| ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ︽ᠦᠬᠠᠶ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠳᠤᠤᠷ᠎ᠠ ᠨᠡᠭᠦᠷᠡᠰᠦᠳᠦ᠋ᠷᠦᠭᠴᠢᠲᠦ ᠠᠵᠤ | ᠦᠢᠯᠡᠰ ᠤᠨ ᠬᠦᠷᠢᠶᠡᠯᠡᠩ ᠤᠨ ᠢᠵᠢ ᠪᠦᠷᠢᠳᠦᠭᠦᠯᠬᠦ ᠦᠢᠯᠡᠴᠢᠯᠡᠭᠡᠨ ᠤ ᠲᠣᠭᠤᠷᠢᠭ ᠤᠨ ᠲᠥᠷᠥᠯ ᠵᠦᠢᠯ ᠤᠨ ᠬᠡᠷᠡᠭᠯᠡᠬᠦ | ᠭᠠᠵᠠᠷ ᠤᠨ ᠬᠡᠪᠴᠢᠶᠡᠨ ᠳᠣᠲᠣᠷᠠᠬᠢ ᠤᠯᠤᠰ ᠤᠨ ᠥᠮᠴᠢᠯᠡᠯ ᠤᠨ ᠭᠠᠵᠠᠷ ᠰᠢᠷᠣᠶ ᠶᠢ ᠪᠤᠴᠠᠭᠠᠨ ᠠᠪᠬᠤ ᠪᠠ ᠬᠡᠷ ᠪᠠᠶᠢᠰᠢᠩ ᠢ | ᠲᠠᠲᠠᠪᠤᠷᠢᠯᠠᠬᠤ ᠨᠦᠬᠦᠪᠦᠷᠢ ᠥᠭᠬᠦ ᠲᠥᠰᠦᠯ︾ ᠤᠨ ᠲᠤᠬᠠᠶ ᠵᠠᠷᠯᠠᠯ | 2 ᠳ᠋ᠤᠭᠠᠷ ᠲᠣᠭᠠᠲᠤ | ︽ᠦᠬᠠᠶ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠳᠤᠤᠷ᠎ᠠ ᠨᠡᠭᠦᠷᠡᠰᠦᠳᠦ᠋ᠷᠦᠭᠴᠢᠲᠦ ᠠᠵᠤ | ᠦᠢᠯᠡᠰ ᠤᠨ ᠬᠦᠷᠢᠶᠡᠯᠡᠩ ᠤᠨ ᠢᠵᠢ ᠪᠥᠷᠢᠳᠦᠭᠦᠯᠬᠦ ᠦᠢᠯᠡᠴᠢᠯᠡᠭᠡᠨ ᠤ ᠲᠣᠭᠤᠷᠢᠭ ᠤᠨ ᠲᠥᠷᠥᠯ ᠵᠦᠢᠯ ᠤᠨ ᠬᠡᠷᠡᠭᠯᠡᠬᠦ | ᠭᠠᠵᠠᠷ ᠤᠨ ᠬᠡᠪᠴᠢᠶᠡᠨ ᠳᠣᠲᠣᠷᠠᠬᠢ ᠤᠯᠤᠰ ᠤᠨ ᠥᠮᠴᠢᠯᠡᠯᠲᠦ ᠭᠠᠵᠠᠷ ᠰᠢᠷᠣᠶ ᠶᠢ ᠪᠤᠴᠠᠭᠠᠨ ᠠᠪᠬᠤ ᠪᠠ ᠬᠡᠷ ᠪᠠᠶᠢᠰᠢᠩ ᠢ | ᠲᠠᠲᠠᠪᠤᠷᠢᠯᠠᠬᠤ ᠳᠤ ᠨᠥᠬᠦᠪᠥᠷᠢ ᠥᠭᠬᠦ ᠲᠥᠰᠦᠯ︾ ᠢ ᠲᠣᠭᠤᠷᠢᠭ ᠤᠨ ᠵᠠᠰᠠᠭ ᠤᠨ ᠣᠷᠳᠣᠨ ᠠᠴᠠ ᠨᠢᠭᠡᠨᠲᠡ ᠰᠤᠳᠤᠯᠤᠨ | ᠪᠠᠲᠤᠯᠠᠪᠠ᠂ ᠡᠳᠦᠭᠡ ᠵᠠᠷᠯᠠᠵᠤ᠂ ᠵᠠᠷᠯᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | 2021 ᠣᠨ ᠤ 2 ᠳ᠋ᠣᠭᠠᠷ ᠰᠠᠷ᠎ᠠ ᠶᠢᠨ 2 ᠤ ᠡᠳᠦᠷ | ᠦᠬᠠᠶ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠳᠤᠤᠷ᠎ᠠ ᠨᠡᠭᠦᠷᠡᠰᠦᠳᠦ᠋ᠷᠦᠭᠴᠢᠲᠦ ᠠᠵᠤ | ᠦᠢᠯᠡᠰ ᠤᠨ ᠬᠦᠷᠢᠶᠡᠯᠡᠩ ᠤᠨ ᠢᠵᠢ ᠪᠦᠷᠢᠳᠦᠭᠦᠯᠬᠦ ᠦᠢᠯᠡᠴᠢᠯᠡᠭᠡᠨ ᠤ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷᠠᠬᠢ | ᠤᠯᠤᠰ ᠤᠨ ᠥᠮᠴᠢᠯᠡᠯ ᠤᠨ ᠭᠠᠵᠠᠷ ᠰᠢᠷᠣᠶ ᠶᠢ ᠬᠤᠷᠢᠶᠠᠨ ᠠᠪᠬᠤ ᠪᠠ ᠭᠡᠷ ᠪᠠᠶᠢᠰᠢᠩ ᠢ ᠲᠠᠲᠠᠪᠤᠷᠢᠯᠠᠬᠤ ᠳᠤ ᠨᠥᠬᠦᠪᠥᠷᠢ | ᠥᠭᠬᠦ ᠲᠥᠰᠦᠯ | ᠦᠬᠠᠶ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠳᠤᠤᠷ᠎ᠠ ᠨᠡᠭᠦᠷᠡᠰᠦᠳᠦ᠋ᠷᠦᠭᠴᠢᠲᠦ ᠠᠵᠤ | ᠦᠢᠯᠡᠰ ᠤᠨ ᠬᠦᠷᠢᠶᠡᠯᠡᠩ ᠤᠨ ᠢᠵᠢ ᠪᠦᠷᠢᠳᠦᠭᠦᠯᠬᠦ ᠦᠢᠯᠡᠴᠢᠯᠡᠭᠡᠨ ᠤ ᠲᠣᠭᠤᠷᠢᠭ ᠤᠨ ᠬᠡᠷᠡᠭᠯᠡᠬᠦ ᠭᠠᠵᠠᠷ ᠤᠨ | ᠬᠡᠪᠴᠢᠶᠡᠨ ᠳᠠᠬᠢ ᠤᠯᠤᠰ ᠤᠨ ᠥᠮᠴᠢᠯᠡᠯ ᠤᠨ ᠭᠠᠵᠠᠷ ᠰᠢᠷᠣᠶ ᠶᠢ ᠪᠤᠴᠠᠭᠠᠨ ᠠᠪᠬᠤ ᠪᠠ ᠭᠡᠷ ᠪᠠᠶᠢᠰᠢᠩ ᠲᠠᠲᠠᠪᠤᠷᠢᠯᠠᠬᠤ ᠪᠠ | ᠨᠥᠬᠦᠪᠥᠷᠢ ᠥᠭᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ︽ᠤᠯᠤᠰ ᠤᠨ ᠥᠮᠴᠢᠯᠡᠯ ᠤᠨ ᠭᠠᠵᠠᠷ | ᠰᠢᠷᠣᠶ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠥᠷᠢ ᠥᠭᠬᠦ ᠲᠦᠷᠢᠮ︾ ︵ᠲᠥᠷᠥ ᠶᠢᠨ ᠶᠠᠪᠤᠳᠠᠯ ᠤᠨ | ᠬᠤᠷᠢᠶᠠᠨ ᠤ ᠵᠠᠷᠯᠢᠭ 590 ᠳ᠋ᠣᠭᠡᠷ ᠲᠣᠭᠠᠲᠤ︶᠂ ︽ᠪᠥᠲᠥᠭᠡᠨ ᠪᠠᠶᠢᠭᠤᠯᠤᠯᠲᠠ ᠶᠢᠨ ᠵᠦᠢᠯᠡᠰ ᠲᠤ ᠬᠡᠷᠡᠭᠯᠡᠬᠦ ᠣᠶᠢᠲᠤ | ᠭᠠᠵᠠᠷ ᠤᠨ ᠨᠥᠬᠦᠪᠥᠷᠢ ᠶᠢᠨ ᠪᠠᠷᠢᠮᠵᠢᠶ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ | ᠲᠠᠷᠬᠠᠭᠠᠭᠰᠠᠨ ︹ 2015 ︺ 138 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠤᠨ ᠥᠮᠴᠢᠯᠡᠯᠲᠦ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠥᠷᠢ ᠥᠭᠬᠦ | ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠬᠤᠯᠪᠣᠭᠳᠠᠯ ᠪᠥᠬᠦᠶ ᠤᠴᠢᠷ ᠤᠳ ᠤᠨ ᠲᠤᠬᠠᠶ ᠮᠡᠳᠡᠭᠳᠡᠯ︾ ︵ᠥᠪᠥᠷ | ᠵᠠᠰᠠᠭ ᠠᠯᠪᠠᠨ ᠲᠠᠷᠬᠠᠭᠠᠭᠰᠠᠨ ︹ 2016 ︺ 15 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠭᠠᠵᠠᠷ | ᠰᠢᠷᠣᠶ ᠲᠠᠲᠠᠪᠤᠷᠢᠯᠠᠬᠤ ᠨᠢᠭᠡᠳᠦᠯᠲᠡᠶ ᠣᠨ ᠤ ᠦᠢᠯᠡᠳᠭᠦᠨ ᠤ ᠥᠷᠲᠡᠭ ᠤᠨ ᠪᠠᠷᠢᠮᠵᠢᠶ᠎ᠠ ᠪᠠ ᠭᠠᠵᠠᠷ ᠰᠢᠷᠣᠶ ᠲᠠᠲᠠᠪᠤᠷᠢᠯᠠᠬᠤ | ᠭᠠᠵᠠᠷ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠡᠶᠢᠲᠡᠯᠡᠨ ᠬᠡᠷᠡᠭᠵᠢᠭᠦᠯᠬᠦ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ | ᠥᠪᠥᠷ ᠵᠠᠰᠠᠭ ᠠᠯᠪᠠᠨ ᠲᠠᠷᠬᠠᠭᠠᠭᠰᠠᠨ ︹ 2020 ︺ 16 ᠳ᠋ᠤᠭᠠᠷ ᠲᠣᠭᠠᠲᠤ︶ ᠢ ᠭᠠᠵᠠᠷ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠤᠨ ᠲᠣᠰ ᠲᠥᠰᠦᠯ ᠢ ᠲᠣᠭᠲᠠᠭᠠᠪᠠ᠃ | ᠨᠢᠭᠡ᠂ ᠲᠠᠲᠠᠪᠤᠷᠢᠯᠠᠬᠤ ᠪᠠ ᠨᠥᠬᠦᠪᠥᠷᠢᠯᠡᠬᠦ ᠵᠠᠷᠴᠢᠮ | ᠲᠠᠲᠠᠪᠤᠷᠢᠯᠠᠬᠤ ᠪᠠ ᠨᠥᠬᠦᠪᠥᠷᠢ ᠥᠭᠬᠦ ᠳᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ ᠠᠷᠠᠳᠴᠢᠯᠠᠯ ᠲᠠᠢ᠂ ᠲᠠᠰ | ᠳᠠᠷᠠᠭᠠᠯᠠᠯ ᠨᠢ ᠵᠦᠶ ᠵᠣᠬᠢᠰᠲᠠᠶ᠂ ᠲᠥᠪ ᠭᠤᠤᠯᠴᠢ ᠪᠠᠷ ᠨᠥᠬᠦᠪᠥᠷᠢ ᠥᠭᠬᠦ᠂ ᠦᠷ᠎ᠡ ᠳ᠋ᠦᠩ ᠢ ᠨᠢ ᠢᠯᠡ ᠪᠣᠯᠭᠠᠬᠤ ᠵᠠᠷᠴᠢᠮ ᠢ | ᠵᠢᠷᠤᠮᠯᠠᠨ᠎ᠠ᠃ | ᠬᠤᠶᠠᠷ᠂ ᠲᠠᠲᠠᠪᠤᠷᠢᠯᠠᠬᠤ ᠬᠡᠪᠴᠢᠶ᠎ᠡ | ︵ᠨᠢᠭᠡ︶ ᠢᠵᠢ ᠪᠥᠷᠢᠳᠦᠭᠦᠯᠬᠦ ᠦᠢᠯᠡᠴᠢᠯᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠣᠷᠣᠨ | ᠪᠦᠰᠡ ᠨᠢ᠄ ᠵᠡᠭᠦᠨᠰᠢ ᠪᠠᠨ ᠳᠣᠤᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠦᠷᠢᠶᠡᠯᠡᠩ ᠤᠨ ᠪᠠᠷᠠᠭᠤᠨ ᠲᠣᠭᠤᠷᠢᠯ | ᠵᠠᠮ᠂ ᠡᠮᠦᠨᠡᠰᠢ ᠪᠠᠨ ᠲᠥᠯᠥᠪᠵᠢᠭᠦᠯᠦᠭᠰᠡᠨ ᠫᠢᠩ ᠠᠨ ᠶᠡᠭᠡ ᠵᠠᠮ᠂ ᠪᠠᠷᠠᠭᠤᠨᠰᠢ ᠪᠠᠨ G244᠂ ᠤᠮᠠᠷᠠᠰᠢ ᠪᠠᠨ ᠯᠢᠦ ᠱᠦ | ᠭᠧᠦ ᠶᠢᠨ ᠬᠡᠪᠴᠢᠶᠡᠨ ᠳᠠᠬᠢ ᠭᠠᠵᠠᠷ ᠰᠢᠷᠣᠶ᠂ ᠬᠡᠷ ᠪᠠᠶᠢᠰᠢᠩ᠂ ᠭᠠᠵᠠᠷ ᠳᠡᠭᠡᠷᠡᠬᠢ ᠳᠠᠭᠠᠯᠲᠠ ᠪᠣᠳᠠᠰ᠂ ᠳᠠᠭᠠᠯᠲᠠ ᠪᠡᠯᠡᠳᠬᠡᠮᠵᠢ | ᠵᠡᠷᠭᠡ ᠪᠣᠯᠤᠨ᠎ᠠ᠃ | ︵ᠬᠤᠶᠠᠷ︶ ᠬᠤᠩ ᠯᠢᠦ ᠭᠧᠤ ᠶᠢᠨ ᠲᠥᠪᠯᠡᠷᠡᠭᠦᠯᠦᠨ ᠪᠤᠯᠠᠰᠢᠯᠠᠬᠤ ᠭᠠᠵᠠᠷ ᠠᠴᠠ ᠵᠡᠭᠦᠨᠰᠢᠬᠢ ᠬᠡᠰᠡᠭ ᠣᠷᠣᠨ ︵ | ᠪᠣᠳᠠᠲᠠᠶ ᠬᠡᠪᠴᠢᠶ᠎ᠡ ᠶᠢ ᠪᠣᠳᠠᠲᠠᠶ ᠬᠡᠮᠵᠢᠨ ᠵᠢᠷᠤᠭᠯᠠᠯᠲᠠ ᠪᠠᠷ ᠪᠠᠷᠢᠮᠵᠢᠶ᠎ᠠ ᠪᠣᠯᠭᠠᠨ᠎ᠠ︶᠃ | ᠭᠤᠷᠪᠠ᠂ ᠲᠠᠲᠠᠪᠤᠷᠢᠯᠠᠬᠤ ᠶᠢ ᠬᠡᠷᠡᠭᠵᠢᠭᠦᠯᠬᠦ ᠰᠠᠯᠠᠭ᠎ᠠ ᠮᠥᠴᠢᠷ | ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠪᠠᠶᠠᠨᠲᠤᠬᠤᠢ ᠪᠠᠯᠭᠠᠰᠤ ᠪᠣᠯ ᠲᠠᠲᠠᠪᠤᠷᠢᠯᠠᠬᠤ ᠶᠢ ᠬᠡᠷᠡᠭᠵᠢᠭᠦᠯᠬᠦ | ᠰᠠᠯᠠᠭ᠎ᠠ ᠮᠥᠴᠢᠷ ᠪᠣᠯᠬᠤᠷ ᠲᠠᠲᠠᠪᠤᠷᠢᠯᠠᠬᠤ ᠪᠠ ᠨᠥᠬᠦᠪᠥᠷᠢ ᠥᠭᠬᠦ ᠪᠣᠳᠠᠲᠠᠶ ᠠᠵᠢᠯ ᠢ ᠡᠭᠦᠷᠭᠡᠯᠡᠨ᠎ᠡ᠃ | ᠳᠥᠷᠪᠡ᠂ ᠬᠠᠳᠤᠯᠠᠩ ᠪᠡᠯᠴᠢᠭᠡᠷ ᠤᠨ ᠨᠥᠬᠦᠪᠥᠷᠢ ᠪᠠ ᠪᠠᠷᠢᠮᠵᠢᠶ᠎ᠠ | ︽ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠲᠠᠲᠠᠪᠤᠷᠢᠯᠠᠬᠤ ᠨᠢᠭᠡᠳᠦᠯᠲᠡᠶ ᠣᠨ ᠤ ᠦᠢᠯᠡᠳᠭᠦᠨ ᠤ | ᠥᠷᠲᠡᠭ ᠤᠨ ᠪᠠᠷᠢᠮᠵᠢᠶ᠎ᠠ ᠪᠠ ᠭᠠᠵᠠᠷ ᠰᠢᠷᠣᠶ ᠲᠠᠲᠠᠪᠤᠷᠢᠯᠠᠬᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ | ᠨᠡᠶᠢᠲᠡᠯᠡᠨ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2020 ︺ 16 ᠳ᠋ᠤᠭᠠᠷ | ᠲᠣᠭᠠᠲᠤ︶ ᠤᠨ ᠪᠢᠴᠢᠭ ᠮᠠᠲ᠋ᠧᠷᠢᠶᠠᠯ ᠤᠨ ᠶᠣᠰᠣᠭᠠᠷ ᠬᠡᠷᠡᠭᠵᠢᠭᠦᠯᠦᠨ᠎ᠡ᠃ | ᠲᠠᠪᠤ᠂ ᠭᠡᠷ ᠪᠠᠶᠢᠰᠢᠩ ᠲᠠᠲᠠᠪᠤᠷᠢᠯᠠᠭᠰᠠᠨ ᠤ ᠨᠥᠬᠦᠪᠥᠷᠢ ᠥᠭᠬᠦ ᠠᠷᠭ᠎ᠠ ᠬᠡᠮᠵᠢᠶ᠎ᠡ ᠪᠣᠯᠤᠨ ᠪᠠᠷᠢᠮᠵᠢᠶ᠎ᠠ | ᠲᠤᠰ ᠵᠦᠢᠯᠡᠰ ᠲᠤ ᠵᠠᠷᠴᠢᠮ ᠳᠡᠭᠡᠷ᠎ᠡ ᠪᠠᠨ ᠵᠣᠭᠤᠰ ᠢᠶᠠᠷ ᠨᠥᠬᠦᠪᠥᠷᠢᠯᠡᠬᠦ ᠶᠢ ᠬᠡᠷᠡᠭᠵᠢᠭᠦᠯᠦᠨ᠎ᠡ᠃ | ︵ᠨᠢᠭᠡ︶ ᠣᠷᠣᠨ ᠰᠠᠭᠤᠴᠠ ᠶᠢᠨ ᠭᠡᠷ ᠪᠠᠶᠢᠰᠢᠩ | 1. ᠨᠠᠶᠢᠳᠠᠯᠭ᠎ᠠ ᠬᠦᠯᠢᠶᠡᠭᠰᠡᠨ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠬᠠᠩᠰᠢ ᠶᠢ ᠦᠨᠡᠯᠡᠨ ᠵᠢᠱᠢᠬᠦ | ᠪᠠᠶᠢᠭᠤᠯᠤᠮᠵᠢ ᠠᠴᠠ ᠲᠠᠲᠠᠪᠤᠷᠢᠯᠠᠭᠳᠠᠭᠰᠠᠨ ᠣᠷᠣᠨ ᠰᠠᠭᠤᠴᠠ ᠶᠢᠨ ᠭᠡᠷ ᠪᠠᠶᠢᠰᠢᠩ ᠳᠤ ᠦᠨᠡᠯᠡᠨ ᠵᠢᠱᠢᠯᠲᠡ ᠬᠢᠵᠦ᠂ ᠭᠡᠷ | ᠪᠠᠶᠢᠰᠢᠩ ᠤᠨ ᠨᠦᠬᠦᠪᠦᠷᠢ ᠶᠢᠨ ᠵᠣᠭᠤᠰ ᠤᠨ ᠲᠤᠭ᠎ᠠ ᠶᠢ ᠲᠣᠭᠲᠠᠭᠠᠭᠰᠠᠨ ᠤ ᠲᠠᠷᠠᠭ᠎ᠠ᠂ ᠲᠠᠲᠠᠪᠤᠷᠢᠯᠠᠭᠳᠠᠭᠰᠠᠨ ᠬᠥᠮᠦᠨ ᠳᠤ | ᠵᠣᠭᠤᠰ ᠤᠨ ᠨᠦᠬᠦᠪᠦᠷᠢ ᠥᠭᠭᠦᠨ᠎ᠡ᠃ ᠬᠡᠷ ᠪᠠᠶᠢᠰᠢᠩ ᠤᠨ ᠨᠥᠬᠦᠪᠥᠷᠢ ᠶᠢᠨ ᠰᠠᠭᠤᠷᠢ ᠪᠠᠷᠢᠮᠵᠢᠶ᠎ᠠ ᠦᠨ᠎ᠡ ᠨᠢ 1580 | ᠲᠥᠭᠦᠷᠢᠭ / ᠲᠡᠭᠰᠢ ᠳᠥᠷᠪᠡᠯᠵᠢᠨ ᠮᠧᠲᠷ ︵ᠲᠣᠭᠤᠰᠬ᠎ᠠ ᠮᠣᠳᠣᠨ ᠤ ᠪᠦᠲᠦᠴᠡ︶ ᠪᠠᠶᠢᠵᠤ᠂ ᠡᠭᠦᠨ ᠤ ᠰᠠᠭᠤᠷᠢᠨ ᠳᠡᠭᠡᠷ᠎ᠡ | ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠪᠦᠲᠦᠴᠡ ᠶᠢᠨ ᠶᠣᠰᠣᠭᠠᠷ ᠵᠠᠰᠠᠪᠤᠷᠢ ᠣᠷᠣᠭᠤᠯᠤᠨ᠎ᠠ᠃ | 2. ᠲᠠᠲᠠᠪᠤᠷᠢᠯᠠᠭᠳᠠᠭᠰᠠᠨ ᠭᠡᠷ ᠪᠠᠶᠢᠰᠢᠩ ᠤᠨ ᠲᠠᠭᠠᠯᠳᠠ ᠪᠤᠳᠠᠰ᠂ ᠪᠠᠷᠢᠯᠭ᠎ᠠ ᠶᠢᠨ ᠵᠦᠢᠯ ᠪᠠ ᠭᠡᠷ ᠪᠠᠶᠢᠰᠢᠩ ᠤᠨ | ᠵᠠᠰᠠᠯ ᠴᠢᠮᠡᠭᠯᠡᠯ ᠤᠨ ᠬᠡᠰᠡᠭ ᠢ ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢᠨ ᠦᠨ᠎ᠡ ᠬᠠᠩᠰᠢ ᠶᠢ ᠦᠨᠡᠯᠡᠨ ᠵᠢᠱᠢᠬᠦ | ᠪᠠᠶᠢᠭᠤᠯᠤᠮᠵᠢ ᠠᠴᠠ ᠦᠨᠡᠯᠡᠨ ᠵᠢᠱᠢᠵᠦ ᠲᠡᠬᠢᠨ ᠰᠢᠨ᠎ᠡ ᠦᠨ᠎ᠡ ᠪᠣᠯᠭᠠᠨ ᠪᠠᠶᠢᠭᠤᠯᠤᠭᠠᠳ ᠵᠣᠭᠤᠰᠣᠨ ᠤ ᠨᠦᠬᠦᠪᠦᠷᠢ | ᠥᠭᠭᠦᠨ᠎ᠡ᠃ | 3. ᠣᠷᠣᠨ ᠰᠠᠭᠤᠴᠠ ᠶᠢᠨ ᠭᠡᠷ ᠪᠠᠶᠢᠰᠢᠩ ᠢ ᠲᠠᠲᠠᠪᠤᠷᠢᠯᠠᠬᠤ ᠨᠠᠭᠠᠳᠤ ᠵᠠᠬ᠎ᠠ ᠶᠢᠨ ᠨᠥᠬᠦᠪᠥᠷᠢ ᠶᠢᠨ ᠪᠠᠷᠢᠮᠵᠢᠶ᠎ᠠ᠂ ᠭᠡᠷ | ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠦᠨᠡᠮᠯᠡᠯ ᠢᠶᠠᠷ ᠨᠢᠭᠡᠴᠢ ᠪᠣᠯᠭᠠᠵᠤ᠂ ᠡᠷᠦᠬᠡ ᠬᠤᠪᠢᠶᠠᠭᠰᠠᠨ ᠥᠬᠡᠶ᠂ | ᠭᠠᠷᠤᠯᠲᠠ ᠪᠠᠨ ᠰᠠᠯᠭᠠᠭᠰᠠᠨ ᠥᠬᠡᠶ ᠲᠠᠲᠠᠪᠤᠷᠢᠯᠠᠭᠳᠠᠭᠰᠠᠨ ᠣᠷᠣᠨ ᠰᠠᠭᠤᠴᠠ ᠶᠢᠨ ᠬᠡᠷ ᠪᠠᠶᠢᠰᠢᠩ ᠤᠨ ᠵᠣᠭᠤᠰᠣᠨ ᠤ | ᠨᠥᠬᠦᠪᠥᠷᠢ ᠶᠢᠨ ᠮᠥᠩᠭᠦ ᠶᠢᠨ ᠶᠡᠷᠦᠩᠬᠡᠶ ᠲᠤᠭ᠎ᠠ ᠨᠢ ᠲᠣᠰ ᠵᠢᠯ ᠤᠨ ᠨᠡᠶᠢᠲᠡᠯᠡᠭᠰᠡᠨ ᠨᠠᠭᠠᠳᠤ ᠵᠠᠬ᠎ᠠ ᠶᠢᠨ ᠵᠣᠭᠤᠰᠣᠨ ᠤ | ᠨᠥᠬᠦᠪᠥᠷᠢ ᠶᠢᠨ ᠪᠠᠷᠢᠮᠵᠢᠶ᠎ᠠ ᠳᠤ ᠬᠥᠷᠬᠦ ᠥᠬᠡᠶ ᠮᠥᠷᠲᠡᠭᠡᠨ ᠲᠣᠰ ᠬᠤᠲᠠ ᠶᠢᠨ ᠣᠷᠣᠨ ᠪᠦᠰᠡ ᠶᠢᠨ ᠳᠣᠲᠣᠷ᠎ᠠ ᠪᠤᠰᠤᠳ | ᠬᠡᠷ ᠪᠠᠶᠢᠰᠢᠩ ᠪᠠᠶᠢᠬᠤ ᠥᠬᠡᠶ ᠪᠣᠯ ᠨᠠᠭᠠᠳᠤ ᠵᠠᠬ᠎ᠠ ᠶᠢᠨ ᠵᠣᠭᠤᠰᠣᠨ ᠤ ᠨᠥᠬᠦᠪᠥᠷᠢ ᠶᠢᠨ ᠪᠠᠷᠢᠮᠵᠢᠶ᠎ᠠ ᠪᠠᠷ ᠨᠥᠬᠦᠪᠥᠷᠢ | ᠥᠭᠴᠦ᠂ ᠨᠠᠭᠠᠳᠤ ᠵᠠᠬ᠎ᠠ ᠶᠢᠨ ᠵᠣᠭᠤᠰᠣᠨ ᠤ ᠨᠥᠬᠦᠪᠥᠷᠢ ᠶᠢᠨ ᠪᠠᠷᠢᠮᠵᠢᠶ᠎ᠠ ᠶᠢ 55 ᠲᠡᠭᠰᠢ ᠳᠥᠷᠪᠡᠯᠵᠢᠨ ᠮᠧᠲᠷ ᠤᠨ ᠣᠷᠣᠨ | ᠰᠠᠭᠤᠴᠠ ᠶᠢᠨ ᠬᠡᠷ ᠪᠠᠶᠢᠰᠢᠩ ᠤᠨ ᠵᠠᠬ᠎ᠠ ᠳᠡᠯᠭᠡᠭᠦᠷ ᠤᠨ ᠦᠨ᠎ᠡ ᠪᠠᠷ ᠲᠣᠭᠲᠠᠭᠠᠵᠤ᠂ ᠨᠠᠭᠠᠳᠤ ᠵᠠᠬ᠎ᠠ ᠶᠢᠨ ᠨᠥᠬᠦᠪᠥᠷᠢ ᠳᠤ | ᠢᠯᠡ ᠨᠡᠶᠢᠲᠡᠯᠡᠬᠦ ᠲᠦᠷᠢᠮ ᠢ ᠬᠡᠷᠡᠭᠵᠢᠭᠦᠯᠦᠨ᠎ᠡ᠃ | ︵ᠬᠤᠶᠠᠷ︶ ᠣᠷᠣᠨ ᠰᠠᠭᠤᠴᠠ ᠶᠢᠨ ᠪᠤᠰᠤ ᠭᠡᠷ ᠪᠠᠶᠢᠰᠢᠩ | ᠬᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠦᠨᠡᠮᠯᠡᠯ ᠳᠤ ᠲᠠᠲᠠᠪᠤᠷᠢᠯᠠᠭᠳᠠᠭᠰᠠᠨ ᠬᠡᠷ ᠪᠠᠶᠢᠰᠢᠩ ᠤᠨ ᠰᠢᠨᠵᠢ | ᠴᠢᠨᠠᠷ ᠨᠢ ᠠᠵᠤ ᠦᠢᠯᠡᠳᠪᠦᠷᠢ᠂ ᠬᠤᠳᠠᠯᠳᠤᠭ᠎ᠠ᠂ ᠵᠠᠰᠠᠭ ᠵᠠᠬᠢᠷᠭᠠᠨ ᠤ ᠠᠯᠪᠠᠯᠠᠬᠤ᠂ ᠦᠢᠯᠡᠳᠪᠦᠷᠢᠯᠡᠵᠦ ᠡᠳ᠋ᠰᠢᠭᠦᠯᠬᠦ ᠵᠡᠷᠭᠡ | ᠣᠷᠣᠨ ᠰᠠᠭᠤᠴᠠ ᠶᠢᠨ ᠪᠤᠰᠤ ᠲᠥᠷᠥᠯ ᠤᠨ ᠬᠡᠷ ᠪᠠᠶᠢᠰᠢᠩ ᠪᠣᠯᠤᠨ᠎ᠠ ᠭᠡᠵᠦ ᠲᠣᠳᠣᠷᠬᠠᠶᠢᠯᠠᠭᠰᠠᠨ ᠪᠠᠶᠢᠪᠠᠯ᠂ ᠬᠡᠷ ᠪᠠᠶᠢᠰᠢᠩ | ᠭᠠᠵᠠᠷ ᠬᠥᠷᠥᠩᠭᠡ ᠶᠢᠨ ᠦᠨ᠎ᠡ ᠬᠠᠩᠰᠢ ᠶᠢ ᠦᠨᠡᠯᠡᠨ ᠵᠢᠱᠢᠬᠦ ᠪᠠᠶᠢᠭᠤᠯᠤᠮᠵᠢ ᠠᠴᠠ ᠲᠠᠲᠠᠪᠤᠷᠢᠯᠠᠭᠳᠠᠭᠰᠠᠨ ᠬᠡᠷ | ᠪᠠᠶᠢᠰᠢᠩ ᠤᠨ ᠣᠷᠣᠰᠢᠵᠤ ᠪᠠᠶᠢᠭ᠎ᠠ ᠣᠷᠣᠨ ᠪᠠᠶᠢᠷᠢ᠂ ᠬᠡᠷᠡᠭᠴᠡᠭᠡ ᠵᠡᠷᠭᠡ ᠬᠦᠴᠦᠨ ᠵᠦᠢᠯ ᠢ ᠦᠨᠳᠦᠰᠦᠯᠡᠨ᠂ ᠠᠳᠠᠯᠢ | ᠭᠠᠵᠠᠷ ᠤᠨ ᠬᠡᠰᠡᠭ ᠤᠨ ᠠᠳᠠᠯᠢ ᠪᠤᠰᠤ ᠰᠢᠨᠵᠢ ᠴᠢᠨᠠᠷ ᠲᠠᠢ ᠬᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠬᠠᠩᠰᠢ ᠶᠢ | ᠦᠨᠡᠯᠡᠨ ᠵᠢᠱᠢᠵᠦ᠂ ᠵᠣᠭᠤᠰ ᠢᠶᠠᠷ ᠨᠥᠬᠦᠪᠥᠷᠢᠯᠡᠬᠦ ᠬᠡᠷᠡᠭᠲᠡᠶ᠃ | ᠣᠷᠣᠨ ᠰᠠᠭᠤᠴᠠ ᠶᠢᠨ ᠪᠤᠰᠤ ᠭᠡᠷ ᠪᠠᠶᠢᠰᠢᠩ ᠢ ᠲᠠᠲᠠᠪᠤᠷᠢᠯᠠᠭᠰᠠᠨ᠂ ᠣᠷᠣᠨ ᠰᠠᠭᠤᠴᠠ ᠶᠢᠨ ᠪᠤᠰᠤ ᠭᠡᠷ ᠪᠠᠶᠢᠰᠢᠩ ᠢ | ᠭᠡᠷ ᠪᠠᠶᠢᠰᠢᠩ ᠪᠣᠯᠭᠠᠨ ᠥᠭᠡᠷᠡᠴᠢᠯᠡᠭᠰᠡᠨ ᠠᠴᠠ ᠪᠤᠯᠵᠤ ᠦᠢᠯᠡᠳᠪᠦᠷᠢᠯᠡᠯ ᠠᠵᠢᠯ ᠢ ᠨᠢ ᠵᠣᠭᠰᠣᠭᠠᠭᠰᠠᠨ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠭᠡᠷ ᠪᠠᠶᠢᠰᠢᠩ ᠤᠨ ᠲᠠᠲᠠᠪᠤᠷᠢᠯᠠᠭᠳᠠᠬᠤ ᠠᠴᠠ ᠡᠮᠦᠨᠡᠬᠢ ᠦᠷ᠎ᠡ ᠠᠰᠢᠭ᠂ ᠦᠢᠯᠡᠳᠪᠦᠷᠢᠯᠡᠯ | ᠠᠵᠢᠯ ᠢ ᠨᠢ ᠵᠣᠭᠰᠣᠭᠠᠭᠰᠠᠨ ᠬᠤᠭᠤᠴᠠᠭ᠎ᠠ ᠬᠢᠵᠠᠭᠠᠷ ᠵᠡᠷᠭᠡ ᠬᠦᠴᠦᠨ ᠵᠦᠢᠯ ᠢ ᠦᠨᠳᠦᠰᠦᠯᠡᠨ ᠨᠥᠬᠦᠪᠥᠷᠢ ᠥᠭᠭᠦᠨ᠎ᠡ᠃ | ᠨᠥᠬᠦᠪᠥᠷᠢᠯᠡᠬᠦ ᠪᠠᠷᠢᠮᠵᠢᠶ᠎ᠠ ᠶᠢ ᠲᠠᠲᠠᠪᠤᠷᠢᠯᠠᠭᠳᠠᠭᠰᠠᠨ ᠬᠡᠷ ᠪᠠᠶᠢᠰᠢᠩ ᠤᠨ ᠥᠷᠲᠡᠭ ᠤᠨ 3% ᠪᠠᠷ ᠨᠢᠭᠡ ᠤᠳᠠᠭ᠎ᠠ ᠶᠢᠨ | ᠴᠢᠨᠠᠷᠲᠠᠶ ᠨᠥᠬᠦᠪᠥᠷᠢᠯᠡᠬᠦ ᠬᠡᠷᠡᠭᠲᠡᠶ᠃ | ︵ᠭᠤᠷᠪᠠ︶ ᠭᠡᠷ ᠪᠠᠶᠢᠰᠢᠩ ᠨᠢ ᠬᠠᠤᠯᠢ ᠶᠣᠰᠣᠭᠠᠷ ᠲᠠᠲᠠᠪᠤᠷᠢᠯᠠᠭᠳᠠᠭᠰᠠᠨ ᠪᠠᠶᠢᠪᠠᠯ᠂ ᠤᠯᠤᠰ ᠤᠨ ᠥᠮᠴᠢᠯᠡᠯ ᠤᠨ | ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠬᠠᠮᠲᠤ ᠳᠤᠨᠢ ᠪᠤᠴᠠᠭᠠᠨ ᠠᠪᠤᠨ᠎ᠠ᠃ | ︵ᠲᠥᠷᠪᠡ︶ ᠨᠡᠭᠦᠯᠭᠡᠬᠦ ᠵᠠᠷᠤᠳᠠᠯ | 1. ᠣᠷᠣᠨ ᠰᠠᠭᠤᠴᠠ ᠶᠢᠨ ᠬᠡᠷ ᠪᠠᠶᠢᠰᠢᠩ ᠢ ᠨᠡᠭᠦᠯᠭᠡᠬᠦ ᠵᠠᠷᠤᠳᠠᠯ᠄ ᠬᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ | ᠦᠨᠡᠮᠯᠡᠯ ᠢᠶᠠᠷ ᠨᠢᠭᠡᠴᠢ ᠪᠣᠯᠭᠠᠵᠤ᠂ ᠡᠷᠦᠬᠡ ᠪᠦᠷᠢ ᠳᠤ 1500 ᠲᠥᠭᠦᠷᠢᠭ ᠤᠨ ᠨᠡᠭᠦᠯᠭᠡᠬᠦ ᠵᠠᠷᠤᠳᠠᠯ ᠥᠭᠭᠦᠨ᠎ᠡ᠃ | 2. ᠪᠡᠯᠡᠳᠬᠡᠮᠵᠢ ᠲᠥᠬᠦᠭᠡᠷᠦᠮᠵᠢ ᠶᠢ ᠵᠠᠳᠠᠯᠵᠤ ᠤᠭᠰᠠᠷᠠᠬᠤ ᠵᠠᠷᠤᠳᠠᠯ᠂ ᠨᠡᠭᠦᠯᠭᠡᠬᠦ ᠵᠠᠷᠤᠳᠠᠯ᠄ ᠦᠨᠡᠯᠡᠨ ᠵᠢᠱᠢᠬᠦ | ᠪᠠᠶᠢᠭᠤᠯᠤᠮᠵᠢ ᠠᠴᠠ ᠦᠨᠡᠯᠡᠨ ᠵᠢᠱᠢᠵᠦ ᠲᠣᠭᠲᠠᠭᠠᠨ᠎ᠠ᠃ | 3. ᠮᠠᠯ ᠤᠨᠤᠭ᠎ᠠ ᠶᠢ ᠨᠡᠭᠦᠯᠭᠡᠬᠦ ᠲᠤᠰᠠᠯᠠᠮᠵᠢ ᠶᠢᠨ ᠵᠠᠷᠤᠳᠠᠯ᠄ ᠬᠡᠪᠴᠢᠶᠡᠲᠦ ᠲᠡᠵᠢᠭᠡᠨ ᠦᠷᠡᠵᠢᠭᠦᠯᠬᠦ | ᠲᠠᠯᠠᠪᠠᠢ ᠮᠦᠷᠲᠡᠭᠡᠨ ᠬᠠᠮᠢᠶ᠎ᠠ ᠪᠥᠬᠦᠢ ᠭᠠᠷᠳᠠᠮ ᠭᠦᠢᠴᠡᠳᠬᠡᠭᠰᠡᠨ ᠪᠣᠯ᠂ ᠨᠢᠭᠡ ᠲᠠᠬᠢᠶ᠎ᠠ 8 ᠲᠥᠭᠦᠷᠢᠭ᠂ ᠨᠣᠬᠠᠶ᠂ ᠬᠤᠨᠢ 50 | ᠲᠥᠭᠦᠷᠢᠭ᠂ ᠭᠠᠭ᠋ᠠᠶ᠂ ᠦᠬᠡᠷ᠂ ᠯᠠᠭᠤᠰᠠ᠂ ᠡᠯᠵᠢᠭᠡ ᠵᠡᠷᠭᠡ ᠲᠤᠮᠤ ᠬᠡᠯᠪᠡᠷᠢ ᠶᠢᠨ ᠮᠠᠯ 200 ᠲᠥᠭᠦᠷᠢᠭ ᠪᠣᠯᠤᠨ᠎ᠠ᠃ | ︵ᠲᠠᠪᠤ︶ ᠱᠠᠩᠨᠠᠬᠤ ᠪᠠ ᠱᠠᠩᠨᠠᠬᠤ ᠬᠤᠭᠤᠴᠠᠭ᠎ᠠ ᠬᠢᠵᠠᠭᠠᠷ | 1. ᠵᠠᠷᠯᠠᠯ ᠳᠤ ᠲᠣᠭᠲᠠᠭᠠᠭᠰᠠᠨ ᠱᠠᠩᠨᠠᠬᠤ ᠬᠤᠭᠤᠴᠠᠭᠠᠨ ᠳᠤ ᠬᠡᠷ ᠪᠠᠶᠢᠰᠢᠩ ᠢ ᠲᠠᠲᠠᠪᠤᠷᠢᠯᠠᠬᠤ ᠨᠥᠬᠦᠪᠥᠷᠢ ᠶᠢᠨ | ᠵᠥᠪᠯᠡᠯᠴᠡᠭᠡᠷ ᠲᠣᠭᠲᠠᠭᠰᠠᠨ ᠪᠥᠭᠡᠳ ᠨᠡᠭᠦᠯᠭᠡᠵᠦ ᠳᠠᠭᠤᠰᠤᠭᠰᠠᠨ ᠤ ᠬᠠᠮᠲᠤ ᠬᠡᠷ ᠪᠠᠶᠢᠰᠢᠩ ᠢᠶᠠᠨ ᠲᠤᠰᠢᠶᠠᠵᠤ ᠭᠥᠯᠢᠶᠡᠨ | ᠠᠪᠤᠭᠰᠠᠨ ᠪᠠᠶᠢᠪᠠᠯ᠂ ᠡᠷᠦᠬᠡ ᠪᠦᠷᠢ ᠳᠤ 10000 ᠲᠥᠭᠦᠷᠢᠭ ᠤᠨ ᠱᠠᠩᠨᠠᠯ ᠣᠯᠭᠤᠨ᠎ᠠ᠃ | 2. ᠱᠠᠩᠨᠠᠬᠤ ᠬᠤᠭᠤᠴᠠᠭ᠎ᠠ ᠬᠢᠵᠠᠭᠠᠷ ᠨᠢ ᠲᠠᠲᠠᠪᠤᠷᠢᠯᠠᠬᠤ ᠲᠣᠭᠲᠠᠭᠠᠯ ᠢ ᠵᠠᠷᠯᠠᠭᠰᠠᠨ ᠡᠳᠦᠷ ᠠᠴᠠ ᠡᠬᠢᠯᠡᠨ 30 | ᠡᠳᠦᠷ ᠲᠤ ᠳᠠᠭᠤᠰᠤᠨ᠎ᠠ᠃ | ᠵᠢᠷᠭᠤᠭ᠎ᠠ᠂ ᠬᠡᠭᠦᠷ ᠤᠩᠭᠤᠨ ᠰᠢᠯᠵᠢᠭᠦᠯᠬᠦ ᠨᠥᠬᠦᠪᠥᠷᠢ | ᠬᠡᠭᠦᠷ ᠤᠩᠭᠤᠨ ᠰᠢᠯᠵᠢᠭᠦᠯᠬᠦ ᠨᠥᠬᠦᠪᠥᠷᠢ ᠶᠢᠨ ᠪᠠᠷᠢᠮᠵᠢᠶ᠎ᠠ᠄ ᠲᠤᠰᠠᠭᠠᠷ ᠣᠷᠣᠰᠢᠭᠤᠯᠬᠤ ᠤᠩᠭᠤᠨ 14000 | ᠲᠥᠭᠦᠷᠢᠭ / ᠰᠠᠭᠤᠷᠢ᠂ ᠬᠠᠮᠲᠤ ᠣᠷᠣᠰᠢᠭᠤᠯᠤᠬᠰᠠᠨ ᠤᠩᠭᠤᠨ ︵ᠬᠤᠶᠠᠷ︶ 20000 ᠲᠥᠭᠦᠷᠢᠭ / ᠰᠠᠭᠤᠷᠢ᠂ | ᠬᠤᠶᠠᠷ ᠠᠴᠠ ᠳᠡᠭᠡᠭᠰᠢ ᠤᠩᠭᠤᠨ ᠤ ᠨᠢᠭᠡ ᠨᠡᠮᠡᠬᠦ ᠪᠦᠷᠢ 5000 ᠲᠥᠭᠦᠷᠢᠭ ᠨᠡᠮᠡᠨ᠎ᠡ᠃ | ᠲᠠᠨᠢᠵᠤ ᠠᠪᠬᠤ ᠬᠥᠮᠦᠨ ᠦᠭᠡᠢ ᠪᠤᠯᠠᠰᠢ ᠶᠢ ᠨᠡᠭᠦᠯᠭᠡᠭᠰᠡᠨ ᠬᠤᠯᠪᠣᠭᠳᠠᠯ ᠪᠦᠬᠦᠢ ᠵᠠᠷᠤᠳᠠᠯ ᠢ ᠪᠤᠯᠠᠰᠢ ᠶᠢ | ᠨᠡᠭᠦᠯᠭᠡᠭᠰᠡᠨ ᠲᠥᠯᠥᠪᠦᠷᠢ ᠶᠢᠨ ᠵᠣᠭᠤᠰ ᠤᠨ ᠳᠣᠲᠣᠷ᠎ᠠ ᠠᠴᠠ ᠭᠠᠷᠭᠠᠨ᠎ᠠ᠃ | ᠳᠣᠯᠤᠭ᠎ᠠ᠂ ᠴᠢᠩᠭ᠎ᠠ᠂ ᠪᠠᠭᠤᠷᠠᠶ ᠴᠠᠬᠢᠯᠭᠠᠨ᠂ ᠭᠠᠵᠠᠷ ᠳᠣᠤᠷᠠᠬᠢ ᠬᠤᠭᠤᠯᠠᠶ ᠲᠣᠤᠷ ᠤᠨ ᠪᠡᠯᠡᠳᠬᠡᠮᠵᠢ ᠶᠢᠨ ᠱᠤᠭᠤᠮ ᠢ | ᠥᠭᠡᠷᠡᠴᠢᠯᠡᠭᠰᠡᠨ ᠵᠠᠷᠤᠳᠠᠯ ᠤᠨ ᠨᠥᠬᠦᠪᠥᠷᠢ | ᠴᠢᠩᠭ᠎ᠠ᠂ ᠪᠠᠭᠤᠷᠠᠶ ᠴᠠᠬᠢᠯᠭᠠᠨ᠂ ᠭᠠᠵᠠᠷ ᠳᠣᠤᠷᠠᠬᠢ ᠬᠤᠭᠤᠯᠠᠶ ᠲᠣᠤᠷ ᠤᠨ ᠪᠡᠯᠡᠳᠬᠡᠮᠵᠢ ᠶᠢᠨ ᠱᠤᠭᠤᠮ ᠢ | ᠥᠭᠡᠷᠡᠴᠢᠯᠡᠭᠰᠡᠨ ᠵᠠᠷᠤᠳᠠᠯ ᠢ ᠥᠮᠴᠢᠯᠡᠬᠦ ᠡᠷᠬᠡᠲᠦ ᠬᠥᠮᠦᠨ ᠪᠤᠶᠤ ᠲᠡᠭᠦᠨ ᠤ ᠬᠠᠮᠢᠶᠠᠷᠤᠯᠲᠠ ᠶᠢᠨ ᠨᠢᠭᠡᠴᠡ ᠠᠴᠠ ᠱᠤᠭᠤᠮ | ᠥᠭᠡᠷᠡᠴᠢᠯᠡᠬᠦ ᠲᠥᠰᠦᠯ ᠬᠢᠭᠡᠳ ᠲᠥᠰᠦᠪ ᠲᠣᠭᠲᠠᠭᠠᠵᠤ᠂ ᠨᠠᠶᠢᠳᠠᠯᠭ᠎ᠠ ᠶᠢ ᠬᠦᠯᠢᠶᠡᠭᠰᠡᠨ ᠲᠤᠰᠬᠠᠶ ᠮᠡᠷᠭᠡᠵᠢᠯ ᠤᠨ ᠬᠢᠨᠠᠨ | ᠲᠣᠭᠲᠠᠭᠠᠬᠤ ᠪᠠᠶᠢᠭᠤᠯᠤᠮᠵᠢ ᠠᠴᠠ ᠬᠢᠨᠠᠨ ᠲᠣᠭᠲᠠᠭᠠᠬᠤ ᠶᠢᠨ ᠬᠠᠮᠲᠤ ᠬᠢᠨᠠᠨ ᠲᠣᠭᠲᠠᠭᠠᠭᠰᠠᠨ ᠮᠡᠳᠡᠭᠦᠯᠦᠯᠲᠡ ᠬᠢᠵᠦ | ᠥᠭᠭᠦᠨ᠎ᠡ᠂ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠤ ᠲᠠᠷᠠᠭ᠎ᠠ ᠰᠠᠶ᠋ᠢ ᠱᠤᠭᠤᠮ ᠥᠭᠡᠷᠡᠴᠢᠯᠡᠬᠦ ᠵᠠᠷᠤᠳᠠᠯ ᠳᠤ | ᠨᠥᠬᠦᠪᠥᠷᠢ ᠥᠭᠴᠦ ᠪᠣᠯᠤᠨ᠎ᠠ᠃ | ᠨᠠᠢᠮᠠ᠂ ᠭᠠᠵᠠᠷ ᠳᠡᠭᠡᠷᠡᠬᠢ ᠲᠠᠭᠠᠯᠳᠠ ᠪᠣᠳᠠᠰ ᠪᠠ ᠪᠤᠶᠢᠵᠢᠭᠠᠳᠤᠶ ᠤᠢ ᠶᠢᠨ ᠵᠤᠯᠵᠠᠭ᠎ᠠ ᠮᠣᠳᠣᠨ ᠤ ᠨᠥᠬᠦᠪᠥᠷᠢ ᠶᠢᠨ | ᠪᠠᠷᠢᠮᠵᠢᠶ᠎ᠠ | ᠨᠠᠶᠢᠳᠠᠯᠭ᠎ᠠ ᠶᠢ ᠬᠦᠯᠢᠶᠡᠨ ᠠᠪᠤᠭᠰᠠᠨ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠪᠠᠶᠢᠭᠤᠯᠤᠮᠵᠢ ᠠᠴᠠ ᠦᠨᠡᠯᠡᠨ | ᠵᠢᠱᠢᠭᠰᠡᠨ ᠤ ᠲᠠᠷᠠᠭ᠎ᠠ᠂ ᠦᠨᠡᠯᠡᠨ ᠵᠢᠱᠢᠭᠰᠡᠨ ᠵᠣᠭᠤᠰ ᠤᠨ ᠲᠤᠭ᠎ᠠ ᠪᠠᠷ ᠨᠥᠬᠦᠪᠥᠷᠢ ᠥᠭᠭᠦᠨ᠎ᠡ᠃ | ᠶᠢᠰᠦ᠂ ᠬᠠᠤᠯᠢ ᠲᠣᠭᠲᠠᠭᠠᠯ ᠠᠴᠠ ᠵᠥᠷᠢᠴᠡᠨ ᠢ ᠰᠢᠢᠳᠪᠦᠷᠢᠯᠡᠬᠦ | ᠲᠠᠲᠠᠪᠤᠷᠢᠯᠠᠬᠤ ᠬᠡᠪᠴᠢᠶ᠎ᠡ ᠶᠢ ᠲᠣᠭᠲᠠᠭᠠᠭᠰᠠᠨ ᠤ ᠲᠠᠷᠠᠭ᠎ᠠ᠂ ᠲᠠᠲᠠᠪᠤᠷᠢᠯᠠᠬᠤ ᠬᠡᠪᠴᠢᠶᠡᠨ ᠳᠣᠲᠣᠷ᠎ᠠ ᠭᠡᠷ ᠪᠠᠶᠢᠰᠢᠩ ᠢ | ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠶᠢ ᠬᠡᠷᠡᠭᠵᠢᠭᠦᠯᠬᠦ ᠪᠠ ᠭᠡᠷ ᠪᠠᠶᠢᠰᠢᠩ ᠤᠨ | ᠬᠡᠷᠡᠭᠴᠡᠭᠡ ᠶᠢ ᠬᠤᠪᠢᠷᠠᠭᠤᠯᠬᠤ ᠵᠢᠴᠢ ᠲᠠᠷᠢᠮᠠᠯ ᠢ ᠵᠠᠪᠳᠤᠨ ᠵᠠᠶᠢᠯᠠᠬᠤ᠂ ᠵᠠᠪᠳᠤᠨ ᠲᠠᠷᠢᠬᠤ᠂ ᠭᠠᠵᠠᠷ ᠰᠢᠷᠣᠶ ᠶᠢ | ᠬᠠᠭᠠᠯᠪᠤᠷᠢᠯᠠᠬᠤ ᠳᠤ ᠴᠥᠮ ᠲᠥᠯᠥᠪᠦᠷᠢ ᠥᠭᠬᠦ ᠦᠭᠡᠢ᠃ | ᠠᠷᠪᠠ᠂ ᠲᠤᠬᠠᠶ ᠶᠢᠨ ᠬᠥᠮᠦᠨ ᠤ ᠡᠷᠬᠡ ᠪᠠ ᠡᠭᠦᠷᠭᠡ | ︵ᠨᠢᠭᠡ︶ ᠲᠠᠲᠠᠪᠤᠷᠢᠯᠠᠭᠴᠢ ᠨᠢ ᠲᠠᠲᠠᠪᠤᠷᠢᠯᠠᠭᠳᠠᠭᠰᠠᠨ ᠬᠥᠮᠦᠨ ᠳᠤ ᠨᠥᠬᠦᠪᠥᠷᠢ ᠥᠭᠭᠦᠭᠰᠡᠨ ᠤ ᠲᠠᠷᠠᠭ᠎ᠠ᠂ | ᠲᠠᠲᠠᠪᠤᠷᠢᠯᠠᠭᠳᠠᠭᠰᠠᠨ ᠬᠥᠮᠦᠨ ᠨᠢ ᠨᠥᠬᠦᠪᠥᠷᠢ ᠥᠭᠬᠦ ᠬᠡᠯᠡᠯᠴᠡᠭᠡᠷ ᠲᠤ ᠪᠣᠯᠵᠣᠨ ᠲᠣᠭᠲᠠᠭᠰᠠᠨ ᠪᠤᠶᠤ ᠨᠥᠬᠦᠪᠥᠷᠢ ᠥᠭᠬᠦ | ᠲᠣᠭᠲᠠᠭᠠᠯ ᠳᠤ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠨᠡᠭᠦᠯᠭᠡᠬᠦ᠂ ᠭᠠᠵᠠᠷ ᠢᠶᠠᠨ ᠲᠤᠰᠢᠶᠠᠬᠤ ᠶᠢ ᠪᠡᠶᠡᠯᠡᠭᠦᠯᠬᠦ ᠬᠡᠷᠡᠭᠲᠡᠶ᠃ | | ︵ᠬᠤᠶᠠᠷ︶ ᠲᠠᠲᠠᠪᠤᠷᠢᠯᠠᠬᠤ ᠰᠠᠯᠠᠭ᠎ᠠ ᠮᠥᠴᠢᠷ ᠬᠢᠭᠡᠳ ᠲᠠᠲᠠᠪᠤᠷᠢᠯᠠᠭᠳᠠᠭᠰᠠᠨ ᠬᠥᠮᠦᠨ ᠨᠢ ᠲᠠᠲᠠᠪᠤᠷᠢᠯᠠᠬᠤ ᠳᠤ | ᠨᠥᠬᠦᠪᠥᠷᠢ ᠥᠭᠬᠦ ᠲᠥᠰᠦᠯ ᠳᠤ ᠲᠣᠭᠲᠠᠭᠠᠭᠰᠠᠨ ᠭᠡᠷ᠎ᠡ ᠲᠤᠭᠲᠠᠭᠠᠬᠤ ᠬᠤᠭᠤᠴᠠᠭᠠᠨ ᠳᠤ ᠨᠥᠬᠦᠪᠥᠷᠢ ᠥᠭᠬᠦ ᠵᠥᠪᠯᠡᠯᠴᠡᠭᠡᠷ | ᠲᠣᠭᠲᠠᠵᠤ ᠳᠡᠶᠢᠯᠬᠦ ᠥᠭᠡᠢ᠂ ᠡᠰᠡᠬᠦᠯ᠎ᠡ ᠲᠠᠲᠠᠪᠤᠷᠢᠯᠠᠭᠳᠠᠭᠰᠠᠨ ᠭᠡᠷ ᠪᠠᠶᠢᠰᠢᠩ ᠤᠨ ᠥᠮᠴᠢᠯᠡᠬᠦ ᠡᠷᠬᠡᠲᠦ ᠬᠥᠮᠦᠨ ᠨᠢ | ᠲᠣᠳᠣᠷᠬᠠᠶ ᠥᠭᠡᠢ ᠪᠣᠯ ᠲᠠᠲᠠᠪᠤᠷᠢᠯᠠᠬᠤ ᠰᠠᠯᠠᠭ᠎ᠠ ᠮᠥᠴᠢᠷ ᠠᠴᠠ ᠲᠠᠲᠠᠪᠤᠷᠢᠯᠠᠬᠤ ᠲᠣᠭᠲᠠᠭᠠᠯ ᠭᠠᠷᠭᠠᠭᠰᠠᠨ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠵᠦ᠂ ᠲᠤᠰ ᠨᠥᠬᠦᠪᠥᠷᠢ ᠥᠭᠬᠦ ᠲᠥᠰᠦᠯ ᠤᠨ ᠶᠣᠰᠣᠭᠠᠷ ᠨᠥᠬᠦᠪᠥᠷᠢ ᠥᠭᠬᠦ ᠲᠣᠭᠲᠠᠭᠠᠯ | ᠭᠠᠷᠭᠠᠬᠤ ᠶᠢᠨ ᠬᠠᠮᠲᠤ ᠲᠠᠲᠠᠪᠤᠷᠢᠯᠠᠬᠤ ᠬᠡᠪᠴᠢᠶᠡᠨ ᠳᠤ ᠵᠠᠷᠯᠠᠨ ᠨᠡᠶᠢᠲᠡᠯᠡᠬᠦ ᠬᠡᠷᠡᠭᠲᠡᠶ᠃ | ᠲᠠᠲᠠᠪᠤᠷᠢᠯᠠᠭᠳᠠᠭᠰᠠᠨ ᠬᠥᠮᠦᠨ ᠨᠢ ᠲᠠᠲᠠᠪᠤᠷᠢᠯᠠᠬᠤ ᠲᠣᠭᠲᠠᠭᠠᠯ᠂ ᠨᠥᠬᠦᠪᠥᠷᠢ ᠥᠭᠬᠦ ᠲᠣᠭᠲᠠᠭᠠᠯ ᠢ ᠵᠥᠪᠰᠢᠶᠡᠷᠡᠬᠦ | ᠦᠭᠡᠢ ᠪᠠᠶᠢᠪᠠᠯ᠂ ᠲᠠᠲᠠᠪᠤᠷᠢᠯᠠᠬᠤ ᠲᠣᠭᠲᠠᠭᠠᠯ᠂ ᠨᠥᠬᠦᠪᠥᠷᠢ ᠥᠭᠬᠦ ᠲᠣᠭᠲᠠᠭᠠᠯ ᠢ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ | 60 ᠡᠳᠦᠷ ᠤᠨ ᠳᠣᠲᠣᠷ᠎ᠠ ᠲᠠᠲᠠᠪᠤᠷᠢᠯᠠᠬᠤ ᠲᠣᠭᠲᠠᠭᠠᠯ ᠭᠠᠷᠭᠠᠭᠰᠠᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ | ᠣᠷᠳᠣᠨ ᠳᠤ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠭᠤᠶᠤᠴᠢᠯᠠᠯ ᠭᠠᠷᠭᠠᠬᠤ ᠪᠤᠶᠤ 6 ᠰᠠᠷ᠎ᠠ ᠶᠢᠨ ᠳᠣᠲᠣᠷ᠎ᠠ | ᠠᠷᠠᠳ ᠤᠨ ᠰᠢᠭᠦᠬᠦ ᠬᠤᠷᠢᠶᠠᠨ ᠳᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃ ᠭᠠᠵᠠᠷ ᠰᠢᠷᠣᠶ ᠶᠢᠨ | ᠲᠠᠲᠠᠪᠤᠷᠢᠯᠠᠯᠲᠠ ᠶᠢᠨ ᠨᠦᠬᠦᠪᠦᠷᠢ ᠣᠯᠭᠤᠵᠤ ᠲᠥᠪᠬᠢᠨᠡᠭᠦᠯᠬᠦ ᠮᠠᠷᠭᠤᠯᠳᠤᠭᠠᠨ ᠨᠢ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ | ᠬᠡᠷᠡᠭᠵᠢᠭᠦᠯᠦᠯᠲᠡ ᠶᠢ ᠨᠥᠯᠥᠭᠡᠯᠡᠬᠦ ᠦᠭᠡᠢ᠃ | ︵ᠭᠤᠷᠪᠠ︶ ᠲᠠᠲᠠᠪᠤᠷᠢᠯᠠᠭᠳᠠᠭᠰᠠᠨ ᠬᠥᠮᠦᠨ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠵᠠᠰᠠᠭ | ᠵᠠᠬᠢᠷᠭᠠᠨ ᠢᠶᠠᠷ ᠲᠠᠬᠢᠨ ᠵᠥᠪᠯᠡᠭᠦᠯᠬᠦ ᠪᠠᠷ ᠭᠤᠶᠤᠴᠢᠯᠠᠭᠰᠠᠨ ᠥᠭᠡᠢ ᠪᠤᠶᠤ ᠵᠠᠰᠠᠭ ᠵᠠᠬᠢᠷᠭᠠᠨ ᠤ ᠵᠠᠷᠭᠤ ᠬᠢᠭᠰᠡᠨ ᠥᠭᠡᠢ᠂ | ᠨᠥᠬᠦᠪᠥᠷᠢ ᠥᠭᠬᠦ ᠲᠣᠭᠲᠠᠭᠠᠯ ᠳᠤ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠨᠡᠭᠦᠯᠭᠡᠬᠦ ᠥᠭᠡᠢ ᠪᠤᠶᠤ ᠭᠠᠵᠠᠷ | ᠲᠤᠰᠢᠶᠠᠬᠤ ᠶᠢ ᠲᠡᠪᠴᠢᠭᠰᠡᠨ ᠪᠠᠶᠢᠪᠠᠯ᠂ ᠲᠠᠲᠠᠪᠤᠷᠢᠯᠠᠬᠤ ᠲᠣᠭᠲᠠᠭᠠᠯ ᠭᠠᠷᠭᠠᠭᠰᠠᠨ ᠠᠷᠠᠳ ᠤᠨ ᠵᠠᠰᠠᠭ ᠤᠨ ᠣᠷᠳᠣᠨ ᠠᠴᠠ | ᠠᠷᠠᠳ ᠤᠨ ᠰᠢᠭᠦᠬᠦ ᠬᠤᠷᠢᠶᠠᠨ ᠳᠤ ᠠᠯᠪᠠᠳᠠᠨ ᠭᠦᠢᠴᠡᠳᠬᠡᠭᠦᠯᠬᠦ ᠪᠠᠷ ᠬᠠᠤᠯᠢ ᠶᠣᠰᠣᠭᠠᠷ ᠭᠤᠶᠤᠴᠢᠯᠠᠨ᠎ᠠ᠃ | | | ᠬᠠᠶᠢᠨᠠᠨ ᠵᠠᠰᠠᠭ ᠥᠰᠥᠭ ﹇2021﹈ 7 ᠳ᠋ᠤᠭᠠᠷ ᠲᠣᠭᠠᠲᠤ | ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ | 2020 ᠣᠨ ᠤ ᠲᠡᠷᠢᠭᠦᠨ ᠤ ᠨᠢᠭᠡᠴᠡ ᠪᠠ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠤᠬᠠᠶ ᠵᠠᠷᠯᠠᠯ | ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ | ᠰᠠᠭᠤᠭ᠎ᠠ ᠡᠯ᠎ᠡ ᠬᠠᠮᠢᠶ᠎ᠠ ᠪᠥᠬᠦᠶ ᠨᠢᠭᠡᠴᠡ ᠳᠤ᠄ | 2020 ᠣᠨ᠂ ᠬᠠᠶᠢᠨᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠠᠮ ᠤᠨ ᠲᠥᠪ ᠬᠤᠷᠢᠶ᠎ᠠ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠣᠯᠤᠨ ᠲᠡᠷᠢᠭᠦᠯᠡᠭᠴᠢ ᠰᠢ ᠶᠢᠨ ᠫᠢᠩ ᠤᠨ ᠰᠢᠢᠳᠪᠦᠷᠢᠲᠦ ᠪᠣᠳᠣᠯᠭ᠎ᠠ | ᠵᠢᠭᠠᠪᠤᠷᠢ ᠶᠢ ᠡᠷᠡᠰ ᠲᠤᠭᠤᠰᠢᠯᠠᠭᠤᠯᠵᠦ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠦᠬᠠᠶ ᠶᠢᠨ ᠴᠡᠷᠢᠭ ᠤᠨ | ᠬᠤᠪᠢᠶᠠᠷᠢ ᠲᠣᠭᠤᠷᠢᠭ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠭᠤᠤᠯ ᠬᠠᠷᠢᠭᠤᠴᠠᠯᠭ᠎ᠠ ᠭᠤᠤᠯ | ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠡᠷᠦᠬᠡ ᠶᠢᠨ ᠴᠡᠷᠢᠭ ᠤᠨ ᠠᠵᠢᠯ ᠤᠨ ᠲᠡᠷᠢᠭᠦᠨ ᠤ ᠨᠢᠭᠡᠴᠡ ᠶᠢ ᠴᠢᠷᠮᠠᠶᠢᠨ | ᠪᠠᠶᠢᠭᠤᠯᠵᠤ᠂ ᠡᠷᠦᠬᠡ ᠶᠢᠨ ᠴᠡᠷᠢᠭ ᠤᠨ ᠠᠵᠢᠯ ᠤᠨ ᠲᠡᠷᠢᠭᠦᠨ ᠤ ᠬᠤᠪᠢ ᠬᠥᠮᠦᠨ ᠪᠣᠯᠬᠤ ᠪᠠᠷ ᠴᠢᠷᠮᠠᠶᠢᠬᠤ︾ ᠪᠠ ︽ | ᠲᠡᠷᠢᠭᠦᠨ ᠤ ᠦᠨᠳᠦᠰᠦᠨ ᠱᠠᠲᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠢ ᠴᠢᠷᠮᠠᠶᠢᠨ ᠪᠠᠶᠢᠭᠤᠯᠵᠤ᠂ ᠰᠢᠯᠢᠳᠡᠭ | ᠲᠤᠰᠬᠠᠶ ᠲᠤᠰᠢᠶᠠᠯᠲᠤ ᠠᠷᠠᠳ ᠤᠨ ᠵᠡᠪᠰᠡᠭᠲᠦ ᠬᠦᠴᠦᠨ ᠤ ᠺᠠᠳ᠋ᠷ ᠪᠣᠯᠬᠤ ᠪᠠᠷ ᠴᠢᠷᠮᠠᠶᠢᠬᠤ ︽ᠬᠤᠤᠰ︾ | ᠬᠤᠶᠠᠷ ᠴᠢᠷᠮᠠᠶᠢᠬᠤ︾ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠡᠭᠦᠨ ᠤ ᠳᠣᠲᠣᠷ᠎ᠠ ᠦᠯᠡᠮᠵᠢ ᠣᠯᠠᠨ ᠲᠡᠷᠢᠭᠦᠨ ᠤ | ᠨᠢᠭᠡᠴᠡ ᠪᠠ ᠬᠤᠪᠢ ᠬᠥᠮᠦᠨ ᠴᠣᠯᠭᠤᠷᠠᠨ ᠭᠠᠷᠤᠭᠰᠠᠨ ᠪᠠᠶᠢᠨ᠎ᠠ᠃ ᠵᠢᠱᠢᠶᠡᠴᠢ ᠳᠠᠭᠤᠷᠢᠶᠠᠯ ᠢ ᠪᠤᠢ ᠪᠤᠯᠭᠠᠨ᠂ | ᠲᠡᠷᠢᠭᠦᠨ ᠤ ᠬᠢ ᠶᠢ ᠵᠣᠷᠢᠭᠵᠢᠭᠤᠯᠵᠤ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ᠂ ᠥᠷᠭᠡᠨ ᠤᠯᠠᠨ | ᠡᠷᠦᠭᠡ ᠶᠢᠨ ᠴᠡᠷᠢᠭ ᠪᠠ ᠲᠤᠰᠬᠠᠶ ᠮᠡᠷᠭᠡᠵᠢᠯ ᠤᠨ ᠺᠠᠳ᠋ᠷᠴᠤᠳ ᠤᠨ ᠢᠳᠡᠪᠬᠢᠲᠡᠶ ᠪᠦᠲᠦᠭᠡᠯᠴᠢ ᠴᠢᠨᠠᠷ ᠢ ᠬᠥᠭᠵᠢᠭᠡᠨ | ᠳᠠᠶᠢᠴᠢᠯᠠᠬᠤ ᠶᠢᠨ ᠲᠥᠯᠥᠭᠡ᠂ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠠᠶᠢᠨᠠᠨ ᠲᠤᠭᠤᠷᠢᠭ ᠤᠨ | ᠠᠷᠠᠳ ᠤᠨ ᠵᠡᠪᠰᠡᠭᠲᠦ ᠬᠦᠴᠦᠨ ᠤ ᠬᠡᠯᠲᠡᠰ ᠠᠴᠠ ᠳᠣᠣᠷᠠᠬᠢ ᠨᠢᠭᠡᠴᠡ ᠪᠠ ᠬᠤᠪᠢ ᠬᠥᠮᠦᠨ ᠢ ᠬᠥᠬᠢᠭᠦᠯᠦᠨ | ᠰᠠᠶᠢᠰᠢᠶᠠᠬᠤ ᠪᠠᠷ ᠲᠣᠭᠲᠠᠭᠠᠪᠠ ︵ᠨᠡᠷᠡᠰ ᠢ ᠠᠷᠤ ᠳᠤ ᠳᠠᠭᠠᠯᠳᠤᠭᠤᠯᠪᠠ︶᠃ | ᠬᠥᠬᠢᠭᠦᠯᠦᠭᠳᠡᠨ ᠰᠠᠶᠢᠰᠢᠶᠠᠭᠳᠠᠭᠰᠠᠨ ᠨᠢᠭᠡᠴᠡ ᠪᠣᠯᠤᠨ ᠬᠤᠪᠢ ᠬᠥᠮᠦᠨ ᠢᠷᠠᠭᠤ ᠠᠯᠳᠠᠷ ᠢᠶᠠᠨ ᠨᠠᠨᠳᠢᠩᠨᠠᠵᠤ᠂ | ᠪᠠᠷᠳᠠᠮᠨᠠᠬᠤ ᠤᠢᠭᠡᠢ ᠪᠠᠴᠢᠮᠳᠠᠬᠤ ᠤᠢᠭᠡᠢ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠬᠤ ᠶᠢ ᠬᠦᠰᠡᠵᠦ ᠪᠠᠶᠢᠨ᠎ᠠ᠃ ᠪᠤᠰᠤᠳ | ᠨᠢᠭᠡᠴᠡ ᠪᠣᠯᠤᠨ ᠬᠤᠪᠢ ᠬᠥᠮᠦᠨ ᠲᠡᠳᠡᠨ ᠢᠶᠠᠷ ᠳᠠᠭᠤᠷᠢᠶᠠᠯ ᠪᠣᠯᠭᠠᠵᠤ᠂ ᠦᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ | ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭᠠᠨ ᠤ ᠲᠤᠭ ᠤᠨ ᠵᠢᠯᠤᠭᠤᠳᠤᠯᠭ᠎ᠠ ᠳᠣᠣᠷ᠎ᠠ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠵᠠᠮ ᠨᠡᠭᠡᠭᠡᠨ ᠤᠷᠤᠭᠰᠢᠯᠠᠵᠤ᠂ ᠬᠠᠶᠢᠨᠠᠨ ᠲᠤᠭᠤᠷᠢᠭ ᠤᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠦᠢᠯᠡᠰ ᠲᠤ ᠲᠠᠰᠤᠷᠠᠯᠳᠡ | ᠦᠭᠡᠢ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ | ᠳᠠᠭᠠᠯᠳᠤᠭᠤᠯᠤᠯ᠄ ᠬᠥᠬᠢᠭᠦᠯᠦᠭᠳᠡᠨ ᠰᠠᠶᠢᠰᠢᠶᠠᠭᠳᠠᠬᠤ ᠨᠢᠭᠡᠴᠡ ᠪᠠ ᠬᠥᠮᠦᠰ ᠤᠨ ᠨᠡᠷᠡᠰ | | | ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ | 2021 ᠣᠨ ᠤ 2 ᠳ᠋ᠣᠭᠠᠷ ᠰᠠᠷ᠎ᠠ ᠶᠢᠨ 3 ᠤ ᠡᠳᠦᠷ | | ᠳᠠᠭᠠᠯᠳᠤᠭᠤᠯᠤᠯ | ᠬᠥᠬᠢᠭᠦᠯᠦᠭᠳᠡᠨ ᠰᠠᠶᠢᠰᠢᠶᠠᠭᠳᠠᠭᠰᠠᠨ ᠨᠢᠭᠡᠴᠡ ᠪᠠ ᠬᠥᠮᠦᠰ ᠤᠨ ᠨᠡᠷᠡᠰ | ᠨᠢᠭᠡ᠂ ᠲᠡᠷᠢᠭᠦᠨ ᠤ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ | ᠬᠦᠬᠤᠰᠤ ᠪᠠᠯᠭᠠᠰᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ | ᠬᠤᠶᠠᠷ᠂ ᠡᠷᠦᠭᠡ ᠶᠢᠨ ᠴᠡᠷᠢᠭ ᠤᠨ ᠠᠵᠢᠯ ᠤᠨ ᠲᠡᠷᠢᠭᠦᠨ ᠤ 3 ᠨᠢᠭᠡᠴᠡ | ᠥᠪᠥᠷ ᠮᠣᠩᠭᠤᠯ ᠤᠨ ᠦᠬᠠᠶ ᠶᠢᠨ ᠬᠢᠮᠢ ᠶᠢᠨ ᠠᠵᠤ ᠦᠢᠯᠡᠳᠪᠦᠷᠢ ᠶᠢᠨ ᠬᠤᠪᠢᠴᠠᠭᠠᠨ ᠤ ᠬᠢᠵᠠᠭᠠᠷᠲᠤ ᠺᠣᠮᠫᠠᠨᠢ | ᠦᠬᠠᠶ ᠶᠢᠨ ᠵᠦᠩ ᠯᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ | ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠬᠡᠦᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢ | ᠯᠠᠶ ᠹᠧᠩ ᠬᠤᠪᠢᠶᠠᠷᠢ ᠺᠣᠮᠫᠠᠨᠢ | ᠭᠤᠷᠪᠠ᠂ ᠡᠷᠦᠭᠡ ᠶᠢᠨ ᠴᠡᠷᠢᠭ ᠤᠨ ᠲᠠᠶᠢᠨ ᠤ ᠪᠡᠯᠡᠳᠬᠡᠯ ᠤᠨ ᠪᠣᠯᠪᠠᠰᠤᠷᠠᠯ ᠤᠨ ᠲᠡᠷᠢᠭᠦᠨ ᠤ ᠨᠢᠭᠡᠴᠡ | ᠷᠠᠰᠠᠩ ᠰᠦᠮ᠎ᠡ ᠪᠠᠯᠭᠠᠰᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ | ᠲᠦᠷᠪᠡ᠂ ᠴᠡᠷᠢᠭ ᠡᠯᠰᠡᠬᠦ ᠠᠵᠢᠯ ᠤᠨ ᠲᠡᠷᠢᠭᠦᠨ ᠤ 3 ᠨᠢᠭᠡᠴᠡ | ᠦᠬᠠᠶ ᠬᠤᠲᠠ ᠶᠢᠨ ᠠᠷᠠᠳ ᠤᠨ ᠭᠤᠷᠪᠠᠳᠤᠭᠠᠷ ᠡᠮᠨᠡᠯᠭᠡ ᠶᠢᠨ ᠬᠤᠷᠢᠶ᠎ᠠ | ᠷᠠᠰᠢᠵᠦ᠋ᠩ ᠵᠡᠭᠡᠯᠢ ᠭᠤᠳᠤᠮᠵᠢ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ | ᠪᠠᠶᠠᠨᠲᠤᠬᠤᠢ ᠪᠠᠯᠭᠠᠰᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ | ᠲᠠᠪᠤ᠂ ᠡᠷᠦᠭᠡ ᠶᠢᠨ ᠴᠡᠷᠢᠭ ᠤᠨ ᠰᠢᠯᠢᠳᠡᠭ ᠺᠠᠳ᠋ᠷ 5 ᠬᠥᠮᠦᠨ | ᠬᠠᠶᠢᠨᠠᠨ ᠲᠣᠭᠤᠷᠢᠭ ᠤᠨ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠤᠮᠤᠨ ᠤ ᠤᠯᠤᠰ | ᠲᠥᠷᠥ ᠶᠢᠨ ᠵᠢᠭᠠᠨ ᠵᠢᠯᠣᠭᠤᠳᠣᠭᠴᠢ ᠭᠧ ᠸᠠᠨ ᠯᠦᠩ | ᠬᠠᠶᠢᠨᠠᠨ ᠲᠣᠭᠤᠷᠢᠭ ᠤᠨ ᠡᠷᠦᠬᠡ ᠶᠢᠨ ᠴᠡᠷᠢᠭ ᠤᠨ ᠬᠢᠮᠢ ᠶᠢᠨ ᠰᠡᠷᠭᠡᠶᠢᠯᠡᠯᠲᠡ ᠶᠢᠨ ᠠᠪᠤᠷᠠᠨ ᠲᠤᠰᠠᠯᠠᠬᠤ ᠰᠤᠮᠤᠨ ᠤ | ᠵᠢᠭᠠᠨ ᠵᠢᠯᠣᠭᠤᠳᠣᠭᠴᠢ ᠯᠢᠦ ᠮᠢᠩ | ᠬᠠᠶᠢᠨᠠᠨ ᠲᠣᠭᠤᠷᠢᠭ ᠤᠨ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠤᠮᠤᠨ ᠤ ᠭᠠᠵᠠᠷ ᠤᠨ | ᠭᠠᠮᠰᠢᠭ ᠠᠴᠠ ᠠᠪᠤᠷᠠᠨ ᠲᠤᠰᠠᠯᠠᠬᠤ ᠰᠠᠯᠠᠭ᠎ᠠ ᠶᠢᠨ ᠳᠠᠷᠤᠭ᠎ᠠ ᠵᠣᠣ ᠢᠦᠶ | ᠬᠠᠶᠢᠨᠠᠨ ᠲᠣᠭᠤᠷᠢᠭ ᠤᠨ ᠡᠷᠦᠬᠡ ᠶᠢᠨ ᠴᠡᠷᠢᠭ ᠤᠨ ᠬᠢᠮᠢ ᠶᠢᠨ ᠰᠡᠷᠭᠡᠶᠢᠯᠡᠯᠲᠡ ᠶᠢᠨ ᠠᠪᠤᠷᠠᠨ ᠲᠤᠰᠠᠯᠠᠬᠤ ᠰᠤᠮᠤᠨ ᠤ | ᠳᠡᠩᠨᠡᠨ ᠪᠠᠶᠢᠴᠠᠭᠠᠬᠤ ᠰᠠᠯᠠᠭ᠎ᠠ ᠶᠢᠨ ᠳᠠᠷᠤᠭ᠎ᠠ ᠮᠠ ᠺᠠᠶ | ᠪᠠᠶᠠᠨᠳᠤᠬᠠᠢ ᠪᠠᠯᠭᠠᠰᠤᠨ ᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ ᠶᠢᠨ ᠳᠠᠷᠤᠭ᠎ᠠ | ᠰᠢᠶᠠ ᠬᠠᠶ ᠫᠢᠩ | ᠵᠢᠷᠭᠤᠭ᠎ᠠ᠂ ᠰᠢᠯᠢᠳᠡᠭ ᠡᠷᠦᠭᠡ ᠶᠢᠨ ᠴᠡᠷᠢᠭ 10 ᠬᠥᠮᠦᠨ | ᠬᠠᠶᠢᠨᠠᠨ ᠲᠣᠭᠤᠷᠢᠭ ᠤᠨ ᠡᠷᠦᠬᠡ ᠶᠢᠨ ᠴᠡᠷᠢᠭ ᠤᠨ ᠬᠢᠮᠢ ᠶᠢᠨ ᠰᠡᠷᠭᠡᠶᠢᠯᠡᠯᠲᠡ ᠶᠢᠨ ᠠᠪᠤᠷᠠᠨ ᠲᠤᠰᠠᠯᠠᠬᠤ ᠰᠤᠮᠤᠨ ᠤ | ᠳᠡᠩᠨᠡᠨ ᠪᠠᠶᠢᠴᠠᠭᠠᠬᠤ ᠠᠩᠭᠢ ᠶᠢᠨ ᠳᠡᠩᠨᠡᠨ ᠪᠠᠶᠢᠴᠠᠭᠠᠭᠴᠢ ᠪᠥᠭᠡᠳ ᠮᠡᠳᠡᠭᠡᠯᠡᠭᠴᠢ ᠯᠢ ᠶᠦᠩ ᠬᠤᠩ | ᠬᠠᠶᠢᠨᠠᠨ ᠲᠣᠭᠤᠷᠢᠭ ᠤᠨ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠤᠮᠤᠨ ᠤ ᠦᠶᠡᠷ ᠢ | ᠰᠡᠷᠭᠡᠶᠢᠯᠡᠵᠦ ᠦᠶᠡᠷ ᠲᠠᠢ ᠲᠡᠮᠡᠴᠡᠬᠦ ᠰᠠᠯᠠᠭ᠎ᠠ ᠶᠢᠨ ᠬᠤᠶᠠᠳᠤᠭᠠᠷ ᠲᠠᠰᠤᠭ ᠤᠨ ᠪᠠᠶᠢᠯᠳᠤᠭᠴᠢ ᠵᠢᠶᠠ ᠢ ᠳ᠋ᠥᠸᠧ | ᠬᠠᠶᠢᠨᠠᠨ ᠲᠣᠭᠤᠷᠢᠭ ᠤᠨ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠤᠮᠤᠨ ᠤ ᠭᠠᠵᠠᠷ ᠤᠨ | ᠭᠠᠮᠰᠢᠭ ᠠᠴᠠ ᠠᠪᠤᠷᠠᠨ ᠲᠤᠰᠠᠯᠠᠬᠤ ᠰᠠᠯᠠᠭᠠᠨ ᠤ ᠲᠠᠰᠤᠭ ᠤᠨ ᠳᠠᠷᠤᠭ᠎ᠠ ᠶᠠᠩ ᠱᠢ ᠴᠢ | ᠬᠠᠶᠢᠨᠠᠨ ᠲᠣᠭᠤᠷᠢᠭ ᠤᠨ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠤᠮᠤᠨ ᠤ ᠰᠦᠷᠳᠡᠭᠦᠯᠦᠯ ᠢ | ᠡᠰᠡᠷᠭᠦᠴᠡᠵᠦ ᠲᠣᠭᠲᠠᠭᠤᠨ ᠪᠠᠶᠢᠳᠠᠯ ᠢ ᠬᠠᠮᠠᠭᠠᠯᠠᠬᠤ ᠰᠠᠯᠠᠭ᠎ᠠ ᠶᠢᠨ ᠬᠤᠶᠠᠳᠤᠭᠠᠷ ᠲᠠᠰᠤᠭ ᠤᠨ ᠳᠠᠷᠤᠭ᠎ᠠ ᠯᠢ ᠰᠢᠶᠤᠤ ᠬᠤ᠋ | ᠬᠠᠶᠢᠨᠠᠨ ᠲᠣᠭᠤᠷᠢᠭ ᠤᠨ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠤᠮᠤᠨ ᠤ ᠦᠶᠡᠷ ᠢ | ᠰᠡᠷᠭᠡᠶᠢᠯᠡᠵᠦ ᠦᠶᠡᠷ ᠲᠠᠢ ᠲᠡᠮᠡᠴᠡᠬᠦ ᠰᠠᠯᠠᠭ᠎ᠠ ᠶᠢᠨ ᠨᠢᠭᠡᠳᠦᠭᠡᠷ ᠲᠠᠰᠤᠭ ᠤᠨ ᠪᠠᠶᠢᠯᠳᠤᠭᠴᠢ ᠸᠧᠨ ᠢᠦᠶ ᠯᠦᠩ | ᠬᠠᠶᠢᠨᠠᠨ ᠲᠣᠭᠤᠷᠢᠭ ᠤᠨ ᠡᠷᠦᠬᠡ ᠶᠢᠨ ᠴᠡᠷᠢᠭ ᠤᠨ ᠵᠠᠮᠴᠢ ᠣᠷᠴᠢᠭᠤᠯᠭ᠎ᠠ ᠶᠢᠨ ᠰᠠᠯᠠᠭ᠎ᠠ ᠶᠢᠨ ᠬᠤᠶᠠᠳᠤᠭᠠᠷ | ᠠᠩᠭᠢ ᠶᠢᠨ ᠵᠠᠮᠴᠢ ᠣᠷᠴᠢᠭᠤᠯᠤᠭᠴᠢ ᠮᠢᠶᠣᠣ ᠵᠢᠶᠧ | ᠬᠠᠶᠢᠨᠠᠨ ᠲᠣᠭᠤᠷᠢᠭ ᠤᠨ ᠡᠷᠦᠬᠡ ᠶᠢᠨ ᠴᠡᠷᠢᠭ ᠤᠨ ᠢᠨᠵᠧᠨᠧᠷᠢᠩ ᠤᠨ ᠮᠠᠰᠢᠨ ᠰᠡᠯᠪᠢᠨ ᠵᠠᠰᠠᠬᠤ ᠰᠠᠯᠠᠭ᠎ᠠ ᠶᠢᠨ | ᠰᠠᠭᠤᠷᠢ ᠲᠠᠪᠠᠭ ᠰᠡᠯᠪᠢᠨ ᠵᠠᠰᠠᠬᠤ ᠲᠠᠰᠤᠭ ᠤᠨ ᠰᠠᠭᠤᠷᠢ ᠲᠠᠪᠠᠭ ᠰᠡᠯᠪᠢᠨ ᠵᠠᠰᠠᠬᠤ ᠠᠵᠢᠯᠴᠢᠨ ᠱᠠᠩ ᡁᠢ ᠵᠢᠶᠦ᠋ᠨ | ᠬᠠᠶᠢᠨᠠᠨ ᠲᠣᠭᠤᠷᠢᠭ ᠤᠨ ᠡᠷᠦᠬᠡ ᠶᠢᠨ ᠴᠡᠷᠢᠭ ᠤᠨ ᠳᠡᠯᠪᠡᠴᠢᠬᠦ ᠢᠨᠵᠧᠨᠧᠷᠢᠩ ᠤᠨ ᠮᠡᠷᠭᠡᠵᠢᠯ ᠤᠨ ᠰᠠᠯᠠᠭ᠎ᠠ ᠶᠢᠨ | ᠲᠠᠰᠤᠭ ᠤᠨ ᠳᠠᠷᠤᠭ᠎ᠠ ᠵᠣᠣ ᠵᠢᠶᠦ᠋ᠨ ᠱᠧᠩ | ᠬᠠᠶᠢᠨᠠᠨ ᠲᠣᠭᠤᠷᠢᠭ ᠤᠨ ᠡᠷᠦᠬᠡ ᠶᠢᠨ ᠴᠡᠷᠢᠭ ᠤᠨ ᠵᠢᠯᠣᠭᠤᠴᠢ ᠦᠭᠡᠶ ᠨᠢᠰᠬᠡᠯ ᠤᠨ ᠳᠡᠩᠨᠡᠨ ᠪᠠᠶᠢᠴᠠᠭᠠᠵᠤ ᠠᠪᠤᠷᠠᠨ | ᠲᠤᠰᠠᠯᠠᠬᠤ ᠰᠠᠯᠠᠭ᠎ᠠ ᠶᠢᠨ ᠠᠪᠤᠷᠠᠨ ᠲᠤᠰᠠᠯᠠᠬᠤ ᠠᠩᠭᠢ ᠶᠢᠨ ᠠᠪᠤᠷᠠᠨ ᠲᠤᠰᠠᠯᠠᠭᠴᠢ ᠯᠢᠦ ᠵᠢᠶᠧ | ᠷᠠᠰᠢᠵᠦ᠋ᠩ ᠵᠡᠭᠡᠯᠢ ᠭᠤᠳᠤᠮᠵᠢ ᠶᠢᠨ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠠᠯᠠᠭ᠎ᠠ ᠶᠢᠨ | ᠰᠦᠷᠳᠡᠭᠦᠯᠦᠯ ᠢ ᠡᠰᠡᠷᠭᠦᠴᠡᠵᠦ ᠲᠣᠭᠲᠠᠭᠤᠨ ᠪᠠᠶᠢᠳᠠᠯ ᠢ ᠬᠠᠮᠠᠭᠠᠯᠠᠬᠤ ᠲᠠᠰᠤᠭ ᠤᠨ ᠳᠡᠳ᠋ ᠳᠠᠷᠤᠭ᠎ᠠ ᠰᠢᠤᠸᠠᠢ ᠴᠢ | ᠲᠤᠯᠤᠭ᠎ᠠ᠂ ᠴᠡᠷᠢᠭ ᠡᠯᠰᠡᠬᠦ ᠠᠵᠢᠯ ᠤᠨ ᠲᠡᠷᠢᠭᠦᠨ ᠤ ᠬᠤᠪᠢ ᠬᠥᠮᠦᠨ 5 ᠬᠥᠮᠦᠨ | ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠵᠠᠩ ᠴᠤᠤ | ᠬᠠᠶᠢᠨᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ | ᠳᠠᠷᠤᠭ᠎ᠠ ᠵᠠᠩ ᠷᠦᠩ ᠯᠢᠶᠠᠩ | ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ ᠵᠠᠩ ᠬᠠᠶ ᠯᠦᠩ | ᠦᠬᠠᠶ ᠬᠤᠲᠠ ᠶᠢᠨ ᠠᠷᠠᠳ ᠤᠨ ᠭᠤᠷᠪᠠᠳᠤᠭᠠᠷ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ ᠯᠢᠦ ᠪᠢᠩ ᠰᠢᠨ | ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠠᠭᠤᠷᠢ ᠰᠤᠷᠭᠠᠨ ᠬᠥᠮᠦᠵᠢᠯ ᠤᠨ ᠠᠯᠪᠠᠨ | ᠬᠡᠷ ᠤᠨ ᠡᠷᠬᠢᠯᠡᠭᠴᠢ ᠾᠥᠸᠧ ᠢᠦᠶ ᠯᠦ | | |