ᠬᠢᠨᠠᠨ ᠪᠠᠶᠢᠴᠠᠭᠠᠯᠭᠠᠶᠠ᠃ | ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ︾ ᠶᠢᠨ ᠬᠤᠭᠤᠴᠠᠭᠠᠨ ᠳᠠᠬᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠵᠠᠷᠴᠢᠮ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ᠂ ᠮᠠᠷᠺᠰ ᠯᠧᠨᠢᠨ ᠤ ᠦᠵᠡᠯ᠂ | ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ | ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ | ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ | ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ | ᠵᠣᠬᠢᠴᠠᠭᠤᠯᠤᠨ ᠠᠬᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠠᠷᠠᠳ ᠲᠦᠮᠡᠨ ᠢᠶᠠᠷ | ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠥᠭᠡᠷᠡᠴᠢᠯᠡᠯᠲᠡ | ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠰᠢᠰᠲ᠋ᠧᠮᠲᠦ ᠦᠵᠡᠯᠲᠡ ᠪᠠᠨ ᠪᠠᠷᠢᠮᠲᠠᠯᠠᠨ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠨ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ | ᠦᠭᠡᠶ ᠵᠠᠮᠨᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ | ᠪᠣᠯᠤᠨ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ | ᠰᠠᠨᠠᠭᠠᠴᠢᠯᠠᠭ᠎ᠠ ᠠᠴᠠ ᠪᠠᠨ ᠳᠠᠭᠠᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ | ᠪᠠᠶᠢᠭᠤᠯᠵᠤ᠂ ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠤᠨ᠂ ᠡᠯ᠎ᠡ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠂ ᠠᠮᠢ ᠠᠬᠤᠢ ᠶᠢᠨ ᠶᠠᠰᠤ ᠴᠢᠨᠠᠷ ᠨᠡᠩ ᠥᠨᠳᠥᠷ᠂ ᠬᠡᠯᠪᠡᠷᠢ ᠪᠠᠨ | ᠬᠤᠪᠢᠷᠠᠭᠤᠯᠬᠤ ᠠᠯᠬᠤᠴᠠ ᠨᠡᠩ ᠲᠦᠷᠭᠡᠨ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠨᠡᠩ ᠲᠡᠭᠦᠯᠳᠡᠷ᠂ | ᠬᠤᠲᠠ ᠶᠢᠨ ᠴᠢᠳᠠᠪᠬᠢ ᠨᠡᠩ ᠴᠢᠩᠭ᠎ᠠ᠂ ᠠᠮᠢᠳᠤᠷᠠᠯ ᠤᠨ ᠶᠠᠰᠤ ᠴᠢᠨᠠᠷ ᠨᠡᠩ ᠰᠢᠯᠢᠳᠡᠭ ᠪᠣᠯᠬᠤ ᠶᠢ ᠴᠢᠷᠮᠠᠶᠢᠨ | ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠨ᠎ᠠ᠃ | ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ ᠳᠣᠣᠷᠠᠬᠢ ᠬᠡᠳᠦᠨ | ᠲᠠᠯ᠎ᠠ ᠶᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ᠄ | ᠨᠢᠭᠡ ᠳᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠬᠦᠴᠦᠯᠡᠨ ᠨᠠᠶᠢᠳᠠᠪᠤᠷᠢᠵᠢᠭᠤᠯᠤᠨ᠎ᠠ᠃ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ | ᠪᠠᠶᠢᠭᠤᠯᠬᠤ ᠳᠤ ᠬᠦᠴᠦᠨ ᠨᠡᠮᠡᠷᠢᠯᠡᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠯᠡᠰᠦ | ᠮᠠᠩᠬᠠᠨ ᠤ ᠡᠯ᠎ᠡ ᠵᠦᠢᠯ ᠤᠨ ᠠᠮᠢ ᠠᠬᠤᠢ ᠶᠢᠨ ᠡᠯᠧᠮᠧᠨ᠋ᠲ ᠢ ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠠᠮᠢ | ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠂ ᠠᠮᠢ ᠠᠬᠤᠢ ᠶᠢᠨ ᠰᠠᠭᠤᠷᠢ ᠶᠢ ᠪᠠᠬᠢᠵᠢᠭᠦᠯᠵᠦ᠂ ᠪᠣᠬᠢᠷᠲᠤᠯ ᠦᠭᠡᠢ | ᠬᠥᠭᠵᠢᠯᠲᠡ ᠶᠢ ᠠᠬᠢᠭᠤᠯᠤᠨ᠂ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠣᠯᠤᠨ ᠲᠣᠭᠲᠠᠪᠤᠷᠢᠲᠤ ᠴᠢᠨᠠᠷ ᠢ | ᠳᠡᠭᠡᠭᠰᠢᠯᠡᠭᠦᠯᠵᠦ᠂ ᠬᠠᠶᠢᠨᠠᠨ ᠲᠤᠭᠤᠷᠢᠭ ᠤᠨ ᠬᠠᠳᠤᠨ ᠭᠤᠣᠯ ᠤᠨ ᠨᠢᠩᠰᠢᠶᠠ ᠠᠴᠠ ᠭᠠᠷᠴᠤ ᠥᠪᠥᠷ ᠮᠣᠩᠭᠤᠯ ᠳᠤ | ᠣᠷᠣᠬᠤ ᠠᠮᠢ ᠠᠬᠤᠢ ᠶᠢᠨ ᠠᠮᠤᠷ ᠲᠦᠪᠰᠢᠨ ᠤ ᠪᠠᠲᠤᠯᠠᠪᠤᠷᠢ ᠶᠢᠨ ᠲᠦᠷᠦᠭᠦᠦ ᠦᠷᠳᠡᠭᠡ ᠪᠣᠯᠬᠤ ᠬᠤᠳᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠬᠠᠢ ᠬᠤᠳᠠ ᠶᠢᠨ ᠬᠠᠳᠤᠨ ᠭᠤᠣᠯ ᠳᠠᠭᠠᠤ ᠶᠢᠨ ᠰᠠᠪᠠ ᠭᠠᠵᠠᠷ ᠤᠨ | ᠡᠮᠦᠨ᠎ᠡ ᠬᠡᠰᠡᠭ ᠤᠨ ᠠᠮᠢ ᠠᠬᠤᠢ ᠶᠢᠨ ᠡᠭᠦᠳᠡ ᠶᠢ ᠰᠠᠶᠢᠲᠤᠷ ᠰᠠᠬᠢᠨ᠎ᠠ᠃ ᠦᠬᠠᠶ ᠵᠢᠴᠢ ᠡᠷᠬᠢᠨ ᠲᠣᠭᠤᠷᠢᠨ ᠤ | ᠭᠠᠵᠠᠷ ᠣᠷᠣᠨ ᠤ ᠬᠠᠮᠵᠢᠯᠴᠠᠨ ᠬᠥᠭᠵᠢᠬᠦ ᠬᠠᠨᠳᠤᠰᠢ ᠳᠤ ᠰᠠᠭᠤᠷᠢᠯᠠᠨ᠂ ᠣᠯᠠᠨ ᠡᠰᠢᠴᠢᠯᠡᠨ ᠣᠷᠣᠯᠴᠠᠬᠤ᠂ | ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ᠂ ᠰᠢᠰᠲ᠋ᠧᠮ ᠲᠠᠢ ᠪᠦᠷᠢᠨ ᠪᠦᠲᠦᠨ ᠠᠮᠢ | ᠠᠬᠤᠶ ᠶᠢᠨ ᠪᠣᠯᠪᠠᠰᠤᠨ ᠤ ᠲᠦᠷᠢᠮ ᠤᠨ ᠰᠢᠰᠲ᠋ᠧᠮᠵᠢ ᠶᠢ ᠪᠠᠶᠢᠭᠤᠯᠤᠨ᠎ᠠ᠃ ᠡᠨᠧᠷᠭᠢ ᠶᠢᠨ ᠰᠤᠷᠪᠤᠯᠵᠢ᠂ ᠭᠠᠵᠠᠷ ᠰᠢᠷᠣᠶ | ᠪᠠ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠲᠣᠬᠢᠷᠠᠭᠤᠯᠬᠤ ᠶᠢᠨ ᠬᠠᠮᠲᠤ ᠣᠷᠴᠢᠯᠳᠤᠭᠤᠯᠤᠨ ᠠᠰᠢᠭᠯᠠᠵᠤ᠂ ︽ | ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ︾ ᠤᠨ ᠭᠦᠢᠴᠡᠳᠬᠡᠬᠦ ᠲᠤᠭ᠎ᠠ ᠶᠢᠨ ᠡᠭᠦᠷᠭᠡ ᠶᠢ ᠴᠢᠩᠭ᠎ᠠ | ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠲᠦᠯᠬᠢᠨ ᠠᠬᠢᠭᠤᠯᠵᠤ᠂ ᠠᠷᠪᠢᠯᠠᠨ ᠭᠠᠮᠨᠠᠬᠤ ᠬᠡᠯᠪᠡᠷᠢ ᠶᠢᠨ | ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠠᠰᠢᠭ ᠢ | ᠳᠡᠭᠡᠭᠰᠢᠯᠡᠭᠦᠯᠦᠨ᠎ᠡ᠃ ᠣᠳᠣᠬᠢᠴᠢᠯᠠᠭᠰᠠᠨ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠠᠭᠠᠷ ᠮᠠᠨᠳᠠᠯ᠂ ᠤᠰᠤ᠂ | ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠠᠭᠤᠷᠬᠠᠢ ᠶᠢᠨ | ᠠᠮᠢ ᠠᠬᠤᠢ ᠶᠢ ᠵᠠᠰᠠᠨ ᠰᠡᠷᠭᠦᠭᠡᠬᠦ ᠶᠢ ᠶᠡᠬᠡᠪᠡᠷ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ | ᠰᠠᠮᠠᠭᠤᠨ ᠢ ᠴᠡᠪᠡᠷᠯᠡᠬᠦ︾ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢ ᠦᠷᠭᠦᠯᠵᠢᠯᠡᠨ ᠥᠷᠨᠢᠭᠦᠯᠵᠦ᠂ ᠬᠥᠳᠡᠭᠡ | ᠲᠣᠰᠬᠤᠨ ᠤ ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ︽ᠲᠠᠷᠠᠬᠠᠢ ᠪᠤᠲᠠᠷᠬᠠᠢ | ᠪᠣᠬᠢᠷᠲᠤᠯ ᠲᠠᠢ︾᠂ ︽ᠡᠨᠧᠷᠭᠢ ᠶᠢᠨ ᠬᠤᠷᠣᠭᠳᠠᠭᠤᠯᠤᠯ ᠶᠡᠬᠡᠲᠡᠢ︾ ᠠᠵᠤ ᠠᠬᠤᠶᠢᠯᠠᠯ ᠢ ᠡᠷᠡᠰ ᠰᠢᠭᠰᠢᠭᠳᠡᠭᠦᠯᠵᠦ᠂ | ᠤᠯᠠᠭᠠᠨ ᠱᠤᠭᠤᠮ ᠢ ᠦᠨᠡᠨᠬᠦ ᠰᠠᠬᠢᠵᠤ᠂ ᠬᠤᠷᠢᠭ᠎ᠠ ᠱᠤᠭᠤᠮ ᠢ ᠦᠨᠡᠨᠬᠦ ᠪᠠᠲᠤᠯᠠᠨ᠂ ᠠᠮᠢ ᠠᠬᠤᠢ ᠶᠢᠨ ᠶᠠᠰᠤ ᠴᠢᠨᠠᠷ ᠢ | ᠨᠡᠩ ᠥᠨᠳᠥᠷ ᠪᠣᠯᠭᠠᠬᠤ ᠶᠢ ᠠᠬᠢᠭᠤᠯᠵᠤ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃ | ᠬᠤᠶᠠᠷ ᠲᠤ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠤᠯᠤᠰ ᠤᠨ | ᠪᠠᠶᠢᠯᠳᠤᠬᠤ ᠪᠣᠳᠣᠯᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠭᠦᠨᠵᠡᠭᠡᠶ | ᠠᠭᠤᠰᠤᠯᠴᠠᠨ᠂ ᠠᠵᠤ ᠦᠢᠯᠡᠰ ᠤᠨ ᠣᠷᠣᠨ ᠵᠠᠶ ᠶᠢᠨ ᠪᠠᠶᠢᠷᠢᠰᠢᠯ ᠢ ᠬᠦᠴᠦᠯᠡᠨ ᠰᠢᠯᠢᠳᠡᠭᠵᠢᠭᠦᠯᠵᠦ᠂ ᠡᠬᠢ | ᠪᠠᠶᠠᠯᠢᠭ ᠤᠨ ᠲᠤᠯᠭᠠᠭᠤᠷᠢᠯᠠᠬᠤ ᠨᠥᠬᠦᠴᠡᠯ᠂ ᠣᠷᠴᠢᠨ ᠠᠬᠤᠶ ᠶᠢᠨ ᠳᠠᠭᠠᠭᠠᠬᠤ ᠴᠢᠳᠠᠪᠤᠷᠢ᠂ ᠠᠵᠤ ᠦᠢᠯᠡᠰ ᠤᠨ | ᠬᠥᠭᠵᠢᠯᠲᠡ ᠶᠢᠨ ᠰᠠᠭᠤᠷᠢ ᠶᠢ ᠶᠡᠷᠦᠩᠬᠡᠶᠢᠯᠡᠨ ᠪᠣᠳᠣᠯᠬᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ᠂ ᠠᠵᠤ ᠦᠢᠯᠡᠰ ᠤᠨ ᠰᠢᠨ᠎ᠡ ᠶᠢ ᠡᠭᠦᠳᠬᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ᠂ ᠦᠢᠯᠡᠳᠬᠦᠨ ᠤ | ᠰᠢᠨ᠎ᠡ ᠶᠢ ᠡᠭᠦᠳᠬᠦ᠂ ᠵᠠᠬ᠎ᠠ ᠳᠡᠯᠭᠡᠭᠦᠷ ᠤᠨ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠰᠢᠨ᠎ᠡ | ᠠᠵᠤ ᠦᠢᠯᠡᠰ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠪᠠᠷ ᠪᠤᠶᠢᠵᠢᠭᠤᠯᠵᠤ᠂ | ᠠᠵᠤ ᠦᠢᠯᠡᠰ ᠤᠨ ᠰᠢᠯᠢᠳᠡᠭᠵᠢᠨ ᠲᠡᠰ ᠳᠡᠪᠰᠢᠬᠦ ᠶᠢ ᠠᠬᠢᠭᠤᠯᠤᠨ᠎ᠠ᠃ ︽ᠬᠡᠯᠬᠢᠶ᠎ᠡ ᠶᠢ ᠴᠢᠩᠭᠠᠳᠬᠠᠬᠤ᠂ ᠬᠡᠯᠬᠢᠶ᠎ᠡ ᠶᠢ | ᠨᠥᠬᠦᠪᠥᠷᠢᠯᠡᠬᠦ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠪᠠᠶᠢᠭᠤᠯᠬᠤ︾ ᠪᠠᠷ ᠶᠡᠷᠦᠩᠬᠡᠶ ᠭᠠᠷᠳᠠᠴᠠ ᠪᠣᠯᠭᠠᠵᠤ᠂ | ᠬᠥᠨᠳᠡᠯᠡᠨ ᠢᠶᠠᠷ ᠡᠪᠰᠡᠨ ᠨᠡᠶᠢᠯᠡᠭᠰᠡᠨ᠂ ᠭᠤᠯᠳᠤ ᠴᠢᠭᠯᠡᠯ ᠢᠶᠠᠷ ᠤᠷᠲᠤᠳᠬᠠᠭᠰᠠᠨ᠂ ᠳᠡᠭᠡᠳᠦ ᠳᠣᠤᠷᠠᠳᠤ ᠤᠷᠤᠰᠬᠠᠯ ᠤᠨ | ᠬᠠᠮᠵᠢᠯᠴᠠᠨ ᠢᠵᠢ ᠪᠥᠷᠢᠳᠦᠭᠰᠡᠨ ᠰᠢᠨ᠎ᠡ ᠬᠡᠯᠪᠡᠷᠢ ᠶᠢᠨ ᠨᠡᠭᠦᠷᠡᠰᠦᠨ ᠬᠡᠦᠷᠡᠰᠦ ᠶᠢᠨ ᠬᠢᠮᠢ ᠶᠢᠨ ᠠᠵᠤ ᠦᠢᠯᠡᠳᠪᠦᠷᠢ᠂ | ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠭᠤᠷᠪᠠᠨ | ᠲᠣᠮᠣ ᠠᠵᠤ ᠦᠢᠯᠡᠰ ᠤᠨ ᠰᠦᠷᠦᠭᠵᠢᠯ ᠢ ᠪᠠᠶᠢᠭᠤᠯᠵᠤ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠰᠢᠨ᠎ᠡ ᠲᠤᠨᠤᠭ | ᠲᠥᠬᠦᠭᠡᠷᠦᠮᠵᠢ ᠵᠡᠷᠭᠡ ᠭᠤᠷᠪᠠᠨ ᠶᠡᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠳᠠᠪᠠᠭᠤᠯᠢᠭ ᠠᠵᠤ ᠦᠢᠯᠡᠰ ᠢ ᠲᠦᠭᠦᠬᠡᠢ ᠮᠠᠲ᠋ᠧᠷᠢᠶᠠᠯ ᠠᠴᠠ ᠮᠠᠲ᠋ᠧᠷᠢᠶᠠᠯ ᠪᠣᠯᠭᠠᠨ | ᠬᠤᠪᠢᠷᠠᠭᠤᠯᠬᠤ᠂ ᠶᠡᠭᠡ ᠬᠡᠮᠵᠢᠶᠡᠨ ᠤ ᠬᠢᠮᠢ ᠶᠢᠨ ᠪᠣᠳᠠᠰ ᠠᠴᠠ ᠦᠵᠦᠭᠦᠷ ᠤᠨ ᠬᠡᠷᠡᠭᠯᠡᠭᠡᠨ ᠤ ᠡᠳ᠋ ᠪᠣᠯᠭᠠᠨ | ᠥᠷᠭᠡᠳᠬᠡᠬᠦ᠂ ᠠᠵᠤ ᠦᠢᠯᠡᠰ ᠤᠨ ᠬᠡᠯᠬᠢᠶ᠎ᠡ ᠶᠢᠨ ᠳᠤᠮᠳᠠ ᠳᠣᠣᠷ᠎ᠠ ᠦᠵᠦᠭᠦᠷ ᠠᠴᠠ ᠳᠡᠭᠡᠳᠦ ᠦᠵᠦᠭᠦᠷ ᠲᠡᠶᠢᠰᠢ | ᠳᠠᠪᠰᠢᠬᠤ ᠶᠢ ᠠᠬᠢᠭᠤᠯᠵᠤ᠂ ᠠᠵᠤ ᠦᠢᠯᠡᠰ ᠤᠨ ᠰᠠᠭᠤᠷᠢ ᠶᠢ ᠳᠡᠭᠡᠳᠦ ᠲᠡᠰ ᠪᠣᠯᠭᠠᠬᠤ᠂ ᠠᠵᠤ ᠦᠢᠯᠡᠰ ᠤᠨ | ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠬᠦ | ᠠᠯᠬᠤᠴᠠ ᠶᠢ ᠨᠡᠩ ᠲᠦᠷᠭᠡᠨ ᠪᠣᠯᠭᠠᠬᠤ ᠶᠢ ᠠᠬᠢᠭᠤᠯᠤᠨ᠎ᠠ᠃ | ᠭᠤᠷᠪᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠪᠦᠬᠦ ᠲᠠᠯ᠎ᠠ ᠪᠠᠷ | ᠬᠥᠭᠵᠢᠭᠡᠨ᠎ᠡ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢᠨ ᠬᠥᠭᠵᠢᠯᠲᠡ ᠶᠢᠨ ᠣᠶᠢᠯᠠᠭᠠᠭᠳᠠᠬᠤᠨ ᠢᠶᠠᠨ ᠰᠢᠨᠡᠳᠬᠡᠵᠦ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠪᠠᠷ ᠬᠥᠳᠡᠯᠭᠡᠬᠦ ᠬᠦᠴᠦᠨ ᠤ ᠬᠤᠪᠢᠰᠤᠯᠲᠠ ᠶᠢ ᠠᠬᠢᠭᠤᠯᠤᠨ᠂ ᠬᠥᠭᠵᠢᠯᠲᠡ ᠶᠢᠨ ᠠᠷᠭ᠎ᠠ ᠪᠠᠷ | ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠵᠦ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ | ᠭᠤᠭᠴᠤᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ | ᠲᠠᠰᠤᠷᠠᠯᠲᠠ ᠦᠭᠡᠢ ᠨᠢᠭᠲᠠᠷᠠᠭᠤᠯᠵᠤ᠂ ᠬᠥᠭᠵᠢᠯᠲᠡ ᠶᠢᠨ ᠡᠬᠢ ᠪᠠᠶᠠᠯᠢᠭ ᠢ ᠲᠥᠪᠯᠡᠷᠡᠭᠦᠯᠵᠦ᠂ ᠠᠵᠤ ᠠᠬᠤᠢ | ᠨᠡᠶᠢᠭᠡᠮ ᠤᠨ ᠬᠥᠭᠵᠢᠯᠲᠡ ᠳᠤ ᠠᠰᠢᠭ ᠦᠭᠡᠢ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠪᠦᠬᠦᠨ ᠢ | ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠭᠰᠡᠨ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠨᠢᠭᠡᠳᠦᠭᠡᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠠᠪᠤᠳᠠᠯ ᠢ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠪᠠᠶᠢᠯᠳᠤᠬᠤ ᠪᠣᠳᠣᠯᠭ᠎ᠠ ᠪᠠᠷ | ᠲᠤᠯᠭᠠᠭᠤᠷᠢᠯᠠᠯ ᠪᠣᠯᠭᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠬᠢᠷᠢ ᠬᠡᠮᠵᠢᠶ᠎ᠡ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ | ᠰᠤᠳᠤᠯᠭᠠᠨ ᠤ ᠬᠠᠮᠲᠤᠷᠠᠯᠴᠠᠭᠠᠨ ᠤ ᠲᠥᠷᠥᠯ ᠵᠦᠢᠯ ᠢ ᠮᠥᠷᠳᠡᠨ ᠵᠣᠯᠭᠠᠭᠤᠯᠬᠤ ᠶᠢ ᠴᠢᠩᠭᠠᠳᠬᠠᠵᠤ᠂ ᠨᠢᠭᠡ ᠪᠦᠯᠦᠭ | ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠠᠬᠢᠭᠤᠯᠤᠨ᠂ ᠣᠨᠳᠣᠤ ᠭᠠᠵᠠᠷ ᠲᠤ ᠨᠡᠪᠴᠢᠭᠦᠯᠵᠦ᠂ ᠬᠠᠶᠢᠨᠠᠨ ᠳᠤ | ᠤᠯᠠᠷᠢᠭᠤᠯᠬᠤ ᠶᠢ ᠪᠡᠶᠡᠯᠡᠭᠦᠯᠵᠦ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠥᠷᠲᠡᠭ ᠤᠨ | ᠬᠡᠯᠬᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠳᠠᠶᠢᠴᠢᠯᠠᠨ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠨᠠᠩ | ᠭᠦᠢᠴᠡᠳ ᠪᠡᠶᠡᠯᠡᠭᠦᠯᠬᠦ ᠶᠢ ᠠᠬᠢᠭᠤᠯᠤᠨ᠎ᠠ᠃ | ᠲᠦᠷᠪᠡ ᠳᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠦᠨ᠎ᠡ᠃ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠨᠡᠮᠡᠭᠳᠡᠭᠦᠯᠬᠦ ᠪᠠᠷ ᠤᠷᠢᠲᠠᠯ ᠪᠣᠯᠭᠠᠵᠤ᠂ ︽ ᠠᠷᠠᠳ ᠤᠨ ᠲᠦᠯᠦᠭᠡ ᠬᠤᠲᠠ ᠶᠢ ᠪᠠᠶᠢᠭᠤᠯᠬᠤ᠂ ᠬᠤᠲᠠ ᠶᠢ ᠠᠷᠠᠳ ᠤᠨ | ᠲᠦᠯᠦᠭᠡ ᠪᠠᠶᠢᠭᠤᠯᠬᠤ︾ ᠬᠤᠲᠠ ᠶᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠤᠲᠠ ᠶᠢᠨ | ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠭᠤᠤᠯᠳᠠᠯᠭ᠎ᠠ ᠲᠠᠢ | ᠰᠠᠶᠢᠲᠤᠷ ᠬᠡᠷᠡᠭᠵᠢᠭᠦᠯᠵᠦ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠲᠠᠰᠤᠷᠠᠯᠲᠠ ᠥᠬᠡᠶ | ᠨᠥᠬᠦᠪᠥᠷᠢᠯᠡᠵᠦ᠂ ︽ᠪᠠᠶᠢᠭᠤᠯᠤᠭᠰᠠᠨ ᠲᠤᠭᠤᠷᠢᠭ᠂ ᠨᠡᠭᠡᠭᠡᠯᠲᠡ ᠶᠢᠨ ᠲᠣᠭᠤᠷᠢᠭ᠂ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ︾ ᠢᠶᠠᠷ ᠠᠷᠤᠭ ᠶᠠᠰᠤ ᠪᠣᠯᠭᠠᠵᠤ᠂ ᠬᠤᠲᠠ ᠶᠢᠨ ᠣᠳᠣᠬᠢᠴᠢᠯᠠᠭᠰᠠᠨ᠂ ᠨᠠᠷᠢᠯᠢᠬᠵᠢᠭᠰᠠᠨ᠂ ᠤᠶᠤᠨᠴᠢᠯᠠᠭᠰᠠᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠠᠶᠢᠷᠢᠰᠢᠯ ᠨᠢ ᠵᠦᠶ ᠵᠣᠬᠢᠰᠲᠠᠶ᠂ ᠪᠠᠶᠢᠷᠢ | ᠲᠣᠭᠲᠠᠭᠠᠯᠲᠠ ᠨᠢ ᠲᠣᠳᠣᠷᠬᠠᠶ ᠣᠳᠣᠬᠢᠴᠢᠯᠠᠭᠰᠠᠨ ᠬᠤᠲᠠ ᠬᠥᠳᠡᠭᠡ ᠶᠢᠨ ᠰᠢᠰᠲ᠋ᠧᠮᠵᠢ ᠶᠢ ᠪᠣᠶ ᠪᠣᠯᠭᠠᠵᠤ᠂ | ᠬᠤᠲᠠ ᠶᠢᠨ ᠴᠢᠳᠠᠮᠵᠢ ᠨᠢ ᠨᠠᠩ ᠴᠢᠩᠭ᠎ᠠ ᠪᠣᠯᠬᠤ ᠶᠢ ᠪᠡᠶᠡᠯᠡᠭᠦᠯᠬᠦ ᠶᠢ ᠠᠬᠢᠭᠤᠯᠤᠨ᠎ᠠ᠃ ᠰᠠᠭᠤᠷᠢ ᠰᠤᠷᠭᠠᠨ ᠬᠥᠮᠦᠵᠢᠯ | ᠡᠮ ᠡᠮᠨᠡᠯᠭᠡ ᠵᠡᠷᠭᠡ ᠬᠦᠷᠢᠶᠡᠨ ᠳᠠᠬᠢ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠪᠠᠲᠤᠯᠠᠭ᠎ᠠ ᠶᠢᠨ | ᠰᠢᠰᠲ᠋ᠧᠮ ᠵᠡᠷᠭᠡ ᠬᠦᠷᠢᠶᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ᠂ | ᠰᠤᠷᠭᠠᠨ ᠬᠥᠮᠦᠵᠢᠯ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ ᠤᠯᠠᠨ ᠨᠡᠶᠢᠲᠡ ᠶᠢᠨ ᠰᠣᠶᠣᠯ ᠵᠡᠷᠭᠡ ᠨᠡᠩ ᠥᠨᠳᠥᠷ | ᠬᠢᠷᠢ ᠲᠦᠪᠰᠢᠨ ᠪᠦᠬᠦᠢ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠤᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠨᠡᠶᠢᠳᠡᠮ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ | ᠬᠢᠷᠢ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠨᠡᠩ | ᠰᠢᠯᠢᠳᠡᠭ ᠪᠣᠯᠭᠠᠬᠤ ᠶᠢ ᠲᠦᠯᠬᠢᠨ ᠠᠬᠢᠭᠤᠯᠤᠨ᠎ᠠ᠃ | ᠲᠠᠪᠤ ᠳᠤ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠠᠮᠤᠷ | ᠲᠦᠪᠰᠢᠨ ᠬᠥᠭᠵᠢᠯᠲᠡ ᠶᠢ ᠭᠠᠵᠠᠷ ᠣᠷᠣᠨ ᠤ ᠬᠥᠭᠵᠢᠯᠲᠡ ᠶᠢᠨ ᠡᠯ᠎ᠡ ᠬᠦᠷᠢᠶ᠎ᠡ ᠪᠠ ᠪᠥᠬᠦ ᠶᠠᠪᠤᠴᠠ ᠳᠤ | ᠲᠤᠭᠤᠰᠢᠯᠠᠭᠤᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠯ ᠲᠣᠭᠲᠠᠴᠠ ᠶᠢ | ᠲᠠᠰᠤᠷᠠᠯᠲᠠ ᠥᠬᠡᠶ ᠪᠦᠷᠢᠨᠰᠢᠬᠦᠯᠦᠨ᠂ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠯᠲᠠ ᠶᠢ | ᠪᠠᠶᠢᠩᠭᠤᠵᠢᠭᠤᠯᠤᠨ ᠥᠷᠨᠢᠭᠦᠯᠵᠦ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ︽ᠪᠦᠷᠢᠨ ᠪᠦᠷᠬᠦᠭᠦᠯᠬᠦ︾᠂ | ᠬᠢᠨᠠᠯᠲᠠ ᠬᠠᠮᠢᠶᠠᠷᠤᠯᠲᠠ ᠶᠢ ︽ᠪᠠᠯᠠᠶ ᠣᠷᠣᠨ ᠥᠬᠡᠶ ᠪᠠᠶᠢᠯᠭᠠᠬᠤ︾ ᠶᠢ ᠪᠡᠶᠡᠯᠡᠭᠦᠯᠬᠦ ᠬᠡᠷᠡᠭᠲᠡᠶ᠃ ᠵᠠᠰᠠᠭ ᠤᠨ | ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠲᠥᠰᠦᠪ ᠤᠨ | ᠲᠣᠬᠢᠷᠠᠭᠤᠯᠤᠯᠲᠠ᠂ ᠡᠳ᠋ ᠬᠥᠷᠥᠩᠭᠡ ᠶᠢ ᠳᠠᠬᠢᠨ ᠵᠣᠬᠢᠶᠠᠨ ᠪᠠᠶᠢᠭᠤᠯᠬᠤ᠂ ᠡᠬᠢ ᠪᠠᠶᠠᠯᠢᠭ ᠢ ᠠᠮᠢᠳᠤᠯᠢᠭ ᠪᠣᠯᠭᠠᠬᠤ | ᠵᠡᠷᠭᠡ ︽ᠬᠠᠮ ᠠᠷᠭ᠎ᠠ︾ ᠶᠢ ᠰᠠᠶᠢᠲᠤᠷ ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠦᠴᠦᠯᠡᠨ | ᠰᠡᠷᠭᠡᠶᠢᠯᠡᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮ ᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠡᠬᠢ | ᠡᠭᠦᠰᠦᠯ ᠠᠴᠠ ᠨᠢ ᠵᠠᠰᠠᠬᠤ ᠪᠠ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠯᠠᠨ ᠤ | ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠢᠰᠲ᠋ᠧᠮ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ | ᠬᠤᠷᠢᠭᠯᠠᠬᠤ ᠴᠢᠳᠠᠪᠤᠷᠢ ᠶᠢ ᠪᠦᠬᠦ ᠲᠠᠯ᠎ᠠ ᠪᠠᠷ ᠠᠬᠢᠭᠤᠯᠤᠨ᠂ ᠨᠡᠶᠢᠭᠡᠮ ᠤᠨ ᠵᠠᠰᠠᠯᠲᠠ ᠪᠠ ᠦᠢᠯᠡᠴᠢᠯᠡᠭᠡᠨ ᠤ | ᠭᠤᠤᠯᠳᠠᠯᠭ᠎ᠠ ᠶᠢ ᠦᠨᠳᠦᠰᠦᠨ ᠱᠠᠲᠤ ᠳᠠᠰᠢ ᠰᠢᠯᠵᠢᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠬᠦᠴᠢᠷ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠭᠤᠷᠪᠠ᠂ 2021 ᠣᠨ ᠤ ᠠᠵᠢᠯ ᠤᠨ ᠲᠤᠬᠢᠷᠠᠭᠤᠯᠤᠯᠳᠠ | 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢ ᠬᠡᠷᠡᠭᠵᠢᠭᠦᠯᠬᠦ | ᠡᠬᠢᠯᠡᠯᠲᠡ ᠶᠢᠨ ᠵᠢᠯ ᠮᠥᠨ᠂ ︽ᠰᠡᠭᠦᠯᠴᠢ ᠶᠢᠨ ᠬᠢᠵᠢᠭ ᠤᠨ ᠪᠠᠶᠢᠳᠠᠯ︾ ᠤᠨ ᠴᠠᠭ ᠦᠶ᠎ᠡ ᠳᠤ ᠤᠷᠤᠭᠰᠠᠨ | ᠠᠩᠬᠠᠨ ᠤ ᠵᠢᠯ ᠮᠥᠨ᠂ ᠮᠥᠨ ᠴᠦ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ ᠮᠥᠨ᠂ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠱᠠᠲᠤᠨ ᠳᠤ | ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠤᠶ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ | ᠱᠤᠭᠤᠮ ᠪᠤᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ | ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠰᠢᠰᠲ᠋ᠧᠮᠲᠦ ᠦᠵᠡᠯᠲᠡ ᠪᠠᠨ ᠪᠠᠷᠢᠮᠲᠠᠯᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ︽ | ᠵᠢᠷᠭᠤᠭ᠎ᠠ ᠶᠢ ᠲᠤᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠷᠸ᠎ᠠ ᠲᠥᠷᠥ ᠶᠢᠨ ᠪᠣᠳᠣᠯᠭ᠎ᠠ ᠶᠢ ᠰᠢᠨᠵᠢᠯᠡᠬᠦ | ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠬᠡᠷᠡᠭᠵᠢᠭᠦᠯᠵᠦ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ | ᠣᠷᠣᠨ ᠪᠠᠶᠢᠷᠢ ᠳᠤ ᠪᠠᠶᠢᠯᠭᠠᠬᠤ ᠶᠢ ᠴᠢᠷᠮᠠᠶᠢᠨ ᠪᠠᠲᠤᠯᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ | ᠪᠣᠳᠣᠯᠭ᠎ᠠ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ | ᠴᠢᠩᠭᠠᠷᠠᠭᠤᠯᠵᠤ᠂ ᠥᠨᠳᠥᠷ ᠬᠢᠷᠢ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠥᠷᠭᠡᠳᠬᠡᠨ᠂ ᠨᠡᠶᠢᠭᠡᠮ ᠤᠨ ᠡᠶ᠎ᠡ | ᠵᠣᠬᠢᠴᠠᠯ ᠲᠠᠢ ᠲᠣᠭᠲᠠᠭᠤᠨ ᠪᠠᠶᠢᠳᠠᠯ ᠢ ᠪᠠᠲᠤᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠎ᠡ᠃ | ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6.5% ᠪᠠᠷ ᠨᠡᠮᠡᠭᠳᠡᠭᠦᠯᠵᠦ᠂ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢ 4% ᠪᠠᠷ ᠨᠡᠮᠡᠭᠳᠡᠭᠦᠯᠦᠨ᠂ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 3.8% ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠣᠬᠤ | ᠶᠡᠷᠦᠩᠬᠡᠶ ᠲᠤᠭ᠎ᠠ ᠶᠢ 2020 ᠣᠨ ᠤ ᠬᠢ ᠲᠠᠢ ᠠᠳᠠᠯᠢ ᠪᠠᠶᠢᠯᠭᠠᠵᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ ᠶᠢ ᠠᠵᠤ ᠠᠬᠤᠶ ᠶᠢᠨ ᠨᠡᠮᠡᠭᠳᠡᠯ ᠲᠠᠢ ᠠᠳᠠᠯᠢ ᠪᠠᠶᠢᠯᠭᠠᠵᠤ᠂ ᠨᠢᠭᠡᠴᠢ | ᠭᠠᠵᠠᠷ ᠲᠤᠭᠤᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠡᠨᠧᠷᠭᠢ ᠶᠢᠨ ᠬᠤᠷᠣᠭᠳᠠᠭᠤᠯᠤᠯ ᠢ | 3% ᠪᠠᠷ ᠪᠠᠭᠤᠷᠠᠭᠤᠯᠵᠤ᠂ ᠭᠤᠤᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ | ᠪᠠᠭᠤᠷᠠᠭᠤᠯᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ ᠥᠪᠡᠷᠲᠡᠭᠡᠨ | ᠵᠠᠰᠠᠬᠤ ᠣᠷᠣᠨ ᠤ ᠪᠠᠭᠤᠯᠭᠠᠭᠰᠠᠨ ᠭᠦᠢᠴᠡᠳᠭᠡᠯ ᠲᠤᠭ᠎ᠠ ᠶᠢᠨ ᠳᠣᠲᠣᠷ᠎ᠠ ᠬᠢᠵᠠᠭᠠᠷᠯᠠᠨ᠎ᠠ᠃ ᠳᠡᠭᠡᠷ᠎ᠡ ᠳᠤᠷᠠᠳᠤᠭᠰᠠᠨ | ᠬᠠᠷᠠᠯᠲᠠ ᠶᠢᠨ ᠲᠣᠭᠤᠷᠢᠨ ᠳᠤ᠂ 2021 ᠣᠨ ᠳᠤ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠬᠤ ᠬᠡᠷᠡᠭᠲᠡᠢ᠄ | ︵ᠨᠢᠭᠡ︶ ᠪᠣᠬᠢᠷᠲᠤᠯ ᠦᠭᠡᠢ ᠬᠥᠭᠵᠢᠯᠲᠡ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ︽ᠦᠬᠠᠶ ᠵᠢᠴᠢ ᠡᠷᠭᠢᠨ ᠲᠣᠭᠤᠷᠢᠨ ᠤ ᠭᠠᠵᠠᠷ | ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ︾ ᠲᠤᠬᠠᠶ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠤᠨ ᠴᠢᠭᠯᠡᠯ ᠢ ᠬᠤᠪᠢᠷᠠᠭᠤᠯᠬᠤ ᠦᠭᠡᠶ᠂ ᠡᠷᠴᠢᠮ ᠢ ᠰᠤᠯᠠᠷᠠᠭᠤᠯᠬᠤ ᠦᠭᠡᠶ ᠪᠠᠶᠢᠬᠤ ᠶᠢ | ᠪᠠᠲᠤᠯᠠᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠵᠠᠰᠠᠯᠲᠠ ᠶᠢ ᠤᠷᠲᠤ | ᠬᠤᠭᠤᠴᠠᠭ᠎ᠠ ᠪᠠᠷ ᠴᠢᠩᠭᠠᠳᠬᠠᠵᠤ᠂ ᠶᠡᠭᠡ ᠬᠠᠮᠠᠭᠠᠯᠠᠯᠲᠠ ᠶᠢ ᠬᠠᠮᠲᠤᠪᠠᠷ ᠠᠳᠬᠤᠵᠤ᠂ ᠶᠡᠭᠡ ᠨᠡᠭᠡᠭᠡᠨ | ᠬᠥᠭᠵᠢᠭᠦᠯᠦᠯᠲᠡ ᠶᠢ ᠬᠢᠬᠦ ᠦᠭᠡᠶ᠂ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠰᠠᠶᠢᠵᠢᠷᠠᠭᠤᠯᠬᠤ᠂ | ᠠᠮᠢ ᠠᠬᠤᠶ ᠶᠢᠨ ᠰᠢᠰᠲ᠋ᠧᠮ ᠤᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠪᠠ ᠪᠣᠬᠢᠷᠲᠤᠯ ᠥᠬᠡᠶ | ᠬᠥᠭᠵᠢᠯᠲᠡ ᠶᠢ ᠳᠥᠯᠭᠢᠨ ᠠᠬᠢᠭᠤᠯᠬᠤ ᠭᠤᠤᠯ ᠬᠠᠷᠠᠯᠲᠠ ᠶᠢᠨ ᠲᠣᠭᠤᠷᠢᠨ ᠳᠤ᠂ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ᠂ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠵᠡᠷᠭᠡ ᠡᠯ᠎ᠡ ᠵᠦᠢᠯ ᠤᠨ ᠡᠭᠦᠷᠭᠡ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ | ᠬᠡᠷᠡᠭᠲᠡᠶ᠃ | ᠬᠠᠲᠤᠨ ᠭᠤᠣᠯ ᠤᠨ ᠠᠮᠢ ᠠᠬᠤᠶ ᠶᠢᠨ ᠬᠠᠮᠠᠭᠠᠯᠠᠯᠲᠠ ᠶᠢ ᠰᠠᠶᠢᠲᠤᠷ ᠬᠢᠨ᠎ᠡ᠃ ᠬᠠᠲᠤᠨ ᠭᠤᠤᠯ ᠤᠨ ᠥᠪᠥᠷ | ᠮᠣᠩᠭᠤᠯ ᠳᠤ ᠣᠷᠣᠬᠤ ᠠᠩᠬᠠᠨ ᠤ ᠥᠷᠲᠡᠭᠡ ᠶᠢᠨ ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠭᠤᠯᠠ | ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ᠂ | ᠰᠢᠰᠲ᠋ᠧᠮ ᠲᠠᠢ ᠪᠠᠷ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠠᠬᠢᠭᠤᠯᠤᠨ᠎ᠠ᠃ ᠬᠠᠲᠤᠨ ᠭᠤᠤᠯ ᠤᠨ | ᠬᠠᠶᠢᠨᠠᠨ ᠤ ᠬᠡᠰᠡᠭ ᠪᠠ ᠲᠦᠰᠳᠦ ᠭᠤᠤᠯ ᠤᠨ ᠡᠷᠭᠢ ᠶᠢᠨ ᠱᠤᠭᠤᠮ ᠤᠨ 1 ᠺᠢᠯᠣᠮᠧᠲᠷ ᠤᠨ ᠬᠡᠪᠴᠢᠶᠡᠨ ᠳᠣᠲᠣᠷ᠎ᠠ | ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠢ ᠳᠠᠭᠢᠵᠤ ᠰᠢᠨ᠎ᠡ ᠪᠠᠷ ᠪᠠᠶᠢᠭᠤᠯᠬᠤ ᠥᠬᠡᠶ᠂ ᠪᠥᠬᠦ ᠲᠤᠭᠤᠷᠢᠭ | ᠤᠨ ᠬᠡᠪᠴᠢᠶᠡᠨ ᠳᠣᠲᠣᠷ᠎ᠠ ᠴᠠᠬᠢᠯᠠᠭᠤᠷ ᠴᠢᠯᠠᠭᠤ᠂ ᠱᠦᠢᠨᠢ ᠵᠡᠷᠭᠡ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠤ | ᠦᠢᠯᠡᠰ ᠤᠨ ᠲᠥᠷᠥᠯ ᠵᠦᠢᠯ ᠢ ᠳᠠᠭᠢᠵᠤ ᠠᠰ ᠲᠤᠨᠢ ᠰᠢᠨ᠎ᠡ ᠪᠠᠷ ᠪᠠᠶᠢᠭᠤᠯᠬᠤ ᠥᠬᠡᠶ᠃ ᠭᠤᠣᠯ ᠮᠥᠷᠡᠨ ᠲᠠᠢ | ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠤᠣᠯ | ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠪᠡᠷᠯᠡᠨ ᠵᠠᠰᠠᠬᠤ ᠪᠠ ᠵᠢᠷᠤᠮᠵᠢᠭᠤᠯᠬᠤ ᠪᠠᠶᠢᠭᠤᠯᠤᠯᠲᠠ ᠶᠢ | ᠥᠷᠨᠢᠭᠦᠯᠵᠦ᠂ ᠪᠠᠷᠢᠮᠵᠢᠶ᠎ᠠ ᠠᠴᠠ ᠬᠡᠲᠦᠷᠡᠭᠰᠡᠨ ᠪᠣᠬᠢᠷ ᠤᠰᠤ ᠶᠢ ᠬᠠᠳᠤᠨ ᠭᠤᠣᠯ ᠳᠤ ᠰᠢᠭᠤᠳ | ᠭᠠᠳᠠᠭᠰᠢᠯᠠᠭᠤᠯᠬᠤ ᠶᠢ ᠡᠷᠡᠰ ᠬᠤᠷᠢᠭᠯᠠᠨ᠎ᠠ᠃ ᠬᠠᠲᠤᠨ ᠭᠤᠤᠯ ᠤᠨ ᠭᠤᠤᠯ ᠤᠷᠤᠰᠬᠠᠯ ᠤᠨ ᠬᠠᠶᠢᠨᠠᠨ ᠤ ᠬᠡᠰᠡᠭ ᠤᠨ | ᠬᠠᠮᠢᠶᠠᠷᠤᠯᠲᠠ ᠶᠢᠨ ᠬᠡᠪᠴᠢᠶᠡᠨ ᠳᠠᠬᠢ ᠠᠵᠤ ᠠᠬᠤᠶᠢᠯᠠᠯ ᠵᠢᠴᠢ ᠬᠠᠲᠠᠭᠤ ᠬᠠᠶᠠᠭᠳᠠᠮᠠᠯ ᠰᠢᠭᠠᠷᠤ ᠶᠢᠨ ᠲᠠᠯᠠᠪᠠᠶ | ᠵᠡᠷᠭᠡ ᠶᠢ ᠵᠢᠭᠰᠠᠭᠠᠨ ᠪᠠᠶᠢᠴᠠᠭᠠᠬᠤ ᠶᠢ ᠰᠠᠶᠢᠲᠤᠷ ᠬᠢᠵᠦ᠂ ᠬᠠᠲᠤᠨ ᠭᠤᠤᠯ ᠤᠨ ᠡᠷᠭᠢ ᠣᠶᠢᠷᠠᠯᠴᠠᠭ᠎ᠠ ᠠᠵᠤ | ᠦᠢᠯᠡᠳᠪᠦᠷᠢ ᠶᠢᠨ ᠬᠠᠲᠠᠭᠤ ᠬᠠᠶᠠᠭᠳᠠᠮᠠᠯ ᠪᠣᠳᠠᠰ᠂ ᠦᠯᠡᠳᠡᠭᠳᠡᠯ ᠬᠦᠳᠡᠷ ᠤᠨ ᠬᠥᠮᠥᠷᠭᠡ᠂ ᠰᠢᠭᠠᠷᠤ ᠶᠢᠨ ᠲᠠᠯᠠᠪᠠᠶ ᠶᠢ | ᠴᠡᠪᠡᠷᠯᠡᠨ ᠴᠡᠭᠴᠡᠯᠡᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ᠠᠶᠤᠯᠲᠠᠶ ᠬᠢᠮᠢ ᠶᠢᠨ ᠪᠣᠳᠠᠰ ᠤᠨ ᠵᠠᠮ | ᠲᠡᠭᠡᠭᠡᠪᠦᠷᠢ ᠶᠢᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠡ᠊ᠨᠳᠡᠯ ᠤᠨ ᠬᠠᠲᠤᠨ ᠭᠤᠣᠯ ᠢ | ᠪᠣᠬᠢᠷᠲᠤᠭᠤᠯᠬᠤ ᠶᠢ ᠴᠢᠩᠭ᠎ᠠ ᠰᠡᠷᠭᠡᠶᠢᠯᠡᠨ᠎ᠡ᠃ ᠬᠤᠲᠠ ᠪᠠᠯᠭᠠᠰᠤ ᠶᠢᠨ ᠲᠥᠪᠯᠡᠷᠡᠩᠭᠦᠶ ᠮᠠᠶ᠋ᠢᠭ ᠤᠨ ᠤᠤᠭᠤᠬᠤ | ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠬᠢᠭᠡᠳ ᠠᠮᠤᠷ | ᠲᠦᠪᠰᠢᠨ ᠤ ᠪᠠᠲᠤᠯᠠᠭ᠎ᠠ ᠶᠢᠨ ᠪᠠᠷᠢᠮᠵᠢᠶ᠎ᠠ ᠳᠤ ᠬᠦᠷᠦᠭᠦᠯᠬᠦ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ | ᠥᠷᠨᠢᠭᠦᠯᠵᠦ᠂ ︽ᠬᠤᠪᠢᠶᠠᠷᠢᠯᠠᠨ ᠲᠣᠭᠲᠠᠭᠠᠬᠤ︾ ︽ᠪᠠᠷᠢᠮᠵᠢᠶ᠎ᠠ ᠲᠣᠭᠲᠠᠭᠠᠬᠤ︾ ︽ᠵᠠᠰᠠᠬᠤ︾ ᠭᠤᠷᠪᠠᠨ ᠵᠦᠢᠯ | ᠤᠨ ᠭᠤᠤᠯᠳᠠᠯᠭ᠎ᠠ ᠲᠠᠢ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ | ᠲᠣᠭᠤᠷᠢᠨ ᠪᠠᠶᠢᠴᠠᠭᠠᠵᠤ᠂ ᠰᠠᠷ᠎ᠠ ᠪᠦᠷᠢ ᠬᠢᠨᠠᠨ ᠬᠡᠮᠵᠢᠵᠦ᠂ ᠤᠰᠤᠨ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ | ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ | ᠪᠠᠶᠢᠭᠠᠯᠢ ᠶᠢᠨ ᠡᠬᠢ ᠪᠠᠶᠠᠯᠢᠭ ᠢ ᠡᠷᠴᠢᠮᠵᠢᠭᠦᠯᠦᠨ ᠥᠨᠳᠥᠷ ᠪᠦᠲᠦᠮᠵᠢᠲᠡᠶ ᠠᠰᠢᠭᠯᠠᠬᠤ᠂ ᠬᠤᠲᠠ ᠪᠠᠯᠭᠠᠰᠤᠵᠢᠯᠲᠠ ᠶᠢ | ᠡᠷᠡᠭᠦᠯ ᠪᠥᠭᠡᠳ ᠡᠮᠬᠢ ᠵᠢᠷᠤᠮ ᠲᠠᠢ ᠠᠬᠢᠭᠤᠯᠬᠤ ᠵᠠᠷᠴᠢᠮ ᠢ ᠵᠢᠷᠤᠮᠯᠠᠨ᠂ ᠳᠡᠭᠡᠳᠦ ᠱᠠᠲᠤᠨ ᠤ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠣᠷᠣᠨ ᠪᠦᠰᠡ ᠶᠢᠨ ᠶᠡᠷᠦᠩᠬᠡᠶ ᠪᠠᠶᠢᠷᠢ ᠲᠣᠭᠲᠠᠭᠠᠯᠲᠠ ᠶᠢ | ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠣᠷᠣᠨ ᠵᠠᠶ᠂ ᠲᠠᠷᠢᠶᠠᠯᠠᠩ ᠮᠠᠯ ᠠᠵᠤ ᠠᠬᠤᠶ ᠶᠢᠨ ᠣᠷᠣᠨ ᠵᠠᠶ᠂ | ᠬᠤᠲᠠ ᠪᠠᠯᠭᠠᠰᠤᠵᠢᠯᠲᠠ ᠶᠢᠨ ᠣᠷᠣᠨ ᠵᠠᠶ ᠵᠢᠴᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ | ᠴᠢᠩᠭ᠎ᠠ ᠰᠠᠬᠢᠵᠤ᠂ ︽ᠭᠤᠷᠪᠠᠨ ᠣᠷᠣᠨ ᠭᠤᠷᠪᠠᠨ ᠱᠤᠭᠤᠮ︾ ᠤᠨ ᠬᠠᠲᠠᠭᠤ ᠬᠢᠵᠠᠭᠠᠷᠯᠠᠯ ᠢ ᠲᠠᠰᠤᠷᠠᠯᠲᠠ ᠥᠬᠡᠶ | ᠴᠢᠩᠭᠠᠷᠠᠭᠤᠯᠤᠨ᠎ᠠ᠃ ᠤᠢ ᠰᠢᠭᠤᠶ ᠶᠢᠨ ᠳᠠᠷᠤᠭ᠎ᠠ᠂ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠵᠦ᠂ ᠠᠮᠢ ᠠᠬᠤᠶ ᠶᠢᠨ ᠰᠢᠰᠲ᠋ᠧᠮ ᠤᠨ ᠴᠢᠬᠤᠯᠠ ᠶᠡᠭᠡ ᠬᠠᠮᠠᠭᠠᠯᠠᠵᠤ ᠰᠡᠷᠭᠦᠭᠡᠬᠦ | ᠢᠨᠵᠧᠨᠧᠷᠢᠩ ᠢ ᠲᠦᠯᠬᠢᠨ ᠠᠬᠢᠭᠤᠯᠵᠤ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠦᠴᠦᠲᠡᠶ ᠲᠦᠯᠬᠢᠨ ᠠᠬᠢᠭᠤᠯᠤᠨ᠎ᠠ᠃ ︽ᠬᠠᠶᠢᠨᠠᠨ ᠲᠤᠭᠤᠷᠢᠭ | ᠤᠨ ᠠᠮᠢ ᠠᠬᠤᠶ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠬᠡᠷᠡᠭᠵᠢᠭᠦᠯᠬᠦ ᠲᠥᠰᠦᠯ ︵ | 2021 — 2023︶︾ ᠢ ᠲᠣᠭᠲᠠᠭᠠᠨ ᠨᠡᠶᠢᠲᠡᠯᠡᠵᠦ᠂ ᠡᠭᠦᠷᠭᠡ ᠶᠢ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢ | ᠲᠤᠳᠤᠷᠬᠠᠶᠢᠯᠠᠨ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠳᠡᠭᠳᠡᠮᠡᠯ ᠲᠣᠭᠤᠰᠣ ᠶᠢ ᠶᠡᠷᠦᠩᠬᠡᠶᠢᠯᠡᠨ | ᠵᠠᠰᠠᠬᠤ᠂ ᠠᠵᠤ ᠦᠢᠯᠡᠳᠪᠦᠷᠢ ᠶᠢᠨ ᠵᠤᠤᠬ᠎ᠠ ᠶᠢ ᠥᠭᠡᠷᠡᠴᠢᠯᠡᠬᠦ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠵᠠᠰᠠᠬᠤ | ᠵᠡᠷᠭᠡ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ | ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠦᠲᠦᠮᠵᠢᠲᠡᠶ ᠬᠢᠵᠠᠭᠠᠷᠯᠠᠬᠤ ᠶᠢ ᠦᠨᠡᠨ ᠬᠦ ᠪᠠᠲᠤᠯᠠᠨ᠎ᠠ᠃ ᠵᠠᠳᠠᠭᠠᠶ | ᠮᠠᠯᠲᠠᠯᠭ᠎ᠠ᠂ ᠵᠠᠮ ᠲᠡᠭᠡᠭᠡᠪᠦᠷᠢ᠂ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠶ ᠶᠢ ᠵᠠᠰᠠᠬᠤ ᠶᠢ ᠴᠢᠩᠭᠠᠳᠬᠠᠵᠤ᠂ ᠬᠦᠨᠳᠦ | ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠶᠢ ᠴᠢᠩᠭᠠᠳᠬᠠᠨ᠎ᠠ᠃ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠡᠬᠢᠯᠡᠭᠦᠯᠦᠨ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ | ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠡᠨᠧᠷᠭᠢ ᠠᠷᠪᠢᠯᠠᠵᠤ ᠪᠣᠬᠢᠷᠲᠤᠯ ᠢ ᠪᠠᠭᠠᠰᠬᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠨ ᠠᠬᠢᠭᠤᠯᠤᠨ᠎ᠠ᠃ ᠠᠭᠠᠷ ᠮᠠᠨᠳᠠᠯ ᠤᠨ ᠪᠣᠬᠢᠷᠲᠤᠯ ᠢ ᠵᠠᠰᠠᠬᠤ | 95 ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠭᠠᠷ ᠤᠨ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠬᠤ ᠶᠢ ᠲᠦᠯᠬᠢᠨ ᠠᠬᠢᠭᠤᠯᠤᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠣᠷᠴᠢᠨ | ᠠᠬᠤᠶ ᠶᠢᠨ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠤᠯᠳᠠᠯᠭ᠎ᠠ ᠪᠣᠯᠭᠠᠵᠤ᠂ ᠭᠤᠤᠯ ᠤᠨ ᠳᠠᠷᠤᠭ᠎ᠠ ᠶᠢᠨ ᠲᠦᠷᠢᠮ ᠢ | ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ︽ᠳᠥᠷᠪᠡᠨ ᠰᠠᠮᠠᠭᠤᠨ ᠢ ᠠᠷᠢᠯᠭᠠᠬᠤ︾ ᠪᠠᠷ ᠭᠤᠤᠯᠳᠠᠯᠭ᠎ᠠ | ᠪᠣᠯᠭᠠᠨ᠂ ᠤᠰᠤᠨ ᠤ ᠣᠷᠴᠢᠨ ᠠᠬᠤᠶ ᠶᠢᠨ ᠶᠠᠰᠤ ᠴᠢᠨᠠᠷ ᠢ ︽ᠨᠠᠩ ᠰᠠᠶᠢᠨ ᠪᠣᠯᠭᠠᠬᠤ ᠠᠴᠠ ᠪᠢᠰᠢ᠂ ᠮᠠᠭᠤ ᠪᠣᠯᠭᠠᠵᠤ | ᠪᠣᠯᠬᠤ ᠥᠬᠡᠶ︾ ᠭᠡᠳᠡᠭ ᠢᠶᠠᠷ ᠤᠯᠠᠭᠠᠨ ᠱᠤᠭᠤᠮ ᠪᠣᠯᠭᠠᠵᠤ᠂ ᠬᠠᠲᠤᠨ ᠭᠤᠤᠯ ᠤᠨ ᠬᠠᠶᠢᠨᠠᠨ ᠤ ᠬᠡᠰᠡᠭ ᠤᠨ | ᠤᠰᠤᠨ ᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠨ᠎ᠠ᠃ ︽ᠤᠰᠤ ᠪᠠᠷ ᠬᠤᠲᠠ ᠶᠢ | ᠲᠣᠭᠲᠠᠭᠠᠬᠤ᠂ ᠤᠰᠤ ᠪᠠᠷ ᠭᠠᠵᠠᠷ ᠰᠢᠷᠣᠶ ᠶᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ | ᠭᠠᠷᠤᠯᠲᠠ ᠶᠢ ᠲᠣᠭᠲᠠᠭᠠᠬᠤ︾ ᠶᠢ ᠪᠠᠷᠢᠮᠲᠠᠯᠠᠵᠤ᠂ ᠤᠰᠤ ᠶᠢ ᠣᠯᠠᠮ ᠠᠷᠪᠢᠯᠠᠵᠤ ᠤᠰᠤ ᠶᠢ ᠬᠢᠵᠠᠭᠠᠷᠯᠠᠬᠤ | ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠪᠥᠭᠡᠳ ᠦᠷ᠎ᠡ | ᠠᠰᠢᠭ ᠢᠶᠠᠷ ᠳᠣᠤᠷ᠎ᠠ ᠪᠠᠶᠢᠭᠰᠠᠨ ᠠᠴᠠ ᠠᠷᠪᠢᠲᠠᠶ ᠡᠷᠴᠢᠮᠯᠢᠭ ᠪᠣᠯᠭᠠᠨ ᠬᠤᠪᠢᠷᠠᠭᠤᠯᠬᠤ ᠶᠢ ᠦᠷᠭᠦᠯᠵᠢᠯᠡᠨ | ᠠᠬᠢᠭᠤᠯᠤᠨ᠎ᠠ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠰᠲ᠋ᠧᠮᠵᠢ ᠶᠢ ᠪᠠᠶᠢᠭᠤᠯᠤᠨ | ᠪᠦᠷᠢᠨᠰᠢᠬᠦᠯᠵᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠶᠡᠷᠦᠩᠬᠡᠶ ᠳᠡᠭᠡᠨ ᠲᠣᠭᠲᠠᠭᠤᠨ | ᠪᠠᠶᠢᠯᠭᠠᠬᠤ ᠶᠢ ᠦᠨᠡᠨᠬᠦ ᠪᠠᠲᠤᠯᠠᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠠᠶᠤᠯᠲᠠᠶ | ᠬᠠᠶᠠᠭᠳᠠᠮᠠᠯ ᠪᠣᠳᠠᠰ ᠢ ᠵᠢᠷᠤᠮᠵᠢᠭᠤᠯᠤᠨ ᠰᠢᠢᠳᠪᠦᠷᠢᠯᠡᠬᠦ ᠶᠢ ᠴᠢᠩᠭᠠᠳᠬᠠᠨ᠂ ᠠᠭᠤᠷᠬᠠᠶ ᠶᠢᠨ ᠨᠦᠬᠡ ᠶᠢ ᠭᠦᠢᠴᠡᠳ | ᠠᠰᠢᠭᠯᠠᠨ ᠨᠡᠭᠦᠷᠡᠰᠦᠨ ᠴᠢᠯᠠᠭᠤ ᠶᠢ ᠲᠥᠪᠯᠡᠷᠡᠭᠦᠯᠦᠨ ᠰᠢᠢᠳᠪᠦᠷᠢᠯᠡᠬᠦ ᠲᠠᠯᠠᠪᠠᠶ ᠪᠠᠶᠢᠭᠤᠯᠵᠤ᠂ ᠬᠠᠷᠢᠶ᠎ᠠ ᠣᠷᠣᠨ ᠤ | ᠳᠣᠲᠣᠷᠠᠬᠢ 30 % ᠶᠢᠨ ᠨᠡᠭᠦᠷᠡᠰᠦ ᠤᠬᠢᠶᠠᠬᠤ ᠠᠵᠤ ᠠᠬᠤᠶᠢᠯᠠᠯ ᠤᠨ ᠨᠡᠭᠦᠷᠡᠰᠦᠨ ᠴᠢᠯᠠᠭᠤ ᠶᠢ ᠲᠥᠪᠯᠡᠷᠡᠭᠦᠯᠦᠨ | ᠰᠢᠢᠳᠪᠦᠷᠢᠯᠡᠬᠦ ᠶᠢ ᠪᠡᠶᠡᠯᠡᠭᠦᠯᠦᠨ᠎ᠡ᠃ ︽ᠰᠢᠨᠵᠢᠯᠡᠬᠦ ᠤᠬᠠᠭᠠᠨᠴᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠬᠦ᠂ ᠡᠮᠬᠢ | ᠵᠢᠷᠤᠮ ᠲᠠᠢ ᠠᠬᠢᠭᠤᠯᠬᠤ᠂ ᠭᠤᠤᠯᠳᠠᠯᠭ᠎ᠠ ᠲᠠᠢ ᠰᠢᠪᠲᠤᠯᠤᠯᠲᠠ ᠬᠢᠬᠦ︾ ᠵᠠᠷᠴᠢᠮ ᠶᠣᠰᠣᠭᠠᠷ᠂ ᠠᠭᠤᠷᠬᠠᠶ ᠶᠢᠨ | ᠶᠡᠷᠦᠩᠬᠡᠶᠢᠯᠡᠨ ᠵᠠᠰᠠᠬᠤ ᠶᠢ ᠥᠷᠨᠢᠭᠦᠯᠵᠦ᠂ ᠡᠯ ᠬᠦᠶ ᠭᠤᠤ᠂ ᠬᠦᠪᠴᠢᠨ ᠰᠢᠯᠢ ᠭᠠᠵᠠᠷ ᠣᠷᠣᠨ ᠤ ᠣᠷᠴᠢᠨ | ᠲᠣᠭᠤᠷᠢᠨ ᠢ ᠵᠠᠰᠠᠬᠤ ᠪᠠ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠪᠣᠬᠢᠷᠲᠤᠯ | ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | ︵ᠬᠤᠶᠠᠷ︶ ᠪᠦᠯᠦᠭᠯᠡᠨ ᠡᠷᠴᠢᠮᠵᠢᠭᠦᠯᠦᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠲᠣ | ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠠᠵᠤ ᠦᠢᠯᠡᠳᠪᠦᠷᠢ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠬᠢᠨ ᠰᠢᠨ᠎ᠡ ᠳᠡᠭᠲᠡᠷ ᠲᠤ | ᠭᠠᠷᠬᠤ ᠶᠢ ᠲᠦᠯᠬᠢᠨ ᠠᠬᠢᠭᠤᠯᠤᠨ᠎ᠠ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠪᠠᠷ | ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠲᠠᠰ ᠳᠡᠪᠰᠢᠬᠦ ᠶᠢ ᠠᠬᠢᠭᠤᠯᠤᠨ᠂ ᠨᠡᠭᠦᠷᠡᠰᠦ ᠬᠡᠦᠷᠡᠰᠦᠨ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ | ᠬᠢᠮᠢ ᠶᠢᠨ ᠠᠵᠤ ᠦᠢᠯᠡᠳᠪᠦᠷᠢ ᠶᠢᠨ ᠤᠯᠠᠮᠵᠢᠯᠠᠯᠲᠤ ᠠᠵᠤ ᠦᠢᠯᠡᠰ ᠤᠨ ᠳᠠᠪᠠᠭᠤᠯᠢᠭ ᠲᠤ ᠰᠠᠭᠤᠷᠢᠯᠠᠨ᠂ | ᠲᠤᠯᠤᠭᠠᠶᠢᠯᠠᠬᠴᠢ ᠠᠵᠤ ᠠᠬᠤᠶᠢᠯᠠᠯ ᠤᠨ ᠲᠣᠭᠤᠷᠢᠨ ᠳᠤ᠂ ᠠᠵᠤ ᠦᠢᠯᠡᠰ ᠤᠨ ᠰᠠᠭᠤᠷᠢ ᠶᠢ ᠳᠠᠬᠢᠨ ᠪᠠᠶᠢᠭᠤᠯᠬᠤ ᠪᠠ | ᠠᠵᠤ ᠦᠢᠯᠡᠰ ᠤᠨ ᠬᠡᠯᠬᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠠᠵᠤ ᠦᠢᠯᠡᠰ ᠤᠨ ᠰᠠᠭᠤᠷᠢ ᠶᠢ | ᠳᠡᠭᠡᠳᠦ ᠲᠠᠰ ᠪᠣᠯᠭᠠᠬᠤ ᠪᠠ ᠠᠵᠤ ᠦᠢᠯᠡᠰ ᠤᠨ ᠬᠡᠯᠬᠢᠶ᠎ᠡ ᠶᠢ ᠣᠳᠣᠬᠢᠴᠢᠯᠠᠬᠤ ᠬᠢᠷᠢ ᠬᠡᠮᠵᠢᠶ᠎ᠡ ᠶᠢ ᠨᠡᠭᠦᠷᠡᠰᠦᠨ ᠤ | ᠠᠵᠤ ᠦᠢᠯᠡᠰ ᠢ ᠨᠢᠭᠡᠳᠭᠡᠨ ᠬᠦᠴᠦᠷᠬᠡᠭᠵᠢᠭᠦᠯᠵᠦ᠂ ᠨᠡᠭᠦᠷᠡᠰᠦᠨ ᠤ ᠬᠡᠦᠷᠡᠰᠦ ᠶᠢ ᠤᠯᠠᠨ ᠭᠠᠷᠤᠯᠲᠠ ᠲᠠᠢ ᠨᠢ | ᠬᠤᠯᠪᠣᠭᠳᠠᠭᠤᠯᠤᠨ ᠦᠢᠯᠡᠳᠪᠦᠷᠢᠯᠡᠬᠦ ᠡᠬᠢ ᠪᠠᠶᠠᠯᠢᠭ ᠢ ᠨᠢᠭᠡᠳᠭᠡᠬᠦ ᠲᠦᠷᠦᠯ ᠵᠦᠢᠯ ᠢ ᠬᠡᠷᠡᠭᠵᠢᠭᠦᠯᠵᠦ᠂ ᠳᠡᠭᠡᠳᠦ | ᠳᠤᠤᠷᠠᠳᠤ ᠤᠷᠤᠰᠬᠠᠯ ᠤᠨ ᠨᠢᠭᠡ ᠴᠤᠭᠴᠠᠵᠢᠯᠳᠠ ᠶᠢ ᠠᠬᠢᠭᠤᠯᠵᠤ᠂ ᠳᠡᠭᠡᠳᠦ ᠲᠡᠰ ᠤᠨ ᠡᠷᠬᠢᠯᠳᠡᠳᠦ ᠪᠣᠬᠢᠷᠲᠤᠯ | ᠦᠬᠡᠢ ᠴᠢᠭᠯᠡᠯ ᠳᠡᠰᠢ ᠬᠥᠭᠵᠢᠭᠦᠯᠵᠦ᠂ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦᠨ ᠤ | ᠬᠡᠦᠷᠰᠢᠭᠦᠯᠦᠯᠲᠡ ᠶᠢᠨ ᠰᠢ ᠯᠠᠢ ᠹᠧᠩ ᠬᠤᠪᠢᠶᠠᠷᠢ ᠺᠣᠮᠫᠠᠨᠢ ᠶᠢᠨ ᠬᠦᠴᠦᠷᠬᠡᠭᠵᠢᠨ ᠰᠢᠯᠢᠳᠡᠭᠵᠢᠬᠦ ᠶᠢ ᠳᠡᠮᠵᠢᠵᠦ᠂ | ᠭᠤᠸᠠᠩ ᠵᠢᠦᠢ ᠶᠢᠨ 500 ᠲᠦᠮᠡᠨ ᠲᠣᠨ᠂ ᠲᠠᠢ ᠡᡁᠧ ᠶᠢᠨ 300 ᠲᠦᠮᠡᠨ ᠲᠣᠨ ᠨᠡᠭᠦᠷᠡᠰᠦᠨ ᠤ | ᠬᠡᠦᠷᠰᠢᠭᠦᠯᠦᠯᠲᠡ ᠶᠢᠨ ᠣᠷᠴᠢᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠵᠤ᠂ ᠠᠮᠤᠷ ᠲᠦᠪᠰᠢᠨ ᠣᠷᠴᠢᠨ ᠲᠣᠭᠤᠷᠢᠨ ᠢ ᠬᠠᠮᠠᠭᠠᠯᠠᠬᠤ ᠠᠷᠢᠭᠤᠨ ᠴᠡᠪᠡᠷ | ᠤᠳᠤ ᠦᠶ᠎ᠡ ᠶᠢᠨ ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠢ | ᠪᠠᠶᠢᠭᠤᠯᠤᠨ᠎ᠠ᠃ ᠾᠯᠣᠷ ᠱᠦᠯᠲᠦ ᠶᠢᠨ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ᠣᠯᠠᠨ ᠠᠵᠤ | ᠦᠢᠯᠡᠰ ᠤᠨ ᠬᠡᠯᠬᠢᠶ᠎ᠡ ᠶᠢᠨ ᠬᠠᠮᠵᠢᠯᠴᠠᠨ ᠬᠥᠭᠵᠢᠭᠰᠡᠨ ᠠᠵᠤ ᠦᠢᠯᠡᠰ ᠤᠨ ᠪᠠᠶᠢᠷᠢᠰᠢᠯ ᠢ ᠪᠠᠶᠢᠭᠤᠯᠤᠨ᠂ ᠦᠬᠠᠶ ᠶᠢᠨ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠪᠠᠨ ᠦᠷᠭᠦᠯᠵᠢᠯᠡᠨ ᠤᠷᠲᠤᠳᠬᠠᠬᠤ ᠶᠢ | ᠵᠣᠷᠢᠭᠵᠢᠭᠤᠯᠵᠤ᠂ ᠵᠦᠩ ᠯᠢᠶᠠᠨ ᠬᠢᠮᠢ ᠶᠢᠨ ᠠᠵᠤ ᠦᠢᠯᠡᠳᠪᠦᠷᠢ ᠶᠢᠨ ᠮᠥᠩᠭᠦᠨ ᠤᠰᠤ ᠶᠢ ᠨᠡᠭᠦᠷᠡᠰᠦ ᠲᠠᠢ | ᠬᠦᠷᠦᠯᠴᠡᠭᠦᠯᠬᠦ ᠥᠬᠡᠶ᠂ ᠲᠠᠩ ᠲᠠᠰ ᠤᠨ ᠵᠠᠶ ᠲᠠᠢ ᠭᠠᠷ ᠤᠷᠠᠯᠠᠯ ᠤᠨ 50 ᠲᠦᠮᠡᠨ ᠲᠣᠨ PVC ᠶᠢᠨ | ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠭᠤᠤᠯᠳᠠᠯᠭ᠎ᠠ ᠲᠠᠢ ᠠᠬᠢᠭᠤᠯᠤᠨ᠎ᠠ᠃ ᠨᠡᠭᠦᠷᠡᠰᠦᠨ ᠬᠢᠮᠢ ᠶᠢᠨ ᠠᠵᠤ | ᠦᠢᠯᠡᠳᠪᠦᠷᠢ ᠪᠣᠯᠤᠨ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠣᠰᠣᠳᠦ᠋ᠷᠦᠭᠴᠢᠲᠦ ᠡᠨᠧᠷᠭᠢ ᠶᠢᠨ | ᠬᠠᠩᠭᠠᠯᠭ᠎ᠠ ᠶᠢᠨ ᠳᠠᠪᠠᠭᠤᠯᠢᠭ ᠲᠤ ᠰᠠᠭᠤᠷᠢᠯᠠᠨ᠂ ᠣᠷᠣᠭᠤᠯᠵᠤ ᠢᠷᠡᠭᠰᠡᠨ ᠣᠰᠣᠳᠦ᠋ᠷᠦᠭᠴᠢᠲᠦ ᠡᠨᠧᠷᠭᠢ ᠶᠢᠨ ᠠᠵᠤ | ᠦᠢᠯᠡᠰ ᠤᠨ ᠲᠤᠯᠤᠭᠠᠶᠢᠯᠠᠬᠴᠢ ᠠᠵᠤ ᠠᠬᠤᠶᠢᠯᠠᠯ ᠢ ᠪᠤᠶᠢᠵᠢᠭᠤᠯᠵᠤ᠂ ᠦᠬᠠᠶ ᠶᠢᠨ ᠬᠢᠮᠢ ᠶᠢᠨ ᠠᠵᠤ | ᠦᠢᠯᠡᠳᠪᠦᠷᠢ ᠶᠢᠨ ᠵᠢᠯ ᠳᠤ 5 ᠲᠦᠮᠡᠨ ᠲᠣᠨ ᠣᠰᠣᠳᠦ᠋ᠷᠦᠭᠴᠢᠲᠦ ᠡᠨᠧᠷᠭᠢ ᠶᠢᠨ ᠲᠥᠷᠥᠯ ᠵᠦᠢᠯ ᠤᠨ ᠪᠠᠷᠢᠯᠭ᠎ᠠ | ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠣᠯᠠᠨ ᠵᠦᠢᠯ ᠤᠨ ᠡᠨᠧᠷᠭᠢ ᠤᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠴᠢᠷᠮᠠᠶᠢᠨ ᠪᠣᠶ ᠪᠣᠯᠭᠠᠨ᠎ᠠ᠃ ᠣᠳᠣ ᠶᠢᠨ | ᠪᠠᠶᠢᠭ᠎ᠠ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ ᠰᠢᠨ᠎ᠡ ᠪᠠᠷ | ᠮᠠᠨᠳᠤᠭᠰᠠᠨ ᠠᠵᠤ ᠦᠢᠯᠡᠰ ᠤᠨ ᠬᠡᠪᠴᠢᠶ᠎ᠡ ᠶᠢᠨ ᠲᠦᠷᠭᠡᠨ ᠥᠷᠭᠡᠳᠬᠦ ᠶᠢ ᠠᠬᠢᠭᠤᠯᠵᠤ᠂ ᠡᠮ ᠡᠮᠨᠡᠯᠭᠡ ᠲᠠᠷᠢᠶᠠᠨ ᠡᠮ᠂ | ᠪᠤᠳᠤᠭ ᠤᠨ ᠵᠠᠪᠰᠠᠷ ᠤᠨ ᠴᠣᠭᠴᠠ ᠶᠢᠨ ᠲᠥᠷᠥᠯ ᠵᠦᠢᠯ ᠢᠶᠠᠷ ᠭᠤᠤᠯᠳᠠᠯᠭ᠎ᠠ ᠪᠣᠯᠭᠠᠵᠤ᠂ ᠲᠦᠭᠦᠬᠡᠶ ᠮᠠᠲ᠋ᠧᠷᠢᠶᠠᠯ᠂ | ᠵᠠᠪᠰᠠᠷ ᠤᠨ ᠴᠣᠭᠴᠠ ᠶᠢᠨ ᠪᠦᠲᠦᠭᠡᠭᠳᠡᠬᠦᠨ᠂ ᠨᠠᠶᠢᠷᠠᠯᠲᠠ ᠳᠠᠰᠢ ᠤᠷᠲᠤᠳᠬᠠᠭᠰᠠᠨ ᠠᠵᠤ ᠦᠢᠯᠡᠰ ᠤᠨ ᠬᠡᠯᠬᠢᠶ᠎ᠡ ᠶᠢ | ᠪᠠᠶᠢᠭᠤᠯᠵᠤ᠂ ᠰᠢᠨ ᠸᠧᠶ ᠬᠢᠮᠢ ᠶᠢᠨ ᠠᠵᠤ ᠦᠢᠯᠡᠳᠪᠦᠷᠢ ᠶᠢᠨ ᠡᠮ ᠡᠮᠨᠡᠯᠭᠡ ᠶᠢᠨ ᠵᠠᠪᠰᠠᠷ ᠤᠨ ᠴᠣᠭᠴᠠ᠂ ᠺᠧ | ᠱᠥᠸᠧ ᠶᠢᠨ ᠬᠤᠶᠠᠳᠤᠭᠠᠷ ᠬᠤᠭᠤᠴᠠᠭᠠᠨ ᠤ ᠲᠠᠷᠢᠶᠠᠨ ᠡᠮ ᠤᠨ ᠵᠠᠪᠰᠠᠷ ᠤᠨ ᠴᠣᠭᠴᠠ᠂ ᠱᠧᠩ ᠬᠤᠤ ᠺᠣᠮᠫᠠᠨᠢ ᠶᠢᠨ | ᠪᠤᠳᠤᠭ ᠤᠨ ᠵᠠᠪᠰᠠᠷ ᠤᠨ ᠴᠣᠭᠴᠠ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ | ᠪᠦᠲᠦᠴᠡ ᠪᠠᠨ ᠰᠢᠯᠢᠳᠡᠭᠵᠢᠭᠦᠯᠬᠦ ᠶᠢᠨ ᠴᠢᠬᠤᠯᠠ ᠬᠥᠳᠡᠯᠭᠡᠭᠦᠷ ᠪᠣᠯᠭᠠᠨ᠎ᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠢᠷᠢ ᠲᠦᠪᠰᠢᠨ ᠤ ᠰᠢᠨ᠎ᠡ ᠳᠡᠭᠡᠭᠰᠢᠯᠡᠯᠲᠡ ᠶᠢ | ᠠᠬᠢᠭᠤᠯᠤᠨ᠎ᠠ᠃ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠲᠤᠰᠬᠠᠶᠢᠵᠢᠯᠲᠠ ᠪᠠ ᠥᠷᠲᠡᠭ ᠤᠨ | ᠬᠡᠯᠬᠢᠶ᠎ᠡ ᠶᠢᠨ ᠳᠡᠭᠡᠳᠦ ᠦᠵᠦᠭᠦᠷ ᠳᠠᠰᠢ ᠤᠷᠲᠤᠳᠬᠠᠬᠤ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ | ᠴᠢᠨᠠᠷ ᠰᠠᠶᠢᠲᠠᠶ ᠪᠠ ᠣᠯᠠᠨ ᠶᠠᠩᠵᠤᠴᠢᠯᠠᠯᠳᠠ ᠳᠠᠰᠢ ᠲᠠᠰ ᠳᠡᠪᠰᠢᠭᠦᠯᠬᠦ ᠶᠢ ᠪᠠᠷᠢᠮᠲᠠᠯᠠᠵᠤ᠂ ᠺᠤᠸᠠᠢ ᠴᠧᠩ ᠡᠳ᠋ | ᠪᠠᠷᠠᠭᠠᠨ ᠤ ᠭᠦᠢᠯᠭᠡᠭᠡ᠂ ᠳᠤᠮᠳᠠᠳᠤ ᠮᠣᠩᠭᠤᠯ ᠣᠷᠣᠰ ᠤᠨ ᠤᠨᠴᠠᠯᠢᠭᠳᠤ ᠠᠷᠠᠯᠵᠢᠶᠠᠨ ᠤ ᠲᠣᠭᠤᠷᠢᠭ᠂ ᠬᠠᠶᠢᠨᠠᠨ | ᠲᠣᠭᠤᠷᠢᠭ ᠤᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ | ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠪᠠᠶᠢᠷᠢᠰᠢᠯ ᠨᠢ | ᠵᠦᠶ ᠵᠣᠬᠢᠰᠲᠠᠶ᠂ ᠴᠢᠳᠠᠮᠵᠢ ᠨᠢ ᠪᠦᠷᠢᠨ ᠲᠡᠭᠦᠯᠳᠡᠷ᠂ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢ ᠲᠠᠢ | ᠦᠢᠯᠡᠴᠢᠯᠡᠭᠡᠨ ᠤ ᠠᠵᠤ ᠦᠢᠯᠡᠰ ᠤᠨ ᠰᠢᠨ᠎ᠡ ᠰᠢᠰᠲ᠋ᠧᠮᠵᠢ ᠶᠢ ᠴᠢᠷᠮᠠᠶᠢᠨ ᠪᠠᠶᠢᠭᠤᠯᠤᠨ᠎ᠠ᠃ ᠬᠡᠷᠡᠭᠯᠡᠭᠡ ᠶᠢ | ᠥᠷᠭᠡᠳᠬᠡᠬᠦ ᠶᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠲᠠᠢ ᠤᠶᠠᠯᠳᠤᠭᠤᠯᠵᠤ᠂ | ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠴᠦ᠂ ᠰᠢᠨ᠎ᠡ ᠬᠡᠷᠡᠭᠯᠡᠭᠡ᠂ ᠰᠢᠨ᠎ᠡ | ᠬᠠᠩᠭᠠᠯᠭ᠎ᠠ ᠶᠢ ᠢᠳᠡᠪᠬᠢᠲᠡᠢ ᠪᠤᠶᠢᠵᠢᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ | ᠬᠡᠷᠡᠭᠴᠡᠭᠡ ᠪᠣᠯᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ | ᠬᠠᠩᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠲᠤᠯᠭᠠᠭᠤᠷᠢᠯᠠᠯ ᠪᠠᠲᠤᠯᠠᠭ᠎ᠠ ᠬᠠᠩᠭᠠᠬᠤ ᠬᠡᠷᠡᠭᠲᠡᠢ᠃ | ᠳᠠᠪᠠᠭᠤᠯᠢᠭ ᠢᠶᠠᠨ ᠪᠠᠳᠠᠷᠠᠭᠤᠯᠵᠤ᠂ ᠣᠨᠴᠠᠯᠢᠭ ᠢᠶᠠᠨ ᠳᠣᠪᠤᠶᠢᠯᠭᠠᠨ᠂ ᠵᠢᠭᠤᠯᠴᠢᠯᠠᠯ ᠤᠨ ᠦᠢᠯᠡᠰ ᠢ ᠨᠠᠷᠢᠯᠢᠭ ᠬᠢᠵᠦ᠂ | ᠬᠠᠲᠤᠨ ᠭᠤᠤᠯ ᠳᠠᠭᠠᠤ ᠶᠢᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ᠬᠠᠲᠤᠨ ᠭᠤᠤᠯ ᠤᠨ ᠠᠮᠢ | ᠠᠬᠤᠶ ᠶᠢᠨ ᠬᠠᠮᠠᠭᠠᠯᠠᠯᠲᠠ ᠲᠠᠢ ᠤᠶᠠᠯᠳᠤᠭᠤᠯᠤᠨ᠂ ᠬᠠᠲᠤᠨ ᠭᠤᠤᠯ ᠤᠨ ᠥᠯᠢᠭᠡᠷ ᠢ ᠰᠠᠶᠢᠲᠤᠷ ᠶᠠᠷᠢᠬᠤ ᠬᠡᠷᠡᠭᠲᠡᠶ᠃ | ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ︾᠂ ︽ᠨᠠᠮ ᠤᠨ ᠪᠠᠶᠢᠭᠤᠯᠤᠯᠲᠠ ᠪᠠᠷ ᠬᠦᠳᠦᠯᠦᠨ | ᠳᠠᠭᠠᠭᠤᠯᠬᠤ︾ ᠶᠢ ᠲᠤᠪᠤᠶᠢᠯᠭᠠᠵᠦ᠂ 6.5.4 ︽ᠪᠠᠭ᠎ᠠ ᠭᠤᠷᠪᠠᠳᠤᠭᠠᠷ ᠹᠷᠣᠨᠲ︾ ᠤᠨ ᠬᠤᠪᠢᠰᠬᠠᠯ ᠤᠨ | ᠬᠥᠮᠦᠵᠢᠯ ᠤᠨ ᠰᠠᠭᠤᠷᠢᠨ ᠪᠣᠯᠤᠨ ᠷᠠᠰᠠᠩ ᠰᠦᠮ᠎ᠡ ᠶᠢᠨ ᠨᠢᠭᠡᠳᠦᠭᠡᠷ ᠨᠠᠮ ᠤᠨ ᠡᠭᠦᠷ ᠤᠨ ᠪᠠᠶᠢᠭᠤᠯᠤᠯᠲᠠ ᠶᠢ | ᠠᠬᠢᠭᠤᠯᠤᠨ᠎ᠠ᠃ | ᠬᠦᠷᠢᠶᠡᠯᠡᠩ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢᠨ ᠰᠢᠨ᠎ᠡ ᠦᠷ᠎ᠡ ᠪᠦᠲᠦᠮᠵᠢ ᠣᠯᠬᠤ ᠶᠢ ᠲᠦᠯᠬᠢᠨ | ᠠᠬᠢᠭᠤᠯᠤᠨ᠎ᠠ᠃ ᠬᠦᠷᠢᠶᠡᠯᠡᠩ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯ ᠪᠠ ᠴᠢᠳᠠᠮᠵᠢ ᠶᠢᠨ ᠪᠠᠶᠢᠷᠢ | ᠲᠣᠭᠲᠠᠭᠠᠯᠲᠠ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠬᠦᠷᠢᠶᠡᠯᠡᠩ ᠤᠨ ᠣᠷᠣᠨ ᠵᠠᠶ᠂ ᠡᠬᠢ ᠪᠠᠶᠠᠯᠢᠭ᠂ ᠣᠯᠠᠨ | ᠨᠡᠶᠢᠲᠡ ᠶᠢᠨ ᠦᠢᠯᠡᠴᠢᠯᠡᠭᠡ ᠶᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠨ᠎ᠠ᠃ ᠬᠦᠷᠢᠶᠡᠯᠡᠩ ᠤᠨ ᠶᠠᠰᠤ ᠴᠢᠨᠠᠷ ᠢ | ᠳᠡᠭᠡᠭᠰᠢᠯᠡᠭᠦᠯᠦᠨ ᠬᠥᠭᠵᠢᠭᠦᠯᠬᠦ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠤᠤᠯᠯᠠᠬᠤ ᠠᠵᠤ ᠦᠢᠯᠡᠰ ᠤᠨ | ᠳᠡᠭᠡᠳᠦ ᠳᠣᠤᠷᠠᠳᠤ ᠤᠷᠤᠰᠬᠠᠯ ᠤᠨ ᠣᠷᠣᠭᠤᠯᠤᠨ ᠠᠪᠴᠢᠷᠠᠬᠤ᠂ ᠪᠥᠲᠥᠭᠡᠨ ᠪᠠᠶᠢᠭᠤᠯᠬᠤ ᠲᠥᠷᠥᠯ ᠵᠦᠢᠯ ᠤᠨ | ᠲᠣᠭᠤᠷᠢᠨ ᠳᠤ᠂ ᠤᠨᠴᠠᠯᠢᠬᠳᠤ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠵᠤ᠂ ᠠᠵᠤ ᠦᠢᠯᠡᠰ ᠤᠨ | ᠬᠡᠯᠬᠢᠶ᠎ᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠮᠢᠩᠭᠠᠨ ᠳ᠋ᠦᠩᠰᠢᠭᠤᠷ ᠲᠠᠰ ᠤᠨ ᠬᠦᠷᠢᠶᠡᠯᠡᠩ ᠢ | ᠪᠠᠶᠢᠭᠤᠯᠬᠤ ᠪᠠᠷ ᠴᠢᠷᠮᠠᠶᠢᠨ᠎ᠠ᠃ ᠡᠬᠢ ᠪᠠᠶᠠᠯᠢᠭ ᠤᠨ ᠬᠦᠴᠦᠨ ᠵᠦᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ | ᠬᠦᠷᠢᠶᠡᠯᠡᠩ ᠤᠨ ᠰᠠᠭᠤᠷᠢ ᠪᠡᠯᠡᠳᠬᠡᠮᠵᠢ ᠶᠢᠨ ᠣᠷᠣᠭᠤᠯᠤᠯᠲᠠ ᠶᠢ ᠨᠡᠮᠡᠭᠳᠡᠭᠦᠯᠦᠨ᠂ ᠤᠰᠤ᠂ ᠴᠠᠬᠢᠯᠭᠠᠨ᠂ ᠵᠠᠮ᠂ ᠬᠡᠶ᠂ | ᠳᠤᠯᠠᠭᠠᠯᠭ᠎ᠠ ᠵᠡᠷᠭᠡ ᠢᠵᠢ ᠪᠥᠷᠢᠳᠦᠭᠰᠡᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ | ᠲᠥᠯᠥᠪᠯᠡᠨ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ | ᠬᠥᠳᠡᠯᠭᠡᠭᠦᠷ ᠪᠣᠯᠭᠠᠬᠤ ᠶᠢ ᠬᠡᠷᠡᠭᠵᠢᠭᠦᠯᠵᠦ᠂ ᠤᠶᠤᠨᠲᠤ ᠬᠦᠷᠢᠶᠡᠯᠡᠩ᠂ ᠲᠣᠭᠠᠴᠢᠯᠠᠭᠰᠠᠨ ᠬᠦᠷᠢᠶᠡᠯᠡᠩ ᠢ ᠴᠣᠭᠴᠠᠯᠠᠨ | ᠪᠠᠶᠢᠭᠤᠯᠵᠤ᠂ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠬᠤᠪᠢᠷᠠᠭᠤᠯᠤᠯᠲᠠ ᠶᠢ ᠴᠢᠩᠭᠠᠳᠬᠠᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠠᠵᠤ ᠠᠬᠤᠶᠢᠯᠠᠯ ᠯᠤᠭ᠎ᠠ ᠬᠠᠮᠲᠤᠪᠠᠷ ᠬᠠᠮᠲᠤᠷᠠᠯᠴᠠᠬᠤ ᠶᠢ ᠴᠢᠩᠭᠠᠳᠬᠠᠵᠤ᠂ ᠬᠠᠮᠵᠢᠯᠴᠠᠨ ᠰᠢᠨ᠎ᠡ ᠶᠢ | ᠡᠭᠦᠳᠬᠦ ᠬᠤᠯᠪᠣᠭᠠᠲᠤ ᠴᠣᠭᠴᠠ ᠶᠢ ᠴᠣᠭᠴᠠᠯᠠᠨ ᠪᠠᠶᠢᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪᠯᠡᠷᠡᠭᠰᠡᠨ ᠣᠷᠣᠨ ᠢ ᠪᠥᠲᠥᠭᠡᠨ ᠪᠠᠶᠢᠭᠤᠯᠤᠨ᠎ᠠ᠃ | ︵ᠭᠤᠷᠪᠠ︶ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠬᠥᠳᠡᠯᠭᠡᠬᠦ ᠬᠦᠴᠦᠨ ᠢ ᠶᠡᠬᠡᠪᠡᠷ | ᠪᠤᠶᠢᠵᠢᠭᠤᠯᠤᠨ᠎ᠠ᠃ | ᠭᠤᠤᠯᠳᠠᠯᠭ᠎ᠠ ᠲᠠᠢ ᠲᠥᠷᠥᠯ ᠵᠦᠢᠯ ᠢᠶᠠᠷ ᠭᠠᠷᠳᠠᠴᠠ ᠪᠣᠯᠭᠠᠨ ᠬᠥᠭᠵᠢᠯᠲᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢ | ᠲᠣᠭᠲᠠᠭᠠᠯᠲᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠳᠣᠲᠣᠭᠠᠳᠤ ᠬᠡᠷᠡᠭᠴᠡᠭᠡᠨ ᠤ ᠵᠠᠬ᠎ᠠ ᠳᠡᠯᠭᠡᠭᠦᠷ ᠤᠨ | ᠰᠢᠰᠲ᠋ᠧᠮ ᠢ ᠲᠦᠷᠭᠡᠪᠴᠢᠯᠡᠨ ᠪᠤᠶᠢᠵᠢᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠶᠢ ᠬᠥᠭᠵᠢᠭᠦᠯᠬᠦ ᠪᠠᠷ | ᠭᠤᠣᠯᠳᠠᠯᠭ᠎ᠠ ᠪᠣᠯᠭᠠᠬᠤ ᠶᠢ ᠪᠠᠶᠢᠳᠠᠯ ᠳᠤ ᠵᠣᠬᠢᠴᠠᠭᠤᠯᠤᠨ ᠨᠥᠭᠡᠴᠡᠯᠡᠬᠦ ᠲᠥᠷᠥᠯ ᠵᠦᠢᠯ ᠢ ᠰᠦᠪᠡᠭᠴᠢᠯᠡᠵᠦ᠂ ᠠᠵᠤ | ᠦᠢᠯᠡᠰ ᠤᠨ ᠰᠠᠭᠤᠷᠢ᠂ ᠬᠥᠭᠵᠢᠯᠲᠡ ᠶᠢᠨ ᠣᠳᠣᠬᠢ ᠪᠠᠶᠢᠳᠠᠯ ᠳᠤ ᠰᠠᠭᠤᠷᠢᠯᠠᠨ᠂ ᠨᠢᠭᠡ ᠪᠦᠯᠦᠭ ᠪᠥᠬᠦ ᠲᠠᠯ᠎ᠠ ᠶᠢᠨ | ᠴᠢᠨᠠᠷᠲᠠᠶ᠂ ᠲᠤᠯᠭᠠᠭᠤᠷᠢᠯᠠᠬᠤ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠭᠤᠤᠯᠳᠠᠯᠭ᠎ᠠ ᠲᠠᠢ ᠲᠥᠷᠥᠯ ᠵᠦᠢᠯ | ᠢ ᠰᠦᠪᠡᠭᠴᠢᠯᠡᠵᠦ᠂ ᠨᠠᠩ ᠣᠯᠠᠨ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ | ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ᠃ ᠪᠠᠶᠢᠳᠠᠯ ᠳᠤᠨᠢ ᠲᠣᠬᠢᠷᠠᠭᠤᠯᠤᠨ ᠲᠥᠷᠥᠯ ᠵᠦᠢᠯ ᠢ ᠴᠢᠷᠮᠠᠶᠢᠨ | ᠣᠯᠵᠤ᠂ ᠤᠯᠤᠰ ᠤᠨ ᠪᠠᠯᠠ ᠣᠷᠣᠭᠤᠯᠤᠯᠲᠠ ᠶᠢᠨ ᠴᠢᠭᠯᠡᠯ ᠵᠢᠴᠢ ᠥᠪᠡᠷᠲᠡᠭᠡᠨ ᠵᠠᠰᠠᠬᠤ ᠣᠷᠣᠨ ᠤ | ᠭᠤᠤᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠴᠢᠩᠭ᠎ᠠ | ᠠᠩᠬᠠᠷᠴᠤ᠂ ᠬᠥᠭᠵᠢᠯᠲᠡ ᠶᠢᠨ ᠣᠳᠣᠬᠢ ᠪᠠᠶᠢᠳᠠᠯ ᠳᠤ ᠰᠠᠭᠤᠷᠢᠯᠠᠨ᠂ ᠳᠡᠭᠡᠳᠦ ᠱᠠᠲᠤᠨ ᠤ ᠲᠤᠰᠬᠠᠶ ᠪᠠᠯᠠ | ᠮᠥᠩᠭᠦ ᠶᠢᠨ ᠳᠡᠮᠵᠢᠯᠭᠡ ᠶᠢ ᠢᠳᠡᠪᠬᠢᠲᠡᠶ ᠤᠯᠬᠤ ᠪᠠᠷ ᠴᠢᠷᠮᠠᠶᠢᠨ᠎ᠠ᠃ ᠪᠠᠶᠢᠳᠠᠯ ᠳᠤ ᠵᠣᠬᠢᠴᠠᠭᠤᠯᠤᠨ ᠲᠥᠷᠥᠯ ᠵᠦᠢᠯ ᠢ | ᠠᠬᠢᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠢ ᠤᠳᠤᠷᠢᠳᠤᠨ ᠳᠠᠭᠠᠭᠠᠴᠢᠯᠠᠨ ᠬᠤᠯᠪᠣᠭᠠᠯᠠᠬᠤ᠂ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠤ ᠪᠥᠬᠦ ᠶᠠᠪᠤᠴᠠ ᠳᠤ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ | ᠲᠦᠷᠢᠮ ᠢ ᠨᠠᠶᠢᠳᠠᠪᠤᠷᠢᠵᠢᠭᠤᠯᠤᠨ᠂ ᠴᠢᠬᠤᠯᠠ ᠶᠡᠭᠡ ᠲᠥᠷᠥᠯ ᠵᠦᠢᠯ ᠤᠨ ︽ᠡᠭᠦᠷᠭᠡ ᠶᠢ ᠬᠡᠷᠡᠮ ᠳᠡᠭᠡᠷ᠎ᠡ ᠭᠠᠷᠭᠠᠵᠤ᠂ | ᠵᠢᠷᠤᠭ ᠡᠯᠭᠦᠵᠦ ᠪᠠᠶᠢᠯᠳᠤᠭᠠᠨ ᠬᠢᠬᠦ᠂ ᠬᠦᠰᠦᠨᠦᠭ ᠵᠢᠷᠤᠵᠤ ᠠᠬᠢᠭᠤᠯᠬᠤ︾ ᠬᠠᠮᠢᠶᠠᠷᠤᠯᠲᠠ ᠶᠢᠨ ᠵᠠᠭᠪᠤᠷ ᠢ | ᠬᠡᠷᠡᠭᠵᠢᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠳᠤ ᠳᠠᠭᠠᠵᠤ ᠤᠷᠤᠭᠰᠢᠯᠠᠬᠤ᠂ ᠠᠵᠢᠯ ᠡᠬᠢᠯᠡᠭᠦᠯᠦᠨ | ᠪᠥᠲᠥᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠳᠤ ᠬᠦᠷᠭᠡᠬᠦ ᠪᠥᠬᠦ ᠶᠠᠪᠤᠴᠠ ᠶᠢᠨ | ᠦᠢᠯᠡᠴᠢᠯᠡᠭᠡ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠵᠢᠯ ᠳᠤ 50 ᠭᠤᠤᠯᠳᠠᠯᠭ᠎ᠠ ᠲᠠᠢ ᠲᠥᠷᠥᠯ ᠵᠦᠢᠯ ᠢ | ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ 36.7 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠭᠠᠷᠳᠠᠴᠠ ᠪᠣᠯᠭᠠᠨ ᠬᠥᠭᠵᠢᠯᠲᠡ ᠶᠢᠨ ᠬᠥᠳᠡᠯᠭᠡᠬᠦ | ᠬᠦᠴᠦᠨ ᠢ ᠴᠢᠩᠭᠠᠳᠬᠠᠨ᠎ᠠ᠃ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ | ᠣᠷᠣᠨ ᠪᠦᠰᠡ ᠳᠤ ᠬᠦᠴᠦᠨ ᠢᠶᠠᠨ ᠲᠥᠪᠯᠡᠷᠡᠭᠦᠯᠦᠨ᠂ ᠰᠢᠯᠢᠳᠡᠭ ᠰᠠᠶᠢᠨ ᠬᠦᠷᠦᠩᠭᠡ ᠶᠢ ᠨᠢᠭᠲᠠᠷᠠᠭᠤᠯᠵᠤ᠂ ᠠᠵᠤ | ᠦᠢᠯᠡᠰ ᠤᠨ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠠᠵᠢᠯ ᠢ ᠭᠦᠨᠵᠡᠭᠡᠶ ᠪᠥᠭᠡᠳ | ᠪᠣᠳᠠᠲᠠᠶᠢᠵᠢᠭᠤᠯᠵᠤ᠂ ᠠᠵᠤ ᠦᠢᠯᠡᠰ ᠤᠨ ᠰᠢᠨ᠎ᠡ ᠶᠢ ᠡᠭᠦᠳᠬᠦ ᠬᠡᠯᠬᠢᠶ᠎ᠡ ᠶᠢᠨ ᠡᠮᠦᠨ᠎ᠡ ᠦᠵᠦᠭᠦᠷ᠂ ᠠᠵᠤ ᠦᠢᠯᠡᠰ ᠤᠨ | ᠬᠡᠯᠬᠢᠶ᠎ᠡ ᠶᠢᠨ ᠦᠵᠦᠭᠦᠷ᠂ ᠦᠷᠳᠡᠭ ᠤᠨ ᠬᠡᠯᠬᠢᠶ᠎ᠡ ᠶᠢᠨ ᠳᠡᠭᠡᠳᠦ ᠦᠵᠦᠭᠦᠷ ᠲᠡᠶᠢᠰᠢ ᠤᠷᠤᠭᠰᠢᠯᠠᠬᠤ ᠶᠢ ᠲᠦᠯᠬᠢᠨ | ᠠᠬᠢᠭᠤᠯᠤᠨ᠎ᠠ᠃ ᠨᠡᠭᠦᠷᠡᠰᠦᠨ ᠤ ᠬᠡᠦᠷᠡᠰᠦ᠂ ᠾᠯᠣᠷᠲᠤ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠬᠡᠯᠬᠢᠶ᠎ᠡ ᠶᠢ | ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ᠂ ᠠᠵᠤ ᠦᠢᠯᠡᠰ ᠤᠨ ᠲᠡᠰ ᠳᠡᠪᠰᠢᠬᠦ ᠲᠦᠷᠦᠯ ᠵᠦᠢᠯ ᠢ ᠴᠢᠩᠭ᠎ᠠ | ᠠᠩᠬᠠᠷᠴᠤ᠂ ᠵᠧᠵᠢᠶᠠᠩ ᠤᠨ ᠬᠤᠸᠠ ᠬᠠᠢ ᠪᠦᠯᠦᠭᠯᠡᠯ᠂ ᠱᠠᠩᠬᠠᠢ ᠶᠢᠨ ᠵᠢᠶᠦ᠋ᠨ ᠴᠢᠤᠸᠠᠨ ᠪᠦᠯᠦᠭᠯᠡᠯ᠂ | ᠭᠤᠸᠠᠩᠳᠦ᠋ᠩ ᠤᠨ ᠭᠦᠸᠧ ᠬᠤᠩ ᠣᠰᠣᠳᠦᠷᠢᠭᠴᠢᠲᠦ ᠡᠨᠧᠷᠭᠢ ᠵᠡᠷᠭᠡ ᠠᠵᠤ ᠠᠬᠤᠶᠢᠯᠠᠯ ᠯᠤᠭ᠎ᠠ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠨ᠎ᠠ᠃ ᠬᠦᠷᠢᠶᠡᠯᠡᠩ ᠤᠨ ᠠᠵᠤ ᠠᠬᠤᠶᠢᠯᠠᠯ ᠢ ᠵᠣᠷᠢᠭᠵᠢᠭᠤᠯᠤᠨ ᠬᠥᠲᠥᠯᠦᠨ | ᠵᠢᠯᠣᠭᠤᠳᠴᠤ ᠪᠠᠶᠢᠭᠠᠳ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ᠦᠬᠠᠶ ᠶᠢᠨ | ᠶᠠ ᠳ᠋ᠦᠩ᠂ ᠱᠢ ᠯᠢᠶᠠᠨ ᠬᠢᠮᠢ ᠶᠢᠨ ᠠᠵᠤ ᠦᠢᠯᠡᠳᠪᠦᠷᠢ᠂ ᠦᠬᠠᠶ ᠶᠢᠨ ᠬᠢᠮᠢ ᠶᠢᠨ ᠠᠵᠤ ᠦᠢᠯᠡᠳᠪᠦᠷᠢ ᠵᠡᠷᠭᠡ | ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠲᠠᠢ ᠾᠧ ᠰᠢᠯ ᠰᠢᠷᠬᠡᠭ ᠤᠨ ᠠᠵᠤ | ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠬᠦ ᠶᠢ ᠠᠬᠢᠭᠤᠯᠤᠨ᠎ᠠ᠃ ᠪᠥᠬᠦ | ᠠᠷᠠᠳ ᠢᠶᠠᠷ ᠢᠶᠠᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠪᠠᠷᠢᠮᠲᠠᠯᠠᠨ᠂ | ᠰᠢᠨ᠎ᠡ ᠲᠥᠷᠥᠯ ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠬᠤ ᠶᠢ ᠠᠬᠢᠭᠤᠯᠵᠤ᠂ 30 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠠᠯᠠ ᠮᠥᠩᠭᠦ ᠣᠷᠣᠭᠤᠯᠬᠤ ᠪᠠᠷ ᠴᠢᠷᠮᠠᠶᠢᠨ᠎ᠠ᠃ | ︵ᠳᠥᠷᠪᠡ︶ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠲᠠᠰᠤᠷᠠᠯᠲᠠ ᠥᠬᠡᠶ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠶᠠᠪᠤᠳᠠᠯ ᠢ ᠵᠠᠰᠠᠭ ᠤᠨ ᠣᠷᠳᠣᠨ ᠤ | ᠬᠥᠭᠵᠢᠯᠲᠡ ᠶᠢ ᠠᠬᠢᠭᠤᠯᠬᠤ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠲᠤᠰᠬᠠᠶ | ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ | ᠪᠣᠯᠭᠠᠵᠤ᠂ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠣᠨ︾ ᠤ ᠠᠵᠢᠯᠯᠠᠭ᠎ᠠ ᠶᠢ | ᠥᠷᠨᠢᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠥᠬᠦ ᠬᠦᠴᠦᠨ ᠢᠶᠠᠷ ᠠᠬᠢᠭᠤᠯᠵᠤ᠂ | ᠭᠤᠤᠯᠳᠠᠯᠭ᠎ᠠ ᠲᠠᠢ ᠬᠦᠷᠢᠶ᠎ᠡ ᠪᠠ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠤ ᠠᠬᠤᠶᠢᠯᠠᠯ | ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠶᠢᠨ ᠡᠪᠡᠷᠰᠢᠶᠡᠯ ᠲᠠᠢ ᠭᠠᠵᠠᠷ᠂ ᠲᠦᠭᠵᠢᠷᠡᠯ ᠲᠠᠢ ᠭᠠᠵᠠᠷ᠂ ᠬᠦᠴᠢᠷ | ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠢᠯᠢᠳᠡᠭᠵᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠨᠢᠭᠡᠳᠦᠯᠲᠡᠶ ᠲᠥᠪᠯᠡᠷᠡᠭᠦᠯᠦᠨ᠂ | ᠵᠦᠢᠯᠡᠰ ᠤᠨ ᠮᠠᠲ᠋ᠧᠷᠢᠶᠠᠯ ᠢ ᠤᠯᠠᠮ ᠨᠢᠭᠡ ᠠᠯᠬᠤᠮ ᠪᠠᠭᠠᠰᠬᠠᠵᠤ᠂ ᠭᠦᠢᠴᠡᠳᠭᠡᠬᠦ ᠴᠠᠭ ᠤᠨ ᠬᠢᠵᠠᠭᠠᠷ ᠢ ᠪᠥᠬᠦ | ᠬᠦᠴᠦᠨ ᠢᠶᠠᠷ ᠢᠶᠠᠨ ᠪᠠᠭᠠᠰᠬᠠᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ | ᠪᠠᠶᠢᠭᠤᠯᠤᠯᠲᠠ ᠶᠢ ᠲᠦᠷᠭᠡᠳᠬᠡᠵᠦ᠂ ᠵᠠᠰᠠᠭ ᠤᠨ ᠶᠠᠪᠤᠳᠠᠯ ᠤᠨ ᠡᠬᠢ ᠪᠠᠶᠠᠯᠢᠭ ᠤᠨ ᠰᠣᠯᠢᠯᠴᠠᠭᠠᠨ ᠤ ᠬᠠᠮᠲᠤ ᠪᠠᠷ | ᠡᠳ᠋ᠯᠡᠬᠦ ᠪᠠᠬᠢᠯᠡᠯᠲᠡ ᠶᠢ ᠡᠪᠳᠡᠵᠦ᠂ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠤᠯᠪᠣᠭᠠᠯᠠᠨ | ᠬᠥᠳᠡᠯᠦᠯᠴᠡᠬᠦ ᠶᠢ ᠠᠬᠢᠭᠤᠯᠤᠨ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ | ᠳᠡᠭᠡᠷ᠎ᠡ ᠭᠦᠢᠴᠡᠳᠭᠡᠬᠦ᠂ ᠭᠠᠷ ᠣᠲᠠᠰᠤᠨ ᠳᠡᠭᠡᠷ᠎ᠡ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ ᠶᠢ | ᠪᠡᠶᠡᠯᠡᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠢ ︽ᠳᠤᠲᠠᠭᠤ ᠭᠦᠶᠦᠯᠭᠡᠵᠦ᠂ ᠢᠯᠡᠭᠦᠤ ᠤᠴᠢᠷ ᠶᠠᠪᠤᠳᠠᠯ | ᠪᠦᠲᠦᠭᠡᠬᠦ︾ ᠶᠢ ᠪᠡᠶᠡᠯᠡᠭᠦᠯᠦᠨ᠎ᠡ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠤᠰᠤ᠂ ᠴᠠᠬᠢᠯᠭᠠᠨ᠂ ᠬᠡᠶ᠂ ᠳᠤᠯᠠᠭᠠᠯᠠᠭ᠎ᠠ | ᠶᠢᠨ ᠤᠭᠰᠠᠷᠠᠯᠲᠠ ᠶᠢ ᠶᠡᠷᠦᠩᠬᠡᠶᠢᠯᠡᠭᠰᠡᠨ ᠴᠣᠩᠬᠤ ᠪᠠᠷ ︽ᠨᠢᠭᠡ ᠯᠡ ᠥᠷᠲᠡᠭᠡᠨ ᠤ ᠮᠠᠶ᠋ᠢᠭ︾ ᠢᠶᠠᠷ ᠭᠥᠯᠢᠶᠡᠨ | ᠠᠪᠴᠤ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠥᠭᠡᠷᠡᠴᠢᠯᠡᠯᠲᠡ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠨᠢᠭᠡ | ᠪᠦᠯᠦᠭ ᠰᠠᠭᠤᠷᠢ ᠴᠢᠨᠠᠷᠲᠠᠢ᠂ ᠬᠥᠲᠥᠯᠦᠮᠵᠢ ᠶᠢᠨ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠴᠢᠬᠤᠯᠠ ᠶᠡᠭᠡ | ᠥᠭᠡᠷᠡᠴᠢᠯᠡᠯᠲᠡ ᠶᠢᠨ ᠬᠡᠷᠡᠭ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠤᠷᠢᠳᠠᠪᠠᠷ ᠬᠡᠷᠡᠭᠵᠢᠭᠦᠯᠵᠦ ᠤᠷᠢᠳᠠᠪᠠᠷ | ᠲᠤᠷᠰᠢᠨ᠎ᠠ᠃ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠠᠵᠢᠯ ᠢ | ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠠᠵᠢᠯ ᠦᠢᠯᠡᠰ ᠤᠨ ᠨᠢᠭᠡᠴᠡ ᠶᠢᠨ ᠪᠠᠶᠢᠷᠢᠰᠢᠯ ᠤᠨ ᠪᠦᠲᠦᠴᠡ ᠶᠢ | ᠵᠦᠢ ᠵᠣᠬᠢᠰᠲᠠᠶ ᠪᠠᠷ ᠲᠣᠬᠢᠷᠠᠭᠤᠯᠤᠨ᠂ ᠵᠠᠰᠠᠭ ᠤᠨ ᠶᠠᠪᠤᠳᠠᠯ ᠠᠵᠢᠯ ᠦᠢᠯᠡᠰ ᠤᠨ ᠬᠠᠮᠢᠶᠠᠷᠤᠯᠲᠠ ᠠᠯᠪᠠᠨ ᠭᠡᠷ ᠤᠨ | ᠬᠠᠷᠢᠴᠠᠭ᠎ᠠ ᠶᠢ ᠰᠢᠯᠤᠭᠤᠳᠬᠠᠵᠤ᠂ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯ ᠤᠨ ᠡᠳ᠋ ᠬᠦᠷᠦᠩᠭᠡ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ | ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠦᠷᠭᠡᠪᠴᠢᠯᠡᠨ ᠲᠡᠭᠦᠯᠳᠡᠷᠵᠢᠭᠦᠯᠵᠦ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ | ᠬᠦᠨᠵᠡᠭᠡᠶᠢᠷᠡᠭᠦᠯᠦᠨ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠮᠥᠩᠭᠦᠨ | ᠭᠦᠢᠯᠭᠡᠭᠡᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠯᠠᠪᠳᠠᠭᠤᠨ ᠢᠶᠠᠷ ᠤᠷᠤᠭᠰᠢᠯᠠᠬᠤ ᠶᠢ ᠲᠦᠯᠬᠢᠨ | ᠠᠬᠢᠭᠤᠯᠵᠤ᠂ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠴᠢᠨᠠᠷᠲᠠᠶ ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠰᠠᠭᠤᠷᠢ ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠯᠡ ᠮᠥᠩᠭᠦ ᠶᠢᠨ ᠪᠣᠳᠠᠲᠤ | ᠴᠣᠭᠴᠠ ᠶᠢᠨ ᠠᠵᠤ ᠠᠬᠤᠶ ᠲᠡᠶᠢᠰᠢ ᠰᠢᠯᠵᠢᠬᠦ ᠠᠷᠭ᠎ᠠ ᠵᠠᠮ ᠢ ᠨᠡᠪᠲᠡᠷᠡᠭᠦᠯᠵᠦ᠂ ᠠᠵᠤ ᠠᠬᠤᠶᠢᠯᠠᠯ ᠤᠨ ᠪᠡᠯᠡ | ᠲᠣᠬᠢᠷᠠᠭᠤᠯᠬᠤ ᠳᠤ ᠬᠦᠴᠢᠷᠲᠡᠶ ᠪᠡᠯᠡ ᠲᠣᠬᠢᠷᠠᠭᠤᠯᠬᠤ ᠳᠤ ᠦᠨᠡᠲᠡᠶ ᠪᠠᠶᠢᠬᠤ ᠶᠢ ᠨᠠᠮᠳᠠᠭᠤᠯᠤᠨ᠎ᠠ᠃ ᠲᠠᠷᠢᠶᠠᠯᠠᠬᠤ | ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠴᠢᠳ ᠤᠨ ᠬᠤᠷᠰᠢᠶ᠎ᠠ᠂ ᠬᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ | ᠡᠵᠡᠩᠨᠡᠯᠲᠡ ᠶᠢᠨ ᠭᠤᠤᠯ ᠴᠣᠭᠴᠠ ᠶᠢ ᠲᠦᠷᠭᠡᠳᠬᠡᠨ ᠪᠤᠶᠢᠵᠢᠭᠤᠯᠵᠤ᠂ ᠵᠢᠵᠢᠭ ᠲᠠᠷᠢᠶᠠᠴᠢᠨ ᠡᠷᠦᠬᠡ ᠶᠢᠨ | ᠦᠷᠭᠦᠯᠵᠢᠯᠡᠨ ᠬᠥᠭᠵᠢᠵᠦ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠎ᠠ᠃ | ︵ᠲᠠᠪᠤ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠬᠥᠭᠵᠢᠯᠲᠡ ᠶᠢᠨ ᠬᠠᠨᠳᠤᠰᠢ ᠶᠢ ᠪᠠᠬᠢᠵᠢᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠶᠠᠯᠠᠬᠤ | ᠣᠷᠣᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠳᠡᠭᠡᠭᠰᠢᠯᠡᠭᠦᠯᠵᠦ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠠᠮᠢᠳᠤᠷᠠᠯ ᠤᠨ ᠬᠤᠭ | ᠨᠣᠪᠰᠢ ᠶᠢ ᠵᠠᠰᠠᠬᠤ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ᠂ ︽ᠵᠣᠷᠯᠣᠩ ᠤᠨ ᠬᠤᠪᠢᠰᠬᠠᠯ︾᠂ | ᠲᠠᠷᠢᠶᠠᠯᠠᠩ ᠤᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ | ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠠᠷᠢᠶᠠᠯᠠᠬᠤ ᠣᠷᠣᠨ | ᠤ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠬᠤ | ᠣᠷᠣᠨ ᠤ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠤᠨ᠎ᠠ᠃ ᠲᠠᠷᠢᠶᠠᠯᠠᠩ ᠮᠠᠯ | ᠠᠵᠤ ᠠᠬᠤᠶ ᠶᠢᠨ ᠬᠥᠭᠵᠢᠯᠲᠡ ᠶᠢᠨ ᠰᠡᠳᠬᠢᠴᠡ ᠪᠠ ᠪᠠᠷᠢᠮᠵᠢᠶᠠᠵᠢᠭᠤᠯᠤᠭᠰᠠᠨ ᠳᠠᠷᠢᠵᠤ ᠲᠡᠵᠢᠭᠡᠬᠦ ᠵᠠᠭᠪᠤᠷ ᠤᠨ | ᠰᠢᠨ᠎ᠡ ᠶᠢ ᠡᠭᠦᠳᠴᠦ᠂ ᠨᠠᠷᠠᠲᠤ ᠲᠡᠮᠳᠡᠭᠴᠢᠯᠡᠭᠰᠡᠨ ᠪᠥᠲᠥᠭᠡᠨ ᠪᠠᠶᠢᠭᠤᠯᠤᠯᠲᠠ ᠶᠢ ᠬᠥᠲᠥᠯᠦᠨ ᠵᠢᠯᠣᠭᠤᠳᠴᠤ᠂ | ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠲᠠᠷᠢᠶᠠᠯᠠᠩ ᠮᠠᠯ ᠠᠵᠤ ᠠᠬᠤᠶ ᠶᠢᠨ ᠠᠰᠢᠭ ᠣᠷᠣᠯᠭ᠎ᠠ ᠶᠢ | ᠨᠡᠮᠡᠭᠳᠡᠭᠦᠯᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ︽ᠠᠮᠤ | ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ | ᠠᠮᠤ ᠪᠤᠳᠠᠭ᠎ᠠ ᠳᠠᠷᠢᠬᠤ ᠲᠠᠯᠠᠪᠠᠶ ᠶᠢ ᠪᠠᠲᠤᠯᠠᠬᠤ ᠬᠡᠷᠡᠭᠲᠡᠶ᠃ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ | ᠲᠣᠭᠤᠷᠢᠨ ᠳᠤ᠂ ᠣᠲᠣ ᠦᠶ᠎ᠡ ᠶᠢᠨ ᠥᠨᠳᠥᠷ ᠦᠷ᠎ᠡ ᠠᠰᠢᠭᠲᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ | ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠪᠣᠬᠢᠷᠲᠤᠯ ᠥᠬᠡᠶ ᠢᠳᠡᠰᠢᠨ | ᠨᠣᠭᠤᠭ᠎ᠠ ᠶᠢᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠢ | ᠬᠡᠷᠡᠭᠵᠢᠭᠦᠯᠵᠦ᠂ ᠢᠳᠡᠪᠬᠢᠲᠡᠶ ᠪᠠᠷ ᠰᠢᠨ᠎ᠡ ᠰᠣᠷᠭᠤᠭ ᠦᠵᠦᠮ ᠢᠳᠡᠬᠦ ᠪᠠᠷ ᠵᠢᠯᠣᠭᠤᠳᠤᠮᠵᠢ ᠪᠣᠯᠭᠠᠵᠤ᠂ ᠦᠵᠦᠮ ᠤᠨ | ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠠᠬᠢᠭᠤᠯᠵᠤ᠂ ᠦᠵᠦᠮ ᠤᠨ ᠠᠵᠤ ᠦᠢᠯᠡᠰ ᠤᠨ ᠪᠥᠬᠦ ᠠᠵᠤ | ᠦᠢᠯᠡᠰ ᠤᠨ ᠬᠡᠯᠬᠢᠶᠡᠵᠢᠯ ᠤᠨ ᠰᠠᠭᠤᠷᠢᠨ ᠭᠠᠵᠠᠷ᠂ ᠬᠦᠷᠢᠶᠡᠯᠡᠩ᠂ ᠠᠵᠤ ᠦᠢᠯᠡᠰ ᠤᠨ ᠬᠤᠯᠪᠣᠭᠠᠲᠤ ᠴᠣᠭᠴᠠ ᠶᠢ | ᠪᠠᠶᠢᠭᠤᠯᠵᠤ᠂ ᠦᠵᠦᠮ ᠤᠨ ᠠᠵᠤ ᠦᠢᠯᠡᠰ ᠤᠨ ᠨᠡᠮᠡᠯᠲᠡ ᠥᠷᠲᠡᠭ ᠪᠠ ᠥᠷᠢᠰᠦᠯᠳᠦᠬᠦ ᠬᠦᠴᠦᠨ ᠢ | ᠳᠡᠭᠡᠭᠰᠢᠯᠡᠭᠦᠯᠦᠨ᠎ᠡ᠃ ᠣᠷᠣᠨ ᠪᠦᠰᠡ ᠪᠠ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠭᠦᠢᠴᠡᠳ ᠠᠰᠢᠭᠯᠠᠨ᠂ | ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠦᠢᠯᠡᠰ ᠤᠨ ᠲᠡᠵᠢᠭᠡᠨ ᠦᠷᠡᠵᠢᠭᠦᠯᠬᠦ ᠬᠦᠷᠢᠶᠡᠯᠡᠩ ᠳᠠᠰᠢ | ᠲᠥᠪᠯᠡᠷᠡᠬᠦ ᠶᠢ ᠳᠡᠮᠵᠢᠨ ᠵᠣᠷᠢᠭᠵᠢᠭᠤᠯᠵᠤ᠂ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ︽ᠲᠦᠷᠪᠡ ᠶᠢ ᠰᠠᠯᠭᠠᠬᠤ ᠦᠭᠡᠢ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠢᠯ ᠣᠯᠭᠤᠯᠲᠠ ᠪᠠ ᠠᠵᠤ | ᠦᠢᠯᠡᠰ ᠤᠨ ᠳᠡᠮᠵᠢᠯᠭᠡ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃ | ︵ᠵᠢᠷᠭᠤᠭ᠎ᠠ︶ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠦᠵᠡᠰᠬᠦᠯᠡᠩᠲᠦ ᠰᠠᠶᠢᠬᠠᠨ ᠬᠠᠶᠢᠨᠠᠨ ᠤ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠤᠨ᠎ᠠ᠃ | ᠲᠥᠪ ᠬᠤᠳᠠ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠵᠢᠵᠢᠭ ᠮᠥᠷᠲᠡᠭᠡᠨ | ᠨᠠᠷᠢᠯᠢᠭ᠂ ᠵᠢᠵᠢᠭ ᠮᠥᠷᠲᠡᠭᠡᠨ ᠣᠨᠴᠠᠭᠠᠶ᠂ ᠵᠢᠵᠢᠭ ᠮᠥᠷᠲᠡᠭᠡᠨ ᠰᠠᠶᠢᠬᠠᠨ︾ ᠬᠤᠳᠠ ᠶᠢᠨ ᠪᠦᠳᠦᠭᠡᠨ | ᠪᠠᠶᠢᠭᠤᠯᠤᠯᠲᠠ ᠶᠢᠨ ᠬᠠᠷᠠᠯᠲᠠ ᠶᠢ ᠪᠠᠷᠢᠮᠲᠠᠯᠠᠨ᠂ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠵᠠᠮ ᠤᠨ | ᠲᠣᠣᠷ ᠢ ᠨᠢᠭᠲᠠ ᠪᠣᠯᠭᠠᠨ᠂ ᠵᠠᠮ ᠬᠠᠷᠢᠯᠴᠠᠭ᠎ᠠ ᠶᠢ ᠰᠠᠭᠠᠳ ᠦᠭᠡᠢ ᠨᠡᠪᠲᠡᠷᠡᠭᠦᠯᠵᠦ᠂ ᠴᠡᠭᠴᠡᠯᠡᠨ ᠵᠠᠰᠠᠬᠤ ᠶᠢ | ᠠᠳᠬᠤᠵᠤ᠂ ᠶᠠᠰᠤ ᠴᠢᠨᠠᠷ ᠢ ᠳᠡᠭᠡᠭᠰᠢᠯᠡᠭᠦᠯᠦᠨ᠂ ᠰᠠᠭᠤᠷᠢ ᠶᠢ ᠪᠠᠬᠢᠵᠢᠭᠦᠯᠵᠦ᠂ ᠳᠤᠲᠠᠭᠤᠳᠠᠯ ᠢ ᠨᠥᠬᠦᠪᠥᠷᠢᠯᠡᠨ᠎ᠡ᠃ | ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠶᠢᠨᠠᠨ | ᠲᠣᠭᠤᠷᠢᠭ ᠤᠨ ᠵᠠᠮ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ᠂ ᠪᠠᠶᠠᠬᠤᠰᠤ ᠵᠡᠭᠡᠯᠢ ᠶᠢᠨ ᠵᠠᠮ ᠤᠨ ᠳ᠋ᠧᠩ ᠢ | ᠥᠭᠡᠷᠡᠴᠢᠯᠡᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠪᠤᠭᠤᠲᠤ ᠠᠴᠠ ᠢᠷᠭᠠᠶ ᠬᠥᠷᠬᠦ ᠳᠡᠭᠡᠳᠦ ᠬᠤᠷᠳᠤᠴᠠᠲᠤ | ᠲᠡᠮᠦᠷ ᠵᠠᠮ ᠤᠨ ᠬᠠᠶᠢᠨᠠᠨ ᠤ ᠬᠡᠰᠡᠭ᠂ G1816 ᠦᠬᠠᠢ ᠠᠴᠠ ᠮᠠᠴᠢᠨ ᠬᠦᠷᠬᠦ ᠳᠡᠭᠡᠳᠦ ᠬᠤᠷᠳᠤᠴᠠᠲᠤ ᠵᠠᠰᠠᠮᠠᠯ | ᠵᠠᠮ ᠤᠨ ᠦᠬᠠᠶ ᠠᠴᠠ ᠬᠠᠷᠠᠬᠤᠲᠠ ᠬᠥᠷᠬᠦ ᠬᠡᠰᠡᠭ᠂ ᠿᠦᠩᠴᠧᠩ ᠠᠴᠠ ᠦᠬᠠᠢ ᠬᠦᠷᠬᠦ ᠳᠡᠭᠡᠳᠦ ᠬᠤᠷᠳᠤᠴᠠᠲᠤ | ᠵᠠᠰᠠᠮᠠᠯ ᠵᠠᠮ ᠤᠨ ᠪᠠᠶᠠᠨᠲᠤᠬᠠᠶ ᠶᠢᠨ ᠬᠠᠷᠢᠯᠴᠠᠨ ᠨᠡᠪᠲᠡᠷᠡᠯᠴᠡᠵᠦ ᠬᠤᠯᠪᠣᠬᠤ ᠱᠤᠭᠤᠮ ᠵᠡᠷᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠬᠢᠨ᠎ᠠ᠃ ᠠᠷᠠᠳ ᠤᠯᠠᠨ ᠤ ᠣᠷᠣᠨ | ᠰᠠᠭᠤᠴᠠ ᠶᠢᠨ ᠣᠷᠴᠢᠨ ᠲᠣᠭᠤᠷᠢᠨ ᠢ ᠦᠷᠭᠦᠯᠵᠢᠯᠡᠨ ᠳᠡᠭᠡᠭᠰᠢᠯᠡᠭᠦᠯᠵᠦ᠂ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠤᠨ ᠥᠭᠡᠷᠡᠴᠢᠯᠡᠯᠲᠡ ᠶᠢ ᠰᠠᠶᠢᠲᠤᠷ ᠬᠢᠵᠦ᠂ ᠬᠠᠢ ᠲᠢᠶᠠᠨ ᠪᠠᠭ᠎ᠠ ᠲᠤᠭᠤᠷᠢᠭ᠂ ᠰᠢᠨ ᠴᠢᠶᠣᠤ ᠪᠠᠭ᠎ᠠ | ᠲᠤᠭᠤᠷᠢᠭ ᠵᠡᠷᠭᠡ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢᠨ ᠢᠨᠵᠧᠨᠧᠷᠢᠩ ᠢ ᠡᠬᠢᠯᠡᠭᠦᠯᠦᠨ᠎ᠡ᠃ | ᠣᠯᠠᠨ ᠨᠡᠶᠢᠲᠡ ᠶᠢᠨ ᠵᠦᠯᠭᠡ ᠭᠠᠵᠠᠷ ᠤᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠡᠩᠭᠡᠷ ᠤᠨ ᠡᠾᠧᠨᠠᠨ ᠤ | ᠬᠤᠶᠢᠲᠤ ᠡᠷᠭᠢ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠠᠢ ᠳ᠋ᠢᠶᠠᠨ ᠤ ᠠᠮᠢ | ᠠᠬᠤᠶ ᠶᠢᠨ ᠬᠦᠷᠢᠶᠡᠯᠡᠩ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠤᠲᠠ ᠶᠢᠨ ᠲᠣᠭᠤᠷᠢᠭ ᠵᠢᠴᠢ | ᠭᠠᠳᠠᠭᠤᠷᠬᠢ ᠵᠦᠯᠭᠡ ᠭᠠᠵᠠᠷ ᠤᠨ ᠰᠠᠭᠤᠷᠢ ᠪᠡᠯᠡᠳᠬᠡᠮᠵᠢ ᠶᠢ ᠰᠣᠯᠢᠬᠤ ᠢᠨᠵᠧᠨᠧᠷᠢᠩ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠤᠰᠤ ᠴᠡᠪᠡᠷᠰᠢᠭᠦᠯᠬᠦ ᠦᠢᠯᠡᠳᠪᠦᠷᠢ ᠶᠢᠨ ᠭᠥᠯᠢᠶᠡᠨ ᠠᠪᠴᠤ ᠡᠵᠡᠩᠨᠡᠬᠦ ᠬᠠᠮᠢᠶᠠᠷᠤᠯᠲᠠ ᠶᠢ | ᠰᠠᠶᠢᠲᠤᠷ ᠠᠳᠬᠤᠵᠤ᠂ ᠤᠰᠤ ᠴᠡᠪᠡᠷᠰᠢᠭᠦᠯᠬᠦ ᠦᠢᠯᠡᠳᠪᠦᠷᠢ ᠶᠢᠨ ᠢᠵᠢ ᠪᠥᠷᠢᠳᠦᠭᠦᠯᠬᠦ ᠬᠤᠭᠤᠯᠠᠶ ᠶᠢᠨ ᠲᠣᠤᠷ ᠢ | ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ ᠰᠠᠭᠤᠭᠠᠯᠢ ᠠᠷᠠᠳ ᠤᠨ ᠤᠤᠭᠤᠬᠤ ᠤᠰᠤᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ | ᠪᠣᠯᠪᠠᠰᠤᠨ ᠢ ᠡᠭᠦᠳᠦᠨ ᠪᠠᠶᠢᠭᠤᠯᠬᠤ ︽ᠠᠷᠪᠠᠨ ᠶᠡᠭᠡ ᠠᠵᠢᠯᠯᠠᠭ᠎ᠠ︾ ᠶᠢ ᠪᠥᠬᠦ ᠬᠦᠴᠦᠨ ᠢᠶᠠᠷ ᠠᠬᠢᠭᠤᠯᠤᠨ᠂ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠤᠷᠰᠢᠯᠲᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ | ᠪᠣᠯᠪᠠᠰᠤᠨ ᠵᠢᠵᠢᠭ ᠲᠣᠭᠤᠷᠢᠭ ︵ᠨᠡᠶᠢᠭᠡᠮ ᠲᠣᠭᠤᠷᠢᠭ︶ ᠤᠨ ᠲᠤᠭ᠎ᠠ ᠬᠡᠮᠵᠢᠶ᠎ᠡ ᠶᠢ 30% ᠠᠴᠠ ᠳᠡᠭᠡᠭᠰᠢ ᠳᠤ | ᠬᠦᠷᠦᠭᠦᠯᠦᠨ᠎ᠡ᠃ ᠪᠣᠬᠢᠷᠲᠤᠯ ᠥᠬᠡᠶ ᠠᠮᠢᠳᠤᠷᠠᠯ ᠤᠨ ᠣᠨᠣᠯᠵᠢᠬᠤᠨ ᠢ ᠦᠢᠯᠡᠳᠦᠯᠭᠡᠵᠢᠭᠦᠯᠵᠦ᠂ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠬᠤ ᠶᠢ ᠲᠦᠷᠭᠡᠳᠬᠡᠨ ᠠᠬᠢᠭᠤᠯᠵᠤ᠂ ᠡᠨᠧᠷᠭᠢ ᠶᠢᠨ ᠡᠬᠢ ᠪᠠᠶᠠᠯᠢᠭ ᠢ ᠠᠰᠢᠭᠯᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠪᠣᠬᠢᠷᠲᠤᠯ ᠥᠬᠡᠶ ᠠᠮᠢᠳᠤᠷᠠᠯ ᠢ ᠡᠷᠬᠢᠮᠯᠡᠬᠦ ᠰᠠᠶᠢᠨ ᠰᠠᠶᠢᠬᠠᠨ ᠠᠭᠤᠷ ᠠᠮᠢᠰᠬᠤᠯ ᠢ | ᠪᠣᠶ ᠪᠣᠯᠭᠠᠨ᠎ᠠ᠃ ︽ᠵᠠᠰᠠᠮᠠᠯ ᠵᠠᠮ ᠢᠶᠠᠷ ᠠᠯᠪᠠᠯᠠᠬᠤ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ | ᠬᠤᠲᠠ ᠶᠢᠨ ᠠᠵᠤ ᠠᠬᠤᠶ᠂ ᠰᠣᠶᠣᠯ᠂ ᠠᠮᠢ ᠠᠬᠤᠶ᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ | ᠬᠤᠲᠠ ᠶᠢᠨ ᠠᠮᠢᠳᠤᠷᠠᠯ ᠢ ᠨᠠᠩ ᠰᠠᠶᠢᠨ ᠰᠠᠶᠢᠬᠠᠨ ᠪᠣᠯᠭᠠᠬᠤ ᠶᠢ ᠴᠢᠷᠮᠠᠶᠢᠨ ᠪᠡᠶᠡᠯᠡᠭᠦᠯᠦᠨ᠎ᠡ᠃ | ︵ᠳᠣᠯᠤᠭ᠎ᠠ︶ ᠨᠡᠶᠢᠭᠡᠮ ᠠᠷᠠᠳ ᠤᠨ ᠠᠮᠢᠳᠤᠷᠠᠯ ᠤᠨ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ | ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ | ᠠᠷᠠᠳ ᠤᠨ ᠠᠮᠢᠳᠤᠷᠠᠯ ᠢ ᠪᠥᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠪᠠ᠃ ᠠᠵᠢᠯ ᠣᠯᠭᠤᠯᠲᠠ ᠶᠢ | ᠲᠣᠭᠲᠠᠭᠤᠨ ᠪᠠᠶᠢᠯᠭᠠᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠳᠡᠭᠡᠳᠦ ᠰᠤᠷᠭᠠᠭᠤᠯᠢ ᠲᠡᠭᠦᠰᠦᠭᠰᠡᠨ | ᠰᠤᠷᠤᠭᠴᠢ᠂ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ᠂ ᠬᠤᠳᠠ ᠪᠠᠯᠭᠠᠰᠤᠨ ᠤ ᠠᠵᠢᠯ ᠤᠯᠬᠤ ᠳᠤ ᠬᠦᠴᠢᠷᠲᠡᠶ | ᠬᠥᠮᠦᠰ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠤᠳᠠ ᠪᠠᠯᠭᠠᠰᠤᠨ ᠤ 1300 ᠬᠥᠮᠦᠨ ᠳᠤ ᠰᠢᠨ᠎ᠡ ᠪᠠᠷ ᠠᠵᠢᠯ ᠣᠯᠭᠤᠵᠤ᠂ | ᠬᠤᠳᠠ ᠪᠠᠯᠭᠠᠰᠤᠨ ᠤ ᠠᠵᠢᠯ ᠠᠯᠳᠠᠭᠰᠠᠳ ᠤᠨ 400 ᠬᠥᠮᠦᠨ ᠳᠤ ᠲᠠᠬᠢᠨ ᠠᠵᠢᠯ ᠣᠯᠭᠤᠬᠤ ᠶᠢ ᠪᠡᠶᠡᠯᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠪᠠ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠪᠦᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ | ᠬᠤᠪᠢ ᠪᠠᠷ ᠢᠶᠠᠨ ᠠᠵᠢᠯ ᠡᠷᠬᠢᠯᠡᠬᠦ᠂ ᠠᠮᠢᠳᠤᠯᠢᠭ ᠢᠶᠠᠷ ᠠᠵᠢᠯ ᠤᠯᠬᠤ ᠪᠠ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠳᠤ ᠠᠵᠢᠯᠯᠠᠵᠤ ᠪᠠᠶᠢᠭ᠎ᠠ ᠬᠥᠮᠦᠰ ᠵᠡᠷᠭᠡ ᠬᠠᠮᠲᠤᠯᠢᠭ ᠢᠶᠠᠷ ᠭᠤᠣᠯᠳᠠᠯᠭ᠎ᠠ ᠪᠣᠯᠭᠠᠨ᠂ ᠳᠠᠭᠠᠳᠬᠠᠯ ᠳᠤ | ᠣᠷᠣᠯᠴᠠᠬᠤ ᠪᠦᠷᠬᠦᠴᠡ ᠶᠢ ᠦᠷᠭᠦᠯᠵᠢᠯᠡᠨ ᠥᠷᠭᠡᠳᠬᠡᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ | ᠵᠢᠷᠤᠮᠵᠢᠭᠤᠯᠤᠨ ᠬᠠᠮᠢᠶᠠᠷᠬᠤ ᠪᠠ ᠲᠦᠷ ᠴᠠᠭ ᠤᠨ ᠠᠪᠤᠷᠠᠨ ᠲᠤᠰᠠᠯᠠᠬᠤ ᠡᠷᠴᠢᠮ ᠢ ᠴᠢᠩᠭᠠᠳᠬᠠᠵᠤ᠂ ᠬᠤᠳᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠪᠠᠲᠤᠯᠠᠨ᠎ᠠ᠃ ᠪᠦᠬᠦ ᠤᠯᠤᠰ ᠤᠨ ᠲᠠᠪᠤᠳᠤᠭᠠᠷ | ᠪᠦᠯᠦᠭ ᠤᠨ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ | ᠲᠤᠷᠰᠢᠯᠲᠠ ᠶᠢᠨ ᠠᠵᠢᠯ ᠢ ᠲᠦᠯᠬᠢᠨ ᠠᠬᠢᠭᠤᠯᠵᠤ᠂ ᠭᠡᠷ ᠲᠡᠭᠡᠨᠰᠠᠭᠤᠭᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ | ᠬᠠᠷᠢᠯᠴᠠᠨ ᠵᠣᠬᠢᠴᠠᠭᠤᠯᠤᠭᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠠᠰᠠᠷᠠᠮᠵᠢ ᠶᠢ ᠤᠶᠠᠯᠳᠤᠭᠤᠯᠤᠭᠰᠠᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ | ᠤᠯᠠᠨ ᠨᠡᠶᠢᠲᠡ ᠶᠢᠨ ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠶᠢ ᠥᠷᠭᠡᠳᠬᠡᠨ᠎ᠡ᠃ ᠠᠷᠠᠳ ᠲᠦᠮᠡᠨ ᠤ | ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ︽ᠰᠢᠶᠠᠨ ᠠᠴᠠ ᠬᠠᠮᠢᠶᠠᠷᠴᠤ | ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠪᠠᠷ ᠰᠢᠪᠲᠤᠯᠤᠯᠲᠠ ᠪᠣᠯᠭᠠᠵᠤ᠂ ᠪᠠᠭᠰᠢ ᠶᠢ ᠨᠢᠭᠡᠳᠦᠯᠲᠡᠶ | ᠲᠣᠬᠢᠷᠠᠭᠤᠯᠬᠤ ᠪᠠ ᠨᠥᠬᠦᠪᠥᠷᠢᠯᠡᠬᠦ ᠲᠣᠭᠲᠠᠴᠠ ᠶᠢ ᠪᠠᠶᠢᠭᠤᠯᠵᠤ᠂ ᠪᠠᠭᠰᠢ ᠶᠢᠨ ᠬᠡᠷᠡᠭᠴᠡᠭᠡ ᠶᠢ ᠦᠨᠳᠦᠰᠦᠯᠡᠨ᠂ ᠵᠦᠢ | ᠵᠣᠬᠢᠰᠲᠠᠶ᠂ ᠡᠮᠬᠢ ᠵᠢᠷᠤᠮ ᠲᠠᠢ ᠪᠠᠷ ᠰᠢᠯᠵᠢᠬᠦ ᠶᠢ ᠪᠡᠶᠡᠯᠡᠭᠦᠯᠦᠨ᠎ᠡ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠳᠡ ᠶᠢ ᠰᠢᠯᠢᠳᠡᠭᠵᠢᠭᠦᠯᠵᠦ᠂ ᠲᠦᠭᠡᠮᠡᠯ ᠬᠠᠷᠠᠭᠠᠯᠵᠠᠯ ᠤᠨ | ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠥᠷᠭᠡᠳᠬᠡᠨ ᠨᠡᠮᠡᠭᠳᠡᠭᠦᠯᠵᠦ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ | ᠦᠷᠭᠦᠯᠵᠢᠯᠡᠨ ᠲᠦᠯᠬᠢᠨ ᠠᠬᠢᠭᠤᠯᠵᠤ᠂ ᠶᠢᠰᠦᠨ ᠵᠢᠯ ᠤᠨ ᠳᠦᠷᠢᠮᠲᠦ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ | ᠠᠵᠢᠯ ᠢ ᠡᠬᠢᠯᠡᠭᠦᠯᠦᠨ᠎ᠡ᠃ ᠰᠤᠷᠭᠠᠭᠤᠯᠢ ᠡᠷᠭᠢᠯᠡᠬᠦ ᠨᠥᠬᠦᠴᠡᠯ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ | ᠳᠡᠪᠰᠢᠭᠦᠯᠬᠦ ᠶᠢ ᠠᠬᠢᠭᠤᠯᠵᠤ᠂ ᠲᠣᠭᠠᠴᠢᠯᠠᠭᠰᠠᠨ ᠤᠶᠤᠨᠲᠤ ᠰᠤᠷᠭᠠᠭᠤᠯᠢ ᠶᠢᠨ ᠬᠦᠷᠢᠶᠡᠨ ᠤ ᠡᠭᠦᠳᠦᠨ | ᠪᠠᠶᠢᠭᠤᠯᠤᠯᠲᠠ ᠶᠢ ᠠᠬᠢᠭᠤᠯᠤᠨ᠎ᠠ᠃ ᠰᠤᠷᠭᠠᠭᠤᠯᠢ ᠶᠢᠨ ᠬᠦᠷᠢᠶᠡᠨ ᠤ ᠬᠥᠮᠦᠨ ᠬᠥᠮᠦᠵᠢᠭᠦᠯᠬᠦ ᠣᠷᠴᠢᠨ ᠨᠥᠬᠦᠴᠡᠯ ᠢ | ᠴᠡᠪᠡᠷᠰᠢᠭᠦᠯᠵᠦ᠂ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠷᠠᠭᠤᠯᠵᠤ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠲᠣᠭᠤᠷᠢᠭ ᠤᠨ ᠠᠷᠠᠳ ᠤᠨ | ᠡᠮᠨᠡᠯᠭᠡ ᠶᠢᠨ ᠬᠤᠷᠢᠶ᠎ᠠ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠥᠪ᠂ ᠬᠠᠯᠳᠠᠪᠤᠷᠢᠯᠠᠯ ᠤᠨ ᠴᠢᠨᠠᠷᠲᠠᠶ | ᠡᠪᠡᠳᠴᠢᠨ ᠡᠮᠭᠡᠭ ᠤᠨ ᠡᠭᠦᠳᠡᠨ ᠡᠮᠨᠡᠯᠭᠡ ᠶᠢᠨ ᠡᠮᠨᠡᠯᠭᠡ ᠳᠤ ᠰᠠᠭᠤᠬᠤ ᠠᠰᠠᠷ ᠵᠡᠷᠭᠡ ᠲᠥᠷᠥᠯ ᠵᠦᠢᠯ ᠤᠨ | ᠪᠠᠶᠢᠭᠤᠯᠤᠯᠲᠠ᠂ ᠦᠨᠳᠦᠰᠦᠨ ᠱᠠᠲᠤᠨ ᠤ ᠴᠡᠷᠢᠭ ᠤᠨ ᠠᠯᠪᠠᠨ ᠠᠴᠠ ᠬᠠᠯᠠᠬᠳᠠᠬᠰᠠᠳ ᠤᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠪᠥᠬᠦ ᠤᠯᠤᠰ ᠤᠨ ᠵᠢᠱᠢᠶ᠎ᠡ ᠦᠵᠡᠭᠦᠯᠬᠦ ᠮᠠᠶ᠋ᠢᠭ ᠤᠨ ᠴᠡᠷᠢᠭ | ᠤᠨ ᠠᠯᠪᠠᠨ ᠠᠴᠠ ᠬᠠᠯᠠᠬᠳᠠᠬᠰᠠᠳ ᠤᠨ ᠦᠢᠯᠡᠴᠢᠯᠡᠭᠡᠨ ᠤ ᠲᠥᠪ ︵ᠥᠷᠳᠡᠭᠡ︶ ᠢ ᠡᠭᠦᠳᠦᠨ ᠪᠠᠶᠢᠭᠤᠯᠬᠤ ᠠᠵᠢᠯ | ᠢ ᠢᠳᠡᠪᠬᠢᠲᠡᠶ ᠪᠠᠷ ᠲᠥᠯᠬᠢᠨ ᠠᠬᠢᠭᠤᠯᠤᠨ᠎ᠠ᠃ ᠦᠨᠳᠦᠰᠦᠨ ᠱᠠᠲᠤᠨ ᠤ ᠤᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠣᠶᠣᠯ ᠤᠨ ᠣᠷᠳᠣᠨ᠂ | ᠨᠣᠮ ᠤᠨ ᠰᠠᠩ ᠤᠨ ᠬᠤᠪᠢᠶᠠᠷᠢ ᠣᠷᠳᠣᠨ ᠢ ᠲᠤᠰ ᠲᠤᠰ ᠰᠢᠨ᠎ᠡ ᠪᠠᠷ 2 ᠪᠠᠶᠢᠭᠤᠯᠵᠤ᠂ ᠲᠡᠦᠬᠡ ᠶᠢᠨ ᠳᠤᠷᠠᠰᠬᠠᠯᠲᠤ | ᠵᠦᠢᠯ ᠢ ᠬᠠᠮᠠᠭᠠᠯᠠᠬᠤ᠂ ᠤᠷᠳᠤ ᠴᠠᠭᠠᠨ ᠬᠡᠷᠡᠮ ᠢ ᠬᠠᠮᠠᠭᠠᠯᠠᠬᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ | ᠠᠵᠢᠯ ᠤᠨ ᠡᠷᠴᠢᠮ ᠢ ᠴᠢᠩᠭᠠᠷᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ | ᠭᠦᠨᠵᠡᠭᠡᠶᠢᠷᠡᠭᠦᠯᠵᠦ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ | ᠣᠷᠣᠨ︾ ᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ | ︵ᠨᠠᠢᠮᠠ︶ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠦᠨᠡᠨᠬᠦ ᠬᠠᠮᠠᠭᠠᠯᠠᠨ᠎ᠠ᠃ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠣᠳᠣᠬᠢᠴᠢᠯᠠᠯᠲᠠ ᠶᠢᠨ ᠠᠬᠢᠴᠠ ᠶᠢ | ᠨᠥᠯᠥᠭᠡᠯᠡᠬᠦ ᠡᠯ᠎ᠡ ᠵᠦᠢᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ | ᠥᠭᠴᠡᠭᠡ ᠶᠢᠨ ᠬᠢᠵᠠᠭᠠᠷ ᠲᠤᠭ᠎ᠠ ᠶᠢᠨ ᠱᠠᠭᠠᠷᠳᠠᠯᠭ᠎ᠠ ᠶᠢ ᠡᠷᠡᠰ ᠪᠠᠲᠤ ᠰᠠᠬᠢᠵᠤ᠂ ᠲᠤᠰᠬᠠᠶ ᠪᠠᠯᠠ ᠮᠥᠩᠭᠦ ᠪᠠ | ᠵᠢᠭᠡᠯᠡᠯᠭᠡ ᠶᠢᠨ ᠲᠡᠮᠳᠡᠭᠲᠦ ᠶᠢ ᠢᠳᠡᠪᠬᠢᠯᠡᠨ ᠣᠯᠵᠤ᠂ ᠰᠠᠯᠠᠭ᠎ᠠ ᠮᠥᠴᠢᠷ ᠤᠨ ᠵᠠᠷᠤᠯᠭ᠎ᠠ ᠶᠢ ᠪᠥᠬᠦ ᠬᠦᠴᠦᠨ ᠢᠶᠠᠷ ᠢᠶᠠᠨ | ᠪᠠᠭᠠᠰᠬᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ | ᠪᠠᠲᠤᠯᠠᠵᠤ᠂ ᠲᠦᠭᠰᠢᠭᠦᠷᠢ ᠶᠢᠨ ᠲᠠᠰ ᠠᠴᠠ ᠤᠬᠤᠷᠢᠨ ᠭᠠᠷᠬᠤ ᠪᠠᠷ ᠴᠢᠷᠮᠠᠶᠢᠨ᠎ᠠ᠃ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ | ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠲᠠᠢ ᠣᠷᠣᠨ ᠪᠦᠰᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠸᠠᠺᠼᠢᠨ ᠤ ᠲᠠᠷᠢᠯᠭ᠎ᠠ ᠶᠢ | ᠡᠮᠬᠢ ᠵᠢᠷᠤᠮ ᠲᠠᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ | ᠥᠭᠡᠢ ᠪᠠᠶᠢᠬᠤ ᠬᠢᠵᠠᠭᠠᠷ ᠱᠤᠭᠤᠮ ᠢ ᠪᠠᠲᠤ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠶ ᠵᠦᠢᠯ ᠢᠶᠠᠷ | ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠂ ᠠᠶᠤᠯᠭᠦᠢ ᠦᠢᠯᠡᠳᠪᠦᠷᠢᠯᠡᠯ ᠤᠨ | ᠲᠠᠯᠳᠠ ᠭᠡᠮ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ | ᠠᠶᠤᠯᠭᠦᠢ ᠦᠢᠯᠡᠳᠪᠦᠷᠢᠯᠡᠯ ᠤᠨ ᠡᠯ᠎ᠡ ᠲᠥᠷᠥᠯ ᠤᠨ ᠠᠳᠡᠯ ᠢ ᠡᠷᠡᠰ ᠰᠡᠷᠭᠡᠶᠢᠯᠡᠨ ᠬᠤᠷᠢᠭᠯᠠᠨ᠎ᠠ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠪᠠ ᠡᠮ ᠤᠨ ᠵᠦᠢᠯ᠂ ᠭᠤᠤᠯᠳᠠᠯᠭ᠎ᠠ ᠲᠠᠢ | ᠦᠢᠯᠡᠳᠭᠦᠨ᠂ ᠭᠤᠤᠯᠳᠠᠯᠭ᠎ᠠ ᠲᠠᠢ ᠠᠵᠢᠯ ᠲᠥᠷᠥᠯ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ | ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠬᠡᠪᠴᠢᠶᠡᠨ ᠳᠠᠬᠢ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢᠶᠠᠷ ᠭᠠᠷᠳᠠᠴᠠ ᠪᠣᠯᠭᠠᠵᠤ᠂ | ᠰᠢᠰᠲ᠋ᠧᠮᠵᠢᠭᠦᠯᠬᠦ᠂ ᠨᠡᠶᠢᠭᠡᠮᠴᠢᠯᠡᠬᠦ᠂ ᠨᠠᠷᠢᠯᠢᠬᠵᠢᠭᠤᠯᠬᠤ᠂ ᠬᠠᠤᠯᠢᠵᠢᠭᠤᠯᠬᠤ᠂ ᠤᠶᠤᠨᠴᠢᠯᠠᠬᠤ ᠶᠢᠨ ᠲᠣᠭᠤᠷᠢᠨ ᠳᠤ | ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠤ ᠰᠠᠭᠤᠷᠢᠯᠠᠨ᠂ | ᠬᠠᠮᠵᠢᠯᠴᠠᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠪᠠᠲᠤ ᠴᠢᠩᠭ᠎ᠠ | ᠵᠢᠭᠰᠠᠭᠠᠯ ᠤᠨ ᠭᠠᠵᠠᠷ ᠢ ᠪᠠᠶᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ | ᠪᠠᠶᠢᠩᠭᠤᠵᠢᠭᠤᠯᠬᠤ ᠲᠣᠭᠲᠠᠴᠠ ᠶᠢ ᠪᠦᠷᠢᠨᠰᠢᠬᠦᠯᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠵᠠᠰᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠨᠤᠲᠤᠭ ᠪᠡᠯᠴᠢᠭᠡᠷ | ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶᠢᠯᠠᠨ | ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ | ᠢᠯᠵᠠᠷᠠᠯ ᠤᠨ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ | ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠴᠢᠬᠤᠯᠠ ᠶᠡᠭᠡ ᠴᠠᠭ | ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠡᠭᠦᠷᠭᠡ ᠶᠢ | ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠬᠠᠤᠯᠢ ᠶᠣᠰᠣᠭᠠᠷ ᠴᠠᠭ ᠲᠤᠬᠠᠶ ᠳᠤᠨᠢ | ᠲᠤᠬᠠᠶ ᠶᠢᠨ ᠭᠠᠵᠠᠷ ᠲᠤᠨᠢ ᠠᠷᠢᠯᠭᠠᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠬᠠᠮᠠᠭᠠᠯᠠᠵᠤ᠂ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠪᠤᠢ | ᠪᠣᠯᠭᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠪᠠᠷ ᠭᠤᠣᠯ ᠰᠢᠵᠢᠮ ᠪᠣᠯᠭᠠᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠪᠠ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | ᠲᠥᠯᠥᠭᠡᠯᠡᠭᠴᠢᠳ ᠡ᠂ ᠡᠨᠡ ᠵᠢᠯ ᠪᠢᠳᠡ ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠵᠦᠢᠯᠡᠰ ᠢ ᠦᠷᠭᠦᠯᠵᠢᠯᠡᠨ ᠰᠠᠶᠢᠲᠤᠷ ᠡᠷᠬᠢᠯᠡᠨ᠎ᠠ᠃ ᠡᠭᠦᠨ ᠤ ᠬᠠᠮᠲᠤ᠂ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠠᠵᠢᠯ ᠢᠶᠠᠨ ᠥᠷᠨᠢᠭᠦᠯᠬᠦ ᠶᠢ ᠳᠡᠮᠵᠢᠵᠦ᠂ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ᠂ | ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠲᠠᠩᠰᠠ | ᠡᠪᠬᠡᠮᠡᠯ ᠤᠨ ᠪᠦᠷᠢᠳᠬᠡᠯ᠂ ᠡᠮᠡᠭᠲᠡᠶᠢᠴᠦᠳ ᠬᠡᠤᠬᠡᠳ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠵᠡᠷᠭᠡ ᠡᠯ᠎ᠡ | ᠵᠦᠢᠯ ᠤᠨ ᠠᠵᠢᠯ ᠢ ᠴᠢᠬᠤᠯᠠᠴᠢᠯᠠᠨ ᠰᠠᠶᠢᠲᠤᠷ ᠬᠢᠨ᠎ᠠ᠃ | ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ | ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠬᠤ ᠶᠢ ᠪᠠᠷᠢᠮᠲᠠᠯᠠᠵᠤ᠂ ︽ᠳᠥᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ | ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠶ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠦᠵᠡᠯ | ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠠᠷᠠᠳ ᠲᠦᠮᠡᠨ ᠢᠶᠠᠷ | ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠷᠠᠳ ᠲᠦᠮᠡᠨ ᠳᠤ ᠦᠢᠯᠡᠴᠢᠯᠡᠵᠦ᠂ | ᠠᠷᠠᠳ ᠲᠦᠮᠡᠨ ᠳᠤ ᠬᠠᠷᠢᠭᠤᠴᠠᠨ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠦ᠂ ᠵᠠᠰᠠᠭ ᠤᠨ ᠣᠷᠳᠣᠨ ᠤ | ᠵᠠᠰᠠᠯᠲᠠ ᠶᠢᠨ ᠴᠢᠳᠠᠪᠤᠷᠢ ᠪᠣᠯᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ | ᠪᠠᠶᠢᠭᠤᠯᠤᠨ᠎ᠠ᠃ ᠬᠠᠤᠯᠢ ᠪᠠᠷ ᠵᠠᠰᠠᠬᠤ ᠰᠡᠳᠬᠢᠬᠦᠶ ᠪᠠᠨ ᠴᠢᠩᠭᠠᠷᠠᠭᠤᠯᠵᠤ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠬᠠᠤᠯᠢ ᠪᠠᠷ ᠲᠣᠭᠲᠠᠭᠠᠭᠰᠠᠨ ᠵᠢᠷᠤᠮ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠭᠤᠷᠪᠠᠨ ᠴᠢᠬᠤᠯᠠ ᠨᠢᠭᠡ ᠶᠡᠭᠡ︾ ᠶᠢᠨ ᠲᠦᠷᠢᠮ ᠪᠠ ᠴᠢᠬᠤᠯᠠ ᠬᠡᠷᠡᠭ | ᠶᠠᠪᠤᠳᠠᠯ ᠤᠨ ᠲᠤᠬᠠᠶ ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠨᠡᠶᠢᠭᠡᠮ | ᠵᠢᠷᠤᠮ ᠤᠨ ᠬᠠᠤᠯᠢ ᠪᠠᠷ ᠵᠠᠰᠠᠬᠤ ᠪᠠᠶᠢᠭᠤᠯᠤᠯᠲᠠ ᠪᠠ ᠬᠠᠤᠯᠢ ᠪᠠᠷ ᠵᠠᠰᠠᠬᠤ ᠬᠠᠶᠢᠨᠠᠨ ᠤ ᠪᠠᠶᠢᠭᠤᠯᠤᠯᠲᠠ ᠶᠢ | ᠴᠢᠩᠭᠠᠳᠬᠠᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠭᠦᠨᠵᠡᠭᠡᠶ ᠲᠦᠯᠬᠢᠨ ᠠᠬᠢᠭᠤᠯᠵᠤ᠂ ᠬᠠᠤᠯᠢ | ᠴᠠᠭᠠᠵᠠ ᠶᠢ ᠲᠦᠭᠡᠮᠡᠯᠵᠢᠭᠦᠯᠬᠦ ︽ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠡᠷᠡᠭᠵᠢᠭᠦᠯᠦᠯᠲᠡ ᠶᠢ | ᠰᠠᠶᠢᠲᠤᠷ ᠬᠢᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠠᠵᠢᠯ ᠤᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠠᠳᠠᠯᠢ ᠱᠠᠲᠤᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠠᠨ ᠲᠦᠮᠡᠨ ᠪᠠ | ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ ᠠᠵᠢᠯᠲᠠᠳ | ᠬᠠᠤᠯᠢ ᠴᠠᠭᠠᠵᠠ ᠶᠢᠨ ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠣᠷᠠᠳᠣᠯᠭ᠎ᠠ | ᠶᠢ ᠨᠠᠷᠢᠨ ᠬᠢᠨᠠᠮᠠᠭᠠᠢ ᠭᠦᠢᠴᠡᠳᠭᠡᠵᠦ᠂ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠪᠥᠬᠦ | ᠲᠠᠯ᠎ᠠ ᠪᠠᠷ ᠭᠦᠢᠴᠡᠳᠭᠡᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ | ᠪᠠᠶᠢᠭᠤᠯᠤᠯᠲᠠ ᠶᠢ ᠠᠬᠢᠭᠤᠯᠤᠨ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠤᠪᠤᠶᠢᠯᠭᠠᠵᠤ᠂ ᠦᠷ᠎ᠡ ᠪᠦᠲᠦᠮᠵᠢᠲᠦ ᠵᠠᠰᠠᠭ ᠤᠨ | ᠣᠷᠳᠣᠨ ᠢ ᠪᠠᠶᠢᠭᠤᠯᠤᠨ᠎ᠠ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠨ ᠠᠵᠢᠯ ᠶᠠᠪᠤᠳᠠᠯ ᠬᠢᠬᠦ ᠶᠢ ᠴᠢᠩᠭᠠᠳᠬᠠᠵᠤ᠂ ᠭᠦᠢᠴᠡᠳᠬᠡᠬᠦ ᠬᠦᠴᠦᠨ᠂ | ᠨᠠᠶᠢᠳᠠᠪᠤᠷᠢᠵᠢᠭᠤᠯᠬᠤ ᠬᠦᠴᠦᠨ ᠢ ᠳᠡᠭᠡᠭᠰᠢᠯᠡᠭᠦᠯᠬᠦ ᠶᠢ ᠢᠮᠠᠭᠲᠠ ᠵᠠᠰᠠᠭ ᠤᠨ ᠣᠷᠳᠣᠨ ᠤ ᠲᠤᠰ ᠪᠡᠶ᠎ᠡ ᠶᠢᠨ | ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠡᠯ᠎ᠡ ᠵᠦᠢᠯ ᠤᠨ ᠠᠵᠢᠯ ᠢᠶᠠᠨ | ᠦᠨᠡᠨ ᠪᠣᠳᠠᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠭᠤᠤᠯᠳᠠᠯᠭ᠎ᠠ ᠲᠠᠢ | ᠠᠵᠢᠯ ᠢ ᠲᠥᠷᠥᠯ ᠵᠦᠢᠯᠡᠴᠢᠯᠡᠬᠦ ᠶᠢ ᠪᠠᠷᠢᠮᠲᠠᠯᠠᠨ᠂ ᠨᠠᠷᠢᠨ ᠬᠠᠭᠤᠳᠠᠰᠤ ᠶᠢᠨ ᠮᠠᠶ᠋ᠢᠭ ᠤᠨ ᠬᠠᠮᠢᠶᠠᠷᠤᠯᠲᠠ᠂ ᠡᠬᠡ | ᠲᠠᠩᠰᠠ ᠶᠢᠨ ᠮᠠᠶ᠋ᠢᠭ ᠤᠨ ᠳ᠋ᠤᠭᠠᠷᠯᠠᠯ ᠢ ᠬᠠᠰᠤᠵᠤ᠂ ᠨᠢᠭᠡ ᠠᠵᠢᠯ ᠬᠢᠪᠡᠯ ᠨᠢᠭᠡ ᠠᠵᠢᠯ ᠪᠦᠲᠦᠭᠡᠬᠦ ᠶᠢ ᠦᠨᠡᠨᠬᠦ | ᠪᠠᠲᠤᠯᠠᠬᠤ ᠬᠡᠷᠡᠭᠲᠡᠶ᠃ ᠵᠠᠰᠠᠭ ᠤᠨ ᠣᠷᠳᠣᠨ ᠤ ᠠᠵᠢᠯᠲᠠᠨ ᠤ ᠠᠯᠪᠠᠨ ᠵᠠᠷᠤᠴᠠ ᠶᠢᠨ ᠦᠵᠡᠯ ᠤᠬᠠᠮᠰᠠᠷ᠂ | ᠬᠠᠷᠢᠭᠤᠴᠠᠯᠭ᠎ᠠ ᠶᠢᠨ ᠦᠵᠡᠯ ᠤᠬᠠᠮᠰᠠᠷ᠂ ᠦᠷ᠎ᠡ ᠪᠦᠲᠦᠮᠵᠢ ᠶᠢᠨ ᠦᠵᠡᠯ ᠤᠬᠠᠮᠰᠠᠷ ᠢ ᠴᠢᠩᠭᠠᠳᠬᠠᠵᠤ᠂ ᠪᠣᠯᠬᠢ | ᠪᠦᠳᠦᠭᠦᠯᠢᠭ ᠠᠯᠵᠠᠭᠤ ᠵᠠᠯᠬᠠᠭᠤ᠂ ᠨᠠᠶᠢᠳᠠᠪᠤᠷᠢᠵᠢᠭᠤᠯᠤᠯᠲᠠ ᠨᠢ ᠬᠦᠴᠦᠨ ᠥᠬᠡᠶ᠂ ᠠᠯᠪᠠ ᠬᠠᠰᠢᠵᠤ ᠠᠮᠠ ᠪᠥᠭᠯᠡᠬᠦ | ᠵᠡᠷᠭᠡ ᠦᠢᠯᠡ ᠠᠵᠢᠯᠯᠠᠭ᠎ᠠ ᠶᠢ ᠡᠷᠡᠰ ᠴᠡᠭᠴᠡᠯᠡᠨ ᠵᠠᠰᠠᠨ᠎ᠠ᠃ ᠬᠢᠨᠠᠨ ᠰᠢᠯᠭᠠᠵᠤ ᠦᠨᠡᠯᠡᠬᠦ᠂ ᠵᠥᠪ ᠴᠢᠭᠯᠡᠯ ᠢᠶᠠᠷ | ᠤᠷᠮᠠᠰᠢᠭᠤᠯᠬᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ᠂ | ᠲᠤᠰᠢᠶᠠᠯ ᠢᠶᠠᠨ ᠭᠦᠢᠴᠡᠳᠬᠡᠵᠦ ᠬᠠᠷᠢᠭᠤᠴᠠᠯᠭ᠎ᠠ ᠠᠴᠠ ᠬᠡᠯᠲᠦᠷᠢᠭᠦᠯᠬᠦ ᠲᠣᠭᠲᠠᠴᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠣᠷᠢᠭᠲᠠᠢ ᠪᠠᠷ ᠡᠭᠦᠷᠭᠡᠯᠡᠭᠴᠢ ᠶᠢᠨ ᠡᠮᠦᠨ᠎ᠡ ᠠᠴᠠ ᠡᠭᠦᠷᠭᠡᠯᠡᠵᠦ᠂ ᠵᠣᠷᠢᠭᠲᠠᠢ ᠪᠠᠷ | ᠬᠠᠷᠢᠭᠤᠴᠠᠭᠴᠢ ᠶᠢᠨ ᠡᠮᠦᠨ᠎ᠡ ᠠᠴᠠ ᠬᠠᠷᠢᠭᠤᠴᠠᠵᠤ᠂ ᠺᠠᠳ᠋ᠷ ᠤᠨ ᠡᠩᠨᠡᠭᠡᠨ ᠤ ᠠᠵᠢᠯ ᠬᠢᠵᠦ ᠦᠢᠯᠡᠰ ᠪᠤᠰᠬᠠᠬᠤ | ᠢᠳᠡᠪᠬᠢᠵᠢᠯ ᠢ ᠭᠦᠢᠴᠡᠳ ᠳᠠᠶᠢᠴᠢᠯᠠᠬᠤ ᠪᠠ ᠬᠥᠭᠵᠢᠭᠡᠬᠦ ᠬᠡᠷᠡᠭᠲᠡᠢ᠃ | ᠴᠢᠩᠭ᠎ᠠ ᠪᠣᠳᠠᠲᠠᠶ ᠣᠪᠣᠷ ᠰᠤᠷᠲᠠᠯ ᠢ ᠪᠠᠳᠠᠷᠠᠭᠤᠯᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠢ | ᠪᠠᠶᠢᠭᠤᠯᠤᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠴᠢᠩᠭᠠᠳᠬᠠᠵᠤ᠂ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ᠂ ᠤᠯᠤᠰ ᠲᠦᠷᠦ ᠶᠢᠨ ᠠᠮᠢ ᠠᠬᠤᠶ ᠶᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠶᠢᠨ | ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ ᠭᠦᠨᠵᠡᠭᠡᠶᠢᠷᠡᠭᠦᠯᠦᠨ᠎ᠡ᠃ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ 28 ᠵᠦᠢᠯ ᠤᠨ ᠢᠵᠢ | ᠪᠥᠷᠢᠳᠦᠭᠦᠯᠬᠦ ᠲᠣᠭᠲᠠᠭᠠᠯ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠲᠣᠭᠲᠠᠭᠠᠯ ᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠴᠥᠬᠦᠷᠡᠰᠢ ᠥᠬᠡᠶ ᠵᠠᠯᠠᠷᠠᠭᠤᠯᠤᠨ ᠵᠠᠰᠠᠵᠤ᠂ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠴᠢᠬᠤᠯᠠ ᠰᠠᠯᠠᠭ᠎ᠠ ᠮᠥᠴᠢᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ | ᠠᠩᠬᠠᠷᠤᠯ ᠢᠶᠠᠨ ᠲᠥᠪᠯᠡᠷᠡᠭᠦᠯᠦᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠳᠡᠷᠭᠡᠳᠡ ᠡᠭᠦᠰᠦᠭᠰᠡᠨ ᠢᠯᠵᠠᠷᠠᠯ ᠤᠨ ᠠᠰᠠᠭᠤᠳᠠᠯ ᠢ | ᠴᠢᠩᠭ᠎ᠠ ᠴᠡᠭᠴᠡᠯᠡᠨ ᠵᠠᠰᠠᠵᠤ᠂ ᠠᠷᠠᠳ ᠤᠨ ᠲᠥᠯᠥᠭᠡ ᠪᠣᠳᠠᠲᠠᠶ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠤᠯᠤᠰ | ᠲᠥᠷᠥ ᠶᠢᠨ ᠮᠥᠨ ᠴᠢᠨᠠᠷ ᠢ ᠢᠮᠠᠭᠲᠠ ᠪᠠᠲᠤᠯᠠᠬᠤ ᠬᠡᠷᠡᠭᠲᠡᠶ᠃ | ᠡᠷᠬᠢᠮ ᠲᠥᠯᠥᠭᠡᠯᠡᠭᠴᠢᠳ ᠡ︕ ᠶᠡᠭᠡ ᠵᠠᠮ ᠲᠦᠢᠯ ᠤᠨ ᠳᠥᠭᠦᠮ ᠳᠥᠲᠡ᠂ ᠪᠣᠳᠠᠲᠠᠢ ᠠᠵᠢᠯᠯᠠᠬᠤ ᠪᠠᠷ | ᠭᠤᠣᠯ ᠪᠣᠯᠭᠠᠵᠤ᠂ ᠲᠡᠦᠬᠡ ᠡᠷᠡᠭᠡᠯᠵᠡᠨ ᠲᠠᠲᠠᠭᠠᠯᠵᠠᠭᠴᠢ᠂ ᠪᠠᠷ᠎ᠠ ᠬᠠᠷᠠᠭᠴᠢ ᠪᠠ ᠬᠤᠶᠢᠷᠭᠤᠰᠢᠬᠴᠢ ᠶᠢ ᠶᠡᠷᠦ ᠠᠴᠠ | ᠬᠦᠯᠢᠶᠡᠳᠡᠭ ᠦᠭᠡᠢ ᠶᠤᠮ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢᠨ ᠬᠠᠶᠢᠨᠠᠨ ᠤ ᠬᠠᠭᠤᠳᠠᠰᠤ ᠶᠢ ᠮᠠᠨ ᠤ ᠪᠦᠬᠦ ᠲᠤᠭᠤᠷᠢᠭ ᠤᠨ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠬᠠᠮᠲᠤᠪᠠᠷ ᠴᠢᠷᠮᠠᠶᠢᠨ ᠪᠢᠴᠢᠭᠯᠡᠬᠦ ᠶᠢ ᠱᠠᠭᠠᠷᠳᠠᠨ᠎ᠠ᠃ ᠪᠢᠳᠡ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠨᠢᠭᠡ ᠰᠡᠳᠬᠢᠯ ᠨᠢᠭᠡ ᠵᠣᠷᠢᠭ ᠢᠶᠠᠷ ᠴᠢᠷᠮᠠᠶᠢᠨ | ᠲᠡᠮᠡᠴᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠵᠤ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠢᠯᠠᠯᠲᠠ ᠶᠢ | ᠲᠡᠮᠡᠴᠡᠨ ᠤᠯᠬᠤ ᠶᠢᠨ ᠲᠥᠯᠥᠭᠡ ᠡᠷᠡᠯᠬᠡᠭᠯᠡᠨ ᠤᠷᠤᠭᠰᠢᠯᠠᠰᠤᠭᠠᠶ᠃ |